ᠣᠶ᠋ᠢᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ 《ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠢ ᠠᠬᠢᠭᠤᠯᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠳᠦᠭᠦᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠨ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠬᠠᠤᠯᠢ ᠶᠣᠰᠤ᠎ᠪᠠᠷ ᠬᠡᠷᠡᠭᠵᠢᠭᠦᠯᠬᠦ᠂ ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠬᠤ ᠲᠤᠬᠠᠶ ᠲᠣᠭᠲᠠᠭ᠋ᠠᠯ ᠭᠠᠷᠭ᠋ᠠᠵᠠᠶ᠂ ᠡᠭᠦᠨ᠎ᠤ ᠵᠣᠷᠢᠯᠭ᠎ᠠ᠎ᠨᠢ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠭᠰᠢ ᠵᠢᠨ ᠮᠣᠷᠠᠯ᠎ᠠᠴᠠ ᠵᠥᠷᠢᠴᠡᠭᠰᠡᠨ ᠠᠰᠠᠭᠤᠳᠠᠯ᠎ᠢ 《ᠥᠴᠦᠬᠡᠨ ᠴᠦ᠍ ᠠᠭᠤᠴᠢᠯᠠᠬᠤ ᠥᠬᠡᠶ》 ᠵᠢᠨ ᠲᠥᠯᠥᠭᠡ ᠶᠤᠮ᠃ ᠬᠠᠮᠲᠤ᠎ᠳᠤ᠎ᠪᠠᠨ ᠦᠵᠡᠵᠡᠭᠡᠶ᠎ᠡ!
《ᠮᠡᠳᠡᠭᠳᠡᠯ》᠎ᠳᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠪᠠᠭᠰᠢ ᠵᠢᠨ ᠡᠩᠨᠡᠭᠡᠨ᠎ᠳᠤ ᠣᠷᠣᠬᠤ ᠪᠣᠭᠣᠮᠲᠠ ᠵᠢ ᠴᠢᠩᠭ᠎ᠠ ᠰᠠᠬᠢᠵᠤ᠂ ᠪᠠᠭᠰᠢ ᠵᠢᠨ ᠡᠩᠨᠡᠭᠡᠨ᠎ᠤ ᠴᠢᠨᠠᠷ ᠴᠢᠨᠰᠠᠭ᠎ᠠ ᠵᠢ ᠪᠡᠬᠢᠵᠢᠭᠦᠯᠬᠦ ᠬᠡᠷᠡᠭᠲᠡᠶ᠃ ᠪᠠᠭᠰᠢ ᠵᠢᠨ ᠮᠣᠷᠠᠯ ᠰᠤᠷᠲᠠᠯ᠎ᠤᠨ ᠨᠢᠭᠡᠳᠦᠭᠡᠷ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠭᠰᠢ ᠵᠢ ᠤᠷᠢᠬᠤ ᠵᠡᠷᠭᠡ ᠭᠣᠭᠴᠣᠭ᠎ᠠ᠎ᠳᠤ ᠠᠭᠤᠰᠬᠠᠨ ᠣᠷᠣᠭᠤᠯᠵᠤ᠂ ᠡᠳᠦᠷ ᠲᠤᠲᠤᠮ᠎ᠤᠨ ᠠᠵᠢᠯ᠎ᠳᠤ ᠪᠡᠶᠡᠯᠡᠭᠦᠯᠦᠨ᠂ ᠡᠳᠦᠷ ᠲᠤᠲᠤᠮ᠎ᠤᠨ ᠠᠵᠢᠯ᠎ᠳᠤ ᠴᠢᠩᠳᠠᠯᠠᠨ᠎ᠠ᠃ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠳᠦᠷᠢᠮ᠎ᠢ ᠲᠡᠭᠦᠯᠳᠡᠷᠵᠢᠭᠦᠯᠵᠦ᠂ ᠪᠠᠶ᠋ᠢᠴᠠᠭ᠋ᠠᠨ ᠯᠠᠪᠯᠠᠬᠤ ᠲᠠᠪᠴᠠᠩ᠎ᠤᠨ ᠬᠡᠷᠡᠭᠯᠡᠯᠲᠡ ᠵᠢ ᠠᠬᠢᠭᠤᠯᠤᠨ᠂ ᠮᠡᠳᠡᠭᠡ ᠵᠠᠩᠭᠢᠴᠢᠯᠠᠯᠲᠠ᠂ ᠲᠣᠭ᠋ᠠᠵᠢᠭᠤᠯᠤᠯᠲᠠ᠎ᠪᠠᠷ ᠪᠠᠭᠰᠢ ᠵᠢᠨ ᠡᠩᠨᠡᠭᠡᠨ᠎ᠤ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ᠎ᠳᠤ ᠪᠠᠲᠤ ᠪᠡᠬᠢ ᠪᠠᠭᠰᠢ ᠵᠢᠨ ᠰᠠᠭᠤᠷᠢ ᠵᠢ ᠲᠠᠯᠪᠢᠨ᠎ᠠ ᠭᠡᠵᠦ ᠵᠢᠭ᠋ᠠᠵᠤ ᠭᠠᠷᠭ᠋ᠠᠪᠠ᠃
《ᠮᠡᠳᠡᠭᠳᠡᠯ》᠎ᠳᠤ᠂ ᠳᠤᠮᠳᠠᠳᠤ ᠪᠠᠭ᠎ᠠ ᠰᠤᠷᠭ᠋ᠠᠭᠤᠯᠢ ᠪᠠ ᠳᠡᠭᠡᠳᠦ ᠰᠤᠷᠭ᠋ᠠᠭᠤᠯᠢ ᠤᠷᠢᠬᠤ᠎ᠪᠠᠷ ᠪᠠᠢ᠌ᠭ᠎ᠠ ᠪᠠᠭᠰᠢ ᠵᠢ ᠠᠵᠢᠯ᠎ᠳᠤ ᠣᠷᠣᠬᠤ᠎ᠠᠴᠠ ᠡᠮᠦᠨ᠎ᠡ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠪᠠ ᠪᠠᠭᠰᠢ ᠵᠢᠨ ᠬᠠᠤᠯᠢ᠂ 《ᠪᠠᠭᠰᠢ ᠵᠢᠨ ᠬᠢᠷᠢ ᠬᠡᠮ᠎ᠤᠨ ᠲᠦᠷᠢᠮ》᠎ᠳᠤ ᠲᠣᠭᠲᠠᠭ᠋ᠠᠭᠰᠠᠨ ᠪᠠᠭᠰᠢ ᠵᠢᠨ ᠬᠢᠷᠢ ᠬᠡᠮ᠎ᠢ ᠬᠢᠵᠠᠭ᠋ᠠᠷᠯᠠᠬᠤ ᠬᠥᠮᠥᠷᠭᠡ᠎ᠳᠤ ᠨᠢᠭᠡᠨᠲᠡ ᠣᠷᠣᠭᠤᠯᠤᠭᠰᠠᠨ ᠪᠣᠯ ᠪᠠᠭᠰᠢ ᠵᠢᠨ ᠬᠢᠷᠢ ᠬᠡᠮ᠎ᠤᠨ ᠮᠡᠳᠡᠭᠡ ᠵᠠᠩᠭᠢ ᠵᠢ ᠬᠦᠴᠦᠨ ᠥᠬᠡᠶ ᠪᠣᠯᠭ᠋ᠠᠬᠤ ᠬᠡᠷᠡᠭᠲᠡᠶ᠃ ᠳᠤᠮᠳᠠᠳᠤ ᠪᠠᠭ᠎ᠠ ᠰᠤᠷᠭ᠋ᠠᠭᠤᠯᠢ ᠪᠤᠰᠤᠳ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠠᠵᠢᠯ᠎ᠳᠤ ᠣᠷᠣᠬᠤ᠎ᠠᠴᠠ ᠡᠮᠦᠨ᠎ᠡ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠪᠡᠯᠭᠡ ᠵᠢᠨ ᠬᠠᠯᠳᠠᠯᠭ᠎ᠠ ᠵᠢᠨ ᠴᠢᠨᠠᠷᠲᠠᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ ᠪᠣᠯᠤᠨ᠎ᠠ᠃ ᠳᠡᠭᠡᠳᠦ ᠰᠤᠷᠭ᠋ᠠᠭᠤᠯᠢ ᠪᠤᠰᠤᠳ ᠪᠠᠭᠰᠢ ᠠᠵᠢᠯᠲᠠᠨ᠎ᠢ ᠤᠷᠢᠬᠤ᠎ᠳᠤ ᠯᠠᠪᠯᠠᠯᠲᠠ ᠪᠣᠯᠭ᠋ᠠᠨ ᠬᠡᠷᠡᠭᠵᠢᠭᠦᠯᠬᠦ ᠭᠡᠷᠡᠭᠲᠡᠢ ᠭᠡᠵᠦ ᠱᠠᠭ᠋ᠠᠷᠳᠠᠪᠠ᠃
