ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠨᠡᠷ᠎ᠡ ᠮᠡᠳᠡᠭᠦᠯᠦᠨ ᠰᠢᠯᠭ᠋ᠠᠭᠤᠯᠬᠤ ᠬᠢᠷᠢ ᠬᠡᠮ᠎ᠢ ᠨᠣᠲᠠᠯᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-10-08

          ᠥᠪᠥᠷ ᠰᠤᠷᠭ᠋ᠠᠨ ᠰᠣᠳᠤᠯᠤᠨ ᠰᠤᠷᠤᠭᠴᠢ ᠪᠢᠴᠢᠭ [2023] 40 ᠳ᠋ᠦ᠍ᠭᠡᠷ ᠲᠣᠭ᠋ᠠᠲᠤ


      2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 (ᠳᠣᠷᠣᠭᠰᠢ 《ᠭᠤᠤᠯᠯᠠᠭᠴᠢ ᠲᠥᠯᠥᠪᠯᠡᠭᠡ》 ᠭᠡᠵᠦ      ᠳᠦᠭᠦᠮᠴᠢᠯᠡᠨ᠎ᠡ)᠎ᠳᠤ ᠨᠡᠷ᠎ᠡ ᠮᠡᠳᠡᠭᠦᠯᠦᠨ ᠰᠢᠯᠭ᠋ᠠᠭᠤᠯᠬᠤ ᠬᠢᠷᠢ ᠬᠡᠮ᠎ᠢ ᠨᠤᠲᠠᠯᠠᠬᠤ ᠠᠵᠢᠯ᠎ᠢ ᠰᠠᠶ᠋ᠢᠲᠤᠷ ᠬᠢᠬᠦ ᠵᠢᠨ  ᠲᠥᠯᠦᠭᠡ᠂ ᠡᠳᠦᠭᠡ ᠬᠣᠯᠪᠣᠭᠳᠠᠯ ᠪᠥᠬᠥᠶ ᠵᠦᠢ᠍ᠯ᠎ᠢ ᠳᠤᠤᠷᠠᠬᠢ ᠮᠡᠲᠦ ᠮᠡᠳᠡᠭᠳᠡᠪᠡ᠄
      ᠨᠢᠭᠡ᠂  ᠰᠢᠯᠭ᠋ᠠᠯᠲᠠ᠎ᠳᠤ ᠨᠡᠷ᠎ᠡ ᠮᠡᠳᠡᠭᠦᠯᠬᠦ ᠨᠥᠬᠥᠴᠡᠯ
      ᠰᠤᠷᠭ᠋ᠠᠨ ᠬᠥᠮᠦᠵᠢᠯ᠎ᠤᠨ ᠶᠠᠮᠤᠨ᠎ᠤ ᠲᠣᠭᠲᠠᠭ᠋ᠠᠭᠰᠠᠨ ᠳ᠋ᠣᠺᠲ᠋ᠣᠷ᠂ ᠮᠠᠰᠲ᠋ᠧᠷ᠎ᠤᠨ ᠰᠣᠳᠤᠯᠤᠨ ᠰᠤᠷᠤᠭᠴᠢ ᠰᠢᠯᠭ᠋ᠠᠭᠤᠯᠬᠤ ᠨᠥᠬᠥᠴᠡᠯ᠎ᠳᠤ ᠨᠡᠢ᠌ᠴᠡᠬᠦ ᠴᠥᠭᠡᠨ ᠲᠣᠭ᠋ᠠᠲᠤ ᠦᠨᠳᠦᠰᠦᠲᠡᠨ᠎ᠤ ᠲᠤᠰ ᠬᠤᠭᠤᠴᠠᠭ᠋ᠠᠨ᠎ᠤ ᠰᠢᠯᠭ᠋ᠠᠭᠤᠯᠤᠭᠰᠠᠳ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠤᠭᠴᠢ ᠪᠠᠶ᠋ᠢᠬᠤ       ᠬᠡᠷᠡᠭᠲᠡᠶ; ᠴᠥᠭᠡᠨ ᠲᠣᠭ᠋ᠠᠲᠤ ᠦᠨᠳᠦᠰᠦᠲᠡᠨ᠎ᠤ ᠥᠩᠭᠡᠷᠡᠭᠰᠡᠨ ᠬᠤᠭᠤᠴᠠᠭ᠋ᠠᠨ᠎ᠤ ᠰᠢᠯᠭ᠋ᠠᠭᠤᠯᠤᠭᠰᠠᠳ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠦᠬᠡ ᠠᠮᠠ (ᠰᠤᠷᠤᠭᠴᠢ ᠵᠢᠨ ᠬᠠᠮᠲᠤ ᠵᠢᠨ ᠡᠷᠦᠬᠡ ᠠᠮᠠ ᠵᠢ ᠪᠠᠭᠲᠠᠭ᠋ᠠᠬᠤ ᠦᠭᠡᠶ)᠎ᠲᠠᠢ ᠪᠠᠶ᠋ᠢᠵᠤ᠂ ᠡᠭᠦᠨ᠎ᠳᠤ ᠠᠵᠢᠯ᠎ᠤᠨ ᠪᠠᠢ᠌ᠷᠢ ᠪᠠᠶ᠋ᠢᠭ᠎ᠠ  ᠰᠢᠯᠭ᠋ᠠᠭᠤᠯᠤᠭᠴᠢ ᠵᠢᠨ ᠠᠵᠢᠯᠯᠠᠵᠤ ᠪᠠᠢ᠌ᠭ᠎ᠠ ᠨᠢᠭᠡᠴᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠶ᠋ᠢᠬᠤ       ᠬᠡᠷᠡᠭᠲᠡᠶ᠃ ᠬᠢᠲᠠᠳ ᠦᠨᠳᠦᠰᠦᠲᠡᠨ᠎ᠤ ᠰᠢᠯᠭ᠋ᠠᠭᠤᠯᠤᠭᠴᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠦᠬᠡ ᠠᠮᠠ ᠵᠢᠨ ᠲᠠᠩᠰᠠ᠎ᠲᠠᠢ ᠪᠠᠶ᠋ᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ 3 ᠵᠢᠯ᠎ᠠᠴᠠ ᠳᠡᠭᠡᠭᠰᠢ ᠠᠵᠢᠯᠯᠠᠭᠰᠠᠨ ᠪᠥᠭᠡᠳ ᠨᠡᠷ᠎ᠡ ᠮᠡᠳᠡᠭᠦᠯᠬᠦ ᠦᠶ᠎ᠡ᠎ᠳᠤ ᠮᠥᠨ ᠬᠦ᠌ ᠠᠵᠢᠯᠯᠠᠵᠤ ᠪᠠᠶ᠋ᠢᠬᠤ       ᠬᠡᠷᠡᠭᠲᠡᠶ᠃
      ᠬᠣᠶᠠᠷ᠂ ᠭᠦᠢ᠍ᠴᠡᠳᠭᠡᠬᠦ ᠠᠷᠭ᠎ᠠ ᠮᠠᠶᠢᠭ
      ᠪᠥᠬᠥ ᠶᠠᠪᠤᠴᠠ ᠵᠢ ᠰᠦᠯᠵᠢᠶᠡᠨ᠎ᠳᠤ ᠭᠦᠢ᠍ᠴᠡᠳᠭᠡᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠰᠦᠯᠵᠢᠶ᠎ᠡ — ᠭᠦᠢ᠍ᠴᠡᠳᠭᠡᠬᠦ ᠦᠢ᠍ᠯᠡᠴᠢᠯᠡᠭᠡ — 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠲᠥᠯᠥᠪᠯᠡᠭᠡ〉 ᠵᠢᠨ ᠨᠡᠷ᠎ᠡ ᠮᠡᠳᠡᠭᠦᠯᠦᠨ ᠳᠠᠩᠰᠠᠯᠠᠭᠤᠯᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ》 (ᠳᠣᠷᠣᠭᠰᠢ 《ᠦᠢ᠍ᠯᠡᠴᠢᠯᠡᠭᠡᠨ᠎ᠤ ᠰᠢᠰᠲ᠋ᠧᠮ》 ᠭᠡᠵᠦ ᠳᠦᠭᠦᠮᠴᠢᠯᠡᠨ᠎ᠡ)᠎ᠳᠤ ᠣᠷᠣᠵᠤ ᠨᠡᠷ᠎ᠡ ᠮᠡᠳᠡᠭᠦᠯᠦᠨ ᠰᠢᠯᠭ᠋ᠠᠭᠤᠯᠬᠤ ᠪᠤᠶᠤ ᠰᠢᠭᠤᠳ ᠰᠦᠯᠵᠢᠶᠡᠨ ᠬᠠᠶᠢᠭ ᠵᠶ᠋ᠠᠷ 《ᠦᠢ᠍ᠯᠡᠴᠢᠯᠡᠭᠡᠨ᠎ᠤ ᠰᠢᠰᠲ᠋ᠧᠮ》᠎ᠤᠨ ᠲᠦᠷᠦᠭᠦᠦ ᠨᠢᠭᠤᠷ᠎ᠲᠤ ᠣᠷᠣᠨ᠎ᠠ᠃
      http://ssmzggbm.nmgov.edu.cn/nmjy/nmjy_notice/index.act
