ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠰᠤᠷᠭ᠋ᠠᠨ ᠬᠥᠮᠦᠵᠢᠯ᠎ᠤᠨ ᠲᠢᠩᠬᠢᠮ᠎ᠤᠨ 2022 ᠣᠨ᠎ᠤ ᠰᠤᠷᠭ᠋ᠠᠨ ᠬᠥᠮᠥᠵᠢᠯ᠎ᠤᠨ ᠠᠵᠢᠯ᠎ᠤᠨ ᠭᠣᠣᠯᠳᠠᠯᠭ᠎ᠠ
ᠨᠡᠶ᠋ᠢᠲᠡᠯᠡᠭᠰᠡᠨ ᠴᠠᠭ᠄ 2022-03-21


     2022 ᠣᠨ᠎ᠳᠤ ᠰᠤᠷᠭ᠋ᠠᠨ ᠬᠥᠮᠥᠵᠢᠯ᠎ᠤᠨ ᠠᠵᠢᠯ᠎ᠢ ᠶᠠᠭ᠋ᠠᠬᠢᠵᠤ ᠬᠢᠬᠦ ᠪᠣᠢ? ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ 《2022 ᠣᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠭᠤᠤᠯᠳᠠᠯᠭ᠎ᠠ》 ᠵᠢ ᠡᠮᠦᠨᠡᠬᠡᠨ ᠨᠡᠢ᠌ᠲᠡᠯᠡᠪᠡ᠃ ᠪᠣᠳᠠᠲᠠᠢ ᠠᠭᠤᠯᠭ᠎ᠠ᠎ᠨᠢ ᠶᠠᠭᠤ ᠪᠣᠢ? ᠬᠠᠮᠲᠤ᠎ᠳᠤ᠎ᠪᠠᠨ ᠦᠵᠡᠵᠡᠭᠡᠶ᠎ᠡ!


        ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ
       ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠎ᠤᠨ
       《2022   ᠣᠨ  ᠎ᠤ   ᠰᠤᠷᠭ᠋ᠠᠨ   ᠬᠥᠮᠦᠵᠢᠯ  ᠎ᠤᠨ   ᠠᠵᠢᠯ ᠎ᠤᠨ   ᠭᠤᠤᠯᠳᠠᠯᠭ᠎ᠠ》


     2022 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠬᠤᠷᠠᠯᠳᠤᠭᠤᠯᠬᠤ ᠵᠢᠯ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠬᠡᠷᠡᠭᠵᠢᠭᠦᠯᠬᠦ ᠵᠠᠩᠭᠢᠯᠠᠭ᠎ᠠ ᠵᠢᠨ ᠵᠢᠯ ᠮᠥᠨ᠃ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠶᠡᠷᠦᠩᠬᠡᠶ ᠱᠠᠭ᠋ᠠᠷᠳᠠᠯᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ 《ᠤᠯᠤᠰ᠎ᠤᠨ ᠶᠡᠬᠡ ᠶᠠᠪᠤᠳᠠᠯ》᠎ᠢ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠵᠤ ᠰᠤᠷᠤᠯᠴᠠᠬᠤ ᠲᠤᠭᠤᠰᠢᠯᠠᠭᠤᠯᠬᠤ᠎ᠪᠠᠷ ᠭᠣᠣᠯ ᠰᠢᠵᠢᠮ ᠪᠣᠯᠭ᠋ᠠᠵᠤ᠂ ᠰᠤᠷᠭ᠋ᠠᠨ ᠬᠥᠮᠦᠵᠢᠯ᠎ᠤᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠮᠣᠷᠠᠯ᠎ᠢ ᠪᠤᠶ ᠪᠣᠯᠭ᠋ᠠᠨ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠠᠤᠯᠢ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠳᠠᠬᠢ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠭᠦᠨᠵᠡᠭᠡᠶ ᠬᠡᠷᠡᠭᠵᠢᠭᠦᠯᠵᠦ᠂ ᠪᠠᠢ᠌ᠷᠢᠰᠢᠯᠠᠭᠤᠯᠤᠯᠲᠠ ᠵᠢ ᠰᠢᠯᠢᠳᠡᠭᠵᠢᠭᠦᠯᠵᠦ᠂ ᠲᠥᠪ ᠭᠣᠣᠯᠴᠢ ᠵᠢ ᠠᠬᠢᠭᠤᠯᠵᠤ᠂ ᠬᠦᠷᠦᠯᠴᠡᠬᠦ ᠦᠭᠡᠢ ᠲᠠᠯ᠎ᠠ᠎ᠪᠠᠨ ᠨᠥᠬᠥᠪᠥᠷᠢᠯᠡᠵᠦ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠥᠳᠲᠡᠷ ᠲᠦᠷᠭᠡᠨ ᠪᠠᠶ᠋ᠢᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠴᠢᠷᠮᠠᠶ᠋ᠢᠨ ᠰᠠᠶ᠋ᠢᠲᠤᠷ ᠡᠷᠬᠢᠯᠡᠵᠦ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠᠲᠠᠢ ᠬᠤᠷᠠᠯᠳᠤᠬᠤ ᠵᠢ ᠤᠭᠲᠤᠨ᠎ᠠ᠃


      ᠨᠢᠭᠡ᠂ ᠤᠯᠤᠰ ᠲᠦᠷᠦ᠎ᠪᠠᠷ ᠬᠦᠳᠦᠯᠦᠨ ᠳᠠᠭ᠋ᠠᠭᠤᠯᠬᠤ ᠵᠢ ᠴᠢᠩᠭ᠋ᠠᠳᠬᠠᠵᠤ᠂ ᠰᠤᠷᠭ᠋ᠠᠨ

      ᠬᠥᠮᠦᠵᠢᠯ᠎ᠤᠨ ᠬᠦᠷᠢᠶ᠎ᠡ ᠵᠢ ᠢᠮᠠᠭᠲᠠ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ

      ᠪᠠᠷᠢᠮᠲᠠᠯᠠᠬᠤ ᠪᠠᠲᠤ ᠴᠢᠩᠭ᠎ᠠ ᠵᠢᠭᠰᠠᠭ᠋ᠠᠯ᠎ᠤᠨ ᠭᠠᠵᠠᠷ ᠪᠣᠯᠭ᠋ᠠᠬᠤ ᠵᠢ ᠦᠨᠡᠨ ᠬᠦ᠌ ᠪᠠᠲᠤᠯᠠᠨ᠎ᠠ


     1. ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ᠎ᠢ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠬᠤ ᠵᠢ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠤᠷᠠᠯ᠎ᠤᠨ 《ᠨᠢᠭᠡᠳᠦᠭᠡᠷ ᠵᠥᠪᠯᠡᠬᠦ ᠵᠦᠢ᠍ᠯ》 ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠵᠤ᠂ ᠨᠡᠪᠲᠡᠷᠡᠲᠡᠯ᠎ᠡ ᠣᠶ᠋ᠢᠯᠠᠭ᠋ᠠᠵᠤ᠂ ᠪᠣᠳᠠᠲᠠᠶ᠋ᠢᠵᠢᠭᠤᠯᠬᠤ᠎ᠳᠤ ᠦᠷᠭᠦᠯᠵᠢᠯᠡᠨ ᠬᠦᠴᠦ ᠣᠷᠣᠭᠤᠯᠵᠤ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠶ᠋ᠢᠨ᠎ᠠ᠃ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠥᠪᠥᠷ ᠮᠣᠩᠭᠣᠯ᠎ᠳᠤ ᠠᠮᠢᠳᠤᠯᠢᠭ ᠵᠶ᠋ᠠᠷ ᠦᠢ᠍ᠯᠡᠳᠦᠯᠭᠡᠵᠢᠭᠦᠯᠬᠦ》᠂ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠵᠢᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ》 ᠵᠡᠷᠭᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠬᠤ᠂ ᠰᠤᠷᠤᠯᠴᠠᠬᠤ᠂ ᠤᠬᠠᠭᠤᠯᠬᠤ ᠲᠤᠰᠬᠠᠢ ᠠᠵᠢᠯᠯᠠᠭ᠎ᠠ ᠵᠢ ᠥᠷᠨᠢᠭᠦᠯᠵᠦ᠂ 《ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠤᠨ ᠲᠥᠰᠦᠯ》᠎ᠢ ᠨᠡᠶ᠋ᠢᠲᠡᠯᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠᠲᠠᠢ ᠬᠤᠷᠠᠯᠳᠤᠬᠤ ᠵᠢ ᠪᠠᠶᠠᠷᠯᠠᠨ ᠤᠭᠲᠤᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠥᠬᠥ ᠲᠠᠯ᠎ᠠ᠎ᠪᠠᠷ ᠪᠣᠢ ᠪᠣᠯᠭ᠋ᠠᠵᠤ᠂ ᠨᠠᠮ᠎ᠤᠨ ᠤᠳᠤᠷᠢᠳᠤᠯᠭ᠎ᠠ ᠵᠢ ᠰᠤᠷᠭ᠋ᠠᠨ ᠬᠥᠮᠦᠵᠢᠯ᠎ᠤᠨ ᠬᠦᠷᠢᠶᠡᠨ᠎ᠤ ᠡᠯ᠎ᠡ ᠲᠠᠯ᠎ᠠ ᠡᠯ᠎ᠡ ᠭᠣᠭᠴᠣᠭ᠎ᠠ᠎ᠳᠤ ᠨᠠᠶ᠋ᠢᠳᠠᠪᠤᠷᠢᠵᠢᠭᠤᠯᠤᠨ᠎ᠠ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠪᠠᠶ᠋ᠢᠩᠭᠤᠵᠢᠭᠰᠠᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠦᠷᠢᠮ᠎ᠤᠨ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠨᠠᠮ᠎ᠤᠨ ᠲᠡᠦᠬᠡ᠎ᠪᠠᠷ ᠭᠣᠣᠯᠳᠠᠯᠭ᠎ᠠ ᠪᠣᠯᠭ᠋ᠠᠭᠰᠠᠨ 《ᠲᠦᠷᠪᠡᠨ ᠲᠡᠦᠬᠡ》 ᠵᠢᠨ ᠬᠥᠮᠦᠵᠢᠯ᠎ᠢ ᠦᠷᠭᠦᠯᠵᠢᠯᠡᠨ ᠥᠷᠨᠢᠭᠦᠯᠵᠦ᠂ 《ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡ ᠵᠢᠨ ᠲᠤᠷᠰᠢᠯᠭ᠎ᠠ ᠵᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢ》 ᠵᠢ ᠭᠦᠨᠵᠡᠭᠡᠢ ᠤᠬᠠᠭᠤᠯᠤᠨ ᠲᠠᠶ᠋ᠢᠯᠪᠤᠷᠢᠯᠠᠵᠤ᠂ ᠴᠢᠬᠤᠯᠠ ᠶᠡᠬᠡ ᠰᠤᠳᠤᠯᠭ᠋ᠠᠨ᠎ᠤ ᠲᠤᠰᠬᠠᠢ ᠲᠥᠰᠦᠯ᠎ᠢ ᠬᠡᠷᠡᠭᠵᠢᠭᠦᠯᠵᠦ᠂ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠤᠨ᠎ᠠ᠃
     2. ᠰᠤᠷᠭ᠋ᠠᠨ ᠬᠥᠮᠦᠵᠢᠯ᠎ᠤᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢᠨ ᠪᠠᠢ᠌ᠭᠤᠯᠤᠯ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ 《ᠨᠢᠭᠡᠳᠦᠯᠲᠡᠶ ᠲᠥᠯᠥᠪᠯᠡᠨ ᠬᠠᠮᠵᠢᠯᠴᠠᠬᠤ᠂ ᠨᠡᠪᠲᠡᠷᠡᠨ ᠬᠠᠷᠢᠯᠴᠠᠬᠤ᠂ ᠰᠢᠮᠳᠠᠭᠤᠯᠤᠨ ᠨᠠᠶ᠋ᠢᠳᠠᠪᠤᠷᠢᠵᠢᠭᠤᠯᠬᠤ》 ᠡᠭᠦᠷᠭᠡ ᠬᠠᠷᠢᠭᠤᠴᠠᠯᠭ᠎ᠠ ᠵᠢ ᠲᠣᠪᠤᠢ᠌ᠯᠭ᠋ᠠᠵᠤ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠤᠳᠤᠷᠢᠳᠬᠤ ᠪᠠᠶ᠋ᠢᠭᠤᠯᠤᠮᠵᠢ ᠵᠢᠨ ᠤᠯᠤᠰ ᠲᠥᠷᠥ ᠵᠢᠨ ᠤᠳᠤᠷᠢᠳᠤᠯᠭ᠎ᠠ ᠪᠠ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠨᠠᠮ᠎ᠤᠨ   ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠦᠨ᠎ᠡ᠃ ᠠᠶ᠋ᠢᠮᠠᠭ ᠬᠣᠲᠠ᠂ ᠬᠣᠰᠢᠭᠤ ᠰᠢᠶᠠᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠤᠳᠤᠷᠢᠳᠬᠤ ᠪᠠᠶ᠋ᠢᠭᠤᠯᠤᠮᠵᠢ᠂ ᠬᠡᠷᠡᠭ ᠡᠷᠭᠢᠯᠡᠬᠦ ᠪᠠᠶ᠋ᠢᠭᠤᠯᠤᠮᠵᠢ ᠵᠡᠷᠭᠡ ᠬᠣᠶᠠᠷ ᠡᠩᠨᠡᠭᠡ ᠵᠢ ᠨᠢᠭᠡᠳᠦᠯᠲᠡᠶ ᠲᠥᠯᠥᠪᠯᠡᠨ᠂ ᠲᠤᠰᠬᠠᠶ ᠰᠡᠳᠦᠪᠲᠦ ᠪᠣᠯᠪᠠᠰᠤᠷᠠᠭᠤᠯᠤᠯ᠎ᠢ ᠲᠥᠷᠥᠯ ᠪᠦᠯᠦᠭ ᠬᠤᠪᠢᠶᠠᠨ ᠥᠷᠨᠢᠭᠦᠯᠵᠦ᠂ ᠲᠤᠬᠠᠶ᠋ᠢᠯᠠᠭᠰᠠᠨ ᠠᠵᠢᠯ᠎ᠤᠨ ᠬᠡᠪ ᠪᠣᠯᠪᠠᠰᠤᠷᠠᠯ ᠪᠠ ᠦᠢ᠍ᠯᠡᠴᠢᠯᠡᠭᠡᠨ᠎ᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠤᠳᠤᠷᠢᠳᠬᠤ ᠪᠠᠶ᠋ᠢᠭᠤᠯᠤᠮᠵᠢ ᠵᠢᠨ 《3+N》 ᠲᠦᠷᠢᠮ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠵᠤ᠂ ᠰᠠᠯᠠᠭ᠎ᠠ ᠮᠥᠴᠢᠷ᠂ ᠭᠠᠵᠠᠷ ᠣᠷᠣᠨ᠎ᠤ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠨ᠎ᠠ᠃ ᠲᠥᠪ ᠬᠣᠷᠢᠶᠠᠨ᠎ᠤ ᠠᠩᠬᠠᠷᠴᠤ ᠪᠠᠶ᠋ᠢᠭ᠎ᠠ᠂ ᠪᠠᠭᠰᠢ ᠰᠤᠷᠤᠭᠴᠢᠳ᠎ᠤᠨ ᠠᠩᠬᠠᠷᠴᠤ ᠪᠠᠶ᠋ᠢᠭ᠎ᠠ᠂ ᠨᠡᠶ᠋ᠢᠭᠡᠮ᠎ᠤᠨ ᠠᠩᠬᠠᠷᠴᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠲᠠᠢ ᠨᠢᠭᠲᠠ ᠤᠶᠠᠯᠳᠤᠭᠤᠯᠵᠤ᠂ ᠪᠠᠶ᠋ᠢᠴᠠᠭ᠋ᠠᠨ ᠰᠤᠳᠤᠯᠤᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠡᠷᠢᠭᠦᠨ᠎ᠤ ᠨᠡᠶ᠋ᠢᠲᠡᠯᠢᠭ ᠵᠢᠱ᠌ᠢᠶᠡᠨ᠎ᠤ ᠲᠤᠷᠰᠢᠯᠭ᠎ᠠ ᠵᠢ ᠤᠬᠠᠭᠤᠯᠤᠨ ᠳᠡᠯᠭᠡᠷᠡᠭᠦᠯᠦᠨ᠎ᠡ᠃
     3. ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠎ᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷᠠᠬᠢ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠲᠦᠷᠢᠮ᠎ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠵᠢᠨ   ᠳᠡᠭᠡᠳᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠦᠯᠢᠭᠡᠷ ᠳᠠᠭᠤᠷᠢᠶᠠᠯ᠎ᠢ ᠡᠭᠦᠳᠦᠨ ᠪᠠᠶ᠋ᠢᠭᠤᠯᠬᠤ ᠪᠠ ᠴᠢᠨᠠᠷ ᠴᠢᠨᠰᠠᠭ᠎ᠠ᠎ᠪᠠᠷ ᠰᠢᠯᠢᠳᠡᠭ᠎ᠢ ᠡᠭᠦᠳᠬᠦ᠂ ᠳᠡᠭᠡᠳᠦ ᠰᠤᠷᠭ᠋ᠠᠭᠤᠯᠢ (ᠰᠠᠯᠪᠤᠷᠢ) ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠤᠯᠤᠰ ᠲᠦᠷᠦ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠨᠠᠮ᠎ᠤᠨ ᠡᠭᠦᠷ᠎ᠤᠨ ᠱᠦᠵᠢ ᠪᠠᠭᠰᠢ ᠵᠢᠨ 《ᠬᠣᠣᠰ ᠳᠠᠭ᠋ᠠᠭᠤᠯᠤᠭᠴᠢ》 ᠵᠢᠨ ᠡᠩᠨᠡᠭᠡᠨ᠎ᠤ ᠴᠢᠨᠠᠷ ᠴᠢᠨᠰᠠᠭ᠎ᠠ ᠵᠢᠨ ᠪᠣᠭᠣᠮᠲᠠ ᠰᠢᠪᠲᠤᠯᠬᠤ᠂ ᠤᠶᠤᠲᠠᠳ᠎ᠤᠨ ᠨᠠᠮ᠎ᠤᠨ ᠡᠭᠦᠷ᠎ᠤᠨ ᠱᠦᠵᠢ ᠵᠢᠨ ᠭᠣᠣᠯᠯᠠᠭᠴᠢ ᠬᠦᠴᠦᠨ᠎ᠢ ᠬᠥᠮᠦᠵᠢᠭᠦᠯᠬᠦ ᠲᠥᠯᠥᠪᠯᠡᠭᠡ ᠵᠡᠷᠭᠡ ᠵᠢ ᠠᠬᠢᠭᠤᠯᠵᠤ᠂ ᠳᠡᠭᠡᠳᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠴᠢᠨᠠᠷᠯᠢᠭ ᠠᠵᠢᠯ᠎ᠤᠨ ᠳᠣᠭᠲᠠᠯᠴᠠᠭ᠎ᠠ ᠵᠢ ᠬᠦᠴᠦᠯᠡᠨ ᠪᠠᠶ᠋ᠢᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠳᠦᠷᠢᠮ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢ ᠪᠠᠷᠢᠮᠲᠠᠯᠠᠨ᠎ᠠ᠃ ᠡᠯ᠎ᠡ ᠭᠠᠵᠠᠷ ᠣᠷᠣᠨ᠎ᠤ ᠡᠯ᠎ᠡ ᠰᠤᠷᠭ᠋ᠠᠭᠤᠯᠢ ᠵᠢ ᠵᠢᠯᠣᠭᠣᠳᠤᠨ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠲᠦᠷᠢᠮ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠨᠠᠮ᠎ᠤᠨ ᠪᠠᠶ᠋ᠢᠭᠤᠯᠤᠯᠲᠠ᠎ᠲᠠᠢ ᠬᠣᠯᠪᠤᠭᠳᠠᠬᠤ ᠱᠠᠭ᠋ᠠᠷᠳᠠᠯᠭ᠎ᠠ ᠵᠢ ᠲᠦᠷᠢᠮ᠎ᠳᠤ ᠣᠷᠣᠭᠤᠯᠬᠤ ᠵᠢ ᠲᠦᠯᠬᠢᠨ ᠠᠬᠢᠭᠤᠯᠤᠨ᠎ᠠ᠃ 《ᠲᠠᠪᠤᠴᠢᠯᠠᠯᠲᠠ ᠵᠢ ᠬᠠᠮᠵᠢᠭᠤᠯᠵᠤ᠂ ᠦᠨᠳᠦᠰᠦᠨ ᠱᠠᠲᠤ ᠵᠢ ᠶᠡᠬᠡ᠎ᠪᠠᠷ ᠠᠳᠬᠤᠬᠤ》 ᠲᠣᠭᠲᠠᠴᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠤᠮᠠᠷᠠᠲᠤ ᠬᠢᠯᠢ ᠵᠢᠨ ᠦᠨᠳᠦᠰᠦᠨ ᠱᠠᠲᠤᠨ᠎ᠤ ᠳᠠᠶ᠋ᠢᠴᠢᠨ ᠪᠡᠬᠢᠯᠡᠯᠲᠡ ᠵᠢ ᠪᠡᠬᠢᠵᠢᠭᠦᠯᠦᠨ᠎ᠡ᠃ 《ᠬᠠᠮᠤᠭ᠎ᠤᠨ ᠬᠦᠴᠦᠷᠬᠡᠭ ᠨᠠᠮ᠎ᠤᠨ ᠡᠭᠦᠷ》᠎ᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠶ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠴᠣᠭᠴᠠᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃
     4. ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠡᠷᠡᠰ ᠭᠤᠶ᠋ᠢᠪᠢᠰᠢ ᠦᠭᠡᠢ ᠠᠬᠢᠭᠤᠯᠤᠨ᠎ᠠ᠃ 《ᠬᠣᠶᠠᠷ᠎ᠢ ᠲᠣᠭᠲᠠᠭ᠋ᠠᠬᠤ》᠂ 《ᠬᠣᠶᠠᠷ᠎ᠢ ᠬᠠᠮᠠᠭ᠋ᠠᠯᠠᠬᠤ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠤᠯᠤᠰ ᠲᠦᠷᠦ ᠵᠢᠨ ᠬᠢᠨᠠᠯᠲᠠ ᠵᠢ ᠴᠢᠩᠭ᠋ᠠᠳᠬᠠᠵᠤ᠂ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠴᠢᠩᠳᠠᠯᠠᠨ᠎ᠠ᠃ ᠴᠢᠩᠭ᠎ᠠ ᠪᠠᠶ᠋ᠢᠬᠤ ᠭᠣᠣᠯ ᠬᠦᠭ ᠠᠶᠠᠰ᠎ᠢ ᠦᠨᠢ ᠡᠭᠦᠷᠢᠲᠡ ᠪᠠᠷᠢᠮᠲᠠᠯᠠᠵᠤ᠂ ᠨᠠᠮ᠎ᠢ ᠬᠠᠮᠢᠶᠠᠷᠴᠤ ᠰᠤᠷᠭ᠋ᠠᠭᠤᠯᠢ ᠵᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ᠃ ᠲᠣᠭᠣᠷᠢᠨ ᠪᠠᠶ᠋ᠢᠴᠠᠭ᠋ᠠᠵᠤ ᠴᠡᠭᠴᠡᠯᠡᠨ ᠥᠭᠡᠷᠡᠴᠢᠯᠡᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ᠂ ᠴᠡᠭᠴᠡᠯᠡᠨ ᠥᠭᠡᠷᠡᠴᠢᠯᠡᠭᠰᠡᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠭᠦᠨᠵᠡᠭᠡᠶ᠋ᠢᠷᠡᠭᠦᠯᠦᠨ᠎ᠡ᠃ ᠭᠣᠣᠯᠳᠠᠯᠭ᠋ᠠᠲᠠᠢ ᠬᠦᠷᠢᠶᠡᠨ᠎ᠳᠠᠬᠢ ᠠᠷᠢᠭᠤᠨ ᠴᠢᠬᠡᠴᠢ᠎ᠪᠠᠷ ᠵᠠᠰᠠᠭ ᠪᠠᠷᠢᠵᠤ ᠲᠦᠭᠰᠢᠭᠦᠷᠢ ᠵᠢ ᠰᠡᠷᠭᠡᠶ᠋ᠢᠯᠡᠨ 《ᠲᠦᠷᠪᠡᠨ ᠰᠤᠷᠲᠠᠯ》᠎ᠢ ᠡᠴᠦᠰ᠎ᠲᠤ᠎ᠨᠢ ᠲᠤᠯᠲᠠᠯ᠎ᠠ ᠴᠢᠩᠭ᠎ᠠ ᠵᠠᠰᠠᠵᠤ᠂ ᠴᠤᠬᠤᠶ᠋ᠢᠯᠲᠠ ᠵᠢᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ᠂ ᠨᠢᠭᠤᠭᠳᠠᠮᠠᠯ ᠴᠢᠨᠠᠷᠲᠠᠶ ᠠᠰᠠᠭᠤᠳᠠᠯ᠎ᠢ ᠨᠠᠷᠢᠨ ᠠᠩᠬᠠᠷᠴᠤ᠂ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠤᠨ᠎ᠠ᠃ ᠲᠥᠯᠥᠪᠯᠡᠭᠡ ᠶᠣᠰᠤ᠎ᠪᠠᠷ ᠲᠣᠭᠣᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠪᠠᠶ᠋ᠢᠭᠤᠯᠭ᠎ᠠ ᠵᠢᠨ ᠳᠣᠲᠣᠭ᠋ᠠᠳᠤ ᠵᠢᠨ ᠡᠵᠡᠮᠳᠡᠬᠦ ᠳᠦᠷᠢᠮ᠎ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠵᠠᠰᠠᠬᠤ ᠦᠢ᠍ᠯᠡᠳᠦᠯ ᠪᠠ ᠴᠢᠳᠠᠪᠤᠷᠢ ᠵᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
     5. ᠵᠥᠪ ᠲᠠᠯ᠎ᠠ ᠵᠢᠨ ᠤᠬᠠᠭᠤᠯᠭ᠎ᠠ᠎ᠪᠠᠷ ᠬᠥᠲᠥᠯᠦᠨ ᠳᠠᠭ᠋ᠠᠭᠤᠯᠬᠤ ᠵᠢ ᠦᠷᠭᠦᠯᠵᠢᠯᠡᠨ ᠴᠢᠩᠭ᠋ᠠᠳᠬᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠵᠢ ᠰᠤᠷᠤᠯᠴᠠᠨ ᠤᠬᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠤᠭᠲᠤᠵᠤ ᠤᠬᠠᠭᠤᠯᠤᠨ ᠲᠤᠭᠤᠰᠢᠯᠠᠭᠤᠯᠬᠤ ᠠᠵᠢᠯ᠎ᠤᠨ ᠭᠣᠣᠯ ᠰᠢᠵᠢᠮ᠎ᠢ ᠲᠤᠪᠤᠢ᠍ᠢ᠍ᠯᠭ᠋ᠠᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠲᠤᠪᠤᠢ᠍ᠢ᠍ᠯᠭ᠋ᠠᠵᠦ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ᠎ᠪᠠᠷ ᠭᠣᠣᠯᠳᠠᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠪᠠᠲᠤᠳᠬᠠᠬᠤ》᠂ 《ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ》᠂   ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ》᠂ 《ᠰᠠᠭᠤᠷᠢ ᠰᠤᠷᠭ᠋ᠠᠨ ᠬᠥᠮᠦᠵᠢᠯ》 ᠵᠡᠷᠭᠡ ᠰᠢᠷᠢᠰ ᠭᠣᠣᠯ ᠰᠡᠳᠦᠪᠲᠦ ᠤᠬᠠᠭᠤᠯᠭ᠎ᠠ ᠪᠠ ᠮᠡᠳᠡᠭᠡᠯᠡᠯ᠎ᠢ ᠨᠡᠶ᠋ᠢᠲᠡᠯᠡᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠥᠬᠥ ᠲᠠᠯ᠎ᠠ᠎ᠪᠠᠷ ᠳᠡᠯᠭᠡᠨ ᠦᠵᠡᠭᠦᠯᠦᠨ᠎ᠡ᠃ ᠤᠬᠠᠭᠤᠯᠤᠭᠴᠢ ᠵᠢᠨ ᠡᠩᠨᠡᠭᠡ ᠵᠢ ᠵᠣᠬᠢᠶᠠᠨ ᠪᠠᠶ᠋ᠢᠭᠤᠯᠵᠤ᠂ ᠵᠠᠭᠤᠴᠢᠯᠠᠭᠤᠷ᠎ᠤᠨ ᠵᠢᠭᠰᠠᠭ᠋ᠠᠯ᠎ᠤᠨ ᠦᠢ᠍ᠯᠡᠳᠦᠯ᠎ᠢ ᠪᠠᠳᠠᠷᠠᠭᠤᠯᠵᠤ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠭᠤᠤᠯ ᠵᠠᠭᠤᠴᠢᠯᠠᠭᠤᠷ᠎ᠯᠤᠭ᠎ᠠ ᠵᠢᠨ ᠬᠠᠮᠵᠢᠯᠴᠠᠬᠤ ᠵᠢ ᠭᠦᠨᠵᠡᠭᠡᠶ᠋ᠢᠷᠡᠭᠦᠯᠵᠦ᠂ ᠬᠥᠨᠳᠡᠯᠡᠨ ᠵᠶ᠋ᠠᠷ   ᠦᠢ᠍ᠯᠡᠳᠦᠯᠴᠡᠬᠦ᠂ ᠭᠤᠯᠳᠤ᠎ᠪᠠᠷ ᠬᠣᠯᠪᠣᠯᠳᠤᠬᠤ᠂ ᠳᠣᠲᠣᠨ᠎ᠠ ᠭᠠᠳᠠᠨᠠᠬᠢ ᠬᠣᠯᠪᠣᠭ᠋ᠠᠯᠠᠨ ᠬᠥᠳᠡᠯᠬᠦ ᠤᠬᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ᠎ᠠ᠃ ᠰᠤᠷᠭ᠋ᠠᠨ ᠬᠥᠮᠦᠵᠢᠯ᠎ᠤᠨ ᠲᠥᠷᠥ ᠵᠢᠨ ᠪᠣᠳᠣᠯᠭ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠪᠠ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠡᠷᠬᠡ ᠰᠦᠷᠲᠡᠢ ᠯᠠᠪᠳᠠᠭᠤᠨ ᠵᠶ᠋ᠠᠷ ᠰᠠᠶ᠋ᠢᠲᠤᠷ ᠬᠢᠵᠦ᠂ ᠨᠡᠶ᠋ᠢᠭᠡᠮ᠎ᠤᠨ ᠠᠩᠬᠠᠷᠤᠯ᠎ᠳᠤ ᠢᠳᠡᠪᠬᠢᠲᠡᠶ ᠬᠠᠷᠢᠭᠤᠯᠲᠠ ᠥᠭᠭᠦᠨ᠎ᠡ᠃ ᠨᠢᠭᠡ ᠪᠦᠯᠦᠭ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠡᠷᠢᠭᠦᠨ᠎ᠤ ᠬᠥᠮᠦᠨ ᠪᠠ   ᠵᠢᠱ᠌ᠢᠶᠡᠴᠢ ᠵᠢ ᠠᠭᠤᠳᠠᠯᠤᠨ ᠳᠡᠯᠭᠡᠷᠡᠭᠦᠯᠦᠨ᠎ᠡ᠃
     6. ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ᠎ᠲᠠᠢ ᠺᠠᠳ᠋ᠷ᠎ᠤᠨ ᠡᠩᠨᠡᠭᠡ ᠵᠢ ᠪᠠᠶ᠋ᠢᠭᠤᠯᠤᠨ᠎ᠠ᠃ ᠬᠥᠮᠦᠵᠢᠯ ᠪᠣᠯᠪᠠᠰᠤᠷᠠᠭᠤᠯᠤᠯ ᠪᠠ ᠦᠢ᠍ᠯᠡᠳᠦᠯᠭᠡ ᠵᠢᠨ ᠳᠠᠪᠲᠠᠯᠲᠠ ᠵᠢ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷᠴᠤᠳ᠎ᠤᠨ ᠤᠯᠤᠰ ᠲᠦᠷᠦ ᠵᠢᠨ ᠴᠢᠳᠠᠪᠤᠷᠢ ᠪᠠ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠵᠢᠨ ᠰᠠᠢ᠍ᠢ᠍ᠨ ᠺᠠᠳ᠋ᠷ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠰᠢᠯᠢᠳᠡᠭ ᠵᠠᠯᠠᠭᠤ ᠺᠠᠳ᠋ᠷ᠎ᠢ ᠰᠢᠯᠢᠨ ᠰᠣᠩᠭᠣᠵᠤ ᠬᠡᠷᠡᠭᠯᠡᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠎ᠤᠨ ᠰᠢᠰᠲ᠋ᠧᠮ᠎ᠤᠨ ᠭᠠᠵᠠᠷ᠎ᠤᠨ ᠲᠡᠰ᠎ᠤᠨ ᠺᠠᠳ᠋ᠷ᠎ᠤᠨ ᠡᠩᠨᠡᠭᠡ ᠵᠢ ᠰᠢᠯᠢᠳᠡᠭᠵᠢᠭᠦᠯᠦᠨ ᠲᠤᠬᠢᠷᠠᠭᠤᠯᠤᠨ᠎ᠠ᠃ ᠺᠠᠳ᠋ᠷ᠎ᠢ ᠰᠣᠯᠢᠨ ᠠᠵᠢᠯ᠎ᠤᠨ ᠪᠠᠶ᠋ᠢᠷᠢ ᠡᠭᠡᠯᠵᠢᠯᠡᠭᠦᠯᠬᠦ ᠵᠢ ᠡᠮᠬᠢ ᠵᠢᠷᠤᠮᠲᠠᠢ᠎ᠪᠠᠷ ᠲᠦᠯᠬᠢᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠺᠠᠳ᠋ᠷ᠎ᠢ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠠᠵᠢᠯ᠎ᠤᠨ ᠲᠣᠭᠲᠠᠴᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠺᠠᠳ᠋ᠷ᠎ᠤᠨ ᠦᠰᠦᠨ ᠪᠣᠶ᠋ᠢᠵᠢᠬᠤ ᠠᠷᠭ᠎ᠠ ᠵᠠᠮ᠎ᠢ ᠰᠢᠯᠢᠳᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠴᠢᠩᠭ᠋ᠠᠳᠬᠠᠵᠤ᠂ ᠰᠢᠯᠭ᠋ᠠᠨ ᠬᠢᠨᠠᠵᠤ ᠦᠨᠡᠯᠡᠬᠦ ᠲᠣᠭᠲᠠᠴᠠ ᠵᠢ ᠰᠢᠯᠢᠳᠡᠭᠵᠢᠭᠦᠯᠵᠦ᠂ ᠬᠠᠯᠠᠮᠵᠢᠯᠠᠨ ᠬᠠᠶ᠋ᠢᠷᠠᠯᠠᠬᠤ ᠲᠣᠭᠲᠠᠴᠠ ᠵᠢ ᠨᠠᠷᠢᠯᠢᠬ᠍ᠵᠢᠭᠤᠯᠵᠤ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠵᠦ ᠠᠵᠢᠯ ᠦᠢ᠍ᠯᠡᠰ ᠪᠦᠲᠦᠭᠡᠬᠦ ᠵᠢ ᠵᠣᠷᠢᠭᠵᠢᠭᠤᠯᠤᠨ᠎ᠠ᠃


      ᠬᠣᠶᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ

      ᠪᠠᠲᠤᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠣᠰᠣ ᠰᠤᠷᠲᠠᠬᠤᠨ᠂ ᠤᠶᠤᠨ ᠤᠬᠠᠭ᠋ᠠᠨ᠂

      ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ

      ᠵᠢᠷᠤᠮ᠎ᠤᠨ ᠪᠦᠳᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠦᠴᠦᠯᠡᠨ ᠬᠥᠮᠦᠵᠢᠭᠦᠯᠦᠨ᠎ᠡ


