ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠨᠠᠢ᠍ᠮᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ ᠦᠨᠳᠦᠰᠦᠨ ᠬᠠᠤᠯᠢ ᠵᠢ ᠡᠷᠬᠢᠮᠯᠡᠬᠦ》 ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠡᠷᠭᠢᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-08-09


            ᠥᠪᠥᠷ ᠰᠤᠷᠭ᠋ᠠᠨ ᠤᠯᠤᠰ ᠲᠥᠷᠥ ᠬᠠᠤᠯᠢ ᠴᠠᠭ᠋ᠠᠵᠠ ᠪᠢᠴᠢᠭ [2023] 17 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠎ᠳᠤ᠄
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠵᠠᠯᠠᠭᠤᠴᠤᠳ ᠪᠠᠭ᠋ᠠᠴᠤᠳ᠎ᠤᠨ ᠦᠨᠳᠦᠰᠦᠨ ᠬᠠᠤᠯᠢ ᠵᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠠᠬᠢᠭᠤᠯᠬᠤ ᠵᠢᠨ ᠲᠥᠯᠥᠭᠡ᠂ 《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠨᠠᠢ᠍ᠮᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠰᠤᠷᠤᠭᠴᠢᠳ᠎ᠤᠨ 〈ᠦᠨᠳᠦᠰᠦᠨ ᠬᠠᠤᠯᠢ ᠵᠢ ᠰᠤᠷᠤᠯᠴᠠᠵᠤ᠂ ᠦᠨᠳᠦᠰᠦᠨ ᠬᠠᠤᠯᠢ ᠵᠢ ᠡᠷᠬᠢᠮᠯᠡᠬᠦ〉 ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ》 (ᠰᠤᠷᠭ᠋ᠠᠨ ᠤᠯᠤᠰ ᠲᠥᠷᠥ ᠬᠠᠤᠯᠢ ᠴᠠᠭ᠋ᠠᠵᠠ ᠲᠢᠩᠬᠢᠮ ᠪᠢᠴᠢᠭ [2023] 5 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ 8 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠨᠠᠢ᠍ᠮᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠰᠤᠷᠤᠭᠴᠢᠳ᠎ᠤᠨ 《ᠦᠨᠳᠦᠰᠦᠨ ᠬᠠᠤᠯᠢ ᠵᠢ ᠰᠤᠷᠤᠯᠴᠠᠵᠤ᠂ ᠦᠨᠳᠦᠰᠦᠨ ᠬᠠᠤᠯᠢ ᠵᠢ ᠡᠷᠬᠢᠮᠯᠡᠬᠦ》 ᠠᠵᠢᠯᠯᠠᠭ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠢ ᠡᠷᠭᠢᠯᠡᠬᠦ᠎ᠪᠠᠷ ᠳᠣᠭᠲᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠳᠠᠭ᠋ᠠᠭ᠋ᠠᠴᠢᠯᠠᠨ ᠡᠷᠭᠢᠯᠡᠬᠦ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠪᠡ᠃
      ᠨᠢᠭᠡ᠂ ᠪᠦᠬᠦᠯᠢ ᠴᠣᠭᠴᠠ ᠵᠢᠨ ᠲᠣᠬᠢᠷᠠᠭᠤᠯᠤᠯᠲᠠ
     1 . ᠴᠠᠭ᠄ 2022 ᠣᠨ᠎ᠤ 8 ᠳ᠋ᠤᠭ᠋ᠠᠷ ᠰᠠᠷ᠎ᠠ ᠵᠢᠨ 21- 29᠎ᠤ ᠡᠳᠦᠷ (21᠎ᠤ ᠡᠳᠦᠷ ᠰᠦᠯᠵᠢᠶᠡᠨ᠎ᠳᠤ ᠨᠡᠷ᠎ᠡ ᠮᠡᠳᠡᠭᠦᠯᠦᠨ᠎ᠡ)
