ᠥᠪᠥᠷ ᠰᠤᠷᠭ᠋ᠠᠨ ᠲᠠᠷᠬᠠᠭ᠋ᠠᠭᠰᠠᠨ [2020] 17 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠷᠠᠳ᠎ᠠᠴᠠ ᠡᠷᠬᠢᠯᠡᠭᠰᠡᠨ ᠳᠡᠭᠡᠳᠦ ᠰᠤᠷᠭ᠋ᠠᠭᠤᠯᠢ᠎ᠳᠤ᠄
ᠥᠪᠡᠷᠲᠡᠭᠡᠨ ᠵᠠᠰᠠᠬᠤ ᠣᠷᠣᠨ᠎ᠤ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ ᠪᠠ ᠦᠢ᠍ᠯᠡᠴᠢᠯᠡᠭᠡᠨ᠎ᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠥᠯᠦᠭᠡ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭ᠋ᠠᠨ ᠬᠥᠮᠦᠵᠢᠯ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》᠂ 《ᠰᠤᠷᠭ᠋ᠠᠨ ᠬᠥᠮᠦᠵᠢᠯ᠎ᠤᠨ ᠶᠠᠮᠤᠨ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠶᠡᠷᠦᠩᠬᠡᠢ ᠲᠣᠪᠴᠢᠶ᠎ᠠ ᠵᠢᠨ 〈ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠂ 《ᠨᠡᠶ᠋ᠢᠭᠡᠮ᠎ᠤᠨ ᠬᠦᠴᠦᠨ᠎ᠤ ᠰᠤᠷᠭ᠋ᠠᠨ ᠬᠥᠮᠦᠵᠢᠯ ᠡᠷᠬᠢᠯᠡᠬᠦ ᠵᠢ ᠵᠣᠷᠢᠭᠵᠢᠭᠤᠯᠵᠤ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 ᠵᠢᠴᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠳᠦᠷᠢᠮ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ 2018 ᠣᠨ᠎ᠳᠤ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠳᠤᠷᠰᠢᠨ ᠬᠡᠷᠡᠭᠵᠢᠭᠦᠯᠬᠦ)》᠎ᠳᠤ ᠵᠠᠰᠠᠪᠤᠷᠢ ᠣᠷᠣᠭᠤᠯᠵᠤ᠂ ᠡᠳᠦᠭᠡ ᠳᠠᠷᠤᠮᠠᠯᠯᠠᠨ ᠲᠠᠷᠬᠠᠭ᠋ᠠᠪᠠ᠂ ᠵᠢᠷᠤᠮᠯᠠᠨ ᠬᠡᠷᠡᠭᠵᠢᠭᠦᠯᠬᠦ ᠪᠣᠯᠪᠠᠤ᠃ ᠡᠯ᠎ᠡ ᠭᠠᠵᠠᠷ᠎ᠤᠨ᠎ᠬᠢᠨ ᠠᠵᠢᠯ᠎ᠤᠨ ᠶᠠᠪᠤᠴᠠ᠎ᠳᠤ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢᠳᠤᠨᠢ ᠭᠣᠣᠯᠴᠢᠯᠠᠨ ᠬᠠᠮᠢᠶᠠᠷᠬᠤ ᠲᠢᠩᠬᠢᠮ ᠪᠤᠶᠤ ᠲᠣᠪᠴᠢᠶ᠎ᠠ᠎ᠳᠤ ᠮᠡᠳᠡᠭᠦᠯᠬᠦ ᠵᠢᠨ ᠬᠠᠮᠲᠤ ᠲᠣᠬᠢᠲᠠᠢ ᠰᠢᠢ᠍ᠳᠪᠦᠷᠢᠯᠡᠭᠦᠯᠬᠦ ᠬᠡᠷᠡᠭᠲᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ
ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ
ᠬᠢᠨᠠᠯᠲᠠ ᠬᠠᠮᠢᠶᠠᠷᠤᠯᠲᠠ ᠵᠢᠨ ᠳᠣᠪᠴᠢᠶ᠎ᠠ
2023 ᠣᠨ᠎ᠤ 10 ᠰᠠᠷ᠎ᠠ ᠵᠢᠨ 16᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠢᠭ ᠬᠣᠨᠵᠢᠪᠣᠷᠢ ᠵᠢᠨ ᠴᠢᠨᠠᠷᠲᠠᠢ
ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ
(2023 ᠣᠨ᠎ᠳᠤ ᠵᠠᠰᠠᠪᠤᠷᠢ ᠣᠷᠣᠭᠤᠯᠤᠭᠰᠠᠨ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ 《ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠨᠡᠶ᠋ᠢᠭᠡᠮ᠎ᠤᠨ ᠬᠦᠴᠦᠨ᠎ᠤ ᠰᠤᠷᠭ᠋ᠠᠨ ᠬᠥᠮᠦᠵᠢᠯ ᠡᠷᠬᠢᠯᠡᠬᠦ ᠵᠢ ᠵᠣᠷᠢᠭᠵᠢᠭᠤᠯᠵᠤ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠢ ᠰᠠᠨᠠᠯ᠎ᠤᠳ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭ᠋ᠠᠨ ᠬᠥᠮᠦᠵᠢᠯ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》᠂ 《ᠰᠤᠷᠭ᠋ᠠᠨ ᠬᠥᠮᠦᠵᠢᠯ᠎ᠤᠨ ᠶᠠᠮᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠶᠡᠷᠦᠩᠬᠡᠢ ᠲᠣᠪᠴᠢᠶ᠎ᠠ ᠵᠢᠨ 〈ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 ᠵᠢᠴᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠳᠦᠷᠢᠮ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠥᠷᠥ ᠵᠢᠨ ᠪᠠᠶ᠋ᠢᠭᠤᠯᠤᠮᠵᠢ᠎ᠠᠴᠠ ᠪᠤᠰᠤᠳ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠡᠳ᠋᠎ᠤᠨ ᠵᠠᠰᠠᠭ᠎ᠤᠨ ᠪᠤᠰᠤ ᠴᠢᠨᠠᠷᠲᠠᠢ ᠵᠠᠷᠤᠳᠠᠯ᠂ ᠪᠡᠯᠡᠭᠯᠡᠨ ᠬᠦᠷᠭᠡᠭᠰᠡᠨ ᠪᠤᠰᠤ ᠡᠳ᠋ ᠬᠥᠷᠥᠩᠭᠡ ᠵᠢ ᠠᠰᠢᠭᠯᠠᠨ᠂ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠳᠡᠭᠡᠳᠦ ᠰᠤᠷᠭ᠋ᠠᠭᠤᠯᠢ ᠪᠠ ᠪᠤᠰᠤᠳ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ ᠤ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠢ ᠡᠷᠬᠢᠯᠡᠵᠦ ᠪᠣᠯᠤᠨ᠎ᠠ᠃ ᠭᠡᠪᠡᠴᠦ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠵᠦ ᠪᠠᠶ᠋ᠢᠭ᠎ᠠ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠪᠠᠶ᠋ᠢᠭᠤᠯᠵᠤ ᠪᠣᠯᠬᠤ ᠦᠭᠡᠢ᠃
ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠡᠳ᠋᠎ᠤᠨ ᠵᠠᠰᠠᠭ᠎ᠤᠨ ᠴᠢᠨᠠᠷᠲᠠᠢ ᠵᠠᠷᠤᠳᠠᠯ᠂ ᠲᠤᠰᠠᠯᠠᠨ ᠬᠦᠷᠭᠡᠭᠰᠡᠨ ᠡᠳ᠋ ᠬᠥᠷᠥᠩᠭᠡ᠎ᠪᠠᠷ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠡᠷᠬᠢᠯᠡᠬᠦ ᠪᠤᠶᠤ ᠡᠷᠬᠢᠯᠡᠬᠦ᠎ᠳᠤ ᠣᠷᠣᠯᠴᠠᠵᠤ ᠪᠣᠯᠬᠤ ᠦᠭᠡᠢ᠃
ᠭᠤᠷᠪᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠨ᠂ ᠤᠯᠤᠰ᠎ᠤᠨ ᠬᠠᠤᠯᠢ ᠴᠠᠭ᠋ᠠᠵᠠ ᠬᠠᠤᠯᠢ ᠳᠦᠷᠢᠮ᠎ᠢ ᠵᠢᠷᠤᠮᠯᠠᠵᠤ᠂ ᠰᠤᠷᠭ᠋ᠠᠨ ᠬᠥᠮᠦᠵᠢᠯ ᠬᠦᠷᠲᠡᠭᠰᠡᠳ᠎ᠤᠨ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢᠨ ᠬᠥᠮᠦᠵᠢᠯ᠎ᠢ ᠴᠢᠩᠭ᠋ᠠᠳᠬᠠᠵᠤ᠂ ᠶᠣᠰᠣ ᠮᠣᠷᠠᠯ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠦᠨ᠎ᠡ᠃
ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠰᠤᠷᠭ᠋ᠠᠨ ᠬᠥᠮᠦᠵᠢᠯ᠎ᠤᠨ ᠠᠰᠠᠷᠠᠮᠵᠢ ᠵᠢᠨ ᠴᠢᠨᠠᠷ᠎ᠢ ᠪᠠᠷᠢᠮᠲᠠᠯᠠᠵᠤ᠂ ᠳᠡᠭᠡᠳᠦ ᠬᠡᠪ ᠴᠢᠨᠠᠷᠲᠠᠢ ᠴᠢᠳᠠᠪᠤᠷᠢᠲᠠᠨ᠎ᠢ ᠬᠥᠮᠦᠵᠢᠭᠦᠯᠬᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠡᠶ᠋ᠢᠭᠡᠮ᠎ᠤᠨ ᠦᠷ᠎ᠡ ᠠᠰᠢᠭ ᠪᠣᠯᠤᠨ ᠠᠵᠤ ᠠᠬᠤᠢ ᠵᠢᠨ ᠦᠷ᠎ᠡ ᠠᠰᠢᠭ᠎ᠤᠨ ᠬᠠᠷᠢᠯᠴᠠᠨ ᠨᠢᠭᠡᠳᠬᠦ ᠵᠢ ᠪᠡᠶᠡᠯᠡᠭᠦᠯᠦᠨ᠎ᠡ᠃
ᠳᠥᠷᠪᠡᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠳᠤ ᠰᠤᠷᠤᠯᠴᠠᠭᠰᠠᠨ ᠰᠤᠷᠤᠭᠴᠢ᠎ᠳᠤ ᠠᠳᠠᠯᠢ ᠱᠠᠲᠤᠨ᠎ᠤ ᠠᠳᠠᠯᠢ ᠲᠥᠷᠥᠯ᠎ᠤᠨ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠤᠭᠴᠢᠯᠤᠭᠠ ᠠᠳᠠᠯᠢ ᠣᠯᠭᠣᠮᠵᠢ ᠭᠦᠷᠲᠡᠭᠡᠨ᠎ᠡ᠃
ᠲᠠᠪᠤᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠰᠤᠷᠭ᠋ᠠᠭᠤᠯᠢ ᠵᠢᠨ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ ᠪᠠ ᠪᠠᠴᠢᠮ ᠪᠠᠶ᠋ᠢᠳᠠᠯ᠎ᠢ ᠠᠷᠭ᠋ᠠᠴᠠᠵᠤ ᠰᠡᠷᠡᠮᠵᠢᠯᠡᠭᠦᠯᠦᠨ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠪᠠᠭᠰᠢ ᠰᠤᠷᠤᠭᠴᠢ ᠵᠢᠨ ᠡᠷᠬᠡ ᠠᠰᠢᠭ᠂ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠵᠤ᠂ ᠰᠤᠷᠭ᠋ᠠᠭᠤᠯᠢ ᠵᠢᠨ ᠠᠮᠤᠷ ᠲᠦᠪᠰᠢᠨ᠎ᠢ ᠬᠠᠮᠠᠭ᠋ᠠᠯᠠᠨ᠎ᠠ᠃ ᠰᠤᠷᠭ᠋ᠠᠭᠤᠯᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠣᠯ ᠰᠤᠷᠭ᠋ᠠᠭᠤᠯᠢ ᠵᠢᠨ ᠠᠮᠤᠷ ᠲᠣᠭᠲᠠᠭᠤᠨ᠎ᠤ ᠠᠵᠢᠯ᠎ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃
ᠵᠢᠷᠭᠤᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠨᠡᠷᠡᠶ᠋ᠢᠳᠦᠯ 《ᠤᠯᠤᠰ᠎ᠤᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠶᠡᠷᠦᠩᠬᠡᠢ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ ᠠᠰᠢᠭ ᠬᠣᠨᠵᠢᠪᠣᠷᠢ ᠵᠢᠨ ᠴᠢᠨᠠᠷᠲᠠᠢ ᠠᠷᠠᠳ ᠠᠴᠠ ᠡᠷᠬᠢᠯᠡᠭᠰᠡᠨ ᠰᠤᠷᠭ᠋ᠠᠭᠤᠯᠢ ᠵᠢᠨ ᠨᠡᠷᠡᠶ᠋ᠢᠳᠦᠯ᠎ᠢ ᠳᠠᠩᠰᠠᠯᠠᠭᠤᠯᠬᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠠᠵᠢᠯ᠎ᠤᠨ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ᠎ᠳᠤ ᠨᠠᠢ᠌ᠴᠡᠬᠦ ᠬᠡᠷᠡᠭᠲᠡᠢ᠃ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠰᠤᠷᠭ᠋ᠠᠭᠤᠯᠢ ᠵᠢᠨ ᠫᠠᠶ᠋ᠢᠰᠠ ᠢᠯᠡᠷᠬᠡᠶ᠋ᠢᠯᠡᠯ᠂ ᠬᠢᠷᠢ ᠪᠦᠲᠦᠮᠵᠢ ᠵᠢᠨ ᠬᠠᠭᠤᠳᠠᠰᠤ᠂ ᠰᠤᠷᠤᠯᠭ᠎ᠠ ᠵᠢᠨ ᠨᠠᠮᠲᠠᠷ᠎ᠤᠨ ᠡᠷᠳᠡᠮ᠎ᠤᠨ ᠴᠣᠯᠠ ᠵᠢᠨ ᠦᠨᠡᠮᠯᠡᠯ ᠵᠢᠴᠢ ᠬᠠᠮᠢᠶ᠎ᠠ ᠪᠦᠬᠦᠢ ᠭᠡᠷᠡᠴᠢ᠂ ᠰᠤᠷᠤᠭᠴᠢ ᠡᠯᠰᠡᠬᠦ ᠵᠠᠷ ᠪᠠ ᠲᠣᠪᠴᠢ ᠳᠦᠷᠢᠮ᠎ᠳᠤ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠰᠡᠨ ᠬᠠᠤᠯᠢ ᠵᠢᠨ ᠡᠷᠬᠡᠲᠦ ᠬᠥᠮᠦᠨ᠎ᠤ ᠳᠥᠭᠦᠮ ᠨᠡᠷᠡᠢ᠌ᠳᠦᠯ᠎ᠢ ᠬᠡᠷᠡᠭᠯᠡᠨ᠎ᠡ᠃
ᠬᠣᠶᠠᠳᠤᠭ᠋ᠠᠷ ᠪᠦᠯᠦᠭ ᠰᠤᠷᠭ᠋ᠠᠭᠤᠯᠢ ᠪᠠᠶ᠋ᠢᠭᠤᠯᠬᠤ
ᠳᠣᠯᠣᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠪᠠᠶ᠋ᠢᠭᠤᠯᠬᠤ ᠵᠢ ᠵᠥᠪᠰᠢᠶᠡᠷᠡᠬᠦ ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠳᠠᠯᠢ ᠳᠡᠰ᠎ᠤᠨ ᠠᠳᠠᠯᠢ ᠲᠥᠷᠥᠯ᠎ᠤᠨ ᠰᠤᠷᠭ᠋ᠠᠭᠤᠯᠢ ᠪᠠᠶ᠋ᠢᠭᠤᠯᠬᠤ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ᠎ᠠ᠃
ᠨᠠᠢ᠍ᠮᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠪᠠᠶ᠋ᠢᠭᠤᠯᠬᠤ᠎ᠳᠤ ᠥᠨᠳᠥᠷ ᠬᠢᠷᠢ ᠲᠦᠪᠰᠢᠨ᠂ ᠥᠪᠡᠷᠮᠢᠴᠷ ᠣᠨᠴᠠᠯᠢᠭ᠎ᠲᠠᠢ ᠪᠠᠶ᠋ᠢᠵᠤ ᠲᠤᠬᠠᠢ ᠵᠢᠨ ᠭᠠᠵᠠᠷ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠠ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠬᠡᠷᠡᠭᠴᠡᠭᠡ᠎ᠳᠤ ᠨᠡᠶ᠋ᠢᠴᠡᠭᠦᠯᠬᠦ ᠵᠠᠷᠴᠢᠮ᠎ᠢ ᠪᠠᠷᠢᠮᠲᠠᠯᠠᠨ᠎ᠠ᠃ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ᠎ᠳᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠲᠥᠯᠥᠪᠵᠢᠭᠦᠯᠭᠡ᠎ᠳᠤ ᠣᠷᠣᠭᠤᠯᠵᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠳᠦᠷᠢᠮ ᠶᠣᠰᠣᠭ᠋ᠠᠷ ᠮᠡᠳᠡᠭᠦᠯᠬᠦ ᠪᠠ ᠬᠢᠨᠠᠨ ᠵᠦᠪᠰᠢᠶᠡᠷᠡᠭᠦᠯᠦᠨ᠎ᠡ᠃ ᠳᠤᠮᠳᠠ ᠵᠡᠷᠭᠡ᠎ᠠᠴᠠ ᠳᠣᠷᠣᠭᠰᠢ ᠳᠡᠰ ᠳᠠᠪᠬᠤᠷᠭ᠎ᠠ ᠵᠢᠨ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠬᠡᠪᠴᠢᠶ᠎ᠠ ᠵᠢ ᠡᠯ᠎ᠡ ᠱᠠᠲᠤᠨ᠎ᠤ ᠬᠢᠨᠠᠨ ᠵᠥᠪᠰᠢᠶᠡᠷᠡᠬᠦ ᠪᠠᠶ᠋ᠢᠭᠤᠯᠭ᠎ᠠ ᠲᠤᠬᠠᠢ ᠵᠢᠨ ᠭᠠᠵᠠᠷ ᠤᠨ ᠪᠣᠳᠠᠲᠠᠢ᠎ᠪᠠᠨ ᠦᠨᠳᠦᠰᠦᠯᠡᠨ ᠲᠣᠭᠲᠠᠭ᠋ᠠᠨ᠎ᠠ᠃
ᠶᠢᠰᠦᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠳᠠᠩᠰᠠᠯᠠᠭᠤᠯᠬᠤ ᠬᠥᠷᠥᠩᠭᠡ ᠵᠢᠨ ᠲᠣᠭ᠎ᠠ ᠵᠢ ᠰᠤᠷᠭ᠋ᠠᠭᠤᠯᠢ ᠵᠢᠨ ᠲᠥᠷᠥᠯ ᠢᠯᠭ᠋ᠠᠯ᠂ ᠳᠡᠰ ᠳᠠᠪᠬᠤᠷᠭ᠎ᠠ᠂ ᠰᠤᠷᠭ᠋ᠠᠭᠤᠯᠢ ᠡᠷᠬᠢᠯᠡᠬᠦ ᠬᠡᠪᠴᠢᠶ᠎ᠡ᠎ᠯᠦᠭᠡ ᠬᠠᠷᠢᠯᠴᠠᠨ ᠵᠣᠬᠢᠴᠠᠭᠤᠯᠤᠨ᠎ᠠ᠃
ᠠᠷᠪᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠡᠷᠬᠢᠯᠡᠬᠦ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠰᠤᠷᠭ᠋ᠠᠭᠤᠯᠢ ᠵᠢᠨ ᠳᠡᠰ ᠳᠠᠪᠬᠤᠷᠭ᠎ᠠ᠂ ᠲᠥᠷᠥᠯ ᠬᠡᠯᠪᠡᠷᠢ᠂ ᠬᠡᠪᠴᠢᠶ᠎ᠡ᠎ᠲᠠᠢ ᠵᠣᠬᠢᠴᠠᠭᠰᠠᠨ ᠠᠵᠤ ᠠᠬᠤᠢ ᠵᠢᠨ ᠪᠣᠳᠠᠲᠤ ᠬᠦᠴᠦᠨ᠎ᠢ ᠪᠦᠷᠢᠯᠳᠦᠭᠦᠯᠵᠦ᠂ ᠲᠡᠭᠦᠨ᠎ᠤ ᠴᠡᠪᠡᠷ ᠡᠳ᠋ ᠬᠥᠷᠥᠩᠭᠡ ᠪᠤᠶᠤ ᠵᠣᠭᠣᠰ ᠪᠡᠯᠡ ᠮᠥᠩᠭᠥ᠎ᠨᠢ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠪᠠ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠡᠷᠬᠢᠯᠡᠬᠦ᠎ᠳᠤ ᠪᠡᠯᠡᠨ ᠵᠣᠭᠣᠰ ᠵᠶ᠋ᠠᠷ ᠪᠡᠯᠡ ᠣᠷᠣᠭᠤᠯᠬᠤ᠂ ᠡᠰᠡᠬᠦᠯ᠎ᠡ ᠪᠣᠳᠠᠲᠤ ᠶᠠᠭᠤᠮ᠎ᠠ᠂ ᠮᠡᠳᠡᠯᠭᠡ ᠵᠢᠨ ᠥᠮᠴᠢᠯᠡᠯ᠎ᠤᠨ ᠡᠷᠬᠡ᠂ ᠭᠠᠵᠠᠷ ᠰᠢᠷᠣᠢ ᠬᠡᠷᠡᠭᠯᠡᠬᠦ ᠡᠷᠬᠡ ᠵᠡᠷᠭᠡ ᠵᠢ ᠵᠣᠭᠣᠰ ᠵᠶ᠋ᠠᠷ ᠦᠨᠡᠯᠡᠨ ᠵᠢᠱ᠌ᠢᠵᠦ ᠪᠣᠯᠬᠤ ᠵᠢᠨ ᠬᠠᠮᠲᠤ ᠬᠠᠤᠯᠢ ᠶᠣᠰᠣᠭ᠋ᠠᠷ ᠰᠢᠯᠵᠢᠭᠦᠯᠦᠨ ᠥᠭᠴᠦ ᠪᠣᠯᠬᠤ ᠵᠣᠭᠣᠰ᠎ᠤᠨ ᠪᠤᠰᠤ ᠡᠳ᠋ ᠬᠥᠷᠥᠩᠭᠡ ᠵᠢ ᠦᠨᠡᠯᠡᠨ ᠵᠢᠱ᠌ᠢᠵᠦ ᠪᠡᠯᠡ ᠣᠷᠣᠭᠤᠯᠤᠨ᠎ᠠ᠃ ᠪᠡᠯᠡ ᠣᠷᠣᠭᠤᠯᠬᠤ᠎ᠳᠤ ᠡᠷᠬᠡᠪᠰᠢ ᠬᠠᠤᠯᠢ ᠶᠣᠰᠣᠭ᠋ᠠᠷ ᠪᠠᠶ᠋ᠢᠭᠤᠯᠤᠭᠰᠠᠨ ᠪᠡᠯᠡ ᠮᠥᠩᠭᠥ ᠵᠢ ᠰᠢᠯᠭ᠋ᠠᠨ ᠪᠠᠶ᠋ᠢᠴᠠᠭ᠋ᠠᠬᠤ ᠵᠢᠨ ᠬᠠᠮᠲᠤ ᠪᠡᠯᠡ ᠮᠥᠩᠭᠥ ᠵᠢ ᠰᠢᠯᠭ᠋ᠠᠭᠰᠠᠨ ᠮᠡᠳᠡᠭᠦᠯᠦᠯᠲᠡ ᠭᠠᠷᠭ᠋ᠠᠬᠤ ᠬᠡᠷᠡᠭᠲᠡᠢ᠃ ᠬᠡᠷᠪᠡ ᠪᠤᠰᠤᠳ ᠪᠡᠯᠡ ᠣᠷᠣᠭᠤᠯᠤᠭᠴᠢ ᠪᠠᠶ᠋ᠢᠪᠠᠯ ᠪᠤᠰᠤᠳ ᠪᠡᠯᠡ ᠣᠷᠣᠭᠤᠯᠤᠭᠴᠢ ᠵᠢᠨ ᠬᠡᠯᠡᠯᠴᠡᠭᠡᠷ᠎ᠢ ᠨᠤᠲᠠᠯᠠᠬᠤ ᠬᠡᠷᠡᠭᠲᠡᠢ᠃
ᠡᠷᠬᠢᠯᠡᠭᠰᠡᠳ ᠬᠥᠳᠡᠯᠮᠦᠷᠢ ᠦᠢ᠍ᠯᠡᠴᠢᠯᠡᠭᠡ᠂ ᠦᠨᠡᠨᠴᠢ ᠢᠲᠡᠭᠡᠮᠵᠢ᠂ ᠪᠠᠶ᠋ᠢᠭ᠋ᠠᠯᠢ ᠬᠥᠮᠦᠨ᠎ᠤ ᠣᠪᠣᠭ ᠨᠡᠷ᠎ᠡ᠂ ᠬᠤᠳᠠᠯᠳᠤᠭ᠎ᠠ ᠵᠢᠨ ᠨᠡᠷ᠎ᠡ ᠬᠦᠨᠳᠦ᠂ ᠣᠨᠴᠠ ᠵᠦᠪᠰᠢᠶᠡᠷᠡᠭᠰᠡᠨ ᠡᠵᠡᠩᠨᠡᠯᠲᠡ ᠵᠢᠨ ᠡᠷᠬᠡ ᠪᠤᠶᠤ ᠪᠠᠲᠤᠯᠠᠭᠰᠠᠨ ᠡᠳ᠋ ᠬᠥᠷᠥᠩᠭᠡ ᠵᠡᠷᠭᠡ᠎ᠪᠠᠷ ᠬᠠᠩᠰᠢᠯᠠᠨ ᠪᠡᠯᠡ ᠭᠠᠷᠭ᠋ᠠᠵᠤ ᠪᠣᠯᠬᠤ ᠦᠭᠡᠢ; ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠦᠯᠢᠶᠡᠨ ᠠᠪᠤᠭᠰᠠᠨ ᠤᠯᠤᠰ᠎ᠤᠨ ᠳᠡᠳᠬᠦᠨ ᠳᠤᠰᠠᠯᠠᠭᠰᠠᠨ ᠡᠳ᠋ ᠮᠥᠩᠭᠥ᠂ ᠰᠤᠷᠤᠭᠴᠢᠳ᠎ᠠᠴᠠ ᠬᠤᠷᠢᠶᠠᠭᠰᠠᠨ ᠰᠦᠢ᠍ᠳᠬᠡᠯ᠂ ᠬᠦᠯᠢᠶᠡᠨ ᠠᠪᠤᠭᠰᠠᠨ ᠬᠠᠨᠳᠢᠪ᠎ᠤᠨ ᠡᠳ᠋ ᠬᠥᠷᠥᠩᠭᠡ᠎ᠪᠠᠷ ᠪᠡᠯᠡ ᠮᠥᠩᠭᠥ ᠪᠣᠯᠭ᠋ᠠᠵᠤ ᠪᠣᠯᠬᠤ ᠦᠭᠡᠢ᠃
