ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ
ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2022] 57 ᠳ᠋ᠤᠭ᠋ᠠᠷ ᠲᠣᠭ᠋ᠠᠲᠤ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ
ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢ᠍ᠯᠡᠰ᠎ᠤᠨ ᠨᠢᠭᠡᠴᠢ᠎ᠳᠤ᠄
《ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠪ ᠲᠠᠷᠬᠠᠭ᠋ᠠᠭᠰᠠᠨ [2018] 34 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠬᠥᠳᠡᠭᠡ ᠵᠢᠨ ᠦᠨᠳᠦᠰᠦᠨ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠵᠢ ᠲᠡᠩᠴᠡᠭᠦᠷᠢ᠎ᠲᠠᠢ ᠪᠣᠯᠭ᠋ᠠᠬᠤ ᠵᠢ ᠠᠬᠢᠭᠤᠯᠬᠤ ᠵᠢᠨ ᠲᠤᠰᠠᠳᠠ᠂ 《ᠬᠤᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2015] 67 ᠳ᠋ᠤᠭ᠋ᠠᠷ ᠲᠣᠭ᠋ᠠᠲᠤ)᠂ 《ᠰᠤᠷᠭ᠋ᠠᠨ ᠬᠥᠮᠦᠵᠢᠯ᠎ᠤᠨ ᠬᠦᠷᠢᠶ᠎ᠡ ᠴᠠᠷᠠᠭ᠋ᠠᠨ᠎ᠳᠠᠬᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 27 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠳᠠᠭ᠎ᠠ ᠪᠦᠷᠢ ᠵᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠦᠴᠦᠯᠡᠨ ᠪᠠᠲᠤᠵᠢᠭᠤᠯᠵᠤ᠂ ᠡᠷᠬᠡ ᠲᠡᠭᠰᠢ ᠪᠠᠶ᠋ᠢᠬᠤ ᠵᠢ ᠠᠬᠢᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠡᠬᠢᠯᠡᠴᠡ ᠪᠠ ᠲᠤᠰᠤᠯᠲᠠ ᠪᠣᠯᠭ᠋ᠠᠨ᠂ ᠬᠤᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ ᠬᠤᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠵᠢ ᠴᠢᠷᠮᠠᠶ᠋ᠢᠨ ᠪᠡᠶᠡᠯᠡᠭᠦᠯᠵᠦ᠂ ᠦᠨᠳᠦᠰᠦᠨ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠵᠢ ᠲᠡᠩᠴᠡᠭᠦᠷᠢ᠎ᠲᠠᠢ ᠪᠣᠯᠭ᠋ᠠᠬᠤ ᠵᠢ ᠤᠯᠠᠮ ᠨᠢᠭᠡ ᠠᠯᠬᠤᠮ ᠠᠬᠢᠭᠤᠯᠤᠨ᠎ᠠ᠃
ᠬᠤᠶᠠᠷ᠂ ᠭᠤᠣᠯ ᠠᠭᠤᠯᠭ᠎ᠠ
(ᠨᠢᠭᠡ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠬᠤᠶᠠᠷ᠎ᠢ ᠬᠡᠯᠲᠦᠷᠢᠭᠦᠯᠵᠦ ᠬᠤᠶᠠᠷ᠎ᠢ ᠨᠥᠬᠦᠪᠦᠷᠢᠯᠡᠬᠦ》 ᠲᠥᠷᠥ ᠵᠢᠨ ᠪᠣᠳᠣᠯᠭ᠎ᠠ᠃
ᠬᠤᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠬᠤᠶᠠᠷ᠎ᠢ ᠬᠡᠯᠲᠦᠷᠢᠭᠦᠯᠵᠦ ᠬᠤᠶᠠᠷ᠎ᠢ ᠨᠥᠬᠦᠪᠦᠷᠢᠯᠡᠬᠦ》 ᠲᠥᠷᠥ ᠵᠢᠨ ᠪᠣᠳᠣᠯᠭ᠎ᠠ (ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠭᠴᠢ ᠵᠢᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ᠂ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢ ᠪᠠ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠶ᠋ᠢᠷᠢ᠎ᠳᠤ ᠰᠠᠭᠤᠭ᠎ᠠ ᠰᠤᠷᠤᠭᠴᠢ᠎ᠳᠤ ᠠᠮᠢᠳᠤᠷᠠᠯ᠎ᠤᠨ ᠵᠠᠷᠤᠳᠠᠯ ᠨᠥᠬᠦᠪᠦᠷᠢᠯᠡᠬᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠶ᠋ᠢᠷᠢ᠎ᠳᠤ ᠰᠠᠭᠤᠭ᠎ᠠ ᠰᠤᠷᠤᠭᠴᠢ᠎ᠳᠤ ᠬᠤᠨᠤᠭ᠎ᠤᠨ ᠵᠠᠷᠤᠳᠠᠯ ᠨᠥᠬᠦᠪᠦᠷᠢᠯᠡᠬᠦ) ᠵᠢ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠢ ᠨᠥᠬᠦᠪᠦᠷᠢᠯᠡᠬᠦ᠎ᠪᠠᠷ ᠳᠠᠮᠵᠢᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ; ᠤᠯᠤᠰ᠎ᠠᠴᠠ ᠲᠣᠭᠲᠠᠭ᠋ᠠᠭᠰᠠᠨ ᠰᠤᠷᠬᠤ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ ᠪᠠ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠣᠨ᠎ᠤ ᠰᠢᠨ᠎ᠡ ᠰᠤᠷᠤᠭᠴᠢᠳ᠎ᠲᠤ ᠵᠢᠩᠬᠢᠨᠢ ᠬᠡᠪᠯᠡᠯ᠎ᠤᠨ ᠰᠤᠷᠤᠭᠴᠢ ᠵᠢᠨ ᠲᠣᠯᠢ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ᠎ᠳᠤ ᠬᠡᠷᠡᠭᠰᠡᠬᠦ ᠪᠡᠯᠡ ᠮᠥᠩᠭᠦ ᠵᠢ ᠲᠥᠪ᠎ᠤᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ; ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠬᠢᠴᠢᠶᠡᠯ᠎ᠳᠤ ᠬᠡᠷᠡᠭᠯᠡᠬᠦ ᠰᠤᠷᠬᠤ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ ᠪᠠ ᠦᠨᠳᠦᠰᠦᠲᠡᠨ᠎ᠤ ᠬᠡᠯᠡ ᠪᠢᠴᠢᠭ ᠰᠤᠷᠴᠤ ᠪᠠᠶ᠋ᠢᠭ᠎ᠠ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠣᠨ᠎ᠤ ᠰᠢᠨ᠎ᠡ ᠰᠤᠷᠤᠭᠴᠢᠳ᠎ᠲᠤ ᠵᠢᠩᠬᠢᠨᠢ ᠬᠡᠪᠯᠡᠯ᠎ᠤᠨ 《ᠰᠤᠷᠤᠭᠴᠢ ᠵᠢᠨ ᠮᠣᠩᠭᠤᠯ ᠬᠡᠯᠡᠨ᠎ᠤ ᠲᠣᠯᠢ》 ᠵᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ᠎ᠳᠤ ᠬᠡᠷᠡᠭᠰᠡᠬᠦ ᠪᠡᠯᠡ ᠮᠥᠩᠭᠦ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ; ᠠᠶ᠋ᠢᠮᠠᠭ ᠬᠤᠲᠠ ᠵᠢᠨ ᠲᠣᠭᠲᠠᠭ᠋ᠠᠭᠰᠠᠨ ᠰᠤᠷᠬᠤ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ᠎ᠳᠤ ᠬᠡᠷᠡᠭᠰᠡᠬᠦ ᠪᠡᠯᠡ ᠮᠥᠩᠭᠦ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ᠃
