《ᠪᠠᠭᠰᠢ ᠵᠢᠨ ᠬᠠᠤᠯᠢ》᠂ 《ᠪᠠᠭᠰᠢ ᠵᠢᠨ ᠬᠢᠷᠢ ᠭᠡᠮ᠎ᠤᠨ ᠳᠦᠷᠢᠮ》᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠂ 《ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠤᠨ ᠰᠢᠯᠭ᠋ᠠᠯᠲᠠ ᠪᠠ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠰᠤᠷᠭ᠋ᠠᠨ ᠪᠠᠭᠰᠢ ᠪᠢᠴᠢᠭ [2021] 56 ᠳ᠋ᠤᠭ᠋ᠠᠷ ᠲᠣᠭ᠋ᠠᠲᠤ)᠂ 《ᠰᠤᠷᠭ᠋ᠠᠨ ᠬᠥᠮᠦᠵᠢᠯ᠎ᠤᠨ ᠶᠠᠮᠤᠨ᠎ᠤ ᠪᠠᠭᠰᠢ ᠵᠢᠨ ᠬᠢᠷᠢ ᠭᠡᠮ᠎ᠢ ᠮᠠᠭ᠋ᠠᠳᠯᠠᠨ ᠲᠣᠭᠲᠠᠭ᠋ᠠᠬᠤ ᠵᠢ ᠵᠢᠯᠣᠭᠣᠳᠬᠤ ᠲᠥᠪ᠎ᠤᠨ 2023 ᠣᠨ ᠤ ᠪᠠᠭᠰᠢ ᠵᠢᠨ ᠬᠢᠷᠢ ᠭᠡᠮ᠎ᠤᠨ ᠳᠦᠷᠢᠮ᠎ᠢ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠪᠠᠭᠰᠢ ᠬᠢᠷᠢ ᠬᠡᠮ ᠦᠰᠦᠭ [2020] 2 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠳᠦᠷᠢᠮ᠎ᠤᠨ ᠥᠭᠡᠷᠡᠴᠢᠯᠡᠯᠲᠡ ᠵᠢ ᠬᠡᠷᠡᠭᠵᠢᠭᠦᠯᠪᠡ᠃ ᠰᠤᠷᠭ᠋ᠠᠨ ᠬᠥᠮᠦᠵᠢᠯ᠎ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠪᠡ᠄
ᠨᠢᠭᠡ᠂ ᠳᠠᠩᠰᠠᠯᠠᠬᠤ ᠬᠡᠪᠴᠢᠶ᠎ᠡ
ᠪᠦᠬᠦ ᠣᠷᠣᠨ᠎ᠤ ᠠᠯᠪᠠᠨ᠎ᠠᠴᠠ ᠡᠷᠬᠢᠯᠡᠭᠰᠡᠨ ᠡᠩ᠎ᠤᠨ ᠳᠤᠮᠳᠠᠳᠤ ᠪᠠᠭ᠎ᠠ ᠰᠤᠷᠭ᠋ᠠᠭᠤᠯᠢ᠂ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠣᠷᠣᠨ ᠲᠣᠭ᠎ᠠ᠎ᠲᠠᠢ ᠠᠵᠢᠯ᠎ᠤᠨ ᠪᠠᠶ᠋ᠢᠷᠢ᠎ᠳᠤ ᠪᠠᠢ᠌ᠭ᠎ᠠ ᠪᠠᠭᠰᠢ (ᠳᠣᠷᠣᠭᠰᠢ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠭᠡᠵᠦ ᠳᠦᠭᠦᠮᠴᠢᠯᠡᠨ᠎ᠡ)᠂ ᠲᠤᠷᠰᠢᠨ ᠬᠡᠷᠡᠭᠯᠡᠬᠦ ᠬᠤᠭᠤᠴᠠᠭ᠎ᠠ᠎ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠰᠢᠨ᠎ᠡ᠎ᠪᠠᠷ ᠠᠵᠢᠯ᠎ᠳᠤ ᠣᠷᠣᠬᠤ ᠪᠠᠭᠰᠢ ᠵᠢ ᠪᠠᠭᠲᠠᠭ᠋ᠠᠨ᠎ᠠ᠃
ᠳᠠᠩᠰᠠᠯᠠᠬᠤ ᠬᠡᠪᠴᠢᠶᠡᠨ᠎ᠠᠴᠠ ᠭᠠᠳᠠᠨᠠᠬᠢ ᠪᠤᠰᠤᠳ ᠪᠠᠭᠰᠢ ᠵᠢᠨ ᠬᠢᠷᠢ ᠭᠡᠮ᠎ᠤᠨ ᠦᠨᠡᠮᠯᠡᠯ᠎ᠲᠠᠢ ᠪᠠᠭᠰᠢ ᠡᠨᠡ ᠤᠳᠠᠭ᠋ᠠᠨ᠎ᠤ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ᠎ᠳᠤ ᠣᠷᠣᠯᠴᠠᠬᠤ ᠦᠭᠡᠢ᠃
ᠬᠣᠶᠠᠷ᠂ ᠳᠠᠩᠰᠠᠯᠠᠬᠤ ᠨᠥᠬᠥᠴᠡᠯ
(ᠨᠢᠭᠡ) ᠠᠩᠬ᠎ᠠ ᠤᠳᠠᠭ᠎ᠠ ᠳᠠᠩᠰᠠᠯᠠᠬᠤ ᠵᠢ ᠭᠤᠶᠤᠴᠢᠯᠠᠬᠤ᠎ᠳᠤ ᠳᠣᠣᠷᠠᠬᠢ ᠨᠥᠬᠥᠴᠡᠯ ᠢ ᠪᠦᠷᠢᠯᠳᠦᠭᠦᠯᠬᠦ ᠬᠡᠷᠡᠭᠲᠡᠢ᠄
1. ᠪᠠᠭᠰᠢ ᠵᠢᠨ ᠠᠵᠢᠯ᠎ᠤᠨ ᠪᠠᠶ᠋ᠢᠷᠢᠯᠤᠭᠠ ᠵᠣᠬᠢᠬᠤ ᠪᠠᠭᠰᠢ ᠵᠢᠨ ᠬᠢᠷᠢ ᠭᠡᠮ᠎ᠲᠠᠢ;
2. ᠳᠤᠮᠳᠠᠳᠤ ᠪᠠᠭ᠎ᠠ ᠰᠤᠷᠭ᠋ᠠᠭᠤᠯᠢ ᠵᠢᠨ ᠣᠷᠣᠨ ᠲᠣᠭ᠎ᠠ᠎ᠲᠠᠢ ᠠᠵᠢᠯ᠎ᠤᠨ ᠪᠠᠢ᠌ᠷᠢ᠎ᠳᠤ ᠤᠷᠢᠭᠳᠠᠭᠰᠠᠨ;
3᠂ ᠤᠯᠤᠰ᠎ᠤᠨ ᠬᠠᠤᠯᠢ ᠴᠠᠭ᠋ᠠᠵᠠ ᠬᠠᠤᠯᠢ ᠳᠦᠷᠢᠮ᠂ 《ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠠᠵᠢᠯ ᠮᠡᠷᠭᠡᠵᠢᠯ᠎ᠤᠨ ᠦᠢ᠍ᠯᠡ ᠠᠵᠢᠯᠯᠠᠭ᠋ᠠᠨ᠎ᠤ ᠠᠷᠪᠠᠨ ᠳᠦᠷᠢᠮ》᠂ 《ᠰᠢᠨ᠎ᠡ ᠴᠠᠭ ᠦᠶ᠎ᠡ ᠵᠢᠨ ᠬᠡᠦᠬᠡᠳ᠎ᠤᠨ ᠴᠡᠴᠡᠷᠯᠢᠭ᠎ᠤᠨ ᠪᠠᠭᠰᠢ ᠵᠢᠨ ᠠᠵᠢᠯ ᠮᠡᠷᠭᠡᠵᠢᠯ᠎ᠤᠨ ᠦᠢ᠍ᠯᠡ ᠠᠵᠢᠯᠯᠠᠭ᠋ᠠᠨ᠎ᠤ ᠠᠷᠪᠠᠨ ᠳᠦᠷᠢᠮ》 ᠪᠠ 《ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠵᠢᠷᠤᠮᠵᠢᠯ》᠎ᠢ ᠵᠢᠷᠤᠮᠯᠠᠵᠤ᠂ ᠰᠠᠶ᠋ᠢᠨ ᠰᠠᠶ᠋ᠢᠬᠠᠨ ᠪᠠᠭᠰᠢ ᠵᠢᠨ ᠶᠣᠰᠣ ᠮᠣᠷᠠᠯ᠎ᠤᠨ ᠢᠯᠡᠷᠡᠯ᠎ᠲᠠᠢ ᠪᠠᠶ᠋ᠢᠬᠤ ᠬᠡᠷᠡᠭᠲᠡᠢ;
4. ᠪᠡᠶ᠎ᠡ ᠰᠡᠳᠬᠢᠯ ᠡᠷᠡᠭᠦᠯ ᠴᠢᠭᠢᠷᠠᠭ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠡᠭᠦᠷᠭᠡᠯᠡᠵᠦ ᠴᠢᠳᠠᠬᠤᠢ᠌ᠴᠠ;
5. ᠠᠩᠬ᠎ᠠ ᠤᠳᠠᠭ᠎ᠠ ᠪᠠᠭᠰᠢᠯᠠᠵᠤ ᠪᠠᠢ᠌ᠭ᠎ᠠ ᠪᠠᠭᠰᠢ ᠵᠢᠨ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠮᠥᠷᠲᠡᠭᠡᠨ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠪᠠᠶ᠋ᠢᠬᠤ ᠬᠡᠷᠡᠭᠲᠡᠢ᠃ ᠪᠤᠰᠤᠳ ᠪᠠᠭᠰᠢ ᠳᠠᠩᠰᠠᠯᠠᠬᠤ ᠵᠢ ᠭᠤᠶᠤᠴᠢᠯᠠᠬᠤ᠎ᠠᠴᠠ ᠡᠮᠦᠨ᠎ᠡ ᠨᠢᠭᠡ ᠵᠢᠯ᠎ᠤᠨ ᠬᠢᠨᠠᠨ ᠰᠢᠯᠭ᠋ᠠᠯᠲᠠ ᠳᠤ ᠬᠢᠷᠢ ᠲᠡᠩᠴᠡᠭᠰᠡᠨ ᠪᠥᠭᠡᠳ ᠲᠡᠭᠦᠨ᠎ᠠᠴᠠ ᠳᠡᠭᠡᠭᠰᠢᠬᠢ ᠳᠡᠰ᠎ᠲᠠᠢ ᠪᠠᠶ᠋ᠢᠬᠤ ᠬᠡᠷᠡᠭᠲᠡᠢ;
6. ᠨᠢᠭᠡ ᠬᠥᠮᠦᠨ ᠣᠯᠠᠨ ᠦᠨᠡᠮᠯᠡᠯ᠎ᠲᠠᠢ᠂ ᠬᠢᠴᠢᠶᠡᠯ ᠲᠥᠷᠦᠯ ᠪᠠ ᠦᠨᠡᠮᠯᠡᠯ ᠠᠳᠠᠯᠢ ᠪᠤᠰᠤ ᠵᠡᠷᠭᠡ ᠣᠨᠴᠠᠭ᠋ᠠᠢ ᠪᠠᠶ᠋ᠢᠳᠠᠯ᠎ᠢ ᠳᠣᠣᠷᠠᠬᠢ ᠠᠷᠭ᠎ᠠ᠎ᠪᠠᠷ ᠳᠠᠩᠰᠠᠯᠠᠨ᠎ᠠ᠄
