ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-06-13


              ᠥᠪᠥᠷ ᠰᠤᠷᠭ᠋ᠠᠨ ᠪᠠᠭᠰᠢ ᠪᠢᠴᠢᠭ  [2023] 54 ᠳ᠋ᠦ᠍ᠭᠡᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠳᠣᠭᠲᠠᠭ᠋ᠠᠬᠤ ᠵᠢ ᠵᠢᠯᠣᠭᠣᠳᠬᠤ ᠲᠥᠪ᠎ᠲᠤ᠄
      ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ᠎ᠢ ᠴᠡᠪᠡᠷᠰᠢᠭᠦᠯᠬᠦ ᠵᠢᠨ ᠲᠥᠯᠦᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠵᠠᠷᠭᠤ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭᠰᠢ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠬᠠᠤᠯᠢ》᠂ 《ᠪᠥᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠭᠡᠷ᠎ᠡ ᠵᠢᠨ ᠬᠠᠤᠯᠢ》 ᠵᠡᠷᠭᠡ ᠬᠠᠤᠯᠢ ᠴᠠᠭ᠋ᠠᠵᠠ ᠵᠢᠨ ᠳᠣᠭᠲᠠᠭ᠋ᠠᠯ᠎ᠢ ᠦᠨᠳᠦᠰᠦᠯᠡᠨ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》 (ᠳᠡᠭᠡᠳᠦ ᠪᠠᠶ᠋ᠢᠴᠠᠭ᠋ᠠᠬᠤ ᠲᠠᠷᠬᠠᠭ᠋ᠠᠭᠰᠠᠨ [2020] 14 ᠳ᠋ᠦ᠍ᠭᠡᠷ ᠲᠣᠭ᠋ᠠᠲᠤ) ᠪᠠ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》 (ᠰᠢᠭᠦᠬᠦ ᠲᠠᠷᠬᠠᠭ᠋ᠠᠭᠰᠠᠨ  [2022] 32 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠤ᠎ᠪᠠᠷ ᠰᠤᠷᠭ᠋ᠠᠨ ᠬᠥᠮᠦᠵᠢᠯ᠎ᠤᠨ ᠶᠠᠮᠤᠨ 《ᠪᠠᠭᠰᠢ ᠠᠵᠢᠯᠲᠠᠨ ᠠᠵᠢᠯᠴᠢᠨ᠎ᠤ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠰᠤᠷᠭ᠋ᠠᠨ ᠪᠠᠭᠰᠢ ᠪᠢᠴᠢᠭ [2023] 1 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠪᠥᠬᠥ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠪᠠᠭᠰᠢ ᠠᠵᠢᠯᠲᠠᠨ ᠠᠵᠢᠯᠴᠢᠨ᠎ᠤ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠬᠡᠰᠡᠭ᠎ᠢ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠭᠰᠢ ᠠᠵᠢᠯᠲᠠᠨ ᠠᠵᠢᠯᠴᠢᠨ᠎ᠤ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠵᠢᠨ ᠲᠥᠯᠦᠭᠡ᠂ ᠡᠳᠦᠭᠡ ᠬᠠᠮᠢᠶ᠎ᠠ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠪᠡ᠃
      ᠨᠢᠭᠡ᠂ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠠᠵᠢᠯ᠎ᠤᠨ ᠬᠠᠷᠠᠯᠲᠠ ᠪᠠ ᠡᠭᠦᠷᠭᠡ
      ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠪᠠᠭᠰᠢ ᠵᠢᠨ ᠡᠩᠨᠡᠭᠡᠨ᠎ᠳᠤ ᠣᠷᠣᠬᠤ ᠪᠣᠭᠣᠮᠲᠠ ᠵᠢ ᠴᠢᠩᠭ᠎ᠠ ᠰᠠᠬᠢᠵᠤ᠂ ᠪᠠᠭᠰᠢ ᠵᠢᠨ ᠡᠩᠨᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠪᠠᠭᠰᠢ ᠵᠢᠨ ᠮᠣᠷᠠᠯ ᠰᠤᠷᠲᠠᠯ᠎ᠤᠨ ᠨᠢᠭᠡᠳᠦᠭᠡᠷ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠵᠢᠯ᠎ᠳᠤ ᠣᠷᠣᠬᠤ᠎ᠠᠴᠠ ᠡᠮᠦᠨ᠎ᠡ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠵᠢ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠡᠷᠭᠡ ᠠᠵᠢᠯ᠎ᠤᠨ ᠭᠣᠭᠴᠣᠭ᠎ᠠ᠎ᠳᠤ ᠠᠭᠤᠰᠬᠠᠨ ᠣᠷᠣᠭᠤᠯᠵᠤ᠂ ᠡᠳᠦᠷ ᠲᠤᠲᠤᠮ᠎ᠤᠨ ᠠᠵᠢᠯ᠎ᠳᠤ ᠪᠡᠶᠡᠯᠡᠭᠦᠯᠦᠨ᠂ ᠡᠳᠦᠷ ᠲᠤᠲᠤᠮ᠎ᠤᠨ ᠠᠵᠢᠯ᠎ᠳᠤ ᠴᠢᠩᠳᠠᠯᠠᠨ᠎ᠠ᠃ ᠪᠠᠭᠰᠢ ᠠᠵᠢᠯᠲᠠᠨ ᠠᠵᠢᠯᠴᠢᠨ᠎ᠤ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠳᠦᠷᠢᠮ᠎ᠢ ᠲᠡᠭᠦᠯᠳᠡᠷᠵᠢᠭᠦᠯᠵᠦ᠂ ᠪᠠᠶ᠋ᠢᠴᠠᠭ᠋ᠠᠨ ᠯᠠᠪᠯᠠᠬᠤ ᠲᠠᠪᠴᠠᠩ᠎ᠤᠨ ᠬᠡᠷᠡᠭᠯᠡᠯᠲᠡ ᠵᠢ ᠠᠬᠢᠭᠤᠯᠤᠨ᠂ ᠮᠡᠳᠡᠭᠡ ᠵᠠᠩᠭᠢᠴᠢᠯᠠᠯᠲᠠ᠂ ᠲᠣᠭ᠋ᠠᠵᠢᠭᠤᠯᠤᠯᠲᠠ᠎ᠪᠠᠷ ᠪᠠᠭᠰᠢ ᠵᠢᠨ ᠡᠩᠨᠡᠭᠡᠨ᠎ᠤ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ᠎ᠳᠤ ᠪᠠᠲᠤ ᠪᠡᠬᠢ ᠪᠠᠭᠰᠢ ᠵᠢᠨ ᠰᠠᠭᠤᠷᠢ ᠵᠢ ᠲᠠᠯᠪᠢᠨ᠎ᠠ᠃
      ᠬᠣᠶᠠᠷ᠂ ᠪᠠᠶ᠋ᠢᠴᠠᠭ᠋ᠠᠨ ᠯᠠᠪᠯᠠᠬᠤ ᠡᠲᠡᠭᠡᠳ
      ᠪᠠᠭᠰᠢ ᠠᠵᠢᠯᠲᠠᠨ ᠠᠵᠢᠯᠴᠢᠨ ᠠᠵᠢᠯ᠎ᠳᠤ ᠣᠷᠣᠬᠤ᠎ᠳᠤ ᠬᠦᠷᠪᠡᠯ ᠵᠠᠪᠠᠯ ᠪᠠᠢ᠌ᠴᠠᠭ᠋ᠠᠵᠤ᠂ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠳᠣᠭᠲᠠᠭ᠋ᠠᠬᠤ᠎ᠳᠤ ᠬᠦᠷᠪᠡᠯ ᠵᠠᠪᠠᠯ ᠪᠠᠶ᠋ᠢᠴᠠᠭ᠋ᠠᠬᠤ ᠵᠢ ᠪᠠᠷᠢᠮᠲᠠᠯᠠᠨ᠎ᠠ᠃
     (ᠨᠢᠭᠡ) ᠳᠤᠮᠳᠠᠳᠤ ᠪᠠᠭ᠎ᠠ ᠰᠤᠷᠭ᠋ᠠᠭᠤᠯᠢ (ᠬᠡᠦᠬᠡᠳ᠎ᠤᠨ ᠴᠡᠴᠡᠷᠯᠢᠭ᠂ ᠳᠤᠮᠳᠠᠳᠤ ᠪᠠᠭ᠎ᠠ ᠰᠤᠷᠭ᠋ᠠᠭᠤᠯᠢ᠂ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠲᠤᠰᠬᠠᠶ ᠰᠤᠷᠭ᠋ᠠᠭᠤᠯᠢ ᠵᠢᠴᠢ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠡᠷᠭᠡ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠤᠰᠠᠯᠠᠭᠴᠢ ᠠᠵᠢᠯᠲᠠᠨ᠂ ᠵᠠᠰᠠᠭ ᠵᠠᠬᠢᠷᠭ᠋ᠠᠨ᠎ᠤ ᠠᠵᠢᠯᠲᠠᠨ᠂ ᠰᠤᠯᠠ ᠠᠵᠢᠯᠲᠠᠨ᠂ ᠠᠮᠤᠷ᠎ᠢ ᠬᠠᠮᠠᠭ᠋ᠠᠯᠠᠭᠴᠢ ᠵᠡᠷᠭᠡ ᠰᠤᠷᠭ᠋ᠠᠭᠤᠯᠢ ᠵᠢᠨ ᠬᠦᠷᠢᠶᠡᠨ᠎ᠳᠤ ᠠᠵᠢᠯᠯᠠᠵᠤ ᠪᠠᠶ᠋ᠢᠭ᠎ᠠ ᠠᠵᠢᠯᠲᠠᠨ᠃
     (ᠬᠣᠶᠠᠷ) ᠳᠡᠭᠡᠳᠦ ᠰᠤᠷᠭ᠋ᠠᠭᠤᠯᠢ (ᠡᠩ᠎ᠤᠨ ᠦᠨᠳᠦᠰᠦᠨ ᠠᠩᠭᠢᠲᠤ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠨᠠᠰᠤᠨ᠎ᠳᠤ ᠬᠦᠷᠦᠭᠰᠡᠦᠠ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠂ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠤᠰᠤᠳ ᠪᠠᠶ᠋ᠢᠭᠤᠯᠤᠮᠵᠢ᠂ ᠰᠣᠳᠤᠯᠤᠨ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠡᠷᠭᠡ ᠵᠢ ᠪᠠᠭᠲᠠᠭ᠋ᠠᠨ᠎ᠠ᠂ ᠳᠣᠷᠣᠭᠰᠢ ᠠᠳᠠᠯᠢ)ᠵᠢᠨ ᠤᠷᠢᠬᠤ᠎ᠪᠠᠷ ᠪᠠᠢ᠌ᠭ᠎ᠠ ᠪᠠᠭᠰᠢ᠃ ᠳᠡᠭᠡᠳᠦ ᠰᠤᠷᠭ᠋ᠠᠭᠤᠯᠢ ᠪᠤᠰᠤᠳ ᠪᠠᠭᠰᠢ ᠠᠵᠢᠯᠲᠠᠨ ᠠᠵᠢᠯᠴᠢᠨ᠎ᠢ ᠤᠷᠢᠬᠤ᠎ᠳᠤ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
     (ᠭᠤᠷᠪᠠ) ᠪᠠᠭᠰᠢ ᠵᠢᠨ ᠬᠢᠷᠢ ᠬᠡᠮ᠎ᠢ ᠮᠠᠭ᠋ᠠᠳᠯᠠᠨ ᠳᠣᠭᠲᠠᠭ᠋ᠠᠯᠭ᠋ᠠᠬᠤ᠎ᠪᠠᠷ ᠭᠤᠶᠤᠴᠢᠯᠠᠭᠰᠠᠳ᠃
      ᠭᠤᠷᠪᠠ᠂ ᠪᠠᠶ᠋ᠢᠴᠠᠭ᠋ᠠᠨ ᠯᠠᠪᠯᠠᠬᠤ ᠠᠭᠤᠯᠭ᠎ᠠ
     (ᠨᠢᠭᠡ) ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠢᠬᠤ᠎ᠪᠠᠷ ᠪᠠᠶ᠋ᠢᠭ᠎ᠠ ᠪᠠᠭᠰᠢ᠂ ᠳᠡᠭᠡᠳᠦ ᠰᠤᠷᠭ᠋ᠠᠭᠤᠯᠢ ᠵᠢᠨ ᠤᠷᠢᠬᠤ᠎ᠪᠠᠷ ᠪᠠᠶ᠋ᠢᠭ᠎ᠠ ᠪᠠᠭᠰᠢ᠂ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠳᠣᠭᠲᠠᠭ᠋ᠠᠯᠭ᠋ᠠᠬᠤ᠎ᠪᠠᠷ ᠭᠤᠶᠤᠴᠢᠯᠠᠭᠰᠠᠳ᠎ᠤᠨ ᠪᠠᠶ᠋ᠢᠴᠠᠭ᠋ᠠᠨ ᠯᠠᠪᠯᠠᠬᠤ ᠠᠭᠤᠯᠭ᠎ᠠ
     《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠪᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭᠰᠢ ᠵᠢᠨ ᠬᠠᠤᠯᠢ》᠂ 《ᠪᠠᠭᠰᠢ ᠵᠢᠨ ᠬᠢᠷᠢ ᠬᠡᠮ᠎ᠤᠨ ᠲᠦᠷᠢᠮ》᠎ᠳᠤ ᠲᠣᠭᠲᠠᠭ᠋ᠠᠭᠰᠠᠨ ᠪᠠᠭᠰᠢ ᠵᠢᠨ ᠬᠢᠷᠢ ᠬᠡᠮ᠎ᠢ ᠬᠢᠵᠠᠭ᠋ᠠᠷᠯᠠᠬᠤ ᠬᠥᠮᠥᠷᠭᠡ᠎ᠳᠤ ᠨᠢᠭᠡᠨᠲᠡ ᠣᠷᠣᠭᠤᠯᠤᠭᠰᠠᠨ ᠪᠠᠭᠰᠢ ᠵᠢᠨ ᠬᠢᠷᠢ ᠬᠡᠮ᠎ᠢ ᠠᠯᠳᠠᠭᠰᠠᠨ ᠪᠠ ᠬᠠᠰᠤᠭᠰᠠᠨ ᠮᠡᠳᠡᠭᠡ ᠵᠠᠩᠭᠢ᠃
     (ᠬᠣᠶᠠᠷ) ᠳᠤᠮᠳᠠᠳᠤ ᠪᠠᠭ᠎ᠠ ᠰᠤᠷᠭ᠋ᠠᠭᠤᠯᠢ ᠵᠢᠨ ᠪᠤᠰᠤᠳ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠪᠠᠢ᠌ᠴᠠᠭ᠋ᠠᠨ ᠯᠠᠪᠯᠠᠬᠤ ᠠᠭᠤᠯᠭ᠎ᠠ
     《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠪᠡᠯᠭᠡ ᠵᠢᠨ ᠬᠠᠯᠳᠠᠯᠭ᠎ᠠ ᠵᠢᠨ ᠴᠢᠨᠠᠷᠲᠠᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ᠃
      ᠳᠥᠷᠪᠡ᠂ ᠪᠠᠶ᠋ᠢᠴᠠᠭ᠋ᠠᠨ ᠯᠠᠪᠯᠠᠬᠤ ᠭᠤᠤᠯ ᠴᠣᠭᠴᠠ
     《ᠬᠡᠨ ᠮᠠᠭ᠋ᠠᠳᠯᠠᠨ ᠲᠣᠭᠲᠠᠭ᠋ᠠᠪᠠᠯ ᠬᠡᠨ ᠬᠠᠷᠢᠭᠤᠴᠠᠬᠤ》᠂ 《ᠬᠡᠨ ᠤᠷᠢᠪᠠᠯ ᠬᠡᠨ ᠬᠠᠷᠢᠭᠤᠴᠠᠬᠤ》᠂ 《ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ》 ᠵᠠᠷᠴᠢᠮ ᠶᠣᠰᠤ᠎ᠪᠠᠷ ᠪᠠᠶ᠋ᠢᠴᠠᠭ᠋ᠠᠨ ᠯᠠᠪᠯᠠᠬᠤ ᠬᠠᠷᠢᠭᠤᠴᠠᠯᠭ᠎ᠠ ᠵᠢᠨ ᠭᠤᠤᠯ ᠴᠣᠭᠴᠠ ᠵᠢ ᠲᠣᠭᠲᠠᠭ᠋ᠠᠨ᠎ᠠ᠃
     (ᠨᠢᠭᠡ) ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ ᠭᠣᠣᠯ ᠴᠣᠭᠴᠠ ᠪᠣᠯ ᠳᠤᠮᠳᠠᠳᠤ ᠪᠠᠭ᠎ᠠ ᠰᠤᠷᠭ᠋ᠠᠭᠤᠯᠢ ᠵᠢ ᠭᠣᠣᠯᠴᠢᠯᠠᠨ ᠬᠠᠮᠢᠶᠠᠷᠴᠤ ᠪᠦᠬᠦᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ᠎ᠠ᠃
     (ᠬᠣᠶᠠᠷ) ᠳᠡᠭᠡᠳᠦ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠵᠢ ᠪᠠᠶ᠋ᠢᠴᠠᠭ᠋ᠠᠨ ᠯᠠᠪᠯᠠᠬᠤ ᠪᠡᠶᠡᠴᠢ ᠴᠣᠭᠴᠠ ᠪᠣᠯ ᠪᠠᠭᠰᠢ ᠵᠢᠨ ᠪᠠᠶ᠋ᠢᠭ᠎ᠠ ᠳᠡᠭᠡᠳᠦ ᠰᠤᠷᠭ᠋ᠠᠭᠤᠯᠢ ᠪᠣᠯᠤᠨ᠎ᠠ᠃
     (ᠭᠤᠷᠪᠠ) ᠪᠠᠭᠰᠢ ᠵᠢᠨ ᠬᠢᠷᠢ ᠬᠡᠮ᠎ᠢ ᠮᠠᠭ᠋ᠠᠳᠯᠠᠨ ᠳᠣᠭᠲᠠᠭ᠋ᠠᠯᠭ᠋ᠠᠬᠤ᠎ᠪᠠᠷ ᠭᠤᠶᠤᠴᠢᠯᠠᠭᠰᠠᠳ᠎ᠢ ᠪᠠᠶ᠋ᠢᠴᠠᠭ᠋ᠠᠨ ᠯᠠᠪᠯᠠᠬᠤ ᠭᠤᠤᠯ ᠴᠣᠭᠴᠠ ᠪᠣᠯ ᠰᠢᠶᠠᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠪᠠᠭᠰᠢ ᠵᠢᠨ ᠬᠢᠷᠢ ᠬᠡᠮ᠎ᠢ   ᠮᠠᠭ᠋ᠠᠳᠯᠠᠨ ᠳᠣᠭᠲᠠᠭ᠋ᠠᠬᠤ ᠪᠠᠶ᠋ᠢᠭᠤᠯᠤᠮᠵᠢ ᠪᠣᠯᠤᠨ᠎ᠠ᠃