     2 . ᠬᠡᠯᠪᠡᠷᠢ᠄ ᠤᠷᠤᠯᠳᠤᠭ᠋ᠠᠨ᠎ᠨᠢ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠬᠥᠬᠡᠬᠣᠲᠠ᠎ᠳᠤ ᠭᠤᠤᠯ ᠤᠷᠤᠯᠳᠤᠭ᠋ᠠᠨ᠎ᠤ ᠲᠠᠯᠠᠪᠤᠷ ᠭᠠᠷᠭ᠋ᠠᠵᠤ᠂ ᠡᠯ᠎ᠡ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ᠎ᠳᠤ ᠬᠤᠪᠢᠶᠠᠷᠢ ᠤᠷᠤᠯᠳᠤᠭ᠋ᠠᠨ᠎ᠤ ᠲᠠᠯᠠᠪᠤᠷ ᠭᠠᠷᠭ᠋ᠠᠨ᠂ ᠬᠤᠪᠢᠶᠠᠷᠢ ᠤᠷᠤᠯᠳᠤᠭ᠋ᠠᠨ᠎ᠤ ᠲᠠᠯᠠᠪᠤᠷ᠎ᠨᠢ ᠸᠢᠳᠢᠣ᠋ ᠬᠤᠷᠠᠯ ᠵᠶ᠋ᠠᠷ ᠳᠠᠮᠵᠢᠭᠤᠯᠤᠨ ᠭᠤᠤᠯ ᠤᠷᠤᠯᠳᠤᠭ᠋ᠠᠨ᠎ᠤ ᠲᠠᠯᠠᠪᠤᠷ᠎ᠲᠠᠢ ᠬᠣᠯᠪᠤᠯᠳᠤᠨ ᠣᠷᠣᠯᠴᠠᠨ᠎ᠠ᠃ ᠰᠦᠯᠵᠢᠶᠡᠨ᠎ᠳᠠᠬᠢ ᠤᠷᠤᠯᠳᠤᠭ᠋ᠠᠨ ᠵᠶ᠋ᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠨᠢᠭᠡᠳᠦᠭᠡᠷ᠂ ᠬᠣᠶᠠᠳᠤᠭ᠋ᠠᠷ ᠳᠡᠰ᠎ᠤᠨ ᠱᠠᠩᠨᠠᠯ᠂ ᠰᠢᠯᠢᠳᠡᠭ ᠵᠣᠬᠢᠶᠠᠨ ᠪᠠᠶ᠋ᠢᠭᠤᠯᠤᠭᠰᠠᠨ ᠱᠠᠩᠨᠠᠯ᠎ᠢ ᠰᠢᠯᠭ᠋ᠠᠷᠠᠭᠤᠯᠤᠨ᠎ᠠ᠃ ᠨᠢᠭᠡᠳᠦᠭᠡᠷ ᠳᠡᠰ᠎ᠤᠨ ᠱᠠᠩᠨᠠᠯ ᠣᠯᠤᠭᠰᠠᠳ ᠬᠥᠬᠡᠬᠣᠲᠠ ᠵᠢᠨ ᠭᠣᠣᠯ ᠤᠷᠤᠯᠳᠤᠭ᠋ᠠᠨ᠎ᠤ ᠲᠠᠯᠠᠪᠤᠷ᠎ᠤᠨ ᠰᠦᠯᠵᠢᠶᠡᠨ ᠭᠠᠳᠠᠨᠠᠬᠢ ᠤᠷᠤᠯᠳᠤᠭ᠋ᠠᠨ᠎ᠤ ᠰᠢᠯᠢᠳᠡᠭ ᠣᠷᠣᠯᠴᠠᠭᠰᠠᠳ᠎ᠢ ᠰᠢᠯᠭ᠋ᠠᠷᠠᠭᠤᠯᠬᠤ᠎ᠳᠤ ᠣᠷᠣᠯᠴᠠᠵᠤ᠂ ᠲᠥᠯᠦᠭᠡᠯᠡᠭᠴᠢ ᠵᠢᠨ ᠠᠩᠭᠢ ᠵᠢ ᠪᠥᠷᠢᠯᠳᠦᠭᠦᠯᠦᠨ᠂ ᠪᠦᠬᠦ ᠤᠯᠤᠰ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠨ᠎ᠠ᠃ ᠪᠣᠳᠠᠲᠠᠶ ᠡᠳᠦᠷ᠎ᠤᠨ ᠳᠠᠷᠠᠭ᠋ᠠᠯᠠᠯ᠎ᠤᠨ ᠲᠣᠬᠢᠷᠠᠭᠤᠯᠤᠯᠲᠠ ᠵᠢ ᠠᠷᠤ᠎ᠳᠤ ᠳᠠᠭ᠋ᠠᠯᠳᠤᠭᠤᠯᠪᠠ (ᠳᠠᠭ᠋ᠠᠯᠳᠤᠭᠤᠯᠤᠯ 1 ᠵᠢ ᠦᠵᠡᠭᠡᠷᠡᠢ)᠃
     3 . ᠤᠷᠤᠯᠳᠤᠭ᠋ᠠᠨ᠎ᠤ ᠲᠠᠯᠠᠪᠤᠷ᠎ᠤᠨ ᠪᠡᠯᠡᠳᠬᠡᠯ᠄ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢ ᠤᠷᠢᠵᠤ ᠬᠤᠪᠢᠶᠠᠷᠢ ᠤᠷᠤᠯᠳᠤᠭ᠋ᠠᠨ᠎ᠤ ᠲᠠᠯᠠᠪᠤᠷ᠎ᠤᠨ ᠪᠠᠢ᠌ᠷᠢ ᠲᠠᠯᠠᠪᠤᠷ᠂ ᠲᠥᠬᠥᠭᠡᠷᠦᠮᠵᠢ ᠵᠡᠷᠭᠡ ᠵᠢ ᠪᠠᠶ᠋ᠢᠷᠢᠯᠠᠭᠤᠯᠬᠤ ᠠᠵᠢᠯ᠎ᠢ ᠪᠡᠶᠡᠯᠡᠭᠦᠯᠦᠭᠰᠡᠨ᠎ᠤ ᠳᠠᠷᠠᠭ᠎ᠠ 8 ᠳ᠋ᠤᠭ᠋ᠠᠷ ᠰᠠᠷ᠎ᠠ ᠵᠢᠨ 19 - 20᠎ᠤ ᠡᠳᠦᠷ ᠪᠣᠯᠲᠠᠯ᠎ᠠ ᠸᠢᠳᠢᠣ᠋ ᠬᠤᠷᠠᠯ ᠵᠶ᠋ᠠᠷ ᠳᠠᠮᠵᠢᠭᠤᠯᠤᠨ ᠬᠥᠬᠡᠬᠣᠲᠠ ᠵᠢᠨ ᠭᠤᠤᠯ ᠤᠷᠤᠯᠳᠤᠭ᠋ᠠᠨ᠎ᠤ ᠲᠠᠯᠠᠪᠤᠷ᠎ᠲᠠᠢ ᠬᠣᠯᠪᠤᠵᠤ᠂ ᠠᠯᠤᠰ᠎ᠠᠴᠠ ᠡᠵᠡᠮᠰᠢᠨ ᠲᠣᠬᠢᠷᠠᠭᠤᠯᠤᠨ ᠲᠤᠷᠰᠢᠨ᠎ᠠ᠃