(1) 《ᠨᠢᠭᠡ ᠬᠥᠮᠦᠨ ᠣᠯᠠᠨ ᠦᠨᠡᠮᠯᠡᠯ᠎ᠲᠠᠢ》᠂ ᠲᠤᠬᠠᠶ᠋ᠢᠯᠠᠪᠠᠯ᠂ ᠬᠣᠶᠠᠷ ᠵᠦᠢ᠍ᠯ ᠪᠤᠶᠤ ᠲᠡᠭᠦᠨ᠎ᠠᠴᠠ ᠳᠡᠭᠡᠭᠰᠢᠬᠢ ᠪᠠᠭᠰᠢ ᠵᠢᠨ ᠬᠢᠷᠢ ᠭᠡᠮ᠎ᠤᠨ ᠦᠨᠡᠮᠯᠡᠯ᠎ᠲᠠᠢ ᠪᠣᠯ ᠣᠳᠣ ᠵᠢᠭ᠋ᠠᠵᠤ ᠪᠠᠶ᠋ᠢᠭ᠎ᠠ ᠪᠠᠭᠰᠢ ᠵᠢᠨ ᠠᠵᠢᠯ᠎ᠤᠨ ᠪᠠᠶ᠋ᠢᠷᠢᠯᠤᠭᠠ ᠵᠣᠬᠢᠬᠤ ᠪᠠᠭᠰᠢ ᠵᠢᠨ ᠬᠢᠷᠢ ᠭᠡᠮ᠎ᠤᠨ ᠦᠨᠡᠮᠯᠡᠯ᠎ᠢ ᠰᠣᠩᠭᠣᠨ ᠳᠠᠩᠰᠠᠯᠠᠵᠤ ᠪᠣᠯᠤᠨ᠎ᠠ᠃
(2) 《ᠬᠢᠴᠢᠶᠡᠯ ᠲᠥᠷᠦᠯ ᠪᠠ ᠦᠨᠡᠮᠯᠡᠯ ᠠᠳᠠᠯᠢ ᠪᠤᠰᠤ 》᠂ ᠲᠤᠬᠠᠶ᠋ᠢᠯᠠᠪᠠᠯ᠂ ᠪᠠᠭᠰᠢ ᠵᠢᠨ ᠬᠢᠷᠢ ᠭᠡᠮ᠎ᠤᠨ ᠦᠨᠡᠮᠯᠡᠯ᠎ᠨᠢ ᠣᠳᠣ ᠵᠢᠭ᠋ᠠᠵᠤ ᠪᠠᠶ᠋ᠢᠭ᠎ᠠ ᠬᠢᠴᠢᠶᠡᠯ ᠲᠥᠷᠦᠯᠯᠦᠭᠡ ᠨᠢᠭᠡᠳᠦᠯ ᠦᠭᠡᠢ ᠪᠣᠯ᠂ ᠰᠦᠯᠵᠢᠶᠡᠨ᠎ᠳᠤ ᠨᠡᠷ᠎ᠡ ᠮᠡᠳᠡᠭᠦᠯᠬᠦ᠎ᠳᠤ᠎ᠪᠠᠨ ᠪᠠᠭᠰᠢ ᠵᠢᠨ ᠬᠢᠷᠢ ᠭᠡᠮ᠎ᠤᠨ ᠦᠨᠡᠮᠯᠡᠯ ᠳᠡᠭᠡᠷᠡᠬᠢ ᠬᠢᠷᠢ ᠭᠡᠮ᠎ᠤᠨ ᠲᠥᠷᠥᠯ ᠵᠦᠢ᠍ᠯ ᠪᠠ ᠵᠢᠭ᠋ᠠᠵᠤ ᠪᠠᠢ᠌ᠭ᠎ᠠ ᠬᠢᠴᠢᠶᠡᠯ ᠲᠥᠷᠦᠯ᠎ᠤᠨ ᠮᠡᠳᠡᠭᠡ ᠵᠠᠩᠭᠢ ᠵᠢ ᠦᠨᠡᠨ ᠪᠣᠳᠠᠲᠠᠢ ᠲᠠᠭᠯᠠᠬᠤ ᠬᠡᠷᠡᠭᠲᠡᠢ; ᠣᠳᠣ ᠵᠢᠭ᠋ᠠᠵᠤ ᠪᠠᠶ᠋ᠢᠭ᠎ᠠ ᠬᠢᠴᠢᠶᠡᠯ ᠲᠥᠷᠦᠯ᠎ᠤᠨ ᠪᠠᠶ᠋ᠢᠳᠠᠯ᠎ᠤᠨ ᠠᠭᠤᠯᠭ᠎ᠠ ᠵᠢ ᠲᠠᠭᠯᠠᠬᠤ ᠦᠶ᠎ᠡ᠂ ᠡᠷᠬᠡᠪᠰᠢ ᠪᠣᠳᠠᠲᠠᠢ ᠵᠢᠭ᠋ᠠᠵᠤ ᠪᠠᠢ᠌ᠭ᠎ᠠ ᠰᠤᠷᠤᠯᠭ᠎ᠠ ᠵᠢᠨ ᠱᠠᠲᠤ ᠪᠠ ᠵᠢᠭ᠋ᠠᠵᠤ ᠪᠠᠢ᠌ᠭ᠎ᠠ ᠬᠢᠴᠢᠶᠡᠯ ᠲᠥᠷᠦᠯ᠎ᠤᠨ ᠮᠡᠳᠡᠭᠡ ᠵᠠᠩᠭᠢ᠎ᠪᠠᠨ ᠲᠠᠭᠯᠠᠬᠤ ᠬᠡᠷᠡᠭᠲᠡᠢ᠃
(3) ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠶᠣᠯ᠎ᠤᠨ ᠬᠢᠴᠢᠶᠡᠯ᠎ᠤᠨ ᠪᠠᠭᠰᠢ ᠵᠢᠨ ᠬᠢᠷᠢ ᠭᠡᠮ᠎ᠤᠨ ᠦᠨᠡᠮᠯᠡᠯ᠎ᠲᠠᠢ ᠪᠠᠢ᠌ᠭ᠋ᠠᠳ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠠᠭᠰᠢᠯᠠᠬᠤ ᠪᠤᠶᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠤᠨ ᠦᠨᠡᠮᠯᠡᠯ᠎ᠲᠠᠢ ᠪᠠᠢ᠌ᠭ᠋ᠠᠳ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠰᠣᠶᠣᠯ᠎ᠤᠨ ᠬᠢᠴᠢᠶᠡᠯ ᠣᠷᠣᠪᠠᠯ᠂ ᠦᠨᠡᠮᠯᠡᠯ᠎ᠢ ᠬᠠᠷᠢᠯᠴᠠᠨ ᠨᠡᠶ᠋ᠢᠳᠡᠮ ᠬᠡᠷᠡᠭᠯᠡᠵᠦ᠂ ᠪᠠᠶ᠋ᠢᠭ᠎ᠠ ᠪᠠᠭᠰᠢ ᠵᠢᠨ ᠬᠢᠷᠢ ᠭᠡᠮ᠎ᠤᠨ ᠦᠨᠡᠮᠯᠡᠯ᠎ᠢ ᠳᠠᠩᠰᠠᠯᠠᠬᠤ᠎ᠪᠠᠷ ᠭᠤᠶᠤᠴᠢᠯᠠᠵᠤ ᠪᠣᠯᠤᠨ᠎ᠠ᠃
(ᠬᠣᠶᠠᠷ) ᠳᠣᠣᠷᠠᠬᠢ ᠨᠥᠬᠥᠴᠡᠯ᠎ᠢ ᠪᠦᠷᠢᠯᠳᠦᠭᠦᠯᠦᠭᠰᠡᠨ ᠪᠣᠯ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ᠎ᠳᠤ ᠬᠢᠷᠢ ᠲᠡᠩᠴᠡᠨ᠎ᠡ᠄
1. ᠪᠠᠭᠰᠢ ᠵᠢᠨ ᠠᠵᠢᠯ᠎ᠤᠨ ᠪᠠᠶ᠋ᠢᠷᠢᠯᠤᠭᠠ ᠵᠣᠬᠢᠴᠠᠭᠰᠠᠨ ᠪᠠᠭᠰᠢ ᠵᠢᠨ ᠬᠢᠷᠢ ᠭᠡᠮ᠎ᠲᠠᠢ;
2. ᠤᠯᠤᠰ᠎ᠤᠨ ᠬᠠᠤᠯᠢ ᠴᠠᠭ᠋ᠠᠵᠠ ᠬᠠᠤᠯᠢ ᠳᠦᠷᠢᠮ᠂ 《ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠠᠵᠢᠯ ᠮᠡᠷᠭᠡᠵᠢᠯ᠎ᠤᠨ ᠦᠢ᠍ᠯᠡ ᠠᠵᠢᠯᠯᠠᠭ᠋ᠠᠨ᠎ᠤ ᠠᠷᠪᠠᠨ ᠳᠦᠷᠢᠮ》᠂ 《ᠰᠢᠨ᠎ᠡ ᠴᠠᠭ ᠦᠶ᠎ᠡ ᠵᠢᠨ ᠬᠡᠦᠬᠡᠳ᠎ᠤᠨ ᠴᠡᠴᠡᠷᠯᠢᠭ᠎ᠤᠨ ᠪᠠᠭᠰᠢ ᠵᠢᠨ ᠠᠵᠢᠯ ᠮᠡᠷᠭᠡᠵᠢᠯ᠎ᠤᠨ ᠦᠢ᠍ᠯᠡ ᠠᠵᠢᠯᠯᠠᠭ᠋ᠠᠨ᠎ᠤ ᠠᠷᠪᠠᠨ ᠳᠦᠷᠢᠮ》 ᠪᠠ 《ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠵᠢᠷᠤᠮᠵᠢᠯ》᠎ᠢ ᠵᠢᠷᠤᠮᠯᠠᠵᠤ᠂ ᠰᠠᠶ᠋ᠢᠨ ᠰᠠᠶ᠋ᠢᠬᠠᠨ ᠪᠠᠭᠰᠢ ᠵᠢᠨ ᠶᠣᠰᠣ ᠮᠣᠷᠠᠯ᠎ᠤᠨ ᠢᠯᠡᠷᠡᠯ᠎ᠲᠠᠢ ᠪᠠᠶ᠋ᠢᠬᠤ ᠬᠡᠷᠡᠭᠲᠡᠢ;
3. ᠨᠢᠭᠡ ᠳᠠᠩᠰᠠᠯᠠᠬᠤ ᠦᠶᠡᠯᠡᠯ᠎ᠤᠨ ᠬᠤᠭᠤᠴᠠᠭ᠋ᠠᠨ᠎ᠳᠤ᠂ ᠵᠢᠯ ᠪᠦᠷᠢ ᠵᠢᠨ ᠵᠢᠯ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠪᠠ ᠲᠡᠭᠦᠨ᠎ᠠᠴᠠ ᠳᠡᠭᠡᠭᠰᠢᠬᠢ ᠵᠡᠷᠭᠡ᠎ᠲᠠᠢ;
4 . ᠳᠠᠩᠰᠠᠯᠠᠭᠰᠠᠨ ᠬᠦᠴᠦᠨ᠎ᠲᠠᠢ ᠬᠤᠭᠤᠴᠠᠭ᠎ᠠ ᠪᠦᠷᠢ ᠤᠯᠤᠰ᠎ᠠᠴᠠ ᠲᠣᠭᠲᠠᠭ᠋ᠠᠭᠰᠠᠨ ᠪᠣᠯᠪᠠᠰᠤᠷᠠᠯ᠎ᠤᠨ ᠬᠢᠴᠢᠶᠡᠯ᠎ᠤᠨ ᠴᠠᠭ 360 ᠪᠤᠶᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠲᠡᠩᠴᠡᠭᠦᠦ ᠬᠡᠮᠵᠢᠶᠡᠨ᠎ᠤ ᠰᠤᠷᠤᠯᠭ᠎ᠠ ᠵᠢᠨ ᠬᠤᠪᠢ ᠵᠢ ᠪᠡᠶᠡᠯᠡᠭᠦᠯᠬᠦ ᠬᠡᠷᠡᠭᠲᠡᠢ;
5. ᠪᠡᠶ᠎ᠡ ᠰᠡᠳᠬᠢᠯ ᠡᠷᠡᠭᠦᠯ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠡᠭᠦᠷᠭᠡᠯᠡᠵᠦ ᠴᠢᠳᠠᠬᠤ ᠬᠡᠷᠡᠭᠲᠡᠢ᠃
(ᠭᠤᠷᠪᠠ) ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠴᠠᠭ ᠲᠤᠬᠠᠢᠳᠤᠨᠢ ᠳᠠᠩᠰᠠᠯᠠᠬᠤ ᠵᠢ ᠲᠦᠷ ᠬᠣᠶ᠋ᠢᠰᠢᠯᠠᠭᠤᠯᠬᠤ ᠳ᠋ᠦᠩᠨᠡᠯᠲᠡ ᠥᠭᠬᠦ ᠬᠡᠷᠡᠭᠲᠡᠢ᠄
1. ᠳᠠᠩᠰᠠᠯᠠᠭᠰᠠᠨ ᠬᠦᠴᠦᠨ ᠪᠦᠬᠦᠢ ᠬᠤᠭᠤᠴᠠᠭ᠋ᠠᠨ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠣᠯᠪᠠᠰᠤᠷᠠᠯ᠎ᠤᠨ ᠬᠢᠴᠢᠶᠡᠯ᠎ᠤᠨ ᠴᠠᠭ ᠪᠤᠶᠤ ᠲᠡᠩᠴᠡᠭᠦᠦ ᠬᠡᠮᠵᠢᠶᠡᠨ᠎ᠤ ᠪᠣᠯᠪᠠᠰᠤᠷᠠᠯ᠎ᠤᠨ ᠰᠤᠷᠤᠯᠭ᠎ᠠ ᠵᠢᠨ ᠬᠤᠪᠢ ᠵᠢ ᠪᠡᠶᠡᠯᠡᠭᠦᠯᠦᠭᠰᠡᠨ ᠦᠭᠡᠢ᠃
2. ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠠᠵᠢᠯ᠎ᠢ ᠨᠢᠭᠡ ᠰᠤᠷᠤᠯᠭ᠎ᠠ ᠵᠢᠨ ᠬᠤᠭᠤᠴᠠᠭ᠎ᠠ ᠵᠢᠴᠢ ᠲᠡᠭᠦᠨ᠎ᠠᠴᠠ ᠳᠡᠭᠡᠭᠰᠢ ᠵᠣᠭᠰᠤᠭ᠋ᠠᠭᠰᠠᠨ᠂ ᠭᠡᠪᠡᠴᠦ ᠪᠠᠶ᠋ᠢᠭ᠎ᠠ ᠰᠤᠷᠭ᠋ᠠᠭᠤᠯᠢ ᠪᠤᠶᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ ᠲᠦᠷ ᠴᠠᠭ ᠲᠤᠰᠢᠶᠠᠯ ᠡᠭᠦᠷᠭᠡᠯᠡᠭᠦᠯᠬᠦ᠂ ᠳᠠᠪᠲᠠᠨ ᠪᠣᠯᠪᠠᠰᠤᠷᠠᠭᠤᠯᠬᠤ᠂ ᠪᠣᠯᠪᠠᠰᠤᠷᠠᠭᠤᠯᠬᠤ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ᠂ ᠡᠪᠡᠳᠴᠢᠨ ᠵᠶ᠋ᠠᠷ ᠠᠮᠠᠷᠠᠬᠤ᠂ ᠬᠥᠩᠭᠡᠵᠢᠬᠦ ᠴᠢᠯᠥᠭᠡ ᠠᠪᠬᠤ ᠵᠡᠷᠭᠡ ᠪᠠᠶ᠋ᠢᠳᠠᠯ᠎ᠢ ᠡᠭᠦᠨ᠎ᠳᠤ ᠪᠠᠭᠲᠠᠭ᠋ᠠᠬᠤ ᠦᠭᠡᠢ (ᠭᠡᠷᠡᠴᠢᠯᠡᠬᠦ ᠮᠠᠲ᠋ᠧᠷᠢᠶᠠᠯ ᠬᠠᠩᠭ᠋ᠠᠨ᠎ᠠ) ;
3᠂ ᠨᠢᠭᠡ ᠳᠠᠩᠰᠠᠯᠠᠬᠤ ᠦᠶᠡᠯᠡᠯ᠎ᠤᠨ ᠬᠤᠭᠤᠴᠠᠭ᠋ᠠᠨ᠎ᠳᠤ ᠠᠯᠢ ᠨᠢᠭᠡ ᠵᠢᠯ᠎ᠤᠨ ᠵᠢᠯ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ;
4. ᠪᠠᠭᠰᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ᠎ᠢ ᠵᠥᠷᠢᠴᠡᠭᠰᠡᠨ ᠠᠵᠢᠯᠯᠠᠭ᠋ᠠᠨ᠎ᠤ ᠵᠢᠷᠤᠮᠵᠢᠯ᠎ᠠᠴᠠ ᠪᠣᠯᠵᠤ ᠰᠢᠢ᠍ᠳᠬᠡᠯ (ᠲᠣᠷᠭ᠋ᠠᠭᠤᠯᠢ) ᠣᠯᠤᠭᠰᠠᠨ ᠪᠥᠭᠡᠳ ᠰᠢᠢ᠍ᠳᠬᠡᠯ (ᠲᠣᠷᠭ᠋ᠠᠭᠤᠯᠢ)᠎ᠤᠨ ᠬᠤᠭᠤᠴᠠᠭ᠋ᠠᠨ᠎ᠳᠤ ᠪᠠᠢ᠌ᠭ᠎ᠠ᠃
ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠦᠷ ᠬᠣᠢ᠌ᠰᠢᠯᠠᠭᠤᠯᠤᠨ ᠳᠠᠩᠰᠠᠯᠠᠭᠤᠯᠤᠭᠴᠢ᠎ᠲᠤ ᠵᠠᠷᠴᠢᠮ ᠳᠡᠭᠡᠷ᠎ᠡ᠎ᠪᠠᠨ ᠬᠣᠶᠠᠷ ᠵᠢᠯ᠎ᠤᠨ ᠰᠢᠯᠵᠢᠯᠲᠡ ᠵᠢᠨ ᠬᠤᠭᠤᠴᠠᠭ᠎ᠠ ᠣᠯᠭᠣᠵᠤ᠂ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠨᠥᠬᠥᠴᠡᠯ᠎ᠳᠤ ᠬᠦᠷᠦᠭᠰᠡᠨ᠎ᠤ ᠳᠠᠷᠠᠭ᠎ᠠ᠂ ᠳᠠᠬᠢᠵᠤ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠵᠢ ᠭᠤᠶᠤᠴᠢᠯᠠᠵᠤ ᠪᠣᠯᠤᠨ᠎ᠠ᠃ ᠲᠠᠬᠢᠨ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠵᠢ ᠭᠤᠶᠤᠴᠢᠯᠠᠬᠤ ᠨᠥᠬᠥᠴᠡᠯ ᠳᠣᠣᠷᠠᠬᠢ ᠮᠡᠲᠦ᠄ (1) ᠲᠣᠭᠲᠠᠭ᠋ᠠᠭᠰᠠᠨ ᠪᠣᠯᠪᠠᠰᠤᠷᠠᠯ᠎ᠤᠨ ᠬᠢᠴᠢᠶᠡᠯ᠎ᠤᠨ ᠴᠠᠭ᠎ᠢ ᠪᠡᠶᠡᠯᠡᠭᠦᠯᠦᠭᠰᠡᠨ ᠦᠭᠡᠢ᠎ᠠᠴᠠ ᠪᠣᠯᠵᠤ ᠳᠠᠩᠰᠠᠯᠠᠬᠤ ᠵᠢ ᠲᠦᠷ ᠬᠣᠢ᠌ᠰᠢᠯᠠᠭᠤᠯᠤᠭᠰᠠᠨ ᠪᠣᠯ᠂ ᠰᠢᠯᠵᠢᠯᠲᠡ ᠵᠢᠨ ᠬᠤᠭᠤᠴᠠᠭ᠋ᠠᠨ᠎ᠳᠤ ᠬᠠᠮᠢᠶ᠎ᠠ ᠪᠦᠬᠦᠢ ᠪᠣᠯᠪᠠᠰᠤᠷᠠᠯ᠎ᠳᠤ ᠣᠷᠣᠯᠴᠠᠵᠤ᠂ ᠴᠠᠭ᠎ᠢ ᠪᠦᠷᠢᠳᠦᠭᠦᠯᠬᠦ ᠵᠢᠨ ᠬᠠᠮᠲᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ; (2) ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠤᠶᠤ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠠᠵᠢᠯ᠎ᠢ ᠵᠣᠭᠰᠤᠭ᠋ᠠᠵᠤ᠂ ᠳᠠᠩᠰᠠᠯᠠᠬᠤ ᠵᠢ ᠨᠢᠭᠡ ᠰᠤᠷᠤᠯᠭ᠎ᠠ ᠵᠢᠨ ᠬᠤᠭᠤᠴᠠᠭ᠎ᠠ᠎ᠠᠴᠠ ᠳᠡᠭᠡᠭᠰᠢ ᠬᠣᠢ᠌ᠰᠢᠯᠠᠭᠤᠯᠤᠭᠰᠠᠨ ᠪᠣᠯ᠂ ᠰᠢᠯᠵᠢᠯᠲᠡ ᠵᠢᠨ ᠬᠤᠭᠤᠴᠠᠭ᠋ᠠᠨ᠎ᠳᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠠᠵᠢᠯ᠎ᠢ ᠰᠡᠷᠭᠦᠭᠡᠭᠰᠡᠨ ᠨᠢᠭᠡ ᠵᠢᠯ᠎ᠤᠨ ᠳᠠᠷᠠᠭ᠎ᠠ᠂ ᠰᠢᠯᠭ᠋ᠠᠨ ᠬᠢᠨᠠᠬᠤ ᠵᠢᠨ ᠬᠠᠮᠲᠤ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ; (3) ᠵᠢᠯ᠎ᠤᠨ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠦᠭᠡᠢ ᠳᠠᠩᠰᠠᠯᠠᠬᠤ ᠵᠢ ᠬᠣᠢ᠌ᠰᠢᠯᠠᠭᠤᠯᠤᠭᠰᠠᠨ ᠪᠣᠯ᠂ ᠰᠢᠯᠵᠢᠯᠲᠡ ᠵᠢᠨ ᠬᠤᠭᠤᠴᠠᠭ᠋ᠠᠨ᠎ᠳᠤ᠂ ᠪᠠᠢ᠌ᠭ᠎ᠠ ᠰᠤᠷᠭ᠋ᠠᠭᠤᠯᠢ᠎ᠠᠴᠠ ᠵᠣᠬᠢᠶᠠᠨ ᠪᠠᠢ᠌ᠭᠤᠯᠵᠤ ᠰᠢᠯᠭ᠋ᠠᠨ ᠬᠢᠨᠠᠬᠤ ᠵᠢᠨ ᠬᠠᠮᠲᠤ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ; ᠪᠠᠭᠰᠢ ᠵᠢᠨ ᠲᠤᠬᠠᠶ᠋ᠢᠯᠠᠭᠰᠠᠨ ᠠᠵᠢᠯ᠎ᠤᠨ ᠶᠣᠰᠣ ᠮᠣᠷᠠᠯ᠎ᠤᠨ ᠠᠵᠢᠯᠯᠠᠭ᠋ᠠᠨ᠎ᠤ ᠵᠢᠷᠤᠮᠵᠢᠯ᠎ᠢ ᠵᠥᠷᠢᠴᠡᠭᠰᠡᠨ᠎ᠠᠴᠠ ᠪᠣᠯᠵᠤ ᠰᠢᠢ᠍ᠳᠬᠡᠯ (ᠲᠣᠷᠭ᠋ᠠᠭᠤᠯᠢ) ᠣᠯᠤᠭᠰᠠᠨ ᠪᠤᠶᠤ ᠰᠢᠢ᠍ᠳᠬᠡᠯ (ᠲᠣᠷᠭ᠋ᠠᠭᠤᠯᠢ) ᠣᠯᠤᠭᠰᠠᠨ ᠬᠤᠭᠤᠴᠠᠭ᠋ᠠᠨ᠎ᠳᠤ ᠳᠠᠩᠰᠠᠯᠠᠬᠤ ᠵᠢ ᠬᠣᠢ᠌ᠰᠢᠯᠠᠭᠤᠯᠤᠭᠰᠠᠨ ᠪᠣᠯ᠂ ᠰᠢᠢ᠍ᠳᠬᠡᠯ (ᠲᠣᠷᠭ᠋ᠠᠭᠤᠯᠢ)᠎ᠢ ᠬᠦᠴᠦᠨ ᠦᠭᠡᠢ ᠪᠣᠯᠭ᠋ᠠᠬᠤ ᠪᠤᠶᠤ ᠰᠢᠢ᠍ᠳᠬᠡᠯ (ᠲᠣᠷᠭ᠋ᠠᠭᠤᠯᠢ)᠎ᠤᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠪᠠᠢ᠌ᠭ᠎ᠠ ᠰᠤᠷᠭ᠋ᠠᠭᠤᠯᠢ᠎ᠠᠴᠠ ᠵᠣᠬᠢᠶᠠᠨ ᠪᠠᠢ᠌ᠭᠤᠯᠵᠤ ᠰᠢᠯᠭ᠋ᠠᠨ ᠬᠢᠨᠠᠬᠤ᠎ᠶᠢᠨ ᠬᠠᠮᠲᠤ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠭᠡᠷᠡᠴᠢ ᠣᠯᠬᠤ ᠬᠡᠷᠡᠭᠲᠡᠢ᠃
