ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ (2021—2025 ᠣᠨ) ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-01-04

ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ) ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠡᠯ᠎ᠡ ᠭᠠᠵᠠᠷ ᠳᠠᠰᠤᠭ᠂ ᠡᠯ᠎ᠡ ᠰᠢᠭᠤᠳ ᠬᠠᠷᠢᠶ᠎ᠠ ᠨᠢᠭᠡᠴᠢ᠎ᠳᠤ᠄
      ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ ᠵᠢ ᠲᠦᠭᠡᠮᠡᠯᠵᠢᠭᠦᠯᠬᠦ ᠠᠵᠢᠯ᠎ᠤᠨ ᠴᠢᠨᠠᠷ ᠴᠢᠨᠰᠠᠭ᠎ᠠ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ (2021—2025 ᠣᠨ) ᠵᠢ ᠬᠡᠷᠡᠭᠵᠢᠭᠦᠯᠬᠦ ᠲᠥᠰᠦᠯ》᠎ᠢ ᠰᠤᠳᠤᠯᠤᠨ ᠲᠣᠭᠲᠠᠭ᠋ᠠᠵᠤ᠂ ᠡᠳᠦᠭᠡ ᠳᠠᠷᠤᠮᠠᠯᠯᠠᠨ ᠲᠠᠷᠬᠠᠭ᠋ᠠᠪᠠ᠃ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                        2021 ᠣᠨ᠎ᠤ 12 ᠰᠠᠷ᠎ᠠ ᠵᠢᠨ 10᠎ᠤ ᠡᠳᠦᠷ
   



      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ

      ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠨᠠᠢ᠍ᠮᠠᠳᠤᠭ᠋ᠠᠷ

      ᠲᠠᠪᠤᠨ ᠵᠢᠯ᠎ᠤᠨ ᠲᠥᠯᠥᠪᠵᠢᠭᠦᠯᠭᠡ (2021—2025 ᠣᠨ) ᠵᠢ ᠬᠡᠷᠡᠭᠵᠢᠭᠦᠯᠬᠦ ᠲᠥᠰᠦᠯ  


      ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ ᠵᠢ ᠲᠦᠭᠡᠮᠡᠯᠵᠢᠭᠦᠯᠬᠦ ᠠᠵᠢᠯ᠎ᠤᠨ ᠴᠢᠨᠠᠷ ᠴᠢᠨᠰᠠᠭ᠎ᠠ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠦᠭᠡ᠂ 《ᠲᠥᠪ᠎ᠤᠨ ᠤᠬᠠᠭᠤᠯᠬᠤ ᠬᠡᠯᠲᠡᠰ᠂ ᠬᠠᠤᠯᠢ ᠴᠠᠭ᠋ᠠᠵᠠ ᠵᠢᠨ ᠶᠠᠮᠤᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠬᠦ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ (2021—2025 ᠣᠨ)》᠂ 《ᠳᠤᠮᠳᠠᠳᠤ ᠤᠯᠤᠰ᠎ᠤᠨ ᠬᠠᠤᠯᠢ᠎ᠪᠠᠷ ᠵᠠᠰᠠᠬᠤ   ᠪᠠᠶ᠋ᠢᠭᠤᠯᠤᠯᠲᠠ ᠵᠢᠨ ᠲᠥᠯᠥᠪᠵᠢᠭᠦᠯᠭᠡ 2020—2025 ᠣᠨ)》᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢ᠎ᠪᠠᠷ ᠥᠪᠡᠷᠲᠡᠭᠡᠨ ᠵᠠᠰᠠᠬᠤ ᠣᠷᠣᠨ ᠵᠶ᠋ᠠᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠬᠦ ᠲᠤᠬᠠᠢ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ (2021—2025 ᠣᠨ)》 ᠪᠠ ᠰᠤᠷᠭ᠋ᠠᠨ ᠬᠥᠮᠦᠵᠢᠯ᠎ᠤᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠪᠥᠬᠥ ᠤᠯᠤᠰ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠬᠦ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ (2021—2025 ᠣᠨ)》 ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠪᠣᠳᠠᠲᠠᠶ᠎ᠲᠠᠢ ᠤᠶᠠᠯᠳᠤᠭᠤᠯᠤᠨ᠂ ᠲᠣᠰ ᠲᠥᠰᠦᠯ᠎ᠢ ᠲᠣᠭᠲᠠᠭ᠋ᠠᠪᠠ᠃
      ᠨᠢᠭᠡ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ᠎ᠤᠨ ᠰᠢᠨ᠎ᠡ ᠵᠢ ᠡᠭᠦᠳᠦᠨ ᠬᠥᠭᠵᠢᠭᠦᠯᠬᠦ ᠵᠢ ᠬᠥᠲᠥᠯᠥᠨ ᠳᠠᠭ᠋ᠠᠭᠤᠯᠤᠨ᠎ᠠ᠃
      ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠴᠠᠭ ᠦᠶ᠎ᠡ ᠵᠢᠨ ᠱᠠᠭ᠋ᠠᠷᠳᠠᠯᠭ᠎ᠠ᠎ᠳᠤ ᠵᠣᠬᠢᠴᠠᠵᠤ ᠪᠤᠢ ᠪᠣᠯᠤᠭᠰᠠᠨ ᠴᠢᠬᠤᠯᠠ ᠶᠡᠬᠡ ᠤᠨᠤᠯ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠂ ᠮᠠᠷᠺᠰ᠎ᠤᠨ ᠦᠵᠡᠯ᠎ᠤᠨ ᠬᠠᠤᠯᠢ᠎ᠪᠠᠷ ᠵᠠᠰᠠᠬᠤ ᠤᠨᠤᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠃ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠡᠷᠬᠡᠪᠰᠢ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ᠎ᠤᠨ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠤᠨ᠎ᠠ᠃
     (ᠨᠢᠭᠡ) ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠲᠣᠭᠣᠷᠢᠨ᠎ᠳᠤ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠣᠶ᠋ᠢᠵᠢᠭᠤᠯᠤᠨ ᠦᠢ᠍ᠯᠡᠳᠦᠯᠭᠡᠵᠢᠭᠦᠯᠬᠦ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠨ ᠬᠠᠤᠯᠢ ᠵᠢᠨ ᠬᠥᠮᠦᠵᠢᠯ ᠵᠶ᠋ᠠᠷ ᠭᠣᠣᠯᠯᠠᠭᠤᠯᠵᠤ᠂ ᠢᠷᠭᠡᠨ᠎ᠤ ᠬᠠᠤᠯᠢ ᠵᠢᠨ ᠪᠢᠴᠢᠭ᠎ᠤᠨ ᠬᠥᠮᠦᠵᠢᠯ ᠵᠶ᠋ᠠᠷ ᠭᠣᠣᠯᠳᠠᠯᠭ᠎ᠠ ᠪᠣᠯᠭ᠋ᠠᠵᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ ᠪᠠ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢᠨ ᠬᠥᠮᠦᠵᠢᠯ᠎ᠲᠠᠢ ᠤᠶᠠᠯᠳᠤᠭᠤᠯᠵᠤ᠂ ᠡᠬᠡ ᠣᠷᠣᠨᠴᠢ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠦᠵᠡᠯ᠎ᠤᠨ ᠰᠤᠷᠭ᠋ᠠᠨ ᠬᠥᠮᠦᠵᠢᠯ᠎ᠲᠠᠢ ᠤᠶᠠᠯᠳᠤᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ᠎ᠳᠤ ᠬᠦᠴᠦᠨ ᠨᠡᠮᠡᠷᠢᠯᠡᠨ᠎ᠡ᠃
     (ᠬᠣᠶᠠᠷ) ᠭᠣᠣᠯ ᠬᠠᠷᠠᠯᠲᠠ
     2025 ᠣᠨ ᠪᠣᠯᠬᠤ᠎ᠳᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ ᠪᠣᠯᠤᠨ ᠰᠤᠷᠭ᠋ᠠᠨ ᠬᠥᠮᠦᠵᠢᠯ᠎ᠤᠨ ᠬᠣᠯᠪᠤᠭᠳᠠᠬᠤ ᠬᠠᠤᠯᠢ ᠴᠠᠭ᠋ᠠᠵᠠ ᠬᠠᠤᠯᠢ ᠳᠦᠷᠢᠮ᠎ᠢ ᠭᠦᠨᠵᠡᠭᠡᠢ ᠤᠬᠠᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠣᠯᠤᠨ ᠬᠠᠤᠯᠢ᠎ᠪᠠᠷ ᠵᠠᠰᠠᠬᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠦᠨ᠎ᠡ; ᠬᠠᠤᠯᠢ᠎ᠪᠠᠷ ᠵᠠᠰᠠᠬᠤ ᠬᠥᠮᠦᠵᠢᠯ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠪᠦᠬᠥ ᠲᠠᠯ᠎ᠠ᠎ᠪᠠᠷ ᠣᠷᠣᠭᠤᠯᠵᠤ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠢ ᠬᠡᠷᠡᠭᠵᠢᠭᠦᠯᠬᠦ ᠪᠠ ᠳᠡᠮᠵᠢᠬᠦ ᠰᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠢᠨ ᠬᠠᠨᠳᠤᠯᠭ᠋ᠠᠲᠤ ᠴᠢᠨᠠᠷ ᠪᠠ ᠦᠷ᠎ᠡ ᠪᠦᠳᠦᠮᠵᠢᠳᠤ ᠴᠢᠨᠠᠷ᠎ᠢ ᠢᠯᠡᠳᠲᠡ ᠴᠢᠩᠭ᠋ᠠᠷᠠᠭᠤᠯᠵᠤ᠂ ᠥᠷᠭᠡᠨ ᠤᠯᠠᠨ ᠺᠠᠳ᠋ᠷ ᠪᠠᠭᠰᠢ ᠰᠤᠷᠤᠭᠴᠢ ᠠᠵᠢᠯᠳᠠᠨ ᠠᠵᠢᠯᠴᠢᠨ᠎ᠤ ᠬᠠᠤᠯᠢ ᠵᠢ ᠬᠦᠨᠳᠦᠳᠬᠡᠬᠦ᠂ ᠬᠠᠤᠯᠢ ᠵᠢ ᠰᠤᠷᠬᠤ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠵᠢᠭ᠋ᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠵᠦ᠂ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠬᠥᠮᠦᠵᠢᠯ᠎ᠳᠤ ᠢᠯᠡᠳᠲᠡ ᠦᠷ᠎ᠡ ᠪᠦᠲᠦᠮᠵᠢ ᠣᠯᠵᠤ᠂ 《ᠢᠨᠲ᠋ᠧᠷ ᠰᠦᠯᠵᠢᠶ᠎ᠡ+》 ᠬᠠᠤᠯᠢ᠎ᠪᠠᠷ ᠵᠠᠰᠠᠬᠤ ᠬᠥᠮᠦᠵᠢᠯ᠎ᠢ ᠭᠦᠨᠵᠡᠭᠡᠢ᠌ᠷᠡᠭᠦᠯᠵᠦ᠂ ᠵᠠᠰᠠᠭ᠎ᠤᠨ ᠣᠷᠳᠣᠨ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠂ ᠰᠤᠷᠭ᠋ᠠᠭᠤᠯᠢ᠂ ᠨᠡᠶ᠋ᠢᠭᠡᠮ᠂ ᠬᠡᠷ ᠪᠦᠯᠢ ᠣᠷᠣᠯᠴᠠᠭᠰᠠᠨ ᠬᠠᠤᠯᠢ᠎ᠪᠠᠷ ᠵᠠᠰᠠᠬᠤ ᠬᠥᠮᠦᠵᠢᠯ᠎ᠤᠨ ᠳᠣᠭᠲᠠᠯᠴᠠᠭ᠎ᠠ ᠵᠢ ᠦᠨᠳᠦᠰᠦᠨ᠎ᠳᠤ᠎ᠪᠠᠨ ᠪᠦᠷᠢᠯᠳᠦᠭᠦᠯᠵᠦ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠴᠢᠨᠠᠷ ᠴᠢᠨᠰᠠᠭ᠎ᠠ ᠪᠣᠯᠤᠨ ᠬᠢᠷᠢ ᠲᠦᠪᠰᠢᠨ᠎ᠢ ᠰᠢᠨ᠎ᠡ ᠳᠡᠭᠲᠡᠷ᠎ᠲᠤ ᠭᠠᠷᠭ᠋ᠠᠨ᠎ᠠ᠃
     (ᠭᠤᠷᠪᠠ) ᠠᠵᠢᠯ᠎ᠤᠨ ᠵᠠᠷᠴᠢᠮ
     — ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠎ᠠ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠵᠥᠪ ᠣᠨᠣᠪᠴᠢᠲᠠᠶ ᠤᠯᠤᠰ ᠲᠥᠷᠥ ᠵᠢᠨ ᠴᠢᠭᠯᠡᠯ ᠪᠣᠯᠤᠨ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠢᠮᠠᠭᠲᠠ ᠪᠠᠲᠤᠯᠠᠨ᠎ᠠ᠃
     — ᠬᠥᠮᠦᠨ ᠵᠶ᠋ᠠᠷ ᠦᠨᠳᠦᠰᠦ ᠪᠣᠯᠭ᠋ᠠᠬᠤ ᠵᠢ ᠪᠠᠷᠢᠮᠲᠠᠯᠠᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠵᠢᠯᠳᠠᠨ᠂ ᠰᠤᠷᠭ᠋ᠠᠭᠤᠯᠢ ᠵᠢᠨ ᠵᠠᠬᠢᠷᠤᠯ᠂ ᠪᠠᠭᠰᠢ ᠵᠢᠴᠢ ᠰᠤᠷᠤᠭᠴᠢᠳ᠎ᠤᠨ ᠠᠳᠠᠯᠢ ᠪᠤᠰᠤ ᠬᠠᠮᠲᠤᠯᠢᠭ᠎ᠤᠨ ᠣᠨᠴᠠᠯᠢᠭ ᠪᠠ ᠪᠣᠳᠠᠲᠠᠢ ᠬᠡᠷᠡᠭᠴᠡᠭᠡ᠎ᠳᠤ ᠴᠢᠭᠯᠡᠭᠦᠯᠦᠨ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠬᠠᠷᠠᠯᠲᠠ ᠵᠢᠨ ᠠᠭᠤᠯᠭ᠎ᠠ ᠪᠠ ᠠᠷᠭ᠎ᠠ ᠵᠠᠮ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠲᠦᠷᠦᠯ ᠬᠤᠪᠢᠶᠠᠨ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠥᠷᠭᠡᠨ ᠤᠯᠠᠨ ᠺᠠᠳ᠋ᠷ ᠪᠠᠭᠰᠢ ᠰᠤᠷᠤᠬ᠍ᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠶ᠋ᠢᠲᠤᠷ ᠬᠠᠮᠠᠭ᠋ᠠᠯᠠᠵᠤ ᠪᠠᠲᠤᠯᠠᠨ᠎ᠠ᠃
