ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2023 ᠣᠨ᠎ᠤ ᠰᠢᠭᠤᠳ ᠬᠠᠷᠢᠶ᠎ᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠲᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠠᠵᠢᠯ᠎ᠤᠨ ᠪᠠᠶ᠋ᠢᠷᠢ᠎ᠳᠤ ᠮᠡᠳᠡᠭᠦᠯᠦᠭᠰᠡᠳ᠎ᠤᠨ ᠲᠤᠬᠠᠶ ᠢᠯᠡ ᠨᠡᠢ᠌ᠲᠡᠯᠡᠯ
ᠨᠡᠶ᠋ᠢᠲᠡᠯᠡᠭᠰᠡᠨ ᠴᠠᠭ᠄ 2023-07-27


      ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2023 ᠣᠨ᠎ᠤ ᠪᠥᠬᠥ ᠣᠷᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠶ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠠᠵᠢᠯ᠎ᠤᠨ ᠪᠠᠶ᠋ᠢᠷᠢ᠎ᠳᠤ ᠮᠡᠳᠡᠭᠦᠯᠵᠦ ᠤᠷᠢᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠠᠭᠰᠢ ᠥᠪᠡᠰᠦᠪᠡᠨ ᠮᠡᠳᠡᠭᠦᠯᠬᠦ᠂ ᠰᠤᠷᠭ᠋ᠠᠭᠤᠯᠢ᠎ᠠᠴᠠ ᠵᠣᠬᠢᠶᠠᠨ ᠪᠠᠢ᠌ᠭᠤᠯᠵᠤ ᠬᠢᠷᠢ ᠬᠡᠮ᠎ᠢ ᠬᠢᠨᠠᠨ ᠪᠠᠶ᠋ᠢᠴᠠᠭ᠋ᠠᠬᠤ᠂ ᠦᠨᠡᠯᠡᠨ ᠶᠠᠷᠢᠯᠴᠠᠬᠤ᠂ ᠢᠯᠡ ᠨᠡᠶ᠋ᠢᠲᠡᠯᠡᠬᠦ᠎ᠪᠠᠷ ᠳᠡᠮᠵᠢᠨ᠂ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠵᠣᠬᠢᠶᠠᠨ ᠪᠠᠢ᠌ᠭᠤᠯᠤᠨ ᠪᠠᠭᠰᠢ ᠵᠢᠨ ᠮᠣᠷᠠᠯ᠎ᠢ ᠪᠠᠢ᠌ᠴᠠᠭ᠋ᠠᠵᠤ᠂ 2023 ᠣᠨ᠎ᠤ ᠰᠢᠭᠤᠳ ᠬᠠᠷᠢᠶ᠎ᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠠᠵᠢᠯ᠎ᠤᠨ ᠪᠠᠶ᠋ᠢᠷᠢ᠎ᠳᠤ ᠮᠡᠳᠡᠭᠦᠯᠬᠦ᠎ᠪᠠᠷ ᠪᠠᠶ᠋ᠢᠭ᠎ᠠ ᠬᠥᠮᠦᠰ᠎ᠢ ᠲᠣᠭᠲᠠᠭ᠋ᠠᠪᠠ (ᠳᠠᠭ᠋ᠠᠯᠳᠤᠭᠤᠯᠤᠯ᠎ᠳᠤ ᠦᠵᠡᠭᠡᠷᠡᠢ)᠃ ᠡᠳᠦᠭᠡ ᠢᠯᠡ ᠨᠡᠢ᠌ᠲᠡᠯᠡᠪᠡ᠃
      ᠢᠯᠡ ᠨᠡᠢ᠌ᠲᠡᠯᠡᠬᠦ ᠬᠤᠭᠤᠴᠠᠭ᠎ᠠ 2023 ᠣᠨ᠎ᠤ 7 ᠳ᠋ᠤᠭ᠋ᠠᠷ ᠰᠠᠷ᠎ᠠ ᠵᠢᠨ 26 - 8 ᠳ᠋ᠤᠭ᠋ᠠᠷ ᠰᠠᠷ᠎ᠠ ᠵᠢᠨ 1᠎ᠤ ᠡᠳᠦᠷ ᠪᠣᠯᠤᠨ᠎ᠠ᠃ ᠨᠢᠭᠡᠴᠢ ᠪᠠ ᠬᠤᠪᠢ ᠬᠥᠮᠦᠨ ᠪᠡᠶ᠎ᠡ᠎ᠪᠠᠷ ᠵᠶ᠋ᠡᠨ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠠᠷ ᠢᠯᠡ ᠨᠡᠶ᠋ᠢᠲᠡᠯᠡᠭᠰᠡᠨ ᠠᠭᠤᠯᠭ᠎ᠠ᠎ᠳᠤ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠬᠤ᠎ᠳᠤ᠎ᠪᠠᠨ ᠴᠢᠬᠤᠯᠠ ᠪᠥᠬᠥᠶ ᠭᠡᠷᠡᠴᠢ ᠮᠠᠲ᠋ᠧᠷᠢᠶᠠᠯ ᠬᠠᠩᠭ᠋ᠠᠬᠤ ᠵᠢᠨ ᠬᠠᠮᠲᠤ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠠ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭ᠋ᠠᠵᠤ᠂ ᠪᠠᠶ᠋ᠢᠴᠠᠭ᠋ᠠᠨ ᠬᠠᠷᠭᠤᠭᠤᠯᠬᠤ ᠪᠠ ᠪᠠᠶ᠋ᠢᠳᠠᠯ᠎ᠢ ᠬᠠᠷᠢᠭᠤ ᠪᠤᠴᠠᠭ᠋ᠠᠬᠤ᠎ᠳᠤ ᠲᠥᠬᠥᠮ ᠦᠵᠡᠭᠦᠯᠵᠦ᠂ ᠬᠤᠭᠤᠴᠠᠭ᠎ᠠ ᠬᠡᠲᠦᠷᠡᠭᠰᠡᠨ ᠵᠢᠴᠢ ᠨᠡᠷ᠎ᠡ ᠪᠤᠷᠤᠭᠤᠯᠠᠭᠰᠠᠨ ᠲᠤᠰᠬᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
      ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ᠎ᠲᠠᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠃ ᠬᠠᠷᠢᠯᠴᠠᠬᠤ ᠤᠲᠠᠰᠤ᠄ 0471 - 2856822᠃