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠨᠥᠬᠦᠪᠦᠷᠢ᠃ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠶ᠋ᠢᠷᠢ᠎ᠳᠤ ᠰᠠᠭᠤᠭ᠎ᠠ ᠰᠤᠷᠤᠭᠴᠢ ᠵᠢ ᠥᠪᠡᠷᠲᠡᠭᠡᠨ ᠵᠠᠰᠠᠬᠤ ᠣᠷᠣᠨ᠎ᠠᠴᠠ ᠪᠠᠶ᠋ᠢᠷᠢ᠎ᠳᠤ ᠰᠠᠭᠤᠭ᠎ᠠ ᠰᠤᠷᠤᠭᠴᠢ ᠵᠢᠨ 60 %᠎ᠪᠠᠷ ᠲᠥᠰᠥᠭᠡᠯᠡᠨ ᠪᠣᠳᠣᠵᠤ᠂ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠶ᠋ᠢᠷᠢ᠎ᠳᠤ ᠥᠯᠥ ᠰᠠᠭᠤᠭ᠎ᠠ ᠰᠤᠷᠤᠭᠴᠢ ᠵᠢ ᠥᠪᠡᠷᠲᠡᠭᠡᠨ ᠵᠠᠰᠠᠬᠤ ᠣᠷᠣᠨ᠎ᠠᠴᠠ ᠪᠠᠶ᠋ᠢᠷᠢ᠎ᠳᠤ ᠥᠯᠥ ᠰᠠᠭᠤᠭ᠎ᠠ ᠰᠤᠷᠤᠭᠴᠢ ᠵᠢᠨ 20 %᠎ᠪᠠᠷ ᠲᠥᠰᠥᠭᠡᠯᠡᠨ ᠪᠣᠳᠣᠨ᠎ᠠ᠂ ᠡᠯ᠎ᠡ ᠠᠶ᠋ᠢᠮᠠᠭ ᠬᠤᠲᠠ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠬᠤᠰᠢᠭᠤ ᠰᠢᠶᠠᠨ (ᠬᠤᠲᠠ᠂ ᠲᠣᠭᠤᠷᠢᠭ)᠂ ᠰᠤᠷᠭ᠋ᠠᠭᠤᠯᠢ ᠬᠤᠪᠢᠶᠠᠵᠤ ᠪᠠᠶ᠋ᠢᠭ᠋ᠠᠳ ᠲᠥᠰᠥᠭᠡᠯᠡᠨ ᠪᠤᠳᠤᠬᠤ ᠬᠡᠷᠡᠭᠲᠡᠢ᠃ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠶ᠋ᠢᠷᠢ᠎ᠳᠤ ᠰᠠᠭᠤᠭ᠎ᠠ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠨᠥᠬᠦᠪᠦᠷᠢ ᠵᠢᠨ ᠪᠠᠷᠢᠮᠵᠢᠶ᠎ᠠ ᠵᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 1000 ᠲᠥᠭᠦᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 1250 ᠲᠥᠭᠦᠷᠢᠭ ᠵᠶ᠋ᠠᠷ ᠬᠡᠷᠡᠭᠵᠢᠭᠦᠯᠵᠦ᠂ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠶ᠋ᠢᠷᠢ᠎ᠳᠤ ᠥᠯᠥ ᠰᠠᠭᠤᠭ᠎ᠠ ᠰᠤᠷᠤᠭᠴᠢᠳ᠎ᠤᠨ ᠠᠮᠢᠳᠤᠷᠠᠯ᠎ᠤᠨ ᠵᠠᠷᠤᠳᠠᠯ᠎ᠤᠨ ᠨᠥᠬᠦᠪᠦᠷᠢ ᠵᠢᠨ ᠪᠠᠷᠢᠮᠵᠢᠶ᠎ᠠ ᠵᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 500 ᠲᠥᠭᠦᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 625 ᠲᠥᠭᠦᠷᠢᠭ ᠵᠶ᠋ᠠᠷ ᠬᠡᠷᠡᠭᠵᠢᠭᠦᠯᠬᠦ ᠬᠡᠷᠡᠭᠲᠡᠢ᠃ ᠬᠡᠷᠡᠭᠰᠡᠬᠦ ᠪᠡᠯᠡ ᠮᠥᠩᠭᠦ ᠵᠢ ᠲᠥᠪ ᠪᠠ ᠣᠷᠣᠨ ᠨᠤᠲᠤᠭ 5᠄ 5 ᠵᠢᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠬᠦ ᠬᠡᠷᠡᠭᠲᠡᠢ᠃ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 50 % ᠵᠢᠨ ᠬᠡᠰᠡᠭ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠤᠷᠤᠭᠴᠢ ᠵᠢᠨ ᠬᠡᠷᠡᠭᠰᠡᠬᠦ ᠵᠠᠷᠤᠳᠠᠯ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠵᠦ᠂ ᠪᠤᠰᠤᠳ ᠰᠤᠷᠤᠭᠴᠢᠳ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠬᠦ ᠬᠡᠷᠡᠭᠲᠡᠢ᠃ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠶ᠋ᠢᠷᠢ᠎ᠳᠤ ᠰᠠᠭᠤᠭ᠎ᠠ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠨᠥᠬᠦᠪᠦᠷᠢ ᠵᠢᠨ ᠪᠠᠷᠢᠮᠵᠢᠶ᠎ᠠ ᠵᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 1350 ᠲᠥᠭᠦᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ1620 ᠲᠥᠭᠦᠷᠢᠭ ᠵᠶ᠋ᠠᠷ ᠬᠡᠷᠡᠭᠵᠢᠭᠦᠯᠵᠦ᠂ ᠬᠡᠷᠡᠭᠰᠡᠬᠦ ᠪᠡᠯᠡ ᠮᠥᠩᠭᠦᠨ᠎ᠤ ᠲᠥᠪ᠎ᠤᠨ ᠨᠥᠬᠦᠪᠦᠷᠢ ᠵᠢᠨ ᠪᠠᠷᠢᠮᠵᠢᠶ᠎ᠠ᠎ᠠᠴᠠ ᠬᠡᠲᠦᠷᠡᠭᠰᠡᠨ ᠬᠡᠰᠡᠭ᠎ᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ᠃ ᠪᠠᠶ᠋ᠢᠷᠢ᠎ᠳᠤ ᠰᠠᠭᠤᠭ᠎ᠠ ᠰᠤᠷᠤᠭᠴᠢ ᠵᠢᠨ ᠬᠤᠨᠤᠭ᠎ᠤᠨ ᠵᠠᠷᠤᠳᠠᠯ᠎ᠤᠨ ᠨᠥᠬᠦᠪᠦᠷᠢ ᠵᠢᠨ ᠪᠠᠷᠢᠮᠵᠢᠶ᠎ᠠ᠎ᠨᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 100 ᠲᠥᠭᠦᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 120 ᠲᠥᠭᠦᠷᠢᠭ ᠪᠠᠶ᠋ᠢᠵᠤ᠂ ᠬᠡᠷᠡᠭᠰᠡᠬᠦ ᠪᠡᠯᠡ ᠮᠥᠩᠭᠦ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ᠃
(ᠬᠤᠶᠠᠷ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠦᠪᠦᠷᠢ ᠵᠢᠨ ᠲᠥᠷᠥ ᠵᠢᠨ ᠪᠣᠳᠣᠯᠭ᠎ᠠ᠃
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠤᠭᠴᠢ ᠵᠢᠨ ᠳᠤᠮᠳᠠᠴᠢ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠰᠠᠭᠤᠷᠢ ᠪᠠᠷᠢᠮᠵᠢᠶᠠᠲᠤ ᠲᠣᠭᠲᠠᠭ᠋ᠠᠭᠰᠠᠨ ᠲᠤᠭ᠎ᠠ᠎ᠨᠢ᠄ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 650 ᠲᠥᠭᠦᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 850 ᠲᠥᠭᠦᠷᠢᠭ ᠪᠣᠯᠣᠨ᠎ᠠ᠃ ᠡᠭᠦᠨ᠎ᠤ ᠰᠠᠭᠤᠷᠢᠨ ᠳᠡᠭᠡᠷ᠎ᠡ᠂ ᠪᠠᠶ᠋ᠢᠷᠢ᠎ᠳᠤ ᠰᠠᠭᠤᠬᠤ ᠳᠦᠷᠢᠮᠲᠦ ᠰᠤᠷᠭ᠋ᠠᠭᠤᠯᠢ᠎ᠳᠤ ᠪᠣᠯ ᠪᠠᠶ᠋ᠢᠷᠢ᠎ᠳᠤ ᠰᠠᠭᠤᠬᠤ ᠰᠣᠷᠣᠭᠴᠢ ᠨᠢᠭᠡᠪᠦᠷᠢ᠎ᠳᠤ ᠵᠢᠯ᠎ᠳᠤ᠎ᠪᠠᠨ ᠳᠤᠮᠳᠠᠴᠢ᠎ᠪᠠᠷ 200 ᠲᠥᠭᠦᠷᠢᠭ᠎ᠤᠨ ᠪᠠᠷᠢᠮᠵᠢᠶ᠎ᠠ᠎ᠪᠠᠷ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠦᠪᠦᠷᠢ ᠵᠢ᠎ᠨᠢ ᠨᠡᠮᠡᠭᠳᠡᠭᠦᠯᠬᠦ ᠬᠡᠷᠡᠭᠲᠡᠢ; ᠲᠠᠷᠢᠶᠠᠯᠠᠬᠤ ᠮᠠᠯᠵᠢᠬᠤ ᠣᠷᠣᠨ᠎ᠤ 100 ᠬᠥᠮᠥᠨ ᠬᠦᠷᠬᠦ ᠦᠭᠡᠢ ᠬᠡᠪᠴᠢᠶ᠎ᠡ᠎ᠪᠠᠷ ᠨᠡᠯᠢᠶᠡᠳ ᠪᠠᠭ᠎ᠠ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠦᠪᠦᠷᠢ ᠵᠢ 100 ᠬᠥᠮᠥᠨ ᠵᠶ᠋ᠠᠷ ᠬᠠᠷᠭᠤᠭᠤᠯᠤᠨ ᠲᠣᠭᠲᠠᠭ᠋ᠠᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ; ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠨᠨᠴᠢ ᠪᠠ ᠠᠩᠭᠢ ᠳᠠᠭ᠋ᠠᠵᠤ ᠰᠤᠷᠤᠯᠴᠠᠵᠤ ᠪᠠᠶ᠋ᠢᠭ᠎ᠠ ᠵᠡᠮᠳᠡᠭ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ 6000 ᠲᠥᠭᠦᠷᠢᠭ᠎ᠤᠨ ᠪᠠᠷᠢᠮᠵᠢᠶ᠎ᠠ᠎ᠪᠠᠷ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠦᠪᠦᠷᠢ ᠣᠯᠭᠤᠬᠤ ᠬᠡᠷᠡᠭᠲᠡᠢ᠃ ᠥᠨᠳᠦᠷᠯᠢᠭ ᠬᠦᠢ᠍ᠲᠡᠨ ᠣᠷᠣᠨ (ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠰᠢᠯᠢ ᠵᠢᠨ ᠭᠤᠣᠯ ᠠᠶ᠋ᠢᠮᠠᠭ᠂ ᠮᠠᠨᠵᠤᠤᠷ ᠬᠤᠲᠠ᠂ ᠡᠷᠢᠶᠡᠨ ᠬᠤᠲᠠ) ᠪᠠ ᠪᠤᠰᠤᠳ ᠭᠠᠵᠠᠷ ᠣᠷᠣᠨ᠎ᠳᠤ ᠲᠤᠰ ᠲᠤᠰ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠳᠤᠮᠳᠠᠴᠢ᠎ᠪᠠᠷ 235 ᠲᠥᠭᠦᠷᠢᠭ ᠪᠠ 215 ᠲᠥᠭᠦᠷᠢᠭ ᠵᠶ᠋ᠠᠷ ᠳᠤᠯᠠᠭ᠋ᠠᠯᠠᠭ᠎ᠠ ᠵᠢᠨ ᠵᠠᠷᠤᠳᠠᠯ᠎ᠤᠨ ᠨᠥᠬᠦᠪᠦᠷᠢ ᠣᠯᠭᠤᠬᠤ ᠬᠡᠷᠡᠭᠲᠡᠢ᠃ ᠰᠤᠷᠤᠭᠴᠢ ᠵᠢᠨ ᠳᠤᠮᠳᠠᠴᠢ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠰᠠᠭᠤᠷᠢ ᠪᠠᠷᠢᠮᠵᠢᠶᠠᠲᠤ ᠲᠣᠭᠲᠠᠭ᠋ᠠᠭᠰᠠᠨ ᠲᠤᠭ᠎ᠠ ᠪᠠ ᠳᠤᠯᠠᠭ᠋ᠠᠯᠠᠭ᠎ᠠ ᠵᠢᠨ ᠵᠠᠷᠤᠳᠠᠯ᠎ᠤᠨ ᠨᠥᠬᠦᠪᠦᠷᠢ᠎ᠳᠤ ᠬᠡᠷᠡᠭᠰᠡᠬᠦ ᠪᠡᠯᠡ ᠮᠥᠩᠭᠦ ᠵᠢ ᠲᠥᠪ ᠪᠠ ᠣᠷᠣᠨ ᠨᠤᠲᠤᠭ 8᠄ 2᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ 20 % ᠵᠢᠨ ᠬᠡᠰᠡᠭ᠎ᠢ᠎ᠨᠢ ᠬᠤᠪᠢᠳᠠᠨ ᠡᠭᠦᠷᠭᠡᠯᠡᠨ᠎ᠡ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠬᠡᠷᠡᠭᠰᠡᠬᠦ ᠵᠠᠷᠤᠳᠠᠯ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠪᠤᠰᠤᠳ ᠰᠤᠷᠭ᠋ᠠᠭᠤᠯᠢ ᠵᠢᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠬᠦ ᠬᠡᠷᠡᠭᠲᠡᠢ᠃
ᠲᠠᠷᠢᠶᠠᠯᠠᠬᠤ ᠮᠠᠯᠵᠢᠬᠤ ᠣᠷᠣᠨ᠂ ᠬᠢᠯᠢ ᠬᠢᠵᠠᠭ᠋ᠠᠷ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠣᠳᠣ ᠵᠢᠨ ᠬᠡᠷᠡᠭᠵᠢᠭᠦᠯᠵᠦ ᠪᠠᠶ᠋ᠢᠭ᠎ᠠ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠦᠪᠦᠷᠢ ᠵᠢᠨ ᠪᠠᠷᠢᠮᠵᠢᠶ᠎ᠠ᠎ᠨᠢ ᠰᠠᠭᠤᠷᠢ ᠪᠠᠷᠢᠮᠵᠢᠶᠠᠲᠤ ᠲᠣᠭᠲᠠᠭ᠋ᠠᠭᠰᠠᠨ ᠲᠤᠭ᠎ᠠ᠎ᠠᠴᠠ ᠳᠡᠭᠡᠭᠦᠷ ᠪᠠᠶ᠋ᠢᠪᠠᠯ᠂ ᠲᠦᠪᠰᠢᠨ᠎ᠢ᠎ᠨᠢ ᠪᠠᠭᠤᠷᠠᠭᠤᠯᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠬᠠᠮᠲᠤ᠂ ᠡᠯ᠎ᠡ ᠭᠠᠵᠠᠷ ᠣᠷᠣᠨ ᠪᠣᠳᠠᠲᠠᠢ᠎ᠲᠠᠢ᠎ᠪᠠᠨ ᠤᠶᠠᠯᠳᠤᠭᠤᠯᠤᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠦᠪᠦᠷᠢ ᠵᠢᠨ ᠪᠠᠷᠢᠮᠵᠢᠶ᠎ᠠ᠎ᠪᠠᠨ ᠳᠡᠭᠡᠭᠰᠢᠯᠡᠭᠦᠯᠬᠦ ᠵᠢ ᠵᠣᠷᠢᠭᠵᠢᠭᠤᠯᠬᠤ ᠬᠡᠷᠡᠭᠲᠡᠢ᠃
(ᠭᠤᠷᠪᠠ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠶ᠋ᠢᠷᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠤᠷᠲᠤ ᠬᠤᠭᠤᠴᠠᠭ᠋ᠠᠨ᠎ᠤ ᠪᠦᠲᠦᠮᠵᠢ᠎ᠲᠠᠢ ᠲᠣᠭᠲᠠᠴᠠ᠃
