ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2021 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠮᠡᠳᠡᠭᠦᠯᠦᠯᠲᠡ
ᠨᠡᠶ᠋ᠢᠲᠡᠯᠡᠭᠰᠡᠨ ᠴᠠᠭ᠄ 2022-02-10


     2021 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠡᠷᠡᠰ ᠭᠤᠶ᠋ᠢᠪᠢᠰᠢ ᠦᠭᠡᠢ᠎ᠪᠠᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠪᠠᠷ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠤᠬᠠᠮᠰᠠᠷ ᠪᠣᠯᠤᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠢᠳᠡᠪᠬᠢᠲᠡᠢ   ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠪᠠ᠃


      ᠨᠢᠭᠡ᠂ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠲᠦᠯᠬᠢᠨ

            ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ

            ᠨᠠᠢ᠌ᠳᠠᠪᠤᠷᠢᠵᠢᠭᠤᠯᠤᠭᠰᠠᠨ ᠪᠠᠢ᠌ᠳᠠᠯ


     (ᠨᠢᠭᠡ) ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠪᠠ᠃ ᠰᠤᠷᠭ᠋ᠠᠨ ᠬᠥᠮᠦᠵᠢᠯ᠎ᠤᠨ ᠲᠢᠩᠬᠢᠮ᠎ᠨᠢ ᠨᠠᠮ ᠵᠠᠰᠠᠭ᠎ᠤᠨ ᠭᠤᠤᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ 《ᠬᠣᠶᠠᠷ᠎ᠢ ᠲᠣᠭᠲᠠᠭ᠋ᠠᠬᠤ》 ᠵᠢ ᠬᠦᠷᠢᠶᠡᠯᠡᠬᠦ᠂ 《ᠳᠥᠷᠪᠡᠨ ᠤᠬᠠᠮᠰᠠᠷ》᠎ᠢ ᠪᠠᠲᠤ ᠪᠡᠬᠢ ᠪᠣᠶ ᠪᠣᠯᠭ᠋ᠠᠬᠤ᠂ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠵᠢᠨ ᠪᠣᠳᠠᠲᠠᠶ ᠢᠯᠡᠷᠡᠯ ᠪᠣᠯᠭ᠋ᠠᠵᠤ᠂ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠰᠤᠷᠭ᠋ᠠᠨ ᠬᠥᠮᠦᠵᠢᠯ᠎ᠢ ᠵᠠᠰᠠᠬᠤ ᠳᠣᠭᠲᠠᠯᠴᠠᠭ᠎ᠠ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠪᠠᠲᠤᠯᠠᠭ᠎ᠠ ᠪᠣᠯᠭ᠋ᠠᠵᠤ᠂ ᠬᠠᠤᠯᠢ᠎ᠪᠠᠷ ᠣᠷᠣᠨ ᠵᠶ᠋ᠠᠨ ᠵᠠᠰᠠᠬᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠳᠲᠡᠷ ᠲᠦᠷᠭᠡᠨ ᠠᠬᠢᠭᠤᠯᠬᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠵᠢ ᠬᠠᠩᠭ᠋ᠠᠪᠠ᠃ ᠨᠢᠭᠡ᠎ᠳᠤ᠂ ᠰᠤᠷᠤᠯᠴᠠᠯᠭ᠎ᠠ ᠪᠠ ᠪᠣᠯᠪᠠᠰᠤᠷᠠᠭᠤᠯᠤᠯ᠎ᠢ ᠨᠠᠷᠢᠨ ᠬᠢᠨᠠᠮᠠᠭ᠋ᠠᠶ ᠵᠣᠬᠢᠶᠠᠨ ᠪᠠᠢ᠌ᠭᠤᠯᠪᠠ᠃ ᠰᠤᠷᠭ᠋ᠠᠨ ᠬᠥᠮᠥᠵᠢᠯ᠎ᠤᠨ ᠲᠢᠩᠬᠢᠮ᠎ᠤᠨ ᠪᠠᠶ᠋ᠢᠭᠤᠯᠭ᠎ᠠ ᠪᠠ ᠳᠡᠭᠡᠳᠦ ᠰᠤᠷᠭ᠋ᠠᠭᠤᠯᠢ ᠵᠢᠨ ᠤᠳᠤᠷᠢᠳᠬᠤ ᠺᠠᠳ᠋ᠷ᠎ᠲᠤ ᠬᠠᠨᠳᠤᠭᠤᠯᠤᠨ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠲᠠᠶ᠋ᠢᠯᠤᠮᠵᠢ᠂ ᠢᠷᠭᠡᠨ᠎ᠤ ᠬᠠᠤᠯᠢ ᠵᠢᠨ ᠪᠢᠴᠢᠭ ᠵᠡᠷᠭᠡ ᠲᠤᠰᠬᠠᠢ ᠰᠡᠳᠦᠪᠲᠦ ᠪᠣᠯᠪᠠᠰᠤᠷᠠᠭᠤᠯᠤᠯ᠎ᠤᠨ ᠲᠠᠶ᠋ᠢᠯᠤᠮᠵᠢ ᠵᠢ ᠡᠷᠬᠢᠯᠡᠵᠦ᠂ ᠬᠠᠤᠯᠢ᠎ᠪᠠᠷ ᠵᠠᠰᠠᠬᠤ ᠤᠬᠠᠮᠰᠠᠷ ᠪᠠ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠤᠯᠠᠮ ᠴᠠᠭ᠋ᠠᠰᠢᠲᠠ ᠳᠡᠭᠡᠭᠰᠢᠯᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠤᠳᠤᠷᠢᠳᠬᠤ ᠺᠠᠳ᠋ᠷ ᠪᠠ ᠪᠠᠭᠰᠢ ᠵᠢᠨ ᠪᠣᠯᠪᠠᠰᠤᠷᠠᠭᠤᠯᠤᠯ᠎ᠤᠨ ᠠᠭᠤᠯᠭ᠎ᠠ᠎ᠳᠤ ᠣᠷᠣᠭᠤᠯᠵᠤ᠂ ᠲᠤᠰᠬᠠᠢ ᠰᠡᠳᠦᠪᠲᠦ ᠪᠣᠯᠪᠠᠰᠤᠷᠠᠭᠤᠯᠤᠯ᠎ᠢ 36 ᠲᠦᠮᠡᠨ ᠬᠥᠮᠦᠨ ᠤᠳᠠᠭ᠎ᠠ ᠪᠡᠶᠡᠯᠡᠭᠦᠯᠵᠦ᠂ ᠪᠦᠬᠦ ᠠᠵᠢᠯᠲᠠᠨ᠎ᠢ ᠪᠦᠷᠢᠨ ᠬᠠᠮᠤᠷᠬᠤ ᠵᠢ ᠪᠡᠶᠡᠯᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠦᠨᠳᠦᠰᠦᠨ ᠱᠠᠲᠤᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ 178 ᠤᠳᠠᠭ᠎ᠠ ᠤᠬᠠᠭᠤᠯᠤᠨ ᠲᠠᠶ᠋ᠢᠯᠪᠤᠷᠢᠯᠠᠵᠤ᠂ 13 ᠲᠦᠮᠡᠨ ᠬᠥᠮᠦᠨ ᠤᠳᠠᠭ᠎ᠠ ᠵᠢ ᠬᠠᠮᠤᠷᠴᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠤᠳᠤᠷᠢᠳᠬᠤ ᠺᠠᠳ᠋ᠷ᠎ᠤᠨ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠬᠣᠶᠠᠷ᠎ᠲᠤ᠂ ᠥᠨᠳᠥᠷ ᠪᠠᠶ᠋ᠢᠷᠢᠨ᠎ᠠᠴᠠ ᠪᠠᠶ᠋ᠢᠷᠢᠯᠠᠭᠤᠯᠤᠯᠲᠠ ᠪᠠ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃ 2021 ᠣᠨ᠎ᠳᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ 8 ᠤᠳᠠᠭ᠎ᠠ ᠬᠤᠷᠠᠯᠳᠤᠭᠤᠯᠵᠤ ᠬᠠᠤᠯᠢ᠎ᠪᠠᠷ ᠵᠠᠰᠠᠬᠤ ᠠᠵᠢᠯ᠎ᠢ ᠰᠤᠳᠤᠯᠪᠠ᠃ ᠡᠭᠦᠨ᠎ᠳᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠢ 1 ᠤᠳᠠᠭ᠎ᠠ ᠲᠤᠰᠬᠠᠶ ᠰᠡᠳᠦᠪ ᠵᠶ᠋ᠠᠷ ᠰᠤᠳᠤᠯᠵᠤ᠂ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ   ᠵᠦᠢ᠍ᠯ᠎ᠢ 2 ᠤᠳᠠᠭ᠎ᠠ ᠰᠤᠳᠤᠯᠵᠤ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠨᠢᠭᠡᠴᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠠᠵᠢᠯ᠎ᠢ 1 ᠤᠳᠠᠭ᠎ᠠ ᠰᠤᠳᠤᠯᠵᠤ᠂ ᠳᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠵᠢᠯ᠎ᠢ 1 ᠤᠳᠠᠭ᠎ᠠ ᠰᠤᠳᠤᠯᠵᠤ᠂ ᠬᠠᠤᠯᠢ ᠵᠢ ᠲᠣᠭᠲᠠᠭ᠋ᠠᠬᠤ ᠠᠵᠢᠯ᠎ᠢ 1 ᠤᠳᠠᠭ᠎ᠠ ᠰᠤᠳᠤᠯᠵᠤ᠂ ᠵᠠᠷᠭᠤ ᠵᠢᠨ ᠬᠡᠷᠡᠭ᠎ᠢ 2 ᠤᠳᠠᠭ᠎ᠠ ᠰᠤᠳᠤᠯᠪᠠ᠃ ᠭᠤᠷᠪᠠ᠎ᠳᠤ᠂ ᠬᠠᠷᠠᠯᠲᠠ ᠪᠠ ᠡᠭᠦᠷᠭᠡ ᠵᠢᠨ ᠬᠢᠨᠠᠨ ᠰᠢᠯᠭ᠋ᠠᠯᠲᠠ ᠵᠢ ᠴᠢᠩᠭ᠋ᠠᠳᠬᠠᠪᠠ᠃ ᠰᠤᠷᠭ᠋ᠠᠨ ᠬᠥᠮᠦᠵᠢᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠵᠢᠯ᠎ᠤᠨ ᠠᠵᠢᠯ᠎ᠤᠨ ᠭᠤᠤᠯᠳᠠᠯᠭ᠎ᠠ᠎ᠳᠤ ᠣᠷᠣᠭᠤᠯᠵᠤ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠪᠠᠶ᠋ᠢᠳᠠᠯ᠎ᠢ ᠵᠢᠯ᠎ᠤᠨ ᠡᠴᠦᠰ᠎ᠤᠨ ᠲᠤᠰᠢᠶᠠᠯ᠎ᠤᠨ ᠮᠡᠳᠡᠭᠦᠯᠦᠯᠲᠡ ᠵᠢᠨ ᠠᠭᠤᠯᠭ᠎ᠠ᠎ᠳᠤ ᠣᠷᠣᠭᠤᠯᠪᠠ; ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠳᠡᠭᠡᠳᠦ ᠰᠤᠷᠭ᠋ᠠᠭᠤᠯᠢ ᠵᠢᠨ ᠤᠳᠤᠷᠢᠳᠬᠤ ᠪᠠᠭ᠎ᠤᠨ ᠵᠢᠯ᠎ᠤᠨ ᠬᠢᠨᠠᠨ ᠰᠢᠯᠭ᠋ᠠᠬᠤ ᠪᠠ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠪᠠᠶ᠋ᠢᠳᠠᠯ᠎ᠢ ᠦᠨᠡᠯᠡᠬᠦ ᠭᠦᠢ᠍ᠴᠡᠳᠭᠡᠯ ᠲᠣᠭ᠋ᠠᠨ᠎ᠳᠤ ᠣᠷᠣᠭᠤᠯᠪᠠ; ᠬᠠᠤᠯᠢ᠎ᠪᠠᠷ ᠵᠠᠰᠠᠭ ᠶᠠᠪᠤᠭᠤᠯᠬᠤ ᠵᠢ ᠲᠢᠩᠬᠢᠮ᠎ᠤᠨ ᠪᠠᠢ᠌ᠭᠤᠯᠭ᠎ᠠ ᠵᠢᠨ ᠠᠯᠪᠠᠲᠠᠨ᠎ᠢ ᠬᠢᠨᠠᠨ ᠰᠢᠯᠭ᠋ᠠᠬᠤ ᠭᠦᠢ᠍ᠴᠡᠳᠭᠡᠯ ᠲᠣᠭ᠋ᠠᠨ᠎ᠳᠤ ᠵᠢᠭᠰᠠᠭ᠋ᠠᠨ ᠣᠷᠣᠭᠤᠯᠪᠠ᠃ ᠲᠦᠷᠪᠡ᠎ᠳᠤ᠂ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠲᠦᠷᠢᠮ᠎ᠢ ᠨᠠᠢ᠌ᠳᠠᠪᠤᠷᠢᠵᠢᠭᠤᠯᠪᠠ᠃ ᠤᠷᠢᠳ ᠬᠣᠵᠢᠳ 2 ᠤᠳᠠᠭ᠎ᠠ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠤᠯᠵᠤ᠂ 2020 ᠣᠨ᠎ᠤ 12 ᠰᠠᠷ᠎ᠠ᠎ᠠᠴᠠ ᠨᠠᠭ᠋ᠠᠰᠢᠬᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠢᠨ᠎ᠡ᠎ᠪᠠᠷ ᠲᠤᠰᠢᠶᠠᠯ᠎ᠳᠤ ᠲᠣᠮᠢᠯᠠᠭᠰᠠᠨ ᠲᠦᠷᠦ ᠵᠢᠨ ᠠᠵᠢᠯᠳᠠᠨ ᠪᠣᠯᠤᠨ ᠰᠢᠨ᠎ᠡ᠎ᠪᠠᠷ ᠲᠤᠰᠢᠶᠠᠯ᠎ᠳᠤ ᠲᠣᠮᠢᠯᠠᠭᠰᠠᠨ ᠰᠤᠷᠭ᠋ᠠᠨ ᠬᠥᠮᠥᠵᠢᠯ᠎ᠤᠨ ᠲᠢᠩᠬᠢᠮ᠎ᠤᠨ ᠪᠠᠶ᠋ᠢᠭᠤᠯᠭ᠎ᠠ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠭᠠᠵᠠᠷ᠎ᠤᠨ ᠲᠡᠰ᠎ᠤᠨ ᠪᠤᠢ ᠪᠦᠬᠦᠢ ᠺᠠᠳ᠋ᠷ᠎ᠢ ᠬᠠᠮᠤᠷᠴᠠᠢ᠃ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》 ᠪᠠ 《12·4》᠎ᠤ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠯᠠᠭ᠋ᠠᠨ᠎ᠤ ᠳᠦᠷᠢᠮᠵᠢᠭᠦᠯᠦᠯᠲᠡ ᠵᠢ ᠲᠦᠯᠬᠢᠨ ᠠᠬᠢᠭᠤᠯᠵᠤ᠂ ᠰᠤᠷᠭ᠋ᠠᠨ ᠬᠥᠮᠥᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠪᠦᠬᠦ ᠠᠯᠪᠠᠳᠠᠨ ᠪᠠ ᠠᠵᠢᠯ ᠦᠢ᠍ᠯᠡᠰ᠎ᠤᠨ ᠨᠢᠭᠡᠴᠢ ᠵᠢᠨ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ᠎ᠢ ᠵᠣᠬᠢᠶᠠᠨ ᠪᠠᠶ᠋ᠢᠭᠤᠯᠵᠤ 《ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ》 ᠵᠢᠨ ᠠᠵᠢᠯᠯᠠᠭ᠎ᠠ ᠵᠢ ᠥᠷᠨᠢᠭᠦᠯᠪᠡ᠃ ᠲᠠᠪᠤ᠎ᠳᠤ᠂ ᠬᠠᠤᠯᠢ᠎ᠪᠠᠷ ᠵᠠᠰᠠᠬᠤ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ ᠵᠢ ᠲᠡᠭᠦᠯᠳᠡᠷᠵᠢᠭᠦᠯᠪᠡ᠃ ᠰᠤᠷᠭ᠋ᠠᠨ ᠬᠥᠮᠦᠵᠢᠯ᠎ᠤᠨ ᠲᠢᠩᠬᠢᠮ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠳᠠᠷᠤᠢ᠎ᠳᠤ᠎ᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢ ᠲᠣᠳᠤᠷᠬᠠᠢ᠌ᠯᠠᠪᠠ᠃ 8 ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠨᠢ ᠬᠠᠤᠯᠢ᠎ᠪᠠᠷ ᠵᠠᠰᠠᠬᠤ ᠲᠤᠰᠬᠠᠶ ᠰᠠᠯᠠᠭ᠎ᠠ ᠭᠠᠷᠭ᠋ᠠᠵᠤ᠂ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠴᠥᠮ ᠬᠠᠤᠯᠢ᠎ᠪᠠᠷ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠲᠤᠰᠬᠠᠶ ᠰᠠᠯᠠᠭ᠎ᠠ ᠮᠥᠴᠢᠷ᠎ᠢ ᠵᠢᠭ᠋ᠠᠨ ᠲᠣᠭᠲᠠᠭ᠋ᠠᠵᠤ ᠬᠠᠤᠯᠢ ᠵᠢ ᠲᠦᠭᠡᠮᠡᠯᠵᠢᠭᠦᠯᠬᠦ ᠠᠵᠢᠯ᠎ᠢ ᠬᠠᠷᠢᠭᠤᠴᠠᠭᠤᠯᠵᠤ᠂ ᠲᠦᠩᠯᠢᠶᠣᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ ᠨᠥᠬᠥᠴᠡᠯ᠎ᠲᠠᠢ ᠬᠡᠰᠡᠭ ᠳᠡᠭᠡᠳᠦ ᠰᠤᠷᠭ᠋ᠠᠭᠤᠯᠢ ᠬᠠᠤᠯᠢ᠎ᠪᠠᠷ ᠵᠠᠰᠠᠬᠤ ᠲᠤᠰᠬᠠᠶ ᠪᠠᠶ᠋ᠢᠭᠤᠯᠤᠮᠵᠢ ᠵᠢ ᠰᠦᠪᠡᠭᠴᠢᠯᠡᠨ ᠪᠠᠶ᠋ᠢᠭᠤᠯᠪᠠ᠃
     (ᠬᠣᠶᠠᠷ) ᠨᠡᠶ᠋ᠢᠲᠡ ᠣᠯᠠᠨ ᠵᠶ᠋ᠠᠷ ᠵᠶ᠋ᠠᠨ ᠣᠷᠣᠯᠴᠠᠬᠤ ᠵᠢ ᠴᠢᠩᠭ᠋ᠠᠷᠠᠭᠤᠯᠵᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃ 《ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠦᠷ ᠬᠡᠷᠡᠭᠵᠢᠭᠦᠯᠬᠦ ᠲᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠲᠢᠩᠬᠢᠮ᠎ᠤᠨ 《〈ᠭᠤᠷᠪᠠᠨ ᠴᠢᠬᠤᠯᠠ ᠨᠢᠭᠡ ᠶᠡᠬᠡ〉 ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ ᠲᠦᠷᠢᠮ᠎ᠤᠨ ᠬᠡᠷᠡᠭᠵᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠦᠢ᠍ᠯ᠎ᠤᠨ ᠨᠠᠷᠢᠨ ᠳᠠᠩᠰᠠ ᠵᠢ ᠢᠯᠡ ᠪᠣᠯᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠲᠤᠭᠤᠷᠪᠢᠬᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠬᠤᠪᠢ ᠨᠡᠮᠡᠬᠦ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠡᠷᠭᠡ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ᠎ᠳᠤ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠪᠠ ᠬᠠᠮᠲᠤ᠎ᠪᠠᠷ ᠶᠠᠷᠢᠯᠴᠠᠬᠤ ᠵᠢ ᠵᠠᠪᠠᠯ ᠭᠦᠢ᠍ᠴᠡᠳᠭᠡᠬᠦ ᠲᠠᠰ ᠳᠠᠷᠠᠭ᠋ᠠᠯᠠᠯ ᠪᠣᠯᠭ᠋ᠠᠪᠠ᠃ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠢ ᠤᠷᠢᠵᠤ ᠪᠠᠶ᠋ᠢᠩᠭᠤ ᠵᠢᠨ ᠬᠠᠤᠯᠢ ᠴᠠᠭ᠋ᠠᠵᠠ ᠵᠢᠨ ᠵᠥᠪᠯᠡᠭᠴᠢ ᠪᠣᠯᠭ᠋ᠠᠵᠤ᠂ ᠵᠢᠯ᠎ᠳᠤ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠵᠥᠪᠯᠡᠯᠭᠡ 30 ᠭᠠᠷᠤᠶ ᠬᠤᠪᠢ ᠬᠠᠩᠭ᠋ᠠᠵᠠᠶ᠃