ᠠᠷᠪᠠᠨ ᠬᠣᠶᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠡᠷᠬᠢᠯᠡᠬᠦ᠎ᠳᠤ ᠳᠣᠣᠷᠠᠬᠢ ᠨᠥᠬᠥᠴᠡᠯ᠎ᠢ ᠪᠦᠷᠢᠯᠳᠦᠭᠦᠯᠬᠦ ᠬᠡᠷᠡᠭᠲᠡᠢ᠄
(ᠨᠢᠭᠡ) ᠪᠦᠭᠦᠳᠡ ᠨᠠᠶ᠋ᠢᠷᠠᠮᠳᠠᠬᠤ ᠬᠢᠲᠠᠳ ᠠᠷᠠᠳ ᠤᠯᠤᠰ᠎ᠤᠨ ᠬᠠᠤᠯᠢ ᠵᠢᠨ ᠡᠷᠬᠡᠲᠦ ᠬᠥᠮᠦᠨ᠎ᠤ ᠬᠢᠷᠢ ᠬᠡᠮ᠎ᠲᠠᠢ᠃
(ᠬᠣᠶᠠᠷ) ᠦᠨᠡᠨᠴᠢ ᠢᠲᠡᠭᠡᠮᠵᠢ ᠵᠢᠨ ᠪᠠᠶ᠋ᠢᠳᠠᠯ ᠰᠠᠶ᠋ᠢᠨ ᠪᠠᠶ᠋ᠢᠵᠤ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠤᠷᠤᠭᠰᠠᠨ ᠦᠭᠡᠢ ᠪᠤᠶᠤ ᠬᠠᠤᠯᠢ ᠵᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ᠎ᠤᠨ ᠵᠢᠭᠰᠠᠭ᠋ᠠᠯᠲᠠ᠎ᠳᠤ ᠤᠷᠤᠭᠰᠠᠨ ᠦᠭᠡᠢ᠂ ᠡᠷᠡᠭᠦᠯ ᠪᠤᠰᠤ ᠲᠡᠮᠳᠡᠭᠯᠡᠯ ᠪᠠᠶ᠋ᠢᠬᠤ ᠦᠭᠡᠢ᠃
(ᠭᠤᠷᠪᠠ) ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠣᠯ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠠᠷᠢᠶ᠎ᠠ᠎ᠲᠠᠢ᠂ ᠳᠤᠮᠳᠠᠳᠤ ᠤᠯᠤᠰ᠎ᠤᠨ ᠬᠢᠯᠢ ᠳᠣᠲᠣᠷ᠎ᠠ ᠰᠠᠭᠤᠷᠢᠰᠢᠵᠤ᠂ ᠦᠨᠡᠨᠴᠢ ᠢᠲᠡᠭᠡᠮᠵᠢ ᠵᠢᠨ ᠪᠠᠶ᠋ᠢᠳᠠᠯ ᠰᠠᠶ᠋ᠢᠨ᠂ ᠶᠠᠯ᠎ᠠ ᠬᠢᠭᠰᠡᠨ ᠲᠡᠮᠳᠡᠭᠯᠡᠯ ᠦᠭᠡᠢ᠂ ᠤᠯᠤᠰ ᠲᠥᠷᠥ ᠵᠢᠨ ᠡᠷᠬᠡ ᠪᠠ ᠢᠷᠭᠡᠨ᠎ᠤ ᠬᠡᠷᠡᠭ᠎ᠤᠨ ᠪᠦᠷᠢᠨ ᠦᠢ᠍ᠯᠡ ᠠᠵᠢᠯᠯᠠᠭ᠎ᠠ ᠵᠢᠨ ᠴᠢᠳᠠᠪᠤᠷᠢ᠎ᠲᠠᠢ᠃
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠬᠣᠷᠢᠭᠯᠠᠭᠰᠠᠨ ᠪᠤᠰᠤᠳ ᠪᠠᠶ᠋ᠢᠳᠠᠯ᠎ᠤᠳ᠃
ᠠᠷᠪᠠᠨ ᠭᠤᠷᠪᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠡᠷᠬᠢᠯᠡᠬᠦ ᠬᠤᠪᠢ ᠬᠥᠮᠦᠨ ᠳᠣᠣᠷᠠᠬᠢ ᠨᠥᠬᠥᠴᠡᠯ᠎ᠢ ᠪᠦᠷᠢᠯᠳᠦᠭᠦᠯᠬᠦ ᠬᠡᠷᠡᠭᠲᠡᠢ᠄
(ᠨᠢᠭᠡ) ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠷᠢᠶᠠᠯᠠᠯ᠎ᠲᠠᠢ᠂ ᠳᠤᠮᠳᠠᠳᠤ ᠤᠯᠤᠰ᠎ᠲᠤ ᠠᠮᠢᠳᠤᠷᠠᠵᠤ ᠪᠠᠢ᠌ᠭ᠎ᠠ᠃
(ᠬᠣᠶᠠᠷ) ᠦᠨᠡᠨᠴᠢ ᠢᠲᠡᠭᠡᠮᠵᠢ ᠵᠢᠨ ᠪᠠᠶ᠋ᠢᠳᠠᠯ ᠰᠠᠶ᠋ᠢᠨ᠂ ᠶᠠᠯ᠎ᠠ ᠬᠢᠭᠰᠡᠨ ᠲᠡᠮᠳᠡᠭᠯᠡᠯ ᠦᠭᠡᠢ᠃
(ᠭᠤᠷᠪᠠ) ᠤᠯᠤᠰ ᠲᠥᠷᠥ ᠵᠢᠨ ᠡᠷᠬᠡ ᠪᠠ ᠪᠦᠷᠢᠮᠦᠰᠦᠨ ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠎ᠠ ᠵᠢᠨ ᠴᠢᠳᠠᠪᠤᠷᠢ᠎ᠲᠠᠢ᠃
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠬᠣᠷᠢᠭᠯᠠᠭᠰᠠᠨ ᠪᠤᠰᠤᠳ ᠪᠠᠶ᠋ᠢᠳᠠᠯ᠎ᠤᠳ᠃
ᠠᠷᠪᠠᠨ ᠳᠥᠷᠪᠡᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠪᠠᠶ᠋ᠢᠭᠤᠯᠬᠤ᠎ᠳᠤ ᠨᠠᠮ᠎ᠤᠨ ᠪᠠᠶ᠋ᠢᠭᠤᠯᠤᠯᠲᠠ ᠵᠢ ᠵᠡᠷᠭᠡ᠎ᠪᠠᠷ ᠰᠦᠪᠡᠭᠴᠢᠯᠡᠬᠦ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠵᠡᠷᠭᠡ᠎ᠪᠠᠷ ᠪᠠᠶ᠋ᠢᠷᠢᠯᠠᠭᠤᠯᠬᠤ᠂ ᠨᠠᠮ᠎ᠤᠨ ᠠᠵᠢᠯ᠎ᠢ ᠵᠡᠷᠭᠡ᠎ᠪᠠᠷ ᠥᠷᠨᠢᠭᠦᠯᠬᠦ ᠵᠢ ᠪᠠᠷᠢᠮᠲᠠᠯᠠᠬᠤ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠪᠠᠢ᠌ᠭᠤᠯᠬᠤ᠎ᠳᠤ ᠶᠡᠷᠦ᠎ᠳᠤ᠎ᠪᠠᠨ ᠪᠡᠯᠡᠳᠭᠡᠨ ᠪᠠᠢ᠌ᠭᠤᠯᠬᠤ᠂ ᠵᠢᠩᠬᠢᠨᠢ᠎ᠪᠠᠷ ᠪᠠᠶ᠋ᠢᠭᠤᠯᠬᠤ ᠭᠡᠵᠦ ᠬᠣᠶᠠᠷ ᠱᠠᠲᠤ ᠬᠤᠪᠢᠶᠠᠨ᠎ᠠ᠃ ᠡᠷᠬᠢᠯᠡᠨ ᠪᠠᠢ᠌ᠭᠤᠯᠤᠭᠴᠢ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠲᠥᠷᠥᠯ ᠬᠤᠪᠢᠶᠠᠨ ᠳᠠᠩᠰᠠᠯᠠᠨ ᠬᠠᠮᠢᠶᠠᠷᠬᠤ ᠠᠷᠭ᠎ᠠ (ᠵᠠᠰᠠᠪᠤᠷᠢ ᠣᠷᠣᠭᠤᠯᠤᠭᠰᠠᠨ)》 ᠵᠢᠨ ᠲᠣᠭᠲᠠᠭ᠋ᠠᠯ᠎ᠢ ᠦᠨᠳᠦᠰᠦᠯᠡᠨ ᠬᠢᠨᠠᠨ ᠵᠥᠪᠰᠢᠶᠡᠷᠡᠬᠦ ᠪᠠᠢ᠌ᠭᠤᠯᠭ᠎ᠠ᠎ᠳᠤ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠨ᠎ᠡ᠃
ᠪᠡᠯᠡᠳᠭᠡᠨ ᠪᠠᠶ᠋ᠢᠭᠤᠯᠬᠤ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠦᠭᠡᠢ᠂ ᠬᠤᠭᠤᠴᠠᠭ᠋ᠠᠨ᠎ᠳᠤ ᠰᠤᠷᠤᠭᠴᠢ ᠡᠯᠰᠡᠵᠦ ᠪᠣᠯᠬᠤ ᠦᠭᠡᠢ᠃
ᠭᠤᠷᠪᠠᠳᠤᠭ᠋ᠠᠷ ᠪᠦᠯᠦᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ
ᠠᠷᠪᠠᠨ ᠵᠢᠷᠭᠤᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠡᠯ᠎ᠡ ᠰᠤᠷᠭ᠋ᠠᠭᠤᠯᠢ ᠬᠡᠷᠡᠭ ᠮᠡᠳᠡᠭᠴᠢᠳ᠎ᠤᠨ ᠵᠥᠪᠯᠡᠯ᠂ ᠬᠢᠨᠠᠭᠴᠢ (ᠨᠡᠶ᠋ᠢᠭᠡᠮᠯᠢᠭ)᠂ ᠵᠠᠰᠠᠭ ᠵᠠᠬᠢᠷᠭ᠋ᠠᠨ᠎ᠤ ᠪᠠᠶ᠋ᠢᠭᠤᠯᠤᠮᠵᠢ ᠵᠢ ᠪᠠᠶ᠋ᠢᠭᠤᠯᠬᠤ ᠵᠢᠨ ᠬᠠᠮᠲᠤ᠂ ᠨᠠᠮ᠎ᠤᠨ ᠵᠣᠬᠢᠶᠠᠨ ᠪᠠᠶ᠋ᠢᠭᠤᠯᠤᠯᠲᠠ᠂ ᠪᠠᠭᠰᠢ ᠠᠵᠢᠯᠲᠠᠨ ᠠᠵᠢᠯᠴᠢᠨ (ᠲᠥᠯᠦᠭᠡᠯᠡᠭᠴᠢ)᠎ᠤ ᠶᠡᠬᠡ ᠬᠤᠷᠠᠯ ᠪᠠ ᠠᠵᠢᠯᠴᠢᠨ᠎ᠤ ᠡᠪᠯᠡᠯ᠎ᠢ ᠪᠠᠶ᠋ᠢᠭᠤᠯᠤᠨ᠎ᠠ᠃
ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢ ᠬᠡᠷᠡᠭ ᠮᠡᠳᠡᠭᠴᠢᠳ᠎ᠤᠨ ᠳᠠᠷᠤᠭ᠎ᠠ ᠪᠤᠶᠤ ᠰᠤᠷᠭ᠋ᠠᠭᠤᠯᠢ ᠵᠢᠨ ᠵᠠᠬᠢᠷᠤᠯ᠎ᠠᠴᠠ ᠡᠭᠦᠷᠭᠡᠯᠡᠨ᠎ᠡ᠃
ᠠᠷᠪᠠᠨ ᠳᠣᠯᠣᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠡᠷᠡᠭ ᠮᠡᠳᠡᠭᠴᠢᠳ᠎ᠤᠨ ᠵᠥᠪᠯᠡᠯ᠂ ᠵᠠᠰᠠᠭ ᠵᠠᠬᠢᠷᠭ᠋ᠠᠨ᠎ᠤ ᠪᠠᠶ᠋ᠢᠭᠤᠯᠤᠮᠵᠢ᠂ ᠰᠤᠷᠭ᠋ᠠᠭᠤᠯᠢ ᠵᠢᠨ ᠵᠠᠬᠢᠷᠤᠯ᠎ᠨᠢ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠳᠦᠷᠢᠮ ᠪᠣᠯᠤᠨ ᠰᠤᠷᠭ᠋ᠠᠭᠤᠯᠢ ᠵᠢᠨ ᠳᠦᠷᠢᠮ᠎ᠢ ᠦᠨᠳᠦᠰᠦᠯᠡᠨ ᠪᠠᠶ᠋ᠢᠭᠤᠯᠬᠤ ᠪᠠ ᠡᠷᠬᠡ ᠲᠤᠰᠢᠶᠠᠯ ᠵᠶ᠋ᠠᠨ ᠬᠡᠷᠡᠭᠵᠢᠭᠦᠯᠦᠨ᠎ᠡ᠃
ᠠᠷᠪᠠᠨ ᠨᠠᠢ᠍ᠮᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠭᠴᠢᠳ᠎ᠤᠨ ᠵᠥᠪᠯᠡᠯ᠎ᠳᠤ ᠰᠤᠷᠭ᠋ᠠᠨ ᠬᠥᠮᠦᠵᠢᠯ᠎ᠤᠨ ᠠᠵᠢᠯᠲᠠᠨ ᠠᠵᠢᠯᠴᠢᠨ᠎ᠤ ᠲᠥᠯᠦᠭᠡᠯᠡᠭᠴᠢ 1/3᠎ᠠᠴᠠ ᠪᠠᠭ᠎ᠠ ᠪᠠᠶ᠋ᠢᠵᠤ ᠪᠣᠯᠬᠤ ᠦᠭᠡᠢ᠂ ᠭᠣᠣᠯ᠎ᠨᠢ ᠳᠣᠣᠷᠠᠬᠢ ᠡᠷᠬᠡ ᠲᠤᠰᠢᠶᠠᠯ᠎ᠢ ᠭᠦᠢ᠍ᠴᠡᠳᠬᠡᠨ᠎ᠡ᠄
(ᠨᠢᠭᠡ) ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠢ ᠪᠠᠶ᠋ᠢᠴᠠᠭ᠋ᠠᠨ᠎ᠠ᠃
(ᠬᠣᠶᠠᠷ) ᠬᠡᠷᠡᠭ ᠮᠡᠳᠡᠭᠴᠢᠳ᠎ᠤᠨ ᠬᠤᠷᠠᠯ ᠪᠣᠯᠤᠨ ᠵᠠᠰᠠᠭ ᠵᠠᠬᠢᠷᠭ᠋ᠠᠨ᠎ᠤ ᠪᠠᠶ᠋ᠢᠭᠤᠯᠤᠮᠵᠢ ᠵᠢᠨ ᠪᠦᠷᠢᠯᠳᠦᠬᠦᠨ᠎ᠤ ᠲᠤᠰᠢᠶᠠᠯ ᠵᠶ᠋ᠠᠨ ᠭᠦᠢ᠍ᠴᠡᠳᠭᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠨ᠎ᠠ᠃