      ᠲᠠᠪᠤ᠂ ᠪᠠᠶ᠋ᠢᠴᠠᠭ᠋ᠠᠨ ᠯᠠᠪᠯᠠᠬᠤ ᠴᠠᠭ᠎ᠤᠨ ᠵᠠᠩᠭᠢᠶᠠᠰᠤ
      ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠂ ᠳᠡᠭᠡᠳᠦ ᠰᠤᠷᠭ᠋ᠠᠭᠤᠯᠢ ᠵᠢᠨ ᠤᠷᠢᠬᠤ᠎ᠪᠠᠷ ᠪᠠᠶ᠋ᠢᠭ᠎ᠠ ᠪᠠᠭᠰᠢ ᠵᠢ ᠠᠵᠢᠯ᠎ᠳᠤ ᠣᠷᠣᠬᠤ᠎ᠠᠴᠠ ᠡᠮᠦᠨ᠎ᠡ ᠪᠠᠶ᠋ᠢᠴᠠᠭ᠋ᠠᠨ ᠯᠠᠪᠯᠠᠵᠤ᠂ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠳᠣᠭᠲᠠᠭ᠋ᠠᠯᠭ᠋ᠠᠬᠤ᠎ᠪᠠᠷ ᠭᠤᠶᠤᠴᠢᠯᠠᠭᠰᠠᠳ᠎ᠢ ᠮᠠᠭ᠋ᠠᠳᠯᠠᠨ ᠳᠣᠭᠲᠠᠭ᠋ᠠᠬᠤ᠎ᠠᠴᠠ ᠡᠮᠦᠨ᠎ᠡ ᠪᠠᠶ᠋ᠢᠴᠠᠭ᠋ᠠᠨ ᠯᠠᠪᠯᠠᠨ᠎ᠠ᠃
     (ᠨᠢᠭᠡ) ᠵᠢᠩᠬᠢᠨᠢ᠎ᠪᠠᠷ ᠡᠯᠰᠡᠭᠰᠡᠳ᠎ᠢ ᠪᠠᠢ᠌ᠴᠠᠭ᠋ᠠᠨ ᠯᠠᠪᠯᠠᠬᠤ ᠴᠠᠭ᠎ᠨᠢ ᠤᠷᠢᠭᠰᠠᠳ᠎ᠢ ᠵᠠᠷᠯᠠᠨ ᠨᠡᠶ᠋ᠢᠲᠡᠯᠡᠬᠦ᠎ᠠᠴᠠ ᠡᠮᠦᠨ᠎ᠡ ᠪᠠᠶ᠋ᠢᠬᠤ ᠬᠡᠷᠡᠭᠲᠡᠶ᠃
     (ᠬᠣᠶᠠᠷ) ᠲᠦᠷ ᠴᠠᠭ ᠤᠷᠢᠭᠰᠠᠳ᠎ᠢ ᠪᠠᠶ᠋ᠢᠴᠠᠭ᠋ᠠᠨ ᠯᠠᠪᠯᠠᠬᠤ ᠴᠠᠭ᠎ᠨᠢ ᠬᠥᠳᠡᠯᠮᠦᠷᠢ ᠵᠢᠨ ᠭᠡᠷ᠎ᠡ ᠲᠣᠭᠲᠠᠬᠤ᠎ᠠᠴᠠ ᠡᠮᠦᠨ᠎ᠡ ᠪᠠᠶ᠋ᠢᠬᠤ ᠬᠡᠷᠡᠭᠲᠡᠶ᠃
     (ᠭᠤᠷᠪᠠ) ᠭᠤᠷᠪᠠᠳᠠᠬᠢ ᠡᠲᠡᠭᠡᠳ᠎ᠤᠨ ᠦᠢ᠍ᠯᠡᠴᠢᠯᠡᠭᠡ ᠬᠠᠩᠭ᠋ᠠᠵᠤ ᠪᠠᠶ᠋ᠢᠭ᠎ᠠ ᠠᠮᠤᠷ᠎ᠢ ᠬᠠᠮᠠᠭ᠋ᠠᠯᠠᠬᠤ᠂ ᠨᠡᠶ᠋ᠢᠲᠡ ᠵᠢᠨ ᠪᠠᠶ᠋ᠢᠷᠢ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠰᠡᠯᠪᠢᠨ ᠵᠠᠰᠠᠬᠤ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯᠲᠠᠨ᠂ ᠬᠣᠭᠣᠯᠠᠨ ᠲᠢᠩᠬᠢᠮ᠂ ᠬᠡᠲᠦ ᠳᠡᠯᠭᠡᠭᠦᠷ᠂ ᠪᠡᠶ᠎ᠡ ᠵᠢᠨ ᠲᠠᠮᠢᠷ᠎ᠤᠨ ᠲᠠᠯᠠᠪᠠᠶ ᠣᠷᠳᠣᠨ᠂ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠲᠥᠪ ᠵᠡᠷᠭᠡ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠠᠵᠢᠯᠲᠠᠨ ᠵᠢᠴᠢ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ ᠠᠵᠢᠯᠯᠠᠬᠤ ᠴᠢᠬᠤᠯᠠᠲᠠᠶ ᠪᠤᠰᠤᠳ ᠠᠵᠢᠯᠲᠠᠨ᠎ᠢ ᠪᠠᠶ᠋ᠢᠴᠠᠭ᠋ᠠᠨ ᠯᠠᠪᠯᠠᠬᠤ ᠴᠠᠭ᠎ᠨᠢ ᠰᠤᠷᠭ᠋ᠠᠭᠤᠯᠢ᠎ᠳᠤ ᠣᠷᠣᠵᠤ ᠠᠵᠢᠯᠯᠠᠬᠤ᠎ᠠᠴᠠ ᠡᠮᠦᠨ᠎ᠡ ᠪᠠᠶ᠋ᠢᠬᠤ ᠬᠡᠷᠡᠭᠲᠡᠶ᠃
     (ᠳᠥᠷᠪᠡ) ᠪᠠᠭᠰᠢ ᠵᠢᠨ ᠬᠢᠷᠢ ᠬᠡᠮ᠎ᠢ ᠮᠠᠭ᠋ᠠᠳᠯᠠᠨ ᠳᠣᠭᠲᠠᠭ᠋ᠠᠯᠭ᠋ᠠᠬᠤ᠎ᠪᠠᠷ ᠭᠤᠶᠤᠴᠢᠯᠠᠭᠰᠠᠳ᠎ᠢ ᠪᠠᠶ᠋ᠢᠴᠠᠭ᠋ᠠᠨ ᠯᠠᠪᠯᠠᠬᠤ ᠴᠠᠭ᠎ᠨᠢ ᠮᠠᠭ᠋ᠠᠳᠯᠠᠨ ᠳᠣᠭᠲᠠᠭ᠋ᠠᠭᠰᠠᠨ ᠳ᠋ᠦᠩ ᠭᠠᠷᠬᠤ᠎ᠠᠴᠠ ᠡᠮᠦᠨ᠎ᠡ ᠪᠠᠢ᠌ᠬᠤ ᠬᠡᠷᠡᠭᠲᠡᠢ᠃
      ᠵᠢᠷᠭᠤᠭ᠎ᠠ᠂ ᠪᠠᠶ᠋ᠢᠴᠠᠭ᠋ᠠᠨ ᠯᠠᠪᠯᠠᠬᠤ ᠳᠡᠰ ᠳᠠᠷᠠᠭ᠋ᠠᠯᠠᠯ
     (ᠨᠢᠭᠡ) ᠳᠤᠮᠳᠠᠳᠤ ᠪᠠᠭ᠎ᠠ ᠰᠤᠷᠭ᠋ᠠᠭᠤᠯᠢ ᠪᠥᠬᠥ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠭᠰᠢ ᠠᠵᠢᠯᠲᠠᠨ ᠠᠵᠢᠯᠴᠢᠨ᠎ᠤ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠬᠡᠰᠡᠭ᠎ᠲᠤ ᠪᠠᠶ᠋ᠢᠴᠠᠭ᠋ᠠᠨ ᠯᠠᠪᠯᠠᠬᠤ ᠭᠤᠶᠤᠴᠢᠯᠠᠯ ᠲᠤᠰᠢᠶᠠᠵᠤ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠬᠤ ᠵᠢᠨ ᠬᠠᠮᠲᠤ ᠪᠠᠶ᠋ᠢᠴᠠᠭ᠋ᠠᠨ ᠯᠠᠪᠯᠠᠨ᠎ᠠ᠃
