ᠥᠪᠥᠷ ᠰᠤᠷᠭ᠋ᠠᠨ ᠲᠠᠷᠬᠠᠭ᠋ᠠᠭᠰᠠᠨ [2022] 9 ᠳ᠋ᠦ᠍ᠭᠡᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢᠨ ᠭᠦᠨᠵᠡᠭᠡᠢ᠌ᠷᠡᠭᠦᠯᠦᠯᠲᠡ ᠵᠢ ᠬᠡᠷᠡᠭᠵᠢᠭᠦᠯᠬᠦ ᠲᠥᠰᠦᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭ᠋ᠠᠶ ᠵᠢᠷᠤᠮᠯᠠᠨ ᠬᠡᠷᠡᠭᠵᠢᠭᠦᠯᠲᠦᠭᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2022 ᠣᠨ᠎ᠤ 6 ᠰᠠᠷ᠎ᠠ ᠵᠢᠨ 22᠎ᠤᠨ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠳᠤᠮᠳᠠᠳᠤ
ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ
ᠳᠦᠷᠢᠮ ᠤᠨ ᠥᠭᠡᠷᠡᠴᠢᠯᠡᠯᠲᠡ ᠵᠢᠨ ᠭᠦᠨᠵᠡᠭᠡᠢ᠌ᠷᠡᠭᠦᠯᠦᠯᠲᠡ ᠵᠢ ᠬᠡᠷᠡᠭᠵᠢᠭᠦᠯᠬᠦ ᠲᠥᠰᠦᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠢ ᠦᠨᠡᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠡᠷᠦᠩᠬᠡᠶ ᠲᠥᠰᠦᠯ》 (ᠲᠥᠪ ᠲᠠᠷᠬᠠᠭ᠋ᠠᠭᠰᠠᠨ [2020] 19 ᠳ᠋ᠦ᠍ᠭᠡᠷ ᠲᠣᠭ᠋ᠠᠲᠤ)᠂ 《ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠲᠤᠬᠠᠶ ᠰᠠᠨᠠᠯ》 (ᠲᠥᠪ ᠲᠠᠷᠬᠠᠭ᠋ᠠᠭᠰᠠᠨ [2019] 26 ᠳ᠋ᠤᠭ᠋ᠠᠷ ᠲᠣᠭ᠋ᠠᠲᠤ) ᠵᠢᠴᠢ 《ᠰᠢᠨ᠎ᠡ ᠴᠠᠭ ᠦᠶ᠎ᠡ ᠵᠢᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠮᠦᠨ᠎ᠢ ᠬᠥᠮᠦᠵᠢᠭᠦᠯᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2019] 29 ᠳ᠋ᠦ᠍ᠭᠡᠷ ᠲᠣᠭ᠋ᠠᠲᠤ)᠂ 《ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠲᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠵᠢᠯᠣᠭᠣᠳᠬᠤ ᠰᠠᠨᠠᠯ》 (ᠰᠤᠷᠭ᠋ᠠᠨ ᠰᠠᠭᠤᠷᠢ ᠬᠣᠶᠠᠷ [2016] 4 ᠳ᠋ᠦ᠍ᠭᠡᠷ ᠲᠣᠭ᠋ᠠᠲᠤ) ᠪᠠ 《2022 ᠣᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠪᠠ ᠰᠤᠷᠭ᠋ᠠᠭᠤᠯᠢ ᠳᠡᠪᠰᠢᠬᠦ ᠰᠢᠯᠭ᠋ᠠᠯᠲᠠ ᠵᠢᠨ ᠰᠡᠳᠦᠪ ᠭᠠᠷᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠰᠤᠷᠭ᠋ᠠᠨ ᠰᠠᠭᠤᠷᠢ ᠲᠢᠩᠬᠢᠮ ᠪᠢᠴᠢᠭ [2022] 6 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ 《ᠰᠢᠨ᠎ᠡ ᠴᠠᠭ ᠦᠶ᠎ᠡ ᠵᠢᠨ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 (ᠥᠪᠥᠷ ᠨᠠᠮ ᠲᠠᠷᠬᠠᠭ᠋ᠠᠭᠰᠠᠨ [2020] 18 ᠳ᠋ᠤᠭ᠋ᠠᠷ ᠲᠣᠭ᠋ᠠᠲᠤ)᠎ᠢ ᠭᠦᠨᠵᠡᠭᠡᠶ ᠨᠠᠢ᠌ᠳᠠᠪᠤᠷᠢᠵᠢᠭᠤᠯᠵᠤ᠂ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷᠯᠢᠭ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠥᠳᠲᠡᠷ ᠲᠦᠷᠭᠡᠨ ᠠᠬᠢᠭᠤᠯᠬᠤ ᠵᠢᠨ ᠲᠥᠯᠦᠭᠡ᠂ ᠡᠳᠦᠭᠡ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠤᠨ ᠲᠤᠬᠠᠶ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
ᠨᠢᠭᠡ᠂ ᠵᠢᠯᠣᠭᠣᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠤ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠥᠭᠵᠢᠭᠦᠯᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠰᠤᠷᠤᠭᠴᠢᠳ᠎ᠤᠨ ᠪᠡᠶ᠎ᠡ ᠰᠡᠳᠬᠢᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠵᠤ᠂ ᠰᠤᠷᠤᠭᠴᠢᠳ᠎ᠤᠨ ᠪᠦᠬᠦ ᠲᠠᠯ᠎ᠠ᠎ᠪᠠᠷ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠠᠬᠢᠭᠤᠯᠵᠤ᠂ ᠰᠤᠷᠭ᠋ᠠᠭᠤᠯᠢ ᠵᠢᠨ ᠬᠥᠮᠦᠨ᠎ᠢ ᠬᠥᠮᠦᠵᠢᠭᠦᠯᠬᠦ ᠪᠠ ᠰᠤᠷᠭ᠋ᠠᠨ ᠬᠥᠮᠦᠵᠢᠯ᠎ᠢ ᠦᠨᠡᠯᠡᠬᠦ ᠠᠷᠭ᠎ᠠ ᠮᠠᠶᠢᠭ᠎ᠢ ᠰᠠᠢ᠌ᠵᠢᠷᠠᠭᠤᠯᠵᠤ᠂ ᠰᠤᠷᠤᠭᠴᠢᠳ᠎ᠤᠨ ᠬᠢᠴᠢᠶᠡᠯ ᠰᠤᠷᠤᠯᠭ᠎ᠠ ᠵᠢᠨ ᠬᠡᠲᠦ ᠬᠦᠨᠳᠦ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠰᠢᠨᠵᠢᠯᠡᠬᠦ ᠤᠬᠠᠭ᠋ᠠᠨᠴᠢ ᠲᠥᠪ ᠭᠤᠤᠯᠴᠢ ᠰᠢᠯᠭ᠋ᠠᠯᠲᠠ᠎ᠪᠠᠷ ᠰᠣᠷᠣᠭᠴᠢ ᠡᠯᠰᠡᠬᠦ ᠲᠦᠷᠢᠮ᠎ᠢ ᠪᠠᠢ᠌ᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠪᠣᠯᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠢ ᠠᠬᠢᠭᠤᠯᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠲᠦᠮᠵᠢᠲᠡᠶ ᠵᠣᠯᠭ᠋ᠠᠭᠤᠯᠵᠤ᠂ ᠰᠠᠭᠤᠷᠢ ᠰᠤᠷᠭ᠋ᠠᠨ ᠬᠥᠮᠦᠵᠢᠯ᠎ᠢ ᠴᠢᠨᠠᠷᠯᠢᠭ ᠬᠥᠭᠵᠢᠭᠦᠯᠬᠦ ᠳᠣᠭᠲᠠᠯᠴᠠᠭ᠎ᠠ ᠵᠢ ᠪᠥᠬᠥ ᠲᠠᠯ᠎ᠠ᠎ᠪᠠᠷ ᠪᠠᠢ᠌ᠭᠤᠯᠵᠤ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠦᠨ᠎ᠡ᠃
ᠬᠣᠶᠠᠷ᠂ ᠦᠨᠳᠦᠰᠦᠨ ᠵᠠᠷᠴᠢᠮ
(ᠨᠢᠭᠡ) ᠲᠠᠪᠤᠨ ᠬᠥᠮᠦᠵᠢᠯ᠎ᠢ ᠵᠡᠷᠭᠡ᠎ᠪᠠᠷ ᠠᠳᠬᠤᠨ᠎ᠠ᠃ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠰᠤᠷᠤᠭᠴᠢᠳ᠎ᠤᠨ ᠦᠰᠦᠨ ᠪᠣᠢ᠌ᠵᠢᠯᠲᠠ ᠵᠢᠨ ᠵᠢᠮ᠎ᠡ ᠶᠣᠰᠣ ᠵᠢ ᠵᠢᠷᠤᠮᠯᠠᠵᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠥᠭᠵᠢᠭᠦᠯᠵᠦ᠂ ᠬᠢᠴᠢᠶᠡᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 《ᠬᠣᠶᠠᠷ᠎ᠢ ᠬᠥᠩᠭᠡᠷᠡᠭᠦᠯᠬᠦ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠥᠮᠦᠨ᠎ᠢ ᠬᠥᠮᠦᠵᠢᠭᠦᠯᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠥᠬᠥ ᠲᠠᠯ᠎ᠠ᠎ᠪᠠᠷ ᠬᠥᠮᠦᠨ ᠬᠥᠮᠦᠵᠢᠭᠦᠯᠬᠦ ᠳᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃
(ᠬᠣᠶᠠᠷ) ᠡᠷᠬᠡ ᠲᠡᠭᠰᠢ ᠲᠥᠪ ᠭᠤᠤᠯᠴᠢ᠃ ᠳᠡᠭᠡᠳᠦ ᠳᠡᠰ᠎ᠤᠨ ᠲᠥᠯᠥᠪᠯᠡᠭᠡ ᠵᠢ ᠰᠢᠯᠢᠳᠡᠭᠵᠢᠭᠦᠯᠵᠦ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠪᠠᠶ᠋ᠢᠭᠤᠯᠤᠯ ᠲᠣᠭᠲᠠᠴᠠ ᠵᠢ ᠥᠭᠡᠷᠡᠴᠢᠯᠡᠵᠦ᠂ ᠦᠨᠡᠯᠡᠬᠦ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠦᠨᠡᠯᠡᠬᠦ ᠲᠠᠰ ᠳᠠᠷᠠᠭ᠋ᠠᠯᠠᠯ᠎ᠢ ᠵᠢᠷᠤᠮᠵᠢᠭᠤᠯᠵᠤ᠂ 《ᠨᠠᠷᠠᠨ ᠭᠡᠷᠡᠯᠲᠦ ᠰᠣᠷᠣᠭᠴᠢ ᠡᠯᠰᠡᠬᠦ》 ᠵᠢ ᠦᠷᠭᠦᠯᠵᠢᠯᠡᠨ ᠬᠡᠷᠡᠭᠵᠢᠭᠦᠯᠵᠦ᠂ ᠰᠢᠯᠭ᠋ᠠᠯᠲᠠ᠎ᠪᠠᠷ ᠰᠣᠷᠣᠭᠴᠢ ᠡᠯᠰᠡᠬᠦ ᠠᠵᠠ ᠲᠣᠬᠢᠶᠠᠯ᠂ ᠲᠠᠰ ᠳᠠᠷᠠᠭ᠋ᠠᠯᠠᠯ᠎ᠢ ᠢᠯᠡ ᠪᠣᠯᠭ᠋ᠠᠬᠤ᠂ ᠦᠷ᠎ᠡ ᠳ᠋ᠦᠩ᠎ᠢ ᠲᠥᠪ ᠭᠤᠤᠯᠴᠢ ᠪᠠᠶ᠋ᠢᠯᠭ᠋ᠠᠬᠤ ᠵᠢ ᠦᠨᠡᠨ ᠬᠦ᠌ ᠪᠠᠲᠤᠯᠠᠨ᠎ᠠ᠃
(ᠭᠤᠷᠪᠠ) ᠱᠠᠲᠤ ᠬᠤᠪᠢᠶᠠᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠯᠡᠨ ᠬᠠᠮᠢᠶᠠᠷᠴᠤ᠂ ᠠᠶ᠋ᠢᠮᠠᠭ ᠬᠣᠲᠠ ᠭᠣᠣᠯᠯᠠᠨ ᠬᠡᠷᠡᠭᠵᠢᠭᠦᠯᠵᠦ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠬᠠᠮᠵᠢᠯᠴᠠᠨ ᠠᠬᠢᠭᠤᠯᠵᠤ᠂ ᠨᠡᠷ᠎ᠡ ᠮᠡᠳᠡᠭᠦᠯᠬᠦ᠂ ᠰᠢᠯᠭ᠋ᠠᠬᠤ᠂ ᠰᠣᠷᠣᠭᠴᠢ ᠡᠯᠰᠡᠬᠦ᠂ ᠡᠯᠰᠡᠨ ᠠᠪᠬᠤ ᠵᠡᠷᠭᠡ ᠡᠯ᠎ᠡ ᠭᠣᠭᠴᠣᠭ᠎ᠠ᠎ᠳᠤ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠡᠮᠬᠢ ᠵᠢᠷᠤᠮ᠎ᠲᠠᠢ ᠵᠣᠯᠭ᠋ᠠᠭᠤᠯᠤᠨ᠎ᠠ᠃
(ᠳᠥᠷᠪᠡ) ᠶᠡᠷᠦᠩᠬᠡᠶ᠋ᠢᠯᠡᠨ ᠵᠣᠬᠢᠴᠠᠭᠤᠯᠤᠨ᠎ᠠ᠃ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠲᠣᠬᠢᠷᠠᠭᠤᠯᠤᠯᠲᠠ᠂ ᠰᠡᠳᠦᠪ ᠭᠠᠷᠭ᠋ᠠᠬᠤ ᠬᠠᠮᠢᠶᠠᠷᠤᠯᠲᠠ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠂ ᠡᠯᠰᠡᠬᠦ ᠠᠷᠭ᠎ᠠ ᠮᠠᠶᠢᠭ ᠪᠠ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠡᠷᠭᠡ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ; ᠬᠢᠴᠢᠶᠡᠯ᠂ ᠵᠢᠭ᠋ᠠᠨ ᠰᠤᠷᠭ᠋ᠠᠯᠲᠠ᠂ ᠰᠢᠯᠭ᠋ᠠᠯᠲᠠ᠂ ᠰᠤᠷᠤᠭᠴᠢ ᠡᠯᠰᠡᠬᠦ᠂ ᠪᠠᠭᠰᠢ ᠵᠡᠷᠭᠡ ᠡᠯ᠎ᠡ ᠭᠤᠭᠴᠤᠭ᠋ᠠᠨ᠎ᠤ ᠲᠥᠬᠥᠷ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ᠃
ᠭᠤᠷᠪᠠ᠂ ᠥᠭᠡᠷᠡᠴᠢᠯᠡᠯᠲᠡ ᠵᠢᠨ ᠬᠠᠷᠠᠯᠲᠠ
ᠰᠢᠨᠵᠢᠯᠡᠬᠦ ᠤᠬᠠᠭ᠋ᠠᠨᠴᠢ᠎ᠪᠠᠷ ᠰᠤᠷᠭ᠋ᠠᠨ ᠬᠥᠮᠦᠵᠢᠯ᠎ᠢ ᠦᠨᠡᠯᠡᠬᠦ ᠤᠳᠤᠷᠢᠳᠤᠮᠵᠢ ᠵᠢ ᠲᠣᠭᠲᠠᠭ᠋ᠠᠵᠤ᠂ ᠵᠣᠬᠢᠶᠠᠨ ᠪᠠᠶ᠋ᠢᠭᠤᠯᠤᠯᠲᠠ ᠳᠦᠷᠢᠮᠵᠢᠭᠦᠨ᠂ ᠳᠡᠰ ᠳᠠᠷᠠᠭ᠋ᠠᠯᠠᠯ ᠵᠦᠶ ᠵᠣᠬᠢᠰᠲᠠᠶ᠂ ᠦᠷ᠎ᠡ ᠳ᠋ᠦᠩ ᠲᠥᠪ ᠭᠤᠤᠯᠴᠢ᠂ ᠬᠢᠨᠠᠯᠲᠠ ᠬᠦᠴᠦᠲᠡᠶ᠂ ᠪᠠᠲᠤᠯᠠᠭ᠎ᠠ ᠪᠣᠳᠠᠲᠠᠶ᠋ᠢᠵᠢᠭᠰᠠᠨ ᠰᠢᠯᠭ᠋ᠠᠯᠲᠠ᠎ᠪᠠᠷ ᠰᠣᠷᠣᠭᠴᠢ ᠡᠯᠰᠡᠬᠦ ᠬᠠᠮᠢᠶᠠᠷᠤᠯᠲᠠ ᠵᠢᠨ ᠲᠣᠭᠲᠠᠴᠠ ᠵᠢ ᠪᠥᠷᠢᠨ ᠲᠡᠭᠦᠯᠳᠡᠷᠵᠢᠭᠦᠯᠵᠦ᠂ ᠰᠤᠷᠤᠭᠴᠢᠳ᠎ᠤᠨ ᠪᠥᠬᠥ ᠲᠠᠯ᠎ᠠ᠎ᠪᠠᠷ ᠬᠥᠭᠵᠢᠬᠦ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠲᠥᠪ ᠭᠤᠤᠯᠴᠢ ᠪᠠᠶ᠋ᠢᠬᠤ ᠵᠢ ᠠᠬᠢᠭᠤᠯᠤᠨ᠎ᠠ᠃ 2022 ᠣᠨ᠎ᠤ ᠨᠠᠮᠤᠷ᠎ᠤᠨ ᠤᠯᠠᠷᠢᠯ᠎ᠳᠤ ᠰᠤᠷᠭ᠋ᠠᠭᠤᠯᠢ᠎ᠳᠤ ᠣᠷᠣᠬᠤ ᠳᠣᠯᠣᠳᠤᠭ᠋ᠠᠷ ᠣᠨ᠎ᠠᠴᠠ ᠡᠬᠢᠯᠡᠵᠦ᠂ 2025 ᠣᠨ ᠪᠣᠯᠬᠤ᠎ᠳᠤ ᠪᠦᠬᠦ ᠲᠠᠯ᠎ᠠ᠎ᠪᠠᠷ ᠬᠡᠷᠡᠭᠵᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠣᠨᠴᠠᠯᠢᠭᠲᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠋ᠠᠨ᠎ᠤ ᠦᠵᠡᠯᠲᠡ ᠵᠢ ᠢᠯᠡᠷᠡᠭᠦᠯᠦᠭᠰᠡᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠪᠠ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠭᠰᠡᠨ ᠳ᠋ᠦᠩ ᠵᠶ᠋ᠠᠷ ᠦᠨᠳᠦᠰᠦᠯᠡᠯ ᠪᠣᠯᠭ᠋ᠠᠭᠰᠠᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠵᠠᠭᠪᠤᠷ᠎ᠢ ᠲᠠᠰᠤᠷᠠᠯᠲᠠ ᠤᠢ᠍ᠭᠡᠢ ᠪᠤᠶ ᠪᠣᠯᠭ᠋ᠠᠨ᠎ᠠ᠃
ᠳᠥᠷᠪᠡ᠂ ᠭᠣᠣᠯ ᠡᠭᠦᠷᠭᠡ
(ᠨᠢᠭᠡ) ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢ ᠬᠡᠷᠡᠭᠵᠢᠭᠦᠯᠦᠨ᠎ᠡ
ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠪᠣᠯ ᠰᠤᠷᠤᠭᠴᠢᠳ ᠤᠯᠤᠰ᠎ᠠᠴᠠ ᠲᠣᠭᠲᠠᠭ᠋ᠠᠭᠰᠠᠨ ᠰᠤᠷᠤᠯᠴᠠᠬᠤ ᠱᠠᠭ᠋ᠠᠷᠳᠠᠯᠭ᠎ᠠ᠎ᠳᠤ ᠬᠦᠷᠦᠭᠰᠡᠨ᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠡᠶᠡᠯᠡᠭᠦᠯᠦᠯᠲᠡ ᠵᠢ ᠦᠨᠡᠯᠡᠨ ᠳᠣᠭᠲᠠᠭ᠋ᠠᠬᠤ ᠲᠡᠭᠦᠰᠭᠡᠯ ᠴᠢᠨᠠᠷᠲᠠᠶ ᠰᠢᠯᠭ᠋ᠠᠯᠲᠠ ᠮᠥᠷᠲᠡᠭᠡᠨ ᠪᠠᠰᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ ᠰᠢᠯᠭ᠋ᠠᠯᠲᠠ ᠪᠣᠯᠤᠨ᠎ᠠ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ᠎ᠳᠤ 《ᠬᠣᠶᠠᠷ ᠰᠢᠯᠭ᠋ᠠᠯᠲᠠ ᠵᠢ ᠨᠡᠢ᠌ᠯᠡᠭᠦᠯᠵᠦ᠂ ᠨᠢᠭᠡ ᠰᠢᠯᠭ᠋ᠠᠯᠲᠠ ᠵᠢ ᠣᠯᠠᠨᠲᠠ ᠬᠡᠷᠡᠭᠯᠡᠬᠦ》 ᠵᠢ ᠬᠡᠷᠡᠭᠵᠢᠭᠦᠯᠵᠦ᠂ ᠰᠢᠯᠭ᠋ᠠᠯᠲᠠ ᠵᠢᠨ ᠳ᠋ᠦᠩ ᠪᠣᠯ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ ᠲᠡᠭᠦᠰᠬᠦ ᠪᠠ ᠰᠤᠷᠭ᠋ᠠᠭᠤᠯᠢ ᠳᠡᠪᠰᠢᠬᠦ ᠵᠢᠨ ᠦᠨᠳᠦᠰᠦᠨ ᠦᠨᠳᠦᠰᠦᠯᠡᠯ ᠪᠣᠯᠤᠨ᠎ᠠ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠰᠤᠷᠭ᠋ᠠᠭᠤᠯᠢ ᠲᠡᠭᠦᠰᠬᠦ᠎ᠳᠤ ᠡᠷᠬᠡᠪᠰᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠲᠤᠰ ᠬᠡᠷᠡᠭᠵᠢᠭᠦᠯᠬᠦ ᠲᠥᠰᠦᠯ᠎ᠤᠨ ᠱᠠᠭ᠋ᠠᠷᠳᠠᠯᠭ᠎ᠠ ᠶᠣᠰᠤ᠎ᠪᠠᠷ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠪᠣᠳᠠᠲᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃
1 . ᠰᠢᠯᠭ᠋ᠠᠭᠤᠯᠬᠤ ᠡᠲᠡᠭᠡᠳ᠃ ᠡᠯ᠎ᠡ ᠠᠶ᠋ᠢᠮᠠᠭ ᠬᠣᠲᠠ ᠵᠢᠨ᠎ᠬᠢᠨ ᠰᠤᠷᠤᠭᠴᠢ ᠵᠢᠨ ᠡᠷᠦᠬᠡ ᠠᠮᠠ ᠵᠢᠨ ᠬᠠᠷᠢᠶ᠎ᠠ᠂ ᠰᠤᠷᠭ᠋ᠠᠭᠤᠯᠢ ᠵᠢᠨ ᠬᠠᠷᠢᠶ᠎ᠠ ᠪᠣᠯᠤᠨ ᠪᠣᠳᠠᠲᠠᠶ ᠰᠤᠷᠤᠯᠴᠠᠵᠤ ᠪᠠᠶ᠋ᠢᠭ᠎ᠠ ᠪᠠᠶ᠋ᠢᠳᠠᠯ᠎ᠤᠨ ᠨᠢᠭᠡᠳᠦᠯᠲᠦ ᠴᠢᠨᠠᠷ᠂ ᠠᠪᠴᠠᠯᠳᠤᠬᠤ ᠴᠢᠨᠠᠷ ᠵᠢᠴᠢ ᠪᠤᠰᠤᠳ ᠨᠥᠬᠥᠴᠡᠯ᠎ᠳᠤ ᠨᠡᠶ᠋ᠢᠴᠡᠬᠦ ᠬᠡᠮᠵᠢᠶ᠎ᠡ ᠵᠢ ᠦᠨᠳᠦᠰᠦᠯᠡᠨ᠂ ᠲᠤᠰ ᠬᠤᠭᠤᠴᠠᠭ᠋ᠠᠨ᠎ᠤ ᠲᠡᠭᠦᠰᠬᠦ ᠰᠤᠷᠤᠭᠴᠢ᠂ ᠥᠩᠭᠡᠷᠡᠭᠰᠡᠨ ᠬᠤᠭᠤᠴᠠᠭ᠋ᠠᠨ᠎ᠤ ᠲᠡᠭᠦᠰᠦᠭᠰᠡᠨ ᠰᠤᠷᠤᠭᠴᠢᠳ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ ᠰᠢᠯᠭ᠋ᠠᠯᠲᠠ ᠪᠣᠯᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ᠎ᠳᠤ ᠣᠷᠣᠯᠴᠠᠬᠤ ᠪᠣᠳᠠᠲᠠᠶ ᠨᠥᠬᠥᠴᠡᠯ᠎ᠢ ᠲᠣᠳᠤᠷᠬᠠᠢ᠌ᠯᠠᠨ᠎ᠠ᠃
2 . ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠲᠣᠬᠢᠷᠠᠭᠤᠯᠤᠯᠲᠠ᠃ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ》᠎ᠳᠤ ᠲᠣᠭᠲᠠᠭ᠋ᠠᠭᠰᠠᠨ ᠤᠯᠤᠰ᠎ᠤᠨ ᠬᠢᠴᠢᠶᠡᠯ᠎ᠤᠨ ᠪᠥᠬᠥ ᠬᠢᠴᠢᠶᠡᠯ ᠲᠥᠷᠥᠯ᠎ᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠡᠪᠴᠢᠶᠡᠨ᠎ᠳᠤ ᠣᠷᠣᠭᠤᠯᠤᠨ᠎ᠠ᠃
ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ᠎ᠢ ᠣᠷᠣᠨ ᠨᠤᠲᠤᠭ᠎ᠤᠨ ᠬᠢᠴᠢᠶᠡᠯ᠎ᠤᠨ ᠬᠢᠴᠢᠶᠡᠯ ᠲᠥᠷᠥᠯ ᠵᠶ᠋ᠠᠷ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ᠎ᠲᠠᠢ ᠠᠳᠠᠯᠢ ᠬᠤᠭᠤᠴᠠᠭ᠋ᠠᠨ᠎ᠳᠤ ᠶᠠᠪᠤᠭᠳᠠᠭᠤᠯᠤᠨ᠎ᠠ᠃
3 . ᠰᠢᠯᠭ᠋ᠠᠬᠤ ᠠᠷᠭ᠎ᠠ ᠮᠠᠶᠢᠭ᠃ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠰᠣᠨᠣᠰᠬᠤ ᠴᠢᠳᠠᠪᠤᠷᠢ ᠵᠢ ᠪᠠᠭᠲᠠᠭ᠋ᠠᠨ᠎ᠠ)᠂ ᠭᠠᠵᠠᠷ ᠵᠦᠶ᠂ ᠲᠡᠦᠬᠡ ᠪᠠ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ ᠵᠡᠷᠭᠡ ᠬᠢᠴᠢᠶᠡᠯ ᠲᠥᠷᠥᠯ᠎ᠳᠤ ᠪᠢᠴᠢᠭ᠎ᠤᠨ ᠰᠢᠯᠭ᠋ᠠᠯᠲᠠ ᠵᠢᠨ ᠠᠷᠭ᠎ᠠ ᠵᠢ ᠬᠡᠷᠡᠭᠯᠡᠨ᠎ᠡ;
ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ᠎ᠤ ᠬᠢᠴᠢᠶᠡᠯ ᠲᠥᠷᠥᠯ᠎ᠳᠤ ᠪᠢᠴᠢᠭ᠎ᠤᠨ ᠰᠢᠯᠭ᠋ᠠᠯᠲᠠ ᠪᠠ ᠲᠤᠷᠰᠢᠯᠲᠠ ᠵᠢ ᠤᠶᠠᠯᠳᠤᠭᠤᠯᠬᠤ ᠠᠷᠭ᠎ᠠ ᠵᠢ ᠬᠡᠷᠡᠭᠯᠡᠨ᠎ᠡ;
ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠬᠢᠴᠢᠶᠡᠯ ᠲᠥᠷᠥᠯ᠎ᠳᠤ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠮᠡᠳᠡᠯᠭᠡ᠂ ᠡᠳᠦᠷ ᠲᠤᠲᠤᠮ᠎ᠤᠨ ᠣᠷᠣᠯᠴᠠᠭᠰᠠᠨ ᠪᠠᠶ᠋ᠢᠳᠠᠯ᠂ 《ᠰᠤᠷᠤᠭᠴᠢ ᠵᠢᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠤᠯᠤᠰ᠎ᠤᠨ ᠪᠠᠷᠢᠮᠵᠢᠶ᠎ᠠ》 ᠵᠢᠨ ᠰᠢᠯᠭ᠋ᠠᠯᠲᠠ ᠪᠣᠯᠤᠨ ᠲᠤᠰᠬᠠᠶ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠤᠷ᠎ᠠ ᠴᠢᠳᠠᠪᠤᠷᠢ ᠵᠢᠨ ᠰᠢᠯᠭ᠋ᠠᠯᠲᠠ ᠵᠡᠷᠭᠡ ᠠᠭᠤᠯᠭ᠎ᠠ ᠵᠢ ᠪᠠᠭᠲᠠᠭ᠋ᠠᠨ᠎ᠠ᠂ ᠡᠭᠦᠨ᠎ᠳᠤ᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠮᠡᠳᠡᠯᠭᠡ᠎ᠳᠤ ᠪᠢᠴᠢᠭ᠎ᠤᠨ ᠰᠢᠯᠭ᠋ᠠᠯᠲᠠ ᠬᠢᠵᠦ (ᠠᠮᠢᠳᠤ ᠪᠣᠳᠠᠰ᠎ᠤᠨ ᠤᠬᠠᠭ᠋ᠠᠨ᠎ᠤ ᠬᠢᠴᠢᠶᠡᠯ᠎ᠲᠠᠢ ᠨᠢᠭᠡ ᠰᠢᠯᠭ᠋ᠠᠯᠲᠠ ᠵᠢᠨ ᠬᠠᠭᠤᠳᠠᠰᠤ)᠂ ᠪᠤᠰᠤᠳ ᠠᠭᠤᠯᠭ᠎ᠠ ᠵᠢᠨ ᠰᠢᠯᠭ᠋ᠠᠯᠲᠠ ᠵᠢᠨ ᠪᠣᠳᠠᠲᠠᠶ ᠠᠷᠭ᠎ᠠ ᠮᠠᠶᠢᠭ᠎ᠢ ᠥᠪᠡᠷᠲᠡᠭᠡᠨ ᠵᠠᠰᠠᠬᠤ ᠣᠷᠣᠨ᠎ᠠᠴᠠ ᠠᠰᠲᠤᠨᠢ ᠲᠣᠭᠲᠠᠭ᠋ᠠᠨ᠎ᠠ;
ᠤᠷᠠᠯᠢᠭ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠳᠡᠯᠮᠦᠷᠢ ᠵᠢᠨ ᠬᠥᠮᠦᠵᠢᠯ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠬᠢᠴᠢᠶᠡᠯ ᠲᠥᠷᠥᠯ᠎ᠳᠤ ᠶᠠᠪᠤᠴᠠ ᠵᠢᠨ ᠴᠢᠨᠠᠷᠲᠠᠶ ᠦᠨᠡᠯᠡᠯᠲᠡ ᠪᠠ ᠲᠡᠭᠦᠰᠬᠡᠯ᠎ᠤᠨ ᠴᠢᠨᠠᠷᠲᠠᠶ ᠦᠨᠡᠯᠡᠯᠲᠡ ᠵᠢ ᠤᠶᠠᠯᠳᠤᠭᠤᠯᠤᠭᠰᠠᠨ ᠰᠢᠯᠭ᠋ᠠᠯᠲᠠ (ᠪᠠᠶ᠋ᠢᠴᠠᠭ᠋ᠠᠬᠤ) ᠵᠢᠨ ᠠᠷᠭ᠎ᠠ ᠮᠠᠶᠢᠭ᠎ᠢ ᠬᠡᠷᠡᠭᠯᠡᠨ᠎ᠡ᠃ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠴᠢᠶᠡᠯ ᠲᠥᠷᠥᠯ᠎ᠳᠤ ᠺᠣᠮᠫᠢᠦ᠋ᠲ᠋ᠧᠷ ᠵᠶ᠋ᠠᠷ ᠰᠢᠯᠭ᠋ᠠᠬᠤ ᠠᠷᠭ᠎ᠠ ᠮᠠᠶᠢᠭ᠎ᠢ ᠠᠪᠴᠤ᠂ ᠬᠥᠳᠡᠯᠮᠦᠷᠢ ᠵᠢᠨ ᠬᠢᠴᠢᠶᠡᠯ ᠲᠥᠷᠥᠯ᠎ᠳᠤ ᠶᠡᠷᠦᠩᠬᠡᠶ᠋ᠢᠯᠡᠨ ᠦᠨᠡᠯᠡᠨ ᠲᠣᠭᠲᠠᠭ᠋ᠠᠬᠤ ᠠᠷᠭ᠎ᠠ ᠮᠠᠶᠢᠭ᠎ᠢ ᠠᠪᠴᠤ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠬᠥᠲᠡᠯᠪᠦᠷᠢ ᠵᠢᠨ ᠬᠢᠴᠢᠶᠡᠯ ᠲᠥᠷᠥᠯ᠎ᠳᠤ ᠡᠳᠦᠷ ᠲᠤᠲᠤᠮ᠎ᠤᠨ ᠪᠡᠶᠡᠴᠢᠯᠡᠭᠰᠡᠨ ᠣᠢ᠌ᠯᠠᠭ᠋ᠠᠯᠲᠠ ᠵᠢ ᠪᠠᠶ᠋ᠢᠴᠠᠭ᠋ᠠᠬᠤ ᠠᠷᠭ᠎ᠠ ᠮᠠᠶᠢᠭ᠎ᠢ ᠠᠪᠴᠤ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠢ ᠠᠶ᠋ᠢᠮᠠᠭ ᠬᠣᠲᠠ᠎ᠠᠴᠠ ᠲᠣᠭᠲᠠᠭ᠋ᠠᠨ᠎ᠠ᠃
4 . ᠰᠢᠯᠭ᠋ᠠᠯᠲᠠ ᠵᠢᠨ ᠬᠤᠪᠢ ᠪᠠ ᠴᠠᠭ᠎ᠤᠨ ᠣᠷᠳᠣ
(1) ᠡᠯ᠎ᠡ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠬᠤᠪᠢ᠃ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ ᠲᠤᠰ ᠪᠦᠷᠢ 100 ᠬᠤᠪᠢ᠂ ᠡᠭᠦᠨ᠎ᠳᠤ ᠭᠠᠳᠠᠭ᠋ᠠᠳᠤ ᠬᠡᠯᠡᠨ᠎ᠤ ᠰᠢᠯᠭ᠋ᠠᠯᠲᠠ ᠵᠢᠨ ᠬᠤᠪᠢ᠎ᠳᠤ ᠰᠣᠨᠣᠰᠬᠤ ᠴᠢᠳᠠᠪᠤᠷᠢ ᠵᠢᠨ 10 ᠬᠤᠪᠢ ᠵᠢ ᠪᠠᠭᠲᠠᠭ᠋ᠠᠨ᠎ᠠ; ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ 50 ᠬᠤᠪᠢ᠂ ᠲᠡᠦᠬᠡ 50 ᠬᠤᠪᠢ; ᠹᠢᠽᠢᠺ 70 ᠬᠤᠪᠢ (ᠪᠢᠴᠢᠭ᠎ᠤᠨ ᠰᠢᠯᠭ᠋ᠠᠯᠲᠠ 60 ᠬᠤᠪᠢ᠂ ᠲᠤᠷᠰᠢᠯᠲᠠ ᠵᠢᠨ 10 ᠬᠤᠪᠢ ᠵᠢ ᠨᠡᠮᠡᠨ᠎ᠡ)᠂ ᠬᠢᠮᠢ 50 ᠬᠤᠪᠢ (ᠪᠢᠴᠢᠭ᠎ᠤᠨ ᠰᠢᠯᠭ᠋ᠠᠯᠲᠠ 40 ᠬᠤᠪᠢ᠂ ᠲᠤᠷᠰᠢᠯᠲᠠ ᠵᠢᠨ 10 ᠬᠤᠪᠢ ᠵᠢ ᠨᠡᠮᠡᠨ᠎ᠡ); ᠠᠮᠢᠳᠤ ᠪᠣᠳᠠᠰ᠎ᠤᠨ ᠤᠬᠠᠭ᠋ᠠᠨ 30 ᠬᠤᠪᠢ (ᠰᠢᠯᠭ᠋ᠠᠯᠲᠠ ᠵᠢᠨ ᠬᠠᠭᠤᠳᠠᠰᠤᠨ᠎ᠤ 40 ᠬᠤᠪᠢ᠎ᠳᠤ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠮᠡᠳᠡᠯᠭᠡ ᠵᠢᠨ 10 ᠬᠤᠪᠢ ᠪᠠᠭᠲᠠᠨ᠎ᠠ)᠂ ᠭᠠᠵᠠᠷ ᠵᠦᠶ 30 ᠬᠤᠪᠢ; ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ 80 ᠬᠤᠪᠢ᠂ ᠡᠭᠦᠨ᠎ᠳᠤ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠮᠡᠳᠡᠯᠭᠡ 10 ᠬᠤᠪᠢ (ᠠᠮᠢᠳᠤ ᠪᠣᠳᠠᠰ᠎ᠤᠨ ᠤᠬᠠᠭ᠋ᠠᠨ᠎ᠲᠠᠢ ᠨᠢᠭᠡ ᠰᠢᠯᠭ᠋ᠠᠯᠲᠠ ᠵᠢᠨ ᠬᠠᠭᠤᠳᠠᠰᠤ)᠂ ᠡᠳᠦᠷ ᠲᠤᠲᠤᠮ᠎ᠤᠨ ᠣᠷᠣᠯᠴᠠᠭᠰᠠᠨ ᠪᠠᠶ᠋ᠢᠳᠠᠯ 5 ᠬᠤᠪᠢ᠂ 《ᠰᠤᠷᠤᠭᠴᠢ ᠵᠢᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠤᠯᠤᠰ᠎ᠤᠨ ᠪᠠᠷᠢᠮᠵᠢᠶ᠎ᠠ》 ᠵᠢᠨ ᠰᠢᠯᠭ᠋ᠠᠯᠲᠠ ᠵᠢ ᠳᠣᠯᠣᠭ᠎ᠠ᠂ ᠨᠠᠢ᠍ᠮᠠ᠂ ᠶᠢᠰᠦᠳᠦᠭᠡᠷ ᠣᠨ᠎ᠳᠤ ᠰᠢᠯᠭ᠋ᠠᠵᠤ᠂ ᠲᠣᠰ ᠲᠣᠰ 15 ᠬᠤᠪᠢ ᠨᠡᠶ᠋ᠢᠲᠡ 45 ᠬᠤᠪᠢ᠂ ᠲᠤᠰᠬᠠᠶ ᠲᠠᠮᠢᠷ᠎ᠤᠨ ᠬᠥᠳᠡᠯᠭᠡᠭᠡᠨ᠎ᠤ ᠤᠷ᠎ᠠ ᠴᠢᠳᠠᠪᠤᠷᠢ ᠵᠢᠨ ᠰᠢᠯᠭ᠋ᠠᠯᠲᠠ 20 ᠬᠤᠪᠢ; ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ 80 ᠬᠤᠪᠢ᠃ ᠡᠯ᠎ᠡ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠶᠡᠷᠦᠩᠬᠡᠶ ᠬᠤᠪᠢ 660 (ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ᠎ᠤᠨ ᠰᠢᠯᠭ᠋ᠠᠯᠲᠠ᠎ᠳᠤ ᠣᠷᠣᠯᠴᠠᠬᠤ ᠰᠢᠯᠭ᠋ᠠᠭᠤᠯᠤᠭᠴᠢ ᠵᠢᠨ ᠶᠡᠷᠦᠩᠬᠡᠶ ᠬᠤᠪᠢ 740) ᠪᠣᠯᠤᠨ᠎ᠠ᠃
(2) ᠰᠢᠯᠭ᠋ᠠᠯᠲᠠ ᠵᠢᠨ ᠴᠠᠭ᠎ᠤᠨ ᠤᠷᠲᠤ᠃ ᠬᠡᠯᠡ ᠪᠢᠴᠢᠭ 120 ᠮᠢᠨᠦ᠋ᠲ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠰᠣᠨᠣᠰᠬᠤ ᠴᠢᠳᠠᠪᠤᠷᠢ ᠵᠢ ᠪᠠᠭᠲᠠᠭ᠋ᠠᠨ᠎ᠠ) ᠲᠣᠰ ᠪᠦᠷᠢ 90 ᠮᠢᠨᠦ᠋ᠲ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠪᠠ ᠲᠡᠦᠬᠡ ᠵᠢᠨ ᠨᠢᠭᠡ ᠰᠢᠯᠭ᠋ᠠᠯᠲᠠ ᠠᠳᠠᠯᠢ ᠪᠣᠰᠤ ᠰᠢᠯᠭ᠋ᠠᠯᠲᠠ ᠵᠢᠨ ᠬᠠᠭᠤᠳᠠᠰᠤ ᠨᠡᠶ᠋ᠢᠲᠡ 90 ᠮᠢᠨᠦ᠋ᠲ᠂ ᠹᠢᠽᠢᠺ ᠪᠠ ᠬᠢᠮᠢ (ᠴᠥᠮ ᠲᠤᠷᠰᠢᠯᠲᠠ ᠵᠢ ᠪᠠᠭᠲᠠᠭ᠋ᠠᠬᠤ ᠥᠬᠡᠶ) ᠵᠢᠨ ᠨᠢᠭᠡ ᠰᠢᠯᠭ᠋ᠠᠯᠲᠠ ᠠᠳᠠᠯᠢ ᠪᠤᠰᠤ ᠰᠢᠯᠭ᠋ᠠᠯᠲᠠ ᠵᠢᠨ ᠬᠠᠭᠤᠳᠠᠰᠤ ᠨᠡᠶ᠋ᠢᠲᠡ 90 ᠮᠢᠨᠦ᠋ᠲ᠂ ᠠᠮᠢᠳᠤ ᠪᠣᠳᠠᠰ᠎ᠤᠨ ᠤᠬᠠᠭ᠋ᠠᠨ ᠪᠠ ᠭᠠᠵᠠᠷ ᠵᠦᠶ ᠵᠢᠨ ᠨᠢᠭᠡ ᠰᠢᠯᠭ᠋ᠠᠯᠲᠠ ᠠᠳᠠᠯᠢ ᠪᠤᠰᠤ ᠰᠢᠯᠭ᠋ᠠᠯᠲᠠ ᠵᠢᠨ ᠬᠠᠭᠤᠳᠠᠰᠤ ᠨᠡᠶ᠋ᠢᠲᠡ 60 ᠮᠢᠨᠦ᠋ᠲ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ 90 ᠮᠢᠨᠦ᠋ᠲ ᠪᠣᠯᠤᠨ᠎ᠠ᠃ ᠪᠤᠰᠤᠳ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠴᠠᠭ᠎ᠢ ᠠᠶ᠋ᠢᠮᠠᠭ ᠬᠣᠲᠠ᠎ᠠᠴᠠ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠲᠣᠭᠲᠠᠭ᠋ᠠᠨ᠎ᠠ᠃