(ᠭᠤᠷᠪᠠ᠂ ᠪᠠᠭᠰᠢ ᠠᠵᠢᠯᠲᠠᠨ ᠠᠵᠢᠯᠴᠢᠨ (ᠲᠥᠯᠥᠭᠡᠯᠡᠭᠴᠢ)᠎ᠤ ᠶᠡᠬᠡ ᠬᠤᠷᠠᠯ᠎ᠤᠨ ᠮᠡᠳᠡᠭᠦᠯᠦᠯᠲᠡ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠃
(ᠳᠥᠷᠪᠡ) ᠤᠯᠤᠰ᠎ᠤᠨ ᠬᠠᠤᠯᠢ ᠴᠠᠭ᠋ᠠᠵᠠ ᠬᠠᠤᠯᠢ ᠳᠦᠷᠢᠮ ᠪᠠ ᠰᠤᠷᠭ᠋ᠠᠭᠤᠯᠢ ᠵᠢᠨ ᠳᠦᠷᠢᠮ᠎ᠳᠤ ᠲᠣᠭᠲᠠᠭ᠋ᠠᠭᠰᠠᠨ ᠪᠤᠰᠤᠳ ᠡᠷᠬᠡ ᠲᠤᠰᠢᠶᠠᠯ᠃
ᠠᠷᠪᠠ ᠶᠢᠰᠦᠳᠦᠭᠡᠷ ᠵᠦᠢ᠍ᠯ ᠶᠠᠯ᠎ᠠ ᠬᠢᠭᠰᠡᠨ ᠲᠡᠮᠳᠡᠭᠯᠡᠯ᠎ᠲᠠᠢ᠂ ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠎ᠠ ᠵᠢᠨ ᠴᠢᠳᠠᠪᠤᠷᠢ ᠦᠭᠡᠢ ᠪᠤᠶᠤ ᠦᠢ᠍ᠯᠡ ᠠᠵᠢᠯᠯᠠᠭ᠎ᠠ ᠵᠢᠨ ᠴᠢᠳᠠᠪᠤᠷᠢ᠎ᠪᠠᠨ ᠬᠢᠵᠠᠭ᠋ᠠᠷᠯᠠᠭᠳᠠᠭᠰᠠᠳ ᠰᠤᠷᠭ᠋ᠠᠭᠤᠯᠢ ᠵᠢᠨ ᠬᠡᠷᠡᠭ ᠬᠠᠮᠢᠶᠠᠷᠤᠭᠴᠢᠳ᠎ᠤᠨ ᠡᠪᠯᠡᠯ᠂ ᠬᠢᠨᠠᠯᠲᠠ ᠲᠠᠯᠪᠢᠭᠴᠢ᠂ ᠵᠠᠰᠠᠭ ᠵᠠᠬᠢᠷᠭ᠋ᠠᠨ᠎ᠤ ᠪᠠᠶ᠋ᠢᠭᠤᠯᠤᠮᠵᠢ᠎ᠳᠤ ᠲᠤᠰᠢᠶᠠᠯ ᠡᠭᠦᠷᠭᠡᠯᠡᠵᠦ ᠪᠣᠯᠬᠤ ᠦᠭᠡᠢ᠃ ᠨᠢᠭᠡ ᠪᠠᠢ᠌ᠭ᠋ᠠᠯᠢ ᠬᠥᠮᠦᠨ ᠠᠳᠠᠯᠢ ᠨᠢᠭᠡ ᠰᠤᠷᠭ᠋ᠠᠭᠤᠯᠢ ᠵᠢᠨ ᠬᠡᠷᠡᠭ ᠮᠡᠳᠡᠭᠴᠢᠳ᠎ᠤᠨ ᠵᠥᠪᠯᠡᠯ᠂ ᠬᠢᠨᠠᠯᠲᠠ ᠲᠠᠯᠪᠢᠭᠴᠢ ᠵᠢᠨ ᠺᠣᠮᠢᠰ᠎ᠲᠤ ᠲᠤᠰᠢᠶᠠᠯ ᠡᠭᠦᠷᠭᠡᠯᠡᠵᠦ ᠪᠣᠯᠬᠤ ᠦᠭᠡᠢ᠃
ᠬᠣᠷᠢᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠦᠨᠡᠨ ᠬᠦ᠌ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠥᠷᠥ ᠵᠢᠨ ᠭᠣᠣᠯᠯᠠᠭᠴᠢ ᠪᠠ ᠤᠯᠤᠰ ᠲᠥᠷᠥ ᠵᠢᠨ ᠬᠥᠲᠥᠯᠥᠨ ᠳᠠᠭ᠋ᠠᠭᠤᠯᠤᠭᠴᠢ ᠵᠢᠨ ᠦᠢ᠍ᠯᠡᠳᠦᠯ᠎ᠢ ᠴᠢᠩᠭ᠋ᠠᠷᠠᠭᠤᠯᠤᠨ᠂ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠴᠢᠭᠯᠡᠯ᠂ ᠪᠠᠭᠰᠢ ᠰᠤᠷᠤᠭᠴᠢᠳ᠎ᠤᠨ ᠴᠢᠬᠤᠯᠠ ᠶᠡᠬᠡ ᠠᠰᠢᠭ ᠲᠤᠰᠠ ᠳᠤ ᠬᠣᠯᠪᠣᠭᠳᠠᠬᠤ ᠴᠢᠬᠤᠯᠠ ᠰᠢᠢ᠍ᠳᠪᠦᠷᠢᠲᠦ ᠪᠣᠳᠣᠯᠭ᠎ᠠ ᠵᠢ ᠲᠣᠭᠲᠠᠭ᠋ᠠᠬᠤ᠎ᠳᠤ ᠵᠢᠯᠣᠭᠣᠳᠬᠤ᠂ ᠪᠠᠲᠤᠯᠠᠬᠤ ᠪᠠ ᠬᠢᠨᠠᠯᠲᠠ ᠲᠠᠯᠪᠢᠬᠤ ᠦᠢ᠍ᠯᠡᠳᠦᠯ ᠵᠶ᠋ᠠᠨ ᠪᠠᠳᠠᠷᠠᠭᠤᠯᠤᠨ᠎ᠠ᠃ 《ᠬᠣᠣᠰ ᠴᠢᠭᠯᠡᠯ ᠵᠶ᠋ᠠᠷ ᠣᠷᠣᠭᠤᠯᠬᠤ᠂ ᠰᠣᠯᠪᠢᠴᠠᠨ ᠲᠤᠰᠢᠶᠠᠯ ᠡᠭᠦᠷᠭᠡᠯᠡᠬᠦ》 ᠵᠢ ᠠᠬᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠬᠠᠤᠯᠢ᠎ᠪᠠᠷ ᠲᠣᠭᠲᠠᠭ᠋ᠠᠭᠰᠠᠨ ᠵᠢᠷᠤᠮ ᠵᠶ᠋ᠠᠷ ᠰᠤᠷᠭ᠋ᠠᠭᠤᠯᠢ ᠵᠢᠨ ᠬᠡᠷᠡᠭ ᠮᠡᠳᠡᠭᠴᠢᠳ᠎ᠤᠨ ᠵᠥᠪᠯᠡᠯ ᠪᠠ ᠵᠠᠰᠠᠭ ᠵᠠᠬᠢᠷᠭ᠋ᠠᠨ᠎ᠤ ᠪᠠᠶ᠋ᠢᠭᠤᠯᠤᠮᠵᠢ᠎ᠳᠤ ᠣᠷᠣᠵᠤ᠂ ᠨᠠᠮ᠎ᠤᠨ ᠭᠡᠰᠢᠭᠦᠨ ᠰᠤᠷᠭ᠋ᠠᠭᠤᠯᠢ ᠵᠢᠨ ᠵᠠᠬᠢᠷᠤᠯ᠂ ᠳᠡᠳ᠋ ᠵᠠᠬᠢᠷᠤᠯ ᠵᠡᠷᠭᠡ ᠵᠠᠰᠠᠭ ᠵᠠᠬᠢᠷᠭ᠋ᠠᠨ᠎ᠤ ᠪᠠᠶ᠋ᠢᠭᠤᠯᠤᠮᠵᠢ ᠵᠢᠨ ᠬᠡᠰᠢᠭᠦᠨ ᠨᠠᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠲᠤ ᠣᠷᠣᠵᠤ ᠪᠣᠯᠤᠨ᠎ᠠ᠃ ᠬᠢᠨᠠᠯᠲᠠ ᠲᠠᠯᠪᠢᠭᠴᠢᠳ᠎ᠤᠨ ᠬᠤᠷᠠᠯ᠎ᠳᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠬᠡᠰᠢᠭᠦᠨ ᠪᠠᠶ᠋ᠢᠬᠤ ᠬᠡᠷᠡᠭᠲᠡᠢ᠃ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠪᠠᠭᠰᠢ ᠠᠵᠢᠯᠲᠠᠨ ᠠᠵᠢᠯᠴᠢᠨ (ᠲᠥᠯᠥᠭᠡᠯᠡᠭᠴᠢ) ᠤ ᠶᠡᠬᠡ ᠬᠤᠷᠠᠯ ᠪᠣᠯᠤᠨ ᠠᠵᠢᠯᠴᠢᠨ᠎ᠤ ᠡᠪᠯᠡᠯ᠎ᠤᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠤᠨ᠎ᠠ᠃
ᠳᠥᠷᠪᠡᠳᠦᠭᠡᠷ ᠪᠦᠯᠦᠭ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ
ᠬᠣᠷᠢᠨ ᠨᠢᠭᠡᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠴᠢᠳᠠᠪᠤᠷᠢᠲᠠᠨ ᠬᠥᠮᠦᠵᠢᠭᠦᠯᠬᠦ᠎ᠪᠠᠷ ᠭᠣᠣᠯ ᠪᠣᠯᠭ᠋ᠠᠵᠤ᠂ ᠰᠤᠷᠭ᠋ᠠᠨ ᠬᠥᠮᠦᠵᠢᠯ᠎ᠤᠨ ᠵᠢᠮ᠎ᠡ ᠶᠣᠰᠣ ᠵᠢ ᠵᠢᠷᠤᠮᠯᠠᠨ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ ᠬᠦᠷᠲᠡᠭᠰᠡᠳ᠎ᠤᠨ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ᠂ ᠰᠢᠨ᠎ᠡ ᠵᠢ ᠡᠭᠦᠳᠬᠦ ᠵᠣᠷᠢᠭ ᠰᠠᠨᠠᠭ᠎ᠠ᠂ ᠦᠢ᠍ᠯᠡᠳᠦᠯᠭᠡ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃
ᠬᠣᠷᠢᠨ ᠬᠣᠶᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠪᠠ ᠶᠣᠰᠣ ᠮᠣᠷᠠᠯ᠎ᠤᠨ ᠬᠥᠮᠦᠵᠢᠯ᠎ᠤᠨ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠵᠢᠨ ᠣᠨᠣᠯ᠎ᠤᠨ ᠬᠢᠴᠢᠶᠡᠯ ᠪᠣᠯᠤᠨ ᠦᠵᠡᠯ ᠰᠠᠨᠠᠭ᠎ᠠ ᠶᠣᠰᠤ ᠮᠣᠷᠠᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠤᠨ ᠣᠨᠣᠯ᠎ᠤᠨ ᠰᠢᠰᠲ᠋ᠧᠮ᠎ᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭ᠋ᠠᠢ᠎ᠳᠤᠨᠢ ᠬᠠᠳᠠᠩᠰᠢᠭᠤᠯᠬᠤ ᠵᠢ ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ᠂ ᠡᠬᠡ ᠣᠷᠣᠨᠴᠢ ᠦᠵᠡᠯ᠂ ᠨᠡᠶ᠋ᠢᠲᠡᠴᠢ ᠦᠵᠡᠯ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠥᠮᠦᠵᠢᠯ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯᠲᠤ ᠰᠣᠶᠣᠯ᠂ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠂ ᠪᠠᠭᠰᠢ ᠰᠤᠷᠤᠭᠴᠢ ᠠᠵᠢᠯᠲᠠᠨ ᠠᠵᠢᠯᠴᠢᠨ ᠢ ᠬᠥᠲᠥᠯᠥᠨ ᠵᠢᠯᠣᠭᠣᠳᠴᠤ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠢ ᠵᠢᠨ ᠦᠵᠡᠯᠲᠡ᠂ ᠥᠷᠲᠡᠭ᠎ᠤᠨ ᠦᠵᠡᠯᠲᠡ᠎ᠲᠠᠢ ᠪᠣᠯᠭ᠋ᠠᠨ᠎ᠠ᠃
ᠬᠣᠷᠢᠨ ᠭᠤᠷᠪᠠᠳᠤᠭ᠋ᠠᠷ ᠵᠦᠢ᠍ᠯ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠦᠭᠰᠡᠨ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠤᠯᠤᠰ᠎ᠤᠨ ᠲᠣᠭᠲᠠᠭ᠋ᠠᠯ ᠶᠣᠰᠣᠭ᠋ᠠᠷ ᠲᠤᠰᠬᠠᠢ ᠮᠡᠷᠭᠡᠵᠢᠯ ᠪᠠᠶ᠋ᠢᠷᠢᠯᠠᠭᠤᠯᠬᠤ᠂ ᠬᠢᠴᠢᠶᠡᠯ ᠨᠡᠭᠡᠭᠡᠬᠦ᠂ ᠵᠢᠭ᠋ᠠᠬᠤ ᠮᠠᠲ᠋ᠧᠷᠢᠶᠠᠯ᠎ᠢ ᠰᠣᠩᠭᠣᠨ ᠬᠡᠷᠡᠭᠯᠡᠨ᠎ᠡ᠃ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠨᠢ ᠤᠯᠤᠰ ᠪᠣᠯᠤᠨ ᠮᠠᠨ᠎ᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠠᠰᠠᠷᠠᠨ ᠬᠥᠮᠦᠵᠢᠭᠦᠯᠬᠦ ᠪᠠ ᠰᠤᠷᠭ᠋ᠠᠨ ᠬᠥᠮᠦᠵᠢᠭᠦᠯᠬᠦ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠦᠨ᠎ᠡ᠃