《ᠮᠡᠳᠡᠭᠳᠡᠯ》᠎ᠳᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ ᠪᠡᠶᠡᠴᠢ ᠴᠣᠭᠴᠠ ᠪᠣᠯ ᠳᠤᠮᠳᠠᠳᠤ ᠪᠠᠭ᠎ᠠ ᠰᠤᠷᠭ᠋ᠠᠭᠤᠯᠢ ᠵᠢ ᠭᠣᠣᠯᠯᠠᠨ ᠬᠠᠮᠢᠶᠠᠷᠬᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠᠢ᠌ᠵᠤ᠂ ᠳᠤᠮᠳᠠᠳᠤ ᠪᠠᠭ᠎ᠠ ᠰᠤᠷᠭ᠋ᠠᠭᠤᠯᠢ᠎ᠠᠴᠠ ᠪᠥᠬᠥ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ ᠬᠡᠰᠡᠭ᠎ᠲᠤ ᠣᠷᠣᠵᠤ ᠪᠠᠶ᠋ᠢᠴᠠᠭ᠋ᠠᠨ ᠯᠠᠪᠯᠠᠬᠤ ᠭᠤᠶᠤᠴᠢᠯᠠᠯ ᠵᠶ᠋ᠠᠨ ᠳᠤᠰᠢᠶᠠᠵᠤ᠂ ᠭᠣᠣᠯᠯᠠᠨ ᠬᠠᠮᠢᠶᠠᠷᠬᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠢᠨᠠᠨ ᠪᠠᠢ᠌ᠴᠠᠭ᠋ᠠᠬᠤ ᠵᠢᠨ ᠬᠠᠮᠲᠤ ᠦᠷ᠎ᠡ ᠳ᠋ᠦᠩ᠎ᠢ ᠪᠠᠢ᠌ᠴᠠᠭ᠋ᠠᠨ ᠯᠠᠪᠯᠠᠨ᠎ᠠ; ᠳᠡᠭᠡᠳᠦ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ ᠭᠤᠤᠯ ᠴᠣᠭᠴᠠ ᠪᠣᠯ ᠪᠠᠭᠰᠢ ᠠᠵᠢᠯᠲᠠᠨ ᠠᠵᠢᠯᠴᠢᠨ᠎ᠤ ᠪᠠᠶ᠋ᠢᠭ᠎ᠠ ᠳᠡᠭᠡᠳᠦ ᠰᠤᠷᠭ᠋ᠠᠭᠤᠯᠢ ᠪᠠᠢ᠌ᠵᠤ᠂ ᠳᠡᠭᠡᠳᠦ ᠰᠤᠷᠭ᠋ᠠᠭᠤᠯᠢ᠎ᠠᠴᠠ ᠪᠥᠬᠥ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠬᠡᠰᠡᠭ᠎ᠲᠤ ᠪᠠᠶ᠋ᠢᠴᠠᠭ᠋ᠠᠨ ᠯᠠᠪᠯᠠᠨ᠎ᠠ ᠭᠡᠵᠦ ᠲᠣᠳᠤᠷᠬᠠᠢ ᠳᠣᠭᠲᠠᠭ᠋ᠠᠪᠠ᠃
《ᠮᠡᠳᠡᠭᠳᠡᠯ》᠎ᠳᠤ᠂ ᠤᠷᠢᠬᠤ᠎ᠪᠠᠷ ᠪᠠᠶ᠋ᠢᠭ᠎ᠠ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ᠎ᠪᠠᠷ ᠳᠡᠮᠵᠢᠨ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠴᠠᠭ᠋ᠠᠵᠠᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠬᠤ ᠵᠢ ᠣᠯᠵᠤ ᠮᠡᠳᠡᠪᠡᠯ᠂ ᠤᠷᠢᠵᠤ ᠪᠣᠯᠬᠤ ᠥᠬᠡᠶ ᠪᠥᠭᠡᠳ ᠤᠷᠢᠬᠤ᠎ᠪᠠᠷ ᠪᠠᠶ᠋ᠢᠭ᠎ᠠ ᠨᠢᠭᠡᠴᠢ᠎ᠠᠴᠠ ᠪᠠᠶ᠋ᠢᠴᠠᠭ᠋ᠠᠨ ᠯᠠᠪᠯᠠᠬᠤ ᠡᠲᠡᠭᠡᠳ᠎ᠲᠤ ᠤᠷᠢᠬᠤ ᠥᠬᠡᠶ ᠤᠴᠢᠷ ᠰᠢᠯᠲᠠᠭ᠋ᠠᠨ ᠪᠠ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ; ᠤᠷᠢᠬᠤ᠎ᠪᠠᠷ ᠪᠠᠶ᠋ᠢᠭ᠎ᠠ ᠪᠠᠭᠰᠢ ᠵᠢ ᠪᠠᠶ᠋ᠢᠴᠠᠭ᠋ᠠᠨ ᠯᠠᠪᠯᠠᠬᠤ᠎ᠪᠠᠷ ᠳᠡᠮᠵᠢᠨ ᠪᠠᠭᠰᠢ ᠵᠢᠨ ᠬᠢᠷᠢ ᠬᠡᠮ᠎ᠢ ᠠᠯᠳᠠᠭᠰᠠᠨ ᠮᠡᠳᠡᠭᠡ ᠵᠠᠩᠭᠢ ᠪᠠ ᠪᠠᠭᠰᠢ ᠵᠢᠨ ᠬᠢᠷᠢ ᠬᠡᠮ᠎ᠢ ᠬᠦᠴᠦᠨ ᠥᠬᠡᠶ ᠪᠣᠯᠭ᠋ᠠᠬᠤ ᠬᠤᠭᠤᠴᠠᠭ᠋ᠠᠨ᠎ᠳᠤ ᠪᠠᠶ᠋ᠢᠬᠤ ᠵᠢ ᠣᠯᠵᠤ ᠮᠡᠳᠡᠪᠡᠯ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ ᠬᠢᠬᠦ ᠪᠠᠭᠰᠢ᠎ᠪᠠᠷ ᠤᠷᠢᠵᠤ ᠪᠣᠯᠬᠤ ᠥᠬᠡᠶ ᠪᠥᠭᠡᠳ ᠤᠷᠢᠬᠤ᠎ᠪᠠᠷ ᠪᠠᠶ᠋ᠢᠭ᠎ᠠ ᠨᠢᠭᠡᠴᠢ᠎ᠠᠴᠠ ᠪᠠᠶ᠋ᠢᠴᠠᠭ᠋ᠠᠨ ᠯᠠᠪᠯᠠᠬᠤ ᠡᠲᠡᠭᠡᠳ᠎ᠢ ᠤᠷᠢᠬᠤ ᠥᠬᠡᠶ ᠤᠴᠢᠷ ᠰᠢᠯᠲᠠᠭ᠋ᠠᠨ ᠪᠠ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ ᠭᠡᠵᠦ ᠳᠣᠭᠲᠠᠭ᠋ᠠᠪᠠ᠃
