ᠥᠨᠥᠳᠦᠷ᠂ ᠰᠤᠷᠭ᠋ᠠᠨ ᠬᠥᠮᠦᠵᠢᠯ᠎ᠤᠨ ᠶᠠᠮᠤᠨ᠂ ᠲᠥᠪ᠎ᠤᠨ ᠤᠬᠠᠭᠤᠯᠬᠤ ᠬᠡᠯᠲᠡᠰ᠂ ᠲᠥᠪ᠎ᠤᠨ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ ᠵᠡᠷᠭᠡ ᠠᠷᠪᠠᠨ ᠰᠠᠯᠠᠭ᠎ᠠ ᠮᠥᠴᠢᠷ 《〈ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ〉᠎ᠤᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠠᠵᠢᠯ᠎ᠤᠨ ᠲᠥᠰᠦᠯ》᠎ᠢ ᠲᠣᠭᠲᠠᠭ᠋ᠠᠵᠤ᠂ ᠪᠥᠬᠥ ᠨᠡᠶ᠋ᠢᠭᠡᠮ᠎ᠤᠨ ᠬᠦᠴᠦᠨ ᠪᠠ ᠡᠬᠢ ᠪᠠᠶᠠᠯᠢᠭ᠎ᠢ ᠭᠦᠢ᠍ᠴᠡᠳ ᠳᠠᠢ᠌ᠴᠢᠯᠠᠨ᠂ 《ᠶᠡᠬᠡ ᠬᠢᠴᠢᠶᠡᠯᠯᠡᠭᠡ》 ᠵᠢ ᠪᠠᠶ᠋ᠢᠭᠤᠯᠵᠤ 《ᠶᠡᠬᠡ ᠲᠠᠪᠴᠠᠩ》᠎ᠢ ᠪᠠᠶ᠋ᠢᠭᠤᠯᠵᠤ᠂ 《ᠨᠡᠷᠡᠲᠦ ᠪᠠᠭᠰᠢ》᠎ᠢ ᠪᠠᠢ᠌ᠭᠤᠯᠬᠤ ᠵᠢ ᠱᠠᠭ᠋ᠠᠷᠳᠠᠪᠠ ᠁ ᠪᠣᠳᠠᠲᠠᠶ ᠠᠭᠤᠯᠭ᠎ᠠ ᠵᠢ ᠬᠠᠮᠲᠤ᠎ᠳᠤ᠎ᠪᠠᠨ ᠦᠵᠡᠵᠡᠭᠡᠶ᠎ᠡ᠃
《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠶ᠋ᠢᠭᠤᠯᠤᠯᠲᠠ
ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠬᠤ ᠠᠵᠢᠯ ᠤᠨ ᠲᠥᠰᠦᠯ
ᠶᠡᠷᠦᠩᠬᠡᠢ ᠱᠦᠵᠢ ᠰᠢ ᠵᠢᠨ ᠫᠢᠩ᠎ᠤᠨ 《ᠦᠵᠡᠯ ᠰᠠᠨᠠᠭ᠎ᠠ ᠤᠯᠤᠰ ᠲᠦᠷᠦ ᠵᠢᠨ ᠲᠣᠮᠤ ᠬᠢᠴᠢᠶᠡᠯ》᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠪᠣᠯᠤᠨ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠰᠠᠨᠠᠯ》᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠢᠴᠢᠶᠡᠯ᠎ᠤᠨ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠰᠠᠨᠠᠯ᠎ᠤᠳ》 ᠪᠣᠯᠤᠨ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ᠎ᠢ ᠱᠤᠭᠤᠵᠤ ᠬᠥᠮᠦᠨ᠎ᠢ ᠬᠥᠮᠦᠵᠢᠭᠦᠯᠬᠦ ᠵᠢ ᠴᠥᠬᠥᠷᠡᠰᠢ ᠦᠭᠡᠢ ᠪᠠᠷᠢᠮᠲᠠᠯᠠᠬᠤ ᠵᠢᠨ ᠲᠥᠯᠦᠭᠡ᠂ ᠲᠣᠰ ᠠᠵᠢᠯ᠎ᠤᠨ ᠲᠥᠰᠦᠯ᠎ᠢ ᠳᠣᠭᠲᠠᠭ᠋ᠠᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠣᠨᠴᠠᠭ᠋ᠠᠢ᠌ᠯᠠᠨ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠠᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠢᠴᠢᠶᠡᠯ᠎ᠤᠨ ᠪᠠᠭᠰᠢ ᠨᠠᠷ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠤᠭᠰᠠᠨ᠎ᠠᠴᠠ ᠨᠠᠭ᠋ᠠᠰᠢ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠨᠠᠮ᠎ᠤᠨ ᠲᠥᠪ ᠬᠣᠷᠢᠶᠠᠨ᠎ᠤ ᠲᠦᠷᠦ ᠵᠢ ᠵᠠᠰᠠᠵᠤ ᠵᠠᠰᠠᠭ᠎ᠢ ᠴᠡᠭᠴᠡᠯᠡᠬᠦ ᠪᠠᠶ᠋ᠢᠯᠳᠤᠬᠤ ᠪᠤᠳᠤᠯᠭ᠎ᠠ ᠵᠢᠨ ᠪᠦᠬᠦ ᠲᠠᠯ᠎ᠠ᠎ᠳᠠᠬᠢ ᠪᠠᠶ᠋ᠢᠷᠢ ᠰᠠᠭᠤᠷᠢ ᠡᠳᠦᠷ ᠢᠷᠡᠬᠦᠶ᠎ᠡ ᠲᠣᠪᠤᠢ᠌ᠵᠤ᠂ ᠬᠥᠭᠵᠢᠯᠲᠡ ᠵᠢᠨ ᠣᠷᠴᠢᠨ ᠲᠣᠭᠣᠷᠢᠨ ᠪᠠ ᠪᠦᠬᠦᠯᠢ ᠴᠣᠭᠴᠠ ᠵᠢᠨ ᠠᠮᠢ ᠠᠬᠤᠢ᠎ᠳᠤ ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠦᠭ᠎ᠢ ᠱᠤᠭᠤᠵᠤ ᠬᠥᠮᠦᠨ᠎ᠢ ᠬᠥᠮᠦᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ᠂ ᠡᠳᠦᠷ ᠲᠤᠳᠤᠮ᠎ᠤᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠂ ᠬᠢᠴᠢᠶᠡᠯ᠎ᠤᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠪᠦᠬᠦ ᠲᠠᠯ᠎ᠠ᠎ᠪᠠᠷ ᠠᠬᠢᠭᠤᠯᠪᠠ᠃ ᠡᠭᠦᠨ᠎ᠤ ᠬᠠᠮᠲᠤ᠂ ᠵᠠᠷᠢᠮ ᠭᠠᠵᠠᠷ ᠣᠷᠣᠨ ᠪᠠ ᠰᠤᠷᠭ᠋ᠠᠭᠤᠯᠢ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠶ᠋ᠢᠭᠤᠯᠤᠯᠲᠠ ᠵᠢ ᠴᠢᠬᠤᠯᠠᠴᠢᠯᠠᠭᠰᠠᠨ ᠵᠶ᠋ᠠᠷ ᠬᠦᠷᠦᠯᠴᠡᠬᠦ ᠥᠬᠡᠶ᠂ ᠡᠭᠦᠳᠡ᠎ᠪᠠᠨ ᠨᠡᠭᠡᠭᠡᠵᠦ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠡᠷᠭᠢᠯᠡᠬᠦ᠂ ᠡᠯ᠎ᠡ ᠵᠦᠢ᠍ᠯ᠎ᠤᠨ ᠨᠡᠶ᠋ᠢᠭᠡᠮ᠎ᠤᠨ ᠡᠬᠢ ᠪᠠᠶᠠᠯᠢᠭ᠎ᠤᠨ ᠤᠬᠠᠮᠰᠠᠷ ᠪᠠ ᠴᠢᠳᠠᠪᠤᠷᠢ ᠵᠢ ᠳᠠᠶ᠋ᠢᠴᠢᠯᠠᠬᠤ ᠲᠠᠯ᠎ᠠ᠎ᠪᠠᠷ ᠴᠢᠩᠭ᠎ᠠ ᠪᠢᠰᠢ ᠪᠠᠢ᠌ᠵᠤ᠂ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠤᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ᠂ ᠵᠠᠷᠢᠮ ᠰᠤᠷᠭ᠋ᠠᠭᠤᠯᠢ ᠵᠢᠨ ᠪᠠᠭᠰᠢ ᠵᠢᠨ ᠲᠣᠭ᠎ᠠ ᠬᠦᠷᠦᠯᠴᠡᠬᠦ ᠥᠬᠡᠶ᠂ ᠴᠢᠨᠠᠷ ᠴᠢᠨᠰᠠᠭ᠎ᠠ ᠥᠨᠳᠥᠷ ᠪᠢᠰᠢ᠂ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠴᠢᠬᠤᠯᠠᠴᠢᠯᠠᠭᠰᠠᠨ ᠵᠶ᠋ᠠᠷ ᠬᠦᠷᠦᠯᠴᠡᠬᠦ ᠥᠬᠡᠶ᠂ ᠵᠠᠷᠢᠮ ᠬᠢᠴᠢᠶᠡᠯᠯᠡᠭᠡ ᠵᠢ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠤᠭᠰᠠᠨ ᠥᠬᠡᠶ ᠪᠠᠢ᠌ᠵᠤ᠂ ᠳᠡᠭᠡᠳᠦ ᠰᠤᠷᠭ᠋ᠠᠭᠤᠯᠢ ᠪᠠ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠴᠢᠬᠤᠯᠠᠲᠠᠶ᠂ ᠵᠠᠷᠢᠮ ᠰᠤᠷᠭ᠋ᠠᠭᠤᠯᠢ ᠵᠢᠨ ᠬᠣᠶᠠᠳᠤᠭ᠋ᠠᠷ ᠬᠢᠴᠢᠶᠡᠯᠯᠡᠭᠡ᠎ᠨᠢ ᠬᠥᠳᠡᠯᠭᠡᠭᠡᠨ᠎ᠢ ᠴᠢᠬᠤᠯᠠᠴᠢᠯᠠᠨ ᠬᠥᠲᠥᠯᠥᠨ ᠳᠠᠭ᠋ᠠᠭᠤᠯᠬᠤ ᠵᠢ ᠬᠥᠩᠭᠡᠪᠴᠢᠯᠡᠨ᠂ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠲᠠᠯ᠎ᠠ᠎ᠪᠠᠷ 《ᠠᠯᠪᠠ᠎ᠪᠠᠷ ᠠᠭᠤᠰᠬᠠᠬᠤ》᠂ 《ᠥᠩᠭᠡᠨ ᠲᠠᠯᠠᠴᠢᠯᠠᠬᠤ》 ᠦᠵᠡᠭᠳᠡᠯ ᠣᠷᠣᠰᠢᠵᠤ ᠪᠣᠢ᠃
《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠰᠢᠨ᠎ᠡ ᠵᠢ ᠡᠭᠦᠳᠦᠭᠰᠡᠨ ᠣᠨᠣᠯ ᠵᠶ᠋ᠠᠷ ᠰᠦᠭ᠎ᠢ ᠱᠤᠭᠤᠵᠤ ᠬᠥᠮᠦᠨ᠎ᠢ ᠬᠥᠮᠦᠵᠢᠭᠦᠯᠬᠦ ᠵᠢ ᠠᠬᠢᠭᠤᠯᠵᠤ᠂ ᠬᠠᠨᠳᠤᠯᠭ᠋ᠠᠲᠤ ᠴᠢᠨᠠᠷ᠎ᠢ ᠲᠠᠰᠤᠷᠠᠯᠲᠠ ᠥᠬᠡᠶ ᠴᠢᠩᠭ᠋ᠠᠳᠬᠠᠵᠤ᠂ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠣᠶᠤᠨ ᠲᠠᠷᠢᠬᠢᠨᠳᠤᠨᠢ ᠬᠠᠳᠠᠩᠰᠢᠭᠤᠯᠬᠤ ᠵᠢ ᠪᠡᠶᠡᠯᠡᠭᠦᠯᠬᠦ ᠬᠡᠷᠡᠭᠲᠡᠶ᠃ ᠡᠭᠦᠳᠡ᠎ᠪᠠᠨ ᠨᠡᠭᠡᠭᠡᠵᠦ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠡᠷᠬᠢᠯᠡᠬᠦ ᠵᠢ ᠪᠠᠷᠢᠮᠲᠠᠯᠠᠵᠤ᠂ ᠠᠰᠠᠭᠤᠳᠠᠯ᠎ᠤᠨ ᠤᠬᠠᠮᠰᠠᠷ ᠵᠶ᠋ᠠᠨ ᠴᠢᠩᠭ᠋ᠠᠳᠬᠠᠨ᠂ ᠦᠢ᠍ᠯᠡᠳᠦᠯᠭᠡ ᠵᠢᠨ ᠤᠳᠤᠷᠢᠳᠤᠮᠵᠢ ᠵᠢ ᠲᠣᠪᠣᠢ᠌ᠯᠠᠭ᠋ᠠᠵᠤ᠂ ᠪᠦᠬᠦ ᠨᠡᠶ᠋ᠢᠭᠡᠮ᠎ᠤᠨ ᠬᠦᠴᠦᠨ ᠪᠠ ᠡᠬᠢ ᠪᠠᠶᠠᠯᠢᠭ᠎ᠢ ᠭᠦᠢ᠍ᠴᠡᠳ ᠳᠠᠢ᠌ᠴᠢᠯᠠᠨ᠂ 《ᠲᠣᠮᠣ ᠬᠢᠴᠢᠶᠡᠯᠯᠡᠭᠡ》 ᠵᠢ ᠪᠠᠢ᠌ᠭᠤᠯᠵᠤ᠂ 《ᠲᠣᠮᠣ ᠲᠠᠪᠴᠠᠩ》᠎ᠢ ᠪᠠᠢ᠌ᠭᠤᠯᠵᠤ᠂ 《ᠨᠡᠷᠡᠲᠦ ᠪᠠᠭᠰᠢ》 ᠵᠢ ᠰᠠᠶ᠋ᠢᠲᠤᠷ ᠪᠠᠢ᠌ᠭᠤᠯᠤᠨ᠂ ᠪᠦᠬᠦ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠵᠢᠭ᠋ᠠᠬᠤ ᠵᠢ ᠰᠤᠳᠤᠯᠬᠤ ᠰᠢᠰᠲ᠋ᠧᠮ᠎ᠢ ᠪᠠᠢ᠌ᠭᠤᠯᠵᠤ᠂ ᠨᠢᠭᠡ ᠪᠦᠯᠦᠭ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠢ᠌ᠭᠤᠯᠤᠨ᠂ ᠨᠢᠭᠡ ᠪᠦᠯᠦᠭ ᠴᠢᠨᠠᠷᠯᠢᠭ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠭᠠᠷᠭ᠋ᠠᠵᠤ᠂ ᠨᠢᠭᠡ ᠪᠦᠯᠦᠭ ᠨᠡᠷᠡᠲᠦ ᠲᠡᠮᠳᠡᠭᠲᠦ ᠵᠢᠨ ᠳᠠᠭᠤᠷᠢᠶᠠᠯ ᠦᠵᠡᠭᠦᠯᠬᠦ ᠠᠵᠢᠯᠯᠠᠭ᠎ᠠ ᠵᠢ ᠰᠢᠯᠢᠳᠡᠭᠵᠢᠭᠦᠯᠦᠨ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ ᠪᠠᠶ᠋ᠢᠭᠤᠯᠬᠤ ᠵᠢ ᠳᠡᠮᠵᠢᠵᠦ᠂ ᠦᠵᠡᠯ ᠰᠠᠨᠠᠭ᠎ᠠ ᠤᠯᠤᠰ ᠲᠥᠷᠥ ᠵᠢᠨ ᠪᠠᠭ᠎ᠠ ᠬᠢᠴᠢᠶᠡᠯ᠎ᠢ ᠨᠡᠶ᠋ᠢᠭᠡᠮ᠎ᠤᠨ ᠲᠣᠮᠤ ᠬᠢᠴᠢᠶᠡᠯᠯᠦᠭᠡ ᠤᠶᠠᠯᠳᠤᠭᠤᠯᠬᠤ ᠵᠢ ᠠᠬᠢᠭᠤᠯᠤᠨ᠂ ᠡᠯ᠎ᠡ ᠲᠥᠷᠥᠯ᠎ᠤᠨ ᠬᠢᠴᠢᠶᠡᠯ ᠪᠣᠯᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠢᠵᠢᠯ ᠴᠢᠭᠯᠡᠯ ᠵᠶ᠋ᠠᠷ ᠵᠡᠷᠭᠡᠴᠡᠭᠦᠯᠦᠨ ᠶᠠᠪᠤᠭᠳᠠᠭᠤᠯᠬᠤ ᠵᠢ ᠠᠬᠢᠭᠤᠯᠵᠤ᠂ ᠰᠤᠷᠤᠭᠴᠢᠳ᠎ᠢ ᠬᠥᠮᠦᠵᠢᠭᠦᠯᠦᠨ ᠵᠢᠯᠣᠭᠣᠳᠴᠤ 《ᠳᠥᠷᠪᠡᠨ ᠢᠲᠡᠭᠡᠯ》᠎ᠢ ᠪᠠᠲᠤᠳᠬᠠᠨ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦᠢ᠌ᠴᠡ ᠴᠠᠭ ᠦᠶ᠎ᠡ ᠵᠢᠨ ᠰᠢᠨ᠎ᠡ ᠬᠥᠮᠦᠨ ᠪᠣᠯᠭ᠋ᠠᠨ᠎ᠠ᠃
ᠬᠣᠶᠠᠷ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠭᠣᠣᠯ ᠠᠷᠭ᠎ᠠ ᠵᠠᠮ᠎ᠤᠨ ᠵᠢᠭ᠋ᠠᠨ ᠰᠤᠷᠭ᠋ᠠᠯᠲᠠ
