ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2023 ᠣᠨ᠎ᠤ ᠪᠦᠬᠦ ᠤᠯᠤᠰ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠬᠥᠮᠦᠵᠢᠯ᠎ᠤᠨ ᠲᠤᠰᠬᠠᠢ ᠮᠡᠷᠭᠡᠵᠢᠯ᠂ ᠤᠷᠠᠨ ᠵᠢᠷᠤᠭ᠎ᠤᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠭᠴᠢ ᠪᠠ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-10-18

         ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ  [2020] 109 ᠳ᠋ᠦ᠍ᠭᠡᠷ ᠲᠣᠭ᠋ᠠᠲᠤ


ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠪᠤᠭᠤᠲᠤ ᠪᠠᠭᠰᠢ ᠵᠢᠨ ᠳᠡᠭᠡᠳᠦ ᠰᠤᠷᠭ᠋ᠠᠭᠤᠯᠢ᠎ᠳᠤ᠄
      ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ 《2023 ᠣᠨ᠎ᠤ ᠪᠦᠬᠦ ᠤᠯᠤᠰ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠬᠥᠮᠦᠵᠢᠯ᠎ᠤᠨ ᠲᠤᠰᠬᠠᠢ ᠮᠡᠷᠭᠡᠵᠢᠯ᠂ ᠤᠷᠠᠨ ᠵᠢᠷᠤᠭ᠎ᠤᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠭᠴᠢ ᠪᠠ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠬᠦ ᠲᠤᠬᠠᠢ ᠮᠡᠳᠡᠭᠳᠡᠯ》 (ᠰᠤᠷᠭ᠋ᠠᠨ ᠪᠡᠶ᠎ᠡ ᠵᠢᠨ ᠲᠠᠮᠢᠷ ᠤᠷᠠᠯᠢᠭ ᠲᠢᠩᠬᠢᠮ ᠪᠢᠴᠢᠭ [2020] 26 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2023 ᠣᠨ᠎ᠤ 11 ᠳ᠋ᠦ᠍ᠭᠡᠷ ᠰᠠᠷ᠎ᠠ ᠎ᠠᠴᠠ 12 ᠳ᠋ᠤᠭ᠋ᠠᠷ ᠰᠠᠷ᠎ᠠ ᠪᠣᠯᠲᠠᠯ᠎ᠠ᠂ ᠬᠤᠨᠠᠨ᠎ᠤ ᠪᠠᠭᠰᠢ ᠵᠢᠨ ᠶᠡᠬᠡ ᠰᠤᠷᠭ᠋ᠠᠭᠤᠯᠢ᠎ᠳᠤ ᠳᠠᠭᠤᠤ ᠬᠥᠭᠵᠢᠮ᠎ᠤᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠵᠦ᠂ ᠰᠧᠴᠤᠸᠠᠨ᠎ᠤ ᠪᠠᠭᠰᠢ  ᠵᠢᠨ ᠶᠡᠬᠡ ᠰᠤᠷᠭ᠋ᠠᠭᠤᠯᠢ᠎ᠳᠤ ᠤᠷᠠᠨ ᠵᠢᠷᠤᠭ᠎ᠤᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠬᠦ ᠪᠣᠯᠤᠨ᠎ᠠ᠃ ᠡᠮᠦᠨᠡᠬᠢ ᠬᠤᠭᠤᠴᠠᠭ᠋ᠠᠨ᠎ᠤ ᠰᠢᠯᠭ᠋ᠠᠷᠠᠭᠤᠯᠤᠯᠲᠠ᠎ᠪᠠᠷ ᠳᠠᠮᠵᠢᠨ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠪᠠ ᠪᠤᠭᠤᠲᠤ ᠪᠠᠭᠰᠢ ᠵᠢᠨ ᠳᠡᠭᠡᠳᠦ ᠰᠤᠷᠭ᠋ᠠᠭᠤᠯᠢ 2023 ᠣᠨ᠎ᠤ ᠪᠦᠬᠦ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠭᠴᠢ ᠪᠠ ᠪᠠᠭᠰᠢ ᠵᠢᠨ ᠦᠨᠳᠦᠰᠦᠨ ᠴᠢᠳᠠᠪᠤᠷᠢ ᠵᠢᠨ ᠦᠵᠡᠭᠦᠯᠭᠡ᠎ᠳᠤ ᠳᠠᠭᠤᠤ ᠬᠥᠭᠵᠢᠮ᠎ᠤᠨ ᠰᠢᠨᠵᠢᠯᠡᠭᠡᠨ᠎ᠤ ᠰᠠᠯᠠᠭ᠎ᠠ ᠪᠠ ᠤᠷᠠᠨ ᠵᠢᠷᠤᠭ᠎ᠤᠨ ᠰᠢᠨᠵᠢᠯᠡᠭᠡᠨ᠎ᠤ ᠰᠠᠯᠠᠭ᠋ᠠᠨ᠎ᠤ ᠰᠤᠷᠭ᠋ᠠᠭᠤᠯᠢ ᠵᠢᠨ ᠪᠦᠯᠬᠦᠮ᠎ᠤᠨ ᠱᠠᠩᠨᠠᠯ᠎ᠤᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠵᠢᠴᠢ ᠬᠤᠪᠢ ᠬᠥᠮᠦᠨ᠎ᠤ ᠪᠦᠷᠢᠨ ᠴᠢᠳᠠᠪᠤᠷᠢ ᠵᠢᠨ ᠣᠯᠠᠨ ᠵᠦᠢ᠍ᠯ᠎ᠤᠨ ᠱᠠᠩᠨᠠᠯ ᠪᠠ ᠳᠠᠩ ᠵᠦᠢ᠍ᠯ᠎ᠤᠨ ᠱᠠᠩᠨᠠᠯ᠎ᠢ ᠬᠦᠷᠲᠡᠪᠡ᠃ ᠰᠤᠳᠤᠯᠤᠨ ᠲᠣᠭᠲᠠᠭ᠋ᠠᠬᠤ᠎ᠪᠠᠷ ᠳᠠᠮᠵᠢᠨ᠂ ᠮᠠᠨ᠎ᠤ ᠲᠢᠩᠬᠢᠮ᠎ᠠᠴᠠ ᠳᠡᠭᠡᠷᠡᠬᠢ 3 ᠶᠡᠬᠡ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠰᠢᠨᠵᠢᠯᠡᠭᠡᠨ᠎ᠤ ᠰᠠᠯᠠᠭ᠎ᠠ᠂ ᠤᠷᠠᠨ ᠵᠢᠷᠤᠭ᠎ᠤᠨ ᠰᠢᠨᠵᠢᠯᠡᠭᠡᠨ᠎ᠤ ᠰᠠᠯᠠᠭ᠋ᠠᠨ᠎ᠤ 1 ᠪᠠᠭᠰᠢ ᠪᠠ 3 ᠰᠤᠷᠤᠭᠴᠢ ᠵᠢ ᠲᠤᠰ ᠲᠤᠰ ᠵᠣᠬᠢᠶᠠᠨ ᠪᠠᠶ᠋ᠢᠭᠤᠯᠵᠤ᠂ ᠪᠦᠬᠦ ᠤᠯᠤᠰ᠎ᠤᠨ ᠳᠡᠯᠭᠡᠨ ᠦᠵᠡᠭᠦᠯᠬᠦ ᠠᠵᠢᠯᠯᠠᠭ᠎ᠠ᠎ᠳᠤ ᠣᠷᠣᠯᠴᠠᠭᠤᠯᠬᠤ᠎ᠪᠠᠷ (ᠰᠢᠨᠵᠢᠯᠡᠭᠡᠨ᠎ᠤ ᠰᠠᠯᠠᠭ᠎ᠠ ᠨᠢᠭᠡ ᠪᠦᠷᠢ᠎ᠠᠴᠠ 3 ᠰᠤᠷᠤᠭᠴᠢ 1 ᠪᠠᠭᠰᠢ᠂ ᠰᠤᠷᠭ᠋ᠠᠭᠤᠯᠢ ᠪᠦᠷᠢ᠎ᠠᠴᠠ 8  ᠬᠥᠮᠦᠨ᠎ᠢ ᠰᠣᠩᠭᠤᠨ ᠲᠣᠮᠢᠯᠠᠪᠠ) ᠪᠣᠢ᠃
      ᠡᠯ᠎ᠡ ᠰᠤᠷᠭ᠋ᠠᠭᠤᠯᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠰᠢᠯᠢᠳᠡᠭ ᠰᠤᠷᠤᠭᠴᠢ ᠪᠠ ᠪᠠᠭᠰᠢ ᠵᠢᠨ ᠲᠥᠯᠥᠭᠡᠯᠡᠭᠴᠢ ᠵᠢ ᠰᠣᠩᠭᠣᠨ ᠲᠣᠮᠢᠯᠠᠵᠤ  ᠦᠵᠡᠭᠦᠯᠭᠡ᠎ᠳᠤ ᠣᠷᠣᠯᠴᠠᠭᠤᠯᠬᠤ ᠲᠥᠷᠥᠯ ᠵᠦᠢ᠍ᠯ ᠪᠠ ᠠᠭᠤᠯᠭ᠎ᠠ ᠵᠢ ᠦᠨᠳᠦᠰᠦᠯᠡᠨ᠂ ᠦᠵᠡᠭᠦᠯᠭᠡ᠎ᠳᠤ ᠣᠷᠣᠯᠴᠠᠬᠤ ᠡᠯ᠎ᠡ ᠵᠦᠢ᠍ᠯ᠎ᠤᠨ ᠪᠡᠯᠡᠳᠬᠡᠯ ᠪᠠ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠵᠦ᠂ ᠮᠠᠨ᠎ᠤ ᠣᠷᠣᠨ᠎ᠤ ᠰᠤᠷᠭ᠋ᠠᠭᠤᠯᠢ ᠵᠢᠨ ᠤᠷᠠᠯᠢᠭ᠎ᠤᠨ ᠬᠥᠮᠦᠵᠢᠯ᠎ᠤᠨ ᠦᠷ᠎ᠡ ᠪᠦᠲᠦᠭᠡᠯ ᠪᠠ ᠪᠠᠭᠰᠢ ᠰᠤᠷᠤᠭᠴᠢᠳ᠎ᠤᠨ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠭᠦᠯᠬᠦ ᠬᠡᠷᠡᠭᠲᠡᠢ᠃ ᠡᠯ᠎ᠡ ᠰᠤᠷᠭ᠋ᠠᠭᠤᠯᠢ 10 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠲᠤᠰ ᠰᠤᠷᠭ᠋ᠠᠭᠤᠯᠢ ᠵᠢᠨ ᠵᠶ᠋ᠠᠨ ᠪᠠᠭᠰᠢ ᠰᠤᠷᠤᠭᠴᠢ ᠵᠢ ᠰᠣᠩᠭᠣᠨ ᠲᠣᠮᠢᠯᠠᠭᠰᠠᠨ ᠮᠡᠳᠡᠭᠡ ᠵᠠᠩᠭᠢ᠂ ᠵᠢᠭ᠋ᠠᠨ ᠰᠤᠷᠭ᠋ᠠᠯᠲᠠ ᠵᠢᠨ ᠦᠵᠡᠭᠦᠯᠭᠡ (ᠪᠢᠴᠢᠯ ᠬᠢᠴᠢᠶᠡᠯ) ᠵᠢᠨ ᠪᠢᠴᠢᠭ᠎ᠤᠨ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ ᠪᠣᠯᠤᠨ ᠵᠢᠭ᠋ᠠᠨ ᠰᠤᠷᠭ᠋ᠠᠯᠲᠠ ᠵᠢᠨ ᠸᠢᠳᠢᠣ᠋ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠪᠠ ᠬᠥᠳᠡᠯᠮᠦᠷᠢ ᠵᠢᠨ ᠬᠥᠮᠥᠵᠢᠯ᠎ᠤᠨ ᠭᠠᠵᠠᠷ᠎ᠲᠤ ᠨᠢᠭᠡᠳᠦᠯᠲᠡᠢ ᠮᠡᠳᠡᠭᠦᠯᠦᠨ ᠬᠦᠷᠭᠡᠬᠦ ᠬᠡᠷᠡᠭᠲᠡᠢ᠃
