ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠲᠥᠯᠥᠭᠡᠯᠡᠭᠴᠢᠳ ᠠ᠋ ᠄
ᠣᠳᠣ ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠥᠬᠦᠳ ᠰᠠᠨᠠᠯ ᠵᠶ᠋ᠠᠨ ᠳᠤᠷᠠᠳᠬᠤ ᠪᠣᠯᠪᠠᠤ ᠃
ᠨᠢᠭᠡ᠂ 2024 ᠣᠨ᠎ᠤ ᠠᠵᠢᠯ᠎ᠤᠨ ᠡᠷᠭᠢᠴᠡᠭᠦᠯᠦᠯ
ᠥᠩᠭᠡᠷᠡᠭᠰᠡᠨ ᠨᠢᠭᠡ ᠵᠢᠯ᠎ᠳᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ ᠤ ᠳᠠᠭ᠋ᠠᠭᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠲᠠᠢ ᠨᠢᠭᠲᠠ ᠤᠶᠠᠯᠳᠤᠭᠤᠯᠤᠨ ᠂ ᠰᠡᠳᠬᠢᠯ ᠵᠶ᠋ᠠᠨ ᠨᠢᠭᠡᠳᠬᠡᠵᠦ ᠬᠦᠴᠦᠨ ᠵᠶ᠋ᠠᠨ ᠬᠠᠮᠲᠤᠳᠬᠠᠨ 《ᠬᠤᠶᠠᠷ ᠶᠡᠭᠡ ᠶᠠᠪᠤᠳᠠᠯ 》᠎ᠢ ᠰᠠᠶ᠋ᠢᠲᠤᠷ ᠬᠢᠵᠦ ᠂ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠠᠳᠬᠤᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠵᠦ ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ ᠲᠠᠯ᠎ᠠ᠎ᠪᠠᠷ ᠪᠣᠳᠠᠲᠤ ᠠᠬᠢᠴᠠ᠎ᠲᠠᠢ ᠪᠣᠯᠪᠠ ᠃ ᠵᠢᠱ᠌ᠢᠯᠲᠡ᠎ᠪᠠᠷ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 6% ᠣᠷᠴᠢᠮ ᠨᠡᠮᠡᠭᠳᠡᠨ᠂ 2.6 ᠲᠦᠮᠡᠨ ᠳ᠋ᠦᠩᠰᠢᠭᠤᠷ ᠲᠥᠭᠦᠷᠢᠭ᠎ᠢ ᠳᠠᠪᠠᠵᠤ᠂ ᠶᠡᠷᠦᠩᠬᠡᠢ ᠬᠡᠮᠵᠢᠶ᠎ᠡ ᠪᠦᠬᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 20 ᠳ᠋ᠤᠭ᠋ᠠᠷ᠎ᠲᠤ ᠬᠦᠷᠬᠦ ᠪᠣᠯᠣᠮᠵᠢ᠎ᠲᠠᠢ ᠪᠠᠶ᠋ᠢᠵᠤ᠂ 5 ᠵᠢᠯ ᠥᠩᠭᠡᠷᠡᠭᠡᠳ ᠳᠠᠬᠢᠨᠲᠠ ᠪᠦᠬᠦ ᠤᠯᠤᠰ᠎ᠤᠨ ᠳᠤᠮᠳᠠ ᠲᠦᠪᠰᠢᠨ᠎ᠳᠤ ᠪᠤᠴᠠᠬᠤ ᠪᠣᠯᠣᠨ᠎ᠠ; ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ ᠲᠦᠮᠡᠨ ᠳ᠋ᠦᠩᠰᠢᠭᠤᠷ ᠲᠥᠭᠦᠷᠢᠭ᠎ᠤᠨ ᠶᠡᠭᠡ ᠪᠣᠭᠤᠮᠲᠠ ᠵᠢ ᠳᠠᠪᠠᠵᠤ ᠂ ᠪᠦᠬᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 3 ᠨᠡᠷᠡᠰ ᠳᠡᠭᠡᠭᠰᠢᠯᠡᠨ᠂ 14 ᠳ᠋ᠦ᠍ᠭᠡᠷ᠎ᠲᠤ ᠬᠦᠷᠬᠦ ᠪᠣᠯᠣᠮᠵᠢ᠎ᠲᠠᠢ ᠪᠠᠶ᠋ᠢᠵᠤ ᠂ ᠰᠦ ᠰᠠᠭ᠋ᠠᠯᠢ ᠵᠢᠨ ᠦᠢ᠍ᠯᠡᠰ ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ ᠂ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠤᠯᠤᠰ᠎ᠤᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠰᠣᠩᠭᠤᠭᠳᠠᠨ ᠂ ᠲᠤᠭ᠎ᠠ ᠬᠡᠮᠵᠢᠶ᠎ᠡ᠎ᠨᠢ ᠪᠠᠷᠠᠭᠤᠨ ᠬᠡᠰᠡᠭ᠎ᠤᠨ ᠮᠤᠵᠢ ᠣᠷᠣᠨ᠎ᠤ ᠳᠣᠲᠣᠷ᠎ᠠ 2 ᠳ᠋ᠤᠭ᠋ᠠᠷ ᠲᠤ ᠪᠠᠶ᠋ᠢᠷᠢᠰᠢᠪᠠ ᠃ ᠠᠮᠤ ᠪᠤᠳᠠᠭ᠋ᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠤ ᠬᠦᠷᠴᠦ᠂ 《ᠬᠤᠷᠢᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠵᠦ᠂ ᠨᠡᠮᠡᠭᠳᠡᠯ᠎ᠤᠨ ᠬᠡᠮᠵᠢᠶ᠎ᠡ ᠪᠦᠬᠦ ᠤᠯᠤᠰ᠎ᠤᠨ 3 ᠳ᠋ᠤᠭ᠋ᠠᠷ᠎ᠲᠤ ᠪᠠᠶ᠋ᠢᠷᠢᠰᠢᠪᠠ᠃ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠪᠦᠬᠦ ᠤᠯᠤᠰ᠎ᠲᠤ ᠡᠩ ᠲᠡᠷᠢᠭᠦᠨ᠎ᠳᠤ ᠳ᠋ᠦᠩᠰᠢᠭᠤᠷ ᠺᠢᠯᠣᠸᠠᠲ ᠢ ᠳᠠᠪᠠᠵᠤ᠂ 1.35 ᠳ᠋ᠦᠩᠰᠢᠭᠤᠷ ᠺᠢᠯᠣᠸᠠᠲ᠎ᠲᠤ ᠬᠦᠷᠴᠦ᠂ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ᠎ᠠᠴᠠ ᠳᠠᠪᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠬᠤᠷᠠᠯ᠎ᠳᠤ ᠲᠣᠭᠲᠠᠭ᠋ᠠᠭᠰᠠᠨ ᠬᠠᠷᠠᠯᠲᠠ ᠵᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠨᠢᠭᠡᠴᠢ GDP᠎ᠤᠨ ᠡᠨᠧᠷᠬᠢ ᠵᠢᠨ ᠬᠤᠷᠣᠭᠳᠠᠯ 3%᠎ᠪᠠᠷ ᠪᠠᠭᠤᠷᠠᠵᠤ ᠂ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠳᠠᠬᠢ ᠬᠢᠵᠠᠭ᠋ᠠᠷᠯᠠᠬᠤ ᠬᠠᠷᠠᠯᠲᠠ᠎ᠳᠤ᠎ᠪᠠᠨ ᠨᠢᠭᠡ ᠵᠢᠯ ᠤᠷᠢᠳᠴᠢᠯᠠᠨ ᠬᠦᠷᠪᠡ ᠃ ᠣᠷᠣᠭᠤᠯᠤᠨ ᠠᠪᠴᠢᠷᠠᠵᠤ ᠪᠣᠳᠠᠲᠠᠶ᠋ᠢᠵᠢᠭᠤᠯᠤᠭᠰᠠᠨ ᠪᠡᠯᠡ ᠮᠥᠩᠭᠦ 5300 ᠳ᠋ᠦᠩᠰᠢᠭᠤᠷ ᠲᠥᠭᠦᠷᠢᠭ᠎ᠢ ᠳᠠᠪᠠᠵᠤ᠂ ᠭᠤᠷᠪᠠᠨ ᠵᠢᠯ᠎ᠳᠤ ᠲᠦᠮᠡᠨ ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠨ ᠠᠪᠴᠢᠷᠠᠬᠤ ᠬᠠᠷᠠᠯᠲᠠ᠎ᠪᠠᠨ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠪᠣᠳᠣᠬᠤ ᠴᠢᠳᠠᠪᠤᠷᠢ ᠵᠢᠨ ᠶᠡᠷᠦᠩᠬᠡᠢ ᠬᠡᠪᠴᠢᠶᠡᠵᠢᠯ 9.4 ᠲᠦᠮᠡᠨ P᠎ᠲᠤ ᠬᠦᠷᠴᠦ᠂ ᠡᠭᠦᠨ᠎ᠳᠤ ᠣᠶᠤᠨᠴᠢ ᠪᠣᠳᠣᠬᠤ ᠴᠢᠳᠠᠪᠤᠷᠢ 8.7 ᠲᠦᠮᠡᠨ P ᠪᠠᠶ᠋ᠢᠵᠤ ᠂ ᠪᠦᠬᠦ ᠤᠯᠤᠰ᠎ᠤᠨ ᠨᠢᠭᠡᠳᠦᠭᠡᠷ᠎ᠲᠤ ᠪᠠᠶ᠋ᠢᠷᠢᠯᠠᠪᠠ ᠃
ᠨᠢᠭᠡ ᠵᠢᠯ᠎ᠤᠨ ᠲᠤᠷᠰᠢ ᠂ ᠪᠢᠳᠡ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠠ 《ᠲᠠᠪᠤᠨ ᠶᠡᠭᠡ ᠡᠭᠦᠷᠭᠡ 》 ᠵᠢ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠪᠠ ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠨᠢᠭᠲᠠ ᠤᠶᠠᠯᠳᠤᠨ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠲᠣᠭᠲᠠᠭ᠋ᠠᠯ ᠵᠢᠴᠢ 28 ᠵᠤᠷᠪᠤᠰ ᠠᠷᠭ᠎ᠠ ᠬᠡᠮᠵᠢᠶ᠎ᠡ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ 《ᠨᠠᠮ᠎ᠤᠨ ᠠᠴᠢ ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠤᠯᠠᠨ ᠲᠦᠮᠡᠨᠴᠢ ᠬᠥᠮᠦᠵᠢᠯ᠎ᠢ ᠪᠠᠶ᠋ᠢᠩᠭᠤᠰᠢᠭᠤᠯᠤᠨ ᠥᠷᠨᠢᠭᠦᠯᠵᠦ ᠂ ᠭᠤᠣᠯ ᠰᠢᠵᠢᠮ᠎ᠤᠨ ᠱᠠᠭ᠋ᠠᠷᠳᠠᠯᠭ᠎ᠠ᠎ᠳᠤ ᠦᠯᠦ ᠨᠡᠶ᠋ᠢᠴᠡᠬᠦ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠬᠥᠳᠡᠯᠦᠩᠭᠦᠢ᠎ᠪᠠᠷ ᠢᠯᠭ᠋ᠠᠷᠠᠭᠤᠯᠵᠤ ᠂ ᠳᠤᠮᠳᠠᠳᠤ ᠪᠠᠭ᠎ᠠ ᠰᠤᠷᠭ᠋ᠠᠭᠤᠯᠢ᠎ᠳᠤ ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠷᠢᠨ ᠪᠦᠷᠬᠦᠭᠦᠯᠪᠡ᠃ 《ᠲᠠᠪᠤᠨ ᠶᠡᠭᠡ ᠡᠭᠦᠷᠭᠡ 》 ᠪᠣᠯ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ᠎ᠳᠤ ᠣᠯᠭᠤᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠪᠠᠶ᠋ᠢᠵᠤ ᠂ ᠪᠢᠳᠡᠨ᠎ᠤ ᠡᠷᠬᠡᠪᠰᠢ ᠰᠠᠶ᠋ᠢᠲᠤᠷ ᠭᠦᠢ᠍ᠴᠡᠳᠬᠡᠬᠦ ᠴᠢᠬᠤᠯᠠ ᠬᠠᠷᠢᠭᠤᠴᠠᠯᠭ᠎ᠠ ᠳᠠᠷᠬᠠᠨ ᠡᠭᠦᠷᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠣᠨ᠎ᠤ ᠡᠭᠦᠷᠭᠡ ᠵᠢᠨ ᠲᠣᠳᠣᠷᠬᠠᠢ ᠬᠠᠭᠤᠳᠠᠰᠤ ᠪᠠᠨ ᠲᠣᠳᠣᠷᠬᠠᠶ᠋ᠢᠯᠠᠭᠰᠠᠨ᠎ᠤ ᠳᠠᠷᠠᠭ᠎ᠠ ᠂ ᠪᠢᠳᠡ ᠮᠦᠷᠳᠡᠨ ᠲᠣᠬᠢᠷᠠᠭᠤᠯᠵᠤ᠂ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠨ ᠂ ᠨᠢᠭᠡ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠭ᠋ᠠᠳ ᠢᠯᠡᠳᠲᠡ ᠦᠷ᠎ᠡ ᠪᠦᠲᠦᠮᠵᠢ ᠣᠯᠪᠠ ᠃ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠲᠠᠯ᠎ᠠ᠎ᠪᠠᠷ ᠂ ᠶᠡᠷᠦᠩᠬᠡᠢ ᠱᠦᠵᠢ ᠰᠢ᠎ᠵᠢᠨ᠎ᠫᠢᠩ᠎ᠤᠨ ᠳᠠᠶ᠋ᠢᠴᠢᠯᠠᠯᠲᠠ ᠵᠢᠨ ᠵᠠᠷᠯᠢᠭ᠎ᠤᠨ ᠱᠠᠭ᠋ᠠᠷᠳᠠᠯᠭ᠎ᠠ ᠶᠣᠰᠣᠭ᠋ᠠᠷ ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ ᠂ ᠡᠯᠡᠰᠦ ᠵᠢ ᠵᠠᠰᠠᠬᠤ᠂ ᠣᠶ᠋ᠢᠵᠢᠭᠤᠯᠬᠤ᠂ ᠡᠪᠡᠰᠦ ᠲᠠᠷᠢᠬᠤ ᠲᠠᠯ᠎ᠠ᠎ᠪᠠᠷ ᠳᠤᠰ ᠪᠦᠷᠢ ᠣᠨ᠎ᠤ ᠬᠠᠷᠠᠯᠲᠠ ᠡᠭᠦᠷᠭᠡ᠎ᠪᠠᠨ 113% ᠂ 220% ᠪᠠ 148%᠎ᠪᠠᠷ ᠪᠡᠶᠡᠯᠡᠭᠦᠯᠪᠡ ; ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠤᠳ᠎ᠢ ᠴᠢᠩᠭ᠎ᠠ ᠠᠩᠬᠠᠷᠴᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ᠎ᠪᠠᠨ ᠰᠠᠶ᠋ᠢᠲᠤᠷ ᠠᠳᠬᠤᠵᠤ ᠂ ᠠᠮᠢ ᠠᠬᠤᠢ ᠣᠷᠴᠢᠨ ᠲᠣᠭᠤᠷᠢᠨ᠎ᠤ ᠠᠰᠠᠭᠤᠳᠠᠯ᠎ᠤᠨ ᠭᠡᠮ ᠰᠣᠭᠤᠭ᠎ᠢ ᠲᠤᠶ᠋ᠢᠯᠪᠤᠷᠢᠲᠠᠢ ᠵᠢᠭᠰᠠᠭ᠋ᠠᠨ ᠪᠠᠶ᠋ᠢᠴᠠᠭ᠋ᠠᠵᠤ ᠂ ᠬᠠᠳᠤᠨ ᠭᠤᠣᠯ ᠵᠢᠴᠢ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ 》᠎ᠢ ᠶᠡᠷᠦᠩᠬᠡᠶ᠋ᠢᠯᠡᠨ ᠵᠠᠰᠠᠬᠤ ᠲᠦᠷᠦᠯ ᠵᠦᠢ᠍ᠯ᠎ᠢ 47 ᠂ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ ᠵᠡᠷᠭᠡ ᠵᠢᠨ ᠠᠭ᠋ᠠᠷ ᠮᠠᠨᠳᠠᠯ᠎ᠤᠨ ᠵᠠᠰᠠᠯᠲᠠ ᠵᠢᠨ ᠲᠦᠷᠦᠯ ᠵᠦᠢ᠍ᠯ᠎ᠢ 63 ᠬᠡᠷᠡᠭᠵᠢᠭᠦᠯᠵᠦ ᠂ ᠬᠠᠳᠤᠨ ᠭᠤᠣᠯ᠎ᠤᠨ ᠭᠤᠣᠯ ᠤᠷᠤᠰᠬᠠᠯ᠎ᠤᠨ ᠤᠰᠤᠨ᠎ᠤ ᠴᠢᠨᠠᠷ᠎ᠤᠨ 5 ᠵᠢᠯ ᠳᠠᠷᠠᠭ᠋ᠠᠯᠠᠨ II ᠲᠦᠷᠦᠯ᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ ᠂ ᠤᠯᠤᠰ᠎ᠤᠨ ᠭᠠᠵᠠᠷ ᠳᠡᠭᠡᠷᠡᠬᠢ ᠤᠰᠤ ᠵᠢ ᠰᠢᠯᠭ᠋ᠠᠨ ᠬᠢᠨᠠᠬᠤ ᠣᠭᠲᠣᠯᠣᠭ᠋ᠠᠰᠤ᠎ᠳᠠᠬᠢ ᠪᠦᠬᠦ ᠣᠷᠣᠨ᠎ᠤ ᠭᠠᠵᠠᠷ ᠳᠡᠭᠡᠷᠡᠬᠢ ᠤᠰᠤᠨ᠎ᠤ ᠴᠢᠨᠠᠷ᠎ᠤᠨ ᠰᠢᠯᠢᠳᠡᠭ ᠰᠠᠶ᠋ᠢᠨᠤ ᠬᠠᠷᠢᠴᠠᠯ 81.4% ᠂ ᠴᠡᠪᠡᠷ ᠰᠠᠶ᠋ᠢᠨ ᠠᠭ᠋ᠠᠷ᠎ᠲᠠᠢ ᠡᠳᠦᠷ᠎ᠤᠨ ᠲᠤᠭ᠎ᠠ ᠵᠢᠨ ᠬᠠᠷᠢᠴᠠᠯ 90.6% ᠪᠠᠶ᠋ᠢᠵᠤ ᠂ ᠴᠥᠮ ᠤᠯᠤᠰ᠎ᠤᠨ ᠪᠠᠭᠤᠯᠭ᠋ᠠᠭᠰᠠᠨ ᠰᠢᠯᠭ᠋ᠠᠨ ᠬᠢᠨᠠᠬᠤ ᠬᠠᠷᠠᠯᠲᠠ ᠵᠢ ᠪᠡᠶᠡᠯᠡᠭᠦᠯᠪᠡ ᠃ ᠠᠮᠤᠷ ᠲᠣᠭᠲᠠᠭᠤᠨ᠎ᠤ ᠬᠠᠯᠬᠠᠪᠴᠢ ᠵᠢᠨ ᠲᠠᠯ᠎ᠠ᠎ᠪᠠᠷ ᠂ 《ᠰᠤᠷᠤᠯᠭ᠎ᠠ ᠵᠢᠨ ᠰᠦᠢ᠍ᠳᠬᠡᠯ᠎ᠢ ᠲᠠᠯᠠᠭ᠋ᠠᠷ ᠲᠤᠰᠢᠶᠠᠵᠤ ᠪᠣᠯᠬᠤ ᠦᠭᠡᠢ 》 ᠭᠡᠳᠡᠭ᠎ᠢ ᠪᠠᠲᠤ ᠴᠡᠭᠡᠵᠢᠯᠡᠵᠦ ᠂ ᠠᠶᠤᠯ ᠦᠭᠡᠢ ᠦᠢ᠍ᠯᠡᠳᠪᠦᠷᠢᠯᠡᠯ᠎ᠢ ᠬᠦᠴᠦᠯᠡᠨ ᠠᠳᠬᠤᠵᠤ᠂ ᠦᠨᠳᠦᠰᠦ᠎ᠠᠴᠠ᠎ᠨᠢ ᠵᠠᠰᠠᠬᠤ ᠰᠢᠪᠲᠤᠯᠤᠯᠲᠠ ᠵᠢ ᠥᠷᠨᠢᠭᠦᠯᠵᠦ᠂ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠠᠳᠡᠯ᠎ᠤᠨ ᠲᠤᠭ᠎ᠠ᠂ ᠠᠳᠡᠭᠰᠡᠨ ᠬᠥᠮᠥᠨ᠎ᠤ ᠲᠤᠭ᠎ᠠ ᠴᠥᠮ ᠪᠠᠭᠤᠷᠠᠪᠠ᠃ ᠪᠢᠳᠡ ᠲᠦᠭᠰᠢᠭᠦᠷᠢ ᠵᠢ ᠰᠡᠷᠭᠡᠶ᠋ᠢᠯᠡᠬᠦ ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠂ ᠬᠥᠭᠵᠢᠯᠲᠡ ᠵᠢ ᠠᠬᠢᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠡᠳ᠋᠎ᠤᠨ ᠵᠠᠰᠠᠭ᠎ᠢ ᠪᠦᠬᠦ ᠣᠷᠣᠨ᠎ᠳᠤ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠨ᠂ ᠪᠡᠯᠡ ᠮᠥᠩᠭᠦ ᠵᠢ ᠦᠨᠳᠦᠰᠦᠨ ᠱᠠᠲᠤᠨ ᠳᠤ ᠪᠠᠭᠤᠯᠭ᠋ᠠᠬᠤ ᠵᠢ ᠠᠬᠢᠭᠤᠯᠤᠨ ᠂ 120.6 ᠳ᠋ᠦᠩᠰᠢᠭᠤᠷ ᠲᠥᠭᠦᠷᠢᠭ ᠭᠠᠷᠭ᠋ᠠᠵᠤ ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ᠎ᠨᠢ ᠳᠡᠮᠵᠢᠵᠥ ᠂ ᠦᠨᠳᠦᠰᠦᠨ ᠱᠠᠲᠤᠨ ᠤ 《ᠭᠤᠷᠪᠠ ᠵᠢ ᠪᠠᠲᠤᠯᠠᠬᠤ 》 ᠰᠠᠭᠤᠷᠢ ᠱᠤᠭᠤᠮ᠎ᠢ ᠪᠠᠲᠤ ᠰᠠᠬᠢᠵᠤ ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠡᠯᠡ ᠲᠣᠬᠢᠷᠠᠭᠤᠯᠬᠤ ᠲᠠᠪᠴᠠᠩ᠎ᠢ 66.5%᠎ᠪᠠᠷ ᠪᠠᠭᠤᠷᠠᠭᠤᠯᠤᠨ᠂ 8 ᠬᠤᠰᠢᠭᠤ ᠰᠢᠶᠠᠨ᠎ᠤ ᠳᠠᠯᠳᠠ ᠥᠷᠢ ᠥᠭᠴᠡᠭᠡ ᠵᠢ ᠪᠦᠷᠢᠮᠦᠰᠦᠨ ᠠᠷᠢᠯᠭ᠋ᠠᠵᠤ᠂ 1 ᠠᠶ᠋ᠢᠮᠠᠭ ᠬᠤᠳᠡ ᠵᠢᠨ ᠲᠤᠰ ᠱᠠᠲᠤ ᠪᠠ 10 ᠬᠤᠰᠢᠭᠤ ᠰᠢᠶᠠᠨ᠎ᠨᠢ ᠲᠦᠭᠰᠢᠭᠦᠷᠢ ᠶᠡᠬᠡᠲᠡᠢ ᠵᠡᠷᠭᠡ ᠳᠡᠰ᠎ᠠᠴᠠ ᠪᠤᠴᠠᠵᠤ ᠭᠠᠷᠬᠤ ᠪᠣᠯᠣᠮᠵᠢ᠎ᠲᠠᠢ ᠪᠠᠶ᠋ᠢᠵᠤ᠂ ᠪᠦᠬᠦ ᠣᠷᠣᠨ᠎ᠤ ᠥᠷᠢ ᠥᠭᠴᠡᠭᠡᠨ᠎ᠤ ᠲᠦᠭᠰᠢᠭᠦᠷᠢ ᠵᠢᠨ ᠳᠡᠰ᠎ᠤᠨ ᠪᠠᠭᠤᠷᠠᠯᠲᠠ ᠵᠢ ᠪᠡᠶᠡᠯᠡᠭᠦᠯᠬᠦ ᠪᠣᠯᠣᠮᠵᠢ᠎ᠲᠠᠢ ᠪᠠᠶ᠋ᠢᠨ᠎ᠠ; ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ᠎ᠪᠠᠷ ᠲᠦᠭᠰᠢᠭᠦᠷᠢ ᠵᠢ ᠠᠷᠢᠯᠭ᠋ᠠᠬᠤ ᠵᠢ ᠯᠠᠪᠳᠠᠭᠤᠨ ᠠᠬᠢᠭᠤᠯᠵᠤ᠂ ᠲᠦᠭᠰᠢᠭᠦᠷᠢ ᠶᠡᠬᠡᠲᠡᠢ ᠪᠠᠶ᠋ᠢᠭᠤᠯᠤᠮᠵᠢ ᠵᠢ 80%᠎ᠪᠠᠷ ᠪᠠᠭᠤᠷᠠᠭᠤᠯᠪᠠ; ᠴᠠᠭ᠎ᠲᠤ᠎ᠪᠠᠨ ᠪᠠᠲᠤᠯᠠᠨ ᠲᠤᠰᠢᠶᠠᠬᠤ ᠠᠰᠠᠷ ᠂ ᠴᠠᠭ᠎ᠲᠤ᠎ᠪᠠᠨ ᠪᠠᠲᠤᠯᠠᠨ ᠲᠤᠰᠢᠶᠠᠬᠤ ᠭᠡᠷ ᠪᠠᠶ᠋ᠢᠰᠢᠩ᠎ᠤᠨ ᠡᠭᠦᠷᠭᠡ᠎ᠪᠠᠨ ᠪᠡᠶᠡᠯᠡᠭᠦᠯᠪᠡ ᠃ ᠨᠡᠶ᠋ᠢᠭᠡᠮ᠎ᠤᠨ ᠵᠥᠷᠢᠴᠡᠯ ᠵᠠᠭᠤᠷᠠᠯᠳᠤᠭ᠋ᠠᠨ᠎ᠢ ᠡᠬᠢ ᠡᠭᠦᠰᠦᠯ᠎ᠠᠴᠠ᠎ᠨᠢ ᠵᠠᠰᠠᠬᠤ᠎ᠪᠠᠨ ᠴᠢᠩᠭ᠋ᠠᠳᠬᠠᠵᠤ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢ᠍ᠴᠡᠳᠬᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠪᠦᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠶᠡᠷᠦᠩᠬᠡᠢ ᠬᠡᠮᠵᠢᠶ᠎ᠡ 46.5%᠎ᠪᠠᠷ ᠪᠠᠭᠤᠷᠠᠪᠠ ᠃ ᠴᠠᠬᠢᠯᠭ᠋ᠠᠨ ᠬᠤᠯᠪᠣᠭ᠋ᠠᠨ᠎ᠤ ᠮᠡᠬᠡᠯᠡᠯ᠂ ᠰᠤᠷᠭ᠋ᠠᠭᠤᠯᠢ ᠵᠢᠨ ᠬᠦᠷᠢᠶᠡᠨ᠎ᠳᠠᠬᠢ ᠳᠠᠷᠤᠯᠠᠯ ᠳᠣᠷᠣᠮᠵᠢᠯᠠᠯ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠂ ᠠᠮᠢᠨ ᠬᠡᠷᠡᠭ ᠳᠠᠷᠤᠭᠳᠠᠮᠠᠯ ᠬᠡᠷᠡᠭ᠎ᠤᠨ ᠪᠣᠭᠤᠮᠲᠠ ᠰᠢᠪᠲᠤᠯᠤᠯᠲᠠ ᠵᠢ ᠭᠦᠨᠵᠡᠭᠡᠶ᠋ᠢᠷᠡᠭᠦᠯᠦᠨ᠂ ᠨᠡᠶ᠋ᠢᠭᠡᠮ ᠳᠠᠶᠠᠭ᠋ᠠᠷ᠎ᠤᠨ ᠠᠮᠤᠷ ᠲᠦᠪᠰᠢᠨ᠎ᠤ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠪᠡ ᠃ ᠨᠠᠮ ᠵᠠᠰᠠᠭ ᠴᠡᠷᠢᠭ ᠴᠠᠭᠳᠠᠭ᠎ᠠ ᠠᠷᠠᠳ 《ᠲᠠᠪᠤ ᠵᠢ ᠨᠢᠭᠡ ᠴᠣᠭᠴᠠᠵᠢᠭᠤᠯᠬᠤ》᠎ᠪᠠᠷ ᠬᠦᠴᠦ᠎ᠪᠠᠨ ᠬᠠᠮᠲᠤᠳᠬᠠᠨ ᠬᠢᠯᠢ ᠬᠢᠵᠠᠭ᠋ᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠳᠠᠯᠠᠨ ᠬᠢᠯᠢ ᠬᠢᠵᠠᠭ᠋ᠠᠷ ᠵᠶ᠋ᠠᠨ ᠪᠠᠬᠢᠵᠢᠭᠦᠯᠬᠦ ᠠᠵᠢᠯ᠎ᠢ ᠴᠢᠩᠭ᠋ᠠᠳᠬᠠᠪᠠ ᠃ ᠡᠨᠧᠷᠬᠢ ᠵᠢᠨ ᠰᠤᠷᠪᠤᠯᠵᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠲᠠᠯ᠎ᠠ᠎ᠪᠠᠷ ᠂ ᠵᠢᠱ᠌ᠢᠯᠲᠡ᠎ᠪᠠᠷ ᠨᠡᠭᠦᠷᠡᠰᠦᠨ᠎ᠤ ᠭᠠᠷᠤᠯᠲᠠ 12.9 ᠳ᠋ᠦᠩᠰᠢᠭᠤᠷ ᠲᠤᠨ᠎ᠳᠤ ᠬᠦᠷᠴᠦ ᠂ ᠬᠠᠩᠭ᠋ᠠᠯᠭ᠎ᠠ ᠵᠢ ᠪᠠᠲᠤᠯᠠᠬᠤ ᠡᠭᠦᠷᠭᠡ᠎ᠪᠠᠨ 8.3 ᠳ᠋ᠦᠩᠰᠢᠭᠤᠷ ᠲᠤᠨ ᠪᠡᠶᠡᠯᠡᠭᠦᠯᠦᠨ᠂ ᠪᠦᠬᠦ ᠤᠯᠤᠰ᠎ᠤᠨ 34.5% ᠵᠢ ᠡᠵᠡᠯᠡᠵᠦ ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ 8000 ᠳ᠋ᠦᠩᠰᠢᠭᠤᠷ ᠢ ᠳᠠᠪᠠᠵᠤ ᠂ ᠭᠠᠳᠠᠭᠰᠢ ᠴᠠᠬᠢᠯᠭ᠋ᠠᠨ ᠳᠠᠮᠵᠢᠭᠤᠯᠤᠭᠰᠠᠨ ᠬᠡᠮᠵᠢᠶ᠎ᠡ 3150 ᠳ᠋ᠦᠩᠰᠢᠭᠤᠷ ᠲᠤ ᠬᠦᠷᠴᠦ ᠂ ᠪᠦᠬᠦ ᠤᠯᠤᠰ᠎ᠤᠨ 16% ᠵᠢ ᠡᠵᠡᠯᠡᠵᠦ ᠂ ᠴᠥᠮ ᠪᠦᠬᠦ ᠤᠯᠤᠰ᠎ᠤᠨ ᠨᠢᠭᠡᠳᠦᠭᠡᠷ᠎ᠲᠤ ᠪᠠᠶ᠋ᠢᠷᠢᠰᠢᠪᠠ ; ᠪᠣᠬᠢᠷᠳᠤᠯ ᠦᠭᠡᠢ ᠴᠠᠬᠢᠯᠭ᠋ᠠᠨ ᠭᠠᠷᠭ᠋ᠠᠭᠰᠠᠨ ᠬᠡᠮᠵᠢᠶ᠎ᠡ 2000 ᠳ᠋ᠦᠩᠰᠢᠭᠤᠷ ᠢ ᠳᠠᠪᠠᠵᠤ ᠂ ᠪᠦᠬᠦ ᠤᠯᠤᠰ᠎ᠤᠨ ᠪᠣᠬᠢᠷᠳᠤᠯ ᠦᠭᠡᠢ ᠴᠠᠬᠢᠯᠭ᠋ᠠᠨ᠎ᠤ ᠤᠯᠠᠨ ᠤᠯᠤᠰ᠎ᠤᠨ ᠨᠡᠭᠦᠷᠡᠰᠦᠳᠦ᠋ᠷᠦᠭᠴᠢ ᠵᠢᠨ ᠤᠯᠠ ᠮᠥᠷ᠎ᠤᠨ ᠠᠩᠬᠠᠳᠠᠭᠴᠢ ᠦᠨᠡᠮᠯᠡᠯ᠎ᠢ ᠲᠠᠷᠬᠠᠭ᠋ᠠᠵᠤ᠂ ᠪᠦᠬᠦ ᠤᠯᠤᠰ᠎ᠲᠤ ᠡᠩ ᠲᠡᠷᠢᠭᠦᠨ᠎ᠳᠤ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠬᠢᠯᠭ᠋ᠠᠨ᠎ᠤ ᠠᠷᠠᠯᠵᠢᠶ᠎ᠠ ᠥᠷᠨᠢᠭᠦᠯᠦᠨ᠂ ᠪᠣᠬᠢᠷᠳᠤᠯ ᠦᠭᠡᠢ ᠴᠠᠬᠢᠯᠭ᠋ᠠᠨ᠎ᠤ ᠠᠷᠠᠯᠵᠢᠶᠠᠨ᠎ᠤ ᠬᠡᠪᠴᠢᠶ᠎ᠡ ᠪᠦᠬᠦ ᠤᠯᠤᠰ᠎ᠤᠨ ᠨᠢᠭᠡᠳᠦᠭᠡᠷ᠎ᠲᠤ ᠪᠠᠶ᠋ᠢᠷᠢᠰᠢᠵᠤ ᠂ ᠶᠤᠸᠠᠨ ᠵᠢᠩ᠂ ᠮᠢᠩ ᠶᠠᠩ ᠂ ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠶ᠋ᠢᠯᠠᠯ᠎ᠤᠨ ᠶᠡᠷᠦᠩᠬᠡᠢ ᠬᠡᠯᠲᠡᠰ ᠳᠠᠩᠰᠠᠯᠠᠭᠤᠯᠤᠨ ᠰᠠᠭᠤᠷᠢᠰᠢᠪᠠ; ᠬᠤᠪᠣᠷ ᠰᠢᠷᠣᠢ ᠵᠢᠨ ᠪᠠᠶ᠋ᠢᠩᠭᠤ ᠰᠣᠷᠢᠨᠵᠢᠨᠲᠤ ᠮᠠᠲ᠋ᠧᠷᠢᠶᠠᠯ᠎ᠤᠨ ᠭᠠᠷᠤᠯᠲᠠ 30%᠎ᠠᠴᠠ ᠳᠡᠭᠡᠭᠰᠢ ᠨᠡᠮᠡᠭᠳᠡᠵᠦ᠂ ᠬᠤᠪᠣᠷ ᠰᠢᠷᠣᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ ᠮᠢᠩᠭ᠋ᠠᠨ ᠳ᠋ᠦᠩᠰᠢᠭᠤᠷ ᠲᠥᠭᠦᠷᠢᠭ᠎ᠢ ᠳᠠᠪᠠᠪᠠ ; ᠠᠭᠤᠷᠬᠠᠢ ᠬᠠᠶ᠋ᠢᠬᠤ ᠰᠢᠪᠲᠤᠯᠤᠯᠲᠠ ᠵᠢᠨ ᠠᠵᠢᠯᠯᠠᠭ᠋ᠠᠨ ᠵᠶ᠋ᠠᠷ ᠲᠣᠮᠣ ᠳᠤᠮᠳᠠ ᠬᠡᠯᠪᠡᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠣᠷᠣᠨ᠎ᠢ ᠰᠢᠨ᠎ᠡ᠎ᠪᠠᠷ 20 ᠢᠯᠡᠷᠡᠭᠦᠯᠵᠦ᠂ 8 ᠵᠦᠢ᠍ᠯ᠎ᠤᠨ ᠠᠭᠤᠷᠬᠠᠢ ᠵᠢᠨ ᠭᠠᠷᠤᠯᠲᠠ᠎ᠨᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠳᠠᠬᠢ ᠨᠥᠭᠡᠴᠡ ᠨᠡᠮᠡᠭᠳᠡᠭᠦᠯᠬᠦ ᠡᠭᠦᠷᠭᠡ ᠵᠢ ᠪᠡᠶᠡᠯᠡᠭᠦᠯᠪᠡ ᠃ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠲᠠᠯ᠎ᠠ᠎ᠪᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 940 ᠲᠦᠮᠡᠨ ᠮᠦ᠍᠂ 《ᠲᠣᠨ ᠤᠨᠠᠯᠲᠠ᠎ᠲᠠᠢ ᠲᠠᠷᠢᠶ᠎ᠠ》 ᠵᠢ 855 ᠲᠦᠮᠡᠨ ᠮᠦ᠍ ᠪᠠᠶ᠋ᠢᠭᠤᠯᠵᠤ ᠂ ᠪᠡᠯᠡᠳᠭᠡᠮᠵᠢᠲᠦ ᠲᠠᠷᠢᠶᠠᠯᠠᠩ᠎ᠢ 26 ᠲᠦᠮᠡᠨ ᠮᠦ᠍᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠢ 300 ᠲᠦᠮᠡᠨ ᠺᠦᠸᠠᠳ᠋ ᠮᠧᠲᠷ ᠰᠢᠨ᠎ᠡ᠎ᠪᠠᠷ ᠨᠡᠮᠡᠭᠳᠡᠭᠦᠯᠦᠨ᠂ 78 ᠲᠦᠮᠡᠨ ᠲᠠᠷᠢᠶᠠᠯᠠᠬᠤ ᠮᠠᠯᠵᠢᠬᠤ ᠡᠷᠦᠬᠡ ᠬᠦᠷᠢᠶ᠎ᠡ ᠬᠠᠰᠢᠶᠠᠨ᠎ᠤ ᠠᠵᠤ ᠠᠬᠤᠢ ᠵᠢ ᠬᠥᠭᠵᠢᠭᠦᠯᠵᠦ᠂ ᠠᠮᠤ ᠪᠤᠳᠠᠭ᠋ᠠᠨ᠎ᠤ ᠮᠦ᠍ ᠪᠦᠷᠢ ᠵᠢᠨ ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ ᠲᠥᠮᠥᠰᠥ ᠵᠢᠨ ᠳᠤᠮᠳᠠᠴᠢ ᠨᠢᠭᠡᠴᠢ ᠤᠨᠠᠯᠲᠠ ᠳᠠᠬᠢᠨᠲᠠ ᠰᠢᠨ᠎ᠡ ᠲᠦᠪᠰᠢᠨ᠎ᠳᠤ ᠬᠦᠷᠴᠦ᠂ ᠦᠬᠡᠷ ᠬᠤᠨᠢᠨ᠎ᠤ ᠮᠢᠬ᠎ᠠ᠂ ᠦᠨᠢᠶᠡᠨ ᠰᠦᠨ᠎ᠤ ᠭᠠᠷᠤᠯᠲᠠ ᠪᠦᠬᠦ ᠤᠯᠤᠰ᠎ᠤᠨ ᠨᠢᠭᠡᠳᠦᠭᠡᠷ᠎ᠲᠤ ᠯᠠᠪᠳᠠᠭᠤᠨ ᠪᠠᠶ᠋ᠢᠷᠢᠯᠠᠵᠤ᠂ ᠰᠦ ᠰᠠᠭ᠋ᠠᠯᠢ ᠂ ᠤᠯᠠᠭ᠋ᠠᠨ ᠢᠳᠡᠭᠡ ᠂ ᠲᠥᠮᠥᠰᠥ ᠂ ᠨᠣᠣᠯᠣᠭᠤᠷ ᠵᠡᠷᠭᠡ ᠭᠤᠣᠯᠳᠠᠯᠭ᠎ᠠ ᠪᠣᠯᠬᠤ 7 ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠦᠷᠲᠡᠭ 7000 ᠳ᠋ᠦᠩᠰᠢᠭᠤᠷ ᠲᠥᠭᠦᠷᠢᠭ᠎ᠢ ᠳᠠᠪᠠᠵᠤ ᠂ ᠪᠦᠬᠦ ᠤᠯᠤᠰ᠎ᠤᠨ ᠠᠷᠠᠳ ᠲᠦᠮᠡᠨ᠎ᠤ ᠬᠤᠭᠤᠯᠠᠨ ᠰᠢᠷᠡᠭᠡᠨ᠎ᠳᠤ ᠲᠠᠯ᠎ᠠ ᠨᠤᠲᠤᠭ᠎ᠠᠴᠠ ᠢᠷᠡᠭᠰᠡᠨ ᠪᠣᠬᠢᠷᠳᠤᠯ ᠦᠭᠡᠢ ᠢᠳᠡᠭᠡᠨ ᠶᠠᠪᠤᠬᠤ ᠲᠣᠳᠣᠮ ᠣᠯᠠᠰᠢᠷᠠᠪᠠ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠵᠢᠨ ᠲᠠᠯ᠎ᠠ᠎ᠪᠠᠷ ᠂ 3 ᠬᠤᠣᠰ ᠤᠯᠠᠨ ᠤᠯᠤᠰ᠎ᠤᠨ ᠨᠦᠬᠦᠷᠰᠡᠭ ᠬᠤᠳᠠ ᠵᠢᠨ ᠬᠠᠷᠢᠴᠠᠭ᠎ᠠ ᠵᠢ ᠰᠢᠨ᠎ᠡ᠎ᠪᠠᠷ ᠪᠠᠶ᠋ᠢᠭᠤᠯᠤᠨ ᠂ ᠳᠤᠮᠳᠠᠳᠤ ᠮᠣᠩᠭᠤᠯ᠎ᠤᠨ ᠡᠷᠢᠶᠡᠨ ᠬᠤᠳᠠ – ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠂ ᠲᠦᠩᠯᠢᠶᠣᠣ ᠵᠢᠨ ᠭᠠᠶ᠋ᠢᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ ᠵᠥᠪᠰᠢᠶᠡᠷᠡᠭᠳᠡᠵᠦ ᠂ ᠭᠠᠭᠴᠠᠮᠣᠳᠤ ᠬᠢᠯᠢ ᠵᠢᠨ ᠪᠣᠭᠤᠮᠲᠠ ᠵᠢᠨ ᠲᠦᠷᠭᠡᠨ᠎ᠤ ᠵᠠᠰᠠᠮᠠᠯ ᠵᠠᠮ ᠪᠦᠭᠦ ᠱᠤᠭᠤᠮ ᠵᠶ᠋ᠠᠷ ᠨᠡᠪᠲᠡᠷᠡᠵᠥ᠂ ᠮᠠᠨᠵᠤᠤᠷ ᠲᠡᠮᠦᠷ ᠵᠠᠮ᠎ᠤᠨ ᠬᠢᠯᠢ ᠵᠢᠨ ᠪᠣᠭᠤᠮᠲᠠ ᠵᠢᠨ ᠬᠠᠷᠢᠯᠴᠠᠨ ᠠᠷᠠᠯᠵᠢᠶᠠᠯᠠᠬᠤ ᠣᠷᠣᠨ᠎ᠢ ᠪᠣᠭᠤᠮᠲᠠ ᠬᠤᠷᠢᠵᠤ ᠡᠵᠡᠩᠨᠡᠨ ᠠᠵᠢᠯᠯᠠᠭᠤᠯᠵᠤ ᠂ ᠵᠢᠱ᠌ᠢᠯᠲᠡ᠎ᠪᠠᠷ ᠪᠦᠬᠦ ᠣᠷᠣᠨ᠎ᠤ ᠬᠠᠭᠤᠷᠠᠢ ᠵᠠᠮ᠎ᠤᠨ ᠬᠢᠯᠢ ᠵᠢᠨ ᠪᠣᠭᠤᠮᠲᠠ ᠵᠢᠨ ᠪᠠᠷᠠᠭ᠎ᠠ ᠲᠡᠭᠡᠭᠡᠪᠦᠷᠢ ᠵᠢᠨ ᠬᠡᠮᠵᠢᠶ᠎ᠡ 1.2 ᠳ᠋ᠦᠩᠰᠢᠭᠤᠷ ᠲᠣᠨ᠎ᠢ ᠳᠠᠪᠠᠵᠤ ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠤᠭ᠎ᠠ 2000 ᠳ᠋ᠦᠩᠰᠢᠭᠤᠷ ᠲᠥᠭᠦᠷᠢᠭ᠎ᠢ ᠳᠠᠪᠠᠨ᠂ 《ᠰᠢᠨ᠎ᠡ ᠭᠤᠷᠪᠠᠨ ᠵᠦᠢ᠍ᠯ 》᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ 50%᠎ᠠᠴᠠ ᠳᠡᠭᠡᠭᠰᠢ ᠨᠡᠮᠡᠭᠳᠡᠪᠡ ᠃
ᠨᠢᠭᠡ ᠵᠢᠯ᠎ᠤᠨ ᠲᠤᠷᠰᠢ ᠂ ᠪᠢᠳᠡ ᠡᠷᠴᠢᠮ ᠵᠶ᠋ᠠᠨ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠂ ᠴᠢᠩᠭ᠎ᠠ ᠠᠳᠬᠤᠨ ᠱᠠᠯᠠᠪᠳᠠᠨ ᠭᠦᠢ᠍ᠴᠡᠳᠬᠡᠵᠦ ᠂ 《ᠵᠢᠷᠭᠤᠭ᠋ᠠᠨ ᠢᠨᠵᠧᠨᠧᠷᠢᠩ 》᠎ᠢ ᠠᠬᠢᠭᠤᠯᠵᠤ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠣᠯᠪᠠ ᠃ ᠲᠦᠷᠦ ᠵᠢᠨ ᠪᠣᠳᠣᠯᠭ᠎ᠠ ᠵᠢ ᠪᠣᠳᠠᠲᠠᠶ᠋ᠢᠵᠢᠭᠤᠯᠤᠭᠰᠠᠨ ᠦᠷ᠎ᠡ ᠪᠦᠲᠦᠮᠵᠢ ᠢᠯᠡᠳᠲᠡ ᠪᠠᠶ᠋ᠢᠵᠤ ᠂ ᠲᠦᠷᠦ ᠵᠢᠨ ᠶᠠᠪᠤᠳᠠᠯ ᠤᠨ ᠬᠤᠷᠢᠶᠠᠨ᠎ᠤ 16 ᠳ᠋ᠤᠭ᠋ᠠᠷ ᠪᠢᠴᠢᠭ ᠮᠠᠲ᠋ᠧᠷᠢᠶᠠᠯ᠎ᠢ ᠲᠦᠷᠭᠡᠳᠬᠡᠨ ᠬᠡᠷᠡᠭᠵᠢᠭᠦᠯᠵᠦ ᠂ 86 ᠴᠢᠬᠤᠯᠠ ᠶᠡᠭᠡ ᠲᠦᠷᠦᠯ ᠵᠦᠢ᠍ᠯ᠎ᠤᠨ 74 ᠵᠢ᠎ᠨᠢ ᠠᠵᠢᠯ ᠡᠬᠢᠯᠡᠭᠦᠯᠵᠦ ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠂ ᠵᠡᠭᠦᠨ ᠬᠤᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠡᠷᠭᠡ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢ ᠴᠥᠮ ᠪᠦᠲᠦᠮᠵᠢᠳᠠᠢ ᠨᠠᠶ᠋ᠢᠳᠠᠪᠤᠷᠢᠵᠢᠭᠤᠯᠪᠠ ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ 《ᠬᠠᠪᠤᠷ ᠪᠣᠯᠣᠮᠠᠭᠴᠠ ᠠᠵᠢᠯ ᠡᠬᠢᠯᠡᠭᠦᠯᠬᠦ 》 ᠵᠢ ᠪᠡᠶᠡᠯᠡᠭᠦᠯᠵᠦ ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠮᠠᠰᠢᠨ ᠴᠣᠭᠴᠠᠯᠠᠪᠤᠷᠢ ᠵᠢ 2727 ᠲᠦᠮᠡᠨ ᠺᠢᠯᠣᠸᠠᠲ ᠪᠦᠲᠦᠭᠡᠨ ᠪᠠᠶ᠋ᠢᠭᠤᠯᠵᠤ ᠂ 238 ᠲᠦᠮᠡᠨ ᠮᠦ᠍ ᠡᠯᠡᠰᠦ ᠵᠢ ᠵᠠᠰᠠᠵᠤ ᠂ ᠬᠥᠪᠴᠢ ᠵᠢᠨ ᠡᠯᠡᠰᠦ ᠵᠢᠨ 《ᠭᠡᠷᠡᠯᠴᠢ ᠴᠡᠨᠡᠭ᠎ᠤᠨ ᠣᠷᠲᠦ ᠴᠠᠭ᠋ᠠᠨ ᠬᠡᠷᠡᠮ》 ᠠᠩᠬ᠎ᠠ ᠬᠡᠪᠴᠢᠶᠡᠵᠢᠵᠦ ᠂ ᠪᠣᠷᠣᠬᠤᠲᠠ᠎ᠠᠴᠠ ᠪᠠᠶᠠᠨᠲᠤᠬᠤᠢ ᠬᠦᠷᠬᠦ ᠡᠯᠡᠰᠦ ᠵᠢ ᠵᠠᠰᠠᠬᠤ ᠵᠠᠰᠠᠮᠠᠯ ᠵᠠᠮ ᠪᠦᠬᠦ ᠤᠯᠤᠰ᠎ᠤᠨ ᠬᠠᠮᠤᠭ᠎ᠤᠨ ᠰᠠᠶ᠋ᠢᠬᠠᠨ ᠬᠥᠳᠡᠭᠡ ᠳᠤᠰᠬᠤᠨ᠎ᠤ ᠵᠠᠮ ᠵᠶ᠋ᠠᠷ ᠦᠨᠡᠯᠡᠭᠳᠡᠵᠦ ᠂ 《ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ 》᠎ᠪᠠᠷ ᠤᠯᠠᠨ ᠲᠦᠮᠡᠨ᠎ᠢ ᠳᠠᠶ᠋ᠢᠴᠢᠯᠠᠨ 8.5 ᠳ᠋ᠦᠩᠰᠢᠭᠤᠷ ᠲᠥᠭᠦᠷᠢᠭ᠎ᠤᠨ ᠣᠷᠣᠯᠭ᠎ᠠ ᠨᠡᠮᠡᠭᠳᠡᠭᠦᠯᠦᠨ ᠂ ᠴᠥᠯᠡᠷᠬᠡᠭᠵᠢᠯᠢ ᠰᠡᠷᠭᠡᠶ᠋ᠢᠯᠡᠨ ᠵᠠᠰᠠᠬᠤ ᠂ ᠰᠢᠨ᠎ᠡ ᠡᠨᠧᠷᠬᠢ ᠵᠢ ᠬᠥᠭᠵᠢᠭᠦᠯᠬᠦ ᠂ ᠠᠷᠠᠳ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠲᠠᠯ᠎ᠠ᠎ᠪᠠᠷ ᠴᠥᠮ ᠠᠰᠢᠭ ᠬᠦᠷᠲᠡᠬᠦ ᠵᠢ ᠪᠡᠶᠡᠯᠡᠭᠦᠯᠪᠡ ᠃ ᠳᠤᠯᠠᠭ᠋ᠠᠯᠠᠭ᠎ᠠ ᠵᠢᠨ ᠢᠨᠵᠧᠨᠧᠷᠢᠩ᠎ᠤᠨ ᠣᠨ᠎ᠤ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠪᠡ ᠂ 200 ᠳ᠋ᠦᠩᠰᠢᠭᠤᠷ ᠲᠥᠭᠦᠷᠢᠭ ᠰᠢᠬᠠᠮ ᠪᠡᠯᠡ ᠣᠷᠣᠭᠤᠯᠵᠤ ᠂ ᠢᠯᠴᠢ ᠬᠠᠩᠭ᠋ᠠᠬᠤ ᠬᠤᠭᠤᠯᠠᠢ ᠭᠤᠤᠷᠰᠤ ᠵᠢᠨ ᠲᠣᠣᠷ᠎ᠢ ᠲᠦᠮᠡᠨ ᠺᠢᠯᠣᠮᠧᠳ᠋ᠷ ᠰᠢᠬᠠᠮ ᠥᠭᠡᠷᠡᠴᠢᠯᠡᠨ ᠰᠢᠨᠡᠳᠬᠡᠵᠦ ᠂ ᠪᠦᠬᠦ ᠣᠷᠣᠨ᠎ᠤ ᠰᠦᠯᠵᠢᠶ᠎ᠡ᠎ᠪᠠᠷ ᠬᠢᠨᠠᠨ ᠰᠢᠨᠵᠢᠭᠰᠡᠨ ᠥᠷᠥᠭᠡᠨ᠎ᠤ ᠳᠤᠯᠠᠭ᠋ᠠᠨ᠎ᠤ ᠪᠠᠷᠢᠮᠵᠢᠶ᠎ᠠ᠎ᠳᠤ ᠬᠦᠷᠦᠭᠰᠡᠨ ᠨᠤᠷᠮ᠎ᠠ 99%᠎ᠠᠴᠠ ᠳᠡᠭᠡᠭᠰᠢ᠎ᠳᠤ ᠬᠦᠷᠴᠦ ᠂ 19.3 ᠲᠦᠮᠡᠨ ᠡᠷᠦᠬᠡ ᠵᠢᠨ ᠴᠡᠪᠡᠷ ᠳᠤᠯᠠᠭ᠋ᠠᠯᠠᠭ᠎ᠠ᠎ᠪᠠᠷ ᠥᠭᠡᠷᠡᠴᠢᠯᠡᠨ ᠰᠢᠨᠡᠳᠬᠡᠬᠦ ᠠᠵᠢᠯ᠎ᠢ ᠪᠡᠶᠡᠯᠡᠭᠦᠯᠦᠨ ᠂ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠢᠯᠡᠳᠲᠡ ᠳᠡᠭᠡᠭᠰᠢᠯᠡᠪᠡ ᠃ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠳᠦᠷᠢᠮ᠎ᠢ ᠨᠡᠶ᠋ᠢᠲᠡᠯᠡᠨ ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ ᠂ ᠦᠨᠡᠨᠴᠢ ᠢᠲᠡᠭᠡᠮᠵᠢ ᠵᠢᠨ ᠵᠠᠭ᠋ᠠᠯᠳᠤᠯᠭ᠎ᠠ ᠵᠢᠨ ᠴᠣᠩᠬᠤᠪᠴᠢ ᠭᠠᠷᠭ᠋ᠠᠵᠤ ᠂ ᠡᠯ᠎ᠡ ᠲᠦᠷᠦᠯ᠎ᠤᠨ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠶᠡᠭᠡ᠎ᠪᠠᠷ ᠴᠡᠭᠴᠡᠯᠡᠨ ᠵᠠᠰᠠᠵᠤ ᠂ ᠠᠵᠤ ᠠᠬᠤᠶ᠋ᠢᠯᠠᠯ᠎ᠳᠤ ᠥᠷᠢᠲᠦᠵᠦ ᠪᠠᠶ᠋ᠢᠭ᠎ᠠ ᠳᠠᠩᠰᠠᠨ᠎ᠳᠠᠬᠢ ᠵᠣᠭᠤᠰ᠎ᠢ᠎ᠨᠢ ᠢᠯᠭ᠋ᠠᠷᠠᠭᠤᠯᠤᠨ ᠂ 71.4 ᠳ᠋ᠦᠩᠰᠢᠭᠤᠷ ᠲᠥᠭᠦᠷᠢᠭ᠎ᠤᠨ ᠬᠤᠬᠢᠷᠠᠯ᠎ᠢ ᠡᠭᠡᠭᠦᠯᠵᠦ ᠠᠪᠴᠢᠷᠠᠪᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》 ᠠᠵᠢᠯ ᠠᠩᠬ᠎ᠠ ᠡᠬᠢᠯᠡᠮᠡᠭᠴᠡ ᠲᠥᠯᠥᠪᠵᠢᠵᠦ ᠂ 5 ᠴᠡᠭ ᠪᠠᠶ᠋ᠢᠷᠢᠯᠠᠯ᠎ᠤᠨ 36 ᠵᠦᠢ᠍ᠯ᠎ᠤᠨ ᠭᠤᠣᠯᠳᠠᠯᠭ᠎ᠠ ᠪᠣᠯᠬᠤ ᠡᠭᠦᠷᠭᠡ ᠵᠢ ᠪᠦᠬᠦ ᠲᠠᠯ᠎ᠠ᠎ᠪᠠᠷ ᠠᠬᠢᠭᠤᠯᠤᠨ ᠂ ᠰᠦ ᠰᠠᠭ᠋ᠠᠯᠢ ᠵᠢᠨ ᠦᠢ᠍ᠯᠡᠰ ᠂ ᠬᠤᠪᠣᠷ ᠰᠢᠷᠣᠢ ᠂ ᠣᠰᠣᠳᠦ᠋ᠷᠦᠭᠴᠢ ᠂ ᠨᠥᠭᠡᠴᠡ ᠡᠨᠧᠷᠬᠢ ᠵᠡᠷᠭᠡ ᠬᠦᠷᠢᠶ᠎ᠡ ᠴᠠᠷᠠᠭ᠋ᠠᠨ᠎ᠳᠤ ᠨᠢᠭᠡ ᠪᠦᠯᠦᠭ ᠠᠵᠢᠯ ᠲᠦᠷᠦᠯ᠎ᠤᠨ ᠬᠤᠭᠤᠰᠤᠨ ᠣᠷᠣᠨ ᠵᠠᠢ ᠵᠢ ᠨᠥᠬᠦᠪᠦᠷᠢᠯᠡᠭᠰᠡᠨ ᠮᠡᠷᠭᠡᠵᠢᠯ᠎ᠤᠨ ᠰᠢᠪᠲᠤᠯᠤᠯᠲᠠ᠎ᠲᠠᠢ ᠪᠣᠯᠵᠤ ᠂ ᠠᠭ᠋ᠠᠷ ᠰᠠᠨᠰᠠᠷ᠎ᠤᠨ ᠬᠡᠮᠵᠢᠭᠦᠷ ᠠᠯᠤᠰᠯᠠᠭᠰᠠᠨ ᠬᠡᠮᠵᠢᠯᠲᠡ ᠵᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭ᠋ᠠᠨ᠎ᠤ ᠲᠣᠨᠣᠭᠯᠠᠯ ᠬᠢᠭᠡᠳ ᠴᠢᠳᠠᠮᠵᠢ ᠰᠠᠶ᠋ᠢᠲᠠᠢ ᠬᠡᠷᠡᠯᠳᠦ ᠰᠠᠷᠠᠯᠵᠢ ᠵᠢ ᠠᠵᠤ ᠦᠢ᠍ᠯᠡᠰᠵᠢᠭᠦᠯᠬᠦ ᠲᠦᠷᠦᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠪᠠ ; ᠬᠤᠸᠠᠢ ᠷᠧᠦ ᠵᠢᠨ ᠤᠯᠤᠰ᠎ᠤᠨ ᠲᠤᠷᠰᠢᠯᠲᠠ ᠵᠢᠨ ᠲᠠᠰᠤᠭ᠎ᠯᠤᠭ᠎ᠠ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠪᠠᠶ᠋ᠢᠭᠤᠯᠵᠤ ᠂ ᠳᠠᠯᠠᠨ ᠬᠠᠷ᠎ᠠ ᠠᠭᠤᠯᠠ ᠂ ᠣᠷᠳᠣᠰ ᠲᠤᠷᠰᠢᠯᠲᠠ ᠵᠢᠨ ᠲᠠᠰᠤᠭ ᠫᠠᠶ᠋ᠢᠰᠠ ᠡᠯᠭᠦᠨ ᠠᠵᠢᠯᠯᠠᠵᠤ ᠂ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠪᠠ ᠶᠡᠭᠡ ᠳᠡᠭᠡᠳᠦ ᠰᠤᠷᠭ᠋ᠠᠭᠤᠯᠢ ᠂ ᠠᠵᠤ ᠠᠬᠤᠶ᠋ᠢᠯᠠᠯ᠎ᠤᠳ ᠤᠯᠤᠰ᠎ᠤᠨ ᠭᠤᠣᠯᠳᠠᠯᠭ᠎ᠠ᠎ᠲᠠᠢ ᠰᠤᠳᠤᠯᠤᠨ ᠨᠡᠭᠡᠭᠡᠬᠦ 13 ᠲᠦᠷᠦᠯ ᠵᠦᠢ᠍ᠯ᠎ᠢ ᠳᠠᠭ᠋ᠠᠭ᠋ᠠᠨ ᠠᠪᠴᠤ ᠵᠠᠯᠭ᠋ᠠᠭᠤᠯᠪᠠ ; 《ᠮᠧᠩ ᠺᠧ ᠵᠢᠦᠢ》 ᠲᠠᠪᠴᠠᠩ᠎ᠤᠨ ᠦᠷ᠎ᠡ ᠪᠦᠲᠦᠮᠵᠢ ᠲᠣᠳᠣᠷᠠᠵᠤ ᠂ ᠨᠡᠶ᠋ᠢᠲᠡ 2412 ᠬᠤᠪᠢ ᠠᠷᠠᠯᠵᠢᠶᠠᠯᠠᠨ ᠤᠯᠠᠷᠢᠭᠤᠯᠵᠤ ᠂ 8.7%᠎ᠪᠠᠷ ᠨᠡᠮᠡᠭᠳᠡᠨ ᠂ ᠮᠡᠷᠭᠡᠵᠢᠯ᠎ᠤᠨ ᠭᠡᠷ᠎ᠡ ᠵᠢᠨ ᠠᠷᠠᠯᠵᠢᠶᠠᠯᠠᠭᠰᠠᠨ ᠲᠤᠭ᠎ᠠ 33.6%᠎ᠪᠠᠷ ᠨᠡᠮᠡᠭᠳᠡᠪᠡ ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ 853 ᠡᠷᠦᠬᠡ ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 97 ᠡᠷᠦᠬᠡ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ 20 ᠡᠷᠦᠬᠡ ᠪᠣᠳᠠᠲᠠᠢ ᠨᠡᠮᠡᠭᠳᠡᠵᠦ ᠂ ᠳ᠋ᠣᠺᠲ᠋ᠣᠷ ᠮᠠᠰᠲ᠋ᠧᠷ᠎ᠤᠨ ᠡᠷᠳᠡᠮ᠎ᠤᠨ ᠴᠣᠯᠠ ᠣᠯᠭᠤᠬᠤ ᠴᠡᠭ 45 ᠰᠢᠨ᠎ᠡ᠎ᠪᠠᠷ ᠨᠡᠮᠡᠭᠳᠡᠨ ᠂ 11 ᠰᠢᠨᠵᠢᠯᠡᠭᠡᠨ᠎ᠤ ᠰᠠᠯᠠᠭ᠋ᠠᠨ᠎ᠤ ᠳ᠋ᠣᠺᠲ᠋ᠣᠷ᠎ᠤᠨ ᠴᠡᠭ ᠦᠭᠡᠢ ᠪᠠᠶ᠋ᠢᠭᠰᠠᠨ᠎ᠠᠴᠠ᠎ᠪᠠᠨ ᠪᠠᠶ᠋ᠢᠬᠤ ᠪᠣᠯᠵᠤ ᠂ 2 ᠲᠦᠷᠦᠯ ᠵᠦᠢ᠍ᠯ᠎ᠨᠢ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠬᠤᠶᠠᠳᠤᠭ᠋ᠠᠷ ᠳᠡᠰ᠎ᠤᠨ ᠱᠠᠩᠨᠠᠯ᠎ᠢ ᠬᠦᠷᠲᠡᠵᠦ ᠂ ᠮᠠᠨ᠎ᠤ ᠣᠷᠣᠨ᠎ᠤ ᠣᠷᠣᠨ ᠪᠦᠰᠡ ᠵᠢᠨ ᠰᠢᠨ᠎ᠡ ᠵᠢ ᠡᠭᠦᠳᠬᠦ ᠴᠢᠳᠠᠪᠤᠷᠢ ᠪᠦᠬᠦ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 4 ᠨᠡᠷᠡᠰ ᠳᠡᠭᠡᠭᠰᠢᠯᠡᠪᠡ ᠃ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠢᠳᠡᠪᠬᠢᠲᠡᠢ ᠠᠬᠢᠭᠤᠯᠵᠤ᠂ ᠶᠡᠷᠦᠩᠬᠡᠢ ᠲᠥᠰᠥᠯ᠎ᠢ ᠨᠠᠶ᠋ᠢᠷᠠᠭᠤᠯᠤᠨ ᠳᠠᠭᠤᠰᠬᠠᠵᠤ᠂ ᠤᠯᠤᠰ᠎ᠤᠨ ᠱᠠᠲᠤ ᠳᠠᠪᠬᠤᠷᠭ᠎ᠠ᠎ᠳᠠᠬᠢ ᠳᠦᠷᠢᠮ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ 223 ᠬᠠᠭᠤᠯᠪᠤᠷᠢᠯᠠᠨ ᠳᠡᠯᠭᠡᠷᠡᠭᠦᠯᠵᠦ᠂ ᠪᠡᠯᠡ ᠣᠷᠣᠭᠤᠯᠤᠯᠳᠠ᠂ ᠠᠷᠠᠯᠵᠢᠶ᠎ᠠ᠂ ᠮᠥᠩᠭᠦᠨ ᠭᠦᠢ᠍ᠯᠭᠡᠭᠡ ᠵᠡᠷᠭᠡ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠲᠤᠷᠰᠢᠨ ᠥᠷᠨᠢᠭᠦᠯᠪᠡ ᠃