     — ᠦᠢ᠍ᠯᠡᠴᠢᠯᠡᠬᠦ ᠤᠳᠤᠷᠢᠳᠤᠮᠵᠢ ᠵᠢ ᠪᠠᠷᠢᠮᠲᠠᠯᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠭᠤᠤᠯ ᠡᠭᠦᠷᠭᠡ ᠵᠢᠨ ᠲᠣᠭᠣᠷᠢᠨ᠎ᠳᠤ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠳᠤ ᠪᠥᠬᠥ ᠲᠠᠯ᠎ᠠ᠎ᠪᠠᠷ ᠣᠷᠣᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠣᠨᠣᠯᠵᠢᠬᠤᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ᠎ᠪᠠᠷ ᠭᠤᠤᠯᠳᠠᠯᠭ᠎ᠠ ᠪᠣᠯᠭ᠋ᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠂ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠦᠢ᠍ᠯᠡᠴᠢᠯᠡᠭᠡᠨ᠎ᠤ ᠴᠢᠳᠠᠮᠵᠢ ᠪᠠ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
     — ᠬᠠᠤᠯᠢ ᠵᠢ ᠲᠦᠭᠡᠮᠡᠯᠵᠢᠭᠦᠯᠬᠦ ᠪᠠ ᠬᠠᠤᠯᠢ᠎ᠪᠠᠷ ᠵᠠᠰᠠᠬᠤ ᠵᠢ ᠣᠷᠭ᠋ᠠᠨᠢᠭ ᠵᠶ᠋ᠠᠷ ᠠᠭᠤᠰᠬᠠᠬᠤ ᠵᠢ ᠪᠠᠷᠢᠮᠲᠠᠯᠠᠨ᠎ᠠ᠃ ᠬᠠᠤᠯᠢ᠎ᠪᠠᠷ ᠵᠠᠰᠠᠬᠤ ᠦᠢ᠍ᠯᠡᠳᠦᠯᠭᠡ᠎ᠳᠤ ᠭᠦᠨᠵᠡᠭᠡᠶ ᠠᠭᠤᠰᠴᠤ᠂ ᠬᠠᠤᠯᠢ ᠵᠢ ᠲᠦᠭᠡᠮᠡᠯᠵᠢᠭᠦᠯᠬᠦ ᠪᠠ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠨᠢᠭᠲᠠ ᠤᠶᠠᠯᠳᠤᠭᠤᠯᠬᠤ ᠵᠢ ᠠᠬᠢᠭᠤᠯᠵᠤ᠂ ᠬᠠᠤᠯᠢ ᠵᠢ ᠲᠦᠭᠡᠮᠡᠯᠵᠢᠭᠦᠯᠬᠦ ᠵᠢ ᠰᠤᠷᠭ᠋ᠠᠨ ᠬᠥᠮᠦᠵᠢᠯ᠎ᠤᠨ ᠬᠠᠤᠯᠢ ᠲᠣᠭᠲᠠᠭ᠋ᠠᠬᠤ᠂ ᠬᠠᠤᠯᠢ ᠵᠢ ᠬᠡᠷᠡᠭᠵᠢᠭᠦᠯᠬᠦ ᠶᠠᠪᠤᠴᠠ᠎ᠳᠤ ᠠᠭᠤᠰᠠᠬ᠍ᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠡᠳᠦᠷ ᠲᠤᠲᠤᠮ᠎ᠤᠨ ᠬᠠᠮᠢᠶᠠᠷᠤᠯᠲᠠ᠎ᠳᠤ ᠠᠭᠤᠰᠬᠠᠵᠤ᠂ ᠥᠷᠭᠡᠨ ᠣᠯᠠᠨ ᠺᠠᠳ᠋ᠷ ᠪᠠᠭᠰᠢ ᠰᠣᠷᠣᠭᠴᠢ ᠠᠵᠢᠯᠲᠠᠨ᠎ᠢ ᠬᠥᠲᠥᠯᠥᠨ ᠵᠢᠯᠣᠭᠣᠳᠴᠤ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ᠂ ᠤᠴᠢᠷ ᠶᠠᠪᠤᠳᠠᠯ ᠳᠠᠭ᠋ᠠᠷᠠᠪᠠᠯ ᠬᠠᠤᠯᠢ ᠵᠢ ᠪᠠᠷᠢᠬᠤ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠤᠯᠢ᠎ᠳᠤ ᠲᠦᠰᠢᠭᠯᠡᠬᠦ ᠰᠡᠳᠬᠢᠬᠦᠶ ᠵᠢᠨ ᠳᠠᠳᠬᠠᠯ ᠪᠠ   ᠦᠢ᠍ᠯᠡ ᠠᠵᠢᠯᠯᠠᠭ᠋ᠠᠨ᠎ᠤ ᠠᠷᠭ᠎ᠠ ᠮᠠᠶᠢᠭ᠎ᠲᠠᠢ ᠪᠣᠯᠭ᠋ᠠᠨ᠎ᠠ᠃
      ᠬᠣᠶᠠᠷ᠂ ᠭᠣᠣᠯ ᠡᠭᠦᠷᠭᠡ
    (ᠨᠢᠭᠡ) ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃
     1 . ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠤᠨ᠎ᠠ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠴᠢᠬᠤᠯᠠ ᠶᠡᠬᠡ ᠠᠴᠢ ᠬᠣᠯᠪᠣᠭᠳᠠᠯ᠂ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭ᠋ᠠᠨ᠎ᠤ ᠮᠥᠨ ᠴᠢᠨᠠᠷ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠰᠤᠷᠤᠯᠴᠠᠨ ᠤᠬᠠᠭᠤᠯᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠭ᠋ᠠᠨ ᠬᠥᠮᠦᠵᠢᠯ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠪᠥᠬᠥ ᠶᠠᠪᠤᠴᠠ ᠪᠠ ᠡᠯ᠎ᠡ ᠲᠠᠯ᠎ᠠ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠷᠭᠡᠨ ᠣᠯᠠᠨ ᠺᠠᠳ᠋ᠷ ᠪᠠᠭᠰᠢ ᠰᠣᠷᠣᠭᠴᠢ ᠠᠵᠢᠯᠲᠠᠨ ᠠᠵᠢᠯᠴᠢᠨ᠎ᠢ ᠬᠥᠲᠥᠯᠥᠨ ᠵᠢᠯᠣᠭᠣᠳᠴᠤ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ ᠵᠶ᠋ᠠᠷ ᠡᠷᠡᠰ ᠭᠤᠶ᠋ᠢᠪᠢᠰᠢ ᠥᠬᠡᠶ ᠵᠠᠮᠨᠠᠨ᠎ᠠ᠃
     2 . ᠦᠨᠳᠦᠰᠦᠨ ᠬᠠᠤᠯᠢ ᠵᠢ ᠭᠦᠨᠵᠡᠭᠡᠶ ᠰᠤᠷᠤᠯᠴᠠᠨ ᠤᠬᠠᠭᠤᠯᠤᠨ᠎ᠠ᠃ ᠨᠡᠶ᠋ᠢᠭᠡᠮ ᠵᠢᠷᠤᠮᠲᠤ ᠪᠠᠶ᠋ᠢᠭᠤᠯᠤᠯ ᠪᠣᠯ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠪᠠᠶ᠋ᠢᠭᠤᠯᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠥᠨ ᠭᠡᠳᠡᠭ᠎ᠢ ᠭᠣᠣᠯᠳᠠᠯᠭ᠋ᠠᠲᠠᠢ ᠤᠬᠠᠭᠤᠯᠵᠤ᠂ ᠦᠨᠳᠦᠰᠦᠨ ᠬᠠᠤᠯᠢ ᠵᠢᠨ ᠲᠥᠷᠥᠯ᠎ᠤᠨ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠬᠦ ᠪᠠ ᠵᠠᠰᠠᠪᠤᠷᠢ ᠣᠷᠣᠭᠤᠯᠬᠤ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠦᠨᠳᠦᠰᠦᠨ ᠬᠠᠤᠯᠢ ᠵᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠨᠠᠷᠢᠨ ᠬᠢᠨᠠᠮᠠᠭ᠋ᠠᠶ ᠰᠠᠶ᠋ᠢᠲᠤᠷ ᠵᠣᠬᠢᠶᠠᠨ ᠪᠠᠶ᠋ᠢᠭᠤᠯᠤᠨ᠎ᠠ᠃
     3 . ᠢᠷᠭᠡᠨ᠎ᠤ ᠬᠠᠤᠯᠢ ᠵᠢᠨ ᠪᠢᠴᠢᠭ᠎ᠢ ᠭᠦᠨᠵᠡᠭᠡᠢ ᠰᠤᠷᠤᠯᠴᠠᠨ ᠤᠬᠠᠭᠤᠯᠤᠨ᠎ᠠ᠃ ᠢᠷᠭᠡᠨ᠎ᠤ ᠬᠠᠤᠯᠢ ᠵᠢᠨ ᠪᠢᠴᠢᠭ᠎ᠤᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠣᠨᠴᠠᠯᠢᠭ᠂ ᠦᠨᠳᠦᠰᠦᠨ ᠵᠠᠷᠴᠢᠮ᠂ ᠦᠨᠳᠦᠰᠦᠨ ᠱᠠᠭ᠋ᠠᠷᠳᠠᠯᠭ᠎ᠠ ᠪᠣᠯᠤᠨ ᠰᠢᠨ᠎ᠡ ᠲᠣᠭᠲᠠᠭ᠋ᠠᠯ᠂ ᠰᠢᠨ᠎ᠡ ᠤᠬᠠᠭᠳᠠᠬᠤᠨ᠂ ᠰᠢᠨ᠎ᠡ ᠵᠣᠷᠢᠭ ᠰᠠᠨᠠᠭ᠎ᠠ ᠵᠢ ᠭᠣᠣᠯᠳᠠᠯᠭ᠋ᠠᠲᠠᠢ ᠤᠬᠠᠭᠤᠯᠵᠤ᠂ ᠢᠷᠭᠡᠨ᠎ᠤ ᠬᠠᠤᠯᠢ ᠵᠢᠨ ᠪᠢᠴᠢᠭ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠳᠤ ᠣᠷᠣᠭᠤᠯᠵᠤ᠂ ᠵᠠᠯᠠᠭᠤᠴᠤᠳ ᠪᠠᠭ᠋ᠠᠴᠤᠳ᠎ᠤᠨ ᠢᠷᠭᠡᠨ᠎ᠤ ᠬᠠᠤᠯᠢ ᠵᠢᠨ ᠪᠢᠴᠢᠭ᠎ᠤᠨ ᠬᠥᠮᠦᠵᠢᠯ᠎ᠢ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷ ᠪᠠᠭᠰᠢ ᠰᠤᠷᠤᠭᠴᠢᠳ᠎ᠤᠨ ᠢᠷᠭᠡᠨ᠎ᠤ ᠬᠠᠤᠯᠢ ᠵᠢᠨ ᠪᠢᠴᠢᠭ᠎ᠢ ᠰᠠᠶ᠋ᠢᠲᠤᠷ ᠰᠤᠷᠴᠤ ᠰᠠᠶ᠋ᠢᠲᠤᠷ ᠬᠡᠷᠡᠭᠯᠡᠬᠦ ᠵᠢ ᠠᠬᠢᠭᠤᠯᠤᠨ᠎ᠠ᠃
     4 . ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠣᠯᠪᠤᠭᠳᠠᠬᠤ ᠬᠠᠤᠯᠢ ᠴᠠᠭ᠋ᠠᠵᠠ ᠬᠠᠤᠯᠢ ᠳᠦᠷᠢᠮ᠎ᠢ ᠭᠦᠨᠵᠡᠭᠡᠶ ᠰᠤᠷᠤᠯᠴᠠᠨ ᠤᠬᠠᠭᠤᠯᠤᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ ᠵᠡᠷᠭᠡ ᠬᠠᠤᠯᠢ ᠴᠠᠭ᠋ᠠᠵᠠ ᠬᠠᠤᠯᠢ ᠳᠦᠷᠢᠮ᠎ᠢ ᠶᠡᠬᠡ᠎ᠪᠠᠷ ᠤᠬᠠᠭᠤᠯᠵᠤ᠂ ᠵᠠᠯᠠᠭᠤᠴᠤᠳ ᠪᠠᠭ᠋ᠠᠴᠤᠳ᠎ᠲᠤ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠬᠣᠯᠪᠤᠭᠳᠠᠬᠤ ᠬᠠᠤᠯᠢ ᠴᠠᠭ᠋ᠠᠵᠠ ᠬᠠᠤᠯᠢ ᠳᠦᠷᠢᠮ᠎ᠢ ᠡᠵᠡᠮᠰᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠨ᠎ᠠ᠃
     5 . ᠰᠤᠷᠭ᠋ᠠᠨ ᠬᠥᠮᠥᠵᠢᠯ᠎ᠳᠤ ᠬᠣᠯᠪᠤᠭᠳᠠᠬᠤ ᠬᠠᠤᠯᠢ ᠴᠠᠭ᠋ᠠᠵᠠ ᠬᠠᠤᠯᠢ ᠳᠦᠷᠢᠮ᠎ᠢ ᠭᠦᠨᠵᠡᠭᠡᠶ ᠰᠤᠷᠤᠯᠴᠠᠵᠤ ᠤᠬᠠᠭᠤᠯᠤᠨ᠎ᠠ᠃ ᠰᠤᠷᠭ᠋ᠠᠨ ᠬᠥᠮᠦᠵᠢᠯ᠎ᠤᠨ ᠬᠠᠤᠯᠢ᠂ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ᠂ ᠨᠠᠰᠤᠨ᠎ᠳᠤ ᠦᠯᠦ ᠬᠦᠷᠦᠭᠰᠡᠳ᠎ᠤᠨ ᠶᠠᠯ᠎ᠠ ᠬᠢᠬᠦ ᠵᠢ ᠰᠡᠷᠭᠡᠶ᠋ᠢᠯᠡᠬᠦ ᠬᠠᠤᠯᠢ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ ᠵᠢᠴᠢ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠳᠦᠷᠢᠮ ᠵᠡᠷᠭᠡ ᠬᠠᠤᠯᠢ ᠴᠠᠭ᠋ᠠᠵᠠ ᠬᠠᠤᠯᠢ ᠳᠦᠷᠢᠮ᠎ᠢ ᠶᠡᠬᠡ᠎ᠪᠠᠷ ᠤᠬᠠᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ ᠶᠣᠰᠤ᠎ᠪᠠᠷ ᠵᠠᠰᠠᠬᠤ ᠴᠢᠳᠠᠮᠵᠢ ᠪᠣᠯᠤᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠤᠨ᠎ᠠ᠃
     6 . ᠪᠤᠰᠤᠳ ᠬᠠᠤᠯᠢ ᠴᠠᠭ᠋ᠠᠵᠠ ᠬᠠᠤᠯᠢ ᠳᠦᠷᠢᠮ᠎ᠢ ᠭᠦᠨᠵᠡᠭᠡᠶ ᠰᠤᠷᠤᠯᠴᠠᠨ ᠤᠬᠠᠭᠤᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ ᠴᠠᠭ᠋ᠠᠵᠠ ᠵᠢᠨ ᠳᠣᠭᠲᠠᠯᠴᠠᠭ᠎ᠠ ᠵᠢ ᠤᠬᠠᠭᠤᠯᠵᠤ᠂ ᠡᠷᠡᠭᠦᠦ ᠵᠢᠨ ᠬᠠᠤᠯᠢ᠂ ᠡᠷᠡᠭᠦᠦ ᠵᠢᠨ ᠵᠠᠷᠭᠤ ᠵᠢᠨ ᠬᠠᠤᠯᠢ᠂ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠬᠠᠤᠯᠢ ᠵᠡᠷᠭᠡ ᠤᠯᠤᠰ᠎ᠤᠨ ᠦᠨᠳᠦᠰᠦᠨ ᠬᠠᠤᠯᠢ ᠴᠠᠭ᠋ᠠᠵᠠ ᠵᠢ ᠤᠬᠠᠭᠤᠯᠵᠤ᠂ ᠤᠯᠤᠰ᠎ᠤᠨ ᠶᠡᠷᠦᠩᠬᠡᠢ᠌ᠯᠡᠭᠰᠡᠨ ᠠᠮᠤᠷ ᠲᠦᠪᠰᠢᠨ᠎ᠤ ᠦᠵᠡᠯᠲᠡ ᠪᠠ ᠤᠯᠤᠰ᠎ᠤᠨ ᠠᠮᠤᠷ ᠲᠦᠪᠰᠢᠨ᠎ᠳᠤ ᠬᠣᠯᠪᠤᠭᠳᠠᠬᠤ ᠬᠠᠤᠯᠢ ᠴᠠᠭ᠋ᠠᠵᠠ ᠬᠠᠤᠯᠢ ᠳᠦᠷᠢᠮ᠎ᠢ ᠤᠬᠠᠭᠤᠯᠵᠤ᠂ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ ᠪᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠂ ᠢᠳᠡᠭᠡᠨ᠎ᠤ ᠵᠦᠢ᠍ᠯ ᠡᠮ᠎ᠤᠨ ᠵᠦᠢ᠍ᠯ᠎ᠤᠨ ᠠᠮᠤᠷ ᠲᠦᠪᠰᠢᠨ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠂ ᠡᠷᠬᠡ ᠲᠡᠭᠰᠢ ᠥᠷᠢᠰᠥᠯᠳᠦᠭᠡᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ᠂ ᠭᠠᠶ᠋ᠢᠯᠢ ᠵᠢᠨ ᠶᠠᠪᠤᠳᠠᠯ᠂ ᠭᠡᠷ ᠪᠦᠯᠢ ᠵᠢᠨ ᠬᠦᠴᠦᠷᠬᠡᠭᠯᠡᠯ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ ᠵᠢᠨ ᠬᠠᠤᠯᠢ ᠴᠠᠭ᠋ᠠᠵᠠ ᠬᠠᠤᠯᠢ ᠳᠦᠷᠢᠮ ᠪᠠ ᠭᠠᠳᠠᠭ᠋ᠠᠳᠤ᠎ᠳᠤ ᠬᠣᠯᠪᠣᠭᠳᠠᠬᠤ ᠬᠠᠤᠯᠢ ᠳᠦᠷᠢᠮ᠎ᠢ ᠤᠬᠠᠭᠤᠯᠤᠨ᠎ᠠ᠃
     7 . ᠨᠠᠮ᠎ᠤᠨ ᠳᠣᠲᠣᠭ᠋ᠠᠳᠤ᠎ᠳᠤ ᠬᠠᠤᠯᠢ ᠳᠦᠷᠢᠮ᠎ᠢ ᠭᠦᠨᠵᠡᠭᠡᠶ ᠰᠤᠷᠤᠯᠴᠠᠨ ᠤᠬᠠᠭᠤᠯᠤᠨ᠎ᠠ᠃ ᠨᠠᠮ᠎ᠤᠨ ᠲᠦᠷᠢᠮ᠂ ᠳᠦᠷᠢᠮ ᠪᠠ ᠳᠦᠷᠢᠮ ᠳᠣᠭᠲᠠᠭ᠋ᠠᠯ ᠵᠡᠷᠭᠡ ᠵᠢ ᠭᠣᠣᠯᠳᠠᠯᠭ᠋ᠠᠲᠠᠢ ᠰᠤᠷᠤᠯᠴᠠᠨ ᠤᠬᠠᠭᠤᠯᠵᠤ᠂ ᠨᠠᠮ᠎ᠤᠨ ᠳᠣᠲᠣᠭ᠋ᠠᠳᠤ ᠵᠢᠨ ᠬᠠᠤᠯᠢ ᠳᠦᠷᠢᠮ᠎ᠤᠨ ᠤᠬᠠᠭᠤᠯᠭ᠎ᠠ ᠵᠢ ᠤᠯᠤᠰ᠎ᠤᠨ ᠬᠠᠤᠯᠢ ᠴᠠᠭ᠋ᠠᠵᠠ ᠵᠢᠨ ᠤᠬᠠᠭᠤᠯᠭ᠎ᠠ᠎ᠲᠠᠢ ᠵᠣᠯᠭ᠋ᠠᠭᠤᠯᠤᠨ ᠵᠣᠬᠢᠴᠠᠭᠤᠯᠬᠤ ᠵᠢ ᠴᠢᠬᠤᠯᠠᠴᠢᠯᠠᠵᠤ᠂ ᠨᠠᠮ᠎ᠤᠨ ᠳᠣᠲᠣᠭ᠋ᠠᠳᠤ ᠵᠢᠨ ᠬᠠᠤᠯᠢ ᠳᠦᠷᠢᠮ᠎ᠢ ᠰᠤᠷᠤᠯᠴᠠᠨ ᠡᠵᠡᠮᠰᠢᠬᠦ ᠵᠢ ᠬᠢᠷᠢ ᠲᠡᠩᠴᠡᠭᠰᠡᠨ ᠨᠠᠮ᠎ᠤᠨ ᠭᠡᠰᠢᠭᠦᠨ᠎ᠤ ᠦᠨᠳᠦᠰᠦᠨ ᠱᠠᠭ᠋ᠠᠷᠳᠠᠯᠭ᠎ᠠ ᠪᠣᠯᠭ᠋ᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ 《ᠭᠤᠷᠪᠠᠨ ᠬᠤᠷᠠᠯ ᠨᠢᠭᠡ ᠬᠢᠴᠢᠶᠡᠯ》᠎ᠤᠨ ᠠᠭᠤᠯᠭ᠎ᠠ᠎ᠳᠤ ᠣᠷᠣᠭᠤᠯᠵᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠨᠠᠮ᠎ᠤᠨ ᠬᠡᠰᠢᠭᠦᠳ᠎ᠢ ᠨᠠᠩ ᠰᠠᠶ᠋ᠢᠲᠤᠷ ᠬᠥᠲᠥᠯᠥᠨ ᠵᠢᠯᠣᠭᠣᠳᠴᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ   ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠨ ᠴᠡᠭᠡᠷᠯᠡᠬᠦ᠂ ᠬᠣᠷᠢᠭ᠎ᠠ ᠱᠤᠭᠤᠮ᠎ᠢ ᠰᠠᠬᠢᠬᠤ ᠪᠣᠯᠭ᠋ᠠᠨ᠎ᠠ᠃
