ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠵᠢᠷᠭᠤᠭ᠋ᠠᠨ ᠰᠠᠯᠠᠭ᠎ᠠ ᠮᠥᠴᠢᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2022-03-22


      ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ᠌ᠡᠭᠦᠯᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠡᠨ ᠬᠥᠭᠵᠢᠭᠦᠯᠬᠦ》 ᠠᠵᠢᠯᠯᠠᠭ᠎ᠠ ᠵᠢ ᠥᠳᠲᠡᠷ ᠲᠦᠷᠭᠡᠨ ᠠᠬᠢᠭᠤᠯᠵᠤ᠂ ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ   ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠠᠵᠤ ᠠᠬᠤᠶ ᠨᠡᠶ᠋ᠢᠭᠡᠮ᠎ᠤᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ》᠎ᠢ ᠰᠣᠳᠤᠯᠤᠨ ᠳᠣᠭᠲᠠᠭ᠋ᠠᠪᠠ᠃ ᠬᠠᠮᠲᠤ᠎ᠳᠤ᠎ᠪᠠᠨ ᠦᠵᠡᠵᠡᠭᠡᠶ᠎ᠡ!
      ᠨᠢᠭᠡ᠂ ᠶᠡᠷᠦᠩᠬᠡᠶ ᠱᠠᠭ᠋ᠠᠷᠳᠠᠯᠭ᠎ᠠ
     (ᠨᠢᠭᠡ) ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ   ᠵᠢᠯᠣᠭᠣᠳᠤᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ》 ᠠᠵᠢᠯᠯᠠᠭ᠎ᠠ ᠵᠢ ᠥᠳᠲᠡᠷ ᠲᠦᠷᠭᠡᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠲᠣᠭᠲᠠᠴᠠ ᠵᠢᠨ ᠰᠢᠨ᠎ᠡ ᠵᠢ ᠡᠭᠦᠳᠴᠦ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠦᠨᠵᠡᠭᠡᠶ ᠠᠭᠤᠰᠤᠯᠴᠠᠭ᠎ᠠ ᠵᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠪᠠ ᠴᠢᠨᠠᠷᠯᠢᠭ ᠬᠥᠭᠵᠢᠯᠲᠡ ᠵᠢ ᠠᠬᠢᠭᠤᠯᠤᠨ᠎ᠠ᠃
     (ᠬᠣᠶᠠᠷ) ᠭᠣᠣᠯ ᠬᠠᠷᠠᠯᠲᠠ
     《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ》 ᠵᠢᠨ ᠬᠤᠭᠤᠴᠠᠭ᠋ᠠᠨ᠎ᠳᠤ ᠵᠠᠬ᠎ᠠ ᠳᠡᠯᠭᠡᠭᠦᠷ ᠵᠶ᠋ᠠᠷ ᠬᠥᠲᠥᠯᠦᠨ ᠳᠠᠭ᠋ᠠᠭᠤᠯᠬᠤ᠂ ᠠᠰᠢᠭ ᠲᠤᠰᠠ ᠵᠢ ᠬᠠᠮᠲᠤ᠎ᠪᠠᠷ ᠡᠳ᠋ᠯᠡᠨ ᠬᠤᠪᠢᠶᠠᠯᠴᠠᠬᠤ᠂ ᠡᠷᠬᠡ ᠣᠯᠭᠣᠵᠤ ᠡᠷᠬᠡ ᠵᠢ ᠳᠣᠷᠣᠭᠰᠢ ᠪᠠᠭᠤᠯᠭ᠋ᠠᠬᠤ᠂ ᠢᠯᠠᠭᠳᠠᠯ᠎ᠢ ᠠᠭᠤᠴᠢᠯᠠᠨ ᠪᠠᠭᠲᠠᠭ᠋ᠠᠬᠤ᠂ ᠲᠤᠰᠢᠶᠠᠯ ᠵᠶ᠋ᠠᠨ ᠭᠦᠢ᠍ᠴᠡᠳᠭᠡᠵᠦ ᠬᠠᠷᠢᠭᠤᠴᠠᠯᠭ᠎ᠠ᠎ᠠᠴᠠ ᠭᠡᠯᠳᠦᠷᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠵᠢ   ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠢ᠍ᠯᠡᠴᠢᠯᠡᠭᠡᠨ᠎ᠤ ᠳᠣᠭᠲᠠᠯᠴᠠᠭ᠎ᠠ ᠪᠠ ᠲᠥᠬᠥᠷ ᠳᠣᠭᠲᠠᠯᠴᠠᠭ᠎ᠠ ᠵᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠰᠠᠶ᠋ᠢᠨ ᠰᠠᠶ᠋ᠢᠬᠠᠨ ᠣᠷᠴᠢᠨ᠎ᠢ ᠪᠣᠶ ᠪᠣᠯᠭ᠋ᠠᠵᠤ᠂ ᠪᠥᠬᠥ ᠣᠷᠣᠨ᠎ᠤ ᠳᠡᠭᠡᠳᠦ ᠰᠤᠷᠭ᠋ᠠᠭᠤᠯᠢ ᠵᠢᠨ ᠭᠠᠳᠠᠭᠰᠢ ᠭᠠᠷᠭ᠋ᠠᠭᠰᠠᠨ ᠮᠡᠷᠭᠡᠵᠢᠯ᠎ᠤᠨ ᠭᠡᠷ᠎ᠡ ᠵᠢᠨ   ᠠᠷᠠᠯᠵᠢᠶᠠᠨ᠎ᠤ ᠵᠣᠭᠣᠰ᠎ᠤᠨ ᠲᠣᠭ᠎ᠠ᠂ ᠪᠣᠳᠠᠲᠠᠶ ᠲᠠᠩᠰᠠᠨ᠎ᠳᠤ ᠣᠷᠣᠭᠤᠯᠤᠭᠰᠠᠨ ᠵᠣᠭᠣᠰ᠎ᠤᠨ ᠲᠣᠭ᠎ᠠ ᠵᠢ ᠢᠯᠡᠳᠲᠡ ᠳᠡᠭᠡᠭᠰᠢᠯᠡᠭᠦᠯᠬᠦ ᠵᠢ ᠪᠡᠶᠡᠯᠡᠭᠦᠯᠦᠨ᠎ᠡ᠃
      ᠬᠣᠶᠠᠷ᠂ ᠭᠣᠣᠯᠳᠠᠯᠭ᠋ᠠᠲᠤ ᠡᠭᠦᠷᠭᠡ
     (ᠨᠢᠭᠡ) ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ
     ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠯᠣᠭᠣᠳᠤᠮᠵᠢ ᠵᠢ ᠴᠢᠩᠭ᠋ᠠᠳᠬᠠᠨ᠎ᠠ

     1. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠴᠢᠨᠠᠷᠯᠢᠭ ᠬᠠᠩᠭ᠋ᠠᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠡᠯᠪᠡᠷᠢ᠎ᠪᠠᠨ ᠥᠭᠡᠷᠡᠲᠦᠭᠦᠯᠦᠨ ᠲᠠᠰ ᠳᠡᠪᠰᠢᠬᠦ ᠵᠢ ᠬᠢᠵᠠᠭ᠋ᠠᠷᠯᠠᠵᠤ ᠪᠠᠶ᠋ᠢᠭ᠎ᠠ ᠲᠣᠪᠣᠶ᠋ᠢᠮ᠎ᠠ ᠬᠦᠷᠦᠯᠴᠡᠬᠦ ᠦᠭᠡᠢ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠤᠨ ᠭᠣᠣᠯᠳᠠᠯᠭ᠋ᠠᠲᠠᠢ ᠬᠦᠷᠢᠶ᠎ᠡ ᠴᠠᠷᠠᠭ᠎ᠠ ᠵᠢ ᠬᠠᠷᠠᠭ᠋ᠠᠯᠠᠵᠤ᠂ ᠳᠠᠪᠠᠭᠤᠯᠢᠭ ᠤᠨᠴᠠᠯᠢᠭᠳᠤ ᠠᠵᠤ ᠦᠢ᠍ᠯᠡᠰ᠎ᠤᠨ ᠬᠡᠯᠬᠢᠶᠡᠰᠦ ᠵᠢ ᠤᠷᠲᠤᠳᠬᠠᠵᠤ᠂ ᠬᠡᠯᠬᠢᠶᠡᠰᠦ ᠵᠢ ᠨᠥᠬᠥᠪᠥᠷᠢᠯᠡᠵᠦ᠂ ᠬᠡᠯᠬᠢᠶᠡᠰᠦ ᠵᠢ ᠴᠢᠩᠭ᠋ᠠᠷᠠᠭᠤᠯᠬᠤ ᠵᠢ ᠠᠬᠢᠭᠤᠯᠬᠤ᠎ᠪᠠᠷ ᠭᠤᠤᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠰᠠᠭᠤᠷᠢ ᠰᠤᠳᠤᠯᠭ᠋ᠠᠨ᠎ᠤ ᠪᠡᠯᠡ ᠣᠷᠣᠭᠤᠯᠤᠯᠲᠠ ᠵᠢ ᠨᠡᠮᠡᠭᠳᠡᠭᠦᠯᠵᠦ᠂ ᠤᠤᠭ᠋ᠠᠯ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ ᠮᠡᠷᠭᠡᠵᠢᠯ᠎ᠢ 《ᠪᠣᠭᠣᠮᠢᠯᠠᠬᠤ》 ᠬᠦᠴᠢᠷᠳᠡᠯ᠎ᠢ ᠬᠦᠴᠦᠯᠡᠨ ᠰᠢᠪᠲᠤᠯᠤᠨ᠎ᠠ᠃ ᠡᠯ᠎ᠡ ᠱᠠᠲᠤᠨ᠎ᠤ ᠬᠡᠷᠡᠭᠯᠡᠭᠡᠨ᠎ᠤ ᠲᠥᠷᠥᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠰᠦᠯ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠡᠭᠦᠷᠭᠡ ᠪᠠ ᠤᠯᠠᠷᠢᠭᠤᠯᠬᠤ᠎ᠯᠤᠭ᠎ᠠ ᠰᠢᠭᠤᠳ ᠬᠣᠯᠪᠣᠭᠳᠠᠬᠤ ᠰᠢᠯᠭ᠋ᠠᠨ ᠬᠢᠨᠠᠬᠤ ᠲᠣᠳᠣᠷᠬᠠᠶ ᠬᠠᠷᠠᠯᠲᠠ ᠵᠢ ᠪᠠᠶ᠋ᠢᠭᠤᠯᠵᠤ᠂ ᠡᠯ᠎ᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠦᠪᠯᠡᠭᠡᠨ᠎ᠤ ᠲᠥᠰᠦᠯ᠎ᠤᠨ ᠦᠷ᠎ᠡ ᠪᠦᠲᠦᠭᠡᠯ᠎ᠤᠨ ᠬᠥᠮᠥᠷᠭᠡ ᠵᠢ ᠪᠠᠶ᠋ᠢᠭᠤᠯᠬᠤ ᠵᠢ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠬᠠᠮᠢᠶᠠᠷᠤᠯᠲᠠ ᠪᠣᠯᠤᠨ ᠦᠢ᠍ᠯᠡᠴᠢᠯᠡᠭᠡ ᠵᠢ ᠡᠬᠢ ᠡᠭᠦᠰᠦᠯ᠎ᠠᠴᠠ᠎ᠨᠢ ᠴᠢᠩᠭ᠋ᠠᠳᠬᠠᠨ᠎ᠠ᠃ ᠲᠥᠰᠦᠯ ᠥᠨᠳᠦᠷᠯᠡᠭᠰᠡᠨ᠎ᠤ ᠳᠠᠷᠠᠭ᠋ᠠᠬᠢ ᠠᠵᠢᠯ᠎ᠤᠨ ᠬᠢᠷᠢ ᠪᠦᠲᠦᠮᠵᠢ ᠵᠢ ᠦᠨᠡᠯᠡᠬᠦ᠎ᠳᠤ ᠦᠷ᠎ᠡ ᠪᠦᠲᠦᠭᠡᠯ᠎ᠢ ᠤᠯᠠᠷᠢᠭᠤᠯᠬᠤ᠂ ᠬᠡᠷᠡᠭᠯᠡᠵᠦ ᠳᠡᠯᠭᠡᠷᠡᠭᠦᠯᠬᠦ ᠵᠢᠴᠢ ᠪᠣᠶ ᠪᠣᠯᠤᠭᠰᠠᠨ ᠠᠵᠤ ᠠᠬᠤᠶ ᠨᠡᠶ᠋ᠢᠭᠡᠮ᠎ᠤᠨ ᠦᠷ᠎ᠡ ᠠᠰᠢᠭ᠎ᠢ ᠭᠣᠣᠯᠳᠠᠯᠭ᠋ᠠᠲᠠᠢ ᠠᠩᠬᠠᠷᠴᠤ᠂ ᠦᠨᠡᠯᠡᠭᠰᠡᠨ ᠦᠷ᠎ᠡ ᠳ᠋ᠦᠩ᠎ᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠰᠦᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠢ ᠵᠢᠨ ᠠᠵᠢᠯ᠎ᠤᠨ ᠬᠢᠷᠢ ᠪᠦᠲᠦᠮᠵᠢ ᠵᠢ ᠦᠨᠡᠯᠡᠬᠦ ᠴᠢᠬᠤᠯᠠ ᠦᠨᠳᠦᠰᠦᠯᠡᠯ ᠪᠣᠯᠭ᠋ᠠᠬᠤ ᠵᠢᠨ ᠬᠠᠮᠲᠤ ᠮᠡᠷᠭᠡᠵᠢᠯ᠎ᠤᠨ ᠴᠣᠯᠠ ᠵᠢ ᠦᠨᠡᠯᠡᠨ ᠲᠣᠭᠲᠠᠭ᠋ᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠵᠢᠴᠢ ᠦᠷᠭᠦᠯᠵᠢᠯᠡᠨ ᠳᠣᠭᠢᠷᠠᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠤᠨ ᠴᠢᠬᠤᠯᠠ ᠯᠠᠪᠯᠠᠯᠲᠠ ᠪᠣᠯᠭ᠋ᠠᠨ᠎ᠠ᠃