5 . ᠰᠢᠯᠭ᠋ᠠᠯᠲᠠ ᠵᠢᠨ ᠰᠡᠳᠦᠪ ᠭᠠᠷᠭ᠋ᠠᠬᠤ᠃ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠪᠠᠷᠢᠮᠵᠢᠶ᠎ᠠ ᠵᠢ ᠦᠨᠳᠦᠰᠦᠯᠡᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠠᠭᠤᠯᠭ᠎ᠠ ᠵᠢ ᠲᠣᠭᠲᠠᠭ᠋ᠠᠨ᠎ᠠ᠃ ᠰᠡᠳᠦᠪ ᠭᠠᠷᠭ᠋ᠠᠬᠤ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠣᠣᠯᠯᠠᠬᠤ ᠬᠡᠪ ᠪᠣᠯᠪᠠᠰᠤᠷᠠᠯ᠎ᠳᠤ ᠰᠠᠭᠤᠷᠢᠯᠠᠭᠰᠠᠨ ᠰᠢᠯᠭ᠋ᠠᠯᠲᠠ ᠵᠢᠨ ᠦᠨᠡᠯᠡᠯᠲᠡ ᠵᠢ ᠪᠥᠬᠥ ᠲᠠᠯ᠎ᠠ᠎ᠪᠠᠷ ᠠᠬᠢᠭᠤᠯᠵᠤ᠂ ᠰᠤᠷᠤᠭᠴᠢᠳ᠎ᠤᠨ ᠰᠡᠳᠬᠢᠬᠦᠶ ᠵᠢᠨ ᠶᠠᠪᠤᠴᠠ᠂ ᠰᠢᠨ᠎ᠡ ᠵᠢ ᠡᠭᠦᠳᠬᠦ ᠤᠬᠠᠮᠰᠠᠷ ᠪᠠ ᠦᠨᠡᠨ ᠪᠣᠳᠠᠲᠠᠶ ᠠᠬᠤᠶ ᠪᠠᠶ᠋ᠢᠳᠠᠯ᠎ᠳᠤ ᠠᠰᠠᠭᠤᠳᠠᠯ᠎ᠢ ᠵᠠᠳᠠᠯᠤᠨ ᠰᠢᠢ᠍ᠳᠪᠦᠷᠢᠯᠡᠬᠦ ᠴᠢᠳᠠᠪᠤᠷᠢ ᠵᠢ ᠰᠢᠯᠭ᠋ᠠᠨ ᠪᠠᠶ᠋ᠢᠴᠠᠭ᠋ᠠᠬᠤ ᠵᠢ ᠴᠢᠬᠤᠯᠠᠴᠢᠯᠠᠨ᠎ᠠ᠃ ᠠᠳᠠᠯᠢ ᠪᠤᠰᠤ ᠬᠢᠴᠢᠶᠡᠯ ᠲᠥᠷᠥᠯ᠎ᠤᠨ ᠣᠨᠴᠠᠯᠢᠭ᠎ᠲᠠᠢ ᠤᠶᠠᠯᠳᠤᠭᠤᠯᠤᠨ᠂ ᠰᠢᠯᠭ᠋ᠠᠯᠲᠠ ᠵᠢᠨ ᠰᠡᠳᠦᠪ᠎ᠤᠨ ᠪᠦᠲᠦᠴᠡ ᠵᠢ ᠵᠦᠶ ᠵᠣᠬᠢᠰᠲᠠᠶ ᠲᠣᠬᠢᠷᠠᠭᠤᠯᠵᠤ᠂ ᠮᠧᠬᠠᠨᠢᠭ ᠴᠡᠭᠡᠵᠢᠯᠡᠬᠦᠶ ᠵᠢᠨ ᠰᠢᠯᠭ᠋ᠠᠯᠲᠠ ᠵᠢᠨ ᠰᠡᠳᠦᠪ ᠪᠠ ᠪᠤᠰᠤᠳᠴᠢ ᠴᠢᠨᠠᠷᠲᠠᠶ ᠰᠢᠯᠭ᠋ᠠᠯᠲᠠ ᠵᠢᠨ ᠰᠡᠳᠦᠪ᠎ᠤᠨ ᠬᠠᠷᠢᠴᠠᠯ᠎ᠢ ᠪᠠᠭ᠋ᠠᠰᠬᠠᠵᠤ᠂ ᠣᠷᠤᠭ᠎ᠠ ᠰᠡᠳᠦᠪ᠂ ᠬᠠᠴᠢᠨ ᠰᠡᠳᠦᠪ ᠭᠠᠷᠬᠤ ᠵᠢ ᠬᠣᠷᠢᠭᠯᠠᠨ᠎ᠠ; ᠰᠦᠪᠡᠭᠴᠢᠯᠡᠯ᠎ᠲᠦ ᠴᠢᠨᠠᠷᠲᠠᠶ᠂ ᠨᠡᠭᠡᠭᠡᠯᠲᠡᠲᠦ ᠴᠢᠨᠠᠷᠲᠠᠶ᠂ ᠶᠡᠷᠦᠩᠬᠡᠢ᠌ᠯᠡᠯᠲᠦ ᠴᠢᠨᠠᠷᠲᠠᠶ ᠰᠢᠯᠭ᠋ᠠᠯᠲᠠ ᠵᠢᠨ ᠰᠡᠳᠦᠪ᠎ᠤᠨ ᠬᠠᠷᠢᠴᠠᠯ᠎ᠢ ᠳᠡᠭᠡᠭᠰᠢᠯᠡᠭᠦᠯᠵᠦ᠂ ᠬᠢᠴᠢᠶᠡᠯ ᠲᠥᠷᠥᠯ ᠠᠯᠤᠰᠯᠠᠭᠰᠠᠨ ᠰᠡᠳᠦᠪ ᠭᠠᠷᠭ᠋ᠠᠬᠤ ᠵᠢ ᠢᠳᠡᠪᠬᠢᠲᠡᠶ ᠰᠦᠪᠡᠭᠴᠢᠯᠡᠨ᠎ᠡ᠃ ᠹᠢᠽᠢᠺ᠂ ᠬᠢᠮᠢ᠂ ᠠᠮᠢᠳᠤ ᠪᠣᠳᠠᠰ ᠵᠡᠷᠭᠡ ᠬᠢᠴᠢᠶᠡᠯ ᠲᠥᠷᠥᠯ᠎ᠤᠨ ᠲᠤᠷᠰᠢᠯᠲᠠ ᠵᠢᠨ ᠰᠢᠯᠭ᠋ᠠᠯᠲᠠ (ᠪᠠᠶ᠋ᠢᠴᠠᠭ᠋ᠠᠬᠤ) ᠵᠢ ᠴᠢᠩᠭ᠋ᠠᠳᠬᠠᠨ᠎ᠠ᠃
ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠰᠣᠨᠣᠰᠬᠤ ᠴᠢᠳᠠᠪᠤᠷᠢ ᠵᠢ ᠪᠠᠭᠲᠠᠭ᠋ᠠᠨ᠎ᠠ)᠂ ᠭᠠᠵᠠᠷ ᠵᠦᠶ᠂ ᠲᠡᠦᠬᠡ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ᠂ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠮᠡᠳᠡᠯᠭᠡ ᠪᠠ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ᠎ᠤᠨ ᠪᠢᠴᠢᠭ᠎ᠤᠨ ᠰᠢᠯᠭ᠋ᠠᠯᠲᠠ ᠵᠢ 2025 ᠣᠨ᠎ᠠᠴᠠ ᠡᠬᠢᠯᠡᠨ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠰᠡᠳᠦᠪ ᠭᠠᠷᠭ᠋ᠠᠬᠤ ᠵᠢ ᠬᠡᠷᠡᠭᠵᠢᠭᠦᠯᠦᠨ᠎ᠡ; ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ᠎ᠤ ᠬᠢᠴᠢᠶᠡᠯ ᠲᠥᠷᠥᠯ᠎ᠤᠨ ᠲᠤᠷᠰᠢᠯᠲᠠ ᠵᠢᠨ ᠰᠢᠯᠭ᠋ᠠᠯᠲᠠ (ᠪᠠᠶ᠋ᠢᠴᠠᠭ᠋ᠠᠬᠤ)᠎ᠳᠤ ᠤᠷ᠎ᠠ ᠴᠢᠳᠠᠪᠤᠷᠢ ᠵᠢᠨ ᠰᠢᠯᠭ᠋ᠠᠯᠲᠠ᠂ ᠠᠬᠤᠢ ᠲᠠᠯᠠᠪᠠᠢ ᠵᠢᠨ ᠦᠵᠡᠭᠦᠯᠦᠯᠲᠡ ᠵᠡᠷᠭᠡ ᠠᠷᠭ᠎ᠠ ᠮᠠᠶᠢᠭ᠎ᠢ ᠠᠪᠴᠤ᠂ ᠰᠡᠳᠦᠪ ᠭᠠᠷᠭ᠋ᠠᠬᠤ᠂ ᠰᠢᠯᠭ᠋ᠠᠯᠲᠠ (ᠪᠠᠶ᠋ᠢᠴᠠᠭ᠋ᠠᠬᠤ) ᠪᠠ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠎ᠢ ᠠᠶ᠋ᠢᠮᠠᠭ ᠬᠣᠲᠠ᠎ᠠᠴᠠ ᠲᠣᠭᠲᠠᠭ᠋ᠠᠨ᠎ᠠ᠃
6 . ᠰᠢᠯᠭ᠋ᠠᠬᠤ ᠴᠠᠭ᠃ ᠭᠠᠵᠠᠷ ᠵᠦᠶ᠂ ᠠᠮᠢᠳᠤ ᠪᠣᠳᠠᠰ᠎ᠤᠨ ᠤᠬᠠᠭ᠋ᠠᠨ (ᠲᠤᠷᠰᠢᠯᠲᠠ᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠮᠡᠳᠡᠯᠭᠡ ᠵᠢ ᠪᠠᠭᠲᠠᠭ᠋ᠠᠨ᠎ᠠ)᠎ᠤ ᠬᠢᠴᠢᠶᠡᠯ ᠲᠥᠷᠥᠯ᠎ᠢ 《ᠰᠤᠷᠴᠤ ᠪᠠᠷᠠᠮᠠᠭᠴᠠ ᠰᠢᠯᠭ᠋ᠠᠬᠤ》 ᠵᠠᠷᠴᠢᠮ ᠶᠣᠰᠤ᠎ᠪᠠᠷ ᠨᠠᠢ᠍ᠮᠠᠳᠤᠭ᠋ᠠᠷ ᠣᠨ ᠳᠠᠭᠤᠰᠬᠤ᠎ᠠᠴᠠ ᠡᠮᠦᠨ᠎ᠡ ᠰᠢᠯᠭ᠋ᠠᠨ᠎ᠠ (ᠪᠠᠢ᠌ᠴᠠᠭ᠋ᠠᠬᠤ)᠃ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠰᠣᠨᠣᠰᠬᠤ ᠴᠢᠳᠠᠪᠤᠷᠢ ᠵᠢ ᠪᠠᠭᠲᠠᠭ᠋ᠠᠨ᠎ᠠ)᠂ ᠹᠢᠽᠢᠺ᠂ ᠬᠢᠮᠢ᠂ ᠲᠡᠦᠬᠡ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ ᠵᠡᠷᠭᠡ ᠬᠢᠴᠢᠶᠡᠯ ᠲᠥᠷᠥᠯ᠎ᠤᠨ ᠪᠢᠴᠢᠭ᠎ᠤᠨ ᠰᠢᠯᠭ᠋ᠠᠯᠲᠠ ᠵᠢ ᠶᠢᠰᠦᠳᠦᠭᠡᠷ ᠣᠨ᠎ᠤ ᠬᠣᠶᠠᠳᠤᠭ᠋ᠠᠷ ᠰᠤᠷᠤᠯᠭ᠎ᠠ ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠵᠣᠬᠢᠶᠠᠨ ᠪᠠᠢ᠌ᠭᠤᠯᠵᠤ ᠂ ᠵᠢᠯ ᠪᠦᠷᠢ ᠵᠢᠨ 6 ᠰᠠᠷ᠎ᠠ ᠵᠢᠨ ᠬᠣᠷᠢᠳ ᠵᠶ᠋ᠠᠷ ᠶᠠᠪᠤᠭᠳᠠᠭᠤᠯᠤᠨ᠎ᠠ᠃
ᠹᠢᠽᠢᠺ᠂ ᠬᠢᠮᠢ ᠵᠢᠨ ᠲᠤᠷᠰᠢᠯᠲᠠ᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠬᠢᠴᠢᠶᠡᠯ ᠲᠥᠷᠥᠯ᠎ᠤᠨ ᠲᠤᠰᠬᠠᠶ ᠵᠦᠢ᠍ᠯ᠎ᠤᠨ ᠰᠫᠤᠷᠲ᠎ᠤᠨ ᠳᠠᠳᠤᠯᠭ᠎ᠠ ᠵᠢᠨ ᠰᠢᠯᠭ᠋ᠠᠯᠲᠠ ᠵᠢᠴᠢ ᠤᠷᠠᠯᠢᠭ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠳᠡᠯᠮᠦᠷᠢ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠬᠥᠲᠡᠯᠪᠦᠷᠢ ᠵᠡᠷᠭᠡ ᠬᠢᠴᠢᠶᠡᠯ ᠲᠥᠷᠥᠯ᠎ᠤᠨ ᠰᠢᠯᠭ᠋ᠠᠯᠲᠠ (ᠪᠠᠢ᠌ᠴᠠᠭ᠋ᠠᠬᠤ) ᠵᠢ ᠶᠢᠰᠦᠳᠦᠭᠡᠷ ᠣᠨ᠎ᠤ ᠬᠣᠶᠠᠳᠤᠭ᠋ᠠᠷ ᠰᠤᠷᠤᠯᠭ᠎ᠠ ᠵᠢᠨ ᠬᠤᠭᠤᠴᠠᠭ᠋ᠠᠨ᠎ᠳᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ; ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠬᠢᠴᠢᠶᠡᠯ ᠲᠥᠷᠥᠯ᠎ᠤᠨ 《ᠰᠤᠷᠤᠭᠴᠢ ᠵᠢᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢᠨ ᠤᠯᠤᠰ᠎ᠤᠨ ᠪᠠᠷᠢᠮᠵᠢᠶ᠎ᠠ》 ᠵᠢᠨ ᠰᠢᠯᠭ᠋ᠠᠯᠲᠠ ᠵᠢ ᠳᠣᠯᠣᠭ᠎ᠠ᠂ ᠨᠠᠢ᠍ᠮᠠ᠂ ᠶᠢᠰᠦᠳᠦᠭᠡᠷ ᠣᠨ᠎ᠳᠤ ᠲᠤᠰ ᠲᠤᠰ ᠨᠢᠭᠡ ᠤᠳᠠᠭ᠎ᠠ ᠵᠣᠬᠢᠶᠠᠨ ᠪᠠᠶ᠋ᠢᠭᠤᠯᠵᠤ᠂ ᠪᠣᠳᠠᠲᠠᠶ ᠴᠠᠭ᠎ᠢ ᠠᠶ᠋ᠢᠮᠠᠭ ᠬᠣᠲᠠ᠎ᠠᠴᠠ ᠲᠣᠭᠲᠠᠭ᠋ᠠᠨ᠎ᠠ᠃
7 . ᠰᠢᠯᠭ᠋ᠠᠯᠲᠠ ᠵᠢ ᠵᠣᠬᠢᠶᠠᠨ ᠪᠠᠶ᠋ᠢᠭᠤᠯᠬᠤ᠃ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠵᠣᠬᠢᠶᠠᠨ ᠪᠠᠶ᠋ᠢᠭᠤᠯᠤᠭᠰᠠᠨ ᠪᠢᠴᠢᠭ᠎ᠤᠨ ᠰᠢᠯᠭ᠋ᠠᠯᠲᠠ ᠵᠢᠨ ᠬᠢᠴᠢᠶᠡᠯ ᠲᠥᠷᠥᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠲᠥᠪ᠎ᠠᠴᠠ ᠨᠢᠭᠡᠳᠦᠯᠲᠡᠶ ᠰᠡᠳᠦᠪ ᠭᠠᠷᠭ᠋ᠠᠬᠤ᠂ ᠰᠢᠯᠭ᠋ᠠᠯᠲᠠ ᠵᠢᠨ ᠰᠡᠳᠦᠪ᠎ᠢ ᠬᠢᠨᠠᠬᠤ᠂ ᠬᠢᠷᠢ ᠪᠦᠲᠦᠮᠵᠢ ᠵᠢ ᠨᠡᠶ᠋ᠢᠲᠡᠯᠡᠬᠦ ᠵᠡᠷᠭᠡ ᠠᠵᠢᠯ᠎ᠢ ᠬᠠᠷᠢᠭᠤᠴᠠᠵᠤ᠂ ᠡᠯ᠎ᠡ ᠠᠶ᠋ᠢᠮᠠᠭ ᠬᠣᠲᠠ ᠵᠢᠨ᠎ᠬᠢᠨ ᠱᠠᠭ᠋ᠠᠷᠳᠠᠯᠭ᠎ᠠ ᠶᠣᠰᠤ᠎ᠪᠠᠷ ᠰᠢᠯᠭ᠋ᠠᠯᠲᠠ ᠵᠢᠨ ᠶᠠᠪᠤᠳᠠᠯ᠎ᠤᠨ ᠵᠣᠬᠢᠶᠠᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ᠂ ᠬᠢᠷᠢ ᠪᠦᠲᠦᠮᠵᠢ ᠵᠡᠷᠭᠡ ᠵᠢ ᠢᠯᠭ᠋ᠠᠨ ᠲᠣᠭᠲᠠᠭ᠋ᠠᠬᠤ ᠵᠢᠴᠢ ᠬᠢᠷᠢ ᠪᠦᠲᠦᠮᠵᠢ ᠵᠢ ᠬᠡᠷᠡᠭᠯᠡᠬᠦ ᠵᠡᠷᠭᠡ ᠠᠵᠢᠯ᠎ᠢ ᠥᠷᠨᠢᠭᠦᠯᠦᠨ᠎ᠡ᠃ ᠹᠢᠽᠢᠺ᠂ ᠬᠢᠮᠢ ᠪᠣᠯᠤᠨ ᠠᠮᠢᠳᠤ ᠪᠣᠳᠠᠰ᠎ᠤᠨ ᠤᠬᠠᠭ᠋ᠠᠨ᠎ᠤ ᠲᠤᠷᠰᠢᠯᠲᠠ ᠵᠢᠨ ᠰᠢᠯᠭ᠋ᠠᠯᠲᠠ (ᠪᠠᠢ᠌ᠴᠠᠭ᠋ᠠᠬᠤ)᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ᠂ ᠤᠷᠠᠯᠢᠭ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠳᠡᠯᠮᠦᠷᠢ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠬᠢᠴᠢᠶᠡᠯ ᠲᠥᠷᠥᠯ᠎ᠤᠨ ᠰᠢᠯᠭ᠋ᠠᠯᠲᠠ (ᠪᠠᠢ᠌ᠴᠠᠭ᠋ᠠᠬᠤ) ᠵᠢ ᠠᠶ᠋ᠢᠮᠠᠭ ᠬᠣᠲᠠ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
8 . ᠬᠢᠷᠢ ᠪᠦᠲᠦᠮᠵᠢ ᠵᠢ ᠢᠯᠡᠷᠡᠭᠦᠯᠬᠦ᠃ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠰᠣᠨᠣᠰᠬᠤ ᠴᠢᠳᠠᠪᠤᠷᠢ ᠵᠢ ᠪᠠᠭᠲᠠᠭ᠋ᠠᠨ᠎ᠠ)᠂ ᠭᠠᠵᠠᠷ ᠵᠦᠶ᠂ ᠲᠡᠦᠬᠡ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠡᠷᠭᠡ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠴᠢᠶᠡᠯ ᠲᠥᠷᠥᠯ ᠪᠠ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠪᠢᠴᠢᠭ᠎ᠨᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠪᠠ ᠰᠤᠷᠭ᠋ᠠᠭᠤᠯᠢ ᠳᠡᠪᠰᠢᠬᠦ ᠰᠢᠯᠭ᠋ᠠᠯᠲᠠ ᠵᠢᠨ ᠬᠤᠪᠢ ᠲᠡᠮᠳᠡᠭᠯᠡᠬᠦ ᠬᠢᠴᠢᠶᠡᠯ ᠲᠥᠷᠥᠯ ᠪᠣᠯᠤᠭᠰᠠᠨ᠎ᠤ ᠬᠤᠪᠢ᠎ᠳᠤ ᠬᠢᠷᠢ ᠪᠦᠲᠦᠮᠵᠢ ᠵᠢ 《ᠬᠤᠪᠢ》᠂ 《ᠳᠡᠰ》 ᠪᠤᠶᠤ 《ᠬᠤᠪᠢ + ᠳᠡᠰ》᠎ᠤᠨ ᠠᠳᠠᠯᠢ ᠪᠤᠰᠤ ᠬᠡᠯᠪᠡᠷᠢ᠎ᠪᠠᠷ ᠢᠯᠡᠷᠡᠭᠦᠯᠦᠨ᠎ᠡ᠂ ᠡᠭᠦᠨ᠎ᠳᠤ 《ᠳᠡᠰ》᠎ᠢ ᠬᠡᠷᠡᠭᠯᠡᠭᠰᠡᠨ ᠬᠢᠴᠢᠶᠡᠯ ᠲᠥᠷᠥᠯ᠎ᠤᠨ ᠬᠢᠷᠢ ᠪᠦᠲᠦᠮᠵᠢ ᠵᠢ ᠥᠪᠡᠷᠲᠡᠭᠡᠨ ᠵᠠᠰᠠᠬᠤ ᠣᠷᠣᠨ᠎ᠤ ᠬᠠᠩᠭ᠋ᠠᠭᠰᠠᠨ ᠠᠩᠬᠠᠨ᠎ᠤ ᠬᠤᠪᠢ ᠵᠢ ᠦᠨᠳᠦᠰᠦᠯᠡᠨ ᠢᠯᠭ᠋ᠠᠨ ᠲᠣᠭᠲᠠᠭ᠋ᠠᠵᠤ᠂ ᠰᠢᠯᠭ᠋ᠠᠭᠤᠯᠤᠭᠰᠠᠳ᠎ᠤᠨ ᠲᠣᠭ᠋ᠠᠨ᠎ᠤ ᠬᠠᠷᠢᠴᠠᠯ᠎ᠢ ᠦᠨᠳᠦᠰᠦᠯᠡᠨ ᠢᠯᠭ᠋ᠠᠨ ᠲᠣᠭᠲᠠᠭ᠋ᠠᠭᠰᠠᠨ ᠴᠤ᠌ ᠪᠣᠯᠤᠨ᠎ᠠ; ᠠᠮᠢᠳᠤ ᠪᠣᠳᠠᠰ᠎ᠤᠨ ᠤᠬᠠᠭ᠋ᠠᠨ᠎ᠤ ᠲᠤᠷᠰᠢᠯᠲᠠ᠂ ᠤᠷᠠᠯᠢᠭ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠳᠡᠯᠮᠦᠷᠢ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠶᠡᠷᠦᠩᠬᠡᠶ᠋ᠢᠯᠡᠨ ᠪᠠᠶ᠋ᠢᠴᠠᠭ᠋ᠠᠬᠤ ᠬᠢᠴᠢᠶᠡᠯ᠎ᠤᠨ ᠬᠢᠷᠢ ᠪᠦᠲᠦᠮᠵᠢ ᠵᠢ A (ᠰᠢᠯᠢᠳᠡᠭ)᠂ B (ᠰᠠᠶ᠋ᠢᠨ)᠂ C (ᠬᠢᠷᠢ ᠲᠡᠩᠴᠡᠭᠰᠡᠨ)᠂ D (ᠬᠢᠷᠢ ᠲᠡᠩᠴᠡᠭᠰᠡᠨ ᠥᠬᠡᠶ) ᠳᠥᠷᠪᠡᠨ ᠳᠡᠰ᠎ᠲᠤ ᠬᠤᠪᠢᠶᠠᠨ᠎ᠠ᠃ ᠡᠯ᠎ᠡ ᠲᠠᠰ᠎ᠤᠨ᠎ᠬᠢ ᠵᠢ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ ᠬᠡᠷᠡᠭᠴᠡᠭᠡ ᠵᠢ ᠦᠨᠳᠦᠰᠦᠯᠡᠨ ᠵᠣᠬᠢᠬᠤ ᠬᠤᠪᠢ ᠥᠭᠴᠦ᠂ ᠬᠠᠮᠤᠭ᠎ᠤᠨ ᠥᠨᠳᠥᠷ᠎ᠲᠤ᠎ᠪᠠᠨ 20 ᠬᠤᠪᠢ ᠥᠭᠭᠦᠨ᠎ᠡ᠃ ᠪᠣᠳᠠᠲᠠᠶ ᠠᠷᠭ᠎ᠠ ᠵᠢ ᠡᠯ᠎ᠡ ᠠᠶ᠋ᠢᠮᠠᠭ ᠬᠣᠲᠠ᠎ᠠᠴᠠ ᠲᠣᠭᠲᠠᠭ᠋ᠠᠨ᠎ᠠ᠃
ᠵᠢᠯ ᠪᠦᠷᠢ ᠵᠢᠨ 7 ᠰᠠᠷ᠎ᠠ ᠵᠢᠨ ᠰᠢᠨᠡᠳ ᠵᠶ᠋ᠠᠷ ᠪᠥᠬᠥ ᠣᠷᠣᠨ᠎ᠤ ᠨᠢᠭᠡᠳᠦᠯᠲᠡᠶ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠬᠢᠷᠢ ᠪᠦᠲᠦᠮᠵᠢ ᠵᠢ ᠨᠡᠶ᠋ᠢᠲᠡᠯᠡᠨ᠎ᠡ; 7 ᠰᠠᠷ᠎ᠠ ᠵᠢᠨ ᠳᠤᠮᠳᠠᠴᠢ᠎ᠪᠠᠷ ᠡᠯ᠎ᠡ ᠠᠶ᠋ᠢᠮᠠᠭ ᠬᠣᠲᠠ᠎ᠨᠢ ᠰᠤᠷᠤᠭᠴᠢ ᠡᠯᠰᠡᠬᠦ ᠠᠵᠢᠯ᠎ᠢ ᠵᠣᠬᠢᠶᠠᠨ ᠪᠠᠢ᠌ᠭᠤᠯᠵᠤ᠂ ᠪᠣᠳᠠᠲᠠᠶ ᠴᠠᠭ᠎ᠢ ᠡᠯ᠎ᠡ ᠠᠶ᠋ᠢᠮᠠᠭ ᠬᠣᠲᠠ᠎ᠠᠴᠠ ᠲᠣᠭᠲᠠᠭ᠋ᠠᠨ᠎ᠠ᠃
9 . ᠬᠢᠷᠢ ᠪᠦᠲᠦᠮᠵᠢ ᠵᠢᠨ ᠬᠡᠷᠡᠭᠯᠡᠯᠲᠡ᠃ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ ᠵᠢᠨ ᠣᠯᠤᠭᠰᠠᠨ ᠪᠥᠬᠦ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ (ᠪᠠᠢ᠌ᠴᠠᠭ᠋ᠠᠬᠤ) ᠵᠢᠨ ᠬᠢᠷᠢ ᠪᠦᠲᠦᠮᠵᠢ ᠵᠢ ᠰᠤᠷᠤᠭᠴᠢ ᠵᠢᠨ ᠰᠤᠷᠭ᠋ᠠᠭᠤᠯᠢ ᠵᠢᠨ ᠬᠠᠷᠢᠶᠠᠨ᠎ᠤ ᠳᠠᠩᠰᠠ ᠡᠪᠬᠡᠮᠡᠯ ᠪᠣᠯᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠳᠠᠩᠰᠠ ᠡᠪᠬᠡᠮᠡᠯ᠎ᠳᠤ ᠲᠡᠮᠳᠡᠭᠯᠡᠨ᠎ᠡ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠵᠢᠨ ᠱᠠᠭ᠋ᠠᠷᠳᠠᠯᠭ᠎ᠠ ᠵᠢ ᠡᠯ᠎ᠡ ᠠᠶ᠋ᠢᠮᠠᠭ ᠬᠣᠲᠠ᠎ᠠᠴᠠ ᠪᠣᠳᠠᠲᠠᠶ᠎ᠲᠠᠢ᠎ᠪᠠᠨ ᠤᠶᠠᠯᠳᠤᠭᠤᠯᠤᠨ ᠲᠣᠭᠲᠠᠭ᠋ᠠᠨ᠎ᠠ᠃ 2025 ᠣᠨ ᠪᠣᠯᠬᠤ᠎ᠳᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠨᠤᠭᠤᠳ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠪᠠ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠳ᠋ᠦᠩ᠎ᠢ ᠦᠨᠳᠦᠰᠦᠯᠡᠨ ᠰᠢᠨ᠎ᠡ ᠰᠣᠷᠣᠭᠴᠢ ᠡᠯᠰᠡᠵᠦ᠂ ᠵᠠᠷᠴᠢᠮ ᠳᠡᠭᠡᠷ᠎ᠡ᠎ᠪᠠᠨ ᠪᠠᠶ᠋ᠢᠴᠠᠭ᠋ᠠᠬᠤ ᠬᠢᠴᠢᠶᠡᠯ ᠲᠥᠷᠥᠯ ᠪᠠ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠎ᠨᠢ ᠴᠥᠮ C ᠳᠡᠰ ᠵᠢᠴᠢ ᠲᠡᠭᠦᠨ᠎ᠠᠴᠠ ᠳᠡᠭᠡᠭᠰᠢ ᠪᠠᠢ᠌ᠪᠠᠯ ᠰᠠᠶᠢ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ ᠬᠢᠷᠢ ᠬᠡᠮ᠎ᠢ ᠪᠦᠷᠢᠯᠳᠦᠭᠦᠯᠦᠨ᠎ᠡ᠃
ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠵᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠲᠡᠭᠦᠰᠬᠦ ᠪᠠ ᠰᠤᠷᠤᠯᠭ᠎ᠠ ᠵᠢᠨ ᠨᠠᠮᠲᠠᠷ᠎ᠢ ᠮᠠᠭ᠋ᠠᠳᠯᠠᠨ ᠲᠣᠭᠲᠠᠭ᠋ᠠᠬᠤ᠎ᠳᠤ ᠬᠡᠷᠡᠭᠯᠡᠵᠦ᠂ ᠤᠷᠲᠤ ᠬᠤᠭᠤᠴᠠᠭ᠎ᠠ᠎ᠪᠠᠷ ᠬᠦᠴᠦᠨ᠎ᠲᠡᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠵᠢ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ᠎ᠳᠤ ᠬᠡᠷᠡᠭᠯᠡᠵᠦ᠂ ᠲᠤᠰ ᠬᠤᠭᠤᠴᠠᠭ᠋ᠠᠨ᠎ᠤ ᠲᠡᠭᠦᠰᠦᠭᠰᠡᠳ ᠪᠣᠯ ᠲᠤᠰ ᠬᠤᠭᠤᠴᠠᠭ᠋ᠠᠨ᠎ᠳᠤ ᠬᠦᠴᠦᠨ᠎ᠲᠡᠢ᠂ ᠲᠤᠰ ᠬᠤᠭᠤᠴᠠᠭ᠋ᠠᠨ᠎ᠤ ᠪᠤᠰᠤ ᠲᠡᠭᠦᠰᠦᠭᠰᠡᠳ ᠪᠣᠯ ᠲᠤᠰ ᠵᠢᠯ᠎ᠳᠤ ᠬᠦᠴᠦᠨ᠎ᠲᠡᠢ᠃ ᠶᠢᠰᠦᠳᠦᠭᠡᠷ ᠣᠨ᠎ᠤ ᠰᠤᠷᠤᠯᠭ᠎ᠠ᠎ᠪᠠᠨ ᠲᠡᠭᠦᠰᠬᠡᠭᠰᠡᠨ ᠦᠭᠡᠢ᠎ᠪᠠᠷ ᠰᠤᠷᠤᠯᠭ᠎ᠠ᠎ᠠᠴᠠ ᠲᠦᠷ ᠵᠣᠭᠰᠤᠵᠤ ᠳᠣᠣᠷ᠎ᠠ ᠨᠢᠭᠡ ᠣᠨ᠎ᠳᠤ ᠰᠤᠷᠤᠯᠴᠠᠭᠰᠠᠨ ᠪᠣᠯ ᠨᠠᠢ᠍ᠮᠠᠳᠤᠭ᠋ᠠᠷ ᠣᠨ᠎ᠳᠤ ᠨᠢᠭᠡᠨᠲᠡ ᠰᠢᠯᠭ᠋ᠠᠵᠤ ᠥᠩᠭᠡᠷᠡᠭᠰᠡᠨ ᠬᠢᠴᠢᠶᠡᠯ ᠲᠦᠷᠦᠯ᠎ᠢ ᠡᠷᠬᠡᠪᠰᠢ ᠲᠠᠬᠢᠵᠤ ᠰᠢᠯᠭ᠋ᠠᠭᠤᠯᠬᠤ ᠬᠡᠷᠡᠭᠲᠡᠢ᠃
ᠵᠡᠮᠳᠡᠭ᠂ ᠡᠪᠡᠳᠴᠢᠨ᠎ᠲᠠᠢ ᠵᠡᠷᠭᠡ ᠣᠨᠴᠠᠭ᠋ᠠᠢ ᠪᠠᠶ᠋ᠢᠳᠠᠯ᠎ᠲᠠᠢ ᠰᠤᠷᠤᠭᠴᠢ ᠬᠣᠯᠪᠤᠭᠳᠠᠬᠤ ᠬᠢᠴᠢᠶᠡᠯ ᠲᠥᠷᠥᠯ᠎ᠤᠨ ᠰᠢᠯᠭ᠋ᠠᠯᠲᠠ᠎ᠳᠤ ᠣᠷᠣᠯᠴᠠᠬᠤ ᠵᠢᠴᠢ ᠣᠷᠣᠨ᠎ᠤ ᠭᠠᠳᠠᠨ᠎ᠠ᠎ᠠᠴᠠ ᠰᠢᠯᠵᠢᠨ ᠢᠷᠡᠭᠰᠡᠨ ᠰᠤᠷᠤᠭᠴᠢ᠂ ᠤᠭ ᠨᠤᠲᠤᠭ᠎ᠲᠤ᠎ᠪᠠᠨ ᠪᠤᠴᠠᠵᠤ ᠨᠡᠷ᠎ᠡ ᠮᠡᠳᠡᠭᠦᠯᠦᠭᠰᠡᠨ ᠰᠤᠷᠤᠭᠴᠢ᠂ ᠭᠠᠳᠠᠷ ᠣᠷᠣᠨ᠎ᠠᠴᠠ ᠨᠡᠭᠦᠵᠦ ᠢᠷᠡᠭᠰᠡᠳ᠎ᠢ ᠳᠠᠭ᠋ᠠᠵᠤ ᠨᠡᠭᠦᠭᠰᠡᠨ ᠦᠷ᠎ᠡ ᠬᠡᠦᠬᠡᠳ ᠵᠡᠷᠭᠡ ᠵᠢᠨ ᠬᠢᠷᠢ ᠪᠦᠲᠦᠮᠵᠢ ᠵᠢ ᠮᠠᠭ᠋ᠠᠳᠯᠠᠨ ᠲᠣᠭᠲᠠᠭ᠋ᠠᠬᠤ᠂ ᠰᠤᠷᠤᠭᠴᠢ ᠡᠯᠰᠡᠬᠦ ᠵᠡᠷᠭᠡ ᠲᠠᠯ᠎ᠠ᠎ᠪᠠᠷ ᠡᠯ᠎ᠡ ᠠᠶ᠋ᠢᠮᠠᠭ ᠬᠣᠲᠠ ᠵᠢᠨ᠎ᠬᠢᠨ ᠬᠣᠯᠪᠤᠭᠳᠠᠬᠤ ᠲᠣᠭᠲᠠᠭ᠋ᠠᠯ ᠶᠣᠰᠤ᠎ᠪᠠᠷ ᠪᠣᠳᠠᠲᠠᠶ ᠬᠡᠷᠡᠭᠵᠢᠭᠦᠯᠬᠦ ᠠᠷᠭ᠎ᠠ ᠵᠢ ᠳᠣᠭᠲᠠᠭ᠋ᠠᠨ᠎ᠠ᠃ ᠣᠷᠣᠨ᠎ᠤ ᠳᠣᠲᠣᠷᠠᠬᠢ ᠰᠤᠷᠤᠭᠴᠢᠳ ᠣᠷᠣᠨ᠎ᠤ ᠭᠠᠳᠠᠨ᠎ᠠ ᠰᠢᠯᠵᠢᠬᠦ᠎ᠳᠤ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠲᠡᠭᠦᠨ᠎ᠳᠤ ᠰᠤᠷᠤᠯᠭ᠎ᠠ ᠵᠢᠨ ᠬᠢᠷᠢ ᠪᠦᠲᠦᠮᠵᠢ ᠵᠢᠨ ᠭᠡᠷᠡᠴᠢ ᠭᠠᠷᠭ᠋ᠠᠵᠤ ᠥᠭᠬᠦ ᠬᠡᠷᠡᠭᠲᠡᠶ᠃
(ᠬᠣᠶᠠᠷ) ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢ ᠲᠡᠭᠦᠯᠳᠡᠷᠵᠢᠭᠦᠯᠦᠨ᠎ᠡ
ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠪᠣᠯ ᠰᠤᠷᠤᠭᠴᠢᠳ᠎ᠤᠨ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠥᠬᠥ ᠲᠠᠯ᠎ᠠ᠎ᠪᠠᠷ ᠬᠥᠭᠵᠢᠭᠰᠡᠨ ᠪᠠᠶ᠋ᠢᠳᠠᠯ᠎ᠢ ᠠᠵᠢᠭᠯᠠᠬᠤ᠂ ᠲᠡᠮᠳᠡᠭᠯᠡᠬᠦ ᠪᠠ ᠵᠠᠳᠠᠯᠬᠤ ᠶᠠᠪᠤᠳᠠᠯ᠂ ᠰᠤᠷᠤᠭᠴᠢᠳ᠎ᠤᠨ ᠰᠠᠶ᠋ᠢᠨ ᠰᠠᠶ᠋ᠢᠬᠠᠨ ᠵᠠᠩ ᠰᠤᠷᠲᠠᠯ᠎ᠢ ᠬᠥᠮᠦᠵᠢᠭᠦᠯᠬᠦ᠂ ᠥᠪᠡᠷᠮᠢᠴᠡ ᠣᠨᠴᠠᠯᠢᠭ᠎ᠢ ᠬᠥᠭᠵᠢᠭᠦᠯᠬᠦ᠂ ᠰᠤᠷᠤᠭᠴᠢᠳ᠎ᠤᠨ ᠪᠥᠬᠥ ᠲᠠᠯ᠎ᠠ᠎ᠪᠠᠷ ᠬᠥᠭᠵᠢᠬᠦ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠥᠭᠡᠳ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ ᠲᠡᠭᠦᠰᠬᠦ ᠪᠠ ᠰᠤᠷᠭ᠋ᠠᠭᠤᠯᠢ ᠳᠡᠪᠰᠢᠬᠦ ᠵᠢᠨ ᠦᠨᠳᠦᠰᠦᠨ ᠦᠨᠳᠦᠰᠦᠯᠡᠯ ᠮᠥᠨ᠃
1 ᠦᠨᠡᠯᠡᠬᠦ ᠠᠭᠤᠯᠭ᠎ᠠ᠃ ᠭᠣᠣᠯᠳᠠᠭᠤ ᠦᠵᠡᠯ ᠰᠠᠨᠠᠭ᠎ᠠ ᠶᠣᠰᠤ ᠮᠣᠷᠠᠯ᠂ ᠰᠤᠷᠤᠯᠭ᠎ᠠ ᠵᠢᠨ ᠬᠥᠭᠵᠢᠯᠲᠡ᠂ ᠪᠡᠶ᠎ᠡ ᠰᠡᠳᠬᠢᠯ᠎ᠤᠨ ᠡᠷᠡᠭᠦᠯ ᠮᠡᠨᠳᠦ᠂ ᠤᠷᠠᠯᠢᠭ᠎ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠶ᠋ᠢᠭᠡᠮ᠎ᠤᠨ ᠦᠢ᠍ᠯᠡᠳᠦᠯᠭᠡ ᠵᠡᠷᠭᠡ ᠲᠠᠪᠤᠨ ᠬᠡᠮᠵᠢᠯᠢ ᠪᠠᠭᠲᠠᠭ᠋ᠠᠵᠤ᠂ ᠰᠤᠷᠤᠭᠴᠢᠳ᠎ᠤᠨ ᠶᠣᠰᠣ ᠰᠤᠷᠲᠠᠬᠤᠨ᠂ ᠤᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠰᠤᠷᠤᠭᠴᠢᠳ᠎ᠤᠨ ᠨᠠᠰᠤᠨ ᠲᠤᠷᠰᠢᠳᠠ ᠵᠢᠨ ᠬᠥᠭᠵᠢᠯᠲᠡ ᠪᠠ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠰᠠᠨ ᠵᠥᠪ ᠦᠷᠳᠡᠭ᠎ᠤᠨ ᠦᠵᠡᠯᠲᠡ᠂ ᠡᠷᠬᠡᠪᠰᠢ ᠱᠠᠭ᠋ᠠᠷᠳᠠᠭᠳᠠᠬᠤ ᠬᠡᠪ ᠴᠢᠨᠠᠷ ᠪᠠ ᠵᠠᠩᠭᠢᠯᠠᠭ᠎ᠠ ᠵᠢᠨ ᠴᠢᠳᠠᠪᠤᠷᠢ ᠵᠢ ᠬᠥᠮᠦᠵᠢᠭᠦᠯᠬᠦ᠎ᠪᠠᠷ ᠵᠣᠷᠢᠯᠭ᠎ᠠ ᠪᠣᠯᠭ᠋ᠠᠭᠰᠠᠨ ᠶᠤᠮ᠃ ᠡᠭᠦᠨ᠎ᠳᠤ᠂ ᠦᠵᠡᠯ ᠰᠠᠨᠠᠭ᠎ᠠ ᠶᠣᠰᠣ ᠮᠣᠷᠠᠯ᠎ᠨᠢ ᠭᠤᠤᠯᠳᠠᠭᠤ ᠰᠤᠷᠤᠭᠴᠢᠳ᠎ᠤᠨ 《ᠲᠠᠪᠤᠨ ᠬᠠᠮᠲᠤ ᠵᠢᠨ ᠲᠠᠨᠢᠯᠲᠠ》᠂ ᠠᠮᠢᠳᠤᠷᠠᠬᠤᠢ ᠵᠢᠨ ᠬᠦᠰᠡᠯᠡᠩ᠂ ᠰᠠᠬᠢᠯᠭ᠎ᠠ ᠪᠠᠲᠤ ᠵᠢ ᠵᠢᠷᠤᠮᠯᠠᠨ ᠬᠠᠤᠯᠢ ᠴᠠᠭ᠋ᠠᠵᠠ ᠵᠢ ᠰᠠᠬᠢᠬᠤ᠂ ᠬᠠᠮᠲᠤ ᠨᠡᠶ᠋ᠢᠲᠡ ᠵᠢᠨ ᠤᠬᠠᠮᠰᠠᠷ᠂ ᠣᠷᠴᠢᠨ ᠲᠣᠭᠣᠷᠢᠨ᠎ᠢ ᠬᠠᠶ᠋ᠢᠷᠠᠯᠠᠬᠤ᠂ ᠪᠣᠯᠪᠠᠰᠤᠨ ᠶᠣᠰᠣ ᠮᠣᠷᠠᠯ᠂ ᠦᠨᠡᠨᠴᠢ ᠢᠲᠡᠭᠡᠮᠵᠢ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ᠂ ᠪᠤᠰᠤᠳ᠎ᠢ ᠬᠦᠨᠳᠦᠳᠬᠡᠬᠦ᠂ ᠥᠪᠡᠷ᠎ᠢ᠎ᠪᠠᠨ ᠱᠠᠭ᠋ᠠᠷᠳᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠡᠷᠭᠡ ᠦᠵᠡᠯ ᠰᠠᠨᠠᠭ᠋ᠠᠨ᠎ᠤ ᠬᠡᠪ ᠴᠢᠨᠠᠷ ᠪᠣᠯᠤᠨ ᠶᠣᠰᠤ ᠮᠣᠷᠠᠯ᠎ᠤᠨ ᠬᠥᠭᠵᠢᠯᠲᠡ ᠵᠢᠨ ᠲᠠᠯ᠎ᠠ᠎ᠪᠠᠷ᠎ᠬᠢ ᠢᠯᠡᠷᠡᠯ᠎ᠢ ᠰᠢᠯᠭ᠋ᠠᠨ ᠪᠠᠶ᠋ᠢᠴᠠᠭ᠋ᠠᠨ᠎ᠠ; ᠰᠤᠷᠤᠯᠭ᠎ᠠ ᠵᠢᠨ ᠬᠥᠭᠵᠢᠯᠲᠡ᠎ᠨᠢ ᠭᠤᠤᠯᠳᠠᠭᠤ ᠰᠤᠷᠤᠭᠴᠢᠳ᠎ᠤᠨ ᠡᠯ᠎ᠡ ᠲᠥᠷᠥᠯ᠎ᠤᠨ ᠬᠢᠴᠢᠶᠡᠯ᠎ᠤᠨ ᠰᠠᠭᠤᠷᠢ ᠮᠡᠳᠡᠯᠭᠡ ᠪᠠ ᠦᠨᠳᠦᠰᠦᠨ ᠤᠷ᠎ᠠ ᠴᠢᠳᠠᠪᠤᠷᠢ ᠵᠢ ᠡᠵᠡᠮᠰᠢᠭᠰᠡᠨ᠂ ᠬᠡᠷᠡᠭᠯᠡᠭᠰᠡᠨ ᠪᠠᠶ᠋ᠢᠳᠠᠯ ᠵᠢᠴᠢ ᠰᠤᠷᠤᠯᠴᠠᠬᠤ ᠳᠤᠷ᠎ᠠ ᠰᠣᠨᠢᠷᠬᠠᠯ᠂ ᠰᠤᠷᠤᠯᠴᠠᠬᠤ ᠳᠠᠳᠬᠠᠯ᠂ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠂ ᠬᠠᠮᠲᠤᠷᠠᠨ ᠰᠤᠷᠤᠯᠴᠠᠬᠤ ᠴᠢᠳᠠᠪᠤᠷᠢ᠂ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ ᠴᠢᠳᠠᠪᠤᠷᠢ᠂ ᠰᠢᠨ᠎ᠡ ᠵᠢ ᠡᠭᠦᠳᠬᠦ ᠬᠡᠪ ᠪᠣᠯᠪᠠᠰᠤᠷᠠᠯ᠂ ᠮᠡᠳᠡᠭᠡ ᠵᠠᠩᠭᠢ ᠵᠢᠨ ᠬᠡᠪ ᠪᠣᠯᠪᠠᠰᠤᠷᠠᠯ ᠵᠡᠷᠭᠡ ᠵᠢ ᠰᠢᠯᠭ᠋ᠠᠨ ᠪᠠᠶ᠋ᠢᠴᠠᠭ᠋ᠠᠨ᠎ᠠ; ᠪᠡᠶ᠎ᠡ ᠰᠡᠳᠬᠢᠴᠡ ᠵᠢᠨ ᠡᠷᠡᠭᠦᠯ ᠮᠡᠨᠳᠦ᠎ᠳᠤ ᠭᠣᠣᠯᠳᠠᠭᠤ ᠰᠤᠷᠤᠭᠴᠢᠳ᠎ᠤᠨ ᠪᠡᠶ᠎ᠡ ᠮᠠᠬᠠᠪᠣᠳ᠎ᠤᠨ ᠪᠠᠶ᠋ᠢᠳᠠᠯ᠂ ᠡᠷᠡᠭᠦᠯ ᠴᠢᠭᠢᠷᠠᠭ ᠠᠮᠢᠳᠤᠷᠠᠯ ᠪᠠ ᠰᠡᠳᠬᠢᠴᠡ ᠵᠢᠨ ᠡᠷᠡᠭᠦᠯ ᠮᠡᠨᠳᠦ ᠵᠡᠷᠭᠡ ᠵᠢ ᠰᠢᠯᠭ᠋ᠠᠨ ᠪᠠᠢ᠌ᠴᠠᠭ᠋ᠠᠨ᠎ᠠ; ᠤᠷᠠᠯᠢᠭ᠎ᠤᠨ ᠬᠡᠪ ᠪᠣᠯᠪᠠᠰᠤᠷᠠᠯ᠎ᠳᠤ ᠭᠤᠤᠯᠳᠠᠭᠤ ᠰᠤᠷᠤᠭᠴᠢᠳ᠎ᠤᠨ ᠤᠷᠠᠯᠢᠭ᠎ᠤᠨ ᠭᠤᠸ᠎ᠠ ᠲᠠᠭ᠋ᠠᠰᠢᠶᠠᠯ᠎ᠤᠨ ᠲᠥᠷᠥᠭᠳᠡᠯ᠂ ᠰᠣᠶᠣᠯ᠎ᠤᠨ ᠣᠶ᠋ᠢᠯᠠᠭ᠋ᠠᠯᠲᠠ᠂ ᠤᠷᠠᠯᠢᠭ᠎ᠤᠨ ᠢᠯᠡᠷᠡᠭᠦᠯᠬᠦ ᠴᠢᠳᠠᠪᠤᠷᠢ ᠵᠢ ᠰᠢᠯᠭ᠋ᠠᠨ ᠪᠠᠶ᠋ᠢᠴᠠᠭ᠋ᠠᠨ᠎ᠠ; ᠬᠥᠳᠡᠯᠮᠦᠷᠢ ᠪᠠ ᠨᠡᠶ᠋ᠢᠭᠡᠮ᠎ᠤᠨ ᠦᠢ᠍ᠯᠡᠳᠦᠯᠭᠡ᠎ᠳᠤ ᠭᠤᠤᠯᠳᠠᠭᠤ ᠰᠤᠷᠤᠭᠴᠢᠳ᠎ᠤᠨ ᠰᠤᠷᠭ᠋ᠠᠭᠤᠯᠢ ᠵᠢᠨ ᠠᠮᠢᠳᠤᠷᠠᠯ ᠪᠠ ᠨᠡᠶ᠋ᠢᠭᠡᠮ᠎ᠤᠨ ᠠᠮᠢᠳᠤᠷᠠᠯ᠎ᠳᠤ ᠭᠠᠷ ᠣᠷᠣᠵᠤ ᠠᠵᠢᠯᠯᠠᠭᠰᠠᠨ᠂ ᠪᠡᠶ᠎ᠡ᠎ᠪᠠᠷ ᠵᠶ᠋ᠠᠨ ᠥᠩᠭᠡᠷᠡᠭᠦᠯᠦᠭᠰᠡᠨ ᠥᠩᠭᠡᠷᠡᠯᠲᠡ ᠵᠢᠴᠢ ᠬᠥᠳᠡᠯᠮᠦᠷᠢ ᠵᠢᠨ ᠬᠡᠪ ᠪᠣᠯᠪᠠᠰᠤᠷᠠᠯ ᠪᠠ ᠦᠢ᠍ᠯᠡᠳᠦᠯᠭᠡ ᠵᠢᠨ ᠴᠢᠳᠠᠪᠤᠷᠢ ᠵᠡᠷᠭᠡ ᠵᠢ ᠰᠢᠯᠭ᠋ᠠᠨ ᠪᠠᠶ᠋ᠢᠴᠠᠭ᠋ᠠᠨ᠎ᠠ᠃ ᠰᠤᠷᠤᠭᠴᠢ ᠵᠢᠨ ᠪᠡᠯᠭᠡ ᠲᠡᠮᠳᠡᠭᠲᠦ ᠦᠷ᠎ᠡ ᠪᠦᠲᠦᠭᠡᠯ ᠪᠣᠯ ᠰᠤᠷᠤᠭᠴᠢ ᠵᠢᠨ ᠬᠥᠭᠵᠢᠯᠲᠡ ᠵᠢᠨ ᠪᠠᠶ᠋ᠢᠳᠠᠯ᠎ᠢ ᠦᠨᠡᠯᠡᠬᠦ ᠴᠢᠬᠤᠯᠠ ᠦᠨᠳᠦᠰᠦᠯᠡᠯ ᠪᠠᠢ᠌ᠵᠤ᠂ ᠵᠣᠬᠢᠬᠤ ᠬᠡᠮᠵᠢᠯ᠎ᠤᠨ ᠦᠨᠡᠯᠡᠯᠲᠡ ᠬᠢᠬᠦ᠎ᠳᠤ ᠣᠷᠣᠭᠤᠯᠤᠨ᠎ᠠ᠃
2 . ᠦᠨᠡᠯᠡᠬᠦ ᠭᠤᠤᠯ ᠴᠣᠭᠴᠠ᠃ ᠦᠢ᠍ᠯᠡᠴᠢᠯᠡᠭᠡ᠎ᠪᠠᠷ ᠬᠥᠮᠦᠨ᠎ᠢ ᠬᠥᠮᠦᠵᠢᠭᠦᠯᠬᠦ᠂ ᠬᠥᠭᠵᠢᠯᠲᠡ ᠵᠢ ᠴᠢᠬᠤᠯᠠᠴᠢᠯᠠᠬᠤ᠂ ᠰᠢᠨᠵᠢᠯᠡᠬᠦ ᠤᠬᠠᠭ᠋ᠠᠨᠴᠢ᠎ᠪᠠᠷ ᠦᠨᠡᠯᠡᠬᠦ᠂ ᠠᠷᠠᠳᠴᠢᠯᠠᠯ ᠵᠶ᠋ᠠᠷ ᠢᠯᠡ ᠪᠣᠯᠭ᠋ᠠᠬᠤ ᠵᠠᠷᠴᠢᠮ ᠶᠣᠰᠤ᠎ᠪᠠᠷ 《ᠬᠡᠨ ᠣᠶ᠋ᠢᠯᠠᠭ᠋ᠠᠪᠠᠯ ᠬᠡᠨ ᠦᠨᠡᠯᠡᠬᠦ》᠂ 《ᠬᠡᠨ ᠦᠨᠡᠯᠡᠪᠡᠯ ᠬᠡᠨ ᠬᠠᠷᠢᠭᠤᠴᠠᠬᠤ》 ᠵᠢ ᠪᠠᠷᠢᠮᠲᠠᠯᠠᠵᠤ᠂ ᠪᠠᠭᠰᠢ᠂ ᠰᠣᠷᠣᠭᠴᠢ ᠵᠢ ᠵᠡᠷᠭᠡ᠎ᠪᠠᠷ ᠦᠨᠡᠯᠡᠬᠦ᠎ᠳᠤ ᠢᠳᠡᠪᠬᠢᠲᠡᠶ ᠣᠷᠣᠯᠴᠠᠭᠤᠯᠵᠤ᠂ ᠦᠨᠡᠯᠡᠯᠲᠡ ᠵᠢ ᠡᠩ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠳᠤ ᠣᠷᠭ᠋ᠠᠨᠢᠭ ᠵᠶ᠋ᠠᠷ ᠠᠭᠤᠰᠬᠠᠨ᠎ᠠ᠃ ᠶᠡᠷᠦᠩᠬᠡᠶ ᠬᠡᠪ ᠴᠢᠨᠠᠷ᠎ᠤᠨ ᠦᠨᠡᠯᠡᠯᠲᠡ ᠵᠢᠨ ᠭᠣᠣᠯ ᠴᠣᠭᠴᠠ᠎ᠳᠤ ᠭᠤᠤᠯᠳᠠᠭᠤ ᠪᠠᠭᠰᠢ᠂ ᠰᠣᠷᠣᠭᠴᠢ᠂ ᠬᠠᠮᠲᠤ ᠰᠤᠷᠤᠯᠭ᠋ᠠᠲᠠᠨ ᠵᠡᠷᠭᠡ ᠪᠣᠶ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠨᠢ ᠦᠨᠡᠯᠡᠬᠦ ᠠᠭᠤᠯᠭ᠎ᠠ᠎ᠪᠠᠨ ᠦᠨᠳᠦᠰᠦᠯᠡᠨ᠂ ᠲᠣᠰ ᠭᠠᠵᠠᠷ ᠣᠷᠣᠨ᠂ ᠲᠣᠰ ᠰᠤᠷᠭ᠋ᠠᠭᠤᠯᠢ ᠵᠢᠨ ᠪᠣᠳᠠᠲᠠᠶ᠎ᠲᠠᠢ᠎ᠪᠠᠨ ᠤᠶᠠᠯᠳᠤᠭᠤᠯᠵᠤ᠂ ᠦᠨᠡᠯᠡᠬᠦ ᠬᠦᠴᠦᠨ ᠵᠦᠢ᠍ᠯ᠎ᠢ ᠨᠠᠷᠢᠯᠢᠭᠵᠢᠭᠤᠯᠵᠤ᠂ ᠦᠨᠡᠯᠡᠬᠦ ᠬᠦᠴᠦᠨ ᠵᠦᠢ᠍ᠯ ᠨᠢᠭᠡ ᠪᠦᠷᠢ ᠵᠢᠨ ᠦᠨᠡᠯᠡᠬᠦ ᠭᠤᠤᠯ ᠴᠣᠭᠴᠠ᠂ ᠦᠨᠡᠯᠡᠬᠦ ᠠᠷᠭ᠎ᠠ ᠮᠠᠶᠢᠭ᠂ ᠲᠡᠮᠳᠡᠭᠯᠡᠬᠦ ᠠᠷᠭ᠎ᠠ ᠮᠠᠶᠢᠭ ᠵᠡᠷᠭᠡ ᠵᠢ ᠵᠦᠢ᠍ᠯ ᠳᠠᠷᠠᠭ᠋ᠠᠯᠠᠨ ᠲᠣᠭᠲᠠᠭ᠋ᠠᠨ᠎ᠠ᠃
3 . ᠦᠨᠡᠯᠡᠬᠦ ᠳᠡᠰ ᠳᠠᠷᠠᠭ᠋ᠠᠯᠠᠯ᠃ ᠪᠣᠳᠠᠲᠠᠶ ᠲᠡᠮᠳᠡᠭᠯᠡᠬᠦ᠂ ᠮᠠᠲ᠋ᠧᠷᠢᠶᠠᠯ᠎ᠢ ᠰᠢᠯᠢᠨ ᠰᠣᠩᠭᠣᠬᠤ᠂ ᠢᠯᠡ ᠨᠡᠶ᠋ᠢᠲᠡᠯᠡᠵᠦ ᠬᠢᠨᠠᠨ ᠪᠠᠢ᠌ᠴᠠᠭ᠋ᠠᠬᠤ᠂ ᠲᠠᠩᠰᠠ ᠡᠪᠬᠡᠮᠡᠯ᠎ᠢ ᠪᠠᠢ᠌ᠭᠤᠯᠬᠤ᠂ ᠶᠡᠷᠦᠩᠬᠡᠶ᠋ᠢᠯᠡᠨ ᠦᠨᠡᠯᠡᠨ ᠲᠣᠭᠲᠠᠭ᠋ᠠᠬᠤ ᠵᠡᠷᠭᠡ ᠦᠨᠡᠯᠡᠬᠦ ᠲᠠᠰ ᠳᠠᠷᠠᠭ᠋ᠠᠯᠠᠯ᠎ᠢ ᠴᠢᠩᠭ᠎ᠠ ᠵᠢᠷᠤᠮᠵᠢᠭᠤᠯᠵᠤ᠂ ᠮᠡᠳᠡᠭᠡ ᠵᠠᠩᠭᠢ ᠵᠢ ᠨᠤᠲᠠᠯᠠᠵᠤ ᠢᠯᠡ ᠨᠡᠶ᠋ᠢᠲᠡᠯᠡᠬᠦ᠂ ᠵᠠᠭ᠋ᠠᠯᠳᠤᠵᠤ ᠭᠣᠮᠣᠳᠠᠯ ᠲᠣᠭ᠋ᠠᠴᠢᠬᠣ᠂ ᠳᠠᠬᠢᠨ ᠵᠥᠪᠯᠡᠵᠦ ᠬᠢᠨᠠᠨ ᠪᠠᠢ᠌ᠴᠠᠭ᠋ᠠᠬᠤ ᠵᠡᠷᠭᠡ ᠬᠢᠨᠠᠯᠲᠠ ᠲᠠᠯᠪᠢᠵᠤ ᠪᠠᠲᠤᠯᠠᠬᠤ ᠪᠠ ᠦᠨᠡᠨᠴᠢ ᠢᠲᠡᠭᠡᠮᠵᠢ ᠵᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠦᠨᠡᠯᠡᠬᠦ ᠠᠵᠢᠯ᠎ᠤᠨ ᠪᠤᠰᠤᠳᠴᠢ ᠦᠨᠡᠨ ᠪᠣᠳᠠᠲᠠᠶ᠂ ᠳᠥᠭᠥᠮ ᠳᠥᠲᠡ ᠪᠥᠭᠡᠳ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃
4 . ᠦᠨᠡᠯᠡᠬᠦ ᠠᠷᠭ᠎ᠠ ᠮᠠᠶᠢᠭ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠵᠣᠷᠢᠭᠵᠢᠭᠤᠯᠵᠤ᠂ ᠦᠨᠡᠯᠡᠬᠦ ᠠᠷᠭ᠎ᠠ ᠮᠠᠶᠢᠭ᠎ᠲᠤ ᠲᠠᠰᠤᠷᠠᠯᠲᠠ ᠥᠬᠡᠶ ᠰᠢᠨ᠎ᠡ ᠵᠢ ᠡᠭᠦᠳᠴᠦ᠂ ᠪᠡᠶᠡᠴᠢ ᠦᠨᠡᠯᠡᠯᠲᠡ ᠪᠠ ᠪᠤᠰᠤᠳᠴᠢ ᠦᠨᠡᠯᠡᠯᠲᠡ ᠵᠢ ᠬᠠᠷᠢᠯᠴᠠᠨ ᠤᠶᠠᠯᠳᠤᠭᠤᠯᠵᠤ᠂ ᠳ᠋ᠦᠩ᠎ᠢ ᠦᠨᠡᠯᠡᠬᠦ᠂ ᠶᠠᠪᠤᠴᠠ ᠵᠢ ᠦᠨᠡᠯᠡᠬᠦ᠂ ᠥᠷᠲᠡᠭ᠎ᠢ ᠨᠡᠮᠡᠭᠳᠡᠭᠦᠯᠦᠨ ᠦᠨᠡᠯᠡᠬᠦ᠂ ᠶᠡᠷᠦᠩᠬᠡᠶ᠋ᠢᠯᠡᠨ ᠦᠨᠡᠯᠡᠬᠦ ᠵᠢ ᠬᠠᠷᠢᠯᠴᠠᠨ ᠨᠥᠬᠥᠪᠦᠷᠢᠯᠡᠭᠦᠯᠵᠦ᠂ ᠦᠨᠡᠯᠡᠬᠦ ᠭᠤᠤᠯ ᠴᠣᠭᠴᠠ ᠵᠢᠨ ᠦᠨᠡᠯᠡᠭᠳᠡᠬᠦ ᠡᠲᠡᠭᠡᠳ ᠨᠢᠭᠡ ᠪᠦᠷᠢ ᠵᠢ ᠭᠦᠢ᠍ᠴᠡᠳ ᠣᠶ᠋ᠢᠯᠠᠭ᠋ᠠᠭᠰᠠᠨ ᠰᠠᠭᠤᠷᠢᠨ ᠳᠡᠭᠡᠷ᠎ᠡ ᠦᠨᠡᠯᠡᠬᠦ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠪᠦᠲᠦᠮᠵᠢᠲᠡᠶ ᠥᠷᠨᠢᠭᠦᠯᠬᠦ ᠵᠢ ᠪᠠᠲᠤᠯᠠᠨ᠎ᠠ᠃ ᠪᠡᠶᠡᠴᠢ ᠦᠨᠡᠯᠡᠯᠲᠡ᠎ᠳᠤ ᠦᠨᠡᠯᠡᠯᠲᠡ᠂ ᠠᠰᠠᠭᠤᠯᠲᠠ ᠵᠢᠨ ᠬᠠᠭᠤᠳᠠᠰᠤ᠂ ᠬᠡᠮᠵᠢᠭᠦᠷ ᠵᠡᠷᠭᠡ ᠦᠨᠡᠯᠡᠬᠦ ᠠᠷᠭ᠎ᠠ ᠮᠠᠶᠢᠭ ᠵᠶ᠋ᠠᠷ ᠰᠤᠷᠤᠭᠴᠢᠳ᠎ᠤᠨ ᠦᠰᠦᠨ ᠪᠣᠶ᠋ᠢᠵᠢᠯᠲᠠ ᠵᠢᠨ ᠪᠠᠶ᠋ᠢᠳᠠᠯ᠎ᠢ ᠳᠦᠷᠰᠦᠯᠡᠨ ᠲᠣᠭ᠋ᠠᠴᠢᠵᠤ ᠪᠣᠯᠤᠨ᠎ᠠ᠃ ᠪᠤᠰᠤᠳᠴᠢ ᠦᠨᠡᠯᠡᠯᠲᠡ᠎ᠳᠤ ᠭᠤᠤᠯᠳᠠᠭᠤ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠠᠭᠤᠯᠭ᠎ᠠ ᠵᠢᠨ ᠲᠣᠭᠣᠷᠢᠨ᠎ᠳᠤ ᠰᠤᠷᠤᠭᠴᠢᠳ᠎ᠤᠨ ᠤᠯᠤᠰ᠎ᠤᠨ ᠬᠢᠴᠢᠶᠡᠯ᠂ ᠣᠷᠣᠨ ᠨᠤᠲᠤᠭ᠎ᠤᠨ ᠬᠢᠴᠢᠶᠡᠯ᠂ ᠰᠤᠷᠭ᠋ᠠᠭᠤᠯᠢ ᠵᠢᠨ ᠬᠢᠴᠢᠶᠡᠯ᠎ᠤᠨ ᠰᠤᠷᠤᠯᠴᠠᠯᠭ᠎ᠠ᠎ᠳᠤ ᠣᠷᠣᠯᠴᠠᠭᠰᠠᠨ ᠪᠠᠶ᠋ᠢᠳᠠᠯ ᠵᠢᠴᠢ ᠡᠯ᠎ᠡ ᠱᠠᠲᠤᠨ᠎ᠤ ᠡᠯ᠎ᠡ ᠲᠥᠷᠥᠯ᠎ᠤᠨ ᠠᠵᠢᠯᠯᠠᠭ᠎ᠠ᠎ᠳᠤ ᠣᠷᠣᠯᠴᠠᠭ᠋ᠠᠳ ᠣᠯᠤᠭᠰᠠᠨ ᠪᠡᠯᠭᠡ ᠲᠡᠮᠲᠡᠭᠲᠦ ᠴᠢᠨᠠᠷᠲᠠᠶ ᠦᠷ᠎ᠡ ᠪᠦᠲᠦᠭᠡᠯ ᠵᠡᠷᠭᠡ ᠬᠡᠮᠵᠢᠵᠦ ᠪᠣᠯᠬᠤ᠂ ᠬᠡᠮᠵᠢᠶᠡᠯᠡᠵᠦ ᠪᠣᠯᠬᠤ ᠠᠭᠤᠯᠭ᠎ᠠ᠎ᠳᠤ ᠦᠨᠡᠯᠡᠯᠲᠡ ᠬᠢᠨ᠎ᠠ᠃
5 . ᠦᠨᠡᠯᠡᠯᠲᠡ ᠵᠢᠨ ᠬᠡᠷᠡᠭᠵᠢᠭᠦᠯᠦᠯᠲᠡ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠷᠭ᠋ᠠᠭᠤᠯᠢ ᠳᠥᠷᠪᠡᠨ ᠱᠠᠲᠤᠨ᠎ᠤ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢ ᠵᠣᠬᠢᠶᠠᠨ ᠪᠠᠶ᠋ᠢᠭᠤᠯᠬᠤ᠂ ᠬᠡᠷᠡᠭᠵᠢᠭᠦᠯᠬᠦ ᠪᠠ ᠬᠠᠮᠢᠶᠠᠷᠬᠤ ᠲᠤᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠬᠠᠮᠵᠢᠯᠴᠠᠨ ᠨᠠᠶ᠋ᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ 《ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢ ᠬᠡᠷᠡᠭᠵᠢᠭᠦᠯᠬᠦ ᠰᠠᠨᠠᠯ》 ᠪᠣᠯᠤᠨ 《ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢ ᠬᠡᠷᠡᠭᠵᠢᠭᠦᠯᠬᠦ ᠵᠦᠭᠯᠡᠭᠦᠷ》᠎ᠢ ᠠᠰᠲᠤᠨᠢ ᠲᠣᠭᠲᠠᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠦᠨᠡᠯᠡᠬᠦ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠠᠶ᠋ᠢᠮᠠᠭ ᠬᠣᠲᠠ ᠵᠢᠨ᠎ᠬᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ) ᠲᠤᠰ ᠲᠤᠰ ᠬᠡᠷᠡᠭᠵᠢᠭᠦᠯᠬᠦ ᠲᠥᠰᠦᠯ ᠲᠣᠭᠲᠠᠭ᠋ᠠᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠠᠴᠠ ᠪᠣᠳᠠᠲᠠᠶ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ 《ᠨᠢᠭᠡ ᠰᠤᠷᠭ᠋ᠠᠭᠤᠯᠢ ᠨᠢᠭᠡ ᠠᠷᠭ᠎ᠠ ᠪᠣᠳᠤᠯᠭ᠎ᠠ》 ᠵᠢ ᠪᠡᠶᠡᠯᠡᠭᠦᠯᠬᠦ ᠬᠡᠷᠡᠭᠲᠡᠶ᠃ 2022 ᠣᠨ᠎ᠤ 9 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠨᠠᠮᠤᠷ᠎ᠤᠨ ᠤᠯᠠᠷᠢᠯ᠎ᠳᠤ ᠰᠤᠷᠭ᠋ᠠᠭᠤᠯᠢ᠎ᠳᠤ ᠣᠷᠣᠬᠤ ᠳᠣᠯᠣᠳᠤᠭ᠋ᠠᠷ ᠣᠨ᠎ᠳᠤ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ 2025 ᠣᠨ ᠪᠣᠯᠬᠤ᠎ᠳᠤ᠂ ᠪᠦᠬᠦ ᠣᠷᠣᠨ᠎ᠳᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠳ᠋ᠦᠩ᠎ᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ ᠲᠡᠭᠦᠰᠬᠦ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ ᠦᠨᠳᠦᠰᠦᠨ ᠦᠨᠳᠦᠰᠦᠯᠡᠯ ᠪᠣᠯᠭ᠋ᠠᠬᠤ ᠬᠠᠷᠠᠯᠲᠠ ᠵᠢ ᠪᠡᠶᠡᠯᠡᠭᠦᠯᠦᠨ᠎ᠡ᠃
6 . ᠳ᠋ᠦᠩ᠎ᠤᠨ ᠢᠯᠡᠷᠡᠭᠦᠯᠦᠯᠲᠡ ᠪᠠ ᠬᠡᠷᠡᠭᠯᠡᠯᠲᠡ᠃ ᠰᠣᠷᠣᠭᠴᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠡᠴᠦᠰ᠎ᠤᠨ ᠦᠷ᠎ᠡ ᠳ᠋ᠦᠩ᠎ᠢ 《ᠦᠨᠡᠯᠡᠯᠲᠡ + ᠲᠠᠰ》 ᠪᠤᠶᠤ 《ᠲᠠᠰ》᠎ᠤᠨ ᠬᠡᠯᠪᠡᠷᠢ᠎ᠪᠠᠷ ᠢᠯᠡᠷᠡᠭᠦᠯᠵᠦ᠂ A (ᠰᠢᠯᠢᠳᠡᠭ)᠂ B (ᠰᠠᠶ᠋ᠢᠨ)᠂ C (ᠬᠢᠷᠢ ᠲᠡᠩᠴᠡᠭᠰᠡᠨ)᠂ D (ᠬᠢᠷᠢ ᠲᠡᠩᠴᠡᠭᠰᠡᠨ ᠥᠬᠡᠶ) ᠭᠡᠵᠦ ᠳᠥᠷᠪᠡᠨ ᠳᠡᠰ ᠬᠤᠪᠢᠶᠠᠨ᠎ᠠ᠃ 2022 ᠣᠨ᠎ᠠᠴᠠ 2024 ᠣᠨ ᠪᠣᠯᠲᠠᠯᠠᠬᠢ ᠰᠢᠯᠵᠢᠯᠲᠡ ᠵᠢᠨ ᠬᠤᠭᠤᠴᠠᠭ᠋ᠠᠨ᠎ᠳᠤ᠂ ᠨᠥᠬᠥᠴᠡᠯ ᠪᠦᠷᠢᠯᠳᠦᠭᠦᠯᠦᠭᠰᠡᠨ ᠠᠶ᠋ᠢᠮᠠᠭ ᠬᠣᠲᠠ᠎ᠨᠢ ᠤᠷᠢᠳ ᠵᠶ᠋ᠠᠷ ᠲᠤᠷᠰᠢᠯᠲᠠ ᠬᠢᠵᠦ ᠳᠠᠷᠠᠭ᠎ᠠ᠎ᠨᠢ ᠳᠡᠯᠭᠡᠷᠡᠭᠦᠯᠬᠦ ᠵᠠᠷᠴᠢᠮ ᠶᠣᠰᠤ᠎ᠪᠠᠷ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠳ᠋ᠦᠩ᠎ᠢ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠣᠷᠣᠭᠴᠢ ᠡᠯᠰᠡᠬᠦ ᠵᠢᠨ ᠯᠠᠪᠯᠠᠯᠲᠠ ᠪᠤᠶᠤ ᠦᠨᠳᠦᠰᠦᠯᠡᠯ ᠪᠣᠯᠭ᠋ᠠᠬᠤ ᠵᠢ ᠢᠳᠡᠪᠬᠢᠲᠡᠶ᠎ᠪᠠᠷ ᠰᠦᠪᠡᠭᠴᠢᠯᠡᠨ᠎ᠡ᠃
(ᠭᠤᠷᠪᠠ) ᠰᠤᠷᠤᠭᠴᠢ ᠡᠯᠰᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ
ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠪᠠ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠳ᠋ᠦᠩ ᠵᠶ᠋ᠠᠷ ᠦᠨᠳᠦᠰᠦᠨ ᠦᠨᠳᠦᠰᠦᠯᠡᠯ ᠪᠣᠯᠭ᠋ᠠᠭᠰᠠᠨ ᠰᠤᠷᠤᠭᠴᠢ ᠡᠯᠰᠡᠬᠦ ᠵᠠᠭᠪᠤᠷ᠎ᠢ ᠢᠳᠡᠪᠬᠢᠲᠡᠢ ᠪᠠᠶ᠋ᠢᠭᠤᠯᠵᠤ᠂ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠪᠠᠶ᠋ᠢᠷᠢ ᠲᠣᠭᠲᠠᠭ᠋ᠠᠯᠲᠠ ᠪᠠ ᠣᠨᠴᠠᠯᠢᠭ᠎ᠢ ᠦᠨᠳᠦᠰᠦᠯᠡᠨ ᠰᠤᠷᠭ᠋ᠠᠭᠤᠯᠢ ᠵᠢᠨ ᠰᠤᠷᠤᠭᠴᠢ ᠡᠯᠰᠡᠬᠦ ᠪᠠᠷᠢᠮᠵᠢᠶ᠎ᠠ ᠵᠢ ᠲᠣᠭᠲᠠᠭ᠋ᠠᠵᠤ᠂ ᠨᠢᠭᠡᠳᠦᠯᠲᠡᠢ ᠡᠯᠰᠡᠬᠦ᠂ ᠬᠤᠪᠢᠶᠠᠷᠢᠯᠠᠨ ᠡᠯᠰᠡᠬᠦ ᠪᠠ ᠡᠵᠡᠨ ᠮᠡᠳᠡᠵᠦ ᠰᠤᠷᠤᠭᠴᠢ ᠡᠯᠰᠡᠬᠦ ᠵᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠵᠢᠭᠦᠯᠦᠭᠰᠡᠨ ᠡᠯᠰᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃
1 . ᠨᠢᠭᠡᠳᠦᠯᠲᠡᠶ ᠡᠯᠰᠡᠬᠦ ᠠᠷᠭ᠎ᠠ ᠵᠢ ᠥᠭᠡᠷᠡᠴᠢᠯᠡᠨ᠎ᠡ᠃ ᠬᠤᠪᠢ᠂ ᠬᠤᠪᠢ + ᠳᠡᠰ᠂ ᠳᠡᠰ ᠵᠶ᠋ᠠᠷ ᠣᠯᠠᠨ ᠡᠰᠢᠵᠢᠭᠦᠯᠦᠭᠰᠡᠨ ᠬᠢᠷᠢ ᠪᠦᠲᠦᠮᠵᠢ ᠵᠢ ᠢᠯᠡᠷᠡᠭᠦᠯᠬᠦ ᠠᠷᠭ᠎ᠠ ᠮᠠᠶᠢᠭ᠎ᠢ ᠢᠳᠡᠪᠬᠢᠲᠡᠶ ᠰᠦᠪᠡᠭᠴᠢᠯᠡᠨ ᠬᠡᠷᠡᠭᠯᠡᠵᠦ ᠡᠯᠰᠡᠨ ᠠᠪᠴᠤ᠂ ᠨᠥᠬᠥᠴᠡᠯ᠎ᠲᠠᠢ ᠠᠶ᠋ᠢᠮᠠᠭ ᠬᠣᠲᠠ ᠵᠢᠨ 《ᠳᠡᠰ》 ᠵᠶ᠋ᠠᠷ ᠢᠯᠡᠷᠡᠭᠦᠯᠬᠦ ᠵᠢ ᠰᠦᠪᠡᠭᠴᠢᠯᠡᠨ ᠬᠡᠷᠡᠭᠵᠢᠭᠦᠯᠬᠦ ᠵᠢ ᠵᠣᠷᠢᠭᠵᠢᠭᠤᠯᠵᠤ᠂ ᠬᠤᠪᠢ ᠵᠢᠨ ᠮᠠᠷᠭᠤᠯᠳᠤᠭ᠋ᠠᠨ᠎ᠢ ᠳᠡᠪᠴᠢᠵᠦ᠂ ᠬᠡᠲᠦᠷᠬᠡᠶ ᠥᠷᠢᠰᠥᠯᠳᠦᠬᠦ᠎ᠠᠴᠠ ᠵᠠᠢ᠌ᠯᠠᠰᠬᠢᠵᠤ᠂ ᠰᠤᠷᠤᠭᠴᠢᠳ᠎ᠤᠨ ᠳᠠᠷᠤᠭ᠋ᠠᠰᠤ ᠵᠢ ᠬᠥᠩᠭᠡᠷᠡᠭᠦᠯᠦᠨ᠎ᠡ᠃ ᠨᠥᠬᠥᠴᠡᠯ ᠪᠦᠷᠢᠯᠳᠦᠭᠦᠯᠦᠭᠰᠡᠨ ᠠᠶ᠋ᠢᠮᠠᠭ ᠬᠣᠲᠠ᠎ᠨᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠶ᠋ᠠᠷ ᠵᠦᠪᠰᠢᠶᠡᠷᠡᠭᠦᠯᠦᠨ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠡᠯᠰᠡᠬᠦ ᠬᠤᠪᠢ ᠵᠢ ᠲᠡᠮᠳᠡᠭᠯᠡᠬᠦ ᠬᠢᠴᠢᠶᠡᠯ ᠲᠥᠷᠥᠯ᠎ᠤᠨ ᠲᠤᠷᠰᠢᠯᠲᠠ ᠵᠢᠨ ᠠᠵᠢᠯ᠎ᠢ ᠥᠷᠨᠢᠭᠦᠯᠵᠦ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ ᠪᠠ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠢᠨ ᠬᠢᠴᠢᠶᠡᠯ ᠲᠥᠷᠥᠯ᠎ᠠᠴᠠ ᠪᠤᠰᠤᠳ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠪᠠ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠬᠠᠮᠲᠤᠳᠤᠨᠢ ᠬᠠᠷᠠᠭ᠋ᠠᠯᠵᠠᠵᠤ᠂ ᠳᠠᠷᠤᠭ᠋ᠠᠰᠤ ᠵᠢ ᠵᠣᠬᠢᠰᠲᠠᠢ ᠪᠠᠶ᠋ᠢᠯᠭ᠋ᠠᠬᠤ ᠵᠠᠷᠴᠢᠮ ᠶᠣᠰᠤ᠎ᠪᠠᠷ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ᠎ᠠᠴᠠ ᠬᠡᠰᠡᠭ ᠬᠢᠴᠢᠶᠡᠯ ᠲᠥᠷᠥᠯ᠎ᠢ ᠰᠣᠩᠭᠣᠵᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠬᠤᠪᠢ ᠲᠡᠮᠳᠡᠭᠯᠡᠬᠦ ᠪᠤᠶᠤ ᠳᠡᠰ ᠵᠶ᠋ᠠᠷ ᠦᠨᠡᠯᠡᠬᠦ ᠬᠢᠴᠢᠶᠡᠯ ᠲᠥᠷᠥᠯ ᠪᠣᠯᠭ᠋ᠠᠨ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠪᠣᠯᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠦᠷ᠎ᠡ ᠳ᠋ᠦᠩ᠎ᠢ ᠪᠣᠳᠠᠲᠠᠶ ᠬᠡᠷᠡᠭᠯᠡᠬᠦ ᠠᠷᠭ᠎ᠠ ᠵᠢ ᠲᠣᠭᠲᠠᠭ᠋ᠠᠬᠤ ᠵᠢᠨ ᠬᠠᠮᠲᠤ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠰᠠᠳ᠂ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠦᠷ᠎ᠡ ᠳ᠋ᠦᠩ᠎ᠢ ᠵᠠᠷᠴᠢᠮ ᠳᠡᠭᠡᠷ᠎ᠡ᠎ᠪᠠᠨ B ᠲᠠᠰ᠎ᠠᠴᠠ ᠳᠡᠭᠡᠭᠰᠢ ᠪᠠᠶ᠋ᠢᠯᠭ᠋ᠠᠬᠤ ᠬᠡᠷᠡᠭᠲᠡᠶ; ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠤᠰᠤᠳ ᠱᠠᠲᠤᠨ᠎ᠤ ᠰᠤᠷᠭ᠋ᠠᠭᠤᠯᠢ᠎ᠳᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠵᠢᠨ ᠶᠡᠷᠦᠩᠬᠡᠢ᠌ᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠦᠷ᠎ᠡ ᠳ᠋ᠦᠩ᠎ᠨᠢ ᠵᠠᠷᠴᠢᠮ ᠳᠡᠭᠡᠷ᠎ᠡ᠎ᠪᠠᠨ C ᠳᠡᠰ᠎ᠠᠴᠠ ᠳᠡᠭᠡᠭᠰᠢ ᠪᠠᠶ᠋ᠢᠬᠤ ᠬᠡᠷᠡᠭᠲᠡᠶ᠃
2 . ᠬᠤᠪᠢᠶᠠᠷᠢᠯᠠᠨ ᠡᠯᠰᠡᠬᠦ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢᠨ ᠦᠢ᠍ᠯᠡᠳᠦᠯ᠎ᠢ ᠪᠠᠳᠠᠷᠠᠭᠤᠯᠤᠨ᠎ᠠ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠤᠪᠢᠶᠠᠷᠢᠯᠠᠨ ᠡᠯᠰᠡᠬᠦ ᠣᠷᠣᠨ ᠲᠣᠭ᠎ᠠ ᠵᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ᠎ᠤᠨ ᠲᠣᠭ᠎ᠠ᠎ᠪᠠᠷ ᠭᠤᠤᠯ ᠦᠨᠳᠦᠰᠦᠯᠡᠯ ᠪᠣᠯᠭ᠋ᠠᠵᠤ᠂ ᠰᠤᠷᠭ᠋ᠠᠭᠤᠯᠢ ᠵᠢᠨ ᠬᠥᠮᠦᠨ᠎ᠢ ᠬᠥᠮᠦᠵᠢᠭᠦᠯᠬᠦ ᠴᠢᠨᠠᠷ ᠴᠢᠨᠰᠠᠭ᠎ᠠ᠂ ᠰᠤᠷᠭ᠋ᠠᠭᠤᠯᠢ ᠡᠷᠭᠢᠯᠡᠬᠦ ᠣᠨᠴᠠᠯᠢᠭ᠂ ᠬᠢᠴᠢᠶᠡᠯ ᠨᠡᠭᠡᠭᠡᠭᠰᠡᠨ ᠪᠠᠶ᠋ᠢᠳᠠᠯ ᠵᠡᠷᠭᠡ ᠬᠦᠴᠦᠨ ᠵᠦᠢ᠍ᠯ᠎ᠲᠠᠢ ᠤᠶᠠᠯᠳᠤᠭᠤᠯᠤᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠵᠦᠶ ᠵᠣᠬᠢᠰᠲᠠᠶ ᠬᠤᠪᠢᠶᠠᠷᠢᠯᠠᠵᠤ᠂ ᠬᠤᠪᠢᠶᠠᠷᠢᠯᠠᠨ ᠡᠯᠰᠡᠬᠦ ᠣᠷᠣᠨ ᠲᠣᠭ᠎ᠠ ᠵᠢ ᠬᠣᠲᠠ ᠪᠠᠯᠭ᠋ᠠᠰᠤᠨ᠎ᠤ ᠪᠠᠭᠤᠷᠠᠶ ᠰᠤᠷᠭ᠋ᠠᠭᠤᠯᠢ᠂ ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠭᠤᠯᠢ ᠲᠡᠢ᠌ᠰᠢ ᠬᠡᠯᠪᠡᠶ᠋ᠢᠯᠭᠡᠬᠦ ᠬᠡᠷᠡᠭᠲᠡᠶ᠃ ᠠᠳᠠᠯᠢ ᠪᠤᠰᠤ ᠲᠥᠷᠥᠯ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠤᠪᠢᠶᠠᠷᠢᠯᠠᠨ ᠡᠯᠰᠡᠬᠦ ᠬᠠᠷᠢᠴᠠᠯ᠎ᠢ ᠵᠦᠢ ᠵᠣᠬᠢᠰᠲᠠᠶ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠠᠭᠤᠷᠢᠶᠠᠯ ᠦᠵᠡᠭᠦᠯᠬᠦ ᠴᠢᠨᠠᠷᠲᠠᠶ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠴᠢ ᠬᠠᠷᠢᠶ᠎ᠠ ᠭᠠᠵᠠᠷ᠎ᠤᠨ ᠴᠢᠨᠠᠷᠯᠢᠭ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠤᠪᠢᠶᠠᠷᠢᠯᠠᠨ ᠡᠯᠰᠡᠬᠦ ᠣᠷᠣᠨ ᠲᠣᠭ᠎ᠠ ᠵᠢ ᠬᠤᠪᠢᠶᠠᠷᠢᠯᠠᠬᠤ ᠬᠠᠷᠢᠴᠠᠯ᠎ᠢ ᠵᠠᠷᠴᠢᠮ ᠳᠡᠭᠡᠷ᠎ᠡ᠎ᠪᠠᠨ 50 % - 70 %᠎ᠠᠴᠠ ᠳᠣᠣᠷ᠎ᠠ ᠪᠠᠶ᠋ᠢᠯᠭ᠋ᠠᠬᠤ ᠦᠭᠡᠶ ᠪᠠᠶ᠋ᠢᠬᠤ ᠵᠢᠨ ᠬᠠᠮᠲᠤ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠤᠪᠢᠶᠠᠷᠢᠯᠠᠨ ᠡᠯᠰᠡᠬᠦ ᠭᠦᠢ᠍ᠴᠡᠳᠭᠡᠯ ᠲᠣᠭ᠋ᠠᠨ᠎ᠤ ᠪᠣᠳᠠᠲᠠᠶ ᠬᠤᠪᠢᠶᠠᠷᠢᠯᠠᠬᠤ ᠠᠷᠭ᠎ᠠ ᠵᠢ ᠠᠶ᠋ᠢᠮᠠᠭ ᠬᠣᠲᠠ᠎ᠠᠴᠠ ᠪᠣᠳᠠᠲᠠᠶ᠎ᠲᠠᠢ᠎ᠪᠠᠨ ᠤᠶᠠᠯᠳᠤᠭᠤᠯᠤᠨ ᠵᠦᠶ ᠵᠣᠬᠢᠰᠲᠠᠶ ᠲᠣᠭᠲᠠᠭ᠋ᠠᠬᠤ ᠵᠢᠨ ᠬᠠᠮᠲᠤ ᠰᠤᠷᠭ᠋ᠠᠭᠤᠯᠢ ᠵᠢᠨ ᠬᠥᠭᠵᠢᠯᠲᠡ ᠵᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠤᠨ᠎ᠠ᠃ ᠨᠥᠬᠥᠴᠡᠯ᠎ᠲᠠᠢ ᠠᠶ᠋ᠢᠮᠠᠭ ᠬᠣᠲᠠ ᠵᠢᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠥᠬᠥ ᠭᠦᠢ᠍ᠴᠡᠳᠭᠡᠯ ᠲᠣᠭ᠎ᠠ ᠵᠢ ᠰᠤᠷᠭ᠋ᠠᠭᠤᠯᠢ᠎ᠳᠤ ᠥᠭᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠥᠷᠨᠢᠭᠦᠯᠬᠦ ᠵᠢ ᠵᠣᠷᠢᠭᠵᠢᠭᠤᠯᠤᠨ᠎ᠠ᠃