     (ᠭᠤᠷᠪᠠ) ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠵᠢ ᠴᠢᠩᠭ᠋ᠠᠳᠬᠠᠵᠤ᠂ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠴᠢᠩᠭ᠋ᠠᠷᠠᠭᠤᠯᠪᠠ᠃ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠴᠡᠭᠴᠡᠯᠡᠨ ᠥᠭᠡᠷᠡᠴᠢᠯᠡᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠴᠡᠭᠴᠡᠯᠡᠨ ᠥᠭᠡᠷᠡᠴᠢᠯᠡᠬᠦ ᠠᠵᠢᠯ᠎ᠢ ᠨᠢᠭᠡᠳᠦᠯᠲᠡᠢ ᠲᠥᠯᠥᠪᠯᠡᠨ᠂ ᠴᠡᠭᠴᠡᠯᠡᠨ ᠥᠭᠡᠷᠡᠴᠢᠯᠡᠬᠦ ᠠᠵᠢᠯ᠎ᠢ ᠪᠡᠶ᠎ᠡ᠎ᠪᠠᠷ ᠵᠶ᠋ᠠᠨ ᠲᠤᠬᠢᠷᠠᠭᠤᠯᠤᠨ ᠪᠠᠶ᠋ᠢᠷᠢᠯᠠᠭᠤᠯᠵᠤ᠂ ᠬᠠᠤᠯᠢ᠎ᠪᠠᠷ ᠵᠠᠰᠠᠬᠤ ᠵᠢ ᠬᠤᠪᠢᠳᠠᠨ ᠬᠠᠮᠢᠶᠠᠷᠴᠤ ᠪᠠᠶ᠋ᠢᠭ᠎ᠠ ᠲᠢᠩᠬᠢᠮ᠎ᠤᠨ ᠤᠳᠤᠷᠢᠳᠤᠯᠭ᠎ᠠ ᠪᠣᠳᠠᠲᠠᠢ ᠬᠢᠨᠠᠨ ᠪᠠᠢ᠌ᠴᠠᠭ᠋ᠠᠵᠤ ᠰᠢᠮᠳᠠᠭᠤᠯᠤᠨ ᠰᠢᠢ᠍ᠳᠪᠦᠷᠢᠯᠡᠭᠦᠯᠪᠡ᠃ ᠬᠢᠨᠠᠨ ᠪᠠᠶ᠋ᠢᠴᠠᠭ᠋ᠠᠵᠤ ᠬᠠᠷᠢᠭᠤ ᠪᠤᠴᠠᠭ᠋ᠠᠭᠰᠠᠨ 2 ᠵᠦᠢ᠍ᠯ᠎ᠤᠨ ᠠᠰᠠᠭᠤᠳᠠᠯ᠎ᠢ ᠬᠦᠯᠢᠶᠡᠨ ᠠᠪᠴᠤ᠂ 7 ᠵᠦᠢ᠍ᠯ᠎ᠤᠨ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ 16 ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠢ ᠵᠠᠳᠠᠯᠵᠤ᠂ ᠠᠷᠪᠠᠨ ᠡᠳᠦᠷ᠎ᠲᠤ ᠴᠡᠭᠴᠡᠯᠡᠨ ᠥᠭᠡᠷᠡᠴᠢᠯᠡᠭᠰᠡᠨ ᠠᠬᠢᠴᠠ ᠵᠢᠨ ᠪᠠᠶ᠋ᠢᠳᠠᠯ᠎ᠢ ᠮᠡᠳᠡᠭᠦᠯᠪᠡ᠃ ᠣᠳᠣ ᠪᠣᠯᠲᠠᠯ᠎ᠠ᠂ ᠨᠢᠭᠡ ᠬᠢᠨᠠᠨ ᠪᠠᠶ᠋ᠢᠴᠠᠭ᠋ᠠᠵᠤ ᠬᠠᠷᠢᠭᠤ ᠪᠤᠴᠠᠭ᠋ᠠᠭᠰᠠᠨ ᠠᠰᠠᠭᠤᠳᠠᠯ᠎ᠨᠢ ᠨᠢᠭᠡᠨᠲᠡ ᠴᠡᠭᠴᠡᠯᠡᠨ ᠥᠭᠡᠷᠡᠴᠢᠯᠡᠬᠦ ᠡᠭᠦᠷᠭᠡ᠎ᠪᠠᠨ ᠪᠡᠶᠡᠯᠡᠭᠦᠯᠵᠦ᠂ ᠨᠥᠭᠥᠭᠡ ᠨᠢᠭᠡ ᠴᠡᠭᠴᠡᠯᠡᠨ ᠥᠭᠡᠷᠡᠴᠢᠯᠡᠬᠦ ᠡᠭᠦᠷᠭᠡ᠎ᠳᠤ 《ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠢ ᠣᠯᠠᠨ ᠵᠦᠢ᠍ᠯ᠎ᠤᠨ ᠬᠡᠯᠪᠡᠷᠢ᠎ᠪᠠᠷ ᠥᠷᠨᠢᠭᠦᠯᠵᠦ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠦᠨᠳᠦᠰᠦᠨ ᠬᠠᠤᠯᠢ ᠵᠢᠨ ᠰᠤᠷᠤᠯᠴᠠᠯᠭ᠎ᠠ ᠵᠢ ᠴᠢᠩᠭ᠋ᠠᠳᠬᠠᠬᠤ》 ᠠᠷᠭ᠎ᠠ ᠬᠡᠮᠵᠢᠶ᠎ᠡ᠎ᠨᠢ ᠦᠷᠭᠦᠯᠵᠢᠯᠡᠨ ᠠᠬᠢᠭᠤᠯᠬᠤ᠎ᠳᠤ ᠬᠠᠷᠢᠶᠠᠯᠠᠭᠳᠠᠵᠤ᠂ ᠦᠯᠡᠳᠡᠭᠰᠡᠨ᠎ᠨᠢ ᠴᠥᠮ ᠦᠷ᠎ᠡ ᠪᠥᠲᠦᠮᠵᠢ ᠵᠢᠨ ᠬᠡᠯᠪᠡᠷᠢ ᠪᠣᠯᠵᠣ᠂ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃


      ᠬᠣᠶᠠᠷ᠂ ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢ ᠬᠠᠤᠯᠢ ᠶᠣᠰᠤ᠎ᠪᠠᠷ

              ᠭᠦᠢ᠍ᠴᠡᠳᠬᠡᠭᠰᠡᠨ ᠪᠠᠶ᠋ᠢᠳᠠᠯ


     (ᠨᠢᠭᠡ) ᠰᠤᠷᠭ᠋ᠠᠨ ᠬᠥᠮᠦᠵᠢᠯ᠎ᠤᠨ ᠬᠦᠷᠢᠶᠡᠨ᠎ᠤ ᠬᠠᠤᠯᠢ ᠲᠣᠭᠲᠠᠭ᠋ᠠᠬᠤ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠦᠷᠢᠮ》᠎ᠢ ᠲᠣᠭᠲᠠᠭ᠋ᠠᠬᠤ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠬᠤ ᠵᠢ 2021 ᠣᠨ᠎ᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠬᠠᠤᠯᠢ ᠲᠣᠭᠲᠠᠭ᠋ᠠᠬᠤ ᠡᠭᠦᠷᠭᠡ ᠪᠣᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠪᠠ ᠲᠣᠬᠢᠷᠠᠭᠤᠯᠤᠯᠲᠠ ᠶᠣᠰᠤ᠎ᠪᠠᠷ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠣᠶᠠᠷ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠲᠤᠭᠤᠷᠪᠢᠬᠤ ᠪᠠ ᠵᠠᠰᠠᠪᠤᠷᠢ ᠣᠷᠣᠭᠤᠯᠬᠤ ᠡᠭᠦᠷᠭᠡ ᠵᠢ ᠢᠳᠡᠪᠬᠢᠲᠡᠶ ᠡᠭᠦᠷᠭᠡᠯᠡᠪᠡ᠃ ᠡᠨᠡ ᠬᠦ᠌ ᠠᠵᠢᠯ᠎ᠢ ᠦᠨᠡᠨ ᠬᠦ᠌ ᠰᠠᠶ᠋ᠢᠲᠤᠷ ᠬᠢᠬᠦ ᠵᠢᠨ ᠲᠥᠯᠥᠭᠡ᠂ ᠰᠤᠷᠭ᠋ᠠᠨ ᠬᠥᠮᠦᠵᠢᠯ᠎ᠤᠨ ᠲᠢᠩᠬᠢᠮ᠎ᠤᠨ᠎ᠬᠢᠨ ᠬᠠᠤᠯᠢ ᠲᠣᠭᠲᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠬᠤ᠂ ᠲᠤᠭᠤᠷᠪᠢᠨ ᠪᠢᠴᠢᠬᠦ ᠠᠵᠢᠯ᠎ᠤᠨ ᠲᠥᠰᠦᠯ᠎ᠢ ᠲᠣᠭᠲᠠᠭ᠋ᠠᠬᠤ᠂ 《ᠲᠤᠬᠠᠶ᠋ᠢᠯᠠᠭᠰᠠᠨ ᠠᠵᠢᠯ᠎ᠤᠨ ᠭᠠᠵᠠᠷ ᠲᠠᠰᠤᠭ + ᠬᠠᠤᠯᠢ ᠵᠢᠨ ᠤᠬᠠᠭ᠋ᠠᠨ᠎ᠤ ᠲᠤᠰᠬᠠᠶ ᠮᠡᠷᠭᠡᠵᠢᠯᠲᠡᠨ》᠎ᠤ ᠲᠤᠭᠤᠷᠪᠢᠨ ᠪᠢᠴᠢᠬᠦ ᠵᠠᠭᠪᠤᠷ᠎ᠤᠨ ᠰᠢᠨ᠎ᠡ ᠵᠢ ᠡᠭᠦᠳᠬᠦ᠂ ᠪᠠᠶ᠋ᠢᠴᠠᠭ᠋ᠠᠨ ᠰᠤᠳᠤᠯᠤᠯᠲᠠ ᠪᠠ ᠲᠤᠰᠬᠠᠶ ᠮᠡᠷᠭᠡᠵᠢᠯᠲᠡᠨ᠎ᠤ ᠶᠠᠷᠢᠯᠴᠠᠵᠤ ᠨᠤᠲᠠᠯᠠᠬᠤ ᠵᠢ ᠴᠢᠩᠭ᠋ᠠᠳᠬᠠᠬᠤ᠂ ᠥᠷᠭᠡᠨ ᠵᠶ᠋ᠠᠷ ᠰᠠᠨᠠᠯ ᠬᠤᠷᠢᠶᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠠᠪᠴᠤ᠂ ᠲᠤᠭᠤᠷᠪᠢᠨ ᠪᠢᠴᠢᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠎ᠳᠤ ᠰᠠᠭᠤᠷᠢ ᠲᠠᠯᠪᠢᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠢ 2021 ᠣᠨ᠎ᠤ 9 ᠰᠠᠷ᠎ᠠ ᠵᠢᠨ 29᠎ᠤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠳᠤᠭ᠋ᠠᠷ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ 2022 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ᠃
     (ᠬᠣᠶᠠᠷ) ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠴᠢᠩᠭ᠎ᠠ ᠳᠦᠷᠢᠮᠵᠢᠭᠦᠯᠪᠡ᠃ ᠨᠢᠭᠡ᠎ᠳᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠲᠤᠰᠬᠠᠶ ᠴᠡᠭᠴᠡᠯᠡᠨ ᠵᠠᠰᠠᠬᠤ ᠵᠢ ᠪᠥᠬᠥ ᠲᠠᠯ᠎ᠠ᠎ᠪᠠᠷ ᠥᠷᠨᠢᠭᠦᠯᠪᠡ᠃ ᠲᠥᠪ᠎ᠤᠨ 《ᠬᠣᠶᠠᠷ᠎ᠢ ᠬᠥᠩᠭᠡᠷᠡᠭᠦᠯᠬᠦ》 ᠠᠵᠢᠯ᠎ᠤᠨ ᠪᠠᠶ᠋ᠢᠷᠢᠯᠠᠭᠤᠯᠤᠯᠲᠠ ᠶᠣᠰᠤ᠎ᠪᠠᠷ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠰᠤᠷᠭ᠋ᠠᠭᠤᠯᠢ ᠡᠷᠭᠢᠯᠡᠬᠦ ᠦᠢ᠍ᠯᠡ ᠠᠵᠢᠯᠯᠠᠭ᠎ᠠ ᠵᠢ ᠳᠦᠷᠢᠮᠵᠢᠭᠦᠯᠬᠦ ᠵᠢ ᠨᠠᠷᠢᠨ ᠳᠠᠩᠰᠠᠨ᠎ᠳᠤ ᠣᠷᠣᠭᠤᠯᠵᠤ᠂ 22 ᠰᠠᠯᠠᠭ᠎ᠠ ᠮᠥᠴᠢᠷ ᠣᠷᠣᠯᠴᠠᠭᠰᠠᠨ 《ᠬᠣᠶᠠᠷ᠎ᠢ ᠬᠥᠩᠭᠡᠷᠡᠭᠦᠯᠬᠦ》 ᠠᠵᠢᠯ᠎ᠤᠨ ᠬᠠᠮᠲᠤᠷᠠᠭᠰᠠᠨ ᠬᠤᠷᠠᠯ᠎ᠤᠨ ᠲᠣᠭᠲᠠᠴᠠ ᠵᠢ ᠲᠦᠷᠦᠭᠦᠯᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ᠎ᠢ ᠬᠥᠩᠭᠡᠷᠡᠭᠦᠯᠬᠦ》 ᠵᠢᠨ ᠬᠡᠷᠡᠭᠵᠢᠭᠦᠯᠬᠦ ᠲᠥᠰᠦᠯ ᠵᠡᠷᠭᠡ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ᠎ᠢ 40 ᠭᠠᠷᠤᠶ ᠬᠤᠪᠢ ᠲᠣᠭᠲᠠᠭ᠋ᠠᠨ ᠨᠡᠶ᠋ᠢᠲᠡᠯᠡᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠨᠡᠶ᠋ᠢᠲᠡ 2626 ᠬᠠᠰᠤᠵᠤ᠂ ᠪᠠᠭ᠋ᠠᠰᠬᠠᠭᠰᠠᠨ ᠬᠠᠷᠢᠴᠠᠯ 99 . 