ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2023] 102 ᠳ᠋ᠤᠭ᠋ᠠᠷ ᠲᠣᠭ᠋ᠠᠲᠤ
ᠡᠯ᠎ᠡ ᠳᠡᠭᠡᠳᠦ ᠰᠤᠷᠭ᠋ᠠᠭᠤᠯᠢ᠎ᠳᠤ᠄
《ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ᠎ᠤᠨ ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯ᠎ᠤᠨ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠰᠠᠨᠠᠯ》 ᠪᠠ 《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠎ᠤᠨ ᠶᠡᠷᠦᠩᠬᠡᠶ ᠡᠪᠯᠡᠯ᠎ᠤᠨ ᠠᠯᠪᠠᠨ ᠬᠡᠷ᠎ᠤᠨ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠬᠠᠤ ᠠᠵᠢᠯ᠎ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠮᠡᠳᠡᠯᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯ᠎ᠢ ᠤᠯᠠᠮ ᠨᠢᠭᠡ ᠠᠯᠬᠤᠮ ᠠᠬᠢᠭᠤᠯᠤᠨ᠂ ᠥᠷᠭᠡᠨ ᠣᠯᠠᠨ ᠪᠠᠭᠰᠢ ᠰᠤᠷᠤᠭᠴᠢ ᠵᠢᠨ ᠭᠠᠮᠰᠢᠭ᠎ᠢ ᠰᠡᠷᠭᠡᠶ᠋ᠢᠯᠡᠨ ᠠᠶᠤᠯ᠎ᠠᠴᠠ ᠵᠠᠶ᠋ᠢᠯᠠᠬᠤ ᠪᠠ ᠥᠪᠡᠷ᠎ᠢ᠎ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠦᠭᠡ᠂ 《ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠡᠷᠬᠢᠯᠡᠬᠦ ᠲᠤᠬᠠᠶ ᠮᠡᠳᠡᠭᠳᠡᠯ》 (ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2023] 60 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠤ᠎ᠪᠠᠷ᠂ ᠡᠳᠦᠭᠡ ᠪᠥᠬᠥ ᠣᠷᠣᠨ᠎ᠤ ᠳᠡᠭᠡᠳᠦ ᠰᠤᠷᠭ᠋ᠠᠭᠤᠯᠢ ᠵᠢᠨ 《ᠳᠡᠷᠭᠡᠳᠡᠬᠢ ᠬᠥᠮᠦᠰ᠎ᠢ ᠠᠪᠤᠷᠠᠵᠤ᠂ ᠰᠤᠷᠭ᠋ᠠᠭᠤᠯᠢ ᠵᠢᠨ ᠬᠦᠷᠢᠶ᠎ᠡ᠎ᠪᠠᠨ ᠰᠠᠬᠢᠨ ᠬᠠᠮᠠᠭ᠋ᠠᠯᠠᠶ᠎ᠠ》 ᠭᠡᠬᠦ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠵᠢᠨ ᠪᠣᠳᠠᠲᠠᠶ ᠵᠦᠢ᠍ᠯ᠎ᠢ ᠳᠤᠤᠷᠠᠬᠢ ᠮᠡᠲᠦ ᠨᠥᠬᠥᠪᠥᠷᠢᠯᠡᠶᠡ᠃