     4 . ᠨᠡᠷ᠎ᠡ ᠮᠡᠳᠡᠭᠦᠯᠬᠦ᠄ 8 ᠳ᠋ᠤᠭ᠋ᠠᠷ ᠰᠠᠷ᠎ᠠ ᠵᠢᠨ 21᠎ᠤ ᠡᠳᠦᠷ᠂ ᠰᠦᠯᠵᠢᠶᠡᠨ᠎ᠳᠠᠬᠢ ᠳᠠᠭ᠋ᠠᠭᠤᠯᠤᠭᠴᠢ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠪᠣᠳᠠᠲᠠᠶ ᠵᠦᠢ᠍ᠯ᠎ᠢ ᠪᠠᠶ᠋ᠢᠷᠢᠯᠠᠭᠤᠯᠤᠨ ᠲᠣᠬᠢᠷᠠᠭᠤᠯᠤᠨ᠎ᠠ᠃ ᠡᠯ᠎ᠡ ᠭᠠᠵᠠᠷ᠎ᠤᠨ ᠬᠤᠪᠢᠶᠠᠷᠢ ᠤᠷᠤᠯᠳᠤᠭ᠋ᠠᠨ᠎ᠤ ᠲᠠᠯᠠᠪᠤᠷ᠎ᠨᠢ ᠸᠢᠳᠢᠣ᠋ ᠬᠤᠷᠠᠯ ᠵᠶ᠋ᠠᠷ ᠳᠡᠮᠵᠢᠨ ᠭᠤᠤᠯ ᠤᠷᠤᠯᠳᠤᠭ᠋ᠠᠨ᠎ᠤ ᠲᠠᠯᠠᠪᠤᠷ᠎ᠲᠠᠢ ᠬᠣᠯᠪᠤᠯᠳᠤᠵᠤ᠂ ᠡᠯ᠎ᠡ ᠲᠥᠯᠦᠭᠡᠯᠡᠭᠴᠢ ᠵᠢᠨ ᠠᠩᠭᠢ ᠵᠢᠨ ᠤᠷᠤᠯᠳᠤᠭ᠋ᠠᠨ᠎ᠳᠤ ᠣᠷᠣᠯᠴᠠᠭᠰᠠᠳ ᠰᠦᠯᠵᠢᠶᠡᠨ᠎ᠳᠤ ᠨᠡᠷ᠎ᠡ ᠮᠡᠳᠡᠭᠦᠯᠬᠦ ᠵᠢᠴᠢ ᠳᠠᠭᠤᠷᠢᠶᠠᠮᠠᠯ ᠰᠣᠷᠢᠯᠲᠠ ᠬᠢᠨ᠎ᠡ᠃ ᠨᠡᠷ᠎ᠡ ᠮᠡᠳᠡᠭᠦᠯᠦᠭᠰᠡᠨ᠎ᠤ ᠳᠠᠷᠠᠭ᠎ᠠ᠂ ᠬᠥᠬᠡᠬᠣᠲᠠ ᠵᠢᠨ ᠭᠤᠤᠯ ᠤᠷᠤᠯᠳᠤᠭ᠋ᠠᠨ᠎ᠤ ᠲᠠᠯᠠᠪᠤᠷ᠎ᠲᠤ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠳᠤ ᠣᠷᠣᠯᠴᠠᠭᠰᠠᠳ᠎ᠤᠨ ᠰᠢᠪᠠᠭ᠎ᠠ ᠰᠤᠭᠤᠯᠬᠤ ᠠᠵᠢᠯ᠎ᠢ ᠨᠢᠭᠡᠳᠦᠯᠲᠡᠶ   ᠶᠠᠪᠤᠭᠳᠠᠭᠤᠯᠤᠨ᠎ᠠ᠃ ᠡᠯ᠎ᠡ ᠭᠠᠵᠠᠷ᠎ᠤᠨ ᠬᠤᠪᠢᠶᠠᠷᠢ ᠤᠷᠤᠯᠳᠤᠭ᠋ᠠᠨ᠎ᠤ ᠲᠠᠯᠠᠪᠤᠷ᠎ᠤᠨ ᠮᠡᠷᠭᠡᠵᠢᠯᠲᠡᠨ ᠮᠡᠷᠭᠡᠵᠢᠯ᠎ᠢ ᠪᠠᠲᠤᠯᠬᠠᠤ ᠠᠵᠢᠯ᠎ᠢ ᠨᠠᠷᠢᠨ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠢ᠃
     5 . ᠰᠢᠯᠭ᠋ᠠᠷᠠᠭᠤᠯᠬᠤ ᠺᠣᠮᠢᠰ᠄ ᠲᠤᠰ ᠬᠤᠭᠤᠴᠠᠭ᠋ᠠᠨ᠎ᠤ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠪᠠ ᠮᠡᠳᠡᠯᠭᠡ ᠵᠢᠨ ᠤᠷᠤᠯᠳᠤᠭ᠋ᠠᠨ ᠲᠤᠰ ᠲᠤᠰ ᠰᠢᠯᠭ᠋ᠠᠷᠠᠭᠤᠯᠬᠤ ᠳᠤᠭᠤᠶ᠋ᠢᠯᠠᠩ ᠪᠠᠶ᠋ᠢᠭᠤᠯᠤᠨ᠎ᠠ᠃ ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠳᠤ ᠦᠨᠳᠦᠰᠦᠨ ᠬᠠᠤᠯᠢ ᠪᠣᠯᠤᠨ ᠵᠠᠰᠠᠭ ᠵᠠᠬᠢᠷᠭ᠋ᠠᠨ᠎ᠤ ᠬᠠᠤᠯᠢ ᠵᠢᠨ ᠤᠬᠠᠭ᠋ᠠᠨ᠂ ᠰᠤᠷᠭ᠋ᠠᠨ ᠬᠥᠮᠦᠵᠢᠯ᠎ᠤᠨ ᠤᠬᠠᠭ᠋ᠠᠨ᠂ ᠳᠠᠮᠵᠢᠭᠤᠯᠭ᠎ᠠ ᠵᠢᠨ ᠤᠬᠠᠭ᠋ᠠᠨ ᠵᠡᠷᠭᠡ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ᠎ᠢ ᠤᠷᠢᠵᠤ ᠬᠠᠮᠲᠤ᠎ᠳᠤ᠎ᠪᠠᠨ ᠰᠢᠯᠭ᠋ᠠᠷᠠᠭᠤᠯᠬᠤ ᠳᠤᠭᠤᠶ᠋ᠢᠯᠠᠩ ᠪᠠᠶ᠋ᠢᠭᠤᠯᠵᠤ᠂ ᠰᠢᠯᠭ᠋ᠠᠷᠠᠭᠤᠯᠬᠤ ᠺᠣᠮᠢᠰ᠎ᠤᠨ ᠭᠡᠰᠢᠭᠦᠨ ᠭᠤᠤᠯᠳᠠᠭᠤ ᠶᠠᠷᠢᠶ᠎ᠠ ᠢᠯᠡᠳᠬᠡᠯ᠎ᠤᠨ ᠠᠭᠤᠯᠭ᠎ᠠ᠂ ᠬᠡᠯᠡᠨ᠎ᠤ ᠢᠯᠡᠳᠬᠡᠯᠲᠡ᠂ ᠪᠦᠬᠦᠯᠢ ᠴᠣᠭᠴᠠ ᠵᠢᠨ ᠦᠷ᠎ᠡ ᠪᠦᠲᠦᠮᠵᠢ ᠵᠡᠷᠭᠡ ᠲᠠᠯ᠎ᠠ᠎ᠪᠠᠷ ᠰᠣᠷᠣᠭᠴᠢ ᠵᠢ ᠦᠨᠡᠯᠡᠵᠦ᠂ ᠰᠢᠯᠭ᠋ᠠᠷᠠᠭᠤᠯᠬᠤ ᠺᠣᠮᠢᠰ᠎ᠤᠨ ᠪᠥᠬᠦ ᠭᠡᠰᠢᠭᠦᠨ᠎ᠤ ᠥᠭᠭᠦᠭᠰᠡᠨ ᠬᠤᠪᠢ ᠵᠢ ᠨᠡᠮᠡᠭᠰᠡᠨ᠎ᠤ ᠳᠠᠷᠠᠭ᠋ᠠᠬᠢ ᠬᠤᠪᠢ ᠵᠢᠨ ᠳᠤᠮᠳᠠᠴᠢ ᠬᠤᠪᠢ ᠪᠣᠯ ᠣᠷᠣᠯᠴᠠᠭᠰᠠᠳ᠎ᠤᠨ ᠭᠤᠤᠯ ᠰᠡᠳᠦᠪᠲᠦ ᠶᠠᠷᠢᠶᠠᠨ᠎ᠤ ᠡᠴᠦᠰ᠎ᠤᠨ ᠬᠤᠪᠢ ᠪᠣᠯᠤᠨ᠎ᠠ᠃ ᠮᠡᠳᠡᠯᠭᠡ ᠵᠢᠨ ᠤᠷᠤᠯᠳᠤᠭ᠋ᠠᠨ᠎ᠤ ᠪᠡᠶᠡᠴᠢ ᠰᠡᠳᠦᠪ᠎ᠤᠨ ᠬᠡᠰᠡᠭ᠎ᠲᠤ ᠦᠨᠳᠦᠰᠦᠨ ᠬᠠᠤᠯᠢ ᠪᠠ ᠵᠠᠰᠠᠭ ᠵᠠᠬᠢᠷᠭ᠋ᠠᠨ᠎ᠤ ᠬᠠᠤᠯᠢ ᠵᠢᠨ ᠤᠬᠠᠭ᠋ᠠᠨ᠎ᠤ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ ᠵᠶ᠋ᠠᠷ ᠬᠢᠨᠠᠨ ᠲᠣᠭᠲᠠᠭ᠋ᠠᠬᠤ ᠳᠤᠭᠤᠶ᠋ᠢᠯᠠᠩ᠎ᠢ ᠪᠦᠷᠢᠯᠳᠦᠭᠦᠯᠵᠦ᠂ ᠬᠢᠨᠠᠨ ᠲᠣᠭᠲᠠᠭ᠋ᠠᠬᠤ ᠭᠡᠰᠢᠭᠦᠨ ᠭᠤᠤᠯᠳᠠᠭᠤ ᠲᠤᠰᠬᠠᠶ ᠮᠡᠷᠭᠡᠵᠢᠯ᠎ᠤᠨ ᠮᠡᠳᠡᠯᠭᠡ᠂ ᠬᠡᠯᠡᠨ᠎ᠤ ᠢᠯᠡᠳᠬᠡᠯᠲᠡ ᠪᠠ ᠪᠦᠬᠦᠯᠢ ᠴᠣᠭᠴᠠ ᠵᠢᠨ ᠦᠷ᠎ᠡ ᠪᠦᠲᠦᠮᠵᠢ ᠵᠡᠷᠭᠡ ᠲᠠᠯ᠎ᠠ᠎ᠠᠴᠠ ᠰᠤᠷᠤᠭᠴᠢᠳ᠎ᠢ ᠦᠨᠡᠯᠡᠵᠦ᠂ ᠬᠢᠨᠠᠨ ᠲᠣᠭᠲᠠᠭ᠋ᠠᠬᠤ ᠪᠥᠬᠦ ᠭᠡᠰᠢᠭᠦᠨ᠎ᠤ ᠥᠭᠭᠦᠭᠰᠡᠨ ᠬᠤᠪᠢ ᠵᠢ ᠨᠡᠮᠡᠭᠰᠡᠨ᠎ᠤ ᠳᠠᠷᠠᠭ᠋ᠠᠬᠢ ᠬᠤᠪᠢ ᠵᠢᠨ ᠳᠤᠮᠳᠠᠴᠢ ᠬᠤᠪᠢ ᠪᠣᠯ ᠣᠷᠣᠯᠴᠠᠭᠰᠠᠳ᠎ᠤᠨ ᠮᠡᠳᠡᠯᠭᠡ ᠵᠢᠨ ᠤᠷᠤᠯᠳᠤᠭ᠋ᠠᠨ᠎ᠤ ᠪᠡᠶᠡᠴᠢ ᠰᠡᠳᠦᠪ᠎ᠤᠨ ᠡᠴᠦᠰ᠎ᠤᠨ ᠬᠤᠪᠢ ᠪᠣᠯᠤᠨ᠎ᠠ᠃
      ᠬᠣᠶᠠᠷ᠂ ᠤᠷᠤᠯᠳᠤᠭ᠋ᠠᠨ᠎ᠳᠤ ᠣᠷᠣᠯᠴᠠᠭᠰᠠᠳ
      ᠤᠷᠤᠯᠳᠤᠭ᠋ᠠᠨ᠎ᠳᠤ ᠣᠷᠣᠯᠴᠠᠬᠤ ᠡᠲᠡᠭᠡᠳ᠎ᠲᠤ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ ᠰᠢᠯᠭ᠋ᠠᠷᠠᠭᠤᠯᠤᠭᠰᠠᠨ ᠡᠯ᠎ᠡ ᠳᠤᠭᠤᠶ᠋ᠢᠯᠠᠩ᠎ᠢ ᠪᠠᠭᠲᠠᠭ᠋ᠠᠨ᠎ᠠ᠃ ᠡᠯ᠎ᠡ ᠠᠶ᠋ᠢᠮᠠᠭ ᠬᠤᠳᠠ᠂ ᠳᠡᠭᠡᠳᠦ ᠰᠤᠷᠭ᠋ᠠᠭᠤᠯᠢ ᠵᠢᠨ᠎ᠬᠢᠨ ᠰᠢᠯᠢᠳᠡᠭ᠎ᠢ ᠰᠣᠩᠭᠣᠵᠤ ᠲᠥᠯᠦᠭᠡᠯᠡᠭᠴᠢ ᠵᠢᠨ ᠪᠦᠯᠬᠦᠮ ᠪᠠᠢ᠌ᠭᠤᠯᠤᠨ᠂ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠭᠤᠯᠤᠨ᠎ᠠ᠃ ᠲᠥᠯᠦᠭᠡᠯᠡᠭᠴᠢ ᠵᠢᠨ ᠠᠩᠭᠢ 10-15 ᠬᠥᠮᠦᠨ ᠵᠶ᠋ᠠᠷ ᠪᠦᠷᠢᠯᠳᠦᠪᠡ᠃ ᠨᠢᠭᠡ᠎ᠳᠤ᠂ 1 ᠳᠠᠭ᠋ᠠᠭᠤᠯᠤᠭᠴᠢ᠂ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ ᠲᠥᠯᠦᠭᠡᠯᠡᠭᠴᠢ ᠵᠢᠨ ᠠᠩᠭᠢ ᠵᠢᠨ ᠤᠷᠤᠯᠳᠤᠭ᠋ᠠᠨ᠎ᠳᠤ ᠣᠷᠣᠯᠴᠠᠬᠤ ᠪᠦᠬᠦᠯᠢ ᠴᠣᠭᠴᠠ ᠵᠢᠨ ᠵᠣᠬᠢᠶᠠᠨ ᠪᠠᠶ᠋ᠢᠭᠤᠯᠤᠯᠲᠠ᠂ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠳᠠᠭ᠋ᠠᠭᠤᠯᠤᠭᠴᠢ ᠵᠢ ᠤᠯᠤᠰ ᠲᠥᠷᠥ ᠵᠢᠨ ᠵᠣᠭᠰᠣᠯᠲᠠ ᠪᠠᠲᠤ᠂ ᠦᠵᠡᠯ ᠰᠠᠨᠠᠭ᠋ᠠᠨ᠎ᠤ ᠬᠡᠪ ᠴᠢᠨᠠᠷ ᠴᠢᠩᠭ᠎ᠠ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠺᠠᠳ᠋ᠷ ᠡᠭᠦᠷᠭᠡᠯᠡᠵᠦ᠂ ᠠᠵᠢᠯᠯᠠᠭ᠋ᠠᠨ᠎ᠤ ᠶᠠᠪᠤᠴᠠ᠎ᠳᠤ ᠡᠷᠬᠡᠪᠰᠢ ᠬᠣᠯᠪᠣᠭᠳᠠᠯ ᠪᠦᠬᠦᠢ ᠠᠵᠢᠯ᠎ᠢ ᠨᠠᠷᠢᠨ ᠬᠢᠨᠠᠮᠠᠭ᠋ᠠᠶ ᠬᠠᠮᠵᠢᠨ ᠥᠷᠨᠢᠭᠦᠯᠬᠦ ᠬᠡᠷᠡᠭᠲᠡᠶ᠃ ᠬᠣᠶᠠᠷ᠎ᠲᠤ᠂ ᠤᠷᠤᠯᠳᠤᠭ᠋ᠠᠨ᠎ᠳᠤ 4 - 8 ᠰᠣᠷᠣᠭᠴᠢ ᠣᠷᠣᠯᠴᠠᠨ᠎ᠠ᠃ ᠡᠭᠦᠨ᠎ᠳᠤ ᠬᠤᠪᠢ ᠬᠥᠮᠦᠨ᠎ᠤ ᠶᠠᠷᠢᠶ᠎ᠠ ᠢᠯᠡᠳᠬᠡᠯ᠎ᠤᠨ ᠤᠷᠤᠯᠳᠤᠭ᠋ᠠᠨ ᠪᠠ ᠪᠦᠯᠬᠦᠮ ᠨᠡᠶ᠋ᠢᠲᠡ ᠵᠢᠨ ᠮᠡᠳᠡᠯᠭᠡ ᠵᠢᠨ ᠤᠷᠤᠯᠳᠤᠭ᠋ᠠᠨ᠎ᠳᠤ ᠣᠷᠣᠯᠴᠠᠬᠤ ᠰᠣᠷᠣᠭᠴᠢ ᠲᠤᠰ ᠪᠦᠷᠢ 4 ᠬᠥᠮᠦᠨ᠄ ᠪᠠᠭ᠎ᠠ ᠰᠤᠷᠭ᠋ᠠᠭᠤᠯᠢ ᠵᠢᠨ ᠰᠣᠷᠣᠭᠴᠢ 1᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ 1᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ (ᠳᠤᠮᠳᠠ ᠵᠡᠷᠭᠡ ᠵᠢᠨ ᠠᠵᠢᠯ ᠮᠡᠷᠭᠡᠵᠢᠯ ᠵᠢᠨ ᠰᠤᠷᠭ᠋ᠠᠭᠤᠯᠢ ᠵᠢ ᠪᠠᠭᠲᠠᠭ᠋ᠠᠨ᠎ᠠ) 1᠂ ᠣᠶᠤᠲᠠᠨ (ᠪᠦᠬᠦᠯᠢ ᠡᠳᠦᠷ᠎ᠤᠨ ᠳᠦᠷᠢᠮᠲᠦ ᠵᠢᠩᠬᠢᠨᠢ ᠠᠩᠭᠢ ᠪᠤᠶᠤ ᠲᠤᠰᠬᠠᠶ ᠮᠡᠷᠭᠡᠵᠢᠯ᠎ᠤᠨ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠵᠢ ᠪᠠᠭᠲᠠᠭ᠋ᠠᠨ᠎ᠠ) 1 ᠪᠠᠢ᠌ᠬᠤ ᠬᠡᠷᠡᠭᠲᠡᠢ᠃ ᠰᠤᠷᠤᠭᠴᠢ ᠬᠣᠶᠠᠷ ᠤᠷᠤᠯᠳᠤᠭ᠋ᠠᠨ᠎ᠳᠤ ᠵᠡᠷᠭᠡ᠎ᠪᠠᠷ ᠨᠡᠷ᠎ᠡ ᠮᠡᠳᠡᠭᠦᠯᠵᠦ ᠪᠣᠯᠤᠨ᠎ᠠ᠃ ᠭᠤᠷᠪᠠ᠎ᠳᠤ᠂ ᠶᠠᠷᠢᠶᠠᠨ᠎ᠤ ᠤᠷᠤᠯᠳᠤᠭ᠋ᠠᠨ᠎ᠤ ᠵᠢᠯᠤᠭᠤᠳᠤᠭᠴᠢ ᠪᠠᠭᠰᠢ 4᠂ ᠮᠡᠳᠡᠯᠭᠡ ᠵᠢᠨ ᠤᠷᠤᠯᠳᠤᠭ᠋ᠠᠨ᠎ᠤ ᠵᠢᠯᠤᠭᠤᠳᠤᠭᠴᠢ ᠪᠠᠭᠰᠢ 1- 2᠃ ᠪᠠᠭᠰᠢ ᠵᠢ ᠤᠯᠤᠰ ᠲᠦᠷᠦ ᠵᠢᠨ ᠵᠣᠭᠰᠣᠯᠲᠠ ᠪᠠᠲᠤ ᠴᠢᠩᠭ᠎ᠠ᠂ ᠦᠵᠡᠯ ᠰᠠᠨᠠᠭ᠋ᠠᠨ᠎ᠤ ᠬᠡᠪ ᠴᠢᠨᠠᠷ ᠪᠠᠲᠤ ᠴᠢᠩᠭ᠎ᠠ᠂ ᠲᠤᠰᠬᠠᠢ ᠮᠡᠷᠭᠡᠵᠢᠯ᠎ᠤᠨ ᠴᠢᠳᠠᠪᠤᠷᠢ ᠪᠠᠲᠤ ᠴᠢᠩᠭ᠎ᠠ ᠬᠥᠮᠦᠨ ᠡᠭᠦᠷᠭᠡᠯᠡᠵᠦ᠂ ᠰᠤᠷᠤᠭᠴᠢᠳ᠎ᠢ ᠵᠢᠯᠣᠭᠣᠳᠤᠨ ᠤᠷᠤᠯᠳᠤᠭ᠋ᠠᠨ᠎ᠤ ᠵᠣᠷᠢᠯᠭ᠎ᠠ ᠪᠠ ᠦᠢ᠍ᠯᠡᠳᠦᠯ᠎ᠢ ᠵᠥᠪ ᠲᠠᠨᠢᠭᠤᠯᠵᠤ᠂ ᠤᠷᠤᠯᠳᠤᠭ᠋ᠠᠨ᠎ᠤ ᠦᠷ᠎ᠡ ᠳ᠋ᠦᠩ᠎ᠳᠤ ᠣᠶᠤᠨᠴᠢ᠎ᠪᠠᠷ ᠬᠠᠨᠳᠤᠭᠤᠯᠬᠤ ᠬᠡᠷᠡᠭᠲᠡᠢ᠃
      ᠭᠤᠷᠪᠠ᠂ ᠮᠠᠲ᠋ᠧᠷᠢᠶᠠᠯ᠎ᠢ ᠮᠡᠳᠡᠭᠦᠯᠬᠦ
      ᠡᠯ᠎ᠡ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ᠎ᠬᠢᠨ ᠤᠷᠤᠯᠳᠤᠭ᠋ᠠᠨ᠎ᠳᠤ ᠣᠷᠣᠯᠴᠠᠭᠰᠠᠳ᠎ᠤᠨ ᠶᠠᠷᠢᠶᠠᠨ᠎ᠤ ᠡᠬᠡ ᠨᠤᠤᠷᠠᠭ᠎ᠢ ᠴᠢᠩᠭ᠎ᠠ ᠬᠢᠨᠠᠨ ᠪᠠᠶ᠋ᠢᠴᠠᠭ᠋ᠠᠵᠤ᠂ ᠱᠠᠲᠤ ᠱᠠᠲᠤ᠎ᠪᠠᠷ ᠴᠢᠩᠭ᠎ᠠ ᠠᠳᠬᠤᠨ᠂ 2023 ᠣᠨ᠎ᠤ 8 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠮᠡᠳᠡᠭᠡ ᠵᠠᠩᠭᠢ ᠵᠢ ᠳᠣᠣᠷᠠᠬᠢ ᠢᠮᠧᠯ᠄ ndfxyhml@163.com᠎ᠲᠤ ᠪᠣᠭᠣᠳᠠᠯᠯᠠᠵᠤ ᠢᠯᠡᠭᠡᠭᠡᠷᠡᠶ᠃ (ᠲᠤᠰᠠᠭ᠋ᠠᠷ ᠵᠶ᠋ᠠᠨ ᠮᠡᠳᠡᠭᠦᠯᠬᠦ ᠵᠢ ᠬᠦᠯᠢᠶᠡᠨ ᠠᠪᠬᠤ ᠦᠭᠡᠶ)᠃
     1 . ᠳᠠᠭ᠋ᠠᠯᠳᠤᠭᠤᠯᠤᠯ 2᠄ ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠲᠥᠯᠦᠭᠡᠯᠡᠭᠴᠢ ᠵᠢᠨ ᠠᠩᠭᠢ ᠵᠢᠨ ᠪᠦᠷᠢᠯᠳᠦᠬᠦᠨ᠎ᠤ ᠮᠡᠳᠡᠭᠡ ᠵᠠᠩᠭᠢ ᠵᠢᠨ ᠬᠤᠷᠢᠶᠠᠩᠭᠤᠶ ᠬᠦᠰᠦᠨᠦᠭᠲᠦ (ᠠᠯᠪᠠᠨ ᠲᠠᠮᠠᠭ᠎ᠠ ᠳᠠᠷᠤᠭᠰᠠᠨ᠎ᠤ ᠳᠠᠷᠠᠭ᠋ᠠᠬᠢ ᠰᠢᠷᠪᠢᠯᠲᠡ ᠵᠢ ᠠᠰ᠎ᠲᠤ᠎ᠨᠢ ᠮᠡᠳᠡᠭᠦᠯᠬᠦ ᠬᠡᠷᠡᠭᠲᠡᠢ)