    (ᠬᠣᠶᠠᠷ) ᠬᠠᠤᠯᠢ ᠵᠢ ᠲᠦᠭᠡᠮᠡᠯᠵᠢᠭᠦᠯᠬᠦ ᠬᠠᠨᠳᠤᠯᠭ᠋ᠠᠲᠤ ᠴᠢᠨᠠᠷ ᠪᠠ ᠦᠷ᠎ᠡ ᠪᠦᠳᠦᠮᠵᠢᠳᠦ ᠴᠢᠨᠠᠷ᠎ᠢ ᠦᠨᠡᠨ ᠬᠦ᠌ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠬᠦᠴᠦᠯᠡᠨ ᠠᠬᠢᠭᠤᠯᠤᠨ᠎ᠠ᠃  
     8 . ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠢ ᠳᠦᠷᠢᠮᠵᠢᠭᠦᠯᠬᠦ ᠪᠠ ᠪᠠᠶ᠋ᠢᠩᠭᠤᠵᠢᠭᠤᠯᠬᠤ ᠵᠢ ᠠᠬᠢᠭᠤᠯᠤᠨ᠎ᠠ᠃ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠲᠤᠰᠬᠠᠶ ᠮᠡᠷᠭᠡᠵᠢᠯ᠎ᠤᠨ ᠵᠢᠭ᠋ᠠᠬᠤ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠵᠦ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠢᠴᠢᠶᠡᠯ᠎ᠢ ᠪᠦᠷᠢᠨ ᠭᠦᠢ᠍ᠴᠡᠳ ᠰᠠᠶ᠋ᠢᠲᠤᠷ ᠨᠡᠭᠡᠭᠡᠬᠦ ᠵᠢ ᠦᠨᠡᠨ ᠬᠦ᠌ ᠪᠠᠲᠤᠯᠠᠨ᠎ᠠ; ᠠᠮᠤᠷ ᠲᠦᠪᠰᠢᠨ᠂ ᠬᠤᠤᠷ᠎ᠢ ᠴᠠᠭ᠋ᠠᠵᠠᠯᠠᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ᠂ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠬᠠᠤ ᠵᠢᠴᠢ ᠰᠤᠷᠤᠭᠴᠢᠳ᠎ᠤᠨ ᠳᠣᠷᠣᠮᠵᠢᠯᠠᠯ᠂ ᠰᠦᠯᠵᠢᠶᠡᠨ᠎ᠳᠠᠬᠢ ᠮᠡᠬᠡᠯᠡᠯ᠂ ᠬᠥᠮᠦᠨ᠎ᠤ ᠪᠡᠶ᠎ᠡ᠎ᠳᠤ ᠬᠠᠯᠳᠠᠬᠤ ᠪᠠ ᠬᠥᠮᠦᠨ ᠠᠮᠠ ᠵᠢ ᠮᠡᠬᠡᠯᠡᠨ ᠬᠤᠳᠠᠯᠳᠤᠬᠤ ᠵᠡᠷᠭᠡ ᠠᠭᠤᠯᠭ᠎ᠠ᠎ᠲᠠᠢ ᠤᠶᠠᠯᠳᠤᠭᠤᠯᠤᠨ ᠡᠳᠦᠷ ᠲᠤᠲᠤᠮ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠬᠠᠤᠯᠢ᠎ᠪᠠᠷ ᠵᠠᠰᠠᠬᠤ ᠬᠥᠮᠦᠵᠢᠯ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠡᠪᠴᠢᠶᠡᠨ᠎ᠳᠤ ᠣᠷᠣᠭᠤᠯᠤᠨ᠎ᠠ; ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ (ᠬᠠᠤᠯᠢ᠎ᠪᠠᠷ ᠵᠠᠰᠠᠬᠤ ᠡᠬᠢ ᠪᠠᠶᠠᠯᠢᠭ᠎ᠤᠨ ᠬᠢᠴᠢᠶᠡᠯ᠎ᠤᠨ ᠭᠡᠷ)᠎ᠢ ᠨᠡᠶ᠋ᠢᠭᠡᠮ᠎ᠤᠨ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠋ᠠᠨ᠎ᠤ ᠪᠠᠢ᠌ᠷᠢ ᠲᠠᠯᠠᠪᠤᠷ᠎ᠤᠨ ᠬᠡᠪᠴᠢᠶᠡᠨ᠎ᠳᠤ ᠣᠷᠣᠭᠤᠯᠤᠨ᠎ᠠ᠃
     9 . ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠨᠠᠷᠢᠯᠢᠭ ᠣᠨᠣᠴᠠᠲᠠᠢ᠎ᠪᠠᠷ ᠬᠠᠤᠯᠢ ᠵᠢ ᠲᠦᠭᠡᠮᠡᠯᠵᠢᠭᠦᠯᠬᠦ ᠵᠢ ᠠᠬᠢᠭᠤᠯᠤᠨ᠎ᠠ᠃ ᠲᠠᠰ   ᠬᠤᠪᠢᠶᠠᠨ᠂ ᠬᠠᠤᠯᠢ ᠵᠢ ᠲᠦᠭᠡᠮᠡᠯᠵᠢᠭᠦᠯᠬᠦ ᠬᠠᠷᠠᠯᠲᠠ᠂ ᠠᠭᠤᠯᠭ᠎ᠠ ᠪᠠ ᠠᠷᠭ᠎ᠠ ᠵᠠᠮ᠎ᠢ ᠲᠥᠷᠥᠯ ᠬᠤᠪᠢᠶᠠᠨ ᠲᠥᠯᠥᠪᠯᠡᠵᠦ᠂ ᠲᠣᠪᠶᠣᠭ ᠮᠠᠶᠢᠭ᠎ᠤᠨ ᠬᠠᠤᠯᠢ ᠲᠦᠭᠡᠮᠡᠯᠵᠢᠭᠦᠯᠬᠦ ᠠᠵᠢᠯ᠎ᠢ ᠰᠦᠪᠡᠭᠴᠢᠯᠡᠨ ᠥᠷᠨᠢᠭᠦᠯᠦᠨ᠎ᠡ; ᠰᠢᠨ᠎ᠡ ᠮᠡᠷᠭᠡᠵᠢᠯ᠎ᠢ ᠬᠡᠷᠡᠭᠯᠡᠨ ᠠᠳᠠᠯᠢ ᠪᠤᠰᠤ ᠱᠠᠲᠤᠨ᠎ᠤ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠡᠷᠡᠭᠴᠡᠭᠡ ᠵᠢ ᠵᠠᠳᠠᠯᠬᠤ ᠵᠢ ᠴᠢᠬᠤᠯᠠᠴᠢᠯᠠᠵᠤ᠂ ᠬᠠᠤᠯᠢ ᠵᠢ ᠲᠦᠭᠡᠮᠡᠯᠵᠢᠭᠦᠯᠬᠦ ᠠᠭᠤᠯᠭ᠎ᠠ ᠵᠢᠨ ᠲᠣᠬᠢᠷᠠᠮᠵᠢᠲᠤ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠎ᠡ; ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠪᠠᠷᠢᠮᠵᠢᠶ᠎ᠠ ᠪᠠ ᠠᠵᠢᠯᠯᠠᠭ᠋ᠠᠨ᠎ᠤ ᠳᠦᠷᠢᠮᠵᠢᠯ᠎ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠦᠷ᠎ᠡ ᠪᠦᠲᠦᠮᠵᠢ ᠵᠢ ᠬᠢᠨᠠᠨ ᠳᠣᠭᠲᠠᠭ᠋ᠠᠬᠤ ᠵᠢ ᠲᠤᠷᠰᠢᠨ ᠥᠷᠨᠢᠭᠦᠯᠦᠨ᠎ᠡ᠃ ᠬᠡᠷᠡᠭ᠎ᠤᠨ ᠵᠢᠱ᠌ᠢᠶ᠎ᠡ᠎ᠪᠠᠷ ᠬᠠᠤᠯᠢ ᠵᠢ ᠲᠦᠭᠡᠮᠡᠯᠵᠢᠭᠦᠯᠬᠦ ᠠᠵᠢᠯ᠎ᠢ ᠴᠢᠩᠭ᠋ᠠᠳᠬᠠᠵᠤ᠂ ᠬᠡᠷᠡᠭ᠎ᠤᠨ ᠵᠢᠱ᠌ᠢᠶ᠎ᠡ᠎ᠪᠠᠷ ᠬᠠᠤᠯᠢ ᠵᠢ ᠲᠠᠢ᠌ᠯᠪᠤᠷᠢᠯᠠᠨ᠎ᠠ᠃
     10 . ᠣᠨᠴᠠᠭ᠋ᠠᠶ ᠭᠠᠵᠠᠷ ᠣᠷᠣᠨ ᠪᠠ ᠣᠨᠴᠠᠭ᠋ᠠᠶ ᠬᠠᠮᠲᠤᠯᠢᠭ᠎ᠤᠨ ᠬᠠᠤᠯᠢ ᠲᠦᠭᠡᠮᠡᠯᠵᠢᠭᠦᠯᠬᠦ ᠠᠵᠢᠯ᠎ᠢ ᠠᠬᠢᠭᠤᠯᠤᠨ᠎ᠠ᠃ ᠭᠡᠷ᠎ᠲᠤ᠎ᠪᠠᠨ   ᠦᠯᠡᠳᠡᠭᠰᠡᠨ ᠦᠷ᠎ᠡ ᠬᠡᠦᠬᠡᠳ᠂ ᠳᠠᠭ᠋ᠠᠵᠤ ᠨᠡᠭᠦᠭᠰᠡᠨ ᠦᠷ᠎ᠡ ᠬᠡᠦᠬᠡᠳ᠂ ᠵᠡᠮᠳᠡᠭ ᠬᠡᠦᠬᠡᠳ ᠪᠠᠭ᠋ᠠᠴᠤᠳ ᠵᠡᠷᠭᠡ ᠰᠤᠷᠤᠭᠴᠢᠳ᠎ᠤᠨ ᠬᠠᠤᠯᠢ᠎ᠪᠠᠷ ᠵᠠᠰᠠᠬᠤ ᠬᠡᠷᠡᠭᠴᠡᠭᠡ ᠱᠠᠭ᠋ᠠᠷᠳᠠᠯᠭ᠎ᠠ ᠵᠢ ᠠᠩᠬᠠᠷᠴᠤ᠂ ᠬᠣᠯᠪᠤᠭᠳᠠᠬᠤ ᠬᠠᠤᠯᠢ᠎ᠪᠠᠷ ᠵᠠᠰᠠᠬᠤ ᠦᠢ᠍ᠯᠡᠴᠢᠯᠡᠭᠡᠨ᠎ᠤ ᠳᠡᠮᠵᠢᠯᠭᠡ ᠵᠢ ᠬᠠᠩᠭ᠋ᠠᠨ᠎ᠠ; ᠬᠥᠳᠡᠭᠡ ᠲᠣᠰᠬᠣᠨ᠂ ᠵᠠᠬ᠎ᠠ ᠬᠢᠵᠠᠭ᠋ᠠᠷ ᠣᠷᠣᠨ ᠵᠡᠷᠭᠡ ᠭᠠᠵᠠᠷ ᠣᠷᠣᠨ᠎ᠤ ᠰᠤᠷᠭ᠋ᠠᠭᠤᠯᠢ᠎ᠳᠤ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠺᠠᠳ᠋ᠷ ᠪᠠᠭᠰᠢ ᠰᠤᠷᠤᠭᠴᠢᠳ᠎ᠤᠨ ᠭᠦᠷᠳᠡᠭᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ ᠪᠠ ᠠᠮᠤᠷ ᠲᠦᠪᠰᠢᠨ᠎ᠤ ᠲᠦᠷᠦᠭᠳᠡᠯ᠎ᠢ ᠳᠡᠭᠡᠭᠰᠢᠯᠡᠭᠦᠯᠬᠦ ᠵᠢ ᠠᠬᠢᠭᠤᠯᠤᠨ᠎ᠠ᠃
    (ᠭᠤᠷᠪᠠ) ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ᠎ᠳᠤ ᠭᠦᠨᠵᠡᠭᠡᠢ ᠨᠡᠪᠴᠢᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠬᠦ᠎ᠳᠤ ᠬᠠᠤᠯᠢ᠎ᠪᠠᠷ ᠵᠠᠰᠠᠬᠤ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠣᠢ ᠪᠣᠯᠭ᠋ᠠᠨ᠎ᠠ᠃
     11 . ᠬᠠᠤᠯᠢ ᠵᠢ ᠲᠦᠭᠡᠮᠡᠯᠵᠢᠭᠦᠯᠬᠦ ᠪᠠ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠨᠢᠭᠲᠠ ᠤᠶᠠᠯᠳᠤᠭᠤᠯᠬᠤ ᠵᠢ ᠠᠬᠢᠭᠤᠯᠤᠨ᠎ᠠ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠰᠡᠳᠬᠢᠮᠵᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭᠯᠡᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢ ᠠᠬᠢᠭᠤᠯᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠠᠤᠯᠢ ᠵᠢ ᠲᠦᠭᠡᠮᠡᠯᠵᠢᠭᠦᠯᠬᠦ ᠵᠢ ᠰᠤᠷᠭ᠋ᠠᠨ ᠬᠥᠮᠦᠵᠢᠯ᠎ᠤᠨ ᠬᠠᠤᠯᠢ ᠲᠣᠭᠲᠠᠭ᠋ᠠᠬᠤ ᠶᠠᠪᠤᠴᠠ᠎ᠳᠤ ᠠᠭᠤᠰᠬᠠᠵᠤ᠂ ᠰᠠᠨᠠᠯ ᠬᠤᠷᠢᠶᠠᠬᠤ᠂ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠷᠠᠳ ᠣᠯᠠᠨ᠎ᠢ ᠬᠥᠲᠥᠯᠥᠨ ᠵᠢᠯᠣᠭᠣᠳᠴᠤ ᠬᠠᠤᠯᠢ ᠲᠣᠭᠲᠠᠭ᠋ᠠᠬᠤ᠂ ᠬᠠᠤᠯᠢ ᠵᠢ ᠣᠢ᠌ᠯᠠᠭ᠋ᠠᠬᠤ᠎ᠳᠤ ᠢᠳᠡᠪᠬᠢᠲᠡᠢ ᠣᠷᠣᠯᠴᠠᠭᠤᠯᠤᠨ᠎ᠠ᠃ 《ᠬᠡᠨ ᠬᠠᠤᠯᠢ ᠵᠢ ᠬᠡᠷᠡᠭᠵᠢᠭᠦᠯᠪᠡᠯ ᠬᠡᠨ ᠬᠠᠤᠯᠢ ᠵᠢ ᠲᠦᠭᠡᠮᠡᠯᠵᠢᠭᠦᠯᠬᠦ》᠂ 《ᠬᠡᠨ ᠬᠠᠮᠢᠶᠠᠷᠪᠠᠯ ᠬᠡᠨ ᠬᠠᠤᠯᠢ ᠵᠢ ᠲᠦᠭᠡᠮᠡᠯᠵᠢᠭᠦᠯᠬᠦ》 ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠎ᠠ ᠵᠢᠨ ᠲᠣᠭᠲᠠᠴᠠ ᠵᠢ   ᠲᠡᠭᠦᠯᠳᠡᠷᠵᠢᠭᠦᠯᠦᠨ᠂ ᠬᠠᠤᠯᠢ ᠵᠢ ᠲᠦᠭᠡᠮᠡᠯᠵᠢᠭᠦᠯᠬᠦ ᠠᠭᠤᠯᠭ᠎ᠠ ᠵᠢ ᠲᠣᠳᠣᠷᠬᠠᠶ᠋ᠢᠯᠠᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠲᠦᠷᠢᠮ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠬᠦ ᠵᠢ ᠠᠬᠢᠭᠤᠯᠵᠤ᠂ ᠬᠠᠤᠯᠢ ᠵᠢ ᠲᠦᠭᠡᠮᠡᠯᠵᠢᠭᠦᠯᠬᠦ ᠵᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠡᠳᠦᠷ ᠲᠤᠲᠤᠮ᠎ᠤᠨ ᠬᠠᠮᠢᠶᠠᠷᠤᠯᠲᠠ᠎ᠳᠤ ᠠᠭᠤᠰᠬᠠᠵᠤ᠂ ᠰᠤᠷᠤᠭᠴᠢᠳ᠎ᠤᠨ ᠰᠠᠬᠢᠯᠭ᠎ᠠ ᠲᠦᠷᠢᠮ᠂ ᠵᠢᠭ᠋ᠠᠨ ᠰᠤᠷᠭ᠋ᠠᠯᠲᠠ ᠵᠢᠨ ᠲᠦᠷᠢᠮ᠂ ᠦᠢ᠍ᠯᠡ ᠠᠵᠢᠯᠯᠠᠭ᠋ᠠᠨ᠎ᠤ ᠳᠦᠷᠢᠮᠵᠢᠯ ᠪᠠ ᠪᠤᠰᠤᠳ ᠬᠠᠮᠢᠶᠠᠷᠤᠯᠲᠠ ᠵᠢᠨ ᠲᠦᠷᠢᠮ᠎ᠳᠤ ᠢᠯᠡᠷᠡᠭᠦᠯᠵᠦ᠂ ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠪᠠ ᠬᠠᠤᠯᠢ᠎ᠪᠠᠷ ᠵᠢᠭ᠋ᠠᠬᠤ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠰᠤᠷᠭ᠋ᠠᠭᠤᠯᠢ ᠵᠢᠨ ᠳᠦᠷᠢᠮ ᠳᠣᠭᠲᠠᠭ᠋ᠠᠯ᠂ ᠰᠤᠷᠭ᠋ᠠᠭᠤᠯᠢ ᠵᠢᠨ ᠳᠦᠷᠢᠮ ᠰᠤᠷᠭ᠋ᠠᠭᠤᠯᠢ ᠵᠢᠨ ᠰᠠᠬᠢᠯᠭ᠎ᠠ ᠪᠠᠲᠤ ᠵᠡᠷᠭᠡ ᠵᠢ ᠦᠨᠳᠦᠰᠦᠯᠡᠨ᠂ ᠰᠤᠷᠤᠭᠴᠢᠳ᠎ᠤᠨ ᠡᠳᠦᠷ ᠲᠤᠲᠤᠮ᠎ᠤᠨ ᠦᠢ᠍ᠯᠡ ᠠᠵᠢᠯᠯᠠᠭ᠎ᠠ ᠵᠢ ᠬᠢᠨᠠᠨ ᠪᠠᠶ᠋ᠢᠴᠠᠭ᠋ᠠᠵᠤ ᠦᠨᠡᠯᠡᠬᠦ ᠪᠠ ᠱᠠᠩᠨᠠᠵᠤ ᠲᠣᠷᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ᠎ᠳᠤ ᠰᠤᠷᠤᠭᠴᠢᠳ᠎ᠤᠨ ᠬᠠᠤᠯᠢ ᠰᠠᠬᠢᠯᠭ᠎ᠠ ᠵᠢ ᠵᠢᠷᠤᠮᠯᠠᠬᠤ ᠦᠵᠡᠯ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠰᠤᠷᠭ᠋ᠠᠭᠤᠯᠢ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ᠂ ᠪᠠᠭᠰᠢ ᠵᠢᠨ ᠠᠵᠢᠯ᠎ᠤᠨ ᠮᠣᠷᠠᠯ᠂ ᠰᠤᠷᠭ᠋ᠠᠨ ᠬᠥᠮᠦᠵᠢᠯ᠎ᠤᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ᠂ ᠠᠮᠤᠷ ᠲᠦᠪᠰᠢᠨ᠎ᠤ ᠬᠠᠮᠢᠶᠠᠷᠤᠯᠲᠠ᠂ 《ᠰᠤᠷᠭ᠋ᠠᠭᠤᠯᠢ ᠵᠢ ᠦᠢ᠍ᠮᠡᠭᠦᠯᠬᠦ》 ᠵᠢ ᠬᠠᠤᠯᠢ᠎ᠪᠠᠷ ᠵᠠᠰᠠᠬᠤ ᠵᠢ ᠴᠢᠩᠭ᠋ᠠᠳᠬᠠᠵᠤ᠂ ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠵᠢ ᠠᠬᠢᠭᠤᠯᠬᠤ ᠵᠡᠷᠭᠡ ᠬᠣᠯᠪᠤᠭᠳᠠᠬᠤ ᠲᠦᠷᠢᠮ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠤᠨ ᠰᠤᠷᠤᠯᠴᠠᠯᠭ᠎ᠠ ᠪᠠ ᠤᠬᠠᠭᠤᠯᠭ᠎ᠠ ᠵᠢ ᠠᠬᠢᠭᠤᠯᠵᠤ᠂ ᠰᠤᠷᠭ᠋ᠠᠭᠤᠯᠢ᠂ ᠪᠠᠭᠰᠢ ᠵᠢᠨ ᠬᠠᠤᠯᠢ ᠶᠣᠰᠤ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠳᠦᠷᠢᠮᠵᠢᠭᠦᠯᠵᠦ ᠪᠠᠲᠤᠯᠠᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠮᠬᠢ ᠵᠢᠷᠤᠮ᠎ᠢ ᠨᠠᠩ ᠰᠠᠶ᠋ᠢᠲᠤᠷ ᠬᠠᠮᠠᠭ᠋ᠠᠯᠠᠨ᠎ᠠ᠃