21 % ᠪᠣᠯᠪᠠ; ᠡᠯ᠎ᠡ ᠭᠠᠵᠠᠷ᠎ᠤᠨ᠎ᠬᠢᠨ 2 ᠲᠥᠮᠡ ᠭᠠᠷᠤᠢ ᠬᠥᠮᠦᠨ ᠵᠶ᠋ᠡᠷ ᠪᠦᠷᠢᠯᠳᠦᠭᠰᠡᠨ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠡᠩᠨᠡᠭᠡ ᠵᠢ ᠪᠠᠶ᠋ᠢᠭᠤᠯᠵᠤ᠂ ᠬᠠᠤᠯᠢ ᠬᠡᠷᠡᠭᠵᠢᠭᠦᠯᠦᠯᠲᠡ ᠵᠢ ᠬᠠᠮᠲᠤᠷᠠᠭᠰᠠᠨ ᠪᠠᠶ᠋ᠢᠴᠠᠭ᠋ᠠᠯᠲᠠ ᠵᠢ 1370 ᠭᠠᠷᠤᠶ ᠤᠳᠠᠭ᠎ᠠ ᠥᠷᠨᠢᠭᠦᠯᠵᠦ᠂ ᠦᠨᠡᠮᠯᠡᠯ᠎ᠨᠢ ᠪᠦᠷᠢᠨ ᠪᠤᠰᠤ ᠬᠢᠴᠢᠶᠡᠯ ᠲᠥᠷᠥᠯ᠎ᠤᠨ ᠪᠠᠶ᠋ᠢᠭᠤᠯᠤᠮᠵᠢ ᠵᠢ 604᠂ ᠡᠵᠡᠩᠨᠡᠯᠲᠡ ᠵᠢᠨ ᠦᠨᠡᠮᠯᠡᠯ ᠥᠬᠡᠶ ᠡᠵᠡᠩᠨᠡᠬᠦ ᠵᠢ ᠵᠦᠪᠰᠢᠶᠡᠷᠡᠭᠰᠡᠨ ᠦᠨᠡᠮᠯᠡᠯ ᠦᠭᠡᠢ ᠬᠢᠴᠢᠶᠡᠯ ᠲᠥᠷᠥᠯ᠎ᠤᠨ ᠪᠠᠶ᠋ᠢᠭᠤᠯᠤᠮᠵᠢ ᠵᠢ 535 ᠵᠢ ᠬᠦᠴᠦᠨ ᠥᠬᠡᠶ ᠪᠣᠯᠭ᠋ᠠᠵᠤ᠂ 19 《ᠪᠣᠤ ᠯᠧᠢ》 ᠪᠠᠢ᠌ᠭᠤᠯᠤᠮᠵᠢ᠂ 24 《ᠮᠣᠤ ᠶᠠᠨ》 ᠪᠠᠶ᠋ᠢᠭᠤᠯᠤᠮᠵᠢ ᠵᠢ ᠬᠢᠨᠠᠨ ᠪᠠᠶ᠋ᠢᠴᠠᠭ᠋ᠠᠵᠤ ᠰᠢᠢ᠍ᠳᠪᠦᠷᠢᠯᠡᠵᠦ᠂ ᠬᠡᠯᠪᠡᠷᠢ᠎ᠪᠠᠨ ᠥᠭᠡᠷᠡᠲᠦᠭᠦᠯᠦᠨ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠦᠢ᠍ᠯᠡ ᠠᠵᠢᠯᠯᠠᠭ᠎ᠠ 255 ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ 233᠂ ᠪᠠᠭᠰᠢ 112᠎ᠢ ᠲᠣᠷᠭ᠋ᠠᠵᠤ ᠰᠢᠢ᠍ᠳᠭᠡᠪᠡ᠃ ᠬᠣᠶᠠᠷ᠎ᠲᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠤᠰᠬᠠᠶ ᠴᠡᠭᠴᠡᠯᠡᠯᠲᠡ ᠵᠢ ᠪᠥᠬᠥ ᠲᠠᠯ᠎ᠠ᠎ᠪᠠᠷ ᠥᠷᠨᠢᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠠᠮᠤᠷ ᠲᠦᠪᠰᠢᠨ᠎ᠤ ᠬᠥᠮᠦᠵᠢᠯ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ᠂ 《ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠢ ᠬᠠᠮᠠᠭ᠋ᠠᠯᠠᠬᠤ》᠂ 《ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠠᠵᠢᠯᠯᠠᠭ᠎ᠠ》᠂ 《1 ᠳ᠋ᠦ᠍ᠭᠡᠷ ᠪᠠᠶ᠋ᠢᠴᠠᠭ᠋ᠠᠬᠤ ᠰᠠᠨᠠᠭᠤᠯᠭ᠎ᠠ》 ᠵᠢ ᠨᠠᠶ᠋ᠢᠳᠠᠪᠤᠷᠢᠵᠢᠭᠤᠯᠬᠤ᠂ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠢ ᠰᠡᠷᠭᠡᠶ᠋ᠢᠯᠡᠨ ᠵᠠᠰᠠᠬᠤ᠂ 《ᠱᠠᠯᠢᠭ ᠵᠠᠪᠬᠠᠶ ᠵᠦᠢ᠍ᠯ᠎ᠢ ᠠᠷᠢᠯᠭ᠋ᠠᠵᠤ ᠬᠠᠤᠯᠢ ᠪᠤᠰᠤ ᠬᠡᠪᠯᠡᠭᠳᠡᠬᠦᠨ᠎ᠳᠤ ᠴᠣᠬᠢᠯᠲᠠ ᠥᠭᠬᠦ》᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠰᠢᠨ᠎ᠡ ᠬᠡᠯᠪᠡᠷᠢᠲᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠶ᠋ᠢᠯᠡᠬᠦ ᠵᠡᠷᠭᠡ ᠠᠵᠢᠯᠯᠠᠭ᠎ᠠ᠎ᠪᠠᠷ ᠭᠤᠤᠯᠳᠠᠯᠭ᠎ᠠ ᠪᠣᠯᠭ᠋ᠠᠵᠤ᠂ ᠲᠣᠪᠣᠶ᠋ᠢᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠵᠢ ᠦᠷᠭᠦᠯᠵᠢᠯᠡᠨ ᠠᠬᠢᠭᠤᠯᠪᠠ᠃ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠣᠭᠣᠷᠢᠨ᠎ᠤ ᠡᠵᠡᠩᠨᠡᠯᠲᠡ ᠵᠢᠨ ᠪᠠᠢ᠌ᠷᠢ ᠲᠠᠯᠠᠪᠤᠷ᠎ᠲᠤ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ ᠪᠠ ᠲᠤᠰᠬᠠᠢ ᠬᠢᠨᠠᠨ ᠪᠠᠶ᠋ᠢᠴᠠᠭ᠋ᠠᠬᠤ ᠠᠵᠢᠯ᠎ᠢ 300 ᠭᠠᠷᠤᠢ ᠤᠳᠠᠭ᠎ᠠ ᠥᠷᠨᠢᠭᠦᠯᠵᠦ᠂ 4800 ᠭᠠᠷᠤᠢ ᠡᠯ᠎ᠡ ᠲᠦᠷᠦᠯ᠎ᠤᠨ ᠠᠮᠤᠷ ᠲᠦᠪᠰᠢᠨ᠎ᠤ ᠬᠡᠮ ᠰᠣᠭᠣᠭ᠎ᠢ ᠴᠡᠭᠴᠡᠯᠡᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠠᠮᠤᠷ ᠲᠠᠢ᠌ᠪᠤᠩ ᠰᠤᠷᠭ᠋ᠠᠭᠤᠯᠢ ᠵᠢᠨ ᠬᠦᠷᠢᠶ᠎ᠡ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠲᠠᠪᠤ ᠤᠳᠠᠭ᠎ᠠ ᠪᠡᠶᠡᠯᠡᠭᠦᠯᠪᠡ᠃ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢᠨ 《ᠳᠥᠷᠪᠡᠨ 100 %》 ᠵᠢ ᠪᠠᠷᠢᠮᠵᠢᠶ᠎ᠠ᠎ᠳᠤ ᠬᠦᠷᠭᠡᠬᠦ ᠡᠭᠦᠷᠭᠡ ᠵᠢ ᠴᠠᠭ᠎ᠲᠤ᠎ᠪᠠᠨ ᠪᠡᠶᠡᠯᠡᠭᠦᠯᠪᠡ᠃ ᠬᠠᠤᠯᠢ ᠵᠢ ᠬᠡᠷᠡᠭᠵᠢᠭᠦᠯᠬᠦ ᠶᠠᠪᠤᠴᠠ᠎ᠳᠤ᠂ 《ᠭᠤᠷᠪᠠᠨ ᠵᠦᠢ᠍ᠯ᠎ᠤᠨ ᠲᠦᠷᠢᠮ》᠎ᠢ ᠴᠢᠩᠭ᠎ᠠ ᠨᠠᠢ᠌ᠳᠠᠪᠤᠷᠢᠵᠢᠭᠤᠯᠪᠠ᠂ ᠲᠤᠬᠠᠶ᠋ᠢᠯᠠᠪᠠᠯ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠬᠠᠤᠯᠢ ᠵᠢ ᠬᠡᠷᠡᠭᠵᠢᠭᠦᠯᠬᠦ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠦᠷᠢᠮ᠂ ᠪᠥᠬᠥ ᠶᠠᠪᠤᠴᠠ ᠵᠢ ᠲᠡᠮᠳᠡᠭᠯᠡᠬᠦ ᠲᠦᠷᠢᠮ᠂ ᠴᠢᠬᠤᠯᠠ ᠶᠡᠬᠡ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠬᠠᠤᠯᠢ ᠵᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠲᠦᠷᠢᠮ᠎ᠢ ᠬᠢᠨᠠᠨ ᠪᠠᠢ᠌ᠴᠠᠭ᠋ᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠪᠠ ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠶᠠᠪᠤᠴᠠ᠎ᠳᠠᠬᠢ ᠲᠠᠭᠤ ᠰᠢᠩᠭᠡᠭᠡᠯᠲᠡ ᠳᠦᠷᠰᠦ ᠰᠢᠩᠭᠡᠭᠡᠯᠲᠡ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠭᠡᠷᠡᠴᠢ ᠪᠠᠷᠢᠮᠲᠠ ᠵᠢ ᠲᠣᠭᠲᠠᠮᠠᠯ ᠬᠠᠳᠠᠭ᠋ᠠᠯᠠᠵᠤ᠂ ᠬᠠᠤᠯᠢ ᠬᠡᠷᠡᠭᠵᠢᠭᠦᠯᠬᠦ ᠪᠥᠬᠥ ᠶᠠᠪᠤᠴᠠ᠎ᠳᠤ ᠣᠷᠣᠮ ᠦᠯᠡᠳᠡᠭᠡᠬᠦ ᠵᠢ ᠪᠡᠶᠡᠯᠡᠭᠦᠯᠵᠦ᠂ ᠬᠠᠤᠯᠢ ᠴᠠᠭ᠋ᠠᠵᠠ ᠵᠢᠨ ᠵᠥᠪᠯᠡᠭᠴᠢ᠎ᠠᠴᠠ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠪᠥᠬᠥ ᠶᠠᠪᠤᠴᠠ᠎ᠳᠤ ᠣᠷᠣᠯᠴᠠᠪᠠ᠃
