9 ᠰᠠᠷ᠎ᠠ ᠵᠢᠨ 15 21᠎ᠤ ᠡᠳᠦᠷ 28 ᠳ᠋ᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠭᠤᠤᠯᠯᠠᠨ ᠡᠷᠭᠢᠯᠡᠵᠦ᠂ ᠬᠢᠩᠭ᠋ᠠᠨ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠳᠠᠭ᠋ᠠᠭ᠋ᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠥᠨᠥᠳᠦᠷ ᠬᠢᠩᠭ᠋ᠠᠨ ᠠᠵᠢᠯ ᠮᠡᠷᠭᠡᠵᠢᠯ᠎ᠤᠨ ᠶᠡᠭᠡ ᠰᠤᠷᠭ᠋ᠠᠭᠤᠯᠢ᠎ᠳᠤ ᠂ ᠪᠥᠬᠦ ᠣᠷᠣᠨ᠎ᠤ ᠲᠦᠭᠡᠮᠡᠯᠵᠢᠭᠦᠯᠬᠦ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠃ ᠬᠢᠩᠭ᠋ᠠᠨ ᠠᠶ᠋ᠢᠮᠠᠭ᠎ᠤᠨ ᠵᠠᠬᠢᠷᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠠᠶ᠋ᠢᠮᠠᠭ᠎ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ ᠶᠠᠩ ᠢᠦᠢ ᠴᠦᠨ ᠲᠤᠰ ᠠᠵᠢᠯᠯᠠᠭ᠎ᠠ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃

ᠤ ᠲᠦᠭᠡᠮᠡᠯᠵᠢᠭᠦᠯᠬᠦ ᠭᠠᠷᠠᠭ ᠶᠠᠭ ᠪᠥᠬᠦ ᠣᠷᠣᠨ᠎ᠤ 42 ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠬᠠᠮᠲᠤᠷᠠᠨ ᠤᠳᠠᠭ᠋ᠠᠨ᠎ᠤ ᠠᠵᠢᠯᠯᠠᠭ᠎ᠠ ᠵᠢ ᠡᠷᠭᠢᠯᠡᠵᠦ᠂ ᠦᠭᠡ ᠬᠡᠯᠡ ᠤᠯᠤᠰ᠎ᠤᠨ ᠪᠠᠶ᠋ᠢᠯᠳᠤᠬᠤ ᠪᠣᠳᠣᠯᠭ᠎ᠠ ᠪᠣᠯᠤᠨ ᠦᠨᠳᠦᠰᠦᠲᠡᠨ᠎ᠤ ᠪᠦᠯᠬᠦᠮᠳᠡᠯ ᠴᠢᠬᠤᠯᠠ ᠠᠴᠢ ᠬᠤᠯᠪᠣᠭᠳᠠᠯ᠎ᠢ ᠳᠣᠪᠤᠶ᠋ᠢᠯᠭ᠋ᠠᠭᠰᠠᠨ ᠪᠠᠶ᠋ᠢᠨ᠎ᠠ᠃ ᠤ ᠲᠦᠭᠡᠮᠡᠯᠵᠢᠭᠦᠯᠬᠦ ᠭᠠᠷᠠᠭ᠎ᠤᠨ ᠭᠤᠤᠯ ᠰᠡᠳᠦᠪ ᠪᠣᠯ᠄ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ ᠴᠢᠩᠭ᠋ᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠠᠬᠢᠭᠤᠯᠬᠤ ᠪᠣᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ᠂ ᠪᠥᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠭᠠᠷᠠᠭ ᠵᠶ᠋ᠠᠷ ᠲᠠᠪᠴᠠᠩ ᠪᠣᠯᠭ᠋ᠠᠵᠤ᠂ ᠰᠤᠷᠭ᠋ᠠᠭᠤᠯᠢ ᠵᠢᠨ ᠬᠦᠷᠢᠶᠡᠨ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠰᠣᠶᠣᠯ᠎ᠤᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠵᠢ ᠰᠤᠷᠭ᠋ᠠᠭᠤᠯᠢ ᠵᠢᠨ ᠶᠣᠰᠣ ᠢ ᠪᠣᠶ ᠪᠣᠯᠭ᠋ᠠᠵᠤ ᠬᠥᠮᠦᠨ ᠬᠥᠮᠦᠵᠢᠭᠦᠯᠬᠦ ᠴᠢᠬᠤᠯᠠ ᠦᠢ᠍ᠯᠡᠳᠦᠯᠭᠡ ᠪᠣᠯᠭ᠋ᠠᠬᠤ ᠬᠡᠷᠡᠭᠲᠡᠶ᠃ ᠰᠤᠷᠭ᠋ᠠᠭᠤᠯᠢ ᠪᠣᠯᠤᠨ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠰᠠᠭᠤᠷᠢᠨ ᠭᠠᠵᠠᠷ᠎ᠲᠤ ᠲᠦᠰᠢᠭᠯᠡᠨ ᠰᠦᠯᠵᠢᠶ᠎ᠡ ᠵᠢ ᠨᠢᠭᠲᠠ ᠂ ᠮᠠᠯᠵᠢᠬᠤ ᠲᠠᠷᠢᠶᠠᠯᠠᠬᠤ ᠣᠷᠣᠨ ᠲᠡᠶ᠋ᠢᠰᠢ ᠂ ᠭᠤᠣᠯᠳᠠᠯᠭ᠎ᠠ᠎ᠲᠠᠢ ᠬᠥᠮᠦᠰ᠎ᠲᠤ ᠴᠢᠭᠯᠡᠭᠦᠯᠦᠨ ᠲᠥᠷᠥ ᠵᠢᠨ ᠪᠣᠳᠣᠯᠭ᠎ᠠ ᠵᠢ ᠣᠨᠣᠴᠠᠲᠠᠢ ᠬᠡᠷᠡᠭᠵᠢᠭᠦᠯᠬᠦ ᠬᠡᠷᠡᠭᠲᠡᠢ᠃ ᠰᠦᠯᠵᠢᠶᠡᠨ ᠪᠠ ᠰᠦᠯᠵᠢᠶᠡᠨ ᠭᠠᠳᠠᠨᠠᠬᠢ ᠤᠬᠠᠭᠤᠯᠭ᠎ᠠ ᠵᠢᠨ ᠬᠡᠯᠪᠡᠷᠢ ᠵᠢᠨ ᠰᠢᠨ᠎ᠡ ᠵᠢ ᠢᠳᠡᠪᠬᠢᠲᠡᠢ ᠡᠭᠦᠳᠴᠦ᠂ ᠣᠯᠠᠨ ᠰᠠᠯᠠᠭ᠎ᠠ ᠮᠥᠴᠢᠷ ᠬᠠᠮᠲᠤᠷᠠᠨ ᠠᠵᠢᠯ ᠲᠥᠷᠥᠯ᠎ᠤᠨ ᠣᠨᠴᠠᠯᠢᠭᠲᠤ ᠠᠵᠢᠯᠯᠠᠭ᠎ᠠ ᠥᠷᠨᠢᠭᠦᠯᠬᠦ ᠵᠢ ᠠᠬᠢᠭᠤᠯᠵᠤ᠂ ᠭᠡᠷ ᠪᠦᠯᠢ ᠪᠠ ᠨᠡᠶ᠋ᠢᠭᠡᠮ ᠲᠣᠭᠤᠷᠢᠭ᠎ᠲᠤ ᠬᠦᠷᠲᠡᠯ᠎ᠡ ᠂ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠡᠳᠦᠷ ᠲᠣᠲᠤᠮ᠎ᠤᠨ ᠂ ᠣᠯᠠᠨ ᠲᠦᠮᠡᠨ᠎ᠤ ᠮᠡᠳᠡᠷᠡᠮᠵᠢ ᠵᠢᠨ ᠬᠡᠮᠵᠢᠶ᠎ᠡ ᠪᠠ ᠣᠷᠣᠯᠴᠠᠬᠤ ᠬᠡᠮᠵᠢᠶ᠎ᠡ ᠵᠢ ᠂ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠲᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠃

ᠲᠠᠯᠠᠪᠠᠶ᠎ᠳᠤ ᠪᠠᠰᠠ ᠠᠯᠢ ᠣᠯᠠᠨ ᠡᠯᠪᠡᠭ ᠪᠠᠶᠠᠯᠢᠭ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠤᠷᠠᠨ ᠰᠠᠶ᠋ᠢᠬᠠᠨ᠎ᠤ ᠲᠣᠭᠯᠠᠯᠲᠠ᠂ ᠤᠬᠠᠭᠤᠯᠭ᠎ᠠ ᠵᠢᠨ ᠰᠠᠮᠪᠠᠷ᠎ᠠ᠂ ᠭᠤᠣᠯ ᠰᠡᠳᠦᠪᠲᠦ ᠶᠠᠷᠢᠶ᠎ᠠ ᠢᠯᠡᠳᠬᠡᠯ᠂ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠬᠤ᠂ ᠨᠡᠶ᠋ᠢᠲᠡᠯᠢᠭ ᠬᠡᠯᠡ ᠵᠢ ᠲᠤᠷᠰᠢᠬᠤ ᠵᠡᠷᠭᠡ ᠠᠵᠢᠯᠯᠠᠭ᠎ᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠬᠤ ᠪᠠᠷᠢᠮᠵᠢᠶ᠎ᠠ ᠮᠡᠳᠡᠯᠭᠡ ᠵᠢ ᠰᠢᠰᠲ᠋ᠧᠮ᠎ᠲᠠᠢ ᠲᠠᠶ᠋ᠢᠯᠪᠤᠷᠢᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠥᠪᠥᠷ ᠮᠣᠩᠭᠤᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠤᠨ ᠣᠯᠤᠭᠰᠠᠨ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠪᠡ᠃ ᠰᠤᠷᠭ᠋ᠠᠭᠤᠯᠢ ᠵᠢᠨ ᠬᠦᠷᠢᠶᠡᠨ᠎ᠤ ᠵᠢᠭ᠋ᠠᠨ ᠰᠤᠷᠭ᠋ᠠᠯᠲᠠ ᠦᠨᠳᠦᠰᠦᠨ ᠱᠠᠲᠤᠨ᠎ᠤ ᠨᠡᠶ᠋ᠢᠭᠡᠮ ᠲᠣᠭᠤᠷᠢᠭ ᠲᠦᠭᠡᠮᠡᠯᠵᠢᠭᠦᠯᠬᠦ ᠂ ᠮᠠᠯᠴᠢᠨ ᠲᠠᠷᠢᠶᠠᠴᠢᠨ ᠠᠴᠠ ᠡᠯ᠎ᠡ ᠠᠵᠢᠯ ᠲᠥᠷᠥᠯ᠎ᠤᠨ ᠥᠨᠳᠥᠷ ᠪᠦᠲᠦᠮᠵᠢᠲᠡᠶ ᠬᠠᠮᠵᠢᠯᠴᠠᠭ᠎ᠠ ᠬᠦᠷᠲᠡᠯ᠎ᠡ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠣᠯᠠᠨ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠨᠡᠶ᠋ᠢᠭᠡᠮ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠰᠢᠯᠢᠳᠡᠭᠵᠢᠭᠦᠯᠬᠦ᠂ ᠣᠷᠣᠨ ᠪᠦᠰᠡ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠭᠦᠨᠵᠡᠭᠡᠶ ᠬᠤᠪᠢᠷᠠᠯᠲᠠ ᠪᠥᠬᠦ ᠲᠠᠯ᠎ᠠ᠎ᠪᠠᠷ ᠢᠯᠡᠷᠡᠭᠦᠯᠵᠦ᠂ ᠤ ᠦᠨᠳᠦᠰᠦᠲᠡᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠂ ᠪᠦᠯᠬᠦᠮᠳᠡᠯ᠎ᠤᠨ ᠰᠠᠭᠤᠷᠢ ᠵᠢ ᠪᠠᠬᠢᠵᠢᠭᠦᠯᠬᠦ ᠴᠢᠬᠤᠯᠠ ᠦᠢ᠍ᠯᠡᠳᠦᠯ᠎ᠢ ᠢᠯᠡᠷᠡᠭᠦᠯᠪᠡ᠃

1998 ᠣᠨ᠎ᠳᠤ ᠬᠤᠭᠤᠴᠠᠭ᠋ᠠᠨ᠎ᠤ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠬᠦ ᠭᠠᠷᠠᠭ᠎ᠤᠨ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠲᠤᠰ ᠠᠵᠢᠯᠯᠠᠭ᠎ᠠ᠎ᠨᠢ ᠨᠢᠭᠡᠨᠲᠡ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠢᠬᠤᠯᠠ ᠲᠠᠪᠴᠠᠩ ᠪᠣᠯᠤᠭᠰᠠᠨ ᠪᠠᠶ᠋ᠢᠨ᠎ᠠ᠃
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠡᠯ᠎ᠡ ᠠᠶ᠋ᠢᠮᠠᠭ ᠬᠤᠲᠠ ᠵᠢᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠂ ᠬᠢᠩᠭ᠋ᠠᠨ ᠠᠶ᠋ᠢᠮᠠᠭ᠎ᠤᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠎ᠤᠨ ᠪᠦᠷᠢᠯᠳᠦᠬᠦᠨ ᠨᠢᠭᠡᠴᠢ ᠵᠢᠨ ᠬᠠᠷᠢᠭᠤᠴᠠᠯᠭ᠋ᠠᠲᠠᠨ ᠵᠢᠴᠢ ᠬᠢᠩᠭ᠋ᠠᠨ ᠠᠶ᠋ᠢᠮᠠᠭ᠎ᠤᠨ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