ᠬᠣᠷᠢᠨ ᠳᠥᠷᠪᠡᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠰᠤᠷᠤᠭᠴᠢ᠂ ᠬᠢᠯᠢ ᠵᠢᠨ ᠭᠠᠳᠠᠨᠠᠬᠢ ᠰᠤᠷᠤᠭᠴᠢ ᠵᠢ ᠡᠯᠰᠡᠬᠦ᠎ᠳᠤ᠎ᠪᠠᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠨ ᠰᠠᠬᠢᠵᠤ᠂ ᠰᠤᠷᠤᠭᠴᠢ ᠡᠯᠰᠡᠬᠦ ᠲᠣᠪᠴᠢ ᠳᠦᠷᠢᠮ ᠪᠠ ᠵᠠᠷ ᠮᠡᠳᠡᠭᠡ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠮᠡᠳᠡᠭᠦᠯᠦᠨ ᠳᠠᠩᠰᠠᠯᠠᠭᠤᠯᠤᠨ᠎ᠠ᠃ ᠡᠭᠦᠨ᠎ᠳᠤ᠂ ᠰᠤᠷᠤᠯᠭ᠎ᠠ ᠵᠢᠨ ᠨᠠᠮᠲᠠᠷ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠲᠣᠪᠴᠢ ᠳᠦᠷᠢᠮ ᠪᠣᠯᠤᠨ ᠵᠠᠷ ᠮᠡᠳᠡᠭᠡ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠤᠷᠢᠭᠰᠠᠨ ᠪᠠᠭᠰᠢ ᠤᠯᠤᠰ᠎ᠤᠨ ᠲᠣᠭᠲᠠᠭ᠋ᠠᠭᠰᠠᠨ ᠪᠠᠭᠰᠢ ᠵᠢᠨ ᠬᠢᠷᠢ ᠭᠡᠮ ᠪᠤᠶᠤ ᠵᠣᠬᠢᠬᠤ ᠲᠤᠰᠬᠠᠢ ᠮᠡᠷᠭᠡᠵᠢᠯ᠎ᠤᠨ ᠬᠢᠷᠢ ᠬᠡᠮ᠂ ᠬᠢᠷᠢ ᠴᠢᠳᠠᠮᠵᠢ ᠵᠢ ᠪᠦᠷᠢᠯᠳᠦᠭᠦᠯᠬᠦ ᠬᠡᠷᠡᠭᠲᠡᠢ᠂ ᠡᠯ᠎ᠡ ᠰᠤᠷᠭ᠋ᠠᠭᠤᠯᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭᠰᠢ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠭᠡᠷ᠎ᠡ ᠵᠢᠨ ᠬᠠᠤᠯᠢ》 ᠵᠡᠷᠭᠡ ᠤᠯᠤᠰ᠎ᠤᠨ ᠬᠠᠤᠯᠢ ᠴᠠᠭ᠋ᠠᠵᠠ ᠬᠠᠤᠯᠢ ᠳᠦᠷᠢᠮ ᠪᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠭᠰᠢ ᠠᠵᠢᠯᠲᠠᠳ᠎ᠲᠠᠢ ᠬᠥᠳᠡᠯᠮᠦᠷᠢ ᠵᠢᠨ ᠭᠡᠷ᠎ᠡ ᠲᠣᠭᠲᠠᠭ᠋ᠠᠬᠤ ᠬᠡᠷᠡᠭᠲᠡᠢ᠃ ᠡᠯ᠎ᠡ ᠰᠤᠷᠭ᠋ᠠᠭᠤᠯᠢ ᠪᠠᠭᠰᠢ ᠵᠢᠨ ᠮᠣᠷᠠᠯ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠪᠠᠭᠰᠢ ᠠᠵᠢᠯᠲᠠᠨ ᠠᠵᠢᠯᠴᠢᠨ᠎ᠤ ᠴᠠᠯᠢᠩ᠂ ᠠᠰᠠᠷᠠᠮᠵᠢ ᠵᠢᠨ ᠣᠯᠭᠣᠮᠵᠢ ᠪᠣᠯᠤᠨ ᠪᠤᠰᠤᠳ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ᠃ ᠰᠤᠷᠭ᠋ᠠᠭᠤᠯᠢ᠎ᠨᠢ ᠭᠠᠳᠠᠭ᠋ᠠᠳᠤ ᠵᠢᠨ ᠪᠠᠭᠰᠢ ᠵᠢ ᠤᠷᠢᠬᠤ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
ᠲᠠᠪᠤᠳᠤᠭ᠋ᠠᠷ ᠪᠦᠯᠦᠭ ᠡᠳ᠋᠎ᠤᠨ ᠶᠠᠪᠤᠳᠠᠯ ᠡᠳ᠋ ᠬᠥᠷᠥᠩᠭᠡ
ᠬᠣᠷᠢᠨ ᠵᠢᠷᠭᠤᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》 ᠵᠢᠴᠢ ᠬᠣᠯᠪᠣᠭᠳᠠᠯ ᠪᠦᠬᠦᠢ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠬᠤ ᠳᠦᠷᠢᠮ᠎ᠢ ᠬᠡᠷᠡᠭᠵᠢᠭᠦᠯᠦᠨ᠎ᠡ᠃ ᠡᠯ᠎ᠡ ᠰᠤᠷᠭ᠋ᠠᠭᠤᠯᠢ ᠪᠡᠶ᠎ᠡ᠎ᠪᠠᠨ ᠳᠠᠭ᠋ᠠᠭ᠋ᠠᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠵᠤ᠂ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠲᠣᠭ᠋ᠠᠴᠠᠭ᠎ᠠ ᠬᠢᠬᠦ ᠵᠢ ᠨᠢᠭᠡᠳᠦᠯᠲᠡᠢ ᠪᠠᠢ᠌ᠯᠭ᠋ᠠᠵᠤ᠂ ᠳᠠᠩᠰᠠᠨ᠎ᠠᠴᠠ ᠭᠠᠳᠠᠭᠤᠷ ᠲᠣᠭ᠋ᠠᠴᠠᠭ᠎ᠠ ᠬᠢᠵᠦ ᠪᠣᠯᠬᠤ ᠦᠭᠡᠢ᠃
ᠬᠣᠷᠢᠨ ᠳᠣᠯᠣᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠡᠳ᠋᠎ᠤᠨ ᠶᠠᠪᠤᠳᠠᠯ᠎ᠤᠨ ᠳᠣᠲᠣᠭ᠋ᠠᠳᠤ ᠵᠢᠨ ᠡᠵᠡᠮᠳᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠣᠳᠠᠲᠠᠢ ᠡᠭᠦᠰᠦᠭᠰᠡᠨ ᠲᠣᠭ᠎ᠠ᠎ᠪᠠᠷ ᠵᠠᠷᠤᠳᠠᠯ᠎ᠢ ᠵᠢᠭᠰᠠᠭ᠋ᠠᠨ ᠭᠠᠷᠭ᠋ᠠᠵᠤ᠂ ᠬᠤᠳᠠᠯ ᠬᠠᠭᠤᠷᠮᠠᠭ ᠵᠶ᠋ᠠᠷ ᠵᠢᠭᠰᠠᠭ᠋ᠠᠨ ᠮᠡᠳᠡᠭᠦᠯᠵᠦ ᠪᠣᠯᠬᠤ ᠦᠭᠡᠢ᠂ ᠲᠥᠯᠥᠪᠯᠡᠭᠡ ᠵᠢᠨ ᠲᠣᠭ᠎ᠠ ᠪᠤᠶᠤ ᠲᠥᠰᠦᠪ᠎ᠤᠨ ᠲᠣᠭ᠎ᠠ᠎ᠪᠠᠷ ᠪᠣᠳᠠᠲᠠᠢ ᠵᠠᠷᠤᠯᠭ᠎ᠠ ᠵᠢᠨ ᠲᠣᠭ᠎ᠠ ᠵᠢ ᠣᠷᠣᠯᠠᠭᠤᠯᠵᠤ ᠪᠣᠯᠬᠤ ᠦᠭᠡᠢ᠃
ᠬᠣᠷᠢᠨ ᠨᠠᠢ᠍ᠮᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠰᠤᠷᠤᠯᠭ᠎ᠠ ᠵᠢᠨ ᠬᠤᠭᠤᠴᠠᠭ᠎ᠠ ᠪᠤᠶᠤ ᠰᠤᠷᠤᠯᠭ᠎ᠠ ᠵᠢᠨ ᠵᠢᠯ ᠵᠶ᠋ᠠᠷ ᠰᠦᠢ᠍ᠳᠬᠡᠯ ᠬᠤᠷᠢᠶᠠᠵᠤ᠂ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠣᠯᠤᠨ ᠪᠠᠷᠢᠮᠵᠢᠶ᠎ᠠ ᠵᠢ ᠨᠡᠶ᠋ᠢᠭᠡᠮ᠎ᠳᠤ 30 ᠡᠳᠦᠷ ᠢᠯᠡ ᠨᠡᠢ᠌ᠲᠡᠯᠡᠭᠰᠡᠨ᠎ᠤ ᠳᠠᠷᠠᠭ᠎ᠠ ᠬᠡᠷᠡᠭᠵᠢᠭᠦᠯᠦᠨ᠎ᠡ᠃ ᠢᠯᠡ ᠨᠡᠶ᠋ᠢᠲᠡᠯᠡᠭᠰᠡᠨ ᠲᠥᠷᠥᠯ ᠵᠦᠢ᠍ᠯ ᠪᠣᠯᠤᠨ ᠪᠠᠷᠢᠮᠵᠢᠶ᠎ᠠ᠎ᠠᠴᠠ ᠭᠠᠳᠠᠭᠤᠷ ᠪᠤᠰᠤᠳ ᠰᠦᠢ᠍ᠳᠬᠡᠯ ᠬᠤᠷᠢᠶᠠᠵᠤ ᠪᠣᠯᠬᠤ ᠦᠭᠡᠢ᠂ ᠶᠠᠮᠠᠷᠪᠠ ᠨᠡᠷ᠎ᠡ᠎ᠪᠠᠷ ᠰᠤᠷᠤᠭᠴᠢᠳ᠎ᠲᠤ ᠰᠦᠢ᠍ᠳᠬᠡᠯ ᠲᠡᠰᠬᠡᠨ ᠨᠣᠭᠳᠠᠭᠤᠯᠬᠤ ᠪᠤᠶᠤ ᠠᠯᠪᠠᠳᠠᠵᠤ ᠪᠠᠶ᠋ᠢᠭ᠋ᠠᠳ ᠪᠡᠯᠡ ᠴᠤᠭᠯᠠᠭᠤᠯᠵᠤ ᠪᠣᠯᠬᠤ ᠦᠭᠡᠢ᠃
ᠬᠣᠷᠢ ᠶᠢᠰᠦᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠣᠷᠣᠯᠭ᠎ᠠ ᠵᠢ ᠪᠦᠬᠦᠨ᠎ᠢ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠲᠤᠰᠬᠠᠢ ᠳᠠᠩᠰᠠᠨ᠎ᠳᠤ ᠣᠷᠣᠭᠤᠯᠵᠤ᠂ ᠡᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠬᠠᠤᠯᠢ ᠶᠣᠰᠣᠨ᠎ᠤ ᠫᠢᠶᠣᠣ ᠪᠠᠷᠢᠮᠲᠠ ᠭᠠᠷᠭ᠋ᠠᠵᠤ᠂ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠨᠢᠭᠡᠳᠦᠯᠲᠡᠢ ᠲᠣᠭ᠋ᠠᠴᠠᠭ᠎ᠠ ᠬᠢᠵᠦ᠂ ᠨᠢᠭᠡᠳᠦᠯᠲᠡᠢ ᠬᠠᠮᠢᠶᠠᠷᠴᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠂ ᠰᠤᠷᠤᠭᠴᠢ ᠵᠢᠨ ᠲᠤᠰᠠᠯᠠᠮᠵᠢ᠂ ᠪᠠᠭᠰᠢ ᠠᠵᠢᠯᠲᠠᠨ᠎ᠤ ᠣᠯᠭᠣᠮᠵᠢ ᠵᠢᠴᠢ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠪᠠ ᠬᠥᠭᠵᠢᠯᠲᠡ ᠵᠢ ᠪᠠᠲᠤᠯᠠᠨ᠎ᠠ᠃ ᠡᠯ᠎ᠡ ᠰᠤᠷᠭ᠋ᠠᠭᠤᠯᠢ ᠨᠠᠮ᠎ᠤᠨ ᠪᠠᠶ᠋ᠢᠭᠤᠯᠤᠯᠲᠠ ᠵᠢᠨ ᠠᠵᠢᠯ᠂ ᠦᠵᠡᠯ ᠰᠠᠨᠠᠭ᠎ᠠ ᠤᠯᠤᠰ ᠲᠥᠷᠥ ᠵᠢᠨ ᠠᠵᠢᠯ ᠪᠣᠯᠤᠨ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠵᠠᠷᠤᠳᠠᠯ᠎ᠢ ᠰᠤᠷᠭ᠋ᠠᠭᠤᠯᠢ ᠵᠢᠨ ᠵᠠᠷᠤᠳᠠᠯ᠎ᠤᠨ ᠲᠥᠰᠦᠪ᠎ᠲᠤ ᠣᠷᠣᠭᠤᠯᠤᠨ᠎ᠠ᠃
ᠭᠤᠴᠢᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠳᠤ ᠬᠠᠤᠯᠢ ᠵᠢᠨ ᠡᠷᠬᠡᠲᠡᠨ᠎ᠤ ᠡᠳ᠋ ᠬᠥᠷᠥᠩᠭᠡ ᠵᠢᠨ ᠡᠷᠬᠡ᠎ᠲᠠᠢ ᠪᠠᠶ᠋ᠢᠵᠤ᠂ ᠣᠷᠣᠰᠢᠵᠤ ᠪᠠᠶ᠋ᠢᠭ᠎ᠠ ᠬᠤᠭᠤᠴᠠᠭ᠋ᠠᠨ᠎ᠳᠤ ᠰᠤᠷᠭ᠋ᠠᠭᠤᠯᠢ ᠵᠢᠨ ᠪᠤᠢ ᠪᠦᠬᠦᠢ ᠡᠳ᠋ ᠬᠥᠷᠥᠩᠭᠡ ᠵᠢ ᠰᠤᠷᠭ᠋ᠠᠭᠤᠯᠢ᠎ᠠᠴᠠ ᠬᠠᠤᠯᠢ ᠶᠣᠰᠣᠭ᠋ᠠᠷ ᠬᠠᠮᠢᠶᠠᠷᠬᠤ ᠪᠠ ᠬᠡᠷᠡᠭᠯᠡᠵᠦ᠂ ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠡᠵᠡᠯᠡᠨ ᠠᠪᠬᠤ᠂ ᠨᠡᠭᠦᠯᠭᠡᠨ ᠬᠡᠷᠡᠭᠯᠡᠬᠦ᠂ ᠲᠡᠳᠡᠨ ᠠᠪᠴᠤ ᠪᠣᠯᠬᠤ ᠦᠭᠡᠢ᠃ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠡᠷᠬᠢᠯᠡᠭᠰᠡᠳ ᠳᠠᠩᠰᠠᠯᠠᠭᠤᠯᠤᠭᠰᠠᠨ ᠬᠥᠷᠥᠩᠭᠡ᠎ᠪᠠᠨ ᠳᠠᠯᠳᠠᠭᠤᠷ ᠠᠪᠴᠤ ᠶᠠᠪᠤᠵᠤ ᠪᠣᠯᠬᠤ ᠦᠭᠡᠢ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠡᠯᠡᠳᠬᠡᠮᠵᠢ᠎ᠪᠠᠷ ᠵᠢᠭᠡᠯᠡᠯᠭᠡ ᠵᠢ ᠪᠠᠷᠢᠴᠠᠭ᠋ᠠᠯᠠᠨ᠂ ᠪᠠᠲᠤᠯᠠᠵᠤ ᠪᠣᠯᠬᠤ ᠦᠭᠡᠢ᠂ ᠰᠤᠷᠭ᠋ᠠᠭᠤᠯᠢ ᠡᠷᠬᠢᠯᠡᠭᠰᠡᠨ ᠦᠯᠡᠳᠡᠪᠦᠷᠢ ᠵᠢ ᠵᠢᠯ᠎ᠤᠨ ᠡᠳ᠋᠎ᠤᠨ ᠶᠠᠪᠤᠳᠠᠯ᠎ᠢ ᠳ᠋ᠦᠩᠨᠡᠨ ᠪᠣᠳᠣᠭᠰᠠᠨᠤ ᠳᠡᠷᠠᠭ᠎ᠠ ᠬᠤᠪᠢᠶᠠᠷᠢᠯᠠᠨ᠎ᠠ᠃
ᠵᠢᠷᠭᠤᠳᠤᠭ᠋ᠠᠷ ᠪᠦᠯᠦᠭ ᠮᠡᠳᠡᠭᠡ ᠵᠠᠩᠭᠢ ᠵᠢ ᠢᠯᠡ ᠪᠣᠯᠭ᠋ᠠᠬᠤ
ᠭᠤᠴᠢᠨ ᠨᠢᠭᠡᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠡᠯ᠎ᠡ ᠰᠤᠷᠭ᠋ᠠᠭᠤᠯᠢ ᠬᠠᠤᠯᠢ ᠴᠠᠭ᠋ᠠᠵᠠ ᠬᠠᠤᠯᠢ ᠳᠦᠷᠢᠮ᠎ᠢ ᠦᠨᠳᠦᠰᠦᠯᠡᠨ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ ᠵᠢᠴᠢ ᠮᠡᠳᠡᠭᠡ ᠵᠠᠩᠭᠢ ᠵᠢ ᠢᠯᠡ ᠪᠣᠯᠭ᠋ᠠᠬᠤ ᠨᠢᠭᠤᠴᠠ ᠵᠢ ᠬᠠᠮᠠᠭ᠋ᠠᠯᠠᠬᠤ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠢᠯᠡ ᠪᠣᠯᠭ᠋ᠠᠭᠰᠠᠨ ᠮᠡᠳᠡᠭᠡ ᠵᠠᠩᠭᠢ᠎ᠨᠢ ᠤᠯᠤᠰ᠎ᠤᠨ ᠠᠮᠤᠷ ᠲᠦᠪᠰᠢᠨ᠂ ᠣᠯᠠᠨ ᠨᠡᠶ᠋ᠢᠲᠡ ᠵᠢᠨ ᠠᠮᠤᠷ ᠲᠦᠪᠰᠢᠨ᠂ ᠠᠵᠤ ᠠᠬᠤᠢ ᠵᠢᠨ ᠠᠮᠤᠷ ᠲᠦᠪᠰᠢᠨ᠂ ᠨᠡᠶ᠋ᠢᠭᠡᠮ᠎ᠤᠨ ᠲᠣᠭᠲᠠᠭᠤᠨ ᠪᠠ ᠰᠤᠷᠭ᠋ᠠᠭᠤᠯᠢ ᠵᠢᠨ ᠠᠮᠤᠷ ᠲᠦᠪᠰᠢᠨ᠎ᠢ ᠬᠣᠬᠢᠷᠠᠭᠤᠯᠵᠤ ᠪᠣᠯᠬᠤ ᠦᠭᠡᠢ᠃
ᠭᠤᠴᠢᠨ ᠬᠣᠶᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠳᠡᠭᠡᠳᠦ ᠰᠤᠷᠭ᠋ᠠᠭᠤᠯᠢ ᠵᠢᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠠᠭᠤᠯᠭ᠎ᠠ᠎ᠳᠤ 《ᠳᠡᠭᠡᠳᠦ ᠰᠤᠷᠭ᠋ᠠᠭᠤᠯᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠷᠭ᠎ᠠ》 ᠵᠡᠷᠭᠡ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠵᠢᠭᠦᠯᠵᠦ᠂ ᠪᠤᠰᠤᠳ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠷᠭ᠎ᠠ ᠵᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠭᠤᠯᠢ ᠵᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠭᠤᠴᠢᠨ ᠭᠤᠷᠪᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠡᠯ᠎ᠡ ᠰᠤᠷᠭ᠋ᠠᠭᠤᠯᠢ 《ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠳᠦᠷ ᠬᠡᠷᠡᠭᠵᠢᠭᠦᠯᠬᠦ ᠳᠦᠷᠢᠮ》᠎ᠤᠨ ᠲᠣᠭᠲᠠᠭ᠋ᠠᠯ ᠶᠣᠰᠣᠭ᠋ᠠᠷ᠂ ᠤᠯᠤᠰ᠎ᠤᠨ ᠠᠵᠤ ᠠᠬᠤᠶ᠋ᠢᠯᠠᠯ᠎ᠤᠨ ᠦᠨᠡᠨᠴᠢ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠰᠢᠰᠲ᠋ᠧᠮ ᠵᠶ᠋ᠠᠷ ᠳᠠᠮᠵᠢᠭᠤᠯᠤᠨ᠂ ᠵᠢᠯ᠎ᠤᠨ ᠮᠡᠳᠡᠭᠦᠯᠦᠯᠲᠡ ᠵᠢᠨ ᠮᠡᠳᠡᠭᠡ ᠵᠠᠩᠭᠢ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠮᠡᠳᠡᠭᠡ ᠵᠠᠩᠭᠢ ᠵᠢᠴᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠮᠡᠳᠡᠭᠡ ᠵᠠᠩᠭᠢ ᠵᠡᠷᠭᠡ ᠦᠨᠡᠨᠴᠢ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠨ᠎ᠡ᠃
ᠭᠤᠴᠢᠨ ᠳᠥᠷᠪᠡᠳᠦᠭᠡᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠮᠡᠳᠡᠭᠡ ᠵᠠᠩᠭᠢ ᠵᠢ ᠰᠤᠷᠭ᠋ᠠᠭᠤᠯᠢ ᠵᠢᠨ ᠰᠦᠯᠵᠢᠶ᠎ᠡ᠂ ᠮᠡᠳᠡᠭᠡ ᠵᠠᠩᠭᠢ ᠵᠢᠨ ᠠᠯᠪᠠᠨ ᠨᠡᠢ᠌ᠲᠡᠯᠡᠯ᠎ᠤᠨ ᠪᠤᠯᠤᠩ᠂ ᠡᠯᠧᠺᠲᠷᠣᠨ ᠳᠡᠯᠭᠡᠴᠡ ᠵᠡᠷᠭᠡ ᠲᠠᠯᠠᠪᠤᠷ ᠪᠠ ᠪᠡᠯᠡᠳᠬᠡᠮᠵᠢ᠎ᠪᠠᠷ ᠳᠠᠮᠵᠢᠭᠤᠯᠤᠨ ᠢᠯᠡ ᠪᠣᠯᠭ᠋ᠠᠬᠤ ᠵᠢᠨ ᠬᠠᠮᠲᠤ ᠬᠡᠷᠡᠭᠴᠡᠭᠡ᠎ᠪᠠᠨ ᠦᠨᠳᠦᠰᠦᠯᠡᠨ ᠣᠯᠠᠨ ᠨᠡᠶ᠋ᠢᠲᠡ ᠵᠢᠨ ᠤᠩᠰᠢᠯᠭ᠎ᠠ ᠵᠢᠨ ᠲᠠᠰᠤᠭ᠂ ᠮᠠᠲ᠋ᠧᠷᠢᠶᠠᠯ ᠡᠷᠢᠬᠦ ᠴᠡᠭ ᠭᠠᠷᠭ᠋ᠠᠵᠤ ᠴᠤᠭᠯᠠᠭᠤᠯᠬᠤ ᠪᠠ ᠪᠠᠶ᠋ᠢᠴᠠᠭ᠋ᠠᠨ ᠦᠵᠡᠬᠦ᠎ᠳᠤ ᠳᠥᠭᠥᠮ ᠪᠠᠶ᠋ᠢᠯᠭ᠋ᠠᠵᠤ ᠪᠣᠯᠤᠨ᠎ᠠ᠃ ᠰᠤᠷᠭ᠋ᠠᠭᠤᠯᠢ ᠵᠢᠨ ᠨᠢᠭᠡᠨᠲᠡ ᠢᠯᠡ ᠪᠣᠯᠭ᠋ᠠᠭᠰᠠᠨ ᠮᠡᠳᠡᠭᠡ ᠵᠠᠩᠭᠢ᠎ᠠᠴᠠ ᠭᠠᠳᠠᠨ᠎ᠠ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠪᠢᠴᠢᠭ᠎ᠤᠨ ᠬᠡᠯᠪᠡᠷᠢ᠎ᠪᠠᠷ ᠰᠤᠷᠭ᠋ᠠᠭᠤᠯᠢ᠎ᠠᠴᠠ ᠪᠤᠰᠤᠳ ᠮᠡᠳᠡᠭᠡ ᠵᠠᠩᠭᠢ ᠵᠢ ᠠᠪᠬᠤ᠎ᠪᠠᠷ ᠭᠤᠶᠤᠴᠢᠯᠠᠵᠤ ᠪᠣᠯᠤᠨ᠎ᠠ᠃
ᠳᠣᠯᠣᠳᠤᠭ᠋ᠠᠷ ᠪᠦᠯᠦᠭ ᠬᠤᠪᠢᠷᠠᠭᠤᠯᠬᠤ ᠪᠠ ᠵᠣᠭᠰᠤᠭ᠋ᠠᠬᠤ
ᠭᠤᠴᠢᠨ ᠲᠠᠪᠤᠳᠣᠭ᠋ᠠᠷ ᠵᠦᠢ᠍ᠯ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠰᠣᠷᠭ᠋ᠠᠭᠤᠯᠢ ᠵᠢ ᠰᠠᠯᠭ᠋ᠠᠬᠤ᠂ ᠨᠡᠶ᠋ᠢᠯᠡᠬᠦᠯᠬᠦ᠂ ᠵᠣᠠᠠᠰᠣᠭ᠋ᠠᠬᠤ ᠵᠢᠴᠢ ᠪᠤᠰᠣᠳ ᠴᠢᠬᠤᠯᠡ ᠵᠦᠢ᠍ᠯ᠎ᠢ ᠬᠤᠪᠢᠷᠡᠭᠤᠯᠬᠤ᠎ᠳᠤ ᠰᠣᠷᠭ᠋ᠠᠭᠤᠯᠢ ᠵᠢᠨ ᠭᠡᠷᠩ ᠮᠡᠳᠡᠭᠴᠢᠳ᠎ᠤᠨ ᠵᠦᠪᠯᠡᠯ᠎ᠠᠴᠠ ᠵᠦᠪᠰᠢᠶᠡᠷᠡᠭᠰᠡᠨ᠎ᠤ ᠳᠡᠷᠠᠭ᠎ᠠ ᠬᠢᠨᠡᠨ ᠵᠦᠪᠰᠢᠶᠡᠷᠡᠬᠦ ᠪᠠᠶ᠋ᠢᠭᠤᠯᠭ᠎ᠠ᠎ᠳᠤ ᠮᠡᠳᠡᠬᠦᠯᠥᠨ ᠬᠢᠨᠡᠨ ᠵᠦᠪᠰᠢᠶᠡᠷᠡᠬᠦᠯᠬᠦ ᠵᠢᠨ ᠬᠠᠮᠳᠣ ᠬᠠᠦᠯᠢ ᠶᠣᠰᠣᠭ᠋ᠠᠷ ᠳᠡᠩᠰᠡᠯᠡᠭᠤᠯᠬᠤ ᠪᠠᠶ᠋ᠢᠭᠤᠯᠭ᠎ᠠ᠎ᠳᠤ ᠣᠴᠢᠵᠦ ᠬᠤᠪᠢᠷᠡᠭᠤᠯᠬᠤ᠂ ᠳᠠᠩᠰᠠᠨ᠎ᠠᠴᠠ ᠬᠠᠰᠤᠬᠤ ᠭᠠᠷᠳᠡᠮᠢ ᠬᠦᠢ᠍ᠴᠡᠳᠭᠡᠨᠠ᠃ ᠡᠬᠦᠨ᠎ᠳᠤ᠂ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠵᠢᠩᠬᠢᠨᠢ ᠠᠩᠭᠢᠲᠤ ᠳᠡᠭᠡᠳᠦ ᠰᠣᠷᠭ᠋ᠠᠭᠤᠯᠢ ᠵᠢ ᠰᠠᠯᠭ᠋ᠠᠵᠦ᠂ ᠨᠡᠶ᠋ᠢᠯᠡᠬᠦᠯᠵᠦ᠂ ᠵᠣᠠᠠᠰᠣᠭ᠋ᠠᠬᠤ ᠪᠠ ᠨᠡᠷᠡᠢ᠌ᠳᠦᠯ᠎ᠢ ᠬᠤᠪᠢᠷᠠᠭᠤᠯᠬᠤ ᠵᠢ ᠰᠣᠷᠭ᠋ᠠᠨ ᠬᠦᠮᠦᠵᠢᠯ᠎ᠤᠨ ᠶᠠᠮᠣᠨ᠎ᠠᠴᠠ ᠬᠢᠨᠡᠨ ᠵᠦᠪᠰᠢᠶᠡᠷᠡᠨ᠎ᠠ᠂ ᠪᠤᠰᠣᠳ ᠵᠦᠢ᠍ᠯ᠎ᠢ ᠬᠤᠪᠢᠷᠡᠭᠤᠯᠬᠤ ᠵᠢ ᠦᠪᠡᠷᠳᠡᠭᠡᠨ ᠵᠠᠰᠬᠠᠥ ᠣᠷᠣᠨ᠎ᠤ ᠠᠷᠡᠳ᠎ᠤᠨ ᠵᠠᠰᠠᠭ᠎ᠤᠨ ᠣᠷᠳᠣᠨ᠎ᠠᠴᠠ ᠬᠢᠨᠡᠨ ᠵᠦᠪᠰᠢᠶᠡᠷᠡᠨ᠎ᠠ᠃
ᠭᠤᠴᠢᠨ ᠵᠢᠷᠭᠤᠳᠣᠭ᠋ᠠᠷ ᠵᠦᠢ᠍ᠯ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠰᠣᠷᠭ᠋ᠠᠭᠤᠯᠢ ᠵᠢ ᠰᠠᠯᠭ᠋ᠠᠬᠤ ᠪᠠ ᠨᠡᠶ᠋ᠢᠯᠡᠬᠦᠯᠬᠦ᠂ ᠵᠣᠠᠠᠰᠣᠭ᠋ᠠᠬᠤ ᠵᠢᠴᠢ ᠪᠤᠰᠣᠳ ᠴᠢᠬᠤᠯᠡ ᠵᠦᠢ᠍ᠯ᠎ᠢ ᠬᠤᠪᠢᠷᠠᠭᠤᠯᠬᠤ᠎ᠳᠤ ᠭᠡᠷᠡᠭᠵᠢᠬᠦᠯᠬᠦ ᠳᠥᠰᠥᠯ ᠪᠠ ᠪᠠᠴᠢᠮ ᠪᠠᠶ᠋ᠢᠳᠡᠯ᠎ᠢ ᠠᠷᠭ᠋ᠠᠴᠠᠬᠤ ᠠᠵᠢᠯ᠎ᠤᠨ ᠪᠡᠯᠡᠳᠭᠡᠯ ᠳᠥᠰᠥᠯ ᠲᠣᠠᠠᠳᠠᠭ᠋ᠠᠬᠤ ᠵᠢᠨ ᠬᠠᠮᠳᠣ ᠰᠣᠷᠭ᠋ᠠᠭᠤᠯᠢ ᠵᠢ ᠭᠣᠣᠯᠯᠠᠨ ᠬᠠᠮᠢᠶᠡᠷᠬᠤ ᠰᠠᠯᠠᠭ᠎ᠠ ᠮᠦᠴᠢᠷ᠎ᠲᠤ ᠮᠡᠳᠡᠬᠦᠯᠥᠨ ᠳᠡᠩᠰᠡᠯᠡᠭᠤᠯᠵᠦ᠂ ᠰᠣᠷᠭ᠋ᠠᠭᠤᠯᠢ ᠵᠢᠨ ᠰᠣᠷᠭ᠋ᠠᠨ ᠬᠦᠮᠦᠵᠢᠯ ᠵᠢᠭ᠋ᠠᠨ ᠰᠣᠷᠭ᠋ᠠᠯᠳᠡ ᠵᠢᠨ ᠡᠮᠬᠢ ᠵᠢᠷᠦᠮ ᠪᠠ ᠪᠠᠭᠰᠢ ᠰᠣᠷᠣᠠᠠᠴᠢ ᠵᠢᠨ ᠡᠷᠬᠡ ᠠᠰᠢᠭ᠎ᠢ ᠨᠦᠯᠥᠭᠡᠯᠡᠬᠦ ᠦᠭᠡᠢ ᠪᠠᠶ᠋ᠢᠬᠤ ᠵᠢ ᠪᠠᠳᠣᠯᠠᠨ᠎ᠠ᠃
ᠭᠤᠴᠢᠨ ᠲᠣᠯᠥᠳᠣᠭ᠋ᠠᠷ ᠵᠦᠢ᠍ᠯ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠰᠣᠷᠭ᠋ᠠᠭᠤᠯᠢ᠎ᠳᠤ ᠲᠣᠣᠷᠡᠬᠢ ᠪᠠᠶ᠋ᠢᠳᠡᠯ᠎ᠤᠨ ᠨᠢᠭᠡ᠎ᠨᠢ ᠪᠠᠶ᠋ᠢᠪᠠᠯ᠂ ᠵᠣᠠᠠᠰᠣᠭ᠋ᠠᠬᠤ ᠭᠡᠷᠡᠭᠳᠡᠢ᠄
