ᠮᠠᠨ᠎ᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠥᠯᠦᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠬᠠᠮᠢᠶᠠᠷᠤᠯᠲᠠ ᠵᠢᠨ ᠠᠵᠢᠯ᠎ᠢ ᠴᠢᠩᠭ᠎ᠠ ᠳᠦᠷᠢᠮᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠣᠰ ᠭᠠᠵᠠᠷ ᠣᠷᠣᠨ᠎ᠤ᠎ᠪᠠᠨ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
ᠮᠡᠳᠡᠭᠳᠡᠯ᠎ᠳᠤ᠂ ᠰᠤᠷᠭ᠋ᠠᠭᠤᠯᠢ ᠵᠢᠨ ᠨᠠᠰᠤᠨ᠎ᠤ ᠬᠡᠦᠬᠡᠳ᠎ᠤᠨ ᠰᠤᠷᠭ᠋ᠠᠨ ᠬᠥᠮᠦᠵᠢᠯ ᠭᠥᠷᠳᠡᠬᠦ ᠡᠷᠬᠡ ᠵᠢ ᠬᠠᠤᠯᠢ ᠶᠣᠰᠤ᠎ᠪᠠᠷ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠥᠷᠦᠭᠰᠡᠳ᠎ᠢ ᠬᠠᠮᠠᠭ᠋ᠠᠯᠠᠬᠤ ᠬᠠᠤᠯᠢ》 ᠵᠢ ᠴᠢᠩᠭ᠎ᠠ ᠬᠡᠷᠡᠭᠵᠢᠭᠦᠯᠵᠦ᠂ ᠰᠤᠷᠭ᠋ᠠᠭᠤᠯᠢ ᠵᠢᠨ ᠨᠠᠰᠤᠨ᠎ᠤ ᠬᠡᠦᠬᠡᠳ ᠪᠠᠭ᠋ᠠᠴᠤᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠬᠥᠷᠳᠡᠬᠥ ᠡᠷᠬᠡ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠤᠷᠭ᠋ᠠᠭᠤᠯᠢ ᠵᠢᠨ ᠨᠠᠰᠤᠨ᠎ᠤ ᠬᠡᠦᠬᠡᠳ ᠪᠠᠭ᠋ᠠᠴᠤᠳ ᠪᠡᠶ᠎ᠡ ᠮᠠᠬᠠᠪᠣᠳ᠎ᠤᠨ ᠪᠠᠶ᠋ᠢᠳᠠᠯ᠎ᠠᠴᠠ ᠪᠣᠯᠵᠣ ᠰᠤᠷᠭ᠋ᠠᠭᠤᠯᠢ᠎ᠳᠤ ᠣᠷᠣᠬᠤ ᠵᠢ ᠬᠣᠶ᠋ᠢᠰᠢᠯᠠᠭᠤᠯᠬᠤ ᠪᠤᠶᠤ ᠰᠤᠷᠤᠯᠭ᠎ᠠ᠎ᠠᠴᠠ᠎ᠪᠠᠨ ᠵᠣᠭᠰᠣᠬᠤ᠎ᠳᠤ ᠭᠦᠷᠪᠡᠯ᠂ ᠡᠴᠢᠭᠡ ᠡᠬᠡ ᠪᠤᠶᠤ ᠪᠤᠰᠤᠳ ᠬᠠᠤᠯᠢ᠎ᠪᠠᠷ ᠲᠣᠭᠲᠠᠭ᠋ᠠᠭᠰᠠᠨ ᠬᠢᠨᠠᠨ ᠬᠠᠮᠠᠭ᠋ᠠᠯᠠᠭᠴᠢ᠎ᠨᠢ ᠭᠤᠶᠤᠴᠢᠯᠠᠯ ᠭᠠᠷᠭ᠋ᠠᠵᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠭᠡᠵᠦ᠂ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠤᠯᠤᠰ᠎ᠤᠨ ᠬᠣᠯᠪᠤᠭᠳᠠᠬᠤ ᠱᠠᠭ᠋ᠠᠷᠳᠠᠯᠭ᠎ᠠ ᠶᠣᠰᠤ᠎ᠪᠠᠷ ᠰᠤᠷᠤᠯᠭ᠎ᠠ ᠠᠯᠳᠠᠵᠤ ᠰᠤᠷᠤᠯᠭ᠎ᠠ᠎ᠪᠠᠨ ᠵᠣᠭᠰᠣᠭᠰᠠᠨ ᠰᠤᠷᠭ᠋ᠠᠭᠤᠯᠢ ᠵᠢᠨ ᠨᠠᠰᠤᠨ᠎ᠤ ᠬᠡᠦᠬᠡᠳ᠎ᠤᠨ ᠠᠵᠢᠯ᠎ᠤᠨ ᠡᠬᠡ ᠳᠠᠩᠰᠠ ᠵᠢ ᠪᠠᠢ᠌ᠭᠤᠯᠵᠤ᠂ 《ᠬᠡᠷ᠎ᠤᠨ ᠰᠤᠷᠭ᠋ᠠᠭᠤᠯᠢ》᠂ 《ᠤᠯᠤᠰ᠎ᠤᠨ ᠰᠤᠷᠭ᠋ᠠᠯ᠎ᠤᠨ ᠠᠩᠭᠢ》᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠠᠩᠭᠢ ᠵᠡᠷᠭᠡ᠎ᠪᠠᠷ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠣᠷᠣᠯᠠᠭᠤᠯᠤᠭᠰᠠᠨ ᠬᠠᠤᠯᠢ ᠪᠤᠰᠤ᠎ᠪᠠᠷ ᠰᠤᠷᠭ᠋ᠠᠭᠤᠯᠢ ᠡᠷᠭᠢᠯᠡᠬᠦ ᠦᠢ᠍ᠯᠡ ᠠᠵᠢᠯᠯᠠᠭ᠎ᠠ ᠵᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠬᠤ ᠵᠢᠨ ᠬᠠᠮᠲᠤ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃
ᠮᠡᠳᠡᠭᠳᠡᠯ᠎ᠳᠤ᠂ ᠰᠣᠷᠣᠭᠴᠢ ᠡᠯᠰᠡᠬᠦ ᠠᠵᠢᠯ᠎ᠤᠨ ᠲᠥᠰᠦᠯ᠎ᠢ ᠰᠢᠨᠵᠢᠯᠡᠬᠦ ᠤᠬᠠᠭ᠋ᠠᠨᠴᠢ ᠪᠥᠭᠡᠳ ᠨᠠᠷᠢᠯᠢᠭ ᠣᠨᠣᠴᠢᠲᠠᠶ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠠᠶ᠋ᠢᠮᠠᠭ ᠬᠣᠲᠠ ᠪᠣᠯᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠠᠵᠢᠯ᠎ᠢ ᠳᠦᠷᠢᠮᠵᠢᠭᠦᠯᠬᠦ᠎ᠠᠴᠠ ᠭᠠᠷᠳᠠᠵᠤ᠂ ᠠᠷᠠᠳ ᠣᠯᠠᠨ᠎ᠤ ᠠᠩᠬᠠᠷᠴᠤ ᠪᠠᠶ᠋ᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠯᠲᠠ ᠥᠭᠴᠦ᠂ ᠰᠤᠷᠭ᠋ᠠᠭᠤᠯᠢ ᠵᠢᠨ ᠨᠠᠰᠤᠨ᠎ᠤ ᠬᠥᠮᠦᠨ ᠠᠮᠠ ᠵᠢᠨ ᠬᠤᠪᠢᠷᠠᠯᠲᠠ ᠵᠢᠨ ᠵᠢᠱ᠌ᠢᠯᠲᠡ ᠵᠢ ᠴᠢᠩᠭ᠋ᠠᠳᠬᠠᠵᠤ᠂ ᠲᠣᠰ ᠭᠠᠵᠠᠷ ᠣᠷᠣᠨ᠎ᠤ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠲᠥᠷᠥ ᠵᠢᠨ ᠪᠣᠳᠣᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠤᠷᠢᠳᠴᠢᠯᠠᠨ ᠢᠯᠡ ᠪᠣᠯᠭ᠋ᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ 《ᠰᠤᠷᠭ᠋ᠠᠭᠤᠯᠢ ᠬᠡᠰᠡᠭ ᠬᠤᠪᠢᠶᠠᠨ ᠰᠤᠷᠤᠭᠴᠢ ᠡᠯᠰᠡᠬᠦ᠂ ᠰᠤᠷᠤᠭᠴᠢ ᠵᠢ ᠭᠡᠷ᠎ᠠᠴᠠ᠎ᠨᠢ ᠣᠢ᠌ᠷᠠᠯᠴᠠᠭ᠎ᠠ ᠰᠤᠷᠭ᠋ᠠᠭᠤᠯᠢ᠎ᠳᠤ ᠣᠷᠣᠭᠤᠯᠬᠤ》 ᠶᠡᠷᠦᠩᠬᠡᠶ ᠱᠠᠭ᠋ᠠᠷᠳᠠᠯᠭ᠎ᠠ ᠶᠣᠰᠤ᠎ᠪᠠᠷ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠬᠡᠪᠴᠢᠶ᠎ᠡ ᠵᠢ ᠬᠢᠵᠠᠭ᠋ᠠᠷᠯᠠᠬᠤ᠂ ᠠᠩᠭᠢ ᠵᠢᠨ ᠰᠤᠷᠤᠭᠴᠢᠳ ᠲᠣᠭ᠎ᠠ ᠵᠢ ᠬᠢᠵᠠᠭ᠋ᠠᠷᠯᠠᠬᠤ᠎ᠪᠠᠷ ᠭᠣᠣᠯᠳᠠᠯᠭ᠎ᠠ ᠪᠣᠯᠭ᠋ᠠᠵᠤ᠂ ᠰᠢᠶᠠᠨ᠎ᠤ ᠬᠡᠪᠴᠢᠶᠡᠨ᠎ᠤ ᠰᠤᠷᠭ᠋ᠠᠭᠤᠯᠢ ᠵᠢᠨ ᠨᠠᠰᠤᠨ᠎ᠤ ᠬᠡᠦᠬᠡᠳ ᠪᠠᠭ᠋ᠠᠴᠤᠳ᠎ᠤᠨ ᠲᠣᠭ᠎ᠠ᠂ ᠰᠤᠷᠭ᠋ᠠᠭᠤᠯᠢ ᠵᠢᠨ ᠪᠠᠶ᠋ᠢᠷᠢᠰᠢᠭᠤᠯᠤᠯᠲᠠ᠂ ᠰᠤᠷᠭ᠋ᠠᠭᠤᠯᠢ ᠡᠷᠭᠢᠯᠡᠬᠦ ᠨᠥᠬᠥᠴᠡᠯ᠂ ᠰᠤᠷᠤᠭᠴᠢ ᠵᠢᠨ ᠣᠷᠣᠨ ᠲᠣᠭ᠎ᠠ᠂ ᠵᠠᠮ ᠬᠠᠷᠢᠯᠴᠠᠭ᠋ᠠᠨ᠎ᠤ ᠪᠠᠶ᠋ᠢᠳᠠᠯ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠬᠡᠪᠴᠢᠶ᠎ᠡ ᠪᠠ ᠰᠣᠷᠣᠭᠴᠢ ᠡᠯᠰᠡᠬᠦ ᠬᠢᠵᠠᠭ᠋ᠠᠷᠯᠠᠯ᠎ᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠵᠤ᠂ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠵᠢᠨ ᠰᠣᠷᠣᠭᠴᠢ ᠡᠯᠰᠡᠬᠦ ᠲᠥᠯᠥᠪᠯᠡᠭᠡ ᠵᠢ ᠵᠦᠶ ᠵᠣᠬᠢᠰᠲᠠᠶ ᠲᠣᠬᠢᠷᠠᠭᠤᠯᠵᠤ᠂ ᠰᠣᠷᠣᠭᠴᠢ ᠡᠯᠰᠡᠬᠦ ᠬᠡᠪᠴᠢᠶ᠎ᠡ᠎ᠳᠤ ᠲᠣᠬᠢᠷᠠᠭᠤᠯᠤᠯᠲᠠ ᠬᠢᠭᠰᠡᠨ ᠪᠣᠯ ᠳᠠᠷᠤᠢ᠎ᠳᠤ᠎ᠨᠢ ᠨᠡᠶ᠋ᠢᠲᠡᠯᠡᠵᠦ᠂ ᠬᠡᠷ᠎ᠤᠨ ᠠᠬᠠᠮᠠᠳ᠎ᠤᠨ ᠵᠢᠱ᠌ᠢᠯᠲᠡ ᠵᠢ ᠵᠦᠶ ᠵᠣᠬᠢᠰᠲᠠᠶ ᠬᠥᠲᠥᠯᠦᠨ ᠵᠢᠯᠣᠭᠣᠳᠬᠤ ᠬᠡᠷᠡᠭᠲᠡᠶ᠃ ᠡᠷᠦᠬᠡ ᠠᠮᠠ ᠵᠢᠨ ᠲᠠᠩᠰᠠ᠎ᠲᠠᠢ ᠰᠣᠷᠣᠭᠴᠢ ᠵᠢᠨ ᠰᠤᠷᠭ᠋ᠠᠭᠤᠯᠢ᠎ᠳᠤ ᠣᠷᠣᠬᠤ ᠣᠷᠣᠨ ᠲᠣᠭ᠎ᠠ᠎ᠨᠢ ᠬᠦᠷᠦᠯᠴᠡᠬᠦ ᠥᠬᠡᠶ ᠪᠠᠶ᠋ᠢᠳᠠᠯ ᠢᠯᠡᠷᠡᠭᠰᠡᠨ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ᠎ᠨᠢ ᠢᠯᠡ ᠪᠥᠭᠡᠳ ᠭᠤᠤᠯᠴᠢ᠂ ᠬᠠᠷᠢᠴᠠᠩᠭᠤᠶ᠎ᠪᠠᠷ ᠣᠢ᠌ᠷᠠᠬᠠᠨ ᠪᠥᠭᠡᠳ ᠲᠥᠬᠥᠮ ᠵᠠᠷᠴᠢᠮ ᠶᠣᠰᠤ᠎ᠪᠠᠷ ᠨᠢᠭᠡᠳᠦᠯᠲᠡᠶ ᠠᠵᠢᠯᠯᠠᠬᠤ ᠲᠦᠷᠢᠮ᠎ᠢ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠨ ᠲᠣᠬᠢᠲᠠᠶ ᠳᠣᠭᠢᠷᠠᠭᠤᠯᠬᠤ ᠬᠡᠷᠡᠭᠲᠡᠶ᠃ ᠨᠥᠬᠥᠴᠡᠯ᠎ᠲᠠᠢ ᠣᠷᠣᠨ ᠪᠦᠰᠡ᠎ᠨᠢ ᠰᠤᠷᠭ᠋ᠠᠭᠤᠯᠢ ᠵᠢᠨ ᠲᠣᠭᠣᠷᠢᠭ᠎ᠤᠨ ᠲᠦᠷᠢᠮ ᠪᠠ ᠣᠯᠠᠨ ᠰᠤᠷᠭ᠋ᠠᠭᠤᠯᠢ ᠵᠢᠨ ᠬᠡᠰᠡᠭ ᠬᠤᠪᠢᠶᠠᠨ ᠰᠣᠷᠣᠭᠴᠢ ᠡᠯᠰᠡᠬᠦ ᠵᠢ ᠢᠳᠡᠪᠬᠢᠲᠡᠶ ᠬᠠᠶ᠋ᠢᠨ ᠰᠦᠪᠡᠭᠴᠢᠯᠡᠬᠦ ᠵᠢ ᠵᠣᠷᠢᠭᠵᠢᠭᠤᠯᠵᠤ᠂ ᠣᠷᠣᠨ ᠲᠣᠭᠣᠷᠢᠭ᠎ᠤᠨ ᠳᠣᠲᠣᠷᠠᠬᠢ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠦᠨᠳᠦᠰᠦᠨ᠎ᠳᠤ᠎ᠪᠠᠨ ᠲᠡᠩᠴᠡᠭᠦᠷᠢᠲᠡᠶ ᠪᠠᠶ᠋ᠢᠬᠤ ᠵᠢ ᠠᠬᠢᠭᠤᠯᠬᠤ ᠬᠡᠷᠡᠭᠲᠡᠢ᠃ ᠠᠵᠢᠯ᠎ᠤᠨ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠯᠡ᠎ᠪᠠᠷ ᠰᠣᠷᠣᠭᠴᠢ ᠡᠯᠰᠡᠬᠦ᠂ ᠢᠯᠡ᠎ᠪᠠᠷ ᠠᠩᠭᠢ ᠬᠤᠪᠢᠶᠠᠬᠤ ᠲᠥᠷᠥ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃
ᠮᠡᠳᠡᠭᠳᠡᠯ᠎ᠳᠤ᠂ 《ᠠᠯᠪᠠᠨ᠎ᠠᠴᠠ ᠡᠷᠬᠢᠯᠡᠭᠰᠡᠨ ᠪᠤᠶᠤ ᠠᠷᠠᠠᠳᠠᠴᠠ ᠡᠷᠬᠢᠯᠡᠭᠰᠡᠨ ᠰᠤᠷᠭ᠋ᠠᠭᠤᠯᠢ ᠵᠡᠷᠭᠡ᠎ᠪᠠᠷ ᠰᠤᠷᠤᠭᠴᠢ ᠡᠯᠰᠡᠬᠦ》 ᠲᠥᠷᠥ ᠵᠢᠨ ᠪᠣᠳᠣᠯᠭ᠎ᠠ ᠵᠢ ᠡᠷᠡᠰ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠠᠯᠪᠠᠨ᠎ᠠᠴᠠ ᠡᠷᠭᠢᠯᠡᠭᠰᠡᠨ ᠪᠤᠶᠤ ᠠᠷᠠᠳ᠎ᠠᠴᠠ ᠡᠷᠭᠢᠯᠡᠭᠰᠡᠨ ᠰᠤᠷᠭ᠋ᠠᠭᠤᠯᠢ᠎ᠳᠤ ᠵᠡᠷᠭᠡ᠎ᠪᠠᠷ ᠰᠣᠷᠣᠭᠴᠢ ᠡᠯᠰᠡᠬᠦ ᠵᠢ ᠪᠥᠬᠥ ᠲᠠᠯ᠎ᠠ᠎ᠪᠠᠷ ᠬᠡᠷᠡᠭᠵᠢᠭᠦᠯᠬᠦ ᠬᠡᠷᠡᠭᠲᠡᠢ᠃ ᠪᠥᠬᠥ ᠣᠷᠣᠨ᠎ᠤ ᠠᠷᠠᠳ᠎ᠠᠴᠠ ᠡᠷᠭᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠵᠢ ᠬᠢᠨᠠᠨ ᠵᠦᠪᠰᠢᠶᠡᠷᠡᠭᠰᠡᠨ ᠭᠠᠵᠠᠷ᠎ᠲᠤ ᠪᠦᠬᠦᠨ᠎ᠢ ᠣᠷᠣᠭᠤᠯᠤᠨ ᠨᠢᠭᠡᠳᠦᠯᠲᠡᠶ ᠬᠠᠮᠢᠶᠠᠷᠴᠤ᠂ ᠬᠢᠨᠠᠨ ᠵᠦᠪᠰᠢᠶᠡᠷᠡᠭᠰᠡᠨ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠰᠣᠷᠣᠭᠴᠢ ᠡᠯᠰᠡᠬᠦ ᠠᠵᠢᠯ᠎ᠢ ᠨᠢᠭᠡᠳᠦᠯᠲᠡᠶ ᠵᠣᠬᠢᠶᠠᠨ ᠪᠠᠶ᠋ᠢᠭᠤᠯᠬᠤ ᠵᠢᠨ ᠬᠠᠮᠲᠤ ᠪᠥᠬᠥ ᠶᠠᠪᠤᠴᠠ᠎ᠳᠤ ᠨᠡᠶ᠋ᠢᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ᠃ ᠠᠷᠠᠳ᠎ᠠᠴᠠ ᠡᠷᠭᠢᠯᠡᠭᠰᠡᠨ ᠰᠤᠷᠭ᠋ᠠᠭᠤᠯᠢ ᠵᠢᠨ ᠰᠣᠷᠣᠭᠴᠢ ᠡᠯᠰᠡᠬᠦ ᠬᠡᠪᠴᠢᠶ᠎ᠡ ᠵᠢ ᠵᠠᠷᠴᠢᠮ ᠳᠡᠭᠡᠷ᠎ᠡ᠎ᠪᠠᠨ ᠬᠢᠨᠠᠨ ᠵᠦᠪᠰᠢᠶᠡᠷᠡᠭᠰᠡᠨ ᠭᠠᠵᠠᠷ᠎ᠤᠨ ᠵᠠᠰᠠᠭ ᠵᠠᠬᠢᠷᠭ᠋ᠠᠨ᠎ᠤ ᠣᠷᠣᠨ ᠵᠶ᠋ᠠᠷ ᠬᠢᠵᠠᠭ᠋ᠠᠷᠯᠠᠬᠤ ᠬᠡᠷᠡᠭᠲᠡᠶ; ᠪᠠᠶ᠋ᠢᠷᠢ᠎ᠳᠤ ᠰᠠᠭᠤᠬᠤ ᠨᠥᠬᠥᠴᠡᠯ᠎ᠲᠠᠢ ᠠᠷᠠᠳ᠎ᠠᠴᠠ ᠡᠷᠭᠢᠯᠡᠭᠰᠡᠨ ᠰᠤᠷᠭ᠋ᠠᠭᠤᠯᠢ᠎ᠨᠢ ᠦᠨᠡᠨ ᠬᠦ᠌ ᠬᠢᠨᠠᠨ ᠵᠥᠪᠰᠢᠶᠡᠷᠡᠬᠦ ᠭᠠᠵᠠᠷ᠎ᠤᠨ ᠵᠠᠰᠠᠭ ᠵᠠᠬᠢᠷᠭ᠋ᠠᠨ᠎ᠤ ᠣᠷᠣᠨ᠎ᠠᠴᠠ ᠳᠠᠪᠠᠭᠤᠯᠤᠨ ᠰᠣᠷᠣᠭᠴᠢ ᠡᠯᠰᠡᠬᠦ ᠴᠢᠬᠤᠯᠠᠲᠠᠶ ᠪᠣᠯ ᠳᠡᠭᠡᠳᠦ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠢᠨᠠᠨ ᠵᠦᠪᠰᠢᠶᠡᠷᠡᠭᠦᠯᠵᠦ᠂ ᠬᠡᠪᠴᠢᠶ᠎ᠡ ᠵᠢ᠎ᠨᠢ ᠵᠣᠬᠢᠬᠤ ᠬᠡᠮᠵᠢᠶ᠎ᠡ᠎ᠪᠠᠷ ᠥᠷᠭᠡᠳᠬᠡᠵᠦ ᠪᠣᠯᠤᠨ᠎ᠠ᠂ ᠭᠡᠬᠦ᠎ᠳᠤ᠎ᠪᠠᠨ ᠠᠶ᠋ᠢᠮᠠᠭ ᠬᠣᠲᠠ ᠠᠯᠤᠰᠯᠠᠨ ᠰᠣᠷᠣᠭᠴᠢ ᠡᠯᠰᠡᠵᠦ ᠪᠣᠯᠬᠤ ᠥᠬᠡᠶ᠃ ᠠᠷᠠᠳ᠎ᠠᠴᠠ ᠡᠷᠭᠢᠯᠡᠭᠰᠡᠨ ᠡᠯ᠎ᠡ ᠰᠤᠷᠭ᠋ᠠᠭᠤᠯᠢ ᠡᠷᠬᠡᠪᠰᠢ ᠬᠢᠨᠠᠨ ᠵᠥᠪᠰᠢᠶᠡᠷᠡᠭᠰᠡᠨ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠰᠣᠷᠣᠭᠴᠢ ᠡᠯᠰᠡᠬᠦ ᠬᠡᠪᠴᠢᠶ᠎ᠡ᠂ ᠰᠣᠷᠣᠭᠴᠢ ᠡᠯᠰᠡᠬᠦ ᠲᠥᠯᠥᠪᠯᠡᠭᠡ᠂ ᠰᠣᠷᠣᠭᠴᠢ ᠡᠯᠰᠡᠬᠦ ᠲᠠᠰ ᠳᠠᠷᠠᠭ᠋ᠠᠯᠠᠯ ᠶᠣᠰᠤ᠎ᠪᠠᠷ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ᠎ᠲᠠᠢ ᠵᠡᠷᠭᠡ᠎ᠪᠠᠷ ᠨᠡᠷ᠎ᠡ ᠮᠡᠳᠡᠭᠦᠯᠵᠦ᠂ ᠵᠡᠷᠭᠡ᠎ᠪᠠᠷ ᠰᠣᠷᠣᠭᠴᠢ ᠡᠯᠰᠡᠬᠦ ᠬᠡᠷᠡᠭᠲᠡᠶ᠃ ᠡᠯ᠎ᠡ ᠠᠶ᠋ᠢᠮᠠᠭ ᠬᠣᠲᠠ 《ᠠᠯᠪᠠᠨ᠎ᠠᠴᠠ ᠡᠷᠬᠢᠯᠡᠭᠰᠡᠨ ᠪᠤᠶᠤ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠡᠷᠭᠡ᠎ᠪᠠᠷ ᠰᠤᠷᠤᠭᠴᠢ ᠡᠯᠰᠡᠬᠦ》 ᠠᠵᠢᠯᠯᠠᠭ᠋ᠠᠨ᠎ᠤ ᠨᠠᠷᠢᠨ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠣᠷᠣᠭᠴᠢ ᠡᠯᠰᠡᠬᠦ ᠦᠢ᠍ᠯᠡᠴᠢᠯᠡᠭᠡᠨ᠎ᠤ ᠰᠢᠰᠲ᠋ᠧᠮ᠎ᠢ ᠰᠠᠢ᠌ᠵᠢᠷᠠᠭᠤᠯᠵᠤ᠂ ᠨᠡᠷ᠎ᠡ ᠮᠡᠳᠡᠭᠦᠯᠬᠦ ᠪᠠ ᠡᠯᠰᠡᠬᠦ ᠴᠤᠪᠤᠷᠠᠯ᠎ᠢ ᠰᠢᠯᠢᠳᠡᠭᠵᠢᠭᠦᠯᠬᠦ ᠬᠡᠷᠡᠭᠲᠡᠶ᠃
ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠰᠤᠷᠭ᠋ᠠᠭᠤᠯᠢ ᠵᠢᠨ ᠰᠣᠷᠣᠭᠴᠢ ᠡᠯᠰᠡᠬᠦ ᠠᠵᠢᠯ᠎ᠢ ᠬᠡᠷᠡᠭᠵᠢᠭᠦᠯᠬᠦ ᠲᠥᠰᠦᠯ ᠵᠢᠴᠢ ᠬᠡᠷᠡᠭᠵᠢᠭᠦᠯᠬᠦ ᠨᠠᠷᠢᠨ ᠲᠦᠷᠢᠮ᠂ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠵᠢᠨ ᠰᠤᠷᠭ᠋ᠠᠭᠤᠯᠢ ᠵᠢᠨ ᠲᠣᠭᠣᠷᠢᠭ᠎ᠤᠨ ᠬᠡᠪᠴᠢᠶ᠎ᠡ᠂ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ ᠪᠠ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠣᠷᠣᠭᠴᠢ ᠡᠯᠰᠡᠬᠦ ᠲᠥᠯᠥᠪᠯᠡᠭᠡ (ᠡᠯᠰᠡᠬᠦ ᠰᠤᠷᠤᠭᠴᠢ ᠵᠢᠨ ᠲᠣᠭ᠎ᠠ᠂ ᠠᠩᠭᠢ ᠵᠢᠨ ᠲᠣᠭ᠎ᠠ᠂ ᠠᠩᠭᠢ ᠵᠢᠨ ᠰᠤᠷᠤᠭᠴᠢ ᠵᠢᠨ ᠲᠣᠭ᠎ᠠ ᠵᠢ ᠪᠠᠭᠲᠠᠭ᠋ᠠᠨ᠎ᠠ) ᠪᠣᠯᠤᠨ ᠰᠤᠷᠭ᠋ᠠᠭᠤᠯᠢ᠎ᠳᠤ ᠣᠷᠣᠬᠤ᠎ᠪᠠᠷ ᠨᠡᠷ᠎ᠡ ᠮᠡᠳᠡᠭᠦᠯᠬᠦ ᠨᠥᠬᠥᠴᠡᠯ᠂ ᠡᠯ᠎ᠡ ᠰᠤᠷᠭ᠋ᠠᠭᠤᠯᠢ ᠵᠢᠨ ᠬᠠᠷᠢᠯᠴᠠᠬᠤ ᠠᠷᠭ᠎ᠠ ᠮᠠᠶᠢᠭ᠂ 《ᠠᠯᠪᠠᠨ᠎ᠠᠴᠠ ᠡᠷᠬᠢᠯᠡᠭᠰᠡᠨ ᠪᠤᠶᠤ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠡᠷᠭᠡ᠎ᠪᠠᠷ ᠰᠤᠷᠤᠭᠴᠢ ᠡᠯᠰᠡᠬᠦ》 ᠶᠣᠰᠤ᠎ᠪᠠᠷ ᠡᠯᠰᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠵᠢ ᠨᠡᠶ᠋ᠢᠭᠡᠮ ᠨᠡᠶ᠋ᠢᠲᠡ᠎ᠳᠤ ᠢᠯᠡ ᠨᠡᠶ᠋ᠢᠲᠡᠯᠡᠬᠦ ᠬᠡᠷᠡᠭᠲᠡᠶ᠃ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠤᠭᠴᠢ ᠡᠯᠰᠡᠬᠦ ᠲᠣᠪᠴᠢ ᠳᠦᠷᠢᠮ ᠪᠠ ᠵᠠᠷ᠎ᠢ ᠳᠡᠭᠡᠳᠦ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠵᠢᠨ ᠬᠠᠮᠲᠤ ᠳᠠᠷᠤᠢ᠎ᠳᠤ᠎ᠨᠢ ᠨᠡᠶ᠋ᠢᠭᠡᠮ᠎ᠳᠤ ᠢᠯᠡ ᠨᠡᠢ᠌ᠲᠡᠯᠡᠬᠦ ᠬᠡᠷᠡᠭᠲᠡᠶ᠃
ᠮᠡᠳᠡᠭᠳᠡᠯ᠎ᠳᠤ᠂ ᠬᠡᠷ᠎ᠠᠴᠠ᠎ᠨᠢ ᠣᠶ᠋ᠢᠷᠠᠯᠴᠠᠭ᠎ᠠ ᠰᠤᠷᠭ᠋ᠠᠭᠤᠯᠢ᠎ᠳᠤ ᠣᠷᠣᠭᠤᠯᠬᠤ ᠵᠠᠷᠴᠢᠮ᠎ᠢ ᠪᠠᠷᠢᠮᠲᠠᠯᠠᠨ᠂ ᠤᠯᠤᠰ᠎ᠤᠨ ᠬᠡᠦᠬᠡᠳ ᠠᠪᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠰᠤᠷᠭ᠋ᠠᠨ ᠬᠥᠮᠦᠵᠢᠯ᠎ᠤᠨ ᠶᠠᠮᠤᠨ᠎ᠤ ᠰᠣᠷᠣᠭᠴᠢ ᠵᠢ ᠬᠡᠷ᠎ᠠᠴᠠ᠎ᠨᠢ ᠣᠶ᠋ᠢᠷᠠᠯᠴᠠᠭ᠎ᠠ ᠰᠤᠷᠭ᠋ᠠᠭᠤᠯᠢ᠎ᠳᠤ ᠣᠷᠣᠭᠤᠯᠬᠤ ᠦᠨᠳᠦᠰᠦᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠢᠯᠭ᠋ᠠᠬᠤ ᠥᠬᠡᠶ᠎ᠪᠠᠷ ᠰᠤᠷᠭ᠋ᠠᠭᠤᠯᠢ᠎ᠳᠤ ᠣᠷᠣᠬᠤ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠰᠢᠯᠭ᠋ᠠᠨ ᠦᠨᠡᠯᠡᠬᠦ ᠪᠤᠶᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠰᠢᠯᠭ᠋ᠠᠬᠤ᠂ ᠰᠣᠷᠢᠬᠤ᠂ ᠨᠢᠭᠤᠷᠲᠠᠨ ᠰᠢᠯᠭ᠋ᠠᠬᠤ ᠵᠡᠷᠭᠡ ᠬᠡᠯᠪᠡᠷᠢ᠎ᠪᠠᠷ ᠰᠣᠷᠣᠭᠴᠢ ᠵᠢ ᠰᠢᠯᠢᠨ ᠰᠣᠩᠭᠣᠵᠤ ᠪᠣᠯᠬᠤ ᠥᠬᠡᠶ᠂ ᠡᠯ᠎ᠡ ᠵᠦᠢ᠍ᠯ᠎ᠤᠨ ᠰᠢᠯᠭ᠋ᠠᠯᠲᠠ᠂ ᠤᠷᠤᠯᠳᠤᠭ᠋ᠠᠨ᠂ ᠪᠣᠯᠪᠠᠰᠤᠷᠠᠭᠤᠯᠤᠯ᠎ᠤᠨ ᠬᠢᠷᠢ ᠪᠦᠲᠦᠮᠵᠢ ᠪᠤᠶᠤ ᠦᠨᠡᠮᠯᠡᠯ᠎ᠤᠨ ᠭᠡᠷᠡᠴᠢ᠎ᠪᠠᠷ ᠰᠣᠷᠣᠭᠴᠢ ᠡᠯᠰᠡᠬᠦ ᠨᠥᠬᠥᠴᠡᠯ ᠪᠠ ᠦᠨᠳᠦᠰᠦᠯᠡᠯ ᠪᠣᠯᠭ᠋ᠠᠵᠤ ᠪᠣᠯᠬᠤ ᠥᠬᠡᠶ᠃
