ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2023] 71 ᠳ᠋ᠦ᠍ᠭᠡᠷ ᠲᠣᠭ᠋ᠠᠲᠤ
ᠡᠯ᠎ᠡ ᠬᠣᠯᠪᠣᠭᠳᠠᠯ ᠪᠥᠬᠥᠶ ᠳᠡᠭᠡᠳᠦ ᠰᠤᠷᠭ᠋ᠠᠭᠤᠯᠢ᠎ᠳᠤ᠄
《ᠪᠥᠬᠥ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠰᠣᠷᠣᠭᠴᠢ ᠪᠣᠯᠤᠨ ᠪᠠᠭᠰᠢ ᠵᠢᠨ ᠦᠨᠳᠦᠰᠦᠨ ᠴᠢᠳᠠᠪᠬᠢ ᠵᠢᠨ ᠦᠵᠡᠭᠦᠯᠭᠡ ᠵᠢᠨ ᠲᠤᠬᠠᠶ ᠮᠡᠳᠡᠭᠳᠡᠯ》 (ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2023] 39 ᠳ᠋ᠦ᠍ᠭᠡᠷ ᠲᠣᠭ᠋ᠠᠲᠤ)᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2023 ᠣᠨ᠎ᠤ 6 ᠳ᠋ᠤᠭ᠋ᠠᠷ ᠰᠠᠷ᠎ᠠ ᠵᠢᠨ 18 - 22᠎ᠤᠨ ᠡᠳᠦᠷ ᠪᠣᠯᠲᠠᠯ᠎ᠠ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠪᠥᠬᠥ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠦᠨᠳᠦᠰᠦᠨ ᠠᠩᠭᠢ ᠵᠢᠨ ᠰᠣᠷᠣᠭᠴᠢ ᠪᠣᠯᠤᠨ ᠪᠠᠭᠰᠢ ᠵᠢᠨ ᠦᠨᠳᠦᠰᠦᠨ ᠴᠢᠳᠠᠪᠬᠢ ᠵᠢᠨ ᠦᠵᠡᠭᠦᠯᠭᠡ ᠵᠢᠨ ᠠᠵᠢᠯᠯᠠᠭ᠎ᠠ ᠵᠢ ᠡᠷᠭᠢᠯᠡᠬᠦ᠎ᠪᠠᠷ ᠲᠣᠭᠲᠠᠵᠤ᠂ ᠠᠵᠢᠯᠯᠠᠭ᠎ᠠ ᠵᠢᠨ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠬᠤ ᠵᠢᠨ ᠲᠥᠯᠦᠭᠡ᠂ ᠡᠳᠦᠭᠡ ᠠᠵᠢᠯᠯᠠᠭ᠋ᠠᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠮᠡᠳᠡᠭᠳᠡᠪᠡ᠄
ᠨᠢᠭᠡ᠂ ᠳᠠᠭ᠋ᠠᠭᠤᠯᠤᠭᠴᠢ ᠵᠢ ᠰᠣᠩᠭᠤᠨ ᠲᠣᠮᠢᠯᠠᠬᠤ
