ᠥᠪᠥᠷ ᠰᠤᠷᠭ᠋ᠠᠨ ᠲᠠᠮᠢᠷ ᠤᠷᠠᠯᠢᠭ ᠪᠢᠴᠢᠭ [2023] 74 ᠳ᠋ᠦ᠍ᠭᠡᠷ ᠲᠣᠭ᠋ᠠᠲᠤ
ᠡᠯ᠎ᠡ ᠡᠩ᠎ᠤᠨ ᠳᠡᠭᠡᠳᠦ ᠰᠤᠷᠭ᠋ᠠᠭᠤᠯᠢ᠎ᠳᠤ᠄
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠠᠴᠠ ᠬᠠᠮᠲᠤᠷᠠᠨ ᠭᠤᠤᠯᠯᠠᠨ ᠡᠷᠬᠢᠯᠡᠵᠦ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ᠎ᠠᠴᠠ ᠳᠠᠭ᠋ᠠᠭ᠋ᠠᠨ ᠡᠷᠬᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠡᠯ᠎ᠡ ᠳᠡᠭᠡᠳᠦ ᠰᠤᠷᠭ᠋ᠠᠭᠤᠯᠢ ᠵᠢᠨ ᠢᠳᠡᠪᠬᠢᠲᠡᠢ ᠣᠷᠤᠯᠴᠠᠯᠭ᠎ᠠ ᠪᠠ ᠬᠦᠴᠦᠲᠡᠶ ᠳᠡᠮᠵᠢᠯᠭᠡ᠎ᠪᠠᠷ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠥᠭᠡ᠂ ᠫᠢᠩᠫᠠᠩ ᠪᠥᠮᠪᠥᠭᠡ᠂ ᠥᠲᠥᠨ ᠪᠥᠮᠪᠥᠭᠡ ᠵᠡᠷᠭᠡ ᠲᠠᠪᠤᠨ ᠲᠣᠮᠣ ᠤᠷᠤᠯᠳᠤᠭ᠋ᠠᠨ᠎ᠤ ᠲᠥᠷᠦᠯ᠎ᠢ ᠨᠢᠭᠡᠨᠲᠡ ᠤᠷᠤᠭᠰᠢᠲᠠᠶ ᠪᠡᠶᠡᠯᠡᠭᠦᠯᠪᠡ᠃ ᠪᠥᠬᠥ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠪᠠ ᠲᠡᠭᠦᠰᠭᠡᠯ᠎ᠤᠨ ᠶᠣᠰᠣᠯᠠᠯ ᠵᠢᠴᠢ ᠬᠠᠮᠢᠶ᠎ᠠ ᠪᠦᠬᠦᠢ ᠤᠷᠤᠯᠳᠤᠭ᠋ᠠᠨ᠎ᠤ ᠠᠵᠢᠯᠯᠠᠭ᠎ᠠ ᠵᠢ ᠤᠷᠤᠭᠰᠢᠲᠠᠶ ᠶᠠᠪᠤᠭᠳᠠᠭᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠦᠭᠡ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠤᠤᠷᠠᠬᠢ ᠮᠡᠲᠦ ᠮᠡᠳᠡᠭᠳᠡᠪᠡ᠄
ᠨᠢᠭᠡ᠂ ᠡᠬᠢᠯᠡᠯᠲᠡ ᠪᠠ ᠲᠡᠭᠦᠰᠭᠡᠯ᠎ᠤᠨ ᠶᠣᠰᠣᠯᠠᠯ᠎ᠤᠨ ᠲᠣᠬᠢᠷᠠᠭᠤᠯᠤᠯᠲᠠ
