ᠥᠪᠥᠷ ᠰᠤᠷᠭ᠋ᠠᠨ ᠲᠠᠮᠢᠷ ᠤᠷᠠᠯᠢᠭ ᠪᠢᠴᠢᠭ [2023] 81 ᠳ᠋ᠦ᠍ᠭᠡᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠳᠤ᠄
ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠳᠠᠭᠤᠤ ᠬᠥᠭᠵᠢᠮ᠂ ᠪᠥᠵᠢᠭ᠂ ᠤᠷᠠᠨ ᠪᠢᠴᠢᠯᠭᠡ (ᠤᠷᠠᠨ ᠵᠢᠷᠤᠭ) ᠵᠡᠷᠭᠡ ᠲᠤᠰᠬᠠᠶ ᠮᠡᠷᠭᠡᠵᠢᠯ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠬᠡᠪ ᠪᠣᠯᠪᠠᠰᠤᠷᠠᠯ ᠪᠠ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠠᠬᠢᠭᠤᠯᠬᠤ ᠵᠢᠨ ᠲᠥᠯᠦᠭᠡ᠂ ᠰᠤᠳᠤᠯᠬᠤ᠎ᠪᠠᠷ ᠳᠡᠮᠵᠢᠨ᠂ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢᠨ ᠲᠤᠰᠬᠠᠶ ᠪᠣᠯᠪᠠᠰᠤᠷᠠᠭᠤᠯᠤᠯ ᠵᠢᠴᠢ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ᠎ᠪᠠᠷ ᠲᠣᠭᠲᠠᠪᠠ᠂ ᠡᠳᠦᠭᠡ ᠪᠣᠳᠠᠲᠠᠶ ᠵᠦᠢ᠍ᠯ᠎ᠢ ᠳᠤᠤᠷᠠᠬᠢ ᠮᠡᠲᠦ ᠮᠡᠳᠡᠭᠳᠡᠪᠡ᠄
ᠨᠢᠭᠡ᠂ ᠪᠣᠯᠪᠠᠰᠤᠷᠠᠭᠤᠯᠬᠤ ᠬᠠᠷᠠᠯᠲᠠ
ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠨᠣᠯ᠎ᠤᠨ ᠰᠤᠷᠤᠯᠴᠠᠯᠭ᠎ᠠ ᠪᠣᠯᠤᠨ ᠠᠬᠤᠢ ᠲᠠᠯᠠᠪᠠᠶ ᠵᠢᠨ ᠵᠢᠭ᠋ᠠᠨ ᠰᠤᠷᠭ᠋ᠠᠯᠲᠠ ᠵᠡᠷᠭᠡ ᠭᠣᠭᠴᠣᠭ᠎ᠠ᠎ᠪᠠᠷ ᠳᠠᠮᠵᠢᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠪᠠᠭᠰᠢ ᠵᠢᠨ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠤᠯᠠᠮ ᠨᠢᠭᠡ ᠠᠯᠬᠤᠮ ᠰᠢᠨᠡᠳᠬᠡᠵᠦ᠂ ᠰᠤᠷᠭ᠋ᠠᠨ ᠬᠥᠮᠦᠵᠢᠯ᠎ᠤᠨ ᠬᠠᠷᠠᠭ᠋ᠠᠰᠤ ᠵᠢ ᠥᠷᠭᠡᠳᠬᠡᠨ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ ᠪᠠ ᠬᠡᠪ ᠴᠢᠨᠠᠷ᠎ᠤᠨ ᠬᠥᠮᠦᠵᠢᠯ᠎ᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠪᠠᠭᠰᠢ ᠵᠢᠨ ᠲᠤᠰᠬᠠᠶ᠋ᠢᠵᠢᠭᠰᠠᠨ ᠬᠥᠭᠵᠢᠯᠲᠡ ᠵᠢ ᠠᠬᠢᠭᠤᠯᠤᠨ᠂ ᠬᠡᠪ ᠴᠢᠨᠠᠷ ᠡᠷᠡᠰ ᠴᠢᠩᠭ᠎ᠠ᠂ ᠵᠠᠩ ᠮᠣᠷᠠᠯ ᠡᠷᠬᠢᠮ ᠳᠡᠭᠡᠳᠦ᠂ ᠲᠤᠬᠠᠶ᠋ᠢᠯᠠᠭᠰᠠᠨ ᠠᠵᠢᠯ᠎ᠳᠤ᠎ᠪᠠᠨ ᠴᠠᠭ᠋ᠠᠷᠠᠭᠰᠠᠨ᠂ ᠵᠢᠭ᠋ᠠᠬᠤ ᠠᠷᠭ᠎ᠠ ᠳᠡᠮ᠎ᠲᠠᠢ ᠨᠢᠭᠡ ᠪᠦᠯᠦᠭ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢ ᠬᠥᠮᠦᠵᠢᠭᠦᠯᠦᠨ᠎ᠡ᠃
ᠬᠣᠶᠠᠷ᠂ ᠪᠣᠯᠪᠠᠰᠤᠷᠠᠭᠤᠯᠤᠯ᠎ᠳᠤ ᠣᠷᠣᠯᠴᠠᠬᠤ ᠡᠲᠡᠭᠡᠳ ᠪᠣᠯᠤᠨ ᠨᠥᠬᠥᠴᠡᠯ
(ᠨᠢᠭᠡ) ᠪᠣᠯᠪᠠᠰᠤᠷᠠᠭᠤᠯᠤᠯ᠎ᠳᠤ ᠣᠷᠣᠯᠴᠠᠬᠤ ᠡᠲᠡᠭᠡᠳ᠄ ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠣᠷᠣᠨ ᠲᠣᠭ᠎ᠠ᠎ᠲᠠᠢ ᠠᠵᠢᠯ᠎ᠤᠨ ᠪᠠᠶ᠋ᠢᠷᠢ᠎ᠳᠤ ᠪᠠᠶ᠋ᠢᠭ᠎ᠠ᠂ 45 ᠪᠦᠬᠦᠯᠢ ᠨᠠᠰᠤᠨ᠎ᠠᠴᠠ ᠳᠣᠷᠣᠭᠰᠢᠬᠢ ᠳᠠᠭᠤᠤ ᠬᠥᠭᠵᠢᠮ᠂ ᠪᠥᠵᠢᠭ᠂ ᠤᠷᠠᠨ ᠪᠢᠴᠢᠯᠭᠡ (ᠤᠷᠠᠨ ᠵᠢᠷᠤᠭ) ᠵᠢᠨ ᠬᠢᠴᠢᠶᠡᠯ ᠲᠥᠷᠥᠯ᠎ᠤᠨ ᠭᠣᠣᠯᠯᠠᠭᠴᠢ ᠪᠠᠭᠰᠢ᠂ ᠵᠠᠷᠴᠢᠮ ᠳᠡᠭᠡᠷ᠎ᠡ᠎ᠪᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠪᠠᠭᠰᠢ ᠪᠣᠯᠤᠨ ᠵᠢᠭ᠋ᠠᠬᠤ ᠵᠢ ᠰᠤᠳᠤᠯᠤᠭᠴᠢ ᠪᠠᠶ᠋ᠢᠵᠤ᠂ ᠣᠷᠣᠨ ᠲᠣᠭ᠎ᠠ ᠵᠢ ᠳᠠᠭ᠋ᠠᠯᠳᠤᠭᠤᠯᠤᠯ 1᠎ᠳᠤ ᠦᠵᠡᠭᠡᠷᠡᠢ᠃