     7. 《ᠠᠨᠠᠷ᠎ᠤᠨ ᠦᠷ᠎ᠡ》 ᠵᠢᠨ ᠬᠥᠮᠦᠨ᠎ᠢ ᠬᠥᠮᠦᠵᠢᠭᠦᠯᠬᠦ ᠢᠨᠵᠧᠨᠧᠷᠢᠩ᠎ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠲᠡᠯᠢᠭ ᠴᠢᠨᠠᠷ᠎ᠢ ᠨᠡᠮᠡᠭᠳᠡᠭᠦᠯᠬᠦ᠎ᠪᠠᠷ ᠴᠢᠭᠯᠡᠯ ᠪᠣᠯᠭ᠋ᠠᠵᠤ᠂ 《ᠰᠠᠭᠤᠷᠢ ᠵᠢ ᠪᠠᠲᠤᠳᠬᠠᠨ ᠦᠨᠳᠦᠰᠦ ᠵᠢ ᠪᠡᠬᠢᠵᠢᠭᠦᠯᠬᠦ᠂ ᠮᠣᠷᠠᠯ᠎ᠢ ᠣᠶ᠋ᠢᠯᠠᠭ᠋ᠠᠵᠤ ᠤᠶᠤᠨ᠎ᠢ ᠰᠡᠩᠬᠡᠷᠡᠭᠦᠯᠬᠦ᠂ ᠰᠡᠳᠬᠢᠯ ᠵᠶ᠋ᠠᠨ ᠨᠢᠭᠡᠳᠬᠡᠨ ᠬᠠᠮᠲᠤ᠎ᠪᠠᠷ ᠴᠣᠭᠴᠠᠯᠠᠬᠤ᠂ ᠰᠣᠶᠣᠯ ᠵᠶ᠋ᠠᠷ ᠬᠥᠮᠦᠨ᠎ᠢ ᠬᠥᠮᠦᠵᠢᠭᠦᠯᠬᠦ》 ᠲᠦᠷᠪᠡᠨ ᠶᠡᠬᠡ ᠠᠵᠢᠯᠯᠠᠭ᠎ᠠ ᠵᠢ ᠲᠦᠯᠬᠢᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ   ᠰᠤᠷᠲᠠᠬᠤᠨ᠎ᠤ ᠬᠥᠮᠦᠵᠢᠯ ᠪᠠ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠲᠠᠢ ᠨᠢᠭᠲᠠ ᠤᠶᠠᠯᠳᠤᠭᠤᠯᠬᠤ ᠵᠢ ᠲᠦᠯᠬᠢᠨ ᠠᠬᠢᠭᠤᠯᠵᠤ᠂ ᠰᠢᠨᠵᠢᠯᠡᠭᠡᠨ᠎ᠤ ᠰᠠᠯᠠᠭ᠋ᠠᠨ᠎ᠤ ᠠᠭᠤᠰᠤᠯᠴᠠᠭ᠎ᠠ᠂ ᠲᠤᠰᠬᠠᠶ ᠰᠡᠳᠦᠪᠲᠦ ᠬᠥᠮᠦᠵᠢᠯ᠂ ᠭᠣᠣᠯ ᠰᠡᠳᠦᠪᠲᠦ ᠦᠢ᠍ᠯᠡᠳᠦᠯᠭᠡ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ ᠵᠡᠷᠭᠡ ᠲᠠᠯ᠎ᠠ᠎ᠪᠠᠷ ᠡᠯᠪᠡᠭ ᠪᠠᠶᠠᠯᠢᠭ ᠦᠷ᠎ᠡ ᠪᠦᠲᠦᠭᠡᠯ᠎ᠢ ᠪᠤᠢ ᠪᠣᠯᠭ᠋ᠠᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠎ᠠ᠃ ᠳᠡᠭᠡᠳᠦ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠲᠣᠢ᠌ᠮᠤᠴᠢᠯᠠᠯ ᠬᠢᠴᠢᠶᠡᠯ᠎ᠢ ᠰᠠᠶ᠋ᠢᠲᠤᠷ ᠵᠢᠭ᠋ᠠᠬᠤ ᠬᠡᠷᠡᠭᠲᠡᠢ᠃ ᠨᠢᠭᠡ ᠪᠦᠯᠦᠭ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠭᠰᠠᠨ ᠰᠢᠷᠢᠰ ᠭᠣᠣᠯ ᠰᠡᠳᠦᠪᠲᠦ ᠵᠢᠷᠤᠭᠲᠤ ᠳᠡᠪᠲᠡᠷ᠂ ᠵᠠᠯᠠᠭᠤᠴᠤᠳ ᠪᠠᠭ᠋ᠠᠴᠤᠳ᠎ᠤᠨ ᠬᠠᠪᠰᠤᠷᠤᠨ ᠵᠢᠯᠣᠭᠣᠳᠬᠤ ᠣᠩᠰᠢᠭᠤ᠂ ᠨᠡᠷᠡᠳᠦ ᠪᠠᠭᠰᠢ ᠵᠢᠨ ᠵᠢᠱ᠌ᠢᠶ᠎ᠡ ᠦᠵᠡᠭᠦᠯᠬᠦ ᠬᠢᠴᠢᠶᠡᠯ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠪᠠ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠵᠡᠷᠭᠡ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ ᠪᠦᠳᠦᠭᠡᠨ ᠪᠠᠶ᠋ᠢᠭᠤᠯᠤᠨ᠎ᠠ᠃ ᠬᠠᠮ ᠵᠠᠭᠤᠴᠢᠯᠠᠭᠤᠷ᠎ᠤᠨ ᠲᠠᠪᠴᠠᠩ᠎ᠢ ᠠᠰᠢᠭᠯᠠᠨ 《ᠠᠨᠠᠷ᠎ᠤᠨ ᠦᠷ᠎ᠡ ᠵᠢᠨ ᠪᠢᠴᠢᠯ ᠬᠢᠴᠢᠶᠡᠯ᠎ᠤᠨ ᠲᠠᠩᠬᠢᠮ》 ᠪᠤᠯᠤᠩ ᠵᠢᠴᠢ ᠪᠢᠴᠢᠯ ᠸᠢᠳᠢᠣ᠋᠂ ᠺᠠᠷᠲ᠋ᠣᠨ ᠵᠢᠷᠤᠭ᠂ ᠵᠢᠷᠤᠭ ᠦᠰᠦᠭ ᠬᠦᠷᠭᠡᠬᠦ᠂ H5 ᠵᠡᠷᠭᠡ ᠣᠯᠠᠨ ᠬᠡᠯᠪᠡᠷᠢᠲᠦ ᠭᠤᠤᠯ ᠰᠡᠳᠦᠪᠲᠦ ᠤᠬᠠᠭᠤᠯᠭ᠎ᠠ ᠵᠢᠨ ᠮᠠᠲ᠋ᠧᠷᠢᠶᠠᠯ᠎ᠢ ᠵᠣᠬᠢᠶᠠᠨ᠎ᠠ᠃ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠠᠩᠭᠢ ᠵᠢᠨ ᠡᠷᠬᠢᠯᠡᠭᠴᠢ (ᠬᠠᠪᠰᠤᠷᠤᠨ ᠵᠢᠯᠣᠭᠣᠳᠣᠭᠴᠢ)᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠡᠷᠭᠡ ᠬᠠᠮᠲᠤᠯᠢᠭ᠎ᠲᠤ ᠴᠢᠭᠯᠡᠭᠦᠯᠦᠨ ᠲᠤᠰᠬᠠᠶ ᠰᠡᠳᠦᠪᠲᠦ ᠪᠣᠯᠪᠠᠰᠤᠷᠠᠭᠤᠯᠤᠯ᠎ᠢ ᠥᠷᠨᠢᠭᠦᠯᠦᠨ᠎ᠡ᠃ 《ᠵᠠᠯᠠᠭᠤ ᠨᠠᠰᠤᠨ᠎ᠤ ᠳᠠᠷᠬᠠᠨ ᠡᠭᠦᠷᠭᠡ》᠂ 《ᠰᠤᠷᠭ᠋ᠠᠭᠤᠯᠢ ᠡᠬᠢᠯᠡᠭᠰᠡᠨ ᠠᠩᠬᠠᠨ᠎ᠤ ᠬᠢᠴᠢᠶᠡᠯ》᠂ 《ᠦᠵᠡᠯ ᠰᠠᠨᠠᠭ᠎ᠠ ᠤᠯᠤᠰ ᠲᠦᠷᠦ ᠵᠢᠨ ᠬᠠᠮᠲᠤ ᠵᠢᠨ ᠬᠢᠴᠢᠶᠡᠯ》᠂ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠤᠮᠠᠷᠠᠲᠤ ᠬᠢᠯᠢ ᠵᠢᠨ ᠬᠦᠰᠡᠯ ᠵᠶ᠋ᠡᠨ   ᠪᠡᠶᠡᠯᠡᠭᠦᠯᠬᠦ》᠂ 《ᠰᠢᠨ᠎ᠡ ᠦᠵᠡᠯ ᠰᠠᠨᠠᠭ᠎ᠠ ᠵᠢ ᠰᠤᠷᠤᠯᠴᠠᠵᠥ᠂ ᠰᠠᠢ᠌ᠨ ᠵᠠᠯᠭ᠋ᠠᠮᠵᠢᠯᠠᠭᠴᠢ ᠪᠣᠯᠬᠤ》᠂ 《ᠤᠷ᠎ᠠ ᠮᠡᠷᠭᠡᠰᠢᠯᠲᠦ ᠴᠢᠳᠠᠪᠤᠷᠢᠲᠠᠨ ᠪᠤᠯᠵᠥ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠣᠢ》 ᠵᠡᠷᠭᠡ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠪᠠᠢ᠌ᠩᠭᠤᠵᠢᠭᠤᠯᠤᠨ᠎ᠠ᠃ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ ᠳᠡᠭᠡᠳᠦ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠰᠤᠳᠤᠯᠭ᠋ᠠᠨ᠎ᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠨ᠎ᠠ᠃
     8. ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠠᠠᠴᠠᠵᠢᠭᠤᠯᠬᠤ ᠪᠠᠶ᠋ᠢᠭᠤᠯᠤᠯᠲᠠ ᠵᠢ ᠠᠬᠢᠭᠤᠯᠤᠨ᠎ᠠ᠃ ᠶᠣᠰᠣ ᠰᠤᠷᠲᠠᠬᠤᠨ᠎ᠢ ᠪᠤᠶ ᠪᠣᠯᠭ᠋ᠠᠨ ᠬᠥᠮᠦᠨ᠎ᠢ ᠬᠥᠮᠦᠵᠢᠭᠦᠯᠬᠦ ᠶᠠᠪᠤᠴᠠ᠎ᠳᠠᠬᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠭᠣᠣᠯ ᠠᠷᠭ᠎ᠠ ᠵᠠᠮ᠎ᠤᠨ ᠦᠢ᠍ᠯᠡᠳᠦᠯ᠎ᠢ ᠪᠠᠳᠠᠷᠠᠭᠤᠯᠵᠤ᠂ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠲᠤᠰᠬᠠᠶ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠪᠠ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠢᠨᠵᠧᠨᠧᠷᠢᠩ᠎ᠤᠨ ᠡᠯ᠎ᠡ ᠵᠦᠢ᠍ᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠵᠤ᠂ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ ᠵᠦᠭᠯᠡᠭᠦᠷ》᠎ᠤᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠷᠤᠭᠴᠢᠳ᠎ᠤᠨ ᠰᠢᠷᠢᠰ ᠣᠩᠰᠢᠭᠤ ᠵᠢ ᠰᠠᠶ᠋ᠢᠲᠤᠷ ᠠᠰᠢᠭᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠣᠣᠯ ᠠᠭᠤᠯᠭ᠎ᠠ᠎ᠪᠠᠨ ᠪᠣᠯᠭ᠋ᠠᠭᠰᠠᠨ ᠬᠢᠴᠢᠶᠡᠯ᠎ᠤᠨ ᠪᠦᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠥᠪᠥᠷ ᠮᠣᠩᠭᠣᠯ᠎ᠳᠤ ᠠᠮᠢᠳᠤᠯᠢᠭ ᠦᠢ᠍ᠯᠡᠳᠦᠯᠭᠡᠵᠢᠭᠦᠯᠬᠦ》 ᠵᠢᠭ᠋ᠠᠨ ᠰᠤᠷᠭ᠋ᠠᠯᠲᠠ ᠵᠢ ᠵᠢᠯᠣᠭᠣᠳᠬᠤ ᠬᠥᠲᠥᠯᠪᠦᠷᠢ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠪᠣᠯᠤᠨ ᠬᠡᠷᠡᠭ᠎ᠤᠨ ᠵᠢᠱ᠌ᠢᠶᠡᠨ᠎ᠤ ᠡᠮᠬᠢᠳᠬᠡᠯ᠎ᠢ ᠨᠠᠶ᠋ᠢᠷᠠᠭᠤᠯᠤᠨ 《ᠦᠵᠡᠯ ᠰᠠᠨᠠᠭ᠎ᠠ ᠤᠯᠤᠰ ᠲᠦᠷᠦ ᠵᠢᠨ ᠲᠣᠮᠤ ᠬᠢᠴᠢᠶᠡᠯ》᠎ᠢ ᠰᠠᠶ᠋ᠢᠲᠤᠷ ᠡᠷᠬᠢᠯᠡᠵᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠰᠠᠭᠤᠷᠢᠨ ᠭᠠᠵᠠᠷ ᠪᠠ ᠨᠢᠭᠡ ᠴᠤᠭᠴᠠᠵᠢᠭᠤᠯᠤᠭᠰᠠᠨ ᠪᠦᠳᠦᠭᠡᠨ ᠪᠠᠶ᠋ᠢᠭᠤᠯᠤᠯᠲᠠ ᠵᠢᠨ ᠨᠢᠭᠡ ᠪᠦᠯᠦᠭ ᠲᠤᠷᠰᠢᠯᠲᠠ ᠵᠢᠨ ᠴᠡᠭ᠎ᠢ ᠪᠠᠶ᠋ᠢᠭᠤᠯᠤᠨ᠎ᠠ᠃ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠪᠣᠯᠪᠠᠰᠤᠷᠠᠭᠤᠯᠤᠯ᠎ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠳᠠᠭᠤᠷᠢᠶᠠᠮᠠᠯ ᠦᠨᠡᠨ ᠲᠥᠪ᠂ ᠦᠵᠡᠯ ᠰᠠᠨᠠᠭ᠎ᠠ ᠤᠯᠤᠰ ᠲᠥᠷᠥ ᠵᠢᠨ ᠰᠢᠨ᠎ᠡ ᠵᠢ ᠡᠭᠦᠳᠬᠦ ᠲᠥᠪ ᠵᠡᠷᠭᠡ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠬᠢᠴᠢᠶᠡᠯ᠎ᠤᠨ ᠵᠢᠭ᠋ᠠᠨ ᠰᠤᠷᠭ᠋ᠠᠯᠲᠠ᠂ ᠪᠠᠭᠰᠢ ᠵᠢᠨ ᠪᠣᠯᠪᠠᠰᠤᠷᠠᠭᠤᠯᠤᠯ᠂ ᠬᠥᠮᠦᠨ᠎ᠢ ᠬᠥᠮᠦᠵᠢᠭᠦᠯᠬᠦ ᠠᠷᠭ᠎ᠠ ᠮᠠᠶᠢᠭ ᠵᠡᠷᠭᠡ᠎ᠳᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠵᠤ᠂ ᠨᠢᠭᠡ ᠪᠦᠯᠦᠭ ᠣᠨᠣᠯ ᠪᠠ ᠦᠢ᠍ᠯᠡᠳᠦᠯᠭᠡ ᠵᠢᠨ ᠰᠤᠳᠤᠯᠭ᠋ᠠᠨ᠎ᠤ ᠦᠷ᠎ᠡ ᠪᠦᠲᠦᠭᠡᠯ᠎ᠢ ᠪᠣᠶ ᠪᠣᠯᠭ᠋ᠠᠨ᠎ᠠ᠃ 《ᠪᠥᠬᠥ ᠠᠵᠢᠯᠲᠠᠨ ᠬᠥᠮᠦᠨ᠎ᠢ ᠬᠥᠮᠥᠵᠢᠭᠦᠯᠬᠦ᠂ ᠪᠥᠬᠥ ᠶᠠᠪᠤᠴᠠ᠎ᠳᠤ ᠬᠥᠮᠦᠨ᠎ᠢ ᠬᠥᠮᠥᠵᠢᠭᠦᠯᠬᠦ᠂ ᠪᠥᠬᠥ ᠲᠠᠯ᠎ᠠ᠎ᠪᠠᠷ ᠬᠥᠮᠦᠨ᠎ᠢ ᠬᠥᠮᠦᠵᠢᠭᠦᠯᠬᠦ》 ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠦᠯᠵᠢᠶᠡᠨ᠎ᠳᠠᠬᠢ ᠦᠵᠡᠯ ᠰᠠᠨᠠᠭ᠎ᠠ ᠤᠯᠤᠰ ᠲᠦᠷᠦ ᠵᠢᠨ ᠳᠣᠭᠲᠠᠯᠴᠠᠭ᠋ᠠᠨ᠎ᠤ ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠣᠭᠣᠮᠲᠠ ᠰᠢᠪᠲᠤᠯᠬᠤ ᠲᠥᠯᠥᠪᠯᠡᠭᠡ ᠵᠢ ᠬᠡᠷᠡᠭᠵᠢᠭᠦᠯᠵᠦ᠂ 《ᠨᠢᠭᠡ ᠰᠤᠷᠭ᠋ᠠᠭᠤᠯᠢ ᠨᠢᠭᠡ ᠠᠷᠭ᠎ᠠ ᠪᠣᠳᠣᠯᠭ᠎ᠠ》 ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠲᠤᠰᠬᠠᠶ ᠪᠠᠭᠰᠢ ᠵᠢ ᠪᠦᠷᠢᠨ ᠲᠣᠬᠢᠷᠠᠭᠤᠯᠵᠤ ᠪᠡᠬᠢᠵᠢᠭᠦᠯᠦᠨ ᠴᠢᠩᠭ᠋ᠠᠳᠬᠠᠵᠤ᠂ ᠵᠢᠭ᠋ᠠᠨ ᠰᠤᠷᠭ᠋ᠠᠯᠲᠠ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠵᠢᠭ᠋ᠠᠨ ᠰᠤᠷᠭ᠋ᠠᠯᠲᠠ ᠵᠢᠨ ᠦᠵᠡᠭᠦᠯᠭᠡ ᠪᠠ ᠶᠡᠬᠡ ᠰᠤᠷᠤᠯᠴᠠᠯᠭ᠎ᠠ ᠵᠢᠨ ᠵᠠᠮᠴᠢᠯᠠᠬᠤ ᠲᠥᠯᠥᠪᠯᠡᠭᠡ ᠵᠢᠨ ᠰᠢᠷᠢᠰ ᠠᠵᠢᠯᠯᠠᠭ᠎ᠠ ᠵᠢ ᠡᠷᠭᠢᠯᠡᠵᠦ᠂ 《ᠭᠠᠷᠠᠭ᠎ᠤᠨ ᠰᠡᠭᠦᠯᠴᠢ ᠵᠢᠨ ᠣᠨᠣᠯ᠎ᠤᠨ ᠬᠢᠴᠢᠶᠡᠯ᠎ᠤᠨ ᠲᠠᠩᠬᠢᠮ》 ᠪᠣᠯᠤᠨ ᠥᠪᠥᠷ ᠮᠣᠩᠭᠣᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠲᠠᠪᠴᠠᠩ᠎ᠢ ᠰᠠᠶ᠋ᠢᠲᠤᠷ ᠠᠰᠢᠭᠯᠠᠵᠤ᠂ ᠡᠯ᠎ᠡ ᠲᠥᠷᠥᠯ᠎ᠤᠨ ᠵᠢᠱ᠌ᠢᠶ᠎ᠡ ᠦᠵᠡᠭᠦᠯᠬᠦ ᠪᠣᠯᠪᠠᠰᠤᠷᠠᠭᠤᠯᠤᠯ᠎ᠢ ᠲᠣᠭᠲᠠᠮᠠᠯ ᠬᠤᠭᠤᠴᠠᠭ᠋ᠠᠲᠠᠢ᠎ᠪᠠᠷ ᠵᠣᠬᠢᠶᠠᠨ ᠪᠠᠶ᠋ᠢᠭᠤᠯᠵᠤ᠂ ᠮᠠᠷᠺᠰ᠎ᠤᠨ ᠦᠵᠡᠯ᠎ᠤᠨ ᠣᠨᠣᠯ᠎ᠤᠨ ᠳᠡᠭᠡᠳᠦ ᠲᠠᠰ᠎ᠤᠨ ᠶᠠᠷᠢᠶᠠᠨ᠎ᠤ ᠲᠠᠪᠴᠠᠩ᠎ᠢ ᠡᠷᠬᠢᠯᠡᠵᠦ᠂ ᠪᠡᠭᠡᠵᠢᠩ ᠶᠡᠬᠡ ᠰᠤᠷᠭ᠋ᠠᠭᠤᠯᠢ ᠵᠢᠨ ᠭᠠᠷ ᠬᠣᠯᠪᠤᠯᠴᠠᠨ ᠮᠠᠨ᠎ᠤ ᠣᠷᠣᠨ᠎ᠤ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠠᠵᠢᠯ ᠲᠥᠷᠥᠯ ᠵᠶ᠋ᠠᠷ ᠳᠡᠮᠵᠢᠬᠦ ᠲᠣᠭᠲᠠᠴᠠ ᠵᠢ ᠭᠦᠢ᠍ᠴᠡᠳ ᠪᠠᠳᠠᠷᠠᠭᠤᠯᠵᠤ᠂ ᠰᠤᠷᠭ᠋ᠠᠭᠤᠯᠢ ᠠᠯᠤᠰᠯᠠᠨ ᠬᠠᠮᠲᠤ᠎ᠪᠠᠷ ᠬᠢᠴᠢᠶᠡᠯ ᠪᠡᠯᠡᠳᠬᠡᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠢ ᠪᠠᠶ᠋ᠢᠩᠭᠤᠵᠢᠭᠤᠯᠤᠨ ᠵᠣᠬᠢᠶᠠᠨ ᠪᠠᠶ᠋ᠢᠭᠤᠯᠤᠨ᠎ᠠ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯ᠎ᠳᠤ ᠲᠦᠰᠢᠭᠯᠡᠨ ᠬᠢᠴᠢᠶᠡᠯ ᠰᠣᠨᠣᠰᠴᠤ ᠵᠢᠭ᠋ᠠᠬᠤ ᠵᠢ ᠦᠨᠡᠯᠡᠬᠦ 《ᠶᠡᠬᠡ ᠪᠣᠯᠪᠠᠰᠤᠷᠠᠯ》᠎ᠤᠨ ᠠᠵᠢᠯᠯᠠᠭ᠎ᠠ ᠵᠢ ᠥᠷᠨᠢᠭᠦᠯᠦᠨ᠎ᠡ᠃ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠲᠠᠢ ᠬᠠᠮᠲᠤᠷᠠᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠭᠣᠣᠯᠳᠠᠯᠭ᠋ᠠᠲᠠᠢ ᠡᠭᠦᠷᠭᠡ ᠵᠢᠴᠢ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠳᠠᠷᠤᠮᠠᠯᠯᠠᠨ ᠲᠠᠷᠬᠠᠭ᠋ᠠᠵᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠵᠠᠬᠢᠷᠤᠯ (ᠱᠦᠵᠢ)᠎ᠢ ᠬᠥᠮᠦᠵᠢᠭᠦᠯᠬᠦ ᠲᠥᠯᠥᠪᠯᠡᠭᠡ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠨᠠᠷ᠎ᠤᠨ ᠮᠠᠷᠺᠰ᠎ᠤᠨ ᠦᠵᠡᠯ᠎ᠤᠨ ᠤᠨᠤᠯ᠎ᠤᠨ ᠰᠢᠨᠵᠢᠯᠡᠭᠡᠨ᠎ᠤ ᠰᠠᠯᠠᠭ᠋ᠠᠨ᠎ᠤ ᠮᠠᠰᠲ᠋ᠧᠷ ᠴᠣᠯᠠ ᠬᠠᠮᠠᠭ᠋ᠠᠯᠠᠬᠤ ᠲᠤᠰᠬᠠᠶ ᠲᠥᠯᠥᠪᠯᠡᠭᠡ ᠵᠢ ᠬᠡᠷᠡᠭᠵᠢᠭᠦᠯᠵᠦ᠂ ᠨᠢᠭᠡ ᠪᠦᠯᠦᠭ ᠮᠠᠷᠺᠰ᠎ᠤᠨ ᠦᠵᠡᠯ᠎ᠤᠨ ᠤᠨᠤᠯ᠎ᠤᠨ ᠰᠢᠨᠵᠢᠯᠡᠭᠡᠨ᠎ᠤ ᠰᠠᠯᠠᠭ᠋ᠠᠨ᠎ᠤ ᠲᠠᠭ᠋ᠠᠭᠤᠯᠤᠬ᠍ᠴᠢ᠂ ᠡᠷᠳᠡᠮ ᠰᠢᠨᠵᠢᠯᠡᠭᠡᠨ᠎ᠤ ᠲᠠᠭ᠋ᠠᠭᠤᠯᠤᠬ᠍ᠴᠢ ᠪᠠ ᠵᠠᠯᠠᠭᠤ ᠤᠨᠤᠯ᠎ᠤᠨ ᠭᠣᠣᠯᠯᠠᠭᠴᠢ ᠬᠦᠴᠦᠨ᠎ᠢ ᠬᠥᠮᠦᠵᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠬᠠᠪᠰᠤᠷᠤᠨ ᠵᠢᠯᠤᠭᠤᠳᠤᠭᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠨ᠎ᠠ᠃ ᠪᠥᠬᠦ ᠬᠢᠴᠢᠶᠡᠯ ᠲᠥᠷᠦᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠱ᠌ᠢᠶ᠎ᠡ ᠦᠵᠡᠭᠦᠯᠬᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢ ᠬᠡᠷᠡᠭᠵᠢᠭᠦᠯᠵᠦ᠂ ᠵᠢᠱ᠌ᠢᠶ᠎ᠡ ᠦᠵᠡᠭᠦᠯᠬᠦ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ᠎ᠪᠠᠷ ᠬᠥᠲᠦᠯᠦᠮᠵᠢ ᠪᠣᠯᠭ᠋ᠠᠨ᠂ ᠲᠣᠮᠤ ᠬᠢᠴᠢᠶᠡᠯ᠎ᠤᠨ ᠲᠠᠩᠬᠢᠮ᠎ᠢ ᠨᠡᠭᠡᠭᠡᠨ ᠡᠷᠭᠢᠯᠡᠬᠦ᠂ ᠵᠢᠭ᠋ᠠᠨ ᠰᠤᠷᠭ᠋ᠠᠯᠲᠠ ᠵᠢᠨ ᠤᠷᠤᠯᠳᠤᠭ᠋ᠠᠨ ᠡᠷᠭᠢᠯᠡᠬᠦ᠂ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠰᠣᠩᠭᠣᠨ ᠪᠠᠶ᠋ᠢᠭᠤᠯᠬᠤ᠎ᠪᠠᠷ ᠭᠠᠷᠳᠠᠴᠠ ᠪᠣᠯᠭ᠋ᠠᠭᠰᠠᠨ ᠪᠥᠬᠦ ᠬᠢᠴᠢᠶᠡᠯ ᠲᠥᠷᠦᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠪᠥᠬᠦ ᠬᠢᠴᠢᠶᠡᠯ ᠲᠥᠷᠦᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠬᠢᠴᠢᠶᠡᠯ ᠨᠢᠭᠡ ᠪᠦᠷᠢ ᠵᠢᠨ ᠬᠥᠮᠦᠨ᠎ᠢ ᠬᠥᠮᠦᠵᠢᠭᠦᠯᠬᠦ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠣᠨᠣᠯᠵᠢᠬᠤᠨ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠳᠤ ᠣᠷᠣᠭᠤᠯᠬᠤ ᠵᠢ ᠲᠦᠯᠬᠢᠨ ᠠᠬᠢᠭᠤᠯᠤᠨ᠎ᠠ᠃
     9. ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠬᠤ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠴᠢᠬᠤᠯᠠ ᠠᠷᠭ᠎ᠠ ᠵᠠᠮ ᠪᠣᠯᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠯᠤᠰ᠎ᠤᠨ ᠦᠭᠡ ᠬᠡᠯᠡ ᠥᠰᠥᠭ ᠪᠢᠴᠢᠭ᠎ᠤᠨ ᠦᠢ᠍ᠯᠡᠰ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ〉 ᠵᠢ ᠬᠡᠷᠡᠭᠵᠢᠭᠦᠯᠬᠦ ᠲᠥᠰᠦᠯ》᠎ᠢ ᠰᠤᠳᠤᠯᠤᠨ   ᠳᠣᠭᠲᠠᠭ᠋ᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠦᠷᠢᠮᠵᠢᠭᠦᠯᠦᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠨᠡᠢ᠌ᠲᠡᠯᠢᠭ ᠬᠡᠯᠡᠨ᠎ᠤ ᠲᠥᠭᠡᠮᠡᠯᠵᠢᠭᠦᠯᠦᠯᠲᠡ ᠵᠢ ᠠᠬᠢᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠠᠪᠰᠤᠷᠴᠤ ᠲᠤᠰᠠᠯᠠᠬᠤ ᠲᠥᠯᠥᠪᠯᠡᠭᠡ ᠪᠠ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠴᠢᠳᠠᠪᠤᠷᠢ ᠵᠢ ᠳᠡᠭᠡᠭᠰᠢᠯᠡᠭᠦᠯᠬᠦ ᠲᠥᠰᠦᠯ᠎ᠢ ᠬᠡᠷᠡᠭᠵᠢᠭᠦᠯᠦᠨ᠎ᠡ᠃ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠤᠨ ᠨᠡᠶ᠋ᠢᠲᠡᠯᠢᠭ ᠬᠡᠯᠡᠨ᠎ᠤ ᠰᠤᠷᠭ᠋ᠠᠨ ᠬᠥᠮᠦᠵᠢᠯ᠎ᠤᠨ 《ᠬᠡᠦᠬᠡᠳ᠎ᠤᠨ ᠬᠡᠯᠡᠨ᠎ᠤ ᠨᠡᠢ᠌ᠲᠡᠯᠢᠭ ᠬᠡᠯᠡᠨ᠎ᠤ ᠠᠪᠢᠶᠠᠯᠠᠭ᠎ᠠ》 ᠵᠢᠨ ᠲᠥᠯᠥᠪᠯᠡᠭᠡ ᠵᠢ ᠲᠦᠯᠬᠢᠨ ᠠᠬᠢᠭᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠭᠣᠣᠯᠯᠠᠭᠴᠢᠳ᠎ᠤᠨ ᠪᠣᠯᠪᠠᠰᠤᠷᠠᠭᠤᠯᠤᠯ᠎ᠤᠨ ᠲᠥᠯᠥᠪᠯᠡᠭᠡ ᠵᠢ ᠬᠡᠷᠡᠭᠵᠢᠭᠦᠯᠦᠨ᠎ᠡ᠃ ᠳᠤᠮᠳᠠᠳᠤ ᠵᠢᠨ ᠰᠢᠯᠢᠳᠡᠭ ᠬᠡᠯᠡ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠵᠢᠨ ᠰᠣᠩᠭᠣᠳᠠᠭ ᠵᠣᠬᠢᠶᠠᠯ᠎ᠢ ᠣᠩᠰᠢᠬᠤ᠂ ᠪᠢᠴᠢᠬᠦ᠂ ᠶᠠᠷᠢᠬᠤ ᠤᠷᠤᠯᠳᠤᠭ᠋ᠠᠨ ᠪᠠ 《ᠬᠡᠯᠡ ᠵᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠃ 《ᠳᠤᠮᠳᠠᠳᠤ ᠤᠯᠤᠰ᠎ᠤᠨ ᠬᠡᠯᠡᠨ᠎ᠤ ᠡᠬᠢ ᠪᠠᠶᠠᠯᠢᠭ᠎ᠤᠨ ᠲᠡᠭᠦᠪᠦᠷᠢ · ᠥᠪᠥᠷ ᠮᠣᠩᠭᠣᠯ (ᠬᠢᠲᠠᠳ ᠬᠡᠯᠡᠨ᠎ᠤ ᠨᠤᠲᠤᠭ᠎ᠤᠨ ᠠᠶᠠᠯᠭᠤ)》᠎ᠢ ᠨᠠᠶ᠋ᠢᠷᠠᠭᠤᠯᠤᠨ ᠬᠡᠪᠯᠡᠭᠦᠯᠦᠨ᠎ᠡ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠠᠵᠢᠯ᠎ᠢ ᠬᠢᠨᠠᠨ ᠵᠢᠯᠣᠭᠣᠳᠬᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠵᠢ ᠳᠦᠷᠢᠮᠵᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠬᠤ ᠪᠠ ᠨᠡᠶ᠋ᠢᠲᠡᠯᠢᠭ ᠬᠡᠯᠡᠨ᠎ᠤ ᠲᠦᠭᠡᠮᠡᠯᠵᠢᠭᠦᠯᠦᠯᠲᠡ ᠵᠢᠨ ᠨᠤᠷᠮ᠎ᠠ ᠵᠢ ᠬᠢᠨᠠᠨ ᠪᠠᠢ᠌ᠴᠠᠭ᠋ᠠᠬᠤ ᠠᠵᠢᠯ᠎ᠢ ᠥᠷᠨᠢᠭᠦᠯᠦᠨ᠎ᠡ᠃ ᠳᠡᠭᠡᠳᠦ ᠰᠤᠷᠭ᠋ᠠᠭᠤᠯᠢ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠦᠭᠡ ᠬᠡᠯᠡ ᠦᠰᠦᠭ ᠪᠢᠴᠢᠭ᠎ᠤᠨ ᠠᠵᠢᠯ᠎ᠢ ᠴᠢᠩᠭ᠋ᠠᠳᠬᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠨᠡᠶ᠋ᠢᠲᠡᠯᠢᠭ ᠬᠡᠯᠡᠨ᠎ᠤ ᠬᠢᠷᠢ ᠲᠦᠪᠰᠢᠨ᠎ᠢ ᠰᠢᠯᠭ᠋ᠠᠬᠤ ᠲᠤᠷᠰᠢᠯᠲᠠ ᠵᠢᠨ 《ᠤᠯᠤᠰ ᠎ᠤᠨ ᠦᠭᠡ ᠬᠡᠯᠡ ᠥᠰᠥᠭ ᠪᠢᠴᠢᠭ ᠎ᠤᠨ ᠠᠵᠢᠯ ᠎ᠤᠨ ᠵᠥᠪᠯᠡᠯ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠲᠥᠯᠥᠪᠵᠢᠭᠦᠯᠭᠡ》 ᠵᠢ ᠨᠠᠶ᠋ᠢᠳᠠᠪᠤᠷᠢᠵᠢᠭᠤᠯᠤᠨ᠂ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ 2 — 3 ᠰᠠᠭᠤᠷᠢᠨ ᠭᠠᠵᠠᠷ᠎ᠢ ᠪᠥᠳᠥᠭᠡᠨ ᠪᠠᠶ᠋ᠢᠭᠤᠯᠵᠤ᠂ ᠦᠭᠡ ᠬᠡᠯᠡ ᠥᠰᠥᠭ ᠪᠢᠴᠢᠭ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠂ ᠤᠬᠠᠭᠤᠯᠭ᠎ᠠ ᠪᠣᠯᠤᠨ ᠭᠤᠷᠪᠠᠨ ᠲᠥᠷᠥᠯ᠎ᠤᠨ ᠭᠣᠣᠯᠳᠠᠯᠭ᠋ᠠᠲᠠᠢ ᠬᠥᠮᠦᠰ (ᠲᠠᠷᠢᠶᠠᠯᠠᠬᠤ ᠮᠠᠯᠵᠢᠬᠤ ᠣᠷᠣᠨ᠎ᠤ ᠪᠠᠭᠰᠢ᠂ ᠦᠨᠳᠦᠰᠦᠨ ᠱᠠᠲᠤᠨ᠎ᠤ ᠺᠠᠳ᠋ᠷ᠂ ᠵᠠᠯᠠᠭᠤ ᠢᠳᠡᠷ ᠬᠥᠳᠡᠯᠮᠦᠷᠢ ᠬᠦᠴᠦᠨ)᠎ᠤᠨ ᠪᠣᠯᠪᠠᠰᠤᠷᠠᠭᠤᠯᠤᠯ᠎ᠢ ᠥᠷᠨᠢᠭᠦᠯᠦᠨ᠎ᠡ᠃ 25 ᠳ᠋ᠤᠭ᠋ᠠᠷ ᠬᠤᠭᠤᠴᠠᠭ᠋ᠠᠨ᠎ᠤ ᠨᠡᠢ᠌ᠲᠡᠯᠢᠭ ᠬᠡᠯᠡᠨ᠎ᠤ ᠲᠥᠭᠡᠮᠡᠯᠵᠢᠭᠦᠯᠦᠯᠲᠡ ᠵᠢ ᠠᠬᠢᠭᠤᠯᠬᠤ ᠭᠠᠷᠠᠭ᠎ᠤᠨ ᠭᠣᠣᠯᠳᠠᠯᠭ᠋ᠠᠲᠠᠢ ᠤᠬᠠᠭᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
