ᠥᠪᠥᠷ ᠵᠠᠰᠠᠭ ᠲᠠᠷᠬᠠᠭ᠋ᠠᠭᠰᠠᠨ [2022] 18 ᠳ᠋ᠤᠭ᠋ᠠᠷ ᠲᠣᠭ᠋ᠠᠲᠤ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠭᠦᠨᠵᠡᠭᠡᠢ᠌ᠷᠡᠭᠦᠯᠦᠯᠲᠡ ᠵᠢ ᠬᠡᠷᠡᠭᠵᠢᠭᠦᠯᠬᠦ ᠲᠥᠰᠦᠯ》᠎ᠢ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
2022 ᠣᠨ᠎ᠤ 6 ᠰᠠᠷ᠎ᠠ ᠵᠢᠨ 22᠎ᠤᠨ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ
ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠶᠡᠷᠦᠩᠬᠡᠶ᠋ᠢᠯᠡᠭᠰᠡᠨ
ᠥᠭᠡᠷᠡᠴᠢᠯᠡᠯᠲᠡ ᠵᠢᠨ ᠭᠦᠨᠵᠡᠭᠡᠢ᠌ᠷᠡᠭᠦᠯᠦᠯᠲᠡ ᠵᠢ ᠬᠡᠷᠡᠭᠵᠢᠭᠦᠯᠬᠦ ᠲᠥᠰᠦᠯ
《〈ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠡᠷᠦᠩᠬᠡᠶ ᠲᠥᠰᠦᠯ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠪ ᠲᠠᠷᠬᠠᠭ᠋ᠠᠭᠰᠠᠨ [2020]19 ᠳ᠋ᠦ᠍ᠭᠡᠷ ᠲᠣᠭ᠋ᠠᠲᠤ)᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠰᠢᠯᠭ᠋ᠠᠯᠲᠠ᠎ᠪᠠᠷ ᠰᠣᠷᠣᠭᠴᠢ ᠡᠯᠰᠡᠬᠦ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ》 (ᠲᠥᠷᠥ ᠲᠠᠷᠬᠠᠭ᠋ᠠᠭᠰᠠᠨ [2014] 35 ᠳ᠋ᠤᠭ᠋ᠠᠷ ᠲᠣᠭ᠋ᠠᠲᠤ) ᠪᠠ 《ᠰᠢᠨ᠎ᠡ ᠴᠠᠭ ᠦᠶ᠎ᠡ ᠵᠢᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠮᠦᠨ᠎ᠢ ᠬᠥᠮᠦᠵᠢᠭᠦᠯᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2019] 29 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠪᠠ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠣᠯᠠᠨ ᠶᠠᠩᠵᠤᠴᠢᠯᠠᠭᠰᠠᠨ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ᠎ᠤ ᠬᠡᠷᠡᠭᠴᠡᠭᠡ᠎ᠳᠤ ᠵᠣᠬᠢᠴᠠᠭᠤᠯᠵᠤ᠂ ᠰᠤᠷᠤᠭᠴᠢᠳ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠡᠯ᠎ᠡ ᠲᠥᠷᠥᠯ᠎ᠤᠨ ᠴᠢᠳᠠᠪᠤᠷᠢᠲᠠᠨ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠣᠬᠤ ᠪᠠ ᠨᠡᠶ᠋ᠢᠭᠡᠮ᠎ᠤᠨ ᠡᠷᠬᠡ ᠲᠡᠭᠰᠢ ᠵᠢ ᠬᠠᠮᠠᠭ᠋ᠠᠯᠠᠬᠤ᠎ᠳᠤ ᠠᠰᠢᠭᠲᠠᠢ ᠪᠠᠢ᠌ᠬᠤ ᠡᠭᠦᠳᠡᠨ᠎ᠠᠴᠠ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠪᠦᠬᠦ ᠲᠠᠯ᠎ᠠ᠎ᠪᠠᠷ ᠬᠥᠭᠵᠢᠭᠦᠯᠵᠦ᠂ ᠰᠢᠯᠭ᠋ᠠᠯᠲᠠ᠎ᠪᠠᠷ ᠰᠤᠷᠤᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠯᠤᠰ ᠪᠠ ᠣᠷᠣᠨ ᠪᠦᠰᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠪᠠᠶ᠋ᠢᠯᠳᠤᠬᠤ ᠪᠣᠳᠣᠯᠭ᠎ᠠ᠎ᠳᠤ ᠤᠯᠠᠮ ᠨᠢᠭᠡ ᠠᠯᠬᠤᠮ ᠦᠢ᠍ᠯᠡᠴᠢᠯᠡᠵᠦ᠂ ᠣᠳᠣᠬᠢᠴᠢᠯᠠᠭᠰᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠬᠠᠩᠭ᠋ᠠᠨ᠎ᠠ᠃
(ᠬᠣᠶᠠᠷ) ᠦᠨᠳᠦᠰᠦᠨ ᠵᠠᠷᠴᠢᠮ
1 . ᠬᠥᠮᠦᠨ᠎ᠢ ᠬᠥᠮᠦᠵᠢᠭᠦᠯᠬᠦ᠎ᠪᠠᠷ ᠦᠨᠳᠦᠰᠦ ᠪᠣᠯᠭ᠋ᠠᠬᠤ ᠵᠢ ᠪᠠᠷᠢᠮᠲᠠᠯᠠᠨ᠎ᠠ᠃ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠵᠢᠮ᠎ᠡ ᠶᠣᠰᠣ ᠪᠠ ᠴᠢᠳᠠᠪᠤᠷᠢᠲᠠᠨ᠎ᠤ ᠦᠰᠦᠨ ᠪᠣᠶ᠋ᠢᠵᠢᠬᠤ ᠵᠢᠮ᠎ᠡ ᠶᠣᠰᠣ ᠵᠢ ᠵᠢᠷᠤᠮᠯᠠᠨ᠂ ᠬᠥᠮᠦᠨ᠎ᠢ ᠵᠥᠪ ᠬᠥᠮᠦᠵᠢᠭᠦᠯᠬᠦ᠎ᠪᠠᠷ ᠤᠳᠤᠷᠢᠳᠤᠮᠵᠢ ᠪᠣᠯᠭ᠋ᠠᠬᠤ ᠪᠠ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠪᠠᠷᠢᠮᠲᠠᠯᠠᠵᠤ᠂ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠵᠢ ᠪᠥᠬᠥ ᠲᠠᠯ᠎ᠠ᠎ᠪᠠᠷ ᠬᠥᠮᠦᠵᠢᠭᠦᠯᠬᠦ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠴᠢᠷᠮᠠᠶ᠋ᠢᠨ ᠪᠠᠶ᠋ᠢᠭᠤᠯᠤᠨ᠎ᠠ᠃
2 . ᠡᠷᠬᠡ ᠲᠡᠭᠰᠢ ᠲᠥᠪ ᠭᠤᠤᠯᠴᠢ ᠵᠢ ᠪᠠᠷᠢᠮᠲᠠᠯᠠᠨ᠎ᠠ᠃ ᠡᠷᠬᠡ ᠲᠡᠭᠰᠢ ᠲᠥᠪ ᠭᠤᠤᠯᠴᠢ ᠪᠠᠶ᠋ᠢᠬᠤ ᠵᠢ ᠠᠬᠢᠭᠤᠯᠬᠤ ᠵᠢ ᠥᠭᠡᠷᠡᠴᠢᠯᠡᠯᠲᠡ ᠵᠢᠨ ᠦᠨᠳᠦᠰᠦᠨ ᠥᠷᠲᠡᠭ᠎ᠤᠨ ᠬᠠᠨᠳᠤᠰᠢ ᠪᠣᠯᠭ᠋ᠠᠵᠤ᠂ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠪᠠᠶ᠋ᠢᠭᠤᠯᠤᠯ ᠲᠣᠭᠲᠠᠴᠠ ᠵᠢ ᠪᠦᠷᠢᠳᠦᠭᠦᠯᠵᠦ᠂ ᠰᠢᠯᠭ᠋ᠠᠯᠲᠠ᠎ᠪᠠᠷ ᠰᠣᠷᠣᠭᠴᠢ ᠡᠯᠰᠡᠬᠦ ᠲᠣᠬᠢᠶᠠᠯ᠎ᠤᠨ ᠡᠷᠬᠡ ᠲᠡᠭᠰᠢ᠂ ᠲᠠᠰ ᠳᠠᠷᠠᠭ᠋ᠠᠯᠠᠯ᠎ᠤᠨ ᠢᠯᠡ ᠲᠣᠳᠣ᠂ ᠦᠷ᠎ᠡ ᠳ᠋ᠦᠩ᠎ᠤᠨ ᠲᠥᠪ ᠭᠤᠤᠯᠴᠢ ᠵᠢ ᠦᠨᠡᠨ ᠬᠦ᠌ ᠪᠠᠲᠤᠯᠠᠨ᠎ᠠ᠃
3 . ᠰᠢᠨᠵᠢᠯᠡᠬᠦ ᠤᠬᠠᠭ᠋ᠠᠨᠴᠢ᠎ᠪᠠᠷ ᠴᠢᠳᠠᠪᠤᠷᠢᠲᠠᠨ᠎ᠢ ᠰᠣᠩᠭᠣᠬᠤ ᠵᠢ ᠪᠠᠷᠢᠮᠲᠠᠯᠠᠨ᠎ᠠ᠃ ᠶᠡᠷᠦᠩᠬᠡᠶ᠋ᠢᠯᠡᠨ ᠦᠨᠡᠯᠡᠬᠦ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ᠎ᠤᠨ ᠰᠣᠩᠭᠣᠬᠤ ᠡᠷᠬᠡ ᠵᠢ ᠨᠡᠮᠡᠭᠳᠡᠭᠦᠯᠵᠦ᠂ ᠳᠡᠭᠡᠳᠦ ᠰᠤᠷᠭ᠋ᠠᠭᠤᠯᠢ ᠪᠠ ᠰᠤᠷᠤᠭᠴᠢᠳ᠎ᠤᠨ ᠬᠠᠷᠢᠯᠴᠠᠨ ᠰᠣᠩᠭᠣᠬᠤ ᠣᠯᠠᠨ ᠶᠠᠩᠵᠤᠲᠤ ᠴᠢᠨᠠᠷ ᠪᠣᠯᠤᠨ ᠢᠵᠢᠯᠰᠢᠬᠦ ᠬᠡᠮᠵᠢᠶ᠎ᠡ ᠵᠢ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠵᠠᠭᠪᠤᠷ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠠᠬᠢᠭᠤᠯᠵᠤ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠪᠣᠯᠤᠨ ᠦᠢ᠍ᠯᠡᠳᠦᠯᠭᠡ ᠵᠢᠨ ᠴᠢᠳᠠᠪᠤᠷᠢ᠎ᠲᠠᠢ ᠥᠨᠳᠥᠷ ᠮᠡᠳᠡᠯᠭᠡ ᠪᠣᠯᠪᠠᠰᠤᠷᠠᠯ᠎ᠲᠠᠢ ᠴᠢᠳᠠᠪᠤᠷᠢᠲᠠᠨ᠎ᠢ ᠬᠥᠮᠥᠵᠢᠭᠦᠯᠦᠨ᠎ᠡ᠃