(ᠬᠣᠶᠠᠷ) ᠰᠤᠷᠤᠯᠭ᠋ᠠᠲᠠᠨ᠎ᠢ ᠪᠠᠲᠤᠯᠠᠨ ᠲᠠᠨᠢᠯᠴᠠᠭᠤᠯᠬᠤ ᠨᠥᠬᠥᠴᠡᠯ᠄ ᠪᠠᠲᠤ ᠴᠢᠩᠭ᠎ᠠ ᠤᠯᠤᠰ ᠲᠥᠷᠥ ᠵᠢᠨ ᠵᠣᠭᠰᠣᠯᠲᠠ ᠪᠣᠯᠤᠨ ᠨᠡᠯᠢᠶᠡᠳ ᠥᠨᠳᠥᠷ ᠡᠷᠬᠢᠯᠡᠭᠰᠡᠨ ᠠᠵᠢᠯ᠎ᠤᠨ ᠮᠣᠷᠠᠯ᠎ᠤᠨ ᠬᠡᠪ ᠪᠣᠯᠪᠠᠰᠤᠷᠠᠯ᠎ᠲᠠᠢ᠂ ᠰᠤᠷᠭ᠋ᠠᠨ ᠬᠥᠮᠦᠵᠢᠯ᠎ᠤᠨ ᠦᠢ᠍ᠯᠡᠰ᠎ᠲᠤ ᠬᠠᠶ᠋ᠢᠷᠠᠲᠠᠶ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ᠎ᠲᠠᠢ ᠪᠠᠶ᠋ᠢᠬᠤ ᠬᠡᠷᠡᠭᠲᠡᠶ᠃ ᠳᠠᠭᠤᠤ ᠬᠥᠭᠵᠢᠮ᠎ᠤᠨ ᠪᠠᠭᠰᠢ ᠰᠠᠶ᠋ᠢᠨ ᠰᠠᠶ᠋ᠢᠬᠠᠨ ᠳᠠᠭᠤᠤ ᠬᠥᠭᠵᠢᠮ᠎ᠤᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ ᠪᠠ ᠳᠠᠭᠤᠯᠠᠬᠤ ᠪᠤᠶᠤ ᠬᠥᠭᠵᠢᠮᠳᠡᠬᠦ ᠴᠢᠳᠠᠪᠤᠷᠢ᠎ᠲᠠᠢ ᠪᠠᠢ᠌ᠬᠤ ᠬᠡᠷᠡᠭᠲᠡᠶ; ᠪᠥᠵᠢᠭ᠎ᠤᠨ ᠪᠠᠭᠰᠢ ᠵᠣᠬᠢᠬᠤ ᠬᠡᠮᠵᠢᠶᠡᠨ᠎ᠤ ᠪᠦᠵᠢᠭᠯᠡᠬᠦ ᠠᠪᠢᠶᠠᠰ ᠪᠠ ᠵᠣᠬᠢᠶᠠᠨ ᠪᠦᠲᠦᠭᠡᠬᠦ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ; ᠤᠷᠠᠨ ᠪᠢᠴᠢᠯᠭᠡ (ᠤᠷᠠᠨ ᠵᠢᠷᠤᠭ) ᠵᠢᠨ ᠪᠠᠭᠰᠢ ᠤᠷᠠᠨ ᠪᠢᠴᠢᠯᠭᠡ ᠵᠢᠨ ᠦᠨᠳᠦᠰᠦᠨ ᠴᠢᠳᠠᠪᠤᠷᠢ ᠵᠢ ᠪᠦᠷᠢᠯᠳᠦᠭᠦᠯᠵᠦ᠂ ᠤᠷᠠᠨ ᠪᠢᠴᠢᠯᠭᠡ ᠵᠢᠨ ᠵᠢᠭ᠋ᠠᠨ ᠰᠤᠷᠭ᠋ᠠᠯᠲᠠ ᠵᠢᠨ ᠦᠨᠳᠦᠰᠦᠨ ᠶᠡᠷᠦ ᠵᠢᠨ ᠮᠡᠳᠡᠯᠭᠡ ᠵᠢ ᠣᠶ᠋ᠢᠯᠠᠭ᠋ᠠᠵᠤ᠂ ᠤᠷᠠᠨ ᠪᠢᠴᠢᠯᠭᠡ ᠵᠢᠨ ᠳᠠᠭᠤᠷᠢᠶᠠᠨ ᠵᠢᠷᠤᠬᠤ ᠪᠠ ᠵᠣᠬᠢᠶᠠᠨ ᠪᠦᠲᠦᠭᠡᠬᠦ ᠦᠨᠳᠦᠰᠦᠨ ᠠᠷᠭ᠎ᠠ ᠵᠢ ᠣᠶ᠋ᠢᠯᠠᠭ᠋ᠠᠬᠤ ᠬᠡᠷᠡᠭᠲᠡᠶ; ᠤᠷᠠᠨ ᠵᠢᠷᠤᠭ᠎ᠤᠨ ᠪᠠᠭᠰᠢ ᠰᠠᠶ᠋ᠢᠨ ᠰᠠᠶ᠋ᠢᠬᠠᠨ ᠤᠷᠠᠨ ᠵᠢᠷᠤᠭ᠎ᠤᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠂ ᠳᠦᠷᠰᠦ ᠪᠥᠲᠦᠭᠡᠬᠦ ᠦᠨᠳᠦᠰᠦᠨ ᠰᠠᠭᠤᠷᠢ ᠵᠢᠴᠢ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠤ ᠴᠢᠳᠠᠪᠤᠷᠢ ᠵᠢ ᠪᠦᠷᠢᠯᠳᠦᠭᠦᠯᠬᠦ ᠵᠢᠨ ᠬᠠᠮᠲᠤ ᠨᠡᠯᠢᠶᠡᠳ ᠰᠠᠶ᠋ᠢᠨ ᠤᠷᠠᠨ ᠵᠢᠷᠤᠭ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠪᠦᠷᠢᠯᠳᠦᠭᠦᠯᠬᠦ ᠬᠡᠷᠡᠭᠲᠡᠶ᠃
(ᠭᠤᠷᠪᠠ) ᠪᠠᠲᠤᠯᠠᠨ ᠲᠠᠨᠢᠯᠴᠠᠭᠤᠯᠤᠭᠰᠠᠨ ᠪᠣᠯᠪᠠᠰᠤᠷᠠᠭᠤᠯᠤᠯ᠎ᠳᠤ ᠣᠷᠤᠯᠴᠠᠬᠤ ᠰᠤᠷᠤᠯᠭ᠋ᠠᠲᠠᠨ ᠲᠤᠰ ᠰᠤᠷᠭ᠋ᠠᠭᠤᠯᠢ᠂ ᠲᠤᠰ ᠭᠠᠵᠠᠷ ᠣᠷᠣᠨ᠎ᠤ᠎ᠪᠠᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠠᠵᠢᠯ᠎ᠢ ᠰᠠᠶ᠋ᠢᠨ ᠳᠤᠷ᠎ᠠ᠎ᠠᠴᠠ᠎ᠪᠠᠨ ᠡᠭᠦᠷᠭᠡᠯᠡᠬᠦ ᠬᠡᠷᠡᠭᠲᠡᠶ ᠪᠥᠭᠡᠳ ᠲᠤᠬᠠᠶ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠵᠢᠯᠴᠠᠨ ᠬᠡᠯᠪᠡᠷᠢ ᠮᠠᠶᠢᠭ ᠣᠯᠠᠨ ᠶᠠᠩᠵᠤ ᠵᠢᠨ᠂ ᠥᠷᠭᠡᠨ ᠳᠡᠯᠭᠡᠷ ᠣᠷᠣᠯᠴᠠᠳᠠᠭ ᠰᠤᠷᠤᠭᠴᠢᠳ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠵᠣᠬᠢᠶᠠᠨ ᠪᠠᠶ᠋ᠢᠭᠤᠯᠤᠨ ᠵᠣᠬᠢᠴᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠬᠤ ᠵᠢᠨ ᠬᠠᠮᠲᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠢ᠍ᠯᠡᠳᠦᠯᠭᠡ ᠵᠢᠨ ᠰᠢᠯᠢᠳᠡᠭ ᠦᠷ᠎ᠡ ᠪᠦᠲᠦᠭᠡᠯ᠎ᠢ ᠳᠡᠯᠭᠡᠷᠡᠭᠦᠯᠦᠨ ᠤᠬᠠᠭᠤᠯᠤᠨ᠎ᠠ᠃