ᠨᠢᠭᠡ ᠵᠢᠯ᠎ᠤᠨ ᠲᠤᠷᠰᠢ ᠂ ᠪᠢᠳᠡ ᠥᠭᠡᠷᠡᠴᠢᠯᠡᠯᠲᠡ ᠵᠢᠨ ᠠᠷᠭ᠎ᠠ᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠥᠳᠡᠯᠭᠡᠭᠴᠢ ᠬᠦᠴᠦᠨ ᠠᠮᠢᠵᠢᠷᠠᠯ᠎ᠤᠨ ᠬᠦᠴᠦᠨ᠎ᠢ ᠪᠦᠲᠦᠮᠵᠢᠳᠠᠢ ᠬᠥᠭᠵᠢᠭᠡᠪᠡ ᠃ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠲᠠᠭ᠋ᠠᠭᠰᠠᠨ 276 ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ᠎ᠲᠠᠢ ᠨᠢᠭᠲᠠ ᠤᠶᠠᠯᠳᠤᠭᠤᠯᠤᠨ ᠂ ᠠᠵᠢᠯ᠎ᠤᠨ ᠬᠤᠪᠢᠶᠠᠷᠢᠯᠠᠯ ᠵᠶ᠋ᠠᠨ ᠨᠠᠷᠢᠯᠢᠭᠵᠢᠭᠤᠯᠤᠨ ᠂ ᠴᠢᠩᠭ᠎ᠠ ᠬᠦᠴᠦᠲᠡᠢ ᠠᠬᠢᠭᠤᠯᠵᠤ ᠂ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠵᠢ ᠪᠠᠭᠤᠷᠠᠭᠤᠯᠬᠤ ᠂ ᠲᠡᠭ ᠰᠠᠭᠤᠷᠢᠨ ᠲᠥᠰᠥᠪ ᠂ ᠳᠣᠣᠷ᠎ᠠ ᠠᠭ᠋ᠠᠷ᠎ᠤᠨ ᠠᠵᠤ ᠠᠬᠤᠢ ᠂ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠡᠷᠭᠡ ᠨᠢᠭᠡ ᠪᠦᠯᠦᠭ ᠥᠭᠡᠷᠡᠴᠢᠯᠡᠯᠲᠡ ᠵᠢᠨ ᠲᠥᠰᠥᠯ᠎ᠢ ᠨᠡᠶ᠋ᠢᠲᠡᠯᠡᠪᠡ ᠃ ᠣᠨᠴᠠᠭ᠋ᠠᠶ᠋ᠢᠯᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠠᠭ᠋ᠠᠷᠳᠠᠯᠭ᠎ᠠ ᠶᠣᠰᠣᠭ᠋ᠠᠷ᠂ ᠠᠯᠳᠠᠭ᠎ᠠ ᠪᠤᠷᠤᠭᠤ᠎ᠪᠠᠨ ᠵᠠᠯᠠᠷᠠᠭᠤᠯᠬᠤ᠂ ᠲᠣᠭᠲᠠᠴᠠ᠎ᠪᠠᠨ ᠥᠭᠡᠷᠡᠴᠢᠯᠡᠬᠦ᠂ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠬᠦ᠂ ᠰᠤᠷᠲᠠᠯ ᠵᠶ᠋ᠠᠨ ᠰᠠᠶ᠋ᠢᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠪᠦᠯᠦᠭ ᠵᠥᠷᠢᠴᠡᠯ᠎ᠳᠦ ᠠᠰᠠᠭᠤᠳᠠᠯ᠎ᠢ ᠰᠢᠢ᠍ᠳᠪᠦᠷᠢᠯᠡᠨ ᠂ ᠬᠡᠰᠡᠭ ᠡᠭᠦᠷᠭᠡ ᠴᠢᠳᠠᠪᠤᠷᠢ ᠵᠢᠨ ᠲᠣᠭᠲᠠᠴᠠ ᠵᠢ ᠰᠢᠯᠤᠭᠤᠳᠬᠠᠪᠠ ᠃ 《ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠬᠦᠴᠦ ᠲᠠᠯᠪᠢᠨ ᠰᠢᠢ᠍ᠳᠪᠦᠷᠢᠯᠡᠵᠦ ᠂ ᠲᠠᠷᠢᠶᠠᠯᠠᠩ᠎ᠤᠨ ᠣᠰᠣᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠡᠶᠡᠯᠡᠭᠦᠯᠦᠨ ᠂ ᠲᠠᠷᠢᠶᠠᠯᠠᠩ᠎ᠤᠨ ᠤᠰᠤ ᠠᠷᠪᠢᠯᠠᠭᠰᠠᠨ ᠬᠡᠮᠵᠢᠶ᠎ᠡ 3.8 ᠳ᠋ᠦᠩᠰᠢᠭᠤᠷ ᠺᠦᠪ ᠮᠧᠲᠷ ᠰᠢᠨ᠎ᠡ᠎ᠪᠠᠷ ᠨᠡᠮᠡᠭᠳᠡᠪᠡ ᠃ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠵᠣᠷᠢᠭ ᠰᠢᠭᠤᠳᠤᠨ ᠰᠢᠢ᠍ᠳᠪᠦᠷᠢᠯᠡᠵᠦ ᠂ ᠨᠤᠲᠤᠭ ᠪᠡᠯᠴᠢᠭᠡᠷ᠎ᠤᠨ ᠨᠥᠬᠦᠪᠦᠷᠢ ᠱᠠᠩᠨᠠᠯ᠎ᠤᠨ ᠪᠡᠯᠡ ᠮᠥᠩᠭᠦ ᠣᠯᠭᠤᠬᠤ ᠲᠣᠭᠲᠠᠴᠠ ᠵᠢ ᠲᠡᠭᠦᠯᠳᠡᠷᠵᠢᠭᠦᠯᠦᠨ ᠂ 17 ᠬᠤᠰᠢᠭᠤ ᠰᠢᠶᠠᠨ᠎ᠳᠤ ᠲᠤᠷᠰᠢᠯᠲᠠ ᠵᠢᠨ ᠴᠡᠭ ᠥᠷᠨᠢᠭᠦᠯᠵᠦ ᠂ ᠪᠠᠶ᠋ᠢᠭ᠋ᠠᠯᠢᠯᠢᠭ ᠨᠤᠲᠤᠭ ᠪᠡᠯᠴᠢᠭᠡᠷ᠎ᠲᠠᠬᠢ ᠮᠠᠯ ᠪᠡᠯᠴᠢᠭᠡᠷ᠎ᠢ ᠲᠡᠩᠴᠡᠭᠦᠷᠢᠲᠡᠢ ᠪᠠᠶ᠋ᠢᠯᠭ᠋ᠠᠬᠤ ᠵᠢᠭ᠋ᠠᠯᠲᠠ ᠲᠤᠭ᠎ᠠ 23.9% ᠪᠠᠶ᠋ᠢᠭᠰᠠᠨ᠎ᠠᠴᠠ᠎ᠪᠠᠨ ᠪᠠᠭᠤᠷᠠᠭ᠋ᠠᠳ 10% ᠬᠦᠷᠬᠦ ᠦᠭᠡᠢ ᠪᠣᠯᠪᠠ ᠃ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠬᠦᠷᠢᠶ᠎ᠡ ᠴᠠᠷᠠᠭ᠋ᠠᠨ᠎ᠳᠠᠬᠢ ᠥᠭᠡᠷᠡᠴᠢᠯᠡᠯᠲᠡ ᠵᠢ ᠠᠬᠢᠭᠤᠯᠵᠤ ᠂ ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢ ᠵᠢ ᠬᠢᠨᠠᠨ ᠬᠠᠮᠢᠶᠠᠷᠬᠤ ᠦᠢ᠍ᠯᠡᠴᠢᠯᠡᠭᠡ ᠵᠢ ᠴᠢᠩᠭ᠋ᠠᠳᠬᠠᠨ ᠂ ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠂ ᠠᠷᠠᠯᠵᠢᠶᠠᠯᠠᠭᠰᠠᠨ ᠲᠤᠭ᠎ᠠ ᠲᠣᠰ ᠪᠦᠷᠢ 3.5 ᠳᠠᠬᠢᠨ ᠪᠠ 2.5 ᠳᠠᠬᠢᠨ ᠨᠡᠮᠡᠭᠳᠡᠵᠦ ᠂ ᠵᠠᠰᠠᠮᠠᠯ ᠵᠠᠮ ᠲᠡᠮᠦᠷ ᠵᠠᠮ ᠠᠭ᠋ᠠᠷ᠎ᠤᠨ ᠲᠡᠭᠡᠭᠡᠪᠦᠷᠢ ᠰᠢᠤᠳᠠᠨ᠎ᠤ ᠶᠠᠪᠤᠳᠠᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ 91 ᠪᠣᠶ᠋ᠢᠵᠢᠭᠤᠯᠵᠤ᠂ 4747 ᠺᠢᠯᠤᠮᠧᠲᠷ ᠲᠦᠷᠭᠡᠨ᠎ᠤ ᠵᠠᠰᠠᠮᠠᠯ ᠵᠠᠮ᠎ᠤᠨ ᠬᠤᠷᠳᠤᠴᠠ ᠵᠢᠨ ᠬᠢᠵᠠᠭ᠋ᠠᠷᠯᠠᠯ᠎ᠳᠤ ᠲᠣᠬᠢᠷᠠᠭᠤᠯᠤᠯᠲᠠ ᠬᠢᠵᠦ᠂ ᠴᠠᠭ᠎ᠤᠨ ᠬᠤᠷᠳᠤᠴᠠ ᠵᠢ 120 ᠺᠢᠯᠤᠮᠧᠲᠷ ᠵᠶ᠋ᠠᠷ ᠬᠢᠵᠠᠭ᠋ᠠᠷᠯᠠᠬᠤ ᠵᠠᠮ᠎ᠤᠨ ᠬᠡᠰᠡᠭ᠎ᠤᠨ ᠡᠵᠡᠯᠡᠬᠦ ᠬᠠᠷᠢᠴᠠᠯ 18% ᠪᠠᠶ᠋ᠢᠭᠰᠠᠨ᠎ᠠᠴᠠ ᠨᠡᠮᠡᠭᠳᠡᠭᠡᠳ 71% ᠪᠣᠯᠪᠠ ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠥᠷᠭᠦᠯᠵᠢᠯᠡᠨ ᠰᠢᠯᠢᠳᠡᠭᠵᠢᠭᠦᠯᠵᠦ ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ ᠵᠢ ᠪᠠᠶ᠋ᠢᠭᠤᠯᠵᠤ ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠰᠠᠨᠠᠯ᠎ᠢ ᠨᠡᠶ᠋ᠢᠲᠡᠯᠡᠨ᠂ ᠠᠵᠤ ᠠᠬᠤᠶ᠋ᠢᠯᠠᠯ᠎ᠳᠤ ᠭᠠᠶ᠋ᠢᠯᠢ ᠬᠥᠩᠭᠡᠯᠡᠨ ᠰᠦᠢ᠍ᠳᠬᠡᠯ ᠪᠠᠭᠤᠷᠠᠭᠤᠯᠤᠭᠰᠠᠨ ᠵᠢᠴᠢ ᠭᠠᠶ᠋ᠢᠯᠢ ᠪᠤᠴᠠᠭ᠋ᠠᠭᠰᠠᠨ᠎ᠨᠢ 300 ᠳ᠋ᠦᠩᠰᠢᠭᠤᠷ ᠲᠥᠭᠦᠷᠢᠭ ᠪᠠᠶ᠋ᠢᠵᠤ ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠦ 13.7 ᠳ᠋ᠦᠩᠰᠢᠭᠤᠷ ᠲᠥᠭᠦᠷᠢᠭ᠎ᠲᠤ ᠬᠦᠷᠴᠦ ᠂ ᠲᠦᠭᠡᠮᠡᠯ ᠬᠠᠷᠠᠭ᠋ᠠᠯᠵᠠᠯ᠎ᠤᠨ ᠬᠡᠯᠪᠡᠷᠢᠲᠦ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠦᠯᠡᠳᠡᠪᠦᠷᠢ ᠲᠤᠭ᠎ᠠ 14%᠎ᠪᠠᠷ ᠨᠡᠮᠡᠭᠳᠡᠨ᠂ 《ᠥᠨᠳᠥᠷ ᠪᠦᠲᠦᠮᠵᠢᠳᠠᠢ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ》 ᠠᠵᠢᠯ᠎ᠳᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠡᠶ᠋ᠢᠲᠡᠯᠡᠭᠰᠡᠨ 13 ᠵᠦᠢ᠍ᠯᠡᠰ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢ᠍ᠯᠡᠰ᠎ᠢ ᠨᠡᠶ᠋ᠢᠲᠡᠯᠡᠨ ᠂ ᠭᠤᠭᠴᠤᠭ᠎ᠠ ᠴᠠᠭ ᠮᠠᠲ᠋ᠧᠷᠢᠶᠠᠯ᠎ᠢ ᠴᠥᠮ 70%᠎ᠠᠴᠠ ᠳᠡᠭᠡᠭᠰᠢ ᠪᠠᠭ᠋ᠠᠰᠬᠠᠨ ᠬᠠᠰᠤᠵᠤ ᠂ ᠠᠷᠠᠳ᠎ᠠᠴᠠ ᠡᠵᠡᠩᠨᠡᠭᠰᠡᠨ ᠡᠵᠡᠩᠨᠡᠯᠲᠡ ᠵᠢᠨ ᠭᠤᠣᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠨ ᠂ 6.4%᠎ᠪᠠᠷ ᠨᠡᠮᠡᠭᠳᠡᠵᠦ ᠂ ᠶᠢᠩ ᠰᠧ ᠲᠧ ᠬᠤᠪᠣᠷ ᠰᠢᠷᠣᠢ ᠵᠢᠨ ᠪᠠᠶ᠋ᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ᠎ᠨᠢ ᠱᠧᠨᠵᠧᠨ᠎ᠤ ᠲᠡᠮᠳᠡᠭᠲᠦ ᠵᠢᠨ ᠠᠷᠠᠯᠵᠢᠶᠠᠨ᠎ᠤ ᠭᠠᠵᠠᠷ ᠵᠶ᠋ᠠᠷ ᠰᠲ᠋ᠣᠺ᠎ᠤᠨ ᠵᠠᠬ᠎ᠠ᠎ᠳᠤ ᠭᠠᠷᠪᠠ ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠠᠵᠢᠯ᠎ᠢ ᠭᠦᠨᠵᠡᠭᠡᠶ᠋ᠢᠷᠡᠭᠦᠯᠦᠨ ᠂ ᠣᠳᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠦᠷᠭᠡᠳᠬᠡᠨ ᠪᠠᠶ᠋ᠢᠭᠤᠯᠵᠤ᠂ ᠬᠥᠯᠥᠰᠦ ᠣᠯᠭᠤᠮᠵᠢ ᠬᠢᠭᠡᠳ ᠦᠷ᠎ᠡ ᠠᠰᠢᠭ᠎ᠢ ᠪᠠᠲᠤᠯᠠᠭ᠋ᠠᠲᠤ ᠴᠢᠨᠠᠷᠲᠠᠢ᠎ᠪᠠᠷ ᠬᠤᠯᠪᠣᠭᠳᠠᠭᠤᠯᠬᠤ ᠲᠣᠭᠲᠠᠴᠠ ᠵᠢ ᠬᠡᠷᠡᠭᠵᠢᠭᠦᠯᠦᠨ ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠶᠡᠷᠦᠩᠬᠡᠢ ᠲᠤᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ᠎ᠢ ᠳᠠᠪᠠᠵᠤ ᠂ ᠪᠦᠬᠦ ᠤᠯᠤᠰ᠎ᠤᠨ 500 ᠬᠦᠴᠦᠷᠬᠡᠭ ᠠᠵᠤ ᠠᠬᠤᠶ᠋ᠢᠯᠠᠯ᠎ᠤᠨ ᠨᠡᠷᠡᠰ᠎ᠤᠨ ᠵᠢᠭᠰᠠᠭ᠋ᠠᠯᠲᠠ᠎ᠳᠤ ᠴᠠᠬᠢᠯᠭ᠋ᠠᠨ ᠬᠦᠴᠦᠨ᠎ᠤ ᠪᠦᠯᠦᠭᠯᠡᠯ 11 ᠨᠡᠷᠡᠰ ᠳᠠᠪᠰᠢᠵᠤ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ ᠠᠰᠢᠭ ᠣᠯᠵᠠᠪᠤᠷᠢ ᠵᠢᠨ ᠨᠡᠮᠡᠭᠳᠡᠯ᠎ᠤᠨ ᠬᠤᠷᠳᠤᠴᠠ ᠠᠵᠢᠯ ᠲᠦᠷᠦᠯ᠎ᠤᠨ ᠳᠤᠮᠳᠠᠴᠢ ᠬᠢᠷᠢ ᠲᠦᠪᠰᠢᠨ᠎ᠠᠴᠠ 33 ᠵᠠᠭᠤᠨ᠎ᠤ ᠬᠤᠪᠢ ᠵᠢᠨ ᠴᠡᠭ ᠥᠨᠳᠥᠷ ᠪᠠᠶ᠋ᠢᠵᠤ ᠂ ᠡᠨᠧᠷᠬᠢ ᠵᠢᠨ ᠪᠦᠯᠦᠭᠯᠡᠯ ᠂ ᠣᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠺᠣᠮᠫᠠᠨᠢ ᠵᠢᠨ ᠠᠰᠢᠭ ᠣᠯᠵᠠᠪᠤᠷᠢ ᠲᠤᠰ ᠪᠦᠷᠢ 1 ᠳᠠᠬᠢᠨ ᠪᠠ 15 ᠳᠠᠬᠢᠨ ᠨᠡᠮᠡᠭᠳᠡᠨ ᠂ ᠵᠠᠮ ᠬᠠᠷᠢᠯᠴᠠᠭ᠋ᠠᠨ᠎ᠤ ᠪᠦᠯᠦᠭᠯᠡᠯ ᠂ ᠰᠣᠶᠣᠯ ᠵᠢᠭᠤᠯᠴᠢᠯᠠᠯ᠎ᠤᠨ ᠪᠦᠯᠦᠭᠯᠡᠯ᠎ᠤᠨ ᠡᠵᠡᠩᠨᠡᠯᠲᠡ ᠵᠢᠨ ᠣᠷᠣᠯᠭ᠎ᠠ ᠲᠣᠰ ᠪᠦᠷᠢ 1.1 ᠳᠠᠬᠢᠨ ᠪᠠ 4.3 ᠳᠠᠬᠢᠨ ᠨᠡᠮᠡᠭᠳᠡᠪᠡ ᠃ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠨᠢ ᠬᠢᠨᠠᠨ ᠵᠥᠪᠰᠢᠶᠡᠷᠡᠬᠦ ᠴᠤᠪᠤᠷᠠᠯ᠎ᠤᠨ ᠬᠤᠭᠤᠴᠠᠭ᠋ᠠᠲᠤ ᠦᠢ᠍ᠯᠡᠳᠦᠯ᠎ᠢ ᠰᠢᠯᠢᠳᠡᠭᠵᠢᠭᠦᠯᠬᠦ ᠂ ᠪᠡᠯᠡ ᠮᠥᠩᠭᠦᠨ᠎ᠤ ᠬᠠᠮᠢᠶᠠᠷᠤᠯᠲᠠ ᠵᠢᠨ ᠡᠷᠬᠡ ᠮᠡᠳᠡᠯ᠎ᠢ ᠠᠭᠤᠵᠢᠭᠤ ᠲᠠᠯᠪᠢᠬᠤ ᠵᠡᠷᠭᠡ ᠨᠢᠭᠡ ᠪᠦᠯᠦᠭ ᠥᠭᠡᠷᠡᠴᠢᠯᠡᠯᠲᠡ ᠵᠢᠨ ᠵᠦᠢ᠍ᠯᠡᠰ᠎ᠢ ᠨᠡᠶ᠋ᠢᠲᠡᠯᠡᠪᠡ ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ᠎ᠨᠢ ᠥᠭᠡᠷᠡᠴᠢᠯᠡᠯᠲᠡ ᠪᠣᠯᠬᠤ ᠵᠢ ᠪᠠᠷᠢᠮᠲᠠᠯᠠᠨ ᠂ ᠲᠣᠭᠤᠷᠢᠨ ᠪᠠᠶ᠋ᠢᠴᠠᠭ᠋ᠠᠯᠲᠠ᠂ ᠬᠢᠨᠠᠨ ᠪᠣᠳᠣᠯᠲᠠ᠂ ᠲᠤᠭ᠎ᠠ ᠪᠦᠷᠢᠳᠬᠡᠯ ᠵᠡᠷᠭᠡ ᠬᠢᠨᠠᠨ ᠪᠠᠶ᠋ᠢᠴᠠᠭ᠋ᠠᠯᠲᠠ᠎ᠪᠠᠷ ᠢᠯᠡᠷᠡᠭᠦᠯᠦᠭᠰᠡᠨ ᠠᠰᠠᠭᠤᠳᠠᠯ᠎ᠤᠳ᠎ᠢ ᠬᠢᠨᠠᠮᠠᠭ᠋ᠠᠢ ᠴᠡᠭᠴᠡᠯᠡᠨ ᠵᠠᠰᠠᠵᠤ ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠴᠠᠷᠠᠭ᠋ᠠᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠤᠨ ᠵᠠᠰᠠᠯᠲᠠ ᠵᠢ ᠪᠠᠶ᠋ᠢᠩᠭᠤᠰᠢᠭᠤᠯᠤᠨ ᠠᠬᠢᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠡᠮ ᠡᠮᠨᠡᠯᠭᠡ᠂ ᠮᠥᠩᠭᠦᠨ ᠭᠦᠢ᠍ᠯᠭᠡᠭᠡ᠂ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠬᠦᠷᠢᠶ᠎ᠡ ᠴᠠᠷᠠᠭ᠋ᠠᠨ᠎ᠳᠠᠬᠢ ᠲᠣᠪᠣᠶ᠋ᠢᠮ᠎ᠠ ᠠᠰᠠᠭᠤᠳᠠᠯ᠎ᠤᠳ᠎ᠢ ᠭᠦᠨᠵᠡᠭᠡᠢ ᠴᠡᠭᠴᠡᠯᠡᠨ ᠵᠠᠰᠠᠪᠠ ᠃
ᠨᠢᠭᠡ ᠵᠢᠯ᠎ᠤᠨ ᠲᠤᠷᠰᠢ ᠂ ᠪᠢᠳᠡ ᠨᠢᠭᠡ ᠲᠠᠯ᠎ᠠ᠎ᠪᠠᠷ ᠠᠵᠤ ᠠᠬᠤᠢ ᠵᠢᠨ ᠬᠥᠭᠵᠢᠯᠲᠡ ᠵᠢ ᠠᠳᠬᠤᠵᠤ ᠂ ᠨᠦᠭᠦᠭᠡ ᠲᠠᠯ᠎ᠠ᠎ᠪᠠᠷ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠠᠳᠬᠤᠨ ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠪᠡ ᠃ ᠵᠢᠱ᠌ᠢᠯᠲᠡ᠎ᠪᠠᠷ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠣᠯᠲᠠ 13%᠎ᠪᠠᠷ ᠨᠡᠮᠡᠭᠳᠡᠨ᠂ ᠪᠦᠬᠦ ᠤᠯᠤᠰ᠎ᠤᠨ 2 ᠳ᠋ᠤᠭ᠋ᠠᠷ ᠪᠠᠶ᠋ᠢᠷᠢ᠎ᠪᠠᠨ ᠪᠠᠲᠤᠯᠠᠵᠤ ᠂ ᠴᠢᠬᠤᠯᠠ ᠶᠡᠭᠡ ᠲᠦᠷᠦᠯ ᠵᠦᠢ᠍ᠯ᠎ᠤᠨ ᠪᠡᠯᠡ ᠣᠷᠣᠭᠤᠯᠣᠯᠲᠠ 9100 ᠳ᠋ᠦᠩᠰᠢᠭᠤᠷ ᠲᠥᠭᠦᠷᠢᠭ᠎ᠢ ᠳᠠᠪᠠᠵᠤ ᠂ ᠪᠣᠣ ᠹᠧᠩ᠎ᠤᠨ ᠪᠦᠬᠦ ᠪᠥᠮᠪᠥᠷᠴᠡᠭ᠎ᠲᠤ ᠳᠠᠩ ᠭᠠᠭᠴᠠ ᠦᠢ᠍ᠯᠡᠳᠪᠦᠷᠢ ᠵᠢᠨ ᠬᠡᠪᠴᠢᠶᠡᠵᠢᠯ ᠵᠶ᠋ᠠᠷ ᠬᠠᠮᠤᠭ᠎ᠤᠨ ᠶᠡᠭᠡ ᠨᠡᠭᠦᠷᠡᠰᠦ᠎ᠪᠠᠷ ᠠᠯᠺᠧᠨ ᠨᠡᠭᠦᠷᠦᠭᠴᠢ ᠦᠢ᠍ᠯᠡᠳᠬᠦ ᠪᠣᠬᠢᠷᠳᠤᠯ ᠦᠭᠡᠢ ᠣᠰᠣᠳᠦ᠋ᠷᠦᠭᠴᠢ ᠵᠢ ᠡᠪᠴᠡᠯᠳᠦᠭᠦᠯᠬᠦ ᠂ ᠯᠦᠩ ᠵᠢᠢ ᠭᠡᠷᠡᠯᠴᠢ ᠴᠡᠨᠡᠭ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠨᠢᠭᠡ ᠴᠣᠭᠴᠠᠵᠢᠭᠤᠯᠬᠤ ᠂ ᠤᠮᠠᠷᠠᠲᠤ ᠵᠢᠨ ᠬᠤᠪᠣᠷ ᠰᠢᠷᠣᠢ ᠵᠢᠨ ᠪᠦᠬᠦ ᠪᠥᠮᠪᠥᠷᠴᠡᠭ᠎ᠲᠤ ᠬᠡᠪᠴᠢᠶᠡᠵᠢᠯ ᠵᠶ᠋ᠠᠷ ᠬᠠᠮᠤᠭ᠎ᠤᠨ ᠶᠡᠭᠡ ᠬᠠᠮᠤᠭ ᠤᠨ ᠲᠡᠷᠢᠭᠦᠨ᠎ᠤ ᠬᠠᠶ᠋ᠢᠯᠤᠭᠤᠯᠤᠨ ᠪᠣᠯᠪᠠᠰᠣᠷᠠᠭᠤᠯᠵᠦ ᠬᠤᠪᠢᠶᠠᠨ ᠰᠠᠯᠭ᠋ᠠᠬᠤ ᠵᠡᠷᠭᠡ ᠠᠵᠤ ᠦᠢ᠍ᠯᠡᠰ᠎ᠤᠨ ᠲᠦᠷᠦᠯ ᠵᠦᠢ᠍ᠯ᠎ᠢ ᠠᠰᠢᠭᠯᠠᠯᠲᠠ᠎ᠳᠤ ᠣᠷᠣᠭᠤᠯᠪᠠ ; ᠵᠢᠨᠢᠩ᠎ᠠᠴᠠ ᠳ᠋ᠠᠲ᠋ᠦ᠋ᠩ ᠶᠤᠸᠠᠨᠫᠢᠩ ᠬᠦᠷᠬᠦ ᠲᠦᠷᠭᠡᠨ᠎ᠤ ᠲᠡᠮᠦᠷ ᠵᠠᠮ᠎ᠢ ᠨᠡᠪᠲᠡᠷᠡᠭᠦᠯᠦᠨ ᠠᠵᠢᠯᠯᠠᠭᠤᠯᠵᠤ᠂ ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠤᠨ ᠴᠠᠬᠢᠯᠭ᠋ᠠᠨᠵᠢᠯᠲᠠ ᠵᠢ ᠪᠦᠬᠦ ᠲᠠᠯ᠎ᠠ᠎ᠪᠠᠷ ᠪᠡᠶᠡᠯᠡᠭᠦᠯᠦᠨ ᠂ ᠵᠡᠭᠦᠨᠰᠢ ᠪᠠᠷᠠᠭᠤᠨᠰᠢᠬᠢ ᠲᠦᠷᠭᠡᠨ᠎ᠤ ᠵᠠᠰᠠᠮᠠᠯ ᠵᠠᠮ᠎ᠤᠨ ᠶᠡᠭᠡ ᠨᠡᠪᠲᠡᠷᠡᠯ ᠵᠠᠮ᠎ᠢ ᠪᠦᠬᠦ ᠱᠤᠭᠤᠮ ᠵᠶ᠋ᠠᠷ ᠨᠡᠪᠲᠡᠷᠡᠭᠦᠯᠦᠨ ᠂ ᠬᠦᠬᠡᠬᠤᠳᠠ ᠵᠢᠨ ᠱᠧᠩᠯᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠭᠤᠣᠯ ᠴᠣᠭᠴᠠᠲᠤ ᠪᠠᠷᠢᠯᠭ᠎ᠠ ᠦᠨᠳᠦᠰᠦᠨ᠎ᠳᠤ᠎ᠪᠠᠨ ᠠᠵᠢᠯ ᠳᠠᠭᠤᠰᠴᠤ ᠂ ᠱᠧᠩᠯᠢ᠎ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠢ ᠡᠬᠢᠯᠡᠭᠦᠯᠦᠨ ᠠᠵᠢᠯᠯᠠᠭᠤᠯᠵᠤ ᠂ ᠡᠭᠦᠯᠡᠨ ᠳ᠋ᠠᠶ᠋ᠢᠲ᠋ᠠ ᠵᠢᠨ ᠲᠥᠪ ᠵᠡᠷᠭᠡ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠣᠯᠲᠠ 40%᠎ᠠᠴᠠ ᠳᠡᠭᠡᠭᠰᠢ ᠨᠡᠮᠡᠭᠳᠡᠪᠡ᠃ ᠵᠢᠱ᠌ᠢᠯᠲᠡ᠎ᠪᠠᠷ ᠨᠡᠶ᠋ᠢᠭᠡᠮ᠎ᠤᠨ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 4%᠎ᠪᠠᠷ ᠨᠡᠮᠡᠭᠳᠡᠨ᠂ ᠮᠠᠰᠢᠨ ᠲᠡᠷᠭᠡ ᠂ ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ ᠵᠢᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠨᠢ 300 ᠭᠠᠷᠤᠢ ᠳ᠋ᠦᠩᠰᠢᠭᠤᠷ ᠲᠥᠭᠦᠷᠢᠭ᠎ᠤᠨ ᠬᠡᠷᠡᠭᠯᠡᠭᠡ ᠵᠢ ᠳᠠᠶ᠋ᠢᠴᠢᠯᠠᠵᠦ᠂ ᠲᠦᠷᠦᠭᠦᠴᠢ ᠳᠡᠯᠭᠡᠭᠦᠷ᠂ ᠬᠤᠰᠢᠭᠤᠴᠢ ᠳᠡᠯᠭᠡᠭᠦᠷ᠎ᠢ 168 ᠰᠢᠨ᠎ᠡ᠎ᠪᠠᠷ ᠣᠷᠣᠭᠤᠯᠤᠨ ᠠᠪᠴᠢᠷᠠᠵᠤ᠂ 《ᠠᠶᠠᠯᠭᠤᠲᠤ ᠵᠢᠭᠤᠯᠴᠢᠯᠠᠯ ᠥᠪᠥᠷ ᠮᠣᠩᠭᠤᠯ》᠂ 《ᠳᠡᠯᠭᠡᠷ ᠨᠠᠭ᠋ᠠᠳᠤᠮ 》᠎ᠨᠢ ᠵᠢᠭᠤᠯᠴᠢᠯᠠᠯ᠎ᠤᠨ ᠰᠢᠨ᠎ᠡ ᠬᠥᠭ ᠠᠶᠠᠰ᠎ᠢ ᠴᠢᠪᠬᠠᠳᠠᠵᠤ ᠂ ᠷᠠᠰᠢᠶᠠᠨ᠎ᠤ ᠤᠯᠤᠰ᠎ᠤᠨ ᠳᠡᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ ᠪᠠ ᠯᠣᠣ ᠨᠢᠦ ᠸᠠᠨ ᠬᠠᠲᠣᠨ ᠭᠤᠣᠯ᠎ᠤᠨ ᠶᠡᠭᠡ ᠬᠠᠪᠴᠢᠯ ᠂ ᠮᠡᠷᠭᠡᠯ ᠭᠤᠣᠯ 5A ᠳᠡᠰ᠎ᠤᠨ ᠦᠵᠡᠮᠵᠢ ᠵᠢᠨ ᠣᠷᠣᠨ ᠬᠢᠨᠠᠨ ᠵᠥᠪᠰᠢᠶᠡᠷᠡᠭᠳᠡᠵᠦ ᠂ ᠪᠦᠬᠦ ᠣᠷᠣᠨ᠎ᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.73 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ ᠂ 4140 ᠳ᠋ᠦᠩᠰᠢᠭᠤᠷ ᠲᠥᠭᠦᠷᠢᠭ᠎ᠤᠨ ᠣᠷᠣᠯᠭ᠎ᠠ ᠵᠢ ᠪᠡᠶᠡᠯᠡᠭᠦᠯᠦᠨ᠂ 18.6% ᠪᠠ 23.4%᠎ᠪᠠᠷ ᠨᠡᠮᠡᠭᠳᠡᠪᠡ ᠃ ᠤᠮᠠᠷᠠᠲᠤ ᠬᠢᠯᠢ ᠵᠢᠨ ᠰᠣᠶᠣᠯ᠎ᠢ ᠰᠤᠳᠤᠯᠵᠤ ᠵᠣᠬᠢᠶᠠᠨ ᠪᠦᠲᠦᠭᠡᠵᠦ ᠤᠯᠠᠮᠵᠢᠯᠠᠬᠤ ᠵᠢ ᠴᠢᠩᠭ᠋ᠠᠳᠬᠠᠨ ᠂ ᠶᠤᠸᠠᠨ᠎ᠤ ᠳᠡᠭᠡᠳᠦ ᠨᠡᠶ᠋ᠢᠰᠯᠡᠯ ᠂ ᠴᠢᠨᠤ ᠴᠢᠬᠡ ᠵᠠᠮ᠎ᠤᠨ ᠪᠠᠭᠤᠷᠢ ᠂ ᠤᠳᠠ ᠵᠢᠨ ᠫᠧᠷᠮᠢ ᠭᠠᠯᠪᠠ ᠵᠢᠨ ᠤᠷᠭᠤᠮᠠᠯ ᠬᠤᠴᠢᠯᠭ᠎ᠠ ᠵᠢᠨ ᠴᠢᠯᠠᠭᠤᠵᠢᠮᠠᠯ᠎ᠤᠨ ᠭᠠᠷᠤᠯᠲᠠ ᠵᠢᠨ ᠣᠷᠣᠨ᠎ᠤ ᠬᠠᠮᠠᠭ᠋ᠠᠯᠠᠯᠲᠠ ᠢᠳᠡᠪᠬᠢ ᠠᠬᠢᠯᠲᠠ᠎ᠲᠠᠢ ᠪᠣᠯᠵᠤ ᠂ ᠬᠤᠩᠱ᠌ᠠᠨ ᠰᠣᠶᠣᠯ᠎ᠤᠨ ᠬᠠᠭᠤᠴᠢᠨ᠎ᠤ ᠰᠤᠳᠤᠯᠤᠯ᠎ᠤᠨ ᠲᠠᠯ᠎ᠠ᠎ᠪᠠᠷ ᠪᠠᠰᠠ ᠴᠢᠬᠤᠯᠠ ᠶᠡᠭᠡ ᠢᠯᠡᠷᠡᠭᠦᠯᠦᠯᠲᠡ᠎ᠲᠠᠢ ᠪᠠᠶ᠋ᠢᠵᠤ ᠂ ᠪᠠᠳᠠᠢ ᠵᠢᠨ ᠵᠢᠷᠠᠨ ᠡᠯᠡᠰᠦ– ᠡᠯᠡᠰᠦᠨ ᠴᠣᠬᠢᠶ᠎ᠠ ᠨᠠᠭᠤᠷ ᠪᠦᠷᠢᠳᠦᠨᠦᠭᠦᠳᠢ ᠠᠮᠵᠢᠯᠲᠠ᠎ᠲᠠᠢ᠎ᠪᠠᠷ ᠥᠪ ᠵᠶ᠋ᠠᠷ ᠭᠤᠶᠤᠴᠢᠯᠠᠪᠠ ᠂ ᠲᠧᠯᠸᠢᠰ ᠵᠦᠴᠦᠭᠡ 《ᠠᠬᠠᠮᠠᠳ ᠦᠶ᠎ᠡ ᠵᠢᠨ ᠢᠷᠠᠭᠤ ᠠᠯᠳᠠᠷ》᠎ᠨᠢ 《ᠲᠠᠪᠤᠨ ᠨᠢᠭᠡ ᠵᠢᠨ ᠢᠨᠵᠧᠨᠧᠷᠢᠩ 》᠎ᠤᠨ ᠱᠠᠩᠨᠠᠯ ᠬᠦᠷᠲᠡᠵᠦ ᠂ ᠤᠯᠠᠭ᠋ᠠᠨᠮᠥ᠋ᠴᠢᠷ᠎ᠨᠢ ᠪᠡᠭᠡᠵᠢᠩ ᠱᠠᠩᠬᠠᠢ ᠭᠤᠸᠠᠩᠵᠧᠦ ᠵᠡᠷᠭᠡ 25 ᠮᠤᠵᠢ ᠬᠤᠳᠠ᠎ᠪᠠᠷ 760 ᠭᠠᠷᠤᠢ ᠲᠠᠯᠠᠪᠤᠷ ᠲᠣᠭᠤᠷᠢᠨ ᠲᠣᠭᠯᠠᠵᠤ ᠂ 《ᠮᠣᠷᠢᠲᠤ ᠴᠡᠷᠢᠭ》 ᠵᠡᠷᠭᠡ ᠤᠳᠬ᠎ᠠ ᠤᠷᠠᠯᠢᠭ᠎ᠤᠨ ᠪᠦᠲᠦᠭᠡᠯ᠎ᠤᠨ ᠦᠵᠡᠭᠦᠯᠭᠡ ᠵᠢᠨ ᠲᠤᠭᠯᠠᠯᠲᠠ ᠵᠢᠨ ᠲᠠᠯᠠᠪᠤᠷ ᠪᠣᠯᠭ᠋ᠠᠨ᠎ᠳᠤ ᠦᠵᠡᠭᠴᠢᠳ ᠳᠦᠭᠦᠷᠴᠦ ᠂ 《ᠤᠮᠠᠷᠠᠲᠤ ᠬᠢᠯᠢ ᠵᠢᠨ ᠰᠣᠶᠣᠯ᠎ᠤᠨ ᠡᠬᠡ ᠤᠯᠤᠰ᠎ᠲᠠᠬᠢ ᠠᠶᠠᠯᠠᠯ 》᠎ᠢ ᠪᠦᠬᠦ ᠤᠯᠤᠰ᠎ᠲᠤ ᠬᠠᠩᠭᠢᠨᠠᠭᠤᠯᠪᠠ ᠃ ᠠᠷᠠᠳ᠎ᠤᠨ ᠠᠮᠢᠳᠤᠷᠠᠯ᠎ᠤᠨ ᠦᠢ᠍ᠯᠡᠰ ᠲᠠᠰᠤᠷᠠᠯᠲᠠ ᠦᠭᠡᠢ ᠰᠢᠨ᠎ᠡ ᠠᠬᠢᠯᠲᠠ᠎ᠲᠠᠢ ᠪᠣᠯᠵᠤ ᠂ ᠵᠢᠱ᠌ᠢᠯᠲᠡ᠎ᠪᠠᠷ ᠰᠠᠭᠤᠭ᠋ᠠᠯᠢ ᠠᠷᠠᠳ᠎ᠤᠨ ᠤᠷᠤᠯᠭ᠎ᠠ ᠵᠢᠨ ᠨᠡᠮᠡᠭᠳᠡᠯ᠎ᠨᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠶ᠋ᠢᠵᠤ ᠂ ᠬᠤᠲᠠ ᠪᠠᠯᠭ᠋ᠠᠰᠤᠨ᠎ᠤ 20.1 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠤᠨ ᠂ ᠵᠢᠯ᠎ᠤᠨ ᠡᠬᠢᠨ᠎ᠳᠤ ᠠᠮᠠᠯᠠᠭᠰᠠᠨ 33 ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠵᠦ ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠮᠥᠩᠭᠦ ᠂ ᠵᠡᠮᠳᠡᠭᠴᠦᠳ᠎ᠤᠨ ᠨᠡᠮᠡᠭᠦᠷᠢ ᠵᠡᠷᠭᠡ 5 ᠵᠦᠢ᠍ᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠴᠥᠮ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠳᠤ ᠬᠦᠷᠦᠭᠰᠡᠨ ᠪᠤᠶᠤ ᠲᠡᠭᠦᠨ᠎ᠠᠴᠠ ᠳᠠᠪᠠᠪᠠ ; ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.69 ᠲᠦᠮᠡᠨ ᠢᠵᠢ ᠰᠢᠨ᠎ᠡ᠎ᠪᠠᠷ ᠪᠡᠯᠡᠳᠬᠡᠨ ᠪᠠᠶ᠋ᠢᠭᠤᠯᠵᠤ ᠂ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ 3460 ᠡᠷᠣᠭᠡ ᠂ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ 1185 ᠥᠭᠡᠷᠡᠴᠢᠯᠡᠨ ᠰᠢᠨᠡᠳᠬᠡᠪᠡ ; ᠪᠦᠢ᠍ᠲᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠤᠨ ᠴᠠᠬᠢᠯᠭ᠋ᠠᠨ ᠬᠦᠴᠦᠨ᠎ᠤ ᠲᠣᠣᠷ᠎ᠢ ᠤᠷᠲᠤᠳᠬᠠᠬᠤ ᠵᠢᠴᠢ ᠰᠢᠨ᠎ᠡ ᠡᠨᠧᠷᠬᠢ ᠵᠢᠨ ᠴᠠᠬᠢᠯᠭ᠋ᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ᠎ᠢ ᠪᠦᠭᠦ ᠲᠠᠯ᠎ᠠ᠎ᠪᠠᠷ ᠪᠡᠶᠡᠯᠡᠭᠦᠯᠪᠡ ; ᠨᠢᠯᠬ᠎ᠠ ᠨᠢᠷᠠᠢ ᠬᠡᠦᠬᠡᠳ ᠰᠠᠭ᠋ᠠᠲᠠᠭᠤᠯᠬᠤ ᠣᠷᠣ ᠵᠢ 1.8 ᠲᠦᠮᠡ ᠂ ᠰᠠᠭᠤᠷᠢ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠣᠷᠣ ᠵᠢ 3.8 ᠲᠦᠮᠡ ᠰᠢᠨ᠎ᠡ᠎ᠪᠠᠷ ᠨᠡᠮᠡᠭᠳᠡᠭᠦᠯᠵᠦ ᠂ ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠢ 22 ᠰᠢᠨ᠎ᠡ᠎ᠪᠠᠷ ᠲᠣᠬᠢᠷᠠᠭᠤᠯᠵᠤ ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠨᠢ ᠠᠵᠤ ᠠᠬᠤᠶ᠋ᠢᠯᠠᠯ᠎ᠳᠤ ᠵᠠᠬᠢᠶᠠᠯᠠᠭ᠎ᠠ ᠮᠠᠶᠢᠭ ᠵᠶ᠋ᠠᠷ ᠮᠡᠷᠭᠡᠰᠢᠯᠲᠦ ᠴᠢᠳᠠᠪᠤᠷᠢᠲᠠᠨ᠎ᠢ 3.1 ᠲᠦᠮᠡ ᠬᠥᠮᠥᠵᠢᠭᠦᠯᠵᠦ ᠥᠭᠪᠡ ; ᠪᠡᠭᠡᠵᠢᠩ᠎ᠤᠨ ᠨᠥᠬᠦᠷᠯᠡᠯ ᠡᠮᠨᠡᠯᠭᠡ ᠵᠢᠨ ᠬᠤᠷᠢᠶ᠎ᠠ ᠂ ᠰᠢᠤᠸᠠᠨ ᠦ᠋ ᠡᠮᠨᠡᠯᠭᠡ ᠵᠢᠨ ᠬᠤᠷᠢᠶᠠᠨ᠎ᠤ ᠥᠪᠥᠷ ᠮᠣᠩᠭᠤᠯ᠎ᠳᠠᠬᠢ ᠡᠮᠨᠡᠯᠭᠡ ᠵᠢᠨ ᠬᠤᠷᠢᠶ᠎ᠠ ᠵᠡᠷᠭᠡ ᠤᠯᠤᠰ᠎ᠤᠨ ᠣᠷᠣᠨ ᠪᠦᠰᠡ ᠵᠢᠨ 2 ᠡᠮᠴᠢᠯᠡᠭᠡᠨ᠎ᠤ ᠲᠥᠪ ᠰᠢᠨ᠎ᠡ᠎ᠪᠠᠷ ᠫᠠᠶ᠋ᠢᠰᠠ ᠡᠯᠭᠦᠨ ᠪᠠᠶ᠋ᠢᠭᠤᠯᠤᠭᠳᠠᠵᠤ ᠂ ᠨᠢᠭᠲᠠ ᠬᠡᠯᠪᠡᠷᠢ ᠪᠦᠬᠦᠢ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢ 61 ᠪᠠᠶ᠋ᠢᠭᠤᠯᠵᠤ ᠂ ᠪᠦᠬᠦ ᠣᠷᠣᠨ᠎ᠤ 333 ᠡᠷᠦᠬᠡ ᠡᠮᠴᠢᠯᠡᠭᠡᠨ᠎ᠤ ᠪᠠᠶ᠋ᠢᠭᠤᠯᠤᠮᠵᠢ᠎ᠨᠢ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ ᠵᠶ᠋ᠠᠨ ᠬᠠᠷᠢᠯᠴᠠᠨ ᠮᠡᠳᠡᠷᠡᠬᠦ ᠵᠢ ᠪᠡᠶᠡᠯᠡᠭᠦᠯᠵᠦ ᠂ ᠡᠮ ᠡᠮᠨᠡᠯᠭᠡ ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠵᠢᠯ᠎ᠨᠢ ᠣᠯᠠᠨ ᠲᠦᠮᠡᠨ᠎ᠤ ᠡᠮᠨᠡᠭᠦᠯᠬᠦ ᠳᠠᠷᠤᠭ᠋ᠠᠰᠤ ᠵᠢ 172 ᠳ᠋ᠦᠩᠰᠢᠭᠤᠷ ᠲᠥᠭᠦᠷᠢᠭ ᠬᠥᠩᠭᠡᠷᠡᠭᠦᠯᠪᠡ ; ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠂ ᠡᠷᠡᠭᠲᠡᠢ ᠵᠢᠨ ᠪᠦᠢ᠍ᠺᠦ ᠪᠥᠮᠪᠦᠭᠡ ᠵᠢᠨ ᠠᠽᠢᠶ᠎ᠠ ᠲᠢᠪ ᠬᠤᠨᠳᠠᠭ᠋ᠠᠲᠤ ᠬᠤᠯᠪᠣᠭ᠋ᠠᠲᠤ ᠣᠷᠣᠯᠳᠣᠭ᠋ᠠᠨ ᠂ ᠪᠦᠬᠦ ᠤᠯᠤᠰ᠎ᠤᠨ ᠫᠢᠩᠫᠠᠩ ᠪᠥᠮᠪᠦᠭᠡ ᠵᠢᠨ ᠮᠠᠩᠯᠠᠢ ᠰᠢᠯᠭ᠋ᠠᠷᠠᠭᠤᠯᠬᠤ ᠣᠷᠣᠯᠳᠣᠭ᠋ᠠᠨ ᠵᠡᠷᠭᠡ ᠴᠢᠬᠤᠯᠠ ᠶᠡᠭᠡ ᠣᠷᠣᠯᠳᠣᠭ᠋ᠠᠨ᠎ᠤ ᠶᠠᠪᠤᠳᠠᠯ᠎ᠢ ᠠᠮᠵᠢᠯᠲᠠ᠎ᠲᠠᠢ ᠡᠷᠬᠢᠯᠡᠨ ᠂ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠮᠠᠨ᠎ᠤ ᠣᠷᠣᠨ᠎ᠤ ᠲᠠᠮᠢᠷᠴᠢᠨ 1 ᠠᠯᠲᠠᠨ ᠮᠧᠳᠠᠯ 1 ᠮᠥᠩᠭᠦᠨ ᠮᠧᠳᠠᠯ᠎ᠤᠨ ᠲᠡᠦᠬᠡᠨ ᠳᠡᠭᠡᠷᠡᠬᠢ ᠬᠠᠮᠤᠭ᠎ᠤᠨ ᠰᠠᠶ᠋ᠢᠨ ᠬᠢᠷᠢ ᠪᠦᠲᠦᠮᠵᠢ ᠣᠯᠪᠠ ᠃ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠎ᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠠᠴᠠ ᠪᠦᠬᠦ ᠲᠠᠯ᠎ᠠ ᠵᠢᠨ ᠬᠠᠮᠲᠤᠷᠠᠯᠴᠠᠭ᠎ᠠ ᠲᠡᠶ᠋ᠢᠰᠢ ᠥᠷᠭᠡᠳᠴᠦ ᠂ ᠪᠡᠭᠡᠵᠢᠩ᠎ᠤᠨ ᠠᠵᠤ ᠠᠬᠤᠶ᠋ᠢᠯᠠᠯ ᠰᠠᠭᠤᠷᠢᠰᠢᠵᠤ ᠪᠡᠯᠡ ᠣᠷᠣᠭᠤᠯᠤᠭᠰᠠᠨ ᠲᠤᠭ᠎ᠠ 175 ᠳ᠋ᠦᠩᠰᠢᠭᠤᠷ ᠲᠥᠭᠦᠷᠢᠭ᠎ᠲᠤ ᠬᠦᠷᠴᠦ ᠂ ᠲᠠᠷᠢᠶᠠᠯᠠᠬᠤ ᠮᠠᠯᠵᠢᠬᠤ ᠣᠷᠣᠨ᠎ᠤ 7 ᠲᠦᠮᠡ ᠭᠠᠷᠤᠢ ᠬᠦᠳᠡᠯᠮᠦᠷᠢ ᠬᠦᠴᠦᠨ᠎ᠤ ᠠᠵᠢᠯ ᠣᠯᠭᠤᠯᠲᠠ ᠵᠢ ᠳᠠᠶ᠋ᠢᠴᠢᠯᠠᠨ ᠂ ᠪᠡᠭᠡᠵᠢᠩ᠎ᠤᠨ 1000 ᠭᠠᠷᠤᠢ ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ᠎ᠤ ᠣᠷᠣᠨ᠎ᠳᠤ ᠦᠢ᠍ᠯᠡᠴᠢᠯᠡᠭᠡ ᠥᠷᠨᠢᠭᠦᠯᠵᠦ ᠂ ᠮᠠᠨ᠎ᠤ ᠣᠷᠣᠨ᠎ᠤ 308 ᠳ᠋ᠦᠩᠰᠢᠭᠤᠷ ᠲᠥᠭᠦᠷᠢᠭ᠎ᠤᠨ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠡᠶ᠋ᠢᠰᠯᠡᠯ᠎ᠳᠤ ᠣᠷᠣᠭᠤᠯᠵᠤ ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ᠎ᠤᠨ ᠶᠡᠭᠡ ᠳᠡᠭᠡᠳᠦ ᠰᠤᠷᠭ᠋ᠠᠭᠤᠯᠢ ᠵᠢᠨ ᠬᠤᠯᠪᠣᠭ᠎ᠠ ᠪᠠᠶ᠋ᠢᠭᠤᠯᠤᠭᠳᠠᠨ ᠠᠵᠢᠯᠯᠠᠵᠤ ᠡᠬᠢᠯᠡᠪᠡ ᠃
ᠨᠢᠭᠡ ᠵᠢᠯ᠎ᠤᠨ ᠲᠤᠷᠰᠢ᠂ ᠪᠢᠳᠡ ᠰᠢᠨ᠎ᠡ ᠴᠠᠭ ᠦᠶ᠎ᠡ ᠵᠢᠨ ᠠᠵᠢᠯ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠵᠢ ᠴᠢᠩᠭ᠎ᠠ ᠳᠠᠭ᠋ᠠᠵᠦ᠂ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ ᠵᠢ ᠲᠠᠰᠣᠷᠠᠯᠲᠠ ᠦᠭᠡᠢ ᠴᠢᠩᠭ᠋ᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠨ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠵᠢ ᠵᠠᠰᠠᠭ᠎ᠤᠨ ᠣᠷᠳᠣᠨ᠎ᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ᠎ᠪᠠᠨ ᠤᠬᠠᠮᠰᠠᠷ᠎ᠠᠴᠠ᠎ᠪᠠᠨ ᠰᠢ᠎ᠵᠢᠨ᠎ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ᠎ᠯᠤᠭ᠎ᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠯᠭ᠋ᠠᠪᠠ᠃ ᠣᠯᠠᠨ ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭ᠋ᠠᠷᠠᠭᠰᠠᠨ ᠪᠠᠶ᠋ᠢᠳᠠᠯ ᠳᠣᠣᠷ᠎ᠠ᠂ ᠡᠯ᠎ᠡ ᠱᠠᠲᠤᠨ᠎ᠤ ᠵᠠᠰᠠᠭ᠎ᠤᠨ ᠣᠷᠳᠣᠨ ᠢᠮᠠᠭᠲᠠ ᠨᠠᠮ᠎ᠤᠨ ᠬᠤᠷᠢᠶᠠᠨ᠎ᠤ ᠳᠠᠭ᠋ᠠᠭᠤᠯᠭ᠎ᠠ᠎ᠳᠤ ᠴᠢᠩᠭ᠎ᠠ ᠲᠦᠰᠢᠭᠯᠡᠵᠦ᠂ ᠬᠥᠭᠵᠢᠯᠲᠡ ᠵᠢᠨ ᠢᠲᠡᠭᠡᠯ ᠵᠣᠷᠢᠭ ᠵᠶ᠋ᠠᠨ ᠪᠠᠲᠤᠳᠬᠠᠨ᠂ ᠠᠵᠢᠯ ᠬᠢᠵᠦ ᠦᠢ᠍ᠯᠡᠰ ᠴᠣᠭᠴᠠᠯᠠᠬᠤ ᠡᠷᠴᠢ ᠵᠣᠷᠢᠭ ᠵᠶ᠋ᠠᠨ ᠬᠥᠪᠴᠢᠯᠡᠨ᠂ ᠪᠦᠬᠦ ᠵᠢᠯ᠎ᠤᠨ ᠬᠠᠷᠠᠯᠲᠠ ᠵᠢ ᠴᠢᠩᠭ᠎ᠠ ᠠᠩᠬᠠᠷᠴᠤ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠵᠣᠷᠢᠭᠲᠠᠢ ᠤᠷᠤᠭᠰᠢᠯᠠᠨ ᠳᠠᠪᠰᠢᠪᠠ᠃ ᠡᠯ᠎ᠡ ᠲᠠᠯ᠎ᠠ ᠵᠢᠨ᠎ᠬᠢᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ 18 ᠬᠤᠪᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠬᠤ᠎ᠪᠠᠷ ᠳᠡᠪᠰᠢᠭᠦᠯᠵᠦ᠂ 12 ᠬᠤᠪᠢ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠲᠣᠭᠲᠠᠭ᠋ᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ ᠤᠨ 680 ᠬᠤᠪᠢ ᠰᠠᠨᠠᠭᠤᠯᠭ᠎ᠠ᠂ ᠤᠯᠤᠰ ᠲᠦᠷᠦ ᠵᠢᠨ ᠵᠥᠪᠯᠡᠯᠭᠡᠨ᠎ᠤ 895 ᠬᠤᠪᠢ ᠰᠠᠨᠠᠯ ᠳᠤᠷᠠᠳᠤᠯᠭ᠎ᠠ ᠵᠢ ᠴᠠᠭ᠎ᠲᠤ᠎ᠪᠠᠨ ᠭᠦᠢ᠍ᠴᠡᠳᠬᠡᠨ ᠬᠠᠷᠢᠭᠤ ᠥᠭᠪᠡ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠦᠨ ᠂ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ 》 ᠰᠤᠷᠲᠠᠯ᠎ᠤᠨ ᠠᠰᠠᠭᠤᠳᠠᠯ᠎ᠢ ᠦᠷᠭᠦᠯᠵᠢᠯᠡᠨ ᠵᠠᠯᠠᠷᠠᠭᠤᠯᠵᠤ ᠵᠠᠰᠠᠪᠠ ᠃
ᠲᠥᠯᠥᠭᠡᠯᠡᠭᠴᠢᠳ ᠠ᠋ ! ᠥᠩᠭᠡᠷᠡᠭᠰᠡᠨ ᠨᠢᠭᠡ ᠵᠢᠯ᠎ᠢ ᠡᠷᠭᠢᠴᠡᠭᠦᠯᠪᠡᠯ ᠂ ᠲᠤᠯᠭ᠋ᠠᠷᠠᠭᠰᠠᠨ ᠠᠰᠠᠭᠤᠳᠠᠯ ᠬᠡᠳᠦᠶ᠋ᠢᠪᠡᠷ ᠵᠢᠯ᠎ᠤᠨ ᠡᠬᠢᠨ᠎ᠳᠤ ᠲᠥᠰᠥᠭᠡᠯᠡᠭᠰᠡᠨ᠎ᠠᠴᠠ ᠣᠯᠠᠨ ᠂ ᠥᠷᠢᠰᠦᠯᠳᠦᠭᠡᠨ᠎ᠨᠢ ᠴᠦ᠍ ᠲᠥᠰᠥᠭᠡᠯᠡᠭᠰᠡᠨ᠎ᠠᠴᠠ ᠶᠡᠭᠡ ᠂ ᠣᠨᠴᠠᠭ᠋ᠠᠶ᠋ᠢᠯᠠᠨ ᠳᠣᠣᠷ᠎ᠠ ᠬᠠᠭ᠋ᠠᠰ ᠵᠢᠯ᠎ᠳᠤ ᠵᠠᠬ᠎ᠠ ᠳᠡᠯᠭᠡᠭᠦᠷ᠎ᠤᠨ ᠪᠠᠶ᠋ᠢᠳᠠᠯ ᠵᠢᠱ᠌ᠢᠭᠰᠡᠨ ᠬᠡᠮᠵᠢᠶᠡᠨ ᠳᠤ ᠬᠦᠷᠦᠭᠰᠡᠨ ᠦᠭᠡᠢ ᠂ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠢᠮᠳᠠᠷᠠᠵᠤ ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠦᠢ᠍ᠯᠡᠰ ᠪᠠᠭᠤᠷᠠᠯᠲᠠ᠎ᠲᠠᠢ ᠪᠠᠶ᠋ᠢᠬᠤ ᠵᠡᠷᠭᠡ ᠳᠠᠷᠤᠭ᠋ᠠᠰᠤ ᠬᠦᠨᠳᠦᠷᠡᠭᠰᠡᠨ ᠪᠠᠶ᠋ᠢᠳᠠᠯ ᠳᠣᠣᠷ᠎ᠠ ᠂ ᠪᠦᠬᠦ ᠵᠢᠯ᠎ᠤᠨ ᠬᠥᠭᠵᠢᠯᠲᠡ ᠮᠥᠨ ᠴᠤ᠌ ᠲᠣᠭᠲᠠᠭᠤᠨ ᠪᠠᠶ᠋ᠢᠬᠤ ᠵᠢᠨ ᠳᠠᠭ᠋ᠠᠤ ᠤᠷᠤᠭᠰᠢᠯᠠᠨ ᠂ ᠥᠭᠡᠳᠡᠯᠡᠨ ᠳᠠᠪᠰᠢᠬᠤ᠎ᠪᠠᠨ ᠪᠡᠶᠡᠯᠡᠭᠦᠯᠪᠡ ᠃ ᠡᠶ᠋ᠢᠮᠦᠷᠬᠦᠦ ᠠᠮᠵᠢᠯᠲᠠ ᠪᠦᠲᠦᠮᠵᠢ ᠣᠯᠣᠭᠰᠠᠨ᠎ᠤ ᠤᠭ ᠦᠨᠳᠦᠰᠦ᠎ᠨᠢ ᠶᠡᠷᠦᠩᠬᠡᠢ ᠱᠦᠵᠢ ᠰᠢ᠎ᠵᠢᠨ᠎ᠫᠢᠩ᠎ᠤᠨ ᠵᠠᠯᠠᠭᠤᠷ ᠠᠳᠬᠤᠨ ᠵᠠᠮᠴᠢᠯᠠᠭᠰᠠᠨ ᠂ ᠳᠣᠲᠣᠨᠣ ᠬᠠᠯᠠᠮᠵᠢᠯᠠᠭᠰᠠᠨ ᠪᠠ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠭᠰᠠᠨ᠎ᠳᠤ ᠪᠣᠢ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠣᠷᠣᠨ ᠳᠠᠶᠠᠭ᠋ᠠᠷ᠎ᠢ ᠤᠳᠤᠷᠢᠳᠤᠨ ᠳᠠᠭ᠋ᠠᠭᠤᠯᠵᠤ ᠰᠡᠳᠬᠢᠯ ᠨᠢᠭᠡᠳᠦᠭᠦᠯᠦᠨ ᠪᠦᠯᠬᠦᠮᠳᠡᠭᠦᠯᠵᠦ᠂ ᠬᠠᠲᠠᠭᠤ ᠪᠡᠷᠬᠡᠰᠢᠶᠡᠯ᠎ᠢ ᠲᠣᠭᠤᠯᠣᠨ ᠳᠠᠪᠠᠵᠤ ᠂ ᠡᠷᠡᠮᠡᠬᠡᠶ᠋ᠢᠯᠡᠨ ᠲᠡᠮᠡᠴᠡᠭᠰᠡᠨ᠎ᠳᠤ ᠪᠣᠢ ᠃ ᠡᠭᠦᠨ᠎ᠳᠤ ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠥᠪᠥᠷ ᠮᠣᠩᠭᠤᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ ᠂ ᠨᠠᠶ᠋ᠢᠵᠠ ᠨᠠᠷ᠎ᠲᠤ᠎ᠪᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ !
ᠪᠢᠳᠡ ᠠᠮᠵᠢᠯᠲᠠ ᠪᠦᠳᠣᠮᠵᠢ᠎ᠪᠠᠨ ᠭᠦᠢ᠍ᠴᠡᠳ ᠬᠡᠯᠡᠬᠦ ᠵᠢᠨ ᠬᠠᠮᠲᠤ᠂ ᠠᠰᠠᠭᠤᠳᠠᠯ ᠵᠶ᠋ᠠᠨ ᠴᠦ᠍ ᠲᠤᠭᠤᠷᠠᠲᠠᠯ᠎ᠠ ᠶᠠᠷᠢᠬᠤ ᠬᠡᠷᠡᠭᠲᠡᠢ᠃ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠮᠥᠨ ᠴᠦ᠍ ᠪᠠᠭ᠎ᠠ ᠪᠤᠰᠤ ᠳᠠᠷᠤᠯᠲᠠ ᠥᠷᠢᠰᠦᠯᠳᠦᠭᠡᠨ ᠲᠤᠯᠭ᠋ᠠᠷᠠᠵᠤ ᠪᠤᠢ᠃ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ᠎ᠠᠴᠠ ᠦᠵᠡᠪᠡᠯ ᠂ ᠮᠠᠨ᠎ᠤ ᠣᠷᠣᠨ᠎ᠤ ᠬᠡᠷᠡᠭᠯᠡᠭᠡ ᠪᠠᠭᠤᠷᠠᠢ ᠂ ᠭᠠᠳᠠᠭ᠋ᠠᠳᠤ ᠭᠠᠷᠭ᠋ᠠᠯᠲᠠ ᠴᠥᠭᠡᠨ ᠂ ᠠᠵᠤ ᠠᠬᠤᠢ ᠵᠢᠨ ᠨᠡᠮᠡᠭᠳᠡᠯ᠎ᠳᠠᠬᠢ ᠳᠠᠶ᠋ᠢᠴᠢᠯᠠᠬᠤ ᠬᠦᠴᠦᠨ ᠬᠢᠵᠠᠭ᠋ᠠᠷ᠎ᠲᠠᠢ ᠪᠠᠶ᠋ᠢᠵᠤ ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠣᠯᠲᠠ ᠨᠢᠭᠡᠨᠲᠡ 3 ᠵᠢᠯ ᠳᠠᠷᠠᠭ᠋ᠠᠯᠠᠨ ᠥᠨᠳᠥᠷ ᠨᠡᠮᠡᠭᠳᠡᠯ᠎ᠲᠠᠢ ᠪᠠᠶ᠋ᠢᠬᠤ ᠵᠢ ᠪᠡᠶᠡᠯᠡᠭᠦᠯᠦᠭᠰᠡᠨ᠎ᠠᠴᠠ ᠦᠷᠭᠦᠯᠵᠢᠯᠡᠨ ᠥᠨᠳᠥᠷ ᠨᠡᠮᠡᠭᠳᠡᠯ᠎ᠤᠨ ᠬᠤᠷᠳᠤᠴᠠ ᠵᠢ ᠪᠠᠲᠤᠯᠠᠬᠤ᠎ᠳᠤ ᠪᠠᠭ᠎ᠠ ᠪᠤᠰᠤ ᠬᠦᠴᠢᠷᠳᠡᠯ ᠲᠤᠯᠭ᠋ᠠᠷᠠᠬᠤ ᠶᠤᠮ ᠃ ᠠᠵᠤ ᠦᠢ᠍ᠯᠡᠰ᠎ᠤᠨ ᠲᠠᠯ᠎ᠠ᠎ᠠᠴᠠ ᠦᠵᠡᠪᠡᠯ ᠂ ᠳᠡᠭᠡᠳᠦ ᠲᠡᠰᠵᠢᠬᠦᠯᠬᠦ ᠂ ᠣᠶᠤᠨᠴᠢᠯᠠᠬᠤ᠂ ᠪᠣᠬᠢᠷᠳᠤᠯ ᠦᠭᠡᠢ ᠪᠣᠯᠭ᠋ᠠᠬᠤ ᠲᠠᠯ᠎ᠠ᠎ᠪᠠᠷ ᠪᠠᠰᠠ ᠬᠦᠷᠦᠯᠴᠡᠬᠦ ᠦᠭᠡᠢ ᠪᠠᠶ᠋ᠢᠵᠤ ᠂ ᠠᠵᠤ ᠦᠢ᠍ᠯᠡᠳᠪᠦᠷᠢ ᠭᠡᠰᠡᠨ ᠦᠭᠡᠢ ᠲᠠᠷᠢᠶᠠᠯᠠᠩ ᠮᠠᠯ ᠠᠵᠤ ᠠᠬᠤᠢ ᠭᠡᠰᠡᠨ ᠦᠭᠡᠢ ᠦᠢ᠍ᠯᠡᠳᠬᠦᠨ᠎ᠨᠢ ᠭᠤᠣᠯᠳᠠᠭᠤ ᠠᠵᠤ ᠦᠢ᠍ᠯᠡᠰ᠎ᠤᠨ ᠬᠡᠯᠬᠢᠶᠡᠨ᠎ᠤ ᠳᠤᠮᠳᠠ ᠳᠡᠭᠡᠳᠦ ᠬᠡᠯᠬᠢᠶᠡᠨ᠎ᠳᠤ ᠲᠥᠪᠯᠡᠷᠡᠵᠦ ᠂ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠨᠡᠮᠡᠭᠳᠡᠯ ᠬᠤᠷᠳᠤᠨ ᠪᠣᠯᠪᠠᠴᠣ ᠡᠵᠡᠯᠡᠬᠦ ᠬᠤᠪᠢ ᠵᠢᠨ ᠵᠢᠩ ᠪᠠᠭ᠎ᠠ ᠪᠠᠶ᠋ᠢᠪᠠ ᠃ ᠬᠦᠴᠦᠨ ᠵᠦᠢ᠍ᠯ᠎ᠤᠨ ᠪᠠᠲᠤᠯᠠᠭ᠎ᠠ ᠵᠢᠨ ᠲᠠᠯ᠎ᠠ᠎ᠠᠴᠠ ᠦᠵᠡᠪᠡᠯ ᠂ ᠮᠠᠨ᠎ᠤ ᠣᠷᠣᠨ᠎ᠤ ᠠᠮᠢ ᠠᠬᠤᠢ ᠬᠡᠪᠡᠷᠡᠭ ᠂ ᠣᠷᠴᠢᠨ ᠲᠣᠭᠤᠷᠢᠨ᠎ᠤ ᠳᠠᠭ᠋ᠠᠭ᠋ᠠᠴᠠ ᠬᠢᠵᠠᠭ᠋ᠠᠷ᠎ᠲᠠᠢ ᠂ ᠤᠰᠤ ᠂ ᠭᠠᠵᠠᠷ ᠰᠢᠷᠣᠢ ᠂ ᠡᠨᠧᠷᠬᠢ ᠵᠢᠨ ᠬᠤᠷᠣᠭᠳᠠᠯ ᠵᠡᠷᠭᠡ ᠡᠬᠢ ᠪᠠᠶᠠᠯᠢᠭ᠎ᠤᠨ ᠬᠦᠴᠦᠨ ᠵᠦᠢ᠍ᠯ᠎ᠢ ᠠᠷᠪᠢᠯᠠᠨ ᠠᠰᠢᠭᠯᠠᠬᠤ ᠲᠦᠪᠰᠢᠨ ᠪᠠᠰᠠ ᠥᠨᠳᠥᠷ ᠪᠤᠰᠤ ᠪᠠᠶ᠋ᠢᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠠᠴᠠ ᠦᠵᠡᠪᠡᠯ ᠂ ᠳᠡᠭᠡᠳᠦ ᠳᠡᠰ᠎ᠤᠨ ᠴᠢᠳᠠᠪᠤᠷᠢᠲᠠᠨ ᠲᠤᠲᠠᠭᠳᠠᠵᠤ ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠬᠦᠷᠦᠯᠴᠡᠬᠦ ᠦᠭᠡᠢ ᠂ ᠦᠢ᠍ᠯᠡᠳᠬᠦᠨ᠎ᠤ ᠭᠤᠣᠯᠯᠠᠬᠤ ᠥᠷᠢᠰᠦᠯᠳᠦᠬᠦ ᠬᠦᠴᠦᠨ ᠳᠤᠲᠠᠮᠠᠭ ᠂ ᠵᠠᠬ᠎ᠠ ᠳᠡᠯᠭᠡᠭᠦᠷ᠎ᠤᠨ ᠬᠤᠪᠢᠷᠠᠯᠲᠠ ᠵᠢ ᠠᠷᠭ᠋ᠠᠴᠠᠭ᠋ᠠᠬᠤ ᠴᠢᠳᠠᠪᠤᠷᠢ ᠰᠤᠯᠠᠪᠲᠤᠷ ᠪᠠᠶ᠋ᠢᠨ᠎ᠠ ᠃ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ ᠵᠢᠨ ᠲᠠᠯ᠎ᠠ᠎ᠠᠴᠠ ᠦᠵᠡᠪᠡᠯ᠂ ᠬᠥᠭᠵᠢᠯᠲᠡ ᠲᠡᠩᠴᠡᠭᠦᠷᠢ ᠦᠭᠡᠢ ᠠᠰᠠᠭᠤᠳᠠᠯ ᠲᠣᠪᠣᠶ᠋ᠢᠮ᠎ᠠ ᠪᠠᠶ᠋ᠢᠵᠤ᠂ ᠬᠡᠳᠦᠶ᠋ᠢᠪᠡᠷ ᠪᠦᠬᠦ ᠤᠯᠤᠰ᠎ᠤᠨ ᠵᠠᠭᠤᠨ ᠬᠦᠴᠦᠷᠬᠡᠭ ᠰᠢᠶᠠᠨ᠎ᠤ ᠳᠣᠲᠣᠷ᠎ᠠ ᠮᠠᠨ᠎ᠤ ᠣᠷᠣᠨ᠎ᠠᠴᠠ 4 ᠪᠠᠶ᠋ᠢᠬᠤ ᠪᠣᠯᠪᠠᠴᠣ ᠂ ᠪᠠᠰᠠ 34 ᠬᠤᠰᠢᠭᠤ ᠰᠢᠶᠠᠨ᠎ᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠠᠭᠤᠨ ᠳ᠋ᠦᠩᠰᠢᠭᠤᠷ ᠲᠥᠭᠦᠷᠢᠭ᠎ᠲᠤ ᠬᠦᠷᠬᠦ ᠦᠭᠡᠢ ᠪᠠᠶ᠋ᠢᠭᠰᠠᠭ᠋ᠠᠷ ᠶᠤᠮ ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠠᠯ᠎ᠠ᠎ᠠᠴᠠ ᠦᠵᠡᠪᠡᠯ ᠂ ᠡᠨᠡ ᠵᠢᠯ ᠮᠠᠨ᠎ᠤ ᠣᠷᠣᠨ᠎ᠤ ᠶᠡᠭᠡ ᠰᠤᠷᠭ᠋ᠠᠭᠤᠯᠢ ᠲᠡᠭᠦᠰᠦᠭᠰᠡᠨ ᠣᠶᠤᠲᠠᠳ 17 ᠲᠦᠮᠡ ᠪᠠᠶ᠋ᠢᠵᠤ ᠂ ᠣᠯᠠᠨ ᠲᠦᠮᠡᠨ᠎ᠳᠤ ᠠᠵᠢᠯ ᠣᠯᠭᠤᠵᠤ ᠣᠷᠣᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠬᠤ ᠳᠠᠷᠤᠭ᠋ᠠᠰᠤ ᠤᠯᠠᠮ ᠨᠢᠭᠡ ᠠᠯᠬᠤᠮ ᠬᠦᠨᠳᠦᠷᠡᠵᠦ ᠂ ᠰᠤᠷᠭ᠋ᠠᠨ ᠬᠥᠮᠦᠵᠢᠯ ᠂ ᠡᠮᠴᠢᠯᠡᠭᠡ ᠂ ᠨᠠᠰᠤᠵᠢᠯ᠎ᠤᠨ ᠠᠰᠠᠷᠠᠮᠵᠢ ᠂ ᠨᠠᠶ᠋ᠢᠳᠠᠵᠤ ᠰᠠᠭ᠋ᠠᠲᠠᠭᠤᠯᠬᠤ ᠂ ᠣᠷᠣᠨ ᠰᠠᠭᠤᠴᠠ ᠂ ᠠᠮᠢ ᠠᠬᠤᠢ ᠣᠷᠴᠢᠨ ᠲᠣᠭᠤᠷᠢᠨ᠎ᠤ ᠲᠠᠯ᠎ᠠ᠎ᠪᠠᠷ ᠣᠯᠠᠨ ᠲᠦᠮᠡᠨ ᠪᠠᠰᠠ ᠮᠠᠰᠢ ᠣᠯᠠᠨ ᠬᠦᠰᠡᠯ ᠡᠷᠡᠮᠡᠯᠵᠡᠯ᠎ᠲᠠᠢ ᠶᠤᠮ ᠃ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢᠨ ᠲᠠᠯ᠎ᠠ᠎ᠠᠴᠠ ᠦᠵᠡᠪᠡᠯ ᠂ ᠨᠢᠭᠡ ᠪᠦᠯᠦᠭ ᠥᠭᠡᠷᠡᠴᠢᠯᠡᠯᠲᠡ ᠬᠥᠭᠵᠢᠯᠲᠡ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ᠎ᠨᠢ ᠲᠤᠭᠤᠰᠢᠲᠠᠢ ᠪᠢᠰᠢ ᠂ ᠵᠠᠷᠢᠮ ᠺᠠᠳ᠋ᠷ᠎ᠤᠨ ᠰᠤᠷᠲᠠᠯ ᠮᠥᠨ ᠯᠠ 《ᠤᠳᠠᠭ᠋ᠠᠨ ᠪᠦᠳᠦᠭᠦᠯᠢᠭ ᠬᠡᠶ᠋ᠢᠰᠪᠦᠷᠢ 》 ᠪᠠᠶ᠋ᠢᠵᠤ ᠂ ᠬᠦᠴᠢᠷ ᠪᠡᠷᠬᠡᠰᠢᠶᠡᠯ ᠥᠷᠢᠰᠦᠯᠳᠦᠭᠡᠨ ᠲᠤᠯᠭ᠋ᠠᠷᠠᠬᠤ᠎ᠳᠤ ᠢᠲᠡᠭᠡᠯ ᠵᠣᠷᠢᠭ ᠲᠡᠭᠦᠯᠳᠡᠷ ᠪᠤᠰᠤ ᠂ ᠢᠳᠡ ᠬᠦᠴᠦᠨ ᠮᠡᠬᠦᠰᠳᠡᠵᠦ ᠪᠠᠶ᠋ᠢᠨ᠎ᠠ ᠃ ᠡᠳᠡᠭᠡᠷ ᠠᠰᠠᠭᠤᠳᠠᠯ᠎ᠢ ᠡᠷᠬᠡᠪᠰᠢ ᠬᠢᠨᠠᠮᠠᠭ᠋ᠠᠢ ᠰᠤᠳᠤᠯᠵᠤ ᠰᠢᠢ᠍ᠳᠪᠦᠷᠢᠯᠡᠬᠦ ᠬᠡᠷᠡᠭᠲᠡᠢ ᠃
ᠬᠤᠶᠠᠷ᠂ 2025 ᠣᠨ᠎ᠤ ᠠᠵᠢᠯ᠎ᠤᠨ ᠲᠣᠬᠢᠷᠠᠭᠤᠯᠤᠯᠲᠠ
ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠬᠦᠯ ᠬᠤᠷᠢᠶᠠᠬᠤ ᠵᠢᠯ ᠪᠣᠯᠬᠤ ᠮᠥᠷᠲᠡᠭᠡᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠪᠠᠶ᠋ᠢᠷᠢᠯᠠᠭᠤᠯᠬᠤ ᠵᠢᠯ ᠪᠣᠯᠣᠨ᠎ᠠ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠢ ᠬᠤᠷᠠᠯᠳᠤᠭᠤᠯᠤᠨ᠂ ᠪᠦᠭᠦ ᠵᠢᠯ᠎ᠤᠨ ᠠᠵᠢᠯ᠎ᠳᠤ ᠪᠠᠶ᠋ᠢᠷᠢᠯᠠᠭᠤᠯᠤᠯᠲᠠ ᠬᠢᠪᠡ᠃ ᠡᠨᠡ ᠵᠢᠯ᠎ᠤᠨ ᠠᠵᠢᠯ᠎ᠢ ᠰᠠᠶ᠋ᠢᠲᠤᠷ ᠬᠢᠬᠦ᠎ᠳᠤ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠦ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠭᠦᠳᠡ ᠬᠤᠷᠠᠯ᠂ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠵᠦ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠂ ᠰᠢᠷᠭ᠋ᠠᠭᠤ ᠬᠠᠲᠠᠭᠤᠵᠢᠯᠲᠠᠢ ᠠᠵᠢᠯᠯᠠᠬᠤ ᠵᠢ ᠪᠠᠷᠢᠮᠲᠠᠯᠠᠨ ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠯᠡᠵᠦ ᠂ 《ᠨᠢᠭᠡ ᠭᠤᠣᠯ ᠰᠢᠵᠢᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ 》 ᠲᠠᠯ᠎ᠠ᠎ᠪᠠᠷ ᠨᠡᠩ ᠶᠡᠭᠡ ᠠᠬᠢᠯᠲᠠ᠎ᠲᠠᠢ ᠪᠣᠯᠭ᠋ᠠᠬᠤ᠎ᠪᠠᠷ ᠴᠢᠷᠮᠠᠶ᠋ᠢᠨ ᠂ ᠳᠤᠮᠳᠠᠳᠦ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠲᠠᠰᠦᠷᠠᠯᠲᠠ ᠦᠭᠡᠢ ᠪᠢᠴᠢᠭᠯᠡᠨ᠎ᠡ᠃
ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 6% ᠣᠷᠴᠢᠮ ᠨᠡᠮᠡᠭᠳᠡᠭᠦᠯᠦᠨ᠎ᠡ ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠢ 7% ᠣᠷᠴᠢᠮ ᠨᠡᠮᠡᠭᠳᠡᠭᠦᠯᠦᠨ᠎ᠡ ; ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢ 10% ᠣᠷᠴᠢᠮ ᠨᠡᠮᠡᠭᠳᠡᠭᠦᠯᠦᠨ᠎ᠡ ; ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠤᠯᠭ᠎ᠠ ᠵᠢ ᠠᠳᠠᠯᠢ ᠪᠠᠷᠢᠮᠵᠢᠶ᠎ᠠ᠎ᠪᠠᠷ 4%᠎ᠠᠴᠠ ᠳᠡᠭᠡᠭᠰᠢ ᠨᠡᠮᠡᠭᠳᠡᠭᠦᠯᠦᠨ᠎ᠡ ; ᠬᠤᠲᠠ ᠪᠠᠯᠭ᠋ᠠᠰᠤᠨ᠎ᠤ 18 ᠲᠦᠮᠡ᠎ᠠᠴᠠ ᠳᠡᠭᠡᠭᠰᠢᠬᠢ ᠬᠥᠮᠥᠨ᠎ᠳᠤ ᠰᠢᠨ᠎ᠡ᠎ᠪᠠᠷ ᠠᠵᠢᠯ ᠣᠯᠭᠤᠵᠤ ᠂ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠨ ᠨᠣᠷᠮ᠎ᠠ ᠵᠢ 5.5% ᠣᠷᠴᠢᠮ ᠪᠠᠶ᠋ᠢᠯᠭ᠋ᠠᠨ᠎ᠠ ; ᠰᠠᠭᠤᠭ᠋ᠠᠯᠢ ᠠᠷᠠᠳ᠎ᠤᠨ ᠣᠷᠤᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠶ᠋ᠢᠯᠭ᠋ᠠᠨ᠎ᠠ ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠵᠢᠨ ᠥᠰᠦᠯᠲᠡ ᠵᠢᠨ ᠬᠡᠮᠵᠢᠶ᠎ᠡ ᠵᠢ 2% ᠣᠷᠴᠢᠮ ᠪᠠᠶ᠋ᠢᠯᠭ᠋ᠠᠨ᠎ᠠ ; ᠤᠯᠤᠰ᠎ᠠᠴᠠ ᠪᠠᠭᠤᠯᠭ᠋ᠠᠭᠰᠠᠨ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠳᠠᠬᠢ ᠡᠨᠧᠷᠭᠢ ᠵᠢᠨ ᠬᠤᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ ᠃ ᠡᠨᠡ ᠵᠢᠯ᠎ᠤᠨ ᠬᠠᠷᠠᠯᠲᠠ ᠵᠢ ᠪᠡᠶᠡᠯᠡᠭᠦᠯᠬᠦ᠎ᠳᠤ ᠂ ᠪᠢᠳᠡ ᠨᠥᠬᠦᠴᠡᠯ᠎ᠲᠠᠢ᠂ ᠰᠠᠭᠤᠷᠢ᠎ᠲᠠᠢ᠂ ᠶᠠᠷᠢᠶᠠᠨ ᠦᠭᠡᠢ ᠪᠠᠰᠠ ᠳᠠᠷᠤᠭ᠋ᠠᠰᠤ᠎ᠲᠠᠢ ᠂ ᠥᠷᠢᠰᠦᠯᠳᠦᠭᠡᠨ᠎ᠲᠠᠢ ᠶᠤᠮ ᠂ ᠵᠠᠩᠭᠢᠯᠠᠭ᠎ᠠ᠎ᠨᠢ ᠬᠥᠭᠵᠢᠯᠲᠡ ᠵᠢᠨ ᠢᠲᠡᠭᠡᠯ ᠵᠣᠷᠢᠭ ᠵᠶ᠋ᠠᠨ ᠪᠠᠲᠤ ᠰᠠᠬᠢᠵᠤ ᠴᠢᠳᠠᠬᠤ ᠡᠰᠡᠬᠦ ᠂ ᠠᠵᠢᠯ ᠬᠢᠵᠦ ᠦᠢ᠍ᠯᠡᠰ ᠴᠣᠭᠴᠠᠯᠠᠬᠤ ᠡᠷᠴᠢ ᠵᠣᠷᠢᠭ ᠵᠶ᠋ᠠᠨ ᠰᠤᠯᠠᠷᠠᠭᠤᠯᠬᠤ ᠦᠭᠡᠢ ᠂ ᠬᠤᠶ᠋ᠢᠷᠭᠤᠰᠢᠬᠤ ᠦᠭᠡᠢ ᠪᠠᠶ᠋ᠢᠬᠤ ᠵᠢ ᠪᠠᠲᠤᠯᠠᠵᠤ ᠴᠢᠳᠠᠬᠤ ᠡᠰᠡᠬᠦ᠎ᠳᠤ ᠪᠠᠶ᠋ᠢᠬᠤ ᠶᠤᠮ ᠃ ᠪᠢᠳᠡ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠦᠯᠲᠡᠢ ᠪᠠᠶ᠋ᠢᠯᠭ᠋ᠠᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠲᠠᠢ ᠨᠢᠭᠡᠳᠦᠯᠲᠡᠢ ᠪᠠᠶ᠋ᠢᠯᠭ᠋ᠠᠵᠤ ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ᠎ᠳᠤ ᠣᠯᠭᠤᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ 《ᠲᠠᠪᠤᠨ ᠶᠡᠭᠡ ᠡᠭᠦᠷᠭᠡ 》 ᠵᠢᠨ ᠲᠣᠭᠤᠷᠢᠨ᠎ᠳᠤ ᠴᠢᠩᠭ᠎ᠠ ᠤᠶᠠᠯᠳᠤᠵᠤ᠂ ᠵᠢᠷᠤᠭ ᠲᠥᠰᠥᠪ ᠵᠶ᠋ᠠᠨ ᠡᠴᠦᠰ᠎ᠲᠤᠨᠢ ᠲᠤᠯᠲᠠᠯ᠎ᠠ ᠵᠢᠷᠤᠭᠯᠠᠨ᠂ 《ᠵᠢᠷᠭᠤᠭ᠋ᠠᠨ ᠢᠨᠵᠧᠨᠧᠷᠢᠩ》᠎ᠢ ᠦᠷᠬᠦᠯᠵᠢᠯᠡᠨ ᠬᠡᠷᠡᠭᠵᠢᠭᠦᠯᠵᠦ ᠂ 《ᠵᠢᠷᠭᠤᠭ᠋ᠠᠨ ᠠᠵᠢᠯᠯᠠᠭ᠋ᠠᠨ》᠎ᠢ ᠵᠣᠬᠢᠶᠠᠨ ᠪᠠᠶ᠋ᠢᠭᠤᠯᠤᠨ ᠥᠷᠨᠢᠭᠦᠯᠵᠦ ᠂ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ ᠃
ᠡᠨᠡ ᠵᠢᠯ ᠭᠤᠣᠯᠳᠠᠭᠤ ᠳᠠᠷᠠᠭ᠋ᠠᠬᠢ 11 ᠲᠠᠯ᠎ᠠ ᠵᠢᠨ ᠠᠵᠢᠯ᠎ᠢ ᠰᠠᠶ᠋ᠢᠲᠤᠷ ᠬᠢᠨ᠎ᠡ ᠃
(ᠨᠢᠭᠡ) ᠴᠢᠬᠤᠯᠠ ᠶᠡᠭᠡ ᠲᠦᠷᠦᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠋ᠠᠨ᠎ᠢ ᠬᠡᠷᠡᠭᠵᠢᠭᠦᠯᠵᠦ ᠂ ᠪᠡᠯᠡ ᠣᠷᠤᠭᠤᠯᠤᠯᠲᠠ ᠵᠢ ᠡᠷᠡᠰ ᠭᠤᠶ᠋ᠢᠪᠢᠰᠢ ᠦᠭᠡᠢ ᠠᠳᠬᠤᠨ᠎ᠠ ᠃ ᠡᠨᠡ ᠵᠢᠯ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢ 10% ᠣᠷᠴᠢᠮ ᠨᠡᠮᠡᠭᠳᠡᠭᠦᠯᠦᠨ᠎ᠡ ᠂ ᠡᠨᠡ ᠬᠦ᠌ ᠬᠠᠷᠠᠯᠲᠠ᠎ᠨᠢ ᠬᠦᠯᠢᠶᠡᠭᠡᠳ ᠪᠡᠶᠡᠯᠡᠭᠳᠡᠬᠦ ᠪᠢᠰᠢ ᠂ ᠡᠷᠬᠡᠪᠰᠢ ᠦᠨᠡᠨ ᠪᠣᠳᠠᠲᠠᠢ᠎ᠪᠠᠷ ᠲᠦᠷᠦᠯ ᠵᠦᠢ᠍ᠯ᠎ᠢ ᠰᠦᠪᠡᠭᠴᠢᠯᠡᠨ ᠂ ᠪᠡᠯᠡ ᠮᠥᠩᠭᠦ ᠣᠯᠵᠤ ᠂ ᠬᠤᠳᠠᠯᠳᠤᠭ᠋ᠠᠴᠢᠨ ᠤᠷᠢᠬᠤ ᠵᠢ ᠠᠳᠬᠤᠨ ᠂ ᠴᠢᠬᠤᠯᠠ ᠶᠡᠭᠡ ᠲᠦᠷᠦᠯ ᠵᠦᠢ᠍ᠯ᠎ᠢ ᠪᠦᠲᠦᠭᠡᠨ ᠪᠠᠶ᠋ᠢᠭᠤᠯᠬᠤ ᠡᠷᠴᠢᠮ ᠵᠶ᠋ᠠᠨ ᠰᠤᠯᠠᠷᠠᠭᠤᠯᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ ᠂ ᠪᠡᠯᠡ ᠣᠷᠤᠭᠤᠯᠤᠯᠲᠠ ᠵᠢᠨ ᠲᠠᠯ᠎ᠠ᠎ᠪᠠᠷ ᠲᠦᠮᠡᠨ ᠳ᠋ᠦᠩᠰᠢᠭᠤᠷ ᠲᠥᠭᠦᠷᠢᠭ᠎ᠤᠨ ᠶᠡᠭᠡ ᠪᠣᠭᠤᠮᠲᠠ ᠵᠢ ᠳᠠᠪᠠᠭ᠍ᠤ᠎ᠪᠠᠷ ᠬᠦᠴᠦᠯᠡᠨ ᠴᠢᠷᠮᠠᠶ᠋ᠢᠨ᠎ᠠ ᠃
ᠲᠦᠷᠦᠯ ᠵᠦᠢ᠍ᠯ ᠤᠷᠢᠵᠤ ᠲᠠᠲᠠᠬᠤ ᠵᠢ ᠤᠨᠤᠪᠴᠢᠲᠠᠢ ᠤᠬᠠᠭ᠋ᠠᠯᠠᠨ ᠲᠥᠯᠥᠪᠯᠡᠨ᠎ᠡ ᠃ ᠡᠨᠡ ᠵᠢᠯ ᠤᠯᠤᠰ᠎ᠤᠨ 《ᠬᠤᠶᠠᠷ ᠴᠢᠬᠤᠯᠠ》 ᠲᠦᠷᠦ ᠵᠢᠨ ᠪᠣᠳᠣᠯᠭ᠎ᠠ ᠵᠢᠨ ᠬᠦᠴᠦᠯᠡᠴᠡ ᠨᠡᠩ ᠶᠡᠭᠡ ᠪᠠᠶ᠋ᠢᠵᠤ ᠂ ᠵᠠᠩᠭᠢᠯᠠᠭ᠎ᠠ᠎ᠨᠢ ᠲᠦᠷᠦᠯ ᠵᠦᠢ᠍ᠯ᠎ᠢ ᠰᠠᠶ᠋ᠢᠲᠤᠷ ᠤᠬᠠᠭ᠋ᠠᠯᠠᠨ ᠲᠥᠯᠥᠪᠯᠡᠬᠦ᠎ᠳᠤ ᠪᠣᠢ ; 《ᠠᠷᠪᠠᠨ ᠲᠠᠪᠤᠳᠤᠭ᠋ᠠᠷ ᠲᠠᠪᠤᠨ ᠵᠢᠯ 》᠎ᠤᠨ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ᠂ ᠨᠡᠩ ᠣᠯᠠᠨ ᠲᠦᠷᠦᠯ ᠵᠦᠢ᠍ᠯ᠎ᠢ ᠤᠯᠤᠰ᠎ᠤᠨ ᠶᠡᠭᠡ ᠬᠡᠪᠴᠢᠶᠡᠵᠢᠯ᠎ᠳᠤ ᠣᠷᠣᠭᠤᠯᠵᠤ᠂ ᠲᠥᠪ᠎ᠤᠨ ᠲᠦᠷᠦ ᠵᠢᠨ ᠪᠣᠳᠣᠯᠭ᠎ᠠ ᠵᠢᠨ ᠠᠰᠢᠭ᠎ᠢ ᠬᠦᠷᠲᠡᠬᠦ᠎ᠪᠠᠷ ᠴᠢᠷᠮᠠᠶ᠋ᠢᠨ᠎ᠠ᠂ ᠡᠭᠦᠨ᠎ᠤ ᠵᠠᠩᠭᠢᠯᠠᠭ᠎ᠠ᠎ᠨᠢ ᠮᠥᠨ ᠴᠦ᠍ ᠲᠦᠷᠦᠯ ᠵᠦᠢ᠍ᠯ᠎ᠢ ᠰᠠᠶ᠋ᠢᠲᠤᠷ ᠤᠬᠠᠭ᠋ᠠᠯᠠᠨ ᠲᠥᠯᠥᠪᠯᠡᠬᠦ᠎ᠳᠤ ᠪᠣᠢ᠃ ᠰᠠᠭᠤᠷᠢ ᠪᠡᠯᠡᠳᠬᠡᠮᠵᠢ ᠵᠢᠨ ᠲᠦᠷᠦᠯ ᠵᠦᠢ᠍ᠯ᠎ᠤᠨ ᠲᠠᠯ᠎ᠠ᠎ᠪᠠᠷ᠂ ᠬᠥᠮᠥᠨ ᠠᠮᠠ ᠪᠠ ᠠᠵᠤ ᠠᠬᠤᠢ ᠵᠢᠨ ᠪᠠᠶ᠋ᠢᠷᠢᠰᠢᠭᠤᠯᠤᠯᠲᠠ ᠵᠢᠨ ᠲᠣᠭᠤᠷᠢᠨ᠎ᠳᠤ ᠂ ᠨᠢᠭᠡ ᠪᠦᠯᠦᠭ ᠠᠵᠤ ᠦᠢ᠍ᠯᠡᠰ᠎ᠤᠨ ᠵᠠᠮ ᠂ ᠵᠢᠭᠤᠯᠴᠢᠯᠠᠯ᠎ᠤᠨ ᠵᠠᠮ᠂ ᠬᠦᠷᠢᠶᠡᠯᠡᠩ ᠲᠣᠭᠤᠷᠢᠭ᠎ᠤᠨ ᠵᠠᠮ᠂ ᠠᠷᠠᠳ᠎ᠲᠤ ᠳᠦᠭᠦᠮ ᠦᠵᠡᠭᠦᠯᠬᠦ ᠵᠠᠮ᠎ᠢ ᠲᠥᠯᠥᠪᠵᠢᠭᠦᠯᠦᠨ ᠪᠦᠲᠦᠭᠡᠨ ᠪᠠᠶ᠋ᠢᠭᠤᠯᠵᠤ᠂ ᠲᠡᠮᠦᠷ ᠵᠠᠮ᠎ᠤᠨ ᠲᠣᠣᠷ᠂ ᠵᠠᠰᠠᠮᠠᠯ ᠵᠠᠮ᠎ᠤᠨ ᠲᠣᠣᠷ᠂ ᠠᠭ᠋ᠠᠷ ᠠᠶᠠᠯᠠᠯ᠎ᠤᠨ ᠲᠣᠣᠷ᠂ ᠤᠰᠤᠨ ᠠᠰᠢᠭᠯᠠᠯᠲᠠ ᠵᠢᠨ ᠲᠣᠣᠷ᠂ ᠴᠠᠬᠢᠯᠭ᠋ᠠᠨ ᠬᠦᠴᠦᠨ᠎ᠤ ᠲᠣᠣᠷ᠂ ᠴᠠᠬᠢᠯᠭ᠋ᠠᠨ ᠬᠤᠯᠪᠣᠭ᠋ᠠᠨ᠎ᠤ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠰᠠᠭᠤᠷᠢ ᠪᠡᠯᠡᠳᠬᠡᠮᠵᠢ ᠵᠢᠨ ᠪᠡᠯᠡ ᠣᠷᠤᠭᠤᠯᠤᠯᠲᠠ ᠵᠢ 3000 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ ᠵᠢ ᠦᠨᠡᠨ ᠬᠦ᠌ ᠪᠠᠲᠤᠯᠠᠨ᠎ᠠ᠃ ᠠᠵᠤ ᠦᠢ᠍ᠯᠡᠰ᠎ᠤᠨ ᠬᠥᠭᠵᠢᠯᠲᠡ ᠵᠢᠨ ᠲᠦᠷᠦᠯ ᠵᠦᠢ᠍ᠯ᠎ᠤᠨ ᠲᠠᠯ᠎ᠠ᠎ᠪᠠᠷ ᠂ ᠡᠯ᠎ᠡ ᠠᠶ᠋ᠢᠮᠠᠭ ᠬᠤᠲᠠ᠎ᠨᠢ ᠪᠦᠬᠦ ᠣᠷᠣᠨ᠎ᠤ ᠭᠤᠣᠯᠳᠠᠯᠭ᠎ᠠ ᠪᠣᠯᠬᠤ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢᠨ ᠲᠣᠭᠤᠷᠢᠨ᠎ᠳᠤ ᠬᠤᠳᠠᠯᠳᠤᠭ᠋ᠠᠴᠢᠨ ᠤᠷᠢᠬᠤ ᠲᠥᠰᠥᠯ᠎ᠢ ᠨᠢᠭᠡᠳ ᠨᠢᠭᠡ᠎ᠪᠠᠷ ᠲᠣᠭᠲᠠᠭ᠋ᠠᠵᠤ ᠂ ᠣᠷᠣᠭᠤᠯᠤᠨ ᠠᠪᠴᠢᠷᠠᠵᠤ ᠪᠣᠳᠠᠲᠠᠶ᠋ᠢᠵᠢᠭᠤᠯᠬᠤ ᠪᠡᠯᠡ ᠮᠥᠩᠭᠦ ᠵᠢ 5700 ᠳ᠋ᠦᠩᠰᠢᠭᠤᠷ ᠲᠥᠭᠦᠷᠢᠭ᠎ᠠᠴᠠ ᠳᠡᠭᠡᠭᠰᠢ᠎ᠳᠤ ᠬᠦᠷᠦᠭᠦᠯᠵᠦ ᠂ ᠠᠵᠤ ᠦᠢ᠍ᠯᠡᠳᠪᠦᠷᠢ ᠵᠢᠨ ᠪᠡᠯᠡ ᠣᠷᠤᠭᠤᠯᠤᠯᠲᠠ ᠵᠢ 4900 ᠳ᠋ᠦᠩᠰᠢᠭᠤᠷ ᠲᠥᠭᠦᠷᠢᠭ ᠣᠷᠴᠢᠮ᠎ᠳᠤ ᠬᠦᠷᠦᠭᠦᠯᠦᠨ ᠂ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠬᠦᠴᠦᠯᠡᠨ ᠴᠢᠷᠮᠠᠶ᠋ᠢᠨ᠎ᠠ ᠃
ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠨ᠎ᠡ ᠃ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠢ ᠪᠠᠶ᠋ᠢᠭᠤᠯᠵᠤ ᠳᠠᠭᠤᠰᠬᠠᠨ ᠂ ᠲᠠᠶ᠋ᠢᠽᠢ᠎ᠠᠴᠠ ᠰᠢᠯᠢ ᠵᠢᠨ ᠬᠤᠲᠠ ᠬᠦᠷᠬᠦ ᠲᠡᠮᠦᠷ ᠵᠠᠮ᠎ᠢ ᠲᠦᠷᠭᠡᠳᠬᠡᠨ ᠪᠠᠶ᠋ᠢᠭᠤᠯᠵᠤ ᠂ ᠯᠢᠨ ᠾᠧ᠎ᠠᠴᠠ ᠬᠠᠮᠢ ᠬᠦᠷᠬᠦ ᠱᠤᠭᠤᠮ ᠂ ᠵᠢᠨᠢᠩ᠎ᠠᠴᠠ ᠡᠷᠢᠶᠡᠨ ᠬᠦᠷᠬᠦ ᠱᠤᠭᠤᠮ᠎ᠤᠨ ᠴᠢᠳᠠᠮᠵᠢ ᠵᠢ ᠥᠷᠭᠡᠳᠬᠡᠨ ᠥᠭᠡᠷᠡᠴᠢᠯᠡᠵᠦ ᠰᠢᠨᠡᠳᠬᠡᠨ ᠂ ᠪᠤᠭᠤᠲᠤ ᠣᠷᠳᠣᠰ ᠲᠡᠮᠡᠭᠡᠲᠦ ᠵᠢᠨ ᠲᠦᠷᠭᠡᠨ᠎ᠤ ᠲᠡᠮᠦᠷ ᠵᠠᠮ᠎ᠢ ᠠᠵᠢᠯ ᠡᠬᠢᠯᠡᠭᠦᠯᠬᠦ᠎ᠪᠠᠷ ᠴᠢᠷᠮᠠᠶ᠋ᠢᠨ᠎ᠠ ; S22 ᠪᠠᠶᠠᠨᠴᠠᠭ᠋ᠠᠨ᠎ᠠᠴᠠ ᠶᠦᠩ᠎ᠲᠠᠢ ᠬᠦᠩ ᠬᠦᠷᠬᠦ ᠬᠡᠰᠡᠭ ᠂ S29 ᠬᠦᠬᠡᠬᠤᠲᠠ᠎ᠠᠴᠠ ᠯᠢᠶᠡᠩᠴᠧᠩ ᠬᠦᠷᠬᠦ ᠲᠦᠷᠭᠡᠨ᠎ᠤ ᠵᠠᠮ᠎ᠢ ᠪᠠᠶ᠋ᠢᠭᠤᠯᠵᠤ ᠳᠠᠭᠤᠰᠬᠠᠨ ᠂ G0616 ᠬᠠᠯᠢᠭᠤᠲᠤ᠎ᠠᠴᠠ ᠮᠤᠨᠠ ᠠᠭᠤᠯᠠ ᠪᠠᠯᠭ᠋ᠠᠰᠤ ᠬᠦᠷᠬᠦ ᠬᠡᠰᠡᠭ ᠂ G1817 ᠤᠰᠤ᠎ᠲᠠᠢ᠎ᠠᠴᠠ ᠪᠠᠶᠠᠨ ᠬᠤᠳᠳᠤᠭ ᠬᠦᠷᠬᠦ ᠬᠡᠰᠡᠭ ᠂ S27 ᠬᠦᠬᠡᠬᠤᠲᠠ᠎ᠠᠴᠠ ᠣᠷᠳᠣᠰ ᠬᠦᠷᠬᠦ ᠲᠦᠷᠭᠡᠨ᠎ᠤ ᠵᠠᠮ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠤᠨ᠎ᠠ ; ᠬᠦᠬᠡᠬᠤᠲᠠ ᠵᠢᠨ ᠱᠧᠩᠯᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠢ ᠪᠠᠶ᠋ᠢᠭᠤᠯᠵᠤ ᠳᠠᠭᠤᠰᠬᠠᠨ ᠠᠶᠠᠯᠠᠯ ᠨᠡᠪᠲᠡᠷᠡᠬᠦ ᠵᠢ ᠦᠨᠡᠨ ᠬᠦ᠌ ᠪᠠᠲᠤᠯᠠᠵᠤ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠂ ᠤᠯᠠᠭ᠋ᠠᠢ ᠵᠢᠨ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ ; ᠬᠠᠲᠦᠨ ᠭᠤᠣᠯ᠎ᠤᠨ ᠤᠰᠤ ᠵᠢ ᠵᠠᠯᠠᠵᠤ ᠬᠦᠬᠡᠬᠤᠲᠠ ᠵᠢ ᠲᠤᠰᠠᠯᠠᠬᠤ ᠭᠤᠷᠪᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠲᠦᠷᠭᠡᠳᠬᠡᠨ᠂ ᠪᠣᠷᠣᠳᠣᠬᠤᠢ᠂ ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ ᠵᠢ ᠠᠬᠢᠭᠤᠯᠵᠤ᠂ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠨᠢᠭᠡᠳᠦᠭᠡᠷ ᠬᠤᠭᠤᠴᠠᠭ᠎ᠠ ᠂ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠬᠦ ᠱᠤᠭᠤᠮ ᠵᠶ᠋ᠠᠷ ᠤᠰᠤ ᠨᠡᠪᠲᠡᠷᠡᠬᠦ ᠵᠢ ᠪᠡᠶᠡᠯᠡᠭᠦᠯᠦᠨ᠎ᠡ ᠃ ᠨᠢᠭᠡᠨᠲᠡ ᠤᠬᠠᠭ᠋ᠠᠯᠠᠨ ᠲᠥᠯᠥᠪᠯᠡᠭᠰᠡᠨ 1400 ᠰᠢᠬᠠᠮ ᠭᠤᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠤᠨ ᠪᠡᠯᠡᠳᠬᠡᠯ ᠬᠤᠭᠤᠴᠠᠭ᠎ᠠ ᠂ ᠴᠢᠬᠤᠯᠠ ᠬᠦᠴᠦᠨ ᠵᠦᠢ᠍ᠯ ᠂ ᠪᠣᠳᠠᠲᠠᠶ᠋ᠢᠵᠢᠭᠤᠯᠤᠯᠲᠠ ᠵᠢ ᠨᠢᠭᠡᠳ ᠨᠢᠭᠡ᠎ᠪᠠᠷ ᠠᠩᠬᠠᠷᠴᠤ ᠂ ᠳᠤᠮᠳᠠᠳᠦ ᠤᠯᠤᠰ᠎ᠤᠨ ᠴᠢᠯᠠᠭᠤᠨ ᠲᠣᠰᠤᠨ᠎ᠤ ᠬᠢᠮᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠨᠡᠭᠦᠷᠡᠰᠦ᠎ᠪᠠᠷ ᠠᠯᠺᠧᠡ ᠨᠡᠭᠦᠷᠦᠭᠴᠢ ᠦᠢ᠍ᠯᠡᠳᠬᠦ ᠂ ᠷᠦᠩ ᠱᠧᠩ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠨᠢᠭᠡ ᠴᠣᠭᠴᠠᠵᠢᠭᠤᠯᠬᠤ ᠂ ᠰᠠᠢ ᠱᠧᠩ ᠰᠢᠨ᠎ᠡ ᠮᠠᠲ᠋ᠧᠷᠢᠶᠠᠯ ᠂ ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠴᠡᠨᠡᠭ ᠵᠡᠷᠭᠡ ᠨᠢᠭᠡ ᠪᠦᠯᠦᠭ ᠵᠠᠭᠤᠨ ᠳ᠋ᠦᠩᠰᠢᠭᠤᠷ᠎ᠤᠨ ᠳᠡᠰ᠎ᠤᠨ ᠲᠦᠷᠦᠯ ᠵᠦᠢ᠍ᠯ᠎ᠢ ᠲᠦᠷᠭᠡᠳᠬᠡᠨ ᠠᠬᠢᠭᠤᠯᠵᠤ ᠂ ᠡᠷᠲᠡ ᠨᠢᠭᠡ ᠡᠳᠦᠷ ᠠᠵᠢᠯ ᠡᠬᠢᠯᠡᠭᠦᠯᠵᠦ ᠂ ᠡᠷᠲᠡ ᠨᠢᠭᠡ ᠡᠳᠦᠷ ᠦᠢ᠍ᠯᠡᠳᠪᠦᠷᠢᠯᠡᠬᠦ ᠬᠡᠮᠵᠢᠶᠡᠨ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠎ᠠ ᠃
(ᠬᠤᠶᠠᠷ) ᠬᠠᠩᠭ᠋ᠠᠯᠭ᠎ᠠ ᠬᠡᠷᠡᠭᠴᠡᠭᠡ ᠬᠤᠶᠠᠷ ᠲᠠᠯ᠎ᠠ᠎ᠪᠠᠷ ᠬᠠᠮᠵᠢᠯᠴᠠᠨ ᠬᠦᠴᠦᠯᠡᠬᠦ ᠵᠢ ᠪᠠᠷᠢᠮᠲᠠᠯᠠᠵᠤ ᠂ ᠠᠷᠭ᠎ᠠ ᠪᠦᠬᠦᠨ᠎ᠢ ᠰᠦᠪᠡᠭᠴᠢᠯᠡᠨ ᠬᠡᠷᠡᠭᠯᠡᠭᠡ ᠵᠢ ᠬᠥᠭᠵᠢᠭᠡᠨ᠎ᠡ ᠃ ᠬᠡᠷᠡᠭᠯᠡᠭᠡ ᠶᠡᠷᠦ᠎ᠨᠢ ᠮᠠᠨ᠎ᠤ ᠣᠷᠣᠨ᠎ᠤ ᠳᠤᠲᠠᠭᠤᠳᠠᠯ ᠪᠠᠶ᠋ᠢᠵᠤ ᠂ ᠡᠷᠬᠡᠪᠰᠢ ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠋ᠠᠨ᠎ᠢ ᠶᠡᠭᠡ᠎ᠪᠠᠷ ᠬᠡᠷᠡᠭᠵᠢᠭᠦᠯᠵᠦ ᠂ ᠳᠣᠲᠣᠭ᠋ᠠᠳᠤ ᠳᠠᠯᠳᠠ ᠬᠦᠴᠦᠨ ᠵᠶ᠋ᠠᠨ ᠭᠦᠢ᠍ᠴᠡᠳ ᠠᠭᠤᠳᠠᠯᠬᠤ ᠬᠡᠷᠡᠭᠲᠡᠢ ᠃
ᠤᠯᠤᠰ᠎ᠤᠨ 《ᠬᠤᠶᠠᠷ ᠰᠢᠨ᠎ᠡ 》 ᠲᠦᠷᠦ ᠵᠢᠨ ᠪᠣᠳᠣᠯᠭ᠎ᠠ ᠵᠢ ᠬᠦᠴᠦᠯᠡᠨ ᠥᠷᠭᠡᠵᠢᠭᠦᠯᠵᠦ ᠬᠡᠷᠡᠭᠵᠢᠭᠦᠯᠬᠦ ᠠᠵᠠ ᠲᠣᠬᠢᠶᠠᠯ᠎ᠢ ᠴᠢᠩᠭ᠎ᠠ ᠠᠳᠬᠤᠨ᠎ᠠ ᠃ ᠲᠥᠬᠦᠭᠡᠷᠦᠮᠵᠢ ᠵᠢ ᠰᠢᠨᠡᠳᠬᠡᠬᠦ ᠲᠠᠯ᠎ᠠ᠎ᠪᠠᠷ ᠂ ᠮᠡᠷᠭᠡᠵᠢᠯ ᠂ ᠡᠨᠧᠷᠭᠢ ᠵᠢᠨ ᠬᠤᠷᠣᠭᠳᠠᠯ ᠂ ᠭᠠᠳᠠᠭᠰᠢᠯᠠᠭᠤᠯᠤᠯᠲᠠ ᠂ ᠠᠮᠤᠷ ᠲᠦᠪᠰᠢᠨ ᠵᠡᠷᠭᠡ ᠪᠠᠷᠢᠮᠵᠢᠶᠠᠨ᠎ᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ ᠂ ᠠᠵᠤ ᠦᠢ᠍ᠯᠡᠳᠪᠦᠷᠢ ᠵᠢᠨ ᠲᠥᠬᠦᠭᠡᠷᠦᠮᠵᠢ ᠂ ᠪᠠᠷᠢᠯᠭ᠎ᠠ ᠵᠢᠨ ᠮᠧᠬᠠᠨᠢᠭ ᠂ ᠬᠠᠭᠤᠴᠢᠷᠠᠭᠰᠠᠨ ᠴᠠᠬᠢᠯᠭ᠋ᠠᠨ ᠱᠠᠲᠤ ᠂ ᠡᠵᠡᠩᠨᠡᠯᠲᠡ ᠵᠢᠨ ᠠᠴᠢᠶᠠᠨ᠎ᠤ ᠲᠡᠷᠭᠡ ᠵᠡᠷᠭᠡ ᠵᠢᠨ 《ᠰᠣᠯᠢᠬᠤ ᠴᠢᠬᠤᠯᠠᠲᠠᠢ ᠵᠢ᠎ᠨᠢ ᠴᠥᠮ ᠰᠣᠯᠢᠬᠤ 》 ᠵᠢ ᠠᠬᠢᠭᠤᠯᠤᠨ᠎ᠠ ᠃ ᠣᠨᠴᠠᠭ᠋ᠠᠶ᠋ᠢᠯᠠᠨ ᠣᠷᠣᠨ᠎ᠤ ᠳᠣᠲᠣᠨ᠎ᠠ ᠭᠠᠳᠠᠨᠠᠬᠢ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠬᠦᠭᠡᠷᠦᠮᠵᠢ ᠂ ᠬᠠᠭᠤᠴᠢᠨ ᠴᠠᠬᠢᠯᠭ᠋ᠠᠨ ᠮᠠᠰᠢᠨ᠎ᠢ ᠰᠢᠨᠡᠳᠬᠡᠨ ᠰᠣᠯᠢᠬᠤ ᠬᠡᠷᠡᠭᠴᠡᠭᠡ ᠵᠢ ᠴᠢᠩᠭ᠎ᠠ ᠠᠩᠬᠠᠷᠴᠤ᠂ ᠮᠠᠨ᠎ᠤ ᠣᠷᠣᠨ᠎ᠤ ᠪᠠᠶ᠋ᠢᠩᠭᠤ ᠰᠣᠷᠢᠨᠵᠢᠨᠲᠤ ᠴᠠᠬᠢᠯᠭ᠋ᠠᠨ ᠮᠠᠰᠢᠨ᠂ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠳᠠᠪᠠᠭᠤᠯᠢᠭ ᠦᠢ᠍ᠯᠡᠳᠪᠦᠷᠢᠯᠡᠬᠦ ᠴᠢᠳᠠᠮᠵᠢ᠎ᠪᠠᠨ ᠳᠠᠭ᠋ᠠᠯᠳᠤᠭᠤᠯᠤᠨ ᠪᠠᠳᠠᠷᠠᠭᠤᠯᠤᠨ᠎ᠠ ᠃ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠠᠯ᠎ᠠ᠎ᠪᠠᠷ᠂ ᠬᠡᠷᠡᠭᠯᠡᠭᠡ ᠵᠢ ᠠᠬᠢᠭᠤᠯᠬᠤ ᠬᠢᠭᠡᠳ ᠠᠷᠠᠳ᠎ᠤᠨ ᠠᠮᠢᠳᠤᠷᠠᠯ᠎ᠳᠤ ᠬᠠᠷᠠᠭ᠋ᠠᠯᠵᠠᠯ ᠦᠵᠡᠭᠦᠯᠬᠦ ᠵᠢ ᠤᠶᠠᠯᠳᠤᠭᠤᠯᠤᠨ ᠂ ᠨᠡᠮᠡᠭᠦᠷᠢ ᠭᠤᠶᠤᠴᠢᠯᠠᠬᠤ ᠳᠡᠰ ᠳᠠᠷᠠᠭ᠋ᠠᠯᠠᠯ᠎ᠢ ᠳᠥᠭᠦᠮᠴᠢᠯᠡᠨ ᠂ ᠰᠢᠨ᠎ᠡ ᠡᠨᠧᠷᠭᠢ ᠵᠢᠨ ᠮᠠᠰᠢᠨ ᠲᠡᠷᠭᠡ ᠂ ᠣᠶᠤᠨᠴᠢ ᠭᠡᠷ᠎ᠤᠨ ᠬᠡᠷᠡᠭᠰᠡᠯ ᠂ ᠳ᠋ᠢᠬᠢᠲ ᠦᠢ᠍ᠯᠡᠳᠬᠦᠨ ᠵᠡᠷᠭᠡ ᠬᠦᠷᠢᠶ᠎ᠡ ᠴᠠᠷᠠᠭ᠋ᠠᠨ᠎ᠳᠠᠬᠢ ᠬᠡᠷᠡᠭᠯᠡᠭᠡ ᠵᠢᠨ ᠲᠠᠯ᠎ᠠ ᠵᠢᠨ ᠬᠦᠰᠡᠯ ᠪᠠ ᠬᠡᠷᠡᠭᠴᠡᠭᠡ ᠵᠢ ᠪᠦᠬᠦ ᠲᠠᠯ᠎ᠠ᠎ᠪᠠᠷ ᠬᠥᠭᠵᠢᠭᠡᠨ᠎ᠡ ᠃
ᠬᠥᠮᠥᠨ ᠵᠶ᠋ᠠᠷ ᠦᠨᠳᠦᠰᠦ ᠪᠣᠯᠭ᠋ᠠᠭᠰᠠᠨ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠠᠵᠠ ᠲᠣᠬᠢᠶᠠᠯ᠎ᠢ ᠴᠢᠩᠭ᠎ᠠ ᠠᠳᠬᠤᠨ᠎ᠠ ᠃ ᠪᠦᠬᠦ ᠣᠷᠣᠨ᠎ᠤ 280 ᠲᠦᠮᠡᠨ ᠲᠠᠷᠢᠶᠠᠴᠢᠨ ᠮᠠᠯᠴᠢᠨ ᠬᠤᠲᠠ ᠪᠠᠯᠭ᠋ᠠᠰᠤᠨ᠎ᠳᠤ ᠰᠢᠯᠵᠢᠨ ᠠᠵᠢᠯ ᠣᠯᠵᠤ ᠪᠠᠶ᠋ᠢᠬᠤ ᠪᠠᠶ᠋ᠢᠳᠠᠯ᠎ᠳᠤ ᠰᠢᠨ᠎ᠡ ᠨᠢᠭᠡ ᠡᠭᠡᠯᠵᠢ ᠵᠢᠨ ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠥᠮᠥᠨ ᠠᠮᠠ ᠵᠢ ᠬᠤᠲᠠ ᠵᠢᠨ ᠠᠷᠠᠳ ᠪᠣᠯᠭ᠋ᠠᠬᠤ ᠠᠵᠢᠯᠯᠠᠭ᠋ᠠᠨ᠎ᠢ ᠰᠠᠶ᠋ᠢᠲᠤᠷ ᠬᠡᠷᠡᠭᠵᠢᠭᠦᠯᠵᠦ ᠂ ᠰᠢᠯᠵᠢᠭᠦᠯᠦᠨ ᠲᠥᠯᠥᠬᠦ᠂ ᠬᠦᠴᠦᠨ ᠵᠦᠢ᠍ᠯ᠎ᠢ ᠲᠣᠬᠢᠷᠠᠭᠤᠯᠬᠤ ᠵᠡᠷᠭᠡ ᠵᠢ ᠲᠠᠷᠢᠶᠠᠯᠠᠩ ᠮᠠᠯ ᠠᠵᠤ ᠠᠬᠤᠢ᠎ᠠᠴᠠ ᠰᠢᠯᠵᠢᠭᠰᠡᠨ ᠬᠥᠮᠥᠨ ᠠᠮᠠ ᠵᠢ ᠬᠤᠲᠠ ᠵᠢᠨ ᠠᠷᠠᠳ ᠪᠣᠯᠭ᠋ᠠᠬᠤᠯᠤᠭᠠ ᠬᠤᠯᠪᠣᠭᠳᠠᠭᠤᠯᠬᠤ ᠵᠢ ᠠᠬᠢᠭᠤᠯᠤᠨ᠂ ᠣᠷᠣᠨ ᠰᠠᠭᠤᠴᠠ᠂ ᠰᠤᠷᠭ᠋ᠠᠨ ᠬᠥᠮᠦᠵᠢᠯ ᠂ ᠡᠮᠴᠢᠯᠡᠭᠡ ᠂ ᠨᠡᠶ᠋ᠢᠭᠡᠮ᠎ᠤᠨ ᠳᠠᠭ᠋ᠠᠳᠬᠠᠯ ᠂ ᠵᠠᠮ ᠬᠠᠷᠢᠯᠴᠠᠭ᠎ᠠ ᠵᠡᠷᠭᠡ ᠲᠠᠯ᠎ᠠ᠎ᠪᠠᠷ ᠨᠡᠩ ᠰᠠᠶ᠋ᠢᠲᠤᠷ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃ ᠣᠯᠠᠨ ᠲᠦᠮᠡᠨ᠎ᠤ 《ᠰᠠᠶ᠋ᠢᠨ ᠭᠡᠷ ᠪᠠᠶ᠋ᠢᠰᠢᠩ ᠂ ᠰᠠᠶ᠋ᠢᠨ ᠰᠠᠭᠤᠭ᠋ᠠᠯᠢ ᠲᠣᠭᠤᠷᠢᠭ 》᠎ᠤᠨ ᠬᠦᠰᠡᠯ ᠡᠷᠡᠮᠡᠯᠵᠡᠯ ᠳᠦᠭᠦᠷᠡᠩ ᠪᠠᠶ᠋ᠢᠵᠤ ᠂ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠪᠠ ᠠᠳᠠᠯ ᠠᠬᠤᠢ ᠵᠢᠨ ᠬᠠᠮᠢᠶᠠᠷᠤᠯᠲᠠ ᠵᠢᠨ ᠲᠦᠪᠰᠢᠨ ᠵᠶ᠋ᠠᠨ ᠳᠡᠭᠡᠭᠰᠢᠯᠡᠭᠦᠯᠦᠨ ᠂ ᠬᠠᠭᠤᠴᠢᠨ ᠰᠠᠭᠤᠭ᠋ᠠᠯᠢ ᠲᠣᠭᠤᠷᠢᠭ᠎ᠤᠨ ᠡᠵᠡ ᠮᠡᠳᠡᠵᠦ ᠰᠢᠨᠡᠳᠬᠡᠬᠦ ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠪᠡᠯᠡᠨ ᠭᠡᠷ ᠪᠠᠶ᠋ᠢᠰᠢᠩ ᠪᠣᠷᠣᠯᠠᠭᠤᠯᠬᠤ ᠵᠡᠷᠭᠡ ᠰᠢᠨ᠎ᠡ ᠬᠡᠪ ᠵᠠᠭᠪᠤᠷ᠎ᠢ ᠳᠡᠯᠭᠡᠷᠡᠭᠦᠯᠵᠦ ᠂ ᠬᠤᠲᠠ ᠵᠢᠨ ᠪᠠᠶ᠋ᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶ᠋ᠢᠭ᠋ᠠᠳ ᠭᠡᠷ ᠪᠠᠶ᠋ᠢᠰᠢᠩ ᠬᠤᠳᠠᠯᠳᠤᠨ ᠠᠪᠬᠤ ᠵᠢ᠎ᠨᠢ ᠤᠷᠮᠠᠰᠢᠭᠤᠯᠬᠤ ᠲᠦᠷᠦ ᠵᠢᠨ ᠪᠣᠳᠣᠯᠭ᠎ᠠ ᠨᠡᠶ᠋ᠢᠲᠡᠯᠡᠵᠦ ᠂ ᠪᠠᠲᠤᠯᠠᠭ᠋ᠠᠲᠤ ᠴᠢᠨᠠᠷᠲᠠᠢ ᠪᠠ ᠰᠠᠶ᠋ᠢᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠠᠳᠠᠷᠠᠭ᠋ᠠᠨ᠎ᠠ᠃ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠠᠶ᠋ᠢᠵᠢᠷᠠᠭᠤᠯᠤᠨ ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠤᠶᠠᠨ ᠬᠠᠳᠠᠨ ᠴᠢᠨᠠᠷ ᠪᠦᠬᠦᠢ ᠣᠶᠤᠨᠲᠤ ᠬᠤᠲᠠ ᠵᠢ ᠲᠦᠷᠭᠡᠳᠬᠡᠨ ᠪᠠᠶ᠋ᠢᠭᠤᠯᠵᠤ ᠂ ᠬᠤᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢ ᠳ᠋ᠢᠭᠢᠳ᠋ᠴᠢᠯᠡᠨ ᠥᠭᠡᠷᠡᠴᠢᠯᠡᠨ ᠰᠢᠨᠡᠳᠬᠡᠬᠦ ᠂ ᠣᠶᠤᠨᠴᠢᠯᠠᠨ ᠳᠡᠰ ᠳᠡᠪᠰᠢᠭᠦᠯᠬᠦ ᠵᠢ ᠬᠦᠴᠦᠯᠡᠨ ᠠᠬᠢᠭᠤᠯᠵᠤ ᠂ ᠬᠠᠭᠤᠴᠢᠨ ᠰᠠᠭᠤᠭ᠋ᠠᠯᠢ ᠲᠣᠭᠤᠷᠢᠭ᠎ᠢ 1291᠂ ᠡᠯ᠎ᠡ ᠲᠥᠷᠥᠯ᠎ᠤᠨ ᠬᠤᠭᠤᠯᠠᠢ ᠭᠤᠤᠷᠰᠤ ᠵᠢᠨ ᠲᠣᠣᠷ᠎ᠢ 1500 ᠺᠢᠯᠣᠮᠧᠳ᠋ᠷ ᠥᠭᠡᠷᠡᠴᠢᠯᠡᠨ ᠰᠢᠨᠡᠳᠬᠡᠵᠦ ᠂ ᠵᠠᠬ᠎ᠠ ᠳᠡᠯᠭᠡᠭᠦᠷᠴᠢᠯᠡᠭᠰᠡᠨ ᠬᠡᠪ ᠵᠠᠭᠪᠤᠷ ᠵᠶ᠋ᠠᠷ ᠪᠠᠰᠠ ᠨᠢᠭᠡ ᠪᠦᠯᠦᠭ ᠠᠷᠠᠳ᠎ᠲᠤ ᠳᠦᠭᠦᠮ ᠦᠵᠡᠬᠦᠯᠬᠦ ᠴᠠᠬᠢᠯᠭ᠋ᠠᠨ ᠴᠡᠨᠡᠭᠯᠡᠬᠦ ᠱᠣᠩ᠎ᠢ ᠪᠦᠲᠦᠭᠡᠨ ᠪᠠᠶ᠋ᠢᠭᠤᠯᠤᠨ᠎ᠠ ᠃
ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠨᠡᠮᠡᠭᠳᠡᠯ ᠠᠴᠠ ᠪᠣᠯᠤᠭᠰᠠᠨ ᠠᠵᠠ ᠲᠣᠬᠢᠶᠠᠯ᠎ᠢ ᠴᠢᠩᠭ᠎ᠠ ᠠᠳᠬᠤᠨ᠎ᠠ᠃ ᠮᠠᠨ᠎ᠤ ᠣᠷᠣᠨ᠎ᠤ 60 ᠨᠠᠰᠦᠨ᠎ᠠᠴᠠ ᠳᠡᠭᠡᠭᠰᠢᠬᠢ ᠨᠠᠰᠤᠲᠠᠶ᠋ᠢᠴᠤᠳ ᠵᠢᠯ ᠪᠦᠷᠢ ᠳᠤᠮᠳᠠᠴᠢ᠎ᠪᠠᠷ 30 ᠲᠦᠮᠡ ᠰᠢᠨ᠎ᠡ᠎ᠪᠠᠷ ᠨᠡᠮᠡᠭᠳᠡᠵᠦ ᠪᠠᠶ᠋ᠢᠨ᠎ᠠ ᠂ ᠭᠡᠬᠦ ᠮᠥᠷᠲᠡᠭᠡᠨ ᠴᠢᠳᠠᠪᠤᠷᠢ᠎ᠪᠠᠨ ᠠᠯᠳᠠᠭᠰᠠᠨ ᠨᠠᠰᠤᠲᠠᠨ 63 ᠲᠦᠮᠡ ᠂ ᠵᠡᠮᠳᠡᠭᠴᠦᠳ 158 ᠲᠦᠮᠡ ᠂ 3 ᠨᠠᠰᠦᠨ᠎ᠠᠴᠠ ᠳᠣᠷᠣᠭᠰᠢᠬᠢ ᠨᠢᠯᠬ᠎ᠠ ᠨᠢᠷᠠᠢ ᠬᠡᠦᠬᠡᠳ 40 ᠲᠦᠮᠡ ᠪᠠᠶ᠋ᠢᠵᠤ᠂ ᠨᠠᠰᠤᠵᠢᠯ᠎ᠤᠨ ᠠᠰᠠᠷᠠᠮᠵᠢ᠂ ᠬᠡᠦᠬᠡᠳ ᠪᠣᠶ᠋ᠢᠵᠢᠭᠤᠯᠬᠤ᠂ ᠬᠠᠷᠠᠭ᠋ᠠᠯᠵᠠᠨ ᠠᠰᠠᠷᠠᠬᠤ᠂ ᠭᠡᠷ ᠠᠬᠤᠢ ᠵᠡᠷᠭᠡ ᠵᠢᠨ ᠦᠢ᠍ᠯᠡᠴᠢᠯᠡᠭᠡ ᠪᠣᠯ ᠬᠡᠷᠡᠭᠴᠡᠭᠡ ᠱᠠᠭ᠋ᠠᠷᠳᠠᠯᠭ᠎ᠠ᠎ᠲᠠᠢ ᠶᠤᠮ ᠂ ᠵᠠᠩᠭᠢᠯᠠᠭ᠎ᠠ ᠵᠢᠨ ᠠᠰᠠᠭᠤᠳᠠᠯ᠎ᠨᠢ ᠴᠢᠨᠠᠷ ᠰᠠᠶ᠋ᠢᠲᠠᠢ ᠬᠠᠩᠭ᠋ᠠᠯᠭ᠎ᠠ ᠬᠦᠷᠦᠯᠴᠡᠬᠦ ᠦᠭᠡᠢ ᠂ 《ᠰᠠᠶ᠋ᠢᠨ ᠠᠨᠢᠶ᠎ᠠ 》᠂ 《ᠰᠠᠶ᠋ᠢᠨ ᠰᠤᠪᠢᠯᠠᠭᠴᠢ 》 ᠠᠮᠠᠷᠬᠠᠨ ᠣᠯᠳᠠᠬᠤ ᠦᠭᠡᠢ ᠂ ᠬᠡᠷᠡᠭᠯᠡᠵᠦ ᠬᠦᠴᠦᠷᠡᠬᠦ ᠦᠭᠡᠢ ᠂ ᠦᠯᠡᠳᠡᠭᠡᠵᠦ ᠳᠡᠶ᠋ᠢᠯᠬᠦ ᠦᠭᠡᠢ ᠪᠠᠶ᠋ᠢᠵᠤ ᠂ ᠪᠠᠲᠤᠯᠠᠭ᠎ᠠ᠎ᠲᠠᠢ ᠪᠥᠭᠡᠳ ᠴᠢᠨᠠᠷ ᠴᠢᠨᠰᠠᠭ᠎ᠠ᠎ᠲᠠᠢ ᠲᠤᠰᠬᠠᠢ ᠮᠡᠷᠭᠡᠵᠢᠯ᠎ᠤᠨ ᠪᠠᠶ᠋ᠢᠭᠤᠯᠤᠮᠵᠢ ᠴᠤ᠌ ᠴᠥᠭᠡᠨ ᠪᠠᠶ᠋ᠢᠨ᠎ᠠ ᠃ ᠨᠠᠰᠤᠲᠠᠨ᠎ᠢ ᠠᠰᠠᠷᠠᠬᠤ ᠪᠠ ᠨᠠᠶ᠋ᠢᠳᠠᠵᠤ ᠰᠠᠭ᠋ᠠᠲᠠᠭᠤᠯᠬᠤ ᠂ ᠭᠡᠷ ᠠᠬᠤᠢ ᠵᠢᠨ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠋ᠠᠨ᠎ᠤ ᠲᠣᠭᠤᠷᠢᠨ᠎ᠳᠤ ᠂ ᠶᠡᠭᠡ ᠬᠡᠪᠴᠢᠶᠡᠨ᠎ᠤ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠤᠷ᠎ᠠ ᠮᠡᠷᠭᠡᠰᠢᠯ᠎ᠤᠨ ᠪᠣᠯᠪᠠᠰᠤᠷᠠᠯ᠎ᠢ ᠥᠷᠨᠢᠭᠦᠯᠵᠦ ᠂ ᠨᠢᠭᠡ ᠪᠦᠯᠦᠭ ᠢᠲᠡᠭᠡᠮᠵᠢᠲᠡᠢ ᠲᠤᠰᠬᠠᠢ ᠮᠡᠷᠭᠡᠵᠢᠯ᠎ᠤᠨ ᠪᠠᠶ᠋ᠢᠭᠤᠯᠤᠮᠵᠢ ᠪᠠ ᠳᠠᠭᠤᠷᠢᠰᠬᠠᠯ᠎ᠲᠠᠢ ᠦᠢ᠍ᠯᠡᠴᠢᠯᠡᠭᠡᠨ᠎ᠤ ᠨᠡᠷᠡᠲᠦ ᠲᠡᠮᠳᠡᠭ᠎ᠢ ᠴᠣᠭᠴᠠᠯᠠᠨ᠎ᠠ ᠃ ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠬᠦ ᠵᠢ ᠴᠢᠬᠤᠯᠠᠴᠢᠯᠠᠵᠤ ᠂ ᠨᠠᠰᠤᠲᠠᠶ᠋ᠢᠴᠤᠳ᠎ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠵᠢᠭᠤᠯᠴᠢᠯᠠᠨ ᠰᠠᠭᠤᠷᠢᠰᠢᠬᠤ ᠨᠠᠰᠤᠵᠢᠯ᠎ᠤᠨ ᠠᠰᠠᠷᠠᠮᠵᠢ ᠂ ᠬᠤᠳᠠᠯᠳᠤᠭ᠋ᠠᠨ᠎ᠤ ᠨᠠᠰᠤᠵᠢᠯ᠎ᠤᠨ ᠠᠰᠠᠷᠠᠮᠵᠢ ᠂ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠂ ᠡᠮᠴᠢᠯᠡᠭᠡ ᠪᠠ ᠰᠤᠪᠢᠯᠠᠯᠲᠠ ᠵᠢᠨ ᠤᠶᠠᠯᠳᠤᠯ ᠵᠡᠷᠭᠡ ᠡᠵᠡᠩᠨᠡᠯᠲᠡ ᠵᠢᠨ ᠪᠠᠶ᠋ᠢᠳᠠᠯ᠎ᠢ ᠪᠠᠶᠠᠯᠢᠭᠵᠢᠭᠤᠯᠵᠤ ᠂ ᠨᠠᠰᠤᠲᠠᠶ᠋ᠢᠴᠤᠳ᠎ᠤᠨ ᠪᠤᠶᠠᠨ ᠵᠢᠷᠭ᠋ᠠᠯ᠎ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ ᠃ ᠬᠡᠦᠬᠡᠳ᠎ᠤᠨ ᠬᠡᠷᠡᠭᠯᠡᠭᠡ ᠶᠡᠷᠦ᠎ᠠᠴᠠ 《ᠨᠢᠭᠡ ᠯᠡ ᠬᠥᠮᠥᠨ ᠪᠦᠬᠦ ᠭᠡᠷ᠎ᠤᠨ ᠬᠡᠷᠡᠭᠯᠡᠭᠡ ᠵᠢ ᠳᠠᠶ᠋ᠢᠴᠢᠯᠠᠬᠤ 》 ᠶᠤᠮ ᠂ ᠰᠢᠨᠵᠢᠯᠡᠬᠦ ᠤᠬᠠᠭ᠋ᠠᠨᠴᠢ᠎ᠪᠠᠷ ᠬᠡᠦᠬᠡᠳ ᠬᠥᠮᠥᠵᠢᠭᠦᠯᠬᠦ ᠂ ᠡᠴᠢᠭᠡ ᠡᠬᠡ ᠦᠷ᠎ᠡ ᠬᠡᠦᠬᠡᠳ᠎ᠤᠨ ᠦᠢ᠍ᠯᠡᠴᠢᠯᠡᠭᠡ ᠂ ᠭᠤᠣᠯ ᠰᠡᠳᠦᠪᠲᠦ ᠨᠠᠭ᠋ᠠᠳᠤᠮ ᠲᠣᠭᠯᠠᠭ᠋ᠠᠮ ᠵᠡᠷᠭᠡ ᠬᠡᠷᠡᠭᠯᠡᠭᠡ ᠵᠢᠨ ᠬᠠᠨᠳᠤᠰᠢ᠎ᠳᠤ ᠨᠡᠶ᠋ᠢᠴᠡᠭᠦᠯᠦᠨ ᠂ ᠡᠵᠡᠩᠨᠡᠯᠲᠡ ᠵᠢᠨ ᠠᠬᠤᠢ ᠪᠠᠶ᠋ᠢᠳᠠᠯ᠎ᠳᠤ ᠰᠢᠨ᠎ᠡ ᠵᠢ ᠡᠭᠦᠳᠴᠦ ᠂ ᠦᠢ᠍ᠯᠡᠴᠢᠯᠡᠭᠡᠨ᠎ᠤ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠦᠨ᠎ᠡ ᠃
ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠠᠴᠠ ᠪᠣᠢ ᠪᠣᠯᠤᠭᠰᠠᠨ ᠠᠵᠠ ᠳᠣᠬᠢᠶᠠᠯ᠎ᠢ ᠴᠢᠩᠭ᠎ᠠ ᠠᠳᠬᠤᠨ᠎ᠠ᠃ ᠥᠪᠥᠷ ᠮᠣᠩᠭᠤᠯ᠎ᠳᠤ ᠬᠥᠮᠥᠨ ᠠᠮᠠ ᠬᠠᠷᠢᠴᠠᠩᠭᠤᠢ ᠴᠥᠭᠡᠨ᠂ ᠬᠡᠷᠡᠭᠯᠡᠭᠡ ᠵᠢᠨ ᠴᠢᠳᠠᠪᠤᠷᠢ ᠬᠢᠵᠠᠭ᠋ᠠᠷ᠎ᠲᠠᠢ ᠪᠣᠯᠬᠤᠷ᠂ ᠬᠡᠷᠡᠭᠯᠡᠭᠡ ᠵᠢ ᠠᠳᠬᠤᠬᠤ᠎ᠳᠤ᠎ᠪᠠᠨ ᠣᠷᠣᠨ᠎ᠤ ᠳᠣᠲᠣᠭ᠋ᠠᠳᠤ᠎ᠳᠤ᠎ᠪᠠᠨ ᠠᠩᠬᠠᠷᠤᠯ ᠵᠶ᠋ᠠᠨ ᠬᠠᠨᠳᠤᠭᠤᠯᠬᠤ᠎ᠪᠠᠷ ᠦᠯᠦ ᠪᠠᠷᠠᠨ᠂ ᠣᠷᠣᠨ᠎ᠤ ᠭᠠᠳᠠᠨᠠᠬᠢ ᠵᠢ ᠴᠦ᠍ ᠠᠩᠬᠠᠷᠬᠤ ᠬᠡᠷᠡᠭᠲᠡᠢ᠃ ᠮᠠᠨ᠎ᠤ ᠣᠷᠣᠨ᠎ᠤ 1100 ᠢᠯᠡᠭᠦᠦ ᠵᠦᠢ᠍ᠯ᠎ᠤᠨ 《ᠥᠪᠥᠷ ᠮᠣᠩᠭᠤᠯ》 ᠨᠡᠷᠡᠮᠵᠢᠲᠦ ᠰᠠᠶ᠋ᠢᠨ ᠪᠦᠲᠦᠭᠡᠭᠳᠡᠬᠦᠨ ᠪᠦᠬᠦ ᠤᠯᠤᠰ᠎ᠲᠤ ᠵᠠᠬ᠎ᠠ ᠳᠡᠯᠭᠡᠭᠦᠷ᠎ᠲᠠᠢ ᠪᠥᠭᠡᠳ ᠬᠡᠷᠡᠭᠴᠡᠭᠡ ᠱᠠᠭ᠋ᠠᠷᠳᠠᠯᠭ᠎ᠠ᠎ᠲᠠᠢ ᠶᠤᠮ᠂ ᠵᠠᠩᠭᠢᠯᠠᠭ᠎ᠠ᠎ᠨᠢ ᠣᠳᠣ ᠦᠶ᠎ᠡ ᠵᠢᠨ ᠬᠡᠷᠡᠭᠯᠡᠭᠡ ᠵᠢᠨ ᠰᠢᠨ᠎ᠡ ᠬᠠᠨᠳᠤᠰᠢ᠎ᠳᠤ ᠵᠣᠬᠢᠴᠠᠭᠤᠯᠤᠨ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ᠂ ᠣᠬᠤᠷ ᠸᠢᠳᠢᠤ᠋᠎ᠪᠠᠷ ᠡᠵᠡᠩᠨᠡᠨ ᠪᠣᠷᠣᠯᠠᠭᠤᠯᠬᠤ᠂ ᠠᠩᠬ᠎ᠠ ᠲᠠᠷᠬᠠᠭ᠋ᠠᠬᠤ ᠲᠦᠷᠦᠭᠦᠴᠢ ᠳᠡᠯᠭᠡᠭᠦᠷ ᠨᠡᠭᠡᠭᠡᠬᠦ ᠵᠡᠷᠭᠡ ᠰᠢᠨ᠎ᠡ ᠬᠡᠪ ᠵᠠᠭᠪᠤᠷ᠎ᠢ ᠰᠠᠶ᠋ᠢᠲᠤᠷ ᠬᠡᠷᠡᠭᠯᠡᠵᠦ᠂ ᠮᠠᠨ᠎ᠤ ᠣᠷᠣᠨ᠎ᠤ ᠪᠣᠬᠢᠷᠳᠤᠯ ᠦᠭᠡᠢ ᠪᠥᠭᠡᠳ ᠣᠨᠴᠠᠯᠢᠭ᠎ᠲᠠᠢ ᠴᠢᠨᠠᠷ ᠰᠠᠶ᠋ᠢᠲᠠᠢ ᠪᠦᠲᠦᠭᠡᠭᠳᠡᠬᠦᠨ ᠵᠶ᠋ᠠᠨ ᠪᠦᠬᠦ ᠤᠯᠤᠰ᠎ᠲᠤ ᠭᠠᠷᠭ᠋ᠠᠨ ᠪᠣᠷᠣᠯᠠᠭᠤᠯᠬᠤ ᠶᠠᠪᠤᠳᠠᠯ ᠪᠣᠯᠣᠨ᠎ᠠ᠃ ᠮᠠᠨ᠎ᠤ ᠣᠷᠣᠨ᠎ᠤ ᠵᠢᠯ ᠪᠦᠷᠢ ᠬᠦᠯᠢᠶᠡᠨ ᠠᠪᠬᠤ ᠵᠢᠭᠤᠯᠴᠢᠯᠠᠭᠴᠢᠳ 3 ᠳ᠋ᠦᠩᠰᠢᠭᠤᠷ ᠰᠢᠬᠠᠮ ᠬᠥᠮᠥᠨ ᠤᠳᠠᠭ᠎ᠠ᠎ᠳᠤ ᠬᠦᠷᠴᠦ᠂ ᠡᠨᠡ ᠬᠦ᠌ ᠡᠭᠦᠳᠡᠨ᠎ᠳᠤ ᠰᠠᠭ᠋ᠠᠲᠠᠭᠰᠠᠨ ᠬᠡᠷᠡᠭᠯᠡᠭᠡ᠎ᠳᠤ ᠪᠠᠰᠠ ᠮᠠᠰᠢ ᠶᠡᠭᠡ ᠳᠠᠯᠳᠠ ᠬᠦᠴᠦᠨ ᠨᠢᠭᠤᠭᠳᠠᠵᠤ ᠪᠠᠶ᠋ᠢᠬᠤ ᠪᠣᠯᠬᠤᠷ 《ᠥᠪᠥᠷ ᠮᠣᠩᠭᠤᠯ᠎ᠤᠨ ᠦᠨᠦᠷ ᠠᠮᠲᠠ》᠎ᠲᠠᠢ ᠬᠤᠪᠴᠠᠰᠤ ᠬᠤᠨᠠᠷ ᠵᠠᠰᠠᠯ ᠴᠢᠮᠡᠭᠯᠡᠯ᠂ ᠭᠠᠷ ᠤᠷᠠᠯᠠᠯ᠎ᠤᠨ ᠪᠦᠲᠦᠭᠡᠯ᠂ ᠰᠣᠶᠣᠯ᠎ᠤᠨ ᠪᠦᠲᠦᠭᠡᠯᠴᠢ ᠲᠠᠸᠠᠷ᠂ ᠪᠣᠬᠢᠷᠳᠤᠯ ᠦᠭᠡᠢ ᠠᠮᠲᠠᠲᠤ ᠢᠳᠡᠭᠡᠨ᠎ᠢ ᠨᠡᠩ ᠣᠯᠠᠨ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠪᠦᠷᠢ ᠵᠢ ᠥᠪᠡᠷ᠎ᠤᠨ ᠵᠶ᠋ᠠᠨ ᠲᠠᠭ᠋ᠠᠰᠢᠶᠠᠭᠰᠠᠨ ᠨᠢᠭᠡᠨ ᠬᠤᠪᠢ 《ᠭᠠᠷ ᠪᠡᠯᠡᠭ》᠎ᠲᠠᠢ ᠪᠤᠴᠠᠭ᠋ᠠᠬᠤ ᠪᠣᠯᠭ᠋ᠠᠨ᠎ᠠ᠃ ᠡᠯ᠎ᠡ ᠭᠠᠵᠠᠷ ᠣᠷᠣᠨ᠎ᠨᠢ ᠴᠥᠮ ᠬᠦᠴᠦ ᠵᠠᠷᠤᠴᠠᠭᠤᠯᠵᠤ ᠪᠠᠶ᠋ᠢᠭ᠋ᠠᠳ ᠡᠷᠬᠢᠨ ᠲᠣᠭᠤᠷᠢᠨ᠎ᠤ ᠭᠠᠵᠠᠷ ᠣᠷᠣᠨ᠎ᠤ ᠨᠡᠩ ᠣᠯᠠᠨ ᠬᠥᠮᠥᠰ᠎ᠢ ᠲᠠᠲᠠᠨ ᠠᠪᠴᠢᠷᠠᠵᠤ ᠮᠠᠨ᠎ᠤ ᠣᠷᠣᠨ᠎ᠳᠤ ᠲᠣᠭᠤᠷᠢᠨ ᠵᠤᠭ᠋ᠠᠴᠠᠭᠤᠯᠵᠤ ᠬᠡᠷᠡᠭᠯᠡᠭᠡ᠎ᠳᠤ ᠣᠷᠣᠯᠴᠠᠭᠤᠯᠤᠨ᠂ ᠮᠠᠨ᠎ᠤ ᠦᠢ᠍ᠯᠡᠴᠢᠯᠡᠭᠡ ᠵᠢ ᠬᠦᠷᠲᠡᠭᠡᠨ᠂ ᠮᠠᠨ᠎ᠤ ᠦᠢ᠍ᠯᠡᠳᠬᠦᠨ᠎ᠢ ᠬᠤᠳᠠᠯᠳᠤᠨ ᠠᠪᠤᠭᠤᠯᠵᠤ᠂ ᠵᠤᠭ᠋ᠠᠴᠠᠨ ᠺᠠᠷᠳ᠋ᠯᠠᠭᠤᠯᠬᠤ ᠮᠥᠷᠲᠡᠭᠡᠨ ᠺᠠᠷᠲ ᠵᠤᠷᠠᠭᠤᠯᠣᠨᠠ᠃ ᠦᠵᠡᠭᠦᠯᠭᠡ ᠵᠢᠨ ᠠᠵᠤ ᠠᠬᠤᠢ ᠵᠢ ᠶᠡᠭᠡ᠎ᠪᠠᠷ ᠬᠥᠭᠵᠢᠭᠦᠯᠵᠦ᠂ ᠦᠵᠡᠭᠦᠯᠭᠡ᠎ᠪᠠᠷ ᠪᠣᠷᠤᠯᠠᠭᠤᠯᠭ᠎ᠠ ᠵᠢ ᠠᠬᠢᠭᠤᠯᠬᠤ᠂ ᠦᠵᠡᠭᠦᠯᠭᠡ᠎ᠪᠠᠷ ᠬᠤᠳᠠᠯᠳᠤᠭ᠎ᠠ ᠵᠢ ᠠᠬᠢᠭᠤᠯᠬᠤ᠂ ᠠᠵᠤ ᠦᠢ᠍ᠯᠡᠰ ᠪᠠ ᠦᠵᠡᠭᠦᠯᠭᠡ ᠵᠢ ᠠᠭᠤᠰᠤᠯᠴᠠᠭᠤᠯᠬᠤ ᠠᠵᠢᠯ᠎ᠢ ᠰᠠᠶ᠋ᠢᠲᠤᠷ ᠬᠢᠵᠦ᠂ ᠬᠡᠷᠡᠭᠯᠡᠭᠡ ᠵᠢ ᠨᠡᠩ ᠰᠠᠶ᠋ᠢᠲᠤᠷ ᠲᠠᠶ᠋ᠢᠴᠢᠯᠠᠨ᠂ ᠠᠵᠤ ᠦᠢ᠍ᠯᠡᠰ᠎ᠢ ᠨᠡᠩ ᠰᠠᠶ᠋ᠢᠲᠤᠷ ᠪᠥᠭᠡᠮᠨᠡᠷᠡᠭᠦᠯᠦᠨᠡ᠃
(ᠭᠤᠷᠪᠠ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ 》 ᠢᠨᠵᠧᠨᠧᠷᠢᠩ᠎ᠢ ᠦᠷᠭᠦᠯᠵᠢᠯᠡᠨ ᠠᠬᠢᠭᠤᠯᠵᠤ ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠪᠣᠶ᠋ᠢᠵᠢᠭᠤᠯᠵᠤ ᠬᠥᠭᠵᠢᠭᠦᠯᠦᠨ᠎ᠡ ᠃ ᠰᠢᠨ᠎ᠡ ᠵᠢ ᠡᠭᠦᠳᠬᠦ ᠦᠭᠡᠢ ᠪᠣᠯ ᠭᠠᠷᠬᠤ ᠵᠠᠮ ᠦᠭᠡᠢ ᠂ ᠨᠡᠩ ᠴᠦ᠍ ᠢᠷᠡᠭᠡᠳᠦᠢ ᠦᠭᠡᠢ ᠶᠤᠮ᠃ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠵᠤ᠂ᠴᠢᠨᠠᠷ ᠰᠠᠶ᠋ᠢᠲᠠᠢ ᠬᠥᠭᠵᠢᠯᠲᠡ ᠵᠢᠨ ᠬᠦᠴᠦᠨ ᠴᠢᠳᠠᠮᠵᠢ ᠵᠢ ᠡᠷᠴᠢᠮᠯᠡᠨ᠎ᠡ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠴᠥᠬᠦᠷᠡᠰᠢ ᠦᠭᠡᠢ ᠤᠳᠠᠭ᠋ᠠᠨ ᠳᠠᠭ᠋ᠠᠭ᠋ᠠᠮᠠᠭ᠋ᠠᠢ᠎ᠪᠠᠷ ᠠᠵᠢᠯᠯᠠᠬᠤ ᠵᠢ ᠡᠷᠬᠢᠮᠯᠡᠨ᠎ᠡ ᠃ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠷᠠᠯᠳᠤᠭ᠋ᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠤᠭᠤᠯᠤᠯᠲᠠ᠎ᠪᠠᠨ ᠨᠡᠮᠡᠭᠳᠡᠭᠦᠯᠦᠨ ᠂ 20% ᠵᠢᠨ ᠪᠠᠲᠤᠯᠠᠭ᠋ᠠᠲᠤ ᠨᠡᠮᠡᠭᠳᠡᠯ᠎ᠤᠨ ᠲᠣᠭᠲᠠᠴᠠ ᠵᠢ ᠰᠠᠶ᠋ᠢᠲᠤᠷ ᠬᠡᠷᠡᠭᠵᠢᠭᠦᠯᠵᠦ ᠂ ᠠᠵᠤ ᠠᠬᠤᠶ᠋ᠢᠯᠠᠯ ᠂ ᠶᠡᠭᠡ ᠳᠡᠭᠡᠳᠦ ᠰᠤᠷᠭ᠋ᠠᠭᠤᠯᠢ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ᠎ᠪᠠᠨ ᠴᠢᠩᠭ᠋ᠠᠳᠬᠠᠬᠤ ᠂ ᠵᠠᠷᠤᠳᠠᠯ᠎ᠤᠨ ᠣᠷᠤᠭᠤᠯᠤᠯᠲᠠ᠎ᠪᠠᠨ ᠨᠡᠮᠡᠭᠳᠡᠭᠦᠯᠬᠦ ᠵᠢ ᠳᠠᠶ᠋ᠢᠴᠢᠯᠠᠨ ᠳᠠᠭ᠋ᠠᠭᠤᠯᠤᠨ᠎ᠠ ᠃ ᠴᠡᠭ ᠪᠠᠶ᠋ᠢᠷᠢᠯᠠᠯ᠎ᠤᠨ ᠲᠣᠭᠤᠷᠢᠨ᠎ᠳᠤ 《ᠪᠦᠰᠡᠯᠡᠯᠲᠡ ᠰᠢᠪᠲᠤᠯᠬᠤ 》 ᠵᠢ ᠠᠳᠬᠤᠨ᠎ᠠ ᠂ ᠨᠢᠳᠤᠨᠤᠨ᠎ᠤ ᠪᠠᠶ᠋ᠢᠷᠢᠰᠢᠭᠤᠯᠤᠭᠰᠠᠨ 5 ᠴᠡᠭ ᠪᠠᠶ᠋ᠢᠷᠢᠯᠠᠯ᠎ᠤᠨ ᠰᠠᠭᠤᠷᠢᠨ ᠳᠡᠭᠡᠷ᠎ᠡ ᠂ ᠡᠨᠡ ᠵᠢᠯ ᠵᠣᠬᠢᠶᠠᠮᠠᠯ ᠤᠶᠤᠨ + ᠂ ᠳᠣᠣᠷ᠎ᠠ ᠠᠭ᠋ᠠᠷ᠎ᠤᠨ ᠠᠵᠤ ᠠᠬᠤᠢ ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠬᠦᠷᠢᠶ᠎ᠡ ᠴᠠᠷᠠᠭ᠋ᠠᠨ᠎ᠳᠤ ᠪᠠᠰᠠ ᠨᠢᠭᠡ ᠪᠦᠯᠦᠭ ᠰᠢᠨ᠎ᠡ ᠴᠡᠭ ᠪᠠᠶ᠋ᠢᠷᠢᠯᠠᠯᠢ ᠡᠬᠢᠯᠡᠭᠦᠯᠵᠦ ᠂ ᠳᠠᠪᠠᠭᠤᠯᠢᠭ ᠡᠬᠢ ᠪᠠᠶᠠᠯᠢᠭ᠎ᠢ ᠲᠥᠪᠯᠡᠷᠡᠭᠦᠯᠦᠨ᠂ ᠪᠣᠭᠤᠮᠲᠠ ᠰᠢᠪᠲᠤᠯᠬᠤ ᠡᠷᠴᠢᠮ ᠵᠶ᠋ᠠᠨ ᠴᠢᠩᠭ᠋ᠠᠷᠠᠭᠤᠯᠵᠤ ᠂ ᠭᠤᠣᠯᠯᠠᠬᠤ ᠮᠡᠷᠭᠡᠵᠢᠯ᠎ᠳᠤ ᠲᠦᠷᠭᠡᠬᠡᠨ ᠰᠢᠪᠲᠤᠯᠤᠯᠲᠠ ᠭᠠᠷᠭ᠋ᠠᠵᠤ ᠂ 《ᠡᠬᠢᠯᠡᠵᠦ ᠭᠦᠶᠦᠮᠡᠭᠴᠡ ᠲᠦᠷᠦᠭᠦᠯᠡᠬᠦ 》 ᠵᠢ ᠪᠡᠶᠡᠯᠡᠭᠦᠯᠬᠦ ᠪᠠᠷ ᠴᠢᠷᠮᠠᠶ᠋ᠢᠨ᠎ᠠ ᠃ ᠠᠵᠤ ᠦᠢ᠍ᠯᠡᠰ᠎ᠤᠨ ᠳᠤᠲᠠᠭᠤᠳᠠᠯ᠎ᠤᠨ ᠲᠣᠭᠤᠷᠢᠨ᠎ᠳᠤ ᠰᠢᠨ᠎ᠡ ᠵᠢ ᠡᠭᠦᠳᠬᠦ ᠵᠢ ᠠᠳᠬᠤᠨ᠎ᠠ ᠂ ᠠᠵᠤ ᠦᠢ᠍ᠯᠡᠰ᠎ᠤᠨ ᠬᠥᠭᠵᠢᠯᠲᠡ ᠵᠢᠨ ᠪᠣᠭᠤᠮᠢ ᠬᠦᠯᠢᠶᠡᠰᠦᠯᠡᠯ ᠪᠣᠯ ᠰᠢᠨ᠎ᠡ ᠵᠢ ᠡᠭᠦᠳᠬᠦ ᠵᠢᠨ ᠬᠦᠴᠦᠯᠡᠬᠦ ᠴᠡᠭ ᠮᠥᠨ ᠃ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢ᠍ᠯᠡᠰ᠎ᠤᠨ ᠬᠡᠯᠬᠢᠶᠡᠨ᠎ᠤ ᠲᠦᠭᠵᠢᠷᠡᠯ ᠲᠠᠰᠤᠷᠬᠠᠢ ᠴᠡᠭ᠎ᠢ ᠨᠠᠪᠲᠠᠷᠡᠭᠦᠯᠵᠦ ᠂ ᠬᠥᠲᠥᠴᠢ ᠠᠵᠤ ᠠᠬᠤᠶ᠋ᠢᠯᠠᠯ ᠵᠶ᠋ᠠᠷ ᠲᠦᠷᠦᠭᠦᠯᠡᠭᠦᠯᠦᠭᠰᠡᠨ ᠭᠤᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ ᠤ ᠰᠢᠨ᠎ᠡ ᠡᠭᠦᠳᠦᠯᠲᠡ ᠵᠢᠨ ᠬᠤᠯᠪᠣᠭ᠋ᠠᠲᠤ ᠴᠣᠭᠴᠠ ᠵᠢ ᠲᠦᠷᠭᠡᠳᠬᠡᠨ ᠵᠣᠬᠢᠶᠠᠨ ᠪᠠᠶ᠋ᠢᠭᠤᠯᠵᠤ᠂ ᠰᠢᠨ᠎ᠡ ᠵᠢ ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ ᠠᠬᠤᠶ᠋ᠢᠯᠠᠯ ᠂ 《ᠪᠢᠴᠢᠬᠠᠨ ᠠᠪᠤᠷᠭᠤ 》 ᠠᠵᠤ ᠠᠬᠤᠶ᠋ᠢᠯᠠᠯ᠂ ᠭᠠᠭᠴᠠ ᠵᠦᠢ᠍ᠯ᠎ᠤᠨ ᠮᠠᠩᠯᠠᠢ ᠠᠵᠤ ᠠᠬᠤᠶ᠋ᠢᠯᠠᠯ᠎ᠢ ᠱᠠᠲᠤᠯᠠᠨ ᠬᠥᠮᠥᠵᠢᠭᠦᠯᠬᠦ ᠲᠣᠭᠲᠠᠯᠴᠠᠭ᠎ᠠ᠎ᠪᠠᠨ ᠪᠦᠷᠢᠨᠰᠢᠭᠦᠯᠦᠨ ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠶ᠋ᠢᠯᠠᠯ᠎ᠳᠤ ᠰᠤᠳᠤᠯᠤᠨ ᠨᠡᠭᠡᠭᠡᠬᠦ ᠠᠵᠢᠯᠯᠠᠭ᠎ᠠ ᠵᠢ ᠪᠦᠷᠢᠨ ᠪᠦᠷᠬᠦᠭᠦᠯᠬᠦ᠎ᠪᠠᠷ ᠬᠦᠴᠦᠯᠡᠨ ᠴᠢᠷᠮᠠᠶ᠋ᠢᠨ᠎ᠠ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠭᠦᠢ᠍ᠴᠡᠳ ᠰᠠᠶ᠋ᠢᠲᠤᠷ ᠠᠰᠢᠭᠯᠠᠨ᠎ᠠ ᠂ 《ᠤᠯᠤᠰ᠎ᠤᠨ ᠠᠩᠭᠢ 》 ᠵᠢ ᠦᠷᠭᠦᠯᠵᠢᠯᠡᠨ ᠪᠤᠵᠠᠭ᠋ᠠᠶ᠋ᠢᠷᠠᠭᠤᠯᠵᠤ ᠂ ᠬᠤᠸᠠᠢ ᠷᠧᠦ ᠵᠢᠨ ᠤᠯᠤᠰ᠎ᠤᠨ ᠲᠤᠷᠰᠢᠯᠲᠠ ᠵᠢᠨ ᠲᠠᠰᠤᠭ᠎ᠤᠨ ᠥᠪᠥᠷ ᠮᠣᠩᠭᠤᠯ᠎ᠳᠠᠬᠢ ᠰᠠᠭᠤᠷᠢᠨ ᠭᠠᠵᠠᠷ ᠂ ᠬᠦᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠨ ᠵᠢᠱ᠌ᠢᠶ᠎ᠡ ᠦᠵᠡᠭᠦᠯᠬᠦ ᠣᠷᠣᠨ ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠤᠯᠤᠰ᠎ᠤᠨ ᠰᠢᠨ᠎ᠡ ᠵᠢ ᠡᠭᠦᠳᠬᠦ ᠲᠥᠪ ᠵᠥᠪᠰᠢᠶᠡᠷᠡᠭᠳᠡᠵᠦ ᠰᠠᠭᠤᠷᠢᠰᠢᠬᠤ ᠵᠢ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠨ ᠪᠡᠶᠡᠯᠡᠭᠦᠯᠦᠨ᠎ᠡ ; 《ᠣᠷᠣᠨ ᠨᠤᠲᠤᠭ᠎ᠤᠨ ᠠᠩᠭᠢ 》 ᠵᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠂ ᠳᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ ᠂ ᠣᠷᠳᠣᠰ᠎ᠤᠨ ᠲᠤᠷᠰᠢᠯᠲᠠ ᠵᠢᠨ ᠲᠠᠰᠤᠭ᠎ᠢ ᠰᠠᠶ᠋ᠢᠲᠤᠷ ᠪᠦᠲᠦᠭᠡᠨ ᠪᠠᠶ᠋ᠢᠭᠤᠯᠤᠨ ᠂ ᠪᠤᠭᠤᠲᠤ ᠬᠤᠲᠠ ᠵᠢᠨ ᠲᠤᠷᠰᠢᠯᠲᠠ ᠵᠢᠨ ᠲᠠᠰᠤᠭ᠎ᠢ ᠵᠣᠬᠢᠶᠠᠨ ᠪᠠᠶ᠋ᠢᠭᠤᠯᠵᠤ ᠂ ᠣᠨᠴᠠᠭ᠋ᠠᠶ᠋ᠢᠯᠠᠨ 《ᠮᠧᠩ ᠺᠧ ᠵᠢᠦᠢ 》 ᠶᠡᠷᠦᠩᠬᠡᠢ ᠲᠠᠪᠴᠠᠩ ᠶᠡᠷᠦᠩᠬᠡᠢ ᠬᠦᠢ᠍ᠰᠦ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ ᠂ ᠮᠡᠷᠭᠡᠵᠢᠯ᠎ᠤᠨ ᠭᠡᠷ᠎ᠡ ᠵᠢᠨ ᠠᠷᠠᠯᠵᠢᠶᠠᠯᠠᠭᠰᠠᠨ ᠲᠤᠭ᠎ᠠ ᠵᠢ ᠵᠠᠭᠤᠨ ᠳ᠋ᠦᠩᠰᠢᠭᠤᠷ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠨ᠎ᠠ ᠃ ᠬᠥᠭᠵᠢᠭᠰᠡᠨ ᠮᠤᠵᠢ ᠣᠷᠣᠨ᠎ᠤ ᠰᠤᠳᠤᠯᠤᠨ ᠨᠡᠭᠡᠭᠡᠬᠦ ᠴᠢᠳᠠᠪᠤᠷᠢ ᠴᠢᠩᠭ᠎ᠠ ᠂ ᠭᠡᠪᠡᠴᠦ ᠮᠠᠨ᠎ᠤ ᠣᠷᠣᠨ᠎ᠤ ᠬᠡᠷᠡᠭᠯᠡᠯᠲᠡ ᠵᠢᠨ ᠠᠬᠤᠢ ᠪᠠᠶ᠋ᠢᠳᠠᠯ ᠣᠯᠠᠨ ᠶᠤᠮ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠠᠴᠠ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠋ᠠᠨ᠎ᠢ ᠪᠠᠶ᠋ᠢᠷᠢᠯᠠᠭᠤᠯᠪᠠ᠂ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ᠎ᠬᠢ ᠬᠠᠮᠲᠤᠷᠠᠯᠴᠠᠭ᠎ᠠ ᠵᠢ ᠴᠢᠬᠤᠯᠠ ᠠᠭᠤᠯᠭ᠎ᠠ᠎ᠪᠠᠨ ᠪᠣᠯᠭ᠋ᠠᠵᠣ᠂ ᠨᠢᠭᠡ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠤᠣᠰ ᠴᠢᠭᠯᠡᠯᠲᠦ ᠣᠭᠤᠷᠴᠤᠭ ᠬᠠᠷᠢᠶ᠎ᠠ ᠭᠠᠵᠠᠷ᠎ᠢ ᠪᠦᠲᠦᠭᠡᠨ ᠪᠠᠶ᠋ᠢᠭᠤᠯᠵᠤ᠂ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠢ ᠪᠣᠳᠠᠲᠠᠶ᠋ᠢᠵᠢᠭᠤᠯᠤᠨ ᠂ ᠨᠡᠩ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠮᠠᠨ᠎ᠤ ᠣᠷᠣᠨ᠎ᠳᠤ᠎ᠪᠠᠨ ᠤᠯᠠᠷᠢᠭᠤᠯᠤᠨ ᠬᠡᠷᠡᠭᠯᠡᠭᠦᠯᠦᠨ᠎ᠡ ᠃
ᠴᠢᠳᠠᠪᠤᠷᠢᠲᠠᠨ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠦᠨᠳᠦᠰᠦ ᠰᠠᠭᠤᠷᠢ ᠪᠣᠯᠣᠨ᠎ᠠ ᠃ 《ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠤᠯ ᠵᠶ᠋ᠠᠨ ᠮᠠᠨᠳᠤᠭᠤᠯᠬᠤ 》 ᠢᠨᠵᠧᠨᠧᠷᠢᠩ ᠵᠶ᠋ᠠᠷ ᠶᠡᠷᠦᠩᠬᠡᠢ ᠵᠢᠯᠣᠭᠤᠳᠤᠮᠵᠢ ᠪᠣᠯᠭ᠋ᠠᠵᠤ ᠂ ᠮᠠᠨ᠎ᠤ ᠣᠷᠣᠨ᠎ᠤ ᠬᠥᠭᠵᠢᠯᠲᠡ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠴᠢᠳᠠᠪᠤᠷᠢᠲᠠᠨ᠎ᠢ ᠰᠡᠳᠬᠢᠯ ᠲᠠᠯᠪᠢᠨ ᠤᠷᠢᠵᠤ ᠂ ᠴᠢᠳᠠᠪᠤᠷᠢᠲᠠᠨ᠎ᠢ ᠦᠨᠡᠨᠴᠢ᠎ᠪᠠᠷ ᠦᠯᠡᠳᠡᠭᠡᠵᠦ ᠂ ᠴᠢᠳᠠᠪᠤᠷᠢᠲᠠᠨ᠎ᠢ ᠨᠠᠨᠳᠢᠩᠨᠠᠨ ᠬᠡᠷᠡᠭᠯᠡᠵᠦ ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠳᠤ ᠵᠠᠷᠤᠳᠠᠯ᠎ᠤᠨ ᠳᠡᠮᠵᠢᠯᠭᠡ ᠦᠵᠡᠭᠦᠯᠬᠦ ᠂ ᠴᠢᠳᠠᠪᠤᠷᠢᠲᠠᠨ ᠤᠷᠢᠬᠤ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠬᠦ ᠂ ᠰᠠᠭ᠋ᠠᠳ ᠦᠭᠡᠢ ᠨᠡᠪᠲᠡᠷᠡᠬᠦ ᠵᠠᠮ ᠪᠠᠶ᠋ᠢᠭᠤᠯᠬᠤ ᠂ ᠬᠥᠯᠥᠰᠦ ᠣᠯᠭᠤᠮᠵᠢ᠎ᠪᠠᠷ ᠤᠷᠮᠠᠰᠢᠭᠤᠯᠬᠤ ᠵᠢ ᠴᠢᠩᠭ᠋ᠠᠷᠠᠭᠤᠯᠬᠤ ᠂ ᠮᠡᠷᠭᠡᠵᠢᠯ᠎ᠤᠨ ᠴᠣᠯᠠ ᠲᠣᠭᠲᠠᠭ᠋ᠠᠵᠤ ᠤᠷᠢᠬᠤ᠎ᠳᠤ ᠬᠠᠷᠠᠭ᠋ᠠᠯᠵᠠᠯ ᠦᠵᠡᠭᠦᠯᠬᠦ ᠵᠡᠷᠭᠡ ᠲᠠᠯ᠎ᠠ᠎ᠪᠠᠷ ᠶᠡᠷᠦᠩᠬᠡᠶ᠋ᠢᠯᠡᠨ ᠠᠷᠭ᠎ᠠ ᠪᠣᠳᠣᠯᠭ᠎ᠠ ᠬᠡᠷᠡᠭᠵᠢᠭᠦᠯᠦᠨ ᠂ ᠰᠠᠶ᠋ᠢᠨ ᠲᠥᠷᠥ ᠵᠢᠨ ᠪᠣᠳᠣᠯᠭ᠎ᠠ ᠵᠢ ᠦᠨᠡᠨ ᠪᠣᠳᠠᠲᠠᠢ᠎ᠪᠠᠷ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠨ᠎ᠠ ᠃ ᠰᠤᠷᠭ᠋ᠠᠨ ᠬᠥᠮᠦᠵᠢᠯ ᠪᠣᠯ ᠴᠢᠳᠠᠪᠤᠷᠢᠲᠠᠨ ᠬᠥᠮᠥᠵᠢᠭᠦᠯᠬᠦ ᠵᠢᠨ ᠦᠨᠳᠦᠰᠦᠨ ᠠᠷᠭ᠎ᠠ ᠵᠠᠮ ᠪᠣᠯᠣᠨ᠎ᠠ ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠨᠢ ᠲᠡᠷᠢᠭᠦᠨ ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ ᠂ ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ 《ᠬᠤᠣᠰ ᠲᠡᠷᠢᠭᠦᠨ ᠳᠡᠰ 》᠎ᠤᠨ ᠪᠠᠶ᠋ᠢᠭᠤᠯᠤᠯᠲᠠ ᠵᠢ ᠦᠷᠭᠦᠯᠵᠢᠯᠡᠨ ᠳᠡᠮᠵᠢᠵᠦ ᠂ ᠰᠦ ᠰᠠᠭ᠋ᠠᠯᠢ ᠵᠢᠨ ᠦᠢ᠍ᠯᠡᠰ ᠂ ᠬᠤᠪᠣᠷ ᠰᠢᠷᠣᠢ ᠂ ᠡᠨᠧᠷᠬᠢ ᠵᠡᠷᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠳᠡᠭᠡᠳᠦ ᠵᠡᠷᠭᠡ ᠵᠢᠨ ᠰᠤᠳᠤᠯᠤᠯ᠎ᠤᠨ ᠬᠦᠷᠢᠶᠡᠯᠡᠩ᠎ᠢ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠣᠷᠣᠨ ᠪᠦᠰᠡ ᠵᠢᠨ ᠬᠥᠭᠵᠢᠯᠲᠡ᠎ᠲᠠᠢ ᠵᠣᠬᠢᠴᠠᠯᠳᠤᠭᠤᠯᠵᠤ ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ᠎ᠲᠠᠢ ᠵᠣᠯᠭ᠋ᠠᠭᠤᠯᠤᠨ ᠂ ᠬᠤᠲᠠ ᠵᠢᠨ ᠬᠡᠪᠴᠢᠶᠡᠨ᠎ᠤ ᠠᠵᠤ ᠦᠢ᠍ᠯᠡᠰ ᠰᠤᠷᠭ᠋ᠠᠨ ᠬᠥᠮᠦᠵᠢᠯ᠎ᠤᠨ ᠬᠤᠯᠪᠣᠭ᠋ᠠᠲᠤ ᠴᠣᠭᠴᠠ ᠂ ᠠᠵᠢᠯ ᠲᠦᠷᠦᠯ᠎ᠤᠨ ᠠᠵᠤ ᠦᠢ᠍ᠯᠡᠰ ᠰᠤᠷᠭ᠋ᠠᠨ ᠬᠥᠮᠦᠵᠢᠯ ᠠᠭᠤᠰᠤᠯᠴᠠᠭᠰᠠᠨ ᠬᠠᠮᠲᠤ ᠵᠢᠨ ᠴᠣᠭᠴᠠ ᠵᠢ ᠰᠠᠶ᠋ᠢᠲᠤᠷ ᠪᠠᠶ᠋ᠢᠭᠤᠯᠤᠨ ᠬᠦᠴᠦᠷᠬᠡᠭᠵᠢᠭᠦᠯᠵᠦ ᠂ ᠥᠪᠥᠷ ᠮᠣᠩᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠂ ᠬᠦᠬᠡᠬᠤᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠬᠢ ᠪᠠᠶᠠᠯᠢᠭ ᠵᠶ᠋ᠠᠨ ᠨᠡᠶ᠋ᠢᠳᠬᠡᠨ ᠠᠵᠢᠯ ᠮᠡᠷᠭᠡᠵᠢᠯ᠎ᠤᠨ ᠦᠨᠳᠦᠰᠦᠨ ᠠᠩᠭᠢ ᠪᠠᠶ᠋ᠢᠭᠤᠯᠬᠤ ᠵᠢ ᠳᠡᠮᠵᠢᠨ᠎ᠡ ᠃
(ᠳᠥᠷᠪᠡ) ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ ᠲᠣᠬᠢᠷᠠᠭᠤᠯᠵᠤ ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠤᠨ᠎ᠠ ᠃ ᠮᠠᠨ᠎ᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ ᠂ ᠭᠠᠵᠠᠷ ᠠᠭᠤᠳᠠᠮ ᠬᠥᠮᠥᠨ ᠴᠥᠭᠡᠨ ᠂ ᠦᠢ᠍ᠯᠡᠳᠪᠦᠷᠢᠯᠡᠯ᠎ᠤᠨ ᠬᠦᠴᠦᠨ ᠵᠦᠢ᠍ᠯ ᠬᠠᠷᠢᠴᠠᠩᠭᠤᠢ ᠲᠠᠷᠠᠬᠠᠢ ᠪᠤᠲᠠᠷᠬᠠᠢ ᠶᠤᠮ ᠂ ᠠᠵᠤ ᠦᠢ᠍ᠯᠡᠰ᠎ᠢ ᠬᠥᠭᠵᠢᠭᠦᠯᠬᠦ᠎ᠳᠤ ᠡᠷᠬᠡᠪᠰᠢ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠨ ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠵᠢ ᠭᠤᠶ᠋ᠢᠪᠢᠰᠢ ᠦᠭᠡᠢ ᠪᠠᠷᠢᠮᠲᠠᠯᠠᠵᠤ ᠂ ᠣᠷᠣᠨ ᠳᠠᠶᠠᠭ᠋ᠠᠷ 《ᠨᠢᠭᠡ ᠬᠥᠯᠭᠡ ᠰᠢᠲᠠᠷ᠎ᠠ ᠰᠢᠭ᠋ 》 ᠪᠠᠶ᠋ᠢᠬᠤ ᠵᠢ ᠡᠷᠬᠡᠪᠰᠢ ᠪᠠᠷᠢᠮᠲᠠᠯᠠᠵᠤ ᠂ ᠵᠠᠭᠤᠨ ᠳ᠋ᠦᠩᠰᠢᠭᠤᠷ᠎ᠤᠨ ᠠᠵᠤ ᠦᠢ᠍ᠯᠡᠰ᠎ᠤᠨ ᠰᠠᠭᠤᠷᠢ ᠮᠥᠩᠭᠦ ᠵᠢ ᠨᠡᠶ᠋ᠢᠳᠬᠡᠨ ᠪᠠᠶ᠋ᠢᠭᠤᠯᠵᠤ ᠂ ᠠᠷᠪᠠᠨ ᠶᠡᠭᠡ ᠠᠵᠤ ᠦᠢ᠍ᠯᠡᠰ᠎ᠤᠨ ᠪᠦᠯᠦᠭᠵᠢᠯ᠎ᠢ ᠰᠡᠳᠬᠢᠯ ᠲᠠᠯᠪᠢᠨ ᠴᠣᠭᠴᠠᠯᠠᠵᠤ᠂ ᠥᠨᠳᠥᠷ ᠲᠦᠪᠰᠢᠨᠳᠣ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠲᠥᠪᠯᠡᠷᠡᠵᠦ ᠪᠥᠭᠡᠮᠨᠡᠷᠡᠨ ᠡᠷᠴᠢᠮᠵᠢᠵᠦ ᠬᠥᠭᠵᠢᠬᠦ ᠵᠢ ᠠᠬᠢᠭᠤᠯᠤᠨ᠂ ᠪᠠᠶ᠋ᠢᠷᠢᠰᠢᠭᠤᠯᠤᠯᠲᠠ᠎ᠨᠢ ᠵᠦᠢ ᠵᠣᠬᠢᠰᠲᠠᠢ᠂ ᠵᠢᠷᠤᠮᠵᠢᠭᠤᠨ ᠪᠥᠭᠡᠳ ᠡᠮᠬᠢ ᠵᠢᠷᠤᠮ᠎ᠲᠠᠢ᠂ ᠠᠮᠢᠵᠢᠷᠠᠯ᠎ᠤᠨ ᠬᠦᠴᠦᠨ ᠪᠢᠯᠬᠠᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠠᠶ᠋ᠢᠭᠤᠯᠤᠨ᠎ᠠ ᠃
ᠪᠦᠬᠦ ᠤᠯᠤᠰ᠎ᠤᠨ ᠲᠡᠷᠢᠭᠦᠨ ᠡᠩᠨᠡᠭᠡᠨ᠎ᠳᠤ ᠪᠠᠶ᠋ᠢᠭ᠎ᠠ ᠠᠵᠤ ᠦᠢ᠍ᠯᠡᠰ᠎ᠤᠨ ᠲᠦᠷᠦᠭᠦᠯᠡᠬᠦ ᠪᠠᠶ᠋ᠢᠷᠢ ᠵᠢ᠎ᠨᠢ ᠪᠠᠲᠤᠯᠠᠵᠤ᠂ ᠰᠢᠨ᠎ᠡ ᠥᠨᠳᠦᠷᠯᠢᠭ᠎ᠢ ᠵᠠᠪᠳᠤᠨ ᠡᠵᠡᠯᠡᠬᠦ ᠵᠢ ᠠᠬᠢᠭᠤᠯᠤᠨ᠎ᠠ᠃ ᠮᠠᠨ᠎ᠤ ᠣᠷᠣᠨ᠎ᠤ ᠰᠦ ᠰᠠᠭ᠋ᠠᠯᠢ ᠵᠢᠨ ᠦᠢ᠍ᠯᠡᠰ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠎ᠨᠢ ᠨᠢᠭᠡᠨᠲᠡ ᠤᠯᠤᠰ᠎ᠤᠨ ᠳᠡᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠰᠣᠩᠭᠤᠭᠳᠠᠪᠠ᠂ ᠣᠳᠣ ᠳᠡᠯᠡᠬᠡᠢ ᠵᠢᠨ ᠳᠡᠰ᠎ᠲᠤ ᠳᠠᠪᠰᠢᠨ ᠣᠷᠣᠬᠤ᠎ᠪᠠᠷ ᠲᠦᠷᠭᠡᠨ ᠤᠷᠤᠭᠰᠢᠯᠠᠬᠤ ᠬᠡᠷᠡᠭᠲᠡᠢ᠃ ᠰᠦ ᠰᠠᠭ᠋ᠠᠯᠢ ᠵᠢᠨ ᠦᠢ᠍ᠯᠡᠰ᠎ᠤᠨ ᠲᠠᠯ᠎ᠠ᠎ᠪᠠᠷ ᠳᠡᠯᠡᠬᠡᠢ᠎ᠳᠠᠬᠢ ᠥᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠵᠦ᠂ ᠢᠯᠢ᠂ ᠮᠧᠩ ᠨᠢᠦ ᠬᠤᠶᠠᠷ ᠲᠣᠮᠣ ᠰᠦ ᠰᠠᠭ᠋ᠠᠯᠢ ᠵᠢᠨ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠳᠡᠯᠡᠬᠡᠶ᠋ᠢᠵᠢᠭᠦᠯᠬᠦ ᠪᠠᠶ᠋ᠢᠯᠳᠤᠬᠤ ᠪᠣᠳᠣᠯᠭ᠎ᠠ ᠵᠢ᠎ᠨᠢ ᠠᠬᠢᠭᠤᠯᠵᠤ᠂ ᠣᠨᠴᠠᠭ᠋ᠠᠶ᠋ᠢᠯᠠᠨ ᠪᠦᠲᠦᠭᠡᠭᠳᠡᠬᠦᠨ᠎ᠤ ᠪᠦᠲᠦᠴᠡ ᠵᠢ ᠬᠦᠴᠦᠯᠡᠨ ᠰᠢᠯᠢᠳᠡᠭᠵᠢᠭᠦᠯᠵᠦ᠂ ᠪᠢᠰᠢᠯᠠᠭ᠂ ᠰᠢᠷᠠᠰᠤ᠂ ᠰᠦᠨ᠎ᠤ ᠲᠡᠮᠦᠷᠲᠦ ᠤᠭᠤᠷᠠᠭ ᠵᠡᠷᠭᠡ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢ᠍ᠯᠡᠰ᠎ᠢ ᠲᠦᠷᠭᠡᠳᠬᠡᠨ ᠪᠠᠶ᠋ᠢᠷᠢᠰᠢᠭᠤᠯᠵᠤ᠂ ᠰᠦᠨ ᠲᠠᠯᠬ᠎ᠠ᠂ ᠲᠠᠷᠠᠭ᠂ ᠮᠥᠰᠥᠮᠡᠭᠤᠨ ᠵᠠᠬ᠎ᠠ ᠳᠡᠯᠭᠡᠭᠦᠷ᠎ᠤᠨ ᠬᠤᠪᠢᠳᠠᠴᠠ ᠵᠢ ᠥᠷᠭᠡᠳᠬᠡᠨ᠂ ᠰᠦ ᠰᠠᠭ᠋ᠠᠯᠢ ᠵᠢᠨ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ ᠤ ᠥᠷᠲᠡᠭ᠎ᠢ 2500 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠬᠤᠪᠣᠷ ᠰᠢᠷᠣᠢ ᠵᠢᠨ ᠲᠠᠯ᠎ᠠ᠎ᠪᠠᠷ 《ᠬᠤᠪᠣᠷ ᠰᠢᠷᠣᠢ ᠵᠢᠨ ᠬᠤᠶᠠᠷ ᠰᠠᠭᠤᠷᠢᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ ᠵᠢ ᠣᠨᠢᠯᠠᠨ ᠂ 《ᠠᠭᠤᠷᠬᠠᠢ ᠠᠴᠠ ᠬᠤᠪᠣᠷ ᠰᠢᠷᠣᠢ ᠢᠯᠡᠷᠡᠭᠦᠯᠬᠦ 》᠂ 《ᠬᠤᠪᠣᠷ ᠰᠢᠷᠣᠢ᠎ᠠᠴᠠ ᠮᠠᠲ᠋ᠧᠷᠢᠶᠠᠯ ᠪᠣᠯᠭ᠋ᠠᠬᠤ 》᠂ 《ᠮᠠᠲ᠋ᠧᠷᠢᠶᠠᠯ᠎ᠢ ᠬᠡᠷᠡᠭᠯᠡᠯᠲᠡ᠎ᠳᠤ ᠣᠷᠣᠭᠤᠯᠬᠤ 》 ᠠᠵᠢᠯ᠎ᠢ ᠰᠠᠶ᠋ᠢᠲᠤᠷ ᠬᠢᠵᠦ᠂ ᠪᠦᠬᠦ ᠬᠡᠯᠬᠢᠶᠡᠨ᠎ᠤ ᠬᠤᠪᠣᠷ ᠰᠢᠷᠣᠢ ᠵᠢᠨ ᠠᠵᠤ ᠦᠢ᠍ᠯᠡᠰ᠎ᠤᠨ ᠬᠡᠮᠵᠢᠯᠲᠡ ᠵᠢᠨ ᠪᠠᠷᠢᠮᠵᠢᠶ᠎ᠠ ᠵᠢ ᠭᠡᠷᠡᠴᠢᠯᠡᠬᠦ ᠲᠣᠭᠲᠠᠯᠴᠠᠭ᠎ᠠ᠎ᠪᠠᠨ ᠲᠡᠭᠦᠯᠳᠡᠷᠵᠢᠭᠦᠯᠦᠨ᠂ 《ᠬᠤᠪᠣᠷ ᠰᠢᠷᠣᠢ +》 ᠠᠵᠤ ᠦᠢ᠍ᠯᠡᠰ᠎ᠤᠨ ᠡᠪᠴᠡᠯᠳᠦᠨ ᠬᠥᠭᠵᠢᠬᠦ ᠣᠷᠣᠨ ᠵᠠᠢ ᠵᠢ ᠥᠷᠭᠡᠳᠬᠡᠵᠦ᠂ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ 1300 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠠᠯ᠎ᠠ᠎ᠪᠠᠷ ᠨᠡᠭᠦᠷᠡᠰᠦ᠎ᠪᠠᠷ ᠰᠠᠭᠤᠷᠢᠯᠠᠭᠰᠠᠨ ᠰᠢᠨ᠎ᠡ ᠬᠡᠯᠪᠡᠷᠢ ᠵᠢᠨ ᠨᠡᠶ᠋ᠢᠯᠡᠯᠭᠡ ᠮᠠᠲ᠋ᠧᠷᠢᠶᠠᠯ᠂ ᠲᠡᠷᠢᠭᠦᠨ᠎ᠤ ᠨᠡᠭᠦᠷᠡᠰᠦᠳᠦ᠋ᠷᠦᠭᠴᠢ ᠮᠠᠲ᠋ᠧᠷᠢᠶᠠᠯ᠂ ᠵᠠᠳᠠᠷᠠᠬᠤᠶ᠋ᠢᠴᠠ ᠮᠠᠲ᠋ᠧᠷᠢᠶᠠᠯ ᠵᠡᠷᠭᠡ ᠳᠡᠭᠡᠳᠦ ᠲᠡᠰᠵᠢᠭᠰᠡᠨ ᠦᠢ᠍ᠯᠡᠳᠬᠦᠨ᠎ᠤ ᠮᠡᠷᠭᠡᠵᠢᠯ᠎ᠢ ᠨᠡᠭᠡᠭᠡᠨ ᠬᠥᠭᠵᠢᠭᠦᠯᠵᠦ ᠬᠡᠷᠡᠭᠯᠡᠬᠦ ᠵᠢ ᠲᠦᠷᠭᠡᠳᠬᠡᠨ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠬᠢᠭᠡᠳ ᠪᠣᠬᠢᠷᠳᠤᠯ ᠦᠭᠡᠢ ᠴᠠᠬᠢᠯᠭ᠋ᠠᠨ᠂ ᠪᠣᠬᠢᠷᠳᠤᠯ ᠦᠭᠡᠢ ᠤᠰᠤᠳᠦ᠋ᠷᠦᠭᠴᠢ ᠵᠡᠷᠭᠡ ᠵᠢᠨ ᠡᠪᠴᠡᠯᠳᠦᠨ ᠬᠥᠭᠵᠢᠬᠦ ᠵᠢ ᠠᠬᠢᠭᠤᠯᠵᠤ᠂ ᠣᠷᠳᠣᠰ᠎ᠲᠠᠬᠢ ᠤᠯᠤᠰ᠎ᠤᠨ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠥᠨᠳᠥᠷ ᠲᠦᠪᠰᠢᠨ ᠵᠶ᠋ᠠᠷ ᠪᠦᠲᠦᠭᠡᠨ ᠪᠠᠶ᠋ᠢᠭᠤᠯᠵᠤ ᠂ ᠤᠯᠤᠰ᠎ᠤᠨ ᠡᠨᠧᠷᠬᠢ ᠵᠢᠨ ᠪᠦᠯᠦᠭᠯᠡᠯ᠎ᠤᠨ ᠨᠡᠭᠦᠷᠡᠰᠦ᠎ᠪᠠᠷ ᠲᠣᠰᠣ ᠦᠢ᠍ᠯᠡᠳᠬᠦ ᠪᠤᠤ ᠹᠧᠩ ᠪᠦᠯᠦᠭᠯᠡᠯ᠎ᠤᠨ ᠨᠡᠭᠦᠷᠡᠰᠦ᠎ᠪᠠᠷ ᠠᠯᠺᠧᠨ ᠨᠡᠭᠦᠷᠦᠭᠴᠢ ᠦᠢ᠍ᠯᠡᠳᠬᠦ᠂ ᠵᠢᠦ᠎ᠲᠠᠢ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠥᠷᠲᠡᠭ᠎ᠢ ᠮᠢᠩᠭ᠋ᠠᠨ ᠳ᠋ᠦᠩᠰᠢᠭᠤᠷ ᠭᠠᠷᠤᠢ ᠲᠥᠭᠦᠷᠢᠭ᠎ᠲᠤ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠮᠠᠨ᠎ᠤ ᠣᠷᠣᠨ ᠪᠣᠯ ᠤᠯᠤᠰ᠎ᠤᠨ ᠨᠠᠢ᠍ᠮᠠᠨ ᠶᠡᠭᠡ ᠪᠣᠳᠣᠬᠤ ᠴᠢᠳᠠᠪᠤᠷᠢ ᠵᠢᠨ ᠬᠦᠢ᠍ᠰᠦ ᠵᠠᠩᠭᠢᠯᠠᠭ᠎ᠠ ᠵᠢᠨ ᠴᠡᠭ ᠪᠠ ᠠᠷᠪᠠᠨ ᠶᠡᠭᠡ ᠳ᠋ᠠᠶ᠋ᠢᠲ᠋ᠠ ᠵᠢᠨ ᠲᠥᠪ᠎ᠤᠨ ᠪᠦᠯᠦᠭᠵᠢᠯ᠎ᠤᠨ ᠨᠢᠭᠡ᠎ᠨᠢ ᠪᠣᠯᠣᠨ᠎ᠠ᠂ 《ᠤᠯᠤᠰ᠎ᠤᠨ ᠳᠣᠲᠣᠭ᠋ᠠᠳᠤ᠎ᠳᠤ ᠲᠦᠷᠦᠭᠦᠯᠡᠬᠦ》 ᠬᠠᠷᠠᠯᠲᠠ᠎ᠳᠤ ᠴᠢᠭᠯᠡᠭᠦᠯᠦᠨ᠂ ᠤᠯᠤᠰ᠎ᠤᠨ ᠪᠣᠳᠣᠬᠤ ᠴᠢᠳᠠᠪᠤᠷᠢ ᠬᠢᠭᠡᠳ ᠴᠠᠬᠢᠯᠭ᠋ᠠᠨ ᠬᠦᠴᠦᠨ᠎ᠤ ᠵᠣᠬᠢᠴᠠᠩᠭᠤᠢ ᠬᠥᠭᠵᠢᠯᠲᠡ ᠵᠢᠨ ᠲᠤᠷᠰᠢᠯᠲᠠ ᠵᠢᠨ ᠴᠡᠭ᠎ᠤᠨ ᠪᠠᠶ᠋ᠢᠭᠤᠯᠤᠯᠲᠠ ᠵᠢ ᠠᠬᠢᠭᠤᠯᠵᠤ ᠂ ᠳᠡᠭᠡᠳᠦ ᠬᠡᠯᠬᠢᠶᠡᠨ᠎ᠤ IT᠎ᠤᠨ ᠵᠥᠭᠡᠯᠡᠨ ᠬᠠᠲᠠᠭᠤ ᠬᠡᠷᠡᠭᠰᠡᠯ᠎ᠤᠨ ᠲᠥᠬᠦᠭᠡᠷᠦᠮᠵᠢ ᠂ ᠳᠤᠮᠳᠠ ᠬᠡᠯᠬᠢᠶᠡᠨ᠎ᠤ ᠪᠣᠳᠣᠬᠤ ᠴᠢᠳᠠᠪᠤᠷᠢ ᠵᠢᠨ ᠰᠦᠯᠵᠢᠶ᠎ᠡ ᠵᠢᠴᠢ ᠲᠠᠪᠴᠠᠩ ᠂ ᠳᠣᠣᠷᠠᠳᠤ ᠬᠡᠯᠬᠢᠶᠡᠨ᠎ᠤ ᠬᠡᠷᠡᠭᠯᠡᠯᠲᠡ ᠵᠢᠨ ᠠᠬᠤᠢ ᠪᠠᠶ᠋ᠢᠳᠠᠯ᠎ᠤᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠲᠦᠷᠭᠡᠳᠬᠡᠨ ᠂ ᠬᠤᠸᠠ ᠸᠧᠢ ᠂ ᠾᠥᠸᠧ ᠱᠠᠨ ᠬᠥᠳᠡᠯᠭᠡᠭᠦᠷ ᠂ ᠱ᠌ᠢ ᠵᠢᠢ ᠬᠤ᠌ ᠯᠢᠶᠠᠨ ᠂ ᠵᠦᠩ ᠵᠢᠨ ᠳ᠋ᠠᠶ᠋ᠢᠲ᠋ᠠ ᠵᠡᠷᠭᠡ ᠣᠶᠤᠨᠴᠢ ᠪᠣᠳᠣᠯᠲᠠ ᠵᠢᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ ᠂ ᠪᠦᠬᠦ ᠤᠯᠤᠰ᠎ᠲᠤ ᠦᠢ᠍ᠯᠡᠴᠢᠯᠡᠬᠦ ᠪᠣᠬᠢᠷᠳᠤᠯ ᠦᠭᠡᠢ ᠪᠣᠳᠣᠬᠤ ᠴᠢᠳᠠᠪᠤᠷᠢ ᠵᠢᠨ ᠪᠠᠲᠤᠯᠠᠭ᠎ᠠ ᠵᠢᠨ ᠰᠠᠭᠤᠷᠢᠨ ᠭᠠᠵᠠᠷ ᠂ ᠳ᠋ᠠᠶ᠋ᠢᠲ᠋ᠠ ᠪᠣᠯᠪᠠᠰᠤᠷᠠᠭᠤᠯᠬᠤ ᠰᠠᠭᠤᠷᠢᠨ ᠭᠠᠵᠠᠷ ᠂ ᠲᠣᠮᠣ ᠵᠠᠭᠪᠤᠷ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠢ ᠴᠣᠭᠴᠠᠯᠠᠨ ᠂ ᠪᠣᠳᠣᠬᠤ ᠴᠢᠳᠠᠪᠤᠷᠢ ᠵᠢᠨ ᠬᠡᠪᠴᠢᠶᠡᠵᠢᠯ᠎ᠢ 20 ᠲᠦᠮᠡᠨ P᠎ᠠᠴᠠ ᠳᠠᠪᠠᠭᠤᠯᠵᠤ ᠂ ᠣᠶᠤᠨᠴᠢ ᠪᠣᠳᠣᠬᠤ ᠴᠢᠳᠠᠪᠤᠷᠢ ᠵᠢᠨ ᠪᠦᠬᠦ ᠤᠯᠤᠰ᠎ᠲᠤ ᠲᠦᠷᠦᠭᠦᠯᠡᠭᠰᠡᠨ ᠪᠠᠶ᠋ᠢᠷᠢ ᠵᠢ ᠪᠠᠲᠤᠯᠠᠨ ᠂ ᠰᠢᠨ᠎ᠡ᠎ᠪᠠᠷ ᠪᠠᠶ᠋ᠢᠭᠤᠯᠬᠤ ᠳ᠋ᠠᠶ᠋ᠢᠲ᠋ᠠ ᠵᠢᠨ ᠲᠥᠪ᠎ᠤᠨ ᠪᠣᠬᠢᠷᠳᠤᠯ ᠦᠭᠡᠢ ᠴᠠᠬᠢᠯᠭ᠋ᠠᠨ ᠬᠦᠴᠦᠨ᠎ᠤ ᠬᠠᠷᠢᠴᠠᠯ᠎ᠢ 80%᠎ᠠᠴᠠ ᠳᠣᠣᠷ᠎ᠠ ᠪᠠᠶ᠋ᠢᠯᠭ᠋ᠠᠬᠤ ᠦᠭᠡᠢ᠎ᠪᠠᠷ ᠬᠦᠴᠦᠯᠡᠨ ᠴᠢᠷᠮᠠᠶ᠋ᠢᠨ᠎ᠠ ᠃ ᠠᠵᠤ ᠦᠢ᠍ᠯᠡᠰ᠎ᠤᠨ ᠳ᠋ᠢᠭᠢᠳ᠋ᠴᠢᠯᠠᠯᠳᠡ ᠵᠢ ᠶᠡᠭᠡ᠎ᠪᠠᠷ ᠠᠬᠢᠭᠤᠯᠤᠨ᠂ ᠦᠢ᠍ᠯᠡᠳᠬᠦ ᠦᠢ᠍ᠯᠡᠰ᠎ᠤᠨ ᠣᠶᠤᠨᠴᠢ᠎ᠪᠠᠷ ᠥᠭᠡᠷᠡᠴᠢᠯᠡᠨ ᠰᠢᠨᠡᠳᠬᠡᠵᠦ ᠳ᠋ᠢᠬᠢᠳ᠋ᠴᠢᠯᠡᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠠᠵᠤ ᠠᠬᠤᠶ᠋ᠢᠯᠠᠯ᠎ᠳᠤ ᠳ᠋ᠢᠬᠢᠳ᠋ᠴᠢᠯᠡᠨ ᠥᠭᠡᠷᠡᠴᠢᠯᠡᠨ ᠰᠢᠨᠡᠳᠬᠡᠬᠦ ᠵᠢ ᠪᠦᠷᠢᠨ ᠪᠦᠷᠬᠦᠭᠦᠯᠬᠦ᠎ᠪᠠᠨ ᠪᠡᠶᠡᠯᠡᠭᠦᠯᠦᠨ᠎ᠡ ᠃
