《2022 ᠣᠨ᠎ᠤ 〈ᠳᠡᠭᠡᠳᠦ ᠰᠤᠷᠭ᠋ᠠᠭᠤᠯᠢ ᠵᠢᠨ ᠬᠠᠮᠤᠭ᠎ᠤᠨ ᠭᠣᠶᠣ ᠬᠠᠪᠰᠤᠷᠤᠨ ᠵᠢᠯᠣᠭᠣᠳᠣᠭᠴᠢ〉 ᠵᠢ ᠰᠣᠩᠭᠤᠬᠤ ᠦᠵᠡᠭᠦᠯᠭᠡ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠰᠤᠷᠭ᠋ᠠᠨ ᠦᠵᠡᠯ ᠰᠠᠨᠠᠭ᠎ᠠ ᠤᠯᠤᠰ ᠲᠥᠷᠥ ᠵᠢᠨ ᠲᠢᠩᠬᠢᠮ ᠪᠢᠴᠢᠭ [2022] 14 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠤ᠎ᠪᠠᠷ ᠮᠠᠨ᠎ᠤ ᠲᠢᠩᠬᠢᠮ ᠪᠥᠬᠥ ᠣᠷᠣᠨ᠎ᠤ 《ᠳᠡᠭᠡᠳᠦ ᠰᠤᠷᠭ᠋ᠠᠭᠤᠯᠢ ᠵᠢᠨ ᠬᠠᠮᠤᠭ᠎ᠤᠨ ᠭᠣᠶᠣ ᠬᠠᠪᠰᠤᠷᠤᠨ ᠵᠢᠯᠣᠭᠣᠳᠣᠭᠴᠢ》 ᠵᠢ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠪᠠ᠃ ᠬᠢᠷᠢ ᠬᠡᠮ᠎ᠤᠨ ᠬᠢᠨᠠᠨ ᠪᠠᠶ᠋ᠢᠴᠠᠭ᠋ᠠᠯᠲᠠ᠎ᠪᠠᠷ ᠳᠡᠮᠵᠢᠨ᠂ ᠲᠤᠰᠬᠠᠶ ᠮᠡᠷᠭᠡᠵᠢᠯᠲᠡᠨ 《ᠨᠢᠭᠤᠷᠳᠠᠬᠤ ᠦᠭᠡᠢ》 ᠬᠢᠨᠠᠨ ᠲᠣᠭᠲᠠᠭ᠋ᠠᠬᠤ ᠪᠠ ᠰᠦᠯᠵᠢᠶᠡᠨ᠎ᠳᠤ ᠳᠠᠬᠢᠨ ᠬᠢᠨᠠᠬᠤ ᠵᠢ ᠵᠣᠬᠢᠶᠠᠨ ᠪᠠᠶ᠋ᠢᠭᠤᠯᠵᠤ᠂ ᠡᠳᠦᠭᠡ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠳᠡᠭᠡᠳᠦ ᠰᠤᠷᠭ᠋ᠠᠭᠤᠯᠢ ᠵᠢᠨ ᠬᠠᠮᠤᠭ᠎ᠤᠨ ᠭᠣᠶᠣ ᠬᠠᠪᠰᠤᠷᠤᠨ ᠵᠢᠯᠣᠭᠣᠳᠣᠭᠴᠢ》 ᠵᠢ ᠰᠣᠩᠭᠤᠬᠤ ᠦᠵᠡᠭᠦᠯᠭᠡ ᠵᠢᠨ ᠠᠵᠢᠯᠯᠠᠭ᠋ᠠᠨ᠎ᠤ ᠦᠷ᠎ᠡ ᠳ᠋ᠦᠩ᠎ᠢ ᠢᠯᠡ ᠨᠡᠢ᠌ᠲᠡᠯᠡᠪᠡ᠃ 2023 ᠣᠨ᠎ᠤ 1 ᠰᠠᠷ᠎ᠠ ᠵᠢᠨ 30 — 2 ᠰᠠᠷ᠎ᠠ ᠵᠢᠨ 3᠎ᠤ ᠡᠳᠦᠷ ᠪᠣᠯᠲᠠᠯ᠎ᠠ ᠢᠯᠡ ᠨᠡᠢ᠌ᠲᠡᠯᠡᠨ᠎ᠡ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠰᠠᠨᠠᠯ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠣᠷᠣᠭᠴᠢ ᠵᠢᠨ ᠠᠵᠢᠯ᠎ᠤᠨ ᠭᠠᠵᠠᠷ᠎ᠲᠠᠢ ᠬᠠᠷᠢᠯᠴᠠᠭ᠋ᠠᠷᠠᠶ᠃
ᠬᠠᠷᠢᠯᠴᠠᠬᠤ ᠬᠥᠮᠦᠨ᠄ ᠵᠣᠣ ᠪᠠᠭᠰᠢ ᠬᠠᠷᠢᠯᠴᠠᠬᠤ ᠤᠲᠠᠰᠤ᠄ 0471 - 2856935
ᠳᠠᠭ᠋ᠠᠯᠳᠤᠭᠤᠯᠤᠯ᠄ 2022 ᠣᠨ᠎ᠤ ᠪᠥᠬᠥ ᠣᠷᠣᠨ᠎ᠤ 《ᠳᠡᠭᠡᠳᠦ ᠰᠤᠷᠭ᠋ᠠᠭᠤᠯᠢ ᠵᠢᠨ ᠬᠠᠮᠤᠭ᠎ᠤᠨ ᠭᠣᠶᠣ ᠬᠠᠪᠰᠤᠷᠤᠨ ᠵᠢᠯᠣᠭᠣᠳᠣᠭᠴᠢ》᠎ᠪᠠᠷ ᠵᠢᠱ᠌ᠢᠭᠳᠡᠭᠰᠡᠳ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 1 ᠳ᠋ᠦᠭᠡᠷ ᠰᠠᠷ᠎ᠠ ᠵᠢᠨ 30᠎ᠤ ᠡᠳᠦᠷ