     (ᠭᠤᠷᠪᠠ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠶᠡᠬᠡ᠎ᠪᠠᠷ ᠠᠬᠢᠭᠤᠯᠪᠠ᠃ ᠨᠢᠭᠡ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ 《ᠨᠡᠮᠡᠬᠦ ᠦᠢ᠍ᠯᠡᠳᠦᠯ》 ᠭᠠᠷᠭ᠋ᠠᠪᠠ᠃ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 24   ᠵᠦᠢ᠍ᠯ᠎ᠢ ᠪᠦᠬᠦᠨ᠎ᠢ ᠳᠠᠭ᠋ᠠᠭ᠋ᠠᠨ ᠠᠪᠴᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠬᠠᠶ᠋ᠢᠯᠠᠭᠰᠠᠨ ᠠᠵᠢᠯ᠎ᠢ 31 ᠵᠦᠢ᠍ᠯ᠎ᠤᠨ ᠪᠣᠯᠭ᠋ᠠᠨ ᠨᠠᠷᠢᠯᠢᠬ᠍ᠵᠢᠭᠤᠯᠵᠤ᠂ ᠡᠷᠬᠡ ᠬᠠᠷᠢᠭᠤᠴᠠᠯᠭ᠎ᠠ ᠵᠢᠨ ᠨᠠᠷᠢᠨ ᠳᠠᠩᠰᠠ ᠶᠣᠰᠤ᠎ᠪᠠᠷ ᠵᠠᠰᠠᠭ ᠵᠠᠬᠢᠷᠭ᠋ᠠᠨ᠎ᠤ ᠡᠷᠬᠡ ᠵᠢ ᠭᠤᠶᠤᠴᠢᠯᠠᠬᠤ ᠵᠢ ᠪᠦᠬᠦᠨ᠎ᠢ ᠬᠠᠮᠤᠷᠬᠤ ᠵᠢ ᠪᠡᠶᠡᠯᠡᠭᠦᠯᠪᠡ᠃ ᠬᠣᠶᠠᠷ᠎ᠲᠤ᠂ ᠵᠠᠰᠠᠭ ᠵᠠᠬᠢᠷᠭ᠋ᠠᠨ᠎ᠤ ᠡᠷᠬᠡ ᠵᠢᠨ ᠲᠠᠯ᠎ᠠ᠎ᠪᠠᠷ 《ᠬᠠᠰᠤᠬᠤ ᠠᠷᠭ᠎ᠠ》 ᠵᠢ ᠬᠡᠷᠡᠭᠵᠢᠭᠦᠯᠪᠡ᠃ ᠨᠠᠷᠢᠯᠢᠭᠵᠢᠭᠤᠯᠤᠨ ᠡᠮᠬᠢᠯᠡᠬᠦ ᠵᠢ ᠥᠷᠨᠢᠭᠦᠯᠵᠦ᠂ ᠭᠡᠷᠡᠴᠢᠯᠡᠬᠦ ᠮᠠᠲ᠋ᠧᠷᠢᠶᠠᠯ᠎ᠢ ᠤᠯᠠᠮ ᠨᠢᠭᠡ ᠠᠯᠬᠤᠮ ᠪᠠᠭ᠋ᠠᠰᠬᠠᠵᠤ᠂ ᠠᠵᠢᠯ ᠶᠠᠪᠤᠳᠠᠯ ᠭᠦᠢ᠍ᠴᠡᠳᠭᠡᠬᠦ ᠴᠤᠪᠤᠷᠠᠯ᠎ᠢ ᠰᠢᠯᠢᠳᠡᠭᠵᠢᠭᠦᠯᠵᠦ᠂ 9 ᠵᠦᠢ᠍ᠯ᠎ᠤᠨ ᠭᠤᠶᠤᠴᠢᠯᠠᠬᠤ ᠮᠠᠲ᠋ᠧᠷᠢᠶᠠᠯ᠎ᠤᠨ ᠳᠣᠲᠣᠷᠠᠬᠢ ᠡᠯᠧᠺᠲᠷᠣᠨ ᠦᠨᠡᠮᠯᠡᠯ᠎ᠳᠤ ᠬᠣᠯᠪᠣᠭᠳᠠᠬᠤ ᠵᠦᠢ᠍ᠯ᠎ᠢ ᠪᠦᠬᠦᠨ᠎ᠢ ᠬᠣᠯᠪᠣᠭᠳᠠᠭᠤᠯᠵᠤ᠂ ᠣᠯᠠᠨ ᠲᠦᠮᠡᠨ᠎ᠠᠴᠠ ᠬᠣᠯᠪᠤᠭᠳᠠᠬᠤ ᠭᠤᠶᠤᠴᠢᠯᠠᠬᠤ ᠮᠠᠲ᠋ᠧᠷᠢᠶᠠᠯ ᠳᠠᠭᠢᠵᠤ ᠠᠪᠬᠤ ᠥᠬᠡᠶ᠃ ᠭᠤᠷᠪᠠ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ᠎ᠢ ᠶᠡᠬᠡ ᠲᠢᠩᠬᠢᠮ᠎ᠳᠤ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠭᠦᠢ᠍ᠴᠡᠳᠭᠡᠬᠦ ᠵᠢ ᠠᠬᠢᠭᠤᠯᠪᠠ᠃ 《ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠤ ᠰᠢᠯᠭ᠋ᠠᠯᠲᠠ ᠵᠢᠨ ᠳᠡᠰ᠎ᠤᠨ ᠦᠨᠡᠮᠯᠡᠯ》 ᠵᠡᠷᠭᠡ ᠭᠦᠢ᠍ᠴᠡᠳᠬᠡᠬᠦ   ᠵᠦᠢ᠍ᠯ᠎ᠢ   ᠢᠷᠡᠮᠡᠭᠴᠡ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ ᠵᠢ ᠪᠡᠶᠡᠯᠡᠭᠦᠯᠪᠡ᠃ 《ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠭᠤᠷᠪᠠᠨ ᠰᠢᠯᠢᠳᠡᠭ᠎ᠢ ᠰᠢᠯᠭ᠋ᠠᠷᠠᠭᠤᠯᠬᠤ》 ᠡᠯᠧᠺᠲᠷᠣᠨ ᠦᠨᠡᠮᠯᠡᠯ᠎ᠢ ᠠᠩᠬ᠎ᠠ ᠤᠳᠠᠭ᠎ᠠ ᠨᠡᠭᠡᠭᠡᠨ ᠬᠥᠭᠵᠢᠭᠦᠯᠵᠦ᠂ 100 %᠎ᠪᠠᠷ ᠭᠦᠢ᠍ᠴᠡᠳᠭᠡᠬᠦ ᠵᠢ ᠪᠡᠶᠡᠯᠡᠭᠦᠯᠪᠡ᠃ ᠳᠥᠷᠪᠡ᠎ᠳᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯ᠎ᠢ ᠰᠦᠯᠵᠢᠶᠡᠨ᠎ᠳᠤ ᠭᠦᠢ᠍ᠴᠡᠳᠭᠡᠬᠦ᠂ ᠭᠠᠷ ᠤᠲᠠᠰᠤᠨ᠎ᠳᠤ ᠭᠦᠢ᠍ᠴᠡᠳᠭᠡᠬᠦ ᠵᠢ ᠠᠬᠢᠭᠤᠯᠪᠠ᠃ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠬᠢᠷᠢ ᠪᠦᠲᠦᠮᠵᠢ ᠵᠢ   ᠯᠠᠪᠯᠠᠬᠤ᠂ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠭᠰᠡᠨ ᠳ᠋ᠦᠩ᠎ᠢ ᠯᠠᠪᠯᠠᠬᠤ ᠵᠡᠷᠭᠡ 10 ᠭᠠᠷᠤᠶ   ᠵᠦᠢ᠍ᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯ᠎ᠢ 《ᠮᠥᠩᠬᠡ ᠰᠤᠪᠠᠭ》᠎ᠲᠤ ᠵᠠᠯᠭ᠋ᠠᠵᠤ᠂ 300 ᠭᠠᠷᠤᠶ ᠲᠦᠮᠡᠨ ᠤᠳᠠᠭ᠎ᠠ ᠯᠠᠪᠯᠠᠬᠤ ᠦᠢ᠍ᠯᠡᠴᠢᠯᠡᠭᠡ ᠬᠠᠩᠭ᠋ᠠᠪᠠ᠃ ᠰᠤᠷᠭ᠋ᠠᠭᠤᠯᠢ ᠵᠢᠨ ᠬᠠᠷᠢᠶᠠᠯᠠᠯ᠎ᠤᠨ ᠲᠠᠩᠰᠠ ᠡᠪᠬᠡᠮᠡᠯ᠎ᠢ ᠯᠠᠪᠯᠠᠬᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠲᠣᠭᠣᠷᠢᠭ᠎ᠢ ᠯᠠᠪᠯᠠᠬᠤ᠂ ᠲᠡᠭᠦᠰᠬᠦ ᠠᠵᠢᠯ ᠣᠯᠭᠣᠬᠤ ᠭᠠᠷᠳᠠᠮ᠎ᠢ ᠭᠦᠢ᠍ᠴᠡᠳᠭᠡᠬᠦ ᠵᠡᠷᠭᠡ ᠣᠯᠠᠨ ᠲᠦᠮᠡᠨ᠎ᠤ ᠪᠠᠴᠢᠮ ᠬᠡᠷᠡᠭᠰᠡᠬᠦ ᠨᠠᠩ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯ᠎ᠢ ᠵᠠᠯᠭ᠋ᠠᠬᠤ ᠠᠵᠢᠯ᠎ᠢ ᠡᠬᠢᠯᠡᠨ ᠰᠣᠳᠤᠯᠵᠤ ᠪᠣᠢ᠃
    (ᠲᠦᠷᠪᠡ) ᠬᠠᠤᠯᠢ᠎ᠳᠤ ᠬᠣᠯᠪᠣᠭᠳᠠᠭᠰᠠᠨ ᠬᠡᠷᠡᠭ ᠶᠠᠪᠤᠳᠠᠯ᠎ᠢ ᠨᠠᠷᠢᠨ ᠬᠢᠨᠠᠮᠠᠭ᠋ᠠᠢ ᠰᠢᠢ᠍ᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢᠨ ᠲᠥᠰᠦᠯ᠎ᠢ ᠨᠠᠶ᠋ᠢᠳᠠᠪᠤᠷᠢᠵᠢᠭᠤᠯᠵᠤ᠂ ᠳᠠᠬᠢᠨ ᠵᠥᠪᠯᠡᠭᠦᠯᠬᠦ ᠪᠠᠶ᠋ᠢᠭᠤᠯᠭ᠎ᠠ ᠵᠢᠨ ᠰᠠᠭᠤᠭ᠎ᠠ ᠭᠠᠵᠠᠷ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠬᠡᠷᠡᠭ᠎ᠢ 1 ᠤᠳᠠᠭ᠎ᠠ ᠰᠢᠯᠵᠢᠭᠦᠯᠦᠨ ᠬᠦᠷᠭᠡᠵᠦ᠂ ᠳᠠᠬᠢᠨ ᠵᠥᠪᠯᠡᠭᠦᠯᠬᠦ ᠪᠠᠶ᠋ᠢᠭᠤᠯᠭ᠎ᠠ ᠵᠢᠨ ᠬᠤᠪᠢ᠎ᠪᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ 1 ᠤᠳᠠᠭ᠎ᠠ ᠬᠠᠷᠢᠭᠤᠯᠲᠠ ᠥᠭᠪᠡ᠃ ᠵᠠᠰᠠᠭ ᠵᠠᠬᠢᠷᠭ᠋ᠠᠨ᠎ᠤ ᠵᠠᠷᠭᠤ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠭᠦᠬᠦ ᠬᠣᠷᠢᠶᠠᠨ᠎ᠤ ᠰᠢᠰᠲ᠋ᠧᠮ᠎ᠳᠤ ᠬᠡᠷᠡᠭ᠎ᠲᠤ ᠬᠣᠯᠪᠣᠭᠳᠠᠭᠰᠠᠨ ᠪᠣᠳᠠᠲᠠᠶ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠋ᠠᠨ᠎ᠤ ᠦᠨᠳᠦᠰᠦᠯᠡᠯ᠂ ᠭᠡᠷᠡᠴᠢ ᠪᠠᠷᠢᠮᠲᠠ ᠵᠡᠷᠭᠡ ᠵᠢ ᠤᠷᠢᠳ ᠬᠣᠵᠢᠳ 3 ᠤᠳᠠᠭ᠎ᠠ ᠢᠳᠡᠪᠬᠢᠲᠡᠶ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠮᠡᠳᠡᠭᠦᠯᠪᠡ᠃ ᠵᠠᠬᠢᠳᠠᠯ ᠰᠤᠷᠪᠤᠯᠵᠢᠯᠠᠭ᠎ᠠ᠂ ᠭᠣᠮᠣᠳᠠᠯ ᠲᠣᠭ᠋ᠠᠴᠢᠬᠤ᠂ ᠳᠠᠬᠢᠨ ᠵᠥᠪᠯᠡᠬᠦ ᠵᠡᠷᠭᠡ ᠣᠯᠠᠨ ᠵᠦᠢ᠍ᠯ᠎ᠤᠨ ᠬᠢᠨᠠᠯᠲᠠ ᠲᠠᠯᠪᠢᠬᠤ ᠲᠣᠭᠲᠠᠴᠠ ᠵᠢ ᠰᠢᠯᠤᠭᠤᠳᠬᠠᠵᠤ᠂ 《ᠢᠯᠡ ᠲᠣᠳᠣ᠂ ᠬᠠᠷᠢᠭᠤᠴᠠᠯᠭ᠎ᠠ᠎ᠲᠠᠢ᠂ ᠬᠠᠤᠯᠢ᠎ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ》 ᠵᠢ ᠨᠠᠷᠢᠨ ᠬᠢᠨᠠᠮᠠᠭ᠋ᠠᠶ ᠠᠬᠢᠭᠤᠯᠵᠤ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠬᠦ ᠨᠠᠷᠢᠨ ᠲᠦᠷᠢᠮ᠎ᠢ ᠨᠡᠶ᠋ᠢᠲᠡᠯᠡᠵᠦ᠂ 《ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠬᠦᠷᠢᠶᠡᠨ᠎ᠤ ᠬᠠᠤᠯᠢ᠎ᠪᠠᠷ ᠲᠣᠭᠲᠠᠭ᠋ᠠᠭᠰᠠᠨ ᠠᠷᠭ᠎ᠠ ᠵᠠᠮ ᠵᠶ᠋ᠠᠷ ᠳᠠᠮᠵᠢᠭᠤᠯᠤᠨ ᠵᠠᠬᠢᠳᠠᠯ ᠰᠤᠷᠪᠤᠯᠵᠢᠯᠠᠭ᠎ᠠ ᠵᠢᠨ ᠭᠣᠮᠣᠳᠠᠯ ᠲᠣᠭ᠋ᠠᠴᠢᠬᠤ ᠭᠤᠶᠤᠴᠢᠯᠠᠯ᠎ᠢ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠳᠠᠩᠰᠠ》 ᠵᠢ ᠲᠣᠭᠲᠠᠭ᠋ᠠᠵᠤ᠂ 《ᠰᠣᠷᠣᠭᠴᠢ (ᠪᠠᠭᠰᠢ) ᠵᠢᠨ ᠭᠣᠮᠣᠳᠠᠯ ᠲᠤᠭ᠋ᠠᠴᠠᠯᠲᠠ ᠵᠢ ᠰᠢᠢ᠍ᠳᠪᠦᠷᠢᠯᠡᠬᠦ》 ᠵᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯ ᠵᠶ᠋ᠠᠷ ᠵᠦᠪᠰᠢᠶᠡᠷᠡᠨ ᠠᠪᠴᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠪᠠᠷ ᠭᠦᠢ᠍ᠴᠡᠳᠭᠡᠬᠦ ᠵᠢ ᠠᠬᠢᠭᠤᠯᠪᠠ᠃
