ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠠᠴᠠ ᠬᠡᠷᠡᠭᠵᠢᠭᠦᠯᠵᠦ᠂ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠳᠠᠭ᠋ᠠᠭ᠋ᠠᠴᠢᠯᠠᠨ ᠡᠷᠬᠢᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠭᠤᠸᠠᠵᠢᠯ ᠬᠢᠮᠨᠠᠰᠲ᠋ᠢᠺ (ᠬᠥᠭᠵᠢᠶᠡᠨᠲᠦ ᠪᠡᠶ᠎ᠡ ᠵᠢᠨ ᠲᠠᠮᠢᠷ)᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠢ ᠣᠷᠳᠣᠰ ᠬᠣᠲᠠ ᠵᠢᠨ ᠳᠠᠯᠠᠳ ᠬᠣᠰᠢᠭᠤᠨ᠎ᠤ ᠳᠣᠯᠣᠳᠤᠭ᠋ᠠᠷ ᠳᠤᠮᠳᠠᠳᠤ ᠰᠤᠷᠭ᠋ᠠᠭᠤᠯᠢ᠎ᠳᠤ ᠶᠠᠪᠤᠭᠳᠠᠭᠤᠯᠪᠠ᠃ ᠪᠦᠬᠦ ᠣᠷᠣᠨ᠎ᠤ 34 ᠳᠤᠮᠳᠠᠳᠤ ᠰᠤᠷᠭ᠋ᠠᠭᠤᠯᠢ᠎ᠠᠴᠠ ᠢᠷᠡᠭᠰᠡᠨ 500 ᠭᠠᠷᠤᠢ ᠲᠠᠮᠢᠷᠴᠢᠨ ᠬᠣᠣᠰ ᠬᠥᠮᠦᠨ᠎ᠤ ᠵᠡᠭᠡᠯᠢ ᠵᠢᠨ ᠪᠥᠵᠢᠭ᠂ ᠬᠣᠣᠰ ᠬᠥᠮᠦᠨ᠎ᠤ ᠬᠥᠭᠵᠢᠶᠡᠨᠲᠦ ᠪᠦᠵᠢᠭ᠂ ᠬᠣᠣᠰ ᠬᠥᠮᠦᠨ᠎ᠤ ᠵᠠᠽ ᠪᠦᠵᠢᠭ᠂ ᠬᠠᠮᠲᠤ ᠵᠢᠨ ᠵᠡᠭᠡᠯᠢ ᠵᠢᠨ ᠪᠥᠵᠢᠭ᠂ ᠬᠠᠮᠲᠤ ᠵᠢᠨ ᠬᠥᠭᠵᠢᠶᠡᠨᠲᠦ ᠪᠥᠵᠢᠭ᠂ ᠬᠠᠮᠲᠤ ᠵᠢᠨ ᠵᠠᠽ ᠪᠦᠵᠢᠭ ᠪᠠ ᠴᠢᠯᠥᠭᠡᠲᠦ ᠪᠥᠵᠢᠭ᠂ ᠬᠠᠮ ᠪᠥᠵᠢᠭ ᠵᠡᠷᠭᠡ ᠣᠯᠠᠨ ᠤᠷᠤᠯᠳᠤᠭ᠋ᠠᠨ᠎ᠳᠤ ᠬᠠᠮᠲᠤ᠎ᠳᠤ᠎ᠪᠠᠨ ᠣᠷᠣᠯᠴᠠᠵᠤ᠂ ᠤᠮᠠᠷᠠᠲᠤ ᠬᠢᠯᠢ ᠵᠢᠨ ᠪᠠᠭ᠋ᠠᠴᠤᠳ᠎ᠤᠨ ᠠᠮᠢᠵᠢᠷᠠᠯ᠎ᠤᠨ ᠬᠦᠴᠦᠨ ᠪᠠ ᠴᠣᠭ ᠵᠢᠪᠬᠤᠭ᠎ᠠ ᠵᠢ ᠢᠯᠡᠷᠡᠭᠦᠯᠪᠡ᠃