(ᠨᠢᠭᠡ) ᠡᠯ᠎ᠡ ᠰᠤᠷᠭ᠋ᠠᠭᠤᠯᠢ ᠦᠵᠡᠭᠦᠯᠭᠡ ᠵᠢᠨ ᠠᠵᠢᠯᠯᠠᠭ᠎ᠠ᠎ᠳᠤ ᠣᠷᠣᠯᠴᠠᠬᠤ ᠳᠠᠭᠤᠤ ᠬᠥᠭᠵᠢᠮ᠂ ᠤᠷᠠᠨ ᠵᠢᠷᠤᠭ᠎ᠤᠨ ᠪᠠᠭᠰᠢ᠎ᠠᠴᠠ ᠲᠣᠰ ᠲᠣᠰ 1 ᠳᠠᠭ᠋ᠠᠭᠤᠯᠤᠭᠴᠢ ᠵᠢ ᠲᠣᠭᠲᠠᠭ᠋ᠠᠵᠤ᠂ 2023 ᠣᠨ᠎ᠤ 6 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ ᠡᠮᠦᠨ᠎ᠡ᠂ ᠳᠠᠭ᠋ᠠᠭᠤᠯᠤᠭᠴᠢ ᠵᠢᠨ ᠨᠡᠷᠡᠰ᠎ᠢ ᠮᠡᠳᠡᠭᠦᠯᠬᠦ ᠬᠦᠰᠦᠨᠦᠭᠲᠦ (ᠳᠠᠭ᠋ᠠᠯᠳᠤᠭᠤᠯᠤᠯ 1) ᠵᠢᠨ ᠡᠯᠧᠺᠲᠷᠣᠨ ᠬᠡᠪᠯᠡᠯ (WORD ᠬᠡᠪᠯᠡᠯ ᠪᠠ ᠰᠤᠷᠭ᠋ᠠᠭᠤᠯᠢ ᠵᠢᠨ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠋ᠠᠬᠢ PDF ᠰᠢᠷᠪᠢᠯᠲᠡ)᠎ᠢ ᠲᠣᠭᠲᠠᠭᠰᠠᠨ ᠢᠮᠧᠯ᠎ᠳᠤ ᠢᠯᠡᠭᠡᠨ᠎ᠡ᠃
(ᠬᠣᠶᠠᠷ) ᠡᠯ᠎ᠡ ᠰᠤᠷᠭ᠋ᠠᠭᠤᠯᠢ ᠵᠢᠨ ᠳᠠᠭ᠋ᠠᠭᠤᠯᠤᠭᠴᠢ ᠲᠤᠰ ᠰᠤᠷᠭ᠋ᠠᠭᠤᠯᠢ ᠵᠢᠨ ᠵᠶ᠋ᠠᠨ ᠤᠷᠤᠯᠳᠤᠭ᠋ᠠᠨ᠎ᠳᠤ ᠣᠷᠣᠯᠴᠠᠬᠤ ᠪᠠᠭᠰᠢ ᠰᠤᠷᠤᠭᠴᠢᠳ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ ᠬᠠᠮᠢᠶᠠᠷᠬᠤ ᠠᠵᠢᠯ᠎ᠢ ᠨᠠᠷᠢᠨ ᠬᠢᠨᠠᠮᠠᠭ᠋ᠠᠶ ᠰᠠᠶ᠋ᠢᠲᠤᠷ ᠬᠢᠵᠦ᠂ ᠠᠵᠢᠯᠯᠠᠭ᠋ᠠᠨ᠎ᠤ ᠡᠳᠦᠷ ᠲᠤᠲᠤᠮ᠎ᠤᠨ ᠲᠣᠬᠢᠷᠠᠭᠤᠯᠤᠯᠲᠠ ᠶᠣᠰᠤ᠎ᠪᠠᠷ ᠲᠤᠰ ᠰᠤᠷᠭ᠋ᠠᠭᠤᠯᠢ ᠵᠢᠨ ᠵᠶ᠋ᠡᠨ ᠪᠠᠭᠰᠢ ᠰᠤᠷᠤᠭᠴᠢᠳ᠎ᠤᠨ ᠨᠡᠷ᠎ᠡ ᠮᠡᠳᠡᠭᠦᠯᠬᠦ᠂ ᠤᠷᠤᠯᠳᠤᠭ᠋ᠠᠨ᠎ᠳᠤ ᠣᠷᠣᠯᠴᠠᠬᠤ ᠪᠠ ᠪᠤᠴᠠᠬᠤ ᠵᠢ ᠵᠣᠬᠢᠶᠠᠨ ᠪᠠᠢ᠌ᠭᠤᠯᠵᠤ᠂ ᠠᠶᠠᠯᠠᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