(ᠨᠢᠭᠡ) ᠡᠬᠢᠯᠡᠯᠲᠡ ᠵᠢᠨ ᠶᠣᠰᠣᠯᠠᠯ
ᠴᠠᠭ᠄ 2023 ᠣᠨ᠎ᠤ 7 ᠳ᠋ᠤᠭ᠋ᠠᠷ ᠰᠠᠷ᠎ᠠ ᠵᠢᠨ 10᠎ᠤ ᠡᠳᠦᠷ᠎ᠤᠨ 19᠄ 30
ᠭᠠᠵᠠᠷ᠄ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠪᠠᠷᠠᠭᠤᠨ ᠰᠤᠷᠭ᠋ᠠᠭᠤᠯᠢ ᠵᠢᠨ ᠲᠣᠭᠣᠷᠢᠭ᠎ᠤᠨ ᠵᠡᠭᠦᠨ ᠲᠠᠮᠢᠷ᠎ᠤᠨ ᠲᠠᠯᠠᠪᠠᠶ
ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠪᠦᠯᠬᠦᠮ ᠵᠶ᠋ᠠᠷ ᠨᠢᠭᠡᠴᠢ ᠪᠣᠯᠭ᠋ᠠᠨ ᠲᠠᠯᠠᠪᠠᠢ᠎ᠳᠤ ᠣᠷᠣᠵᠤ᠂ ᠡᠯ᠎ᠡ ᠲᠥᠯᠥᠭᠡᠯᠡᠭᠴᠢᠳ᠎ᠤᠨ ᠪᠦᠯᠬᠦᠮ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠠᠩᠭᠢ᠂ ᠲᠣᠣᠷ ᠪᠥᠮᠪᠦᠭᠡᠨ᠎ᠤ ᠠᠩᠭᠢ᠂ ᠭᠤᠸᠠᠵᠢᠯ ᠬᠢᠮᠨᠠᠰᠲ᠋ᠢᠺ (ᠬᠥᠭᠵᠢᠶᠡᠨᠲᠦ ᠪᠡᠶ᠎ᠡ ᠵᠢᠨ ᠲᠠᠮᠢᠷ)᠎ᠤᠨ ᠠᠩᠭᠢ ᠵᠢᠨ ᠪᠦᠬᠦ ᠣᠷᠣᠯᠴᠠᠭᠰᠠᠳ ᠲᠠᠯᠠᠪᠠᠢ᠎ᠳᠤ ᠣᠷᠣᠬᠤ ᠶᠣᠰᠣᠯᠠᠯ᠎ᠳᠤ ᠣᠷᠣᠯᠴᠠᠵᠤ᠂ ᠵᠠᠯᠭ᠋ᠠᠭ᠋ᠠᠳ ᠤᠷᠤᠯᠳᠤᠭ᠋ᠠᠨ᠎ᠳᠤ ᠣᠷᠣᠯᠴᠠᠬᠤ ᠦᠭᠡᠢ ᠰᠤᠷᠭ᠋ᠠᠭᠤᠯᠢ᠎ᠨᠢ ᠡᠷᠬᠡᠪᠰᠢ ᠲᠥᠯᠦᠭᠡᠯᠡᠭᠴᠢ ᠵᠢᠨ ᠠᠩᠭᠢ ᠲᠣᠬᠢᠷᠠᠭᠤᠯᠤᠨ ᠲᠠᠯᠠᠪᠠᠢ᠎ᠳᠤ ᠣᠷᠣᠵᠤ᠂ ᠳᠡᠳ᠋ ᠪᠦᠯᠬᠦᠮ᠎ᠤᠨ ᠳᠠᠷᠤᠭ᠎ᠠ᠂ ᠨᠠᠷᠢᠨ ᠪᠢᠴᠢᠭ᠎ᠤᠨ ᠳᠠᠷᠤᠭ᠎ᠠ᠂ ᠳᠠᠰᠬᠠᠯᠵᠢᠭᠤᠯᠤᠭᠴᠢ ᠪᠦᠯᠬᠦᠮ ᠳᠠᠭ᠋ᠠᠭᠤᠯᠵᠤ᠂ ᠲᠥᠪ ᠬᠤᠪᠴᠠᠰᠤᠯᠠᠬᠤ ᠪᠤᠶᠤ ᠨᠢᠭᠡᠳᠦᠯᠲᠡᠢ ᠬᠤᠪᠴᠠᠰᠤ ᠡᠮᠦᠰᠴᠦ ᠲᠠᠯᠠᠪᠠᠢ᠎ᠳᠤ ᠣᠷᠣᠨ᠂ ᠪᠦᠯᠬᠦᠮ᠎ᠤᠨ ᠳᠠᠷᠤᠭ᠎ᠠ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭᠤᠨ᠎ᠠ᠃