     (ᠲᠠᠪᠤ) ᠬᠠᠤᠯᠢ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠪᠠ᠃ ᠨᠢᠭᠡ᠎ᠳᠤ᠂ ᠠᠵᠢᠯ᠎ᠤᠨ ᠪᠠᠶ᠋ᠢᠷᠢᠯᠠᠭᠤᠯᠤᠯᠲᠠ ᠵᠢ ᠴᠢᠩᠭ᠋ᠠᠳᠬᠠᠪᠠ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠵᠢ ᠲᠦᠭᠡᠮᠡᠯᠵᠢᠭᠦᠯᠬᠦ ᠲᠥᠯᠥᠪᠵᠢᠭᠦᠯᠭᠡ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ 2021-2025 ᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ ᠵᠢ ᠲᠦᠭᠡᠮᠡᠯᠵᠢᠭᠦᠯᠬᠦ ᠠᠵᠢᠯ᠎ᠢ ᠰᠢᠰᠲ᠋ᠧᠮᠲᠡᠢ ᠲᠣᠬᠢᠷᠠᠭᠤᠯᠪᠠ᠃ 《ᠳᠡᠭᠡᠳᠦ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠠᠵᠢᠯ᠎ᠤᠨ ᠬᠣᠯᠪᠤᠭᠳᠠᠬᠤ ᠵᠦᠢ᠍ᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠳᠡᠭᠡᠳᠦ ᠰᠤᠷᠭ᠋ᠠᠭᠤᠯᠢ ᠵᠢᠨ ᠲᠦᠷᠢᠮ ᠵᠶ᠋ᠠᠷ ᠭᠣᠣᠯᠯᠠᠭᠤᠯᠤᠭᠰᠠᠨ᠂ ᠳᠦᠷᠢᠮᠵᠢᠯ᠎ᠲᠠᠢ ᠪᠥᠭᠡᠳ ᠨᠢᠭᠡᠳᠦᠯᠲᠡᠶ᠂ ᠲᠥᠷᠥᠯ ᠠᠩᠭᠢᠯᠠᠯ᠎ᠨᠢ ᠰᠢᠨᠵᠢᠯᠡᠬᠦ ᠤᠬᠠᠭ᠋ᠠᠨᠴᠢ᠂ ᠲᠠᠰ ᠳᠠᠪᠬᠤᠷᠭ᠎ᠠ᠎ᠨᠢ ᠲᠣᠳᠣᠷᠬᠠᠶ᠂ ᠠᠵᠢᠯᠯᠠᠭ᠋ᠠᠨ᠎ᠨᠢ ᠥᠨᠳᠥᠷ ᠦᠷ᠎ᠡ ᠪᠦᠲᠦᠮᠵᠢᠲᠡᠶ ᠰᠤᠷᠭ᠋ᠠᠭᠤᠯᠢ ᠵᠢᠨ ᠲᠦᠷᠢᠮ ᠲᠣᠭᠲᠠᠭ᠋ᠠᠯ᠎ᠤᠨ ᠳᠣᠭᠲᠠᠯᠴᠠᠭ᠎ᠠ ᠵᠢ ᠪᠣᠶ ᠪᠣᠯᠭ᠋ᠠᠬᠤ ᠵᠢ ᠠᠬᠢᠭᠤᠯᠪᠠ᠃ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠨᠠᠶ᠋ᠢᠳᠠᠪᠤᠷᠢᠵᠢᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠤᠷᠭ᠋ᠠᠨ ᠬᠥᠮᠦᠵᠢᠯ᠎ᠤᠨ ᠬᠠᠤᠯᠢ ᠵᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠵᠢ ᠭᠣᠣᠯᠳᠠᠯᠭ᠋ᠠᠲᠠᠢ ᠪᠠᠢ᠌ᠷᠢᠯᠠᠭᠤᠯᠪᠠ᠃ ᠬᠣᠶᠠᠷ᠎ᠲᠤ᠂ ᠠᠵᠢᠯ᠎ᠤᠨ ᠭᠤᠤᠯᠳᠠᠯᠭ᠎ᠠ᠎ᠪᠠᠨ ᠳᠣᠪᠣᠶ᠋ᠢᠯᠭ᠋ᠠᠪᠠ᠃ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠤᠯᠠᠮ ᠴᠠᠭ᠋ᠠᠰᠢᠲᠠ ᠴᠢᠩᠭ᠋ᠠᠳᠬᠠᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠎ᠳᠤ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠵᠢᠨ ᠬᠢᠴᠢᠶᠡᠯ᠎ᠢ ᠪᠦᠷᠢᠨ ᠭᠦᠢ᠍ᠴᠡᠳ ᠨᠡᠭᠡᠭᠡᠵᠦ᠂ ᠡᠯ᠎ᠡ ᠳᠡᠭᠡᠳᠦ ᠰᠤᠷᠭ᠋ᠠᠭᠤᠯᠢ ᠪᠦᠬᠦᠨ ᠵᠶ᠋ᠠᠷ ᠵᠶ᠋ᠠᠨ ᠦᠵᠡᠯ ᠰᠠᠨᠠᠭ᠎ᠠ ᠶᠣᠰᠣ ᠰᠤᠷᠲᠠᠬᠤᠨ᠎ᠤ ᠪᠣᠯᠪᠠᠰᠤᠷᠠᠯ ᠬᠢᠭᠡᠳ ᠬᠠᠤᠯᠢ ᠴᠠᠭ᠋ᠠᠵᠠ ᠵᠢᠨ ᠰᠠᠭᠤᠷᠢ ᠬᠢᠴᠢᠶᠡᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠢᠴᠢᠶᠡᠯ᠎ᠢ ᠨᠡᠭᠡᠭᠡᠵᠦ᠂ ᠬᠠᠤᠯᠢ ᠵᠢᠨ ᠤᠬᠠᠭ᠋ᠠᠨ᠎ᠤ ᠲᠤᠰᠬᠠᠶ ᠮᠡᠷᠭᠡᠵᠢᠯ᠎ᠢ ᠪᠠᠲᠤ ᠪᠠᠬᠢ ᠪᠣᠶ ᠪᠣᠯᠭ᠋ᠠᠭᠰᠠᠨ ᠳᠡᠭᠡᠳᠦ ᠰᠤᠷᠭ᠋ᠠᠭᠤᠯᠢ ᠵᠢ ᠪᠠᠶ᠋ᠢᠷᠢᠯᠠᠭᠤᠯᠵᠤ᠂ 《ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠲᠣᠶ᠋ᠢᠮᠣ》 ᠵᠢᠨ ᠬᠢᠴᠢᠶᠡᠯ ᠵᠢᠴᠢ ᠬᠣᠯᠪᠤᠭᠳᠠᠬᠤ ᠣᠨᠣᠯ᠎ᠤᠨ ᠰᠤᠳᠤᠯᠭ᠋ᠠᠨ ᠪᠠ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠪᠠ᠃ ᠭᠤᠷᠪᠠ᠎ᠳᠤ᠂ ᠬᠠᠤᠯᠢ ᠵᠢ ᠲᠦᠭᠡᠮᠡᠯᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠲᠣᠭ᠋ᠠᠵᠢᠭᠤᠯᠤᠭᠰᠠᠨ ᠠᠷᠭ᠎ᠠ ᠪᠠᠷᠢᠯ ᠵᠶ᠋ᠠᠷ ᠬᠠᠤᠯᠢ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ᠎ᠢ ᠠᠬᠢᠭᠤᠯᠵᠤ᠂ ᠥᠪᠥᠷ ᠮᠣᠩᠭᠣᠯ᠎ᠤᠨ ᠲᠧᠯᠸᠢᠰ ᠬᠣᠷᠢᠶᠠᠨ᠎ᠤ ᠪᠠᠭ᠋ᠠᠴᠤᠳ ᠬᠡᠦᠬᠡᠳ᠎ᠤᠨ ᠰᠤᠪᠠᠭ᠎ᠲᠠᠢ ᠬᠠᠮᠲᠤᠷᠠᠨ 《ᠬᠠᠤᠯᠢ ᠶᠠᠷᠢᠬᠤ ᠠᠩᠭᠢ ᠵᠢᠨ ᠬᠤᠷᠠᠯ》᠎ᠤᠨ ᠦᠵᠡᠭᠳᠡᠯᠲᠦ ᠵᠦᠴᠦᠭᠡ ᠵᠢ ᠦᠢ᠍ᠯᠡᠳᠪᠡ᠃ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠢᠲᠡᠭᠡᠯ ᠪᠢᠰᠢᠷᠡᠯ᠎ᠢ ᠴᠢᠩᠭ᠋ᠠᠳᠬᠠᠬᠤ᠎ᠪᠠᠷ ᠬᠠᠷᠠᠯᠲᠠ ᠪᠣᠯᠭ᠋ᠠᠨ ᠵᠠᠩᠭᠢᠯᠠᠭ᠎ᠠ ᠵᠢ ᠠᠳᠬᠤᠵᠤ᠂ 《ᠬᠠᠤᠯᠢ ᠴᠠᠭ᠋ᠠᠵᠠ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》᠎ᠪᠠᠷ ᠠᠴᠢᠶᠠᠯᠠᠪᠤᠷᠢ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠂ ᠬᠠᠤᠯᠢ ᠴᠠᠭ᠋ᠠᠵᠠ ᠵᠢᠨ ᠲᠢᠩᠬᠢᠮ᠎ᠲᠠᠢ ᠬᠠᠮᠲᠤᠷᠠᠨ 《12355 ᠪᠢᠳᠡᠨ᠎ᠲᠠᠢ ᠬᠠᠮᠲᠤ· ᠪᠥᠬᠥ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠠᠤᠯᠢ ᠵᠢ ᠲᠦᠭᠡᠮᠡᠯᠵᠢᠭᠦᠯᠬᠦ ᠠᠵᠢᠯᠯᠠᠭ᠎ᠠ》 ᠵᠢ ᠥᠷᠨᠢᠭᠦᠯᠵᠦ᠂ ᠰᠤᠷᠤᠭᠴᠢᠳ᠎ᠤᠨ ᠬᠠᠤᠯᠢ᠎ᠪᠠᠷ ᠵᠠᠰᠠᠬᠤ ᠬᠥᠮᠦᠵᠢᠯ᠎ᠤᠨ ᠲᠤᠰᠬᠠᠶ ᠴᠠᠭ ᠪᠣᠯᠤᠨ ᠬᠢᠴᠢᠶᠡᠯ᠎ᠤᠨ ᠭᠠᠳᠠᠨᠠᠬᠢ ᠠᠮᠠᠷᠠᠯᠲᠠ ᠵᠢᠨ ᠴᠠᠭ᠎ᠢ ᠠᠰᠢᠭᠯᠠᠨ᠂ ᠰᠤᠷᠭ᠋ᠠᠭᠤᠯᠢ ᠵᠢᠨ ᠷᠠᠳᠢᠣ᠋ ᠨᠡᠪᠲᠡᠷᠡᠭᠦᠯᠭᠡ ᠵᠢᠨ ᠥᠷᠲᠡᠭᠡ᠎ᠪᠠᠷ ᠳᠠᠮᠵᠢᠭᠤᠯᠤᠨ ᠭᠠᠷᠠᠭ ᠪᠦᠷᠢ ᠬᠠᠤᠯᠢ ᠵᠢ ᠲᠦᠭᠡᠮᠡᠯᠵᠢᠭᠦᠯᠬᠦ ᠷᠠᠳᠢᠣ᠋ ᠵᠢ 2 ᠤᠳᠠᠭ᠎ᠠ᠎ᠠᠴᠠ ᠳᠡᠭᠡᠭᠰᠢ   ᠨᠡᠪᠲᠡᠷᠡᠭᠦᠯᠪᠡ᠃ ᠪᠥᠬᠥ ᠣᠷᠣᠨ᠎ᠤ ᠲᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠦᠨᠳᠦᠰᠦᠨ ᠬᠠᠤᠯᠢ ᠵᠢᠨ ᠰᠦᠯᠵᠢᠶᠡᠨ᠎ᠳᠠᠬᠢ ᠰᠤᠷᠤᠯᠴᠠᠯᠭ᠎ᠠ ᠵᠢ 1 . 23 ᠳ᠋ᠦᠩᠰᠢᠭᠤᠷ ᠬᠥᠮᠦᠨ ᠤᠳᠠᠭ᠎ᠠ ᠵᠣᠬᠢᠶᠠᠨ ᠪᠠᠶ᠋ᠢᠭᠤᠯᠵᠤ᠂ 194 . 4 ᠲᠦᠮᠡᠨ ᠰᠣᠷᠣᠭᠴᠢ 《ᠦᠨᠳᠦᠰᠦᠨ ᠬᠠᠤᠯᠢ ᠵᠢᠨ ᠬᠠᠮᠠᠭ᠋ᠠᠯᠠᠭᠴᠢ》 ᠵᠢᠨ ᠴᠣᠯᠠ ᠭᠥᠷᠳᠡᠵᠦ᠂ ᠣᠷᠣᠯᠴᠠᠭᠰᠠᠨ ᠨᠣᠷᠮ᠎ᠠ᠎ᠨᠢ 62 . 5 %᠎ᠳᠤ ᠬᠦᠷᠴᠦ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠮᠰᠠᠷ ᠪᠠ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠲᠠᠰᠤᠷᠠᠯᠲᠠ ᠥᠬᠡᠶ ᠳᠡᠭᠡᠭᠰᠢᠯᠡᠪᠡ᠃