ᠭᠤᠷᠪᠠ᠂ ᠪᠣᠯᠪᠠᠰᠤᠷᠠᠭᠤᠯᠬᠤ ᠠᠭᠤᠯᠭ᠎ᠠ ᠪᠣᠯᠤᠨ ᠬᠡᠯᠪᠡᠷᠢ
(ᠨᠢᠭᠡ) ᠪᠣᠯᠪᠠᠰᠤᠷᠠᠭᠤᠯᠬᠤ ᠠᠭᠤᠯᠭ᠎ᠠ
1. ᠳᠠᠭᠤᠤ ᠬᠥᠭᠵᠢᠮ᠂ ᠪᠥᠵᠢᠭ
《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠤᠷᠠᠯᠢᠭ᠎ᠤᠨ ᠬᠢᠴᠢᠶᠡᠯ᠎ᠤᠨ ᠪᠠᠷᠢᠮᠵᠢᠶ᠎ᠠ (2022)》᠎ᠲᠠᠢ ᠨᠢᠭᠲᠠ ᠤᠶᠠᠯᠳᠤᠭᠤᠯᠤᠨ᠂ 《ᠵᠢᠭ᠋ᠠᠨ ᠰᠤᠷᠭ᠋ᠠᠯᠲᠠ ᠵᠢᠨ ᠦᠨᠳᠦᠰᠦᠨ ᠪᠣᠯᠪᠠᠰᠤᠷᠠᠯ》 ᠪᠠ 《ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠤᠨᠤᠯ ᠪᠣᠯᠤᠨ ᠦᠢ᠍ᠯᠡᠳᠦᠯᠭᠡ》 ᠭᠡᠬᠦ ᠬᠣᠶᠠᠷ ᠶᠡᠬᠡ ᠬᠡᠰᠡᠭ᠎ᠲᠤ ᠬᠤᠪᠢᠶᠠᠨ᠎ᠠ᠂ ᠡᠭᠦᠨ᠎ᠳᠤ ᠳᠠᠭᠤᠤ ᠬᠥᠭᠵᠢᠮ᠎ᠤᠨ ᠬᠢᠴᠢᠶᠡᠯ᠎ᠳᠤ ᠨᠠᠶ᠋ᠢᠷᠠᠯ ᠳᠠᠭᠤᠤ ᠵᠢᠨ ᠤᠳᠤᠷᠢᠳᠤᠭ᠋ᠠᠴᠢ᠂ ᠲᠡᠭᠦᠯᠳᠡᠷ ᠬᠤᠭᠤᠷ ᠵᠶ᠋ᠠᠷ ᠪᠡᠯᠡᠨ ᠬᠠᠪᠰᠤᠷᠤᠨ ᠬᠥᠭᠵᠢᠮᠳᠡᠬᠦ᠂ ᠪᠠᠭ᠎ᠠ ᠬᠥᠭᠵᠢᠮ᠎ᠤᠨ ᠠᠩᠬᠢ ᠵᠢ ᠪᠠᠢ᠌ᠭᠤᠯᠤᠨ ᠵᠣᠬᠢᠴᠠᠭᠤᠯᠬᠤ᠂ ᠲᠠᠶ᠋ᠢᠰᠠᠨ᠎ᠤ ᠤᠷᠠᠯᠢᠭ᠎ᠤᠨ ᠦᠢ᠍ᠯᠡᠳᠦᠯᠭᠡ᠂ ᠰᠢᠯᠢᠳᠡᠭ ᠬᠢᠴᠢᠶᠡᠯ᠎ᠤᠨ ᠠᠬᠤᠢ ᠲᠠᠯᠠᠪᠠᠢ ᠵᠢᠨ ᠦᠵᠡᠭᠦᠯᠭᠡ᠂ ᠳᠤᠮᠳᠠᠳᠤ ᠪᠠᠭ᠎ᠠ ᠰᠤᠷᠭ᠋ᠠᠭᠤᠯᠢ ᠵᠢᠨ ᠳᠠᠭᠤᠤ ᠬᠥᠭᠵᠢᠮ ᠵᠢᠭ᠋ᠠᠬᠤ ᠠᠷᠭ᠎ᠠ ᠵᠡᠷᠭᠡ ᠵᠢ ᠪᠠᠭᠲᠠᠭ᠋ᠠᠨ᠎ᠠ; ᠪᠥᠵᠢᠭ᠎ᠤᠨ ᠬᠢᠴᠢᠶᠡᠯ᠎ᠳᠤ ᠪᠥᠵᠢᠭ᠎ᠤᠨ ᠦᠨᠳᠦᠰᠦᠨ ᠴᠢᠳᠠᠪᠤᠷᠢ ᠵᠢᠨ ᠪᠣᠯᠪᠠᠰᠤᠷᠠᠯ᠂ ᠪᠠᠭ᠋ᠠᠴᠤᠳ ᠬᠡᠦᠬᠡᠳ᠎ᠤᠨ ᠪᠥᠵᠢᠭ᠎ᠢ ᠨᠠᠶ᠋ᠢᠷᠠᠭᠤᠯᠤᠨ ᠵᠣᠬᠢᠶᠠᠬᠤ᠂ ᠦᠨᠳᠦᠰᠦᠲᠡᠨ᠎ᠤ ᠪᠥᠵᠢᠭ᠎ᠢ ᠰᠣᠨᠢᠷᠬᠠᠬᠤ ᠪᠠ ᠵᠢᠭ᠋ᠠᠬᠤ ᠵᠢ ᠪᠠᠭᠲᠠᠭ᠋ᠠᠵᠤ᠂ ᠪᠣᠳᠠᠲᠠᠢ ᠬᠢᠴᠢᠶᠡᠯ᠎ᠤᠨ ᠪᠠᠶ᠋ᠢᠷᠢᠯᠠᠭᠤᠯᠤᠯᠲᠠ ᠵᠢ ᠳᠠᠭ᠋ᠠᠯᠳᠤᠭᠤᠯᠤᠯ 2᠎ᠲᠤ ᠦᠵᠡᠭᠡᠷᠡᠢ᠃
2 . ᠤᠷᠠᠨ ᠪᠢᠴᠢᠯᠭᠡ (ᠤᠷᠠᠨ ᠵᠢᠷᠤᠭ)
《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠤᠷᠠᠯᠢᠭ᠎ᠤᠨ ᠬᠢᠴᠢᠶᠡᠯ᠎ᠤᠨ ᠪᠠᠷᠢᠮᠵᠢᠶ᠎ᠠ (2022)》᠎ᠲᠠᠢ ᠨᠢᠭᠲᠠ ᠤᠶᠠᠯᠳᠤᠭᠤᠯᠤᠨ᠂ 《ᠵᠢᠭ᠋ᠠᠨ ᠰᠤᠷᠭ᠋ᠠᠯᠲᠠ ᠵᠢᠨ ᠣᠨᠣᠯ》 ᠪᠠ 《ᠵᠢᠭ᠋ᠠᠨ ᠰᠤᠷᠭ᠋ᠠᠯᠲᠠ ᠵᠢᠨ ᠦᠢ᠍ᠯᠡᠳᠦᠯᠭᠡ》 ᠭᠡᠵᠦ ᠬᠣᠶᠠᠷ ᠶᠡᠬᠡ ᠬᠡᠰᠡᠭ ᠬᠤᠪᠢᠶᠠᠵᠤ᠂ ᠬᠢᠴᠢᠶᠡᠯᠯᠡᠬᠦ ᠠᠭᠤᠯᠭ᠎ᠠ᠎ᠳᠤ ᠰᠤᠷᠭ᠋ᠠᠨ ᠬᠥᠮᠦᠵᠢᠯ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠂ ᠣᠷᠣᠨ ᠨᠤᠲᠤᠭ᠎ᠤᠨ ᠰᠣᠶᠣᠯ᠎ᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠭᠤᠸ᠎ᠠ ᠰᠠᠶ᠋ᠢᠬᠠᠨ᠎ᠤ ᠬᠥᠮᠦᠵᠢᠯ᠎ᠤᠨ ᠲᠤᠷᠰᠢᠯᠲᠠ ᠵᠢᠨ ᠰᠤᠳᠤᠯᠭ᠋ᠠᠨ᠎ᠳᠤ ᠠᠭᠤᠰᠬᠠᠬᠤ᠂ ᠤᠷᠠᠨ ᠪᠢᠴᠢᠯᠭᠡ ᠵᠢᠨ ᠰᠠᠭᠤᠷᠢ ᠣᠨᠣᠯ ᠪᠠ ᠤᠷ᠎ᠠ ᠮᠡᠷᠭᠡᠵᠢᠯ᠂ ᠰᠢᠯᠢᠳᠡᠭ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠵᠢ ᠬᠤᠪᠢᠶᠠᠯᠴᠠᠨ ᠡᠳ᠋ᠯᠡᠬᠦ ᠵᠡᠷᠭᠡ ᠵᠢ ᠪᠠᠭᠲᠠᠭ᠋ᠠᠨ᠎ᠠ᠂ ᠪᠣᠳᠠᠲᠠᠶ ᠬᠢᠴᠢᠶᠡᠯ᠎ᠤᠨ ᠲᠣᠬᠢᠷᠠᠭᠤᠯᠤᠯᠲᠠ ᠵᠢ ᠳᠠᠭ᠋ᠠᠯᠳᠤᠭᠤᠯᠤᠯ 3᠎ᠳᠤ ᠦᠵᠡᠭᠡᠷᠡᠢ᠃ ᠪᠣᠯᠪᠠᠰᠤᠷᠠᠭᠤᠯᠤᠯ᠎ᠤᠨ ᠬᠢᠴᠢᠶᠡᠯ ᠣᠷᠣᠬᠤ ᠬᠤᠭᠤᠴᠠᠭ᠋ᠠᠨ᠎ᠳᠤ ᠬᠡᠷᠡᠭᠰᠡᠬᠦ ᠪᠢᠴᠢᠬᠦ᠂ ᠵᠢᠷᠤᠬᠤ ᠬᠡᠷᠡᠭᠰᠡᠯ᠎ᠢ ᠳᠠᠭ᠋ᠠᠭ᠋ᠠᠴᠢᠯᠠᠨ ᠡᠷᠬᠢᠯᠡᠬᠦ ᠲᠠᠯ᠎ᠠ᠎ᠠᠴᠠ ᠨᠢᠭᠡᠳᠦᠯᠲᠡᠶ ᠬᠠᠩᠭ᠋ᠠᠵᠤ᠂ ᠬᠢᠴᠢᠶᠡᠯ᠎ᠤᠨ ᠭᠠᠳᠠᠨᠠᠬᠢ ᠬᠤᠭᠤᠴᠠᠭ᠋ᠠᠨ᠎ᠳᠤ ᠪᠣᠯᠪᠠᠰᠤᠷᠠᠭᠤᠯᠤᠯ᠎ᠳᠤ ᠣᠷᠣᠯᠴᠠᠬᠤ ᠪᠠᠭᠰᠢ ᠨᠠᠷ ᠬᠡᠷᠪᠡ ᠵᠣᠬᠢᠶᠠᠨ ᠪᠦᠲᠦᠭᠡᠬᠦ ᠦᠢ᠍ᠯᠡᠳᠦᠯᠭᠡ ᠬᠢᠬᠦ ᠴᠢᠬᠤᠯᠠᠲᠠᠶ ᠪᠣᠯ ᠬᠠᠮᠢᠶ᠎ᠠ ᠪᠥᠬᠥᠶ ᠬᠡᠷᠡᠭᠰᠡᠯ᠎ᠢ ᠥᠪᠡᠰᠦᠪᠡᠨ ᠪᠡᠯᠡᠳᠭᠡᠨ᠎ᠡ᠃
(ᠬᠣᠶᠠᠷ) ᠪᠣᠯᠪᠠᠰᠤᠷᠠᠭᠤᠯᠬᠤ ᠬᠡᠯᠪᠡᠷᠢ ᠮᠠᠶᠢᠭ
ᠲᠥᠪᠯᠡᠷᠡᠭᠦᠯᠦᠨ ᠪᠣᠯᠪᠠᠰᠤᠷᠠᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠰᠬᠠᠶ ᠮᠡᠷᠭᠡᠵᠢᠯᠲᠡᠨ ᠬᠢᠴᠢᠶᠡᠯ ᠣᠷᠣᠬᠤ᠂ ᠡᠷᠳᠡᠮ ᠰᠢᠨᠵᠢᠯᠡᠭᠡᠨ᠎ᠤ ᠲᠠᠶ᠋ᠢᠯᠤᠮᠵᠢ ᠬᠢᠬᠦ᠂ ᠪᠠᠭᠰᠢ ᠰᠤᠷᠤᠭᠴᠢᠳ ᠦᠢ᠍ᠯᠡᠳᠦᠯᠴᠡᠬᠦ ᠵᠢᠴᠢ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠦᠵᠡᠭᠦᠯᠭᠡ ᠬᠢᠬᠦ ᠵᠡᠷᠭᠡ ᠬᠡᠯᠪᠡᠷᠢ᠎ᠪᠠᠷ ᠥᠷᠨᠢᠭᠦᠯᠵᠦ᠂ ᠠᠰᠠᠭᠤᠳᠠᠯ ᠵᠶ᠋ᠠᠷ ᠭᠤᠤᠯ ᠪᠣᠯᠭ᠋ᠠᠨ᠂ ᠬᠡᠷᠡᠭ᠎ᠤᠨ ᠵᠢᠱ᠌ᠢᠶ᠎ᠡ᠎ᠪᠠᠷ ᠠᠴᠢᠶᠠᠯᠠᠪᠤᠷᠢ ᠪᠣᠯᠭ᠋ᠠᠵᠤ᠂ ᠪᠣᠯᠪᠠᠰᠤᠷᠠᠭᠤᠯᠤᠯ᠎ᠳᠤ ᠣᠷᠣᠯᠴᠠᠬᠤ ᠪᠠᠭᠰᠢ ᠵᠢᠨ ᠲᠤᠰᠬᠠᠶ ᠮᠡᠷᠭᠡᠵᠢᠯ᠎ᠤᠨ ᠬᠢᠷᠢ ᠲᠦᠪᠰᠢᠨ ᠪᠣᠯᠤᠨ ᠦᠢ᠍ᠯᠡᠳᠦᠯᠭᠡ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ᠃
ᠳᠥᠷᠪᠡ᠂ ᠪᠣᠯᠪᠠᠰᠤᠷᠠᠭᠤᠯᠬᠤ ᠴᠠᠭ ᠪᠣᠯᠤᠨ ᠭᠠᠵᠠᠷ
(ᠨᠢᠭᠡ) ᠪᠣᠯᠪᠠᠰᠤᠷᠠᠭᠤᠯᠬᠤ ᠴᠠᠭ
1 . ᠳᠠᠭᠤᠤ ᠬᠥᠭᠵᠢᠮ᠂ ᠪᠥᠵᠢᠭ᠎ᠤᠨ ᠪᠣᠯᠪᠠᠰᠤᠷᠠᠭᠤᠯᠤᠯ᠄ 2023 ᠣᠨ᠎ᠤ 7 ᠳ᠋ᠤᠭ᠋ᠠᠷ ᠰᠠᠷ᠎ᠠ ᠵᠢᠨ 12-7 ᠳ᠋ᠤᠭ᠋ᠠᠷ ᠰᠠᠷ᠎ᠠ ᠵᠢᠨ 20᠎ᠤ ᠡᠳᠦᠷ᠃ 7 ᠰᠠᠷ᠎ᠠ ᠵᠢᠨ 12᠎ᠤᠨ ᠡᠳᠦᠷ ᠪᠦᠬᠦᠯᠢ ᠡᠳᠦᠷ ᠨᠡᠷ᠎ᠡ ᠮᠡᠳᠡᠭᠦᠯᠵᠦ᠂ 7 ᠰᠠᠷ᠎ᠠ ᠵᠢᠨ 20᠎ᠤ ᠡᠳᠦᠷ ᠬᠤᠷᠠᠯ᠎ᠤᠨ ᠲᠠᠯᠠᠪᠠᠢ᠎ᠠᠴᠠ ᠰᠠᠯᠤᠨ᠎ᠠ᠃ ᠵᠠᠮ ᠬᠠᠷᠢᠯᠴᠠᠭ᠎ᠠ ᠵᠥᠪᠰᠢᠶᠡᠷᠡᠬᠦ ᠪᠠᠶ᠋ᠢᠳᠠᠯ᠎ᠳᠤ ᠥᠪᠡᠷ᠎ᠤᠨ ᠬᠥᠭᠵᠢᠮ (ᠬᠢᠴᠢᠶᠡᠯ᠎ᠤᠨ ᠲᠠᠩᠬᠢᠮ᠎ᠤᠨ ᠵᠢᠵᠢᠭ ᠬᠦᠭᠵᠢᠮᠳᠡᠬᠦᠷᠢ ᠪᠠᠭᠲᠠᠭ᠋ᠠᠨ᠎ᠠ) ᠵᠶ᠋ᠠᠨ ᠠᠪᠴᠤ᠂ ᠵᠢᠵᠢᠭ ᠬᠥᠭᠵᠢᠮ᠎ᠤᠨ ᠠᠩᠭᠢ᠎ᠳᠤ ᠬᠢᠴᠢᠶᠡᠯ ᠲᠣᠬᠢᠷᠠᠭᠤᠯᠬᠤ᠎ᠳᠤ ᠬᠡᠷᠡᠭᠯᠡᠨ᠎ᠡ᠃
2 . ᠤᠷᠠᠨ ᠪᠢᠴᠢᠯᠭᠡ (ᠤᠷᠠᠨ ᠵᠢᠷᠤᠭ) ᠵᠢᠨ ᠪᠣᠯᠪᠠᠰᠤᠷᠠᠭᠤᠯᠤᠯ᠄ 2023 ᠣᠨ᠎ᠤ 7 ᠳ᠋ᠤᠭ᠋ᠠᠷ ᠰᠠᠷ᠎ᠠ ᠵᠢᠨ 16-7 ᠳ᠋ᠤᠭ᠋ᠠᠷ ᠰᠠᠷ᠎ᠠ ᠵᠢᠨ 24᠎ᠤ ᠡᠳᠦᠷ᠃ 7 ᠰᠠᠷ᠎ᠠ ᠵᠢᠨ 16᠎ᠤ ᠡᠳᠦᠷ ᠪᠦᠬᠦᠯᠢ ᠡᠳᠦᠷ ᠨᠡᠷ᠎ᠡ ᠮᠡᠳᠡᠭᠦᠯᠵᠦ᠂ 7 ᠰᠠᠷ᠎ᠠ ᠵᠢᠨ 24᠎ᠤ ᠡᠳᠦᠷ ᠬᠤᠷᠠᠯ᠎ᠤᠨ ᠲᠠᠯᠠᠪᠠᠢ᠎ᠠᠴᠠ ᠰᠠᠯᠤᠨ᠎ᠠ᠃
