ᠥᠪᠥᠷ ᠰᠤᠷᠭ᠋ᠠᠨ ᠳᠡᠭᠡᠳᠦ ᠪᠢᠴᠢᠭ [2023] 65 ᠲᠣᠭ᠋ᠠᠲᠤ
ᠡᠯ᠎ᠡ ᠳᠡᠭᠡᠳᠦ ᠰᠤᠷᠭ᠋ᠠᠭᠤᠯᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ 〈ᠢᠨᠲ᠋ᠧᠷ ᠰᠦᠯᠵᠢᠶ᠎ᠡ +〉 ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠢ ᠡᠷᠭᠢᠯᠡᠬᠦ ᠲᠤᠬᠠᠶ ᠮᠡᠳᠡᠭᠳᠡᠯ》 (ᠥᠪᠥᠷ ᠰᠤᠷᠭ᠋ᠠᠨ ᠳᠡᠭᠡᠳᠦ ᠪᠢᠴᠢᠭ [2023] 42 ᠳ᠋ᠤᠭ᠋ᠠᠷ ᠲᠣᠭ᠋ᠠᠲᠤ)᠎ᠤᠨ ᠲᠣᠬᠢᠷᠠᠭᠤᠯᠤᠯᠲᠠ ᠶᠣᠰᠤ᠎ᠪᠠᠷ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠨᠢᠭᠡᠨᠲᠡ ᠥᠨᠳᠦᠷᠯᠡᠪᠡ᠃ ᠣᠳᠣ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠶ᠎ᠡ᠃
ᠢᠯᠡ ᠨᠡᠶ᠋ᠢᠲᠡᠯᠡᠬᠦ ᠬᠤᠭᠤᠴᠠᠭ᠎ᠠ ᠪᠣᠯ ᠮᠡᠳᠡᠭᠳᠡᠯ ᠪᠠᠭᠤᠯᠭ᠋ᠠᠭᠰᠠᠨ ᠡᠳᠦᠷ᠎ᠠᠴᠠ 8 ᠰᠠᠷ᠎ᠠ ᠵᠢᠨ 10᠎ᠤ ᠡᠳᠦᠷ ᠪᠣᠯᠲᠠᠯ᠎ᠠ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠱᠠᠩᠨᠠᠯ ᠣᠯᠤᠭᠰᠠᠨ ᠲᠥᠷᠦᠯ ᠵᠦᠢ᠍ᠯ᠎ᠳᠤ ᠰᠠᠨᠠᠯ᠎ᠲᠠᠢ ᠪᠣᠯ ᠰᠤᠷᠭ᠋ᠠᠭᠤᠯᠢ ᠵᠢᠨ ᠨᠡᠷ᠎ᠡ᠎ᠪᠠᠷ (ᠠᠯᠪᠠᠨ ᠲᠠᠮᠠᠭ᠎ᠠ ᠳᠠᠷᠤᠨ᠎ᠠ) ᠮᠠᠨ᠎ᠤ ᠲᠢᠩᠬᠢᠮ᠎ᠳᠤ ᠲᠤᠰᠬᠠᠵᠤ᠂ ᠡᠷᠬᠡᠪᠰᠢ ᠬᠣᠯᠪᠣᠭᠳᠠᠯ ᠪᠥᠬᠥᠶ ᠭᠡᠷᠡᠴᠢ ᠮᠠᠲ᠋ᠧᠷᠢᠶᠠᠯ᠎ᠢ ᠬᠠᠩᠭ᠋ᠠᠬᠤ ᠵᠢᠨ ᠬᠠᠮᠲᠤ ᠬᠠᠷᠢᠯᠴᠠᠬᠤ ᠬᠥᠮᠦᠨ᠎ᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ᠎ᠢ ᠲᠣᠳᠣᠷᠬᠠᠶ᠋ᠢᠯᠠᠬᠤ ᠬᠡᠷᠡᠭᠲᠡᠶ᠃ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
ᠠᠵᠢᠯ᠎ᠤᠨ ᠡᠳᠦᠷ᠎ᠤᠨ ᠦᠳᠡ ᠵᠢᠨ ᠡᠮᠦᠨᠡᠬᠢ 9᠄ 00-12᠄ 00᠂
ᠦᠳᠡ ᠵᠢᠨ ᠬᠣᠶ᠋ᠢᠨᠠᠬᠢ 14᠄ 30-17᠄ 30
ᠬᠠᠷᠢᠯᠴᠠᠬᠤ ᠤᠲᠠᠰᠤ᠄ 0471 - 2856606
ᠢᠮᠧᠯ᠄ nmggjc@163.com
ᠳᠠᠭ᠋ᠠᠯᠳᠤᠭᠤᠯᠤᠯ᠄ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ 《ᠢᠨᠲ᠋ᠧᠷ ᠰᠦᠯᠵᠢᠶ᠎ᠡ+》 ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠱᠠᠩᠨᠠᠯ ᠭᠦᠷᠲᠡᠭᠰᠡᠳ᠎ᠤᠨ ᠢᠯᠡ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 8 ᠳ᠋ᠤᠭ᠋ᠠᠷ ᠰᠠᠷ᠎ᠠ ᠵᠢᠨ 4᠎ᠤ ᠡᠳᠦᠷ