ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2023] 97 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠎ᠳᠤ᠄
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠎ᠤᠨ 《ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠵᠢᠯᠣᠭᠣᠳᠬᠤ ᠺᠣᠮᠢᠰ ᠵᠢᠴᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠢ ᠨᠡᠶ᠋ᠢᠲᠡᠯᠡᠬᠦ ᠲᠤᠬᠠᠶ ᠮᠡᠳᠡᠭᠳᠡᠯ》 (ᠥᠪᠥᠷ ᠰᠤᠷᠭ᠋ᠠᠨ ᠪᠡᠶ᠎ᠡ ᠵᠢᠨ ᠲᠠᠮᠢᠷ [2021] 70 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠤ᠎ᠪᠠᠷ᠂ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ 2022-2023 ᠰᠤᠷᠤᠯᠭ᠎ᠠ ᠵᠢᠨ ᠣᠨ᠎ᠤ ᠤᠬᠠᠭᠤᠯᠤᠨ ᠲᠠᠶ᠋ᠢᠯᠪᠤᠷᠢᠯᠠᠭᠰᠠᠨ ᠪᠠᠶ᠋ᠢᠳᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠎ᠠᠴᠠ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠭᠰᠠᠨ ᠪᠠᠶ᠋ᠢᠳᠠᠯ᠎ᠤᠨ ᠵᠢᠯ᠎ᠤᠨ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠬᠢᠨᠠᠪᠠ᠃ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ ᠵᠢᠴᠢ ᠬᠡᠰᠡᠭ ᠳᠡᠭᠡᠳᠦ ᠰᠤᠷᠭ᠋ᠠᠭᠤᠯᠢ ᠵᠢᠨ ᠨᠥᠬᠥᠪᠥᠷᠢᠯᠡᠨ ᠲᠠᠨᠢᠯᠴᠠᠭᠤᠯᠤᠭᠰᠠᠨ ᠵᠶ᠋ᠠᠷ ᠣᠲᠣ ᠳᠠᠬᠢᠨ ᠰᠢᠨ᠎ᠡ᠎ᠪᠠᠷ ᠲᠣᠬᠢᠷᠠᠭᠤᠯᠤᠯᠲᠠ ᠬᠢᠵᠦ ᠵᠣᠣ ᠬᠠᠶ ᠰᠢᠶᠠ ᠵᠡᠷᠭᠡ 83 