(ᠬᠣᠶᠠᠷ) ᠲᠡᠭᠦᠰᠭᠡᠯ᠎ᠤᠨ ᠶᠣᠰᠣᠯᠠᠯ
ᠴᠠᠭ᠄ 2023 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ᠎ᠤᠨ 19᠄ 00
ᠭᠠᠵᠠᠷ᠄ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠪᠠᠷᠠᠭᠤᠨ ᠰᠤᠷᠭ᠋ᠠᠭᠤᠯᠢ ᠵᠢᠨ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠣᠷᠳᠣᠨ
ᠲᠡᠭᠦᠰᠬᠦ ᠶᠣᠰᠣᠯᠠᠯ᠎ᠤᠨ ᠲᠠᠯᠠᠪᠠᠢ᠎ᠳᠤ ᠣᠷᠣᠬᠤ ᠬᠡᠯᠪᠡᠷᠢ ᠵᠢ ᠠᠰᠲᠠᠭ᠋ᠠᠨ ᠮᠡᠳᠡᠭᠳᠡᠨ᠎ᠡ᠃
ᠬᠣᠶᠠᠷ᠂ ᠲᠥᠯᠥᠭᠡᠯᠡᠭᠴᠢᠳ᠎ᠤᠨ ᠪᠦᠯᠬᠦᠮ᠎ᠤᠨ ᠲᠤᠬᠢᠷᠠᠭᠤᠯᠤᠯᠳᠠ
(ᠨᠢᠭᠡ) ᠨᠡᠷ᠎ᠡ ᠮᠡᠳᠡᠭᠦᠯᠬᠦ ᠴᠠᠭ ᠪᠠ ᠭᠠᠵᠠᠷ
ᠴᠠᠭ᠄ 2023 ᠣᠨ᠎ᠤ 7 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ 12᠄ 00 ᠴᠠᠭ᠎ᠠᠴᠠ ᠡᠮᠦᠨ᠎ᠡ ᠨᠡᠷ᠎ᠡ ᠮᠡᠳᠡᠭᠦᠯᠦᠨ᠎ᠡ
ᠭᠠᠵᠠᠷ᠄ ᠬᠥᠬᠡᠬᠣᠲᠠ ᠵᠢᠨ ᠳ᠋ᠠ ᠴᠧᠩ ᠯᠸᠢ ᠳ᠋ᠢ ᠰᠧᠨ ᠸᠧᠶ ᠵᠢᠶᠠ ᠪᠠᠭᠤᠳᠠᠯ (ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠠᠵᠢᠯᠴᠢᠨ ᠲᠠᠷᠢᠶᠠᠴᠢᠨ ᠴᠡᠷᠢᠭ᠎ᠤᠨ ᠵᠠᠮ᠎ᠤᠨ ᠴᠢᠩ ᠴᠧᠩ ᠽᠢ ᠶᠤᠸᠠᠨ B ᠲᠣᠭᠣᠷᠢᠭ᠎ᠤᠨ G 2 ᠨᠣᠮᠧᠷᠲᠤ ᠠᠰᠠᠷ)
ᠨᠡᠷ᠎ᠡ ᠮᠡᠳᠡᠭᠦᠯᠬᠦ ᠬᠠᠷᠢᠯᠴᠠᠬᠤ ᠬᠥᠮᠦᠨ᠄ ᠴᠢ ᠭᠤᠸᠠᠩ ᠢᠦᠶ ᠬᠠᠷᠢᠯᠴᠠᠬᠤ ᠤᠲᠠᠰᠤ᠄ 13789615297
ᠪᠠᠭᠤᠳᠠᠯ᠎ᠤᠨ ᠬᠠᠷᠢᠯᠴᠠᠬᠤ ᠬᠥᠮᠦᠨ᠄ ᠵᠢᠶᠠᠩ ᠴᠧᠩ ᠾᠥᠩ ᠬᠠᠷᠢᠯᠴᠠᠬᠤ ᠤᠲᠠᠰᠤ᠄ 15848151249