4 . ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠵᠢ ᠪᠠᠷᠢᠮᠲᠠᠯᠠᠨ᠎ᠠ᠃ ᠯᠠᠪᠳᠠᠭᠤᠨ ᠵᠶ᠋ᠠᠷ ᠤᠷᠤᠭᠰᠢᠯᠠᠵᠤ᠂ ᠣᠶ᠋ᠢᠷ᠎ᠠ ᠵᠢᠨ ᠬᠤᠭᠤᠴᠠᠭ᠋ᠠᠨ᠎ᠤ ᠬᠠᠷᠠᠯᠲᠠ ᠪᠣᠯᠤᠨ ᠠᠯᠤᠰ ᠬᠡᠳᠦ ᠵᠢᠨ ᠬᠠᠷᠠᠯᠲᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠨ᠎ᠡ; ᠰᠢᠰᠲ᠋ᠧᠮᠲᠡᠢ ᠲᠥᠯᠦᠪᠯᠡᠵᠦ᠂ ᠰᠠᠭᠤᠷᠢ ᠰᠤᠷᠭ᠋ᠠᠨ ᠬᠥᠮᠦᠵᠢᠯ ᠪᠠ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠬᠣᠭᠣᠷᠣᠨᠳᠣᠬᠢ ᠵᠣᠯᠭ᠋ᠠᠯᠴᠠᠭ᠎ᠠ ᠪᠠ ᠨᠡᠪᠲᠡᠷᠡᠯᠴᠡᠭᠡ ᠵᠢ ᠴᠢᠩᠭ᠋ᠠᠳᠬᠠᠨ᠎ᠠ; ᠬᠠᠮᠵᠢᠯᠴᠠᠨ ᠠᠬᠢᠭᠤᠯᠵᠤ᠂ ᠵᠢᠭ᠋ᠠᠨ ᠰᠤᠷᠭ᠋ᠠᠯᠲᠠ᠂ ᠰᠢᠯᠭ᠋ᠠᠯᠲᠠ᠂ ᠰᠤᠷᠤᠭᠴᠢ ᠡᠯᠰᠡᠬᠦ᠂ ᠦᠨᠡᠯᠡᠬᠦ ᠵᠡᠷᠭᠡ ᠲᠠᠯ᠎ᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠨ᠎ᠡ; ᠪᠣᠳᠠᠲᠤ ᠪᠠᠶ᠋ᠢᠳᠠᠯ᠎ᠳᠤ ᠰᠠᠭᠤᠷᠢᠯᠠᠨ᠂ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠰᠢᠨ᠎ᠡ ᠠᠰᠠᠭᠤᠳᠠᠯ᠎ᠢ ᠰᠢᠢ᠍ᠳᠪᠦᠷᠢᠯᠡᠨ᠎ᠡ᠃
(ᠭᠤᠷᠪᠠ) ᠥᠭᠡᠷᠡᠴᠢᠯᠡᠯᠲᠡ ᠵᠢᠨ ᠬᠠᠷᠠᠯᠲᠠ
2022 ᠣᠨ᠎ᠤ ᠨᠠᠮᠤᠷ᠎ᠤᠨ ᠤᠯᠠᠷᠢᠯ᠎ᠳᠤ ᠰᠤᠷᠭ᠋ᠠᠭᠤᠯᠢ᠎ᠳᠤ ᠣᠷᠣᠬᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠎ᠤ ᠰᠤᠷᠤᠭᠴᠢᠳ᠎ᠠᠴᠠ ᠡᠬᠢᠯᠡᠨ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ᠎ᠳᠤ ᠰᠠᠭᠤᠷᠢᠯᠠᠭᠰᠠᠨ᠂ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ᠎ᠪᠠᠷ ᠯᠠᠪᠯᠠᠯᠲᠠ ᠪᠣᠯᠭ᠋ᠠᠭᠰᠠᠨ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠵᠠᠭᠪᠤᠷ᠎ᠢ ᠬᠡᠷᠡᠭᠵᠢᠭᠦᠯᠦᠨ᠎ᠡ; 2025 ᠣᠨ ᠪᠣᠯᠬᠤ᠎ᠳᠤ ᠲᠥᠷᠥᠯ ᠬᠤᠪᠢᠶᠠᠨ ᠰᠢᠯᠭ᠋ᠠᠬᠤ᠂ ᠶᠡᠷᠦᠩᠬᠡᠶ᠋ᠢᠯᠡᠨ ᠦᠨᠡᠯᠡᠬᠦ᠂ ᠣᠯᠠᠨ ᠡᠰᠢᠵᠢᠬᠦᠯᠦᠨ ᠡᠯᠰᠡᠬᠦ ᠳᠡᠭᠡᠳᠦ ᠰᠤᠷᠭ᠋ᠠᠭᠤᠯᠢ᠎ᠳᠤ ᠰᠢᠯᠭ᠋ᠠᠯᠲᠠ᠎ᠪᠠᠷ ᠰᠣᠷᠣᠭᠴᠢ ᠡᠯᠰᠡᠬᠦ ᠲᠦᠷᠢᠮ᠎ᠢ ᠦᠨᠳᠦᠰᠦᠨ᠎ᠳᠤ᠎ᠪᠠᠨ ᠪᠦᠷᠢᠯᠳᠦᠭᠦᠯᠵᠦ᠂ ᠲᠥᠪ ᠭᠤᠤᠯᠴᠢ ᠵᠢ ᠠᠬᠢᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠴᠢᠳᠠᠪᠤᠷᠢᠲᠠᠨ᠎ᠢ ᠰᠣᠩᠭᠣᠬᠤ᠂ ᠴᠢᠩᠭ᠎ᠠ ᠬᠢᠨᠠᠯᠲᠠ ᠲᠠᠯᠪᠢᠬᠤ ᠳᠡᠭᠡᠳᠦ ᠰᠤᠷᠭ᠋ᠠᠭᠤᠯᠢ᠎ᠳᠤ ᠰᠢᠯᠭ᠋ᠠᠯᠲᠠ᠎ᠪᠠᠷ ᠰᠣᠷᠣᠭᠴᠢ ᠡᠯᠰᠡᠬᠦ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠦᠨ᠎ᠡ᠃
ᠬᠣᠶᠠᠷ᠂ ᠭᠣᠣᠯ ᠡᠭᠦᠷᠭᠡ
(ᠨᠢᠭᠡ) ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ
2022 ᠣᠨ᠎ᠤ ᠨᠠᠮᠤᠷ᠎ᠤᠨ ᠤᠯᠠᠷᠢᠯ᠎ᠳᠤ ᠰᠤᠷᠭ᠋ᠠᠭᠤᠯᠢ᠎ᠳᠤ ᠣᠷᠣᠬᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠎ᠤ ᠰᠤᠷᠤᠭᠴᠢᠳ᠎ᠠᠴᠠ ᠡᠬᠢᠯᠡᠨ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢ ᠬᠢᠷᠢ ᠲᠡᠩᠴᠡᠭᠦ ᠴᠢᠨᠠᠷᠲᠠᠢ ᠰᠢᠯᠭ᠋ᠠᠯᠲᠠ ᠪᠠ ᠰᠣᠩᠭᠤᠬᠤ ᠴᠢᠨᠠᠷᠲᠠᠶ ᠰᠢᠯᠭ᠋ᠠᠯᠲᠠ (ᠪᠠᠰᠠ ᠳᠡᠰ᠎ᠤᠨ ᠴᠢᠨᠠᠷᠲᠠᠶ ᠰᠢᠯᠭ᠋ᠠᠯᠲᠠ ᠭᠡᠳᠡᠭ᠂ ᠳᠣᠷᠣᠭᠰᠢ ᠨᠢᠭᠡᠳᠦᠯᠲᠡᠢ᠎ᠪᠠᠷ ᠰᠣᠩᠭᠤᠬᠤ ᠴᠢᠨᠠᠷᠲᠠᠶ ᠰᠢᠯᠭ᠋ᠠᠯᠲᠠ ᠭᠡᠨ᠎ᠡ) ᠭᠡᠵᠦ ᠬᠤᠪᠢᠶᠠᠨ᠎ᠠ᠃ ᠬᠢᠷᠢ ᠲᠡᠩᠴᠡᠭᠦ ᠴᠢᠨᠠᠷᠲᠠᠶ ᠰᠢᠯᠭ᠋ᠠᠯᠲᠠ ᠵᠢᠨ ᠬᠢᠷᠢ ᠪᠦᠲᠦᠮᠵᠢ ᠵᠢ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠵᠢᠨ ᠰᠤᠷᠤᠯᠭ᠎ᠠ ᠵᠢᠴᠢ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠠᠳᠠᠯᠢ ᠲᠠᠰ᠎ᠤᠨ ᠰᠤᠷᠤᠯᠭ᠎ᠠ ᠵᠢᠨ ᠨᠠᠮᠲᠠᠷ᠎ᠢ ᠮᠠᠭ᠋ᠠᠳᠯᠠᠨ ᠲᠣᠭᠲᠠᠭ᠋ᠠᠬᠤ ᠭᠤᠤᠯ ᠦᠨᠳᠦᠰᠦᠯᠡᠯ ᠪᠣᠯᠭ᠋ᠠᠨ᠎ᠠ; ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠷᠢ ᠪᠦᠲᠦᠮᠵᠢ ᠵᠢ ᠰᠢᠯᠭ᠋ᠠᠭᠤᠯᠤᠭᠴᠢ ᠵᠢᠨ ᠶᠡᠷᠦᠩᠬᠡᠶ ᠬᠢᠷᠢ ᠪᠦᠲᠦᠮᠵᠢ᠎ᠳᠤ ᠪᠤᠳᠤᠵᠤ ᠣᠷᠣᠭᠤᠯᠤᠨ᠂ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠴᠢᠬᠤᠯᠠ ᠦᠨᠳᠦᠰᠦᠯᠡᠯ ᠪᠣᠯᠭ᠋ᠠᠨ᠎ᠠ᠃
1 . ᠰᠢᠯᠭ᠋ᠠᠯᠲᠠ ᠵᠢᠨ ᠬᠢᠴᠢᠶᠡᠯ ᠲᠥᠷᠥᠯ᠃ ᠬᠢᠷᠢ ᠲᠡᠩᠴᠡᠭᠦ ᠴᠢᠨᠠᠷᠲᠠᠶ ᠰᠢᠯᠭ᠋ᠠᠯᠲᠠ᠎ᠳᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠢᠴᠢᠶᠡᠯ᠎ᠤᠨ ᠲᠥᠰᠦᠯ᠎ᠳᠤ ᠲᠣᠭᠲᠠᠭ᠋ᠠᠭᠰᠠᠨ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ᠂ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ᠂ ᠮᠡᠳᠡᠭᠡ ᠵᠠᠩᠭᠢ ᠵᠢᠨ ᠮᠡᠷᠭᠡᠵᠢᠯ᠂ ᠨᠡᠶ᠋ᠢᠳᠡᠮ ᠬᠡᠷᠡᠭᠯᠡᠬᠦ ᠮᠡᠷᠭᠡᠵᠢᠯ᠂ ᠤᠷᠠᠯᠢᠭ (ᠳᠠᠭᠤᠤ ᠬᠥᠭᠵᠢᠮ᠂ ᠤᠷᠠᠨ ᠵᠢᠷᠤᠭ)᠂ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ ᠵᠡᠷᠭᠡ 13 ᠬᠢᠴᠢᠶᠡᠯ ᠲᠥᠷᠥᠯ᠎ᠢ ᠪᠠᠭᠲᠠᠭ᠋ᠠᠨ᠎ᠠ᠃
ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠳᠤ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ ᠵᠡᠷᠭᠡ 6 ᠬᠢᠴᠢᠶᠡᠯ ᠲᠥᠷᠥᠯ᠎ᠢ ᠪᠠᠭᠲᠠᠭ᠋ᠠᠵᠤ᠂ ᠰᠤᠷᠤᠭᠴᠢᠳ ᠥᠪᠡᠷ᠎ᠤᠨ ᠳᠤᠷ᠎ᠠ ᠰᠣᠨᠢᠷᠬᠠᠯ᠂ ᠵᠣᠷᠢᠯᠲᠠ᠂ ᠳᠠᠪᠠᠭᠤᠯᠢᠭ ᠪᠠ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠱᠠᠭ᠋ᠠᠷᠳᠠᠯᠭ᠎ᠠ ᠵᠢ ᠦᠨᠳᠦᠰᠦᠯᠡᠨ᠂ ᠡᠩ ᠲᠡᠷᠢᠭᠦᠨ᠎ᠳᠤ ᠹᠢᠽᠢᠺ᠂ ᠲᠡᠦᠬᠡ᠎ᠠᠴᠠ 1 ᠬᠢᠴᠢᠶᠡᠯ ᠲᠥᠷᠥᠯ᠎ᠢ ᠰᠣᠩᠭᠣᠵᠤ᠂ ᠠᠩᠬ᠎ᠠ ᠰᠣᠩᠭᠤᠬᠤ ᠬᠢᠴᠢᠶᠡᠯ ᠲᠥᠷᠦᠯ ᠪᠣᠯᠭ᠋ᠠᠵᠤ᠂ ᠳᠠᠷᠠᠭ᠎ᠠ᠎ᠨᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ᠎ᠤᠨ ᠤᠬᠠᠭ᠋ᠠᠨ᠎ᠠᠴᠠ 2 ᠬᠢᠴᠢᠶᠡᠯ ᠲᠥᠷᠥᠯ᠎ᠢ ᠰᠣᠩᠭᠣᠵᠤ ᠳᠠᠬᠢᠨ ᠰᠣᠩᠭᠣᠬᠤ ᠬᠢᠴᠢᠶᠡᠯ ᠲᠥᠷᠥᠯ ᠪᠣᠯᠭ᠋ᠠᠵᠤ᠂ 3 ᠬᠢᠴᠢᠶᠡᠯ ᠲᠥᠷᠥᠯ᠎ᠢ ᠰᠣᠩᠭᠣᠵᠤ ᠰᠣᠩᠭᠤᠬᠤ ᠴᠢᠨᠠᠷᠲᠠᠶ ᠰᠢᠯᠭ᠋ᠠᠯᠲᠠ᠎ᠳᠤ ᠣᠷᠣᠯᠴᠠᠨ᠎ᠠ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ ᠵᠣᠬᠢᠬᠤ ᠬᠢᠴᠢᠶᠡᠯ ᠲᠥᠷᠥᠯ᠎ᠤᠨ ᠬᠢᠷᠢ ᠲᠡᠩᠴᠡᠭᠦ ᠴᠢᠨᠠᠷᠲᠠᠶ ᠰᠢᠯᠭ᠋ᠠᠯᠲᠠ᠎ᠳᠤ ᠬᠢᠷᠢ ᠲᠡᠩᠴᠡᠭᠰᠡᠨ ᠰᠠᠭᠤᠷᠢᠨ ᠳᠡᠭᠡᠷ᠎ᠡ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠢ ᠨᠡᠷ᠎ᠡ ᠮᠡᠳᠡᠭᠦᠯᠦᠨ ᠰᠢᠯᠭ᠋ᠠᠭᠤᠯᠤᠨᠠ᠃