      ᠭᠦᠢ᠍ᠴᠡᠳᠭᠡᠬᠦ ᠶᠠᠪᠤᠴᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ 〈ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠲᠥᠯᠥᠪᠯᠡᠭᠡ〉 ᠵᠢᠨ ᠮᠠᠰᠲ᠋ᠧᠷ᠎ᠤᠨ ᠰᠣᠳᠤᠯᠤᠨ ᠰᠤᠷᠤᠭᠴᠢ᠎ᠪᠠᠷ ᠨᠡᠷ᠎ᠡ ᠮᠡᠳᠡᠭᠦᠯᠦᠨ ᠰᠢᠯᠭ᠋ᠠᠭᠤᠯᠬᠤ ᠲᠥᠬᠥᠮ ᠴᠤᠪᠤᠷᠠᠯ ᠵᠢᠷᠤᠭ》 (ᠳᠠᠭ᠋ᠠᠯᠳᠤᠭᠤᠯᠤᠯ 1) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠲᠥᠯᠥᠪᠯᠡᠭᠡ〉 ᠵᠢᠨ ᠰᠣᠳᠤᠯᠤᠨ ᠰᠤᠷᠤᠭᠴᠢ᠎ᠪᠠᠷ ᠨᠡᠷ᠎ᠡ ᠮᠡᠳᠡᠭᠦᠯᠵᠦ ᠳᠠᠩᠰᠠᠯᠠᠭᠤᠯᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ᠎ᠤᠨ ᠬᠡᠷᠡᠭᠯᠡᠬᠦ ᠲᠣᠳᠣᠷᠬᠠᠶ᠋ᠢᠯᠠᠯᠲᠠ》 (ᠳᠠᠭ᠋ᠠᠯᠳᠤᠭᠤᠯᠤᠯ 2)᠎ᠪᠠᠷ ᠯᠠᠪᠯᠠᠯᠲᠠ ᠪᠣᠯᠭ᠋ᠠᠨ᠎ᠠ᠃
      ᠭᠤᠷᠪᠠ᠂ ᠭᠦᠢ᠍ᠴᠡᠳᠭᠡᠬᠦ ᠴᠠᠭ ᠬᠤᠭᠤᠴᠠᠭ᠎ᠠ
      (ᠨᠢᠭᠡ) ᠮᠠᠰᠲ᠋ᠧᠷ ᠰᠣᠳᠤᠯᠤᠨ ᠰᠤᠷᠤᠭᠴᠢ
      2023 ᠣᠨ᠎ᠤ 10 ᠳ᠋ᠤᠭ᠋ᠠᠷ  ᠰᠠᠷ᠎ᠠ ᠵᠢᠨ 8 - 19᠎ᠤ ᠡᠳᠦᠷ᠃
      (ᠬᠣᠶᠠᠷ) ᠳ᠋ᠣᠺᠲ᠋ᠣᠷ ᠰᠣᠳᠤᠯᠤᠨ ᠰᠤᠷᠤᠭᠴᠢ
      2023 ᠣᠨ᠎ᠤ 10 ᠳ᠋ᠤᠭ᠋ᠠᠷ ᠰᠠᠷ᠎ᠠ ᠵᠢᠨ 10-2024 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ᠃
      (ᠭᠤᠷᠪᠠ) ᠵᠦᠪᠯᠡᠯᠭᠡ ᠥᠭᠬᠦ ᠤᠲᠠᠰᠤᠨ᠎ᠤ ᠭᠥᠯᠢᠶᠡᠨ ᠠᠪᠴᠤ ᠰᠢᠢ᠍ᠳᠪᠦᠷᠢᠯᠡᠬᠦ ᠴᠠᠭ
      ᠦᠳᠡ ᠵᠢᠨ ᠡᠮᠦᠨ᠎ᠡ 9᠄ 00-12᠄ 00᠂ ᠦᠳᠡ ᠵᠢᠨ ᠬᠣᠶ᠋ᠢᠨ᠎ᠠ 14᠄ 30-17᠄ 00᠃
      ᠮᠠᠰᠲ᠋ᠧᠷ᠎ᠤᠨ ᠲᠥᠪᠯᠡᠷᠡᠭᠦᠯᠦᠨ ᠨᠡᠷ᠎ᠡ ᠮᠡᠳᠡᠭᠦᠯᠬᠦ ᠴᠠᠭ᠎ᠠᠴᠠ ᠭᠠᠳᠠᠨ᠎ᠠ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠲᠤ ᠬᠢᠨᠠᠨ  ᠪᠠᠢ᠌ᠴᠠᠭ᠋ᠠᠬᠤ ᠠᠵᠢᠯ᠎ᠢ ᠭᠦᠢ᠍ᠴᠡᠳᠭᠡᠬᠦ ᠥᠬᠡᠶ᠃
      ᠳᠥᠷᠪᠡ᠂ ᠬᠡᠷᠡᠭᠰᠡᠬᠦ ᠮᠠᠲ᠋ᠧᠷᠢᠶᠠᠯ
      ᠰᠢᠯᠭ᠋ᠠᠭᠤᠯᠤᠭᠴᠢ ᠮᠡᠳᠡᠭᠡ ᠵᠠᠩᠭᠢ᠎ᠪᠠᠨ ᠲᠠᠭᠯᠠᠵᠤ᠂ ᠪᠡᠶ᠎ᠡ ᠵᠢᠨ ᠦᠨᠡᠮᠯᠡᠯ᠂ ᠰᠠᠭᠤᠭ᠋ᠠᠯᠢ ᠠᠷᠠᠳ᠎ᠤᠨ ᠡᠷᠦᠬᠡ ᠠᠮᠠ ᠵᠢᠨ ᠳᠡᠪᠲᠡᠷ᠎ᠤᠨ ᠲᠦᠷᠦᠭᠦᠦ ᠨᠢᠭᠤᠷ ᠪᠠ ᠲᠣᠰ ᠬᠥᠮᠦᠨ᠎ᠤ ᠨᠢᠭᠤᠷ᠂ ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ᠂ ᠬᠤᠪᠢ ᠬᠥᠮᠦᠨ᠎ᠤ ᠮᠠᠯᠠᠭ᠋ᠠᠶ ᠥᠬᠡᠶ ᠦᠨᠡᠮᠯᠡᠯ᠎ᠤᠨ ᠬᠡᠷᠡᠯ ᠵᠢᠷᠤᠭ ᠵᠶ᠋ᠠᠨ       ᠳᠠᠮᠵᠢᠭᠤᠯᠤᠨ᠎ᠠ᠃ ᠠᠵᠢᠯ᠎ᠤᠨ ᠪᠠᠢ᠌ᠷᠢ᠎ᠳᠤ ᠪᠠᠶ᠋ᠢᠭ᠎ᠠ ᠰᠢᠯᠭ᠋ᠠᠭᠤᠯᠤᠭᠴᠢ ᠠᠵᠢᠯᠯᠠᠵᠤ ᠪᠠᠢ᠌ᠭ᠎ᠠ ᠨᠢᠭᠡᠴᠢ ᠪᠣᠯᠤᠨ ᠠᠵᠢᠯᠲᠠᠨ ᠠᠵᠢᠯᠴᠢᠨ᠎ᠤ ᠭᠠᠷ᠎ᠤᠨ ᠥᠰᠥᠭ ᠵᠢᠷᠤᠭᠰᠠᠨ ᠬᠥᠳᠡᠯᠮᠦᠷᠢ ᠵᠢᠨ ᠭᠡᠷ᠎ᠡ ᠵᠢ ᠡᠷᠬᠡᠪᠰᠢ ᠳᠡᠭᠡᠭᠰᠢ ᠳᠠᠮᠵᠢᠭᠤᠯᠵᠤ᠂ ᠠᠵᠢᠯᠲᠠᠨ ᠠᠵᠢᠯᠴᠢᠨ᠎ᠤ ᠨᠡᠶ᠋ᠢᠭᠡᠮ᠎ᠤᠨ ᠳᠠᠭ᠋ᠠᠳᠬᠠᠯ (ᠪᠤᠶᠤ ᠴᠠᠯᠢᠩ)᠎ᠤᠨ ᠭᠡᠷᠡᠴᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃
      《2024 ᠣᠨ᠎ᠤ 〈ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ〉 ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠢᠷᠢ ᠬᠡᠮ᠎ᠢ ᠬᠢᠨᠠᠨ ᠪᠠᠢ᠌ᠴᠠᠭ᠋ᠠᠵᠤ ᠳᠡᠭᠡᠭᠰᠢ ᠮᠡᠳᠡᠭᠦᠯᠬᠦ ᠮᠠᠲ᠋ᠧᠷᠢᠶᠠᠯ᠎ᠤᠨ ᠨᠠᠷᠢᠨ ᠬᠠᠭᠤᠳᠠᠰᠤ ᠵᠢᠴᠢ ᠲᠠᠭᠯᠠᠨ ᠮᠡᠳᠡᠭᠦᠯᠬᠦ ᠱᠠᠭ᠋ᠠᠷᠳᠠᠯᠭ᠎ᠠ》 (ᠳᠠᠭ᠋ᠠᠯᠳᠤᠭᠤᠯᠤᠯ 3) ᠵᠢ ᠨᠠᠷᠢᠯᠢᠭ ᠦᠵᠡᠭᠡᠷᠡᠢ᠃
      ᠰᠢᠯᠭ᠋ᠠᠭᠤᠯᠤᠭᠴᠢ᠎ᠳᠤ ᠨᠠᠩ ᠰᠠᠶ᠋ᠢᠨ ᠦᠢ᠍ᠯᠡᠴᠢᠯᠡᠵᠦ᠂ ᠰᠢᠯᠭ᠋ᠠᠭᠤᠯᠤᠭᠴᠢ ᠵᠢᠨ ᠮᠠᠲ᠋ᠧᠷᠢᠶᠠᠯ ᠵᠶ᠋ᠠᠨ ᠳᠠᠬᠢᠨ ᠳᠠᠪᠲᠠᠨ ᠲᠤᠰᠢᠶᠠᠬᠤ᠎ᠠᠴᠠ ᠵᠠᠶ᠋ᠢᠯᠠᠰᠬᠢᠵᠦ᠂ ᠰᠢᠯᠭ᠋ᠠᠭᠤᠯᠤᠭᠴᠢ ᠵᠢᠨ ᠠᠩᠬᠠᠨ᠎ᠤ ᠨᠡᠷ᠎ᠡ ᠮᠡᠳᠡᠭᠦᠯᠬᠦ ᠵᠢ ᠪᠠᠲᠤᠯᠠᠬᠤ ᠨᠣᠷᠮ᠎ᠠ ᠵᠢ ᠳᠡᠭᠡᠭᠰᠢᠯᠡᠭᠦᠯᠬᠦ ᠵᠢᠨ ᠲᠥᠯᠥᠭᠡ᠂ ᠮᠠᠨ᠎ᠤ ᠲᠢᠩᠬᠢᠮ 2023 ᠣᠨ᠎ᠤ ᠨᠡᠷ᠎ᠡ ᠮᠡᠳᠡᠭᠦᠯᠬᠦ ᠠᠵᠢᠯ᠎ᠠᠴᠠ ᠣᠯᠵᠤ ᠮᠡᠳᠡᠭᠰᠡᠨ ᠠᠰᠠᠭᠤᠳᠠᠯ᠎ᠢ 《2023 ᠣᠨ᠎ᠤ ᠨᠡᠷ᠎ᠡ ᠮᠡᠳᠡᠭᠦᠯᠬᠦ ᠬᠢᠷᠢ ᠬᠡᠮ᠎ᠢ ᠨᠤᠲᠠᠯᠠᠬᠤ ᠠᠵᠢᠯ᠎ᠳᠤ ᠪᠠᠶ᠋ᠢᠩᠭᠤ ᠲᠣᠬᠢᠶᠠᠯᠳᠤᠳᠠᠭ ᠠᠰᠠᠭᠤᠳᠠᠯ᠎ᠤᠨ ᠬᠤᠷᠢᠶᠠᠩᠭᠤᠶ᠋ᠢᠯᠠᠯ》 (ᠳᠠᠭ᠋ᠠᠯᠳᠤᠭᠤᠯᠤᠯ 9) ᠪᠣᠯᠭ᠋ᠠᠨ ᠡᠮᠬᠢᠳᠬᠡᠪᠡ᠂ ᠰᠢᠯᠭ᠋ᠠᠭᠤᠯᠤᠭᠴᠢ ᠤᠷᠢᠳᠴᠢᠯᠠᠨ ᠪᠠᠶ᠋ᠢᠴᠠᠭ᠋ᠠᠨ ᠦᠵᠡᠬᠦ ᠪᠣᠯᠪᠠᠤ᠃