ᠡᠨᠡ ᠤᠳᠠᠭ᠋ᠠᠨ᠎ᠤ ᠤᠷᠤᠯᠳᠤᠭ᠋ᠠᠨ᠎ᠳᠤ ᠤᠯᠤᠰ᠎ᠤᠨ ᠳᠣᠲᠣᠭ᠋ᠠᠳᠤ ᠵᠢᠨ ᠬᠥᠭᠵᠢᠶᠡᠨᠲᠦ ᠪᠡᠶ᠎ᠡ ᠵᠢᠨ ᠲᠠᠮᠢᠷ᠎ᠤᠨ ᠬᠦᠷᠢᠶᠡᠨ᠎ᠤ ᠨᠡᠷᠡᠲᠦ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠤᠨ ᠪᠥᠵᠢᠭ᠎ᠤᠨ ᠵᠥᠪᠯᠡᠯ᠎ᠤᠨ ᠳᠠᠷᠤᠭ᠎ᠠ ᠸᠠᠩ ᠯᠢ ᠾᠥᠩ ᠫᠷᠤᠹᠧᠰᠰᠤᠷ᠎ᠢ ᠮᠡᠷᠭᠡᠵᠢᠯ᠎ᠤᠨ ᠲᠥᠯᠥᠭᠡᠯᠡᠭᠴᠢ᠎ᠪᠠᠷ ᠣᠨᠴᠠᠭ᠋ᠠᠶ᠋ᠢᠯᠠᠨ ᠤᠷᠢᠵᠤ᠂ ᠴᠢᠩᠬᠤᠸᠠ ᠶᠡᠬᠡ ᠰᠤᠷᠭ᠋ᠠᠭᠤᠯᠢ ᠵᠢᠨ ᠵᠧᠦ ᠲᠤᠤ ᠫᠷᠤᠹᠧᠰᠰᠤᠷ ᠬᠢᠨᠠᠭᠴᠢ ᠵᠢᠨ ᠲᠤᠰᠢᠶᠠᠯ᠎ᠢ ᠡᠭᠦᠷᠭᠡᠯᠡᠪᠡ᠃ ᠡᠨᠡ ᠬᠤᠭᠤᠴᠠᠭ᠋ᠠᠨ᠎ᠳᠤ᠂ ᠵᠧᠦ ᠲᠤᠤ ᠫᠷᠤᠹᠧᠰᠰᠤᠷ 2025-2028 ᠬᠤᠭᠤᠴᠠᠭ᠋ᠠᠨ᠎ᠤ ᠬᠥᠭᠵᠢᠶᠡᠨᠲᠦ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ ᠳᠤ ᠵᠠᠰᠠᠪᠤᠷᠢ ᠣᠷᠣᠭᠤᠯᠬᠤ ᠭᠣᠣᠯᠳᠠᠯᠭ᠎ᠠ ᠵᠢᠨ ᠲᠣᠭᠣᠷᠢᠨ᠎ᠳᠤ᠂ ᠬᠢᠨᠠᠭᠴᠢ ᠬᠤᠪᠢ ᠲᠣᠭᠲᠠᠭ᠋ᠠᠬᠤ ᠪᠣᠳᠠᠲᠤ ᠠᠵᠢᠯᠯᠠᠭ᠎ᠠ ᠵᠢᠨ ᠵᠢᠷᠤᠮᠵᠢᠯ᠎ᠢ ᠰᠢᠰᠲ᠋ᠧᠮ᠎ᠲᠠᠢ ᠲᠠᠢ᠌ᠯᠪᠤᠷᠢᠯᠠᠵᠤ᠂ ᠮᠠᠨ᠎ᠤ ᠣᠷᠣᠨ᠎ᠤ ᠬᠢᠨᠠᠭᠴᠢ ᠠᠵᠢᠯ ᠭᠦᠢ᠍ᠴᠡᠳᠬᠡᠬᠦ ᠵᠠᠩᠭᠢᠯᠠᠭ᠎ᠠ ᠵᠢᠨ ᠭᠣᠣᠯᠳᠠᠯᠭ᠎ᠠ ᠵᠢ ᠣᠨᠣᠪᠴᠢᠲᠠᠢ ᠡᠵᠡᠮᠰᠢᠬᠦ᠎ᠳᠤ ᠪᠦᠲᠦᠮᠵᠢᠲᠡᠢ ᠬᠦᠴᠦᠨ ᠨᠡᠮᠡᠷᠢᠯᠡᠵᠦ᠂ ᠤᠷᠤᠯᠳᠤᠭ᠋ᠠᠨ᠎ᠤ ᠲᠥᠪ ᠭᠣᠣᠯᠴᠢ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃



ᠡᠨᠡ ᠤᠳᠠᠭ᠋ᠠᠨ᠎ᠤ ᠤᠷᠤᠯᠳᠤᠭ᠋ᠠᠨ ᠪᠣᠯ 《ᠪᠡᠶ᠎ᠡ ᠵᠢᠨ ᠲᠠᠮᠢᠷ + ᠭᠤᠸ᠎ᠠ ᠰᠠᠶ᠋ᠢᠬᠠᠨ᠎ᠤ ᠬᠥᠮᠦᠵᠢᠯ》᠎ᠤᠨ ᠰᠢᠨ᠎ᠡ ᠵᠢ ᠡᠭᠦᠳᠬᠦ ᠵᠠᠭᠪᠤᠷ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠤᠨ ᠠᠮᠢᠳᠤᠯᠢᠭ ᠦᠢ᠍ᠯᠡᠳᠦᠯᠭᠡ ᠵᠢ ᠠᠮᠵᠢᠯᠲᠠ᠎ᠲᠠᠢ ᠬᠠᠷᠠᠭᠤᠯᠪᠠ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ᠎ᠢ ᠤᠯᠠᠭ᠋ᠠᠨᠮᠥ᠋ᠴᠢᠷ᠎ᠤᠨ ᠤᠷᠠᠨ ᠰᠠᠶ᠋ᠢᠬᠠᠨ᠎ᠤ ᠲᠣᠭᠯᠠᠯᠲᠠ᠎ᠲᠠᠢ ᠣᠷᠭ᠋ᠠᠨᠢᠭ ᠵᠶ᠋ᠠᠷ ᠠᠭᠤᠰᠬᠠᠬᠤ᠎ᠪᠠᠷ ᠳᠠᠮᠵᠢᠭᠤᠯᠤᠨ᠂ ᠲᠠᠮᠢᠷᠴᠢᠳ᠎ᠤᠨ ᠡᠷᠡᠮᠡᠢ᠌ᠬᠡᠢ᠌ᠯᠡᠨ ᠤᠷᠤᠭᠰᠢᠯᠠᠬᠤ ᠴᠣᠭ ᠵᠢᠪᠬᠤᠭ᠎ᠠ ᠵᠢ ᠬᠠᠷᠠᠭᠤᠯᠤᠭᠰᠠᠨ ᠪᠥᠭᠡᠳ ᠤᠮᠠᠷᠠᠲᠤ ᠬᠢᠯᠢ ᠵᠢᠨ ᠰᠣᠶᠣᠯ᠎ᠤᠨ ᠤᠷᠠᠯᠢᠭ᠎ᠤᠨ ᠷᠢᠳᠢ ᠰᠢᠳᠢ ᠵᠢ ᠢᠯᠡᠷᠡᠭᠦᠯᠦᠭᠰᠡᠨ ᠪᠠᠶ᠋ᠢᠨ᠎ᠠ᠃ ᠠᠵᠢᠯᠯᠠᠭ᠎ᠠ ᠵᠢᠨ ᠠᠬᠤᠢ ᠲᠠᠯᠠᠪᠠᠢ᠎ᠳᠤ 4000 ᠭᠠᠷᠤᠢ ᠪᠠᠭᠰᠢ ᠰᠤᠷᠤᠭᠴᠢ 13000 ᠭᠠᠷᠤᠢ ᠰᠦᠯᠵᠢᠶᠡᠨ᠎ᠳᠠᠬᠢ ᠦᠵᠡᠭᠴᠢᠳ᠎ᠲᠠᠢ ᠬᠠᠮᠲᠤ᠎ᠳᠤ᠎ᠪᠠᠨ ᠡᠨᠡ ᠤᠳᠠᠭ᠋ᠠᠨ᠎ᠤ ᠦᠪᠡᠳᠡᠭᠰᠢ ᠨᠠᠶ᠋ᠢᠷ᠎ᠢ ᠭᠡᠷᠡᠴᠢᠯᠡᠵᠦ᠂ 3000 ᠭᠠᠷᠤᠢ ᠤᠳᠠᠭ᠎ᠠ ᠮᠠᠭᠲᠠᠭ᠋ᠠᠯ ᠰᠠᠶ᠋ᠢᠰᠢᠶᠠᠯ ᠭᠦᠷᠲᠡᠪᠡ᠃ ᠠᠵᠢᠯᠯᠠᠭ᠎ᠠ᠎ᠨᠢ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ᠎ᠪᠠᠷ ᠪᠠᠷᠠᠬᠤ ᠦᠭᠡᠢ᠂ ᠨᠡᠩ ᠴᠤ᠌ ᠣᠷᠴᠢᠨ ᠠᠬᠤᠢ᠎ᠳᠤ ᠰᠣᠭᠲᠤᠭᠤᠷᠠᠮ᠎ᠠ ᠮᠠᠶᠢᠭ᠎ᠤᠨ ᠰᠣᠶᠣᠯ᠎ᠤᠨ ᠥᠩᠭᠡᠷᠡᠯᠲᠡ᠎ᠪᠠᠷ ᠳᠠᠮᠵᠢᠭᠤᠯᠤᠨ᠂ ᠣᠷᠣᠯᠴᠠᠭᠰᠠᠳ᠎ᠤᠨ ᠰᠣᠶᠣᠯ᠎ᠤᠨ ᠮᠡᠳᠡᠷᠡᠮᠵᠢ ᠵᠢᠨ ᠰᠡᠳᠬᠢᠯᠭᠡ ᠪᠠ ᠦᠨᠳᠦᠰᠦᠲᠡᠨ᠎ᠤ ᠣᠮᠣᠭᠰᠢᠯᠲᠤ ᠰᠡᠳᠬᠢᠯᠭᠡ ᠵᠢ ᠪᠦᠲᠦᠮᠵᠢᠲᠡᠢ ᠨᠡᠮᠡᠭᠳᠡᠭᠦᠯᠵᠦ᠂ ᠦᠨᠳᠦᠰᠦᠲᠡᠨ᠎ᠤ ᠪᠦᠯᠬᠦᠮᠳᠡᠯ᠂ ᠰᠣᠶᠣᠯ ᠤᠯᠠᠮᠵᠢᠯᠠᠯ᠎ᠤᠨ ᠵᠠᠯᠠᠭᠤ ᠨᠠᠰᠤᠨ᠎ᠤ ᠳᠠᠭᠤᠯᠠᠯ᠎ᠢ ᠪᠢᠴᠢᠭᠯᠡᠪᠡ᠃