ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠨᠠᠷᠠᠲᠤ ᠪᠠᠭᠰᠢ ᠵᠢᠨ ᠠᠵᠢᠯᠯᠠᠬᠤ ᠭᠠᠵᠠᠷ (ᠪᠣᠢ᠌ᠵᠢᠭᠤᠯᠬᠤ)᠎ᠤᠨ ᠲᠥᠰᠦᠯ᠎ᠤᠨ ᠲᠤᠬᠠᠶ ᠢᠯᠡ ᠨᠡᠢ᠌ᠲᠡᠯᠡᠯ
ᠨᠡᠶ᠋ᠢᠲᠡᠯᠡᠭᠰᠡᠨ ᠴᠠᠭ᠄ 2023-01-31


     《ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠨᠠᠷᠠᠲᠤ ᠪᠠᠭᠰᠢ ᠵᠢᠨ ᠠᠵᠢᠯᠯᠠᠬᠤ ᠭᠠᠵᠠᠷ (ᠪᠣᠢ᠌ᠵᠢᠭᠤᠯᠬᠤ)᠎ᠤᠨ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠮᠡᠳᠡᠭᠳᠡᠯ》 (ᠥᠪᠥᠷ ᠰᠤᠷᠭ᠋ᠠᠨ ᠰᠤᠷᠤᠭᠴᠢ ᠵᠢᠨ ᠠᠵᠢᠯ ᠪᠢᠴᠢᠭ [2022] 47 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣ᠎ᠪᠠᠷ ᠮᠠᠨ᠎ᠤ ᠲᠢᠩᠬᠢᠮ ᠡᠯ᠎ᠡ ᠠᠶ᠋ᠢᠮᠠᠭ ᠬᠣᠲᠠ ᠵᠢ ᠵᠣᠬᠢᠶᠠᠨ ᠪᠠᠶ᠋ᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠨᠠᠷᠠᠲᠤ ᠪᠠᠭᠰᠢ ᠵᠢᠨ ᠠᠵᠢᠯᠯᠠᠬᠤ ᠭᠠᠵᠠᠷ (ᠪᠣᠢ᠌ᠵᠢᠭᠤᠯᠬᠤ)᠎ᠤᠨ ᠲᠥᠰᠦᠯ᠎ᠢ ᠰᠢᠯᠭ᠋ᠠᠷᠠᠭᠤᠯᠬᠤ ᠠᠵᠢᠯ᠎ᠢ ᠥᠷᠨᠢᠭᠦᠯᠪᠡ᠃ ᠡᠯ᠎ᠡ ᠭᠠᠵᠠᠷ᠎ᠤᠨ ᠠᠩᠬᠠᠨ᠎ᠤ ᠰᠢᠯᠭ᠋ᠠᠷᠠᠭᠤᠯᠤᠯᠲᠠ᠂ ᠵᠣᠬᠢᠬᠤ ᠬᠡᠪᠴᠢᠶᠡᠨ᠎ᠳᠤ ᠢᠯᠡ ᠨᠡᠶ᠋ᠢᠲᠡᠯᠡᠬᠦ ᠪᠠ ᠬᠢᠷᠢ ᠬᠡᠮ᠎ᠢ ᠳᠠᠬᠢᠨ ᠬᠢᠨᠠᠬᠤ ᠵᠡᠷᠭᠡ ᠭᠣᠭᠴᠣᠭ᠎ᠠ᠎ᠪᠠᠷ ᠳᠡᠮᠵᠢᠨ᠂ ᠡᠳᠦᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠨᠠᠷᠠᠲᠤ ᠪᠠᠭᠰᠢ ᠵᠢᠨ ᠠᠵᠢᠯᠯᠠᠬᠤ ᠭᠠᠵᠠᠷ (ᠪᠣᠢ᠌ᠵᠢᠭᠤᠯᠬᠤ)᠎ᠤᠨ ᠲᠥᠰᠦᠯ᠎ᠤᠨ ᠦᠷ᠎ᠡ ᠳ᠋ᠦᠩ᠎ᠢ ᠢᠯᠡ ᠨᠡᠢ᠌ᠲᠡᠯᠡᠪᠡ᠃ 2023 ᠣᠨ᠎ᠤ 1 ᠰᠠᠷ᠎ᠠ ᠵᠢᠨ 30 — 2 ᠳ᠋ᠤᠭ᠋ᠠᠷ ᠰᠠᠷ᠎ᠠ ᠵᠢᠨ 3᠎ᠤ ᠡᠳᠦᠷ ᠪᠣᠯᠲᠠᠯ᠎ᠠ ᠢᠯᠡ ᠨᠡᠢ᠌ᠲᠡᠯᠡᠨ᠎ᠡ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠰᠠᠨᠠᠯ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠣᠷᠣᠭᠴᠢ ᠵᠢᠨ ᠠᠵᠢᠯ᠎ᠤᠨ ᠭᠠᠵᠠᠷ᠎ᠲᠠᠢ ᠬᠠᠷᠢᠯᠴᠠᠭ᠋ᠠᠷᠠᠶ᠃
      ᠬᠠᠷᠢᠯᠴᠠᠬᠤ ᠬᠥᠮᠦᠨ᠄ ᠵᠣᠣ ᠪᠠᠭᠰᠢ   ᠬᠠᠷᠢᠯᠴᠠᠬᠤ ᠤᠲᠠᠰᠤ᠄ 0471 - 2856935