      ᠭᠤᠷᠪᠠ᠂ ᠭᠣᠣᠯᠳᠠᠯᠭ᠋ᠠᠲᠠᠢ ᠠᠷᠭ᠎ᠠ ᠬᠡᠮᠵᠢᠶ᠎ᠡ
     (ᠨᠢᠭᠡ) ᠤᠯᠤᠰ ᠲᠥᠷᠥ ᠵᠢᠨ ᠵᠥᠪ ᠴᠢᠭᠯᠡᠯ᠎ᠢ ᠪᠠᠲᠤ ᠡᠵᠡᠮᠳᠡᠨ᠎ᠡ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠤᠯᠤᠰ ᠲᠥᠷᠥ ᠵᠢᠨ ᠡᠭᠦᠷᠭᠡ᠎ᠪᠠᠨ ᠪᠣᠯᠭ᠋ᠠᠵᠤ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠨᠠᠮ᠎ᠤᠨ ᠬᠣᠷᠢᠶᠠᠨ (ᠨᠠᠮ᠎ᠤᠨ ᠤᠳᠤᠷᠢᠳᠬᠤ ᠳᠤᠭᠤᠶ᠋ᠢᠯᠠᠩ)᠎ᠤ ᠣᠨᠣᠯ᠎ᠤᠨ ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ᠂ ᠤᠳᠤᠷᠢᠳᠬᠤ ᠪᠠᠭ᠎ᠤᠨ ᠬᠠᠮᠲᠤ ᠵᠢᠨ ᠰᠤᠷᠤᠯᠴᠠᠯᠭ᠎ᠠ ᠵᠢᠨ ᠴᠢᠬᠤᠯᠠ ᠠᠭᠤᠯᠭ᠎ᠠ ᠪᠣᠯᠭ᠋ᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷ᠂ ᠪᠠᠭᠰᠢ ᠵᠡᠷᠭᠡ ᠵᠢᠨ ᠬᠥᠮᠦᠵᠢᠯ ᠪᠣᠯᠪᠠᠰᠤᠷᠠᠭᠤᠯᠤᠯ᠎ᠤᠨ ᠭᠣᠣᠯᠳᠠᠯᠭ᠋ᠠᠲᠠᠢ ᠬᠢᠴᠢᠶᠡᠯ ᠪᠣᠯᠭ᠋ᠠᠨ᠎ᠠ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠳᠤ ᠠᠭᠤᠰᠬᠠᠬᠤ ᠵᠢ ᠠᠬᠢᠭᠤᠯᠵᠤ᠂ ᠳᠡᠭᠡᠳᠦ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠤᠨᠤᠯ᠎ᠤᠨ ᠵᠢᠭ᠋ᠠᠨ ᠰᠤᠷᠭ᠋ᠠᠯᠲᠠ ᠵᠢᠨ ᠳᠣᠭᠲᠠᠯᠴᠠᠭ᠎ᠠ᠎ᠳᠤ ᠣᠷᠣᠭᠤᠯᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠬᠣᠯᠪᠤᠭᠳᠠᠬᠤ ᠤᠨᠤᠯ᠎ᠤᠨ ᠰᠤᠳᠤᠯᠭ᠋ᠠᠨ ᠪᠠ ᠲᠠᠶ᠋ᠢᠯᠪᠤᠷᠢᠯᠠᠯᠲᠠ ᠵᠢ ᠴᠢᠩᠭ᠋ᠠᠳᠬᠠᠨ᠎ᠠ᠃ ᠬᠠᠤᠯᠢ ᠵᠢᠨ ᠤᠬᠠᠭ᠋ᠠᠨ᠎ᠤ ᠲᠥᠷᠥᠯ᠎ᠤᠨ ᠮᠠᠷᠺᠰ᠎ᠤᠨ ᠦᠵᠡᠯ᠎ᠤᠨ ᠣᠨᠣᠯ᠎ᠤᠨ ᠰᠣᠳᠤᠯᠭ᠋ᠠᠨ ᠪᠠ ᠪᠠᠢ᠌ᠭᠤᠯᠤᠯᠲᠠ ᠵᠢᠨ ᠢᠨᠵᠧᠨᠧᠷᠢᠩ᠎ᠤᠨ ᠭᠣᠣᠯᠳᠠᠯᠭ᠋ᠠᠲᠠᠢ ᠵᠢᠭ᠋ᠠᠬᠤ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ᠎ᠳᠤ ᠣᠷᠣᠯᠴᠠᠵᠤ᠂ 《ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠲᠣᠶ᠋ᠢᠮᠣᠴᠢᠯᠠᠯ》᠎ᠢ ᠬᠠᠤᠯᠢ ᠵᠢᠨ ᠤᠬᠠᠭ᠋ᠠᠨ᠎ᠤ ᠲᠤᠰᠬᠠᠶ ᠮᠡᠷᠭᠡᠵᠢᠯ᠎ᠤᠨ ᠭᠤᠤᠯᠯᠠᠬᠤ ᠵᠠᠪᠠᠯ ᠰᠤᠷᠬᠤ ᠬᠢᠴᠢᠶᠡᠯ᠎ᠳᠤ ᠣᠷᠣᠭᠤᠯᠵᠤ᠂ ᠨᠥᠬᠥᠴᠡᠯ᠎ᠲᠠᠢ ᠳᠡᠭᠡᠳᠦ ᠰᠤᠷᠭ᠋ᠠᠭᠤᠯᠢ᠎ᠨᠤᠭᠤᠳ ᠪᠥᠬᠥ ᠰᠤᠷᠤᠭᠴᠢ᠎ᠳᠤ ᠬᠠᠨᠳᠤᠭᠤᠯᠤᠨ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠬᠣᠯᠪᠤᠭᠳᠠᠬᠤ ᠣᠯᠠᠨ ᠨᠡᠶ᠋ᠢᠲᠡ ᠵᠢᠨ ᠰᠣᠩᠭᠣᠨ ᠰᠤᠷᠬᠤ ᠬᠢᠴᠢᠶᠡᠯ ᠨᠡᠭᠡᠭᠡᠬᠦ ᠵᠢ ᠳᠡᠮᠵᠢᠨ᠎ᠡ᠃ ᠰᠦᠯᠵᠢᠶ᠎ᠡ᠂ ᠲᠧᠯᠸᠢᠰ ᠬᠣᠷᠢᠶ᠎ᠠ᠂ ᠰᠣᠨᠢᠨ ᠰᠡᠳᠬᠦᠯ ᠵᠡᠷᠭᠡ ᠣᠯᠠᠨ ᠵᠦᠢ᠍ᠯ᠎ᠤᠨ ᠠᠷᠭ᠎ᠠ ᠵᠠᠮ᠎ᠢ ᠭᠦᠢ᠍ᠴᠡᠳ ᠠᠰᠢᠭᠯᠠᠨ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠡᠷᠴᠢᠮ᠎ᠢ ᠴᠢᠩᠭ᠋ᠠᠷᠠᠭᠤᠯᠤᠨ᠎ᠠ᠃
     (ᠬᠣᠶᠠᠷ) ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠡᠳᠦᠷ ᠲᠤᠲᠤᠮ᠎ᠤᠨ ᠬᠠᠤᠯᠢ ᠵᠢ ᠰᠤᠷᠴᠤ ᠬᠠᠤᠯᠢ ᠵᠢ ᠬᠡᠷᠡᠭᠯᠡᠬᠦ ᠵᠢ ᠭᠦᠨᠵᠡᠭᠡᠶ ᠠᠬᠢᠭᠤᠯᠤᠨ᠎ᠠ᠃ ᠤᠳᠤᠷᠢᠳᠬᠤ ᠺᠠᠳ᠋ᠷ᠎ᠤᠨ ᠳᠠᠭᠤᠷᠢᠶᠠᠯ ᠦᠵᠡᠭᠦᠯᠵᠦ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ ᠵᠡᠷᠭᠡ ᠬᠠᠤᠯᠢ᠎ᠪᠠᠷ ᠵᠠᠰᠠᠬᠤ ᠠᠭᠤᠯᠭ᠎ᠠ ᠵᠢ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠤᠳᠤᠷᠢᠳᠬᠤ ᠪᠠᠭ᠎ᠤᠨ ᠵᠢᠯ᠎ᠤᠨ ᠰᠤᠷᠤᠯᠴᠠᠯᠭ᠎ᠠ ᠵᠢᠨ ᠲᠥᠯᠥᠪᠯᠡᠭᠡ᠎ᠳᠤ ᠣᠷᠣᠭᠤᠯᠵᠤ᠂ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠣᠯᠤᠨ ᠬᠠᠤᠯᠢ ᠶᠣᠰᠤ᠎ᠪᠠᠷ ᠲᠤᠰᠢᠶᠠᠯ ᠵᠶ᠋ᠠᠨ ᠭᠦᠢ᠍ᠴᠡᠳᠬᠡᠭᠰᠡᠨ ᠪᠠᠶ᠋ᠢᠳᠠᠯ᠎ᠢ ᠺᠠᠳ᠋ᠷ᠎ᠢ ᠬᠢᠨᠠᠨ ᠪᠠᠢ᠌ᠴᠠᠭ᠋ᠠᠵᠤ ᠦᠨᠡᠯᠡᠬᠦ ᠴᠢᠬᠤᠯᠠ ᠠᠭᠤᠯᠭ᠎ᠠ ᠪᠣᠯᠭ᠋ᠠᠨ᠎ᠠ᠃ ᠤᠳᠤᠷᠢᠳᠬᠤ ᠺᠠᠳ᠋ᠷᠴᠤᠳ᠎ᠤᠨ ᠮᠡᠳᠡᠪᠡᠰᠦ ᠵᠣᠬᠢᠬᠤ ᠬᠠᠤᠯᠢ ᠴᠠᠭ᠋ᠠᠵᠠ ᠵᠢᠨ ᠲᠣᠳᠣᠷᠬᠠᠢ ᠬᠠᠭᠤᠳᠠᠰᠤᠨ᠎ᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠺᠠᠳ᠋ᠷ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠰᠤᠷᠤᠯᠴᠠᠨ ᠡᠵᠡᠮᠰᠢᠬᠦ ᠶᠣᠰᠣᠲᠠᠢ ᠬᠠᠤᠯᠢ᠎ᠪᠠᠷ ᠵᠠᠰᠠᠬᠤ ᠠᠭᠤᠯᠭ᠎ᠠ ᠵᠢ ᠱᠠᠳᠤ ᠬᠤᠪᠢᠶᠠᠨ ᠲᠦᠷᠦᠯ ᠬᠤᠪᠢᠶᠠᠨ ᠲᠣᠳᠣᠷᠬᠠᠢ ᠲᠣᠭᠲᠠᠭ᠋ᠠᠨ᠎ᠠ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠠ ᠳᠡᠭᠡᠳᠦ ᠰᠤᠷᠭ᠋ᠠᠭᠤᠯᠢ ᠦᠨᠳᠦᠰᠦᠨ ᠬᠠᠤᠯᠢ ᠬᠠᠤᠯᠢ ᠴᠠᠭ᠋ᠠᠵᠠ ᠪᠠ ᠨᠠᠮ᠎ᠤᠨ ᠳᠣᠲᠣᠭ᠋ᠠᠳᠤ ᠵᠢᠨ ᠬᠠᠤᠯᠢ ᠳᠦᠷᠢᠮ᠎ᠢ ᠨᠠᠮ᠎ᠤᠨ ᠬᠣᠷᠢᠶᠠᠨ (ᠨᠠᠮ᠎ᠤᠨ ᠤᠳᠤᠷᠢᠳᠬᠤ ᠳᠤᠭᠤᠶ᠋ᠢᠯᠠᠩ)᠎ᠤ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠤᠳᠤᠷᠢᠳᠬᠤ ᠪᠠᠭ ᠪᠠ ᠤᠳᠤᠷᠢᠳᠬᠤ ᠺᠠᠳ᠋ᠷ ᠵᠢᠯ᠎ᠤᠨ ᠬᠢᠨᠠᠨ ᠪᠠᠢ᠌ᠴᠠᠭ᠋ᠠᠯᠲᠠ ᠵᠢᠨ ᠲᠤᠰᠢᠶᠠᠯ᠎ᠤᠨ ᠮᠡᠳᠡᠭᠦᠯᠦᠯᠲᠡ ᠬᠢᠬᠦ᠎ᠳᠤ᠎ᠪᠠᠨ ᠬᠠᠤᠯᠢ᠎ᠪᠠᠷ ᠵᠠᠰᠠᠬᠤ ᠰᠤᠷᠤᠯᠴᠠᠯᠭ᠎ᠠ᠂ ᠴᠢᠬᠤᠯᠠ ᠶᠡᠬᠡ ᠬᠡᠷᠡᠭ ᠶᠠᠪᠤᠳᠠᠯ᠎ᠳᠤ ᠬᠠᠤᠯᠢ ᠶᠣᠰᠤ᠎ᠪᠠᠷ ᠰᠢᠢ᠍ᠳᠪᠦᠷᠢᠲᠦ ᠪᠤᠳᠤᠯᠭ᠎ᠠ ᠳᠣᠭᠲᠠᠭ᠋ᠠᠭᠰᠠᠨ᠂ ᠬᠠᠤᠯᠢ ᠶᠣᠰᠤ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ ᠵᠡᠷᠭᠡ ᠵᠢᠨ ᠲᠣᠭᠣᠷᠢᠨ᠎ᠳᠤ ᠬᠠᠤᠯᠢ ᠵᠢ ᠲᠣᠭ᠋ᠠᠴᠢᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷ᠎ᠤᠨ ᠬᠠᠤᠯᠢ᠎ᠪᠠᠷ ᠵᠠᠰᠠᠬᠤ ᠪᠣᠯᠪᠠᠰᠤᠷᠠᠭᠤᠯᠤᠯ᠎ᠤᠨ ᠡᠷᠴᠢᠮ᠎ᠢ ᠴᠢᠩᠭ᠋ᠠᠷᠠᠭᠤᠯᠵᠤ᠂ ᠬᠠᠤᠯᠢ᠎ᠪᠠᠷ ᠵᠠᠰᠠᠬᠤ ᠬᠥᠮᠦᠵᠢᠯ᠎ᠢ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠠᠯᠪᠠᠳᠠᠨ᠎ᠤ ᠪᠣᠯᠪᠠᠰᠤᠷᠠᠭᠤᠯᠤᠯ᠎ᠤᠨ ᠶᠡᠷᠦᠩᠬᠡᠢ ᠲᠥᠯᠥᠪᠵᠢᠭᠦᠯᠭᠡ᠎ᠳᠤ ᠣᠷᠣᠭᠤᠯᠵᠤ᠂ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠵᠢᠯ ᠪᠦᠷᠢ 3᠎ᠠᠴᠠ 5 ᠠᠵᠢᠯ᠎ᠤᠨ ᠡᠳᠦᠷ ᠲᠤᠬᠢᠷᠠᠭᠤᠯᠵᠤ ᠬᠠᠤᠯᠢ᠎ᠪᠠᠷ ᠵᠠᠰᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ᠎ᠢ ᠲᠥᠪᠯᠡᠷᠡᠭᠦᠯᠦᠨ ᠥᠷᠨᠢᠭᠦᠯᠦᠨ᠎ᠡ᠃ ᠠᠬᠤᠢ ᠲᠠᠯᠠᠪᠠᠢ ᠪᠤᠶᠤ ᠰᠦᠯᠵᠢᠶ᠎ᠡ᠎ᠪᠠᠷ ᠳᠠᠮᠵᠢᠭᠤᠯᠤᠨ ᠰᠢᠭᠦᠬᠦ ᠲᠢᠩᠬᠢᠮ᠎ᠤᠨ ᠲᠢᠩᠬᠢᠮ᠎ᠤᠨ ᠰᠢᠭᠦᠯᠲᠡ ᠵᠢ ᠰᠤᠯᠠ ᠰᠣᠨᠣᠰᠬᠤ ᠵᠢ ᠲᠦᠯᠬᠢᠨ ᠠᠬᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠤ ᠵᠠᠰᠠᠭ ᠵᠠᠬᠢᠷᠭ᠋ᠠᠨ᠎ᠤ᠎ᠬᠢᠨ ᠬᠠᠤᠯᠢ ᠵᠢ ᠬᠡᠷᠡᠭᠵᠢᠭᠦᠯᠬᠦ ᠠᠵᠢᠯᠳᠠᠨ᠎ᠢ ᠬᠥᠮᠦᠵᠢᠭᠦᠯᠬᠦ ᠬᠠᠤᠯᠢ᠎ᠪᠠᠷ ᠵᠠᠰᠠᠬᠤ ᠴᠢᠳᠠᠪᠤᠷᠢ ᠵᠢᠨ ᠪᠣᠯᠪᠠᠰᠤᠷᠠᠭᠤᠯᠤᠯ ᠵᠶ᠋ᠠᠨ ᠴᠢᠩᠭ᠋ᠠᠳᠬᠠᠬᠤ ᠵᠢ ᠵᠣᠷᠢᠭᠵᠢᠭᠤᠯᠤᠨ᠎ᠠ᠃
     (ᠭᠤᠷᠪᠠ) ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠵᠢᠨ ᠭᠣᠣᠯ ᠬᠠᠷᠢᠭᠤᠴᠠᠯᠭ᠋ᠠᠲᠠᠨ ᠮᠡᠳᠡᠪᠡᠰᠦ ᠵᠣᠬᠢᠬᠤ ᠬᠠᠤᠯᠢ ᠴᠠᠭ᠋ᠠᠵᠠ ᠬᠠᠤᠯᠢ ᠳᠦᠷᠢᠮ᠂ ᠲᠦᠷᠢᠮ ᠲᠣᠭᠲᠠᠭ᠋ᠠᠯ ᠵᠡᠷᠭᠡ ᠮᠡᠳᠡᠯᠭᠡ ᠵᠢᠨ ᠭᠣᠣᠯᠳᠠᠯᠭ᠎ᠠ ᠵᠢ ᠰᠤᠳᠤᠯᠤᠨ ᠲᠣᠭᠲᠠᠭ᠋ᠠᠵᠤ᠂ ᠰᠤᠷᠭ᠋ᠠᠭᠤᠯᠢ ᠵᠢᠨ ᠭᠣᠣᠯ ᠬᠠᠷᠢᠭᠤᠴᠠᠯᠭ᠋ᠠᠲᠠᠳ᠎ᠤᠨ ᠬᠠᠤᠯᠢ᠎ᠪᠠᠷ ᠵᠠᠰᠠᠬᠤ ᠴᠢᠳᠠᠪᠤᠷᠢ ᠵᠢ ᠦᠨᠡᠯᠡᠬᠦ ᠲᠦᠷᠢᠮ᠎ᠢ ᠰᠦᠪᠡᠭᠴᠢᠯᠡᠨ ᠪᠠᠶ᠋ᠢᠭᠤᠯᠵᠤ᠂ ᠤᠯᠤᠰ᠎ᠤᠨ ᠡᠭᠦᠳᠦᠭᠰᠡᠨ ᠦᠨᠡᠯᠡᠬᠦ ᠰᠢᠯᠭ᠋ᠠᠯᠲᠠ ᠵᠢᠨ ᠰᠡᠳᠦᠪ᠎ᠤᠨ ᠬᠥᠮᠥᠷᠭᠡ ᠵᠢ ᠬᠡᠷᠡᠭᠯᠡᠬᠦ ᠵᠢ ᠲᠦᠯᠬᠢᠨ ᠠᠬᠢᠭᠤᠯᠤᠨ᠎ᠠ᠃ ᠰᠤᠷᠭ᠋ᠠᠭᠤᠯᠢ ᠵᠢᠨ ᠭᠤᠤᠯ ᠬᠠᠷᠢᠭᠤᠴᠠᠯᠭ᠋ᠠᠲᠠᠳ᠎ᠤᠨ ᠬᠠᠤᠯᠢ᠎ᠪᠠᠷ ᠰᠤᠷᠭ᠋ᠠᠭᠤᠯᠢ᠎ᠪᠠᠨ ᠵᠠᠰᠠᠬᠤ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠵᠠᠬᠢᠷᠤᠯ᠎ᠤᠨ ᠬᠠᠤᠯᠢ᠎ᠪᠠᠷ ᠰᠤᠷᠭ᠋ᠠᠭᠤᠯᠢ᠎ᠪᠠᠨ ᠵᠠᠰᠠᠬᠤ ᠴᠢᠳᠠᠪᠤᠷᠢ ᠵᠢ ᠪᠣᠯᠪᠠᠰᠤᠷᠠᠭᠤᠯᠤᠯ᠎ᠤᠨ ᠲᠥᠯᠥᠪᠯᠡᠭᠡ᠎ᠳᠤ ᠣᠷᠣᠭᠤᠯᠬᠤ ᠵᠢᠨ ᠬᠠᠮᠲᠤ ᠲᠤᠰᠠᠭ᠋ᠠᠷ ᠳᠣᠭᠢᠷᠠᠭᠤᠯᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ᠎ᠪᠠᠷ ᠰᠤᠷᠭ᠋ᠠᠭᠤᠯᠢ᠎ᠪᠠᠨ ᠵᠠᠰᠠᠬᠤ ᠴᠢᠳᠠᠪᠤᠷᠢ ᠵᠢ ᠰᠤᠷᠭ᠋ᠠᠭᠤᠯᠢ ᠵᠢᠨ ᠵᠠᠬᠢᠷᠤᠯ᠎ᠤᠨ ᠲᠤᠰᠢᠶᠠᠯ ᠬᠠᠷᠢᠭᠤᠴᠠᠬᠤ ᠪᠠ ᠠᠵᠢᠯ᠎ᠢ ᠪᠠᠢ᠌ᠴᠠᠭ᠋ᠠᠨ ᠬᠢᠨᠠᠬᠤ ᠵᠢᠨ ᠴᠢᠬᠤᠯᠠ ᠠᠭᠤᠯᠭ᠎ᠠ ᠪᠣᠯᠭ᠋ᠠᠬᠤ ᠵᠢ ᠠᠬᠢᠭᠤᠯᠤᠨ᠎ᠠ᠃ ᠰᠤᠷᠭ᠋ᠠᠭᠤᠯᠢ᠎ᠠᠴᠠ ᠲᠤᠰᠬᠠᠶ ᠬᠠᠤᠯᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠵᠣᠷᠢᠭᠵᠢᠭᠤᠯᠵᠤ᠂ ᠲᠣᠭᠲᠠᠮᠠᠯ ᠬᠤᠭᠤᠴᠠᠭ᠋ᠠᠲᠠᠢ᠎ᠪᠠᠷ ᠪᠣᠯᠪᠠᠰᠤᠷᠠᠭᠤᠯᠬᠤ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ᠂ ᠨᠠᠶ᠋ᠢᠳᠠᠨ ᠬᠥᠮᠦᠵᠢᠭᠦᠯᠬᠦ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠤᠷᠭ᠋ᠠᠭᠤᠯᠢ ᠵᠢᠨ ᠬᠠᠮᠢᠶᠠᠷᠤᠯᠲᠠ ᠵᠢᠨ ᠠᠵᠢᠯᠲᠠᠨ᠎ᠤ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
     (ᠳᠥᠷᠪᠡ) ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠭᠤᠤᠯ ᠠᠷᠭ᠎ᠠ ᠵᠠᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ 《ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠬᠥᠲᠥᠯᠪᠦᠷᠢ》 ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠬᠥᠮᠦᠵᠢᠯ᠎ᠤᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠶᠠᠪᠤᠴᠠ᠎ᠳᠠᠬᠢ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠯᠠᠭᠤᠴᠤᠳ ᠪᠠᠭ᠋ᠠᠴᠤᠳ᠎ᠢ ᠬᠠᠷᠠᠬᠠᠨ ᠪᠠᠭ᠎ᠠ᠎ᠠᠴᠠ᠎ᠪᠠᠨ ᠬᠠᠤᠯᠢ ᠵᠢ ᠬᠦᠨᠳᠦᠳᠬᠡᠬᠦ ᠬᠠᠤᠯᠢ ᠵᠢ ᠰᠠᠬᠢᠬᠤ ᠳᠠᠳᠬᠠᠯ᠎ᠲᠠᠢ ᠪᠣᠯᠭ᠋ᠠᠬᠤ᠎ᠪᠠᠷ ᠬᠦᠳᠦᠯᠦᠨ ᠵᠢᠯᠣᠭᠣᠳᠤᠨ᠎ᠠ᠃ ᠰᠡᠩᠬᠡᠷᠡᠭᠦᠯᠬᠦ ᠮᠠᠶᠢᠭ᠎ᠤᠨ᠂ ᠦᠢ᠍ᠯᠡᠳᠦᠯᠴᠡᠬᠦ ᠮᠠᠶᠢᠭ᠎ᠤᠨ᠂ ᠰᠦᠪᠡᠭᠴᠢᠯᠡᠬᠦ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ᠎ᠢ ᠳᠡᠯᠭᠡᠷᠡᠭᠦᠯᠵᠦ᠂ ᠠᠬᠤᠶ ᠪᠠᠶ᠋ᠢᠳᠠᠯ᠎ᠤᠨ ᠳᠠᠭᠤᠷᠢᠶᠠᠮᠠᠯ᠂ ᠬᠡᠷᠡᠭ᠎ᠤᠨ ᠵᠢᠱ᠌ᠢᠶᠡᠨ᠎ᠤ ᠵᠢᠭ᠋ᠠᠨ ᠰᠤᠷᠭ᠋ᠠᠯᠲᠠ ᠵᠡᠷᠭᠡ ᠠᠷᠭ᠎ᠠ ᠵᠢ ᠬᠡᠷᠡᠭᠯᠡᠬᠦ ᠵᠢ ᠨᠡᠮᠡᠭᠳᠡᠭᠦᠯᠵᠦ᠂ ᠵᠢᠭ᠋ᠠᠨ ᠰᠤᠷᠭ᠋ᠠᠯᠲᠠ ᠵᠢᠨ ᠦᠢ᠍ᠯᠡ ᠠᠵᠢᠯᠯᠠᠭ᠋ᠠᠨ᠎ᠤ ᠵᠢᠯᠣᠭᠣᠳᠣᠯᠭ᠎ᠠ ᠪᠠ ᠳᠦᠷᠢᠮᠵᠢᠯ᠎ᠢ ᠴᠢᠩᠭ᠋ᠠᠳᠬᠠᠵᠤ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠪᠣᠳᠠᠲᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠵᠢᠭ᠋ᠠᠨ ᠰᠤᠷᠭ᠋ᠠᠯᠲᠠ ᠵᠢᠨ ᠦᠨᠳᠦᠰᠦᠨ ᠱᠠᠭ᠋ᠠᠷᠳᠠᠯᠭ᠎ᠠ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠬᠥᠮᠦᠵᠢᠯ᠎ᠤᠨ ᠵᠢᠭ᠋ᠠᠬᠤ ᠮᠠᠲ᠋ᠧᠷᠢᠶᠠᠯ᠎ᠳᠤ ᠬᠣᠯᠪᠤᠭᠳᠠᠬᠤ ᠠᠭᠤᠯᠭ᠎ᠠ ᠵᠢ ᠲᠡᠭᠦᠯᠳᠡᠷᠵᠢᠭᠦᠯᠦᠨ᠂ ᠬᠠᠤᠯᠢ᠎ᠪᠠᠷ ᠵᠠᠰᠠᠬᠤ ᠬᠥᠮᠦᠵᠢᠯ᠎ᠤᠨ ᠬᠢᠴᠢᠶᠡᠯ᠎ᠤᠨ ᠴᠠᠭ᠎ᠤᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠤᠨ᠎ᠠ᠃ ᠬᠢᠨᠠᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠤᠯᠤᠰ᠎ᠤᠨ ᠬᠣᠯᠪᠤᠭᠳᠠᠬᠤ ᠬᠢᠴᠢᠶᠡᠯ᠎ᠤᠨ ᠲᠥᠰᠦᠯ ᠪᠠ ᠬᠢᠴᠢᠶᠡᠯ ᠲᠥᠷᠥᠯ᠎ᠤᠨ ᠬᠢᠴᠢᠶᠡᠯ᠎ᠤᠨ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠬᠢᠴᠢᠶᠡᠯ ᠲᠥᠷᠥᠯ᠎ᠢ ᠬᠠᠤᠯᠢ᠎ᠪᠠᠷ ᠵᠠᠰᠠᠬᠤ ᠬᠥᠮᠦᠵᠢᠯ᠎ᠳᠤ ᠠᠭᠤᠰᠬᠠᠬᠤ ᠡᠷᠴᠢᠮ᠎ᠢ ᠴᠢᠩᠭ᠋ᠠᠷᠠᠭᠤᠯᠵᠤ᠂ ᠡᠯ᠎ᠡ ᠲᠥᠷᠥᠯ᠎ᠤᠨ ᠬᠢᠴᠢᠶᠡᠯ ᠪᠠ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ᠎ᠲᠤ ᠠᠭᠤᠯᠤᠭᠳᠠᠵᠤ ᠪᠥᠬᠥᠶ ᠬᠠᠤᠯᠢ᠎ᠪᠠᠷ ᠵᠠᠰᠠᠬᠤ ᠬᠥᠮᠦᠵᠢᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠰᠤᠷᠤᠭᠴᠢᠳ᠎ᠤᠨ ᠨᠠᠰᠤᠨ᠎ᠤ ᠣᠨᠴᠠᠯᠢᠭ ᠪᠠ ᠡᠳᠦᠷ ᠲᠤᠲᠤᠮ᠎ᠤᠨ ᠪᠣᠳᠠᠲᠠᠶ᠎ᠲᠠᠢ ᠤᠶᠠᠯᠳᠤᠭᠤᠯᠵᠤ᠂ ᠲᠦᠷᠢᠮ᠂ ᠰᠠᠬᠢᠯᠭ᠎ᠠ ᠪᠠᠲᠤ᠂ ᠡᠮᠬᠢ ᠳᠢᠭᠯᠢᠮ᠂ ᠦᠨᠡᠨᠴᠢ ᠢᠲᠡᠭᠡᠮᠵᠢ᠂   ᠪᠥᠯᠬᠦᠮᠳᠡᠯ ᠬᠠᠮᠲᠤᠷᠠᠯᠴᠠᠭ᠎ᠠ᠂ ᠮᠥᠷᠭᠥᠯᠳᠦᠭᠡᠨ᠎ᠢ ᠰᠢᠢ᠍ᠳᠪᠦᠷᠢᠯᠡᠬᠦ ᠵᠡᠷᠭᠡ ᠬᠠᠤᠯᠢ᠎ᠪᠠᠷ ᠵᠠᠰᠠᠬᠤ ᠠᠭᠤᠯᠭ᠎ᠠ ᠵᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠠᠭᠤᠰᠬᠠᠨ ᠣᠷᠣᠭᠤᠯᠤᠨ᠎ᠠ᠃ ᠣᠷᠣᠨ ᠨᠤᠲᠤᠭ᠎ᠤᠨ ᠬᠢᠴᠢᠶᠡᠯ ᠪᠠ ᠰᠤᠷᠭ᠋ᠠᠭᠤᠯᠢ᠎ᠪᠠᠷ ᠦᠨᠳᠦᠰᠦ ᠪᠣᠯᠭ᠋ᠠᠭᠰᠠᠨ ᠬᠢᠴᠢᠶᠡᠯ᠎ᠳᠤ ᠲᠤᠰᠠᠭ᠋ᠠᠷ ᠬᠠᠤᠯᠢ᠎ᠪᠠᠷ ᠵᠠᠰᠠᠬᠤ ᠬᠢᠴᠢᠶᠡᠯ ᠪᠠᠶ᠋ᠢᠷᠢᠯᠠᠭᠤᠯᠬᠤ ᠵᠢ ᠵᠣᠷᠢᠭᠵᠢᠭᠤᠯᠤᠨ᠎ᠠ᠃ ᠬᠠᠤᠯᠢ᠎ᠪᠠᠷ ᠵᠠᠰᠠᠬᠤ ᠤᠬᠠᠮᠰᠠᠷ ᠪᠠ ᠬᠠᠤᠯᠢ᠎ᠪᠠᠷ ᠵᠠᠰᠠᠬᠤ ᠵᠣᠷᠢᠭ ᠰᠠᠨᠠᠭ᠋ᠠᠨ᠎ᠤ ᠬᠥᠮᠥᠵᠢᠯ᠎ᠢ ᠴᠢᠩᠭ᠋ᠠᠳᠬᠠᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠬᠠᠤᠯᠢ᠎ᠪᠠᠷ ᠵᠠᠰᠠᠬᠤ ᠮᠡᠳᠡᠯᠭᠡ ᠵᠢᠨ ᠠᠭᠤᠯᠭ᠎ᠠ ᠵᠢᠨ ᠡᠵᠡᠯᠡᠬᠦ ᠬᠠᠷᠢᠴᠠᠯ᠎ᠢ ᠵᠣᠬᠢᠰᠲᠠᠢ᠎ᠪᠠᠷ ᠨᠡᠮᠡᠭᠳᠡᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠬᠠᠤᠯᠢ ᠴᠠᠭ᠋ᠠᠵᠠ ᠵᠢᠨ ᠰᠠᠭᠤᠷᠢ ᠬᠢᠴᠢᠶᠡᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠬᠥᠮᠦᠵᠢᠯ᠎ᠤᠨ ᠰᠦᠯᠵᠢᠶᠡᠨ᠎ᠤ ᠬᠢᠴᠢᠶᠡᠯ ᠨᠡᠭᠡᠭᠡᠬᠦ ᠵᠢ ᠵᠣᠷᠢᠭᠵᠢᠭᠤᠯᠤᠨ᠎ᠠ᠃ ᠬᠠᠤᠯᠢ᠎ᠪᠠᠷ ᠵᠠᠰᠠᠬᠤ ᠬᠥᠮᠦᠵᠢᠯ᠎ᠤᠨ ᠴᠢᠨᠠᠷ ᠴᠢᠨᠰᠠᠭ᠎ᠠ ᠵᠢ ᠬᠢᠨᠠᠨ ᠪᠠᠢ᠌ᠴᠠᠭ᠋ᠠᠬᠤ ᠪᠠ ᠦᠨᠡᠯᠡᠬᠦ ᠵᠢ ᠴᠢᠩᠭ᠋ᠠᠳᠬᠠᠨ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠬᠢᠨᠠᠨ   ᠪᠠᠢ᠌ᠴᠠᠭ᠋ᠠᠬᠤ ᠨᠢᠭᠡ ᠪᠦᠯᠦᠭ ᠰᠠᠭᠤᠷᠢᠨ᠎ᠢ ᠰᠦᠪᠡᠭᠴᠢᠯᠡᠨ ᠪᠠᠶ᠋ᠢᠭᠤᠯᠬᠤ ᠵᠢᠨ ᠬᠠᠮᠲᠤ ᠬᠢᠨᠠᠨ ᠪᠠᠢ᠌ᠴᠠᠭ᠋ᠠᠬᠤ ᠠᠵᠢᠯ᠎ᠢ ᠥᠷᠨᠢᠭᠦᠯᠦᠨ᠎ᠡ᠃
     (ᠲᠠᠪᠤ) ᠪᠦᠬᠦ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠰᠢᠷᠢᠰ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠎ᠡ᠃ ᠪᠥᠬᠥ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠤᠯᠤᠰ᠎ᠤᠨ ᠲᠠᠰ᠎ᠤᠨ ᠨᠠᠷᠠᠲᠤ ᠳᠡᠮᠳᠡᠭᠲᠦ ᠵᠢᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠰᠤᠷᠤᠭᠴᠢᠳ ᠰᠤᠷᠭ᠋ᠠᠨ ᠬᠥᠮᠦᠵᠢᠯ᠎ᠤᠨ ᠶᠠᠮᠤᠨ᠎ᠤ ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠠᠤᠯᠢ ᠵᠢ ᠲᠦᠭᠡᠮᠡᠯᠵᠢᠭᠦᠯᠬᠦ ᠰᠦᠯᠵᠢᠶ᠎ᠡ᠎ᠪᠠᠷ ᠳᠠᠮᠵᠢᠭᠤᠯᠤᠨ ᠦᠨᠳᠦᠰᠦᠨ ᠬᠠᠤᠯᠢ ᠵᠢᠨ ᠰᠤᠷᠤᠯᠴᠠᠯᠭ᠎ᠠ᠎ᠳᠤ ᠣᠷᠣᠯᠴᠠᠬᠤ ᠵᠢ ᠠᠬᠢᠭᠤᠯᠵᠤ᠂ ᠦᠨᠳᠦᠰᠦᠨ ᠬᠠᠤᠯᠢ ᠵᠢᠨ ᠰᠠᠭᠤᠷᠢ ᠮᠡᠳᠡᠯᠭᠡ ᠵᠢ ᠤᠯᠠᠮ ᠨᠢᠭᠡ ᠠᠯᠬᠤᠮ ᠣᠶ᠋ᠢᠯᠠᠭ᠋ᠠᠵᠤ᠂ ᠦᠨᠳᠦᠰᠦᠨ ᠬᠠᠤᠯᠢ ᠵᠢᠨ ᠦᠨᠳᠦᠰᠦᠨ ᠣᠨᠣᠯᠵᠢᠬᠤᠨ᠎ᠢ ᠡᠮᠬᠢᠯᠡᠨ ᠳᠢᠭᠯᠡᠨ᠎ᠡ᠃ ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠵᠢᠯᠣᠭᠣᠳᠤᠨ ᠱᠠᠭ᠋ᠠᠷᠳᠠᠬᠤ᠎ᠪᠠᠨ ᠴᠢᠩᠭ᠋ᠠᠳᠬᠠᠵᠤ᠂ ᠦᠨᠳᠦᠰᠦᠨ ᠬᠠᠤᠯᠢ ᠵᠢ ᠰᠤᠷᠤᠯᠴᠠᠨ ᠲᠠᠶ᠋ᠢᠯᠪᠤᠷᠢᠯᠠᠬᠤ ᠠᠵᠢᠯᠯᠠᠭ᠎ᠠ ᠵᠢ ᠬᠠᠤᠯᠢ᠎ᠪᠠᠷ ᠵᠠᠰᠠᠬᠤ ᠬᠥᠮᠦᠵᠢᠯ᠎ᠤᠨ 《ᠬᠣᠶᠠᠳᠤᠭ᠋ᠠᠷ ᠬᠢᠴᠢᠶᠡᠯ᠎ᠤᠨ ᠲᠠᠩᠬᠢᠮ》᠎ᠤᠨ ᠴᠢᠬᠤᠯᠠ ᠠᠭᠤᠯᠭ᠎ᠠ ᠪᠣᠯᠭ᠋ᠠᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠂ ᠮᠡᠳᠡᠯᠭᠡ ᠵᠢᠨ ᠤᠷᠤᠯᠳᠤᠭ᠋ᠠᠨ᠂ ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠬᠡᠯᠪᠡᠷᠢ᠎ᠪᠠᠷ 《ᠠᠳᠠᠯᠢᠳᠬᠠᠬᠤ᠂ ᠰᠤᠷᠤᠯᠴᠠᠬᠤ᠂ ᠭᠦᠢ᠍ᠴᠡᠬᠦ᠂ ᠬᠠᠪᠰᠤᠷᠬᠤ᠂ ᠳᠠᠪᠠᠬᠤ》 ᠰᠠᠢ᠍ᠢ᠍ᠨ ᠰᠠᠶ᠋ᠢᠬᠠᠨ ᠰᠤᠷᠤᠯᠴᠠᠬᠤ ᠠᠭᠤᠷ ᠠᠮᠢᠰᠬᠤᠯ᠎ᠢ ᠴᠢᠷᠮᠠᠶ᠋ᠢᠨ ᠪᠣᠢ ᠪᠣᠯᠭ᠋ᠠᠬᠤ ᠵᠢ ᠵᠣᠷᠢᠭᠵᠢᠭᠤᠯᠤᠨ᠎ᠠ᠃ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ》 ᠵᠢᠨ ᠣᠨᠴᠠᠯᠢᠭ ᠪᠦᠬᠦᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠵᠢᠨ ᠪᠦᠬᠦ ᠪᠠᠭᠰᠢ ᠰᠤᠷᠤᠭᠴᠢ ᠵᠢᠨ ᠣᠷᠣᠯᠴᠠᠭᠰᠠᠨ ᠤᠯᠤᠰ᠎ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ ᠵᠢ ᠲᠦᠯᠬᠢᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠶᠠᠮᠤᠨ᠎ᠲᠠᠢ ᠬᠠᠮᠲᠤ᠎ᠪᠠᠷ 《ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ》 ᠵᠢᠨ ᠠᠵᠢᠯᠯᠠᠭ᠎ᠠ ᠵᠢ ᠥᠷᠨᠢᠭᠦᠯᠦᠨ᠎ᠡ᠃ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠰᠤᠷᠭ᠋ᠠᠭᠤᠯᠢ ᠵᠢᠨ ᠥᠷᠯᠥᠭᠡ ᠵᠢᠨ ᠤᠩᠰᠢᠯᠭ᠎ᠠ᠂ ᠠᠩᠭᠢ ᠵᠢᠨ ᠬᠤᠷᠠᠯ ᠪᠠᠭ᠋ᠠᠴᠤᠳ᠎ᠤᠨ ᠬᠣᠰᠢᠭᠤᠴᠢ ᠠᠩᠭᠢ ᠵᠢᠨ ᠬᠡᠰᠢᠭᠦᠨ᠎ᠤ ᠬᠤᠷᠠᠯ᠂ ᠬᠢᠴᠢᠶᠡᠯ᠎ᠤᠨ ᠭᠠᠳᠠᠨᠠᠬᠢ ᠠᠵᠢᠯᠯᠠᠭ᠎ᠠ ᠵᠡᠷᠭᠡ ᠵᠢ ᠠᠰᠢᠭᠯᠠᠨ ᠦᠨᠳᠦᠰᠦᠨ ᠬᠠᠤᠯᠢ ᠵᠢᠨ ᠬᠥᠮᠦᠵᠢᠯ ᠥᠷᠨᠢᠭᠦᠯᠬᠦ ᠵᠢ ᠵᠣᠷᠢᠭᠵᠢᠭᠤᠯᠵᠤ᠂ ᠵᠠᠯᠠᠭᠤ ᠪᠠᠭ᠎ᠠ ᠨᠠᠰᠤᠨ᠎ᠤ ᠰᠤᠷᠤᠭᠴᠢᠳ᠎ᠤᠨ ᠨᠠᠰᠤᠨ᠎ᠳᠤ ᠬᠦᠷᠦᠭᠰᠡᠨ ᠶᠣᠰᠣᠯᠠᠯ᠂ ᠲᠡᠭᠦᠰᠬᠦ ᠶᠣᠰᠣᠯᠠᠯ ᠵᠡᠷᠭᠡ ᠠᠵᠢᠯᠯᠠᠭ᠎ᠠ᠎ᠳᠤ ᠦᠨᠳᠦᠰᠦᠨ ᠬᠠᠤᠯᠢ᠎ᠳᠤ ᠬᠢᠴᠢᠶᠡᠩᠭᠦᠶ᠋ᠢᠯᠡᠬᠦ ᠭᠣᠭᠴᠣᠭ᠎ᠠ ᠭᠠᠷᠭ᠋ᠠᠬᠤ ᠵᠢ ᠵᠣᠷᠢᠭᠵᠢᠭᠤᠯᠤᠨ᠎ᠠ᠃ ᠰᠤᠷᠤᠭᠴᠢᠳ᠎ᠤᠨ ᠠᠮᠠᠷᠠᠯᠲᠠ ᠵᠢᠨ ᠬᠤᠭᠤᠴᠠᠭ᠎ᠠ᠂ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠲᠣᠬᠢᠶᠠᠯ᠎ᠢ ᠠᠰᠢᠭᠯᠠᠨ ᠦᠨᠳᠦᠰᠦᠨ ᠬᠠᠤᠯᠢ ᠵᠢ ᠰᠤᠷᠤᠯᠴᠠᠵᠤ᠂ ᠬᠠᠤᠯᠢ᠎ᠪᠠᠷ ᠵᠠᠰᠠᠬᠤ ᠦᠢ᠍ᠯᠡᠳᠦᠯᠭᠡ᠎ᠳᠤ ᠣᠷᠣᠯᠴᠠᠬᠤ ᠵᠢ ᠬᠥᠳᠤᠯᠤᠨ ᠵᠢᠯᠣᠭᠣᠳᠤᠨ᠎ᠠ᠃ ᠦᠨᠳᠦᠰᠦᠨ ᠬᠠᠤᠯᠢ ᠵᠢᠨ ᠰᠤᠷᠤᠯᠴᠠᠯᠭ᠎ᠠ ᠵᠢ ᠳᠦᠷᠢᠮᠵᠢᠭᠦᠯᠬᠦ᠂ ᠪᠠᠶ᠋ᠢᠩᠭᠤᠵᠢᠭᠤᠯᠬᠤ ᠵᠢ ᠠᠬᠢᠭᠤᠯᠵᠤ᠂ ᠡᠳᠦᠷ ᠪᠦᠷᠢ ᠵᠢ 《ᠦᠨᠳᠦᠰᠦᠨ ᠬᠠᠤᠯᠢ ᠵᠢᠨ ᠡᠳᠦᠷ》 ᠪᠣᠯᠭ᠋ᠠᠨ᠎ᠠ᠃