ᠬᠥᠮᠦᠨ ᠠᠮᠠ ᠵᠢ ᠲᠣᠬᠢᠷᠠᠭᠤᠯᠬᠤ ᠲᠥᠷᠥ ᠵᠢᠨ ᠪᠣᠳᠣᠯᠭ᠎ᠠ ᠵᠢ ᠳᠡᠮᠵᠢᠵᠦ᠂ ᠬᠡᠷ᠎ᠤᠨ ᠠᠬᠠᠮᠠᠳ᠎ᠤᠨ ᠳᠠᠷᠤᠭ᠋ᠠᠰᠤ ᠵᠢ ᠪᠦᠲᠦᠮᠵᠢᠲᠡᠶ᠎ᠪᠠᠷ ᠬᠥᠩᠭᠡᠷᠡᠭᠦᠯᠵᠦ᠂ ᠬᠣᠶᠠᠳᠤᠭ᠋ᠠᠷ ᠬᠡᠦᠬᠡᠳ᠂ ᠭᠤᠷᠪᠠᠳᠤᠭ᠋ᠠᠷ ᠬᠡᠦᠬᠡᠳ ᠰᠤᠷᠭ᠋ᠠᠭᠤᠯᠢ᠎ᠳᠤ ᠣᠷᠣᠬᠤ᠎ᠳᠤ ᠵᠣᠬᠢᠰᠲᠠᠶ ᠬᠠᠷᠠᠭ᠋ᠠᠯᠵᠠᠯ ᠦᠵᠡᠭᠦᠯᠬᠦ ᠬᠡᠷᠡᠭᠲᠡᠢ᠃ ᠬᠠᠷᠢᠶᠠᠲᠤ ᠣᠷᠣᠨ᠎ᠤ ᠰᠤᠷᠭ᠋ᠠᠭᠤᠯᠢ ᠵᠢᠨ ᠬᠡᠰᠡᠭ ᠬᠤᠪᠢᠶᠠᠬᠤ᠎ᠳᠤ ᠬᠤᠪᠢᠷᠠᠯᠲᠠ ᠭᠠᠷᠤᠭᠰᠠᠨ᠎ᠠᠴᠠ ᠪᠣᠯᠵᠣ ᠬᠣᠶᠠᠳᠤᠭ᠋ᠠᠷ ᠬᠡᠦᠬᠡᠳ᠂ ᠭᠤᠷᠪᠠᠳᠤᠭ᠋ᠠᠷ ᠬᠡᠦᠬᠡᠳ᠎ᠨᠢ ᠰᠤᠷᠭ᠋ᠠᠭᠤᠯᠢ᠎ᠳᠤ ᠪᠠᠶ᠋ᠢᠭ᠎ᠠ ᠠᠬ᠎ᠠ ᠡᠭᠡᠴᠢ᠎ᠲᠠᠢ᠎ᠪᠠᠨ ᠨᠢᠭᠡ ᠰᠤᠷᠭ᠋ᠠᠭᠤᠯᠢ᠎ᠳᠤ ᠣᠷᠣᠵᠤ ᠳᠡᠶ᠋ᠢᠯᠬᠦ ᠥᠬᠡᠶ ᠪᠣᠯᠤᠭᠰᠠᠨ ᠦᠶ᠎ᠡ᠎ᠳᠤ ᠠᠬ᠎ᠠ ᠡᠭᠡᠴᠢ᠎ᠨᠢ ᠰᠤᠷᠭ᠋ᠠᠭᠤᠯᠢ ᠰᠣᠩᠭᠣᠵᠤ ᠰᠤᠷᠭ᠋ᠠᠭᠤᠯᠢ᠎ᠳᠤ ᠣᠷᠣᠭᠰᠠᠨ ᠥᠬᠡᠶ ᠤᠷᠢᠲᠠᠯ ᠳᠤᠤᠷ᠎ᠠ ᠲᠡᠭᠦᠨ᠎ᠤ ᠬᠢᠨᠠᠨ ᠬᠠᠮᠠᠭ᠋ᠠᠯᠠᠭᠴᠢ᠎ᠠᠴᠠ ᠭᠤᠶᠤᠴᠢᠯᠠᠯ ᠭᠠᠷᠭ᠋ᠠᠵᠤ᠂ ᠵᠠᠷᠴᠢᠮ ᠳᠡᠭᠡᠷ᠎ᠡ᠎ᠪᠠᠨ ᠬᠣᠶᠠᠳᠤᠭ᠋ᠠᠷ ᠬᠡᠦᠬᠡᠳ᠂ ᠭᠤᠷᠪᠠᠳᠤᠭ᠋ᠠᠷ ᠬᠡᠦᠬᠡᠳ᠎ᠢ ᠰᠤᠷᠭ᠋ᠠᠭᠤᠯᠢ᠎ᠳᠤ ᠪᠠᠶ᠋ᠢᠭ᠎ᠠ ᠠᠬ᠎ᠠ ᠡᠭᠡᠴᠢᠲᠠᠢᠨᠢ ᠨᠢᠭᠡ ᠰᠤᠷᠭ᠋ᠠᠭᠤᠯᠢ᠎ᠳᠤ ᠲᠣᠬᠢᠷᠠᠭᠤᠯᠵᠤ ᠪᠣᠯᠤᠨ᠎ᠠ᠃ ᠺᠣᠮᠫᠢᠦ᠋ᠲ᠋ᠧᠷ ᠵᠶ᠋ᠠᠷ ᠵᠢᠭᠰᠠᠭ᠋ᠠᠨ ᠡᠯᠰᠡᠬᠦ᠂ ᠨᠡᠷᠡᠨ ᠭᠡᠷᠡᠯᠲᠦ ᠠᠩᠭᠢ ᠬᠤᠪᠢᠶᠠᠬᠤ ᠵᠢ ᠬᠡᠷᠡᠭᠵᠢᠭᠦᠯᠦᠭᠰᠡᠨ ᠰᠤᠷᠭ᠋ᠠᠭᠤᠯᠢ᠎ᠳᠤ ᠢᠬᠡᠷ᠎ᠡ ᠬᠡᠦᠬᠡᠳ᠂ ᠬᠣᠶᠠᠷ᠎ᠠᠴᠠ ᠳᠡᠭᠡᠭᠰᠢ ᠬᠡᠦᠬᠡᠳ᠎ᠢ ᠬᠠᠮᠲᠤᠳᠤᠨᠢ ᠡᠯᠰᠡᠬᠦ ᠲᠤᠬᠠᠢ ᠭᠡᠷ᠎ᠤᠨ ᠠᠬᠠᠮᠠᠳ᠎ᠤᠨ ᠭᠤᠶᠤᠴᠢᠯᠠᠯ᠎ᠢ ᠵᠥᠪᠰᠢᠶᠡᠷᠡᠨ᠎ᠡ᠃ ᠡᠯᠰᠡᠭᠳᠡᠭᠰᠡᠨ ᠰᠣᠷᠣᠭᠴᠢ ᠰᠤᠷᠭ᠋ᠠᠭᠤᠯᠢ᠎ᠳᠤ ᠣᠷᠣᠬᠤ ᠡᠷᠬᠡ᠎ᠪᠠᠨ ᠠᠶᠠᠨᠳᠠᠭ᠋ᠠᠨ ᠬᠠᠶᠠᠭᠰᠠᠨ᠎ᠠᠴᠠ ᠪᠣᠯᠵᠣ ᠪᠣᠶ ᠪᠣᠯᠤᠭᠰᠠᠨ ᠰᠤᠷᠤᠭᠴᠢ ᠵᠢᠨ ᠬᠣᠭᠣᠰᠣᠨ ᠣᠷᠣᠨ ᠲᠣᠭ᠎ᠠ ᠵᠢ ᠵᠣᠬᠢᠬᠤ ᠬᠤᠭᠤᠴᠠᠭ᠋ᠠᠨ᠎ᠳᠤ ᠶᠠᠮᠠᠷ ᠴᠤ᠌ ᠰᠤᠷᠭ᠋ᠠᠭᠤᠯᠢ᠎ᠳᠤ ᠡᠯᠰᠡᠭᠳᠡᠭᠰᠡᠨ ᠥᠬᠡᠶ᠂ ᠡᠯ᠎ᠡ ᠲᠥᠷᠥᠯ᠎ᠤᠨ ᠠᠰᠠᠷᠠᠨ ᠬᠠᠷᠠᠭ᠋ᠠᠯᠵᠠᠬᠤ ᠡᠲᠡᠭᠡᠳ᠎ᠤᠨ ᠦᠷ᠎ᠡ ᠬᠡᠦᠬᠡᠳ ᠪᠣᠯᠤᠨ ᠠᠬ᠎ᠠ ᠡᠭᠡᠴᠢ᠎ᠨᠢ ᠰᠤᠷᠤᠯᠴᠠᠵᠤ ᠪᠠᠢ᠌ᠭ᠎ᠠ ᠰᠤᠷᠭ᠋ᠠᠭᠤᠯᠢ᠎ᠳᠤ ᠪᠠᠶ᠋ᠢᠭ᠎ᠠ ᠬᠣᠶᠠᠳᠤᠭ᠋ᠠᠷ ᠬᠡᠦᠬᠡᠳ᠂ ᠭᠤᠷᠪᠠᠳᠤᠭ᠋ᠠᠷ ᠬᠡᠦᠬᠡᠳ᠎ᠤᠨ ᠳᠣᠲᠤᠷ᠎ᠠ᠎ᠠᠴᠠ ᠤᠷᠢᠳ ᠵᠶ᠋ᠠᠷ ᠨᠥᠬᠥᠵᠦ ᠡᠯᠰᠡᠬᠦ ᠵᠢ ᠵᠥᠪᠰᠢᠶᠡᠷᠡᠨ᠎ᠡ᠃ ᠵᠢᠭᠰᠠᠭ᠋ᠠᠨ ᠡᠯᠰᠡᠬᠦ᠂ ᠠᠩᠭᠢ ᠬᠤᠪᠢᠶᠠᠬᠤ ᠨᠡᠷᠡᠰ᠎ᠢ ᠲᠤᠬᠠᠶ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠢᠨᠠᠨ ᠲᠣᠭᠲᠠᠭ᠋ᠠᠬᠤ ᠵᠢᠨ ᠬᠠᠮᠲᠤ ᠨᠡᠶ᠋ᠢᠲᠡᠯᠡᠨ᠎ᠡ᠃
ᠮᠡᠳᠡᠭᠳᠡᠯ᠎ᠳᠤ᠂ ᠣᠨᠴᠠᠭ᠋ᠠᠶ ᠬᠠᠮᠲᠤᠯᠢᠭ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠭᠥᠷᠳᠡᠬᠦ ᠵᠢ ᠪᠠᠲᠤᠯᠠᠬᠤ ᠵᠢ ᠪᠠᠷᠢᠮᠲᠠᠯᠠᠬᠤ ᠬᠡᠷᠡᠭᠲᠡᠶ ᠭᠡᠵᠦ ᠱᠠᠭ᠋ᠠᠷᠳᠠᠪᠠ᠃
ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠵᠢ ᠪᠠᠲᠤᠯᠠᠬᠤ ᠲᠠᠯ᠎ᠠ᠎ᠪᠠᠷ᠄ ᠡᠯ᠎ᠡ ᠭᠠᠵᠠᠷ᠎ᠤᠨ᠎ᠬᠢᠨ ᠰᠤᠷᠭ᠋ᠠᠭᠤᠯᠢ᠎ᠳᠤ ᠣᠷᠣᠬᠤ ᠨᠥᠬᠥᠴᠡᠯ᠎ᠳᠤ ᠨᠡᠶ᠋ᠢᠴᠡᠬᠦ ᠨᠡᠭᠦᠳᠡᠯ ᠬᠥᠮᠦᠨ ᠠᠮᠠ ᠵᠢᠨ ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠬᠡᠷᠡᠭᠴᠡᠭᠡ ᠪᠠ ᠱᠠᠭ᠋ᠠᠷᠳᠠᠯᠭ᠎ᠠ ᠵᠢᠨ ᠪᠠᠶ᠋ᠢᠳᠠᠯ᠎ᠢ ᠰᠠᠶ᠋ᠢᠲᠤᠷ ᠵᠠᠳᠠᠯᠵᠤ᠂ ᠰᠣᠷᠣᠭᠴᠢ ᠵᠢᠨ ᠢᠷᠡᠯᠲᠡ ᠵᠢᠨ ᠲᠣᠭ᠎ᠠ ᠪᠠᠷᠢᠮᠲᠠ ᠵᠢ ᠤᠷᠢᠳᠴᠢᠯᠠᠨ ᠤᠶ᠋ᠢᠯᠠᠭ᠋ᠠᠨ ᠵᠢᠭᠰᠠᠭ᠋ᠠᠵᠤ᠂ ᠨᠠᠷᠢᠯᠢᠭ ᠣᠨᠣᠴᠠᠲᠠᠶ ᠪᠦᠷᠢᠳᠬᠡᠨ ᠵᠠᠳᠠᠯᠵᠤ᠂ ᠣᠨᠴᠠᠭ᠋ᠠᠶ ᠬᠠᠮᠲᠤᠯᠢᠭ᠎ᠤᠨ ᠰᠣᠷᠣᠭᠴᠢ ᠡᠯᠰᠡᠬᠦ ᠠᠵᠢᠯ᠎ᠤᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ 《ᠬᠣᠶᠠᠷ ᠵᠶ᠋ᠠᠷ ᠭᠤᠤᠯ ᠪᠣᠯᠭ᠋ᠠᠵᠤ᠂ ᠬᠣᠶᠠᠷ᠎ᠢ ᠣᠷᠣᠭᠤᠯᠬᠤ》 ᠵᠠᠷᠴᠢᠮ᠎ᠢ ᠪᠠᠷᠢᠮᠲᠠᠯᠠᠨ᠂ ᠣᠷᠣᠰᠢᠨ ᠰᠠᠭᠤᠬᠤ ᠦᠨᠡᠮᠯᠡᠯ ᠵᠶ᠋ᠠᠷ ᠭᠤᠤᠯ ᠦᠨᠳᠦᠰᠦᠯᠡᠯ ᠪᠣᠯᠭ᠋ᠠᠵᠤ ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ᠎ᠳᠤ ᠣᠷᠣᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠰᠤᠷᠭ᠋ᠠᠭᠤᠯᠢ᠎ᠳᠤ ᠣᠷᠣᠬᠤ ᠴᠤᠪᠤᠷᠠᠯ ᠪᠠ ᠭᠡᠷᠡᠴᠢᠯᠡᠬᠦ ᠱᠠᠭ᠋ᠠᠷᠳᠠᠯᠭ᠎ᠠ ᠵᠢ ᠦᠨᠡᠨ ᠬᠦ᠌ ᠳᠥᠭᠥᠮᠴᠢᠯᠡᠵᠦ᠂ ᠭᠡᠷ᠎ᠠᠴᠠ᠎ᠨᠢ ᠣᠢ᠌ᠷᠠᠯᠴᠠᠭ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠰᠤᠷᠭ᠋ᠠᠭᠤᠯᠢ᠎ᠳᠤ ᠣᠷᠣᠭᠤᠯᠵᠤ᠂ 《ᠰᠤᠷᠭ᠋ᠠᠭᠤᠯᠢ᠎ᠳᠤ ᠣᠷᠣᠬᠤ ᠶᠣᠰᠣᠲᠠᠶ ᠰᠤᠷᠤᠭᠴᠢ ᠵᠢ ᠴᠥᠮ ᠰᠤᠷᠭ᠋ᠠᠭᠤᠯᠢ᠎ᠳᠤ ᠣᠷᠣᠭᠤᠯᠬᠤ》 ᠵᠢ ᠦᠨᠡᠨ ᠬᠦ᠌ ᠪᠠᠲᠤᠯᠠᠵᠤ᠂ ᠰᠤᠷᠭ᠋ᠠᠭᠤᠯᠢ᠎ᠳᠤ ᠣᠷᠣᠬᠤ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠳᠡᠭᠡᠭᠰᠢᠯᠡᠭᠦᠯᠵᠦ ᠪᠣᠯᠬᠤ ᠥᠬᠡᠶ᠃ ᠬᠣᠲᠠ ᠪᠠᠯᠭ᠋ᠠᠰᠤᠨ᠎ᠤ ᠰᠤᠷᠤᠯᠴᠠᠬᠤ ᠣᠷᠣᠨ ᠪᠠᠢ᠌ᠷᠢ ᠵᠢᠨ ᠬᠠᠩᠭ᠋ᠠᠯᠭ᠎ᠠ ᠵᠢ ᠴᠢᠷᠮᠠᠶ᠋ᠢᠨ ᠥᠷᠭᠡᠳᠬᠡᠵᠦ᠂ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ᠎ᠪᠠᠷ ᠭᠤᠤᠯᠯᠠᠭᠤᠯᠤᠨ ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠵᠢ ᠲᠣᠬᠢᠷᠠᠭᠤᠯᠵᠤ᠂ ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ᠎ᠳᠤ ᠰᠤᠷᠤᠯᠴᠠᠬᠤ ᠬᠠᠷᠢᠴᠠᠯ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ; ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠵᠢᠨ ᠰᠤᠷᠤᠯᠴᠠᠬᠤ ᠣᠷᠣᠨ ᠪᠠᠢ᠌ᠷᠢ᠎ᠨᠢ ᠬᠦᠷᠦᠯᠴᠡᠬᠦ ᠥᠬᠡᠶ ᠪᠣᠯ ᠵᠠᠰᠠᠭ᠎ᠤᠨ ᠣᠷᠳᠣᠨ᠎ᠠᠴᠠ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠣᠷᠣᠰᠢᠨ ᠰᠠᠭᠤᠬᠤ ᠦᠨᠡᠮᠯᠡᠯ᠎ᠲᠠᠢ ᠳᠠᠭ᠋ᠠᠵᠤ ᠨᠡᠭᠦᠭᠰᠡᠨ ᠦᠷ᠎ᠡ ᠬᠡᠦᠬᠡᠳ᠎ᠢ ᠬᠠᠤᠯᠢ ᠶᠣᠰᠤ᠎ᠪᠠᠷ ᠡᠷᠭᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠠᠷᠠᠳ᠎ᠠᠴᠠ ᠡᠷᠭᠢᠯᠡᠭᠰᠡᠨ ᠰᠤᠷᠭ᠋ᠠᠭᠤᠯᠢ᠎ᠳᠤ ᠰᠤᠷᠤᠯᠴᠠᠭᠤᠯᠬᠤ᠎ᠪᠠᠷ ᠳᠣᠭᠢᠷᠠᠭᠤᠯᠬᠤ ᠵᠢ ᠢᠳᠡᠪᠬᠢᠲᠡᠶ ᠰᠦᠪᠡᠭᠴᠢᠯᠡᠬᠦ ᠬᠡᠷᠡᠭᠲᠡᠢ᠃ ᠳᠠᠭ᠋ᠠᠵᠤ ᠨᠡᠭᠦᠭᠰᠡᠨ ᠦᠷ᠎ᠡ ᠬᠡᠦᠬᠡᠳ᠎ᠢ ᠡᠷᠦᠬᠡ ᠠᠮᠠ ᠵᠢᠨ ᠲᠠᠩᠰᠠ ᠪᠠᠶ᠋ᠢᠭ᠎ᠠ ᠭᠠᠵᠠᠷ᠎ᠤᠨ ᠰᠤᠷᠭ᠋ᠠᠭᠤᠯᠢ᠎ᠳᠤ᠎ᠪᠠᠨ ᠪᠤᠴᠠᠵᠤ ᠰᠤᠷᠤᠯᠴᠠᠬᠤ᠎ᠳᠤ ᠲᠤᠬᠠᠶ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ ᠲᠣᠭᠲᠠᠭ᠋ᠠᠯ ᠶᠣᠰᠤ᠎ᠪᠠᠷ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠰᠤᠷᠭ᠋ᠠᠭᠤᠯᠢ᠎ᠳᠤ ᠣᠷᠣᠭᠤᠯᠬᠤ ᠬᠡᠷᠡᠭᠲᠡᠶ᠃
ᠵᠡᠮᠳᠡᠭ ᠬᠡᠦᠬᠡᠳ ᠪᠠᠭ᠋ᠠᠴᠤᠳ᠎ᠤᠨ ᠰᠤᠷᠭ᠋ᠠᠨ ᠬᠥᠮᠦᠵᠢᠯ ᠬᠦᠷᠳᠡᠬᠦ ᠡᠷᠬᠡ ᠵᠢ ᠪᠠᠲᠤᠯᠠᠬᠤ ᠲᠠᠯ᠎ᠠ᠎ᠪᠠᠷ᠄ ᠡᠯ᠎ᠡ ᠭᠠᠵᠠᠷ᠎ᠤᠨ᠎ᠬᠢᠨ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠲᠠᠢ ᠰᠤᠷᠭ᠋ᠠᠭᠤᠯᠢ ᠵᠢᠨ ᠨᠠᠰᠤᠨ᠎ᠤ ᠵᠡᠮᠳᠡᠭ ᠬᠡᠦᠬᠡᠳ ᠪᠠᠭ᠋ᠠᠴᠤᠳ᠎ᠤᠨ ᠰᠤᠷᠭ᠋ᠠᠭᠤᠯᠢ᠎ᠳᠤ ᠣᠷᠣᠬᠤ ᠮᠡᠳᠡᠭᠡ ᠵᠠᠩᠭᠢ ᠵᠢ ᠵᠣᠯᠭ᠋ᠠᠭᠤᠯᠬᠤ ᠵᠢ ᠰᠠᠶ᠋ᠢᠲᠤᠷ ᠬᠢᠵᠦ᠂ ᠰᠠᠭᠤᠷᠢ ᠲᠣᠭ᠎ᠠ ᠵᠢ ᠨᠠᠷᠢᠨ ᠬᠢᠨᠠᠮᠠᠭ᠋ᠠᠢ ᠣᠶ᠋ᠢᠯᠠᠭ᠋ᠠᠵᠤ᠂ 《ᠨᠢᠭᠡ ᠬᠥᠮᠦᠨ ᠨᠢᠭᠡ ᠲᠥᠰᠦᠯ》 ᠵᠶ᠋ᠠᠷ ᠲᠦᠷᠦᠯ ᠬᠤᠪᠢᠶᠠᠨ ᠲᠣᠬᠢᠷᠠᠭᠤᠯᠵᠤ᠂ ᠰᠤᠷᠤᠯᠭ᠎ᠠ ᠠᠯᠳᠠᠬᠤ ᠦᠭᠡᠢ᠂ ᠰᠤᠷᠤᠯᠭ᠎ᠠ᠎ᠪᠠᠨ ᠵᠣᠭᠰᠣᠬᠤ ᠦᠭᠡᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠶᠠᠮᠠᠷᠪᠠ ᠰᠤᠷᠭ᠋ᠠᠭᠤᠯᠢ᠎ᠨᠢ ᠡᠩ᠎ᠤᠨ ᠰᠤᠷᠭ᠋ᠠᠭᠤᠯᠢ᠎ᠳᠤ ᠰᠤᠷᠤᠯᠴᠠᠵᠤ ᠠᠮᠢᠳᠤᠷᠠᠬᠤ ᠴᠢᠳᠠᠪᠤᠷᠢ᠎ᠲᠠᠢ ᠰᠤᠷᠭ᠋ᠠᠭᠤᠯᠢ ᠵᠢᠨ ᠨᠠᠰᠤᠨ᠎ᠤ ᠵᠡᠮᠳᠡᠭ ᠬᠡᠦᠬᠡᠳ ᠪᠠᠭ᠋ᠠᠴᠤᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ᠎ᠳᠤ ᠣᠷᠣᠬᠤ ᠵᠢ ᠲᠡᠪᠴᠢᠵᠦ ᠪᠣᠯᠬᠤ ᠥᠬᠡᠶ᠃ ᠨᠡᠢ᠌ᠯᠡᠮᠡᠯ ᠰᠤᠷᠭ᠋ᠠᠨ ᠬᠥᠮᠦᠵᠢᠯ᠎ᠢ ᠶᠡᠬᠡ᠎ᠪᠠᠷ ᠠᠬᠢᠭᠤᠯᠵᠤ᠂ ᠡᠩ᠎ᠤᠨ ᠰᠤᠷᠭ᠋ᠠᠭᠤᠯᠢ᠎ᠳᠤ ᠠᠩᠭᠢ ᠳᠠᠭ᠋ᠠᠵᠤ ᠰᠤᠷᠤᠯᠴᠠᠬᠤ ᠠᠷᠭ᠎ᠠ ᠮᠠᠶᠢᠭ᠎ᠢ ᠤᠷᠢᠳ ᠵᠶ᠋ᠠᠷ ᠬᠡᠷᠡᠭᠯᠡᠵᠦ᠂ ᠰᠤᠷᠭ᠋ᠠᠭᠤᠯᠢ ᠵᠢᠨ ᠨᠠᠰᠤᠨ᠎ᠤ ᠬᠥᠩᠭᠡᠨ ᠵᠡᠷᠭᠡ ᠵᠢᠨ ᠵᠡᠮᠳᠡᠭ ᠬᠡᠦᠬᠡᠳ ᠪᠠᠭ᠋ᠠᠴᠤᠳ᠎ᠲᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠬᠦᠷᠲᠡᠭᠡᠬᠦ ᠵᠢ ᠭᠡᠷ᠎ᠠᠴᠠ᠎ᠨᠢ ᠣᠢ᠌ᠷᠠᠯᠴᠠᠭ᠎ᠠ ᠳᠣᠭᠢᠷᠠᠭᠤᠯᠤᠨ᠎ᠠ; ᠳᠤᠮᠳᠠ ᠵᠡᠷᠭᠡ ᠵᠢᠨ ᠵᠡᠮᠳᠡᠭ ᠬᠡᠦᠬᠡᠳ ᠪᠠᠭ᠋ᠠᠴᠤᠳ᠎ᠢ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠳᠣᠭᠢᠷᠠᠭᠤᠯᠤᠨ ᠰᠤᠷᠤᠯᠴᠠᠭᠤᠯᠤᠨ᠎ᠠ; ᠲᠤᠰᠬᠠᠶ ᠬᠥᠮᠦᠨ ᠵᠶ᠋ᠠᠷ ᠠᠰᠠᠷᠠᠭᠤᠯᠬᠤ ᠴᠢᠬᠤᠯᠠᠲᠠᠢ᠂ ᠰᠤᠷᠭ᠋ᠠᠭᠤᠯᠢ᠎ᠳᠤ ᠣᠴᠢᠨ ᠰᠤᠷᠤᠯᠴᠠᠵᠤ ᠳᠡᠢ᠌ᠯᠬᠦ ᠦᠭᠡᠢ ᠵᠡᠮᠳᠡᠭ ᠬᠡᠦᠬᠡᠳ᠎ᠤᠨ ᠬᠡᠷ᠎ᠲᠤ᠎ᠨᠢ ᠣᠴᠢᠵᠤ ᠬᠢᠴᠢᠶᠡᠯᠯᠡᠬᠦ᠎ᠪᠠᠷ ᠳᠣᠭᠢᠷᠠᠭᠤᠯᠬᠤ ᠵᠢᠨ ᠬᠠᠮᠲᠤ ᠬᠠᠷᠢᠶ᠎ᠠ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ 《ᠨᠢᠭᠡ ᠬᠥᠮᠦᠨ ᠨᠢᠭᠡ ᠲᠥᠰᠦᠯ》᠎ᠳᠤ᠎ᠪᠠᠨ ᠬᠡᠷ᠎ᠲᠤ᠎ᠨᠢ ᠣᠴᠢᠵᠤ ᠬᠢᠴᠢᠶᠡᠯᠯᠡᠬᠦ ᠲᠥᠰᠦᠯ᠎ᠢ ᠲᠣᠭᠲᠠᠭ᠋ᠠᠵᠤ᠂ ᠲᠡᠳᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠭᠥᠷᠳᠡᠬᠦ ᠵᠢ ᠬᠠᠤᠯᠢ ᠶᠣᠰᠤ᠎ᠪᠠᠷ ᠪᠠᠲᠤᠯᠠᠬᠤ ᠬᠡᠷᠡᠭᠲᠡᠶ᠃ ᠰᠤᠷᠭ᠋ᠠᠭᠤᠯᠢ᠎ᠳᠤ ᠣᠷᠣᠭᠤᠯᠬᠤ ᠵᠢ ᠲᠣᠬᠢᠷᠠᠭᠤᠯᠬᠤ᠎ᠳᠤ ᠮᠠᠷᠭᠤᠭ᠋ᠠᠨ᠎ᠲᠠᠢ ᠪᠣᠯ ᠬᠣᠰᠢᠭᠤ ᠰᠢᠶᠠᠨ (ᠬᠤᠳᠠ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠲᠠᠢ ᠤᠷᠢᠳ ᠵᠶ᠋ᠠᠷ ᠵᠥᠪᠳᠡᠯᠴᠡᠵᠦ᠂ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠬᠥᠷᠳᠡᠬᠥ ᠴᠢᠳᠠᠪᠤᠷᠢ ᠵᠢ ᠦᠨᠡᠯᠡᠨ ᠵᠢᠱ᠌ᠢᠭᠦᠯᠵᠦ᠂ ᠲᠣᠬᠢᠷᠠᠭᠤᠯᠬᠤ ᠰᠠᠨᠠᠯ ᠳᠤᠷᠠᠳᠤᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠬᠥᠷᠳᠡᠬᠥ ᠠᠷᠭ᠎ᠠ ᠮᠠᠶᠢᠭ ᠪᠣᠯᠤᠨ ᠪᠣᠳᠠᠲᠠᠶ ᠰᠤᠷᠤᠯᠴᠠᠵᠤ ᠪᠠᠶ᠋ᠢᠭ᠎ᠠ (ᠭᠡᠷ᠎ᠲᠤ᠎ᠨᠢ ᠣᠴᠢᠵᠤ ᠬᠢᠴᠢᠶᠡᠯᠯᠡᠬᠦ) ᠰᠤᠷᠭ᠋ᠠᠭᠤᠯᠢ ᠵᠢ ᠲᠣᠳᠣᠷᠬᠠᠶ᠋ᠢᠯᠠᠬᠤ ᠬᠡᠷᠡᠭᠲᠡᠶ᠃
ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ᠄ ᠦᠷᠡᠭᠳᠡᠭᠰᠡᠨ ᠪᠠᠭ᠋ᠠᠲᠤᠷᠴᠤᠳ᠎ᠤᠨ ᠦᠷ᠎ᠡ ᠬᠡᠦᠬᠡᠳ᠂ ᠬᠠᠷᠠᠭ᠋ᠠᠯᠵᠠᠯ ᠦᠵᠡᠭᠦᠯᠬᠦ ᠨᠥᠬᠥᠴᠡᠯ᠎ᠳᠤ ᠨᠡᠶ᠋ᠢᠴᠡᠬᠦ ᠴᠡᠷᠢᠭ᠎ᠤᠨ ᠠᠯᠪᠠ ᠬᠠᠭ᠋ᠠᠭᠰᠠᠳᠤᠨ ᠦᠷ᠎ᠡ ᠬᠡᠦᠬᠡᠳ᠂ ᠭᠠᠯ᠎ᠢ ᠰᠡᠷᠭᠡᠢ᠌ᠯᠡᠵᠦ ᠠᠪᠤᠷᠠᠨ ᠳᠤᠰᠠᠯᠠᠭᠰᠠᠳᠤᠨ ᠦᠷ᠎ᠡ ᠬᠡᠦᠬᠡᠳ᠂ ᠳᠣᠲᠣᠭ᠋ᠠᠳᠤ ᠵᠢ ᠬᠠᠮᠠᠭ᠋ᠠᠯᠠᠬᠤ ᠪᠠᠭ᠋ᠠᠲᠤᠷ ᠵᠢᠱ᠌ᠢᠶᠡᠴᠢ ᠪᠠ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ᠂ ᠰᠢᠷᠬᠠᠲᠤᠵᠤ ᠵᠡᠮᠳᠡᠭᠷᠡᠭᠰᠡᠨ ᠴᠠᠭᠳᠠᠭ᠋ᠠᠨ᠎ᠤ ᠦᠷ᠎ᠡ ᠬᠡᠦᠬᠡᠳ᠂ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠤᠨ ᠦᠢ᠍ᠯᠡᠰ ᠪᠣᠰᠬᠠᠠᠭᠰᠠᠨ ᠠᠵᠤ ᠠᠬᠤᠶ᠋ᠢᠯᠠᠯᠲᠠᠨ ᠪᠠ ᠨᠥᠬᠥᠴᠡᠯ᠎ᠳᠤ ᠨᠡᠶ᠋ᠢᠴᠡᠬᠦ ᠳᠡᠭᠡᠳᠦ ᠳᠡᠰ᠎ᠤᠨ ᠴᠢᠳᠠᠪᠤᠷᠢᠲᠠᠨ᠎ᠤ ᠦᠷ᠎ᠡ ᠬᠡᠦᠬᠡᠳ ᠵᠢᠴᠢ ᠬᠠᠷᠠᠭ᠋ᠠᠯᠵᠠᠯ ᠦᠵᠡᠭᠦᠯᠬᠦ ᠨᠥᠬᠥᠴᠡᠯ᠎ᠳᠤ ᠨᠡᠶ᠋ᠢᠴᠡᠬᠦ ᠪᠤᠰᠤᠳ ᠬᠥᠮᠦᠰ᠎ᠤᠨ ᠦᠷ᠎ᠡ ᠬᠡᠦᠬᠡᠳ᠎ᠲᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠬᠦᠷᠲᠡᠭᠡᠨ᠎ᠡ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠤᠭᠳᠠᠬᠤ ᠲᠥᠷᠥ ᠵᠢᠨ ᠪᠣᠳᠣᠯᠭ᠎ᠠ ᠵᠢᠨ ᠶᠣᠰᠤ᠎ᠪᠠᠷ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠪᠠ ᠲᠠᠰ ᠳᠠᠷᠠᠭ᠋ᠠᠯᠠᠯ᠎ᠤᠨ ᠶᠣᠰᠤ᠎ᠪᠠᠷ ᠳᠣᠭᠢᠷᠠᠭᠤᠯᠤᠨ ᠰᠤᠷᠭ᠋ᠠᠭᠤᠯᠢ᠎ᠳᠤ ᠣᠷᠣᠭᠤᠯᠤᠨ᠎ᠠ᠃
ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢᠨ ᠲᠠᠯ᠎ᠠ᠎ᠪᠠᠷ ᠄ ᠡᠯ᠎ᠡ ᠭᠠᠵᠠᠷ᠎ᠤᠨ᠎ᠬᠢᠨ ᠵᠠᠰᠠᠭ᠎ᠤᠨ ᠣᠷᠳᠣᠨ ᠵᠢᠴᠢ ᠬᠣᠯᠪᠤᠭᠳᠠᠬᠤ ᠰᠠᠯᠠᠭ᠎ᠠ ᠮᠥᠴᠢᠷ᠂ ᠰᠤᠷᠭ᠋ᠠᠭᠤᠯᠢ᠂ ᠬᠡᠷ ᠪᠦᠯᠢ ᠵᠡᠷᠭᠡ ᠣᠯᠠᠨ ᠲᠠᠯ᠎ᠠ᠎ᠲᠠᠢ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠳᠠᠭ᠋ᠠᠭ᠋ᠠᠴᠢᠯᠠᠬᠤ ᠬᠠᠷᠢᠭᠤᠴᠠᠯᠭ᠎ᠠ ᠵᠢᠨ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 《ᠨᠢᠭᠡ ᠰᠢᠶᠠᠨ ᠨᠢᠭᠡ ᠲᠥᠰᠦᠯ》᠎ᠤᠨ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠠᠵᠢᠯ᠎ᠤᠨ ᠲᠥᠰᠦᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠶᠠᠳᠠᠭᠤᠷᠠᠬᠤ᠎ᠳᠤ ᠬᠦᠷᠦᠭᠰᠡᠨ ᠡᠷᠦᠬᠡ᠂ ᠭᠡᠨᠡᠳᠲᠡ ᠵᠢᠨ ᠬᠦᠨᠳᠦ ᠨᠣᠴᠢᠲᠠᠶ ᠶᠠᠳᠠᠭᠤᠷᠠᠭᠰᠠᠨ ᠡᠷᠦᠬᠡ᠂ ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠵᠡᠷᠭᠡ ᠭᠤᠷᠪᠠᠨ ᠲᠥᠷᠥᠯ ᠵᠶ᠋ᠠᠷ ᠠᠵᠢᠯ᠎ᠤᠨ ᠡᠬᠡ ᠲᠠᠩᠰᠠ ᠪᠠᠶ᠋ᠢᠭᠤᠯᠵᠤ᠂ ᠮᠥᠷᠳᠡᠨ ᠬᠢᠨᠠᠨ ᠪᠠᠢ᠌ᠴᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠢᠵᠢᠭ᠂ ᠶᠠᠳᠠᠭᠤ᠂ ᠡᠪᠡᠳᠴᠢᠨ᠎ᠠᠴᠠ ᠪᠣᠯᠵᠣ ᠰᠤᠷᠤᠯᠭ᠎ᠠ᠎ᠪᠠᠨ ᠵᠣᠭᠰᠣᠬᠤ ᠵᠢ ᠡᠷᠡᠰ ᠰᠡᠷᠭᠡᠶ᠋ᠢᠯᠡᠬᠦ ᠬᠡᠷᠡᠭᠲᠡᠶ᠃ ᠭᠣᠣᠯᠳᠠᠯᠭ᠋ᠠᠲᠠᠢ ᠭᠠᠵᠠᠷ ᠣᠷᠣᠨ᠂ ᠭᠣᠣᠯᠳᠠᠯᠭ᠋ᠠᠲᠠᠢ ᠬᠥᠮᠦᠰ᠂ ᠭᠣᠣᠯᠳᠠᠯᠭ᠋ᠠᠲᠠᠢ ᠭᠣᠭᠴᠣᠭ᠎ᠠ ᠪᠠ ᠴᠢᠬᠤᠯᠠ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠵᠡᠮᠳᠡᠭ ᠬᠡᠦᠬᠡᠳ᠂ ᠬᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠪᠠ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠬᠤ ᠠᠵᠢᠯ᠎ᠢ ᠭᠣᠣᠯᠳᠠᠯᠭ᠋ᠠᠲᠠᠢ ᠰᠠᠶ᠋ᠢᠲᠤᠷ ᠬᠢᠵᠦ᠂ ᠰᠤᠷᠭ᠋ᠠᠨ ᠬᠥᠮᠦᠵᠢᠯ᠎ᠤᠨ ᠬᠠᠯᠠᠮᠵᠢᠯᠠᠨ ᠬᠠᠶ᠋ᠢᠷᠠᠯᠠᠵᠤ ᠬᠠᠪᠰᠤᠷᠤᠨ ᠲᠡᠳᠬᠦᠬᠦ ᠵᠢ ᠴᠢᠩᠭ᠋ᠠᠠᠳᠬᠠᠵᠤ᠂ ᠲᠡᠳᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠭᠥᠷᠳᠡᠬᠦ ᠡᠷᠬᠡ ᠵᠢ ᠬᠠᠤᠯᠢ ᠶᠣᠰᠤ᠎ᠪᠠᠷ ᠪᠠᠲᠤᠯᠠᠬᠤ ᠬᠡᠷᠡᠭᠲᠡᠶ᠃
