《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠰᠠᠭᠤᠷᠢᠨ ᠭᠠᠵᠠᠷ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠷᠭᠡᠵᠢᠯ᠎ᠢ ᠰᠢᠯᠵᠢᠭᠦᠯᠬᠦ ᠰᠠᠭᠤᠷᠢᠨ ᠭᠠᠵᠠᠷ᠎ᠢ ᠬᠢᠨᠠᠨ ᠲᠣᠭᠲᠠᠭ᠋ᠠᠵᠤ ᠬᠠᠮᠢᠶᠠᠷᠬᠤ ᠠᠷᠭ᠎ᠠ》 ᠶᠣᠰᠤ᠎ᠪᠠᠷ ᠰᠤᠷᠭ᠋ᠠᠭᠤᠯᠢ᠎ᠠᠴᠠ ᠪᠠᠲᠤᠯᠠᠨ ᠲᠠᠨᠢᠯᠴᠠᠭᠤᠯᠬᠤ᠂ ᠬᠡᠯᠪᠡᠷᠢ ᠵᠢ ᠬᠢᠨᠠᠨ ᠪᠠᠢ᠌ᠴᠠᠭ᠋ᠠᠬᠤ᠂ ᠲᠤᠰᠬᠠᠶ ᠮᠡᠷᠭᠡᠵᠢᠯᠲᠡᠨ ᠬᠢᠨᠠᠨ ᠳᠣᠭᠲᠠᠭ᠋ᠠᠬᠤ ᠪᠠ ᠠᠬᠤᠢ ᠲᠠᠯᠠᠪᠠᠶ ᠳᠤ ᠨᠣᠲᠠᠯᠠᠬᠤ ᠵᠡᠷᠭᠡ ᠲᠠᠰ ᠳᠠᠷᠠᠭ᠋ᠠᠯᠠᠯ᠎ᠢ ᠳᠠᠮᠵᠢᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠶ᠋ᠠᠷ ᠬᠢᠨᠠᠨ ᠵᠥᠪᠯᠡᠵᠦ᠂ ᠡᠳᠦᠭᠡ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠢ᠌ᠲᠡᠯᠡᠪᠡ᠃ ᠢᠯᠡ ᠨᠡᠶ᠋ᠢᠲᠡᠯᠡᠬᠦ ᠬᠤᠭᠤᠴᠠᠭ᠎ᠠ 2023 ᠣᠨ᠎ᠤ 8 ᠳ᠋ᠤᠭ᠋ᠠᠷ ᠰᠠᠷ᠎ᠠ ᠵᠢᠨ 16 - 8 ᠳ᠋ᠤᠭ᠋ᠠᠷ ᠰᠠᠷ᠎ᠠ ᠵᠢᠨ 22᠎ᠤᠨ ᠡᠳᠦᠷ ᠪᠣᠯᠤᠨ᠎ᠠ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠰᠠᠨᠠᠯ᠎ᠲᠠᠢ ᠪᠣᠯ ᠨᠢᠭᠡᠴᠢ ᠪᠠ ᠬᠤᠪᠢ ᠬᠥᠮᠦᠨ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠠᠷ ᠢᠯᠡ ᠨᠡᠢ᠌ᠲᠡᠯᠡᠭᠰᠡᠨ ᠡᠲᠡᠭᠡᠳ᠎ᠤᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠥᠮ ᠦᠵᠡᠭᠦᠯᠬᠦ ᠵᠢᠨ ᠲᠥᠯᠦᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢ᠌ᠭ᠎ᠠ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭ᠋ᠠᠭ᠋ᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠭᠡᠵᠦ᠂ ᠬᠢᠨᠠᠨ ᠪᠠᠢ᠌ᠴᠠᠭ᠋ᠠᠭᠰᠠᠨ ᠪᠠᠶ᠋ᠢᠳᠠᠯ᠎ᠢ ᠳᠠᠷᠤᠢ᠎ᠳᠤ᠎ᠨᠢ ᠬᠠᠷᠢᠭᠤ ᠪᠤᠴᠠᠭ᠋ᠠᠨ᠎ᠠ᠃
ᠬᠠᠷᠢᠯᠴᠠᠬᠤ ᠬᠥᠮᠦᠨ᠄ ᠵᠣᠣ ᠮᠢᠨ᠂ ᠬᠠᠷᠢᠯᠴᠠᠬᠤ ᠤᠲᠠᠰᠤ᠄ 0471 - 2857132
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠷᠭᠡᠵᠢᠯ᠎ᠢ ᠰᠢᠯᠵᠢᠭᠦᠯᠬᠦ ᠰᠠᠭᠤᠷᠢᠨ ᠭᠠᠵᠠᠷ᠎ᠤᠨ ᠲᠤᠬᠠᠢ ᠢᠯᠡ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 8 ᠳ᠋ᠤᠭ᠋ᠠᠷ ᠰᠠᠷ᠎ᠠ ᠵᠢᠨ 16᠎ᠤ ᠡᠳᠦᠷ