3 . ᠡᠵᠡᠨ ᠮᠡᠳᠡᠵᠦ ᠰᠤᠷᠤᠭᠴᠢ ᠡᠯᠰᠡᠬᠦ ᠵᠢ ᠳᠦᠷᠢᠮᠵᠢᠭᠦᠯᠦᠨ᠎ᠡ᠃ ᠨᠥᠬᠥᠴᠡᠯ ᠪᠦᠷᠢᠳᠦᠭᠦᠯᠦᠭᠰᠡᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ᠎ᠬᠢᠨ ᠡᠵᠡᠨ ᠮᠡᠳᠡᠵᠦ ᠰᠤᠷᠤᠭᠴᠢ ᠡᠯᠰᠡᠬᠦ ᠲᠤᠷᠰᠢᠯᠲᠠ ᠵᠢᠨ ᠴᠡᠭ᠎ᠢ ᠭᠤᠶᠤᠴᠢᠯᠠᠵᠤ᠂ ᠰᠤᠷᠤᠭᠴᠢ ᠡᠯᠰᠡᠬᠦ ᠳᠦᠷᠢᠮ ᠪᠣᠯᠤᠨ ᠰᠤᠷᠤᠭᠴᠢ ᠬᠥᠮᠦᠵᠢᠭᠦᠯᠬᠦ ᠲᠥᠰᠦᠯ᠎ᠢ ᠲᠣᠭᠲᠠᠭ᠋ᠠᠨ᠂ ᠰᠤᠷᠤᠭᠴᠢ ᠡᠯᠰᠡᠬᠦ ᠲᠥᠷᠥᠯ᠂ ᠲᠣᠭ᠎ᠠ᠂ ᠪᠠᠷᠢᠮᠵᠢᠶ᠎ᠠ ᠵᠢᠴᠢ ᠬᠡᠪᠴᠢᠶ᠎ᠡ᠂ ᠨᠥᠬᠥᠴᠡᠯ ᠪᠣᠯᠤᠨ ᠳᠡᠰ ᠳᠠᠷᠠᠭ᠋ᠠᠯᠠᠯ ᠵᠡᠷᠭᠡ ᠠᠭᠤᠯᠭ᠎ᠠ᠎ᠪᠠᠨ ᠨᠠᠷᠢᠨ ᠲᠣᠳᠣᠷᠬᠠᠶ ᠵᠢᠭᠰᠠᠭ᠋ᠠᠵᠤ᠂ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠵᠢᠨ ᠬᠠᠮᠲᠤ ᠤᠷᠢᠳᠴᠢᠯᠠᠨ ᠨᠡᠶ᠋ᠢᠭᠡᠮ᠎ᠳᠤ ᠨᠡᠢ᠌ᠲᠡᠯᠡᠨ᠎ᠡ᠃ ᠡᠵᠡᠨ ᠮᠡᠳᠡᠵᠦ ᠰᠣᠷᠣᠭᠴᠢ ᠡᠯᠰᠡᠬᠦ᠎ᠳᠤ ᠭᠤᠤᠯᠳᠠᠭᠤ ᠬᠢᠴᠢᠶᠡᠯ ᠲᠥᠷᠥᠯ᠎ᠤᠨ ᠣᠨᠴᠠ ᠴᠢᠳᠠᠪᠤᠷᠢ᠎ᠲᠠᠢ ᠪᠤᠶᠤ ᠰᠢᠨ᠎ᠡ ᠵᠢ ᠡᠭᠦᠳᠬᠦ ᠨᠢᠭᠤᠴᠠ ᠴᠢᠨᠰᠠᠭ᠋ᠠᠲᠤ ᠰᠣᠷᠣᠭᠴᠢ ᠵᠢ ᠡᠯᠰᠡᠬᠦ ᠪᠥᠭᠡᠳ ᠰᠤᠷᠤᠭᠴᠢ ᠵᠢᠨ ᠲᠣᠭ᠋ᠠᠨ᠎ᠤ ᠤᠬᠠᠭ᠋ᠠᠨ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ᠂ ᠤᠷᠠᠯᠢᠭ᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠢᠴᠢ ᠭᠦᠨ ᠤᠬᠠᠭ᠋ᠠᠨ᠂ ᠲᠡᠦᠬᠡ᠂ ᠡᠷᠲᠡᠨ᠎ᠤ ᠥᠰᠥᠭ ᠪᠢᠴᠢᠭ ᠵᠡᠷᠭᠡ ᠬᠢᠴᠢᠶᠡᠯ ᠲᠥᠷᠥᠯ᠎ᠤᠨ ᠬᠡᠪ ᠪᠣᠯᠪᠠᠰᠤᠷᠠᠯ ᠵᠶ᠋ᠠᠷ ᠨᠡᠯᠢᠶᠡᠳ ᠥᠨᠳᠥᠷ᠂ ᠣᠨᠴᠠᠭ᠋ᠠᠶ ᠪᠠᠶ᠋ᠢᠪᠠᠯ ᠰᠠᠶᠢ ᠨᠡᠯᠢᠶᠡᠳ ᠲᠣᠪᠣᠶ᠋ᠢᠮ᠎ᠠ᠎ᠳᠤ ᠲᠣᠭ᠋ᠠᠴᠢᠭᠳᠠᠵᠤ᠂ ᠨᠢᠭᠤᠴᠠ ᠴᠢᠨᠰᠠᠭ᠎ᠠ᠎ᠪᠠᠷ ᠨᠡᠯᠢᠶᠡᠳ ᠶᠡᠬᠡ ᠤᠶᠤᠲᠠᠨᠤ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠣᠯᠠᠨ ᠶᠠᠩᠵᠤᠴᠢᠯᠠᠭᠰᠠᠨ ᠣᠨᠴᠠᠯᠢᠭᠲᠤ ᠰᠤᠷᠭ᠋ᠠᠭᠤᠯᠢ ᠡᠷᠭᠢᠯᠡᠬᠦ ᠵᠢ ᠠᠬᠢᠭᠤᠯᠤᠨ᠎ᠠ᠃ ᠡᠵᠡᠨ ᠮᠡᠳᠡᠵᠦ ᠰᠤᠷᠤᠭᠴᠢ ᠡᠯᠰᠡᠬᠦ ᠬᠥᠮᠦᠨ᠎ᠤ ᠲᠣᠭ᠋ᠠᠨ᠎ᠤ ᠬᠠᠷᠢᠴᠠᠯ᠎ᠢ ᠵᠠᠷᠴᠢᠮ ᠳᠡᠭᠡᠷ᠎ᠡ᠎ᠪᠠᠨ ᠲᠤᠰ ᠰᠤᠷᠭ᠋ᠠᠭᠤᠯᠢ ᠵᠢᠨ ᠵᠢᠯ᠎ᠤᠨ ᠰᠤᠷᠤᠭᠴᠢ ᠡᠯᠰᠡᠬᠦ ᠲᠥᠯᠥᠪᠯᠡᠭᠡ ᠵᠢᠨ 5 %- 6 % ᠵᠢᠨ ᠳᠣᠲᠣᠷ᠎ᠠ ᠬᠢᠵᠠᠭ᠋ᠠᠷᠯᠠᠵᠤ᠂ ᠪᠣᠳᠠᠲᠠᠶ ᠬᠠᠷᠢᠴᠠᠯ ᠵᠢᠴᠢ ᠰᠤᠷᠤᠭᠴᠢ ᠡᠯᠰᠡᠬᠦ ᠠᠷᠭ᠎ᠠ ᠮᠠᠶᠢᠭ ᠵᠡᠷᠭᠡ ᠵᠢ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
4 . ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠵᠢ ᠢᠳᠡᠪᠬᠢᠲᠡᠶ᠎ᠪᠠᠷ ᠬᠥᠲᠥᠯᠥᠨ ᠵᠢᠯᠣᠭᠣᠳᠤᠨ᠎ᠠ᠃ ᠭᠠᠷ ᠣᠷᠣᠬᠤ ᠴᠢᠳᠠᠪᠤᠷᠢ᠎ᠪᠠᠷ ᠴᠢᠩᠭ᠎ᠠ᠂ ᠠᠵᠢᠯ ᠮᠡᠷᠭᠡᠵᠢᠯ᠎ᠳᠤ ᠬᠠᠨᠳᠤᠭᠰᠠᠨ ᠰᠤᠷᠤᠭᠴᠢᠳ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠬᠦᠷᠲᠡᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ᠂ ᠥᠨᠳᠥᠷ ᠮᠡᠳᠡᠯᠭᠡ ᠪᠣᠯᠪᠠᠰᠤᠷᠠᠯ᠎ᠲᠠᠢ ᠤᠷ᠎ᠠ ᠴᠢᠳᠠᠪᠤᠷᠢᠲᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠰᠠᠭᠤᠷᠢ ᠲᠠᠯᠪᠢᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠲᠣᠰ ᠬᠤᠭᠤᠴᠠᠭ᠋ᠠᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ᠎ᠢ ᠡᠯᠰᠡᠵᠦ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ᠎ᠲᠠᠢ ᠵᠡᠷᠭᠡ᠎ᠪᠠᠷ ᠶᠠᠪᠤᠭᠳᠠᠭᠤᠯᠤᠨ᠎ᠠ᠃ ᠮᠠᠰᠲ᠋ᠧᠷ᠎ᠤᠨ ᠳᠡᠭᠡᠳᠦ ᠰᠤᠷᠭ᠋ᠠᠭᠤᠯᠢ᠂ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠨᠢᠭᠡᠳᠦᠯᠲᠡᠶ ᠰᠤᠷᠤᠭᠴᠢ ᠡᠯᠰᠡᠬᠦ ᠲᠠᠪᠴᠠᠩ᠎ᠳᠤ ᠣᠷᠣᠭᠤᠯᠤᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠣᠷᠣᠨ ᠪᠦᠰᠡ ᠠᠯᠤᠰᠯᠠᠨ ᠰᠤᠷᠤᠭᠴᠢ ᠡᠯᠰᠡᠬᠦ ᠥᠭᠡᠷᠡᠴᠢᠯᠡᠯᠲᠡ ᠵᠢ ᠢᠳᠡᠪᠬᠢᠲᠡᠶ ᠯᠠᠪᠳᠠᠭᠤᠨ ᠵᠶ᠋ᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠪᠠᠶ᠋ᠢᠷᠢᠯᠠᠭᠤᠯᠤᠯᠲᠠ ᠪᠣᠯᠤᠨ ᠣᠷᠣᠨ ᠪᠦᠰᠡ ᠵᠢᠨ ᠠᠵᠤ ᠦᠢ᠍ᠯᠡᠰ᠎ᠤᠨ ᠪᠦᠲᠦᠴᠡ ᠵᠢ ᠦᠨᠳᠦᠰᠦᠯᠡᠨ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠠᠶ᠋ᠢᠮᠠᠭ ᠬᠣᠲᠠ ᠠᠯᠤᠰᠯᠠᠨ ᠰᠤᠷᠤᠭᠴᠢ ᠡᠯᠰᠡᠬᠦ ᠠᠵᠢᠯ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ ᠰᠢᠯᠭ᠋ᠠᠭᠤᠯᠬᠤ ᠦᠭᠡᠶ᠎ᠪᠠᠷ ᠳᠠᠩᠰᠠᠯᠠᠭᠤᠯᠵᠤ ᠰᠤᠷᠭ᠋ᠠᠭᠤᠯᠢ᠎ᠳᠤ ᠣᠷᠣᠬᠤ ᠵᠡᠷᠭᠡ ᠠᠷᠭ᠎ᠠ ᠮᠠᠶᠢᠭ᠎ᠢ ᠠᠪᠴᠤ ᠠᠩᠬ᠎ᠠ ᠵᠡᠷᠭᠡ ᠵᠢᠨ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠡᠳ ᠰᠤᠷᠭ᠋ᠠᠭᠤᠯᠢ ᠳᠡᠪᠰᠢᠭᠡᠳᠦᠶ ᠰᠤᠷᠤᠭᠴᠢ᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠳ᠂ ᠪᠡᠶ᠎ᠡ ᠵᠢᠨ ᠲᠠᠮᠢᠷ᠎ᠤᠨ ᠮᠡᠷᠭᠡᠵᠢᠯ᠎ᠤᠨ ᠠᠯᠪᠠᠨ᠎ᠠᠴᠠ ᠪᠠᠭᠤᠭᠰᠠᠨ ᠲᠠᠮᠢᠷᠴᠢᠨ᠂ ᠠᠵᠢᠯ᠎ᠤᠨ ᠪᠠᠶ᠋ᠢᠷᠢ᠎ᠠᠴᠠ᠎ᠪᠠᠨ ᠪᠠᠭᠤᠭᠰᠠᠨ ᠠᠵᠢᠯᠲᠠᠨ ᠠᠵᠢᠯᠴᠢᠨ᠂ ᠨᠤᠲᠤᠭ᠎ᠲᠤ᠎ᠪᠠᠨ ᠪᠤᠴᠠᠭᠰᠠᠨ ᠬᠦᠴᠦᠨ᠎ᠤ ᠲᠠᠷᠢᠶᠠᠴᠢᠨ ᠵᠡᠷᠭᠡ ᠵᠢ ᠡᠯᠰᠡᠵᠦ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠭᠦᠷᠲᠡᠭᠡᠨ᠎ᠡ᠃
ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠲᠤ ᠰᠢᠨ᠎ᠡ ᠵᠢ ᠡᠭᠦᠳᠴᠦ᠂ 《3 + 3》 (ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 3 ᠵᠢᠯ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 3 ᠵᠢᠯ)᠂ 《3 + 2》 (ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 3 ᠵᠢᠯ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 2 ᠵᠢᠯ)᠂ ᠲᠠᠪᠤᠨ ᠵᠢᠯ᠎ᠤᠨ ᠲᠦᠷᠢᠮᠲᠦ (ᠳᠤᠮᠳᠠ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ 5 ᠵᠢᠯ᠎ᠤᠨ ᠳᠦᠷᠢᠮᠲᠦ) ᠵᠡᠷᠭᠡ ᠳᠤᠮᠳᠠ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠢ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠢᠳᠡᠪᠬᠢᠲᠡᠢ ᠰᠦᠪᠡᠭᠴᠢᠯᠡᠨ᠎ᠡ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠣᠷᠣᠭᠴᠢ ᠡᠯᠰᠡᠬᠦ ᠵᠢ ᠲᠠᠰ ᠬᠤᠪᠢᠶᠠᠨ ᠲᠥᠷᠥᠯ ᠬᠤᠪᠢᠶᠠᠨ ᠬᠡᠯᠪᠡᠷᠢ᠎ᠪᠠᠨ ᠬᠤᠪᠢᠷᠠᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠠᠳᠠᠯᠢ ᠪᠤᠰᠤ ᠬᠥᠭᠵᠢᠯᠲᠡ ᠵᠢᠨ ᠨᠢᠭᠤᠴᠠ ᠴᠢᠨᠰᠠᠭ᠋ᠠᠲᠤ ᠰᠤᠷᠤᠭᠴᠢᠳ᠎ᠲᠤ ᠡᠩ᠎ᠤᠨ ᠪᠠ ᠠᠵᠢᠯ ᠮᠡᠷᠭᠡᠵᠢᠯ᠎ᠤᠨ ᠠᠭᠤᠰᠤᠯᠴᠠᠭᠰᠠᠨ ᠴᠢᠳᠠᠪᠤᠷᠢᠲᠠᠨ ᠪᠣᠯᠬᠤ ᠵᠦᠷᠢᠯᠢᠭ ᠬᠥᠭᠥᠷᠭᠡ ᠵᠢ ᠪᠠᠢ᠌ᠭᠤᠯᠵᠤ ᠥᠭᠭᠦᠨ᠎ᠡ᠃
《ᠬᠡᠨ ᠭᠣᠣᠯᠴᠢᠯᠠᠨ ᠬᠠᠮᠢᠶᠠᠷᠪᠠᠯ ᠬᠡᠨ ᠬᠢᠨᠠᠨ ᠵᠥᠪᠰᠢᠶᠡᠷᠡᠵᠦ᠂ ᠬᠡᠨ ᠬᠠᠷᠢᠭᠤᠴᠠᠬᠤ》 ᠵᠠᠷᠴᠢᠮ ᠶᠣᠰᠤ᠎ᠪᠠᠷ ᠡᠯ᠎ᠡ ᠠᠶ᠋ᠢᠮᠠᠭ ᠬᠣᠲᠠ ᠵᠢᠨ᠎ᠬᠢᠨ ᠳᠤᠮᠲᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠣᠷᠰᠢᠶᠠᠯᠠᠨ ᠰᠤᠷᠭ᠋ᠠᠭᠤᠯᠢ ᠡᠷᠬᠢᠯᠡᠬᠦ᠂ ᠬᠠᠮᠲᠤᠷᠠᠨ ᠰᠤᠷᠤᠭᠴᠢ ᠡᠯᠰᠡᠬᠦ ᠵᠢ ᠬᠢᠨᠠᠬᠤ᠂ ᠳᠠᠩᠰᠠᠯᠠᠭᠤᠯᠬᠤ᠂ ᠬᠢᠨᠠᠨ ᠬᠠᠮᠢᠶᠠᠷᠬᠤ ᠪᠠ ᠵᠢᠯᠣᠭᠣᠳᠬᠤ ᠵᠡᠷᠭᠡ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠢ᠃
(ᠳᠥᠷᠪᠡ) ᠰᠤᠷᠤᠭᠴᠢ ᠡᠯᠰᠡᠬᠦ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠳᠦᠷᠢᠮᠵᠢᠭᠦᠯᠦᠨ᠎ᠡ
1 . ᠰᠤᠷᠤᠭᠴᠢ ᠡᠯᠰᠡᠬᠦ ᠲᠥᠯᠥᠪᠯᠡᠭᠡ ᠵᠢ ᠵᠦᠢ ᠵᠣᠬᠢᠰᠲᠠᠶ ᠨᠠᠶ᠋ᠢᠷᠠᠭᠤᠯᠤᠨ ᠵᠣᠬᠢᠶᠠᠨ᠎ᠠ᠃ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠬᠡᠷᠡᠭᠴᠡᠭᠡ ᠱᠠᠭ᠋ᠠᠷᠳᠠᠯᠭ᠎ᠠ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠦᠨ ᠰᠤᠷᠤᠭᠴᠢ ᠡᠯᠰᠡᠬᠦ ᠠᠵᠢᠯ᠎ᠤᠨ ᠱᠠᠭ᠋ᠠᠷᠳᠠᠯᠭ᠎ᠠ ᠶᠣᠰᠤ᠎ᠪᠠᠷ ᠣᠷᠣᠨ ᠪᠦᠰᠡ᠎ᠳᠠᠬᠢ ᠰᠤᠷᠭ᠋ᠠᠭᠤᠯᠢ ᠵᠢᠨ ᠪᠠᠢ᠌ᠷᠢᠰᠢᠯᠠᠭᠤᠯᠤᠯᠲᠠ᠂ ᠵᠤᠬᠢᠬᠤ ᠰᠤᠷᠭ᠋ᠠᠭᠤᠯᠢ ᠵᠢᠨ ᠬᠡᠪᠴᠢᠶ᠎ᠡ ᠪᠣᠯᠤᠨ ᠠᠩᠭᠢ ᠵᠢᠨ ᠲᠣᠭ᠎ᠠ᠂ ᠰᠤᠷᠭ᠋ᠠᠭᠤᠯᠢ ᠵᠢᠨ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠵᠢᠴᠢ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠣᠯᠤᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠲᠡᠩᠴᠡᠭᠦᠷᠢᠲᠡᠶ ᠵᠣᠬᠢᠴᠠᠩᠭᠤᠶ ᠬᠥᠭᠵᠢᠭᠦᠯᠬᠦ ᠵᠠᠷᠴᠢᠮ᠎ᠢ ᠦᠨᠳᠦᠰᠦᠯᠡᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠬᠢᠨᠠᠨ ᠬᠠᠷᠭᠤᠭᠤᠯᠬᠤ ᠵᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ᠃
