《2022 ᠣᠨ᠎ᠤ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠪᠠᠷ ᠰᠣᠷᠣᠭᠴᠢ ᠡᠯᠰᠡᠬᠦ ᠰᠤᠳᠤᠯᠭ᠋ᠠᠨ᠎ᠤ ᠲᠤᠰᠬᠠᠶ ᠵᠦᠢ᠍ᠯ᠎ᠢ ᠵᠣᠬᠢᠶᠠᠨ ᠪᠠᠶ᠋ᠢᠭᠤᠯᠤᠨ ᠮᠡᠳᠡᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠥᠰᠦᠯ᠎ᠤᠨ ᠬᠠᠮᠢᠶᠠᠷᠤᠯᠲᠠ ᠵᠢᠨ ᠠᠷᠭ᠎ᠠ ᠵᠢᠨ ᠶᠣᠰᠤ᠎ᠪᠠᠷ ᠰᠤᠷᠭ᠋ᠠᠭᠤᠯᠢ᠎ᠠᠴᠠ ᠲᠠᠨᠢᠯᠴᠠᠭᠤᠯᠬᠤ᠂ ᠬᠡᠯᠪᠡᠷᠢ ᠮᠠᠶᠢᠭ᠎ᠢ ᠬᠢᠨᠠᠨ ᠪᠠᠶ᠋ᠢᠴᠠᠭ᠋ᠠᠬᠤ᠂ ᠲᠤᠰᠬᠠᠶ ᠮᠡᠷᠭᠡᠵᠢᠯᠲᠡᠨ᠎ᠠᠴᠠ ᠬᠢᠨᠠᠨ ᠲᠣᠭᠲᠠᠭ᠋ᠠᠬᠤ ᠪᠠ ᠠᠬᠤᠢ ᠲᠠᠯᠠᠪᠠᠢ᠎ᠳᠤ ᠨᠣᠲᠠᠯᠠᠬᠤ ᠵᠡᠷᠭᠡ ᠲᠠᠰ ᠳᠠᠷᠠᠭ᠋ᠠᠯᠠᠯ᠎ᠢ ᠳᠠᠮᠵᠢᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠠᠷᠤᠭ᠎ᠠ ᠵᠢᠨ ᠠᠯᠪᠠᠨ ᠬᠤᠷᠠᠯ ᠵᠶ᠋ᠠᠷ ᠬᠢᠨᠠᠨ ᠵᠥᠪᠯᠡᠭᠡᠳ᠂ ᠡᠳᠦᠭᠡ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠶ᠎ᠡ᠃ ᠢᠯᠡ ᠨᠡᠶ᠋ᠢᠲᠡᠯᠡᠬᠦ ᠬᠤᠭᠤᠴᠠᠭ᠎ᠠ 2023 ᠣᠨ᠎ᠤ 2 ᠰᠠᠷ᠎ᠠ ᠵᠢᠨ 20 — 2 ᠰᠠᠷ᠎ᠠ ᠵᠢᠨ 24᠎ᠤ ᠡᠳᠦᠷ ᠪᠣᠯᠤᠨ᠎ᠠ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠰᠠᠨᠠᠯ᠎ᠲᠠᠢ ᠪᠣᠯ ᠨᠢᠭᠡᠴᠢ ᠪᠠ ᠬᠤᠪᠢ ᠬᠥᠮᠦᠨ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠠᠷ ᠢᠯᠡ ᠨᠡᠢ᠌ᠲᠡᠯᠡᠭᠰᠡᠳᠲᠤ ᠬᠣᠯᠪᠤᠭᠳᠠᠬᠤ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠥᠮ ᠦᠵᠡᠭᠦᠯᠬᠦ ᠵᠢᠨ ᠲᠥᠯᠦᠭᠡ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠤᠭᠳᠠᠬᠤ ᠰᠦᠪᠡᠭᠴᠢ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠭ᠋ᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠭᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ᠎ᠢ ᠴᠠᠭ ᠲᠤᠬᠠᠶ᠎ᠳᠤᠨᠢ ᠬᠠᠷᠢᠭᠤ ᠪᠤᠴᠠᠭ᠋ᠠᠨ᠎ᠠ᠃
ᠬᠠᠷᠢᠯᠴᠠᠬᠤ ᠬᠥᠮᠦᠨ᠄ ᠵᠣᠣ ᠮᠢᠨ᠂ ᠬᠠᠷᠢᠯᠴᠠᠬᠤ ᠤᠲᠠᠰᠤ᠄ 0471 - 2857132
ᠳᠠᠭ᠋ᠠᠯᠳᠤᠭᠤᠯᠤᠯ᠄ 2022 ᠣᠨ᠎ᠤ ᠰᠤᠷᠭ᠋ᠠᠨ ᠬᠥᠮᠦᠵᠢᠯ᠎ᠤᠨ ᠰᠢᠯᠭ᠋ᠠᠯᠲᠠ᠎ᠪᠠᠷ ᠰᠣᠷᠣᠭᠴᠢ ᠡᠯᠰᠡᠬᠦ ᠰᠤᠳᠤᠯᠭ᠋ᠠᠨ᠎ᠤ ᠲᠤᠰᠬᠠᠶ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 2 ᠰᠠᠷ᠎ᠠ ᠵᠢᠨ 20᠎ᠤ ᠡᠳᠦᠷ