ᠰᠤᠷᠭ᠋ᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠭᠣᠣᠯᠯᠠᠬᠤ ᠦᠢ᠍ᠯᠡᠳᠦᠯ᠎ᠢ ᠦᠨᠡᠨ ᠬᠦ᠌ ᠰᠠᠶ᠋ᠢᠲᠤᠷ ᠪᠠᠳᠠᠷᠠᠭᠤᠯᠵᠤ᠂ ᠭᠡᠷ ᠪᠦᠯᠢ᠂ ᠨᠡᠶ᠋ᠢᠭᠡᠮ᠎ᠯᠦᠭᠡ ᠨᠢᠭᠲᠠ ᠨᠡᠪᠲᠡᠷᠡᠨ ᠬᠠᠮᠵᠢᠯᠴᠠᠬᠤ ᠵᠢ ᠵᠣᠷᠢᠭᠵᠢᠭᠤᠯᠤᠨ᠂ ᠰᠤᠷᠭ᠋ᠠᠭᠤᠯᠢ ᠵᠢ ᠵᠣᠷᠢᠭᠵᠢᠭᠤᠯᠤᠨ ᠭᠡᠷ᠎ᠤᠨ ᠠᠬᠠᠮᠠᠳ᠎ᠲᠤ ᠬᠠᠨᠳᠤᠭᠤᠯᠤᠭᠰᠠᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠢᠴᠢᠶᠡᠯ᠎ᠢ ᠪᠠᠢ᠌ᠭᠤᠯᠵᠤ᠂ ᠰᠦᠯᠵᠢᠶᠡᠨ᠎ᠳᠠᠬᠢ ᠭᠡᠷ᠎ᠤᠨ ᠠᠬᠠᠮᠠᠳ᠎ᠤᠨ ᠰᠤᠷᠭ᠋ᠠᠭᠤᠯᠢ ᠵᠢᠨ ᠬᠢᠴᠢᠶᠡᠯ᠎ᠤᠨ ᠡᠬᠢ ᠪᠠᠶᠠᠯᠢᠭ᠎ᠢ ᠠᠯᠬᠤᠮ ᠠᠯᠬᠤᠮ ᠵᠶ᠋ᠠᠷ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠲᠥᠯᠥᠭᠡ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠣᠭᠲᠠᠯᠴᠠᠭ᠎ᠠ ᠵᠢ ᠪᠠᠶ᠋ᠢᠭᠤᠯᠬᠤ ᠵᠢᠯᠣᠭᠣᠳᠬᠤ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠪᠠ᠃ ᠪᠣᠳᠠᠲᠠᠢ ᠠᠭᠤᠯᠭ᠎ᠠ ᠵᠢ ᠬᠠᠮᠲᠤ᠎ᠳᠤ᠎ᠪᠠᠨ ᠦᠵᠡᠵᠡᠭᠡᠶ᠎ᠡ !
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ
ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠭ᠋ᠡᠷ ᠪᠦᠯᠢ ᠵᠢᠨ ᠰᠤᠷᠭ᠋ᠠᠨ ᠬᠥᠮᠦᠵᠢᠯ
ᠤᠨ ᠬᠢᠴᠢᠶᠡᠯ᠎ᠤᠨ ᠳᠣᠭᠲᠠᠯᠴᠠᠭ᠎ᠠ ᠵᠢ ᠪᠠᠶ᠋ᠢᠭᠤᠯᠬᠤ ᠵᠢᠯᠣᠭᠣᠳᠬᠤ ᠬᠥᠲᠦᠯᠪᠦᠷᠢ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷ ᠪᠦᠯᠢ ᠵᠢᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》 ᠵᠢᠨ ᠰᠤᠷᠤᠯᠴᠠᠯᠭ᠎ᠠ ᠪᠠ ᠤᠬᠠᠭᠤᠯᠭ᠎ᠠ ᠵᠢ ᠢᠳᠡᠪᠬᠢᠲᠡᠢ ᠠᠬᠢᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠭᠡᠷ ᠪᠥᠯᠢ ᠵᠢᠨ ᠰᠤᠷᠭ᠋ᠠᠨ ᠬᠥᠮᠥᠵᠢᠯ ᠤᠨ ᠳᠣᠭᠲᠠᠯᠴᠠᠭ᠋ᠠᠨ᠎ᠤ ᠳᠤᠲᠠᠭᠤᠳᠠᠯ᠎ᠢ ᠲᠦᠷᠭᠡᠳᠬᠡᠨ ᠨᠥᠬᠥᠪᠥᠷᠢᠯᠡᠵᠦ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠠᠵᠢᠯᠯᠠᠭ᠎ᠠ ᠵᠢ ᠵᠢᠷᠤᠮᠵᠢᠭᠤᠯᠬᠤ ᠵᠢᠨ ᠲᠥᠯᠦᠭᠡ᠂ 《ᠭᠡᠷ ᠪᠥᠯᠢ ᠵᠢᠨ ᠰᠤᠷᠭ᠋ᠠᠨ ᠬᠥᠮᠥᠵᠢᠯ᠎ᠢ ᠴᠢᠩᠭ᠋ᠠᠳᠬᠠᠬᠤ ᠲᠤᠬᠠᠢ ᠵᠢᠯᠣᠭᠣᠳᠬᠤ ᠰᠠᠨᠠᠯ》᠂ 《ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠪᠦᠷᠢᠨᠰᠢᠭᠦᠯᠬᠦ ᠲᠤᠬᠠᠢ ᠰᠠᠨᠠᠯ》᠂ 《ᠭᠡᠷ ᠪᠦᠯᠢ ᠵᠢᠨ ᠰᠤᠷᠭ᠋ᠠᠨ ᠬᠥᠮᠦᠵᠢᠯ᠎ᠢ ᠠᠬᠢᠭᠤᠯᠬᠤ ᠵᠢ ᠵᠢᠯᠣᠭᠣᠳᠬᠤ ᠲᠤᠬᠠᠢ ᠲᠠᠪᠤᠨ ᠵᠢᠯ ᠤᠨ ᠲᠥᠯᠥᠪᠵᠢᠭᠦᠯᠭᠡ (2021-2025 ᠣᠨ)》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ᠎ᠢ ᠠᠬᠢᠭᠤᠯᠬᠤ ᠳᠦᠷᠢᠮ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠰᠤᠷᠭ᠋ᠠᠨ ᠬᠥᠮᠦᠵᠢᠯ᠎ᠤᠨ ᠦᠨᠳᠦᠰᠦᠨ ᠣᠨᠣᠯ ᠵᠢᠴᠢ ᠲᠤᠰ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ ᠭᠡᠷ ᠪᠦᠯᠢ ᠵᠢᠨ ᠰᠤᠷᠭ᠋ᠠᠨ ᠬᠥᠮᠦᠵᠢᠯ᠎ᠢ ᠠᠬᠢᠭᠤᠯᠬᠤ ᠵᠢᠯᠣᠭᠣᠳᠬᠤ ᠬᠥᠲᠥᠯᠪᠦᠷᠢ》 (ᠳᠣᠷᠣᠭᠰᠢ 《ᠵᠢᠯᠣᠭᠣᠳᠬᠤ ᠬᠥᠲᠥᠯᠪᠦᠷᠢ》 ᠭᠡᠵᠦ ᠳᠦᠭᠦᠮᠴᠢᠯᠡᠨ᠎ᠡ) ᠵᠢ ᠲᠣᠭᠲᠠᠭ᠋ᠠᠵᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠠᠭᠤᠷᠢ ᠰᠤᠷᠭ᠋ᠠᠨ ᠬᠥᠮᠦᠵᠢᠯ᠎ᠤᠨ ᠱᠠᠲᠤᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠨᠡᠭᠡᠭᠡᠯᠲᠡ ᠵᠢᠴᠢ ᠲᠥᠯᠥᠪᠵᠢᠭᠦᠯᠭᠡ ᠵᠢᠨ ᠠᠷᠭ᠎ᠠ ᠵᠢ ᠳᠤᠷᠠᠳᠤᠨ᠂ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠢᠯᠣᠭᠣᠳᠣᠯᠭ᠎ᠠ᠂ ᠬᠡᠷᠡᠭᠵᠢᠭᠦᠯᠦᠯᠲᠡ ᠵᠢᠴᠢ ᠦᠨᠡᠯᠡᠯᠲᠡ᠎ᠳᠤ ᠬᠢᠴᠢᠶᠡᠯ ᠪᠣᠯᠤᠨ ᠵᠢᠭ᠋ᠠᠨ ᠰᠤᠷᠭ᠋ᠠᠯᠲᠠ ᠵᠢᠨ ᠦᠨᠳᠦᠰᠦᠯᠡᠯ ᠪᠠ ᠭᠠᠷᠳᠠᠴᠠ ᠵᠢ ᠬᠠᠩᠭ᠋ᠠᠵᠤ᠂ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ ᠵᠢᠴᠢ ᠵᠣᠬᠢᠬᠤ ᠨᠠᠰᠤᠨ᠎ᠤ ᠪᠠᠭ᠋ᠠᠴᠤᠳ ᠬᠡᠦᠬᠡᠳ᠎ᠤᠨ ᠭᠡᠷ᠎ᠤᠨ ᠠᠬᠠᠮᠠᠳ᠎ᠤᠨ ᠭᠡᠷ ᠪᠦᠯᠢ ᠵᠢᠨ ᠰᠤᠷᠭ᠋ᠠᠨ ᠬᠥᠮᠦᠵᠢᠯ᠎ᠢ ᠪᠣᠳᠠᠲᠠᠢ ᠥᠷᠨᠢᠭᠦᠯᠬᠦ᠎ᠳᠤ ᠯᠠᠪᠯᠠᠯᠲᠠ ᠬᠠᠩᠭ᠋ᠠᠪᠠ᠃
ᠨᠢᠭᠡ᠂ ᠵᠢᠯᠣᠭᠣᠳᠬᠤ ᠦᠵᠡᠯ ᠰᠠᠨᠠᠭ᠎ᠠ
ᠬᠢᠴᠢᠶᠡᠯ᠎ᠢ ᠨᠡᠭᠡᠭᠡᠬᠦ᠎ᠳᠤ 《ᠰᠢ ᠵᠢᠨ ᠫᠢᠩ᠎ᠤᠨ ᠭᠡᠷ ᠪᠦᠯᠢ ᠵᠢᠨ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠬᠤᠯᠠᠴᠢᠯᠠᠬᠤ ᠲᠤᠬᠠᠢ ᠥᠭᠦᠯᠡᠯᠲᠡ ᠵᠢᠨ ᠲᠡᠭᠦᠪᠦᠷᠢ》᠂ 《ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠵᠢᠨ ᠲᠡᠭᠦᠪᠦᠷᠢ》᠂ 《ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠬᠤ》 ᠵᠡᠷᠭᠡ᠎ᠪᠠᠷ ᠶᠡᠷᠦᠩᠬᠡᠢ ᠵᠢᠯᠣᠭᠣᠳᠣᠯᠭ᠎ᠠ ᠪᠣᠯᠭ᠋ᠠᠪᠠ; ᠮᠠᠷᠺᠰ᠎ᠤᠨ ᠦᠵᠡᠯ᠎ᠤᠨ 《ᠬᠥᠮᠦᠨ᠎ᠤ ᠪᠦᠬᠦ ᠲᠠᠯ᠎ᠠ ᠵᠢᠨ ᠬᠥᠭᠵᠢᠯᠲᠡ》᠂ 《ᠦᠢ᠍ᠯᠡᠳᠦᠯᠭᠡ ᠵᠢᠨ ᠬᠥᠮᠦᠵᠢᠯ》 ᠵᠶ᠋ᠠᠷ ᠦᠨᠳᠦᠰᠦᠨ ᠣᠨᠣᠯ᠎ᠤᠨ ᠰᠠᠭᠤᠷᠢ ᠪᠣᠯᠭ᠋ᠠᠪᠠ; ᠤᠯᠤᠰ ᠲᠥᠷᠥ ᠵᠢᠨ ᠤᠬᠠᠭ᠋ᠠᠨ᠂ ᠨᠡᠶ᠋ᠢᠭᠡᠮ᠎ᠤᠨ ᠤᠬᠠᠭ᠋ᠠᠨ᠂ ᠰᠤᠷᠭ᠋ᠠᠨ ᠬᠥᠮᠥᠵᠢᠭᠦᠯᠬᠦ ᠤᠬᠠᠭ᠋ᠠᠨ᠂ ᠰᠡᠳᠬᠢᠴᠡ ᠵᠢᠨ ᠵᠦᠢ᠂ ᠭᠡᠷ ᠪᠦᠯᠢ ᠵᠢᠨ ᠰᠣᠳᠤᠯᠤᠯ᠂ ᠰᠣᠶᠣᠯ᠎ᠤᠨ ᠰᠣᠳᠤᠯᠤᠯ᠂ ᠠᠵᠢᠯᠯᠠᠬᠤᠢ ᠤᠬᠠᠭ᠋ᠠᠨ᠂ ᠠᠮᠢ ᠠᠬᠤᠢ ᠵᠢᠨ ᠤᠬᠠᠭ᠋ᠠᠨ ᠵᠢᠴᠢ ᠪᠤᠰᠤᠳ ᠬᠠᠮᠢᠶ᠎ᠠ ᠪᠦᠬᠦᠢ ᠣᠨᠣᠯ ᠵᠶ᠋ᠠᠷ ᠪᠣᠳᠠᠲᠠᠢ ᠣᠨᠣᠯ᠎ᠤᠨ ᠰᠠᠭᠤᠷᠢ ᠪᠣᠯᠭ᠋ᠠᠪᠠ᠃
ᠬᠣᠶᠠᠷ᠂ ᠰᠤᠷᠭ᠋ᠠᠭᠤᠯᠢ ᠵᠢᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠨᠡᠭᠡᠭᠡᠬᠦ ᠬᠠᠷᠠᠯᠲᠠ
ᠰᠡᠳᠬᠢᠯᠭᠡ ᠵᠢᠨ ᠬᠦᠷᠢᠶᠡᠨ᠎ᠤ ᠬᠠᠷᠠᠯᠲᠠ᠄ ᠡᠬᠡ ᠣᠷᠣᠨᠴᠢ ᠦᠵᠡᠯ᠎ᠤᠨ ᠰᠡᠳᠬᠢᠯᠭᠡ ᠵᠢ ᠵᠤᠵᠠᠭ᠋ᠠᠳᠬᠠᠵᠤ᠂ ᠨᠡᠶ᠋ᠢᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠬᠥᠮᠦᠵᠢᠭᠦᠯᠬᠦ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠨ᠎ᠠ; ᠢᠳᠡᠪᠬᠢᠲᠡᠢ ᠭᠡᠷ ᠪᠦᠯᠢ ᠵᠢᠨ ᠦᠵᠡᠯᠲᠡ᠂ ᠭᠡᠷ᠎ᠤᠨ ᠰᠤᠷᠲᠠᠯ᠎ᠤᠨ ᠦᠵᠡᠯᠲᠡ᠂ ᠳᠤᠮᠳᠠᠳᠤ ᠵᠢᠨ ᠦᠨᠳᠦᠰᠦᠲᠡᠨ᠎ᠤ ᠰᠣᠶᠣᠯ᠎ᠤᠨ ᠳᠣᠭᠲᠠᠯᠴᠠᠭ᠋ᠠᠨᠳᠠᠬᠢ ᠭᠡᠷ ᠪᠦᠯᠢ ᠵᠢᠨ ᠰᠣᠶᠣᠯ᠎ᠢ ᠪᠦᠷᠢᠯᠳᠦᠭᠦᠯᠵᠦ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢᠨ ᠭᠡᠷ ᠪᠦᠯᠢ ᠵᠢᠨ ᠰᠡᠳᠬᠢᠯᠭᠡ ᠵᠢ ᠪᠤᠢ ᠪᠣᠯᠭ᠋ᠠᠨ᠎ᠠ᠃