(ᠨᠢᠭᠡ) ᠰᠤᠷᠭ᠋ᠠᠭᠤᠯᠢ ᠵᠢᠨ ᠳᠦᠷᠢᠮ᠎ᠤᠨ ᠱᠠᠭ᠋ᠠᠷᠳᠠᠯᠭ᠎ᠠ ᠵᠢ ᠦᠨᠳᠦᠰᠦᠯᠡᠨ ᠵᠣᠭᠰᠣᠭ᠋ᠠᠬᠤ ᠵᠢᠴᠢ ᠬᠢᠨᠠᠨ ᠵᠦᠪᠰᠢᠶᠡᠷᠡᠬᠦ ᠪᠠᠢ᠌ᠭᠤᠯᠭ᠎ᠠ᠎ᠪᠠᠷ ᠳᠠᠮᠵᠢᠨ ᠵᠥᠪᠰᠢᠶᠡᠷᠡᠭᠦᠯᠦᠭᠰᠡᠨ᠃
(ᠬᠤᠶᠠᠷ) ᠰᠤᠷᠭ᠋ᠠᠭᠤᠯᠢ ᠡᠷᠬᠢᠯᠡᠬᠦ ᠵᠥᠪᠰᠢᠶᠡᠷᠡᠯ᠎ᠤᠨ ᠪᠢᠴᠢᠭ᠎ᠢ᠎ᠨᠢ ᠬᠦᠴᠦᠨ ᠦᠭᠡᠢ ᠪᠣᠯᠭ᠋ᠠᠭᠰᠠᠨ᠃
(ᠭᠤᠷᠪᠠ) ᠬᠥᠷᠥᠩᠭᠡ᠎ᠨᠢ ᠥᠷᠢ᠎ᠪᠠᠨ ᠲᠥᠯᠥᠬᠦ᠎ᠳᠤ ᠬᠦᠷᠬᠦ ᠦᠭᠡᠢ ᠪᠣᠯᠬᠣᠷ ᠦᠷᠭᠦᠯᠵᠢᠯᠡᠨ ᠰᠤᠷᠭ᠋ᠠᠭᠤᠯᠢ ᠡᠷᠬᠢᠯᠡᠬᠦ ᠵᠢᠨ ᠠᠷᠭ᠎ᠠ ᠦᠭᠡᠢ ᠪᠣᠯᠤᠭᠰᠠᠨ᠃
(ᠲᠦᠷᠪᠡ) ᠬᠠᠤᠯᠢ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠃
ᠭᠤᠴᠢᠨ ᠨᠠᠢ᠍ᠮᠠᠳᠤᠭ᠋ᠠᠷ ᠵᠦᠢ᠍ᠯ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠰᠣᠷᠭ᠋ᠠᠭᠤᠯᠢ ᠵᠢ ᠵᠣᠠᠠᠰᠣᠭ᠋ᠠᠬᠤ ᠦᠶᠡᠰ᠂ ᠬᠠᠦᠯᠢ ᠶᠣᠰᠣᠭ᠋ᠠᠷ ᠡᠳ᠋᠎ᠤᠨ ᠶᠠᠪᠤᠳᠡᠯ᠎ᠢ ᠴᠠᠢ᠌ᠷᠠᠭᠤᠯᠵᠤ᠂ ᠡᠳ᠋ ᠬᠦᠷᠥᠩᠬᠡ᠎ᠪᠠᠨ ᠳᠥᠯᠥᠵᠦ ᠲᠠᠭᠤᠰᠬᠠᠬᠤᠳᠤᠪᠠᠨ 《ᠪᠦᠬᠦᠲᠡ ᠨᠡᠶ᠋ᠢᠷᠡᠮᠳᠠᠬᠤ ᠲᠣᠮᠳᠠᠳᠣ ᠠᠷᠡᠳ ᠣᠯᠥᠰ᠎ᠤᠨ ᠠᠷᠡᠳ᠎ᠠᠴᠠ ᠡᠷᠬᠢᠯᠡᠭᠰᠡᠨ ᠰᠣᠷᠭ᠋ᠠᠨ ᠬᠦᠮᠦᠵᠢᠯ᠎ᠢ ᠠᠬᠢᠭᠤᠯᠬᠤ ᠬᠠᠦᠯᠢ》 ᠵᠡᠷᠭᠡ ᠬᠠᠦᠯᠢ ᠴᠠᠭ᠋ᠠᠵᠠ ᠬᠠᠦᠯᠢ ᠳᠦᠷᠢᠮ ᠪᠠ ᠰᠣᠷᠭ᠋ᠠᠭᠤᠯᠢ ᠵᠢᠨ ᠳᠥᠷᠢᠮ ᠲᠣᠠᠠᠳᠠᠭ᠋ᠠᠯ᠎ᠢ ᠦᠨᠳᠣᠰᠣᠯᠡᠨ ᠰᠢᠢ᠍ᠳᠪᠦᠷᠢᠯᠡᠵᠦ᠂ ᠰᠣᠷᠭ᠋ᠠᠭᠤᠯᠢ ᠵᠢᠨ ᠪᠠᠭᠰᠢ ᠰᠣᠷᠣᠠᠠᠴᠢᠳ ᠪᠤᠯᠥᠨ ᠬᠠᠮᠢᠶ᠎ᠠ ᠪᠦᠬᠦᠢ ᠳᠡᠯ᠎ᠠ ᠵᠢᠨ ᠡᠷᠬᠡ ᠠᠰᠢᠭ᠎ᠢ ᠦᠨᠡᠨ ᠬᠦ᠌ ᠪᠠᠳᠣᠯᠠᠨ᠎ᠠ᠃
ᠭᠤᠴᠢ ᠶᠢᠰᠦᠳᠣᠭᠡᠷ ᠵᠦᠢ᠍ᠯ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠰᠣᠷᠭ᠋ᠠᠭᠤᠯᠢ ᠵᠢ ᠵᠣᠠᠠᠰᠣᠭ᠋ᠠᠬᠤ ᠦᠶᠡᠰ᠂ ᠴᠠᠭ ᠲᠣᠬᠠᠢᠳᠤᠨᠢ ᠪᠠᠶ᠋ᠢᠭᠤᠯᠥᠮᠵᠢ ᠵᠢ ᠬᠦᠴᠦᠨ ᠦᠭᠡᠢ ᠪᠤᠯᠭ᠋ᠠᠬᠤ᠂ ᠳᠠᠩᠰᠠᠯᠠᠯᠲᠠ ᠵᠢ ᠬᠦᠴᠣᠨ ᠦᠭᠡᠢ ᠪᠤᠯᠭ᠋ᠠᠬᠤ ᠭᠠᠷᠳᠡᠮᠢ ᠬᠦᠢ᠍ᠴᠡᠳᠭᠡᠵᠦ᠂ ᠰᠣᠷᠭ᠋ᠠᠭᠤᠯᠢ ᠵᠢᠨ ᠰᠣᠷᠭ᠋ᠠᠭᠤᠯᠢ ᠡᠷᠬᠢᠯᠡᠬᠦ ᠵᠦᠪᠰᠢᠶᠡᠷᠡᠯ᠎ᠤᠨ ᠦᠨᠡᠮᠯᠡᠯ᠎ᠤᠨ ᠵᠢᠩᠬᠢᠨᠢ ᠪᠠ ᠬᠠᠭᠤᠯᠪᠤᠷᠢ ᠳᠡᠪᠳᠡᠷ᠂ ᠳᠡᠮᠠᠭᠠ ᠵᠢ ᠣᠣᠯ᠎ᠤᠨ ᠬᠢᠨᠡᠨ ᠵᠦᠪᠰᠢᠶᠡᠷᠡᠭᠰᠡᠨ ᠪᠠᠶ᠋ᠢᠭᠤᠯᠭ᠎ᠠ᠎ᠳᠤ ᠲᠣᠰᠢᠶᠡᠵᠦ᠂ ᠡᠵᠡᠩᠨᠡᠯᠳᠡ ᠵᠢᠨ ᠦᠨᠡᠮᠯᠡᠯ᠎ᠤᠨ ᠵᠢᠩᠬᠢᠨᠢ ᠪᠠ ᠬᠠᠭᠤᠯᠪᠤᠷᠢ ᠳᠡᠪᠳᠡᠷᠢ ᠣᠣᠯ᠎ᠤᠨ ᠳᠠᠩᠰᠠᠯᠠᠨ ᠬᠠᠮᠢᠶᠡᠷᠬᠤ ᠪᠠᠶ᠋ᠢᠭᠤᠯᠭ᠎ᠠ᠎ᠳᠤ ᠲᠣᠰᠢᠶᠡᠬᠤ ᠭᠡᠷᠡᠭᠳᠡᠢ᠃
ᠳᠥᠴᠢᠳᠦᠬᠡᠷ ᠵᠦᠢ᠍ᠯ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠰᠣᠷᠭ᠋ᠠᠭᠤᠯᠢ ᠵᠢ ᠰᠠᠯᠭ᠋ᠠᠬᠤ᠂ ᠨᠡᠶ᠋ᠢᠯᠡᠬᠦᠯᠬᠦ᠂ ᠵᠣᠠᠠᠰᠣᠭ᠋ᠠᠬᠤ ᠵᠡᠷᠭᠡ ᠴᠢᠬᠤᠯᠡ ᠵᠦᠢ᠍ᠯ᠎ᠢ ᠬᠤᠪᠢᠷᠠᠭᠤᠯᠬᠤ᠎ᠳᠤ᠂ ᠰᠣᠷᠭ᠋ᠠᠭᠤᠯᠢ ᠵᠢᠨ ᠨᠠᠮ᠎ᠤᠨ ᠵᠤᠬᠢᠶᠡᠨ ᠪᠠᠶ᠋ᠢᠭᠤᠯᠥᠯᠳᠡ ᠴᠠᠭ ᠲᠤᠬᠠᠢᠳᠤᠨᠢ ᠳᠡᠭᠡᠳᠦ ᠱᠠᠳᠣᠨ᠎ᠤ ᠨᠠᠮ᠎ᠤᠨ ᠵᠤᠬᠢᠶᠡᠨ ᠪᠠᠶ᠋ᠢᠭᠤᠯᠥᠯᠳᠡᠳᠤᠪᠠᠨ ᠮᠡᠳᠡᠬᠦᠯᠵᠦ᠂ ᠳᠡᠭᠡᠳᠦ ᠱᠠᠳᠣᠨ᠎ᠤ ᠨᠠᠮ᠎ᠤᠨ ᠵᠤᠬᠢᠶᠡᠨ ᠪᠠᠶ᠋ᠢᠭᠤᠯᠥᠯᠳᠡ᠎ᠨᠢ ᠰᠣᠷᠭ᠋ᠠᠭᠤᠯᠢ ᠵᠢᠨ ᠨᠠᠮ᠎ᠤᠨ ᠵᠤᠬᠢᠶᠡᠨ ᠪᠠᠶ᠋ᠢᠭᠤᠯᠥᠯᠳᠡ ᠵᠢ ᠬᠤᠪᠢᠷᠡᠭᠤᠯᠬᠤ ᠪᠤᠶᠤ ᠬᠦᠴᠣᠨ ᠦᠭᠡᠢ ᠪᠤᠯᠭ᠋ᠠᠬᠤ ᠲᠣᠠᠠᠳᠠᠭ᠋ᠠᠯ ᠭᠠᠷᠭ᠋ᠠᠨ᠎ᠠ᠃
ᠨᠠᠢ᠍ᠮᠠᠳᠤᠭ᠋ᠠᠷ ᠪᠦᠯᠦᠭ ᠬᠢᠨᠠᠯᠲᠠ ᠲᠠᠯᠪᠢᠬᠤ ᠪᠠ ᠰᠢᠢ᠍ᠳᠭᠡᠬᠦ
ᠳᠥᠴᠢᠨ ᠨᠢᠭᠡᠳᠦᠭᠡᠷ ᠵᠦᠢ᠍ᠯ ᠰᠤᠷᠭ᠋ᠠᠨ ᠬᠥᠮᠦᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》᠎ᠳᠤ ᠲᠣᠭᠲᠠᠭ᠋ᠠᠭᠰᠠᠨ ᠬᠠᠮᠢᠶᠠᠷᠤᠯᠲᠠ ᠵᠢᠨ ᠡᠷᠬᠡ ᠮᠡᠳᠡᠯ᠎ᠢ ᠦᠨᠳᠦᠰᠦᠯᠡᠨ᠂ ᠠᠰᠢᠭ ᠬᠣᠨᠵᠢᠪᠣᠷᠢ ᠵᠢᠨ ᠴᠢᠨᠠᠷᠲᠠᠶ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠳᠤ ᠵᠢᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠦᠨ᠎ᠡ᠃ ᠵᠠᠬ᠎ᠠ ᠳᠡᠯᠭᠡᠬᠦᠷ᠎ᠤᠨ ᠬᠢᠨᠡᠯᠳᠡ ᠬᠠᠮᠢᠶᠡᠷᠦᠯᠳᠡ ᠵᠢᠨ ᠰᠠᠯᠠᠭ᠎ᠠ ᠮᠦᠴᠢᠷ᠎ᠨᠢ ᠠᠰᠢᠭ ᠬᠤᠨᠵᠢᠪᠦᠷᠢ ᠵᠢᠨ ᠴᠢᠨᠡᠷᠳᠡᠢ ᠠᠷᠡᠳ᠎ᠠᠴᠠ ᠡᠷᠬᠢᠯᠡᠭᠰᠡᠨ ᠰᠣᠷᠭ᠋ᠠᠭᠤᠯᠢ᠎ᠳᠤ ᠵᠢᠯ᠎ᠤᠨ ᠮᠡᠳᠡᠬᠦᠯᠥᠯᠳᠡ ᠵᠢ ᠢᠯᠡ ᠨᠡᠶ᠋ᠢᠳᠡᠯᠡᠬᠦ ᠳᠥᠷᠢᠮ᠎ᠢ ᠭᠡᠷᠡᠭᠵᠢᠬᠦᠯᠥᠨ᠎ᠠ᠃
ᠳᠥᠴᠢᠨ ᠬᠣᠶᠠᠳᠤᠭ᠋ᠠᠷ ᠵᠦᠢ᠍ᠯ ᠰᠤᠷᠭ᠋ᠠᠨ ᠬᠥᠮᠦᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠍ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ 《ᠪᠦᠭᠦᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》᠎ᠳᠤ ᠲᠣᠭᠲᠠᠭ᠋ᠠᠭᠰᠠᠨ ᠬᠠᠮᠢᠶᠠᠷᠤᠯᠲᠠ ᠵᠢᠨ ᠡᠷᠬᠡ ᠮᠡᠳᠡᠯ᠎ᠢ ᠦᠨᠳᠦᠰᠦᠯᠡᠨ᠂ ᠠᠰᠢᠭ ᠬᠣᠨᠵᠢᠪᠤᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠤᠭᠴᠢ ᠡᠯᠰᠡᠬᠦ ᠲᠣᠪᠴᠢ ᠳᠦᠷᠢᠮ᠎ᠢ ᠬᠢᠨᠠᠨ ᠬᠠᠮᠢᠶᠠᠷᠬᠤ ᠡᠷᠴᠢᠮ ᠴᠢᠩᠭ᠋ᠠᠷᠠᠭᠤᠯᠵᠤ᠂ ᠳᠠᠩᠰᠠᠯᠠᠭᠤᠯᠤᠭᠰᠠᠨ ᠦᠭᠡᠢ ᠰᠤᠷᠤᠭᠴᠢ ᠡᠯᠰᠡᠬᠦ ᠲᠣᠪᠴᠢ ᠳᠦᠷᠢᠮ᠂ ᠬᠤᠳᠠᠯ ᠬᠠᠭᠤᠷᠮᠠᠭ ᠵᠶ᠋ᠠᠷ ᠰᠤᠷᠤᠭᠴᠢ ᠡᠯᠰᠡᠬᠦ ᠲᠣᠪᠴᠢ ᠳᠦᠷᠢᠮ᠎ᠢ ᠨᠡᠶ᠋ᠢᠲᠡᠯᠡᠭᠰᠡᠨ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠳᠥᠴᠢᠨ ᠭᠤᠷᠪᠠᠳᠤᠭ᠋ᠠᠷ ᠵᠦᠢ᠍ᠯ ᠰᠤᠷᠭ᠋ᠠᠨ ᠬᠥᠮᠦᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》᠎ᠳᠤ ᠲᠣᠭᠲᠠᠭ᠋ᠠᠭᠰᠠᠨ ᠬᠠᠮᠢᠶᠠᠷᠤᠯᠲᠠ ᠵᠢᠨ ᠡᠷᠬᠡ ᠮᠡᠳᠡᠯ᠎ᠢ ᠦᠨᠳᠦᠰᠦᠯᠡᠨ᠂ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠦᠢ᠍ᠯᠡ ᠠᠵᠢᠯᠯᠠᠭ᠎ᠠ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ ᠶᠣᠰᠣᠭ᠋ᠠᠷ ᠬᠢᠨᠠᠨ ᠵᠢᠯᠣᠭᠣᠳᠬᠤ ᠪᠠ ᠪᠠᠶ᠋ᠢᠴᠠᠭ᠋ᠠᠬᠤ ᠵᠢ ᠥᠷᠨᠢᠭᠦᠯᠦᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠬᠤ ᠪᠤᠶᠤ ᠨᠠᠶ᠋ᠢᠳᠠᠵᠤ ᠲᠣᠭᠲᠠᠮᠠᠯ ᠬᠤᠭᠤᠴᠠᠭ᠎ᠠ᠎ᠲᠠᠢ᠎ᠪᠠᠷ ᠰᠤᠷᠭ᠋ᠠᠭᠤᠯᠢ ᠡᠷᠬᠢᠯᠡᠬᠦ ᠬᠢᠷᠢ ᠲᠦᠪᠰᠢᠨ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠦᠨᠡᠯᠡᠨ ᠵᠢᠱ᠌ᠢᠬᠦ ᠵᠢᠨ ᠬᠠᠮᠲᠤ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠨᠡᠶ᠋ᠢᠭᠡᠮ᠎ᠳᠤ ᠨᠡᠶ᠋ᠢᠲᠡᠯᠡᠨ᠎ᠡ᠃