      ᠦᠵᠡᠭᠦᠯᠭᠡ᠎ᠳᠤ ᠣᠷᠣᠯᠴᠠᠬᠤ ᠬᠤᠭᠤᠴᠠᠭ᠋ᠠᠨ᠎ᠳᠤ ᠵᠠᠮ ᠬᠠᠷᠢᠯᠴᠠᠭ᠋ᠠᠨ᠎ᠤ ᠵᠠᠷᠤᠳᠠᠯ᠎ᠢ ᠪᠠᠶ᠋ᠢᠭ᠎ᠠ ᠨᠢᠭᠡᠴᠢ᠎ᠠᠴᠠ ᠡᠭᠦᠷᠭᠡᠯᠡᠵᠦ᠂  ᠬᠣᠭᠣᠯᠠ ᠪᠠ ᠬᠣᠨᠣᠭ᠎ᠤᠨ ᠵᠠᠷᠤᠳᠠᠯ᠎ᠢ ᠠᠵᠢᠯᠯᠠᠭ᠎ᠠ ᠵᠢ ᠡᠷᠬᠢᠯᠡᠨ ᠭᠦᠢ᠍ᠴᠡᠳᠭᠡᠵᠦ ᠪᠠᠢ᠌ᠭ᠎ᠠ ᠲᠠᠯ᠎ᠠ᠎ᠠᠴᠠ ᠡᠭᠦᠷᠭᠡᠯᠡᠨ᠎ᠡ᠃
      ᠳᠡᠮᠵᠢᠯᠭᠡ ᠦᠵᠡᠭᠦᠯᠬᠦ ᠪᠣᠯᠪᠠᠤ᠃
      ᠬᠠᠷᠢᠯᠴᠠᠬᠤ ᠬᠥᠮᠦᠨ᠄ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠪᠠ ᠬᠥᠳᠡᠯᠮᠦᠷᠢ ᠵᠢᠨ ᠬᠥᠮᠥᠵᠢᠯ᠎ᠤᠨ ᠭᠠᠵᠠᠷ᠂ ᠵᠠᠩ ᠰᠢᠶᠣᠤ ᠶᠢᠩ
      ᠬᠠᠷᠢᠯᠴᠠᠬᠤ ᠠᠷᠭ᠎ᠠ᠄ 0471 - 2857025
      ᠢᠮᠧᠯ᠄ nmgmy1002@163.com


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
              2023 ᠣᠨ᠎ᠤ 10 ᠰᠠᠷ᠎ᠠ ᠵᠢᠨ 10᠎ᠤ ᠡᠳᠦᠷ


ᠳᠠᠭ᠋ᠠᠯᠳᠤᠭᠤᠯᠤᠯ 1᠄ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ 2023 ᠣᠨ᠎ᠤ ᠪᠦᠬᠦ ᠤᠯᠤᠰ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠬᠥᠮᠦᠵᠢᠯ ᠎ᠤᠨ ᠲᠤᠰᠬᠠᠢ ᠮᠡᠷᠭᠡᠵᠢᠯ᠂ ᠤᠷᠠᠨ ᠵᠢᠷᠤᠭ᠎ᠤᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠭᠴᠢ ᠪᠠ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠬᠦ ᠲᠤᠬᠠᠢ ᠮᠡᠳᠡᠭᠳᠡᠯ .pdf


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号