     (ᠬᠣᠶᠠᠷ) ᠳᠡᠭᠡᠳᠦ ᠰᠤᠷᠭ᠋ᠠᠭᠤᠯᠢ᠎ᠨᠢ ᠪᠦᠬᠦ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠭᠰᠢ ᠠᠵᠢᠯᠳᠠᠨ ᠠᠵᠢᠯᠴᠢᠨ᠎ᠤ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠬᠡᠰᠡᠭ᠎ᠲᠤ ᠪᠠᠶ᠋ᠢᠴᠠᠭ᠋ᠠᠨ ᠯᠠᠪᠯᠠᠨ᠎ᠠ᠃
     (ᠭᠤᠷᠪᠠ) ᠡᠯ᠎ᠡ ᠱᠠᠲᠤᠨ᠎ᠤ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠪᠠᠭᠰᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠰᠢᠰᠲ᠋ᠧᠮ᠎ᠳᠤ ᠪᠠᠶ᠋ᠢᠴᠠᠭ᠋ᠠᠨ ᠯᠠᠪᠯᠠᠨ᠎ᠠ᠃
      ᠳᠣᠯᠤᠭ᠎ᠠ᠂ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠭᠰᠡᠨ ᠦᠷ᠎ᠡ ᠳ᠋ᠦᠩ᠎ᠢ ᠬᠡᠷᠡᠭᠯᠡᠬᠦ
     (ᠨᠢᠭᠡ) ᠤᠷᠢᠬᠤ᠎ᠪᠠᠷ ᠪᠠᠶ᠋ᠢᠭ᠎ᠠ ᠪᠠᠭᠰᠢ ᠠᠵᠢᠯᠲᠠᠨ ᠠᠵᠢᠯᠴᠢᠨ (ᠪᠠᠭᠰᠢ ᠵᠢ ᠪᠠᠭᠲᠠᠭ᠋ᠠᠨ᠎ᠠ)᠎ᠢ ᠪᠠᠶ᠋ᠢᠴᠠᠭ᠋ᠠᠨ ᠯᠠᠪᠯᠠᠬᠤ᠎ᠪᠠᠷ ᠳᠡᠮᠵᠢᠨ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠬᠤ ᠵᠢ ᠣᠯᠵᠤ ᠮᠡᠳᠡᠪᠡᠯ᠂ ᠡᠯᠰᠡᠵᠦ ᠪᠣᠯᠬᠤ ᠥᠬᠡᠶ ᠪᠥᠭᠡᠳ ᠤᠷᠢᠬᠤ᠎ᠪᠠᠷ ᠪᠠᠶ᠋ᠢᠭ᠎ᠠ ᠨᠢᠭᠡᠴᠢ᠎ᠠᠴᠠ ᠪᠠᠶ᠋ᠢᠴᠠᠭ᠋ᠠᠨ ᠯᠠᠪᠯᠠᠬᠤ ᠡᠲᠡᠭᠡᠳ᠎ᠢ ᠡᠯᠰᠡᠬᠦ ᠥᠬᠡᠶ ᠰᠢᠯᠲᠠᠭ᠋ᠠᠨ ᠪᠠ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ᠃
     (ᠬᠣᠶᠠᠷ) ᠤᠷᠢᠬᠤ᠎ᠪᠠᠷ ᠪᠠᠶ᠋ᠢᠭ᠎ᠠ ᠪᠠᠭᠰᠢ ᠵᠢ ᠪᠠᠶ᠋ᠢᠴᠠᠭ᠋ᠠᠨ ᠯᠠᠪᠯᠠᠬᠤ᠎ᠪᠠᠷ ᠳᠡᠮᠵᠢᠨ ᠪᠠᠭᠰᠢ ᠵᠢᠨ ᠬᠢᠷᠢ ᠬᠡᠮ᠎ᠤᠨ ᠮᠡᠳᠡᠭᠡ ᠵᠠᠩᠭᠢ᠎ᠪᠠᠨ ᠠᠯᠳᠠᠭᠰᠠᠨ ᠪᠠ ᠪᠠᠭᠰᠢ ᠵᠢᠨ ᠬᠢᠷᠢ ᠬᠡᠮ᠎ᠢ ᠬᠦᠴᠦᠨ ᠥᠬᠡᠶ ᠪᠣᠯᠭ᠋ᠠᠬᠤ ᠬᠤᠭᠤᠴᠠᠭ᠋ᠠᠨ᠎ᠳᠤ ᠪᠠᠶ᠋ᠢᠬᠤ ᠵᠢ ᠣᠯᠵᠤ ᠮᠡᠳᠡᠪᠡᠯ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ ᠬᠢᠬᠦ ᠪᠠᠭᠰᠢ᠎ᠪᠠᠷ ᠤᠷᠢᠵᠤ ᠪᠣᠯᠬᠤ ᠥᠬᠡᠶ ᠪᠥᠭᠡᠳ ᠤᠷᠢᠬᠤ᠎ᠪᠠᠷ ᠪᠠᠶ᠋ᠢᠭ᠎ᠠ ᠨᠢᠭᠡᠴᠢ᠎ᠠᠴᠠ ᠤᠷᠢᠬᠤ ᠥᠬᠡᠶ ᠰᠢᠯᠲᠠᠭ᠋ᠠᠨ ᠪᠠ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ᠃
     (ᠭᠤᠷᠪᠠ) ᠪᠠᠭᠰᠢ ᠵᠢᠨ ᠬᠢᠷᠢ ᠬᠡᠮ ᠭᠤᠶᠤᠴᠢᠯᠠᠭᠴᠢ ᠵᠢ ᠪᠠᠶ᠋ᠢᠴᠠᠭ᠋ᠠᠨ ᠯᠠᠪᠯᠠᠬᠤ᠎ᠪᠠᠷ ᠳᠡᠮᠵᠢᠨ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠪᠠᠶ᠋ᠢᠳᠠᠯ᠎ᠲᠠᠢ ᠪᠤᠶᠤ ᠡᠰᠡᠬᠦᠯ᠎ᠡ ᠪᠠᠭᠰᠢ ᠵᠢᠨ ᠬᠢᠷᠢ ᠬᠡᠮ᠎ᠤᠨ ᠮᠡᠳᠡᠭᠡ ᠵᠠᠩᠭᠢ ᠵᠢ ᠠᠯᠳᠠᠭᠰᠠᠨ ᠪᠠ ᠪᠠᠭᠰᠢ ᠵᠢᠨ ᠬᠢᠷᠢ ᠬᠡᠮ᠎ᠢ ᠬᠦᠴᠦᠨ ᠥᠬᠡᠶ ᠪᠣᠯᠭ᠋ᠠᠬᠤ ᠬᠤᠭᠤᠴᠠᠭ᠋ᠠᠨ᠎ᠳᠤ ᠪᠠᠶ᠋ᠢᠪᠠᠯ᠂ ᠮᠠᠭ᠋ᠠᠳᠯᠠᠨ ᠲᠣᠭᠲᠠᠭ᠋ᠠᠵᠤ ᠥᠭᠬᠦ ᠥᠬᠡᠶ ᠪᠥᠭᠡᠳ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠠᠴᠠ ᠪᠠᠶ᠋ᠢᠴᠠᠭ᠋ᠠᠨ ᠯᠠᠪᠯᠠᠬᠤ ᠡᠲᠡᠭᠡᠳ᠎ᠢ ᠮᠠᠭ᠋ᠠᠳᠯᠠᠨ ᠲᠣᠭᠲᠠᠭ᠋ᠠᠵᠤ ᠥᠭᠬᠦ ᠥᠬᠡᠶ ᠰᠢᠯᠲᠠᠭ᠋ᠠᠨ ᠪᠠ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠡᠷᠬᠡ ᠵᠢ ᠮᠡᠳᠡᠭᠳᠡᠬᠦ ᠬᠡᠷᠡᠭᠲᠡᠶ᠃