《ᠮᠡᠳᠡᠭᠳᠡᠯ》᠎ᠳᠤ᠂ ᠬᠡᠷᠪᠡ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠤᠷᠭ᠋ᠠᠭᠤᠯᠢ ᠵᠢᠴᠢ ᠲᠡᠭᠦᠨ᠎ᠤ ᠠᠵᠢᠯᠲᠠᠨ ᠲᠣᠭᠲᠠᠭ᠋ᠠᠯ ᠶᠣᠰᠤ᠎ᠪᠠᠷ ᠪᠠᠶ᠋ᠢᠴᠠᠭ᠋ᠠᠨ ᠯᠠᠪᠯᠠᠬᠤ᠎ᠪᠠᠷ ᠭᠤᠶᠤᠴᠢᠯᠠᠭᠰᠠᠨ ᠥᠬᠡᠶ ᠪᠤᠶᠤ ᠪᠠᠶ᠋ᠢᠴᠠᠭ᠋ᠠᠨ ᠯᠠᠪᠯᠠᠭᠰᠠᠨ ᠥᠬᠡᠶ᠂ ᠪᠠᠶ᠋ᠢᠴᠠᠭ᠋ᠠᠨ ᠯᠠᠪᠯᠠᠭ᠋ᠠᠳ ᠠᠰᠠᠭᠤᠳᠠᠯ᠎ᠲᠠᠢ ᠬᠥᠮᠦᠨ᠎ᠢ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠤ᠎ᠪᠠᠷ ᠰᠢᠢ᠍ᠳᠪᠦᠷᠢᠯᠡᠭᠰᠡᠨ ᠥᠬᠡᠶ᠂ ᠪᠠᠶ᠋ᠢᠴᠠᠭ᠋ᠠᠨ ᠯᠠᠪᠯᠠᠭᠰᠠᠨ ᠬᠠᠮᠢᠶ᠎ᠠ ᠪᠥᠬᠥᠶ ᠮᠡᠳᠡᠭᠡ ᠵᠠᠩᠭᠢ ᠵᠢ ᠲᠠᠷᠬᠠᠭ᠋ᠠᠭᠰᠠᠨ᠂ ᠵᠠᠳᠠᠷᠠᠭᠤᠯᠤᠭᠰᠠᠨ᠂ ᠥᠭᠡᠷᠡᠲᠦᠭᠦᠯᠦᠭᠰᠡᠨ᠂ ᠵᠦᠶ ᠵᠣᠬᠢᠰ ᠥᠬᠡᠶ᠎ᠪᠠᠷ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ᠂ ᠡᠰᠡᠬᠦᠯ᠎ᠡ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠵᠥᠷᠢᠴᠡᠭᠰᠡᠨ ᠪᠤᠰᠤᠳ ᠪᠠᠶ᠋ᠢᠳᠠᠯ᠎ᠲᠠᠢ ᠪᠣᠯ ᠬᠠᠤᠯᠢ ᠲᠣᠭᠲᠠᠭ᠋ᠠᠯ ᠶᠣᠰᠤ᠎ᠪᠠᠷ ᠰᠢᠢ᠍ᠳᠪᠦᠷᠢᠯᠡᠨ᠎ᠡ ᠭᠡᠵᠦ ᠳᠣᠭᠲᠠᠭ᠋ᠠᠪᠠ᠃
ᠳᠠᠷᠠᠭ᠎ᠠ ᠠᠯᠬᠤᠮ᠎ᠳᠤ᠂ ᠰᠤᠷᠭ᠋ᠠᠨ ᠬᠥᠮᠦᠵᠢᠯ᠎ᠤᠨ ᠶᠠᠮᠤᠨ ᠡᠯ᠎ᠡ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠠᠯᠠᠭ᠎ᠠ ᠮᠥᠴᠢᠷ᠎ᠤᠨ ᠰᠤᠷᠭ᠋ᠠᠨ ᠬᠥᠮᠦᠵᠢᠯ᠎ᠤᠨ ᠵᠤᠷᠭ᠋ᠠᠨ (ᠲᠣᠪᠴᠢᠶ᠎ᠠ) ᠪᠣᠯᠤᠨ ᠰᠤᠷᠭ᠋ᠠᠨ ᠬᠥᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠳᠡᠭᠡᠳᠦ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ ᠤᠷᠢᠬᠤ ᠵᠢ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠢ ᠰᠠᠶ᠋ᠢᠲᠤᠷ ᠬᠢᠬᠦ ᠵᠢ ᠵᠢᠯᠣᠭᠣᠳᠤᠨ᠎ᠠ᠃ ᠡᠯ᠎ᠡ ᠭᠠᠵᠠᠷ᠎ᠤᠨ᠎ᠬᠢᠨ᠎ᠢ ᠰᠢᠪᠠᠳᠠᠭᠤᠯᠵᠤ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠤᠨ ᠲᠠᠶ᠋ᠢᠯᠪᠤᠷᠢᠯᠠᠵᠤ᠂ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠢ ᠠᠬᠢᠭᠤᠯᠬᠤ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠬᠡᠷᠡᠭᠲᠡᠶ; ᠲᠤᠰ ᠣᠷᠣᠨ ᠪᠦᠰᠡ ᠵᠢᠨ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠢ ᠬᠡᠷᠡᠭᠵᠢᠭᠦᠯᠬᠦ ᠵᠢ ᠬᠢᠨᠠᠯᠲᠠ ᠲᠠᠯᠪᠢᠨ ᠵᠢᠯᠣᠭᠣᠳᠴᠤ᠂ ᠪᠠᠶ᠋ᠢᠴᠠᠭ᠋ᠠᠨ ᠯᠠᠪᠯᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠤᠨ᠂ ᠪᠠᠢ᠌ᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠦᠨ᠎ᠡ; ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠮᠢᠶ᠎ᠠ ᠪᠥᠬᠥᠶ ᠲᠣᠭᠲᠠᠭ᠋ᠠᠯ᠎ᠢ ᠴᠢᠩᠭ᠎ᠠ ᠵᠢᠷᠤᠮᠯᠠᠨ᠂ ᠬᠠᠮᠢᠶ᠎ᠠ ᠪᠥᠬᠥᠶ ᠨᠢᠭᠡᠴᠢ ᠪᠠ ᠠᠵᠢᠯᠲᠠᠨ᠎ᠢ ᠵᠢᠯᠣᠭᠣᠳᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ ᠪᠠᠶ᠋ᠢᠴᠠᠭ᠋ᠠᠨ ᠯᠠᠪᠯᠠᠬᠤ ᠡᠲᠡᠭᠡᠳ᠎ᠤᠨ ᠬᠤᠪᠢ ᠬᠥᠮᠦᠨ᠎ᠤ ᠨᠢᠭᠤᠴᠠ ᠪᠠ ᠪᠤᠰᠤᠳ ᠬᠠᠤᠯᠢ ᠶᠣᠰᠣᠨ᠎ᠤ ᠡᠷᠬᠡ᠎ᠳᠤ ᠬᠠᠯᠳᠠᠵᠤ ᠪᠣᠯᠬᠤ ᠥᠬᠡᠶ᠃
ᠳᠣᠣᠷ᠎ᠠ ᠬᠠᠮᠲᠤ᠎ᠳᠤ᠎ᠪᠠᠨ 《ᠮᠡᠳᠡᠭᠳᠡᠯ》᠎ᠢ ᠦᠵᠡᠵᠡᠭᠡᠶ᠎ᠡ!
