ᠥᠪᠥᠷ ᠰᠤᠷᠭ᠋ᠠᠨ ᠰᠣᠳᠤᠯᠤᠨ ᠪᠢᠴᠢᠭ [2023] 19 ᠳ᠋ᠦ᠍ᠭᠡᠷ ᠲᠣᠭ᠋ᠠᠲᠤ
ᠡᠯ᠎ᠡ ᠬᠣᠯᠪᠣᠭᠳᠠᠯ ᠪᠦᠬᠦᠢ ᠰᠣᠳᠤᠯᠤᠨ ᠰᠤᠷᠤᠭᠴᠢ ᠵᠢ ᠬᠥᠮᠦᠵᠢᠭᠦᠯᠬᠦ ᠨᠢᠭᠡᠴᠢ᠎ᠳᠤ᠄
ᠮᠠᠨ᠎ᠤ ᠤᠯᠤᠰ᠎ᠤᠨ ᠰᠣᠳᠤᠯᠤᠨ ᠰᠤᠷᠤᠭᠴᠢ ᠵᠢ ᠬᠥᠲᠥᠯᠥᠨ ᠵᠢᠯᠣᠭᠣᠳᠴᠤ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠪᠣᠳᠠᠲᠠᠶ ᠠᠰᠠᠭᠤᠳᠠᠯ᠎ᠳᠤ ᠠᠩᠬᠠᠷᠤᠯ ᠬᠠᠨᠳᠤᠭᠤᠯᠤᠨ᠂ ᠲᠡᠭᠦᠨ᠎ᠤ ᠬᠠᠮᠢᠶ᠎ᠠ ᠪᠥᠬᠥᠶ ᠣᠨᠣᠯ ᠪᠠ ᠠᠷᠭ᠎ᠠ᠎ᠪᠠᠷ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠬᠠᠮᠲᠤ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠳᠤ ᠬᠡᠷᠡᠭ᠎ᠤᠨ ᠵᠢᠱ᠌ᠢᠶ᠎ᠡ᠎ᠪᠠᠷ ᠵᠢᠭ᠋ᠠᠨ ᠰᠤᠷᠭ᠋ᠠᠬᠤ ᠠᠷᠭ᠎ᠠ ᠵᠢ ᠳᠡᠯᠭᠡᠷᠡᠭᠦᠯᠵᠦ᠂ ᠳᠡᠭᠡᠳᠦ ᠰᠤᠷᠭ᠋ᠠᠭᠤᠯᠢ ᠪᠣᠯᠤᠨ ᠦᠢ᠍ᠯᠡᠳᠦᠯᠭᠡ ᠵᠢᠨ ᠰᠠᠯᠠᠭ᠎ᠠ ᠮᠥᠴᠢᠷ᠎ᠤᠨ ᠦᠢ᠍ᠯᠡᠳᠦᠯᠴᠡᠬᠦ ᠵᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠲᠢᠶᠠᠨᠵᠢᠨ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ᠂ ᠾᠧᠪᠧᠢ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠂ ᠱᠠᠨ ᠰᠢ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠂ ᠱᠠᠨᠳᠦ᠋ᠩ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ ᠬᠠᠮᠲᠤᠷᠠᠨ ᠰᠤᠳᠤᠯᠤᠨ ᠳᠣᠭᠲᠠᠭ᠋ᠠᠬᠤ᠎ᠪᠠᠷ ᠳᠠᠮᠵᠢᠨ᠂ 2023 ᠣᠨ᠎ᠤ 7 ᠰᠠᠷ᠎ᠠ ᠵᠢᠨ 28 - 29᠎ᠤ ᠡᠳᠦᠷ 《ᠭᠤᠷᠪᠠᠳᠤᠭ᠋ᠠᠷ ᠬᠤᠭᠤᠴᠠᠭ᠋ᠠᠨ᠎ᠤ ᠤᠮᠠᠷᠠᠲᠤ ᠣᠷᠣᠨ᠎ᠤ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠮᠠᠰᠲ᠋ᠧᠷ᠎ᠤᠨ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠬᠠᠮᠠᠭ᠋ᠠᠯᠠᠬᠤ ᠰᠣᠳᠤᠯᠤᠨ ᠰᠤᠷᠤᠭᠴᠢ (MPA) ᠵᠢᠨ ᠬᠡᠷᠡᠭ᠎ᠤᠨ ᠵᠢᠱ᠌ᠢᠶ᠎ᠡ ᠵᠢᠨ ᠰᠢᠢ᠍ᠳᠪᠦᠷᠢᠲᠦ ᠤᠷᠤᠯᠳᠤᠭ᠋ᠠᠨ᠎ᠢ ᠡᠷᠬᠢᠯᠡᠪᠡ᠃ ᠡᠳᠦᠭᠡ ᠬᠣᠯᠪᠣᠭᠳᠠᠯ ᠪᠥᠬᠥᠶ ᠵᠦᠢ᠍ᠯ᠎ᠢ ᠳᠤᠤᠷᠠᠬᠢ ᠮᠡᠲᠦ ᠮᠡᠳᠡᠭᠳᠡᠪᠡ᠄
ᠨᠢᠭᠡ᠂ ᠵᠢᠯᠣᠭᠣᠳᠬᠤ ᠨᠢᠭᠡᠴᠢ
ᠰᠤᠷᠭ᠋ᠠᠨ ᠬᠥᠮᠦᠵᠢᠯ᠎ᠤᠨ ᠶᠠᠮᠤᠨ᠎ᠤ ᠡᠷᠳᠡᠮ᠎ᠤᠨ ᠴᠣᠯᠠ ᠵᠢᠨ ᠬᠠᠮᠢᠶᠠᠷᠤᠯᠲᠠ ᠪᠣᠯᠤᠨ ᠰᠣᠳᠤᠯᠤᠨ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠵᠤᠷᠭ᠋ᠠᠨ
ᠰᠤᠷᠭ᠋ᠠᠨ ᠬᠥᠮᠦᠵᠢᠯ᠎ᠤᠨ ᠶᠠᠮᠤᠨ᠎ᠤ ᠡᠷᠳᠡᠮ᠎ᠤᠨ ᠴᠣᠯᠠ ᠪᠠ ᠰᠣᠳᠤᠯᠤᠨ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠬᠥᠭᠵᠢᠭᠦᠯᠦᠯᠲᠡ ᠵᠢᠨ ᠲᠥᠪ
ᠪᠦᠬᠦ ᠤᠯᠤᠰ᠎ᠤᠨ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠵᠢᠨ ᠰᠣᠳᠤᠯᠤᠨ ᠰᠤᠷᠤᠭᠴᠢ ᠵᠢᠨ
ᠰᠤᠷᠭ᠋ᠠᠨ ᠬᠥᠮᠦᠵᠢᠯ᠎ᠢ ᠵᠢᠯᠣᠭᠣᠳᠬᠤ ᠵᠥᠪᠯᠡᠯ
ᠬᠣᠶᠠᠷ᠂ ᠭᠤᠤᠯᠯᠠᠨ ᠡᠷᠬᠢᠯᠡᠬᠦ ᠨᠢᠭᠡᠴᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠲᠢᠶᠠᠨᠵᠢᠨ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ᠂ ᠾᠧᠪᠧᠶ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠂ ᠱᠠᠨ ᠰᠢ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ᠂ ᠱᠠᠨᠳᠦ᠋ᠩ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ
ᠭᠤᠷᠪᠠ᠂ ᠳᠠᠭ᠋ᠠᠭ᠋ᠠᠴᠢᠯᠠᠨ ᠡᠷᠬᠢᠯᠡᠬᠦ ᠨᠢᠭᠡᠴᠢ
ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ
ᠳᠥᠷᠪᠡ᠂ ᠬᠤᠷᠠᠯ᠎ᠳᠤ ᠣᠷᠣᠯᠴᠠᠭᠰᠠᠳ
