ᠣᠶ᠋ᠢᠷ᠎ᠠ᠎ᠳᠤ᠂ ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠰᠠᠭᠤᠷᠢ ᠮᠥᠩᠭᠥᠨ᠎ᠤ ᠨᠡᠶ᠋ᠢᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠠᠴᠠ ᠭᠣᠣᠯᠯᠠᠨ ᠡᠷᠬᠢᠯᠡᠭᠰᠡᠨ 2025 ᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ 《ᠤᠯᠠᠭ᠋ᠠᠨ ᠬᠡᠢ᠌ᠲᠦ ᠪᠥᠮᠪᠥᠭᠡ ᠰᠤᠷᠭ᠋ᠠᠭᠤᠯᠢ ᠵᠢᠨ ᠬᠦᠷᠢᠶᠡᠨ᠎ᠤ ᠦᠷᠢᠰᠦᠯᠳᠦᠬᠦ ᠤᠷᠤᠯᠳᠤᠭ᠋ᠠᠨ》 ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠎ᠳᠤ ᠡᠬᠢᠯᠡᠵᠦ᠂ ᠪᠤᠭᠤᠲᠤ ᠬᠣᠲᠠ ᠵᠢᠨ 8 ᠶᠡᠬᠡ ᠳᠡᠭᠡᠳᠦ ᠰᠤᠷᠭ᠋ᠠᠭᠤᠯᠢ ᠵᠢᠨ 100 ᠠᠩᠭᠢ ᠵᠢᠨ 500 ᠪᠠᠭᠰᠢ ᠰᠤᠷᠤᠭᠴᠢ ᠡᠨᠡ ᠤᠳᠠᠭ᠋ᠠᠨ᠎ᠤ ᠤᠷᠤᠯᠳᠤᠭ᠋ᠠᠨ᠎ᠳᠤ ᠣᠷᠣᠯᠴᠠᠵᠤ᠂ ᠤᠷᠤᠯᠳᠤᠭ᠋ᠠᠨ᠎ᠳᠤ ᠲᠦᠷᠭᠡᠨ ᠠᠪᠤᠷᠠᠬᠤ ᠤᠷ᠎ᠠ ᠴᠢᠳᠠᠪᠤᠷᠢ ᠵᠢ ᠰᠤᠷᠤᠯᠴᠠᠨ᠂ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠬᠥᠮᠥᠨᠯᠢᠭ ᠰᠡᠳᠬᠢᠯᠭᠡ ᠵᠢ ᠣᠶ᠋ᠢᠯᠠᠭ᠋ᠠᠪᠠ᠃