ᠪᠠᠭᠰᠢ ᠵᠢᠨ ᠬᠢᠷᠢ ᠭᠡᠮ᠎ᠢ ᠲᠦᠷ ᠬᠣᠢ᠌ᠰᠢᠯᠠᠭᠤᠯᠤᠨ ᠳᠠᠩᠰᠠᠯᠠᠭᠤᠯᠤᠭᠴᠢ ᠬᠣᠶᠠᠷ ᠵᠢᠯ᠎ᠤᠨ ᠰᠢᠯᠵᠢᠯᠲᠡ ᠵᠢᠨ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠮᠥᠨ ᠯᠡ ᠳᠠᠩᠰᠠᠯᠠᠬᠤ ᠨᠥᠬᠥᠴᠡᠯ᠎ᠳᠤ ᠬᠦᠷᠦᠭᠡᠳᠦᠢ ᠪᠣᠯ ᠳᠠᠩᠰᠠᠯᠠᠬᠤ᠎ᠳᠤ ᠬᠢᠷᠢ ᠲᠡᠩᠴᠡᠭᠰᠡᠨ ᠦᠭᠡᠢ᠎ᠪᠠᠷ ᠦᠵᠡᠨ᠎ᠡ᠃
(ᠲᠦᠷᠪᠡ) ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠴᠠᠭᠳᠤ᠎ᠪᠠᠨ ᠳᠠᠩᠰᠠᠯᠠᠭᠤᠯᠤᠭᠰᠠᠨ ᠪᠣᠯᠪᠠᠴᠤ ᠬᠢᠷᠢ ᠲᠡᠩᠴᠡᠭᠰᠡᠨ ᠦᠭᠡᠢ ᠦᠭᠡᠢ᠎ᠪᠠᠷ ᠪᠣᠳᠤᠨ᠎ᠠ᠄
1. 《ᠰᠢᠨ᠎ᠡ ᠴᠠᠭ ᠦᠶ᠎ᠡ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠠᠵᠢᠯ ᠮᠡᠷᠭᠡᠵᠢᠯ᠎ᠤᠨ ᠦᠢ᠍ᠯᠡ ᠠᠵᠢᠯᠯᠠᠭ᠋ᠠᠨ᠎ᠤ ᠠᠷᠪᠠᠨ ᠳᠦᠷᠢᠮ》᠂ 《ᠰᠢᠨ᠎ᠡ ᠴᠠᠭ ᠦᠶ᠎ᠡ ᠵᠢᠨ ᠬᠡᠦᠬᠡᠳ᠎ᠤᠨ ᠴᠡᠴᠡᠷᠯᠢᠭ᠎ᠤᠨ ᠪᠠᠭᠰᠢ ᠵᠢᠨ ᠠᠵᠢᠯ ᠮᠡᠷᠭᠡᠵᠢᠯ᠎ᠤᠨ ᠦᠢ᠍ᠯᠡ ᠠᠵᠢᠯᠯᠠᠭ᠋ᠠᠨ᠎ᠤ ᠠᠷᠪᠠᠨ ᠳᠦᠷᠢᠮ》᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠵᠢᠷᠤᠮᠵᠢᠯ》 ᠪᠠ ᠪᠠᠭᠰᠢ ᠵᠢᠨ ᠶᠣᠰᠣ ᠮᠣᠷᠠᠯ᠎ᠢ ᠰᠢᠯᠭ᠋ᠠᠨ ᠦᠨᠡᠯᠡᠬᠦ ᠪᠠᠷᠢᠮᠵᠢᠶ᠎ᠠ ᠵᠢ ᠵᠥᠷᠢᠴᠡᠵᠦ᠂ ᠮᠠᠰᠢ ᠮᠠᠭᠤ ᠨᠥᠯᠥᠭᠡ᠎ᠲᠠᠢ;
2. ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠦᠶᠡᠯᠡᠯ᠎ᠤᠨ ᠬᠤᠭᠤᠴᠠᠭ᠋ᠠᠨ᠎ᠳᠤ ᠬᠣᠶᠠᠷ ᠵᠢᠯ ᠵᠢᠴᠢ ᠲᠡᠭᠦᠨ᠎ᠠᠴᠠ ᠳᠡᠭᠡᠭᠰᠢᠬᠢ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠦᠭᠡᠢ᠃
3. ᠬᠠᠤᠯᠢ ᠶᠣᠰᠣᠭ᠋ᠠᠷ ᠪᠠᠭᠰᠢ ᠵᠢᠨ ᠬᠢᠷᠢ ᠭᠡᠮ᠎ᠢ᠎ᠨᠢ ᠬᠦᠴᠦᠨ ᠦᠭᠡᠢ ᠪᠣᠯᠭ᠋ᠠᠭᠰᠠᠨ ᠪᠤᠶᠤ ᠪᠠᠭᠰᠢ ᠵᠢᠨ ᠬᠢᠷᠢ ᠬᠡᠮ ᠵᠶ᠋ᠡᠨ ᠠᠯᠳᠠᠭᠰᠠᠳ᠃
ᠳᠠᠩᠰᠠᠯᠠᠬᠤ ᠬᠡᠪᠴᠢᠶᠡᠨ᠎ᠳᠠᠬᠢ ᠪᠠᠭᠰᠢ ᠤᠴᠢᠷ ᠰᠢᠯᠲᠠᠭ᠋ᠠᠨ ᠦᠭᠡᠢ᠎ᠪᠠᠷ ᠬᠤᠭᠤᠴᠠᠭ᠎ᠠ ᠬᠡᠲᠦᠷᠡᠲᠡᠯ᠎ᠡ ᠳᠠᠩᠰᠠᠯᠠᠬᠤ ᠵᠢ ᠭᠤᠶᠤᠴᠢᠯᠠᠬᠤ ᠦᠭᠡᠢ ᠪᠣᠯ᠂ ᠳᠠᠩᠰᠠᠯᠠᠬᠤ᠎ᠳᠤ ᠬᠢᠷᠢ ᠲᠡᠩᠴᠡᠭᠰᠡᠨ ᠦᠭᠡᠢ᠎ᠪᠠᠷ ᠰᠢᠢ᠍ᠳᠪᠦᠷᠢᠯᠡᠨ᠎ᠡ᠃
ᠳᠠᠩᠰᠠᠯᠠᠬᠤ ᠬᠦᠴᠦᠨ᠎ᠲᠠᠢ ᠬᠤᠭᠤᠴᠠᠭ᠋ᠠᠨ᠎ᠳᠤ ᠪᠠᠭᠰᠢ ᠵᠢᠨ ᠬᠢᠷᠢ ᠭᠡᠮ᠎ᠢ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠭᠰᠠᠨ ᠪᠤᠶᠤ ᠪᠠᠭᠰᠢ ᠵᠢᠨ ᠬᠢᠷᠢ ᠬᠡᠮ ᠵᠶ᠋ᠡᠨ ᠠᠯᠳᠠᠭᠰᠠᠨ ᠪᠣᠯ ᠳᠠᠩᠰᠠᠯᠠᠬᠤ ᠬᠦᠴᠦᠨ᠎ᠲᠠᠢ ᠬᠤᠭᠤᠴᠠᠭ᠎ᠠ ᠵᠢ ᠠᠶᠠᠨᠳᠠᠭ᠋ᠠᠨ ᠵᠣᠭᠰᠣᠭ᠋ᠠᠨ᠎ᠠ᠃
ᠭᠤᠷᠪᠠ᠂ ᠴᠠᠭ᠎ᠤᠨ ᠲᠣᠬᠢᠷᠠᠭᠤᠯᠤᠯᠲᠠ
(ᠨᠢᠭᠡ) ᠭᠤᠶᠤᠴᠢᠯᠠᠭᠴᠢ ᠰᠦᠯᠵᠢᠶᠡᠨ᠎ᠳᠤ ᠨᠡᠷ᠎ᠡ ᠮᠡᠳᠡᠭᠦᠯᠵᠦ᠂ ᠨᠤᠲᠠᠯᠠᠬᠤ ᠴᠡᠭ ᠠᠬᠤᠢ ᠲᠠᠯᠠᠪᠠᠢ ᠨᠤᠲᠠᠯᠠᠬᠤ᠂ ᠠᠩᠬᠠᠨ᠎ᠤ ᠬᠢᠨᠠᠯᠲᠠ᠂ ᠢᠯᠡ ᠨᠡᠶ᠋ᠢᠲᠡᠯᠡᠬᠦ ᠵᠢᠴᠢ ᠳᠠᠬᠢᠨ ᠬᠢᠨᠠᠬᠤ ᠴᠠᠭ᠄ 11 ᠰᠠᠷ᠎ᠠ ᠵᠢᠨ 20 - 12 ᠰᠠᠷ᠎ᠠ ᠵᠢᠨ 21᠎ᠤ ᠡᠳᠦᠷ᠂ ᠡᠯ᠎ᠡ ᠵᠠᠩᠭᠢᠯᠠᠭ᠎ᠠ ᠵᠢᠨ ᠪᠣᠳᠠᠲᠠᠢ ᠴᠠᠭ᠎ᠢ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰ ᠭᠠᠵᠠᠷ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠲᠣᠬᠢᠷᠠᠭᠤᠯᠤᠨ᠎ᠠ᠃
(ᠬᠣᠶᠠᠷ) ᠡᠴᠦᠰ᠎ᠤᠨ ᠬᠢᠨᠠᠯᠲᠠ ᠵᠢᠨ ᠴᠠᠭ᠄ 12 ᠰᠠᠷ᠎ᠠ ᠵᠢᠨ 22-12 ᠰᠠᠷ᠎ᠠ ᠵᠢᠨ 25᠎ᠤ ᠡᠳᠦᠷ;
(ᠭᠤᠷᠪᠠ) ᠳᠠᠩᠰᠠᠯᠠᠭᠤᠯᠤᠭᠰᠠᠨ ᠳ᠋ᠦᠩ᠎ᠲᠠᠢ ᠪᠠᠭᠰᠢ ᠵᠢᠨ ᠬᠢᠷᠢ ᠭᠡᠮ᠎ᠤᠨ ᠦᠨᠡᠮᠯᠡᠯ᠎ᠢ ᠠᠪᠤᠨ᠎ᠠ᠃ ᠠᠪᠬᠤ ᠴᠠᠭ ᠪᠠ ᠭᠠᠵᠠᠷ᠎ᠢ ᠳᠠᠩᠰᠠᠯᠠᠬᠤ ᠪᠠᠶ᠋ᠢᠭᠤᠯᠤᠮᠵᠢ ᠵᠢᠨ ᠮᠡᠳᠡᠭᠳᠡᠯ ᠵᠶ᠋ᠠᠷ ᠪᠠᠷᠢᠮᠵᠢᠶ᠎ᠠ ᠪᠣᠯᠭ᠋ᠠᠵᠤ᠂ ᠡᠯ᠎ᠡ ᠳᠠᠩᠰᠠᠯᠠᠬᠤ ᠪᠠᠶ᠋ᠢᠭᠤᠯᠤᠮᠵᠢ ᠵᠢᠨ ᠨᠡᠶ᠋ᠢᠲᠡᠯᠡᠭᠰᠡᠨ ᠠᠪᠬᠤ ᠮᠡᠳᠡᠭᠳᠡᠯ ᠪᠤᠶᠤ ᠤᠲᠠᠰᠤ᠎ᠪᠠᠷ ᠯᠠᠪᠯᠠᠬᠤ ᠵᠢ ᠴᠠᠭ ᠲᠤᠬᠠᠢᠳᠤᠨᠢ ᠠᠩᠬᠠᠷᠬᠤ ᠬᠡᠷᠡᠭᠲᠡᠢ᠃ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠪᠠᠶ᠋ᠢᠭᠤᠯᠤᠮᠵᠢ ᠵᠢᠨ ᠬᠠᠷᠢᠯᠴᠠᠬᠤ ᠠᠷᠭ᠎ᠠ ᠮᠠᠶᠢᠭ᠎ᠢ 《ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ᠎ᠤᠨ ᠰᠦᠯᠵᠢᠶ᠎ᠡ》 ᠵᠢᠨ 《ᠵᠦᠪᠯᠡᠯᠭᠡ ᠥᠭᠬᠦ ᠦᠢ᠍ᠯᠡᠴᠢᠯᠡᠭᠡ》 ᠪᠤᠯᠤᠩ᠎ᠳᠠᠬᠢ 《ᠡᠯ᠎ᠡ ᠮᠣᠵᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠠᠵᠢᠯ᠎ᠤᠨ ᠬᠠᠷᠢᠯᠴᠠᠬᠤ ᠠᠷᠭ᠎ᠠ ᠮᠠᠶᠢᠭ》᠎ᠲᠤ ᠦᠵᠡᠭᠡᠷᠡᠢ)