      ᠣᠨᠴᠠᠭ᠋ᠠᠶ᠋ᠢᠯᠠᠨ ᠰᠠᠨᠠᠭᠤᠯᠬᠤ᠎ᠨᠢ᠄ ᠡᠷᠡᠮᠡᠯᠵᠡᠯ ᠲᠠᠭᠯᠠᠬᠤ᠎ᠳᠤ᠎ᠪᠠᠨ ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ᠎ᠠᠴᠠ᠎ᠪᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠣᠷᠣᠭᠴᠢ ᠡᠯᠰᠡᠬᠦ ᠡᠰᠡᠬᠦ᠂ ᠰᠣᠷᠣᠭᠴᠢ ᠡᠯᠰᠡᠬᠦ ᠲᠤᠰᠬᠠᠶ ᠮᠡᠷᠭᠡᠵᠢᠯ ᠪᠠ ᠰᠣᠷᠣᠭᠴᠢ ᠡᠯᠰᠡᠬᠦ ᠲᠥᠯᠥᠪᠯᠡᠭᠡ᠎ᠲᠠᠢ ᠬᠣᠯᠪᠤᠭᠳᠠᠬᠤ ᠪᠠᠶ᠋ᠢᠳᠠᠯ᠎ᠢ ᠨᠤᠲᠠᠯᠠᠭ᠋ᠠᠷᠠᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠰᠤᠷᠤᠭᠴᠢ ᠡᠯᠰᠡᠬᠦ ᠲᠥᠯᠥᠪᠯᠡᠭᠡ ᠥᠬᠡᠶ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠬᠤ᠎ᠪᠠᠷ ᠨᠡᠷ᠎ᠡ ᠮᠡᠳᠡᠭᠦᠯᠦᠭᠰᠡᠨ᠎ᠤ ᠳᠠᠷᠠᠭ᠎ᠠ ᠲᠠᠩᠰᠠ ᠡᠪᠬᠡᠮᠡᠯ ᠵᠶ᠋ᠠᠨ ᠳᠤᠰᠢᠶᠠᠬᠤ ᠠᠷᠭ᠎ᠠ ᠥᠬᠡᠶ᠂  ᠰᠤᠷᠤᠭᠴᠢ ᠡᠯᠰᠡᠬᠦ ᠠᠷᠭ᠎ᠠ ᠥᠬᠡᠶ᠃
      ᠲᠠᠪᠤ᠂ ᠰᠢᠯᠭ᠋ᠠᠬᠤ ᠺᠣᠳ᠋᠎ᠢ ᠤᠯᠬᠤ
      (ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠨᠡᠷ᠎ᠡ ᠮᠡᠳᠡᠭᠦᠯᠬᠦ ᠴᠡᠭ᠎ᠢ ᠰᠣᠩᠭᠤᠭᠰᠠᠨ ᠮᠠᠰᠲ᠋ᠧᠷ ᠰᠣᠳᠤᠯᠤᠨ ᠰᠤᠷᠤᠭᠴᠢ᠂ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》᠎ᠳᠤ ᠭᠠᠷᠴᠤ 《ᠰᠢᠯᠭ᠋ᠠᠭᠤᠯᠤᠭᠴᠢ ᠵᠢ ᠳᠠᠩᠰᠠᠯᠠᠬᠤ ᠬᠦᠰᠦᠨᠦᠭ》᠎ᠢ ᠪᠠᠭᠤᠯᠭ᠋ᠠᠵᠤ᠂ ᠰᠦᠯᠵᠢᠶᠡᠨ᠎ᠳᠤ ᠨᠡᠷ᠎ᠡ ᠮᠡᠳᠡᠭᠦᠯᠬᠦ ᠰᠢᠯᠭ᠋ᠠᠬᠤ ᠺᠣᠳ᠋᠎ᠢ ᠣᠯᠤᠨ᠎ᠠ᠃
      (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠨᠡᠷ᠎ᠡ ᠮᠡᠳᠡᠭᠦᠯᠬᠦ ᠴᠡᠭ᠎ᠢ ᠰᠣᠩᠭᠤᠭᠰᠠᠨ ᠦᠭᠡᠢ ᠮᠠᠰᠲ᠋ᠧᠷ ᠰᠣᠳᠤᠯᠤᠨ ᠰᠤᠷᠤᠭᠴᠢ᠂ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》᠎ᠳᠤ ᠭᠠᠷᠴᠤ 《ᠰᠢᠯᠭ᠋ᠠᠭᠤᠯᠤᠭᠴᠢ ᠵᠢ ᠳᠠᠩᠰᠠᠯᠠᠬᠤ ᠬᠦᠰᠦᠨᠦᠭ》᠎ᠢ ᠪᠠᠭᠤᠯᠭ᠋ᠠᠭᠰᠠᠨ᠎ᠤ ᠳᠠᠷᠠᠭ᠎ᠠ᠂ ᠨᠡᠷ᠎ᠡ ᠮᠡᠳᠡᠭᠦᠯᠬᠦ ᠴᠡᠭ᠎ᠤᠨ ᠪᠠᠶ᠋ᠢᠭ᠎ᠠ ᠮᠤᠵᠢ ᠵᠢᠨ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠤ᠎ᠪᠠᠷ ᠰᠦᠯᠵᠢᠶᠡᠨ᠎ᠳᠤ ᠨᠡᠷ᠎ᠡ ᠮᠡᠳᠡᠭᠦᠯᠬᠦ ᠰᠤᠷᠭ᠋ᠠᠭᠤᠯᠢ ᠵᠢᠨ ᠰᠢᠯᠭ᠋ᠠᠬᠤ ᠺᠣᠳ᠋᠎ᠢ ᠣᠯᠤᠨ᠎ᠠ᠃
      (ᠭᠤᠷᠪᠠ) ᠨᠡᠷ᠎ᠡ ᠮᠡᠳᠡᠭᠦᠯᠬᠦ ᠬᠢᠷᠢ ᠬᠡᠮ᠎ᠢ ᠬᠢᠨᠠᠨ ᠪᠠᠢ᠌ᠴᠠᠭ᠋ᠠᠬᠤ ᠠᠵᠢᠯ᠎ᠢ ᠣᠷᠣᠨ᠎ᠤ ᠭᠠᠳᠠᠨ᠎ᠠ ᠶᠠᠪᠤᠭᠳᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠨᠡᠷ᠎ᠡ ᠮᠡᠳᠡᠭᠦᠯᠬᠦ ᠴᠡᠭ᠎ᠢ ᠰᠣᠩᠭᠣᠭᠰᠠᠨ ᠮᠠᠰᠲ᠋ᠧᠷ ᠰᠢᠯᠭ᠋ᠠᠭᠤᠯᠤᠭᠴᠢ᠂ ᠨᠡᠷ᠎ᠡ ᠮᠡᠳᠡᠭᠦᠯᠬᠦ ᠬᠢᠷᠢ ᠬᠡᠮ᠎ᠢ ᠬᠢᠨᠠᠨ ᠪᠠᠢ᠌ᠴᠠᠭ᠋ᠠᠬᠤ ᠭᠠᠵᠠᠷ᠎ᠤᠨ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠨᠢᠭᠡᠨᠲᠡ ᠲᠠᠮᠠᠭ᠎ᠠ (ᠪᠤᠶᠤ ᠳᠣᠲᠣᠭ᠋ᠠᠳᠤ ᠵᠢᠨ ᠰᠠᠯᠠᠭ᠎ᠠ ᠮᠥᠴᠢᠷ᠎ᠤᠨ ᠲᠠᠮᠠᠭ᠎ᠠ) ᠳᠠᠷᠤᠵᠤ ᠨᠤᠲᠠᠯᠠᠭᠰᠠᠨ 《ᠰᠢᠯᠭ᠋ᠠᠭᠤᠯᠤᠭᠴᠢ ᠵᠢ ᠳᠠᠩᠰᠠᠯᠠᠬᠤ ᠬᠦᠰᠦᠨᠦᠭᠲᠦ》 ᠵᠢᠨ ᠡᠯᠧᠺᠲᠷᠣᠨ ᠬᠡᠪᠯᠡᠯ (ᠬᠡᠷᠡᠯ ᠵᠢᠷᠤᠭ ᠪᠤᠶᠤ ᠰᠢᠷᠪᠢᠯᠲᠡ)᠎ᠢ 19536293@qq.com ᠎ᠲᠤ ᠢᠯᠡᠭᠡᠵᠦ᠂ ᠢᠯᠡᠭᠡᠭᠰᠡᠨ ᠢᠮᠧᠯ᠎ᠢ 24 ᠴᠠᠭ᠎ᠤᠨ ᠳᠠᠷᠠᠭ᠎ᠠ ᠣᠯᠤᠭᠰᠠᠨ  ᠭᠡᠬᠦ  ᠬᠠᠷᠢᠭᠤ  ᠥᠬᠡᠶ ᠪᠣᠯ ᠳᠠᠬᠢᠨᠲᠠ  ᠢᠯᠡᠭᠡᠬᠦ ᠪᠤᠶᠤ ᠠᠰᠠᠭᠤᠨ ᠯᠠᠪᠯᠠᠬᠤ ᠤᠲᠠᠰᠤ᠄ 0471 - 32611᠎ᠳᠤ ᠤᠲᠠᠰᠤᠳᠠᠵᠤ ᠯᠠᠪᠯᠠᠨ᠎ᠠ᠃
      (ᠳᠥᠷᠪᠡ)  ᠮᠠᠰᠲ᠋ᠧᠷ ᠰᠢᠯᠭ᠋ᠠᠭᠤᠯᠤᠭᠴᠢ ᠰᠢᠯᠭ᠋ᠠᠬᠤ ᠺᠣᠳ᠋᠎ᠢ ᠣᠯᠤᠭᠰᠠᠨ᠎ᠤ ᠳᠠᠷᠠᠭ᠎ᠠ᠂ 2023 ᠣᠨ᠎ᠤ 10 ᠰᠠᠷ᠎ᠠ ᠵᠢᠨ 25᠎ᠤ ᠡᠳᠦᠷ᠎ᠠᠴᠠ ᠡᠮᠦᠨ᠎ᠡ ᠳᠤᠮᠳᠠᠳᠤ ᠤᠯᠤᠰ᠎ᠤᠨ ᠰᠣᠳᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠵᠢᠨ ᠰᠦᠯᠵᠢᠶᠡᠨ᠎ᠳᠤ ᠭᠠᠷᠴᠤ ᠨᠡᠷ᠎ᠡ ᠮᠡᠳᠡᠭᠦᠯᠦᠨ᠎ᠡ᠃