     2 . ᠳᠠᠭ᠋ᠠᠯᠳᠤᠭᠤᠯᠤᠯ 3᠄ ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ ᠣᠷᠣᠯᠴᠠᠭᠰᠠᠳ᠎ᠤᠨ ᠮᠡᠳᠡᠭᠡ ᠵᠠᠩᠭᠢ ᠵᠢᠨ ᠬᠦᠰᠦᠨᠦᠭᠲᠦ (ᠠᠯᠪᠠᠨ ᠲᠠᠮᠠᠭ᠎ᠠ ᠳᠠᠷᠤᠭᠰᠠᠨ᠎ᠤ ᠳᠠᠷᠠᠭ᠋ᠠᠬᠢ ᠰᠢᠷᠪᠢᠯᠲᠡ ᠵᠢ ᠠᠰ᠎ᠲᠤ᠎ᠨᠢ ᠮᠡᠳᠡᠭᠦᠯᠬᠦ ᠬᠡᠷᠡᠭᠲᠡᠢ)
     3 . ᠶᠠᠷᠢᠶ᠎ᠠ ᠢᠯᠡᠳᠬᠡᠯ᠎ᠤᠨ ᠤᠷᠤᠯᠳᠤᠭ᠋ᠠᠨ᠎ᠳᠤ ᠣᠷᠣᠯᠴᠠᠬᠤ 4 ᠣᠷᠣᠯᠴᠠᠭᠴᠢ ᠤᠷᠤᠯᠳᠤᠭ᠋ᠠᠨ᠎ᠤ ᠶᠠᠷᠢᠶ᠎ᠠ ᠢᠯᠡᠳᠬᠡᠯ᠎ᠤᠨ ᠡᠬᠡ ᠪᠢᠴᠢᠭ᠎ᠢ (word ᠪᠢᠴᠢᠭᠯᠡᠯ᠂ ᠪᠢᠴᠢᠭ ᠮᠠᠲ᠋ᠧᠷᠢᠶᠠᠯ᠎ᠤᠨ ᠨᠡᠷᠡᠶ᠋ᠢᠳᠦᠯ᠎ᠤᠨ ᠬᠡᠯᠪᠡᠷᠢ ᠵᠢ ᠰᠣᠩᠭᠣᠨ ᠬᠦᠷᠭᠡᠬᠦ ᠨᠢᠭᠡᠴᠢ + ᠣᠷᠣᠯᠴᠠᠭᠰᠠᠳ᠎ᠤᠨ ᠨᠡᠷ᠎ᠡ + ᠶᠠᠷᠢᠶ᠎ᠠ ᠢᠯᠡᠳᠬᠡᠯ᠎ᠤᠨ ᠰᠡᠳᠦᠪ) ᠭᠡᠵᠦ ᠢᠯᠡᠭᠡᠨ᠎ᠡ᠃ ᠶᠠᠷᠢᠶᠠᠨ᠎ᠤ ᠡᠬᠡ ᠨᠣᠣᠷᠠᠭ᠎ᠲᠤ ᠬᠠᠭᠤᠯᠤᠭᠰᠠᠨ ᠪᠤᠶᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠵᠣᠬᠢᠶᠠᠨ ᠪᠠᠶ᠋ᠢᠭᠤᠯᠬᠤ ᠺᠣᠮᠢᠰ᠎ᠠᠴᠠ ᠲᠡᠭᠦᠨ᠎ᠤ ᠤᠷᠤᠯᠳᠤᠭ᠋ᠠᠨ᠎ᠳᠤ ᠣᠷᠣᠯᠴᠠᠬᠤ᠂ ᠱᠠᠩᠨᠠᠯ ᠬᠦᠷᠲᠡᠬᠦ ᠬᠢᠷᠢ ᠬᠡᠮ᠎ᠢ ᠬᠦᠴᠦᠨ ᠦᠭᠡᠶ ᠪᠣᠯᠭ᠋ᠠᠵᠤ᠂ ᠱᠠᠩᠨᠠᠯ᠎ᠤᠨ ᠦᠨᠡᠮᠯᠡᠯ᠎ᠢ ᠬᠤᠷᠢᠶᠠᠨ ᠠᠪᠬᠤ ᠡᠷᠬᠡ᠎ᠲᠠᠢ᠃ ᠵᠣᠬᠢᠶᠠᠨ ᠪᠠᠶ᠋ᠢᠭᠤᠯᠬᠤ ᠺᠣᠮᠢᠰ᠎ᠠᠴᠠ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ ᠣᠷᠣᠯᠴᠠᠭᠰᠠᠳ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠯᠭ᠋ᠠᠬᠤ᠎ᠪᠠᠷ ᠮᠡᠳᠡᠭᠦᠯᠦᠭᠰᠡᠨ᠎ᠤ ᠳᠠᠷᠠᠭ᠎ᠠ ᠰᠤᠷᠭ᠋ᠠᠨ ᠬᠥᠮᠦᠵᠢᠯ᠎ᠤᠨ ᠲᠢᠩᠬᠢᠮ᠎ᠤᠨ ᠠᠯᠪᠠᠨ ᠰᠦᠯᠵᠢᠶ᠎ᠡ᠎ᠳᠤ ᠢᠯᠡ ᠨᠡᠶ᠋ᠢᠲᠡᠯᠡᠨ᠎ᠡ᠃
      ᠳᠥᠷᠪᠡ᠂ ᠰᠦᠯᠵᠢᠶᠡᠨ᠎ᠳᠠᠬᠢ ᠤᠷᠤᠯᠳᠤᠭ᠋ᠠᠨ᠎ᠤ ᠠᠩᠬᠠᠷᠬᠤ ᠵᠦᠢ᠍ᠯ
     1 . ᠵᠣᠬᠢᠶᠠᠨ ᠪᠠᠶ᠋ᠢᠭᠤᠯᠬᠤ ᠺᠣᠮᠢᠰ 2023 ᠣᠨ᠎ᠤ 8 ᠳ᠋ᠤᠭ᠋ᠠᠷ ᠰᠠᠷ᠎ᠠ ᠵᠢᠨ ᠡᠬᠢ᠎ᠪᠠᠷ ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠳᠠᠭ᠋ᠠᠭᠤᠯᠤᠭᠴᠢ ᠵᠢᠨ ᠰᠣᠯᠢᠯᠴᠠᠭ᠋ᠠᠨ᠎ᠤ ᠴᠤᠭᠯᠠᠷᠠᠯ᠎ᠢ ᠪᠠᠶ᠋ᠢᠭᠤᠯᠵᠤ᠂ ᠬᠠᠮᠢᠶ᠎ᠠ ᠪᠥᠬᠥᠶ ᠮᠡᠳᠡᠭᠳᠡᠯ᠂ ᠤᠷᠤᠯᠳᠤᠭ᠋ᠠᠨ᠎ᠤ ᠲᠠᠯᠠᠪᠤᠷ ᠪᠣᠯᠤᠨ ᠲᠥᠬᠥᠭᠡᠷᠦᠮᠵᠢ ᠵᠢᠨ ᠱᠠᠭ᠋ᠠᠷᠳᠠᠯᠭ᠎ᠠ᠂ ᠤᠷᠤᠯᠳᠤᠭ᠋ᠠᠨ᠎ᠤ ᠴᠠᠭ ᠪᠣᠯᠤᠨ ᠳᠡᠰ ᠳᠠᠷᠠᠭ᠋ᠠᠯᠠᠯ ᠵᠡᠷᠭᠡ ᠮᠡᠳᠡᠭᠡ ᠵᠠᠩᠭᠢ ᠵᠢ ᠨᠢᠭᠡᠳᠦᠯᠲᠡᠶ ᠨᠡᠶ᠋ᠢᠲᠡᠯᠡᠨ᠎ᠡ᠃ ᠬᠠᠮᠢᠶ᠎ᠠ ᠪᠦᠬᠦᠢ ᠮᠠᠲ᠋ᠧᠷᠢᠶᠠᠯ᠎ᠤᠨ ᠨᠠᠷᠢᠨ ᠳᠠᠩᠰᠠ ᠵᠢ ᠳᠠᠭ᠋ᠠᠯᠳᠤᠭᠤᠯᠤᠯ 5᠎ᠳᠤ ᠦᠵᠡᠭᠡᠷᠡᠢ᠃