(ᠬᠣᠶᠠᠷ) ᠨᠡᠷ᠎ᠡ ᠮᠡᠳᠡᠭᠦᠯᠬᠦ ᠪᠠ ᠪᠣᠯᠪᠠᠰᠤᠷᠠᠭᠤᠯᠬᠤ ᠭᠠᠵᠠᠷ
1 . ᠳᠠᠭᠤᠤ ᠬᠥᠭᠵᠢᠮ᠂ ᠪᠥᠵᠢᠭ᠎ᠤᠨ ᠪᠣᠯᠪᠠᠰᠤᠷᠠᠭᠤᠯᠤᠯ
ᠨᠡᠷ᠎ᠡ ᠮᠡᠳᠡᠭᠦᠯᠬᠦ ᠭᠠᠵᠠᠷ᠄ ᠤᠯᠠᠭ᠋ᠠᠨᠴᠠᠪ ᠬᠣᠲᠠ ᠵᠢᠨ ᠵᠢᠨ ᠵᠢᠶᠠᠩ ᡁᠢ ᠰᠢᠩ ᠵᠢᠶᠠᠨ ᠴᠢᠶᠣᠤ ᠵᠡᠭᠡᠯᠢ ᠵᠢᠨ ᠳᠡᠯᠭᠡᠭᠦᠷ (ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠵᠢᠶᠠᠨ ᠴᠢᠶᠣᠤ ᠵᠡᠭᠡᠯᠢ ᠵᠢᠨ 18 ᠳ᠋ᠤᠭ᠋ᠠᠷ ᠨᠣᠮᠧᠷ)᠂ ᠪᠣᠯᠪᠠᠰᠤᠷᠠᠭᠤᠯᠬᠤ ᠭᠠᠵᠠᠷ᠄ ᠤᠯᠠᠭ᠋ᠠᠨᠴᠠᠪ ᠬᠣᠲᠠ ᠵᠢᠨ ᠤᠷᠠᠯᠢᠭ᠎ᠤᠨ ᠰᠤᠷᠭ᠋ᠠᠭᠤᠯᠢ (ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠰᠣᠶᠣᠯ ᠵᠠᠮ᠎ᠤᠨ 1 ᠳ᠋ᠦ᠍ᠭᠡᠷ ᠨᠣᠮᠧᠷ)᠃
2 . ᠤᠷᠠᠨ ᠪᠢᠴᠢᠯᠭᠡ (ᠤᠷᠠᠨ ᠵᠢᠷᠤᠭ) ᠵᠢᠨ ᠪᠣᠯᠪᠠᠰᠤᠷᠠᠭᠤᠯᠤᠯ
ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠣᠯ᠎ᠤᠨ ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ ᠬᠠᠶ ᠫᠥᠸᠧ ᠯᠢ ᠠᠩ ᠪᠠᠭᠤᠳᠠᠯ (ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ ᠨᠠᠨ ᠱᠦᠨ ᠶᠡᠬᠡ ᠵᠡᠭᠡᠯᠢ ᠵᠢᠨ ᠲᠦᠩᠯᠢᠶᠣᠤ ᠬᠣᠲᠠ ᠵᠢᠨ ᠭᠠᠯᠲᠤ ᠲᠡᠷᠭᠡᠨ ᠥᠷᠲᠡᠭᠡᠨ᠎ᠠᠴᠠ ᠪᠠᠷᠠᠭᠤᠨᠰᠢ 150 ᠮᠧᠲᠷ)᠂ ᠪᠣᠯᠪᠠᠰᠤᠷᠠᠭᠤᠯᠬᠤ ᠭᠠᠵᠠᠷ᠄ ᠬᠠᠶ ᠫᠥᠸᠧ ᠯᠢ ᠠᠩ ᠪᠠᠭᠤᠳᠠᠯ᠎ᠤᠨ ᠲᠣᠮᠤ ᠬᠤᠷᠠᠯ᠎ᠤᠨ ᠬᠡᠷ᠃
3 . ᠨᠡᠷ᠎ᠡ ᠮᠡᠳᠡᠭᠦᠯᠬᠦ ᠦᠶ᠎ᠡ᠎ᠳᠤ ᠰᠤᠷᠤᠯᠭ᠋ᠠᠲᠠᠳ ᠥᠪᠡᠷ᠎ᠤᠨ ᠨᠢᠭᠡ ᠢᠮᠠᠬᠤ ᠵᠢᠨ ᠬᠡᠷᠡᠯ ᠵᠢᠷᠤᠭ ᠵᠶ᠋ᠠᠨ 3 ᠬᠤᠪᠢ ᠠᠪᠬᠤ ᠬᠡᠷᠡᠭᠲᠡᠢ᠃
ᠲᠠᠪᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠣᠯᠤᠨ ᠬᠠᠮᠢᠶᠠᠷᠤᠯᠲᠠ ᠰᠢᠯᠭ᠋ᠠᠨ ᠬᠢᠨᠠᠯᠲᠠ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ
ᠪᠣᠯᠪᠠᠰᠤᠷᠠᠭᠤᠯᠬᠤ ᠠᠵᠢᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠦ᠂ ᠪᠣᠯᠪᠠᠰᠤᠷᠠᠭᠤᠯᠤᠯ᠎ᠢ ᠨᠢᠭᠡᠳᠦᠯᠲᠡᠶ ᠲᠥᠯᠦᠪᠯᠡᠨ ᠵᠣᠬᠢᠶᠠᠨ ᠪᠠᠶ᠋ᠢᠭᠤᠯᠬᠤ ᠪᠠ ᠰᠤᠷᠤᠯᠭ᠋ᠠᠲᠠᠨ᠎ᠢ ᠰᠣᠩᠭᠣᠨ ᠲᠣᠬᠢᠷᠠᠭᠤᠯᠬᠤ ᠵᠢ ᠬᠠᠷᠢᠭᠤᠴᠠᠨ᠎ᠠ; ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠪᠣᠯᠤᠨ ᠤᠯᠠᠭ᠋ᠠᠨᠴᠠᠪ ᠬᠣᠲᠠ ᠵᠢᠨ ᠤᠷᠠᠯᠢᠭ᠎ᠤᠨ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠵᠦ᠂ ᠪᠣᠳᠠᠲᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠬᠠᠷᠢᠭᠤᠴᠠᠨ᠂ ᠪᠣᠯᠪᠠᠰᠤᠷᠠᠭᠤᠯᠤᠯ᠎ᠤᠨ ᠬᠤᠭᠤᠴᠠᠭ᠋ᠠᠨ᠎ᠳᠤ ᠵᠢᠭ᠋ᠠᠬᠤ ᠲᠥᠯᠥᠪᠯᠡᠭᠡ ᠵᠢ ᠬᠡᠷᠡᠭᠵᠢᠭᠦᠯᠬᠦ᠂ ᠰᠤᠷᠤᠭᠴᠢᠳ᠎ᠢ ᠬᠠᠮᠢᠶᠠᠷᠴᠤ ᠬᠢᠨᠠᠨ ᠰᠢᠯᠭ᠋ᠠᠬᠤ ᠵᠡᠷᠭᠡ ᠠᠵᠢᠯ᠎ᠢ ᠰᠠᠶ᠋ᠢᠲᠤᠷ ᠬᠢᠨ᠎ᠡ᠃
(ᠬᠣᠶᠠᠷ) ᠬᠠᠮᠢᠶᠠᠷᠤᠯᠲᠠ ᠬᠢᠨᠠᠨ ᠰᠢᠯᠭ᠋ᠠᠯᠲᠠ
ᠡᠨᠡ ᠤᠳᠠᠭ᠋ᠠᠨ᠎ᠤ ᠪᠣᠯᠪᠠᠰᠤᠷᠠᠭᠤᠯᠤᠯ᠎ᠳᠤ ᠰᠤᠷᠤᠯᠭ᠋ᠠᠲᠠᠳ᠎ᠢ ᠪᠣᠯᠪᠠᠰᠤᠷᠠᠭᠤᠯᠤᠭᠰᠠᠨ ᠪᠦᠷᠢᠨ ᠭᠦᠢ᠍ᠴᠡᠳ ᠲᠠᠩᠰᠠ ᠡᠪᠬᠡᠮᠡᠯ᠎ᠢ ᠪᠠᠶ᠋ᠢᠭᠤᠯᠤᠨ᠎ᠠ᠂ ᠡᠭᠦᠨ᠎ᠳᠤ ᠰᠤᠷᠤᠯᠭ᠋ᠠᠲᠠᠳ᠎ᠢ ᠳᠠᠩᠰᠠᠯᠠᠬᠤ ᠬᠦᠰᠦᠨᠦᠭᠲᠦ᠂ ᠬᠢᠴᠢᠶᠡᠯ᠎ᠤᠨ ᠬᠦᠰᠦᠨᠦᠭᠲᠦ᠂ ᠰᠤᠷᠤᠯᠭ᠋ᠠᠲᠠᠳ᠎ᠤᠨ ᠠᠵᠢᠯ᠎ᠳᠤ ᠭᠠᠷᠤᠭᠰᠠᠨ ᠲᠡᠮᠳᠡᠭᠯᠡᠯ᠂ ᠦᠢ᠍ᠯᠡᠳᠦᠯᠭᠡ ᠵᠢᠨ ᠠᠵᠢᠯᠯᠠᠭ᠋ᠠᠨ᠎ᠤ ᠲᠡᠮᠳᠡᠭᠯᠡᠯ ᠵᠡᠷᠭᠡ ᠵᠢ ᠪᠠᠭᠲᠠᠭ᠋ᠠᠨ᠎ᠠ᠃ ᠰᠤᠷᠤᠯᠭ᠋ᠠᠲᠠᠳ᠎ᠤᠨ ᠰᠤᠷᠤᠯᠴᠠᠭᠰᠠᠨᠢ ᠰᠢᠯᠭ᠋ᠠᠨ ᠬᠢᠨᠠᠬᠤ᠎ᠳᠤ ᠣᠨᠣᠯ᠎ᠤᠨ ᠰᠢᠯᠭ᠋ᠠᠨ ᠬᠢᠨᠠᠬᠤ ᠪᠠ ᠦᠢ᠍ᠯᠡᠳᠦᠯᠭᠡ ᠵᠢᠨ ᠰᠢᠯᠭ᠋ᠠᠨ ᠬᠢᠨᠠᠬᠤ ᠵᠢ ᠬᠠᠷᠢᠯᠴᠠᠨ ᠤᠶᠠᠯᠳᠤᠭᠤᠯᠬᠤ ᠬᠡᠯᠪᠡᠷᠢ ᠵᠢ ᠠᠪᠴᠤ᠂ ᠥᠪᠡᠰᠦᠪᠡᠨ ᠦᠨᠡᠯᠡᠬᠦ᠂ ᠬᠠᠷᠢᠯᠴᠠᠨ ᠦᠨᠡᠯᠡᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭ᠋ᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠤᠨ᠂ ᠰᠢᠯᠢᠳᠡᠭ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ ᠭᠡᠵᠦ ᠭᠤᠷᠪᠠᠨ ᠳᠡᠰ ᠬᠤᠪᠢᠶᠠᠬᠤ ᠵᠢᠨ ᠬᠠᠮᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠣᠨ᠎ᠠ᠃ ᠡᠭᠦᠨ᠎ᠳᠤ᠂ ᠣᠨᠣᠯ᠎ᠤᠨ ᠰᠢᠯᠭ᠋ᠠᠨ ᠬᠢᠨᠠᠯᠲᠠ ᠵᠢ ᠰᠤᠷᠤᠯᠴᠠᠯᠭ᠎ᠠ ᠵᠢᠨ ᠣᠯᠤᠯᠲᠠ ᠵᠢ ᠳᠤᠰᠢᠶᠠᠬᠤ ᠬᠡᠯᠪᠡᠷᠢ᠎ᠪᠠᠷ ᠶᠠᠪᠤᠭᠳᠠᠭᠤᠯᠵᠤ᠂ ᠦᠢ᠍ᠯᠡᠳᠦᠯᠭᠡ ᠵᠢᠨ ᠬᠢᠨᠠᠨ ᠰᠢᠯᠭ᠋ᠠᠯᠲᠠ ᠵᠢ ᠵᠢᠭ᠋ᠠᠨ ᠰᠤᠷᠭ᠋ᠠᠯᠲᠠ ᠵᠢᠨ ᠲᠥᠯᠥᠪᠯᠡᠭᠡ ᠪᠠ ᠤᠷ᠎ᠠ ᠴᠢᠳᠠᠪᠤᠷᠢ ᠵᠢᠨ ᠠᠵᠢᠯᠯᠠᠭ᠎ᠠ ᠵᠡᠷᠭᠡ ᠠᠷᠭ᠎ᠠ ᠬᠡᠯᠪᠡᠷᠢ᠎ᠪᠠᠷ ᠶᠠᠪᠤᠭᠳᠠᠭᠤᠯᠤᠨ᠎ᠠ᠂ ᠪᠣᠳᠠᠲᠠᠶ ᠰᠤᠷᠤᠯᠴᠠᠯᠭ᠎ᠠ ᠵᠢᠨ ᠣᠯᠤᠯᠲᠠ᠂ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠂ ᠵᠢᠭ᠋ᠠᠨ ᠰᠤᠷᠭ᠋ᠠᠯᠲᠠ ᠵᠢᠨ ᠦᠨᠳᠦᠰᠦᠨ ᠴᠢᠳᠠᠪᠤᠷᠢ ᠵᠢᠨ ᠵᠢᠱ᠌ᠢᠶ᠎ᠡ ᠦᠵᠡᠭᠦᠯᠬᠦ ᠬᠢᠴᠢᠶᠡᠯ᠎ᠤᠨ ᠦᠵᠡᠭᠦᠯᠭᠡ ᠵᠢ ᠪᠠᠭᠲᠠᠭ᠋ᠠᠨ᠎ᠠ᠃
ᠵᠢᠷᠭᠤᠭ᠎ᠠ᠂ ᠵᠠᠷᠤᠳᠠᠯ᠎ᠤᠨ ᠪᠠᠲᠤᠯᠠᠭ᠎ᠠ
ᠪᠣᠯᠪᠠᠰᠤᠷᠠᠭᠤᠯᠤᠯ᠎ᠳᠤ ᠣᠷᠣᠯᠴᠠᠭᠰᠠᠨ ᠪᠠᠭᠰᠢ ᠵᠢᠨ ᠵᠠᠮ ᠬᠠᠷᠢᠯᠴᠠᠭ᠋ᠠᠨ᠎ᠤ ᠠᠯᠢᠪᠠ ᠰᠦᠢ᠍ᠳᠭᠡᠯ᠎ᠢ ᠪᠠᠶ᠋ᠢᠭ᠎ᠠ ᠨᠢᠭᠡᠴᠢ᠎ᠠᠴᠠ ᠡᠭᠦᠷᠭᠡᠯᠡᠵᠦ᠂ ᠪᠣᠯᠪᠠᠰᠤᠷᠠᠭᠤᠯᠤᠯ᠎ᠤᠨ ᠬᠤᠭᠤᠴᠠᠭ᠋ᠠᠨ᠎ᠳᠠᠬᠢ ᠬᠣᠭᠣᠯᠠ ᠬᠣᠨᠣᠭ᠎ᠤᠨ ᠵᠠᠷᠤᠳᠠᠯ ᠵᠡᠷᠭᠡ ᠬᠠᠮᠢᠶ᠎ᠠ ᠪᠥᠬᠥᠶ ᠵᠠᠷᠤᠳᠠᠯ᠎ᠢ ᠠᠵᠢᠯᠯᠠᠭ᠎ᠠ ᠵᠢ ᠳᠠᠭ᠋ᠠᠭ᠋ᠠᠴᠢᠯᠠᠨ ᠡᠷᠬᠢᠯᠡᠬᠦ ᠨᠢᠭᠡᠴᠢ᠎ᠠᠴᠠ ᠬᠠᠷᠢᠭᠤᠴᠠᠨ᠎ᠠ᠃ ᠪᠣᠯᠪᠠᠰᠤᠷᠠᠭᠤᠯᠤᠯ᠎ᠳᠤ ᠣᠷᠣᠯᠴᠠᠬᠤ ᠰᠤᠷᠤᠯᠭ᠋ᠠᠲᠠᠨ ᠲᠣᠭᠲᠠᠭᠰᠠᠨ ᠴᠠᠭ᠎ᠲᠤ ᠨᠡᠷ᠎ᠡ ᠮᠡᠳᠡᠭᠦᠯᠬᠦ ᠪᠠ ᠬᠤᠷᠠᠯ᠎ᠤᠨ ᠲᠠᠯᠠᠪᠠᠢ᠎ᠠᠴᠠ ᠰᠠᠯᠵᠤ᠂ ᠤᠷᠢᠳᠴᠢᠯᠠᠨ ᠬᠦᠷᠬᠦ ᠪᠤᠶᠤ ᠬᠣᠶ᠋ᠢᠰᠢᠯᠠᠵᠤ ᠶᠠᠪᠤᠬᠤ᠎ᠠᠴᠠ ᠪᠣᠯᠤᠭᠰᠠᠨ ᠵᠠᠷᠤᠳᠠᠯ ᠵᠶ᠋ᠠᠨ ᠥᠪᠡᠰᠦᠪᠡᠨ ᠬᠠᠷᠢᠭᠤᠴᠠᠨ᠎ᠠ᠃
ᠳᠣᠯᠣᠭ᠎ᠠ᠂ ᠬᠠᠮᠢᠶ᠎ᠠ ᠪᠦᠬᠦᠢ ᠱᠠᠭ᠋ᠠᠷᠳᠠᠯᠭ᠎ᠠ