      (ᠲᠠᠪᠤ) ᠳ᠋ᠣᠺᠲ᠋ᠣᠷ ᠰᠢᠯᠭ᠋ᠠᠭᠤᠯᠤᠭᠰᠠᠳ ᠰᠢᠯᠭ᠋ᠠᠬᠤ ᠺᠣᠳ᠋ ᠠᠪᠬᠤ ᠴᠢᠬᠤᠯᠠ ᠥᠬᠡᠶ᠃
      ᠵᠢᠷᠭᠤᠭ᠎ᠠ᠂ ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠳᠡᠰ᠎ᠤᠨ ᠭᠣᠣᠯᠯᠠᠭᠴᠢ ᠴᠢᠳᠠᠪᠤᠷᠢᠲᠠᠨ᠎ᠤ
      ᠲᠥᠯᠥᠪᠯᠡᠭᠡ ᠵᠢᠨ ᠰᠣᠳᠤᠯᠤᠨ ᠰᠤᠷᠤᠭᠴᠢ ᠵᠢ ᠬᠠᠨᠳᠤᠯᠭ᠋ᠠᠲᠠᠢ ᠡᠯᠰᠡᠬᠦ ᠬᠡᠯᠡᠯᠴᠡᠭᠡᠷ᠎ᠤᠨ ᠪᠢᠴᠢᠭ᠎ᠤᠨ ᠲᠤᠬᠠᠢ

       (ᠨᠢᠭᠡ) ᠰᠢᠯᠭ᠋ᠠᠭᠤᠯᠤᠭᠴᠢ ᠡᠯᠰᠡᠬᠦ᠎ᠪᠠᠷ ᠪᠠᠢ᠌ᠭ᠎ᠠ ᠬᠢᠷᠢ ᠬᠡᠮ᠎ᠢ ᠣᠯᠪᠠᠯ᠂ 《ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠥᠰᠥᠭ ᠵᠢᠷᠤᠬᠤ ᠵᠦᠭᠯᠡᠭᠦᠷ》 (ᠳᠠᠭ᠋ᠠᠯᠳᠤᠭᠤᠯᠤᠯ 5) ᠵᠢᠨ ᠶᠣᠰᠤ᠎ᠪᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠴᠣᠩᠬᠤᠪᠴᠢ᠎ᠳᠤ ᠬᠦᠷᠴᠦ᠂ ᠬᠣᠯᠪᠣᠭᠳᠠᠯ ᠪᠥᠬᠥᠶ ᠮᠠᠲ᠋ᠧᠷᠢᠶᠠᠯ ᠵᠶ᠋ᠡᠨ ᠲᠤᠰᠢᠶᠠᠬᠤ ᠵᠢᠨ ᠬᠠᠮᠲᠤ ᠬᠣᠶᠠᠷ ᠡᠳᠦᠷ᠎ᠤᠨ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠨᠣᠲᠠᠯᠠᠭᠰᠠᠨ 《ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ》᠎ᠢ ᠡᠭᠡᠭᠦᠯᠦᠨ ᠠᠪᠴᠢᠷᠠᠬᠤ       ᠬᠡᠷᠡᠭᠲᠡᠶ᠃
      (ᠬᠣᠶᠠᠷ) 《ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ》᠎ᠢ ᠲᠣᠭᠲᠠᠭ᠋ᠠᠬᠤ ᠶᠠᠪᠤᠴᠠ᠎ᠳᠤ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ》᠎ᠤᠨ ᠠᠯᠪᠠᠨ ᠲᠠᠮᠠᠭ᠎ᠠ ᠪᠠ ᠰᠤᠷᠭ᠋ᠠᠨ ᠬᠥᠮᠥᠵᠢᠯ᠎ᠤᠨ ᠲᠢᠩᠬᠢᠮ᠎ᠤᠨ ᠭᠤᠤᠯ ᠬᠠᠷᠢᠭᠤᠴᠠᠯᠭ᠋ᠠᠲᠠᠨ (ᠪᠤᠶᠤ ᠳᠣᠭᠲᠠᠭᠰᠠᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ)᠎ᠤ ᠭᠠᠷ᠎ᠤᠨ ᠥᠰᠥᠭ ᠵᠢᠷᠤᠭᠰᠠᠨ (ᠪᠤᠶᠤ ᠲᠠᠮᠠᠭ᠎ᠠ ᠳᠠᠷᠤᠭᠰᠠᠨ) 《ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ》᠎ᠢ ᠬᠡᠷᠡᠭᠯᠡᠨ᠎ᠡ᠃ ᠰᠣᠷᠣᠭᠴᠢ ᠡᠯᠰᠡᠬᠦ ᠳᠡᠭᠡᠳᠦ ᠰᠤᠷᠭ᠋ᠠᠭᠤᠯᠢ᠎ᠨᠢ ᠮᠠᠨ᠎ᠤ ᠲᠢᠩᠬᠢᠮ᠎ᠳᠤ ᠳᠠᠩᠰᠠᠯᠠᠭᠤᠯᠤᠭᠰᠠᠨ ᠥᠬᠡᠶ ᠪᠠᠶ᠋ᠢᠳᠠᠯ᠎ᠳᠤ᠂ ᠲᠣᠰ ᠰᠤᠷᠭ᠋ᠠᠭᠤᠯᠢ ᠵᠢᠨ ᠠᠯᠪᠠᠨ ᠲᠠᠮᠠᠭ᠎ᠠ ᠪᠠ ᠰᠤᠷᠭ᠋ᠠᠭᠤᠯᠢ ᠵᠢᠨ ᠬᠠᠷᠢᠭᠤᠴᠠᠯᠭ᠋ᠠᠲᠠᠨ᠎ᠤ ᠭᠠᠷ᠎ᠤᠨ ᠥᠰᠥᠭ ᠵᠢᠷᠤᠭᠰᠠᠨ (ᠪᠤᠶᠤ ᠲᠠᠮᠠᠭ᠎ᠠ ᠳᠠᠷᠤᠭᠰᠠᠨ) 《ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ》᠎ᠢ ᠬᠡᠷᠡᠭᠯᠡᠭᠡᠷᠡᠢ᠃ ᠠᠵᠢᠯ᠎ᠤᠨ ᠪᠠᠢ᠌ᠷᠢ᠎ᠳᠤ ᠪᠠᠶ᠋ᠢᠭ᠎ᠠ ᠰᠢᠯᠭ᠋ᠠᠭᠤᠯᠤᠭᠴᠢ ᠵᠢᠨ ᠠᠵᠢᠯᠯᠠᠵᠤ ᠪᠠᠢ᠌ᠭ᠎ᠠ ᠨᠢᠭᠡᠴᠢ ᠴᠦ᠍ ᠡᠭᠦᠨ᠎ᠢ ᠦᠨᠳᠦᠰᠦᠯᠡᠨ ᠬᠡᠷᠡᠭᠵᠢᠭᠦᠯᠦᠨ᠎ᠡ᠃
      (ᠭᠤᠷᠪᠠ) ᠰᠢᠯᠭ᠋ᠠᠭᠤᠯᠤᠭᠴᠢ ᠵᠢᠨ ᠲᠥᠷᠥᠯ᠎ᠢ ᠰᠢᠰᠲ᠋ᠧᠮ ᠬᠠᠭ᠋ᠠᠭᠰᠠᠨ᠎ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠂ 《ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ》 ᠎ᠲᠤ ᠭᠠᠷ᠎ᠤᠨ ᠥᠰᠥᠭ ᠵᠢᠷᠤᠬᠤ ᠠᠷᠭ᠎ᠠ ᠮᠠᠶᠢᠭ᠎ᠢ 《ᠰᠢᠯᠭ᠋ᠠᠭᠤᠯᠤᠭᠴᠢ ᠵᠢ ᠳᠠᠩᠰᠠᠯᠠᠬᠤ ᠬᠦᠰᠦᠨᠦᠭ》᠎ᠲᠠᠬᠢ ᠰᠢᠯᠭ᠋ᠠᠭᠤᠯᠤᠭᠴᠢ ᠵᠢᠨ ᠲᠥᠷᠥᠯ᠎ᠤᠨ ᠮᠡᠳᠡᠭᠡ ᠵᠠᠩᠭᠢ᠎ᠪᠠᠷ ᠪᠠᠷᠢᠮᠵᠢᠶ᠎ᠠ ᠪᠣᠯᠭ᠋ᠠᠨ᠎ᠠ᠂ ᠠᠵᠢᠯ᠎ᠤᠨ ᠪᠠᠶ᠋ᠢᠷᠢ᠎ᠳᠤ ᠪᠠᠶ᠋ᠢᠭ᠎ᠠ ᠰᠢᠯᠭ᠋ᠠᠭᠤᠯᠤᠭᠴᠢ ᠪᠣᠯᠭᠣᠮᠵᠢᠲᠠᠶ       ᠰᠣᠩᠭᠣᠭ᠋ᠠᠷᠠᠶ᠃
