ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠢ ᠳᠠᠩᠰᠠᠯᠠᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-08-15


              ᠥᠪᠥᠷ ᠰᠤᠷᠭ᠋ᠠᠨ ᠠᠵᠢᠯ ᠮᠡᠷᠭᠡᠵᠢᠯ ᠨᠠᠰᠤᠨ᠎ᠳᠤ

              ᠬᠦᠷᠦᠭᠰᠡᠳ ᠪᠢᠴᠢᠭ [2023] 95 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠥᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠳᠡᠭᠡᠳᠦ ᠰᠤᠷᠭ᠋ᠠᠭᠤᠯᠢ᠎ᠳᠤ᠄
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠤᠨ ᠬᠠᠮᠢᠶᠠᠷᠤᠯᠲᠠ ᠵᠢᠨ ᠠᠷᠭ᠎ᠠ ᠵᠢ ᠳᠠᠷᠤᠮᠠᠯᠯᠠᠨ ᠳᠠᠷᠬᠠᠭ᠋ᠠᠬᠤ ᠲᠤᠬᠠᠶ ᠮᠡᠳᠡᠭᠳᠡᠯ》 (ᠥᠪᠥᠷ ᠰᠤᠷᠭ᠋ᠠᠨ ᠲᠠᠷᠬᠠᠭ᠋ᠠᠭᠰᠠᠨ [2022] 29 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠰᠤᠷᠭ᠋ᠠᠨ ᠬᠥᠮᠦᠵᠢᠯ᠎ᠤᠨ ᠶᠠᠮᠤᠨ᠎ᠤ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠲᠠᠢ ᠤᠶᠠᠯᠳᠤᠭᠤᠯᠵᠤ᠂ ᠮᠠᠨ᠎ᠤ ᠲᠢᠩᠬᠢᠮ 2023 ᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠢ ᠮᠡᠳᠡᠭᠦᠯᠵᠦ ᠳᠠᠩᠰᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠪᠡᠶᠡᠯᠡᠭᠦᠯᠵᠦ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠵᠦᠪᠯᠡᠵᠦ ᠬᠢᠨᠠᠨ ᠳᠣᠭᠲᠠᠭ᠋ᠠᠵᠤ᠂ ᠡᠳᠦᠭᠡ ᠳᠠᠩᠰᠠᠯᠠᠭᠰᠠᠨ ᠦᠷ᠎ᠡ ᠳ᠋ᠦᠩ᠎ᠢ (ᠳᠠᠭ᠋ᠠᠯᠳᠤᠭᠤᠯᠤᠯ᠎ᠢ ᠦᠵᠡᠭᠡᠷᠡᠢ) ᠨᠡᠶ᠋ᠢᠲᠡᠯᠡᠬᠦ ᠵᠢᠨ ᠬᠠᠮᠲᠤ ᠬᠣᠯᠪᠣᠭᠳᠠᠯ ᠪᠥᠬᠥᠶ ᠵᠦᠢ᠍ᠯ᠎ᠳᠤ ᠳᠤᠤᠷᠠᠬᠢ ᠮᠡᠲᠦ ᠱᠠᠭ᠋ᠠᠷᠳᠠᠯᠭ᠎ᠠ ᠳᠤᠷᠠᠳᠪᠠ᠃
      ᠨᠢᠭᠡ᠂ ᠰᠤᠷᠭ᠋ᠠᠭᠤᠯᠢ ᠡᠷᠭᠢᠯᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠪᠠ
      ᠡᠯ᠎ᠡ ᠳᠡᠭᠡᠳᠦ ᠰᠤᠷᠭ᠋ᠠᠭᠤᠯᠢ 《ᠰᠤᠷᠭ᠋ᠠᠨ ᠬᠥᠮᠦᠵᠢᠯ᠎ᠤᠨ ᠶᠠᠮᠤᠨ᠎ᠤ 2023 ᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠥᠵᠢᠯ᠎ᠤᠨ ᠡᠯᠰᠡᠬᠦ᠎ᠪᠠᠷ ᠪᠠᠢ᠌ᠭ᠎ᠠ ᠰᠣᠷᠣᠭᠴᠢ ᠵᠢᠨ ᠲᠤᠰᠬᠠᠶ ᠮᠡᠷᠭᠡᠵᠢᠯ᠎ᠢ ᠳᠠᠩᠰᠠᠯᠠᠭᠰᠠᠨ ᠦᠷ᠎ᠡ ᠳ᠋ᠦᠩ ᠪᠠ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠤᠨ ᠲᠣᠬᠢᠷᠠᠭᠤᠯᠤᠯᠲᠠ ᠵᠢ ᠳᠠᠩᠰᠠᠯᠠᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ》 (ᠰᠤᠷᠭ᠋ᠠᠨ ᠠᠵᠢᠯ ᠮᠡᠷᠭᠡᠵᠢᠯ ᠨᠠᠰᠤᠨ᠎ᠳᠤ ᠬᠦᠷᠦᠭᠰᠡᠳ ᠪᠢᠴᠢᠭ [2023] 7 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠡᠷᠭᠢᠯᠡᠬᠦ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠨ᠂ ᠨᠢᠭᠡᠨᠲᠡ ᠨᠡᠶ᠋ᠢᠲᠡᠯᠡᠵᠦ ᠳᠠᠩᠰᠠᠯᠠᠭᠰᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠲᠤ ᠰᠤᠷᠭ᠋ᠠᠭᠤᠯᠢ ᠡᠷᠭᠢᠯᠡᠬᠦ ᠪᠠᠶ᠋ᠢᠷᠢ ᠲᠣᠭᠲᠠᠭ᠋ᠠᠯᠲᠠ ᠵᠢᠴᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠤᠨ ᠰᠤᠷᠭ᠋ᠠᠭᠤᠯᠢ ᠡᠷᠭᠢᠯᠡᠬᠦ ᠨᠥᠬᠥᠴᠡᠯ᠎ᠢ ᠦᠨᠳᠦᠰᠦᠯᠡᠨ᠂ ᠰᠣᠷᠣᠭᠴᠢ ᠡᠯᠰᠡᠬᠦ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠡᠯ᠎ᠡ ᠵᠦᠢ᠍ᠯ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠥᠬᠥ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠂ ᠰᠤᠷᠭ᠋ᠠᠭᠤᠯᠢ ᠡᠷᠭᠢᠯᠡᠬᠦ ᠴᠢᠨᠠᠷ ᠴᠢᠨᠰᠠᠭ᠎ᠠ ᠵᠢ ᠦᠨᠡᠨ ᠬᠦ᠌ ᠪᠠᠲᠤᠯᠠᠪᠠ᠃ ᠵᠢᠯ᠎ᠤᠨ ᠳᠠᠩᠰᠠᠯᠠᠭᠤᠯᠤᠭᠰᠠᠨ ᠥᠬᠡᠶ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠲᠤ ᠴᠡᠭ ᠪᠠᠶ᠋ᠢᠭᠤᠯᠤᠭᠰᠠᠨ ᠨᠢᠭᠡᠴᠢ᠎ᠯᠦᠭᠡ ᠬᠠᠮᠵᠢᠯᠴᠠᠨ ᠤᠤᠯ᠎ᠤᠨ ᠪᠠᠶ᠋ᠢᠭ᠎ᠠ ᠰᠣᠷᠣᠭᠴᠢ᠎ᠳᠤ ᠰᠤᠷᠤᠯᠭ᠎ᠠ ᠵᠢ ᠳᠡᠳᠬᠦᠬᠦ ᠦᠢ᠍ᠯᠡᠴᠢᠯᠡᠭᠡ ᠬᠠᠩᠭ᠋ᠠᠵᠤ᠂ ᠰᠤᠷᠭ᠋ᠠᠭᠤᠯᠢ ᠵᠢᠨ ᠬᠠᠷᠢᠶᠠᠯᠠᠯ᠎ᠲᠠᠢ ᠰᠣᠷᠣᠭᠴᠢ ᠵᠢ ᠬᠥᠮᠦᠵᠢᠭᠦᠯᠬᠦ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠪᠠ᠃