     (ᠵᠢᠷᠭᠤᠭ᠎ᠠ) ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠲᠤᠰᠬᠠᠶ ᠮᠡᠷᠭᠡᠵᠢᠯ᠎ᠤᠨ ᠵᠢᠭ᠋ᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢ ᠬᠥᠮᠦᠵᠢᠭᠦᠯᠦᠨ ᠪᠣᠯᠪᠠᠰᠤᠷᠠᠭᠤᠯᠬᠤ ᠵᠢ ᠴᠢᠩᠭ᠋ᠠᠳᠬᠠᠵᠤ᠂ ᠪᠠᠭᠰᠢ ᠵᠢᠨ ᠳᠡᠭᠡᠳᠦ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ (ᠰᠠᠯᠪᠤᠷᠢ) ᠵᠢᠨ ᠬᠠᠤᠯᠢ᠎ᠪᠠᠷ ᠵᠠᠰᠠᠬᠤ ᠬᠥᠮᠦᠵᠢᠯ᠎ᠤᠨ ᠨᠡᠩ ᠤᠯᠠᠨ ᠲᠤᠰᠬᠠᠢ ᠮᠡᠷᠭᠡᠵᠢᠯ᠎ᠤᠨ ᠪᠠᠭᠰᠢ ᠵᠢᠨ ᠪᠡᠯᠡᠳᠬᠡᠯ ᠬᠦᠴᠦᠨ᠎ᠢ ᠬᠥᠮᠦᠵᠢᠭᠦᠯᠬᠦ ᠵᠢ ᠵᠣᠷᠢᠭᠵᠢᠭᠤᠯᠤᠨ ᠲᠡᠮᠵᠢᠵᠤ᠂ ᠶᠡᠬᠡ ᠳᠡᠭᠡᠳᠦ ᠰᠤᠷᠭ᠋ᠠᠭᠤᠯᠢ ᠵᠢᠨ᠎ᠬᠢᠨ ᠪᠠᠭᠰᠢ ᠵᠢᠨ ᠮᠡᠷᠭᠡᠵᠢᠯ᠂ ᠬᠠᠤᠯᠢ ᠵᠢᠨ ᠤᠬᠠᠭ᠋ᠠᠨ᠎ᠤ ᠲᠤᠰᠬᠠᠢ ᠮᠡᠷᠭᠡᠵᠢᠯ᠎ᠢ ᠬᠥᠮᠦᠵᠢᠭᠦᠯᠬᠦ ᠲᠥᠰᠦᠯ᠎ᠳᠤ ᠬᠠᠤᠯᠢ ᠵᠢᠨ ᠤᠬᠠᠭ᠋ᠠᠨ᠂ ᠰᠤᠷᠭ᠋ᠠᠨ ᠬᠥᠮᠦᠵᠢᠭᠦᠯᠬᠦ ᠤᠬᠠᠭ᠋ᠠᠨ᠎ᠤ ᠦᠨᠳᠦᠰᠦᠯᠡᠯ ᠵᠡᠷᠭᠡ ᠬᠣᠯᠪᠤᠭᠳᠠᠬᠤ ᠠᠭᠤᠯᠭ᠎ᠠ ᠵᠢ ᠨᠡᠮᠡᠭᠳᠡᠭᠦᠯᠬᠦ ᠵᠢ ᠠᠬᠢᠭᠤᠯᠤᠨ᠎ᠠ᠃ 《ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠥᠮᠦᠵᠢᠯ᠎ᠤᠨ ᠨᠠᠷᠠᠲᠤ ᠪᠠᠭᠰᠢ ᠵᠢ ᠬᠥᠮᠦᠵᠢᠭᠦᠯᠬᠦ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠠᠤᠯᠢ᠎ᠪᠠᠷ ᠵᠠᠰᠠᠬᠤ ᠬᠢᠴᠢᠶᠡᠯ᠎ᠤᠨ ᠭᠤᠤᠯᠯᠠᠭᠴᠢ ᠪᠠᠭᠰᠢ᠂ ᠲᠤᠰᠬᠠᠶ ᠪᠠᠭᠰᠢ ᠵᠢᠨ ᠪᠣᠯᠪᠠᠰᠤᠷᠠᠭᠤᠯᠤᠯ᠎ᠤᠨ ᠰᠠᠭᠤᠷᠢᠨ᠎ᠢ ᠪᠠᠶ᠋ᠢᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠥᠮᠦᠵᠢᠯ᠎ᠤᠨ ᠪᠠᠭᠰᠢ ᠵᠢᠨ ᠲᠤᠰᠬᠠᠶ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠯᠢᠨ ᠳᠡᠪᠰᠢᠭᠦᠯᠬᠦ ᠪᠣᠯᠪᠠᠰᠤᠷᠠᠭᠤᠯᠤᠯ ᠵᠶ᠋ᠠᠷ ᠳᠠᠮᠵᠢᠭᠤᠯᠤᠨ᠂ 《ᠨᠠᠢ᠍ᠮᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ 50 ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠰᠢᠯᠢᠳᠡᠭ ᠪᠠᠭᠰᠢ ᠵᠢ ᠬᠥᠮᠦᠵᠢᠭᠦᠯᠦᠨ᠎ᠡ᠃ ᠰᠦᠯᠵᠢᠶᠡᠨ᠎ᠳᠠᠬᠢ ᠪᠠᠭᠰᠢ ᠵᠢᠨ ᠬᠠᠤᠯᠢ᠎ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ᠎ᠢ ᠠᠬᠢᠭᠤᠯᠵᠤ᠂ 5 ᠵᠢᠯ᠎ᠤᠨ ᠳᠣᠲᠣᠷ᠎ᠠ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠵᠢᠨ ᠪᠣᠶ ᠪᠥᠬᠥᠶ ᠪᠠᠭᠰᠢ ᠵᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠤᠨ᠎ᠠ᠃ 《ᠤᠯᠤᠰ᠎ᠤᠨ ᠲᠠᠰ᠎ᠤᠨ ᠪᠣᠯᠪᠠᠰᠤᠷᠠᠭᠤᠯᠤᠯ᠎ᠤᠨ ᠲᠥᠯᠥᠪᠯᠡᠭᠡ》 ᠵᠡᠷᠭᠡ ᠵᠦᠢ᠍ᠯ᠎ᠳᠤ ᠬᠠᠤᠯᠢ᠎ᠪᠠᠷ ᠵᠠᠰᠠᠬᠤ ᠮᠡᠳᠡᠯᠭᠡ ᠵᠢᠨ ᠠᠭᠤᠯᠭ᠎ᠠ ᠵᠢ ᠨᠡᠮᠡᠵᠦ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠪᠥᠬᠥ ᠪᠠᠭᠰᠢ ᠠᠵᠢᠯᠲᠠᠨ᠎ᠤ ᠬᠠᠤᠯᠢ᠎ᠪᠠᠷ ᠵᠠᠰᠠᠬᠤ ᠪᠣᠯᠪᠠᠰᠤᠷᠠᠭᠤᠯᠤᠯ ᠥᠷᠨᠢᠭᠦᠯᠬᠦ ᠵᠢ ᠳᠥᠯᠭᠢᠨ ᠠᠬᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠨᠢᠭᠡ ᠪᠦᠷᠢ ᠵᠢᠯ᠎ᠳᠤ ᠬᠠᠮᠤᠭ᠎ᠤᠨ ᠪᠠᠭ᠎ᠠ᠎ᠳᠤ᠎ᠪᠠᠨ 5 ᠬᠢᠴᠢᠶᠡᠯ᠎ᠤᠨ ᠴᠠᠭ ᠬᠠᠤᠯᠢ᠎ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ ᠭᠥᠷᠳᠡᠬᠦ ᠵᠢ ᠦᠨᠡᠨ ᠬᠦ᠌ ᠪᠠᠲᠤᠯᠠᠨ᠎ᠠ᠃ ᠪᠠᠭᠰᠢ ᠵᠢᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠦᠨᠡᠯᠡᠬᠦ ᠵᠢ ᠴᠢᠩᠭ᠋ᠠᠳᠬᠠᠨ᠎ᠠ᠃ ᠰᠤᠷᠭ᠋ᠠᠭᠤᠯᠢ᠎ᠳᠤ ᠬᠢᠴᠢᠶᠡᠯ᠎ᠤᠨ ᠪᠠᠶ᠋ᠢᠷᠢᠯᠠᠭᠤᠯᠤᠯᠲᠠ᠎ᠲᠠᠢ ᠠᠳᠠᠯᠢᠬᠠᠨ ᠬᠠᠤᠯᠢ᠎ᠪᠠᠷ ᠵᠠᠰᠠᠬᠤ ᠬᠢᠴᠢᠶᠡᠯ᠎ᠤᠨ ᠲᠤᠰᠬᠠᠶ ᠪᠠᠭᠰᠢ ᠲᠣᠬᠢᠷᠠᠭᠤᠯᠬᠤ ᠵᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠳᠣᠲᠤᠷᠠᠬᠢ ᠬᠠᠤᠯᠢ᠎ᠪᠠᠷ ᠵᠠᠰᠠᠬᠤ ᠬᠢᠴᠢᠶᠡᠯ᠎ᠤᠨ ᠲᠤᠰᠬᠠᠶ ᠪᠠᠭᠰᠢ ᠵᠢᠨ ᠬᠠᠷᠢᠴᠠᠯ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠰᠢᠯᠢᠳᠡᠭ ᠬᠢᠴᠢᠶᠡᠯ᠎ᠤᠨ ᠪᠠᠭᠰᠢ ᠵᠢ ᠡᠯ᠎ᠡ ᠲᠥᠷᠥᠯ᠎ᠤᠨ ᠳᠡᠭᠡᠳᠦ ᠲᠠᠰ᠎ᠤᠨ ᠴᠢᠳᠠᠪᠤᠷᠢᠲᠠᠨ᠎ᠤ ᠲᠥᠰᠦᠯ᠎ᠳᠤ ᠣᠷᠣᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠤᠭᠳᠠᠬᠤ ᠴᠢᠬᠤᠯᠠ ᠶᠡᠬᠡ ᠴᠢᠳᠠᠪᠤᠷᠢᠲᠠᠨ᠎ᠤ ᠢᠨᠵᠧᠨᠧᠷᠢᠩ᠎ᠤᠨ ᠲᠥᠰᠦᠯ᠎ᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦᠨ᠎ᠤ ᠲᠥᠯᠥᠪᠵᠢᠭᠦᠯᠭᠡ ᠵᠢᠨ ᠲᠥᠰᠦᠯ᠂ ᠰᠤᠷᠭ᠋ᠠᠨ ᠬᠥᠮᠦᠵᠢᠯ᠎ᠤᠨ ᠶᠠᠮᠤᠨ᠎ᠤ ᠬᠥᠮᠦᠨ ᠰᠣᠶᠤᠯ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠡᠷᠭᠡ ᠲᠥᠰᠦᠯ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠰᠠᠭᠤᠷᠢ ᠮᠥᠩᠭᠦᠨ᠎ᠤ ᠲᠥᠯᠥᠪᠵᠢᠭᠦᠯᠭᠡ ᠵᠢᠨ ᠲᠥᠰᠦᠯ᠂ ᠰᠤᠳᠤᠯᠭ᠋ᠠᠨ᠎ᠤ ᠲᠥᠰᠦᠯ᠎ᠳᠤ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠰᠤᠳᠤᠯᠭ᠋ᠠᠨ᠎ᠤ ᠲᠤᠰᠬᠠᠶ ᠲᠥᠰᠦᠯ ᠭᠠᠷᠭ᠋ᠠᠬᠤ ᠵᠢ ᠠᠬᠢᠭᠤᠯᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢ ᠵᠣᠷᠢᠭᠵᠢᠭᠤᠯᠵᠤ ᠬᠠᠤᠯᠢ᠎ᠪᠠᠷ ᠵᠠᠰᠠᠬᠤ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠭᠡ᠂ ᠬᠠᠮᠲᠤ᠎ᠪᠠᠷ ᠬᠢᠴᠢᠶᠡᠯ ᠪᠡᠯᠡᠳᠬᠡᠬᠦ ᠵᠡᠷᠭᠡ ᠪᠠᠭᠰᠢ ᠵᠢᠨ ᠰᠤᠳᠤᠯᠤᠨ ᠰᠤᠷᠤᠯᠴᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠨᠢᠭᠡ ᠪᠦᠯᠦᠭ ᠬᠠᠤᠯᠢ᠎ᠪᠠᠷ ᠵᠠᠰᠠᠬᠤ ᠬᠢᠴᠢᠶᠡᠯ᠎ᠤᠨ ᠰᠦᠯᠵᠢᠶᠡᠨ᠎ᠤ ᠰᠣᠳᠣᠨ ᠬᠢᠴᠢᠶᠡᠯ᠎ᠢ ᠪᠣᠶ ᠪᠣᠯᠭ᠋ᠠᠨ᠎ᠠ᠃
     (ᠳᠣᠯᠣᠭ᠎ᠠ) ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠤᠨ᠎ᠠ᠃ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠠᠷᠢᠮᠵᠢᠶ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠣᠯᠪᠤᠭᠳᠠᠬᠤ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠂ ᠨᠡᠶ᠋ᠢᠭᠡᠮ᠎ᠤᠨ ᠣᠷᠣᠯᠴᠠᠯᠭ᠎ᠠ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠲᠠᠰ᠎ᠤᠨ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ   ᠦᠢ᠍ᠯᠡᠳᠦᠯᠭᠡ ᠵᠢᠨ ᠰᠠᠭᠤᠷᠢᠨ ᠭᠠᠵᠠᠷ 23 ᠪᠠᠶ᠋ᠢᠭᠤᠯᠬᠤ᠎ᠪᠠᠷ ᠴᠢᠷᠮᠠᠶ᠋ᠢᠵᠤ᠂ ᠨᠥᠬᠥᠴᠡᠯ᠎ᠲᠠᠢ ᠬᠣᠰᠢᠭᠤ ᠰᠢᠶᠠᠨ (ᠬᠣᠲᠠ ᠲᠣᠭᠣᠷᠢᠭ) ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠡᠬᠢ ᠪᠠᠶᠠᠯᠢᠭ᠎ᠤᠨ ᠬᠢᠴᠢᠶᠡᠯ᠎ᠤᠨ ᠬᠡᠷ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠰᠦᠯᠵᠢᠶᠡᠨ᠎ᠤ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠬᠥᠮᠦᠵᠢᠯ᠎ᠢ ᠲᠤᠷᠰᠢᠨ ᠥᠷᠨᠢᠭᠦᠯᠦᠨ᠎ᠡ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠬᠥᠮᠦᠵᠢᠯ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠋ᠠᠨ᠎ᠤ ᠴᠢᠬᠤᠯᠠ ᠠᠭᠤᠯᠭ᠎ᠠ ᠪᠣᠯᠭ᠋ᠠᠵᠤ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠨᠡᠶ᠋ᠢᠭᠡᠮ᠎ᠤᠨ ᠦᠢ᠍ᠯᠡᠳᠦᠯᠭᠡ ᠵᠢᠨ ᠶᠡᠬᠡ ᠬᠢᠴᠢᠶᠡᠯ᠎ᠤᠨ ᠲᠠᠩᠬᠢᠮ᠎ᠤᠨ ᠠᠵᠢᠯᠯᠠᠭ᠋ᠠᠨ᠎ᠤ ᠬᠡᠪᠴᠢᠶᠡᠨ᠎ᠳᠤ ᠣᠷᠣᠭᠤᠯᠵᠤ᠂ ᠰᠤᠷᠤᠭᠴᠢᠳ᠎ᠤᠨ ᠵᠢᠯ ᠪᠦᠷᠢ ᠵᠢᠨ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠬᠥᠮᠦᠵᠢᠯ᠎ᠤᠨ ᠬᠢᠴᠢᠶᠡᠯ᠎ᠢ ᠬᠠᠮᠤᠭ᠎ᠤᠨ ᠪᠠᠭ᠎ᠠ᠎ᠳᠤ᠎ᠪᠠᠨ 2 ᠬᠢᠴᠢᠶᠡᠯ᠎ᠤᠨ ᠴᠠᠭ ᠪᠠᠢ᠌ᠯᠭ᠋ᠠᠬᠤ ᠵᠢ ᠠᠬᠢᠭᠤᠯᠤᠨ᠎ᠠ᠃
     (ᠨᠠᠢ᠍ᠮᠠ) ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠦᠢ᠍ᠯᠡᠴᠢᠯᠡᠭᠡ ᠵᠢ ᠪᠠᠲᠤᠯᠠᠬᠤ ᠳᠣᠭᠲᠠᠯᠴᠠᠭ᠎ᠠ ᠵᠢ ᠲᠡᠭᠦᠯᠳᠡᠷᠵᠢᠭᠦᠯᠦᠨ ᠠᠬᠢᠭᠤᠯᠤᠨ᠎ᠠ᠃ ᠪᠣᠰᠣᠭ᠎ᠠ ᠴᠣᠭᠴᠠᠲᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠶᠠᠮᠤᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠰᠦᠯᠵᠢᠶ᠎ᠡ ᠵᠡᠷᠭᠡ ᠲᠠᠪᠴᠠᠩ᠎ᠢ ᠢᠳᠡᠪᠬᠢᠲᠡᠢ ᠠᠰᠢᠭᠯᠠᠨ᠂ ᠥᠷᠭᠡᠨ ᠤᠯᠠᠨ ᠺᠠᠳ᠋ᠷ ᠪᠠᠭᠰᠢ ᠰᠤᠷᠤᠭᠴᠢ ᠵᠢᠨ ᠬᠠᠤᠯᠢ᠎ᠪᠠᠷ ᠵᠠᠰᠠᠬᠤ ᠮᠡᠳᠡᠯᠭᠡ ᠵᠢ ᠰᠤᠷᠤᠯᠴᠠᠬᠤ᠎ᠳᠤ ᠲᠦᠬᠦᠮ ᠨᠥᠬᠥᠴᠡᠯ ᠬᠠᠩᠭ᠋ᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠤᠭᠳᠠᠬᠤ ᠰᠦᠯᠵᠢᠶ᠎ᠡ᠎ᠪᠠᠷ ᠬᠠᠤᠯᠢ ᠵᠢ ᠰᠤᠷᠤᠯᠴᠠᠬᠤ ᠡᠬᠢ ᠪᠠᠶᠠᠯᠢᠭ᠎ᠤᠨ ᠲᠠᠪᠴᠠᠩ᠎ᠢ ᠬᠡᠷᠡᠭᠯᠡᠬᠦ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠬᠠᠤᠯᠢ ᠵᠢ ᠬᠡᠷᠡᠭᠵᠢᠭᠦᠯᠬᠦ ᠠᠵᠢᠯᠲᠠᠨ᠂ ᠰᠤᠷᠭ᠋ᠠᠭᠤᠯᠢ ᠵᠢᠨ ᠵᠠᠬᠢᠷᠤᠯ᠂ ᠪᠠᠭᠰᠢ ᠵᠡᠷᠭᠡ ᠬᠥᠮᠦᠰ᠎ᠲᠤ ᠬᠠᠨᠳᠤᠭᠤᠯᠤᠨ᠂ ᠰᠦᠯᠵᠢᠶ᠎ᠡ᠎ᠪᠠᠷ ᠰᠤᠷᠤᠯᠴᠠᠬᠤ ᠬᠢᠴᠢᠶᠡᠯ ᠬᠠᠩᠭ᠋ᠠᠨ᠎ᠠ᠃ ᠬᠠᠤᠯᠢ ᠵᠢ ᠲᠦᠭᠡᠮᠡᠯᠵᠢᠭᠦᠯᠬᠦ ᠠᠭᠤᠯᠭ᠎ᠠ ᠪᠠ ᠬᠡᠯᠪᠡᠷᠢ ᠵᠢᠨ ᠰᠢᠨ᠎ᠡ ᠵᠢ ᠡᠭᠦᠳᠴᠦ᠂ ᠲᠣᠮᠣ ᠳ᠋ᠠᠶ᠋ᠢᠲ᠋ᠠ᠂ ᠡᠭᠦᠯᠡᠨᠴᠢᠷ ᠪᠤᠳᠤᠯᠲᠠ᠂ ᠬᠢᠮᠡᠯ ᠣᠶᠤᠨ ᠵᠡᠷᠭᠡ ᠰᠢᠨ᠎ᠡ ᠮᠡᠷᠭᠡᠵᠢᠯ᠎ᠢ ᠬᠡᠷᠡᠭᠯᠡᠨ᠂ ᠬᠠᠤᠯᠢ ᠵᠢ ᠲᠦᠭᠡᠮᠡᠯᠵᠢᠭᠦᠯᠬᠦ ᠠᠭᠤᠯᠭ᠎ᠠ ᠵᠢ ᠬᠠᠩᠭ᠋ᠠᠬᠤ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠠᠬᠢᠭᠤᠯᠤᠨ᠎ᠠ᠃ ᠬᠠᠤᠯᠢ᠎ᠪᠠᠷ ᠵᠠᠰᠠᠬᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠳᠡᠮᠵᠢᠬᠦ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠵᠢᠭ᠋ᠠᠨ ᠰᠤᠷᠭ᠋ᠠᠯᠲᠠ ᠵᠢᠨ ᠠᠭᠤᠯᠭ᠎ᠠ᠂ ᠵᠢᠭ᠋ᠠᠨ ᠰᠤᠷᠭ᠋ᠠᠯᠲᠠ ᠵᠢᠨ ᠲᠥᠰᠦᠯ᠎ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠬᠣᠯᠪᠤᠭᠳᠠᠬᠤ ᠦᠵᠡᠵᠦ ᠰᠣᠨᠣᠰᠬᠤ ᠮᠠᠲ᠋ᠧᠷᠢᠶᠠᠯ ᠪᠠ ᠯᠠᠪᠯᠠᠬᠤ ᠬᠡᠷᠡᠭ᠎ᠤᠨ ᠵᠢᠱ᠌ᠢᠶ᠎ᠡ ᠵᠢ ᠬᠠᠩᠭ᠋ᠠᠨ᠎ᠠ᠃ ᠨᠥᠬᠥᠴᠡᠯ᠎ᠲᠠᠢ ᠳᠡᠭᠡᠳᠦ ᠰᠤᠷᠭ᠋ᠠᠭᠤᠯᠢ ᠪᠤᠶᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠰᠤᠳᠤᠯᠭ᠋ᠠᠨ᠎ᠤ ᠲᠥᠪ ᠪᠠᠶ᠋ᠢᠭᠤᠯᠬᠤ ᠵᠢ ᠲᠡᠮᠵᠢᠵᠤ᠂ ᠲᠡᠭᠦᠨ᠎ᠤ ᠰᠢᠢ᠍ᠳᠪᠦᠷᠢᠲᠦ ᠪᠤᠳᠤᠯᠭ᠎ᠠ᠎ᠳᠤ ᠵᠥᠪᠯᠡᠯᠭᠡ ᠥᠭᠬᠦ᠂ ᠤᠨᠤᠯ᠎ᠤᠨ ᠰᠤᠳᠤᠯᠭ᠋ᠠᠨ ᠪᠠ ᠦᠢ᠍ᠯᠡᠳᠦᠯᠭᠡ ᠵᠢᠨ ᠰᠦᠪᠡᠭᠴᠢᠯᠡᠯᠳᠡ ᠬᠢᠬᠦ ᠴᠢᠳᠠᠪᠤᠷᠢ ᠵᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠡᠯ᠎ᠡ ᠲᠥᠷᠥᠯ᠎ᠤᠨ ᠲᠥᠪ᠂ ᠰᠤᠳᠤᠯᠭ᠋ᠠᠨ᠎ᠤ ᠰᠠᠭᠤᠷᠢᠨ ᠵᠡᠷᠭᠡ ᠰᠤᠷᠭ᠋ᠠᠨ ᠬᠥᠮᠦᠵᠢᠯ᠎ᠤᠨ ᠣᠶᠤᠨ᠎ᠤ ᠬᠥᠮᠥᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢ᠎ᠪᠠᠷ ᠵᠠᠰᠠᠬᠤ ᠬᠣᠯᠪᠤᠭᠳᠠᠬᠤ ᠣᠨᠣᠯ᠎ᠤᠨ ᠰᠤᠳᠤᠯᠭ᠋ᠠᠨ ᠪᠠ ᠲᠠᠶ᠋ᠢᠯᠪᠤᠷᠢᠯᠠᠯᠲᠠ ᠵᠢ ᠴᠢᠩᠭ᠋ᠠᠳᠬᠠᠵᠤ᠂ ᠨᠠᠩ ᠣᠯᠠᠨ ᠴᠢᠨᠠᠷᠯᠢᠭ ᠰᠤᠳᠤᠯᠭ᠋ᠠᠨ᠎ᠤ ᠦᠷ᠎ᠡ ᠪᠦᠲᠦᠭᠡᠯ᠎ᠢ ᠭᠠᠷᠭ᠋ᠠᠬᠤ᠎ᠪᠠᠷ ᠴᠢᠷᠮᠠᠢ᠌ᠨ᠎ᠠ᠃ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠰᠤᠳᠤᠯᠭ᠋ᠠᠨ᠎ᠤ ᠲᠤᠰᠬᠠᠶ ᠪᠤᠯᠤᠩ ᠭᠠᠷᠭ᠋ᠠᠨ᠎ᠠ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠦᠷᠢᠮ᠎ᠢ ᠲᠡᠭᠦᠯᠳᠡᠷᠵᠢᠭᠦᠯᠵᠦ᠂ ᠨᠥᠬᠥᠴᠡᠯ᠎ᠲᠠᠢ ᠳᠤᠮᠳᠠᠳᠤ ᠪᠠᠭ᠎ᠠ ᠰᠤᠷᠭ᠋ᠠᠭᠤᠯᠢ ᠬᠠᠤᠯᠢ ᠴᠠᠭ᠋ᠠᠵᠠ ᠵᠢᠨ ᠵᠥᠪᠯᠡᠭᠴᠢ ᠲᠤᠬᠢᠷᠠᠭᠤᠯᠬᠤ ᠵᠢ ᠵᠣᠷᠢᠭᠵᠢᠭᠤᠯᠵᠤ᠂ ᠳᠡᠭᠡᠳᠦ ᠰᠤᠷᠭ᠋ᠠᠭᠤᠯᠢ ᠵᠢᠨ ᠬᠠᠤᠯᠢ ᠴᠠᠭ᠋ᠠᠵᠠ ᠵᠢᠨ ᠶᠡᠷᠦᠩᠬᠡᠢ ᠵᠥᠪᠯᠡᠭᠴᠢ ᠵᠢᠨ ᠲᠦᠷᠢᠮ᠎ᠢ ᠰᠦᠪᠡᠭᠴᠢᠯᠡᠨ ᠪᠠᠶ᠋ᠢᠭᠤᠯᠤᠨ᠎ᠠ᠃
     (ᠶᠢᠰᠦ) ᠬᠠᠤᠯᠢ᠎ᠪᠠᠷ ᠵᠠᠰᠠᠬᠤ ᠬᠥᠮᠦᠵᠢᠯ᠎ᠤᠨ ᠬᠠᠮᠵᠢᠯᠴᠠᠭ᠋ᠠᠨ᠎ᠤ ᠠᠵᠢᠯ᠎ᠤᠨ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠬᠠᠮᠵᠢᠯᠴᠠᠭ᠋ᠠᠨ᠎ᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠬᠠᠤᠯᠢ᠎ᠪᠠᠷ ᠵᠠᠰᠠᠬᠤ ᠡᠬᠢ ᠪᠠᠶᠠᠯᠢᠭ᠎ᠢ ᠭᠦᠨᠵᠡᠭᠡᠢ ᠢᠯᠡᠷᠡᠭᠦᠯᠵᠦ᠂ ᠺᠠᠳ᠋ᠷ ᠪᠠᠭᠰᠢ ᠰᠤᠷᠤᠭᠴᠢ ᠠᠵᠢᠯᠳᠠᠨ ᠠᠵᠢᠯᠴᠢᠨ᠎ᠳᠤ ᠬᠠᠤᠯᠢ᠎ᠪᠠᠷ ᠵᠠᠰᠠᠬᠤ ᠬᠥᠮᠦᠵᠢᠯ᠎ᠤᠨ ᠨᠡᠩ ᠤᠯᠠᠨ ᠴᠢᠨᠠᠷᠯᠢᠭ ᠡᠬᠢ ᠪᠠᠶᠠᠯᠢᠭ ᠪᠠ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠲᠣᠬᠢᠶᠠᠯ᠎ᠢ ᠬᠠᠩᠭ᠋ᠠᠨ᠎ᠠ᠃ ᠬᠠᠤᠯᠢ᠎ᠪᠠᠷ ᠵᠠᠰᠠᠬᠤ ᠰᠤᠷᠭ᠋ᠠᠭᠤᠯᠢ ᠵᠢᠨ ᠳᠡᠳ᠋ ᠵᠠᠬᠢᠷᠤᠯ᠎ᠤᠨ ᠲᠦᠷᠢᠮ᠎ᠢ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠰᠤᠷᠭ᠋ᠠᠭᠤᠯᠢ ᠵᠢᠨ ᠳᠡᠳ᠋ ᠵᠠᠬᠢᠷᠤᠯ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠭᠠᠷ ᠳᠡᠪᠲᠡᠷ᠎ᠢ ᠰᠤᠳᠤᠯᠤᠨ ᠲᠣᠭᠲᠠᠭ᠋ᠠᠵᠤ᠂ ᠬᠠᠤᠯᠢ᠎ᠪᠠᠷ ᠵᠠᠰᠠᠬᠤ ᠰᠤᠷᠭ᠋ᠠᠭᠤᠯᠢ ᠵᠢᠨ ᠳᠡᠳ᠋ ᠵᠠᠬᠢᠷᠤᠯ᠎ᠤᠨ ᠢᠷᠡᠯᠳᠡ ᠵᠢᠨ ᠪᠦᠲᠦᠴᠡ ᠵᠢ ᠰᠢᠯᠢᠳᠡᠭᠵᠢᠭᠦᠯᠦᠨ᠂ ᠵᠥᠪ ᠲᠠᠯ᠎ᠠ ᠵᠢᠨ ᠬᠠᠤᠯᠢ᠎ᠪᠠᠷ ᠵᠠᠰᠠᠬᠤ ᠤᠬᠠᠭᠤᠯᠭ᠎ᠠ ᠵᠢᠯᠤᠭᠤᠳᠤᠯᠭ᠎ᠠ ᠵᠢ ᠴᠢᠩᠭ᠋ᠠᠳᠬᠠᠵᠤ᠂ ᠨᠠᠰᠤᠨ᠎ᠳᠤ ᠦᠯᠤ ᠬᠥᠷᠦᠭᠰᠡᠳ᠎ᠢ ᠬᠠᠮᠠᠭ᠋ᠠᠯᠠᠬᠤ᠂ ᠨᠠᠰᠤᠨ᠎ᠳᠤ ᠦᠯᠤ ᠬᠥᠷᠦᠭᠰᠡᠳ᠎ᠤᠨ ᠶᠠᠯ᠎ᠠ ᠬᠢᠬᠦ ᠵᠢ ᠤᠷᠢᠳᠴᠢᠯᠠᠨ ᠰᠡᠷᠭᠡᠶ᠋ᠢᠯᠡᠬᠦ ᠪᠠ ᠰᠤᠷᠭ᠋ᠠᠭᠤᠯᠢ ᠵᠢᠨ ᠬᠦᠷᠢᠶᠡᠨ᠎ᠤ ᠲᠤᠷᠤᠮᠵᠢᠯᠠᠯ ᠵᠢᠴᠢ ᠪᠡᠯᠭᠡ ᠵᠢᠨ ᠬᠠᠯᠳᠠᠯᠭ᠎ᠠ ᠵᠢ ᠰᠡᠷᠭᠡᠶ᠋ᠢᠯᠡᠬᠦ ᠵᠡᠷᠭᠡ ᠲᠠᠯ᠎ᠠ ᠵᠢᠨ ᠬᠠᠤᠯᠢ᠎ᠪᠠᠷ ᠵᠠᠰᠠᠬᠤ ᠬᠥᠮᠦᠵᠢᠯ᠎ᠢ ᠬᠠᠨᠳᠤᠯᠭ᠋ᠠᠲᠠᠢ ᠥᠷᠨᠢᠭᠦᠯᠦᠨ᠎ᠡ᠃ ᠰᠤᠷᠭ᠋ᠠᠭᠤᠯᠢ᠎ᠨᠤᠭᠤᠳ ᠡᠯ᠎ᠡ ᠵᠦᠢ᠍ᠯ᠎ᠤᠨ ᠨᠡᠶ᠋ᠢᠭᠡᠮ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠬᠤ ᠵᠢ ᠵᠣᠷᠢᠭᠵᠢᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠡᠷᠭᠡ ᠨᠢᠭᠡᠴᠢ᠎ᠯᠦᠭᠡ ᠵᠢᠨ ᠰᠣᠯᠢᠯᠴᠠᠭ᠎ᠠ ᠪᠠ ᠨᠡᠪᠲᠡᠷᠡᠯᠴᠡᠭᠡ᠎ᠪᠠᠨ ᠴᠢᠩᠭ᠋ᠠᠳᠬᠠᠬᠤ ᠵᠢ ᠠᠬᠢᠭᠤᠯᠵᠤ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠢ ᠬᠠᠮᠲᠤ᠎ᠪᠠᠷ ᠠᠬᠢᠭᠤᠯᠤᠨ᠎ᠠ᠃ ᠨᠡᠶ᠋ᠢᠭᠡᠮ ᠲᠣᠭᠣᠷᠢᠭ ᠪᠠ ᠭᠡᠷ ᠪᠦᠯᠢ ᠵᠢᠨ᠎ᠬᠢᠨ᠎ᠤ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠢ ᠬᠠᠮᠵᠢᠯᠴᠠᠨ ᠠᠬᠢᠭᠤᠯᠵᠤ᠂ ᠰᠤᠷᠤᠭᠴᠢᠳ᠎ᠢ ᠵᠣᠬᠢᠶᠠᠨ ᠪᠠᠢ᠌ᠭᠤᠯᠵᠤ ᠨᠡᠶ᠋ᠢᠭᠡᠮ ᠲᠣᠭᠣᠷᠢᠭ᠎ᠤᠨ ᠬᠠᠤᠯᠢ᠎ᠪᠠᠷ ᠵᠠᠰᠠᠬᠤ ᠦᠢ᠍ᠯᠡᠳᠦᠯᠭᠡ ᠪᠤᠶᠤ ᠦᠢ᠍ᠯᠡᠴᠢᠯᠡᠭᠡ ᠵᠢ ᠥᠷᠨᠢᠭᠦᠯᠦᠨ᠎ᠡ᠃ ᠨᠡᠶ᠋ᠢᠭᠡᠮ᠎ᠤᠨ ᠬᠦᠴᠦᠨ᠎ᠤ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ᠎ᠳᠤ ᠣᠷᠣᠯᠴᠠᠬᠤ ᠵᠢᠯᠣᠭᠣᠳᠣᠯᠭ᠎ᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ ᠬᠤᠳᠠᠯᠳᠤᠨ ᠠᠪᠬᠤ᠂ ᠨᠡᠶ᠋ᠢᠭᠡᠮ ᠪᠡᠯᠡ ᠣᠷᠣᠭᠤᠯᠬᠤ᠂ ᠨᠡᠶ᠋ᠢᠲᠡ ᠵᠢᠨ ᠠᠰᠠᠷᠠᠮᠵᠢ ᠵᠢᠨ ᠲᠤᠰᠠᠯᠠᠮᠵᠢ ᠦᠵᠡᠭᠦᠯᠬᠦ ᠵᠡᠷᠭᠡ ᠵᠢ ᠬᠠᠷᠢᠯᠴᠠᠨ ᠤᠶᠠᠯᠳᠤᠭᠤᠯᠤᠭᠰᠠᠨ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃
     (ᠠᠷᠪᠠ) ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠴᠢᠷᠮᠠᠶ᠋ᠢᠨ ᠪᠤᠢ ᠪᠣᠯᠭ᠋ᠠᠨ᠎ᠠ᠃ ᠪᠥᠬᠥ ᠣᠷᠣᠨ᠎ᠤ ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠳᠠᠭᠤᠷᠢᠶᠠᠯ ᠦᠵᠡᠭᠦᠯᠬᠦ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠵᠦ᠂ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠵᠢ ᠭᠦᠨᠵᠡᠭᠡᠶ ᠠᠬᠢᠭᠤᠯᠤᠨ᠎ᠠ᠃ ᠣᠳᠣ ᠦᠶ᠎ᠡ ᠵᠢᠨ ᠰᠤᠷᠭ᠋ᠠᠭᠤᠯᠢ ᠵᠢᠨ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠷᠭ᠋ᠠᠭᠤᠯᠢ ᠵᠢᠨ ᠬᠠᠤᠯᠢ ᠵᠢᠨ ᠡᠷᠬᠡᠲᠡᠨ᠎ᠠᠴᠠ ᠵᠠᠰᠠᠬᠤ ᠪᠦᠲᠦᠴᠡ ᠵᠢ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠳᠣᠲᠣᠭ᠋ᠠᠳᠤ ᠵᠢᠨ ᠡᠷᠬᠡ ᠠᠰᠢᠭ᠎ᠢ ᠬᠠᠮᠠᠭ᠋ᠠᠯᠠᠬᠤ ᠪᠠ ᠲᠡᠩᠬᠡᠷᠡᠭᠦᠯᠦᠨ ᠲᠤᠰᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠰᠦᠯᠵᠢᠶᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠰᠤᠷᠤᠭᠴᠢᠳ᠎ᠤᠨ ᠣᠶᠤᠨᠴᠢ᠎ᠪᠠᠷ ᠰᠦᠯᠵᠢᠶᠡᠨ᠎ᠳᠤ ᠭᠠᠷᠬᠤ᠂ ᠠᠮᠤᠷ ᠲᠦᠪᠰᠢᠨ ᠰᠦᠯᠵᠢᠶᠡᠨ᠎ᠳᠤ ᠭᠠᠷᠬᠤ ᠵᠢ ᠬᠥᠲᠥᠯᠥᠨ ᠵᠢᠯᠣᠭᠣᠳᠤᠨ᠎ᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠦᠶ᠎ᠡ ᠬᠤᠷᠠᠭ᠎ᠤᠨ ᠡᠶᠡᠳᠡᠭᠦᠯᠬᠦ ᠲᠣᠭᠲᠠᠴᠠ ᠵᠢ ᠲᠤᠷᠰᠢᠨ ᠰᠦᠪᠡᠭᠴᠢᠯᠡᠬᠦ ᠵᠢ ᠳᠡᠮᠵᠢᠨ᠎ᠡ᠃ ᠰᠤᠷᠭ᠋ᠠᠨ ᠬᠥᠮᠦᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠠᠬᠢᠭᠤᠯᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠤᠶᠤᠲᠠᠳ᠎ᠤᠨ ᠨᠡᠶ᠋ᠢᠭᠡᠮ᠎ᠤᠨ ᠦᠢ᠍ᠯᠡᠳᠦᠯᠭᠡ᠂ ᠰᠠᠢ᠍ᠢ᠍ᠨ ᠳᠤᠷᠠᠴᠤᠤᠯ᠎ᠤᠨ ᠦᠢ᠍ᠯᠡᠴᠢᠯᠡᠭᠡ ᠵᠡᠷᠭᠡ ᠵᠢᠨ ᠴᠢᠬᠤᠯᠠ ᠠᠭᠤᠯᠭ᠎ᠠ ᠪᠣᠯᠭ᠋ᠠᠨ᠎ᠠ᠃ ᠰᠤᠷᠭ᠋ᠠᠭᠤᠯᠢ ᠵᠢᠨ ᠬᠦᠷᠢᠶᠡᠨ᠎ᠤ ᠬᠠᠤᠯᠢ᠎ᠪᠠᠷ ᠵᠠᠰᠠᠬᠤ ᠰᠣᠶᠣᠯ᠎ᠤᠨ ᠪᠠᠶ᠋ᠢᠭᠤᠯᠤᠯᠲᠠ ᠵᠢ ᠠᠬᠢᠭᠤᠯᠵᠤ᠂ ᠳᠠᠭᠤᠤ᠂ ᠪᠥᠵᠢᠭ᠂ ᠳᠠᠭᠤᠷᠢᠶᠠᠮᠠᠯ ᠰᠢᠭᠦᠬᠦ ᠲᠢᠩᠬᠢᠮ᠂ ᠮᠡᠳᠡᠯᠭᠡ ᠵᠢᠨ ᠤᠷᠤᠯᠳᠤᠭ᠋ᠠᠨ᠂ ᠦᠵᠡᠭᠳᠡᠯᠲᠦ ᠵᠦᠴᠦᠭᠡ ᠵᠢᠨ ᠦᠵᠡᠭᠦᠯᠭᠡ᠂ ᠰᠠᠢ᠍ᠢ᠍ᠨ ᠳᠤᠷ᠎ᠠ ᠵᠢᠨ ᠠᠵᠢᠯᠯᠠᠭ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠬᠠᠤᠯᠢ᠎ᠪᠠᠷ ᠵᠠᠰᠠᠬᠤ ᠮᠡᠳᠡᠯᠭᠡ ᠵᠢ ᠲᠦᠭᠡᠮᠡᠯᠵᠢᠭᠦᠯᠵᠦ᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠪᠠᠳᠠᠷᠠᠭᠤᠯᠤᠨ᠎ᠠ᠃ ᠭᠡᠷ ᠪᠦᠯᠢ ᠪᠠ ᠰᠤᠷᠭ᠋ᠠᠭᠤᠯᠢ ᠵᠢᠨ ᠬᠠᠮᠲᠤ ᠵᠢᠨ ᠬᠥᠮᠦᠵᠢᠯ᠎ᠢ ᠴᠢᠩᠭ᠋ᠠᠳᠬᠠᠵᠤ᠂ ᠰᠤᠷᠤᠭᠴᠢᠳ ᠭᠡᠷ᠎ᠤᠨ ᠠᠬᠠᠮᠠᠳ᠎ᠲᠠᠢ᠎ᠪᠠᠨ ᠬᠠᠤᠯᠢ᠎ᠪᠠᠷ ᠵᠠᠰᠠᠬᠤ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠠᠨ ᠰᠣᠯᠢᠯᠴᠠᠨ ᠡᠳ᠋ᠯᠡᠬᠦ ᠵᠢ ᠵᠣᠷᠢᠭᠵᠢᠭᠤᠯᠤᠨ᠎ᠠ᠃
      ᠳᠥᠷᠪᠡ᠂ ᠠᠵᠢᠯ᠎ᠤᠨ ᠲᠣᠬᠢᠷᠠᠭᠤᠯᠤᠯᠲᠠ
      ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠵᠢ ᠲᠦᠭᠡᠮᠡᠯᠵᠢᠭᠦᠯᠬᠦ ᠲᠥᠯᠥᠪᠵᠢᠭᠦᠯᠭᠡ ᠵᠢ 2021 ᠣᠨ᠎ᠠᠴᠠ ᠡᠬᠢᠯᠡᠨ ᠬᠡᠷᠡᠭᠵᠢᠭᠦᠯᠵᠦ᠂ 2025 ᠣᠨ᠎ᠳᠤ ᠳᠠᠭᠤᠰᠬᠠᠨ᠎ᠠ᠃ ᠨᠡᠶ᠋ᠢᠲᠡ ᠭᠤᠷᠪᠠᠨ ᠱᠠᠲᠤ ᠬᠤᠪᠢᠶᠠᠨ᠎ᠠ᠄
     (ᠨᠢᠭᠡ) ᠤᠬᠠᠭᠤᠯᠤᠨ ᠳᠠᠶ᠋ᠢᠴᠢᠯᠠᠬᠤ ᠱᠠᠲᠤ (2021 ᠣᠨ᠎ᠤ 11 ᠰᠠᠷ᠎ᠠ᠎ᠠᠴᠠ 2022 ᠣᠨ᠎ᠤ 3 ᠰᠠᠷ᠎ᠠ)᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠲᠤᠰ ᠲᠥᠯᠥᠪᠵᠢᠭᠦᠯᠭᠡ ᠵᠢ ᠦᠨᠳᠦᠰᠦᠯᠡᠨ᠂ ᠲᠤᠰ ᠰᠠᠯᠠᠭ᠎ᠠ ᠮᠥᠴᠢᠷ᠂ ᠲᠤᠰ ᠰᠤᠷᠭ᠋ᠠᠭᠤᠯᠢ ᠵᠢᠨ ᠵᠶ᠋ᠠᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠵᠤ᠂ ᠤᠬᠠᠭᠤᠯᠬᠤ᠂ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠨ᠎ᠠ᠃
     (ᠬᠣᠶᠠᠷ) ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠱᠠᠲᠤ (2021 ᠣᠨ — 2025 ᠣᠨ)᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠲᠥᠯᠥᠪᠵᠢᠭᠦᠯᠭᠡ᠎ᠳᠤ ᠲᠣᠭᠲᠠᠭ᠋ᠠᠭᠰᠠᠨ ᠬᠠᠷᠠᠯᠲᠠ ᠵᠢᠨ ᠡᠭᠦᠷᠭᠡ ᠪᠣᠯᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠵᠢᠯ᠎ᠤᠨ ᠲᠥᠯᠥᠪᠯᠡᠭᠡ ᠲᠣᠭᠲᠠᠭ᠋ᠠᠨ᠂ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠥᠯᠥᠪᠵᠢᠭᠦᠯᠭᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ 2023 ᠣᠨ᠎ᠳᠤ ᠳᠤᠮᠳᠠ ᠬᠤᠭᠤᠴᠠᠭ᠋ᠠᠨ᠎ᠤ ᠪᠠᠶ᠋ᠢᠴᠠᠭ᠋ᠠᠵᠤ ᠬᠢᠨᠠᠨ ᠵᠢᠯᠣᠭᠣᠳᠬᠤ ᠪᠠ ᠬᠥᠬᠢᠭᠦᠯᠦᠨ ᠰᠠᠶ᠋ᠢᠰᠢᠶᠠᠬᠤ ᠠᠵᠢᠯ᠎ᠢ ᠥᠷᠨᠢᠭᠦᠯᠵᠦ᠂ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ᠂ ᠬᠠᠤᠯᠢ᠎ᠪᠠᠷ ᠰᠤᠷᠭ᠋ᠠᠭᠤᠯᠢ ᠵᠢ ᠵᠠᠰᠠᠬᠤ ᠲᠠᠯ᠎ᠠ᠎ᠪᠠᠷ ᠲᠣᠪᠣᠶ᠋ᠢᠮ᠎ᠠ ᠠᠮᠵᠢᠯᠲᠠ ᠣᠯᠤᠭᠰᠠᠨ ᠳᠠᠭᠤᠷᠢᠶᠠᠯ ᠦᠵᠡᠭᠦᠯᠬᠦ ᠨᠢᠭᠡᠴᠢ ᠵᠢ ᠰᠢᠯᠭ᠋ᠠᠷᠠᠭᠤᠯᠤᠨ᠎ᠠ᠃
     (ᠭᠤᠷᠪᠠ) ᠪᠠᠶ᠋ᠢᠴᠠᠭ᠋ᠠᠵᠤ ᠰᠢᠯᠭ᠋ᠠᠨ ᠠᠪᠬᠤ ᠱᠠᠲᠤ (2025 ᠣᠨ᠎ᠤ ᠳᠤᠤᠷ᠎ᠠ ᠬᠠᠭ᠋ᠠᠰ ᠵᠢᠯ)᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠢᠭᠡᠳᠦᠯᠲᠡᠶ ᠤᠳᠤᠷᠢᠳᠤᠯᠭ᠎ᠠ᠎ᠪᠠᠷ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠵᠦ ᠬᠠᠤᠯᠢ᠎ᠪᠠᠷ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠠᠴᠠ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠶ᠋ᠢᠳᠠᠯ᠎ᠢ ᠳ᠋ᠦᠩᠨᠡᠨ ᠰᠢᠯᠭ᠋ᠠᠨ ᠠᠪᠬᠤ ᠵᠢ ᠪᠣᠳᠠᠲᠠᠶ ᠵᠣᠬᠢᠶᠠᠨ ᠪᠠᠶ᠋ᠢᠭᠤᠯᠵᠤ᠂ ᠲᠡᠷᠢᠭᠦᠨ᠎ᠤ ᠬᠠᠮᠲᠤ ᠪᠣᠯᠤᠨ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠨ᠎ᠠ᠃
      ᠲᠠᠪᠤ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ
      (ᠨᠢᠭᠡ) ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠎ᠡ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠥᠬᠥ ᠲᠠᠯ᠎ᠠ᠎ᠠᠴᠠ ᠡᠭᠦᠰᠦᠨ᠂ ᠬᠠᠤᠯᠢ ᠲᠦᠭᠡᠮᠡᠯᠵᠢᠭᠦᠯᠬᠦ ᠠᠵᠢᠯ᠎ᠢ ᠴᠢᠬᠤᠯᠠ ᠪᠠᠶ᠋ᠢᠷᠢᠨ᠎ᠳᠤ ᠲᠠᠯᠪᠢᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠭᠤᠤᠯ ᠬᠠᠷᠢᠭᠤᠴᠠᠯᠭ᠋ᠠᠲᠠᠳ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠶᠣᠰᠤ᠎ᠪᠠᠷ ᠬᠠᠤᠯᠢ ᠵᠢ ᠲᠦᠭᠡᠮᠡᠯᠵᠢᠭᠦᠯᠬᠦ ᠠᠵᠢᠯ᠎ᠢ ᠤᠳᠤᠷᠢᠳᠬᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠭᠡᠵᠦ᠂ ᠡᠳᠦᠷ ᠲᠤᠲᠤᠮ᠎ᠤᠨ ᠵᠢᠯᠣᠭᠣᠳᠣᠯᠭ᠎ᠠ ᠪᠠ ᠱᠠᠭ᠋ᠠᠷᠳᠠᠯᠭ᠎ᠠ᠎ᠪᠠᠨ ᠴᠢᠩᠭ᠋ᠠᠳᠬᠠᠵᠤ᠂ ᠬᠠᠤᠯᠢ ᠵᠢ ᠲᠦᠭᠡᠮᠡᠯᠵᠢᠭᠦᠯᠬᠦ ᠠᠵᠢᠯ᠎ᠤᠨ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠬᠦ ᠵᠢ ᠠᠬᠢᠭᠤᠯᠬᠤ ᠬᠡᠷᠡᠭᠲᠡᠶ᠃
     (ᠬᠣᠶᠠᠷ) ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠤᠰ ᠰᠠᠯᠠᠭ᠎ᠠ ᠮᠥᠴᠢᠷ᠂ ᠲᠤᠰ ᠰᠤᠷᠭ᠋ᠠᠭᠤᠯᠢ ᠵᠢᠨ ᠵᠶ᠋ᠠᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠲᠤᠰ ᠭᠠᠵᠠᠷ ᠣᠷᠣᠨ᠂ ᠲᠤᠰ ᠰᠤᠷᠭ᠋ᠠᠭᠤᠯᠢ ᠵᠢᠨ ᠵᠶ᠋ᠠᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠢᠯᠣᠭᠣᠳᠤᠨ ᠱᠠᠭ᠋ᠠᠷᠳᠠᠬᠤ ᠵᠢ ᠬᠠᠷᠢᠭᠤᠴᠠᠬᠤ ᠵᠢᠨ ᠬᠠᠮᠲᠤ ᠲᠤᠰᠬᠠᠢ ᠪᠠᠶ᠋ᠢᠭᠤᠯᠤᠮᠵᠢ ᠪᠤᠶᠤ ᠠᠵᠢᠯᠳᠠᠨ᠎ᠢ ᠲᠣᠭᠲᠠᠭ᠋ᠠᠵᠤ ᠰᠤᠷᠭ᠋ᠠᠨ ᠬᠥᠮᠦᠵᠢᠯ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠬᠠᠷᠢᠭᠤᠴᠠᠭᠤᠯᠬᠤ ᠬᠡᠷᠡᠭᠲᠡᠢ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ   ᠬᠣᠯᠪᠤᠭᠳᠠᠬᠤ ᠠᠵᠢᠯ᠎ᠤᠨ ᠵᠠᠷᠤᠳᠠᠯ᠎ᠢ ᠰᠠᠯᠠᠭ᠎ᠠ ᠮᠥᠴᠢᠷ᠎ᠤᠨ ᠵᠢᠯ᠎ᠤᠨ ᠲᠥᠰᠦᠪ᠎ᠲᠤ᠎ᠪᠠᠨ ᠣᠷᠣᠭᠤᠯᠵᠤ᠂ ᠦᠨᠡᠨ ᠬᠦ᠌ ᠪᠠᠲᠤᠯᠠᠬᠤ ᠵᠢᠨ ᠬᠠᠮᠲᠤ ᠬᠥᠳᠡᠯᠦᠩᠭᠦᠢ ᠲᠤᠬᠢᠷᠠᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠵᠠᠯᠠᠭᠤᠴᠤᠳ ᠪᠠᠭ᠋ᠠᠴᠤᠳ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠲᠤᠰᠬᠠᠶ ᠵᠠᠷᠤᠳᠠᠯ ᠪᠠᠶ᠋ᠢᠭᠤᠯᠬᠤ ᠵᠢ ᠵᠣᠷᠢᠭᠵᠢᠭᠤᠯᠵᠤ᠂ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ᠂ ᠬᠠᠤᠯᠢ᠎ᠪᠠᠷ ᠵᠠᠰᠠᠬᠤ ᠳᠡᠳ᠋ ᠵᠠᠬᠢᠷᠤᠯ ᠪᠣᠯᠤᠨ ᠬᠠᠪᠰᠤᠷᠤᠨ ᠵᠢᠯᠣᠭᠣᠳᠣᠭᠴᠢ ᠵᠢᠨ ᠠᠵᠢᠯ᠎ᠤᠨ ᠪᠠᠶ᠋ᠢᠷᠢ ᠵᠢᠨ ᠨᠡᠮᠡᠭᠦᠷᠢ ᠵᠢ ᠰᠦᠪᠡᠭᠴᠢᠯᠡᠨ ᠪᠠᠶ᠋ᠢᠭᠤᠯᠵᠤ᠂ ᠠᠵᠢᠯ᠎ᠤᠨ ᠬᠢᠷᠢ ᠪᠦᠲᠦᠮᠵᠢ ᠵᠢᠨ ᠴᠠᠯᠢᠩ᠎ᠤᠨ ᠬᠠᠮᠢᠶᠠᠷᠤᠯᠲᠠ᠎ᠳᠤ ᠣᠷᠣᠭᠤᠯᠤᠨ᠎ᠠ᠃
     (ᠭᠤᠷᠪᠠ) ᠦᠨᠡᠯᠡᠬᠦ ᠲᠣᠭᠲᠠᠴᠠ ᠵᠢ ᠰᠢᠯᠢᠳᠡᠭᠵᠢᠭᠦᠯᠦᠨ᠎ᠡ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠦᠨᠡᠯᠡᠬᠦ ᠲᠣᠭᠲᠠᠴᠠ᠎ᠪᠠᠨ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ᠎ᠢ ᠦᠨᠡᠯᠡᠬᠦ᠂ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠪᠠ ᠶᠡᠷᠦᠩᠬᠡᠶ᠋ᠢᠯᠡᠭᠰᠡᠨ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠪᠠᠢ᠌ᠴᠠᠭ᠋ᠠᠬᠤ ᠵᠡᠷᠭᠡ ᠴᠢᠬᠤᠯᠠ ᠬᠦᠷᠢᠶ᠎ᠡ ᠬᠡᠪᠴᠢᠶ᠎ᠡ᠎ᠳᠤ ᠣᠷᠣᠭᠤᠯᠵᠤ᠂ ᠬᠠᠤᠯᠢ ᠶᠣᠰᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠳᠠᠪᠤᠷᠢ ᠵᠢ ᠺᠠᠳ᠋ᠷ᠎ᠢ ᠬᠢᠨᠠᠵᠤ ᠦᠨᠡᠯᠡᠬᠦ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠶ᠃ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ᠂ ᠪᠣᠯᠪᠠᠰᠤᠨ ᠬᠣᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠭᠦᠢ᠍ᠴᠡᠳᠭᠡᠯ ᠲᠣᠭ᠋ᠠᠨ᠎ᠤ ᠳᠣᠭᠲᠠᠯᠴᠠᠭ᠋ᠠᠨ᠎ᠳᠤ ᠣᠷᠣᠭᠤᠯᠬᠤ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠵᠢ ᠦᠨᠡᠯᠡᠬᠦ ᠪᠠᠷᠢᠮᠵᠢᠶᠠᠨ᠎ᠤ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠨᠡᠶ᠋ᠢᠭᠡᠮ᠎ᠤᠨ ᠬᠦᠴᠦᠨ᠎ᠢ ᠵᠣᠷᠢᠭᠵᠢᠭᠤᠯᠤᠨ ᠬᠥᠲᠥᠯᠥᠨ ᠵᠢᠯᠣᠭᠣᠳᠴᠤ ᠬᠠᠤᠯᠢ᠎ᠪᠠᠷ ᠵᠠᠰᠠᠬᠤ ᠬᠥᠮᠦᠵᠢᠯ᠎ᠤᠨ ᠭᠤᠷᠪᠠᠳᠠᠬᠢ ᠡᠲᠡᠭᠡᠳ᠎ᠤᠨ ᠦᠨᠡᠯᠡᠯᠲᠡ᠎ᠳᠤ ᠣᠷᠣᠯᠴᠠᠭᠤᠯᠵᠤ᠂ ᠬᠠᠤᠯᠢ ᠵᠢ ᠲᠦᠭᠡᠮᠡᠯᠵᠢᠭᠦᠯᠬᠦ ᠠᠵᠢᠯ᠎ᠤᠨ ᠦᠷ᠎ᠡ ᠪᠦᠲᠦᠮᠵᠢ ᠵᠢ ᠪᠦᠲᠦᠮᠵᠢᠲᠡᠶ ᠡᠵᠡᠮᠰᠢᠨ᠂ ᠨᠡᠶ᠋ᠢᠭᠡᠮ᠎ᠤᠨ ᠣᠯᠠᠨ ᠨᠡᠶ᠋ᠢᠲᠡ ᠵᠢᠨ᠎ᠬᠢᠨ᠎ᠤ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠠᠵᠢᠯ᠎ᠤᠨ ᠬᠠᠨᠤᠮᠵᠢ ᠵᠢᠨ ᠬᠡᠮᠵᠢᠶ᠎ᠡ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠬᠦᠷᠦᠯᠴᠡᠬᠦ ᠥᠬᠡᠶ ᠲᠠᠯ᠎ᠠ ᠵᠢ ᠪᠦᠲᠦᠮᠵᠢᠲᠡᠶ ᠡᠵᠡᠮᠰᠢᠵᠦ᠂ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠠᠵᠢᠯ᠎ᠢ ᠰᠠᠶ᠋ᠢᠵᠢᠷᠠᠭᠤᠯᠬᠤ᠎ᠳᠤ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ ᠦᠨᠳᠦᠰᠦᠯᠡᠯ ᠪᠣᠯᠭ᠋ᠠᠨ᠎ᠠ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠤᠷᠮᠠᠰᠢᠭᠤᠯᠤᠨ ᠱᠠᠩᠨᠠᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠢᠷᠠᠭᠤ ᠠᠯᠳᠠᠷ᠎ᠤᠨ ᠴᠣᠯᠠ ᠵᠢ ᠰᠢᠯᠭ᠋ᠠᠷᠠᠭᠤᠯᠬᠤ ᠪᠤᠶᠤ ᠣᠯᠭᠣᠬᠤ᠎ᠳᠤ ᠬᠠᠤᠯᠢ᠎ᠪᠠᠷ ᠵᠠᠰᠠᠬᠤ ᠰᠢᠯᠢᠳᠡᠭ ᠬᠢᠴᠢᠶᠡᠯ᠎ᠤᠨ ᠪᠠᠭᠰᠢ ᠵᠢ ᠬᠥᠬᠢᠭᠦᠯᠦᠨ ᠰᠠᠶ᠋ᠢᠰᠢᠶᠠᠬᠤ ᠵᠢ ᠴᠢᠬᠤᠯᠠᠴᠢᠯᠠᠵᠤ᠂ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠰᠢᠯᠭ᠋ᠠᠷᠠᠭᠤᠯᠬᠤ ᠵᠢ ᠴᠢᠬᠤᠯᠠᠴᠢᠯᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠲᠡᠷᠢᠭᠦᠨ᠎ᠤ ᠲᠤᠷᠰᠢᠯᠭ᠎ᠠ ᠪᠠ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠳᠠᠷᠤᠢ᠎ᠳᠤ᠎ᠨᠢ ᠳ᠋ᠦᠩᠨᠡᠨ ᠤᠬᠠᠭᠤᠯᠵᠤ ᠳᠡᠯᠭᠡᠷᠡᠭᠦᠯᠬᠦ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2021 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠮᠡᠳᠡᠭᠦᠯᠦᠯᠲᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠬᠠᠮᠢᠶᠠᠷᠤᠯᠲᠠ ᠵᠢᠨ ᠠᠵᠢᠯ᠎ᠢ ᠴᠢᠩᠭ᠎ᠠ ᠳᠦᠷᠢᠮᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ᠎ᠤᠨ 2022 ᠣᠨ᠎ᠤ ᠰᠤᠷᠭ᠋ᠠᠨ ᠬᠥᠮᠥᠵᠢᠯ᠎ᠤᠨ ᠠᠵᠢᠯ᠎ᠤᠨ ᠭᠣᠣᠯᠳᠠᠯᠭ᠎ᠠ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠵᠢᠷᠭᠤᠭ᠋ᠠᠨ ᠰᠠᠯᠠᠭ᠎ᠠ ᠮᠥᠴᠢᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
2022 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠲᠥᠯᠥᠪᠵᠢᠭᠦᠯᠭᠡ ᠵᠢᠨ ᠲᠥᠰᠦᠯ᠎ᠢ ᠵᠣᠬᠢᠶᠠᠨ ᠪᠠᠶ᠋ᠢᠭᠤᠯᠵᠤ ᠮᠡᠳᠡᠭᠦᠯᠬᠦ ᠲᠤᠬᠠᠶ ᠮᠡᠳᠡᠭᠳᠡᠯ
 
             蒙ICP备05000248号