      ᠳᠠᠭ᠋ᠠᠯᠳᠤᠭᠤᠯᠤᠯ᠄ 2023 ᠣᠨ᠎ᠤ ᠪᠥᠬᠥ ᠣᠷᠣᠨ᠎ᠤ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠨᠠᠷᠠᠲᠤ ᠪᠠᠭᠰᠢ ᠵᠢᠨ ᠠᠵᠢᠯᠯᠠᠬᠤ ᠭᠠᠵᠠᠷ (ᠪᠣᠢ᠌ᠵᠢᠭᠤᠯᠬᠤ)᠎ᠤᠨ ᠲᠥᠰᠦᠯ᠎ᠤᠨ ᠰᠡᠳᠦᠪ ᠲᠣᠭᠲᠠᠭ᠋ᠠᠬᠤ᠎ᠪᠠᠷ ᠪᠠᠶ᠋ᠢᠭ᠎ᠠ ᠨᠡᠷᠡᠰ


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              2023 ᠣᠨ᠎ᠤ 1 ᠳ᠋ᠦᠭᠡᠷ ᠰᠠᠷ᠎ᠠ ᠵᠢᠨ 30᠎ᠤ ᠡᠳᠦᠷ



ᠳᠠᠭ᠋ᠠᠯᠳᠤᠭᠤᠯᠤᠯ 1᠄ 2023 ᠣᠨ᠎ᠤ ᠪᠥᠬᠥ ᠣᠷᠣᠨ᠎ᠤ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ᠎ᠤ ᠬᠥᠮᠦᠵᠢᠯ᠎ᠤᠨ ᠨᠠᠷᠠᠲᠤ ᠪᠠᠭᠰᠢ ᠵᠢᠨ ᠠᠵᠢᠯᠯᠠᠬᠤ ᠭᠠᠵᠠᠷ (ᠪᠣᠢ᠌ᠵᠢᠭᠤᠯᠬᠤ)᠎ᠤᠨ ᠲᠥᠰᠦᠯ᠎ᠤᠨ ᠰᠡᠳᠦᠪ ᠲᠣᠭᠲᠠᠭ᠋ᠠᠬᠤ᠎ᠪᠠᠷ ᠪᠠᠶ᠋ᠢᠭ᠎ᠠ ᠨᠡᠷᠡᠰ . xls


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠦᠯ》 ᠵᠡᠷᠭᠡ ᠲᠠᠪᠤᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
2022 ᠣᠨ᠎ᠤ ᠰᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠶ ᠬᠥᠭᠵᠢᠯᠲᠡ ᠵᠢ ᠮᠤᠵᠢ ᠵᠢᠨ ᠱᠠᠲᠤᠨ᠎ᠤ᠎ᠬᠢᠨ ᠬᠢᠨᠠᠨ ᠵᠢᠯᠣᠭᠣᠳᠴᠤ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠲᠤᠬᠠᠶ ᠠᠯᠪᠠᠨ ᠵᠠᠷᠯᠠᠯ
ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
2022 ᠣᠨ᠎ᠤ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠪᠠᠷ ᠰᠣᠷᠣᠭᠴᠢ ᠡᠯᠰᠡᠬᠦ ᠰᠤᠳᠤᠯᠭ᠋ᠠᠨ᠎ᠤ ᠲᠤᠰᠬᠠᠶ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠶ ᠢᠯᠡ ᠨᠡᠢ᠌ᠲᠡᠯᠡᠯ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
             蒙ICP备05000248号