      ᠬᠣᠶᠠᠷ᠂ ᠰᠤᠷᠤᠭᠴᠢ ᠡᠯᠰᠡᠬᠦ ᠤᠬᠠᠭᠤᠯᠭ᠎ᠠ ᠪᠠ ᠬᠠᠮᠢᠶᠠᠷᠤᠯᠲᠠ ᠵᠢ ᠴᠢᠩᠭ᠋ᠠᠳᠬᠠᠪᠠ
      ᠡᠨᠡ ᠤᠳᠠᠭ᠎ᠠ ᠨᠡᠶ᠋ᠢᠲᠡᠯᠡᠵᠦ ᠳᠠᠩᠰᠠᠯᠠᠭᠰᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ 2023 ᠣᠨ᠎ᠳᠤ ᠬᠠᠮᠢᠶ᠎ᠠ ᠪᠥᠬᠥᠶ ᠲᠣᠭᠲᠠᠭ᠋ᠠᠯ ᠶᠣᠰᠤ᠎ᠪᠠᠷ ᠰᠣᠷᠣᠭᠴᠢ ᠡᠯᠰᠡᠵᠦ ᠪᠣᠯᠤᠨ᠎ᠠ᠃ ᠭᠤᠤᠯᠯᠠᠨ ᠡᠷᠭᠢᠯᠡᠭᠰᠡᠨ ᠳᠡᠭᠡᠳᠦ ᠰᠤᠷᠭ᠋ᠠᠭᠤᠯᠢ ᠰᠣᠷᠣᠭᠴᠢ ᠡᠯᠰᠡᠬᠦ ᠵᠠᠷ ᠪᠠ ᠤᠬᠠᠭᠤᠯᠭ᠎ᠠ ᠵᠢ ᠨᠢᠭᠡᠳᠦᠯᠲᠡᠶ ᠰᠢᠰᠲ᠋ᠧᠮᠵᠢᠭᠦᠯᠦᠨ   ᠬᠠᠮᠢᠶᠠᠷᠴᠤ᠂ ᠰᠣᠷᠣᠭᠴᠢ ᠡᠯᠰᠡᠬᠦ ᠲᠣᠪᠴᠢ ᠲᠦᠷᠢᠮ ᠵᠡᠷᠭᠡ ᠮᠠᠲ᠋ᠧᠷᠢᠶᠠᠯ᠎ᠢ ᠰᠤᠷᠭ᠋ᠠᠭᠤᠯᠢ᠎ᠠᠴᠠ ᠨᠢᠭᠡᠳᠦᠯᠲᠡᠶ ᠳᠠᠷᠤᠮᠠᠯᠯᠠᠨ ᠲᠠᠷᠬᠠᠭ᠋ᠠᠵᠤ᠂ ᠰᠤᠷᠭ᠋ᠠᠭᠤᠯᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠠᠴᠠ ᠡᠷᠬᠡ ᠣᠯᠭᠣᠭᠰᠠᠨ ᠥᠬᠡᠶ ᠪᠣᠯ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠯᠲᠠ ᠵᠢᠨ ᠴᠡᠭ ᠥᠪᠡᠰᠦᠪᠡᠨ ᠰᠣᠷᠣᠭᠴᠢ ᠡᠯᠰᠡᠬᠦ ᠵᠢ ᠤᠬᠠᠭᠤᠯᠵᠤ ᠪᠣᠯᠬᠤ ᠥᠬᠡᠶ᠂ ᠬᠤᠳᠠᠯ ᠬᠠᠭᠤᠷᠮᠠᠭ ᠵᠶ᠋ᠠᠷ ᠠᠮᠠᠯᠠᠬᠤ᠂ ᠥᠰᠬᠡᠭᠡᠨ᠎ᠲᠠᠢ ᠤᠬᠠᠭᠤᠯᠬᠤ ᠪᠤᠶᠤ ᠪᠤᠰᠤᠳ ᠵᠣᠬᠢᠶᠠᠨ ᠪᠠᠶ᠋ᠢᠭᠤᠯᠤᠯᠲᠠ (ᠬᠤᠪᠢ ᠬᠥᠮᠦᠨ)᠎ᠳᠤ ᠨᠠᠶ᠋ᠢᠳᠠᠵᠤ ᠣᠷᠣᠯᠠᠨ ᠰᠣᠷᠣᠭᠴᠢ ᠡᠯᠰᠡᠬᠦ ᠤᠬᠠᠭᠤᠯᠭ᠎ᠠ ᠬᠢᠯᠭᠡᠵᠦ ᠪᠣᠯᠬᠤ ᠥᠬᠡᠶ; 《ᠣᠷᠣᠯᠠᠨ ᠨᠡᠷ᠎ᠡ ᠮᠡᠳᠡᠭᠦᠯᠬᠦ》᠂ 《ᠣᠷᠣᠯᠠᠨ ᠰᠦᠢ᠍ᠳᠭᠡᠯ ᠬᠤᠷᠢᠶᠠᠬᠤ》᠂ 《ᠣᠷᠣᠯᠠᠨ ᠰᠤᠷᠤᠯᠴᠠᠬᠤ》᠂ 《ᠣᠷᠣᠯᠠᠨ ᠰᠢᠯᠭ᠋ᠠᠬᠤ》 ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ ᠬᠠᠩᠭ᠋ᠠᠵᠤ ᠪᠣᠯᠬᠤ ᠥᠬᠡᠶ; ᠮᠤᠵᠢ ᠠᠯᠤᠰᠯᠠᠨ ᠰᠤᠷᠤᠭᠴᠢ ᠡᠯᠰᠡᠬᠦ ᠪᠠ ᠤᠬᠠᠭᠤᠯᠭ᠎ᠠ ᠬᠢᠵᠦ ᠪᠣᠯᠬᠤ ᠦᠭᠡᠶ᠃ ᠡᠯ᠎ᠡ ᠳᠡᠭᠡᠳᠦ ᠰᠤᠷᠭ᠋ᠠᠭᠤᠯᠢ ᠠᠯᠪᠠᠨ ᠰᠦᠯᠵᠢᠶ᠎ᠡ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠢᠴᠢ ᠪᠤᠰᠤᠳ ᠵᠠᠭᠤᠴᠢᠯᠠᠭᠤᠷ ᠵᠶ᠋ᠠᠷ ᠳᠠᠮᠵᠢᠭᠤᠯᠤᠨ᠂ ᠲᠣᠰ ᠰᠤᠷᠭ᠋ᠠᠭᠤᠯᠢ ᠵᠢᠨ ᠰᠣᠷᠣᠭᠴᠢ ᠡᠯᠰᠡᠬᠦ ᠲᠣᠪᠴᠢ ᠲᠦᠷᠢᠮ᠂ ᠵᠢᠭ᠋ᠠᠨ ᠰᠤᠷᠭ᠋ᠠᠬᠤ ᠴᠡᠭ᠎ᠤᠨ ᠮᠡᠳᠡᠭᠡ ᠵᠠᠩᠭᠢ᠂ ᠰᠦᠢ᠍ᠳᠭᠡᠯ ᠬᠤᠷᠢᠶᠠᠬᠤ ᠪᠠᠷᠢᠮᠵᠢᠶ᠎ᠠ᠂ ᠰᠦᠢ᠍ᠳᠭᠡᠯ ᠲᠤᠰᠢᠶᠠᠬᠤ ᠲᠦᠷᠢᠮ ᠵᠡᠷᠭᠡ ᠵᠢ ᠴᠠᠭ ᠲᠤᠬᠠᠶ᠎ᠳᠤ᠎ᠨᠢ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠵᠦ᠂ ᠥᠷᠭᠡᠨ ᠣᠯᠠᠨ ᠰᠢᠯᠭ᠋ᠠᠭᠤᠯᠤᠭᠴᠢ ᠵᠢ ᠬᠥᠲᠥᠯᠥᠨ ᠵᠢᠯᠣᠭᠣᠳᠴᠤ ᠵᠢᠩᠬᠢᠨᠢ ᠠᠷᠭ᠎ᠠ ᠵᠠᠮ ᠵᠶ᠋ᠠᠷ ᠳᠠᠮᠵᠢᠭᠤᠯᠤᠨ ᠨᠡᠷ᠎ᠡ ᠮᠡᠳᠡᠭᠦᠯᠦᠨ ᠰᠢᠯᠭ᠋ᠠᠭᠤᠯᠬᠤ ᠪᠠ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠢ ᠭᠦᠷᠲᠡᠭᠡᠨ᠎ᠡ᠃ ᠲᠣᠰ ᠰᠤᠷᠭ᠋ᠠᠭᠤᠯᠢ᠎ᠳᠤ ᠬᠣᠯᠪᠣᠭᠳᠠᠬᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠵᠠᠷ ᠮᠡᠳᠡᠭᠡ ᠵᠢ ᠣᠯᠵᠤ ᠮᠡᠳᠡᠪᠡᠯ᠂ ᠡᠯ᠎ᠡ ᠳᠡᠭᠡᠳᠦ ᠰᠤᠷᠭ᠋ᠠᠭᠤᠯᠢ ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠵᠤ᠂ ᠲᠣᠳᠣᠷᠬᠠᠶ᠋ᠢᠯᠠᠵᠤ᠂ ᠰᠢᠢ᠍ᠳᠪᠦᠷᠢᠯᠡᠬᠦ ᠵᠢᠨ ᠬᠠᠮᠲᠤ ᠨᠥᠯᠥᠭᠡ ᠵᠢ ᠠᠷᠢᠯᠭ᠋ᠠᠨ᠎ᠠ᠃ ᠰᠤᠷᠭ᠋ᠠᠭᠤᠯᠢ᠎ᠠᠴᠠ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠤᠨ ᠰᠤᠷᠤᠭᠴᠢᠳ᠎ᠤᠨ ᠰᠤᠷᠭ᠋ᠠᠭᠤᠯᠢ ᠵᠢᠨ ᠬᠠᠷᠢᠶᠠᠯᠠᠯ᠎ᠳᠤ ᠳᠠᠩᠰᠠᠯᠠᠬᠤ ᠵᠢ ᠨᠢᠭᠡᠳᠦᠯᠲᠡᠶ ᠵᠢᠷᠤᠮᠵᠢᠭᠤᠯᠤᠨ ᠡᠮᠬᠢᠯᠡᠵᠦ᠂ ᠪᠤᠶ ᠪᠦᠬᠦᠢ ᠰᠤᠷᠤᠭᠴᠢᠳ᠎ᠤᠨ ᠰᠤᠷᠭ᠋ᠠᠭᠤᠯᠢ ᠵᠢᠨ ᠬᠠᠷᠢᠶᠠᠯᠠᠯ᠎ᠤᠨ ᠳᠠᠩᠰᠠ ᠡᠪᠬᠡᠮᠡᠯ᠎ᠢ ᠡᠷᠬᠡᠪᠰᠢ ᠪᠠᠶ᠋ᠢᠭ᠎ᠠ ᠰᠤᠷᠭ᠋ᠠᠭᠤᠯᠢ᠎ᠨᠢ ᠬᠠᠳᠠᠭ᠋ᠠᠯᠠᠨ᠎ᠠ᠃