(ᠭᠤᠷᠪᠠ) ᠠᠵᠢᠯᠯᠠᠭ᠋ᠠᠨ᠎ᠤ ᠬᠤᠭᠤᠴᠠᠭ᠋ᠠᠨ᠎ᠳᠤ᠂ ᠡᠯ᠎ᠡ ᠳᠠᠭ᠋ᠠᠭᠤᠯᠤᠭᠴᠢ ᠲᠤᠰ ᠰᠤᠷᠭ᠋ᠠᠭᠤᠯᠢ ᠵᠢᠨ ᠵᠶ᠋ᠠᠨ ᠤᠷᠤᠯᠳᠤᠭ᠋ᠠᠨ᠎ᠳᠤ ᠣᠷᠣᠯᠴᠠᠭᠰᠠᠳ᠎ᠢ ᠴᠢᠩᠭ᠎ᠠ ᠬᠠᠮᠢᠶᠠᠷᠴᠤ᠂ ᠠᠵᠢᠯᠯᠠᠭ᠋ᠠᠨ᠎ᠤ ᠬᠤᠭᠤᠴᠠᠭ᠋ᠠᠨ᠎ᠤ ᠬᠣᠯᠪᠣᠭᠳᠠᠯ ᠪᠦᠬᠦᠢ ᠲᠣᠭᠲᠠᠭ᠋ᠠᠯ᠂ ᠰᠠᠬᠢᠯᠭ᠎ᠠ ᠪᠠᠲᠤ ᠪᠠ ᠱᠠᠭ᠋ᠠᠷᠳᠠᠯᠭ᠎ᠠ ᠵᠢ ᠵᠢᠷᠤᠮᠯᠠᠨ᠂ ᠣᠨᠴᠠᠭ᠋ᠠᠶ ᠪᠠᠶ᠋ᠢᠳᠠᠯ ᠦᠭᠡᠶ ᠪᠣᠯ ᠴᠢᠯᠥᠭᠡ ᠭᠤᠶᠤᠵᠤ ᠪᠣᠯᠬᠤ ᠦᠭᠡᠶ᠂ ᠳᠤᠷ᠎ᠠ᠎ᠪᠠᠷ ᠵᠶ᠋ᠠᠨ ᠭᠠᠳᠠᠭᠰᠢ ᠭᠠᠷᠬᠤ᠂ ᠨᠠᠶ᠋ᠢᠵᠠ ᠨᠥᠬᠥᠳ᠎ᠲᠠᠢ᠎ᠪᠠᠨ ᠠᠭᠤᠯᠵᠠᠬᠤ᠂ ᠪᠤᠰᠤᠳ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠶ᠃ ᠡᠨᠡ ᠤᠳᠠᠭ᠋ᠠᠨ᠎ᠤ ᠠᠵᠢᠯᠯᠠᠭ᠎ᠠ᠎ᠳᠤ ᠲᠠᠭ᠋ᠠᠭᠤᠯᠤᠭᠴᠢ ᠬᠠᠷᠢᠭᠤᠴᠠᠬᠤ ᠲᠦᠷᠢᠮ᠎ᠢ ᠬᠡᠷᠡᠭᠵᠢᠭᠦᠯᠦᠨ᠎ᠡ᠂ ᠬᠡᠷᠪᠡ ᠣᠨᠴᠠᠭ᠋ᠠᠢ ᠪᠠᠶ᠋ᠢᠳᠠᠯ ᠭᠠᠷᠪᠠᠯ ᠴᠠᠭ ᠲᠤᠬᠠᠢᠳᠤᠨᠢ ᠠᠵᠢᠯᠯᠠᠭ᠎ᠠ ᠵᠢ ᠵᠣᠬᠢᠶᠠᠨ ᠪᠠᠶ᠋ᠢᠭᠤᠯᠤᠭᠰᠠᠨ ᠨᠢᠭᠡᠴᠢ᠎ᠳᠤ ᠮᠡᠳᠡᠭᠦᠯᠬᠦ ᠬᠡᠷᠡᠭᠲᠡᠢ᠃
ᠬᠣᠶᠠᠷ᠂ ᠴᠠᠭ ᠬᠤᠭᠤᠴᠠᠭ᠎ᠠ ᠵᠢᠴᠢ ᠭᠠᠵᠠᠷ
(ᠨᠢᠭᠡ) ᠴᠠᠭ ᠬᠤᠭᠤᠴᠠᠭ᠋ᠠᠨ᠎ᠤ ᠲᠣᠬᠢᠷᠠᠭᠤᠯᠤᠯᠲᠠ
ᠳᠠᠭᠤᠤ ᠬᠥᠭᠵᠢᠮ᠄ 6 ᠰᠠᠷ᠎ᠠ ᠵᠢᠨ 18᠎ᠤ ᠡᠳᠦᠷ ᠨᠡᠷ᠎ᠡ ᠮᠡᠳᠡᠭᠦᠯᠵᠦ᠂ 6 ᠰᠠᠷ᠎ᠠ ᠵᠢᠨ 19 - 21᠎ᠤ ᠡᠳᠦᠷ ᠦᠵᠡᠭᠦᠯᠭᠡ ᠬᠢᠵᠦ᠂ ᠲᠣᠭᠣᠷᠢᠨ ᠦᠵᠡᠨ᠎ᠡ; ᠤᠷᠠᠨ ᠵᠢᠷᠤᠭ᠄ 6 ᠰᠠᠷ᠎ᠠ ᠵᠢᠨ 19᠎ᠤ ᠡᠳᠦᠷ ᠨᠡᠷ᠎ᠡ ᠮᠡᠳᠡᠭᠦᠯᠵᠦ᠂ 6 ᠰᠠᠷ᠎ᠠ ᠵᠢᠨ 20 - 21᠎ᠤ ᠡᠳᠦᠷ ᠦᠵᠡᠭᠦᠯᠭᠡ ᠬᠢᠵᠦ᠂ ᠲᠣᠭᠣᠷᠢᠨ ᠦᠵᠡᠨ᠎ᠡ; 6 ᠰᠠᠷ᠎ᠠ ᠵᠢᠨ 21᠎ᠤ ᠣᠷᠣᠶ ᠥᠨᠳᠦᠷᠯᠡᠵᠦ ᠱᠠᠩᠨᠠᠯ ᠣᠯᠭᠣᠬᠤ ᠶᠣᠰᠤᠯᠠᠯ᠎ᠢ ᠶᠠᠪᠤᠭᠳᠠᠭᠤᠯᠤᠨ᠂ 6 ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨᠡᠬᠢ 12 ᠴᠠᠭ᠎ᠠᠴᠠ ᠡᠮᠦᠨ᠎ᠡ ᠪᠤᠴᠠᠨ᠎ᠠ᠃