ᠲᠠᠨᠢᠨ ᠮᠡᠳᠡᠬᠦᠢ ᠵᠢᠨ ᠬᠦᠷᠢᠶᠡᠨ᠎ᠤ ᠬᠠᠷᠠᠯᠲᠠ᠄ ᠰᠠᠨᠠᠭ᠋ᠠᠴᠢᠯᠠᠭ᠎ᠠ᠎ᠠᠴᠠ᠎ᠪᠠᠨ ᠪᠣᠳᠠᠲᠠᠢ᠌ᠵᠢᠭᠤᠯᠤᠭᠰᠠᠨ ᠮᠠᠶᠢᠭ᠂ ᠪᠡᠶᠡᠴᠢᠯᠡᠨ ᠣᠶ᠋ᠢᠯᠠᠭ᠋ᠠᠬᠤ ᠮᠠᠶᠢᠭ ᠵᠶ᠋ᠠᠷ ᠰᠤᠷᠤᠯᠴᠠᠵᠤ᠂ ᠭᠡᠷ ᠪᠦᠯᠢ ᠵᠢᠨ ᠠᠮᠢᠳᠤᠷᠠᠯ᠎ᠤᠨ ᠣᠷᠴᠢᠨ᠎ᠢ ᠰᠤᠷᠭ᠋ᠠᠨ ᠬᠥᠮᠦᠵᠢᠯ᠎ᠤᠨ ᠣᠷᠴᠢᠨ ᠪᠣᠯᠭ᠋ᠠᠨ᠎ᠠ; ᠭᠡᠷ ᠪᠦᠯᠢ ᠵᠢᠨ ᠰᠣᠶᠣᠯ᠎ᠤᠨ ᠣᠷᠴᠢᠨ᠎ᠳᠠᠬᠢ ᠶᠣᠰᠣ ᠰᠤᠷᠲᠠᠬᠤᠨ᠎ᠤ ᠬᠡᠪ ᠴᠢᠨᠠᠷ᠂ ᠪᠡᠶ᠎ᠡ ᠮᠠᠬᠠᠪᠣᠳ᠎ᠤᠨ ᠴᠢᠨᠰᠠᠭ᠎ᠠ᠂ ᠠᠮᠢᠳᠤᠷᠠᠯ᠎ᠤᠨ ᠤᠷ᠎ᠠ ᠴᠢᠳᠠᠪᠤᠷᠢ᠂ ᠰᠣᠶᠣᠯ᠎ᠤᠨ ᠪᠣᠯᠪᠠᠰᠤᠷᠠᠯ ᠵᠢᠴᠢ ᠦᠢ᠍ᠯᠡ ᠠᠵᠢᠯᠯᠠᠭ᠋ᠠᠨ᠎ᠤ ᠳᠠᠳᠬᠠᠯ᠎ᠤᠨ ᠲᠠᠯ᠎ᠠ᠎ᠪᠠᠷ᠎ᠬᠢ ᠮᠡᠳᠡᠯᠭᠡ ᠵᠢ ᠪᠡᠶᠡᠴᠢᠯᠡᠨ ᠣᠢ᠌ᠯᠠᠭ᠋ᠠᠬᠤ ᠪᠤᠶᠤ ᠲᠠᠨᠢᠵᠤ ᠮᠡᠳᠡᠨ᠎ᠡ; ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠳᠠᠬᠢ ᠮᠡᠳᠡᠯᠭᠡ ᠪᠠ ᠭᠡᠷ ᠪᠦᠯᠢ ᠵᠢᠨ ᠰᠤᠷᠭ᠋ᠠᠨ ᠬᠥᠮᠦᠵᠢᠯ᠎ᠳᠠᠬᠢ ᠮᠡᠳᠡᠯᠭᠡ ᠵᠢ ᠬᠠᠷᠢᠯᠴᠠᠨ ᠬᠣᠯᠪᠣᠵᠤ᠂ ᠬᠠᠷᠢᠯᠴᠠᠨ ᠲᠠᠶ᠋ᠢᠯᠪᠤᠷᠢᠯᠠᠨ᠎ᠠ; ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠠᠴᠠ ᠠᠮᠢᠳᠤᠷᠠᠯ᠂ ᠰᠤᠷᠤᠯᠴᠠᠯᠭ᠎ᠠ ᠵᠢᠴᠢ ᠢᠷᠡᠭᠡᠳᠦᠢ ᠵᠢᠨ ᠠᠵᠢᠯ᠎ᠤᠨ ᠮᠡᠳᠡᠯᠭᠡ ᠪᠠ ᠤᠷ᠎ᠠ ᠴᠢᠳᠠᠪᠤᠷᠢ ᠵᠢ ᠣᠯᠤᠨ᠎ᠠ᠃
ᠠᠵᠢᠯᠯᠠᠭ᠎ᠠ ᠵᠢᠨ ᠬᠦᠷᠢᠶᠡᠨ᠎ᠤ ᠬᠠᠷᠠᠯᠲᠠ᠄ ᠦᠢ᠍ᠯᠡ ᠠᠵᠢᠯᠯᠠᠭ᠎ᠠ ᠵᠢᠨ ᠴᠢᠨᠠᠷᠲᠠᠢ ᠬᠠᠷᠠᠯᠲᠠ ᠵᠢᠨ ᠲᠠᠯ᠎ᠠ᠎ᠪᠠᠷ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠥᠷᠲᠡᠭ᠎ᠤᠨ ᠦᠵᠡᠯᠲᠡ ᠵᠢ ᠦᠨᠳᠦᠰᠦᠯᠡᠨ ᠥᠪᠡᠷ᠎ᠤᠨ ᠦᠢ᠍ᠯᠡ ᠠᠵᠢᠯᠯᠠᠭ᠎ᠠ᠎ᠪᠠᠨ ᠵᠢᠷᠤᠮᠵᠢᠭᠤᠯᠵᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠨᠡᠶ᠋ᠢᠭᠡᠮᠴᠢᠯᠡᠯᠲᠡ᠎ᠪᠠᠷ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠨᠡᠶ᠋ᠢᠭᠡᠮᠴᠢᠯᠡᠯᠲᠡ ᠵᠢ ᠨᠥᠬᠦᠪᠦᠷᠢᠯᠡᠨ᠎ᠡ; ᠡᠭᠦᠰᠦᠯᠲᠡ ᠵᠢᠨ ᠴᠢᠨᠠᠷᠲᠠᠢ ᠬᠠᠷᠠᠯᠲᠠ ᠵᠢᠨ ᠲᠠᠯ᠎ᠠ᠎ᠪᠠᠷ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠥᠷᠲᠡᠭ᠎ᠤᠨ ᠦᠵᠡᠯᠲᠡ ᠵᠢ ᠦᠨᠳᠦᠰᠦᠯᠡᠨ ᠵᠥᠪ ᠣᠨᠣᠪᠴᠢᠲᠠᠢ᠎ᠪᠠᠷ ᠬᠥᠮᠦᠨ᠎ᠳᠤ ᠬᠠᠨᠳᠤᠵᠤ᠂ ᠬᠥᠮᠦᠨ᠎ᠲᠠᠢ ᠬᠠᠷᠢᠯᠴᠠᠬᠤ ᠪᠠ ᠬᠡᠷᠡᠭ ᠶᠠᠪᠤᠳᠠᠯ᠎ᠢ ᠰᠢᠢ᠍ᠳᠪᠦᠷᠢᠯᠡᠨ᠎ᠡ᠃
ᠭᠤᠷᠪᠠ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠠᠭᠤᠯᠭ᠎ᠠ ᠵᠢᠨ ᠵᠣᠬᠢᠶᠠᠨ ᠪᠠᠶ᠋ᠢᠭᠤᠯᠤᠯᠲᠠ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷ ᠪᠦᠯᠢ ᠵᠢᠨ ᠬᠥᠮᠦᠵᠢᠯ᠎ᠢ ᠠᠬᠢᠭᠤᠯᠬᠤ ᠬᠠᠤᠯᠢ》 ᠵᠢ ᠦᠨᠳᠦᠰᠦᠯᠡᠨ᠂ ᠡᠯ᠎ᠡ ᠱᠠᠲᠤᠨ᠎ᠤ ᠶᠣᠰᠣ ᠰᠤᠷᠲᠠᠬᠤᠨ᠎ᠤ ᠬᠡᠪ ᠴᠢᠨᠠᠷ᠂ ᠪᠡᠶ᠎ᠡ ᠮᠠᠬᠠᠪᠣᠳ᠎ᠤᠨ ᠴᠢᠨᠰᠠᠭ᠎ᠠ᠂ ᠠᠮᠢᠳᠤᠷᠠᠯ᠎ᠤᠨ ᠤᠷ᠎ᠠ ᠴᠢᠳᠠᠪᠤᠷᠢ᠂ ᠰᠣᠶᠣᠯ᠎ᠤᠨ ᠪᠣᠯᠪᠠᠰᠤᠷᠠᠯ ᠵᠢᠴᠢ ᠦᠢ᠍ᠯᠡ ᠠᠵᠢᠯᠯᠠᠭ᠋ᠠᠨ᠎ᠤ ᠳᠠᠳᠬᠠᠯ ᠵᠡᠷᠭᠡ ᠲᠠᠪᠤᠨ ᠶᠡᠬᠡ ᠬᠡᠪ ᠪᠣᠯᠪᠠᠰᠤᠷᠠᠯ᠎ᠳᠤ ᠰᠠᠭᠤᠷᠢᠯᠠᠭᠰᠠᠨ ᠬᠢᠴᠢᠶᠡᠯ᠎ᠤᠨ ᠠᠭᠤᠯᠭ᠎ᠠ ᠵᠢ ᠲᠣᠭᠲᠠᠭ᠋ᠠᠬᠤ ᠵᠢᠨ ᠬᠠᠮᠲᠤ ᠰᠤᠷᠤᠭᠴᠢ᠂ ᠰᠤᠷᠤᠯᠭ᠎ᠠ ᠵᠢᠨ ᠬᠤᠭᠤᠴᠠᠭ᠎ᠠ᠂ ᠰᠤᠷᠤᠯᠭ᠎ᠠ ᠵᠢᠨ ᠪᠠᠶ᠋ᠢᠳᠠᠯ᠎ᠤᠨ ᠣᠨᠴᠠᠯᠢᠭ᠎ᠢ ᠦᠨᠳᠦᠰᠦᠯᠡᠨ ᠣᠨᠴᠠᠭ᠋ᠠᠢ᠌ᠯᠠᠨ ᠰᠢᠢ᠍ᠳᠪᠦᠷᠢᠯᠡᠬᠦ᠎ᠪᠠᠷ ᠲᠥᠯᠥᠪᠯᠡᠵᠦ ᠪᠣᠢ᠃
(ᠨᠢᠭᠡ) ᠬᠡᠦᠬᠡᠳ᠎ᠤᠨ ᠴᠡᠴᠡᠷᠯᠢᠭ᠎ᠤᠨ ᠱᠠᠲᠤ