ᠳᠥᠷᠪᠡ᠂ ᠳᠠᠩᠰᠠᠯᠠᠬᠤ ᠳᠡᠰ ᠳᠠᠷᠠᠭ᠋ᠠᠯᠠᠯ
ᠪᠠᠭᠰᠢ ᠵᠢᠨ ᠬᠢᠷᠢ ᠭᠡᠮ᠎ᠢ ᠣᠯᠵᠤ᠂ ᠠᠩᠬ᠎ᠠ ᠤᠳᠠᠭ᠎ᠠ ᠪᠠᠭᠰᠢ᠎ᠪᠠᠷ ᠤᠷᠢᠭᠳᠠᠭᠰᠠᠨ ᠪᠣᠯ᠂ ᠲᠤᠷᠰᠢᠨ ᠬᠡᠷᠡᠭᠯᠡᠬᠦ ᠬᠤᠭᠤᠴᠠᠭ᠎ᠠ᠎ᠨᠢ ᠳᠦᠭᠦᠷᠴᠦ ᠰᠢᠯᠭ᠋ᠠᠨ ᠬᠢᠨᠠᠭ᠋ᠠᠳ ᠬᠢᠷᠢ ᠲᠡᠩᠴᠡᠭᠰᠡᠨ ᠡᠳᠦᠷ᠎ᠠᠴᠠ ᠬᠣᠢ᠌ᠰᠢᠬᠢ ᠬᠠᠮᠤᠭ᠎ᠤᠨ ᠣᠶ᠋ᠢᠷ᠎ᠠ ᠵᠢᠨ ᠨᠢᠭᠡ ᠤᠳᠠᠭ᠋ᠠᠨ᠎ᠤ ᠪᠠᠭᠰᠢ ᠵᠢᠨ ᠬᠢᠷᠢ ᠭᠡᠮ ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠵᠢ ᠬᠦᠯᠢᠶᠡᠨ ᠠᠪᠴᠤ ᠰᠢᠢ᠍ᠳᠪᠦᠷᠢᠯᠡᠬᠦ ᠬᠤᠭᠤᠴᠠᠭ᠋ᠠᠨ᠎ᠳᠤ ᠠᠩᠬ᠎ᠠ ᠤᠳᠠᠭ᠎ᠠ ᠳᠠᠩᠰᠠᠯᠠᠬᠤ ᠵᠢ ᠭᠤᠶᠤᠴᠢᠯᠠᠵᠤ᠂ ᠠᠩᠬ᠎ᠠ ᠤᠳᠠᠭ᠎ᠠ ᠳᠠᠩᠰᠠᠯᠠᠭᠤᠯᠤᠭᠰᠠᠨ᠎ᠤ ᠳᠠᠷᠠᠭ᠎ᠠ᠂ 5 ᠵᠢᠯ᠎ᠳᠤ ᠨᠢᠭᠡ ᠤᠳᠠᠭ᠎ᠠ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠵᠢ ᠭᠤᠶᠤᠴᠢᠯᠠᠬᠤ ᠬᠡᠷᠡᠭᠲᠡᠢ᠃
ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ᠎ᠳᠤ ᠡᠷᠬᠡᠪᠰᠢ ᠲᠤᠰ ᠬᠥᠮᠦᠨ ᠭᠤᠶᠤᠴᠢᠯᠠᠵᠤ᠂ ᠪᠠᠶ᠋ᠢᠭ᠎ᠠ ᠰᠤᠷᠭ᠋ᠠᠭᠤᠯᠢ ᠬᠠᠮᠲᠤ ᠭᠦᠢ᠍ᠴᠡᠳᠬᠡᠵᠦ᠂ ᠠᠵᠢᠯᠲᠠᠨ᠎ᠤ ᠶᠠᠪᠤᠳᠠᠯ᠎ᠤᠨ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠬᠠᠷᠭᠤᠭᠤᠯᠵᠤ ᠳᠠᠩᠰᠠᠯᠠᠬᠤ ᠬᠡᠷᠡᠭᠲᠡᠢ (ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠳᠤᠮᠳᠠᠳᠤ ᠪᠠᠭ᠎ᠠ ᠰᠤᠷᠭ᠋ᠠᠭᠤᠯᠢ᠎ᠨᠢ ᠰᠤᠷᠭ᠋ᠠᠭᠤᠯᠢ ᠵᠢᠨ ᠪᠠᠶ᠋ᠢᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠭᠤᠶᠤᠴᠢᠯᠠᠨ ᠳᠠᠩᠰᠠᠯᠠᠨ᠎ᠠ)᠃
(ᠨᠢᠭᠡ) ᠳᠠᠩᠰᠠᠯᠠᠬᠤ
《ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ᠎ᠤᠨ ᠰᠦᠯᠵᠢᠶ᠎ᠡ》 (https://www.jszg.edu.cn)᠎ᠳᠤ ᠲᠠᠩᠰᠠᠨ ᠨᠣᠮᠧᠷ ᠵᠶ᠋ᠠᠨ ᠳᠠᠩᠰᠠᠯᠠᠭᠤᠯᠤᠭᠠ ᠦᠭᠡᠢ ᠭᠤᠶᠤᠴᠢᠯᠠᠭᠴᠢ᠄ 《ᠰᠦᠯᠵᠢᠶᠡᠨ᠎ᠳᠠᠬᠢ ᠠᠵᠢᠯ ᠶᠠᠪᠤᠳᠠᠯ ᠭᠦᠢ᠍ᠴᠡᠳᠬᠡᠬᠦ》 ᠪᠤᠯᠤᠩ ᠵᠶ᠋ᠠᠷ ᠳᠠᠮᠵᠢᠭᠤᠯᠤᠨ 《ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ》 ᠦᠢ᠍ᠯᠡᠴᠢᠯᠡᠭᠡᠨ᠎ᠳᠤ ᠣᠷᠣᠵᠤ᠂ 《ᠰᠦᠯᠵᠢᠶᠡᠨ᠎ᠳᠤ ᠭᠦᠢ᠍ᠴᠡᠳᠬᠡᠬᠦ》 ᠵᠢ ᠳᠣᠶᠢᠨ ᠲᠠᠩᠰᠠᠨ ᠨᠣᠮᠧᠷ ᠵᠶ᠋ᠠᠨ ᠳᠠᠩᠰᠠᠯᠠᠭᠤᠯᠤᠨ᠎ᠠ᠃ ᠳᠠᠩᠰᠠᠨ ᠨᠣᠮᠧᠷ᠎ᠤᠨ ᠮᠡᠳᠡᠭᠡ ᠵᠠᠩᠭᠢ᠎ᠨᠢ ᠬᠣᠶ᠋ᠢᠰᠢᠳᠠ ᠵᠢᠨ ᠪᠠᠭᠰᠢ ᠵᠢᠨ ᠬᠢᠷᠢ ᠭᠡᠮ᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠰᠢᠭᠤᠳ ᠬᠣᠯᠪᠣᠭᠳᠠᠵᠤ᠂ ᠡᠷᠬᠡᠪᠰᠢ ᠨᠠᠷᠢᠨ ᠨᠢᠮᠪᠠᠢ ᠲᠠᠭᠯᠠᠨ ᠪᠢᠴᠢᠬᠦ ᠬᠡᠷᠡᠭᠲᠡᠢ᠃ ᠪᠣᠳᠠᠲᠠᠢ ᠠᠵᠢᠯᠯᠠᠬᠤ ᠵᠢ 《ᠵᠦᠪᠯᠡᠯᠭᠡ ᠥᠭᠬᠦ ᠦᠢ᠍ᠯᠡᠴᠢᠯᠡᠭᠡ》 - 《ᠠᠵᠢᠯᠯᠠᠭ᠋ᠠᠨ᠎ᠤ ᠭᠠᠷ ᠳᠡᠪᠲᠡᠷ》 ᠪᠤᠯᠤᠩ᠎ᠳᠠᠬᠢ 《ᠭᠤᠶᠤᠴᠢᠯᠠᠭᠴᠢ ᠵᠢᠨ ᠲᠠᠩᠰᠠᠨ ᠨᠣᠮᠧᠷ᠎ᠢ ᠳᠡᠩᠰᠡᠯᠡᠵᠦ ᠲᠡᠮᠳᠡᠭᠯᠡᠬᠦ ᠭᠠᠷ ᠠᠪᠤᠯᠭ᠎ᠠ》᠎ᠳᠤ ᠨᠠᠷᠢᠨ ᠨᠢᠮᠪᠠᠢ ᠤᠩᠰᠢᠭ᠋ᠠᠷᠠᠢ᠃
(ᠬᠣᠶᠠᠷ) ᠨᠡᠷ᠎ᠡ ᠮᠡᠳᠡᠭᠦᠯᠬᠦ
ᠭᠤᠶᠤᠴᠢᠯᠠᠭᠴᠢ ᠡᠷᠬᠡᠪᠰᠢ ᠲᠣᠭᠲᠠᠭᠰᠠᠨ ᠰᠦᠯᠵᠢᠶᠡᠨ᠎ᠳᠤ ᠨᠡᠷ᠎ᠡ ᠮᠡᠳᠡᠭᠦᠯᠬᠦ ᠴᠠᠭ᠎ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠢ᠃ ᠪᠣᠳᠠᠲᠠᠢ ᠠᠵᠢᠯᠯᠠᠬᠤ ᠵᠢ ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ᠎ᠤᠨ ᠰᠦᠯᠵᠢᠶ᠎ᠡ ᠵᠢᠨ 《 ᠵᠦᠪᠯᠡᠯᠭᠡ ᠥᠭᠬᠦ ᠦᠢ᠍ᠯᠡᠴᠢᠯᠡᠭᠡ》 - 《ᠠᠵᠢᠯᠯᠠᠭ᠋ᠠᠨ᠎ᠤ ᠭᠠᠷ ᠠᠪᠤᠯᠭ᠎ᠠ》 ᠪᠤᠯᠤᠩ᠎ᠳᠠᠬᠢ 《ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ᠎ᠪᠠᠷ ᠭᠤᠶᠤᠴᠢᠯᠠᠭᠴᠢ ᠵᠢᠨ ᠬᠡᠷᠡᠭᠯᠡᠭᠡᠨ᠎ᠤ ᠭᠠᠷ ᠠᠪᠤᠯᠭ᠎ᠠ》᠎ᠳᠤ ᠨᠠᠷᠢᠨ ᠨᠢᠮᠪᠠᠢ ᠣᠩᠰᠢᠭ᠋ᠠᠷᠠᠢ᠃
1. ᠪᠠᠭᠰᠢᠯᠠᠵᠤ ᠪᠠᠶ᠋ᠢᠭ᠎ᠠ ᠭᠠᠵᠠᠷ ᠣᠷᠣᠨ᠎ᠢ ᠦᠨᠳᠦᠰᠦᠯᠡᠨ᠂ ᠳᠠᠩᠰᠠᠯᠠᠬᠤ ᠡᠷᠬᠡ ᠵᠢᠨ ᠬᠢᠵᠠᠭ᠋ᠠᠷᠲᠤ ᠵᠣᠬᠢᠴᠠᠭᠰᠠᠨ ᠳᠠᠩᠰᠠᠯᠠᠬᠤ ᠪᠠᠶ᠋ᠢᠭᠤᠯᠤᠮᠵᠢ ᠵᠢ ᠰᠣᠩᠭᠣᠨ᠎ᠠ᠃
2. ᠰᠦᠯᠵᠢᠶᠡᠨ᠎ᠳᠤ ᠨᠡᠷ᠎ᠡ ᠮᠡᠳᠡᠭᠦᠯᠦᠨ᠎ᠡ᠃ ᠰᠦᠯᠵᠢᠶᠡᠨ᠎ᠳᠤ ᠨᠡᠷ᠎ᠡ ᠮᠡᠳᠡᠭᠦᠯᠬᠦ ᠬᠤᠭᠤᠴᠠᠭ᠋ᠠᠨ᠎ᠳᠤ᠂ ᠭᠤᠶᠤᠴᠢᠯᠠᠭᠴᠢ 《ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ᠎ᠤᠨ ᠰᠦᠯᠵᠢᠶ᠎ᠡ》᠎ᠳᠤ ᠣᠷᠣᠵᠤ᠂ 《ᠰᠦᠯᠵᠢᠶᠡᠨ᠎ᠳᠤ ᠠᠵᠢᠯ ᠶᠠᠪᠤᠳᠠᠯ ᠭᠦᠢ᠍ᠴᠡᠳᠬᠡᠬᠦ》 ᠪᠤᠯᠤᠩ᠎ᠳᠠᠬᠢ 《ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ》 ᠦᠢ᠍ᠯᠡᠴᠢᠯᠡᠭᠡᠨ ᠵᠶ᠋ᠠᠷ ᠳᠠᠮᠵᠢᠭᠤᠯᠤᠨ᠂ 《ᠰᠦᠯᠵᠢᠶᠡᠨ᠎ᠳᠤ ᠭᠦᠢ᠍ᠴᠡᠳᠬᠡᠬᠦ》 ᠵᠢ ᠳᠣᠲᠣᠯᠠᠵᠤ᠂ ᠨᠢᠭᠡᠨᠲᠡ ᠳᠠᠩᠰᠠᠯᠠᠭᠤᠯᠤᠭᠰᠠᠨ ᠲᠠᠩᠰᠠᠨ ᠨᠣᠮᠧᠷ ᠪᠠ ᠨᠢᠭᠤᠴᠠ ᠨᠣᠮᠧᠷ ᠵᠶ᠋ᠠᠨ ᠬᠡᠷᠡᠭᠯᠡᠨ ᠨᠡᠷ᠎ᠡ ᠮᠡᠳᠡᠭᠦᠯᠬᠦ ᠰᠢᠰᠲ᠋ᠧᠮᠲᠤ ᠨᠠᠷᠢᠨ ᠬᠢᠨᠠᠮᠠᠭ᠋ᠠᠢ ᠤᠩᠰᠢᠵᠤ᠂ ᠨᠡᠷ᠎ᠡ ᠮᠡᠳᠡᠭᠦᠯᠬᠦ᠎ᠠᠴᠠ ᠡᠮᠦᠨ᠎ᠡ 《ᠰᠦᠯᠵᠢᠶᠡᠨ᠎ᠳᠠᠬᠢ ᠨᠡᠷ᠎ᠡ ᠮᠡᠳᠡᠭᠦᠯᠬᠦ ᠬᠡᠯᠡᠯᠴᠡᠭᠡᠷ》᠎ᠢ ᠨᠠᠷᠢᠨ ᠬᠢᠨᠠᠮᠠᠭ᠋ᠠᠢ ᠤᠩᠰᠢᠭ᠋ᠠᠷᠠᠢ᠃
(ᠭᠤᠷᠪᠠ) ᠠᠬᠤᠢ ᠲᠠᠯᠠᠪᠠᠢ᠎ᠳᠤ ᠨᠣᠲᠠᠯᠠᠬᠤ
ᠭᠤᠶᠤᠴᠢᠯᠠᠭᠴᠢ ᠰᠦᠯᠵᠢᠶᠡᠨ᠎ᠳᠤ ᠨᠡᠷ᠎ᠡ ᠮᠡᠳᠡᠭᠦᠯᠬᠦ ᠵᠢ ᠪᠡᠶᠡᠯᠡᠭᠦᠯᠦᠭᠰᠡᠨ᠎ᠤ ᠳᠠᠷᠠᠭ᠎ᠠ᠂ ᠰᠣᠩᠭᠣᠭᠰᠠᠨ ᠳᠠᠩᠰᠠᠯᠠᠬᠤ ᠪᠠᠶ᠋ᠢᠭᠤᠯᠤᠮᠵᠢ ᠵᠢᠨ ᠠᠯᠪᠠᠨ ᠵᠠᠷᠯᠠᠯᠲᠠ᠎ᠬᠢ ᠨᠤᠲᠠᠯᠠᠬᠤ ᠴᠠᠭ᠂ ᠭᠠᠵᠠᠷ᠂ ᠠᠷᠭ᠎ᠠ ᠮᠠᠶᠢᠭ ᠵᠡᠷᠭᠡ᠎ᠪᠠᠷ ᠠᠬᠤᠢ ᠲᠠᠯᠠᠪᠠᠢ᠎ᠳᠤ ᠨᠤᠲᠠᠯᠠᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠪᠠᠶ᠋ᠢᠭᠤᠯᠤᠮᠵᠢ ᠵᠢᠨ ᠬᠠᠷᠢᠯᠴᠠᠬᠤ ᠠᠷᠭ᠎ᠠ ᠮᠠᠶᠢᠭ᠎ᠢ 《ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ᠎ᠤᠨ ᠰᠦᠯᠵᠢᠶ᠎ᠡ》᠎ᠳᠠᠬᠢ 《ᠵᠦᠪᠯᠡᠯᠭᠡ ᠥᠭᠬᠦ ᠦᠢ᠍ᠯᠡᠴᠢᠯᠡᠭᠡ》 ᠪᠤᠯᠤᠩ᠎ᠳᠠᠬᠢ 《ᠡᠯ᠎ᠡ ᠮᠣᠵᠢ ᠵᠢᠨ ᠲᠣᠭᠲᠠᠭᠰᠠᠨ ᠬᠤᠭᠤᠴᠠᠭ᠋ᠠᠨ᠎ᠳᠤ ᠳᠠᠩᠰᠠᠯᠠᠬᠤ ᠠᠵᠢᠯ᠎ᠤᠨ ᠬᠠᠷᠢᠯᠴᠠᠬᠤ ᠠᠷᠭ᠎ᠠ ᠮᠠᠶᠢᠭ》᠎ᠲᠤ ᠦᠵᠡᠭᠡᠷᠡᠢ᠃
ᠣᠨᠴᠠᠭ᠋ᠠᠶ᠋ᠢᠯᠠᠨ ᠰᠠᠨᠠᠭᠤᠯᠬᠤ᠎ᠨᠢ᠄ ᠭᠤᠶᠤᠴᠢᠯᠠᠭᠴᠢ ᠴᠠᠭ ᠲᠤᠬᠠᠢᠳᠤᠨᠢ 《ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ》᠂ 《ᠠᠩᠬᠠᠷᠬᠤ ᠵᠦᠢ᠍ᠯ》 ᠵᠢᠴᠢ 《ᠦᠭᠡ ᠦᠯᠡᠳᠡᠭᠡᠬᠦ》 ᠵᠡᠷᠭᠡ ᠪᠤᠯᠤᠩ ᠵᠶ᠋ᠠᠷ ᠳᠠᠮᠵᠢᠭᠤᠯᠤᠨ᠂ ᠳᠠᠩᠰᠠᠯᠠᠬᠤ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠵᠠᠰᠠᠪᠤᠷᠢ ᠣᠷᠣᠭᠤᠯᠬᠤ ᠪᠤᠶᠤ ᠨᠥᠬᠥᠪᠥᠷᠢᠯᠡᠬᠦ ᠬᠡᠷᠡᠭᠲᠡᠢ᠃
ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠠᠬᠤᠢ ᠲᠠᠯᠠᠪᠠᠢ᠎ᠳᠤ ᠨᠣᠲᠠᠯᠠᠬᠤ ᠠᠵᠢᠯ᠎ᠢ ᠬᠠᠷᠢᠭᠤᠴᠠᠬᠤ ᠬᠡᠷᠡᠭᠲᠡᠢ᠃ ᠪᠠᠭᠰᠢ ᠨᠠᠷ ᠰᠦᠯᠵᠢᠶᠡᠨ᠎ᠳᠤ ᠨᠡᠷ᠎ᠡ ᠮᠡᠳᠡᠭᠦᠯᠬᠦ ᠬᠤᠭᠤᠴᠠᠭ᠋ᠠᠨ᠎ᠳᠤ᠂ ᠰᠤᠷᠭ᠋ᠠᠭᠤᠯᠢ ᠡᠷᠬᠡᠪᠰᠢ ᠲᠤᠰᠬᠠᠢ ᠬᠥᠮᠦᠨ ᠲᠣᠬᠢᠷᠠᠭᠤᠯᠤᠨ ᠵᠡᠷᠭᠡ᠎ᠳᠤ᠎ᠨᠢ ᠠᠬᠤᠢ ᠲᠠᠯᠠᠪᠠᠢ ᠳᠤ ᠨᠣᠲᠠᠯᠠᠬᠤ ᠠᠵᠢᠯ᠎ᠢ ᠬᠢᠵᠦ᠂ ᠪᠠᠭᠰᠢ ᠨᠠᠷ᠎ᠤᠨ ᠰᠦᠯᠵᠢᠶᠡᠨ᠎ᠳᠤ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠎ᠢ ᠬᠢᠨᠠᠨ ᠪᠠᠢ᠌ᠴᠠᠭ᠋ᠠᠬᠤ ᠬᠡᠷᠡᠭᠲᠡᠢ᠃ ᠠᠬᠤᠢ ᠲᠠᠯᠠᠪᠠᠢ᠎ᠳᠤ ᠨᠣᠲᠠᠯᠠᠬᠤ ᠠᠵᠢᠯ ᠳᠠᠭᠤᠰᠤᠭᠰᠠᠨ᠎ᠤ ᠳᠠᠷᠠᠭ᠎ᠠ᠂ ᠲᠤᠰ ᠰᠤᠷᠭ᠋ᠠᠭᠤᠯᠢ ᠵᠢᠨ ᠪᠠᠭᠰᠢ ᠵᠢᠨ ᠭᠤᠶᠤᠴᠢᠯᠠᠯ᠎ᠤᠨ ᠮᠠᠲ᠋ᠧᠷᠢᠶᠠᠯ᠎ᠢ ᠬᠠᠷᠢᠶ᠎ᠠ ᠬᠣᠰᠢᠭᠤ ᠰᠢᠶᠠᠨ ᠵᠢᠴᠢ ᠲᠡᠭᠦᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠨᠢᠭᠡᠳᠦᠯᠲᠡᠢ ᠮᠡᠳᠡᠭᠦᠯᠵᠦ ᠠᠩᠬ᠎ᠠ ᠬᠢᠨᠠᠬᠤ ᠬᠡᠷᠡᠭᠲᠡᠢ᠃
ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ ᠲᠠᠢ ᠳᠠᠩᠰᠠᠯᠠᠬᠤ᠎ᠳᠤ ᠳᠣᠣᠷᠠᠬᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠄
1 . 《ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠭᠤᠶᠤᠴᠢᠯᠠᠯ᠎ᠤᠨ ᠬᠦᠰᠦᠨᠦᠭᠲᠦ》 ᠨᠢᠭᠡ ᠬᠡᠯᠪᠡᠷᠢ ᠵᠢ 2 ᠬᠤᠪᠢ; (ᠡᠨᠡ ᠬᠦᠰᠦᠨᠦᠭᠲᠦ ᠵᠢ ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ᠎ᠢ ᠰᠦᠯᠵᠢᠶᠡᠨ᠎ᠳᠤ ᠨᠡᠷ᠎ᠡ ᠮᠡᠳᠡᠭᠦᠯᠵᠦ ᠳᠠᠭᠤᠰᠤᠭᠰᠠᠨ᠎ᠤ ᠳᠠᠷᠠᠭ᠎ᠠ᠂ ᠥᠪᠡᠰᠦᠪᠡᠨ A4 ᠴᠠᠭ᠋ᠠᠰᠤᠨ᠎ᠳᠤ ᠰᠦᠯᠵᠢᠶᠡᠨ᠎ᠠᠴᠠ ᠳᠠᠷᠤᠮᠠᠯᠯᠠᠨ᠎ᠠ᠃)
2 . 《ᠪᠠᠭᠰᠢ ᠵᠢᠨ ᠬᠢᠷᠢ ᠭᠡᠮ᠎ᠤᠨ ᠦᠨᠡᠮᠯᠡᠯ》᠎ᠤᠨ ᠤᠭ ᠮᠠᠲ᠋ᠧᠷᠢᠶᠠᠯ
3 . ᠪᠠᠭᠰᠢᠯᠠᠵᠤ ᠪᠠᠢ᠌ᠭ᠎ᠠ ᠰᠤᠷᠭ᠋ᠠᠭᠤᠯᠢ ᠪᠤᠶᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠷᠢᠬᠤ ᠭᠡᠷ᠎ᠡ ᠪᠠ ᠪᠠᠭᠤᠯᠭ᠋ᠠᠪᠤᠷᠢ 1 ᠬᠤᠪᠢ
4 . ᠪᠠᠶ᠋ᠢᠭ᠎ᠠ ᠰᠤᠷᠭ᠋ᠠᠭᠤᠯᠢ᠎ᠠᠴᠠ ᠭᠠᠷᠭ᠋ᠠᠭᠰᠠᠨ ᠪᠠᠭᠰᠢ ᠵᠢᠨ ᠶᠣᠰᠣ ᠮᠣᠷᠠᠯ᠎ᠤᠨ ᠢᠯᠡᠷᠡᠯ ᠤᠨ ᠭᠡᠷᠡᠴᠢ