ᠰᠤᠷᠭ᠋ᠠᠨ ᠬᠥᠮᠦᠵᠢᠯ᠎ᠤᠨ ᠶᠠᠮᠤᠨ᠎ᠤ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ
ᠯᠠᠪᠯᠠᠬᠤ᠎ᠪᠠᠷ ᠤᠷᠣᠬᠤ ᠵᠢ ᠵᠦᠪᠰᠢᠶᠡᠷᠡᠬᠦ ᠠᠵᠢᠯ᠎ᠢ ᠠᠬᠢᠭᠤᠯᠬᠤ ᠲᠤᠬᠠᠶ ᠮᠡᠳᠡᠭᠳᠡᠯ
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠰᠤᠷᠭ᠋ᠠᠨ ᠬᠥᠮᠦᠵᠢᠯ᠎ᠤᠨ ᠲᠢᠩᠬᠢᠮ (ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠰᠤᠷᠭ᠋ᠠᠨ ᠬᠥᠮᠦᠵᠢᠯ᠎ᠤᠨ ᠳᠣᠪᠴᠢᠶ᠎ᠠ᠂ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ)᠎ᠤᠨ ᠰᠤᠷᠭ᠋ᠠᠨ ᠬᠥᠮᠦᠵᠢᠯ᠎ᠤᠨ ᠵᠤᠷᠭ᠋ᠠᠨ (ᠳᠣᠪᠴᠢᠶ᠎ᠠ)᠂ ᠶᠠᠮᠤᠨ᠎ᠳᠤ ᠬᠠᠷᠢᠶᠠᠯᠠᠭᠳᠠᠬᠤ ᠡᠯ᠎ᠡ ᠳᠡᠭᠡᠳᠦ ᠰᠤᠷᠭ᠋ᠠᠭᠤᠯᠢ᠎ᠳᠤ᠄
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ᠎ᠢ ᠴᠡᠪᠡᠷᠰᠢᠭᠦᠯᠬᠦ ᠵᠢᠨ ᠲᠥᠯᠦᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠵᠠᠷᠭᠤ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭᠰᠢ ᠵᠢᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠥᠵᠢᠯ᠎ᠤᠨ ᠬᠠᠤᠯᠢ》᠂ 《ᠪᠥᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠭᠡᠷ᠎ᠡ ᠵᠢᠨ ᠬᠠᠤᠯᠢ》 ᠵᠡᠷᠭᠡ ᠬᠠᠤᠯᠢ ᠴᠠᠭ᠋ᠠᠵᠠ ᠵᠢᠨ ᠳᠣᠭᠲᠠᠭ᠋ᠠᠯ᠎ᠢ ᠦᠨᠳᠦᠰᠦᠯᠡᠨ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》 (ᠳᠡᠭᠡᠳᠦ ᠪᠠᠶ᠋ᠢᠴᠠᠭ᠋ᠠᠬᠤ ᠲᠠᠷᠬᠠᠭ᠋ᠠᠭᠰᠠᠨ [2020] 14 ᠳ᠋ᠦ᠍ᠭᠡᠷ ᠲᠣᠭ᠋ᠠᠲᠤ) ᠪᠠ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》 (ᠰᠢᠭᠦᠬᠦ ᠲᠠᠷᠬᠠᠭ᠋ᠠᠭᠰᠠᠨ [2022] 32 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠤ᠎ᠪᠠᠷ ᠪᠠᠭᠰᠢ ᠠᠵᠢᠯᠲᠠᠨ ᠠᠵᠢᠯᠴᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ᠎ᠤᠨ ᠶᠠᠮᠤᠨ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠳᠤ ᠣᠷᠣᠯᠴᠠᠬᠤ ᠵᠢ ᠵᠦᠪᠰᠢᠶᠡᠷᠡᠬᠦ ᠠᠵᠢᠯ᠎ᠢ ᠥᠷᠨᠢᠭᠦᠯᠦᠨ᠂ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠠᠪᠴᠠᠩ (ᠳᠣᠷᠣᠭᠰᠢ ᠪᠠᠶ᠋ᠢᠴᠠᠭ᠋ᠠᠨ ᠯᠠᠪᠯᠠᠬᠤ ᠲᠠᠪᠴᠠᠩ ᠭᠡᠵᠦ ᠳᠦᠭᠦᠮᠴᠢᠯᠡᠨ᠎ᠡ)᠎ᠢ ᠰᠦᠯᠵᠢᠶᠡᠨ᠎ᠳᠤ ᠣᠷᠣᠭᠤᠯᠤᠨ ᠬᠡᠷᠡᠭᠯᠡᠬᠦ ᠵᠢ ᠠᠬᠢᠭᠤᠯᠤᠨ᠎ᠠ᠃ ᠡᠳᠦᠭᠡ ᠬᠣᠯᠪᠣᠭᠳᠠᠯ ᠪᠦᠬᠦᠢ ᠵᠦᠢ᠍ᠯ᠎ᠢ ᠮᠡᠳᠡᠭᠳᠡᠪᠡ᠃
ᠨᠢᠭᠡ᠂ ᠬᠠᠷᠠᠯᠲᠠ ᠪᠠ ᠡᠭᠦᠷᠭᠡ
ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠪᠠᠭᠰᠢ ᠵᠢᠨ ᠡᠩᠨᠡᠭᠡᠨ᠎ᠳᠤ ᠣᠷᠣᠬᠤ ᠪᠣᠭᠣᠮᠲᠠ ᠵᠢ ᠴᠢᠩᠭ᠎ᠠ ᠰᠠᠬᠢᠵᠤ᠂ ᠪᠠᠭᠰᠢ ᠵᠢᠨ ᠡᠩᠨᠡᠭᠡᠨ᠎ᠤ ᠴᠢᠨᠠᠷ ᠴᠢᠨᠰᠠᠭ᠎ᠠ ᠵᠢ ᠪᠡᠬᠢᠵᠢᠭᠦᠯᠦᠨ᠎ᠡ᠃ ᠪᠠᠭᠰᠢ ᠵᠢᠨ ᠮᠣᠷᠠᠯ ᠰᠤᠷᠲᠠᠯ᠎ᠤᠨ ᠨᠢᠭᠡᠳᠦᠭᠡᠷ ᠪᠠᠷᠢᠮᠵᠢᠶ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠭᠰᠢ ᠵᠢ ᠤᠷᠢᠬᠤ ᠵᠡᠷᠭᠡ ᠭᠣᠭᠴᠣᠭ᠎ᠠ᠎ᠳᠤ ᠠᠭᠤᠰᠬᠠᠨ ᠣᠷᠣᠭᠤᠯᠵᠤ᠂ ᠡᠳᠦᠷ ᠲᠤᠲᠤᠮ᠎ᠤᠨ ᠠᠵᠢᠯ᠎ᠳᠤ ᠪᠡᠶᠡᠯᠡᠭᠦᠯᠦᠨ᠂ ᠡᠳᠦᠷ ᠲᠤᠲᠤᠮ᠎ᠤᠨ ᠠᠵᠢᠯ᠎ᠳᠤ ᠴᠢᠩᠳᠠᠯᠠᠨ᠎ᠠ᠃ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠳᠦᠷᠢᠮ᠎ᠢ ᠲᠡᠭᠦᠯᠳᠡᠷᠵᠢᠭᠦᠯᠵᠦ᠂ ᠪᠠᠶ᠋ᠢᠴᠠᠭ᠋ᠠᠨ ᠯᠠᠪᠯᠠᠬᠤ ᠲᠠᠪᠴᠠᠩ᠎ᠤᠨ ᠬᠡᠷᠡᠭᠯᠡᠯᠲᠡ ᠵᠢ ᠠᠬᠢᠭᠤᠯᠤᠨ᠂ ᠮᠡᠳᠡᠭᠡ ᠵᠠᠩᠭᠢᠴᠢᠯᠠᠯᠲᠠ᠂ ᠲᠣᠭ᠋ᠠᠵᠢᠭᠤᠯᠤᠯᠲᠠ᠎ᠪᠠᠷ ᠪᠠᠭᠰᠢ ᠵᠢᠨ ᠡᠩᠨᠡᠭᠡᠨ᠎ᠤ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ᠎ᠳᠤ ᠪᠠᠲᠤ ᠪᠡᠬᠢ ᠪᠠᠭᠰᠢ ᠵᠢᠨ ᠰᠠᠭᠤᠷᠢ ᠵᠢ ᠲᠠᠯᠪᠢᠨ᠎ᠠ᠃
ᠬᠣᠶᠠᠷ᠂ ᠪᠠᠶ᠋ᠢᠴᠠᠭ᠋ᠠᠨ ᠯᠠᠪᠯᠠᠬᠤ ᠱᠠᠭ᠋ᠠᠷᠳᠠᠯᠭ᠎ᠠ
(ᠨᠢᠭᠡ) ᠰᠠᠭᠤᠷᠢ ᠰᠤᠷᠭ᠋ᠠᠨ ᠬᠥᠮᠦᠵᠢᠯ
1. ᠪᠠᠶ᠋ᠢᠴᠠᠭ᠋ᠠᠨ ᠯᠠᠪᠯᠠᠬᠤ ᠡᠲᠡᠭᠡᠳ
ᠳᠤᠮᠳᠠᠳᠤ ᠪᠠᠭ᠎ᠠ ᠰᠤᠷᠭ᠋ᠠᠭᠤᠯᠢ (ᠬᠡᠦᠬᠡᠳ᠎ᠤᠨ ᠴᠡᠴᠡᠷᠯᠢᠭ᠂ ᠳᠤᠮᠳᠠᠳᠤ ᠪᠠᠭ᠎ᠠ ᠰᠤᠷᠭ᠋ᠠᠭᠤᠯᠢ᠂ ᠣᠨᠴᠠᠭ᠋ᠠᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠴᠢ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠡᠷᠭᠡ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠤᠰᠠᠯᠠᠬᠤ ᠠᠵᠢᠯᠲᠠᠨ᠂ ᠵᠠᠰᠠᠭ ᠵᠠᠬᠢᠷᠭ᠋ᠠᠨ᠎ᠤ ᠠᠵᠢᠯᠲᠠᠨ᠂ ᠰᠤᠯᠠ ᠠᠵᠢᠯᠲᠠᠨ᠂ ᠠᠮᠤᠷ᠎ᠢ ᠬᠠᠮᠠᠭ᠋ᠠᠯᠠᠬᠤ ᠠᠵᠢᠯᠲᠠᠨ ᠵᠡᠷᠭᠡ ᠵᠢ ᠪᠠᠭᠲᠠᠭ᠋ᠠᠭᠰᠠᠨ ᠰᠤᠷᠭ᠋ᠠᠭᠤᠯᠢ ᠵᠢᠨ ᠬᠦᠷᠢᠶᠡᠨ᠎ᠳᠤ ᠠᠵᠢᠯᠯᠠᠬᠤ ᠠᠵᠢᠯᠲᠠᠨ᠎ᠢ ᠪᠠᠭᠲᠠᠭ᠋ᠠᠨ᠎ᠠ᠃
2. ᠪᠠᠶ᠋ᠢᠴᠠᠭ᠋ᠠᠨ ᠯᠠᠪᠯᠠᠬᠤ ᠵᠠᠩᠭᠢᠶᠠᠰᠤ
ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠠᠵᠢᠯ᠎ᠳᠤ ᠣᠷᠣᠬᠤ᠎ᠠᠴᠠ ᠡᠮᠦᠨ᠎ᠡ ᠪᠠᠶ᠋ᠢᠴᠠᠭ᠋ᠠᠨ ᠯᠠᠪᠯᠠᠨ᠎ᠠ᠃
3. ᠪᠠᠶ᠋ᠢᠴᠠᠭ᠋ᠠᠨ ᠯᠠᠪᠯᠠᠬᠤ ᠠᠭᠤᠯᠭ᠎ᠠ
ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠢᠬᠤ᠎ᠪᠠᠷ ᠪᠠᠶ᠋ᠢᠭ᠎ᠠ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠪᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭᠰᠢ ᠵᠢᠨ ᠬᠠᠤᠯᠢ》᠂ 《ᠪᠠᠭᠰᠢ ᠵᠢᠨ ᠬᠢᠷᠢ ᠬᠡᠮ᠎ᠤᠨ ᠲᠦᠷᠢᠮ》᠎ᠳᠤ ᠲᠣᠭᠲᠠᠭ᠋ᠠᠭᠰᠠᠨ ᠪᠠᠭᠰᠢ ᠵᠢᠨ ᠬᠢᠷᠢ ᠬᠡᠮ᠎ᠢ ᠬᠢᠵᠠᠭ᠋ᠠᠷᠯᠠᠬᠤ ᠬᠥᠮᠥᠷᠭᠡ᠎ᠳᠤ ᠨᠢᠭᠡᠨᠲᠡ ᠣᠷᠣᠭᠤᠯᠤᠭᠰᠠᠨ ᠪᠣᠯ ᠪᠠᠭᠰᠢ ᠵᠢᠨ ᠬᠢᠷᠢ ᠬᠡᠮ᠎ᠤᠨ ᠮᠡᠳᠡᠭᠡ ᠵᠠᠩᠭᠢ ᠵᠢ ᠬᠦᠴᠦᠨ ᠥᠬᠡᠶ ᠪᠣᠯᠭ᠋ᠠᠨ᠎ᠠ᠃
ᠳᠤᠮᠳᠠᠳᠤ ᠪᠠᠭ᠎ᠠ ᠰᠤᠷᠭ᠋ᠠᠭᠤᠯᠢ ᠵᠢᠨ ᠪᠤᠰᠤᠳ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠨ᠎ᠠ᠃
4. ᠪᠠᠶ᠋ᠢᠴᠠᠭ᠋ᠠᠨ ᠯᠠᠪᠯᠠᠬᠤ ᠭᠣᠣᠯ ᠴᠣᠭᠴᠠ
ᠳᠤᠮᠳᠠᠳᠤ ᠪᠠᠭ᠎ᠠ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ ᠭᠤᠤᠯ ᠴᠣᠭᠴᠠ ᠪᠣᠯ ᠳᠤᠮᠳᠠᠳᠤ ᠪᠠᠭ᠎ᠠ ᠰᠤᠷᠭ᠋ᠠᠭᠤᠯᠢ ᠵᠢ ᠭᠤᠤᠯᠴᠢᠯᠠᠨ ᠬᠠᠮᠢᠶᠠᠷᠬᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ᠎ᠠ᠃
5. ᠪᠠᠶ᠋ᠢᠴᠠᠭ᠋ᠠᠨ ᠯᠠᠪᠯᠠᠬᠤ ᠲᠡᠰ ᠳᠠᠷᠠᠭ᠋ᠠᠯᠠᠯ
ᠳᠤᠮᠳᠠᠳᠤ ᠪᠠᠭ᠎ᠠ ᠰᠤᠷᠭ᠋ᠠᠭᠤᠯᠢ᠎ᠨᠢ ᠪᠥᠬᠥ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠬᠡᠰᠡᠭ᠎ᠲᠤ ᠪᠠᠶ᠋ᠢᠴᠠᠭ᠋ᠠᠨ ᠯᠠᠪᠯᠠᠬᠤ ᠭᠤᠶᠤᠴᠢᠯᠠᠯ ᠵᠶ᠋ᠠᠨ ᠲᠤᠰᠢᠶᠠᠵᠤ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠬᠠᠷᠭᠤᠭᠤᠯᠬᠤ ᠵᠢᠨ ᠬᠠᠮᠲᠤ ᠪᠠᠶ᠋ᠢᠴᠠᠭ᠋ᠠᠨ ᠯᠠᠪᠯᠠᠨ᠎ᠠ᠃
