ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠦᠬᠦ ᠣᠷᠣᠨ᠎ᠤ ᠡᠯ᠎ᠡ ᠭᠠᠵᠠᠷ ᠡᠯ᠎ᠡ ᠰᠤᠷᠭ᠋ᠠᠭᠤᠯᠢ ᠡᠯ᠎ᠡ ᠰᠠᠯᠠᠭ᠎ᠠ ᠮᠥᠴᠢᠷ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠲᠣᠭᠲᠠᠭᠤᠨ ᠮᠥᠷᠲᠡᠭᠡᠨ ᠡᠮᠬᠢ ᠵᠢᠷᠤᠮ᠎ᠲᠠᠢ ᠶᠠᠪᠤᠭᠳᠠᠬᠤ ᠵᠢ ᠪᠦᠬᠦ ᠬᠦᠴᠦᠨ ᠵᠶ᠋ᠠᠷ ᠪᠠᠲᠤᠯᠠᠵᠤ ᠪᠣᠢ
ᠨᠡᠶ᠋ᠢᠲᠡᠯᠡᠭᠰᠡᠨ ᠴᠠᠭ᠄ 2025-06-09

2025 ᠣᠨ᠎ᠤ 6 ᠰᠠᠷ᠎ᠠ ᠵᠢᠨ 7᠎ᠤ ᠡᠳᠦᠷ᠂ ᠥᠪᠥᠷ ᠮᠣᠩᠭᠣᠯ᠎ᠤᠨ 15.7 ᠲᠦᠮᠡᠨ ᠰᠢᠯᠭ᠋ᠠᠭᠤᠯᠤᠭᠴᠢ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠩᠬᠠᠨ᠎ᠤ ᠰᠢᠯᠭ᠋ᠠᠯᠲᠠ ᠵᠢ ᠤᠭᠲᠤᠵᠤ᠂ ᠪᠦᠬᠦ ᠣᠷᠣᠨ᠎ᠤ 187 ᠰᠢᠯᠭ᠋ᠠᠯᠲᠠ ᠵᠢᠨ ᠴᠡᠭ ᠤᠷᠭᠤᠬᠤ ᠨᠠᠷᠠᠨ᠎ᠳᠤ ᠬᠦᠰᠡᠯ ᠲᠡᠮᠡᠦᠯᠡᠯ᠎ᠤᠨ ᠡᠭᠦᠳᠡ ᠵᠢ ᠨᠡᠭᠡᠭᠡᠪᠡ᠃ ᠰᠢᠯᠭ᠋ᠠᠯᠲᠠ ᠵᠢᠨ ᠬᠤᠭᠤᠴᠠᠭ᠋ᠠᠨ᠎ᠳᠤ᠂ ᠰᠤᠷᠭ᠋ᠠᠨ ᠬᠥᠮᠦᠵᠢᠯ᠂ ᠰᠦᠯᠵᠢᠶᠡᠨ᠎ᠤ ᠮᠡᠳᠡᠭᠡ ᠵᠠᠩᠭᠢ᠂ ᠳᠣᠲᠣᠭ᠋ᠠᠳᠤ ᠵᠢ ᠬᠠᠮᠠᠭ᠋ᠠᠯᠠᠬᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠴᠢᠮᠡᠭᠡ ᠬᠣᠯᠪᠣᠭ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ᠂ ᠡᠷᠡᠭᠦᠯ ᠬᠠᠮᠠᠭ᠋ᠠᠯᠠᠯ᠂ ᠴᠠᠬᠢᠯᠭ᠋ᠠᠨ ᠬᠦᠴᠦᠨ ᠵᠡᠷᠭᠡ ᠰᠠᠯᠠᠭ᠎ᠠ ᠮᠥᠴᠢᠷ ᠵᠢᠴᠢ ᠪᠦᠬᠦ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠡᠩ᠎ᠤᠨ ᠳᠡᠭᠡᠳᠦ ᠰᠤᠷᠭ᠋ᠠᠭᠤᠯᠢ ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠲᠣᠭᠲᠠᠭᠤᠨ ᠮᠥᠷᠲᠡᠭᠡᠨ ᠡᠮᠬᠢ ᠵᠢᠷᠤᠮ᠎ᠲᠠᠢ ᠶᠠᠪᠤᠭᠳᠠᠬᠤ ᠵᠢ ᠪᠦᠬᠦ ᠬᠦᠴᠦᠨ ᠵᠶ᠋ᠠᠷ ᠪᠠᠲᠤᠯᠠᠪᠠ᠃ ᠳᠣᠣᠷ᠎ᠠ ᠪᠢᠳᠡ ᠬᠠᠮᠲᠤ᠎ᠳᠤ᠎ᠪᠠᠨ ᠰᠡᠭᠦᠳᠡᠷᠯᠡᠬᠦ ᠮᠠᠰᠢᠨ᠎ᠢ ᠳᠠᠭ᠋ᠠᠵᠤ᠂ ᠰᠢᠯᠭ᠋ᠠᠯᠲᠠ ᠵᠢᠨ ᠠᠬᠤᠢ ᠲᠠᠯᠠᠪᠠᠢ ᠵᠢ ᠰᠣᠨᠢᠷᠬᠠᠵᠠᠭ᠋ᠠᠶ᠎ᠠ—

1.jpg

2.jpg

3.jpg

4.jpg

5.jpg

6.jpg

7.jpg

8.jpg

9.jpg

10.jpg

11.jpg

12.jpg

13.jpg

14.jpg

15.jpg

16.jpg

17.jpg

18.jpg

19.jpg

20.jpg

21.jpg

 

ᠭᠡᠷ᠎ᠤᠨ ᠠᠬᠠᠮᠠᠳ᠂ ᠪᠠᠭᠰᠢ᠂ ᠵᠠᠮ ᠬᠠᠷᠢᠯᠴᠠᠭ᠋ᠠᠨ᠎ᠤ ᠴᠠᠭᠳᠠᠭ᠎ᠠ᠂ ᠨᠡᠶ᠋ᠢᠭᠡᠮ ᠲᠣᠭᠣᠷᠢᠭ᠎ᠤᠨ ᠰᠠᠶ᠋ᠢᠨ ᠳᠤᠷᠠᠴᠤᠤᠯ᠎ᠤᠨ ᠰᠡᠳᠬᠢᠯ᠎ᠢ ᠳᠤᠯᠠᠭ᠋ᠠᠴᠠᠭᠤᠯᠬᠤ ᠬᠠᠢ᠌ᠷ᠎ᠠ ᠬᠠᠯᠠᠮᠵᠢ ᠪᠠ ᠦᠢ᠍ᠯᠡ ᠠᠵᠢᠯᠯᠠᠭ᠎ᠠ ᠁ ᠪᠥᠬᠦᠨ ᠵᠶ᠋ᠡᠷ ᠵᠶ᠋ᠡᠨ ᠡᠨᠡ ᠤᠳᠠᠭ᠋ᠠᠨ᠎ᠤ ᠰᠢᠯᠭ᠋ᠠᠯᠲᠠ ᠪᠣᠯ ᠵᠥᠪᠬᠡᠨ ᠮᠡᠳᠡᠯᠭᠡ ᠵᠢᠨ ᠮᠥᠷᠦᠢ᠌ᠴᠡᠭᠡᠨ ᠪᠢᠰᠢ ᠬᠠᠷᠢᠨ ᠪᠦᠬᠦ ᠨᠡᠶ᠋ᠢᠭᠡᠮ᠎ᠤᠨ᠎ᠬᠢᠨ ᠬᠠᠮᠲᠤ᠎ᠳᠤ᠎ᠪᠠᠨ ᠪᠢᠴᠢᠭᠯᠡᠭᠰᠡᠨ ᠬᠠᠯᠠᠭᠤᠨ ᠳᠤᠯᠠᠭ᠋ᠠᠨ ᠬᠠᠭᠤᠳᠠᠰᠤ ᠪᠣᠯᠬᠤ ᠵᠢ ᠬᠠᠷᠠᠭᠤᠯᠪᠠ!

ᠡᠨᠳᠡ ᠪᠢᠳᠡ ᠥᠷᠭᠡᠨ ᠣᠯᠠᠨ ᠰᠢᠯᠭ᠋ᠠᠭᠤᠯᠤᠭᠴᠢᠳ ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ᠂ ᠡᠨᠡ ᠵᠤᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ ᠵᠢ ᠵᠦᠩᠨᠡᠨ ᠢᠷᠦᠭᠡᠶ᠎ᠡ!

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号