ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠪᠢᠴᠢᠭ ᠮᠠᠲ᠋ᠧᠷᠢᠶᠠᠯ ᠪᠠᠭᠤᠯᠭ᠋ᠠᠵᠤ᠂ ᠰᠢᠨ᠎ᠡ ᠴᠠᠭ ᠦᠶ᠎ᠡ ᠵᠢᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2022-12-15


      ᠣᠶ᠋ᠢᠷ᠎ᠠ᠎ᠳᠤ᠂ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠰᠢᠨ᠎ᠡ ᠴᠠᠭ ᠦᠶ᠎ᠡ ᠵᠢᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
      《ᠰᠢᠨ᠎ᠡ ᠴᠠᠭ ᠦᠶ᠎ᠡ ᠵᠢᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠡᠩᠨᠡᠭᠡᠨ
    ᠎ᠤ ᠪᠠᠶ᠋ᠢᠭᠤᠯᠤᠯᠲᠠ ᠵᠢ   ᠴᠢᠩᠭ᠋ᠠᠳᠬᠠᠬᠤ   ᠲᠤᠬᠠᠶ   ᠰᠠᠨᠠᠯ》 ᠎ᠤᠨ   ᠪᠥᠬᠥ   ᠠᠭᠤᠯᠭ᠎ᠠ

      ᠤᠷ᠎ᠠ ᠴᠢᠳᠠᠪᠤᠷᠢᠲᠤ ᠴᠢᠳᠠᠪᠤᠷᠢᠲᠠᠨ ᠪᠣᠯ ᠳᠤᠮᠳᠠᠳᠤ ᠤᠯᠤᠰ᠎ᠤᠨ ᠦᠢ᠍ᠯᠡᠳᠬᠦ᠂ ᠳᠤᠮᠳᠠᠳᠤ ᠤᠯᠤᠰ᠎ᠤᠨ ᠡᠭᠦᠳᠬᠦ ᠵᠢ ᠲᠤᠯᠭ᠋ᠠᠭᠤᠷᠢᠯᠠᠬᠤ ᠴᠢᠬᠤᠯᠠ ᠬᠦᠴᠦᠨ ᠮᠥᠨ᠃ ᠳᠡᠭᠡᠳᠦ ᠳᠡᠰ᠎ᠤᠨ ᠠᠵᠢᠯᠴᠢᠨ᠎ᠠᠴᠠ ᠳᠡᠭᠡᠭᠰᠢᠬᠢ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠎ᠨᠢ ᠠᠵᠢᠯᠴᠢᠨ ᠠᠩᠭᠢ ᠵᠢᠨ ᠲᠡᠷᠢᠭᠦᠨ᠎ᠤ ᠴᠢᠨᠠᠷ᠎ᠢ ᠪᠡᠬᠢᠵᠢᠭᠦᠯᠦᠨ ᠬᠥᠭᠵᠢᠭᠦᠯᠬᠦ᠂ ᠤᠯᠤᠰ᠎ᠤᠨ ᠭᠤᠤᠯᠯᠠᠬᠤ ᠥᠷᠢᠰᠥᠯᠳᠦᠬᠦ ᠬᠦᠴᠦᠨ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠳᠬᠠᠬᠤ᠂ ᠠᠵᠢᠯ ᠣᠯᠭᠣᠯᠲᠠ ᠵᠢᠨ ᠪᠦᠲᠦᠴᠡ ᠵᠢᠨ ᠴᠢᠨᠠᠷᠲᠠᠶ ᠵᠥᠷᠢᠴᠡᠯ᠎ᠢ ᠨᠠᠮᠳᠠᠭᠤᠯᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠲᠥᠯᠦᠭᠡ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃
      ᠨᠢᠭᠡ᠂ ᠶᠡᠷᠦᠩᠬᠡᠢ ᠱᠠᠭ᠋ᠠᠷᠳᠠᠯᠭ᠎ᠠ
     (ᠨᠢᠭᠡ) ᠵᠢᠯᠣᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯᠠᠭᠤᠯᠤᠯᠲᠠ ᠵᠢ ᠪᠠᠶ᠋ᠢᠭᠤᠯᠬᠤ᠎ᠳᠤ ᠦᠢ᠍ᠯᠡᠴᠢᠯᠡᠨ᠂ ᠴᠢᠨᠠᠷᠯᠢᠭ ᠬᠥᠭᠵᠢᠯᠲᠡ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠬᠥᠭᠵᠢᠯᠲᠡ᠎ᠳᠤ ᠦᠢ᠍ᠯᠡᠴᠢᠯᠡᠨ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ 《ᠤᠷ᠎ᠠ ᠴᠢᠳᠠᠪᠤᠷᠢ· ᠳᠤᠮᠳᠠᠳᠤ ᠵᠢᠨ ᠠᠵᠢᠯᠯᠠᠭ᠎ᠠ》 ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠳᠦᠷᠢᠮ᠎ᠢ ᠲᠡᠭᠦᠯᠳᠡᠷᠵᠢᠭᠦᠯᠦᠨ᠂ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠭᠣᠣᠯᠯᠠᠭᠰᠠᠨ᠂ ᠲᠥᠷᠥ ᠵᠢᠨ ᠪᠣᠳᠣᠯᠭ᠎ᠠ ᠳᠡᠮᠵᠢᠭᠰᠡᠨ᠂ ᠠᠵᠤ ᠠᠬᠤᠶ᠋ᠢᠯᠠᠯ᠎ᠪᠠᠷ ᠭᠣᠣᠯ ᠴᠣᠭᠴᠠ ᠪᠣᠯᠭ᠋ᠠᠭᠰᠠᠨ᠂ ᠨᠡᠶ᠋ᠢᠭᠡᠮ᠎ᠤᠨ᠎ᠬᠢᠨ ᠣᠷᠣᠯᠴᠠᠭᠰᠠᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ᠎ᠤᠨ ᠳᠣᠭᠲᠠᠯᠴᠠᠭ᠎ᠠ ᠵᠢ ᠪᠠᠢ᠌ᠭᠤᠯᠵᠤ᠂ ᠨᠠᠮ ᠵᠶ᠋ᠠᠨ ᠬᠠᠶ᠋ᠢᠷᠠᠯᠠᠵᠤ ᠤᠯᠤᠰ᠎ᠲᠤ᠎ᠪᠠᠨ ᠵᠢᠳᠬᠦᠬᠦ᠂ ᠠᠵᠢᠯ ᠦᠢ᠍ᠯᠡᠰ ᠵᠶ᠋ᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ᠂ ᠤᠷ᠎ᠠ ᠮᠡᠷᠭᠡᠰᠢᠯ ᠨᠢᠭᠲᠠ ᠨᠠᠷᠢᠯᠢᠭ᠂ ᠬᠡᠪ ᠴᠢᠨᠠᠷ ᠰᠢᠯᠢᠳᠡᠭ ᠰᠡᠢ᠍ᠢ᠍ᠠ᠂ ᠬᠡᠪᠴᠢᠶ᠎ᠡ ᠠᠤᠭ᠎ᠠ ᠶᠡᠬᠡ᠂ ᠪᠦᠲᠦᠴᠡ ᠵᠦᠢ ᠵᠣᠬᠢᠰᠲᠠᠶ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠤᠨ᠎ᠠ᠃
     (ᠬᠣᠶᠠᠷ) ᠬᠠᠷᠠᠯᠲᠠ ᠡᠭᠦᠷᠭᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠪᠣᠯᠬᠤ᠎ᠳᠤ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠲᠦᠷᠢᠮ᠎ᠤᠨ ᠲᠥᠷᠥ ᠵᠢᠨ ᠪᠣᠳᠣᠯᠭ᠎ᠠ ᠵᠢ ᠨᠠᠩ ᠪᠥᠷᠢᠨ ᠭᠦᠢ᠍ᠴᠡᠳ ᠪᠣᠯᠭ᠋ᠠᠵᠤ᠂ ᠬᠥᠮᠦᠵᠢᠭᠦᠯᠬᠦ ᠰᠢᠰᠲ᠋ᠧᠮ᠎ᠢ ᠨᠠᠩ ᠲᠡᠭᠦᠯᠳᠡᠷᠵᠢᠭᠦᠯᠦᠨ᠂ ᠠᠵᠢᠯ᠎ᠤᠨ ᠪᠠᠶ᠋ᠢᠷᠢ ᠵᠢᠨ ᠬᠡᠷᠡᠭᠯᠡᠯᠲᠡ ᠨᠠᠩ ᠵᠦᠶ ᠵᠣᠬᠢᠰᠲᠠᠶ᠂ ᠦᠨᠡᠯᠡᠬᠦ ᠲᠣᠭᠲᠠᠴᠠ ᠨᠠᠩ ᠰᠢᠨᠵᠢᠯᠡᠬᠦ ᠤᠬᠠᠭ᠋ᠠᠨᠴᠢ᠂ ᠤᠷᠮᠠᠰᠢᠭᠤᠯᠬᠤ ᠪᠠᠲᠤᠯᠠᠭ᠎ᠠ ᠨᠠᠩ ᠬᠦᠴᠦᠲᠡᠶ᠂ ᠤᠷ᠎ᠠ ᠴᠢᠳᠠᠪᠤᠷᠢ ᠵᠢ ᠬᠦᠨᠳᠦᠳᠬᠡᠵᠦ ᠬᠥᠳᠡᠯᠮᠦᠷᠢ ᠵᠢ ᠬᠦᠨᠳᠦᠳᠬᠡᠬᠦ ᠨᠡᠶ᠋ᠢᠭᠡᠮ᠎ᠤᠨ ᠠᠭᠤᠷ ᠠᠮᠢᠰᠬᠤᠯ᠎ᠢ ᠨᠠᠩ ᠥᠳᠬᠡᠨ ᠪᠣᠯᠭ᠋ᠠᠵᠤ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠬᠡᠪᠴᠢᠶ᠎ᠡ ᠲᠠᠰᠤᠷᠠᠯᠲᠠ ᠥᠬᠡᠶ ᠪᠤᠵᠠᠭ᠋ᠠᠶ᠋ᠢᠷᠠᠵᠤ᠂ ᠬᠡᠪ ᠪᠣᠯᠪᠠᠰᠤᠷᠠᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠯᠭ᠎ᠠ᠎ᠢ ᠲᠣᠭᠲᠠᠭᠤᠨ ᠵᠶ᠋ᠠᠷ ᠨᠡᠮᠡᠭᠳᠡᠭᠦᠯᠦᠨ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ ᠣᠯᠤᠭᠰᠠᠳ᠎ᠳᠠᠬᠢ ᠡᠵᠡᠯᠡᠬᠦ ᠬᠠᠷᠢᠴᠠᠯ᠎ᠢ 30 %᠎ᠠᠴᠠ ᠳᠡᠭᠡᠭᠰᠢ ᠪᠣᠯᠭ᠋ᠠᠨ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠤᠷ᠎ᠠ ᠴᠢᠳᠠᠪᠤᠷᠢᠲᠤ ᠴᠢᠳᠠᠪᠤᠷᠢᠲᠠᠨ᠎ᠳᠠᠬᠢ ᠡᠵᠡᠯᠡᠬᠦ ᠬᠠᠷᠢᠴᠠᠯ᠎ᠢ 1 / 3᠎ᠳᠤ ᠬᠦᠷᠭᠡᠵᠦ᠂ ᠵᠡᠭᠦᠨ ᠬᠡᠰᠡᠭ᠎ᠤᠨ ᠮᠤᠵᠢ ᠣᠷᠣᠨ᠎ᠤ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠤᠷ᠎ᠠ ᠴᠢᠳᠠᠪᠤᠷᠢᠲᠤ ᠴᠢᠳᠠᠪᠤᠷᠢᠲᠠᠨ᠎ᠳᠠᠬᠢ ᠡᠵᠡᠯᠡᠬᠦ ᠬᠠᠷᠢᠴᠠᠯ᠎ᠢ 35% ᠪᠣᠯᠭ᠋ᠠᠨ᠎ᠠ᠃ 2035 ᠣᠨ ᠪᠣᠯᠬᠤ᠎ᠳᠤ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠬᠡᠪᠴᠢᠶ᠎ᠡ ᠵᠢ ᠦᠷᠭᠦᠯᠵᠢᠯᠡᠨ ᠪᠤᠵᠠᠭ᠋ᠠᠶ᠋ᠢᠷᠠᠭᠤᠯᠵᠤ᠂ ᠬᠡᠪ ᠴᠢᠨᠠᠷ᠎ᠢ ᠶᠡᠬᠡ᠎ᠪᠠᠷ ᠳᠡᠭᠡᠭᠰᠢᠯᠡᠭᠦᠯᠦᠨ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠲᠣᠭ᠎ᠠ ᠬᠡᠮᠵᠢᠶ᠎ᠡ᠂ ᠪᠦᠲᠦᠴᠡ ᠵᠢ ᠨᠡᠶ᠋ᠢᠭᠡᠮ ᠵᠢᠷᠤᠮᠲᠤ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠬᠦ ᠱᠠᠭ᠋ᠠᠷᠳᠠᠯᠭ᠎ᠠ᠎ᠲᠠᠢ ᠵᠣᠬᠢᠴᠠᠭᠤᠯᠬᠤ᠎ᠪᠠᠷ ᠴᠢᠷᠮᠠᠶ᠋ᠢᠨ᠎ᠠ᠃
      ᠬᠣᠶᠠᠷ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ᠎ᠢ ᠴᠢᠩᠭ᠋ᠠᠷᠠᠭᠤᠯᠪᠠ
     (ᠭᠤᠷᠪᠠ) ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠳᠣᠭᠲᠠᠯᠴᠠᠭ᠎ᠠ ᠵᠢ ᠲᠡᠭᠦᠯᠳᠡᠷᠵᠢᠭᠦᠯᠪᠡ᠃ ᠠᠵᠢᠯ ᠲᠥᠷᠥᠯ᠎ᠤᠨ ᠠᠵᠤ ᠠᠬᠤᠶ᠋ᠢᠯᠠᠯ ᠵᠶ᠋ᠠᠷ ᠭᠤᠤᠯ ᠴᠣᠭᠴᠠ ᠪᠣᠯᠭ᠋ᠠᠭᠰᠠᠨ᠂ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠪᠠᠭᠲᠠᠭ᠋ᠠᠨ᠎ᠠ᠂ ᠳᠣᠷᠣᠭᠰᠢ ᠠᠳᠠᠯᠢ)᠎ᠪᠠᠷ ᠰᠠᠭᠤᠷᠢ ᠪᠣᠯᠭ᠋ᠠᠭᠰᠠᠨ᠂ ᠵᠠᠰᠠᠭ᠎ᠤᠨ ᠣᠷᠳᠣᠨ᠎ᠠᠴᠠ ᠠᠬᠢᠭᠤᠯᠬᠤ ᠪᠠ ᠨᠡᠶ᠋ᠢᠭᠡᠮ᠎ᠠᠴᠠ ᠳᠡᠮᠵᠢᠬᠦ ᠵᠢ ᠬᠠᠷᠢᠯᠴᠠᠨ ᠤᠶᠠᠯᠳᠤᠭᠤᠯᠤᠭᠰᠠᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠳᠣᠭᠲᠠᠯᠴᠠᠭ᠎ᠠ ᠵᠢ ᠪᠠᠢ᠌ᠭᠤᠯᠪᠠ᠃ ᠠᠵᠢᠯ ᠲᠥᠷᠥᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠎ᠠᠴᠠ ᠲᠤᠰ ᠠᠵᠢᠯ ᠲᠥᠷᠥᠯ᠎ᠤᠨ ᠦᠢ᠍ᠯᠡᠳᠪᠦᠷᠢᠯᠡᠯ᠂ ᠮᠡᠷᠭᠡᠵᠢᠯ᠎ᠤᠨ ᠬᠥᠭᠵᠢᠯᠲᠡ ᠵᠢᠨ ᠬᠠᠨᠳᠤᠰᠢ᠎ᠲᠠᠢ ᠤᠶᠠᠯᠳᠤᠭᠤᠯᠤᠨ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠬᠠᠩᠭ᠋ᠠᠯᠭ᠎ᠠ ᠬᠡᠷᠡᠭᠴᠡᠭᠡ ᠵᠢ ᠲᠥᠰᠦᠭᠡᠯᠡᠬᠦ ᠪᠠ ᠬᠥᠮᠦᠵᠢᠭᠦᠯᠬᠦ ᠲᠥᠯᠥᠪᠵᠢᠭᠦᠯᠭᠡ ᠵᠢ ᠰᠠᠶ᠋ᠢᠲᠤᠷ ᠬᠢᠪᠡ᠃ ᠡᠯ᠎ᠡ ᠲᠥᠷᠥᠯ᠎ᠤᠨ ᠠᠵᠤ ᠠᠬᠤᠶ᠋ᠢᠯᠠᠯ ᠪᠣᠳᠠᠲᠠᠶ᠎ᠲᠠᠢ᠎ᠪᠠᠨ ᠤᠶᠠᠯᠳᠤᠭᠤᠯᠤᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠵᠢ ᠠᠵᠤ ᠠᠬᠤᠶ᠋ᠢᠯᠠᠯ᠎ᠤᠨ   ᠬᠥᠭᠵᠢᠭᠦᠯᠦᠯᠲᠡ ᠵᠢᠨ ᠶᠡᠷᠦᠩᠬᠡᠶ ᠲᠥᠯᠥᠪᠵᠢᠭᠦᠯᠪᠡ ᠪᠠ ᠵᠢᠯ᠎ᠤᠨ ᠲᠥᠯᠥᠪᠯᠡᠭᠡ᠎ᠳᠤ ᠣᠷᠣᠭᠤᠯᠵᠤ᠂ ᠠᠵᠤ ᠠᠬᠤᠶ᠋ᠢᠯᠠᠯ᠎ᠤᠨ ᠪᠣᠯᠪᠠᠰᠤᠷᠠᠭᠤᠯᠤᠯ᠎ᠤᠨ ᠲᠥᠪ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠬᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠂ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠂ ᠤᠷ᠎ᠠ ᠴᠢᠳᠠᠪᠤᠢ᠌ᠲᠤ ᠨᠡᠷᠡᠲᠦ ᠪᠠᠭᠰᠢ ᠵᠢᠨ ᠠᠵᠢᠯᠯᠠᠬᠤ ᠲᠠᠰᠤᠭ᠂ ᠬᠥᠳᠡᠯᠮᠦᠷᠢ ᠵᠢᠨ ᠵᠢᠱ᠌ᠢᠶᠡᠴᠢ ᠪᠠ ᠤᠷᠠᠨ ᠳᠠᠷᠬᠠᠨ᠎ᠤ ᠰᠢᠨ᠎ᠡ ᠵᠢ ᠡᠭᠦᠳᠬᠦ ᠠᠵᠢᠯᠯᠠᠬᠤ ᠲᠠᠰᠤᠭ᠂ ᠰᠦᠯᠵᠢᠶ᠎ᠡ᠎ᠪᠠᠷ ᠰᠤᠷᠤᠯᠴᠠᠬᠤ ᠲᠠᠪᠴᠠᠩ ᠵᠡᠷᠭᠡ᠎ᠳᠤ ᠲᠦᠰᠢᠭᠯᠡᠨ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠶᠡᠬᠡ᠎ᠪᠠᠷ ᠬᠥᠮᠦᠵᠢᠭᠦᠯᠬᠦ ᠵᠢ ᠵᠣᠷᠢᠭᠵᠢᠭᠤᠯᠪᠠ᠃ ᠤᠯᠤᠰ᠎ᠤᠨ ᠥᠮᠴᠢᠯᠡᠯᠲᠦ ᠡᠯ᠎ᠡ ᠠᠵᠤ ᠠᠬᠤᠶ᠋ᠢᠯᠠᠯ ᠪᠣᠳᠠᠲᠠᠶ᠎ᠲᠠᠢ᠎ᠪᠠᠨ ᠤᠶᠠᠯᠳᠤᠭᠤᠯᠤᠨ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠲᠥᠯᠥᠪᠵᠢᠭᠦᠯᠭᠡ ᠵᠢ ᠲᠣᠭᠲᠠᠭ᠋ᠠᠭᠰᠠᠨ ᠪᠠ ᠬᠡᠷᠡᠭᠵᠢᠭᠦᠯᠦᠭᠰᠡᠨ ᠪᠠᠶ᠋ᠢᠳᠠᠯ᠎ᠢ ᠰᠢᠯᠭ᠋ᠠᠨ ᠬᠢᠨᠠᠵᠤ ᠦᠨᠡᠯᠡᠬᠦ ᠳᠣᠭᠲᠠᠯᠴᠠᠭ᠎ᠠ᠎ᠳᠤ ᠣᠷᠣᠭᠤᠯᠪᠠ᠃ ᠡᠯ᠎ᠡ ᠲᠥᠷᠥᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠵᠣᠷᠢᠭᠵᠢᠭᠤᠯᠵᠤ ᠲᠤᠰᠠᠭ᠋ᠠᠷ ᠪᠠᠯᠠ ᠣᠷᠣᠭᠤᠯᠬᠤ᠂ ᠪᠠᠯᠠ ᠨᠡᠶ᠋ᠢᠯᠡᠭᠦᠯᠬᠦ᠂ ᠬᠠᠮᠲᠤᠷᠠᠯᠴᠠᠬᠤ ᠵᠡᠷᠭᠡ ᠠᠷᠭ᠎ᠠ ᠮᠠᠶᠢᠭ ᠵᠶ᠋ᠠᠷ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠡᠷᠭᠢᠯᠡᠬᠦ᠎ᠳᠤ ᠬᠠᠤᠯᠢ ᠶᠣᠰᠤ᠎ᠪᠠᠷ ᠣᠷᠣᠯᠴᠠᠭᠤᠯᠵᠤ᠂ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢ ᠳᠠᠭ᠋ᠠᠭ᠋ᠠᠴᠢᠯᠠᠨ ᠠᠪᠬᠤ᠎ᠳᠤ ᠢᠳᠡᠪᠬᠢᠲᠡᠶ ᠣᠷᠣᠯᠴᠠᠭᠤᠯᠪᠠ᠃ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠬᠡᠯᠪᠡᠷᠢ ᠵᠢᠨ ᠠᠵᠤ ᠠᠬᠤᠶ᠋ᠢᠯᠠᠯ᠎ᠢ ᠪᠥᠲᠥᠭᠡᠨ ᠪᠠᠶ᠋ᠢᠭᠤᠯᠵᠤ ᠪᠣᠶ᠋ᠢᠵᠢᠭᠤᠯᠬᠤ ᠬᠡᠪᠴᠢᠶᠡᠨ᠎ᠳᠤ ᠣᠷᠣᠭᠤᠯᠤᠭᠰᠠᠨ ᠠᠵᠤ ᠠᠬᠤᠶ᠋ᠢᠯᠠᠯ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠡᠷᠭᠢᠯᠡᠬᠦ ᠨᠥᠬᠥᠴᠡᠯ᠎ᠳᠤ ᠨᠡᠶ᠋ᠢᠴᠡᠭᠰᠡᠨ ᠪᠠᠯᠠ ᠣᠷᠣᠭᠤᠯᠤᠯᠲᠠ᠎ᠳᠤ ᠬᠣᠯᠪᠤᠭᠳᠠᠬᠤ ᠲᠣᠭᠲᠠᠭ᠋ᠠᠯ᠎ᠢ ᠦᠨᠳᠦᠰᠦᠯᠡᠨ ᠪᠠᠯᠠ ᠣᠷᠣᠭᠤᠯᠤᠯᠲᠠ ᠵᠢᠨ ᠲᠣᠭ᠎ᠠ ᠵᠢᠨ 30 %᠎ᠪᠠᠷ ᠲᠤᠬᠠᠶ ᠵᠢᠨ ᠵᠢᠯ᠎ᠤᠨ ᠲᠤᠰᠢᠶᠠᠪᠠᠰᠤ ᠵᠣᠬᠢᠬᠤ ᠰᠤᠷᠭ᠋ᠠᠨ ᠬᠥᠮᠦᠵᠢᠯ᠎ᠤᠨ ᠨᠡᠮᠡᠯᠲᠡ ᠪᠠ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠨᠡᠮᠡᠯᠲᠡ ᠵᠢ ᠬᠠᠰᠤᠵᠤ ᠭᠡᠯᠳᠦᠷᠢᠭᠦᠯᠵᠦ ᠪᠣᠯᠤᠨ᠎ᠠ᠃
     (ᠳᠥᠷᠪᠡ) ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠰᠢᠨ᠎ᠡ ᠵᠢ ᠡᠭᠦᠳᠪᠡ᠃ ᠳᠤᠮᠳᠠᠳᠤ ᠤᠯᠤᠰ᠎ᠤᠨ ᠣᠨᠴᠠᠯᠢᠭ᠎ᠲᠠᠢ   ᠱᠠᠪᠢᠯᠠᠬᠤ ᠳᠦᠷᠢᠮ᠎ᠢ ᠰᠦᠪᠡᠭᠴᠢᠯᠡᠪᠡ᠃ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠵᠠᠬᠢᠶᠠᠯᠠᠭ᠎ᠠ ᠵᠢᠨ ᠮᠠᠶᠢᠭᠲᠤ ᠬᠥᠮᠦᠵᠢᠭᠦᠯᠦᠯ᠂ ᠢᠵᠢ ᠪᠦᠷᠢᠨ ᠳᠦᠷᠢᠮᠲᠦ ᠪᠣᠯᠪᠠᠰᠤᠷᠠᠭᠤᠯᠤᠯ᠎ᠢ ᠥᠷᠨᠢᠭᠦᠯᠦᠨ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠤᠤᠰ ᠳᠦᠷᠢᠮᠲᠦ᠂ ᠰᠤᠷᠭ᠋ᠠᠭᠤᠯᠢ᠎ᠳᠠᠬᠢ ᠠᠵᠤ ᠦᠢ᠍ᠯᠡᠳᠪᠦᠷᠢ᠂ ᠠᠵᠤ ᠦᠢ᠍ᠯᠡᠳᠪᠦᠷᠢ᠎ᠳᠠᠬᠢ ᠰᠤᠷᠭ᠋ᠠᠭᠤᠯᠢ ᠵᠡᠷᠭᠡ ᠠᠷᠭ᠎ᠠ ᠮᠠᠶᠢᠭ᠎ᠤᠨ ᠰᠢᠨ᠎ᠡ ᠵᠢ ᠡᠭᠦᠳᠪᠡ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠣᠯᠪᠤᠭ᠋ᠠᠯᠠᠨ ᠬᠥᠮᠥᠵᠢᠭᠦᠯᠦᠭᠰᠡᠨ ᠦᠷ᠎ᠡ ᠪᠦᠲᠦᠮᠵᠢ᠎ᠪᠠᠷ ᠢᠯᠡᠳᠲᠡ ᠠᠵᠤ ᠠᠬᠤᠶ᠋ᠢᠯᠠᠯ᠎ᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠲᠣᠭᠲᠠᠭ᠋ᠠᠯ ᠶᠣᠰᠤ᠎ᠪᠠᠷ ᠰᠠᠶ᠋ᠢᠰᠢᠶᠠᠬᠤ ᠪᠠ ᠵᠣᠬᠢᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠪᠡ᠃ ᠲᠥᠰᠦᠯ᠎ᠤᠨ ᠳᠦᠷᠢᠮᠲᠦ ᠬᠥᠮᠦᠵᠢᠭᠦᠯᠬᠦ ᠵᠠᠭᠪᠤᠷ᠎ᠢ ᠲᠡᠭᠦᠯᠳᠡᠷᠵᠢᠭᠦᠯᠵᠦ᠂ ᠠᠳᠠᠯᠢ ᠪᠤᠰᠤ ᠲᠥᠷᠥᠯ ᠠᠳᠠᠯᠢ ᠪᠤᠰᠤ ᠬᠠᠮᠲᠤᠯᠢᠭ᠎ᠤᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠴᠢᠭᠯᠡᠭᠦᠯᠦᠨ ᠵᠦᠷᠢᠶᠡᠵᠢᠭᠦᠯᠦᠨ ᠬᠥᠮᠦᠵᠢᠭᠦᠯᠬᠦ ᠲᠥᠰᠦᠯ᠎ᠢ ᠬᠡᠷᠡᠭᠵᠢᠭᠦᠯᠪᠡ᠃ ᠨᠡᠷᠡᠲᠦ ᠪᠠᠭᠰᠢ ᠱᠠᠪᠢ ᠳᠠᠭ᠋ᠠᠭᠤᠯᠬᠤ᠂ ᠤᠷ᠎ᠠ ᠴᠢᠳᠠᠪᠤᠷᠢ ᠵᠢ ᠰᠤᠳᠤᠯᠤᠨ ᠰᠤᠷᠤᠯᠴᠠᠬᠤ᠂ ᠠᠵᠢᠯ᠎ᠤᠨ ᠪᠠᠶ᠋ᠢᠷᠢ᠎ᠳᠤ ᠪᠣᠯᠪᠠᠰᠤᠷᠠᠭᠤᠯᠬᠤ᠂ ᠤᠷ᠎ᠠ ᠴᠢᠳᠠᠪᠤᠷᠢ ᠵᠢᠨ ᠤᠷᠤᠯᠳᠤᠭ᠋ᠠᠨ᠂ ᠮᠡᠷᠭᠡᠵᠢᠯ᠎ᠤᠨ ᠰᠣᠯᠢᠯᠴᠠᠭ᠎ᠠ ᠵᠡᠷᠭᠡ ᠬᠡᠯᠪᠡᠷᠢ᠎ᠪᠠᠷ ᠳᠠᠮᠵᠢᠭᠤᠯᠤᠨ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠨᠡᠭᠡᠭᠡᠯᠲᠡᠲᠦ ᠬᠡᠯᠪᠡᠷᠢ᠎ᠪᠠᠷ ᠪᠣᠯᠪᠠᠰᠤᠷᠠᠭᠤᠯᠬᠤ ᠵᠢ ᠵᠣᠷᠢᠭᠵᠢᠭᠤᠯᠪᠠ᠃ ᠤᠷ᠎ᠠ ᠴᠢᠳᠠᠪᠤᠷᠢᠲᠤ ᠴᠢᠳᠠᠪᠤᠷᠢᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠳᠦᠷᠢᠮ᠎ᠢ ᠪᠠᠶ᠋ᠢᠭᠤᠯᠤᠨ᠂ ᠰᠤᠷᠤᠯᠴᠠᠵᠤ ᠬᠦᠰᠡᠯ ᠵᠶ᠋ᠠᠨ ᠪᠡᠶᠡᠯᠡᠭᠦᠯᠬᠦ ᠠᠵᠢᠯᠯᠠᠭ᠎ᠠ ᠵᠢ ᠳᠡᠯᠭᠡᠷᠡᠭᠦᠯᠵᠦ᠂ ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠵᠢ ᠲᠣᠭᠲᠠᠮᠠᠯ ᠬᠤᠭᠤᠴᠠᠭ᠋ᠠᠲᠠᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠮᠡᠳᠡᠯᠭᠡ ᠵᠢ ᠰᠢᠨᠡᠳᠭᠡᠵᠦ ᠮᠡᠷᠭᠡᠵᠢᠯ᠎ᠤᠨ ᠰᠢᠨ᠎ᠡ ᠵᠢ ᠡᠭᠦᠳᠬᠦ᠂ ᠤᠷᠠᠨ ᠮᠡᠷᠭᠡᠰᠢᠯ᠎ᠢ ᠥᠭᠡᠷᠡᠴᠢᠯᠡᠨ ᠰᠠᠢ᠌ᠵᠢᠷᠠᠭᠤᠯᠬᠤ᠂ ᠠᠵᠤ ᠦᠢ᠍ᠯᠡᠰ᠎ᠢ ᠰᠢᠯᠢᠳᠡᠭᠵᠢᠭᠦᠯᠦᠨ ᠳᠡᠰ ᠳᠡᠪᠰᠢᠭᠦᠯᠬᠦ ᠱᠠᠭ᠋ᠠᠷᠳᠠᠯᠭ᠎ᠠ᠎ᠯᠤᠭ᠎ᠠ ᠲᠣᠬᠢᠷᠠᠭᠤᠯᠬᠤ ᠵᠢ ᠠᠬᠢᠭᠤᠯᠪᠠ᠃
     (ᠲᠠᠪᠤ) ᠪᠠᠴᠢᠮ ᠬᠡᠷᠡᠭᠰᠡᠬᠦ ᠳᠤᠲᠠᠭᠳᠠᠵᠤ ᠪᠠᠶ᠋ᠢᠭ᠎ᠠ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠡᠷᠴᠢᠮ᠎ᠢ ᠴᠢᠩᠭ᠋ᠠᠷᠠᠭᠤᠯᠪᠠ᠃ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠂ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠰᠦᠯ᠂ ᠭᠣᠣᠯᠳᠠᠯᠭ᠋ᠠᠲᠠᠢ ᠠᠵᠤ ᠦᠢ᠍ᠯᠡᠰ᠎ᠤᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠳᠡᠭᠡᠳᠦ ᠤᠷ᠎ᠠ ᠴᠢᠳᠠᠪᠤᠷᠢ ᠵᠢᠨ ᠳᠠᠭ᠋ᠠᠭᠤᠯᠤᠭᠴᠢ ᠴᠢᠳᠠᠪᠤᠷᠢᠲᠠᠨ᠎ᠢ ᠬᠥᠮᠦᠵᠢᠭᠦᠯᠬᠦ ᠲᠥᠯᠥᠪᠯᠡᠭᠡ ᠵᠢ ᠬᠡᠷᠡᠭᠵᠢᠭᠦᠯᠪᠡ᠃ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠪᠠ ᠠᠵᠤ ᠦᠢ᠍ᠯᠡᠰ᠎ᠤᠨ ᠰᠠᠭᠤᠷᠢ ᠵᠢ ᠳᠠᠬᠢᠨ ᠴᠣᠭᠴᠠᠯᠠᠬᠤ ᠢᠨᠵᠧᠨᠧᠷᠢᠩ᠎ᠤᠨ ᠳᠥᠰᠦᠯ᠎ᠤᠨ ᠲᠣᠭᠣᠷᠢᠨ᠎ᠳᠤ ᠦᠢ᠍ᠯᠡᠳᠬᠦ ᠦᠢ᠍ᠯᠡᠰ᠎ᠤᠨ ᠤᠷ᠎ᠠ ᠴᠢᠳᠠᠪᠤᠷᠢ ᠵᠢᠨ ᠰᠠᠭᠤᠷᠢ ᠢᠨᠵᠧᠨᠧᠷᠢᠩ᠎ᠢ ᠬᠡᠷᠡᠭᠵᠢᠭᠦᠯᠬᠦ ᠵᠢ ᠳᠡᠮᠵᠢᠪᠡ᠃ ᠰᠦᠯᠵᠢᠶᠡᠨ᠎ᠤ ᠬᠦᠴᠦᠷᠬᠡᠭ ᠤᠯᠤᠰ᠂ ᠲᠣᠭ᠋ᠠᠵᠢᠭᠰᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠵᠢᠨ ᠲᠣᠭᠣᠷᠢᠨ᠎ᠳᠤ ᠪᠦᠬᠦ ᠠᠷᠠᠳ᠎ᠤᠨ ᠳᠣᠭ᠋ᠠᠵᠢᠭᠰᠠᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠨᠢᠭᠡ ᠪᠦᠯᠦᠭ ᠲᠣᠭ᠋ᠠᠵᠢᠭᠰᠠᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠲᠤᠷᠰᠢᠯᠲᠠ ᠵᠢᠨ ᠣᠷᠣᠨ᠎ᠢ ᠪᠠᠶ᠋ᠢᠭᠤᠯᠵᠤ᠂ ᠨᠢᠭᠡ ᠪᠦᠯᠦᠭ ᠲᠣᠭ᠋ᠠᠵᠢᠭᠰᠠᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠰᠠᠭᠤᠷᠢᠨ᠎ᠢ ᠪᠠᠶ᠋ᠢᠭᠤᠯᠵᠤ᠂ ᠪᠦᠬᠦ ᠠᠷᠠᠳ᠎ᠤᠨ ᠳᠣᠭ᠋ᠠᠵᠢᠭᠰᠠᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠡᠷᠬᠢᠯᠡᠵᠦ᠂ ᠲᠣᠭ᠋ᠠᠵᠢᠭᠰᠠᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠡᠬᠢ ᠪᠠᠶᠠᠯᠢᠭ᠎ᠢ ᠨᠡᠭᠡᠭᠡᠵᠦ ᠬᠠᠮᠲᠤ᠎ᠪᠠᠷ ᠡᠳ᠋ᠯᠡᠬᠦ ᠠᠵᠢᠯᠯᠠᠭ᠎ᠠ ᠵᠢ   ᠶᠠᠪᠤᠭᠳᠠᠭᠤᠯᠪᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠲᠣᠭᠣᠷᠢᠨ᠎ᠳᠤ ᠬᠥᠳᠡᠭᠡ ᠲᠣᠰᠬᠣᠨ᠎ᠤ ᠤᠷᠠᠨ ᠳᠠᠷᠬᠠᠨ᠎ᠢ ᠬᠥᠮᠦᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠠᠷᠠᠳ᠎ᠤᠨ ᠤᠯᠠᠮᠵᠢᠯᠠᠯᠲᠤ ᠤᠷᠠᠨ ᠮᠡᠷᠭᠡᠰᠢᠯ᠎ᠢ ᠢᠯᠡᠷᠡᠭᠦᠯᠦᠨ᠂ ᠬᠠᠮᠠᠭ᠋ᠠᠯᠠᠬᠤ ᠪᠠ ᠤᠯᠠᠮᠵᠢᠯᠠᠵᠤ᠂ ᠨᠢᠭᠡ ᠪᠦᠯᠦᠭ 《ᠤᠷᠠᠨ ᠳᠠᠷᠬᠠᠨ᠎ᠤ ᠬᠦᠷᠢᠶᠡᠯᠡᠩ》᠎ᠢ ᠪᠥᠲᠥᠭᠡᠨ ᠪᠠᠢ᠌ᠭᠤᠯᠪᠠ᠃