     10. ᠵᠢᠭ᠋ᠠᠬᠤ ᠮᠠᠲ᠋ᠧᠷᠢᠶᠠᠯ᠎ᠤᠨ ᠦᠨᠳᠦᠰᠦ ᠬᠠᠳᠬᠤᠵᠤ ᠰᠦᠭ᠎ᠢ ᠱᠤᠭᠤᠵᠤ ᠣᠶᠤᠨ᠎ᠢ ᠨᠡᠭᠡᠭᠡᠵᠦ ᠤᠬᠠᠭ᠋ᠠᠨ᠎ᠢ ᠨᠡᠮᠡᠭᠳᠡᠭᠦᠯᠬᠦ ᠦᠢ᠍ᠯᠡᠳᠦᠯ᠎ᠢ ᠪᠠᠳᠠᠷᠠᠭᠤᠯᠤᠨ᠎ᠠ᠃ ᠤᠯᠤᠰ᠎ᠤᠨ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠡᠯ᠎ᠡ ᠭᠠᠵᠠᠷ ᠣᠷᠣᠨ᠎ᠤ ᠡᠯ᠎ᠡ ᠳᠡᠭᠡᠳᠦ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠤᠨ ᠵᠢᠯᠣᠭᠣᠳᠤᠮᠵᠢ ᠪᠠ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠵᠢ ᠱᠠᠭ᠋ᠠᠷᠳᠠᠨ ᠵᠢᠯᠣᠭᠣᠳᠤᠨ᠎ᠠ᠃ ᠪᠦᠬᠦ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠵᠢᠭ᠋ᠠᠬᠤ ᠮᠠᠲ᠋ᠧᠷᠢᠶᠠᠯ᠎ᠤᠨ ᠪᠥᠳᠥᠭᠡᠨ ᠪᠠᠶ᠋ᠢᠭᠤᠯᠤᠯᠲᠠ ᠵᠢ ᠭᠣᠣᠯᠳᠠᠯᠭ᠋ᠠᠲᠠᠢ ᠰᠤᠳᠤᠯᠬᠤ ᠰᠠᠭᠤᠷᠢᠨ᠎ᠢ ᠪᠠᠢ᠌ᠭᠤᠯᠤᠨ᠎ᠠ᠃ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠦᠷ᠎ᠡ ᠪᠥᠲᠦᠮᠵᠢ ᠵᠢ ᠪᠡᠬᠢᠵᠢᠭᠦᠯᠦᠨ ᠬᠡᠷᠡᠭᠵᠢᠭᠦᠯᠵᠦ᠂ 2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠳᠡᠭᠡᠳᠦ ᠨᠢᠭᠡᠳᠦᠭᠡᠷ ᠣᠨ (ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠨᠢᠭᠡᠳᠦᠭᠡᠷ ᠣᠨ)᠎ᠳᠤ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠪᠥᠬᠥ ᠲᠠᠯ᠎ᠠ᠎ᠪᠠᠷ ᠬᠡᠷᠡᠭᠵᠢᠭᠦᠯᠬᠦ ᠵᠢᠨ ᠬᠠᠮᠲᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠵᠶ᠋ᠠᠷ ᠬᠢᠴᠢᠶᠡᠯᠯᠡᠨ᠎ᠡ᠃ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠪᠠᠭᠰᠢ ᠨᠠᠷ᠎ᠢ ᠪᠣᠯᠪᠠᠰᠤᠷᠠᠭᠤᠯᠬᠤ ᠠᠵᠢᠯ᠎ᠢ ᠦᠷᠭᠦᠯᠵᠢᠯᠡᠨ ᠥᠷᠨᠢᠭᠦᠯᠦᠨ᠎ᠡ᠃ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠵᠠᠰᠠᠬᠤ ᠲᠤᠰᠬᠠᠶ ᠠᠵᠢᠯ᠎ᠢ ᠪᠡᠶᠡᠯᠡᠭᠦᠯᠵᠦ᠂ ᠰᠢᠨ᠎ᠡ᠎ᠪᠠᠷ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ 2022 ᠣᠨ᠎ᠤ ᠨᠠᠮᠤᠷ᠎ᠤᠨ ᠤᠯᠠᠷᠢᠯ᠎ᠠᠴᠠ ᠠᠰᠢᠭᠯᠠᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠵᠢ ᠰᠤᠳᠤᠯᠤᠨ ᠳᠣᠭᠲᠠᠭ᠋ᠠᠵᠤ᠂ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠴᠥᠭᠡᠨ ᠲᠣᠭ᠋ᠠᠲᠤ ᠦᠨᠳᠦᠰᠦᠲᠡᠨ᠎ᠤ ᠦᠰᠦᠭ ᠪᠢᠴᠢᠭ᠎ᠤᠨ ᠵᠢᠭ᠋ᠠᠬᠤ ᠮᠠᠲ᠋ᠧᠷᠢᠶᠠᠯ᠎ᠤᠨ ᠬᠠᠮᠢᠶᠠᠷᠤᠯᠲᠠ ᠵᠢᠨ ᠨᠠᠷᠢᠨ ᠲᠥᠷᠢᠮ᠎ᠢ ᠲᠣᠭᠲᠠᠭ᠋ᠠᠨ᠎ᠠ᠃ ᠵᠢᠭ᠋ᠠᠬᠤ ᠮᠠᠲ᠋ᠧᠷᠢᠶᠠᠯ᠎ᠢ ᠰᠣᠩᠭᠣᠨ ᠵᠠᠬᠢᠶᠠᠯᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠵᠢᠭ᠋ᠠᠬᠤ ᠮᠠᠲ᠋ᠧᠷᠢᠶᠠᠯ᠎ᠤᠨ ᠭᠠᠷᠴᠠᠭ᠎ᠢ ᠰᠢᠯᠢᠳᠡᠭᠵᠢᠭᠦᠯᠵᠦ᠂ ᠣᠷᠣᠨ ᠨᠤᠲᠤᠭ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ 《ᠴᠥᠭᠡᠳᠬᠡᠬᠦ》 ᠴᠡᠭᠴᠡᠯᠡᠨ ᠵᠠᠰᠠᠯᠲᠠ ᠵᠢ ᠦᠷᠭᠦᠯᠵᠢᠯᠡᠨ ᠥᠷᠨᠢᠭᠦᠯᠵᠦ᠂ ᠵᠢᠭ᠋ᠠᠬᠤ ᠮᠠᠲ᠋ᠧᠷᠢᠶᠠᠯ᠂ ᠲᠤᠰᠠᠯᠠᠮᠵᠢ ᠵᠢᠨ ᠮᠠᠲ᠋ᠧᠷᠢᠶᠠᠯ ᠵᠢᠴᠢ ᠬᠢᠴᠢᠶᠡᠯ᠎ᠤᠨ ᠭᠠᠳᠠᠭᠤᠷᠬᠢ ᠤᠩᠰᠢᠬᠤ ᠪᠢᠴᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠬᠠᠮᠢᠶᠠᠷᠤᠯᠲᠠ ᠵᠢ ᠪᠦᠬᠦ ᠲᠠᠯ᠎ᠠ᠎ᠪᠠᠷ ᠳᠦᠷᠢᠮᠵᠢᠭᠦᠯᠦᠨ᠎ᠡ᠃ ᠵᠢᠭ᠋ᠠᠬᠤ ᠮᠠᠲ᠋ᠧᠷᠢᠶᠠᠯ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠬᠦ ᠭᠠᠷᠴᠠᠭ᠎ᠤᠨ ᠬᠠᠮᠢᠶᠠᠷᠤᠯᠲᠠ ᠵᠢ ᠳᠦᠷᠢᠮᠵᠢᠭᠦᠯᠦᠨ᠎ᠡ᠃ ᠵᠢᠭ᠋ᠠᠬᠤ ᠮᠠᠲ᠋ᠧᠷᠢᠶᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠵᠤ᠂ ᠵᠢᠭ᠋ᠠᠬᠤ ᠮᠠᠲ᠋ᠧᠷᠢᠶᠠᠯ ᠵᠠᠬᠢᠶᠠᠯᠠᠬᠤ ᠲᠣᠭ᠎ᠠ ᠬᠡᠮᠵᠢᠶ᠎ᠡ ᠵᠢ ᠣᠨᠣᠪᠴᠢᠲᠠᠶ ᠲᠣᠭᠲᠠᠭ᠋ᠠᠵᠤ᠂ 《ᠬᠢᠴᠢᠶᠡᠯ᠎ᠠᠴᠠ ᠡᠮᠦᠨ᠎ᠡ ᠨᠣᠮ᠎ᠲᠠᠢ ᠪᠣᠯᠬᠤ》 ᠡᠭᠦᠷᠭᠡ ᠵᠢ ᠪᠡᠶᠡᠯᠡᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠣᠨᠣᠯ᠎ᠤᠨ ᠰᠣᠳᠤᠯᠭ᠋ᠠᠨ ᠪᠠ ᠴᠣᠭᠴᠠᠯᠠᠯᠲᠠ ᠵᠢᠨ ᠢᠨᠵᠧᠨᠧᠷᠢᠩ᠎ᠤᠨ ᠵᠢᠭ᠋ᠠᠬᠤ ᠮᠠᠲ᠋ᠧᠷᠢᠶᠠᠯ᠎ᠢ 《ᠪᠥᠭᠦᠨ᠎ᠢ ᠬᠡᠷᠡᠭᠯᠡᠬᠦ》 ᠵᠢ ᠲᠦᠯᠬᠢᠨ ᠠᠬᠢᠭᠤᠯᠤᠨ᠎ᠠ᠃ ᠵᠢᠭ᠋ᠠᠬᠤ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ ᠪᠣᠭᠣᠮᠲᠠ ᠵᠢ ᠴᠢᠩᠳᠠᠯᠠᠵᠤ᠂ ᠵᠢᠭ᠋ᠠᠬᠤ ᠮᠠᠲ᠋ᠧᠷᠢᠶᠠᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠡᠩᠨᠡᠭᠡ ᠵᠢ ᠪᠠᠶ᠋ᠢᠭᠤᠯᠤᠨ ᠴᠢᠩᠭ᠋ᠠᠳᠬᠠᠵᠤ᠂ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠬᠢᠨᠠᠬᠤ ᠡᠩᠨᠡᠭᠡ ᠵᠢ ᠪᠠᠶ᠋ᠢᠭᠤᠯᠤᠨ᠎ᠠ᠃
     11. ᠰᠤᠷᠤᠭᠴᠢᠳ᠎ᠤᠨ ᠪᠡᠶ᠎ᠡ ᠰᠡᠳᠬᠢᠯ᠎ᠤᠨ ᠡᠷᠡᠭᠦᠯ ᠵᠶ᠋ᠠᠷ ᠪᠥᠬᠥ ᠲᠠᠯ᠎ᠠ᠎ᠪᠠᠷ ᠬᠥᠭᠵᠢᠬᠦ ᠵᠢ ᠠᠬᠢᠭᠤᠯᠤᠨ᠎ᠠ᠃ ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠎ᠤ ᠬᠥᠮᠦᠵᠢᠯ ᠪᠠ ᠬᠥᠳᠡᠯᠮᠦᠷᠢ ᠵᠢᠨ ᠬᠥᠮᠦᠵᠢᠯ᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠡᠶ᠎ᠡ ᠵᠢᠨ ᠲᠠᠮᠢᠷ ᠪᠠ ᠰᠤᠷᠭ᠋ᠠᠨ ᠬᠥᠮᠦᠵᠢᠯ᠎ᠢ ᠠᠭᠤᠰᠬᠠᠬᠤ ᠲᠤᠷᠰᠢᠯᠲᠠ ᠵᠢᠨ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠭ᠎ᠠ ᠵᠢ ᠳ᠋ᠦᠩᠨᠡᠵᠦ᠂ ᠪᠡᠶ᠎ᠡ ᠵᠢᠨ ᠲᠠᠮᠢᠷ᠂ ᠭᠤᠸ᠎ᠠ ᠰᠠᠶ᠋ᠢᠬᠠᠨ᠂ ᠬᠥᠳᠡᠯᠮᠦᠷᠢ ᠵᠢ ᠰᠢᠶᠡᠨ (ᠬᠣᠰᠢᠭᠤ)᠎ᠤ ᠬᠡᠪᠴᠢᠶᠡᠨ᠎ᠳᠤ ᠨᠢᠭᠡ ᠴᠣᠭᠴᠠᠵᠢᠭᠤᠯᠬᠤ ᠴᠢᠨᠠᠷᠯᠢᠭ ᠬᠥᠭᠵᠢᠯᠲᠡ ᠵᠢᠨ ᠵᠠᠭᠪᠤᠷ᠎ᠢ ᠰᠦᠪᠡᠭᠴᠢᠯᠡᠵᠦ᠂ ᠪᠡᠶ᠎ᠡ ᠵᠢᠨ ᠲᠠᠮᠢᠷ᠎ᠤᠨ ᠪᠠᠭᠰᠢ ᠵᠢᠨ ᠪᠥᠬᠥ ᠠᠵᠢᠯᠲᠠᠨ᠎ᠤ ᠲᠤᠰᠬᠠᠶ ᠵᠦᠢ᠍ᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠪᠠ ᠰᠢᠯᠭ᠋ᠠᠨ ᠦᠨᠡᠯᠡᠬᠦ ᠵᠢ ᠵᠣᠬᠢᠶᠠᠨ ᠪᠠᠶ᠋ᠢᠭᠤᠯᠵᠤ᠂ ᠠᠩᠬᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡᠨ᠎ᠤ ᠬᠣᠯᠪᠣᠭ᠋ᠠᠲᠤ ᠤᠷᠤᠯᠳᠤᠭ᠋ᠠᠨ᠎ᠢ ᠡᠷᠬᠢᠯᠡᠵᠦ᠂ ᠪᠥᠬᠥ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠪᠡᠯᠡᠳᠬᠡᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡᠨ᠎ᠤ ᠲᠠᠯᠠᠪᠤᠷ᠎ᠤᠨ 《ᠣᠳᠣᠨ ᠮᠡᠴᠢᠳ ᠬᠥᠯ ᠪᠥᠮᠪᠦᠭᠡᠨ᠎ᠤ ᠲᠠᠯᠠᠪᠤᠷ》᠎ᠤᠨ ᠲᠥᠯᠦᠪᠯᠡᠭᠡ ᠵᠢ ᠬᠡᠷᠡᠭᠵᠢᠭᠦᠯᠵᠦ᠂ ᠳᠤᠮᠳᠠᠳᠤ ᠵᠢᠨ ᠵᠠᠯᠠᠭᠤᠴᠤᠳ ᠪᠠᠭ᠋ᠠᠴᠤᠳ᠎ᠤᠨ ᠡᠷᠡᠭᠦᠯ ᠮᠡᠨᠳᠦ ᠵᠢᠨ ᠬᠥᠮᠦᠵᠢᠯ ᠪᠠ ᠡᠷᠡᠭᠦᠯ ᠡᠩᠬᠡ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢ ᠠᠬᠢᠭᠤᠯᠬᠤ ᠲᠤᠰᠬᠠᠶ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠡᠷᠡᠭᠦᠯ ᠮᠡᠨᠳᠦ ᠰᠤᠷᠭ᠋ᠠᠭᠤᠯᠢ ᠪᠠ ᠲᠦᠷᠭᠡᠨ ᠠᠪᠤᠷᠠᠬᠤ ᠲᠤᠷᠰᠢᠯᠲᠠ ᠵᠢᠨ ᠴᠡᠭ᠎ᠤᠨ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠠᠩᠬᠠᠳᠤᠭ᠋ᠠᠷ ᠬᠤᠭᠤᠴᠠᠭ᠋ᠠᠨ᠎ᠤ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ᠂ ᠲᠦᠷᠭᠡᠨ ᠠᠪᠤᠷᠠᠯᠳᠠ ᠬᠢᠬᠦ ᠰᠣᠯᠢᠯᠴᠠᠭ᠎ᠠ ᠪᠠ ᠦᠵᠡᠭᠦᠯᠭᠡ ᠵᠢᠨ ᠠᠵᠢᠯᠯᠠᠭ᠎ᠠ ᠵᠢ ᠡᠷᠭᠢᠯᠡᠵᠦ᠂ ᠰᠣᠷᠣᠭᠴᠢ ᠵᠢᠨ ᠶᠡᠷᠦᠩᠬᠡᠶ ᠣᠶ᠋ᠢᠷ᠎ᠠ ᠬᠠᠷᠠᠭ᠎ᠠ ᠵᠢᠨ ᠨᠣᠷᠮ᠎ᠠ ᠵᠢ ᠳᠡᠭᠡᠷ᠎ᠡ ᠵᠢᠯ᠎ᠤᠨ᠎ᠬᠢ᠎ᠠᠴᠠ 0.5%᠎ᠠᠴᠠ 1% ᠬᠦᠷᠲᠡᠯ᠎ᠡ ᠪᠠᠭᠤᠷᠠᠭᠤᠯᠵᠤ᠂ ᠤᠯᠤᠰ᠎ᠤᠨ ᠬᠢᠴᠢᠶᠡᠯ᠎ᠤᠨ ᠪᠠᠷᠢᠮᠵᠢᠶ᠎ᠠ ᠵᠢ ᠨᠠᠢ᠌ᠳᠠᠪᠤᠷᠢᠵᠢᠭᠤᠯᠵᠤ᠂ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠤᠷᠠᠯᠢᠭ᠎ᠤᠨ ᠬᠢᠴᠢᠶᠡᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠱ᠌ᠢᠶ᠎ᠡ ᠦᠵᠡᠭᠦᠯᠬᠦ ᠰᠤᠷᠭ᠋ᠠᠭᠤᠯᠢ᠂ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ᠎ᠤᠨ ᠰᠤᠷᠭ᠋ᠠᠭᠤᠯᠢ᠂ ᠨᠠᠷᠠᠲᠤ ᠪᠠᠭᠰᠢ ᠵᠢᠨ ᠠᠵᠢᠯᠯᠠᠬᠤ ᠳᠠᠰᠤᠭ᠎ᠢ ᠦᠨᠡᠯᠡᠨ ᠪᠠᠶ᠋ᠢᠭᠤᠯᠬᠤ ᠪᠠ ᠰᠤᠷᠭ᠋ᠠᠨ ᠬᠥᠮᠦᠵᠢᠯ᠎ᠢ ᠳᠡᠮᠵᠢᠬᠦ ᠠᠵᠢᠯ᠎ᠢ ᠭᠦᠨᠵᠡᠭᠡᠶ ᠥᠷᠨᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠰᠢᠷᠢᠰ ᠠᠵᠢᠯᠯᠠᠭ᠎ᠠ ᠪᠠ ᠤᠷᠠᠯᠢᠭ᠎ᠤᠨ ᠲᠥᠷᠥᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠠ ᠳᠡᠯᠭᠡᠨ ᠦᠵᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠦᠵᠡᠭᠦᠯᠭᠡ ᠵᠢᠨ ᠲᠣᠭᠯᠠᠯᠲᠠ ᠵᠢᠨ ᠡᠭᠦᠯᠡᠨᠴᠢᠷ ᠳᠠᠪᠴᠠᠩ᠎ᠢ ᠰᠢᠯᠢᠳᠡᠭᠵᠢᠭᠦᠯᠵᠦ᠂ ᠭᠤᠸ᠎ᠠ ᠰᠠᠶ᠋ᠢᠬᠠᠨ᠎ᠤ ᠬᠥᠮᠦᠵᠢᠯ᠎ᠢ ᠪᠡᠶᠡᠴᠢᠯᠡᠨ ᠣᠶ᠋ᠢᠯᠠᠭ᠋ᠠᠬᠤ ᠦᠢ᠍ᠯᠡᠳᠦᠯᠭᠡ ᠵᠢᠨ ᠲᠠᠪᠴᠠᠩ᠎ᠢ ᠪᠠᠶ᠋ᠢᠭᠤᠯᠤᠨ᠎ᠠ᠃ ᠬᠥᠳᠡᠯᠮᠦᠷᠢ ᠵᠢᠨ ᠬᠥᠮᠦᠵᠢᠯ᠎ᠤᠨ ᠪᠠᠭᠰᠢ᠂ ᠬᠢᠴᠢᠶᠡᠯ᠂ ᠵᠢᠭ᠋ᠠᠬᠤ ᠮᠠᠲ᠋ᠧᠷᠢᠶᠠᠯ ᠪᠠ ᠦᠢ᠍ᠯᠡᠳᠦᠯᠭᠡ ᠵᠢᠨ ᠪᠠᠢ᠌ᠷᠢ ᠲᠠᠯᠠᠪᠤᠷ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠯᠮᠦᠷᠢ ᠵᠢᠨ ᠬᠥᠮᠦᠵᠢᠯ᠎ᠤᠨ 《ᠬᠠᠪᠤᠷ᠎ᠤᠨ ᠬᠤᠷ᠎ᠠ ᠬᠠᠪᠤᠷ᠎ᠤᠨ ᠨᠠᠬᠢᠶ᠎ᠠ》 ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠤᠷᠰᠢᠯᠲᠠ ᠵᠢᠨ ᠲᠣᠭᠣᠷᠢᠭ ᠪᠠ ᠵᠢᠱ᠌ᠢᠶ᠎ᠡ ᠦᠵᠡᠭᠦᠯᠬᠦ ᠰᠤᠷᠭ᠋ᠠᠭᠤᠯᠢ ᠵᠢ ᠡᠭᠦᠳᠦᠨ ᠪᠠᠶ᠋ᠢᠭᠤᠯᠬᠤ ᠵᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠬᠡᠷ ᠪᠦᠯᠢ᠂ ᠰᠤᠷᠭ᠋ᠠᠭᠤᠯᠢ᠂ ᠨᠡᠶ᠋ᠢᠭᠡᠮ ᠬᠠᠮᠲᠤᠷᠠᠨ ᠬᠥᠮᠦᠵᠢᠭᠦᠯᠬᠦ ᠲᠣᠭᠲᠠᠴᠠ ᠵᠢ ᠪᠠᠶ᠋ᠢᠭᠤᠯᠤᠨ᠎ᠠ᠃ ᠲᠠᠷᠢᠶᠠᠯᠠᠩ᠎ᠳᠤ ᠬᠣᠯᠪᠣᠭᠳᠠᠬᠤ ᠳᠡᠭᠡᠳᠦ ᠰᠤᠷᠭ᠋ᠠᠭᠤᠯᠢ ᠵᠢᠨ ᠲᠠᠷᠢᠶᠠᠯᠠᠬᠤ ᠪᠣᠯᠤᠨ ᠰᠤᠷᠤᠯᠴᠠᠬᠤ ᠵᠢ ᠤᠶᠠᠯᠳᠤᠭᠤᠯᠬᠤ ᠬᠥᠮᠦᠵᠢᠯ᠎ᠢ ᠴᠢᠩᠭ᠋ᠠᠳᠬᠠᠬᠤ᠎ᠪᠠᠷ ᠬᠥᠲᠥᠯᠦᠮᠵᠢ ᠪᠣᠯᠭ᠋ᠠᠵᠤ᠂ ᠪᠥᠬᠥ ᠰᠤᠷᠤᠯᠭ᠎ᠠ ᠵᠢᠨ ᠱᠠᠲᠤᠨ᠎ᠤ ᠡᠯ᠎ᠡ ᠲᠥᠷᠥᠯ ᠬᠡᠯᠪᠡᠷᠢ ᠵᠢᠨ ᠰᠤᠷᠭ᠋ᠠᠭᠤᠯᠢ ᠵᠢ ᠬᠥᠲᠥᠯᠦᠨ ᠵᠢᠯᠣᠭᠣᠳᠴᠤ ᠬᠥᠳᠡᠯᠮᠦᠷᠢ ᠵᠢᠨ ᠬᠥᠮᠦᠵᠢᠯ᠎ᠤᠨ ᠡᠬᠢ ᠪᠠᠶᠠᠯᠢᠭ᠎ᠢ ᠥᠷᠭᠡᠳᠬᠡᠨ᠎ᠡ᠃ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠥᠳᠡᠯᠮᠦᠷᠢ ᠵᠢᠨ ᠬᠡᠪ ᠪᠣᠯᠪᠠᠰᠤᠷᠠᠯ᠎ᠤᠨ ᠬᠥᠭᠵᠢᠯᠲᠡ ᠵᠢᠨ ᠪᠠᠶ᠋ᠢᠳᠠᠯ᠎ᠢ ᠬᠢᠨᠠᠨ ᠪᠠᠢ᠌ᠴᠠᠭ᠋ᠠᠬᠤ ᠦᠢ᠍ᠯᠡᠳᠦᠯ᠎ᠢ ᠡᠬᠢᠯᠡᠭᠦᠯᠦᠨ ᠪᠠᠳᠠᠷᠠᠭᠤᠯᠤᠨ᠎ᠠ᠃ ᠰᠢᠮ᠎ᠡ ᠲᠡᠵᠢᠭᠡᠯ᠎ᠢ ᠰᠠᠶ᠋ᠢᠵᠢᠷᠠᠭᠤᠯᠬᠤ ᠲᠥᠯᠥᠪᠯᠡᠭᠡ ᠵᠢᠨ ᠲᠤᠷᠰᠢᠯᠲᠠ ᠵᠢᠨ ᠴᠡᠭ᠎ᠤᠨ ᠰᠤᠷᠭ᠋ᠠᠭᠤᠯᠢ ᠵᠢᠨ ᠬᠥᠳᠡᠯᠮᠦᠷᠢ ᠵᠢᠨ ᠬᠥᠮᠦᠵᠢᠯ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠠᠵᠢᠯᠯᠠᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠰᠤᠷᠭ᠋ᠠᠭᠤᠯᠢ ᠵᠢᠨ ᠬᠣᠭᠣᠯᠠᠨ ᠬᠡᠷ᠎ᠤᠨ ᠬᠣᠭᠣᠯᠠ ᠬᠠᠩᠭ᠋ᠠᠬᠤ ᠠᠬᠢᠴᠠ ᠵᠢ ᠲᠦᠷᠭᠡᠳᠭᠡᠵᠦ᠂ ᠬᠣᠭᠣᠯᠠ ᠳᠣᠭᠢᠷᠠᠭᠤᠯᠬᠤ ᠴᠢᠳᠠᠪᠤᠷᠢ ᠪᠠ ᠬᠣᠭᠣᠯᠠ ᠬᠠᠩᠭ᠋ᠠᠬᠤ ᠵᠠᠭᠪᠤᠷ᠎ᠢ ᠰᠢᠯᠢᠳᠡᠭᠵᠢᠭᠦᠯᠦᠨ᠎ᠡ᠃ ᠰᠤᠷᠭ᠋ᠠᠭᠤᠯᠢ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ ᠪᠠ ᠰᠤᠷᠤᠭᠴᠢᠳ᠎ᠤᠨ ᠴᠡᠷᠢᠭ᠎ᠤᠨ ᠪᠣᠯᠪᠠᠰᠤᠷᠠᠯ᠎ᠤᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠣᠶᠠᠷ᠎ᠢ ᠬᠦᠷᠢᠶᠡᠯᠡᠬᠦ ᠵᠢ ᠬᠠᠮᠲᠤ᠎ᠪᠠᠷ ᠪᠠᠶ᠋ᠢᠭᠤᠯᠬᠤ ᠠᠵᠢᠯ᠎ᠢ ᠭᠦᠨᠵᠡᠭᠡᠶ᠋ᠢᠷᠡᠭᠦᠯᠦᠨ᠎ᠡ᠃ ᠵᠠᠯᠠᠭᠤᠴᠤᠳ ᠪᠠᠭ᠋ᠠᠴᠤᠳ᠎ᠤᠨ ᠰᠡᠳᠬᠢᠯ᠎ᠢ ᠤᠮᠳᠠᠯᠠᠵᠤ ᠥᠰᠬᠡᠨ ᠪᠣᠶ᠋ᠢᠵᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠠᠶ᠋ᠢᠮᠠᠭ ᠬᠣᠲᠠ ᠵᠢ ᠵᠢᠯᠣᠭᠣᠳᠤᠨ ᠰᠡᠳᠬᠢᠴᠡ ᠵᠢᠨ ᠬᠠᠪᠰᠤᠷᠤᠨ ᠵᠢᠯᠣᠭᠣᠳᠬᠤ ᠥᠷᠲᠡᠭᠡ ᠵᠢ ᠪᠠᠶ᠋ᠢᠭᠤᠯᠵᠤ᠂ 12355 ᠵᠠᠯᠠᠭᠤᠴᠤᠳ ᠪᠠᠭ᠋ᠠᠴᠤᠳ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠳᠡᠯᠭᠡᠷᠡᠭᠦᠯᠦᠨ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠤᠨ ᠬᠢᠴᠢᠶᠡᠯ᠎ᠢ ᠵᠢᠷᠤᠮᠵᠢᠭᠤᠯᠤᠨ ᠨᠡᠭᠡᠭᠡᠵᠦ᠂ 《ᠰᠡᠳᠬᠢᠯ᠎ᠢ ᠤᠮᠳᠠᠯᠠᠬᠤ》 ᠲᠣᠮᠤ ᠬᠢᠴᠢᠶᠡᠯ᠎ᠤᠨ ᠲᠠᠩᠬᠢᠮ᠎ᠢ ᠡᠷᠭᠢᠯᠡᠨ᠂ ᠰᠡᠳᠬᠢᠴᠡ ᠵᠢᠨ ᠡᠷᠡᠭᠦᠯ ᠮᠡᠨᠳᠦ ᠵᠢᠨ ᠬᠢᠨᠠᠨ ᠵᠢᠯᠣᠭᠣᠳᠬᠤ ᠳᠣᠭᠲᠠᠯᠴᠠᠭ᠎ᠠ ᠵᠢ ᠨᠠᠶ᠋ᠢᠷᠠᠭᠤᠯᠤᠨ ᠵᠣᠬᠢᠶᠠᠵᠤ᠂ ᠨᠠᠶ᠋ᠢᠵᠠ ᠨᠥᠬᠦᠳ ᠬᠠᠪᠰᠤᠷᠤᠯᠴᠠᠬᠤ ᠪᠠ ᠠᠵᠢᠯ ᠲᠥᠷᠥᠯ᠎ᠤᠨ ᠰᠢᠰᠲ᠋ᠧᠮ ᠵᠶ᠋ᠠᠷ ᠵᠶ᠋ᠠᠨ ᠲᠤᠰᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃


      ᠭᠤᠷᠪᠠ᠂ ᠠᠷᠠᠳ ᠲᠦᠮᠡᠨ ᠵᠶ᠋ᠠᠷ ᠭᠣᠣᠯᠯᠠᠭᠤᠯᠬᠤ ᠬᠥᠭᠵᠢᠯᠲᠡ ᠵᠢᠨ ᠦᠵᠡᠯ

      ᠰᠠᠨᠠᠭ᠎ᠠ ᠵᠢ ᠨᠡᠪᠳᠡᠷᠡᠳᠡᠯ᠎ᠠ ᠣᠶ᠋ᠢᠯᠠᠭ᠋ᠠᠵᠤ᠂ ᠰᠠᠭᠤᠷᠢ ᠰᠤᠷᠭ᠋ᠠᠨ ᠬᠥᠮᠦᠵᠢᠯ᠎ᠤᠨ

      ᠬᠥᠭᠵᠢᠯᠲᠡ ᠵᠢᠨ ᠬᠢᠷᠢ   ᠲᠦᠪᠰᠢᠨ᠎ᠢ   ᠬᠦᠴᠦᠯᠡᠨ   ᠳᠡᠭᠡᠭᠰᠢᠯᠡᠭᠦᠯᠦᠨ᠎ᠡ


     12. 《ᠬᠣᠶᠠᠷ᠎ᠢ ᠬᠥᠩᠭᠡᠷᠡᠭᠦᠯᠬᠦ》 ᠠᠵᠢᠯ᠎ᠢ ᠭᠦᠨᠵᠡᠭᠡᠶ ᠠᠬᠢᠭᠤᠯᠤᠨ᠎ᠠ᠃ 《ᠬᠣᠶᠠᠷ᠎ᠢ ᠬᠥᠩᠭᠡᠷᠡᠭᠦᠯᠬᠦ》 ᠵᠢ ᠦᠷᠭᠦᠯᠵᠢᠯᠡᠨ 《ᠨᠢᠭᠡᠳᠦᠭᠡᠷ ᠢᠨᠵᠧᠨᠧᠷᠢᠩ》 ᠪᠣᠯᠭ᠋ᠠᠵᠤ᠂ ᠠᠵᠢᠯ᠎ᠤᠨ ᠠᠬᠤᠢ ᠲᠠᠯᠠᠪᠠᠢ ᠵᠢᠨ ᠬᠤᠷᠠᠯ᠎ᠢ ᠬᠤᠷᠠᠯᠳᠤᠭᠤᠯᠵᠤ ᠰᠢᠰᠲ᠋ᠧᠮᠲᠡᠢ ᠪᠠᠢ᠌ᠷᠢᠯᠠᠭᠤᠯᠵᠤ᠂ ᠦᠷ᠎ᠡ ᠪᠦᠲᠦᠭᠡᠯ ᠵᠶ᠋ᠠᠨ ᠪᠠᠲᠤᠳᠬᠠᠵᠤ᠂ ᠲᠣᠭᠲᠠᠴᠠ᠎ᠪᠠᠨ ᠲᠡᠭᠦᠯᠳᠡᠷᠵᠢᠭᠦᠯᠵᠦ᠂ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠵᠢ ᠦᠨᠡᠨ ᠬᠦ᠌ ᠪᠠᠲᠤᠯᠠᠨ᠎ᠠ᠃ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠠᠭᠤᠷᠢ ᠴᠢᠨᠠᠷᠲᠠᠶ ᠳᠠᠰᠬᠠᠯ᠎ᠤᠨ ᠵᠢᠷᠤᠭ ᠲᠥᠯᠥᠪᠯᠡᠭᠡ ᠪᠣᠯᠤᠨ ᠬᠡᠷᠡᠭᠵᠢᠭᠦᠯᠬᠦ ᠵᠦᠭᠯᠡᠭᠦᠷ》᠂ 《ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠦᠨᠳᠦᠰᠦᠨ ᠱᠠᠭ᠋ᠠᠷᠳᠠᠯᠭ᠎ᠠ》 ᠵᠢ ᠰᠤᠳᠤᠯᠤᠨ ᠳᠣᠭᠲᠠᠭ᠋ᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠳᠠᠰᠬᠠᠯ᠎ᠤᠨ ᠬᠠᠮᠢᠶᠠᠷᠤᠯᠲᠠ᠂ ᠰᠢᠯᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ 《ᠳᠠᠷᠤᠭ᠋ᠠᠰᠤ ᠵᠢ ᠬᠥᠩᠭᠡᠷᠡᠭᠦᠯᠵᠦ ᠦᠷ᠎ᠡ ᠠᠰᠢᠭ᠎ᠢ ᠨᠡᠮᠡᠭᠳᠡᠭᠦᠯᠬᠦ》 ᠵᠢ ᠠᠬᠢᠭᠤᠯᠤᠨ᠎ᠠ᠃ 《ᠬᠣᠶᠠᠷ᠎ᠢ ᠬᠥᠩᠭᠡᠷᠡᠭᠦᠯᠬᠦ》 ᠵᠢ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠬᠢᠴᠢᠶᠡᠯ᠎ᠤᠨ ᠳᠠᠷᠠᠭ᠋ᠠᠬᠢ   ᠦᠢ᠍ᠯᠡᠴᠢᠯᠡᠭᠡᠨ᠎ᠤ ᠰᠣᠳᠣᠨ ᠬᠢᠴᠢᠶᠡᠯ᠎ᠤᠨ ᠡᠬᠢ ᠪᠠᠶᠠᠯᠢᠭ᠎ᠢ ᠰᠣᠩᠭᠣᠵᠤ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠠᠭᠤᠯᠭ᠎ᠠ ᠵᠢ ᠪᠠᠶᠠᠯᠢᠭᠵᠢᠭᠤᠯᠵᠤ᠂ ᠡᠯ᠎ᠡ ᠭᠠᠵᠠᠷ᠎ᠤᠨ᠎ᠬᠢᠨ᠎ᠢ ᠱᠠᠭ᠋ᠠᠷᠳᠠᠵᠤ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠵᠠᠷᠤᠳᠠᠯ᠎ᠢ ᠪᠠᠲᠤᠯᠠᠬᠤ ᠠᠷᠭ᠎ᠠ ᠵᠢ ᠲᠡᠭᠦᠯᠳᠡᠷᠵᠢᠭᠦᠯᠵᠦ᠂ ᠪᠠᠭᠰᠢ ᠵᠢᠨ 《ᠠᠮᠢᠳᠤᠯᠢᠭ ᠵᠶ᠋ᠠᠷ ᠠᠵᠢᠯ᠎ᠳᠤ ᠭᠠᠷᠬᠤ ᠪᠠ ᠠᠵᠢᠯ᠎ᠠᠴᠠ ᠪᠠᠭᠤᠬᠤ》 ᠲᠦᠷᠢᠮ ᠪᠠ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡᠨ᠎ᠤ ᠨᠥᠬᠥᠪᠥᠷᠢ ᠵᠢ ᠨᠠᠶ᠋ᠢᠳᠠᠪᠤᠷᠢᠵᠢᠭᠤᠯᠤᠨ᠎ᠠ᠃ ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠵᠢᠯᠣᠭᠣᠳᠣᠯᠭ᠎ᠠ ᠵᠢᠨ ᠦᠨ᠎ᠡ᠂ ᠤᠷᠢᠳᠴᠢᠯᠠᠨ ᠰᠦᠢ᠍ᠳᠭᠡᠯ ᠬᠤᠷᠢᠶᠠᠬᠤ ᠪᠠᠯᠠ ᠮᠥᠩᠭᠦᠨ᠎ᠤ ᠬᠢᠨᠠᠯᠲᠠ ᠬᠠᠮᠢᠶᠠᠷᠤᠯᠲᠠ ᠵᠡᠷᠭᠡ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠬᠠᠤᠯᠢ ᠎ᠳᠤ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠂ ᠠᠮᠠᠷᠠᠯᠲᠠ ᠵᠢᠨ ᠡᠳᠦᠷ᠂ ᠡᠪᠦᠯ ᠵᠣᠨ᠎ᠤ ᠠᠮᠠᠷᠠᠯᠲᠠ᠎ᠳᠤ ᠪᠣᠯᠪᠠᠰᠤᠷᠠᠭᠤᠯᠤᠯ ᠥᠷᠨᠢᠭᠦᠯᠬᠦ ᠵᠢ ᠴᠢᠩᠭ᠎ᠠ ᠬᠣᠷᠢᠭᠯᠠᠵᠤ᠂ ᠡᠯ᠎ᠡ ᠭᠠᠵᠠᠷ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠬᠢᠴᠢᠶᠡᠯ ᠲᠥᠷᠥᠯ᠎ᠤᠨ ᠪᠣᠯᠪᠠᠰᠤᠷᠠᠭᠤᠯᠤᠯ᠎ᠢ ᠵᠢᠯᠣᠭᠣᠳᠬᠤ᠎ᠳᠤ᠎ᠪᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ ᠬᠡᠷᠡᠭᠵᠢᠭᠦᠯᠬᠦ ᠲᠥᠷᠥ ᠵᠢᠨ ᠪᠣᠳᠤᠯᠭ᠎ᠠ ᠵᠢᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠬᠤ ᠵᠢ ᠨᠠᠢ᠌ᠳᠠᠪᠤᠷᠢᠵᠢᠭᠤᠯᠤᠨ᠎ᠠ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠳᠣᠭᠢᠷᠠᠭᠤᠯᠬᠤ ᠪᠠᠷᠢᠮᠵᠢᠶ᠎ᠠ ᠪᠠ ᠬᠢᠴᠢᠶᠡᠯ ᠲᠥᠷᠦᠯ᠎ᠤᠨ ᠪᠤᠰᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠬᠢᠨᠠᠨ ᠵᠥᠪᠰᠢᠶᠡᠷᠡᠬᠦ ᠴᠤᠪᠤᠷᠠᠯ᠎ᠢ ᠨᠡᠶ᠋ᠢᠲᠡᠯᠡᠵᠦ᠂ ᠬᠢᠴᠢᠶᠡᠯ ᠲᠥᠷᠦᠯ᠎ᠤᠨ ᠪᠤᠰᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠲᠣᠳᠤᠷᠬᠠᠢ᠌ᠯᠠᠵᠤ᠂ ᠲᠥᠷᠥᠯ ᠬᠤᠪᠢᠶᠠᠨ ᠬᠠᠮᠢᠶᠠᠷᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠠᠵᠢᠯ᠎ᠢ ᠴᠢᠩᠭ᠎ᠠ ᠰᠠᠶ᠋ᠢᠲᠤᠷ ᠠᠳᠬᠤᠨ᠎ᠠ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯᠲᠡᠨ᠎ᠤ ᠵᠥᠪᠯᠡᠯ᠎ᠢ ᠪᠠᠶ᠋ᠢᠭᠤᠯᠵᠤ᠂ ᠡᠯ᠎ᠡ ᠭᠠᠵᠠᠷ᠎ᠢ ᠵᠢᠯᠣᠭᠣᠳᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠢᠴᠢᠶᠡᠯ ᠲᠥᠷᠥᠯ ᠪᠠ ᠬᠢᠴᠢᠶᠡᠯ ᠲᠥᠷᠦᠯ᠎ᠤᠨ ᠪᠤᠰᠤ ᠲᠥᠰᠦᠯ᠎ᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠨ᠎ᠠ᠃ 《ᠡᠵᠡᠩᠨᠡᠯᠲᠡ᠎ᠠᠴᠠ ᠡᠵᠡᠩᠨᠡᠯᠲᠡ ᠵᠢᠨ ᠪᠤᠰᠤ᠎ᠳᠤ ᠰᠢᠯᠵᠢᠬᠦ》 ᠪᠠᠶ᠋ᠢᠭᠤᠯᠤᠮᠵᠢ ᠵᠢ ᠵᠢᠷᠤᠮᠵᠢᠭᠤᠯᠤᠨ ᠠᠵᠢᠯᠯᠠᠭᠤᠯᠬᠤ᠂ ᠤᠷᠢᠳᠴᠢᠯᠠᠨ ᠰᠦᠢ᠍ᠳᠭᠡᠯ ᠬᠤᠷᠢᠶᠠᠬᠤ ᠵᠢ ᠬᠢᠨᠠᠨ ᠬᠠᠮᠢᠶᠠᠷᠬᠤ᠂ ᠬᠡᠯᠪᠡᠷᠢ᠎ᠪᠠᠨ ᠥᠭᠡᠷᠡᠲᠦᠭᠦᠯᠬᠦ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠡᠷᠭᠡ ᠭᠣᠣᠯᠳᠠᠯᠭ᠋ᠠᠲᠠᠢ ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠦᠨᠵᠡᠭᠡᠶ ᠪᠠᠶ᠋ᠢᠴᠠᠭ᠋ᠠᠨ ᠰᠣᠳᠤᠯᠵᠤ᠂ ᠬᠢᠨᠠᠨ ᠵᠢᠯᠣᠭᠣᠳᠬᠤ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ ᠵᠢ ᠦᠷᠭᠦᠯᠵᠢᠯᠡᠨ ᠥᠷᠨᠢᠭᠦᠯᠵᠦ᠂ ᠡᠪᠦᠯ ᠵᠣᠨ᠎ᠤ ᠠᠮᠠᠷᠠᠯᠲᠠ ᠵᠡᠷᠭᠡ ᠵᠠᠩᠭᠢᠯᠠᠭ᠎ᠠ ᠵᠢᠨ ᠭᠣᠭᠴᠤᠭ᠎ᠠ ᠵᠢ ᠲᠤᠰᠬᠠᠶ ᠵᠠᠰᠠᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠢ ᠵᠠᠰᠠᠬᠤ ᠡᠷᠴᠢᠮ᠎ᠢ ᠪᠠᠭᠤᠷᠠᠭᠤᠯᠬᠤ ᠥᠬᠡᠶ᠂ ᠬᠦᠴᠦᠯᠡᠴᠡ᠎ᠢ ᠪᠠᠭᠤᠷᠠᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠰᠤᠷᠭ᠋ᠠᠭᠤᠯᠢ ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠤᠨ ᠪᠠᠢ᠌ᠩᠭᠤᠵᠢᠭᠰᠠᠨ᠂ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢ ᠥᠷᠨᠢᠭᠦᠯᠦᠨ᠎ᠡ᠃ ᠰᠠᠯᠠᠭ᠎ᠠ ᠮᠥᠴᠢᠷ᠎ᠤᠨ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠬᠠᠤᠯᠢ ᠵᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠵᠢ ᠬᠡᠷᠡᠭᠵᠢᠭᠦᠯᠬᠦ ᠠᠵᠢᠯ᠎ᠤᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠳᠤ ᠬᠢᠨᠠᠯᠲᠠ ᠬᠠᠮᠢᠶᠠᠷᠤᠯᠲᠠ ᠲᠠᠯᠪᠢᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠥᠰᠦᠯ᠎ᠢ ᠪᠠᠢ᠌ᠭᠤᠯᠵᠤ᠂ ᠰᠢᠰᠲ᠋ᠧᠮᠲᠡᠢ ᠬᠠᠤᠯᠢ ᠵᠢ ᠬᠡᠷᠡᠭᠵᠢᠭᠦᠯᠬᠦ᠂ ᠬᠠᠮᠲᠤᠷᠠᠨ ᠬᠠᠤᠯᠢ ᠵᠢ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠰᠦᠪᠡᠭᠴᠢᠯᠡᠵᠦ᠂ ᠦᠨᠳᠦᠰᠦᠨ ᠱᠠᠲᠤᠨ᠎ᠤ 《ᠬᠣᠶᠠᠷ᠎ᠢ ᠬᠥᠩᠭᠡᠷᠡᠭᠦᠯᠬᠦ》 ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠡᠷ ᠪᠦᠯᠢ᠂ ᠰᠤᠷᠭ᠋ᠠᠭᠤᠯᠢ᠂ ᠨᠡᠶ᠋ᠢᠭᠡᠮ ᠬᠠᠮᠵᠢᠯᠴᠠᠨ ᠬᠥᠮᠦᠨ᠎ᠢ ᠬᠥᠮᠦᠵᠢᠭᠦᠯᠬᠦ ᠲᠣᠭᠲᠠᠴᠠ ᠵᠢ ᠪᠠᠶ᠋ᠢᠭᠤᠯᠵᠤ᠂ ᠭᠤᠷᠪᠠᠨ ᠲᠠᠯ᠎ᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠪᠥᠬᠥ ᠲᠠᠯ᠎ᠠ᠎ᠪᠠᠷ ᠬᠥᠮᠦᠨ᠎ᠢ ᠬᠥᠮᠦᠵᠢᠭᠦᠯᠬᠦ ᠰᠢᠨ᠎ᠡ ᠪᠠᠢ᠌ᠷᠢᠰᠢᠯᠠᠭᠤᠯᠤᠯᠲᠠ ᠵᠢ ᠪᠣᠶ ᠪᠣᠯᠭ᠋ᠠᠬᠤ ᠵᠢ ᠠᠬᠢᠭᠤᠯᠤᠨ᠎ᠠ᠃ ᠤᠬᠠᠭᠤᠯᠤᠨ ᠬᠥᠲᠥᠯᠦᠨ ᠵᠢᠯᠣᠭᠣᠳᠬᠤ ᠪᠠ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ ᠵᠢ ᠴᠢᠩᠭ᠋ᠠᠷᠠᠭᠤᠯᠵᠤ᠂ ᠨᠡᠶ᠋ᠢᠲᠡᠯᠢᠭ ᠲᠤᠷᠰᠢᠯᠭ᠎ᠠ ᠪᠠ ᠠᠷᠭ᠎ᠠ ᠪᠠᠷᠢᠯ᠎ᠢ ᠢᠳᠡᠪᠬᠢᠲᠡᠶ ᠳᠠᠮᠵᠢᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠣᠯᠪᠠᠰᠤᠷᠠᠭᠤᠯᠤᠯ᠎ᠤᠨ ᠦᠢ᠍ᠯᠡ ᠠᠵᠢᠯᠯᠠᠭ᠎ᠠ ᠵᠢ ᠳᠠᠷᠤᠢ᠎ᠳᠤ᠎ᠨᠢ ᠢᠯᠡᠴᠢᠯᠡᠵᠦ᠂ ᠪᠥᠬᠥ ᠨᠡᠶ᠋ᠢᠭᠡᠮ ᠵᠶ᠋ᠠᠷ ᠵᠶ᠋ᠠᠨ ᠬᠢᠨᠠᠯᠲᠠ ᠬᠠᠮᠢᠶᠠᠷᠤᠯᠲᠠ᠎ᠳᠤ ᠣᠷᠣᠯᠴᠠᠬᠤ ᠵᠢᠨ ᠬᠠᠮᠲᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠵᠠᠰᠠᠯᠲᠠ ᠵᠢ ᠥᠷᠭᠡᠨ ᠵᠶ᠋ᠠᠷ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠠᠬᠢᠭᠤᠯᠵᠤ᠂ ᠰᠣᠷᠣᠭᠴᠢ᠂ ᠬᠡᠷ᠎ᠤᠨ ᠠᠬᠠᠮᠠᠳ ᠪᠠ ᠪᠠᠭᠰᠢ ᠵᠢᠨ ᠰᠤᠷᠭ᠋ᠠᠨ ᠬᠥᠮᠦᠵᠢᠯ᠎ᠤᠨ ᠵᠣᠪᠠᠨᠢᠯ᠎ᠢ ᠪᠦᠲᠦᠮᠵᠢᠲᠡᠶ ᠨᠠᠮᠳᠠᠭᠤᠯᠤᠨ᠎ᠠ᠃
     13. ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭ᠋ᠠᠯᠵᠠᠯ᠎ᠤᠨ ᠬᠢᠷᠢ ᠲᠦᠪᠰᠢᠨ ᠵᠢ ᠳᠡᠭᠡᠭᠰᠢᠯᠡᠭᠦᠯᠦᠨ᠎ᠡ᠃ ᠥᠷᠭᠡᠨ ᠵᠶ᠋ᠠᠷ ᠬᠠᠮᠤᠷᠬᠤ᠂ ᠦᠨᠳᠦᠰᠦᠨ ᠵᠦᠢ᠍ᠯ᠎ᠢ ᠪᠠᠲᠤᠯᠠᠬᠤ᠂ ᠴᠢᠨᠠᠷ ᠴᠢᠨᠰᠠᠭ᠋ᠠᠲᠠᠢ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠶᠣᠰᠤ᠎ᠪᠠᠷ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠡᠬᠢᠯᠡᠨ ᠬᠡᠷᠡᠭᠵᠢᠭᠦᠯᠵᠦ᠂ ᠡᠯ᠎ᠡ ᠭᠠᠵᠠᠷ᠎ᠤᠨ ᠰᠢᠶᠠᠨ (ᠬᠣᠰᠢᠭᠤ)᠎ᠤ ᠬᠡᠪᠴᠢᠶᠡᠨ᠎ᠤ ᠲᠦᠭᠡᠮᠡᠯ ᠬᠠᠷᠠᠭ᠋ᠠᠯᠵᠠᠯ᠎ᠤᠨ ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠵᠢ ᠰᠢᠯᠢᠳᠡᠭᠵᠢᠭᠦᠯᠬᠦ ᠵᠢ ᠳᠥᠯᠭᠢᠨ ᠠᠬᠢᠭᠤᠯᠵᠤ᠂ 《ᠬᠡᠦᠬᠡᠳ᠎ᠤᠨ ᠴᠡᠴᠡᠷᠯᠢᠭ᠎ᠲᠤ ᠣᠷᠣᠬᠤ᠎ᠳᠤ ᠬᠦᠴᠢᠷᠲᠡᠶ᠂ ᠬᠡᠦᠬᠡᠳ᠎ᠤᠨ ᠴᠡᠴᠡᠷᠯᠢᠭ᠎ᠲᠤ ᠣᠷᠣᠬᠤ᠎ᠳᠤ ᠦᠨᠡᠲᠡᠶ》 ᠪᠠᠶ᠋ᠢᠬᠤ ᠠᠰᠠᠭᠤᠳᠠᠯ᠎ᠢ ᠣᠯᠠᠨ ᠠᠷᠭ᠎ᠠ ᠵᠠᠮ ᠵᠶ᠋ᠠᠷ ᠰᠢᠢ᠍ᠳᠪᠦᠷᠢᠯᠡᠨ᠎ᠡ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠤᠰᠬᠠᠶ ᠵᠦᠢ᠍ᠯ᠎ᠤᠨ ᠪᠠᠯᠠ ᠮᠥᠩᠭᠥ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠡᠷᠡᠭᠯᠡᠵᠦ᠂ ᠠᠶ᠋ᠢᠮᠠᠭ ᠬᠣᠲᠠ ᠵᠢᠨ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠵᠢ ᠳᠡᠮᠵᠢᠨ᠎ᠡ᠃ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠲᠣᠭᠣᠷᠢᠭ᠎ᠲᠤ ᠢᠵᠢ ᠪᠦᠷᠢᠳᠦᠭᠦᠯᠦᠭᠰᠡᠨ ᠬᠡᠦᠬᠡᠳ᠎ᠤᠨ ᠴᠡᠴᠡᠷᠯᠢᠭ᠎ᠢ ᠵᠠᠰᠠᠬᠤ 《ᠪᠤᠴᠠᠨ ᠬᠠᠷᠠᠬᠤ》 ᠵᠢ ᠥᠷᠨᠢᠭᠦᠯᠦᠨ᠎ᠡ᠃ ᠲᠣᠭᠯᠠᠭ᠋ᠠᠮ ᠵᠶ᠋ᠠᠷ ᠦᠨᠳᠦᠰᠦᠨ ᠬᠥᠲᠦᠯᠪᠦᠷᠢ ᠪᠣᠯᠭ᠋ᠠᠬᠤ ᠵᠢ ᠪᠠᠷᠢᠮᠲᠠᠯᠠᠵᠤ᠂ 《ᠠᠨ ᠵᠢᠢ ᠲᠣᠭᠯᠠᠭ᠋ᠠᠮ》᠎ᠢ ᠶᠡᠬᠡ᠎ᠪᠠᠷ ᠳᠡᠯᠭᠡᠷᠡᠭᠦᠯᠵᠦ᠂ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠰᠢᠨᠵᠢᠯᠡᠬᠦ ᠤᠬᠠᠭ᠋ᠠᠨᠴᠢ᠎ᠪᠠᠷ ᠵᠣᠯᠭ᠋ᠠᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠠᠨ ᠵᠢᠢ ᠲᠣᠭᠯᠠᠭ᠋ᠠᠮ》 ᠵᠢᠴᠢ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠤᠭᠰᠠᠨ ᠳᠠᠭᠤᠷᠢᠶᠠᠯ ᠦᠵᠡᠭᠦᠯᠬᠦ ᠲᠣᠭᠣᠷᠢᠭ᠎ᠢ 10 ᠣᠷᠴᠢᠮ᠂ ᠲᠤᠷᠰᠢᠯᠲᠠ ᠵᠢᠨ ᠴᠡᠭ᠎ᠤᠨ ᠬᠡᠦᠬᠡᠳ᠎ᠤᠨ ᠴᠡᠴᠡᠷᠯᠢᠭ᠎ᠢ 120 ᠰᠢᠯᠭ᠋ᠠᠷᠠᠭᠤᠯᠤᠨ᠎ᠠ᠃ ᠬᠡᠦᠬᠡᠳ᠎ᠤᠨ ᠴᠡᠴᠡᠷᠯᠢᠭ᠎ᠢ 《ᠪᠠᠭ᠎ᠠ ᠰᠤᠷᠭ᠋ᠠᠭᠤᠯᠢᠴᠢᠯᠠᠬᠤ》 ᠵᠠᠰᠠᠯᠲᠠ ᠵᠢ ᠪᠤᠴᠠᠨ ᠬᠠᠷᠠᠬᠤ ᠪᠠ ᠰᠢᠨᠵᠢᠯᠡᠬᠦ ᠤᠬᠠᠭ᠋ᠠᠨᠴᠢ᠎ᠪᠠᠷ ᠠᠰᠠᠷᠠᠨ ᠬᠥᠮᠦᠵᠢᠭᠦᠯᠬᠦ ᠵᠢ ᠰᠤᠭᠤᠴᠢᠨ ᠪᠠᠶ᠋ᠢᠴᠠᠭ᠋ᠠᠵᠤ ᠬᠢᠨᠠᠨ ᠪᠠᠶ᠋ᠢᠴᠠᠭ᠋ᠠᠬᠤ ᠠᠵᠢᠯ᠎ᠢ ᠪᠠᠶ᠋ᠢᠷᠢᠯᠠᠭᠤᠯᠤᠨ ᠥᠷᠨᠢᠭᠦᠯᠵᠦ᠂ ᠪᠥᠬᠥ ᠣᠷᠣᠨ᠎ᠤ ᠬᠡᠦᠬᠡᠳ᠎ᠤᠨ ᠴᠡᠴᠡᠷᠯᠢᠭ᠎ᠤᠨ 《ᠪᠠᠭ᠎ᠠ ᠰᠤᠷᠭ᠋ᠠᠭᠤᠯᠢᠴᠢᠯᠠᠬᠤ》 ᠬᠠᠨᠳᠤᠰᠢ ᠵᠢ ᠡᠷᠡᠰ ᠲᠡᠪᠴᠢᠬᠦ ᠪᠠ ᠵᠠᠯᠠᠷᠠᠭᠤᠯᠬᠤ ᠵᠢ ᠵᠢᠭ᠋ᠠᠨ ᠵᠢᠯᠣᠭᠣᠳᠴᠤ᠂ ᠰᠢᠪᠠᠳᠠᠨ ᠪᠠᠢ᠌ᠴᠠᠭ᠋ᠠᠯᠭ᠋ᠠᠵᠤ ᠠᠰᠠᠭᠤᠳᠠᠯ᠎ᠢ ᠪᠥᠬᠥ ᠲᠠᠯ᠎ᠠ᠎ᠪᠠᠷ ᠴᠡᠭᠴᠡᠯᠡᠨ ᠥᠭᠡᠷᠡᠴᠢᠯᠡᠨ᠎ᠡ᠃
     14. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠬᠦ ᠵᠢ ᠠᠬᠢᠭᠤᠯᠤᠨ᠎ᠠ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠴᠢᠨᠠᠷ ᠴᠢᠨᠰᠠᠭ᠎ᠠ ᠵᠢ ᠶᠡᠷᠦᠩᠬᠡᠶ᠋ᠢᠯᠡᠨ ᠦᠨᠡᠯᠡᠨ ᠵᠢᠱ᠌ᠢᠬᠦ ᠪᠠ ᠪᠠᠷᠢᠮᠵᠢᠶᠠᠵᠢᠭᠤᠯᠬᠤ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠬᠢᠨᠠᠨ ᠪᠠᠢ᠌ᠴᠠᠭ᠋ᠠᠬᠤ ᠵᠢ ᠥᠷᠨᠢᠭᠦᠯᠵᠦ᠂ ᠬᠢᠨᠠᠨ ᠪᠠᠢ᠌ᠴᠠᠭ᠋ᠠᠵᠤ ᠦᠨᠡᠯᠡᠨ ᠵᠢᠱ᠌ᠢᠬᠦ ᠠᠵᠢᠯ᠎ᠤᠨ ᠠᠩᠬᠠᠳᠠᠭᠴᠢ ᠪᠦᠯᠦᠭ᠎ᠲᠤ ᠰᠢᠯᠢᠨ ᠰᠣᠩᠭᠤᠭᠳᠠᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠭᠦᠯᠦᠭᠰᠡᠨ 5 ᠲᠤᠷᠰᠢᠯᠲᠠ ᠵᠢᠨ ᠬᠣᠰᠢᠭᠤ ᠰᠢᠶᠠᠨ (ᠬᠣᠲᠠ᠂ ᠲᠣᠭᠣᠷᠢᠭ)᠎ᠢ ᠤᠷᠢᠳ ᠵᠶ᠋ᠠᠷ ᠡᠭᠦᠳᠦᠨ ᠪᠠᠶ᠋ᠢᠭᠤᠯᠬᠤ ᠠᠵᠢᠯ᠎ᠢ ᠵᠢᠯᠣᠭᠣᠳᠤᠨ᠎ᠠ᠃ ᠬᠣᠶᠠᠳᠤᠭ᠋ᠠᠷ ᠬᠤᠭᠤᠴᠠᠭ᠋ᠠᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠶ ᠭᠣᠭᠴᠣᠭ᠎ᠠ ᠵᠢ ᠥᠭᠡᠷᠡᠴᠢᠯᠡᠬᠦ ᠪᠠ ᠴᠢᠳᠠᠪᠤᠷᠢ ᠵᠢ ᠳᠡᠭᠡᠭᠰᠢᠯᠡᠭᠦᠯᠬᠦ ᠲᠥᠰᠦᠯ᠎ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠭᠤᠯᠢ ᠡᠷᠭᠢᠯᠡᠬᠦ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠬᠣᠲᠠ ᠪᠠᠯᠭ᠋ᠠᠰᠤᠨ᠎ᠤ ᠰᠤᠷᠤᠯᠭ᠎ᠠ ᠵᠢᠨ ᠣᠷᠣ ᠵᠢᠨ ᠬᠠᠩᠭ᠋ᠠᠯᠭ᠎ᠠ ᠵᠢ ᠥᠷᠭᠡᠳᠬᠡᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠢᠯᠭ᠋ᠠᠬᠤ ᠥᠬᠡᠶ᠎ᠪᠠᠷ ᠬᠡᠷ᠎ᠠᠴᠠ᠎ᠪᠠᠨ ᠣᠶ᠋ᠢᠷᠠᠯᠴᠠᠭ᠎ᠠ ᠰᠤᠷᠭ᠋ᠠᠭᠤᠯᠢ᠎ᠳᠤ ᠣᠷᠣᠬᠤ ᠵᠢ ᠨᠡᠶ᠋ᠢᠳᠡᠮ ᠬᠡᠷᠡᠭᠵᠢᠭᠦᠯᠬᠦ ᠵᠢ ᠨᠠᠶ᠋ᠢᠳᠠᠪᠤᠷᠢᠵᠢᠭᠤᠯᠵᠤ᠂ ᠢᠯᠡ᠎ᠪᠠᠷ ᠰᠣᠷᠣᠭᠴᠢ ᠡᠯᠰᠡᠬᠦ᠂ ᠢᠯᠡ᠎ᠪᠠᠷ ᠠᠩᠭᠢ ᠬᠤᠪᠢᠶᠠᠬᠤ ᠵᠢ ᠪᠠᠷᠢᠮᠲᠠᠯᠠᠨ᠎ᠠ᠃ ᠳᠠᠭ᠋ᠠᠵᠤ ᠨᠡᠭᠦᠭᠰᠡᠨ ᠦᠷ᠎ᠡ ᠬᠡᠦᠬᠡᠳ᠂ ᠣᠷᠣᠭᠤᠯᠤᠨ ᠠᠪᠴᠢᠷᠠᠭᠰᠠᠨ ᠳᠡᠭᠡᠳᠦ ᠲᠠᠰ᠎ᠤᠨ ᠴᠢᠳᠠᠪᠤᠷᠢᠲᠠᠨ᠎ᠤ ᠦᠷ᠎ᠡ ᠬᠡᠦᠬᠡᠳ ᠵᠢᠴᠢ ᠬᠤᠳᠠᠯᠳᠤᠭ᠋ᠠᠴᠢᠨ ᠤᠷᠢᠵᠤ ᠪᠠᠯᠠ ᠳᠠᠲᠠᠬᠤ᠎ᠳᠤ ᠭᠠᠳᠠᠨ᠎ᠠ᠎ᠠᠴᠠ ᠢᠷᠡᠭᠰᠡᠨ ᠪᠠᠯᠠ ᠣᠷᠣᠭᠤᠯᠤᠭᠴᠢ ᠵᠢᠨ ᠦᠷ᠎ᠡ ᠬᠡᠦᠬᠡᠳ᠎ᠢ ᠰᠤᠷᠭ᠋ᠠᠭᠤᠯᠢ᠎ᠳᠤ ᠣᠷᠣᠭᠤᠯᠬᠤ ᠠᠵᠢᠯ᠎ᠢ ᠰᠠᠶ᠋ᠢᠲᠤᠷ ᠬᠢᠨ᠎ᠠ᠃ ᠬᠣᠶᠠᠳᠤᠭ᠋ᠠᠷ ᠬᠡᠦᠬᠡᠳ᠂ ᠭᠤᠷᠪᠠᠳᠤᠭ᠋ᠠᠷ ᠬᠡᠦᠬᠡᠳ᠎ᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ ᠰᠤᠷᠭ᠋ᠠᠭᠤᠯᠢ᠎ᠳᠤ ᠪᠠᠶ᠋ᠢᠭ᠎ᠠ ᠠᠬ᠎ᠠ ᠡᠭᠡᠴᠢ᠎ᠲᠠᠢ᠎ᠪᠠᠨ ᠬᠡᠷ᠎ᠤᠨ ᠣᠶ᠋ᠢᠷᠠᠯᠴᠠᠭ᠎ᠠ ᠨᠢᠭᠡ ᠰᠤᠷᠭ᠋ᠠᠭᠤᠯᠢ᠎ᠳᠤ ᠣᠷᠣᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠬᠡᠷ᠎ᠤᠨ ᠠᠬᠠᠮᠠᠳ᠎ᠤᠨ ᠳᠠᠷᠤᠭ᠋ᠠᠰᠤ ᠵᠢ ᠪᠦᠲᠦᠮᠵᠢᠲᠡᠶ ᠬᠥᠩᠭᠡᠷᠡᠭᠦᠯᠦᠨ᠎ᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠮᠲᠤ᠎ᠪᠠᠷ ᠪᠠᠶ᠋ᠢᠭᠤᠯᠵᠤ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠭᠤᠯᠢ ᠵᠢᠨ ᠬᠠᠷᠢᠶ᠎ᠠ ᠵᠢᠨ ᠬᠠᠮᠢᠶᠠᠷᠤᠯᠲᠠ᠎ᠳᠤ ᠵᠠᠰᠠᠪᠤᠷᠢ ᠣᠷᠣᠭᠤᠯᠤᠨ᠎ᠠ᠃ ᠨᠡᠢ᠌ᠯᠡᠮᠡᠯ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠪᠠᠷᠢᠮᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠣᠨᠴᠠᠭ᠋ᠠᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠡᠬᠢᠯᠡᠨ ᠬᠡᠷᠡᠭᠵᠢᠭᠦᠯᠵᠦ᠂ 20 ᠲᠥᠮᠡ᠎ᠠᠴᠠ ᠳᠡᠭᠡᠭᠰᠢᠬᠢ ᠬᠥᠮᠦᠨ ᠠᠮᠠ ᠪᠥᠬᠦᠢ ᠬᠣᠰᠢᠭᠤ ᠰᠢᠶᠠᠨ᠎ᠤ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠪᠠᠶ᠋ᠢᠭᠤᠯᠬᠤ ᠵᠢ ᠵᠣᠷᠢᠭᠵᠢᠭᠤᠯᠵᠤ᠂ ᠣᠨᠴᠠᠭ᠋ᠠᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠥᠪ ᠪᠠ ᠡᠩ᠎ᠤᠨ ᠰᠤᠷᠭ᠋ᠠᠭᠤᠯᠢ ᠵᠢᠨ ᠡᠬᠢ ᠪᠠᠶᠠᠯᠢᠭ᠎ᠤᠨ ᠬᠢᠴᠢᠶᠡᠯ᠎ᠤᠨ ᠬᠡᠷ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠨᠢᠭᠡ ᠬᠥᠮᠦᠨ ᠨᠢᠭᠡ ᠲᠥᠰᠦᠯ》 ᠵᠶ᠋ᠠᠷ ᠵᠡᠮᠳᠡᠭ ᠬᠡᠦᠬᠡᠳ ᠪᠠᠭ᠋ᠠᠴᠤᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠨᠴᠠᠭ᠋ᠠᠢ ᠰᠤᠷᠭ᠋ᠠᠨ ᠬᠥᠮᠦᠵᠢᠯ᠎ᠢ ᠬᠣᠶᠠᠷ ᠦᠵᠦᠭᠦᠷ   ᠲᠡᠢ᠌ᠰᠢ ᠤᠷᠲᠤᠳᠬᠠᠨ ᠬᠥᠭᠵᠢᠭᠦᠯᠬᠦ ᠵᠢ ᠠᠬᠢᠭᠤᠯᠤᠨ᠎ᠠ᠃ ᠠᠷᠠᠳ᠎ᠠᠴᠠ ᠡᠷᠭᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠦᠷᠢᠮᠵᠢᠭᠦᠯᠬᠦ ᠲᠤᠰᠬᠠᠶ ᠵᠦᠢ᠍ᠯ᠎ᠤᠨ ᠠᠵᠢᠯ᠎ᠢ ᠢᠳᠡᠪᠬᠢᠲᠡᠶ ᠪᠥᠭᠡᠳ ᠪᠣᠯᠭᠣᠮᠵᠢᠲᠠᠶ ᠠᠬᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠣᠷᠣ ᠵᠢ ᠭᠤᠤᠯᠳᠠᠭᠤ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠪᠠ ᠵᠠᠰᠠᠭ᠎ᠤᠨ ᠣᠷᠳᠣᠨ᠎ᠤ ᠦᠢ᠍ᠯᠡᠴᠢᠯᠡᠭᠡ ᠵᠢ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠬᠠᠩᠭ᠋ᠠᠬᠤ ᠵᠢ ᠦᠨᠡᠨ ᠬᠦ᠌ ᠪᠠᠲᠤᠯᠠᠨ᠎ᠠ᠃
     15. ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠳᠠᠬᠢ ᠰᠢᠶᠠᠨ (ᠬᠣᠰᠢᠭᠤ)᠎ᠤ ᠬᠡᠪᠴᠢᠶᠡᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢᠨ ᠬᠡᠷᠡᠭᠵᠢᠭᠦᠯᠬᠦ ᠲᠥᠰᠦᠯ》᠎ᠢ ᠰᠤᠳᠤᠯᠤᠨ ᠳᠣᠭᠲᠠᠭ᠋ᠠᠵᠤ᠂ ᠰᠢᠶᠠᠨ (ᠬᠣᠰᠢᠭᠤ)᠎ᠤ ᠳᠣᠲᠤᠷᠠᠬᠢ ᠨᠠᠶ᠋ᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠢᠨᠵᠧᠨᠧᠷᠢᠩ᠎ᠢ ᠡᠬᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠰᠤᠷᠭ᠋ᠠᠭᠤᠯᠢ ᠨᠢᠭᠡ ᠪᠦᠷᠢ ᠠᠶ᠋ᠢᠮᠠᠭ ᠬᠣᠲᠠ ᠵᠢᠨ ᠰᠠᠭᠤᠭ᠎ᠠ ᠭᠠᠵᠠᠷ᠎ᠲᠠᠬᠢ ᠨᠢᠭᠡ ᠰᠠᠭᠤᠷᠢ ᠰᠢᠶᠠᠨ (ᠬᠣᠰᠢᠭᠤ)᠎ᠤ ᠬᠡᠪᠴᠢᠶᠡᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠨ᠎ᠡ᠃ ᠰᠢᠶᠠᠨ (ᠬᠣᠰᠢᠭᠤ)᠎ᠤ ᠳᠣᠲᠣᠷᠠᠬᠢ ᠪᠠᠷᠢᠮᠵᠢᠶᠠᠵᠢᠭᠤᠯᠬᠤ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠬᠣᠰᠢᠭᠤ ᠰᠢᠶᠠᠨ ᠲᠣᠭᠣᠷᠢᠭ᠎ᠤᠨ 《ᠨᠢᠭᠡ ᠰᠤᠷᠭ᠋ᠠᠭᠤᠯᠢ ᠨᠢᠭᠡ ᠲᠥᠰᠦᠯ》᠎ᠢ ᠵᠢᠯᠣᠭᠣᠳᠤᠨ ᠲᠣᠰ ᠭᠠᠵᠠᠷ᠎ᠤᠨ ᠵᠶ᠋ᠡᠨ ᠰᠢᠶᠠᠨ (ᠬᠣᠰᠢᠭᠤ)᠎ᠤ ᠳᠣᠲᠣᠷᠠᠬᠢ ᠪᠠᠷᠢᠮᠵᠢᠶᠠᠵᠢᠭᠤᠯᠬᠤ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠨᠴᠠᠯᠢᠭᠳᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠦᠨᠡᠯᠡᠨ ᠵᠢᠱ᠌ᠢᠵᠦ ᠡᠭᠦᠳᠦᠨ ᠪᠠᠶ᠋ᠢᠭᠤᠯᠬᠤ ᠪᠠᠷᠢᠮᠵᠢᠶ᠎ᠠ ᠵᠢᠴᠢ ᠬᠡᠷᠡᠭᠵᠢᠭᠦᠯᠬᠦ ᠲᠥᠰᠦᠯ᠎ᠢ ᠰᠤᠳᠤᠯᠤᠨ ᠳᠣᠭᠲᠠᠭ᠋ᠠᠵᠤ᠂ ᠤᠨᠴᠠᠯᠢᠭᠳᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠪᠠᠢ᠌ᠭᠤᠯᠵᠤ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠲᠠᠰ ᠬᠤᠪᠢᠶᠠᠨ ᠰᠤᠷᠭ᠋ᠠᠭᠤᠯᠢ ᠡᠷᠭᠢᠯᠡᠬᠦ᠎ᠠᠴᠠ ᠲᠥᠷᠥᠯ ᠬᠤᠪᠢᠶᠠᠨ ᠰᠤᠷᠭ᠋ᠠᠭᠤᠯᠢ ᠡᠷᠭᠢᠯᠡᠬᠦ ᠲᠡᠢ᠌ᠰᠢ ᠬᠤᠪᠢᠷᠠᠭᠤᠯᠵᠤ᠂ ᠰᠢᠨ᠎ᠡ ᠮᠠᠶᠢᠭ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ᠎ᠳᠤ ᠵᠣᠬᠢᠴᠠᠭᠤᠯᠵᠤ᠂ ᠰᠢᠨ᠎ᠡ ᠬᠢᠴᠢᠶᠡᠯ ᠰᠢᠨ᠎ᠡ ᠵᠢᠭ᠋ᠠᠬᠤ ᠮᠠᠲ᠋ᠧᠷᠢᠶᠠᠯ᠎ᠤᠨ ᠥᠭᠡᠷᠡᠴᠢᠯᠡᠯᠲᠡ ᠵᠢ ᠠᠬᠢᠭᠤᠯᠵᠤ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠡᠶ᠋ᠢᠳᠡᠮ ᠬᠡᠷᠡᠭᠯᠡᠬᠦ ᠮᠡᠷᠭᠡᠵᠢᠯ ᠪᠠ ᠨᠡᠶ᠋ᠢᠭᠡᠮ᠎ᠤᠨ ᠦᠢ᠍ᠯᠡᠳᠦᠯᠭᠡ ᠵᠢᠨ ᠰᠤᠷᠭ᠋ᠠᠨ ᠬᠥᠮᠦᠵᠢᠯ᠎ᠤᠨ ᠬᠦᠷᠦᠯᠴᠡᠬᠦ ᠦᠭᠡᠢ ᠲᠠᠯ᠎ᠠ ᠵᠢ ᠥᠳᠲᠡᠷ ᠲᠦᠷᠭᠡᠨ ᠨᠥᠬᠥᠪᠥᠷᠢᠯᠡᠵᠦ᠂ ᠱᠠᠲᠤ ᠬᠤᠪᠢᠶᠠᠨ ᠬᠢᠴᠢᠶᠡᠯ ᠰᠣᠩᠭᠤᠵᠤ ᠠᠩᠭᠢ ᠰᠢᠯᠵᠢᠬᠦ ᠵᠢᠭ᠋ᠠᠨ ᠰᠤᠷᠭ᠋ᠠᠯᠲᠠ ᠵᠢᠨ ᠬᠡᠷᠡᠭᠴᠡᠭᠡ ᠵᠢ ᠬᠠᠩᠭ᠋ᠠᠨ᠎ᠠ᠃ ᠰᠣᠷᠣᠭᠴᠢ ᠡᠯᠰᠡᠬᠦ ᠦᠢ᠍ᠯᠡ ᠠᠵᠢᠯᠯᠠᠭ᠎ᠠ ᠵᠢ ᠳᠦᠷᠢᠮᠵᠢᠭᠦᠯᠵᠦ᠂ ᠠᠯᠪᠠᠨ᠎ᠠᠴᠠ ᠡᠷᠭᠢᠯᠡᠭᠰᠡᠨ ᠪᠤᠯᠤᠨ ᠠᠷᠠᠳ᠎ᠠᠴᠠ ᠡᠷᠭᠢᠯᠡᠭᠰᠡᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠵᠡᠷᠭᠡ᠎ᠪᠠᠷ ᠰᠣᠷᠣᠭᠴᠢ ᠡᠯᠰᠡᠬᠦ ᠪᠠ ᠬᠠᠷᠢᠶ᠎ᠠ ᠣᠷᠣᠨ᠎ᠠᠴᠠ ᠰᠣᠷᠣᠭᠴᠢ ᠡᠯᠰᠡᠬᠦ ᠲᠥᠷᠥ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠲᠣᠭᠲᠠᠭ᠋ᠠᠯ᠎ᠠᠴᠠ ᠵᠥᠷᠢᠴᠡᠨ ᠣᠷᠣᠨ ᠪᠦᠰᠡ ᠠᠯᠤᠰᠯᠠᠨ ᠣᠷᠣᠢ᠌ᠯᠠᠭᠰᠠᠨ ᠰᠣᠷᠣᠭᠴᠢ ᠡᠯᠰᠡᠬᠦ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠨ᠎ᠠ᠃
     16. ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠰᠤᠷᠭ᠋ᠠᠨ ᠬᠥᠮᠦᠵᠢᠯ᠎ᠤᠨ ᠲᠦᠪᠰᠢᠨ᠎ᠢ ᠳᠡᠭᠡᠭᠰᠢᠯᠡᠭᠦᠯᠦᠨ᠎ᠡ᠃ ᠰᠤᠷᠭ᠋ᠠᠨ ᠬᠥᠮᠦᠵᠢᠯ ᠵᠶ᠋ᠠᠷ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠤᠷᠤᠯᠭ᠎ᠠ᠎ᠪᠠᠨ ᠵᠣᠭᠰᠣᠬᠤ ᠵᠢ ᠬᠣᠷᠢᠭᠯᠠᠨ ᠰᠤᠷᠤᠯᠭ᠎ᠠ ᠵᠢ ᠪᠠᠲᠤᠯᠠᠬᠤ ᠠᠵᠢᠯ᠎ᠢ ᠬᠥᠳᠡᠯᠦᠩᠭᠦᠶ᠎ᠪᠠᠷ ᠲᠡᠭ ᠪᠣᠯᠭ᠋ᠠᠬᠤ᠎ᠠᠴᠠ ᠪᠠᠢ᠌ᠩᠭᠤ ᠵᠢᠨ ᠲᠡᠭ ᠪᠣᠯᠭ᠋ᠠᠬᠤ ᠲᠡᠶ᠋ᠢᠰᠢ ᠬᠤᠪᠢᠷᠠᠭᠤᠯᠵᠤ᠂ ᠰᠢᠯᠢᠳᠡᠭ ᠪᠠᠭᠰᠢ ᠵᠢ ᠬᠠᠨᠳᠤᠯᠭ᠋ᠠᠲᠠᠢ ᠬᠥᠮᠦᠵᠢᠭᠦᠯᠬᠦ ᠲᠤᠰᠬᠠᠶ ᠲᠥᠯᠥᠪᠯᠡᠭᠡ᠂ ᠠᠯᠪᠠᠨ ᠵᠠᠷᠤᠳᠠᠯ ᠵᠶ᠋ᠠᠷ ᠬᠠᠨᠳᠤᠯᠭ᠋ᠠᠲᠠᠢ ᠬᠥᠮᠦᠵᠢᠭᠦᠯᠬᠦ ᠪᠠᠭᠰᠢ ᠵᠢᠨ ᠲᠥᠯᠥᠪᠯᠡᠭᠡ ᠵᠢᠴᠢ 《ᠣᠨᠴᠠᠭ᠋ᠠᠶ ᠠᠵᠢᠯ᠎ᠤᠨ ᠪᠠᠶ᠋ᠢᠷᠢ ᠵᠢᠨ ᠲᠥᠯᠥᠪᠯᠡᠭᠡ》 ᠵᠢ ᠦᠷᠭᠦᠯᠵᠢᠯᠡᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ 《ᠪᠤᠭᠤᠷᠤᠯᠴᠤᠳ᠎ᠤᠨ ᠲᠥᠯᠥᠪᠯᠡᠭᠡ》 ᠵᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠣᠨ᠎ᠤ ᠪᠠᠭᠰᠢ ᠵᠢᠨ ᠡᠩᠨᠡᠭᠡᠨ᠎ᠤ ᠪᠠᠲᠤᠯᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠣᠷᠣᠭᠴᠢ ᠵᠢ ᠨᠠᠷᠢᠯᠢᠭ ᠣᠨᠣᠴᠠᠲᠠᠶ᠎ᠪᠠᠷ ᠢᠯᠭ᠋ᠠᠨ ᠲᠠᠨᠢᠵᠤ ᠨᠠᠷᠢᠯᠢᠭ ᠣᠨᠣᠴᠠᠲᠠᠶ᠎ᠪᠠᠷ ᠲᠤᠰᠠᠯᠠᠬᠤ ᠲᠦᠪᠰᠢᠨ ᠵᠢ ᠳᠡᠭᠡᠭᠰᠢᠯᠡᠭᠦᠯᠵᠦ᠂ ᠰᠣᠷᠣᠭᠴᠢ ᠵᠢ ᠲᠡᠳᠬᠦᠬᠦ ᠠᠵᠢᠯ᠎ᠢ ᠲᠠᠰ ᠬᠤᠪᠢᠶᠠᠨ ᠲᠥᠷᠥᠯ ᠬᠤᠪᠢᠶᠠᠵᠤ ᠰᠠᠶ᠋ᠢᠲᠤᠷ ᠬᠢᠨ᠎ᠠ᠃ ᠪᠡᠭᠡᠵᠢᠩ ᠪᠣᠯᠤᠨ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ ᠵᠢᠴᠢ ᠠᠵᠢᠯ ᠲᠥᠷᠥᠯ ᠵᠶ᠋ᠠᠷ ᠲᠤᠰᠠᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠭᠴᠢᠳ᠎ᠤᠨ ᠰᠢᠮ᠎ᠡ ᠲᠡᠵᠢᠭᠡᠯ᠎ᠢ ᠰᠠᠶ᠋ᠢᠵᠢᠷᠠᠭᠤᠯᠬᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠦᠨ᠎ᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠶᠡᠬᠡ᠎ᠪᠠᠷ ᠥᠷᠨᠢᠭᠦᠯᠵᠦ᠂ ᠳᠡᠭᠡᠳᠦ ᠰᠤᠷᠭ᠋ᠠᠭᠤᠯᠢ ᠵᠢᠨ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠬᠡᠯᠬᠢᠶ᠎ᠡ᠎ᠪᠠᠷ ᠳᠡᠮᠵᠢᠬᠦ ᠪᠠᠢ᠌ᠷᠢᠰᠢᠯᠠᠭᠤᠯᠤᠯᠲᠠ ᠵᠢ ᠪᠦᠷᠢᠯᠳᠦᠭᠦᠯᠦᠨ᠎ᠡ᠃


      ᠳᠥᠷᠪᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢ ᠲᠡᠷᠢᠭᠦᠨ᠎ᠳᠤ ᠲᠠᠯᠪᠢᠵᠤ ᠪᠣᠬᠢᠷᠲᠤᠯ

      ᠥᠬᠡᠶ ᠬᠥᠭᠵᠢᠭᠦᠯᠬᠦ ᠰᠢᠨ᠎ᠡ ᠵᠠᠮ ᠵᠶ᠋ᠠᠷ ᠵᠠᠮᠨᠠᠬᠤ᠎ᠲᠠᠢ ᠨᠢᠭᠲᠠ ᠤᠶᠠᠯᠳᠤᠭᠤᠯᠤᠨ᠂ ᠳᠡᠭᠡᠳᠦ ᠵᠡᠷᠭᠡ ᠵᠢᠨ

      ᠰᠤᠷᠭ᠋ᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠬᠦᠷᠢᠶ᠎ᠡ

      ᠬᠡᠪᠴᠢᠶ᠎ᠡ ᠪᠠ ᠬᠤᠪᠢ ᠨᠡᠮᠡᠷᠢ ᠵᠢᠨ ᠬᠡᠮᠵᠢᠶ᠎ᠡ ᠵᠢ ᠥᠳᠲᠡᠷ ᠲᠦᠷᠭᠡᠨ ᠥᠷᠭᠡᠳᠬᠡᠨ᠎ᠡ


     17. ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠲᠥᠪᠯᠡᠷᠡᠭᠦᠯᠦᠨ ᠳᠡᠭᠡᠭᠰᠢᠯᠡᠭᠦᠯᠦᠨ᠎ᠡ᠃ ᠪᠥᠬᠥ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠤᠷᠠᠯ᠎ᠢ ᠬᠤᠷᠠᠯᠳᠤᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ》 ᠠᠵᠢᠯᠯᠠᠭ᠎ᠠ ᠵᠢ ᠭᠦᠨᠵᠡᠭᠡᠶ᠋ᠢᠷᠡᠭᠦᠯᠦᠨ ᠨᠠᠶ᠋ᠢᠳᠠᠪᠤᠷᠢᠵᠢᠭᠤᠯᠬᠤ ᠠᠵᠢᠯ᠎ᠢ ᠪᠠᠢ᠌ᠷᠢᠯᠠᠭᠤᠯᠤᠨ᠎ᠠ᠃ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠵᠢᠯᠴᠠᠨ ᠠᠵᠢᠯᠯᠠᠬᠤ ᠲᠣᠭᠲᠠᠴᠠ ᠵᠢ ᠪᠠᠢ᠌ᠭᠤᠯᠵᠤ᠂ ᠰᠤᠷᠭ᠋ᠠᠭᠤᠯᠢ ᠪᠣᠯᠤᠨ ᠣᠷᠣᠨ ᠨᠤᠲᠤᠭ᠂ ᠰᠤᠷᠭ᠋ᠠᠭᠤᠯᠢ ᠪᠣᠯᠤᠨ ᠠᠵᠤ ᠠᠬᠤᠶ᠋ᠢᠯᠠᠯ ᠬᠠᠮᠲᠤᠷᠠᠯᠴᠠᠬᠤ ᠢᠳᠡᠪᠬᠢᠵᠢᠯ᠎ᠢ ᠳᠠᠶ᠋ᠢᠴᠢᠯᠠᠵᠤ᠂ ᠥᠷᠢᠰᠥᠯᠳᠦᠨ ᠲᠥᠰᠦᠯ ᠲᠣᠭᠲᠠᠭ᠋ᠠᠬᠤ᠂ ᠬᠠᠨᠳᠤᠯᠭ᠋ᠠᠲᠠᠢ ᠨᠠᠶ᠋ᠢᠳᠠᠬᠤ ᠵᠡᠷᠭᠡ ᠲᠦᠷᠢᠮ᠎ᠢ ᠬᠡᠷᠡᠭᠵᠢᠭᠦᠯᠵᠦ᠂ ᠠᠵᠢᠯ ᠲᠥᠷᠥᠯ ᠪᠠ ᠠᠵᠤ ᠠᠬᠤᠶ᠋ᠢᠯᠠᠯ᠎ᠤᠨ ᠮᠡᠷᠭᠡᠵᠢᠯ᠎ᠤᠨ ᠬᠦᠴᠢᠷᠳᠡᠯ᠎ᠢ ᠰᠢᠢ᠍ᠳᠪᠦᠷᠢᠯᠡᠨ᠎ᠡ᠃ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠲᠠᠪᠴᠠᠩ᠎ᠤᠨ ᠪᠠᠢ᠌ᠷᠢᠰᠢᠯᠠᠭᠤᠯᠤᠯᠲᠠ ᠵᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠵᠣᠬᠢᠶᠠᠨ ᠪᠠᠶ᠋ᠢᠭᠤᠯᠤᠯᠲᠠ᠎ᠲᠠᠢ᠎ᠪᠠᠷ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠪᠣᠭᠣᠮᠲᠠ ᠰᠢᠪᠲᠤᠯᠬᠤ ᠵᠢ ᠴᠢᠩᠭ᠋ᠠᠷᠠᠭᠤᠯᠵᠤ᠂ ᠬᠥᠬᠡᠬᠣᠲᠠ᠂ ᠪᠤᠭᠤᠲᠤ᠂ ᠣᠷᠳᠣᠰ᠂ ᠤᠯᠠᠭ᠋ᠠᠨᠴᠠᠪ ᠬᠠᠮᠵᠢᠯᠴᠠᠨ ᠬᠥᠭᠵᠢᠬᠦ᠂ ᠬᠥᠬᠡᠬᠣᠲᠠ᠂ ᠪᠤᠭᠤᠲᠤ᠂ ᠣᠷᠳᠣᠰ᠂ ᠲᠡᠮᠡᠭᠡᠲᠦ ᠵᠢᠨ ᠠᠵᠤ ᠠᠬᠤᠶ ᠵᠢᠨ ᠣᠷᠣᠨ᠂ ᠬᠠᠲᠤᠨ ᠭᠤᠤᠯ ᠳᠠᠭ᠋ᠠᠤ ᠠᠵᠤ ᠠᠬᠤᠶ ᠵᠢᠨ ᠪᠦᠰᠡ ᠵᠡᠷᠭᠡ ᠣᠷᠣᠨ ᠪᠦᠰᠡ ᠵᠢᠨ ᠳᠠᠪᠠᠭᠤᠯᠢᠭ᠎ᠤᠨ ᠲᠣᠭᠣᠷᠢᠨ᠎ᠳᠤ 9 ᠳᠡᠭᠡᠳᠦ ᠰᠤᠷᠭ᠋ᠠᠭᠤᠯᠢ ᠵᠢᠨ ᠨᠠᠢ᠌ᠯᠡᠮᠡᠯ ᠪᠣᠭᠣᠮᠲᠠ ᠰᠢᠪᠲᠤᠯᠬᠤ ᠲᠣᠮᠣ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠰᠦ ᠵᠢᠨ ᠦᠢ᠍ᠯᠡᠰ᠂ ᠬᠣᠪᠣᠷ ᠰᠢᠷᠣᠶ ᠵᠢᠨ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ᠎ᠳᠤ ᠨᠢᠭᠡ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠥᠲᠦᠮᠵᠢ ᠭᠠᠷᠭ᠋ᠠᠬᠤ᠎ᠪᠠᠷ ᠴᠢᠷᠮᠠᠶ᠋ᠢᠨ᠎ᠠ᠃ ᠳᠡᠭᠡᠳᠦ ᠰᠤᠷᠭ᠋ᠠᠭᠤᠯᠢ ᠵᠢᠨ ᠤᠶᠤᠨ᠎ᠤ ᠬᠥᠮᠥᠷᠭᠡ ᠵᠢ ᠪᠠᠶ᠋ᠢᠭᠤᠯᠵᠤ᠂ ᠵᠠᠰᠠᠭ᠎ᠤᠨ ᠶᠠᠪᠤᠳᠠᠯ᠎ᠳᠤ ᠰᠠᠨᠠᠯ ᠵᠥᠪᠯᠡᠯᠭᠡ ᠳᠤᠷᠠᠳᠬᠤ ᠴᠢᠨᠠᠷ ᠴᠢᠨᠰᠠᠭ᠎ᠠ ᠪᠠ ᠨᠡᠶ᠋ᠢᠭᠡᠮ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠬᠦᠮ᠎ᠤᠨ ᠲᠤᠩᠬᠠᠭ ᠨᠡᠢ᠌ᠲᠡᠯᠡᠵᠦ ᠲᠥᠰᠦᠯ ᠲᠣᠭᠲᠠᠭ᠋ᠠᠬᠤ ᠵᠢ ᠠᠬᠢᠭᠤᠯᠵᠤ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠬᠡᠷᠡᠭᠴᠡᠭᠡ ᠵᠢ ᠰᠢᠰᠲ᠋ᠧᠮᠲᠡᠢ ᠡᠮᠬᠢᠯᠡᠵᠦ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠤᠨ ᠬᠥᠮᠥᠷᠭᠡ ᠵᠢ ᠪᠠᠶ᠋ᠢᠭᠤᠯᠵᠤ᠂ ᠨᠢᠭᠡ ᠪᠦᠯᠦᠭ 《ᠲᠤᠩᠬᠠᠭ ᠨᠡᠢ᠌ᠲᠡᠯᠡᠵᠦ ᠮᠠᠩᠯᠠᠶ᠋ᠢᠯᠠᠭᠤᠯᠬᠤ》 ᠲᠥᠰᠦᠯ᠎ᠢ ᠪᠠᠶ᠋ᠢᠭᠤᠯᠵᠤ᠂ ᠬᠦᠴᠦᠨ ᠵᠶ᠋ᠠᠨ ᠲᠥᠪᠯᠡᠷᠡᠭᠦᠯᠦᠨ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠴᠢᠷᠳᠡᠯ᠎ᠢ ᠰᠢᠢ᠍ᠳᠪᠦᠷᠢᠯᠡᠵᠦ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠤᠯᠠᠷᠢᠭᠤᠯᠬᠤ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠪᠠ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠤ ᠬᠥᠭᠵᠢᠯᠲᠡ ᠵᠢᠨ ᠲᠥᠯᠥᠪᠯᠡᠭᠡ ᠵᠢ ᠬᠡᠷᠡᠭᠵᠢᠭᠦᠯᠵᠦ᠂ ᠭᠣᠣᠯᠳᠠᠯᠭ᠋ᠠᠲᠠᠢ ᠰᠢᠨᠵᠢᠯᠡᠭᠡᠨ᠎ᠤ ᠰᠠᠯᠠᠭ᠋ᠠᠨ᠎ᠤ ᠥᠨᠳᠥᠷ ᠬᠢᠷᠢ ᠲᠦᠪᠰᠢᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠢ 120 ᠣᠷᠴᠢᠮ ᠬᠥᠮᠦᠵᠢᠭᠦᠯᠵᠦ᠂ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢ 30 ᠣᠷᠴᠢᠮ ᠵᠣᠬᠢᠶᠠᠨ ᠪᠠᠶ᠋ᠢᠭᠤᠯᠵᠤ᠂ ᠰᠢᠨᠵᠢᠯᠡᠭᠡᠨ᠎ᠤ ᠰᠠᠯᠠᠭ᠋ᠠᠨ᠎ᠤ ᠰᠣᠯᠪᠢᠴᠠᠨ ᠠᠭᠤᠰᠤᠯᠴᠠᠬᠤ ᠪᠠ ᠰᠢᠨᠵᠢᠯᠡᠭᠡᠨ᠎ᠤ ᠰᠠᠯᠠᠭ᠋ᠠᠨ᠎ᠤ ᠴᠤᠭᠯᠠᠷᠠᠯ᠎ᠤᠨ ᠣᠨᠴᠠᠯᠢᠭᠲᠤ ᠬᠥᠭᠵᠢᠯᠲᠡ ᠵᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠬᠡᠷᠡᠭᠵᠢᠭᠦᠯᠬᠦ ᠰᠠᠨᠠᠯ᠎ᠢ ᠰᠤᠳᠤᠯᠤᠨ ᠳᠣᠭᠲᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠣᠭᠲᠠᠴᠠ᠂ ᠳᠣᠭᠲᠠᠯᠴᠠᠭ᠎ᠠ᠂ ᠲᠠᠪᠴᠠᠩ᠂ ᠡᠩᠨᠡᠭᠡᠨ᠎ᠤ 《ᠳᠥᠷᠪᠡ ᠵᠢ ᠨᠢᠭᠡ ᠴᠤᠭᠴᠠᠵᠢᠭᠤᠯᠬᠤ》 ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠦᠷᠢᠶ᠎ᠡ ᠴᠠᠷᠠᠭ᠎ᠠ᠎ᠪᠠᠷ 2 — 3 ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠷᠭᠡᠵᠢᠯ᠎ᠢ ᠰᠢᠯᠵᠢᠭᠦᠯᠬᠦ ᠰᠠᠭᠤᠷᠢᠨ ᠭᠠᠵᠠᠷ᠎ᠢ ᠮᠠᠭ᠋ᠠᠳᠯᠠᠨ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠴᠢᠨᠠᠷ ᠴᠢᠨᠰᠠᠭ᠎ᠠ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
     18. ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠠᠩᠭ᠋ᠠᠬᠤ ᠴᠢᠳᠠᠪᠤᠷᠢ ᠵᠢ ᠥᠳᠲᠡᠷ ᠲᠦᠷᠭᠡᠨ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠵᠢᠨ ᠳᠤᠮᠳᠠ ᠪᠠᠷᠠᠭᠤᠨ ᠣᠷᠣᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠰᠢᠨ᠎ᠡ ᠠᠵᠠ ᠲᠣᠬᠢᠶᠠᠯ᠎ᠢ ᠠᠮᠵᠢᠵᠤ᠂ ᠮᠠᠨ᠎ᠤ ᠣᠷᠣᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠳᠣᠲᠣᠭ᠋ᠠᠳᠤ ᠬᠥᠳᠡᠯᠭᠡᠬᠦ ᠬᠦᠴᠦᠨ ᠪᠠ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷᠯᠢᠭ ᠬᠥᠭᠵᠢᠯᠲᠡ᠎ᠲᠠᠢ ᠵᠣᠬᠢᠴᠠᠯᠳᠤᠭᠰᠠᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠦᠷᠢᠯᠳᠦᠭᠦᠯᠬᠦ ᠵᠢ ᠠᠬᠢᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠳᠠᠬᠢ ᠳᠡᠭᠡᠳᠦ ᠰᠤᠷᠭ᠋ᠠᠭᠤᠯᠢ ᠵᠢ ᠳᠣᠭᠢᠷᠠᠭᠤᠯᠬᠤ ᠲᠥᠯᠥᠪᠵᠢᠭᠦᠯᠭᠡ》 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠭᠡᠳᠦ ᠰᠤᠷᠭ᠋ᠠᠭᠤᠯᠢ ᠵᠢᠨ ᠪᠠᠶ᠋ᠢᠷᠢᠰᠢᠭᠤᠯᠤᠯᠲᠠ ᠪᠠ ᠪᠦᠲᠦᠴᠡ ᠵᠢ ᠰᠢᠯᠢᠳᠡᠭᠵᠢᠭᠦᠯᠦᠨ᠎ᠡ᠃ ᠮᠠᠨ᠎ᠤ ᠣᠷᠣᠨ᠎ᠤ 《ᠬᠤᠤᠰ ᠲᠡᠷᠢᠭᠦᠨ》᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠠᠷᠭ᠎ᠠ᠂ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠪᠠ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠶᠡᠷᠦᠩᠬᠡᠶ ᠲᠥᠰᠦᠯ᠎ᠢ ᠰᠤᠳᠤᠯᠤᠨ ᠳᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠲᠡᠷᠢᠭᠦᠨ ᠵᠡᠷᠭᠡ ᠵᠢᠨ ᠰᠢᠨᠵᠢᠯᠡᠭᠡᠨ᠎ᠤ ᠰᠠᠯᠠᠭ᠎ᠠ》 ᠵᠢᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠦᠨᠡᠯᠡᠬᠦ ᠪᠠ ᠬᠥᠳᠡᠯᠦᠩᠭᠦᠶ᠎ᠪᠠᠷ ᠳᠣᠭᠢᠷᠠᠭᠤᠯᠬᠤ ᠵᠢ ᠪᠡᠶᠡᠯᠡᠭᠦᠯᠦᠨ᠎ᠡ᠃ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ᠂ ᠰᠤᠷᠭ᠋ᠠᠭᠤᠯᠢ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠰᠢᠨᠵᠢᠯᠡᠭᠡᠨ᠎ᠤ ᠰᠠᠯᠠᠭ᠋ᠠᠨ᠎ᠤ ᠴᠤᠭᠯᠠᠷᠠᠯ᠎ᠤᠨ ᠰᠣᠯᠪᠢᠴᠠᠭᠰᠠᠨ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠬᠠᠮᠵᠢᠯᠴᠠᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠪᠠᠴᠢᠮ ᠳᠤᠲᠠᠭᠳᠠᠵᠤ ᠪᠠᠶ᠋ᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢ ᠨᠡᠮᠡᠭᠳᠡᠭᠦᠯᠦᠨ᠂ ᠰᠢᠨᠵᠢᠯᠡᠭᠡᠨ᠎ᠤ ᠰᠠᠯᠠᠭ᠋ᠠᠨ᠎ᠤ ᠨᠣᠶᠠᠨ ᠣᠷᠭᠢᠯ᠎ᠢ ᠥᠳᠲᠡᠷ ᠲᠦᠷᠭᠡᠨ ᠪᠣᠶ ᠪᠣᠯᠭ᠋ᠠᠨ᠎ᠠ᠃ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 《ᠬᠤᠤᠰ ᠲᠡᠷᠢᠭᠦᠨ》᠎ᠤ ᠪᠠᠶ᠋ᠢᠭᠤᠯᠤᠯᠲᠠ᠂ 《ᠶᠠᠮᠤᠨ ᠪᠠ ᠣᠷᠣᠨ ᠬᠠᠮᠲᠤᠷᠠᠨ ᠪᠠᠶ᠋ᠢᠭᠤᠯᠬᠤ》 ᠠᠵᠢᠯ ᠪᠠ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠰᠢᠯᠢᠳᠡᠭ ᠰᠣᠷᠣᠭᠴᠢ ᠵᠢ ᠬᠥᠮᠦᠵᠢᠭᠦᠯᠬᠦ ᠲᠥᠯᠥᠪᠯᠡᠭᠡ 2.0᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠨ᠎ᠡ᠃ ᠰᠤᠳᠤᠯᠬᠤ ᠰᠤᠷᠤᠭᠴᠢ ᠵᠢ ᠬᠥᠮᠦᠵᠢᠭᠦᠯᠬᠦ ᠠᠵᠢᠯ᠎ᠢ ᠲᠦᠷᠦᠯ ᠬᠤᠪᠢᠶᠠᠨ ᠬᠥᠭᠵᠢᠭᠦᠯᠬᠦ ᠵᠢ ᠲᠦᠯᠬᠢᠨ ᠠᠬᠢᠭᠤᠯᠵᠤ᠂ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠵᠢᠨ ᠰᠤᠳᠤᠯᠬᠤ ᠰᠤᠷᠤᠭᠴᠢ ᠵᠢ ᠬᠥᠮᠦᠵᠢᠭᠦᠯᠬᠦ ᠳᠣᠭᠲᠠᠯᠴᠠᠭ᠎ᠠ ᠪᠠ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠲᠦᠷᠭᠡᠳᠬᠡᠵᠦ᠂ ᠦᠢ᠍ᠯᠡᠳᠪᠦᠷᠢᠯᠡᠯ ᠪᠠ ᠰᠤᠷᠭ᠋ᠠᠨ ᠬᠥᠮᠦᠵᠢᠯ᠎ᠢ ᠤᠶᠠᠯᠳᠤᠭᠤᠯᠤᠭᠰᠠᠨ ᠰᠤᠳᠤᠯᠬᠤ ᠰᠤᠷᠤᠭᠴᠢ ᠵᠢ ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠳ᠋ᠣᠺᠲ᠋ᠣᠷ᠎ᠤᠨ ᠡᠷᠳᠡᠮ᠎ᠤᠨ ᠴᠣᠯᠠ ᠣᠯᠭᠣᠬᠤ ᠨᠢᠭᠡᠴᠢ ᠪᠠ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ ᠰᠢᠯᠢᠳᠡᠭᠵᠢᠭᠦᠯᠦᠨ ᠪᠠᠶ᠋ᠢᠷᠢᠰᠢᠭᠤᠯᠬᠤ ᠵᠢ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠡᠷᠭᠡ 4 ᠳᠡᠭᠡᠳᠦ ᠰᠤᠷᠭ᠋ᠠᠭᠤᠯᠢ ᠵᠢᠨ ᠳ᠋ᠣᠺᠲ᠋ᠣᠷ ᠴᠣᠯᠠ ᠣᠯᠭᠣᠬᠤ ᠨᠢᠭᠡᠴᠢ᠎ᠪᠠᠷ ᠭᠤᠶᠤᠴᠢᠯᠠᠨ ᠮᠡᠳᠡᠭᠦᠯᠬᠦ ᠵᠢ ᠳᠡᠮᠵᠢᠵᠦ᠂ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠡᠷᠭᠡ 4 ᠳᠡᠭᠡᠳᠦ ᠰᠤᠷᠭ᠋ᠠᠭᠤᠯᠢ ᠵᠢᠨ ᠮᠠᠰᠲ᠋ᠧᠷ ᠴᠣᠯᠠ ᠣᠯᠭᠣᠬᠤ ᠨᠢᠭᠡᠴᠢ᠎ᠪᠠᠷ ᠭᠤᠶᠤᠴᠢᠯᠠᠨ ᠮᠡᠳᠡᠭᠦᠯᠬᠦ ᠵᠢ ᠳᠡᠮᠵᠢᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠴᠢᠨᠠᠷᠯᠢᠭ ᠬᠥᠭᠵᠢᠯᠲᠡ᠎ᠳᠤ ᠪᠠᠴᠢᠮ ᠬᠡᠷᠡᠭᠰᠡᠬᠦ ᠰᠢᠨᠵᠢᠯᠡᠭᠡᠨ᠎ᠤ ᠰᠠᠯᠠᠭ᠎ᠠ ᠪᠠ ᠪᠠᠴᠢᠮ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠤ ᠲᠣᠭᠣᠷᠢᠨ᠎ᠳᠤ   ᠡᠨᠧᠷᠭᠢ ᠡᠬᠢ ᠪᠠᠶᠠᠯᠢᠭ᠎ᠤᠨ ᠠᠰᠢᠭᠯᠠᠯᠲᠠ᠂ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠂ ᠵᠠᠩᠭᠢᠯᠠᠭ᠎ᠠ ᠵᠢᠨ ᠢᠨᠵᠧᠨᠧᠷᠢᠩ᠎ᠤᠨ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭ᠋ᠠᠯᠠᠯ ᠰᠤᠷᠭ᠋ᠠᠨ ᠬᠥᠮᠦᠵᠢᠯ ᠵᠡᠷᠭᠡ ᠰᠢᠨᠵᠢᠯᠡᠭᠡᠨ᠎ᠤ ᠬᠦᠷᠢᠶᠡᠨ᠎ᠳᠤ ᠳ᠋ᠣᠺᠲ᠋ᠣᠷ᠂ ᠮᠠᠰᠲ᠋ᠧᠷ ᠴᠣᠯᠠᠯᠠᠬᠤ ᠡᠷᠬᠡ ᠣᠯᠭᠣᠬᠤ ᠴᠡᠭ ᠵᠶ᠋ᠠᠷ ᠭᠤᠶᠤᠴᠢᠯᠠᠨ ᠮᠡᠳᠡᠭᠦᠯᠬᠦ ᠵᠢ ᠳᠡᠮᠵᠢᠨ᠎ᠡ᠃ ᠰᠢᠨ᠎ᠡ ᠴᠠᠭ ᠦᠶ᠎ᠡ ᠵᠢᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 《ᠬᠣᠣᠰ ᠲᠡᠷᠢᠭᠦᠨ》᠎ᠤ ᠪᠠᠶ᠋ᠢᠭᠤᠯᠤᠯᠲᠠ᠂ 《ᠬᠣᠣᠰ ᠲᠦᠮᠡᠨ᠎ᠤ ᠲᠥᠯᠥᠪᠯᠡᠭᠡ》 ᠵᠢ ᠲᠦᠰᠢᠭᠯᠡᠵᠦ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠬᠤ᠎ᠳᠤ ᠦᠢ᠍ᠯᠡᠴᠢᠯᠡᠬᠦ ᠵᠢᠨ ᠲᠣᠭᠣᠷᠢᠨ᠎ᠳᠤ 《ᠬᠣᠶᠠᠷ ᠰᠠᠭᠤᠷᠢᠨ ᠭᠠᠵᠠᠷ》᠎ᠤᠨ ᠪᠥᠲᠥᠭᠡᠨ ᠪᠠᠶ᠋ᠢᠭᠤᠯᠤᠯᠲᠠ᠎ᠲᠠᠢ ᠨᠢᠭᠲᠠ ᠤᠶᠠᠯᠳᠤᠭᠤᠯᠤᠨ᠂ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠣᠲᠣ ᠦᠶ᠎ᠡ ᠵᠢᠨ ᠲᠣᠨᠣᠭ ᠲᠥᠬᠥᠭᠡᠷᠦᠮᠵᠢ ᠵᠢ ᠦᠢ᠍ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ᠂ ᠲᠣᠭ᠋ᠠᠵᠢᠭᠤᠯᠤᠭᠰᠠᠨ ᠠᠵᠤ ᠠᠬᠤᠶ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠤ ᠦᠢ᠍ᠯᠡᠰ᠎ᠤᠨ ᠪᠦᠯᠦᠭᠯᠡᠯ᠎ᠤᠨ ᠬᠥᠭᠵᠢᠯᠲᠡ ᠵᠢ ᠳᠡᠮᠵᠢᠬᠦ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠢ ᠭᠣᠣᠯᠳᠠᠯᠭ᠋ᠠᠲᠠᠢ ᠪᠠᠶ᠋ᠢᠷᠢᠯᠠᠭᠤᠯᠤᠨ᠎ᠠ᠃ ᠰᠢᠨ᠎ᠡ ᠮᠡᠷᠭᠡᠵᠢᠯ᠂ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠂ ᠰᠢᠨ᠎ᠡ ᠵᠠᠭᠪᠤᠷ᠎ᠤᠨ ᠴᠢᠳᠠᠪᠤᠷᠢᠲᠠᠨ᠎ᠢ ᠬᠥᠮᠦᠵᠢᠭᠦᠯᠬᠦ ᠰᠢᠨ᠎ᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠰᠢᠨ᠎ᠡ᠎ᠪᠠᠷ ᠪᠣᠶ ᠪᠣᠯᠤᠭᠰᠠᠨ᠂ ᠣᠯᠠᠨ ᠲᠠᠯ᠎ᠠ᠎ᠪᠠᠷ ᠣᠢ᠌ᠷᠠᠲᠤᠭᠰᠠᠨ᠂ ᠰᠣᠯᠪᠢᠴᠠᠯ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠢ ᠢᠳᠡᠪᠬᠢᠲᠡᠶ᠎ᠪᠠᠷ ᠪᠣᠶ᠋ᠢᠵᠢᠭᠤᠯᠬᠤ ᠪᠠ ᠨᠡᠮᠡᠨ ᠪᠠᠶ᠋ᠢᠭᠤᠯᠵᠤ᠂ ᠬᠤᠷᠠᠮᠠᠯ ᠴᠠᠬᠢᠯᠭ᠋ᠠᠨ ᠬᠡᠯᠬᠢᠶ᠎ᠡ᠂ ᠬᠢᠮᠡᠯ ᠣᠶᠤᠨ᠂ ᠡᠭᠦᠯᠡᠨᠴᠢᠷ ᠪᠤᠳᠤᠯᠲᠠ᠂ ᠲᠣᠮᠣ ᠳ᠋ᠠᠶ᠋ᠢᠲ᠋ᠠ᠂ ᠰᠦᠯᠵᠢᠶᠡᠨ᠎ᠤ ᠣᠷᠣᠨ ᠵᠠᠶ ᠵᠢᠨ ᠠᠮᠤᠷ ᠲᠦᠪᠰᠢᠨ᠂ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠪᠠᠶ᠋ᠢᠯᠳᠤᠬᠤ ᠪᠣᠳᠣᠯᠭ᠎ᠠ ᠵᠢᠨ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠤᠨ ᠬᠥᠭᠵᠢᠯᠲᠡ ᠪᠠ ᠨᠠᠰᠤᠵᠢᠯ᠎ᠤᠨ ᠠᠰᠠᠷᠠᠮᠵᠢ ᠪᠠ ᠨᠠᠶ᠋ᠢᠳᠠᠨ ᠬᠥᠮᠦᠵᠢᠭᠦᠯᠬᠦ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠬᠡᠦᠬᠡᠳ᠎ᠤᠨ ᠰᠠᠯᠠᠭ᠎ᠠ ᠵᠡᠷᠭᠡ ᠠᠷᠠᠳ᠎ᠤᠨ ᠠᠮᠢᠳᠤᠷᠠᠯ᠎ᠳᠤ ᠪᠠᠴᠢᠮ ᠱᠠᠭ᠋ᠠᠷᠳᠠᠭᠳᠠᠬᠤ ᠬᠣᠯᠪᠤᠭᠳᠠᠬᠤ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠪᠠᠶ᠋ᠢᠷᠢᠯᠠᠭᠤᠯᠤᠨ᠎ᠠ᠃ 《ᠰᠢᠨ᠎ᠡ ᠴᠠᠭ ᠦᠶ᠎ᠡ ᠵᠢᠨ ᠳᠤᠮᠳᠠ ᠪᠠᠷᠠᠭᠤᠨ ᠣᠷᠣᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠲᠤᠬᠠᠶ ᠰᠠᠨᠠᠯ》᠎ᠤᠨ ᠪᠣᠳᠠᠲᠠᠶ ᠠᠷᠭ᠎ᠠ ᠬᠡᠮᠵᠢᠶ᠎ᠡ᠂ 《ᠰᠢᠨ᠎ᠡ ᠴᠠᠭ ᠦᠶ᠎ᠡ ᠵᠢᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠳᠣᠭᠲᠠᠯᠴᠠᠭ᠋ᠠᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠵᠢᠯᠣᠭᠣᠳᠬᠤ ᠰᠠᠨᠠᠯ》᠎ᠤᠨ ᠬᠡᠷᠡᠭᠵᠢᠭᠦᠯᠬᠦ ᠲᠥᠰᠦᠯ᠎ᠢ ᠰᠤᠳᠤᠯᠤᠨ ᠳᠣᠭᠲᠠᠭ᠋ᠠᠵᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠭᠡᠳᠦ ᠰᠤᠷᠭ᠋ᠠᠭᠤᠯᠢ ᠵᠢᠨ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠵᠢ ᠠᠬᠢᠭᠤᠯᠵᠤ᠂ ᠥᠨᠳᠥᠷ ᠬᠢᠷᠢ ᠲᠦᠪᠰᠢᠨ ᠪᠥᠬᠥᠶ ᠬᠡᠷᠡᠭᠯᠡᠭᠡᠨ᠎ᠤ ᠬᠡᠯᠪᠡᠷᠢᠲᠦ ᠦᠨᠳᠦᠰᠦᠨ ᠠᠩᠭᠢᠲᠤ ᠳᠡᠭᠡᠳᠦ ᠰᠤᠷᠭ᠋ᠠᠭᠤᠯᠢ ᠵᠢ ᠥᠳᠲᠡᠷ ᠲᠦᠷᠭᠡᠨ ᠪᠠᠶ᠋ᠢᠭᠤᠯᠤᠨ᠎ᠠ᠃ 《ᠵᠢᠷᠭᠤᠭ᠋ᠠᠨ ᠭᠠᠷᠮᠠᠭ᠋ᠠᠶ ᠨᠢᠭᠡ ᠣᠷᠣᠢ᠌ᠯᠠᠭᠴᠢ》 ᠲᠥᠯᠥᠪᠯᠡᠭᠡ 2.0᠎ᠢ ᠦᠷᠭᠦᠯᠵᠢᠯᠡᠨ ᠬᠡᠷᠡᠭᠵᠢᠭᠦᠯᠵᠦ᠂ ᠰᠢᠨ᠎ᠡ ᠲᠧᠭᠨᠢᠭ᠎ᠤᠨ ᠤᠬᠠᠭ᠋ᠠᠨ᠂ ᠰᠢᠨ᠎ᠡ ᠡᠮᠨᠡᠯᠭᠡ ᠵᠢᠨ ᠤᠬᠠᠭ᠋ᠠᠨ᠂ ᠰᠢᠨ᠎ᠡ ᠲᠠᠷᠢᠶᠠᠯᠠᠩ᠎ᠤᠨ ᠤᠬᠠᠭ᠋ᠠᠨ᠂ ᠰᠢᠨ᠎ᠡ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠳᠡᠭᠡᠳᠦ ᠰᠤᠷᠭ᠋ᠠᠭᠤᠯᠢ ᠵᠢᠨ ᠢᠷᠡᠭᠡᠳᠦᠶ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠣᠲᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ᠂ ᠣᠶᠤᠨᠴᠢ ᠲᠠᠷᠢᠶᠠᠯᠠᠩ᠎ᠤᠨ ᠳᠡᠭᠡᠳᠦ ᠰᠤᠷᠭ᠋ᠠᠭᠤᠯᠢ᠂ ᠥᠨᠳᠥᠷ ᠬᠢᠷᠢ ᠲᠦᠪᠰᠢᠨ ᠪᠥᠬᠥᠶ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠳᠡᠭᠡᠳᠦ ᠰᠤᠷᠭ᠋ᠠᠭᠤᠯᠢ᠂ ᠰᠢᠨ᠎ᠡ ᠡᠨᠧᠷᠭᠢ ᠵᠢᠨ ᠳᠡᠭᠡᠳᠦ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠡᠭᠡᠳᠦ ᠰᠤᠷᠭ᠋ᠠᠭᠤᠯᠢ ᠵᠢ ᠭᠤᠶᠤᠴᠢᠯᠠᠨ ᠮᠡᠳᠡᠭᠦᠯᠬᠦ ᠪᠠ ᠪᠥᠲᠥᠭᠡᠨ ᠪᠠᠶ᠋ᠢᠭᠤᠯᠬᠤ ᠵᠢ ᠳᠡᠮᠵᠢᠵᠦ᠂ ᠰᠣᠷᠣᠭᠴᠢ᠎ᠪᠠᠷ ᠭᠤᠤᠯ ᠴᠣᠭᠴᠠ ᠪᠣᠯᠭ᠋ᠠᠭᠰᠠᠨ᠂ ᠪᠠᠭᠰᠢ᠎ᠪᠠᠷ ᠭᠤᠤᠯᠯᠠᠭᠤᠯᠤᠭᠰᠠᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠲᠡᠷᠢᠭᠦᠨ ᠵᠡᠷᠭᠡ ᠵᠢᠨ ᠦᠨᠳᠦᠰᠦᠨ ᠠᠩᠭᠢ ᠵᠢᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ᠂ ᠲᠡᠷᠢᠭᠦᠨ ᠵᠡᠷᠭᠡ ᠵᠢᠨ ᠦᠨᠳᠦᠰᠦᠨ ᠠᠩᠭᠢ ᠵᠢᠨ ᠬᠢᠴᠢᠶᠡᠯ᠎ᠤᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠰᠢᠪᠠᠳᠠᠭᠤᠯᠤᠨ ᠵᠢᠯᠣᠭᠣᠳᠴᠤ ᠪᠠᠶ᠋ᠢᠴᠠᠭ᠋ᠠᠨ ᠰᠤᠳᠤᠯᠬᠤ ᠠᠵᠢᠯ᠎ᠢ ᠥᠷᠨᠢᠭᠦᠯᠦᠨ᠎ᠡ᠃ ᠰᠢᠨ᠎ᠡ ᠡᠭᠡᠯᠵᠢ ᠵᠢᠨ ᠦᠨᠳᠦᠰᠦᠨ ᠠᠩᠭᠢ ᠵᠢᠨ ᠵᠢᠭ᠋ᠠᠨ ᠰᠤᠷᠭ᠋ᠠᠯᠲᠠ ᠵᠢ ᠬᠢᠨᠠᠨ ᠪᠠᠢ᠌ᠴᠠᠭ᠋ᠠᠵᠤ ᠦᠨᠡᠯᠡᠨ ᠵᠢᠱ᠌ᠢᠬᠦ ᠲᠤᠷᠰᠢᠯᠲᠠ ᠵᠢᠨ ᠴᠡᠭ ᠵᠢᠴᠢ ᠪᠠᠭᠰᠢ ᠵᠢᠨ ᠰᠤᠷᠭ᠋ᠠᠭᠤᠯᠢ ᠵᠢᠨ ᠲᠥᠷᠥᠯ᠎ᠤᠨ ᠭᠡᠷᠡᠴᠢᠯᠡᠯ᠎ᠢ ᠦᠨᠡᠯᠡᠨ ᠵᠢᠱ᠌ᠢᠬᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠱᠠᠩᠨᠠᠯ᠎ᠢ ᠰᠢᠯᠭ᠋ᠠᠷᠠᠭᠤᠯᠬᠤ᠂ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢᠨ ᠰᠤᠳᠤᠯᠭ᠋ᠠᠨ᠎ᠤ ᠲᠥᠰᠦᠯ᠎ᠢ ᠬᠢᠨᠠᠨ ᠲᠣᠭᠲᠠᠭ᠋ᠠᠬᠤ ᠠᠵᠢᠯ᠂ ᠦᠨᠳᠦᠰᠦᠨ ᠠᠩᠭᠢ ᠵᠢᠨ ᠲᠡᠭᠦᠰᠬᠦ ᠥᠭᠦᠯᠡᠯ (ᠵᠢᠷᠤᠭ ᠲᠥᠯᠥᠪᠯᠡᠭᠡ)᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃ 《ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠵᠢ ᠤᠯᠠᠮ ᠨᠢᠭᠡ ᠠᠯᠬᠤᠮ ᠳᠡᠮᠵᠢᠬᠦ ᠲᠤᠬᠠᠶ ᠵᠢᠯᠣᠭᠣᠳᠬᠤ ᠰᠠᠨᠠᠯ》᠎ᠤᠨ ᠬᠡᠷᠡᠭᠵᠢᠭᠦᠯᠬᠦ ᠲᠥᠰᠦᠯ᠎ᠢ ᠰᠤᠳᠤᠯᠤᠨ ᠳᠣᠭᠲᠠᠭ᠋ᠠᠵᠤ᠂ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ ᠵᠶ᠋ᠠᠷ ᠤᠷᠮᠠᠰᠢᠭᠤᠯᠬᠤ ᠠᠷᠭ᠎ᠠ ᠬᠡᠮᠵᠢᠶ᠎ᠡ ᠵᠢ ᠳᠠᠷᠤᠮᠠᠯᠯᠠᠨ ᠲᠠᠷᠬᠠᠭ᠋ᠠᠵᠤ᠂ ᠳᠡᠭᠡᠳᠦ ᠰᠤᠷᠭ᠋ᠠᠭᠤᠯᠢ ᠵᠢᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠰᠤᠷᠭ᠋ᠠᠨ ᠬᠥᠮᠦᠵᠢᠯ᠎ᠢ ᠵᠢᠯᠣᠭᠣᠳᠬᠤ ᠺᠣᠮᠢᠰ᠎ᠢ ᠪᠠᠶ᠋ᠢᠭᠤᠯᠤᠨ᠎ᠠ᠃ ᠨᠠᠢ᠍ᠮᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠢ ᠰᠠᠶ᠋ᠢᠲᠤᠷ ᠡᠷᠭᠢᠯᠡᠵᠦ᠂ 《ᠵᠠᠯᠠᠭᠤᠴᠤᠳ᠎ᠤᠨ ᠬᠤᠪᠢᠰᠬᠠᠯᠲᠤ ᠬᠦᠰᠡᠯ ᠵᠶ᠋ᠠᠨ ᠪᠡᠶᠡᠯᠡᠭᠦᠯᠬᠦ ᠠᠶᠠᠯᠠᠯ》᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠣᠯᠪᠠᠰᠤᠷᠠᠯ᠎ᠤᠨ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠦᠨ᠎ᠡ᠃