      ᠭᠤᠷᠪᠠ᠂ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠪᠠ
      ᠡᠯ᠎ᠡ ᠭᠣᠣᠯᠯᠠᠨ ᠡᠷᠬᠢᠯᠡᠭᠰᠡᠨ ᠰᠤᠷᠭ᠋ᠠᠭᠤᠯᠢ ᠵᠢᠯ ᠪᠦᠷᠢ ᠬᠥᠮᠦᠰ᠎ᠢ ᠵᠣᠬᠢᠶᠠᠨ ᠪᠠᠶ᠋ᠢᠭᠤᠯᠤᠨ ᠬᠠᠷᠢᠶᠠᠯᠠᠯ ᠪᠦᠬᠦᠢ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ   ᠴᠡᠭ᠎ᠲᠤ ᠵᠢᠯ᠎ᠤᠨ ᠪᠠᠶ᠋ᠢᠴᠠᠭ᠋ᠠᠯᠲᠠ ᠬᠢᠵᠦ᠂ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠤᠨ ᠬᠢᠷᠢ ᠲᠡᠩᠴᠡᠬᠦ ᠡᠰᠡᠬᠦ ᠵᠢ ᠦᠨᠡᠯᠡᠨ ᠲᠣᠭᠲᠠᠭ᠋ᠠᠬᠤ ᠵᠢᠨ ᠬᠠᠮᠲᠤ ᠵᠢᠯ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠡᠷᠭᠡ ᠬᠣᠯᠪᠣᠭᠳᠠᠯ ᠪᠦᠬᠦᠢ ᠪᠠᠶ᠋ᠢᠳᠠᠯ᠎ᠢ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠮᠠᠨ᠎ᠤ ᠲᠢᠩᠬᠢᠮ᠎ᠳᠤ ᠮᠡᠳᠡᠭᠦᠯᠦᠨ᠎ᠡ᠃ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠢ ᠳᠠᠩᠰᠠᠯᠠᠬᠤ ᠬᠦᠴᠦᠨ᠎ᠲᠠᠢ ᠬᠤᠭᠤᠴᠠᠭ᠎ᠠ 3 ᠵᠢᠯ ᠪᠣᠯᠤᠨ᠎ᠠ᠂ ᠬᠦᠴᠦᠨ᠎ᠲᠠᠢ ᠬᠤᠭᠤᠴᠠᠭ᠎ᠠ ᠳᠦᠭᠦᠷᠦᠭᠰᠡᠨ ᠪᠤᠶᠤ ᠬᠦᠴᠦᠨ᠎ᠲᠠᠢ ᠬᠤᠭᠤᠴᠠᠭ᠋ᠠᠨ᠎ᠳᠤ ᠴᠡᠭ ᠳᠣᠭᠢᠷᠠᠭᠤᠯᠤᠭᠰᠠᠨ ᠨᠢᠭᠡᠴᠢ ᠵᠢᠨ ᠨᠡᠷᠡᠶ᠋ᠢᠳᠦᠯ᠂ ᠬᠠᠤᠯᠢ ᠵᠢᠨ ᠡᠷᠬᠡᠲᠦ ᠬᠥᠮᠦᠨ᠂ ᠭᠠᠵᠠᠷ ᠣᠷᠣᠨ᠂ ᠰᠢᠨᠵᠢ ᠴᠢᠨᠠᠷ ᠵᠡᠷᠭᠡ ᠴᠢᠬᠤᠯᠠ ᠮᠡᠳᠡᠭᠡ ᠵᠠᠩᠭᠢ᠎ᠳᠤ ᠬᠤᠪᠢᠷᠠᠯᠲᠠ ᠭᠠᠷᠤᠭᠰᠠᠨ ᠪᠣᠯ ᠭᠤᠤᠯᠯᠠᠨ ᠡᠷᠭᠢᠯᠡᠭᠰᠡᠨ ᠰᠤᠷᠭ᠋ᠠᠭᠤᠯᠢ᠎ᠠᠴᠠ ᠲᠤᠬᠠᠶ ᠵᠢᠨ ᠵᠢᠯ᠎ᠳᠤ ᠰᠢᠨ᠎ᠡ᠎ᠪᠠᠷ ᠨᠡᠮᠡᠭᠳᠡᠭᠰᠡᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠤᠨ ᠱᠠᠭ᠋ᠠᠷᠳᠠᠯᠭ᠎ᠠ ᠶᠣᠰᠤ᠎ᠪᠠᠷ ᠳᠠᠭᠢᠵᠤ ᠳᠠᠩᠰᠠᠯᠠᠨ᠎ᠠ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ 《ᠬᠣᠶᠠᠷ᠎ᠢ ᠲᠠᠰᠢᠷᠠᠮ ᠵᠶ᠋ᠠᠷ ᠰᠤᠭᠤᠴᠢᠬᠤ》 ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠲᠤᠰ ᠬᠠᠷᠢᠶ᠎ᠠ ᠣᠷᠣᠨ᠎ᠤ᠎ᠪᠠᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠮᠠᠨ᠎ᠤ ᠣᠷᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠪᠣᠯᠤᠨ ᠨᠡᠶ᠋ᠢᠭᠡᠮ᠎ᠳᠠᠬᠢ ᠨᠡᠷ᠎ᠡ ᠬᠦᠨᠳᠦ ᠵᠢ ᠦᠨᠡᠨ ᠬᠦ᠌ ᠪᠠᠲᠤᠯᠠᠪᠠ᠃


      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ   ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠢ ᠳᠠᠩᠰᠠᠯᠠᠭᠰᠠᠨ ᠦᠷ᠎ᠡ ᠳ᠋ᠦᠩ


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                 2023 ᠣᠨ᠎ᠤ 8 ᠳ᠋ᠤᠭ᠋ᠠᠷ ᠰᠠᠷ᠎ᠠ ᠵᠢᠨ 7᠎ᠤ ᠡᠳᠦᠷ


ᠳᠠᠭ᠋ᠠᠯᠳᠤᠭᠤᠯᠤᠯ 1᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ   ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠢ ᠳᠠᠩᠰᠠᠯᠠᠭᠰᠠᠨ ᠦᠷ᠎ᠡ ᠳ᠋ᠦᠩ . xls


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ 2023 ᠣᠨ᠎ᠤ ᠲᠥᠷᠦᠯ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠷᠭᠡᠵᠢᠯ᠎ᠢ ᠰᠢᠯᠵᠢᠭᠦᠯᠬᠦ ᠰᠠᠭᠤᠷᠢᠨ ᠭᠠᠵᠠᠷ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠪᠥᠬᠥ ᠤᠯᠤᠰ᠎ᠤᠨ 7᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ᠎ᠢ ᠤᠯᠠᠮᠵᠢᠯᠠᠨ ᠲᠠᠷᠬᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠢ ᠲᠣᠬᠢᠷᠠᠭᠤᠯᠬᠤ ᠲᠤᠬᠠᠶ ᠮᠡᠳᠡᠭᠳᠡᠯ
ᠨᠠᠮᠤᠷ ᠡᠪᠦᠯ᠎ᠤᠨ ᠤᠯᠠᠷᠢᠯ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠵᠡᠷᠭᠡ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ
 
             蒙ICP备05000248号