ᠠᠯᠪᠠᠨ᠎ᠠᠴᠠ ᠡᠷᠬᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠶ᠋ᠢᠷᠢ ᠵᠢᠴᠢ ᠲᠡᠭᠦᠨ᠎ᠤ ᠳᠠᠭ᠋ᠠᠯᠲᠠ ᠪᠡᠯᠡᠳᠬᠡᠮᠵᠢ᠎ᠪᠠᠨ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ᠂ ᠭᠠᠵᠠᠷ ᠬᠥᠳᠡᠯᠦᠯᠲᠡ ᠵᠢ ᠳᠠᠭ᠋ᠠᠭ᠋ᠠᠯᠭ᠋ᠠᠬᠤ᠎ᠪᠠᠷ ᠪᠠᠬᠢᠵᠢᠭᠦᠯᠬᠦ᠂ ᠰᠢᠨᠡᠳᠬᠡᠵᠦ ᠥᠷᠭᠡᠳᠬᠡᠨ ᠪᠠᠶ᠋ᠢᠭᠤᠯᠬᠤ ᠵᠢ ᠲᠡᠮᠵᠢᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ᠎ᠤ ᠠᠯᠪᠠᠨ᠎ᠠᠴᠠ ᠡᠷᠬᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠶ᠋ᠢᠷᠢ ᠵᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ᠎ᠳᠤ ᠨᠥᠬᠦᠪᠦᠷᠢ ᠣᠯᠭᠤᠵᠤ᠂ ᠨᠥᠬᠦᠪᠦᠷᠢ ᠵᠢᠨ ᠪᠠᠷᠢᠮᠵᠢᠶ᠎ᠠ ᠵᠢ ᠤᠯᠤᠰ᠎ᠤᠨ ᠨᠢᠭᠡᠳᠦᠯᠲᠡᠢ ᠪᠠᠷᠢᠮᠵᠢᠶ᠎ᠠ᠎ᠪᠠᠷ ᠬᠡᠷᠡᠭᠵᠢᠭᠦᠯᠦᠨ᠂ ᠬᠡᠷᠡᠭᠰᠡᠬᠦ ᠪᠡᠯᠡ ᠮᠥᠩᠭᠦ ᠵᠢ ᠲᠥᠪ ᠪᠠ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ 8᠄ 2᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠬᠦ ᠬᠡᠷᠡᠭᠲᠡᠢ᠃ ᠡᠯ᠎ᠡ ᠠᠶ᠋ᠢᠮᠠᠭ ᠬᠤᠲᠠ᠎ᠨᠢ ᠬᠤᠲᠠ ᠵᠢᠨ ᠠᠯᠪᠠᠨ᠎ᠠᠴᠠ ᠡᠷᠬᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠶ᠋ᠢᠷᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠵᠤ᠂ ᠬᠡᠷᠡᠭᠰᠡᠬᠦ ᠪᠡᠯᠡ ᠮᠥᠩᠭᠦ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ᠃
(ᠳᠥᠷᠪᠡ) ᠬᠤᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠴᠠᠯᠢᠩ᠎ᠢ ᠲᠤᠭ᠎ᠠ ᠶᠣᠰᠣᠭ᠋ᠠᠷ ᠭᠦᠢ᠍ᠴᠡᠳ ᠣᠯᠭᠤᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠦᠷᠭᠦᠯᠵᠢᠯᠡᠨ ᠡᠩ᠎ᠤᠨ ᠴᠢᠨᠠᠷᠲᠠᠢ ᠰᠢᠯᠵᠢᠭᠦᠯᠦᠨ ᠥᠭᠬᠦ᠎ᠪᠠᠷ ᠳᠠᠮᠵᠢᠭᠤᠯᠤᠨ ᠠᠶ᠋ᠢᠮᠠᠭ ᠬᠤᠲᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠴᠠᠯᠢᠩ᠎ᠤᠨ ᠵᠠᠷᠤᠳᠠᠯ᠎ᠢ ᠨᠢᠭᠡᠳᠦᠯᠲᠡᠢ ᠲᠥᠯᠥᠪᠯᠡᠬᠦ᠎ᠳᠤ ᠳᠡᠮᠵᠢᠯᠭᠡ ᠦᠵᠡᠭᠦᠯᠬᠦ ᠬᠡᠷᠡᠭᠲᠡᠢ᠃ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠣᠰ ᠱᠠᠲᠤᠨ᠎ᠤ ᠡᠳ᠋᠎ᠤᠨ ᠬᠦᠴᠦᠨ᠎ᠢ ᠨᠢᠭᠡᠳᠦᠯᠲᠡᠢ ᠲᠥᠯᠥᠪᠯᠡᠨ ᠬᠡᠷᠡᠭᠯᠡᠵᠦ ᠪᠠᠶ᠋ᠢᠭ᠋ᠠᠳ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠴᠠᠯᠢᠩ᠎ᠢ ᠴᠠᠭ ᠲᠤᠬᠠᠢᠳᠤᠨᠢ ᠲᠤᠭ᠎ᠠ ᠶᠣᠰᠣᠭ᠋ᠠᠷ ᠭᠦᠢ᠍ᠴᠡᠳ ᠣᠯᠭᠤᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠠᠴᠠ ᠤᠤᠯ᠎ᠤᠨ ᠲᠥᠪᠯᠡᠷᠡᠨ ᠵᠠᠯᠭ᠋ᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ᠎ᠤ ᠬᠥᠳᠡᠭᠡ ᠲᠣᠰᠬᠤᠨ᠎ᠤ ᠪᠠᠭᠰᠢ᠎ᠳᠤ ᠦᠷᠭᠦᠯᠵᠢᠯᠡᠨ ᠠᠮᠢᠳᠤᠷᠠᠯ᠎ᠤᠨ ᠨᠥᠬᠦᠪᠦᠷᠢ ᠣᠯᠭᠤᠵᠤ᠂ ᠨᠥᠬᠦᠪᠦᠷᠢ ᠵᠢᠨ ᠪᠠᠷᠢᠮᠵᠢᠶ᠎ᠠ᠎ᠨᠢ ᠰᠤᠮᠤ ᠰᠢᠶᠠᠩ ᠪᠠᠯᠭ᠋ᠠᠰᠤᠨ᠎ᠤ ᠰᠤᠷᠭ᠋ᠠᠭᠤᠯᠢ ᠵᠢᠨ ᠪᠠᠭᠰᠢ ᠪᠦᠷᠢ᠎ᠳᠤ ᠰᠠᠷ᠎ᠠ᠎ᠳᠤ᠎ᠪᠠᠨ 300 ᠲᠥᠭᠦᠷᠢᠭ᠂ ᠲᠣᠰᠬᠤᠨ᠎ᠤ ᠪᠠᠭ᠎ᠠ ᠰᠤᠷᠭ᠋ᠠᠭᠤᠯᠢ ᠵᠢᠴᠢ ᠵᠢᠭ᠋ᠠᠨ ᠰᠤᠷᠭ᠋ᠠᠯᠲᠠ ᠵᠢᠨ ᠴᠡᠭ᠎ᠤᠨ ᠪᠠᠭᠰᠢ ᠪᠦᠷᠢ᠎ᠳᠤ ᠰᠠᠷ᠎ᠠ᠎ᠳᠤ᠎ᠪᠠᠨ 400 ᠲᠥᠭᠦᠷᠢᠭ ᠪᠠᠶ᠋ᠢᠵᠤ᠂ ᠬᠡᠷᠡᠭᠰᠡᠬᠦ ᠪᠡᠯᠡ ᠮᠥᠩᠭᠦ ᠵᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ᠃
ᠬᠤᠶ᠋ᠢᠰᠢᠳᠠ ᠵᠢᠨ ᠣᠨ ᠵᠢᠯ᠎ᠤᠳ᠎ᠳᠤ᠂ ᠲᠥᠪ᠎ᠤᠨ ᠲᠥᠷᠥ ᠵᠢᠨ ᠪᠣᠳᠣᠯᠭ᠎ᠠ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠶᠠᠪᠤᠴᠠ᠎ᠳᠤ ᠢᠯᠡᠷᠡᠭᠰᠡᠨ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠢ ᠦᠨᠳᠦᠰᠦᠯᠡᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠴᠠᠭᠲᠤᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃
ᠭᠤᠷᠪᠠ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ
(ᠨᠢᠭᠡ) ᠬᠡᠷᠡᠭᠵᠢᠭᠦᠯᠬᠦ ᠬᠡᠪᠴᠢᠶ᠎ᠡ᠄ ᠪᠦᠬᠦ ᠣᠷᠣᠨ᠎ᠤ ᠪᠤᠶ ᠪᠦᠬᠦᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ (ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠪᠠᠭᠲᠠᠨ᠎ᠠ)᠃
(ᠬᠤᠶᠠᠷ) ᠬᠡᠷᠡᠭᠵᠢᠭᠦᠯᠬᠦ ᠴᠠᠭ ᠬᠤᠭᠤᠴᠠᠭ᠎ᠠ᠄ 2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠵᠦ ᠬᠡᠷᠡᠭᠵᠢᠭᠦᠯᠦᠨ᠎ᠡ᠃
ᠳᠥᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠎ᠨᠢ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠨᠠᠷᠢᠨ ᠨᠢᠭᠲᠠ ᠲᠣᠬᠢᠷᠠᠭᠤᠯᠤᠨ ᠪᠠᠶ᠋ᠢᠷᠢᠯᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠦᠨᠡᠨ ᠬᠦ᠌ ᠬᠡᠷᠡᠭᠵᠢᠭᠦᠯᠦᠭᠦᠰᠢᠲᠡᠢ ᠲᠥᠰᠥᠯ᠎ᠢ ᠲᠣᠭᠲᠠᠭ᠋ᠠᠬᠤ ᠬᠡᠷᠡᠭᠲᠡᠢ᠃
(ᠬᠤᠶᠠᠷ) ᠪᠡᠯᠡ ᠮᠥᠩᠭᠦᠨ᠎ᠤ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠷᠤᠳᠠᠯ᠎ᠢ ᠬᠤᠪᠢᠳᠠᠨ ᠡᠭᠦᠷᠭᠡᠯᠡᠬᠦ ᠬᠠᠷᠢᠭᠤᠴᠠᠯᠭ᠎ᠠ ᠵᠢᠨ ᠶᠣᠰᠣᠭ᠋ᠠᠷ ᠡᠭᠦᠷᠭᠡᠯᠡᠪᠡᠰᠦ ᠵᠣᠬᠢᠬᠤ ᠪᠡᠯᠡ ᠮᠥᠩᠭᠦ ᠵᠢ ᠲᠤᠭ᠎ᠠ ᠶᠣᠰᠣᠭ᠋ᠠᠷ᠎ᠨᠢ ᠭᠦᠢ᠍ᠴᠡᠳ ᠨᠠᠶ᠋ᠢᠳᠠᠪᠤᠷᠢᠵᠢᠭᠤᠯᠵᠤ᠂ ᠪᠡᠯᠡ ᠮᠥᠩᠭᠦ ᠵᠢ ᠴᠠᠭ ᠲᠤᠬᠠᠢᠳᠤᠨᠢ ᠲᠤᠭ᠎ᠠ ᠶᠣᠰᠣᠭ᠋ᠠᠷ ᠭᠦᠢ᠍ᠴᠡᠳ ᠰᠠᠯᠭ᠋ᠠᠨ ᠥᠭᠴᠦ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠭᠠᠵᠠᠷ ᠣᠷᠣᠨ᠎ᠤ᠎ᠪᠠᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠎ᠪᠠᠨ ᠴᠢᠩᠭ᠋ᠠᠳᠬᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠡᠪ᠎ᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠢ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠲᠥᠰᠥᠪ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠲᠥᠰᠥᠪ᠎ᠢ ᠨᠠᠷᠢᠯᠢᠭᠵᠢᠭᠤᠯᠤᠨ ᠨᠠᠶ᠋ᠢᠷᠠᠭᠤᠯᠤᠨ ᠵᠣᠬᠢᠶᠠᠵᠤ᠂ ᠲᠥᠰᠥᠪ᠎ᠤᠨ ᠬᠡᠷᠡᠭᠵᠢᠭᠦᠯᠦᠯᠲᠡ ᠵᠢ ᠴᠢᠩᠳᠠᠯᠠᠵᠤ᠂ ᠲᠥᠰᠥᠪ᠎ᠤᠨ ᠬᠢᠨᠠᠯᠲᠠ ᠲᠠᠯᠪᠢᠯᠲᠠ ᠵᠢ ᠴᠢᠩᠭ᠋ᠠᠳᠬᠠᠬᠤ ᠬᠡᠷᠡᠭᠲᠡᠢ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢ ᠵᠢᠷᠤᠮᠵᠢᠭᠤᠯᠤᠨ᠂ ᠬᠠᠮᠢᠶᠠᠷᠤᠯᠲᠠ ᠵᠢᠨ ᠣᠨᠣᠯᠵᠢᠬᠤᠨ᠎ᠳᠤ ᠰᠢᠨ᠎ᠡ ᠵᠢ ᠡᠭᠦᠳᠴᠦ᠂ ᠠᠮᠵᠢᠯᠲᠠ ᠪᠦᠲᠦᠮᠵᠢ ᠵᠢᠨ ᠲᠥᠰᠥᠪ᠎ᠢ ᠵᠠᠷᠤᠳᠠᠯ᠎ᠤᠨ ᠬᠡᠷᠡᠭᠯᠡᠯᠲᠡ ᠬᠠᠮᠢᠶᠠᠷᠤᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠤᠨ᠂ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠠᠰᠢᠭ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃
(ᠭᠤᠷᠪᠠ) ᠤᠬᠠᠭᠤᠯᠵᠤ ᠬᠥᠲᠥᠯᠥᠨ ᠵᠢᠯᠤᠭᠤᠳᠬᠤ ᠵᠢ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠬᠠᠭᠤᠯᠬᠤ ᠠᠵᠢᠯ ᠵᠶ᠋ᠠᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠵᠦᠢ᠍ᠯ᠎ᠤᠨ ᠤᠬᠠᠭᠤᠯᠭ᠎ᠠ ᠵᠢᠨ ᠵᠠᠭᠤᠴᠢ ᠵᠢ ᠥᠷᠭᠡᠨ ᠵᠶ᠋ᠠᠷ ᠠᠰᠢᠭᠯᠠᠨ᠂ ᠣᠯᠠᠨ ᠵᠦᠢ᠍ᠯ᠎ᠤᠨ ᠠᠷᠭ᠎ᠠ ᠬᠡᠯᠪᠡᠷᠢ ᠵᠢ ᠠᠪᠴᠤ ᠪᠠᠶ᠋ᠢᠭ᠋ᠠᠳ ᠨᠡᠶ᠋ᠢᠭᠡᠮ᠎ᠳᠤ ᠭᠦᠨᠵᠡᠭᠡᠢ ᠤᠬᠠᠭᠤᠯᠤᠨ᠂ ᠨᠠᠮ ᠪᠠ ᠵᠠᠰᠠᠭ᠎ᠤᠨ ᠣᠷᠳᠣᠨ᠎ᠤ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠡᠷᠦᠬᠡ ᠪᠣᠯᠭ᠋ᠠᠨ᠎ᠳᠤ ᠮᠡᠳᠡᠭᠦᠯᠵᠦ᠂ ᠬᠥᠮᠥᠰ᠎ᠤᠨ ᠰᠡᠳᠬᠢᠯ᠎ᠳᠤ ᠬᠠᠳᠠᠩᠰᠢᠭᠤᠯᠤᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢᠨ ᠡᠯ᠎ᠡ ᠵᠦᠢ᠍ᠯ᠎ᠤᠨ ᠠᠵᠢᠯ᠎ᠢ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠲᠤᠰ ᠮᠡᠳᠡᠭᠳᠡᠯ᠎ᠢ 2022 ᠣᠨ᠎ᠤ ᠨᠠᠮᠤᠷ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠬᠤᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 32 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ ᠳᠠᠷᠤᠮᠠᠯᠯᠠᠨ ᠲᠠᠷᠬᠠᠭ᠋ᠠᠪᠠ