     (ᠵᠢᠷᠭᠤᠭ᠎ᠠ) ᠪᠠᠭᠤᠷᠠᠶ᠋ᠢᠴᠤᠤᠯ᠎ᠳᠤ ᠭᠣᠣᠯᠳᠠᠯᠭ᠋ᠠᠲᠠᠢ ᠠᠩᠬᠠᠷᠤᠯ ᠲᠠᠯᠪᠢᠪᠠ᠃ ᠡᠯ᠎ᠡ ᠠᠶ᠋ᠢᠮᠠᠭ ᠬᠣᠲᠠ ᠵᠢ ᠵᠢᠯᠣᠭᠣᠳᠴᠤ ᠲᠤᠰ ᠭᠠᠵᠠᠷ ᠣᠷᠣᠨ᠎ᠤ ᠰᠤᠷᠤᠭᠴᠢ ᠡᠯᠰᠡᠬᠦ ᠲᠥᠷᠥ ᠵᠢᠨ ᠪᠣᠳᠣᠯᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠺᠣᠮᠫᠢᠦ᠋ᠲ᠋ᠧᠷ ᠵᠶ᠋ᠠᠷ ᠣᠷᠣᠨ ᠪᠠᠶ᠋ᠢᠷᠢ   ᠳᠣᠭᠲᠠᠭ᠋ᠠᠵᠤ ᠲᠠᠰᠢᠷᠠᠮ ᠳᠠᠭ᠋ᠠᠤ ᠡᠯᠰᠡᠬᠦ᠂ ᠨᠣᠮᠧᠷ ᠡᠷᠭᠢᠭᠦᠯᠦᠨ ᠠᠩᠭᠢ ᠬᠤᠪᠢᠶᠠᠬᠤ ᠢᠯᠡ ᠲᠣᠳᠣ ᠢᠨᠵᠧᠨᠧᠷᠢᠩ᠎ᠢ ᠪᠥᠬᠥ ᠲᠠᠯ᠎ᠠ᠎ᠪᠠᠷ ᠠᠬᠢᠭᠤᠯᠵᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠪᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠠᠤᠯᠢ ᠪᠠ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ ᠵᠢ ᠨᠠᠶ᠋ᠢᠳᠠᠪᠤᠷᠢᠵᠢᠭᠤᠯᠵᠤ᠂ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠵᠤ ᠰᠤᠷᠤᠯᠭ᠎ᠠ ᠵᠢ ᠪᠠᠲᠤᠯᠠᠬᠤ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠳᠠᠭ᠋ᠠᠵᠤ ᠨᠡᠭᠦᠭᠰᠡᠨ ᠦᠷ᠎ᠡ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠵᠡᠮᠳᠡᠭ ᠬᠡᠦᠬᠡᠳ ᠵᠡᠷᠭᠡ ᠨᠠᠰᠤᠨ᠎ᠳᠤ ᠦᠯᠦ ᠬᠦᠷᠦᠭᠰᠡᠳ᠎ᠤᠨ ᠣᠨᠴᠠᠭ᠋ᠠᠢ ᠬᠠᠮᠲᠤᠯᠢᠭ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠬᠦᠷᠲᠡᠬᠦ ᠵᠢ ᠪᠠᠲᠤᠯᠠᠬᠤ ᠠᠷᠭ᠎ᠠ ᠬᠡᠮᠵᠢᠶ᠎ᠡ ᠵᠢ ᠪᠠᠶ᠋ᠢᠭᠤᠯᠤᠨ ᠲᠡᠭᠦᠯᠳᠡᠷᠵᠢᠭᠦᠯᠪᠡ᠃ ᠰᠤᠷᠤᠯᠭ᠎ᠠ ᠠᠯᠳᠠᠭᠰᠠᠨ ᠰᠤᠷᠤᠯᠭ᠎ᠠ᠎ᠪᠠᠨ ᠵᠣᠭᠰᠣᠭᠰᠠᠨ ᠰᠤᠷᠤᠭᠴᠢᠳ᠎ᠤᠨ 《ᠨᠢᠭᠡ ᠰᠤᠷᠤᠭᠴᠢ ᠨᠢᠭᠡ ᠬᠦᠰᠦᠨᠦᠭᠲᠦ》 ᠵᠢᠨ ᠠᠵᠢᠯ᠎ᠤᠨ ᠲᠠᠩᠰᠠ ᠡᠪᠬᠡᠮᠡᠯ᠎ᠢ ᠪᠠᠶ᠋ᠢᠭᠤᠯᠵᠤ᠂ ᠣᠳᠣᠬᠠᠨ᠎ᠳᠤ ᠪᠥᠬᠥ ᠣᠷᠣᠨ᠎ᠳᠤ ᠳᠠᠩᠰᠠᠯᠠᠭᠤᠯᠵᠤ ᠺᠠᠷᠲ ᠣᠯᠭᠤᠭᠰᠠᠨ ᠬᠡᠷ ᠪᠦᠯᠢ ᠵᠢᠨ ᠰᠤᠷᠭ᠋ᠠᠭᠤᠯᠢ ᠵᠢᠨ ᠨᠠᠰᠤᠨ᠎ᠤ ᠬᠡᠦᠬᠡᠳ ᠪᠠᠭ᠋ᠠᠴᠤᠳ ᠶᠠᠳᠠᠭᠤ ᠬᠦᠴᠢᠷᠳᠡᠯᠲᠡᠶ᠎ᠠᠴᠠ ᠪᠣᠯᠵᠣ ᠰᠤᠷᠤᠯᠭ᠎ᠠ ᠠᠯᠳᠠᠭᠰᠠᠨ ᠰᠤᠷᠤᠯᠭ᠎ᠠ᠎ᠪᠠᠨ ᠵᠣᠭᠰᠣᠭᠰᠠᠨ ᠰᠤᠷᠤᠭᠴᠢᠳ ᠪᠠᠶ᠋ᠢᠬᠤ ᠥᠬᠡᠶ᠃


      ᠭᠤᠷᠪᠠ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠳᠠᠷᠠᠭ᠎ᠠ ᠠᠯᠬᠤᠮ᠎ᠤᠨ ᠠᠵᠢᠯ᠎ᠤᠨ ᠰᠡᠳᠬᠢᠮᠵᠢ


      ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ ᠪᠣᠯ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠤᠨ᠎ᠠ᠃ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ ᠬᠡᠳᠦᠶ᠋ᠢᠪᠡᠷ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ ᠲᠤᠰᠬᠠᠶ ᠮᠡᠷᠭᠡᠵᠢᠯᠲᠡᠨ ᠨᠤᠲᠠᠯᠠᠬᠤ ᠪᠠ ᠲᠦᠭᠰᠢᠭᠦᠷᠢ ᠵᠢ ᠦᠨᠡᠯᠡᠨ ᠵᠢᠱ᠌ᠢᠬᠦ ᠵᠡᠷᠭᠡ ᠲᠠᠰ ᠳᠠᠷᠠᠭ᠋ᠠᠯᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠴᠢᠬᠤᠯᠠᠲᠠᠶ ᠪᠠᠢ᠌ᠬᠤ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠬᠠᠤᠯᠢ ᠵᠢ ᠬᠡᠷᠡᠭᠵᠢᠭᠦᠯᠬᠦ ᠬᠦᠴᠦᠨ ᠬᠦᠷᠦᠯᠴᠡᠬᠦ ᠥᠬᠡᠶ ᠪᠠᠶ᠋ᠢᠬᠤ᠂ ᠰᠤᠷᠭ᠋ᠠᠨ ᠬᠥᠮᠦᠵᠢᠯ᠎ᠤᠨ ᠬᠠᠤᠯᠢ ᠵᠢ ᠲᠦᠭᠡᠮᠡᠯᠵᠢᠭᠦᠯᠬᠦ ᠬᠡᠯᠪᠡᠷᠢ ᠨᠡᠯᠢᠶᠡᠳ ᠲᠠᠩ ᠴᠤᠯᠭᠤᠶ ᠪᠠᠶ᠋ᠢᠬᠤ ᠵᠡᠷᠭᠡ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶ᠋ᠢᠨ᠎ᠠ᠃ ᠳᠠᠷᠠᠭ᠎ᠠ ᠠᠯᠬᠤᠮ᠎ᠤᠨ ᠠᠵᠢᠯ᠎ᠳᠤ᠂ ᠪᠢᠳᠡ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠵᠢ ᠰᠠᠶ᠋ᠢᠲᠤᠷ ᠠᠳᠬᠤᠨ᠎ᠠ᠃
      ᠨᠢᠭᠡ᠎ᠳᠤ᠂ ᠨᠢᠭᠡᠳᠦᠯᠲᠡᠶ ᠲᠥᠯᠥᠪᠯᠡᠨ ᠠᠷᠭ᠎ᠠ ᠰᠦᠪᠡᠭᠴᠢᠯᠡᠬᠦ ᠵᠢ ᠴᠢᠩᠭ᠋ᠠᠳᠬᠠᠨ᠎ᠠ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠤᠳᠤᠷᠢᠳᠬᠤ ᠺᠠᠳ᠋ᠷᠴᠤᠳ᠎ᠤᠨ ᠬᠠᠤᠯᠢ ᠰᠤᠷᠤᠯᠴᠠᠬᠤ ᠠᠵᠢᠯᠯᠠᠭ᠎ᠠ ᠵᠢ ᠴᠢᠩᠭ᠋ᠠᠳᠬᠠᠵᠤ᠂ ᠪᠣᠳᠠᠲᠠᠢ ᠬᠠᠤᠯᠢ ᠴᠠᠭ᠋ᠠᠵᠠ ᠵᠢᠨ ᠠᠰᠠᠭᠤᠳᠠᠯ ᠪᠤᠶᠤ ᠬᠠᠤᠯᠢ ᠴᠠᠭ᠋ᠠᠵᠠ᠎ᠳᠤ ᠬᠣᠯᠪᠣᠭᠳᠠᠭᠰᠠᠨ ᠴᠢᠬᠤᠯᠠ ᠶᠡᠬᠡ ᠬᠡᠷᠡᠭ᠎ᠲᠤ ᠴᠢᠭᠯᠡᠭᠦᠯᠦᠭᠰᠡᠨ ᠲᠤᠰᠬᠠᠢ ᠰᠡᠳᠦᠪᠲᠦ ᠰᠤᠷᠤᠯᠴᠠᠯᠭ᠎ᠠ ᠵᠢ ᠴᠢᠩᠭ᠋ᠠᠳᠬᠠᠨ᠎ᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠪᠠᠶ᠋ᠢᠳᠠᠯ᠎ᠤᠨ ᠮᠡᠳᠡᠭᠦᠯᠦᠯᠲᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠳᠠᠷᠤᠢ᠎ᠳᠤ᠎ᠨᠢ ᠵᠠᠰᠠᠭ᠎ᠤᠨ ᠣᠷᠳᠣᠨ᠎ᠳᠤ ᠮᠡᠳᠡᠭᠦᠯᠦᠯᠲᠡ ᠳᠡᠪᠰᠢᠭᠦᠯᠬᠦ ᠵᠢᠨ ᠬᠠᠮᠲᠤ ᠢᠯᠡ ᠪᠣᠯᠭ᠋ᠠᠨ᠎ᠠ᠃
      ᠬᠣᠶᠠᠷ᠎ᠲᠤ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ ᠵᠢ ᠴᠢᠩᠭ᠋ᠠᠷᠠᠭᠤᠯᠤᠨ᠎ᠠ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ᠎ᠳᠤ ᠣᠯᠠᠨ ᠨᠡᠶ᠋ᠢᠲᠡ ᠵᠢᠨ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠭᠤᠷᠪᠠᠳᠠᠬᠢ ᠡᠲᠡᠭᠡᠳ᠎ᠤᠨ ᠬᠡᠷᠡᠭ᠎ᠤᠨ ᠡᠮᠦᠨ᠎ᠡ ᠵᠢᠴᠢ ᠬᠡᠷᠡᠭ᠎ᠤᠨ ᠳᠠᠷᠠᠭ᠋ᠠᠬᠢ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠵᠦ᠂ ᠴᠢᠬᠤᠯᠠ ᠶᠡᠬᠡ ᠵᠠᠰᠠᠭ ᠵᠠᠬᠢᠷᠭ᠋ᠠᠨ᠎ᠤ   ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ᠎ᠳᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠤᠰᠬᠠᠶ ᠮᠡᠷᠭᠡᠵᠢᠯ᠎ᠤᠨ ᠵᠦᠪᠯᠡᠯᠭᠡ ᠥᠭᠬᠦ   ᠦᠢ᠍ᠯᠡᠳᠦᠯ᠎ᠢ ᠪᠠᠳᠠᠷᠠᠭᠤᠯᠤᠨ᠎ᠠ᠃   ᠳᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠶᠠᠪᠤᠴᠠ᠎ᠳᠠᠬᠢ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠠᠮᠲᠤ᠎ᠪᠠᠷ ᠶᠠᠷᠢᠯᠴᠠᠬᠤ ᠵᠡᠷᠭᠡ ᠳᠡᠰ ᠳᠠᠷᠠᠭ᠋ᠠᠯᠠᠯ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠰᠠᠶ᠋ᠢᠲᠤᠷ ᠬᠢᠨ᠎ᠡ᠃ ᠲᠣᠭᠲᠠᠮᠠᠯ ᠬᠤᠭᠤᠴᠠᠭ᠋ᠠᠲᠠᠢ ᠢᠯᠭ᠋ᠠᠷᠠᠭᠤᠯᠬᠤ ᠪᠠ ᠳᠠᠷᠤᠶ᠎ᠳᠤ᠎ᠨᠢ ᠢᠯᠭ᠋ᠠᠷᠠᠭᠤᠯᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠂ ᠳᠡᠭᠡᠳᠦ ᠪᠠᠢ᠌ᠷᠢ ᠵᠢᠨ ᠬᠠᠤᠯᠢ ᠵᠢᠨ ᠲᠣᠭᠲᠠᠭ᠋ᠠᠯ᠎ᠳᠤ ᠨᠡᠶ᠋ᠢᠴᠡᠬᠦ ᠦᠭᠡᠶ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠲᠣᠬᠢᠷᠠᠬᠤ ᠦᠭᠡᠶ ᠳᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠷᠤᠢ᠎ᠳᠤ᠎ᠨᠢ ᠵᠠᠰᠠᠪᠤᠷᠢ ᠣᠷᠣᠭᠤᠯᠬᠤ᠂ ᠬᠦᠴᠦᠨ ᠦᠭᠡᠶ ᠪᠣᠯᠤᠭᠰᠠᠨ ᠪᠠ ᠬᠦᠴᠦᠨ ᠦᠭᠡᠶ ᠪᠣᠯᠭ᠋ᠠᠭᠰᠠᠨ᠎ᠢ ᠨᠡᠢ᠌ᠲᠡᠯᠡᠨ᠎ᠡ᠃