1. ᠨᠠᠮ᠎ᠤᠨ ᠰᠢᠨ᠎ᠡ ᠵᠢ ᠡᠭᠦᠳᠬᠦ ᠤᠨᠤᠯ᠎ᠤᠨ ᠰᠤᠳᠤᠯᠭ᠋ᠠᠨ᠎ᠤ ᠲᠠᠶ᠋ᠢᠯᠪᠤᠷᠢᠯᠠᠯᠲᠠ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠳᠣᠭᠲᠠᠯᠴᠠᠭ᠎ᠠ ᠵᠢ ᠪᠠᠢ᠌ᠭᠤᠯᠪᠠ᠃ ᠡᠯ᠎ᠡ ᠳᠡᠭᠡᠳᠦ ᠰᠤᠷᠭ᠋ᠠᠭᠤᠯᠢ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠲᠣᠢ᠌ᠮᠤ》 ᠭᠡᠬᠦ ᠬᠢᠴᠢᠶᠡᠯ᠎ᠢ ᠪᠥᠬᠥ ᠲᠠᠯ᠎ᠠ᠎ᠪᠠᠷ ᠨᠡᠭᠡᠭᠡᠪᠡ᠃ ᠲᠥᠪ᠎ᠤᠨ ᠤᠬᠠᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠶᠠᠮᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠲᠣᠶ᠋ᠢᠮᠣ ᠭᠡᠬᠦ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠪᠡ᠃ ᠰᠤᠷᠭ᠋ᠠᠨ ᠬᠥᠮᠦᠵᠢᠯ᠎ᠤᠨ ᠶᠠᠮᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠳᠤᠯᠭ᠋ᠠᠨ᠎ᠤ ᠴᠢᠬᠤᠯᠠ ᠶᠡᠬᠡ ᠲᠤᠰᠬᠠᠢ ᠲᠥᠰᠦᠯ᠎ᠢ ᠬᠡᠷᠡᠭᠵᠢᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠰᠲ᠋ᠧᠮᠴᠢᠯᠡᠯᠲᠡ ᠪᠠ ᠶᠣᠰᠤᠴᠢᠯᠠᠯᠲᠠ ᠵᠢᠴᠢ ᠬᠦᠷᠢᠶ᠎ᠡ ᠬᠡᠪᠴᠢᠶ᠎ᠡ ᠬᠤᠪᠢᠶᠠᠵᠤ ᠲᠤᠰᠬᠠᠢ ᠰᠡᠳᠦᠪ ᠬᠤᠪᠢᠶᠠᠨ ᠰᠤᠳᠤᠯᠬᠤ ᠵᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠡᠯ᠎ᠡ ᠰᠢᠨᠵᠢᠯᠡᠭᠡᠨ᠎ᠤ ᠰᠠᠯᠠᠭ᠋ᠠᠨ᠎ᠤ ᠮᠡᠳᠡᠯᠭᠡ ᠵᠢᠨ ᠳᠣᠭᠲᠠᠯᠴᠠᠭ᠋ᠠᠨ᠎ᠳᠤ ᠣᠷᠭ᠋ᠠᠨᠢᠭ ᠵᠶ᠋ᠠᠷ ᠠᠭᠤᠰᠬᠠᠪᠠ᠃
2. ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠣᠯᠠᠨ ᠲᠦᠮᠡᠨᠴᠢ ᠴᠣᠭᠴᠠ ᠵᠢ ᠪᠠᠶ᠋ᠢᠭᠤᠯᠤᠨ ᠬᠦᠴᠦᠷᠬᠡᠭᠵᠢᠭᠦᠯᠪᠡ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠤᠤᠯ ᠠᠭᠤᠯᠭ᠎ᠠ ᠪᠣᠯᠭ᠋ᠠᠭᠰᠠᠨ ᠬᠢᠴᠢᠶᠡᠯ᠎ᠤᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠠᠪᠠᠯ ᠰᠤᠷᠬᠤ ᠬᠢᠴᠢᠶᠡᠯ ᠪᠠ ᠰᠣᠩᠭᠣᠨ ᠰᠤᠷᠬᠤ ᠬᠢᠴᠢᠶᠡᠯ᠎ᠤᠨ ᠳᠣᠭᠲᠠᠯᠴᠠᠭ᠎ᠠ ᠵᠢ ᠪᠦᠷᠢᠯᠳᠦᠭᠦᠯᠪᠡ᠃ ᠳᠡᠭᠡᠳᠦ ᠰᠤᠷᠭ᠋ᠠᠭᠤᠯᠢ ᠵᠢᠨ᠎ᠬᠢᠨ ᠪᠥᠬᠥ ᠰᠤᠷᠭ᠋ᠠᠭᠤᠯᠢ ᠵᠢᠨ ᠬᠦᠴᠦᠨ ᠵᠶ᠋ᠠᠨ ᠨᠢᠭᠡᠳᠦᠯᠲᠡᠶ ᠲᠥᠯᠥᠪᠵᠢᠭᠦᠯᠵᠦ᠂ ᠥᠪᠡᠷ ᠪᠡᠶ᠎ᠡ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠰᠢ ᠵᠢᠨ ᠫᠢᠩ᠎ᠤᠨ ᠠᠵᠤ ᠠᠬᠤᠶ ᠵᠢᠨ ᠦᠵᠡᠯ ᠰᠠᠨᠠᠭ᠎ᠠ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ᠂ ᠰᠢ ᠵᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠂ ᠰᠢ ᠵᠢᠨ ᠫᠢᠩ᠎ᠤᠨ ᠭᠠᠳᠠᠭ᠋ᠠᠳᠤ ᠬᠠᠷᠢᠯᠴᠠᠭ᠋ᠠᠨ᠎ᠤ ᠦᠵᠡᠯ ᠰᠠᠨᠠᠭ᠎ᠠ ᠵᠢᠴᠢ 《ᠳᠥᠷᠪᠡᠨ ᠲᠡᠦᠬᠡ》᠂ ᠦᠨᠳᠦᠰᠦᠨ ᠬᠠᠤᠯᠢ ᠬᠠᠤᠯᠢ ᠴᠠᠭ᠋ᠠᠵᠠ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠵᠢᠨ ᠲᠣᠭᠣᠷᠢᠨ᠎ᠳᠤ ᠬᠢᠴᠢᠶᠡᠯ ᠲᠣᠬᠢᠷᠠᠭᠤᠯᠵᠤ᠂ ᠰᠣᠩᠭᠣᠯᠲᠠ ᠵᠢᠨ ᠴᠢᠨᠠᠷᠲᠠᠶ ᠵᠠᠪᠠᠯ ᠰᠤᠷᠬᠤ ᠬᠢᠴᠢᠶᠡᠯ᠎ᠢ ᠨᠡᠭᠡᠭᠡᠪᠡ᠃
3. ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠤᠨ ᠳᠣᠭᠲᠠᠯᠴᠠᠭ᠎ᠠ ᠵᠢ ᠰᠢᠯᠢᠳᠡᠭᠵᠢᠭᠦᠯᠪᠡ᠃ ᠰᠢᠷᠢᠰ ᠴᠢᠬᠤᠯᠠ ᠶᠡᠬᠡ ᠭᠤᠤᠯ ᠰᠡᠳᠦᠪᠲᠦ ᠬᠥᠮᠦᠵᠢᠯ᠎ᠤᠨ ᠵᠦᠭᠯᠡᠭᠦᠷ ᠪᠠ ᠬᠥᠲᠥᠯᠪᠦᠷᠢ ᠵᠢ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠷᠣᠨ ᠨᠤᠲᠤᠭ᠎ᠲᠤ ᠠᠵᠢᠯᠯᠠᠵᠤ ᠪᠠᠢ᠌ᠭᠰᠠᠨ ᠬᠤᠭᠤᠴᠠᠭ᠋ᠠᠨ᠎ᠳᠠᠬᠢ ᠴᠢᠬᠤᠯᠠ ᠶᠡᠬᠡ ᠦᠢ᠍ᠯᠡᠳᠦᠯᠭᠡ ᠵᠢ ᠭᠦᠨᠵᠡᠭᠡᠶ ᠠᠬᠢᠭᠤᠯᠵᠤ᠂ ᠣᠷᠣᠨ ᠨᠤᠲᠤᠭ ᠪᠠ ᠰᠤᠷᠭ᠋ᠠᠭᠤᠯᠢ ᠵᠢ ᠪᠠᠢ᠌ᠴᠠᠭ᠋ᠠᠬᠤ ᠦᠶ᠎ᠡ ᠵᠢᠨ ᠴᠢᠬᠤᠯᠠ ᠥᠭᠦᠯᠡᠯᠲᠡ ᠵᠢ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠳᠤ ᠣᠷᠣᠭᠤᠯᠪᠠ᠃ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠳᠤ ᠳᠠᠷᠤᠢ᠎ᠳᠤ᠎ᠨᠢ ᠵᠠᠰᠠᠪᠤᠷᠢ ᠣᠷᠣᠭᠤᠯᠵᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠤᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠡᠯ᠎ᠡ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠳᠤ ᠣᠷᠭ᠋ᠠᠨᠢᠭ ᠵᠶ᠋ᠠᠷ ᠠᠭᠤᠰᠬᠠᠪᠠ᠃ ᠮᠠᠷᠺᠰ ᠡᠩᠭᠧᠯᠰ ᠯᠧᠨᠢᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠵᠢᠴᠢ ᠡᠯ᠎ᠡ ᠰᠢᠨᠵᠢᠯᠡᠭᠡᠨ᠎ᠤ ᠰᠠᠯᠠᠭ᠋ᠠᠨ᠎ᠤ ᠲᠤᠬᠠᠢ ᠴᠢᠬᠤᠯᠠ ᠥᠭᠦᠯᠡᠯᠲᠡ ᠵᠢᠨ ᠲᠡᠭᠦᠪᠦᠷᠢ ᠵᠢ ᠨᠠᠶ᠋ᠢᠷᠠᠭᠤᠯᠤᠨ ᠪᠢᠴᠢᠪᠡ᠃ ᠰᠢᠨ᠎ᠡ ᠴᠠᠭ ᠦᠶ᠎ᠡ ᠵᠢᠨ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ ᠪᠠ ᠪᠠᠶ᠋ᠢᠭᠤᠯᠤᠯᠲᠠ ᠵᠢᠨ ᠢᠨᠵᠧᠨᠧᠷᠢᠩ᠎ᠤᠨ ᠭᠣᠣᠯᠳᠠᠯᠭ᠋ᠠᠲᠠᠢ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠪᠠ᠃
4. ᠬᠢᠴᠢᠶᠡᠯ᠎ᠤᠨ ᠠᠭᠤᠯᠭ᠎ᠠ ᠵᠢ ᠥᠷᠭᠡᠳᠭᠡᠪᠡ᠃ ᠰᠤᠷᠭ᠋ᠠᠨ ᠬᠥᠮᠦᠵᠢᠯ᠎ᠤᠨ ᠶᠠᠮᠤᠨ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠤᠷᠤᠯᠭ᠎ᠠ ᠵᠢ ᠵᠢᠯᠣᠭᠣᠳᠬᠤ》 ᠬᠢᠴᠢᠶᠡᠯ᠎ᠤᠨ ᠫᠷᠣᠭ᠌ᠷᠠᠮ᠂ ᠯᠧᠺᠼᠢ᠂ ᠲᠤᠰᠬᠠᠶ ᠰᠡᠳᠦᠪᠲᠦ ᠹᠢᠯᠢᠮ ᠵᠡᠷᠭᠡ ᠵᠢ ᠵᠣᠬᠢᠶᠠᠨ ᠪᠠᠶ᠋ᠢᠭᠤᠯᠤᠨ ᠦᠢ᠍ᠯᠡᠳᠴᠦ᠂ ᠪᠠᠭᠰᠢ ᠨᠠᠷ᠎ᠢ ᠬᠠᠪᠰᠤᠷᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠰᠠᠶ᠋ᠢᠲᠤᠷ ᠰᠤᠷᠤᠯᠴᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠶᠠᠷᠢᠭᠤᠯᠤᠨ ᠨᠡᠪᠲᠡᠷᠡᠲᠡᠯ᠎ᠡ ᠶᠠᠷᠢᠭᠤᠯᠵᠤ ᠠᠮᠢᠳᠤᠯᠢᠭ ᠶᠠᠷᠢᠭᠤᠯᠪᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠰᠢᠨ᠎ᠡ ᠴᠠᠭ ᠦᠶ᠎ᠡ ᠵᠢᠨ ᠠᠭᠤᠤ ᠶᠡᠬᠡ ᠦᠢ᠍ᠯᠡᠳᠦᠯᠭᠡ ᠵᠢᠨ ᠲᠣᠭᠣᠷᠢᠨ᠎ᠳᠤ ᠣᠷᠣᠨ ᠨᠤᠲᠤᠭ᠎ᠤᠨ ᠬᠤᠪᠢᠰᠬᠠᠯᠲᠤ ᠰᠣᠶᠣᠯ᠂ ᠰᠤᠷᠭ᠋ᠠᠭᠤᠯᠢ ᠵᠢᠨ ᠲᠡᠦᠬᠡ ᠵᠢᠨ ᠡᠬᠢ ᠪᠠᠶᠠᠯᠢᠭ᠎ᠢ ᠭᠦᠢ᠍ᠴᠡᠳ ᠢᠯᠡᠷᠡᠭᠦᠯᠵᠦ᠂ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭ᠎ᠠ ᠪᠣᠯᠤᠨ ᠬᠢᠵᠢᠭ᠎ᠲᠠᠢ ᠲᠡᠮᠡᠴᠡᠬᠦ ᠵᠣᠷᠢᠭ ᠰᠠᠨᠠᠭ᠎ᠠ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ᠂ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠡᠷᠭᠡ ᠠᠭᠤᠤ ᠶᠡᠬᠡ ᠵᠣᠷᠢᠭ ᠰᠠᠨᠠᠭ᠎ᠠ᠂ ᠠᠮᠢᠳᠤᠯᠢᠭ ᠪᠣᠳᠠᠲᠠᠢ ᠦᠢ᠍ᠯᠡᠳᠦᠯᠭᠡ ᠵᠢᠨ ᠠᠮᠵᠢᠯᠲᠠ ᠪᠦᠲᠦᠮᠵᠢ ᠵᠢᠴᠢ ᠪᠠᠭ᠋ᠠᠲᠤᠷ ᠵᠢᠱ᠌ᠢᠶᠡᠴᠢ ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠡᠷᠭᠡ ᠵᠢ ᠬᠢᠴᠢᠶᠡᠯ᠎ᠤᠨ ᠲᠢᠩᠬᠢᠮ᠎ᠳᠤ ᠣᠷᠣᠭᠤᠯᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠪᠣᠯᠤᠨ ᠲᠡᠦᠬᠡ ᠵᠢ ᠡᠯ᠎ᠡ ᠰᠤᠷᠤᠯᠭ᠎ᠠ ᠵᠢᠨ ᠱᠠᠲᠤᠨ᠎ᠤ ᠡᠯ᠎ᠡ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠳᠤ ᠠᠭᠤᠰᠬᠠᠪᠠ᠃
5. ᠬᠢᠴᠢᠶᠡᠯᠯᠡᠭᠡ ᠵᠢᠨ ᠠᠷᠭ᠎ᠠ ᠵᠢᠨ ᠰᠢᠨ᠎ᠡ ᠵᠢ ᠡᠭᠦᠳᠪᠡ᠃ ᠡᠯ᠎ᠡ ᠰᠤᠷᠭ᠋ᠠᠭᠤᠯᠢ ᠵᠢᠨ᠎ᠬᠢᠨ ᠰᠤᠷᠤᠭᠴᠢᠳ᠎ᠤᠨ ᠦᠵᠡᠯ ᠰᠠᠨᠠᠭ᠎ᠠ᠂ ᠰᠡᠳᠬᠢᠮᠵᠢ ᠵᠢᠴᠢ ᠠᠩᠬᠠᠷᠤᠯ ᠲᠠᠯᠪᠢᠵᠤ ᠪᠠᠶ᠋ᠢᠭ᠎ᠠ ᠬᠡᠯᠡᠯᠴᠡᠭᠡᠨ ᠶᠡᠬᠡᠲᠡᠶ ᠬᠦᠴᠢᠷ ᠠᠰᠠᠭᠤᠳᠠᠯ᠎ᠢ ᠰᠣᠳᠤᠯᠬᠤ ᠵᠢ ᠴᠢᠩᠭ᠋ᠠᠳᠬᠠᠵᠤ᠂ ᠬᠠᠨᠳᠤᠯᠭ᠋ᠠᠲᠤ ᠴᠢᠨᠠᠷᠲᠠᠶ ᠵᠢᠭ᠋ᠠᠨ ᠰᠤᠷᠭ᠋ᠠᠯᠲᠠ ᠵᠢᠨ ᠲᠥᠰᠦᠯ᠎ᠢ ᠳᠣᠭᠲᠠᠭ᠋ᠠᠪᠠ᠃ ᠣᠯᠠᠨ ᠶᠠᠩᠵᠤᠴᠢᠯᠠᠭᠰᠠᠨ ᠵᠢᠭ᠋ᠠᠨ ᠰᠤᠷᠭ᠋ᠠᠯᠲᠠ ᠵᠢᠨ ᠠᠷᠭ᠎ᠠ ᠵᠢ ᠴᠢᠳᠠᠮᠠᠭ᠋ᠠᠶ ᠬᠡᠷᠡᠭᠯᠡᠨ᠂ ᠰᠤᠷᠤᠭᠴᠢᠳ᠎ᠤᠨ ᠭᠤᠤᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ ᠳᠤᠭᠤᠶ᠋ᠢᠯᠠᠩ ᠵᠶ᠋ᠡᠷ ᠰᠤᠳᠤᠯᠤᠨ ᠰᠤᠷᠤᠯᠴᠠᠬᠤ᠂ ᠠᠬᠤᠶ ᠪᠠᠶ᠋ᠢᠳᠠᠯ᠎ᠤᠨ ᠦᠵᠡᠭᠦᠯᠭᠡ᠂ ᠲᠥᠰᠦᠯ᠎ᠢ ᠰᠤᠳᠤᠯᠤᠨ ᠶᠠᠷᠢᠯᠴᠠᠬᠤ᠂ ᠬᠢᠴᠢᠶᠡᠯ ᠳᠡᠭᠡᠷ᠎ᠡ ᠰᠡᠴᠡᠯᠳᠦᠬᠦ ᠵᠡᠷᠭᠡ ᠠᠷᠭ᠎ᠠ ᠮᠠᠶᠢᠭ᠎ᠢ ᠢᠳᠡᠪᠬᠢᠲᠡᠶ ᠬᠡᠷᠡᠭᠯᠡᠨ ᠬᠢᠴᠢᠶᠡᠯ᠎ᠤᠨ ᠦᠢ᠍ᠯᠡᠳᠦᠯᠭᠡ ᠵᠢ ᠵᠣᠬᠢᠶᠠᠨ ᠪᠠᠢ᠌ᠭᠤᠯᠪᠠ᠃ ᠨᠥᠬᠥᠴᠡᠯ᠎ᠲᠠᠢ ᠡᠯ᠎ᠡ ᠳᠡᠭᠡᠳᠦ ᠰᠤᠷᠭ᠋ᠠᠭᠤᠯᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠲᠤᠰᠠᠯᠠᠬᠤ ᠪᠠᠭᠰᠢ ᠵᠢ ᠲᠣᠬᠢᠷᠠᠭᠤᠯᠵᠤ᠂ ᠵᠢᠭ᠋ᠠᠨ ᠰᠤᠷᠭ᠋ᠠᠯᠲᠠ ᠵᠢᠨ ᠵᠣᠬᠢᠶᠠᠨ ᠪᠠᠶ᠋ᠢᠭᠤᠯᠤᠯᠲᠠ᠂ ᠬᠢᠴᠢᠶᠡᠯ᠎ᠤᠨ ᠳᠠᠷᠠᠭ᠎ᠠ ᠮᠠᠳᠠᠭ᠎ᠢ ᠲᠠᠢ᠌ᠯᠬᠤ ᠵᠡᠷᠭᠡ ᠠᠵᠢᠯ᠎ᠢ ᠬᠠᠮᠵᠢᠨ ᠥᠷᠨᠢᠭᠦᠯᠪᠡ᠃