(ᠬᠣᠶᠠᠷ) ᠨᠡᠷ᠎ᠡ ᠮᠡᠳᠡᠭᠦᠯᠬᠦ ᠭᠠᠵᠠᠷ
ᠲᠦᠩᠯᠢᠶᠣᠤ ᠬᠣᠲᠠ ᠵᠢᠨ ᠰᠢᠨ ᠳ᠋ᠡ ᠣᠯᠠᠨ ᠤᠯᠤᠰ᠎ᠤᠨ ᠪᠠᠭᠤᠳᠠᠯ (ᠬᠣᠷᠴᠢᠨ ᠲᠣᠭᠣᠷᠢᠭ᠎ᠤᠨ ᠵᠢᠶᠠᠨ ᠭᠦᠸᠧ ᠵᠠᠮ᠎ᠤᠨ ᠬᠣᠶ᠋ᠢᠲᠤ ᠬᠡᠰᠡᠭ᠎ᠤᠨ 2 ᠳ᠋ᠤᠭ᠋ᠠᠷ ᠨᠣᠮᠧᠷ)᠃
(ᠭᠤᠷᠪᠠ) ᠦᠵᠡᠭᠦᠯᠭᠡ ᠵᠢᠨ ᠭᠠᠵᠠᠷ
ᠳᠠᠭᠤᠤ ᠬᠥᠭᠵᠢᠮ᠎ᠤᠨ ᠰᠢᠨᠵᠢᠯᠡᠭᠡᠨ᠎ᠤ ᠰᠠᠯᠠᠭ᠋ᠠᠨ᠎ᠤ ᠦᠵᠡᠭᠦᠯᠭᠡ ᠵᠢᠨ ᠲᠠᠯᠠᠪᠤᠷ᠄ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠳᠡᠭᠡᠳᠦ ᠰᠤᠷᠭ᠋ᠠᠭᠤᠯᠢ; ᠤᠷᠠᠨ ᠵᠢᠷᠤᠭ᠎ᠤᠨ ᠰᠢᠨᠵᠢᠯᠡᠭᠡᠨ᠎ᠤ ᠰᠠᠯᠠᠭ᠋ᠠᠨ᠎ᠤ ᠦᠵᠡᠭᠦᠯᠭᠡ ᠵᠢᠨ ᠲᠠᠯᠠᠪᠤᠷ᠄ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ᠃ ᠠᠵᠢᠯᠯᠠᠭ᠋ᠠᠨ᠎ᠤ ᠡᠳᠦᠷ᠎ᠤᠨ ᠲᠣᠬᠢᠷᠠᠭᠤᠯᠤᠯᠲᠠ ᠵᠢ ᠳᠠᠭ᠋ᠠᠯᠳᠤᠭᠤᠯᠤᠯ 2᠂ 3᠎ᠳᠤ ᠦᠵᠡᠭᠡᠷᠡᠢ᠃
ᠭᠤᠷᠪᠠ᠂ ᠤᠷᠤᠯᠳᠤᠭ᠋ᠠᠨ᠎ᠳᠤ ᠣᠷᠣᠯᠴᠠᠬᠤ ᠮᠠᠲ᠋ᠧᠷᠢᠶᠠᠯ᠎ᠢ ᠮᠡᠳᠡᠭᠦᠯᠦᠨ ᠬᠦᠷᠭᠡᠬᠦ
(ᠨᠢᠭᠡ) ᠵᠢᠭ᠋ᠠᠨ ᠰᠤᠷᠭ᠋ᠠᠯᠲᠠ ᠵᠢᠨ ᠦᠵᠡᠭᠦᠯᠭᠡ (ᠪᠢᠴᠢᠯ ᠬᠢᠴᠢᠶᠡᠯ)
1 . ᠦᠵᠡᠭᠦᠯᠭᠡ ᠵᠢᠨ ᠠᠷᠭ᠎ᠠ ᠮᠠᠶᠢᠭ᠃ ᠦᠵᠡᠭᠦᠯᠭᠡ᠎ᠳᠤ ᠣᠷᠣᠯᠴᠠᠭᠰᠠᠨ ᠰᠤᠷᠤᠭᠴᠢᠳ ᠪᠠ ᠪᠠᠭᠰᠢ ᠨᠠᠷ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠭᠡ (ᠪᠢᠴᠢᠯ ᠬᠢᠴᠢᠶᠡᠯ) ᠵᠢ ᠬᠢᠴᠢᠶᠡᠯᠯᠡᠵᠦ ᠪᠠᠢ᠌ᠭ᠎ᠠ ᠸᠢᠳᠢᠤ᠋ ᠵᠢ ᠰᠢᠩᠭᠡᠭᠡᠨ ᠦᠢ᠍ᠯᠡᠳᠬᠦ ᠠᠷᠭ᠎ᠠ ᠮᠠᠶᠢᠭ ᠵᠶ᠋ᠠᠷ ᠳᠡᠯᠭᠡᠨ ᠦᠵᠡᠭᠦᠯᠵᠦ᠂ ᠡᠭᠦᠨ᠎ᠳᠤ ᠦᠨᠳᠦᠰᠦᠨ ᠠᠩᠭᠢ ᠵᠢᠨ ᠰᠤᠷᠤᠭᠴᠢᠳ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯᠯᠡᠵᠦ ᠪᠠᠢ᠌ᠭ᠎ᠠ ᠣᠷᠴᠢᠨ᠎ᠳᠤ ᠰᠢᠩᠭᠡᠭᠡᠨ ᠦᠢ᠍ᠯᠡᠳᠴᠦ᠂ ᠪᠠᠭᠰᠢ ᠨᠠᠷ ᠠᠬᠤᠢ ᠲᠠᠯᠠᠪᠠᠢ᠎ᠳᠤ ᠳᠠᠭᠤᠷᠢᠶᠠᠮᠠᠯ ᠬᠢᠴᠢᠶᠡᠯ ᠣᠷᠣᠬᠤ ᠠᠷᠭ᠎ᠠ ᠮᠠᠶᠢᠭ ᠵᠶ᠋ᠠᠷ ᠰᠢᠩᠭᠡᠭᠡᠨ ᠦᠢ᠍ᠯᠡᠳᠦᠨ᠎ᠡ᠂ 15 ᠮᠢᠨᠦ᠋ᠲ᠎ᠤᠨ ᠴᠠᠭ ᠭᠠᠷᠭ᠋ᠠᠬᠤ ᠵᠢᠨ ᠬᠠᠮᠲᠤ ᠪᠢᠴᠢᠭ᠎ᠤᠨ ᠬᠡᠯᠪᠡᠷᠢ ᠵᠢᠨ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠎ᠪᠠᠨ ᠲᠤᠰᠢᠶᠠᠬᠤ ᠬᠡᠷᠡᠭᠲᠡᠶ (ᠪᠣᠳᠠᠲᠠᠶ ᠱᠠᠭ᠋ᠠᠷᠳᠠᠯᠭ᠎ᠠ ᠵᠢ 《ᠪᠥᠬᠥ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠰᠤᠷᠤᠭᠴᠢᠳ ᠪᠠ ᠪᠠᠭᠰᠢ ᠨᠠᠷ᠎ᠤᠨ ᠦᠨᠳᠦᠰᠦᠨ ᠴᠢᠳᠠᠪᠬᠢ ᠵᠢᠨ ᠦᠵᠡᠭᠦᠯᠭᠡ ᠵᠢ ᠡᠷᠭᠢᠯᠡᠬᠦ ᠲᠤᠬᠠᠶ ᠮᠡᠳᠡᠭᠳᠡᠯ》᠎ᠳᠤ ᠨᠠᠷᠢᠨ ᠦᠵᠡᠭᠡᠷᠡᠶ)᠃
2 . ᠰᠢᠩᠭᠡᠭᠡᠨ ᠦᠢ᠍ᠯᠡᠳᠬᠦ ᠱᠠᠭ᠋ᠠᠷᠳᠠᠯᠭ᠎ᠠ᠃ ᠸᠢᠳᠢᠣ᠋ ᠵᠢ ᠲᠡᠭᠡᠳᠦ ᠲᠣᠳᠣ ᠪᠤᠶᠤ ᠪᠠᠷᠢᠮᠵᠢᠶ᠎ᠠ ᠲᠣᠳᠤ᠎ᠪᠠᠷ ᠰᠢᠩᠭᠡᠭᠡᠨ ᠦᠢ᠍ᠯᠡᠳᠴᠦ᠂ ᠬᠡᠯᠪᠡᠷᠢ᠎ᠨᠢ MP 4 ᠪᠤᠶᠤ MOV ᠪᠠᠶ᠋ᠢᠵᠤ᠂ ᠺᠣᠳ᠋᠎ᠤᠨ ᠤᠷᠤᠰᠤᠮᠵᠢᠨᠢ 512 Kbps᠎ᠠᠴᠠ ᠳᠤᠤᠷ᠎ᠠ ᠪᠠᠶ᠋ᠢᠵᠤ ᠪᠣᠯᠬᠤ ᠥᠬᠡᠶ; ᠳᠡᠭᠡᠳᠦ ᠲᠣᠳᠤ ᠵᠢ 16᠄ 9᠎ᠪᠠᠷ ᠰᠡᠭᠦᠳᠡᠷᠯᠡᠭ᠊ ᠦᠶ᠎ᠡ᠎ᠳᠤ᠂ ᠢᠯᠭ᠋ᠠᠮᠵᠢ ᠵᠢ 1280 × 720᠎ᠪᠠᠷ ᠲᠣᠭᠲᠠᠭ᠋ᠠᠵᠤ᠂ ᠪᠠᠷᠢᠮᠵᠢᠶ᠎ᠠ ᠲᠣᠳᠤ ᠵᠢ 4᠄ 3᠎ᠪᠠᠷ ᠰᠡᠭᠦᠳᠡᠷᠯᠡᠬᠦ ᠦᠶ᠎ᠡ᠎ᠳᠤ᠂ ᠢᠯᠭ᠋ᠠᠮᠵᠢ ᠵᠢ 720 × 576᠎ᠪᠠᠷ ᠳᠣᠭᠲᠠᠭ᠋ᠠᠨ᠂ ᠪᠦᠲᠦᠭᠡᠯ᠎ᠤᠨ ᠶᠡᠬᠡ ᠪᠠᠭ᠎ᠠ ᠵᠢ ᠴᠥᠮ 700 M᠎ᠠᠴᠠ ᠬᠡᠲᠦᠷᠡᠭᠦᠯᠵᠦ ᠪᠣᠯᠬᠤ ᠦᠭᠡᠢ; ᠳᠠᠩ ᠮᠠᠰᠢᠨ ᠵᠶ᠋ᠠᠷ ᠪᠠᠢ᠌ᠷᠢ ᠳᠣᠭᠲᠠᠭ᠋ᠠᠨ ᠰᠡᠭᠦᠳᠡᠷᠯᠡᠬᠦ ᠵᠢ ᠱᠠᠭ᠋ᠠᠷᠳᠠᠵᠤ᠂ ᠬᠢᠴᠢᠶᠡᠯ᠎ᠤᠨ ᠠᠭᠤᠯᠭ᠎ᠠ ᠵᠢ ᠪᠦᠷᠢᠨ ᠪᠦᠲᠦᠨ ᠮᠥᠷᠲᠡᠭᠡᠨ ᠳᠠᠰᠤᠯᠳᠤᠭᠤᠯᠤᠯ ᠦᠭᠡᠢ ᠰᠢᠩᠭᠡᠭᠡᠨ ᠦᠢ᠍ᠯᠡᠳᠴᠦ᠂ ᠬᠠᠰᠤᠵᠤ ᠪᠣᠯᠬᠤ ᠦᠭᠡᠢ; ᠸᠢᠳᠢᠣ᠋ ᠪᠠ ᠬᠦᠡᠭᠬᠢᠨᠡᠬᠦᠷᠢ ᠵᠡᠷᠭᠡ᠎ᠳᠤ᠎ᠨᠢ ᠰᠢᠩᠭᠡᠭᠡᠨ ᠦᠢ᠍ᠯᠡᠳᠬᠦ ᠴᠢᠬᠤᠯᠠᠲᠠᠢ᠂ ᠬᠥᠮᠦᠨ᠎ᠨᠢ ᠲᠤᠪᠤᠢ᠍ᠢ᠍ᠮ᠎ᠠ᠂ ᠵᠢᠷᠤᠭ ᠳᠦᠷᠰᠦ᠎ᠨᠢ ᠲᠣᠳᠣᠷᠬᠠᠢ᠂ ᠵᠢᠷᠤᠭ᠎ᠤᠨ ᠪᠦᠲᠦᠴᠡ᠎ᠨᠢ ᠵᠣᠬᠢᠰᠲᠠᠢ᠂ ᠲᠠᠭᠤᠨ᠎ᠢ ᠲᠣᠳᠣᠷᠬᠠᠢ ᠪᠠᠶ᠋ᠢᠬᠤ ᠬᠡᠷᠡᠭᠲᠡᠢ᠃ ᠸᠢᠳᠢᠣ᠋ ᠵᠢᠨ ᠡᠬᠢᠨ᠎ᠤ ᠬᠡᠰᠡᠭ᠎ᠲᠤ ᠬᠢᠴᠢᠶᠡᠯ᠎ᠤᠨ ᠨᠡᠷᠡᠶ᠋ᠢᠳᠦᠯ᠂ ᠵᠢᠭ᠋ᠠᠭᠰᠠᠨ ᠣᠨ᠂ ᠬᠡᠷᠡᠭᠯᠡᠭᠰᠡᠨ ᠵᠢᠭ᠋ᠠᠬᠤ ᠮᠠᠲ᠋ᠧᠷᠢᠶᠠᠯ᠎ᠤᠨ ᠬᠡᠪᠯᠡᠯ ᠵᠡᠷᠭᠡ ᠵᠢ ᠦᠵᠡᠭᠦᠯᠵᠦ᠂ ᠸᠢᠳᠢᠣ᠋ ᠵᠢᠨ ᠠᠭᠤᠯᠭ᠎ᠠ᠎ᠳᠤ ᠬᠤᠪᠢ ᠬᠥᠮᠦᠨ ᠪᠠ ᠪᠠᠶ᠋ᠢᠭ᠎ᠠ ᠰᠤᠷᠭ᠋ᠠᠭᠤᠯᠢ ᠵᠢᠨ ᠮᠡᠳᠡᠭᠡ ᠵᠠᠩᠭᠢ ᠵᠢ ᠦᠵᠡᠭᠦᠯᠵᠦ ᠪᠣᠯᠬᠤ ᠥᠬᠡᠶ᠃ ᠸᠢᠳᠢᠤ᠋ ᠪᠢᠴᠢᠭ ᠮᠠᠲ᠋ᠧᠷᠢᠶᠠᠯ᠎ᠢ 《ᠰᠤᠷᠭ᠋ᠠᠭᠤᠯᠢ + ᠳᠡᠭᠡᠳᠦ ᠰᠤᠷᠭ᠋ᠠᠭᠤᠯᠢ ᠰᠠᠯᠪᠤᠷᠢ + ᠳᠤᠭᠤᠶ᠋ᠢᠯᠠᠩ᠎ᠤᠨ ᠢᠯᠭ᠋ᠠᠯ + ᠣᠪᠣᠭ ᠨᠡᠷ᠎ᠡ》᠎ᠪᠠᠷ ᠨᠡᠷᠡᠶ᠋ᠢᠳᠬᠦ ᠬᠡᠷᠡᠭᠲᠡᠶ᠃
(ᠬᠣᠶᠠᠷ) ᠬᠤᠪᠢ ᠬᠥᠮᠦᠨ᠎ᠤ ᠮᠡᠳᠡᠭᠡ ᠵᠠᠩᠭᠢ ᠵᠢ ᠮᠡᠳᠡᠭᠦᠯᠬᠦ