      (ᠳᠥᠷᠪᠡ) ᠰᠤᠷᠭ᠋ᠠᠨ ᠬᠥᠮᠦᠵᠢᠯ᠎ᠤᠨ ᠶᠠᠮᠤᠨ᠎ᠤ ᠲᠣᠭᠲᠠᠭ᠋ᠠᠯ ᠶᠣᠰᠤ᠎ᠪᠠᠷ 《ᠭᠤᠤᠯᠯᠠᠭᠴᠢ ᠲᠥᠯᠥᠪᠯᠡᠭᠡ》 ᠵᠢᠨ ᠠᠵᠢᠯ᠎ᠤᠨ ᠪᠠᠢ᠌ᠷᠢ᠎ᠳᠤ ᠪᠠᠶ᠋ᠢᠭ᠎ᠠ ᠪᠤᠰᠤ ᠰᠣᠳᠤᠯᠤᠨ ᠰᠤᠷᠤᠭᠴᠢ ᠲᠡᠭᠦᠰᠦᠭᠰᠡᠨ᠎ᠤ ᠳᠠᠷᠠᠭ᠎ᠠ᠂ ᠡᠷᠬᠡᠪᠰᠢ ᠬᠠᠨᠳᠤᠯᠭ᠋ᠠᠲᠠᠢ ᠮᠤᠵᠢ ᠪᠤᠶᠤ ᠥᠪᠥᠷ ᠮᠣᠩᠭᠣᠯ᠂ ᠭᠤᠸᠠᠩᠰᠢ᠂ ᠭᠦᠢ᠍ᠵᠧᠦ᠂ ᠶᠦᠨᠨᠠᠨ᠂ ᠲᠥᠪᠡᠳ᠂ ᠬᠥᠬᠡᠨᠠᠭᠤᠷ᠂ ᠨᠢᠩᠰᠢᠶᠠ᠂ ᠰᠢᠨᠵᠢᠶᠠᠩ (ᠪᠢᠩᠲ᠋ᠤᠸᠠᠨ᠎ᠢ ᠪᠠᠭᠲᠠᠭ᠋ᠠᠨ᠎ᠠ) ᠵᠡᠷᠭᠡ  ᠬᠠᠨᠳᠤᠯᠭ᠋ᠠᠲᠠᠢ ᠭᠠᠵᠠᠷ ᠣᠷᠣᠨ᠎ᠳᠤ ᠣᠴᠢᠵᠤ ᠠᠵᠢᠯ ᠤᠯᠬᠤ ᠬᠡᠷᠡᠭᠲᠡᠶ᠂ ᠭᠡᠷ᠎ᠡ᠎ᠠᠴᠠ ᠵᠥᠷᠢᠴᠡᠵᠦ ᠪᠣᠯᠬᠤ ᠥᠬᠡᠶ᠃ ᠮᠠᠨ᠎ᠤ ᠣᠷᠣᠨ᠎ᠳᠤ ᠨᠡᠷ᠎ᠡ ᠮᠡᠳᠡᠭᠦᠯᠬᠦ ᠬᠢᠷᠢ ᠬᠡᠮ᠎ᠢ ᠣᠯᠤᠭᠰᠠᠨ᠂ ᠳᠡᠭᠡᠷ᠎ᠡ ᠳᠤᠷᠠᠳᠤᠭᠰᠠᠨ 8 ᠮᠤᠵᠢ (ᠣᠷᠣᠨ)᠎ᠳᠤ ᠠᠵᠢᠯ ᠣᠯᠤᠭ᠋ᠠᠳᠤᠶ ᠪᠤᠶᠤ ᠳᠡᠭᠡᠷ᠎ᠡ ᠳᠤᠷᠠᠳᠤᠭᠰᠠᠨ 8 ᠮᠤᠵᠢ (ᠣᠷᠣᠨ)᠎ᠳᠤ ᠠᠵᠢᠯ ᠣᠯᠤᠭᠰᠠᠨ ᠪᠣᠯᠪᠠᠴᠤ ᠦᠢ᠍ᠯᠡᠴᠢᠯᠡᠬᠦ ᠵᠢᠯ᠎ᠤᠨ ᠬᠢᠵᠠᠭ᠋ᠠᠷ᠎ᠲᠤ᠎ᠪᠠᠨ ᠬᠦᠷᠦᠭᠡᠳᠦᠶ ᠥᠩᠭᠡᠷᠡᠭᠰᠡᠨ ᠵᠢᠯ᠎ᠤᠨ ᠲᠡᠭᠦᠰᠦᠭᠰᠡᠳ ᠪᠣᠯ ᠳᠠᠩᠰᠠ ᠡᠪᠬᠡᠮᠡᠯ ᠵᠢᠴᠢ ᠲᠡᠭᠦᠰᠬᠦ ᠦᠨᠡᠮᠯᠡᠯ ᠪᠠ ᠡᠷᠳᠡᠮ᠎ᠤᠨ ᠴᠣᠯᠠ ᠵᠢᠨ ᠦᠨᠡᠮᠯᠡᠯ ᠵᠶ᠋ᠠᠨ ᠰᠢᠯᠵᠢᠭᠦᠯᠵᠦ ᠪᠣᠯᠬᠤ ᠦᠭᠡᠶ᠃ ᠰᠢᠯᠭ᠋ᠠᠭᠤᠯᠤᠭᠴᠢ ᠨᠡᠷ᠎ᠡ ᠮᠡᠳᠡᠭᠦᠯᠬᠦ᠎ᠠᠴᠠ᠎ᠪᠠᠨ ᠡᠮᠦᠨ᠎ᠡ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠨᠡᠷ᠎ᠡ ᠮᠡᠳᠡᠭᠦᠯᠬᠦ ᠲᠤᠰᠬᠠᠶ ᠮᠡᠷᠭᠡᠵᠢᠯ᠎ᠤᠨ ᠵᠶ᠋ᠠᠨ ᠳᠡᠭᠡᠷ᠎ᠡ ᠳᠤᠷᠠᠳᠤᠭᠰᠠᠨ ᠲᠣᠭᠲᠠᠭᠰᠠᠨ ᠭᠠᠵᠠᠷ ᠣᠷᠣᠨ᠎ᠳᠤ ᠠᠵᠢᠯ ᠤᠯᠬᠤ᠎ᠳᠤ ᠠᠮᠠᠷᠬᠠᠨ ᠡᠰᠡᠬᠦ ᠵᠢ ᠣᠶ᠋ᠢᠯᠠᠭ᠋ᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠭᠤᠤᠯᠯᠠᠭᠴᠢ  ᠲᠥᠯᠥᠪᠯᠡᠭᠡ᠎ᠳᠤ ᠨᠡᠷ᠎ᠡ ᠮᠡᠳᠡᠭᠦᠯᠬᠦ ᠡᠰᠡᠬᠦ᠎ᠪᠠᠨ ᠪᠣᠯᠭᠣᠮᠵᠢᠲᠠᠶ ᠲᠣᠭᠲᠠᠭ᠋ᠠᠬᠤ ᠬᠡᠷᠡᠭᠲᠡᠶ᠃ ᠴᠥᠭᠡᠨ ᠲᠣᠭ᠋ᠠᠲᠤ ᠦᠨᠳᠦᠰᠦᠲᠡᠨ᠎ᠤ ᠭᠣᠣᠯᠯᠠᠭᠴᠢ ᠲᠥᠯᠥᠪᠯᠡᠭᠡ ᠵᠢᠨ ᠠᠵᠢᠯ᠎ᠤᠨ ᠪᠠᠶ᠋ᠢᠷᠢ᠎ᠠᠴᠠ ᠰᠣᠳᠤᠯᠤᠨ ᠰᠤᠷᠤᠬ᠍ᠴᠢ ᠵᠢ ᠲᠡᠭᠦᠰᠬᠡᠭᠰᠡᠨ᠎ᠤ ᠲᠠᠷᠠᠭ᠎ᠠ ᠡᠷᠬᠡᠪᠰᠢ ᠤᠤᠯ᠎ᠤᠨ ᠨᠢᠭᠡᠴᠢ᠎ᠳᠤ᠎ᠪᠠᠨ ᠪᠤᠴᠠᠵᠤ ᠠᠵᠢᠯᠯᠠᠬᠤ ᠬᠡᠷᠡᠭᠲᠡᠢ᠂ ᠭᠡᠷ᠎ᠡ ᠵᠢ ᠵᠥᠷᠢᠴᠡᠵᠦ ᠪᠣᠯᠬᠤ ᠦᠭᠡᠢ᠃
      ᠳᠣᠯᠣᠭ᠎ᠠ᠂ ᠠᠩᠬᠠᠷᠬᠤ ᠵᠦᠢ᠍ᠯ
      (ᠨᠢᠭᠡ) ᠰᠢᠯᠭ᠋ᠠᠭᠤᠯᠤᠭᠰᠠᠳ ᠨᠡᠷ᠎ᠡ ᠮᠡᠳᠡᠭᠦᠯᠵᠦ ᠰᠢᠯᠭ᠋ᠠᠭᠤᠯᠬᠤ ᠳᠡᠭᠡᠳᠦ ᠰᠤᠷᠭ᠋ᠠᠭᠤᠯᠢ ᠵᠢᠨ ᠵᠶ᠋ᠠᠨ ᠰᠣᠷᠣᠭᠴᠢ ᠡᠯᠰᠡᠬᠦ ᠲᠣᠪᠴᠢ ᠲᠦᠷᠢᠮ᠎ᠢ ᠨᠠᠷᠢᠨ ᠬᠢᠨᠠᠮᠠᠭ᠋ᠠᠶ ᠤᠩᠰᠢᠵᠤ᠂ 《ᠭᠤᠤᠯᠯᠠᠭᠴᠢ ᠲᠥᠯᠥᠪᠯᠡᠭᠡ》 ᠵᠢᠨ ᠰᠣᠳᠤᠯᠤᠨ ᠰᠤᠷᠤᠭᠴᠢ ᠵᠢᠨ ᠬᠢᠴᠢᠶᠡᠯ ᠲᠥᠷᠥᠯ᠎ᠤᠨ ᠲᠤᠰᠬᠠᠶ ᠮᠡᠷᠭᠡᠵᠢᠯ᠎ᠢ ᠣᠶ᠋ᠢᠯᠠᠭ᠋ᠠᠵᠤ᠂ ᠨᠡᠷ᠎ᠡ ᠮᠡᠳᠡᠭᠦᠯᠵᠦ ᠰᠢᠯᠭ᠋ᠠᠭᠤᠯᠬᠤ᠎ᠠᠴᠠ᠎ᠪᠠᠨ ᠡᠮᠦᠨ᠎ᠡ ᠨᠡᠷ᠎ᠡ ᠮᠡᠳᠡᠭᠦᠯᠵᠦ ᠰᠢᠯᠭ᠋ᠠᠭᠤᠯᠬᠤ ᠰᠤᠷᠭ᠋ᠠᠭᠤᠯᠢ ᠵᠢᠨ ᠵᠶ᠋ᠠᠨ ᠰᠣᠳᠤᠯᠤᠨ ᠰᠤᠷᠤᠭᠴᠢ ᠡᠯᠰᠡᠬᠦ ᠠᠵᠢᠯ᠎ᠤᠨ ᠰᠠᠯᠠᠭ᠎ᠠ ᠮᠥᠴᠢᠷ᠎ᠲᠠᠢ ᠬᠠᠷᠢᠯᠴᠠᠬᠤ ᠪᠤᠶᠤ ᠰᠤᠷᠭ᠋ᠠᠭᠤᠯᠢ ᠵᠢᠨ ᠵᠶ᠋ᠠᠨ ᠠᠯᠪᠠᠨ ᠰᠦᠯᠵᠢᠶ᠎ᠡ᠎ᠠᠴᠠ ᠨᠡᠷ᠎ᠡ ᠮᠡᠳᠡᠭᠦᠯᠵᠦ ᠰᠢᠯᠭ᠋ᠠᠭᠤᠯᠬᠤ ᠰᠤᠷᠭ᠋ᠠᠭᠤᠯᠢ ᠵᠢᠨ ᠰᠣᠷᠣᠭᠴᠢ ᠡᠯᠰᠡᠬᠦ ᠭᠦᠢ᠍ᠴᠡᠳᠭᠡᠯ ᠲᠣᠭ᠎ᠠ᠂ ᠨᠡᠷ᠎ᠡ ᠮᠡᠳᠡᠭᠦᠯᠬᠦ ᠴᠡᠭ ᠪᠠ  ᠠᠬᠤᠢ ᠲᠠᠯᠠᠪᠠᠢ᠎ᠳᠤ ᠨᠤᠲᠠᠯᠠᠬᠤ ᠵᠡᠷᠭᠡ ᠵᠦᠢ᠍ᠯ᠎ᠢ ᠣᠶ᠋ᠢᠯᠠᠭ᠋ᠠᠬᠤ ᠬᠡᠷᠡᠭᠲᠡᠶ᠃
      (ᠬᠣᠶᠠᠷ) ᠰᠢᠯᠭ᠋ᠠᠭᠤᠯᠤᠭᠴᠢ ᠥᠪᠡᠷ᠎ᠤᠨ ᠲᠤᠰᠢᠶᠠᠭᠰᠠᠨ ᠦᠨᠡᠮᠯᠡᠯ᠂ ᠮᠠᠲ᠋ᠧᠷᠢᠶᠠᠯ ᠪᠠ ᠲᠠᠭᠯᠠᠨ ᠪᠢᠴᠢᠭᠰᠡᠨ ᠠᠭᠤᠯᠭ᠎ᠠ ᠵᠢᠨ ᠵᠶ᠋ᠠᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠶ᠃ ᠡᠯ᠎ᠡ ᠲᠥᠷᠥᠯ᠎ᠤᠨ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠳᠠᠯ᠎ᠳᠤ ᠬᠣᠯᠪᠣᠭᠳᠠᠪᠠᠯ᠂ 《ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭᠲᠠᠭ᠋ᠠᠯ᠎ᠠᠴᠠ ᠵᠥᠷᠢᠴᠡᠭᠰᠡᠨ᠎ᠢ ᠰᠢᠢ᠍ᠳᠪᠦᠷᠢᠯᠡᠬᠦ ᠠᠷᠭ᠎ᠠ》 (ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠤ ᠵᠠᠷᠯᠢᠭ 33 ᠳ᠋ᠤᠭ᠋ᠠᠷ ᠲᠣᠭ᠋ᠠᠲᠤ) ᠵᠢᠨ ᠶᠣᠰᠤ᠎ᠪᠠᠷ ᠮᠠᠭ᠋ᠠᠳᠯᠠᠨ ᠲᠣᠭᠲᠠᠭ᠋ᠠᠬᠤ ᠪᠠ ᠰᠢᠢ᠍ᠳᠪᠦᠷᠢᠯᠡᠨ᠎ᠡ᠃ ᠰᠢᠯᠭ᠋ᠠᠭᠤᠯᠤᠭᠴᠢ ᠵᠢᠨ ᠪᠣᠶ ᠪᠥᠬᠥᠶ ᠮᠡᠳᠡᠭᠡ ᠵᠠᠩᠭᠢ ᠵᠢ ᠰᠢᠰᠲ᠋ᠧᠮ ᠬᠠᠭ᠋ᠠᠭᠰᠠᠨ᠎ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠂ ᠰᠢᠯᠭ᠋ᠠᠭᠤᠯᠤᠭᠴᠢ ᠪᠣᠯᠭᠣᠮᠵᠢᠲᠠᠶ ᠲᠠᠭᠯᠠᠭ᠋ᠠᠷᠠᠶ᠃