6. ᠵᠢᠭ᠋ᠠᠨ ᠰᠤᠷᠭ᠋ᠠᠯᠲᠠ ᠵᠢ ᠦᠨᠡᠯᠡᠬᠦ ᠳᠣᠭᠲᠠᠯᠴᠠᠭ᠎ᠠ ᠵᠢ ᠰᠢᠯᠢᠳᠡᠭᠵᠢᠭᠦᠯᠪᠡ᠃ ᠳᠡᠭᠡᠳᠦ ᠰᠤᠷᠭ᠋ᠠᠭᠤᠯᠢ ᠵᠢᠨ᠎ᠬᠢᠨ ᠰᠤᠷᠭ᠋ᠠᠭᠤᠯᠢ ᠵᠢᠨ ᠤᠳᠤᠷᠢᠳᠤᠯᠭ᠎ᠠ᠂ ᠵᠢᠭ᠋ᠠᠨ ᠰᠤᠷᠭ᠋ᠠᠯᠲᠠ ᠵᠢ ᠬᠢᠨᠠᠨ ᠵᠢᠯᠣᠭᠣᠳᠬᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠪᠣᠯᠤᠨ ᠰᠤᠷᠤᠭᠴᠢᠳ᠎ᠤᠨ ᠣᠷᠣᠯᠴᠠᠭᠰᠠᠨ ᠣᠯᠠᠨ ᠲᠠᠯᠠᠲᠤ ᠶᠡᠷᠦᠩᠬᠡᠶ᠋ᠢᠯᠡᠭᠰᠡᠨ ᠵᠢᠭ᠋ᠠᠨ ᠰᠤᠷᠭ᠋ᠠᠯᠲᠠ ᠵᠢ ᠦᠨᠡᠯᠡᠬᠦ ᠠᠵᠢᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠵᠢᠭ᠋ᠠᠨ ᠰᠤᠷᠭ᠋ᠠᠯᠲᠠ ᠵᠢᠨ ᠶᠠᠪᠤᠴᠠ ᠵᠢ ᠦᠨᠡᠯᠡᠬᠦ ᠵᠢ ᠴᠢᠬᠤᠯᠠᠴᠢᠯᠠᠵᠤ᠂ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ ᠪᠣᠯᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠦᠨᠡᠯᠡᠬᠦ ᠳᠣᠭᠲᠠᠯᠴᠠᠭ᠋ᠠᠨᠳᠠᠬᠢ ᠬᠦᠨᠳᠦᠴᠡ ᠵᠢ ᠨᠡᠮᠡᠭᠳᠡᠭᠦᠯᠪᠡ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢ ᠦᠨᠡᠯᠡᠭᠰᠡᠨ ᠦᠷ᠎ᠡ ᠳ᠋ᠦᠩ᠎ᠢ ᠰᠠᠶ᠋ᠢᠲᠤᠷ ᠬᠡᠷᠡᠭᠯᠡᠵᠦ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠪᠠ ᠤᠳᠤᠷᠢᠳᠬᠤ ᠪᠠᠭ᠎ᠤᠨ ᠪᠦᠷᠢᠯᠳᠦᠬᠦᠨ᠎ᠢ ᠰᠢᠯᠭ᠋ᠠᠨ ᠬᠢᠨᠠᠬᠤ ᠴᠢᠬᠤᠯᠠ ᠭᠦᠢ᠍ᠴᠡᠳᠭᠡᠯ ᠲᠣᠭ᠎ᠠ ᠪᠣᠯᠭ᠋ᠠᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ᠂ ᠮᠡᠷᠭᠡᠵᠢᠯ᠎ᠤᠨ ᠴᠣᠯᠠ ᠳᠡᠪᠰᠢᠭᠦᠯᠬᠦ᠂ ᠱᠠᠩᠨᠠᠬᠤ ᠪᠠ ᠰᠢᠯᠢᠳᠡᠭ᠎ᠢ ᠰᠢᠯᠭ᠋ᠠᠷᠠᠭᠤᠯᠬᠤ ᠵᠡᠷᠭᠡ ᠵᠢᠨ ᠦᠨᠳᠦᠰᠦᠨ ᠦᠨᠳᠦᠰᠦᠯᠡᠯ ᠪᠣᠯᠭ᠋ᠠᠪᠠ᠃ ᠵᠢᠭ᠋ᠠᠨ ᠰᠤᠷᠭ᠋ᠠᠯᠲᠠ ᠵᠢ ᠵᠢᠯᠣᠭᠣᠳᠬᠤ ᠺᠣᠮᠢᠰ ᠵᠡᠷᠭᠡ ᠲᠤᠰᠬᠠᠢ ᠮᠡᠷᠭᠡᠵᠢᠯᠲᠡᠨ᠎ᠤ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠢᠭ᠋ᠠᠨ ᠰᠤᠷᠭ᠋ᠠᠯᠲᠠ ᠵᠢᠨ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠪᠠ ᠵᠢᠯᠤᠭᠤᠳᠤᠯᠭ᠎ᠠ ᠵᠢ ᠥᠷᠨᠢᠭᠦᠯᠪᠡ᠃ ᠨᠥᠬᠥᠴᠡᠯ᠎ᠲᠠᠢ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠠᠵᠢᠯ᠎ᠠᠴᠠ᠎ᠪᠠᠨ ᠠᠮᠠᠷᠠᠭᠰᠠᠨ ᠪᠠᠭᠰᠢ ᠵᠢ ᠤᠷᠢᠵᠤ ᠵᠢᠭ᠋ᠠᠨ ᠰᠤᠷᠭ᠋ᠠᠯᠲᠠ ᠵᠢᠨ ᠬᠢᠨᠠᠨ ᠵᠢᠯᠣᠭᠣᠳᠣᠭᠴᠢ᠂ ᠵᠠᠯᠠᠭᠤ ᠪᠠᠭᠰᠢ ᠵᠢᠨ ᠦᠰᠦᠨ ᠪᠣᠶ᠋ᠢᠵᠢᠯᠲᠠ ᠵᠢᠨ ᠵᠢᠯᠣᠭᠣᠳᠣᠭᠴᠢ ᠪᠠᠭᠰᠢ ᠪᠣᠯᠭ᠋ᠠᠬᠤ ᠵᠢ ᠵᠣᠷᠢᠭᠵᠢᠭᠤᠯᠪᠠ᠃
ᠭᠤᠷᠪᠠ᠂ ᠨᠡᠶ᠋ᠢᠭᠡᠮ᠎ᠤᠨ ᠲᠣᠮᠤ ᠬᠢᠴᠢᠶᠡᠯ᠎ᠢ ᠴᠢᠳᠠᠮᠠᠭ᠋ᠠᠢ ᠬᠡᠷᠡᠭᠯᠡᠪᠡ
7. ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠠᠵᠢᠯ᠎ᠤᠨ ᠳᠣᠭᠲᠠᠯᠴᠠᠭ᠎ᠠ ᠵᠢ ᠪᠠᠢ᠌ᠭᠤᠯᠪᠠ᠃ ᠳᠡᠭᠡᠳᠦ ᠰᠤᠷᠭ᠋ᠠᠭᠤᠯᠢ᠎ᠨᠢ ᠨᠠᠮ᠎ᠤᠨ ᠬᠣᠷᠢᠶ᠎ᠠ᠎ᠠᠴᠠ ᠨᠢᠭᠡᠳᠦᠯᠲᠡᠶ ᠤᠳᠤᠷᠢᠳᠤᠭᠰᠠᠨ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ᠎ᠠᠴᠠ ᠢᠳᠡᠪᠬᠢᠲᠡᠶ ᠵᠣᠬᠢᠴᠠᠭᠤᠯᠤᠭᠰᠠᠨ᠂ ᠬᠢᠴᠢᠶᠡᠯ ᠬᠥᠮᠦᠵᠢᠯ᠎ᠤᠨ ᠭᠠᠵᠠᠷ᠂ ᠤᠬᠠᠭᠤᠯᠬᠤ ᠬᠡᠯᠲᠡᠰ᠂ ᠡᠷᠳᠡᠮ ᠰᠢᠨᠵᠢᠯᠡᠭᠡᠨ᠎ᠤ ᠠᠵᠢᠯ᠎ᠤᠨ ᠬᠡᠯᠲᠡᠰ᠂ ᠡᠪᠯᠡᠯ᠎ᠤᠨ ᠬᠣᠷᠢᠶ᠎ᠠ ᠵᠡᠷᠭᠡ ᠡᠭᠦᠷᠭᠡ ᠴᠢᠳᠠᠮᠵᠢᠲᠤ ᠰᠠᠯᠠᠭ᠎ᠠ ᠮᠥᠴᠢᠷ᠎ᠤᠨ ᠨᠢᠭᠲᠠ ᠬᠠᠮᠵᠢᠯᠴᠠᠭᠰᠠᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠦᠢ᠍ᠯᠡᠳᠦᠯᠭᠡ᠎ᠪᠠᠷ ᠵᠢᠭ᠋ᠠᠨ ᠰᠤᠷᠭ᠋ᠠᠬᠤ ᠠᠵᠢᠯ᠎ᠤᠨ ᠳᠣᠭᠲᠠᠯᠴᠠᠭ᠎ᠠ ᠵᠢ ᠨᠡᠶ᠋ᠢᠳᠡᠮ ᠪᠠᠶ᠋ᠢᠭᠤᠯᠵᠤ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ᠎ᠳᠤ ᠲᠤᠰᠬᠠᠶ ᠬᠥᠮᠦᠨ ᠲᠣᠭᠲᠠᠭ᠋ᠠᠨ ᠬᠠᠷᠢᠭᠤᠴᠠᠭᠤᠯᠵᠤ᠂ ᠠᠮᠤᠷ ᠲᠦᠪᠰᠢᠨ᠎ᠢ ᠪᠠᠲᠤᠯᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠪᠠ ᠬᠠᠪᠰᠤᠷᠤᠨ ᠵᠢᠯᠣᠭᠣᠳᠣᠭᠴᠢ ᠵᠢᠨ ᠡᠩᠨᠡᠭᠡ ᠵᠢ ᠢᠳᠡᠪᠬᠢᠲᠡᠶ᠎ᠪᠠᠷ ᠡᠮᠬᠢᠯᠡᠨ ᠨᠡᠶ᠋ᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠦᠢ᠍ᠯᠡᠳᠦᠯᠭᠡ᠎ᠤᠨ ᠵᠢᠭ᠋ᠠᠨ ᠰᠤᠷᠭ᠋ᠠᠯᠲᠠ ᠵᠢ ᠵᠣᠬᠢᠶᠠᠨ ᠪᠠᠶ᠋ᠢᠭᠤᠯᠤᠨ ᠵᠢᠯᠣᠭᠣᠳᠬᠤ᠎ᠳᠤ ᠬᠠᠮᠲᠤ᠎ᠪᠠᠷ ᠣᠷᠣᠯᠴᠠᠪᠠ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ᠂ ᠬᠠᠪᠰᠤᠷᠤᠨ ᠵᠢᠯᠣᠭᠣᠳᠣᠭᠴᠢ᠎ᠠᠴᠠ ᠰᠤᠷᠤᠭᠴᠢᠳ᠎ᠢ ᠵᠢᠯᠣᠭᠣᠳᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ᠂ ᠰᠤᠷᠤᠭᠴᠢᠳ᠎ᠤᠨ ᠣᠨᠣᠯ᠎ᠤᠨ ᠨᠡᠶ᠋ᠢᠭᠡᠮᠯᠢᠭ᠎ᠢ ᠵᠢᠯᠣᠭᠣᠳᠬᠤ ᠵᠡᠷᠭᠡ ᠵᠢ ᠵᠢᠭ᠋ᠠᠨ ᠰᠤᠷᠭ᠋ᠠᠯᠲᠠ ᠵᠢᠨ ᠠᠵᠢᠯ᠎ᠤᠨ ᠬᠡᠮᠵᠢᠶ᠎ᠡ᠎ᠳᠤ ᠣᠷᠣᠭᠤᠯᠪᠠ᠃ ᠰᠤᠷᠤᠭᠴᠢᠳ᠎ᠤᠨ ᠲᠤᠰᠬᠠᠶ ᠮᠡᠷᠭᠡᠵᠢᠯ᠎ᠤᠨ ᠳᠠᠳᠤᠯᠭ᠎ᠠ ᠪᠣᠯᠪᠠᠰᠤᠷᠠᠯ (ᠳᠠᠳᠤᠯᠭ᠎ᠠ)᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠲᠤᠰᠬᠠᠶ ᠵᠠᠷᠤᠳᠠᠯ᠎ᠢ ᠪᠠᠢ᠌ᠭᠤᠯᠪᠠ᠃
8. ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠬᠢᠴᠢᠶᠡᠯ᠎ᠤᠨ ᠴᠠᠭ ᠪᠠ ᠰᠤᠷᠤᠯᠭ᠎ᠠ ᠵᠢᠨ ᠬᠤᠪᠢ ᠵᠢ ᠨᠠᠢ᠌ᠳᠠᠪᠤᠷᠢᠵᠢᠭᠤᠯᠪᠠ᠃ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠦᠨᠳᠦᠰᠦᠨ ᠠᠩᠭᠢ 2 ᠰᠤᠷᠤᠯᠭ᠎ᠠ ᠵᠢᠨ ᠬᠤᠪᠢ᠂ ᠲᠤᠰᠬᠠᠶ ᠠᠩᠭᠢ 1 ᠰᠤᠷᠤᠯᠭ᠎ᠠ ᠵᠢᠨ ᠬᠤᠪᠢ ᠵᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ᠎ᠳᠤ ᠬᠡᠷᠡᠭᠯᠡᠬᠦ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢᠨ᠎ᠬᠢᠨ ᠵᠣᠬᠢᠬᠤ ᠬᠠᠷᠢᠴᠠᠯ ᠵᠶ᠋ᠠᠷ ᠬᠢᠴᠢᠶᠡᠯ᠎ᠤᠨ ᠴᠠᠭ ᠲᠣᠬᠢᠷᠠᠭᠤᠯᠤᠨ ᠰᠤᠷᠤᠭᠴᠢᠳ᠎ᠤᠨ ᠨᠡᠶ᠋ᠢᠭᠡᠮ᠎ᠤᠨ ᠦᠢ᠍ᠯᠡᠳᠦᠯᠭᠡ ᠵᠢ ᠪᠡᠶᠡᠴᠢᠯᠡᠨ ᠣᠶ᠋ᠢᠯᠠᠭ᠋ᠠᠬᠤ ᠠᠵᠢᠯᠯᠠᠭ᠎ᠠ᠎ᠳᠤ ᠬᠡᠷᠡᠭᠯᠡᠪᠡ᠃ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠬᠥᠲᠥᠯᠪᠦᠷᠢ ᠵᠢ ᠨᠠᠷᠢᠨ ᠨᠢᠮᠪᠠᠶ ᠲᠥᠯᠥᠪᠯᠡᠵᠦ᠂ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠵᠤᠭ᠎ᠠ ᠴᠡᠩᠭᠡᠯ ᠪᠣᠯᠭ᠋ᠠᠬᠤ᠂ ᠬᠡᠯᠪᠡᠷᠢᠵᠢᠭᠦᠯᠬᠦ᠂ ᠥᠩᠭᠡᠪᠴᠢᠯᠡᠬᠦᠠᠴᠠ ᠡᠷᠡᠰ ᠵᠠᠢ᠌ᠯᠠᠰᠰᠬᠢᠪᠠ᠃ ᠨᠥᠬᠥᠴᠡᠯ᠎ᠲᠠᠢ ᠡᠯ᠎ᠡ ᠳᠡᠭᠡᠳᠦ ᠰᠤᠷᠭ᠋ᠠᠭᠤᠯᠢ ᠵᠢᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠲᠤᠰᠬᠠᠶ ᠬᠢᠴᠢᠶᠡᠯ ᠨᠡᠭᠡᠭᠡᠬᠦ ᠵᠢ ᠵᠣᠷᠢᠭᠵᠢᠭᠤᠯᠪᠠ᠃
9. ᠣᠯᠠᠨ ᠶᠠᠩᠵᠤᠴᠢᠯᠠᠭᠰᠠᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠰᠤᠷᠭ᠋ᠠᠨ ᠬᠥᠮᠦᠵᠢᠯ᠎ᠤᠨ ᠶᠠᠮᠤᠨ ᠳᠤᠮᠳᠠᠳᠤ ᠤᠯᠤᠰ᠎ᠤᠨ ᠤᠯᠠᠨ ᠤᠯᠤᠰ᠎ᠤᠨ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠤᠷᠤᠯᠳᠤᠭ᠋ᠠᠨ᠎ᠤ ᠵᠠᠯᠠᠭᠤᠴᠤᠳ᠎ᠤᠨ ᠬᠤᠪᠢᠰᠬᠠᠯᠲᠤ ᠬᠥᠮᠦᠵᠢᠯ᠎ᠤᠨ ᠬᠦᠰᠡᠯ ᠵᠶ᠋ᠠᠨ ᠪᠡᠶᠡᠯᠡᠭᠦᠯᠬᠦ ᠠᠶᠠᠯᠠᠯ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠶᠡᠬᠡ ᠰᠤᠷᠤᠯᠴᠠᠯᠭ᠎ᠠ ᠵᠢᠨ ᠵᠠᠮᠴᠢᠯᠠᠬᠤ ᠲᠥᠯᠥᠪᠯᠡᠭᠡ᠂ 《ᠪᠠᠭ᠎ᠠ᠎ᠨᠢ ᠶᠡᠬᠡ᠎ᠳᠤ᠎ᠪᠠᠨ ᠠᠭᠤᠰᠴᠤ᠂ ᠵᠠᠯᠠᠭᠤ ᠨᠠᠰᠤ᠎ᠪᠠᠨ ᠡᠬᠡ ᠤᠯᠤᠰ᠎ᠲᠤ᠎ᠪᠠᠨ ᠵᠣᠷᠢᠭᠤᠯᠬᠤ》 ᠭᠣᠣᠯ ᠰᠡᠳᠦᠪᠲᠦ ᠨᠡᠶ᠋ᠢᠭᠡᠮ᠎ᠤᠨ ᠦᠢ᠍ᠯᠡᠳᠦᠯᠭᠡ᠂ 《ᠤᠷ᠎ᠠ ᠴᠢᠳᠠᠪᠤᠷᠢᠲᠤ ᠴᠢᠳᠠᠪᠤᠷᠢᠲᠠᠨ ᠪᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠣᠢ》 ᠭᠡᠬᠦ ᠭᠣᠣᠯ ᠰᠡᠳᠦᠪᠲᠦ ᠬᠥᠮᠦᠵᠢᠯ ᠵᠡᠷᠭᠡ ᠠᠵᠢᠯᠯᠠᠭ᠎ᠠ ᠵᠢ ᠦᠷᠭᠦᠯᠵᠢᠯᠡᠨ ᠵᠣᠬᠢᠶᠠᠨ ᠪᠠᠶ᠋ᠢᠭᠤᠯᠵᠤ ᠥᠷᠨᠢᠭᠦᠯᠪᠡ᠃ ᠳᠡᠭᠡᠳᠦ ᠰᠤᠷᠭ᠋ᠠᠭᠤᠯᠢ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠬᠠᠷᠠᠯᠲᠠ ᠪᠠ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡ᠂ ᠤᠨᠤᠯ᠎ᠤᠨ ᠤᠬᠠᠭᠤᠯᠤᠨ ᠲᠠᠢ᠌ᠯᠪᠤᠷᠢᠯᠠᠯᠲᠠ᠂ ᠨᠡᠶ᠋ᠢᠭᠡᠮ᠎ᠤᠨ ᠪᠠᠶ᠋ᠢᠴᠠᠭ᠋ᠠᠨ ᠰᠤᠳᠤᠯᠤᠯᠲᠠ ᠵᠡᠷᠭᠡ ᠦᠢ᠍ᠯᠡᠳᠦᠯᠭᠡ ᠵᠢᠨ ᠠᠵᠢᠯᠯᠠᠭ᠎ᠠ ᠵᠢ ᠠᠰᠢᠭᠯᠠᠵᠤ᠂ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠥᠷᠨᠢᠭᠦᠯᠪᠡ᠃ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠢ ᠳ᠋ᠦᠩᠨᠡᠬᠦ ᠵᠢ ᠴᠢᠬᠤᠯᠠᠴᠢᠯᠠᠵᠤ᠂ ᠰᠢᠯᠢᠳᠡᠭ ᠦᠷ᠎ᠡ ᠪᠦᠲᠦᠭᠡᠯ᠎ᠢ ᠬᠢᠴᠢᠶᠡᠯᠯᠡᠭᠡ ᠵᠢᠭ᠋ᠠᠨ ᠰᠤᠷᠭ᠋ᠠᠯᠲᠠ ᠵᠢᠨ ᠪᠦᠲᠦᠮᠵᠢᠲᠡᠶ ᠨᠥᠬᠥᠪᠥᠷᠢ ᠪᠣᠯᠭ᠋ᠠᠵᠤ᠂ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠢ ᠬᠡᠪᠯᠡᠬᠦ ᠵᠢ ᠳᠡᠮᠵᠢᠵᠦ᠂ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠵᠢᠷᠤᠮᠵᠢᠯ᠎ᠢ ᠠᠬᠢᠭᠤᠯᠪᠠ᠃
10. ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠰᠠᠶ᠋ᠢᠲᠤᠷ ᠪᠠᠶ᠋ᠢᠭᠤᠯᠵᠤ ᠰᠠᠶ᠋ᠢᠲᠤᠷ ᠬᠡᠷᠡᠭᠯᠡᠪᠡ᠃ ᠰᠤᠷᠭ᠋ᠠᠨ ᠬᠥᠮᠦᠵᠢᠯ᠎ᠤᠨ ᠶᠠᠮᠤᠨ ᠬᠣᠯᠪᠤᠭᠳᠠᠬᠤ ᠰᠠᠯᠠᠭ᠎ᠠ ᠮᠥᠴᠢᠷ᠎ᠲᠠᠢ ᠬᠠᠮᠲᠤᠷᠠᠨ᠂ ᠣᠲᠣ ᠵᠢᠨ ᠪᠠᠶ᠋ᠢᠭ᠎ᠠ ᠰᠠᠭᠤᠷᠢᠨ ᠭᠠᠵᠠᠷ (ᠲᠠᠯᠠᠪᠤᠷ ᠣᠷᠳᠣᠨ)᠎ᠢ ᠠᠰᠢᠭᠯᠠᠨ᠂ ᠲᠤᠰᠬᠠᠶ ᠰᠡᠳᠦᠪ ᠬᠤᠪᠢᠶᠠᠨ ᠨᠢᠭᠡ ᠪᠦᠯᠦᠭ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠢ᠌ᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ᠎ᠤ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠴᠢᠳᠠᠮᠵᠢ ᠵᠢ ᠰᠠᠶ᠋ᠢᠲᠤᠷ ᠪᠠᠳᠠᠷᠠᠭᠤᠯᠪᠠ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠢᠳᠡᠪᠬᠢᠲᠡᠶ ᠪᠠᠢ᠌ᠭᠤᠯᠪᠠ᠃ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ᠎ᠬᠢᠨ ᠡᠯ᠎ᠡ ᠱᠠᠲᠤᠨ᠎ᠤ ᠡᠯ᠎ᠡ ᠲᠥᠷᠥᠯ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠠᠬᠤᠢ ᠲᠠᠯᠠᠪᠠᠶ ᠵᠢᠨ ᠵᠢᠭ᠋ᠠᠨ ᠰᠤᠷᠭ᠋ᠠᠯᠲᠠ ᠵᠢᠨ ᠲᠤᠰᠬᠠᠶ ᠰᠡᠳᠦᠪ᠎ᠢ ᠨᠡᠭᠡᠭᠡᠨ ᠬᠥᠭᠵᠢᠭᠦᠯᠵᠦ᠂ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠥᠷᠨᠢᠭᠦᠯᠪᠡ᠃ ᠨᠥᠬᠥᠴᠡᠯ᠎ᠲᠠᠢ ᠡᠯ᠎ᠡ ᠰᠤᠷᠭ᠋ᠠᠭᠤᠯᠢ ᠬᠣᠯᠪᠤᠭᠳᠠᠬᠤ ᠰᠠᠭᠤᠷᠢᠨ ᠭᠠᠵᠠᠷ᠎ᠲᠠᠢ ᠤᠷᠲᠤ ᠬᠤᠭᠤᠴᠠᠭ᠋ᠠᠨ᠎ᠤ ᠪᠦᠲᠦᠮᠵᠢᠲᠡᠶ ᠬᠣᠷᠰᠢᠶᠠᠯᠠᠬᠤ ᠲᠣᠭᠲᠠᠴᠠ ᠵᠢ ᠪᠠᠶ᠋ᠢᠭᠤᠯᠵᠤ᠂ ᠰᠣᠳᠤᠯᠭ᠋ᠠᠨ ᠪᠣᠯᠤᠨ ᠡᠬᠢ ᠪᠠᠶᠠᠯᠢᠭ᠎ᠢ ᠨᠡᠭᠡᠭᠡᠬᠦ ᠵᠢ ᠴᠢᠩᠭ᠋ᠠᠳᠬᠠᠪᠠ᠃ ᠡᠯ᠎ᠡ ᠰᠠᠭᠤᠷᠢᠨ ᠭᠠᠵᠠᠷ᠎ᠨᠢ ᠢᠳᠡᠪᠬᠢᠲᠡᠶ᠎ᠪᠠᠷ ᠨᠥᠬᠥᠴᠡᠯ ᠪᠦᠷᠢᠯᠳᠦᠭᠦᠯᠵᠦ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠂ ᠰᠤᠷᠭ᠋ᠠᠭᠤᠯᠢ᠎ᠯᠤᠭ᠎ᠠ ᠪᠦᠲᠦᠮᠵᠢᠲᠡᠶ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠡᠭᠦᠷᠭᠡ ᠵᠢ ᠬᠠᠮᠵᠢᠯᠴᠠᠨ ᠰᠠᠶ᠋ᠢᠲᠤᠷ ᠪᠡᠶᠡᠯᠡᠭᠦᠯᠪᠡ᠃
ᠲᠤᠰᠬᠠᠶ ᠪᠤᠯᠤᠩ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠰᠠᠶ᠋ᠢᠲᠤᠷ ᠪᠠᠶ᠋ᠢᠭᠤᠯᠵᠤ ᠰᠠᠶ᠋ᠢᠲᠤᠷ ᠬᠡᠷᠡᠭᠯᠡᠪᠡ
ᠰᠤᠷᠭ᠋ᠠᠨ ᠬᠥᠮᠦᠵᠢᠯ᠎ᠤᠨ ᠶᠠᠮᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ ᠬᠠᠮᠲᠤᠷᠠᠨ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠋ᠠᠨ᠎ᠤ ᠲᠤᠰᠬᠠᠶ ᠰᠡᠳᠦᠪᠲᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃
ᠰᠤᠷᠭ᠋ᠠᠨ ᠬᠥᠮᠦᠵᠢᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠬᠠᠮᠲᠤᠷᠠᠨ ᠠᠵᠤ ᠦᠢ᠍ᠯᠡᠳᠪᠦᠷᠢ ᠵᠢᠨ ᠰᠣᠶᠣᠯ᠎ᠤᠨ ᠲᠤᠰᠬᠠᠶ ᠰᠡᠳᠦᠪᠲᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃
ᠰᠤᠷᠭ᠋ᠠᠨ ᠬᠥᠮᠦᠵᠢᠯ᠎ᠤᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠠᠮᠲᠤᠷᠠᠨ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ ᠲᠤᠰᠬᠠᠢ ᠰᠡᠳᠦᠪᠲᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃
ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠠᠮᠲᠤᠷᠠᠨ ᠬᠢᠵᠢᠭ᠎ᠲᠠᠢ ᠲᠡᠮᠡᠴᠡᠬᠦ ᠲᠤᠰᠬᠠᠶ ᠰᠡᠳᠦᠪᠲᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃
ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠳᠣᠪᠴᠢᠶ᠎ᠠ ᠬᠠᠮᠲᠤᠷᠠᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠤᠨ ᠲᠤᠰᠬᠠᠢ ᠰᠡᠳᠦᠪᠲᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃
ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠶ ᠰᠡᠳᠦᠪᠲᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃
ᠰᠤᠷᠭ᠋ᠠᠨ ᠬᠥᠮᠦᠵᠢᠯ᠎ᠤᠨ ᠶᠠᠮᠤᠨ᠂ ᠳᠤᠮᠳᠠᠳᠤ ᠤᠯᠤᠰ᠎ᠤᠨ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ ᠬᠠᠮᠲᠤᠷᠠᠨ ᠨᠠᠮ᠎ᠤᠨ ᠲᠡᠦᠬᠡ ᠪᠠ ᠰᠢᠨ᠎ᠡ ᠳᠤᠮᠳᠠᠳᠤ ᠤᠯᠤᠰ᠎ᠤᠨ ᠲᠡᠦᠬᠡ ᠵᠢᠨ ᠬᠥᠮᠦᠵᠢᠯ᠎ᠤᠨ ᠲᠤᠰᠬᠠᠢ ᠰᠡᠳᠦᠪᠲᠦ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠪᠠ᠃
ᠳᠥᠷᠪᠡ᠂ ᠲᠣᠮᠣ ᠡᠬᠢ ᠪᠠᠶᠠᠯᠢᠭ᠎ᠤᠨ ᠲᠠᠪᠴᠠᠩ᠎ᠢ ᠪᠠᠢ᠌ᠭᠤᠯᠪᠠ
11. ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠬᠤ ᠵᠢ ᠰᠤᠳᠤᠯᠬᠤ ᠰᠢᠰᠲ᠋ᠧᠮ᠎ᠢ ᠪᠠᠢ᠌ᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ 《ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠰᠦᠯᠵᠢᠶᠡᠨ᠎ᠳᠤ ᠬᠠᠮᠲᠤ᠎ᠪᠠᠷ ᠬᠢᠴᠢᠶᠡᠯ ᠪᠡᠯᠡᠳᠬᠡᠬᠦ ᠲᠠᠪᠴᠠᠩ》᠎ᠤᠨ ᠰᠦᠯᠵᠢᠶᠡᠨ᠎ᠳᠤ ᠳᠡᠮᠵᠢᠬᠦ ᠰᠢᠰᠲ᠋ᠧᠮ᠂ 《ᠴᠢᠩ ᠯᠢ ᠫᠠᠢ》 ᠤᠶᠤᠲᠠᠳ᠎ᠤᠨ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ ᠰᠢᠰᠲ᠋ᠧᠮ᠂ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠰᠢᠨ᠎ᠡ ᠵᠢ ᠡᠭᠦᠳᠬᠦ ᠲᠥᠪ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠰᠢᠰᠲ᠋ᠧᠮ᠂ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯ᠎ᠤᠨ ᠵᠢᠭ᠋ᠠᠨ ᠵᠢᠯᠣᠭᠣᠳᠴᠤ ᠬᠢᠨᠠᠨ ᠪᠠᠢ᠌ᠴᠠᠭ᠋ᠠᠵᠤ ᠦᠨᠡᠯᠡᠨ ᠵᠢᠱ᠌ᠢᠬᠦ ᠰᠢᠰᠲ᠋ᠧᠮ᠂ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠰᠠᠭᠤᠷᠢ ᠲᠣᠭ᠎ᠠ ᠪᠠᠷᠢᠮᠲᠠ ᠵᠢᠨ ᠰᠢᠰᠲ᠋ᠧᠮ᠂ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠰᠤᠳᠤᠯᠤᠨ ᠰᠤᠷᠤᠯᠴᠠᠵᠤ ᠪᠣᠯᠪᠠᠰᠤᠷᠠᠭᠤᠯᠬᠤ ᠰᠢᠰᠲ᠋ᠧᠮ ᠵᠡᠷᠭᠡ ᠵᠢ ᠨᠢᠭᠡ ᠴᠣᠭᠴᠠᠵᠢᠭᠤᠯᠵᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠭᠰᠡᠨ᠂ ᠰᠢᠰᠲ᠋ᠧᠮ᠎ᠢ ᠬᠤᠷᠠᠮᠳᠤᠭᠤᠯᠤᠭᠰᠠᠨ᠂ ᠪᠥᠬᠥ ᠲᠠᠯ᠎ᠠ᠎ᠪᠠᠷ ᠬᠠᠮᠤᠷᠤᠭᠰᠠᠨ ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠬᠤ ᠵᠢ ᠰᠣᠳᠤᠯᠬᠤ ᠳᠣᠭᠲᠠᠯᠴᠠᠭ᠎ᠠ ᠵᠢ ᠪᠠᠢ᠌ᠭᠤᠯᠪᠠ᠃
12. ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠪᠠᠶ᠋ᠢᠭᠤᠯᠤᠯᠲᠠ ᠪᠠ ᠬᠡᠷᠡᠭᠯᠡᠯᠲᠡ ᠵᠢ ᠠᠬᠢᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠢ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠴᠢᠯᠠᠯᠲᠠ ᠵᠢᠨ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠲᠥᠰᠦᠯ ᠵᠶ᠋ᠠᠷ ᠳᠡᠮᠵᠢᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠪᠠᠶ᠋ᠢᠭᠤᠯᠤᠯᠲᠠ ᠵᠢ ᠪᠠᠢ᠌ᠩᠭᠤᠵᠢᠭᠤᠯᠵᠤ᠂ ᠲᠣᠭᠲᠠᠴᠠᠵᠢᠭᠤᠯᠬᠤ ᠵᠢ ᠠᠬᠢᠭᠤᠯᠪᠠ᠃ ᠨᠢᠭᠡ ᠪᠦᠯᠦᠭ ᠰᠢᠨᠵᠢᠯᠡᠬᠦ ᠤᠬᠠᠭ᠋ᠠᠨᠴᠢ ᠡᠷᠬᠡ ᠰᠦᠷᠲᠦ ᠬᠡᠷᠡᠭᠯᠡᠭᠡᠨ᠎ᠤ ᠬᠢᠴᠢᠶᠡᠯ᠂ ᠯᠧᠺᠼᠢ ᠵᠢ ᠵᠣᠬᠢᠶᠠᠨ ᠪᠠᠶ᠋ᠢᠭᠤᠯᠤᠨ ᠨᠡᠭᠡᠭᠡᠨ ᠬᠥᠭᠵᠢᠭᠦᠯᠬᠦ ᠪᠠ ᠲᠠᠨᠢᠯᠴᠠᠭᠤᠯᠵᠤ᠂ ᠨᠢᠭᠡᠳᠦᠭᠡᠷ ᠹᠷᠣᠨᠲ᠎ᠤᠨ ᠪᠠᠭᠰᠢ ᠵᠢᠨ ᠨᠢᠭᠡᠳᠦᠯᠲᠡᠶ ᠬᠡᠷᠡᠭᠯᠡᠬᠦ ᠵᠢ ᠠᠬᠢᠭᠤᠯᠪᠠ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠢᠯᠢᠳᠡᠭ ᠬᠢᠴᠢᠶᠡᠯ᠎ᠢ ᠪᠠᠢ᠌ᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠨᠢᠭᠡ ᠪᠦᠯᠦᠭ ᠦᠵᠡᠯ ᠰᠠᠨᠠᠭ᠎ᠠ ᠤᠯᠤᠰ ᠲᠥᠷᠥ ᠵᠢᠨ 《ᠠᠯᠲᠠᠨ ᠬᠢᠴᠢᠶᠡᠯ》᠎ᠢ ᠭᠠᠷᠭ᠋ᠠᠪᠠ᠃ ᠴᠢᠨᠠᠷᠯᠢᠭ ᠡᠬᠢ ᠪᠠᠶᠠᠯᠢᠭ᠎ᠢ ᠳᠡᠯᠭᠡᠷᠡᠭᠦᠯᠦᠨ ᠬᠡᠷᠡᠭᠯᠡᠬᠦ ᠡᠷᠴᠢᠮ᠎ᠢ ᠴᠢᠩᠭ᠋ᠠᠷᠠᠭᠤᠯᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢ ᠵᠢᠯᠣᠭᠣᠳᠴᠤ ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠢ ᠰᠠᠶ᠋ᠢᠲᠤᠷ ᠬᠡᠷᠡᠭᠯᠡᠭᠦᠯᠪᠡ᠃
ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ
ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶᠡᠨ᠎ᠤ ᠬᠥᠮᠦᠷᠭᠡ ᠵᠢ ᠪᠠᠢ᠌ᠭᠤᠯᠪᠠ᠃ ᠴᠢᠨᠠᠷᠯᠢᠭ᠂ ᠣᠯᠠᠨ ᠬᠡᠯᠪᠡᠷᠢ ᠵᠢᠨ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ ᠪᠠ ᠨᠡᠭᠡᠭᠡᠨ ᠬᠥᠭᠵᠢᠭᠦᠯᠬᠦ ᠵᠢ ᠵᠣᠬᠢᠶᠠᠨ ᠪᠠᠶ᠋ᠢᠭᠤᠯᠵᠤ᠂ ᠣᠨᠴᠠᠭ᠋ᠠᠢ᠌ᠯᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠳᠤᠮᠳᠠᠳᠤ ᠵᠢᠨ ᠡᠬᠡ ᠭᠠᠵᠠᠷ᠎ᠲᠠᠬᠢ ᠠᠮᠢᠳᠤᠯᠢᠭ ᠦᠢ᠍ᠯᠡᠳᠦᠯᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠰᠢᠨ᠎ᠡ ᠵᠢ ᠡᠭᠦᠳᠦᠭᠰᠡᠨ ᠨᠢᠭᠡ ᠪᠦᠯᠦᠭ ᠣᠨᠣᠯ᠎ᠤᠨ ᠭᠤᠤᠯ ᠰᠡᠳᠦᠪᠲᠦ ᠬᠡᠷᠡᠭ᠎ᠤᠨ ᠵᠢᠱ᠌ᠢᠶ᠎ᠡ ᠵᠢ ᠨᠡᠭᠡᠭᠡᠨ ᠬᠥᠭᠵᠢᠭᠦᠯᠪᠡ᠃
ᠵᠢᠭ᠋ᠠᠨ ᠰᠤᠷᠭ᠋ᠠᠯᠲᠠ ᠵᠢᠨ ᠴᠢᠬᠤᠯᠠ ᠪᠠ ᠬᠦᠴᠢᠷ ᠠᠰᠠᠭᠤᠳᠠᠯ᠎ᠤᠨ ᠬᠥᠮᠥᠷᠭᠡ ᠵᠢ ᠪᠠᠢ᠌ᠭᠤᠯᠪᠠ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠴᠢᠬᠤᠯᠠ ᠪᠠ ᠬᠦᠴᠢᠷ ᠠᠰᠠᠭᠤᠳᠠᠯ᠎ᠢ ᠴᠤᠭᠯᠠᠭᠤᠯᠬᠤ ᠲᠣᠭᠲᠠᠴᠠ ᠵᠢ ᠪᠠᠶ᠋ᠢᠭᠤᠯᠵᠤ᠂ ᠰᠤᠷᠤᠭᠴᠢᠳ᠎ᠤᠨ ᠠᠩᠬᠠᠷᠴᠤ ᠪᠠᠶ᠋ᠢᠭ᠎ᠠ ᠠᠰᠠᠭᠤᠳᠠᠯ ᠪᠠ ᠦᠵᠡᠯ ᠰᠠᠨᠠᠭ᠎ᠠ ᠣᠨᠣᠯ᠎ᠤᠨ ᠲᠥᠭᠡᠷᠢᠭᠳᠡᠯ᠎ᠢ ᠬᠥᠳᠡᠯᠦᠩᠭᠦᠶ᠎ᠪᠠᠷ ᠴᠤᠭᠯᠠᠭᠤᠯᠵᠤ᠂ ᠨᠢᠭᠡᠳᠦᠯᠲᠡᠶ᠎ᠪᠠᠷ ᠵᠣᠬᠢᠶᠠᠨ ᠪᠠᠶ᠋ᠢᠭᠤᠯᠤᠨ ᠰᠤᠳᠤᠯᠤᠨ ᠬᠠᠷᠢᠭᠤᠯᠵᠤ᠂ ᠵᠢᠭ᠋ᠠᠨ ᠰᠤᠷᠭ᠋ᠠᠯᠲᠠ ᠵᠢᠨ ᠠᠰᠠᠭᠤᠳᠠᠯ᠎ᠤᠨ ᠬᠥᠮᠥᠷᠭᠡ ᠵᠢ ᠪᠦᠷᠢᠯᠳᠦᠭᠦᠯᠪᠡ᠃
ᠵᠢᠭ᠋ᠠᠨ ᠰᠤᠷᠭ᠋ᠠᠯᠲᠠ ᠵᠢᠨ ᠪᠣᠷᠣ ᠮᠠᠲ᠋ᠧᠷᠢᠶᠠᠯ᠎ᠤᠨ ᠬᠥᠮᠥᠷᠭᠡ ᠵᠢ ᠪᠠᠢ᠌ᠭᠤᠯᠪᠠ᠃ ᠴᠤᠭᠯᠠᠭᠤᠯᠬᠤ᠂ ᠬᠢᠨᠠᠨ ᠪᠠᠢ᠌ᠴᠠᠭ᠋ᠠᠬᠤ᠂ ᠬᠠᠮᠲᠤ᠎ᠪᠠᠷ ᠬᠤᠪᠢᠶᠠᠯᠴᠠᠨ ᠡᠳ᠋ᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠮᠦᠨ᠎ᠡ ᠹᠷᠣᠨᠲ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠢᠳᠡᠪᠬᠢᠵᠢᠯ ᠪᠠ ᠪᠦᠲᠦᠭᠡᠯᠴᠢ ᠴᠢᠨᠠᠷ᠎ᠢ ᠭᠦᠢ᠍ᠴᠡᠳ ᠳᠠᠶ᠋ᠢᠴᠢᠯᠠᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠢᠯᠢᠳᠡᠭ ᠬᠢᠴᠢᠶᠡᠯ᠂ ᠯᠧᠺᠼᠢ᠂ ᠭᠣᠣᠯᠳᠠᠯᠭ᠋ᠠᠲᠠᠢ ᠪᠠ ᠬᠦᠴᠢᠷᠳᠡᠯᠲᠡᠢ ᠠᠰᠠᠭᠤᠳᠠᠯ᠎ᠢ ᠵᠠᠳᠠᠯᠤᠨ ᠰᠢᠨᠵᠢᠯᠡᠵᠦ᠂ ᠴᠢᠬᠤᠯᠠ ᠯᠠᠪᠯᠠᠯᠲᠠ ᠵᠢᠨ ᠰᠤᠷᠪᠤᠯᠵᠢ ᠪᠢᠴᠢᠭ᠂ ᠵᠢᠭ᠋ᠠᠨ ᠰᠤᠷᠭ᠋ᠠᠯᠲᠠ ᠵᠢᠨ ᠲᠣᠬᠢᠷᠠᠭᠤᠯᠤᠯᠲᠠ ᠵᠢᠨ ᠵᠢᠷᠤᠭ᠂ ᠪᠢᠴᠢᠯ ᠸᠢᠳᠢᠣ᠋᠂ ᠬᠠᠮ ᠵᠠᠭᠤᠴᠢᠯᠠᠭᠤᠷ᠎ᠤᠨ ᠢᠯᠡ ᠬᠢᠴᠢᠶᠡᠯ ᠵᠡᠷᠭᠡ ᠴᠢᠨᠠᠷᠯᠢᠭ ᠵᠢᠭ᠋ᠠᠨ ᠰᠤᠷᠭ᠋ᠠᠯᠲᠠ ᠵᠢᠨ ᠪᠣᠷᠣ ᠮᠠᠲ᠋ᠧᠷᠢᠶᠠᠯ᠎ᠢ ᠦᠷᠭᠦᠯᠵᠢᠯᠡᠨ ᠭᠠᠷᠭ᠋ᠠᠪᠠ᠃
ᠰᠦᠯᠵᠢᠶᠡᠨ᠎ᠳᠤ ᠳᠠᠭᠤᠷᠢᠶᠠᠯ ᠦᠵᠡᠭᠦᠯᠬᠦ ᠬᠢᠴᠢᠶᠡᠯ᠎ᠤᠨ ᠬᠥᠮᠥᠷᠭᠡ ᠵᠢ ᠨᠡᠭᠡᠭᠡᠨ ᠭᠥᠭᠵᠢᠭᠦᠯᠪᠡ᠃ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ ᠵᠶ᠋ᠠᠷ ᠦᠨᠳᠦᠰᠦᠨ ᠵᠢᠷᠤᠮᠯᠠᠯ ᠪᠣᠯᠭ᠋ᠠᠵᠤ᠂ ᠪᠦᠬᠦ ᠤᠯᠤᠰ᠎ᠤᠨ ᠰᠢᠯᠢᠳᠡᠭ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠪᠣᠯᠤᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠤᠰᠬᠠᠢ ᠮᠡᠷᠭᠡᠵᠢᠯᠲᠡᠨ᠎ᠤ ᠬᠦᠴᠦᠨ᠎ᠢ ᠨᠡᠶ᠋ᠢᠳᠬᠡᠵᠦ᠂ ᠥᠨᠳᠥᠷ ᠲᠦᠪᠰᠢᠨ ᠪᠦᠬᠦᠢ ᠰᠦᠯᠵᠢᠶᠡᠨ᠎ᠤ ᠳᠠᠭᠤᠷᠢᠶᠠᠯ ᠦᠵᠡᠭᠦᠯᠬᠦ ᠬᠢᠴᠢᠶᠡᠯ᠎ᠢ ᠵᠣᠬᠢᠶᠠᠨ ᠪᠠᠶ᠋ᠢᠭᠤᠯᠵᠤ ᠨᠡᠭᠡᠭᠡᠨ ᠬᠥᠭᠵᠢᠭᠦᠯᠪᠡ᠃
13. ᠰᠦᠯᠵᠢᠶᠡᠨ᠎ᠳᠤ ᠰᠤᠷᠭ᠋ᠠᠨ ᠬᠥᠮᠦᠵᠢᠯ᠎ᠢ ᠤᠬᠠᠭᠤᠯᠬᠤ ᠡᠭᠦᠯᠡᠨᠴᠢᠷ ᠲᠠᠪᠴᠠᠩ᠎ᠢ ᠪᠠᠢ᠌ᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ᠎ᠠᠴᠠ ᠲᠥᠪ᠎ᠤᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠵᠥᠪᠯᠡᠯ᠎ᠤᠨ ᠠᠯᠪᠠᠨ ᠬᠡᠷ ᠵᠡᠷᠭᠡ᠎ᠲᠠᠢ ᠬᠠᠮᠲᠤᠷᠠᠨ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠰᠦᠯᠵᠢᠶᠡᠨ᠎ᠳᠠᠬᠢ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠠᠭᠰᠢ ᠰᠤᠷᠤᠭᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠬᠤ ᠠᠭᠤᠯᠭ᠎ᠠ ᠵᠢᠨ ᠲᠣᠭᠣᠷᠢᠨ᠎ᠳᠤ ᠪᠢᠴᠢᠯ ᠺᠢᠨᠣ᠋᠂ ᠺᠠᠷᠲ᠋ᠣᠨ ᠵᠢᠷᠤᠭ᠂ ᠳᠠᠭᠤᠤ ᠬᠥᠭᠵᠢᠮ᠂ ᠣᠬᠣᠷ ᠸᠢᠳᠢᠣ᠋ ᠵᠡᠷᠭᠡ ᠵᠢ ᠵᠣᠬᠢᠶᠠᠨ ᠪᠦᠲᠦᠭᠡᠬᠦ ᠵᠢ ᠵᠣᠷᠢᠭᠵᠢᠭᠤᠯᠵᠤ᠂ ᠡᠬᠢ ᠪᠠᠶᠠᠯᠢᠭ᠎ᠢ ᠬᠠᠮᠲᠤ᠎ᠪᠠᠷ ᠬᠤᠪᠢᠶᠠᠯᠴᠠᠨ ᠡᠳ᠋ᠯᠡᠬᠦ᠂ ᠰᠦᠯᠵᠢᠶᠡᠨ᠎ᠳᠤ ᠦᠢ᠍ᠯᠡᠳᠦᠯᠴᠡᠬᠦ᠂ ᠰᠦᠯᠵᠢᠶᠡᠨ᠎ᠳᠤ ᠤᠬᠠᠭᠤᠯᠬᠤ ᠵᠡᠷᠭᠡ᠎ᠪᠠᠷ ᠨᠢᠭᠡ ᠴᠣᠭᠴᠠᠵᠢᠭᠤᠯᠤᠭᠰᠠᠨ 《ᠡᠭᠦᠯᠡᠨᠴᠢᠷ ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠲᠠᠪᠴᠠᠩ᠎ᠢ ᠪᠠᠢ᠌ᠭᠤᠯᠪᠠ᠃ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠰᠦᠯᠵᠢᠶ᠎ᠡ᠂ ᠤᠶᠤᠲᠠᠳ ᠰᠦᠯᠵᠢᠶᠡᠨ᠎ᠳᠤ ᠪᠠ ᠢᠪᠠᠨ ᠵᠡᠷᠭᠡ ᠰᠦᠯᠵᠢᠶᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠥᠪᠡᠷ᠎ᠤᠨ ᠥᠷᠲᠡᠭ᠎ᠨᠢ ᠲᠣᠬᠢᠷᠠᠮᠵᠢᠲᠠᠶ ᠵᠢᠱ᠌ᠢᠮᠡᠭ ᠦᠨᠡᠨ᠎ᠢ ᠳᠠᠭᠤᠷᠢᠶᠠᠬᠤ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠢᠳᠡᠪᠬᠢᠲᠡᠶ᠎ᠪᠠᠷ ᠰᠤᠳᠤᠯᠤᠨ ᠨᠡᠭᠡᠭᠡᠪᠡ᠃ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ᠎ᠢ ᠬᠠᠮᠲᠤ᠎ᠪᠠᠷ ᠰᠤᠷᠬᠤ》 ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ 《ᠰᠤᠷᠤᠯᠴᠠᠯᠭ᠎ᠠ ᠵᠢᠨ ᠬᠦᠴᠦᠷᠬᠡᠭ ᠤᠯᠤᠰ》 ᠵᠡᠷᠭᠡ ᠲᠠᠪᠴᠠᠩ᠎ᠢ ᠰᠠᠶ᠋ᠢᠲᠤᠷ ᠠᠰᠢᠭᠯᠠᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠵᠢᠨ ᠲᠥᠪ ᠪᠠ ᠣᠷᠣᠨ ᠨᠤᠲᠤᠭ᠎ᠤᠨ ᠭᠣᠣᠯ ᠵᠠᠭᠤᠴᠢᠯᠠᠭᠤᠷ᠎ᠤᠨ ᠤᠯᠤᠰ ᠲᠦᠷᠦ ᠵᠢᠨ ᠥᠭᠦᠯᠡᠯ᠂ ᠴᠠᠭ᠎ᠤᠨ ᠪᠠᠶ᠋ᠢᠳᠠᠯ᠎ᠤᠨ ᠤᠯᠤᠰ ᠲᠦᠷᠦ ᠵᠢᠨ ᠫᠷᠤᠭ᠌ᠷᠠᠮ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ᠂ ᠨᠠᠮ᠎ᠤᠨ ᠰᠢᠨ᠎ᠡ ᠵᠢ ᠡᠭᠦᠳᠬᠦ ᠤᠨᠤᠯ᠎ᠢ ᠥᠷᠭᠡᠨ ᠵᠶ᠋ᠠᠷ ᠤᠯᠠᠮᠵᠢᠯᠠᠪᠠ᠃
ᠲᠠᠪᠤ᠂ ᠨᠡᠷᠡᠲᠦ ᠪᠠᠭᠰᠢ ᠵᠢᠨ ᠳᠣᠭᠲᠠᠯᠴᠠᠭ᠎ᠠ ᠵᠢ ᠪᠠᠢ᠌ᠭᠤᠯᠪᠠ
14. ᠲᠤᠰᠬᠠᠶ ᠲᠤᠰᠢᠶᠠᠯ ᠪᠠ ᠲᠤᠰᠢᠶᠠᠯ ᠬᠠᠪᠰᠤᠷᠭ᠋ᠠᠬᠤ ᠵᠢ ᠤᠶᠠᠯᠳᠤᠭᠤᠯᠤᠭᠰᠠᠨ ᠪᠠᠭᠰᠢ ᠵᠢᠨ ᠡᠩᠨᠡᠭᠡ ᠵᠢ ᠪᠠᠢ᠌ᠭᠤᠯᠪᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠱᠠᠭ᠋ᠠᠷᠳᠠᠯᠭ᠎ᠠ ᠶᠣᠰᠤ᠎ᠪᠠᠷ ᠳᠡᠭᠡᠳᠦ ᠰᠤᠷᠭ᠋ᠠᠭᠤᠯᠢ ᠵᠢᠨ ᠲᠤᠰᠬᠠᠶ ᠲᠤᠰᠢᠶᠠᠯᠲᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ᠂ ᠬᠠᠪᠰᠤᠷᠤᠨ ᠵᠢᠯᠣᠭᠣᠳᠣᠭᠴᠢ ᠵᠢᠨ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠲᠤᠰᠬᠠᠶ ᠲᠤᠰᠢᠶᠠᠯᠲᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠬᠠᠷᠢᠴᠠᠯ᠎ᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠣᠨᠴᠠ ᠤᠷᠢᠭᠰᠠᠨ ᠫᠷᠤᠹᠧᠰᠰᠤᠷ᠂ ᠲᠤᠰᠢᠶᠠᠯ ᠬᠠᠪᠰᠤᠷᠭ᠋ᠠᠭᠰᠠᠨ ᠪᠠᠭᠰᠢ ᠵᠢᠨ ᠲᠦᠷᠢᠮ᠎ᠢ ᠬᠡᠷᠡᠭᠵᠢᠭᠦᠯᠵᠦ᠂ ᠨᠠᠮ ᠵᠠᠰᠠᠭ᠎ᠤᠨ ᠤᠳᠤᠷᠢᠳᠤᠯᠭ᠎ᠠ᠂ ᠰᠢᠨᠵᠢᠯᠡᠬᠦ ᠤᠬᠠᠭ᠋ᠠᠨᠲᠠᠨ᠂ ᠠᠬᠠᠮᠠᠳ ᠨᠥᠬᠥᠳ᠂ ᠲᠡᠷᠢᠭᠦᠨ᠎ᠤ ᠵᠢᠱ᠌ᠢᠶᠡᠴᠢ ᠵᠡᠷᠭᠡ ᠵᠢ ᠢᠳᠡᠪᠬᠢᠲᠡᠶ᠎ᠪᠠᠷ ᠤᠷᠢᠵᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠲᠤᠰᠢᠶᠠᠯ ᠬᠠᠪᠰᠤᠷᠭ᠋ᠠᠭᠰᠠᠨ ᠪᠠᠭᠰᠢ ᠪᠣᠯᠭ᠋ᠠᠪᠠ᠃ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠵᠠᠬᠢᠷᠤᠯ (ᠱᠦᠵᠢ)᠎ᠢ ᠬᠥᠮᠦᠵᠢᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠲᠥᠪᠯᠡᠷᠡᠭᠦᠯᠦᠨ ᠬᠥᠮᠦᠵᠢᠭᠦᠯᠵᠦ ᠪᠣᠯᠪᠠᠰᠤᠷᠠᠭᠤᠯᠬᠤ᠂ ᠴᠢᠬᠤᠯᠠ ᠶᠡᠬᠡ ᠵᠦᠢ᠍ᠯᠡᠰ᠎ᠢ ᠨᠠᠶ᠋ᠢᠳᠠᠬᠤ᠂ ᠦᠢ᠍ᠯᠡᠳᠦᠯᠭᠡ ᠵᠢᠨ ᠳᠠᠪᠲᠠᠯᠲᠠ ᠵᠢ ᠴᠢᠩᠭ᠋ᠠᠳᠬᠠᠬᠤ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠠᠶ᠋ᠢᠯᠴᠢᠯᠠᠨ ᠰᠤᠷᠤᠯᠴᠠᠬᠤ ᠵᠢ ᠥᠷᠨᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠮᠠᠷᠺᠰ᠎ᠤᠨ ᠦᠵᠡᠯ᠎ᠤᠨ ᠨᠢᠭᠡ ᠪᠦᠯᠦᠭ ᠵᠠᠯᠠᠭᠤ ᠣᠨᠣᠯᠴᠢ᠎ᠨᠢ ᠬᠥᠮᠥᠵᠢᠭᠦᠯᠪᠡ᠃