      ᠨᠠᠢ᠍ᠮᠠ᠂ ᠰᠠᠨᠠᠯ᠎ᠢ ᠰᠢᠢ᠍ᠳᠪᠦᠷᠢᠯᠡᠬᠦ
      ᠤᠷᠢᠬᠤ᠎ᠪᠠᠷ ᠪᠠᠶ᠋ᠢᠭ᠎ᠠ ᠪᠠᠭᠰᠢ ᠠᠵᠢᠯᠲᠠᠨ ᠠᠵᠢᠯᠴᠢᠨ (ᠪᠠᠭᠰᠢ ᠵᠢ ᠪᠠᠭᠲᠠᠭ᠋ᠠᠨ᠎ᠠ)᠎ᠢ ᠪᠠᠶ᠋ᠢᠴᠠᠭ᠋ᠠᠨ ᠯᠠᠪᠯᠠᠭᠰᠠᠨ ᠦᠷ᠎ᠡ ᠳ᠋ᠦᠩ᠎ᠳᠤ ᠰᠠᠨᠠᠯ᠎ᠲᠠᠢ ᠪᠣᠯ᠂ ᠮᠡᠳᠡᠭᠳᠡᠯ᠎ᠢ ᠣᠯᠤᠭᠰᠠᠨ 15 ᠡᠳᠦᠷ᠎ᠤᠨ ᠳᠣᠲᠣᠷ᠎ᠠ ᠤᠷᠢᠬᠤ ᠨᠢᠭᠡᠴᠢ᠎ᠳᠤ ᠪᠢᠴᠢᠭ ᠵᠶ᠋ᠠᠷ ᠳᠤᠷᠠᠳᠴᠤ᠂ ᠤᠷᠢᠬᠤ ᠨᠢᠭᠡᠴᠢ᠎ᠠᠴᠠ ᠪᠠᠶ᠋ᠢᠴᠠᠭ᠋ᠠᠨ ᠯᠠᠪᠯᠠᠬᠤ ᠭᠤᠤᠯ ᠴᠣᠭᠴᠠ᠎ᠳᠤ ᠪᠠᠶ᠋ᠢᠴᠠᠭ᠋ᠠᠨ ᠯᠠᠪᠯᠠᠬᠤ ᠲᠠᠪᠴᠠᠩ ᠵᠶ᠋ᠠᠷ ᠳᠠᠮᠵᠢᠨ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠵᠤ᠂ ᠤᠷᠢᠬᠤ ᠨᠢᠭᠡᠴᠢ᠎ᠨᠢ ᠪᠠᠶ᠋ᠢᠴᠠᠭ᠋ᠠᠨ ᠯᠠᠪᠯᠠᠭᠰᠠᠨ ᠡᠲᠡᠭᠡᠳ᠎ᠢ ᠳᠠᠬᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
      ᠪᠠᠭᠰᠢ ᠵᠢᠨ ᠬᠢᠷᠢ ᠬᠡᠮ᠎ᠢ ᠭᠤᠶᠤᠴᠢᠯᠠᠭᠴᠢ᠎ᠨᠢ ᠪᠠᠶ᠋ᠢᠴᠠᠭ᠋ᠠᠨ ᠯᠠᠪᠯᠠᠭᠰᠠᠨ ᠦᠷ᠎ᠡ ᠳ᠋ᠦᠩ᠎ᠳᠤ ᠰᠠᠨᠠᠯ᠎ᠲᠠᠢ ᠪᠣᠯ᠂ ᠮᠡᠳᠡᠭᠳᠡᠯ᠎ᠢ ᠣᠯᠤᠭᠰᠠᠨ 3 ᠠᠵᠢᠯ᠎ᠤᠨ ᠡᠳᠦᠷ᠎ᠤᠨ ᠳᠣᠲᠣᠷ᠎ᠠ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠳᠤ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠵᠤ᠂ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠪᠠᠶ᠋ᠢᠴᠠᠭ᠋ᠠᠨ ᠯᠠᠪᠯᠠᠭᠰᠠᠨ ᠡᠲᠡᠭᠡᠳ᠎ᠢ ᠳᠠᠬᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
      ᠶᠢᠰᠦ᠂ ᠠᠵᠢᠯ᠎ᠤᠨ ᠱᠠᠭ᠋ᠠᠷᠳᠠᠯᠭ᠎ᠠ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ
      ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠡᠯ᠎ᠡ ᠳᠡᠭᠡᠳᠦ ᠰᠤᠷᠭ᠋ᠠᠭᠤᠯᠢ᠂ ᠡᠯ᠎ᠡ ᠱᠠᠲᠤᠨ᠎ᠤ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠂ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠤᠨ ᠲᠠᠶ᠋ᠢᠯᠤᠮᠵᠢ ᠬᠢᠵᠦ᠂ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠢ ᠥᠷᠨᠢᠭᠦᠯᠬᠦ ᠴᠡᠪᠡᠷ ᠠᠷᠢᠭᠤᠨ ᠣᠷᠴᠢᠨ ᠨᠥᠬᠥᠴᠡᠯ᠎ᠢ ᠬᠠᠮᠲᠤ᠎ᠳᠤ᠎ᠪᠠᠨ ᠡᠭᠦᠳᠬᠦ ᠬᠡᠷᠡᠭᠲᠡᠶ; ᠲᠤᠰ ᠭᠠᠵᠠᠷ ᠲᠤᠰ ᠰᠤᠷᠭ᠋ᠠᠭᠤᠯᠢ ᠵᠢᠨ   ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠤᠨ ᠬᠡᠷᠡᠭᠵᠢᠭᠦᠯᠦᠯᠲᠡ ᠵᠢ ᠬᠢᠨᠠᠨ ᠵᠢᠯᠣᠭᠣᠳᠴᠤ᠂ ᠪᠠᠶ᠋ᠢᠴᠠᠭ᠋ᠠᠨ ᠯᠠᠪᠯᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠤᠨ᠂ ᠲᠣᠭᠲᠠᠮᠠᠯ ᠬᠤᠭᠤᠴᠠᠭ᠎ᠠ᠎ᠲᠠᠢ ᠪᠠᠶ᠋ᠢᠴᠠᠭ᠋ᠠᠯᠲᠠ ᠬᠢᠬᠦ ᠬᠡᠷᠡᠭᠲᠡᠶ᠃
     (ᠬᠣᠶᠠᠷ) ᠪᠠᠶ᠋ᠢᠴᠠᠭ᠋ᠠᠨ ᠯᠠᠪᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠬᠤ ᠬᠡᠷᠡᠭᠲᠡᠢ
      ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠪᠠ ᠡᠯ᠎ᠡ ᠱᠠᠲᠤᠨ᠎ᠤ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠᠶ᠋ᠢᠭᠤᠯᠤᠮᠵᠢ᠎ᠨᠢ ᠲᠣᠰ ᠭᠠᠵᠠᠷ ᠲᠣᠰ ᠰᠤᠷᠭ᠋ᠠᠭᠤᠯᠢ ᠵᠢᠨ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠤᠨ ᠬᠠᠷᠢᠭᠤᠴᠠᠯᠭ᠋ᠠᠲᠤ ᠰᠠᠯᠠᠭ᠎ᠠ ᠮᠥᠴᠢᠷ ᠪᠠ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠬᠠᠷᠢᠭᠤᠴᠠᠯᠭ᠎ᠠ ᠵᠢ ᠦᠨᠡᠨ ᠬᠦ᠌ ᠰᠠᠶ᠋ᠢᠲᠤᠷ ᠭᠦᠢ᠍ᠴᠡᠳᠭᠡᠨ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠮᠢᠶ᠎ᠠ ᠪᠥᠬᠥᠶ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠬᠠᠮᠢᠶ᠎ᠠ ᠪᠥᠬᠥᠶ ᠨᠢᠭᠡᠴᠢ ᠪᠠ ᠠᠵᠢᠯᠲᠠᠨ᠎ᠢ ᠵᠢᠯᠣᠭᠣᠳᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠂ ᠪᠠᠶ᠋ᠢᠴᠠᠭ᠋ᠠᠨ ᠯᠠᠪᠯᠠᠬᠤ ᠡᠲᠡᠭᠡᠳ᠎ᠤᠨ ᠬᠤᠪᠢ ᠬᠥᠮᠦᠨ᠎ᠤ ᠨᠢᠭᠤᠴᠠ ᠪᠠ ᠪᠤᠰᠤᠳ ᠬᠠᠤᠯᠢ ᠶᠣᠰᠣᠨ᠎ᠤ ᠡᠷᠬᠡ᠎ᠳᠤ ᠬᠠᠯᠳᠠᠵᠤ ᠪᠣᠯᠬᠤ ᠥᠬᠡᠶ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠤᠷᠭ᠋ᠠᠭᠤᠯᠢ ᠵᠢᠴᠢ ᠲᠡᠭᠦᠨ᠎ᠤ ᠠᠵᠢᠯᠲᠠᠨ᠎ᠳᠤ ᠳᠤᠤᠷ᠎ᠠ ᠵᠢᠭᠰᠠᠭ᠋ᠠᠭᠰᠠᠨ ᠪᠠᠶ᠋ᠢᠳᠠᠯ ᠪᠠᠶ᠋ᠢᠪᠠᠯ᠂ ᠬᠠᠤᠯᠢ ᠲᠣᠭᠲᠠᠭ᠋ᠠᠯ ᠶᠣᠰᠤ᠎ᠪᠠᠷ ᠰᠢᠢ᠍ᠳᠪᠦᠷᠢᠯᠡᠨ᠎ᠡ᠄
     1 . ᠪᠠᠶ᠋ᠢᠴᠠᠭ᠋ᠠᠨ ᠯᠠᠪᠯᠠᠬᠤ ᠵᠢ ᠭᠤᠶᠤᠴᠢᠯᠠᠭᠰᠠᠨ ᠦᠭᠡᠢ ᠪᠤᠶᠤ ᠪᠠᠶ᠋ᠢᠴᠠᠭ᠋ᠠᠨ ᠯᠠᠪᠯᠠᠬᠤ ᠡᠭᠦᠷᠭᠡ᠎ᠪᠠᠨ ᠭᠦᠢ᠍ᠴᠡᠳᠬᠡᠭᠰᠡᠨ ᠦᠭᠡᠢ;
     2 . ᠠᠰᠠᠭᠤᠳᠠᠯ᠎ᠲᠠᠢ ᠬᠥᠮᠦᠨ᠎ᠢ ᠪᠠᠶ᠋ᠢᠴᠠᠭ᠋ᠠᠨ ᠯᠠᠪᠯᠠᠬᠤ᠎ᠳᠤ᠎ᠪᠠᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠤ᠎ᠪᠠᠷ ᠰᠢᠢ᠍ᠳᠪᠦᠷᠢᠯᠡᠭᠰᠡᠨ ᠦᠭᠡᠢ;
     3 . ᠬᠣᠯᠪᠣᠭᠳᠠᠯ ᠪᠦᠬᠦᠢ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ ᠣᠯᠵᠤ ᠮᠡᠳᠡᠭᠰᠡᠨ᠎ᠢ ᠲᠠᠷᠬᠠᠭ᠋ᠠᠭᠰᠠᠨ᠂ ᠵᠠᠳᠠᠷᠠᠭᠤᠯᠤᠭᠰᠠᠨ᠂ ᠥᠭᠡᠷᠡᠲᠦᠭᠦᠯᠦᠭᠰᠡᠨ᠂ ᠵᠣᠬᠢᠰ ᠦᠭᠡᠶ ᠬᠡᠷᠡᠭᠯᠡᠭᠰᠡᠨ;
     4 . ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠥᠷᠢᠴᠡᠭᠰᠡᠨ;
     5 . ᠪᠠᠭᠰᠢ ᠠᠵᠢᠯᠳᠠᠨ ᠠᠵᠢᠯᠴᠢᠨ᠎ᠤ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠥᠪᠰᠢᠶᠡᠷᠡᠬᠦ ᠲᠦᠷᠢᠮ᠎ᠢ ᠵᠥᠷᠢᠴᠡᠭᠰᠡᠨ ᠪᠤᠰᠤᠳ ᠪᠠᠶ᠋ᠢᠳᠠᠯ᠃
      ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠪᠠᠭᠰᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢ ᠵᠢᠯᠣᠭᠣᠳᠬᠤ ᠲᠥᠪ᠎ᠨᠢ ᠪᠠᠶ᠋ᠢᠴᠠᠭ᠋ᠠᠨ ᠯᠠᠪᠯᠠᠬᠤ ᠠᠵᠢᠯ᠎ᠢ ᠳᠠᠷᠤᠶ᠋ᠢᠬᠠᠨ ᠳᠣᠭᠢᠷᠠᠭᠤᠯᠤᠨ ᠪᠠᠶ᠋ᠢᠷᠢᠯᠠᠭᠤᠯᠵᠤ᠂ ᠠᠵᠢᠯᠲᠠᠨ᠎ᠤ ᠪᠠᠢ᠌ᠴᠠᠭ᠋ᠠᠪᠠᠰᠤ ᠵᠣᠬᠢᠬᠤ ᠵᠢ ᠵᠠᠪᠠᠯ ᠪᠠᠶ᠋ᠢᠴᠠᠭ᠋ᠠᠵᠤ᠂ ᠦᠷ᠎ᠡ ᠳ᠋ᠦᠩ᠎ᠢ ᠬᠡᠷᠡᠭᠯᠡᠪᠡᠰᠦ ᠵᠣᠬᠢᠬᠤ ᠵᠢ ᠵᠠᠪᠠᠯ ᠬᠡᠷᠡᠭᠯᠡᠬᠦ ᠵᠢ ᠪᠡᠶᠡᠯᠡᠭᠦᠯᠬᠦ ᠬᠡᠷᠡᠭᠲᠡᠶ᠃ ᠠᠵᠢᠯ᠎ᠤᠨ ᠶᠠᠪᠤᠴᠠ᠎ᠳᠤ ᠠᠰᠠᠭᠤᠳᠠᠯ ᠲᠤᠯᠭ᠋ᠠᠷᠠᠪᠠᠯ ᠴᠠᠭ ᠲᠤᠬᠠᠶ᠎ᠳᠤ᠎ᠨᠢ ᠬᠠᠷᠢᠭᠤ   ᠪᠤᠴᠠᠭ᠋ᠠᠵᠤ᠂ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠢ ᠲᠣᠭᠲᠠᠭᠤᠨ ᠵᠶ᠋ᠠᠷ ᠠᠬᠢᠭᠤᠯᠬᠤ ᠵᠢ ᠦᠨᠡᠨ ᠬᠦ᠌ ᠪᠠᠲᠤᠯᠠᠬᠤ ᠵᠢᠨ ᠬᠠᠮᠲᠤ ᠵᠢᠯ ᠪᠦᠷᠢ ᠵᠢᠨ ᠵᠢᠯ᠎ᠤᠨ ᠰᠡᠭᠦᠯᠴᠢ᠎ᠠᠴᠠ ᠡᠮᠦᠨ᠎ᠡ ᠵᠢᠯ᠎ᠤᠨ ᠪᠠᠶ᠋ᠢᠴᠠᠭ᠋ᠠᠨ ᠯᠠᠪᠯᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ WORD ᠬᠡᠪᠯᠡᠯ ᠵᠢᠴᠢ ᠠᠯᠪᠠᠨ ᠲᠠᠮᠠᠭ᠎ᠠ ᠳᠠᠷᠤᠵᠤ ᠰᠢᠷᠪᠢᠭᠰᠡᠨ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠠᠭᠰᠢ ᠵᠢᠨ ᠠᠵᠢᠯ᠎ᠤᠨ ᠭᠠᠵᠠᠷ᠎ᠲᠤ ᠮᠡᠳᠡᠭᠦᠯᠦᠨ ᠬᠦᠷᠭᠡᠨ᠎ᠡ᠃
      ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄ ᠯᠢ ᡁᠢ ᠢᠦᠶ    0471 - 2856509
      ᠢᠮᠧᠯ᠄ nmgjytjsgzc@126.com


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
               2023 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠰᠤᠷᠤᠭᠴᠢ ᠪᠣᠯᠤᠨ ᠪᠠᠭᠰᠢ ᠵᠢᠨ ᠦᠨᠳᠦᠰᠦᠨ ᠴᠢᠳᠠᠪᠬᠢ ᠵᠢᠨ ᠦᠵᠡᠭᠦᠯᠭᠡ᠎ᠳᠤ ᠣᠷᠣᠯᠴᠠᠬᠤ ᠲᠤᠬᠠᠶ ᠨᠥᠬᠥᠪᠥᠷᠢ ᠮᠡᠳᠡᠭᠳᠡᠯ
ᠭᠤᠷᠪᠠᠳᠤᠭ᠋ᠠᠷ ᠬᠤᠭᠤᠴᠠᠭ᠋ᠠᠨ᠎ᠤ ᠤᠮᠠᠷᠠᠲᠤ ᠣᠷᠣᠨ᠎ᠤ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠮᠠᠰᠲ᠋ᠧᠷ᠎ᠤᠨ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠬᠠᠮᠠᠭ᠋ᠠᠯᠠᠬᠤ ᠰᠣᠳᠤᠯᠤᠨ ᠰᠤᠷᠤᠭᠴᠢ (MPA) ᠵᠢᠨ ᠬᠡᠷᠡᠭ᠎ᠤᠨ ᠵᠢᠱ᠌ᠢᠶ᠎ᠡ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠢ ᠡᠷᠭᠢᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠪᠠ ᠲᠡᠭᠦᠰᠭᠡᠯ᠎ᠤᠨ ᠶᠣᠰᠣᠯᠠᠯ ᠵᠢᠴᠢ ᠬᠠᠮᠢᠶ᠎ᠠ ᠪᠦᠬᠦᠢ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠠᠩᠬᠠᠳᠠᠭᠴᠢ ᠪᠦᠯᠦᠭ᠎ᠤᠨ ᠪᠥᠬᠥ ᠤᠯᠤᠰ᠎ᠤᠨ ᠡᠷᠡᠭᠦᠯ ᠮᠡᠨᠳᠦ ᠰᠤᠷᠭ᠋ᠠᠭᠤᠯᠢ ᠵᠢ ᠪᠥᠲᠦᠭᠡᠨ ᠪᠠᠢ᠌ᠭᠤᠯᠤᠭᠰᠠᠨ ᠨᠢᠭᠡᠴᠢ ᠵᠢᠨ ᠨᠡᠷᠡᠰ᠎ᠢ ᠳᠠᠮᠵᠢᠭᠤᠯᠤᠨ ᠲᠠᠷᠬᠠᠭ᠋ᠠᠬᠤ ᠲᠤᠬᠠᠶ ᠮᠡᠳᠡᠭᠳᠡᠯ
ᠪᠥᠬᠥ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ ᠤᠷᠠᠨ ᠵᠢᠷᠤᠭ᠎ᠤᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠰᠤᠷᠤᠭᠴᠢ ᠪᠣᠯᠤᠨ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠬᠦ ᠠᠵᠢᠯᠯᠠᠭ᠎ᠠ ᠵᠢᠨ ᠱᠠᠩᠨᠠᠯ ᠭᠦᠷᠲᠡᠭᠰᠡᠳ᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
 
             蒙ICP备05000248号