ᠥᠪᠥᠷ ᠰᠤᠷᠭ᠋ᠠᠨ ᠬᠢᠨᠠᠯᠲᠠ ᠬᠠᠮᠢᠶᠠᠷᠤᠯᠲᠠ ᠪᠢᠴᠢᠭ [2023] 92 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠳᠤ᠄
《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠤᠨ 〈ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠰᠤᠷᠭ᠋ᠠᠨ ᠬᠢᠨᠠᠯᠲᠠ ᠬᠠᠮᠢᠶᠠᠷᠤᠯᠲᠠ ᠲᠢᠩᠬᠢᠮ ᠪᠢᠴᠢᠭ [2022] 4 ᠳ᠋ᠦ᠍ᠭᠡᠷ ᠲᠣᠭ᠋ᠠᠲᠤ)᠂ 《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ 2022-2025 ᠰᠤᠷᠤᠯᠭ᠎ᠠ ᠵᠢᠨ ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢ ᠨᠡᠶ᠋ᠢᠲᠡᠯᠡᠬᠦ ᠲᠤᠬᠠᠶ ᠮᠡᠳᠡᠭᠳᠡᠯ》 (ᠰᠤᠷᠭ᠋ᠠᠨ ᠬᠢᠨᠠᠯᠲᠠ ᠬᠠᠮᠢᠶᠠᠷᠤᠯᠲᠠ ᠲᠢᠩᠬᠢᠮ ᠪᠢᠴᠢᠭ [2022] 13 ᠳ᠋ᠤᠭ᠋ᠠᠷ ᠲᠣᠭ᠋ᠠᠲᠤ)᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠰᠤᠷᠭ᠋ᠠᠨ ᠬᠢᠨᠠᠯᠲᠠ ᠬᠠᠮᠢᠶᠠᠷᠤᠯᠲᠠ ᠪᠢᠴᠢᠭ [2022] 76 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠭᠤᠤᠯᠯᠠᠨ ᠡᠷᠬᠢᠯᠡᠭᠰᠡᠨ ᠪᠠᠶ᠋ᠢᠭᠤᠯᠭ᠎ᠠ ᠥᠪᠡᠰᠦᠪᠡᠨ ᠮᠡᠳᠡᠭᠦᠯᠬᠦ᠂ ᠲᠤᠰᠬᠠᠢ ᠮᠡᠷᠭᠡᠵᠢᠯᠲᠡᠨ ᠬᠢᠨᠠᠨ ᠳᠣᠭᠲᠠᠭ᠋ᠠᠬᠤ᠂ ᠢᠯᠡ ᠨᠡᠶ᠋ᠢᠲᠡᠯᠡᠬᠦ ᠪᠠ ᠳᠠᠬᠢᠨ ᠬᠢᠨᠠᠬᠤ ᠵᠡᠷᠭᠡ᠎ᠪᠠᠷ ᠳᠠᠮᠵᠢᠨ᠂ 44 ᠵᠦᠢ᠍ᠯ᠎ᠤᠨ ᠪᠥᠬᠥ ᠤᠯᠤᠰ᠎ᠤᠨ ᠴᠢᠨᠠᠷᠲᠠᠶ ᠤᠷᠤᠯᠳᠤᠭ᠋ᠠᠨ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠢᠮᠡᠯ ᠣᠶᠤᠨ ᠪᠠ ᠮᠠᠰᠢᠨ ᠬᠥᠮᠦᠨ᠎ᠤ ᠤᠷᠤᠯᠳᠤᠭ᠋ᠠᠨ》 ᠵᠡᠷᠭᠡ 10 ᠵᠦᠢ᠍ᠯ᠎ᠤᠨ ᠤᠷᠤᠯᠳᠤᠭ᠋ᠠᠨ᠎ᠤ ᠠᠵᠢᠯᠯᠠᠭ᠎ᠠ ᠵᠢ 2023-2025 ᠰᠤᠷᠤᠯᠭ᠎ᠠ ᠵᠢᠨ ᠣᠨ᠎ᠳᠤ ᠮᠠᠨ᠎ᠤ ᠣᠷᠣᠨ᠎ᠳᠤ ᠡᠷᠭᠢᠯᠡᠵᠦ ᠪᠣᠯᠬᠤᠢ᠌ᠴᠠ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ᠎ᠪᠠᠷ ᠳᠣᠭᠲᠠᠭ᠋ᠠᠵᠤ᠂ ᠵᠠᠷᠴᠢᠮ ᠳᠡᠭᠡᠷ᠎ᠡ᠎ᠪᠠᠨ 2023 ᠣᠨ᠎ᠤ 8 - 2026 ᠣᠨ᠎ᠤ 8 ᠰᠠᠷ᠎ᠠ ᠵᠢᠨ ᠰᠡᠭᠦᠯᠴᠢ ᠪᠣᠯᠲᠠᠯ᠎ᠠ ᠡᠷᠬᠢᠯᠡᠨ᠎ᠡ᠂ ᠡᠨᠡ ᠬᠤᠭᠤᠴᠠᠭ᠋ᠠᠨ᠎ᠳᠤ ᠰᠤᠷᠤᠯᠭ᠎ᠠ ᠵᠢᠨ ᠣᠨ ᠪᠦᠷᠢ᠎ᠳᠤ ᠨᠢᠭᠡ ᠤᠳᠠᠭ᠎ᠠ ᠡᠷᠬᠢᠯᠡᠬᠦ᠎ᠠᠴᠠ ᠬᠡᠲᠦᠷᠡᠭᠦᠯᠵᠦ ᠪᠣᠯᠬᠤ ᠦᠭᠡᠶ᠂ ᠨᠡᠶ᠋ᠢᠲᠡ 3 ᠤᠳᠠᠭ᠎ᠠ ᠡᠷᠬᠢᠯᠡᠬᠦ᠎ᠠᠴᠠ ᠬᠡᠲᠦᠷᠡᠭᠦᠯᠵᠦ ᠪᠣᠯᠬᠤ ᠦᠭᠡᠢ᠃ ᠤᠷᠤᠯᠳᠤᠭ᠋ᠠᠨ ᠵᠢᠴᠢ ᠤᠷᠤᠯᠳᠤᠭ᠋ᠠᠨ᠎ᠤ ᠦᠷ᠎ᠡ ᠳ᠋ᠦᠩ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ ᠡᠯᠰᠡᠵᠦ ᠰᠤᠷᠭ᠋ᠠᠭᠤᠯᠢ᠎ᠳᠤ ᠣᠷᠣᠬᠤ ᠦᠨᠳᠦᠰᠦᠯᠡᠯ ᠪᠤᠶᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠤᠪᠢ ᠨᠡᠮᠡᠬᠦ ᠲᠥᠷᠥᠯ ᠵᠦᠢ᠍ᠯ ᠪᠣᠯᠭ᠋ᠠᠵᠤ ᠪᠣᠯᠬᠤ ᠦᠭᠡᠶ᠃
ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠦᠬᠦ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠦᠬᠦ ᠣᠷᠣᠨ᠎ᠤ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠤ᠎ᠪᠠᠷ ᠨᠠᠮ᠎ᠤᠨ ᠬᠣᠷᠢᠶᠠᠨ᠎ᠤ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠂ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠤᠷᠤᠯᠳᠤᠭ᠋ᠠᠨ᠎ᠤ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠷᠤᠯᠳᠤᠭ᠋ᠠᠨ᠎ᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢᠴᠢ ᠤᠷᠤᠯᠳᠤᠭ᠋ᠠᠨ᠎ᠤ ᠨᠡᠷᠡᠰ᠎ᠢ ᠤᠬᠠᠭᠤᠯᠵᠤ᠂ ᠨᠡᠷᠡᠰ᠎ᠤᠨ ᠵᠢᠭᠰᠠᠭ᠋ᠠᠯᠲᠠ᠎ᠳᠤ ᠪᠠᠢ᠌ᠭ᠎ᠠ ᠤᠷᠤᠯᠳᠤᠭ᠋ᠠᠨ᠎ᠢ ᠵᠢᠯᠣᠭᠣᠳᠴᠤ ᠤᠷᠤᠯᠳᠤᠭ᠋ᠠᠨ ᠡᠷᠬᠢᠯᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠰᠤᠷᠤᠭᠴᠢᠳ ᠪᠣᠯᠤᠨ ᠭᠡᠷ᠎ᠤᠨ ᠠᠬᠠᠮᠠᠳ᠎ᠢ ᠬᠥᠲᠥᠯᠥᠨ ᠵᠢᠯᠣᠭᠣᠳᠴᠤ ᠨᠡᠷᠡᠰ᠎ᠤᠨ ᠵᠢᠭᠰᠠᠭ᠋ᠠᠯᠲᠠ᠎ᠠᠴᠠ ᠭᠠᠳᠠᠨᠠᠬᠢ ᠲᠣᠭᠲᠠᠭ᠋ᠠᠯ᠎ᠠᠴᠠ ᠵᠥᠷᠢᠴᠡᠨ ᠡᠷᠬᠢᠯᠡᠭᠰᠡᠨ ᠤᠷᠤᠯᠳᠤᠭ᠋ᠠᠨ᠎ᠢ ᠤᠬᠠᠮᠰᠠᠷ᠎ᠠᠴᠠ᠎ᠪᠠᠨ ᠬᠣᠷᠢᠭᠯᠠᠵᠤ᠂ ᠲᠣᠭᠲᠠᠭ᠋ᠠᠯ᠎ᠠᠴᠠ ᠵᠥᠷᠢᠴᠡᠨ ᠤᠷᠤᠯᠳᠤᠭ᠋ᠠᠨ ᠡᠷᠬᠢᠯᠡᠭᠰᠡᠨ ᠬᠣᠯᠪᠣᠭᠳᠠᠯ ᠪᠦᠬᠦᠢ ᠰᠦᠪᠡᠭᠴᠢ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠳᠡᠪᠬᠢᠲᠡᠶ ᠲᠤᠰᠬᠠᠵᠤ᠂ ᠰᠤᠷᠤᠭᠴᠢᠳ᠎ᠤᠨ ᠬᠢᠴᠢᠶᠡᠯ᠎ᠤᠨ ᠭᠠᠳᠠᠨᠠᠬᠢ ᠬᠡᠳᠦ ᠬᠦᠨᠳᠦ ᠳᠠᠷᠤᠭ᠋ᠠᠰᠤ ᠵᠢ ᠪᠦᠲᠦᠮᠵᠢᠲᠡᠶ ᠬᠥᠩᠭᠡᠷᠡᠭᠦᠯᠬᠦ ᠬᠡᠷᠡᠭᠲᠡᠶ᠃ ᠡᠯ᠎ᠡ ᠤᠷᠤᠯᠳᠤᠭ᠋ᠠᠨ᠎ᠢ ᠭᠤᠤᠯᠯᠠᠨ ᠡᠷᠭᠢᠯᠡᠬᠦ ᠡᠯ᠎ᠡ ᠨᠢᠭᠡᠴᠢ ᠵᠢᠨ᠎ᠬᠢᠨ ᠬᠡᠷᠡᠭᠵᠢᠭᠦᠯᠬᠦ ᠶᠠᠪᠤᠴᠠ᠎ᠳᠤ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠪᠠᠷᠢᠮᠲᠠᠯᠠᠨ᠂ 《ᠰᠦᠢ᠍ᠳᠭᠡᠯ ᠬᠤᠷᠢᠶᠠᠬᠤ ᠦᠭᠡᠢ》 ᠵᠢ ᠪᠡᠶᠡᠯᠡᠭᠦᠯᠵᠦ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠲᠥᠰᠦᠯ᠎ᠢ ᠨᠠᠷᠢᠯᠢᠬ᠍ᠵᠢᠭᠤᠯᠤᠨ᠂ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠶ; ᠤᠷᠤᠯᠳᠤᠭ᠋ᠠᠨ᠎ᠤ ᠠᠵᠢᠯᠯᠠᠭ᠎ᠠ᠎ᠠᠴᠠ ᠪᠣᠶ ᠪᠣᠯᠤᠭᠰᠠᠨ ᠪᠢᠴᠢᠭ ᠮᠠᠲ᠋ᠧᠷᠢᠶᠠᠯ᠂ ᠦᠨᠡᠮᠯᠡᠯ᠂ ᠮᠧᠳᠠᠯ ᠵᠡᠷᠭᠡ ᠱᠠᠩᠨᠠᠯ᠎ᠤᠨ ᠭᠡᠷᠡᠴᠢ ᠪᠠᠷᠢᠮᠲᠠ ᠵᠢᠨ ᠢᠯᠡ ᠪᠠᠶ᠋ᠢᠷᠢᠨ᠎ᠳᠤ 《ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠷᠣᠭᠴᠢ ᠡᠯᠰᠡᠵᠦ ᠰᠤᠷᠭ᠋ᠠᠭᠤᠯᠢ᠎ᠳᠤ ᠣᠷᠣᠬᠤ ᠵᠢᠨ ᠦᠨᠳᠦᠰᠦᠯᠡᠯ ᠪᠣᠯᠭ᠋ᠠᠬᠤ ᠥᠬᠡᠶ》 ᠭᠡᠵᠦ ᠲᠣᠳᠤᠷᠬᠠᠢ᠌ᠯᠠᠬᠤ ᠬᠡᠷᠡᠭᠲᠡᠢ᠃
ᠳᠠᠭ᠋ᠠᠯᠳᠤᠭᠤᠯᠤᠯ᠄
1 . 2022-2025 ᠰᠤᠷᠤᠯᠭ᠎ᠠ ᠵᠢᠨ ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠨᠡᠷᠡᠰ
2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022-2025 ᠰᠤᠷᠤᠯᠭ᠎ᠠ ᠵᠢᠨ ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠨᠡᠷᠡᠰ (ᠥᠪᠡᠷᠲᠡᠭᠡᠨ ᠵᠠᠰᠠᠬᠤ ᠣᠷᠣᠨ᠎ᠤ ᠨᠢᠭᠡᠴᠢ ᠮᠡᠳᠡᠭᠦᠯᠦᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 7 ᠳ᠋ᠤᠭ᠋ᠠᠷ ᠰᠠᠷ᠎ᠠ ᠵᠢᠨ 24᠎ᠤ ᠡᠳᠦᠷ
ᠳᠠᠭ᠋ᠠᠯᠳᠤᠭᠤᠯᠤᠯ 1᠄ 2022-2025 ᠰᠤᠷᠤᠯᠭ᠎ᠠ ᠵᠢᠨ ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠤᠯᠤᠰ᠎ᠤᠨ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠨᠡᠷᠡᠰ . docx
ᠳᠠᠭ᠋ᠠᠯᠳᠤᠭᠤᠯᠤᠯ 2᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022-2025 ᠰᠤᠷᠤᠯᠭ᠎ᠠ ᠵᠢᠨ ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠨᠡᠷᠡᠰ (ᠥᠪᠡᠷᠲᠡᠭᠡᠨ ᠵᠠᠰᠠᠬᠤ ᠣᠷᠣᠨ᠎ᠤ ᠨᠢᠭᠡᠴᠢ ᠮᠡᠳᠡᠭᠦᠯᠦᠨ᠎ᠡ) . docx