     19. ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠬᠤ ᠴᠢᠨᠠᠷ᠎ᠢ ᠪᠦᠬᠦ ᠲᠠᠯ᠎ᠠ᠎ᠪᠠᠷ ᠨᠡᠮᠡᠭᠳᠡᠭᠦᠯᠦᠨ᠎ᠡ᠃ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠢ ᠬᠤᠷᠠᠯᠳᠤᠭᠤᠯᠵᠤ᠂ ᠰᠤᠷᠭ᠋ᠠᠨ ᠬᠥᠮᠦᠵᠢᠯ᠎ᠤᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠡᠷ᠎ᠡ᠎ᠪᠠᠷ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠷ᠎ᠠ ᠴᠢᠳᠠᠪᠤᠷᠢ᠎ᠪᠠᠷ ᠥᠪᠥᠷ ᠮᠣᠩᠭᠣᠯ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠶ ᠰᠠᠨᠠᠯ》᠎ᠢ ᠬᠣᠯᠪᠤᠭ᠋ᠠᠯᠠᠨ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠳᠣᠭᠲᠠᠭ᠋ᠠᠵᠤ᠂ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ ᠪᠠ ᠲᠣᠭᠲᠠᠴᠠ ᠵᠢᠨ ᠪᠠᠲᠤᠯᠠᠭ᠎ᠠ ᠵᠢ ᠬᠠᠩᠭ᠋ᠠᠨ᠎ᠠ᠃ ᠦᠨᠳᠦᠰᠦᠨ ᠠᠩᠭᠢ ᠵᠢᠨ ᠲᠠᠰ᠎ᠤᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠶ᠋ᠢᠷᠢᠯᠠᠭᠤᠯᠤᠯᠲᠠ ᠵᠢ ᠢᠳᠡᠪᠬᠢᠲᠡᠶ ᠠᠬᠢᠭᠤᠯᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠭᠤᠤᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠵᠦ᠂ ᠣᠲᠣ ᠦᠶ᠎ᠡ ᠵᠢᠨ ᠱᠠᠪᠢᠯᠠᠬᠤ ᠲᠦᠷᠢᠮ᠎ᠢ ᠭᠦᠨᠵᠡᠭᠡᠢ᠌ᠷᠡᠭᠦᠯᠵᠦ᠂ ᠡᠯ᠎ᠡ ᠰᠤᠷᠤᠯᠭ᠎ᠠ ᠵᠢᠨ ᠱᠠᠲᠤᠨ᠎ᠤ ᠨᠢᠭᠡ ᠴᠤᠭᠴᠠᠵᠢᠭᠰᠠᠨ ᠴᠢᠳᠠᠪᠤᠷᠢᠲᠠᠨ᠎ᠢ ᠬᠥᠮᠥᠵᠢᠭᠦᠯᠬᠦ ᠵᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠰᠢᠯᠢᠳᠡᠭ᠎ᠢ ᠬᠥᠮᠥᠵᠢᠭᠦᠯᠬᠦ》 ᠠᠵᠢᠯᠯᠠᠭ᠋ᠠᠨ᠎ᠤ ᠲᠥᠯᠥᠪᠯᠡᠭᠡ ᠪᠠ 《ᠬᠣᠶᠠᠷ ᠥᠨᠳᠥᠷ ᠬᠣᠶᠠᠷ ᠰᠢᠯᠢᠳᠡᠭ》 ᠲᠥᠯᠥᠪᠯᠡᠭᠡ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠬᠥᠳᠡᠯᠦᠩᠭᠦᠶ᠎ᠪᠠᠷ ᠬᠢᠨᠠᠨ ᠬᠠᠮᠢᠶᠠᠷᠴᠤ᠂ ᠪᠥᠲᠥᠭᠡᠨ ᠪᠠᠶ᠋ᠢᠭᠤᠯᠤᠯᠲᠠ ᠵᠢᠨ ᠪᠣᠯᠪᠠᠰᠤᠷᠠᠩᠭᠤᠶ ᠲᠥᠰᠦᠯ᠎ᠤᠨ ᠦᠷ᠎ᠡ ᠪᠦᠲᠦᠭᠡᠯ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠳᠣᠭᠢᠷᠠᠭᠤᠯᠤᠨ ᠵᠣᠬᠢᠶᠠᠨ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠵᠢᠱ᠌ᠢᠶ᠎ᠡ ᠦᠵᠡᠭᠦᠯᠬᠦ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠰᠢᠶᠠᠨ (ᠬᠣᠰᠢᠭᠤ)᠎ᠤ ᠬᠡᠪᠴᠢᠶᠡᠨ᠎ᠤ ᠪᠠᠷᠢᠮᠵᠢᠶᠠᠵᠢᠭᠤᠯᠤᠭᠰᠠᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠰᠢᠯᠭ᠋ᠠᠨ ᠠᠪᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠦᠬᠦᠯᠢ ᠴᠣᠭᠴᠠ ᠵᠢᠨ ᠰᠤᠷᠭ᠋ᠠᠭᠤᠯᠢ ᠡᠷᠭᠢᠯᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠣᠬᠢᠷᠲᠤᠯ ᠦᠭᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ᠂ ᠣᠳᠣ ᠦᠶ᠎ᠡ ᠵᠢᠨ ᠲᠣᠨᠣᠭ ᠲᠥᠬᠥᠭᠡᠷᠦᠮᠵᠢ ᠵᠢ ᠦᠢ᠍ᠯᠡᠳᠬᠦ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠯᠡᠯ ᠪᠠ ᠭᠣᠣᠯᠳᠠᠯᠭ᠋ᠠᠲᠠᠢ ᠠᠵᠤ ᠦᠢ᠍ᠯᠡᠰ᠎ᠤᠨ ᠬᠡᠯᠬᠢᠶᠡᠨ᠎ᠤ ᠲᠣᠭᠣᠷᠢᠨ᠎ᠳᠤ ᠲᠤᠰᠬᠠᠶ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠵᠦᠷᠢᠶᠡᠵᠢᠬᠦᠯᠦᠭᠰᠡᠨ ᠣᠷᠣᠭᠤᠯᠤᠯᠲᠠ᠂ ᠲᠥᠰᠦᠯ᠎ᠤᠨ ᠮᠠᠶᠢᠭᠲᠤ ᠬᠥᠲᠥᠯᠦᠨ ᠵᠢᠯᠣᠭᠣᠳᠬᠤ᠂ ᠲᠥᠯᠥᠪᠯᠡᠭᠡ ᠵᠢᠨ ᠲᠣᠭ᠎ᠠ ᠵᠢ ᠲᠣᠬᠢᠷᠠᠭᠤᠯᠤᠨ ᠡᠵᠡᠮᠳᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠣᠨᠣᠭ ᠲᠥᠬᠥᠭᠡᠷᠦᠮᠵᠢ ᠵᠢ ᠦᠢ᠍ᠯᠡᠳᠬᠦ ᠲᠣᠮᠤ ᠲᠥᠷᠥᠯ ᠵᠡᠷᠭᠡ ᠪᠠᠴᠢᠮ ᠳᠤᠲᠠᠭᠳᠠᠵᠤ ᠪᠠᠶ᠋ᠢᠭ᠎ᠠ ᠲᠤᠰᠬᠠᠶ ᠮᠡᠷᠭᠡᠵᠢᠯ᠎ᠤᠨ ᠲᠥᠷᠥᠯ ᠵᠦᠢ᠍ᠯ᠎ᠤᠨ ᠬᠤᠪᠢ ᠵᠢᠨ ᠵᠢᠩ᠎ᠢ ᠳᠡᠭᠡᠭᠰᠢᠯᠡᠭᠦᠯᠵᠦ᠂ ᠬᠡᠷ᠎ᠤᠨ ᠶᠠᠪᠤᠳᠠᠯ᠂ ᠨᠠᠰᠤᠵᠢᠯ᠎ᠤᠨ ᠠᠰᠠᠷᠠᠮᠵᠢ᠂ ᠨᠠᠶ᠋ᠢᠳᠠᠨ ᠬᠥᠮᠦᠵᠢᠭᠦᠯᠬᠦ ᠵᠡᠷᠭᠡ ᠠᠷᠠᠳ᠎ᠤᠨ ᠠᠮᠢᠳᠤᠷᠠᠯ᠎ᠳᠤ ᠪᠠᠴᠢᠮ ᠳᠤᠲᠠᠭᠳᠠᠵᠤ ᠪᠠᠶ᠋ᠢᠭ᠎ᠠ ᠬᠦᠷᠢᠶᠡᠨ᠎ᠳᠠᠬᠢ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠠᠷᠢᠯᠢᠭ ᠣᠨᠣᠴᠠᠲᠠᠶ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠰᠤᠷᠭ᠋ᠠᠭᠤᠯᠢ ᠪᠠ ᠠᠵᠤ ᠠᠬᠤᠶ᠋ᠢᠯᠠᠯ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠬᠠᠮᠲᠤ᠎ᠪᠠᠷ ᠪᠠᠶ᠋ᠢᠭᠤᠯᠬᠤ ᠵᠢ ᠠᠬᠢᠭᠤᠯᠵᠤ᠂ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠨ᠎ᠡ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠠᠭᠤᠷᠢᠶᠠᠯ ᠦᠵᠡᠭᠦᠯᠬᠦ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠯᠦᠭᠯᠡᠯ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ 5 ᠣᠷᠴᠢᠮ ᠥᠷᠨᠢᠭᠦᠯᠵᠦ᠂ 《ᠬᠠᠲᠤᠨ ᠭᠤᠤᠯ᠎ᠤᠨ ᠰᠠᠪᠠ ᠭᠠᠵᠠᠷ ᠳᠠᠭ᠋ᠠᠤ ᠵᠢᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ》 ᠪᠠ 《ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 2 ᠣᠷᠣᠨ ᠪᠦᠰᠡ ᠵᠢᠨ ᠴᠢᠨᠠᠷᠲᠠᠶ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠯᠪᠣᠭ᠎ᠠ ᠵᠢ ᠪᠠᠶ᠋ᠢᠭᠤᠯᠤᠨ᠎ᠠ᠃ ᠤᠷ᠎ᠠ ᠴᠢᠳᠠᠪᠤᠷᠢ ᠵᠢᠨ ᠤᠷᠤᠯᠳᠤᠭ᠋ᠠᠨ ᠵᠶ᠋ᠠᠷ ᠰᠠᠭᠤᠷᠢ ᠪᠣᠯᠭ᠋ᠠᠭᠰᠠᠨ ᠰᠤᠷᠤᠭᠴᠢᠳ᠎ᠤᠨ ᠤᠷᠤᠯᠳᠤᠭ᠋ᠠᠨ᠎ᠤ ᠳᠣᠭᠲᠠᠯᠴᠠᠭ᠎ᠠ ᠪᠠ ᠪᠠᠭᠰᠢ ᠵᠢᠨ ᠵᠢᠭ᠋ᠠᠬᠤ ᠴᠢᠳᠠᠪᠤᠷᠢ ᠵᠢᠨ ᠤᠷᠤᠯᠳᠤᠭ᠋ᠠᠨ᠂ ᠠᠩᠭᠢ ᠵᠢᠨ ᠡᠷᠬᠢᠯᠡᠭᠴᠢ ᠵᠢᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠤᠷᠤᠯᠳᠤᠭ᠋ᠠᠨ᠂ ᠪᠠᠭᠰᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ ᠵᠶ᠋ᠠᠷ ᠰᠠᠭᠤᠷᠢ ᠪᠣᠯᠭ᠋ᠠᠭᠰᠠᠨ ᠪᠠᠭᠰᠢ ᠵᠢᠨ ᠤᠷᠤᠯᠳᠤᠭ᠋ᠠᠨ᠎ᠤ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠰᠤᠷᠭ᠋ᠠᠨ ᠬᠥᠮᠦᠵᠢᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠵᠢ ᠪᠡᠶᠡᠯᠡᠭᠦᠯᠦᠨ᠎ᠡ᠃
     20. ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠴᠢᠨᠠᠷᠯᠢᠭ ᠵᠶ᠋ᠠᠷ ᠠᠵᠢᠯ ᠣᠯᠵᠤ ᠦᠢ᠍ᠯᠡᠰ ᠪᠣᠰᠬᠠᠬᠤ ᠵᠢ ᠭᠦᠢ᠍ᠴᠡᠳ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠵᠢ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠠᠵᠢᠯ ᠣᠯᠭᠣᠵᠤ ᠦᠢ᠍ᠯᠡᠰ ᠪᠣᠰᠬᠠᠬᠤ ᠵᠢ ᠠᠬᠢᠭᠤᠯᠬᠤ ᠠᠵᠢᠯᠯᠠᠭ᠎ᠠ ᠵᠢ ᠬᠡᠷᠡᠭᠵᠢᠭᠦᠯᠦᠨ᠎ᠡ᠃ ᠰᠤᠷᠭ᠋ᠠᠭᠤᠯᠢ ᠲᠡᠭᠦᠰᠦᠭᠰᠡᠳ᠎ᠤᠨ ᠥᠪᠥᠷ ᠮᠣᠩᠭᠣᠯ᠎ᠳᠤ ᠠᠵᠢᠯ ᠤᠯᠬᠤ ᠵᠢ ᠶᠡᠬᠡ᠎ᠪᠠᠷ ᠲᠥᠯᠬᠢᠨ ᠠᠬᠢᠭᠤᠯᠵᠤ᠂ 《ᠬᠥᠬᠡᠬᠣᠲᠠ᠂ ᠪᠤᠭᠤᠲᠤ᠂ ᠤᠷᠳᠤᠰ᠂ ᠤᠯᠠᠭ᠋ᠠᠨᠴᠠᠪ᠎ᠢ ᠨᠢᠭᠡ ᠴᠤᠭᠴᠠᠵᠢᠭᠤᠯᠤᠨ ᠬᠥᠭᠵᠢᠭᠦᠯᠬᠦ》᠂ 《ᠠᠷᠪᠠᠨ ᠲᠦᠮᠡᠨ ᠤᠶᠤᠲᠠᠳ᠎ᠢ ᠬᠥᠬᠡᠬᠣᠲᠠ᠎ᠳᠤ ᠦᠯᠡᠳᠡᠭᠡᠬᠦ ᠢᠨᠵᠧᠨᠧᠷᠢᠩ》᠎ᠤᠨ ᠲᠣᠭᠣᠷᠢᠨ᠎ᠳᠤ ᠠᠶ᠋ᠢᠮᠠᠭ ᠬᠤᠳᠠ ᠪᠣᠯᠤᠨ ᠠᠵᠤ ᠦᠢ᠍ᠯᠡᠳᠪᠦᠷᠢ ᠵᠢᠨ ᠬᠦᠷᠢᠶᠡᠯᠡᠩ᠎ᠤᠨ ᠠᠵᠤ ᠠᠬᠤᠶ᠋ᠢᠯᠠᠯ᠎ᠤᠨ ᠬᠥᠮᠦᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠪᠠᠶ᠋ᠢᠴᠠᠭ᠋ᠠᠨ ᠰᠤᠳᠤᠯᠤᠯᠲᠠ ᠵᠢ ᠭᠣᠣᠯᠳᠠᠯᠭ᠋ᠠᠲᠠᠢ ᠥᠷᠨᠢᠭᠦᠯᠵᠦ᠂ ᠰᠤᠷᠭ᠋ᠠᠭᠤᠯᠢ ᠲᠡᠭᠦᠰᠦᠭᠰᠡᠳ᠎ᠢ ᠬᠥᠲᠥᠯᠥᠨ ᠵᠢᠯᠣᠭᠣᠳᠴᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠰᠦᠯ᠂ ᠴᠢᠬᠤᠯᠠ ᠬᠦᠷᠢᠶᠡᠨ᠎ᠳᠤ ᠣᠴᠢᠭᠤᠯᠤᠨ ᠠᠵᠢᠯ ᠣᠯᠭᠣᠨ᠎ᠠ᠃ ᠬᠥᠬᠡᠬᠣᠲᠠ ᠵᠢᠨ ᠣᠷᠣᠨ ᠪᠦᠰᠡ ᠵᠢᠨ ᠴᠢᠳᠠᠪᠤᠷᠢᠲᠠᠨ᠎ᠤ ᠲᠥᠪ ᠪᠠ ᠰᠢᠨ᠎ᠡ ᠵᠢ ᠡᠭᠦᠳᠬᠦ ᠥᠨᠳᠥᠷᠯᠢᠭ᠎ᠤᠨ ᠪᠥᠲᠥᠭᠡᠨ ᠪᠠᠶ᠋ᠢᠭᠤᠯᠤᠯᠲᠠ ᠵᠢᠨ ᠲᠣᠭᠣᠷᠢᠨ᠎ᠳᠤ ᠬᠥᠬᠡᠬᠣᠲᠠ᠂ ᠪᠤᠭᠤᠲᠤ᠂ ᠣᠷᠳᠣᠰ᠂ ᠤᠯᠠᠭ᠋ᠠᠨᠴᠠᠪ᠎ᠤᠨ ᠴᠢᠳᠠᠪᠤᠷᠢᠲᠠᠨ ᠴᠤᠭᠯᠠᠷᠠᠭᠰᠠᠨ ᠭᠤᠤᠯ ᠣᠷᠣᠨ᠎ᠤ ᠪᠥᠲᠥᠭᠡᠨ ᠪᠠᠶ᠋ᠢᠭᠤᠯᠤᠯᠲᠠ᠂ ᠳᠠᠪᠠᠭᠤᠯᠢᠭ ᠤᠨᠴᠠᠯᠢᠭᠳᠤ ᠠᠵᠤ ᠦᠢ᠍ᠯᠡᠰ᠎ᠤᠨ ᠳᠡᠭᠡᠳᠦ ᠲᠠᠰ᠎ᠤᠨ ᠴᠢᠳᠠᠪᠤᠷᠢᠲᠠᠨ ᠴᠤᠭᠯᠠᠷᠠᠭᠰᠠᠨ ᠲᠠᠪᠴᠠᠩ᠎ᠤᠨ ᠪᠥᠲᠥᠭᠡᠨ ᠪᠠᠶ᠋ᠢᠭᠤᠯᠤᠯᠲᠠ ᠪᠠ ᠬᠣᠷᠢᠨᠭᠡᠷ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠴᠠᠬᠠᠷ᠂ ᠪᠡᠭᠡᠵᠢᠩ᠂ ᠥᠪᠥᠷ ᠮᠣᠩᠭᠣᠯ᠎ᠤᠨ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠲᠣᠭᠣᠷᠢᠨ᠎ᠳᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠬᠠᠩᠭ᠋ᠠᠯᠭ᠎ᠠ ᠵᠢ ᠴᠢᠩᠭ᠋ᠠᠷᠠᠭᠤᠯᠤᠨ᠎ᠠ᠃ ᠠᠵᠢᠯ ᠣᠯᠭᠣᠯᠲᠠ ᠵᠢᠨ 《ᠨᠢᠭᠡᠳᠦᠭᠡᠷ ᠤᠳᠤᠷᠢᠳᠤᠯᠭ᠎ᠠ》 ᠵᠢᠨ ᠢᠨᠵᠧᠨᠧᠷᠢᠩ᠎ᠢ ᠨᠠᠶ᠋ᠢᠳᠠᠪᠤᠷᠢᠵᠢᠭᠤᠯᠵᠤ᠂ ᠡᠯ᠎ᠡ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠱᠦᠵᠢ᠂ ᠰᠤᠷᠭ᠋ᠠᠭᠤᠯᠢ ᠵᠢᠨ ᠵᠠᠬᠢᠷᠤᠯ ᠨᠠᠷ ᠵᠠᠭᠤᠨ ᠠᠵᠤ ᠠᠬᠤᠶ᠋ᠢᠯᠠᠯ᠎ᠳᠤ ᠬᠦᠷᠴᠦ ᠰᠤᠷᠪᠤᠯᠵᠢᠯᠠᠬᠤ ᠵᠢ ᠠᠬᠢᠭᠤᠯᠵᠤ᠂ ᠰᠤᠷᠤᠭᠴᠢᠳ᠎ᠤᠨ ᠠᠵᠢᠯ ᠤᠯᠬᠤ ᠳᠠᠳᠤᠯᠭ᠎ᠠ᠂ ᠰᠤᠷᠭ᠋ᠠᠭᠤᠯᠢ ᠪᠤᠯᠤᠨ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ; ᠠᠵᠢᠯ ᠣᠯᠵᠤ ᠳᠡᠶ᠋ᠢᠯᠬᠦ᠂ ᠬᠢᠯᠪᠠᠷᠬᠠᠨ ᠠᠵᠢᠯ ᠤᠯᠬᠤ ᠪᠠ ᠵᠠᠬ᠎ᠠ ᠳᠡᠯᠭᠡᠭᠦᠷ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠪᠠᠶ᠋ᠢᠷᠢᠯᠠᠭᠤᠯᠤᠯᠲᠠ᠂ ᠰᠤᠷᠤᠭᠴᠢ ᠡᠯᠰᠡᠬᠦ ᠬᠡᠪᠴᠢᠶ᠎ᠡ᠂ ᠴᠢᠳᠠᠪᠤᠷᠢᠲᠠᠨ᠎ᠢ ᠬᠥᠮᠦᠵᠢᠭᠦᠯᠬᠦ ᠠᠷᠭ᠎ᠠ ᠮᠠᠶᠢᠭ ᠪᠠ ᠴᠢᠭᠯᠡᠯ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠵᠢ ᠵᠢᠯᠣᠭᠣᠳᠴᠤ᠂ ᠰᠤᠷᠤᠭᠴᠢ ᠡᠯᠰᠡᠬᠦ᠂ ᠬᠥᠮᠦᠵᠢᠭᠦᠯᠬᠦ᠂ ᠠᠵᠢᠯ ᠣᠯᠭᠣᠬᠤ ᠵᠢ ᠬᠣᠯᠪᠣᠯᠳᠤᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠨᠡᠶ᠋ᠢᠭᠡᠮᠴᠢᠯᠡᠭᠰᠡᠨ ᠠᠵᠢᠯ ᠣᠯᠭᠣᠯᠲᠠ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠰᠤᠷᠭ᠋ᠠᠭᠤᠯᠢ ᠵᠢᠨ ᠬᠦᠷᠢᠶᠡᠨ᠎ᠤ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠷᠣᠨ᠎ᠤ ᠳᠣᠲᠣᠷ᠎ᠠ ᠭᠠᠳᠠᠨᠠᠬᠢ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠠᠭᠤᠳᠠᠯᠤᠨ᠂ ᠤᠷᠢᠵᠤ ᠡᠯᠰᠡᠬᠦ ᠬᠤᠷᠠᠯ᠎ᠤᠨ ᠤᠳᠠᠭ᠎ᠠ ᠪᠠ ᠴᠢᠨᠠᠷ ᠴᠢᠨᠰᠠᠭ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠲᠡᠭᠦᠰᠬᠦ ᠰᠤᠷᠤᠭᠴᠢᠳ᠎ᠲᠤ ᠵᠢᠵᠢᠭ ᠠᠵᠤ ᠠᠬᠤᠶ᠋ᠢᠯᠠᠯ᠎ᠳᠤ ᠣᠴᠢᠵᠤ ᠠᠵᠢᠯ ᠤᠯᠬᠤ᠂ ᠠᠮᠢᠳᠤᠯᠢᠭ ᠵᠶ᠋ᠠᠷ ᠠᠵᠢᠯ ᠤᠯᠬᠤ ᠵᠢ ᠬᠥᠲᠥᠯᠥᠨ ᠵᠢᠯᠣᠭᠣᠳᠴᠤ᠂ ᠰᠢᠨ᠎ᠡ ᠵᠢ ᠡᠭᠦᠳᠴᠦ ᠦᠢ᠍ᠯᠡᠰ ᠪᠣᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ ᠵᠢ ᠠᠬᠢᠭᠤᠯᠤᠨ᠎ᠠ᠃ ᠰᠠᠯᠠᠭ᠎ᠠ ᠮᠥᠴᠢᠷ᠎ᠤᠨ ᠨᠡᠪᠲᠡᠷᠡᠯᠴᠡᠭᠡ ᠪᠠ ᠬᠠᠮᠵᠢᠯᠴᠠᠭ᠎ᠠ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠰᠢᠯᠭ᠋ᠠᠨ ᠡᠯᠰᠡᠬᠦ ᠴᠠᠭ᠎ᠤᠨ ᠲᠣᠬᠢᠷᠠᠭᠤᠯᠤᠯᠲᠠ ᠵᠢ ᠠᠬᠢᠭᠤᠯᠤᠨ ᠰᠢᠯᠢᠳᠡᠭᠵᠢᠭᠦᠯᠦᠨ᠎ᠡ᠃ ᠠᠵᠢᠯ ᠣᠯᠭᠣᠯᠲᠠ᠎ᠪᠠᠷ ᠬᠥᠮᠦᠨ᠎ᠢ ᠬᠥᠮᠦᠵᠢᠭᠦᠯᠬᠦ ᠵᠢ ᠳᠡᠮᠵᠢᠬᠦ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠩᠭ᠋ᠠᠯᠭ᠎ᠠ ᠪᠠ ᠬᠡᠷᠡᠭᠴᠡᠭᠡ ᠵᠢ ᠵᠣᠯᠭ᠋ᠠᠭᠤᠯᠬᠤ ᠠᠵᠢᠯ ᠣᠯᠭᠣᠯᠲᠠ᠎ᠪᠠᠷ ᠬᠥᠮᠦᠨ᠎ᠢ ᠬᠥᠮᠦᠵᠢᠭᠦᠯᠬᠦ ᠲᠥᠰᠦᠯ᠎ᠢ ᠬᠡᠷᠡᠭᠵᠢᠭᠦᠯᠵᠦ᠂ ᠠᠵᠢᠯ ᠣᠯᠭᠣᠯᠲᠠ ᠵᠢ ᠵᠢᠯᠣᠭᠣᠳᠬᠤ ᠦᠢ᠍ᠯᠡᠴᠢᠯᠡᠭᠡ ᠵᠢ ᠴᠢᠩᠭ᠋ᠠᠳᠬᠠᠵᠤ᠂ 《ᠠᠤᠭ᠎ᠠ ᠵᠣᠷᠢᠭ ᠵᠶ᠋ᠠᠷ ᠠᠶᠠᠯᠠᠯ᠎ᠢ ᠲᠤᠰᠠᠯᠠᠬᠤ ᠲᠥᠯᠥᠪᠯᠡᠭᠡ》 ᠵᠢ ᠬᠡᠷᠡᠭᠵᠢᠭᠦᠯᠵᠦ᠂ ᠠᠵᠢᠯ ᠤᠯᠬᠤ᠎ᠳᠤ ᠬᠦᠴᠢᠷᠳᠡᠵᠦ ᠪᠠᠢ᠌ᠭ᠎ᠠ ᠲᠡᠭᠦᠰᠦᠭᠰᠡᠳ᠎ᠤᠨ ᠬᠠᠮᠲᠤᠯᠢᠭ᠎ᠢ ᠭᠣᠣᠯᠳᠠᠯᠭ᠋ᠠᠲᠠᠢ᠎ᠪᠠᠷ ᠬᠠᠪᠰᠤᠷᠤᠨ ᠲᠡᠳᠬᠦᠨ᠎ᠡ᠃ ᠤᠮᠠᠷᠠᠲᠤ ᠬᠢᠯᠢ ᠵᠢᠨ ᠠᠵᠢᠯ ᠣᠯᠭᠣᠯᠲᠠ ᠵᠢᠨ ᠰᠦᠯᠵᠢᠶᠡᠨ᠎ᠤ ᠨᠠᠷᠠᠲᠤ ᠲᠡᠮᠳᠡᠭᠲᠦ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠬᠥᠮᠦᠨ ᠬᠡᠷᠡᠭᠯᠡᠬᠦ ᠨᠢᠭᠡᠴᠢ ᠵᠢᠨ ᠮᠡᠳᠡᠭᠡ ᠵᠠᠩᠭᠢ ᠵᠢᠨ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠂ ᠬᠥᠮᠦᠨ ᠬᠡᠷᠡᠭᠯᠡᠬᠦ ᠨᠢᠭᠡᠴᠢ ᠵᠢ 5000 ᠭᠠᠷᠤᠶ ᠰᠢᠨ᠎ᠡ᠎ᠪᠠᠷ ᠨᠡᠮᠡᠭᠳᠡᠭᠦᠯᠵᠦ᠂ ᠬᠠᠲᠤᠨ ᠭᠤᠤᠯ᠎ᠤᠨ ᠰᠠᠪᠠ ᠭᠠᠵᠠᠷ ᠳᠠᠭ᠋ᠠᠤ ᠵᠢᠨ ᠲᠠᠪᠤᠨ ᠮᠤᠵᠢ ᠣᠷᠣᠨ᠎ᠤ ᠤᠶᠤᠲᠠᠳ᠎ᠤᠨ ᠠᠵᠢᠯ ᠣᠯᠵᠤ ᠦᠢ᠍ᠯᠡᠰ ᠪᠣᠰᠬᠠᠬᠤ ᠤᠷᠤᠯᠳᠤᠭ᠋ᠠᠨ ᠵᠡᠷᠭᠡ ᠠᠵᠢᠯᠯᠠᠭ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠤᠨ᠎ᠠ᠃ ᠠᠵᠢᠯ ᠣᠯᠭᠣᠯᠲᠠ ᠵᠢᠨ ᠲᠡᠷᠢᠭᠦᠨ᠎ᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠪᠠ ᠲᠡᠭᠦᠰᠦᠭᠰᠡᠨ ᠰᠤᠷᠤᠭᠴᠢᠳ᠎ᠤᠨ ᠠᠵᠢᠯ ᠣᠯᠵᠤ ᠦᠢ᠍ᠯᠡᠰ ᠪᠣᠰᠬᠠᠭᠰᠠᠨ ᠨᠡᠶ᠋ᠢᠲᠡᠯᠢᠭ ᠬᠥᠮᠦᠰ ᠎ᠤᠨ ᠦᠢ᠍ᠯᠡ ᠠᠵᠢᠯᠯᠠᠭ᠎ᠠ ᠵᠢ ᠳ᠋ᠦᠩᠨᠡᠨ ᠤᠬᠠᠭᠤᠯᠬᠤ ᠰᠢᠷᠢᠰ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
     21. ᠨᠠᠰᠤᠨ ᠲᠤᠷᠰᠢᠬᠢ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠢᠳᠡᠪᠬᠢᠲᠡᠶ ᠲᠡᠭᠦᠯᠳᠡᠷᠵᠢᠭᠦᠯᠦᠨ᠎ᠡ᠃ ᠪᠦᠬᠦ ᠠᠷᠠᠳ᠎ᠤᠨ ᠨᠠᠰᠤᠨ ᠲᠤᠷᠰᠢᠬᠢ ᠰᠤᠷᠤᠯᠴᠠᠯᠭ᠎ᠠ᠎ᠳᠤ ᠦᠢ᠍ᠯᠡᠴᠢᠯᠡᠬᠦ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠨᠠᠰᠤᠲᠠᠶ᠋ᠢᠴᠤᠳ᠎ᠤᠨ ᠰᠤᠷᠭ᠋ᠠᠨ ᠬᠥᠮᠦᠵᠢᠯ᠂ ᠨᠡᠶ᠋ᠢᠭᠡᠮ ᠲᠣᠭᠣᠷᠢᠭ᠎ᠤᠨ ᠰᠤᠷᠭ᠋ᠠᠨ ᠬᠥᠮᠦᠵᠢᠯ᠎ᠢ ᠵᠣᠬᠢᠴᠠᠭᠤᠯᠤᠨ ᠠᠬᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠨᠡᠶ᠋ᠢᠭᠡᠮ ᠲᠣᠭᠣᠷᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠤᠷᠰᠢᠯᠲᠠ ᠵᠢᠨ ᠴᠡᠭ᠎ᠢ ᠪᠠᠶ᠋ᠢᠭᠤᠯᠤᠨ᠎ᠠ᠃ ᠰᠢᠨ᠎ᠡ ᠴᠠᠭ ᠦᠶ᠎ᠡ ᠵᠢᠨ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠥᠵᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠯᠭ᠎ᠠ ᠵᠢᠨ ᠨᠠᠮᠲᠠᠷ᠎ᠤᠨ ᠪᠣᠰᠤ ᠰᠤᠷᠭ᠋ᠠᠨ ᠬᠥᠮᠥᠵᠢᠯ᠎ᠢ ᠡᠷᠬᠢᠯᠡᠬᠦ ᠵᠢ ᠳᠦᠷᠢᠮᠵᠢᠭᠦᠯᠦᠨ ᠬᠠᠮᠢᠶᠠᠷᠬᠤ ᠵᠢ ᠴᠢᠩᠭ᠋ᠠᠳᠬᠠᠨ᠎ᠠ᠃ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠳᠤᠰᠬᠠᠢ ᠮᠡᠷᠭᠡᠵᠢᠯ᠎ᠢ ᠪᠠᠢ᠌ᠭᠤᠯᠤᠨ ᠬᠠᠮᠢᠶᠠᠷᠤᠨ᠎ᠠ᠃ ᠥᠪᠡᠰᠦᠪᠡᠨ ᠰᠤᠷᠤᠭᠰᠠᠳ᠎ᠤᠨ ᠰᠢᠯᠭ᠋ᠠᠯᠲᠠ ᠵᠢᠨ ᠠᠭᠤᠯᠭ᠎ᠠ ᠪᠠ ᠬᠡᠯᠪᠡᠷᠢ ᠵᠢᠨ ᠥᠭᠡᠷᠡᠴᠢᠯᠡᠯᠲᠡ ᠵᠢ ᠠᠬᠢᠭᠤᠯᠤᠨ᠎ᠠ᠃ ᠪᠦᠬᠦ ᠠᠷᠠᠳ᠎ᠤᠨ ᠨᠠᠰᠤᠨ ᠲᠤᠷᠰᠢᠬᠢ ᠰᠤᠷᠤᠯᠴᠠᠯᠭ᠎ᠠ ᠵᠢᠨ ᠭᠠᠷᠠᠭ᠎ᠢ ᠰᠠᠶ᠋ᠢᠲᠤᠷ ᠡᠷᠬᠢᠯᠡᠨ᠎ᠡ᠃ 《ᠣᠶᠤᠨᠴᠢ᠎ᠪᠠᠷ ᠨᠠᠰᠤᠲᠠᠨ᠎ᠢ ᠲᠤᠰᠠᠯᠠᠬᠤ》 ᠠᠵᠢᠯᠯᠠᠭ᠎ᠠ ᠵᠢ ᠥᠷᠨᠢᠭᠦᠯᠦᠨ᠎ᠡ᠃