5 . ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠦᠶᠡᠯᠡᠯ᠎ᠤᠨ ᠬᠤᠭᠤᠴᠠᠭ᠋ᠠᠨ᠎ᠳᠤ 5 ᠵᠢᠯ᠎ᠤᠨ ᠡᠯ᠎ᠡ ᠵᠢᠯ᠎ᠤᠨ ᠰᠢᠯᠭ᠋ᠠᠨ ᠬᠢᠨᠠᠭᠰᠠᠨ ᠪᠠᠶ᠋ᠢᠳᠠᠯ᠎ᠤᠨ ᠭᠡᠷᠡᠴᠢ;
6 . ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠠᠭᠰᠢ ᠵᠢᠨ ᠪᠣᠯᠪᠠᠰᠤᠷᠠᠯ᠎ᠤᠨ ᠭᠡᠷᠡᠴᠢ;
7 . ᠰᠤᠷᠭ᠋ᠠᠭᠤᠯᠢ᠎ᠠᠴᠠ ᠭᠠᠷᠭ᠋ᠠᠭᠰᠠᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠪᠠᠶ᠋ᠢᠳᠠᠯ ᠪᠣᠯᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠡᠭᠦᠷᠭᠡᠯᠡᠵᠦ ᠥᠩᠭᠡᠷᠡᠭᠰᠡᠨ ᠭᠡᠷᠡᠴᠢ᠃ ᠰᠤᠷᠭ᠋ᠠᠭᠤᠯᠢ ᠪᠤᠶᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠦᠪᠰᠢᠶᠡᠷᠡᠭᠦᠯᠵᠦ ᠡᠪᠡᠳᠴᠢᠨ ᠵᠶ᠋ᠠᠷ ᠠᠮᠠᠷᠠᠭᠰᠠᠳ᠂ ᠡᠷᠬᠡᠪᠰᠢ ᠡᠪᠡᠳᠴᠢᠨ ᠵᠶ᠋ᠠᠷ ᠠᠮᠠᠷᠠᠬᠤ ᠭᠡᠷᠡᠴᠢ ᠬᠠᠩᠭ᠋ᠠᠬᠤ ᠬᠡᠷᠡᠭᠲᠡᠢ᠃
ᠪᠠᠭᠰᠢ ᠠᠩᠬ᠎ᠠ ᠤᠳᠠᠭ᠎ᠠ ᠳᠠᠩᠰᠠᠯᠠᠬᠤ ᠵᠢ ᠭᠤᠶᠤᠴᠢᠯᠠᠬᠤ᠎ᠳᠤ᠂ 1᠂ 2᠂ 3᠂ 4᠂ 7 ᠵᠢᠨ ᠮᠠᠲ᠋ᠧᠷᠢᠶᠠᠯ᠎ᠢ ᠲᠤᠰᠢᠶᠠᠬᠤ ᠵᠢᠨ ᠬᠠᠮᠲᠤ᠂ ᠳᠡᠭᠡᠷ᠎ᠡ ᠨᠢᠭᠡ ᠵᠢᠯ᠎ᠤᠨ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠭᠡᠷᠡᠴᠢ ᠪᠤᠶᠤ ᠲᠤᠷᠰᠢᠨ ᠬᠡᠷᠡᠭᠯᠡᠬᠦ ᠬᠤᠭᠤᠴᠠᠭ᠋ᠠᠨ᠎ᠤ ᠰᠢᠯᠭ᠋ᠠᠨ ᠬᠢᠨᠠᠯᠲᠠ᠎ᠳᠤ ᠬᠢᠷᠢ ᠲᠡᠩᠴᠡᠭᠰᠡᠨ ᠭᠡᠷᠡᠴᠢ ᠵᠢ ᠲᠤᠰᠢᠶᠠᠬᠤ ᠬᠡᠷᠡᠭᠲᠡᠢ᠃ ᠳᠠᠩᠰᠠᠯᠠᠬᠤ ᠵᠢ ᠳᠠᠬᠢᠨ ᠭᠤᠶᠤᠴᠢᠯᠠᠬᠤ ᠵᠢ ᠲᠦᠷ ᠬᠣᠶ᠋ᠢᠰᠢᠯᠠᠭᠤᠯᠬᠤ᠎ᠳᠤ ᠬᠦᠷᠪᠡᠯ᠂ ᠪᠠᠶ᠋ᠢᠳᠠᠯ ᠦᠭᠡᠢ ᠪᠣᠯᠤᠭᠰᠠᠨ ᠭᠡᠷᠡᠴᠢ ᠪᠤᠶᠤ ᠬᠣᠯᠪᠣᠭᠳᠠᠯ ᠪᠦᠬᠦᠢ ᠪᠠᠶ᠋ᠢᠳᠠᠯ᠎ᠢ ᠵᠠᠯᠠᠷᠠᠭᠤᠯᠤᠭᠰᠠᠨ ᠨᠥᠬᠥᠪᠥᠷᠢ ᠭᠡᠷᠡᠴᠢ ᠵᠢ ᠲᠤᠰᠢᠶᠠᠬᠤ ᠬᠡᠷᠡᠭᠲᠡᠢ᠃
ᠡᠭᠦᠨ᠎ᠳᠤ 3᠂ 4᠂ 5᠂ 7 ᠵᠢ ᠰᠤᠷᠭ᠋ᠠᠭᠤᠯᠢ ᠨᠢᠭᠡᠳᠦᠯᠲᠡᠢ ᠬᠠᠩᠭ᠋ᠠᠵᠤ᠂ ᠬᠥᠮᠦᠨ ᠪᠦᠷᠢ ᠨᠢᠭᠡ ᠬᠤᠪᠢ ᠬᠡᠷᠡᠭᠰᠡᠨ᠎ᠡ᠃
(ᠲᠦᠷᠪᠡ) ᠠᠩᠬᠠᠨ᠎ᠤ ᠬᠢᠨᠠᠯᠲᠠ ᠵᠢᠴᠢ ᠢᠯᠡ ᠨᠡᠶ᠋ᠢᠲᠡᠯᠡᠬᠦ
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠲᠤᠰ ᠬᠠᠷᠢᠶ᠎ᠠ ᠣᠷᠣᠨ᠎ᠤ᠎ᠪᠠᠨ ᠬᠠᠷᠢᠶ᠎ᠠ ᠰᠤᠷᠭ᠋ᠠᠭᠤᠯᠢ ᠵᠢᠨ ᠪᠠᠭᠰᠢ ᠨᠠᠷ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠵᠢᠨ ᠠᠩᠬ᠎ᠠ ᠬᠢᠨᠠᠬᠤ ᠠᠵᠢᠯ᠎ᠢ ᠬᠠᠷᠢᠭᠤᠴᠠᠵᠤ᠂ ᠠᠩᠬ᠎ᠠ ᠬᠢᠨᠠᠭᠰᠠᠨ ᠰᠠᠨᠠᠯ ᠳᠤᠷᠠᠳᠬᠤ ᠬᠡᠷᠡᠭᠲᠡᠢ᠃ ᠠᠩᠬᠠᠨ᠎ᠤ ᠬᠢᠨᠠᠯᠲᠠ ᠳᠠᠭᠤᠰᠤᠭᠰᠠᠨ᠎ᠤ ᠳᠠᠷᠠᠭ᠎ᠠ᠂ ᠡᠨᠡ ᠤᠳᠠᠭ᠋ᠠᠨ᠎ᠤ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠠᠵᠢᠯ᠎ᠤᠨ ᠲᠣᠭ᠎ᠠ ᠪᠠᠷᠢᠮᠲᠠ ᠵᠢ ᠬᠤᠷᠢᠶᠠᠩᠭᠤᠶ᠋ᠢᠯᠠᠬᠤ ᠠᠵᠢᠯ᠎ᠢ ᠰᠠᠶ᠋ᠢᠲᠤᠷ ᠬᠢᠵᠦ᠂ ᠳᠠᠩᠰᠠᠯᠠᠬᠤ ᠠᠩᠬᠠᠨ᠎ᠤ ᠬᠢᠨᠠᠯᠲᠠ ᠵᠢᠨ ᠳ᠋ᠦᠩᠨᠡᠯᠲᠡ ᠵᠢ ᠳᠤᠷᠠᠳᠬᠤ ᠵᠢᠨ ᠬᠠᠮᠲᠤ 5 ᠠᠵᠢᠯ᠎ᠤᠨ ᠡᠳᠦᠷ ᠢᠯᠡ ᠨᠡᠶ᠋ᠢᠲᠡᠯᠡᠬᠦ ᠬᠡᠷᠡᠭᠲᠡᠢ᠃
(ᠲᠠᠪᠤ) ᠳᠠᠬᠢᠨ ᠬᠢᠨᠠᠬᠤ
ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠳᠠᠬᠢᠨ ᠬᠢᠨᠠᠬᠤ ᠵᠢ ᠬᠠᠷᠢᠭᠤᠴᠠᠨ᠎ᠠ᠃
(ᠵᠢᠷᠭᠤᠭ᠎ᠠ) ᠡᠴᠦᠰ᠎ᠤᠨ ᠬᠢᠨᠠᠯᠲᠠ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠳᠠᠩᠰᠠᠯᠠᠬᠤ ᠭᠤᠶᠤᠴᠢᠯᠠᠯ᠎ᠳᠤ ᠡᠴᠦᠰ᠎ᠤᠨ ᠬᠢᠨᠠᠯᠲᠠ ᠬᠢᠬᠦ ᠵᠢᠨ ᠬᠠᠮᠲᠤ ᠪᠠᠭᠰᠢ ᠵᠢᠨ ᠬᠢᠷᠢ ᠭᠡᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠳᠠᠩᠰᠠᠯᠠᠭᠰᠠᠨ ᠳ᠋ᠦᠩᠨᠡᠯᠲᠡ᠎ᠪᠠᠨ ᠲᠠᠭᠯᠠᠨ ᠮᠡᠳᠡᠭᠦᠯᠬᠦ ᠬᠡᠷᠡᠭᠲᠡᠢ᠃
(ᠳᠣᠯᠣᠭ᠎ᠠ) ᠳᠠᠩᠰᠠᠯᠠᠭᠰᠠᠨ ᠳ᠋ᠦᠩᠨᠡᠯᠲᠡ ᠵᠢᠴᠢ ᠮᠠᠲ᠋ᠧᠷᠢᠶᠠᠯ᠎ᠢ ᠳᠠᠩᠰᠠ ᠡᠪᠬᠡᠮᠡᠯ᠎ᠳᠤ ᠣᠷᠣᠭᠤᠯᠬᠤ
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠡᠴᠦᠰ᠎ᠤᠨ ᠬᠢᠨᠠᠭᠰᠠᠨ ᠰᠠᠨᠠᠯ᠎ᠢ ᠦᠨᠳᠦᠰᠦᠯᠡᠨ ᠳᠠᠩᠰᠠᠯᠠᠭᠰᠠᠨ ᠳ᠋ᠦᠩᠨᠡᠯᠲᠡ᠎ᠪᠠᠨ ᠨᠡᠶ᠋ᠢᠲᠡᠯᠡᠵᠦ᠂ ᠭᠤᠶᠤᠴᠢᠯᠠᠭᠴᠢ ᠵᠢᠨ 《ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠭᠤᠶᠤᠴᠢᠯᠠᠯ᠎ᠤᠨ ᠬᠦᠰᠦᠨᠦᠭᠲᠦ》 ᠪᠠ 《ᠪᠠᠭᠰᠢ ᠵᠢᠨ ᠬᠢᠷᠢ ᠭᠡᠮ᠎ᠤᠨ ᠦᠨᠡᠮᠯᠡᠯ》᠎ᠤᠨ ᠳᠠᠭ᠋ᠠᠯᠳᠤᠭᠤᠯᠤᠯ ᠨᠢᠭᠤᠷ᠎ᠲᠤ ᠳᠠᠩᠰᠠᠯᠠᠭᠰᠠᠨ ᠳ᠋ᠦᠩᠨᠡᠯᠲᠡ᠎ᠪᠠᠨ ᠲᠣᠳᠣᠷᠬᠠᠶ᠋ᠢᠯᠠᠵᠤ᠂ ᠭᠤᠶᠤᠴᠢᠯᠠᠭᠴᠢ ᠵᠢᠨ 《ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠭᠤᠶᠤᠴᠢᠯᠠᠯ᠎ᠤᠨ ᠬᠦᠰᠦᠨᠦᠭᠲᠦ》 ᠵᠢ ᠬᠤᠪᠢ ᠬᠥᠮᠦᠨ᠎ᠤ ᠠᠵᠢᠯᠲᠠᠨ᠎ᠤ ᠶᠠᠪᠤᠳᠠᠯ᠎ᠤᠨ ᠳᠠᠩᠰᠠ ᠡᠪᠬᠡᠮᠡᠯ᠎ᠳᠤ ᠣᠷᠣᠭᠤᠯᠤᠨ᠂ ᠠᠩᠬ᠎ᠠ ᠬᠢᠨᠠᠭᠰᠠᠨ ᠪᠠᠶ᠋ᠢᠭᠤᠯᠤᠮᠵᠢ᠎ᠠᠴᠠ ᠳᠠᠩᠰᠠ ᠡᠪᠬᠡᠮᠡᠯ᠎ᠳᠤ ᠣᠷᠣᠭᠤᠯᠤᠨ ᠬᠠᠳᠠᠭ᠋ᠠᠯᠠᠬᠤ ᠬᠡᠷᠡᠭᠲᠡᠢ᠃
ᠲᠠᠪᠤ᠂ ᠪᠤᠰᠤᠳ ᠵᠦᠢ᠍ᠯ
(ᠨᠢᠭᠡ) ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ᠎ᠳᠤ ᠭᠤᠶᠤᠴᠢᠯᠠᠭᠴᠢ ᠥᠪᠡᠷᠲᠡᠭᠡᠨ ᠭᠤᠶᠤᠴᠢᠯᠠᠨ ᠮᠡᠳᠡᠭᠦᠯᠵᠦ ᠲᠠᠭᠯᠠᠨ ᠪᠢᠴᠢᠬᠦ ᠬᠡᠷᠡᠭᠲᠡᠢ᠂ ᠮᠡᠳᠡᠭᠡ ᠵᠠᠩᠭᠢ᠎ᠨᠢ ᠡᠷᠬᠡᠪᠰᠢ ᠦᠨᠡᠨ ᠪᠣᠳᠠᠲᠠᠢ ᠪᠥᠭᠡᠳ ᠬᠦᠴᠦᠨ᠎ᠲᠠᠢ᠂ ᠬᠡᠷᠪᠡ ᠬᠤᠳᠠᠯ ᠬᠠᠭᠤᠷᠮᠠᠭ ᠮᠡᠳᠡᠭᠡ ᠵᠠᠩᠭᠢ᠎ᠲᠠᠢ ᠪᠣᠯ᠂ 《ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ》 ᠵᠢᠨ ᠬᠣᠷᠢᠳᠤᠭ᠋ᠠᠷ ᠵᠦᠢ᠍ᠯ᠎ᠳᠤ᠂ 《ᠭᠤᠶᠤᠴᠢᠯᠠᠭᠴᠢ ᠬᠣᠯᠪᠣᠭᠳᠠᠯ ᠪᠦᠬᠦᠢ ᠪᠠᠶ᠋ᠢᠳᠠᠯ᠎ᠢ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠪᠠᠭᠰᠢ ᠵᠢᠨ ᠬᠢᠷᠢ ᠭᠡᠮ᠎ᠢ ᠳᠠᠩᠰᠠᠯᠠᠬᠤ ᠵᠢ ᠭᠤᠶᠤᠴᠢᠯᠠᠭᠰᠠᠨ ᠪᠣᠯ᠂ ᠪᠠᠶ᠋ᠢᠳᠠᠯ᠎ᠢ ᠦᠵᠡᠵᠦ ᠳᠠᠩᠰᠠᠯᠠᠬᠤ ᠵᠢ ᠬᠣᠢ᠌ᠰᠢᠯᠠᠭᠤᠯᠬᠤ ᠪᠤᠶᠤ ᠳᠠᠩᠰᠠᠯᠠᠬᠤ᠎ᠳᠤ ᠬᠢᠷᠢ ᠲᠡᠩᠴᠡᠭᠰᠡᠨ ᠦᠭᠡᠢ᠎ᠪᠠᠷ ᠦᠵᠡᠵᠦ ᠵᠣᠬᠢᠬᠤ ᠰᠢᠢ᠍ᠳᠬᠡᠯ ᠥᠭᠭᠦᠨ᠎ᠡ; ᠨᠢᠭᠡᠨᠲᠡ ᠳᠠᠩᠰᠠᠯᠠᠭᠤᠯᠤᠭᠰᠠᠨ ᠪᠣᠯ᠂ ᠳᠠᠩᠰᠠᠯᠠᠭᠰᠠᠨᠢ ᠬᠦᠴᠦᠨ ᠦᠭᠡᠢ ᠪᠣᠯᠭ᠋ᠠᠬᠤ ᠵᠢ ᠬᠡᠷᠡᠭᠵᠢᠭᠦᠯᠦᠨ᠎ᠡ᠃
(ᠬᠣᠶᠠᠷ) ᠭᠤᠶᠤᠴᠢᠯᠠᠭᠴᠢ ᠡᠷᠬᠡᠪᠰᠢ ᠲᠣᠭᠲᠠᠭᠰᠠᠨ ᠴᠠᠭ᠂ ᠭᠠᠵᠠᠷ ᠣᠷᠣᠨ ᠪᠠ ᠱᠠᠭ᠋ᠠᠷᠳᠠᠯᠭ᠎ᠠ ᠶᠣᠰᠣᠭ᠋ᠠᠷ ᠰᠦᠯᠵᠢᠶᠡᠨ᠎ᠳᠤ ᠨᠡᠷ᠎ᠡ ᠮᠡᠳᠡᠭᠦᠯᠬᠦ ᠪᠠ ᠠᠬᠤᠢ ᠲᠠᠯᠠᠪᠠᠢ᠎ᠳᠤ ᠬᠢᠨᠠᠨ ᠬᠠᠷᠭᠤᠭᠤᠯᠬᠤ ᠬᠡᠷᠡᠭᠲᠡᠢ᠂ ᠨᠡᠷ᠎ᠡ ᠮᠡᠳᠡᠭᠦᠯᠬᠦ ᠴᠠᠭ ᠥᠩᠭᠡᠷᠡᠭᠡᠭᠰᠡᠨ᠂ ᠳᠠᠩᠰᠠᠯᠠᠭᠰᠠᠨ ᠪᠠᠶ᠋ᠢᠭᠤᠯᠤᠮᠵᠢ ᠪᠤᠶᠤ ᠠᠬᠤᠢ ᠲᠠᠯᠠᠪᠠᠢ᠎ᠳᠤ ᠨᠣᠲᠠᠯᠠᠬᠤ ᠴᠡᠭ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ᠎ᠨᠢ ᠪᠤᠷᠤᠭᠤ᠎ᠲᠠᠢ ᠪᠤᠶᠤ ᠲᠤᠰᠢᠶᠠᠭᠰᠠᠨ ᠮᠠᠲ᠋ᠧᠷᠢᠶᠠᠯ᠎ᠨᠢ ᠪᠦᠷᠢᠨ ᠪᠤᠰᠤ ᠵᠡᠷᠭᠡ ᠰᠢᠯᠲᠠᠭ᠋ᠠᠨ᠎ᠠᠴᠠ ᠪᠣᠯᠵᠤ ᠲᠣᠭᠲᠠᠭᠰᠠᠨ ᠴᠠᠭᠳᠤ᠎ᠪᠠᠨ ᠰᠦᠯᠵᠢᠶᠡᠨ᠎ᠳᠤ ᠨᠡᠷ᠎ᠡ ᠮᠡᠳᠡᠭᠦᠯᠬᠦ ᠪᠤᠶᠤ ᠠᠬᠤᠢ ᠲᠠᠯᠠᠪᠠᠢ᠎ᠳᠤ ᠨᠤᠲᠠᠯᠠᠬᠤ ᠠᠵᠢᠯ᠎ᠢ ᠪᠡᠶᠡᠯᠡᠭᠦᠯᠦᠭᠰᠡᠨ ᠦᠭᠡᠢ ᠪᠣᠯ᠂ ᠳᠠᠩᠰᠠᠯᠠᠬᠤ ᠪᠠᠶ᠋ᠢᠭᠤᠯᠤᠮᠵᠢ ᠳᠠᠭᠢᠵᠤ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠂ ᠬᠠᠷᠢᠭᠤᠴᠠᠯᠭ᠎ᠠ ᠵᠢ ᠭᠤᠶᠤᠴᠢᠯᠠᠭᠴᠢ ᠥᠪᠡᠰᠦᠪᠡᠨ ᠡᠭᠦᠷᠭᠡᠯᠡᠨ᠎ᠡ᠃
(ᠭᠤᠷᠪᠠ) ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ᠎ᠳᠤ ᠪᠠᠭᠰᠢ ᠪᠠ ᠰᠤᠷᠭ᠋ᠠᠭᠤᠯᠢ ᠠᠴᠠ ᠶᠠᠮᠠᠷᠪᠠ ᠰᠦᠢ᠍ᠳᠬᠡᠯ ᠬᠤᠷᠢᠶᠠᠬᠤ ᠦᠭᠡᠢ᠃
(ᠳᠥᠷᠪᠡ) ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠠᠵᠢᠯ᠎ᠤᠨ ᠶᠠᠪᠤᠴᠠ᠎ᠳᠤ ᠬᠡᠷᠪᠡ ᠮᠠᠳᠠᠭ᠎ᠲᠠᠢ ᠪᠣᠯ ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ᠎ᠤᠨ ᠰᠦᠯᠵᠢᠶᠡᠨ᠎ᠤ ᠵᠠᠮᠴᠢᠯᠠᠭᠴᠢ ᠪᠤᠯᠤᠩ᠎ᠳᠠᠬᠢ 《ᠵᠦᠪᠯᠡᠯᠭᠡ ᠥᠭᠬᠦ ᠦᠢ᠍ᠯᠡᠴᠢᠯᠡᠭᠡ》-《ᠪᠠᠶ᠋ᠢᠩᠭᠤ ᠲᠣᠬᠢᠶᠠᠯᠳᠤᠬᠤ ᠠᠰᠠᠭᠤᠳᠠᠯ》᠎ᠲᠠᠢ ᠬᠠᠷᠢᠴᠠᠭᠤᠯᠤᠨ ᠰᠢᠢ᠍ᠳᠪᠦᠷᠢᠯᠡᠬᠦ ᠪᠤᠶᠤ ᠲᠤᠬᠠᠢ ᠵᠢᠨ ᠭᠠᠵᠠᠷ᠎ᠤᠨ ᠳᠠᠩᠰᠠᠯᠠᠬᠤ ᠪᠠᠶ᠋ᠢᠭᠤᠯᠤᠮᠵᠢ ᠵᠢᠨ ᠵᠦᠪᠯᠡᠯᠭᠡ ᠥᠭᠬᠦ ᠤᠲᠠᠰᠤᠨ᠎ᠳᠤ ᠤᠲᠠᠰᠤᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠪᠠᠶ᠋ᠢᠭᠤᠯᠤᠮᠵᠢ ᠵᠢᠨ ᠬᠠᠷᠢᠯᠴᠠᠬᠤ ᠠᠷᠭ᠎ᠠ ᠮᠠᠶᠢᠭ 《ᠳᠤᠮᠳᠠᠳᠤ ᠤᠯᠤᠰ᠎ᠤᠨ ᠪᠠᠭᠰᠢ ᠵᠢᠨ ᠬᠢᠷᠢ ᠭᠡᠮ ᠤᠨ ᠰᠦᠯᠵᠢᠶ᠎ᠡ》᠎ᠳᠠᠬᠢ 《ᠵᠦᠪᠯᠡᠯᠭᠡ ᠥᠭᠬᠦ ᠦᠢ᠍ᠯᠡᠴᠢᠯᠡᠭᠡ》 ᠪᠤᠯᠤᠩ᠎ᠳᠠᠬᠢ 《ᠡᠯ᠎ᠡ ᠮᠣᠵᠢ ᠵᠢᠨ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠠᠵᠢᠯ᠎ᠤᠨ ᠬᠠᠷᠢᠯᠴᠠᠬᠤ ᠠᠷᠭ᠎ᠠ ᠮᠠᠶᠢᠭ》᠎ᠳᠤ ᠦᠵᠡᠭᠡᠷᠡᠢ᠃
ᠪᠤᠰᠤᠳ ᠳᠠᠭᠤᠰᠤᠭ᠋ᠠᠳᠤᠢ ᠵᠦᠢ᠍ᠯ᠎ᠢ ᠡᠯ᠎ᠡ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠪᠠᠶ᠋ᠢᠭᠤᠯᠤᠮᠵᠢ ᠵᠢᠨ ᠨᠡᠶ᠋ᠢᠲᠡᠯᠡᠭᠰᠡᠨ ᠮᠡᠳᠡᠭᠳᠡᠯ᠎ᠤᠨ ᠠᠯᠪᠠᠨ ᠵᠠᠷᠯᠠᠯ᠎ᠲᠤ ᠨᠠᠷᠢᠨ ᠦᠵᠡᠭᠡᠷᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 10 ᠰᠠᠷ᠎ᠠ ᠵᠢᠨ 30᠎ᠤ ᠡᠳᠦᠷ