     2. ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠪᠠ ᠬᠡᠷᠡᠭᠯᠡᠯᠲᠡ ᠵᠢ ᠴᠢᠩᠭ᠋ᠠᠷᠠᠭᠤᠯᠤᠨ᠎ᠠ᠃ ᠳᠡᠭᠡᠳᠦ ᠰᠤᠷᠭ᠋ᠠᠭᠤᠯᠢ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠭᠤᠰᠤᠯᠴᠠᠭᠤᠯᠤᠭᠰᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠪᠣᠯᠤᠨ ᠮᠡᠷᠭᠡᠵᠢᠯ᠎ᠤᠨ ᠰᠢᠯᠵᠢᠭᠦᠯᠦᠯᠲᠡ ᠵᠢ ᠨᠢᠭᠡ ᠴᠣᠭᠴᠠᠵᠢᠭᠤᠯᠤᠨ ᠡᠵᠡᠩᠨᠡᠨ᠎ᠡ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠨᠠᠷᠯᠢᠭ ᠲᠤᠰᠬᠠᠶ ᠠᠰᠢᠭ᠎ᠢ ᠤᠯᠠᠷᠢᠭᠤᠯᠬᠤ ᠬᠢᠷᠢ ᠪᠦᠲᠦᠮᠵᠢ ᠵᠢ ᠦᠨᠡᠯᠡᠬᠦ ᠬᠤᠪᠢ ᠵᠢᠨ ᠵᠢᠩ᠎ᠢ ᠨᠡᠮᠡᠭᠳᠡᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠲᠥᠰᠦᠯ᠎ᠤᠨ ᠰᠡᠳᠦᠪ ᠰᠣᠩᠭᠣᠬᠤ᠂ ᠰᠡᠳᠦᠪ ᠲᠣᠭᠲᠠᠭ᠋ᠠᠬᠤ᠂ ᠬᠡᠷᠡᠭᠵᠢᠭᠦᠯᠬᠦ᠂ ᠰᠡᠳᠦᠪ ᠪᠡᠶᠡᠯᠡᠭᠦᠯᠬᠦ᠂ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠡᠷᠭᠡ ᠡᠯ᠎ᠡ ᠭᠣᠭᠴᠣᠭ᠎ᠠ᠎ᠳᠤ ᠢᠯᠡᠷᠡᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠡᠳᠡᠭᠡ ᠵᠠᠩᠭᠢᠴᠢᠯᠠᠯᠲᠠ ᠵᠢᠨ ᠦᠢ᠍ᠯᠡᠴᠢᠯᠡᠭᠡᠨ᠎ᠤ ᠲᠥᠪ᠎ᠢ ᠪᠠᠶ᠋ᠢᠭᠤᠯᠬᠤ ᠵᠢ ᠳᠡᠮᠵᠢᠵᠦ᠂ ᠳᠡᠭᠡᠳᠦ ᠰᠤᠷᠭ᠋ᠠᠭᠤᠯᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠡᠭᠦᠳᠬᠦ᠂ ᠬᠠᠮᠠᠭ᠋ᠠᠯᠠᠬᠤ᠂ ᠬᠡᠷᠡᠭᠯᠡᠬᠦ᠂ ᠬᠠᠮᠢᠶᠠᠷᠬᠤ ᠪᠠ ᠦᠢ᠍ᠯᠡᠴᠢᠯᠡᠬᠦ ᠪᠥᠬᠥ ᠬᠡᠯᠬᠢᠶᠡᠨ᠎ᠤ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠪᠠ ᠬᠢᠷᠢ ᠬᠡᠮ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠲᠤᠰᠬᠠᠶ ᠠᠰᠢᠭ ᠭᠤᠶᠤᠴᠢᠯᠠᠬᠤ᠎ᠠᠴᠠ ᠡᠮᠦᠨᠡᠬᠢ ᠦᠨᠡᠯᠡᠨ ᠵᠢᠱ᠌ᠢᠬᠦ ᠲᠦᠷᠢᠮ᠎ᠢ ᠥᠳᠲᠡᠷ ᠲᠦᠷᠭᠡᠨ ᠪᠠᠶ᠋ᠢᠭᠤᠯᠵᠤ᠂ ᠦᠨᠡᠯᠡᠨ ᠵᠢᠱ᠌ᠢᠬᠦ ᠪᠠᠶ᠋ᠢᠭᠤᠯᠤᠮᠵᠢ ᠪᠠ ᠴᠤᠪᠤᠷᠠᠯ᠂ ᠵᠠᠷᠤᠳᠠᠯ᠎ᠢ ᠬᠤᠪᠢᠶᠠᠨ ᠡᠭᠦᠷᠭᠡᠯᠡᠬᠦ ᠪᠠ ᠱᠠᠩᠨᠠᠬᠤ ᠵᠡᠷᠭᠡ ᠵᠦᠢ᠍ᠯ᠎ᠢ ᠲᠣᠳᠤᠷᠬᠠᠢ᠌ᠯᠠᠵᠤ᠂ ᠲᠤᠰᠬᠠᠶ ᠠᠰᠢᠭ ᠭᠤᠶᠤᠴᠢᠯᠠᠬᠤ ᠱᠠᠲᠤᠨ᠎ᠳᠠᠬᠢ ᠳᠡᠮᠵᠢᠨ ᠳᠡᠳᠬᠦᠬᠦ ᠱᠠᠩᠨᠠᠬᠤ ᠵᠢ ᠵᠣᠭᠰᠣᠭ᠋ᠠᠵᠤ᠂ ᠤᠯᠠᠷᠢᠭᠤᠯᠬᠤ ᠠᠰᠢᠭ ᠣᠯᠵᠠᠪᠤᠷᠢ ᠵᠢᠨ ᠬᠠᠷᠢᠴᠠᠯ᠎ᠢ ᠳᠡᠭᠡᠭᠰᠢᠯᠡᠭᠦᠯᠬᠦ ᠵᠡᠷᠭᠡ 《ᠰᠡᠭᠦᠯᠴᠢ ᠵᠢᠨ ᠨᠥᠬᠥᠪᠥᠷᠢ》 ᠵᠢᠨ ᠠᠷᠭ᠎ᠠ ᠮᠠᠶᠢᠭ ᠵᠶ᠋ᠠᠷ ᠳᠡᠮᠵᠢᠨ ᠡᠭᠦᠳᠦᠭᠴᠢ ᠪᠤᠶᠤ ᠪᠦᠯᠬᠦᠮ ᠨᠡᠶ᠋ᠢᠲᠡ ᠵᠢ ᠱᠠᠩᠨᠠᠨ ᠬᠥᠬᠢᠭᠦᠯᠵᠦ ᠪᠣᠯᠤᠨ᠎ᠠ᠃ ᠳᠡᠭᠡᠳᠦ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠵᠣᠭᠣᠰ ᠰᠠᠯᠭ᠋ᠠᠨ ᠥᠭᠬᠦ᠂ ᠣᠷᠣᠨ ᠨᠤᠲᠤᠭ᠎ᠤᠨ ᠱᠠᠩᠨᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ ᠠᠰᠢᠭ ᠣᠯᠵᠠᠪᠤᠷᠢ ᠵᠡᠷᠭᠡ ᠠᠷᠭ᠎ᠠ ᠵᠠᠮ ᠵᠶ᠋ᠠᠷ ᠳᠡᠮᠵᠢᠨ ᠪᠠᠯᠠ ᠴᠤᠭᠯᠠᠭᠤᠯᠵᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠪᠠ ᠡᠵᠡᠩᠨᠡᠯᠲᠡ ᠵᠢᠨ ᠰᠠᠭᠤᠷᠢ ᠮᠥᠩᠭᠥ ᠵᠢ ᠪᠠᠶ᠋ᠢᠭᠤᠯᠬᠤ ᠵᠢ ᠳᠡᠮᠵᠢᠵᠦ᠂ ᠲᠤᠰᠬᠠᠶ ᠠᠰᠢᠭ᠎ᠤᠨ ᠵᠠᠮᠴᠢᠯᠠᠯ᠂ ᠲᠤᠰᠬᠠᠶ ᠠᠰᠢᠭ᠎ᠤᠨ ᠪᠠᠶ᠋ᠢᠷᠢᠰᠢᠭᠤᠯᠤᠯᠲᠠ ᠪᠠ ᠲᠤᠰᠬᠠᠶ ᠠᠰᠢᠭ᠎ᠤᠨ ᠡᠵᠡᠩᠨᠡᠯᠲᠡ ᠵᠡᠷᠭᠡ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠪᠠ ᠡᠵᠡᠩᠨᠡᠯᠲᠡ ᠵᠢᠨ ᠠᠵᠢᠯ᠎ᠢ ᠨᠠᠶ᠋ᠢᠳᠠᠨ ᠥᠷᠨᠢᠭᠦᠯᠬᠦ᠎ᠳᠤ ᠬᠡᠷᠡᠭᠯᠡᠨ᠎ᠡ᠃
     3. ᠠᠵᠤ ᠠᠬᠤᠶ᠋ᠢᠯᠠᠯ᠂ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠭᠦᠨᠵᠡᠭᠡᠶ ᠠᠭᠤᠰᠤᠯᠴᠠᠭ᠎ᠠ ᠵᠢ ᠠᠬᠢᠭᠤᠯᠤᠨ᠎ᠠ᠃ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠤ ᠬᠠᠨᠳᠤᠭᠤᠯᠤᠨ ᠮᠡᠷᠭᠡᠵᠢᠯ᠎ᠤᠨ ᠨᠡᠭᠡᠭᠡᠯᠲᠡ᠂ ᠮᠡᠷᠭᠡᠵᠢᠯ᠎ᠤᠨ ᠵᠦᠪᠯᠡᠯᠭᠡ᠂ ᠮᠡᠷᠭᠡᠵᠢᠯ᠎ᠤᠨ ᠦᠢ᠍ᠯᠡᠴᠢᠯᠡᠭᠡ ᠵᠡᠷᠭᠡ ᠬᠥᠨᠳᠡᠯᠡᠨ ᠵᠶ᠋ᠠᠷ ᠬᠠᠮᠲᠤᠷᠠᠯᠴᠠᠬᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ ᠬᠥᠨᠳᠡᠯᠡᠨ ᠵᠶ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠰᠦᠯ᠎ᠢ ᠡᠭᠦᠷᠭᠡᠯᠡᠭᠰᠡᠨ ᠪᠠ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡᠨ᠎ᠤ ᠲᠥᠰᠦᠯ᠎ᠢ ᠡᠭᠦᠷᠭᠡᠯᠡᠭᠰᠡᠨ᠎ᠳᠤ ᠠᠵᠢᠯ᠎ᠤᠨ ᠪᠦᠲᠦᠮᠵᠢ ᠵᠢ ᠬᠢᠨᠠᠨ ᠰᠢᠯᠭ᠋ᠠᠬᠤ᠎ᠳᠤ ᠠᠳᠠᠯᠢ᠎ᠪᠠᠷ ᠬᠠᠨᠳᠤᠨ᠎ᠠ᠃ ᠳᠡᠭᠡᠳᠦ ᠰᠤᠷᠭ᠋ᠠᠭᠤᠯᠢ ᠵᠢᠨ ᠡᠭᠦᠷᠭᠡᠯᠡᠵᠦ ᠪᠥᠬᠥᠶ ᠭᠠᠭᠴᠠ ᠬᠥᠨᠳᠡᠯᠡᠨ ᠲᠥᠰᠦᠯ᠎ᠤᠨ ᠲᠠᠩᠰᠠᠨ᠎ᠳᠤ ᠣᠷᠣᠭᠤᠯᠤᠭᠰᠠᠨ ᠶᠡᠷᠦᠩᠬᠡᠶ ᠵᠣᠭᠣᠰ᠎ᠤᠨ ᠲᠣᠭ᠎ᠠ᠎ᠨᠢ 150 ᠲᠦᠮᠡᠨ ᠲᠥᠭᠥᠷᠢᠭ ᠪᠤᠶᠤ ᠲᠡᠭᠦᠨ᠎ᠠᠴᠠ ᠳᠡᠭᠡᠭᠰᠢ ᠵᠢᠴᠢ ᠵᠢᠯ᠎ᠤᠨ ᠲᠠᠩᠰᠠᠨ᠎ᠳᠤ ᠣᠷᠣᠭᠤᠯᠤᠭᠰᠠᠨ ᠶᠡᠷᠦᠩᠬᠡᠶ ᠵᠣᠭᠣᠰ᠎ᠤᠨ ᠲᠣᠭ᠎ᠠ᠎ᠨᠢ 200 ᠲᠦᠮᠡᠨ ᠲᠥᠭᠥᠷᠢᠭ ᠪᠤᠶᠤ ᠲᠡᠭᠦᠨ᠎ᠠᠴᠠ ᠳᠡᠭᠡᠭᠰᠢ ᠮᠥᠷᠲᠡᠭᠡᠨ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠣᠯ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠋ᠠᠲᠠᠢ ᠰᠤᠳᠤᠯᠤᠨ ᠨᠡᠭᠡᠭᠡᠭᠰᠡᠨ ᠲᠥᠰᠦᠯ᠎ᠤᠨ ᠵᠣᠬᠢᠬᠤ ᠠᠮᠵᠢᠯᠲᠠ ᠪᠦᠲᠦᠮᠵᠢ ᠵᠢᠨ ᠬᠤᠪᠢ ᠣᠯᠭᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠤᠨ ᠶᠠᠪᠤᠴᠠ᠎ᠳᠤ ᠥᠷᠨᠢᠭᠦᠯᠦᠭᠰᠡᠨ ᠮᠡᠷᠭᠡᠵᠢᠯ᠎ᠤᠨ ᠨᠡᠭᠡᠭᠡᠯᠲᠡ᠂ ᠮᠡᠷᠭᠡᠵᠢᠯ᠎ᠤᠨ ᠵᠦᠪᠯᠡᠯᠭᠡ ᠪᠣᠯᠤᠨ ᠮᠡᠷᠭᠡᠵᠢᠯ᠎ᠤᠨ ᠦᠢ᠍ᠯᠡᠴᠢᠯᠡᠭᠡ᠎ᠳᠤ ᠳᠡᠭᠡᠳᠦ ᠰᠤᠷᠭ᠋ᠠᠭᠤᠯᠢ ᠵᠢᠨ᠎ᠬᠢᠨ ᠬᠣᠯᠪᠤᠭᠳᠠᠬᠤ ᠪᠠᠶ᠋ᠢᠳᠠᠯ ᠪᠣᠯᠤᠨ ᠲᠣᠭᠲᠠᠭ᠋ᠠᠯ ᠶᠣᠰᠤ᠎ᠪᠠᠷ ᠲᠤᠬᠠᠶ ᠵᠢᠨ ᠭᠠᠵᠠᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠴᠦ᠂ ᠮᠡᠷᠭᠡᠵᠢᠯ᠎ᠤᠨ ᠭᠡᠷ᠎ᠡ ᠳᠠᠩᠰᠠᠯᠠᠭᠤᠯᠵᠤ᠂ ᠮᠡᠷᠭᠡᠵᠢᠯ᠎ᠤᠨ ᠨᠡᠭᠡᠭᠡᠯᠲᠡ᠂ ᠮᠡᠷᠭᠡᠵᠢᠯ᠎ᠤᠨ ᠵᠦᠪᠯᠡᠯᠭᠡ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠭᠡᠷ᠎ᠡ᠎ᠪᠠᠷ   ᠵᠦᠪᠰᠢᠶᠡᠷᠡᠭᠳᠡᠭᠰᠡᠨ ᠪᠣᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠳᠦᠷᠢᠮ ᠵᠶ᠋ᠠᠷ ᠯᠠᠪᠯᠠᠯᠲᠠ ᠪᠣᠯᠭ᠋ᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠴᠡᠪᠡᠷ ᠣᠷᠣᠯᠭ᠎ᠠ ᠵᠢᠨ 50%᠎ᠠᠴᠠ ᠳᠤᠤᠷ᠎ᠠ ᠥᠬᠡᠶ ᠪᠡᠯᠡᠨ ᠵᠣᠭᠣᠰ ᠵᠶ᠋ᠡᠷ ᠱᠠᠩᠨᠠᠬᠤ ᠵᠢ ᠵᠣᠷᠢᠭᠵᠢᠭᠤᠯᠵᠤ᠂   ᠠᠵᠢᠯ᠎ᠤᠨ ᠨᠢᠭᠡᠴᠢ ᠵᠢᠨ ᠠᠵᠢᠯ᠎ᠤᠨ ᠬᠢᠷᠢ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠤ ᠪᠣᠳᠣᠵᠤ ᠣᠷᠣᠭᠤᠯᠬᠤ᠎ᠳᠤ᠎ᠪᠠᠨ ᠬᠢᠨᠠᠨ ᠲᠣᠭᠲᠠᠭ᠋ᠠᠭᠰᠠᠨ ᠠᠵᠢᠯ᠎ᠤᠨ ᠬᠢᠷᠢ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠤ ᠬᠢᠵᠠᠭ᠋ᠠᠷᠯᠠᠭᠳᠠᠬᠤ ᠥᠬᠡᠶ᠃