(ᠨᠢᠭᠡ) ᠪᠣᠯᠪᠠᠰᠤᠷᠠᠭᠤᠯᠤᠯ᠎ᠤᠨ ᠬᠤᠭᠤᠴᠠᠭ᠋ᠠᠨ᠎ᠳᠤ᠂ ᠰᠤᠷᠤᠭᠴᠢᠳ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ᠂ ᠰᠤᠷᠤᠯᠴᠠᠬᠤ ᠰᠤᠷᠲᠠᠯ ᠪᠣᠯᠤᠨ ᠰᠠᠬᠢᠯᠭ᠎ᠠ ᠪᠠᠲᠤ ᠵᠢ ᠲᠥᠪ ᠴᠢᠩᠭ᠎ᠠ ᠪᠠᠶ᠋ᠢᠯᠭ᠋ᠠᠵᠤ᠂ ᠰᠤᠷᠤᠯᠴᠠᠬᠤ ᠰᠠᠬᠢᠯᠭ᠎ᠠ ᠪᠠᠲᠤ ᠵᠢ ᠤᠬᠠᠮᠰᠠᠷ᠎ᠠᠴᠠ᠎ᠪᠠᠨ ᠵᠢᠷᠤᠮᠯᠠᠨ᠂ ᠠᠵᠢᠯ᠎ᠳᠤ ᠭᠠᠷᠬᠤ ᠵᠢ ᠲᠡᠮᠳᠡᠭᠯᠡᠬᠦ ᠪᠠ ᠴᠢᠯᠥᠭᠡ ᠭᠤᠶᠤᠬᠤ ᠳᠦᠷᠢᠮ᠎ᠢ ᠴᠢᠩᠭ᠎ᠠ ᠵᠢᠷᠤᠮᠯᠠᠨ᠂ ᠰᠤᠷᠤᠯᠴᠠᠯᠭ᠎ᠠ ᠪᠠ ᠪᠣᠯᠪᠠᠰᠤᠷᠠᠭᠤᠯᠤᠯ᠎ᠤᠨ ᠴᠢᠨᠠᠷ ᠴᠢᠨᠰᠠᠭ᠎ᠠ ᠵᠢ ᠪᠠᠲᠤᠯᠠᠬᠤ ᠬᠡᠷᠡᠭᠲᠡᠶ᠃ ᠣᠨᠴᠠᠭ᠋ᠠᠢ ᠪᠠᠶ᠋ᠢᠳᠠᠯ ᠪᠤᠶᠤ ᠠᠯᠪᠠᠨ ᠶᠠᠪᠤᠳᠠᠯ ᠵᠶ᠋ᠠᠷ ᠴᠢᠯᠥᠭᠡ ᠭᠤᠶᠤᠬᠤ ᠴᠢᠬᠤᠯᠠᠲᠠᠢ ᠰᠤᠷᠤᠯᠭ᠋ᠠᠲᠠᠨ ᠡᠷᠬᠡᠪᠰᠢ ᠲᠤᠬᠠᠶ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠪᠠᠷ ᠵᠥᠪᠰᠢᠶᠡᠷᠡᠭᠦᠯᠵᠦ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠡᠷᠡᠭᠦᠯ ᠬᠠᠮᠠᠭ᠋ᠠᠯᠠ᠊ ᠪᠡᠶ᠎ᠡ ᠵᠢᠨ ᠲᠠᠮᠢᠷ ᠤᠷᠠᠯᠢᠭ ᠪᠠ ᠬᠥᠳᠡᠯᠮᠦᠷᠢ ᠵᠢᠨ ᠬᠥᠮᠥᠵᠢᠯ᠎ᠤᠨ ᠭᠠᠵᠠᠷ᠎ᠲᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠳᠠᠩᠰᠠᠯᠠᠭᠤᠯᠵᠤ᠂ ᠴᠢᠯᠥᠭᠡ ᠭᠤᠶᠤᠬᠤ ᠴᠠᠭ᠎ᠤᠨ ᠤᠷᠲᠤ ᠵᠢ ᠶᠡᠷᠦᠩᠬᠡᠶ ᠬᠢᠴᠢᠶᠡᠯ᠎ᠤᠨ ᠴᠠᠭ᠎ᠤᠨ 1 / 5᠎ᠠᠴᠠ ᠬᠡᠲᠦᠷᠡᠭᠦᠯᠵᠦ ᠪᠣᠯᠬᠤ ᠦᠭᠡᠶ᠃
(ᠬᠣᠶᠠᠷ) ᠡᠨᠡ ᠤᠳᠠᠭ᠋ᠠᠨ᠎ᠤ ᠪᠣᠯᠪᠠᠰᠤᠷᠠᠭᠤᠯᠤᠯ᠎ᠳᠤ ᠣᠷᠣᠯᠴᠠᠬᠤ ᠪᠠᠭᠰᠢ ᠨᠠᠷ 《ᠭᠤᠸ᠎ᠠ ᠰᠠᠶ᠋ᠢᠬᠠᠨ ᠵᠶ᠋ᠠᠷ ᠬᠥᠮᠦᠨ᠎ᠢ ᠬᠥᠮᠦᠵᠢᠭᠦᠯᠬᠦ᠂ ᠭᠤᠸ᠎ᠠ ᠰᠠᠶ᠋ᠢᠬᠠᠨ ᠵᠶ᠋ᠠᠷ ᠬᠥᠮᠦᠨ᠎ᠢ ᠬᠤᠪᠢᠷᠠᠭᠤᠯᠬᠤ᠂ ᠭᠤᠸ᠎ᠠ ᠰᠠᠶ᠋ᠢᠬᠠᠨ ᠵᠶ᠋ᠠᠷ ᠦᠨᠳᠦᠰᠦ ᠵᠢ ᠪᠣᠶ᠋ᠢᠵᠢᠭᠤᠯᠬᠤ》᠎ᠪᠠᠷ ᠭᠣᠣᠯ ᠰᠡᠳᠦᠪ ᠪᠣᠯᠭ᠋ᠠᠨ᠂ ᠥᠪᠡᠷ ᠵᠶ᠋ᠠᠨ ᠨᠢᠭᠡ ᠪᠦᠲᠦᠭᠡᠯ᠎ᠢ ᠵᠣᠬᠢᠶᠠᠨ ᠪᠦᠲᠦᠭᠡᠵᠦ ᠳᠠᠭᠤᠰᠬᠠᠨ᠎ᠠ᠂ ᠡᠭᠦᠨ᠎ᠳᠤ ᠤᠷᠠᠨ ᠪᠢᠴᠢᠯᠭᠡ (ᠤᠷᠠᠨ ᠵᠢᠷᠤᠭ) ᠵᠢᠨ ᠪᠠᠭᠰᠢ ᠨᠠᠷ ᠪᠣᠯᠪᠠᠰᠤᠷᠠᠭᠤᠯᠤᠯ ᠲᠡᠭᠦᠰᠬᠦ ᠦᠶ᠎ᠡ᠎ᠳᠤ ᠨᠢᠭᠡ ᠤᠷᠠᠨ ᠪᠢᠴᠢᠯᠭᠡ ᠪᠤᠶᠤ ᠤᠷᠠᠨ ᠵᠢᠷᠤᠭ᠎ᠤᠨ ᠪᠦᠲᠦᠭᠡᠯ᠎ᠢ ᠲᠤᠰᠢᠶᠠᠨ᠎ᠠ᠃
(ᠭᠤᠷᠪᠠ) ᠡᠯ᠎ᠡ ᠠᠶ᠋ᠢᠮᠠᠭ ᠬᠣᠲᠠ 2023 ᠣᠨ᠎ᠤ 7 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ ᠡᠮᠦᠨ᠎ᠡ᠂ ᠲᠠᠨᠢᠯᠴᠠᠭᠤᠯᠬᠤ ᠠᠯᠪᠠᠨ ᠵᠠᠬᠢᠳᠠᠯ᠂ ᠪᠣᠯᠪᠠᠰᠤᠷᠠᠭᠤᠯᠤᠯ᠎ᠳᠤ ᠣᠷᠣᠯᠴᠠᠬᠤ ᠪᠠᠭᠰᠢ ᠵᠢᠨ ᠮᠡᠳᠡᠭᠡ ᠵᠠᠩᠭᠢ ᠵᠢᠨ ᠬᠦᠰᠦᠨᠦᠭᠲᠦ (ᠳᠠᠭ᠋ᠠᠯᠳᠤᠭᠤᠯᠤᠯ 4) ᠪᠠ ᠬᠤᠷᠢᠶᠠᠩᠭᠤᠢ᠌ᠯᠠᠭᠰᠠᠨ ᠬᠦᠰᠦᠨᠦᠭᠲᠦ (ᠳᠠᠭ᠋ᠠᠯᠳᠤᠭᠤᠯᠤᠯ 5) ᠵᠢᠨ WORD ᠬᠡᠪᠯᠡᠯ ᠪᠠ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠋ᠠᠬᠢ PDF ᠰᠢᠷᠪᠢᠯᠲᠡ ᠬᠡᠪᠯᠡᠯ᠎ᠢ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠣᠭᠲᠠᠭᠰᠠᠨ ᠢᠮᠧᠯ᠎ᠳᠤ ᠮᠡᠳᠡᠭᠦᠯᠦᠨ ᠬᠦᠷᠭᠡᠬᠦ ᠬᠡᠷᠡᠭᠲᠡᠶ᠃
ᠨᠠᠢ᠍ᠮᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ
(ᠨᠢᠭᠡ) ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠵᠢᠴᠢ ᠬᠥᠳᠡᠯᠮᠦᠷᠢ ᠵᠢᠨ ᠬᠥᠮᠥᠵᠢᠯ᠎ᠤᠨ ᠭᠠᠵᠠᠷ
ᠬᠠᠷᠢᠯᠴᠠᠬᠤ ᠬᠥᠮᠦᠨ᠄ ᠵᠠᠩ ᠰᠢᠶᠤᠤ ᠶᠢᠩ᠂ 0471 - 2857025᠂ ᠾᠥᠩ ᠯᠢᠩ᠂ 0471 - 2857003
ᠢᠮᠧᠯ᠄ nmgmy1002@163.com
(ᠬᠣᠶᠠᠷ) ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ
ᠬᠠᠷᠢᠯᠴᠠᠬᠤ ᠬᠥᠮᠦᠨ᠄ ᠰᠢᠤᠸᠠᠢ ᠯᠢ ᠬᠤᠸᠠ᠂ 15848856696
(ᠭᠤᠷᠪᠠ) ᠤᠯᠠᠭ᠋ᠠᠨᠴᠠᠪ ᠬᠣᠲᠠ ᠵᠢᠨ ᠤᠷᠠᠯᠢᠭ᠎ᠤᠨ ᠰᠤᠷᠭ᠋ᠠᠭᠤᠯᠢ
ᠬᠠᠷᠢᠯᠴᠠᠬᠤ ᠬᠥᠮᠦᠨ᠄ ᠰᠢ ᠼᠦᠨ ᠳ᠋ᠧ᠂ 1584841110᠃
ᠳᠠᠭᠤᠤ ᠬᠥᠭᠵᠢᠮ᠎ᠤᠨ ᠪᠣᠯᠪᠠᠰᠤᠷᠠᠭᠤᠯᠤᠯ᠎ᠤᠨ ᠬᠠᠷᠢᠯᠴᠠᠬᠤ ᠬᠥᠮᠦᠨ᠄ ᠯᠢ ᠪᠦᠦ᠂ 13947470550
ᠪᠥᠵᠢᠭ᠎ᠤᠨ ᠪᠣᠯᠪᠠᠰᠤᠷᠠᠭᠤᠯᠤᠯ᠎ᠤᠨ ᠬᠠᠷᠢᠯᠴᠠᠬᠤ ᠬᠥᠮᠦᠨ᠄ ᠾᠧᠦ ᠴᠢᠶᠠᠨ᠂ 18748404555
ᠳᠠᠭ᠋ᠠᠯᠳᠤᠭᠤᠯᠤᠯ᠄
1 . ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢᠨ ᠪᠣᠯᠪᠠᠰᠤᠷᠠᠭᠤᠯᠤᠯ᠎ᠤᠨ ᠣᠷᠣᠨ ᠲᠣᠭ᠎ᠠ ᠵᠢ ᠬᠤᠪᠢᠶᠠᠷᠢᠯᠠᠭᠰᠠᠨ ᠬᠦᠰᠦᠨᠦᠭᠲᠦ
2 . ᠳᠠᠭᠤᠤ ᠬᠥᠭᠵᠢᠮ᠂ ᠪᠥᠵᠢᠭ᠎ᠤᠨ ᠬᠢᠴᠢᠶᠡᠯ᠎ᠤᠨ ᠪᠠᠶ᠋ᠢᠷᠢᠯᠠᠭᠤᠯᠤᠯᠲᠠ
3 . ᠤᠷᠠᠨ ᠪᠢᠴᠢᠯᠭᠡ (ᠤᠷᠠᠨ ᠵᠢᠷᠤᠭ) ᠵᠢᠨ ᠬᠢᠴᠢᠶᠡᠯ᠎ᠤᠨ ᠪᠠᠶ᠋ᠢᠷᠢᠯᠠᠭᠤᠯᠤᠯᠲᠠ
4 . ᠪᠥᠬᠥ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢᠨ ᠪᠣᠯᠪᠠᠰᠤᠷᠠᠭᠤᠯᠤᠯ᠎ᠳᠤ ᠣᠷᠣᠯᠴᠠᠬᠤ ᠮᠡᠳᠡᠭᠡ ᠵᠠᠩᠭᠢ ᠵᠢᠨ ᠬᠦᠰᠦᠨᠦᠭᠲᠦ
5 . ᠪᠥᠬᠥ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢᠨ ᠪᠣᠯᠪᠠᠰᠤᠷᠠᠭᠤᠯᠤᠯ᠎ᠳᠤ ᠣᠷᠣᠯᠴᠠᠭᠰᠠᠨ ᠰᠤᠷᠤᠭᠴᠢᠳ᠎ᠤᠨ ᠬᠤᠷᠢᠶᠠᠩᠭᠤᠢ᠌ᠯᠠᠭᠰᠠᠨ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 7 ᠳ᠋ᠤᠭ᠋ᠠᠷ ᠰᠠᠷ᠎ᠠ ᠵᠢᠨ 5᠎ᠤ ᠡᠳᠦᠷ
ᠳᠠᠭ᠋ᠠᠯᠳᠤᠭᠤᠯᠤᠯ᠄
1 . ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢᠨ ᠪᠣᠯᠪᠠᠰᠤᠷᠠᠭᠤᠯᠤᠯ᠎ᠤᠨ ᠣᠷᠣᠨ ᠲᠣᠭ᠎ᠠ ᠵᠢ ᠬᠤᠪᠢᠶᠠᠷᠢᠯᠠᠭᠰᠠᠨ ᠬᠦᠰᠦᠨᠦᠭᠲᠦ .docx
2 . ᠳᠠᠭᠤᠤ ᠬᠥᠭᠵᠢᠮ᠂ ᠪᠥᠵᠢᠭ᠎ᠤᠨ ᠬᠢᠴᠢᠶᠡᠯ᠎ᠤᠨ ᠪᠠᠶ᠋ᠢᠷᠢᠯᠠᠭᠤᠯᠤᠯᠲᠠ.docx
3 . ᠤᠷᠠᠨ ᠪᠢᠴᠢᠯᠭᠡ (ᠤᠷᠠᠨ ᠵᠢᠷᠤᠭ) ᠵᠢᠨ ᠬᠢᠴᠢᠶᠡᠯ᠎ᠤᠨ ᠪᠠᠶ᠋ᠢᠷᠢᠯᠠᠭᠤᠯᠤᠯᠲᠠ.docx
4 . ᠪᠥᠬᠥ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢᠨ ᠪᠣᠯᠪᠠᠰᠤᠷᠠᠭᠤᠯᠤᠯ᠎ᠳᠤ ᠣᠷᠣᠯᠴᠠᠬᠤ ᠮᠡᠳᠡᠭᠡ ᠵᠠᠩᠭᠢ ᠵᠢᠨ ᠬᠦᠰᠦᠨᠦᠭᠲᠦ.docx
5 . ᠪᠥᠬᠥ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠭᠤᠤᠯᠯᠠᠭᠴᠢ ᠪᠠᠭᠰᠢ ᠵᠢᠨ ᠪᠣᠯᠪᠠᠰᠤᠷᠠᠭᠤᠯᠤᠯ᠎ᠳᠤ ᠣᠷᠣᠯᠴᠠᠭᠰᠠᠨ ᠰᠤᠷᠤᠭᠴᠢᠳ᠎ᠤᠨ ᠬᠤᠷᠢᠶᠠᠩᠭᠤᠢ᠌ᠯᠠᠭᠰᠠᠨ ᠬᠦᠰᠦᠨᠦᠭᠲᠦ .docx