     2 . ᠡᠯ᠎ᠡ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ ᠲᠥᠯᠦᠭᠡᠯᠡᠭᠴᠢ ᠵᠢᠨ ᠠᠩᠭᠢ ᠵᠢᠨ ᠪᠦᠷᠢᠯᠳᠦᠬᠦᠨ ᠰᠦᠯᠵᠢᠶᠡᠨ᠎ᠳᠤ ᠨᠡᠷ᠎ᠡ ᠮᠡᠳᠡᠭᠦᠯᠬᠦ᠂ ᠪᠠᠶ᠋ᠢᠴᠠᠭ᠋ᠠᠵᠤ ᠲᠡᠮᠳᠡᠭᠯᠡᠬᠦ ᠵᠢᠴᠢ ᠤᠷᠤᠯᠳᠤᠭ᠋ᠠᠨ᠎ᠳᠤ ᠣᠷᠣᠯᠴᠠᠬᠤ ᠬᠤᠭᠤᠴᠠᠭ᠋ᠠᠨ᠎ᠳᠤ ᠡᠷᠬᠡᠪᠰᠢ ᠪᠡᠶ᠎ᠡ ᠵᠢᠨ ᠭᠡᠷᠡᠴᠢ᠎ᠪᠠᠨ ᠪᠥᠬᠥ ᠶᠠᠪᠤᠴᠠ᠎ᠳᠤ ᠠᠪᠴᠤ᠂ ᠠᠵᠢᠯᠲᠠᠨ᠎ᠤ ᠪᠠᠶ᠋ᠢᠴᠠᠭ᠋ᠠᠨ ᠰᠢᠯᠭ᠋ᠠᠬᠤ᠎ᠳᠤ ᠪᠡᠯᠡᠳᠬᠡᠬᠦ ᠬᠡᠷᠡᠭᠲᠡᠶ᠃
     3 . ᠤᠷᠤᠯᠳᠤᠭ᠋ᠠᠨ᠎ᠤ ᠬᠤᠭᠤᠴᠠᠭ᠋ᠠᠨ᠎ᠳᠤ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ ᠳᠠᠭ᠋ᠠᠭᠤᠯᠤᠭᠴᠢ ᠵᠢ ᠤᠷᠢᠵᠤ᠂ ᠬᠤᠷᠠᠯ᠎ᠤᠨ ᠶᠠᠪᠤᠳᠠᠯ᠎ᠤᠨ ᠳᠤᠭᠤᠶ᠋ᠢᠯᠠᠩ᠎ᠤᠨ ᠠᠵᠢᠯ᠎ᠳᠤ ᠢᠳᠡᠪᠬᠢᠲᠡᠶ ᠬᠠᠮᠵᠢᠭᠤᠯᠤᠨ᠂ ᠲᠥᠯᠦᠭᠡᠯᠡᠭᠴᠢ ᠵᠢᠨ ᠠᠩᠭᠢ ᠵᠢᠨ ᠪᠦᠷᠢᠯᠳᠦᠬᠦᠨ ᠵᠢᠴᠢ ᠲᠠᠯᠠᠪᠤᠷ᠎ᠲᠠᠬᠢ ᠮᠡᠷᠭᠡᠵᠢᠯ᠎ᠤᠨ ᠠᠵᠢᠯᠲᠠᠨ ᠡᠷᠬᠡᠪᠰᠢ ᠤᠷᠤᠯᠳᠤᠭ᠋ᠠᠨ᠎ᠤ ᠨᠢᠭᠡᠳᠦᠯᠲᠡᠶ ᠲᠣᠬᠢᠷᠠᠭᠤᠯᠤᠯᠲᠠ ᠵᠢ ᠳᠠᠭ᠋ᠠᠬᠤ ᠬᠡᠷᠡᠭᠲᠡᠶ᠃
      ᠡᠯ᠎ᠡ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ᠎ᠬᠢᠨ ᠠᠵᠢᠯᠯᠠᠭ᠎ᠠ ᠵᠢ ᠵᠣᠬᠢᠶᠠᠨ ᠪᠠᠢ᠌ᠭᠤᠯᠬᠤ ᠶᠠᠪᠤᠴᠠ᠎ᠳᠠᠬᠢ ᠬᠣᠯᠪᠣᠭᠳᠠᠯ ᠪᠦᠬᠦᠢ ᠠᠰᠠᠭᠤᠳᠠᠯ ᠪᠣᠯᠤᠨ ᠬᠡᠷᠡᠭᠴᠡᠭᠡ ᠱᠠᠭ᠋ᠠᠷᠳᠠᠯᠭ᠎ᠠ ᠵᠢᠨ ᠲᠤᠬᠠᠢ ᠳᠠᠷᠤᠢ᠎ᠳᠤ᠎ᠨᠢ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ᠎ᠯᠤᠭ᠎ᠠ ᠬᠠᠷᠢᠯᠴᠠᠵᠤ ᠨᠡᠪᠲᠡᠷᠡᠬᠦ ᠬᠡᠷᠡᠭᠲᠡᠢ᠃
      ᠲᠠᠪᠤ᠂ ᠬᠠᠷᠢᠯᠴᠠᠬᠤ ᠠᠷᠭ᠎ᠠ ᠮᠠᠶᠢᠭ
      ᠵᠣᠬᠢᠶᠠᠨ ᠪᠠᠶ᠋ᠢᠭᠤᠯᠬᠤ ᠺᠣᠮᠢᠰ᠎ᠤᠨ ᠨᠢᠭᠡᠳᠦᠯᠲᠡᠶ ᠲᠥᠯᠥᠪᠯᠡᠨ ᠬᠠᠷᠢᠯᠴᠠᠬᠤ ᠬᠥᠮᠦᠨ᠄ ᠵᠧᠤ ᠾᠧᠩ
      ᠬᠠᠷᠢᠯᠴᠠᠬᠤ ᠤᠲᠠᠰᠤ᠄ 13664744572
      ᠵᠣᠬᠢᠶᠠᠨ ᠪᠠᠢ᠍ᠭᠤᠯᠬᠤ ᠺᠣᠮᠢᠰ᠎ᠤᠨ ᠤᠷᠤᠯᠳᠤᠭ᠋ᠠᠨ᠎ᠤ ᠬᠠᠷᠢᠯᠴᠠᠬᠤ ᠬᠥᠮᠦᠨ᠄ ᠭᠦᠸᠧ ᠢᠦᠶ
      ᠬᠠᠷᠢᠯᠴᠠᠬᠤ ᠤᠲᠠᠰᠤ᠄ 14794744321
      ᠵᠣᠬᠢᠶᠠᠨ ᠪᠠᠶ᠋ᠢᠭᠤᠯᠬᠤ ᠺᠣᠮᠢᠰ᠎ᠤᠨ ᠮᠠᠲ᠋ᠧᠷᠢᠶᠠᠯ᠎ᠢ ᠮᠡᠳᠡᠭᠦᠯᠬᠦ ᠬᠠᠷᠢᠯᠴᠠᠬᠤ ᠬᠥᠮᠦᠨ᠄ ᠴᠠᠩ ᠶᠦᠩ ᠭᠠᠩ
      ᠬᠠᠷᠢᠯᠴᠠᠬᠤ ᠤᠲᠠᠰᠤ᠄ 18548150851

      ᠳᠠᠭ᠋ᠠᠯᠳᠤᠭᠤᠯᠤᠯ᠄
     1 . ᠪᠦᠬᠦ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠡᠳᠦᠷ᠎ᠤᠨ ᠳᠠᠷᠠᠭ᠋ᠠᠯᠠᠯ