     4. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠪᠣᠯᠤᠨ ᠠᠵᠢᠯ᠎ᠤᠨ ᠬᠢᠷᠢ ᠪᠦᠲᠦᠮᠵᠢ ᠵᠢ   ᠬᠢᠨᠠᠨ ᠰᠢᠯᠭ᠋ᠠᠵᠤ ᠦᠨᠡᠯᠡᠬᠦ ᠳᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠰᠠᠭᠤᠷᠢ ᠰᠣᠳᠤᠯᠭ᠋ᠠᠨ᠂ ᠬᠡᠷᠡᠭᠯᠡᠭᠡᠨ᠎ᠤ ᠰᠠᠭᠤᠷᠢ ᠰᠣᠳᠤᠯᠭ᠋ᠠᠨ᠂ ᠮᠡᠷᠭᠡᠵᠢᠯ᠎ᠤᠨ ᠨᠡᠭᠡᠭᠡᠯᠳᠡ ᠪᠣᠯᠤᠨ ᠠᠵᠤ ᠦᠢ᠍ᠯᠡᠰᠵᠢᠭᠦᠯᠦᠯᠲᠡ᠂ ᠵᠥᠭᠡᠯᠡᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ ᠵᠡᠷᠭᠡ ᠠᠳᠠᠯᠢ ᠪᠤᠰᠤ ᠲᠥᠷᠥᠯ ᠬᠡᠯᠪᠡᠷᠢ ᠵᠢᠨ ᠦᠷ᠎ᠡ ᠪᠦᠲᠦᠭᠡᠯ᠎ᠤᠨ ᠣᠨᠴᠠᠯᠢᠭ᠎ᠢ ᠲᠣᠪᠤᠢ᠌ᠯᠭ᠋ᠠᠵᠤ᠂ ᠰᠢᠨᠵᠢᠯᠡᠬᠦ ᠤᠬᠠᠭ᠋ᠠᠨ᠎ᠤ ᠦᠨ᠎ᠡ ᠦᠷᠳᠡᠭ᠂ ᠮᠡᠷᠭᠡᠵᠢᠯ᠎ᠤᠨ ᠦᠨ᠎ᠡ ᠦᠷᠳᠡᠭ᠂ ᠠᠵᠤ ᠠᠬᠤᠶ ᠵᠢᠨ ᠦᠨ᠎ᠡ ᠦᠷᠳᠡᠭ᠂ ᠨᠡᠶ᠋ᠢᠭᠡᠮ᠎ᠤᠨ ᠦᠨ᠎ᠡ ᠦᠷᠳᠡᠭ ᠪᠣᠯᠤᠨ ᠰᠣᠶᠣᠯ᠎ᠤᠨ ᠦᠨ᠎ᠡ ᠦᠷᠳᠡᠭ᠎ᠢ ᠨᠠᠷᠢᠯᠢᠭ ᠣᠨᠣᠴᠠᠲᠠᠢ ᠡᠵᠡᠮᠳᠡᠵᠦ᠂ ᠳᠡᠭᠡᠳᠦ ᠰᠤᠷᠭ᠋ᠠᠭᠤᠯᠢ ᠵᠢᠨ ᠤᠯᠠᠨ ᠡᠰᠢᠵᠢᠭᠦᠯᠦᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠪᠠᠶ᠋ᠢᠭᠤᠯᠬᠤ ᠵᠢ ᠰᠦᠪᠡᠭᠴᠢᠯᠡᠨ᠎ᠡ᠃ ᠳᠡᠭᠡᠳᠦ ᠰᠤᠷᠭ᠋ᠠᠭᠤᠯᠢ ᠵᠢᠨ ᠥᠪᠡᠷ᠎ᠢ᠎ᠪᠠᠨ ᠦᠨᠡᠯᠡᠬᠦ ᠪᠠ ᠥᠪᠡᠷᠲᠡᠭᠡᠨ ᠵᠠᠰᠠᠬᠤ ᠣᠷᠣᠨ᠎ᠤ ᠬᠣᠯᠪᠤᠭᠳᠠᠬᠤ ᠰᠠᠯᠠᠭ᠎ᠠ ᠮᠥᠴᠢᠷ᠎ᠠᠴᠠ ᠦᠨᠡᠯᠡᠬᠦ ᠵᠢ ᠤᠶᠠᠯᠳᠤᠭᠤᠯᠤᠭᠰᠠᠨ ᠠᠵᠢᠯ᠎ᠤᠨ ᠬᠢᠷᠢ ᠪᠦᠲᠦᠮᠵᠢ ᠵᠢ   ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ᠎ᠳᠤ ᠠᠰᠢᠭᠲᠠᠶ ᠠᠵᠢᠯ᠎ᠤᠨ ᠬᠢᠷᠢ ᠪᠦᠲᠦᠮᠵᠢ ᠵᠢ ᠬᠢᠨᠠᠨ ᠰᠢᠯᠭ᠋ᠠᠵᠤ ᠦᠨᠡᠯᠡᠬᠦ ᠳᠣᠭᠲᠠᠯᠴᠠᠭ᠎ᠠ ᠵᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠦᠨᠡᠯᠡᠭᠰᠡᠨ ᠦᠷ᠎ᠡ ᠳ᠋ᠦᠩ᠎ᠢ 《ᠥᠪᠡᠷᠲᠡᠭᠡᠨ ᠵᠠᠰᠠᠬᠤ ᠣᠷᠣᠨ᠎ᠤ ᠲᠡᠷᠢᠭᠦᠨ ᠵᠡᠷᠭᠡ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ》 ᠵᠡᠷᠭᠡ ᠠᠵᠢᠯ᠎ᠤᠨ ᠬᠢᠷᠢ ᠪᠦᠲᠦᠮᠵᠢ ᠵᠢ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢᠴᠢ ᠡᠷᠳᠡᠮ ᠰᠢᠨᠵᠢᠯᠡᠭᠡᠨ᠎ᠤ ᠲᠥᠰᠦᠯ᠎ᠢ ᠭᠤᠶᠤᠴᠢᠯᠠᠨ ᠮᠡᠳᠡᠭᠦᠯᠬᠦ ᠪᠠ ᠵᠠᠷᠤᠳᠠᠯ᠎ᠤᠨ ᠳᠡᠮᠵᠢᠯᠭᠡ ᠣᠯᠭᠣᠬᠤ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠠᠵᠢᠯ᠎ᠤᠨ ᠬᠢᠷᠢ ᠪᠦᠲᠦᠮᠵᠢ᠎ᠪᠠᠷ ᠲᠣᠪᠣᠶ᠋ᠢᠮ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ ᠬᠢᠷᠢ ᠪᠦᠲᠦᠮᠵᠢ᠎ᠪᠠᠷ ᠢᠯᠡᠳᠲᠡ ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠢ ᠵᠣᠬᠢᠰᠲᠠᠶ ᠳᠡᠭᠡᠭᠰᠢᠯᠡᠭᠦᠯᠦᠨ᠎ᠡ᠃
     5. ᠴᠢᠳᠠᠪᠤᠷᠢᠲᠠᠨ᠎ᠢ ᠲᠥᠷᠥᠯ ᠬᠤᠪᠢᠶᠠᠨ ᠦᠨᠡᠯᠡᠬᠦ ᠲᠦᠷᠢᠮ᠎ᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠨᠠᠷ ᠴᠢᠨᠰᠠᠭ᠎ᠠ᠂ ᠬᠤᠪᠢ ᠨᠡᠮᠡᠷᠢ᠂ ᠬᠢᠷᠢ ᠪᠦᠲᠦᠮᠵᠢ᠎ᠪᠠᠷ ᠤᠳᠤᠷᠢᠳᠤᠮᠵᠢ ᠪᠣᠯᠭ᠋ᠠᠭᠰᠠᠨ ᠲᠥᠷᠥᠯ ᠬᠤᠪᠢᠶᠠᠨ ᠦᠨᠡᠯᠡᠬᠦ   ᠳᠣᠭᠲᠠᠯᠴᠠᠭ᠎ᠠ ᠵᠢ ᠪᠠᠶ᠋ᠢᠭᠤᠯᠵᠤ᠂ 《ᠥᠭᠦᠯᠡᠯ᠎ᠢ ᠯᠡ ᠬᠥᠭᠡᠭᠡᠴᠡᠯᠳᠦᠬᠦ᠂ ᠨᠡᠷ᠎ᠡ ᠲᠥᠷᠦ ᠵᠢ ᠯᠠ ᠬᠥᠭᠡᠭᠡᠴᠡᠯᠳᠦᠬᠦ᠂ ᠮᠡᠷᠭᠡᠵᠢᠯ᠎ᠤᠨ ᠴᠣᠯᠠ ᠵᠢ ᠯᠠ ᠬᠥᠭᠡᠭᠡᠴᠡᠯᠳᠦᠬᠦ᠂ ᠰᠤᠷᠤᠯᠭ᠎ᠠ ᠵᠢᠨ ᠨᠠᠮᠲᠠᠷ᠎ᠢ ᠯᠠ ᠬᠥᠭᠡᠭᠡᠴᠡᠯᠳᠦᠬᠦ᠂ ᠱᠠᠩᠨᠠᠯ᠎ᠢ ᠯᠠ ᠬᠥᠭᠡᠭᠡᠴᠡᠯᠳᠦᠬᠦ》 ᠮᠠᠭᠤ ᠤᠳᠤᠷᠢᠳᠤᠮᠵᠢ ᠵᠢ ᠡᠷᠡᠰ ᠲᠡᠪᠴᠢᠨ᠎ᠡ᠃ ᠭᠣᠣᠯᠳᠠᠭᠤ ᠬᠡᠷᠡᠭᠯᠡᠭᠡᠨ᠎ᠤ ᠰᠣᠳᠤᠯᠭ᠋ᠠᠨ᠂ ᠮᠡᠷᠭᠡᠵᠢᠯ᠎ᠤᠨ ᠨᠡᠭᠡᠭᠡᠯᠲᠡ᠂ ᠦᠷ᠎ᠡ ᠪᠦᠲᠦᠭᠡᠯ᠎ᠤᠨ ᠤᠯᠠᠷᠢᠯᠠᠭᠤᠯᠤᠯᠲᠠ ᠵᠢᠨ ᠠᠵᠢᠯ ᠬᠢᠵᠦ ᠪᠠᠶ᠋ᠢᠭ᠎ᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠦᠷ᠎ᠡ ᠪᠦᠲᠦᠭᠡᠯ᠎ᠢ ᠤᠯᠠᠷᠢᠭᠤᠯᠬᠤ᠂ ᠮᠡᠷᠭᠡᠵᠢᠯ᠎ᠢ ᠳᠡᠯᠭᠡᠷᠡᠭᠦᠯᠬᠦ᠂ ᠮᠡᠷᠭᠡᠵᠢᠯ᠎ᠤᠨ ᠦᠢ᠍ᠯᠡᠴᠢᠯᠡᠭᠡ ᠵᠡᠷᠭᠡ ᠵᠢ ᠦᠨᠡᠯᠡᠬᠦ ᠭᠦᠢ᠍ᠴᠡᠳᠬᠡᠯ ᠲᠣᠭ᠋ᠠᠨ᠎ᠤ ᠬᠠᠷᠢᠴᠠᠯ᠎ᠢ ᠨᠡᠮᠡᠭᠳᠡᠭᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠦᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠨ ᠬᠤᠪᠢ ᠨᠡᠮᠡᠷᠢ ᠵᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠳᠠᠨ᠎ᠤ ᠲᠤᠰᠢᠶᠠᠯ ᠳᠡᠪᠰᠢᠬᠦ᠂ ᠮᠡᠷᠭᠡᠵᠢᠯ᠎ᠤᠨ ᠴᠣᠯᠠ᠎ᠢ ᠲᠣᠭᠲᠠᠭ᠋ᠠᠬᠤ ᠪᠠ ᠤᠷᠢᠬᠤ᠂ ᠠᠵᠢᠯ᠎ᠤᠨ ᠬᠢᠷᠢ ᠪᠦᠲᠦᠮᠵᠢ ᠵᠢ ᠬᠢᠨᠠᠨ ᠰᠢᠯᠭ᠋ᠠᠬᠤ ᠵᠡᠷᠭᠡ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠵᠥᠪᠬᠡᠨ ᠥᠭᠦᠯᠡᠯ᠂ ᠲᠤᠰᠬᠠᠢ ᠠᠰᠢᠭ᠂ ᠱᠠᠩᠨᠠᠯ ᠵᠡᠷᠭᠡ ᠲᠣᠭ᠎ᠠ ᠬᠡᠮᠵᠢᠶ᠎ᠡ᠎ᠪᠠᠷ ᠦᠨᠡᠯᠡᠬᠦ ᠬᠢᠵᠠᠭ᠋ᠠᠷᠯᠠᠬᠤ ᠨᠥᠬᠥᠴᠡᠯ   ᠪᠣᠯᠭ᠋ᠠᠵᠤ ᠪᠣᠯᠬᠤ ᠦᠭᠡᠢ᠃
    (ᠬᠣᠶᠠᠷ) ᠳᠡᠭᠡᠳᠦ ᠰᠤᠷᠭ᠋ᠠᠭᠤᠯᠢ ᠵᠢᠨ ᠡᠭᠦᠷᠭᠡ ᠲᠤᠰᠢᠶᠠᠯ ᠪᠥᠬᠦᠢ ᠰᠢᠨᠵᠢᠯᠡᠬᠦ

      ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠣᠯᠭᠣᠬᠤ᠂ ᠡᠷᠬᠡ

    ᠎ᠪᠠᠨ ᠳᠣᠷᠣᠭᠰᠢ ᠪᠠᠭᠤᠯᠭ᠋ᠠᠬᠤ ᠲᠣᠭᠲᠠᠴᠠ ᠵᠢᠨ ᠪᠠᠶ᠋ᠢᠭᠤᠯᠤᠯᠲᠠ ᠵᠢ ᠠᠬᠢᠭᠤᠯᠤᠨ᠎ᠠ
   
 6. ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠡᠵᠡᠨ ᠮᠡᠳᠡᠬᠦ ᠡᠷᠬᠡ ᠣᠯᠭᠣᠬᠤ ᠬᠣᠯᠪᠤᠭᠳᠠᠬᠤ ᠲᠥᠷᠥ ᠵᠢᠨ ᠪᠣᠳᠤᠯᠭ᠎ᠠ ᠵᠢ ᠨᠠᠢ᠌ᠳᠠᠪᠤᠷᠢᠵᠢᠭᠤᠯᠤᠨ᠎ᠠ᠃ ᠳᠡᠭᠡᠳᠦ ᠰᠤᠷᠭ᠋ᠠᠭᠤᠯᠢ ᠵᠢᠨ᠎ᠬᠢᠨ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠬᠠᠮᠢᠶᠠᠷᠤᠯᠲᠠ᠂ ᠵᠣᠬᠢᠶᠠᠨ ᠪᠠᠶ᠋ᠢᠭᠤᠯᠤᠯᠲᠠ᠂ ᠵᠣᠬᠢᠴᠠᠭᠤᠯᠭ᠎ᠠ ᠪᠠ ᠦᠢ᠍ᠯᠡᠴᠢᠯᠡᠭᠡ᠎ᠪᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠢ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠴᠢᠬᠤᠯᠠ ᠶᠡᠬᠡ ᠲᠥᠷᠦᠯ ᠵᠦᠢ᠍ᠯ᠎ᠳᠤ ᠤᠳᠤᠷᠢᠳᠬᠤ ᠪᠠᠭ᠎ᠤᠨ ᠬᠠᠮᠲᠤ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠦᠷᠢᠮ᠎ᠢ ᠪᠠᠶ᠋ᠢᠭᠤᠯᠬᠤ ᠬᠡᠷᠡᠭᠲᠡᠶ᠃ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠪᠦᠷᠢᠳᠬᠡᠨ ᠳᠠᠩᠰᠠᠯᠠᠬᠤ᠂ ᠤᠯᠠᠷᠢᠭᠤᠯᠤᠨ ᠬᠡᠷᠡᠭᠵᠢᠭᠦᠯᠬᠦ᠂ ᠰᠢᠢ᠍ᠳᠪᠦᠷᠢᠯᠡᠨ ᠬᠤᠪᠢᠶᠠᠷᠢᠯᠠᠬᠤ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠂ ᠰᠠᠨᠠᠯ᠎ᠢ ᠰᠢᠢ᠍ᠳᠪᠦᠷᠢᠯᠡᠬᠦ ᠵᠡᠷᠭᠡ ᠠᠭᠤᠯᠭ᠎ᠠ ᠵᠢ ᠲᠣᠳᠣᠷᠬᠠᠶ᠋ᠢᠯᠠᠨ᠎ᠠ᠃ ᠤᠯᠤᠰ᠎ᠤᠨ ᠨᠢᠭᠤᠴᠠ᠂ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠵᠢᠴᠢ ᠬᠠᠤᠯᠢ ᠴᠠᠭ᠋ᠠᠵᠠ ᠬᠠᠤᠯᠢ ᠳᠦᠷᠢᠮ᠎ᠳᠤ ᠠᠰᠲᠠᠭ᠋ᠠᠨ ᠲᠣᠭᠲᠠᠭ᠋ᠠᠯ᠎ᠲᠠᠢ ᠵᠢ ᠭᠠᠷᠭ᠋ᠠᠪᠠᠯ᠂ ᠳᠡᠭᠡᠳᠦ ᠰᠤᠷᠭ᠋ᠠᠭᠤᠯᠢ᠎ᠤᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠥᠭᠬᠦ᠂ ᠵᠥᠪᠰᠢᠶᠡᠷᠡᠬᠦ ᠪᠤᠶᠤ ᠦᠨ᠎ᠡ ᠲᠣᠭᠲᠠᠭ᠋ᠠᠨ ᠪᠠᠯᠠ ᠣᠷᠣᠭᠤᠯᠬᠤ ᠵᠢ ᠪᠡᠶ᠎ᠡ᠎ᠪᠠᠨ ᠳᠠᠭ᠋ᠠᠭ᠋ᠠᠨ ᠳᠣᠭᠲᠠᠭ᠋ᠠᠵᠤ᠂ ᠨᠢᠭᠡᠴᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠢᠯᠢ ᠵᠢᠨ ᠳᠣᠲᠣᠷ᠎ᠠ ᠬᠡᠷᠡᠭᠯᠡᠬᠦ᠂ ᠰᠢᠢ᠍ᠳᠪᠦᠷᠢᠯᠡᠬᠦ᠎ᠳᠤ ᠳᠠᠭᠢᠵᠤ ᠬᠢᠨᠠᠨ ᠵᠦᠪᠰᠢᠶᠡᠷᠡᠭᠦᠯᠬᠦ ᠪᠤᠶᠤ ᠳᠠᠩᠰᠠᠯᠠᠭᠤᠯᠬᠤ ᠥᠬᠡᠶ᠃ ᠳᠡᠭᠡᠳᠦ ᠰᠤᠷᠭ᠋ᠠᠭᠤᠯᠢ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ ᠵᠶ᠋ᠠᠨ ᠰᠢᠯᠵᠢᠭᠦᠯᠦᠨ ᠥᠭᠬᠦ᠂ ᠵᠥᠪᠰᠢᠶᠡᠷᠡᠬᠦ ᠪᠤᠶᠤ ᠦᠨ᠎ᠡ ᠲᠣᠭᠲᠠᠭ᠋ᠠᠨ ᠪᠠᠯᠠ ᠣᠷᠣᠭᠤᠯᠬᠤ᠎ᠳᠤ ᠨᠢᠭᠡᠴᠢ᠎ᠠᠴᠠ ᠡᠳ᠋ ᠬᠥᠷᠥᠩᠭᠡ ᠵᠢᠨ ᠦᠨᠡᠯᠡᠨ ᠵᠢᠱ᠌ᠢᠯᠲᠡ ᠬᠢᠬᠦ ᠡᠰᠡᠬᠦ ᠵᠢ ᠡᠵᠡᠨ ᠮᠡᠳᠡᠵᠦ ᠳᠣᠭᠲᠠᠭ᠋ᠠᠵᠤ᠂ ᠵᠦᠪᠳᠡᠬᠦ᠎ᠪᠠᠷ ᠳᠡᠮᠵᠢᠨ ᠦᠨ᠎ᠡ ᠲᠣᠭᠲᠠᠭ᠋ᠠᠭᠰᠠᠨ ᠪᠣᠯ ᠱᠠᠭ᠋ᠠᠷᠳᠠᠯᠭ᠎ᠠ ᠶᠣᠰᠤ᠎ᠪᠠᠷ ᠲᠣᠰ ᠨᠢᠭᠡᠴᠢ᠎ᠳᠤ᠎ᠪᠠᠨ ᠬᠣᠯᠪᠤᠭᠳᠠᠬᠤ ᠮᠡᠳᠡᠭᠡ ᠵᠠᠩᠭᠢ ᠵᠢ ᠢᠯᠡ ᠨᠡᠢ᠌ᠲᠡᠯᠡᠵᠦ᠂ ᠢᠯᠡ ᠨᠡᠶ᠋ᠢᠲᠡᠯᠡᠬᠦ ᠴᠠᠭ᠎ᠨᠢ 15 ᠠᠵᠢᠯ᠎ᠤᠨ ᠡᠳᠦᠷ ᠪᠣᠯᠤᠨ᠎ᠠ᠃
     7. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠰᠢᠭ ᠣᠯᠵᠠᠪᠤᠷᠢ ᠵᠢ ᠬᠤᠪᠢᠶᠠᠷᠢᠯᠠᠬᠤ ᠲᠦᠷᠢᠮ᠎ᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠡᠶᠡᠯᠡᠭᠦᠯᠦᠭᠰᠡᠳ ᠪᠠ ᠦᠷ᠎ᠡ ᠪᠦᠲᠦᠭᠡᠯ᠎ᠢ ᠤᠯᠠᠷᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠳ᠎ᠢ ᠬᠠᠤᠯᠢ ᠶᠣᠰᠤ᠎ᠪᠠᠷ ᠱᠠᠩᠨᠠᠨ ᠬᠥᠬᠢᠭᠦᠯᠦᠨ᠎ᠡ᠃ ᠭᠡᠷ᠎ᠡ᠎ᠳᠤ ᠪᠣᠯᠵᠣᠨ ᠲᠣᠭᠲᠠᠭᠰᠠᠨ ᠪᠣᠯ ᠪᠣᠯᠵᠣᠨ ᠲᠣᠭᠲᠠᠭᠰᠠᠨ ᠶᠣᠰᠤ᠎ᠪᠠᠷ ᠬᠡᠷᠡᠭᠵᠢᠭᠦᠯᠵᠦ᠂ ᠭᠡᠷ᠎ᠡ᠎ᠳᠤ ᠪᠣᠯᠵᠣᠨ ᠲᠣᠭᠲᠠᠭᠰᠠᠨ ᠥᠭᠡᠢ ᠪᠣᠯ ᠱᠠᠩᠨᠠᠬᠤ ᠶᠡᠷᠦᠩᠬᠡᠶ ᠲᠣᠭ᠎ᠠ ᠵᠢ ᠮᠡᠷᠭᠡᠵᠢᠯ᠎ᠢ ᠰᠢᠯᠵᠢᠭᠦᠯᠦᠨ ᠥᠭᠬᠦ᠂ ᠵᠥᠪᠰᠢᠶᠡᠷᠡᠭᠰᠡᠨ ᠴᠡᠪᠡᠷ ᠠᠰᠢᠭ ᠣᠯᠵᠠᠪᠤᠷᠢ ᠪᠤᠶᠤ ᠦᠨ᠎ᠡ ᠳᠣᠭᠲᠠᠭ᠋ᠠᠨ ᠪᠡᠯᠡ ᠣᠷᠣᠭᠤᠯᠵᠤ ᠣᠯᠤᠭᠰᠠᠨ ᠬᠤᠪᠢ ᠣᠷᠣᠭᠤᠯᠤᠯᠲᠠ᠂ ᠪᠡᠯᠡ ᠭᠠᠷᠭ᠋ᠠᠭᠰᠠᠨ ᠬᠠᠷᠢᠴᠠᠯ᠎ᠤᠨ 70%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠥᠭᠡᠢ᠂ ᠡᠭᠦᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠡᠭᠦᠷᠭᠡᠯᠡᠭᠰᠡᠨ ᠮᠡᠷᠭᠡᠵᠢᠯ᠎ᠢ ᠰᠢᠯᠵᠢᠭᠦᠯᠬᠦ ᠪᠠᠶ᠋ᠢᠭᠤᠯᠤᠮᠵᠢ ᠵᠢᠨ ᠠᠵᠢᠯᠳᠠᠨ ᠪᠣᠯᠤᠨ ᠬᠠᠮᠢᠶᠠᠷᠤᠯᠲᠠ ᠵᠢᠨ ᠠᠵᠢᠯᠳᠠᠨ᠎ᠤ ᠱᠠᠩᠨᠠᠬᠤ ᠬᠤᠪᠢ ᠵᠢ ᠱᠠᠩᠨᠠᠬᠤ ᠶᠡᠷᠦᠩᠬᠡᠶ ᠲᠣᠭ᠎ᠠ ᠵᠢᠨ 5%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠥᠭᠡᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠰᠢᠭ ᠣᠯᠵᠠᠪᠤᠷᠢ ᠵᠢ ᠬᠤᠪᠢᠶᠠᠷᠢᠯᠠᠬᠤ᠎ᠳᠤ ᠢᠯᠡ ᠨᠡᠢ᠌ᠲᠡᠯᠡᠬᠦ ᠳᠦᠷᠢᠮ᠎ᠢ ᠬᠡᠷᠡᠭᠵᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠤᠳᠤᠷᠢᠳᠤᠯᠭ᠎ᠠ ᠵᠢᠨ ᠦᠷ᠎ᠡ ᠪᠦᠲᠦᠭᠡᠯ᠎ᠢ ᠤᠯᠠᠷᠢᠭᠤᠯᠬᠤ ᠦᠢ᠍ᠯᠡ ᠠᠵᠢᠯᠯᠠᠭ᠋ᠠᠨ᠎ᠤ ᠨᠠᠵᠠᠭ᠋ᠠᠶ ᠲᠠᠯ᠎ᠠ ᠵᠢᠨ ᠨᠠᠷᠢᠨ ᠳᠠᠩᠰᠠ ᠵᠢ ᠪᠠᠶ᠋ᠢᠭᠤᠯᠵᠤ᠂ ᠲᠤᠰᠢᠶᠠᠯ ᠵᠶ᠋ᠠᠨ ᠭᠦᠢ᠍ᠴᠡᠳᠭᠡᠵᠦ ᠬᠠᠷᠢᠭᠤᠴᠠᠯᠭ᠎ᠠ᠎ᠠᠴᠠ ᠭᠡᠯᠳᠦᠷᠢᠭᠦᠯᠬᠦ ᠵᠢᠷᠤᠮᠵᠢᠯ ᠪᠠ ᠨᠠᠷᠢᠨ ᠲᠦᠷᠢᠮ᠎ᠢ ᠳᠣᠭᠲᠠᠭ᠋ᠠᠵᠤ᠂ ᠬᠠᠤᠯᠢ ᠵᠢᠨ ᠡᠷᠬᠡᠲᠦ ᠨᠢᠭᠡᠴᠢ ᠵᠢᠨ ᠡᠷᠡᠭᠡᠯᠵᠡᠭᠡ ᠵᠢ ᠠᠷᠢᠯᠭ᠋ᠠᠵᠤ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠢᠳᠡᠪᠬᠢᠵᠢᠯ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠵᠢᠯ ᠬᠢᠵᠦ ᠦᠢ᠍ᠯᠡᠰ ᠪᠣᠰᠬᠠᠬᠤ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠬᠥᠭᠵᠢᠭᠡᠨ᠎ᠡ᠃ ᠳᠡᠭᠡᠳᠦ ᠰᠤᠷᠭ᠋ᠠᠭᠤᠯᠢ ᠵᠢᠨ ᠭᠣᠣᠯ ᠤᠳᠤᠷᠢᠳᠤᠯᠭ᠎ᠠ ᠪᠥᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠭᠣᠣᠯ ᠪᠡᠶᠡᠯᠡᠭᠦᠯᠦᠭᠴᠢ ᠪᠤᠶᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠣᠯ ᠲᠣᠭᠲᠠᠭ᠋ᠠᠯ ᠶᠣᠰᠤ᠎ᠪᠠᠷ ᠪᠡᠯᠡᠨ ᠵᠣᠭᠣᠰ᠎ᠤᠨ ᠱᠠᠩᠨᠠᠯ ᠭᠦᠷᠲᠡᠭᠡᠵᠦ᠂ ᠵᠠᠷᠴᠢᠮ ᠳᠡᠭᠡᠷ᠎ᠡ᠎ᠪᠠᠨ ᠰᠲ᠋ᠣᠺ᠎ᠤᠨ ᠡᠷᠬᠡ ᠵᠢᠨ ᠱᠠᠩᠨᠠᠯ ᠭᠥᠷᠳᠡᠵᠦ ᠪᠣᠯᠬᠤ ᠥᠬᠡᠶ᠂ ᠭᠣᠣᠯ ᠤᠳᠤᠷᠢᠳᠤᠯᠭ᠎ᠠ ᠣᠲᠣ ᠵᠢᠨ ᠲᠤᠰᠢᠶᠠᠯ ᠬᠦᠯᠢᠶᠡᠬᠦ᠎ᠠᠴᠠ ᠡᠮᠦᠨ᠎ᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠵᠤ ᠣᠯᠤᠭᠰᠠᠨ ᠰᠲ᠋ᠣᠺ᠎ᠤᠨ ᠡᠷᠬᠡ᠎ᠪᠠᠨ ᠲᠤᠰᠢᠶᠠᠯ ᠬᠦᠯᠢᠶᠡᠭᠰᠡᠨ᠎ᠤ ᠳᠠᠷᠠᠭ᠎ᠠ ᠬᠤᠭᠤᠴᠠᠭ᠎ᠠ ᠳᠣᠭᠲᠠᠭ᠋ᠠᠨ ᠰᠢᠯᠵᠢᠭᠦᠯᠦᠨ ᠥᠭᠴᠦ᠂ ᠬᠤᠭᠤᠴᠠᠭ᠎ᠠ ᠬᠡᠲᠦᠷᠡᠲᠡᠯ᠎ᠡ ᠰᠢᠯᠵᠢᠭᠦᠯᠦᠨ ᠥᠭᠭᠦᠭᠰᠡᠨ ᠥᠬᠡᠶ ᠪᠣᠯ ᠲᠤᠰᠢᠶᠠᠯ᠎ᠤᠨ ᠬᠤᠭᠤᠴᠠᠭ᠋ᠠᠨ᠎ᠳᠤ ᠠᠷᠠᠯᠵᠢᠶᠠᠯᠠᠬᠤ ᠵᠢ ᠬᠢᠵᠠᠭ᠋ᠠᠷᠯᠠᠨ᠎ᠠ᠃ ᠤᠳᠤᠷᠢᠳᠬᠤ ᠲᠤᠰᠢᠶᠠᠯ ᠡᠭᠦᠷᠭᠡᠯᠡᠵᠦ ᠪᠠᠶ᠋ᠢᠭ᠎ᠠ ᠪᠤᠰᠤᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠭᠣᠣᠯ ᠪᠡᠶᠡᠯᠡᠭᠦᠯᠦᠭᠴᠢ ᠪᠤᠶᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠣᠯ ᠪᠡᠯᠡᠨ ᠵᠣᠭᠣᠰ᠂ ᠬᠤᠪᠢ ᠣᠷᠣᠭᠤᠯᠤᠯᠲᠠ ᠪᠤᠶᠤ ᠪᠡᠯᠡ ᠭᠠᠷᠭ᠋ᠠᠭᠰᠠᠨ ᠬᠠᠷᠢᠴᠠᠯ ᠵᠡᠷᠭᠡ ᠱᠠᠩᠨᠠᠯ ᠬᠥᠬᠢᠭᠦᠯᠦᠯ ᠪᠠ ᠬᠠᠷᠠᠮᠵᠢ ᠵᠢ ᠬᠠᠤᠯᠢ ᠶᠣᠰᠤ᠎ᠪᠠᠷ ᠣᠯᠵᠤ ᠪᠣᠯᠤᠨ᠎ᠠ᠃
     8. ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠣᠯᠭᠣᠬᠤ ᠥᠭᠡᠷᠡᠴᠢᠯᠡᠯᠲᠡ ᠵᠢ ᠰᠦᠪᠡᠭᠴᠢᠯᠡᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠥᠪᠡᠷᠲᠡᠭᠡᠨ ᠵᠠᠰᠠᠬᠤ ᠣᠷᠣᠨ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠤ ᠣᠯᠭᠣᠭᠰᠠᠨ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠪᠤᠶᠤ ᠤᠷᠲᠤ ᠬᠤᠭᠤᠴᠠᠭ᠎ᠠ ᠬᠡᠷᠡᠭᠯᠡᠬᠦ ᠡᠷᠬᠡ ᠵᠢᠨ ᠲᠤᠷᠰᠢᠯᠲᠠ ᠵᠢᠨ ᠴᠡᠭ᠎ᠤᠨ ᠨᠢᠭᠡᠴᠢ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠲᠣᠰ ᠨᠢᠭᠡᠴᠢ ᠵᠢᠨ ᠵᠶ᠋ᠠᠨ ᠡᠳ᠋᠎ᠤᠨ ᠵᠠᠰᠠᠭ᠎ᠤᠨ ᠪᠠᠯᠠ ᠮᠥᠩᠭᠥ ᠵᠢ ᠠᠰᠢᠭᠯᠠᠨ ᠪᠣᠶ ᠪᠣᠯᠭ᠋ᠠᠭᠰᠠᠨ ᠪᠤᠶᠤ ᠠᠵᠤ ᠠᠬᠤᠶ᠋ᠢᠯᠠᠯ᠂ ᠪᠤᠰᠤᠳ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠶ᠋ᠢᠳᠠᠯᠭ᠎ᠠ ᠵᠢ ᠭᠥᠯᠢᠶᠡᠨ ᠠᠪᠤᠭᠰᠠᠨ ᠨᠢᠭᠡᠴᠢ᠎ᠳᠤ ᠥᠮᠴᠢᠯᠡᠭᠳᠡᠬᠦ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠵᠢ ᠦᠷ᠎ᠡ ᠪᠦᠲᠦᠭᠡᠯ᠎ᠢ ᠪᠡᠶᠡᠯᠡᠭᠦᠯᠦᠭᠴᠢ (ᠪᠦᠯᠬᠦᠮ ᠨᠡᠶ᠋ᠢᠲᠡ)᠎ᠳᠤ ᠣᠯᠭᠣᠵᠤ᠂ ᠲᠤᠷᠰᠢᠯᠲᠠ ᠵᠢᠨ ᠨᠢᠭᠡᠴᠢ ᠪᠤᠶᠤ ᠦᠷ᠎ᠡ ᠪᠦᠲᠦᠭᠡᠯ᠎ᠢ ᠪᠡᠶᠡᠯᠡᠭᠦᠯᠦᠭᠴᠢ (ᠪᠦᠯᠬᠦᠮ ᠨᠡᠶ᠋ᠢᠲᠡ) ᠵᠢ ᠬᠠᠮᠲᠤ ᠵᠢᠨ ᠥᠮᠴᠢᠯᠡᠯ᠎ᠤᠨ ᠡᠷᠬᠡᠲᠦ ᠬᠥᠮᠦᠨ ᠪᠤᠶᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ 10 ᠵᠢᠯ᠎ᠠᠴᠠ ᠳᠤᠤᠷ᠎ᠠ ᠥᠬᠡᠶ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠣᠷᠳᠣ ᠬᠤᠭᠤᠴᠠᠭ᠋ᠠᠨ᠎ᠤ ᠬᠡᠷᠡᠭᠯᠡᠬᠦ ᠡᠷᠬᠡ ᠵᠢ ᠣᠯᠭᠣᠨ᠎ᠠ᠃ ᠡᠷᠬᠡ ᠣᠯᠭᠣᠯᠲᠠ ᠵᠢᠨ ᠦᠷ᠎ᠡ ᠪᠦᠲᠦᠭᠡᠯ᠎ᠤᠨ ᠡᠷᠬᠡ ᠵᠢᠨ ᠬᠠᠷᠢᠶᠠᠯᠠᠯ᠎ᠨᠢ ᠲᠣᠳᠣᠷᠬᠠᠶ᠂ ᠬᠡᠷᠡᠭᠯᠡᠭᠡᠨ᠎ᠤ ᠢᠷᠡᠭᠡᠳᠦᠶ᠎ᠨᠢ ᠲᠣᠳᠣᠷᠬᠠᠶ᠂ ᠬᠦᠯᠢᠶᠡᠨ ᠠᠪᠬᠤ ᠡᠲᠡᠭᠡᠳ᠎ᠨᠢ ᠲᠣᠳᠣᠷᠬᠠᠶ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠤᠯᠠᠷᠢᠭᠤᠯᠬᠤ ᠬᠦᠰᠡᠯ ᠡᠷᠡᠮᠡᠯᠵᠡᠯ᠎ᠨᠢ ᠴᠢᠩᠭ᠎ᠠ ᠵᠡᠷᠭᠡ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠡᠶᠡᠯᠡᠭᠦᠯᠦᠭᠴᠢ (ᠪᠦᠯᠬᠦᠮ ᠨᠡᠶ᠋ᠢᠲᠡ)᠎ᠨᠢ ᠪᠦᠯᠬᠦᠮ ᠨᠡᠶ᠋ᠢᠲᠡ ᠵᠢᠨ ᠳᠣᠲᠣᠭ᠋ᠠᠳᠤ᠎ᠳᠤ᠎ᠪᠠᠨ ᠵᠥᠪᠳᠡᠯᠴᠡᠨ ᠰᠠᠨᠠᠯ ᠨᠢᠭᠡᠳᠴᠦ᠂ ᠳᠣᠲᠣᠭ᠋ᠠᠳᠤ ᠠᠰᠢᠭ ᠣᠷᠣᠯᠭ᠎ᠠ ᠵᠢ ᠬᠤᠪᠢᠶᠠᠷᠢᠯᠠᠬᠤ ᠬᠠᠷᠢᠴᠠᠯ ᠵᠡᠷᠭᠡ ᠵᠦᠢ᠍ᠯ᠎ᠢ ᠪᠢᠴᠢᠭ ᠵᠶ᠋ᠠᠷ ᠪᠣᠯᠵᠣᠨ ᠲᠣᠭᠲᠠᠵᠤ᠂ ᠲᠥᠯᠥᠭᠡᠯᠡᠭᠴᠢ ᠲᠣᠭᠲᠠᠭ᠋ᠠᠵᠤ ᠨᠢᠭᠡᠴᠢ᠎ᠳᠤ ᠡᠷᠬᠡ ᠣᠯᠭᠣᠬᠤ ᠭᠤᠶᠤᠴᠢᠯᠠᠯ ᠳᠡᠪᠰᠢᠭᠦᠯᠵᠦ᠂ ᠲᠤᠷᠰᠢᠯᠲᠠ ᠵᠢᠨ ᠴᠡᠭ ᠪᠣᠯᠬᠤ ᠨᠢᠭᠡᠴᠢ᠎ᠨᠢ ᠬᠢᠨᠠᠨ ᠵᠥᠪᠰᠢᠶᠡᠷᠡᠬᠦ ᠵᠢᠨ ᠬᠠᠮᠲᠤ ᠨᠢᠭᠡᠴᠢ᠎ᠳᠤ᠎ᠪᠠᠨ ᠢᠯᠡ ᠨᠡᠢ᠌ᠲᠡᠯᠡᠵᠦ᠂ ᠢᠯᠡ ᠨᠡᠶ᠋ᠢᠲᠡᠯᠡᠬᠦ ᠬᠤᠭᠤᠴᠠᠭ᠎ᠠ᠎ᠨᠢ 15 ᠡᠳᠦᠷ᠎ᠠᠴᠠ ᠳᠤᠲᠠᠭᠤ ᠪᠠᠶ᠋ᠢᠵᠤ ᠪᠣᠯᠬᠤ ᠥᠬᠡᠶ᠃ ᠲᠤᠷᠰᠢᠯᠲᠠ ᠵᠢᠨ ᠨᠢᠭᠡᠴᠢ ᠬᠢᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠡᠶᠡᠯᠡᠭᠦᠯᠦᠭᠴᠢ (ᠪᠦᠯᠬᠦᠮ ᠨᠡᠶ᠋ᠢᠲᠡ)᠎ᠨᠢ ᠪᠢᠴᠢᠭ᠎ᠤᠨ ᠬᠡᠯᠡᠯᠴᠡᠭᠡᠷ ᠲᠣᠭᠲᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠰᠢᠭ ᠣᠷᠣᠯᠭ᠎ᠠ ᠵᠢ ᠬᠤᠪᠢᠶᠠᠷᠢᠯᠠᠬᠤ ᠬᠠᠷᠢᠴᠠᠯ᠂ ᠤᠯᠠᠷᠢᠭᠤᠯᠬᠤ ᠰᠢᠢ᠍ᠳᠪᠦᠷᠢᠲᠦ ᠪᠣᠳᠣᠯᠭ᠎ᠠ ᠵᠢᠨ ᠲᠣᠭᠲᠠᠴᠠ᠂ ᠤᠯᠠᠷᠢᠭᠤᠯᠬᠤ ᠵᠠᠷᠤᠳᠠᠯ᠎ᠢ ᠬᠤᠪᠢᠳᠠᠨ ᠡᠭᠦᠷᠭᠡᠯᠡᠬᠦ ᠵᠢᠴᠢ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠡᠪ ᠵᠶ᠋ᠠᠷ ᠪᠠᠶ᠋ᠢᠯᠭ᠋ᠠᠬᠤ ᠵᠠᠷᠤᠳᠠᠯ ᠵᠡᠷᠭᠡ ᠵᠢ ᠵᠦᠶ ᠵᠣᠬᠢᠰᠲᠠᠶ ᠪᠣᠯᠵᠣᠨ ᠲᠣᠭᠲᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠡᠯ᠎ᠡ ᠲᠠᠯ᠎ᠠ ᠵᠢᠨ ᠡᠷᠬᠡ ᠪᠠ ᠡᠭᠦᠷᠭᠡ ᠵᠢ ᠲᠣᠳᠣᠷᠬᠠᠶ᠋ᠢᠯᠠᠬᠤ ᠵᠢᠨ ᠬᠠᠮᠲᠤ ᠵᠣᠬᠢᠬᠤ ᠡᠷᠬᠡ ᠵᠢᠨ ᠬᠠᠷᠢᠶᠠᠯᠠᠯ᠎ᠢ ᠬᠤᠪᠢᠷᠠᠭᠤᠯᠬᠤ ᠵᠡᠷᠭᠡ ᠭᠠᠷᠳᠠᠮ᠎ᠢ ᠳᠠᠷᠤᠢ᠎ᠳᠤ᠎ᠨᠢ ᠭᠦᠢ᠍ᠴᠡᠳᠭᠡᠨ᠎ᠡ᠃
    (ᠭᠤᠷᠪᠠ) ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ
      ᠪᠦᠲᠦᠭᠡᠯ᠎ᠢ ᠤᠯᠠᠷᠢᠭᠤᠯᠬᠤ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ

     9. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠪᠠᠶ᠋ᠢᠭᠤᠯᠤᠨ᠎ᠠ᠃ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ᠂ ᠨᠡᠪᠴᠢᠭᠦᠯᠦᠭᠦᠷ᠂ ᠰᠢᠨ᠎ᠡ ᠬᠡᠯᠪᠡᠷᠢᠲᠦ ᠰᠤᠳᠤᠯᠤᠨ ᠨᠡᠭᠡᠭᠡᠬᠦ ᠪᠠᠶ᠋ᠢᠭᠤᠯᠤᠮᠵᠢ᠂ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠵᠡᠷᠭᠡ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠨᠢᠭᠡᠳᠦᠯᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠮᠡᠳᠡᠭᠡ ᠵᠠᠩᠭᠢᠴᠢᠯᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠮᠡᠳᠡᠭᠡ ᠵᠠᠩᠭᠢ ᠵᠢ ᠴᠤᠭᠯᠠᠭᠤᠯᠬᠤ᠂ ᠪᠣᠯᠪᠠᠰᠤᠷᠠᠭᠤᠯᠬᠤ ᠪᠠ ᠦᠢ᠍ᠯᠡᠴᠢᠯᠡᠬᠦ ᠠᠵᠢᠯᠯᠠᠭ᠎ᠠ ᠵᠢ ᠵᠢᠷᠤᠮᠵᠢᠭᠤᠯᠤᠨ᠎ᠠ᠃ ᠳᠡᠭᠡᠳᠦ ᠰᠤᠷᠭ᠋ᠠᠭᠤᠯᠢ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠲᠣᠰ ᠨᠢᠭᠡᠴᠢ ᠵᠢᠨ ᠵᠶ᠋ᠠᠨ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ ᠪᠠ ᠬᠣᠯᠪᠤᠭᠳᠠᠬᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢ ᠲᠡᠮᠳᠡᠭᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠥᠲᠦᠭᠡᠯ᠎ᠢ ᠵᠠᠬ᠎ᠠ ᠳᠡᠯᠭᠡᠭᠦᠷ᠎ᠲᠤ ᠭᠠᠷᠭ᠋ᠠᠵᠤ ᠠᠷᠠᠯᠵᠢᠶᠠᠯᠠᠬᠤ ᠵᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠥᠬᠥ ᠴᠤᠪᠤᠷᠠᠯ᠎ᠤᠨ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠪᠦᠷᠢᠳᠦᠭᠦᠯᠵᠦ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ ᠵᠡᠷᠭᠡ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠡᠵᠡᠩᠨᠡᠯᠲᠡ᠂ ᠦᠨᠡᠯᠡᠨ ᠵᠢᠱ᠌ᠢᠯᠲᠡ᠂ ᠬᠠᠤᠯᠢ ᠵᠢᠨ ᠶᠠᠪᠤᠳᠠᠯ᠂ ᠵᠠᠪᠰᠠᠷ᠎ᠤᠨ ᠲᠤᠷᠰᠢᠯᠲᠠ᠂ ᠨᠡᠪᠴᠢᠭᠦᠯᠦᠭᠦᠷ᠂ ᠪᠠᠯᠠ ᠣᠷᠣᠭᠤᠯᠵᠤ ᠪᠠᠯᠠ ᠨᠡᠢ᠌ᠯᠡᠭᠦᠯᠬᠦ᠂ ᠠᠵᠤ ᠦᠢ᠍ᠯᠡᠰ᠎ᠤᠨ ᠬᠦᠷᠢᠶᠡᠯᠡᠩ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠦᠢ᠍ᠯᠡᠴᠢᠯᠡᠬᠦ ᠨᠢᠭᠡ ᠪᠦᠯᠦᠭ ᠢᠵᠢ ᠪᠥᠷᠢᠳᠦᠭᠦᠯᠬᠦ ᠡᠬᠢ ᠪᠠᠶᠠᠯᠢᠭ᠎ᠢ ᠬᠤᠷᠠᠮᠳᠤᠭᠤᠯᠤᠨ ᠡᠵᠡᠩᠨᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ ᠪᠠ ᠬᠡᠷᠡᠭᠴᠡᠭᠡ᠎ᠳᠤ ᠨᠢᠭᠡ ᠯᠡ ᠥᠷᠲᠡᠭᠡᠨ᠎ᠤ ᠮᠠᠶᠢᠭᠲᠤ ᠦᠢ᠍ᠯᠡᠴᠢᠯᠡᠭᠡ ᠵᠢ ᠬᠠᠩᠭ᠋ᠠᠨ᠎ᠠ᠃ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠯᠭ᠋ᠠᠭᠤᠯᠬᠤ ᠲᠠᠪᠴᠠᠩ᠎ᠢ ᠪᠠᠶ᠋ᠢᠭᠤᠯᠵᠤ᠂ ᠣᠯᠠᠨ ᠡᠰᠢᠵᠢᠭᠦᠯᠦᠭᠰᠡᠨ᠂ ᠣᠯᠠᠨ ᠲᠠᠰ ᠳᠠᠪᠬᠤᠷᠭ᠋ᠠᠲᠤ᠂ ᠣᠯᠠᠨ ᠠᠷᠭ᠎ᠠ ᠵᠠᠮ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠯᠠ ᠣᠷᠣᠭᠤᠯᠵᠤ ᠪᠠᠯᠠ ᠨᠡᠢ᠌ᠯᠡᠭᠦᠯᠬᠦ ᠳᠣᠭᠲᠠᠯᠴᠠᠭ᠎ᠠ ᠵᠢ ᠥᠳᠲᠡᠷ ᠲᠦᠷᠭᠡᠨ ᠪᠣᠶ ᠪᠣᠯᠭ᠋ᠠᠵᠤ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠨ᠎ᠡ᠃