      ᠲᠠᠪᠤ᠂ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂
      ᠵᠠᠰᠠᠬᠤ ᠰᠢᠰᠲ᠋ᠧᠮ᠎ᠢ ᠦᠨᠡᠨ ᠬᠦ᠌ ᠲᠡᠭᠦᠯᠳᠡᠷᠵᠢᠭᠦᠯᠵᠦ ᠵᠠᠰᠠᠬᠤ ᠴᠢᠳᠠᠪᠤᠷᠢ ᠵᠢ ᠴᠢᠩᠭ᠋ᠠᠳᠬᠠᠨ᠎ᠠ


     22. ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ᠃ ᠢᠵᠢ ᠪᠦᠷᠢᠳᠦᠭᠦᠯᠬᠦ ᠪᠠᠲᠤᠯᠠᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠥ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠡᠬᠢᠯᠡᠭᠦᠯᠦᠨ᠎ᠡ᠃ ᠬᠡᠦᠬᠡᠳ᠎ᠤᠨ ᠴᠡᠴᠡᠷᠯᠢᠭ᠎ᠤᠨ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠵᠢ ᠦᠨᠡᠯᠡᠬᠦ ᠵᠦᠭᠯᠡᠭᠦᠷ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠵᠦᠭᠯᠡᠭᠦᠷ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠴᠢᠨᠠᠷ ᠴᠢᠨᠰᠠᠭ᠎ᠠ ᠵᠢ ᠦᠨᠡᠯᠡᠬᠦ ᠵᠦᠭᠯᠡᠭᠦᠷ᠎ᠢ ᠨᠠᠶ᠋ᠢᠳᠠᠪᠤᠷᠢᠵᠢᠭᠤᠯᠤᠨ᠎ᠠ᠃ ᠠᠩᠬ᠎ᠠ ᠵᠡᠷᠭᠡ ᠵᠢᠨ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠤᠨ ᠦᠨᠡᠯᠡᠯᠲᠡ ᠵᠢ ᠬᠡᠷᠡᠭᠵᠢᠭᠦᠯᠬᠦ ᠠᠷᠭ᠎ᠠ ᠵᠢ ᠳᠣᠭᠲᠠᠭ᠋ᠠᠵᠤ ᠳᠠᠷᠤᠮᠠᠯᠯᠠᠨ ᠲᠠᠷᠬᠠᠭ᠋ᠠᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠥᠭᠡᠷᠡᠴᠢᠯᠡᠯᠲᠡ ᠵᠢ ᠠᠬᠢᠭᠤᠯᠤᠨ᠎ᠠ᠃ ᠤᠷᠠᠯᠢᠭ᠎ᠤᠨ ᠲᠥᠷᠥᠯ᠎ᠤᠨ ᠲᠤᠰᠬᠠᠶ ᠮᠡᠷᠭᠡᠵᠢᠯ᠎ᠤᠨ ᠰᠢᠯᠭ᠋ᠠᠯᠲᠠ᠎ᠪᠠᠷ ᠰᠣᠷᠣᠭᠴᠢ ᠡᠯᠰᠡᠬᠦ᠂ ᠳᠡᠭᠡᠳᠦ ᠰᠤᠷᠭ᠋ᠠᠭᠤᠯᠢ ᠵᠢᠨ ᠥᠨᠳᠥᠷ ᠬᠢᠷᠢ ᠲᠦᠪᠰᠢᠨ ᠪᠥᠬᠥᠶ ᠪᠡᠶ᠎ᠡ ᠵᠢᠨ ᠲᠠᠮᠢᠷ᠎ᠤᠨ ᠠᠩᠭᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠵᠢ ᠳᠦᠷᠢᠮᠵᠢᠭᠦᠯᠦᠨ᠎ᠡ᠃ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠤᠪᠢᠶᠠᠨ ᠰᠢᠯᠭ᠋ᠠᠯᠲᠠ᠎ᠪᠠᠷ ᠰᠣᠷᠣᠭᠴᠢ ᠡᠯᠰᠡᠬᠦ ᠠᠷᠭ᠎ᠠ ᠵᠢ ᠲᠡᠭᠦᠯᠳᠡᠷᠵᠢᠭᠦᠯᠵᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠰᠣᠶᠣᠯ᠎ᠤᠨ ᠬᠡᠪ ᠪᠣᠯᠪᠠᠰᠤᠷᠠᠯ + ᠠᠵᠢᠯ ᠮᠡᠷᠭᠡᠵᠢᠯ᠎ᠤᠨ ᠤᠷ᠎ᠠ ᠴᠢᠳᠠᠪᠤᠷᠢ》 ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠠᠷᠭ᠎ᠠ ᠵᠢ ᠨᠠᠢ᠌ᠳᠠᠪᠤᠷᠢᠵᠢᠭᠤᠯᠵᠤ᠂ ᠲᠤᠰᠬᠠᠶ ᠮᠡᠷᠭᠡᠵᠢᠯ᠎ᠤᠨ ᠠᠩᠭᠢ᠎ᠠᠴᠠ ᠦᠨᠳᠦᠰᠦᠨ ᠠᠩᠭᠢ᠎ᠳᠤ ᠳᠡᠪᠰᠢᠬᠦ ᠰᠢᠯᠭ᠋ᠠᠯᠲᠠ ᠵᠢᠨ ᠰᠣᠷᠣᠭᠴᠢ ᠡᠯᠰᠡᠬᠦ ᠥᠭᠡᠷᠡᠴᠢᠯᠡᠯᠲᠡ ᠵᠢ ᠲᠣᠭᠲᠠᠭᠤᠨ ᠵᠶ᠋ᠠᠷ ᠨᠠᠶ᠋ᠢᠳᠠᠪᠤᠷᠢᠵᠢᠭᠤᠯᠤᠨ᠎ᠠ᠃ 《ᠲᠠᠪᠤ ᠵᠢ ᠯᠠ ᠬᠥᠭᠡᠭᠡᠴᠡᠯᠳᠦᠬᠦ》 ᠠᠷᠬᠠᠭ ᠭᠡᠮ᠎ᠢ ᠡᠷᠡᠰ ᠲᠡᠪᠴᠢᠵᠦ᠂ 《ᠭᠤᠷᠪᠠᠨ ᠨᠠᠷᠢᠨ ᠳᠠᠩᠰᠠ》 ᠵᠢ   ᠨᠠᠢ᠌ᠳᠠᠪᠤᠷᠢᠵᠢᠭᠤᠯᠵᠤ᠂ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠮᠥᠷᠳᠡᠨ ᠵᠢᠯᠣᠭᠣᠳᠬᠤ ᠵᠢ ᠴᠢᠩᠭ᠋ᠠᠳᠬᠠᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠪᠦᠯᠦᠭ ᠬᠤᠪᠢᠶᠠᠨ ᠨᠡᠢ᠌ᠲᠡᠯᠡᠨ᠎ᠡ᠃ 《ᠠᠷᠪᠠ ᠵᠢ ᠥᠯᠥ ᠵᠥᠪᠰᠢᠶᠡᠷᠡᠬᠦ᠂ ᠨᠢᠭᠡ ᠵᠢ ᠴᠢᠩᠭ᠎ᠠ ᠬᠣᠷᠢᠭᠯᠠᠬᠤ》 ᠲᠣᠭᠲᠠᠭ᠋ᠠᠯ᠎ᠠᠴᠠ ᠵᠥᠷᠢᠴᠡᠭᠰᠡᠨ ᠵᠦᠢ᠍ᠯ᠎ᠢ ᠬᠢᠨᠠᠨ ᠬᠡᠮᠵᠢᠬᠦ ᠪᠠ ᠴᠡᠭᠴᠡᠯᠡᠨ ᠥᠭᠡᠷᠡᠴᠢᠯᠡᠬᠦ ᠡᠷᠴᠢᠮ᠎ᠢ ᠴᠢᠩᠭ᠋ᠠᠷᠠᠭᠤᠯᠤᠨ᠎ᠠ᠃ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶ᠎ᠡ᠎ᠳᠠᠬᠢ 《ᠵᠦᠪᠬᠡᠨ ᠥᠭᠦᠯᠡᠯ᠎ᠢ ᠬᠥᠭᠡᠭᠡᠴᠡᠯᠳᠦᠬᠦ》 ᠵᠢ ᠦᠭᠡᠢ᠌ᠰᠬᠡᠵᠦ᠂ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠤ ᠴᠣᠯᠠ ᠵᠢ ᠵᠥᠪ ᠵᠶ᠋ᠠᠷ ᠲᠠᠨᠢᠬᠤ ᠵᠡᠷᠭᠡ ᠪᠢᠴᠢᠭ ᠮᠠᠲ᠋ᠧᠷᠢᠶᠠᠯ᠎ᠢ ᠨᠠᠶ᠋ᠢᠳᠠᠪᠤᠷᠢᠵᠢᠭᠤᠯᠵᠤ᠂ ᠰᠢᠨ᠎ᠡ ᠵᠢ ᠡᠭᠦᠳᠬᠦ ᠴᠢᠨᠠᠷ ᠴᠢᠨᠰᠠᠭ᠎ᠠ ᠪᠠ ᠬᠤᠪᠢ ᠨᠡᠮᠡᠷᠢ ᠵᠢ ᠦᠨᠡᠯᠡᠬᠦ ᠤᠳᠤᠷᠢᠳᠤᠮᠵᠢ ᠵᠢ ᠲᠤᠪᠤᠢ᠍ᠢ᠍ᠯᠭ᠋ᠠᠨ᠎ᠠ᠃
     23. ᠬᠠᠤᠯᠢ ᠶᠣᠰᠤ᠎ᠪᠠᠷ ᠰᠤᠷᠭ᠋ᠠᠨ ᠬᠥᠮᠦᠵᠢᠯ᠎ᠢ ᠵᠠᠰᠠᠬᠤ ᠵᠢ ᠪᠥᠬᠥ ᠲᠠᠯ᠎ᠠ᠎ᠪᠠᠷ ᠠᠬᠢᠭᠤᠯᠤᠨ᠎ᠠ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠵᠤ᠂ ᠬᠢᠴᠢᠶᠡᠯ᠎ᠤᠨ ᠲᠠᠩᠬᠢᠮ᠎ᠳᠤ ᠣᠷᠣᠭᠤᠯᠵᠤ᠂ ᠲᠠᠷᠢᠬᠢ ᠲᠣᠯᠤᠭ᠋ᠠᠢ ᠵᠢ ᠵᠡᠪᠰᠡᠭᠯᠡᠬᠦ ᠵᠢ ᠭᠦᠨᠵᠡᠭᠡᠢ ᠠᠬᠢᠭᠤᠯᠤᠨ᠎ᠠ᠃ ᠰᠤᠷᠭ᠋ᠠᠨ ᠬᠥᠮᠦᠵᠢᠯ᠎ᠤᠨ ᠬᠠᠤᠯᠢ ᠲᠣᠭᠲᠠᠭ᠋ᠠᠬᠤ ᠪᠠ ᠪᠠᠶ᠋ᠢᠴᠠᠭ᠋ᠠᠨ ᠰᠣᠳᠤᠯᠬᠤ ᠵᠢ ᠠᠬᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠠᠭᠰᠢ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠢ ᠬᠠᠤᠯᠢ ᠲᠣᠭᠲᠠᠭ᠋ᠠᠬᠤ ᠲᠥᠯᠥᠪᠯᠡᠭᠡ᠎ᠳᠤ ᠣᠷᠣᠭᠤᠯᠬᠤ ᠵᠢ ᠠᠬᠢᠭᠤᠯᠤᠨ᠎ᠠ᠃ ᠬᠠᠤᠯᠢ ᠶᠣᠰᠤ᠎ᠪᠠᠷ ᠰᠤᠷᠭ᠋ᠠᠭᠤᠯᠢ ᠵᠢ ᠵᠠᠰᠠᠬᠤ ᠵᠢ ᠭᠦᠨᠵᠡᠭᠡᠶ ᠲᠦᠯᠬᠢᠨ ᠠᠬᠢᠭᠤᠯᠵᠤ᠂ ᠰᠢᠨ᠎ᠡ ᠡᠭᠡᠯᠵᠢ ᠵᠢᠨ ᠳᠡᠭᠡᠳᠦ ᠰᠤᠷᠭ᠋ᠠᠭᠤᠯᠢ ᠵᠢᠨ ᠲᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠡᠬᠢᠯᠡᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠲᠦᠷᠢᠮ᠎ᠢ ᠲᠣᠭᠲᠠᠭ᠋ᠠᠬᠤ ᠠᠵᠢᠯ᠎ᠢ ᠡᠬᠢᠯᠡᠭᠦᠯᠦᠨ᠎ᠡ᠃ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠵᠤ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠬᠥᠮᠦᠵᠢᠯ᠎ᠢ ᠥᠷᠨᠢᠭᠦᠯᠵᠦ᠂ ᠪᠦᠬᠦ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠰᠢᠷᠢᠰ ᠠᠵᠢᠯᠯᠠᠭ᠎ᠠ ᠪᠠ 《ᠦᠨᠳᠦᠰᠦᠨ ᠬᠠᠤᠯᠢ ᠵᠢᠨ ᠥᠷᠯᠥᠭᠡ ᠵᠢᠨ ᠤᠩᠰᠢᠯᠭ᠎ᠠ》 ᠵᠢᠨ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠡᠷᠬᠢᠯᠡᠵᠦ᠂ ᠪᠠᠭᠰᠢ ᠵᠢᠨ ᠬᠠᠤᠯᠢ᠎ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ᠎ᠢ ᠲᠦᠯᠬᠢᠨ ᠠᠬᠢᠭᠤᠯᠵᠤ᠂ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠲᠦᠷᠢᠮ᠎ᠢ ᠨᠢᠭᠡᠳᠦᠯᠲᠡᠶ ᠲᠥᠯᠥᠪᠯᠡᠨ ᠨᠠᠶ᠋ᠢᠳᠠᠪᠤᠷᠢᠵᠢᠭᠤᠯᠤᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠡᠷᠬᠡ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠨᠠᠶ᠋ᠢᠷᠠᠭᠤᠯᠤᠨ ᠵᠣᠬᠢᠶᠠᠬᠤ ᠵᠢ ᠲᠦᠯᠬᠢᠨ ᠠᠬᠢᠭᠤᠯᠵᠤ᠂ ᠳᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ ᠪᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠤᠯᠭ᠎ᠠ ᠵᠢ ᠬᠢᠨᠠᠨ ᠪᠠᠢ᠌ᠴᠠᠭ᠋ᠠᠬᠤ ᠵᠢ ᠴᠢᠩᠭ᠋ᠠᠳᠬᠠᠨ᠎ᠠ᠃
     24. ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠦᠢ᠍ᠯᠡᠳᠦᠯ᠎ᠢ ᠴᠢᠩᠭ᠋ᠠᠷᠠᠭᠤᠯᠤᠨ᠎ᠠ᠃ 《ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠴᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠵᠢ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠲᠠᠷᠬᠠᠭ᠋ᠠᠵᠤ᠂ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ   ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠢᠨ 《ᠬᠤᠷᠴᠠ ᠴᠢᠩᠭ᠎ᠠ᠂ ᠡᠷᠬᠡ ᠰᠦᠷᠲᠡᠢ》 ᠪᠠᠢ᠌ᠬᠤ ᠵᠢ ᠠᠬᠢᠭᠤᠯᠤᠨ᠎ᠠ᠃ ᠤᠯᠤᠰ᠎ᠠᠴᠠ ᠬᠢᠨᠠᠨ ᠪᠠᠶ᠋ᠢᠴᠠᠭ᠋ᠠᠵᠤ ᠬᠠᠷᠢᠭᠤ ᠪᠤᠴᠠᠭ᠋ᠠᠭᠰᠠᠨ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ ᠵᠢ ᠦᠨᠳᠦᠰᠦᠨ᠎ᠳᠤ᠎ᠪᠠᠨ ᠲᠡᠩᠴᠡᠭᠦᠷᠢᠲᠡᠶ ᠪᠠᠶ᠋ᠢᠯᠭ᠋ᠠᠬᠤ ᠵᠢ ᠦᠷᠭᠦᠯᠵᠢᠯᠡᠨ ᠱᠠᠭ᠋ᠠᠷᠳᠠᠨ ᠵᠢᠯᠣᠭᠣᠳᠤᠨ᠎ᠠ᠃ ᠰᠢᠶᠠᠨ (ᠬᠣᠰᠢᠭᠤ)᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠪᠥᠭᠡᠳ ᠲᠡᠩᠴᠡᠭᠦᠷᠢᠲᠡᠶ ᠪᠠᠶ᠋ᠢᠬᠤ ᠪᠠ   ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠲᠥᠭᠡᠮᠡᠯ ᠬᠠᠷᠠᠭ᠋ᠠᠯᠵᠠᠯ ᠦᠵᠡᠭᠦᠯᠬᠦ ᠵᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠵᠢ ᠥᠷᠨᠢᠭᠦᠯᠵᠦ᠂ ᠠᠶ᠋ᠢᠮᠠᠭ ᠬᠣᠲᠠ ᠵᠢᠨ ᠲᠥᠯᠥᠪᠵᠢᠭᠦᠯᠭᠡ ᠶᠣᠰᠤ᠎ᠪᠠᠷ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠬᠤ ᠵᠢ ᠰᠢᠪᠠᠳᠠᠭᠤᠯᠤᠨ ᠵᠢᠯᠣᠭᠣᠳᠤᠨ᠎ᠠ᠃ ᠠᠶ᠋ᠢᠮᠠᠭ ᠬᠣᠲᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠬᠢᠨᠠᠨ ᠵᠢᠯᠣᠭᠣᠳᠴᠤ ᠦᠨᠡᠯᠡᠬᠦ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ 《ᠬᠣᠶᠠᠷ᠎ᠢ ᠬᠥᠩᠭᠡᠷᠡᠭᠦᠯᠬᠦ》᠂ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠳᠤᠮᠳᠠᠴᠢ ᠴᠠᠯᠢᠩ᠎ᠤᠨ ᠣᠷᠣᠯᠭ᠎ᠠ ᠵᠢᠨ ᠬᠢᠷᠢ ᠬᠡᠮᠵᠢᠶ᠎ᠡ ᠵᠢ 《ᠳᠤᠤᠷ᠎ᠠ ᠪᠠᠶ᠋ᠢᠯᠭ᠋ᠠᠬᠤ ᠥᠬᠡᠶ》᠂ ᠰᠤᠷᠭ᠋ᠠᠨ ᠬᠥᠮᠦᠵᠢᠯ᠎ᠤᠨ ᠵᠠᠷᠤᠳᠠᠯ᠎ᠤᠨ 《ᠬᠣᠶᠠᠷ᠎ᠢ ᠨᠡᠮᠡᠭᠳᠡᠭᠦᠯᠬᠦ᠎ᠠᠴᠠ ᠪᠢᠰᠢ ᠬᠠᠰᠤᠬᠤ ᠥᠬᠡᠶ》 ᠵᠡᠷᠭᠡ ᠵᠢ ᠦᠷᠭᠦᠯᠵᠢᠯᠡᠨ ᠦᠨᠡᠯᠡᠬᠦ ᠴᠢᠬᠤᠯᠠ ᠠᠭᠤᠯᠭ᠎ᠠ᠎ᠳᠤ᠎ᠪᠠᠨ ᠣᠷᠣᠭᠤᠯᠤᠨ᠎ᠠ᠃ 《ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠰᠤᠷᠭ᠋ᠠᠭᠤᠯᠢ (ᠬᠡᠦᠬᠡᠳ᠎ᠤᠨ ᠴᠡᠴᠡᠷᠯᠢᠭ) ᠵᠢᠨ ᠵᠠᠬᠢᠷᠤᠯ᠎ᠤᠨ ᠲᠤᠰᠢᠶᠠᠯ᠎ᠤᠨ ᠬᠤᠭᠤᠴᠠᠭ᠎ᠠ ᠳᠠᠭᠤᠰᠤᠭᠰᠠᠨ᠎ᠢ ᠶᠡᠷᠦᠩᠬᠡᠶ᠋ᠢᠯᠡᠨ ᠬᠢᠨᠠᠨ ᠵᠢᠯᠣᠭᠣᠳᠬᠤ ᠵᠢ ᠬᠡᠷᠡᠭᠵᠢᠭᠦᠯᠬᠦ ᠲᠥᠰᠦᠯ》᠎ᠢ ᠲᠣᠭᠲᠠᠭ᠋ᠠᠵᠤ᠂ ᠰᠤᠷᠭ᠋ᠠᠭᠤᠯᠢ (ᠬᠡᠦᠬᠡᠳ᠎ᠤᠨ ᠴᠡᠴᠡᠷᠯᠢᠭ) ᠵᠢᠨ ᠵᠠᠬᠢᠷᠤᠯ᠎ᠤᠨ ᠲᠤᠰᠢᠶᠠᠯ᠎ᠤᠨ ᠬᠤᠭᠤᠴᠠᠭ᠋ᠠᠨ᠎ᠤ ᠪᠠᠶ᠋ᠢᠳᠠᠯ᠎ᠢ ᠣᠶ᠋ᠢᠯᠠᠭ᠋ᠠᠬᠤ ᠪᠠᠶ᠋ᠢᠴᠠᠭ᠋ᠠᠯᠲᠠ ᠵᠢ ᠰᠠᠶ᠋ᠢᠲᠤᠷ ᠬᠢᠵᠦ᠂ ᠬᠡᠰᠡᠭ ᠠᠶ᠋ᠢᠮᠠᠭ ᠬᠣᠲᠠ ᠵᠢ ᠰᠢᠯᠢᠨ ᠰᠣᠩᠭᠣᠵᠤ ᠲᠤᠷᠰᠢᠯᠲᠠ ᠵᠢᠨ ᠴᠡᠭ ᠪᠣᠯᠭ᠋ᠠᠨ᠎ᠠ᠃ ᠬᠢᠨᠠᠨ ᠵᠢᠯᠣᠭᠣᠳᠬᠤ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠢᠨᠠᠨ ᠵᠢᠯᠣᠭᠣᠳᠬᠤ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ ᠵᠢ ᠲᠡᠭᠦᠯᠳᠡᠷᠵᠢᠭᠦᠯᠵᠦ᠂ ᠬᠢᠨᠠᠨ ᠵᠢᠯᠣᠭᠣᠳᠬᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢ ᠲᠦᠯᠬᠢᠨ ᠠᠬᠢᠭᠤᠯᠤᠨ᠎ᠠ᠃ ᠬᠢᠨᠠᠨ ᠬᠡᠮᠵᠢᠯᠲᠡ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠬᠢᠨᠠᠨ ᠬᠡᠮᠵᠢᠬᠦ ᠠᠵᠢᠯ᠎ᠢ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠪᠡᠶᠡᠯᠡᠭᠦᠯᠦᠨ᠎ᠡ᠃
     25. ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ 《ᠨᠢᠭᠡ ᠪᠦᠰᠡ ᠨᠢᠭᠡ ᠵᠠᠮ》 ᠪᠠ ᠳᠤᠮᠳᠠᠳᠤ᠂ ᠮᠣᠩᠭᠣᠯ᠂ ᠣᠷᠣᠰ᠎ᠤᠨ ᠠᠵᠤ ᠠᠬᠤᠶ ᠵᠢᠨ ᠬᠣᠩᠭᠢᠯ᠎ᠤᠨ ᠪᠥᠲᠥᠭᠡᠨ ᠪᠠᠶ᠋ᠢᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠱᠠᠩᠬᠠᠶ ᠪᠠ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ᠂ ᠪᠡᠭᠡᠵᠢᠩ ᠪᠠ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠎ᠠ᠂ ᠪᠠᠷᠠᠭᠤᠨ ᠬᠣᠶ᠋ᠢᠲᠤ ᠣᠷᠣᠨ᠎ᠤ 《ᠨᠢᠭᠡ ᠪᠦᠰᠡ ᠨᠢᠭᠡ ᠵᠠᠮ》᠎ᠤᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠰᠣᠯᠢᠯᠴᠠᠭ᠎ᠠ ᠵᠢ   ᠬᠠᠮᠵᠢᠨ ᠬᠥᠭᠵᠢᠭᠦᠯᠬᠦ ᠲᠣᠭᠲᠠᠴᠠ᠂ ᠵᠡᠭᠦᠨ ᠬᠣᠶ᠋ᠢᠲᠤ ᠵᠢᠨ ᠭᠤᠷᠪᠠᠨ ᠮᠤᠵᠢ ᠨᠢᠭᠡ ᠣᠷᠣᠨ᠎ᠤ 《ᠨᠢᠭᠡ ᠪᠦᠰᠡ ᠨᠢᠭᠡ ᠵᠠᠮ》᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠯᠪᠣᠭ᠎ᠠ ᠵᠢ ᠭᠦᠨᠵᠡᠭᠡᠶ᠋ᠢᠷᠡᠭᠦᠯᠬᠦ᠎ᠪᠠᠷ ᠳᠠᠮᠵᠢᠭᠤᠯᠤᠨ᠂ ᠰᠤᠷᠭ᠋ᠠᠨ ᠬᠥᠮᠦᠵᠢᠯ᠎ᠤᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠠᠮᠲᠤᠷᠠᠯᠴᠠᠭ᠋ᠠᠨ᠎ᠤ ᠰᠢᠨ᠎ᠡ ᠬᠦᠷᠢᠶ᠎ᠡ ᠵᠢ ᠯᠠᠪᠳᠠᠭᠤᠨ ᠵᠶ᠋ᠠᠷ ᠥᠷᠭᠡᠳᠬᠡᠨ᠎ᠡ᠃ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠦᠢ᠍ᠯᠡᠳᠪᠦᠷᠢᠯᠡᠬᠦ᠂ ᠵᠢᠭ᠋ᠠᠬᠤ᠂ ᠰᠤᠳᠤᠯᠬᠤ ᠬᠡᠷᠡᠭᠯᠡᠬᠦ ᠬᠠᠮᠲᠤᠷᠠᠯᠴᠠᠭ᠋ᠠᠨ᠎ᠤ ᠲᠠᠪᠴᠠᠩ᠎ᠢ ᠠᠰᠢᠭᠯᠠᠨ᠂ ᠤᠯᠠᠨ ᠤᠯᠤᠰ᠎ᠤᠨ ᠦᠢ᠍ᠯᠡᠳᠪᠦᠷᠢᠯᠡᠬᠦ᠂ ᠵᠢᠭ᠋ᠠᠬᠤ᠂ ᠰᠤᠳᠤᠯᠬᠤ᠂ ᠬᠡᠷᠡᠭᠯᠡᠬᠦ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠳᠤᠮᠳᠠᠳᠤ ᠭᠠᠳᠠᠭ᠋ᠠᠳᠤ ᠵᠢᠨ ᠵᠢᠯᠤᠭᠤᠳᠤᠭᠴᠢ ᠪᠠᠭᠰᠢ ᠵᠢᠨ ᠬᠠᠮᠲᠤᠷᠠᠨ ᠰᠤᠳᠤᠯᠬᠤ ᠰᠤᠷᠤᠭᠴᠢ ᠬᠥᠮᠦᠵᠢᠭᠦᠯᠬᠦ ᠠᠵᠢᠯ᠎ᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠳᠤ   ᠦᠢ᠍ᠯᠡᠴᠢᠯᠡᠵᠦ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠬᠥᠭᠥᠷᠭᠡᠨ᠎ᠤ ᠪᠡᠬᠢᠯᠡᠯᠲᠡ ᠵᠢ ᠪᠥᠲᠥᠭᠡᠨ ᠪᠠᠶ᠋ᠢᠭᠤᠯᠵᠤ᠂ 《ᠥᠪᠥᠷ ᠮᠣᠩᠭᠣᠯ᠎ᠳᠤ ᠰᠤᠷᠤᠯᠴᠠᠬᠤ》 ᠨᠠᠷᠠᠲᠤ ᠲᠡᠮᠳᠡᠭᠲᠦ ᠵᠢ ᠴᠢᠷᠮᠠᠶ᠋ᠢᠨ ᠪᠣᠶ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠦᠨ᠎ᠤ ᠲᠥᠰᠦᠯ᠎ᠤᠨ ᠬᠥᠮᠦᠵᠢᠭᠦᠯᠬᠦ ᠦᠷ᠎ᠡ ᠠᠰᠢᠭ᠎ᠢ ᠦᠨᠡᠯᠡᠬᠦ ᠪᠠ ᠴᠢᠨᠠᠷ ᠴᠢᠨᠰᠠᠭ᠎ᠠ ᠵᠢ ᠪᠠᠲᠤᠯᠠᠬᠤ ᠳᠣᠭᠲᠠᠯᠴᠠᠭ᠋ᠠᠨ᠎ᠤ ᠪᠠᠢ᠌ᠭᠤᠯᠤᠯᠲᠠ ᠵᠢ ᠬᠡᠷᠡᠭᠵᠢᠭᠦᠯᠵᠦ᠂ ᠤᠯᠤᠰ᠎ᠤᠨ ᠠᠯᠪᠠᠨ᠎ᠠᠴᠠ ᠲᠣᠮᠢᠯᠠᠵᠤ ᠭᠠᠳᠠᠭ᠋ᠠᠳᠤ᠎ᠳᠤ ᠰᠤᠷᠤᠯᠴᠠᠭᠤᠯᠬᠤ ᠠᠵᠢᠯ᠎ᠢ ᠪᠣᠳᠠᠲᠠᠶ᠋ᠢᠵᠢᠭᠤᠯᠤᠨ ᠨᠠᠷᠢᠯᠢᠭᠵᠢᠭᠤᠯᠤᠨ᠎ᠠ᠃ ᠭᠠᠳᠠᠭ᠋ᠠᠳᠤ ᠵᠢᠨ ᠪᠠᠭᠰᠢ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠰᠢᠶᠠᠩᠭ᠋ᠠᠩ᠂ ᠣᠣᠮᠧᠨ᠂ ᠲᠠᠶ᠋ᠢᠸᠠᠨ᠎ᠯᠤᠭ᠎ᠠ ᠵᠢᠨ ᠰᠤᠷᠭ᠋ᠠᠨ ᠬᠥᠮᠦᠵᠢᠯ᠎ᠤᠨ ᠬᠠᠮᠲᠤᠷᠠᠯᠴᠠᠭ᠎ᠠ ᠰᠣᠯᠢᠯᠴᠠᠭ᠎ᠠ ᠵᠢ ᠥᠷᠨᠢᠭᠦᠯᠦᠨ᠎ᠡ᠃ ᠰᠤᠷᠭ᠋ᠠᠨ ᠬᠥᠮᠦᠵᠢᠯ᠎ᠤᠨ ᠲᠢᠩᠬᠢᠮ ᠪᠠ ᠬᠥᠬᠡᠬᠣᠲᠠ ᠬᠠᠮᠲᠤᠷᠠᠨ ᠪᠠᠶ᠋ᠢᠭᠤᠯᠬᠤ ᠠᠵᠢᠯ᠎ᠢ ᠭᠦᠨᠵᠡᠭᠡᠶ᠋ᠢᠷᠡᠭᠦᠯᠵᠦ᠂ ᠬᠥᠬᠡᠬᠣᠲᠠ ᠵᠢ 《ᠰᠤᠷᠤᠯᠴᠠᠬᠤ᠎ᠳᠤ ᠲᠠᠭ᠋ᠠᠯᠠᠮᠵᠢᠲᠠᠢ ᠬᠣᠲᠠ》 ᠪᠣᠯᠭ᠋ᠠᠨ ᠪᠠᠶ᠋ᠢᠭᠤᠯᠬᠤ ᠵᠢ ᠳᠡᠮᠵᠢᠵᠦ᠂ ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃
     

      ᠵᠢᠷᠭᠤᠭ᠎ᠠ᠂ ᠪᠠᠲᠤᠯᠠᠭ᠋ᠠᠨ᠎ᠤ   ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠶ᠎ᠡ

      ᠵᠣᠬᠢᠴᠠᠯᠲᠤ ᠠᠮᠤᠷ ᠲᠣᠭᠲᠠᠭᠤᠨ ᠰᠤᠷᠭ᠋ᠠᠨ ᠬᠥᠮᠦᠵᠢᠯ᠎ᠤᠨ ᠬᠥᠭᠵᠢᠯᠲᠡ᠎ᠶᠢᠨ ᠪᠠᠶ᠋ᠢᠳᠠᠯ᠎ᠢ ᠪᠥᠬᠥ ᠲᠠᠯ᠎ᠠ

     ᠎ᠪᠠᠷ ᠪᠠᠢ᠌ᠭᠤᠯᠤᠨ᠎ᠠ


     26. ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠪᠠᠭᠰᠢ ᠵᠢᠨ ᠦᠵᠡᠯ ᠰᠠᠨᠠᠭ᠎ᠠ ᠤᠯᠤᠰ ᠲᠦᠷᠦ ᠪᠠ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠪᠠᠶ᠋ᠢᠭᠤᠯᠤᠯᠲᠠ ᠵᠢᠨ ᠲᠤᠰᠬᠠᠢ ᠠᠵᠢᠯ᠎ᠢ ᠠᠬᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠲᠥᠯᠦᠪᠦᠷᠢᠲᠡᠢ᠎ᠪᠠᠷ ᠬᠢᠴᠢᠶᠡᠯ ᠨᠥᠬᠥᠬᠦ ᠵᠢ ᠳᠤᠰᠬᠠᠢ᠌ᠯᠠᠨ ᠴᠡᠭᠴᠡᠯᠡᠨ ᠵᠠᠰᠠᠬᠤ ᠵᠢ ᠦᠷᠭᠦᠯᠵᠢᠯᠡᠨ ᠥᠷᠨᠢᠭᠦᠯᠵᠦ᠂ ᠪᠠᠭᠰᠢ ᠵᠢᠨ ᠪᠠᠶᠠᠷ᠎ᠢ ᠪᠡᠯᠭᠡᠯᠡᠬᠦ ᠠᠵᠢᠯᠯᠠᠭ᠎ᠠ ᠪᠠ ᠡᠯ᠎ᠡ ᠲᠦᠷᠦᠯ᠎ᠤᠨ ᠲᠤᠰᠬᠠᠢ ᠲᠦᠷᠦᠯ᠎ᠤᠨ ᠬᠥᠬᠢᠭᠦᠯᠦᠨ ᠰᠠᠶ᠋ᠢᠰᠢᠶᠠᠵᠤ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠵᠦ᠂ ᠪᠠᠭᠰᠢ ᠵᠢᠨ ᠨᠡᠶ᠋ᠢᠲᠡᠯᠢᠭ ᠵᠢᠱ᠌ᠢᠶ᠎ᠡ ᠵᠢ ᠰᠣᠩᠭᠣᠨ ᠤᠬᠠᠭᠤᠯᠤᠨ᠎ᠠ᠃ ᠪᠠᠭᠰᠢ ᠵᠢᠨ ᠦᠵᠡᠯ ᠰᠠᠨᠠᠭ᠎ᠠ ᠤᠯᠤᠰ ᠲᠦᠷᠦ ᠪᠠ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠬᠢᠨᠠᠨ ᠪᠠᠶ᠋ᠢᠴᠠᠭ᠋ᠠᠬᠤ ᠵᠢ ᠥᠷᠨᠢᠭᠦᠯᠵᠦ᠂ ᠪᠠᠭᠰᠢ ᠵᠢᠨ ᠮᠣᠷᠠᠯ᠎ᠤᠨ ᠵᠢᠷᠤᠮᠵᠢᠯ ᠵᠶ᠋ᠠᠨ ᠠᠯᠳᠠᠭᠰᠠᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠨ᠎ᠡ᠃ ᠪᠠᠭᠰᠢ ᠵᠢᠨ ᠡᠩᠨᠡᠭᠡᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢ 〈ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ〉 ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠰᠠᠨᠠᠯ》᠂ 《ᠰᠢᠨ᠎ᠡ ᠴᠠᠭ ᠦᠶ᠎ᠡ ᠵᠢᠨ ᠬᠥᠳᠡᠭᠡ ᠲᠣᠰᠬᠣᠨ᠎ᠤ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠂ 《ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠂ 《ᠰᠢᠨ᠎ᠡ ᠴᠠᠭ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 〈ᠬᠤᠤᠰ ᠬᠢᠷᠢ ᠬᠡᠮᠲᠦ〉 ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ》᠂ 《ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 〈ᠬᠤᠤᠰ ᠬᠢᠷᠢ ᠬᠡᠮᠲᠦ〉 ᠪᠠᠭᠰᠢ ᠵᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》᠎ᠢ ᠰᠤᠳᠤᠯᠤᠨ ᠳᠣᠭᠲᠠᠭ᠋ᠠᠨ᠎ᠠ᠃ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠶ ᠲᠣᠭ᠋ᠠᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠦ᠂ ᠳᠡᠭᠡᠳᠦ ᠰᠤᠷᠭ᠋ᠠᠭᠤᠯᠢ ᠵᠢᠨ ᠣᠷᠣᠨ ᠲᠣᠭ᠋ᠠᠨ᠎ᠤ ᠶᠡᠷᠦᠩᠬᠡᠢ ᠬᠡᠮᠵᠢᠶ᠎ᠡ ᠵᠢ ᠬᠠᠮᠢᠶᠠᠷᠬᠤ ᠪᠠ ᠥᠭᠡᠷᠡᠴᠢᠯᠡᠬᠦ ᠳᠤᠷᠰᠢᠯᠲᠠ ᠵᠢᠨ ᠴᠡᠭ᠎ᠤᠨ ᠠᠵᠢᠯ᠎ᠢ ᠪᠥᠬᠦᠢ ᠲᠠᠯ᠎ᠠ᠎ᠪᠠᠷ ᠡᠬᠢᠯᠡᠭᠦᠯᠵᠦ᠂ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ ᠢᠯᠡ᠎ᠪᠠᠷ ᠤᠷᠢᠬᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠠᠬᠢᠭᠤᠯᠵᠤ᠂ ᠠᠶ᠋ᠢᠮᠠᠭ ᠬᠣᠲᠠ ᠵᠢ ᠵᠢᠯᠣᠭᠣᠳᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ ᠤᠷᠢᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠤᠷᠢᠬᠤ   ᠳᠠᠷᠠᠭ᠋ᠠᠯᠠᠯ᠎ᠢ ᠵᠢᠷᠤᠮᠵᠢᠭᠤᠯᠤᠨ᠂ ᠰᠤᠷᠭ᠋ᠠᠭᠤᠯᠢ ᠵᠢᠨ ᠡᠵᠡᠨ ᠮᠡᠳᠡᠬᠦ ᠡᠷᠬᠡ ᠵᠢ ᠥᠷᠭᠡᠳᠬᠡᠨ᠎ᠡ᠃ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠮᠡᠷᠭᠡᠵᠢᠯ᠎ᠤᠨ ᠴᠣᠯᠠ ᠵᠢᠨ ᠲᠦᠷᠢᠮ᠎ᠤᠨ ᠥᠭᠡᠷᠡᠴᠢᠯᠡᠯᠲᠡ ᠵᠢ ᠠᠬᠢᠭᠤᠯᠵᠤ᠂ ᠳᠡᠭᠡᠳᠦ ᠰᠤᠷᠭ᠋ᠠᠭᠤᠯᠢ ᠵᠢ ᠵᠢᠭ᠋ᠠᠨ ᠵᠢᠯᠣᠭᠣᠳᠴᠤ ᠪᠠᠭᠰᠢ ᠵᠢᠨ ᠮᠡᠷᠭᠡᠵᠢᠯ᠎ᠤᠨ ᠴᠣᠯᠠ ᠵᠢ ᠦᠨᠡᠯᠡᠬᠦ ᠠᠷᠭ᠎ᠠ ᠵᠢ ᠲᠣᠭᠲᠠᠭ᠋ᠠᠨ ᠲᠡᠭᠦᠯᠳᠡᠷᠵᠢᠭᠦᠯᠦᠨ᠎ᠡ᠃ ᠬᠣᠶᠠᠳᠤᠭ᠋ᠠᠷ ᠪᠦᠯᠦᠭ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠲᠥᠷᠥᠯ᠎ᠤᠨ ᠲᠤᠰᠬᠠᠶ ᠮᠡᠷᠭᠡᠵᠢᠯ᠎ᠤᠨ ᠭᠡᠷᠡᠴᠢᠯᠡᠭᠡ ᠵᠢ ᠥᠷᠨᠢᠭᠦᠯᠦᠨ᠎ᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠬᠡᠮ᠎ᠢ ᠲᠣᠭᠲᠠᠮᠠᠯ ᠬᠤᠭᠤᠴᠠᠭ᠋ᠠᠲᠠᠢ᠎ᠪᠠᠷ ᠳᠠᠩᠰᠠᠯᠠᠭᠤᠯᠬᠤ ᠥᠭᠡᠷᠡᠴᠢᠯᠡᠯᠲᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ》 ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠭᠦᠨᠵᠡᠭᠡᠶ ᠲᠦᠯᠬᠢᠨ ᠠᠬᠢᠭᠤᠯᠵᠤ᠂ ᠪᠠᠭᠰᠢ ᠪᠠ ᠰᠤᠷᠭ᠋ᠠᠭᠤᠯᠢ ᠵᠢᠨ ᠵᠠᠬᠢᠷᠤᠯ᠎ᠢ ᠰᠣᠯᠢᠯᠴᠠᠭᠤᠯᠵᠤ ᠠᠵᠢᠯ᠎ᠤᠨ ᠪᠠᠶ᠋ᠢᠷᠢ ᠡᠭᠡᠯᠵᠢᠯᠡᠭᠦᠯᠬᠦ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ 《ᠤᠯᠤᠰ᠎ᠤᠨ ᠪᠣᠯᠪᠠᠰᠤᠷᠠᠭᠤᠯᠤᠯ᠎ᠤᠨ ᠲᠥᠯᠥᠪᠯᠡᠭᠡ》᠂ 《ᠣᠷᠣᠨ᠎ᠤ ᠪᠣᠯᠪᠠᠰᠤᠷᠠᠭᠤᠯᠤᠯ᠎ᠤᠨ ᠲᠥᠯᠥᠪᠯᠡᠭᠡ》 ᠵᠢᠴᠢ 《ᠰᠢᠯᠭ᠋ᠠᠷᠠᠭᠰᠠᠨ ᠪᠠᠭᠰᠢ》᠂ 《ᠵᠠᠮᠴᠢᠯᠠᠭᠴᠢ ᠵᠠᠬᠢᠷᠤᠯ》᠎ᠢ ᠬᠥᠮᠦᠵᠢᠭᠦᠯᠬᠦ ᠲᠥᠯᠥᠪᠯᠡᠭᠡ ᠪᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠵᠢᠭ᠋ᠠᠬᠤ ᠵᠢ ᠰᠤᠳᠤᠯᠤᠭᠴᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠪᠠᠭᠰᠢ ᠵᠢᠨ ᠡᠩᠨᠡᠭᠡ ᠵᠢ ᠪᠠᠲᠤᠯᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠨ᠎ᠠ᠃
     27. ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠴᠢᠯᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ ᠲᠠᠰ ᠳᠡᠪᠰᠢᠭᠦᠯᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠬᠥᠭᠵᠢᠯᠲᠡ ᠵᠢ ᠳᠥᠯᠭᠢᠨ ᠠᠬᠢᠭᠤᠯᠬᠤ ᠵᠢ ᠬᠡᠷᠡᠭᠵᠢᠭᠦᠯᠬᠦ ᠲᠥᠰᠦᠯ᠎ᠢ ᠰᠤᠳᠤᠯᠤᠨ ᠳᠣᠭᠲᠠᠭ᠋ᠠᠵᠤ᠂ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠲᠣᠮᠣ ᠲᠠᠪᠴᠠᠩ᠎ᠢ ᠪᠠᠶ᠋ᠢᠭᠤᠯᠤᠨ᠂ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠵᠢᠱ᠌ᠢᠶ᠎ᠡ ᠦᠵᠡᠭᠦᠯᠵᠦ ᠬᠥᠲᠥᠯᠦᠨ ᠳᠠᠭ᠋ᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠵᠢᠱ᠌ᠢᠶ᠎ᠡ ᠦᠵᠡᠭᠦᠯᠬᠦ ᠠᠶ᠋ᠢᠮᠠᠭ ᠬᠣᠲᠠ 2 ᠣᠷᠴᠢᠮ᠂ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠵᠢᠱ᠌ᠢᠶ᠎ᠡ ᠦᠵᠡᠭᠦᠯᠬᠦ ᠬᠣᠰᠢᠭᠤ ᠰᠢᠶᠠᠨ ᠲᠣᠭᠣᠷᠢᠭ 10 ᠣᠷᠴᠢᠮ᠂ 《ᠢᠨᠲ᠋ᠧᠷ ᠰᠦᠯᠵᠢᠶ᠎ᠡ + ᠰᠤᠷᠭ᠋ᠠᠨ ᠬᠥᠮᠦᠵᠢᠯ》᠎ᠤᠨ ᠵᠢᠱ᠌ᠢᠶ᠎ᠡ ᠦᠵᠡᠭᠦᠯᠬᠦ ᠰᠤᠷᠭ᠋ᠠᠭᠤᠯᠢ ᠵᠢ 30 ᠣᠷᠴᠢᠮ ᠭᠣᠣᠯᠳᠠᠯᠭ᠋ᠠᠲᠠᠢ ᠪᠥᠲᠥᠭᠡᠨ ᠪᠠᠶ᠋ᠢᠭᠤᠯᠤᠨ᠎ᠠ᠃ ᠮᠡᠳᠡᠭᠡ   ᠵᠠᠩᠭᠢᠴᠢᠯᠠᠠᠯᠲᠠ ᠵᠢᠨ ᠠᠷᠭ᠎ᠠ ᠪᠠᠷᠢᠯ᠎ᠢ ᠠᠰᠢᠭᠯᠠᠨ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ 《ᠭᠤᠷᠪᠠᠨ ᠬᠢᠴᠢᠶᠡᠯ᠎ᠤᠨ ᠲᠠᠩᠬᠢᠮ》᠎ᠢ ᠳᠤᠮᠳᠠᠳᠤ ᠪᠠᠭ᠎ᠠ ᠰᠤᠷᠭ᠋ᠠᠭᠤᠯᠢ (ᠵᠢᠭ᠋ᠠᠨ ᠰᠤᠷᠭ᠋ᠠᠯᠲᠠ ᠵᠢᠨ ᠴᠡᠭ᠎ᠢ ᠪᠠᠭᠲᠠᠭ᠋ᠠᠨ᠎ᠠ)᠎ᠳᠤ ᠪᠠᠶ᠋ᠢᠩᠭᠤᠵᠢᠭᠤᠯᠤᠨ ᠬᠡᠷᠡᠭᠴᠡᠭᠡ ᠶᠣᠰᠤ᠎ᠪᠠᠷ ᠬᠡᠷᠡᠭᠯᠡᠬᠦ ᠵᠢ ᠪᠡᠶᠡᠯᠡᠭᠦᠯᠦᠨ᠎ᠡ᠃ ᠰᠠᠭᠤᠷᠢ ᠰᠤᠷᠭ᠋ᠠᠨ ᠬᠥᠮᠦᠵᠢᠯ᠎ᠤᠨ ᠡᠯ᠎ᠡ ᠬᠢᠴᠢᠶᠡᠯ ᠲᠥᠷᠦᠯ᠎ᠢ ᠬᠠᠮᠤᠷᠤᠭᠰᠠᠨ ᠬᠢᠴᠢᠶᠡᠯ᠎ᠤᠨ ᠡᠬᠢ ᠪᠠᠶᠠᠯᠢᠭ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠢᠵᠢᠯ ᠲᠠᠪᠲᠠᠮᠵᠢᠲᠤ ᠬᠢᠴᠢᠶᠡᠯ᠎ᠤᠨ ᠲᠣᠭ᠋ᠠᠵᠢᠭᠰᠠᠨ ᠡᠬᠢ ᠪᠠᠶᠠᠯᠢᠭ᠎ᠢ ᠪᠠᠶᠠᠯᠢᠭᠵᠢᠭᠤᠯᠵᠤ᠂ ᠰᠠᠭᠤᠷᠢ ᠰᠤᠷᠭ᠋ᠠᠨ ᠬᠥᠮᠦᠵᠢᠯ᠎ᠤᠨ ᠰᠢᠯᠢᠳᠡᠭ ᠬᠢᠴᠢᠶᠡᠯ᠎ᠢ 2000 ᠣᠷᠴᠢᠮ ᠰᠢᠩᠭᠡᠭᠡᠨ ᠦᠢ᠍ᠯᠡᠳᠦᠨ᠎ᠡ᠃ ᠰᠠᠭᠤᠷᠢ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠦᠯᠵᠢᠶᠡᠨ᠎ᠳᠠᠬᠢ ᠰᠣᠳᠣᠨ ᠬᠢᠴᠢᠶᠡᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠰᠤᠷᠭ᠋ᠠᠨ ᠬᠥᠮᠦᠵᠢᠯ᠎ᠤᠨ ᠵᠠᠰᠠᠯᠲᠠ ᠵᠢ ᠲᠣᠭ᠋ᠠᠵᠢᠭᠰᠠᠨ ᠬᠡᠯᠪᠡᠷᠢ᠎ᠳᠤ ᠬᠤᠪᠢᠷᠠᠭᠤᠯᠬᠤ ᠵᠢ ᠲᠦᠷᠭᠡᠳᠬᠡᠵᠦ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ᠂ ᠲᠣᠭ᠎ᠠ ᠪᠠᠷᠢᠮᠲᠠ ᠵᠢ ᠵᠠᠰᠠᠬᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠬᠤ ᠴᠢᠳᠠᠪᠤᠷᠢ ᠵᠢ ᠳᠡᠭᠡᠭᠰᠢᠯᠡᠭᠦᠯᠵᠦ᠂ ᠰᠦᠯᠵᠢᠶᠡᠨ᠎ᠳᠤ ᠠᠵᠢᠯ ᠶᠠᠪᠤᠳᠠᠯ᠎ᠢ ᠭᠦᠢ᠍ᠴᠡᠳᠭᠡᠬᠦ ᠬᠠᠷᠢᠴᠠᠯ᠎ᠢ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠵᠠᠰᠠᠭ᠎ᠤᠨ ᠶᠠᠪᠤᠳᠠᠯ᠎ᠤᠨ ᠥᠨᠳᠥᠷ ᠲᠠᠪᠳᠠᠮᠵᠢᠳᠤ ᠦᠢ᠍ᠯᠡᠴᠢᠯᠡᠭᠡᠨ᠎ᠤ ᠵᠦᠢ᠍ᠯ᠎ᠢ 《ᠨᠢᠭᠡ ᠰᠦᠯᠵᠢᠶ᠎ᠡ᠎ᠪᠠᠷ ᠭᠦᠢ᠍ᠴᠡᠳᠭᠡᠬᠦ᠂ ᠠᠯᠠᠭ᠋ᠠᠨ ᠳᠡᠭᠡᠷ᠎ᠡ ᠭᠦᠢ᠍ᠴᠡᠳᠭᠡᠬᠦ》 ᠵᠢ ᠪᠡᠶᠡᠯᠡᠭᠦᠯᠵᠦ᠂ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ     ᠠᠬᠢᠭᠤᠯᠤᠨ᠎ᠠ᠃
     28. ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠰᠤᠷᠭ᠋ᠠᠨ ᠬᠥᠮᠦᠵᠢᠯ᠎ᠤᠨ ᠪᠡᠯᠡ ᠣᠷᠣᠭᠤᠯᠤᠯᠲᠠ ᠵᠢ ᠦᠷᠭᠦᠯᠵᠢᠯᠡᠨ ᠨᠡᠮᠡᠭᠳᠡᠭᠦᠯᠵᠦ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠪᠡᠯᠡ ᠣᠷᠣᠭᠤᠯᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠰᠢᠪᠠᠳᠠᠭᠤᠯᠵᠤ᠂ ᠰᠤᠷᠭ᠋ᠠᠨ ᠬᠥᠮᠦᠵᠢᠯ᠎ᠤᠨ ᠵᠠᠷᠤᠳᠠᠯ᠎ᠤᠨ 《ᠬᠣᠶᠠᠷ᠎ᠢ ᠨᠡᠮᠡᠭᠳᠡᠭᠦᠯᠬᠦ᠎ᠠᠴᠠ ᠪᠢᠰᠢ ᠬᠠᠰᠤᠬᠤ ᠥᠬᠡᠶ》 ᠵᠢ ᠦᠨᠡᠨ ᠬᠦ᠌ ᠪᠠᠲᠤᠯᠠᠨ᠎ᠠ᠃ ᠳᠡᠭᠡᠳᠦ ᠰᠤᠷᠭ᠋ᠠᠭᠤᠯᠢ ᠵᠢᠨ ᠲᠥᠰᠦᠪ᠎ᠠᠴᠠ ᠵᠣᠭᠣᠰ ᠰᠠᠯᠭ᠋ᠠᠨ ᠥᠭᠬᠦ ᠲᠦᠷᠢᠮ᠎ᠢ ᠰᠤᠳᠤᠯᠤᠨ ᠲᠡᠭᠦᠯᠳᠡᠷᠵᠢᠭᠦᠯᠵᠦ᠂ ᠳᠡᠭᠡᠳᠦ ᠰᠤᠷᠭ᠋ᠠᠭᠤᠯᠢ ᠵᠢᠨ ᠥᠷᠢ ᠥᠭᠴᠡᠭᠡ᠎ᠪᠠᠨ ᠠᠷᠢᠯᠭ᠋ᠠᠬᠤ ᠵᠢ ᠢᠳᠡᠪᠬᠢᠲᠡᠶ ᠲᠦᠯᠬᠢᠨ ᠠᠬᠢᠭᠤᠯᠤᠨ᠎ᠠ᠃ ᠨᠡᠶ᠋ᠢᠭᠡᠮ᠎ᠤᠨ ᠪᠡᠯᠡ ᠣᠷᠣᠭᠤᠯᠤᠯᠲᠠ ᠵᠢ ᠥᠷᠭᠡᠳᠬᠡᠵᠦ᠂ ᠡᠯ᠎ᠡ ᠭᠠᠵᠠᠷ᠎ᠤᠨ᠎ᠬᠢᠨ᠎ᠢ ᠵᠢᠭ᠋ᠠᠨ ᠵᠢᠯᠣᠭᠣᠳᠴᠤ ᠬᠡᠦᠬᠡᠳ᠎ᠤᠨ ᠴᠡᠴᠡᠷᠯᠢᠭ᠎ᠤᠨ ᠠᠰᠠᠷᠠᠨ ᠬᠥᠮᠦᠵᠢᠭᠦᠯᠬᠦ ᠵᠠᠷᠤᠳᠠᠯ᠎ᠤᠨ ᠪᠠᠷᠢᠮᠵᠢᠶ᠎ᠠ ᠵᠢ ᠳᠠᠷᠤᠢ᠌ᠬᠠᠨ ᠵᠣᠬᠢᠰᠲᠠᠢ ᠲᠣᠬᠢᠷᠠᠭᠤᠯᠵᠤ᠂ ᠳᠡᠭᠡᠳᠦ ᠰᠤᠷᠭ᠋ᠠᠭᠤᠯᠢ ᠵᠢᠨ ᠰᠤᠷᠤᠯᠭ᠎ᠠ ᠵᠢᠨ ᠰᠦᠢ᠍ᠳᠬᠡᠯ᠎ᠤᠨ ᠪᠠᠷᠢᠮᠵᠢᠶ᠎ᠠ ᠵᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ ᠭᠣᠣᠯᠳᠠᠯᠭ᠋ᠠᠲᠠᠢ ᠲᠤᠰᠬᠠᠶ ᠵᠦᠢ᠍ᠯ᠎ᠤᠨ ᠪᠡᠯᠡ ᠮᠥᠩᠭᠦᠨ᠎ᠤ ᠲᠥᠰᠦᠯ᠎ᠤᠨ ᠬᠥᠮᠥᠷᠭᠡ ᠵᠢ ᠪᠠᠶ᠋ᠢᠭᠤᠯᠵᠤ᠂ ᠲᠥᠰᠦᠪ᠎ᠢ ᠨᠠᠶ᠋ᠢᠷᠠᠭᠤᠯᠤᠨ ᠵᠣᠬᠢᠶᠠᠬᠤ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠎ᠢ ᠴᠢᠩᠭ᠋ᠠᠷᠠᠭᠤᠯᠤᠨ᠎ᠠ᠃ ᠬᠣᠯᠪᠤᠭᠳᠠᠬᠤ ᠲᠤᠰᠬᠠᠶ ᠵᠦᠢ᠍ᠯ᠎ᠤᠨ ᠪᠡᠯᠡ ᠮᠥᠩᠭᠦᠨ᠎ᠤ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠤᠨ ᠲᠣᠭᠲᠠᠭ᠋ᠠᠵᠤ᠂ ᠵᠠᠷᠤᠳᠠᠯ᠎ᠢ ᠬᠤᠪᠢᠶᠠᠷᠢᠯᠠᠨ ᠬᠡᠷᠡᠭᠯᠡᠬᠦ ᠬᠠᠮᠢᠶᠠᠷᠤᠯᠲᠠ ᠵᠢ ᠳᠦᠷᠢᠮᠵᠢᠭᠦᠯᠦᠨ᠎ᠡ᠃ ᠰᠤᠷᠤᠭᠴᠢᠳ᠎ᠢ ᠲᠡᠳᠬᠦᠨ ᠲᠤᠰᠠᠯᠠᠬᠤ ᠲᠦᠷᠦ ᠵᠢᠨ ᠪᠤᠳᠤᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ᠂ ᠰᠤᠷᠤᠭᠴᠢᠳ᠎ᠢ ᠲᠡᠳᠬᠦᠨ ᠲᠤᠰᠠᠯᠠᠬᠤ ᠪᠡᠯᠡ ᠮᠥᠩᠭᠦᠨ᠎ᠤ ᠬᠠᠮᠢᠶᠠᠷᠤᠯᠲᠠ ᠵᠢ ᠳᠦᠷᠢᠮᠵᠢᠭᠦᠯᠦᠨ ᠴᠢᠩᠭ᠋ᠠᠳᠬᠠᠨ᠎ᠠ᠃ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠲᠥᠪ᠎ᠠᠴᠠ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠳᠤ ᠰᠢᠯᠵᠢᠭᠦᠯᠦᠨ ᠥᠭᠬᠦ ᠪᠠᠯᠠ ᠮᠥᠩᠭᠦᠨ᠎ᠤ ᠬᠠᠮᠢᠶᠠᠷᠤᠯᠲᠠ ᠵᠢᠨ ᠲᠠᠪᠴᠠᠩ᠎ᠢ ᠰᠠᠶ᠋ᠢᠲᠤᠷ ᠬᠡᠷᠡᠭᠯᠡᠵᠦ᠂ ᠡᠳᠦᠷ ᠲᠤᠲᠤᠮ᠎ᠤᠨ ᠬᠢᠨᠠᠨ ᠬᠡᠮᠵᠢᠵᠦ ᠳᠣᠭᠢᠷᠠᠭᠤᠯᠬᠤ ᠵᠢ ᠴᠢᠩᠭ᠋ᠠᠳᠬᠠᠵᠤ᠂ ᠴᠡᠭᠴᠡᠯᠡᠨ ᠥᠭᠡᠷᠡᠴᠢᠯᠡᠬᠦ ᠵᠠᠷᠤᠳᠠᠯ᠎ᠤᠨ ᠬᠡᠷᠡᠭᠯᠡᠯᠲᠡ ᠪᠠ ᠬᠠᠮᠢᠶᠠᠷᠤᠯᠲᠠ ᠵᠢᠨ ᠠᠰᠠᠭᠤᠳᠠᠯ᠎ᠢ ᠳᠠᠷᠤᠢ᠎ᠳᠤ᠎ᠨᠢ ᠨᠡᠪᠲᠡᠷᠡᠭᠦᠯᠦᠨ᠎ᠡ᠃ ᠭᠣᠣᠯᠳᠠᠯᠭ᠋ᠠᠲᠠᠢ ᠲᠤᠰᠬᠠᠶ ᠵᠦᠢ᠍ᠯ᠎ᠤᠨ ᠪᠠᠯᠠ ᠮᠥᠩᠭᠦᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠲᠥᠯᠥᠪᠯᠡᠭᠡ ᠶᠣᠰᠤ᠎ᠪᠠᠷ ᠥᠷᠨᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠳᠣᠲᠣᠭ᠋ᠠᠳᠤ ᠵᠢᠨ ᠬᠢᠨᠠᠨ ᠪᠤᠳᠤᠬᠤ ᠠᠵᠢᠯ᠎ᠤᠨ ᠲᠣᠭᠲᠠᠭ᠋ᠠᠯ》᠎ᠳᠤ ᠵᠠᠰᠠᠪᠤᠷᠢ ᠣᠷᠣᠭᠤᠯᠵᠤ᠂ ᠡᠳ᠋᠎ᠤᠨ ᠶᠠᠪᠤᠳᠠᠯ᠎ᠤᠨ ᠠᠮᠤᠷ ᠲᠦᠪᠰᠢᠨ᠎ᠤ   ᠬᠣᠷᠢᠭ᠎ᠠ ᠱᠤᠭᠤᠮ᠎ᠢ ᠪᠠᠲᠤ ᠰᠠᠬᠢᠨ᠎ᠠ᠃
      29. ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠠᠮᠤᠷ ᠲᠣᠭᠲᠠᠭᠤᠨ᠎ᠢ ᠬᠠᠮᠠᠭ᠋ᠠᠯᠠᠨ᠎ᠠ᠃ ᠶᠡᠷᠦᠩᠬᠡᠶ ᠴᠣᠭᠴᠠᠲᠤ ᠤᠯᠤᠰ᠎ᠤᠨ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠤᠨ᠂ ᠲᠣᠮᠤ ᠠᠮᠤᠷ ᠲᠦᠪᠰᠢᠨ᠎ᠤ ᠣᠨᠣᠯᠵᠢᠬᠤᠨ᠎ᠢ ᠪᠣᠶ ᠪᠣᠯᠭ᠋ᠠᠵᠤ᠂ ᠲᠣᠮᠣ ᠠᠮᠤᠷ ᠲᠦᠪᠰᠢᠨ᠎ᠤ ᠪᠠᠢ᠌ᠷᠢᠰᠢᠯᠠᠭᠤᠯᠤᠯᠲᠠ᠎ᠢ ᠪᠠᠶ᠋ᠢᠭᠤᠯᠤᠨ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠭᠤᠷᠪᠠᠨ ᠱᠠᠲᠤᠨ᠎ᠤ ᠬᠣᠯᠪᠤᠭ᠋ᠠᠲᠤ ᠬᠤᠷᠠᠯ᠎ᠤᠨ ᠲᠣᠭᠲᠠᠴᠠ ᠵᠢ ᠪᠥᠷᠢᠨ ᠲᠡᠭᠦᠯᠳᠡᠷᠵᠢᠭᠦᠯᠵᠦ᠂ ᠬᠥᠨᠳᠡᠯᠡᠨ ᠵᠶ᠋ᠠᠷ ᠬᠣᠯᠪᠣᠭ᠋ᠠᠯᠠᠨ ᠬᠥᠳᠡᠯᠦᠯᠴᠡᠵᠦ᠂ ᠭᠤᠯᠳᠤ᠎ᠪᠠᠷ ᠨᠡᠪᠲᠡᠷᠡᠭᠰᠡᠨ ᠠᠮᠤᠷ ᠲᠦᠪᠰᠢᠨ᠎ᠤ ᠠᠵᠢᠯ᠎ᠤᠨ ᠲᠤᠤᠷ᠎ᠢ ᠨᠢᠭᠲᠠ ᠰᠦᠯᠵᠢᠨ᠎ᠡ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠠᠶ᠋ᠢᠭᠤᠯᠤᠯᠲᠠ ᠵᠢᠨ ᠴᠢᠨᠠᠷ ᠴᠢᠨᠰᠠᠭ᠎ᠠ ᠵᠢ ᠶᠡᠬᠡ᠎ᠪᠠᠷ ᠳᠡᠭᠡᠭᠰᠢᠯᠡᠭᠦᠯᠵᠦ᠂ ᠰᠤᠷᠤᠭᠴᠢᠳ᠎ᠤᠨ ᠰᠡᠳᠬᠢᠴᠡ ᠵᠢᠨ ᠡᠷᠡᠭᠦᠯ ᠮᠡᠨᠳᠦ ᠪᠠ ᠬᠠᠮᠢᠶᠠᠷᠤᠯᠲᠠ ᠵᠢ ᠴᠢᠩᠭ᠎ᠠ ᠠᠳᠬᠤᠨ᠂ ᠵᠠᠮ ᠬᠠᠷᠢᠯᠴᠠᠭ᠎ᠠ᠂ ᠭᠠᠯ᠎ᠢ ᠰᠡᠷᠭᠡᠢ᠌ᠯᠡᠬᠦ᠂ ᠡᠷᠡᠭᠦᠯ ᠬᠠᠮᠠᠭ᠋ᠠᠯᠠᠯ ᠬᠢᠵᠢᠭ᠎ᠢ ᠰᠡᠷᠭᠡᠶ᠋ᠢᠯᠡᠬᠦ᠂ ᠰᠤᠷᠭ᠋ᠠᠭᠤᠯᠢ ᠵᠢᠨ ᠬᠦᠷᠢᠶᠡᠨ᠎ᠤ ᠢᠳᠡᠭᠡᠨ᠎ᠤ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ ᠵᠡᠷᠭᠡ ᠡᠳᠦᠷ ᠲᠤᠲᠤᠮ᠎ᠤᠨ ᠠᠵᠢᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ 《ᠰᠤᠷᠭ᠋ᠠᠭᠤᠯᠢ ᠵᠢ ᠬᠠᠮᠠᠭ᠋ᠠᠯᠠᠨ ᠬᠡᠦᠬᠡᠳ᠎ᠤᠨ ᠴᠡᠴᠡᠷᠯᠢᠭ᠎ᠢ ᠠᠮᠤᠷᠵᠢᠭᠤᠯᠬᠤ》᠂ 《ᠰᠤᠷᠤᠭᠴᠢᠳ᠎ᠢ ᠳᠣᠷᠣᠮᠵᠢᠯᠠᠬᠤ ᠵᠢ ᠰᠡᠷᠭᠡᠶ᠋ᠢᠯᠡᠨ ᠵᠠᠰᠠᠬᠤ》 ᠵᠡᠷᠭᠡ ᠲᠤᠰᠬᠠᠶ ᠠᠵᠢᠯ᠎ᠢ ᠴᠢᠩᠭ᠎ᠠ ᠠᠳᠬᠤᠵᠤ᠂ ᠪᠡᠯᠭᠡ ᠵᠢᠨ ᠬᠠᠯᠳᠠᠯᠭ᠎ᠠ ᠵᠢ ᠰᠡᠷᠭᠡᠶ᠋ᠢᠯᠡᠬᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠢ ᠭᠦᠨᠵᠡᠭᠡᠶ ᠥᠷᠨᠢᠭᠦᠯᠦᠨ᠎ᠡ᠃ ᠰᠢᠨ᠎ᠡ ᠳᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠪᠠᠶ᠋ᠢᠩᠭᠤᠵᠢᠭᠤᠯᠤᠨ ᠰᠡᠷᠭᠡᠶ᠋ᠢᠯᠡᠨ ᠡᠵᠡᠮᠳᠡᠬᠦ ᠠᠵᠢᠯ᠎ᠢ ᠡᠷᠡᠰ ᠴᠢᠩᠭ᠎ᠠ᠂ ᠰᠢᠨᠵᠢᠯᠡᠬᠦ ᠤᠬᠠᠭ᠋ᠠᠨᠴᠢ᠂ ᠨᠠᠷᠢᠯᠢᠭ ᠣᠨᠣᠴᠠᠲᠠᠶ᠎ᠪᠠᠷ ᠰᠠᠶ᠋ᠢᠲᠤᠷ ᠬᠢᠵᠦ᠂ ᠪᠠᠭᠰᠢ ᠰᠤᠷᠤᠭᠴᠢᠳ᠎ᠤᠨ ᠠᠮᠢ ᠨᠠᠰᠤ ᠡᠷᠡᠭᠦᠯ ᠴᠢᠭᠢᠷᠠᠭ᠎ᠢ ᠦᠨᠡᠨ ᠬᠦ᠌ ᠪᠠᠲᠤᠯᠠᠨ᠎ᠠ᠃
     30. ᠲᠢᠩᠬᠢᠮ᠎ᠤᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ᠎ᠤᠨ ᠭᠣᠣᠯ ᠳᠤᠭᠤᠶ᠋ᠢᠯᠠᠩ ᠵᠢᠴᠢ ᠨᠠᠮ᠎ᠤᠨ ᠡᠭᠦᠷ᠎ᠤᠨ ᠰᠤᠷᠤᠯᠴᠠᠯᠭ᠎ᠠ ᠵᠢ ᠰᠠᠶ᠋ᠢᠲᠤᠷ ᠠᠳᠬᠤᠵᠤ᠂ ᠪᠠᠢ᠌ᠭᠤᠯᠭ᠎ᠠ ᠵᠢᠨ ᠺᠠᠳ᠋ᠷᠴᠤᠳ᠎ᠤᠨ ᠦᠵᠡᠯ ᠰᠠᠨᠠᠭ᠋ᠠᠨ᠎ᠤ ᠪᠣᠯᠪᠠᠰᠤᠷᠠᠯ᠂ ᠤᠯᠤᠰ ᠲᠦᠷᠦ ᠵᠢᠨ ᠪᠣᠯᠪᠠᠰᠤᠷᠠᠯ᠂ ᠲᠤᠰᠬᠠᠢ ᠮᠡᠷᠭᠡᠵᠢᠯ᠎ᠤᠨ ᠪᠣᠯᠪᠠᠰᠤᠷᠠᠯ᠂ ᠦᠢ᠍ᠯᠡᠳᠦᠯᠭᠡ ᠵᠢᠨ ᠪᠣᠯᠪᠠᠰᠤᠷᠠᠯ᠎ᠢ ᠴᠢᠩᠭ᠋ᠠᠳᠬᠠᠨ᠎ᠠ᠃ 《ᠰᠤᠷᠲᠠᠯ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠵᠢᠯ》 ᠵᠶ᠋ᠠᠷ ᠭᠣᠣᠯ ᠰᠢᠵᠢᠮ ᠪᠣᠯᠭ᠋ᠠᠵᠤ᠂ 《ᠳᠠᠷᠤᠶ᠋ᠢᠬᠠᠨ ᠭᠦᠢ᠍ᠴᠡᠳᠬᠡᠬᠦ》 ᠠᠵᠢᠯ᠎ᠤᠨ ᠰᠤᠷᠲᠠᠯ᠎ᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠳᠦᠷᠢᠮᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠵᠢᠯ᠎ᠠᠴᠠ᠎ᠪᠠᠨ ᠠᠮᠠᠷᠠᠭᠰᠠᠳ᠎ᠢ ᠰᠤᠷᠭ᠋ᠠᠨ ᠬᠥᠮᠥᠵᠢᠯ᠎ᠤᠨ ᠦᠢ᠍ᠯᠡᠰ᠎ᠲᠤ ᠨᠡᠩ ᠶᠡᠬᠡ ᠬᠤᠪᠢ ᠨᠡᠮᠡᠷᠢ ᠦᠵᠡᠭᠦᠯᠬᠦ᠎ᠳᠤ ᠬᠥᠲᠥᠯᠥᠨ ᠵᠢᠯᠣᠭᠣᠳᠤᠨ᠎ᠠ᠃ ᠰᠢᠨ᠎ᠡ ᠴᠠᠭ ᠦᠶ᠎ᠡ ᠵᠢᠨ ᠬᠣᠢ᠌ᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠥᠪᠯᠡᠯ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠣᠨ᠎ᠤ ᠲᠣᠯᠢ》 ᠨᠠᠶ᠋ᠢᠷᠠᠭᠤᠯᠬᠤ ᠠᠵᠢᠯ᠎ᠢ ᠰᠠᠶ᠋ᠢᠲᠤᠷ ᠬᠢᠨ᠎ᠠ᠃ ᠰᠠᠨᠠᠭᠤᠯᠭ᠎ᠠ ᠪᠠ ᠰᠠᠨᠠᠯ ᠵᠥᠪᠯᠡᠯᠭᠡ ᠵᠢ ᠰᠢᠢ᠍ᠳᠪᠦᠷᠢᠯᠡᠬᠦ ᠠᠵᠢᠯ᠎ᠤᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠢ᠍ᠳᠪᠦᠷᠢᠯᠡᠬᠦ   ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ 《ᠠᠷᠪᠢᠯᠠᠨ ᠭᠠᠮᠨᠠᠬᠤ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠠᠷᠪᠢᠯᠠᠨ ᠭᠠᠮᠨᠠᠬᠤ   ᠬᠡᠯᠪᠡᠷᠢᠲᠦ ᠪᠠᠶ᠋ᠢᠭᠤᠯᠭ᠎ᠠ ᠵᠢ ᠡᠭᠦᠳᠦᠨ ᠪᠠᠶ᠋ᠢᠭᠤᠯᠤᠨ᠎ᠠ᠃

             
       

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠵᠢᠷᠭᠤᠭ᠋ᠠᠨ ᠰᠠᠯᠠᠭ᠎ᠠ ᠮᠥᠴᠢᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
2022 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠲᠥᠯᠥᠪᠵᠢᠭᠦᠯᠭᠡ ᠵᠢᠨ ᠲᠥᠰᠦᠯ᠎ᠢ ᠵᠣᠬᠢᠶᠠᠨ ᠪᠠᠶ᠋ᠢᠭᠤᠯᠵᠤ ᠮᠡᠳᠡᠭᠦᠯᠬᠦ ᠲᠤᠬᠠᠶ ᠮᠡᠳᠡᠭᠳᠡᠯ
2022 ᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠰᠡᠳᠦᠪ᠎ᠢ ᠶᠠᠭ᠋ᠠᠬᠢᠵᠤ ᠭᠠᠷᠭ᠋ᠠᠬᠤ ᠪᠣᠶ? ᠰᠤᠷᠭ᠋ᠠᠨ ᠬᠥᠮᠦᠵᠢᠯ᠎ᠤᠨ ᠶᠠᠮᠤᠨ᠎ᠤ ᠮᠡᠳᠡᠭᠳᠡᠯ
ᠰᠤᠷᠭ᠋ᠠᠨ ᠬᠥᠮᠦᠵᠢᠯ᠎ᠤᠨ ᠶᠠᠮᠤᠨ᠄ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠵᠢ ᠴᠢᠩᠭ᠎ᠠ ᠳᠦᠷᠢᠮᠵᠢᠭᠦᠯᠬᠦ ᠬᠡᠷᠡᠭᠲᠡᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢᠨ ᠭᠦᠨᠵᠡᠭᠡᠢ᠌ᠷᠡᠭᠦᠯᠦᠯᠲᠡ ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
 
             蒙ICP备05000248号