ᠪᠠᠭᠤᠳᠠᠯ᠎ᠤᠨ ᠶᠡᠷᠦᠩᠬᠡᠶ ᠤᠲᠠᠰᠤ᠄ 0471 - 3693888
ᠲᠥᠯᠥᠭᠡᠯᠡᠭᠴᠢᠳ᠎ᠤᠨ ᠪᠦᠯᠬᠦᠮ ᠬᠥᠬᠡᠬᠣᠲᠠ᠎ᠳᠤ ᠢᠷᠡᠬᠦ ᠦᠶ᠎ᠡ ᠭᠠᠯᠲᠤ ᠲᠡᠷᠭᠡᠨ ᠥᠷᠲᠡᠭᠡ᠂ ᠨᠢᠰᠬᠡᠯ᠎ᠤᠨ ᠪᠠᠭᠤᠳᠠᠯ᠎ᠠᠴᠠ ᠲᠤᠰᠴᠤ ᠬᠦᠷᠭᠡᠬᠦ ᠦᠢ᠍ᠯᠡᠴᠢᠯᠡᠭᠡ ᠬᠠᠩᠭ᠋ᠠᠬᠤ᠎ᠪᠠᠷ ᠲᠣᠬᠢᠷᠠᠭᠤᠯᠤᠨ᠎ᠠ᠂ ᠬᠡᠷᠪᠡ ᠲᠤᠰᠴᠤ ᠬᠦᠷᠭᠡᠬᠦ ᠴᠢᠬᠤᠯᠠᠲᠠᠢ ᠪᠣᠯ ᠤᠷᠢᠳᠴᠢᠯᠠᠨ ᠬᠠᠷᠢᠯᠴᠠᠭ᠋ᠠᠷᠠᠶ᠂ ᠬᠠᠷᠢᠯᠴᠠᠬᠤ ᠬᠥᠮᠦᠨ᠄ ᠡᠤ ᠯᠢᠶᠠᠨ ᠵᠥᠩ᠂ ᠬᠠᠷᠢᠯᠴᠠᠬᠤ ᠤᠲᠠᠰᠤ᠄ 15304716229᠃
(ᠬᠣᠶᠠᠷ) ᠲᠥᠯᠥᠭᠡᠯᠡᠭᠴᠢᠳ᠎ᠤᠨ ᠪᠦᠯᠬᠦᠮ᠎ᠤᠨ ᠬᠤᠷᠠᠯ
ᠴᠠᠭ᠄ 2023 ᠣᠨ᠎ᠤ 7 ᠳ᠋ᠤᠭ᠋ᠠᠷ ᠰᠠᠷ᠎ᠠ ᠵᠢᠨ 10᠎ᠤ ᠡᠳᠦᠷ᠎ᠤᠨ 15᠄ 00
ᠭᠠᠵᠠᠷ᠄ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠨᠣᠮ᠎ᠤᠨ ᠰᠠᠩ᠎ᠤᠨ ᠬᠣᠶᠠᠳᠤᠭ᠋ᠠᠷ ᠳᠠᠪᠬᠤᠷᠭ᠎ᠠ ᠵᠢᠨ ᠮᠡᠳᠡᠭᠦᠯᠦᠯᠲᠡ ᠵᠢᠨ ᠲᠢᠩᠬᠢᠮ
ᠬᠤᠷᠠᠯ᠎ᠳᠤ ᠣᠷᠣᠯᠴᠠᠭᠰᠠᠳ᠄ ᠲᠥᠯᠥᠭᠡᠯᠡᠭᠴᠢᠳ᠎ᠤᠨ ᠪᠦᠯᠬᠦᠮ᠎ᠤᠨ ᠳᠡᠳ᠋ ᠳᠠᠷᠤᠭ᠎ᠠ᠂ ᠨᠠᠷᠢᠨ ᠪᠢᠴᠢᠭ᠎ᠤᠨ ᠳᠠᠷᠤᠭ᠎ᠠ
(ᠭᠤᠷᠪᠠ) ᠪᠤᠰᠤᠳ ᠵᠦᠢ᠍ᠯ
1 . ᠲᠥᠯᠥᠭᠡᠯᠡᠭᠴᠢᠳ᠎ᠤᠨ ᠪᠦᠯᠬᠦᠮ᠎ᠤᠨ ᠬᠣᠭᠣᠯᠠ ᠬᠣᠨᠣᠭ᠎ᠢ ᠶᠡᠬᠡ ᠬᠤᠷᠠᠯ᠎ᠠᠴᠠ ᠨᠢᠭᠡᠳᠦᠯᠲᠡᠶ ᠲᠣᠬᠢᠷᠠᠭᠤᠯᠵᠤ᠂ ᠵᠠᠷᠤᠳᠠᠯ᠎ᠢ ᠥᠪᠡᠰᠦᠪᠡᠨ ᠬᠠᠷᠢᠭᠤᠴᠠᠨ᠎ᠠ᠃