ᠣᠨᠴᠠᠯᠢᠭ᠎ᠲᠠᠢ᠂ ᠳᠠᠪᠠᠭᠤᠯᠢᠭ ᠠᠵᠤ ᠦᠢ᠍ᠯᠡᠰ᠎ᠤᠨ ᠲᠦᠷᠭᠡᠬᠡᠨ ᠪᠤᠵᠠᠭ᠋ᠠᠶ᠋ᠢᠷᠠᠵᠤ ᠬᠦᠴᠦᠷᠬᠡᠭᠵᠢᠬᠦ ᠵᠢ ᠠᠬᠢᠭᠤᠯᠵᠤ᠂ ᠨᠡᠮᠡᠭᠳᠡᠯ᠎ᠤᠨ ᠰᠢᠨ᠎ᠡ ᠬᠥᠳᠡᠯᠭᠡᠭᠦᠷ᠎ᠢ ᠪᠦᠷᠢᠯᠳᠦᠭᠦᠯᠦᠨ᠎ᠡ᠃ ᠰᠢᠨ᠎ᠡ ᠡᠨᠧᠷᠬᠢ ᠵᠢᠨ ᠠᠵᠤ ᠦᠢ᠍ᠯᠡᠰ᠎ᠤᠨ ᠲᠡᠷᠢᠭᠦᠨ᠎ᠤ ᠪᠠᠶ᠋ᠢᠷᠢ ᠰᠠᠭᠤᠷᠢ ᠵᠢ ᠪᠠᠲᠤᠳᠬᠠᠨ᠎ᠠ᠃ ᠨᠢᠭᠡ ᠲᠠᠯ᠎ᠠ᠎ᠪᠠᠷ ᠡᠯᠡᠰᠦᠨ ᠴᠦᠯ ᠭᠤᠪᠢ ᠴᠥᠯᠡᠷᠬᠡᠭ ᠣᠷᠣᠨ᠎ᠳᠠᠬᠢ ᠲᠣᠮᠣ ᠰᠠᠭᠤᠷᠢᠨ ᠭᠠᠵᠠᠷ ᠪᠠ ᠥᠪᠥᠷ ᠮᠣᠩᠭᠤᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠢ ᠬᠦᠷᠬᠦ᠂ ᠬᠥᠪᠴᠢ ᠵᠢᠨ ᠡᠯᠡᠰᠦ᠎ᠠᠴᠠ ᠱᠠᠩᠬᠠᠢ ᠬᠦᠷᠬᠦ᠂ ᠲᠡᠭᠷᠢ ᠡᠯᠡᠰᠦ᠎ᠠᠴᠠ ᠵᠢᠶᠠᠩᠰᠢ ᠬᠦᠷᠬᠦ᠂ ᠤᠯᠠᠭ᠋ᠠᠨᠪᠤᠬ᠎ᠠ ᠵᠢᠨ ᠡᠯᠡᠰᠦ᠎ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ ᠭᠠᠳᠠᠭᠰᠢ ᠳᠠᠮᠵᠢᠭᠤᠯᠬᠤ ᠨᠡᠪᠲᠡᠷᠡᠯ ᠵᠠᠮ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 4000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ ᠴᠠᠬᠢᠯᠭ᠋ᠠᠨ ᠬᠦᠴᠦᠨ᠎ᠤ ᠲᠣᠣᠷ᠎ᠲᠤ ᠨᠡᠶ᠋ᠢᠯᠡᠭᠦᠯᠦᠨ᠂ ᠴᠠᠬᠢᠯᠭ᠋ᠠᠨ ᠭᠠᠷᠭ᠋ᠠᠬᠤ ᠬᠡᠮᠵᠢᠶ᠎ᠡ ᠵᠢ 3000 ᠳ᠋ᠦᠩᠰᠢᠭᠤᠷ ᠭ᠋ᠷᠡᠳᠦ᠋ᠰ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠨᠦᠭᠦᠭᠡ ᠲᠠᠯ᠎ᠠ᠎ᠪᠠᠷ ᠰᠤᠷᠪᠤᠯᠵᠢ ᠲᠣᠣᠷ ᠳᠠᠭ᠋ᠠᠭ᠋ᠠᠴᠠ ᠨᠥᠭᠡᠴᠡ ᠵᠢ ᠨᠢᠭᠡ ᠴᠣᠭᠴᠠᠵᠢᠭᠤᠯᠬᠤ ᠵᠢ ᠪᠠᠷᠢᠮᠲᠠᠯᠠᠵᠤ᠂ ᠪᠠᠭᠲᠠᠭ᠋ᠠᠨ ᠰᠢᠩᠭᠡᠭᠡᠬᠦ ᠠᠬᠤᠢ ᠪᠠᠶ᠋ᠢᠳᠠᠯ᠎ᠤᠨ ᠬᠡᠷᠡᠭᠯᠡᠯᠲᠡ ᠵᠢ ᠶᠡᠭᠡ᠎ᠪᠠᠷ ᠠᠬᠢᠭᠤᠯᠤᠨ᠂ ᠰᠢᠨ᠎ᠡ ᠡᠨᠧᠷᠬᠢ ᠵᠢᠨ ᠠᠰᠢᠭᠯᠠᠮᠵᠢ ᠵᠢ 90%᠎ᠠᠴᠠ ᠳᠡᠭᠡᠭᠰᠢ ᠪᠠᠶ᠋ᠢᠯᠭ᠋ᠠᠬᠤ ᠵᠢ ᠦᠨᠡᠨ ᠬᠦ᠌ ᠪᠠᠲᠤᠯᠠᠨ᠎ᠠ᠃ ᠡᠭᠦᠨ᠎ᠳᠤ ᠭᠤᠣᠯᠳᠠᠭᠤ ᠲᠠᠪᠤᠨ ᠠᠵᠢᠯ ᠶᠠᠪᠤᠳᠠᠯ᠎ᠢ ᠰᠠᠶ᠋ᠢᠲᠤᠷ ᠠᠳᠬᠤᠨ᠎ᠠ᠃ ᠨᠢᠭᠡ᠎ᠨᠢ ᠰᠢᠨ᠎ᠡ ᠬᠡᠯᠪᠡᠷᠢ ᠵᠢᠨ ᠨᠥᠭᠡᠴᠡ ᠡᠨᠧᠷᠬᠢ ᠵᠢ ᠲᠦᠷᠭᠡᠳᠬᠡᠨ ᠬᠥᠭᠵᠢᠭᠦᠯᠦᠨ᠎ᠡ᠂ ᠠᠯᠠᠱ᠌ᠠ ᠵᠢᠨ ᠰᠢᠨ ᠶᠤᠸᠠᠨ ᠵᠢᠩ ᠵᠡᠷᠭᠡ ᠰᠢᠨ᠎ᠡ ᠬᠡᠯᠪᠡᠷᠢ ᠵᠢᠨ ᠨᠥᠭᠡᠴᠡ ᠡᠨᠧᠷᠬᠢ ᠵᠢᠨ 35 ᠲᠦᠷᠦᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ᠂ ᠮᠠᠰᠢᠨ ᠴᠣᠭᠴᠠᠯᠠᠪᠤᠷᠢ ᠵᠢ 1000 ᠲᠦᠮᠡᠨ ᠺᠢᠯᠣᠸᠠᠲ ᠰᠢᠨ᠎ᠡ᠎ᠪᠠᠷ ᠠᠵᠢᠯ ᠡᠬᠢᠯᠡᠭᠦᠯᠦᠨ᠂ 600 ᠲᠦᠮᠡᠨ ᠺᠢᠯᠣᠸᠠᠲ ᠢ ᠰᠢᠨ᠎ᠡ᠎ᠪᠠᠷ ᠠᠰᠢᠭᠯᠠᠯᠲᠠ᠎ᠳᠤ ᠣᠷᠤᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠬᠤᠶᠠᠷ᠎ᠨᠢ ᠪᠣᠬᠢᠷᠳᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ᠎ᠪᠠᠨ ᠨᠡᠮᠡᠭᠳᠡᠭᠦᠯᠦᠨ᠎ᠡ᠂ ᠲᠡᠮᠦᠷ᠎ᠤᠨ ᠬᠠᠶ᠋ᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭ᠋ᠠᠨ᠂ ᠯᠢᠲ᠋ᠢ ᠵᠡᠷᠭᠡ ᠰᠢᠨ᠎ᠡ ᠬᠡᠯᠪᠡᠷᠢ ᠵᠢᠨ ᠬᠠᠶ᠋ᠢᠯᠤᠰᠢ ᠵᠢᠨ ᠮᠠᠲ᠋ᠧᠷᠢᠶᠠᠯ᠎ᠤᠳ᠎ᠤᠨ ᠠᠵᠤ ᠦᠢ᠍ᠯᠡᠰ᠎ᠤᠨ ᠪᠣᠬᠢᠷᠳᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠳᠠᠶ᠋ᠢᠴᠢᠯᠠᠵᠤ᠂ ᠪᠦᠬᠦ ᠤᠯᠤᠰ᠎ᠤᠨ ᠬᠠᠮᠤᠭ᠎ᠤᠨ ᠲᠣᠮᠣ ᠪᠣᠬᠢᠷᠳᠤᠯ ᠦᠭᠡᠢ ᠥᠨᠳᠥᠷ ᠡᠨᠧᠷᠬᠢ ᠵᠢᠨ ᠳᠠᠭ᠋ᠠᠭ᠋ᠠᠴᠠᠳᠣ ᠠᠵᠤ ᠦᠢ᠍ᠯᠡᠰ᠎ᠤᠨ ᠪᠥᠭᠡᠮᠨᠡᠷᠡᠯ᠎ᠤᠨ ᠣᠷᠣᠨ᠎ᠢ ᠪᠦᠲᠦᠭᠡᠨ ᠪᠠᠶ᠋ᠢᠭᠤᠯᠤᠨ᠎ᠠ᠃ ᠭᠤᠷᠪᠠ᠎ᠨᠢ ᠪᠣᠬᠢᠷᠳᠤᠯ ᠦᠭᠡᠢ ᠴᠠᠬᠢᠯᠭ᠋ᠠᠨ᠎ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠤᠰᠤᠳᠦ᠋ᠷᠦᠭᠴᠢ ᠡᠨᠧᠷᠬᠢ ᠵᠢᠨ ᠠᠵᠤ ᠦᠢ᠍ᠯᠡᠰ᠎ᠤᠨ ᠬᠤᠰᠢᠭᠤᠴᠢ ᠣᠷᠣᠨ᠎ᠢ ᠴᠣᠭᠴᠠᠯᠠᠨ᠂ ᠤᠯᠠᠭ᠋ᠠᠨᠴᠠᠪ᠎ᠠᠴᠠ ᠶᠠᠨᠱ᠌ᠠᠨ᠎ᠤ ᠴᠢᠯᠠᠭᠤᠨ ᠲᠣᠰᠣ ᠬᠢᠮᠢ ᠵᠢᠨ ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ᠂ ᠤᠯᠠᠭ᠋ᠠᠨᠬᠠᠳᠠ᠎ᠠᠴᠠ ᠵᠢᠨᠵᠧᠦ ᠭᠠᠷᠠᠮ᠎ᠢ ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ ᠤᠰᠤᠳᠦ᠋ᠷᠦᠭᠴᠢ ᠵᠢᠨ ᠬᠤᠩᠭᠢᠯ᠎ᠤᠨ ᠲᠦᠷᠦᠯ ᠵᠦᠢ᠍ᠯ᠎ᠢ ᠪᠦᠲᠦᠭᠡᠨ ᠪᠠᠶ᠋ᠢᠭᠤᠯᠵᠤ᠂ ᠰᠢᠯᠢ ᠵᠢᠨ ᠭᠤᠣᠯ᠎ᠠᠴᠠ ᠼᠤᠤ ᠹᠧᠢ ᠳ᠋ᠢᠶᠠᠨ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠦᠨ᠂ ᠠᠶ᠋ᠢᠮᠠᠭ ᠬᠤᠲᠠ ᠵᠢᠨ᠎ᠬᠢᠨ᠎ᠤ ᠪᠣᠬᠢᠷᠲᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ᠂ ᠤᠰᠤᠳᠦ᠋ᠷᠦᠭᠴᠢ ᠡᠨᠧᠷᠬᠢ ᠵᠢᠨ ᠬᠡᠷᠡᠭᠯᠡᠭᠡᠨ᠎ᠤ ᠰᠠᠭᠤᠷᠢᠨ ᠭᠠᠵᠠᠷ ᠪᠦᠲᠦᠭᠡᠨ ᠪᠠᠶ᠋ᠢᠭᠤᠯᠬᠤ ᠵᠢ ᠳᠡᠮᠵᠢᠨ᠎ᠡ᠃ ᠳᠥᠷᠪᠡ᠎ᠨᠢ ᠰᠠᠯᠬᠢ ᠭᠡᠷᠡᠯ ᠤᠰᠤᠳᠦ᠋ᠷᠦᠭᠴᠢ ᠨᠥᠭᠡᠴᠡ ᠵᠢᠨ ᠪᠦᠬᠦ ᠬᠡᠯᠬᠢᠶᠡᠨ᠎ᠤ ᠬᠥᠭᠵᠢᠯᠲᠡ ᠵᠢ ᠪᠠᠷᠢᠮᠲᠠᠯᠠᠨ᠂ ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠢ ᠬᠦᠴᠦᠷᠬᠡᠭᠵᠢᠭᠦᠯᠵᠦ᠂ ᠴᠠᠬᠢᠯᠭ᠋ᠠᠨ ᠡᠭᠦᠰᠭᠡᠭᠦᠷ᠂ ᠭᠦᠶᠦᠳᠡᠯ ᠬᠤᠪᠢᠷᠠᠭ᠋ᠠᠭᠤᠷ᠂ ᠰᠥᠷᠭᠡᠦ ᠬᠤᠪᠢᠰᠬᠠᠭᠤᠷ ᠂ ᠰᠢᠰᠲ᠋ᠧᠮ᠎ᠤᠨ ᠴᠢᠩᠭᠡᠯᠢᠭ ᠵᠡᠷᠭᠡ ᠭᠤᠣᠯᠯᠠᠬᠤ ᠰᠡᠯᠪᠢᠭ ᠲᠤᠨᠤᠭ᠎ᠲᠤ ᠠᠩᠬᠠᠷᠤᠯ ᠵᠶ᠋ᠠᠨ ᠲᠥᠪᠯᠡᠷᠡᠭᠦᠯᠵᠦ ᠂ ᠬᠡᠯᠬᠢᠶ᠎ᠡ ᠵᠢ ᠤᠷᠲᠤᠳᠬᠠᠨ ᠨᠥᠬᠦᠪᠦᠷᠢᠯᠡᠬᠦ 113 ᠲᠦᠷᠦᠯ ᠵᠦᠢ᠍ᠯ᠎ᠢ ᠭᠤᠣᠯᠳᠠᠯᠭ᠎ᠠ᠎ᠲᠠᠢ ᠬᠡᠷᠡᠭᠵᠢᠭᠦᠯᠵᠦ᠂ ᠰᠢᠨ᠎ᠡ ᠡᠨᠧᠷᠬᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ ᠤᠨ ᠦᠢ᠍ᠯᠡᠳᠬᠦᠨ᠎ᠤ ᠥᠷᠲᠡᠭ᠎ᠢ 2700 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠲᠠᠪᠤ᠎ᠨᠢ ᠰᠢᠨ᠎ᠡ ᠡᠨᠧᠷᠬᠢ ᠵᠢᠨ ᠠᠵᠢᠯᠯᠠᠭᠤᠯᠵᠤ ᠪᠠᠲᠤᠯᠠᠬᠤ ᠦᠢ᠍ᠯᠡᠴᠢᠯᠡᠭᠡᠨ᠎ᠤ ᠦᠢ᠍ᠯᠡᠰ᠎ᠢ ᠰᠠᠶ᠋ᠢᠲᠤᠷ ᠬᠢᠵᠦ ᠂ ᠮᠡᠷᠭᠡᠵᠢᠯ᠎ᠤᠨ ᠯᠠᠪᠯᠠᠭ᠎ᠠ᠂ ᠣᠶᠤᠨᠴᠢ ᠬᠠᠮᠠᠭ᠋ᠠᠯᠠᠯᠲᠠ ᠂ ᠠᠦ᠋ᠲ᠋ᠣᠴᠢᠯᠠᠭᠰᠠᠨ ᠬᠢᠨᠠᠨ ᠰᠢᠨᠵᠢᠯᠲᠡ ᠣᠨᠣᠰᠢᠯᠠᠯᠲᠠ ᠵᠡᠷᠭᠡ ᠲᠤᠬᠠᠶ᠋ᠢᠯᠠᠭᠰᠠᠨ ᠠᠵᠢᠯ᠎ᠢ ᠰᠢᠨ᠎ᠡ ᠵᠢ ᠡᠭᠦᠳᠦᠨ ᠬᠥᠭᠵᠢᠭᠦᠯᠵᠦ᠂ ᠠᠵᠢᠯᠯᠠᠭᠤᠯᠵᠤ ᠪᠠᠲᠤᠯᠠᠬᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ ᠂ ᠳᠡᠭᠡᠳᠦ ᠲᠡᠰ᠎ᠤᠨ ᠦᠢ᠍ᠯᠡᠴᠢᠯᠡᠭᠡᠨ᠎ᠤ ᠨᠡᠷᠡᠲᠦ ᠲᠡᠮᠳᠡᠭ᠎ᠢ ᠴᠣᠭᠴᠠᠯᠠᠨ᠎ᠠ᠃ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠤᠨ ᠡᠳ᠋ᠰᠢᠭᠦᠯᠬᠦ ᠦᠢ᠍ᠯᠡᠰ᠎ᠢ ᠰᠢᠯᠢᠳᠡᠭᠵᠢᠭᠦᠯᠦᠨ᠎ᠡ᠃ ᠦᠬᠡᠷ ᠬᠤᠨᠢᠨ᠎ᠤ ᠮᠢᠬ᠎ᠠ᠂ ᠲᠥᠮᠥᠰᠥ᠂ ᠡᠷᠳᠡᠨᠢ ᠰᠢᠰᠢ᠂ ᠢᠮᠠᠭ᠋ᠠᠨ ᠨᠣᠣᠯᠣᠭᠤᠷ᠂ ᠡᠪᠡᠰᠦᠨ ᠤ ᠦᠢ᠍ᠯᠡᠰ ᠪᠣᠯ ᠪᠢᠳᠡᠨ᠎ᠤ ᠣᠯᠠᠨ ᠵᠢᠯ ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ ᠦᠢ᠍ᠯᠡᠰ ᠪᠣᠯᠣᠨ᠎ᠠ᠂ ᠦᠷᠭᠦᠯᠵᠢᠯᠡᠨ ᠭᠦᠨᠵᠡᠭᠡᠶ᠋ᠢᠷᠡᠭᠦᠯᠦᠨ ᠬᠥᠭᠵᠢᠭᠦᠯᠵᠦ᠂ ᠲᠠᠷᠢᠬᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠦᠬᠦ ᠬᠡᠯᠬᠢᠶᠡᠨ᠎ᠤ ᠬᠥᠭᠵᠢᠯᠲᠡ ᠵᠢ ᠠᠬᠢᠭᠤᠯᠵᠤ᠂ ᠠᠯᠠᠰᠢᠨ ᠬᠤᠨᠢ᠂ ᠡᠷᠳᠡᠨᠢ ᠰᠢᠰᠢ 2 ᠵᠦᠢ᠍ᠯ᠎ᠤᠨ ᠮᠢᠩᠭ᠋ᠠᠨ ᠳ᠋ᠦᠩᠰᠢᠭᠤᠷ ᠳᠡᠰ᠎ᠤᠨ ᠠᠵᠤ ᠦᠢ᠍ᠯᠡᠰ᠎ᠤᠨ ᠬᠡᠯᠬᠢᠶᠡᠨ᠎ᠤ ᠳᠡᠰ ᠳᠡᠪᠰᠢᠨ ᠦᠷ᠎ᠡ ᠠᠰᠢᠭ ᠵᠶ᠋ᠠᠨ ᠨᠡᠮᠡᠭᠳᠡᠭᠦᠯᠬᠦ᠂ᠠᠯᠠᠰᠢᠨ ᠦᠬᠡᠷ᠂ ᠡᠪᠡᠰᠦᠨ᠎ᠤ ᠦᠢ᠍ᠯᠡᠰ 2 ᠵᠦᠢ᠍ᠯ᠎ᠤᠨ ᠠᠵᠤ ᠦᠢ᠍ᠯᠡᠰ᠎ᠤᠨ ᠬᠡᠯᠬᠢᠶᠡᠨ᠎ᠤ ᠮᠢᠩᠭ᠋ᠠᠨ ᠳ᠋ᠦᠩᠰᠢᠭᠤᠷ ᠳᠡᠰ᠎ᠢ ᠲᠦᠷᠭᠡᠬᠡᠨ ᠳᠠᠪᠠᠭ᠍ᠤ ᠂ ᠲᠥᠮᠥᠰᠥ ᠂ ᠢᠮᠠᠭ᠋ᠠᠨ ᠨᠣᠣᠯᠣᠭᠤᠷ 2 ᠵᠦᠢ᠍ᠯ᠎ᠤᠨ ᠠᠵᠤ ᠦᠢ᠍ᠯᠡᠰ᠎ᠤᠨ ᠬᠡᠯᠬᠢᠶᠡᠨ᠎ᠤ ᠮᠢᠩᠭ᠋ᠠᠨ ᠳ᠋ᠦᠩᠰᠢᠭᠤᠷ ᠳᠡᠰ᠎ᠲᠤ ᠳᠠᠪᠰᠢᠨ ᠣᠷᠣᠬᠤ ᠵᠢ᠎ᠨᠢ ᠠᠬᠢᠭᠤᠯᠤᠨ᠎ᠠ᠃
ᠳᠠᠯᠳᠠ ᠬᠦᠴᠦᠨ᠎ᠲᠠᠢ ᠂ ᠨᠥᠬᠦᠴᠡᠯ᠎ᠲᠠᠢ ᠠᠵᠤ ᠦᠢ᠍ᠯᠡᠰ᠎ᠢ ᠲᠦᠷᠭᠡᠳᠬᠡᠨ ᠪᠣᠶ᠋ᠢᠵᠢᠭᠤᠯᠬᠤ ᠵᠢ ᠠᠬᠢᠭᠤᠯᠵᠤ ᠂ ᠰᠢᠨ᠎ᠡ ᠥᠷᠢᠰᠦᠯᠳᠦᠭᠡᠨ᠎ᠤ ᠴᠠᠷᠠᠭ᠎ᠠ ᠰᠢᠨ᠎ᠡ ᠬᠥᠳᠡᠯᠭᠡᠭᠴᠢ ᠡᠨᠧᠷᠬᠢ ᠵᠢ ᠡᠷᠲᠡᠬᠡᠨ ᠪᠣᠢ ᠪᠣᠯᠭ᠋ᠠᠬᠤ᠎ᠪᠠᠷ ᠴᠢᠷᠮᠠᠶ᠋ᠢᠨ᠎ᠠ ᠃ ᠳᠣᠣᠷ᠎ᠠ ᠠᠭ᠋ᠠᠷ᠎ᠤᠨ ᠠᠵᠤ ᠠᠬᠤᠢ ᠵᠢᠨ ᠲᠠᠯ᠎ᠠ᠎ᠪᠠᠷ ᠳᠣᠣᠷ᠎ᠠ ᠠᠭ᠋ᠠᠷ᠎ᠤᠨ ᠨᠢᠰᠦᠭᠦᠷ ᠦᠢ᠍ᠯᠡᠳᠬᠦ ᠂ ᠳᠣᠣᠷ᠎ᠠ ᠠᠭ᠋ᠠᠷ᠎ᠤᠨ ᠨᠢᠰᠦᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠂ ᠳᠣᠣᠷ᠎ᠠ ᠠᠭ᠋ᠠᠷ᠎ᠤᠨ ᠣᠯᠠᠡ ᠡᠰᠢᠵᠢᠭᠰᠡᠨ ᠬᠡᠷᠡᠭᠯᠡᠯᠲᠡ ᠵᠡᠷᠭᠡ ᠭᠤᠷᠪᠠᠨ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢ ᠠᠳᠬᠤᠨ ᠂ ᠥᠪᠥᠷ ᠮᠣᠩᠭᠤᠯ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠰᠤᠳᠤᠯᠤᠯ᠎ᠤᠨ ᠬᠦᠷᠢᠶᠡᠯᠡᠩ᠎ᠢ ᠪᠡᠯᠡᠳᠬᠡᠨ ᠪᠠᠶ᠋ᠢᠭᠤᠯᠵᠤ ᠂ ᠳᠣᠣᠷ᠎ᠠ ᠠᠭ᠋ᠠᠷ᠎ᠤᠨ ᠨᠢᠰᠦᠭᠦᠷ᠎ᠢ ᠲᠤᠷᠰᠢᠨ ᠨᠢᠰᠬᠡᠵᠦ ᠬᠡᠮᠵᠢᠨ ᠰᠢᠯᠭ᠋ᠠᠬᠤ ᠰᠠᠭᠤᠷᠢᠨ ᠭᠠᠵᠠᠷ᠎ᠢ ᠲᠦᠷᠭᠡᠳᠬᠡᠨ ᠪᠠᠶ᠋ᠢᠭᠤᠯᠵᠤ ᠂ ᠳᠣᠣᠷ᠎ᠠ ᠠᠭ᠋ᠠᠷ᠎ᠤᠨ ᠲᠣᠨᠤᠭ ᠲᠥᠬᠦᠭᠡᠷᠦᠮᠵᠢ ᠵᠢᠨ ᠠᠵᠤ ᠦᠢ᠍ᠯᠡᠰ᠎ᠤᠨ ᠬᠡᠯᠬᠢᠶᠡᠨ᠎ᠤ ᠬᠤᠳᠠᠯᠳᠤᠭ᠋ᠠᠴᠢᠨ ᠤᠷᠢᠬᠤ ᠠᠵᠢᠯ᠎ᠤᠨ ᠵᠢᠷᠤᠭ᠎ᠤᠨ ᠵᠢᠭᠰᠠᠯ᠎ᠢ ᠡᠮᠬᠢᠯᠡᠵᠦ ᠨᠡᠶ᠋ᠢᠲᠡᠯᠡᠨ ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ ᠠᠭ᠋ᠠᠷ ᠠᠶᠠᠯᠠᠯ᠎ᠤᠨ ᠪᠠᠶ᠋ᠢᠴᠠᠭ᠋ᠠᠯᠲᠠ ᠵᠢᠨ ᠲᠥᠪ ᠂ ᠠᠷᠠᠳ᠎ᠤᠨ ᠠᠭ᠋ᠠᠷ ᠠᠶᠠᠯᠠᠯ᠎ᠤᠨ ᠵᠢᠯᠣᠭᠤᠴᠢ ᠦᠭᠡᠢ ᠨᠢᠰᠬᠡᠯ᠎ᠤᠨ ᠰᠢᠯᠭ᠋ᠠᠯᠲᠠ ᠵᠢᠨ ᠲᠥᠪ ᠂ ᠳᠤᠮᠳᠠᠳᠤ ᠤᠯᠤᠰ᠎ᠤᠨ ᠷᠦᠩ ᠲᠦᠩ ᠵᠢᠯᠣᠭᠤᠴᠢ ᠦᠭᠡᠢ ᠨᠢᠰᠬᠡᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠯᠲᠠ ᠵᠢᠨ ᠲᠥᠪ ᠵᠡᠷᠭᠡ ᠲᠥᠷᠥᠯ ᠵᠦᠢ᠍ᠯ᠎ᠤᠨ ᠪᠣᠳᠠᠲᠠᠶ᠋ᠢᠵᠢᠬᠤ ᠵᠢ ᠠᠬᠢᠭᠤᠯᠤᠨ ᠂ ᠳᠣᠣᠷ᠎ᠠ ᠠᠭ᠋ᠠᠷ + ᠪᠠᠷᠠᠭ᠋ᠠᠨ᠎ᠤ ᠭᠦᠢ᠍ᠯᠭᠡᠭᠡ ᠂ ᠰᠣᠶᠣᠯ ᠵᠢᠭᠤᠯᠴᠢᠯᠠᠯ ᠂ ᠪᠠᠴᠢᠮ ᠪᠠᠶ᠋ᠢᠳᠠᠯ᠎ᠤᠨ ᠠᠷᠭ᠋ᠠᠴᠠᠭ᠋ᠠᠯᠲᠠ ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠠᠬᠤᠢ ᠪᠠᠶ᠋ᠢᠳᠠᠯ᠎ᠤᠨ ᠬᠡᠷᠡᠭᠯᠡᠯᠲᠡ ᠵᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ ᠂ ᠬᠦᠬᠡᠬᠤᠳᠠ ᠵᠢᠨ ᠰᠠᠨᠰᠠᠷ ᠠᠶᠠᠯᠠᠯ᠎ᠤᠨ ᠨᠡᠭᠡᠭᠡᠯᠲᠡ ᠵᠢᠨ ᠲᠣᠭᠤᠷᠢᠭ ᠵᠶ᠋ᠠᠷ ᠬᠥᠲᠥᠯᠥᠮᠵᠢ ᠪᠣᠯᠭ᠋ᠠᠵᠣ ᠂ ᠬᠦᠬᠡᠬᠤᠲᠠ ᠪᠤᠭᠤᠲᠤ ᠣᠷᠳᠣᠰ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠬᠥᠭᠵᠢᠯᠲᠡ ᠵᠢᠨ ᠲᠣᠭᠤᠷᠢᠭ᠎ᠢ ᠪᠣᠶ᠋ᠢᠵᠢᠭᠤᠯᠵᠤ ᠂ ᠤᠯᠠᠭ᠋ᠠᠨᠬᠠᠳᠠ ᠲᠦᠩᠯᠢᠶᠣᠣ ᠰᠢᠯᠢ ᠵᠢᠨ ᠭᠤᠣᠯ᠎ᠤᠨ ᠳᠣᠣᠷ᠎ᠠ ᠠᠭ᠋ᠠᠷ᠎ᠤᠨ ᠬᠡᠷᠡᠭᠯᠡᠯᠲᠡ ᠵᠢᠨ ᠪᠥᠭᠡᠮᠨᠡᠷᠡᠯ᠎ᠤᠨ ᠣᠷᠣᠨ ᠪᠠ ᠤᠯᠠᠭ᠋ᠠᠨᠬᠤᠲᠠ ᠷᠠᠰᠢᠶᠠᠨ ᠬᠠᠶ᠋ᠢᠯᠠᠷ ᠮᠠᠨᠵᠤᠤᠷ᠂ ᠤᠯᠠᠭ᠋ᠠᠨᠴᠠᠪ᠎ᠤᠨ ᠳᠣᠣᠷ᠎ᠠ ᠠᠭ᠋ᠠᠷ᠎ᠤᠨ ᠵᠢᠭᠤᠯᠴᠢᠯᠠᠯ᠎ᠤᠨ ᠪᠥᠭᠡᠮᠨᠡᠷᠡᠯ᠎ᠤᠨ ᠣᠷᠣᠨ᠎ᠢ ᠴᠣᠭᠴᠠᠯᠠᠨ᠎ᠠ ᠃ ᠵᠣᠬᠢᠶᠠᠮᠠᠯ ᠣᠶᠤᠨ᠎ᠤ ᠲᠠᠯ᠎ᠠ᠎ᠪᠠᠷ ᠰᠤᠳᠤᠯᠤᠨ ᠨᠡᠭᠡᠭᠡᠯᠲᠡ ᠂ ᠦᠢ᠍ᠯᠡᠳᠪᠦᠷᠢᠯᠡᠬᠦ ᠪᠠ ᠬᠡᠷᠡᠭᠯᠡᠯᠲᠡ ᠵᠢ ᠰᠠᠶ᠋ᠢᠲᠤᠷ ᠬᠢᠵᠦ ᠂ ᠬᠦᠬᠡᠬᠤᠲᠠ ᠵᠢᠨ ᠣᠶᠤᠨᠴᠢ ᠡᠵᠡᠮᠰᠢᠭᠦᠷ ᠂ ᠣᠶᠤᠨᠴᠢ ᠨᠥᠯᠥᠭᠡᠯᠡᠭᠦᠷ ᠂ ᠣᠶᠤᠨᠴᠢ ᠵᠥᠭᠡᠯᠡᠨ ᠬᠡᠷᠡᠭᠰᠡᠯ ᠵᠡᠷᠭᠡ ᠵᠠᠩᠭᠢᠯᠠᠭ᠎ᠠ ᠵᠢᠨ ᠵᠥᠭᠡᠯᠡᠨ ᠬᠠᠲᠠᠭᠤ ᠬᠡᠷᠡᠭᠰᠡᠯ᠎ᠤᠨ ᠲᠥᠬᠦᠭᠡᠷᠦᠮᠵᠢ ᠵᠢ ᠬᠥᠭᠵᠢᠭᠦᠯᠬᠦ ᠵᠢ᠎ᠨᠢ ᠲᠡᠮᠵᠢᠵᠤ ᠂ ᠵᠣᠬᠢᠶᠠᠮᠠᠯ ᠣᠶᠣᠨ᠎ᠤ ᠠᠵᠤ ᠦᠢ᠍ᠯᠡᠰ᠎ᠤᠨ ᠰᠠᠭᠤᠷᠢᠨ ᠭᠠᠵᠠᠷ᠎ᠢ ᠴᠣᠭᠴᠠᠯᠠᠨ᠎ᠠ ᠃ ᠣᠶᠤᠨᠲᠤ ᠠᠭᠤᠷᠬᠠᠢ ᠂ ᠣᠶᠤᠨᠲᠤ ᠴᠠᠬᠢᠯᠭ᠋ᠠᠨ ᠬᠦᠴᠦᠨ ᠂ ᠣᠶᠤᠨᠲᠤ ᠲᠠᠷᠢᠶᠠᠯᠠᠩ ᠂ ᠣᠶᠤᠨᠲᠤ ᠰᠣᠶᠣᠯ ᠵᠢᠭᠤᠯᠴᠢᠯᠠᠯ ᠂ ᠣᠶᠤᠨᠲᠤ ᠡᠮᠴᠢᠯᠡᠭᠡ ᠂ ᠣᠶᠤᠨᠲᠤ ᠰᠤᠷᠭ᠋ᠠᠨ ᠬᠥᠮᠦᠵᠢᠯ ᠂ ᠣᠶᠤᠨᠲᠤ ᠪᠠᠷᠠᠭ᠋ᠠᠨ᠎ᠤ ᠭᠦᠢ᠍ᠯᠭᠡᠭᠡ ᠵᠡᠷᠭᠡ ᠬᠦᠷᠢᠶ᠎ᠡ ᠴᠠᠷᠠᠭ᠋ᠠᠨ᠎ᠳᠠᠬᠢ ᠬᠡᠷᠡᠭᠯᠡᠯᠲᠡ ᠵᠢᠨ ᠰᠢᠨ᠎ᠡ ᠡᠭᠦᠳᠦᠯᠲᠡ ᠵᠢ ᠲᠦᠷᠭᠡᠳᠬᠡᠨ᠎ᠡ ᠃ ᠦᠢ᠍ᠯᠡᠳᠪᠦᠷᠢᠯᠡᠯ᠎ᠤᠨ ᠠᠬᠤᠢ ᠪᠠᠶ᠋ᠢᠳᠠᠯ᠎ᠤᠨ ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠵᠢ ᠠᠬᠢᠭᠤᠯᠵᠤ ᠂ ᠲᠦᠭᠰᠢᠭᠦᠷᠢ ᠶᠡᠬᠡᠲᠡᠢ ᠂ ᠬᠥᠳᠡᠯᠮᠦᠷᠢ ᠵᠢᠨ ᠬᠦᠴᠦᠯᠡᠴᠡ ᠴᠢᠩᠭ᠎ᠠ ᠵᠢᠴᠢ ᠠᠵᠢᠯ ᠬᠢᠬᠦ ᠣᠷᠴᠢᠨ ᠨᠥᠬᠦᠴᠡᠯ ᠠᠨᠠᠢ ᠦᠢ᠍ᠯᠡᠳᠪᠦᠷᠢᠯᠡᠯ᠎ᠤᠨ ᠨᠢᠭᠡᠴᠢ ᠵᠢᠨ 《ᠮᠠᠰᠢᠨ ᠵᠶ᠋ᠠᠷ ᠬᠥᠮᠥᠨ᠎ᠢ ᠣᠷᠣᠯᠠᠭᠤᠯᠬᠤ》 ᠵᠢ ᠲᠦᠷᠭᠡᠳᠬᠡᠨ᠎ᠡ᠃ ᠠᠮᠢᠳᠤ ᠪᠣᠳᠠᠰ᠎ᠤᠨ ᠦᠢ᠍ᠯᠡᠳᠬᠦ ᠦᠢ᠍ᠯᠡᠰ᠎ᠤᠨ ᠲᠠᠯ᠎ᠠ᠎ᠪᠠᠷ ᠠᠮᠢᠳᠤ ᠪᠣᠳᠠᠰ᠎ᠤᠨ ᠡᠮ ᠡᠮᠨᠡᠯᠭᠡ ᠪᠠ ᠠᠮᠢᠳᠤ ᠪᠣᠳᠠᠰ᠎ᠤᠨ ᠢᠰᠬᠡᠯᠲᠡ ᠬᠤᠶᠠᠷ ᠶᠡᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠬᠡᠬᠤᠲᠠ ᠵᠢᠨ ᠪᠦᠬᠦ ᠪᠥᠮᠪᠥᠷᠴᠡᠭ᠎ᠲᠤ ᠲᠦᠷᠦᠭᠦᠯᠡᠭᠰᠡᠨ ᠮᠠᠯ᠎ᠳᠤ ᠬᠡᠷᠡᠭᠯᠡᠬᠦ ᠸᠠᠺᠼᠢᠨ᠎ᠢ ᠰᠤᠳᠤᠯᠤᠨ ᠨᠡᠭᠡᠭᠡᠵᠦ ᠦᠢ᠍ᠯᠡᠳᠪᠦᠷᠢᠯᠡᠬᠦ ᠰᠠᠭᠤᠷᠢᠨ ᠭᠠᠵᠠᠷ᠎ᠢ ᠴᠣᠭᠴᠠᠯᠠᠨ᠂ ᠬᠦᠬᠡᠬᠤᠲᠠ᠂ ᠲᠦᠩᠯᠢᠶᠣᠣ᠂ ᠤᠯᠠᠭ᠋ᠠᠨᠬᠠᠳᠠ᠂ ᠪᠠᠶᠠᠨᠨᠠᠭᠤᠷ ᠵᠡᠷᠭᠡ ᠭᠠᠵᠠᠷ ᠣᠷᠣᠨ᠎ᠤ ᠲᠦᠭᠦᠬᠡᠢ ᠮᠠᠲ᠋ᠧᠷᠢᠶᠠᠯ ᠤᠨ ᠡᠮ ᠪᠠ ᠬᠢᠮᠢ ᠵᠢᠨ ᠡᠮ᠎ᠤᠨ ᠬᠥᠭᠵᠢᠯᠲᠡ ᠵᠢ ᠲᠦᠷᠭᠡᠳᠬᠡᠵᠦ᠂ ᠲᠦᠭᠦᠬᠡᠢ ᠮᠠᠲ᠋ᠧᠷᠢᠶᠠᠯ ᠤᠨ ᠡᠮ᠎ᠢ ᠴᠢᠨᠠᠷ ᠴᠢᠨᠰᠠᠭ᠎ᠠ᠎ᠲᠠᠢ ᠪᠦᠲᠦᠭᠡᠭᠳᠡᠬᠦᠨ ᠡᠮ ᠪᠠ ᠨᠠᠶ᠋ᠢᠷᠠᠯᠭ᠎ᠠ ᠲᠡᠶ᠋ᠢᠰᠢ ᠬᠤᠪᠢᠷᠠᠭᠤᠯᠬᠤ ᠵᠢ ᠠᠬᠢᠭᠤᠯᠤᠨ᠂ ᠴᠢᠨᠠᠬᠤ ᠡᠮ᠂ᠨᠠᠶ᠋ᠢᠷᠠᠯᠭ᠎ᠠ᠂ ᠵᠣᠷ᠎ᠤᠨ ᠮᠥᠬᠦᠯᠢᠭᠲᠦ ᠡᠮ᠎ᠤᠨ ᠣᠨᠴᠠᠯᠢᠭ ᠪᠦᠬᠦᠢ ᠬᠢᠲᠠᠳ ᠮᠣᠩᠭᠤᠯ ᠡᠮ᠎ᠤᠨ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠨ᠎ᠠ᠃ ᠴᠠᠷᠳᠠᠭᠤᠯ᠂ ᠣᠨᠴᠠᠭ᠋ᠠᠢ ᠵᠦᠢ᠍ᠯ᠎ᠤᠨ ᠠᠮᠢᠨᠤ᠋ ᠬᠦᠴᠢᠯ᠂ ᠰᠦᠨ ᠬᠦᠴᠢᠯ᠎ᠤᠨ ᠪᠠᠺᠲ᠋ᠧᠷᠢ ᠵᠢᠴᠢ ᠲᠡᠭᠦᠨ ᠤ ᠢᠰᠭᠡᠭᠰᠡᠨ ᠪᠦᠲᠦᠭᠡᠭᠳᠡᠬᠦᠨ᠎ᠤ ᠠᠵᠤ ᠦᠢ᠍ᠯᠡᠰ᠎ᠤᠨ ᠬᠡᠯᠬᠢᠶ᠎ᠡ ᠵᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠵᠢᠨ ᠬᠠᠶ᠋ᠢᠯᠤᠰᠢ ᠵᠢᠨ ᠮᠠᠲ᠋ᠧᠷᠢᠶᠠᠯ᠎ᠤᠨ ᠲᠠᠯ᠎ᠠ᠎ᠪᠠᠷ ᠲᠡᠮᠦᠷ᠎ᠤᠨ ᠬᠠᠶ᠋ᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭ᠋ᠠᠨ᠂ ᠯᠢᠲ᠋ᠢ ᠵᠡᠷᠭᠡ ᠡᠬᠢ ᠪᠠᠶᠠᠯᠢᠭ ᠪᠠ ᠠᠵᠤ ᠦᠢ᠍ᠯᠡᠰ᠎ᠤᠨ ᠳᠠᠪᠠᠭᠤᠯᠢᠭ᠎ᠢ ᠪᠠᠳᠠᠷᠠᠭᠤᠯᠵᠤ᠂ ᠥᠨᠳᠥᠷ ᠴᠢᠳᠠᠮᠵᠢᠲᠤ ᠨᠡᠶ᠋ᠢᠯᠡᠮᠡᠯ ᠮᠠᠲ᠋ᠧᠷᠢᠶᠠᠯ ᠲᠡᠶ᠋ᠢᠰᠢ ᠬᠡᠯᠬᠢᠶ᠎ᠡ᠎ᠪᠠᠨ ᠤᠷᠲᠤᠳᠬᠠᠵᠤ ᠨᠥᠬᠦᠪᠦᠷᠢᠯᠡᠨ᠂ ᠵᠠᠮ ᠬᠠᠷᠢᠯᠴᠠᠭ᠎ᠠ᠂ ᠰᠠᠨᠰᠠᠷ ᠠᠶᠠᠯᠠᠯ ᠠᠭ᠋ᠠᠷ ᠠᠶᠠᠯᠠᠯ᠂ ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠬᠦᠷᠢᠶ᠎ᠡ ᠴᠠᠷᠠᠭ᠋ᠠᠨ᠎ᠳᠠᠬᠢ ᠬᠡᠷᠡᠭᠯᠡᠯᠲᠡ᠎ᠪᠠᠨ ᠥᠷᠭᠡᠳᠬᠡᠨ᠎ᠡ᠃
(ᠲᠠᠪᠤ) ᠲᠠᠷᠢᠶᠠᠯᠠᠩ ᠮᠠᠯ ᠠᠵᠤ ᠠᠬᠤᠢ ᠵᠢ ᠣᠳᠣᠬᠢᠴᠢᠯᠠᠭᠰᠠᠨ ᠲᠣᠮᠣ ᠠᠵᠤ ᠦᠢ᠍ᠯᠡᠰ ᠪᠣᠯᠭ᠋ᠠᠨ ᠴᠣᠭᠴᠠᠯᠠᠬᠤ᠎ᠪᠠᠷ ᠴᠢᠷᠮᠠᠶ᠋ᠢᠵᠤ ᠂ ᠣᠳᠣᠬᠢᠴᠢᠯᠠᠭᠰᠠᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠤᠨ᠎ᠠ ᠃ ᠣᠨᠠᠯᠲᠠ ᠦᠢ᠍ᠯᠡᠳᠪᠦᠷᠢᠯᠡᠬᠦ ᠴᠢᠳᠠᠮᠵᠢ ᠂ ᠦᠢ᠍ᠯᠡᠳᠪᠦᠷᠢᠯᠡᠯ ᠠᠮᠢ ᠠᠬᠤᠢ ᠂ ᠤᠨᠠᠯᠲᠠ ᠭᠠᠷᠤᠯᠲᠠ ᠪᠠ ᠣᠷᠣᠯᠭ᠎ᠠ ᠵᠢᠨ ᠨᠡᠮᠡᠭᠳᠡᠯ᠎ᠢ ᠬᠠᠮᠲᠤᠳᠤᠨᠢ ᠠᠳᠬᠤᠬᠤ ᠵᠢ ᠪᠠᠷᠢᠮᠲᠠᠯᠠᠵᠤ ᠂ ᠥᠩ ᠰᠢᠮᠡᠯᠢᠭ ᠬᠥᠷᠥᠰᠥ ᠰᠢᠷᠣᠢ ᠂ ᠥᠷᠭᠡᠨ ᠠᠭᠤᠳᠠᠮ ᠲᠠᠯ᠎ᠠ ᠨᠤᠲᠤᠭ ᠂ ᠲᠤᠩᠭ᠋ᠠᠯᠠᠭ ᠴᠡᠩᠭᠡᠭ ᠭᠤᠣᠯ᠎ᠤᠨ ᠤᠰᠤ ᠵᠢ ᠦᠢ᠍ᠯᠡᠳᠪᠦᠷᠢᠯᠡᠯ᠎ᠤᠨ ᠬᠦᠴᠦᠨ ᠪᠠ ᠥᠷᠢᠰᠦᠯᠳᠦᠬᠦ ᠬᠦᠴᠦᠨ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠵᠤ ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠪᠠᠷ ᠬᠥᠳᠡᠭᠡ ᠲᠤᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ ᠃
ᠨᠢᠭᠡᠴᠢ ᠤᠨᠠᠯᠲᠠ ᠵᠢ ᠲᠡᠬᠡᠭᠰᠢᠯᠡᠬᠦᠯᠬᠦ ᠠᠵᠢᠯᠯᠠᠭ᠋ᠠᠨ᠎ᠢ ᠶᠡᠭᠡ᠎ᠪᠠᠷ ᠬᠡᠷᠡᠭᠵᠢᠭᠦᠯᠦᠨ᠎ᠡ ᠃ ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ ᠂ ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠤᠨ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 850 ᠲᠦᠮᠡᠨ ᠮᠦ᠍ ᠂ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ 2500 ᠲᠦᠮᠡᠨ ᠮᠦ᠍ ᠰᠢᠨ᠎ᠡ᠎ᠪᠠᠷ ᠪᠠᠶ᠋ᠢᠭᠤᠯᠵᠤ ᠂ ᠪᠡᠯᠡᠳᠬᠡᠮᠵᠢᠲᠦ ᠲᠠᠷᠢᠶᠠᠯᠠᠩ᠎ᠢ 25 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠂ ᠭᠤᠣᠯ ᠪᠣᠯᠬᠤ ᠲᠠᠷᠢᠮᠠᠯ᠎ᠤᠨ ᠨᠢᠭᠡᠴᠢ ᠤᠨᠠᠯᠲᠠ ᠵᠢ᠎ᠨᠢ ᠳᠡᠭᠡᠭᠰᠢᠯᠡᠭᠦᠯᠦᠭᠰᠡᠨ ᠵᠢᠱ᠌ᠢᠶ᠎ᠡ ᠦᠵᠡᠬᠦᠯᠬᠦ ᠲᠣᠭᠤᠷᠢᠭ᠎ᠢ 1000 ᠲᠦᠮᠡᠨ ᠮᠦ᠍ ᠂ 《ᠲᠤᠨ ᠤᠨᠠᠯᠲᠠ᠎ᠲᠠᠢ ᠲᠠᠷᠢᠶ᠎ᠡ 》 ᠵᠢ 900 ᠲᠦᠮᠡᠨ ᠮᠦ᠍ ᠴᠣᠭᠴᠠᠯᠠᠵᠤ᠂ ᠠᠮᠤ ᠪᠤᠳᠠᠭ᠎ᠠ ᠮᠢᠬ᠎ᠠ ᠰᠦᠨ᠎ᠤ ᠭᠠᠷᠤᠯᠲᠠ ᠵᠢ ᠲᠤᠰ ᠲᠤᠰ 800 ᠳ᠋ᠦᠩᠰᠢᠭᠤᠷ ᠵᠢᠩ ᠂ 60 ᠳ᠋ᠦᠩᠰᠢᠭᠤᠷ ᠵᠢᠩ ᠂ 160 ᠳ᠋ᠦᠩᠰᠢᠭᠤᠷ ᠵᠢᠩ᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠎ᠠ ᠃
ᠪᠡᠯᠴᠢᠭᠡᠷ᠎ᠤᠨ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ᠎ᠨᠢ ᠲᠦᠷᠭᠡᠳᠬᠡᠨ ᠠᠬᠢᠭᠤᠯᠤᠨ᠎ᠠ ᠃ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠵᠠᠩᠭᠢᠯᠠᠭ᠎ᠠ᠎ᠨᠢ ᠦᠢ᠍ᠯᠡᠳᠪᠦᠷᠢᠯᠡᠯ᠎ᠤᠨ ᠠᠷᠭ᠎ᠠ ᠮᠠᠶᠢᠭ ᠵᠶ᠋ᠠᠨ ᠬᠤᠪᠢᠷᠠᠭᠤᠯᠬᠤ᠎ᠳᠤ ᠪᠠᠶ᠋ᠢᠬᠤ ᠶᠤᠮ ᠃ ᠲᠤᠷᠰᠢᠯᠲᠠ ᠵᠢᠨ ᠴᠡᠭ᠎ᠤᠨ ᠬᠤᠰᠢᠭᠤ ᠰᠢᠶᠠᠨ᠎ᠤ ᠲᠤᠷᠰᠢᠯᠭ᠎ᠠ ᠵᠢ ᠭᠦᠨᠵᠡᠭᠡᠢ ᠳ᠋ᠦᠩᠨᠡᠵᠦ ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠱᠠᠩᠨᠠᠯ᠎ᠤᠨ ᠲᠦᠷᠦ ᠵᠢᠨ ᠪᠣᠳᠣᠯᠭ᠎ᠠ ᠵᠢ ᠬᠦᠷᠲᠡᠵᠦ ᠪᠠᠶ᠋ᠢᠭ᠎ᠠ ᠬᠤᠰᠢᠭᠤ ᠰᠢᠶᠠᠨ᠎ᠳᠤ ᠪᠦᠭᠦ ᠲᠠᠯ᠎ᠠ᠎ᠪᠠᠷ ᠳᠡᠯᠭᠡᠷᠡᠭᠦᠯᠦᠨ ᠂ ᠪᠦᠬᠦᠯᠢ ᠪᠠᠶ᠋ᠢᠭᠤᠯᠤᠮᠵᠢᠲᠤ ᠳᠦᠷᠢᠮ ᠪᠦᠬᠦᠢ ᠪᠡᠯᠴᠢᠭᠡᠷᠯᠡᠭᠦᠯᠬᠦ ᠵᠢ ᠵᠣᠭᠰᠤᠭ᠋ᠠᠬᠤ ᠲᠤᠷᠰᠢᠯᠲᠠ ᠵᠢᠨ ᠴᠡᠭ᠎ᠤᠨ ᠠᠵᠢᠯ᠎ᠢ ᠵᠡᠷᠭᠡ᠎ᠳᠤ᠎ᠨᠢ ᠥᠷᠨᠢᠭᠦᠯᠵᠦ ᠂ ᠬᠠᠰᠢᠶᠠᠯᠠᠨ ᠲᠡᠵᠢᠭᠡᠬᠦ ᠪᠠ ᠬᠠᠭ᠋ᠠᠰ ᠬᠠᠰᠢᠶᠠᠯᠠᠨ ᠲᠡᠵᠢᠭᠡᠬᠦ ᠂ ᠨᠠᠶ᠋ᠢᠳᠠᠨ ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ ᠵᠠᠭᠪᠤᠷ᠎ᠢ ᠲᠤᠬᠠᠢ ᠵᠢᠨ ᠭᠠᠵᠠᠷ᠎ᠲᠤᠨᠢ ᠲᠣᠬᠢᠷᠠᠭᠤᠯᠵᠤ ᠳᠡᠯᠭᠡᠷᠡᠭᠦᠯᠦᠨ ᠂ ᠮᠡᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠢ 《ᠤᠯᠠᠨ ᠲᠡᠵᠢᠭᠡᠬᠦ 》᠎ᠠᠴᠠ 《ᠨᠠᠷᠢᠯᠢᠭ ᠠᠷᠠᠴᠢᠯᠠᠬᠤ 》 ᠲᠡᠶ᠋ᠢᠰᠢ ᠬᠤᠪᠢᠷᠠᠭᠤᠯᠬᠤ ᠵᠢ᠎ᠨᠢ ᠠᠬᠢᠭᠤᠯᠵᠤ ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠬᠡᠷᠡᠭᠯᠡᠵᠦ ᠪᠠᠶ᠋ᠢᠭ᠋ᠠᠳ ᠲᠠᠷᠢᠶᠠᠴᠢᠨ ᠮᠠᠯᠴᠢᠳ᠎ᠤᠨ 《ᠪᠡᠯᠴᠢᠭᠡᠷᠯᠡᠭᠦᠯᠬᠦ ᠵᠢ᠎ᠨᠢ ᠵᠣᠭᠰᠣᠭ᠋ᠠᠭᠰᠠᠨ ᠴᠤ᠌ ᠣᠷᠣᠯᠭ᠎ᠠ ᠵᠢ᠎ᠨᠢ ᠬᠠᠰᠤᠭᠳᠠᠭᠤᠯᠬᠤ ᠦᠭᠡᠢ 》 ᠪᠠᠶ᠋ᠢᠬᠤ᠎ᠳᠤ ᠪᠠᠲᠤᠯᠠᠭ᠎ᠠ ᠬᠠᠩᠭ᠋ᠠᠵᠤ ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠢ 500 ᠲᠦᠮᠡ ᠺᠦᠸᠠᠳ᠋ ᠮᠧᠳ᠋ᠷ᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠤᠨ ᠂ ᠪᠡᠯᠡᠳᠬᠡᠮᠵᠢᠲᠦ ᠮᠠᠯ ᠠᠵᠤ ᠠᠬᠤᠢ ᠵᠢᠨ ᠲᠡᠵᠢᠭᠡᠨ ᠦᠷᠡᠵᠢᠭᠦᠯᠬᠦ ᠬᠤᠪᠢ ᠵᠢᠨ ᠵᠢᠩ᠎ᠢ 75%᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠵᠤ᠂ ᠪᠠᠶ᠋ᠢᠭ᠋ᠠᠯᠢᠯᠢᠭ ᠨᠤᠲᠤᠭ ᠪᠡᠯᠴᠢᠭᠡᠷ᠎ᠲᠠᠬᠢ ᠮᠠᠯ ᠪᠡᠯᠴᠢᠭᠡᠷ᠎ᠢ ᠲᠡᠩᠴᠡᠭᠦᠷᠢᠲᠡᠢ ᠪᠠᠶ᠋ᠢᠯᠭ᠋ᠠᠬᠤ ᠵᠢᠭ᠋ᠠᠯᠲᠠ ᠲᠤᠭ᠎ᠠ ᠵᠢ ᠳᠣᠷᠣᠭᠰᠢᠯᠠᠭᠤᠯᠤᠭ᠋ᠠᠳ 10% ᠬᠦᠷᠬᠦ ᠦᠭᠡᠢ ᠪᠣᠯᠭ᠋ᠠᠨ᠎ᠠ ᠃
ᠮᠠᠨ᠎ᠤ ᠣᠷᠣᠨ᠎ᠤ ᠮᠠᠰᠢ ᠤᠯᠠᠨ ᠰᠠᠶ᠋ᠢᠨ ᠵᠦᠢ᠍ᠯ ᠦᠨ᠎ᠡ ᠭᠠᠷᠴᠤ ᠲᠡᠶ᠋ᠢᠯᠬᠦ ᠦᠭᠡᠢ ᠪᠠᠶ᠋ᠢᠭ᠎ᠠ ᠵᠢᠨ ᠵᠠᠩᠭᠢᠯᠠᠭ᠎ᠠ᠎ᠨᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ᠎ᠪᠠᠷ ᠬᠦᠷᠦᠯᠴᠡᠬᠦ ᠦᠭᠡᠢ᠎ᠳᠤ ᠪᠠᠶ᠋ᠢᠬᠤ ᠶᠤᠮ ᠃ ᠨᠢᠭᠡ ᠲᠠᠯ᠎ᠠ᠎ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠠᠳᠬᠤᠵᠤ ᠂ ᠲᠠᠷᠢᠶᠠᠯᠠᠩ ᠲᠤᠰᠠᠯᠠᠬᠤ ᠠᠵᠤ ᠠᠬᠤᠢ ᠵᠢᠨ ᠢᠳᠡᠭᠡᠨ᠎ᠢ ᠡᠳ᠋ᠰᠢᠭᠦᠯᠦᠨ ᠪᠤᠯᠪᠠᠰᠤᠷᠠᠭᠤᠯᠬᠤ ᠦᠢ᠍ᠯᠡᠰ ᠵᠶ᠋ᠠᠨ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠠᠵᠢᠯᠯᠠᠭ᠋ᠠᠨ᠎ᠢ ᠥᠷᠨᠢᠭᠦᠯᠦᠨ ᠂ ᠴᠠᠭ᠋ᠠᠨ ᠢᠳᠡᠭᠡ ᠂ ᠦᠬᠡᠷ ᠬᠤᠨᠢᠨ᠎ᠤ ᠮᠢᠬ᠎ᠠ ᠵᠡᠷᠭᠡ 10 ᠲᠦᠷᠦᠯ ᠢᠯᠭ᠋ᠠᠯ᠎ᠤᠨ ᠲᠣᠭᠤᠷᠢᠨ᠎ᠳᠤ ᠂ ᠬᠡᠯᠬᠢᠶᠡᠨ᠎ᠤ ᠭᠤᠣᠯ ᠪᠣᠯᠬᠤ ᠠᠵᠤ ᠠᠬᠤᠶ᠋ᠢᠯᠠᠯ ᠂ ᠬᠥᠲᠥᠴᠢ ᠠᠵᠤ ᠠᠬᠤᠶ᠋ᠢᠯᠠᠯ᠎ᠢ ᠶᠡᠭᠡ᠎ᠪᠠᠷ ᠣᠷᠣᠭᠤᠯᠤᠨ ᠠᠪᠴᠢᠷᠠᠬᠤ ᠪᠠ ᠪᠣᠶ᠋ᠢᠵᠢᠭᠤᠯᠵᠤ ᠂ ᠠᠵᠤ ᠦᠢ᠍ᠯᠡᠰ᠎ᠤᠨ ᠬᠡᠯᠬᠢᠶᠡᠨ᠎ᠤ ᠲᠡᠭᠦᠰᠬᠡᠯ ᠦᠵᠦᠭᠦᠷ ᠪᠠ ᠳᠡᠭᠡᠳᠦ ᠦᠵᠦᠭᠦᠷ ᠲᠡᠶ᠋ᠢᠰᠢ ᠤᠷᠲᠤᠳᠬᠠᠬᠤ ᠵᠢ ᠠᠬᠢᠭᠤᠯᠤᠨ ᠂ ᠭᠤᠣᠯ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠵᠦ ᠤᠯᠠᠷᠢᠭᠤᠯᠬᠤ ᠨᠤᠷᠮ᠎ᠠ ᠵᠢ 75%᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨ᠎ᠠ ᠃ ᠨᠦᠭᠦᠬᠡ ᠲᠠᠯ᠎ᠠ᠎ᠪᠠᠷ ᠨᠡᠷᠡᠳᠦ ᠲᠡᠮᠳᠡᠭ᠎ᠢ ᠡᠵᠡᠩᠨᠡᠨ ᠪᠣᠷᠣᠯᠠᠭᠤᠯᠬᠤ ᠵᠢ ᠠᠳᠬᠤᠨ ᠂ 《ᠥᠪᠥᠷ ᠮᠣᠩᠭᠤᠯ 》 ᠨᠡᠷᠡᠮᠵᠢᠲᠦ ᠲᠡᠮᠳᠡᠭ᠎ᠤᠨ ᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠥᠷᠭᠡᠵᠢᠭᠦᠯᠵᠦ ᠂ ᠰᠣᠳᠣᠨ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ ᠪᠠ ᠠᠵᠤ ᠠᠬᠤᠶ᠋ᠢᠯᠠᠯ᠎ᠤᠨ ᠪᠦᠲᠦᠭᠡᠭᠳᠡᠬᠦᠨ᠎ᠤ ᠨᠡᠷᠡᠲᠦ ᠲᠡᠮᠳᠡᠭ ᠵᠶ᠋ᠠᠨ ᠦᠷᠭᠦᠯᠵᠢᠯᠡᠨ ᠬᠦᠴᠦᠷᠬᠡᠭᠵᠢᠭᠦᠯᠵᠦ ᠂ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ᠎ᠢ ᠪᠦᠭᠦ ᠤᠯᠤᠰ᠎ᠲᠤ ᠬᠠᠨᠳᠤᠭᠤᠯᠵᠤ ᠪᠠᠶ᠋ᠢᠷᠢᠰᠢᠭᠤᠯᠤᠨ ᠂ ᠲᠠᠯ᠎ᠠ ᠨᠤᠲᠤᠭ᠎ᠤᠨ ᠰᠠᠶ᠋ᠢᠬᠠᠨ ᠦᠨᠦᠷ ᠠᠮᠲᠠ ᠵᠢ ᠪᠦᠭᠦ ᠤᠯᠤᠰ᠎ᠲᠤ ᠠᠩᠬᠢᠯᠤᠭᠤᠯᠤᠨᠠ ᠃
ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠨᠢᠭᠡ ᠦᠵᠦᠭᠦᠷ᠎ᠨᠢ ᠬᠥᠭᠵᠢᠯᠲᠡ ᠵᠢᠨ ᠶᠡᠭᠡ ᠲᠠᠯ᠎ᠠ᠎ᠲᠠᠢ ᠬᠤᠯᠪᠣᠯᠳᠤᠵᠤ ᠂ ᠨᠦᠭᠦᠬᠡ ᠦᠵᠦᠭᠦᠷ᠎ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠲᠠᠢ ᠬᠤᠯᠪᠣᠯᠳᠤᠵᠤ ᠪᠠᠶ᠋ᠢᠳᠠᠭ ᠃ 《ᠮᠢᠩᠭ᠎ᠠ ᠲᠦᠮᠡ ᠵᠢᠨ ᠢᠨᠵᠧᠨᠧᠷᠢᠩ 》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠂ ᠳ᠋ᠢᠬᠢᠲ ᠬᠥᠳᠡᠭᠡ ᠲᠤᠰᠬᠤᠨ ᠵᠶ᠋ᠠᠷ ᠲᠠᠷᠢᠶᠠᠯᠠᠩ᠎ᠢ ᠬᠦᠴᠦᠷᠬᠡᠭᠵᠢᠭᠦᠯᠬᠦ ᠲᠠᠷᠢᠶᠠᠴᠢᠳ᠎ᠲᠤ ᠠᠰᠢᠭ ᠬᠦᠷᠲᠡᠭᠡᠬᠦ ᠲᠠᠷᠢᠶᠠᠴᠢᠳ᠎ᠢ ᠪᠠᠶᠠᠵᠢᠭᠤᠯᠬᠤ ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ ᠂ ᠪᠤᠴᠠᠭ᠋ᠠᠳ ᠶᠠᠳᠠᠭᠤᠷᠠᠬᠤ ᠵᠢ ᠰᠡᠷᠭᠡᠶ᠋ᠢᠯᠡᠬᠦ ᠠᠵᠢᠯ ᠣᠯᠭᠤᠯᠲᠠ ᠵᠢᠨ ᠰᠢᠪᠲᠤᠯᠤᠯᠲᠠ ᠵᠢᠨ ᠠᠵᠢᠯᠯᠠᠭ᠋ᠠᠨ᠎ᠢ ᠭᠦᠨᠵᠡᠭᠡᠢ ᠥᠷᠨᠢᠭᠦᠯᠵᠦ ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ ᠵᠶ᠋ᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠲᠠᠷᠢᠶᠠᠴᠢᠨ ᠮᠠᠯᠴᠢᠳ᠎ᠤᠨ ᠬᠥᠮᠥᠨ ᠳᠤᠮᠳᠠᠴᠢ ᠵᠢᠨ ᠡᠵᠡᠮᠳᠡᠬᠦᠶ᠋ᠢᠴᠡ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠵᠢ ᠪᠦᠭᠦ ᠣᠷᠣᠨ ᠪᠠ ᠪᠦᠭᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠣᠣᠷ᠎ᠠ ᠦᠭᠡᠢ ᠪᠠᠶ᠋ᠢᠯᠭ᠋ᠠᠬᠤ ᠵᠢ ᠦᠨᠡᠨ ᠬᠦ᠌ ᠪᠠᠲᠤᠯᠠᠵᠤ ᠂ ᠬᠡᠪᠴᠢᠶᠡᠵᠢᠯ᠎ᠤᠨ ᠴᠢᠨᠠᠷᠲᠠᠢ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠪᠠᠶ᠋ᠢᠳᠠᠯ ᠦᠯᠦ ᠡᠭᠦᠰᠬᠦ ᠬᠤᠷᠢᠭ᠎ᠠ ᠱᠤᠭᠤᠮ᠎ᠢ ᠪᠠᠲᠤ ᠰᠠᠬᠢᠨ᠎ᠠ᠃ ᠬᠤᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠠᠬᠢᠭ᠋ᠠᠳ 30 ᠵᠢᠯ ᠤᠷᠲᠤᠳᠬᠠᠬᠤ ᠲᠤᠷᠰᠢᠯᠲᠠ ᠵᠢᠨ ᠴᠡᠭ᠎ᠤᠨ ᠠᠵᠢᠯ᠎ᠢ ᠯᠠᠪᠳᠠᠭᠤᠨ ᠠᠬᠢᠭᠤᠯᠵᠤ ᠂ ᠣᠢ ᠰᠢᠭᠤᠢ ᠂ ᠲᠠᠷᠢᠶᠠᠯᠠᠩ᠎ᠤᠨ ᠬᠠᠭ᠋ᠠᠯᠪᠤᠷᠢᠯᠠᠯᠲᠠ ᠪᠠ ᠬᠠᠩᠭ᠋ᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠃ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠬᠥᠭᠵᠢᠭᠦᠯᠬᠦ᠎ᠪᠠᠷ ᠳᠠᠮᠵᠢᠭᠤᠯᠤᠨ ᠰᠢᠶᠠᠨ᠎ᠤ ᠬᠡᠪᠴᠢᠶᠡᠨ᠎ᠤ ᠠᠵᠤ ᠠᠬᠤᠢ ᠵᠢ ᠪᠤᠵᠠᠭ᠋ᠠᠶ᠋ᠢᠷᠠᠭᠤᠯᠤᠨ᠎ᠠ ᠂ ᠬᠦᠷᠢᠶ᠎ᠡ ᠬᠠᠰᠢᠶᠠᠨ ᠤ ᠠᠵᠤ ᠠᠬᠤᠢ ᠂ ᠤᠢ ᠵᠢᠨ ᠬᠤᠷᠮᠣᠢ ᠵᠢᠨ ᠠᠵᠤ ᠠᠬᠤᠢ ᠂ ᠠᠷᠠᠳ᠎ᠤᠨ ᠭᠡᠷ ᠪᠠᠭᠤᠳᠠᠯ᠎ᠤᠨ ᠠᠵᠤ ᠠᠬᠤᠢ ᠵᠢ ᠬᠥᠭᠵᠢᠭᠦᠯᠦᠨ ᠂ 《ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ 》 ᠬᠡᠪᠴᠢᠶ᠎ᠡ ᠵᠢ ᠥᠷᠭᠡᠳᠬᠡᠵᠦ ᠂ 《ᠭᠤᠷᠪᠠᠨ ᠤᠮᠠᠷᠠᠲᠤ 》 ᠵᠢᠨ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠡᠷᠭᠡ ᠵᠢ 《ᠠᠷᠠᠳ᠎ᠢ ᠪᠠᠶᠠᠵᠢᠭᠤᠯᠬᠤ ᠢᠨᠵᠧᠨᠧᠷᠢᠩ 》 ᠪᠣᠯᠭ᠋ᠠᠵᠤ ᠂ ᠠᠵᠤ ᠠᠬᠤᠶ᠋ᠢᠯᠠᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠣᠶ᠋ᠢᠷ᠎ᠠ ᠬᠠᠪᠢ ᠲᠤᠬᠠᠢ ᠵᠢᠨ ᠭᠠᠵᠠᠷ᠎ᠲᠤᠨᠢ ᠠᠵᠢᠯᠴᠢᠨ ᠡᠯᠰᠡᠭᠦᠯᠵᠦ ᠂ ᠣᠯᠠᠨ ᠲᠦᠮᠡᠨ᠎ᠳᠤ ᠣᠯᠠᠨ ᠠᠷᠭ᠎ᠠ ᠵᠠᠮ ᠵᠶ᠋ᠠᠷ ᠠᠵᠢᠯ ᠣᠯᠭᠤᠵᠤ ᠣᠷᠣᠯᠭ᠎ᠠ ᠵᠢ᠎ᠨᠢ ᠨᠡᠮᠡᠭᠳᠡᠭᠦᠯᠬᠦ᠎ᠪᠠᠷ ᠴᠢᠷᠮᠠᠶ᠋ᠢᠨ᠎ᠠ ᠃ ᠰᠠᠭᠤᠷᠢ ᠪᠡᠯᠡᠳᠬᠡᠮᠵᠢ ᠵᠢ ᠬᠥᠳᠡᠭᠡ ᠲᠤᠰᠬᠤᠨ ᠲᠡᠶ᠋ᠢᠰᠢ ᠤᠷᠲᠤᠳᠬᠠᠬᠤ ᠵᠢ ᠠᠬᠢᠭᠤᠯᠤᠨ᠎ᠠ ᠂ ᠤᠰᠤ ᠬᠡᠷᠡᠭᠯᠡᠬᠦ ᠂ ᠴᠠᠬᠢᠯᠭ᠋ᠠᠨ ᠬᠡᠷᠡᠭᠯᠡᠬᠦ ᠂ ᠲᠡᠷᠭᠡ ᠨᠡᠪᠲᠡᠷᠡᠭᠦᠯᠬᠦ ᠂ ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠵᠤ ᠂ ᠬᠥᠳᠡᠭᠡ ᠲᠤᠰᠬᠤᠨ᠎ᠤ ᠵᠠᠰᠠᠮᠠᠯ ᠵᠠᠮ᠎ᠢ 5000 ᠺᠢᠯᠣᠮᠧᠳ᠋ᠷ ᠰᠢᠨ᠎ᠡ᠎ᠪᠠᠷ ᠪᠦᠲᠦᠭᠡᠨ ᠪᠠᠶ᠋ᠢᠭᠤᠯᠵᠤ ᠂ 《ᠭᠠᠴᠠᠭ᠎ᠠ ᠲᠤᠰᠬᠤᠨ᠎ᠳᠤ ᠲᠦᠷᠭᠡᠨ ᠢᠯᠡᠭᠡᠯᠲᠡ᠎ᠲᠠᠢ ᠪᠣᠯᠭ᠋ᠠᠬᠤ》ᠨᠡᠪᠳᠡᠷᠡᠮᠵᠢ ᠵᠢ 97%᠎ᠠᠴᠠ ᠳᠡᠭᠡᠭᠰᠢ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠂ ᠨᠥᠬᠦᠴᠡᠯ᠎ᠲᠠᠢ ᠭᠠᠵᠠᠷ ᠣᠷᠣᠨ᠎ᠤ ᠣᠯᠠᠨ ᠨᠡᠶ᠋ᠢᠲᠡ ᠵᠢᠨ ᠴᠠᠬᠢᠯᠭ᠋ᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠬᠥᠳᠡᠭᠡ ᠲᠤᠰᠬᠤᠨ᠎ᠤ ᠣᠷᠴᠢᠨ ᠲᠣᠭᠤᠷᠢᠨ᠎ᠤ ᠵᠠᠰᠠᠯᠲᠠ ᠵᠢ ᠴᠢᠩᠭ᠋ᠠᠳᠬᠠᠨ᠎ᠠ᠂ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤᠨ᠎ᠤ ᠵᠠᠰᠠᠯᠲᠠ ᠵᠢ ᠨᠢᠭᠡ ᠴᠣᠭᠴᠠᠵᠢᠭᠤᠯᠤᠨ ᠰᠠᠶ᠋ᠢᠲᠤᠷ ᠠᠳᠬᠤᠵᠤ ᠂ ᠪᠣᠬᠢᠷᠲᠤᠭᠰᠠᠨ ᠲᠠᠷᠢᠶᠠᠯᠠᠬᠤ ᠭᠠᠵᠠᠷ᠎ᠢ ᠠᠮᠤᠷ ᠲᠦᠪᠰᠢᠨ ᠵᠶ᠋ᠠᠷ ᠠᠰᠢᠭᠯᠠᠬᠤ ᠨᠤᠷᠮ᠎ᠠ ᠵᠢ 98%᠎ᠠᠴᠠ ᠳᠡᠭᠡᠭᠰᠢ᠎ᠳᠤ ᠲᠣᠭᠲᠠᠪᠤᠷᠢᠵᠢᠭᠤᠯᠬᠤ ᠂ ᠮᠠᠯ ᠵᠢᠭᠦᠷᠲᠡᠨ᠎ᠤ ᠰᠢᠭᠡᠭ ᠰᠠᠩᠭ᠋ᠠᠰᠤ ᠵᠢ ᠶᠡᠷᠦᠩᠬᠡᠶ᠋ᠢᠯᠡᠨ ᠠᠰᠢᠭᠯᠠᠬᠤ ᠨᠤᠷᠮ᠎ᠠ ᠵᠢ 83%᠎ᠠᠴᠠ ᠳᠡᠭᠡᠭᠰᠢ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠂ ᠤᠯᠤᠰ᠎ᠤᠨ ᠳᠡᠰ᠎ᠤᠨ ᠦᠵᠡᠰᠬᠦᠯᠡᠩᠲᠦ ᠰᠡᠯᠡᠭᠦᠴᠡᠯ᠎ᠤᠨ ᠬᠥᠳᠡᠭᠡ ᠲᠤᠰᠬᠤᠨ ᠂ ᠨᠣᠭᠤᠭ᠋ᠠᠷᠠᠭᠤᠯᠵᠤ ᠭᠤᠶᠣᠵᠢᠭᠤᠯᠤᠭᠰᠠᠨ ᠵᠢᠱ᠌ᠢᠶ᠎ᠡ ᠦᠵᠡᠬᠦᠯᠬᠦ ᠭᠠᠴᠠᠭ᠎ᠠ ᠲᠤᠰᠬᠤᠨ᠎ᠢ ᠰᠠᠶ᠋ᠢᠲᠤᠷ ᠡᠭᠦᠳᠦᠨ ᠪᠠᠶ᠋ᠢᠭᠤᠯᠤᠨ᠎ᠠ ᠃
(ᠵᠢᠷᠭᠤᠭ᠎ᠠ) ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠲᠡᠬᠡᠭᠰᠢᠯᠡᠬᠦᠯᠬᠦ ᠠᠵᠢᠯᠯᠠᠭ᠋ᠠᠨ ᠵᠶ᠋ᠠᠷ ᠬᠥᠲᠥᠯᠥᠨ ᠵᠢᠯᠣᠭᠤᠳᠤᠭᠤᠯᠵᠤ ᠂ ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠴᠣᠭᠴᠠᠯᠠᠨ᠎ᠠ ᠃ ᠤᠮᠠᠷᠠᠲᠤ ᠬᠢᠯᠢ ᠵᠢᠨ ᠰᠣᠶᠣᠯ ᠪᠣᠯ 《ᠤᠶᠤᠨ ᠰᠠᠨᠠᠭ᠋ᠠᠨ᠎ᠤ ᠪᠠᠶᠠᠨ ᠠᠭᠤᠷᠬᠠᠢ》 ᠶᠤᠮ᠂ ᠰᠣᠶᠣᠯ ᠵᠶ᠋ᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ ᠵᠶ᠋ᠠᠷ ᠰᠣᠶᠣᠯ᠎ᠢ ᠲᠣᠳᠣᠷᠠᠭᠤᠯᠬᠤ ᠵᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ᠂ ᠪᠡᠶ᠎ᠡ ᠵᠢᠨ ᠲᠠᠮᠢᠷ᠂ ᠤᠷᠤᠯᠳᠤᠭ᠋ᠠᠨ᠎ᠤ ᠶᠠᠪᠤᠳᠠᠯ᠂ ᠤᠷᠠᠨ ᠲᠣᠨᠨᠯᠠᠯᠲᠠ᠂ ᠦᠵᠡᠭᠦᠯᠭᠡ᠂ ᠬᠤᠳᠠᠯᠳᠤᠭ᠎ᠠ ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠦᠴᠦᠷᠬᠡᠭ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠤᠨ᠎ᠠ᠃
ᠤᠮᠠᠷᠠᠲᠤ ᠬᠢᠯᠢ ᠵᠢᠨ ᠰᠣᠶᠣᠯ᠎ᠳᠤ ᠥᠪᠥᠷ ᠮᠣᠩᠭᠤᠯ᠎ᠤᠨ ᠲᠡᠦᠬᠡ ᠬᠥᠮᠥᠨ ᠰᠣᠶᠣᠯ᠎ᠤᠨ ᠭᠤᠸ᠎ᠠ ᠰᠠᠶ᠋ᠢᠬᠠᠨ ᠂ ᠦᠵᠡᠮᠵᠢ ᠵᠠᠩ ᠦᠢ᠍ᠯᠡ ᠵᠢᠨ ᠭᠤᠸ᠎ᠠ ᠰᠠᠶ᠋ᠢᠬᠠᠨ ᠠᠭᠤᠯᠤᠭᠳᠠᠵᠤ ᠪᠠᠶ᠋ᠢᠳᠠᠭ ᠂ 《ᠤᠮᠠᠷᠠᠲᠤ ᠬᠢᠯᠢ ᠵᠢᠨ ᠰᠣᠶᠣᠯ᠎ᠤᠨ ᠡᠬᠡ ᠤᠯᠤᠰ᠎ᠲᠠᠬᠢ ᠠᠶᠠᠯᠠᠯ 》᠎ᠤᠨ ᠠᠵᠢᠯᠯᠠᠭ᠎ᠠ ᠵᠢ ᠦᠷᠬᠦᠯᠵᠢᠯᠡᠨ ᠥᠷᠨᠢᠭᠦᠯᠵᠦ ᠂ ᠤᠯᠠᠭ᠋ᠠᠨᠮᠥ᠋ᠴᠢᠷ ᠵᠡᠷᠭᠡ ᠤᠷᠠᠯᠢᠭ᠎ᠤᠨ ᠪᠦᠯᠭᠦᠮ᠎ᠤᠨ ᠪᠦᠬᠦ ᠤᠯᠤᠰ ᠴᠢᠨᠠᠭᠰᠢᠯᠠᠪᠠᠯ ᠭᠠᠳᠠᠭ᠋ᠠᠳᠤ᠎ᠳᠤ ᠭᠠᠷᠴᠤ ᠦᠵᠡᠭᠦᠯᠭᠡ ᠲᠣᠨᠨᠯᠠᠯᠲᠠ ᠭᠠᠷᠭ᠋ᠠᠬᠤ ᠵᠢ ᠳᠡᠮᠵᠢᠵᠦ ᠂ ᠮᠠᠨ᠎ᠤ ᠣᠷᠣᠨ᠎ᠤ ᠡᠯᠪᠡᠭ ᠪᠠᠶᠠᠯᠢᠭ ᠲᠡᠦᠬᠡ ᠰᠣᠶᠣᠯ᠎ᠤᠨ ᠥᠪ ᠪᠠ ᠬᠤᠪᠢᠰᠬᠠᠯ᠎ᠤᠨ ᠡᠬᠢ ᠪᠠᠶᠠᠯᠢᠭ᠎ᠢ ᠥᠷᠭᠡᠨ ᠵᠶ᠋ᠠᠷ ᠤᠬᠠᠭᠤᠯᠤᠨ ᠂ ᠤᠮᠠᠷᠠᠲᠤ ᠬᠢᠯᠢ ᠵᠢᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠭᠦᠢ᠍ᠴᠡᠳ ᠢᠯᠡᠷᠡᠭᠦᠯᠦᠨ᠎ᠡ ᠃ ᠲᠡᠦᠬᠡ ᠵᠢᠨ ᠳᠤᠷᠠᠰᠬᠠᠯᠲᠤ ᠵᠦᠢ᠍ᠯ ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ᠎ᠤᠨ ᠥᠪᠯᠡᠵᠦ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠤᠮ ᠂ ᠡᠷᠬᠡᠪᠰᠢ ᠰᠠᠶ᠋ᠢᠲᠤᠷ ᠬᠠᠮᠠᠭ᠋ᠠᠯᠠᠵᠤ ᠂ ᠰᠠᠶ᠋ᠢᠲᠤᠷ ᠵᠠᠯᠭ᠋ᠠᠮᠵᠢᠯᠠᠵᠤ ᠂ ᠰᠠᠶ᠋ᠢᠲᠤᠷ ᠠᠰᠢᠭᠯᠠᠬᠤ ᠬᠡᠷᠡᠭᠲᠡᠢ ᠂ ᠳᠥᠷᠪᠡᠳᠦᠭᠡᠷ ᠤᠳᠠᠭ᠋ᠠᠨ᠎ᠤ ᠪᠦᠭᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠤᠷᠢᠳᠠᠴᠢ ᠬᠢᠨᠠᠨ ᠪᠠᠶ᠋ᠢᠴᠠᠭ᠋ᠠᠯᠲᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ ᠂ ᠬᠠᠭᠤᠴᠢᠨ᠎ᠤ ᠰᠤᠳᠤᠯᠤᠯ᠎ᠤᠨ ᠡᠷᠴᠢᠮ ᠵᠶ᠋ᠠᠨ ᠴᠢᠩᠳᠠᠯᠠᠵᠤ ᠂ ᠬᠤᠩᠱ᠌ᠠᠨ ᠰᠣᠶᠣᠯ᠎ᠢ ᠥᠪ ᠵᠶ᠋ᠠᠷ ᠬᠤᠯᠪᠤᠭ᠋ᠠᠯᠠᠨ ᠭᠤᠶᠤᠴᠢᠯᠠᠬᠤ ᠵᠢ ᠠᠬᠢᠭᠤᠯᠤᠨ ᠂ ᠲᠣᠮᠳᠠᠳᠣ ᠵᠢᠨ ᠪᠣᠯᠪᠠᠰᠤᠨ᠎ᠤ ᠡᠬᠢ ᠡᠭᠦᠰᠦᠯ᠎ᠤᠨ ᠰᠦᠪᠡᠭᠴᠢᠯᠡᠯᠲᠡ᠎ᠳᠤ ᠬᠤᠪᠢ ᠨᠡᠮᠡᠷᠢ ᠦᠵᠡᠭᠦᠯᠦᠨ᠎ᠡ ᠃ ᠤᠳᠬ᠎ᠠ ᠤᠷᠠᠯᠢᠭ᠎ᠤᠨ ᠪᠦᠲᠦᠭᠡᠯ ᠪᠣᠯ ᠤᠮᠠᠷᠠᠲᠤ ᠬᠢᠯᠢ ᠵᠢᠨ ᠰᠣᠶᠣᠯ᠎ᠤᠨ ᠬᠠᠮᠤᠭ᠎ᠤᠨ ᠠᠮᠢᠳᠤᠯᠢᠭ ᠠᠴᠢᠶᠠᠯᠠᠪᠤᠷᠢ ᠪᠣᠯᠣᠨ᠎ᠠ ᠂ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠭᠦᠮ ᠪᠠ ᠰᠣᠶᠣᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠵᠤ ᠂ ᠭᠤᠣᠯᠳᠠᠯᠭ᠎ᠠ᠎ᠲᠠᠢ ᠤᠳᠬ᠎ᠠ ᠤᠷᠠᠯᠢᠭ᠎ᠤᠨ ᠲᠦᠷᠦᠯ ᠵᠦᠢ᠍ᠯ ᠪᠠ ᠰᠣᠳᠣᠨ ᠪᠦᠲᠦᠭᠡᠯ᠎ᠢ ᠲᠡᠳᠬᠦᠨ ᠳᠡᠮᠵᠢᠬᠦ ᠂ ᠱᠠᠩᠨᠠᠨ ᠬᠥᠬᠢᠭᠦᠯᠬᠦ ᠡᠷᠴᠢᠮ ᠵᠶ᠋ᠠᠨ ᠴᠢᠩᠳᠠᠯᠠᠵᠤ ᠂ ᠤᠳᠬ᠎ᠠ ᠤᠷᠠᠯᠢᠭ᠎ᠤᠨ ᠠᠵᠢᠯᠲᠠᠳ᠎ᠤᠨ ᠵᠣᠬᠢᠶᠠᠨ ᠪᠦᠲᠦᠭᠡᠬᠦ ᠤᠷᠮ᠎ᠠ ᠵᠣᠷᠢᠭ᠎ᠢ ᠭᠦᠢ᠍ᠴᠡᠳ ᠬᠥᠭᠵᠢᠭᠡᠵᠦ᠂ ᠨᠡᠩ ᠤᠯᠠᠨ ᠰᠣᠳᠣᠨ ᠪᠦᠲᠦᠭᠡᠯ ᠳᠣᠷᠪᠢᠯᠢᠭ ᠵᠣᠬᠢᠶᠠᠯ᠎ᠢ ᠪᠣᠢ ᠪᠣᠯᠭ᠋ᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠡᠩ ᠣᠯᠠᠨ ᠲᠣᠮᠣ ᠱᠠᠩᠨᠠᠯ᠎ᠢ ᠭᠦᠷᠲᠡᠬᠦ᠎ᠪᠠᠷ ᠮᠡᠷᠡᠶ᠋ᠢᠨ ᠴᠢᠷᠮᠠᠶ᠋ᠢᠨ᠎ᠠ᠃ ᠣᠳᠣᠬᠠᠨ᠎ᠳᠤ ᠰᠣᠶᠣᠯ᠎ᠤᠨ ᠦᠵᠡᠰᠭᠦᠯᠡᠩ ᠤᠨ ᠬᠠᠯᠠᠭᠤᠷᠠᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷᠤᠰᠬᠠᠯ᠎ᠨᠢ ᠴᠠᠭ᠎ᠤᠨ ᠰᠢᠨ᠎ᠡ ᠥᠩᠭᠡ ᠪᠣᠯᠤᠭᠰᠠᠨ ᠪᠠᠶ᠋ᠢᠨ᠎ᠠ᠂ ᠡᠶ᠋ᠢᠮᠦᠷᠬᠦᠦ ᠪᠠᠶ᠋ᠢᠳᠠᠯ ᠬᠠᠨᠳᠤᠰᠢ᠎ᠲᠠᠢ ᠵᠣᠬᠢᠴᠠᠭᠤᠯᠤᠨ᠂ ᠲᠣᠮᠣ ᠬᠡᠯᠪᠡᠷᠢ ᠵᠢᠨ ᠪᠠᠶᠠᠷ ᠳᠤᠷᠠᠰᠬᠠᠯ ᠂ ᠡᠯ᠎ᠡ ᠲᠦᠷᠦᠯ᠎ᠤᠨ ᠳᠡᠯᠭᠡᠨ ᠦᠵᠡᠭᠦᠯᠭᠡ ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠳᠤ ᠤᠮᠠᠷᠠᠲᠤ ᠬᠢᠯᠢ ᠵᠢᠨ ᠰᠣᠶᠣᠯ᠎ᠤᠨ ᠡᠯᠧᠮᠧᠨ᠋ᠲ ᠪᠠ ᠢᠯᠡᠷᠬᠡᠶ᠋ᠢᠯᠡᠯ᠎ᠲᠦ ᠲᠡᠮᠳᠡᠭ᠎ᠢ ᠰᠢᠭᠢᠳᠬᠡᠵᠦ ᠂ ᠪᠦᠲᠦᠭᠡᠯᠴᠢ ᠵᠢᠷᠤᠭ ᠲᠥᠯᠥᠪᠯᠡᠭᠡ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠦᠴᠦᠨ ᠴᠢᠳᠠᠮᠵᠢ ᠵᠢ ᠡᠷᠴᠢᠮᠯᠡᠬᠦ᠎ᠪᠠᠨ ᠴᠢᠩᠭ᠋ᠠᠳᠬᠠᠨ ᠂ ᠥᠪᠡᠷᠮᠢᠴᠡ ᠬᠡᠪ ᠨᠠᠮᠪᠠ ᠪᠦᠬᠦᠢ ᠰᠣᠶᠣᠯ᠎ᠤᠨ 《ᠺᠠᠷᠳ᠋ᠯᠠᠬᠤ ᠭᠠᠵᠠᠷ 》᠎ᠢ ᠨᠡᠩ ᠤᠯᠠᠨ ᠴᠣᠭᠴᠠᠯᠠᠨ᠎ᠠ ᠃
ᠥᠪᠥᠷ ᠮᠣᠩᠭᠤᠯ᠎ᠳᠤ ᠡᠯᠪᠡᠭ ᠳᠡᠯᠪᠡᠭ ᠵᠢᠭᠤᠯᠴᠢᠯᠠᠯ᠎ᠤᠨ ᠡᠬᠢ ᠪᠠᠶᠠᠯᠢᠭ᠎ᠲᠠᠢ᠂ ᠭᠡᠪᠡᠴᠦ 《ᠰᠠᠷᠬᠤᠳ᠎ᠤᠨ ᠠᠩᠬᠢᠯᠤᠮ᠎ᠠ ᠦᠨᠦᠷ ᠭᠤᠳᠤᠮᠵᠢ ᠵᠢᠨ ᠭᠦᠨᠳᠤ ᠬᠠᠰᠢᠭᠳᠠᠵᠤ ᠮᠡᠳᠡᠨ᠎ᠡ》᠂ ᠲᠠᠯ᠎ᠠ ᠨᠤᠲᠤᠭ ᠤᠢ ᠰᠢᠭᠤᠢ᠂ ᠡᠯᠡᠰᠦᠨ ᠴᠦᠯ ᠭᠤᠪᠢ ᠪᠦᠷᠢᠳᠦ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠵᠡᠷᠭᠡ ᠭᠤᠶ᠋ᠢᠳᠠ ᠰᠠᠶ᠋ᠢᠬᠠᠨ ᠭᠠᠵᠠᠷ ᠵᠶ᠋ᠠᠨ ᠰᠠᠶ᠋ᠢᠲᠤᠷ ᠤᠬᠠᠭᠤᠯᠵᠤ᠂ 《ᠣᠷᠳᠣ ᠴᠠᠭ᠋ᠠᠨ ᠬᠡᠷᠡᠮ᠎ᠤᠨ ᠡᠮᠦᠨ᠎ᠡ ᠤᠮᠠᠷ᠎ᠠ ᠨᠤᠲᠤᠭ》᠂ 《ᠦᠵᠡᠰᠬᠦᠯᠡᠩᠲᠦ ᠰᠠᠶ᠋ᠢᠬᠠᠨ ᠮᠢᠨᠤ ᠨᠤᠲᠤᠭ》ᠵᠡᠷᠭᠡ ᠰᠠᠶ᠋ᠢᠬᠠᠨ ᠦᠯᠢᠬᠡᠷ ᠵᠶ᠋ᠠᠨ ᠰᠠᠶ᠋ᠢᠲᠤᠷ ᠢᠯᠡᠷᠡᠭᠦᠯᠵᠦ ᠂ ᠨᠡᠷᠡᠲᠦ ᠲᠡᠮᠳᠡᠭ ᠵᠶ᠋ᠠᠨ ᠬᠦᠴᠦᠷᠬᠡᠭᠵᠢᠭᠦᠯᠦᠨ ᠂ ᠡᠵᠡᠩᠨᠡᠯᠲᠡ ᠵᠢᠨ ᠪᠠᠶ᠋ᠢᠳᠠᠯ ᠵᠶ᠋ᠠᠨ ᠨᠠᠷᠢᠯᠢᠭᠵᠢᠭᠤᠯᠵᠤ ᠂ ᠨᠡᠩ ᠤᠯᠠᠨ ᠬᠥᠮᠥᠰ᠎ᠢ ᠥᠪᠥᠷ ᠮᠣᠩᠭᠤᠯ᠎ᠳᠤ ᠲᠠᠲᠠᠨ ᠠᠪᠴᠢᠷᠠᠵᠤ ᠂ ᠥᠪᠥᠷ ᠮᠣᠩᠭᠤᠯ᠎ᠳᠤ ᠮᠠᠨᠢ ᠬᠠᠶ᠋ᠢᠷᠠᠲᠠᠢ ᠪᠣᠯᠭ᠋ᠠᠨ᠂ ᠵᠢᠭᠤᠯᠴᠢᠯᠠᠭᠴᠢᠳ᠎ᠤᠨ ᠲᠤᠭ᠎ᠠ ᠬᠡᠮᠵᠢᠶ᠎ᠡ ᠵᠢ 3 ᠳ᠋ᠦᠩᠰᠢᠭᠤᠷ ᠬᠥᠮᠥᠨ ᠤᠳᠠᠭ᠎ᠠ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠵᠢᠭᠤᠯᠴᠢᠯᠠᠯ᠎ᠤᠨ ᠷᠢᠳᠢ ᠰᠢᠳᠢ᠎ᠨᠢ ᠪᠡᠶᠡᠴᠢᠯᠡᠨ ᠣᠶ᠋ᠢᠯᠠᠭ᠋ᠠᠬᠤ ᠲᠥᠷᠥᠭᠳᠡᠯ ᠰᠠᠶ᠋ᠢᠨ᠂ ᠪᠠᠶᠠᠷ ᠪᠠᠶᠠᠰᠤᠯ᠎ᠲᠠᠢ ᠵᠤᠭ᠋ᠠᠯᠠᠨ ᠨᠠᠭ᠋ᠠᠳᠬᠤ᠎ᠳᠤ ᠪᠣᠢ᠂ ᠵᠢᠭᠤᠯᠴᠢᠯᠠᠯ᠎ᠤᠨ 《ᠲᠦᠷᠪᠡᠨ ᠭᠠᠵᠠᠷ》᠎ᠤᠨ IP᠎ᠢ ᠲᠡᠰ ᠳᠡᠪᠰᠢᠭᠦᠯᠦᠨ ᠴᠣᠭᠴᠠᠯᠠᠵᠤ᠂ 《ᠲᠦᠷᠪᠡᠨ ᠤᠯᠠᠷᠢᠯ》 ᠵᠶ᠋ᠠᠷ ᠵᠤᠭ᠋ᠠᠴᠠᠨ ᠲᠣᠭᠤᠷᠢᠬᠤ ᠨᠡᠷ᠎ᠡ ᠵᠢᠨ ᠬᠠᠭᠤᠳᠠᠰᠤ ᠵᠢ ᠠᠯᠳᠠᠷᠰᠢᠭᠤᠯᠵᠤ᠂ ᠣᠳᠣ ᠦᠶ᠎ᠡ ᠵᠢᠨ ᠲᠠᠯ᠎ᠠ ᠨᠤᠲᠤᠭ᠎ᠢ ᠢᠯᠡᠷᠡᠭᠦᠯᠬᠦ ᠠᠶᠠᠯᠠᠯ ᠂ ᠠᠯᠳᠠᠨ ᠰᠢᠷᠭ᠋ᠠᠯ ᠡᠯᠡᠰᠦᠨ ᠴᠥᠯ᠎ᠢ ᠲᠤᠭᠤᠯᠬᠤ ᠠᠶᠠᠯᠠᠯ ᠂ ᠮᠥᠰᠥ ᠴᠠᠰᠤᠨ᠎ᠤ ᠶᠢᠷᠲᠢᠨᠴᠦ ᠵᠢᠨ ᠳᠣᠮᠣᠭᠲᠤ ᠠᠶᠠᠯᠠᠯ ᠵᠡᠷᠭᠡ ᠵᠢᠭᠤᠯᠴᠢᠯᠠᠯ᠎ᠤᠨ ᠵᠠᠮ ᠱᠤᠭᠤᠮ᠎ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠭᠦᠬᠡᠬᠤᠲᠡ ᠵᠢᠨ ᠳᠠᠭᠤᠤ ᠬᠥᠭᠵᠢᠮ᠎ᠤᠨ ᠦᠳᠡᠰᠢᠯᠡᠭᠡ ᠪᠠ ᠣᠨ ᠰᠣᠯᠢᠭᠳᠠᠬᠤ ᠰᠥᠨᠢ ᠵᠢᠨ ᠨᠠᠶ᠋ᠢᠷ᠂ ᠠᠯᠠᠱ᠌ᠠ ᠵᠢᠨ ᠪᠠᠭ᠋ᠠᠲᠤᠷᠴᠤᠳ᠎ᠤᠨ ᠴᠤᠭᠯᠠᠭ᠋ᠠᠨ᠂ ᠬᠥᠯᠥᠨ ᠪᠦᠢ᠍ᠷ᠎ᠤᠨ ᠡᠪᠦᠯ᠎ᠤᠨ ᠤᠯᠠᠷᠢᠯ ᠤᠨ ᠪᠠᠭ᠋ᠠᠲᠤᠷᠴᠤᠳ᠎ᠤᠨ ᠴᠤᠭᠯᠠᠭ᠋ᠠᠨ᠂ ᠤᠯᠠᠭ᠋ᠠᠨᠴᠠᠪ᠎ᠤᠨ ᠦᠳᠡᠰᠢ ᠂ ᠣᠷᠳᠣᠰ᠎ᠤᠨ 《ᠲᠠᠯ᠎ᠠ ᠨᠤᠲᠤᠭ᠎ᠤᠨ ᠲᠣᠰᠬᠤᠨ᠎ᠤ ᠠᠯᠠᠭ᠋ᠠᠳᠠᠬᠤ ᠪᠥᠮᠪᠦᠭᠡ 》 ᠵᠡᠷᠭᠡ ᠨᠡᠷᠡᠲᠦ ᠲᠡᠮᠳᠡᠭ᠎ᠢ ᠡᠷᠬᠢᠯᠡᠨ ᠶᠠᠪᠤᠭᠳᠠᠭᠤᠯᠬᠤ ᠲᠤᠰᠤᠮ ᠴᠤᠤᠷᠢᠶᠠᠲᠤᠭᠤᠯᠤᠨ᠎ᠠ᠃ ᠣᠨᠴᠠᠭ᠋ᠠᠶ᠋ᠢᠯᠠᠨ 《ᠮᠠᠰᠢᠨ ᠪᠠᠷᠢᠵᠤ ᠬᠥᠳᠡᠭᠡ ᠲᠠᠯ᠎ᠠ᠎ᠪᠠᠷ ᠳᠠᠪᠬᠢᠭᠤᠯᠤᠨ᠂ ᠥᠪᠥᠷ ᠮᠣᠩᠭᠤᠯ᠎ᠳᠤ ᠵᠢᠭᠤᠯᠴᠢᠯᠠᠨ ᠰᠠᠭᠤᠷᠢᠰᠢᠵᠠᠭ᠋ᠠᠶᠠ 》 ᠠᠵᠢᠯᠯᠠᠭ᠎ᠠ ᠵᠢ ᠨᠠᠷᠢᠯᠢᠭ ᠤᠬᠠᠭ᠋ᠠᠯᠠᠨ ᠲᠥᠯᠥᠪᠯᠡᠵᠦ ᠂ ᠲᠣᠮᠳᠠᠲᠣ ᠤᠯᠤᠰ᠎ᠤᠨ ᠬᠠᠮᠤᠭ᠎ᠤᠨ ᠭᠤᠶᠤ ᠬᠢᠯᠢ ᠬᠢᠵᠠᠭ᠋ᠠᠷ᠎ᠤᠨ ᠵᠠᠮ 331 ᠵᠢ ᠴᠣᠭᠴᠠᠯᠠᠵᠤ᠂ ᠵᠠᠮ ᠳᠠᠭ᠋ᠠᠤ ᠰᠠᠴᠤᠭᠳᠠᠭᠰᠠᠨ 《ᠰᠤᠪᠤᠳ 》᠎ᠢ 《ᠰᠣᠨᠳᠣᠷ 》 ᠪᠣᠯᠭ᠋ᠠᠨ ᠬᠡᠯᠬᠢᠵᠦ ᠂ ᠮᠠᠰᠢᠨ ᠪᠠᠷᠢᠵᠤ ᠵᠢᠭᠤᠯᠴᠢᠯᠠᠬᠤ ᠪᠠ ᠵᠢᠭᠤᠯᠴᠢᠯᠠᠨ ᠰᠠᠭᠤᠷᠢᠰᠢᠬᠤ ᠵᠢ ᠥᠪᠥᠷ ᠮᠣᠩᠭᠤᠯ᠎ᠤᠨ ᠰᠣᠶᠣᠯ ᠵᠢᠭᠤᠯᠴᠢᠯᠠᠯ᠎ᠤᠨ ᠰᠢᠨ᠎ᠡ ᠬᠢᠯᠠᠰ ᠴᠡᠭ ᠪᠣᠯᠭ᠋ᠠᠨ᠎ᠠ ᠃ ᠪᠤᠭᠤᠲᠤ ᠵᠢᠨ ᠲᠡᠦᠬᠡ ᠰᠣᠶᠣᠯ᠎ᠤᠨ ᠴᠤᠤᠲᠤ ᠬᠤᠲᠠ ᠂ ᠬᠢᠩᠭ᠋ᠠᠨ ᠠᠶ᠋ᠢᠮᠠᠭ᠎ᠤᠨ ᠳᠡᠯᠡᠬᠡᠢ ᠵᠢᠨ ᠲᠡᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ ᠂ ᠪᠠᠳᠠᠢ ᠵᠢᠨ ᠵᠢᠷᠠᠨ᠎ᠤ ᠳᠡᠯᠡᠬᠡᠢ ᠵᠢᠨ ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠂ ᠤᠯᠠᠭ᠋ᠠᠢ ᠣᠯᠠᠨ ᠲᠣᠬᠤᠢ ᠵᠢ 5A ᠲᠡᠰ᠎ᠤᠨ ᠦᠵᠡᠮᠵᠢ ᠵᠢᠨ ᠣᠷᠣᠨ ᠵᠶ᠋ᠠᠷ ᠲᠦᠷᠭᠡᠳᠬᠡᠨ ᠡᠭᠦᠳᠦᠨ ᠪᠠᠶ᠋ᠢᠭᠤᠯᠵᠤ ᠂ ᠯᠣᠣ ᠨᠢᠦ ᠸᠠᠨ ᠬᠠᠲᠤᠨ ᠭᠤᠣᠯ᠎ᠤᠨ ᠶᠡᠭᠡ ᠬᠠᠪᠴᠢᠯ᠎ᠢ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠵᠶ᠋ᠠᠷ ᠭᠤᠶᠤᠴᠢᠯᠠᠨ ᠮᠡᠳᠡᠭᠦᠯᠬᠦ ᠵᠢ ᠳᠡᠮᠵᠢᠨ᠎ᠡ ᠃ ᠮᠥᠰᠥ ᠴᠠᠰᠤᠨ᠎ᠤ ᠠᠵᠤ ᠠᠬᠤᠢ ᠪᠣᠯ ᠲᠦᠮᠡᠨ ᠳ᠋ᠦᠩᠰᠢᠭᠤᠷ᠎ᠤᠨ ᠳᠡᠰ᠎ᠤᠨ ᠰᠢᠨ᠎ᠡ ᠥᠷᠢᠰᠦᠯᠳᠦᠭᠡᠨ᠎ᠤ ᠴᠠᠷᠠᠭ᠎ᠠ ᠪᠣᠯᠣᠨ᠎ᠠ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ ᠂ ᠮᠥᠰᠥ ᠴᠠᠰᠤᠨ᠎ᠤ ᠰᠣᠶᠣᠯ ᠂ ᠮᠥᠰᠥ ᠴᠠᠰᠤᠨ᠎ᠤ ᠲᠣᠨᠣᠭᠯᠠᠯ ᠂ ᠮᠥᠰᠥ ᠴᠠᠰᠤᠨ᠎ᠤ ᠵᠢᠭᠤᠯᠴᠢᠯᠠᠯ ᠵᠡᠷᠭᠡ ᠪᠦᠬᠦ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ ᠵᠢ ᠨᠢᠭᠡ ᠴᠣᠭᠴᠠᠵᠢᠭᠤᠯᠤᠨ ᠠᠬᠢᠭᠤᠯᠵᠤ ᠂ ᠣᠯᠠᠨ ᠲᠦᠮᠡᠨᠴᠢ ᠴᠢᠨᠠᠷᠲᠠᠢ ᠂ ᠲᠣᠭᠯᠠᠯᠲᠠ ᠵᠢᠨ ᠴᠢᠨᠠᠷᠲᠠᠢ ᠂ ᠤᠷᠤᠯᠳᠤᠭ᠋ᠠᠨ᠎ᠤ ᠴᠢᠨᠠᠷᠲᠠᠢ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠥᠷᠭᠡᠨ ᠵᠶ᠋ᠠᠷ ᠥᠷᠨᠢᠭᠦᠯᠦᠨ᠎ᠡ ᠃ ᠳᠠᠩ ᠬᠠᠪᠲᠠᠰᠤᠨ᠎ᠤ ᠴᠠᠨᠠᠯᠠᠯᠲᠠ ᠵᠢᠨ ᠵᠡᠷᠭᠡᠴᠡᠭᠡ ᠶᠡᠭᠡ ᠡᠷᠭᠢᠯᠲᠡ ᠵᠢᠨ ᠳᠡᠯᠡᠬᠡᠢ ᠵᠢᠨ ᠬᠤᠨᠳᠠᠭ᠋ᠠᠲᠤ ᠤᠷᠤᠯᠳᠤᠭ᠋ᠠᠨ ᠪᠠ ᠪᠦᠬᠦ ᠤᠯᠤᠰ᠎ᠤᠨ ᠴᠢᠯᠦᠭᠡᠲᠦ ᠴᠡᠨᠡᠯᠡᠯᠲᠡ᠂ ᠣᠶ᠋ᠢᠷ᠎ᠠ ᠵᠠᠢ ᠵᠢᠨ ᠲᠦᠷᠭᠡᠨ ᠲᠡᠰᠢᠯᠲᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠵᠡᠷᠭᠡ ᠮᠥᠰᠥ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠢ ᠰᠡᠳᠬᠢᠯ ᠲᠠᠯᠪᠢᠨ ᠡᠷᠬᠢᠯᠡᠵᠦ ᠂ ᠲᠤᠮᠳᠠᠳᠤ ᠤᠯᠤᠰ᠎ᠤᠨ ᠬᠦᠢ᠍ᠲᠡᠨ᠎ᠤ ᠲᠤᠶ᠋ᠢᠯ᠎ᠤᠨ ᠮᠠᠷᠠᠰᠤᠨ ᠤᠷᠤᠯᠳᠤᠭ᠋ᠠᠨ ᠂ ᠪᠦᠭᠦ ᠤᠯᠤᠰ᠎ᠤᠨ ᠪᠦᠢ᠍ᠺᠦ ᠪᠥᠮᠪᠥᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠂ ᠪᠦᠭᠦ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠲᠠᠮᠢᠷ᠎ᠤᠨ ᠴᠤᠭᠯᠠᠭ᠋ᠠᠨ ᠂ ᠰᠢᠯᠢ ᠵᠢᠨ ᠭᠤᠣᠯ᠎ᠤᠨ ᠮᠣᠩᠭᠤᠯ ᠮᠣᠷᠢᠨ᠎ᠤ ᠬᠡᠳᠦ ᠳᠡᠰ᠎ᠤᠨ ᠬᠤᠯᠪᠣᠭ᠋ᠠᠲᠤ ᠤᠷᠤᠯᠳᠤᠭ᠋ᠠᠨ ᠵᠡᠷᠭᠡ ᠣᠨᠴᠠᠯᠢᠭᠲᠤ ᠤᠷᠤᠯᠳᠤᠭ᠋ᠠᠨ᠎ᠤ ᠶᠠᠪᠤᠳᠠᠯ᠎ᠢ ᠰᠠᠶ᠋ᠢᠲᠤᠷ ᠡᠷᠬᠢᠯᠡᠵᠦ ᠂ ᠨᠡᠩ ᠣᠯᠠᠨ ᠬᠥᠮᠥᠰ᠎ᠢ ᠤᠷᠤᠯᠳᠤᠭ᠋ᠠᠨ᠎ᠤ ᠲᠠᠰᠢᠷᠠᠮ ᠵᠶ᠋ᠠᠷ ᠵᠢᠭᠤᠯᠴᠢᠯᠠᠷᠠ ᠢᠷᠡᠭᠦᠯᠦᠨ᠎ᠡ ᠃
(ᠳᠣᠯᠤᠭ᠎ᠠ) ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠋ᠠᠨ᠎ᠢ ᠬᠦᠴᠦᠯᠡᠨ ᠠᠳᠬᠤᠵᠤ ᠂ ᠠᠵᠤ ᠠᠬᠤᠶ᠋ᠢᠯᠠᠯ᠎ᠤᠨ ᠬᠦᠴᠢᠷ ᠠᠰᠠᠭᠤᠳᠠᠯ᠎ᠢ ᠦᠨᠡᠨ ᠰᠡᠳᠬᠢᠯ᠎ᠠᠴᠠ᠎ᠪᠠᠨ ᠰᠢᠢ᠍ᠳᠪᠦᠷᠢᠯᠡᠵᠦ ᠥᠭᠭᠦᠨ᠎ᠡ ᠃ ᠨᠢᠭᠡ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ᠎ᠨᠢ ᠡᠴᠦᠰ᠎ᠤᠨ ᠡᠴᠦᠰ᠎ᠲᠤ᠎ᠪᠠᠨ ᠠᠵᠤ ᠠᠬᠤᠶ᠋ᠢᠯᠠᠯ᠎ᠳᠤ ᠲᠦᠰᠢᠭᠯᠡᠳᠡᠭ ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠪᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠯᠢ᠎ᠨᠢ ᠴᠦ᠍ ᠭᠡᠰᠡᠨ ᠦᠭᠡᠢ ᠪᠦᠷ ᠵᠠᠰᠠᠭ᠎ᠤᠨ ᠣᠷᠳᠣᠨ᠎ᠤ ᠦᠢ᠍ᠯᠡᠴᠢᠯᠡᠬᠦ ᠡᠲᠡᠭᠡᠳ ᠮᠥᠨ᠂ ᠠᠵᠤ ᠠᠬᠤᠶ᠋ᠢᠯᠠᠯ᠎ᠳᠤ ᠲᠤᠰᠠᠯᠠᠬᠤ ᠠᠵᠢᠯᠯᠠᠭ᠋ᠠᠨ ᠪᠣᠯ ᠳᠠᠷᠤᠢ ᠠᠵᠤ ᠠᠬᠤᠶ᠋ᠢᠯᠠᠯᠲᠠᠳᠢ ᠭᠡᠷ᠎ᠤᠨ ᠵᠶ᠋ᠠᠨ ᠬᠥᠮᠥᠨ ᠠᠳᠠᠯᠢ ᠦᠵᠡᠵᠦ᠂ ᠠᠵᠤ ᠠᠬᠤᠶ᠋ᠢᠯᠠᠯ᠎ᠤᠨ ᠠᠵᠢᠯ ᠶᠠᠪᠤᠳᠠᠯ᠎ᠢ ᠭᠡᠷ᠎ᠤᠨ ᠵᠶ᠋ᠠᠨ ᠠᠵᠢᠯ ᠶᠠᠪᠤᠳᠠᠯ ᠪᠣᠯᠭ᠋ᠠᠨ᠂ ᠵᠠᠰᠠᠭ᠎ᠤᠨ ᠣᠷᠳᠣᠨ ᠪᠠ ᠠᠵᠤ ᠠᠬᠤᠶ᠋ᠢᠯᠠᠯ ᠭᠠᠷ ᠬᠤᠯᠪᠣᠯᠴᠠᠨ ᠬᠠᠮᠲᠤ᠎ᠪᠠᠷ ᠬᠥᠭᠵᠢᠯᠲᠡ ᠵᠢ ᠡᠷᠢᠯᠬᠢᠯᠡᠬᠦ ᠶᠠᠪᠤᠳᠠᠯ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠨᠢ ᠠᠯᠳᠠᠭᠳᠠᠯ᠎ᠲᠠᠢ ᠪᠠᠶ᠋ᠢᠭᠰᠠᠨ᠎ᠠᠴᠠ᠎ᠪᠠᠨ ᠣᠯᠵᠠᠪᠤᠷᠢ᠎ᠲᠠᠢ ᠪᠣᠯᠵᠤ ᠂ ᠴᠢᠨᠠᠷ ᠵᠶ᠋ᠠᠨ ᠳᠡᠭᠡᠭᠰᠢᠯᠡᠭᠦᠯᠦᠨ ᠦᠷ᠎ᠡ ᠪᠦᠲᠦᠮᠵᠢ᠎ᠪᠠᠨ ᠨᠡᠮᠡᠭᠳᠡᠭᠦᠯᠦᠨ᠎ᠡ ᠂ 《ᠨᠢᠭᠡ ᠠᠵᠤ ᠠᠬᠤᠶ᠋ᠢᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ 》᠎ᠪᠠᠷ ᠠᠷᠭ᠎ᠠ ᠬᠡᠮᠵᠢᠶ᠎ᠡ ᠲᠣᠭᠲᠠᠭ᠋ᠠᠨ ᠂ ᠠᠷᠭ᠎ᠠ ᠪᠣᠳᠣᠯᠭ᠎ᠠ ᠠᠪᠴᠤ ᠂ ᠪᠣᠳᠠᠲᠤ ᠠᠮᠵᠢᠯᠲᠠ ᠣᠯᠬᠤ ᠵᠢ ᠴᠢᠩᠭ᠎ᠠ ᠠᠩᠬᠠᠷᠬᠤ ᠬᠡᠷᠡᠭᠲᠡᠢ ᠃ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ ᠪᠦᠬᠦ ᠬᠦᠴᠦᠨ ᠵᠶ᠋ᠠᠷ ᠵᠶ᠋ᠠᠨ ᠪᠦᠰᠡᠯᠡᠯᠲᠡ ᠰᠢᠪᠲᠤᠯᠵᠤ᠂ ᠡᠵᠡᠩᠨᠡᠯᠲᠡ ᠵᠢ ᠲᠣᠭᠲᠠᠪᠤᠷᠢᠵᠢᠭᠤᠯᠬᠤ ᠂ ᠪᠦᠲᠦᠴᠡ ᠵᠢ ᠲᠣᠬᠢᠷᠠᠭᠤᠯᠬᠤ ᠂ ᠦᠷ᠎ᠡ ᠠᠰᠢᠭ ᠵᠶ᠋ᠠᠨ ᠳᠡᠭᠡᠭᠰᠢᠯᠡᠭᠦᠯᠬᠦ ᠲᠠᠯ᠎ᠠ᠎ᠳᠤ ᠬᠦᠴᠦ ᠲᠠᠯᠪᠢᠨ ᠂ ᠡᠵᠡᠩᠨᠡᠯᠲᠡ ᠵᠢᠨ ᠣᠷᠣᠯᠭ᠎ᠠ ᠵᠢ 1200 ᠳ᠋ᠦᠩᠰᠢᠭᠤᠷ ᠲᠥᠭᠦᠷᠢᠭ᠎ᠲᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨ᠎ᠠ ᠃ ᠤᠮᠠᠷᠠᠲᠤ ᠵᠢᠨ ᠬᠤᠪᠣᠷ ᠰᠢᠷᠣᠢ ᠵᠢᠨ ᠪᠦᠯᠦᠭᠯᠡᠯ 《ᠬᠤᠪᠣᠷ ᠰᠢᠷᠣᠢ ᠵᠢᠨ ᠬᠤᠶᠠᠷ ᠰᠠᠭᠤᠷᠢᠨ ᠭᠠᠵᠠᠷ 》᠎ᠤᠨ ᠪᠦᠲᠦᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠂ ᠦᠢ᠍ᠯᠡᠳᠬᠦᠨ᠎ᠤ ᠦᠷᠲᠡᠭ ᠵᠠᠬ᠎ᠠ ᠳᠡᠯᠭᠡᠭᠦᠷ᠎ᠤᠨ ᠦᠷᠲᠡᠭ ᠂ ᠡᠵᠡᠩᠨᠡᠯᠲᠡ ᠵᠢᠨ ᠠᠰᠢᠭ ᠣᠷᠣᠯᠭ᠎ᠠ᠎ᠪᠠᠷ ᠵᠶ᠋ᠠᠨ ᠠᠵᠢᠯ ᠲᠥᠷᠥᠯ᠎ᠤᠨ ᠲᠡᠷᠢᠭᠦᠨ ᠪᠠᠶ᠋ᠢᠷᠢ᠎ᠪᠠᠨ ᠪᠠᠲᠤᠯᠠᠨ᠎ᠠ ᠃ ᠴᠠᠬᠢᠯᠭ᠋ᠠᠨ ᠬᠦᠴᠦᠨ᠎ᠤ ᠪᠦᠯᠦᠭᠯᠡᠯ 《ᠴᠠᠬᠢᠯᠭ᠋ᠠᠨ ᠬᠦᠴᠦᠨ᠎ᠤ ᠲᠣᠣᠷ᠎ᠢ ᠬᠦᠴᠦᠷᠬᠡᠭᠵᠢᠭᠦᠯᠬᠦ 》 ᠠᠵᠢᠯᠯᠠᠭ᠋ᠠᠨ᠎ᠢ ᠰᠠᠶ᠋ᠢᠲᠤᠷ ᠬᠡᠷᠡᠭᠵᠢᠭᠦᠯᠵᠦ ᠂ 《ᠳᠦᠷᠪᠡᠨ ᠬᠥᠨᠳᠡᠯᠡᠨ ᠵᠢᠷᠭᠤᠭ᠋ᠠᠨ ᠭᠤᠯᠳᠤ 》 500 ᠺᠢᠯᠣᠸᠣᠯᠲ᠎ᠤᠨ ᠭᠤᠣᠯ ᠴᠠᠬᠢᠯᠭ᠋ᠠᠨ ᠬᠦᠴᠦᠨ᠎ᠤ ᠲᠣᠣᠷ᠎ᠤᠨ ᠵᠢᠶᠠᠰᠠ ᠵᠢ ᠪᠦᠬᠦ ᠲᠠᠯ᠎ᠠ᠎ᠪᠠᠷ ᠪᠠᠶ᠋ᠢᠭᠤᠯᠤᠨ ᠳᠠᠭᠤᠰᠬᠠᠵᠤ ᠂ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠵᠦ ᠂ ᠪᠦᠬᠦ ᠣᠷᠣᠨ᠎ᠤ ᠪᠣᠬᠢᠷᠲᠤᠯ ᠦᠭᠡᠢ ᠬᠥᠭᠵᠢᠯᠲᠡ᠎ᠳᠤ ᠨᠡᠩ ᠢᠯᠡᠭᠦᠦ ᠬᠤᠪᠢ ᠨᠡᠮᠡᠷᠢ ᠦᠵᠡᠭᠦᠯᠦᠨ᠎ᠡ ᠃ ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ ᠮᠠᠨ᠎ᠤ ᠣᠷᠣᠨ᠎ᠤ ᠡᠨᠧᠷᠬᠢ ᠵᠢᠨ ᠠᠵᠤ ᠠᠬᠤᠶ᠋ᠢᠯᠠᠯ᠎ᠤᠨ ᠰᠠᠶ᠋ᠢᠨ 《ᠨᠢᠷᠤᠭᠤ ᠲᠤᠯᠭ᠋ᠠᠭᠤᠷᠢ 》 ᠪᠣᠯᠵᠤ ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ᠎ᠪᠠᠨ 4500 ᠲᠦᠮᠡᠨ ᠺᠢᠯᠣᠸᠠᠲ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠵᠤ ᠂ ᠡᠳ᠋ ᠬᠥᠷᠥᠩᠭᠡ ᠪᠠ ᠡᠵᠡᠩᠨᠡᠯᠲᠡ ᠵᠢᠨ ᠣᠷᠣᠯᠭ᠎ᠠ ᠵᠢᠨ 《ᠬᠤᠣᠰ ᠮᠢᠩᠭ᠋ᠠᠨ ᠳ᠋ᠦᠩᠰᠢᠭᠤᠷ 》᠎ᠤᠨ ᠬᠠᠷᠠᠯᠲᠠ ᠲᠡᠶ᠋ᠢᠰᠢ ᠲᠦᠷᠭᠡᠬᠡᠨ ᠤᠷᠤᠭᠰᠢᠯᠠᠨ᠎ᠠ᠃ ᠵᠠᠮ ᠬᠠᠷᠢᠯᠴᠠᠭ᠋ᠠᠨ᠎ᠤ ᠪᠦᠯᠦᠭᠯᠡᠯ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠯᠤᠭ᠎ᠠ ᠪᠠᠷᠢᠮᠵᠢᠶᠠᠯᠠᠨ ᠬᠠᠷᠭᠤᠭᠤᠯᠵᠤ ᠂ ᠬᠢᠷᠢ ᠭᠡᠮ ᠵᠡᠷᠭᠡ ᠳᠡᠰ ᠵᠶ᠋ᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ ᠂ ᠣᠷᠣᠨ᠎ᠤ ᠳᠣᠲᠣᠭ᠋ᠠᠳᠤ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠴᠢᠷᠮᠠᠶ᠋ᠢᠨ ᠥᠷᠭᠡᠳᠬᠡᠵᠦ ᠂ ᠳᠤᠮᠳᠠᠳᠤ ᠤᠯᠤᠰ᠎ᠤᠨ 500 ᠬᠦᠴᠦᠷᠬᠡᠭ ᠠᠵᠤ ᠠᠬᠤᠶ᠋ᠢᠯᠠᠯ᠎ᠳᠤ ᠲᠠᠪᠰᠢᠨ ᠣᠷᠣᠬᠤ᠎ᠪᠠᠷ ᠬᠦᠴᠦᠯᠡᠨ ᠴᠢᠷᠮᠠᠶ᠋ᠢᠨ᠎ᠠ ᠃ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠂ ᠰᠣᠶᠣᠯ ᠵᠢᠭᠤᠯᠴᠢᠯᠠᠯ᠎ᠤᠨ ᠪᠦᠯᠦᠭᠯᠡᠯ ᠂ ᠣᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ ᠂ ᠣᠢ ᠰᠢᠭᠤᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠺᠤᠮᠫᠠᠨᠢ ᠵᠡᠷᠭᠡ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠴᠥᠮ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠡᠷᠴᠢᠮ ᠵᠶ᠋ᠠᠨ ᠴᠢᠩᠭ᠋ᠠᠷᠠᠭᠤᠯᠤᠨ ᠂ ᠲᠡᠷᠢᠭᠦᠨ ᠳᠡᠰ᠎ᠲᠠᠢ ᠪᠠᠷᠢᠮᠵᠢᠶᠠᠯᠠᠨ ᠬᠠᠷᠭᠤᠭᠤᠯᠵᠤ ᠂ ᠲᠡᠷᠢᠭᠦᠨᠠᠴᠠᠲᠠᠭᠠᠨ ᠰᠤᠷᠤᠯᠴᠠᠵᠦ ᠂ ᠡᠵᠡᠩᠨᠡᠯᠲᠡ ᠵᠢᠨ ᠠᠵᠢᠯ᠎ᠤᠨ ᠠᠮᠵᠢᠯᠲᠠ ᠪᠠ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠦᠨ ᠂ ᠲᠦᠷᠭᠡᠬᠡᠨ ᠪᠤᠵᠠᠭ᠋ᠠᠶ᠋ᠢᠷᠠᠨ ᠬᠦᠴᠦᠷᠬᠡᠭᠵᠢᠭᠦᠯᠬᠦ ᠬᠡᠷᠡᠭᠲᠡᠢ ᠃
ᠣᠳᠣᠬᠠᠨ᠎ᠳᠤ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠬᠥᠭᠵᠢᠬᠦ᠎ᠳᠤ ᠲᠤᠩ ᠬᠢᠯᠪᠠᠷ ᠪᠤᠰᠤ ᠪᠠᠶ᠋ᠢᠵᠤ ᠂ ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ᠎ᠨᠢ ᠣᠯᠠᠨ ᠬᠦᠴᠢᠷ ᠲᠦᠪᠡᠭ ᠪᠠ ᠠᠰᠠᠭᠤᠳᠠᠯ ᠲᠤᠯᠭ᠋ᠠᠷᠠᠵᠤ ᠪᠠᠶ᠋ᠢᠨ᠎ᠠ ᠂ ᠲᠥᠷᠥᠯ ᠵᠦᠢ᠍ᠯ᠎ᠢ ᠪᠣᠳᠠᠲᠠᠶ᠋ᠢᠵᠢᠭᠤᠯᠬᠤ ᠂ ᠲᠦᠷᠦ ᠵᠢᠨ ᠪᠣᠳᠣᠯᠭ᠎ᠠ᠎ᠪᠠᠷ ᠳᠡᠮᠵᠢᠯᠭᠡ ᠦᠵᠡᠭᠦᠯᠬᠦ ᠂ ᠪᠡᠯᠡ ᠲᠣᠬᠢᠷᠠᠭᠤᠯᠤᠨ ᠵᠢᠭᠡᠯᠡᠯᠭᠡ ᠲᠠᠯᠪᠢᠬᠤ ᠵᠡᠷᠭᠡ ᠲᠠᠯ᠎ᠠ᠎ᠪᠠᠷ ᠬᠠᠪᠰᠤᠷᠤᠨ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠵᠤ ᠂ ᠢᠯᠠᠩᠭᠤᠶ᠎ᠠ ᠳᠤᠮᠳᠠ ᠵᠢᠵᠢᠭ ᠠᠵᠤ ᠠᠬᠤᠶ᠋ᠢᠯᠠᠯ᠎ᠳᠤ ᠬᠠᠨᠳᠤᠭᠤᠯᠤᠭᠰᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠤᠪᠢᠳᠠᠴᠠ ᠵᠢ ᠤᠷᠢᠳᠴᠢᠯᠠᠨ ᠦᠯᠡᠳᠡᠭᠡᠵᠦ ᠥᠭᠬᠦ ᠲᠤᠬᠠᠢ ᠲᠦᠷᠦ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ ᠃ ᠠᠵᠢᠯ ᠶᠠᠪᠤᠳᠠᠯ ᠭᠦᠢ᠍ᠴᠡᠳᠬᠡᠬᠦ᠎ᠨᠢ ᠤᠳᠠᠭ᠋ᠠᠨ ᠂ ᠪᠠᠶ᠋ᠢᠴᠠᠭ᠋ᠠᠯᠲᠠ ᠣᠯᠠᠨ᠎ᠲᠠᠢ ᠂ ᠪᠡᠯᠡ ᠲᠣᠬᠢᠷᠠᠭᠤᠯᠬᠤ᠎ᠳᠤ ᠬᠦᠴᠢᠷ ᠪᠠᠶ᠋ᠢᠬᠤ ᠪᠣᠯ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠂ ᠣᠨᠴᠠᠭ᠋ᠠᠶ᠋ᠢᠯᠠᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ 《ᠰᠡᠳᠬᠢᠯ᠎ᠤᠨ ᠡᠪᠡᠳᠴᠢᠨ 》 ᠪᠠᠶ᠋ᠢᠵᠤ ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠵᠦ ᠪᠠᠶ᠋ᠢᠭ᠎ᠠ ᠮᠡᠲᠦ᠎ᠪᠠᠷ ᠠᠵᠤ ᠠᠬᠤᠶ᠋ᠢᠯᠠᠯ᠎ᠳᠤ ᠦᠢ᠍ᠯᠡᠴᠢᠯᠡᠨ ᠂ ᠬᠢᠨᠠᠨ ᠵᠥᠪᠰᠢᠶᠡᠷᠡᠵᠦ ᠠᠵᠢᠯ ᠶᠠᠪᠤᠳᠠᠯ ᠭᠦᠢ᠍ᠴᠡᠳᠬᠡᠬᠦ ᠵᠢᠨ ᠬᠤᠷᠳᠤ ᠵᠢ ᠳᠠᠬᠢᠨᠲᠠ ᠠᠬᠢᠭᠤᠯᠤᠨ ᠲᠦᠷᠭᠡᠳᠬᠡᠵᠦ᠂ ᠬᠤᠭᠤᠴᠠᠭ᠎ᠠ ᠬᠢᠵᠠᠭ᠋ᠠᠷᠯᠠᠨ ᠬᠢᠨᠠᠨ ᠵᠥᠪᠰᠢᠶᠡᠷᠡᠬᠦ ᠳᠦᠷᠢᠮ᠎ᠢ ᠴᠢᠩᠭ᠎ᠠ ᠬᠡᠷᠡᠭᠵᠢᠭᠦᠯᠦᠨ᠎ᠡ ; ᠠᠵᠤ ᠠᠬᠤᠶ᠋ᠢᠯᠠᠯ᠎ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠰᠠᠶ᠋ᠢᠲᠤᠷ ᠠᠳᠬᠤᠵᠤ ᠂ ᠪᠡᠶ᠎ᠡ ᠵᠢᠨ ᠪᠠᠶ᠋ᠢᠴᠠᠭ᠋ᠠᠯᠲᠠ ᠮᠠᠶᠢᠭ᠎ᠤᠨ ᠬᠢᠨᠠᠯᠲᠠ ᠬᠠᠮᠢᠶᠠᠷᠤᠯᠲᠠ ᠂ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠦᠨ ᠂ ᠠᠵᠤ ᠠᠬᠤᠶ᠋ᠢᠯᠠᠯ᠎ᠳᠤ ᠰᠠᠭ᠋ᠠᠳ ᠠᠪᠴᠢᠷᠠᠬᠤ ᠮᠥᠷᠲᠡᠭᠡᠨ ᠦᠢ᠍ᠯᠡᠳᠦᠯ ᠭᠠᠷᠬᠤ ᠦᠭᠡᠢ ᠠᠯᠪᠠ ᠵᠢᠨ ᠲᠡᠳᠦᠢ ᠬᠠᠤᠯᠢ ᠬᠡᠷᠡᠭᠵᠢᠭᠦᠯᠦᠯᠲᠡ ᠵᠢ ᠦᠯᠦ ᠬᠢᠵᠦ ᠂ ᠳᠤᠷ᠎ᠠ᠎ᠪᠠᠷ ᠰᠦᠢ᠍ᠳᠬᠡᠯ ᠬᠤᠷᠢᠶᠠᠬᠤ ᠂ ᠳᠤᠷ᠎ᠠ᠎ᠪᠠᠷ ᠵᠣᠭᠤᠰ ᠲᠣᠷᠭ᠋ᠠᠬᠤ ᠂ ᠳᠤᠷ᠎ᠠ᠎ᠪᠠᠷ ᠪᠠᠶ᠋ᠢᠴᠠᠭ᠋ᠠᠬᠤ ᠂ ᠳᠤᠷ᠎ᠠ᠎ᠪᠠᠷ ᠪᠢᠲᠡᠭᠦᠮᠵᠢᠯᠡᠬᠦ ᠵᠢ ᠡᠷᠡᠰ ᠴᠡᠭᠴᠡᠯᠡᠨ ᠵᠠᠰᠠᠵᠤ ᠂ ᠠᠰᠢᠭ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠦᠯᠲᠡ ᠵᠢ ᠨᠢᠭᠡ ᠢᠯᠡᠷᠡᠭᠦᠯᠪᠡᠯ ᠨᠢᠭᠡ ᠵᠢ ᠴᠢᠩᠭ᠎ᠠ ᠪᠠᠶ᠋ᠢᠴᠠᠭ᠋ᠠᠨ᠎ᠠ ; ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠨᠢ ᠵᠢᠭᠡᠯᠡᠯᠭᠡ ᠲᠠᠯᠪᠢᠬᠤ ᠨᠥᠬᠦᠴᠡᠯ ᠪᠠ ᠬᠦᠦ ᠮᠥᠩᠭᠦᠨ᠎ᠤ ᠬᠢᠷᠢ ᠬᠡᠮᠵᠢᠶᠡᠨ᠎ᠤ ᠲᠠᠯ᠎ᠠ᠎ᠳᠤ 《ᠠᠳᠠᠯᠢ᠎ᠪᠠᠷ ᠦᠵᠡᠨ ᠲᠡᠭᠰᠢ᠎ᠪᠠᠷ ᠬᠠᠨᠳᠤᠵᠤ 》᠂ ᠡᠬᠡ ᠮᠥᠩᠭᠦ ᠲᠥᠯᠥᠬᠦ ᠦᠭᠡᠢ᠎ᠪᠠᠷ ᠥᠷᠭᠦᠯᠵᠢᠯᠡᠨ ᠵᠢᠭᠡᠯᠡᠯᠭᠡ ᠠᠪᠬᠤ ᠵᠡᠷᠭᠡ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ ᠳᠠᠩᠰᠠᠨ᠎ᠳᠠᠬᠢ ᠥᠷᠢᠲᠦᠵᠦ ᠪᠠᠶ᠋ᠢᠭ᠎ᠠ ᠵᠣᠭᠤᠰ᠎ᠢ᠎ᠨᠢ ᠢᠯᠭ᠋ᠠᠷᠠᠭᠤᠯᠬᠤ ᠪᠣᠯ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠠᠮᠤᠭ᠎ᠠᠴᠠ ᠬᠠᠯᠠᠮᠵᠢᠯᠠᠨ ᠠᠩᠬᠠᠷᠴᠤ ᠪᠠᠶ᠋ᠢᠭ᠎ᠠ ᠤᠴᠢᠷ ᠪᠣᠯᠣᠨ᠎ᠠ᠂ ᠪᠠᠶ᠋ᠢᠳᠠᠯ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠥᠷᠨᠢᠭᠦᠯᠵᠦ ᠂ ᠦᠨᠳᠦᠰᠦᠨ ᠪᠠᠶ᠋ᠢᠳᠠᠯ᠎ᠢ ᠲᠣᠳᠣᠷᠬᠠᠢ ᠣᠶ᠋ᠢᠯᠠᠭ᠋ᠠᠬᠤ᠎ᠪᠠᠨ ᠦᠨᠡᠨ ᠬᠦ᠌ ᠪᠠᠲᠤᠯᠠᠨ ᠂ ᠥᠷᠢᠲᠦᠵᠦ ᠪᠠᠶ᠋ᠢᠭ᠎ᠠ ᠵᠣᠭᠤᠰ᠎ᠢ᠎ᠨᠢ ᠬᠠᠤᠯᠢ ᠲᠣᠭᠲᠠᠭ᠋ᠠᠯ ᠶᠣᠰᠣᠭ᠋ᠠᠷ ᠢᠯᠭ᠋ᠠᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ ᠂ 《ᠲᠥᠯᠥᠬᠦ ᠶᠣᠰᠣᠲᠠᠢ ᠵᠢ᠎ᠨᠢ ᠲᠦᠷᠭᠡᠨ ᠲᠥᠯᠥᠵᠦ ᠂ ᠲᠥᠯᠥᠬᠦ ᠴᠢᠬᠤᠯᠠᠲᠠᠢ ᠵᠢ᠎ᠨᠢ ᠪᠦᠬᠦᠨ᠎ᠢ ᠲᠥᠯᠥᠬᠦ 》 ᠵᠢ ᠪᠡᠶᠡᠯᠡᠭᠦᠯᠬᠦ ᠬᠡᠷᠡᠭᠲᠡᠢ ᠃ ᠡᠯ᠎ᠡ ᠱᠠᠲᠤᠨ᠎ᠤ ᠵᠠᠰᠠᠭ᠎ᠤᠨ ᠣᠷᠳᠣᠨ ᠣᠨᠴᠠᠭ᠋ᠠᠶ᠋ᠢᠯᠠᠨ ᠤᠳᠤᠷᠢᠳᠬᠤ ᠺᠠᠳ᠋ᠷᠴᠤᠳ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠯᠤᠭ᠎ᠠ ᠦᠨᠡᠨᠴᠢ ᠰᠢᠯᠤᠭᠤᠨ ᠵᠶ᠋ᠠᠷ ᠬᠠᠷᠢᠯᠴᠠᠵᠤ ᠂ ᠢᠯᠠᠩᠭᠤᠶ᠎ᠠ ᠠᠵᠤ ᠠᠬᠤᠶ᠋ᠢᠯᠠᠯ ᠬᠦᠴᠢᠷ ᠪᠡᠷᠬᠡ ᠲᠤᠯᠭ᠋ᠠᠷᠠᠬᠤ ᠵᠢᠨ ᠦᠶ᠎ᠡ᠎ᠳᠤ ᠂ ᠤᠯᠠᠮ ᠢᠯᠡᠭᠦᠦ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠨ ᠂ ᠴᠢᠩ ᠰᠡᠳᠬᠢᠯ᠎ᠠᠴᠠ᠎ᠪᠠᠨ ᠦᠢ᠍ᠯᠡᠴᠢᠯᠡᠬᠦ ᠬᠡᠷᠡᠭᠲᠡᠢ ᠃
ᠮᠠᠨ᠎ᠤ ᠣᠷᠣᠨ ᠲᠥᠪ᠎ᠤᠨ ᠡᠯ᠎ᠡ ᠲᠣᠮᠣ ᠠᠵᠤ ᠠᠬᠤᠶ᠋ᠢᠯᠠᠯ᠎ᠯᠤᠭ᠎ᠠ ᠪᠠᠲᠤ ᠪᠠᠬᠢ ᠬᠠᠮᠲᠤᠷᠠᠯᠴᠠᠭ᠋ᠠᠨ᠎ᠤ ᠰᠠᠭᠤᠷᠢ᠎ᠲᠠᠢ ᠶᠤᠮ᠂ ᠨᠢᠳᠤᠨᠤᠨ ᠲᠥᠪ᠎ᠤᠨ ᠠᠵᠤ ᠠᠬᠤᠶ᠋ᠢᠯᠠᠯ᠎ᠤᠨ ᠮᠠᠨ᠎ᠤ ᠣᠷᠣᠨ ᠳᠠᠬᠢ ᠪᠡᠯᠡ ᠣᠷᠣᠭᠤᠯᠤᠯᠲᠠ ᠵᠣᠬᠢᠬᠤ ᠬᠡᠮᠵᠢᠶ᠎ᠡ᠎ᠪᠠᠷ ᠳᠣᠷᠣᠭᠰᠢᠯᠠᠭᠰᠠᠨ᠎ᠠᠴᠠ ᠡᠨᠡ ᠵᠢᠯ ᠡᠷᠬᠡᠪᠰᠢ ᠨᠡᠬᠡᠨ ᠭᠦᠢ᠍ᠴᠡᠵᠦ ᠨᠡᠮᠡᠭᠳᠡᠯ᠎ᠲᠠᠢ ᠪᠣᠯᠭ᠋ᠠᠨ᠎ᠠ᠃ ᠲᠥᠪ᠎ᠤᠨ ᠠᠵᠤ ᠠᠬᠤᠶ᠋ᠢᠯᠠᠯ᠎ᠯᠤᠭ᠎ᠠ ᠵᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ᠨᠢᠭᠡ ᠨᠢᠭᠡ ᠠᠵᠤ ᠠᠬᠤᠶ᠋ᠢᠯᠠᠯ ᠵᠶ᠋ᠠᠷ ᠵᠣᠯᠭ᠋ᠠᠭᠤᠯᠤᠨ᠂ ᠨᠢᠭᠡ ᠨᠢᠭᠡ ᠲᠥᠷᠥᠯ ᠵᠦᠢ᠍ᠯ ᠵᠶ᠋ᠠᠷ ᠪᠣᠳᠠᠲᠠᠶ᠋ᠢᠵᠢᠭᠤᠯᠬᠤ ᠵᠢ ᠠᠳᠬᠤᠨ᠂ ᠮᠠᠨ ᠤ ᠣᠷᠣᠨ᠎ᠤ ᠡᠬᠢ ᠪᠠᠶᠠᠯᠢᠭ ᠂ ᠠᠵᠤ ᠦᠢ᠍ᠯᠡᠰ᠎ᠤᠨ ᠳᠠᠪᠠᠭᠤᠯᠢᠭ ᠵᠶ᠋ᠠᠷ ᠵᠶ᠋ᠠᠨ ᠲᠥᠪ᠎ᠤᠨ ᠠᠵᠤ ᠠᠬᠤᠶ᠋ᠢᠯᠠᠯ᠎ᠤᠨ ᠬᠦᠴᠦᠷᠬᠡᠭ ᠪᠣᠳᠠᠲᠤ ᠬᠦᠴᠦᠨ᠂ ᠲᠡᠷᠢᠭᠦᠨ᠎ᠤ ᠮᠡᠷᠭᠡᠵᠢᠯ᠎ᠯᠦᠭᠡ 《ᠬᠤᠣᠰ ᠴᠢᠭᠯᠡᠯ᠎ᠤᠨ ᠬᠠᠮᠲᠤᠷᠠᠯᠴᠠᠭ᠎ᠠ》 ᠥᠷᠨᠢᠭᠦᠯᠵᠦ ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ ᠣᠯᠭᠤᠵᠤ ᠬᠠᠮᠲᠤ᠎ᠪᠠᠷ ᠠᠰᠢᠭ ᠬᠦᠷᠲᠡᠬᠦ ᠵᠢ ᠪᠡᠶᠡᠯᠡᠭᠦᠯᠬᠦ ᠬᠡᠷᠡᠭᠲᠡᠢ᠃
ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠵᠠᠩᠭᠢᠯᠠᠭ᠎ᠠ᠎ᠨᠢ ᠪᠠᠶ᠋ᠢᠩᠭᠤᠰᠢᠭᠤᠯᠤᠨ ᠵᠠᠰᠠᠵᠤ ᠤᠷᠲᠤ ᠬᠤᠭᠤᠴᠠᠭ᠎ᠠ ᠪᠦᠲᠦᠮᠵᠢᠲᠡᠢ ᠪᠠᠶ᠋ᠢᠯᠭ᠋ᠠᠬᠤ᠎ᠳᠤ ᠪᠠᠶ᠋ᠢᠨ᠎ᠠ ᠂ ᠡᠨᠡ ᠵᠢᠯ ᠳᠠᠬᠢᠨᠲᠠ 《ᠥᠨᠳᠥᠷ ᠪᠦᠲᠦᠮᠵᠢᠲᠡᠢ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 》 30 ᠵᠦᠢ᠍ᠯ ᠂ 《ᠪᠦᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ 》 150 ᠵᠦᠢ᠍ᠯᠡᠰ᠎ᠢ ᠭᠠᠷᠭ᠋ᠠᠵᠤ ᠂ 《ᠠᠮᠠᠯᠠᠬᠤ ᠳᠦᠷᠢᠮ + ᠪᠦᠬᠦᠨ᠎ᠢ ᠣᠷᠣᠯᠠᠨ ᠭᠦᠢ᠍ᠴᠡᠳᠬᠡᠬᠦ》 ᠦᠢ᠍ᠯᠡᠴᠢᠯᠡᠭᠡᠨ᠎ᠤ ᠬᠡᠪ ᠵᠠᠭᠪᠤᠷ᠎ᠢ ᠳᠡᠯᠭᠡᠷᠡᠭᠦᠯᠦᠨ ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠬᠦᠷᠢᠶ᠎ᠡ ᠴᠠᠷᠠᠭ᠋ᠠᠨ᠎ᠳᠠᠬᠢ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠂ ᠬᠢᠵᠠᠭ᠋ᠠᠷᠯᠠᠯ ᠬᠦᠯᠢᠶᠡᠰᠦᠯᠡᠯ᠎ᠨᠢ ᠳᠡᠩᠳᠡᠭᠦᠦ ᠤᠯᠠᠨ ᠂ ᠠᠵᠢᠯ ᠶᠠᠪᠤᠳᠠᠯ ᠭᠦᠢ᠍ᠴᠡᠳᠬᠡᠬᠦ᠎ᠳᠤ ᠶᠠᠷᠰᠢᠭ ᠲᠦᠪᠡᠭᠲᠡᠢ᠂ ᠠᠮᠠᠯᠠᠭᠰᠠᠨ ᠵᠶ᠋ᠠᠨ ᠭᠦᠢ᠍ᠴᠡᠳᠬᠡᠬᠦ ᠦᠭᠡᠢ ᠂ ᠰᠢᠨ᠎ᠡ ᠲᠤᠰᠢᠶᠠᠯᠲᠠᠨ᠎ᠨᠢ ᠬᠠᠭᠤᠴᠢᠨ ᠳᠠᠩᠰᠠ ᠵᠢ ᠬᠠᠮᠢᠶᠠᠷᠬᠤ ᠦᠭᠡᠢ ᠵᠡᠷᠭᠡ ᠠᠰᠠᠭᠤᠳᠠᠯ᠎ᠤᠳ᠎ᠢ ᠦᠨᠡᠨ ᠪᠣᠳᠠᠲᠠᠢ ᠰᠢᠢ᠍ᠳᠪᠦᠷᠢᠯᠡᠵᠦ ᠂ ᠦᠨᠡᠨᠴᠢ ᠢᠲᠡᠭᠡᠮᠵᠢᠲᠡᠢ ᠪᠠᠶ᠋ᠢᠬᠤ ᠵᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢᠨ ᠭᠤᠣᠯᠯᠠᠬᠤ ᠥᠷᠢᠰᠦᠯᠳᠦᠭᠡᠨ᠎ᠤ ᠬᠦᠴᠦᠨ ᠪᠣᠯᠭ᠋ᠠᠵᠤ ᠂ ᠺᠠᠳ᠋ᠷ ᠪᠦᠬᠦᠨ᠎ᠢ ᠦᠨᠡᠨᠴᠢ ᠢᠲᠡᠭᠡᠮᠵᠢ ᠵᠢ ᠡᠷᠬᠢᠮᠯᠡᠭᠰᠡᠨ 《ᠣᠷᠣᠯᠠᠨ ᠥᠭᠦᠯᠡᠭᠴᠢ》 ᠪᠣᠯᠭ᠋ᠠᠨ᠎ᠠ ᠃
(ᠨᠠᠢ᠍ᠮᠠ) ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠋ᠠᠨ᠎ᠢ ᠰᠠᠶ᠋ᠢᠲᠤᠷ ᠠᠳᠬᠤᠨ᠂ᠬᠥᠭᠵᠢᠯᠲᠡ ᠵᠢᠨ ᠰᠢᠨ᠎ᠡ ᠣᠷᠣᠨ ᠵᠠᠢ ᠵᠢ ᠶᠡᠭᠡ᠎ᠪᠠᠷ ᠥᠷᠭᠡᠳᠬᠡᠨ᠎ᠡ᠃ ᠭᠠᠳᠠᠭᠰᠢ ᠨᠡᠭᠡᠭᠡᠯᠲᠡ ᠬᠢᠭᠰᠡᠨ ᠴᠤ᠌ ᠲᠡᠷᠡ᠂ ᠳᠣᠲᠣᠭ᠋ᠠᠳᠤ ᠨᠡᠭᠡᠭᠡᠯᠲᠡ ᠬᠢᠭᠰᠡᠨ ᠴᠤ᠌ ᠲᠡᠷᠡ᠂ ᠴᠥᠮ ᠬᠤᠣᠰ ᠴᠢᠭᠯᠡᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠷᠠᠭᠤᠯᠵᠤ᠂ ᠮᠠᠨ᠎ᠤ ᠣᠷᠣᠨ᠎ᠤ ᠬᠠᠷᠢᠴᠠᠩᠭᠤᠢ ᠲᠤᠲᠠᠭᠳᠠᠵᠤ ᠪᠠᠶ᠋ᠢᠭ᠎ᠠ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ᠂ ᠠᠵᠤ ᠦᠢ᠍ᠯᠡᠰ᠎ᠢ ᠣᠷᠣᠭᠤᠯᠵᠤ ᠠᠪᠴᠢᠷᠠᠬᠤ᠎ᠪᠠᠷ ᠪᠠᠷᠠᠬᠤ ᠦᠭᠡᠢ᠂ ᠮᠠᠨ᠎ᠤ ᠣᠷᠣᠨ᠎ᠤ ᠳᠠᠪᠠᠭᠤᠯᠢᠭ ᠪᠣᠯᠬᠤ ᠪᠣᠬᠢᠷᠳᠤᠯ ᠦᠭᠡᠢ ᠴᠠᠬᠢᠯᠭ᠋ᠠᠨ᠂ ᠪᠣᠬᠢᠷᠳᠤᠯ ᠦᠭᠡᠢ ᠪᠣᠳᠣᠬᠤ ᠴᠢᠳᠠᠪᠤᠷᠢ᠂ ᠪᠣᠬᠢᠷᠲᠤᠯ ᠦᠭᠡᠢ ᠢᠳᠡᠭᠡᠨ ᠵᠢᠴᠢ ᠥᠪᠡᠷᠮᠢᠴᠡ ᠣᠨᠴᠠᠯᠢᠭ᠎ᠲᠠᠢ ᠤᠮᠠᠷᠠᠲᠤ ᠬᠢᠯᠢ ᠵᠢᠨ ᠰᠣᠶᠣᠯ ᠵᠶ᠋ᠠᠨ ᠭᠠᠳᠠᠭᠰᠢ ᠭᠠᠷᠭ᠋ᠠᠨ᠎ᠠ᠃