      (ᠭᠤᠷᠪᠠ) ᠰᠢᠯᠭ᠋ᠠᠭᠤᠯᠤᠭᠴᠢ ᠵᠢ ᠪᠦᠬᠦ ᠤᠯᠤᠰ᠎ᠤᠨ ᠡᠩ᠎ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠪᠣᠯᠤᠨ 《ᠭᠣᠣᠯᠯᠠᠬᠤ ᠲᠥᠯᠥᠪᠯᠡᠭᠡ》 ᠵᠢᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠵᠢᠨ ᠬᠣᠭᠣᠷᠣᠨᠳᠣ ᠲᠣᠬᠢᠷᠠᠭᠤᠯᠤᠨ ᠡᠯᠰᠡᠵᠦ ᠪᠣᠯᠬᠤ ᠦᠭᠡᠶ᠃
      (ᠳᠥᠷᠪᠡ) ᠠᠵᠢᠯ᠎ᠤᠨ ᠪᠠᠢ᠌ᠷᠢ᠎ᠳᠤ ᠪᠠᠶ᠋ᠢᠭ᠎ᠠ ᠰᠢᠯᠭ᠋ᠠᠭᠤᠯᠤᠭᠴᠢ 《ᠰᠢᠯᠭ᠋ᠠᠭᠤᠯᠤᠭᠴᠢ ᠵᠢ ᠳᠠᠩᠰᠠᠯᠠᠬᠤ ᠬᠦᠰᠦᠨᠦᠭ》᠎ᠢ ᠤᠯᠬᠤ᠎ᠳᠤ᠂ ᠡᠷᠬᠡᠪᠰᠢ ᠬᠥᠮᠦᠨ ᠬᠡᠷᠡᠭᠯᠡᠵᠦ ᠪᠠᠢ᠌ᠭ᠎ᠠ ᠨᠢᠭᠡᠴᠢ (ᠪᠤᠶᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ) ᠵᠢᠨ ᠬᠠᠷᠢᠭᠤᠴᠠᠯᠭ᠋ᠠᠲᠠᠨ᠎ᠤ ᠭᠠᠷ᠎ᠤᠨ ᠥᠰᠥᠭ ᠵᠢᠷᠤᠭᠰᠠᠨ 《ᠠᠵᠢᠯ᠎ᠤᠨ ᠪᠠᠢ᠌ᠷᠢ᠎ᠠᠴᠠ ᠨᠡᠷ᠎ᠡ ᠮᠡᠳᠡᠭᠦᠯᠬᠦ ᠵᠦᠪᠰᠢᠶᠡᠷᠡᠯ / ᠠᠵᠢᠯ᠎ᠤᠨ ᠪᠠᠢ᠌ᠷᠢ᠎ᠳᠤ ᠪᠠᠶ᠋ᠢᠭ᠎ᠠ ᠪᠤᠰᠤ ᠨᠡᠷ᠎ᠡ ᠮᠡᠳᠡᠭᠦᠯᠬᠦ ᠵᠦᠪᠰᠢᠶᠡᠷᠡᠯ》 ᠪᠠ ᠬᠠᠷᠢᠭᠤᠴᠠᠯᠭ᠋ᠠᠲᠠᠨ ᠭᠠᠷ ᠎ᠤᠨ ᠥᠰᠥᠭ  ᠵᠢᠷᠤᠬᠤ ᠵᠢᠨ ᠬᠠᠮᠲᠤ ᠠᠵᠢᠯᠯᠠᠵᠤ ᠪᠠᠢ᠌ᠭ᠎ᠠ ᠨᠢᠭᠡᠴᠢ (ᠪᠤᠶᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ) ᠵᠢᠨ ᠲᠠᠮᠠᠭ᠎ᠠ ᠵᠢ ᠳᠠᠷᠤᠭᠰᠠᠨ᠎ᠤ ᠳᠠᠷᠠᠭ᠎ᠠ ᠰᠠᠶᠢ ᠬᠦᠴᠦᠨ᠎ᠲᠠᠢ ᠪᠣᠯᠤᠨ᠎ᠠ᠃
      (ᠲᠠᠪᠤ) ᠮᠠᠰᠲ᠋ᠧᠷ ᠰᠢᠯᠭ᠋ᠠᠭᠤᠯᠬᠤ᠎ᠪᠠᠷ ᠨᠡᠷ᠎ᠡ ᠮᠡᠳᠡᠭᠦᠯᠬᠦ ᠰᠣᠳᠤᠯᠤᠨ ᠰᠤᠷᠤᠭᠴᠢ ᠳᠤᠮᠳᠠᠳᠤ ᠤᠯᠤᠰ᠎ᠤᠨ ᠰᠣᠳᠤᠯᠤᠨ ᠰᠤᠷᠤᠭᠴᠢ ᠡᠯᠰᠡᠬᠦ ᠮᠡᠳᠡᠭᠡ ᠵᠠᠩᠭᠢ ᠵᠢᠨ ᠰᠦᠯᠵᠢᠶᠡᠨ᠎ᠳᠤ ᠨᠡᠷ᠎ᠡ ᠮᠡᠳᠡᠭᠦᠯᠬᠦ᠎ᠳᠤ᠎ᠪᠠᠨ 《ᠲᠤᠰᠬᠠᠶ ᠪᠤᠯᠤᠩ᠎ᠤᠨ ᠲᠥᠯᠥᠪᠯᠡᠭᠡ》 ᠪᠤᠯᠤᠩ᠎ᠳᠤ 《ᠴᠥᠭᠡᠨ ᠲᠣᠭ᠋ᠠᠲᠤ ᠦᠨᠳᠦᠰᠦᠲᠡᠨ᠎ᠤ ᠭᠤᠤᠯᠯᠠᠭᠴᠢ ᠲᠥᠯᠥᠪᠯᠡᠭᠡ》 ᠵᠢ ᠰᠣᠩᠭᠣᠬᠤ ᠵᠢᠨ ᠬᠠᠮᠲᠤ ᠰᠢᠯᠭ᠋ᠠᠬᠤ ᠺᠣᠳ᠋ ᠵᠶ᠋ᠠᠨ ᠣᠷᠣᠭᠤᠯᠵᠤ᠂ ᠨᠡᠷ᠎ᠡ ᠮᠡᠳᠡᠭᠦᠯᠬᠦ ᠲᠥᠷᠥᠯ᠎ᠢ 《ᠬᠠᠨᠳᠤᠯᠭ᠋ᠠᠲᠠᠢ       ᠡᠯᠰᠡᠬᠦ》 ᠵᠢ ᠰᠣᠩᠭᠤᠬᠤ ᠵᠢ ᠰᠠᠨᠠᠭᠤᠯᠤᠶ᠎ᠠ᠃ ᠠᠵᠢᠯ᠎ᠤᠨ ᠪᠠᠢ᠌ᠷᠢ᠎ᠳᠤ ᠪᠠᠶ᠋ᠢᠭ᠎ᠠ ᠰᠢᠯᠭ᠋ᠠᠭᠤᠯᠤᠭᠴᠢ ᠵᠢᠨ ᠬᠠᠨᠳᠤᠯᠭ᠋ᠠᠲᠤ ᠨᠢᠭᠡᠴᠢ ᠵᠢ ᠣᠲᠣ ᠵᠢᠨ ᠠᠵᠢᠯᠯᠠᠵᠤ ᠪᠠᠶ᠋ᠢᠭ᠎ᠠ ᠨᠢᠭᠡᠴᠢ᠎ᠪᠠᠷ ᠲᠠᠭᠯᠠᠵᠤ᠂ ᠠᠵᠢᠯ᠎ᠤᠨ ᠪᠠᠢ᠌ᠷᠢ ᠎ᠳᠤ ᠪᠠᠶ᠋ᠢᠭ᠎ᠠ ᠪᠤᠰᠤ ᠰᠢᠯᠭ᠋ᠠᠭᠤᠯᠤᠭᠴᠢ ᠵᠢᠨ ᠬᠠᠨᠳᠤᠯᠭ᠋ᠠᠲᠤ ᠨᠢᠭᠡᠴᠢ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ》 ᠭᠡᠵᠦ ᠲᠠᠭᠯᠠᠨ᠂ ᠬᠠᠨᠳᠤᠯᠭ᠋ᠠᠲᠤ ᠨᠢᠭᠡᠴᠢ ᠵᠢᠨ ᠪᠠᠶ᠋ᠢᠭ᠎ᠠ ᠭᠠᠵᠠᠷ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ》 ᠭᠡᠵᠦ ᠲᠠᠭᠯᠠᠨ᠎ᠠ᠃
      ᠨᠠᠢ᠍ᠮᠠ᠂ ᠬᠠᠷᠢᠯᠴᠠᠬᠤ ᠠᠷᠭ᠎ᠠ ᠮᠠᠶᠢᠭ
      ᠬᠢᠷᠢ ᠬᠡᠮ᠎ᠢ ᠬᠢᠨᠠᠨ ᠪᠠᠢ᠌ᠴᠠᠭ᠋ᠠᠵᠤ ᠵᠦᠪᠯᠡᠯᠭᠡ ᠥᠭᠬᠦ ᠤᠲᠠᠰᠤ᠄
      0471 - 3261804᠂ ᠮᠠᠰᠲ᠋ᠧᠷ᠂ ᠳ᠋ᠣᠺᠲ᠋ᠣᠷ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠬᠤᠭᠤᠴᠠᠭ᠋ᠠᠨ᠎ᠳᠤ ᠨᠡᠭᠡᠭᠡᠨ᠎ᠡ;
      0471 - 3261715᠂ ᠵᠥᠪᠬᠡᠨ ᠮᠠᠰᠲ᠋ᠧᠷ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠬᠤᠭᠤᠴᠠᠭ᠋ᠠᠨ᠎ᠳᠤ ᠨᠡᠭᠡᠭᠡᠨ᠎ᠡ;
      ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ᠎ᠤᠨ ᠵᠦᠪᠯᠡᠯᠭᠡ ᠥᠭᠬᠦ ᠤᠲᠠᠰᠤ᠄ 

      0471 - 2856607
      ᠠᠬᠤᠢ ᠲᠠᠯᠠᠪᠠᠶ᠎ᠳᠤ ᠲᠤᠰᠢᠶᠠᠬᠤ ᠮᠠᠲ᠋ᠧᠷᠢᠶᠠᠯ᠎ᠤᠨ ᠬᠠᠷᠢᠯᠴᠠᠬᠤ ᠤᠲᠠᠰᠤ᠄ 0471 - 53332469᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠴᠣᠩᠬᠤᠪᠴᠢ᠂ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ ᠨᠣᠮᠧᠷ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ 13 ᠳ᠋ᠤᠭ᠋ᠠᠷ ᠠᠰᠠᠷ᠎ᠤᠨ 35 ᠳ᠋ᠤᠭ᠋ᠠᠷ ᠴᠣᠩᠬᠤᠪᠴᠢ᠃
      ᠲᠣᠰ ᠪᠢᠴᠢᠭ ᠮᠠᠲ᠋ᠧᠷᠢᠶᠠᠯ᠎ᠢ ᠬᠡᠷᠡᠭᠵᠢᠭᠦᠯᠬᠦ ᠬᠤᠭᠤᠴᠠᠭ᠋ᠠᠨ᠎ᠳᠤ᠂ ᠵᠢᠱ᠌ᠢᠶᠡᠯᠡᠪᠡᠯ ᠰᠤᠷᠭ᠋ᠠᠨ ᠬᠥᠮᠦᠵᠢᠯ᠎ᠤᠨ ᠶᠠᠮᠤᠨ 2024 ᠣᠨ᠎ᠤ ᠠᠵᠢᠯ᠎ᠤᠨ ᠮᠡᠳᠡᠭᠳᠡᠯ᠎ᠢ ᠨᠡᠶ᠋ᠢᠲᠡᠯᠡᠵᠦ᠂ ᠲᠥᠷᠥ ᠵᠢᠨ ᠪᠣᠳᠣᠯᠭ᠎ᠠ ᠵᠢᠨ ᠠᠭᠤᠯᠭ᠎ᠠ᠎ᠨᠢ ᠲᠣᠰ ᠪᠢᠴᠢᠭ ᠮᠠᠲ᠋ᠧᠷᠢᠶᠠᠯ᠎ᠲᠠᠢ ᠨᠢᠭᠡᠳᠦᠯ ᠥᠬᠡᠶ ᠪᠣᠯ᠂ ᠰᠤᠷᠭ᠋ᠠᠨ ᠬᠥᠮᠦᠵᠢᠯ᠎ᠤᠨ ᠶᠠᠮᠤᠨ᠎ᠤ ᠪᠢᠴᠢᠭ ᠮᠠᠲ᠋ᠧᠷᠢᠶᠠᠯ ᠵᠶ᠋ᠠᠷ ᠪᠠᠷᠢᠮᠵᠢᠶ᠎ᠠ ᠪᠣᠯᠭ᠋ᠠᠵᠤ᠂ ᠬᠠᠮᠢᠶ᠎ᠠ ᠪᠥᠬᠥᠶ ᠠᠭᠤᠯᠭ᠎ᠠ ᠵᠢ ᠠᠰ᠎ᠲᠤ᠎ᠨᠢ ᠮᠡᠳᠡᠭᠳᠡᠨ᠎ᠡ᠃


      ᠳᠠᠭ᠋ᠠᠯᠳᠤᠭᠤᠯᠤᠯ᠄
      1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ       ᠲᠥᠯᠥᠪᠯᠡᠭᠡ》 ᠵᠢᠨ ᠮᠠᠰᠲ᠋ᠧᠷ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠲᠣᠪᠴᠢ ᠴᠤᠪᠤᠷᠠᠯ ᠵᠢᠷᠤᠭ
      2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ  ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠦᠨ ᠳᠠᠩᠰᠠᠯᠠᠭᠤᠯᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ᠎ᠤᠨ ᠬᠡᠷᠡᠭᠯᠡᠬᠦ ᠲᠣᠳᠣᠷᠬᠠᠶ᠋ᠢᠯᠠᠯᠲᠠ
      3 . 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠢᠷᠢ ᠬᠡᠮ᠎ᠢ ᠬᠢᠨᠠᠨ ᠪᠠᠢ᠌ᠴᠠᠭ᠋ᠠᠵᠤ ᠳᠡᠭᠡᠭᠰᠢ ᠮᠡᠳᠡᠭᠦᠯᠬᠦ ᠮᠠᠲ᠋ᠧᠷᠢᠶᠠᠯ᠎ᠤᠨ ᠨᠠᠷᠢᠨ ᠬᠠᠭᠤᠳᠠᠰᠤ ᠵᠢᠴᠢ ᠲᠠᠭᠯᠠᠨ ᠮᠡᠳᠡᠭᠦᠯᠬᠦ ᠱᠠᠭ᠋ᠠᠷᠳᠠᠯᠭ᠎ᠠ
      4 . ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ (ᠵᠠᠭᠪᠤᠷ)
      5 . 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠥᠰᠥᠭ ᠵᠢᠷᠤᠬᠤ ᠵᠦᠭᠯᠡᠭᠦᠷ
      6 . ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠲᠥᠯᠥᠪᠯᠡᠭᠡ ᠵᠢᠨ ᠰᠣᠳᠤᠯᠤᠨ ᠰᠤᠷᠤᠭᠴᠢ ᠵᠢ ᠬᠠᠨᠳᠤᠯᠭ᠋ᠠᠲᠠᠢ ᠡᠯᠰᠡᠬᠦ ᠬᠡᠯᠡᠯᠴᠡᠭᠡᠷ᠎ᠤᠨ ᠪᠢᠴᠢᠭ (ᠠᠵᠢᠯ᠎ᠤᠨ ᠪᠠᠢ᠌ᠷᠢ᠎ᠳᠤ ᠪᠠᠶ᠋ᠢᠭ᠎ᠠ ᠪᠠ ᠠᠵᠢᠯ᠎ᠤᠨ ᠪᠠᠢ᠌ᠷᠢ᠎ᠳᠤ ᠪᠠᠶ᠋ᠢᠭ᠎ᠠ ᠪᠤᠰᠤ ᠬᠣᠶᠠᠷ ᠵᠦᠢ᠍ᠯ᠎ᠤᠨ ᠵᠠᠭᠪᠤᠷ)
      7 . ᠡᠷᠬᠡ ᠣᠯᠭᠣᠭᠰᠠᠨ ᠨᠠᠶ᠋ᠢᠳᠠᠯᠭ᠎ᠠ ᠵᠢᠨ ᠪᠢᠴᠢᠭ (ᠵᠠᠭᠪᠤᠷ)
      8 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠲᠥᠯᠥᠪᠯᠡᠭᠡ ᠵᠢᠨ ᠰᠣᠳᠤᠯᠤᠨ ᠰᠤᠷᠤᠭᠴᠢ ᠵᠢᠨ ᠮᠡᠳᠡᠭᠡ ᠵᠠᠩᠭᠢ ᠵᠢ ᠳᠠᠩᠰᠠᠯᠠᠬᠤ ᠬᠦᠰᠦᠨᠦᠭ
      9 . 2023 ᠣᠨ᠎ᠤ ᠨᠡᠷ᠎ᠡ ᠮᠡᠳᠡᠭᠦᠯᠵᠦ ᠰᠢᠯᠭ᠋ᠠᠭᠤᠯᠬᠤ ᠬᠢᠷᠢ ᠬᠡᠮ᠎ᠢ ᠨᠤᠲᠠᠯᠠᠬᠤ ᠠᠵᠢᠯ᠎ᠤᠨ ᠪᠠᠶ᠋ᠢᠩᠭᠤ ᠲᠣᠬᠢᠶᠠᠯᠳᠤᠳᠠᠭ ᠠᠰᠠᠭᠤᠳᠠᠯ᠎ᠤᠨ ᠬᠤᠷᠢᠶᠠᠩᠭᠤᠶ᠋ᠢᠯᠠᠯ


         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
           2023 ᠣᠨ᠎ᠤ 9 ᠳ᠋ᠦ᠍ᠭᠡᠷ ᠰᠠᠷ᠎ᠠ ᠵᠢᠨ 27᠎ᠤ ᠡᠳᠦᠷ



ᠳᠠᠭ᠋ᠠᠯᠳᠤᠭᠤᠯᠤᠯ᠄ 1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠮᠠᠰᠲ᠋ᠧᠷ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠲᠣᠪᠴᠢ ᠴᠤᠪᠤᠷᠠᠯ ᠵᠢᠷᠤᠭ . docx
ᠳᠠᠭ᠋ᠠᠯᠳᠤᠭᠤᠯᠤᠯ᠄ 2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ       ᠲᠥᠯᠥᠪᠯᠡᠭᠡ》 ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠦᠨ ᠳᠠᠩᠰᠠᠯᠠᠭᠤᠯᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ᠎ᠤᠨ ᠬᠡᠷᠡᠭᠯᠡᠬᠦ ᠲᠣᠳᠣᠷᠬᠠᠶ᠋ᠢᠯᠠᠯᠲᠠ . docx 
ᠳᠠᠭ᠋ᠠᠯᠳᠤᠭᠤᠯᠤᠯ᠄ 3 . 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠢᠷᠢ ᠬᠡᠮ᠎ᠢ ᠬᠢᠨᠠᠨ ᠪᠠᠢ᠌ᠴᠠᠭ᠋ᠠᠵᠤ ᠳᠡᠭᠡᠭᠰᠢ ᠮᠡᠳᠡᠭᠦᠯᠬᠦ ᠮᠠᠲ᠋ᠧᠷᠢᠶᠠᠯ᠎ᠤᠨ ᠨᠠᠷᠢᠨ ᠬᠠᠭᠤᠳᠠᠰᠤ ᠵᠢᠴᠢ ᠲᠠᠭᠯᠠᠨ ᠮᠡᠳᠡᠭᠦᠯᠬᠦ ᠱᠠᠭ᠋ᠠᠷᠳᠠᠯᠭ᠎ᠠ . docx 
ᠳᠠᠭ᠋ᠠᠯᠳᠤᠭᠤᠯᠤᠯ᠄ 4 . ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ . docx
ᠳᠠᠭ᠋ᠠᠯᠳᠤᠭᠤᠯᠤᠯ᠄ 5 . 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠬᠠᠨᠳᠤᠯᠭ᠋ᠠᠲᠠᠢ ᠰᠤᠷᠤᠭᠴᠢ ᠡᠯᠰᠡᠬᠦ ᠬᠡᠯᠡᠯᠴᠡᠭᠡᠷ᠎ᠤᠨ ᠪᠢᠴᠢᠭ᠎ᠲᠤ ᠭᠠᠷ᠎ᠤᠨ ᠥᠰᠥᠭ ᠵᠢᠷᠤᠬᠤ ᠵᠦᠭᠯᠡᠭᠦᠷ . docx
ᠳᠠᠭ᠋ᠠᠯᠳᠤᠭᠤᠯᠤᠯ᠄ 6 . ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠲᠥᠯᠥᠪᠯᠡᠭᠡ ᠵᠢᠨ ᠰᠣᠳᠤᠯᠤᠨ ᠰᠤᠷᠤᠭᠴᠢ ᠵᠢ ᠬᠠᠨᠳᠤᠯᠭ᠋ᠠᠲᠠᠢ ᠡᠯᠰᠡᠬᠦ ᠬᠡᠯᠡᠯᠴᠡᠭᠡᠷ᠎ᠤᠨ ᠪᠢᠴᠢᠭ (ᠠᠵᠢᠯ᠎ᠤᠨ ᠪᠠᠢ᠌ᠷᠢ᠎ᠳᠤ ᠪᠠᠶ᠋ᠢᠭ᠎ᠠ ᠪᠠ ᠠᠵᠢᠯ᠎ᠤᠨ ᠪᠠᠢ᠌ᠷᠢ᠎ᠳᠤ ᠪᠠᠶ᠋ᠢᠭ᠎ᠠ ᠪᠤᠰᠤ ᠬᠣᠶᠠᠷ ᠵᠦᠢ᠍ᠯ᠎ᠤᠨ ᠵᠠᠭᠪᠤᠷ) . docx
ᠳᠠᠭ᠋ᠠᠯᠳᠤᠭᠤᠯᠤᠯ᠄ 7 . ᠡᠷᠬᠡ ᠣᠯᠭᠣᠭᠰᠠᠨ ᠨᠠᠶ᠋ᠢᠳᠠᠯᠭ᠎ᠠ ᠵᠢᠨ ᠪᠢᠴᠢᠭ (ᠵᠠᠭᠪᠤᠷ) . doc
ᠳᠠᠭ᠋ᠠᠯᠳᠤᠭᠤᠯᠤᠯ᠄ 8 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠲᠥᠯᠥᠪᠯᠡᠭᠡ ᠵᠢᠨ ᠰᠣᠳᠤᠯᠤᠨ ᠰᠤᠷᠤᠭᠴᠢ ᠵᠢᠨ ᠮᠡᠳᠡᠭᠡ ᠵᠠᠩᠭᠢ ᠵᠢ ᠳᠠᠩᠰᠠᠯᠠᠬᠤ ᠬᠦᠰᠦᠨᠦᠭ . doc
ᠳᠠᠭ᠋ᠠᠯᠳᠤᠭᠤᠯᠤᠯ᠄ 9 . 2023 ᠣᠨ᠎ᠤ ᠨᠡᠷ᠎ᠡ ᠮᠡᠳᠡᠭᠦᠯᠵᠦ ᠰᠢᠯᠭ᠋ᠠᠭᠤᠯᠬᠤ ᠬᠢᠷᠢ ᠬᠡᠮ᠎ᠢ ᠨᠤᠲᠠᠯᠠᠬᠤ ᠠᠵᠢᠯ᠎ᠤᠨ ᠪᠠᠶ᠋ᠢᠩᠭᠤ ᠲᠣᠬᠢᠶᠠᠯᠳᠤᠳᠠᠭ ᠠᠰᠠᠭᠤᠳᠠᠯ᠎ᠤᠨ ᠬᠤᠷᠢᠶᠠᠩᠭᠤᠶ᠋ᠢᠯᠠᠯ . doc


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2023 ᠣᠨ᠎ᠤ ᠪᠦᠬᠦ ᠤᠯᠤᠰ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠬᠥᠮᠦᠵᠢᠯ᠎ᠤᠨ ᠲᠤᠰᠬᠠᠢ ᠮᠡᠷᠭᠡᠵᠢᠯ᠂ ᠤᠷᠠᠨ ᠵᠢᠷᠤᠭ᠎ᠤᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠭᠴᠢ ᠪᠠ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (2023 ᠣᠨ᠎ᠳᠤ ᠵᠠᠰᠠᠪᠤᠷᠢ ᠣᠷᠣᠭᠤᠯᠤᠭᠰᠠᠨ)》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠲᠤᠷᠰᠢᠯᠲᠠ ᠵᠢᠨ ᠴᠡᠭ᠎ᠤᠨ ᠠᠵᠢᠯ᠎ᠤᠨ ᠠᠯᠪᠠᠨ ᠵᠠᠷᠯᠠᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠣᠭᠲᠠᠯᠴᠠᠭ᠎ᠠ ᠵᠢ ᠪᠠᠶ᠋ᠢᠭᠤᠯᠬᠤ ᠵᠢᠯᠣᠭᠣᠳᠬᠤ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠦᠪᠯᠡᠯ᠎ᠤᠨ ᠠᠯᠪᠠᠨ ᠭᠡᠷ᠎ᠤᠨ 《ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2023 ᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠪᠠᠢ᠌ᠳᠠᠯ᠎ᠢ ᠲᠤᠬᠠᠢ ᠵᠢᠨ ᠭᠠᠵᠠᠷ᠎ᠲᠤ᠎ᠨᠢ ᠬᠢᠨᠠᠨ ᠵᠢᠯᠣᠭᠣᠳᠴᠤ ᠦᠨᠡᠯᠡᠬᠦ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
 
             蒙ICP备05000248号