2 . ᠰᠣᠷᠣᠭᠴᠢ ᠡᠯᠰᠡᠬᠦ ᠲᠣᠬᠢᠶᠠᠯ᠎ᠢ ᠭᠤᠤᠯᠴᠢ ᠪᠠᠶ᠋ᠢᠯᠭ᠋ᠠᠬᠤ ᠵᠢ ᠪᠠᠲᠤᠯᠠᠨ᠎ᠠ᠃ ᠠᠯᠪᠠᠨ᠎ᠠᠴᠠ ᠡᠷᠬᠢᠯᠡᠭᠰᠡᠨ ᠪᠠ ᠠᠷᠠᠳ᠎ᠠᠴᠠ ᠡᠷᠬᠢᠯᠡᠭᠰᠡᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠨᠤᠭᠤᠳ 《ᠵᠡᠷᠭᠡ᠎ᠪᠠᠷ ᠨᠡᠷ᠎ᠡ ᠮᠡᠳᠡᠭᠦᠯᠬᠦ᠂ ᠵᠡᠷᠭᠡ᠎ᠪᠠᠷ ᠰᠢᠯᠭ᠋ᠠᠬᠤ᠂ ᠵᠡᠷᠭᠡ᠎ᠪᠠᠷ ᠡᠯᠰᠡᠬᠦ》 ᠵᠠᠷᠴᠢᠮ ᠶᠣᠰᠤ᠎ᠪᠠᠷ ᠰᠤᠷᠤᠭᠴᠢ ᠡᠯᠰᠡᠨ᠎ᠡ᠃ ᠬᠢᠨᠠᠨ ᠬᠠᠷᠭᠤᠭᠤᠯᠤᠭᠰᠠᠨ ᠰᠤᠷᠤᠭᠴᠢ ᠡᠯᠰᠡᠬᠦ ᠲᠥᠯᠥᠪᠯᠡᠭᠡ ᠵᠢ ᠴᠢᠩᠭ᠎ᠠ ᠵᠢᠷᠤᠮᠯᠠᠨ ᠰᠤᠷᠤᠭᠴᠢ ᠡᠯᠰᠡᠬᠦ ᠠᠵᠢᠯ᠎ᠢ ᠥᠷᠨᠢᠭᠦᠯᠵᠦ᠂ 《ᠬᠠᠷᠢᠶ᠎ᠠ ᠭᠠᠵᠠᠷ᠎ᠲᠤᠨᠢ ᠰᠤᠷᠤᠭᠴᠢ ᠡᠯᠰᠡᠬᠦ》 ᠵᠠᠷᠴᠢᠮ᠎ᠢ ᠦᠨᠳᠦᠰᠦᠯᠡᠨ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠨᠤᠭᠤᠳ ᠳᠣᠭᠲᠠᠭ᠋ᠠᠭᠰᠠᠨ ᠣᠷᠣᠨ ᠪᠦᠰᠡ᠎ᠠᠴᠠ ᠰᠤᠷᠤᠭᠴᠢ ᠡᠯᠰᠡᠵᠦ᠂ ᠳᠡᠭᠡᠳᠦ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠰᠡᠨ ᠦᠭᠡᠶ ᠪᠣᠯ ᠣᠷᠣᠨ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠶ᠃ ᠰᠤᠷᠭ᠋ᠠᠭᠤᠯᠢ ᠵᠢᠨ ᠬᠠᠷᠢᠶᠠᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ 《ᠬᠥᠮᠦᠨ ᠠᠮᠠ ᠵᠢᠨ ᠬᠠᠷᠢᠶ᠎ᠠ ᠵᠢ ᠨᠢᠭᠡᠳᠬᠡᠬᠦ》ᠵᠢ ᠪᠡᠶᠡᠯᠡᠭᠦᠯᠦᠨ᠎ᠡ᠃
ᠡᠯ᠎ᠡ ᠭᠠᠵᠠᠷ᠎ᠤᠨ᠎ᠬᠢᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠲᠥᠷᠥᠯ ᠬᠤᠪᠢᠶᠠᠨ ᠬᠥᠭᠵᠢᠭᠦᠯᠬᠦ ᠪᠠᠶ᠋ᠢᠷᠢ ᠲᠣᠭᠲᠠᠭ᠋ᠠᠯᠲᠠ᠎ᠲᠠᠢ ᠤᠶᠠᠯᠳᠤᠭᠤᠯᠤᠨ᠂ 2024 ᠣᠨ ᠪᠣᠯᠬᠤ᠎ᠳᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠠᠷᠢᠶ᠎ᠠ ᠭᠠᠵᠠᠷ᠎ᠲᠠᠬᠢ ᠰᠣᠷᠣᠭᠴᠢ ᠡᠯᠰᠡᠬᠦ ᠠᠷᠭ᠎ᠠ ᠵᠢ ᠪᠥᠷᠢᠨ ᠭᠦᠢ᠍ᠴᠡᠳ ᠲᠡᠭᠦᠯᠳᠡᠷᠵᠢᠭᠦᠯᠦᠨ᠎ᠡ᠃
3 . ᠬᠤᠪᠢ ᠨᠡᠮᠡᠬᠦ ᠲᠥᠰᠦᠯ᠎ᠤᠨ ᠬᠠᠮᠢᠶᠠᠷᠤᠯᠲᠠ ᠵᠢ ᠴᠢᠩᠳᠠᠯᠠᠨ᠎ᠠ᠃ ᠬᠤᠪᠢ ᠨᠡᠮᠡᠬᠦ ᠲᠥᠰᠦᠯ ᠪᠠ ᠪᠣᠳᠠᠲᠠᠢ ᠨᠡᠮᠡᠬᠦ ᠬᠤᠪᠢ ᠵᠢ ᠴᠢᠩᠭ᠎ᠠ ᠬᠢᠵᠠᠭ᠋ᠠᠷᠯᠠᠵᠤ᠂ 《ᠲᠥᠰᠦᠯ ᠬᠠᠰᠤᠬᠤ᠂ ᠬᠤᠪᠢ ᠪᠠᠭᠤᠷᠠᠭᠤᠯᠬᠤ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ 2025 ᠣᠨ ᠪᠣᠯᠬᠤ᠎ᠳᠤ᠂ ᠪᠡᠶ᠎ᠡ ᠵᠢᠨ ᠲᠠᠮᠢᠷ᠂ ᠤᠷᠠᠯᠢᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠡᠷᠭᠡ ᠱᠠᠩᠨᠠᠯ᠎ᠤᠨ ᠲᠥᠷᠥᠯ᠎ᠳᠤ ᠬᠤᠪᠢ ᠨᠡᠮᠡᠬᠦ ᠲᠥᠰᠦᠯ᠎ᠢ ᠬᠦᠴᠦᠨ ᠥᠬᠡᠶ ᠪᠣᠯᠭ᠋ᠠᠵᠤ᠂ ᠬᠣᠯᠪᠤᠭᠳᠠᠬᠤ ᠣᠨᠴᠠ ᠴᠢᠳᠠᠪᠤᠷᠢ ᠪᠠ ᠢᠯᠡᠷᠡᠯ ᠵᠡᠷᠭᠡ ᠵᠢ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠎ᠳᠤ ᠪᠤᠳᠤᠵᠤ ᠣᠷᠣᠭᠤᠯᠤᠨ᠎ᠠ᠃ ᠠᠶ᠋ᠢᠮᠠᠭ ᠬᠣᠲᠠ ᠵᠢᠨ ᠡᠵᠡᠨ ᠮᠡᠳᠡᠵᠦ ᠬᠤᠪᠢ ᠨᠡᠮᠡᠬᠦ ᠲᠥᠰᠦᠯ᠎ᠢ ᠳᠦᠷᠢᠮᠵᠢᠭᠦᠯᠵᠦ᠂ ᠰᠢᠯᠭ᠋ᠠᠭᠤᠯᠤᠭᠴᠢ ᠵᠢᠨ ᠬᠤᠪᠢ ᠨᠡᠮᠡᠬᠦ ᠬᠢᠷᠢ ᠬᠡᠮ᠎ᠢ ᠬᠢᠨᠠᠨ ᠪᠠᠢ᠌ᠴᠠᠭ᠋ᠠᠵᠤ ᠢᠯᠡ ᠨᠡᠶ᠋ᠢᠲᠡᠯᠡᠬᠦ ᠲᠦᠷᠢᠮ᠎ᠢ ᠲᠡᠭᠦᠯᠳᠡᠷᠵᠢᠭᠦᠯᠦᠨ᠎ᠡ᠃ ᠪᠣᠳᠠᠲᠠᠶ ᠬᠤᠪᠢ ᠨᠡᠮᠡᠬᠦ ᠲᠥᠰᠦᠯ ᠪᠣᠯᠤᠨ ᠪᠣᠳᠠᠲᠠᠢ ᠨᠡᠮᠡᠬᠦ ᠬᠤᠪᠢ ᠵᠢ ᠡᠯ᠎ᠡ ᠠᠶ᠋ᠢᠮᠠᠭ ᠬᠣᠲᠠ ᠵᠢᠨ᠎ᠬᠢᠨ ᠤᠯᠤᠰ᠎ᠤᠨ ᠬᠣᠯᠪᠤᠭᠳᠠᠬᠤ ᠲᠣᠭᠲᠠᠭ᠋ᠠᠯ ᠶᠣᠰᠤ᠎ᠪᠠᠷ ᠥᠪᠡᠰᠦᠪᠡᠨ ᠲᠣᠭᠲᠠᠭ᠋ᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠦᠨ ᠳᠠᠩᠰᠠᠯᠠᠭᠤᠯᠤᠨ᠎ᠠ᠃
4 . ᠰᠤᠷᠤᠯᠭ᠎ᠠ ᠵᠢᠨ ᠬᠢᠷᠢ ᠪᠦᠲᠦᠮᠵᠢ ᠵᠢᠨ ᠬᠠᠮᠢᠶᠠᠷᠤᠯᠲᠠ ᠵᠢ ᠳᠦᠷᠢᠮᠵᠢᠭᠦᠯᠦᠨ᠎ᠡ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠭ᠋ᠠᠭᠤᠯᠢ ᠳᠡᠪᠰᠢᠬᠦ ᠭᠦᠢ᠍ᠴᠡᠳᠭᠡᠯ ᠲᠣᠭ᠎ᠠ ᠵᠢ ᠪᠠᠭᠤᠯᠭ᠋ᠠᠵᠤ ᠪᠣᠯᠬᠤ ᠦᠭᠡᠶ᠂ 《ᠬᠤᠪᠢ ᠵᠢ ᠯᠠ ᠡᠷᠬᠢᠮᠯᠡᠬᠦ》᠂ 《ᠰᠤᠷᠭ᠋ᠠᠭᠤᠯᠢ ᠲᠡᠪᠰᠢᠬᠦ ᠵᠢ ᠯᠠ ᠡᠷᠬᠢᠮᠯᠡᠬᠦ》 ᠬᠡᠯᠪᠡᠷᠢᠯ᠎ᠢ ᠡᠷᠡᠰ ᠲᠡᠪᠴᠢᠵᠦ᠂ ᠰᠢᠯᠭ᠋ᠠᠯᠲᠠ ᠵᠢᠨ ᠬᠢᠷᠢ ᠪᠦᠲᠦᠮᠵᠢ᠎ᠪᠠᠷ ᠰᠤᠷᠭ᠋ᠠᠭᠤᠯᠢ ᠪᠣᠯᠤᠨ ᠪᠠᠭᠰᠢ ᠨᠠᠷ᠎ᠢ ᠵᠢᠭᠰᠠᠭ᠋ᠠᠬᠤ ᠵᠢ ᠡᠷᠡᠰ ᠬᠣᠷᠢᠭᠯᠠᠵᠤ᠂ ᠶᠠᠮᠠᠷᠪᠠ ᠬᠡᠯᠪᠡᠷᠢ᠎ᠪᠠᠷ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠨᠠᠷ᠎ᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ᠎ᠪᠠᠷ ᠰᠠᠶ᠋ᠢᠰᠢᠶᠠᠨ ᠬᠥᠬᠢᠭᠦᠯᠵᠦ ᠪᠣᠯᠬᠤ ᠦᠭᠡᠶ᠃ ᠰᠢᠯᠭ᠋ᠠᠯᠲᠠ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠵᠢᠨ ᠡᠯ᠎ᠡ ᠵᠦᠢ᠍ᠯ᠎ᠤᠨ ᠬᠥᠭᠡᠷᠭᠡᠳᠡᠬᠦ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠵᠤ᠂ ᠰᠦᠯᠵᠢᠶ᠎ᠡ᠂ ᠡᠯᠧᠺᠲᠷᠣᠨ ᠳᠡᠯᠭᠡᠴᠡ᠂ ᠬᠥᠨᠳᠡᠯᠡᠨ ᠪᠢᠴᠢᠭᠡᠰᠦ᠂ ᠦᠵᠡᠭᠦᠯᠭᠡ ᠵᠢᠨ ᠰᠠᠮᠪᠠᠷ᠎ᠠ᠂ ᠬᠤᠪᠢ ᠵᠢᠨ ᠵᠠᠭᠤᠴᠢᠯᠠᠭᠤᠷ ᠵᠡᠷᠭᠡ ᠠᠷᠭ᠎ᠠ ᠵᠠᠮ᠎ᠢ ᠠᠰᠢᠭᠯᠠᠨ ᠰᠤᠷᠭ᠋ᠠᠭᠤᠯᠢ ᠳᠡᠪᠰᠢᠭᠰᠡᠨ ᠨᠣᠷᠮ᠎ᠠ᠂ 《ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠯᠲᠠ ᠵᠢᠨ ᠮᠠᠩᠯᠠᠶ》 ᠵᠡᠷᠭᠡ ᠵᠢ ᠤᠬᠠᠭᠤᠯᠬᠤ ᠵᠢ ᠴᠢᠩᠭ᠎ᠠ ᠬᠣᠷᠢᠭᠯᠠᠨ᠎ᠠ᠃
5 . ᠡᠯᠰᠡᠬᠦ ᠪᠦᠯᠦᠭ ᠤᠳᠠᠭ᠎ᠠ ᠵᠢ ᠳᠦᠷᠢᠮᠵᠢᠭᠦᠯᠦᠨ᠎ᠡ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠰᠦᠯᠵᠢᠶ᠎ᠡ᠎ᠪᠠᠷ ᠰᠤᠷᠤᠭᠴᠢ ᠡᠯᠰᠡᠬᠦ ᠵᠢ ᠬᠡᠷᠡᠭᠵᠢᠭᠦᠯᠵᠦ᠂ ᠪᠦᠯᠦᠭ ᠤᠳᠠᠭ᠎ᠠ ᠬᠤᠪᠢᠶᠠᠨ ᠶᠠᠪᠤᠭᠳᠠᠭᠤᠯᠤᠨ᠎ᠠ᠃ ᠵᠠᠷᠴᠢᠮ ᠳᠡᠭᠡᠷ᠎ᠡ᠎ᠪᠠᠨ ᠳᠥᠷᠪᠡᠨ ᠪᠦᠯᠦᠭ ᠤᠳᠠᠭ᠎ᠠ ᠬᠤᠪᠢᠶᠠᠵᠤ᠂ ᠡᠯ᠎ᠡ ᠪᠦᠯᠦᠭ ᠤᠳᠠᠭ᠎ᠠ ᠵᠢ ᠴᠥᠮ ᠵᠡᠷᠭᠡᠴᠡᠭᠡ ᠡᠷᠡᠮᠡᠯᠵᠡᠵᠦ᠂ ᠡᠯ᠎ᠡ ᠠᠶ᠋ᠢᠮᠠᠭ ᠬᠣᠲᠠ ᠵᠢᠨ᠎ᠬᠢᠨ ᠪᠣᠳᠠᠲᠠᠶ᠎ᠲᠠᠢ᠎ᠪᠠᠨ ᠤᠶᠠᠯᠳᠤᠭᠤᠯᠤᠨ ᠵᠣᠬᠢᠰᠲᠠᠶ ᠲᠣᠬᠢᠷᠠᠭᠤᠯᠬᠤ ᠵᠢᠨ ᠬᠠᠮᠲᠤ ᠪᠣᠳᠠᠲᠠᠶ ᠬᠡᠷᠡᠭᠵᠢᠭᠦᠯᠬᠦ ᠲᠥᠰᠦᠯ᠎ᠢ ᠳᠣᠭᠲᠠᠭ᠋ᠠᠨ᠎ᠠ᠃
(1) ᠤᠷᠢᠳᠴᠢᠯᠠᠨ ᠡᠯᠰᠡᠬᠦ ᠪᠦᠯᠦᠭ ᠤᠳᠠᠭ᠎ᠠ᠄ ᠣᠨᠴᠠᠯᠢᠭᠲᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠲᠤᠰᠬᠠᠶ ᠲᠥᠯᠥᠪᠯᠡᠭᠡ᠂ ᠤᠷᠠᠯᠢᠭ ᠪᠡᠶ᠎ᠡ ᠵᠢᠨ ᠲᠠᠮᠢᠷ᠎ᠤᠨ ᠣᠨᠴᠠ ᠴᠢᠳᠠᠪᠤᠷᠢᠲᠤ ᠰᠤᠷᠤᠭᠴᠢ ᠪᠣᠯᠤᠨ ᠪᠦᠬᠦ ᠣᠷᠣᠨ᠎ᠳᠤ ᠬᠠᠨᠳᠤᠭᠤᠯᠤᠨ ᠰᠤᠷᠤᠭᠴᠢ ᠡᠯᠰᠡᠬᠦ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠰᠤᠷᠤᠭᠴᠢ ᠡᠯᠰᠡᠨ᠎ᠡ᠃
(2) ᠨᠢᠭᠡᠳᠦᠭᠡᠷ ᠪᠦᠯᠦᠭ ᠤᠳᠠᠭ᠎ᠠ᠄ ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠠᠶ᠋ᠢᠮᠠᠭ ᠬᠣᠲᠠ ᠵᠢᠨ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠴᠢᠨᠠᠷᠯᠢᠭ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠳᠠᠭᠤᠷᠢᠶᠠᠯ ᠦᠵᠡᠭᠦᠯᠬᠦ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠰᠣᠷᠣᠭᠴᠢ ᠡᠯᠰᠡᠨ᠎ᠡ᠃
(3) ᠬᠣᠶᠠᠳᠤᠭ᠋ᠠᠷ ᠪᠦᠯᠦᠭ ᠤᠳᠠᠭ᠎ᠠ᠄ ᠪᠤᠰᠤᠳ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠰᠣᠷᠣᠭᠴᠢ ᠡᠯᠰᠡᠨ᠎ᠡ᠃
(4) ᠭᠤᠷᠪᠠᠳᠤᠭ᠋ᠠᠷ ᠪᠦᠯᠦᠭ ᠤᠳᠠᠭ᠎ᠠ᠄ 《3 + 3》᠂ 《3 + 2》 ᠵᠢᠴᠢ ᠲᠠᠪᠤᠨ ᠵᠢᠯ᠎ᠤᠨ ᠳᠦᠷᠢᠮᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠰᠣᠷᠣᠭᠴᠢ ᠡᠯᠰᠡᠨ᠎ᠡ᠃
ᠡᠯ᠎ᠡ ᠠᠶ᠋ᠢᠮᠠᠭ ᠬᠣᠲᠠ ᠵᠢᠨ ᠰᠢᠨ᠎ᠡ᠎ᠪᠠᠷ ᠪᠠᠶ᠋ᠢᠭᠤᠯᠬᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠬᠡᠪᠴᠢᠶ᠎ᠡ᠂ ᠡᠯᠰᠡᠬᠦ ᠪᠦᠯᠦᠭ ᠤᠳᠠᠭ᠎ᠠ ᠵᠡᠷᠭᠡ ᠲᠠᠯ᠎ᠠ᠎ᠪᠠᠷ ᠣᠨᠴᠠᠭ᠋ᠠᠢ ᠳᠡᠮᠵᠢᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ 3-6 ᠵᠢᠯ᠎ᠤᠨ ᠰᠢᠯᠵᠢᠯᠲᠡ ᠵᠢᠨ ᠬᠤᠭᠤᠴᠠᠭ᠎ᠠ ᠲᠣᠬᠢᠷᠠᠭᠤᠯᠵᠤ᠂ ᠰᠢᠨ᠎ᠡ᠎ᠪᠠᠷ ᠪᠠᠶ᠋ᠢᠭᠤᠯᠬᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠨᠢᠭᠡ ᠵᠢ ᠪᠠᠢ᠌ᠭᠤᠯᠪᠠᠯ᠂ ᠨᠢᠭᠡ ᠵᠢ ᠪᠥᠲᠦᠭᠡᠵᠦ᠂ ᠨᠢᠭᠡ ᠵᠢ 《ᠠᠯᠳᠠᠷᠰᠢᠭᠤᠯᠬᠤ》 ᠵᠢ ᠠᠬᠢᠭᠤᠯᠤᠨ᠎ᠠ᠃
ᠲᠠᠪᠤ᠂ ᠪᠠᠲᠤᠯᠠᠭ᠋ᠠᠨ᠎ᠤ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ
ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠠᠵᠢᠯ᠎ᠤᠨ ᠤᠳᠤᠷᠢᠳᠤᠯᠭ᠎ᠠ᠂ ᠵᠣᠬᠢᠶᠠᠨ ᠪᠠᠢ᠌ᠭᠤᠯᠬᠤ ᠪᠠ ᠬᠢᠨᠠᠯᠲᠠ ᠲᠠᠯᠪᠢᠬᠤ᠎ᠪᠠᠨ ᠦᠨᠡᠨ ᠬᠦ᠌ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠡᠯ᠎ᠡ ᠲᠥᠷᠥᠯ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ ᠵᠢ ᠨᠢᠭᠡᠳᠦᠯᠲᠡᠶ ᠲᠥᠯᠥᠪᠯᠡᠨ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠱᠠᠲᠤᠨ᠎ᠤ ᠵᠢᠭ᠋ᠠᠬᠤ ᠵᠢ ᠰᠤᠳᠤᠯᠬᠤ ᠪᠠᠶ᠋ᠢᠭᠤᠯᠤᠮᠵᠢ᠎ᠨᠤᠭᠤᠳ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠴᠢ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠠᠵᠢᠯ᠎ᠤᠨ ᠰᠤᠳᠤᠯᠭ᠋ᠠᠨ᠂ ᠵᠢᠯᠣᠭᠣᠳᠣᠯᠭ᠎ᠠ ᠪᠠ ᠦᠨᠡᠯᠡᠯᠲᠡ᠎ᠪᠠᠨ ᠴᠢᠩᠭ᠋ᠠᠳᠬᠠᠵᠤ᠂ ᠬᠣᠯᠪᠤᠭᠳᠠᠬᠤ ᠰᠤᠷᠭ᠋ᠠᠭᠤᠯᠢ ᠵᠢᠨ᠎ᠬᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠲᠥᠷᠥ ᠵᠢᠨ ᠪᠣᠳᠣᠯᠭ᠎ᠠ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠥᠭᠡᠷᠡᠴᠢᠯᠡᠯᠲᠡ ᠵᠢᠨ ᠵᠥᠪ ᠲᠠᠯ᠎ᠠ ᠵᠢᠨ ᠤᠬᠠᠭᠤᠯᠭ᠎ᠠ᠎ᠪᠠᠷ ᠳᠠᠮᠵᠢᠭᠤᠯᠤᠨ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠬᠤ ᠬᠡᠷᠡᠭᠲᠡᠶ᠃ ᠬᠣᠯᠪᠤᠭᠳᠠᠬᠤ ᠰᠠᠯᠠᠭ᠎ᠠ ᠮᠥᠴᠢᠷ᠎ᠤᠨ᠎ᠬᠢᠨ ᠬᠣᠯᠪᠤᠭᠳᠠᠬᠤ ᠠᠵᠢᠯ᠎ᠢ ᠢᠳᠡᠪᠬᠢᠲᠡᠶ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
(ᠬᠣᠶᠠᠷ) ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ
ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠵᠢᠭ᠋ᠠᠨ ᠰᠤᠷᠭ᠋ᠠᠯᠲᠠ ᠵᠢᠨ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂ ᠤᠯᠤᠰ᠎ᠠᠴᠠ ᠲᠣᠭᠲᠠᠭ᠋ᠠᠭᠰᠠᠨ ᠡᠯ᠎ᠡ ᠲᠥᠷᠥᠯ᠎ᠤᠨ ᠬᠢᠴᠢᠶᠡᠯ᠎ᠢ ᠪᠦᠷᠢᠨ ᠭᠦᠢ᠍ᠴᠡᠳ ᠪᠥᠭᠡᠳ ᠰᠠᠶ᠋ᠢᠲᠤᠷ ᠨᠡᠭᠡᠭᠡᠵᠦ᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ᠂ ᠤᠷᠠᠯᠢᠭ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠳᠡᠯᠮᠦᠷᠢ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠎ᠠ ᠵᠡᠷᠭᠡ ᠬᠢᠴᠢᠶᠡᠯ᠎ᠤᠨ ᠬᠢᠴᠢᠶᠡᠯᠯᠡᠬᠦ ᠴᠠᠭ᠎ᠢ ᠪᠠᠭ᠋ᠠᠰᠬᠠᠬᠤ ᠵᠢ ᠴᠢᠩᠭ᠎ᠠ ᠬᠣᠷᠢᠭᠯᠠᠬᠤ ᠬᠡᠷᠡᠭᠲᠡᠶ᠃ ᠴᠢᠳᠠᠪᠤᠷᠢᠲᠠᠨ᠎ᠢ ᠬᠥᠮᠦᠵᠢᠭᠦᠯᠬᠦ ᠦᠵᠡᠯᠲᠡ᠎ᠪᠠᠨ ᠬᠤᠪᠢᠷᠠᠭᠤᠯᠵᠤ᠂ ᠲᠣᠭ᠋ᠠᠵᠢᠭᠤᠯᠤᠭᠰᠠᠨ ᠣᠷᠴᠢᠨ ᠲᠣᠭᠣᠷᠢᠨ᠎ᠳᠠᠬᠢ ᠰᠢᠨ᠎ᠡ ᠮᠠᠶᠢᠭ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠰᠢᠨ᠎ᠡ ᠵᠢ ᠡᠭᠦᠳᠴᠦ᠂ ᠵᠢᠭ᠋ᠠᠬᠤ ᠪᠠ ᠰᠤᠷᠬᠤ ᠵᠢᠨ ᠴᠤᠪᠤᠷᠠᠯ᠎ᠢ ᠳᠠᠬᠢᠨ ᠪᠠᠶ᠋ᠢᠭᠤᠯᠵᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠥᠭᠵᠢᠭᠦᠯᠦᠨ᠎ᠡ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠢᠴᠢᠶᠡᠯ᠎ᠢ ᠬᠡᠷᠡᠭᠵᠢᠭᠦᠯᠬᠦ ᠴᠢᠨᠠᠷ ᠴᠢᠨᠰᠠᠭ᠎ᠠ ᠪᠣᠯᠤᠨ ᠪᠦᠲᠦᠮᠵᠢᠲᠦ ᠴᠢᠨᠠᠷ᠎ᠢ ᠲᠣᠭᠲᠠᠮᠠᠯ ᠬᠤᠭᠤᠴᠠᠭ᠋ᠠᠲᠠᠢ ᠬᠢᠨᠠᠨ ᠰᠢᠯᠭ᠋ᠠᠵᠤ ᠦᠨᠡᠯᠡᠨ ᠵᠢᠱ᠌ᠢᠬᠦ ᠬᠡᠷᠡᠭᠲᠡᠶ᠃