ᠬᠥᠮᠦᠨ᠎ᠢ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ ᠵᠶ᠋ᠠᠷ ᠲᠣᠭᠲᠠᠭ᠋ᠠᠪᠠ᠃ ᠮᠠᠨ᠎ᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠦᠭᠡ᠂ ᠡᠳᠦᠭᠡ ᠳᠤᠤᠷᠠᠬᠢ ᠮᠡᠲᠦ ᠱᠠᠭ᠋ᠠᠷᠳᠠᠯᠭ᠎ᠠ ᠳᠤᠷᠠᠳᠪᠠ᠃
ᠨᠢᠭᠡ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂
ᠨᠡᠶ᠋ᠢᠳᠡᠮ ᠪᠠᠶ᠋ᠢᠴᠠᠭ᠋ᠠᠯᠲᠠ ᠤᠬᠠᠭᠤᠯᠤᠨ ᠲᠠᠶ᠋ᠢᠯᠪᠤᠷᠢᠯᠠᠬᠤ ᠵᠢ ᠤᠶᠠᠯᠳᠤᠭᠤᠯᠤᠨ᠎ᠠ
ᠡᠯ᠎ᠡ ᠭᠠᠵᠠᠷ᠎ᠤᠨ᠎ᠬᠢᠨ ᠪᠥᠬᠥ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠠᠷᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠲᠠᠢ ᠤᠶᠠᠯᠳᠤᠭᠤᠯᠤᠨ᠂ ᠲᠣᠰ ᠭᠠᠵᠠᠷ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠲᠤᠰᠬᠠᠶ ᠮᠡᠷᠭᠡᠵᠢᠯᠲᠡᠨ᠎ᠢ ᠢᠳᠡᠪᠬᠢᠲᠡᠶ ᠵᠣᠬᠢᠶᠠᠨ ᠪᠠᠶ᠋ᠢᠭᠤᠯᠵᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠬᠤ ᠬᠡᠷᠡᠭᠲᠡᠶ᠃ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ ᠤᠬᠠᠭᠤᠯᠤᠨ ᠲᠠᠶ᠋ᠢᠯᠪᠤᠷᠢᠯᠠᠬᠤ ᠵᠢᠨ ᠬᠠᠮᠲᠤ᠂ ᠲᠤᠬᠠᠶ ᠵᠢᠨ ᠭᠠᠵᠠᠷ ᠣᠨᠴᠠᠭ᠋ᠠᠢ᠌ᠯᠠᠨ ᠪᠥᠬᠥ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠂ ᠲᠤᠷᠰᠢᠯᠲᠠ ᠵᠢᠨ ᠰᠢᠶᠠᠨ (ᠬᠣᠲᠠ᠂ ᠲᠣᠭᠣᠷᠢᠭ) ᠪᠣᠯᠤᠨ ᠲᠤᠷᠰᠢᠯᠲᠠ ᠵᠢᠨ ᠰᠤᠷᠭ᠋ᠠᠭᠤᠯᠢ ᠵᠢᠨ ᠠᠵᠢᠯ ᠵᠶ᠋ᠠᠨ ᠠᠬᠢᠭᠤᠯᠤᠭᠰᠠᠨ ᠪᠠᠶ᠋ᠢᠳᠠᠯ᠎ᠢ ᠢᠳᠡᠪᠬᠢᠲᠡᠶ ᠰᠠᠨᠠᠭ᠋ᠠᠴᠢᠯᠠᠭ᠎ᠠ᠎ᠠᠴᠠ᠎ᠪᠠᠨ ᠣᠶ᠋ᠢᠯᠠᠭ᠋ᠠᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠮᠡᠳᠡᠯᠭᠡ ᠵᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ᠎ᠤᠨ ᠨᠡᠶ᠋ᠢᠲᠡᠯᠢᠭ ᠲᠤᠷᠰᠢᠯᠭ᠎ᠠ ᠠᠷᠭ᠎ᠠ ᠪᠠᠷᠢᠯ᠎ᠢ ᠴᠠᠭ ᠲᠤᠬᠠᠶ᠎ᠳᠤᠨᠢ ᠳ᠋ᠦᠩᠨᠡᠨ᠎ᠡ᠃ ᠡᠯ᠎ᠡ ᠭᠠᠵᠠᠷ᠎ᠤᠨ᠎ᠬᠢᠨ ᠵᠢᠯ ᠪᠦᠷᠢ ᠵᠢᠨ 12 ᠰᠠᠷ᠎ᠠ ᠵᠢᠨ ᠰᠡᠭᠦᠯᠴᠢ᠎ᠠᠴᠠ ᠡᠮᠦᠨ᠎ᠡ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠬᠠᠶ ᠤᠬᠠᠭᠤᠯᠤᠨ ᠲᠠᠶ᠋ᠢᠯᠪᠤᠷᠢᠯᠠᠬᠤ ᠠᠵᠢᠯ᠎ᠤᠨ ᠳ᠋ᠦᠩᠨᠡᠯᠲᠡ᠎ᠪᠠᠨ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠪᠣᠯᠤᠨ ᠤᠷᠠᠯᠢᠭ᠎ᠤᠨ ᠬᠥᠮᠦᠵᠢᠯ᠎ᠤᠨ ᠭᠠᠵᠠᠷ᠎ᠲᠤ ᠮᠡᠳᠡᠭᠦᠯᠦᠨ᠎ᠡ᠃
ᠬᠣᠶᠠᠷ᠂ ᠤᠬᠠᠭᠤᠯᠤᠨ ᠲᠠᠶ᠋ᠢᠯᠪᠤᠷᠢᠯᠠᠬᠤ ᠵᠢ ᠱᠠᠲᠤ ᠱᠠᠲᠤ᠎ᠪᠠᠷ ᠰᠠᠶ᠋ᠢᠲᠤᠷ ᠠᠳᠬᠤᠵᠤ᠂
ᠳᠡᠭᠡᠳᠦ ᠳᠤᠤᠷᠠᠳᠤ ᠱᠠᠲᠤ ᠬᠠᠮᠵᠢᠯᠴᠠᠨ ᠠᠬᠢᠭᠤᠯᠤᠨ᠎ᠠ
ᠡᠯ᠎ᠡ ᠭᠠᠵᠠᠷ᠎ᠤᠨ᠎ᠬᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠵᠡᠷᠭᠡ ᠰᠠᠯᠠᠭ᠎ᠠ ᠮᠥᠴᠢᠷ᠎ᠲᠠᠢ ᠢᠳᠡᠪᠬᠢᠲᠡᠶ ᠵᠣᠯᠭ᠋ᠠᠭᠤᠯᠵᠤ᠂ ᠲᠣᠰ ᠭᠠᠵᠠᠷ ᠣᠷᠣᠨ᠎ᠤ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠢ ᠨᠠᠷᠢᠨ ᠬᠢᠨᠠᠮᠠᠭ᠋ᠠᠶ ᠰᠣᠩᠭᠣᠵᠤ᠂ ᠠᠶ᠋ᠢᠮᠠᠭ ᠬᠣᠲᠠ ᠵᠢᠨ ᠲᠠᠰ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠢ ᠪᠠᠶ᠋ᠢᠭᠤᠯᠬᠤ ᠬᠡᠷᠡᠭᠲᠡᠶ᠃ ᠲᠤᠰᠬᠠᠶ ᠮᠡᠷᠭᠡᠵᠢᠯᠲᠡᠨ᠎ᠤ ᠪᠠᠶ᠋ᠢᠴᠠᠭ᠋ᠠᠨ ᠰᠤᠳᠤᠯᠬᠤ᠂ ᠤᠬᠠᠭᠤᠯᠤᠨ ᠲᠠᠶ᠋ᠢᠯᠪᠤᠷᠢᠯᠠᠬᠤ ᠵᠡᠷᠭᠡ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠨᠳᠤᠯᠭ᠋ᠠᠲᠠᠢ ᠭᠠᠷ ᠲᠦᠷᠦᠭᠦ ᠠᠷᠭ᠎ᠠ ᠬᠡᠮᠵᠢᠶ᠎ᠡ ᠳᠤᠷᠠᠳᠴᠤ ᠣᠶ᠋ᠢᠷ᠎ᠠ ᠬᠠᠷᠠᠭ᠎ᠠ ᠵᠢᠨ ᠨᠣᠷᠮ᠎ᠠ ᠵᠢ ᠪᠠᠭᠤᠷᠠᠭᠤᠯᠤᠨ᠂ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠵᠦ ᠪᠣᠳᠠᠲᠠᠶ ᠨᠠᠶ᠋ᠢᠳᠠᠪᠤᠷᠢᠵᠢᠭᠤᠯᠤᠨ ᠨᠠᠷᠢᠯᠢᠭ ᠨᠠᠶ᠋ᠢᠳᠠᠪᠤᠷᠢᠵᠢᠭᠤᠯᠬᠤ ᠵᠢ ᠬᠠᠮᠲᠤ᠎ᠳᠤ᠎ᠪᠠᠨ ᠠᠬᠢᠭᠤᠯᠤᠨ᠎ᠠ᠃ ᠡᠯ᠎ᠡ ᠱᠠᠲᠤᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ᠎ᠬᠢᠨ ᠲᠤᠬᠠᠢ ᠵᠢᠨ ᠭᠠᠵᠠᠷ᠎ᠤᠨ ᠵᠠᠯᠠᠭᠤᠴᠤᠳ ᠪᠠᠭ᠋ᠠᠴᠤᠳ᠎ᠤᠨ ᠤᠢ᠍ᠢ᠍ᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠬᠠᠢ ᠵᠢᠯᠣᠭᠣᠳᠬᠤ᠂ ᠪᠠᠶ᠋ᠢᠴᠠᠭ᠋ᠠᠨ ᠰᠣᠳᠤᠯᠬᠤ᠂ ᠬᠢᠨᠠᠨ ᠵᠢᠯᠣᠭᠣᠳᠬᠤ᠎ᠳᠤ ᠣᠷᠣᠯᠴᠠᠵᠤ᠂ ᠲᠤᠬᠠᠢ ᠵᠢᠨ ᠭᠠᠵᠠᠷ᠎ᠤᠨ ᠤᠢ᠍ᠢ᠍ᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠨᠡᠶ᠋ᠢᠲᠡᠯᠢᠭ ᠵᠢᠱ᠌ᠢᠶ᠎ᠡ᠂ ᠲᠤᠷᠰᠢᠯᠭ᠎ᠠ᠎ᠲᠠᠢ ᠪᠣᠯᠬᠤ ᠵᠢ ᠬᠦᠳᠦᠯᠦᠨ ᠳᠠᠭ᠋ᠠᠭᠤᠯᠬᠤ ᠬᠡᠷᠡᠭᠲᠡᠢ᠃
ᠭᠤᠷᠪᠠ᠂ ᠲᠣᠭᠲᠠᠴᠠ ᠵᠢᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂
ᠤᠬᠠᠭᠤᠯᠤᠨ ᠲᠠᠶ᠋ᠢᠯᠪᠤᠷᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ
ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠮᠡᠳᠡᠯᠭᠡ᠂ ᠤᠷ᠎ᠠ ᠴᠢᠳᠠᠪᠤᠷᠢ ᠵᠢ ᠰᠤᠷᠤᠯᠴᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠤᠬᠠᠭᠤᠯᠤᠨ ᠲᠠᠶ᠋ᠢᠯᠪᠤᠷᠢᠯᠠᠬᠤ ᠠᠭᠤᠯᠭ᠎ᠠ᠎ᠪᠠᠨ ᠲᠠᠰᠤᠷᠠᠯᠲᠠ ᠥᠬᠡᠶ ᠰᠢᠨᠡᠴᠢᠯᠡᠵᠦ᠂ ᠲᠤᠰᠬᠠᠶ ᠮᠡᠷᠭᠡᠵᠢᠯ᠎ᠤᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠶ᠃ ᠲᠥᠪᠯᠡᠷᠡᠭᠦᠯᠦᠨ ᠰᠤᠳᠤᠯᠤᠨ ᠶᠠᠷᠢᠯᠴᠠᠬᠤ ᠪᠠ ᠬᠠᠮᠲᠤ᠎ᠳᠤ᠎ᠪᠠᠨ ᠬᠢᠴᠢᠶᠡᠯ ᠪᠡᠯᠡᠳᠬᠡᠬᠦ᠎ᠳᠤ ᠢᠳᠡᠪᠬᠢᠲᠡᠶ ᠣᠷᠣᠯᠴᠠᠵᠤ᠂ ᠤᠬᠠᠭᠤᠯᠤᠨ ᠲᠠᠶ᠋ᠢᠯᠪᠤᠷᠢᠯᠠᠬᠤ ᠵᠠᠭᠪᠤᠷ᠎ᠤᠨ ᠰᠢᠨ᠎ᠡ ᠵᠢ ᠡᠭᠦᠳᠴᠦ᠂ ᠤᠬᠠᠭᠤᠯᠤᠨ ᠲᠠᠶ᠋ᠢᠯᠪᠤᠷᠢᠯᠠᠬᠤ ᠵᠢᠨ ᠬᠠᠨᠳᠤᠯᠭ᠋ᠠᠲᠤ ᠴᠢᠨᠠᠷ᠎ᠢ ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯᠲᠡᠨ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ᠂ ᠨᠢᠳᠦᠨ᠎ᠤ ᠡᠷᠡᠭᠦᠯ ᠮᠡᠨᠳᠦ ᠵᠢᠨ ᠬᠢᠴᠢᠶᠡᠯ᠎ᠤᠨ ᠲᠠᠩᠬᠢᠮ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠦᠭᠡᠮᠡᠯᠵᠢᠭᠦᠯᠬᠦ ᠪᠠ ᠤᠬᠠᠭᠤᠯᠬᠤ ᠠᠵᠢᠯ᠎ᠢ ᠬᠥᠲᠥᠯᠥᠨ ᠳᠠᠭ᠋ᠠᠭᠤᠯᠵᠤ᠂ ᠪᠥᠬᠥ ᠠᠷᠠᠳ ᠵᠶ᠋ᠡᠷ ᠵᠶ᠋ᠡᠨ ᠰᠡᠷᠭᠡᠶ᠋ᠢᠯᠡᠨ ᠡᠵᠡᠮᠳᠡᠬᠦ ᠠᠭᠤᠷ ᠠᠮᠢᠰᠬᠤᠯ᠎ᠢ ᠪᠣᠶ ᠪᠣᠯᠭ᠋ᠠᠨ᠎ᠠ᠃
ᠳᠥᠷᠪᠡ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂
ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠭᠡᠨ᠎ᠡ
ᠲᠤᠰᠬᠠᠶ ᠮᠡᠷᠭᠡᠵᠢᠯᠲᠡᠨ ᠨᠢᠭᠡ ᠪᠦᠷᠢ ᠰᠠᠷ᠎ᠠ᠎ᠳᠤ ᠳᠤᠮᠳᠠᠴᠢ᠎ᠪᠠᠷ 2 ᠤᠳᠠᠭ᠎ᠠ ᠰᠤᠷᠭ᠋ᠠᠭᠤᠯᠢ᠎ᠳᠤ ᠣᠷᠣᠵᠤ ᠤᠬᠠᠭᠤᠯᠤᠨ ᠲᠠᠶ᠋ᠢᠯᠪᠤᠷᠢᠯᠠᠵᠤ᠂ ᠰᠤᠷᠤᠯᠭ᠎ᠠ ᠵᠢᠨ ᠬᠤᠭᠤᠴᠠᠭ᠎ᠠ ᠪᠦᠷᠢ 8 ᠤᠳᠠᠭ᠎ᠠ ᠤᠬᠠᠭᠤᠯᠤᠨ ᠲᠠᠶ᠋ᠢᠯᠪᠤᠷᠢᠯᠠᠵᠤ᠂ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠤ ᠬᠢᠷᠢ ᠬᠡᠮ᠎ᠢ ᠠᠰᠢᠭᠯᠠᠨ ᠵᠦᠶ ᠵᠣᠬᠢᠰ ᠥᠬᠡᠶ ᠠᠰᠢᠭ ᠤᠯᠬᠤ ᠵᠢ ᠴᠢᠩᠭ᠎ᠠ ᠬᠣᠷᠢᠭᠯᠠᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠤᠬᠠᠭᠤᠯᠤᠨ ᠲᠠᠶ᠋ᠢᠯᠪᠤᠷᠢᠯᠠᠭᠰᠠᠨᠤ ᠳᠠᠷᠠᠭ᠎ᠠ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠢ᠌ᠯᠪᠤᠷᠢᠯᠠᠬᠤ ᠵᠢ ᠦᠨᠡᠯᠡᠬᠦ ᠬᠦᠰᠦᠨᠦᠭᠲᠦ (ᠳᠠᠭ᠋ᠠᠯᠳᠤᠭᠤᠯᠤᠯ 2) ᠵᠢ ᠲᠠᠭᠯᠠᠨ ᠮᠡᠳᠡᠭᠦᠯᠵᠦ᠂ ᠲᠤᠰᠬᠠᠶ ᠮᠡᠷᠭᠡᠵᠢᠯᠲᠡᠨ᠎ᠤ ᠠᠵᠢᠯ ᠤᠨ ᠬᠢᠷᠢ ᠪᠦᠲᠦᠮᠵᠢ ᠵᠢ ᠰᠢᠯᠭ᠋ᠠᠨ ᠬᠢᠨᠠᠬᠤ ᠦᠨᠳᠦᠰᠦᠯᠡᠯ ᠪᠣᠯᠭ᠋ᠠᠨ᠎ᠠ᠃ ᠰᠤᠷᠭ᠋ᠠᠨ ᠬᠥᠮᠦᠵᠢᠯ᠎ᠤᠨ ᠲᠢᠩᠬᠢᠮ ᠵᠢᠯ ᠪᠦᠷᠢ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠠᠵᠢᠯ᠎ᠤᠨ ᠬᠢᠷᠢ ᠪᠦᠲᠦᠮᠵᠢ ᠵᠢ ᠰᠢᠯᠭ᠋ᠠᠨ ᠦᠨᠡᠯᠡᠬᠦ ᠠᠵᠢᠯ᠎ᠢ ᠥᠷᠨᠢᠭᠦᠯᠵᠦ᠂ ᠵᠢᠯ᠎ᠤᠨ ᠡᠬᠢᠨ᠎ᠳᠤ ᠲᠣᠭᠲᠠᠭ᠋ᠠᠭᠰᠠᠨ ᠡᠭᠦᠷᠭᠡ ᠵᠢᠨ ᠭᠦᠢ᠍ᠴᠡᠳᠭᠡᠯ ᠲᠣᠭ᠎ᠠ ᠵᠢ ᠦᠨᠳᠦᠰᠦᠯᠡᠨ᠂ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠲᠠᠯᠠᠪᠤᠷ ᠤᠳᠠᠭ᠎ᠠ᠂ ᠭᠥᠯᠢᠶᠡᠨ ᠠᠪᠤᠭᠰᠠᠳ᠎ᠤᠨ ᠲᠣᠭ᠎ᠠ ᠵᠢᠴᠢ ᠤᠬᠠᠭᠤᠯᠤᠨ ᠲᠠᠢ᠌ᠯᠪᠤᠷᠢᠯᠠᠬᠤ ᠵᠢ ᠦᠨᠡᠯᠡᠬᠦ ᠬᠦᠰᠦᠨᠦᠭᠲᠦ᠎ᠲᠠᠢ ᠤᠶᠠᠯᠳᠤᠭᠤᠯᠵᠤ᠂ ᠶᠡᠷᠦᠩᠬᠡᠶ᠋ᠢᠯᠡᠨ ᠦᠨᠡᠯᠡᠵᠦ᠂ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠥᠬᠡᠶ ᠲᠤᠰᠬᠠᠶ ᠮᠡᠷᠭᠡᠵᠢᠯᠲᠡᠨ ᠢ ᠪᠣᠳᠠᠲᠤ ᠪᠠᠶ᠋ᠢᠳᠠᠯ᠎ᠢ ᠦᠨᠳᠦᠰᠦᠯᠡᠨ ᠪᠣᠳᠣᠯᠬᠢᠯᠠᠵᠤ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠠᠴᠠ ᠠᠶᠠᠨᠳᠠᠭ᠋ᠠᠨ ᠭᠠᠷᠤᠭᠰᠠᠨ ᠵᠶ᠋ᠠᠷ ᠦᠵᠡᠨ᠎ᠡ᠃ ᠡᠯ᠎ᠡ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ ᠵᠢᠯ ᠪᠦᠷᠢ ᠵᠢᠨ 12 ᠰᠠᠷ᠎ᠠ ᠵᠢᠨ ᠰᠡᠭᠦᠯᠴᠢ᠎ᠠᠴᠠ ᠡᠮᠦᠨ᠎ᠡ ᠰᠤᠷᠭ᠋ᠠᠭᠤᠯᠢ᠎ᠳᠤ ᠣᠷᠣᠵᠤ ᠤᠬᠠᠭᠤᠯᠤᠨ ᠲᠠᠶ᠋ᠢᠯᠪᠤᠷᠢᠯᠠᠭᠰᠠᠨ ᠪᠠᠶ᠋ᠢᠳᠠᠯ ᠵᠶ᠋ᠠᠨ ᠮᠠᠨ᠎ᠤ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠪᠣᠯᠤᠨ ᠤᠷᠠᠯᠢᠭ᠎ᠤᠨ ᠬᠥᠮᠦᠵᠢᠯ᠎ᠤᠨ ᠭᠠᠵᠠᠷ᠎ᠲᠤ ᠮᠡᠳᠡᠭᠦᠯᠦᠨ᠎ᠡ᠃
ᠬᠠᠷᠢᠯᠴᠠᠬᠤ ᠬᠥᠮᠦᠨ᠄ ᠵᠠᠩ ᠰᠢᠶᠤᠤ ᠶᠢᠩ ᠸᠠᠩ ᠾᠦᠢ ᠲᠤᠤ
ᠬᠠᠷᠢᠯᠴᠠᠬᠤ ᠤᠲᠠᠰᠤ᠄ 0471 - 2857025᠂ 2856032 (ᠹᠠᠺᠰ)
ᠢᠮᠧᠯ᠄ twywht@163.com
ᠳᠠᠭ᠋ᠠᠯᠳᠤᠭᠤᠯᠤᠯ᠄
1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠳ᠎ᠤᠨ ᠨᠡᠷᠡᠰ
2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠰᠤᠷᠭ᠋ᠠᠭᠤᠯᠢ᠎ᠳᠤ ᠣᠷᠣᠵᠤ ᠤᠬᠠᠭᠤᠯᠤᠨ ᠲᠠᠶ᠋ᠢᠯᠪᠤᠷᠢᠯᠠᠭᠰᠠᠨ ᠦᠷ᠎ᠡ ᠪᠦᠲᠦᠮᠵᠢ ᠵᠢ ᠦᠨᠡᠯᠡᠬᠦ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 9 ᠳ᠋ᠦᠭᠡᠷ ᠰᠠᠷ᠎ᠠ ᠵᠢᠨ 4᠎ᠤ ᠡᠳᠦᠷ
ᠳᠠᠭ᠋ᠠᠯᠳᠤᠭᠤᠯᠤᠯ 1᠄ 1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠳ᠎ᠤᠨ ᠨᠡᠷᠡᠰ .docx
ᠳᠠᠭ᠋ᠠᠯᠳᠤᠭᠤᠯᠤᠯ 2᠄ 2 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠰᠤᠷᠭ᠋ᠠᠭᠤᠯᠢ᠎ᠳᠤ ᠣᠷᠣᠵᠤ ᠤᠬᠠᠭᠤᠯᠤᠨ ᠲᠠᠶ᠋ᠢᠯᠪᠤᠷᠢᠯᠠᠭᠰᠠᠨ ᠦᠷ᠎ᠡ ᠪᠦᠲᠦᠮᠵᠢ ᠵᠢ ᠦᠨᠡᠯᠡᠬᠦ ᠬᠦᠰᠦᠨᠦᠭᠲᠦ .docx