ᠣᠳᠣᠬᠠᠨ᠎ᠤ ᠬᠡᠰᠡᠭ ᠳᠡᠭᠡᠳᠦ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠤᠭᠰᠠᠨ ᠨᠥᠬᠥᠴᠡᠯ ᠪᠠ ᠲᠠᠰ ᠳᠠᠷᠠᠭ᠋ᠠᠯᠠᠯ᠎ᠨᠢ ᠲᠡᠭᠦᠯᠳᠡᠷ ᠪᠤᠰᠤ᠂ ᠰᠣᠬᠣᠷ ᠪᠠᠯᠠᠶ᠎ᠪᠠᠷ ᠥᠷᠭᠡᠳᠬᠡᠬᠦ ᠦᠵᠡᠭᠳᠡᠯ ᠲᠣᠪᠣᠶ᠋ᠢᠮ᠎ᠠ᠂ ᠬᠢᠨᠠᠯᠲᠠ ᠬᠠᠮᠢᠶᠠᠷᠤᠯᠲᠠ ᠴᠢᠩᠭ᠎ᠠ ᠪᠤᠰᠤ᠂ ᠰᠤᠷᠭ᠋ᠠᠭᠤᠯᠢ ᠡᠷᠭᠢᠯᠡᠬᠦ ᠦᠢ᠍ᠯᠡ ᠠᠵᠢᠯᠯᠠᠭ᠎ᠠ ᠳᠦᠷᠢᠮᠵᠢᠯ ᠥᠬᠡᠶ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠥᠨᠳᠥᠷ ᠪᠢᠰᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠲᠦᠷᠦᠭᠦᠬᠡᠨ 《ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠠᠵᠢᠯ᠎ᠢ ᠴᠢᠩᠭ᠎ᠠ ᠳᠦᠷᠢᠮᠵᠢᠭᠦᠯᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠳᠦᠭᠦᠮᠴᠢᠯᠡᠨ᠎ᠡ)᠎ᠢ ᠨᠡᠶ᠋ᠢᠲᠡᠯᠡᠵᠦ᠂ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠵᠢ ᠳᠦᠷᠢᠮᠵᠢᠭᠦᠯᠬᠦ ᠱᠠᠭ᠋ᠠᠷᠳᠠᠯᠭ᠎ᠠ ᠵᠢ ᠳᠤᠷᠠᠳᠪᠠ᠃ ᠪᠣᠳᠠᠲᠠᠶ ᠶᠠᠮᠠᠷ ᠱᠠᠭ᠋ᠠᠷᠳᠠᠯᠭ᠎ᠠ ᠪᠠᠢ᠌ᠬᠤ ᠪᠣᠶ? ᠬᠠᠮᠲᠤ᠎ᠳᠤ᠎ᠪᠠᠨ ᠦᠵᠡᠵᠡᠭᠡᠶ᠎ᠡ!
ᠨᠢᠭᠡ᠎ᠳᠤ᠂ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠪᠣᠯ ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠢ ᠡᠷᠭᠢᠯᠡᠬᠦ ᠵᠢᠨ ᠲᠦᠰᠢᠭ ᠪᠠ ᠦᠢ᠍ᠯᠡᠴᠢᠯᠡᠭᠡᠨ᠎ᠤ ᠦᠷᠭᠦᠯᠵᠢᠯᠡᠯ᠂ ᠲᠡᠭᠦᠨ᠎ᠤ ᠵᠢᠭ᠋ᠠᠨ ᠰᠤᠷᠭ᠋ᠠᠯᠲᠠ ᠪᠠ ᠬᠠᠮᠢᠶᠠᠷᠤᠯᠲᠠ ᠵᠢᠨ ᠪᠠᠶ᠋ᠢᠳᠠᠯ᠎ᠨᠢ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠴᠢᠨᠠᠷ ᠴᠢᠨᠰᠠᠭ᠎ᠠ ᠵᠢ ᠰᠢᠭᠤᠳ ᠢᠯᠡᠷᠡᠭᠦᠯᠵᠦ᠂ ᠳᠡᠭᠡᠳᠦ ᠰᠤᠷᠭ᠋ᠠᠭᠤᠯᠢ ᠵᠢᠨ ᠨᠠᠷᠠᠲᠤ ᠲᠡᠮᠳᠡᠭᠲᠦ ᠪᠠ ᠨᠡᠷ᠎ᠡ ᠬᠦᠨᠳᠦ᠎ᠲᠠᠢ ᠰᠢᠭᠤᠳ ᠬᠣᠯᠪᠤᠭᠳᠠᠨ᠎ᠠ ᠭᠡᠵᠦ ᠴᠢᠬᠤᠯᠠᠴᠢᠯᠠᠪᠠ᠃ ᠳᠡᠭᠡᠳᠦ ᠰᠤᠷᠭ᠋ᠠᠭᠤᠯᠢ ᠵᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠢ ᠪᠠᠢ᠌ᠭᠤᠯᠬᠤ ᠪᠠ ᠬᠠᠮᠢᠶᠠᠷᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠤᠷᠭ᠋ᠠᠭᠤᠯᠢ ᠡᠷᠭᠢᠯᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠵᠢᠯᠣᠭᠣᠳᠴᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠲᠠᠢ ᠬᠣᠯᠪᠤᠭᠳᠠᠬᠤ ᠭᠣᠭᠴᠣᠭ᠎ᠠ ᠵᠢ ᠨᠠᠢ᠌ᠳᠠᠪᠤᠷᠢᠵᠢᠭᠤᠯᠵᠤ᠂ ᠵᠢᠭ᠋ᠠᠨ ᠰᠤᠷᠭ᠋ᠠᠯᠲᠠ ᠵᠢᠨ ᠶᠠᠪᠤᠴᠠ ᠵᠢᠨ ᠬᠢᠨᠠᠯᠲᠠ ᠬᠠᠮᠢᠶᠠᠷᠤᠯᠲᠠ ᠪᠠ ᠰᠠᠬᠢᠯᠭ᠎ᠠ ᠪᠠᠲᠤ ᠵᠢᠨ ᠬᠢᠵᠠᠭ᠋ᠠᠷᠯᠠᠯ᠎ᠢ ᠴᠢᠩᠭ᠋ᠠᠳᠬᠠᠵᠤ᠂ ᠰᠣᠷᠣᠭᠴᠢ ᠡᠯᠰᠡᠬᠦ ᠤᠬᠠᠭᠤᠯᠭ᠎ᠠ᠂ ᠰᠤᠷᠭ᠋ᠠᠭᠤᠯᠢ ᠵᠢᠨ ᠬᠠᠷᠢᠶᠠᠯᠠᠯ᠂ ᠰᠦᠢ᠍ᠳᠭᠡᠯ ᠬᠤᠷᠢᠶᠠᠬᠤ ᠪᠠ ᠵᠠᠷᠤᠳᠠᠯ᠎ᠢ ᠬᠡᠷᠡᠭᠯᠡᠬᠦ ᠵᠡᠷᠭᠡ ᠬᠠᠮᠢᠶᠠᠷᠤᠯᠲᠠ ᠵᠢ ᠴᠢᠩᠳᠠᠯᠠᠵᠤ᠂ ᠳᠡᠭᠡᠳᠦ ᠰᠤᠷᠭ᠋ᠠᠭᠤᠯᠢ ᠵᠢᠨ ᠵᠠᠰᠠᠬᠤ ᠴᠢᠳᠠᠪᠤᠷᠢ ᠵᠢᠨ ᠬᠡᠪᠴᠢᠶᠡᠨ᠎ᠳᠠᠬᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠬᠢᠵᠠᠭ᠋ᠠᠷ᠎ᠲᠠᠢ ᠪᠠᠢ᠌ᠭᠤᠯᠬᠤ ᠵᠢᠨ ᠬᠠᠮᠲᠤ ᠬᠠᠮᠢᠶᠠᠷᠴᠤ ᠳᠡᠶ᠋ᠢᠯᠬᠦ᠂ ᠰᠠᠶ᠋ᠢᠲᠤᠷ ᠬᠠᠮᠢᠶᠠᠷᠴᠤ ᠳᠡᠶ᠋ᠢᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
ᠬᠣᠶᠠᠷ᠎ᠲᠤ᠂ ᠲᠣᠭ᠎ᠠ ᠬᠡᠮᠵᠢᠶᠡᠨ᠎ᠤ ᠬᠡᠪᠴᠢᠶ᠎ᠡ ᠵᠢ ᠴᠢᠩᠭ᠎ᠠ ᠬᠢᠵᠠᠭ᠋ᠠᠷᠯᠠᠨ᠎ᠠ᠃ ᠳᠡᠭᠡᠳᠦ ᠰᠤᠷᠭ᠋ᠠᠭᠤᠯᠢ ᠵᠢ ᠨᠠᠷᠢᠨ ᠬᠢᠨᠠᠮᠠᠭ᠋ᠠᠢ ᠪᠣᠯᠭᠣᠮᠵᠢᠲᠠᠶ ᠰᠤᠳᠤᠯᠵᠤ᠂ ᠲᠣᠰ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠪᠠᠶ᠋ᠢᠷᠢᠰᠢᠭᠤᠯᠤᠯᠲᠠ ᠵᠢ ᠵᠦᠶ ᠵᠣᠬᠢᠰᠲᠠᠶ ᠲᠥᠯᠦᠪᠵᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠲᠣᠭ᠎ᠠ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠴᠡᠭ ᠪᠠᠢ᠌ᠭᠤᠯᠬᠤ ᠨᠢᠭᠡᠴᠢ ᠵᠢ ᠨᠠᠷᠢᠨ ᠬᠢᠨᠠᠮᠠᠭ᠋ᠠᠢ ᠪᠣᠯᠭᠣᠮᠵᠢᠲᠠᠶ ᠰᠣᠩᠭᠣᠬᠤ ᠬᠡᠷᠡᠭᠲᠡᠶ ᠭᠡᠵᠦ ᠱᠠᠭ᠋ᠠᠷᠳᠠᠪᠠ᠃ ᠲᠥᠪ᠎ᠤᠨ ᠰᠠᠯᠠᠭ᠎ᠠ ᠮᠥᠴᠢᠷ᠎ᠤᠨ ᠬᠠᠷᠢᠶ᠎ᠠ ᠳᠡᠭᠡᠳᠦ ᠰᠤᠷᠭ᠋ᠠᠭᠤᠯᠢ ᠵᠢ ᠬᠥᠲᠥᠯᠥᠨ ᠵᠢᠯᠣᠭᠣᠳᠴᠤ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠲᠣᠭ᠎ᠠ ᠬᠡᠮᠵᠢᠶ᠎ᠡ ᠵᠢ ᠪᠠᠭ᠋ᠠᠰᠬᠠᠨ᠎ᠠ᠃ ᠣᠷᠣᠨ ᠨᠤᠲᠤᠭ᠎ᠤᠨ ᠳᠡᠭᠡᠳᠦ ᠰᠤᠷᠭ᠋ᠠᠭᠤᠯᠢ ᠵᠢ ᠬᠥᠲᠥᠯᠥᠨ ᠵᠢᠯᠣᠭᠣᠳᠴᠤ ᠮᠤᠵᠢ ᠵᠢᠨ ᠳᠣᠲᠣᠷ᠎ᠠ᠎ᠪᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠵᠤ᠂ ᠮᠤᠵᠢ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠶ᠃ ᠴᠡᠭ ᠪᠠᠢ᠌ᠭᠤᠯᠬᠤ ᠨᠢᠭᠡᠴᠢ ᠵᠢᠨ ᠬᠡᠪᠴᠢᠶ᠎ᠡ ᠵᠢ ᠬᠢᠵᠠᠭ᠋ᠠᠷᠯᠠᠵᠤ᠂ ᠳᠡᠭᠡᠳᠦ ᠰᠤᠷᠭ᠋ᠠᠭᠤᠯᠢ ᠵᠢ ᠬᠥᠲᠥᠯᠥᠨ ᠵᠢᠯᠣᠭᠣᠳᠴᠤ ᠰᠤᠷᠭ᠋ᠠᠭᠤᠯᠢ ᠡᠷᠬᠢᠯᠡᠬᠦ ᠨᠥᠬᠥᠴᠡᠯ ᠵᠶ᠋ᠠᠷ ᠰᠠᠶ᠋ᠢᠨ᠂ ᠬᠠᠮᠢᠶᠠᠷᠤᠯᠲᠠ᠎ᠨᠢ ᠳᠦᠷᠢᠮᠵᠢᠯ᠎ᠲᠠᠢ᠂ ᠪᠠᠲᠤᠯᠠᠭ᠎ᠠ᠎ᠪᠠᠷ ᠬᠦᠴᠦᠲᠡᠶ ᠨᠢᠭᠡᠴᠢ ᠵᠢ ᠡᠩ ᠲᠡᠷᠢᠭᠦᠨ᠎ᠳᠤ ᠰᠣᠩᠭᠣᠵᠤ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠬᠠᠮᠲᠤᠷᠠᠨ ᠪᠠᠢ᠌ᠭᠤᠯᠬᠤ ᠬᠡᠷᠡᠭᠲᠡᠶ ᠃
ᠭᠤᠷᠪᠠ᠎ᠳᠤ᠂ ᠨᠥᠬᠥᠴᠡᠯ ᠪᠠ ᠳᠡᠰ ᠳᠠᠷᠠᠭ᠋ᠠᠯᠠᠯ᠎ᠢ ᠲᠣᠳᠣᠷᠬᠠᠶ᠋ᠢᠯᠠᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠡᠭᠡᠳᠦ ᠰᠤᠷᠭ᠋ᠠᠭᠤᠯᠢ᠂ ᠴᠡᠭ ᠪᠠᠢ᠌ᠭᠤᠯᠬᠤ ᠨᠢᠭᠡᠴᠢ ᠵᠢᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂ ᠡᠯ᠎ᠡ ᠭᠠᠵᠠᠷ᠎ᠤᠨ ᠡᠯ᠎ᠡ ᠳᠡᠭᠡᠳᠦ ᠰᠤᠷᠭ᠋ᠠᠭᠤᠯᠢ 《ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠠᠵᠢᠯ᠎ᠤᠨ ᠵᠢᠯᠣᠭᠣᠳᠤᠮᠵᠢ》 ᠵᠢ ᠦᠨᠳᠦᠰᠦᠯᠡᠨ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠳᠠᠩᠰᠠᠯᠠᠭᠤᠯᠬᠤ ᠠᠵᠢᠯ᠎ᠢ ᠥᠷᠨᠢᠭᠦᠯᠦᠨ᠎ᠡ᠃ ᠡᠯ᠎ᠡ ᠭᠠᠵᠠᠷ᠎ᠤᠨ᠎ᠬᠢᠨ ᠲᠤᠰ ᠮᠤᠵᠢ ᠵᠢᠨ ᠵᠶ᠋ᠠᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠲᠤᠰ ᠮᠤᠵᠢ ᠵᠢᠨ ᠵᠶ᠋ᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠨ ᠨᠠᠷᠢᠯᠢᠬ᠍ᠵᠢᠭᠤᠯᠬᠤ ᠵᠢᠨ ᠬᠠᠮᠲᠤ ᠳᠡᠭᠡᠳᠦ ᠰᠤᠷᠭ᠋ᠠᠭᠤᠯᠢ ᠵᠢᠨ ᠳᠡᠪᠰᠢᠭᠦᠯᠦᠭᠰᠡᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠳᠠᠩᠰᠠᠯᠠᠭᠤᠯᠬᠤ ᠮᠠᠲ᠋ᠧᠷᠢᠶᠠᠯ᠎ᠢ ᠴᠢᠩᠭ᠎ᠠ ᠦᠨᠡᠯᠡᠵᠦ᠂ ᠳᠡᠰ ᠳᠠᠷᠠᠭ᠋ᠠᠯᠠᠯ᠎ᠨᠢ ᠳᠦᠷᠢᠮᠵᠢᠭᠰᠡᠨ ᠡᠰᠡᠬᠦ᠂ ᠮᠠᠲ᠋ᠧᠷᠢᠶᠠᠯ᠎ᠨᠢ ᠦᠨᠡᠨ ᠪᠣᠳᠠᠲᠠᠶ ᠪᠥᠭᠡᠳ ᠪᠦᠷᠢᠨ ᠪᠦᠲᠦᠨ ᠪᠠᠶ᠋ᠢᠬᠤ ᠡᠰᠡᠬᠦ᠂ ᠰᠤᠷᠭ᠋ᠠᠭᠤᠯᠢ ᠡᠷᠬᠢᠯᠡᠬᠦ ᠨᠥᠬᠥᠴᠡᠯ᠎ᠨᠢ ᠪᠠᠷᠢᠮᠵᠢᠶ᠎ᠠ᠎ᠳᠤ ᠬᠦᠷᠦᠭᠰᠡᠨ ᠡᠰᠡᠬᠦ᠂ ᠡᠷᠬᠢᠯᠡᠭᠰᠡᠨ ᠲᠤᠰᠬᠠᠶ ᠮᠡᠷᠭᠡᠵᠢᠯ ᠬᠢᠭᠡᠳ ᠲᠤᠬᠠᠶ ᠵᠢᠨ ᠭᠠᠵᠠᠷ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠲᠠᠢ ᠲᠣᠬᠢᠷᠠᠭᠰᠠᠨ ᠡᠰᠡᠬᠦ ᠵᠢ ᠭᠣᠣᠯᠳᠠᠯᠭ᠋ᠠᠲᠠᠢ ᠠᠩᠬᠠᠷᠬᠤ ᠬᠡᠷᠡᠭᠲᠡᠶ᠃
ᠳᠥᠷᠪᠡ᠎ᠳᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠳᠡᠭᠡᠳᠦ ᠰᠤᠷᠭ᠋ᠠᠭᠤᠯᠢ ᠵᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠵᠢ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠰᠢᠰᠲ᠋ᠧᠮᠵᠢᠭᠦᠯᠦᠨ ᠬᠠᠮᠢᠶᠠᠷᠬᠤ᠎ᠪᠠᠨ ᠴᠢᠩᠭ᠋ᠠᠳᠬᠠᠵᠤ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠴᠠᠭ᠋ᠠᠬᠤ ᠪᠠ ᠦᠨᠡᠯᠡᠬᠦ ᠵᠢ ᠲᠣᠭᠲᠠᠮᠠᠯ ᠬᠤᠭᠤᠴᠠᠭ᠋ᠠᠲᠠᠢ ᠥᠷᠨᠢᠭᠦᠯᠵᠦ᠂ ᠲᠦᠭᠰᠢᠭᠦᠷᠢ ᠵᠢᠨ ᠳᠤᠲᠠᠭᠳᠠᠯ᠎ᠢ ᠳᠠᠷᠤᠢ᠎ᠳᠤ᠎ᠨᠢ ᠨᠥᠬᠥᠪᠥᠷᠢᠯᠡᠬᠦ ᠬᠡᠷᠡᠭᠲᠡᠶ ᠭᠡᠵᠦ ᠱᠠᠭ᠋ᠠᠷᠳᠠᠪᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠨᠢᠭᠡᠨᠲᠡ ᠳᠠᠩᠰᠠᠯᠠᠭᠤᠯᠤᠭᠰᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠲᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠣᠯᠤᠨ ᠴᠢᠨᠠᠷ ᠴᠢᠨᠰᠠᠭ᠎ᠠ ᠵᠢ ᠬᠢᠨᠠᠨ ᠬᠡᠮᠵᠢᠬᠦ᠎ᠪᠠᠨ ᠴᠢᠩᠭ᠋ᠠᠳᠬᠠᠵᠤ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠵᠥᠪᠰᠢᠶᠡᠷᠡᠨ ᠣᠷᠣᠭᠤᠯᠬᠤ᠂ ᠦᠨᠡᠯᠡᠬᠦ᠂ ᠱᠠᠩᠨᠠᠵᠤ ᠲᠣᠷᠭ᠋ᠠᠬᠤ᠂ ᠪᠤᠴᠠᠭ᠋ᠠᠵᠤ ᠭᠠᠷᠭ᠋ᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠬᠣᠭᠣᠷᠣᠨᠳᠣ᠎ᠪᠠᠨ 《ᠰᠦᠯᠵᠢᠶᠡᠨ᠎ᠤ + ᠰᠦᠯᠵᠢᠶᠡᠨ ᠭᠠᠳᠠᠨᠠᠬᠢ》 ᠬᠠᠮᠵᠢᠨ ᠬᠣᠯᠪᠣᠭ᠋ᠠᠯᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠥᠷᠨᠢᠭᠦᠯᠬᠦ ᠵᠢᠨ ᠬᠠᠮᠲᠤ ᠪᠤᠰᠤᠳ ᠬᠣᠯᠪᠤᠭᠳᠠᠬᠤ ᠰᠠᠯᠠᠭ᠎ᠠ ᠮᠥᠴᠢᠷ᠎ᠲᠠᠢ ᠬᠣᠯᠪᠤᠭ᠋ᠠᠯᠠᠵᠤ᠂ ᠬᠤᠳᠠᠯ ᠬᠠᠭᠤᠷᠮᠠᠭ ᠵᠶ᠋ᠠᠷ ᠤᠬᠠᠭᠤᠯᠬᠤ᠂ ᠰᠣᠷᠣᠭᠴᠢ ᠵᠢᠨ ᠢᠷᠡᠯᠲᠡ ᠵᠢ ᠬᠤᠳᠠᠯᠳᠤᠭ᠋ᠠᠯᠠᠬᠤ᠂ ᠣᠷᠣᠯᠠᠨ ᠰᠤᠷᠴᠤ ᠰᠢᠯᠭ᠋ᠠᠭᠤᠯᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠱᠠᠭ᠋ᠠᠷᠳᠠᠪᠠ᠃
《ᠮᠡᠳᠡᠭᠳᠡᠯ》᠎ᠳᠤ᠂ 2023 ᠣᠨ᠎ᠤ 1 ᠰᠠᠷ᠎ᠠ᠎ᠠᠴᠠ ᠡᠬᠢᠯᠡᠨ ᠡᠯ᠎ᠡ ᠭᠠᠵᠠᠷ᠎ᠤᠨ ᠡᠯ᠎ᠡ ᠳᠡᠭᠡᠳᠦ ᠰᠤᠷᠭ᠋ᠠᠭᠤᠯᠢ 《ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠶ᠋ᠢᠭᠤᠯᠬᠤ ᠠᠵᠢᠯ᠎ᠤᠨ ᠵᠢᠯᠣᠭᠣᠳᠤᠮᠵᠢ》 ᠶᠣᠰᠤ᠎ᠪᠠᠷ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠶ᠋ᠢᠭᠤᠯᠬᠤ ᠪᠠ ᠳᠠᠩᠰᠠᠯᠠᠬᠤ ᠠᠵᠢᠯ᠎ᠢ ᠥᠷᠨᠢᠭᠦᠯᠵᠦ᠂ ᠨᠢᠭᠡᠨᠲᠡ ᠳᠠᠩᠰᠠᠯᠠᠭᠤᠯᠤᠭᠰᠠᠨ ᠪᠣᠯᠪᠠᠴᠤ 《ᠮᠡᠳᠡᠭᠳᠡᠯ》᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ 2 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠳᠤ ᠴᠡᠭᠴᠡᠯᠡᠨ ᠥᠭᠡᠷᠡᠴᠢᠯᠡᠨ᠎ᠡ᠃ ᠳᠠᠷᠠᠭ᠎ᠠ ᠠᠯᠬᠤᠮ᠎ᠳᠤ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠡᠯ᠎ᠡ ᠭᠠᠵᠠᠷ᠎ᠤᠨ ᠡᠯ᠎ᠡ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠠᠮᠢᠶᠠᠷᠤᠯᠲᠠ ᠵᠢ ᠴᠢᠩᠭ᠎ᠠ ᠳᠦᠷᠢᠮᠵᠢᠭᠦᠯᠬᠦ ᠵᠢ ᠦᠷᠭᠦᠯᠵᠢᠯᠡᠨ ᠠᠬᠢᠭᠤᠯᠵᠤ᠂ ᠬᠣᠯᠪᠤᠭᠳᠠᠬᠤ ᠱᠠᠭ᠋ᠠᠷᠳᠠᠯᠭ᠎ᠠ ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠵᠤ᠂ ᠪᠥᠬᠥ ᠠᠷᠠᠳ᠎ᠤᠨ ᠨᠠᠰᠤᠨ ᠲᠤᠷᠰᠢᠳᠠ ᠵᠢᠨ ᠰᠤᠷᠤᠯᠴᠠᠯᠭ᠎ᠠ᠎ᠳᠤ ᠨᠠᠩ ᠰᠠᠶ᠋ᠢᠲᠤᠷ ᠦᠢ᠍ᠯᠡᠴᠢᠯᠡᠨ᠎ᠡ᠃ ᠬᠠᠮᠲᠤ᠎ᠳᠤ᠎ᠪᠠᠨ 《ᠮᠡᠳᠡᠭᠳᠡᠯ》᠎ᠤᠨ ᠪᠦᠬᠦ ᠠᠭᠤᠯᠭ᠎ᠠ ᠵᠢ ᠦᠵᠡᠵᠡᠭᠡᠶ᠎ᠡ!
ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ
ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠲᠣᠬᠢᠷᠠᠭᠤᠯᠤᠯᠲᠠ ᠬᠢᠭᠡᠳ
ᠬᠠᠮᠢᠶᠠᠷᠤᠯᠲᠠ ᠵᠢᠨ ᠠᠵᠢᠯ᠎ᠢ ᠴᠢᠩᠭ᠎ᠠ ᠳᠦᠷᠢᠮᠵᠢᠭᠦᠯᠬᠦ ᠲᠤᠬᠠᠶ ᠰᠤᠷᠭ᠋ᠠᠨ ᠬᠥᠮᠦᠵᠢᠯ᠎ᠤᠨ ᠶᠠᠮᠤᠨ
ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠰᠤᠷᠭ᠋ᠠᠨ ᠬᠥᠮᠦᠵᠢᠯ᠎ᠤᠨ ᠲᠢᠩᠬᠢᠮ (ᠰᠤᠷᠭ᠋ᠠᠨ ᠬᠥᠮᠦᠵᠢᠯ᠎ᠤᠨ ᠵᠦᠪᠯᠡᠯ)᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠰᠤᠷᠭ᠋ᠠᠨ ᠬᠥᠮᠦᠵᠢᠯ᠎ᠤᠨ ᠳᠣᠪᠴᠢᠶ᠎ᠠ᠂ ᠶᠠᠮᠤᠨ᠎ᠳᠤ ᠬᠠᠷᠢᠶᠠᠯᠠᠭᠳᠠᠬᠤ ᠡᠯ᠎ᠡ ᠳᠡᠭᠡᠳᠦ ᠰᠤᠷᠭ᠋ᠠᠭᠤᠯᠢ᠂ ᠶᠠᠮᠤᠨ ᠪᠠ ᠮᠤᠵᠢ ᠬᠠᠮᠲᠤᠷᠠᠨ ᠪᠠᠶ᠋ᠢᠭᠤᠯᠤᠭᠰᠠᠨ ᠡᠯ᠎ᠡ ᠳᠡᠭᠡᠳᠦ ᠰᠤᠷᠭ᠋ᠠᠭᠤᠯᠢ᠂ ᠤᠯᠤᠰ᠎ᠤᠨ ᠨᠡᠭᠡᠭᠡᠯᠲᠡᠲᠦ ᠶᠡᠬᠡ ᠰᠤᠷᠭ᠋ᠠᠭᠤᠯᠢ᠎ᠳᠤ᠄
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ (ᠵᠠᠬᠢᠳᠠᠯ ᠵᠶ᠋ᠠᠷ ᠰᠤᠷᠤᠯᠴᠠᠬᠤ ᠥᠷᠲᠡᠭᠡ᠂ ᠠᠵᠢᠯ᠎ᠤᠨ ᠴᠢᠯᠥᠭᠡᠨ᠎ᠤ ᠴᠡᠭ᠂ ᠰᠤᠷᠭ᠋ᠠᠭᠤᠯᠢ ᠵᠢᠨ ᠭᠠᠳᠠᠨᠠᠬᠢ ᠰᠤᠷᠤᠯᠴᠠᠯᠭ᠎ᠠ ᠵᠢᠨ ᠲᠥᠪ ᠵᠢᠴᠢ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠰᠢᠰᠲ᠋ᠧᠮ᠎ᠤᠨ ᠭᠠᠳᠠᠨ᠎ᠠ ᠪᠠᠢ᠌ᠭᠤᠯᠤᠭᠰᠠᠨ ᠰᠤᠷᠤᠯᠴᠠᠯᠭ᠎ᠠ ᠵᠢᠨ ᠲᠥᠪ ᠵᠡᠷᠭᠡ ᠵᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠭᠡᠵᠦ ᠨᠢᠭᠡᠳᠦᠯᠲᠡᠶ ᠳᠦᠷᠢᠮᠵᠢᠭᠦᠯᠦᠨ᠎ᠡ)᠎ᠢ ᠪᠠᠢ᠌ᠭᠤᠯᠬᠤ ᠪᠠ ᠬᠠᠮᠢᠶᠠᠷᠬᠤ ᠵᠢ ᠴᠢᠩᠭ᠎ᠠ ᠳᠦᠷᠢᠮᠵᠢᠭᠦᠯᠵᠦ᠂ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠵᠢᠨ ᠲᠥᠯᠦᠭᠡ᠂ ᠡᠳᠦᠭᠡ ᠬᠣᠯᠪᠤᠭᠳᠠᠬᠤ ᠵᠦᠢ᠍ᠯ᠎ᠢ ᠮᠡᠳᠡᠭᠳᠡᠪᠡ᠃