2 . ᠡᠯ᠎ᠡ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠨᠡᠷᠡᠰ᠂ ᠮᠠᠯᠠᠭ᠋ᠠᠶ ᠥᠬᠡᠶ 2 ᠢᠮᠠᠬᠤ ᠵᠢᠨ ᠬᠥᠬᠡ ᠳᠡᠪᠢᠰᠬᠡᠷᠲᠦ ᠡᠯᠧᠺᠲᠷᠣᠨ ᠬᠡᠷᠡᠯ ᠵᠢᠷᠤᠭ (JPG ᠬᠡᠯᠪᠡᠷᠢ᠂ 800 KB᠎ᠠᠴᠠ ᠪᠠᠭ᠎ᠠ ᠪᠣᠰᠤ) ᠵᠢᠴᠢ ᠲᠠᠯᠠᠪᠠᠶ᠎ᠳᠤ ᠣᠷᠣᠬᠤ ᠲᠠᠢ᠌ᠯᠪᠤᠷᠢᠯᠠᠯᠲᠠ (300 ᠥᠰᠥᠭ᠎ᠤᠨ ᠳᠣᠲᠣᠷ᠎ᠠ) ᠵᠢ 6 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ ᠡᠮᠦᠨ᠎ᠡ ᠲᠣᠭᠲᠠᠭᠰᠠᠨ ᠢᠮᠧᠯ᠎ᠳᠤ ᠢᠯᠡᠭᠡᠵᠦ᠂ ᠪᠢᠴᠢᠭ ᠮᠠᠲ᠋ᠧᠷᠢᠶᠠᠯ᠎ᠢ 《ᠰᠤᠷᠭ᠋ᠠᠭᠤᠯᠢ ᠵᠢᠨ ᠨᠡᠷᠡᠶ᠋ᠢᠳᠦᠯ + ᠲᠥᠯᠥᠭᠡᠯᠡᠭᠴᠢᠳ᠎ᠤᠨ ᠪᠦᠯᠬᠦᠮ》 ᠵᠶ᠋ᠠᠷ ᠨᠡᠷᠡᠶ᠋ᠢᠳᠦᠨ᠎ᠡ᠃
ᠬᠠᠷᠢᠯᠴᠠᠬᠤ ᠬᠥᠮᠦᠨ᠄ ᠹᠠᠩ ᠶᠠ ᠪᠢᠩ ᠬᠠᠷᠢᠯᠴᠠᠬᠤ ᠤᠲᠠᠰᠤ᠄ 13404810066
ᠢᠮᠧᠯ᠄ nmgdyh202307@163.com
3 . ᠡᠯ᠎ᠡ ᠰᠤᠷᠭ᠋ᠠᠭᠤᠯᠢ 2 ᠲᠠᠯᠠᠲᠤ ᠲᠥᠯᠥᠭᠡᠯᠡᠭᠴᠢᠳ᠎ᠤᠨ ᠪᠦᠯᠬᠦᠮ᠎ᠤᠨ ᠲᠤᠭ ᠪᠤᠶᠤ ᠰᠤᠷᠭ᠋ᠠᠭᠤᠯᠢ ᠵᠢᠨ ᠲᠤᠭ (2 ᠳ᠋ᠤᠭ᠋ᠠᠷ ᠲᠣᠭ᠋ᠠᠲᠤ ᠲᠤᠭ)᠎ᠢ ᠥᠪᠡᠰᠦᠪᠡᠨ ᠪᠡᠯᠡᠳᠬᠡᠵᠦ᠂ ᠨᠡᠷ᠎ᠡ ᠮᠡᠳᠡᠭᠦᠯᠬᠦ ᠦᠶ᠎ᠡ ᠬᠤᠷᠠᠯ᠎ᠤᠨ ᠶᠠᠪᠤᠳᠠᠯ᠎ᠤᠨ ᠳᠤᠭᠤᠶ᠋ᠢᠯᠠᠩ᠎ᠳᠤ ᠲᠤᠰᠢᠶᠠᠨ᠎ᠠ᠃
ᠭᠤᠷᠪᠠ᠂ ᠬᠣᠶᠠᠳᠤᠭ᠋ᠠᠷ ᠱᠠᠲᠤᠨ᠎ᠤ ᠤᠷᠤᠯᠳᠤᠭ᠋ᠠᠨ᠎ᠤ ᠶᠠᠪᠤᠳᠠᠯ᠎ᠤᠨ ᠲᠣᠬᠢᠷᠠᠭᠤᠯᠤᠯᠲᠠ
ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠲᠤᠤᠷ ᠪᠥᠮᠪᠥᠭᠡ᠂ ᠭᠤᠸᠠᠵᠢᠯ ᠬᠢᠮᠨᠠᠰᠲ᠋ᠢᠺ (ᠬᠥᠭᠵᠢᠶᠡᠨᠲᠦ ᠪᠡᠶ᠎ᠡ ᠵᠢᠨ ᠲᠠᠮᠢᠷ)᠎ᠤᠨ ᠤᠷᠤᠯᠳᠤᠭ᠋ᠠᠨ 2023 ᠣᠨ᠎ᠤ 7 ᠳ᠋ᠤᠭ᠋ᠠᠷ ᠰᠠᠷ᠎ᠠ ᠵᠢᠨ 11᠎ᠤ ᠡᠳᠦᠷ᠎ᠤᠨ 8᠄ 00 ᠴᠠᠭ᠎ᠠᠴᠠ ᠡᠬᠢᠯᠡᠵᠦ᠂ 7 ᠳ᠋ᠤᠭ᠋ᠠᠷ ᠰᠠᠷ᠎ᠠ ᠵᠢᠨ 16᠎ᠤ ᠡᠳᠦᠷ᠎ᠤᠨ 16᠄ 00 ᠴᠠᠭ᠎ᠠᠴᠠ ᠡᠮᠦᠨ᠎ᠡ ᠳᠠᠭᠤᠰᠬᠠᠵᠤ᠂ ᠲᠣᠰ ᠲᠣᠰ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠪᠠᠷᠠᠭᠤᠨ ᠰᠤᠷᠭ᠋ᠠᠭᠤᠯᠢ ᠵᠢᠨ ᠲᠣᠭᠣᠷᠢᠭ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠲᠠᠯᠠᠪᠠᠶ᠂ ᠪᠡᠶ᠎ᠡ ᠵᠢᠨ ᠲᠠᠮᠢᠷ᠎ᠤᠨ ᠣᠷᠳᠣᠨ᠂ ᠵᠠᠳᠠᠭ᠋ᠠᠢ ᠴᠡᠴᠡᠷᠯᠢᠭ᠎ᠤᠨ ᠲᠤᠤᠷ ᠪᠥᠮᠪᠦᠭᠡᠨ᠎ᠤ ᠲᠠᠯᠠᠪᠠᠶ᠎ᠳᠤ ᠶᠠᠪᠤᠭᠳᠠᠭᠤᠯᠤᠨ᠎ᠠ; ᠵᠡᠪᠰᠡᠭ᠎ᠤᠨ ᠤᠷᠤᠯᠳᠤᠭ᠋ᠠᠨ᠂ ᠪᠥᠬᠡ ᠵᠢᠨ ᠤᠷᠤᠯᠳᠤᠭ᠋ᠠᠨ 2023 ᠣᠨ᠎ᠤ 7 ᠳ᠋ᠤᠭ᠋ᠠᠷ ᠰᠠᠷ᠎ᠠ ᠵᠢᠨ 14᠎ᠤ ᠡᠳᠦᠷ᠎ᠤᠨ 8᠄ 00 ᠴᠠᠭ᠎ᠠᠴᠠ ᠡᠬᠢᠯᠡᠵᠦ᠂ 7 ᠳ᠋ᠤᠭ᠋ᠠᠷ ᠰᠠᠷ᠎ᠠ ᠵᠢᠨ 16᠎ᠤ ᠡᠳᠦᠷ᠎ᠤᠨ 16᠄ 00 ᠴᠠᠭ᠎ᠠᠴᠠ ᠡᠮᠦᠨ᠎ᠡ ᠳᠠᠭᠤᠰᠬᠠᠵᠤ᠂ ᠲᠣᠰ ᠲᠣᠰ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠪᠠᠷᠠᠭᠤᠨ ᠰᠤᠷᠭ᠋ᠠᠭᠤᠯᠢ ᠵᠢᠨ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠣᠷᠳᠣᠨ᠂ ᠪᠠᠷᠠᠭᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠲᠠᠯᠠᠪᠠᠶ᠎ᠳᠤ ᠶᠠᠪᠤᠭᠳᠠᠨ᠎ᠠ᠂ ᠪᠣᠳᠠᠲᠠᠶ ᠵᠦᠢ᠍ᠯ᠎ᠢ ᠤᠷᠤᠯᠳᠤᠭ᠋ᠠᠨ᠎ᠤ ᠮᠡᠳᠡᠭᠳᠡᠯ᠎ᠤᠨ ᠱᠠᠭ᠋ᠠᠷᠳᠠᠯᠭ᠎ᠠ ᠶᠣᠰᠤ᠎ᠪᠠᠷ ᠬᠡᠷᠡᠭᠵᠢᠭᠦᠯᠦᠨ᠎ᠡ᠃
ᠳᠥᠷᠪᠡ᠂ ᠰᠢᠨᠵᠢᠯᠡᠬᠦ ᠤᠬᠠᠭ᠋ᠠᠨ᠎ᠤ ᠥᠭᠦᠯᠡᠯ᠎ᠤᠨ ᠮᠡᠳᠡᠭᠦᠯᠦᠯᠲᠡ ᠵᠢᠨ ᠬᠤᠷᠠᠯ᠎ᠤᠨ ᠲᠣᠬᠢᠷᠠᠭᠤᠯᠤᠯᠲᠠ
ᠴᠠᠭ᠄ 2023 ᠣᠨ᠎ᠤ 7 ᠳ᠋ᠤᠭ᠋ᠠᠷ ᠰᠠᠷ᠎ᠠ ᠵᠢᠨ 11᠎ᠤ ᠡᠳᠦᠷ᠎ᠤᠨ 8᠄ 30 (1 ᠡᠳᠦᠷ᠎ᠤᠨ ᠬᠤᠭᠤᠴᠠᠭ᠎ᠠ᠎ᠲᠠᠢ)
ᠭᠠᠵᠠᠷ᠄ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠪᠠᠷᠠᠭᠤᠨ ᠲᠣᠭᠣᠷᠢᠭ᠎ᠤᠨ ᠶᠡᠷᠦᠩᠬᠡᠶ᠋ᠢᠯᠡᠭᠰᠡᠨ ᠠᠰᠠᠷ᠎ᠤᠨ ᠬᠣᠶᠠᠳᠤᠭ᠋ᠠᠷ ᠳᠠᠪᠬᠤᠷᠭ᠎ᠠ ᠵᠢᠨ ᠮᠡᠳᠡᠭᠦᠯᠦᠯᠲᠡ ᠵᠢᠨ ᠲᠢᠩᠬᠢᠮ (ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠬᠣᠶ᠋ᠢᠲᠤ ᠬᠣᠶᠠᠳᠤᠭ᠋ᠠᠷ ᠲᠣᠭᠣᠷᠢᠯ ᠵᠠᠮ᠎ᠤᠨ 185 ᠳ᠋ᠤᠭ᠋ᠠᠷ ᠨᠣᠮᠧᠷ)
ᠪᠣᠳᠠᠲᠠᠶ ᠵᠦᠢ᠍ᠯ᠎ᠢ ᠰᠢᠨᠵᠢᠯᠡᠬᠦ ᠤᠬᠠᠭ᠋ᠠᠨ᠎ᠤ ᠥᠭᠦᠯᠡᠯ᠎ᠤᠨ ᠮᠡᠳᠡᠭᠦᠯᠦᠯᠲᠡ ᠵᠢᠨ ᠬᠤᠷᠠᠯ᠎ᠤᠨ ᠮᠡᠳᠡᠭᠳᠡᠯ᠎ᠤᠨ ᠱᠠᠭ᠋ᠠᠷᠳᠠᠯᠭ᠎ᠠ ᠶᠣᠰᠤ᠎ᠪᠠᠷ ᠬᠡᠷᠡᠭᠵᠢᠭᠦᠯᠦᠨ᠎ᠡ᠃
ᠡᠯ᠎ᠡ ᠳᠡᠭᠡᠳᠦ ᠰᠤᠷᠭ᠋ᠠᠭᠤᠯᠢ ᠵᠢᠨ᠎ᠬᠢᠨ ᠲᠣᠰ ᠬᠤᠭᠤᠴᠠᠭ᠋ᠠᠨ᠎ᠤ ᠤᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ᠂ ᠲᠡᠭᠦᠰᠭᠡᠯ᠎ᠤᠨ ᠶᠣᠰᠣᠯᠠᠯ ᠵᠢᠴᠢ ᠡᠯ᠎ᠡ ᠵᠦᠢ᠍ᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠤᠤᠯᠯᠠᠨ ᠡᠷᠭᠢᠯᠡᠬᠦ ᠪᠠ ᠳᠠᠭ᠋ᠠᠭ᠋ᠠᠴᠢᠯᠠᠨ ᠡᠷᠭᠢᠯᠡᠬᠦ ᠨᠢᠭᠡᠴᠢ ᠵᠢᠨ ᠠᠵᠢᠯ᠎ᠳᠤ ᠢᠳᠡᠪᠬᠢᠲᠡᠶ ᠬᠠᠮᠵᠢᠯᠴᠠᠵᠤ᠂ ᠤᠯᠤᠰ ᠲᠥᠷᠥ ᠵᠢᠨ ᠤᠬᠠᠮᠰᠠᠷ᠂ ᠶᠡᠬᠡ ᠲᠠᠯ᠎ᠠ ᠵᠢᠨ ᠤᠬᠠᠮᠰᠠᠷ᠂ ᠬᠠᠷᠢᠭᠤᠴᠠᠯᠭ᠎ᠠ ᠵᠢᠨ ᠤᠬᠠᠮᠰᠠᠷ ᠪᠣᠯᠤᠨ ᠠᠮᠤᠷ ᠲᠦᠪᠰᠢᠨ᠎ᠤ ᠤᠬᠠᠮᠰᠠᠷ᠎ᠢ ᠪᠠᠲᠤ ᠪᠡᠬᠢ ᠪᠣᠶ ᠪᠣᠯᠭ᠋ᠠᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠬᠠᠮᠢᠶᠠᠷᠤᠯᠲᠠ᠎ᠪᠠᠨ ᠴᠢᠩᠭ᠋ᠠᠳᠬᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠲᠣᠪᠤᠢ᠌ᠯᠭ᠋ᠠᠨ᠂ ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ ᠬᠥᠮᠦᠨ ᠬᠥᠮᠦᠵᠢᠭᠦᠯᠬᠦ ᠵᠣᠷᠢᠯᠲᠠ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠪᠥᠬᠥ ᠣᠷᠣᠨ᠎ᠤ ᠤᠶᠤᠲᠠᠳ᠎ᠤᠨ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠦᠨ᠂ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 《ᠪᠦᠯᠬᠦᠮᠳᠡᠯ᠎ᠲᠠᠢ᠂ ᠡᠷᠡᠮᠡᠬᠡᠢ᠌ᠯᠡᠨ ᠤᠷᠤᠭᠰᠢᠯᠠᠬᠤ᠂ ᠪᠣᠯᠪᠠᠰᠤᠨ᠂ ᠬᠥᠮᠦᠨ ᠬᠥᠮᠥᠵᠢᠭᠦᠯᠬᠦ》 ᠦᠪᠡᠳᠡᠭᠰᠢ ᠴᠤᠭᠯᠠᠭ᠋ᠠᠨ ᠪᠣᠯᠭ᠋ᠠᠨ ᠡᠷᠭᠢᠯᠡᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠳᠠᠭ᠋ᠠᠯᠳᠤᠭᠤᠯᠤᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠤᠶᠤᠲᠠᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠥᠯᠥᠭᠡᠯᠡᠭᠴᠢᠳ᠎ᠤᠨ ᠪᠦᠯᠬᠦᠮ᠎ᠤᠨ ᠨᠡᠷᠡᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 6 ᠳ᠋ᠤᠭ᠋ᠠᠷ ᠰᠠᠷ᠎ᠠ ᠵᠢᠨ 19᠎ᠤ ᠡᠳᠦᠷ