ᠵᠢᠯᠣᠭᠣᠳᠬᠤ ᠨᠢᠭᠡᠴᠢ ᠪᠠ ᠭᠤᠤᠯᠯᠠᠨ ᠡᠷᠬᠢᠯᠡᠬᠦ ᠨᠢᠭᠡᠴᠢ ᠵᠢᠨ ᠲᠥᠯᠥᠭᠡᠯᠡᠭᠴᠢ᠂ ᠤᠷᠤᠯᠳᠤᠭ᠋ᠠᠨ᠎ᠤ ᠰᠢᠯᠭ᠋ᠠᠷᠠᠭᠤᠯᠬᠤ ᠺᠣᠮᠢᠰ᠎ᠤᠨ ᠭᠡᠰᠢᠭᠦᠨ ᠵᠢᠴᠢ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ᠂ ᠬᠡᠷᠡᠭ᠎ᠤᠨ ᠵᠢᠱ᠌ᠢᠶ᠎ᠡ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠭᠰᠠᠨ ᠳᠡᠭᠡᠳᠦ ᠰᠤᠷᠭ᠋ᠠᠭᠤᠯᠢ ᠵᠢᠨ ᠪᠠᠭᠰᠢ ᠰᠣᠷᠣᠭᠴᠢ᠃
ᠲᠠᠪᠤ᠂ ᠬᠤᠷᠠᠯ᠎ᠤᠨ ᠲᠣᠬᠢᠷᠠᠭᠤᠯᠤᠯᠲᠠ
(ᠨᠢᠭᠡ) ᠨᠡᠷ᠎ᠡ ᠮᠡᠳᠡᠭᠦᠯᠬᠦ
ᠡᠯ᠎ᠡ ᠤᠷᠤᠯᠳᠤᠭ᠋ᠠᠨ᠎ᠤ ᠲᠣᠭᠣᠷᠢᠭ᠎ᠨᠢ ᠵᠢᠯᠣᠭᠣᠳᠬᠤ ᠨᠢᠭᠡᠴᠢ ᠪᠠ ᠭᠤᠤᠯᠯᠠᠨ ᠡᠷᠭᠢᠯᠡᠬᠦ ᠨᠢᠭᠡᠴᠢ ᠵᠢᠨ ᠲᠥᠯᠥᠭᠡᠯᠡᠭᠴᠢ᠂ ᠤᠷᠤᠯᠳᠤᠭ᠋ᠠᠨ᠎ᠤ ᠰᠢᠯᠭ᠋ᠠᠷᠠᠭᠤᠯᠬᠤ ᠺᠣᠮᠢᠰ᠎ᠤᠨ ᠭᠡᠰᠢᠭᠦᠨ ᠵᠢᠴᠢ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ᠂ ᠬᠡᠷᠡᠭ᠎ᠤᠨ ᠵᠢᠱ᠌ᠢᠶ᠎ᠡ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠬᠤ ᠳᠡᠭᠡᠳᠦ ᠰᠤᠷᠭ᠋ᠠᠭᠤᠯᠢ ᠵᠢᠨ ᠪᠠᠭᠰᠢ ᠰᠣᠷᠣᠭᠴᠢ ᠵᠢᠨ ᠮᠡᠳᠡᠭᠡ ᠵᠠᠩᠭᠢ ᠵᠢ 7 ᠰᠠᠷ᠎ᠠ ᠵᠢᠨ 18᠎ᠤ ᠡᠳᠦᠷ᠎ᠤᠨ 24 ᠴᠠᠭ᠎ᠠᠴᠠ ᠡᠮᠦᠨ᠎ᠡ ᠵᠣᠬᠢᠶᠠᠨ ᠪᠠᠶ᠋ᠢᠭᠤᠯᠬᠤ ᠺᠣᠮᠢᠰ᠎ᠤᠨ ᠢᠮᠧᠯ᠎ᠳᠤ ᠢᠯᠡᠭᠡᠨ᠎ᠡ᠄ imaumpa@l26.com᠃
(ᠬᠣᠶᠠᠷ) ᠭᠠᠵᠠᠷ ᠪᠠ ᠴᠠᠭ
ᠪᠢᠨ ᠶᠤᠸᠠᠢ ᠲᠣᠮᠣ ᠪᠠᠭᠤᠳᠠᠯ (ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠵᠣᠣ ᠤᠳᠠ ᠵᠠᠮ᠎ᠤᠨ 52 ᠳ᠋ᠤᠭ᠋ᠠᠷ ᠨᠣᠮᠧᠷ)
7 ᠰᠠᠷ᠎ᠠ ᠵᠢᠨ 28᠎ᠤ ᠡᠳᠦᠷ᠎ᠤᠨ 8᠄ 00-21᠄ 00 ᠨᠡᠷ᠎ᠡ ᠮᠡᠳᠡᠭᠦᠯᠦᠨ᠎ᠡ;
7 ᠰᠠᠷ᠎ᠠ ᠵᠢᠨ 29᠎ᠤ ᠡᠳᠦᠷ᠎ᠤᠨ 8᠄ 00-21᠄ 00 ᠬᠡᠷᠡᠭ᠎ᠤᠨ ᠵᠢᠱ᠌ᠢᠶ᠎ᠡ ᠵᠢᠨ ᠰᠢᠢ᠍ᠳᠪᠦᠷᠢᠲᠦ ᠤᠷᠤᠯᠳᠤᠭ᠋ᠠᠨ;
7 ᠰᠠᠷ᠎ᠠ ᠵᠢᠨ 30᠎ᠤ ᠡᠳᠦᠷ ᠬᠤᠷᠠᠯ᠎ᠤᠨ ᠲᠠᠯᠠᠪᠠᠢ᠎ᠠᠴᠠ ᠪᠤᠴᠠᠨ᠎ᠠ᠃
ᠵᠢᠷᠭᠤᠭ᠎ᠠ᠂ ᠵᠠᠷᠤᠳᠠᠯ᠎ᠤᠨ ᠲᠣᠬᠢᠷᠠᠭᠤᠯᠤᠯᠲᠠ