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                2023 ᠣᠨ᠎ᠤ 7 ᠳ᠋ᠤᠭ᠋ᠠᠷ ᠰᠠᠷ᠎ᠠ ᠵᠢᠨ 26᠎ᠤ ᠡᠳᠦᠷ


ᠳᠠᠭ᠋ᠠᠯᠳᠤᠭᠤᠯᠤᠯ1᠄ 2023 ᠣᠨ᠎ᠤ ᠰᠢᠭᠤᠳ ᠬᠠᠷᠢᠶ᠎ᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠠᠵᠢᠯ᠎ᠤᠨ ᠪᠠᠶ᠋ᠢᠷᠢ᠎ᠳᠤ ᠮᠡᠳᠡᠭᠦᠯᠦᠭᠰᠡᠳ᠎ᠤᠨ ᠨᠡᠷᠡᠰ᠎ᠤᠨ ᠪᠦᠷᠢᠳᠬᠡᠯ . docx


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ 《ᠢᠨᠲ᠋ᠧᠷ ᠰᠦᠯᠵᠢᠶ᠎ᠡ+》 ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠤ ᠱᠠᠩᠨᠠᠯ ᠭᠦᠷᠲᠡᠭᠰᠡᠳ᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠨᠠᠢ᠍ᠮᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠡᠷᠭᠢᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠢ ᠳᠠᠩᠰᠠᠯᠠᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ 2023 ᠣᠨ᠎ᠤ ᠲᠥᠷᠦᠯ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠷᠭᠡᠵᠢᠯ᠎ᠢ ᠰᠢᠯᠵᠢᠭᠦᠯᠬᠦ ᠰᠠᠭᠤᠷᠢᠨ ᠭᠠᠵᠠᠷ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
 
             蒙ICP备05000248号