ᠮᠡᠳᠡᠭᠳᠡᠯ᠎ᠳᠤ᠂ ᠰᠣᠷᠣᠭᠴᠢ ᠡᠯᠰᠡᠬᠦ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠭᠠᠵᠠᠷ᠎ᠤᠨ᠎ᠬᠢᠨ ᠪᠥᠯᠦᠭᠯᠡᠯ᠎ᠲᠦ ᠰᠤᠷᠭ᠋ᠠᠭᠤᠯᠢ ᠡᠷᠭᠢᠯᠡᠬᠦ᠂ ᠰᠤᠷᠭ᠋ᠠᠭᠤᠯᠢ ᠵᠢᠨ ᠲᠣᠭᠣᠷᠢᠭ᠎ᠤᠨ ᠳᠦᠷᠢᠮᠲᠦ ᠬᠠᠮᠢᠶᠠᠷᠤᠯᠲᠠ ᠵᠢᠴᠢ ᠬᠣᠷᠰᠢᠶᠠᠯᠠᠵᠤ ᠬᠠᠪᠰᠤᠷᠤᠨ ᠲᠡᠳᠬᠦᠬᠦ᠂ ᠨᠠᠷᠠᠲᠤ ᠰᠤᠷᠭ᠋ᠠᠭᠤᠯᠢ᠎ᠠᠴᠠ ᠬᠤᠪᠢᠶᠠᠷᠢ ᠰᠤᠷᠭ᠋ᠠᠭᠤᠯᠢ ᠡᠷᠭᠢᠯᠡᠬᠦ᠂ ᠬᠦᠴᠦᠷᠬᠡᠭ ᠰᠤᠷᠭ᠋ᠠᠭᠤᠯᠢ᠎ᠨᠢ ᠪᠠᠭᠤᠷᠠᠶ ᠰᠤᠷᠭ᠋ᠠᠭᠤᠯᠢ ᠵᠢ ᠬᠠᠪᠰᠤᠷᠬᠤ ᠵᠡᠷᠭᠡ ᠠᠷᠭ᠎ᠠ ᠮᠠᠶᠢᠭ᠎ᠢ ᠢᠳᠡᠪᠬᠢᠲᠡᠶ ᠬᠡᠷᠡᠭᠯᠡᠵᠦ᠂ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠠᠷᠠᠳ ᠣᠯᠠᠨ᠎ᠤ ᠴᠢᠨᠠᠷᠯᠢᠭ ᠰᠤᠷᠭ᠋ᠠᠨ ᠬᠥᠮᠦᠵᠢᠯ᠎ᠤᠨ ᠬᠡᠷᠡᠭᠴᠡᠭᠡ ᠪᠠ ᠱᠠᠭ᠋ᠠᠷᠳᠠᠯᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭ᠋ᠠᠬᠤ ᠬᠡᠷᠡᠭᠲᠡᠶ᠃ ᠰᠤᠷᠭ᠋ᠠᠨ ᠬᠥᠮᠦᠵᠢᠯ᠎ᠤᠨ ᠶᠠᠮᠤᠨ᠎ᠤ 《ᠠᠷᠪᠠᠨ ᠵᠦᠢ᠍ᠯ᠎ᠢ ᠴᠢᠩᠭ᠎ᠠ ᠬᠣᠷᠢᠭᠯᠠᠬᠤ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠤᠭᠴᠢ ᠡᠯᠰᠡᠬᠦ ᠰᠠᠬᠢᠯᠭ᠎ᠠ ᠪᠠᠲᠤ ᠵᠢ ᠤᠯᠠᠮ ᠨᠢᠭᠡ ᠠᠯᠬᠤᠮ ᠲᠣᠳᠤᠷᠬᠠᠢ᠌ᠯᠠᠬᠤ ᠬᠡᠷᠡᠭᠲᠡᠶ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠤᠷᠢᠳᠴᠢᠯᠠᠨ ᠰᠣᠷᠣᠭᠴᠢ ᠡᠯᠰᠡᠬᠦ᠂ 《ᠣᠷᠣᠢ᠌ᠯᠠᠭᠰᠠᠨ》 ᠰᠣᠷᠣᠭᠴᠢ ᠡᠯᠰᠡᠬᠦ᠂ ᠲᠥᠯᠥᠪᠯᠡᠭᠡ ᠥᠬᠡᠶ ᠪᠤᠶᠤ ᠲᠥᠯᠥᠪᠯᠡᠭᠡ᠎ᠠᠴᠠ ᠳᠠᠪᠠᠭᠤᠯᠤᠨ ᠰᠣᠷᠣᠭᠴᠢ ᠡᠯᠰᠡᠬᠦ᠂ ᠣᠷᠣᠨ ᠪᠦᠰᠡ ᠠᠯᠤᠰᠯᠠᠨ ᠰᠣᠷᠣᠭᠴᠢ ᠡᠯᠰᠡᠬᠦ᠂ ᠬᠤᠳᠠᠯ ᠬᠠᠭᠤᠷᠮᠠᠭ ᠵᠶ᠋ᠠᠷ ᠤᠬᠠᠭᠤᠯᠵᠤ ᠰᠣᠷᠣᠭᠴᠢ ᠡᠯᠰᠡᠬᠦ ᠵᠡᠷᠭᠡ ᠲᠣᠭᠲᠠᠭ᠋ᠠᠯ᠎ᠠᠴᠠ ᠵᠥᠷᠢᠴᠡᠨ ᠰᠣᠷᠣᠭᠴᠢ ᠡᠯᠰᠡᠬᠦ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠮᠠᠭᠤ ᠨᠥᠯᠥᠭᠡ ᠭᠠᠷᠭ᠋ᠠᠭᠰᠠᠨ ᠪᠤᠶᠤ ᠬᠦᠨᠳᠦ ᠨᠣᠴᠢᠲᠠᠶ ᠦᠷ᠎ᠡ ᠤᠷᠰᠢᠭ ᠲᠠᠲᠠᠭᠰᠠᠨ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠵᠢᠨ ᠵᠠᠬᠢᠷᠤᠯ᠎ᠢ ᠭᠤᠤᠯᠴᠢᠯᠠᠨ ᠬᠠᠮᠢᠶᠠᠷᠴᠤ ᠪᠥᠬᠥᠶ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ ᠦᠵᠡᠵᠦ ᠬᠠᠷᠢᠭᠤᠴᠠᠯᠭ᠎ᠠ ᠨᠡᠬᠡᠮᠵᠢᠯᠡᠵᠦ ᠵᠠᠷᠯᠠᠨ ᠮᠡᠳᠡᠭᠳᠡᠬᠦ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠰᠣᠷᠣᠭᠴᠢ ᠡᠯᠰᠡᠭᠰᠡᠨ ᠠᠷᠠᠳ᠎ᠠᠴᠠ ᠡᠷᠭᠢᠯᠡᠭᠰᠡᠨ ᠰᠤᠷᠭ᠋ᠠᠭᠤᠯᠢ ᠵᠢ ᠰᠤᠷᠭ᠋ᠠᠨ ᠬᠥᠮᠦᠵᠢᠯ᠎ᠢ ᠡᠷᠭᠢᠯᠡᠨ ᠬᠠᠮᠢᠶᠠᠷᠬᠤ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠳᠣᠩᠭᠣᠳᠬᠤ ᠵᠢᠨ ᠬᠠᠮᠲᠤ ᠵᠠᠷᠯᠢᠭᠳᠠᠵᠤ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠤᠨ᠎ᠠ; ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠥᠭᠡᠷᠡᠴᠢᠯᠡᠭᠰᠡᠨ ᠥᠬᠡᠶ ᠪᠣᠯ ᠲᠣᠭᠲᠠᠭ᠋ᠠᠯ ᠶᠣᠰᠤ᠎ᠪᠠᠷ ᠳᠠᠷᠠᠭ᠎ᠠ ᠵᠢᠯ᠎ᠤᠨ ᠰᠣᠷᠣᠭᠴᠢ ᠡᠯᠰᠡᠬᠦ ᠲᠥᠯᠥᠪᠯᠡᠭᠡ ᠵᠢ ᠪᠠᠭ᠋ᠠᠰᠬᠠᠨ᠎ᠠ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠣᠯ ᠬᠠᠤᠯᠢ ᠶᠣᠰᠤ᠎ᠪᠠᠷ ᠵᠠᠷᠯᠢᠭᠳᠠᠵᠤ ᠰᠤᠷᠦᠬ᠍ᠴᠢ ᠡᠯᠰᠡᠬᠦ ᠵᠢ᠎ᠨᠢ ᠵᠣᠭᠰᠣᠭ᠋ᠠᠵᠤ᠂ ᠴᠠᠭ᠋ᠠᠰᠢᠯᠠᠪᠠᠯ ᠰᠤᠷᠭ᠋ᠠᠭᠤᠯᠢ ᠡᠷᠬᠢᠯᠡᠬᠦ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠡᠠ ᠠᠪᠴᠤ ᠬᠦᠴᠦᠨ ᠤᠢ᠍ᠭᠡᠢ ᠪᠣᠯᠭ᠋ᠠᠬᠤ ᠬᠡᠷᠡᠭᠲᠡᠢ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠢ᠌ᠭᠤᠯᠭ᠎ᠠ (ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠵᠢ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ) ᠵᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠪᠠ ᠲᠦᠷᠢᠮ ᠲᠣᠭᠲᠠᠭ᠋ᠠᠯ ᠰᠠᠬᠢᠯᠭ᠎ᠠ ᠪᠠᠲᠤ ᠵᠢ ᠵᠦᠷᠢᠴᠡᠭᠰᠡᠨ᠂ ᠢᠯᠡᠴᠢᠯᠡᠨ ᠮᠡᠳᠡᠭᠦᠯᠬᠦ ᠵᠢᠴᠢ ᠭᠣᠮᠣᠳᠠᠯ ᠲᠣᠭ᠋ᠠᠴᠢᠯᠲᠠ ᠵᠢ ᠭᠥᠯᠢᠶᠡᠨ ᠠᠪᠴᠤ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠠᠵᠢᠯ᠎ᠳᠠᠬᠢ ᠰᠠᠬᠢᠯᠭ᠎ᠠ ᠪᠠᠲᠤ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠤ᠎ᠪᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠰᠠᠯᠠᠭ᠎ᠠ ᠮᠥᠴᠢᠷ᠎ᠤᠨ᠎ᠬᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠠᠵᠢᠯ᠎ᠢ ᠬᠠᠷᠢᠭᠤᠴᠠᠯᠭ᠋ᠠᠲᠤ ᠰᠤᠷᠭ᠋ᠠᠭᠤᠯᠢ ᠪᠠᠢ᠌ᠴᠠᠭ᠋ᠠᠭᠴᠢ ᠵᠢᠨ ᠡᠳᠦᠷ ᠲᠤᠲᠤᠮ᠎ᠤᠨ ᠬᠢᠨᠠᠨ ᠵᠢᠯᠣᠭᠣᠳᠬᠤ ᠬᠡᠪᠴᠢᠶᠡᠨ᠎ᠳᠤ ᠣᠷᠣᠭᠤᠯᠵᠤ᠂ ᠡᠯ᠎ᠡ ᠭᠠᠵᠠᠷ᠎ᠤᠨ ᠰᠣᠷᠣᠭᠴᠢ ᠡᠯᠰᠡᠬᠦ ᠪᠠ ᠰᠤᠷᠭ᠋ᠠᠭᠤᠯᠢ᠎ᠳᠤ ᠣᠷᠣᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠳᠠᠷᠤᠢ᠎ᠳᠤ᠎ᠨᠢ ᠳᠣᠭᠢᠷᠠᠭᠤᠯᠤᠨ ᠬᠢᠨᠠᠨ ᠵᠢᠯᠣᠭᠣᠳᠴᠤ᠂ ᠨᠡᠶ᠋ᠢᠭᠡᠮ᠎ᠳᠤ ᠮᠠᠭᠤ ᠨᠥᠯᠥᠭᠡ ᠭᠠᠷᠭ᠋ᠠᠭᠰᠠᠨ ᠪᠤᠶᠤ ᠲᠣᠭᠲᠠᠭ᠋ᠠᠯ᠎ᠠᠴᠠ ᠵᠥᠷᠢᠴᠡᠨ ᠰᠣᠷᠣᠭᠴᠢ ᠡᠯᠰᠡᠭᠰᠡᠨ ᠦᠢ᠍ᠯᠡ ᠠᠵᠢᠯᠯᠠᠭ᠎ᠠ ᠵᠢ ᠰᠤᠷᠭ᠋ᠠᠨ ᠬᠥᠮᠦᠵᠢᠯ᠎ᠤᠨ ᠲᠢᠩᠬᠢᠮ᠎ᠤᠨ ᠱᠠᠭ᠋ᠠᠷᠳᠠᠨ ᠭᠦᠢ᠍ᠴᠡᠳᠭᠡᠯᠭᠡᠬᠦ ᠵᠦᠢ᠍ᠯ᠎ᠲᠤ ᠵᠢᠭᠰᠠᠭ᠋ᠠᠨ ᠣᠷᠣᠭᠤᠯᠵᠤ᠂ ᠣᠷᠣᠨ ᠨᠤᠲᠤᠭ᠎ᠢ ᠵᠢᠭ᠋ᠠᠨ ᠵᠢᠯᠣᠭᠣᠳᠴᠤ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠣᠲᠠᠰᠤ ᠵᠢ ᠨᠡᠪᠲᠡᠷᠡᠭᠦᠯᠬᠦ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠵᠦ᠂ ᠲᠤᠰᠬᠠᠶ ᠬᠥᠮᠦᠨ ᠳᠣᠭᠢᠷᠠᠭᠤᠯᠤᠨ ᠢᠯᠡᠴᠢᠯᠡᠨ ᠮᠡᠳᠡᠭᠦᠯᠦᠭᠰᠡᠨ᠂ ᠭᠣᠮᠣᠳᠠᠯ ᠲᠣᠭ᠋ᠠᠴᠢᠭᠰᠠᠨ ᠠᠰᠠᠭᠤᠳᠠᠯ᠎ᠤᠨ ᠰᠦᠪᠡᠭᠴᠢ ᠵᠢ ᠭᠥᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠵᠢ 4 ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠢᠨᠠᠨ ᠵᠢᠯᠣᠭᠣᠳᠬᠤ ᠲᠠᠰᠤᠭ᠎ᠲᠤ ᠮᠡᠳᠡᠭᠦᠯᠬᠦ ᠵᠢᠨ ᠬᠠᠮᠲᠤ ᠨᠡᠶ᠋ᠢᠭᠡᠮ᠎ᠳᠤ ᠨᠢᠭᠡᠳᠦᠯᠲᠡᠶ ᠨᠡᠶ᠋ᠢᠲᠡᠯᠡᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠥᠬᠥ ᠣᠷᠣᠨ᠎ᠤ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠨᠠᠷᠢᠨ ᠬᠢᠨᠠᠮᠠᠭ᠋ᠠᠶ ᠰᠠᠶ᠋ᠢᠲᠤᠷ ᠬᠢᠵᠦ᠂ ᠣᠯᠠᠨ ᠲᠦᠮᠡᠨ᠎ᠤ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠢ ᠳᠠᠷᠤᠢ᠎ᠳᠤ᠎ᠨᠢ ᠬᠠᠷᠢᠭᠤᠯᠬᠤ ᠬᠡᠷᠡᠭᠲᠡᠶ᠃ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠵᠢ ᠢᠳᠡᠪᠬᠢᠲᠡᠶ ᠤᠬᠠᠭᠤᠯᠵᠤ᠂ ᠤᠯᠤᠰ᠎ᠤᠨ ᠬᠡᠦᠬᠡᠳ ᠠᠪᠬᠤ ᠵᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠵᠢᠴᠢ ᠲᠤᠬᠠᠶ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠦᠷ᠎ᠡ ᠪᠦᠲᠦᠮᠵᠢ ᠪᠠ ᠠᠷᠠᠳ ᠣᠯᠠᠨ᠎ᠤ ᠬᠡᠷ᠎ᠤᠨ ᠡᠭᠦᠳᠡᠨ᠎ᠳᠠᠬᠢ ᠰᠠᠶ᠋ᠢᠨ ᠰᠤᠷᠭ᠋ᠠᠭᠤᠯᠢ ᠵᠢ ᠨᠠᠶ᠋ᠢᠳᠠᠪᠤᠷᠢᠵᠢᠭᠤᠯᠵᠤ᠂ ᠬᠡᠷ᠎ᠤᠨ ᠠᠬᠠᠮᠠᠳ᠎ᠢ ᠬᠥᠲᠥᠯᠦᠨ ᠵᠢᠯᠣᠭᠣᠳᠴᠤ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠦᠵᠡᠯᠲᠡ ᠵᠢ ᠪᠣᠶ ᠪᠣᠯᠭ᠋ᠠᠵᠤ᠂ ᠰᠢᠯᠭ᠋ᠠᠬᠤ ᠥᠬᠡᠶ᠎ᠪᠠᠷ ᠬᠡᠷ᠎ᠤᠨ ᠣᠶ᠋ᠢᠷᠠᠯᠴᠠᠭ᠎ᠠ ᠰᠤᠷᠭ᠋ᠠᠭᠤᠯᠢ᠎ᠳᠤ ᠣᠷᠣᠭᠤᠯᠬᠤ᠎ᠨᠢ ᠰᠤᠷᠤᠭᠴᠢᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠠᠬᠢᠭᠤᠯᠬᠤ᠎ᠳᠤ ᠦᠵᠡᠭᠦᠯᠬᠦ ᠦᠨ᠎ᠡ ᠥᠷᠲᠡᠭ ᠪᠠ ᠠᠴᠢ ᠬᠣᠯᠪᠣᠭᠳᠠᠯ᠎ᠢ ᠭᠦᠢ᠍ᠴᠡᠳ ᠲᠠᠨᠢᠭᠤᠯᠵᠤ᠂ ᠬᠡᠦᠬᠡᠳ᠎ᠢ ᠣᠶᠤᠨᠴᠢ᠎ᠪᠠᠷ ᠬᠠᠪᠰᠤᠷᠤᠨ ᠦᠰᠦᠨ ᠪᠣᠢ᠌ᠵᠢᠭᠤᠯᠬᠤ ᠬᠠᠷᠠᠯᠲᠠ ᠵᠢ ᠲᠣᠭᠲᠠᠭ᠋ᠠᠵᠤ᠂ ᠰᠣᠬᠣᠷ ᠪᠠᠯᠠᠶ᠎ᠪᠠᠷ ᠳᠠᠭ᠋ᠠᠵᠤ ᠰᠤᠷᠭ᠋ᠠᠭᠤᠯᠢ ᠰᠣᠩᠭᠣᠬᠤ᠎ᠠᠴᠠ ᠵᠠᠶ᠋ᠢᠯᠠᠰᠬᠢᠵᠦ᠂ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠴᠢᠷᠮᠠᠶ᠋ᠢᠨ ᠪᠣᠶ ᠪᠣᠯᠭ᠋ᠠᠬᠤ ᠬᠡᠷᠡᠭᠲᠡᠶ᠃