ᠭᠠᠳᠠᠭᠰᠢ᠎ᠪᠠᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠵᠢ ᠥᠷᠭᠡᠳᠬᠡᠨ᠎ᠡ ᠃ ᠣᠷᠣᠰ ᠮᠣᠩᠭᠤᠯ᠎ᠳᠤ ᠰᠠᠭᠤᠷᠢᠯᠠᠬᠤ ᠪᠣᠯᠪᠠᠴᠤ ᠣᠷᠣᠰ ᠮᠣᠩᠭᠤᠯ᠎ᠳᠤ ᠯᠡ ᠬᠢᠵᠠᠭ᠋ᠠᠷᠯᠠᠭᠳᠠᠬᠤ ᠦᠭᠡᠢ ᠪᠠᠶ᠋ᠢᠵᠤ ᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠠᠵᠠ ᠳᠣᠬᠢᠶᠠᠯ᠎ᠢ ᠠᠳᠬᠤᠨ ᠂ ᠨᠡᠩ ᠥᠨᠳᠥᠷ ᠪᠠᠷᠢᠮᠵᠢᠶ᠎ᠠ᠎ᠲᠠᠢ ᠳᠦᠷᠢᠮ᠎ᠤᠨ ᠬᠡᠯᠪᠡᠷᠢ ᠪᠦᠬᠦᠢ ᠨᠡᠭᠡᠭᠡᠯᠲᠡ ᠵᠢ ᠲᠦᠷᠭᠡᠳᠬᠡᠨ ᠠᠬᠢᠭᠤᠯᠵᠤ ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ᠎ᠳᠤ ᠨᠡᠩ ᠭᠦᠨᠵᠡᠭᠡᠢ ᠣᠷᠣᠯᠴᠠᠨ ᠂ ᠵᠡᠭᠦᠨ ᠬᠤᠶ᠋ᠢᠲᠤ ᠠᠽᠢᠶ᠎ᠠ ᠂ ᠲᠥᠪ ᠠᠽᠢᠶ᠎ᠠ ᠂ ᠡᠸᠦ᠋ᠷᠦᠫᠡ ᠲᠢᠪ ᠠᠮᠧᠷᠢᠺᠠ ᠲᠢᠪ ᠂ ᠠᠦ᠋ᠰᠲᠷᠠᠯᠢᠶ᠎ᠠ ᠰᠢᠨ᠎ᠡ ᠽᠢᠯᠠᠨᠳ᠋ ᠪᠠ ᠰᠢᠨ᠎ᠡ᠎ᠪᠠᠷ ᠪᠣᠢ ᠪᠣᠯᠤᠭᠰᠠᠨ ᠠᠵᠤ ᠠᠬᠤᠢ ᠵᠢᠨ ᠴᠣᠭᠴᠠ᠎ᠯᠤᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠨ ᠥᠷᠭᠡᠳᠬᠡᠨ᠎ᠡ᠃ ᠭᠠᠳᠠᠭ᠋ᠠᠳᠤ ᠠᠷᠠᠯᠵᠢᠶᠠᠨ᠎ᠤ ᠬᠡᠪᠴᠢᠶᠡᠵᠢᠯ᠎ᠢ ᠪᠤᠵᠠᠭ᠋ᠠᠶ᠋ᠢᠷᠠᠭᠤᠯᠵᠤ ᠂ ᠭᠠᠷ ᠳᠠᠮᠵᠢᠭᠰᠠᠨ ᠮᠠᠰᠢᠨ ᠲᠡᠷᠭᠡ ᠂ 《ᠰᠢᠨ᠎ᠡ ᠭᠤᠷᠪᠠᠨ ᠵᠦᠢ᠍ᠯ 》᠂ ᠵᠠᠪᠰᠠᠷ᠎ᠤᠨ ᠪᠦᠲᠦᠭᠡᠭᠳᠡᠬᠦᠨ ᠂ ᠲᠠᠷᠢᠶᠠᠯᠠᠩ᠎ᠤᠨ ᠢᠳᠡᠭᠡᠨ᠎ᠤ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ ᠬᠡᠪᠴᠢᠶ᠎ᠡ ᠵᠢ ᠥᠷᠭᠡᠳᠬᠡᠨ ᠂ ᠬᠢᠯᠢ ᠠᠯᠤᠰᠯᠠᠭᠰᠠᠨ ᠬᠤᠳᠠᠯᠳᠤᠭ᠋ᠠᠨ᠎ᠤ ᠠᠵᠤ ᠠᠬᠤᠶ᠋ᠢᠯᠠᠯ ᠪᠠ ᠠᠵᠤ ᠦᠢ᠍ᠯᠡᠰ᠎ᠤᠨ ᠬᠦᠷᠢᠶᠡᠯᠡᠩ᠎ᠢ ᠨᠢᠭᠡ ᠪᠦᠯᠦᠭ ᠪᠣᠶ᠋ᠢᠵᠢᠭᠤᠯᠵᠤ ᠂ ᠭᠤᠣᠯᠳᠠᠯᠭ᠎ᠠ ᠪᠣᠯᠬᠤ ᠠᠷᠠᠯᠵᠢᠶᠠᠨ᠎ᠤ ᠬᠠᠨᠢᠲᠠᠨ᠎ᠤ ᠭᠠᠳᠠᠭ᠋ᠠᠳᠤ ᠬᠥᠮᠥᠷᠭᠡ ᠵᠢ ᠨᠢᠭᠡ ᠪᠦᠯᠦᠭ ᠪᠠᠶ᠋ᠢᠷᠢᠰᠢᠭᠤᠯᠤᠨ ᠂ ᠬᠦᠬᠡᠬᠤᠲᠠ ᠂ ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠴᠤᠪᠤᠭ᠎ᠠ ᠲᠡᠷᠭᠡᠨ᠎ᠤ ᠲᠥᠪᠯᠡᠷᠡᠭᠦᠯᠵᠦ ᠬᠤᠪᠢᠶᠠᠷᠢᠯᠠᠬᠤ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ ᠂ ᠡᠭᠡᠯᠵᠢ ᠵᠢᠨ ᠴᠤᠪᠤᠭ᠎ᠠ ᠲᠡᠷᠭᠡᠨ᠎ᠤ ᠪᠠᠷᠠᠭ᠋ᠠᠨ᠎ᠤ ᠢᠷᠡᠯᠲᠡ ᠵᠢᠨ ᠲᠥᠪᠯᠡᠷᠡᠭᠦᠯᠵᠦ ᠬᠤᠪᠢᠶᠠᠷᠢᠯᠠᠬᠤ ᠴᠢᠳᠠᠪᠤᠷᠢ ᠪᠠ ᠪᠤᠴᠠᠬᠤ᠎ᠳᠤ᠎ᠪᠠᠨ ᠳᠦᠭᠦᠷᠡᠩ ᠠᠴᠢᠶᠠᠯᠠᠬᠤ ᠨᠤᠷᠮ᠎ᠠ ᠵᠢ᠎ᠨᠢ ᠳᠡᠭᠡᠭᠰᠢᠯᠡᠭᠦᠯᠦᠨ ᠂ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠢᠷᠡᠵᠦ ᠶᠠᠪᠤᠭᠰᠠᠨ ᠴᠤᠪᠤᠭ᠎ᠠ ᠲᠡᠷᠭᠡᠨ᠎ᠤ ᠲᠤᠭ᠎ᠠ ᠵᠢ 500᠎ᠠᠴᠠ ᠳᠠᠪᠠᠭᠤᠯᠵᠤ ᠂ ᠬᠢᠯᠢ ᠵᠢᠨ ᠪᠣᠭᠤᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ 1.3 ᠳ᠋ᠦᠩᠰᠢᠭᠤᠷ ᠲᠣᠨ᠎ᠠᠴᠠ ᠳᠠᠪᠠᠭᠤᠯᠵᠤ ᠂ ᠭᠠᠳᠠᠭ᠋ᠠᠳᠤ ᠠᠷᠠᠯᠵᠢᠶᠠᠨ᠎ᠤ ᠣᠷᠣᠭᠤᠯᠵᠤ ᠭᠠᠷᠭ᠋ᠠᠬᠤ ᠶᠡᠷᠦᠩᠬᠡᠢ ᠥᠷᠲᠡᠭ᠎ᠢ 2200 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠨ᠎ᠠ ᠃ ᠮᠠᠨ᠎ᠤ ᠣᠷᠣᠨ᠎ᠳᠤ ᠭᠠᠳᠠᠭ᠋ᠠᠳᠤ ᠨᠡᠭᠡᠭᠡᠯᠲᠡ ᠵᠢᠨ ᠬᠢᠯᠢ ᠵᠢᠨ ᠪᠣᠭᠤᠮᠲᠠ 20 ᠪᠠᠶ᠋ᠢᠨ᠎ᠠ ᠂ ᠬᠢᠯᠢ ᠵᠢᠨ ᠪᠣᠭᠤᠮᠲᠠ ᠵᠢᠨ ᠴᠢᠳᠠᠮᠵᠢ ᠵᠢ ᠬᠦᠴᠦᠯᠡᠨ ᠳᠡᠭᠡᠭᠰᠢᠯᠡᠭᠦᠯᠵᠦ ᠂ ᠳᠤᠮᠳᠠᠳᠤ ᠮᠣᠩᠭᠤᠯ᠎ᠤᠨ ᠡᠷᠢᠶᠡᠨ ᠬᠤᠲᠠ – ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠢ ᠰᠠᠶ᠋ᠢᠲᠤᠷ ᠪᠦᠲᠦᠭᠡᠨ ᠪᠠᠶ᠋ᠢᠭᠤᠯᠵᠤ ᠂ ᠮᠠᠨᠵᠤᠤᠷ ᠲᠡᠮᠦᠷ ᠵᠠᠮ᠎ᠤᠨ ᠬᠢᠯᠢ ᠵᠢᠨ ᠪᠣᠭᠤᠮᠲᠠ ᠵᠢᠨ ᠨᠡᠮᠡᠨ ᠪᠠᠶ᠋ᠢᠭᠤᠯᠬᠤ ᠪᠠᠷᠢᠮᠵᠢᠶᠠᠲᠤ ᠵᠠᠶ᠋ᠢᠲᠠᠢ ᠲᠡᠮᠦᠷ ᠵᠠᠮ᠎ᠤᠨ ᠬᠤᠶᠠᠳᠤᠭ᠋ᠠᠷ ᠱᠤᠭᠤᠮ ᠂ ᠡᠷᠢᠶᠡᠨ ᠬᠤᠲᠠ ᠵᠠᠰᠠᠮᠠᠯ ᠵᠠᠮ᠎ᠤᠨ ᠬᠢᠯᠢ ᠵᠢᠨ ᠪᠣᠭᠤᠮᠲᠠ ᠵᠢᠨ ᠬᠤᠶᠠᠳᠤᠭ᠋ᠠᠷ ᠨᠡᠪᠲᠡᠷᠡᠯ ᠵᠠᠮ ᠂ ᠮᠠᠨᠳᠤᠯ ᠬᠢᠯᠢ ᠵᠢᠨ ᠪᠣᠭᠤᠮᠲᠠ ᠵᠢᠨ ᠨᠡᠪᠲᠡᠷᠡᠯ ᠵᠠᠮ᠎ᠢ ᠥᠷᠭᠡᠳᠬᠡᠨ ᠪᠠᠶ᠋ᠢᠭᠤᠯᠬᠤ ᠂ ᠭᠠᠭᠴᠠᠮᠣᠳᠤ ᠬᠢᠯᠢ ᠵᠢᠨ ᠪᠣᠭᠤᠮᠲᠠ ᠵᠢᠨ ᠬᠢᠯᠢ ᠠᠯᠤᠰᠯᠠᠭᠰᠠᠨ ᠲᠡᠮᠦᠷ ᠵᠠᠮ᠎ᠤᠨ ᠶᠡᠭᠡ ᠬᠥᠭᠦᠷᠭᠡ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢ᠍ᠯ᠎ᠢ ᠰᠠᠶ᠋ᠢᠲᠤᠷ ᠬᠡᠷᠡᠭᠵᠢᠭᠦᠯᠦᠨ ᠂ ᠮᠠᠨᠵᠤᠤᠷ ᠂ ᠡᠷᠢᠶᠡᠨ ᠬᠤᠲᠠ ᠵᠢᠨ ᠣᠶᠤᠨᠲᠤ ᠬᠢᠯᠢ ᠵᠢᠨ ᠪᠣᠭᠤᠮᠲᠠ ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠎ᠡ ᠃ ᠬᠢᠯᠢ ᠵᠢᠨ ᠪᠣᠭᠤᠮᠲᠠ ᠪᠠ ᠳᠣᠲᠣᠷ᠎ᠠ ᠭᠠᠵᠠᠷ ᠬᠤᠯᠪᠤᠭ᠋ᠠᠯᠠᠨ ᠬᠥᠳᠡᠯᠦᠯᠴᠡᠬᠦ᠂ ᠪᠣᠳᠠᠲᠠᠶ᠋ᠢᠵᠢᠭᠤᠯᠤᠨ ᠤᠯᠠᠷᠢᠭᠤᠯᠬᠤ᠎ᠪᠠᠨ ᠴᠢᠩᠭ᠋ᠠᠷᠠᠭᠤᠯᠵᠤ᠂ ᠭᠠᠳᠠᠭ᠋ᠠᠳᠤ᠎ᠳᠤ ᠭᠠᠷᠭ᠋ᠠᠬᠤ ᠲᠠᠸᠠᠷ᠎ᠤᠨ ᠳᠡᠭᠡᠳᠦ ᠬᠡᠯᠬᠢᠶᠡᠨ᠎ᠤ ᠢᠷᠡᠯᠲᠡ ᠪᠠ ᠭᠠᠳᠠᠭ᠋ᠠᠳᠤ᠎ᠠᠴᠠ ᠣᠷᠣᠭᠤᠯᠬᠤ ᠲᠠᠸᠠᠷ᠎ᠤᠨ ᠳᠣᠣᠷᠠᠳᠤ ᠬᠡᠯᠬᠢᠶᠡᠨ᠎ᠤ ᠬᠠᠨᠳᠤᠰᠢ ᠵᠢ ᠭᠦᠨᠵᠡᠭᠡᠢ ᠰᠤᠳᠤᠯᠤᠨ᠂ ᠬᠡᠦᠷᠡᠰᠦᠨ ᠨᠡᠭᠦᠷᠡᠰᠦ᠂ ᠲᠡᠮᠦᠷ᠎ᠤᠨ ᠬᠦᠳᠡᠷ᠂ ᠠᠮᠤ ᠲᠣᠰᠣ ᠂ ᠺᠠᠯᠢᠲᠤ ᠪᠣᠷᠳᠣᠭᠤᠷ᠂ ᠮᠣᠳᠣᠨ ᠮᠠᠲ᠋ᠧᠷᠢᠶᠠᠯ᠂ ᠬᠠᠶ᠋ᠢᠯᠤᠭᠤᠷ ᠵᠤᠩᠰᠢ᠂ ᠢᠮᠠᠭ᠋ᠠᠨ ᠨᠣᠣᠯᠣᠭᠤᠷ ᠵᠡᠷᠭᠡ ᠵᠢ ᠪᠣᠳᠠᠲᠠᠶ᠋ᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠵᠦ ᠂ 《ᠭᠠᠷ ᠳᠠᠮᠵᠢᠪᠠᠴᠤ ᠠᠰᠢᠭ ᠬᠦᠷᠲᠡᠬᠦ ᠦᠭᠡᠢ 》 ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠨ᠎ᠡ ᠃ ᠡᠯ᠎ᠡ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠨᠢ ᠲᠤᠰ ᠪᠡᠶ᠎ᠡ ᠵᠢᠨ ᠵᠶ᠋ᠠᠨ ᠳᠤᠲᠠᠭᠤᠳᠠᠯ᠎ᠢ ᠣᠨᠣᠪᠴᠢᠲᠠᠢ ᠡᠷᠢᠵᠦ᠂ ᠬᠠᠨᠳᠤᠯᠭ᠋ᠠᠲᠤ ᠴᠢᠨᠠᠷᠲᠠᠢ ᠳᠡᠭᠡᠭᠰᠢᠯᠡᠭᠦᠯᠬᠦ ᠲᠥᠰᠥᠯ᠎ᠢ ᠲᠣᠭᠲᠠᠭ᠋ᠠᠨ ᠂ ᠪᠠᠶ᠋ᠢᠷᠢ᠎ᠪᠠᠨ ᠳᠡᠭᠡᠭᠰᠢᠯᠡᠭᠦᠯᠦᠨ ᠳᠡᠰ ᠳᠡᠪᠰᠢᠬᠦ᠎ᠪᠠᠨ ᠲᠦᠷᠭᠡᠳᠬᠡᠨ᠎ᠡ ᠃
ᠳᠣᠲᠣᠭ᠋ᠠᠳᠤ᠎ᠳᠤ᠎ᠪᠠᠨ ᠣᠷᠣᠨ ᠪᠦᠰᠡ ᠵᠢᠨ ᠬᠤᠭᠤᠷᠤᠨᠳᠤᠬᠢ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ ᠃ ᠪᠡᠭᠡᠵᠢᠩ ᠲᠢᠶᠠᠨᠵᠢᠨ ᠾᠧᠪᠧᠢ᠂ ᠬᠦᠬᠡᠮᠦᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠣᠯᠣᠩ᠎ᠤᠨ ᠣᠷᠣᠨ ᠪᠠ ᠵᠡᠭᠦᠨ ᠬᠤᠶ᠋ᠢᠲᠤ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠲᠠᠢ ᠬᠠᠮᠲᠤᠷᠠᠯᠴᠠᠬᠤ᠎ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ ᠳᠠᠭ᠋ᠠᠭ᠋ᠠᠨ ᠵᠠᠯᠭ᠋ᠠᠭᠤᠯᠵᠤ᠂ ᠡᠨᠧᠷᠬᠢ᠂ ᠡᠬᠢ ᠪᠠᠶᠠᠯᠢᠭ᠂ ᠪᠣᠳᠣᠬᠤ ᠴᠢᠳᠠᠪᠤᠷᠢ ᠵᠡᠷᠭᠡ ᠲᠠᠯ᠎ᠠ᠎ᠪᠠᠷ ᠠᠵᠤ ᠠᠬᠤᠢ ᠵᠢᠨ ᠲᠣᠮᠣ ᠮᠤᠵᠢ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ ᠂ ᠣᠨᠴᠠᠭ᠋ᠠᠶ᠋ᠢᠯᠠᠨ ᠬᠥᠭᠵᠢᠭᠰᠡᠨ ᠭᠠᠵᠠᠷ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠦᠲᠦᠭᠡᠯ ᠵᠶ᠋ᠠᠨ ᠤᠯᠠᠷᠢᠭᠤᠯᠬᠤ᠎ᠳᠤ ᠡᠯᠪᠡᠭ ᠳᠡᠯᠪᠡᠭ ᠬᠡᠷᠡᠭᠯᠡᠯᠲᠡ ᠵᠢᠨ ᠠᠬᠤᠢ ᠪᠠᠶ᠋ᠢᠳᠠᠯ ᠬᠠᠩᠭ᠋ᠠᠨ᠎ᠠ᠃ ᠪᠡᠭᠡᠵᠢᠩ ᠥᠪᠥᠷ ᠮᠣᠩᠭᠤᠯ᠎ᠤᠨ ᠬᠠᠮᠲᠤᠷᠠᠯᠴᠠᠭ᠎ᠠ ᠵᠢ ᠪᠦᠬᠦ ᠲᠠᠯ᠎ᠠ᠎ᠪᠠᠷ ᠥᠷᠭᠡᠳᠬᠡᠨ᠎ᠡ ᠂ 《ᠵᠢᠷᠭᠤᠭ᠎ᠠ ᠵᠢ ᠲᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ 》 ᠪᠠ 《ᠳᠦᠷᠪᠡᠨ ᠵᠦᠢ᠍ᠯ᠎ᠤᠨ ᠠᠵᠢᠯᠯᠠᠭ᠋ᠠᠨ 》᠎ᠢ ᠥᠷᠭᠦᠯᠵᠢᠯᠡᠨ ᠥᠷᠨᠢᠭᠦᠯᠵᠦ ᠂ ᠰᠢᠨ᠎ᠡ ᠬᠡᠯᠪᠡᠷᠢ ᠵᠢᠨ ᠡᠨᠧᠷᠬᠢ ᠨᠥᠭᠡᠴᠡᠯᠡᠬᠦ ᠂ ᠪᠣᠬᠢᠷᠲᠤᠯ ᠦᠭᠡᠢ ᠤᠰᠤᠳᠦ᠋ᠷᠦᠭᠴᠢ ᠪᠣᠬᠢᠷᠲᠤᠯ ᠦᠭᠡᠢ ᠰᠢᠪᠲᠦᠷ ᠂ ᠪᠣᠬᠢᠷᠲᠤᠯ ᠦᠭᠡᠢ ᠪᠣᠳᠣᠬᠤ ᠴᠢᠳᠠᠪᠤᠷᠢ ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠡᠷᠭᠡ ᠲᠠᠯ᠎ᠠ᠎ᠳᠤ ᠨᠢᠭᠡ ᠪᠦᠯᠦᠭ ᠰᠢᠨ᠎ᠡ ᠦᠷ᠎ᠡ ᠪᠦᠲᠦᠭᠡᠯ ᠭᠠᠷᠭ᠋ᠠᠨ᠎ᠠ ᠃
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ᠎ᠳᠤ᠎ᠪᠠᠨ ᠵᠥᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠪᠠᠷᠢᠮᠲᠠᠯᠠᠨ᠎ᠠ ᠃ ᠵᠡᠭᠦᠨ ᠬᠡᠰᠡᠭ᠎ᠤᠨ ᠲᠠᠪᠤᠨ ᠠᠶ᠋ᠢᠮᠠᠭ ᠬᠤᠲᠠ 《ᠰᠦᠷ ᠵᠢᠪᠬᠤᠭ᠎ᠠ᠎ᠪᠠᠨ ᠳᠠᠬᠢᠨ ᠪᠠᠳᠠᠷᠠᠭᠤᠯᠬᠤ 》 ᠠᠤᠭ᠎ᠠ ᠵᠣᠷᠢᠭ᠎ᠢ ᠬᠥᠪᠴᠢᠯᠡᠵᠦ ᠂ ᠰᠢᠨ᠎ᠡ ᠬᠥᠭᠵᠢᠯᠲᠡ ᠵᠢᠨ ᠳᠠᠪᠠᠭᠤᠯᠢᠭ᠎ᠢ ᠬᠤᠯᠪᠤᠭ᠋ᠠᠯᠠᠨ ᠴᠣᠭᠴᠠᠯᠠᠨ᠎ᠠ ᠃ ᠤᠯᠠᠭ᠋ᠠᠨᠬᠠᠳᠠ᠂ ᠲᠦᠩᠯᠢᠶᠣᠣ ᠬᠤᠰᠢᠭᠤᠷᠠᠨ ᠠᠵᠢᠯᠯᠠᠵᠤ ᠪᠠᠶ᠋ᠢᠭ᠋ᠠᠳ ᠬᠥᠭᠵᠢᠨ ᠮᠠᠨᠳᠤᠯᠲᠠ᠎ᠳᠤ᠎ᠪᠠᠨ ᠬᠤᠷᠳᠤ ᠨᠡᠮᠡᠵᠦ ᠲᠦᠷᠦᠭᠦᠯᠡᠨ ᠤᠷᠤᠭᠰᠢᠯᠠᠨ᠎ᠠ᠃ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ ᠪᠦᠬᠦ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠭᠤᠣᠯ ᠡᠭᠦᠷᠭᠡ ᠵᠢ ᠡᠭᠦᠷᠭᠡᠯᠡᠵᠦ᠂ ᠬᠤᠪᠢ ᠨᠡᠮᠡᠷᠢ ᠦᠵᠡᠭᠦᠯᠭᠦ ᠮᠥᠷᠲᠡᠭᠡᠨ ᠣᠯᠠᠨ ᠲᠦᠮᠡᠨ᠎ᠤ ᠴᠢᠨᠠᠷ ᠴᠢᠨᠰᠠᠭ᠎ᠠ᠎ᠲᠠᠢ ᠠᠮᠢᠳᠤᠷᠠᠯ ᠪᠠ ᠨᠡᠶ᠋ᠢᠭᠡᠮ᠎ᠤᠨ ᠥᠨᠳᠥᠷ ᠬᠢᠷᠢ ᠲᠦᠪᠰᠢᠨ ᠪᠦᠬᠦᠢ ᠵᠠᠰᠠᠯᠲᠠ ᠵᠢᠨ ᠲᠠᠯ᠎ᠠ᠎ᠪᠠᠷ ᠲᠦᠷᠦᠭᠦᠨ᠎ᠳᠤᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠵᠤ᠂ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠬᠤᠲᠠᠵᠢᠭᠤᠯᠬᠤ᠎ᠪᠠᠷ ᠳᠠᠮᠵᠢᠭᠤᠯᠤᠨ ᠪᠦᠬᠦ ᠣᠷᠣᠨ᠎ᠤ ᠬᠥᠭᠵᠢᠯᠲᠡ ᠵᠢ ᠬᠥᠲᠥᠯᠥᠨ ᠳᠠᠶ᠋ᠢᠴᠢᠯᠠᠬᠤ ᠭᠤᠣᠯ ᠬᠥᠳᠡᠯᠭᠡᠭᠦᠷ᠎ᠢ ᠬᠦᠴᠦᠨ ᠬᠠᠮᠲᠤᠳᠬᠠᠨ ᠴᠣᠭᠴᠠᠯᠠᠨ᠎ᠠ ᠃ ᠪᠠᠷᠠᠭᠤᠨ ᠬᠡᠰᠡᠭ᠎ᠤᠨ ᠭᠤᠷᠪᠠᠨ ᠠᠶ᠋ᠢᠮᠠᠭ ᠬᠤᠲᠠ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠨ ᠰᠡᠷᠭᠦᠭᠡᠬᠦ᠎ᠪᠠᠨ ᠴᠢᠩᠭ᠋ᠠᠳᠬᠠᠵᠤ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ᠎ᠪᠠᠨ ᠲᠦᠷᠭᠡᠳᠬᠡᠵᠦ ᠂ ᠵᠠᠯᠭ᠋ᠠᠨ ᠠᠪᠴᠤ ᠣᠷᠣᠯᠠᠭᠤᠯᠵᠤ ᠪᠣᠯᠬᠤ ᠠᠵᠤ ᠦᠢ᠍ᠯᠡᠰ᠎ᠢ ᠬᠠᠮᠲᠤ᠎ᠪᠠᠷ ᠪᠣᠶ᠋ᠢᠵᠢᠭᠤᠯᠤᠨ᠎ᠠ ᠃ ᠦᠬᠠᠢ ᠵᠢᠴᠢ ᠡᠷᠭᠢᠨ ᠲᠣᠭᠤᠷᠢᠨ᠎ᠤ ᠭᠠᠵᠠᠷ ᠣᠷᠣᠨ ᠠᠭ᠋ᠠᠷ ᠮᠠᠨᠳᠠᠯ᠎ᠤᠨ ᠪᠣᠬᠢᠷᠲᠤᠯ᠎ᠢ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠵᠦ ᠬᠤᠯᠪᠤᠭ᠋ᠠᠯᠠᠨ ᠵᠠᠰᠠᠬᠤ᠎ᠪᠠᠨ ᠴᠢᠩᠭ᠋ᠠᠷᠠᠭᠤᠯᠵᠤ ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠲᠣᠭᠲᠠᠴᠠ᠎ᠪᠠᠨ ᠲᠡᠭᠦᠯᠳᠡᠷᠵᠢᠭᠦᠯᠦᠨ ᠂ ᠬᠥᠭᠵᠢᠯᠲᠡ ᠵᠢᠨ ᠪᠦᠬᠦᠯᠢ ᠴᠣᠭᠴᠠ ᠵᠢᠨ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠎ᠡ ᠃ ᠪᠠᠶᠠᠨᠨᠠᠭᠤᠷ᠎ᠨᠢ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠲᠠᠪᠴᠠᠩ᠎ᠢ ᠰᠠᠶ᠋ᠢᠲᠤᠷ ᠠᠰᠢᠭᠯᠠᠵᠤ ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠢ ᠨᠡᠷ᠎ᠡ ᠨᠢᠳᠡᠷ᠎ᠲᠤ᠎ᠪᠠᠨ ᠲᠡᠩᠴᠡᠭᠰᠡᠨ 《ᠪᠣᠭᠤᠮᠲᠠ ᠵᠢᠨ ᠭᠠᠳᠠᠨᠠᠬᠢ ᠠᠮᠤ ᠵᠢᠨ ᠰᠠᠩ 》 ᠪᠣᠯᠭ᠋ᠠᠨ ᠪᠠᠶ᠋ᠢᠭᠤᠯᠵᠤ ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠥᠨᠳᠦᠷᠯᠢᠭ᠎ᠢ ᠴᠣᠭᠴᠠᠯᠠᠨ᠎ᠠ ᠃
(ᠶᠢᠰᠦ) ᠡᠯᠡᠰᠦ ᠵᠢ ᠵᠠᠰᠠᠬᠤ ᠪᠠ ᠤᠰᠤ ᠠᠷᠪᠢᠯᠠᠬᠤ᠎ᠪᠠᠷ ᠬᠥᠲᠥᠯᠥᠮᠵᠢ ᠪᠣᠯᠭ᠋ᠠᠨ ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ ᠪᠣᠯ ᠪᠢᠳᠡᠨ᠎ᠤ ᠪᠠᠲᠤ ᠴᠡᠭᠡᠵᠢᠯᠡᠭᠦᠰᠢᠲᠡᠢ 《ᠤᠯᠤᠰ᠎ᠤᠨ ᠶᠡᠭᠡ ᠶᠠᠪᠤᠳᠠᠯ 》 ᠪᠣᠯᠣᠨ᠎ᠠ ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠨ ᠂ ᠪᠦᠬᠦ ᠬᠦᠴᠦᠨ ᠵᠦᠢ᠍ᠯ ᠪᠦᠬᠦ ᠲᠠᠯ᠎ᠠ ᠵᠢᠨ ᠵᠠᠰᠠᠯᠲᠠ ᠵᠢᠨ ᠪᠠᠶ᠋ᠢᠷᠢᠰᠢᠯ᠎ᠢ ᠴᠣᠭᠴᠠᠯᠠᠵᠤ ᠂ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠨ᠎ᠠ ᠃
《ᠭᠤᠷᠪᠠᠨ ᠤᠮᠠᠷᠠᠲᠤ 》 ᠵᠢᠨ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠥᠷᠭᠦᠯᠵᠢᠯᠡᠨ ᠰᠠᠶ᠋ᠢᠲᠤᠷ ᠬᠢᠨ᠎ᠡ ᠃ ᠬᠠᠲᠤᠨ ᠭᠤᠣᠯ᠎ᠤᠨ 《ᠶᠡᠭᠡ ᠲᠣᠬᠤᠢ 》 ᠵᠢᠨ ᠡᠷᠭᠢ ᠳᠠᠭ᠋ᠠᠤ ᠵᠢᠨ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠴᠢᠳᠦᠷᠯᠡᠬᠦ ᠤᠢ ᠵᠢᠨ ᠪᠦᠰᠡ ᠵᠢ ᠪᠦᠬᠦ ᠱᠤᠭᠤᠮ ᠵᠶ᠋ᠠᠷ ᠨᠡᠪᠲᠡᠷᠡᠭᠦᠯᠬᠦ ᠵᠢ ᠠᠬᠢᠭᠤᠯᠤᠨ ᠂ ᠪᠠᠳᠠᠢ ᠵᠢᠨ ᠵᠢᠷᠠᠨ ᠂ ᠲᠡᠭᠷᠢ ᠡᠯᠡᠰᠦ ᠵᠢᠨ ᠵᠠᠬ᠎ᠠ ᠵᠢ ᠴᠢᠳᠦᠷᠯᠡᠬᠦ ᠣᠢ ᠵᠢᠨ ᠪᠦᠰᠡ ᠵᠢᠨ 《ᠠᠮᠠ ᠰᠡᠭᠡᠷ ᠵᠣᠯᠭ᠋ᠠᠬᠤ 》 ᠵᠢ ᠪᠡᠶᠡᠯᠡᠭᠦᠯᠵᠦ ᠂ 2000 ᠭᠠᠷᠤᠢ ᠲᠦᠮᠡᠨ ᠮᠦ᠍ ᠡᠯᠡᠰᠦ ᠵᠢ ᠵᠠᠰᠠᠵᠤ ᠂ ᠡᠯᠡᠰᠦᠨ ᠴᠦᠯ᠎ᠢ ᠰᠤᠨᠳᠠᠯᠠᠭᠰᠠᠨ ᠵᠠᠰᠠᠮᠠᠯ ᠵᠠᠮ᠎ᠢ 2500 ᠺᠢᠯᠣᠮᠧᠳ᠋ᠷ ᠪᠦᠲᠦᠭᠡᠨ ᠪᠠᠶ᠋ᠢᠭᠤᠯᠤᠨ᠎ᠠ ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠢ ᠥᠷᠭᠦᠯᠵᠢᠯᠡᠨ ᠠᠬᠢᠭᠤᠯᠵᠤ ᠂ ᠰᠢᠨ᠎ᠡ ᠡᠨᠧᠷᠬᠢ ᠵᠢᠨ ᠮᠠᠰᠢᠨ ᠴᠣᠭᠴᠠᠯᠠᠪᠤᠷᠢ ᠵᠢ 1500 ᠲᠦᠮᠡᠨ ᠺᠢᠯᠣᠸᠠᠲ ᠰᠢᠨ᠎ᠡ᠎ᠪᠠᠷ ᠪᠠᠶ᠋ᠢᠭᠤᠯᠤᠨ ᠂ 140 ᠲᠦᠮᠡᠨ ᠮᠦ᠍ ᠡᠯᠡᠰᠦ ᠵᠢ ᠵᠠᠰᠠᠵᠤ ᠂ 《ᠭᠡᠷᠡᠯᠴᠢ ᠴᠡᠨᠡᠭ᠎ᠤᠨ ᠤᠷᠲᠤ ᠴᠠᠭ᠋ᠠᠨ ᠬᠡᠷᠡᠮ 》᠎ᠤᠨ ᠪᠦᠲᠦᠭᠡᠨ ᠪᠠᠶ᠋ᠢᠭᠤᠯᠤᠯᠲᠠ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠣᠯᠬᠤ ᠵᠢ ᠠᠬᠢᠭᠤᠯᠤᠨ᠎ᠠ ᠃
ᠤᠰᠤ ᠠᠷᠪᠢᠯᠠᠬᠤ ᠠᠵᠢᠯᠯᠠᠭ᠋ᠠᠨ᠎ᠢ ᠭᠦᠨᠵᠡᠭᠡᠶ᠋ᠢᠷᠡᠭᠦᠯᠦᠨ ᠬᠡᠷᠡᠭᠵᠢᠭᠦᠯᠦᠨ᠎ᠡ ᠃ ᠮᠠᠨ᠎ᠤ ᠣᠷᠣᠨ ᠨᠢᠭᠡ ᠲᠠᠯ᠎ᠠ᠎ᠪᠠᠷ ᠤᠰᠤ ᠲᠤᠲᠠᠭᠳᠠᠵᠤ ᠂ ᠨᠦᠬᠦᠬᠡ ᠲᠠᠯ᠎ᠠ᠎ᠪᠠᠷ ᠤᠰᠤ ᠬᠡᠷᠡᠭᠯᠡᠬᠦ ᠠᠷᠭ᠎ᠠ ᠮᠠᠶᠢᠭ ᠪᠦᠳᠦᠭᠦᠯᠢᠭ ᠪᠠᠶ᠋ᠢᠳᠠᠭ᠎ᠠᠴᠠ ᠤᠰᠤ ᠠᠷᠪᠢᠯᠠᠬᠤ ᠵᠢ ᠰᠠᠶ᠋ᠢᠲᠤᠷ ᠠᠳᠬᠤᠬᠤ ᠠᠵᠢᠯ᠎ᠢ ᠣᠨᠨᠲᠤ ᠠᠯᠭᠤᠷᠯᠠᠵᠤ ᠪᠣᠯᠬᠤ ᠦᠭᠡᠢ ᠃ ᠲᠠᠷᠢᠶᠠᠯᠠᠩ᠎ᠤᠨ ᠬᠦᠷᠢᠶ᠎ᠡ ᠴᠠᠷᠠᠭ᠋ᠠᠨ᠎ᠳᠠᠬᠢ ᠵᠠᠩᠭᠢᠯᠠᠭ᠎ᠠ ᠪᠣᠯ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢ ᠰᠠᠶ᠋ᠢᠲᠤᠷ ᠠᠳᠬᠤᠬᠤ ᠶᠠᠪᠤᠳᠠᠯ ᠪᠣᠯᠣᠨ᠎ᠠ ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠢ ᠵᠢ 200 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ ᠂ ᠤᠰᠤ ᠠᠷᠪᠢᠯᠠᠵᠤ ᠠᠮᠤ ᠪᠤᠳᠠᠭ᠋ᠠᠨ ᠤ ᠤᠨᠠᠯᠲᠠ᠎ᠪᠠᠨ ᠨᠡᠮᠡᠭᠳᠡᠭᠦᠯᠬᠦ ᠵᠢ ᠠᠬᠢᠭᠤᠯᠬᠤ ᠰᠢᠶᠠᠨ᠎ᠢ 20 ᠡᠭᠦᠳᠦᠨ ᠪᠠᠶ᠋ᠢᠭᠤᠯᠵᠤ᠂ ᠤᠰᠤ ᠠᠷᠪᠢᠯᠠᠬᠤ ᠬᠡᠮᠵᠢᠶ᠎ᠡ ᠵᠢ 2.7 ᠳ᠋ᠦᠩᠰᠢᠭᠤᠷ ᠺᠦᠪ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠬᠦ᠎ᠪᠠᠷ ᠬᠦᠴᠦᠯᠡᠨ ᠴᠢᠷᠮᠠᠶ᠋ᠢᠨ᠎ᠠ ᠃ ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠋ᠠᠨ᠎ᠳᠤ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠳᠣᠪᠦ᠋ᠢ᠍ᠯᠭ᠋ᠠᠨᠠ᠂ ᠨᠡᠭᠡᠭᠡᠯᠲᠡ ᠵᠢᠨ ᠲᠣᠭᠤᠷᠢᠭ ᠪᠦᠬᠦᠨ᠎ᠳᠤ ᠲᠡᠷᠢᠭᠦᠨ᠎ᠤ ᠤᠰᠤ ᠠᠷᠪᠢᠯᠠᠬᠤ ᠮᠡᠷᠭᠡᠵᠢᠯ᠎ᠢ ᠶᠡᠭᠡ᠎ᠪᠠᠷ ᠳᠡᠯᠭᠡᠷᠡᠭᠦᠯᠦᠨ ᠂ ᠰᠢᠨ᠎ᠡ᠎ᠪᠠᠷ ᠲᠣᠬᠢᠷᠠᠭᠤᠯᠤᠭᠰᠠᠨ ᠲᠥᠷᠥᠯ ᠵᠦᠢ᠍ᠯ᠎ᠤᠨ ᠣᠰᠣᠨ᠎ᠤ ᠠᠰᠢᠭᠯᠠᠮᠵᠢ ᠵᠢ ᠤᠯᠤᠰ᠎ᠤᠨ ᠠᠵᠢᠯ ᠲᠥᠷᠥᠯ᠎ᠤᠨ ᠤᠰᠤ ᠬᠡᠷᠡᠭᠯᠡᠬᠦ ᠲᠡᠷᠢᠭᠦᠨ᠎ᠤ ᠬᠡᠮᠵᠢᠭᠳᠡᠯ᠎ᠠᠴᠠ ᠳᠣᠣᠷ᠎ᠠ ᠦᠭᠡᠢ ᠪᠠᠶ᠋ᠢᠯᠭ᠋ᠠᠵᠤ ᠂ ᠲᠦᠮᠡᠨ ᠲᠥᠭᠦᠷᠢᠭ᠎ᠤᠨ GDP᠎ᠲᠤ ᠬᠡᠷᠡᠭᠯᠡᠬᠦ ᠣᠰᠣᠨ᠎ᠤ ᠬᠡᠮᠵᠢᠶ᠎ᠡ ᠂ ᠲᠦᠮᠡᠨ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠲᠤ ᠬᠡᠷᠡᠭᠯᠡᠬᠦ ᠤᠰᠤᠨ᠎ᠤ ᠬᠡᠮᠵᠢᠶᠡᠨ᠎ᠤ ᠲᠠᠯ᠎ᠠ᠎ᠪᠠᠷ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠳᠠᠬᠢ ᠬᠢᠵᠠᠭ᠋ᠠᠷᠯᠠᠬᠤ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠠᠮᠢᠳᠤᠷᠠᠯ᠎ᠳᠤ ᠬᠡᠷᠡᠭᠯᠡᠬᠦ ᠤᠰᠤ ᠵᠢ ᠠᠷᠪᠢᠯᠠᠬᠤ᠎ᠳᠤ ᠨᠠᠷᠢᠨ ᠨᠢᠮᠪᠠᠢ ᠪᠣᠳᠣᠵᠦ ᠲᠥᠯᠥᠪᠯᠡᠨ᠎ᠡ᠂ ᠬᠤᠲᠠ ᠵᠢᠨ ᠤᠰᠤ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ᠂ ᠨᠢᠭᠡ ᠪᠦᠯᠦᠭ ᠤᠰᠤ ᠠᠷᠪᠢᠯᠠᠬᠤ ᠪᠡᠯᠡᠳᠬᠡᠮᠵᠢ ᠵᠢ ᠥᠭᠡᠷᠡᠴᠢᠯᠡᠨ ᠰᠢᠨᠡᠳᠬᠡᠵᠦ ᠪᠠᠶ᠋ᠢᠭᠤᠯᠤᠨ᠂ ᠤᠰᠤ ᠠᠷᠪᠢᠯᠠᠬᠤ ᠬᠠᠮᠢᠶᠠᠷᠤᠯᠲᠠ ᠵᠢᠨ ᠣᠶᠤᠨᠴᠢ ᠲᠠᠪᠴᠠᠩ᠎ᠢ ᠴᠣᠭᠴᠠᠯᠠᠵᠤ᠂ ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠢ ᠭᠤᠤᠷᠰᠤ ᠵᠢᠨ ᠲᠣᠣᠷ᠎ᠤᠨ ᠯᠡᠪᠡᠷᠡᠵᠦ ᠡᠪᠳᠡᠷᠡᠬᠦ ᠨᠤᠷᠮ᠎ᠠ ᠵᠢ ᠲᠦᠷᠭᠡᠬᠡᠨ ᠳᠣᠷᠣᠭᠰᠢᠯᠠᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠬᠡᠮᠵᠢᠶᠡᠯᠡᠨ ᠪᠣᠳᠣᠬᠤ ᠨᠤᠷᠮ᠎ᠠ ᠵᠢ ᠲᠦᠷᠭᠡᠬᠡᠨ ᠳᠡᠭᠡᠭᠰᠢᠯᠡᠭᠦᠯᠦᠨ᠎ᠡ᠃ ᠪᠠᠶ᠋ᠢᠩᠭᠤ ᠵᠢᠨ ᠪᠤᠰᠤ ᠤᠰᠤ ᠵᠢ ᠰᠠᠶ᠋ᠢᠲᠤᠷ ᠠᠰᠢᠭᠯᠠᠬᠤ᠎ᠨᠢ ᠴᠦ᠍ ᠤᠰᠤ ᠠᠷᠪᠢᠯᠠᠵᠤ ᠪᠠᠶ᠋ᠢᠭ᠎ᠠ ᠶᠠᠪᠤᠳᠠᠯ ᠪᠣᠯᠣᠨ᠎ᠠ ᠂ ᠳᠠᠬᠢᠯᠲᠠ ᠤᠰᠤ ᠵᠢ ᠠᠰᠢᠭᠯᠠᠬᠤ ᠠᠵᠢᠯᠯᠠᠭ᠋ᠠᠨ᠎ᠢ ᠬᠡᠷᠡᠭᠵᠢᠭᠦᠯᠵᠦ ᠂ ᠬᠠᠲᠤᠨ ᠭᠤᠣᠯ᠎ᠤᠨ ᠰᠠᠪᠠ ᠭᠠᠵᠠᠷ᠎ᠤᠨ ᠳᠠᠬᠢᠯᠲᠠ ᠤᠰᠤᠨ᠎ᠤ ᠠᠰᠢᠭᠯᠠᠮᠵᠢ ᠵᠢ 60%᠎ᠠᠴᠠ ᠳᠡᠭᠡᠭᠰᠢ᠎ᠳᠤ ᠬᠦᠷᠦᠭᠦᠯᠵᠦ ᠂ ᠠᠭᠤᠷᠬᠠᠢ ᠵᠢᠨ ᠬᠤᠳᠳᠤᠭ ᠤᠨ ᠰᠢᠪᠬᠠᠷᠤᠤ ᠵᠢᠨ ᠠᠰᠢᠭᠯᠠᠮᠵᠢ ᠵᠢ 70%᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨ᠎ᠠ ᠃
ᠴᠡᠯᠮᠡᠭ ᠲᠡᠭᠷᠢ ᠲᠤᠩᠭ᠋ᠠᠯᠠᠭ ᠤᠰᠤ ᠴᠡᠪᠡᠷ ᠬᠥᠷᠥᠰᠥᠨ᠎ᠤ ᠬᠠᠮᠠᠭ᠋ᠠᠯᠠᠯᠲᠠ ᠵᠢᠨ ᠳᠠᠶ᠋ᠢᠯᠠᠯᠳᠤᠭ᠋ᠠᠨ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠨ᠎ᠡ ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠰᠠᠪᠠ ᠭᠠᠵᠠᠷ᠎ᠤᠨ ᠲᠤᠰᠬᠠᠢ ᠰᠢᠮᠳᠠᠭᠤᠯᠤᠨ ᠪᠠᠶ᠋ᠢᠴᠠᠭ᠋ᠠᠯᠲᠠ ᠵᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠥᠷᠭᠦᠯᠵᠢᠯᠡᠨ ᠬᠦᠴᠦᠯᠡᠨ ᠠᠳᠬᠤᠵᠤ ᠂ ᠠᠳᠠᠯᠢ ᠲᠥᠷᠥᠯ᠎ᠤᠨ ᠠᠰᠠᠭᠤᠳᠠᠯ ᠳᠠᠪᠲᠠᠨ ᠢᠯᠡᠷᠡᠬᠦ ᠵᠢ ᠡᠷᠡᠰ ᠬᠤᠷᠢᠭᠯᠠᠨ᠎ᠠ ᠃ ᠬᠦᠬᠡᠬᠤᠲᠠ ᠪᠤᠭᠤᠲᠤ ᠣᠷᠳᠣᠰ ᠂ ᠦᠬᠠᠢ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ ᠵᠶ᠋ᠠᠨ ᠭᠦᠨᠵᠡᠭᠡᠶ᠋ᠢᠷᠡᠭᠦᠯᠵᠦ ᠂ ᠬᠦᠨᠳᠦ ᠪᠣᠬᠢᠷᠲᠤᠭᠰᠠᠨ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠪᠠᠨ ᠨᠠᠶ᠋ᠢᠳᠠᠪᠤᠷᠢᠵᠢᠭᠤᠯᠤᠨ ᠂ ᠭᠤᠣᠯᠳᠠᠯᠭ᠎ᠠ ᠪᠣᠯᠬᠤ ᠠᠵᠢᠯ ᠲᠥᠷᠥᠯ᠎ᠤᠨ ᠪᠣᠬᠢᠷᠲᠤᠯ᠎ᠤᠨ ᠭᠦᠨᠵᠡᠭᠡᠢ ᠵᠠᠰᠠᠯᠲᠠ ᠵᠢ ᠠᠬᠢᠭᠤᠯᠤᠨ᠎ᠠ ᠃ ᠭᠤᠣᠯ ᠮᠥᠷᠡᠨ ᠨᠠᠭᠤᠷ ᠪᠦᠷᠢᠳᠦ ᠤᠰᠤᠨ ᠴᠦᠬᠦᠷᠦᠮ᠎ᠤᠨ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ 》 ᠦᠷ᠎ᠡ ᠪᠦᠲᠦᠭᠡᠯ᠎ᠢ ᠪᠠᠬᠢᠵᠢᠭᠦᠯᠦᠨ ᠂ 《ᠬᠥᠯᠥᠨ ᠨᠠᠭᠤᠷ ᠲᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ 》 ᠵᠢᠴᠢ ᠴᠠᠭ᠋ᠠᠨᠨᠠᠭᠤᠷ᠎ᠤᠨ ᠬᠠᠮᠠᠭ᠋ᠠᠯᠠᠯᠲᠠ ᠵᠠᠰᠠᠯᠲᠠ᠎ᠪᠠᠨ ᠴᠢᠩᠭ᠋ᠠᠳᠬᠠᠵᠤ ᠂ ᠬᠠᠲᠤᠨ ᠭᠤᠣᠯ᠎ᠤᠨ ᠥᠪᠥᠷ ᠮᠣᠩᠭᠤᠯ᠎ᠤᠨ ᠬᠡᠰᠡᠭ᠎ᠲᠠᠬᠢ ᠭᠤᠣᠯ᠎ᠤᠨ ᠵᠠᠮ᠎ᠤᠨ ᠵᠠᠰᠠᠯᠲᠠ ᠵᠢᠨ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ ᠂ ᠦᠬᠠᠢ ᠨᠠᠭᠤᠷ᠎ᠤᠨ ᠴᠦᠬᠦᠷᠦᠮ᠎ᠤᠨ ᠣᠷᠣᠨ᠎ᠤ ᠨᠥᠯᠥᠮᠡᠯ ᠰᠢᠪᠠᠷ᠎ᠢ ᠠᠷᠢᠯᠭ᠋ᠠᠨ ᠴᠡᠪᠡᠷᠯᠡᠬᠦ ᠵᠢᠴᠢ ᠠᠭᠤᠷᠬᠠᠢ ᠵᠢᠨ ᠣᠷᠣᠨ᠎ᠤ ᠠᠮᠢ ᠠᠬᠤᠢ ᠵᠢ ᠰᠡᠷᠭᠦᠭᠡᠬᠦ ᠵᠢ ᠨᠢᠭᠡ ᠴᠣᠭᠴᠠᠵᠢᠭᠤᠯᠤᠨ ᠵᠠᠰᠠᠬᠤ ᠠᠵᠢᠯ᠎ᠢ ᠲᠤᠷᠰᠢᠨ ᠠᠬᠢᠭᠤᠯᠵᠤ ᠂ ᠪᠠᠷᠠᠭᠤᠨ ᠯᠢᠶᠣᠣ ᠾᠧ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠰᠡᠷᠭᠦᠯᠲᠡ ᠵᠢ ᠠᠬᠢᠭᠤᠯᠤᠨ᠎ᠠ ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠣᠯᠳᠠᠯᠭ᠋ᠠᠲᠤ ᠨᠢᠭᠡᠴᠢ ᠵᠢᠨ ᠬᠥᠷᠥᠰᠥ ᠰᠢᠷᠣᠢ ᠵᠢᠨ ᠪᠣᠬᠢᠷᠲᠤᠯ᠎ᠤᠨ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ ᠂ ᠲᠠᠷᠢᠶᠠᠯᠠᠩ᠎ᠤᠨ 《ᠳᠥᠷᠪᠡ ᠵᠢ ᠬᠢᠵᠠᠭ᠋ᠠᠷᠯᠠᠬᠤ》 ᠠᠵᠢᠯᠯᠠᠭ᠋ᠠᠨ᠎ᠢ ᠥᠷᠭᠦᠯᠵᠢᠯᠡᠨ ᠥᠷᠨᠢᠭᠦᠯᠵᠦ ᠂ ᠬᠤᠵᠢᠷᠯᠢᠭ ᠭᠠᠵᠠᠷ᠎ᠢ ᠰᠠᠶ᠋ᠢᠵᠢᠷᠠᠭᠤᠯᠤᠨ ᠠᠰᠢᠭᠯᠠᠬᠤ᠎ᠪᠠᠨ ᠴᠢᠩᠭ᠋ᠠᠳᠬᠠᠨ᠎ᠠ ᠃
ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠤᠨ ᠪᠣᠬᠢᠷᠳᠤᠯ ᠦᠭᠡᠢ ᠬᠥᠭᠵᠢᠬᠦ ᠵᠢ ᠠᠬᠢᠭᠤᠯᠤᠨ᠎ᠠ ᠃ ᠠᠵᠤ ᠦᠢ᠍ᠯᠡᠳᠪᠦᠷᠢ ᠵᠢᠨ ᠬᠦᠷᠢᠶ᠎ᠡ ᠴᠠᠷᠠᠭ᠋ᠠᠨ᠎ᠳᠠᠬᠢ ᠡᠨᠧᠷᠬᠢ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ ᠬᠡᠷᠡᠭᠯᠡᠬᠦ᠎ᠪᠠᠨ ᠲᠦᠷᠭᠡᠳᠬᠡᠵᠦ᠂ ᠪᠦᠬᠦ ᠤᠯᠤᠰ᠎ᠤᠨ ᠨᠡᠭᠦᠷᠡᠰᠦᠳᠦ᠋ᠷᠦᠭᠴᠢ ᠵᠢᠨ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ 《ᠬᠤᠶᠠᠷ᠎ᠢ ᠬᠢᠵᠠᠭ᠋ᠠᠷᠯᠠᠬᠤ 》᠎ᠳᠤ ᠵᠣᠬᠢᠴᠠᠭᠰᠠᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠂ 2.0 ᠪᠠᠷᠯᠠᠯ᠎ᠤᠨ ᠳᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ ᠂ ᠣᠢ ᠰᠢᠭᠤᠢ ᠨᠤᠲᠤᠭ ᠪᠡᠯᠴᠢᠭᠡᠷ᠎ᠤᠨ ᠨᠡᠭᠦᠷᠡᠰᠦᠳᠦ᠋ᠷᠦᠭᠴᠢ ᠵᠢᠨ ᠬᠤᠷᠠᠮᠠᠯ᠎ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠡᠪᠴᠢᠶᠡᠵᠢᠯ᠎ᠢ ᠥᠷᠭᠡᠳᠬᠡᠨ᠎ᠡ ᠃ ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ᠎ᠪᠠᠨ ᠴᠢᠩᠭ᠋ᠠᠳᠬᠠᠨ᠎ᠠ ᠂ ᠮᠠᠨ᠎ᠤ ᠣᠷᠣᠨ᠎ᠤ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠬᠦᠭᠡᠷᠦᠮᠵᠢ ᠤᠳᠠᠯ ᠦᠭᠡᠢ 《ᠬᠡᠷᠡᠭᠴᠡᠭᠡᠨ᠎ᠠᠴᠠ ᠭᠠᠷᠬᠤ ᠥᠷᠨᠢᠯ 》᠎ᠢ ᠤᠭᠲᠤᠬᠤ ᠪᠣᠯᠣᠨ᠎ᠠ ᠂ ᠡᠭᠡᠭᠦᠯᠦᠨ ᠬᠤᠷᠢᠶᠠᠵᠤ ᠠᠰᠢᠭᠯᠠᠬᠤ ᠠᠵᠢᠯ᠎ᠢ ᠥᠨᠳᠥᠷ ᠪᠦᠲᠦᠮᠵᠢᠲᠡᠢ ᠰᠠᠶ᠋ᠢᠲᠤᠷ ᠬᠢᠵᠦ ᠂ ᠪᠤᠭᠤᠲᠤ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠬᠡᠷᠡᠭᠴᠡᠭᠡᠨ᠎ᠠᠴᠠ ᠭᠠᠷᠤᠭᠰᠠᠨ ᠲᠣᠨᠤᠭ ᠲᠥᠬᠦᠭᠡᠷᠦᠮᠵᠢ ᠵᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠵᠢᠱ᠌ᠢᠶ᠎ᠡ ᠦᠵᠡᠭᠦᠯᠬᠦ ᠲᠣᠭᠤᠷᠢᠭ ᠂ ᠣᠷᠳᠣᠰ᠎ᠤᠨ ᠳᠡᠭᠡᠳᠦ ᠬᠥᠩᠭᠡᠨᠴᠠᠭ᠋ᠠᠨ᠎ᠲᠤ ᠨᠤᠨᠳᠠᠭ ᠨᠡᠭᠦᠷᠡᠰᠦᠨ᠎ᠤ ᠦᠨᠡᠰᠦ ᠪᠠ ᠳᠠᠬᠢᠯᠲᠠ ᠬᠥᠩᠭᠡᠨᠴᠠᠭ᠋ᠠᠨ᠎ᠤ ᠡᠬᠢ ᠪᠠᠶᠠᠯᠢᠭ᠎ᠢ ᠠᠰᠢᠭᠯᠠᠬᠤ ᠰᠠᠭᠤᠷᠢᠨ ᠭᠠᠵᠠᠷ ᠂ ᠰᠢᠯᠢ ᠵᠢᠨ ᠭᠤᠣᠯ᠎ᠤᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ᠎ᠢ ᠶᠡᠷᠦᠩᠬᠡᠶ᠋ᠢᠯᠡᠨ ᠠᠰᠢᠭᠯᠠᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠡᠮᠵᠢᠵᠦ᠂ ᠣᠯᠠᠨ ᠬᠦᠷᠢᠶ᠎ᠡ ᠴᠠᠷᠠᠭ᠋ᠠᠨ᠎ᠳᠤ 《ᠬᠠᠶᠠᠭᠳᠠᠮᠠᠯ᠎ᠢ ᠬᠤᠪᠣᠷ ᠡᠷᠳᠡᠨᠢ ᠪᠤᠯᠭ᠋ᠠᠬᠤ 》 ᠵᠢ ᠪᠡᠶᠡᠯᠡᠭᠦᠯᠦᠨ᠎ᠡ ᠃
(ᠠᠷᠪᠠ) ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠬᠦ᠎ᠪᠠᠷ ᠭᠤᠣᠯᠳᠠᠯᠭ᠎ᠠ ᠪᠣᠯᠭ᠋ᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠶ᠋ᠢᠲᠤᠷ ᠬᠢᠨ᠎ᠡ᠃ ᠨᠢᠳᠤᠨᠤᠨ ᠮᠠᠨ᠎ᠤ ᠣᠷᠣᠨ᠎ᠤ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠴᠥᠮ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠳᠤ ᠬᠦᠷᠦᠭᠰᠡᠨ ᠪᠤᠶᠤ ᠲᠡᠭᠦᠨ᠎ᠠᠴᠠ ᠳᠠᠪᠠᠵᠤ᠂ ᠡᠨᠡ ᠵᠢᠯ ᠬᠡᠳᠦᠢ ᠬᠦᠴᠢᠷ ᠪᠠᠶ᠋ᠢᠭᠰᠠᠨ ᠴᠦ᠍ ᠪᠠᠷᠢᠮᠵᠢᠶᠠᠨ᠎ᠠᠴᠠ ᠥᠯᠥ ᠪᠠᠭᠤᠷᠠᠭᠤᠯᠤᠨ᠂ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ᠎ᠪᠠᠨ ᠦᠨᠡᠨ ᠬᠦ᠌ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠰᠠᠭᠤᠷᠢ ᠱᠤᠭᠤᠮ᠎ᠢ ᠪᠠᠲᠤ ᠰᠠᠬᠢᠵᠤ᠂ ᠠᠵᠢᠯ ᠣᠯᠭᠤᠯᠲᠠ᠂ ᠰᠤᠷᠭ᠋ᠠᠨ ᠬᠥᠮᠦᠵᠢᠯ᠂ ᠡᠮᠴᠢᠯᠡᠭᠡ ᠵᠡᠷᠭᠡ ᠤᠯᠠᠨ ᠨᠡᠶ᠋ᠢᠲᠠ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠦᠨ᠎ᠡ᠃
ᠠᠵᠢᠯ ᠣᠯᠭᠤᠯᠲᠠ ᠪᠣᠯ ᠬᠠᠮᠤᠭ᠎ᠤᠨ ᠶᠡᠭᠡ ᠠᠷᠠᠳ᠎ᠤᠨ ᠠᠮᠢᠳᠤᠷᠠᠯ ᠪᠣᠯᠣᠨ᠎ᠠ ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠬᠡᠷᠡᠭᠯᠡᠨ ᠠᠵᠤ ᠦᠢ᠍ᠯᠡᠰ ᠪᠠ ᠠᠵᠢᠯ ᠣᠯᠭᠤᠯᠲᠠ ᠵᠢᠨ ᠬᠠᠷᠢᠯᠴᠠᠨ ᠠᠬᠢᠭᠤᠯᠵᠤ ᠬᠠᠮᠲᠤ᠎ᠪᠠᠷ ᠳᠠᠪᠰᠢᠬᠤ ᠵᠢ ᠠᠬᠢᠭᠤᠯᠤᠨ᠎ᠠ ᠃ ᠮᠠᠨ᠎ᠤ ᠣᠷᠣᠨ᠎ᠤ ᠲᠦᠮᠡᠨ ᠳ᠋ᠦᠩᠰᠢᠭᠤᠷ ᠲᠥᠭᠦᠷᠢᠭ ᠰᠢᠬᠠᠮ᠎ᠤᠨ ᠴᠢᠬᠤᠯᠠ ᠶᠡᠭᠡ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠳᠤ ᠠᠵᠤ ᠦᠢ᠍ᠯᠡᠰ᠎ᠤᠨ ᠪᠡᠯᠡ ᠣᠷᠣᠭᠤᠯᠤᠯᠲᠠ ᠪᠠᠷᠤᠭ ᠠᠷᠪᠠᠨ᠎ᠤ ᠳᠣᠯᠣᠭ᠋ᠠᠨ ᠬᠤᠪᠢ ᠵᠢ ᠡᠵᠡᠯᠡᠭᠰᠡᠨ ᠪᠣᠯᠪᠠᠴᠤ ᠲᠤᠰ ᠭᠠᠵᠠᠷ᠎ᠤᠨ ᠵᠶ᠋ᠠᠨ ᠠᠵᠢᠯ ᠣᠯᠭᠤᠯᠲᠠ ᠵᠢ ᠳᠠᠶ᠋ᠢᠴᠢᠯᠠᠭᠰᠠᠨ ᠵᠶ᠋ᠠᠷ ᠪᠠᠷᠤᠭᠲᠠᠢ ᠪᠠᠶ᠋ᠢᠵᠤ ᠂ 《ᠬᠥᠮᠥᠨ ᠪᠠᠶ᠋ᠢᠭ᠋ᠠᠳ ᠬᠢᠬᠦ ᠠᠵᠢᠯ ᠦᠭᠡᠢ 》 ᠮᠥᠷᠲᠡᠭᠡᠨ 《ᠠᠵᠢᠯ ᠪᠠᠶ᠋ᠢᠭ᠋ᠠᠳ ᠬᠢᠬᠦ ᠬᠥᠮᠥᠨ ᠦᠭᠡᠢ 》 ᠪᠠᠶ᠋ᠢᠳᠠᠯ ᠣᠷᠣᠰᠢᠵᠤ ᠪᠠᠶ᠋ᠢᠨ᠎ᠠ ᠃ ᠡᠯ᠎ᠡ ᠱᠠᠲᠤᠨ᠎ᠤ ᠵᠠᠰᠠᠭ᠎ᠤᠨ ᠣᠷᠳᠣᠨ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠢ ᠲᠡᠷᠢᠭᠦᠨ ᠴᠢᠬᠤᠯᠠ ᠶᠠᠪᠤᠳᠠᠯ ᠪᠣᠯᠭ᠋ᠠᠵᠤ ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠠᠳᠬᠤᠬᠤ ᠂ ᠠᠵᠤ ᠦᠢ᠍ᠯᠡᠰ᠎ᠢ ᠪᠣᠳᠠᠲᠠᠶ᠋ᠢᠵᠢᠭᠤᠯᠬᠤ ᠵᠢ ᠠᠳᠬᠤᠬᠤ᠎ᠳᠤ᠎ᠪᠠᠨ ᠲᠤᠰ ᠭᠠᠵᠠᠷ᠎ᠤᠨ ᠵᠶ᠋ᠠᠨ ᠠᠵᠢᠯ ᠣᠯᠭᠤᠯᠲᠠ ᠵᠢ ᠬᠡᠷᠬᠢᠨ ᠨᠡᠩ ᠣᠯᠠᠨ ᠳᠠᠶ᠋ᠢᠴᠢᠯᠠᠬᠤ ᠵᠢ ᠵᠡᠷᠭᠡ᠎ᠳᠤ᠎ᠨᠢ ᠪᠣᠳᠣᠯᠬᠢᠯᠠᠨ ᠂ ᠠᠵᠤ ᠠᠬᠤᠶ᠋ᠢᠯᠠᠯ᠎ᠤᠨ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠰᠤᠳᠤᠯᠬᠤ᠎ᠳᠤ᠎ᠪᠠᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠵᠡᠷᠭᠡ᠎ᠳᠤ᠎ᠨᠢ ᠰᠤᠳᠤᠯᠤᠨ᠂ ᠤᠷ᠎ᠠ ᠮᠡᠷᠭᠡᠰᠢᠯ᠎ᠤᠨ ᠪᠣᠯᠪᠠᠰᠤᠷᠠᠯ ᠂ ᠠᠵᠢᠯ ᠣᠯᠭᠤᠬᠤ ᠵᠢᠯᠣᠭᠤᠳᠤᠯᠭ᠎ᠠ ᠵᠢ ᠤᠷᠢᠳᠴᠢᠯᠠᠨ ᠰᠠᠶ᠋ᠢᠲᠤᠷ ᠬᠢᠵᠦ ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠪᠠ ᠠᠵᠤ ᠠᠬᠤᠶ᠋ᠢᠯᠠᠯ᠎ᠳᠤ ᠴᠢᠳᠠᠪᠤᠷᠢᠲᠠᠨ ᠬᠠᠩᠭ᠋ᠠᠬᠤ ᠵᠢ ᠵᠡᠷᠭᠡ᠎ᠳᠤ᠎ᠨᠢ ᠠᠬᠢᠭᠤᠯᠤᠨ ᠂ ᠵᠠᠪᠰᠠᠷ ᠦᠭᠡᠢ ᠵᠣᠯᠭ᠋ᠠᠭᠤᠯᠬᠤ ᠬᠡᠷᠡᠭᠲᠡᠢ ᠃ ᠡᠯ᠎ᠡ ᠶᠡᠭᠡ ᠳᠡᠭᠡᠳᠦ ᠰᠤᠷᠭ᠋ᠠᠭᠤᠯᠢ᠎ᠨᠢ ᠠᠵᠢᠯ ᠣᠯᠭᠤᠯᠲᠠ᠎ᠪᠠᠷ ᠤᠳᠤᠷᠢᠳᠤᠮᠵᠢ ᠪᠣᠯᠭ᠋ᠠᠬᠤ ᠵᠢ ᠲᠣᠪᠤᠶ᠋ᠢᠯᠭ᠋ᠠᠨ ᠂ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ᠎ᠪᠠᠨ ᠨᠠᠷᠢᠯᠢᠭ ᠣᠨᠣᠪᠴᠢᠲᠠᠢ ᠲᠣᠬᠢᠷᠠᠭᠤᠯᠤᠨ ᠰᠢᠯᠢᠳᠡᠭᠵᠢᠭᠦᠯᠵᠦ ᠂ ᠵᠠᠬ᠎ᠠ ᠳᠡᠯᠭᠡᠭᠦᠷ᠎ᠲᠤ ᠶᠠᠮᠠᠷ ᠴᠢᠳᠠᠪᠤᠷᠢᠲᠠᠨ ᠴᠢᠬᠤᠯᠠᠲᠠᠢ ᠪᠣᠯ ᠲᠡᠶ᠋ᠢᠨ ᠬᠦ᠌ ᠴᠢᠳᠠᠪᠤᠷᠢᠲᠠᠨ᠎ᠢ ᠬᠥᠮᠥᠵᠢᠭᠦᠯᠵᠦ ᠬᠠᠩᠭ᠋ᠠᠨ᠎ᠠ ᠃ ᠣᠨᠴᠠᠭ᠋ᠠᠢ ᠬᠥᠮᠥᠰ᠎ᠲᠤ ᠠᠵᠢᠯ ᠣᠯᠭᠤᠬᠤ ᠵᠢ ᠣᠨᠴᠠᠭ᠋ᠠᠶ᠋ᠢᠯᠠᠨ ᠠᠩᠬᠠᠷᠴᠤ ᠂ ᠭᠤᠣᠯᠳᠠᠯᠭ᠎ᠠ᠎ᠲᠠᠢ ᠪᠠᠲᠤᠯᠠᠵᠤ ᠂ ᠨᠠᠰᠤ ᠠᠬᠢᠭᠰᠠᠨ ᠂ ᠵᠡᠮᠳᠡᠭ ᠵᠡᠷᠡᠮᠳᠡᠭ ᠂ ᠠᠵᠢᠯ ᠠᠯᠳᠠᠭ᠋ᠠᠳ ᠨᠡᠯᠢᠶᠡᠳ ᠤᠷᠲᠤ ᠬᠤᠭᠤᠴᠠᠭ᠎ᠠ ᠪᠣᠯᠤᠭᠰᠠᠨ ᠵᠡᠷᠭᠡ ᠠᠵᠢᠯ ᠣᠯᠬᠤ᠎ᠳᠤ ᠬᠦᠴᠢᠷᠳᠡᠯᠲᠡᠢ ᠬᠥᠮᠥᠰ᠎ᠢ ᠬᠠᠪᠰᠤᠷᠤᠨ ᠲᠡᠳᠬᠦᠬᠦ᠎ᠪᠠᠨ ᠴᠢᠩᠭ᠋ᠠᠳᠬᠠᠵᠤ ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ ᠂ ᠡᠮᠡᠭᠲᠡᠶ᠋ᠢᠴᠦᠳ ᠵᠡᠷᠭᠡ ᠬᠥᠮᠥᠰ᠎ᠲᠤ ᠠᠵᠢᠯ ᠣᠯᠭᠤᠬᠤ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠵᠦ ᠂ 《ᠨᠢᠭᠡ ᠬᠥᠮᠥᠨ᠎ᠨᠢ ᠴᠦ᠍ ᠠᠵᠢᠯ ᠣᠯᠣᠭᠰᠠᠨ ᠦᠭᠡᠢ ᠭᠡᠷ ᠪᠦᠯᠢ 》 ᠵᠢ ᠬᠥᠳᠡᠯᠦᠩᠭᠦᠢ᠎ᠪᠠᠷ ᠠᠷᠢᠯᠭ᠋ᠠᠬᠤ ᠵᠢ ᠦᠨᠡᠨ ᠬᠦ᠌ ᠪᠠᠲᠤᠯᠠᠨ᠎ᠠ ᠃
ᠰᠤᠷᠭ᠋ᠠᠨ ᠬᠥᠮᠦᠵᠢᠯ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠪᠣᠯᠣᠨ᠎ᠠ ᠂ ᠰᠠᠶ᠋ᠢᠨ ᠰᠤᠷᠭ᠋ᠠᠨ ᠬᠥᠮᠦᠵᠢᠯ ᠪᠠᠶ᠋ᠢᠬᠤ ᠦᠭᠡᠢ ᠪᠣᠯ ᠴᠢᠳᠠᠪᠤᠷᠢᠲᠠᠳ᠎ᠢ ᠦᠯᠡᠳᠡᠭᠡᠵᠦ ᠴᠢᠳᠠᠬᠤ ᠦᠭᠡᠢ ᠮᠥᠷᠲᠡᠭᠡᠨ ᠬᠥᠮᠥᠨ ᠠᠮᠠ ᠵᠢ ᠴᠦ᠍ ᠬᠤᠴᠣᠷᠭ᠋ᠠᠨ ᠠᠪᠴᠤ ᠴᠢᠳᠠᠬᠤ ᠦᠭᠡᠢ᠃ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠳᠤ ᠲᠦᠭᠡᠮᠡᠯ ᠬᠦᠷᠲᠡᠭᠡᠵᠦ ᠲᠦᠭᠡᠮᠡᠯ ᠬᠠᠷᠠᠭ᠋ᠠᠯᠵᠠᠬᠤ ᠵᠢ ᠭᠤᠣᠯᠳᠠᠯᠭ᠎ᠠ᠎ᠲᠠᠢ ᠠᠳᠬᠤᠨ᠂ ᠨᠠᠶ᠋ᠢᠳᠠᠵᠤ ᠰᠠᠭ᠋ᠠᠲᠠᠭᠤᠯᠬᠤ ᠦᠢ᠍ᠯᠡᠴᠢᠯᠡᠭᠡ ᠵᠢ ᠴᠦ᠍ ᠰᠠᠶ᠋ᠢᠲᠤᠷ ᠬᠢᠵᠦ᠂ ᠵᠠᠯᠠᠭᠤᠴᠤᠳ᠎ᠤᠨ ᠰᠠᠨᠠᠭ᠋ᠠᠰᠢᠷᠠᠨ ᠵᠣᠪᠠᠨᠢᠵᠤ ᠪᠠᠶ᠋ᠢᠭ᠎ᠠ ᠠᠰᠠᠭᠤᠳᠠᠯ᠎ᠢ᠎ᠨᠢ ᠬᠠᠪᠰᠤᠷᠤᠨ ᠰᠢᠢ᠍ᠳᠪᠦᠷᠢᠯᠡᠵᠦ ᠥᠭᠭᠦᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠩᠭᠢᠯᠠᠭ᠎ᠠ᠎ᠨᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠨ᠂ ᠲᠡᠩᠴᠡᠭᠦᠷᠢ ᠦᠭᠡᠢ ᠠᠰᠠᠭᠤᠳᠠᠯ᠎ᠢ ᠰᠢᠢ᠍ᠳᠪᠦᠷᠢᠯᠡᠬᠦ᠎ᠳᠤ ᠪᠠᠶ᠋ᠢᠨ᠎ᠠ᠂ ᠴᠢᠨᠠᠷᠵᠢᠭᠤᠨ ᠰᠤᠷᠭ᠋ᠠᠭᠤᠯᠢ᠎ᠨᠢ ᠠᠨᠠᠶ᠋ᠢᠬᠠᠨ ᠰᠤᠷᠭ᠋ᠠᠭᠤᠯᠢ᠎ᠪᠠᠨ ᠳᠠᠭ᠋ᠠᠭᠤᠯᠬᠤ ᠂ ᠬᠤᠲᠠ ᠬᠥᠳᠡᠭᠡ ᠰᠢᠰᠲ᠋ᠧᠮ ᠵᠶ᠋ᠠᠷ ᠵᠶ᠋ᠠᠨ ᠲᠤᠰᠠᠯᠠᠬᠤ᠂ ᠪᠦᠯᠦᠭᠯᠡᠯᠵᠢᠭᠦᠯᠦᠨ ᠰᠤᠷᠭ᠋ᠠᠭᠤᠯᠢ ᠡᠷᠬᠢᠯᠡᠬᠦ ᠵᠡᠷᠭᠡ ᠲᠣᠭᠲᠠᠴᠠ᠎ᠪᠠᠷ ᠳᠠᠮᠵᠢᠭᠤᠯᠤᠨ ᠂ ᠬᠤᠲᠠ ᠬᠥᠳᠡᠭᠡ ᠂ ᠣᠷᠣᠨ ᠪᠦᠰᠡ ᠂ ᠰᠤᠷᠭ᠋ᠠᠭᠤᠯᠢ ᠵᠢᠨ ᠬᠤᠭᠤᠷᠣᠨᠳᠤ᠂ ᠪᠦᠯᠬᠦᠮ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠬᠤᠭᠤᠷᠤᠨᠳᠤᠬᠢ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠨ᠎ᠠ᠃ ᠢᠯᠠᠩᠭᠤᠶ᠎ᠠ ᠤᠤᠯ᠎ᠨᠢ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠶ᠋ᠢᠭᠰᠠᠨ ᠰᠤᠷᠭ᠋ᠠᠭᠤᠯᠢ᠎ᠨᠤᠭᠤᠳ᠎ᠢ ᠴᠢᠨᠠᠷᠯᠢᠭ ᠡᠩ᠎ᠤᠨ ᠰᠤᠷᠭ᠋ᠠᠭᠤᠯᠢᠨᠤᠭᠤᠳᠯᠤᠭᠠ ᠬᠤᠣᠰᠯᠠᠯ ᠪᠣᠯᠭ᠋ᠠᠵᠤ ᠬᠠᠮᠲᠤ᠎ᠪᠠᠷ ᠪᠦᠲᠦᠭᠡᠨ ᠪᠠᠶ᠋ᠢᠭᠤᠯᠬᠤ᠎ᠪᠠᠨ ᠭᠦᠨᠵᠡᠭᠡᠶ᠋ᠢᠷᠡᠭᠦᠯᠵᠦ᠂ ᠰᠤᠷᠭ᠋ᠠᠨ ᠬᠥᠮᠦᠵᠢᠯ᠎ᠤᠨ ᠬᠢᠷᠢ ᠲᠦᠪᠰᠢᠨ᠎ᠢ ᠳᠠᠶ᠋ᠢᠴᠢᠯᠠᠨ ᠲᠡᠬᠡᠭᠰᠢᠯᠡᠬᠦᠯᠦᠨ᠎ᠡ᠃ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠨᠢ ᠣᠨᠴᠠᠯᠢᠬ᠍ᠵᠢᠭᠤᠯᠤᠨ ᠣᠯᠠᠨ ᠶᠠᠩᠵᠤᠴᠢᠯᠠᠨ ᠰᠤᠷᠭ᠋ᠠᠭᠤᠯᠢ ᠡᠷᠬᠢᠯᠡᠬᠦ ᠵᠢ ᠳᠣᠪᠦ᠋ᠢ᠍ᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠢᠭᠡ ᠪᠦᠯᠦᠭ ᠵᠢᠱ᠌ᠢᠶ᠎ᠡ ᠦᠵᠡᠭᠦᠯᠬᠦ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠂ ᠰᠢᠶᠠᠨ᠎ᠤ ᠬᠡᠪᠴᠢᠶᠡᠨ᠎ᠤ ᠨᠢᠭᠡ ᠪᠦᠯᠦᠭ ᠴᠢᠨᠠᠷᠯᠢᠭ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠂ ᠨᠢᠭᠡ ᠪᠦᠯᠦᠭ ᠣᠨᠴᠠᠯᠢᠭᠲᠤ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠲᠦᠷᠦᠯ ᠬᠤᠪᠢᠶᠠᠨ ᠪᠦᠲᠦᠭᠡᠨ ᠪᠠᠶ᠋ᠢᠭᠤᠯᠵᠤ᠂ ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠤᠨ᠎ᠠ᠃ ᠰᠠᠭ᠋ᠠᠳ ᠦᠭᠡᠢ ᠨᠡᠪᠲᠡᠷᠡᠬᠦ ᠵᠠᠮ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠯᠡᠵᠦ᠂ ᠨᠡᠩ ᠣᠯᠠᠨ ᠰᠠᠶ᠋ᠢᠨ ᠪᠠᠭᠰᠢ ᠂ ᠰᠠᠶ᠋ᠢᠨ ᠵᠠᠬᠢᠷᠤᠯ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠵᠦ᠂ ᠣᠨᠴᠠᠭ᠋ᠠᠶ᠋ᠢᠯᠠᠨ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠲᠠᠪᠴᠠᠩ᠎ᠢ ᠰᠠᠶ᠋ᠢᠲᠤᠷ ᠠᠰᠢᠭᠯᠠᠵᠤ ᠪᠠᠶ᠋ᠢᠭ᠋ᠠᠳ ᠨᠡᠩ ᠣᠯᠠᠨ ᠪᠡᠭᠡᠵᠢᠩ᠎ᠤᠨ ᠪᠠᠭᠰᠢ ᠨᠠᠷ᠎ᠢ ᠲᠠᠲᠠᠵᠤ ᠥᠪᠥᠷ ᠮᠣᠩᠭᠤᠯ᠎ᠳᠤ ᠢᠷᠡᠵᠦ ᠠᠵᠢᠯᠯᠠᠭᠤᠯᠤᠨ᠎ᠠ ᠃ ᠬᠤᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠢ ᠰᠠᠶ᠋ᠢᠲᠤᠷ ᠬᠢᠵᠦ ᠂ ᠵᠠᠯᠠᠭᠤᠴᠤᠳ ᠪᠠᠭ᠋ᠠᠴᠤᠳ᠎ᠤᠨ ᠶᠣᠰᠣ ᠮᠣᠷᠠᠯ ᠣᠶᠤᠨ ᠮᠡᠳᠡᠯᠭᠡ ᠪᠡᠶ᠎ᠡ ᠮᠠᠬᠠᠪᠤᠳ ᠭᠤᠸ᠎ᠠ ᠰᠠᠶ᠋ᠢᠬᠠᠨ ᠬᠥᠳᠡᠯᠮᠦᠷᠢ ᠵᠢᠨ ᠪᠦᠬᠦ ᠲᠠᠯ᠎ᠠ ᠵᠢᠨ ᠬᠥᠭᠵᠢᠯᠲᠡ᠎ᠳᠤ ᠬᠦᠴᠦᠨ ᠨᠡᠮᠡᠷᠢᠯᠡᠨ᠎ᠡ ᠃
ᠣᠯᠠᠨ ᠲᠦᠮᠡᠨ᠎ᠢ ᠭᠡᠷ᠎ᠤᠨ ᠵᠶ᠋ᠠᠨ ᠣᠶ᠋ᠢᠷ᠎ᠠ ᠬᠠᠪᠢ᠎ᠳᠤ ᠡᠪᠡᠳᠴᠢᠨ ᠡᠮᠭᠡᠭ ᠵᠶ᠋ᠠᠨ ᠰᠠᠶ᠋ᠢᠲᠤᠷ ᠡᠮᠨᠡᠭᠦᠯᠵᠦ ᠳᠡᠶ᠋ᠢᠯᠬᠦ ᠪᠣᠯᠭ᠋ᠠᠨ᠎ᠠ ᠃ ᠴᠢᠨᠠᠷᠯᠢᠭ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ᠎ᠨᠢ ᠥᠷᠭᠡᠵᠢᠭᠦᠯᠦᠨ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠵᠤ ᠂ ᠪᠡᠭᠡᠵᠢᠩ ᠶᠡᠭᠡ ᠰᠤᠷᠭ᠋ᠠᠭᠤᠯᠢ ᠵᠢᠨ ᠬᠠᠪᠤᠳᠠᠷ᠎ᠤᠨ ᠡᠮᠨᠡᠯᠭᠡ ᠵᠢᠨ ᠬᠤᠷᠢᠶ᠎ᠠ ᠂ ᠪᠡᠭᠡᠵᠢᠩ᠎ᠤᠨ ᠨᠥᠬᠦᠷᠯᠡᠯ ᠡᠮᠨᠡᠯᠭᠡ ᠵᠢᠨ ᠬᠤᠷᠢᠶ᠎ᠠ ᠂ ᠪᠡᠭᠡᠵᠢᠩ᠎ᠤᠨ ᠰᠢᠤᠸᠠᠨ ᠦ᠋ ᠡᠮᠨᠡᠯᠭᠡ ᠵᠢᠨ ᠬᠤᠷᠢᠶ᠎ᠠ ᠂ ᠪᠡᠭᠡᠵᠢᠩ᠎ᠤᠨ ᠬᠢᠲᠠᠳ ᠡᠮᠨᠡᠯᠭᠡ ᠵᠢᠨ ᠬᠤᠷᠢᠶᠠᠨ᠎ᠤ ᠥᠪᠥᠷ ᠮᠣᠩᠭᠤᠯ᠎ᠳᠠᠬᠢ ᠡᠮᠨᠡᠯᠬᠡ ᠵᠢᠨ ᠬᠤᠷᠢᠶ᠎ᠠ ᠵᠡᠷᠭᠡ ᠤᠯᠤᠰ᠎ᠤᠨ ᠣᠷᠣᠨ ᠪᠦᠰᠡ ᠵᠢᠨ 4 ᠡᠮᠴᠢᠯᠡᠭᠡᠨ᠎ᠤ ᠲᠥᠪ᠎ᠢ ᠰᠠᠶ᠋ᠢᠲᠤᠷ ᠪᠦᠲᠦᠭᠡᠨ ᠪᠠᠶ᠋ᠢᠭᠤᠯᠤᠨ ᠰᠠᠶ᠋ᠢᠲᠤᠷ ᠡᠵᠡᠩᠨᠡᠨ ᠠᠵᠢᠯᠯᠠᠭᠤᠯᠵᠤ ᠂ ᠨᠢᠭᠲᠠ ᠬᠡᠯᠪᠡᠷᠢ ᠪᠦᠬᠦᠢ ᠬᠤᠲᠠ ᠵᠢᠨ ᠡᠮᠴᠢᠯᠡᠭᠡᠨ᠎ᠤ ᠪᠦᠯᠦᠭᠯᠡᠯ ᠪᠠ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ ᠵᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠵᠤ ᠂ ᠨᠢᠭᠡ ᠪᠦᠯᠦᠭ ᠣᠨᠴᠠᠯᠢᠭ᠎ᠲᠠᠢ ᠭᠤᠣᠯᠳᠠᠯᠭ᠎ᠠ ᠪᠣᠯᠬᠤ ᠲᠤᠰᠬᠠᠢ ᠰᠠᠯᠠᠭ᠎ᠠ ᠵᠢ ᠴᠣᠭᠴᠠᠯᠠᠨ᠎ᠠ ᠃ ᠡᠮᠴᠢᠯᠡᠭᠡ᠂ ᠡᠮᠴᠢᠯᠡᠭᠡᠨ᠎ᠤ ᠳᠠᠭ᠋ᠠᠳᠬᠠᠯ ᠂ ᠡᠮ ᠡᠮᠨᠡᠯᠭᠡ ᠵᠢᠨ ᠵᠣᠬᠢᠴᠠᠯᠳᠤᠭᠰᠠᠨ ᠬᠥᠭᠵᠢᠯᠲᠡ ᠪᠠ ᠵᠠᠰᠠᠯᠲᠠ ᠵᠢ ᠠᠬᠢᠭᠤᠯᠵᠤ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠲᠥᠯᠥᠪᠯᠡᠬᠦ ᠵᠢ ᠯᠠᠪᠳᠠᠭᠤᠨ ᠠᠬᠢᠭᠤᠯᠤᠨ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ᠎ᠳᠤ ᠪᠠᠶ᠋ᠢᠩᠭᠤᠰᠢᠭᠰᠠᠨ ᠬᠢᠨᠠᠯᠲᠠ ᠬᠠᠮᠢᠶᠠᠷᠤᠯᠲᠠ ᠬᠢᠬᠦ᠎ᠪᠠᠨ ᠴᠢᠩᠭ᠋ᠠᠷᠠᠭᠤᠯᠵᠤ ᠂ ᠠᠷᠠᠳ ᠲᠦᠮᠡᠨ᠎ᠤ ᠡᠮᠨᠡᠭᠦᠯᠵᠦ ᠵᠠᠰᠠᠭᠤᠯᠬᠤ ᠵᠣᠭᠤᠰ᠎ᠢ᠎ᠨᠢ ᠰᠠᠶ᠋ᠢᠲᠤᠷ ᠬᠠᠮᠠᠭ᠋ᠠᠯᠠᠨ᠎ᠠ ᠃ ᠬᠢᠲᠠᠳ ᠮᠣᠩᠭᠤᠯ ᠡᠮ ᠡᠮᠨᠡᠯᠭᠡ ᠵᠢᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ ᠂ ᠠᠷᠠᠳ᠎ᠲᠤ ᠳᠦᠭᠦᠮ ᠦᠵᠡᠭᠦᠯᠬᠦ ᠨᠡᠩ ᠣᠯᠠᠨ ᠬᠢᠲᠠᠳ ᠡᠮᠨᠡᠯᠭᠡ ᠵᠢᠨ ᠣᠷᠳᠣᠨ ᠂ ᠮᠣᠩᠭᠤᠯ ᠡᠮᠨᠡᠯᠭᠡ ᠵᠢᠨ ᠣᠷᠳᠣᠨ᠎ᠢ ᠪᠠᠶ᠋ᠢᠭᠤᠯᠤᠨ ᠂ ᠣᠯᠠᠨ ᠲᠦᠮᠡᠨ᠎ᠤ ᠡᠮᠨᠡᠭᠦᠯᠵᠦ ᠰᠤᠪᠢᠯᠠᠭᠤᠯᠬᠤ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ ᠃
(ᠠᠷᠪᠠᠨ ᠨᠢᠭᠡ) ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠯᠡᠵᠦ ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ᠎ᠤ ᠬᠠᠯᠬᠠᠪᠴᠢ ᠵᠢ ᠡᠷᠡᠰ ᠪᠠᠬᠢᠵᠢᠭᠦᠯᠦᠨ᠎ᠡ ᠃ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ᠎ᠢ ᠰᠠᠶ᠋ᠢᠲᠤᠷ ᠬᠠᠮᠠᠭ᠋ᠠᠯᠠᠬᠤ ᠪᠣᠯ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠪᠣᠯᠣᠨ᠎ᠠ ᠂ ᠪᠢᠳᠡ ᠡᠭᠦᠷᠭᠡ ᠬᠠᠷᠢᠭᠤᠴᠠᠯᠭ᠎ᠠ᠎ᠳᠤ᠎ᠪᠠᠨ ᠣᠰᠣᠯᠳᠠᠬᠤ ᠦᠭᠡᠢ᠎ᠪᠠᠷ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ ᠃
ᠠᠶᠤᠯ ᠦᠭᠡᠢ ᠦᠢ᠍ᠯᠡᠳᠪᠦᠷᠢᠯᠡᠯ᠎ᠤᠨ ᠬᠤᠷᠢᠭ᠎ᠠ ᠱᠤᠭᠤᠮ᠎ᠢ ᠰᠠᠶ᠋ᠢᠲᠤᠷ ᠰᠠᠬᠢᠨ᠎ᠠ ᠃ ᠰᠡᠷᠭᠡᠶ᠋ᠢᠯᠡᠯᠲᠡ ᠵᠢ ᠴᠢᠬᠤᠯᠠᠴᠢᠯᠠᠬᠤ ᠂ ᠰᠠᠭᠤᠷᠢ ᠵᠢ ᠪᠠᠬᠢᠵᠢᠭᠦᠯᠬᠦ ᠂ ᠬᠢᠨᠠᠯᠲᠠ ᠬᠠᠮᠢᠶᠠᠷᠤᠯᠲᠠ ᠵᠢ ᠴᠢᠩᠳᠠᠯᠠᠬᠤ ᠂ ᠴᠢᠳᠠᠪᠤᠷᠢ ᠵᠢ ᠳᠡᠭᠡᠭᠰᠢᠯᠡᠭᠦᠯᠬᠦ ᠳᠦᠷᠪᠡᠨ ᠵᠠᠩᠭᠢᠯᠠᠭ᠎ᠠ ᠵᠢ ᠰᠤᠯᠠᠷᠠᠭᠤᠯᠤᠯ ᠦᠭᠡᠢ ᠴᠢᠩᠭ᠎ᠠ ᠠᠳᠬᠤᠨ ᠂ ᠠᠶᠤᠯ ᠦᠭᠡᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠋ᠠᠨ᠎ᠢ ᠭᠦᠨᠵᠡᠭᠡᠶ᠋ᠢᠷᠡᠭᠦᠯᠵᠦ ᠂ ᠠᠶᠤᠯ ᠦᠭᠡᠢ ᠦᠢ᠍ᠯᠡᠳᠪᠦᠷᠢᠯᠡᠯ ᠪᠠ ᠪᠠᠶ᠋ᠢᠭ᠋ᠠᠯᠢ ᠵᠢᠨ ᠭᠠᠢ ᠭᠠᠮᠰᠢᠭ᠎ᠤᠨ ᠲᠦᠭᠰᠢᠭᠦᠷᠢ ᠵᠢᠨ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠂ ᠠᠭᠤᠷᠬᠠᠢ ᠂ ᠠᠶᠤᠯᠲᠠᠢ ᠬᠢᠮᠢ ᠵᠢᠨ ᠪᠣᠳᠠᠰ ᠂ ᠬᠤᠲᠠ ᠪᠠᠯᠭ᠋ᠠᠰᠤᠨ᠎ᠤ ᠰᠢᠲᠠᠮᠠᠬᠠᠢ ᠬᠡᠢ ᠂ ᠴᠠᠬᠢᠯᠭ᠋ᠠᠨ ᠬᠦᠳᠡᠯᠭᠡᠭᠦᠷᠲᠦ ᠳᠤᠭᠤᠢ ᠲᠡᠷᠭᠡ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠠᠰᠠᠭᠤᠳᠠᠯ᠎ᠤᠳ᠎ᠢ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠎ᠠ ᠠᠳᠬᠤᠵᠤ ᠂ ᠬᠦᠨᠳᠦ ᠶᠡᠭᠡ ᠠᠳᠡᠯ᠎ᠤᠨ ᠭᠡᠮ ᠰᠣᠭᠤᠭ᠎ᠢ ᠬᠥᠳᠡᠯᠦᠩᠭᠦᠢ᠎ᠪᠠᠷ ᠠᠷᠢᠯᠭ᠋ᠠᠵᠤ ᠂ ᠠᠮᠤᠷ ᠲᠦᠪᠰᠢᠨ᠎ᠤ ᠬᠦᠨᠳᠦ ᠶᠡᠭᠡ ᠠᠳᠡᠯ ᠡᠭᠦᠰᠬᠦ ᠵᠢ ᠬᠠᠮᠤᠭ᠎ᠤᠨ ᠶᠡᠭᠡ᠎ᠪᠠᠷ ᠴᠢᠷᠮᠠᠶ᠋ᠢᠵᠤ ᠰᠡᠷᠭᠡᠶ᠋ᠢᠯᠡᠨ᠎ᠡ ᠃ ᠶᠡᠭᠡ ᠬᠢᠩᠭ᠋ᠠᠨ ᠳᠠᠪᠠᠭ᠋ᠠᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠵᠢᠱ᠌ᠢᠶ᠎ᠡ ᠦᠵᠡᠭᠦᠯᠬᠦ ᠲᠣᠭᠤᠷᠢᠭ᠎ᠢ ᠪᠦᠲᠦᠭᠡᠨ ᠪᠠᠶ᠋ᠢᠭᠤᠯᠤᠨ᠎ᠠ ᠃ ᠢᠳᠡᠭᠡᠨ ᠪᠠ ᠡᠮ᠎ᠤᠨ ᠵᠦᠢ᠍ᠯ᠎ᠳᠠᠬᠢ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ ᠂ ᠣᠯᠠᠨ ᠲᠦᠮᠡᠨ᠎ᠤ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠢ ᠰᠠᠶ᠋ᠢᠲᠤᠷ ᠪᠠᠲᠤᠯᠠᠨ᠎ᠠ ᠃
ᠭᠤᠣᠯᠳᠠᠯᠭ᠎ᠠ ᠪᠣᠯᠬᠤ ᠬᠦᠷᠢᠶ᠎ᠡ ᠴᠠᠷᠠᠭ᠋ᠠᠨ᠎ᠳᠠᠬᠢ ᠲᠦᠭᠰᠢᠭᠦᠷᠢ ᠵᠢᠨ ᠬᠤᠷᠢᠭ᠎ᠠ ᠱᠤᠭᠤᠮ᠎ᠢ ᠰᠠᠶ᠋ᠢᠲᠤᠷ ᠰᠠᠬᠢᠨ᠎ᠠ ᠃ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠬᠤ ᠡᠭᠦᠷᠭᠡ ᠮᠥᠨ ᠯᠡ ᠬᠦᠨᠳᠦ ᠨᠦᠰᠡᠷ ᠪᠠᠶ᠋ᠢᠵᠤ᠂ ᠡᠨᠡ ᠵᠢᠯ᠎ᠤᠨ ᠬᠠᠷᠠᠯᠲᠠ᠎ᠪᠠᠨ ᠡᠷᠡᠰ ᠭᠤᠶ᠋ᠢᠪᠢᠰᠢ ᠦᠭᠡᠢ ᠪᠡᠶᠡᠯᠡᠭᠦᠯᠦᠨ ᠂ ᠳᠠᠯᠳᠠ ᠥᠷᠢ ᠥᠭᠴᠡᠭᠡ ᠵᠢ ᠰᠢᠨ᠎ᠡ᠎ᠪᠠᠷ ᠨᠡᠮᠡᠭᠳᠡᠭᠦᠯᠵᠦ ᠣᠭᠲᠤ ᠪᠣᠯᠬᠤ ᠦᠭᠡᠢ ᠃ ᠵᠢᠭᠡᠯᠡᠯᠭᠡ ᠵᠢᠨ ᠲᠡᠮᠳᠡᠭᠲᠦ ᠰᠣᠯᠢᠬᠤ ᠲᠦᠷᠦ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠵᠦ ᠂ 《ᠳᠦᠷᠪᠡᠨ ᠨᠢᠭᠡ ᠪᠦᠯᠦᠭ 》 ᠠᠷᠭ᠎ᠠ ᠪᠠᠷᠢᠯ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ ᠦᠨᠳᠦᠰᠦᠨ ᠱᠠᠲᠤᠨ᠎ᠤ ᠥᠷᠢ ᠥᠭᠴᠡᠭᠡ ᠵᠢ ᠠᠷᠢᠯᠭ᠋ᠠᠬᠤ᠎ᠳᠤ ᠳᠡᠮᠵᠢᠯᠭᠡ ᠦᠵᠡᠭᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠡᠯᠡ ᠲᠣᠬᠢᠷᠠᠭᠤᠯᠬᠤ ᠲᠠᠪᠴᠠᠩ᠎ᠤᠨ ᠲᠤᠭ᠎ᠠ ᠬᠡᠮᠵᠢᠶ᠎ᠡ ᠵᠢ ᠬᠠᠰᠤᠵᠤ ᠪᠠᠭᠤᠷᠠᠭᠤᠯᠤᠨ ᠂ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ 》 ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ ᠂ ᠦᠨᠳᠦᠰᠦᠨ ᠱᠠᠲᠤᠨ᠎ᠤ ᠡᠳ᠋᠎ᠤᠨ ᠵᠠᠰᠠᠭ᠎ᠤᠨ ᠲᠣᠭᠲᠠᠭᠤᠨ ᠠᠵᠢᠯᠯᠠᠭ᠋ᠠᠨ᠎ᠢ ᠪᠠᠲᠤᠯᠠᠨ᠎ᠠ ᠃ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠯᠠᠪᠳᠠᠭᠤᠨ ᠰᠢᠢ᠍ᠳᠪᠦᠷᠢᠯᠡᠵᠦ ᠂ ᠣᠷᠣᠨ ᠨᠤᠲᠤᠭ᠎ᠤᠨ ᠲᠦᠭᠰᠢᠭᠦᠷᠢ ᠶᠡᠬᠡᠲᠡᠢ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠲᠦᠭᠰᠢᠭᠦᠷᠢ ᠶᠡᠬᠡᠲᠡᠢ ᠵᠡᠷᠭᠡ ᠲᠡᠰ᠎ᠠᠴᠠ ᠪᠤᠴᠠᠵᠤ ᠭᠠᠷᠬᠤ ᠵᠢ᠎ᠨᠢ ᠠᠬᠢᠭᠤᠯᠤᠨ ᠂ 《ᠳᠡᠯᠪᠡᠷᠡᠭᠡᠨ ᠬᠡᠷᠡᠭ 》 ᠡᠭᠦᠰᠬᠦ᠎ᠠᠴᠠ ᠡᠷᠡᠰ ᠰᠡᠷᠭᠡᠶ᠋ᠢᠯᠡᠨ᠎ᠡ ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠵᠢ ᠵᠣᠭᠰᠣᠭ᠋ᠠᠨ ᠲᠣᠭᠲᠠᠭᠤᠨ ᠪᠣᠯᠭ᠋ᠠᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠲᠦᠭᠰᠢᠭᠦᠷᠢ ᠵᠢ ᠯᠠᠪᠳᠠᠭᠤᠨ ᠵᠶ᠋ᠠᠷ ᠠᠷᠢᠯᠭ᠋ᠠᠵᠤ ᠂ ᠴᠠᠭ᠎ᠲᠤ᠎ᠪᠠᠨ ᠪᠠᠲᠤᠯᠠᠨ ᠲᠤᠰᠢᠶᠠᠬᠤ ᠠᠰᠠᠷ ᠂ ᠴᠠᠭ᠎ᠲᠤ᠎ᠪᠠᠨ ᠪᠠᠲᠤᠯᠠᠨ ᠲᠤᠰᠢᠶᠠᠬᠤ ᠭᠡᠷ ᠪᠠᠶ᠋ᠢᠰᠢᠩ᠎ᠤᠨ ᠡᠭᠦᠷᠭᠡ᠎ᠪᠠᠨ ᠰᠠᠶ᠋ᠢᠲᠤᠷ ᠪᠡᠶᠡᠯᠡᠭᠦᠯᠦᠨ᠎ᠡ ᠃
ᠨᠡᠶ᠋ᠢᠭᠡᠮ᠎ᠤᠨ ᠲᠣᠭᠲᠠᠭᠤᠨ᠎ᠤ ᠬᠤᠷᠢᠭ᠎ᠠ ᠱᠤᠭᠤᠮ᠎ᠢ ᠰᠠᠶ᠋ᠢᠲᠤᠷ ᠰᠠᠬᠢᠨ᠎ᠠ᠃ ᠰᠢᠨ᠎ᠡ ᠴᠠᠭ ᠦᠶ᠎ᠡ ᠵᠢᠨ 《ᠹᠧᠩ ᠴᠢᠶᠤᠣ ᠵᠢᠨ ᠲᠤᠷᠰᠢᠯᠭ᠎ᠠ》 ᠵᠢ ᠪᠠᠷᠢᠮᠲᠠᠯᠠᠬᠤ ᠪᠠ ᠬᠥᠭᠵᠢᠭᠦᠯᠵᠦ ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢ ᠥᠷᠨᠢᠭᠦᠯᠵᠦ ᠂ ᠲᠠᠪᠤᠨ ᠱᠠᠲᠤ ᠵᠢ ᠨᠡᠪᠲᠡᠷᠡᠭᠦᠯᠦᠭᠰᠡᠨ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠲᠣᠭᠲᠠᠯᠴᠠᠭ᠎ᠠ ᠵᠢ ᠪᠦᠷᠢᠨᠰᠢᠭᠦᠯᠦᠨ ᠂ 《ᠬᠤᠶᠠᠷ ᠲᠥᠯᠥᠭᠡᠯᠡᠭᠴᠢ ᠨᠢᠭᠡ ᠭᠡᠰᠢᠭᠦᠨ 》᠎ᠤ ᠬᠠᠯᠠᠮᠰᠢᠯ ᠤᠲᠠᠰᠤ 12345᠎ᠪᠠᠷ ᠶᠠᠷᠰᠢᠭ ᠲᠦᠪᠡᠭᠲᠡᠢ ᠠᠵᠢᠯ᠎ᠤᠨ ᠲᠣᠳᠣᠷᠬᠠᠢ ᠬᠠᠭᠤᠳᠠᠰᠤ ᠵᠢᠨ ᠰᠢᠮᠳᠠᠭᠤᠯᠤᠨ ᠭᠦᠢ᠍ᠴᠡᠳᠬᠡᠯᠭᠡᠬᠦ ᠪᠠ ᠪᠤᠴᠠᠵᠤ ᠪᠠᠶ᠋ᠢᠴᠠᠭ᠋ᠠᠬᠤ ᠲᠣᠭᠲᠠᠴᠠ ᠵᠢ ᠪᠦᠬᠦ ᠲᠠᠯ᠎ᠠ᠎ᠪᠠᠷ ᠳᠡᠯᠭᠡᠷᠡᠭᠦᠯᠦᠨ᠎ᠡ᠃ ᠵᠥᠷᠢᠴᠡᠯ ᠲᠦᠭᠰᠢᠭᠦᠷᠢ ᠵᠢ ᠠᠷᠢᠯᠭ᠋ᠠᠵᠤ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠲᠤᠰᠬᠠᠢ ᠠᠵᠢᠯᠯᠠᠭ᠋ᠠᠨ᠎ᠢ ᠥᠷᠨᠢᠭᠦᠯᠦᠨ᠂ ᠣᠯᠠᠨ ᠲᠦᠮᠡᠨ᠎ᠤ ᠭᠤᠮᠣᠳᠠᠯ ᠲᠣᠭ᠋ᠠᠴᠢᠯᠲᠠ ᠵᠢ ᠴᠠᠭ ᠲᠤᠬᠠᠢᠳᠤᠨᠢ ᠰᠢᠢ᠍ᠳᠪᠦᠷᠢᠯᠡᠵᠦ ᠂ ᠡᠯ᠎ᠡ ᠵᠦᠢ᠍ᠯ᠎ᠤᠨ ᠲᠣᠭᠲᠠᠩᠭᠤᠢ ᠪᠤᠰᠤ ᠬᠦᠴᠦᠨ ᠵᠦᠢ᠍ᠯ᠎ᠢ ᠡᠬᠢ ᠡᠭᠦᠰᠦᠯ᠎ᠳᠤᠨᠢ ᠠᠷᠢᠯᠭ᠋ᠠᠵᠤ᠂ ᠬᠤᠪᠢ ᠬᠥᠮᠥᠨ᠎ᠤ ᠬᠡᠲᠦᠷᠡᠮᠡᠬᠡᠢ ᠬᠡᠷᠡᠭ᠂ ᠪᠦᠯᠦᠭᠴᠢ ᠬᠡᠷᠡᠭ ᠡᠭᠦᠰᠬᠦ᠎ᠠᠴᠠ ᠴᠢᠩᠭ᠎ᠠ ᠰᠡᠷᠭᠡᠶ᠋ᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠶ᠋ᠢᠩᠭᠤ ᠵᠢᠨ ᠴᠢᠨᠠᠷᠲᠠᠢ ᠠᠬᠢᠭᠤᠯᠵᠤ᠂ ᠬᠠᠤᠯᠢ᠎ᠠᠴᠠ ᠵᠥᠷᠢᠴᠡᠭᠰᠡᠨ ᠡᠯ᠎ᠡ ᠲᠦᠷᠦᠯ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠡᠶ᠋ᠢᠭᠡᠮ᠎ᠤᠨ ᠶᠡᠭᠡ ᠪᠠᠶ᠋ᠢᠳᠠᠯ᠎ᠤᠨ ᠡᠶ᠎ᠡ ᠵᠣᠬᠢᠴᠠᠯ ᠠᠮᠤᠷ ᠲᠣᠭᠲᠠᠭᠤᠨ᠎ᠢ ᠦᠨᠡᠨ ᠬᠦ᠌ ᠬᠠᠮᠠᠭ᠋ᠠᠯᠠᠨ᠎ᠠ ᠃
ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠪᠣᠯ ᠶᠡᠷᠦ᠎ᠠᠴᠠ᠎ᠪᠠᠨ ᠨᠠᠮ᠎ᠤᠨ ᠲᠥᠪ ᠬᠤᠷᠢᠶᠠᠨ᠎ᠤ ᠬᠠᠯᠠᠮᠵᠢᠯᠠᠨ ᠰᠠᠨᠠᠭ᠋ᠠᠰᠢᠷᠠᠭᠰᠠᠭ᠋ᠠᠷ ᠢᠷᠡᠭᠰᠡᠨ ᠭᠠᠵᠠᠷ ᠶᠤᠮ ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ᠎ᠢ ᠬᠥᠭᠵᠢᠭᠦᠯᠦᠨ ᠬᠢᠯᠢ ᠵᠢᠨ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠢ ᠭᠦᠨᠵᠡᠭᠡᠢ ᠠᠬᠢᠭᠤᠯᠤᠨ ᠂ ᠬᠢᠯᠢ ᠬᠢᠵᠠᠭ᠋ᠠᠷ᠎ᠤᠨ ᠲᠥᠪ ᠪᠠᠯᠭ᠋ᠠᠰᠤ ᠵᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠵᠦ ᠂ ᠤᠰᠤ ᠴᠠᠬᠢᠯᠭ᠋ᠠᠨ ᠬᠡᠷᠡᠭᠯᠡᠬᠦ ᠂ ᠴᠡᠪᠡᠷ ᠡᠨᠧᠷᠭᠢ ᠠᠰᠢᠭᠯᠠᠬᠤ ᠂ ᠲᠤᠰᠬᠤᠨ᠎ᠤ ᠳᠦᠷᠢ ᠲᠥᠷᠬᠦ ᠵᠢ ᠰᠠᠶ᠋ᠢᠵᠢᠷᠠᠭᠤᠯᠬᠤ ᠵᠡᠷᠭᠡ ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠲᠦᠷᠭᠡᠳᠬᠡᠨ ᠨᠥᠬᠦᠪᠦᠷᠢᠯᠡᠵᠦ᠂ ᠬᠢᠯᠢ ᠵᠢᠨ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ᠎ᠨᠢ ᠤᠯᠠᠮ ᠨᠢᠭᠡ ᠠᠯᠬᠤᠮ ᠰᠠᠶ᠋ᠢᠵᠢᠷᠠᠭᠤᠯᠵᠤ᠂ ᠬᠢᠯᠢ ᠬᠢᠵᠠᠭ᠋ᠠᠷ᠎ᠤᠨ ᠠᠷᠠᠳ ᠲᠦᠮᠡᠨ᠎ᠢ ᠠᠮᠤᠷ ᠠᠮᠤᠭᠤᠯᠠᠩ ᠠᠵᠤ ᠲᠦᠷᠦᠭᠦᠯᠵᠥ᠂ ᠬᠢᠯᠢ ᠬᠢᠵᠠᠭ᠋ᠠᠷ ᠵᠶ᠋ᠠᠨ ᠰᠡᠳᠬᠢᠯ ᠲᠣᠭᠲᠠᠭᠤᠨ ᠰᠠᠬᠢᠨ ᠬᠠᠮᠠᠭ᠋ᠠᠯᠠᠭᠤᠯᠤᠨ᠎ᠠ᠃ ᠰᠢᠨ᠎ᠡ ᠴᠠᠭ ᠦᠶ᠎ᠡ ᠵᠢᠨ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠠᠬᠢᠵᠢᠭᠦᠯᠦᠨ ᠬᠥᠭᠵᠢᠭᠦᠯᠵᠦ ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠪᠦᠲᠦᠭᠡᠨ ᠪᠠᠶ᠋ᠢᠭᠤᠯᠤᠯᠲᠠ᠎ᠳᠤ ᠨᠡᠩ ᠰᠠᠶ᠋ᠢᠲᠤᠷ ᠦᠢ᠍ᠯᠡᠴᠢᠯᠡᠵᠦ ᠂ ᠤᠯᠤᠰ ᠵᠶ᠋ᠠᠨ ᠬᠠᠮᠠᠭ᠋ᠠᠯᠠᠵᠤ ᠬᠢᠯᠢ ᠬᠢᠵᠠᠭ᠋ᠠᠷ ᠵᠶ᠋ᠠᠨ ᠬᠠᠮᠠᠭ᠋ᠠᠯᠠᠬᠤ ᠪᠦᠬᠦᠯᠢ ᠴᠣᠭᠴᠠ ᠵᠢᠨ ᠴᠢᠳᠠᠪᠤᠷᠢ᠎ᠪᠠᠨ ᠲᠡᠬᠡᠭᠰᠢᠯᠡᠬᠦᠯᠦᠨ᠎ᠡ ᠃
ᠲᠥᠯᠥᠭᠡᠯᠡᠭᠴᠢᠳ ᠠ᠋ ! ᠰᠢᠨ᠎ᠡ ᠪᠠᠶ᠋ᠢᠳᠠᠯ ᠰᠢᠨ᠎ᠡ ᠡᠭᠦᠷᠭᠡ ᠵᠢᠨ ᠡᠮᠦᠨ᠎ᠡ ᠂ ᠵᠠᠰᠠᠭ᠎ᠤᠨ ᠣᠷᠳᠣᠨ᠎ᠤ ᠠᠵᠢᠯ᠎ᠳᠤ ᠰᠢᠨ᠎ᠡ ᠠᠬᠢᠯᠲᠠ ᠲᠠᠪᠰᠢᠯᠲᠠ᠎ᠲᠠᠢ ᠪᠣᠯᠭ᠋ᠠᠵᠤ ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠲᠡᠷᠢᠭᠦᠨ ᠴᠢᠬᠤᠯᠠ᠎ᠨᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠬᠦ ᠶᠠᠪᠤᠳᠠᠯ ᠪᠣᠯᠣᠨ᠎ᠠ ᠂ ᠢᠮᠠᠭᠲᠠ ᠨᠠᠮ᠎ᠳᠤ᠎ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶ᠋ᠢᠵᠤ᠂ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠦᠨ᠂ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ ᠪᠠᠷ ᠨᠠᠶ᠋ᠢᠳᠠᠪᠤᠷᠢᠵᠢᠭᠤᠯᠵᠤ ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠋ᠠᠲᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ ᠃ ᠨᠢᠭᠡ ᠰᠡᠳᠬᠢᠯ ᠨᠢᠭᠡ ᠵᠣᠷᠢᠭ ᠵᠶ᠋ᠠᠷ ᠬᠥᠭᠵᠢᠯᠲᠡ ᠵᠢ ᠡᠷᠢᠯᠬᠢᠯᠡᠨ᠎ᠡ ᠂ ᠰᠢᠨ᠎ᠡ ᠵᠠᠮ᠎ᠢ ᠨᠡᠭᠡᠭᠡᠨ ᠳᠤᠮᠳᠠ ᠲᠦᠪᠰᠢᠨ᠎ᠳᠤ ᠳᠠᠪᠰᠢᠬᠤ ᠬᠠᠷᠠᠯᠲᠠ᠎ᠪᠠᠨ ᠣᠨᠢᠯᠠᠵᠤ ᠂ ᠡᠷᠴᠢ ᠵᠣᠷᠢᠭ ᠵᠶ᠋ᠠᠨ ᠬᠥᠪᠴᠢᠯᠡᠨ ᠲᠡᠷᠢᠭᠦᠨ᠎ᠤ᠎ᠬᠢ ᠪᠣᠯᠬᠤ᠎ᠪᠠᠷ ᠡᠷᠡᠯᠬᠡᠭᠯᠡᠨ ᠲᠡᠮᠡᠴᠡᠵᠦ ᠂ ᠮᠠᠨ᠎ᠤ ᠣᠷᠣᠨ᠎ᠤ ᠬᠢᠯᠪᠠᠷ ᠪᠤᠰᠤ᠎ᠪᠠᠷ ᠴᠢᠷᠮᠠᠶ᠋ᠢᠨ ᠣᠯᠣᠭᠰᠠᠨ ᠰᠠᠶ᠋ᠢᠨ ᠪᠠᠶ᠋ᠢᠳᠠᠯ ᠬᠠᠨᠳᠤᠰᠢ᠎ᠪᠠᠨ ᠪᠠᠲᠤᠯᠠᠨ᠎ᠠ ᠃ ᠴᠢᠩ ᠦᠨᠡᠨ ᠰᠡᠳᠬᠢᠯ᠎ᠠᠴᠠ᠎ᠪᠠᠨ ᠬᠦᠴᠢᠷ ᠠᠰᠠᠭᠤᠳᠠᠯ᠎ᠢ ᠰᠢᠢ᠍ᠳᠪᠦᠷᠢᠯᠡᠨ᠎ᠡ ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠵᠦ ᠪᠠᠶ᠋ᠢᠳᠠᠯ᠎ᠢ ᠪᠣᠳᠠᠲᠠᠢ ᠣᠶ᠋ᠢᠯᠠᠭ᠋ᠠᠨ ᠂ ᠠᠰᠠᠭᠤᠳᠠᠯ᠎ᠢ ᠲᠣᠳᠣᠷᠬᠠᠢ ᠣᠶ᠋ᠢᠯᠠᠭ᠋ᠠᠵᠤ ᠂ ᠪᠣᠳᠠᠲᠠᠢ ᠪᠥᠭᠡᠳ ᠴᠢᠩᠭ᠎ᠠ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠣᠯᠠᠨ ᠲᠦᠮᠡᠨ᠎ᠤ ᠵᠣᠪᠠᠨᠢᠵᠤ ᠪᠠᠶ᠋ᠢᠭ᠎ᠠ ᠶᠠᠪᠤᠳᠠᠯ ᠂ ᠠᠵᠤ ᠠᠬᠤᠶ᠋ᠢᠯᠠᠯ᠎ᠤᠨ ᠬᠦᠰᠡᠵᠦ ᠪᠠᠶ᠋ᠢᠭ᠎ᠠ ᠶᠠᠪᠤᠳᠠᠯ ᠂ ᠦᠨᠳᠦᠰᠦᠨ ᠱᠠᠲᠤᠨ᠎ᠤ ᠬᠦᠴᠢᠷᠳᠡᠵᠦ ᠪᠠᠶ᠋ᠢᠭ᠎ᠠ ᠶᠠᠪᠤᠳᠠᠯ᠎ᠢ ᠰᠠᠶ᠋ᠢᠲᠤᠷ ᠰᠢᠢ᠍ᠳᠪᠦᠷᠢᠯᠡᠨ᠎ᠡ ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ᠎ᠪᠠᠷ ᠪᠠᠷᠠᠬᠤ ᠦᠭᠡᠢ ᠪᠠᠰᠠ ᠴᠢᠩᠭ᠎ᠠ ᠠᠳᠬᠤᠨ ᠲᠦᠷᠭᠡᠨ ᠭᠦᠢ᠍ᠴᠡᠳᠬᠡᠨ᠎ᠡ ᠂ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ᠎ᠢ ᠣᠭᠲᠤ ᠬᠢᠬᠦ ᠦᠭᠡᠢ ᠂ ᠬᠠᠤᠯᠢ ᠲᠣᠭᠲᠠᠭ᠋ᠠᠯ᠎ᠳᠤ ᠨᠡᠶ᠋ᠢᠴᠡᠭᠰᠡᠨ ᠤᠷᠢᠳᠠᠯ ᠳᠣᠣᠷ᠎ᠠ ᠵᠠᠰᠠᠭ ᠶᠠᠪᠤᠭᠤᠯᠬᠤ ᠴᠤᠪᠤᠷᠠᠯ ᠵᠶ᠋ᠠᠨ ᠰᠢᠯᠢᠳᠡᠭᠵᠢᠭᠦᠯᠵᠦ ᠂ ᠠᠵᠢᠯ ᠶᠠᠪᠤᠳᠠᠯ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠥᠷᠯᠥᠭᠡ ᠦᠳᠡᠰᠢ ᠦᠭᠡᠢ ᠴᠢᠷᠮᠠᠶ᠋ᠢᠵᠤ ᠡᠯ᠎ᠡ ᠵᠦᠢ᠍ᠯ᠎ᠤᠨ ᠠᠵᠢᠯ ᠵᠶ᠋ᠠᠨ ᠰᠠᠶ᠋ᠢᠲᠤᠷ ᠬᠢᠨ᠎ᠡ ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ ᠂ ᠤᠯᠤᠰ ᠲᠥᠷᠥ ᠵᠢᠨ ᠵᠥᠪᠯᠡᠯᠭᠡᠨ ᠵᠡᠷᠭᠡ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ ᠂ ᠲᠥᠪ᠎ᠤᠨ ᠲᠣᠭᠤᠷᠢᠨ ᠪᠠᠶ᠋ᠢᠴᠠᠭ᠋ᠠᠯᠲᠠ ᠂ ᠬᠠᠷᠢᠭᠤᠴᠠᠯᠭ᠎ᠠ ᠵᠢᠨ ᠬᠢᠨᠠᠨ ᠪᠣᠳᠣᠯᠲᠠ ᠵᠢᠴᠢ ᠡᠯ᠎ᠡ ᠲᠦᠷᠦᠯ᠎ᠤᠨ ᠬᠢᠨᠠᠯᠲᠠ ᠪᠠᠶ᠋ᠢᠴᠠᠭ᠋ᠠᠯᠲᠠ᠎ᠪᠠᠷ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠡᠷᠡ ᠶᠣᠰᠣᠭ᠋ᠠᠷ᠎ᠨᠢ ᠰᠠᠶ᠋ᠢᠲᠤᠷ ᠠᠳᠬᠤᠨ᠎ᠠ᠃ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠪᠣᠯ ᠵᠠᠰᠠᠭ᠎ᠤᠨ ᠣᠷᠳᠣᠨ᠎ᠤ ᠠᠵᠢᠯᠲᠠᠨ ᠨᠢᠭᠡᠪᠦᠷᠢ ᠵᠢᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ ᠪᠣᠯᠣᠨ᠎ᠠ᠂ ᠨᠠᠮ᠎ᠤᠨ ᠡᠯ᠎ᠡ ᠵᠦᠢ᠍ᠯ᠎ᠤᠨ ᠰᠠᠬᠢᠯᠭ᠎ᠠ ᠪᠠᠲᠤ ᠲᠣᠭᠲᠠᠭ᠋ᠠᠯ ᠳᠦᠷᠢᠮ᠎ᠢ ᠴᠢᠩᠭ᠎ᠠ ᠰᠠᠬᠢᠨ᠂ ᠵᠥᠪ ᠣᠨᠣᠪᠴᠢᠲᠠᠢ ᠡᠷᠬᠡ ᠵᠢᠨ ᠦᠵᠡᠯᠲᠡ᠂ ᠵᠠᠰᠠᠭ᠎ᠤᠨ ᠪᠦᠳᠣᠮᠵᠢ ᠵᠢᠨ ᠦᠵᠡᠯᠲᠡ᠂ ᠠᠵᠢᠯ ᠦᠢ᠍ᠯᠡᠰ᠎ᠤᠨ ᠦᠵᠡᠯᠲᠡ᠎ᠪᠠᠨ ᠪᠠᠲᠤ ᠪᠣᠯᠭ᠋ᠠᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢᠨ ᠳᠠᠭ᠋ᠠᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠣᠯᠠᠨ ᠲᠦᠮᠡᠨ᠎ᠤ ᠢᠲᠡᠭᠡᠯ᠎ᠢ ᠶᠠᠭ᠋ᠠᠬᠢᠭᠰᠠᠨ ᠴᠦ᠍ ᠬᠥᠰᠡᠷᠳᠡᠭᠦᠯᠬᠦ ᠦᠭᠡᠢ᠂ ᠵᠣᠬᠢᠶᠠᠨ ᠪᠠᠶ᠋ᠢᠭᠤᠯᠤᠯᠲᠠ ᠵᠢᠨ ᠬᠥᠮᠦᠵᠢᠯ ᠪᠠ ᠬᠦᠨᠳᠦ ᠨᠠᠶ᠋ᠢᠳᠠᠯᠭ᠎ᠠ ᠵᠢ ᠶᠠᠭ᠋ᠠᠬᠢᠭᠰᠠᠨ ᠴᠦ᠍ ᠬᠥᠰᠡᠷᠳᠡᠭᠦᠯᠵᠦ ᠪᠤᠯᠬᠤ ᠦᠭᠡᠢ᠃
ᠲᠥᠯᠥᠭᠡᠯᠡᠭᠴᠢᠳ ᠠ᠋ ! ᠥᠪᠥᠷ ᠮᠣᠩᠭᠤᠯ ᠪᠣᠯ ᠡᠷᠲᠡᠨ᠎ᠠᠴᠠ᠎ᠪᠠᠨ ᠠᠪᠤᠭ᠋ᠠᠳ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠂ ᠠᠳᠡ ᠠᠮᠢᠳᠤᠷᠠᠵᠤ ᠪᠠᠶ᠋ᠢᠭ᠎ᠠ ᠬᠥᠮᠥᠰ ᠴᠡᠴᠡᠭᠡᠢ᠎ᠪᠠᠨ ᠬᠠᠶ᠋ᠢᠷᠠᠯᠠᠬᠤ ᠰᠢᠭ᠋ ᠵᠶ᠋ᠠᠷ ᠦᠨᠳᠦᠰᠦᠲᠡᠨ᠎ᠤ ᠪᠦᠯᠬᠦᠮᠳᠡᠯ᠎ᠢ ᠬᠠᠶ᠋ᠢᠷᠠᠯᠠᠵᠤ᠂ ᠠᠮᠢ ᠨᠠᠰᠤ᠎ᠪᠠᠨ ᠨᠠᠨᠳᠢᠩᠨᠠᠬᠤ ᠰᠢᠭ᠋ ᠵᠶ᠋ᠠᠷ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠳᠠᠭ ᠶᠤᠮ᠃ ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠳᠣᠯᠣᠭ᠋ᠠᠨ ᠲᠠᠯ᠎ᠠ᠎ᠪᠠᠷ ᠵᠢᠱ᠌ᠢᠶᠡᠴᠢ ᠪᠣᠯᠬᠤ》ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ ᠂ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ᠎ᠢ ᠪᠠᠶ᠋ᠢᠩᠭᠤᠰᠢᠭᠤᠯᠤᠨ ᠥᠷᠨᠢᠭᠦᠯᠵᠦ ᠂ 《ᠵᠢᠷᠭᠤᠭ᠋ᠠᠨ ᠥᠭᠦᠯᠡᠪᠦᠷᠢ ᠦᠭᠡᠨ᠎ᠤ ᠪᠣᠳᠠᠲᠤ ᠶᠠᠪᠤᠳᠠᠯ ᠪᠠ ᠶᠣᠰᠣ ᠤᠴᠢᠷ 》᠎ᠢ ᠬᠥᠮᠥᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠬᠤ ᠬᠡᠷᠡᠭᠲᠡᠢ᠃ ᠪᠢᠳᠡ ᠶᠡᠷᠦᠩᠬᠡᠢ ᠱᠦᠵᠢ ᠰᠢ᠎ᠵᠢᠨ᠎ᠫᠢᠩ᠎ᠤᠨ ᠵᠢᠭ᠋ᠠᠨ ᠵᠢᠯᠣᠭᠤᠳᠤᠭᠰᠠᠨ ᠴᠢᠭᠯᠡᠯ ᠵᠶ᠋ᠠᠷ ᠡᠷᠡᠰ ᠭᠤᠶ᠋ᠢᠪᠢᠰᠢ ᠦᠭᠡᠢ ᠦᠨᠡᠨ ᠪᠣᠳᠠᠲᠠᠢ ᠰᠢᠷᠭ᠋ᠠᠭᠤ ᠠᠵᠢᠯᠯᠠᠳᠠᠭ ᠯᠠ ᠶᠤᠮ ᠪᠣᠯ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠯᠠ ᠶᠤᠮ ᠪᠣᠯ᠂ ᠯᠠᠪᠲᠠᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠡᠨᠡ ᠬᠦ᠌ ᠲᠤᠭ᠎ᠤᠨ ᠥᠩᠭᠡ ᠭᠢᠯᠪᠠᠭ᠎ᠠ ᠵᠢ ᠤᠯᠠᠮ ᠭᠢᠯᠠᠯᠵᠠᠭᠤᠯᠤᠨ ᠰᠠᠴᠤᠷᠠᠭᠤᠯᠤᠨ᠎ᠠ ᠭᠡᠳᠡᠭ᠎ᠲᠤ ᠪᠠᠲᠤ ᠢᠲᠡᠭᠡᠯ᠎ᠲᠠᠢ ᠪᠠᠶ᠋ᠢᠨ᠎ᠠ !
ᠲᠥᠯᠥᠭᠡᠯᠡᠭᠴᠢᠳ ᠠ᠋ ! ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠣᠯ ᠡᠷᠡᠮᠡᠬᠡᠶ᠋ᠢᠯᠡᠨ ᠲᠡᠮᠡᠦᠯᠵᠦ ᠪᠠᠶ᠋ᠢᠭ᠋ᠠᠳ ᠡᠷᠴᠢᠯᠡᠳᠡᠭ ᠶᠤᠮ ᠂ ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ ᠵᠢ ᠪᠣᠯ ᠭᠠᠪᠰᠢᠭ᠋ᠠᠶ᠋ᠢᠯᠠᠨ ᠲᠡᠮᠡᠴᠡᠵᠦ ᠪᠠᠶ᠋ᠢᠭ᠋ᠠᠳ ᠬᠥᠪᠴᠢᠯᠡᠳᠡᠭ ᠶᠤᠮ ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠪᠣᠯ ᠰᠢᠭᠤᠷᠬᠠᠶ᠋ᠢᠯᠠᠨ ᠠᠵᠢᠯᠯᠠᠵᠤ ᠪᠠᠶ᠋ᠢᠭ᠋ᠠᠳ ᠪᠠᠶ᠋ᠢᠭᠤᠯᠳᠠᠭ ᠶᠤᠮ ᠃ ᠪᠢᠳᠡ ᠰᠢ᠎ᠵᠢᠨ᠎ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠶᠡᠭᠡ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠠᠭ᠋ᠠᠭᠤᠯᠭ᠎ᠠ ᠳᠣᠣᠷ᠎ᠠ ᠂ ᠢᠲᠡᠭᠡᠯ ᠵᠣᠷᠢᠭ ᠵᠶ᠋ᠠᠨ ᠪᠠᠲᠤᠳᠬᠠᠨ ᠂ ᠦᠨᠡᠨ ᠬᠦ᠌ ᠴᠢᠷᠮᠠᠶ᠋ᠢᠨ ᠪᠣᠳᠠᠲᠠᠢ ᠠᠵᠢᠯᠯᠠᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠡᠭᠡᠶ᠎ᠡ !
ᠳᠠᠭ᠋ᠠᠯᠳᠤᠭᠤᠯᠤᠯ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ 》᠎ᠤᠨ ᠬᠤᠯᠪᠣᠭᠳᠠᠯ ᠪᠦᠬᠦᠢ ᠨᠡᠷᠡᠰ ᠤᠨ ᠲᠠᠶ᠋ᠢᠯᠪᠤᠷᠢ
ᠵᠢᠷᠭᠤᠭ᠋ᠠᠨ ᠠᠵᠢᠯᠯᠠᠭ᠋ᠠᠨ᠄ ᠴᠢᠬᠤᠯᠠ ᠶᠡᠭᠡ ᠲᠥᠷᠥᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠋ᠠᠨ ᠂ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠋ᠠᠨ᠂ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ ᠂ ᠤᠰᠤ ᠠᠷᠪᠢᠯᠠᠬᠤ ᠠᠵᠢᠯᠯᠠᠭ᠋ᠠᠨ ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠋ᠠᠨ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠋ᠠᠨ ᠃
ᠠᠷᠪᠠᠨ ᠶᠡᠭᠡ ᠠᠵᠤ ᠦᠢ᠍ᠯᠡᠰ᠎ᠤᠨ ᠪᠦᠯᠦᠭᠵᠢᠯ᠄ ᠣᠳᠣ ᠦᠶ᠎ᠡ ᠵᠢᠨ ᠲᠣᠨᠤᠭ ᠲᠥᠬᠦᠭᠡᠷᠦᠮᠵᠢ ᠦᠢ᠍ᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠪᠣᠬᠢᠷᠲᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ᠂ ᠠᠮᠢᠳᠤ ᠪᠣᠳᠠᠰ᠎ᠤᠨ ᠦᠢ᠍ᠯᠡᠳᠬᠦ ᠦᠢ᠍ᠯᠡᠰ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠂ ᠳ᠋ᠢᠭᠢᠲ ᠠᠵᠤ ᠠᠬᠤᠢ᠂ ᠵᠣᠬᠢᠶᠠᠮᠠᠯ ᠣᠶᠤᠨ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠠᠵᠤ ᠦᠢ᠍ᠯᠡᠰ᠎ᠤᠨ ᠪᠦᠯᠦᠭᠵᠢᠯ᠃ ᠰᠦ ᠰᠠᠭ᠋ᠠᠯᠢ ᠤᠯᠠᠭ᠋ᠠᠨ ᠢᠳᠡᠭᠡ ᠲᠥᠮᠥᠰᠥ ᠨᠣᠣᠯᠣᠭᠤᠷ ᠵᠡᠷᠭᠡ ᠭᠤᠣᠯᠳᠠᠯᠭ᠎ᠠ ᠪᠤᠯᠬᠤ 7 ᠠᠵᠤ ᠦᠢ᠍ᠯᠡᠰ᠎ᠤᠨ ᠬᠡᠯᠬᠢᠶ᠎ᠡ᠄ ᠰᠦ ᠰᠠᠭ᠋ᠠᠯᠢ ᠵᠢᠨ ᠦᠢ᠍ᠯᠡᠰ᠂ ᠦᠬᠡᠷ᠎ᠤᠨ ᠮᠢᠬ᠎ᠠ᠂ ᠬᠤᠨᠢᠨ᠎ᠤ ᠮᠢᠬ᠎ᠠ᠂ ᠲᠥᠮᠥᠰᠥ᠂ ᠢᠮᠠᠭ᠋ᠠᠨ ᠨᠣᠣᠯᠣᠭᠤᠷ᠂ ᠡᠷᠳᠡᠨᠢ ᠰᠢᠰᠢ᠂ ᠡᠪᠡᠰᠦᠨ᠎ᠤ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶ᠎ᠡ᠃
ᠵᠢᠭᠤᠯᠴᠢᠯᠠᠯ᠎ᠤᠨ 《ᠳᠥᠷᠪᠡᠨ ᠭᠠᠵᠠᠷ》᠄ ᠥᠪᠡᠷ ᠵᠶ᠋ᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ ᠰᠣᠩᠭᠤᠯᠲᠠ ᠵᠢᠨ ᠭᠠᠵᠠᠷ ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶ᠋ᠢᠬᠠᠨ ᠭᠠᠵᠠᠷ᠂ ᠠᠮᠠᠷᠠᠯᠲᠠ᠎ᠪᠠᠷ ᠵᠠᠪᠠᠯ ᠵᠢᠭᠤᠯᠴᠢᠯᠠᠬᠤ ᠭᠠᠵᠠᠷ ᠂ ᠡᠷᠡᠭᠦᠯᠵᠢᠯᠡᠯ ᠰᠤᠪᠢᠯᠠᠯᠲᠠ ᠵᠢᠨ ᠵᠢᠭᠤᠯᠴᠢᠯᠠᠯ᠎ᠤᠨ ᠰᠢᠯᠢᠳᠡᠭ ᠰᠣᠩᠭᠤᠯᠲᠠ ᠵᠢᠨ ᠭᠠᠵᠠᠷ ᠃
ᠵᠢᠷᠭᠤᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠄ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠂ ᠡᠮᠴᠢᠯᠡᠭᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂ ᠵᠢᠭᠤᠯᠴᠢᠯᠠᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ ᠂ ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ᠃ ᠳᠥᠷᠪᠡᠨ ᠵᠦᠢ᠍ᠯ᠎ᠤᠨ ᠠᠵᠢᠯᠯᠠᠭ᠋ᠠᠨ᠄ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠣᠨᠴᠠᠯᠢᠭᠲᠤ ᠠᠵᠤ ᠦᠢ᠍ᠯᠡᠰ᠎ᠢ ᠳᠡᠭᠡᠭᠰᠢᠯᠡᠭᠦᠯᠬᠦ ᠠᠵᠢᠯᠯᠠᠭ᠋ᠠᠨ᠂ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠬᠤ ᠠᠵᠢᠯᠯᠠᠭ᠋ᠠᠨ᠂ ᠬᠡᠷᠡᠭᠯᠡᠭᠡ ᠵᠢᠨ ᠬᠠᠪᠰᠤᠷᠤᠨ ᠲᠡᠳᠬᠦᠵᠦ ᠣᠷᠣᠯᠭ᠎ᠠ ᠨᠡᠮᠡᠭᠳᠡᠭᠦᠯᠬᠦ ᠠᠵᠢᠯᠯᠠᠭ᠋ᠠᠨ᠂ ᠬᠥᠳᠡᠯᠮᠦᠷᠢ ᠬᠦᠴᠦᠨ᠎ᠤ ᠬᠠᠮᠵᠢᠯᠴᠠᠭ᠋ᠠᠨ᠎ᠤ ᠴᠢᠨᠠᠷ᠎ᠢ᠎ᠨᠢ ᠳᠡᠭᠡᠭᠰᠢᠯᠡᠭᠦᠯᠬᠦ ᠠᠵᠢᠯᠯᠠᠭ᠋ᠠᠨ᠃
ᠲᠦᠷᠪᠡᠨ ᠨᠢᠭᠡ ᠪᠦᠯᠦᠭ᠄ ᠥᠪᠡᠷᠲᠡᠭᠡᠨ ᠵᠠᠰᠠᠬᠤ ᠣᠷᠣᠨ᠎ᠠᠴᠠ ᠨᠢᠭᠡ ᠪᠦᠯᠦᠭ ᠲᠠᠮ ᠬᠦᠦ ᠮᠥᠩᠭᠦ ᠥᠭᠬᠦ ᠂ ᠨᠢᠭᠡ ᠪᠦᠯᠦᠭ ᠥᠷᠢ ᠥᠭᠴᠡᠭᠡ ᠵᠢ ᠠᠷᠢᠯᠭ᠋ᠠᠬᠤ ᠂ ᠨᠢᠭᠡ ᠪᠦᠯᠦᠭ᠎ᠢ᠎ᠨᠢ ᠤᠯᠠᠪᠤᠷ ᠥᠩᠭᠡ ᠵᠢᠨ ᠵᠡᠷᠭᠡ ᠲᠡᠰ᠎ᠠᠴᠠ ᠪᠤᠴᠠᠭ᠋ᠠᠨ ᠭᠠᠷᠭ᠋ᠠᠬᠤ ᠂ ᠨᠢᠭᠡ ᠪᠦᠯᠦᠭ ᠬᠦᠴᠢᠷᠳᠡᠯ᠎ᠢ᠎ᠨᠢ ᠲᠠᠶ᠋ᠢᠯᠬᠤ ᠠᠷᠭ᠎ᠠ ᠬᠡᠮᠵᠢᠶ᠎ᠡ ᠠᠪᠴᠤ ᠂ ᠦᠨᠳᠦᠰᠦᠨ ᠱᠠᠲᠤᠨ᠎ᠤ ᠥᠷᠢ ᠥᠭᠴᠡᠭᠡ᠎ᠪᠠᠨ ᠠᠷᠢᠯᠭ᠋ᠠᠬᠤ ᠵᠢ᠎ᠨᠢ ᠬᠠᠪᠰᠤᠷᠤᠨ᠎ᠠ ᠃