ᠬᠡᠦᠬᠡᠳ᠎ᠤᠨ ᠴᠡᠴᠡᠷᠯᠢᠭ᠎ᠤᠨ ᠱᠠᠲᠤ ᠪᠣᠯ 3- 6 ᠨᠠᠰᠤᠨ᠎ᠤ ᠬᠡᠦᠬᠡᠳ ᠨᠡᠶ᠋ᠢᠭᠡᠮ᠎ᠤᠨ ᠪᠠᠶ᠋ᠢᠭᠤᠯᠤᠮᠵᠢ᠎ᠳᠤ ᠰᠤᠷᠭ᠋ᠠᠨ ᠬᠥᠮᠦᠵᠢᠯ ᠬᠦᠷᠲᠡᠬᠦ ᠰᠤᠷᠤᠯᠭ᠎ᠠ ᠵᠢᠨ ᠱᠠᠲᠤ ᠪᠣᠯᠤᠨ᠎ᠠ᠂ ᠡᠨᠡ ᠬᠦ᠌ ᠱᠠᠲᠤᠨ᠎ᠳᠤ᠂ ᠬᠡᠦᠬᠡᠳ᠎ᠤᠨ ᠮᠡᠳᠡᠷᠡᠯ᠎ᠤᠨ ᠰᠢᠰᠲ᠋ᠧᠮ᠎ᠤᠨ ᠪᠣᠶ᠋ᠢᠵᠢᠯᠲᠠ ᠨᠡᠯᠢᠶᠡᠳ ᠲᠦᠷᠭᠡᠨ᠂ ᠰᠡᠷᠡᠵᠦ ᠮᠡᠳᠡᠬᠦ ᠴᠢᠳᠠᠪᠤᠷᠢ ᠨᠡᠯᠢᠶᠡᠳ ᠴᠢᠩᠭ᠎ᠠ᠂ ᠳᠠᠭᠤᠷᠢᠶᠠᠬᠤ ᠵᠢᠴᠢ ᠦᠭᠡ ᠬᠡᠯᠡᠨ᠎ᠤ ᠴᠢᠳᠠᠪᠤᠷᠢ ᠠᠯᠬᠤᠮ ᠠᠯᠬᠤᠮ ᠵᠶ᠋ᠠᠷ ᠴᠢᠩᠭ᠋ᠠᠷᠠᠵᠤ᠂ ᠡᠴᠢᠭᠡ ᠪᠠ ᠡᠬᠡ ᠭᠡᠬᠦ ᠭᠡᠷ ᠪᠦᠯᠢ ᠵᠢᠨ ᠪᠠᠭᠰᠢ᠎ᠳᠤ ᠲᠦᠰᠢᠭᠯᠡᠬᠦ ᠴᠢᠨᠠᠷ ᠨᠡᠯᠢᠶᠡᠳ ᠴᠢᠩᠭ᠎ᠠ ᠪᠠᠶ᠋ᠢᠳᠠᠭ᠃ ᠡᠭᠦᠨ᠎ᠤ ᠬᠠᠮᠲᠤ᠂ ᠡᠨᠡ ᠬᠦ᠌ ᠱᠠᠲᠤᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ ᠪᠠ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢᠨ ᠬᠡᠰᠡᠭ ᠰᠤᠷᠭ᠋ᠠᠨ ᠬᠥᠮᠦᠵᠢᠯ᠎ᠤᠨ ᠠᠭᠤᠯᠭ᠎ᠠ ᠪᠠ ᠠᠷᠭ᠎ᠠ ᠮᠠᠶᠢᠭ ᠳᠠᠪᠬᠤᠴᠠᠭᠰᠠᠨ ᠪᠣᠯᠬᠣᠷ ᠬᠢᠴᠢᠶᠡᠯ᠎ᠤᠨ ᠠᠭᠤᠯᠭ᠎ᠠ ᠵᠢ ᠪᠠᠶ᠋ᠢᠷᠢᠯᠠᠭᠤᠯᠬᠤ ᠲᠠᠯ᠎ᠠ᠎ᠪᠠᠷ ᠬᠣᠶᠠᠷ ᠲᠠᠯ᠎ᠠ ᠵᠢᠨ ᠰᠤᠷᠭ᠋ᠠᠨ ᠬᠥᠮᠦᠵᠢᠯ᠎ᠤᠨ ᠬᠠᠷᠢᠯᠴᠠᠨ ᠨᠥᠬᠥᠪᠥᠷᠢᠯᠡᠬᠦ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠣᠬᠢᠷᠠᠭᠤᠯᠤᠯᠲᠠ᠎ᠳᠤ ᠳᠥᠭᠥᠮᠬᠡᠨ ᠲᠠᠨᠢᠨ ᠮᠡᠳᠡᠬᠦᠢ ᠪᠤᠶᠤ ᠦᠢ᠍ᠯᠡ ᠠᠵᠢᠯᠯᠠᠭ᠎ᠠ ᠵᠢᠴᠢ ᠬᠥᠳᠡᠯᠭᠡᠭᠡᠨ᠎ᠤ ᠬᠢᠴᠢᠶᠡᠯ ᠵᠶ᠋ᠠᠷ ᠭᠣᠣᠯ ᠪᠣᠯᠭ᠋ᠠᠵᠤ᠂ ᠠᠭᠤᠯᠭ᠎ᠠ ᠪᠠ ᠬᠡᠯᠪᠡᠷᠢ᠎ᠨᠢ ᠰᠢᠭᠤᠳ ᠠᠵᠢᠬᠯᠠᠬᠤ ᠴᠢᠨᠠᠷ᠂ ᠰᠣᠨᠢᠷᠬᠠᠯᠲᠤ ᠴᠢᠨᠠᠷ᠎ᠢ ᠢᠯᠡᠷᠡᠭᠦᠯᠬᠦ ᠬᠡᠷᠡᠭᠲᠡᠢ᠃

(ᠬᠣᠶᠠᠷ) ᠪᠠᠭ᠎ᠠ ᠰᠤᠷᠭ᠋ᠠᠭᠤᠯᠢ ᠵᠢᠨ ᠱᠠᠲᠤ
ᠪᠠᠭ᠎ᠠ ᠰᠤᠷᠭ᠋ᠠᠭᠤᠯᠢ ᠵᠢᠨ ᠱᠠᠲᠤ ᠪᠣᠯ 6-12 ᠨᠠᠰᠤᠨ᠎ᠤ ᠬᠡᠦᠬᠡᠳ ᠪᠦᠬᠦᠯᠢ ᠡᠳᠦᠷ᠎ᠤᠨ ᠳᠦᠷᠢᠮᠲᠦ ᠰᠠᠭᠤᠷᠢ ᠰᠤᠷᠭ᠋ᠠᠨ ᠬᠥᠮᠦᠵᠢᠯ᠎ᠢ ᠬᠦᠷᠲᠡᠬᠦ ᠰᠤᠷᠤᠯᠭ᠎ᠠ ᠵᠢᠨ ᠱᠠᠲᠤ ᠵᠢ ᠵᠢᠭ᠋ᠠᠵᠤ ᠪᠤᠢ᠃ ᠡᠨᠡ ᠬᠦ᠌ ᠱᠠᠲᠤᠨ᠎ᠳᠤ᠂ ᠬᠡᠦᠬᠡᠳ᠎ᠤᠨ ᠶᠡᠬᠡ ᠲᠠᠷᠢᠬᠢᠨ᠎ᠤ ᠬᠡᠯᠪᠡᠷᠢ ᠵᠢᠨ ᠪᠦᠲᠦᠴᠡ ᠦᠨᠳᠦᠰᠦᠨ᠎ᠳᠤ᠎ᠪᠠᠨ ᠪᠦᠷᠢᠯᠳᠦᠵᠦ᠂ ᠪᠡᠶ᠎ᠡ᠎ᠨᠢ ᠲᠣᠭᠲᠠᠭᠤᠨ ᠵᠶ᠋ᠠᠷ ᠥᠰᠴᠦ᠂ ᠣᠶᠤᠨ᠎ᠤ ᠪᠣᠶ᠋ᠢᠵᠢᠯᠲᠠ ᠨᠡᠯᠢᠶᠡᠳ ᠲᠦᠷᠭᠡᠨ ᠪᠣᠯᠵᠤ᠂ ᠨᠢᠭᠡᠨᠲᠡ ᠵᠣᠬᠢᠬᠤ ᠬᠡᠮᠵᠢᠶᠡᠨ᠎ᠤ ᠠᠵᠢᠯᠯᠠᠭ᠋ᠠᠨ᠎ᠤ ᠴᠢᠳᠠᠪᠤᠷᠢ᠎ᠲᠠᠢ ᠪᠣᠯᠤᠨ᠎ᠠ᠃ ᠮᠡᠳᠡᠷᠡᠬᠦᠢ ᠵᠢᠨ ᠰᠠᠨᠠᠭ᠋ᠠᠴᠢᠯᠠᠭ᠋ᠠᠲᠤ ᠪᠣᠰᠤ ᠴᠢᠨᠠᠷ ᠪᠠ ᠤᠷᠮ᠎ᠠ ᠰᠡᠳᠬᠢᠯᠭᠡᠲᠦ ᠴᠢᠨᠠᠷ ᠲᠤᠪᠤᠶ᠋ᠢᠮ᠎ᠠ᠂ ᠳᠥᠷᠰᠦᠯᠢᠭ ᠰᠡᠳᠬᠢᠬᠦᠢ ᠵᠢᠨ ᠴᠢᠨᠠᠷ ᠪᠠ ᠲᠥᠰᠦᠭᠡᠯᠡᠨ ᠪᠣᠳᠣᠬᠤ ᠳᠠᠭᠤᠷᠢᠶᠠᠮᠠᠯ ᠴᠢᠨᠠᠷ᠎ᠤᠨ ᠣᠨᠴᠠᠯᠢᠭ᠎ᠲᠠᠢ᠃ ᠡᠶ᠋ᠢᠮᠦ᠎ᠠᠴᠠ᠂ ᠬᠢᠴᠢᠶᠡᠯ᠎ᠤᠨ ᠠᠭᠤᠯᠭ᠎ᠠ ᠵᠢ ᠪᠠᠶ᠋ᠢᠷᠢᠯᠠᠭᠤᠯᠬᠤ ᠲᠠᠯ᠎ᠠ᠎ᠪᠠᠷ ᠬᠡᠦᠬᠡᠳ᠎ᠤᠨ ᠤᠷᠮ᠎ᠠ ᠪᠠᠬ᠎ᠠ ᠪᠠ ᠬᠥᠳᠡᠯᠬᠦ ᠳᠤᠷᠠᠲᠠᠢ ᠱᠠᠲᠤᠨ᠎ᠤ ᠣᠨᠴᠠᠯᠢᠭ ᠢ ᠬᠠᠷᠠᠭ᠋ᠠᠯᠵᠠᠬᠤ ᠬᠡᠷᠡᠭᠲᠡᠢ᠃ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠥᠳᠡᠯᠭᠡᠭᠡᠨ᠎ᠤ ᠬᠢᠴᠢᠶᠡᠯ ᠪᠤᠶᠤ ᠶᠡᠷᠦᠩᠬᠡᠶ᠋ᠢᠯᠡᠭᠰᠡᠨ ᠬᠢᠴᠢᠶᠡᠯ ᠵᠶ᠋ᠠᠷ ᠭᠣᠣᠯ ᠪᠣᠯᠭ᠋ᠠᠵᠤ᠂ ᠠᠭᠤᠯᠭ᠎ᠠ ᠪᠠ ᠬᠡᠯᠪᠡᠷᠢ᠎ᠨᠢ ᠠᠬᠤᠢ ᠪᠠᠢ᠌ᠳᠠᠯ᠎ᠤᠨ ᠴᠢᠨᠠᠷ᠎ᠢ ᠢᠯᠡᠷᠡᠭᠦᠯᠬᠦ ᠬᠡᠷᠡᠭᠲᠡᠢ᠃

(ᠭᠤᠷᠪᠠ) ᠳᠤᠮᠳᠠᠳᠤ ᠰᠤᠷᠭ᠋ᠠᠭᠤᠯᠢ ᠵᠢᠨ ᠱᠠᠲᠤ