ᠤᠷᠤᠯᠳᠤᠭ᠋ᠠᠨ᠎ᠳᠤ ᠣᠷᠣᠯᠴᠠᠭᠰᠠᠨ ᠰᠣᠷᠣᠭᠴᠢ ᠪᠠ ᠪᠠᠭᠰᠢ ᠨᠢᠭᠡ ᠪᠦᠷᠢ 30 - 50 ᠥᠰᠥᠭ᠎ᠤᠨ ᠬᠤᠪᠢ ᠬᠥᠮᠦᠨ᠎ᠤ ᠲᠣᠪᠴᠢ ᠲᠠᠨᠢᠯᠴᠠᠭᠤᠯᠭ᠎ᠠ᠂ ᠡᠯᠧᠺᠲᠷᠣᠨ ᠦᠨᠡᠮᠯᠡᠯ᠎ᠤᠨ ᠮᠠᠯᠠᠭ᠋ᠠᠶ ᠥᠬᠡᠶ ᠰᠡᠭᠦᠳᠡᠷ᠎ᠢ ᠳᠤᠰᠢᠶᠠᠵᠤ᠂ ᠡᠯ᠎ᠡ ᠰᠤᠷᠭ᠋ᠠᠭᠤᠯᠢ ᠵᠢᠨ᠎ᠬᠢᠨ ᠳᠣᠭᠲᠠᠭᠰᠠᠨ ᠤᠷᠤᠯᠳᠤᠭ᠋ᠠᠨ᠎ᠳᠤ ᠣᠷᠣᠯᠴᠠᠬᠤ ᠰᠣᠷᠣᠭᠴᠢ ᠵᠢ ᠨᠣᠲᠠᠯᠠᠭᠰᠠᠨ᠎ᠤ ᠳᠠᠷᠠᠭ᠎ᠠ ᠰᠣᠷᠣᠭᠴᠢ ᠵᠢᠨ ᠨᠡᠷ᠎ᠡ ᠪᠠ ᠭᠤᠷᠪᠠ᠎ᠠᠴᠠ ᠨᠢᠭᠡ ᠵᠢ ᠰᠣᠩᠭᠣᠬᠤ ᠵᠦᠢ᠍ᠯ᠎ᠢ ᠳᠤᠰᠢᠶᠠᠨ᠎ᠠ᠃
(ᠭᠤᠷᠪᠠ) ᠮᠡᠳᠡᠭᠦᠯᠬᠦ ᠠᠷᠭ᠎ᠠ ᠮᠠᠶᠢᠭ ᠪᠣᠯᠤᠨ ᠴᠠᠭ ᠬᠤᠭᠤᠴᠠᠭ᠎ᠠ
ᠳᠡᠭᠡᠷᠡᠬᠢ ᠡᠯᠧᠺᠲᠷᠣᠨ ᠬᠡᠪᠯᠡᠯ᠎ᠤᠨ ᠮᠠᠲ᠋ᠧᠷᠢᠶᠠᠯ᠎ᠢ 6 ᠰᠠᠷ᠎ᠠ ᠵᠢᠨ 8᠎ᠤ ᠡᠳᠦᠷ᠎ᠠᠴᠠ ᠡᠮᠦᠨ᠎ᠡ ᠲᠣᠭᠲᠠᠭᠰᠠᠨ ᠢᠮᠧᠯ᠎ᠳᠤ ᠢᠯᠡᠭᠡᠭᠡᠷᠡᠢ᠃
ᠳᠥᠷᠪᠡ᠂ ᠪᠤᠰᠤᠳ ᠵᠦᠢ᠍ᠯ
ᠦᠵᠡᠭᠦᠯᠭᠡ᠎ᠳᠤ ᠣᠷᠣᠯᠴᠠᠭᠰᠠᠨ ᠪᠤᠶ ᠪᠦᠬᠦᠢ ᠪᠠᠭᠰᠢ ᠰᠤᠷᠤᠭᠴᠢᠳ᠎ᠤᠨ ᠶᠠᠪᠤᠵᠤ ᠢᠷᠡᠬᠦ ᠵᠠᠮ ᠬᠠᠷᠢᠯᠴᠠᠭ᠋ᠠᠨ᠎ᠤ ᠵᠠᠷᠤᠳᠠᠯ᠎ᠢ ᠲᠣᠮᠢᠯᠠᠭᠰᠠᠨ ᠨᠢᠭᠡᠴᠢ᠎ᠠᠴᠠ ᠬᠠᠷᠢᠭᠤᠴᠠᠵᠤ᠂ ᠳᠡᠯᠭᠡᠨ ᠦᠵᠡᠭᠦᠯᠬᠦ ᠬᠤᠭᠤᠴᠠᠭ᠋ᠠᠨ᠎ᠤ ᠢᠳᠡᠵᠦ ᠤᠤᠭᠤᠬᠤ ᠬᠣᠨᠣᠵᠤ ᠬᠡᠪᠲᠡᠬᠦ ᠪᠠ ᠵᠠᠮ ᠬᠠᠷᠢᠯᠴᠠᠭ᠎ᠠ ᠵᠢ ᠭᠣᠣᠯᠴᠢᠯᠠᠨ ᠡᠷᠬᠢᠯᠡᠭᠰᠡᠨ ᠨᠢᠭᠡᠴᠢ᠎ᠠᠴᠠ ᠬᠠᠷᠢᠭᠤᠴᠠᠨ᠎ᠠ; ᠰᠢᠯᠭ᠋ᠠᠷᠠᠭᠤᠯᠬᠤ ᠺᠣᠮᠢᠰ᠎ᠤᠨ ᠲᠤᠰᠬᠠᠶ ᠮᠡᠷᠭᠡᠵᠢᠯᠲᠡᠨ ᠵᠢᠴᠢ ᠬᠠᠮᠢᠶ᠎ᠠ ᠪᠥᠬᠥᠶ ᠠᠵᠢᠯᠲᠠᠨ᠎ᠤ ᠬᠣᠭᠣᠯᠠ ᠬᠣᠨᠣᠭ᠂ ᠵᠠᠮ ᠬᠠᠷᠢᠯᠴᠠᠭ᠎ᠠ᠂ ᠬᠥᠳᠡᠯᠮᠦᠷᠢ ᠦᠢ᠍ᠯᠡᠴᠢᠯᠡᠭᠡ ᠵᠢᠴᠢ ᠬᠠᠮᠢᠶ᠎ᠠ ᠪᠥᠬᠥᠶ ᠵᠠᠷᠤᠳᠠᠯ᠎ᠢ ᠭᠣᠣᠯᠴᠢᠯᠠᠨ ᠡᠷᠬᠢᠯᠡᠭᠰᠡᠨ ᠨᠢᠭᠡᠴᠢ᠎ᠠᠴᠠ ᠬᠠᠷᠢᠭᠤᠴᠠᠨ᠎ᠠ᠃
ᠲᠠᠪᠤ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ
ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠬᠢᠭᠡᠳ ᠬᠥᠳᠡᠯᠮᠦᠷᠢ ᠵᠢᠨ ᠬᠥᠮᠥᠵᠢᠯ᠎ᠤᠨ ᠭᠠᠵᠠᠷ᠄ ᠵᠠᠩ ᠰᠢᠶᠤᠤ ᠶᠢᠩ᠂ 0471 - 2857025᠂ ᠾᠥᠩ ᠯᠢᠩ᠂ 2857003᠂ ᠢᠮᠧᠯ᠄ 3426005912@qq.com
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠳᠡᠭᠡᠳᠦ ᠰᠤᠷᠭ᠋ᠠᠭᠤᠯᠢ᠄ ᠸᠧᠨ ᠽᠧ᠂ 15334750306
ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ᠄ ᠸᠠᠩ ᠶᠦᠩ ᠪᠥᠸᠧ᠂ 13947570887
ᠳᠠᠭ᠋ᠠᠯᠳᠤᠭᠤᠯᠤᠯ᠄
1 . ᠡᠯ᠎ᠡ ᠰᠤᠷᠭ᠋ᠠᠭᠤᠯᠢ ᠵᠢᠨ ᠳᠠᠭ᠋ᠠᠭᠤᠯᠤᠭᠴᠢ ᠵᠢᠨ ᠨᠡᠷᠡᠰ᠎ᠢ ᠮᠡᠳᠡᠭᠦᠯᠬᠦ ᠬᠦᠰᠦᠨᠦᠭᠲᠦ
2 . ᠳᠠᠭᠤᠤ ᠬᠥᠭᠵᠢᠮ᠎ᠤᠨ ᠦᠵᠡᠭᠦᠯᠭᠡ ᠵᠢᠨ ᠠᠵᠢᠯᠯᠠᠭ᠋ᠠᠨ᠎ᠤ ᠡᠳᠦᠷ᠎ᠤᠨ ᠲᠣᠬᠢᠷᠠᠭᠤᠯᠤᠯᠲᠠ ᠵᠢᠨ ᠬᠦᠰᠦᠨᠦᠭᠲᠦ
3 . ᠤᠷᠠᠨ ᠵᠢᠷᠤᠭ᠎ᠤᠨ ᠦᠵᠡᠭᠦᠯᠭᠡ ᠵᠢᠨ ᠠᠵᠢᠯᠯᠠᠭ᠋ᠠᠨ᠎ᠤ ᠡᠳᠦᠷ᠎ᠤᠨ ᠲᠣᠬᠢᠷᠠᠭᠤᠯᠤᠯᠲᠠ ᠵᠢᠨ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 6 ᠰᠠᠷ᠎ᠠ ᠵᠢᠨ 6᠎ᠤ ᠡᠳᠦᠷ
ᠳᠠᠭ᠋ᠠᠯᠳᠤᠭᠤᠯᠤᠯ 1᠄ 1 . ᠡᠯ᠎ᠡ ᠰᠤᠷᠭ᠋ᠠᠭᠤᠯᠢ ᠵᠢᠨ ᠳᠠᠭ᠋ᠠᠭᠤᠯᠤᠭᠴᠢ ᠵᠢᠨ ᠨᠡᠷᠡᠰ᠎ᠢ ᠮᠡᠳᠡᠭᠦᠯᠬᠦ ᠬᠦᠰᠦᠨᠦᠭᠲᠦ
ᠳᠠᠭ᠋ᠠᠯᠳᠤᠭᠤᠯᠤᠯ 2᠄ 2 . ᠳᠠᠭᠤᠤ ᠬᠥᠭᠵᠢᠮ᠎ᠤᠨ ᠦᠵᠡᠭᠦᠯᠭᠡ ᠵᠢᠨ ᠠᠵᠢᠯᠯᠠᠭ᠋ᠠᠨ᠎ᠤ ᠡᠳᠦᠷ᠎ᠤᠨ ᠲᠣᠬᠢᠷᠠᠭᠤᠯᠤᠯᠲᠠ ᠵᠢᠨ ᠬᠦᠰᠦᠨᠦᠭᠲᠦ
ᠳᠠᠭ᠋ᠠᠯᠳᠤᠭᠤᠯᠤᠯ 3᠄ 3 . ᠤᠷᠠᠨ ᠵᠢᠷᠤᠭ᠎ᠤᠨ ᠦᠵᠡᠭᠦᠯᠭᠡ ᠵᠢᠨ ᠠᠵᠢᠯᠯᠠᠭ᠋ᠠᠨ᠎ᠤ ᠡᠳᠦᠷ᠎ᠤᠨ ᠲᠣᠬᠢᠷᠠᠭᠤᠯᠤᠯᠲᠠ ᠵᠢᠨ ᠬᠦᠰᠦᠨᠦᠭᠲᠦ