ᠥᠪᠥᠷ ᠰᠤᠷᠭ᠋ᠠᠨ ᠲᠠᠷᠬᠠᠭ᠋ᠠᠭᠰᠠᠨ [2022] 29 ᠳ᠋ᠦ᠍ᠭᠡᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠳᠦᠭᠦᠮᠴᠢᠯᠡᠨ᠎ᠡ) ᠵᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ ᠤᠶᠠᠯᠳᠤᠭᠤᠯᠤᠨ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ ᠪᠥᠬᠥ ᠣᠷᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠵᠢᠷᠤᠮᠵᠢᠯ᠎ᠲᠠᠢ ᠰᠤᠷᠭ᠋ᠠᠭᠤᠯᠢ ᠡᠷᠭᠢᠯᠡᠬᠦ᠂ ᠲᠣᠭᠲᠠᠭᠤᠨ ᠵᠶ᠋ᠠᠷ ᠵᠣᠯᠭ᠋ᠠᠭᠤᠯᠬᠤ ᠵᠢ ᠪᠠᠲᠤᠯᠠᠬᠤ ᠵᠢᠨ ᠲᠥᠯᠦᠭᠡ᠂ 2023 ᠣᠨ᠎ᠤ 1 ᠳ᠋ᠦ᠍ᠭᠡᠷ ᠰᠠᠷ᠎ᠠ᠎ᠠᠴᠠ ᠡᠬᠢᠯᠡᠨ ᠡᠯ᠎ᠡ ᠭᠠᠵᠠᠷ᠂ ᠡᠯ᠎ᠡ ᠳᠡᠭᠡᠳᠦ ᠰᠤᠷᠭ᠋ᠠᠭᠤᠯᠢ ᠵᠢᠨ᠎ᠬᠢᠨ 《ᠬᠠᠮᠢᠶᠠᠷᠤᠯᠲᠠ ᠵᠢᠨ ᠠᠷᠭ᠎ᠠ》 ᠵᠢᠨ ᠶᠣᠰᠤ᠎ᠪᠠᠷ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ ᠪᠠᠶ᠋ᠢᠷᠢᠯᠠᠭᠤᠯᠬᠤ ᠪᠠ ᠪᠦᠷᠢᠳᠬᠡᠨ ᠳᠠᠩᠰᠠᠯᠠᠬᠤ ᠠᠵᠢᠯ᠎ᠢ ᠥᠷᠨᠢᠭᠦᠯᠵᠦ᠂ ᠨᠢᠭᠡᠨᠲᠡ ᠪᠦᠷᠢᠳᠬᠡᠨ ᠳᠠᠩᠰᠠᠯᠠᠭᠤᠯᠤᠭᠰᠠᠨ ᠪᠣᠯᠪᠠᠴᠤ 《ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ᠎ᠳᠤ ᠥᠯᠥ ᠨᠡᠶ᠋ᠢᠴᠡᠬᠦ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ᠎ᠢ 2 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠳᠤ ᠴᠡᠭᠴᠡᠯᠡᠨ ᠵᠠᠰᠠᠵᠤ᠂ ᠰᠢᠯᠵᠢᠯᠲᠡ ᠵᠢᠨ ᠬᠤᠭᠤᠴᠠᠭ᠋ᠠᠨ᠎ᠳᠤ ᠰᠢᠨ᠎ᠡ ᠰᠣᠷᠣᠭᠴᠢ ᠡᠯᠰᠡᠬᠦ ᠵᠢ ᠵᠣᠭᠰᠣᠭ᠋ᠠᠬᠤ ᠪᠣᠯᠪᠠᠴᠤ᠂ ᠡᠷᠬᠡᠪᠰᠢ ᠤᠤᠯ᠎ᠤᠨ ᠪᠠᠶ᠋ᠢᠭ᠎ᠠ ᠰᠣᠷᠣᠭᠴᠢ ᠵᠢᠨ ᠰᠤᠷᠤᠯᠴᠠᠯᠭ᠎ᠠ ᠵᠢ ᠳᠡᠮᠵᠢᠬᠦ ᠦᠢ᠍ᠯᠡᠴᠢᠯᠡᠭᠡ ᠵᠢ ᠬᠠᠩᠭ᠋ᠠᠵᠤ᠂ ᠰᠣᠷᠣᠭᠴᠢ ᠵᠢᠨ ᠬᠠᠤᠯᠢ ᠳᠦᠷᠢᠮ᠎ᠳᠤ ᠨᠡᠶ᠋ᠢᠴᠡᠬᠦ ᠠᠰᠢᠭ ᠲᠤᠰᠠ ᠪᠣᠯᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2022 ᠣᠨ᠎ᠤ 12 ᠰᠠᠷ᠎ᠠ ᠵᠢᠨ 9᠎ᠤ ᠡᠳᠦᠷ