      ᠭᠤᠷᠪᠠ᠎ᠳᠤ᠂ ᠬᠠᠤᠯᠢ ᠵᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠰᠤᠷᠭ᠋ᠠᠨ ᠬᠥᠮᠥᠵᠢᠯ᠎ᠤᠨ ᠲᠢᠩᠬᠢᠮ᠎ᠤᠨ ᠪᠠᠶ᠋ᠢᠭᠤᠯᠭ᠎ᠠ ᠪᠠ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠎ᠳᠤ ᠬᠠᠤᠯᠢ ᠴᠠᠭ᠋ᠠᠵᠠ ᠵᠢᠨ ᠬᠢᠷᠢ ᠬᠡᠮ᠎ᠤᠨ ᠦᠨᠡᠮᠯᠡᠯ᠎ᠲᠠᠢ ᠬᠥᠮᠦᠰ᠎ᠢ ᠠᠯᠪᠠᠨ ᠲᠤᠰᠢᠶᠠᠯᠲᠤ ᠬᠠᠤᠯᠢᠴᠢ᠎ᠪᠠᠷ ᠭᠤᠶᠤᠴᠢᠯᠠᠨ ᠳᠠᠩᠰᠠᠯᠠᠭᠤᠯᠤᠨ᠎ᠠ᠃ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠪᠠ ᠬᠢᠷᠢ ᠬᠡᠮ᠎ᠤᠨ ᠬᠠᠮᠢᠶᠠᠷᠤᠯᠲᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠰᠤᠷᠤᠭᠴᠢ ᠡᠯᠰᠡᠨ ᠠᠵᠢᠯ ᠣᠯᠭᠣᠬᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠲᠤᠰᠬᠠᠶ ᠵᠦᠢ᠍ᠯ ᠵᠶ᠋ᠠᠷ ᠵᠠᠰᠠᠬᠤ ᠵᠡᠷᠭᠡ ᠠᠷᠠᠳ ᠣᠯᠠᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠬᠠᠤᠯᠢ ᠵᠢ ᠬᠡᠷᠡᠭᠵᠢᠭᠦᠯᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠵᠢ ᠬᠡᠷᠡᠭᠵᠢᠭᠦᠯᠬᠦ ᠵᠢ ᠪᠠᠶ᠋ᠢᠩᠭᠤᠵᠢᠭᠤᠯᠬᠤ ᠵᠢ ᠠᠬᠢᠭᠤᠯᠵᠤ᠂ ᠬᠠᠤᠯᠢ ᠵᠢ ᠬᠡᠷᠡᠭᠵᠢᠭᠦᠯᠬᠦ ᠡᠷᠬᠡ ᠵᠢ ᠦᠨᠳᠦᠰᠦᠨ ᠱᠠᠲᠤᠨ᠎ᠳᠤ ᠤᠯᠠᠮ ᠨᠢᠭᠡ ᠠᠯᠬᠤᠮ ᠪᠠᠭᠤᠯᠭ᠋ᠠᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠢᠨᠠᠨ ᠪᠠᠶ᠋ᠢᠴᠠᠭ᠋ᠠᠯᠲᠠ ᠵᠢ ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠬᠠᠤᠯᠢ᠎ᠢ ᠬᠡᠷᠡᠭᠵᠢᠭᠦᠯᠬᠦ ᠵᠦᠢ᠍ᠯ᠎ᠤᠨ ᠨᠠᠷᠢᠨ ᠳᠠᠩᠰᠠᠨ᠎ᠳᠤ ᠣᠷᠣᠭᠤᠯᠤᠨ᠎ᠠ᠃
      ᠲᠦᠷᠪᠡ᠎ᠳᠤ᠂ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠠᠬᠢᠭᠤᠯᠤᠨ᠎ᠠ᠃ ᠠᠶ᠋ᠢᠮᠠᠭ ᠬᠣᠲᠠ ᠪᠠ ᠳᠡᠭᠡᠳᠦ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠢ ᠬᠢᠨᠠᠨ ᠰᠢᠯᠭ᠋ᠠᠵᠤ ᠦᠨᠡᠯᠡᠬᠦ ᠵᠢ ᠴᠢᠩᠭ᠋ᠠᠳᠬᠠᠵᠤ᠂ ᠬᠢᠨᠠᠨ ᠰᠢᠯᠭ᠋ᠠᠵᠤ ᠦᠨᠡᠯᠡᠬᠦ ᠬᠤᠪᠢ ᠵᠢᠨ ᠥᠷᠲᠡᠭ᠎ᠢ ᠨᠡᠮᠡᠭᠳᠡᠭᠦᠯᠦᠨ᠂ ᠬᠢᠨᠠᠨ ᠰᠢᠯᠭ᠋ᠠᠵᠤ ᠦᠨᠡᠯᠡᠬᠦ ᠠᠭᠤᠯᠭ᠎ᠠ ᠵᠢ ᠨᠠᠷᠢᠯᠢᠬ᠍ᠵᠢᠭᠤᠯᠤᠨ᠎ᠠ᠃ ᠨᠡᠶ᠋ᠢᠭᠡᠮ᠎ᠤᠨ ᠵᠥᠷᠢᠴᠡᠯ ᠵᠢᠭᠤᠷᠠᠯᠳᠤᠭ᠋ᠠᠨ᠎ᠢ ᠬᠠᠤᠯᠢ ᠶᠣᠰᠤ᠎ᠪᠠᠷ ᠪᠦᠲᠦᠮᠵᠢᠲᠡᠢ ᠰᠢᠢ᠍ᠳᠪᠦᠷᠢᠯᠡᠵᠦ᠂ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢᠴᠢᠯᠡᠨ ᠰᠢᠢ᠍ᠳᠪᠦᠷᠢᠯᠡᠬᠦ ᠲᠣᠭᠲᠠᠴᠠ ᠵᠢ ᠪᠦᠷᠢᠨ ᠪᠣᠯᠭ᠋ᠠᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠭᠣᠮᠣᠳᠠᠯ ᠲᠣᠭ᠋ᠠᠴᠢᠬᠤ ᠠᠵᠢᠯ᠎ᠢ ᠰᠠᠶ᠋ᠢᠲᠤᠷ ᠬᠢᠨ᠎ᠡ᠃ ᠵᠠᠷᠭᠤ ᠪᠠ ᠵᠠᠬᠢᠳᠠᠯ ᠰᠤᠷᠪᠤᠯᠵᠢᠯᠠᠭ᠎ᠠ ᠵᠢ ᠰᠠᠯᠭ᠋ᠠᠬᠤ ᠵᠢ ᠴᠢᠩᠭ᠎ᠠ ᠬᠡᠷᠡᠭᠵᠢᠭᠦᠯᠵᠦ᠂ ᠬᠠᠤᠯᠢ ᠴᠠᠭ᠋ᠠᠵᠠ ᠪᠠ ᠵᠠᠷᠭᠤ᠎ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠵᠢ ᠬᠠᠤᠯᠢ ᠶᠣᠰᠤ᠎ᠪᠠᠷ ᠭᠦᠢ᠍ᠴᠡᠳᠭᠡᠬᠦ ᠲᠦᠷᠢᠮ᠎ᠢ ᠲᠡᠭᠦᠯᠳᠡᠷᠵᠢᠭᠦᠯᠦᠨ᠎ᠡ᠃ ᠵᠠᠯᠠᠭᠤᠴᠤᠳ ᠪᠠᠭ᠋ᠠᠴᠤᠳ᠎ᠤᠨ ᠦᠨᠳᠦᠰᠦᠨ ᠬᠠᠤᠯᠢ ᠵᠢᠨ ᠬᠠᠤᠯᠢ᠎ᠪᠠᠷ ᠵᠠᠰᠠᠬᠤ ᠬᠥᠮᠦᠵᠢᠯ᠎ᠢ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ᠎ᠳᠤ ᠬᠠᠤᠯᠢ᠎ᠪᠠᠷ ᠵᠠᠰᠠᠬᠤ ᠬᠥᠮᠦᠵᠢᠯ᠎ᠤᠨ ᠰᠠᠭᠤᠷᠢᠨ᠎ᠢ ᠪᠠᠶ᠋ᠢᠭᠤᠯᠬᠤ ᠵᠢ ᠠᠬᠢᠭᠤᠯᠵᠤ᠂ ᠬᠠᠤᠯᠢ ᠵᠢ ᠰᠤᠷᠴᠤ ᠬᠠᠤᠯᠢ ᠵᠢ ᠬᠡᠷᠡᠭᠯᠡᠬᠦ ᠬᠥᠮᠦᠵᠢᠯ᠎ᠤᠨ ᠠᠵᠢᠯᠯᠠᠭ᠎ᠠ ᠵᠢ ᠪᠠᠶᠠᠯᠢᠭᠵᠢᠭᠤᠯᠵᠤ᠂   ᠬᠠᠤᠯᠢ᠎ᠪᠠᠷ ᠵᠠᠰᠠᠬᠤ ᠪᠠᠭᠰᠢ ᠵᠢᠨ ᠪᠣᠯᠪᠠᠰᠤᠷᠠᠭᠤᠯᠤᠯ᠎ᠤᠨ ᠡᠷᠴᠢᠮ᠎ᠢ ᠴᠢᠩᠭ᠋ᠠᠷᠠᠭᠤᠯᠤᠨ᠎ᠠ᠃


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                    2022 ᠣᠨ᠎ᠤ 1 ᠰᠠᠷ᠎ᠠ ᠵᠢᠨ 20᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠬᠠᠮᠢᠶᠠᠷᠤᠯᠲᠠ ᠵᠢᠨ ᠠᠵᠢᠯ᠎ᠢ ᠴᠢᠩᠭ᠎ᠠ ᠳᠦᠷᠢᠮᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ᠎ᠤᠨ 2022 ᠣᠨ᠎ᠤ ᠰᠤᠷᠭ᠋ᠠᠨ ᠬᠥᠮᠥᠵᠢᠯ᠎ᠤᠨ ᠠᠵᠢᠯ᠎ᠤᠨ ᠭᠣᠣᠯᠳᠠᠯᠭ᠎ᠠ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠵᠢᠷᠭᠤᠭ᠋ᠠᠨ ᠰᠠᠯᠠᠭ᠎ᠠ ᠮᠥᠴᠢᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
2022 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠲᠥᠯᠥᠪᠵᠢᠭᠦᠯᠭᠡ ᠵᠢᠨ ᠲᠥᠰᠦᠯ᠎ᠢ ᠵᠣᠬᠢᠶᠠᠨ ᠪᠠᠶ᠋ᠢᠭᠤᠯᠵᠤ ᠮᠡᠳᠡᠭᠦᠯᠬᠦ ᠲᠤᠬᠠᠶ ᠮᠡᠳᠡᠭᠳᠡᠯ
2022 ᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠰᠡᠳᠦᠪ᠎ᠢ ᠶᠠᠭ᠋ᠠᠬᠢᠵᠤ ᠭᠠᠷᠭ᠋ᠠᠬᠤ ᠪᠣᠶ? ᠰᠤᠷᠭ᠋ᠠᠨ ᠬᠥᠮᠦᠵᠢᠯ᠎ᠤᠨ ᠶᠠᠮᠤᠨ᠎ᠤ ᠮᠡᠳᠡᠭᠳᠡᠯ
 
             蒙ICP备05000248号