(ᠭᠤᠷᠪᠠ) ᠪᠠᠲᠤᠯᠠᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ
ᠥᠪᠡᠷᠲᠡᠭᠡᠨ ᠵᠠᠰᠠᠬᠤ ᠣᠷᠣᠨ᠎ᠠᠴᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠰᠡᠳᠦᠪ᠎ᠤᠨ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠤᠰᠬᠠᠶ᠋ᠢᠵᠢᠭᠰᠠᠨ ᠰᠡᠳᠦᠪ ᠭᠠᠷᠭ᠋ᠠᠬᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠰᠢᠯᠭ᠋ᠠᠯᠲᠠ ᠵᠢᠨ ᠰᠡᠳᠦᠪ ᠭᠠᠷᠭ᠋ᠠᠬᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠵᠢ ᠦᠨᠡᠨ ᠬᠦ᠌ ᠪᠠᠲᠤᠯᠠᠨ᠎ᠠ᠃ ᠰᠡᠳᠦᠪ ᠭᠠᠷᠭ᠋ᠠᠬᠤ᠂ ᠳᠠᠷᠤᠮᠠᠯᠯᠠᠬᠤ᠂ ᠲᠡᠭᠡᠭᠡᠪᠦᠷᠢᠯᠡᠨ ᠬᠦᠷᠭᠡᠬᠦ᠂ ᠰᠢᠯᠭ᠋ᠠᠬᠤ᠂ ᠰᠢᠯᠭ᠋ᠠᠯᠲᠠ ᠵᠢᠨ ᠰᠡᠳᠦᠪ ᠬᠢᠨᠠᠬᠤ᠂ ᠰᠤᠷᠤᠭᠴᠢ ᠡᠯᠰᠡᠬᠦ ᠵᠡᠷᠭᠡ ᠭᠣᠭᠴᠤᠭ᠋ᠠᠨ᠎ᠤ ᠨᠢᠭᠤᠴᠠ ᠵᠢ ᠬᠠᠮᠠᠭ᠋ᠠᠯᠠᠬᠤ ᠱᠠᠭ᠋ᠠᠷᠳᠠᠯᠭ᠎ᠠ ᠵᠢ ᠴᠢᠩᠳᠠᠯᠠᠵᠤ᠂ ᠰᠢᠯᠭ᠋ᠠᠯᠲᠠ ᠵᠢᠨ ᠰᠡᠳᠦᠪ ᠪᠣᠯᠤᠨ ᠰᠢᠯᠭ᠋ᠠᠯᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠵᠠᠷᠤᠳᠠᠯ᠂ ᠣᠷᠣᠨ ᠲᠣᠭ᠋ᠠᠨ᠎ᠤ ᠪᠠᠲᠤᠯᠠᠭ᠎ᠠ ᠵᠢ ᠴᠢᠩᠭ᠋ᠠᠳᠬᠠᠬ᠍ᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠴᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠬᠡᠷᠡᠭᠰᠡᠬᠦ ᠪᠠᠭᠰᠢ᠂ ᠪᠠᠢ᠌ᠷᠢ ᠲᠠᠯᠠᠪᠤᠷ ᠵᠢᠴᠢ ᠬᠣᠯᠪᠤᠭᠳᠠᠬᠤ ᠪᠡᠯᠡᠳᠬᠡᠮᠵᠢ ᠲᠥᠬᠥᠭᠡᠷᠦᠮᠵᠢ᠂ ᠬᠣᠷᠣᠭᠳᠠᠯ᠎ᠤᠨ ᠴᠢᠨᠠᠷᠲᠠᠶ ᠲᠤᠷᠰᠢᠯᠲᠠ ᠵᠢᠨ ᠮᠠᠲ᠋ᠧᠷᠢᠶᠠᠯ᠎ᠤᠨ ᠲᠣᠬᠢᠷᠠᠭᠤᠯᠤᠯᠲᠠ ᠬᠢᠭᠡᠳ ᠬᠠᠩᠭ᠋ᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠰᠡᠳᠦᠪ ᠭᠠᠷᠭ᠋ᠠᠭᠰᠠᠨ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠨᠢᠭᠡᠳᠦᠯᠲᠡᠶ ᠪᠣᠯᠭ᠋ᠠᠨ᠎ᠠ; ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠰᠢᠯᠭ᠋ᠠᠯᠲᠠ (ᠪᠠᠢ᠌ᠴᠠᠭ᠋ᠠᠬᠤ) ᠵᠢᠨ ᠬᠢᠴᠢᠶᠡᠯ ᠲᠥᠷᠥᠯ᠎ᠢ ᠡᠵᠡᠨ ᠮᠡᠳᠡᠨ ᠵᠣᠬᠢᠶᠠᠨ ᠪᠠᠶ᠋ᠢᠭᠤᠯᠵᠤ᠂ ᠵᠠᠷᠤᠳᠠᠯ᠎ᠤᠨ ᠵᠦᠢ᠍ᠯ᠎ᠢ ᠡᠵᠡᠨ ᠮᠡᠳᠡᠨ ᠲᠣᠭᠲᠠᠭ᠋ᠠᠵᠤ᠂ ᠰᠦᠢ᠍ᠳᠭᠡᠯ ᠬᠤᠷᠢᠶᠠᠬᠤ ᠵᠢ ᠬᠡᠷᠡᠭᠵᠢᠭᠦᠯᠵᠦ ᠪᠠᠶ᠋ᠢᠭ᠎ᠠ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠲᠣᠭᠲᠠᠭ᠋ᠠᠨ᠎ᠠ᠃ ᠰᠢᠯᠭ᠋ᠠᠯᠲᠠ ᠵᠢᠨ ᠪᠠᠶ᠋ᠢᠭᠤᠯᠤᠮᠵᠢ᠂ ᠰᠢᠯᠭ᠋ᠠᠯᠲᠠ ᠵᠢᠨ ᠶᠠᠪᠤᠳᠠᠯ᠎ᠤᠨ ᠵᠣᠬᠢᠶᠠᠨ ᠪᠠᠶ᠋ᠢᠭᠤᠯᠤᠯᠲᠠ᠂ ᠰᠤᠷᠤᠭᠴᠢ ᠡᠯᠰᠡᠬᠦ ᠵᠡᠷᠭᠡ ᠲᠠᠯ᠎ᠠ ᠵᠢᠨ ᠦᠨᠳᠦᠰᠦᠨ ᠴᠢᠳᠠᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠣᠲᠠ ᠵᠢᠨ᠎ᠬᠢᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠂ ᠲᠤᠷᠰᠢᠯᠲᠠ ᠵᠢᠨ ᠠᠵᠢᠯᠯᠠᠭ᠋ᠠᠨ᠎ᠤ ᠰᠢᠯᠭ᠋ᠠᠯᠲᠠ᠂ ᠪᠡᠶ᠎ᠡ ᠮᠠᠬᠠᠪᠤᠳ ᠪᠣᠯᠤᠨ ᠡᠷᠡᠭᠦᠯ ᠮᠡᠨᠳᠦ ᠵᠢᠨ ᠰᠢᠯᠭ᠋ᠠᠯᠲᠠ᠂ ᠤᠷᠠᠯᠢᠭ᠎ᠤᠨ ᠰᠢᠯᠭ᠋ᠠᠨ ᠪᠠᠢ᠌ᠴᠠᠭ᠋ᠠᠬᠤ ᠵᠡᠷᠭᠡ ᠮᠡᠳᠡᠭᠡ ᠵᠠᠩᠭᠢᠴᠢᠯᠠᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠳᠡᠭᠡ ᠵᠠᠩᠭᠢᠴᠢᠯᠠᠯᠲᠠ ᠵᠢᠨ ᠬᠢᠷᠢ ᠬᠡᠮᠵᠢᠶ᠎ᠡ ᠵᠢ ᠬᠦᠴᠦᠯᠡᠨ ᠳᠡᠭᠡᠭᠰᠢᠯᠡᠭᠦᠯᠦᠨ᠎ᠡ᠃
(ᠳᠥᠷᠪᠡᠨ) ᠰᠤᠷᠤᠭᠴᠢ ᠡᠯᠰᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ
ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠡᠯᠰᠡᠬᠦ 《ᠨᠡᠷᠡᠨ ᠭᠡᠷᠡᠯᠲᠦ ᠢᠨᠵᠧᠨᠧᠷᠢᠩ》᠎ᠢ ᠲᠡᠭᠦᠯᠳᠡᠷᠵᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ᠂ ᠳᠦᠷᠢᠮᠵᠢᠭᠦᠨ ᠪᠥᠭᠡᠳ ᠡᠮᠬᠢ ᠵᠢᠷᠤᠮ᠎ᠲᠠᠢ᠂ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠶ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠣᠷᠣᠭᠴᠢ ᠡᠯᠰᠡᠬᠦ ᠲᠥᠷᠥ ᠵᠢᠨ ᠪᠣᠳᠣᠯᠭ᠎ᠠ᠂ ᠰᠣᠷᠣᠭᠴᠢ ᠡᠯᠰᠡᠬᠦ ᠲᠥᠰᠦᠯ᠂ ᠰᠣᠷᠣᠭᠴᠢ ᠡᠯᠰᠡᠬᠦ ᠲᠥᠯᠥᠪᠯᠡᠭᠡ᠂ ᠰᠣᠷᠣᠭᠴᠢ ᠡᠯᠰᠡᠬᠦ ᠠᠷᠭ᠎ᠠ᠂ ᠡᠯᠰᠡᠭᠰᠡᠨ ᠦᠷ᠎ᠡ ᠳ᠋ᠦᠩ᠂ ᠵᠦᠪᠯᠡᠯᠭᠡ ᠥᠭᠬᠦ ᠵᠢᠴᠢ ᠭᠣᠮᠣᠳᠠᠯ ᠲᠣᠭ᠋ᠠᠴᠢᠬᠤ ᠠᠷᠭ᠎ᠠ ᠵᠠᠮ᠂ ᠴᠢᠬᠤᠯᠠ ᠶᠡᠬᠡ ᠬᠡᠷᠡᠭ᠎ᠤᠨ ᠲᠣᠭᠲᠠᠭ᠋ᠠᠯ᠎ᠠᠴᠠ ᠵᠦᠷᠢᠴᠡᠭᠰᠡᠨ᠎ᠢ ᠰᠢᠢ᠍ᠳᠪᠦᠷᠢᠯᠡᠭᠰᠡᠨ ᠦᠷ᠎ᠡ ᠳ᠋ᠦᠩ᠂ ᠡᠯᠰᠡᠭᠰᠡᠨ ᠰᠢᠨ᠎ᠡ ᠰᠣᠷᠣᠭᠴᠢ ᠵᠢ ᠳᠠᠬᠢᠨ ᠪᠠᠶ᠋ᠢᠴᠠᠭ᠋ᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠵᠢ ᠳᠠᠷᠤᠢ᠎ᠳᠤ᠎ᠨᠢ ᠢᠯᠡ ᠪᠣᠯᠭ᠋ᠠᠵᠤ᠂ ᠮᠡᠳᠡᠭᠡ ᠵᠠᠩᠭᠢ ᠵᠢ ᠢᠯᠡ ᠪᠣᠯᠭ᠋ᠠᠬᠤ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠭᠡᠵᠦ᠂ ᠰᠢᠯᠭ᠋ᠠᠭᠤᠯᠤᠭᠴᠢ᠂ ᠰᠤᠷᠭ᠋ᠠᠭᠤᠯᠢ ᠪᠠ ᠨᠡᠶ᠋ᠢᠭᠡᠮ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠨ᠎ᠡ᠃
(ᠲᠠᠪᠤ) ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠎ᠠ
ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠤᠷᠤᠭᠴᠢ ᠡᠯᠰᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠬᠢᠨᠠᠨ ᠵᠢᠯᠣᠭᠣᠳᠴᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠪᠥᠷᠢᠨ ᠭᠦᠢ᠍ᠴᠡᠳ ᠲᠡᠭᠦᠯᠳᠡᠷᠵᠢᠭᠦᠯᠬᠦ ᠬᠡᠷᠡᠭᠲᠡᠶ᠃ ᠰᠤᠷᠤᠭᠴᠢ ᠡᠯᠰᠡᠬᠦ ᠠᠵᠢᠯ᠎ᠤᠨ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠰᠤᠷᠤᠭᠴᠢ ᠡᠯᠰᠡᠬᠦ ᠦᠢ᠍ᠯᠡ ᠠᠵᠢᠯᠯᠠᠭ᠎ᠠ ᠵᠢ ᠦᠨᠡᠨ ᠬᠦ᠌ ᠳᠦᠷᠢᠮᠵᠢᠭᠦᠯᠵᠦ᠂ ᠶᠠᠮᠠᠷᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠳᠤᠷ᠎ᠠ᠎ᠪᠠᠷ ᠵᠶ᠋ᠠᠨ ᠤᠷᠢᠳᠴᠢᠯᠠᠨ ᠰᠤᠷᠤᠭᠴᠢ ᠡᠯᠰᠡᠬᠦ᠂ ᠰᠢᠯᠭ᠋ᠠᠬᠤ ᠦᠭᠡᠶ᠎ᠪᠠᠷ ᠰᠤᠷᠤᠭᠴᠢ ᠡᠯᠰᠡᠬᠦ᠂ ᠲᠥᠯᠥᠪᠯᠡᠭᠡ᠎ᠠᠴᠠ ᠳᠠᠪᠠᠭᠤᠯᠤᠨ ᠰᠤᠷᠤᠭᠴᠢ ᠡᠯᠰᠡᠬᠦ᠂ ᠲᠣᠭᠲᠠᠭ᠋ᠠᠯ᠎ᠠᠴᠠ ᠵᠥᠷᠢᠴᠡᠨ ᠣᠷᠣᠨ ᠪᠦᠰᠡ ᠠᠯᠤᠰᠯᠠᠨ ᠰᠤᠷᠤᠭᠴᠢ ᠡᠯᠰᠡᠬᠦ᠂ ᠲᠥᠯᠦᠪᠦᠷᠢ᠎ᠲᠡᠢ ᠰᠤᠷᠤᠭᠴᠢ ᠡᠯᠰᠡᠬᠦ᠂ ᠳᠠᠪᠬᠤᠷᠳᠠᠭᠤᠯᠤᠨ ᠰᠤᠷᠤᠭᠴᠢ ᠡᠯᠰᠡᠬᠦ᠂ ᠰᠤᠷᠤᠭᠴᠢ ᠵᠢᠨ ᠢᠷᠡᠯᠲᠡ ᠵᠢ ᠪᠤᠯᠢᠶᠠᠯᠳᠤᠬᠤ ᠵᠡᠷᠭᠡ ᠲᠥᠪ ᠪᠤᠰᠤ ᠥᠷᠢᠰᠥᠯᠳᠦᠭᠡᠨ᠎ᠤ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠵᠤ᠂ ᠰᠤᠷᠤᠭᠴᠢ ᠡᠯᠰᠡᠬᠦ ᠰᠠᠶ᠋ᠢᠨ ᠰᠠᠶ᠋ᠢᠬᠠᠨ ᠡᠮᠬᠢ ᠳᠢᠭᠯᠢᠮ᠎ᠢ ᠬᠠᠮᠠᠭ᠋ᠠᠯᠠᠨ᠎ᠠ᠃ ᠳᠦᠷᠢᠮ ᠲᠣᠭᠲᠠᠭ᠋ᠠᠯ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠳᠦᠷᠢᠮ ᠲᠣᠭᠲᠠᠭ᠋ᠠᠯ ᠰᠠᠬᠢᠯᠭ᠎ᠠ ᠪᠠᠲᠤ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ ᠵᠶ᠋ᠠᠨ ᠳᠠᠷᠤᠢ᠎ᠳᠤ᠎ᠨᠢ ᠨᠡᠶ᠋ᠢᠭᠡᠮ᠎ᠳᠤ ᠢᠯᠡ ᠨᠡᠢ᠌ᠲᠡᠯᠡᠬᠦ ᠬᠡᠷᠡᠭᠲᠡᠶ᠃
(ᠵᠢᠷᠭᠤᠭ᠎ᠠ) ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠎ᠠ
ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠬᠤ ᠠᠵᠢᠯ᠎ᠢ ᠳᠠᠷᠤᠢ᠎ᠳᠤ᠎ᠨᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠂ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠬᠤ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠡᠷᠬᠡ ᠰᠦᠷᠲᠦ ᠴᠢᠨᠠᠷ ᠪᠠ ᠪᠦᠳᠦᠮᠵᠢᠳᠦ ᠴᠢᠨᠠᠷ᠎ᠢ ᠳᠡᠭᠡᠭᠰᠢᠯᠡᠭᠦᠯᠵᠦ᠂ ᠥᠭᠡᠷᠡᠴᠢᠯᠡᠯᠲᠡ ᠵᠢᠨ ᠲᠤᠬᠠᠶ ᠣᠯᠠᠨ᠎ᠤ ᠮᠡᠳᠡᠬᠦ ᠬᠡᠮᠵᠢᠶ᠎ᠡ ᠪᠠ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠨᠡᠶ᠋ᠢᠭᠡᠮ᠎ᠤᠨ ᠪᠠᠶ᠋ᠢᠳᠠᠯ ᠠᠷᠠᠳ᠎ᠤᠨ ᠰᠠᠨᠠᠭ᠎ᠠ ᠵᠢ ᠠᠩᠬᠠᠷᠴᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠬᠦ ᠬᠡᠷᠡᠭᠲᠡᠢ᠃ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠢ ᠲᠤᠰᠠᠯᠠᠬᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ᠎ᠠᠴᠠ ᠰᠤᠷᠤᠯᠭ᠎ᠠ ᠵᠢᠨ ᠰᠦᠢ᠍ᠳᠭᠡᠯ ᠦᠯᠦ ᠬᠤᠷᠢᠶᠠᠬᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ᠎ᠠᠴᠠ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠬᠤ ᠲᠥᠷᠥ ᠵᠢᠨ ᠪᠣᠳᠣᠯᠭ᠎ᠠ ᠵᠡᠷᠭᠡ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠪᠠᠨ ᠨᠡᠮᠡᠭᠳᠡᠭᠦᠯᠵᠦ᠂ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ᠎ᠳᠤ ᠰᠠᠶ᠋ᠢᠨ ᠰᠠᠶ᠋ᠢᠬᠠᠨ ᠣᠷᠴᠢᠨ ᠠᠬᠤᠶ ᠵᠢ ᠪᠣᠶ ᠪᠣᠯᠭ᠋ᠠᠵᠤ ᠥᠭᠬᠦ ᠬᠡᠷᠡᠭᠲᠡᠶ᠃
ᠲᠣᠰ ᠲᠥᠰᠦᠯ᠎ᠢ 2022 ᠣᠨ᠎ᠤ ᠨᠠᠮᠤᠷ᠎ᠤᠨ ᠤᠯᠠᠷᠢᠯ᠎ᠳᠤ ᠰᠤᠷᠭ᠋ᠠᠭᠤᠯᠢ᠎ᠳᠤ ᠣᠷᠣᠬᠤ ᠳᠣᠯᠣᠳᠤᠭ᠋ᠠᠷ ᠣᠨ᠎ᠠᠴᠠ ᠡᠬᠢᠯᠡᠨ ᠬᠡᠷᠡᠭᠵᠢᠭᠦᠯᠦᠨ᠎ᠡ᠃ ᠡᠯ᠎ᠡ ᠠᠶ᠋ᠢᠮᠠᠭ ᠬᠣᠲᠠ ᠲᠣᠰ ᠲᠥᠰᠦᠯ᠎ᠢ ᠦᠨᠳᠦᠰᠦᠯᠡᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠪᠣᠯᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠲᠦᠷᠢᠮ᠎ᠤᠨ ᠥᠭᠡᠷᠡᠴᠢᠯᠡᠯᠲᠡ ᠵᠢ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠵᠤ᠂ 2022 ᠣᠨ᠎ᠤ 7 ᠰᠠᠷ᠎ᠠ ᠵᠢᠨ 30᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠢᠴᠢ ᠡᠯ᠎ᠡ ᠠᠶ᠋ᠢᠮᠠᠭ ᠬᠣᠲᠠ ᠵᠢᠨ ᠥᠩᠭᠡᠷᠡᠭᠰᠡᠨ ᠵᠢᠯ᠎ᠳᠤ ᠬᠡᠷᠡᠭᠵᠢᠭᠦᠯᠦᠭᠰᠡᠨ ᠬᠣᠯᠪᠤᠭᠳᠠᠬᠤ ᠪᠢᠴᠢᠭ ᠮᠠᠲ᠋ᠧᠷᠢᠶᠠᠯ᠎ᠨᠢ ᠲᠣᠰ 《ᠬᠡᠷᠡᠭᠵᠢᠭᠦᠯᠬᠦ ᠲᠥᠰᠦᠯ》᠎ᠲᠠᠢ ᠨᠢᠭᠡᠳᠦᠯ ᠥᠬᠡᠶ ᠪᠣᠯ ᠲᠣᠰ ᠪᠢᠴᠢᠭ ᠮᠠᠲ᠋ᠧᠷᠢᠶᠠᠯ ᠶᠣᠰᠤ᠎ᠪᠠᠷ ᠬᠡᠷᠡᠭᠵᠢᠭᠦᠯᠬᠦ ᠬᠡᠷᠡᠭᠲᠡᠶ᠃