ᠲᠤᠰᠬᠠᠶ ᠪᠤᠯᠤᠩ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠣᠨᠴᠠ ᠤᠷᠢᠭᠰᠠᠨ ᠫᠷᠤᠹᠧᠰᠰᠤᠷ᠂ ᠲᠤᠰᠢᠶᠠᠯ ᠬᠠᠪᠰᠤᠷᠭ᠋ᠠᠭᠰᠠᠨ ᠪᠠᠭᠰᠢ ᠵᠢᠨ ᠲᠦᠷᠢᠮ᠎ᠢ ᠪᠠᠶ᠋ᠢᠭᠤᠯᠪᠠ
ᠳᠡᠭᠡᠳᠦ ᠰᠤᠷᠭ᠋ᠠᠭᠤᠯᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠣᠨᠴᠠ ᠤᠷᠢᠭᠰᠠᠨ ᠫᠷᠤᠹᠧᠰᠰᠤᠷ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠰᠢᠯᠢᠳᠡᠭ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠪᠠ ᠣᠨᠣᠯ᠎ᠤᠨ ᠡᠲᠡᠭᠡᠳ᠎ᠤᠨ ᠲᠤᠰᠬᠠᠶ ᠮᠡᠷᠭᠡᠵᠢᠯᠲᠡᠨ᠂ ᠡᠯ᠎ᠡ ᠠᠵᠢᠯ ᠲᠥᠷᠥᠯ᠎ᠤᠨ ᠲᠡᠷᠢᠭᠦᠨ᠎ᠤ ᠵᠢᠱ᠌ᠢᠶᠡᠴᠢ ᠵᠢᠴᠢ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ᠂ ᠵᠠᠬᠢᠷᠤᠯ᠂ ᠳᠡᠭᠡᠳᠦ ᠰᠤᠷᠭ᠋ᠠᠭᠤᠯᠢ (ᠰᠠᠯᠪᠤᠷᠢ) ᠵᠢᠨ ᠨᠠᠮ ᠵᠠᠰᠠᠭ᠎ᠤᠨ ᠬᠠᠷᠢᠭᠤᠴᠠᠯᠭ᠋ᠠᠲᠠᠨ᠂ ᠨᠠᠷᠠᠲᠤ ᠪᠠᠭᠰᠢ ᠪᠠ ᠲᠤᠰᠬᠠᠶ ᠮᠡᠷᠭᠡᠵᠢᠯ᠎ᠤᠨ ᠬᠢᠴᠢᠶᠡᠯ᠎ᠤᠨ ᠭᠤᠤᠯᠯᠠᠭᠴᠢ ᠪᠠᠭᠰᠢ᠂ ᠡᠳᠦᠷ ᠲᠤᠲᠤᠮ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠭᠤᠤᠯᠯᠠᠭᠴᠢ ᠵᠡᠷᠭᠡ ᠵᠢ ᠤᠷᠢᠵᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠩᠨᠡᠭᠡᠨ᠎ᠳᠤ ᠣᠷᠣᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠵᠢᠭ᠋ᠠᠯᠭ᠋ᠠᠪᠠ; ᠲᠤᠰᠢᠶᠠᠯ ᠬᠠᠪᠰᠤᠷᠭ᠋ᠠᠭᠰᠠᠨ ᠪᠠᠭᠰᠢ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠪᠠᠭ᠋ᠠᠲᠤᠷ ᠬᠥᠮᠦᠰ᠂ ᠬᠥᠳᠡᠯᠮᠦᠷᠢ ᠵᠢᠨ ᠵᠢᠱ᠌ᠢᠶᠡᠴᠢ᠂ ᠤᠯᠤᠰ᠎ᠤᠨ ᠲᠣᠮᠤ ᠤᠷᠠᠨ ᠳᠠᠷᠬᠠᠨ ᠵᠡᠷᠭᠡ ᠲᠡᠷᠢᠭᠦᠨ᠎ᠤ ᠲᠥᠯᠥᠭᠡᠯᠡᠭᠴᠢ ᠵᠢᠴᠢ ᠬᠤᠪᠢᠰᠬᠠᠯ᠎ᠤᠨ ᠮᠦᠽᠧᠶ᠂ ᠳᠤᠷᠠᠰᠬᠠᠯ᠎ᠤᠨ ᠣᠷᠳᠣᠨ᠂ ᠨᠠᠮ᠎ᠤᠨ ᠲᠡᠦᠬᠡ ᠵᠢᠨ ᠣᠷᠳᠣᠨ᠂ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠤ ᠬᠦᠷᠢᠶᠡᠯᠡᠩ ᠵᠡᠷᠭᠡ ᠬᠤᠪᠢᠰᠬᠠᠯ᠎ᠤᠨ ᠰᠠᠭᠤᠷᠢᠨ ᠭᠠᠵᠠᠷ᠎ᠤᠨ ᠲᠠᠶ᠋ᠢᠯᠪᠤᠷᠢᠯᠠᠭᠴᠢ᠂ ᠰᠠᠶ᠋ᠢᠨ ᠳᠤᠷᠠᠴᠤᠤᠯ᠎ᠢ ᠦᠷᠭᠦᠯᠵᠢ ᠳᠡᠭᠡᠳᠦ ᠰᠤᠷᠭ᠋ᠠᠭᠤᠯᠢ᠎ᠳᠤ ᠣᠷᠣᠭᠤᠯᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ᠎ᠳᠤ ᠣᠷᠣᠯᠴᠠᠭᠤᠯᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠣᠶ ᠪᠣᠯᠭ᠋ᠠᠪᠠ᠃
15. ᠡᠩᠨᠡᠭᠡᠨ᠎ᠤ ᠰᠤᠳᠤᠯᠭ᠋ᠠᠨ᠎ᠤ ᠲᠠᠪᠴᠠᠩ᠎ᠢ ᠪᠠᠢ᠌ᠭᠤᠯᠪᠠ᠃ ᠤᠯᠤᠰ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦᠨ᠎ᠤ ᠲᠥᠯᠥᠪᠵᠢᠭᠦᠯᠭᠡ ᠵᠢᠨ ᠲᠥᠰᠦᠯ᠂ ᠰᠤᠷᠭ᠋ᠠᠨ ᠬᠥᠮᠦᠵᠢᠯ᠎ᠤᠨ ᠶᠠᠮᠤᠨ᠎ᠤ ᠬᠥᠮᠦᠨ ᠰᠣᠶᠤᠯ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠰᠦᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠰᠤᠳᠤᠯᠭ᠋ᠠᠨ᠎ᠤ ᠲᠤᠰᠬᠠᠶ ᠵᠦᠢ᠍ᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠷᠺᠰ᠎ᠤᠨ ᠦᠵᠡᠯ᠎ᠤᠨ ᠣᠨᠣᠯ᠎ᠤᠨ ᠰᠤᠳᠤᠯᠭ᠋ᠠᠨ ᠪᠠ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠰᠡᠭᠦᠯᠴᠢ ᠵᠢᠨ ᠬᠤᠭᠤᠴᠠᠭ᠋ᠠᠨ᠎ᠤ ᠳᠡᠳᠬᠦᠨ ᠲᠤᠰᠠᠯᠠᠬᠤ ᠲᠥᠰᠦᠯ᠎ᠢ ᠪᠠᠶ᠋ᠢᠭᠤᠯᠵᠤ᠂ ᠪᠠᠭᠰᠢ ᠨᠠᠷ᠎ᠢ ᠵᠣᠬᠢᠶᠠᠨ ᠪᠠᠶ᠋ᠢᠭᠤᠯᠵᠤ ᠮᠠᠷᠺᠰ᠎ᠤᠨ ᠦᠵᠡᠯ᠎ᠤᠨ ᠣᠨᠣᠯ ᠪᠠ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠢ ᠴᠢᠩᠭ᠋ᠠᠳᠬᠠᠪᠠ᠃ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠶ᠋ᠢᠭᠤᠯᠤᠯᠲᠠ ᠵᠢᠨ ᠵᠢᠮ᠎ᠡ ᠶᠣᠰᠣ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠬᠦᠴᠢᠷᠳᠡᠯ ᠵᠢᠴᠢ ᠠᠷᠭ᠋ᠠᠴᠠᠬᠤ ᠪᠣᠳᠣᠯᠭ᠎ᠠ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ᠂ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠡᠷᠭᠡ ᠰᠤᠳᠤᠯᠭ᠋ᠠᠨ᠎ᠢ ᠭᠣᠣᠯᠳᠠᠯᠭ᠋ᠠᠲᠠᠢ ᠳᠡᠮᠵᠢᠪᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠭᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭ᠋ᠠᠶ᠎ᠳᠤᠨᠢ ᠬᠠᠳᠠᠩᠰᠢᠭᠤᠯᠬᠤ ᠰᠢᠷᠢᠰ ᠰᠤᠳᠤᠯᠤᠨ ᠶᠠᠷᠢᠯᠴᠠᠬᠤ ᠬᠤᠷᠠᠯ᠎ᠢ ᠬᠢᠪᠡ᠃ ᠬᠠᠪᠰᠤᠷᠤᠨ ᠵᠢᠯᠣᠭᠣᠳᠣᠭᠴᠢ ᠵᠢᠨ ᠠᠵᠢᠯᠯᠠᠬᠤ ᠲᠠᠰᠤᠭ᠎ᠢ ᠪᠠᠶ᠋ᠢᠭᠤᠯᠵᠤ᠂ ᠲᠥᠰᠦᠯ᠎ᠤᠨ ᠰᠤᠳᠤᠯᠭ᠋ᠠᠨ᠎ᠢ ᠥᠷᠨᠢᠭᠦᠯᠬᠦ᠂ ᠰᠢᠯᠢᠳᠡᠭ᠎ᠢ ᠳᠡᠯᠭᠡᠷᠡᠭᠦᠯᠬᠦ ᠠᠵᠢᠯ᠎ᠢ ᠲᠤᠰᠠᠯᠠᠭᠰᠠᠨ ᠬᠡᠷᠡᠭ᠎ᠤᠨ ᠵᠢᠱ᠌ᠢᠶ᠎ᠡ ᠵᠢ ᠳᠡᠯᠭᠡᠷᠡᠭᠦᠯᠪᠡ᠃
16. ᠡᠩᠨᠡᠭᠡᠨ᠎ᠤ ᠶᠡᠷᠦᠩᠬᠡᠶ᠋ᠢᠯᠡᠭᠰᠡᠨ ᠴᠢᠳᠠᠪᠤᠷᠢ ᠵᠢ ᠳᠡᠭᠡᠭᠰᠢᠯᠡᠭᠦᠯᠪᠡ᠃ ᠤᠯᠤᠰ᠂ ᠣᠷᠣᠨ ᠨᠤᠲᠤᠭ᠂ ᠰᠤᠷᠭ᠋ᠠᠭᠤᠯᠢ ᠭᠤᠷᠪᠠᠨ ᠱᠠᠲᠤᠨ᠎ᠤ ᠪᠣᠯᠪᠠᠰᠤᠷᠠᠭᠤᠯᠤᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠪᠣᠯᠪᠠᠰᠤᠷᠠᠭᠤᠯᠤᠯ᠎ᠢ ᠪᠦᠷᠢᠨ ᠪᠦᠷᠬᠦᠭᠦᠯᠬᠦ ᠵᠢ ᠪᠡᠶᠡᠯᠡᠭᠦᠯᠪᠡ᠃ ᠰᠤᠷᠭ᠋ᠠᠨ ᠬᠥᠮᠦᠵᠢᠯ᠎ᠤᠨ ᠶᠠᠮᠤᠨ 《ᠭᠠᠷ ᠬᠣᠯᠪᠤᠯᠴᠠᠬᠤ》 ᠬᠠᠮᠲᠤ᠎ᠪᠠᠷ ᠬᠢᠴᠢᠶᠡᠯ ᠪᠡᠯᠡᠳᠬᠡᠬᠦ ᠲᠣᠭᠲᠠᠴᠠ ᠵᠢ ᠲᠡᠭᠦᠯᠳᠡᠷᠵᠢᠭᠦᠯᠵᠦ᠂ ᠵᠢᠭ᠋ᠠᠨ ᠰᠤᠷᠭ᠋ᠠᠯᠲᠠ ᠵᠢ ᠰᠤᠳᠤᠯᠤᠨ ᠶᠠᠷᠢᠯᠴᠠᠬᠤ ᠠᠵᠢᠯᠯᠠᠭ᠎ᠠ ᠵᠢ ᠲᠣᠭᠲᠠᠮᠠᠯ ᠬᠤᠭᠤᠴᠠᠭ᠋ᠠᠲᠠᠢ᠎ᠪᠠᠷ ᠵᠣᠬᠢᠶᠠᠨ ᠪᠠᠶ᠋ᠢᠭᠤᠯᠵᠤ ᠥᠷᠨᠢᠭᠦᠯᠪᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠳᠠᠭᠤᠷᠢᠶᠠᠯ ᠦᠵᠡᠭᠦᠯᠬᠦ ᠪᠣᠯᠪᠠᠰᠤᠷᠠᠭᠤᠯᠤᠯ᠂ ᠵᠢᠭ᠋ᠠᠨ ᠰᠤᠷᠭ᠋ᠠᠯᠲᠠ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠵᠢ ᠥᠷᠨᠢᠭᠦᠯᠪᠡ᠃ ᠬᠠᠪᠰᠤᠷᠤᠨ ᠵᠢᠯᠣᠭᠣᠳᠣᠭᠴᠢ ᠵᠢᠨ ᠰᠦᠯᠵᠢᠶᠡᠨ᠎ᠳᠠᠬᠢ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠵᠤ᠂ ᠵᠢᠱ᠌ᠢᠮᠡᠭ ᠦᠨᠡᠨ᠎ᠢ ᠳᠠᠭᠤᠷᠢᠶᠠᠬᠤ ᠪᠣᠯᠪᠠᠰᠤᠷᠠᠭᠤᠯᠤᠯ᠎ᠤᠨ ᠲᠠᠪᠴᠠᠩ᠎ᠢ ᠨᠡᠭᠡᠭᠡᠨ ᠬᠥᠭᠵᠢᠭᠦᠯᠵᠦ᠂ ᠤᠯᠤᠰ᠎ᠤᠨ ᠪᠠᠶ᠋ᠢᠳᠠᠯ᠎ᠤᠨ ᠰᠢᠨᠵᠢᠯᠡᠨ ᠪᠠᠶ᠋ᠢᠴᠠᠭ᠋ᠠᠯᠲᠠ ᠵᠢ ᠵᠣᠬᠢᠶᠠᠨ ᠪᠠᠢ᠌ᠭᠤᠯᠬᠤ ᠵᠢ ᠳᠡᠮᠵᠢᠪᠡ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ᠎ᠬᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢ ᠡᠭᠡᠯᠵᠢᠯᠡᠨ ᠪᠣᠯᠪᠠᠰᠤᠷᠠᠭᠤᠯᠬᠤ ᠳᠦᠷᠢᠮ᠎ᠢ ᠪᠠᠶ᠋ᠢᠭᠤᠯᠵᠤ᠂ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ ᠪᠣᠯᠤᠨ ᠳᠡᠭᠡᠳᠦ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ᠎ᠳᠤ ᠲᠦᠰᠢᠭᠯᠡᠨ 3 ᠵᠢᠯ ᠪᠦᠷᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠨᠠᠷ᠎ᠢ ᠬᠠᠮᠤᠭ᠎ᠤᠨ ᠪᠠᠭ᠎ᠠ᠎ᠳᠤ᠎ᠪᠠᠨ 5 ᠡᠳᠦᠷ ᠲᠥᠪᠯᠡᠷᠡᠭᠦᠯᠦᠨ ᠠᠵᠢᠯ᠎ᠠᠴᠠ᠎ᠨᠢ ᠰᠠᠯᠭ᠋ᠠᠵᠤ ᠪᠣᠯᠪᠠᠰᠤᠷᠠᠭᠤᠯᠬᠤ ᠬᠡᠷᠡᠭᠲᠡᠶ᠃ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠲᠤᠰᠬᠠᠶ ᠪᠠᠭᠰᠢ ᠡᠷᠬᠡᠪᠰᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠬᠢᠷᠢ ᠬᠡᠮ᠎ᠢ ᠣᠯᠬᠤ ᠬᠡᠷᠡᠭᠲᠡᠶ᠃ ᠪᠠᠭ᠎ᠠ ᠰᠤᠷᠭ᠋ᠠᠭᠤᠯᠢ ᠵᠢᠨ ᠲᠤᠰᠢᠶᠠᠯ ᠬᠠᠪᠰᠤᠷᠭ᠋ᠠᠭᠰᠠᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨ᠎ᠡ ᠵᠣᠬᠢᠬᠤ ᠰᠤᠷᠤᠯᠭ᠎ᠠ ᠵᠢᠨ ᠴᠠᠭ᠎ᠤᠨ ᠲᠤᠰᠬᠠᠶ ᠮᠡᠷᠭᠡᠵᠢᠯ᠎ᠤᠨ ᠪᠣᠯᠪᠠᠰᠤᠷᠠᠭᠤᠯᠤᠯ᠎ᠢ ᠪᠡᠶᠡᠯᠡᠭᠦᠯᠬᠦ ᠵᠢᠨ ᠬᠠᠮᠲᠤ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠪᠠᠶ᠋ᠢᠬᠤ ᠬᠡᠷᠡᠭᠲᠡᠶ᠃ ᠡᠯ᠎ᠡ ᠭᠠᠵᠠᠷ᠎ᠤᠨ ᠡᠯ᠎ᠡ ᠳᠡᠭᠡᠳᠦ ᠰᠤᠷᠭ᠋ᠠᠭᠤᠯᠢ ᠲᠤᠰᠬᠠᠶ ᠲᠦᠷᠢᠮ ᠪᠠᠶ᠋ᠢᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠭᠤᠤᠯᠯᠠᠭᠴᠢ ᠪᠠᠭᠰᠢ ᠵᠢᠨ ᠡᠯ᠎ᠡ ᠱᠠᠲᠤᠨ᠎ᠤ ᠤᠬᠠᠭᠤᠯᠭ᠎ᠠ᠂ ᠰᠤᠷᠭ᠋ᠠᠨ ᠬᠥᠮᠦᠵᠢᠯ ᠵᠡᠷᠭᠡ ᠨᠠᠮ ᠵᠠᠰᠠᠭ᠎ᠤᠨ ᠪᠠᠶ᠋ᠢᠭᠤᠯᠭ᠎ᠠ ᠪᠤᠶᠤ ᠦᠨᠳᠦᠰᠦᠨ ᠱᠠᠲᠤᠨ᠎ᠳᠤ ᠣᠴᠢᠵᠤ ᠲᠤᠰᠢᠶᠠᠯ ᠡᠭᠦᠷᠭᠡᠯᠡᠨ ᠪᠣᠯᠪᠠᠰᠤᠷᠠᠬᠤ᠂ ᠴᠡᠭ᠎ᠲᠤ ᠰᠠᠭᠤᠵᠤ ᠪᠠᠶ᠋ᠢᠴᠠᠭ᠋ᠠᠨ ᠰᠣᠳᠤᠯᠬᠤ ᠵᠢ ᠪᠠᠢ᠌ᠩᠭᠤ ᠳᠡᠮᠵᠢᠵᠦ᠂ ᠬᠠᠮᠢᠶ᠎ᠠ ᠪᠥᠬᠥᠶ ᠥᠩᠭᠡᠷᠡᠯᠲᠡ ᠵᠢ ᠱᠠᠩᠨᠠᠬᠤ ᠪᠠ ᠰᠢᠯᠢᠳᠡᠭ᠎ᠢ ᠰᠢᠯᠭ᠋ᠠᠷᠠᠭᠤᠯᠬᠤ᠂ ᠺᠠᠳ᠋ᠷ᠎ᠢ ᠰᠣᠩᠭᠣᠨ ᠤᠷᠢᠬᠤ ᠳᠣᠭᠲᠠᠯᠴᠠᠭ᠎ᠠ᠎ᠳᠤ ᠣᠷᠣᠭᠤᠯᠵᠤ᠂ ᠬᠣᠯᠪᠤᠭᠳᠠᠬᠤ ᠦᠷ᠎ᠡ ᠪᠦᠲᠦᠭᠡᠯ᠎ᠢ ᠮᠡᠷᠭᠡᠵᠢᠯ᠎ᠤᠨ ᠴᠣᠯᠠ ᠲᠣᠭᠲᠠᠭ᠋ᠠᠬᠤ ᠪᠠ ᠤᠷᠢᠨ ᠬᠡᠷᠡᠭᠯᠡᠬᠦ ᠯᠠᠪᠯᠠᠯᠲᠠ ᠪᠣᠯᠭ᠋ᠠᠪᠠ᠃ ᠰᠤᠷᠤᠭᠴᠢᠳ᠎ᠤᠨ ᠳᠤᠮᠳᠠᠴᠢ ᠵᠠᠷᠤᠳᠠᠯ᠎ᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ᠂ ᠦᠢ᠍ᠯᠡᠳᠦᠯᠭᠡ ᠵᠢᠨ ᠰᠤᠳᠤᠯᠤᠨ ᠰᠤᠷᠤᠯᠴᠠᠬᠤ ᠵᠡᠷᠭᠡ᠎ᠳᠤ ᠬᠡᠷᠡᠭᠯᠡᠬᠦ ᠵᠢ ᠴᠢᠩᠭ᠎ᠠ ᠨᠠᠶ᠋ᠢᠳᠠᠪᠤᠷᠢᠵᠢᠭᠤᠯᠬᠤ ᠵᠢᠨ ᠬᠠᠮᠲᠤ ᠳᠡᠮᠵᠢᠬᠦ ᠡᠷᠴᠢᠮ ᠵᠶ᠋ᠠᠨ ᠠᠯᠬᠤᠮ ᠠᠯᠬᠤᠮ ᠵᠶ᠋ᠠᠷ ᠴᠢᠩᠭ᠋ᠠᠷᠠᠭᠤᠯᠪᠠ᠃
ᠲᠤᠰᠬᠠᠶ ᠪᠤᠯᠤᠩ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠬᠥᠮᠦᠵᠢᠯ ᠪᠣᠯᠪᠠᠰᠤᠷᠠᠭᠤᠯᠤᠯ᠎ᠢ ᠴᠢᠩᠭ᠋ᠠᠳᠬᠠᠪᠠ᠃
《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠮᠡᠳᠡᠭᠡ ᠵᠠᠩᠭᠢ ᠵᠢᠨ ᠬᠥᠮᠥᠷᠭᠡ》 ᠵᠢᠨ ᠪᠠᠶ᠋ᠢᠭᠤᠯᠤᠯᠲᠠ ᠵᠢ ᠴᠢᠩᠭ᠋ᠠᠳᠬᠠᠪᠠ᠃
《ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠰᠦᠯᠵᠢᠶᠡᠨ᠎ᠳᠤ ᠬᠠᠮᠲᠤ᠎ᠪᠠᠷ ᠬᠢᠴᠢᠶᠡᠯ ᠪᠡᠯᠡᠳᠬᠡᠬᠦ ᠲᠠᠪᠴᠠᠩ》᠎ᠤᠨ ᠲᠠᠰ ᠳᠡᠪᠰᠢᠭᠦᠯᠦᠭᠰᠡᠨ ᠬᠡᠪ᠎ᠢ ᠪᠣᠶ ᠪᠣᠯᠭ᠋ᠠᠪᠠ᠃
《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠩᠨᠡᠭᠡᠨ᠎ᠤ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠵᠢ ᠲᠤᠰᠬᠠᠶ ᠳᠡᠮᠵᠢᠬᠦ ᠲᠥᠯᠥᠪᠯᠡᠭᠡ》 ᠵᠢ ᠬᠡᠷᠡᠭᠵᠢᠭᠦᠯᠪᠡ᠃
《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠠᠵᠢᠯ᠎ᠤᠨ ᠪᠠᠶ᠋ᠢᠷᠢ᠎ᠳᠤ ᠮᠠᠷᠺᠰ᠎ᠤᠨ ᠦᠵᠡᠯ᠎ᠤᠨ ᠣᠨᠣᠯ᠎ᠤᠨ ᠳ᠋ᠣᠺᠲ᠋ᠣᠷ᠎ᠤᠨ ᠡᠷᠳᠡᠮ᠎ᠤᠨ ᠴᠣᠯᠠ ᠬᠠᠮᠠᠭ᠋ᠠᠯᠠᠬᠤ ᠵᠢ ᠲᠤᠰᠬᠠᠶ ᠳᠡᠮᠵᠢᠬᠦ ᠲᠥᠯᠥᠪᠯᠡᠭᠡ》 ᠵᠢ ᠬᠡᠷᠡᠭᠵᠢᠭᠦᠯᠪᠡ᠃
《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠭᠣᠣᠯᠯᠠᠭᠴᠢ ᠪᠠᠭᠰᠢ ᠵᠢᠨ ᠰᠤᠳᠤᠯᠤᠨ ᠰᠤᠷᠤᠯᠴᠠᠬᠤ ᠠᠩᠬᠢ》 ᠪᠠ 《 ᠳᠡᠭᠡᠳᠦ ᠰᠤᠷᠭ᠋ᠠᠭᠤᠯᠢ ᠵᠢᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠭᠣᠣᠯᠯᠠᠭᠴᠢ ᠵᠢᠨ ᠰᠤᠳᠤᠯᠤᠨ ᠰᠤᠷᠤᠯᠴᠠᠬᠤ ᠠᠩᠬᠢ》 ᠵᠢ ᠡᠷᠬᠢᠯᠡᠪᠡ᠃
《ᠭᠠᠷᠠᠭ᠎ᠤᠨ ᠰᠡᠭᠦᠯᠴᠢ ᠵᠢᠨ ᠣᠨᠣᠯ᠎ᠤᠨ ᠶᠠᠷᠢᠶᠠᠨ᠎ᠤ ᠳᠠᠪᠴᠠᠩ》᠎ᠢ ᠡᠷᠬᠢᠯᠡᠪᠡ᠃
ᠪᠦᠬᠦ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠵᠢᠨ ᠰᠤᠳᠤᠯᠤᠨ ᠰᠤᠷᠤᠯᠴᠠᠬᠤ (ᠰᠤᠷᠤᠯᠴᠠᠬᠤ) ᠰᠠᠭᠤᠷᠢᠨ ᠭᠠᠵᠠᠷ᠎ᠲᠤ ᠲᠦᠰᠢᠭᠯᠡᠵᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠵᠢ ᠵᠣᠬᠢᠶᠠᠨ ᠪᠠᠢ᠌ᠭᠤᠯᠤᠨ ᠬᠢᠴᠢᠶᠡᠯ ᠬᠤᠪᠢᠶᠠᠵᠤ᠂ ᠲᠤᠰᠬᠠᠢ ᠰᠡᠳᠦᠪ ᠬᠤᠪᠢᠶᠠᠵᠤ ᠰᠤᠳᠤᠯᠤᠨ ᠰᠤᠷᠤᠯᠴᠠᠬᠤ ᠠᠵᠢᠯᠯᠠᠭ᠎ᠠ ᠵᠢ ᠥᠷᠨᠢᠭᠦᠯᠪᠡ᠃
《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠬᠠᠮᠲᠤ᠎ᠪᠠᠷ ᠬᠢᠴᠢᠶᠡᠯ ᠪᠡᠯᠡᠳᠬᠡᠬᠦ ᠲᠥᠪ》 ᠪᠠ 《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ᠎ᠤᠨ ᠨᠠᠷᠠᠲᠤ ᠪᠠᠭᠰᠢ ᠵᠢᠨ ᠠᠵᠢᠯᠯᠠᠬᠤ ᠲᠠᠰᠤᠭ》᠎ᠨᠢ ᠭᠠᠵᠠᠷ ᠣᠷᠣᠨ ᠠᠯᠤᠰᠯᠠᠭᠰᠠᠨ᠂ ᠰᠤᠷᠤᠯᠭ᠎ᠠ ᠵᠢᠨ ᠱᠠᠲᠤ ᠠᠯᠤᠰᠯᠠᠭᠰᠠᠨ᠂ ᠰᠤᠷᠭ᠋ᠠᠭᠤᠯᠢ ᠠᠯᠤᠰᠯᠠᠭᠰᠠᠨ ᠵᠡᠷᠭᠡ ᠣᠯᠠᠨ ᠬᠡᠯᠪᠡᠷᠢ ᠵᠢᠨ ᠬᠠᠮᠲᠤ᠎ᠪᠠᠷ ᠬᠢᠴᠢᠶᠡᠯ ᠪᠡᠯᠡᠳᠬᠡᠬᠦ᠂ ᠵᠢᠭ᠋ᠠᠨ ᠰᠤᠷᠭ᠋ᠠᠯᠲᠠ ᠵᠢ ᠰᠤᠳᠤᠯᠤᠨ ᠶᠠᠷᠢᠯᠴᠠᠬᠤ ᠠᠵᠢᠯᠯᠠᠭ᠎ᠠ ᠵᠢ ᠡᠷᠭᠢᠯᠡᠪᠡ᠃
《ᠪᠥᠬᠥ ᠤᠯᠤᠰ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠭᠡ ᠵᠢᠨ ᠠᠵᠢᠯᠯᠠᠭ᠎ᠠ》 ᠵᠢ ᠡᠷᠭᠢᠯᠡᠪᠡ᠃
《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠢᠯᠢᠳᠡᠭ ᠪᠠᠭᠰᠢ ᠪᠠ ᠮᠠᠷᠺᠰ᠎ᠤᠨ ᠦᠵᠡᠯ᠎ᠤᠨ ᠣᠨᠣᠯ᠎ᠤᠨ ᠰᠢᠨᠵᠢᠯᠡᠭᠡᠨ᠎ᠤ ᠰᠠᠯᠠᠭ᠋ᠠᠨ᠎ᠤ ᠰᠣᠷᠣᠭᠴᠢ ᠵᠢᠨ ᠱᠠᠩᠨᠠᠯ᠎ᠤᠨ ᠰᠠᠭᠤᠷᠢ ᠮᠥᠩᠭᠥ》 ᠵᠢᠨ ᠰᠣᠩᠭᠤᠬᠤ ᠠᠵᠢᠯ᠎ᠢ ᠥᠷᠨᠢᠭᠦᠯᠪᠡ᠃
ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠳᠠᠭᠤᠷᠢᠶᠠᠯ ᠦᠵᠡᠭᠦᠯᠬᠦ ᠪᠣᠯᠪᠠᠰᠤᠷᠠᠭᠤᠯᠤᠯ᠎ᠢ ᠥᠷᠨᠢᠭᠦᠯᠪᠡ᠃
ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠵᠢ ᠥᠷᠨᠢᠭᠦᠯᠪᠡ᠃
ᠵᠢᠷᠭᠤᠭ᠎ᠠ᠂ ᠠᠵᠢᠯ᠎ᠤᠨ ᠪᠠᠶ᠋ᠢᠷᠢᠯᠠᠭᠤᠯᠤᠯᠲᠠ᠎ᠪᠠᠨ ᠥᠷᠭᠡᠳᠭᠡᠪᠡ
17. 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠲᠠᠰ ᠳᠠᠪᠬᠤᠷᠭ᠎ᠠ ᠲᠥᠷᠥᠯ ᠬᠤᠪᠢᠶᠠᠨ ᠥᠷᠨᠢᠭᠦᠯᠪᠡ᠃ ᠰᠤᠷᠭ᠋ᠠᠨ ᠬᠥᠮᠦᠵᠢᠯ᠎ᠤᠨ ᠶᠠᠮᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠤᠭᠴᠠᠵᠢᠭᠤᠯᠬᠤ᠂ ᠠᠰᠠᠭᠤᠳᠠᠯ᠎ᠤᠨ ᠮᠠᠶᠢᠭ᠎ᠲᠤ ᠲᠤᠰᠬᠠᠶ ᠰᠡᠳᠦᠪᠲᠦ ᠪᠦᠯᠬᠦᠮ ᠨᠡᠶ᠋ᠢᠲᠡ ᠵᠢᠨ ᠵᠢᠭ᠋ᠠᠨ ᠰᠤᠷᠭ᠋ᠠᠯᠲᠠ ᠪᠠ ᠲᠡᠩᠴᠡᠭᠦᠷᠢᠲᠦ ᠬᠥᠭᠵᠢᠯᠲᠡ ᠵᠡᠷᠭᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠴᠢᠬᠤᠯᠠ ᠶᠡᠬᠡ ᠠᠰᠠᠭᠤᠳᠠᠯ᠎ᠲᠠᠢ ᠤᠶᠠᠯᠳᠤᠭᠤᠯᠤᠨ᠂ ᠪᠡᠭᠡᠵᠢᠩ᠂ ᠲᠢᠶᠠᠨᠵᠢᠨ᠂ ᠱᠠᠩᠬᠠᠶ᠂ ᠵᠢᠶᠠᠩᠰᠢ᠂ ᠱᠠᠨᠰᠢ ᠵᠡᠷᠭᠡ ᠭᠠᠵᠠᠷ᠎ᠲᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ ᠭᠠᠷᠭ᠋ᠠᠪᠠ᠃ ᠣᠷᠣᠨ ᠨᠤᠲᠤᠭ᠎ᠤᠨ ᠨᠠᠮ ᠵᠠᠰᠠᠭ᠎ᠤᠨ ᠬᠠᠷᠢᠭᠤᠴᠠᠯᠭ᠋ᠠᠲᠠᠨ ᠳᠡᠭᠡᠳᠦ ᠰᠤᠷᠭ᠋ᠠᠭᠤᠯᠢ᠎ᠲᠠᠢ ᠬᠠᠷᠢᠯᠴᠠᠬᠤ ᠵᠢ ᠪᠠᠷᠢᠮᠲᠠᠯᠠᠬᠤ ᠵᠢᠨ ᠬᠠᠮᠲᠤ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠣᠷᠣᠪᠠ᠃ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠬᠦ᠂ ᠪᠠᠭᠰᠢ ᠵᠢ ᠬᠥᠮᠦᠵᠢᠭᠦᠯᠬᠦ᠂ ᠤᠨᠤᠯ᠎ᠢ ᠲᠠᠶ᠋ᠢᠯᠪᠤᠷᠢᠯᠠᠬᠤ᠂ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠢ ᠤᠶᠠᠯᠳᠤᠭᠤᠯᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠳᠤᠯᠭ᠋ᠠᠨ᠎ᠤ ᠲᠥᠪ (ᠬᠦᠷᠢᠶᠡᠯᠡᠩ)᠂ ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢᠨ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ᠂ ᠬᠥᠮᠦᠨ ᠰᠣᠶᠣᠯ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ᠂ ᠪᠠᠭᠰᠢ ᠵᠢᠨ ᠪᠣᠯᠪᠠᠰᠤᠷᠠᠭᠤᠯᠤᠯ᠎ᠤᠨ ᠲᠥᠪ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠡᠷᠭᠡ ᠵᠢᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠬᠣᠯᠪᠣᠭ᠋ᠠᠯᠠᠨ ᠰᠤᠷᠤᠯᠴᠠᠬᠤ ᠬᠣᠯᠪᠣᠭ᠋ᠠᠯᠠᠨ ᠲᠠᠶ᠋ᠢᠯᠪᠤᠷᠢᠯᠠᠬᠤ ᠬᠣᠯᠪᠣᠭ᠋ᠠᠯᠠᠨ ᠰᠤᠳᠤᠯᠬᠤ》 ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠥᠷᠨᠢᠭᠦᠯᠪᠡ᠃ 《ᠪᠥᠬᠦ ᠠᠵᠢᠯᠲᠠᠨ ᠬᠥᠮᠦᠨ᠎ᠢ ᠬᠥᠮᠦᠵᠢᠭᠦᠯᠬᠦ᠂ ᠪᠥᠬᠦ ᠶᠠᠪᠤᠴᠠ᠎ᠳᠤ ᠬᠥᠮᠦᠨ᠎ᠢ ᠬᠥᠮᠥᠵᠢᠭᠦᠯᠬᠦ᠂ ᠪᠥᠬᠦ ᠲᠠᠯ᠎ᠠ᠎ᠪᠠᠷ ᠬᠥᠮᠦᠨ᠎ᠢ ᠬᠥᠮᠥᠵᠢᠭᠦᠯᠬᠦ》 ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠳᠡᠭᠡᠳᠦ ᠰᠤᠷᠭ᠋ᠠᠭᠤᠯᠢ ᠵᠢᠨ 《ᠨᠢᠭᠡ ᠥᠷᠲᠡᠭᠡ ᠮᠠᠶᠢᠭ》᠎ᠤᠨ ᠰᠤᠷᠤᠭᠴᠢᠳ᠎ᠤᠨ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠵᠠᠭᠪᠤᠷ᠎ᠤᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠢ ᠦᠷᠭᠦᠯᠵᠢᠯᠡᠨ ᠥᠷᠭᠡᠳᠭᠡᠪᠡ᠃
18. ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ ᠳᠡᠬᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠵᠢᠯᠣᠭᠣᠳᠬᠤ ᠺᠣᠮᠢᠰ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠭᠠᠵᠠᠷ᠎ᠤᠨ ᠨᠢᠭᠡ ᠴᠣᠭᠴᠠᠵᠢᠭᠤᠯᠤᠭᠰᠠᠨ ᠨᠢᠭᠡ ᠪᠦᠯᠦᠭ ᠰᠠᠭᠤᠷᠢᠨ ᠭᠠᠵᠠᠷ᠎ᠢ ᠪᠠᠶ᠋ᠢᠭᠤᠯᠬᠤ ᠵᠢ ᠳᠡᠮᠵᠢᠵᠦ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠵᠢ ᠢᠳᠡᠪᠬᠢᠲᠡᠶ ᠥᠷᠨᠢᠭᠦᠯᠬᠦ ᠵᠢ ᠵᠣᠷᠢᠭᠵᠢᠭᠤᠯᠪᠠ᠃ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ᠎ᠬᠢᠨ ᠬᠥᠲᠥᠯᠥᠨ ᠵᠢᠯᠣᠭᠣᠳᠬᠤ ᠪᠠ ᠵᠣᠬᠢᠴᠠᠭᠤᠯᠬᠤ᠎ᠪᠠᠨ ᠴᠢᠩᠭ᠋ᠠᠳᠬᠠᠵᠤ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ ᠬᠥᠮᠦᠵᠢᠭᠦᠯᠬᠦ᠂ ᠬᠢᠴᠢᠶᠡᠯ ᠰᠣᠨᠣᠰᠴᠤ ᠬᠢᠴᠢᠶᠡᠯ ᠦᠨᠡᠯᠡᠬᠦ᠂ ᠵᠢᠭ᠋ᠠᠬᠤ ᠵᠢ ᠰᠣᠳᠤᠯᠵᠤ ᠰᠣᠯᠢᠯᠴᠠᠬᠤ᠂ ᠬᠠᠮᠲᠤ᠎ᠪᠠᠷ ᠬᠢᠴᠢᠶᠡᠯ ᠪᠡᠯᠡᠳᠬᠡᠬᠦ ᠵᠡᠷᠭᠡ ᠪᠠᠢ᠌ᠩᠭᠤ ᠵᠢᠨ ᠠᠵᠢᠯ᠎ᠤᠨ ᠲᠣᠭᠲᠠᠴᠠ ᠵᠢ ᠪᠠᠢ᠌ᠭᠤᠯᠪᠠ᠃
19. ᠴᠢᠨᠠᠷᠯᠢᠭ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ᠎ᠠᠴᠠ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠵᠢᠯᠣᠭᠣᠳᠬᠤ ᠺᠣᠮᠢᠰ᠎ᠢ ᠵᠣᠬᠢᠶᠠᠨ ᠪᠠᠶ᠋ᠢᠭᠤᠯᠵᠤ᠂ ᠡᠩ᠎ᠤᠨ ᠦᠨᠳᠦᠰᠦᠨ ᠠᠩᠭᠢᠲᠤ ᠲᠤᠰᠬᠠᠶ ᠮᠡᠷᠭᠡᠵᠢᠯ᠎ᠤᠨ ᠲᠥᠷᠥᠯ᠎ᠤᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠵᠦᠭᠯᠡᠭᠦᠷ᠎ᠢ ᠰᠤᠳᠤᠯᠤᠨ ᠲᠣᠭᠲᠠᠭ᠋ᠠᠵᠤ᠂ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠢᠭᠡ ᠪᠦᠯᠦᠭ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠴᠤᠪᠤᠷᠠᠯ᠎ᠢ ᠬᠠᠮᠲᠤ᠎ᠪᠠᠷ ᠭᠥᠷᠳᠡᠬᠦ ᠡᠬᠢ ᠪᠠᠶᠠᠯᠢᠭ᠎ᠤᠨ ᠬᠥᠮᠥᠷᠭᠡ ᠵᠢ ᠪᠠᠢ᠌ᠭᠤᠯᠪᠠ᠃ ᠨᠢᠭᠡ ᠪᠦᠯᠦᠭ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠳᠠᠭᠤᠷᠢᠶᠠᠯ ᠦᠵᠡᠭᠦᠯᠬᠦ ᠳᠡᠭᠡᠳᠦ ᠰᠤᠷᠭ᠋ᠠᠭᠤᠯᠢ ᠵᠢ ᠪᠠᠶ᠋ᠢᠭᠤᠯᠵᠤ᠂ ᠨᠢᠭᠡ ᠪᠦᠯᠦᠭ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠳᠠᠭᠤᠷᠢᠶᠠᠯ ᠦᠵᠡᠭᠦᠯᠬᠦ ᠬᠢᠴᠢᠶᠡᠯ᠎ᠢ ᠭᠠᠷᠭ᠋ᠠᠵᠤ᠂ ᠨᠢᠭᠡ ᠪᠦᠯᠦᠭ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠨᠠᠷᠠᠲᠤ ᠪᠠᠭᠰᠢ ᠪᠠ ᠪᠦᠯᠬᠦᠮ ᠨᠡᠶ᠋ᠢᠲᠡ ᠵᠢ ᠰᠣᠩᠭᠣᠨ ᠪᠠᠢ᠌ᠭᠤᠯᠵᠤ᠂ ᠨᠢᠭᠡ ᠪᠦᠯᠦᠭ ᠳᠡᠭᠡᠳᠦ ᠰᠤᠷᠭ᠋ᠠᠭᠤᠯᠢ ᠵᠢᠨ ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠤ ᠳᠠᠭᠤᠷᠢᠶᠠᠯ ᠦᠵᠡᠭᠦᠯᠬᠦ ᠲᠥᠪ᠎ᠢ ᠪᠠᠢ᠌ᠭᠤᠯᠪᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠶᠣᠰᠣ ᠰᠤᠷᠲᠠᠬᠤᠨ᠎ᠤ ᠬᠥᠮᠦᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃
20. ᠡᠳᠦᠷ ᠲᠤᠲᠤᠮ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠪᠡ᠃ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ᠂ ᠰᠤᠷᠭ᠋ᠠᠭᠤᠯᠢ ᠵᠢᠨ ᠵᠠᠬᠢᠷᠤᠯ ᠰᠤᠷᠭ᠋ᠠᠭᠤᠯᠢ ᠡᠬᠢᠯᠡᠬᠦ᠂ ᠰᠤᠷᠭ᠋ᠠᠭᠤᠯᠢ ᠲᠡᠭᠦᠰᠬᠦ ᠶᠣᠰᠣᠯᠠᠯ ᠵᠡᠷᠭᠡ ᠴᠢᠬᠤᠯᠠ ᠲᠠᠯᠠᠪᠤᠷ᠎ᠲᠤ 《ᠦᠵᠡᠯ ᠰᠠᠨᠠᠭ᠎ᠠ ᠤᠯᠤᠰ ᠲᠦᠷᠦ ᠵᠢᠨ ᠲᠣᠮᠤ ᠬᠢᠴᠢᠶᠡᠯ》 ᠣᠷᠣᠪᠠ᠃ ᠰᠤᠷᠭ᠋ᠠᠭᠤᠯᠢ᠎ᠨᠢ ᠴᠢᠬᠤᠯᠠ ᠶᠡᠬᠡ ᠳᠤᠷᠠᠰᠬᠠᠯ᠎ᠤᠨ ᠡᠳᠦᠷ᠂ ᠴᠢᠬᠤᠯᠠ ᠶᠡᠬᠡ ᠲᠡᠦᠬᠡ ᠵᠢᠨ ᠬᠡᠷᠡᠭ ᠵᠶ᠋ᠠᠷ ᠠᠵᠠ ᠲᠣᠬᠢᠶᠠᠯ ᠪᠣᠯᠭ᠋ᠠᠵᠤ᠂ 《ᠰᠢᠨ᠎ᠡ ᠦᠵᠡᠯ ᠰᠠᠨᠠᠭ᠎ᠠ ᠵᠢ ᠰᠤᠷᠤᠯᠴᠠᠵᠤ᠂ ᠰᠠᠢ᠌ᠨ ᠵᠠᠯᠭ᠋ᠠᠮᠵᠢᠯᠠᠭᠴᠢ ᠪᠣᠯᠬᠤ》 ᠭᠤᠤᠯ ᠰᠡᠳᠦᠪᠲᠦ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠭᠴᠢᠳ᠎ᠤᠨ ᠨᠠᠮ᠎ᠤᠨ ᠰᠣᠨᠢᠨ ᠤᠩᠰᠢᠬᠤ᠂ ᠰᠢᠨ᠎ᠡ ᠴᠠᠭ ᠦᠶ᠎ᠡ ᠵᠢᠨ ᠲᠡᠷᠢᠭᠦᠨ᠎ᠤ ᠬᠥᠮᠦᠰ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠶᠠᠷᠢᠶᠠᠨ᠎ᠤ ᠲᠠᠪᠴᠠᠩ᠂ ᠲᠠᠶ᠋ᠢᠯᠤᠮᠵᠢ ᠵᠢᠨ ᠮᠡᠳᠡᠭᠦᠯᠦᠯᠲᠡ ᠵᠢᠨ ᠬᠤᠷᠠᠯ ᠵᠡᠷᠭᠡ᠎ᠪᠠᠷ ᠳᠠᠮᠵᠢᠭᠤᠯᠤᠨ᠂ ᠲᠤᠰᠬᠠᠶ ᠰᠡᠳᠦᠪᠲᠦ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠢ ᠵᠣᠬᠢᠶᠠᠨ ᠪᠠᠢ᠌ᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ ᠨᠢᠭᠡ ᠪᠦᠯᠦᠭ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠤᠤᠭ᠋ᠠᠯ ᠡᠭᠦᠳᠦᠯᠲᠡ ᠵᠢᠨ ᠰᠣᠳᠣᠨ ᠪᠦᠲᠦᠭᠡᠯ᠎ᠢ ᠡᠭᠦᠳᠬᠦ ᠵᠢᠨ ᠬᠠᠮᠲᠤ ᠲᠥᠪᠯᠡᠷᠡᠭᠦᠯᠦᠨ ᠳᠡᠯᠭᠡᠨ ᠦᠵᠡᠭᠦᠯᠵᠦ᠂ ᠨᠢᠭᠡ ᠪᠦᠯᠦᠭ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ᠎ᠢ ᠪᠠᠶ᠋ᠢᠭᠤᠯᠪᠠ᠃ 《ᠪᠦᠬᠦ ᠤᠯᠤᠰ᠎ᠤᠨ ᠤᠶᠤᠲᠠᠳ᠎ᠤᠨ ᠰᠦᠯᠵᠢᠶᠡᠨ᠎ᠤ ᠰᠣᠶᠣᠯ᠎ᠤᠨ ᠨᠠᠶ᠋ᠢᠷ》 ᠪᠣᠯᠤᠨ 《ᠪᠦᠬᠦ ᠤᠯᠤᠰ᠎ᠤᠨ ᠳᠡᠭᠡᠳᠦ ᠰᠤᠷᠭ᠋ᠠᠭᠤᠯᠢ ᠵᠢᠨ ᠰᠦᠯᠵᠢᠶᠡᠨ᠎ᠤ ᠰᠤᠷᠭ᠋ᠠᠨ ᠬᠥᠮᠦᠵᠢᠯ᠎ᠤᠨ ᠰᠢᠯᠢᠳᠡᠭ ᠪᠦᠲᠦᠭᠡᠯ᠎ᠢ ᠰᠣᠩᠭᠣᠨ ᠭᠠᠷᠭ᠋ᠠᠵᠤ ᠳᠡᠯᠭᠡᠨ ᠦᠵᠡᠭᠦᠯᠬᠦ ᠠᠵᠢᠯᠯᠠᠭ᠎ᠠ》 ᠵᠢ ᠰᠠᠶ᠋ᠢᠲᠤᠷ ᠡᠷᠬᠢᠯᠡᠪᠡ᠃
ᠳᠣᠯᠣᠭ᠎ᠠ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠪᠠ
21. ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠷᠠᠭᠤᠯᠪᠠ᠃ ᠰᠤᠷᠭ᠋ᠠᠨ ᠬᠥᠮᠦᠵᠢᠯ᠎ᠤᠨ ᠶᠠᠮᠤᠨ᠂ ᠲᠥᠪ᠎ᠤᠨ ᠤᠬᠠᠭᠤᠯᠬᠤ ᠬᠡᠯᠲᠡᠰ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠶ᠋ᠢᠭᠤᠯᠤᠯᠲᠠ ᠵᠢᠨ ᠶᠡᠷᠦᠩᠬᠡᠶ ᠲᠥᠯᠥᠪᠵᠢᠭᠦᠯᠭᠡ ᠵᠢ ᠰᠠᠶ᠋ᠢᠲᠤᠷ ᠬᠢᠪᠠ᠃ ᠲᠥᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠥᠬᠥ ᠵᠠᠭᠤᠴᠢᠯᠠᠭᠤᠷ᠎ᠤᠨ ᠤᠬᠠᠭᠤᠯᠭ᠎ᠠ ᠵᠢ ᠰᠠᠶ᠋ᠢᠲᠤᠷ ᠬᠢᠬᠦ ᠵᠢ ᠵᠢᠭ᠋ᠠᠨ ᠵᠢᠯᠣᠭᠣᠳᠪᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠳᠤᠮᠳᠠᠳᠤ ᠤᠯᠤᠰ᠎ᠤᠨ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ ᠵᠡᠷᠭᠡ ᠰᠠᠯᠠᠭ᠎ᠠ ᠮᠥᠴᠢᠷ᠎ᠤᠨ᠎ᠬᠢᠨ ᠰᠠᠭᠤᠷᠢᠨ ᠭᠠᠵᠠᠷ᠎ᠤᠨ ᠵᠢᠯᠣᠭᠣᠳᠣᠯᠭ᠎ᠠ ᠪᠠ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠠᠭᠤᠷᠢᠨ ᠭᠠᠵᠠᠷ᠎ᠤᠨ ᠬᠥᠮᠦᠨ᠎ᠢ ᠬᠥᠮᠦᠵᠢᠭᠦᠯᠬᠦ ᠴᠢᠳᠠᠮᠵᠢ ᠵᠢ ᠦᠨᠡᠨ ᠬᠦ᠌ ᠰᠠᠶ᠋ᠢᠲᠤᠷ ᠪᠠᠳᠠᠷᠠᠭᠤᠯᠪᠠ᠃
22. ᠨᠠᠶ᠋ᠢᠳᠠᠪᠤᠷᠢᠵᠢᠭᠤᠯᠤᠯᠲᠠ ᠵᠢ ᠢᠳᠡᠪᠬᠢᠲᠡᠶ ᠲᠦᠯᠬᠢᠨ ᠠᠬᠢᠭᠤᠯᠪᠠ᠃ ᠡᠯ᠎ᠡ ᠭᠠᠵᠠᠷ᠎ᠤᠨ᠎ᠬᠢᠨ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠶ᠋ᠢᠭᠤᠯᠤᠯᠲᠠ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ ᠰᠠᠭᠤᠷᠢᠨ ᠭᠠᠵᠠᠷ᠎ᠤᠨ ᠡᠬᠢ ᠪᠠᠶᠠᠯᠢᠭ᠂ ᠵᠠᠷᠤᠳᠠᠯ᠎ᠤᠨ ᠣᠷᠣᠭᠤᠯᠤᠯᠲᠠ᠂ ᠡᠩᠨᠡᠭᠡᠨ᠎ᠤ ᠪᠠᠶ᠋ᠢᠭᠤᠯᠤᠯᠲᠠ᠂ ᠨᠥᠬᠥᠴᠡᠯ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠤᠪᠠ᠃ ᠳᠤᠮᠳᠠᠳᠤ ᠭᠠᠳᠠᠭ᠋ᠠᠳᠤ ᠬᠠᠮᠲᠤᠷᠠᠨ ᠡᠷᠭᠢᠯᠡᠭᠰᠡᠨ ᠳᠡᠭᠡᠳᠦ ᠰᠤᠷᠭ᠋ᠠᠭᠤᠯᠢ ᠵᠢ 《ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ᠎ᠳᠤ ᠣᠷᠣᠭᠤᠯᠪᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠪᠠᠶ᠋ᠢᠭᠤᠯᠤᠯᠲᠠ ᠵᠢᠨ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠪᠠᠷᠢᠯ᠎ᠢ ᠳᠠᠷᠤᠢ᠎ᠳᠤ᠎ᠨᠢ ᠳ᠋ᠦᠩᠨᠡᠨ ᠤᠬᠠᠭᠤᠯᠵᠤ᠂ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠪᠠ᠃