ᠳᠤᠮᠳᠠᠳᠤ ᠰᠤᠷᠭ᠋ᠠᠭᠤᠯᠢ ᠵᠢᠨ ᠱᠠᠲᠤ ᠪᠣᠯ 12-18 ᠨᠠᠰᠤᠨ᠎ᠤ ᠵᠠᠯᠠᠭᠤᠴᠤᠳ ᠪᠠᠭ᠋ᠠᠴᠤᠳ᠎ᠤᠨ ᠪᠦᠬᠦᠯᠢ ᠡᠳᠦᠷ᠎ᠤᠨ ᠳᠦᠷᠢᠮᠲᠦ ᠰᠠᠭᠤᠷᠢ ᠰᠤᠷᠭ᠋ᠠᠨ ᠬᠥᠮᠦᠵᠢᠯ ᠭᠦᠷᠲᠡᠬᠦ ᠰᠤᠷᠤᠯᠭ᠎ᠠ ᠵᠢᠨ ᠱᠠᠲᠤ ᠵᠢ ᠵᠢᠭ᠋ᠠᠵᠤ ᠪᠣᠢ᠂ ᠰᠠᠭᠤᠷᠢ ᠰᠤᠷᠭ᠋ᠠᠨ ᠬᠥᠮᠦᠵᠢᠯ᠎ᠤᠨ ᠰᠡᠭᠦᠯ ᠬᠤᠷᠢᠶᠠᠬᠤ ᠴᠠᠭ ᠪᠣᠯᠤᠨ᠎ᠠ᠃ ᠡᠨᠡ ᠬᠦ᠌ ᠱᠠᠲᠤᠨ᠎ᠳᠤ᠂ ᠵᠠᠯᠠᠭᠤᠴᠤᠳ ᠪᠠᠭ᠋ᠠᠴᠤᠳ᠎ᠤᠨ ᠮᠡᠳᠡᠷᠡᠯ᠎ᠤᠨ ᠰᠢᠰᠲ᠋ᠧᠮ ᠪᠣᠯᠤᠨ ᠶᠡᠬᠡ ᠲᠠᠷᠢᠬᠢᠨ᠎ᠤ ᠪᠣᠶ᠋ᠢᠵᠢᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠡᠯ᠎ᠡ ᠡᠷᠬᠡᠲᠡᠨ᠎ᠤ ᠰᠢᠰᠲ᠋ᠧᠮ ᠤᠨ ᠥᠰᠥᠯᠲᠡ ᠪᠣᠶ᠋ᠢᠵᠢᠯᠲᠠ ᠨᠠᠰᠤᠨ᠎ᠳᠤ ᠬᠦᠷᠦᠭᠰᠡᠳ᠎ᠲᠠᠢ ᠣᠶ᠋ᠢᠷᠠᠲᠤᠨᠠ᠃ ᠮᠡᠳᠡᠷᠡᠮᠵᠢ ᠵᠢᠨ ᠴᠢᠨᠠᠷᠲᠠᠢ ᠬᠥᠭᠵᠢᠯᠲᠡ᠎ᠨᠢ ᠨᠠᠰᠤᠨ᠎ᠳᠤ ᠬᠦᠷᠦᠭᠰᠡᠳ᠎ᠤᠨ ᠬᠢᠷᠢ ᠲᠦᠪᠰᠢᠨ᠎ᠳᠤ ᠬᠦᠷᠦᠭᠰᠡᠨ ᠪᠤᠶᠤ ᠲᠡᠭᠦᠨ᠎ᠢ ᠳᠠᠪᠠᠵᠤ᠂ ᠰᠡᠳᠬᠢᠬᠦᠢ᠎ᠨᠢ ᠠᠭ᠋ᠠᠵᠢᠮ ᠵᠶ᠋ᠠᠷ ᠳᠥᠷᠰᠦᠯᠢᠭ ᠰᠡᠳᠬᠢᠬᠦᠢ᠎ᠠᠴᠠ ᠬᠡᠶ᠋ᠢᠰᠪᠦᠷᠢ ᠰᠡᠳᠬᠢᠬᠦᠢ ᠲᠡᠶ᠋ᠢᠰᠢ ᠬᠤᠪᠢᠷᠠᠵᠤ᠂ ᠥᠪᠡᠷ᠎ᠤᠨ ᠤᠬᠠᠮᠰᠠᠷ ᠴᠢᠩᠭ᠋ᠠᠷᠠᠨᠠ᠃ ᠡᠶ᠋ᠢᠮᠦ᠎ᠠᠴᠠ᠂ ᠬᠢᠴᠢᠶᠡᠯ᠎ᠤᠨ ᠠᠭᠤᠯᠭ᠎ᠠ ᠵᠢ ᠪᠠᠶ᠋ᠢᠷᠢᠯᠠᠭᠤᠯᠬᠤ ᠲᠠᠯ᠎ᠠ᠎ᠪᠠᠷ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠰᠡᠳᠬᠢᠬᠦᠢ ᠪᠠ ᠪᠡᠶ᠎ᠡ᠎ᠪᠠᠨ ᠳᠠᠭ᠋ᠠᠭ᠋ᠠᠭᠰᠠᠨ ᠥᠪᠡᠷ᠎ᠤᠨ ᠦᠵᠡᠯ ᠤᠬᠠᠮᠰᠠᠷ᠎ᠤᠨ ᠱᠠᠲᠤᠨ᠎ᠤ ᠣᠨᠴᠠᠯᠢᠭ᠎ᠢ ᠴᠢᠬᠤᠯᠠᠴᠢᠯᠠᠬᠤ ᠬᠡᠷᠡᠭᠲᠡᠢ᠃ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠣᠬᠢᠷᠠᠭᠤᠯᠤᠯᠲᠠ᠎ᠨᠢ ᠲᠠᠨᠢᠨ ᠮᠡᠳᠡᠬᠦᠢ ᠵᠢᠨ ᠬᠢᠴᠢᠶᠡᠯ ᠪᠤᠶᠤ ᠶᠡᠷᠦᠩᠬᠡᠶ᠋ᠢᠯᠡᠭᠰᠡᠨ ᠬᠢᠴᠢᠶᠡᠯ ᠵᠶ᠋ᠠᠷ ᠭᠣᠣᠯ ᠪᠣᠯᠭ᠋ᠠᠵᠤ᠂ ᠠᠭᠤᠯᠭ᠎ᠠ ᠬᠡᠯᠪᠡᠷᠢ ᠥᠪᠡᠷᠮᠢᠴᠡ᠂ ᠰᠣᠩᠭᠣᠯᠲᠠ ᠵᠢᠨ ᠴᠢᠨᠠᠷ ᠵᠢᠴᠢ ᠥᠪᠡᠷ᠎ᠤᠨ ᠣᠷᠣᠰᠢᠬᠤᠢ ᠵᠢᠨ ᠴᠢᠨᠠᠷ᠎ᠢ ᠢᠯᠡᠷᠡᠭᠦᠯᠬᠦ ᠬᠡᠷᠡᠭᠲᠡᠢ᠃

ᠳᠥᠷᠪᠡ᠂ ᠰᠤᠷᠭ᠋ᠠᠭᠤᠯᠢ ᠵᠢᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠵᠠᠷᠴᠢᠮ
(ᠨᠢᠭᠡ) ᠶᠠᠷᠢᠯᠴᠠᠭ᠋ᠠᠨ᠎ᠤ ᠴᠢᠨᠠᠷ᠎ᠤᠨ ᠵᠠᠷᠴᠢᠮ
《ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠰᠢᠨᠵᠢ ᠴᠢᠨᠠᠷ》᠎ᠤᠨ ᠦᠢ᠍ᠯᠡᠳᠦᠯᠭᠡ ᠵᠢᠨ ᠴᠢᠨᠠᠷ ᠪᠣᠯᠤᠨ ᠦᠢ᠍ᠯᠡᠳᠦᠯᠴᠡᠬᠦ ᠴᠢᠨᠠᠷ᠎ᠤᠨ ᠲᠣᠭᠣᠷᠢᠨ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠶᠠᠪᠤᠴᠠ᠎ᠳᠤ᠂ ᠣᠯᠠᠨ ᠭᠣᠣᠯ ᠴᠣᠭᠴᠠ᠂ ᠣᠯᠠᠨ ᠠᠬᠤᠢ ᠲᠠᠯᠠᠪᠠᠢ ᠵᠢᠨ ᠶᠠᠷᠢᠯᠴᠠᠭ᠋ᠠᠨ᠎ᠤ ᠲᠣᠭᠲᠠᠴᠠ ᠵᠢ ᠪᠣᠢ ᠪᠣᠯᠭ᠋ᠠᠵᠤ᠂ ᠬᠢᠴᠢᠶᠡᠯ᠎ᠤᠨ ᠲᠤᠰᠬᠠᠢ ᠮᠡᠷᠭᠡᠵᠢᠯᠲᠡᠨ ᠪᠠ ᠬᠢᠴᠢᠶᠡᠯ ᠬᠡᠷᠡᠭᠵᠢᠭᠦᠯᠦᠭᠴᠢ ᠣᠯᠠᠨ ᠳᠡᠰ ᠳᠠᠪᠬᠤᠷᠭ᠎ᠠ᠎ᠪᠠᠷ ᠨᠡᠪᠲᠡᠷᠡᠵᠦ᠂ ᠡᠨᠡ ᠬᠦ᠌ ᠡᠴᠢᠭᠡ ᠪᠠ ᠡᠬᠡ ᠵᠢᠨ ᠲᠤᠰᠢᠶᠠᠯ᠎ᠲᠠᠢ ᠪᠠᠭᠰᠢ᠎ᠠᠴᠠ ᠰᠤᠷᠤᠭᠴᠢᠳ᠎ᠲᠠᠢ ᠵᠦᠪᠳᠡᠬᠦ᠂ ᠶᠠᠷᠢᠯᠴᠠᠬᠤ᠎ᠪᠠᠷ ᠳᠠᠮᠵᠢᠨ ᠬᠢᠴᠢᠶᠡᠯ ᠪᠠᠢ᠌ᠭᠤᠯᠤᠨ᠎ᠠ᠃
(ᠬᠣᠶᠠᠷ) ᠣᠯᠠᠨ ᠶᠠᠩᠵᠤᠲᠤ ᠴᠢᠨᠠᠷ᠎ᠤᠨ ᠵᠠᠷᠴᠢᠮ
《ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠬᠡᠯᠪᠡᠷᠢ》 ᠵᠢᠨ ᠣᠯᠠᠨ ᠶᠠᠩᠵᠤᠲᠤ ᠴᠢᠨᠠᠷ ᠪᠣᠯᠤᠨ ᠰᠢᠨ᠎ᠡ ᠰᠣᠷᠭᠣᠭ ᠴᠢᠨᠠᠷ᠎ᠤᠨ ᠲᠣᠭᠣᠷᠢᠨ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠶᠠᠪᠤᠴᠠ᠎ᠳᠤ᠂ ᠰᠤᠷᠭ᠋ᠠᠭᠤᠯᠢ᠂ ᠭᠠᠵᠠᠷ ᠣᠷᠣᠨ ᠵᠢᠴᠢ ᠴᠠᠭ ᠬᠤᠭᠤᠴᠠᠭ᠎ᠠ ᠪᠠ ᠣᠷᠣᠨ ᠵᠠᠢ ᠵᠢᠨ ᠬᠢᠵᠠᠭ᠋ᠠᠷᠯᠠᠯ᠎ᠢ ᠡᠪᠳᠡᠵᠦ᠂ ᠡᠯ᠎ᠡ ᠵᠦᠢ᠍ᠯ᠎ᠤᠨ ᠪᠠᠶ᠋ᠢᠭ᠋ᠠᠯᠢ ᠭᠠᠵᠠᠷ ᠵᠦᠢ᠂ ᠬᠥᠮᠦᠨ ᠰᠣᠶᠤᠯ ᠨᠡᠶ᠋ᠢᠭᠡᠮ ᠪᠣᠯᠤᠨ ᠪᠤᠰᠤᠳ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠠᠳᠠᠯᠢ ᠪᠤᠰᠤ ᠵᠠᠭᠪᠤᠷ᠎ᠲᠠᠢ᠂ ᠡᠯᠪᠡᠭ ᠪᠠᠶᠠᠯᠢᠭ ᠠᠭᠤᠯᠤᠭᠳᠠᠬᠤᠨ᠎ᠲᠠᠢ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠢ᠌ᠭᠤᠯᠤᠨ᠎ᠠ᠃
(ᠭᠤᠷᠪᠠ) ᠳᠣᠭᠲᠠᠯᠴᠠᠭ᠋ᠠᠨ᠎ᠤ ᠴᠢᠨᠠᠷ᠎ᠤᠨ ᠵᠠᠷᠴᠢᠮ
《ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠱᠠᠲᠤ》 ᠵᠢᠨ ᠰᠠᠭᠤᠷᠢ ᠴᠢᠨᠠᠷ ᠵᠢᠴᠢ ᠨᠠᠰᠤᠨ ᠲᠤᠷᠰᠢᠳᠠ ᠵᠢᠨ ᠴᠢᠨᠠᠷ᠎ᠤᠨ ᠲᠣᠭᠣᠷᠢᠨ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠶᠠᠪᠤᠴᠠ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ᠎ᠳᠠᠬᠢ ᠪᠠᠶ᠋ᠢᠷᠢ ᠲᠣᠭᠲᠠᠭ᠋ᠠᠯᠲᠠ ᠵᠢ ᠲᠣᠳᠣᠷᠬᠠᠢ ᠲᠠᠨᠢᠵᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠤᠬᠠᠭᠳᠠᠬᠤᠨ᠎ᠤ ᠳᠣᠭᠲᠠᠯᠴᠠᠭ᠎ᠠ᠂ ᠵᠢᠮ᠎ᠡ ᠶᠣᠰᠣᠨ᠎ᠤ ᠳᠣᠭᠲᠠᠯᠴᠠᠭ᠎ᠠ᠂ ᠪᠦᠲᠦᠴᠡ ᠵᠢᠨ ᠳᠣᠭᠲᠠᠯᠴᠠᠭ᠎ᠠ ᠵᠢᠴᠢ ᠠᠷᠭ᠎ᠠ ᠵᠢᠨ ᠳᠣᠭᠲᠠᠯᠴᠠᠭ᠎ᠠ ᠵᠡᠷᠭᠡ ᠵᠢ ᠳᠣᠳᠤᠷᠬᠠᠢ᠌ᠯᠠᠨᠠ᠃
(ᠳᠥᠷᠪᠡ) ᠨᠡᠭᠡᠭᠡᠯᠲᠡᠲᠦ ᠴᠢᠨᠠᠷ᠎ᠤᠨ ᠵᠠᠷᠴᠢᠮ
《ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠦᠨᠡᠯᠡᠯᠲᠡ》 ᠵᠢᠨ ᠶᠠᠪᠤᠴᠠ᠎ᠲᠤ ᠴᠢᠨᠠᠷ ᠵᠢᠴᠢ ᠱᠤᠭᠤᠮ᠎ᠤᠨ ᠪᠤᠰᠤ ᠴᠢᠨᠠᠷ᠎ᠤᠨ ᠲᠣᠭᠣᠷᠢᠨ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠶᠠᠪᠤᠴᠠ᠎ᠳᠤ᠂ ᠬᠢᠴᠢᠶᠡᠯ᠎ᠤᠨ ᠲᠥᠯᠥᠪᠯᠡᠭᠡ ᠵᠢᠨ ᠣᠨᠣᠯᠵᠢᠬᠤᠨ᠎ᠢ ᠰᠠᠶ᠋ᠢᠵᠢᠷᠠᠭᠤᠯᠵᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠦᠨᠡᠯᠡᠯᠲᠡ ᠪᠣᠯ ᠨᠢᠭᠡ ᠵᠦᠢ᠍ᠯ᠎ᠤᠨ ᠭᠡᠷ ᠪᠦᠯᠢ᠎ᠪᠠᠷ ᠨᠢᠭᠡᠴᠢ ᠪᠣᠯᠭ᠋ᠠᠨ ᠥᠪᠡᠷ᠎ᠢ᠎ᠪᠠᠨ ᠰᠢᠨᠡᠴᠢᠯᠡᠬᠦ ᠬᠡᠯᠪᠡᠷᠢ ᠵᠢᠨ ᠡᠷᠭᠢᠴᠡᠭᠦᠯᠦᠨ ᠪᠣᠳᠣᠯᠬᠢᠯᠠᠬᠤ ᠪᠤᠶᠤ ᠠᠷᠭ᠎ᠠ ᠪᠠᠷᠢᠯ ᠪᠣᠯᠬᠤ ᠵᠢ ᠲᠠᠨᠢᠵᠤ᠂ ᠬᠢᠴᠢᠶᠡᠯ᠎ᠤᠨ ᠲᠥᠯᠥᠪᠯᠡᠭᠡ᠎ᠨᠢ ᠬᠢᠴᠢᠶᠡᠯ᠎ᠢ ᠪᠣᠳᠠᠲᠠᠢ ᠬᠡᠷᠡᠭᠵᠢᠭᠦᠯᠦᠭᠴᠢ ᠪᠠ ᠰᠤᠷᠤᠯᠴᠠᠭᠴᠢ ᠵᠢᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠣᠷᠴᠢᠨᠲᠠᠬᠢ ᠰᠣᠩᠭᠤᠯᠳᠠ᠎ᠲᠤ ᠴᠢᠨᠠᠷ ᠪᠠ ᠢᠯᠡᠷᠡᠯ᠎ᠳᠦ ᠴᠢᠨᠠᠷ ᠵᠢᠴᠢ ᠥᠪᠡᠷ᠎ᠤᠨ ᠠᠮᠵᠢᠯᠲᠠ ᠪᠦᠲᠦᠮᠵᠢ ᠵᠢᠨ ᠤᠬᠠᠮᠰᠠᠷ᠎ᠢ ᠭᠦᠢ᠍ᠴᠡᠳ ᠪᠣᠳᠣᠯᠬᠢᠯᠠᠬᠤ᠎ᠠᠴᠠ ᠪᠢᠰᠢ ᠬᠠᠷᠢᠨ ᠳ᠋ᠦᠩᠨᠡᠯᠲᠡ ᠵᠢᠨ ᠴᠢᠨᠠᠷᠲᠠᠢ ᠦᠨᠡᠯᠡᠯᠲᠡ᠎ᠪᠠᠷ ᠭᠣᠣᠯ ᠪᠣᠯᠭ᠋ᠠᠬᠤ ᠬᠡᠷᠡᠭᠲᠡᠢ᠃
(ᠲᠠᠪᠤ) ᠠᠮᠢᠳᠤᠯᠢᠭ ᠴᠢᠨᠠᠷ᠎ᠤᠨ ᠵᠠᠷᠴᠢᠮ
《ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠡᠷᠡᠭᠵᠢᠭᠦᠯᠬᠦ》 ᠪᠦᠲᠦᠭᠡᠯᠴᠢ ᠴᠢᠨᠠᠷ ᠵᠢᠴᠢ ᠣᠨᠴᠠ ᠴᠢᠨᠠᠷ᠎ᠤᠨ ᠲᠣᠭᠣᠷᠢᠨ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠶᠠᠪᠤᠴᠠ᠎ᠳᠤ᠂ ᠭᠠᠵᠠᠷ ᠣᠷᠣᠨ᠂ ᠭᠡᠷ ᠪᠦᠯᠢ ᠵᠢᠨ ᠪᠣᠳᠠᠲᠤ ᠪᠠᠶ᠋ᠢᠳᠠᠯ᠎ᠢ ᠭᠦᠢ᠍ᠴᠡᠳ ᠪᠣᠳᠣᠯᠬᠢᠯᠠᠵᠤ᠂ ᠤᠯᠤᠰ ᠲᠥᠷᠥ ᠵᠢᠨ ᠴᠢᠭᠯᠡᠯ᠂ ᠰᠤᠷᠭ᠋ᠠᠨ ᠬᠥᠮᠦᠵᠢᠯ᠎ᠤᠨ ᠵᠢᠮ᠎ᠡ ᠶᠣᠰᠣ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠲᠠᠢ ᠨᠡᠶ᠋ᠢᠴᠡᠭᠰᠡᠨ ᠤᠷᠢᠲᠠᠯ ᠳᠣᠣᠷ᠎ᠠ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ᠎ᠳᠤ᠎ᠪᠠᠨ ᠠᠮᠢᠳᠤᠯᠢᠭ ᠴᠢᠨᠠᠷ᠎ᠢ ᠢᠯᠡᠷᠡᠭᠦᠯᠵᠦ᠂ ᠵᠠᠪᠠᠯ ᠨᠢᠭᠡ ᠯᠡ ᠠᠳᠠᠯᠢ ᠪᠠᠶ᠋ᠢᠬᠤ ᠵᠢ ᠱᠠᠭ᠋ᠠᠷᠳᠠᠬᠤ ᠦᠭᠡᠢ᠂ ᠴᠢᠩᠭ᠎ᠠ ᠨᠢᠮᠪᠠᠢ ᠬᠢᠴᠢᠶᠡᠯ᠎ᠤᠨ ᠪᠠᠷᠢᠮᠵᠢᠶ᠎ᠠ ᠵᠢ ᠲᠣᠭᠲᠠᠭ᠋ᠠᠬᠤ ᠦᠭᠡᠢ᠂ ᠡᠯ᠎ᠡ ᠱᠠᠲᠤᠨ᠎ᠤ ᠠᠭᠤᠯᠭ᠎ᠠ ᠵᠢᠨ ᠳᠣᠭᠲᠠᠯᠴᠠᠭ᠎ᠠ ᠵᠢ ᠴᠢᠩᠭ᠎ᠠ ᠢᠯᠭ᠋ᠠᠬᠤ ᠦᠭᠡᠢ᠃ ᠮᠠᠨ᠎ᠤ ᠣᠷᠣᠨ᠎ᠤ ᠡᠯ᠎ᠡ ᠨᠢᠭᠡᠴᠢ᠂ ᠭᠡᠷ ᠪᠦᠯᠢ 《ᠵᠢᠯᠣᠭᠣᠳᠬᠤ ᠬᠥᠲᠥᠯᠪᠦᠷᠢ》 ᠵᠢ ᠦᠨᠳᠦᠰᠦᠯᠡᠨ ᠪᠣᠳᠠᠲᠠᠢ ᠰᠤᠷᠭ᠋ᠠᠨ ᠬᠥᠮᠥᠵᠢᠭᠦᠯᠬᠦ ᠠᠭᠤᠯᠭ᠎ᠠ ᠵᠢ ᠥᠪᠡᠰᠦᠪᠡᠨ ᠪᠠᠶ᠋ᠢᠭᠤᠯᠵᠤ ᠪᠣᠯᠤᠨ᠎ᠠ᠃
(ᠵᠢᠷᠭᠤᠭ᠎ᠠ) ᠳᠡᠯᠭᠡᠷᠡᠩᠭᠦᠢ ᠴᠢᠨᠠᠷ᠎ᠤᠨ ᠵᠠᠷᠴᠢᠮ
《ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠭᠣᠣᠯ ᠴᠣᠭᠴᠠ》 ᠵᠢᠨ ᠪᠦᠷᠢᠨ ᠪᠠᠭᠲᠠᠭ᠋ᠠᠬᠤ ᠴᠢᠨᠠᠷ ᠵᠢᠴᠢ ᠲᠦᠭᠡᠮᠡᠯ ᠴᠢᠨᠠᠷ᠎ᠤᠨ ᠲᠣᠭᠣᠷᠢᠨ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠶᠠᠪᠤᠴᠠ᠎ᠳᠤ᠂ ᠡᠩ᠎ᠤᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ ᠪᠣᠯᠤᠨ ᠣᠨᠴᠠᠭ᠋ᠠᠢ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠠᠮᠲᠤᠳᠤᠨᠢ ᠬᠠᠷᠠᠭ᠋ᠠᠯᠵᠠᠵᠤ᠂ ᠮᠠᠨ᠎ᠤ ᠣᠷᠣᠨ᠎ᠤ ᠣᠨᠴᠠᠭ᠋ᠠᠢ ᠭᠡᠷ ᠪᠦᠯᠢ ᠵᠢᠨ ᠰᠤᠷᠭ᠋ᠠᠨ ᠬᠥᠮᠦᠵᠢᠯ᠎ᠳᠤ ᠬᠣᠯᠪᠣᠭᠳᠠᠭᠰᠠᠨ ᠨᠢᠭᠡᠴᠢ ᠪᠤᠶᠤ ᠭᠡᠷ ᠪᠦᠯᠢ᠎ᠳᠤ ᠬᠠᠷᠠᠭ᠋ᠠᠯᠵᠠᠯ ᠦᠵᠡᠭᠦᠯᠵᠦ᠂ 《ᠵᠢᠯᠣᠭᠣᠳᠬᠤ ᠬᠥᠲᠦᠯᠪᠦᠷᠢ》᠎ᠳᠤ ᠲᠣᠭᠲᠠᠭ᠋ᠠᠭᠰᠠᠨ ᠶᠣᠰᠣ ᠰᠤᠷᠲᠠᠬᠤᠨ᠎ᠤ ᠬᠡᠪ ᠴᠢᠨᠠᠷ᠂ ᠪᠡᠶ᠎ᠡ ᠮᠠᠬᠠᠪᠣᠳ᠎ᠤᠨ ᠴᠢᠨᠰᠠᠭ᠎ᠠ᠂ ᠠᠮᠢᠳᠤᠷᠠᠯ᠎ᠤᠨ ᠤᠷ᠎ᠠ ᠴᠢᠳᠠᠪᠤᠷᠢ᠂ ᠰᠣᠶᠣᠯ᠎ᠤᠨ ᠪᠣᠯᠪᠠᠰᠤᠷᠠᠯ ᠵᠢᠴᠢ ᠦᠢ᠍ᠯᠡ ᠠᠵᠢᠯᠯᠠᠭ᠋ᠠᠨ᠎ᠤ ᠳᠠᠳᠬᠠᠯ ᠵᠡᠷᠭᠡ ᠲᠠᠪᠤᠨ ᠶᠡᠬᠡ ᠪᠣᠯᠪᠠᠰᠤᠷᠠᠯ ᠬᠢᠴᠢᠶᠡᠯ᠎ᠤᠨ ᠠᠭᠤᠯᠭ᠎ᠠ ᠵᠢ ᠦᠨᠳᠦᠰᠦᠯᠡᠨ᠂ ᠣᠨᠴᠠᠭ᠋ᠠᠢ ᠰᠤᠷᠭ᠋ᠠᠨ ᠬᠥᠮᠦᠵᠢᠯ᠎ᠤᠨ ᠦᠨᠳᠦᠰᠦᠨ ᠣᠨᠣᠯ ᠵᠡᠷᠭᠡ ᠵᠢᠨ ᠶᠣᠰᠣᠭ᠋ᠠᠷ᠂ ᠪᠠᠶ᠋ᠢᠳᠠᠯ᠎ᠢ ᠦᠵᠡᠵᠦ ᠣᠨᠴᠠᠭ᠋ᠠᠢ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠡᠷᠡᠭᠵᠢᠭᠦᠯᠬᠦ᠎ᠳᠤ ᠲᠣᠬᠢᠷᠠᠬᠤ ᠠᠭᠤᠯᠭ᠎ᠠ ᠵᠢᠨ ᠬᠡᠰᠡᠭ᠎ᠢ ᠰᠣᠩᠭᠣᠬᠤ ᠵᠢᠨ ᠬᠠᠮᠲᠤ᠂ ᠵᠦᠢ ᠵᠣᠬᠢᠰᠲᠠᠢ ᠡᠭᠦᠳᠦᠨ ᠪᠦᠲᠦᠭᠡᠵᠦ ᠪᠣᠯᠤᠨ᠎ᠠ᠃
(ᠳᠣᠯᠣᠭ᠎ᠠ) ᠵᠢᠭ᠋ᠠᠬᠤ ᠵᠢ ᠰᠤᠳᠤᠯᠬᠤ ᠴᠢᠨᠠᠷ᠎ᠤᠨ ᠵᠠᠷᠴᠢᠮ
《ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠬᠤᠪᠢᠰᠤᠯᠲᠠ》 ᠵᠢᠨ ᠤᠷᠲᠤ ᠬᠤᠭᠤᠴᠠᠭ᠋ᠠᠲᠤ ᠴᠢᠨᠠᠷ ᠵᠢᠴᠢ ᠴᠢᠬᠤᠯᠠ ᠴᠢᠨᠠᠷ᠎ᠤᠨ ᠲᠣᠭᠣᠷᠢᠨ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠠᠶ᠋ᠢᠭᠤᠯᠬᠤ ᠶᠠᠪᠤᠴᠠ᠎ᠳᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠬᠥᠭᠵᠢᠯᠲᠡ ᠵᠢᠨ ᠴᠢᠨᠠᠷ᠎ᠢ ᠲᠠᠨᠢᠵᠤ᠂ ᠡᠯ᠎ᠡ ᠨᠢᠭᠡᠴᠢ᠂ ᠭᠡᠷ ᠪᠦᠯᠢ ᠵᠢᠨ ᠬᠢᠨ ᠭᠡᠷ ᠪᠦᠯᠢ ᠵᠢᠨ ᠰᠤᠷᠭ᠋ᠠᠨ ᠬᠥᠮᠦᠵᠢᠯ᠎ᠢ ᠥᠷᠨᠢᠭᠦᠯᠬᠦ ᠵᠢᠴᠢ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠡᠷᠡᠭᠵᠢᠭᠦᠯᠬᠦ᠎ᠠᠴᠠ ᠡᠮᠦᠨ᠎ᠡ ᠲᠥᠪᠯᠡᠷᠡᠭᠦᠯᠦᠨ ᠪᠣᠯᠪᠠᠰᠤᠷᠠᠭᠤᠯᠬᠤ ᠪᠤᠶᠤ ᠣᠨᠴᠠ ᠵᠠᠷᠢᠮ ᠰᠤᠳᠤᠯᠤᠨ ᠰᠤᠷᠤᠯᠴᠠᠬᠤ ᠵᠢ ᠰᠠᠨᠠᠭ᠋ᠠᠴᠢᠯᠠᠵᠤ᠂ ᠰᠠᠶ᠋ᠢᠨ ᠰᠠᠶ᠋ᠢᠬᠠᠨ᠂ ᠤᠷᠲᠤ ᠬᠤᠭᠤᠴᠠᠭ᠎ᠠ᠎ᠲᠠᠢ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠪᠣᠯᠪᠠᠰᠤᠷᠠᠭᠤᠯᠤᠯ᠂ ᠬᠡᠷᠡᠭᠵᠢᠭᠦᠯᠦᠯᠲᠡ᠂ ᠡᠷᠭᠢᠴᠡᠭᠦᠯᠦᠨ ᠪᠣᠳᠣᠬᠤ᠂ ᠠᠰᠠᠭᠤᠳᠠᠯ᠎ᠢ ᠰᠢᠢ᠍ᠳᠪᠦᠷᠢᠯᠡᠬᠦ ᠵᠢᠴᠢ ᠦᠶ᠎ᠡ ᠤᠯᠠᠷᠢᠨ ᠰᠢᠨᠡᠳᠬᠡᠬᠦ ᠲᠣᠭᠲᠠᠴᠠ ᠵᠢ ᠪᠣᠢ ᠪᠣᠯᠭ᠋ᠠᠨ᠎ᠠ᠃
ᠲᠠᠪᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠡᠬᠢ ᠪᠠᠶᠠᠯᠢᠭ᠎ᠤᠨ ᠪᠠᠲᠤᠯᠠᠭ᠎ᠠ
(ᠨᠢᠭᠡ) ᠪᠢᠴᠢᠭ ᠮᠠᠲ᠋ᠧᠷᠢᠶᠠᠯ᠎ᠤᠨ ᠡᠬᠢ ᠪᠠᠶᠠᠯᠢᠭ᠎ᠤᠨ ᠪᠠᠲᠤᠯᠠᠭ᠎ᠠ᠃ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠂ ᠰᠤᠷᠭ᠋ᠠᠨ ᠬᠥᠮᠥᠵᠢᠭᠦᠯᠬᠦ ᠤᠬᠠᠭ᠋ᠠᠨ᠎ᠤ ᠦᠨᠳᠦᠰᠦᠨ ᠣᠨᠣᠯ᠂ ᠰᠤᠷᠭ᠋ᠠᠨ ᠬᠥᠮᠦᠵᠢᠯ᠎ᠤᠨ ᠤᠩᠰᠢᠬᠤ ᠪᠢᠴᠢᠭ᠎ᠤᠨ ᠬᠡᠪᠯᠡᠯ᠎ᠤᠨ ᠵᠢᠷᠤᠮᠵᠢᠯ᠎ᠢ ᠦᠨᠳᠦᠰᠦᠯᠡᠨ᠂ ᠮᠠᠨ᠎ᠤ ᠣᠷᠣᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠵᠢᠯᠣᠭᠣᠳᠬᠤ ᠬᠥᠲᠥᠯᠪᠦᠷᠢ》 ᠵᠢᠨ ᠤᠩᠰᠢᠬᠤ ᠪᠢᠴᠢᠭ᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠳᠠᠷᠤᠮᠠᠯᠯᠠᠵᠤ᠂ ᠲᠡᠭᠦᠨ᠎ᠢ ᠨᠥᠯᠥᠭᠡᠯᠡᠬᠦ ᠬᠦᠴᠦᠨ᠎ᠲᠠᠢ ᠶᠡᠷᠦ ᠵᠢᠨ ᠮᠡᠳᠡᠯᠭᠡ ᠵᠢᠨ ᠴᠢᠨᠠᠷᠲᠠᠢ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠵᠦᠭᠯᠡᠭᠦᠷ ᠪᠣᠯᠭ᠋ᠠᠨ᠎ᠠ᠃
(ᠬᠣᠶᠠᠷ) ᠬᠢᠴᠢᠶᠡᠯ᠎ᠤᠨ ᠵᠢᠭ᠋ᠠᠬᠤ ᠵᠢ ᠰᠤᠳᠤᠯᠬᠤ ᠪᠦᠯᠬᠦᠮ᠎ᠤᠨ ᠡᠬᠢ ᠪᠠᠶᠠᠯᠢᠭ᠎ᠤᠨ ᠪᠠᠲᠤᠯᠠᠭ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠶ᠋ᠠᠷ ᠭᠣᠣᠯ ᠴᠣᠭᠴᠠ ᠪᠣᠯᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ᠎ᠢ ᠵᠢᠯᠣᠭᠣᠳᠬᠤ ᠵᠥᠪᠯᠡᠯ᠎ᠳᠤ ᠲᠦᠰᠢᠭᠯᠡᠨ᠂ ᠵᠠᠰᠠᠭ ᠵᠠᠬᠢᠷᠭ᠋ᠠᠨ᠎ᠤ ᠠᠵᠢᠯᠲᠠᠨ᠂ ᠳᠡᠭᠡᠳᠦ ᠰᠤᠷᠭ᠋ᠠᠭᠤᠯᠢ ᠵᠢᠨ ᠡᠷᠳᠡᠮᠲᠡᠨ᠂ ᠨᠢᠭᠡᠳᠦᠭᠡᠷ ᠹᠷᠣᠨᠲ ᠤᠨ ᠪᠠᠭᠰᠢ᠂ ᠵᠢᠭ᠋ᠠᠬᠤ ᠵᠢ ᠰᠤᠳᠤᠯᠤᠭᠴᠢ᠂ ᠨᠡᠶ᠋ᠢᠭᠡᠮ ᠲᠣᠭᠣᠷᠢᠭ᠎ᠤᠨ ᠠᠵᠢᠯᠲᠠᠨ ᠵᠡᠷᠭᠡ᠎ᠪᠠᠷ ᠭᠡᠰᠢᠭᠦᠨ ᠪᠣᠯᠭ᠋ᠠᠭᠰᠠᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠵᠢᠭ᠋ᠠᠬᠤ ᠵᠢ ᠰᠤᠳᠤᠯᠬᠤ ᠬᠠᠮᠲᠤ ᠵᠢᠨ ᠴᠣᠭᠴᠠ ᠵᠢ ᠪᠠᠶ᠋ᠢᠭᠤᠯᠤᠨ᠎ᠠ᠃
(ᠭᠤᠷᠪᠠ) ᠳᠦᠷᠢᠮ᠎ᠤᠨ ᠡᠬᠢ ᠪᠠᠶᠠᠯᠢᠭ᠎ᠤᠨ ᠪᠠᠲᠤᠯᠠᠭ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠳᠦᠷᠢᠮ᠎ᠤᠨ ᠬᠢᠵᠠᠭ᠋ᠠᠷᠯᠠᠬᠤ ᠬᠦᠴᠦᠨ᠂ ᠵᠢᠷᠤᠮᠵᠢᠭᠤᠯᠬᠤ ᠬᠦᠴᠦᠨ ᠪᠣᠯᠤᠨ ᠵᠢᠯᠣᠭᠣᠳᠬᠤ ᠬᠦᠴᠦᠨ᠎ᠢ ᠪᠣᠢ ᠪᠣᠯᠭ᠋ᠠᠨ᠂ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠨᠡᠭᠡᠭᠡᠬᠦ ᠪᠠ ᠬᠡᠷᠡᠭᠵᠢᠭᠦᠯᠬᠦ ᠵᠢᠨ ᠦᠷᠭᠦᠯᠵᠢᠯᠡᠯᠳᠦ ᠴᠢᠨᠠᠷ᠎ᠢ ᠪᠠᠲᠤᠯᠠᠨ᠎ᠠ᠃