(ᠬᠣᠶᠠᠷ) ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ
1. ᠪᠠᠶ᠋ᠢᠴᠠᠭ᠋ᠠᠨ ᠯᠠᠪᠯᠠᠬᠤ ᠡᠲᠡᠭᠡᠳ
ᠳᠡᠭᠡᠳᠦ ᠰᠤᠷᠭ᠋ᠠᠭᠤᠯᠢ (ᠡᠩ᠎ᠤᠨ ᠦᠨᠳᠦᠰᠦᠨ ᠠᠩᠭᠢᠲᠤ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠨᠠᠰᠤᠨ᠎ᠳᠤ ᠬᠦᠷᠦᠭᠰᠡᠳ᠎ᠤᠨ ᠳᠡᠭᠡᠳᠦ ᠵᠡᠷᠭᠡ ᠵᠢᠨ ᠰᠤᠷᠭ᠋ᠠᠭᠤᠯᠢ᠂ ᠪᠤᠰᠤᠳ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠂ ᠰᠣᠳᠤᠯᠤᠨ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠡᠷᠭᠡ ᠵᠢ ᠪᠠᠭᠲᠠᠭ᠋ᠠᠨ᠎ᠠ᠂ ᠳᠣᠷᠣᠭᠰᠢ ᠠᠳᠠᠯᠢ)ᠵᠢᠨ ᠤᠷᠢᠬᠤ᠎ᠪᠠᠷ ᠪᠠᠢ᠌ᠭ᠎ᠠ ᠪᠠᠭᠰᠢ᠃
ᠳᠡᠭᠡᠳᠦ ᠰᠤᠷᠭ᠋ᠠᠭᠤᠯᠢ ᠵᠢᠨ ᠪᠤᠰᠤᠳ ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ᠎ᠳᠤ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
2. ᠪᠠᠶ᠋ᠢᠴᠠᠭ᠋ᠠᠨ ᠯᠠᠪᠯᠠᠬᠤ ᠵᠠᠩᠭᠢᠶᠠᠰᠤ
ᠳᠡᠭᠡᠳᠦ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠵᠢ ᠠᠵᠢᠯ᠎ᠳᠤ ᠣᠷᠣᠬᠤ᠎ᠠᠴᠠ ᠡᠮᠦᠨ᠎ᠡ ᠪᠠᠶ᠋ᠢᠴᠠᠭ᠋ᠠᠨ ᠯᠡᠪᠯᠠᠨᠠ᠃
3. ᠪᠠᠶ᠋ᠢᠴᠠᠭ᠋ᠠᠨ ᠯᠠᠪᠯᠠᠬᠤ ᠠᠭᠤᠯᠭ᠎ᠠ
ᠳᠡᠭᠡᠳᠦ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠪᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭᠰᠢ ᠵᠢᠨ ᠬᠠᠤᠯᠢ》᠂ 《ᠪᠠᠭᠰᠢ ᠵᠢᠨ ᠬᠢᠷᠢ ᠬᠡᠮ᠎ᠤᠨ ᠲᠦᠷᠢᠮ》᠎ᠳᠤ ᠲᠣᠭᠲᠠᠭ᠋ᠠᠭᠰᠠᠨ ᠪᠠᠭᠰᠢ ᠵᠢᠨ ᠬᠢᠷᠢ ᠬᠡᠮ᠎ᠢ ᠬᠢᠵᠠᠭ᠋ᠠᠷᠯᠠᠬᠤ ᠬᠥᠮᠥᠷᠭᠡ᠎ᠳᠤ ᠨᠢᠭᠡᠨᠲᠡ ᠣᠷᠣᠭᠤᠯᠤᠭᠰᠠᠨ ᠪᠣᠯ᠂ ᠪᠠᠭᠰᠢ ᠵᠢᠨ ᠬᠢᠷᠢ ᠬᠡᠮ᠎ᠤᠨ ᠮᠡᠳᠡᠭᠡ ᠵᠠᠩᠭᠢ ᠵᠢ ᠬᠦᠴᠦᠨ ᠥᠬᠡᠶ ᠪᠣᠯᠭ᠋ᠠᠨ᠎ᠠ᠃
4. ᠪᠠᠶ᠋ᠢᠴᠠᠭ᠋ᠠᠨ ᠯᠠᠪᠯᠠᠬᠤ ᠭᠣᠣᠯ ᠴᠣᠭᠴᠠ
ᠳᠡᠭᠡᠳᠦ ᠰᠤᠷᠭ᠋ᠠᠭᠤᠯᠢ ᠵᠢᠨ ᠤᠷᠢᠬᠤ᠎ᠪᠠᠷ ᠪᠠᠢ᠌ᠭ᠎ᠠ ᠪᠠᠭᠰᠢ ᠵᠢ ᠪᠠᠶ᠋ᠢᠴᠠᠭ᠋ᠠᠨ ᠯᠠᠪᠯᠠᠬᠤ ᠭᠤᠤᠯ ᠴᠣᠭᠴᠠ ᠪᠣᠯ ᠪᠠᠭᠰᠢ ᠵᠢᠨ ᠪᠠᠶ᠋ᠢᠭ᠎ᠠ ᠳᠡᠭᠡᠳᠦ ᠰᠤᠷᠭ᠋ᠠᠭᠤᠯᠢ ᠪᠣᠯᠤᠨ᠎ᠠ᠃
5. ᠪᠠᠶ᠋ᠢᠴᠠᠭ᠋ᠠᠨ ᠯᠠᠪᠯᠠᠬᠤ ᠲᠡᠰ ᠳᠠᠷᠠᠭ᠋ᠠᠯᠠᠯ
ᠳᠡᠭᠡᠳᠦ ᠰᠤᠷᠭ᠋ᠠᠭᠤᠯᠢ ᠪᠥᠬᠥ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠬᠡᠰᠡᠭ᠎ᠲᠤ ᠪᠠᠶ᠋ᠢᠴᠠᠭ᠋ᠠᠨ ᠯᠠᠪᠯᠠᠨ᠎ᠠ᠃
ᠭᠤᠷᠪᠠ᠂ ᠦᠷ᠎ᠡ ᠳ᠋ᠦᠩ᠎ᠢ ᠬᠡᠷᠡᠭᠯᠡᠬᠦ
ᠤᠷᠢᠬᠤ᠎ᠪᠠᠷ ᠪᠠᠢ᠌ᠭ᠎ᠠ ᠪᠠᠭᠰᠢ ᠠᠵᠢᠯᠲᠠᠨ ᠠᠵᠢᠯᠴᠢᠨ᠎ᠢ ᠪᠠᠶ᠋ᠢᠴᠠᠭ᠋ᠠᠨ ᠯᠠᠪᠯᠠᠬᠤ᠎ᠪᠠᠷ ᠳᠡᠮᠵᠢᠨ 《ᠪᠠᠭᠰᠢ ᠠᠵᠢᠯᠲᠠᠨ ᠠᠵᠢᠯᠴᠢᠨ᠎ᠤ ᠪᠡᠯᠭᠡ ᠵᠢᠨ ᠬᠠᠯᠳᠠᠯᠭ᠎ᠠ ᠵᠢᠨ ᠴᠢᠨᠠᠷᠲᠠᠶ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠳᠣᠭᠲᠠᠭ᠋ᠠᠬᠤ ᠲᠤᠬᠠᠶ ᠰᠠᠨᠠᠯ》᠂ 《ᠠᠵᠢᠯ ᠡᠷᠭᠢᠯᠡᠬᠦ ᠵᠢ ᠬᠣᠷᠢᠭᠯᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠲᠤᠬᠠᠶ ᠰᠠᠨᠠᠯ》᠎ᠳᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠬᠤ ᠵᠢ ᠣᠯᠵᠤ ᠮᠡᠳᠡᠪᠡᠯ᠂ ᠤᠷᠢᠵᠤ ᠪᠣᠯᠬᠤ ᠥᠬᠡᠶ ᠪᠥᠭᠡᠳ ᠤᠷᠢᠬᠤ᠎ᠪᠠᠷ ᠪᠠᠶ᠋ᠢᠭ᠎ᠠ ᠨᠢᠭᠡᠴᠢ᠎ᠠᠴᠠ ᠪᠠᠶ᠋ᠢᠴᠠᠭ᠋ᠠᠨ ᠯᠠᠪᠯᠠᠬᠤ ᠡᠲᠡᠭᠡᠳ᠎ᠢ ᠥᠯᠥ ᠤᠷᠢᠬᠤ ᠰᠢᠯᠲᠠᠭ᠋ᠠᠨ ᠪᠠ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ; ᠤᠷᠢᠬᠤ᠎ᠪᠠᠷ ᠪᠠᠶ᠋ᠢᠭ᠎ᠠ ᠪᠠᠭᠰᠢ ᠵᠢ ᠪᠠᠶ᠋ᠢᠴᠠᠭ᠋ᠠᠨ ᠯᠠᠪᠯᠠᠬᠤ᠎ᠪᠠᠷ ᠳᠡᠮᠵᠢᠨ ᠪᠠᠭᠰᠢ ᠵᠢᠨ ᠬᠢᠷᠢ ᠬᠡᠮ᠎ᠤᠨ ᠮᠡᠳᠡᠭᠡ ᠵᠠᠩᠭᠢ᠎ᠪᠠᠨ ᠠᠯᠳᠠᠭᠰᠠᠨ ᠪᠠ ᠪᠠᠭᠰᠢ ᠵᠢᠨ ᠬᠢᠷᠢ ᠬᠡᠮ᠎ᠢ ᠬᠦᠴᠦᠨ ᠥᠬᠡᠶ ᠪᠣᠯᠭ᠋ᠠᠬᠤ ᠬᠤᠭᠤᠴᠠᠭ᠋ᠠᠨ᠎ᠳᠤ ᠪᠠᠶ᠋ᠢᠬᠤ ᠵᠢ ᠣᠯᠵᠤ ᠮᠡᠳᠡᠪᠡᠯ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ ᠬᠢᠵᠦ ᠪᠠᠶ᠋ᠢᠭ᠎ᠠ ᠪᠠᠭᠰᠢ᠎ᠪᠠᠷ ᠤᠷᠢᠵᠤ ᠪᠣᠯᠬᠤ ᠥᠬᠡᠶ ᠪᠥᠭᠡᠳ ᠤᠷᠢᠬᠤ᠎ᠪᠠᠷ ᠪᠠᠶ᠋ᠢᠭ᠎ᠠ ᠨᠢᠭᠡᠴᠢ᠎ᠠᠴᠠ ᠪᠠᠶ᠋ᠢᠴᠠᠭ᠋ᠠᠨ ᠯᠠᠪᠯᠠᠬᠤ ᠡᠲᠡᠭᠡᠳ᠎ᠢ ᠤᠷᠢᠬᠤ ᠥᠬᠡᠶ ᠤᠴᠢᠷ ᠰᠢᠯᠲᠠᠭ᠋ᠠᠨ ᠪᠠ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠬᠤ ᠡᠷᠬᠡ ᠵᠢ ᠪᠢᠴᠢᠭ ᠵᠶ᠋ᠠᠷ ᠮᠡᠳᠡᠭᠳᠡᠨ᠎ᠡ᠃
ᠳᠥᠷᠪᠡ᠂ ᠰᠠᠨᠠᠯ᠎ᠢ ᠰᠢᠢ᠍ᠳᠪᠦᠷᠢᠯᠡᠬᠦ
ᠪᠠᠶ᠋ᠢᠴᠠᠭ᠋ᠠᠨ ᠯᠠᠪᠯᠠᠬᠤ ᠡᠲᠡᠭᠡᠳ᠎ᠨᠢ ᠪᠠᠶ᠋ᠢᠴᠠᠭ᠋ᠠᠨ ᠯᠠᠪᠯᠠᠭᠰᠠᠨ ᠦᠷ᠎ᠡ ᠳ᠋ᠦᠩ᠎ᠳᠤ ᠰᠠᠨᠠᠯ᠎ᠲᠠᠢ ᠪᠣᠯ᠂ ᠮᠡᠳᠡᠭᠳᠡᠯ᠎ᠢ ᠣᠯᠤᠭᠰᠠᠨ 15 ᠡᠳᠦᠷ᠎ᠤᠨ ᠳᠣᠲᠣᠷ᠎ᠠ ᠤᠷᠢᠬᠤ᠎ᠪᠠᠷ ᠪᠠᠢ᠌ᠭ᠎ᠠ ᠨᠢᠭᠡᠴᠢ᠎ᠳᠤ ᠪᠢᠴᠢᠭ ᠵᠶ᠋ᠠᠷ ᠳᠤᠷᠠᠳᠴᠤ᠂ ᠤᠷᠢᠬᠤ᠎ᠪᠠᠷ ᠪᠠᠢ᠌ᠭ᠎ᠠ ᠨᠢᠭᠡᠴᠢ᠎ᠨᠢ ᠪᠠᠶ᠋ᠢᠴᠠᠭ᠋ᠠᠨ ᠯᠠᠪᠯᠠᠬᠤ ᠭᠤᠤᠯ ᠴᠣᠭᠴᠠ ᠵᠢ ᠪᠠᠶ᠋ᠢᠴᠠᠭ᠋ᠠᠨ ᠯᠠᠪᠯᠠᠬᠤ ᠲᠠᠪᠴᠠᠩ ᠵᠶ᠋ᠠᠷ ᠳᠠᠮᠵᠢᠭᠤᠯᠤᠨ ᠳᠠᠬᠢᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠵᠤ᠂ ᠤᠷᠢᠨ ᠬᠡᠷᠡᠭᠯᠡᠬᠦ ᠨᠢᠭᠡᠴᠢ᠎ᠠᠴᠠ ᠪᠠᠶ᠋ᠢᠴᠠᠭ᠋ᠠᠨ ᠯᠠᠪᠯᠠᠭᠰᠠᠨ ᠡᠲᠡᠭᠡᠳ᠎ᠢ ᠳᠠᠬᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
ᠲᠠᠪᠤ᠂ ᠬᠠᠷᠢᠭᠤᠴᠠᠯᠭ᠎ᠠ ᠨᠡᠬᠡᠮᠵᠢᠯᠡᠭᠰᠡᠨ ᠪᠠᠶ᠋ᠢᠳᠠᠯ
ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠤᠷᠭ᠋ᠠᠭᠤᠯᠢ ᠵᠢᠴᠢ ᠠᠵᠢᠯᠲᠠᠨ ᠳᠤᠤᠷ᠎ᠠ ᠵᠢᠭᠰᠠᠭ᠋ᠠᠭᠰᠠᠨ ᠪᠠᠶ᠋ᠢᠳᠠᠯ᠎ᠲᠠᠢ ᠪᠣᠯ ᠬᠠᠤᠯᠢ ᠲᠣᠭᠲᠠᠭ᠋ᠠᠯ ᠶᠣᠰᠤ᠎ᠪᠠᠷ ᠰᠢᠢ᠍ᠳᠪᠦᠷᠢᠯᠡᠨ᠎ᠡ᠄
(ᠨᠢᠭᠡ) ᠪᠠᠶ᠋ᠢᠴᠠᠭ᠋ᠠᠨ ᠯᠠᠪᠯᠠᠬᠤ᠎ᠪᠠᠷ ᠭᠤᠶᠤᠴᠢᠯᠠᠭᠰᠠᠨ ᠦᠭᠡᠢ ᠪᠤᠶᠤ ᠪᠠᠶ᠋ᠢᠴᠠᠭ᠋ᠠᠨ ᠯᠠᠪᠯᠠᠬᠤ᠎ᠪᠠᠷ ᠭᠤᠶᠤᠴᠢᠯᠠᠬᠤ ᠡᠭᠦᠷᠭᠡ᠎ᠪᠠᠨ ᠦᠯᠦ ᠭᠦᠢ᠍ᠴᠡᠳᠬᠡᠭᠰᠡᠨ;
(ᠬᠣᠶᠠᠷ) ᠠᠰᠠᠭᠤᠳᠠᠯ᠎ᠲᠠᠢ ᠬᠥᠮᠦᠨ᠎ᠢ ᠪᠠᠶ᠋ᠢᠴᠠᠭ᠋ᠠᠨ ᠯᠠᠪᠯᠠᠬᠤ᠎ᠳᠤ᠎ᠪᠠᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠤ᠎ᠪᠠᠷ ᠰᠢᠢ᠍ᠳᠪᠦᠷᠢᠯᠡᠭᠰᠡᠨ ᠦᠭᠡᠢ;
(ᠭᠤᠷᠪᠠ) ᠪᠠᠶ᠋ᠢᠴᠠᠭ᠋ᠠᠨ ᠯᠠᠪᠯᠠᠵᠤ ᠣᠯᠵᠤ ᠮᠡᠳᠡᠭᠰᠡᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠲᠠᠷᠬᠠᠭ᠋ᠠᠭᠰᠠᠨ᠂ ᠵᠠᠳᠠᠷᠠᠭᠤᠯᠤᠭᠰᠠᠨ᠂ ᠥᠭᠡᠷᠡᠲᠦᠭᠦᠯᠦᠭᠰᠡᠨ᠂ ᠵᠣᠬᠢᠰ ᠦᠭᠡᠶ ᠬᠡᠷᠡᠭᠯᠡᠭᠰᠡᠨ;
(ᠳᠥᠷᠪᠡ) ᠠᠯᠪᠠᠨ ᠲᠤᠰᠢᠶᠠᠯᠲᠤ᠎ᠪᠠᠨ ᠠᠯᠮᠠᠶ᠋ᠢᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ;
(ᠲᠠᠪᠤ) ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠲᠦᠷᠢᠮ᠎ᠢ ᠵᠥᠷᠢᠴᠡᠭᠰᠡᠨ ᠪᠤᠰᠤᠳ ᠪᠠᠶ᠋ᠢᠳᠠᠯ᠃
ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
ᠡᠯ᠎ᠡ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠠᠯᠠᠭ᠎ᠠ ᠮᠥᠴᠢᠷ᠎ᠤᠨ ᠰᠤᠷᠭ᠋ᠠᠨ ᠬᠥᠮᠦᠵᠢᠯ᠎ᠤᠨ ᠵᠤᠷᠭ᠋ᠠᠨ (ᠲᠣᠪᠴᠢᠶ᠎ᠠ) ᠪᠣᠯᠤᠨ ᠰᠤᠷᠭ᠋ᠠᠨ ᠬᠥᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠡᠯ᠎ᠡ ᠳᠡᠭᠡᠳᠦ ᠰᠤᠷᠭ᠋ᠠᠭᠤᠯᠢ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠤᠨ ᠲᠠᠶ᠋ᠢᠯᠪᠤᠷᠢᠯᠠᠵᠤ᠂ ᠪᠠᠭᠰᠢ ᠠᠵᠢᠯᠲᠠᠨ ᠠᠵᠢᠯᠴᠢᠨ᠎ᠤ ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠢ ᠥᠷᠨᠢᠭᠦᠯᠬᠦ ᠠᠷᠢᠭᠤᠨ ᠴᠢᠬᠡᠴᠢ ᠣᠷᠴᠢᠨ ᠨᠥᠬᠥᠴᠡᠯ᠎ᠢ ᠬᠠᠮᠲᠤ᠎ᠳᠤ᠎ᠪᠠᠨ ᠡᠭᠦᠳᠬᠦ ᠬᠡᠷᠡᠭᠲᠡᠶ; ᠪᠠᠶ᠋ᠢᠴᠠᠭ᠋ᠠᠨ ᠯᠠᠪᠯᠠᠬᠤ᠎ᠪᠠᠷ ᠣᠷᠣᠬᠤ ᠵᠢ ᠵᠦᠪᠰᠢᠶᠡᠷᠡᠬᠦ ᠠᠵᠢᠯ᠎ᠤᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠨ ᠵᠢᠯᠣᠭᠣᠳᠴᠤ᠂ ᠪᠠᠶ᠋ᠢᠴᠠᠭ᠋ᠠᠨ ᠯᠠᠪᠯᠠᠬᠤ ᠴᠤᠪᠤᠷᠠᠯ᠎ᠢ ᠵᠢᠷᠤᠮᠵᠢᠭᠤᠯᠤᠨ᠂ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠬᠦ ᠬᠡᠷᠡᠭᠲᠡᠶ; ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠮᠢᠶ᠎ᠠ ᠪᠥᠬᠥᠶ ᠲᠣᠭᠲᠠᠭ᠋ᠠᠯ᠎ᠢ ᠴᠢᠩᠭ᠎ᠠ ᠵᠢᠷᠤᠮᠯᠠᠨ᠂ ᠬᠠᠮᠢᠶ᠎ᠠ ᠪᠥᠬᠥᠶ ᠨᠢᠭᠡᠴᠢ ᠪᠠ ᠠᠵᠢᠯᠲᠠᠨ᠎ᠢ ᠵᠢᠯᠣᠭᠣᠳᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ ᠪᠠᠶ᠋ᠢᠴᠠᠭ᠋ᠠᠨ ᠯᠠᠪᠯᠠᠭᠳᠠᠬᠤ ᠡᠲᠡᠭᠡᠳ᠎ᠤᠨ ᠬᠤᠪᠢ ᠬᠥᠮᠦᠨ᠎ᠤ ᠨᠢᠭᠤᠴᠠ ᠪᠠ ᠪᠤᠰᠤᠳ ᠬᠠᠤᠯᠢ ᠶᠣᠰᠣᠨ᠎ᠤ ᠡᠷᠬᠡ᠎ᠳᠤ ᠬᠠᠯᠳᠠᠵᠤ ᠪᠣᠯᠬᠤ ᠥᠬᠡᠶ᠃
ᠡᠯ᠎ᠡ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠰᠠᠯᠠᠭ᠎ᠠ ᠮᠥᠴᠢᠷ᠎ᠤᠨ ᠰᠤᠷᠭ᠋ᠠᠨ ᠬᠥᠮᠦᠵᠢᠯ᠎ᠤᠨ ᠵᠤᠷᠭ᠋ᠠᠨ (ᠲᠣᠪᠴᠢᠶ᠎ᠠ) ᠪᠣᠯᠤᠨ ᠰᠤᠷᠭ᠋ᠠᠨ ᠬᠥᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠡᠯ᠎ᠡ ᠳᠡᠭᠡᠳᠦ ᠰᠤᠷᠭ᠋ᠠᠭᠤᠯᠢ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠪᠣᠳᠠᠲᠠᠶ ᠬᠡᠷᠡᠭᠵᠢᠭᠦᠯᠬᠦ ᠠᠷᠭ᠎ᠠ ᠵᠢ ᠰᠤᠳᠤᠯᠤᠨ ᠲᠣᠭᠲᠠᠭ᠋ᠠᠵᠤ᠂ ᠠᠵᠢᠯᠯᠠᠬᠤ ᠳᠤᠭᠤᠶ᠋ᠢᠯᠠᠩ ᠪᠠᠶ᠋ᠢᠭᠤᠯᠤᠨ᠂ ᠪᠣᠳᠠᠲᠠᠶ ᠠᠵᠢᠯ᠎ᠤᠨ ᠰᠠᠯᠠᠭ᠎ᠠ ᠮᠥᠴᠢᠷ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠵᠢ ᠲᠣᠳᠣᠷᠬᠠᠶ᠋ᠢᠯᠠᠬᠤ ᠬᠡᠷᠡᠭᠲᠡᠶ᠃ ᠬᠡᠷᠡᠭᠵᠢᠭᠦᠯᠬᠦ ᠠᠷᠭ᠎ᠠ ᠪᠠ ᠠᠵᠢᠯᠯᠠᠬᠤ ᠳᠤᠭᠤᠶ᠋ᠢᠯᠠᠩ᠎ᠤᠨ ᠨᠡᠷᠡᠰ᠎ᠢ 2023 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠪᠥᠬᠥ ᠤᠯᠤᠰ᠎ᠤᠨ ᠪᠠᠭᠰᠢ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠴᠠᠭ᠋ᠠᠨ ᠯᠠᠪᠯᠠᠬᠤ ᠲᠠᠪᠴᠠᠩ ᠵᠶ᠋ᠠᠷ ᠳᠠᠮᠵᠢᠭᠤᠯᠤᠨ ᠰᠤᠷᠭ᠋ᠠᠨ ᠬᠥᠮᠦᠵᠢᠯ᠎ᠤᠨ ᠶᠠᠮᠤᠨ (ᠪᠠᠭᠰᠢ ᠵᠢᠨ ᠠᠵᠢᠯ᠎ᠤᠨ ᠵᠤᠷᠭ᠋ᠠᠨ)᠎ᠳᠤ ᠮᠡᠳᠡᠭᠦᠯᠦᠨ ᠬᠦᠷᠭᠡᠭᠡᠷᠡᠶ᠃
ᠰᠤᠷᠭ᠋ᠠᠨ ᠬᠥᠮᠦᠵᠢᠯ᠎ᠤᠨ ᠶᠠᠮᠤᠨ
2023 ᠣᠨ᠎ᠤ 4 ᠰᠠᠷ᠎ᠠ ᠵᠢᠨ 14᠎ᠤ ᠡᠳᠦᠷ