2 . ᠰᠢᠯᠭ᠋ᠠᠯᠲᠠ ᠵᠢᠨ ᠠᠭᠤᠯᠭ᠎ᠠ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠢᠴᠢᠶᠡᠯ ᠲᠥᠷᠦᠯ᠎ᠤᠨ ᠬᠢᠴᠢᠶᠡᠯ᠎ᠤᠨ ᠪᠠᠷᠢᠮᠵᠢᠶ᠎ᠠ᠎ᠪᠠᠷ ᠦᠨᠳᠦᠰᠦᠯᠡᠯ ᠪᠣᠯᠭ᠋ᠠᠨ᠎ᠠ᠃ ᠬᠢᠷᠢ ᠲᠡᠩᠴᠡᠭᠦ ᠴᠢᠨᠠᠷᠲᠠᠶ ᠰᠢᠯᠭ᠋ᠠᠯᠲᠠ ᠵᠢᠨ ᠬᠡᠪᠴᠢᠶ᠎ᠡ ᠪᠣᠯ ᠡᠯ᠎ᠡ ᠬᠢᠴᠢᠶᠡᠯ ᠲᠥᠷᠥᠯ᠎ᠤᠨ ᠬᠢᠴᠢᠶᠡᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠵᠠᠪᠠᠯ ᠰᠤᠷᠬᠤ ᠠᠭᠤᠯᠭ᠎ᠠ ᠵᠢᠨ ᠱᠠᠭ᠋ᠠᠷᠳᠠᠯᠭ᠎ᠠ ᠪᠣᠯᠤᠨ᠎ᠠ᠃ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠡᠪᠴᠢᠶ᠎ᠡ ᠪᠣᠯ ᠡᠯ᠎ᠡ ᠬᠢᠴᠢᠶᠡᠯ ᠲᠥᠷᠥᠯ᠎ᠤᠨ ᠬᠢᠴᠢᠶᠡᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠵᠠᠪᠠᠯ ᠰᠤᠷᠬᠤ ᠪᠠ ᠵᠠᠪᠠᠯ ᠰᠤᠷᠬᠤ ᠠᠭᠤᠯᠭ᠎ᠠ ᠵᠢᠨ ᠶᠡᠷᠦᠩᠬᠡᠶ᠋ᠢᠯᠡᠭᠰᠡᠨ ᠱᠠᠭ᠋ᠠᠷᠳᠠᠯᠭ᠎ᠠ ᠪᠣᠯᠤᠨ᠎ᠠ᠃
3 . ᠰᠢᠯᠭ᠋ᠠᠭᠤᠯᠬᠤ ᠡᠲᠡᠭᠡᠳ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ ᠴᠥᠮ ᠬᠢᠷᠢ ᠲᠡᠩᠴᠡᠭᠦ ᠴᠢᠨᠠᠷᠲᠠᠶ ᠰᠢᠯᠭ᠋ᠠᠯᠲᠠ᠎ᠳᠤ ᠣᠷᠣᠯᠴᠠᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢᠳ ᠪᠣᠯᠤᠨ ᠨᠡᠶ᠋ᠢᠭᠡᠮ᠎ᠤᠨ ᠠᠵᠢᠯᠲᠠᠳ ᠴᠤ᠌ ᠬᠢᠷᠢ ᠲᠡᠩᠴᠡᠭᠦ ᠴᠢᠨᠠᠷᠲᠠᠶ ᠰᠢᠯᠭ᠋ᠠᠯᠲᠠ᠎ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠬᠤ ᠰᠢᠯᠭ᠋ᠠᠭᠤᠯᠤᠭᠴᠢ ᠴᠥᠮ ᠰᠣᠩᠭᠤᠬᠤ ᠴᠢᠨᠠᠷᠲᠠᠶ ᠰᠢᠯᠭ᠋ᠠᠯᠲᠠ᠎ᠳᠤ ᠣᠷᠣᠯᠴᠠᠨ᠎ᠠ᠃
4 . ᠰᠢᠯᠭ᠋ᠠᠬᠤ ᠴᠠᠭ᠃ ᠬᠢᠷᠢ ᠲᠡᠩᠴᠡᠭᠦ ᠴᠢᠨᠠᠷᠲᠠᠶ ᠰᠢᠯᠭ᠋ᠠᠯᠲᠠ ᠵᠢ ᠵᠢᠭ᠋ᠠᠨ ᠰᠤᠷᠭ᠋ᠠᠯᠲᠠ ᠵᠢᠨ ᠠᠬᠢᠴᠠ ᠶᠣᠰᠤ᠎ᠪᠠᠷ ᠲᠣᠰ ᠲᠣᠰ ᠳᠡᠭᠡᠷ᠎ᠡ ᠳᠤᠤᠷ᠎ᠠ ᠰᠤᠷᠤᠯᠭ᠎ᠠ ᠵᠢᠨ ᠬᠤᠭᠤᠴᠠᠭ᠋ᠠᠨ᠎ᠤ ᠡᠴᠦᠰ᠎ᠲᠤ ᠲᠣᠬᠢᠷᠠᠭᠤᠯᠤᠨ᠎ᠠ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ ᠠᠩᠬ᠎ᠠ ᠤᠳᠠᠭ᠎ᠠ ᠰᠢᠯᠭ᠋ᠠᠯᠲᠠ᠎ᠳᠤ ᠣᠷᠣᠯᠴᠠᠬᠤ᠎ᠳᠤ ᠴᠠᠭ᠎ᠢ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠎ᠤ ᠳᠣᠣᠷ᠎ᠠ ᠬᠤᠭᠤᠴᠠᠭ᠋ᠠᠨ᠎ᠤ ᠰᠡᠭᠦᠯᠴᠢ᠎ᠪᠠᠷ ᠬᠢᠵᠠᠭ᠋ᠠᠷᠯᠠᠵᠤ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠎ᠳᠤ ᠬᠠᠮᠤᠭ᠎ᠤᠨ ᠠᠷᠪᠢᠨ᠎ᠳᠤ᠎ᠪᠠᠨ 4 ᠬᠢᠴᠢᠶᠡᠯ ᠲᠥᠷᠥᠯ ᠰᠢᠯᠭ᠋ᠠᠬᠤ ᠵᠢ ᠵᠥᠪᠰᠢᠶᠡᠷᠡᠵᠦ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠳᠤ ᠰᠤᠷᠤᠯᠭ᠎ᠠ ᠵᠢᠨ ᠬᠤᠭᠤᠴᠠᠭ᠎ᠠ ᠳᠠᠭᠤᠰᠬᠤ᠎ᠠᠴᠠ ᠡᠮᠦᠨ᠎ᠡ ᠪᠦᠬᠦ ᠬᠢᠷᠢ ᠲᠡᠩᠴᠡᠭᠦ ᠴᠢᠨᠠᠷᠲᠠᠶ ᠰᠢᠯᠭ᠋ᠠᠯᠲᠠ ᠵᠢ ᠡᠷᠬᠡᠪᠰᠢ ᠪᠡᠶᠡᠯᠡᠭᠦᠯᠬᠦ ᠬᠡᠷᠡᠭᠲᠡᠶ᠃ ᠰᠣᠩᠭᠤᠬᠤ ᠴᠢᠨᠠᠷᠲᠠᠶ ᠰᠢᠯᠭ᠋ᠠᠯᠲᠠ ᠵᠢ 2025 ᠣᠨ᠎ᠠᠴᠠ ᠡᠬᠢᠯᠡᠨ ᠵᠢᠯ ᠪᠦᠷᠢ ᠨᠢᠭᠡ ᠤᠳᠠᠭ᠎ᠠ ᠵᠣᠬᠢᠶᠠᠨ ᠪᠠᠶ᠋ᠢᠭᠤᠯᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ᠎ᠲᠠᠢ ᠠᠳᠠᠯᠢ ᠬᠤᠭᠤᠴᠠᠭ᠋ᠠᠨ᠎ᠳᠤ ᠶᠠᠪᠤᠭᠳᠠᠭᠤᠯᠵᠤ᠂ ᠵᠦᠪᠬᠡᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠤ ᠰᠣᠷᠣᠭᠴᠢ᠎ᠪᠠᠷ ᠬᠢᠵᠠᠭ᠋ᠠᠷᠯᠠᠨ᠎ᠠ᠃
5 . ᠰᠢᠯᠭ᠋ᠠᠯᠲᠠ ᠵᠢ ᠵᠣᠬᠢᠶᠠᠨ ᠪᠠᠶ᠋ᠢᠭᠤᠯᠬᠤ᠃ ᠬᠢᠷᠢ ᠲᠡᠩᠴᠡᠭᠦ ᠴᠢᠨᠠᠷᠲᠠᠶ ᠰᠢᠯᠭ᠋ᠠᠯᠲᠠ ᠵᠢᠨ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ᠂ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ ᠵᠡᠷᠭᠡ 9 ᠬᠢᠴᠢᠶᠡᠯ ᠲᠥᠷᠥᠯ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠵᠣᠬᠢᠶᠠᠨ ᠪᠠᠢ᠌ᠭᠤᠯᠵᠤ ᠰᠡᠳᠦᠪ ᠭᠠᠷᠭ᠋ᠠᠬᠤ᠂ ᠰᠢᠯᠭ᠋ᠠᠬᠤ᠂ ᠰᠢᠯᠭ᠋ᠠᠯᠲᠠ ᠵᠢᠨ ᠰᠡᠳᠦᠪ᠎ᠢ ᠬᠢᠨᠠᠬᠤ ᠪᠠ ᠬᠢᠷᠢ ᠲᠡᠩᠴᠡᠭᠦ ᠪᠠᠷᠢᠮᠵᠢᠶ᠎ᠠ ᠵᠢ ᠳᠣᠭᠲᠠᠭ᠋ᠠᠨ᠎ᠠ᠃ ᠪᠡᠶ᠎ᠡ ᠵᠢᠨ ᠲᠠᠮᠢᠷ ᠪᠣᠯᠤᠨ ᠡᠷᠡᠭᠦᠯ ᠮᠡᠨᠳᠦ᠂ ᠤᠷᠠᠯᠢᠭ (ᠳᠠᠭᠤᠤ ᠬᠥᠭᠵᠢᠮ᠂ ᠤᠷᠠᠨ ᠵᠢᠷᠤᠭ)᠂ ᠨᠡᠶ᠋ᠢᠳᠡᠮ ᠬᠡᠷᠡᠭᠯᠡᠬᠦ ᠮᠡᠷᠭᠡᠵᠢᠯ᠂ ᠮᠡᠳᠡᠭᠡ ᠵᠠᠩᠭᠢ ᠵᠢᠨ ᠮᠡᠷᠭᠡᠵᠢᠯ ᠵᠡᠷᠭᠡ 4 ᠬᠢᠴᠢᠶᠡᠯ ᠲᠥᠷᠥᠯ ᠵᠢᠴᠢ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ᠂ ᠨᠡᠶ᠋ᠢᠳᠡᠮ ᠬᠡᠷᠡᠭᠯᠡᠬᠦ ᠮᠡᠷᠭᠡᠵᠢᠯ᠎ᠤᠨ ᠬᠢᠴᠢᠶᠡᠯ ᠲᠥᠷᠥᠯ᠎ᠤᠨ ᠲᠤᠷᠰᠢᠯᠲᠠ ᠵᠢᠨ ᠤᠷ᠎ᠠ ᠴᠢᠳᠠᠪᠤᠷᠢ ᠵᠢᠨ ᠠᠵᠢᠯᠯᠠᠭ᠋ᠠᠨ᠎ᠤ ᠰᠢᠯᠭ᠋ᠠᠯᠲᠠ ᠵᠢ ᠥᠪᠡᠷᠲᠡᠭᠡᠨ ᠵᠠᠰᠠᠬᠤ ᠣᠷᠣᠨ᠎ᠠᠴᠠ ᠰᠢᠯᠭ᠋ᠠᠯᠲᠠ ᠵᠢᠨ ᠱᠠᠭ᠋ᠠᠷᠳᠠᠯᠭ᠎ᠠ ᠵᠢ ᠨᠢᠭᠡᠳᠦᠯᠲᠡᠶ ᠲᠣᠭᠲᠠᠭ᠋ᠠᠵᠤ᠂ ᠡᠯ᠎ᠡ ᠠᠶ᠋ᠢᠮᠠᠭ ᠬᠣᠲᠠ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠰᠣᠩᠭᠤᠬᠤ ᠴᠢᠨᠠᠷᠲᠠᠶ ᠰᠢᠯᠭ᠋ᠠᠯᠲᠠ ᠵᠢᠨ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ ᠵᠡᠷᠭᠡ 6 ᠬᠢᠴᠢᠶᠡᠯ ᠲᠥᠷᠥᠯ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠰᠡᠳᠦᠪ ᠭᠠᠷᠭ᠋ᠠᠵᠤ᠂ ᠰᠢᠯᠭ᠋ᠠᠵᠤ᠂ ᠰᠢᠯᠭ᠋ᠠᠯᠲᠠ ᠵᠢᠨ ᠰᠡᠳᠦᠪ᠎ᠢ ᠬᠢᠨᠠᠬᠤ ᠪᠠ ᠬᠢᠷᠢ ᠪᠦᠲᠦᠮᠵᠢ ᠵᠢ ᠦᠨᠡᠯᠡᠨ ᠲᠣᠭᠲᠠᠭ᠋ᠠᠨ᠎ᠠ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠪᠣᠳᠠᠲᠠᠶ ᠬᠡᠷᠡᠭᠵᠢᠭᠦᠯᠬᠦ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠠᠰᠲᠤᠨᠢ ᠨᠡᠶ᠋ᠢᠲᠡᠯᠡᠨ᠎ᠡ᠃
(ᠬᠣᠶᠠᠷ) ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠬᠦ ᠳᠦᠷᠢᠮ᠎ᠢ ᠳᠦᠷᠢᠮᠵᠢᠭᠦᠯᠦᠨ᠎ᠡ
ᠪᠥᠬᠥ ᠣᠷᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠶᠠᠪᠤᠴᠠ ᠵᠢᠨ ᠴᠢᠨᠠᠷᠲᠠᠶ᠂ ᠪᠠᠢ᠌ᠩᠭᠤ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠪᠤᠰᠤᠳᠴᠢ᠂ ᠦᠨᠡᠨ ᠪᠣᠳᠠᠲᠠᠶ᠂ ᠵᠥᠪ ᠣᠨᠣᠪᠴᠢᠲᠠᠶ᠂ ᠢᠲᠡᠭᠡᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃
1. ᠦᠨᠡᠯᠡᠬᠦ ᠠᠭᠤᠯᠭ᠎ᠠ᠃ ᠭᠤᠤᠯᠳᠠᠭᠤ ᠦᠵᠡᠯ ᠰᠠᠨᠠᠭ᠎ᠠ ᠶᠣᠰᠣ ᠮᠣᠷᠠᠯ᠂ ᠰᠤᠷᠤᠯᠭ᠎ᠠ ᠵᠢᠨ ᠬᠢᠷᠢ ᠬᠡᠮᠵᠢᠶ᠎ᠡ᠂ ᠪᠡᠶ᠎ᠡ ᠰᠡᠳᠬᠢᠯ᠎ᠤᠨ ᠡᠷᠡᠭᠦᠯ ᠮᠡᠨᠳᠦ᠂ ᠤᠷᠠᠯᠢᠭ᠎ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠶ᠋ᠢᠭᠡᠮ᠎ᠤᠨ ᠦᠢ᠍ᠯᠡᠳᠦᠯᠭᠡ ᠵᠡᠷᠭᠡ ᠲᠠᠯ᠎ᠠ᠎ᠪᠠᠷ ᠦᠨᠡᠯᠡᠬᠦ ᠠᠭᠤᠯᠭ᠎ᠠ ᠪᠠ ᠱᠠᠭ᠋ᠠᠷᠳᠠᠯᠭ᠎ᠠ ᠵᠢ ᠲᠣᠭᠲᠠᠭ᠋ᠠᠵᠤ᠂ ᠳᠦᠷᠢᠮᠵᠢᠭᠦᠯᠦᠭᠰᠡᠨ ᠰᠤᠷᠤᠭᠴᠢᠳ᠎ᠤᠨ ᠦᠰᠦᠨ ᠪᠣᠶ᠋ᠢᠵᠢᠯᠲᠠ ᠵᠢᠨ ᠲᠠᠩᠰᠠ ᠡᠪᠬᠡᠮᠡᠯ᠎ᠢ ᠪᠠᠶ᠋ᠢᠭᠤᠯᠵᠤ᠂ ᠰᠤᠷᠤᠭᠴᠢᠳ᠎ᠤᠨ ᠪᠥᠬᠥ ᠲᠠᠯ᠎ᠠ ᠵᠢᠨ ᠬᠥᠭᠵᠢᠯᠲᠡ ᠵᠢᠨ ᠪᠠᠶ᠋ᠢᠳᠠᠯ ᠪᠠ ᠥᠪᠡᠷᠮᠢᠴᠡ ᠣᠨᠴᠠᠯᠢᠭ᠎ᠢ ᠭᠦᠢ᠍ᠴᠡᠳ ᠲᠤᠰᠬᠠᠵᠤ᠂ ᠰᠤᠷᠤᠭᠴᠢᠳ᠎ᠤᠨ ᠡᠳᠦᠷ ᠲᠤᠲᠤᠮ᠎ᠤᠨ ᠪᠠᠶ᠋ᠢᠳᠠᠯ ᠪᠠ ᠲᠣᠪᠣᠶ᠋ᠢᠮ᠎ᠠ ᠢᠯᠡᠷᠡᠯ᠎ᠢ ᠲᠡᠮᠳᠡᠭᠯᠡᠬᠦ ᠵᠢ ᠴᠢᠬᠤᠯᠠᠴᠢᠯᠠᠨ᠎ᠠ᠃
2. ᠦᠨᠡᠯᠡᠬᠦ ᠭᠣᠣᠯ ᠴᠣᠭᠴᠠ ᠬᠢᠭᠡᠳ ᠳᠡᠰ ᠳᠠᠷᠠᠭ᠋ᠠᠯᠠᠯ᠃ 《ᠬᠡᠨ ᠣᠶ᠋ᠢᠯᠠᠭ᠋ᠠᠪᠠᠯ ᠬᠡᠨ ᠦᠨᠡᠯᠡᠬᠦ》᠂ 《ᠬᠡᠨ ᠦᠨᠡᠯᠡᠪᠡᠯ ᠬᠡᠨ ᠬᠠᠷᠢᠭᠤᠴᠠᠬᠤ》 ᠵᠢ ᠪᠠᠷᠢᠮᠲᠠᠯᠠᠵᠤ᠂ ᠰᠤᠷᠤᠭᠴᠢ᠂ ᠬᠠᠮᠲᠤ ᠰᠤᠷᠤᠭᠴᠢ᠂ ᠪᠠᠭᠰᠢ ᠪᠣᠯᠤᠨ ᠭᠡᠷ᠎ᠤᠨ ᠠᠬᠠᠮᠠᠳ ᠵᠡᠷᠭᠡ ᠣᠯᠠᠨ ᠡᠰᠢᠵᠢᠭᠦᠯᠦᠭᠰᠡᠨ ᠭᠤᠤᠯ ᠴᠣᠭᠴᠠ ᠵᠢᠨ ᠣᠷᠣᠯᠴᠠᠭᠰᠠᠨ ᠡᠳᠦᠷ ᠲᠤᠲᠤᠮ᠎ᠤᠨ ᠬᠥᠳᠡᠯᠦᠩᠭᠦᠶ ᠦᠨᠡᠯᠡᠯᠲᠡ ᠵᠢ ᠥᠷᠨᠢᠭᠦᠯᠦᠨ᠎ᠡ᠃ ᠰᠤᠷᠤᠯᠭ᠎ᠠ ᠵᠢᠨ ᠬᠤᠭᠤᠴᠠᠭ᠎ᠠ ᠪᠦᠷᠢ ᠵᠢᠨ ᠰᠡᠭᠦᠯᠴᠢ᠎ᠳᠤ ᠰᠤᠷᠤᠭᠴᠢᠳ ᠪᠠᠭᠰᠢ ᠵᠢᠨ ᠵᠢᠯᠣᠭᠣᠳᠣᠯᠭ᠎ᠠ ᠳᠤᠤᠷ᠎ᠠ ᠱᠠᠭ᠋ᠠᠷᠳᠠᠯᠭ᠎ᠠ ᠶᠣᠰᠤ᠎ᠪᠠᠷ ᠲᠡᠭᠦᠨ᠎ᠤ ᠶᠡᠷᠦᠩᠬᠡᠶ᠋ᠢᠯᠡᠭᠰᠡᠨ ᠬᠡᠪ ᠴᠢᠨᠠᠷ᠎ᠤᠨ ᠬᠥᠭᠵᠢᠯᠲᠡ ᠵᠢᠨ ᠪᠠᠶ᠋ᠢᠳᠠᠯ ᠵᠶ᠋ᠡᠨ ᠲᠤᠰᠬᠠᠵᠤ ᠳᠡᠢ᠌ᠯᠬᠦᠢ᠌ᠴᠡ ᠴᠢᠬᠤᠯᠠ ᠠᠵᠢᠯᠯᠠᠭ᠋ᠠᠨ᠎ᠤ ᠲᠡᠮᠳᠡᠭᠯᠡᠯ᠂ ᠨᠡᠶ᠋ᠢᠲᠡᠯᠢᠭ ᠪᠣᠳᠠᠲᠤ ᠬᠡᠷᠡᠭ ᠵᠢᠴᠢ ᠪᠡᠯᠭᠡ ᠲᠡᠮᠳᠡᠭᠲᠦ ᠦᠷ᠎ᠡ ᠪᠦᠲᠦᠭᠡᠯ ᠵᠡᠷᠭᠡ ᠬᠣᠯᠪᠤᠭᠳᠠᠬᠤ ᠮᠠᠲ᠋ᠧᠷᠢᠶᠠᠯ ᠵᠶ᠋ᠡᠨ ᠴᠤᠭᠯᠠᠭᠤᠯᠵᠤ᠂ ᠥᠰᠦᠨ ᠪᠣᠶ᠋ᠢᠵᠢᠯᠲᠠ ᠵᠢᠨ ᠶᠠᠪᠤᠴᠠ ᠵᠢ ᠦᠨᠡᠨ ᠪᠣᠳᠠᠲᠠᠶ᠎ᠪᠠᠷ ᠲᠡᠮᠳᠡᠭᠯᠡᠵᠦ᠂ ᠡᠮᠬᠢᠳᠬᠡᠨ ᠰᠢᠯᠢᠨ ᠰᠣᠩᠭᠤᠵᠤ᠂ ᠢᠯᠡ ᠨᠡᠶ᠋ᠢᠲᠡᠯᠡᠵᠦ ᠬᠢᠨᠠᠨ ᠪᠠᠢ᠌ᠴᠠᠭ᠋ᠠᠭᠰᠠᠨ ᠰᠠᠭᠤᠷᠢᠨ ᠳᠡᠭᠡᠷ᠎ᠡ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠲᠠᠩᠰᠠ ᠡᠪᠬᠡᠮᠡᠯ᠎ᠢ ᠪᠠᠢ᠌ᠭᠤᠯᠵᠤ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠠᠪᠴᠠᠩ᠎ᠳᠤ ᠣᠷᠣᠭᠤᠯᠤᠨ ᠨᠢᠭᠡᠳᠦᠯᠲᠡᠶ ᠬᠠᠮᠢᠶᠠᠷᠤᠨ᠎ᠠ᠃ ᠮᠡᠳᠡᠭᠡ ᠵᠠᠩᠭᠢ ᠵᠢ ᠨᠤᠲᠠᠯᠠᠵᠤ ᠢᠯᠡ ᠨᠡᠢ᠌ᠲᠡᠯᠡᠬᠦ᠂ ᠵᠠᠭ᠋ᠠᠯᠳᠤᠵᠤ ᠭᠣᠮᠤᠳᠠᠯ ᠲᠣᠭ᠋ᠠᠴᠢᠬᠤ᠂ ᠳᠠᠬᠢᠨ ᠵᠥᠪᠯᠡᠵᠦ ᠬᠢᠨᠠᠨ ᠪᠠᠢ᠌ᠴᠠᠭ᠋ᠠᠬᠤ ᠵᠡᠷᠭᠡ ᠬᠢᠨᠠᠯᠲᠠ ᠲᠠᠯᠪᠢᠵᠤ ᠪᠠᠲᠤᠯᠠᠬᠤ ᠪᠠ ᠦᠨᠡᠨᠴᠢ ᠢᠲᠡᠭᠡᠮᠵᠢ ᠵᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠦᠨᠡᠯᠡᠬᠦ ᠠᠵᠢᠯ᠎ᠤᠨ ᠦᠨᠡᠨ ᠪᠣᠳᠠᠲᠠᠶ᠂ ᠳᠥᠭᠥᠮ ᠳᠥᠲᠡ᠂ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠰᠣᠷᠣᠭᠴᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠲᠠᠩᠰᠠ ᠡᠪᠬᠡᠮᠡᠯ᠎ᠢ ᠢᠯᠡ ᠨᠡᠶ᠋ᠢᠲᠡᠯᠡᠵᠦ ᠨᠤᠲᠠᠯᠠᠭᠰᠠᠨ᠎ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠃
3. ᠦᠨᠡᠯᠡᠭᠰᠡᠨ ᠳ᠋ᠦᠩ᠎ᠤᠨ ᠬᠡᠷᠡᠭᠯᠡᠯᠲᠡ᠃ ᠡᠯ᠎ᠡ ᠳᠡᠭᠡᠳᠦ ᠰᠤᠷᠭ᠋ᠠᠭᠤᠯᠢ ᠰᠤᠷᠭ᠋ᠠᠭᠤᠯᠢ ᠡᠷᠬᠢᠯᠡᠬᠦ ᠣᠨᠴᠠᠯᠢᠭ᠂ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠴᠡᠭᠡ᠎ᠪᠠᠨ ᠦᠨᠳᠦᠰᠦᠯᠡᠨ᠂ ᠰᠢᠨᠵᠢᠯᠡᠬᠦ ᠤᠬᠠᠭ᠋ᠠᠨᠴᠢ ᠪᠥᠭᠡᠳ ᠳᠦᠷᠢᠮᠵᠢᠭᠦᠯᠦᠭᠰᠡᠨ ᠶᠡᠷᠦᠩᠬᠡᠶ᠋ᠢᠯᠡᠭᠰᠡᠨ ᠬᠡᠪ ᠴᠢᠨᠠᠷ᠎ᠢ ᠦᠨᠡᠯᠡᠨ ᠬᠡᠷᠡᠭᠯᠡᠬᠦ ᠠᠷᠭ᠎ᠠ ᠵᠢ ᠲᠣᠭᠲᠠᠭ᠋ᠠᠬᠤ ᠵᠢᠨ ᠬᠠᠮᠲᠤ ᠰᠤᠷᠭ᠋ᠠᠭᠤᠯᠢ ᠵᠢᠨ ᠰᠤᠷᠤᠭᠴᠢ ᠡᠯᠰᠡᠬᠦ ᠳᠦᠷᠢᠮ᠎ᠳᠤ᠎ᠪᠠᠨ ᠣᠷᠣᠭᠤᠯᠵᠤ ᠤᠷᠢᠳᠴᠢᠯᠠᠨ ᠨᠡᠶ᠋ᠢᠭᠡᠮ᠎ᠳᠤ ᠨᠡᠢ᠌ᠲᠡᠯᠡᠨ᠎ᠡ᠃
ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ ᠵᠢᠨ ᠪᠣᠳᠠᠲᠠᠶ ᠬᠡᠷᠡᠭᠵᠢᠭᠦᠯᠬᠦ ᠠᠷᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠬᠠᠮᠢᠶᠠᠷᠤᠯᠲᠠ ᠵᠢᠨ ᠲᠠᠪᠴᠠᠩ᠎ᠤᠨ ᠠᠵᠢᠯᠯᠠᠭ᠋ᠠᠨ᠎ᠤ ᠵᠦᠭᠯᠡᠭᠦᠷ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠠᠰᠲᠠᠭ᠋ᠠᠨ ᠨᠡᠶ᠋ᠢᠲᠡᠯᠡᠨ᠎ᠡ᠃
(ᠭᠤᠷᠪᠠ) ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ
2025 ᠣᠨ᠎ᠠᠴᠠ ᠡᠬᠢᠯᠡᠨ᠂ ᠡᠩ᠎ᠤᠨ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ᠎ᠳᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢ ᠬᠠᠷᠢᠯᠴᠠᠨ ᠤᠶᠠᠯᠳᠤᠭᠤᠯᠵᠤ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠎ᠪᠠᠷ ᠯᠠᠪᠯᠠᠯᠲᠠ ᠪᠣᠯᠭ᠋ᠠᠵᠤ ᠡᠯᠰᠡᠬᠦ ᠵᠠᠭᠪᠤᠷ᠎ᠢ ᠬᠡᠷᠡᠭᠵᠢᠭᠦᠯᠦᠨ᠎ᠡ᠃
1 . ᠰᠢᠯᠭ᠋ᠠᠯᠲᠠ ᠵᠢᠨ ᠬᠢᠴᠢᠶᠡᠯ ᠲᠥᠷᠥᠯ᠃ 2025 ᠣᠨ᠎ᠠᠴᠠ ᠡᠬᠢᠯᠡᠨ᠂ ᠰᠢᠯᠭ᠋ᠠᠯᠲᠠ ᠵᠢᠨ ᠬᠢᠴᠢᠶᠡᠯ ᠲᠥᠷᠥᠯ᠎ᠨᠢ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ 3 ᠬᠢᠴᠢᠶᠡᠯ ᠲᠥᠷᠥᠯ ᠪᠠ ᠰᠢᠯᠭ᠋ᠠᠭᠤᠯᠤᠭᠴᠢ ᠵᠢᠨ ᠥᠪᠡᠰᠦᠪᠡᠨ ᠡᠵᠡᠨ ᠮᠡᠳᠡᠵᠦ ᠰᠣᠩᠭᠣᠭᠰᠠᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠣᠩᠭᠤᠬᠤ ᠴᠢᠨᠠᠷᠲᠠᠶ ᠰᠢᠯᠭ᠋ᠠᠯᠲᠠ ᠵᠢᠨ 3 ᠬᠢᠴᠢᠶᠡᠯ ᠲᠥᠷᠥᠯ ᠵᠶ᠋ᠠᠷ ᠪᠦᠷᠢᠯᠳᠦᠨ᠎ᠡ᠃ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠬᠢᠴᠢᠶᠡᠯ ᠲᠥᠷᠥᠯ᠎ᠨᠢ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ (ᠠᠨᠭ᠌ᠭ᠍ᠯᠢ ᠬᠡᠯᠡ᠂ ᠶᠠᠫᠣᠨ ᠬᠡᠯᠡ᠂ ᠣᠷᠣᠰ ᠬᠡᠯᠡ᠂ ᠹᠷᠠᠨᠼᠢ ᠬᠡᠯᠡ᠂ ᠢᠰᠫᠠᠨᠢ ᠬᠡᠯᠡ᠂ ᠭᠧᠷᠮᠠᠨ ᠬᠡᠯᠡ ᠵᠢ ᠪᠠᠭᠲᠠᠭ᠋ᠠᠨ᠎ᠠ) 3 ᠲᠥᠷᠥᠯ ᠪᠠᠶ᠋ᠢᠵᠤ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠪᠠ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ ᠭᠡᠵᠦ ᠬᠤᠪᠢᠶᠠᠬᠤ ᠥᠬᠡᠶ᠃ ᠬᠣᠯᠪᠤᠭᠳᠠᠬᠤ ᠪᠡᠶ᠎ᠡ ᠵᠢᠨ ᠲᠠᠮᠢᠷ᠎ᠤᠨ ᠲᠥᠷᠥᠯ᠂ ᠤᠷᠠᠯᠢᠭ᠎ᠤᠨ ᠲᠥᠷᠥᠯ᠎ᠤᠨ ᠲᠤᠰᠬᠠᠶ ᠮᠡᠷᠭᠡᠵᠢᠯ ᠵᠡᠷᠭᠡ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠪᠠᠰᠠ ᠡᠷᠬᠡᠪᠰᠢ ᠲᠤᠰᠬᠠᠶ ᠮᠡᠷᠭᠡᠵᠢᠯ᠎ᠤᠨ ᠬᠢᠴᠢᠶᠡᠯ᠎ᠤᠨ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠃
2 . ᠰᠢᠯᠭ᠋ᠠᠯᠲᠠ ᠵᠢᠨ ᠲᠣᠬᠢᠷᠠᠭᠤᠯᠤᠯᠲᠠ᠃ ᠪᠦᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠰᠢᠯᠭ᠋ᠠᠬᠤ ᠴᠠᠭ᠎ᠢ ᠰᠤᠷᠭ᠋ᠠᠨ ᠬᠥᠮᠦᠵᠢᠯ᠎ᠤᠨ ᠶᠠᠮᠤᠨ᠎ᠤ ᠨᠢᠭᠡᠳᠦᠯᠲᠡᠶ ᠲᠣᠭᠲᠠᠭ᠋ᠠᠭᠰᠠᠨ ᠴᠠᠭ ᠵᠶ᠋ᠠᠷ ᠲᠣᠬᠢᠷᠠᠭᠤᠯᠵᠤ᠂ ᠵᠢᠯ ᠪᠦᠷᠢ ᠵᠢᠨ 6 ᠰᠠᠷ᠎ᠠ᠎ᠳᠤ ᠰᠢᠯᠭ᠋ᠠᠯᠲᠠ ᠵᠢ ᠵᠣᠬᠢᠶᠠᠨ ᠪᠠᠢ᠌ᠭᠤᠯᠵᠤ᠂ ᠭᠠᠳᠠᠭ᠋ᠠᠳᠤ ᠬᠡᠯᠡᠨ᠎ᠤ ᠬᠢᠴᠢᠶᠡᠯ᠎ᠤᠨ ᠰᠢᠯᠭ᠋ᠠᠯᠲᠠ᠎ᠳᠤ ᠰᠣᠨᠣᠰᠬᠤ ᠴᠢᠳᠠᠪᠤᠷᠢ ᠪᠠ ᠪᠢᠷ᠎ᠤᠨ ᠰᠢᠯᠭ᠋ᠠᠯᠲᠠ ᠵᠢ ᠪᠠᠭᠲᠠᠭ᠋ᠠᠵᠤ᠂ ᠨᠥᠬᠥᠴᠡᠯ ᠪᠦᠷᠢᠯᠳᠦᠭᠰᠡᠨ᠎ᠤ ᠳᠠᠷᠠᠭ᠎ᠠ 《ᠨᠢᠭᠡ ᠵᠢᠯ᠎ᠳᠤ ᠬᠣᠶᠠᠷᠲᠠ ᠰᠢᠯᠭ᠋ᠠᠬᠤ》 ᠵᠢ ᠬᠡᠷᠡᠭᠵᠢᠭᠦᠯᠦᠨ᠎ᠡ᠃ ᠰᠣᠩᠭᠤᠬᠤ ᠴᠢᠨᠠᠷᠲᠠᠶ ᠰᠢᠯᠭ᠋ᠠᠯᠲᠠ ᠵᠢ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ᠎ᠲᠠᠢ ᠠᠳᠠᠯᠢ ᠬᠤᠭᠤᠴᠠᠭ᠋ᠠᠨ᠎ᠳᠤ ᠲᠣᠬᠢᠷᠠᠭᠤᠯᠤᠨ᠎ᠠ᠃
3 . ᠬᠢᠷᠢ ᠪᠦᠲᠦᠮᠵᠢ ᠵᠢᠨ ᠪᠦᠷᠢᠯᠳᠦᠯ᠃ ᠰᠢᠯᠭ᠋ᠠᠭᠤᠯᠤᠭᠴᠢ ᠵᠢᠨ ᠶᠡᠷᠦᠩᠬᠡᠶ ᠬᠢᠷᠢ ᠪᠦᠲᠦᠮᠵᠢ᠎ᠨᠢ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡ ᠵᠡᠷᠭᠡ ᠪᠥᠬᠥ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ 3 ᠬᠢᠴᠢᠶᠡᠯ ᠲᠥᠷᠥᠯ᠎ᠤᠨ ᠬᠢᠷᠢ ᠪᠦᠲᠦᠮᠵᠢ ᠪᠠ 3 ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠬᠢᠷᠢ ᠪᠦᠲᠦᠮᠵᠢ᠎ᠪᠠᠷ ᠪᠦᠷᠢᠯᠳᠦᠵᠦ᠂ ᠪᠦᠷᠢᠨ ᠬᠤᠪᠢ᠎ᠨᠢ 750 ᠬᠤᠪᠢ ᠪᠣᠯᠤᠨ᠎ᠠ᠃ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠷᠢ ᠪᠦᠲᠦᠮᠵᠢ᠎ᠨᠢ ᠲᠤᠬᠠᠶ ᠵᠢᠨ ᠵᠢᠯ᠎ᠳᠤ ᠬᠦᠴᠦᠨ᠎ᠲᠡᠢ᠃ ᠡᠭᠦᠨ᠎ᠳᠤ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠬᠡᠯᠡᠨ᠎ᠤ ᠲᠥᠷᠥᠯ ᠪᠦᠷᠢ ᠵᠢᠨ ᠪᠦᠷᠢᠨ ᠬᠤᠪᠢ 150 ᠬᠤᠪᠢ᠂ ᠰᠣᠩᠭᠤᠬᠤ ᠴᠢᠨᠠᠷᠲᠠᠶ ᠰᠢᠯᠭ᠋ᠠᠯᠲᠠ ᠵᠢᠨ ᠲᠥᠷᠥᠯ ᠪᠦᠷᠢ ᠵᠢᠨ ᠪᠦᠷᠢᠨ ᠬᠤᠪᠢ᠎ᠨᠢ 100 ᠬᠤᠪᠢ ᠪᠣᠯᠤᠨ᠎ᠠ᠃ ᠹᠢᠽᠢᠺ᠂ ᠲᠡᠦᠬᠡ ᠵᠢᠨ ᠬᠢᠴᠢᠶᠡᠯ ᠲᠥᠷᠥᠯ᠎ᠤᠨ ᠰᠢᠯᠭ᠋ᠠᠯᠲᠠ ᠵᠢᠨ ᠠᠩᠬᠠᠨ᠎ᠤ ᠬᠤᠪᠢ ᠵᠢ ᠰᠢᠯᠭ᠋ᠠᠭᠤᠯᠤᠭᠴᠢ ᠵᠢᠨ ᠶᠡᠷᠦᠩᠬᠡᠶ ᠬᠢᠷᠢ ᠪᠦᠲᠦᠮᠵᠢ᠎ᠳᠤ ᠪᠤᠳᠤᠵᠤ ᠣᠷᠣᠭᠤᠯᠤᠨ᠎ᠠ; ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ᠎ᠤᠨ ᠤᠬᠠᠭ᠋ᠠᠨ᠎ᠤ ᠬᠢᠴᠢᠶᠡᠯ ᠲᠥᠷᠥᠯ᠎ᠤᠨ ᠲᠠᠰ᠎ᠲᠤ ᠬᠤᠪᠢᠷᠠᠭᠤᠯᠤᠭᠰᠠᠨ ᠬᠤᠪᠢ ᠵᠢ ᠰᠢᠯᠭ᠋ᠠᠭᠤᠯᠤᠭᠴᠢ ᠵᠢᠨ ᠶᠡᠷᠦᠩᠬᠡᠶ ᠬᠢᠷᠢ ᠪᠦᠲᠦᠮᠵᠢ᠎ᠳᠤ ᠪᠤᠳᠤᠵᠤ ᠣᠷᠣᠭᠤᠯᠤᠨ᠎ᠠ᠃ ᠳᠡᠰ᠎ᠲᠤ ᠬᠤᠪᠢᠷᠠᠭᠤᠯᠬᠤ ᠬᠤᠪᠢ ᠵᠢ ᠪᠣᠳᠤᠬᠤ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠠᠰᠲᠤᠨᠢ ᠨᠡᠶ᠋ᠢᠲᠡᠯᠡᠨ᠎ᠡ᠃
4 . ᠰᠣᠷᠣᠭᠴᠢ ᠡᠯᠰᠡᠬᠦ᠃ 2025 ᠣᠨ᠎ᠠᠴᠠ ᠡᠬᠢᠯᠡᠨ᠂ ᠡᠩ᠎ᠤᠨ ᠳᠡᠭᠡᠳᠦ ᠰᠤᠷᠭ᠋ᠠᠭᠤᠯᠢ ᠵᠢᠨ ᠨᠢᠭᠡᠳᠦᠯᠲᠡᠶ ᠰᠢᠯᠭ᠋ᠠᠯᠲᠠ᠎ᠪᠠᠷ ᠰᠣᠷᠣᠭᠴᠢ ᠡᠯᠰᠡᠬᠦ᠎ᠳᠤ ᠹᠢᠽᠢᠺ᠎ᠤᠨ ᠬᠢᠴᠢᠶᠡᠯ ᠲᠥᠷᠥᠯ᠎ᠤᠨ ᠨᠡᠶ᠋ᠢᠯᠡᠯ ᠪᠠ ᠲᠡᠦᠬᠡ ᠵᠢᠨ ᠬᠢᠴᠢᠶᠡᠯ ᠲᠥᠷᠥᠯ᠎ᠤᠨ ᠨᠡᠶ᠋ᠢᠯᠡᠯ ᠵᠶ᠋ᠠᠷ ᠰᠣᠷᠣᠭᠴᠢ ᠡᠯᠰᠡᠬᠦ ᠲᠥᠯᠥᠪᠯᠡᠭᠡ ᠵᠢ ᠬᠤᠪᠢᠶᠠᠨ ᠵᠢᠭᠰᠠᠭ᠋ᠠᠵᠤ᠂ ᠡᠯᠰᠡᠨ ᠠᠪᠬᠤ ᠬᠠᠮᠤᠭ᠎ᠤᠨ ᠳᠤᠤᠷ᠎ᠠ ᠬᠢᠵᠠᠭ᠋ᠠᠷ ᠬᠤᠪᠢ ᠵᠢ ᠲᠣᠰ ᠲᠣᠰ ᠵᠠᠭ᠋ᠠᠭᠯᠠᠨ ᠲᠣᠭᠲᠠᠭ᠋ᠠᠨ᠎ᠠ; ᠦᠨᠳᠦᠰᠦᠨ ᠠᠩᠭᠢ ᠵᠢᠨ ᠨᠢᠭᠡᠳᠦᠭᠡᠷ ᠪᠥᠯᠦᠭ ᠤᠳᠠᠭ᠎ᠠ ᠪᠠ ᠦᠨᠳᠦᠰᠦᠨ ᠠᠩᠭᠢ ᠵᠢᠨ ᠬᠣᠶᠠᠳᠤᠭ᠋ᠠᠷ ᠪᠥᠯᠦᠭ ᠤᠳᠠᠭ᠎ᠠ ᠡᠯᠰᠡᠬᠦ ᠵᠢ ᠨᠡᠢ᠌ᠯᠡᠭᠦᠯᠵᠦ᠂ ᠵᠡᠷᠭᠡᠴᠡᠭᠡ ᠡᠷᠡᠮᠡᠯᠵᠡᠯ᠎ᠤᠨ ᠲᠠᠩᠰᠠ ᠡᠪᠬᠡᠮᠡᠯ ᠭᠠᠷᠭ᠋ᠠᠬᠤ ᠡᠯᠰᠡᠬᠦ ᠵᠠᠭᠪᠤᠷ᠎ᠢ ᠬᠡᠷᠡᠭᠵᠢᠭᠦᠯᠦᠨ᠎ᠡ᠃ ᠰᠣᠷᠣᠭᠴᠢ ᠡᠯᠰᠡᠬᠦ ᠪᠣᠳᠠᠲᠠᠶ ᠠᠷᠭ᠎ᠠ ᠵᠢ ᠲᠤᠬᠠᠶ ᠵᠢᠨ ᠵᠢᠯ᠎ᠤᠨ ᠰᠣᠷᠣᠭᠴᠢ ᠡᠯᠰᠡᠬᠦ ᠪᠢᠴᠢᠭ ᠮᠠᠲ᠋ᠧᠷᠢᠶᠠᠯ᠎ᠳᠤ ᠲᠣᠳᠣᠷᠬᠠᠶ ᠳᠣᠭᠲᠠᠭ᠋ᠠᠨ᠎ᠠ᠃
ᠬᠣᠯᠪᠤᠭᠳᠠᠬᠤ ᠪᠡᠶ᠎ᠡ ᠵᠢᠨ ᠲᠠᠮᠢᠷ᠎ᠤᠨ ᠲᠥᠷᠥᠯ᠂ ᠤᠷᠠᠯᠢᠭ᠎ᠤᠨ ᠲᠥᠷᠥᠯ᠎ᠤᠨ ᠲᠤᠰᠬᠠᠶ ᠮᠡᠷᠭᠡᠵᠢᠯ᠎ᠳᠤ ᠰᠢᠯᠭ᠋ᠠᠭᠤᠯᠤᠭᠴᠢ ᠵᠢᠨ ᠶᠡᠷᠦᠩᠬᠡᠶ ᠬᠢᠷᠢ ᠪᠦᠲᠦᠮᠵᠢ ᠵᠢᠴᠢ ᠵᠣᠬᠢᠬᠤ ᠲᠤᠰᠬᠠᠶ ᠮᠡᠷᠭᠡᠵᠢᠯ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠦᠨᠳᠦᠰᠦᠯᠡᠨ᠂ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠎ᠪᠠᠷ ᠯᠠᠪᠯᠠᠯᠲᠠ ᠪᠣᠯᠭ᠋ᠠᠵᠤ ᠰᠢᠯᠢᠳᠡᠭ᠎ᠢ᠎ᠨᠢ ᠰᠣᠩᠭᠣᠵᠤ ᠡᠯᠰᠡᠨ᠎ᠡ᠃
ᠴᠥᠭᠡᠨ ᠲᠣᠭ᠋ᠠᠲᠤ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠢ᠌ᠭ᠎ᠠ ᠲᠤᠰᠬᠠᠶ ᠮᠡᠷᠭᠡᠵᠢᠯ᠎ᠤᠨ ᠰᠢᠯᠭ᠋ᠠᠯᠲᠠ᠎ᠪᠠᠷ ᠰᠤᠷᠤᠭᠴᠢ ᠡᠯᠰᠡᠬᠦ ᠠᠷᠭ᠎ᠠ ᠵᠢ ᠬᠣᠯᠪᠤᠭᠳᠠᠬᠤ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ᠎ᠠᠴᠠ ᠠᠰᠲᠤᠨᠢ ᠨᠡᠶ᠋ᠢᠲᠡᠯᠡᠨ᠎ᠡ᠃