     (ᠵᠢᠷᠭᠤᠭ᠎ᠠ) ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠡᠭᠡᠳᠦ ᠤᠷ᠎ᠠ ᠴᠢᠳᠠᠪᠤᠷᠷᠢᠲᠤ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢ ᠴᠢᠨᠠᠷᠲᠠᠢ ᠦᠢ᠍ᠯᠡᠳᠦᠯ᠎ᠢ ᠪᠠᠳᠠᠷᠠᠭᠤᠯᠪᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠦᠷᠦᠯ ᠬᠡᠯᠪᠡᠷᠢ᠂ ᠳᠡᠭᠡᠳᠦ ᠰᠤᠷᠭ᠋ᠠᠭᠤᠯᠢ ᠵᠢᠨ ᠪᠠᠶ᠋ᠢᠷᠢᠰᠢᠭᠤᠯᠤᠯᠲᠠ ᠪᠠ ᠲᠤᠰᠬᠠᠢ ᠮᠡᠷᠭᠡᠵᠢᠯ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠪᠡ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠠᠳᠠᠯᠢ ᠪᠦᠯᠦᠭ ᠤᠳᠠᠭ᠎ᠠ ᠵᠡᠷᠭᠡᠴᠡᠭᠡ᠎ᠪᠠᠷ ᠰᠤᠷᠤᠭᠴᠢ ᠡᠯᠰᠡᠬᠦ ᠵᠡᠷᠭᠡ ᠠᠷᠭ᠎ᠠ ᠬᠡᠮᠵᠢᠶ᠎ᠡ ᠵᠢ ᠠᠪᠴᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠬᠡᠪᠴᠢᠶ᠎ᠡ ᠵᠢ ᠳᠣᠭᠲᠠᠪᠤᠷᠢᠵᠢᠭᠤᠯᠪᠠ᠃ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠳᠤ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠢ ᠨᠡᠶ᠋ᠢᠳᠡᠮ ᠬᠡᠷᠡᠭᠵᠢᠭᠦᠯᠪᠡ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠥᠯᠥᠪᠦᠷᠢ ᠠᠪᠬᠤ ᠨᠡᠶ᠋ᠢᠭᠡᠮ᠎ᠤᠨ ᠪᠣᠯᠪᠠᠰᠤᠷᠠᠭᠤᠯᠤᠯ᠂ ᠮᠡᠷᠭᠡᠵᠢᠯ᠎ᠤᠨ ᠦᠢ᠍ᠯᠡᠴᠢᠯᠡᠭᠡ ᠥᠷᠨᠢᠭᠦᠯᠬᠦ ᠪᠤᠶᠤ ᠠᠵᠤ ᠠᠬᠤᠶ᠋ᠢᠯᠠᠯ᠎ᠢ ᠡᠭᠦᠳᠦᠨ ᠡᠷᠬᠢᠯᠡᠬᠦ ᠵᠢ ᠵᠥᠪᠰᠢᠶᠡᠷᠡᠵᠦ᠂ ᠣᠯᠤᠭᠰᠠᠨ ᠣᠷᠣᠯᠭ᠎ᠠ ᠵᠢ ᠵᠣᠬᠢᠬᠤ ᠬᠠᠷᠢᠴᠠᠯ ᠵᠶ᠋ᠠᠷ ᠰᠤᠷᠭ᠋ᠠᠭᠤᠯᠢ ᠡᠷᠬᠢᠯᠡᠬᠦ ᠵᠠᠷᠤᠳᠠᠯ ᠪᠣᠯᠭ᠋ᠠᠨ ᠡᠵᠡᠨ ᠮᠡᠳᠡᠨ ᠲᠣᠬᠢᠷᠠᠭᠤᠯᠤᠨ ᠬᠡᠷᠡᠭᠯᠡᠵᠦ ᠪᠣᠯᠤᠨ᠎ᠠ; ᠠᠯᠪᠠᠨ᠎ᠠᠴᠠ ᠡᠷᠬᠢᠯᠡᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠣᠯᠤᠭᠰᠠᠨ ᠣᠷᠣᠯᠭ᠎ᠠ ᠵᠢ ᠵᠣᠬᠢᠬᠤ ᠬᠠᠷᠢᠴᠠᠯ ᠵᠶ᠋ᠠᠷ ᠬᠢᠷᠢ ᠪᠦᠲᠦᠮᠵᠢ ᠵᠢᠨ ᠴᠠᠯᠢᠩ᠎ᠤᠨ ᠢᠷᠡᠯᠲᠡ ᠪᠣᠯᠭ᠋ᠠᠵᠤ᠂ ᠲᠤᠰ ᠰᠤᠷᠭ᠋ᠠᠭᠤᠯᠢ ᠵᠢᠨ ᠵᠶ᠋ᠠᠨ ᠪᠠᠭᠰᠢ ᠪᠣᠯᠤᠨ ᠪᠤᠰᠤᠳ ᠪᠣᠯᠪᠠᠰᠤᠷᠠᠭᠤᠯᠤᠯ᠎ᠤᠨ ᠪᠠᠭᠰᠢ ᠵᠢᠨ ᠬᠥᠳᠡᠯᠮᠦᠷᠢ ᠵᠢᠨ ᠬᠥᠯᠥᠰᠥ ᠣᠯᠭᠣᠮᠵᠢ ᠵᠢ ᠥᠭᠬᠦ᠎ᠳᠤ ᠬᠡᠷᠡᠭᠯᠡᠵᠦ ᠪᠣᠯᠤᠨ᠎ᠠ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠵᠢᠨ ᠠᠯᠪᠠᠨ ᠲᠣᠮᠢᠯᠠᠯᠲᠠ᠎ᠪᠠᠷ ᠲᠦᠷ ᠴᠠᠭ ᠭᠠᠳᠠᠭ᠋ᠠᠳᠤ᠎ᠳᠤ ᠭᠠᠷᠬᠤ (ᠬᠢᠯᠢ) ᠵᠢᠨ ᠪᠣᠯᠪᠠᠰᠤᠷᠠᠭᠤᠯᠤᠯ ᠪᠠ ᠰᠤᠷᠪᠤᠯᠵᠢᠯᠠᠯ᠂ ᠳᠠᠪᠲᠠᠨ ᠪᠣᠯᠪᠠᠰᠤᠷᠠᠬᠤ ᠰᠤᠷᠤᠯᠴᠠᠬᠤ᠂ ᠤᠷ᠎ᠠ ᠴᠢᠳᠠᠪᠤᠷᠢ ᠵᠢᠨ ᠰᠣᠯᠢᠯᠴᠠᠭ᠎ᠠ ᠵᠡᠷᠭᠡ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠬᠤ ᠬᠣᠯᠪᠤᠭᠳᠠᠬᠤ ᠵᠠᠷᠤᠳᠠᠯ᠎ᠢ ᠵᠦᠶ ᠵᠣᠬᠢᠰᠲᠠᠶ ᠪᠠᠲᠤᠯᠠᠪᠠ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ ᠳᠡᠪᠰᠢᠬᠦ᠂ ᠠᠵᠢᠯ ᠣᠯᠬᠤ᠂ ᠠᠵᠢᠯ ᠮᠡᠷᠭᠡᠵᠢᠯ᠎ᠤᠨ ᠬᠥᠭᠵᠢᠯᠲᠡ ᠵᠡᠷᠭᠡ ᠲᠠᠯ᠎ᠠ᠎ᠪᠠᠷ ᠠᠳᠠᠯᠢ ᠳᠡᠰ᠎ᠤᠨ ᠡᠩ᠎ᠤᠨ ᠰᠤᠷᠭ᠋ᠠᠭᠤᠯᠢ ᠵᠢᠨ ᠰᠤᠷᠤᠭᠴᠢᠳ᠎ᠲᠠᠢ ᠡᠷᠬᠡ ᠲᠡᠭᠰᠢ ᠲᠣᠬᠢᠶᠠᠯ ᠡᠳ᠋ᠯᠡᠬᠦ ᠵᠢ ᠦᠨᠡᠨ ᠬᠦ᠌ ᠪᠠᠲᠤᠯᠠᠪᠠ᠃ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠥᠬᠥᠴᠡᠯ ᠵᠶ᠋ᠠᠨ ᠰᠠᠶ᠋ᠢᠵᠢᠷᠠᠭᠤᠯᠬᠤ ᠵᠢ ᠳᠡᠮᠵᠢᠪᠡ᠃
     (ᠳᠣᠯᠣᠭ᠎ᠠ) ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠡᠬᠢ ᠪᠠᠶᠠᠯᠢᠭ ᠪᠠ ᠦᠶᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠪᠡ᠃ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠋ᠠᠲᠠᠢ ᠬᠠᠪᠰᠤᠷᠤᠨ ᠲᠡᠳᠬᠦᠬᠦ ᠭᠠᠵᠠᠷ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠪᠣᠯᠤᠨ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠪᠠ᠃ ᠣᠯᠠᠨ ᠨᠡᠶ᠋ᠢᠲᠡ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠦᠷᠲᠡᠬᠦ ᠠᠵᠢᠯᠯᠠᠭ᠎ᠠ ᠵᠢ ᠬᠡᠷᠡᠭᠵᠢᠭᠦᠯᠦᠨ᠂ ᠰᠢᠶᠠᠨ᠎ᠤ ᠬᠡᠪᠴᠢᠶᠡᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠦᠷᠲᠡᠬᠦ ᠲᠤᠷᠰᠢᠯᠲᠠ ᠵᠢᠨ ᠴᠡᠭ᠎ᠢ ᠪᠠᠢ᠌ᠭᠤᠯᠪᠠ᠃ 《ᠢᠨᠲ᠋ᠧᠷ ᠰᠦᠯᠵᠢᠶ᠎ᠡ + ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ》᠎ᠢ ᠥᠳᠲᠡᠷ ᠲᠦᠷᠭᠡᠨ ᠰᠦᠪᠡᠭᠴᠢᠯᠡᠵᠦ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠭᠰᠠᠨ ᠪᠣᠯᠪᠠᠰᠤᠷᠠᠭᠤᠯᠤᠯ᠎ᠤᠨ ᠵᠠᠭᠪᠤᠷ᠎ᠢ ᠪᠠᠢ᠌ᠭᠤᠯᠪᠠ᠃ 《ᠠᠯᠲᠠᠨ ᠪᠠᠲᠤᠯᠠᠭ᠋ᠠᠲᠤ ᠢᠨᠵᠧᠨᠧᠷᠢᠩ》᠎ᠳᠤ ᠲᠦᠰᠢᠭᠯᠡᠨ᠂ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠦᠨᠡᠨ ᠨᠡᠷ᠎ᠡ ᠵᠢᠨ ᠳᠦᠷᠢᠮ᠎ᠤᠨ ᠬᠠᠮᠢᠶᠠᠷᠤᠯᠲᠠ ᠵᠢᠨ ᠠᠵᠢᠯ᠎ᠢ ᠥᠳᠲᠡᠷ ᠲᠦᠷᠭᠡᠨ ᠠᠬᠢᠭᠤᠯᠵᠤ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠶ᠋ᠠᠷ ᠠᠴᠢᠶᠠᠯᠠᠪᠤᠷᠢ ᠪᠣᠯᠭ᠋ᠠᠭᠰᠠᠨ ᠬᠥᠳᠡᠯᠮᠦᠷᠢᠯᠡᠭᠴᠢᠳ᠎ᠤᠨ ᠨᠠᠰᠤᠨ ᠲᠤᠷᠰᠢ ᠵᠢᠨ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠡᠯᠧᠺᠲᠷᠣᠨ ᠲ᠋ᠠᠩᠰᠠ ᠡᠪᠬᠡᠮᠡᠯ᠎ᠢ ᠪᠠᠢ᠌ᠭᠤᠯᠪᠠ᠃
      ᠭᠤᠷᠪᠠ᠂ ᠤᠷ᠎ᠠ ᠴᠢᠳᠠᠪᠤᠷᠢ ᠵᠢᠨ ᠤᠳᠤᠷᠢᠳᠤᠮᠵᠢ ᠵᠢ ᠬᠡᠷᠡᠭᠯᠡᠬᠦ ᠲᠦᠷᠢᠮ᠎ᠢ   ᠲᠡᠭᠦᠯᠳᠡᠷᠵᠢᠭᠦᠯᠪᠡ
     (ᠨᠠᠢ᠍ᠮᠠ) ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ᠎ᠤᠨ ᠪᠠᠶ᠋ᠢᠷᠢ ᠵᠢᠨ ᠬᠡᠷᠡᠭᠯᠡᠬᠦ ᠲᠣᠭᠲᠠᠴᠠ ᠵᠢ ᠲᠡᠭᠦᠯᠳᠡᠷᠵᠢᠭᠦᠯᠪᠡ᠃ ᠡᠯ᠎ᠡ ᠠᠵᠤ ᠠᠬᠤᠶ᠋ᠢᠯᠠᠯ ᠤᠷ᠎ᠠ ᠴᠢᠳᠠᠪᠤᠷᠢ ᠵᠢᠨ ᠨᠡᠮᠡᠭᠦᠷᠢ᠂ ᠠᠩᠭᠢ ᠳᠤᠭᠤᠶ᠋ᠢᠯᠠᠩ᠎ᠤᠨ ᠳᠠᠷᠤᠭ᠎ᠠ ᠵᠢᠨ ᠨᠡᠮᠡᠭᠦᠷᠢ᠂ ᠱᠠᠪᠢ ᠳᠠᠭ᠋ᠠᠭᠤᠯᠬᠤ ᠨᠡᠮᠡᠭᠦᠷᠢ ᠵᠡᠷᠭᠡ ᠵᠢ ᠪᠠᠶ᠋ᠢᠭᠤᠯᠵᠤ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ᠎ᠤᠨ ᠪᠠᠶ᠋ᠢᠷᠢ᠎ᠳᠤ᠎ᠪᠠᠨ ᠤᠷ᠎ᠠ ᠴᠢᠳᠠᠪᠤᠷᠢ᠎ᠪᠠᠨ ᠪᠠᠳᠠᠷᠠᠭᠤᠯᠬᠤ᠂ ᠠᠩᠭᠢ ᠳᠤᠭᠤᠶ᠋ᠢᠯᠠᠩ ᠵᠶ᠋ᠠᠨ ᠬᠠᠮᠢᠶᠠᠷᠬᠤ᠂ ᠱᠠᠪᠢ ᠳᠠᠭ᠋ᠠᠭᠤᠯᠵᠤ ᠮᠡᠷᠭᠡᠵᠢᠯ ᠵᠶ᠋ᠠᠨ ᠤᠯᠠᠮᠵᠢᠯᠠᠬᠤ ᠵᠢ ᠳᠡᠮᠵᠢᠨ ᠵᠣᠷᠢᠭᠵᠢᠭᠤᠯᠬᠤ ᠬᠡᠷᠡᠭᠲᠡᠶ᠃ ᠠᠵᠤ ᠠᠬᠤᠶ᠋ᠢᠯᠠᠯ᠎ᠤᠨ ᠬᠡᠷᠡᠭᠴᠡᠭᠡ᠎ᠪᠠᠨ ᠦᠨᠳᠦᠰᠦᠯᠡᠨ᠂ ᠳᠡᠭᠡᠳᠦ ᠤᠷ᠎ᠠ ᠴᠢᠳᠠᠪᠤᠷᠢᠲᠤ ᠳᠠᠭ᠋ᠠᠭᠤᠯᠤᠭᠴᠢ ᠴᠢᠳᠠᠪᠤᠷᠢᠲᠠᠨ 《ᠰᠡᠳᠦᠪ ᠳᠠᠭ᠋ᠠᠭᠤᠯᠬᠤ》 ᠵᠢᠴᠢ ᠴᠢᠬᠤᠯᠠ ᠶᠡᠬᠡ ᠦᠢ᠍ᠯᠡᠳᠪᠦᠷᠢᠯᠡᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠴᠢᠬᠤᠯᠠ ᠶᠡᠬᠡ ᠮᠡᠷᠭᠡᠵᠢᠯ᠎ᠤᠨ ᠰᠢᠨᠡᠴᠢᠯᠡᠯᠲᠡ ᠬᠢᠬᠦ ᠪᠠ ᠮᠡᠷᠭᠡᠵᠢᠯ᠎ᠤᠨ ᠪᠣᠭᠣᠮᠲᠠ ᠰᠢᠪᠲᠤᠯᠬᠤ ᠳᠥᠰᠦᠯ᠎ᠤᠨ ᠳᠦᠷᠢᠮ᠎ᠢ ᠪᠠᠶ᠋ᠢᠭᠤᠯᠬᠤ ᠵᠢ ᠵᠣᠷᠢᠭᠵᠢᠭᠤᠯᠪᠠ᠃ 《ᠮᠡᠷᠭᠡᠵᠢᠯᠲᠡᠨ + ᠢᠨᠵᠧᠨᠧᠷ》 ᠵᠡᠷᠭᠡ ᠪᠦᠯᠬᠦᠮ ᠨᠡᠶ᠋ᠢᠲᠡ ᠵᠢᠨ ᠬᠠᠮᠲᠤᠷᠠᠯᠴᠠᠭ᠋ᠠᠨ᠎ᠤ ᠵᠠᠭᠪᠤᠷ᠎ᠢ ᠬᠡᠷᠡᠭᠵᠢᠭᠦᠯᠵᠦ᠂   ᠡᠷᠳᠡᠮ ᠰᠢᠨᠵᠢᠯᠡᠭᠡᠨ ᠪᠠ ᠮᠡᠷᠭᠡᠵᠢᠯ᠎ᠤᠨ ᠪᠣᠭᠣᠮᠲᠠ   ᠰᠢᠪᠲᠤᠯᠤᠯᠲᠠ᠎ᠳᠤ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠰᠢᠨ᠎ᠡ ᠵᠢ ᠡᠭᠦᠳᠬᠦ ᠴᠢᠳᠠᠪᠤᠷᠢ ᠵᠢ ᠪᠠᠳᠠᠷᠠᠭᠤᠯᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠠᠳᠤᠯᠭ᠎ᠠ ᠪᠣᠯᠪᠠᠰᠤᠷᠠᠯ᠎ᠢ ᠵᠢᠯᠣᠭᠣᠳᠬᠤ ᠪᠠᠭᠰᠢ ᠵᠢᠨ ᠲᠤᠰᠢᠶᠠᠯ᠎ᠢ ᠬᠠᠪᠰᠤᠷᠭ᠋ᠠᠬᠤ ᠵᠢ ᠵᠣᠷᠢᠭᠵᠢᠭᠤᠯᠤᠨ   ᠳᠡᠮᠵᠢᠪᠡ᠃ ᠵᠠᠯᠠᠭᠤ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠰᠣᠩᠭᠣᠨ ᠬᠡᠷᠡᠭᠯᠡᠬᠦ ᠵᠢ ᠴᠢᠬᠤᠯᠠᠴᠢᠯᠠᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠲᠣᠬᠢᠷᠠᠭᠤᠯᠤᠭᠰᠠᠨ ᠪᠠᠶ᠋ᠢᠳᠠᠯ᠎ᠢ ᠦᠢ᠍ᠯᠡᠳᠪᠦᠷᠢᠯᠡᠯ ᠡᠵᠡᠩᠨᠡᠯᠲᠡ ᠵᠢᠨ ᠴᠢᠨᠠᠷᠲᠠᠶ ᠠᠵᠤ ᠠᠬᠤᠶ᠋ᠢᠯᠠᠯ ᠵᠢᠴᠢ ᠪᠤᠰᠤᠳ ᠪᠣᠳᠠᠲᠤ ᠴᠣᠭᠴᠠ ᠵᠢᠨ ᠴᠢᠬᠤᠯᠠ ᠶᠡᠬᠡ ᠢᠨᠵᠧᠨᠧᠷᠢᠩ᠎ᠤᠨ ᠲᠥᠰᠦᠯ᠎ᠤᠨ ᠳᠠᠭ᠋ᠠᠭ᠋ᠠᠴᠢᠯᠠᠯᠲᠠ ᠵᠠᠷᠯᠠᠨ ᠳᠠᠭ᠋ᠠᠭ᠋ᠠᠴᠢᠯᠠᠯᠲᠠ ᠬᠦᠯᠢᠶᠡᠬᠦ᠂ ᠰᠢᠯᠢᠳᠡᠭ᠎ᠢ ᠰᠢᠯᠭ᠋ᠠᠷᠠᠭᠤᠯᠬᠤ ᠪᠠ ᠬᠢᠷᠢ ᠬᠡᠮ᠎ᠢ ᠦᠨᠡᠯᠡᠨ ᠵᠢᠱ᠌ᠢᠬᠦ᠎ᠳᠤ ᠣᠷᠣᠯᠴᠠᠬᠤ ᠵᠢᠨ ᠴᠢᠬᠤᠯᠠ ᠬᠦᠴᠦᠨ ᠵᠦᠢ᠍ᠯ ᠪᠣᠯᠭ᠋ᠠᠪᠠ᠃
     (ᠶᠢᠰᠦ) ᠤᠷ᠎ᠠ ᠴᠢᠳᠠᠪᠤᠷᠢ ᠵᠢᠨ ᠡᠯᠧᠮᠧᠨ᠋ᠲ᠎ᠢ ᠬᠤᠪᠢᠶᠠᠷᠢᠯᠠᠯᠲᠠ᠎ᠳᠤ ᠣᠷᠣᠭᠤᠯᠬᠤ ᠳᠦᠷᠢᠮ᠎ᠢ ᠲᠡᠭᠦᠯᠳᠡᠷᠵᠢᠭᠦᠯᠪᠡ᠃ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠠᠵᠢᠯ᠎ᠤᠨ ᠪᠠᠶ᠋ᠢᠷᠢ ᠵᠢᠨ ᠦᠨ᠎ᠡ ᠥᠷᠲᠡᠭ᠂ ᠴᠢᠳᠠᠪᠤᠷᠢ ᠬᠡᠪ ᠴᠢᠨᠠᠷ ᠪᠠ ᠠᠵᠢᠯ᠎ᠤᠨ ᠬᠢᠷᠢ ᠪᠦᠲᠦᠮᠵᠢ ᠵᠢᠨ ᠬᠤᠪᠢ ᠨᠡᠮᠡᠷᠢ᠎ᠳᠤ ᠰᠠᠭᠤᠷᠢᠯᠠᠭᠰᠠᠨ ᠤᠷ᠎ᠠ ᠴᠢᠳᠠᠪᠤᠷᠢᠲᠤ ᠴᠢᠳᠠᠪᠤᠷᠢᠲᠠᠨ᠎ᠤ ᠴᠠᠯᠢᠩ᠎ᠤᠨ ᠬᠤᠪᠢᠶᠠᠷᠢᠯᠠᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠢᠯᠡᠭᠦᠦ ᠬᠥᠳᠡᠯᠮᠦᠷᠢᠯᠡᠭᠰᠡᠳ᠎ᠲᠤ ᠢᠯᠡᠭᠦᠦ ᠣᠯᠭᠣᠬᠤ᠂ ᠮᠡᠷᠭᠡᠵᠢᠯ ᠥᠨᠳᠥᠷ ᠬᠥᠮᠦᠰ᠎ᠲᠤ ᠢᠯᠡᠭᠦᠦ ᠣᠯᠭᠣᠬᠤ ᠵᠢ ᠪᠡᠶᠡᠯᠡᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠳᠣᠭᠢᠷᠠᠭᠤᠯᠬᠤ ᠵᠢ ᠠᠬᠢᠭᠤᠯᠪᠠ᠃ ᠡᠯ᠎ᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠴᠠᠯᠢᠩ᠎ᠤᠨ ᠬᠤᠪᠢᠶᠠᠷᠢᠯᠠᠯᠲᠠ ᠵᠢᠨ ᠲᠠᠯ᠎ᠠ᠎ᠪᠠᠷ ᠤᠷ᠎ᠠ ᠴᠢᠳᠠᠪᠤᠷᠢᠲᠤ ᠴᠢᠳᠠᠪᠤᠷᠢᠲᠠᠨ ᠲᠡᠢ᠌ᠰᠢ ᠬᠡᠯᠪᠡᠶ᠋ᠢᠯᠭᠡᠬᠦ ᠳᠠᠭᠤᠷᠢᠶᠠᠯ ᠦᠵᠡᠭᠦᠯᠬᠦ ᠦᠢ᠍ᠯᠡᠳᠦᠯ ᠵᠶ᠋ᠠᠨ ᠪᠠᠳᠠᠷᠠᠭᠤᠯᠪᠠ᠃ ᠠᠵᠤ ᠠᠬᠤᠶ᠋ᠢᠯᠠᠯ᠎ᠤᠨ ᠴᠠᠯᠢᠩ᠎ᠤᠨ ᠪᠠᠶ᠋ᠢᠴᠠᠭ᠋ᠠᠯᠲᠠ ᠪᠠ ᠮᠡᠳᠡᠭᠡ ᠵᠠᠩᠭᠢ ᠨᠡᠶ᠋ᠢᠲᠡᠯᠡᠬᠦ ᠳᠦᠷᠢᠮ᠎ᠢ ᠲᠡᠭᠦᠯᠳᠡᠷᠵᠢᠭᠦᠯᠵᠦ᠂ ᠨᠥᠬᠥᠴᠡᠯ᠎ᠲᠠᠢ ᠭᠠᠵᠠᠷ ᠣᠷᠣᠨ᠎ᠤ᠎ᠬᠢᠨ᠎ᠤ ᠠᠵᠢᠯ ᠮᠡᠷᠭᠡᠵᠢᠯ (ᠠᠵᠢᠯ ᠲᠥᠷᠥᠯ᠂ ᠠᠵᠢᠯ᠎ᠤᠨ ᠪᠠᠶ᠋ᠢᠷᠢ) ᠬᠤᠪᠢᠶᠠᠭᠰᠠᠨ᠂ ᠤᠷ᠎ᠠ ᠴᠢᠳᠠᠪᠤᠷᠢ ᠵᠢᠨ ᠳᠡᠰ ᠬᠤᠪᠢᠶᠠᠭᠰᠠᠨ ᠴᠠᠯᠢᠩ᠎ᠤᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠵᠢ ᠵᠣᠷᠢᠭᠵᠢᠭᠤᠯᠵᠤ᠂ ᠠᠵᠤ ᠠᠬᠤᠶ᠋ᠢᠯᠠᠯ ᠪᠣᠯᠤᠨ ᠤᠷ᠎ᠠ   ᠴᠢᠳᠠᠪᠤᠷᠢᠲᠤ ᠴᠢᠳᠠᠪᠤᠷᠢᠲᠠᠨ᠎ᠤ ᠴᠠᠯᠢᠩ᠎ᠤᠨ ᠬᠢᠷᠢ ᠬᠡᠮᠵᠢᠶ᠎ᠡ ᠵᠢ ᠵᠥᠪᠳᠡᠯᠴᠡᠨ ᠲᠣᠭᠲᠠᠭ᠋ᠠᠬᠤ᠎ᠳᠤ ᠮᠡᠳᠡᠭᠡ ᠵᠠᠩᠭᠢ ᠵᠢᠨ ᠯᠠᠪᠯᠠᠯᠲᠠ ᠬᠠᠩᠭ᠋ᠠᠪᠠ᠃ ᠬᠥᠮᠦᠨ ᠬᠡᠷᠡᠭᠯᠡᠬᠦ ᠨᠢᠭᠡᠴᠢ ᠵᠢᠨ ᠤᠷᠢᠵᠤ ᠬᠡᠷᠡᠭᠯᠡᠭᠰᠡᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠰᠤᠷᠤᠯᠴᠠᠵᠤ ᠳᠠᠪᠲᠠᠨ ᠪᠣᠯᠪᠠᠰᠤᠷᠠᠬᠤ᠂ ᠠᠵᠢᠯ᠎ᠤᠨ ᠪᠠᠶ᠋ᠢᠷᠢ᠎ᠳᠤ ᠤᠷᠢᠵᠤ ᠲᠣᠮᠢᠯᠠᠬᠤ᠂ ᠲᠤᠰᠢᠶᠠᠯ ᠳᠡᠪᠰᠢᠬᠦ᠂ ᠴᠠᠯᠢᠩ ᠠᠰᠠᠷᠠᠮᠵᠢ ᠵᠡᠷᠭᠡ ᠲᠠᠯ᠎ᠠ᠎ᠪᠠᠷ ᠲᠣᠰ ᠲᠣᠰ ᠵᠣᠬᠢᠬᠤ ᠲᠠᠰ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠲᠠᠢ ᠠᠳᠠᠯᠢ ᠬᠠᠷᠠᠭ᠋ᠠᠯᠵᠠᠯ ᠬᠦᠷᠲᠡᠭᠡᠪᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠨ ᠠᠰᠢᠭ ᠣᠯᠵᠠᠪᠤᠷᠢ ᠵᠢ ᠬᠤᠪᠢᠶᠠᠨ ᠭᠥᠷᠳᠡᠬᠦ ᠲᠣᠭᠲᠠᠴᠠ ᠵᠢ ᠲᠡᠭᠦᠯᠳᠡᠷᠵᠢᠭᠦᠯᠵᠦ᠂ ᠮᠡᠷᠭᠡᠵᠢᠯ᠎ᠤᠨ ᠰᠢᠨᠡᠴᠢᠯᠡᠯᠲᠡ ᠪᠤᠶᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠱᠠᠩᠨᠠᠨ ᠬᠥᠬᠢᠭᠦᠯᠪᠡ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠵᠢᠯ᠎ᠤᠨ ᠴᠠᠯᠢᠩ᠎ᠤᠨ ᠲᠦᠷᠢᠮ᠂ ᠬᠡᠯᠡᠯᠴᠡᠭᠡᠷ᠎ᠤᠨ ᠴᠠᠯᠢᠩ᠎ᠤᠨ ᠲᠦᠷᠢᠮ᠎ᠢ ᠬᠡᠷᠡᠭᠵᠢᠭᠦᠯᠵᠦ᠂ ᠠᠵᠤ ᠠᠬᠤᠶ᠋ᠢᠯᠠᠯ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠣᠨᠴᠠ ᠠᠵᠢᠯ᠎ᠤᠨ ᠪᠠᠶ᠋ᠢᠷᠢ ᠵᠢᠨ ᠣᠨᠴᠠ ᠬᠠᠷᠠᠮᠵᠢ ᠣᠯᠭᠣᠬᠤ ᠵᠢ ᠬᠡᠷᠡᠭᠵᠢᠭᠦᠯᠵᠦ᠂ ᠨᠥᠬᠥᠴᠡᠯ᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠤᠨ ᠳᠤᠮᠳᠠ ᠣᠷᠳᠣ ᠬᠤᠭᠤᠴᠠᠭ᠋ᠠᠨ᠎ᠤ ᠤᠷᠮᠠᠰᠢᠭᠤᠯᠬᠤ ᠪᠠᠭ᠋ᠠᠵᠢ ᠵᠢ ᠢᠳᠡᠪᠬᠢᠲᠡᠶ ᠬᠡᠷᠡᠭᠯᠡᠬᠦ ᠵᠢ ᠵᠣᠷᠢᠭᠵᠢᠭᠤᠯᠵᠤ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠤᠷᠮᠠᠰᠢᠭᠤᠯᠬᠤ ᠡᠷᠴᠢᠮ ᠵᠶ᠋ᠠᠨ ᠴᠢᠩᠭ᠋ᠠᠷᠠᠭᠤᠯᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠠᠵᠤ ᠠᠬᠤᠶ᠋ᠢᠯᠠᠯ᠎ᠤᠨ ᠵᠢᠯ᠎ᠤᠨ ᠮᠥᠩᠭᠥ ᠪᠠᠶ᠋ᠢᠭᠤᠯᠵᠤ ᠥᠭᠬᠦ ᠲᠣᠭᠲᠠᠴᠠ ᠵᠢ ᠰᠠᠭ᠋ᠠᠳ ᠥᠬᠡᠶ ᠨᠡᠪᠲᠡᠷᠡᠭᠦᠯᠵᠦ᠂ ᠠᠵᠤ ᠠᠬᠤᠶ᠋ᠢᠯᠠᠯ᠎ᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠴᠤ ᠳᠡᠭᠡᠳᠦ ᠤᠷ᠎ᠠ ᠴᠢᠳᠠᠪᠤᠢ᠌ᠲᠤ ᠴᠢᠳᠠᠪᠤᠷᠢᠲᠠᠨ᠎ᠢ ᠪᠠᠭᠲᠠᠭ᠋ᠠᠭᠰᠠᠨ ᠠᠵᠢᠯᠲᠠᠨ ᠠᠵᠢᠯᠴᠢᠨ᠎ᠳᠤ ᠠᠵᠤ ᠠᠬᠤᠶ᠋ᠢᠯᠠᠯ᠎ᠤᠨ ᠵᠢᠯ᠎ᠤᠨ ᠮᠥᠩᠭᠥ ᠪᠠᠶ᠋ᠢᠭᠤᠯᠵᠤ ᠥᠭᠪᠡ᠃ ᠳᠡᠭᠡᠳᠦ ᠤᠷ᠎ᠠ ᠴᠢᠳᠠᠪᠤᠷᠢᠲᠤ ᠣᠨᠴᠠᠭ᠋ᠠᠶ ᠴᠢᠳᠠᠪᠤᠷᠢᠲᠠᠨ᠎ᠤ ᠣᠨᠴᠠᠭ᠋ᠠᠶ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠪᠡ᠃
     (ᠠᠷᠪᠠ) ᠤᠷ᠎ᠠ ᠴᠢᠳᠠᠪᠤᠷᠷᠢᠲᠤ ᠴᠢᠳᠠᠪᠤᠷᠢᠲᠠᠨ᠎ᠤ ᠴᠢᠳᠠᠪᠤᠷᠢᠲᠠᠨ᠎ᠢ ᠲᠣᠭᠲᠠᠪᠤᠷᠢᠵᠢᠭᠤᠯᠬᠤ ᠴᠢᠳᠠᠪᠤᠷᠢᠲᠠᠨ᠎ᠢ ᠦᠯᠡᠳᠡᠭᠡᠬᠦ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠣᠭᠲᠠᠴᠠ ᠵᠢ ᠲᠡᠭᠦᠯᠳᠡᠷᠵᠢᠭᠦᠯᠪᠡ᠃ ᠠᠵᠤ ᠠᠬᠤᠶ᠋ᠢᠯᠠᠯ᠎ᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ᠂ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠠᠯᠠᠮᠵᠢᠯᠠᠨ ᠬᠠᠶ᠋ᠢᠷᠠᠯᠠᠵᠤ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠤ᠎ᠪᠠᠷ ᠪᠠᠲᠤᠯᠠᠵᠤ᠂ ᠬᠥᠳᠡᠯᠮᠦᠷᠢ ᠵᠢᠨ ᠬᠥᠯᠥᠰᠥ ᠣᠯᠭᠣᠮᠵᠢ ᠵᠢ ᠵᠦᠶ ᠵᠣᠬᠢᠰᠲᠠᠶ ᠳᠣᠭᠲᠠᠭ᠋ᠠᠪᠠ᠃ ᠴᠢᠳᠠᠪᠤᠷᠢᠲᠠᠨ᠎ᠤ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠤᠷ᠎ᠠ ᠴᠢᠳᠠᠪᠤᠷᠷᠢᠲᠤ ᠴᠢᠳᠠᠪᠤᠷᠢᠲᠠᠨ᠎ᠢ ᠵᠦᠶ ᠵᠣᠬᠢᠰᠲᠠᠶ ᠰᠢᠯᠵᠢᠭᠦᠯᠬᠦ ᠵᠢ ᠠᠬᠢᠭᠤᠯᠤᠨ᠂ ᠤᠷ᠎ᠠ ᠴᠢᠳᠠᠪᠤᠷᠷᠢᠲᠤ ᠴᠢᠳᠠᠪᠤᠷᠢᠲᠠᠨ᠎ᠢ ᠲᠣᠬᠢᠷᠠᠭᠤᠯᠬᠤ ᠦᠷ᠎ᠡ ᠪᠦᠲᠦᠮᠵᠢ ᠵᠢ   ᠳᠡᠭᠡᠭᠰᠢᠯᠡᠭᠦᠯᠪᠡ᠃ ᠤᠷ᠎ᠠ ᠴᠢᠳᠠᠪᠤᠷᠢᠲᠤ ᠴᠢᠳᠠᠪᠤᠷᠢᠲᠠᠨ᠎ᠤ ᠤᠶᠠᠨ ᠬᠠᠳᠠᠨ ᠰᠢᠯᠵᠢᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠲᠤᠰᠢᠶᠠᠯ ᠬᠠᠪᠰᠤᠷᠭ᠋ᠠᠬᠤ᠂ ᠦᠢ᠍ᠯᠡᠴᠢᠯᠡᠬᠦ᠂ ᠮᠡᠷᠭᠡᠵᠢᠯ᠎ᠤᠨ ᠪᠣᠭᠣᠮᠲᠠ ᠰᠢᠪᠲᠤᠯᠤᠯᠲᠠ᠂ ᠲᠥᠰᠦᠯ᠎ᠤᠨ ᠬᠠᠮᠲᠤᠷᠠᠯᠴᠠᠭ᠎ᠠ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠦᠢ᠍ᠯᠡᠳᠦᠯ ᠵᠶ᠋ᠠᠨ ᠨᠡᠩ ᠰᠠᠢ᠍ᠢ᠍ᠨ ᠪᠠᠳᠠᠷᠠᠭᠤᠯᠬᠤ ᠵᠢ ᠵᠣᠷᠢᠭᠵᠢᠭᠤᠯᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠲᠤᠰᠬᠠᠶ ᠮᠡᠷᠭᠡᠵᠢᠯ᠎ᠤᠨ ᠠᠵᠢᠯ᠎ᠤᠨ ᠪᠠᠶ᠋ᠢᠷᠢ ᠪᠤᠶᠤ ᠬᠠᠮᠢᠶᠠᠷᠤᠯᠲᠠ ᠵᠢᠨ ᠠᠵᠢᠯ᠎ᠤᠨ ᠪᠠᠶ᠋ᠢᠷᠢ ᠲᠡᠢ᠌ᠰᠢ ᠰᠢᠯᠵᠢᠬᠦ ᠵᠠᠮ᠎ᠢ ᠰᠢᠯᠤᠭᠤᠳᠬᠠᠪᠠ᠃ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠬᠠᠮᠲᠤ᠎ᠪᠠᠷ ᠡᠳ᠋ᠯᠡᠬᠦ ᠠᠵᠢᠯᠴᠢᠨ ᠬᠡᠷᠡᠭᠯᠡᠬᠦ ᠵᠢ ᠵᠢᠷᠤᠮᠵᠢᠭᠤᠯᠤᠨ ᠥᠷᠨᠢᠭᠦᠯᠪᠡ᠃ ᠡᠯ᠎ᠡ ᠭᠠᠵᠠᠷ ᠣᠷᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠪᠣᠳᠠᠲᠠᠶ᠎ᠲᠠᠢ ᠤᠶᠠᠯᠳᠤᠭᠤᠯᠤᠨ᠂ ᠪᠠᠴᠢᠮ ᠬᠡᠷᠡᠭᠰᠡᠬᠦ ᠳᠤᠲᠠᠭᠳᠠᠵᠤ ᠪᠠᠢ᠌ᠭ᠎ᠠ ᠤᠷ᠎ᠠ ᠴᠢᠳᠠᠪᠤᠷᠷᠢᠲᠤ ᠴᠢᠳᠠᠪᠤᠷᠢᠲᠠᠨ᠎ᠢ ᠴᠢᠳᠠᠪᠤᠷᠢᠲᠠᠨ ᠣᠷᠣᠭᠤᠯᠤᠨ ᠠᠪᠴᠢᠷᠠᠬᠤ ᠭᠠᠷᠴᠠᠭ᠎ᠲᠤ ᠣᠷᠣᠭᠤᠯᠵᠤ᠂ ᠤᠷ᠎ᠠ ᠴᠢᠳᠠᠪᠤᠷᠷᠢᠲᠤ ᠴᠢᠳᠠᠪᠤᠷᠢᠲᠠᠨ᠎ᠢ ᠬᠥᠲᠥᠯᠥᠨ ᠵᠢᠯᠣᠭᠣᠳᠴᠤ ᠬᠥᠭᠵᠢᠭᠡᠳᠦᠶ ᠭᠠᠵᠠᠷ ᠣᠷᠣᠨ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠲᠡᠢ᠌ᠰᠢ ᠰᠢᠯᠵᠢᠭᠦᠯᠪᠡ᠃ ᠡᠯ᠎ᠡ ᠭᠠᠵᠠᠷ᠎ᠤᠨ᠎ᠬᠢᠨ ᠳᠡᠭᠡᠳᠦ ᠤᠷ᠎ᠠ ᠴᠢᠳᠠᠪᠤᠷᠷᠢᠲᠤ ᠴᠢᠳᠠᠪᠤᠷᠢᠲᠠᠨ᠎ᠢ ᠬᠣᠲᠠ ᠵᠢᠨ ᠰᠢᠭᠤᠳ ᠡᠷᠦᠬᠡ ᠠᠮᠠ ᠣᠷᠣᠭᠤᠯᠬᠤ ᠬᠡᠪᠴᠢᠶᠡᠨ᠎ᠳᠤ ᠣᠷᠣᠭᠤᠯᠬᠤ ᠵᠢ ᠳᠡᠮᠵᠢᠵᠦ᠂ ᠳᠡᠭᠡᠳᠦ ᠤᠷ᠎ᠠ ᠴᠢᠳᠠᠪᠤᠷᠷᠢᠲᠤ ᠴᠢᠳᠠᠪᠤᠷᠢᠲᠠᠨ᠎ᠤ ᠬᠠᠨᠢ ᠨᠥᠬᠥᠷ᠂ ᠦᠷ᠎ᠡ ᠬᠡᠦᠬᠡᠳ᠎ᠲᠤ ᠬᠣᠯᠪᠤᠭᠳᠠᠬᠤ ᠲᠣᠭᠲᠠᠭ᠋ᠠᠯ   ᠶᠣᠰᠤ᠎ᠪᠠᠷ ᠣᠯᠠᠨ ᠨᠡᠶ᠋ᠢᠲᠡ ᠵᠢᠨ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠣᠷᠣᠨ ᠰᠠᠭᠤᠴᠠ ᠵᠡᠷᠭᠡ ᠵᠢ ᠪᠠᠲᠤᠯᠠᠬᠤ ᠦᠢ᠍ᠯᠡᠴᠢᠯᠡᠭᠡ ᠵᠢ ᠭᠦᠷᠲᠡᠭᠡᠪᠡ᠃
      ᠳᠥᠷᠪᠡ᠂ ᠤᠷ᠎ᠠ ᠴᠢᠳᠠᠪᠤᠷᠷᠢᠲᠤ ᠴᠢᠳᠠᠪᠤᠷᠢᠲᠠᠨ᠎ᠤ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠳᠦᠷᠢᠮ ᠪᠣᠯᠤᠨ ᠣᠯᠠᠨ ᠡᠰᠢᠵᠢᠭᠦᠯᠦᠭᠰᠡᠨ ᠦᠨᠡᠯᠡᠬᠦ ᠲᠣᠭᠲᠠᠴᠠ ᠵᠢ ᠪᠠᠢ᠌ᠭᠤᠯᠪᠠ
     (ᠠᠷᠪᠠᠨ ᠨᠢᠭᠡ) ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢᠨ ᠵᠠᠮ᠎ᠢ ᠥᠷᠭᠡᠳᠭᠡᠪᠡ᠃ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠪᠡ᠃ ᠳᠡᠭᠡᠳᠦ ᠳᠡᠰ᠎ᠤᠨ ᠠᠵᠢᠯᠲᠠᠨ᠎ᠤ ᠠᠵᠢᠯ (ᠠᠵᠢᠯ᠎ᠤᠨ ᠲᠥᠷᠥᠯ)᠎ᠤᠨ ᠲᠠᠯ᠎ᠠ᠎ᠪᠠᠷ ᠣᠨᠴᠠ ᠲᠠᠰ᠎ᠤᠨ ᠠᠵᠢᠯᠲᠠᠨ ᠪᠠ ᠲᠡᠷᠢᠭᠦᠨ᠎ᠤ ᠠᠵᠢᠯᠲᠠᠨ᠎ᠤ ᠮᠡᠷᠭᠡᠵᠢᠯ᠎ᠤᠨ ᠲᠤᠰᠢᠶᠠᠯ (ᠠᠵᠢᠯ᠎ᠤᠨ ᠪᠠᠶ᠋ᠢᠷᠢ)᠎ᠢ ᠨᠡᠮᠡᠵᠦ ᠪᠠᠶ᠋ᠢᠭᠤᠯᠤᠨ᠂ ᠠᠩᠬ᠎ᠠ ᠵᠡᠷᠭᠡ ᠵᠢᠨ ᠠᠵᠢᠯᠴᠢᠨ᠎ᠤ ᠳᠤᠤᠷ᠎ᠠ ᠱᠠᠪᠢᠯᠠᠬᠤ ᠠᠵᠢᠯᠴᠢᠨ᠎ᠢ ᠨᠥᠬᠥᠵᠦ ᠪᠠᠶ᠋ᠢᠭᠤᠯᠤᠨ᠂ ᠱᠠᠪᠢ ᠠᠵᠢᠯᠴᠢᠨ᠂ ᠠᠩᠬ᠎ᠠ ᠵᠡᠷᠭᠡ ᠵᠢᠨ ᠠᠵᠢᠯᠴᠢᠨ᠂ ᠳᠤᠮᠳᠠ ᠵᠡᠷᠭᠡ ᠵᠢᠨ ᠠᠵᠢᠯᠴᠢᠨ᠂ ᠳᠡᠭᠡᠳᠦ ᠵᠡᠷᠭᠡ ᠵᠢᠨ ᠠᠵᠢᠯᠴᠢᠨ᠂ ᠮᠡᠷᠭᠡᠵᠢᠯᠲᠡᠨ᠂ ᠳᠡᠭᠡᠳᠦ ᠳᠡᠰ᠎ᠤᠨ ᠮᠡᠷᠭᠡᠵᠢᠯᠲᠡᠨ᠂ ᠣᠨᠴᠠ ᠲᠠᠰ᠎ᠤᠨ   ᠮᠡᠷᠭᠡᠵᠢᠯᠲᠡᠨ᠂ ᠲᠡᠷᠢᠭᠦᠨ᠎ᠤ ᠠᠵᠢᠯᠲᠠᠨ ᠵᠶ᠋ᠠᠷ ᠪᠦᠷᠢᠯᠳᠦᠭᠰᠡᠨ 《ᠨᠠᠢ᠍ᠮᠠᠨ ᠳᠡᠰ᠎ᠤᠨ ᠠᠵᠢᠯᠴᠢᠨ》᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ (ᠠᠵᠢᠯ᠎ᠤᠨ ᠪᠠᠶ᠋ᠢᠷᠢ)᠎ᠤᠨ ᠳᠠᠷᠠᠭ᠋ᠠᠯᠠᠯ᠎ᠢ ᠪᠣᠶ ᠪᠣᠯᠭ᠋ᠠᠪᠠ᠃ ᠨᠥᠬᠥᠴᠡᠯ᠎ᠳᠤ ᠨᠡᠢ᠌ᠴᠡᠭᠰᠡᠨ ᠲᠤᠰᠬᠠᠶ ᠮᠡᠷᠭᠡᠵᠢᠯ᠎ᠤᠨ ᠠᠵᠢᠯᠲᠠᠨ᠎ᠤ ᠬᠣᠯᠪᠤᠭᠳᠠᠬᠤ ᠲᠣᠭᠲᠠᠭ᠋ᠠᠯ ᠶᠣᠰᠤ᠎ᠪᠠᠷ ᠵᠣᠬᠢᠬᠤ ᠠᠵᠢᠯ ᠮᠡᠷᠭᠡᠵᠢᠯ (ᠠᠵᠢᠯ ᠲᠥᠷᠥᠯ)᠎ᠤᠨ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠦᠨᠡᠯᠡᠯᠲᠡ᠎ᠳᠤ ᠭᠤᠶᠤᠴᠢᠯᠠᠨ ᠣᠷᠣᠯᠴᠠᠬᠤ ᠵᠢ   ᠵᠣᠷᠢᠭᠵᠢᠭᠤᠯᠪᠠ᠃ ᠡᠯ᠎ᠡ ᠭᠠᠵᠠᠷ᠎ᠤᠨ ᠨᠥᠬᠥᠴᠡᠯ᠎ᠳᠤ ᠨᠡᠢ᠌ᠴᠡᠭᠰᠡᠨ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠬᠠᠨᠳᠤᠭᠤᠯᠤᠨ ᠠᠵᠢᠯ ᠦᠢ᠍ᠯᠡᠰ᠎ᠤᠨ ᠨᠢᠭᠡᠴᠢ ᠵᠢᠨ ᠠᠵᠢᠯᠳᠠᠨ᠎ᠢ ᠤᠷᠢᠵᠤ ᠡᠯᠰᠡᠬᠦ ᠵᠢ ᠲᠡᠮᠵᠢᠵᠤ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠳᠣᠲᠣᠷ᠎ᠠ᠎ᠠᠴᠠ ᠨᠠᠮ ᠵᠠᠰᠠᠭ᠎ᠤᠨ ᠺᠠᠳ᠋ᠷ᠎ᠢ ᠬᠥᠮᠦᠵᠢᠭᠦᠯᠵᠦ ᠰᠣᠩᠭᠣᠨ ᠳᠡᠪᠰᠢᠭᠦᠯᠬᠦ ᠠᠵᠢᠯ᠎ᠢ ᠴᠢᠬᠤᠯᠠᠴᠢᠯᠠᠪᠠ᠃ ᠠᠵᠢᠯ ᠮᠡᠷᠭᠡᠵᠢᠯ᠎ᠤᠨ ᠬᠢᠷᠢ ᠬᠡᠮ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ ᠪᠣᠯᠤᠨ ᠵᠣᠬᠢᠬᠤ ᠮᠡᠷᠭᠡᠵᠢᠯ᠎ᠤᠨ ᠴᠣᠯᠠ᠂ ᠰᠤᠷᠤᠯᠭ᠎ᠠ ᠵᠢᠨ ᠨᠠᠮᠲᠠᠷ᠎ᠤᠨ ᠬᠤᠤᠰ ᠴᠢᠭᠯᠡᠯ ᠵᠶ᠋ᠠᠷ ᠬᠠᠷᠢᠴᠠᠭᠤᠯᠤᠨ ᠮᠠᠭ᠋ᠠᠳᠯᠠᠨ ᠲᠣᠭᠲᠠᠭ᠋ᠠᠬᠤ ᠲᠦᠷᠢᠮ᠎ᠢ ᠪᠠᠶ᠋ᠢᠭᠤᠯᠵᠤ᠂ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠰᠤᠷᠤᠯᠴᠠᠯᠭ᠎ᠠ ᠵᠢᠨ ᠦᠷ᠎ᠡ ᠪᠦᠲᠦᠭᠡᠯ᠂ ᠰᠤᠷᠤᠯᠭ᠎ᠠ ᠵᠢᠨ ᠨᠠᠮᠲᠠᠷ᠎ᠤᠨ ᠪᠤᠰᠤ ᠰᠤᠷᠭ᠋ᠠᠨ ᠬᠥᠮᠦᠵᠢᠯ᠎ᠤᠨ ᠰᠤᠷᠤᠯᠴᠠᠯᠭ᠎ᠠ ᠵᠢᠨ ᠦᠷ᠎ᠡ ᠪᠦᠲᠦᠭᠡᠯ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠰᠤᠷᠤᠯᠭ᠎ᠠ ᠵᠢᠨ ᠬᠤᠪᠢ ᠵᠢ ᠬᠤᠪᠢᠷᠠᠭᠤᠯᠤᠨ ᠬᠠᠷᠢᠯᠴᠠᠨ ᠮᠡᠳᠡᠷᠡᠬᠦ ᠵᠢ ᠠᠬᠢᠭᠤᠯᠵᠤ᠂ ᠤᠯᠤᠰ᠎ᠤᠨ ᠬᠢᠷᠢ ᠬᠡᠮ᠎ᠤᠨ ᠪᠣᠷᠣ ᠲᠥᠯᠥᠪ᠎ᠢ ᠪᠠᠢ᠌ᠭᠤᠯᠪᠠ᠃
     (ᠠᠷᠪᠠᠨ ᠬᠣᠶᠠᠷ) ᠡᠷᠬᠢᠯᠡᠭᠰᠡᠨ ᠠᠵᠢᠯ᠎ᠤᠨ ᠪᠠᠷᠢᠮᠵᠢᠶᠠᠨ᠎ᠤ ᠳᠣᠭᠲᠠᠯᠴᠠᠭ᠎ᠠ ᠪᠣᠯᠤᠨ ᠦᠨᠡᠯᠡᠬᠦ ᠳᠦᠷᠢᠮ᠎ᠢ ᠲᠡᠭᠦᠯᠳᠡᠷᠵᠢᠭᠦᠯᠪᠡ᠃ ᠮᠠᠨ᠎ᠤ ᠤᠯᠤᠰ᠎ᠤᠨ ᠪᠠᠶ᠋ᠢᠳᠠᠯ᠎ᠳᠤ ᠨᠡᠶ᠋ᠢᠴᠡᠭᠰᠡᠨ ᠣᠳᠣ ᠦᠶ᠎ᠡ ᠵᠢᠨ ᠠᠵᠢᠯ ᠮᠡᠷᠭᠡᠵᠢᠯ᠎ᠤᠨ ᠲᠥᠷᠥᠯ ᠬᠤᠪᠢᠶᠠᠬᠤ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠰᠢᠨ᠎ᠡ ᠠᠵᠢᠯ ᠮᠡᠷᠭᠡᠵᠢᠯ᠎ᠤᠨ ᠮᠡᠳᠡᠭᠡ ᠵᠠᠩᠭᠢ ᠵᠢ ᠨᠡᠶ᠋ᠢᠲᠡᠯᠡᠬᠦ ᠳᠦᠷᠢᠮ᠎ᠢ ᠲᠡᠭᠦᠯᠳᠡᠷᠵᠢᠭᠦᠯᠪᠡ᠃ ᠤᠯᠤᠰ᠎ᠤᠨ ᠡᠷᠬᠢᠯᠡᠭᠰᠡᠨ ᠠᠵᠢᠯ᠎ᠤᠨ ᠪᠠᠷᠢᠮᠵᠢᠶ᠎ᠠ᠂ ᠠᠵᠢᠯ ᠲᠥᠷᠥᠯ ᠠᠵᠤ ᠠᠬᠤᠶ᠋ᠢᠯᠠᠯ᠎ᠤᠨ ᠦᠨᠡᠯᠡᠯᠲᠡ ᠵᠢᠨ ᠵᠢᠷᠤᠮᠵᠢᠯ᠂ ᠲᠥᠰᠦᠯ᠎ᠤᠨ ᠡᠷᠬᠢᠯᠡᠭᠰᠡᠨ ᠠᠵᠢᠯ᠎ᠤᠨ ᠴᠢᠳᠠᠪᠤᠷᠢ ᠵᠢᠨ ᠬᠢᠨᠠᠨ ᠰᠢᠯᠭ᠋ᠠᠯᠲᠠ ᠵᠢᠨ ᠵᠢᠷᠤᠮᠵᠢᠯ ᠵᠡᠷᠭᠡ᠎ᠪᠠᠷ ᠪᠦᠷᠢᠯᠳᠦᠭᠰᠡᠨ ᠣᠯᠠᠨ ᠳᠡᠰ᠎ᠤᠨ᠂ ᠬᠠᠷᠢᠯᠴᠠᠨ ᠵᠣᠯᠭ᠋ᠠᠯᠳᠤᠭᠰᠠᠨ ᠡᠷᠬᠢᠯᠡᠭᠰᠡᠨ ᠠᠵᠢᠯ᠎ᠤᠨ ᠪᠠᠷᠢᠮᠵᠢᠶᠠᠨ᠎ᠤ ᠳᠣᠭᠲᠠᠯᠴᠠᠭ᠎ᠠ ᠵᠢ ᠲᠡᠭᠦᠯᠳᠡᠷᠵᠢᠭᠦᠯᠪᠡ᠃ ᠤᠷ᠎ᠠ ᠴᠢᠳᠠᠪᠤᠷᠢ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠪᠠᠷᠢᠮᠵᠢᠶ᠎ᠠ ᠵᠢᠨ ᠣᠯᠠᠨ ᠤᠯᠤᠰ᠎ᠤᠨ ᠬᠠᠷᠢᠯᠴᠠᠨ ᠨᠡᠪᠲᠡᠷᠡᠯᠴᠡᠬᠦ᠂ ᠦᠨᠡᠮᠯᠡᠯ᠎ᠤᠨ ᠣᠯᠠᠨ ᠤᠯᠤᠰ᠎ᠤᠨ ᠬᠠᠷᠢᠯᠴᠠᠨ ᠮᠡᠳᠡᠷᠡᠬᠦ ᠠᠵᠢᠯ᠎ᠢ ᠰᠦᠪᠡᠭᠴᠢᠯᠡᠨ ᠥᠷᠨᠢᠭᠦᠯᠵᠦ᠂ ᠡᠯ᠎ᠡ ᠭᠠᠵᠠᠷ᠎ᠤᠨ᠎ᠬᠢᠨ ᠬᠢᠯᠢ ᠵᠢᠨ ᠭᠠᠳᠠᠨᠠᠬᠢ ᠤᠷ᠎ᠠ ᠴᠢᠳᠠᠪᠤᠷᠢ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠬᠢᠷᠢ ᠬᠡᠮ᠎ᠢ ᠵᠥᠪᠰᠢᠶᠡᠷᠡᠬᠦ ᠨᠠᠷᠢᠨ ᠬᠠᠭᠤᠳᠠᠰᠤ ᠵᠢᠨ ᠲᠦᠷᠢᠮ᠎ᠢ ᠪᠠᠶ᠋ᠢᠭᠤᠯᠵᠤ ᠪᠣᠯᠤᠨ᠎ᠠ᠃ ᠡᠷᠬᠢᠯᠡᠭᠰᠡᠨ ᠠᠵᠢᠯ᠎ᠤᠨ ᠬᠢᠷᠢ ᠬᠡᠮ᠎ᠢ ᠦᠨᠡᠯᠡᠬᠦ᠂ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠦᠨᠡᠮᠰᠢᠬᠦ ᠪᠠ ᠳᠥᠰᠦᠯ᠎ᠤᠨ ᠡᠷᠬᠢᠯᠡᠭᠰᠡᠨ ᠠᠵᠢᠯ᠎ᠤᠨ ᠴᠢᠳᠠᠪᠤᠷᠢ ᠵᠢ ᠬᠢᠨᠠᠨ ᠰᠢᠯᠭ᠋ᠠᠬᠤ ᠵᠡᠷᠭᠡ᠎ᠪᠠᠷ ᠭᠣᠣᠯ ᠠᠭᠤᠯᠭ᠎ᠠ ᠪᠣᠯᠭ᠋ᠠᠭᠰᠠᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠪᠡ᠃ ᠠᠵᠢᠯ ᠮᠡᠷᠭᠡᠵᠢᠯ᠎ᠤᠨ ᠴᠢᠳᠠᠪᠤᠷᠢ᠎ᠪᠠᠷ ᠤᠳᠤᠷᠢᠳᠤᠮᠵᠢ ᠪᠣᠯᠭ᠋ᠠᠬᠤ᠂ ᠠᠵᠢᠯ᠎ᠤᠨ ᠬᠢᠷᠢ ᠪᠦᠲᠦᠮᠵᠢ᠎ᠪᠠᠷ ᠭᠤᠤᠯᠳᠠᠯᠭ᠎ᠠ ᠪᠣᠯᠭ᠋ᠠᠬᠤ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠣᠶ᠋ᠢᠵᠢᠭᠤᠯᠬᠤ ᠪᠠ ᠠᠵᠢᠯ ᠮᠡᠷᠭᠡᠵᠢᠯ᠎ᠤᠨ ᠮᠣᠷᠠᠯ᠎ᠢ ᠪᠤᠢ ᠪᠣᠯᠭ᠋ᠠᠬᠤ ᠤᠷ᠎ᠠ ᠴᠢᠳᠠᠪᠤᠷᠢᠲᠤ ᠴᠢᠳᠠᠪᠤᠷᠢᠲᠠᠨ᠎ᠢ ᠦᠨᠡᠯᠡᠬᠦ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠦᠨᠡᠯᠡᠬᠦ ᠵᠢ ᠨᠠᠰᠤᠨ ᠲᠤᠷᠰᠢᠳᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠳᠦᠷᠢᠮ᠎ᠯᠦᠭᠡ ᠬᠠᠷᠢᠯᠴᠠᠨ ᠵᠣᠬᠢᠴᠠᠭᠤᠯᠬᠤ᠂ ᠬᠡᠷᠡᠭᠯᠡᠬᠦ ᠪᠠ ᠣᠯᠭᠣᠮᠵᠢ᠎ᠯᠤᠭ᠎ᠠ ᠵᠣᠯᠭ᠋ᠠᠭᠤᠯᠬᠤ ᠵᠢ ᠲᠦᠯᠬᠢᠨ ᠠᠬᠢᠭᠤᠯᠪᠠ᠃ ᠡᠷᠬᠢᠯᠡᠭᠰᠡᠨ ᠠᠵᠢᠯ᠎ᠤᠨ ᠬᠢᠷᠢ ᠬᠡᠮ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠷᠬᠢᠯᠡᠭᠰᠡᠨ ᠠᠵᠢᠯ᠎ᠤᠨ ᠬᠢᠷᠢ ᠬᠡᠮ᠎ᠤᠨ ᠭᠠᠷᠴᠠᠭ᠎ᠢ ᠲᠡᠭᠦᠯᠳᠡᠷᠵᠢᠭᠦᠯᠦᠨ᠂ ᠬᠥᠳᠡᠯᠦᠯ ᠪᠠᠶ᠋ᠢᠳᠠᠯ᠎ᠤᠨ ᠲᠣᠬᠢᠷᠠᠭᠤᠯᠤᠯᠲᠠ ᠵᠢ ᠬᠡᠷᠡᠭᠵᠢᠭᠦᠯᠪᠡ᠃ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠮᠡᠷᠭᠡᠵᠢᠯ ᠪᠠ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ᠂ ᠣᠷᠣᠨ ᠨᠤᠲᠤᠭ᠎ᠤᠨ ᠣᠨᠴᠠᠯᠢᠭᠲᠤ ᠠᠵᠤ ᠦᠢ᠍ᠯᠡᠰ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠲᠥᠰᠦᠯ ᠵᠡᠷᠭᠡ ᠵᠢᠨ ᠲᠣᠭᠣᠷᠢᠨ᠎ᠳᠤ᠂ ᠲᠥᠰᠦᠯ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢ ᠰᠢᠯᠭ᠋ᠠᠨ ᠬᠢᠨᠠᠬᠤ ᠲᠥᠰᠦᠯ᠎ᠢ ᠨᠡᠭᠡᠭᠡᠨ ᠬᠥᠭᠵᠢᠭᠦᠯᠬᠦ ᠡᠷᠴᠢᠮ᠎ᠢ ᠴᠢᠩᠭ᠋ᠠᠷᠠᠭᠤᠯᠪᠠ᠃
     (ᠠᠷᠪᠠᠨ ᠭᠤᠷᠪᠠ) ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠮᠠᠭ᠋ᠠᠳᠯᠠᠨ ᠲᠣᠭᠲᠠᠭ᠋ᠠᠬᠤ ᠵᠢ   ᠬᠡᠷᠡᠭᠵᠢᠭᠦᠯᠪᠡ᠃ ᠨᠥᠬᠥᠴᠡᠯ᠎ᠳᠤ ᠨᠡᠢ᠌ᠴᠡᠭᠰᠡᠨ ᠠᠵᠤ ᠠᠬᠤᠶ᠋ᠢᠯᠠᠯ᠎ᠢ ᠳᠡᠮᠵᠢᠵᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠦᠨᠡᠯᠡᠬᠦ ᠠᠵᠢᠯ ᠮᠡᠷᠭᠡᠵᠢᠯ (ᠠᠵᠢᠯ ᠲᠥᠷᠥᠯ)᠎ᠤᠨ ᠬᠡᠪᠴᠢᠶ᠎ᠡ ᠵᠢ ᠪᠡᠶ᠎ᠡ᠎ᠪᠠᠨ ᠳᠠᠭ᠋ᠠᠭ᠋ᠠᠨ ᠲᠣᠭᠲᠠᠭ᠋ᠠᠵᠤ᠂ ᠠᠵᠢᠯ᠎ᠤᠨ ᠪᠠᠶ᠋ᠢᠷᠢ ᠵᠢᠨ ᠳᠡᠰ᠎ᠢ ᠪᠡᠶ᠎ᠡ᠎ᠪᠠᠨ ᠳᠠᠭ᠋ᠠᠭ᠋ᠠᠨ ᠲᠣᠬᠢᠷᠠᠭᠤᠯᠵᠤ᠂ ᠠᠵᠢᠯ᠎ᠤᠨ ᠪᠠᠶ᠋ᠢᠷᠢ ᠵᠢᠨ ᠵᠢᠷᠤᠮᠵᠢᠯ᠎ᠢ ᠪᠡᠶ᠎ᠡ᠎ᠪᠠᠨ ᠳᠠᠭ᠋ᠠᠭ᠋ᠠᠨ ᠨᠡᠭᠡᠭᠡᠨ ᠲᠣᠭᠲᠠᠭ᠋ᠠᠵᠤ᠂ ᠦᠨᠡᠯᠡᠬᠦ ᠠᠷᠭ᠎ᠠ ᠮᠠᠶᠢᠭ᠎ᠢ ᠪᠡᠶ᠎ᠡ᠎ᠪᠠᠨ ᠳᠠᠭ᠋ᠠᠭ᠋ᠠᠨ ᠬᠡᠷᠡᠭᠯᠡᠵᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠯᠡᠯᠲᠡ ᠵᠢ ᠥᠷᠨᠢᠭᠦᠯᠪᠡ; ᠡᠯ᠎ᠡ ᠠᠵᠤ ᠠᠬᠤᠶ᠋ᠢᠯᠠᠯ ᠰᠢᠨ᠎ᠡ᠎ᠪᠠᠷ ᠡᠯᠰᠡᠨ ᠬᠡᠷᠡᠭᠯᠡᠬᠦ ᠪᠤᠶᠤ ᠳᠡᠰ ᠲᠣᠭᠲᠠᠭ᠋ᠠᠭᠰᠠᠨ ᠦᠭᠡᠶ ᠠᠵᠢᠯᠲᠠᠨ ᠠᠵᠢᠯᠴᠢᠨ᠎ᠤ ᠡᠳᠦᠷ ᠲᠤᠲᠤᠮ᠎ᠤᠨ ᠢᠯᠡᠷᠡᠯ᠂ ᠠᠵᠢᠯ᠎ᠤᠨ ᠠᠮᠵᠢᠯᠲᠠ ᠵᠢ ᠦᠨᠳᠦᠰᠦᠯᠡᠨ᠂ ᠡᠷᠬᠢᠯᠡᠭᠰᠡᠨ ᠠᠵᠢᠯ᠎ᠤᠨ ᠪᠠᠷᠢᠮᠵᠢᠶ᠎ᠠ ᠪᠣᠯᠤᠨ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢᠨ ᠵᠢᠷᠤᠮᠵᠢᠯ᠎ᠤᠨ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠵᠣᠬᠢᠬᠤ ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠰᠢᠭᠤᠳ ᠮᠠᠭ᠋ᠠᠳᠯᠠᠨ ᠳᠣᠭᠲᠠᠭ᠋ᠠᠵᠤ ᠪᠣᠯᠤᠨ᠎ᠠ᠃ ᠰᠤᠷᠤᠯᠭ᠎ᠠ ᠵᠢᠨ ᠨᠠᠮᠲᠠᠷ᠂ ᠬᠢᠷᠢ ᠬᠡᠮ᠂ ᠨᠠᠰᠤ ᠵᠢᠯ᠂ ᠬᠠᠷᠢᠴᠠᠯ ᠵᠡᠷᠭᠡ ᠵᠢᠨ ᠬᠢᠵᠠᠭ᠋ᠠᠷᠯᠠᠯ᠎ᠢ ᠡᠪᠳᠡᠵᠦ᠂ ᠤᠷ᠎ᠠ ᠴᠢᠳᠠᠪᠤᠷᠢ ᠬᠡᠲᠦᠶ᠋ᠢᠳᠦᠭᠰᠡᠨ᠂ ᠠᠵᠢᠯ᠎ᠤᠨ ᠬᠢᠷᠢ ᠪᠦᠲᠦᠮᠵᠢ ᠲᠣᠪᠣᠶ᠋ᠢᠮ᠎ᠠ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠤ ᠳᠡᠭᠡᠳᠦ ᠳᠡᠰ᠎ᠤᠨ ᠠᠵᠢᠯᠴᠢᠨ᠎ᠠᠴᠠ ᠳᠡᠭᠡᠭᠰᠢᠬᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠰᠢᠭᠤᠳ ᠮᠠᠭ᠋ᠠᠳᠯᠠᠨ ᠲᠣᠭᠲᠠᠭ᠋ᠠᠵᠤ ᠪᠣᠯᠤᠨ᠎ᠠ᠃ ᠴᠢᠬᠤᠯᠠ ᠶᠡᠬᠡ ᠭᠠᠷ ᠤᠷᠠᠯᠠᠯ᠎ᠤᠨ ᠮᠡᠷᠭᠡᠵᠢᠯ᠎ᠤᠨ ᠬᠦᠴᠢᠷ ᠠᠰᠠᠭᠤᠳᠠᠯ ᠪᠠ ᠴᠢᠬᠤᠯᠠ ᠶᠡᠬᠡ ᠴᠢᠨᠠᠷ ᠴᠢᠨᠰᠠᠭ᠋ᠠᠨ᠎ᠤ ᠠᠰᠠᠭᠤᠳᠠᠯ᠎ᠢ ᠰᠢᠢ᠍ᠳᠪᠦᠷᠢᠯᠡᠵᠦ᠂ ᠤᠷ᠎ᠠ ᠴᠢᠳᠠᠪᠤᠷᠢ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠨᠢ ᠮᠤᠵᠢ ᠶᠠᠮᠤᠨ᠎ᠤ ᠲᠠᠰ᠎ᠠᠴᠠ ᠳᠡᠭᠡᠭᠰᠢᠬᠢ ᠱᠠᠩᠨᠠᠯ᠎ᠢ ᠣᠯᠤᠭᠰᠠᠨ᠂ 《ᠪᠠᠭᠰᠢ ᠱᠠᠪᠢ ᠳᠠᠭ᠋ᠠᠭᠤᠯᠬᠤ》 ᠠᠵᠢᠯ᠎ᠤᠨ ᠠᠮᠵᠢᠯᠲᠠ ᠪᠦᠲᠦᠮᠵᠢ᠎ᠪᠠᠷ ᠲᠣᠪᠣᠶ᠋ᠢᠮ᠎ᠠ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠪᠣᠯ ᠱᠠᠲᠤ ᠠᠯᠤᠰᠯᠠᠭᠤᠯᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠳᠡᠪᠰᠢᠭᠦᠯᠵᠦ ᠪᠣᠯᠤᠨ᠎ᠠ᠃ 《ᠰᠤᠷᠤᠯᠭ᠎ᠠ ᠵᠢᠨ ᠨᠠᠮᠲᠠᠷ᠎ᠤᠨ ᠦᠨᠡᠮᠯᠡᠯ + ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠨᠡᠮᠯᠡᠯ》᠎ᠤᠨ ᠲᠦᠷᠢᠮ᠎ᠢ ᠬᠡᠷᠡᠭᠵᠢᠭᠦᠯᠬᠦ ᠵᠢ ᠠᠬᠢᠭᠤᠯᠪᠠ᠃ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ   ᠪᠣᠯᠪᠠᠰᠤᠷᠠᠭᠤᠯᠤᠯ᠎ᠢ ᠦᠨᠡᠯᠡᠬᠦ ᠵᠣᠬᠢᠶᠠᠨ ᠪᠠᠶ᠋ᠢᠭᠤᠯᠤᠯᠲᠠ ᠵᠢ ᠡᠯᠰᠡᠨ ᠰᠣᠩᠭᠣᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠣᠩᠭᠣᠬᠤ ᠨᠥᠬᠥᠴᠡᠯ᠎ᠢ ᠰᠢᠯᠢᠳᠡᠭᠵᠢᠭᠦᠯᠵᠦ᠂ ᠵᠠᠰᠠᠭ᠎ᠤᠨ ᠣᠷᠳᠣᠨ᠎ᠠᠴᠠ ᠬᠢᠨᠠᠨ ᠬᠠᠮᠢᠶᠠᠷᠬᠤ᠂ ᠪᠠᠶ᠋ᠢᠭᠤᠯᠤᠮᠵᠢ᠎ᠠᠴᠠ ᠥᠪᠡᠷ᠎ᠢ᠎ᠪᠠᠨ ᠱᠠᠭ᠋ᠠᠷᠳᠠᠬᠤ᠂ ᠨᠡᠶ᠋ᠢᠭᠡᠮ᠎ᠠᠴᠠ ᠬᠢᠨᠠᠯᠲᠠ ᠲᠠᠯᠪᠢᠬᠤ ᠴᠢᠨᠠᠷ ᠴᠢᠨᠰᠠᠭ᠎ᠠ᠎ᠳᠤ ᠬᠢᠨᠠᠯᠲᠠ ᠲᠠᠯᠪᠢᠬᠤ   ᠳᠣᠭᠲᠠᠯᠴᠠᠭ᠎ᠠ ᠵᠢ ᠪᠠᠶ᠋ᠢᠭᠤᠯᠵᠤ᠂ ᠦᠨᠡᠯᠡᠭᠰᠡᠨ ᠦᠷ᠎ᠡ ᠳ᠋ᠦᠩ᠎ᠢ ᠲᠣᠭᠲᠠᠭ᠋ᠠᠬᠤ ᠰᠢᠨᠵᠢᠯᠡᠬᠦ ᠤᠬᠠᠭ᠋ᠠᠨᠴᠢ ᠴᠢᠨᠠᠷ᠂ ᠡᠷᠬᠡ ᠲᠡᠭᠰᠢ ᠴᠢᠨᠠᠷ ᠪᠠ ᠡᠷᠬᠡ ᠰᠦᠷᠲᠦ ᠴᠢᠨᠠᠷ᠎ᠢ ᠪᠠᠲᠤᠯᠠᠪᠠ᠃
     (ᠠᠷᠪᠠᠨ ᠳᠥᠷᠪᠡ) ᠡᠷᠬᠢᠯᠡᠭᠰᠡᠨ ᠠᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠳᠣᠭᠲᠠᠯᠴᠠᠭ᠎ᠠ ᠵᠢ ᠲᠡᠭᠦᠯᠳᠡᠷᠵᠢᠭᠦᠯᠪᠡ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠥᠷᠭᠡᠨ ᠵᠶ᠋ᠠᠷ ᠭᠦᠨᠵᠡᠭᠡᠢ ᠥᠷᠨᠢᠭᠦᠯᠵᠦ᠂ ᠳᠡᠯᠡᠬᠡᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠶ᠋ᠠᠷ ᠤᠳᠤᠷᠢᠳᠤᠮᠵᠢ ᠪᠣᠯᠭ᠋ᠠᠭᠰᠠᠨ᠂ ᠪᠦᠬᠦ ᠤᠯᠤᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠶ᠋ᠠᠷ ᠲᠠᠭ᠋ᠠᠭᠤᠯᠤᠭᠴᠢ ᠪᠣᠯᠭ᠋ᠠᠭᠰᠠᠨ᠂ ᠪᠦᠬᠦ ᠤᠯᠤᠰ᠎ᠤᠨ ᠠᠵᠢᠯ ᠲᠦᠷᠦᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠢᠴᠢ ᠲᠤᠰᠬᠠᠢ ᠤᠷᠤᠯᠳᠤᠭ᠋ᠠᠨ ᠵᠶ᠋ᠠᠷ ᠭᠣᠣᠯ ᠴᠣᠭᠴᠠ ᠪᠣᠯᠭ᠋ᠠᠭᠰᠠᠨ᠂ ᠠᠵᠤ ᠠᠬᠤᠶ᠋ᠢᠯᠠᠯ ᠪᠠ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠶ᠋ᠠᠷ ᠰᠠᠭᠤᠷᠢ ᠪᠣᠯᠭ᠋ᠠᠭᠰᠠᠨ ᠳᠤᠮᠳᠠᠳᠤ ᠤᠯᠤᠰ᠎ᠤᠨ ᠣᠨᠴᠠᠯᠢᠭ ᠪᠥᠬᠦᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠳᠣᠭᠲᠠᠯᠴᠠᠭ᠎ᠠ ᠵᠢ ᠲᠡᠭᠦᠯᠳᠡᠷᠵᠢᠭᠦᠯᠪᠡ᠃ ᠣᠳᠣ ᠵᠢᠨ ᠪᠠᠢ᠌ᠭ᠎ᠠ ᠡᠬᠢ ᠪᠠᠶᠠᠯᠢᠭ᠎ᠢ ᠲᠦᠰᠢᠭᠯᠡᠨ᠂ ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠶᠡᠷᠦᠩᠬᠡᠶ᠋ᠢᠯᠡᠭᠰᠡᠨ ᠪᠣᠯᠪᠠᠰᠤᠷᠠᠯ᠎ᠤᠨ ᠲᠥᠪ᠂ ᠰᠤᠳᠤᠯᠭ᠋ᠠᠨ᠎ᠤ (ᠰᠤᠳᠤᠯᠤᠨ ᠰᠤᠷᠤᠯᠴᠠᠬᠤ) ᠲᠥᠪ᠂ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠵᠡᠷᠭᠡ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠪᠠ᠃ ᠪᠦᠬᠦ ᠤᠯᠤᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠲᠣᠭᠲᠠᠮᠠᠯ ᠬᠤᠭᠤᠴᠠᠭ᠋ᠠᠲᠠᠢ ᠡᠷᠬᠢᠯᠡᠵᠦ᠂ ᠮᠤᠵᠢ᠂ ᠬᠣᠲᠠ᠂ ᠰᠢᠶᠠᠨ᠎ᠤ   ᠶᠡᠷᠦᠩᠬᠡᠶ᠋ᠢᠯᠡᠭᠰᠡᠨ ᠴᠢᠨᠠᠷᠲᠠᠢ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠬᠦ ᠵᠢ ᠠᠬᠢᠭᠤᠯᠪᠠ᠃ ᠠᠵᠢᠯ ᠲᠥᠷᠥᠯ᠎ᠤᠨ ᠣᠨᠴᠠᠯᠢᠭᠲᠤ ᠤᠷᠤᠯᠳᠤᠭ᠋ᠠᠨ ᠥᠷᠨᠢᠭᠦᠯᠬᠦ ᠵᠢ ᠵᠣᠷᠢᠭᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠬᠢᠯᠡᠪᠡ᠃ ᠳᠡᠯᠡᠬᠡᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠪᠦᠬᠦ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠡᠷᠭᠡ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠬᠢᠯᠡᠪᠡ᠃ ᠤᠷᠤᠯᠳᠤᠭ᠋ᠠᠨ᠎ᠤ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ 《ᠤᠷᠤᠯᠳᠤᠭ᠋ᠠᠨ ᠦᠵᠡᠭᠦᠯᠭᠡ ᠲᠣᠭᠯᠠᠯᠲᠠ ᠴᠤᠭᠯᠠᠭ᠋ᠠᠨ》᠎ᠢ ᠤᠶᠠᠯᠳᠤᠭᠤᠯᠤᠭᠰᠠᠨ ᠤᠷᠤᠯᠳᠤᠭ᠋ᠠᠨ ᠡᠷᠬᠢᠯᠡᠬᠦ ᠵᠠᠭᠪᠤᠷ᠎ᠢ ᠶᠠᠪᠤᠭᠤᠯᠵᠤ᠂ ᠵᠠᠰᠠᠭ᠎ᠤᠨ ᠣᠷᠳᠣᠨ᠂ ᠠᠵᠤ ᠠᠬᠤᠶ᠋ᠢᠯᠠᠯ ᠪᠣᠯᠤᠨ ᠨᠡᠶ᠋ᠢᠭᠡᠮ᠎ᠤᠨ ᠣᠯᠠᠨ ᠲᠠᠯ᠎ᠠ ᠵᠢᠨ᠎ᠬᠢᠨ᠎ᠤ ᠣᠷᠣᠯᠴᠠᠭᠰᠠᠨ ᠤᠷᠤᠯᠳᠤᠭ᠋ᠠᠨ᠎ᠤ ᠪᠡᠯᠡ ᠣᠷᠣᠭᠤᠯᠤᠯᠲᠠ ᠵᠢ ᠪᠠᠲᠤᠯᠠᠬᠤ ᠲᠣᠭᠲᠠᠴᠠ ᠵᠢ ᠪᠠᠶ᠋ᠢᠭᠤᠯᠤᠨ᠂ ᠤᠷᠤᠯᠳᠤᠭ᠋ᠠᠨ᠎ᠤ ᠲᠤᠰᠬᠠᠶ ᠲᠤᠰᠢᠶᠠᠯ᠎ᠤᠨ ᠪᠠ ᠲᠤᠰᠢᠶᠠᠯ ᠬᠠᠪᠰᠤᠷᠭ᠋ᠠᠭᠰᠠᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠷᠤᠯᠳᠤᠭ᠋ᠠᠨ᠎ᠢ ᠰᠢᠨᠵᠢᠯᠡᠬᠦ ᠤᠬᠠᠭ᠋ᠠᠨᠴᠢᠯᠠᠬᠤ᠂ ᠵᠢᠷᠤᠮᠵᠢᠭᠤᠯᠬᠤ᠂ ᠲᠤᠰᠬᠠᠶ᠋ᠢᠵᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃ ᠤᠷᠤᠯᠳᠤᠭ᠋ᠠᠨ᠎ᠳᠤ ᠱᠠᠩᠨᠠᠯ ᠣᠯᠣᠭᠰᠠᠳ᠎ᠤᠨ ᠬᠥᠬᠢᠭᠦᠯᠦᠯ ᠱᠠᠩᠨᠠᠯ᠂ ᠰᠤᠷᠭ᠋ᠠᠭᠤᠯᠢ ᠳᠡᠪᠰᠢᠬᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ ᠳᠡᠪᠰᠢᠭᠦᠯᠬᠦ ᠵᠡᠷᠭᠡ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠪᠠ᠃ ᠠᠵᠤ ᠠᠬᠤᠶ᠋ᠢᠯᠠᠯ ᠤᠷᠤᠯᠳᠤᠭ᠋ᠠᠨ᠎ᠳᠤ ᠱᠠᠩᠨᠠᠯ ᠣᠯᠣᠭᠰᠠᠳ᠎ᠢ ᠠᠵᠢᠯ᠎ᠤᠨ ᠪᠠᠶ᠋ᠢᠷᠢ᠎ᠳᠤ ᠬᠡᠷᠡᠭᠯᠡᠬᠦ ᠵᠢᠴᠢ ᠴᠠᠯᠢᠩ ᠬᠠᠷᠠᠭ᠋ᠠᠯᠵᠠᠯ᠎ᠯᠤᠭ᠎ᠠ ᠬᠣᠯᠪᠣᠭᠳᠠᠭᠤᠯᠤᠭᠰᠠᠨ ᠤᠷᠲᠤ ᠬᠤᠭᠤᠴᠠᠭ᠋ᠠᠨ᠎ᠤ ᠪᠦᠲᠦᠮᠵᠢᠲᠡᠶ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠬᠤ ᠵᠢ ᠵᠣᠷᠢᠭᠵᠢᠭᠤᠯᠪᠠ᠃
      ᠲᠠᠪᠤ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠬᠢᠭᠦᠯᠦᠨ ᠵᠣᠷᠢᠭᠵᠢᠭᠤᠯᠬᠤ ᠲᠣᠭᠲᠠᠴᠠ ᠵᠢ ᠪᠠᠢ᠌ᠭᠤᠯᠪᠠ
     (ᠠᠷᠪᠠᠨ ᠲᠠᠪᠤ) ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠬᠢᠭᠦᠯᠦᠨ ᠱᠠᠩᠨᠠᠬᠤ ᠡᠷᠴᠢᠮ᠎ᠢ ᠴᠢᠩᠭ᠋ᠠᠷᠠᠭᠤᠯᠪᠠ᠃ ᠤᠯᠤᠰ᠎ᠤᠨ ᠰᠠᠶ᠋ᠢᠰᠢᠶᠠᠨ ᠬᠥᠬᠢᠭᠦᠯᠬᠦ᠎ᠪᠠᠷ ᠬᠥᠲᠥᠯᠥᠨ ᠳᠠᠭ᠋ᠠᠭᠤᠯᠤᠭᠰᠠᠨ᠂ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠱᠠᠩᠨᠠᠯ ᠵᠶ᠋ᠠᠷ ᠭᠤᠤᠯ ᠴᠣᠭᠴᠠ ᠪᠣᠯᠭ᠋ᠠᠭᠰᠠᠨ᠂ ᠨᠡᠶ᠋ᠢᠭᠡᠮ᠎ᠤᠨ ᠱᠠᠩᠨᠠᠯ ᠵᠶ᠋ᠠᠷ ᠨᠥᠬᠥᠪᠥᠷᠢ ᠪᠣᠯᠭ᠋ᠠᠭᠰᠠᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠰᠠᠶ᠋ᠢᠰᠢᠶᠠᠨ ᠬᠥᠬᠢᠭᠦᠯᠬᠦ ᠳᠣᠭᠲᠠᠯᠴᠠᠭ᠎ᠠ ᠵᠢ ᠪᠠᠢ᠌ᠭᠤᠯᠪᠠ᠃ ᠳᠤᠮᠳᠠᠳᠤ ᠵᠢᠨ ᠤᠷ᠎ᠠ ᠴᠢᠳᠠᠪᠤᠷᠢ ᠵᠢᠨ ᠶᠡᠬᠡ ᠱᠠᠩᠨᠠᠯ ᠬᠦᠷᠲᠡᠭᠴᠢ ᠪᠠ ᠪᠥᠬᠥ ᠤᠯᠤᠰ᠎ᠤᠨ ᠮᠡᠷᠭᠡᠵᠢᠯ᠎ᠤᠨ ᠭᠠᠷᠮᠠᠭ᠋ᠠᠶ᠋ᠢᠴᠢᠨ᠎ᠢ ᠰᠢᠯᠭ᠋ᠠᠷᠠᠭᠤᠯᠤᠨ ᠬᠥᠬᠢᠭᠦᠯᠬᠦ ᠲᠦᠷᠢᠮ᠎ᠢ ᠲᠡᠭᠦᠯᠳᠡᠷᠵᠢᠭᠦᠯᠪᠡ᠃ ᠤᠯᠤᠰ᠎ᠤᠨ ᠲᠠᠰ᠎ᠤᠨ ᠢᠷᠠᠭᠤ ᠠᠯᠳᠠᠷ᠎ᠢ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ ᠲᠡᠢ᠌ᠰᠢ ᠵᠣᠬᠢᠬᠤ ᠬᠡᠮᠵᠢᠶ᠎ᠡ᠎ᠪᠠᠷ ᠬᠡᠯᠪᠡᠢ᠌ᠯᠭᠡᠪᠡ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠪᠥᠬᠥ ᠤᠯᠤᠰ᠎ᠠᠴᠠ ᠬᠥᠳᠡᠯᠮᠦᠷᠢ ᠵᠢᠨ ᠵᠢᠱ᠌ᠢᠶᠡᠴᠢ ᠪᠠ ᠲᠡᠷᠢᠭᠦᠨ᠎ᠤ ᠠᠵᠢᠯᠲᠠᠨ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠵᠡᠷᠭᠡ ᠬᠣᠯᠪᠤᠭᠳᠠᠬᠤ ᠬᠥᠬᠢᠭᠦᠯᠦᠯ᠎ᠤᠨ ᠰᠢᠯᠭ᠋ᠠᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠢᠳᠡᠪᠬᠢᠲᠡᠶ ᠲᠠᠨᠢᠯᠴᠠᠭᠤᠯᠤᠨ ᠵᠠᠰᠠᠭ᠎ᠤᠨ ᠣᠷᠳᠣᠨ᠎ᠤ ᠣᠨᠴᠠᠭ᠋ᠠᠢ ᠨᠡᠮᠡᠭᠦᠷᠢ ᠵᠢ ᠬᠦᠷᠲᠡᠭᠡᠵᠦ᠂ ᠨᠥᠬᠥᠴᠡᠯ᠎ᠳᠤ ᠨᠡᠢ᠌ᠴᠡᠭᠰᠡᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠳᠤ ᠲᠣᠭᠲᠠᠭ᠋ᠠᠯ ᠶᠣᠰᠤ᠎ᠪᠠᠷ 《5 . 1》᠎ᠤ ᠬᠥᠳᠡᠯᠮᠦᠷᠢ ᠵᠢᠨ ᠱᠠᠩᠨᠠᠯ᠂ ᠵᠠᠯᠠᠭᠤᠴᠤᠳ᠎ᠲᠤ 《5 . 4》᠎ᠤ ᠱᠠᠩᠨᠠᠯ᠂ ᠵᠠᠯᠠᠭᠤ ᠠᠵᠢᠯ᠎ᠤᠨ ᠪᠠᠶ᠋ᠢᠷᠢ ᠵᠢᠨ ᠴᠢᠳᠠᠪᠤᠷᠢᠲᠠᠨ᠂ 《3 . 8》 ᠵᠢᠨ ᠤᠯᠠᠭ᠋ᠠᠨ ᠲᠤᠭᠴᠢ᠂ ᠡᠮᠡᠭᠲᠡᠶ ᠭᠠᠪᠢᠶ᠎ᠠ ᠪᠠᠶ᠋ᠢᠭᠤᠯᠤᠭᠰᠠᠨ ᠵᠢᠱ᠌ᠢᠶᠡᠴᠢ ᠵᠡᠷᠭᠡ ᠢᠷᠠᠭᠤ ᠠᠯᠳᠠᠷ᠎ᠢ ᠬᠦᠷᠲᠡᠭᠡᠵᠦ᠂ ᠨᠡᠶ᠋ᠢᠭᠡᠮ ᠳᠠᠶᠠᠭ᠋ᠠᠷ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠮᠡᠳᠡᠷᠡᠨ ᠵᠥᠪᠰᠢᠶᠡᠷᠡᠬᠦ ᠵᠢ ᠳᠡᠭᠡᠭᠰᠢᠯᠡᠭᠦᠯᠪᠡ᠃
     (ᠠᠷᠪᠠᠨ ᠵᠢᠷᠭᠤᠭ᠎ᠠ) ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠪᠡ᠃ ᠤᠷ᠎ᠠ ᠴᠢᠳᠠᠪᠤᠷᠢᠲᠤ ᠴᠢᠳᠠᠪᠤᠷᠢᠲᠠᠨ᠎ᠢ ᠤᠯᠤᠰ ᠲᠥᠷᠥ᠎ᠪᠠᠷ ᠬᠥᠲᠥᠯᠥᠨ ᠳᠠᠭ᠋ᠠᠭᠤᠯᠬᠤ ᠪᠠ ᠤᠯᠤᠰ ᠲᠥᠷᠥ᠎ᠪᠠᠷ ᠣᠷᠣᠭᠤᠯᠤᠨ ᠠᠪᠴᠢᠷᠠᠬᠤ ᠵᠢ ᠴᠢᠩᠭ᠋ᠠᠳᠬᠠᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ   ᠳᠤᠭᠤᠶ᠋ᠢᠯᠠᠩ) ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠲᠠᠢ ᠬᠠᠷᠢᠯᠴᠠᠵᠤ ᠦᠢ᠍ᠯᠡᠴᠢᠯᠡᠬᠦ ᠠᠵᠢᠯ᠎ᠢ ᠴᠢᠬᠤᠯᠠᠴᠢᠯᠠᠨ ᠰᠠᠶ᠋ᠢᠲᠤᠷ ᠬᠢᠪᠡ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠡᠯ᠎ᠡ ᠭᠠᠵᠠᠷ᠎ᠤᠨ ᠴᠢᠳᠠᠪᠤᠷᠢᠲᠠᠨ᠎ᠤ ᠲᠥᠷᠥᠯ ᠬᠤᠪᠢᠶᠠᠭᠰᠠᠨ ᠭᠠᠷᠴᠠᠭ᠎ᠲᠤ ᠣᠷᠣᠯᠠᠭᠤᠯᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠎ᠪᠠᠷ ᠵᠢᠱ᠌ᠢᠭᠳᠡᠭᠰᠡᠳ᠂ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠤᠨ ᠭᠡᠰᠢᠭᠦᠨ ᠵᠶ᠋ᠠᠷ ᠵᠢᠱ᠌ᠢᠭᠳᠡᠭᠰᠡᠳ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠤᠶᠤ ᠭᠡᠰᠢᠭᠦᠳ ᠵᠶ᠋ᠠᠷ ᠵᠢᠱ᠌ᠢᠭᠳᠡᠭᠰᠡᠳ᠎ᠢ ᠬᠠᠤᠯᠢ ᠲᠦᠷᠢᠮ ᠶᠣᠰᠤ᠎ᠪᠠᠷ ᠲᠠᠨᠢᠯᠴᠠᠭᠤᠯᠬᠤ ᠵᠢ ᠴᠢᠬᠤᠯᠠᠴᠢᠯᠠᠪᠠ᠃ ᠠᠵᠢᠯᠲᠠᠨ ᠠᠵᠢᠯᠴᠢᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠳᠠᠬᠢ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠬᠠᠷᠢᠴᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠬᠠᠮᠢᠶᠠᠷᠤᠯᠲᠠ᠎ᠳᠤ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠣᠷᠣᠯᠴᠠᠬᠤ ᠵᠢ ᠳᠡᠮᠵᠢᠪᠡ᠃ ᠬᠣᠯᠪᠤᠭᠳᠠᠬᠤ ᠲᠣᠭᠲᠠᠭ᠋ᠠᠯ ᠶᠣᠰᠤ᠎ᠪᠠᠷ᠂ ᠰᠢᠯᠢᠳᠡᠭ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠎ᠳᠤ ᠰᠣᠩᠭᠣᠨ ᠲᠠᠨᠢᠯᠴᠠᠭᠤᠯᠵᠤ ᠲᠤᠰᠢᠶᠠᠯ ᠡᠭᠦᠷᠭᠡᠯᠡᠭᠦᠯᠬᠦ ᠪᠤᠶᠤ ᠲᠤᠰᠢᠶᠠᠯ ᠬᠠᠪᠰᠤᠷᠭ᠋ᠠᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠮᠠᠷᠠᠯᠲᠠ ᠠᠪᠴᠤ ᠰᠤᠪᠢᠯᠠᠬᠤ ᠳᠦᠷᠢᠮ᠎ᠢ ᠪᠠᠶ᠋ᠢᠭᠤᠯᠵᠤ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠮᠠᠷᠠᠯᠲᠠ ᠠᠪᠴᠤ ᠰᠤᠪᠢᠯᠠᠬᠤ᠂ ᠰᠤᠳᠤᠯᠤᠨ ᠰᠤᠷᠤᠯᠴᠠᠵᠤ ᠰᠣᠯᠢᠯᠴᠠᠬᠤ ᠪᠠ ᠪᠠᠶᠠᠷ᠎ᠤᠨ ᠡᠳᠦᠷ᠎ᠤᠨ ᠲᠣᠬᠣᠨᠢᠭᠤᠯᠤᠯ ᠵᠡᠷᠭᠡ ᠠᠵᠢᠯᠯᠠᠭ᠎ᠠ ᠵᠢ ᠱᠠᠲᠤ ᠬᠤᠪᠢᠶᠠᠨ ᠥᠷᠨᠢᠭᠦᠯᠬᠦ ᠵᠢ ᠵᠣᠷᠢᠭᠵᠢᠭᠤᠯᠤᠨ ᠳᠡᠮᠵᠢᠪᠡ᠃
      ᠵᠢᠷᠭᠤᠭ᠎ᠠ᠂ ᠪᠠᠲᠤᠯᠠᠭ᠋ᠠᠨ᠎ᠤ ᠠᠷᠭ᠎ᠠ ᠬᠡᠮᠵᠢᠶ᠎ᠡ
     (ᠠᠷᠪᠠᠨ ᠳᠣᠯᠣᠭ᠎ᠠ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠡᠩᠨᠡᠭᠡᠨ᠎ᠤ   ᠪᠠᠶ᠋ᠢᠭᠤᠯᠤᠯᠲᠠ᠎ᠳᠠᠬᠢ ᠨᠠᠮ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠵᠥᠪ ᠣᠨᠣᠪᠴᠢᠲᠠᠶ ᠤᠯᠤᠰ ᠲᠥᠷᠥ ᠵᠢᠨ ᠴᠢᠭᠯᠡᠯ᠎ᠢ ᠦᠨᠡᠨ ᠬᠦ᠌ ᠪᠠᠲᠤᠯᠠᠪᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ᠎ᠢ ᠲᠣᠰ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠂ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢᠨ ᠶᠡᠷᠦᠩᠬᠡᠶ ᠪᠠᠶ᠋ᠢᠷᠢᠯᠠᠭᠤᠯᠤᠯᠲᠠ ᠪᠠ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠲᠤᠰ ᠱᠠᠲᠤᠨ᠎ᠤ ᠴᠢᠳᠠᠪᠤᠷᠢᠲᠠᠨ᠎ᠤ ᠠᠵᠢᠯ᠎ᠢ ᠤᠳᠤᠷᠢᠳᠬᠤ ᠳᠤᠭᠤᠶ᠋ᠢᠯᠠᠩ᠎ᠤᠨ ᠨᠢᠭᠡᠳᠦᠯᠲᠡᠶ ᠵᠣᠬᠢᠴᠠᠭᠤᠯᠭ᠎ᠠ᠎ᠪᠠᠷ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠤᠨ᠎ᠬᠢᠨ ᠲᠦᠷᠦᠭᠦᠯᠡᠨ ᠶᠡᠷᠦᠩᠬᠡᠶ᠎ᠳᠤ᠎ᠨᠢ ᠠᠳᠬᠤᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠣᠯᠪᠤᠭᠳᠠᠬᠤ ᠰᠠᠯᠠᠭ᠎ᠠ ᠮᠥᠴᠢᠷ᠎ᠤᠨ᠎ᠬᠢᠨ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠠᠵᠢᠯ ᠲᠥᠷᠥᠯ᠎ᠤᠨ ᠠᠵᠤ ᠠᠬᠤᠶ᠋ᠢᠯᠠᠯ ᠪᠣᠯᠤᠨ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ ᠥᠷᠭᠡᠨ ᠵᠶ᠋ᠠᠷ ᠣᠷᠣᠯᠴᠠᠭᠰᠠᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ᠎ᠤᠨ ᠲᠣᠭᠲᠠᠴᠠ ᠵᠢ ᠪᠠᠢ᠌ᠭᠤᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠠᠬᠢ ᠦᠢ᠍ᠯᠡᠳᠦᠯ ᠪᠠ ᠬᠤᠪᠢ ᠨᠡᠮᠡᠷᠢ ᠵᠢ ᠶᠡᠬᠡ᠎ᠪᠠᠷ ᠤᠬᠠᠭᠤᠯᠵᠤ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠴᠢᠬᠤᠯᠠᠴᠢᠯᠠᠬᠤ᠂ ᠬᠠᠯᠠᠮᠵᠢᠯᠠᠬᠤ᠂ ᠬᠦᠨᠳᠦᠳᠬᠡᠬᠦ ᠨᠡᠶ᠋ᠢᠭᠡᠮ᠎ᠤᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠤᠢ ᠪᠣᠯᠭ᠋ᠠᠵᠤ᠂ ᠬᠥᠳᠡᠯᠮᠦᠷᠢ ᠥᠩᠭᠡ ᠭᠡᠷᠡᠯᠲᠡᠶ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠬᠦ ᠠᠭᠤᠤ ᠶᠡᠬᠡ ᠴᠠᠭ ᠦᠶ᠎ᠡ ᠵᠢᠨ ᠬᠡᠪ ᠰᠤᠷᠲᠠᠯ᠎ᠢ ᠪᠤᠢ ᠪᠣᠯᠭ᠋ᠠᠬᠤ ᠬᠡᠷᠡᠭᠲᠡᠶ᠃
     (ᠠᠷᠪᠠᠨ ᠨᠠᠢ᠍ᠮᠠ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠪᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠣᠲᠣ ᠵᠢᠨ ᠪᠠᠶ᠋ᠢᠭ᠎ᠠ ᠪᠠᠯᠠ ᠮᠥᠩᠭᠥ ᠵᠢᠨ ᠠᠷᠭ᠎ᠠ ᠵᠠᠮ᠎ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠲᠣᠭᠲᠠᠭ᠋ᠠᠯ ᠶᠣᠰᠤ᠎ᠪᠠᠷ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ᠎ᠢ ᠳᠡᠮᠵᠢᠬᠦ ᠬᠡᠷᠡᠭᠲᠡᠶ᠃ ᠡᠯ᠎ᠡ ᠠᠵᠤ ᠠᠬᠤᠶ᠋ᠢᠯᠠᠯ᠎ᠤᠨ᠎ᠬᠢᠨ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠲᠣᠭᠲᠠᠭ᠋ᠠᠯ ᠶᠣᠰᠤ᠎ᠪᠠᠷ ᠲᠣᠭ᠎ᠠ ᠶᠣᠰᠤ᠎ᠪᠠᠷ ᠭᠦᠢ᠍ᠴᠡᠳ ᠭᠠᠷᠭ᠋ᠠᠨ ᠠᠪᠬᠤ ᠪᠠ ᠬᠡᠷᠡᠭᠯᠡᠵᠦ᠂ 60 %᠎ᠠᠴᠠ ᠳᠡᠭᠡᠭᠰᠢᠬᠢ ᠵᠢ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ ᠪᠠ ᠪᠣᠯᠪᠠᠰᠤᠷᠠᠭᠤᠯᠤᠯ᠎ᠳᠤ ᠬᠡᠷᠡᠭᠯᠡᠬᠦ ᠬᠡᠷᠡᠭᠲᠡᠶ᠃ ᠡᠯ᠎ᠡ ᠠᠵᠤ ᠠᠬᠤᠶ᠋ᠢᠯᠠᠯ᠎ᠤᠨ᠎ᠬᠢᠨ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠭᠠᠶ᠋ᠢᠯᠢ ᠲᠤᠰᠢᠶᠠᠬᠤ᠎ᠠᠴᠠ ᠡᠮᠦᠨ᠎ᠡ ᠰᠠᠭᠤᠯᠭ᠋ᠠᠨ ᠠᠪᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠨᠢ ᠮᠤᠵᠢ ᠵᠢᠨ ᠱᠠᠲᠤᠨ᠎ᠤ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠨᠢᠭᠡᠳᠦᠯᠲᠡᠶ ᠬᠡᠷᠡᠭᠯᠡᠬᠦ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠵᠤ ᠪᠣᠯᠤᠨ᠎ᠠ᠃ ᠡᠯ᠎ᠡ ᠭᠠᠵᠠᠷ᠎ᠤᠨ᠎ᠬᠢᠨ ᠲᠣᠭᠲᠠᠭ᠋ᠠᠯ ᠶᠣᠰᠤ᠎ᠪᠠᠷ ᠬᠣᠯᠪᠤᠭᠳᠠᠬᠤ ᠰᠤᠷᠭ᠋ᠠᠨ ᠬᠥᠮᠦᠵᠢᠯ᠎ᠤᠨ ᠵᠠᠷᠤᠳᠠᠯ ᠵᠡᠷᠭᠡ ᠡᠯ᠎ᠡ ᠲᠥᠷᠥᠯ᠎ᠤᠨ ᠪᠡᠯᠡ ᠮᠥᠩᠭᠥ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠮᠵᠢᠬᠦ ᠬᠡᠷᠡᠭᠲᠡᠶ᠃
     (ᠠᠷᠪᠠ ᠶᠢᠰᠦ) ᠤᠷ᠎ᠠ ᠴᠢᠳᠠᠪᠤᠷᠢᠲᠤ ᠴᠢᠳᠠᠪᠤᠷᠢᠲᠠᠨ᠎ᠤ ᠰᠠᠭᠤᠷᠢ ᠠᠵᠢᠯ᠎ᠢ   ᠴᠢᠩᠭ᠋ᠠᠳᠬᠠᠪᠠ᠃ ᠲᠣᠮᠣ ᠳ᠋ᠠᠶ᠋ᠢᠲ᠋ᠠ᠂ ᠡᠭᠦᠯᠡᠨᠴᠢᠷ ᠪᠤᠳᠤᠯᠲᠠ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠭᠦᠢ᠍ᠴᠡᠳ ᠠᠰᠢᠭᠯᠠᠨ᠂ ᠤᠷ᠎ᠠ ᠴᠢᠳᠠᠪᠤᠷᠢᠲᠤ ᠴᠢᠳᠠᠪᠤᠷᠢᠲᠠᠨ᠎ᠤ ᠠᠵᠢᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠬᠥᠮᠥᠷᠭᠡ ᠵᠢ ᠪᠠᠶ᠋ᠢᠭᠤᠯᠤᠨ ᠲᠡᠭᠦᠯᠳᠡᠷᠵᠢᠭᠦᠯᠪᠡ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠤ ᠣᠨᠣᠯ᠎ᠤᠨ ᠰᠤᠳᠤᠯᠭ᠋ᠠᠨ ᠪᠠ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠪᠠ᠃ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠰᠢᠯᠢᠳᠡᠭ ᠬᠢᠴᠢᠶᠡᠯ᠂ ᠵᠢᠭ᠋ᠠᠬᠤ ᠮᠠᠲ᠋ᠧᠷᠢᠶᠠᠯ ᠪᠠ ᠪᠠᠭᠰᠢ ᠵᠢᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ ᠪᠠᠷᠢᠮᠵᠢᠶ᠎ᠠ ᠪᠠ ᠨᠢᠭᠡ ᠴᠣᠭᠴᠠᠵᠢᠭᠤᠯᠤᠭᠰᠠᠨ ᠬᠢᠴᠢᠶᠡᠯ᠎ᠢ ᠨᠡᠭᠡᠭᠡᠨ ᠬᠥᠭᠵᠢᠭᠦᠯᠪᠡ᠃ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠤᠷ᠎ᠠ ᠴᠢᠳᠠᠪᠤᠷᠢ ᠵᠢᠨ ᠬᠦᠷᠢᠶᠡᠨ᠎ᠳᠠᠬᠢ 《ᠭᠠᠳᠠᠭᠰᠢ ᠭᠠᠷᠬᠤ》᠂ 《ᠣᠷᠣᠭᠤᠯᠤᠨ ᠠᠪᠴᠢᠷᠠᠬᠤ》 ᠬᠠᠮᠲᠤᠷᠠᠯᠴᠠᠭ᠋ᠠᠨ᠎ᠤ ᠲᠥᠰᠦᠯ᠎ᠢ ᠬᠡᠷᠡᠭᠵᠢᠭᠦᠯᠬᠦ ᠵᠢ ᠠᠬᠢᠭᠤᠯᠵᠤ᠂ ᠵᠠᠯᠠᠭᠤ ᠰᠤᠷᠤᠭᠴᠢᠳ᠂ ᠲᠡᠭᠦᠰᠬᠦ ᠤᠶᠤᠲᠠᠳ᠎ᠢ ᠵᠠᠯᠠᠭᠤᠴᠤᠳ᠎ᠤᠨ ᠤᠯᠠᠨ ᠤᠯᠤᠰ᠎ᠤᠨ ᠳᠠᠳᠤᠯᠭ᠎ᠠ   ᠰᠣᠯᠢᠯᠴᠠᠭ᠋ᠠᠨ᠎ᠤ ᠲᠥᠯᠥᠪᠯᠡᠭᠡ᠎ᠳᠤ ᠣᠷᠣᠯᠴᠠᠬᠤ ᠵᠢ ᠳᠡᠮᠵᠢᠵᠦ᠂ ᠡᠯ᠎ᠡ ᠤᠯᠤᠰ᠎ᠯᠤᠭ᠎ᠠ ᠵᠢᠨ ᠤᠷ᠎ᠠ ᠴᠢᠳᠠᠪᠤᠷᠢ ᠵᠢᠨ ᠬᠦᠷᠢᠶᠡᠨ᠎ᠳᠠᠬᠢ ᠰᠣᠯᠢᠯᠴᠠᠭ᠎ᠠ ᠲᠤᠯᠢᠳᠠᠯ᠎ᠢ ᠠᠬᠢᠭᠤᠯᠪᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
2022 ᠣᠨ᠎ᠤ ᠪᠥᠬᠥ ᠣᠷᠣᠨ᠎ᠤ 《ᠳᠡᠭᠡᠳᠦ ᠰᠤᠷᠭ᠋ᠠᠭᠤᠯᠢ ᠵᠢᠨ ᠬᠠᠮᠤᠭ᠎ᠤᠨ ᠭᠣᠶᠣ ᠬᠠᠪᠰᠤᠷᠤᠨ ᠵᠢᠯᠣᠭᠣᠳᠣᠭᠴᠢ》 ᠵᠢ ᠰᠣᠩᠭᠤᠬᠤ ᠦᠵᠡᠭᠦᠯᠭᠡ ᠵᠢᠨ ᠠᠵᠢᠯᠯᠠᠭ᠋ᠠᠨ᠎ᠤ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠨᠠᠷᠠᠲᠤ ᠪᠠᠭᠰᠢ ᠵᠢᠨ ᠠᠵᠢᠯᠯᠠᠬᠤ ᠭᠠᠵᠠᠷ (ᠪᠣᠢ᠌ᠵᠢᠭᠤᠯᠬᠤ)᠎ᠤᠨ ᠲᠥᠰᠦᠯ᠎ᠤᠨ ᠲᠤᠬᠠᠶ ᠢᠯᠡ ᠨᠡᠢ᠌ᠲᠡᠯᠡᠯ
《ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠦᠯ》 ᠵᠡᠷᠭᠡ ᠲᠠᠪᠤᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
2022 ᠣᠨ᠎ᠤ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠶ ᠬᠥᠭᠵᠢᠯᠲᠡ ᠵᠢ ᠮᠤᠵᠢ ᠵᠢᠨ ᠱᠠᠲᠤᠨ᠎ᠤ᠎ᠬᠢᠨ ᠬᠢᠨᠠᠨ ᠵᠢᠯᠣᠭᠣᠳᠴᠤ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠲᠤᠬᠠᠶ ᠠᠯᠪᠠᠨ ᠵᠠᠷᠯᠠᠯ
 
             蒙ICP备05000248号