ᠬᠤᠷᠠᠯ᠎ᠳᠤ ᠣᠷᠣᠯᠴᠠᠭᠰᠠᠳ ᠢᠷᠡᠵᠦ ᠶᠠᠪᠤᠬᠤ ᠵᠠᠮ ᠬᠠᠷᠢᠯᠴᠠᠭ᠋ᠠᠨ᠎ᠤ ᠵᠠᠷᠤᠳᠠᠯ ᠪᠠ ᠬᠣᠭᠣᠯᠠ ᠬᠣᠨᠣᠭ᠎ᠤᠨ ᠵᠠᠷᠤᠳᠠᠯ᠎ᠢ ᠥᠪᠡᠰᠦᠪᠡᠨ ᠬᠠᠷᠢᠭᠤᠴᠠᠨ᠎ᠠ᠂ ᠪᠠᠶ᠋ᠢᠭ᠎ᠠ ᠨᠢᠭᠡᠴᠢ᠎ᠨᠢ ᠳᠡᠮᠵᠢᠬᠦ ᠪᠣᠯᠪᠠᠤ᠃
ᠳᠣᠯᠣᠭ᠎ᠠ᠂ ᠬᠠᠷᠢᠯᠴᠠᠬᠤ ᠠᠷᠭ᠎ᠠ ᠮᠠᠶᠢᠭ
ᠥᠪᠥᠷ ᠮᠣᠩᠭᠣᠯ᠎ᠤᠨ ᠬᠠᠷᠢᠯᠴᠠᠬᠤ ᠬᠥᠮᠦᠨ᠄ ᠯᠦᠨᠠ
ᠤᠲᠠᠰᠤ᠄ 0471 - 2856601 18247135683
ᠲᠢᠶᠠᠨᠵᠢᠨ᠎ᠤ ᠬᠠᠷᠢᠯᠴᠠᠬᠤ ᠬᠥᠮᠦᠨ᠄ ᠯᠢᠦ ᠬᠠᠶ ᠪᠥᠸᠧ
ᠤᠲᠠᠰᠤ᠄ 18902083869
ᠱᠠᠨ ᠰᠢ ᠵᠢᠨ ᠬᠠᠷᠢᠯᠴᠠᠬᠤ ᠬᠥᠮᠦᠨ᠄ ᠯᠦ᠍ ᠶᠦᠩ ᠮᠢᠩ
ᠤᠲᠠᠰᠤ᠄ 0351 - 3046395 15635397680
ᠱᠠᠨᠳᠦ᠋ᠩ᠎ᠤᠨ ᠬᠠᠷᠢᠯᠴᠠᠬᠤ ᠬᠥᠮᠦᠨ᠄ ᠬᠤ᠌ ᠺᠠᠩ
ᠤᠲᠠᠰᠤ᠄ 0531 - 51793787 18766197561
ᠾᠧᠪᠧᠶ ᠵᠢᠨ ᠬᠠᠷᠢᠯᠴᠠᠬᠤ ᠬᠥᠮᠦᠨ᠄ ᠵᠢᠶ ᠵᠢᠶᠠ ᠯᠢᠨ
ᠤᠲᠠᠰᠤ᠄ 031 - 66005226 18803111898
ᠳᠠᠭ᠋ᠠᠯᠳᠤᠭᠤᠯᠤᠯ᠄ ᠭᠤᠷᠪᠠᠳᠤᠭ᠋ᠠᠷ ᠬᠤᠭᠤᠴᠠᠭ᠋ᠠᠨ᠎ᠤ ᠤᠮᠠᠷᠠᠲᠤ ᠣᠷᠣᠨ᠎ᠤ ᠳᠡᠭᠡᠳᠦ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠮᠠᠰᠲ᠋ᠧᠷ᠎ᠤᠨ ᠲᠤᠰᠬᠠᠶ ᠮᠡᠷᠭᠡᠵᠢᠯ᠎ᠤᠨ ᠴᠣᠯᠠ ᠬᠠᠮᠠᠭ᠋ᠠᠯᠠᠬᠤ ᠰᠣᠳᠤᠯᠤᠨ ᠰᠤᠷᠤᠭᠴᠢ (MPA) ᠵᠢᠨ ᠬᠡᠷᠡᠭ᠎ᠤᠨ ᠵᠢᠱ᠌ᠢᠶ᠎ᠡ ᠵᠢᠨ ᠤᠷᠤᠯᠳᠤᠭ᠋ᠠᠨ᠎ᠤ ᠠᠵᠢᠯ᠎ᠤᠨ ᠲᠥᠰᠦᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠲᠢᠶᠠᠨᠵᠢᠨ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ
ᠾᠧᠪᠧᠶ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ
ᠱᠠᠨ ᠰᠢ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ
ᠱᠠᠨᠳᠦ᠋ᠩ ᠮᠤᠵᠢ ᠵᠢᠨ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