ᠨᠢᠭᠡ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠵᠢ ᠳᠦᠷᠢᠮᠵᠢᠭᠦᠯᠬᠦ ᠴᠢᠬᠤᠯᠠ ᠴᠢᠨᠠᠷ᠎ᠢ ᠭᠦᠨᠵᠡᠭᠡᠶ ᠲᠠᠨᠢᠬᠤ ᠬᠡᠷᠡᠭᠲᠡᠶ᠃ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠪᠣᠯ ᠳᠡᠭᠡᠳᠦ ᠰᠤᠷᠭ᠋ᠠᠭᠤᠯᠢ (ᠳᠣᠷᠣᠭᠰᠢ ᠴᠡᠭ ᠪᠠᠶ᠋ᠢᠭᠤᠯᠤᠭᠰᠠᠨ ᠨᠢᠭᠡᠴᠢ ᠭᠡᠵᠦ ᠳᠦᠭᠦᠮᠴᠢᠯᠡᠨ᠎ᠡ) ᠵᠢᠨ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠵᠢᠭ᠋ᠠᠨ ᠰᠤᠷᠭ᠋ᠠᠯᠲᠠ ᠵᠢᠨ ᠬᠡᠷᠡᠭᠴᠡᠭᠡ ᠵᠢ ᠬᠠᠩᠭ᠋ᠠᠬᠤ ᠵᠢᠨ ᠲᠥᠯᠥᠭᠡ ᠶᠤᠮ᠂ ᠡᠷᠬᠡ ᠲᠡᠭᠰᠢ᠎ᠪᠠᠷ ᠵᠥᠪᠳᠡᠯᠴᠡᠬᠦ ᠠᠷᠭ᠎ᠠ ᠮᠠᠶᠢᠭ ᠵᠶ᠋ᠠᠷ ᠰᠤᠷᠭ᠋ᠠᠭᠤᠯᠢ ᠵᠢᠨ ᠭᠠᠳᠠᠨᠠᠬᠢ ᠪᠤᠰᠤᠳ ᠬᠠᠤᠯᠢ ᠵᠢᠨ ᠡᠷᠬᠡ ᠣᠯᠭᠣᠭᠰᠠᠨ ᠨᠢᠭᠡᠴᠢ (ᠳᠣᠷᠣᠭᠰᠢ ᠴᠡᠭ ᠪᠠᠶ᠋ᠢᠭᠤᠯᠤᠭᠰᠠᠨ ᠨᠢᠭᠡᠴᠢ ᠭᠡᠵᠦ ᠳᠦᠭᠦᠮᠴᠢᠯᠡᠨ᠎ᠡ)᠎ᠯᠤᠭ᠎ᠠ ᠬᠠᠮᠲᠤᠷᠠᠵᠤ᠂ ᠴᠡᠭ ᠪᠠᠶ᠋ᠢᠭᠤᠯᠤᠭᠰᠠᠨ ᠨᠢᠭᠡᠴᠢ ᠵᠢᠨ ᠪᠠᠢ᠌ᠷᠢ ᠲᠠᠯᠠᠪᠤᠷ᠂ ᠠᠵᠢᠯᠲᠠᠨ᠂ ᠲᠥᠬᠥᠭᠡᠷᠦᠮᠵᠢ ᠵᠡᠷᠭᠡ ᠡᠬᠢ ᠪᠠᠶᠠᠯᠢᠭ᠎ᠲᠤ ᠲᠦᠰᠢᠭᠯᠡᠵᠦ᠂ ᠰᠤᠷᠤᠭᠴᠢ ᠡᠯᠰᠡᠬᠦ ᠵᠢ ᠤᠬᠠᠭᠤᠯᠬᠤ᠂ ᠰᠦᠯᠵᠢᠶᠡᠨ ᠭᠠᠳᠠᠨ᠎ᠠ ᠨᠢᠭᠤᠷᠳᠠᠨ ᠵᠢᠭ᠋ᠠᠬᠤ᠂ ᠰᠤᠷᠤᠯᠴᠠᠯᠭ᠎ᠠ ᠵᠢ ᠬᠠᠪᠰᠤᠷᠤᠨ ᠵᠢᠯᠣᠭᠣᠳᠬᠤ᠂ ᠲᠥᠪᠯᠡᠷᠡᠭᠦᠯᠦᠨ ᠰᠢᠯᠭ᠋ᠠᠬᠤ᠂ ᠲᠤᠷᠰᠢᠯᠲᠠ ᠵᠢᠨ ᠪᠣᠳᠠᠲᠤ ᠪᠣᠯᠪᠠᠰᠤᠷᠠᠯ ᠬᠢᠬᠦ᠂ ᠲᠡᠭᠦᠰᠬᠦ ᠵᠢ ᠵᠢᠯᠣᠭᠣᠳᠬᠤ᠂ ᠰᠤᠷᠤᠭᠴᠢ᠎ᠳᠤ ᠦᠢ᠍ᠯᠡᠴᠢᠯᠡᠬᠦ ᠪᠠ ᠬᠠᠮᠢᠶᠠᠷᠬᠤ ᠵᠡᠷᠭᠡ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠥᠷᠨᠢᠭᠦᠯᠬᠦ᠎ᠨᠢ ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠢ ᠡᠷᠭᠢᠯᠡᠬᠦ ᠵᠢᠨ ᠲᠦᠰᠢᠭ ᠪᠠ ᠦᠢ᠍ᠯᠡᠴᠢᠯᠡᠭᠡᠨ᠎ᠤ ᠦᠷᠭᠦᠯᠵᠢᠯᠡᠯ᠂ ᠲᠡᠭᠦᠨ᠎ᠤ ᠵᠢᠭ᠋ᠠᠨ ᠰᠤᠷᠭ᠋ᠠᠯᠲᠠ ᠪᠠ ᠬᠠᠮᠢᠶᠠᠷᠤᠯᠲᠠ ᠵᠢᠨ ᠪᠠᠶ᠋ᠢᠳᠠᠯ᠎ᠨᠢ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠰᠢᠭᠤᠳ ᠢᠯᠡᠷᠡᠭᠦᠯᠵᠦ᠂ ᠳᠡᠭᠡᠳᠦ ᠰᠤᠷᠭ᠋ᠠᠭᠤᠯᠢ ᠵᠢᠨ ᠨᠡᠷᠡᠲᠦ ᠲᠡᠮᠳᠡᠭᠲᠦ ᠵᠢᠨ ᠨᠡᠷ᠎ᠡ ᠲᠥᠷᠥ᠎ᠲᠠᠢ ᠰᠢᠭᠤᠳ ᠬᠣᠯᠪᠣᠭᠳᠠᠨ᠎ᠠ᠃ ᠡᠯ᠎ᠡ ᠭᠠᠵᠠᠷ᠎ᠤᠨ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠠᠵᠢᠯ᠎ᠢ ᠳᠦᠷᠢᠮᠵᠢᠭᠦᠯᠬᠦ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠪᠣᠯᠭᠣᠮᠵᠢᠲᠠᠶ ᠰᠣᠳᠤᠯᠵᠤ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠵᠤ᠂ ᠵᠢᠭ᠋ᠠᠨ ᠰᠤᠷᠭ᠋ᠠᠯᠲᠠ ᠵᠢᠨ ᠶᠠᠪᠤᠴᠠ ᠵᠢᠨ ᠬᠢᠨᠠᠯᠲᠠ ᠬᠠᠮᠢᠶᠠᠷᠤᠯᠲᠠ ᠪᠠ ᠰᠠᠬᠢᠯᠭ᠎ᠠ ᠪᠠᠲᠤ ᠵᠢᠨ ᠬᠢᠵᠠᠭ᠋ᠠᠷᠯᠠᠯ᠎ᠢ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ ᠵᠢᠨ ᠵᠠᠰᠠᠬᠤ ᠴᠢᠳᠠᠪᠤᠷᠢ ᠵᠢᠨ ᠬᠡᠪᠴᠢᠶᠡᠨ᠎ᠳᠤ ᠬᠢᠵᠠᠭ᠋ᠠᠷ᠎ᠲᠠᠢ ᠪᠠᠢ᠌ᠭᠤᠯᠬᠤ ᠵᠢᠨ ᠬᠠᠮᠲᠤ ᠬᠠᠮᠢᠶᠠᠷᠴᠤ ᠳᠡᠶ᠋ᠢᠯᠬᠦ᠂ ᠰᠠᠶ᠋ᠢᠲᠤᠷ ᠬᠠᠮᠢᠶᠠᠷᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠬᠣᠶᠠᠷ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠲᠣᠭ᠎ᠠ ᠬᠡᠮᠵᠢᠶ᠎ᠡ ᠪᠣᠯᠤᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃ ᠳᠡᠭᠡᠳᠦ ᠰᠤᠷᠭ᠋ᠠᠭᠤᠯᠢ᠎ᠨᠢ ᠲᠣᠰ ᠰᠤᠷᠭ᠋ᠠᠭᠤᠯᠢ ᠵᠢᠨ ᠵᠶ᠋ᠡᠨ ᠰᠤᠷᠭ᠋ᠠᠭᠤᠯᠢ ᠡᠷᠭᠢᠯᠡᠬᠦ ᠪᠠᠶ᠋ᠢᠷᠢ ᠲᠣᠭᠲᠠᠭ᠋ᠠᠯᠲᠠ᠂ ᠳᠠᠪᠠᠭᠤᠯᠢᠭ ᠣᠨᠴᠠᠯᠢᠭ᠂ ᠬᠥᠭᠵᠢᠭᠦᠯᠦᠯᠲᠡ ᠵᠢᠨ ᠲᠥᠯᠥᠪᠵᠢᠭᠦᠯᠭᠡ᠂ ᠬᠢᠨᠠᠨ ᠬᠠᠮᠢᠶᠠᠷᠬᠤ ᠴᠢᠳᠠᠪᠤᠷᠢ ᠵᠢᠴᠢ ᠣᠷᠣᠨ ᠨᠤᠲᠤᠭ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠪᠠ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠪᠠᠢ᠌ᠭᠤᠯᠤᠯᠲᠠ ᠵᠢ ᠵᠦᠶ ᠵᠣᠬᠢᠰᠲᠠᠶ ᠲᠥᠯᠥᠪᠵᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠲᠣᠭ᠎ᠠ ᠬᠡᠮᠵᠢᠶ᠎ᠡ ᠵᠢ ᠴᠢᠩᠭ᠎ᠠ ᠡᠵᠡᠮᠳᠡᠨ᠂ ᠴᠡᠭ ᠪᠠᠢ᠌ᠭᠤᠯᠬᠤ ᠨᠢᠭᠡᠴᠢ ᠵᠢ ᠪᠣᠯᠭᠣᠮᠵᠢᠲᠠᠶ ᠰᠣᠩᠭᠣᠨ᠎ᠠ᠃ ᠲᠥᠪ᠎ᠤᠨ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠡᠩ᠎ᠤᠨ ᠳᠡᠭᠡᠳᠦ ᠰᠤᠷᠭ᠋ᠠᠭᠤᠯᠢ ᠣᠨᠴᠠᠭ᠋ᠠᠢ᠌ᠯᠠᠨ ᠥᠨᠳᠥᠷ ᠬᠢᠷᠢ ᠲᠦᠪᠰᠢᠨ ᠪᠥᠬᠥᠶ ᠰᠤᠳᠤᠯᠭ᠋ᠠᠨ᠎ᠤ ᠬᠡᠯᠪᠡᠷᠢᠲᠦ ᠶᠡᠬᠡ ᠰᠤᠷᠭ᠋ᠠᠭᠤᠯᠢ᠎ᠨᠢ 《ᠲᠡᠷᠢᠭᠦᠨ ᠵᠡᠷᠭᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠲᠣᠭ᠎ᠠ ᠬᠡᠮᠵᠢᠶ᠎ᠡ ᠵᠢ ᠰᠠᠨᠠᠭ᠋ᠠᠴᠢᠯᠠᠭ᠎ᠠ᠎ᠠᠴᠠ᠎ᠪᠠᠨ ᠪᠠᠭ᠋ᠠᠰᠬᠠᠵᠤ᠂ ᠦᠨᠡᠨ ᠬᠦ᠌ ᠪᠠᠢ᠌ᠭᠤᠯᠬᠤ ᠬᠡᠷᠡᠭᠴᠡᠭᠡ᠎ᠲᠠᠢ ᠳᠡᠭᠡᠳᠦ ᠰᠤᠷᠭ᠋ᠠᠭᠤᠯᠢ᠎ᠨᠢ ᠶᠡᠷᠦᠩᠬᠡᠶ ᠬᠡᠮᠵᠢᠶ᠎ᠡ ᠵᠢ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠵᠠᠷᠴᠢᠮ ᠳᠡᠭᠡᠷ᠎ᠡ᠎ᠪᠠᠨ ᠲᠣᠭ᠎ᠠ ᠬᠡᠮᠵᠢᠶ᠎ᠡ ᠵᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠵᠦ ᠪᠣᠯᠬᠤ ᠥᠬᠡᠶ᠃ ᠲᠥᠪ᠎ᠤᠨ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠳᠡᠭᠡᠳᠦ ᠰᠤᠷᠭ᠋ᠠᠭᠤᠯᠢ᠎ᠨᠢ ᠮᠤᠵᠢ ᠠᠯᠤᠰᠯᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠪᠠᠢ᠌ᠭᠤᠯᠵᠤ ᠪᠣᠯᠤᠨ᠎ᠠ᠂ ᠭᠡᠬᠦ᠎ᠳᠤ᠎ᠪᠠᠨ ᠰᠤᠷᠭ᠋ᠠᠨ ᠬᠥᠮᠦᠵᠢᠯ᠎ᠤᠨ ᠶᠠᠮᠤᠨ᠎ᠠᠴᠠ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠨᠢᠭᠡᠳᠦᠯᠲᠡᠶ ᠲᠥᠯᠥᠪᠯᠡᠨ ᠲᠣᠭᠲᠠᠭ᠋ᠠᠨ᠎ᠠ᠃ ᠣᠷᠣᠨ ᠨᠤᠲᠤᠭ᠎ᠤᠨ ᠳᠡᠭᠡᠳᠦ ᠰᠤᠷᠭ᠋ᠠᠭᠤᠯᠢ ᠵᠠᠷᠴᠢᠮ ᠳᠡᠭᠡᠷ᠎ᠡ᠎ᠪᠠᠨ ᠲᠤᠰ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠵᠤ᠂ ᠰᠢᠰᠲ᠋ᠧᠮ ᠵᠶ᠋ᠠᠷ ᠵᠶ᠋ᠠᠨ ᠬᠠᠪᠰᠤᠷᠤᠨ ᠲᠡᠳᠬᠦᠬᠦ᠂ ᠠᠵᠢᠯ ᠲᠥᠷᠥᠯ᠎ᠤᠨ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠢ ᠬᠥᠮᠦᠵᠢᠭᠦᠯᠬᠦ ᠡᠭᠦᠷᠭᠡ ᠵᠢ ᠵᠠᠯᠭ᠋ᠠᠨ ᠠᠪᠬᠤ ᠪᠤᠶᠤ 《ᠬᠣᠣᠰ ᠲᠡᠷᠢᠭᠦᠨ》᠎ᠤ ᠪᠠᠶ᠋ᠢᠭᠤᠯᠤᠯᠲᠠ ᠵᠢᠨ ᠲᠥᠯᠥᠪᠯᠡᠭᠡ᠎ᠳᠤ ᠣᠷᠣᠭᠤᠯᠤᠭᠰᠠᠨ ᠣᠷᠣᠨ ᠨᠤᠲᠤᠭ᠎ᠤᠨ ᠡᠯ᠎ᠡ ᠳᠡᠭᠡᠳᠦ ᠰᠤᠷᠭ᠋ᠠᠭᠤᠯᠢ ᠬᠣᠯᠪᠤᠭᠳᠠᠬᠤ ᠳᠡᠰ ᠳᠠᠷᠠᠭ᠋ᠠᠯᠠᠯ ᠵᠶ᠋ᠠᠷ ᠳᠠᠮᠵᠢᠭᠤᠯᠤᠨ ᠮᠤᠵᠢ ᠠᠯᠤᠰᠯᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠵᠤ᠂ ᠵᠣᠬᠢᠴᠠᠩᠭᠤᠶ ᠳᠠᠪᠠᠭᠤᠯᠢᠭ ᠲᠤᠰᠬᠠᠶ ᠮᠡᠷᠭᠡᠵᠢᠯ᠎ᠢ ᠨᠡᠭᠡᠭᠡᠵᠦ ᠪᠣᠯᠤᠨ᠎ᠠ᠃ ᠴᠡᠭ ᠪᠠᠶ᠋ᠢᠭᠤᠯᠤᠭᠰᠠᠨ ᠨᠢᠭᠡᠴᠢ᠎ᠨᠢ ᠵᠠᠷᠴᠢᠮ ᠳᠡᠭᠡᠷ᠎ᠡ᠎ᠪᠠᠨ ᠡᠩ᠎ᠤᠨ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠨᠠᠰᠤᠨ᠎ᠳᠤ ᠬᠦᠷᠦᠭᠰᠡᠳ᠎ᠤᠨ ᠳᠡᠭᠡᠳᠦ ᠰᠤᠷᠭ᠋ᠠᠭᠤᠯᠢ᠂ ᠨᠡᠭᠡᠭᠡᠯᠲᠡᠲᠦ ᠶᠡᠬᠡ ᠰᠤᠷᠭ᠋ᠠᠭᠤᠯᠢ ᠵᠢᠴᠢ ᠳᠣᠲᠣᠭ᠋ᠠᠳᠤ ᠵᠢᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠪᠥᠬᠦᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠠ ᠠᠵᠢᠯ ᠦᠢ᠍ᠯᠡᠰ᠎ᠤᠨ ᠨᠢᠭᠡᠴᠢ ᠪᠠᠢ᠌ᠬᠤ ᠬᠡᠷᠡᠭᠲᠡᠶ᠃ ᠦᠨᠡᠨ ᠬᠦ᠌ ᠬᠡᠷᠡᠭᠴᠡᠭᠡ᠎ᠲᠠᠢ ᠪᠣᠯ ᠡᠯ᠎ᠡ ᠳᠡᠭᠡᠳᠦ ᠰᠤᠷᠭ᠋ᠠᠭᠤᠯᠢ ᠳᠣᠲᠣᠭ᠋ᠠᠳᠤ ᠵᠢᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠲᠠᠢ ᠤᠯᠤᠰ᠎ᠤᠨ ᠥᠮᠴᠢᠯᠡᠯᠲᠦ ᠲᠣᠮᠣ ᠳᠤᠮᠳᠠ ᠬᠡᠯᠪᠡᠷᠢ ᠵᠢᠨ ᠠᠵᠤ ᠠᠬᠤᠶ᠋ᠢᠯᠠᠯ᠎ᠳᠤ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠪᠠᠢ᠌ᠭᠤᠯᠵᠤ ᠪᠣᠯᠤᠨ᠎ᠠ᠂ ᠭᠡᠬᠦ᠎ᠳᠤ᠎ᠪᠠᠨ ᠵᠥᠪᠬᠡᠨ ᠲᠤᠰ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ ᠠᠵᠢᠯᠲᠠᠨ ᠠᠵᠢᠯᠴᠢᠨ᠎ᠢ ᠡᠯᠰᠡᠬᠦ᠎ᠪᠠᠷ ᠬᠢᠵᠠᠭ᠋ᠠᠷᠯᠠᠵᠤ᠂ ᠨᠡᠶ᠋ᠢᠭᠡᠮ᠎ᠳᠤ ᠬᠠᠨᠳᠤᠭᠤᠯᠤᠨ ᠰᠤᠷᠤᠭᠴᠢ ᠡᠯᠰᠡᠵᠦ ᠪᠣᠯᠬᠤ ᠦᠭᠡᠶ᠃ ᠳᠡᠭᠡᠳᠦ ᠰᠤᠷᠭ᠋ᠠᠭᠤᠯᠢ᠎ᠨᠢ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠬᠦ ᠵᠡᠷᠭᠡ ᠬᠠᠮᠲᠤᠷᠠᠨ ᠰᠤᠷᠭ᠋ᠠᠭᠤᠯᠢ ᠡᠷᠬᠢᠯᠡᠬᠦ ᠵᠢ ᠥᠷᠨᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠠᠮᠢᠶᠠᠷᠤᠯᠲᠠ᠎ᠳᠤ ᠣᠷᠣᠭᠤᠯᠤᠨ᠎ᠠ᠃ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠨᠥᠬᠥᠴᠡᠯ ᠵᠶ᠋ᠠᠷ ᠰᠠᠶ᠋ᠢᠨ᠂ ᠬᠠᠮᠢᠶᠠᠷᠤᠯᠲᠠ᠎ᠨᠢ ᠳᠦᠷᠢᠮᠵᠢᠯ᠎ᠲᠠᠢ᠂ ᠪᠠᠲᠤᠯᠠᠭ᠎ᠠ᠎ᠲᠠᠢ ᠨᠠᠰᠤᠨ᠎ᠳᠤ ᠬᠦᠷᠦᠭᠰᠡᠳ᠎ᠤᠨ ᠰᠣᠶᠣᠯ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠢ (ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠰᠡᠨ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠵᠥᠪᠰᠢᠶᠡᠷᠡᠯ᠎ᠤᠨ ᠦᠨᠡᠮᠯᠡᠯ᠎ᠢ ᠡᠷᠬᠡᠪᠰᠢ ᠭᠤᠷᠪᠠᠨ ᠵᠢᠯ᠎ᠠᠴᠠ ᠳᠡᠭᠡᠭᠰᠢ ᠣᠯᠤᠭᠰᠠᠨ ᠪᠠᠶ᠋ᠢᠬᠤ ᠵᠢᠨ ᠬᠠᠮᠲᠤ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠢ ᠵᠢᠨ ᠳᠠᠩᠰᠠᠯᠠᠭᠤᠯᠤᠭᠰᠠᠨ ᠦᠨᠡᠮᠯᠡᠯ᠎ᠲᠠᠢ ᠪᠠᠶ᠋ᠢᠬᠤ ᠬᠡᠷᠡᠭᠲᠡᠶ) ᠵᠢ ᠴᠡᠭ ᠪᠠᠢ᠌ᠭᠤᠯᠬᠤ ᠨᠢᠭᠡᠴᠢ ᠪᠣᠯᠭ᠋ᠠᠵᠤ᠂ ᠶᠡᠷᠦᠩᠬᠡᠶ ᠲᠣᠭ᠎ᠠ ᠬᠡᠮᠵᠢᠶ᠎ᠡ ᠵᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠶ᠃
ᠭᠤᠷᠪᠠ᠂ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠬᠡᠷᠡᠭᠲᠡᠢ᠃ ᠡᠯ᠎ᠡ ᠳᠡᠭᠡᠳᠦ ᠰᠤᠷᠭ᠋ᠠᠭᠤᠯᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠵᠠᠷᠴᠢᠮ᠎ᠢ ᠪᠠᠷᠢᠮᠲᠠᠯᠠᠵᠤ᠂ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠢ ᠰᠤᠷᠭ᠋ᠠᠭᠤᠯᠢ ᠵᠢᠨ ᠪᠦᠬᠦᠯᠢ ᠴᠣᠭᠴᠠ ᠵᠢᠨ ᠬᠥᠭᠵᠢᠭᠦᠯᠦᠯᠲᠡ ᠵᠢᠨ ᠲᠥᠯᠥᠪᠵᠢᠭᠦᠯᠭᠡ᠎ᠳᠤ᠎ᠪᠠᠨ ᠣᠷᠣᠭᠤᠯᠵᠤ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠵᠢ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠳᠡᠭᠡᠳᠦ ᠰᠤᠷᠭ᠋ᠠᠭᠤᠯᠢ ᠪᠣᠯᠤᠨ ᠴᠡᠭ ᠪᠠᠶ᠋ᠢᠭᠤᠯᠤᠭᠰᠠᠨ ᠨᠢᠭᠡᠴᠢ ᠵᠢᠨ ᠬᠣᠭᠣᠷᠣᠨᠳᠣᠬᠢ ᠬᠠᠷᠢᠭᠤᠴᠠᠯᠭ᠎ᠠ᠂ ᠡᠷᠬᠡ᠂ ᠠᠰᠢᠭ᠎ᠢ ᠲᠣᠳᠤᠷᠬᠠᠢ᠌ᠯᠠᠬᠤ ᠬᠡᠷᠡᠭᠲᠡᠶ᠃ ᠨᠢᠭᠡᠳᠦᠯᠲᠡᠢ ᠰᠢᠰᠲ᠋ᠧᠮᠵᠢᠭᠦᠯᠦᠨ ᠬᠠᠮᠢᠶᠠᠷᠴᠤ᠂ ᠬᠠᠮᠢᠶᠠᠷᠤᠯᠲᠠ ᠵᠢᠨ ᠲᠦᠷᠢᠮ ᠪᠠ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠡᠳ᠋᠎ᠤᠨ ᠶᠠᠪᠤᠳᠠᠯ᠂ ᠬᠢᠨᠠᠨ ᠪᠤᠳᠤᠯᠳᠠ᠂ ᠬᠢᠴᠢᠶᠡᠯ ᠬᠥᠮᠦᠵᠢᠯ᠂ ᠪᠠᠭᠰᠢ ᠵᠢᠨ ᠬᠠᠮᠢᠶᠠᠷᠤᠯᠲᠠ᠂ ᠰᠤᠷᠤᠭᠴᠢ ᠵᠢᠨ ᠬᠠᠮᠢᠶᠠᠷᠤᠯᠲᠠ᠂ ᠲᠣᠭᠣᠷᠢᠨ ᠪᠠᠶ᠋ᠢᠴᠠᠭ᠋ᠠᠬᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠴᠠᠭ᠋ᠠᠬᠤ ᠪᠠ ᠦᠨᠡᠯᠡᠬᠦ ᠵᠢ ᠲᠣᠭᠲᠠᠮᠠᠯ ᠬᠤᠭᠤᠴᠠᠭ᠋ᠠᠲᠠᠢ ᠥᠷᠨᠢᠭᠦᠯᠵᠦ᠂ ᠲᠦᠭᠰᠢᠭᠦᠷᠢ ᠵᠢᠨ ᠳᠤᠲᠠᠭᠳᠠᠯ᠎ᠢ ᠳᠠᠷᠤᠢ᠎ᠳᠤ᠎ᠨᠢ ᠠᠷᠢᠯᠭ᠋ᠠᠬᠤ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠤᠶᠤ ᠰᠤᠷᠭ᠋ᠠᠭᠤᠯᠢ ᠡᠷᠬᠢᠯᠡᠬᠦ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠳᠠᠷᠤᠢ᠎ᠳᠤ᠎ᠨᠢ ᠴᠡᠭᠴᠡᠯᠡᠨ ᠥᠭᠡᠷᠡᠴᠢᠯᠡᠬᠦ ᠪᠤᠶᠤ ᠬᠦᠴᠦᠨ ᠦᠭᠡᠢ ᠪᠣᠯᠭ᠋ᠠᠬᠤ ᠬᠡᠷᠡᠭᠲᠡᠶ᠃ ᠰᠣᠷᠣᠭᠴᠢ ᠡᠯᠰᠡᠬᠦ ᠵᠢ ᠵᠣᠭᠰᠣᠭ᠋ᠠᠭᠰᠠᠨ ᠪᠤᠶᠤ ᠬᠠᠰᠤᠭᠰᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠲᠤ ᠳᠡᠭᠡᠳᠦ ᠰᠤᠷᠭ᠋ᠠᠭᠤᠯᠢ᠎ᠨᠢ ᠴᠡᠭ ᠪᠠᠶ᠋ᠢᠭᠤᠯᠤᠭᠰᠠᠨ ᠨᠢᠭᠡᠴᠢ᠎ᠯᠦᠭᠡ ᠬᠠᠮᠵᠢᠯᠴᠠᠨ ᠬᠣᠶ᠋ᠢᠰᠢᠳᠠ ᠵᠢᠨ ᠠᠵᠢᠯ᠎ᠢ ᠰᠠᠶ᠋ᠢᠲᠤᠷ ᠬᠢᠵᠦ᠂ ᠰᠤᠷᠭ᠋ᠠᠭᠤᠯᠢ ᠵᠢᠨ ᠬᠠᠷᠢᠶᠠᠯᠠᠯ᠎ᠳᠤ ᠪᠠᠢ᠌ᠭ᠎ᠠ ᠰᠣᠷᠣᠭᠴᠢ ᠵᠢ ᠬᠥᠮᠦᠵᠢᠭᠦᠯᠬᠦ ᠡᠭᠦᠷᠭᠡ ᠵᠢ ᠯᠠᠪᠳᠠᠭᠤᠨ ᠵᠶ᠋ᠠᠷ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠶᠠᠮᠠᠷᠪᠠ ᠬᠡᠯᠪᠡᠷᠢ ᠮᠠᠶᠢᠭ ᠵᠶ᠋ᠠᠷ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠪᠠᠶ᠋ᠢᠭᠤᠯᠤᠮᠵᠢ᠎ᠯᠤᠭ᠎ᠠ ᠬᠠᠮᠲᠤᠷᠠᠬᠤ ᠪᠤᠶᠤ 《ᠴᠡᠭ᠎ᠠᠴᠠ ᠭᠠᠳᠠᠨ᠎ᠠ ᠴᠡᠭ ᠪᠠᠢ᠌ᠭᠤᠯᠬᠤ》 ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠳᠤᠷ᠎ᠠ᠎ᠪᠠᠷ᠎ᠨᠢ ᠲᠠᠯᠪᠢᠵᠤ ᠪᠣᠯᠬᠤ ᠦᠭᠡᠶ᠃ ᠨᠥᠬᠥᠴᠡᠯ᠎ᠲᠠᠢ ᠳᠡᠭᠡᠳᠦ ᠰᠤᠷᠭ᠋ᠠᠭᠤᠯᠢ ᠰᠢᠭᠤᠳ ᠰᠤᠷᠭ᠋ᠠᠭᠤᠯᠢ ᠵᠢᠨ ᠳᠣᠲᠣᠷ᠎ᠠ᠎ᠪᠠᠨ ᠲᠥᠪᠯᠡᠷᠡᠭᠦᠯᠦᠨ ᠨᠢᠭᠤᠷᠳᠠᠨ ᠵᠢᠭ᠋ᠠᠬᠤ ᠪᠠ ᠰᠦᠯᠵᠢᠶᠡᠨ᠎ᠳᠠᠬᠢ ᠵᠢᠭ᠋ᠠᠨ ᠰᠤᠷᠭ᠋ᠠᠯᠲᠠ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠠᠵᠢᠯ᠎ᠠᠴᠠ᠎ᠪᠠᠨ ᠰᠠᠯᠤᠭᠰᠠᠨ ᠪᠤᠰᠤ ᠬᠡᠯᠪᠡᠷᠢ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠢ ᠡᠷᠭᠢᠯᠡᠬᠦ ᠵᠢ ᠳᠡᠮᠵᠢᠬᠦ ᠪᠠ ᠬᠥᠲᠥᠯᠦᠨ ᠵᠢᠯᠣᠭᠣᠳᠬᠤ ᠬᠡᠷᠡᠭᠲᠡᠢ᠃