ᠳᠥᠴᠢᠨ ᠳᠥᠷᠪᠡᠳᠦᠭᠡᠷ ᠵᠦᠢ᠍ᠯ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠦᠭᠰᠡᠨ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠡᠯᠧᠺᠲᠷᠣᠨ ᠰᠤᠷᠭ᠋ᠠᠭᠤᠯᠢ ᠵᠢᠨ ᠬᠠᠷᠢᠶᠠᠯᠠᠯ ᠪᠠ ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠤᠨ ᠡᠯᠧᠺᠲᠷᠣᠨ ᠳᠠᠩᠰᠠᠯᠠᠯᠲᠠ ᠵᠢᠨ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠦᠨᠡᠮᠯᠡᠯ᠎ᠢ ᠬᠠᠤᠯᠢ ᠪᠣᠰᠤ᠎ᠪᠠᠷ ᠣᠯᠭᠣᠭᠰᠠᠨ ᠪᠤᠶᠤ ᠬᠠᠭᠤᠷᠮᠠᠭ ᠵᠣᠬᠢᠶᠠᠭᠰᠠᠨ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠬᠠᠤᠯᠢ ᠶᠣᠰᠣᠭ᠋ᠠᠷ ᠰᠢᠢ᠍ᠳᠪᠦᠷᠢᠯᠡᠨ᠎ᠡ᠃
ᠳᠥᠴᠢᠨ ᠲᠠᠪᠤᠳᠤᠭ᠋ᠠᠷ ᠵᠦᠢ᠍ᠯ ᠰᠤᠷᠭ᠋ᠠᠨ ᠬᠥᠮᠦᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠬᠢᠨᠠᠨ ᠪᠣᠳᠣᠬᠤ ᠵᠢ ᠬᠡᠷᠡᠭᠵᠢᠭᠦᠯᠵᠦ᠂ ᠬᠢᠨᠠᠨ ᠬᠠᠮᠢᠶᠠᠷᠬᠤ ᠲᠠᠪᠴᠠᠩ᠎ᠢ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠡᠳ᠋᠎ᠤᠨ ᠶᠠᠪᠤᠳᠠᠯ ᠡᠳ᠋ ᠬᠥᠷᠥᠩᠭᠡ ᠵᠢᠨ ᠪᠠᠶ᠋ᠢᠳᠠᠯ᠎ᠳᠤ ᠬᠢᠨᠠᠯᠲᠠ ᠲᠠᠯᠪᠢᠨ᠎ᠠ᠃
ᠳᠥᠴᠢᠨ ᠵᠢᠷᠭᠤᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭ᠋ᠠᠨ ᠬᠥᠮᠦᠵᠢᠯ᠎ᠤᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》 ᠵᠢᠴᠢ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠳᠦᠷᠢᠮ᠎ᠢ ᠵᠥᠷᠢᠴᠡᠵᠦ᠂ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠤᠷᠭ᠋ᠠᠨ ᠬᠥᠮᠦᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠵᠠᠷᠯᠢᠭᠳᠠᠵᠤ ᠬᠤᠭᠤᠴᠠᠭ᠎ᠠ ᠳᠣᠭᠲᠠᠭ᠋ᠠᠨ ᠵᠠᠯᠠᠷᠠᠭᠤᠯᠤᠭᠤᠯᠬᠤ ᠵᠢᠨ ᠬᠠᠮᠲᠤ ᠰᠡᠷᠡᠮᠵᠢᠯᠡᠭᠦᠯᠦᠨ᠎ᠡ; ᠬᠠᠤᠯᠢ ᠪᠤᠰᠤ ᠣᠯᠵᠠᠪᠤᠷᠢ᠎ᠲᠠᠢ ᠪᠣᠯ ᠬᠤᠷᠢᠶᠠᠭᠰᠠᠨ ᠰᠦᠢ᠍ᠳᠬᠡᠯ᠎ᠢ ᠪᠤᠴᠠᠭ᠋ᠠᠭᠰᠠᠨ᠎ᠤ ᠳᠠᠷᠠᠭ᠎ᠠ ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢ᠎ᠨᠢ ᠬᠤᠷᠢᠶᠠᠮᠵᠢᠯᠠᠨ ᠠᠪᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠣᠯ ᠰᠤᠷᠤᠭᠴᠢ ᠡᠯᠰᠡᠬᠦ ᠵᠢ ᠵᠠᠷᠯᠢᠭᠳᠠᠨ ᠵᠣᠭᠰᠣᠭ᠋ᠠᠵᠤ᠂ ᠰᠤᠷᠭ᠋ᠠᠭᠤᠯᠢ ᠡᠷᠬᠢᠯᠡᠬᠦ ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭ᠋ᠠᠨ᠎ᠠ; ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠰᠤᠷᠭ᠋ᠠᠭᠤᠯᠢ ᠡᠷᠬᠢᠯᠡᠬᠦ ᠴᠢᠭᠯᠡᠯᠲᠡ᠂ ᠵᠢᠭ᠋ᠠᠨ ᠰᠤᠷᠭ᠋ᠠᠯᠲᠠ ᠵᠢᠨ ᠠᠭᠤᠯᠭ᠎ᠠ᠂ ᠰᠤᠷᠭ᠋ᠠᠭᠤᠯᠢ ᠡᠷᠬᠢᠯᠡᠬᠦ ᠦᠢ᠍ᠯᠡ ᠠᠵᠢᠯᠯᠠᠭ᠎ᠠ᠎ᠨᠢ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ᠎ᠠᠴᠠ ᠵᠥᠷᠢᠴᠡᠵᠦ᠂ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠠᠴᠠ ᠵᠦᠷᠢᠴᠡᠭᠰᠡᠨ᠃
(ᠬᠣᠶᠠᠷ) ᠰᠤᠷᠭ᠋ᠠᠭᠤᠯᠢ ᠡᠷᠬᠢᠯᠡᠬᠦ ᠨᠥᠬᠥᠴᠡᠯ᠎ᠨᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠳᠤ ᠬᠦᠷᠴᠦ ᠳᠡᠶ᠋ᠢᠯᠬᠦ ᠦᠭᠡᠢ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠢ᠌ᠭ᠎ᠠ᠃
(ᠭᠤᠷᠪᠠ) ᠬᠤᠳᠠᠯ ᠬᠠᠭᠤᠷᠮᠠᠭ ᠬᠢᠷᠢ ᠬᠡᠮ ᠬᠠᠩᠭ᠋ᠠᠬᠤ ᠪᠤᠶᠤ ᠬᠤᠳᠠᠯ ᠬᠠᠭᠤᠷᠮᠠᠭ ᠵᠠᠷ᠂ ᠤᠬᠠᠭᠤᠯᠭ᠎ᠠ ᠵᠡᠷᠭᠡ ᠠᠵᠢᠯᠯᠠᠭ᠎ᠠ᠎ᠲᠠᠢ᠃
(ᠳᠥᠷᠪᠡ) ᠡᠨᠡ ᠬᠤᠭᠤᠴᠠᠭ᠋ᠠᠨ᠎ᠳᠤ ᠲᠣᠭᠲᠠᠭ᠋ᠠᠯ᠎ᠠᠴᠠ ᠵᠥᠷᠢᠴᠡᠨ ᠰᠤᠷᠤᠭᠴᠢ ᠡᠯᠰᠡᠵᠦ᠂ ᠰᠤᠷᠭ᠋ᠠᠭᠤᠯᠢ ᠡᠷᠬᠢᠯᠡᠬᠦ ᠬᠤᠭᠤᠴᠠᠭ᠋ᠠᠨ᠎ᠳᠤ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ᠃
(ᠲᠠᠪᠤ) ᠰᠤᠷᠭ᠋ᠠᠭᠤᠯᠢ ᠵᠢᠨ ᠬᠠᠷᠢᠭᠤᠴᠠᠯᠭ᠎ᠠ᠎ᠠᠴᠠ ᠪᠣᠯᠵᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠣᠯᠤᠨ ᠠᠮᠤᠷ ᠲᠦᠪᠰᠢᠨ᠎ᠤ ᠠᠳᠠᠯ ᠭᠠᠷᠤᠭᠰᠠᠨ᠃
(ᠵᠢᠷᠭᠤᠭ᠎ᠠ) ᠰᠤᠷᠭ᠋ᠠᠭᠤᠯᠢ ᠡᠷᠬᠢᠯᠡᠬᠦ ᠪᠡᠯᠡ ᠮᠥᠩᠭᠥ᠎ᠠᠴᠠ ᠳᠤᠲᠠᠭ᠋ᠠᠵᠤ᠂ ᠬᠠᠤᠯᠢ ᠪᠤᠰᠤ᠎ᠪᠠᠷ ᠪᠡᠯᠡ ᠮᠥᠩᠭᠥ ᠴᠤᠭᠯᠠᠭᠤᠯᠤᠭᠰᠠᠨ᠃
(ᠳᠣᠯᠣᠭ᠎ᠠ) ᠪᠤᠰᠤᠳ ᠬᠠᠤᠯᠢ ᠴᠠᠭ᠋ᠠᠵᠠ ᠬᠠᠤᠯᠢ ᠳᠦᠷᠢᠮ᠎ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠢ᠌ᠭ᠎ᠠ᠃
ᠳᠥᠴᠢᠨ ᠳᠣᠯᠣᠳᠤᠭ᠋ᠠᠷ ᠵᠦᠢ᠍ᠯ ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠡᠷᠬᠢᠯᠡᠨ ᠪᠠᠢ᠌ᠭᠤᠯᠤᠭᠴᠢ᠎ᠨᠢ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢ ᠳᠠᠬᠢᠵᠤ ᠡᠷᠬᠢᠯᠡᠬᠦ ᠪᠤᠶᠤ ᠡᠷᠬᠢᠯᠡᠬᠦ᠎ᠳᠤ ᠣᠷᠣᠯᠴᠠᠵᠤ ᠪᠣᠯᠬᠤ ᠦᠭᠡᠢ᠄
(ᠨᠢᠭᠡ) ᠬᠠᠤᠯᠢ ᠵᠢᠨ ᠡᠷᠭᠡᠲᠦ ᠬᠥᠮᠦᠨ᠎ᠤ ᠡᠳ᠋ ᠬᠥᠷᠥᠩᠭᠡ ᠵᠢᠨ ᠥᠮᠴᠢᠯᠡᠯ᠎ᠤᠨ ᠡᠷᠬᠡ ᠵᠢ ᠪᠦᠷᠢᠨ ᠨᠠᠶ᠋ᠢᠳᠠᠪᠤᠷᠢᠵᠢᠭᠤᠯᠤᠭᠠ ᠦᠭᠡᠢ᠃
(ᠬᠣᠶᠠᠷ) ᠠᠷᠠᠳ᠎ᠠᠴᠠ ᠡᠷᠬᠢᠯᠡᠭᠰᠡᠨ ᠰᠤᠷᠭ᠋ᠠᠭᠤᠯᠢ᠎ᠨᠢ ᠠᠰᠢᠭ ᠬᠣᠨᠵᠢᠪᠣᠷᠢ ᠵᠢᠨ ᠴᠢᠨᠠᠷᠲᠠᠢ ᠪᠣᠯ᠂ ᠲᠡᠭᠦᠨ᠎ᠢ ᠠᠵᠤ ᠠᠬᠤᠶ᠋ᠢᠯᠠᠯ᠎ᠤᠨ ᠡᠵᠡᠩᠨᠡᠯᠲᠡ᠎ᠨᠢ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠪᠤᠶᠤ ᠬᠠᠤᠯᠢ᠎ᠠᠴᠠ ᠵᠥᠷᠢᠴᠡᠨ ᠦᠨᠡᠨᠴᠢ ᠢᠲᠡᠭᠡᠮᠵᠢ᠎ᠪᠠᠨ ᠠᠯᠳᠠᠭᠰᠠᠳ᠎ᠳᠤ ᠣᠷᠣᠭᠤᠯᠤᠨ᠎ᠠ᠃
(ᠭᠤᠷᠪᠠ) ᠰᠤᠷᠭ᠋ᠠᠭᠤᠯᠢ ᠡᠷᠬᠢᠯᠡᠬᠦ ᠨᠥᠬᠥᠴᠡᠯ ᠪᠠᠷᠢᠮᠵᠢᠶ᠎ᠠ᠎ᠳᠤ ᠬᠦᠷᠬᠦ ᠦᠭᠡᠢ᠃
(ᠳᠥᠷᠪᠡ) ᠣᠶ᠋ᠢᠷ᠎ᠠ ᠵᠢᠨ 2 ᠵᠢᠯ᠎ᠤᠨ ᠵᠢᠯ᠎ᠤᠨ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠪᠠᠶ᠋ᠢᠳᠠᠯ᠎ᠲᠠᠢ᠃
(ᠲᠠᠪᠤ) ᠬᠠᠤᠯᠢ ᠴᠠᠭ᠋ᠠᠵᠠ ᠬᠠᠤᠯᠢ ᠳᠦᠷᠢᠮ᠎ᠳᠤ ᠳᠣᠭᠲᠠᠭ᠋ᠠᠭᠰᠠᠨ ᠪᠤᠰᠤᠳ ᠪᠠᠶ᠋ᠢᠳᠠᠯ᠃
ᠶᠢᠰᠦᠳᠦᠭᠡᠷ ᠪᠦᠯᠦᠭ ᠳᠠᠭ᠋ᠠᠯᠳᠤᠭᠤᠯᠤᠭᠰᠠᠨ ᠳᠦᠷᠢᠮ
ᠳᠥᠴᠢᠨ ᠨᠠᠢ᠍ᠮᠠᠳᠤᠭ᠋ᠠᠷ ᠵᠦᠢ᠍ᠯ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠬᠢᠨᠠᠨ ᠬᠠᠮᠢᠶᠠᠷᠬᠤ᠎ᠳᠤ ᠲᠤᠰ ᠠᠷᠭ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠤᠨ ᠰᠤᠷᠭ᠋ᠠᠭᠤᠯᠢ ᠵᠢ ᠬᠢᠨᠠᠨ ᠬᠠᠮᠢᠶᠠᠷᠬᠤ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠷᠬᠢᠯᠡᠭᠰᠡᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ ᠵᠢᠨ ᠬᠠᠮᠢᠶᠠᠷᠤᠯᠲᠠ ᠵᠢᠨ ᠠᠷᠭ᠎ᠠ》 ᠵᠢ ᠬᠡᠷᠡᠭᠯᠡᠵᠦ᠂ ᠲᠤᠰ ᠠᠷᠭ᠎ᠠ᠎ᠳᠤ ᠲᠣᠭᠲᠠᠭ᠋ᠠᠭᠰᠠᠨ ᠦᠭᠡᠢ ᠪᠠᠶ᠋ᠢᠪᠠᠯ᠂ ᠲᠤᠰ ᠠᠷᠭ᠎ᠠ ᠵᠢ ᠬᠡᠷᠡᠭᠯᠡᠨ᠎ᠡ᠃
ᠳᠥᠴᠢ ᠶᠢᠰᠦᠳᠦᠭᠡᠷ ᠵᠦᠢ᠍ᠯ ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
ᠲᠠᠪᠢᠳᠤᠭ᠋ᠠᠷ ᠵᠦᠢ᠍ᠯ ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