     10. ᠲᠤᠰᠬᠠᠶ᠋ᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠮᠡᠷᠭᠡᠵᠢᠯ ᠰᠢᠯᠵᠢᠭᠦᠯᠬᠦ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠳᠡᠭᠡᠳᠦ ᠰᠤᠷᠭ᠋ᠠᠭᠤᠯᠢ ᠵᠢᠨ᠎ᠬᠢᠨ ᠲᠤᠰᠬᠠᠶ᠋ᠢᠵᠢᠭᠰᠠᠨ ᠮᠡᠷᠭᠡᠵᠢᠯ ᠰᠢᠯᠵᠢᠭᠦᠯᠬᠦ ᠪᠠᠶ᠋ᠢᠭᠤᠯᠤᠮᠵᠢ ᠵᠢ ᠪᠠᠶ᠋ᠢᠭᠤᠯᠬᠤ ᠪᠤᠶᠤ ᠭᠤᠷᠪᠠᠳᠠᠬᠢ ᠡᠲᠡᠭᠡᠳ᠎ᠤᠨ ᠵᠠᠬ᠎ᠠ ᠳᠡᠯᠭᠡᠭᠦᠷᠴᠢᠯᠡᠭᠰᠡᠨ ᠮᠡᠷᠭᠡᠵᠢᠯ ᠰᠢᠯᠵᠢᠭᠦᠯᠬᠦ ᠪᠠᠶ᠋ᠢᠭᠤᠯᠤᠮᠵᠢ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠲᠥᠷᠥᠯ᠂ ᠶᠡᠷᠦᠩᠬᠡᠶ᠋ᠢᠯᠡᠭᠰᠡᠨ ᠲᠥᠷᠥᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠣᠷᠣᠨ ᠨᠤᠲᠤᠭ᠂ ᠠᠵᠤ ᠠᠬᠤᠶ᠋ᠢᠯᠠᠯ᠎ᠲᠠᠢ ᠬᠣᠯᠪᠣᠭ᠋ᠠᠯᠠᠨ ᠮᠡᠷᠭᠡᠵᠢᠯ᠎ᠢ ᠨᠡᠭᠡᠭᠡᠬᠦ᠂ ᠮᠡᠷᠭᠡᠵᠢᠯ ᠰᠢᠯᠵᠢᠭᠦᠯᠬᠦ᠂ ᠵᠠᠪᠰᠠᠷ᠎ᠤᠨ ᠲᠤᠷᠰᠢᠯᠲᠠ ᠵᠢ ᠪᠣᠯᠪᠠᠰᠤᠷᠠᠩᠭᠤᠶ ᠪᠣᠯᠭ᠋ᠠᠬᠤ ᠲᠤᠰᠠᠭ᠋ᠠᠷ ᠪᠠᠶ᠋ᠢᠭᠤᠯᠤᠮᠵᠢ ᠪᠠᠶ᠋ᠢᠭᠤᠯᠬᠤ ᠵᠢᠴᠢ ᠪᠥᠬᠦ ᠪᠡᠯᠡ ᠵᠢ ᠡᠵᠡᠮᠰᠢᠭᠰᠡᠨ ᠮᠡᠷᠭᠡᠵᠢᠯ ᠰᠢᠯᠵᠢᠭᠦᠯᠬᠦ ᠺᠣᠮᠫᠠᠨᠢ ᠵᠡᠷᠭᠡ ᠠᠷᠭ᠎ᠠ ᠮᠠᠶᠢᠭ ᠵᠶ᠋ᠠᠷ ᠮᠡᠷᠭᠡᠵᠢᠯ ᠰᠢᠯᠵᠢᠭᠦᠯᠬᠦ ᠪᠠᠶ᠋ᠢᠭᠤᠯᠤᠮᠵᠢ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠮᠡᠷᠭᠡᠵᠢᠯ ᠰᠢᠯᠵᠢᠭᠦᠯᠬᠦ ᠪᠠᠶ᠋ᠢᠭᠤᠯᠤᠮᠵᠢ᠎ᠨᠢ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠪᠠ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠲᠣᠭᠲᠠᠭ᠋ᠠᠵᠤ᠂ ᠬᠠᠮᠢᠶᠠᠷᠤᠯᠲᠠ ᠵᠢᠨ ᠪᠠᠷᠢᠮᠵᠢᠶ᠎ᠠ ᠪᠠ ᠳᠣᠲᠣᠭ᠋ᠠᠳᠤ ᠵᠢᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠢ ᠬᠥᠲᠥᠯᠦᠨ ᠵᠢᠯᠣᠭᠣᠳᠬᠤ ᠪᠠ ᠬᠠᠪᠰᠤᠷᠴᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠰᠡᠭᠦᠯᠴᠢ ᠵᠢᠨ ᠲᠤᠷᠰᠢᠯᠲᠠ᠂ ᠨᠡᠭᠡᠭᠡᠨ ᠬᠥᠭᠵᠢᠭᠦᠯᠵᠦ ᠬᠡᠷᠡᠭᠯᠡᠬᠦ ᠵᠢᠴᠢ ᠦᠷ᠎ᠡ ᠪᠦᠲᠦᠭᠡᠯ᠎ᠢ ᠲᠠᠨᠢᠯᠴᠠᠭᠤᠯᠬᠤ ᠵᠡᠷᠭᠡ ᠠᠵᠢᠯ᠎ᠢ ᠥᠷᠨᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠲᠤᠰᠬᠠᠶ ᠵᠠᠷᠤᠳᠠᠯ᠎ᠢ ᠳᠣᠭᠢᠷᠠᠭᠤᠯᠵᠤ᠂ ᠮᠡᠷᠭᠡᠵᠢᠯ᠎ᠢ ᠰᠢᠯᠵᠢᠭᠦᠯᠬᠦ ᠪᠠᠶ᠋ᠢᠭᠤᠯᠤᠮᠵᠢ ᠵᠢᠨ ᠦᠷ᠎ᠡ ᠪᠦᠲᠦᠭᠡᠯ᠎ᠢ ᠤᠯᠠᠷᠢᠭᠤᠯᠬᠤ ᠬᠣᠯᠪᠤᠭᠳᠠᠬᠤ ᠠᠵᠢᠯ ᠥᠷᠨᠢᠭᠦᠯᠬᠦ ᠵᠢ ᠪᠠᠲᠤᠯᠠᠬᠤ ᠬᠡᠷᠡᠭᠲᠡᠶ᠃
     11. ᠲᠤᠰᠬᠠᠶ᠋ᠢᠵᠢᠭᠰᠠᠨ᠂ ᠲᠤᠬᠠᠢ᠌ᠵᠢᠭᠰᠠᠨ ᠮᠡᠷᠭᠡᠵᠢᠯ ᠰᠢᠯᠵᠢᠭᠦᠯᠬᠦ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠳᠡᠭᠡᠳᠦ ᠰᠤᠷᠭ᠋ᠠᠭᠤᠯᠢ ᠵᠢᠨ᠎ᠬᠢᠨ 《  ᠭᠠᠳᠠᠨ᠎ᠠ᠎ᠠᠴᠠ ᠠᠪᠴᠢᠷᠠᠬᠤ ᠪᠠ ᠥᠪᠡᠷ ᠵᠶ᠋ᠡᠨ ᠬᠥᠮᠥᠵᠢᠭᠦᠯᠬᠦ ᠵᠢ ᠵᠡᠷᠭᠡᠳ ᠴᠢᠬᠤᠯᠠᠴᠢᠯᠠᠬᠤ᠂ ᠲᠤᠰᠬᠠᠶ ᠪᠠ ᠬᠠᠪᠰᠤᠷᠭ᠋ᠠᠨ ᠬᠠᠷᠢᠭᠤᠴᠠᠬᠤ ᠵᠢ ᠤᠶᠠᠯᠳᠤᠭᠤᠯᠬᠤ》 ᠠᠷᠭ᠎ᠠ ᠮᠠᠶᠢᠭ᠎ᠢ ᠠᠪᠴᠤ᠂ ᠮᠡᠷᠭᠡᠵᠢᠯ ᠰᠢᠯᠵᠢᠭᠦᠯᠬᠦ ᠪᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠵᠤ᠂ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠤᠨ ᠠᠮᠵᠢᠯᠲᠠ ᠪᠦᠲᠦᠮᠵᠢ ᠵᠢ ᠲᠤᠰᠬᠠᠶ ᠲᠤᠰᠢᠶᠠᠯᠲᠤ ᠠᠵᠢᠯᠲᠠᠨ᠎ᠤ ᠣᠷᠣᠯᠭ᠎ᠠ ᠵᠢᠨ ᠬᠤᠪᠢᠶᠠᠷᠢᠯᠠᠯᠲᠠ᠎ᠯᠤᠭ᠎ᠠ ᠬᠣᠯᠪᠣᠭᠳᠠᠭᠤᠯᠤᠭᠰᠠᠨ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ 《ᠤᠯᠤᠰ᠎ᠤᠨ ᠮᠡᠷᠭᠡᠵᠢᠯ ᠰᠢᠯᠵᠢᠭᠦᠯᠬᠦ ᠲᠤᠰᠬᠠᠶ ᠮᠡᠷᠭᠡᠵᠢᠯ᠎ᠤᠨ ᠠᠵᠢᠯᠲᠠᠨ᠎ᠤ ᠴᠢᠳᠠᠪᠤᠷᠢ ᠵᠢᠨ ᠳᠡᠰ᠎ᠤᠨ ᠪᠣᠯᠪᠠᠰᠤᠷᠠᠭᠤᠯᠤᠯ᠎ᠤᠨ ᠬᠥᠲᠥᠯᠪᠦᠷᠢ》 ᠵᠢᠨ ᠱᠠᠭ᠋ᠠᠷᠳᠠᠯᠭ᠎ᠠ ᠶᠣᠰᠤ᠎ᠪᠠᠷ ᠤᠯᠤᠰ᠎ᠤᠨ ᠮᠡᠷᠭᠡᠵᠢᠯ ᠰᠢᠯᠵᠢᠭᠦᠯᠬᠦ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ ᠵᠶ᠋ᠠᠷ ᠳᠠᠮᠵᠢᠭᠤᠯᠤᠨ ᠲᠣᠭᠲᠠᠮᠠᠯ ᠬᠤᠭᠤᠴᠠᠭ᠋ᠠᠲᠠᠢ᠎ᠪᠠᠷ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠥᠷᠨᠢᠭᠦᠯᠵᠦ᠂ ᠮᠡᠷᠭᠡᠵᠢᠯ ᠰᠢᠯᠵᠢᠭᠦᠯᠬᠦ ᠠᠵᠢᠯ ᠡᠷᠭᠢᠯᠡᠭᠰᠡᠳ᠎ᠤᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ ᠪᠠ ᠦᠢ᠍ᠯᠡᠳᠦᠯᠭᠡ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠨᠥᠬᠥᠴᠡᠯ᠎ᠲᠠᠢ ᠳᠡᠭᠡᠳᠦ ᠰᠤᠷᠭ᠋ᠠᠭᠤᠯᠢ ᠮᠡᠷᠭᠡᠵᠢᠯ ᠰᠢᠯᠵᠢᠭᠦᠯᠬᠦ᠎ᠲᠠᠢ ᠬᠣᠯᠪᠤᠭᠳᠠᠬᠤ ᠬᠢᠴᠢᠶᠡᠯ᠎ᠢ ᠨᠡᠭᠡᠭᠡᠵᠦ᠂ ᠮᠡᠷᠭᠡᠵᠢᠯ ᠰᠢᠯᠵᠢᠭᠦᠯᠬᠦ ᠲᠤᠰᠬᠠᠶ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠢᠳᠡᠪᠬᠢᠲᠡᠶ᠎ᠪᠠᠷ ᠰᠦᠪᠡᠭᠴᠢᠯᠡᠬᠦ ᠬᠡᠷᠡᠭᠲᠡᠶ᠃ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ᠂ ᠡᠯ᠎ᠡ ᠲᠥᠷᠥᠯ᠎ᠤᠨ ᠳᠡᠭᠡᠳᠦ ᠰᠢᠨ᠎ᠡ ᠮᠡᠷᠭᠡᠵᠢᠯ᠎ᠤᠨ ᠬᠦᠷᠢᠶᠡᠯᠡᠩ᠂ ᠨᠡᠪᠴᠢᠭᠦᠯᠦᠭᠦᠷ ᠵᠡᠷᠭᠡ ᠪᠠᠶ᠋ᠢᠭᠤᠯᠤᠮᠵᠢ᠎ᠳᠤ ᠳᠡᠭᠡᠳᠦ ᠰᠤᠷᠭ᠋ᠠᠭᠤᠯᠢ ᠵᠢᠨ᠎ᠬᠢᠨ ᠳᠠᠳᠤᠯᠭ᠎ᠠ ᠵᠢᠨ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠦᠵᠢᠭᠦᠯᠬᠦ ᠪᠠ ᠨᠥᠭᠡᠴᠡᠯᠡᠬᠦ ᠵᠢ ᠴᠢᠩᠭ᠋ᠠᠳᠬᠠᠨ᠎ᠠ᠃

     (ᠳᠥᠷᠪᠡ) ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ

      ᠪᠦᠲᠦᠭᠡᠯ᠎ᠢ ᠤᠯᠠᠷᠢᠭᠤᠯᠬᠤ ᠢᠵᠢ ᠪᠥᠷᠢᠳᠦᠭᠦᠯᠬᠦ ᠲᠥᠷᠥ ᠵᠢᠨ ᠪᠣᠳᠤᠯᠭ᠎ᠠ ᠵᠢ ᠲᠡᠭᠦᠯᠳᠡᠷᠵᠢᠭᠦᠯᠦᠨ᠎ᠡ
     12. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠠᠵᠢᠯᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠲᠥᠷᠢᠮ᠎ᠢ ᠪᠠᠶ᠋ᠢᠭᠤᠯᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠭᠡᠵᠦ᠂ ᠲᠤᠬᠠᠶ᠋ᠢᠯᠠᠭᠰᠠᠨ ᠠᠵᠢᠯ ᠵᠶ᠋ᠠᠨ ᠪᠡᠶᠡᠯᠡᠭᠦᠯᠦᠭᠰᠡᠨ ᠤᠷᠢᠲᠠᠯ ᠳᠤᠤᠷ᠎ᠠ᠂ ᠳᠡᠭᠡᠳᠦ ᠰᠤᠷᠭ᠋ᠠᠭᠤᠯᠢ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠢᠷᠡᠭᠡᠳᠦᠶ ᠭᠡᠭᠡᠨ ᠰᠠᠷᠠᠭᠤᠯ᠂ ᠬᠦᠰᠡᠯ ᠡᠷᠡᠮᠡᠯᠵᠡᠯ ᠵᠶ᠋ᠠᠷ ᠴᠢᠩᠭ᠎ᠠ ᠮᠥᠷᠲᠡᠭᠡᠨ ᠨᠥᠬᠥᠴᠡᠯ ᠪᠥᠷᠢᠳᠦᠭᠰᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠲᠤᠰᠢᠶᠠᠯ ᠬᠠᠪᠰᠤᠷᠭ᠋ᠠᠬᠤ ᠪᠤᠶᠤ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠦᠢ᠍ᠯᠡᠰ ᠪᠣᠰᠬᠠᠬᠤ ᠵᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠳᠡᠭᠡᠳᠦ ᠰᠤᠷᠭ᠋ᠠᠭᠤᠯᠢ ᠵᠢᠨ᠎ᠬᠢᠨ ᠲᠦᠷᠢᠮ ᠲᠣᠭᠲᠠᠭ᠋ᠠᠯ ᠳᠣᠭᠲᠠᠭ᠋ᠠᠬᠤ ᠪᠤᠶᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤᠨ ᠲᠤᠰᠢᠶᠠᠯ ᠬᠠᠪᠰᠤᠷᠭ᠋ᠠᠬᠤ᠂ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯᠯᠠᠭ᠎ᠠ ᠬᠢᠬᠦ ᠬᠤᠭᠤᠴᠠᠭ᠎ᠠ ᠪᠠ ᠬᠤᠭᠤᠴᠠᠭ᠎ᠠ ᠳᠦᠭᠦᠷᠦᠭᠰᠡᠨ᠎ᠤ ᠳᠠᠷᠠᠭ᠋ᠠᠬᠢ ᠡᠷᠬᠡ ᠪᠠ ᠡᠭᠦᠷᠭᠡ ᠵᠢ ᠲᠣᠭᠲᠠᠭ᠋ᠠᠬᠤ ᠬᠡᠷᠡᠭᠲᠡᠶ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠲᠣᠭᠲᠠᠭᠰᠠᠨ ᠶᠣᠰᠤ᠎ᠪᠠᠷ ᠣᠯᠤᠭᠰᠠᠨ ᠲᠤᠰᠢᠶᠠᠯ ᠬᠠᠪᠰᠤᠷᠭ᠋ᠠᠭᠰᠠᠨ ᠬᠠᠷᠠᠮᠵᠢ ᠵᠢ ᠵᠠᠷᠴᠢᠮ ᠳᠡᠭᠡᠷ᠎ᠡ᠎ᠪᠠᠨ ᠬᠤᠪᠢ ᠬᠥᠮᠦᠨ᠎ᠳᠤ ᠥᠮᠴᠢᠯᠡᠭᠦᠯᠵᠦ᠂ ᠠᠵᠢᠯᠯᠠᠵᠤ ᠪᠠᠶ᠋ᠢᠭ᠎ᠠ ᠨᠢᠭᠡᠴᠢ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠶᠡᠷᠦᠩᠬᠡᠶ ᠲᠣᠭ᠎ᠠ᠎ᠳᠤ ᠬᠢᠵᠠᠭ᠋ᠠᠷᠯᠠᠭᠳᠠᠬᠤ ᠥᠬᠡᠶ᠂   ᠠᠵᠢᠯᠯᠠᠵᠤ ᠪᠠᠶ᠋ᠢᠭ᠎ᠠ ᠨᠢᠭᠡᠴᠢ᠎ᠳᠤ᠎ᠪᠠᠨ ᠦᠨᠡᠨ ᠮᠥᠨ ᠵᠶ᠋ᠠᠷ᠎ᠨᠢ ᠮᠡᠳᠡᠭᠦᠯᠦᠨ ᠳᠠᠩᠰᠠᠯᠠᠭᠤᠯᠬᠤ ᠵᠢᠨ ᠬᠠᠮᠲᠤ ᠬᠣᠯᠪᠤᠭᠳᠠᠬᠤ ᠲᠣᠭᠲᠠᠭ᠋ᠠᠯ ᠶᠣᠰᠤ᠎ᠪᠠᠷ ᠬᠤᠪᠢ ᠵᠢᠨ ᠣᠯᠵᠠᠪᠤᠷᠢ ᠵᠢᠨ ᠭᠠᠶ᠋ᠢᠯᠢ ᠲᠤᠰᠢᠶᠠᠨ᠎ᠠ᠃ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠦᠢ᠍ᠯᠡᠰ ᠪᠣᠰᠬᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠠᠵᠢᠯ᠎ᠤᠨ ᠨᠢᠭᠡᠴᠢ᠎ᠯᠦᠭᠡ᠎ᠪᠠᠨ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠦᠢ᠍ᠯᠡᠰ ᠪᠣᠰᠬᠠᠬᠤ ᠬᠡᠯᠡᠯᠴᠡᠭᠡᠷ ᠲᠣᠭᠲᠠᠵᠤ᠂ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠦᠢ᠍ᠯᠡᠰ ᠪᠣᠰᠬᠠᠬᠤ᠎ᠳᠤ ᠭᠤᠷᠪᠠᠨ ᠵᠢᠯ᠎ᠠᠴᠠ ᠬᠡᠲᠦᠷᠡᠬᠦ ᠥᠬᠡᠶ ᠪᠣᠯ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢ ᠦᠯᠡᠳᠡᠭᠡᠬᠦ ᠵᠢᠨ ᠬᠠᠮᠲᠤ ᠲᠡᠳᠡᠨ᠎ᠳᠤ ᠬᠠᠤᠯᠢ ᠶᠣᠰᠤ᠎ᠪᠠᠷ ᠨᠡᠶ᠋ᠢᠭᠡᠮ᠎ᠤᠨ ᠳᠠᠭ᠋ᠠᠳᠬᠠᠯ᠎ᠢ ᠲᠤᠰᠢᠶᠠᠨ ᠥᠭᠴᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠦᠢ᠍ᠯᠡᠰ ᠪᠣᠰᠬᠠᠬᠤ ᠬᠤᠭᠤᠴᠠᠭ᠋ᠠᠨ᠎ᠳᠤ ᠣᠯᠤᠭᠰᠠᠨ ᠠᠮᠵᠢᠯᠲᠠ ᠪᠦᠲᠦᠮᠵᠢ᠂ ᠦᠷ᠎ᠡ ᠪᠦᠲᠦᠭᠡᠯ ᠵᠡᠷᠭᠡ᠎ᠪᠠᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠦᠨᠳᠦᠰᠦᠯᠡᠯ ᠪᠣᠯᠭ᠋ᠠᠨ᠎ᠠ᠃ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠦᠢ᠍ᠯᠡᠰ ᠪᠣᠰᠬᠠᠭᠰᠠᠳ ᠠᠵᠢᠯ᠎ᠤᠨ ᠪᠠᠶ᠋ᠢᠷᠢ᠎ᠳᠤ᠎ᠪᠠᠨ ᠪᠤᠴᠠᠬᠤ ᠦᠶ᠎ᠡ᠎ᠳᠤ ᠬᠡᠷᠪᠡ ᠵᠣᠬᠢᠬᠤ ᠠᠵᠢᠯ᠎ᠤᠨ ᠪᠠᠶ᠋ᠢᠷᠢ ᠵᠢᠨ ᠬᠣᠭᠣᠰᠣᠨ ᠣᠷᠣ ᠥᠬᠡᠶ ᠪᠣᠯ ᠠᠵᠢᠯ᠎ᠤᠨ ᠪᠠᠶ᠋ᠢᠷᠢ ᠵᠢᠨ ᠶᠡᠷᠦᠩᠬᠡᠶ ᠬᠡᠮᠵᠢᠶ᠎ᠡ᠎ᠠᠴᠠ ᠲᠦᠷ ᠳᠠᠪᠠᠭᠤᠯᠤᠨ ᠤᠷᠢᠨ ᠬᠡᠷᠡᠭᠯᠡᠬᠦ ᠵᠢᠨ ᠬᠠᠮᠲᠤ ᠠᠯᠬᠤᠮ ᠠᠯᠬᠤᠮ ᠵᠶ᠋ᠠᠷ ᠠᠵᠢᠯ᠎ᠤᠨ ᠣᠷᠣ ᠲᠣᠬᠢᠷᠠᠭᠤᠯᠤᠨ᠎ᠠ᠃
     13. ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠡᠶ᠋ᠢᠲᠡᠯᠡᠬᠦ ᠲᠦᠷᠢᠮ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ ᠳᠡᠭᠡᠳᠦ ᠰᠤᠷᠭ᠋ᠠᠭᠤᠯᠢ᠎ᠨᠤᠭᠤᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠦᠢ᠍ᠯᠡᠴᠢᠯᠡᠭᠡ ᠵᠢ ᠡᠬᠢ ᠡᠭᠦᠰᠦᠯ᠎ᠠᠴᠠ᠎ᠨᠢ ᠴᠢᠩᠭ᠋ᠠᠳᠬᠠᠵᠤ᠂ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠡᠶ᠋ᠢᠲᠡᠯᠡᠬᠦ ᠲᠦᠷᠢᠮ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠠᠵᠢᠯᠯᠠᠵᠤ ᠪᠠᠶ᠋ᠢᠭ᠎ᠠ ᠨᠢᠭᠡᠴᠢ᠎ᠳᠤ᠎ᠪᠠᠨ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ ᠵᠶ᠋ᠠᠨ   ᠰᠠᠨᠠᠭ᠋ᠠᠴᠢᠯᠠᠭ᠎ᠠ᠎ᠠᠴᠠ᠎ᠪᠠᠨ ᠳᠠᠷᠤᠢ᠎ᠳᠤ᠎ᠨᠢ ᠮᠡᠳᠡᠭᠦᠯᠦᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠬᠠᠤᠯᠢ ᠴᠠᠭ᠋ᠠᠵᠠ ᠵᠢᠨ ᠲᠦᠭᠰᠢᠭᠦᠷᠢ ᠵᠢᠨ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠬᠠᠤᠯᠢ ᠶᠣᠰᠤ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯᠯᠠᠭ᠎ᠠ ᠵᠢ ᠥᠷᠨᠢᠭᠦᠯᠬᠦ ᠵᠢ ᠬᠥᠲᠥᠯᠦᠨ ᠵᠢᠯᠣᠭᠣᠳᠴᠤ᠂ ᠠᠵᠢᠯᠯᠠᠵᠤ ᠪᠠᠶ᠋ᠢᠭ᠎ᠠ ᠨᠢᠭᠡᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃ ᠨᠢᠭᠡᠴᠢ ᠵᠢᠨ ᠵᠥᠪᠰᠢᠶᠡᠷᠡᠯ ᠦᠭᠡᠢ᠎ᠪᠠᠷ ᠶᠠᠮᠠᠷᠪᠠ ᠬᠥᠮᠦᠨ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠠᠰᠢᠭᠯᠠᠨ ᠠᠵᠤ ᠠᠬᠤᠶ᠋ᠢᠯᠠᠯ ᠡᠭᠦᠳᠦᠨ ᠪᠠᠶ᠋ᠢᠭᠤᠯᠬᠤ ᠵᠡᠷᠭᠡ ᠠᠵᠢᠯᠯᠠᠭ᠎ᠠ ᠵᠢ ᠬᠢᠵᠦ ᠪᠣᠯᠬᠤ ᠦᠭᠡᠢ᠃ ᠨᠢᠭᠤᠴᠠ᠎ᠳᠤ ᠬᠣᠯᠪᠣᠭᠳᠠᠬᠤ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠡᠶ᠋ᠢᠲᠡᠯᠡᠬᠦ᠎ᠳᠤ᠎ᠪᠠᠨ ᠨᠢᠭᠤᠴᠠ ᠵᠢ ᠬᠠᠮᠠᠭ᠋ᠠᠯᠠᠬᠤ᠎ᠳᠤ ᠬᠣᠯᠪᠤᠭᠳᠠᠬᠤ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠶ᠃
     14. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠮᠡᠳᠡᠭᠦᠯᠦᠯᠲᠡ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ᠎ᠬᠢᠨ ᠵᠢᠯ ᠪᠦᠷᠢ ᠱᠠᠭ᠋ᠠᠷᠳᠠᠯᠭ᠎ᠠ ᠶᠣᠰᠤ᠎ᠪᠠᠷ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢᠯ᠎ᠤᠨ ᠮᠡᠳᠡᠭᠦᠯᠦᠯᠲᠡ ᠲᠤᠰᠢᠶᠠᠵᠤ᠂ ᠲᠣᠰ ᠨᠢᠭᠡᠴᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠲᠣᠭ᠎ᠠ ᠬᠡᠮᠵᠢᠶ᠎ᠡ᠂ ᠤᠯᠠᠷᠢᠯᠠᠭᠤᠯᠤᠯᠲᠠ ᠵᠢ ᠬᠡᠷᠡᠭᠵᠢᠭᠦᠯᠦᠭᠰᠡᠨ ᠪᠠᠶ᠋ᠢᠳᠠᠯ ᠵᠢᠴᠢ ᠠᠵᠤ ᠠᠬᠤᠶ᠋ᠢᠯᠠᠯ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠲᠤᠷᠠᠯᠴᠠᠭ᠎ᠠ ᠵᠢ ᠳᠥᠯᠭᠢᠨ ᠠᠬᠢᠭᠤᠯᠤᠭᠰᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ ᠠᠮᠵᠢᠯᠲᠠ ᠪᠦᠲᠦᠮᠵᠢ ᠪᠠ ᠱᠠᠩᠨᠠᠯ ᠬᠥᠬᠢᠭᠦᠯᠦᠯ ᠵᠡᠷᠭᠡ ᠵᠢᠨ ᠪᠠᠶ᠋ᠢᠳᠠᠯ᠎ᠢ ᠲᠣᠳᠣᠷᠬᠠᠶ᠋ᠢᠯᠠᠬᠤ ᠵᠢᠨ ᠬᠠᠮᠲᠤ ᠪᠥᠬᠥ ᠵᠢᠯ᠎ᠤᠨ ᠲᠤᠰ ᠨᠢᠭᠡᠴᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ ᠶᠡᠷᠦᠩᠬᠡᠶ ᠦᠷ᠎ᠡ ᠪᠦᠲᠦᠮᠵᠢ᠂ ᠲᠤᠯᠭ᠋ᠠᠷᠠᠵᠤ ᠪᠠᠶ᠋ᠢᠭ᠎ᠠ ᠠᠰᠠᠭᠤᠳᠠᠯ ᠪᠠ ᠰᠠᠨᠠᠭᠤᠯᠭ᠎ᠠ ᠵᠢ ᠳ᠋ᠦᠩᠨᠡᠨ᠎ᠡ᠃