ᠳᠥᠷᠪᠡ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠡᠭᠦᠷᠭᠡ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠬᠤ ᠪᠠ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠲᠤᠰᠬᠠᠢ ᠬᠠᠮᠢᠶᠠᠷᠤᠯᠲᠠ ᠵᠢᠨ ᠳᠦᠷᠢᠮ ᠲᠣᠭᠲᠠᠭ᠋ᠠᠵᠤ᠂ ᠴᠡᠭ ᠪᠠᠢ᠌ᠭᠤᠯᠤᠭᠰᠠᠨ ᠨᠢᠭᠡᠴᠢ᠎ᠯᠦᠭᠡ ᠬᠠᠤᠯᠢ ᠴᠠᠭ᠋ᠠᠵᠠ ᠵᠢᠨ ᠦᠷ᠎ᠡ ᠠᠰᠢᠭ ᠪᠥᠬᠦᠢ ᠭᠡᠷ᠎ᠡ ᠲᠣᠭᠲᠠᠭ᠋ᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠬᠢᠵᠠᠭ᠋ᠠᠷᠯᠠᠬᠤ ᠪᠠ ᠬᠠᠮᠢᠶᠠᠷᠴᠤ᠂ ᠭᠡᠷ᠎ᠡ᠎ᠳᠤ᠎ᠪᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠡᠭᠦᠷᠭᠡ ᠬᠠᠷᠢᠭᠤᠴᠠᠯᠭ᠎ᠠ ᠪᠣᠯᠤᠨ ᠡᠷᠬᠡ ᠪᠠ ᠡᠭᠦᠷᠭᠡ ᠵᠢᠴᠢ ᠬᠣᠷᠰᠢᠶᠠᠯᠠᠬᠤ ᠬᠡᠯᠡᠯᠴᠡᠭᠡᠷ᠎ᠢ ᠵᠣᠭᠰᠣᠭ᠋ᠠᠬᠤ ᠪᠠᠶ᠋ᠢᠳᠠᠯ ᠵᠡᠷᠭᠡ ᠵᠢ ᠲᠣᠳᠣᠷᠬᠠᠶ᠋ᠢᠯᠠᠬᠤ ᠬᠡᠷᠡᠭᠲᠡᠢ᠃ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢ ᠵᠢᠯᠣᠭᠣᠳᠤᠨ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠬᠠᠤᠯᠢ ᠴᠠᠭ᠋ᠠᠵᠠ ᠬᠠᠤᠯᠢ ᠳᠦᠷᠢᠮ᠎ᠢ ᠵᠢᠷᠤᠮᠯᠠᠨ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠡᠭᠡᠳᠦ ᠰᠤᠷᠭ᠋ᠠᠭᠤᠯᠢ ᠪᠣᠯᠤᠨ ᠴᠡᠭ ᠪᠠᠢ᠌ᠭᠤᠯᠤᠭᠰᠠᠨ ᠨᠢᠭᠡᠴᠢ ᠵᠢᠨ ᠬᠣᠯᠪᠤᠭᠳᠠᠬᠤ ᠲᠥᠷᠥ ᠵᠢᠨ ᠪᠣᠳᠣᠯᠭ᠎ᠠ ᠪᠠ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ; ᠰᠤᠷᠤᠭᠴᠢ ᠡᠯᠰᠡᠬᠦ ᠤᠬᠠᠭᠤᠯᠭ᠎ᠠ᠂ ᠵᠦᠪᠯᠡᠯᠭᠡ ᠥᠭᠬᠦ ᠦᠢ᠍ᠯᠡᠴᠢᠯᠡᠭᠡ ᠵᠢᠴᠢ ᠰᠤᠷᠤᠭᠴᠢ ᠨᠡᠷ᠎ᠡ ᠮᠡᠳᠡᠭᠦᠯᠵᠦ ᠳᠠᠩᠰᠠᠯᠠᠭᠤᠯᠬᠤ ᠵᠡᠷᠭᠡ ᠠᠵᠢᠯ᠎ᠢ ᠬᠠᠮᠵᠢᠯᠴᠠᠨ ᠥᠷᠨᠢᠭᠦᠯᠦᠨ᠎ᠡ; ᠬᠣᠯᠪᠤᠭᠳᠠᠬᠤ ᠵᠢᠭ᠋ᠠᠨ ᠰᠤᠷᠭ᠋ᠠᠯᠲᠠ ᠵᠢᠨ ᠵᠣᠬᠢᠶᠠᠨ ᠪᠠᠶ᠋ᠢᠭᠤᠯᠤᠯᠲᠠ᠂ ᠰᠤᠷᠤᠭᠴᠢ ᠵᠢᠨ ᠠᠵᠢᠯ᠎ᠤᠨ ᠵᠣᠬᠢᠶᠠᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢᠨ ᠠᠵᠢᠯ᠎ᠢ ᠬᠠᠮᠵᠢᠯᠴᠠᠨ ᠪᠡᠶᠡᠯᠡᠭᠦᠯᠬᠦ ᠬᠡᠷᠡᠭᠲᠡᠶ; ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠰᠤᠷᠤᠭᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠠᠵᠢᠯ᠎ᠢ ᠬᠠᠮᠵᠢᠯᠴᠠᠨ ᠰᠠᠶ᠋ᠢᠲᠤᠷ ᠬᠢᠨ᠎ᠡ; ᠬᠠᠪᠰᠤᠷᠤᠨ ᠵᠢᠯᠣᠭᠣᠳᠬᠤ ᠪᠠᠭᠰᠢ᠂ ᠵᠢᠭ᠋ᠠᠨ ᠰᠤᠷᠭ᠋ᠠᠯᠲᠠ ᠵᠢᠨ ᠬᠠᠪᠰᠤᠷᠤᠨ ᠵᠢᠯᠣᠭᠣᠳᠣᠭᠴᠢ ᠵᠡᠷᠭᠡ ᠵᠢ ᠪᠠᠲᠤᠯᠠᠨ ᠲᠠᠨᠢᠯᠴᠠᠭᠤᠯᠬᠤ ᠪᠠ ᠬᠠᠮᠢᠶᠠᠷᠬᠤ ᠠᠵᠢᠯ᠎ᠢ ᠰᠠᠶ᠋ᠢᠲᠤᠷ ᠬᠢᠨ᠎ᠡ; ᠪᠠᠢ᠌ᠷᠢ ᠲᠠᠯᠠᠪᠤᠷ᠂ ᠭᠠᠯ᠎ᠢ ᠰᠡᠷᠭᠡᠢ᠌ᠯᠡᠬᠦ᠂ ᠢᠳᠡᠭᠡᠨ᠂ ᠡᠷᠡᠭᠦᠯ ᠬᠠᠮᠠᠭ᠋ᠠᠯᠠᠯ᠂ ᠰᠦᠯᠵᠢᠶᠡᠨ᠎ᠤ ᠮᠡᠳᠡᠭᠡ ᠵᠠᠩᠭᠢ ᠵᠡᠷᠭᠡ ᠲᠠᠯ᠎ᠠ ᠵᠢᠨ ᠠᠶᠤᠯ ᠦᠭᠡᠶ ᠵᠢᠨ ᠬᠠᠮᠢᠶᠠᠷᠤᠯᠲᠠ ᠵᠢ ᠬᠠᠷᠢᠭᠤᠴᠠᠵᠤ᠂ ᠠᠶᠤᠯ ᠦᠭᠡᠶ ᠵᠢᠨ ᠬᠠᠮᠢᠶᠠᠷᠤᠯᠲᠠ ᠵᠢᠨ ᠳᠦᠷᠢᠮ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠵᠤ ᠰᠡᠷᠡᠮᠵᠢᠯᠡᠭᠦᠯᠵᠦ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ; ᠵᠠᠰᠠᠭ ᠵᠠᠬᠢᠷᠭ᠎ᠠ᠂ ᠵᠢᠭ᠋ᠠᠨ ᠰᠤᠷᠭ᠋ᠠᠯᠲᠠ᠂ ᠠᠷᠤ ᠲᠠᠯ᠎ᠠ ᠵᠢᠨ ᠠᠵᠢᠯ᠂ ᠡᠳ᠋᠎ᠤᠨ ᠶᠠᠪᠤᠳᠠᠯ ᠵᠡᠷᠭᠡ ᠬᠠᠮᠢᠶᠠᠷᠤᠯᠲᠠ ᠵᠢᠨ ᠳᠦᠷᠢᠮ ᠪᠣᠯᠤᠨ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠬᠦ ᠵᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ; ᠡᠭᠦᠷᠭᠡᠯᠡᠵᠦ ᠪᠠᠶ᠋ᠢᠭ᠎ᠠ ᠲᠤᠰᠠᠯᠠᠬᠤ ᠵᠢᠭ᠋ᠠᠨ ᠰᠤᠷᠭ᠋ᠠᠯᠲᠠ ᠪᠣᠯᠤᠨ ᠬᠠᠮᠢᠶᠠᠷᠤᠯᠲᠠ ᠵᠢᠨ ᠠᠵᠢᠯ᠎ᠳᠤ᠎ᠪᠠᠨ ᠲᠣᠭᠲᠠᠮᠠᠯ ᠬᠤᠭᠤᠴᠠᠭ᠋ᠠᠲᠠᠢ ᠥᠪᠡᠰᠦᠪᠡᠨ ᠪᠠᠶ᠋ᠢᠴᠠᠭ᠋ᠠᠯᠲᠠ ᠬᠢᠬᠦ ᠵᠢᠨ ᠬᠠᠮᠲᠤ ᠳᠡᠭᠡᠳᠦ ᠰᠤᠷᠭ᠋ᠠᠭᠤᠯᠢ ᠪᠣᠯᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠠᠵᠢᠯ᠎ᠤᠨ ᠪᠠᠶ᠋ᠢᠴᠠᠭ᠋ᠠᠯᠲᠠ᠎ᠳᠤ ᠬᠠᠮᠵᠢᠯᠴᠠᠬᠤ ᠬᠡᠷᠡᠭᠲᠡᠶ᠃
ᠲᠠᠪᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠯ᠎ᠡ ᠭᠣᠭᠴᠤᠭ᠋ᠠᠨ᠎ᠤ ᠱᠠᠭ᠋ᠠᠷᠳᠠᠯᠭ᠎ᠠ ᠵᠢ ᠪᠣᠳᠠᠲᠠᠶ ᠪᠥᠭᠡᠳ ᠨᠠᠷᠢᠯᠢᠭ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠤᠯᠤᠰ᠎ᠤᠨ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠦᠨᠳᠦᠰᠦᠨ ᠱᠠᠭ᠋ᠠᠷᠳᠠᠯᠭ᠎ᠠ ᠪᠣᠯᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ ᠶᠣᠰᠤ᠎ᠪᠠᠷ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠵᠢᠯᠣᠭᠣᠳᠤᠨ ᠵᠢᠭ᠋ᠠᠨ ᠰᠤᠷᠭ᠋ᠠᠬᠤ ᠲᠥᠯᠥᠪᠯᠡᠭᠡ ᠪᠣᠯᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠣᠯᠪᠤᠭᠳᠠᠬᠤ ᠵᠢᠭ᠋ᠠᠨ ᠰᠤᠷᠭ᠋ᠠᠯᠲᠠ ᠵᠢᠨ ᠨᠥᠬᠥᠴᠡᠯ᠎ᠢ ᠲᠡᠭᠦᠯᠳᠡᠷᠵᠢᠭᠦᠯᠬᠦ ᠬᠡᠷᠡᠭᠲᠡᠶ᠃ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠰᠤᠷᠤᠭᠴᠢ ᠵᠢᠨ ᠬᠡᠪᠴᠢᠶ᠎ᠡ᠎ᠯᠦᠭᠡ ᠲᠣᠬᠢᠷᠠᠯᠴᠠᠭᠰᠠᠨ ᠲᠤᠰᠬᠠᠶ ᠲᠤᠰᠢᠶᠠᠯ᠎ᠤᠨ ᠪᠠ ᠲᠤᠰᠢᠶᠠᠯ ᠬᠠᠪᠰᠤᠷᠭ᠋ᠠᠭᠰᠠᠨ ᠪᠠᠭᠰᠢ᠂ ᠬᠠᠪᠰᠤᠷᠤᠨ ᠵᠢᠯᠣᠭᠣᠳᠬᠤ ᠪᠠᠭᠰᠢ ᠵᠢᠨ ᠡᠩᠨᠡᠭᠡ ᠵᠢ ᠲᠣᠬᠢᠷᠠᠭᠤᠯᠵᠤ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠵᠢᠭ᠋ᠠᠨ ᠰᠤᠷᠭ᠋ᠠᠯᠲᠠ ᠬᠢᠭᠡᠳ ᠬᠠᠮᠢᠶᠠᠷᠤᠯᠲᠠ ᠵᠢᠨ ᠠᠵᠢᠯᠲᠠᠨ᠎ᠤ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠪᠣᠯᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠲᠣᠭᠲᠠᠮᠠᠯ ᠬᠤᠭᠤᠴᠠᠭ᠋ᠠᠲᠠᠢ ᠵᠣᠬᠢᠶᠠᠨ ᠪᠠᠶ᠋ᠢᠭᠤᠯᠬᠤ ᠬᠡᠷᠡᠭᠲᠡᠶ᠃ ᠭᠤᠤᠯ ᠪᠣᠯᠬᠤ ᠪᠠᠭᠰᠢ ᠵᠢ ᠪᠦᠬᠦᠨ᠎ᠢ ᠳᠡᠭᠡᠳᠦ ᠰᠤᠷᠭ᠋ᠠᠭᠤᠯᠢ ᠵᠢᠨ ᠲᠤᠰᠬᠠᠶ ᠲᠤᠰᠢᠶᠠᠯᠲᠤ ᠪᠠᠭᠰᠢ ᠪᠤᠶᠤ ᠵᠢᠩᠬᠢᠨᠢ᠎ᠪᠠᠷ ᠤᠷᠢᠨ ᠬᠡᠷᠡᠭᠯᠡᠭᠰᠡᠨ ᠲᠤᠰᠢᠶᠠᠯ ᠬᠠᠪᠰᠤᠷᠭ᠋ᠠᠭᠰᠠᠨ ᠪᠠᠭᠰᠢ ᠡᠭᠦᠷᠭᠡᠯᠡᠬᠦ ᠬᠡᠷᠡᠭᠲᠡᠶ; ᠬᠠᠪᠰᠤᠷᠤᠨ ᠵᠢᠯᠣᠭᠣᠳᠬᠤ ᠪᠠᠭᠰᠢ ᠵᠢ ᠳᠡᠭᠡᠳᠦ ᠰᠤᠷᠭ᠋ᠠᠭᠤᠯᠢ᠎ᠠᠴᠠ ᠰᠣᠩᠭᠣᠨ ᠲᠣᠮᠢᠯᠠᠵᠤ᠂ ᠪᠠᠰᠠ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠠᠴᠠ ᠲᠠᠨᠢᠯᠴᠠᠭᠤᠯᠤᠭᠰᠠᠨᠤ ᠳᠠᠷᠠᠭ᠎ᠠ ᠳᠡᠭᠡᠳᠦ ᠰᠤᠷᠭ᠋ᠠᠭᠤᠯᠢ᠎ᠠᠴᠠ ᠮᠠᠭ᠋ᠠᠳᠯᠠᠨ ᠲᠣᠭᠲᠠᠭ᠋ᠠᠵᠤ ᠰᠣᠩᠭᠣᠨ ᠬᠡᠷᠡᠭᠯᠡᠭᠰᠡᠨ ᠴᠦ᠍ ᠪᠣᠯᠤᠨ᠎ᠠ᠃ ᠤᠯᠤᠰ᠎ᠤᠨ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠭᠤᠤᠯ ᠪᠠᠭᠰᠢ ᠵᠢ ᠶᠡᠷᠦᠩᠬᠡᠶ ᠬᠡᠯᠲᠡᠰ ᠪᠠ ᠬᠤᠪᠢᠶᠠᠷᠢ ᠬᠡᠯᠲᠡᠰ᠎ᠠᠴᠠ ᠵᠢᠩᠬᠢᠨᠢ᠎ᠪᠠᠷ ᠤᠷᠢᠨ ᠬᠡᠷᠡᠭᠯᠡᠵᠦ᠂ ᠬᠠᠪᠰᠤᠷᠤᠨ ᠵᠢᠯᠣᠭᠣᠳᠬᠤ ᠪᠠᠭᠰᠢ ᠵᠢ ᠬᠤᠪᠢᠶᠠᠷᠢ ᠬᠡᠯᠲᠡᠰ᠎ᠠᠴᠠ ᠮᠠᠭ᠋ᠠᠳᠯᠠᠨ ᠲᠣᠭᠲᠠᠭ᠋ᠠᠵᠤ ᠰᠣᠩᠭᠣᠨ ᠬᠡᠷᠡᠭᠯᠡᠵᠦ ᠪᠣᠯᠤᠨ᠎ᠠ᠃ ᠪᠠᠭᠰᠢ ᠨᠠᠷ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠠᠭᠰᠢ ᠵᠢᠨ ᠮᠣᠷᠠᠯ ᠰᠤᠷᠲᠠᠯ᠂ ᠲᠤᠬᠠᠢ᠌ᠯᠠᠭᠰᠠᠠᠨ ᠠᠵᠢᠯ᠎ᠤᠨ ᠦᠢ᠍ᠯᠡ ᠠᠵᠢᠯᠯᠠᠭ᠋ᠠᠨ᠎ᠤ ᠪᠠᠷᠢᠮᠵᠢᠶ᠎ᠠ ᠵᠡᠷᠭᠡ ᠬᠣᠯᠪᠤᠭᠳᠠᠬᠤ ᠲᠣᠭᠲᠠᠭ᠋ᠠᠯ᠎ᠢ ᠵᠢᠷᠤᠮᠯᠠᠵᠤ᠂ ᠬᠠᠷᠢᠴᠠᠩᠭᠤᠢ ᠲᠤᠰᠬᠠᠶ ᠮᠡᠷᠭᠡᠵᠢᠯ᠎ᠤᠨ ᠴᠢᠳᠠᠪᠤᠷᠢ᠎ᠲᠠᠢ ᠪᠠᠶ᠋ᠢᠬᠤ ᠬᠡᠷᠡᠭᠲᠡᠶ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠦᠨᠳᠦᠰᠦᠨ ᠵᠢᠭ᠋ᠠᠨ ᠰᠤᠷᠭ᠋ᠠᠯᠲᠠ ᠵᠢᠨ ᠴᠢᠳᠠᠪᠤᠷᠢ ᠦᠭᠡᠶ ᠬᠥᠮᠦᠰ᠎ᠤᠨ ᠬᠢᠴᠢᠶᠡᠯᠯᠡᠬᠦ ᠪᠤᠶᠤ ᠬᠠᠪᠰᠤᠷᠤᠨ ᠵᠢᠯᠣᠭᠣᠳᠬᠤ ᠵᠢ ᠴᠢᠩᠭ᠎ᠠ ᠬᠣᠷᠢᠭᠯᠠᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠰᠤᠷᠤᠯᠴᠠᠬᠤ ᠰᠤᠷᠲᠠᠯ᠂ ᠰᠢᠯᠭ᠋ᠠᠯᠲᠠ ᠵᠢᠨ ᠰᠠᠬᠢᠯᠭ᠎ᠠ ᠪᠠᠲᠤ ᠪᠣᠯᠤᠨ ᠠᠵᠢᠯ᠎ᠳᠤ ᠭᠠᠷᠬᠤ ᠵᠢ ᠬᠢᠨᠠᠨ ᠰᠢᠯᠭ᠋ᠠᠬᠤ᠎ᠪᠠᠨ ᠴᠢᠩᠳᠠᠯᠠᠵᠤ᠂ ᠰᠤᠷᠭ᠋ᠠᠭᠤᠯᠢ ᠲᠡᠭᠦᠰᠬᠦ ᠱᠠᠭ᠋ᠠᠷᠳᠠᠯᠭ᠎ᠠ ᠵᠢ ᠴᠢᠩᠳᠠᠯᠠᠵᠤ᠂ ᠰᠢᠯᠲᠠᠭ᠋ᠠᠨ ᠦᠭᠡᠶ᠎ᠪᠠᠷ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠳᠤ ᠣᠷᠣᠯᠴᠠᠬᠤ ᠦᠭᠡᠶ᠂ ᠰᠤᠷᠤᠯᠭ᠎ᠠ ᠵᠢᠨ ᠵᠢᠯ᠎ᠤᠨ ᠬᠤᠭᠤᠴᠠᠭ᠋ᠠᠨ᠎ᠳᠤ᠎ᠪᠠᠨ ᠰᠤᠷᠤᠯᠭ᠎ᠠ᠎ᠪᠠᠨ ᠲᠡᠭᠦᠰᠬᠡᠵᠦ ᠳᠡᠶ᠋ᠢᠯᠬᠦ ᠦᠭᠡᠶ᠂ ᠰᠤᠷᠭ᠋ᠠᠭᠤᠯᠢ ᠲᠡᠭᠦᠰᠬᠦ ᠨᠥᠬᠥᠴᠡᠯ᠎ᠳᠤ ᠨᠡᠶ᠋ᠢᠴᠡᠬᠦ ᠦᠭᠡᠶ ᠰᠤᠷᠤᠭᠴᠢ ᠵᠢ ᠳᠠᠷᠤᠢ᠎ᠳᠤ᠎ᠨᠢ ᠰᠤᠷᠤᠯᠭ᠎ᠠ᠎ᠠᠴᠠ᠎ᠨᠢ ᠵᠣᠭᠰᠣᠭ᠋ᠠᠬᠤ᠎ᠪᠠᠷ ᠰᠢᠢ᠍ᠳᠪᠦᠷᠢᠯᠡᠬᠦ ᠬᠡᠷᠡᠭᠲᠡᠶ᠃ ᠳᠡᠭᠡᠳᠦ ᠰᠤᠷᠭ᠋ᠠᠭᠤᠯᠢ᠎ᠠᠴᠠ ᠲᠡᠭᠦᠰᠬᠦ ᠥᠭᠦᠯᠡᠯ (ᠵᠢᠷᠤᠭ ᠲᠥᠯᠥᠪᠯᠡᠭᠡ)᠎ᠤᠨ ᠵᠢᠯᠣᠭᠣᠳᠣᠯᠭ᠎ᠠ ᠪᠠ ᠦᠢ᠍ᠯᠡᠴᠢᠯᠡᠭᠡ᠎ᠪᠠᠨ ᠴᠢᠩᠭ᠋ᠠᠳᠬᠠᠵᠤ᠂ ᠪᠥᠬᠥ ᠶᠠᠪᠤᠴᠠ᠎ᠳᠤ ᠵᠢᠯᠣᠭᠣᠳᠬᠤ᠂ ᠪᠥᠬᠥ ᠠᠵᠢᠯᠲᠠᠨ᠎ᠢ ᠴᠢᠩᠭ᠎ᠠ ᠪᠠᠶ᠋ᠢᠴᠠᠭ᠋ᠠᠬᠤ ᠵᠢ ᠦᠨᠡᠨ ᠬᠦ᠌ ᠪᠠᠲᠤᠯᠠᠵᠤ᠂ ᠵᠠᠷᠴᠢᠮ ᠳᠡᠭᠡᠷ᠎ᠡ᠎ᠪᠠᠨ ᠦᠨᠳᠦᠰᠦᠨ ᠠᠩᠭᠢ ᠵᠢᠨ ᠰᠤᠷᠤᠭᠴᠢᠳ ᠪᠦᠭᠦᠳᠡᠭᠡᠷ ᠵᠶ᠋ᠠᠨ ᠨᠣᠮ ᠬᠠᠶᠠᠯᠴᠠᠭ᠋ᠠᠨᠳᠤ ᠣᠷᠣᠯᠴᠠᠬᠤ ᠬᠡᠷᠡᠭᠲᠡᠶ; ᠪᠣᠰᠤᠳ᠎ᠤᠨ ᠥᠭᠦᠯᠡᠯ᠎ᠢ ᠬᠠᠭᠤᠯᠬᠤ᠂ ᠣᠷᠣᠯᠠᠨ ᠪᠢᠴᠢᠬᠦ ᠵᠡᠷᠭᠡ ᠡᠷᠳᠡᠮ ᠰᠢᠨᠵᠢᠯᠡᠭᠡᠨ᠎ᠤ ᠲᠥᠪ ᠪᠤᠰᠤ ᠠᠵᠢᠯᠯᠠᠭ᠎ᠠ ᠵᠢ ᠴᠢᠩᠭ᠎ᠠ ᠰᠢᠢ᠍ᠳᠪᠦᠷᠢᠯᠡᠵᠦ᠂ ᠡᠷᠳᠡᠮ᠎ᠤᠨ ᠴᠣᠯᠠ ᠣᠯᠭᠣᠬᠤ ᠪᠣᠭᠣᠮᠲᠠ ᠵᠢ ᠴᠢᠩᠭ᠎ᠠ ᠰᠠᠬᠢᠵᠤ᠂ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠴᠢᠨᠰᠠᠭ᠎ᠠ ᠵᠢᠨ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃
ᠵᠢᠷᠭᠤᠭ᠎ᠠ᠂ ᠰᠤᠷᠤᠭᠴᠢ ᠡᠯᠰᠡᠬᠦ ᠤᠬᠠᠭᠤᠯᠭ᠎ᠠ ᠪᠣᠯᠤᠨ ᠰᠤᠷᠭ᠋ᠠᠭᠤᠯᠢ ᠵᠢᠨ ᠬᠠᠷᠢᠶᠠᠯᠠᠯ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠰᠤᠷᠤᠭᠴᠢ ᠡᠯᠰᠡᠬᠦ ᠵᠠᠷ ᠮᠡᠳᠡᠭᠡᠨ᠎ᠤ ᠤᠬᠠᠭᠤᠯᠭ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠤᠷᠤᠭᠴᠢ ᠡᠯᠰᠡᠬᠦ ᠲᠣᠪᠴᠢ ᠳᠦᠷᠢᠮ ᠵᠡᠷᠭᠡ ᠮᠠᠲ᠋ᠧᠷᠢᠶᠠᠯ᠎ᠢ ᠰᠤᠷᠭ᠋ᠠᠭᠤᠯᠢ᠎ᠠᠴᠠ ᠨᠢᠭᠡᠳᠦᠯᠲᠡᠶ ᠳᠠᠷᠤᠮᠠᠯᠯᠠᠨ ᠶᠠᠪᠤᠭᠤᠯᠬᠤ ᠬᠡᠷᠡᠭᠲᠡᠶ᠃ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠨᠢ ᠳᠡᠭᠡᠳᠦ ᠰᠤᠷᠭ᠋ᠠᠭᠤᠯᠢ ᠵᠢᠨ ᠬᠠᠤᠯᠢ ᠵᠢᠨ ᠡᠷᠬᠡ ᠵᠢ ᠣᠯᠤᠭᠰᠠᠨ ᠥᠬᠡᠶ᠎ᠪᠠᠷ ᠥᠪᠡᠷ ᠵᠶ᠋ᠠᠨ ᠰᠣᠷᠣᠭᠴᠢ ᠡᠯᠰᠡᠬᠦ ᠤᠬᠠᠭᠤᠯᠭ᠎ᠠ ᠵᠢ ᠥᠷᠨᠢᠭᠦᠯᠵᠦ ᠪᠣᠯᠬᠤ ᠥᠬᠡᠶ᠂ ᠬᠤᠳᠠᠯ ᠬᠠᠭᠤᠷᠮᠠᠭ ᠵᠶ᠋ᠠᠷ ᠠᠮᠠᠯᠠᠬᠤ᠂ ᠥᠰᠬᠡᠨ ᠲᠥᠰᠬᠡᠨ᠎ᠲᠠᠢ ᠤᠬᠠᠭᠤᠯᠬᠤ ᠪᠤᠶᠤ ᠪᠤᠰᠤᠳ ᠵᠣᠬᠢᠶᠠᠨ ᠪᠠᠶ᠋ᠢᠭᠤᠯᠤᠯᠲᠠ (ᠬᠤᠪᠢ ᠬᠥᠮᠦᠨ)᠎ᠳᠤ ᠨᠠᠶ᠋ᠢᠳᠠᠵᠤ ᠣᠷᠣᠯᠠᠨ ᠰᠣᠷᠣᠭᠴᠢ ᠡᠯᠰᠡᠬᠦ ᠤᠬᠠᠭᠤᠯᠭ᠎ᠠ ᠬᠢᠯᠭᠡᠵᠦ ᠪᠣᠯᠬᠤ ᠥᠬᠡᠶ; 《ᠣᠷᠣᠯᠠᠨ ᠨᠡᠷ᠎ᠡ ᠮᠡᠳᠡᠭᠦᠯᠬᠦ》᠂ 《ᠣᠷᠣᠯᠠᠨ ᠰᠤᠷᠤᠯᠴᠠᠬᠤ》᠂ 《ᠣᠷᠣᠯᠠᠨ ᠰᠢᠯᠭ᠋ᠠᠭᠤᠯᠬᠤ》 ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ ᠵᠢ ᠬᠠᠩᠭ᠋ᠠᠵᠤ ᠪᠣᠯᠬᠤ ᠥᠬᠡᠶ; ᠮᠤᠵᠢ ᠠᠯᠤᠰᠯᠠᠨ ᠰᠤᠷᠤᠭᠴᠢ ᠡᠯᠰᠡᠬᠦ ᠪᠠ ᠤᠬᠠᠭᠤᠯᠭ᠎ᠠ ᠬᠢᠵᠦ ᠪᠣᠯᠬᠤ ᠦᠭᠡᠶ᠃ ᠡᠯ᠎ᠡ ᠳᠡᠭᠡᠳᠦ ᠰᠤᠷᠭ᠋ᠠᠭᠤᠯᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠰᠤᠷᠤᠭᠴᠢᠳ᠎ᠤᠨ ᠰᠤᠷᠭ᠋ᠠᠭᠤᠯᠢ ᠵᠢᠨ ᠬᠠᠷᠢᠶᠠᠯᠠᠯ᠎ᠤᠨ ᠳᠠᠩᠰᠠ ᠵᠢ ᠨᠢᠭᠡᠳᠦᠯᠲᠡᠶ ᠬᠠᠮᠢᠶᠠᠷᠴᠤ᠂ ᠰᠤᠷᠤᠭᠴᠢᠳ᠎ᠤᠨ ᠰᠤᠷᠭ᠋ᠠᠭᠤᠯᠢ ᠵᠢᠨ ᠬᠠᠷᠢᠶᠠᠯᠠᠯ᠎ᠤᠨ ᠳᠠᠩᠰᠠ ᠡᠪᠬᠡᠮᠡᠯ᠎ᠢ ᠡᠷᠬᠡᠪᠰᠢ ᠰᠤᠷᠤᠯᠴᠠᠵᠤ ᠪᠠᠶ᠋ᠢᠭ᠎ᠠ ᠳᠡᠭᠡᠳᠦ ᠰᠤᠷᠭ᠋ᠠᠭᠤᠯᠢ᠎ᠨᠢ ᠬᠠᠳᠠᠭ᠋ᠠᠯᠠᠬᠤ ᠬᠡᠷᠡᠭᠲᠡᠶ᠃
ᠳᠣᠯᠣᠭ᠎ᠠ᠂ ᠰᠦᠢ᠍ᠳᠬᠡᠯ ᠬᠤᠷᠢᠶᠠᠬᠤ ᠪᠠ ᠵᠠᠷᠤᠳᠠᠯ᠎ᠢ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠪᠥᠬᠦ ᠣᠷᠣᠯᠭ᠎ᠠ ᠵᠢ ᠰᠤᠷᠭ᠋ᠠᠭᠤᠯᠢ ᠵᠢᠨ ᠲᠥᠰᠦᠪ᠎ᠲᠤ᠎ᠪᠠᠨ ᠣᠷᠣᠭᠤᠯᠵᠤ᠂ ᠨᠢᠭᠡᠳᠦᠯᠲᠡᠶ ᠲᠣᠭ᠋ᠠᠴᠠᠭ᠎ᠠ ᠬᠢᠵᠦ᠂ ᠨᠢᠭᠡᠳᠦᠯᠲᠡᠶ ᠬᠠᠮᠢᠶᠠᠷᠴᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠨᠢᠭᠤᠨ ᠳᠠᠯᠳᠠᠯᠠᠵᠤ᠂ ᠳᠤᠮᠳᠠ᠎ᠠᠴᠠ᠎ᠨᠢ ᠦᠯᠡᠳᠡᠭᠡᠨ ᠠᠪᠴᠤ᠂ ᠡᠵᠡᠯᠡᠨ ᠬᠡᠷᠡᠭᠯᠡᠵᠦ᠂ ᠨᠡᠭᠦᠯᠭᠡᠨ ᠬᠡᠷᠡᠭᠯᠡᠬᠦ ᠪᠠ ᠰᠢᠭᠤᠳ ᠵᠠᠷᠤᠵᠤ ᠪᠣᠯᠬᠤ ᠦᠭᠡᠶ᠃ ᠡᠯ᠎ᠡ ᠳᠡᠭᠡᠳᠦ ᠰᠤᠷᠭ᠋ᠠᠭᠤᠯᠢ ᠡᠷᠬᠡ ᠣᠯᠭᠣᠬᠤ ᠪᠤᠶᠤ ᠶᠠᠮᠠᠷᠪᠠ ᠨᠢᠭᠡᠴᠢ ᠪᠣᠯᠤᠨ ᠬᠤᠪᠢ ᠬᠥᠮᠦᠨ᠎ᠳᠤ ᠨᠠᠶ᠋ᠢᠳᠠᠵᠤ ᠣᠷᠣᠯᠠᠨ ᠰᠦᠢ᠍ᠳᠬᠡᠯ ᠬᠤᠷᠢᠶᠠᠯᠭ᠋ᠠᠵᠤ ᠪᠣᠯᠬᠤ ᠦᠭᠡᠶ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠵᠤ ᠪᠣᠯᠬᠤ ᠦᠭᠡᠶ᠂ ᠴᠡᠭ ᠪᠠᠢ᠌ᠭᠤᠯᠤᠭᠰᠠᠨ ᠨᠢᠭᠡᠴᠢ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠶᠠᠮᠠᠷᠪᠠ ᠨᠡᠷ᠎ᠡ᠎ᠪᠠᠷ ᠳᠠᠭ᠋ᠠᠯᠳᠤᠭᠤᠯᠤᠨ ᠰᠦᠢ᠍ᠳᠬᠡᠯ ᠬᠤᠷᠢᠶᠠᠬᠤ ᠵᠢ ᠴᠢᠩᠭ᠎ᠠ ᠬᠣᠷᠢᠭᠯᠠᠨ᠎ᠠ᠃ ᠰᠤᠷᠤᠯᠭ᠎ᠠ ᠵᠢᠨ ᠰᠦᠢ᠍ᠳᠬᠡᠯ᠎ᠢ ᠪᠦᠬᠦ ᠲᠣᠭ᠎ᠠ᠎ᠪᠠᠷ᠎ᠨᠢ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠳᠠᠩᠰᠠᠨ᠎ᠳᠤ ᠰᠢᠭᠤᠳ ᠳᠤᠰᠢᠶᠠᠵᠤ᠂ ᠳᠡᠭᠡᠭᠰᠢ ᠲᠤᠰᠢᠶᠠᠬᠤ᠎ᠠᠴᠠ ᠡᠮᠦᠨ᠎ᠡ ᠬᠤᠪᠢᠶᠠᠷᠢᠯᠠᠬᠤ ᠵᠢ ᠴᠢᠩᠭ᠎ᠠ ᠬᠣᠷᠢᠭᠯᠠᠬᠤ ᠬᠡᠷᠡᠭᠲᠡᠶ᠃ ᠳᠡᠭᠡᠳᠦ ᠰᠤᠷᠭ᠋ᠠᠭᠤᠯᠢ᠎ᠠᠴᠠ ᠴᠡᠭ ᠪᠠᠶ᠋ᠢᠭᠤᠯᠤᠭᠰᠠᠨ ᠨᠢᠭᠡᠴᠢ᠎ᠳᠤ ᠰᠠᠯᠭ᠋ᠠᠨ ᠥᠭᠭᠦᠭᠰᠡᠨ ᠠᠵᠢᠯ᠎ᠤᠨ ᠵᠠᠷᠤᠳᠠᠯ᠎ᠢ ᠵᠠᠷᠴᠢᠮ ᠳᠡᠭᠡᠷ᠎ᠡ᠎ᠪᠠᠨ ᠰᠤᠷᠤᠭᠴᠢ ᠵᠢᠨ ᠰᠤᠷᠤᠯᠭ᠎ᠠ ᠵᠢᠨ ᠰᠦᠢ᠍ᠳᠬᠡᠯ᠎ᠤᠨ ᠶᠡᠷᠦᠩᠬᠡᠶ ᠲᠣᠭ᠋ᠠᠨ᠎ᠤ ᠬᠠᠭ᠋ᠠᠰ᠎ᠠᠴᠠ ᠳᠠᠪᠠᠭᠤᠯᠬᠤ ᠦᠭᠡᠶ᠃ ᠲᠤᠰᠬᠠᠶ ᠲᠤᠰᠢᠶᠠᠯ᠎ᠤᠨ ᠪᠠ ᠲᠤᠰᠢᠶᠠᠯ ᠬᠠᠪᠰᠤᠷᠭ᠋ᠠᠭᠰᠠᠨ ᠪᠠᠭᠰᠢ᠂ ᠬᠠᠪᠰᠤᠷᠤᠨ ᠵᠢᠯᠣᠭᠣᠳᠬᠤ ᠪᠠᠭᠰᠢ ᠵᠢᠨ ᠬᠢᠴᠢᠶᠡᠯ᠎ᠤᠨ ᠬᠠᠷᠠᠮᠵᠢ᠂ ᠬᠥᠳᠡᠯᠮᠦᠷᠢ ᠦᠢ᠍ᠯᠡᠴᠢᠯᠡᠭᠡᠨ᠎ᠤ ᠰᠦᠢ᠍ᠳᠭᠡᠯ ᠵᠡᠷᠭᠡ ᠬᠠᠷᠠᠮᠵᠢ ᠮᠥᠩᠭᠥ ᠵᠢ ᠭᠤᠤᠯᠯᠠᠨ ᠡᠷᠭᠢᠯᠡᠭᠰᠡᠨ ᠳᠡᠭᠡᠳᠦ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠪᠣᠳᠠᠲᠠᠶ ᠪᠠᠶ᠋ᠢᠳᠠᠯ᠎ᠢ ᠦᠨᠳᠦᠰᠦᠯᠡᠨ ᠨᠢᠭᠡᠳᠦᠯᠲᠡᠶ ᠣᠯᠭᠤᠨ᠎ᠠ᠃ ᠤᠯᠤᠰ᠎ᠤᠨ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠪᠠᠭᠰᠢ ᠵᠢᠨ ᠬᠥᠯᠥᠰᠥ ᠣᠯᠭᠣᠮᠵᠢ ᠵᠢ ᠶᠡᠷᠦᠩᠬᠡᠢ ᠬᠡᠯᠲᠡᠰ᠂ ᠬᠤᠪᠢᠶᠠᠷᠢ ᠬᠡᠯᠲᠡᠰ᠎ᠤᠨ ᠡᠳ᠋᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠲᠤᠰ ᠲᠤᠰ ᠪᠣᠳᠠᠲᠠᠢ ᠪᠠᠢ᠌ᠳᠠᠯ᠎ᠢ ᠦᠨᠳᠦᠰᠦᠯᠡᠨ ᠣᠯᠭᠤᠨ᠎ᠠ᠃
ᠨᠠᠢ᠍ᠮᠠ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠱᠠᠲᠤ ᠬᠤᠪᠢᠶᠠᠨ ᠬᠠᠮᠢᠶᠠᠷᠬᠤ ᠪᠠᠶ᠋ᠢᠭᠤᠯᠤᠯ᠎ᠢ ᠲᠡᠭᠦᠯᠳᠡᠷᠵᠢᠭᠦᠯᠬᠦ ᠬᠡᠷᠡᠭᠲᠡᠶ᠃ ᠰᠤᠷᠭ᠋ᠠᠨ ᠬᠥᠮᠦᠵᠢᠯ᠎ᠤᠨ ᠶᠠᠮᠤᠨ᠎ᠠᠴᠠ ᠪᠦᠬᠦ ᠤᠯᠤᠰ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠣᠷᠸ᠎ᠠ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠲᠣᠭᠲᠠᠭ᠋ᠠᠬᠤ ᠵᠢ ᠬᠠᠷᠢᠭᠤᠴᠠᠵᠤ᠂ ᠪᠦᠬᠦ ᠤᠯᠤᠰ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠠᠵᠢᠯ᠎ᠢ ᠨᠢᠭᠡᠳᠦᠯᠲᠡᠶ ᠲᠥᠯᠥᠪᠯᠡᠨ ᠵᠢᠯᠣᠭᠣᠳᠬᠤ ᠬᠡᠷᠡᠭᠲᠡᠶ᠃ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠂ ᠨᠢᠭᠡᠳᠦᠯᠲᠡᠶ ᠲᠥᠯᠥᠪᠵᠢᠭᠦᠯᠬᠦ᠂ ᠳᠠᠩᠰᠠᠯᠠᠭᠤᠯᠬᠤ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠨ᠎ᠠ; ᠪᠤᠰᠤᠳ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠵᠢᠯᠴᠠᠨ ᠲᠤᠰ ᠭᠠᠵᠠᠷ᠎ᠤᠨ ᠳᠡᠭᠡᠳᠦ ᠰᠤᠷᠭ᠋ᠠᠭᠤᠯᠢ ᠵᠢᠨ ᠮᠤᠵᠢ ᠠᠯᠤᠰᠯᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠬᠣᠯᠪᠤᠭᠳᠠᠬᠤ ᠠᠵᠢᠯ᠎ᠢ ᠰᠠᠶ᠋ᠢᠲᠤᠷ ᠬᠢᠬᠦ ᠵᠢ ᠬᠠᠷᠢᠭᠤᠴᠠᠨ᠎ᠠ᠃ ᠡᠯ᠎ᠡ ᠳᠡᠭᠡᠳᠦ ᠰᠤᠷᠭ᠋ᠠᠭᠤᠯᠢ ᠲᠤᠰ ᠰᠤᠷᠭ᠋ᠠᠭᠤᠯᠢ ᠵᠢᠨ ᠵᠶ᠋ᠠᠨ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ᠂ ᠲᠣᠬᠢᠷᠠᠭᠤᠯᠬᠤ ᠪᠠ ᠬᠠᠮᠢᠶᠠᠷᠬᠤ ᠵᠢ ᠬᠠᠷᠢᠭᠤᠴᠠᠬᠤ ᠬᠡᠷᠡᠭᠲᠡᠶ᠃ ᠴᠡᠭ ᠪᠠᠢ᠌ᠭᠤᠯᠤᠭᠰᠠᠨ ᠨᠢᠭᠡᠴᠢ᠎ᠨᠢ ᠳᠡᠭᠡᠳᠦ ᠰᠤᠷᠭ᠋ᠠᠭᠤᠯᠢ᠎ᠯᠤᠭ᠎ᠠ ᠬᠠᠮᠵᠢᠯᠴᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠡᠳᠦᠷ ᠲᠤᠲᠤᠮ᠎ᠤᠨ ᠬᠠᠮᠢᠶᠠᠷᠤᠯᠲᠠ ᠵᠢ ᠰᠠᠶ᠋ᠢᠲᠤᠷ ᠬᠢᠬᠦ ᠵᠢ ᠬᠠᠷᠢᠭᠤᠴᠠᠬᠤ ᠬᠡᠷᠡᠭᠲᠡᠶ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠡᠯ᠎ᠡ ᠳᠡᠭᠡᠳᠦ ᠰᠤᠷᠭ᠋ᠠᠭᠤᠯᠢ 《ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠠᠵᠢᠯ᠎ᠤᠨ ᠵᠢᠯᠣᠭᠣᠳᠤᠮᠵᠢ》 (ᠳᠠᠭ᠋ᠠᠯᠳᠤᠭᠤᠯᠤᠯ᠎ᠳᠤ ᠦᠵᠡᠭᠡᠷᠡᠢ) ᠵᠢ ᠦᠨᠳᠦᠰᠦᠯᠡᠨ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠠᠵᠢᠯ᠎ᠢ ᠴᠢᠩᠭ᠎ᠠ ᠳᠦᠷᠢᠮᠵᠢᠭᠦᠯᠬᠦ ᠬᠡᠷᠡᠭᠲᠡᠶ᠃
ᠶᠢᠰᠦ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠴᠢᠩᠭ᠋ᠠᠷᠠᠭᠤᠯᠬᠤ ᠬᠡᠷᠡᠭᠲᠡᠶ᠃ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠪᠠ ᠬᠠᠮᠢᠶᠠᠷᠬᠤ ᠠᠵᠢᠯ᠎ᠢ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠡᠳᠦᠷ ᠲᠤᠲᠤᠮ᠎ᠤᠨ ᠬᠠᠮᠢᠶᠠᠷᠤᠯᠲᠠ᠎ᠳᠤ᠎ᠪᠠᠨ ᠣᠷᠣᠭᠤᠯᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠲᠤᠰ ᠮᠤᠵᠢ ᠵᠢᠨ ᠵᠶ᠋ᠠᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠲᠤᠰ ᠮᠤᠵᠢ ᠵᠢᠨ ᠵᠶ᠋ᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠨ ᠨᠠᠷᠢᠯᠢᠬ᠍ᠵᠢᠭᠤᠯᠵᠤ᠂ ᠮᠤᠵᠢ ᠵᠢᠨ ᠬᠡᠪᠴᠢᠶᠡᠨ᠎ᠳᠠᠬᠢ ᠴᠡᠭ ᠪᠠᠶ᠋ᠢᠭᠤᠯᠤᠭᠰᠠᠨ ᠨᠢᠭᠡᠴᠢ ᠨᠢᠭᠡ ᠪᠦᠷᠢ ᠵᠢᠨ ᠳᠠᠭ᠋ᠠᠭ᠋ᠠᠴᠢᠯᠠᠨ ᠠᠪᠤᠭᠰᠠᠨ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠲᠣᠭ᠎ᠠ ᠪᠠ ᠨᠡᠭᠡᠭᠡᠭᠰᠡᠨ ᠲᠤᠰᠬᠠᠢ ᠮᠡᠷᠭᠡᠵᠢᠯ᠎ᠤᠨ ᠲᠣᠭ᠎ᠠ ᠵᠡᠷᠭᠡ ᠵᠢᠨ ᠬᠠᠮᠤᠭ᠎ᠤᠨ ᠳᠡᠭᠡᠳᠦ ᠬᠢᠵᠠᠭ᠋ᠠᠷ᠎ᠢ ᠳᠣᠭᠲᠠᠭ᠋ᠠᠵᠤ᠂ ᠮᠤᠵᠢ ᠵᠢᠨ ᠬᠡᠪᠴᠢᠶᠡᠨ᠎ᠳᠠᠬᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠢ᠌ᠭᠤᠯᠬᠤ ᠵᠢ ᠨᠢᠭᠡᠳᠦᠯᠲᠡᠢ ᠲᠥᠯᠥᠪᠵᠢᠭᠦᠯᠵᠦ ᠪᠣᠯᠤᠨ᠎ᠠ᠃ ᠳᠡᠭᠡᠳᠦ ᠰᠤᠷᠭ᠋ᠠᠭᠤᠯᠢ ᠵᠢᠨ ᠲᠤᠰᠢᠶᠠᠭᠰᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠳᠠᠩᠰᠠᠯᠠᠭᠤᠯᠬᠤ ᠮᠠᠲ᠋ᠧᠷᠢᠶᠠᠯ᠎ᠢ ᠴᠢᠩᠭ᠎ᠠ ᠦᠨᠡᠯᠡᠵᠦ᠂ ᠳᠡᠰ ᠳᠠᠷᠠᠭ᠋ᠠᠯᠠᠯ᠎ᠨᠢ ᠳᠦᠷᠢᠮᠵᠢᠯ᠎ᠲᠠᠢ ᠡᠰᠡᠬᠦ᠂ ᠮᠠᠲ᠋ᠧᠷᠢᠶᠠᠯ᠎ᠨᠢ ᠦᠨᠡᠨ ᠪᠣᠳᠠᠲᠠᠶ ᠪᠥᠭᠡᠳ ᠪᠦᠷᠢᠨ ᠭᠦᠢ᠍ᠴᠡᠳ ᠡᠰᠡᠬᠦ᠂ ᠰᠤᠷᠭ᠋ᠠᠭᠤᠯᠢ ᠡᠷᠬᠢᠯᠡᠬᠦ ᠨᠥᠬᠥᠴᠡᠯ᠎ᠨᠢ ᠪᠠᠷᠢᠮᠵᠢᠶ᠎ᠠ᠎ᠳᠤ ᠬᠦᠷᠦᠭᠰᠡᠨ ᠡᠰᠡᠬᠦ᠂ ᠡᠷᠬᠢᠯᠡᠭᠰᠡᠨ ᠲᠤᠰᠬᠠᠶ ᠮᠡᠷᠭᠡᠵᠢᠯ ᠬᠢᠭᠡᠳ ᠲᠤᠬᠠᠶ ᠵᠢᠨ ᠭᠠᠵᠠᠷ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠨᠢ ᠲᠣᠬᠢᠷᠠᠯᠴᠠᠭᠰᠠᠨ ᠡᠰᠡᠬᠦ ᠵᠡᠷᠭᠡ ᠵᠢ ᠭᠣᠣᠯᠳᠠᠯᠭ᠋ᠠᠲᠠᠢ ᠠᠩᠬᠠᠷᠬᠤ ᠬᠡᠷᠡᠭᠲᠡᠶ᠃ ᠨᠢᠭᠡᠨᠲᠡ ᠳᠠᠩᠰᠠᠯᠠᠭᠤᠯᠤᠭᠰᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠲᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠴᠢᠨᠠᠷ ᠴᠢᠨᠰᠠᠭ᠎ᠠ ᠵᠢᠨ ᠬᠢᠨᠠᠨ ᠬᠡᠮᠵᠢᠯᠲᠡ᠎ᠪᠠᠨ ᠴᠢᠩᠭ᠋ᠠᠳᠬᠠᠵᠤ᠂ ᠪᠠᠶ᠋ᠢᠩᠭᠤ ᠵᠢᠨ ᠪᠠᠶ᠋ᠢᠴᠠᠭ᠋ᠠᠯᠲᠠ᠂ 《ᠬᠣᠶᠠᠷ᠎ᠢ ᠰᠤᠭᠤᠴᠢᠨ ᠪᠠᠶ᠋ᠢᠴᠠᠭ᠋ᠠᠬᠤ》 ᠪᠠ ᠲᠤᠰᠬᠠᠶ ᠵᠦᠢ᠍ᠯ ᠵᠶ᠋ᠠᠷ ᠦᠨᠡᠯᠡᠨ ᠵᠢᠱ᠌ᠢᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠵᠥᠪᠰᠢᠶᠡᠷᠡᠨ ᠣᠷᠣᠭᠤᠯᠬᠤ᠂ ᠦᠨᠡᠯᠡᠬᠦ᠂ ᠱᠠᠩᠨᠠᠵᠤ ᠲᠣᠷᠭ᠋ᠠᠬᠤ᠂ ᠪᠤᠴᠠᠭ᠋ᠠᠵᠤ ᠭᠠᠷᠭ᠋ᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ᠂ ᠬᠤᠳᠠᠯ ᠬᠠᠭᠤᠷᠮᠠᠭ ᠵᠶ᠋ᠠᠷ ᠤᠬᠠᠭᠤᠯᠬᠤ᠂ ᠰᠤᠷᠤᠭᠴᠢ ᠵᠢᠨ ᠢᠷᠡᠯᠳᠡ ᠵᠢ ᠬᠤᠳᠠᠯᠳᠤᠭ᠋ᠠᠯᠠᠬᠤ᠂ ᠣᠷᠣᠯᠠᠨ ᠰᠤᠷᠴᠤ ᠣᠷᠣᠯᠠᠨ ᠰᠢᠯᠭ᠋ᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠋ᠠᠨ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠯ᠎ᠡ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠣᠭᠣᠷᠣᠨᠳᠣ᠎ᠪᠠᠨ 《ᠰᠦᠯᠵᠢᠶᠡᠨ᠎ᠳᠠᠬᠢ + ᠰᠦᠯᠵᠢᠶᠡᠨ ᠭᠠᠳᠠᠨᠠᠬᠢ》 ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠥᠷᠨᠢᠭᠦᠯᠬᠦ ᠬᠡᠷᠡᠭᠲᠡᠶ᠃ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠲᠤ ᠲᠣᠭᠲᠠᠭ᠋ᠠᠯ᠎ᠠᠴᠠ ᠵᠥᠷᠢᠴᠡᠨ ᠰᠤᠷᠭ᠋ᠠᠭᠤᠯᠢ ᠡᠷᠭᠢᠯᠡᠬᠦ᠂ ᠴᠡᠭ ᠲᠣᠭᠲᠠᠭ᠋ᠠᠨ ᠭᠠᠳᠠᠭᠰᠢ ᠪᠠᠶ᠋ᠢᠷᠢᠯᠠᠭᠤᠯᠬᠤ᠂ ᠰᠣᠷᠣᠭᠴᠢ ᠵᠢᠨ ᠢᠷᠡᠯᠲᠡ ᠵᠢ ᠬᠠᠷ᠎ᠠ ᠬᠤᠤᠷᠲᠠᠶ᠎ᠪᠠᠷ ᠪᠤᠯᠢᠶᠠᠬᠤ᠂ ᠳᠠᠭ᠋ᠠᠯᠳᠤᠭᠤᠯᠤᠨ ᠰᠦᠢ᠍ᠳᠭᠡᠯ ᠬᠤᠷᠢᠶᠠᠵᠤ ᠠᠰᠢᠭ ᠤᠯᠬᠤ᠂ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠳᠤᠤᠷ᠎ᠠ᠂ ᠬᠠᠮᠢᠶᠠᠷᠤᠯᠲᠠ᠎ᠨᠢ ᠡᠮᠬᠢ ᠵᠠᠮᠪᠠᠷᠠᠭ᠎ᠠ ᠥᠬᠡᠶ᠂ ᠰᠤᠷᠤᠯᠭ᠎ᠠ ᠵᠢᠨ ᠦᠨᠡᠮᠯᠡᠯ᠎ᠢ ᠬᠡᠯᠪᠡᠷᠢ ᠵᠢ᠎ᠨᠢ ᠥᠭᠡᠷᠡᠲᠦᠭᠦᠯᠦᠨ ᠬᠤᠳᠠᠯᠳᠤᠭ᠋ᠠᠯᠠᠬᠤ᠂ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠭᠡᠭᠰᠡᠨ ᠥᠬᠡᠶ ᠵᠡᠷᠭᠡ ᠬᠠᠤᠯᠢ ᠳᠦᠷᠢᠮ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠪᠠᠯ᠂ ᠪᠠᠶ᠋ᠢᠳᠠᠯ᠎ᠢ᠎ᠨᠢ ᠦᠵᠡᠵᠦ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠰᠤᠷᠭ᠋ᠠᠨ ᠬᠥᠮᠦᠵᠢᠯ᠎ᠤᠨ ᠶᠠᠮᠤᠨ᠎ᠠᠴᠠ ᠳᠡᠭᠡᠳᠦ ᠰᠤᠷᠭ᠋ᠠᠭᠤᠯᠢ ᠵᠢ ᠨᠡᠢ᠌ᠲᠡᠯᠡᠨ ᠰᠢᠭᠦᠮᠵᠢᠯᠡᠵᠦ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠵᠦ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠬᠦᠴᠦᠨ ᠥᠬᠡᠶ ᠪᠣᠯᠭ᠋ᠠᠵᠤ᠂ ᠳᠡᠭᠡᠳᠦ ᠰᠤᠷᠭ᠋ᠠᠭᠤᠯᠢ ᠵᠢ ᠵᠠᠷᠯᠢᠭᠳᠠᠵᠤ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠵᠢ ᠲᠦᠷ ᠵᠣᠭᠰᠣᠭ᠋ᠠᠬᠤ ᠪᠤᠶᠤ ᠵᠣᠭᠰᠣᠭ᠋ᠠᠬᠤ ᠵᠡᠷᠭᠡ ᠰᠢᠢ᠍ᠳᠭᠡᠯ ᠲᠣᠷᠭ᠋ᠠᠭᠤᠯᠢ ᠥᠭᠴᠦ᠂ ᠬᠣᠯᠪᠤᠭᠳᠠᠬᠤ ᠴᠡᠭ ᠪᠠᠶ᠋ᠢᠭᠤᠯᠤᠭᠰᠠᠨ ᠨᠢᠭᠡᠴᠢ ᠵᠢ 《ᠬᠠᠷ᠎ᠠ ᠲᠠᠩᠰᠠ》᠎ᠳᠤ ᠣᠷᠣᠭᠤᠯᠵᠤ᠂ ᠬᠣᠯᠪᠤᠭᠳᠠᠬᠤ ᠬᠠᠷᠢᠭᠤᠴᠠᠯᠭ᠋ᠠᠲᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠴᠢᠩᠭ᠋ᠠᠳᠬᠠᠬᠤ ᠬᠡᠷᠡᠭᠲᠡᠢ᠃ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ 2022 ᠣᠨ᠎ᠤ 12 ᠰᠠᠷ᠎ᠠ ᠵᠢᠨ ᠰᠡᠭᠦᠯᠴᠢ ᠪᠣᠯᠲᠠᠯ᠎ᠠ᠂ ᠡᠯ᠎ᠡ ᠭᠠᠵᠠᠷ᠎ᠤᠨ ᠡᠯ᠎ᠡ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠰᠢᠨ᠎ᠡ᠎ᠪᠠᠷ ᠨᠡᠮᠡᠭᠳᠡᠭᠦᠯᠬᠦ ᠵᠢ ᠲᠦᠷ ᠵᠣᠭᠰᠣᠭ᠋ᠠᠵᠤ᠂ ᠡᠯ᠎ᠡ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠣᠲᠣ ᠵᠢᠨ ᠪᠠᠶ᠋ᠢᠭ᠎ᠠ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠥᠬᠥ ᠲᠠᠯ᠎ᠠ᠎ᠪᠠᠷ ᠡᠮᠬᠢᠯᠡᠵᠦ᠂ ᠵᠢᠭᠰᠠᠭ᠋ᠠᠨ ᠪᠠᠶ᠋ᠢᠴᠠᠭ᠋ᠠᠬᠤ ᠪᠠ ᠴᠡᠭᠴᠡᠯᠡᠨ ᠥᠭᠡᠷᠡᠴᠢᠯᠡᠨ᠎ᠡ᠃ 2023 ᠣᠨ᠎ᠤ 1 ᠰᠠᠷ᠎ᠠ᠎ᠠᠴᠠ ᠡᠬᠢᠯᠡᠨ᠂ 《ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠲᠣᠬᠢᠷᠠᠭᠤᠯᠬᠤ ᠠᠵᠢᠯ᠎ᠤᠨ ᠵᠢᠯᠣᠭᠣᠳᠤᠮᠵᠢ》 ᠶᠣᠰᠤ᠎ᠪᠠᠷ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠲᠣᠬᠢᠷᠠᠭᠤᠯᠬᠤ ᠪᠠ ᠳᠠᠩᠰᠠᠯᠠᠬᠤ ᠠᠵᠢᠯ᠎ᠢ ᠥᠷᠨᠢᠭᠦᠯᠦᠨ᠎ᠡ᠃ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠬᠤ᠎ᠠᠴᠠ ᠡᠮᠦᠨ᠎ᠡ ᠡᠯ᠎ᠡ ᠭᠠᠵᠠᠷ᠎ᠤᠨ ᠨᠢᠭᠡᠨᠲᠡ ᠳᠠᠩᠰᠠᠯᠠᠭᠤᠯᠤᠭᠰᠠᠨ ᠪᠣᠯᠪᠠᠴᠤ ᠲᠣᠰ ᠮᠡᠳᠡᠭᠳᠡᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠪᠠᠶ᠋ᠢᠭ᠎ᠠ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ 2023 ᠣᠨ᠎ᠠᠴᠠ ᠡᠬᠢᠯᠡᠨ 2 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠵᠤ᠂ ᠰᠢᠯᠵᠢᠯᠲᠡ ᠵᠢᠨ ᠬᠤᠭᠤᠴᠠᠭ᠋ᠠᠨ᠎ᠳᠤ ᠰᠢᠨ᠎ᠡ ᠰᠣᠷᠣᠭᠴᠢ ᠡᠯᠰᠡᠬᠦ ᠵᠢ ᠵᠣᠭᠰᠣᠭ᠋ᠠᠨ᠎ᠠ᠂ ᠭᠡᠪᠡᠴᠦ ᠤᠤᠯ᠎ᠤᠨ ᠪᠠᠶ᠋ᠢᠭ᠎ᠠ ᠰᠣᠷᠣᠭᠴᠢ᠎ᠳᠤ ᠰᠤᠷᠤᠯᠴᠠᠯᠭ᠎ᠠ ᠵᠢ ᠳᠡᠮᠵᠢᠬᠦ ᠦᠢ᠍ᠯᠡᠴᠢᠯᠡᠭᠡ ᠵᠢ ᠬᠠᠩᠭ᠋ᠠᠵᠤ ᠪᠣᠯᠤᠨ᠎ᠠ᠃ ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠮᠥᠨ ᠬᠦ᠌ ᠬᠣᠯᠪᠤᠭᠳᠠᠬᠤ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ᠂ ᠳᠠᠭᠢᠵᠤ ᠪᠦᠷᠢᠳᠬᠡᠨ ᠳᠠᠩᠰᠠᠯᠠᠭᠤᠯᠤᠭᠰᠠᠨ ᠥᠬᠡᠶ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠬᠦᠴᠦᠨ ᠥᠬᠡᠶ ᠪᠣᠯᠭ᠋ᠠᠵᠤ᠂ ᠲᠡᠭᠦᠨ᠎ᠤ ᠬᠠᠷᠢᠶᠠᠯᠠᠯ᠎ᠳᠠᠬᠢ ᠰᠣᠷᠣᠭᠴᠢ ᠵᠢᠨ ᠰᠤᠷᠤᠯᠭ᠎ᠠ ᠵᠢ ᠳᠡᠮᠵᠢᠬᠦ ᠦᠢ᠍ᠯᠡᠴᠢᠯᠡᠭᠡ ᠵᠢ ᠭᠤᠤᠯᠯᠠᠨ ᠡᠷᠭᠢᠯᠡᠭᠰᠡᠨ ᠳᠡᠭᠡᠳᠦ ᠰᠤᠷᠭ᠋ᠠᠭᠤᠯᠢ᠎ᠠᠴᠠ ᠵᠣᠬᠢᠰᠲᠠᠢ ᠰᠢᠢ᠍ᠳᠪᠦᠷᠢᠯᠡᠬᠦ ᠬᠡᠷᠡᠭᠲᠡᠶ᠃
ᠳᠠᠭ᠋ᠠᠯᠳᠤᠭᠤᠯᠤᠯ᠄ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠪᠠᠢ᠌ᠭᠤᠯᠬᠤ ᠠᠵᠢᠯ᠎ᠤᠨ ᠵᠢᠯᠣᠭᠣᠳᠤᠮᠵᠢ
ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ
2022 ᠣᠨ᠎ᠤ 4 ᠰᠠᠷ᠎ᠠ ᠵᠢᠨ 8᠎ᠤ ᠡᠳᠦᠷ