5 . ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠱᠠᠭ᠋ᠠᠷᠳᠠᠯᠭ᠎ᠠ᠃ ᠡᠩ᠎ᠤᠨ ᠳᠡᠭᠡᠳᠦ ᠰᠤᠷᠭ᠋ᠠᠭᠤᠯᠢ᠎ᠠᠴᠠ ᠰᠤᠷᠤᠭᠴᠢᠳ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ᠎ᠳᠤ ᠳᠤᠷᠠᠳᠤᠭᠰᠠᠨ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠢ ᠰᠣᠩᠭᠣᠨ ᠰᠢᠯᠭ᠋ᠠᠭᠤᠯᠬᠤ ᠱᠠᠭ᠋ᠠᠷᠳᠠᠯᠭ᠎ᠠ ᠪᠣᠯ ᠰᠤᠷᠤᠭᠴᠢᠳ᠎ᠤᠨ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠢ ᠲᠣᠭᠲᠠᠭ᠋ᠠᠬᠤ ᠦᠨᠳᠦᠰᠦᠯᠡᠯ᠎ᠤᠨ ᠨᠢᠭᠡ ᠪᠣᠯᠤᠨ᠎ᠠ᠃ ᠰᠢᠯᠭ᠋ᠠᠭᠤᠯᠤᠭᠴᠢ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠲᠤᠰᠬᠠᠶ ᠮᠡᠷᠭᠡᠵᠢᠯ (ᠲᠥᠷᠥᠯ)᠎ᠤᠨ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠪᠠ ᠳᠤᠷ᠎ᠠ ᠰᠣᠨᠢᠷᠬᠠᠯ᠎ᠤᠨ ᠣᠨᠴᠠᠯᠢᠭ ᠵᠶ᠋ᠠᠨ ᠦᠨᠳᠦᠰᠦᠯᠡᠨ᠂ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ ᠵᠶ᠋ᠠᠨ ᠲᠣᠭᠲᠠᠭ᠋ᠠᠨ᠎ᠠ᠃ ᠥᠪᠥᠷ ᠮᠣᠩᠭᠣᠯ᠎ᠠᠴᠠ ᠰᠣᠷᠣᠭᠴᠢ ᠡᠯᠰᠡᠬᠦ ᠡᠩ᠎ᠤᠨ ᠳᠡᠭᠡᠳᠦ ᠰᠤᠷᠭ᠋ᠠᠭᠤᠯᠢ ᠬᠣᠯᠪᠤᠭᠳᠠᠬᠤ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠱᠠᠭ᠋ᠠᠷᠳᠠᠯᠭ᠎ᠠ᠎ᠪᠠᠨ ᠦᠨᠳᠦᠰᠦᠯᠡᠨ᠂ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠵᠢᠨ ᠬᠠᠮᠲᠤ ᠤᠷᠢᠳᠴᠢᠯᠠᠨ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠨ᠎ᠡ᠃
ᠰᠢᠯᠭ᠋ᠠᠭᠤᠯᠤᠭᠴᠢ ᠵᠢᠨ ᠰᠣᠩᠭᠤᠬᠤ ᠴᠢᠨᠠᠷᠲᠠᠶ ᠰᠢᠯᠭ᠋ᠠᠯᠲᠠ ᠵᠢᠨ ᠬᠢᠴᠢᠶᠡᠯ ᠲᠥᠷᠥᠯ᠎ᠨᠢ ᠡᠩ᠎ᠤᠨ ᠳᠡᠭᠡᠳᠦ ᠰᠤᠷᠭ᠋ᠠᠭᠤᠯᠢ ᠵᠢᠨ ᠵᠣᠬᠢᠬᠤ ᠰᠣᠷᠣᠭᠴᠢ ᠡᠯᠰᠡᠬᠦ ᠲᠤᠰᠬᠠᠶ ᠮᠡᠷᠭᠡᠵᠢᠯ (ᠲᠥᠷᠥᠯ)᠎ᠤᠨ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ᠎ᠳᠤ ᠨᠡᠶ᠋ᠢᠴᠡᠪᠡᠯ ᠰᠠᠶᠢ ᠲᠣᠰ ᠲᠤᠰᠬᠠᠶ ᠮᠡᠷᠭᠡᠵᠢᠯ (ᠲᠥᠷᠥᠯ)᠎ᠳᠤ ᠨᠡᠷ᠎ᠡ ᠮᠡᠳᠡᠭᠦᠯᠵᠦ ᠪᠣᠯᠤᠨ᠎ᠠ᠃
(ᠳᠥᠷᠪᠡ) ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠤᠪᠢᠶᠠᠨ ᠰᠢᠯᠭ᠋ᠠᠵᠤ ᠰᠤᠷᠤᠭᠴᠢ ᠡᠯᠰᠡᠬᠦ ᠥᠭᠡᠷᠡᠴᠢᠯᠡᠯᠲᠡ ᠵᠢ ᠠᠬᠢᠭᠤᠯᠤᠨ᠎ᠠ
ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠵᠢ ᠡᠩ᠎ᠤᠨ ᠳᠡᠭᠡᠳᠦ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ᠎ᠲᠠᠢ ᠬᠠᠷᠢᠴᠠᠩᠭᠤᠶ᠎ᠪᠠᠷ ᠰᠠᠯᠭ᠋ᠠᠵᠤ᠂ 《ᠰᠣᠶᠣᠯ᠎ᠤᠨ ᠬᠡᠪ ᠴᠢᠨᠠᠷ + ᠠᠵᠢᠯ ᠮᠡᠷᠭᠡᠵᠢᠯ᠎ᠤᠨ ᠤᠷ᠎ᠠ ᠴᠢᠳᠠᠪᠤᠷᠢ》 ᠵᠢᠨ ᠦᠨᠡᠯᠡᠯᠲᠡ᠎ᠪᠠᠷ ᠭᠤᠤᠯ ᠪᠣᠯᠭ᠋ᠠᠭᠰᠠᠨ ᠰᠣᠷᠣᠭᠴᠢ ᠡᠯᠰᠡᠬᠦ ᠠᠷᠭ᠎ᠠ ᠮᠠᠶᠢᠭ᠎ᠢ ᠬᠡᠷᠡᠭᠵᠢᠭᠦᠯᠦᠨ᠎ᠡ᠃
1 . ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠰᠢᠯᠭ᠋ᠠᠭᠤᠯᠬᠤ᠎ᠪᠠᠷ ᠨᠡᠷ᠎ᠡ ᠮᠡᠳᠡᠭᠦᠯᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠨᠡᠪᠲᠡᠷᠡᠭᠦᠯᠦᠭᠰᠡᠨ 《3 + 2》 ᠬᠡᠯᠪᠡᠷᠢ᠎ᠪᠠᠷ ᠰᠢᠯᠭ᠋ᠠᠭᠤᠯᠤᠭᠰᠠᠳ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠲᠡᠪᠰᠢᠨ ᠣᠷᠣᠪᠠᠯ᠂ ᠰᠣᠶᠣᠯ᠎ᠤᠨ ᠰᠠᠭᠤᠷᠢ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠤᠶᠠᠯᠳᠤᠭᠤᠯᠤᠭᠰᠠᠨ ᠰᠢᠯᠭ᠋ᠠᠯᠲᠠ᠎ᠳᠤ ᠣᠷᠣᠯᠴᠠᠵᠤ ᠪᠣᠯᠤᠨ᠎ᠠ᠃
2 . ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠬᠤ᠎ᠳᠤ ᠠᠵᠢᠯ ᠮᠡᠷᠭᠡᠵᠢᠯ᠎ᠳᠤ ᠵᠣᠬᠢᠴᠠᠬᠤ ᠴᠢᠨᠠᠷᠲᠠᠢ ᠰᠢᠯᠭ᠋ᠠᠯᠲᠠ᠎ᠳᠤ ᠣᠷᠣᠯᠴᠠᠵᠤ ᠪᠣᠯᠤᠨ᠎ᠠ᠂ ᠰᠣᠶᠣᠯ᠎ᠤᠨ ᠬᠡᠪ ᠴᠢᠨᠠᠷ᠎ᠤᠨ ᠬᠢᠷᠢ ᠪᠦᠲᠦᠮᠵᠢ᠎ᠳᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ ᠵᠢᠨ ᠬᠢᠷᠢ ᠪᠦᠲᠦᠮᠵᠢ ᠵᠢ ᠬᠡᠷᠡᠭᠯᠡᠵᠦ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠦᠨᠡᠯᠡᠯᠲᠡ᠎ᠪᠠᠷ ᠯᠠᠪᠯᠠᠯᠲᠠ ᠪᠣᠯᠭ᠋ᠠᠨ ᠰᠢᠯᠢᠳᠡᠭ᠎ᠢ᠎ᠨᠢ ᠰᠣᠩᠭᠣᠵᠤ ᠡᠯᠰᠡᠨ᠎ᠡ᠃ ᠨᠡᠶ᠋ᠢᠭᠡᠮ᠎ᠤᠨ ᠰᠢᠯᠭ᠋ᠠᠭᠤᠯᠤᠭᠴᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠰᠢᠯᠭ᠋ᠠᠭᠤᠯᠬᠤ᠎ᠳᠤ ᠠᠵᠢᠯ ᠮᠡᠷᠭᠡᠵᠢᠯ᠎ᠳᠤ ᠵᠣᠬᠢᠴᠠᠬᠤ ᠴᠢᠨᠠᠷᠲᠠᠢ ᠰᠢᠯᠭ᠋ᠠᠯᠲᠠ ᠪᠣᠯᠤᠨ ᠵᠣᠬᠢᠬᠤ ᠬᠢᠴᠢᠶᠡᠯ ᠲᠥᠷᠥᠯ᠎ᠤᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠬᠡᠮᠵᠢᠶᠡᠨ᠎ᠤ ᠰᠢᠯᠭ᠋ᠠᠯᠲᠠ᠎ᠳᠤ ᠣᠷᠣᠯᠴᠠᠵᠤ ᠪᠣᠯᠤᠨ᠎ᠠ᠃
ᠳᠡᠭᠡᠷ᠎ᠡ ᠳᠤᠷᠠᠳᠤᠭᠰᠠᠨ ᠬᠣᠶᠠᠷ ᠵᠦᠢ᠍ᠯ᠎ᠤᠨ ᠰᠢᠯᠭ᠋ᠠᠯᠲᠠ᠎ᠪᠠᠷ ᠰᠣᠷᠣᠭᠴᠢ ᠡᠯᠰᠡᠬᠦ ᠠᠵᠢᠯ᠎ᠢ ᠡᠩ᠎ᠤᠨ ᠪᠠᠶ᠋ᠢᠳᠠᠯ᠎ᠳᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ᠎ᠠᠴᠠ ᠡᠮᠦᠨ᠎ᠡ ᠲᠣᠬᠢᠷᠠᠭᠤᠯᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠤᠷᠢᠳᠴᠢᠯᠠᠨ ᠨᠡᠷ᠎ᠡ ᠮᠡᠳᠡᠭᠦᠯᠦᠭᠰᠡᠨ ᠥᠬᠡᠶ ᠵᠢᠴᠢ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠨ ᠪᠣᠯᠪᠠᠴᠤ ᠡᠯᠰᠡᠭᠳᠡᠭᠰᠡᠨ ᠥᠬᠡᠶ ᠰᠢᠯᠭ᠋ᠠᠭᠤᠯᠤᠭᠴᠢ ᠪᠠᠰᠠ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ᠎ᠳᠤ ᠣᠷᠣᠯᠴᠠᠵᠤ ᠪᠣᠯᠤᠨ᠎ᠠ᠃
ᠭᠤᠷᠪᠠ᠂ ᠪᠠᠲᠤᠯᠠᠭ᠋ᠠᠨ᠎ᠤ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠤᠭᠳᠠᠬᠤ ᠰᠠᠯᠠᠭ᠎ᠠ ᠮᠥᠴᠢᠷ᠎ᠤᠨ᠎ᠬᠢᠨ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠤᠷᠤᠭᠴᠢ ᠡᠯᠰᠡᠬᠦ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠤᠯᠤᠰ ᠲᠥᠷᠥ ᠵᠢᠨ ᠵᠣᠭᠰᠣᠴᠠ᠎ᠪᠠᠨ ᠲᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠦᠨᠳᠦᠰᠦᠨ ᠪᠠᠲᠤᠯᠠᠭ᠋ᠠᠨ᠎ᠤ ᠨᠥᠬᠥᠴᠡᠯ᠎ᠢ ᠲᠡᠭᠦᠯᠳᠡᠷᠵᠢᠭᠦᠯᠬᠦ ᠬᠠᠷᠢᠭᠤᠴᠠᠯᠭ᠎ᠠ ᠵᠢᠨ ᠭᠤᠤᠯ ᠴᠣᠭᠴᠠ ᠪᠠᠢ᠌ᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠤᠨ ᠤᠳᠤᠷᠢᠳᠬᠤ ᠪᠠᠶ᠋ᠢᠭᠤᠯᠤᠯ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠷᠢᠶ᠎ᠠ ᠣᠷᠣᠨ᠎ᠠᠴᠠ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠤ᠎ᠪᠠᠷ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠬᠤ ᠭᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠤᠯ ᠬᠠᠷᠢᠭᠤᠴᠠᠯᠭ᠋ᠠᠲᠠᠨ ᠪᠡᠶ᠎ᠡ᠎ᠪᠠᠷ ᠵᠶ᠋ᠠᠨ ᠬᠠᠷᠢᠭᠤᠴᠠᠵᠤ᠂ ᠪᠡᠶ᠎ᠡ᠎ᠪᠠᠷ ᠵᠶ᠋ᠠᠨ ᠵᠣᠬᠢᠴᠠᠭᠤᠯᠵᠤ᠂ ᠪᠡᠶ᠎ᠡ᠎ᠪᠠᠷ ᠵᠶ᠋ᠠᠨ ᠬᠢᠨᠠᠨ ᠪᠠᠶ᠋ᠢᠴᠠᠭ᠋ᠠᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠣᠭᠲᠠᠭᠤᠨ ᠵᠶ᠋ᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠤᠷᠭ᠋ᠠᠨ ᠬᠥᠮᠦᠵᠢᠯ᠂ ᠤᠬᠠᠭᠤᠯᠭ᠎ᠠ᠂ ᠪᠠᠶ᠋ᠢᠭᠤᠯᠤᠮᠵᠢ ᠵᠢᠨ ᠣᠷᠣᠨ ᠲᠣᠭ᠎ᠠ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠂ ᠨᠢᠭᠤᠴᠠ ᠵᠢ ᠬᠠᠮᠠᠭ᠋ᠠᠯᠠᠬᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠵᠦ᠂ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠥᠭᠡᠷᠡᠴᠢᠯᠡᠯᠲᠡ ᠵᠢᠨ ᠬᠠᠮ ᠬᠦᠴᠦᠨ᠎ᠢ ᠪᠦᠷᠢᠯᠳᠦᠭᠦᠯᠵᠦ᠂ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠬᠠᠮᠲᠤ᠎ᠪᠠᠷ ᠠᠬᠢᠭᠤᠯᠬᠤ ᠬᠡᠷᠡᠭᠲᠡᠢ᠃
(ᠬᠣᠶᠠᠷ) ᠨᠥᠬᠥᠴᠡᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠷᠬᠡᠪᠰᠢ ᠰᠤᠷᠭ᠋ᠠᠨ ᠬᠥᠮᠦᠵᠢᠯ᠎ᠢ ᠡᠩ ᠲᠡᠷᠢᠭᠦᠨ᠎ᠳᠤ ᠬᠥᠭᠵᠢᠭᠦᠯᠬᠦ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠵᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠰᠤᠷᠭ᠋ᠠᠭᠤᠯᠢ ᠡᠷᠭᠢᠯᠡᠬᠦ ᠨᠥᠬᠥᠴᠡᠯ᠎ᠢ ᠰᠠᠶ᠋ᠢᠵᠢᠷᠠᠭᠤᠯᠬᠤ᠂ ᠰᠢᠯᠭ᠋ᠠᠯᠲᠠ ᠵᠢᠨ ᠠᠮᠤᠷ ᠲᠦᠪᠰᠢᠨ᠎ᠢ ᠪᠠᠲᠤᠯᠠᠬᠤ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠵᠠᠷᠤᠳᠠᠯ᠎ᠤᠨ ᠪᠡᠯᠡ ᠣᠷᠣᠭᠤᠯᠤᠯᠲᠠ᠎ᠪᠠᠨ ᠨᠡᠮᠡᠭᠳᠡᠭᠦᠯᠵᠦ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠤᠷᠤᠭᠰᠢᠲᠠᠶ ᠶᠠᠪᠤᠭᠳᠠᠬᠤ ᠵᠢ ᠪᠥᠬᠥ ᠬᠦᠴᠦᠨ ᠵᠶ᠋ᠠᠷ ᠵᠶ᠋ᠠᠨ ᠪᠠᠲᠤᠯᠬᠠᠤ ᠬᠡᠷᠡᠭᠲᠡᠢ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠯᠦᠩᠭᠦᠶ ᠬᠠᠮᠢᠶᠠᠷᠤᠯᠲᠠ᠂ ᠪᠦᠲᠦᠴᠡ ᠵᠢᠨ ᠲᠣᠬᠢᠷᠠᠭᠤᠯᠤᠯᠲᠠ᠂ ᠰᠢᠶᠠᠨ᠎ᠤ ᠬᠡᠪᠴᠢᠶᠡᠨ᠎ᠳᠤ ᠨᠢᠭᠡᠳᠦᠯᠲᠡᠶ ᠲᠥᠯᠥᠪᠯᠡᠬᠦ᠂ ᠪᠠᠭᠰᠢ ᠶᠠᠪᠤᠵᠤ ᠪᠠᠭᠰᠢᠯᠠᠬᠤ ᠪᠠ ᠵᠣᠬᠢᠬᠤ ᠬᠡᠮᠵᠢᠶ᠎ᠡ᠎ᠪᠠᠷ ᠨᠥᠭᠡᠴᠡᠯᠡᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢᠨ ᠬᠡᠷᠡᠭᠴᠡᠭᠡ᠎ᠳᠤ ᠪᠠᠭᠰᠢ ᠵᠢᠨ ᠬᠦᠴᠦᠨ᠎ᠢ ᠬᠠᠩᠭ᠋ᠠᠬᠤ ᠵᠢ ᠦᠨᠡᠨ ᠬᠦ᠌ ᠪᠠᠲᠤᠯᠠᠨ᠎ᠠ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠪᠠᠶ᠋ᠢᠷᠢᠰᠢᠭᠤᠯᠤᠯᠲᠠ ᠵᠢ ᠵᠦᠶ ᠵᠣᠬᠢᠰᠲᠠᠶ ᠲᠥᠯᠥᠪᠵᠢᠭᠦᠯᠵᠦ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠤᠷᠭ᠋ᠠᠭᠤᠯᠢ ᠵᠢᠨ ᠬᠢᠴᠢᠶᠡᠯ᠎ᠤᠨ ᠬᠡᠷ᠂ ᠵᠢᠭ᠋ᠠᠨ ᠰᠤᠷᠭ᠋ᠠᠯᠲᠠ ᠵᠢᠨ ᠲᠣᠨᠣᠭ ᠲᠥᠬᠥᠭᠡᠷᠦᠮᠵᠢ ᠵᠢᠨ ᠨᠥᠬᠥᠴᠡᠯ᠎ᠨᠢ ᠬᠢᠴᠢᠶᠡᠯ ᠰᠣᠩᠭᠣᠵᠤ ᠠᠩᠭᠢ ᠰᠢᠯᠵᠢᠬᠦ ᠵᠢᠭ᠋ᠠᠨ ᠰᠤᠷᠭ᠋ᠠᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠵᠢ ᠦᠨᠡᠨ ᠬᠦ᠌ ᠪᠠᠲᠤᠯᠠᠨ᠎ᠠ᠃ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 2024 ᠣᠨ᠎ᠤ ᠰᠡᠭᠦᠯᠴᠢ᠎ᠪᠠᠷ 《ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠲᠠᠪᠴᠠᠩ》᠎ᠤᠨ ᠲᠥᠰᠦᠯ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠵᠦ᠂ ᠪᠠᠷᠢᠮᠵᠢᠶᠠᠵᠢᠭᠤᠯᠤᠭᠰᠠᠨ ᠰᠢᠯᠭ᠋ᠠᠯᠲᠠ ᠵᠢᠨ ᠴᠡᠭ᠎ᠢ ᠰᠢᠨ᠎ᠡ᠎ᠪᠠᠷ ᠪᠠᠶ᠋ᠢᠭᠤᠯᠬᠤ ᠪᠠ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ᠎ᠢ ᠲᠦᠷᠭᠡᠳᠬᠡᠵᠦ᠂ ᠲᠣᠭ᠋ᠠᠵᠢᠭᠤᠯᠤᠭᠰᠠᠨ ᠰᠤᠷᠭ᠋ᠠᠭᠤᠯᠢ ᠵᠢᠨ ᠬᠦᠷᠢᠶᠡᠨ᠎ᠤ ᠪᠥᠲᠥᠭᠡᠨ ᠪᠠᠶ᠋ᠢᠭᠤᠯᠤᠯᠲᠠ ᠪᠠ ᠬᠡᠷᠡᠭᠯᠡᠯᠲᠡ ᠵᠢ ᠶᠡᠬᠡ᠎ᠪᠠᠷ ᠠᠬᠢᠭᠤᠯᠤᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠪᠠᠷ ᠰᠤᠷᠤᠭᠴᠢ ᠡᠯᠰᠡᠬᠦ ᠪᠠᠶ᠋ᠢᠭᠤᠯᠤᠮᠵᠢ ᠵᠢ ᠲᠡᠭᠦᠯᠳᠡᠷ ᠪᠠᠢ᠌ᠭᠤᠯᠵᠤ᠂ ᠰᠡᠳᠦᠪ ᠭᠠᠷᠭ᠋ᠠᠬᠤ ᠡᠩᠨᠡᠭᠡ ᠪᠣᠯᠤᠨ ᠰᠢᠯᠭ᠋ᠠᠯᠲᠠ ᠵᠢᠨ ᠬᠠᠮᠢᠶᠠᠷᠤᠯᠲᠠ ᠵᠢᠨ ᠠᠵᠢᠯᠲᠠᠨ᠎ᠤ ᠡᠩᠨᠡᠭᠡ ᠵᠢ ᠲᠡᠭᠦᠯᠳᠡᠷᠵᠢᠭᠦᠯᠵᠦ᠂ ᠰᠢᠯᠭ᠋ᠠᠯᠲᠠ ᠵᠢᠨ ᠰᠡᠳᠦᠪ ᠭᠠᠷᠭ᠋ᠠᠬᠤ ᠳᠦᠷᠢᠮ ᠪᠣᠯᠤᠨ ᠰᠢᠯᠭ᠋ᠠᠯᠲᠠ ᠵᠢᠨ ᠬᠠᠮᠢᠶᠠᠷᠤᠯᠲᠠ ᠵᠢᠨ ᠲᠤᠰᠬᠠᠶ᠋ᠢᠵᠢᠭᠰᠠᠨ᠂ ᠰᠢᠨᠵᠢᠯᠡᠬᠦ ᠤᠬᠠᠭ᠋ᠠᠨᠴᠢᠯᠠᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
(ᠭᠤᠷᠪᠠ) ᠲᠥᠬᠥᠷ ᠥᠭᠡᠷᠡᠴᠢᠯᠡᠯᠲᠡ ᠵᠢ ᠠᠬᠢᠭᠤᠯᠤᠨ᠎ᠠ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠲᠥᠬᠥᠷ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠰᠡᠳᠦᠵᠦ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠪᠣᠯᠤᠨ ᠡᠩ᠎ᠤᠨ ᠳᠡᠭᠡᠳᠦ ᠰᠤᠷᠭ᠋ᠠᠭᠤᠯᠢ ᠵᠢ ᠵᠣᠬᠢᠶᠠᠨ ᠪᠠᠶ᠋ᠢᠭᠤᠯᠤᠨ ᠬᠥᠲᠥᠯᠥᠨ ᠵᠢᠯᠣᠭᠣᠳᠴᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠠᠬᠢᠭᠤᠯᠬᠤ ᠬᠡᠷᠡᠭᠲᠡᠢ᠃ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠯᠤᠰ᠎ᠤᠨ ᠬᠢᠴᠢᠶᠡᠯ᠎ᠤᠨ ᠲᠥᠰᠦᠯ ᠪᠣᠯᠤᠨ ᠬᠢᠴᠢᠶᠡᠯ᠎ᠤᠨ ᠪᠠᠷᠢᠮᠵᠢᠶ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠢᠴᠢᠶᠡᠯ᠎ᠢ ᠬᠡᠷᠡᠭᠵᠢᠭᠦᠯᠬᠦ ᠲᠥᠰᠦᠯ᠎ᠳᠤ ᠵᠠᠰᠠᠪᠤᠷᠢ ᠣᠷᠣᠭᠤᠯᠵᠤ᠂ ᠬᠢᠴᠢᠶᠡᠯ᠎ᠤᠨ ᠪᠠᠶ᠋ᠢᠷᠢᠯᠠᠭᠤᠯᠤᠯᠲᠠ ᠵᠢ ᠲᠣᠳᠣᠷᠬᠠᠶ᠋ᠢᠯᠠᠵᠤ᠂ ᠬᠢᠴᠢᠶᠡᠯ᠎ᠤᠨ ᠬᠠᠮᠢᠶᠠᠷᠤᠯᠲᠠ᠂ ᠪᠠᠭᠰᠢ ᠵᠢᠨ ᠪᠣᠯᠪᠠᠰᠤᠷᠠᠭᠤᠯᠤᠯ᠂ ᠵᠢᠭ᠋ᠠᠬᠤ ᠵᠢ ᠰᠤᠳᠤᠯᠬᠤ ᠠᠵᠢᠯ ᠪᠣᠯᠤᠨ ᠰᠤᠷᠭ᠋ᠠᠭᠤᠯᠢ ᠵᠢᠨ ᠨᠥᠬᠥᠴᠡᠯ᠎ᠤᠨ ᠪᠠᠲᠤᠯᠠᠭ᠎ᠠ ᠵᠡᠷᠭᠡ ᠵᠢ ᠴᠢᠩᠭ᠋ᠠᠷᠠᠭᠤᠯᠵᠤ᠂ ᠬᠢᠴᠢᠶᠡᠯ᠎ᠢ ᠬᠡᠷᠡᠭᠵᠢᠭᠦᠯᠬᠦ ᠵᠢ ᠬᠢᠨᠠᠨ ᠰᠢᠯᠭ᠋ᠠᠬᠤ ᠪᠠ ᠬᠠᠯᠠᠨ ᠥᠭᠡᠷᠡᠴᠢᠯᠡᠬᠦ ᠵᠢ ᠴᠢᠩᠭ᠋ᠠᠳᠬᠠᠨ᠎ᠠ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢᠨ ᠵᠠᠭᠪᠤᠷ᠎ᠤᠨ ᠥᠭᠡᠷᠡᠴᠢᠯᠡᠯᠲᠡ ᠵᠢ ᠠᠬᠢᠭᠤᠯᠵᠤ᠂ ᠰᠤᠷᠤᠭᠴᠢᠳ᠎ᠤᠨ ᠠᠮᠢᠳᠤᠷᠠᠬᠤᠢ ᠵᠢᠨ ᠲᠥᠯᠥᠪᠵᠢᠭᠦᠯᠭᠡ ᠵᠢᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠬᠢᠴᠢᠶᠡᠯ ᠰᠣᠩᠭᠣᠨ ᠠᠩᠭᠢ ᠰᠢᠯᠵᠢᠬᠦ ᠵᠢ ᠡᠮᠬᠢ ᠵᠢᠷᠤᠮ᠎ᠲᠠᠢ ᠠᠬᠢᠭᠤᠯᠵᠤ᠂ ᠰᠤᠷᠤᠭᠴᠢᠳ᠎ᠤᠨ ᠵᠦᠶ ᠵᠣᠬᠢᠰᠲᠠᠶ᠎ᠪᠠᠷ ᠬᠢᠴᠢᠶᠡᠯ ᠰᠣᠩᠭᠣᠬᠤ ᠵᠢ ᠵᠥᠪ ᠵᠶ᠋ᠠᠷ ᠬᠥᠲᠥᠯᠥᠨ ᠵᠢᠯᠣᠭᠣᠳᠴᠤ᠂ ᠵᠢᠭ᠋ᠠᠨ ᠰᠤᠷᠭ᠋ᠠᠬᠤ ᠠᠬᠢᠴᠠ ᠵᠢ ᠵᠦᠶ ᠵᠣᠬᠢᠰᠲᠠᠶ ᠲᠣᠬᠢᠷᠠᠭᠤᠯᠵᠤ᠂ ᠵᠠᠰᠠᠭ ᠵᠠᠬᠢᠷᠭ᠋ᠠᠨ᠎ᠤ ᠠᠩᠭᠢ ᠪᠣᠯᠤᠨ ᠵᠢᠭ᠋ᠠᠨ ᠰᠤᠷᠭ᠋ᠠᠯᠲᠠ ᠵᠢᠨ ᠠᠩᠭᠢ ᠵᠡᠷᠭᠡ᠎ᠪᠠᠷ ᠣᠷᠣᠰᠢᠬᠤ᠂ ᠠᠩᠭᠢ ᠵᠢᠨ ᠡᠷᠬᠢᠯᠡᠭᠴᠢ ᠪᠣᠯᠤᠨ ᠵᠢᠯᠣᠭᠣᠳᠣᠭᠴᠢ ᠪᠠᠭᠰᠢ ᠵᠢᠨ ᠳᠦᠷᠢᠮ᠎ᠢ ᠤᠶᠠᠯᠳᠤᠭᠤᠯᠤᠭᠰᠠᠨ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢᠨ ᠵᠠᠭᠪᠤᠷ᠎ᠢ ᠰᠦᠪᠡᠭᠴᠢᠯᠡᠨ ᠪᠠᠶ᠋ᠢᠭᠤᠯᠤᠨ᠎ᠠ᠃ ᠡᠩ᠎ᠤᠨ ᠳᠡᠭᠡᠳᠦ ᠰᠤᠷᠭ᠋ᠠᠭᠤᠯᠢ ᠵᠢᠨ᠎ᠬᠢᠨ ᠰᠤᠷᠤᠭᠴᠢ ᠡᠯᠰᠡᠬᠦ ᠪᠠ ᠰᠢᠯᠢᠨ ᠰᠣᠩᠭᠣᠬᠤ ᠲᠣᠭᠲᠠᠴᠠ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠰᠣᠩᠭᠣᠨ ᠰᠢᠯᠭ᠋ᠠᠬᠤ ᠬᠢᠴᠢᠶᠡᠯ ᠲᠥᠷᠥᠯ᠎ᠤᠨ ᠱᠠᠭ᠋ᠠᠷᠳᠠᠯᠭ᠎ᠠ ᠵᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠶ ᠲᠣᠭᠲᠠᠭ᠋ᠠᠵᠤ᠂ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ ᠵᠶ᠋ᠠᠨ ᠥᠭᠡᠷᠡᠴᠢᠯᠡᠨ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠬᠦ ᠬᠡᠷᠡᠭᠲᠡᠢ᠃
(ᠳᠥᠷᠪᠡ) ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠂ ᠤᠬᠠᠭᠤᠯᠭ᠎ᠠ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ᠎ᠤᠨ᠎ᠬᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠴᠢᠬᠤᠯᠠ ᠠᠴᠢ ᠬᠣᠯᠪᠣᠭᠳᠠᠯ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠂ ᠲᠠᠰ ᠳᠠᠷᠠᠭ᠋ᠠᠯᠠᠯ᠂ ᠲᠦᠷᠢᠮ ᠲᠣᠭᠲᠠᠭ᠋ᠠᠯ ᠵᠡᠷᠭᠡ ᠲᠠᠯ᠎ᠠ᠎ᠪᠠᠷ᠎ᠬᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠥᠪ ᠲᠠᠯ᠎ᠠ᠎ᠠᠴᠠ ᠬᠥᠲᠥᠯᠦᠨ ᠵᠢᠯᠣᠭᠣᠳᠬᠤ ᠵᠢ ᠪᠠᠷᠢᠮᠲᠠᠯᠠᠵᠤ᠂ ᠥᠭᠡᠷᠡᠴᠢᠯᠡᠯᠲᠡ ᠵᠢᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠥᠭᠡᠷᠡᠴᠢᠯᠡᠯᠲᠡ ᠵᠢᠨ ᠢᠲᠡᠭᠡᠯ ᠵᠣᠷᠢᠭ ᠵᠶ᠋ᠠᠨ ᠪᠠᠲᠤᠳᠬᠠᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠬᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠨᠥᠬᠥᠴᠡᠯ ᠪᠠ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠢᠳᠡᠪᠬᠢᠲᠡᠶ ᠪᠣᠶ ᠪᠣᠯᠭ᠋ᠠᠬᠤ ᠬᠡᠷᠡᠭᠲᠡᠶ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠢᠯᠭ᠋ᠠᠯᠲᠠ᠎ᠪᠠᠷ ᠰᠣᠷᠣᠭᠴᠢ ᠡᠯᠰᠡᠬᠦ ᠪᠠᠶ᠋ᠢᠭᠤᠯᠤᠮᠵᠢ ᠵᠢᠨ᠎ᠬᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ᠂ ᠲᠣᠭᠲᠠᠭ᠋ᠠᠯ ᠪᠠ ᠱᠠᠭ᠋ᠠᠷᠳᠠᠯᠭ᠎ᠠ ᠵᠢᠨ ᠰᠤᠷᠤᠯᠴᠠᠯᠭ᠎ᠠ᠂ ᠪᠣᠯᠪᠠᠰᠤᠷᠠᠭᠤᠯᠤᠯ᠎ᠢ ᠲᠠᠰ ᠳᠠᠪᠬᠤᠷᠭ᠎ᠠ ᠲᠥᠷᠥᠯ ᠬᠤᠪᠢᠶᠠᠨ ᠰᠠᠶ᠋ᠢᠲᠤᠷ ᠵᠣᠬᠢᠶᠠᠨ ᠪᠠᠶ᠋ᠢᠭᠤᠯᠵᠤ᠂ ᠲᠥᠷᠥ ᠵᠢᠨ ᠪᠣᠳᠣᠯᠭ᠎ᠠ ᠵᠢ ᠪᠤᠷᠤᠭᠤ ᠣᠶ᠋ᠢᠯᠠᠭ᠋ᠠᠭᠰᠠᠨ᠎ᠠᠴᠠ ᠪᠣᠯᠵᠣ ᠠᠯᠳᠠᠰᠢ ᠭᠠᠷᠭ᠋ᠠᠬᠤ᠎ᠠᠴᠠ ᠡᠷᠡᠰ ᠵᠠᠢ᠌ᠯᠠᠰᠬᠢᠬᠤ ᠬᠡᠷᠡᠭᠲᠡᠶ᠃ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠬᠦ ᠬᠡᠷᠡᠭᠲᠡᠶ᠃
(ᠲᠠᠪᠤ) ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠰᠠᠯᠠᠭ᠎ᠠ ᠮᠥᠴᠢᠷ ᠵᠢᠨ᠎ᠬᠢᠨ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠬᠢᠨᠠᠨ ᠵᠢᠯᠣᠭᠣᠳᠬᠤ᠎ᠪᠠᠨ ᠴᠢᠩᠭ᠋ᠠᠷᠠᠭᠤᠯᠵᠤ᠂ ᠬᠢᠨᠠᠨ ᠵᠢᠯᠣᠭᠣᠳᠴᠤ ᠪᠠᠶ᠋ᠢᠴᠠᠭ᠋ᠠᠭᠰᠠᠨ ᠳ᠋ᠦᠩ ᠵᠶ᠋ᠠᠨ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠦᠢ᠍ᠯᠡ ᠠᠵᠢᠯᠯᠠᠭ᠎ᠠ ᠵᠢ ᠦᠨᠡᠯᠡᠬᠦ ᠴᠢᠬᠤᠯᠠ ᠦᠨᠳᠦᠰᠦᠯᠡᠯ ᠪᠣᠯᠭ᠋ᠠᠵᠤ᠂ ᠢᠯᠡᠷᠡᠭᠦᠯᠦᠭᠰᠡᠨ ᠠᠰᠠᠭᠤᠳᠠᠯ᠎ᠳᠤ ᠬᠠᠷᠢᠭᠤᠴᠠᠯᠭ᠎ᠠ ᠨᠡᠬᠡᠮᠵᠢᠯᠡᠬᠦ᠎ᠪᠠᠨ ᠴᠢᠩᠭ᠋ᠠᠷᠠᠭᠤᠯᠵᠤ᠂ ᠬᠤᠭᠤᠴᠠᠭ᠎ᠠ ᠳᠣᠭᠲᠠᠭ᠋ᠠᠨ ᠴᠡᠭᠴᠡᠯᠡᠨ ᠥᠭᠡᠷᠡᠴᠢᠯᠡᠬᠦ ᠬᠡᠷᠡᠭᠲᠡᠶ᠃ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ 《ᠨᠠᠷᠠᠨ ᠭᠡᠷᠡᠯᠲᠦ ᠢᠨᠵᠧᠨᠧᠷᠢᠩ》᠎ᠢ ᠭᠦᠨᠵᠡᠭᠡᠶ ᠬᠡᠷᠡᠭᠵᠢᠭᠦᠯᠵᠦ᠂ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠵᠤ᠂ ᠣᠯᠠᠨ ᠠᠷᠭ᠎ᠠ ᠵᠠᠮ ᠵᠶ᠋ᠠᠷ ᠬᠢᠨᠠᠯᠲᠠ ᠲᠠᠯᠪᠢᠬᠤ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠢᠯᠭ᠋ᠠᠯᠲᠠ᠎ᠪᠠᠷ ᠰᠤᠷᠤᠭᠴᠢ ᠡᠯᠰᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠦᠨᠡᠨᠴᠢ ᠢᠲᠡᠭᠡᠮᠵᠢ ᠵᠢᠨ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠷᠣᠯᠠᠨ ᠰᠢᠯᠭ᠋ᠠᠭᠤᠯᠬᠤ᠂ ᠨᠡᠷ᠎ᠡ ᠣᠷᠣᠯᠠᠨ ᠰᠤᠷᠭ᠋ᠠᠭᠤᠯᠢ᠎ᠳᠤ ᠣᠷᠣᠬᠤ ᠵᠡᠷᠭᠡ ᠰᠢᠯᠭ᠋ᠠᠯᠲᠠ᠎ᠪᠠᠷ ᠰᠣᠷᠣᠭᠴᠢ ᠡᠯᠰᠡᠬᠦ ᠵᠢᠨ ᠢᠲᠡᠭᠡᠮᠵᠢ᠎ᠪᠠᠨ ᠠᠯᠳᠠᠭᠰᠠᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