ᠡᠨᠡ ᠤᠳᠠᠭ᠋ᠠᠨ᠎ᠤ ᠤᠷᠤᠯᠳᠤᠭ᠋ᠠᠨ᠎ᠤ ᠵᠠᠢ 5 ᠺᠢᠯᠤᠮᠧᠲᠷ᠂ ᠤᠷᠤᠯᠳᠤᠭ᠋ᠠᠨ᠎ᠳᠤ ᠣᠷᠣᠯᠴᠠᠭᠰᠠᠳ 5 ᠬᠥᠮᠦᠨ ᠨᠢᠭᠡ ᠳᠤᠭᠤᠶ᠋ᠢᠯᠠᠩ ᠪᠣᠯᠵᠤ᠂ ᠴᠠᠭ ᠬᠡᠮᠵᠢᠨ ᠡᠬᠢᠯᠡᠭᠦᠯᠵᠦ᠂ 8 ᠵᠠᠮ ᠱᠤᠭᠤᠮ ᠳᠣᠭᠲᠠᠭ᠋ᠠᠵᠤ᠂ ᠱᠤᠭᠤᠮ ᠪᠦᠷᠢ᠎ᠳᠤ 10 ᠺᠠᠷᠲ ᠴᠣᠬᠢᠬᠤ ᠴᠡᠭ ᠭᠠᠷᠭ᠋ᠠᠵᠤ᠂ ᠺᠠᠷᠲ ᠴᠣᠬᠢᠬᠤ ᠲᠥᠷᠥᠯ ᠵᠦᠢ᠍ᠯ᠎ᠳᠤ ᠵᠢᠷᠦᠬᠡ ᠠᠭᠤᠰᠬᠢᠨ᠎ᠤ ᠰᠡᠷᠭᠦᠭᠡᠯᠲᠡ+ AED ᠪᠣᠳᠠᠲᠤ ᠲᠠᠮᠢᠷ᠂ ᠲᠣᠬᠣᠢ ᠵᠢᠨ ᠦᠶ᠎ᠡ ᠵᠢ ᠨᠠᠢ᠍ᠮᠠᠯᠵᠢᠨ ᠬᠡᠯᠪᠡᠷᠢ᠎ᠪᠠᠷ ᠪᠣᠭᠣᠬᠤ᠂ ᠰᠢᠯᠪᠢ ᠬᠤᠭᠤᠷᠠᠭᠰᠠᠨᠢ ᠳᠣᠭᠲᠠᠭ᠋ᠠᠬᠤ + ᠳᠠᠮᠨᠠᠭᠤᠷ ᠵᠶ᠋ᠠᠷ ᠳᠠᠮᠨᠠᠬᠤ᠂ ᠮᠡᠳᠡᠯᠭᠡ ᠵᠢᠨ ᠰᠡᠳᠦᠪ ᠬᠠᠷᠢᠭᠤᠯᠬᠤ ᠵᠡᠷᠭᠡ ᠵᠢ ᠪᠠᠭᠲᠠᠭ᠋ᠠᠨ᠂ ᠪᠥᠬᠦ ᠺᠠᠷᠲ᠎ᠢ ᠴᠣᠬᠢᠵᠤ ᠪᠠᠷᠠᠭᠰᠠᠨ᠎ᠤ ᠳᠠᠷᠠᠭ᠎ᠠ ᠡᠴᠦᠰ᠎ᠤᠨ ᠴᠡᠭ᠎ᠲᠤ ᠬᠦᠷᠴᠦ ᠤᠷᠤᠯᠳᠤᠭ᠋ᠠᠨ ᠳᠠᠭᠤᠰᠤᠨ᠎ᠠ᠃

《ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠣᠷᠣᠯᠠᠭᠤᠯᠬᠤ》᠂ 《ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ》 ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠡᠨᠡ ᠤᠳᠠᠭ᠎ᠠ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠣᠨᠣᠯ᠎ᠤᠨ ᠮᠡᠳᠡᠯᠭᠡ ᠵᠢᠴᠢ ᠤᠷ᠎ᠠ ᠴᠢᠳᠠᠪᠤᠷᠢ ᠵᠢ ᠤᠷᠤᠯᠳᠤᠭ᠋ᠠᠨ᠎ᠤ ᠭᠣᠭᠴᠣᠭ᠎ᠠ᠎ᠳᠤ ᠭᠦᠨᠵᠡᠭᠡᠢ ᠠᠭᠤᠰᠬᠠᠵᠤ᠂ ᠤᠷᠤᠯᠳᠤᠭ᠋ᠠᠨ᠎ᠳᠤ ᠣᠷᠣᠯᠴᠠᠭᠰᠠᠨ ᠪᠠᠭᠰᠢ ᠰᠤᠷᠤᠭᠴᠢᠳ᠎ᠢ ᠵᠢᠩᠬᠢᠨᠢ ᠤᠷᠤᠯᠳᠤᠭ᠋ᠠᠨ᠎ᠤ ᠲᠠᠯᠠᠪᠤᠷ᠎ᠲᠤ ᠨᠠᠷᠢᠨ ᠪᠤᠳᠤᠯᠢᠶᠠᠨᠲᠠᠢ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠠᠶ᠋ᠢᠳᠠᠯ᠎ᠳᠤ ᠰᠢᠭᠤᠳ ᠬᠠᠨᠳᠤᠭᠤᠯᠵᠤ᠂ 《ᠤᠷᠤᠯᠳᠤᠭ᠋ᠠᠨ᠎ᠤ ᠲᠠᠯᠠᠪᠤᠷ》 ᠵᠶ᠋ᠠᠷ 《ᠬᠢᠴᠢᠶᠡᠯ᠎ᠤᠨ ᠲᠠᠩᠬᠢᠮ》 ᠪᠣᠯᠭ᠋ᠠᠵᠤ᠂ ᠤᠷᠤᠯᠳᠤᠭ᠋ᠠᠨ᠎ᠤ ᠳᠠᠷᠤᠯᠲᠠ ᠳᠣᠣᠷ᠎ᠠ ᠪᠠᠴᠢᠮ ᠪᠠᠶ᠋ᠢᠳᠠᠯ᠎ᠢ ᠠᠷᠭ᠋ᠠᠴᠠᠬᠤ ᠬᠠᠷᠢᠭᠤ ᠲᠤᠰᠬᠠᠬᠤ ᠴᠢᠳᠠᠪᠤᠷᠢ ᠪᠠ ᠮᠡᠷᠭᠡᠵᠢᠯ᠎ᠤᠨ ᠠᠵᠢᠯᠯᠠᠭ᠋ᠠᠨ᠎ᠤ ᠪᠣᠯᠪᠠᠰᠤᠷᠠᠩᠭᠤᠢ ᠵᠢᠨ ᠬᠡᠮᠵᠢᠶ᠎ᠡ ᠵᠢ ᠳᠠᠪᠲᠠᠨ ᠪᠣᠯᠪᠠᠰᠤᠷᠠᠭᠤᠯᠵᠤ᠂ ᠵᠠᠯᠠᠭᠤ ᠰᠤᠷᠤᠭᠴᠢᠳ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠪᠡ᠃ ᠤᠷᠤᠯᠳᠤᠭ᠋ᠠᠨ᠎ᠤ ᠶᠠᠪᠤᠴᠠ᠎ᠳᠤ᠂ ᠡᠯ᠎ᠡ ᠰᠤᠷᠭ᠋ᠠᠭᠤᠯᠢ ᠵᠢᠨ ᠤᠷᠤᠯᠳᠤᠭ᠋ᠠᠨ᠎ᠳᠤ ᠣᠷᠣᠯᠴᠠᠭᠰᠠᠳ ᠬᠠᠮᠵᠢᠯᠴᠠᠵᠤ᠂ ᠲᠦᠷᠭᠡᠨ ᠠᠪᠤᠷᠠᠯᠲᠠ ᠵᠢᠨ ᠺᠠᠷᠲ ᠴᠣᠬᠢᠬᠤ ᠪᠥᠬᠦ ᠡᠭᠦᠷᠭᠡ ᠵᠢ ᠭᠠᠷᠮᠠᠭ᠋ᠠᠢ ᠪᠡᠶᠡᠯᠡᠭᠦᠯᠦᠨ᠂ ᠰᠠᠶ᠋ᠢᠨ ᠰᠠᠶ᠋ᠢᠬᠠᠨ ᠪᠦᠯᠬᠦᠮ ᠨᠡᠶ᠋ᠢᠲᠡ ᠵᠢᠨ ᠬᠠᠮᠵᠢᠯᠴᠠᠬᠤ ᠵᠣᠷᠢᠭ ᠰᠠᠨᠠᠭ᠎ᠠ ᠪᠠ ᠯᠠᠪᠳᠠᠭᠤᠨ ᠪᠠᠲᠤᠲᠠᠢ ᠲᠦᠷᠭᠡᠨ ᠠᠪᠤᠷᠠᠯᠲᠠ ᠵᠢᠨ ᠤᠷ᠎ᠠ ᠴᠢᠳᠠᠪᠤᠷᠢ ᠵᠢ ᠬᠠᠷᠠᠭᠤᠯᠵᠤ᠂ ᠬᠢᠨᠠᠭᠴᠢ ᠪᠠ ᠦᠵᠡᠭᠴᠢᠳ᠎ᠤᠨ ᠨᠢᠭᠡᠳᠦᠯᠲᠡᠢ ᠰᠠᠶ᠋ᠢᠨ ᠦᠨᠡᠯᠡᠯᠲᠡ ᠵᠢ ᠣᠯᠪᠠ᠃
ᠤᠷᠤᠯᠳᠤᠭ᠋ᠠᠨ᠎ᠳᠤ ᠣᠷᠣᠯᠴᠠᠭᠰᠠᠨ ᠪᠠᠭᠰᠢ ᠰᠤᠷᠤᠭᠴᠢᠳ᠂ ᠡᠨᠡ ᠪᠣᠯ ᠠᠩᠬᠠᠳᠠᠭᠴᠢ ᠤᠳᠠᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠪᠠ ᠲᠦᠷᠭᠡᠨ ᠠᠪᠤᠷᠠᠯᠲᠠ ᠵᠢᠨ ᠪᠣᠳᠠᠲᠤ ᠠᠵᠢᠯᠯᠠᠭ᠎ᠠ ᠵᠢ ᠭᠦᠨᠵᠡᠭᠡᠢ ᠠᠭᠤᠰᠬᠠᠭᠰᠠᠨ ᠤᠷᠤᠯᠳᠤᠭ᠋ᠠᠨ ᠮᠥᠨ᠂ ᠪᠡᠶ᠎ᠡ ᠵᠢᠨ ᠲᠠᠮᠢᠷ᠎ᠢ ᠠᠳᠠᠯᠢᠳᠬᠠᠬᠤ᠎ᠪᠠᠷ ᠪᠠᠷᠠᠬᠤ ᠦᠭᠡᠢ ᠪᠠᠰᠠ ᠴᠠᠭ ᠮᠥᠴᠡ ᠵᠢ ᠠᠮᠵᠢᠨ ᠲᠦᠷᠭᠡᠨ ᠠᠪᠤᠷᠠᠬᠤ ᠮᠡᠳᠡᠯᠭᠡ᠎ᠪᠠᠷ ᠺᠠᠷᠲ ᠴᠣᠬᠢᠬᠤ ᠥᠷᠢᠰᠥᠯᠳᠦᠭᠡᠨ᠎ᠢ ᠪᠡᠶᠡᠯᠡᠭᠦᠯᠬᠦ ᠬᠡᠷᠡᠭᠲᠡᠢ ᠭᠡᠵᠡᠢ᠃ ᠤᠷᠤᠯᠳᠤᠭ᠋ᠠᠨ᠎ᠨᠢ ᠲᠡᠳᠡᠨ᠎ᠳᠤ ᠣᠷᠴᠢᠨ ᠠᠬᠤᠢ᠎ᠳᠤ ᠰᠣᠭᠲᠤᠭᠤᠷᠠᠮ᠎ᠠ ᠮᠠᠶᠢᠭ᠎ᠤᠨ ᠰᠢᠨ᠎ᠡ ᠰᠣᠷᠭᠣᠭ ᠣᠶ᠋ᠢᠯᠠᠭ᠋ᠠᠯᠲᠠ ᠵᠢ ᠠᠪᠴᠢᠷᠠᠵᠤ ᠥᠭᠭᠦᠭᠰᠡᠨ ᠵᠶ᠋ᠠᠷ ᠪᠠᠷᠠᠬᠤ ᠦᠭᠡᠢ᠂ ᠪᠠᠰᠠ ᠮᠠᠰᠢ ᠬᠡᠷᠡᠭᠴᠡᠭᠡ᠎ᠲᠡᠢ ᠲᠦᠷᠭᠡᠨ ᠠᠪᠤᠷᠠᠯᠲᠠ ᠵᠢᠨ ᠤᠷ᠎ᠠ ᠴᠢᠳᠠᠪᠤᠷᠢ ᠵᠢ ᠣᠯᠵᠤ ᠰᠤᠷᠴᠠᠢ ᠭᠡᠵᠡᠭᠡᠪᠡ᠃
ᠬᠣᠶ᠋ᠢᠰᠢᠳᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠬᠠᠮᠲᠤᠷᠠᠯᠴᠠᠬᠤ᠂ ᠰᠢᠨ᠎ᠡ ᠵᠢ ᠡᠭᠦᠳᠬᠦ᠂ ᠬᠠᠷᠢᠯᠴᠠᠨ ᠠᠰᠢᠭᠲᠠᠢ ᠪᠠᠶ᠋ᠢᠬᠤ᠂ ᠬᠠᠮᠲᠤ᠎ᠳᠤ᠎ᠪᠠᠨ ᠠᠰᠢᠭ ᠬᠦᠷᠲᠡᠬᠦ》 ᠵᠣᠷᠢᠯᠲᠠ ᠵᠢ ᠪᠠᠷᠢᠮᠲᠠᠯᠠᠵᠤ᠂ ᠲᠦᠷᠭᠡᠨ ᠠᠪᠤᠷᠠᠬᠤ ᠬᠥᠮᠦᠵᠢᠯ᠎ᠢ ᠰᠤᠷᠭ᠋ᠠᠭᠤᠯᠢ ᠵᠢᠨ ᠬᠦᠷᠢᠶᠡᠨ᠎ᠳᠤ ᠲᠦᠭᠡᠮᠡᠯᠵᠢᠭᠦᠯᠬᠦ ᠵᠢ ᠪᠦᠬᠦ ᠬᠦᠴᠦᠨ ᠵᠶ᠋ᠠᠷ ᠳᠡᠮᠵᠢᠵᠦ᠂ ᠨᠡᠩ ᠣᠯᠠᠨ ᠪᠠᠭᠰᠢ ᠰᠤᠷᠤᠭᠴᠢᠳ᠎ᠢ ᠠᠶᠤᠯ ᠲᠦᠭᠰᠢᠭᠦᠷᠢ᠎ᠲᠠᠢ ᠦᠶ᠎ᠡ᠎ᠳᠤ ᠵᠣᠷᠢᠭᠲᠠᠢ ᠠᠪᠤᠷᠠᠬᠤ᠂ ᠠᠪᠤᠷᠠᠵᠤ ᠴᠢᠳᠠᠬᠤ ᠪᠣᠯᠭ᠋ᠠᠨ᠂ 《ᠬᠥᠮᠦᠨ ᠪᠦᠬᠦᠨ ᠲᠦᠷᠭᠡᠨ ᠠᠪᠤᠷᠠᠯᠲᠠ ᠵᠢ ᠰᠤᠷᠴᠤ᠂ ᠲᠦᠷᠭᠡᠨ ᠠᠪᠤᠷᠠᠯᠲᠠ ᠬᠥᠮᠦᠨ ᠪᠦᠬᠦᠨ᠎ᠤ ᠲᠥᠯᠦᠭᠡ》 ᠭᠡᠬᠦ ᠰᠠᠶ᠋ᠢᠨ ᠰᠠᠶ᠋ᠢᠬᠠᠨ ᠨᠡᠶ᠋ᠢᠭᠡᠮ᠎ᠤᠨ ᠬᠡᠪ ᠰᠤᠷᠲᠠᠯ᠎ᠢ ᠪᠤᠢ ᠪᠣᠯᠭ᠋ᠠᠨ᠎ᠠ᠃