     15᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ᠂ ᠲᠤᠰᠢᠶᠠᠯ ᠵᠶ᠋ᠠᠨ ᠭᠦᠢ᠍ᠴᠡᠳᠬᠡᠬᠦ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠲᠣᠭᠲᠠᠴᠠ ᠵᠢ ᠪᠠᠢ᠌ᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠪᠤᠰᠤᠳᠴᠢ ᠵᠢᠮ᠎ᠡ ᠶᠣᠰᠣ ᠵᠢ ᠦᠨᠳᠦᠰᠦᠯᠡᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠵᠣᠷᠢᠭᠲᠠᠶ᠎ᠪᠠᠷ ᠰᠢᠨ᠎ᠡ ᠵᠢ ᠡᠭᠦᠳᠬᠦ᠂ ᠵᠣᠷᠢᠭᠲᠠᠶ᠎ᠪᠠᠷ ᠦᠢ᠍ᠯᠡᠳᠦᠯᠭᠡᠵᠢᠭᠦᠯᠬᠦ ᠵᠢ ᠵᠣᠷᠢᠭᠵᠢᠭᠤᠯᠵᠤ᠂ ᠲᠥᠰᠦᠯ᠎ᠢ ᠬᠡᠷᠡᠭᠵᠢᠭᠦᠯᠬᠦ ᠶᠠᠪᠤᠴᠠ᠎ᠳᠤ ᠤᠷᠢᠳ ᠵᠶ᠋ᠠᠷ ᠬᠢᠵᠦ ᠤᠷᠢᠳ ᠵᠶ᠋ᠠᠷ ᠳᠤᠷᠰᠢᠵᠤ᠂ ᠪᠡᠶᠡᠴᠢ ᠪᠣᠰᠤ ᠡᠨᠳᠡᠭᠦᠷᠡᠯ᠎ᠠᠴᠠ ᠡᠭᠦᠰᠦᠭᠰᠡᠨ ᠡᠨᠳᠡᠭᠦᠦ ᠪᠤᠷᠤᠭᠤ᠎ᠲᠠᠢ ᠪᠣᠯᠪᠠᠴᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠨᠢᠭᠡᠨᠲᠡ ᠬᠢᠴᠢᠶᠡᠨ ᠴᠢᠷᠮᠠᠶ᠋ᠢᠵᠤ ᠬᠠᠷᠢᠭᠤᠴᠠᠯᠭ᠎ᠠ ᠡᠭᠦᠷᠭᠡ᠎ᠪᠠᠨ ᠭᠦᠢ᠍ᠴᠡᠳᠭᠡᠭᠰᠡᠨ ᠪᠣᠯ ᠨᠠᠵᠠᠭ᠋ᠠᠶ ᠲᠠᠯ᠎ᠠ ᠵᠢᠨ ᠦᠨᠡᠯᠡᠯᠲᠡ ᠬᠢᠬᠦ ᠥᠬᠡᠶ ᠪᠠᠶ᠋ᠢᠵᠤ᠂ ᠬᠣᠯᠪᠤᠭᠳᠠᠬᠤ ᠬᠠᠷᠢᠭᠤᠴᠠᠯᠭ᠎ᠠ᠎ᠠᠴᠠ ᠭᠡᠯᠳᠦᠷᠢᠭᠦᠯᠦᠨ᠎ᠡ᠃ ᠳᠡᠭᠡᠳᠦ ᠰᠤᠷᠭ᠋ᠠᠭᠤᠯᠢ ᠵᠢᠨ ᠬᠣᠯᠪᠤᠭᠳᠠᠬᠤ ᠬᠠᠷᠢᠭᠤᠴᠠᠯᠭ᠋ᠠᠲᠠᠨ ᠵᠢᠴᠢ ᠠᠵᠢᠯᠲᠠᠨ ᠬᠢᠴᠢᠶᠡᠨ ᠴᠢᠷᠮᠠᠶ᠋ᠢᠵᠤ ᠬᠠᠷᠢᠭᠤᠴᠠᠯᠭ᠎ᠠ ᠡᠭᠦᠷᠭᠡ᠎ᠪᠠᠨ ᠭᠦᠢ᠍ᠴᠡᠳᠭᠡᠵᠦ᠂ ᠬᠠᠮᠲᠤ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠢᠯᠡ ᠨᠡᠶ᠋ᠢᠲᠡᠯᠡᠬᠦ ᠵᠡᠷᠭᠡ ᠬᠠᠮᠢᠶᠠᠷᠤᠯᠲᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠬᠠᠤᠯᠢ ᠪᠤᠰᠤ ᠠᠰᠢᠭ ᠲᠤᠰᠠ ᠣᠯᠤᠭᠰᠠᠨ ᠥᠬᠡᠶ ᠤᠷᠢᠲᠠᠯ ᠳᠤᠤᠷ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠠᠷᠠᠯᠵᠢᠶᠠᠨ᠎ᠤ ᠦᠨ᠎ᠡ ᠲᠣᠭᠲᠠᠭ᠋ᠠᠬᠤ᠂ ᠦᠷ᠎ᠡ ᠪᠦᠲᠦᠭᠡᠯ᠎ᠳᠤ ᠡᠷᠬᠡ ᠣᠯᠭᠣᠬᠤ ᠵᠡᠷᠭᠡ ᠰᠢᠢ᠍ᠳᠪᠦᠷᠢᠲᠦ ᠪᠣᠳᠣᠯᠭ᠎ᠠ ᠵᠢᠨ ᠠᠵᠢᠯ᠎ᠤᠨ ᠶᠠᠪᠤᠴᠠ᠎ᠳᠠᠬᠢ ᠲᠡᠳᠡᠨ᠎ᠤ ᠬᠠᠷᠢᠭᠤᠴᠠᠯᠭ᠎ᠠ ᠵᠢ ᠨᠡᠬᠡᠮᠵᠢᠯᠡᠬᠦ᠎ᠠᠴᠠ ᠬᠡᠯᠲᠦᠷᠢᠭᠦᠯᠦᠨ᠎ᠡ᠃
      ᠭᠤᠷᠪᠠ᠂ ᠪᠠᠲᠤᠯᠠᠭ᠋ᠠᠨ᠎ᠤ ᠠᠷᠭ᠎ᠠ ᠬᠡᠮᠵᠢᠶ᠎ᠡ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ
      ᠡᠯ᠎ᠡ ᠬᠣᠯᠪᠤᠭᠳᠠᠬᠤ ᠰᠠᠯᠠᠭ᠎ᠠ ᠮᠥᠴᠢᠷ᠎ᠤᠨ᠎ᠬᠢᠨ ᠡᠭᠦᠷᠭᠡ ᠴᠢᠳᠠᠪᠤᠷᠢ ᠵᠢᠨ ᠪᠠᠶ᠋ᠢᠷᠢ ᠲᠣᠭᠲᠠᠭ᠋ᠠᠯᠲᠠ ᠪᠠ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠨ᠂ ᠬᠠᠮᠵᠢᠯᠴᠠᠨ ᠠᠬᠢᠭᠤᠯᠬᠤ ᠲᠣᠭᠲᠠᠴᠠ ᠵᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠡᠬᠢ ᠪᠠᠶᠠᠯᠢᠭ᠎ᠤᠨ ᠲᠣᠬᠢᠷᠠᠭᠤᠯᠤᠯᠲᠠ᠂ ᠨᠥᠬᠥᠴᠡᠯ᠎ᠤᠨ ᠪᠠᠲᠤᠯᠠᠭ᠎ᠠ ᠪᠠ ᠬᠦᠴᠦᠨ ᠵᠦᠢ᠍ᠯ᠎ᠤᠨ ᠬᠠᠩᠭ᠋ᠠᠯᠭ᠎ᠠ ᠵᠡᠷᠭᠡ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ᠃ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠲᠦᠷᠦᠭᠦᠯᠡᠨ ᠬᠣᠯᠪᠤᠭᠳᠠᠬᠤ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠵᠢᠯ ᠪᠦᠷᠢ ᠨᠠᠭ᠋ᠠᠳᠤ ᠵᠠᠬ᠎ᠠ᠎ᠳᠤ᠎ᠪᠠᠨ ᠨᠢᠭᠡ ᠤᠳᠠᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠯᠠᠷᠢᠭᠤᠯᠬᠤ ᠲᠤᠰᠬᠠᠶ ᠰᠡᠳᠦᠪᠲᠦ ᠬᠤᠷᠠᠯ᠎ᠢ ᠬᠤᠷᠠᠯᠳᠤᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃
     (ᠬᠣᠶᠠᠷ)   ᠬᠢᠷᠢ ᠪᠦᠲᠦᠮᠵᠢ ᠵᠢᠨ ᠦᠨᠡᠯᠡᠯᠲᠡ ᠵᠢ ᠥᠷᠨᠢᠭᠦᠯᠬᠦ
      ᠳᠡᠭᠡᠳᠦ ᠰᠤᠷᠭ᠋ᠠᠭᠤᠯᠢ ᠵᠢ ᠵᠢᠯᠣᠭᠣᠳᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠦᠨᠡᠯᠡᠬᠦ   ᠭᠦᠢ᠍ᠴᠡᠳᠭᠡᠯ ᠲᠣᠭ᠋ᠠᠨ᠎ᠤ ᠳᠣᠭᠲᠠᠯᠴᠠᠭ᠎ᠠ ᠵᠢ ᠪᠠᠶ᠋ᠢᠭᠤᠯᠵᠤ᠂ ᠦᠷ᠎ᠡ ᠪᠦᠲᠦᠭᠡᠯ᠎ᠢ ᠰᠢᠯᠵᠢᠭᠦᠯᠦᠨ ᠥᠭᠬᠦ᠂ ᠵᠥᠪᠰᠢᠶᠡᠷᠡᠬᠦ᠂ ᠦᠨ᠎ᠡ ᠲᠣᠭᠲᠠᠭ᠋ᠠᠨ ᠪᠠᠯᠠ ᠣᠷᠣᠭᠤᠯᠬᠤ᠂ ᠠᠵᠤ ᠠᠬᠤᠶ᠋ᠢᠯᠠᠯ᠂ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠬᠠᠮᠲᠤᠷᠠᠯᠴᠠᠭ᠎ᠠ ᠵᠢᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠱᠠᠩᠨᠠᠯ ᠵᠡᠷᠭᠡ ᠠᠭᠤᠯᠭ᠎ᠠ ᠵᠢ ᠳᠣᠪᠣᠶ᠋ᠢᠯᠭ᠋ᠠᠨ᠎ᠠ᠃ ᠬᠣᠯᠪᠤᠭᠳᠠᠬᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ᠎ᠬᠢᠨ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠦᠨᠡᠯᠡᠨ ᠵᠠᠳᠠᠯᠬᠤ᠎ᠪᠠᠨ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ ᠵᠢᠨ ᠦᠷ᠎ᠡ ᠪᠦᠲᠦᠭᠡᠯ᠎ᠢ ᠤᠯᠠᠷᠢᠭᠤᠯᠬᠤ ᠲᠣᠭ᠎ᠠ ᠪᠠᠷᠢᠮᠲᠠ ᠵᠢ ᠲᠣᠭᠲᠠᠮᠠᠯ ᠬᠤᠭᠤᠴᠠᠭ᠋ᠠᠲᠠᠢ᠎ᠪᠠᠷ ᠨᠡᠶ᠋ᠢᠲᠡᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠷ᠎ᠡ ᠪᠦᠲᠦᠮᠵᠢ ᠵᠢ ᠳᠡᠭᠡᠳᠦ ᠰᠤᠷᠭ᠋ᠠᠭᠤᠯᠢ᠎ᠳᠤ ᠳᠡᠮᠵᠢᠯᠭᠡ ᠦᠵᠡᠭᠦᠯᠬᠦ ᠯᠠᠪᠯᠠᠯᠲᠠ ᠪᠠ ᠦᠨᠳᠦᠰᠦᠯᠡᠯ ᠪᠣᠯᠭ᠋ᠠᠬᠤ ᠬᠡᠷᠡᠭᠲᠡᠶ᠃ ᠳᠡᠭᠡᠳᠦ ᠰᠤᠷᠭ᠋ᠠᠭᠤᠯᠢ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ   ᠤᠯᠠᠷᠢᠭᠤᠯᠬᠤ ᠦᠷ᠎ᠡ ᠪᠦᠲᠦᠮᠵᠢ ᠵᠢ ᠳᠡᠭᠡᠳᠦ ᠰᠤᠷᠭ᠋ᠠᠭᠤᠯᠢ ᠵᠢᠨ ᠤᠳᠤᠷᠢᠳᠬᠤ ᠪᠠᠭ᠎ᠤᠨ ᠵᠢᠯ᠎ᠤᠨ ᠰᠢᠯᠭ᠋ᠠᠨ ᠬᠢᠨᠠᠬᠤ᠎ᠳᠤ ᠣᠷᠣᠭᠤᠯᠬᠤ ᠬᠡᠷᠡᠭᠲᠡᠶ᠃
     (ᠭᠤᠷᠪᠠ) ᠤᠬᠠᠭᠤᠯᠵᠤ ᠬᠥᠲᠥᠯᠦᠨ ᠵᠢᠯᠣᠭᠣᠳᠬᠤ ᠵᠢ ᠴᠢᠩᠭ᠋ᠠᠷᠠᠭᠤᠯᠬᠤ
      ᠳᠡᠭᠡᠳᠦ ᠰᠤᠷᠭ᠋ᠠᠭᠤᠯᠢ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠳᠠᠷᠤᠢ᠎ᠳᠤ᠎ᠨᠢ ᠢᠯᠡᠷᠡᠭᠦᠯᠵᠦ᠂ ᠡᠯ᠎ᠡ ᠲᠥᠷᠥᠯ᠎ᠤᠨ ᠵᠠᠭᠤᠴᠢᠯᠠᠭᠤᠷ ᠵᠶ᠋ᠠᠷ ᠳᠠᠮᠵᠢᠭᠤᠯᠤᠨ ᠤᠬᠠᠭᠤᠯᠤᠨ ᠮᠡᠳᠡᠭᠡᠯᠡᠵᠦ᠂ ᠨᠡᠶ᠋ᠢᠲᠡᠯᠢᠭ ᠵᠢᠱ᠌ᠢᠶ᠎ᠡ ᠦᠵᠡᠭᠦᠯᠵᠦ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃ ᠡᠭᠦᠨ᠎ᠤ ᠬᠠᠮᠲᠤ ᠰᠢᠨ᠎ᠡ ᠪᠠᠶ᠋ᠢᠳᠠᠯ᠎ᠳᠠᠬᠢ ᠮᠡᠷᠭᠡᠵᠢᠯ᠎ᠤᠨ ᠰᠢᠯᠵᠢᠯᠲᠡ ᠵᠢᠨ ᠰᠢᠨ᠎ᠡ ᠬᠡᠪ ᠵᠠᠭᠪᠤᠷ᠂ ᠰᠢᠨ᠎ᠡ ᠣᠨᠴᠠᠯᠢᠭ᠎ᠢ ᠠᠭᠤᠰᠬᠠᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠵᠢ ᠬᠤᠷᠢᠶᠠᠩᠭᠤᠶ᠋ᠢᠯᠠᠵᠤ ᠰᠣᠯᠢᠯᠴᠠᠨ ᠬᠤᠪᠢᠶᠠᠯᠴᠠᠵᠤ᠂ ᠮᠡᠷᠭᠡᠵᠢᠯ ᠰᠢᠯᠵᠢᠭᠦᠯᠬᠦ ᠪᠠᠶ᠋ᠢᠭᠤᠯᠤᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ᠎ᠪᠠᠷ ᠢᠯᠡᠳᠲᠡ   ᠳᠡᠭᠡᠳᠦ ᠰᠤᠷᠭ᠋ᠠᠭᠤᠯᠢ ᠪᠠ ᠬᠤᠪᠢ ᠬᠥᠮᠦᠨ᠎ᠢ ᠮᠠᠭᠲᠠᠨ ᠰᠠᠶ᠋ᠢᠰᠢᠶᠠᠵᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠲᠥᠯᠥᠪᠵᠢᠭᠦᠯᠭᠡ ᠵᠢᠨ ᠲᠥᠰᠦᠯ᠎ᠢ ᠵᠣᠬᠢᠶᠠᠨ ᠪᠠᠶ᠋ᠢᠭᠤᠯᠵᠤ ᠮᠡᠳᠡᠭᠦᠯᠬᠦ ᠲᠤᠬᠠᠶ ᠮᠡᠳᠡᠭᠳᠡᠯ
2022 ᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠰᠡᠳᠦᠪ᠎ᠢ ᠶᠠᠭ᠋ᠠᠬᠢᠵᠤ ᠭᠠᠷᠭ᠋ᠠᠬᠤ ᠪᠣᠶ? ᠰᠤᠷᠭ᠋ᠠᠨ ᠬᠥᠮᠦᠵᠢᠯ᠎ᠤᠨ ᠶᠠᠮᠤᠨ᠎ᠤ ᠮᠡᠳᠡᠭᠳᠡᠯ
ᠰᠤᠷᠭ᠋ᠠᠨ ᠬᠥᠮᠦᠵᠢᠯ᠎ᠤᠨ ᠶᠠᠮᠤᠨ᠄ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠵᠢ ᠴᠢᠩᠭ᠎ᠠ ᠳᠦᠷᠢᠮᠵᠢᠭᠦᠯᠬᠦ ᠬᠡᠷᠡᠭᠲᠡᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢᠨ ᠭᠦᠨᠵᠡᠭᠡᠢ᠌ᠷᠡᠭᠦᠯᠦᠯᠲᠡ ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠭᠦᠨᠵᠡᠭᠡᠢ᠌ᠷᠡᠭᠦᠯᠦᠯᠲᠡ ᠵᠢ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤ ᠣᠷᠳᠣᠨ᠎ᠤ ᠮᠡᠳᠡᠭᠳᠡᠯ
 
             蒙ICP备05000248号