— 2021 ᠣᠨ᠎ᠤ 1 ᠰᠠᠷ᠎ᠠ ᠵᠢᠨ 26᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ ᠳᠡᠭᠡᠷ᠎ᠡ
ᠥᠪᠡᠷᠳᠡᠭᠡᠨ ᠵᠠᠰᠠᠬᠤ ᠤᠷᠤᠨ᠎ᠤ ᠲᠡᠷᠢᠭᠦᠯᠡᠭᠴᠢ ᠪᠦ᠋ ᠰᠢᠶᠤᠤ ᠯᠢᠨ
ᠲᠥᠯᠥᠭᠡᠯᠡᠭᠴᠢᠳ ᠡ᠄
ᠣᠳᠣ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠤ᠃
ᠨᠢᠭᠡ᠂ 2020 ᠣᠨ ᠵᠢᠴᠢ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠷᠭᠢᠴᠡᠭᠦᠯᠦᠯ
2020 ᠣᠨ ᠪᠣᠯ ᠲᠦᠢ᠍ᠯ᠎ᠤᠨ ᠶᠡᠷᠦ ᠪᠤᠰᠤ ᠵᠢᠨ ᠨᠢᠭᠡ ᠵᠢᠯ ᠪᠣᠯᠣᠨ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠮᠠᠰᠢ ᠪᠤᠳᠤᠯᠢᠶᠠᠨᠲᠠᠢ ᠪᠥᠭᠡᠳ ᠬᠦᠴᠢᠷ ᠪᠡᠷᠬᠡᠰᠢᠶᠡᠯᠲᠡᠢ ᠪᠠᠶ᠋ᠢᠳᠠᠯ᠎ᠳᠤ ᠲᠤᠯᠭ᠋ᠠᠷᠠᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠦᠨᠳᠦ ᠰᠦᠷᠡᠬᠡᠢ ᠳᠠᠭ᠋ᠠᠷᠢᠯᠲᠠ ᠵᠢ ᠡᠰᠡᠷᠭᠦᠴᠡᠨ ᠲᠤᠯᠬᠤ᠎ᠳᠤ᠎ᠪᠠᠨ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠥᠪᠥᠷ ᠮᠣᠩᠭᠤᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠴᠢᠨᠡᠭᠡᠯᠢᠭ ᠨᠡᠶ᠋ᠢᠭᠡᠮ᠎ᠢ ᠪᠥᠬᠦ ᠲᠠᠯ᠎ᠠ᠎ᠪᠠᠷ ᠪᠠᠶ᠋ᠢᠭᠤᠯᠬᠤ ᠬᠠᠷᠠᠯᠲᠠ᠂ ᠡᠭᠦᠷᠭᠡ ᠵᠢ ᠴᠢᠩᠭ᠎ᠠ ᠠᠳᠬᠤᠵᠤ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠦᠯᠦᠪᠯᠡᠨ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠭᠰᠡᠨ ᠪᠥᠭᠡᠳ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠠᠵᠤ ᠠᠬᠤᠢ ᠦᠷᠭᠦᠯᠵᠢᠯᠡᠨ ᠲᠣᠭᠲᠠᠪᠤᠷᠢᠵᠢᠨ᠂ ᠨᠡᠶ᠋ᠢᠭᠡᠮ᠎ᠤᠨ ᠪᠥᠬᠦ ᠲᠠᠯ᠎ᠠ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠶ᠋ᠢᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠠᠮᠵᠢᠯᠲᠠ᠎ᠲᠠᠢ ᠪᠡᠶᠡᠯᠡᠭᠦᠯᠪᠡ᠃
(ᠨᠢᠭᠡ) ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠢᠯᠠᠨ ᠳᠠᠷᠤᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠪᠠ᠃ ᠠᠷᠠᠳ ᠲᠦᠮᠡᠨ᠎ᠢ ᠳᠡᠭᠡᠳᠦᠯᠡᠬᠦ ᠪᠠ ᠠᠮᠢ ᠨᠠᠰᠤ ᠵᠢ ᠡᠷᠬᠢᠮᠯᠡᠬᠦ ᠵᠢ ᠪᠠᠷᠢᠮᠲᠠᠯᠠᠨ᠂ ᠬᠢᠵᠢᠭ᠎ᠤᠨ ᠪᠠᠶ᠋ᠢᠳᠠᠯ᠎ᠢ ᠢᠯᠠᠨ ᠳᠠᠷᠤᠬᠤ᠎ᠪᠠᠷ ᠪᠥᠬᠦ ᠬᠦᠴᠦᠨ ᠵᠶ᠋ᠠᠷ ᠵᠶ᠋ᠠᠨ ᠡᠷᠡᠮᠡᠬᠡᠶ᠋ᠢᠯᠡᠨ ᠲᠡᠮᠡᠴᠡᠪᠡ᠃ ᠤᠯᠠᠨ ᠨᠡᠶ᠋ᠢᠲᠡ ᠵᠢᠨ ᠭᠡᠨᠡᠳᠲᠡ ᠡᠭᠦᠰᠬᠦ ᠡᠷᠡᠭᠦᠯ ᠬᠠᠮᠠᠭ᠋ᠠᠯᠠᠯ᠎ᠤᠨ ᠬᠦᠨᠳᠦ ᠶᠡᠭᠡ ᠬᠡᠷᠡᠭ᠎ᠤᠨ ᠨᠢᠭᠡᠳᠦᠭᠡᠷ ᠳᠡᠰ᠎ᠤᠨ ᠠᠵᠢᠯᠯᠠᠭ᠎ᠠ ᠵᠢ ᠴᠠᠭ ᠲᠤᠬᠠᠢᠳᠤᠨᠢ ᠡᠬᠢᠯᠡᠭᠦᠯᠵᠦ᠂ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠪᠠ ᠬᠠᠮᠲᠤ᠎ᠪᠠᠷ ᠰᠡᠷᠭᠡᠶ᠋ᠢᠯᠡᠨ ᠬᠠᠮᠲᠤ᠎ᠪᠠᠷ ᠡᠵᠡᠮᠳᠡᠬᠦ ᠰᠢᠰᠲ᠋ᠧᠮ᠎ᠢ ᠪᠠᠶ᠋ᠢᠭᠤᠯᠤᠨ᠂ ᠡᠷᠲᠡ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭ᠋ᠠᠷᠯᠠᠬᠤ ᠪᠠ ᠡᠷᠲᠡ ᠡᠮᠨᠡᠵᠦ᠂ ᠬᠢᠵᠢᠭ᠎ᠤᠨ ᠲᠠᠷᠬᠠᠵᠤ ᠳᠡᠯᠭᠡᠷᠡᠬᠦ ᠪᠠᠶ᠋ᠢᠳᠠᠯ᠎ᠢ ᠬᠦᠴᠦᠲᠡᠢ ᠬᠤᠷᠢᠭᠯᠠᠨ᠂ 55 ᠬᠤᠨᠤᠭ᠎ᠤᠨ ᠲᠤᠳᠤᠷ᠎ᠠ ᠲᠤᠰ ᠭᠠᠵᠠᠷ᠎ᠲᠤᠨᠢ ᠲᠤᠳᠤᠯᠠᠬᠰᠠᠨ ᠡᠪᠡᠳᠴᠢᠨ᠎ᠤ ᠵᠢᠱ᠌ᠢᠶ᠎ᠠ ᠪᠦᠬᠦᠨ ᠵᠶ᠋ᠠᠷ ᠵᠶ᠋ᠠᠨ ᠢᠯᠡᠷᠢ ᠪᠤᠯᠬᠤ ᠵᠢ ᠠᠩᠬ᠎ᠠ ᠤᠳᠠᠭ᠎ᠠ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ 849 ᠡᠮᠴᠢ ᠰᠤᠪᠢᠯᠠᠬ᠍ᠴᠢᠳ ᠬᠤᠪᠸᠢ ᠵᠢ ᠲᠦᠷᠭᠡᠨ ᠲᠤᠰᠠᠯᠠᠵᠤ᠂ ᠡᠭᠦᠷᠭᠡ᠎ᠪᠠᠨ ᠭᠠᠷᠮᠠᠭ᠋ᠠᠢ ᠰᠠᠶ᠋ᠢᠨ ᠪᠡᠶᠡᠯᠡᠭᠦᠯᠦᠭᠡᠳ 《ᠲᠠᠯ᠎ᠠ ᠨᠤᠲᠤᠭ᠎ᠤᠨ ᠪᠠᠭ᠋ᠠᠲᠤᠷᠯᠢᠭ ᠬᠥᠪᠡᠭᠦᠳ ᠥᠬᠢᠳ》 ᠬᠡᠮᠡᠨ ᠠᠯᠳᠠᠷᠰᠢᠪᠠ᠃ ᠬᠤᠪᠸᠢ᠎ᠳᠤ ᠮᠢᠬ᠎ᠠ᠂ ᠰᠦ᠂ ᠳᠣᠲᠤᠷᠭ᠎ᠠ᠂ ᠲᠦᠮᠦᠰᠦ ᠵᠡᠷᠭᠡ ᠠᠮᠢᠳᠤᠷᠠᠯ᠎ᠤᠨ ᠡᠳ᠋ ᠪᠣᠳᠠᠰ᠎ᠢ 1000 ᠭᠠᠷᠤᠢ ᠲᠣᠨ ᠬᠠᠨᠳᠢᠪᠯᠠᠪᠠ᠃ ᠪᠦᠬᠦ ᠤᠯᠤᠰ᠎ᠤᠨ ᠠᠵᠦ ᠠᠬᠤᠢ᠍ᠢ᠍ᠯᠠᠯ᠎ᠤᠳ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠵᠶ᠋ᠠᠷ ᠳᠠᠮᠵᠢᠭᠤᠯᠤᠨ ᠬᠤᠪᠧᠢ᠎ᠳᠤ 1.21 ᠳ᠋ᠦᠡᠭᠰᠢᠭᠤᠷ ᠲᠦᠭᠦᠷᠢᠭ᠎ᠤᠨ ᠡᠳ᠋ ᠮᠦᠡᠭᠭᠦ ᠬᠠᠨᠳᠢᠪᠯᠠᠪᠠ᠃ ᠨᠡᠶ᠋ᠢᠰᠯᠡᠯ᠎ᠤᠨ ᠨᠢᠰᠬᠡᠯ᠎ᠤᠨ ᠪᠠᠭᠤᠳᠠᠯ᠎ᠤᠨ ᠰᠠᠯᠪᠤᠷᠢᠯᠠᠨ ᠬᠤᠪᠢᠶᠠᠷᠢᠯᠠᠵᠤ ᠢᠷᠡᠭᠦᠯᠦᠭᠰᠡᠨ ᠣᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠲᠥᠪᠬᠢᠨᠡᠭᠦᠯᠦᠨ ᠰᠢᠢ᠍ᠳᠪᠦᠷᠢᠯᠡᠬᠦ ᠠᠵᠢᠯ ᠵᠶ᠋ᠠᠨ ᠬᠢᠨᠠᠮᠠᠭ᠋ᠠᠢ ᠰᠠᠶ᠋ᠢᠨ ᠬᠢᠵᠦ᠂ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠳ᠎ᠢ ᠪᠢᠲᠡᠭᠦᠮᠵᠢᠯᠡᠨ ᠬᠠᠮᠢᠶᠠᠷᠬᠤ ᠠᠵᠢᠯ᠎ᠤᠨ ᠴᠤᠪᠤᠷᠠᠯ ᠵᠶ᠋ᠠᠨ ᠪᠥᠬᠦ ᠤᠯᠤᠰ᠎ᠲᠤ ᠳᠡᠯᠭᠡᠷᠡᠭᠦᠯᠦᠨ᠂ ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠨ ᠡᠪᠡᠳᠴᠢᠨ᠎ᠤ ᠵᠢᠱ᠌ᠢᠶ᠎ᠡ ᠪᠦᠬᠦᠨ ᠨᠢᠭᠡ ᠴᠦ᠍ ᠡᠷᠡᠰᠳᠡᠭᠰᠡᠨ ᠦᠭᠡᠢ᠂ ᠲᠤᠰ ᠭᠠᠵᠠᠷ᠎ᠲᠤᠨᠢ ᠨᠢᠭᠡ ᠴᠦ᠍ ᠳᠡᠯᠭᠡᠷᠡᠭᠰᠡᠨ ᠦᠭᠡᠢ᠂ ᠣᠷᠣᠨ᠎ᠠᠴᠠ ᠭᠠᠳᠠᠭᠰᠢ ᠨᠢᠭᠡ ᠴᠦ᠍ ᠲᠠᠷᠬᠠᠭ᠋ᠠᠭᠰᠠᠨ ᠦᠭᠡᠢ᠂ ᠡᠮᠴᠢ ᠰᠤᠪᠢᠯᠠᠭᠴᠢᠳ ᠪᠠ ᠬᠠᠮᠢᠶ᠎ᠠ ᠪᠦᠬᠦᠢ ᠠᠵᠢᠯᠲᠠᠳ ᠨᠢᠭᠡ ᠴᠦ᠍ ᠬᠠᠯᠳᠠᠪᠤᠷᠢᠯᠠᠭᠳᠠᠭᠰᠠᠨ ᠦᠭᠡᠢ ᠪᠠᠶ᠋ᠢᠨ᠎ᠠ᠃
《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ ᠵᠢ ᠰᠡᠷᠭᠡᠶ᠋ᠢᠯᠡᠬᠦ ᠪᠠ ᠳᠣᠲᠣᠭ᠋ᠠᠳᠤ᠎ᠳᠤ᠎ᠪᠠᠨ ᠳᠠᠬᠢᠨ ᠳᠡᠯᠭᠡᠷᠡᠬᠦ ᠵᠢ ᠰᠡᠷᠭᠡᠶ᠋ᠢᠯᠡᠬᠦ》 ᠵᠢ ᠪᠠᠷᠢᠮᠲᠠᠯᠠᠨ᠂ ᠬᠢᠵᠢᠭ᠎ᠤᠨ ᠪᠠᠶ᠋ᠢᠳᠠᠯ᠎ᠢ ᠪᠠᠶ᠋ᠢᠡᠭᠭᠤ ᠰᠡᠷᠭᠡᠶ᠋ᠢᠯᠡᠵᠦ ᠡᠵᠡᠮᠳᠡᠬᠦ ᠲᠣᠭᠲᠠᠴᠠ ᠵᠢ ᠪᠠᠶ᠋ᠢᠭᠤᠯᠪᠠ᠃ ᠰᠡᠷᠭᠡᠶ᠋ᠢᠯᠡᠵᠦ ᠡᠵᠡᠮᠳᠡᠨ ᠠᠪᠤᠷᠠᠵᠤ ᠡᠮᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠡᠳ᠋ ᠪᠠᠷᠠᠭ᠎ᠠ ᠵᠢ ᠪᠠᠲᠤᠯᠠᠬᠤ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠥᠬᠦ ᠣᠷᠣᠨ᠎ᠤ ᠬᠤᠰᠢᠭᠤ ᠰᠢᠶᠠᠨ ᠪᠥᠬᠦᠨ ᠪᠥᠭᠡᠮ ᠬᠦᠴᠢᠯ᠎ᠤᠨ ᠪᠠᠶ᠋ᠢᠴᠠᠭ᠋ᠠᠨ ᠰᠢᠯᠭ᠋ᠠᠯᠲᠠ ᠬᠢᠬᠦ ᠴᠢᠳᠠᠪᠤᠷᠢ᠎ᠲᠠᠢ ᠪᠣᠯᠵᠦ᠂ ᠠᠶ᠋ᠢᠮᠠᠭ ᠬᠤᠲᠠ ᠪᠥᠬᠦᠨ᠎ᠳᠤ ᠰᠦᠭᠡᠷᠬᠦ ᠳᠠᠷᠤᠯᠲᠠᠲᠤ ᠲᠦᠷᠭᠡᠨ ᠠᠪᠤᠷᠠᠯᠲᠠ ᠵᠢᠨ ᠮᠠᠰᠢᠨ ᠲᠡᠷᠭᠡ ᠵᠢ 3 ᠲᠣᠬᠢᠷᠠᠭᠤᠯᠤᠨ᠂ ᠡᠮᠴᠢᠯᠡᠭᠡᠨ᠎ᠤ ᠠᠮᠠᠪᠴᠢ ᠦᠢ᠍ᠯᠡᠳᠬᠦ ᠮᠠᠰᠢᠨ᠂ ᠨᠢᠭᠡ ᠤᠳᠠᠭ᠎ᠠ ᠡᠮᠦᠰᠬᠦ ᠰᠡᠷᠭᠡᠶ᠋ᠢᠯᠡᠯᠲᠡ ᠵᠢᠨ ᠬᠤᠪᠴᠠᠰᠤ᠂ ᠰᠦᠭᠡᠷᠬᠦ ᠳᠠᠷᠤᠯᠲᠠᠲᠤ ᠲᠦᠷᠭᠡᠨ ᠠᠪᠤᠷᠠᠯᠲᠠ ᠵᠢᠨ ᠮᠠᠰᠢᠨ ᠲᠡᠷᠭᠡ ᠵᠡᠷᠭᠡ ᠬᠢᠵᠢᠭ᠎ᠢ ᠰᠡᠷᠭᠡᠶ᠋ᠢᠯᠡᠬᠦ ᠡᠳ᠋ ᠪᠠᠷᠠᠭ᠎ᠠ ᠵᠢ ᠦᠢ᠍ᠯᠡᠳᠪᠦᠷᠢᠯᠡᠬᠦ ᠴᠢᠳᠠᠪᠦᠷᠢ ᠦᠭᠡᠢ ᠪᠠᠶ᠋ᠢᠬᠰᠠᠨ᠎ᠠᠴᠠ᠎ᠪᠠᠨ ᠦᠢ᠍ᠯᠡᠳᠪᠦᠷᠢᠯᠡᠵᠦ ᠴᠢᠳᠠᠬᠤ ᠪᠤᠯᠪᠠ᠃ 11 ᠰᠠᠷ᠎ᠠ ᠵᠢᠨ ᠰᠡᠭᠦᠯᠴᠢ᠎ᠪᠠᠷ ᠮᠠᠨᠵᠤᠤᠷ ᠬᠤᠲᠠ᠎ᠳᠤ ᠬᠢᠵᠢᠭ᠎ᠤᠨ ᠪᠠᠶ᠋ᠢᠳᠠᠯ ᠢᠯᠡᠷᠡᠭᠰᠡᠨᠤ ᠳᠠᠷᠠᠭ᠎ᠠ᠂ ᠴᠠᠭ ᠲᠤᠬᠠᠢᠳᠤᠨᠢ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯᠯᠠᠭ᠎ᠠ ᠵᠢ ᠠᠵᠢᠯᠯᠠᠭᠤᠯᠵᠦ ᠡᠬᠢᠯᠡᠭᠦᠯᠦᠨ᠂ ᠬᠢᠯᠢ ᠵᠢᠨ ᠪᠣᠭᠤᠮᠲᠠ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤᠯᠤᠭᠠ ᠬᠤᠯᠪᠣᠭᠳᠠᠭᠰᠠᠨ ᠡᠳ᠋ ᠪᠠᠷᠠᠭ᠎ᠠ ᠵᠢ ᠪᠠᠭᠤᠯᠭ᠋ᠠᠵᠤ ᠲᠡᠭᠡᠭᠡᠪᠦᠷᠢᠯᠡᠬᠦ ᠲᠠᠯᠠᠪᠤᠷ᠎ᠲᠤ ᠪᠥᠬᠦ ᠬᠡᠯᠬᠢᠶ᠎ᠡ᠎ᠪᠠᠷ᠎ᠨᠢ ᠬᠠᠮᠢᠶᠠᠷᠬᠤ ᠵᠢ ᠣᠯᠠᠮ ᠨᠢᠭᠡ ᠠᠯᠬᠤᠮ ᠴᠢᠩᠭ᠋ᠠᠳᠬᠠᠵᠤ᠂ ᠬᠢᠵᠢᠭ᠎ᠤᠨ ᠪᠠᠶ᠋ᠢᠳᠠᠯ᠎ᠢ ᠪᠦᠲᠦᠮᠵᠢᠲᠡᠢ ᠡᠵᠡᠮᠳᠡᠪᠡ᠃ ᠨᠠᠮᠤᠷ ᠡᠪᠦᠯ᠎ᠤᠨ ᠤᠯᠠᠷᠢᠯ᠎ᠳᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠵᠶ᠋ᠠᠨ ᠨᠠᠷᠢᠨ ᠨᠢᠮᠪᠠᠢ ᠲᠣᠬᠢᠷᠠᠭᠤᠯᠵᠤ ᠪᠠᠶ᠋ᠢᠷᠢᠯᠠᠭᠤᠯᠤᠨ᠂ ᠭᠤᠣᠯᠳᠠᠯᠭ᠎ᠠ ᠪᠣᠯᠬᠤ ᠬᠥᠮᠥᠰ᠎ᠲᠤ ᠸᠠᠺᠼᠢᠨ ᠲᠠᠷᠢᠬᠤ ᠠᠵᠢᠯ᠎ᠢ ᠥᠷᠨᠢᠭᠦᠯᠪᠡ᠃
ᠬᠢᠵᠢᠭ᠎ᠲᠠᠢ ᠡᠷᠡᠰ ᠲᠤᠯᠬᠤ ᠲᠡᠮᠡᠴᠡᠯ᠎ᠳᠤ᠂ ᠥᠷᠭᠡᠨ ᠣᠯᠠᠨ ᠡᠮᠴᠢᠯᠡᠭᠡᠨ᠎ᠤ ᠠᠵᠢᠯᠲᠠᠳ ᠦᠷᠦᠭᠡᠯ ᠪᠤᠰᠤᠳ᠎ᠤᠨ ᠠᠮᠢ ᠨᠠᠰᠦ ᠵᠢ ᠠᠪᠤᠷᠠᠬᠤ ᠵᠢᠨ ᠲᠦᠯᠦᠭᠡ ᠦᠴᠦᠬᠡᠨ ᠴᠦ᠍ ᠡᠷᠡᠭᠡᠯᠵᠡᠯ ᠦᠭᠡᠢ ᠠᠵᠢᠯᠯᠠᠵᠤ᠂ ᠨᠡᠶ᠋ᠢᠭᠡᠮ ᠲᠣᠭᠤᠷᠢᠭ᠎ᠲᠤ ᠠᠵᠢᠯᠯᠠᠭᠰᠠᠳ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ ᠪᠠ ᠦᠨᠳᠦᠰᠦᠨ ᠱᠠᠲᠤᠨ᠎ᠤ ᠺᠠᠳ᠋ᠷᠴᠤᠳ᠂ ᠰᠣᠨᠢᠨ ᠮᠡᠳᠡᠭᠡᠨ᠎ᠤ ᠠᠵᠢᠯᠲᠠᠳ᠂ ᠰᠠᠶ᠋ᠢᠨ ᠳᠤᠷᠠᠴᠤᠳ ᠶᠠᠳᠠᠷᠠᠯ ᠵᠥᠳᠡᠷᠡᠯᠢ ᠬᠠᠶ᠋ᠢᠬᠤᠷᠤᠯ ᠦᠭᠡᠢ᠎ᠪᠠᠷ ᠨᠢᠭᠡᠳᠦᠭᠡᠷ ᠹᠷᠤᠨᠲ᠎ᠲᠤ ᠪᠠᠲᠤ ᠰᠠᠬᠢᠨ ᠠᠵᠢᠯᠯᠠᠵᠤ ᠪᠠᠶ᠋ᠢᠭᠰᠠᠨ ᠪᠥᠭᠡᠳ ᠲᠤᠭ᠎ᠠ ᠲᠣᠮᠰᠢ ᠦᠭᠡᠢ ᠡᠩ᠎ᠤᠨ ᠬᠦᠳᠡᠯᠮᠦᠷᠢᠴᠢᠳ ᠬᠠᠷᠠᠮ ᠦᠭᠡᠢ ᠬᠠᠨᠳᠢᠪ ᠡᠷᠭᠦᠵᠦ ᠳᠡᠮᠵᠢᠯᠭᠡ ᠦᠵᠡᠭᠦᠯᠵᠦ ᠪᠠᠶ᠋ᠢᠪᠠ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠲᠠᠭᠤ ᠪᠡᠷᠬᠡᠰᠢᠶᠡᠯ᠎ᠢ ᠬᠠᠮᠲᠤ᠎ᠳᠤ᠎ᠪᠠᠨ ᠲᠤᠭᠤᠯᠬᠤ᠎ᠪᠠᠷ ᠪᠦᠭᠦᠳᠡ ᠣᠯᠠᠨ᠎ᠤ ᠡᠷᠴᠢ ᠵᠣᠷᠢᠭ᠎ᠢ ᠨᠢᠭᠡᠳᠬᠡᠨ᠂ ᠪᠠᠲᠦ ᠪᠦᠯᠬᠦᠮᠳᠡᠨ ᠨᠢᠭᠲᠠᠷᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠲᠤ ᠪᠠᠬᠢ ᠰᠡᠷᠭᠡᠶ᠋ᠢᠯᠡᠯᠲᠡ ᠵᠢᠨ ᠱᠤᠭᠤᠮ᠎ᠢ ᠴᠣᠭᠴᠠᠯᠠᠨ᠂ ᠬᠢᠵᠢᠭ᠎ᠤᠨ ᠪᠠᠶ᠋ᠢᠳᠠᠯ᠎ᠢ ᠢᠯᠠᠨ ᠳᠠᠷᠤᠬᠤ ᠲᠡᠮᠡᠴᠡᠯ᠎ᠤᠨ ᠠᠭᠤᠤ ᠶᠡᠭᠡ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠪᠡ᠃
(ᠬᠤᠶᠠᠷ) ᠨᠡᠮᠡᠭᠳᠡᠯ᠎ᠢ ᠲᠣᠭᠲᠠᠪᠤᠷᠢᠵᠢᠭᠤᠯᠵᠤ ᠠᠵᠢᠯ ᠣᠯᠭᠤᠯᠲᠠ ᠵᠢ ᠪᠠᠲᠤᠯᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠠᠩᠬ᠎ᠠ ᠠᠯᠬᠤᠮ᠎ᠤᠨ ᠲᠣᠭ᠋ᠠᠴᠠᠯᠠᠨ ᠪᠣᠳᠣᠭᠰᠠᠨ ᠵᠶ᠋ᠠᠷ᠂ ᠪᠥᠬᠦ ᠵᠢᠯ᠎ᠳᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 0.2% ᠨᠡᠮᠡᠭᠳᠡᠵᠦ᠂ ᠠᠵᠤ ᠠᠬᠤᠢ ᠤᠯᠠᠷᠢᠯ ᠳᠠᠷᠠᠭ᠋ᠠᠯᠠᠨ ᠰᠡᠷᠭᠦᠵᠦ ᠳᠡᠭᠡᠭᠰᠢᠯᠡᠪᠡ; ᠣᠨ᠎ᠤ ᠲᠥᠰᠥᠪ᠎ᠲᠠᠬᠢ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ᠎ᠪᠠᠨ 105.2% ᠪᠡᠶᠡᠯᠡᠭᠦᠯᠪᠡ᠃ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠲᠠᠶ᠋ᠢᠯᠬᠤ ᠲᠠᠯ᠎ᠠ᠎ᠪᠠᠷ᠎ᠬᠢ ᠤᠯᠤᠰ᠎ᠤᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠯᠢ ᠣᠯᠠᠨ ᠲᠦᠬᠦᠷᠵᠢᠭᠦᠯᠦᠭᠰᠡᠨ ᠠᠷᠭ᠎ᠠ ᠬᠡᠮᠵᠢᠶ᠎ᠡ ᠵᠢ ᠨᠡᠶ᠋ᠢᠲᠡᠯᠡᠪᠡ᠃ ᠵᠢᠱ᠌ᠢᠭᠰᠡᠨ ᠵᠶ᠋ᠠᠷ ᠰᠢᠨ᠎ᠡ᠎ᠪᠠᠷ 310 ᠳ᠋ᠦᠡᠭᠰᠢᠭᠤᠷ ᠲᠦᠭᠦᠷᠢᠭ᠎ᠤᠨ ᠭᠠᠶ᠋ᠢᠯᠢ ᠵᠢ ᠬᠦᠡᠭᠭᠡᠯᠡᠵᠦ ᠰᠦᠢ᠍ᠳᠭᠡᠯ᠎ᠢ ᠪᠠᠭᠤᠷᠠᠭᠤᠯᠤᠨ᠂ ᠠᠵᠤ ᠠᠬᠤᠶ᠋ᠢᠯᠠᠯ᠎ᠤᠨ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ᠎ᠨᠢ 222 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠲᠥᠪ᠎ᠤᠨ ᠡᠳ᠋᠎ᠤᠨ ᠵᠠᠰᠠᠭ᠎ᠤᠨ ᠪᠡᠯᠡ ᠮᠦᠩᠭᠦᠨ᠎ᠤ ᠰᠢᠭᠤᠳ ᠪᠠᠭᠤᠯᠭ᠋ᠠᠬᠤ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠡᠯ᠎ᠡ ᠲᠦᠷᠦᠯ᠎ᠤᠨ ᠡᠳ᠋᠎ᠤᠨ ᠵᠠᠰᠠᠬ᠎ᠤᠨ ᠴᠢᠨᠠᠷᠲᠠᠢ ᠰᠢᠯᠵᠢᠭᠦᠯᠦᠨ ᠥᠭᠭᠦᠭᠰᠡᠨ ᠪᠡᠯᠡ ᠮᠦᠩᠭᠦ ᠵᠢ 837.8 ᠳ᠋ᠦᠩᠰᠢᠭᠤᠷ ᠲᠦᠭᠦᠷᠢᠭ ᠳᠤᠷᠤᠭᠰᠢ ᠪᠠᠭᠤᠯᠭ᠋ᠠᠪᠠ᠃ ᠠᠵᠤ ᠦᠢ᠍ᠯᠡᠰ᠎ᠤᠨ ᠬᠡᠯᠬᠢᠶ᠎ᠡ ᠬᠢᠭᠡᠳ ᠬᠠᠩᠭ᠋ᠠᠯᠭ᠎ᠠ ᠵᠢᠨ ᠬᠡᠯᠬᠢᠶ᠎ᠡ ᠵᠢ ᠵᠠᠯᠭ᠋ᠠᠯᠳᠤᠭᠤᠯᠬᠤ᠎ᠪᠠᠨ ᠴᠢᠩᠭ᠋ᠠᠳᠬᠠᠨ᠂ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠨᠣᠷᠮ᠎ᠠ ᠪᠠ ᠦᠢ᠍ᠯᠡᠳᠪᠦᠷᠢᠯᠡᠵᠦ ᠪᠣᠷᠣᠯᠠᠭᠤᠯᠤᠭᠰᠠᠨ ᠨᠣᠷᠮ᠎ᠠ᠎ᠨᠢ ᠲᠤᠰ ᠲᠤᠰ 95.8% ᠪᠠ 99.7% ᠪᠣᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠲᠤᠭ᠎ᠠ 7.2% ᠨᠡᠮᠡᠭᠳᠡᠪᠡ᠃
ᠴᠢᠬᠤᠯᠠ ᠶᠡᠭᠡ ᠲᠥᠷᠥᠯ ᠵᠦᠢ᠍ᠯ᠎ᠳᠤ 《ᠬᠢᠨᠠᠨ ᠵᠥᠪᠰᠢᠶᠡᠷᠡᠬᠦ ᠰᠠᠷ᠎ᠠ》 ᠵᠢᠨ ᠠᠵᠢᠯᠯᠠᠭ᠎ᠠ ᠥᠷᠨᠢᠭᠦᠯᠵᠦ᠂ ᠴᠢᠬᠤᠯᠠ ᠶᠡᠭᠡ ᠲᠥᠷᠥᠯ ᠵᠦᠢ᠍ᠯ᠎ᠳᠤ ᠨᠡᠷ᠎ᠡ ᠵᠢᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ ᠵᠢ ᠬᠡᠷᠡᠭᠵᠢᠭᠦᠯᠪᠡ᠃ ᠤᠯᠠᠭ᠋ᠠᠨᠬᠠᠳᠠ᠎ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠱᠤᠭᠤᠮ᠎ᠢ ᠵᠠᠯᠭ᠋ᠠᠭᠤᠯᠤᠨ ᠪᠠᠶ᠋ᠢᠭᠤᠯᠵᠤ ᠳᠠᠭᠤᠰᠬᠠᠭ᠋ᠠᠳ ᠲᠡᠭᠡᠭᠡᠪᠦᠷᠢᠯᠡᠬᠦ ᠠᠵᠢᠯ ᠵᠶ᠋ᠠᠨ ᠡᠬᠢᠯᠡᠭᠦᠯᠪᠡ᠂ ᠵᠢᠨᠢᠩ᠎ᠠᠴᠠ ᠳ᠋ᠠᠲ᠋ᠦ᠋ᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠤᠨ ᠴᠢᠳᠠᠮᠵᠢ ᠵᠢ᠎ᠨᠢ ᠥᠷᠭᠡᠳᠬᠡᠬᠦ᠎ᠪᠠᠷ ᠥᠭᠡᠷᠡᠴᠢᠯᠡᠨ ᠰᠢᠨᠡᠳᠬᠡᠵᠦ ᠪᠠᠶ᠋ᠢᠭᠤᠯᠬᠤ ᠪᠠ ᠬᠦᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ ᠵᠡᠷᠭᠡ ᠲᠦᠷᠦᠯ ᠵᠦᠢ᠍ᠯ᠎ᠢ ᠡᠬᠢᠯᠡᠭᠦᠯᠵᠦ᠂ ᠰᠥᠨᠢᠳ ᠪᠠᠷᠠᠭᠤᠨ ᠬᠤᠰᠢᠭᠤᠨ᠎ᠠᠴᠠ ᠬᠤᠸᠠᠳᠧ ᠵᠡᠷᠭᠡ ᠭᠠᠵᠠᠷ᠎ᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠢ ᠳᠡᠪᠢᠰᠴᠦ ᠳᠠᠭᠤᠰᠬᠠᠭ᠋ᠠᠳ ᠮᠠᠰᠢᠨ ᠲᠡᠷᠭᠡ ᠨᠡᠪᠲᠡᠷᠡᠭᠦᠯᠪᠡ᠂ ᠬᠥᠪᠡᠭᠡᠲᠦ ᠰᠢᠷ᠎ᠠ ᠬᠤᠰᠢᠭᠤ᠂ ᠠᠷᠤ ᠬᠤᠷᠴᠢᠨ ᠬᠤᠰᠢᠭᠤᠨ᠎ᠤ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠳᠤ ᠨᠢᠰᠬᠡᠯ ᠨᠡᠪᠲᠡᠷᠡᠵᠦ ᠲᠡᠭᠡᠭᠡᠪᠦᠷᠢᠯᠡᠨ ᠠᠵᠢᠯᠯᠠᠵᠤ ᠡᠬᠢᠯᠡᠪᠡ᠃ ᠬᠥᠬᠡᠬᠤᠲᠠ᠎ᠳᠠᠬᠢ ᠤᠯᠤᠰ᠎ᠤᠨ ᠳᠡᠰ᠎ᠤᠨ ᠢᠨᠲ᠋ᠧᠷ ᠰᠦᠯᠵᠢᠶᠡᠨ᠎ᠤ ᠰᠢᠭᠤᠳ ᠬᠤᠯᠪᠣᠭ᠋ᠠᠯᠠᠬᠤ ᠭᠤᠣᠯᠯᠠᠭᠴᠢ ᠴᠡᠭ᠎ᠢ ᠪᠠᠶ᠋ᠢᠭᠤᠯᠵᠤ ᠳᠠᠭᠤᠰᠬᠠᠭᠰᠠᠨ ᠪᠥᠭᠡᠳ ᠪᠥᠬᠦ ᠣᠷᠣᠨ᠎ᠳᠠᠬᠢ 5G᠎ᠤᠨ ᠰᠠᠭᠤᠷᠢ ᠥᠷᠲᠡᠭᠡ 1 ᠲᠦᠮᠡ ᠵᠢ ᠳᠠᠪᠠᠪᠠ᠃ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠭᠠᠴᠠᠭ᠎ᠠ ᠲᠣᠰᠬᠤᠨ᠎ᠳᠤ ᠭᠡᠷᠡᠯ ᠰᠢᠷᠬᠡᠭ ᠨᠡᠪᠲᠡᠷᠡᠭᠰᠡᠨ ᠨᠣᠷᠮ᠎ᠠ ᠪᠠ 4G ᠰᠦᠯᠵᠢᠶᠡᠨ᠎ᠤ ᠬᠠᠮᠤᠷᠤᠭᠰᠠᠨ ᠨᠣᠷᠮ᠎ᠠ 98%᠎ᠠᠴᠠ ᠳᠡᠭᠡᠭᠰᠢ ᠪᠣᠯᠪᠠ᠃ ᠨᠡᠶ᠋ᠢᠭᠡᠮ ᠲᠣᠭᠤᠷᠢᠭ᠎ᠤᠨ ᠡᠯᠧᠺᠳ᠋ᠷᠦᠨ ᠬᠤᠳᠠᠯᠳᠤᠭ᠎ᠠ ᠵᠢ ᠬᠥᠭᠵᠢᠭᠦᠯᠬᠦ᠂ ᠬᠡᠷᠡᠭᠯᠡᠭᠡ ᠵᠢᠨ ᠲᠡᠮᠳᠡᠭ ᠣᠯᠭᠤᠬᠤ᠂ ᠬᠡᠷᠡᠭᠯᠡᠭᠡ ᠵᠢ ᠠᠬᠢᠭᠤᠯᠬᠤ ᠤᠯᠠᠷᠢᠯ᠎ᠤᠨ ᠠᠵᠢᠯᠯᠠᠭ᠎ᠠ ᠦᠷᠨᠢᠭᠦᠯᠵᠦ᠂ ᠬᠡᠷᠡᠭᠯᠡᠭᠡ ᠰᠡᠷᠭᠦᠵᠦ ᠬᠥᠭᠵᠢᠶᠡᠨᠲᠡᠢ ᠪᠣᠯᠬᠤ ᠵᠢ ᠠᠬᠢᠭᠤᠯᠪᠠ᠃ ᠡᠵᠡᠨ᠎ᠡ ᠵᠢᠨ ᠲᠤᠤᠷᠠᠢ ᠵᠢᠨ ᠣᠢ ᠵᠢᠨ ᠵᠢᠭᠤᠯᠴᠢᠯᠠᠯ᠎ᠤᠨ ᠣᠷᠣᠨ᠎ᠢ ᠤᠯᠤᠰ᠎ᠤᠨ 5A ᠳᠡᠰ᠎ᠤᠨ ᠦᠵᠡᠮᠵᠢ ᠵᠢᠨ ᠣᠷᠣᠨ ᠪᠤᠯᠭ᠋ᠠᠬᠤ ᠶᠠᠪᠤᠳᠠᠯ ᠵᠥᠪᠰᠢᠶᠡᠷᠡᠭᠳᠡᠪᠡ᠂ ᠬᠦᠯᠦᠨ ᠪᠤᠶ᠋ᠢᠷ ᠨᠤᠮᠧᠷᠲᠦ ᠲᠠᠯ᠎ᠠ ᠨᠤᠲᠤᠬ ᠤᠢ ᠰᠢᠭᠤᠢ ᠵᠢᠨ ᠵᠢᠭᠤᠯᠴᠢᠯᠠᠯ᠎ᠤᠨ ᠭᠠᠯᠲᠦ ᠲᠡᠷᠭᠡ ᠵᠢᠨ ᠡᠵᠡᠩᠨᠡᠯᠲᠡ ᠮᠠᠰᠢ ᠰᠠᠶ᠋ᠢᠨ ᠪᠠᠶ᠋ᠢᠨ᠎ᠠ᠃
ᠭᠤᠣᠯᠳᠠᠯᠭ᠎ᠠ ᠪᠣᠯᠬᠤ ᠠᠵᠢᠯ ᠲᠥᠷᠥᠯ ᠪᠠ ᠭᠤᠣᠯᠳᠠᠯᠭ᠎ᠠ ᠪᠣᠯᠬᠤ ᠬᠥᠮᠥᠰ᠎ᠤᠨ ᠠᠵᠢᠯ ᠣᠯᠭᠤᠯᠲᠠ ᠵᠢ ᠬᠠᠪᠰᠤᠷᠤᠨ ᠲᠡᠳᠬᠦᠬᠦ᠎ᠪᠠᠨ ᠴᠢᠩᠭ᠋ᠠᠳᠬᠠᠨ᠂ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠡᠯᠰᠡᠨ ᠤᠷᠢᠬᠤ ᠴᠤᠭᠯᠠᠭ᠋ᠠᠨ᠎ᠢ 596 ᠲᠠᠯᠠᠪᠠᠢ ᠡᠷᠬᠢᠯᠡᠵᠦ᠂ ᠡᠯ᠎ᠡ ᠲᠦᠷᠦᠯ᠎ᠤᠨ ᠬᠦᠷᠢᠶᠡᠯᠡᠩ ᠲᠣᠭᠤᠷᠢᠭ᠎ᠲᠤ ᠪᠦᠬᠦ ᠣᠷᠣᠨ᠎ᠤ ᠬᠠᠮᠲᠤ᠎ᠪᠠᠷ ᠬᠦᠷᠲᠡᠬᠦ ᠠᠵᠢᠯ ᠣᠯᠭᠤᠯᠲᠠ ᠵᠢᠨ ᠬᠠᠩᠭ᠋ᠠᠯᠭ᠎ᠠ ᠬᠡᠷᠡᠭᠴᠡᠭᠡᠨ᠎ᠤ ᠲᠠᠪᠴᠠᠩ᠎ᠢ ᠪᠠᠶ᠋ᠢᠭᠤᠯᠤᠭ᠋ᠠᠳ ᠣᠨᠣᠴᠠᠲᠠᠢ᠎ᠪᠠᠷ ᠵᠠᠯᠭ᠋ᠠᠭᠤᠯᠤᠨ᠂ ᠠᠮᠢᠳᠤᠯᠢᠭ ᠵᠶ᠋ᠠᠷ ᠠᠵᠢᠯ ᠣᠯᠭᠤᠬᠤ ᠵᠢ ᠳᠡᠮᠵᠢᠪᠡ᠃ ᠬᠤᠲᠠ ᠪᠠᠯᠭ᠋ᠠᠰᠤᠨ᠎ᠤ ᠠᠵᠢᠯ ᠣᠯᠣᠭᠰᠠᠳ 23.2 ᠲᠦᠮᠡ ᠰᠢᠨ᠎ᠡ᠎ᠪᠠᠷ ᠨᠡᠮᠡᠭᠳᠡᠵᠦ᠂ ᠣᠨ᠎ᠤ ᠡᠭᠦᠷᠭᠡ᠎ᠪᠠᠨ 105.5% ᠪᠡᠶᠡᠯᠡᠭᠦᠯᠪᠡ; ᠬᠤᠲᠠ ᠪᠠᠯᠭ᠋ᠠᠰᠤᠨ᠎ᠤ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ᠎ᠤᠨ ᠨᠤᠷᠮ᠎ᠠ 3.8% ᠪᠠᠶ᠋ᠢᠵᠤ᠂ ᠬᠢᠵᠠᠭ᠋ᠠᠷᠯᠠᠨ ᠡᠵᠡᠮᠳᠡᠬᠦ ᠬᠠᠷᠠᠯᠲᠠ᠎ᠠᠴᠠ 0.7 ᠵᠠᠭᠤᠨ᠎ᠤ ᠴᠡᠭ ᠳᠣᠣᠷ᠎ᠠ ᠪᠣᠯᠪᠠ᠃ ᠠᠵᠢᠯ ᠠᠯᠳᠠᠭᠰᠠᠳ᠎ᠤᠨ ᠨᠥᠬᠦᠪᠦᠷᠢ ᠪᠠ ᠠᠮᠢᠳᠤᠷᠠᠯ᠎ᠤᠨ ᠲᠦᠷ ᠴᠠᠭ᠎ᠤᠨ ᠨᠥᠬᠦᠪᠦᠷᠢ ᠵᠢ ᠴᠠᠭ ᠲᠤᠬᠠᠢᠳᠤᠨᠢ ᠣᠯᠭᠤᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠰᠠᠭᠤᠷᠢ ᠱᠤᠭᠤᠮ᠎ᠢ ᠳᠠᠭ᠋ᠠᠭ᠋ᠠᠨ ᠪᠠᠲᠤᠯᠠᠪᠠ᠃
(ᠭᠤᠷᠪᠠ) ᠠᠵᠤ ᠦᠢ᠍ᠯᠡᠰ᠎ᠤᠨ ᠬᠡᠯᠪᠡᠷᠢ ᠵᠢ᠎ᠨᠢ ᠬᠤᠪᠢᠷᠠᠭᠤᠯᠵᠤ ᠳᠡᠰ ᠳᠡᠪᠰᠢᠭᠦᠯᠬᠦ ᠠᠵᠢᠯ ᠰᠢᠨ᠎ᠡ ᠠᠬᠢᠯᠲᠠ᠎ᠲᠠᠢ ᠪᠣᠯᠪᠠ᠃ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠨᠡᠭᠦᠷᠡᠰᠦ ᠪᠠ ᠬᠤᠪᠣᠷ ᠰᠢᠷᠣᠢ ᠵᠡᠷᠭᠡ ᠠᠵᠤ ᠦᠢ᠍ᠯᠡᠰ᠎ᠤᠨ ᠬᠡᠯᠬᠢᠶᠡᠰᠦ ᠵᠢ ᠤᠷᠲᠤᠳᠬᠠᠵᠤ᠂ ᠨᠡᠭᠦᠷᠡᠰᠦ ᠴᠠᠬᠢᠯᠭ᠋ᠠᠨ ᠬᠥᠩᠭᠡᠨᠴᠠᠭ᠋ᠠᠨ᠎ᠢ ᠨᠢᠭᠡ ᠴᠣᠭᠴᠠᠵᠢᠭᠤᠯᠤᠭᠰᠠᠨ ᠬᠡᠮᠵᠢᠶ᠎ᠡ 65%᠎ᠳᠤ ᠬᠦᠷᠦᠭᠰᠡᠨ ᠪᠥᠭᠡᠳ ᠬᠤᠪᠣᠷ ᠰᠢᠷᠣᠢ ᠵᠢᠨ ᠲᠦᠭᠦᠬᠡᠢ ᠮᠠᠲ᠋ᠧᠷᠢᠶᠠᠯ᠎ᠢ ᠲᠤᠬᠠᠢ ᠵᠢᠨ ᠭᠠᠵᠠᠷ᠎ᠲᠤᠨᠢ ᠤᠯᠠᠷᠢᠭᠤᠯᠤᠭᠰᠠᠨ ᠨᠣᠷᠮ᠎ᠠ 70%᠎ᠳᠤ ᠬᠦᠷᠴᠦ᠂ ᠬᠤᠪᠣᠷ ᠰᠢᠷᠣᠢ ᠵᠢᠨ ᠲᠣᠭᠲᠠᠮᠠᠯ ᠰᠣᠷᠢᠨᠵᠢᠨ᠂ ᠤᠰᠤᠲᠦ᠋ᠷᠦᠭᠴᠢ ᠨᠥᠭᠡᠴᠡᠯᠡᠬᠦ ᠮᠠᠲ᠋ᠧᠷᠢᠶᠠᠯ᠂ ᠦᠩᠭᠡᠯᠡᠵᠦ ᠭᠢᠯᠠᠶ᠋ᠢᠯᠭ᠋ᠠᠬᠤ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ᠎ᠤᠨ ᠦᠢ᠍ᠯᠡᠳᠬᠦᠨ᠎ᠤ ᠥᠷᠲᠡᠭ ᠪᠥᠬᠦ ᠤᠯᠤᠰ᠎ᠤᠨ ᠲᠡᠷᠢᠭᠦᠨ᠎ᠤ ᠡᠩᠨᠡᠭᠡᠨ᠎ᠳᠤ ᠣᠷᠤᠵᠤ᠂ ᠦᠬᠠᠢ ᠵᠢᠨ ᠤᠰᠤᠳᠦ᠋ᠷᠦᠭᠴᠢ ᠪᠦᠯᠦᠭ ᠵᠶ᠋ᠠᠷ ᠬᠠᠶ᠋ᠢᠯᠠᠭᠤᠯᠤᠨ ᠲᠡᠮᠦᠷ ᠪᠣᠯᠭ᠋ᠠᠬᠤ ᠲᠦᠷᠦᠯ ᠵᠦᠢ᠍ᠯ ᠲᠣᠷᠰᠢᠨ ᠲᠣᠬᠢᠷᠠᠭᠤᠯᠬᠤ ᠱᠠᠲᠤᠨ᠎ᠳᠤ ᠣᠷᠤᠪᠠ᠃ ᠪᠦᠬᠦ ᠤᠯᠤᠰ᠎ᠤᠨ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠬᠥᠭᠵᠢᠯᠲᠡ ᠵᠢᠨ ᠠᠩᠬᠠᠳᠠᠭᠴᠢ ᠵᠢᠭ᠋ᠠᠯᠲᠠ ᠲᠤᠭ᠎ᠠ ᠵᠢ ᠨᠡᠶ᠋ᠢᠲᠡᠯᠡᠵᠦ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠤᠳᠤᠯᠤᠯ᠎ᠤᠨ ᠬᠦᠷᠢᠶᠡᠯᠡᠩ᠎ᠢ ᠪᠠᠶ᠋ᠢᠭᠤᠯᠪᠠ᠃ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ 838 ᠲᠦᠮᠡᠨ ᠺᠢᠯᠤᠸᠠᠲ ᠮᠠᠰᠢᠨ ᠴᠣᠭᠴᠠᠯᠠᠪᠤᠷᠢ ᠪᠠᠶ᠋ᠢᠭᠤᠯᠬᠤ ᠠᠵᠢᠯ᠎ᠢ ᠰᠢᠨ᠎ᠡ᠎ᠪᠠᠷ ᠡᠬᠢᠯᠡᠭᠦᠯᠦᠨ᠂ ᠰᠢᠯᠢ ᠵᠢᠨ ᠭᠤᠣᠯ᠎ᠳᠠᠬᠢ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠬᠤ 700 ᠲᠦᠮᠡᠨ ᠺᠢᠯᠤᠸᠠᠲ᠎ᠤᠨ ᠲᠥᠷᠥᠯ ᠵᠦᠢ᠍ᠯ᠎ᠢ ᠪᠠᠶ᠋ᠢᠭᠤᠯᠵᠤ ᠳᠠᠭᠤᠰᠬᠠᠭ᠋ᠠᠳ ᠴᠠᠬᠢᠯᠭ᠋ᠠᠨ ᠬᠦᠴᠦᠨ᠎ᠤ ᠲᠣᠣᠷ᠎ᠯᠤᠭ᠎ᠠ ᠨᠡᠶ᠋ᠢᠯᠡᠭᠦᠯᠪᠡ᠂ ᠪᠥᠬᠦ ᠤᠯᠤᠰ᠎ᠲᠠᠬᠢ ᠬᠠᠮᠤᠭ᠎ᠤᠨ ᠲᠣᠮᠣ 《ᠴᠠᠬᠢᠯᠭ᠋ᠠᠨ᠎ᠤ ᠰᠤᠷᠪᠤᠯᠵᠢ ᠪᠠ ᠲᠣᠣᠷ ᠳᠠᠭ᠋ᠠᠭ᠋ᠠᠴᠠ ᠨᠥᠭᠡᠴᠡ》 ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠤᠯᠠᠭ᠋ᠠᠨᠴᠠᠪ᠎ᠲᠤ ᠪᠠᠶ᠋ᠢᠷᠢᠯᠠᠭᠤᠯᠵᠤ᠂ ᠲᠦᠩᠯᠢᠶᠣᠣ᠎ᠳᠠᠬᠢ 《ᠢᠯᠴᠢ ᠰᠠᠯᠬᠢ ᠭᠡᠷᠡᠯᠴᠢ ᠴᠡᠨᠡᠭ ᠨᠥᠭᠡᠴᠡ ᠡᠨᠧᠷᠭᠢ ᠵᠢᠨ ᠦᠢ᠍ᠯᠡᠳᠬᠡᠯ ᠰᠤᠳᠤᠯᠭ᠋ᠠᠨ》᠎ᠤ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠪᠠᠶ᠋ᠢᠭᠤᠯᠵᠤ ᠡᠬᠢᠯᠡᠪᠡ᠃ ᠪᠥᠬᠦ ᠣᠷᠣᠨ᠎ᠤ ᠶᠡᠷᠦᠩᠬᠡᠢ ᠮᠠᠰᠢᠨ ᠴᠣᠭᠴᠠᠯᠠᠪᠤᠷᠢ᠎ᠳᠤ ᠳᠠᠬᠢᠨ ᠡᠭᠦᠰᠴᠦ ᠪᠣᠯᠬᠤ ᠡᠨᠧᠷᠭᠢ ᠵᠢᠨ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ 36% ᠵᠢ ᠡᠵᠡᠯᠡᠵᠦ᠂ ᠰᠢᠨ᠎ᠡ ᠡᠨᠧᠷᠭᠢ ᠵᠢᠨ ᠬᠡᠷᠡᠭᠯᠡᠭᠡ ᠵᠢᠨ ᠬᠠᠷᠢᠴᠠᠯ 17%᠎ᠳᠤ ᠬᠦᠷᠪᠡ᠃ ᠤᠯᠤᠰ᠎ᠤᠨ ᠳᠣᠲᠣᠭ᠋ᠠᠳᠤ᠎ᠳᠠᠬᠢ ᠠᠷᠠᠳ᠎ᠤᠨ ᠬᠡᠷᠡᠭᠯᠡᠭᠡᠨ᠎ᠤ ᠰᠢᠩᠭᠡᠨ ᠤᠰᠤᠲᠦ᠋ᠷᠦᠭᠴᠢ ᠵᠢᠨ ᠠᠩᠬᠠᠨ᠎ᠤ ᠦᠢ᠍ᠯᠡᠳᠪᠦᠷᠢ᠎ᠨᠢ ᠦᠬᠠᠢ᠎ᠳᠤ ᠦᠢ᠍ᠯᠡᠳᠪᠦᠷᠢᠯᠡᠯ ᠵᠶ᠋ᠠᠨ ᠡᠬᠢᠯᠡᠭᠦᠯᠪᠡ᠃ ᠴᠢᠯᠠᠭᠤᠨ ᠲᠤᠰᠤ᠂ ᠪᠠᠶ᠋ᠢᠭ᠋ᠠᠯᠢ ᠵᠢᠨ ᠰᠢᠲᠠᠮᠠᠬᠠᠢ ᠬᠡᠢ᠂ ᠭᠠᠵᠠᠷ᠎ᠤᠨ ᠢᠯᠴᠢ ᠵᠡᠷᠭᠡ ᠡᠬᠢ ᠪᠠᠶᠠᠯᠢᠭ᠎ᠢ ᠬᠠᠶ᠋ᠢᠨ ᠰᠢᠨᠵᠢᠬᠦ ᠠᠵᠢᠯ᠎ᠳᠤ ᠰᠢᠨ᠎ᠡ ᠰᠢᠪᠲᠤᠯᠤᠯᠲᠠ᠎ᠲᠠᠢ ᠪᠣᠯᠪᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠡᠮᠬᠢᠯᠡᠨ ᠨᠡᠶ᠋ᠢᠯᠡᠭᠦᠯᠵᠦ᠂ ᠲᠥᠯᠥᠪᠵᠢᠭᠦᠯᠦᠭᠰᠡᠨ ᠲᠠᠯᠠᠪᠠᠢ ᠵᠢ 30% ᠣᠷᠴᠢᠮ ᠬᠠᠰᠤᠵᠤ ᠪᠠᠭ᠋ᠠᠰᠬᠠᠪᠠ᠃ ᠮᠡᠳᠡᠭᠡ ᠵᠠᠩᠭᠢ᠂ ᠪᠠᠷᠠᠭ᠋ᠠᠨ᠎ᠤ ᠭᠦᠢ᠍ᠯᠭᠡᠭᠡ ᠵᠡᠷᠭᠡ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠵᠦ᠂ ᠳ᠋ᠠᠶ᠋ᠢᠲ᠋ᠠ ᠵᠢᠨ ᠲᠥᠪᠤᠳᠤᠨ ᠮᠠᠰᠢᠨ ᠴᠣᠭᠴᠠᠯᠠᠪᠤᠷᠢ ᠤᠭᠰᠠᠷᠠᠭᠰᠠᠨ ᠴᠢᠳᠠᠮᠵᠢ 120 ᠲᠦᠮᠡᠨ ᠰᠠᠭᠤᠷᠢ ᠵᠢ ᠳᠠᠪᠠᠵᠦ᠂ 《ᠦᠪᠦᠷ ᠮᠤᠩᠭᠤᠯ ᠴᠢᠫ》 ᠴᠢᠳᠠᠯ ᠬᠤᠷᠤᠬᠳᠠᠯ᠎ᠤᠨ ᠬᠡᠲᠦ ᠪᠢᠴᠢᠯ ᠰᠡᠷᠡᠯ ᠳᠠᠮᠵᠢᠭᠤᠯᠤᠭᠤᠷᠢ ᠤᠯᠠᠨ ᠠᠵᠢᠯ ᠲᠦᠷᠦᠯ᠎ᠳᠤ ᠬᠡᠷᠡᠭᠯᠡᠪᠡ᠂ 《ᠬᠦᠬᠡᠬᠤᠲᠠ ᠵᠢᠨ ᠭᠢᠯᠪᠠᠭ᠎ᠠ》 ᠴᠢᠳᠠᠮᠵᠢ ᠰᠠᠶ᠋ᠢᠲᠠᠢ ᠤᠯᠠᠨ ᠨᠡᠶ᠋ᠢᠲᠠ ᠵᠢᠨ ᠦᠢ᠍ᠯᠡᠴᠢᠯᠡᠭᠡᠨ᠎ᠤ ᠲᠠᠪᠴᠠᠩ ᠠᠰᠢᠬᠯᠠᠯᠲᠠ᠎ᠳᠤ ᠤᠷᠤᠪᠠ᠃ 5G ᠮᠡᠷᠭᠡᠵᠢᠯ᠎ᠢ ᠬᠡᠷᠡᠭᠯᠡᠵᠦ᠂ ᠣᠶᠣᠨᠯᠢᠭ ᠠᠭᠤᠷᠬᠠᠢ ᠵᠢ ᠪᠦᠲᠦᠭᠡᠨ ᠪᠠᠶ᠋ᠢᠭᠤᠯᠬᠤ᠎ᠪᠠᠨ ᠠᠬᠢᠭᠤᠯᠪᠠ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠯᠤᠭ᠎ᠠ ᠬᠠᠮᠲᠤᠷᠠᠨ ᠠᠵᠢᠯᠯᠠᠬᠤ ᠵᠢ ᠴᠢᠩᠭ᠋ᠠᠳᠬᠠᠨ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠤᠯ ᠵᠶ᠋ᠠᠨ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠠᠬᠢᠭᠤᠯᠪᠠ᠃ ᠬᠡᠳᠦ ᠴᠡᠪᠡᠷ ᠬᠤᠪᠣᠷ ᠰᠢᠷᠤᠢ ᠵᠢᠨ ᠲᠡᠮᠦᠷᠯᠢᠭ᠎ᠤᠨ ᠪᠣᠬᠢᠷᠲᠤᠯ ᠦᠭᠡᠶ᠋ᠢᠵᠢᠭᠦᠯᠦᠨ ᠦᠢ᠍ᠯᠡᠳᠬᠦ ᠮᠡᠷᠭᠡᠵᠢᠯ᠂ ᠤᠰᠤᠲᠦ᠋ᠷᠦᠭᠴᠢ ᠨᠥᠭᠡᠴᠡᠯᠡᠬᠦ ᠶᠡᠭᠡ ᠪᠠᠭᠲᠠᠭ᠋ᠠᠮᠵᠢᠲᠤ ᠬᠠᠶ᠋ᠢᠯᠤᠰᠢ ᠵᠢᠨ ᠮᠠᠲ᠋ᠧᠷᠢᠶᠠᠯ᠎ᠤᠨ ᠴᠢᠳᠠᠪᠬᠢ ᠵᠢ ᠣᠯᠠᠨ ᠤᠯᠤᠰ᠎ᠤᠨ ᠲᠡᠷᠢᠭᠦᠨ᠎ᠤ ᠲᠦᠪᠰᠢᠨ᠎ᠳᠤ ᠬᠦᠷᠭᠡᠭᠰᠡᠨ ᠪᠠᠶ᠋ᠢᠨ᠎ᠠ᠃ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠥᠪᠥᠷ ᠮᠣᠩᠭᠤᠯ᠎ᠤᠨ ᠰᠤᠳᠤᠯᠤᠯ᠎ᠤᠨ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠥᠪᠥᠷ ᠮᠣᠩᠭᠤᠯ᠎ᠤᠨ ᠡᠪᠡᠰᠦᠨ᠎ᠤ ᠦᠢ᠍ᠯᠡᠰ ᠬᠢᠭᠡᠳ ᠨᠤᠲᠤᠭ ᠪᠡᠯᠴᠢᠭᠡᠷ᠎ᠤᠨ ᠰᠤᠳᠤᠯᠤᠯ᠎ᠤᠨ ᠬᠦᠷᠢᠶᠡᠯᠡᠩ᠎ᠢ ᠪᠠᠶ᠋ᠢᠭᠤᠯᠪᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 1000 ᠭᠠᠷᠤᠢ ᠪᠣᠯᠪᠠ᠃
(ᠳᠥᠷᠪᠡ) ᠭᠤᠷᠪᠠᠨ ᠲᠣᠮᠣ ᠰᠢᠪᠲᠤᠯᠤᠯᠲᠠ ᠵᠢᠨ ᠠᠵᠢᠯ ᠰᠢᠢ᠍ᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ ᠣᠯᠪᠠ᠃ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠣᠨᠣᠴᠠᠲᠠᠢ ᠨᠠᠶ᠋ᠢᠳᠠᠪᠤᠷᠢᠵᠢᠭᠤᠯᠤᠨ᠂ ᠪᠥᠬᠦ ᠵᠢᠯ᠎ᠳᠤ 112.3 ᠳ᠋ᠦᠩᠰᠢᠭᠤᠷ ᠲᠥᠭᠦᠷᠢᠭ ᠶᠠᠳᠠᠭᠤ ᠵᠢ ᠲᠡᠳᠬᠦᠬᠦ ᠪᠡᠯᠡ ᠮᠥᠩᠭᠦ ᠵᠢ ᠣᠷᠣᠭᠤᠯᠵᠤ᠂ ᠶᠠᠳᠠᠭᠤ ᠵᠢ ᠲᠡᠳᠬᠦᠬᠦ 6751 ᠲᠥᠷᠥᠯ ᠵᠦᠢ᠍ᠯ᠎ᠢ ᠬᠡᠷᠡᠭᠵᠢᠭᠦᠯᠦᠨ᠂ ᠦᠯᠡᠳᠡᠵᠦ ᠪᠠᠶ᠋ᠢᠭᠰᠠᠨ 1.6 ᠲᠦᠮᠡᠨ ᠶᠠᠳᠠᠭᠤ ᠬᠦᠴᠢᠷᠳᠡᠯᠲᠡᠢ ᠬᠥᠮᠥᠰ᠎ᠢ ᠶᠠᠳᠠᠭᠤ᠎ᠠᠴᠠ ᠠᠩᠭᠢᠵᠢᠷᠠᠭᠤᠯᠪᠠ᠃ 80 ᠬᠤᠰᠢᠭᠤ ᠰᠢᠶᠠᠨ᠎ᠳᠤ ᠶᠠᠳᠠᠭᠤᠷᠠᠬᠤ᠎ᠠᠴᠠ ᠰᠡᠷᠭᠡᠶ᠋ᠢᠯᠡᠬᠦ ᠳᠠᠭ᠋ᠠᠳᠬᠠᠯ᠎ᠢ ᠬᠡᠷᠡᠭᠵᠢᠭᠦᠯᠦᠨ᠂ 73 ᠬᠤᠰᠢᠭᠤ ᠰᠢᠶᠠᠨ᠎ᠳᠤ ᠶᠠᠳᠠᠭᠤ ᠵᠢ ᠲᠡᠳᠬᠦᠭᠰᠡᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠵᠤ᠂ ᠤᠯᠠᠭ᠋ᠠᠨᠬᠠᠳᠠ ᠵᠢᠨ ᠶᠠᠳᠠᠭᠤ ᠵᠢ ᠲᠡᠳᠬᠦᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ ᠢᠳᠡᠪᠬᠢ ᠠᠬᠢᠯᠲᠠ᠎ᠲᠠᠢ ᠪᠣᠯᠪᠠ᠃ ᠪᠡᠭᠡᠵᠢᠩ ᠬᠤᠲᠠ ᠪᠠ ᠲᠥᠪ᠎ᠤᠨ ᠨᠢᠭᠡᠴᠢ᠎ᠨᠦᠭᠦᠳ ᠲᠤᠰ ᠲᠤᠰ 19.1 ᠳ᠋ᠦᠩᠰᠢᠭᠤᠷ ᠲᠥᠭᠦᠷᠢᠭ ᠪᠠ 3.3 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠣᠷᠣᠭᠤᠯᠵᠤ᠂ ᠠᠵᠤ ᠦᠢ᠍ᠯᠡᠰ᠎ᠤᠨ ᠬᠥᠭᠵᠢᠯᠲᠡ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠴᠢᠳᠠᠪᠤᠷᠢᠲᠠᠨ ᠪᠠ ᠮᠡᠷᠭᠡᠵᠢᠯ ᠵᠡᠷᠭᠡ ᠲᠠᠯ᠎ᠠ᠎ᠪᠠᠷ ᠬᠦᠴᠦᠲᠡᠢ ᠳᠡᠮᠵᠢᠯᠭᠡ ᠦᠵᠡᠭᠦᠯᠪᠡ᠃
ᠡᠳ᠋᠎ᠤᠨ ᠵᠠᠰᠠᠭ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠬᠦᠴᠦᠲᠡᠢ ᠰᠡᠷᠭᠡᠶ᠋ᠢᠯᠡᠨ ᠠᠷᠢᠯᠭ᠋ᠠᠵᠤ᠂ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠠ ᠳᠤᠮᠳᠠ ᠵᠢᠵᠢᠭ ᠠᠵᠤ ᠠᠬᠤᠶ᠋ᠢᠯᠠᠯ᠎ᠳᠤ ᠥᠷᠢᠲᠦᠵᠦ ᠪᠠᠶ᠋ᠢᠭᠰᠠᠨ ᠵᠥᠷᠢᠯᠳᠦᠭᠡᠨ ᠦᠭᠡᠢ ᠳᠠᠩᠰᠠᠨ᠎ᠤ ᠵᠣᠭᠤᠰ᠎ᠢ ᠴᠥᠮ ᠲᠥᠯᠥᠵᠦ ᠳᠠᠭᠤᠰᠬᠠᠪᠠ᠃ ᠪᠣᠣ ᠱᠠᠩ ᠪᠠᠩᠬᠢ ᠵᠢᠨ ᠲᠦᠭᠰᠢᠭᠦᠷᠢ ᠵᠢ ᠪᠦᠲᠦᠮᠵᠢᠲᠡᠢ ᠰᠢᠢ᠍ᠳᠪᠦᠷᠢᠯᠡᠵᠦ᠂ ᠮᠧᠩ ᠱᠠᠩ ᠪᠠᠩᠬᠢ ᠵᠢ ᠵᠢᠩᠬᠢᠨᠢ᠎ᠪᠠᠷ ᠠᠵᠢᠯ ᠡᠷᠬᠢᠯᠡᠭᠦᠯᠬᠦ ᠪᠣᠯᠭ᠋ᠠᠨ᠂ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶᠠᠨ᠎ᠤ 5 ᠬᠤᠷᠰᠢᠶ᠎ᠠ ᠵᠢ ᠬᠥᠳᠡᠭᠡ ᠲᠣᠰᠬᠤᠨ᠎ᠤ ᠬᠤᠳᠠᠯᠳᠤᠭ᠋ᠠᠨ᠎ᠤ ᠪᠠᠩᠬᠢ ᠪᠣᠯᠭ᠋ᠠᠵᠦ ᠪᠠᠶ᠋ᠢᠭᠤᠯᠤᠯ᠎ᠢ᠎ᠨᠢ ᠥᠭᠡᠷᠡᠴᠢᠯᠡᠪᠡ᠃ ᠳᠤᠮᠳᠠ ᠵᠢᠵᠢᠭ ᠪᠠᠩᠬᠢ᠎ᠨᠤᠭᠤᠳ᠎ᠤᠨ ᠬᠥᠷᠥᠩᠭᠡ ᠮᠥᠩᠭᠦ ᠵᠢ ᠨᠥᠬᠦᠪᠦᠷᠢᠯᠡᠬᠦ᠎ᠪᠠᠷ 85 ᠳ᠋ᠦᠩᠰᠢᠭᠤᠷ ᠲᠥᠭᠦᠷᠢᠭ᠎ᠤᠨ ᠲᠤᠰᠬᠠᠢ ᠵᠢᠭᠡᠯᠡᠯᠭᠡ ᠵᠢᠨ ᠲᠡᠮᠳᠡᠭ᠎ᠢ ᠲᠠᠷᠬᠠᠭ᠋ᠠᠪᠠ᠃ ᠪᠥᠬᠦ ᠣᠷᠣᠨ᠎ᠤ ᠨᠠᠶ᠋ᠢᠳᠠᠪᠤᠷᠢ ᠮᠠᠭᠤᠲᠠᠢ ᠵᠢᠭᠡᠯᠡᠯᠭᠡ ᠵᠢᠨ ᠵᠣᠭᠤᠰᠤᠨ᠎ᠤ ᠦᠯᠡᠳᠡᠪᠦᠷᠢ ᠪᠠ ᠨᠠᠶ᠋ᠢᠳᠠᠪᠤᠷᠢ ᠮᠠᠭᠤᠲᠠᠢ ᠪᠣᠯᠬᠤ ᠨᠣᠷᠮ᠎ᠠ᠎ᠨᠢ ᠬᠠᠮᠲᠤ᠎ᠳᠠᠭᠠᠨ ᠪᠠᠭᠤᠷᠠᠪᠠ᠃ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠲᠡᠮᠳᠡᠭ᠎ᠤᠳ᠎ᠤᠨ ᠭᠡᠷ᠎ᠡ᠎ᠠᠴᠠ ᠵᠥᠷᠢᠴᠡᠭᠰᠡᠨ ᠲᠦᠭᠰᠢᠭᠦᠷᠢ ᠵᠢ ᠡᠮᠬᠢ ᠲᠢᠭᠯᠢᠮ᠎ᠲᠠᠢ ᠰᠢᠢ᠍ᠳᠪᠦᠷᠢᠯᠡᠵᠦ᠂ ᠮᠥᠩᠭᠦᠨ ᠭᠦᠢ᠍ᠯᠭᠡᠭᠡᠨ᠎ᠤ ᠬᠠᠤᠯᠢ ᠪᠤᠰᠤ ᠠᠵᠢᠯᠯᠠᠭ᠎ᠠ ᠵᠢ ᠴᠡᠭᠴᠡᠯᠡᠨ ᠵᠠᠰᠠᠪᠠ᠃
ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ 《ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠲᠡᠢ》 ᠠᠵᠤ ᠠᠬᠤᠶ᠋ᠢᠯᠠᠯ᠎ᠢ ᠴᠡᠭᠴᠡᠯᠡᠨ ᠵᠠᠰᠠᠬᠤ᠎ᠪᠠᠨ ᠦᠨᠳᠦᠰᠦᠨ᠎ᠳᠤ᠎ᠪᠠᠨ ᠪᠡᠶᠡᠯᠡᠭᠦᠯᠵᠦ᠂ 15.3 ᠲᠦᠮᠡᠨ ᠡᠷᠦᠬᠡ᠎ᠳᠤ ᠴᠡᠪᠡᠷᠬᠡᠨ ᠳᠤᠯᠠᠭ᠋ᠠᠯᠠᠭ᠎ᠠ ᠬᠠᠩᠭ᠋ᠠᠬᠤ᠎ᠪᠠᠷ ᠥᠭᠡᠷᠡᠴᠢᠯᠡᠨ ᠰᠢᠨᠡᠳᠭᠡᠪᠡ᠃ ᠪᠥᠬᠦ ᠣᠷᠣᠨ᠎ᠤ ᠠᠭ᠋ᠠᠷ᠎ᠤᠨ ᠴᠡᠪᠡᠷ ᠰᠠᠶ᠋ᠢᠨ ᠡᠳᠦᠷ᠎ᠤᠨ ᠬᠠᠷᠢᠴᠠᠯ᠂ ᠨᠠᠷᠢᠨ ᠮᠥᠬᠦᠯᠢᠭᠲᠦ ᠡᠳ᠋ (PM2.5)᠎ᠤᠨ ᠥᠳᠬᠡᠴᠡ ᠤᠯᠤᠰ᠎ᠤᠨ ᠰᠢᠯᠭ᠋ᠠᠨ ᠦᠨᠡᠯᠡᠬᠦ ᠪᠠᠷᠢᠮᠵᠢᠶ᠎ᠠ᠎ᠠᠴᠠ ᠰᠠᠶ᠋ᠢᠨ ᠪᠣᠯᠪᠠ᠃ ᠬᠥᠯᠦᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶ᠋ᠢᠵᠢᠷᠠᠵᠤ᠂ ᠤᠯᠠᠭ᠋ᠠᠨᠰᠤᠬᠠᠢ ᠵᠢᠨ ᠪᠦᠬᠦᠯᠢ ᠴᠤᠭᠴᠠ ᠵᠢᠨ ᠣᠰᠣᠨ᠎ᠤ ᠴᠢᠨᠠᠷ ᠲᠠᠪᠤᠳᠤᠭ᠋ᠠᠷ ᠲᠦᠷᠦᠯ᠎ᠳᠤ ᠲᠣᠭᠲᠠᠪᠤᠷᠢᠵᠢᠵᠤ᠂ ᠳᠠᠭ᠎ᠠ ᠵᠢᠨ ᠨᠠᠭᠤᠷ᠎ᠲᠤ ᠠᠮᠢ ᠠᠬᠤᠢ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ᠎ᠪᠠᠷ ᠤᠰᠤ ᠨᠡᠮᠡᠷᠢᠯᠡᠬᠦ ᠪᠠᠷᠢᠯᠭ᠎ᠠ᠎ᠪᠠᠨ ᠪᠠᠶ᠋ᠢᠭᠤᠯᠵᠦ ᠡᠬᠢᠯᠡᠭᠦᠯᠪᠠ᠃ ᠭᠠᠵᠠᠷ ᠳᠡᠭᠡᠷᠡᠬᠢ ᠤᠰᠤᠨ᠎ᠤ ᠴᠢᠨᠠᠷ ᠰᠠᠶ᠋ᠢᠲᠠᠢ ᠤᠰᠤᠨ ᠴᠣᠭᠴᠠ ᠵᠢᠨ ᠬᠠᠷᠢᠴᠠᠯ 69.2% ᠪᠠᠶ᠋ᠢᠵᠤ᠂ ᠤᠯᠤᠰ᠎ᠤᠨ ᠰᠢᠯᠭ᠋ᠠᠨ ᠦᠨᠡᠯᠡᠬᠦ ᠪᠠᠷᠢᠮᠵᠢᠶ᠎ᠠ᠎ᠠᠴᠠ 9.6 ᠵᠠᠭᠤᠨ᠎ᠤ ᠴᠡᠭ ᠰᠠᠶ᠋ᠢᠨ ᠪᠤᠯᠪᠠ᠃ ᠬᠥᠷᠥᠰᠥ ᠰᠢᠷᠣᠢ ᠵᠢᠨ ᠪᠣᠬᠢᠷᠲᠤᠭᠰᠠᠨ ᠪᠠᠶ᠋ᠢᠳᠠᠯ᠎ᠢ ᠨᠠᠷᠢᠨ ᠪᠠᠶ᠋ᠢᠴᠠᠭ᠋ᠠᠬᠤ ᠪᠠ ᠬᠦᠨᠳᠦ ᠲᠡᠮᠦᠷᠯᠢᠭ ᠭᠠᠳᠠᠭᠰᠢᠯᠠᠭᠤᠯᠬᠤ ᠵᠢ᠎ᠨᠢ ᠪᠠᠭ᠋ᠠᠰᠬᠠᠬᠤ ᠡᠭᠦᠷᠭᠡ᠎ᠪᠠᠨ ᠪᠥᠬᠦ ᠲᠠᠯ᠎ᠠ᠎ᠪᠠᠷ ᠪᠡᠶᠡᠯᠡᠭᠦᠯᠪᠡ᠃ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠭᠰᠠᠨ ᠪᠠᠶ᠋ᠢᠴᠠᠭ᠋ᠠᠯᠲᠠ ᠵᠢᠴᠢ 《ᠪᠤᠴᠠᠵᠤ ᠪᠠᠶ᠋ᠢᠴᠠᠭ᠋ᠠᠨ ᠦᠵᠡᠬᠦ》 ᠠᠵᠢᠯ ᠥᠷᠨᠢᠭᠦᠯᠦᠭᠡᠳ ᠲᠤᠰᠬᠠᠭᠰᠠᠨ ᠴᠡᠭᠴᠡᠯᠡᠵᠦ ᠵᠠᠰᠠᠬᠤ ᠡᠭᠦᠷᠭᠡ ᠵᠢ ᠦᠨᠳᠦᠰᠦᠨ᠎ᠳᠤ᠎ᠪᠠᠨ ᠪᠡᠶᠡᠯᠡᠭᠦᠯᠪᠡ᠃ ᠲᠡᠮᠡᠭᠡᠵᠢ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠳᠠ ᠵᠢᠨ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠵᠢ ᠦᠨᠳᠤᠰᠦᠨ᠎ᠳᠡᠭᠡᠨ ᠪᠡᠶᠡᠯᠡᠭᠦᠯᠪᠠ᠃
(ᠲᠠᠪᠤ) ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