     2 . ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠲᠥᠯᠦᠭᠡᠯᠡᠭᠴᠢ ᠵᠢᠨ ᠠᠩᠭᠢ ᠵᠢᠨ ᠪᠦᠷᠢᠯᠳᠦᠬᠦᠨ᠎ᠤ ᠮᠡᠳᠡᠭᠡ ᠵᠠᠩᠭᠢ ᠵᠢᠨ ᠬᠤᠷᠢᠶᠠᠩᠭᠤᠶ ᠬᠦᠰᠦᠨᠦᠭᠲᠦ
     3 . ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ ᠣᠷᠣᠯᠴᠠᠭᠰᠠᠳ᠎ᠤᠨ ᠮᠡᠳᠡᠭᠡ ᠵᠠᠩᠭᠢ ᠵᠢᠨ ᠬᠦᠰᠦᠨᠦᠭᠲᠦ


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                2023 ᠣᠨ᠎ᠤ 8 ᠳ᠋ᠤᠭ᠋ᠠᠷ ᠰᠠᠷ᠎ᠠ ᠵᠢᠨ 8᠎ᠤ ᠡᠳᠦᠷ


ᠳᠠᠭ᠋ᠠᠯᠳᠤᠭᠤᠯᠤᠯ 1᠄ 1 . ᠪᠦᠬᠦ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠡᠳᠦᠷ᠎ᠤᠨ ᠳᠠᠷᠠᠭ᠋ᠠᠯᠠᠯ .docx
ᠳᠠᠭ᠋ᠠᠯᠳᠤᠭᠤᠯᠤᠯ 2᠄ 2 . ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠤ ᠲᠥᠯᠦᠭᠡᠯᠡᠭᠴᠢ ᠵᠢᠨ ᠠᠩᠭᠢ ᠵᠢᠨ ᠪᠦᠷᠢᠯᠳᠦᠬᠦᠨ᠎ᠤ ᠮᠡᠳᠡᠭᠡ ᠵᠠᠩᠭᠢ ᠵᠢᠨ ᠬᠤᠷᠢᠶᠠᠩᠭᠤᠶ ᠬᠦᠰᠦᠨᠦᠭᠲᠦ .docx
ᠳᠠᠭ᠋ᠠᠯᠳᠤᠭᠤᠯᠤᠯ  3᠄ 3 . ᠪᠥᠬᠥ ᠣᠷᠣᠨ᠎ᠤ ᠰᠢᠯᠭ᠋ᠠᠷᠠᠭᠤᠯᠬᠤ ᠤᠷᠤᠯᠳᠤᠭ᠋ᠠᠨ᠎ᠳᠤ ᠣᠷᠣᠯᠴᠠᠭᠰᠠᠳ᠎ᠤᠨ ᠮᠡᠳᠡᠭᠡ ᠵᠠᠩᠭᠢ ᠵᠢᠨ ᠬᠦᠰᠦᠨᠦᠭᠲᠦ  .docx


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠡᠭᠡᠳᠦ ᠵᠡᠷᠭᠡ ᠵᠢᠨ ᠰᠤᠷᠤᠯᠭ᠎ᠠ ᠵᠢᠨ ᠨᠠᠮᠲᠠᠷ᠎ᠤᠨ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠭᠠᠳᠠᠨᠠᠬᠢ ᠵᠢᠭ᠋ᠠᠨ ᠰᠤᠷᠭ᠋ᠠᠬᠤ ᠴᠡᠭ᠎ᠢ ᠳᠠᠩᠰᠠᠯᠠᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ 2023 ᠣᠨ᠎ᠤ ᠲᠥᠷᠦᠯ ᠵᠦᠢ᠍ᠯ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠮᠡᠷᠭᠡᠵᠢᠯ᠎ᠢ ᠰᠢᠯᠵᠢᠭᠦᠯᠬᠦ ᠰᠠᠭᠤᠷᠢᠨ ᠭᠠᠵᠠᠷ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠢ ᠢᠯᠡ ᠨᠡᠢ᠌ᠲᠡᠯᠡᠯ
ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠪᠥᠬᠥ ᠤᠯᠤᠰ᠎ᠤᠨ 7᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ᠎ᠢ ᠤᠯᠠᠮᠵᠢᠯᠠᠨ ᠲᠠᠷᠬᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠢ ᠲᠣᠬᠢᠷᠠᠭᠤᠯᠬᠤ ᠲᠤᠬᠠᠶ ᠮᠡᠳᠡᠭᠳᠡᠯ
 
             蒙ICP备05000248号