ᠨᠢᠭᠡ᠂ ᠠᠵᠢᠯᠯᠠᠭ᠋ᠠᠨ᠎ᠤ ᠴᠠᠭ
2023 ᠣᠨ᠎ᠤ 9 ᠳ᠋ᠦ᠍ᠭᠡᠷ ᠰᠠᠷ᠎ᠠ ᠵᠢᠨ 26 - 28᠎ᠤ ᠡᠳᠦᠷ᠂ 9 ᠳ᠋ᠦ᠍ᠭᠡᠷ ᠰᠠᠷ᠎ᠠ ᠵᠢᠨ 26᠎ᠤ ᠡᠳᠦᠷ ᠨᠡᠷ᠎ᠡ ᠮᠡᠳᠡᠭᠦᠯᠵᠦ᠂ 9 ᠳ᠋ᠦ᠍ᠭᠡᠷ ᠰᠠᠷ᠎ᠠ ᠵᠢᠨ 27 - 28᠎ᠤ ᠡᠳᠦᠷ ᠪᠣᠯ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠠᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠪᠣᠯᠤᠨ᠎ᠠ᠂ 29᠎ᠤ ᠡᠳᠦᠷ ᠬᠤᠷᠠᠯ᠎ᠤᠨ ᠲᠠᠯᠠᠪᠠᠢ᠎ᠠᠴᠠ ᠰᠠᠯᠤᠨ᠎ᠠ᠃
ᠬᠣᠶᠠᠷ᠂ ᠠᠵᠢᠯᠯᠠᠭ᠋ᠠᠨ᠎ᠤ ᠭᠠᠵᠠᠷ
(ᠨᠢᠭᠡ) ᠨᠡᠷ᠎ᠡ ᠮᠡᠳᠡᠭᠦᠯᠬᠦ / ᠬᠣᠨᠣᠬᠤ ᠭᠠᠵᠠᠷ᠄ ᠺᠠᠩ ᠪᠥᠸᠧ ᠪᠠᠭᠤᠳᠠᠯ (ᠥᠪᠥᠷ ᠮᠣᠩᠭᠣᠯ᠎ᠤᠨ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠪᠠᠶᠠᠨ ᠪᠠᠯᠭ᠋ᠠᠰᠤ ᠵᠢᠨ ᠶᠡᠬᠡ ᠰᠤᠷᠭ᠋ᠠᠭᠤᠯᠢ ᠵᠢᠨ ᠬᠤᠳᠠᠯᠳᠤᠭ᠋ᠠᠨ᠎ᠤ ᠵᠡᠭᠡᠯᠢ ᠵᠢᠨ 19 ᠳ᠋ᠦ᠍ᠭᠡᠷ ᠨᠣᠮᠧᠷ)
(ᠬᠣᠶᠠᠷ) ᠠᠵᠢᠯᠯᠠᠭ᠋ᠠᠨ᠎ᠤ ᠭᠠᠵᠠᠷ᠄ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ (ᠥᠪᠥᠷ ᠮᠣᠩᠭᠣᠯ᠎ᠤᠨ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠤᠷᠬᠠᠨ ᠵᠡᠭᠡᠯᠢ ᠵᠢᠨ 8 ᠳ᠋ᠤᠭ᠋ᠠᠷ ᠨᠣᠮᠧᠷ)
ᠭᠤᠷᠪᠠ᠂ ᠬᠤᠷᠠᠯ᠎ᠳᠤ ᠣᠷᠣᠯᠴᠠᠬᠤ ᠡᠲᠡᠭᠡᠳ
ᠰᠤᠷᠭ᠋ᠠᠭᠤᠯᠢ ᠨᠢᠭᠡ ᠪᠦᠷᠢ ᠨᠢᠭᠡ ᠲᠥᠯᠦᠭᠡᠯᠡᠭᠴᠢ ᠵᠢᠨ ᠠᠩᠭᠢ ᠰᠣᠩᠭᠣᠨ ᠲᠣᠮᠢᠯᠠᠵᠤ᠂ ᠠᠩᠭᠢ ᠨᠢᠭᠡ ᠪᠦᠷᠢ 5 ᠪᠠᠭᠰᠢ ᠰᠤᠷᠤᠭᠴᠢ᠎ᠪᠠᠷ ᠪᠦᠷᠢᠯᠳᠦᠵᠦ᠂ ᠡᠭᠦᠨ᠎ᠳᠤ ᠰᠤᠷᠭ᠋ᠠᠭᠤᠯᠢ ᠵᠢᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠬᠤ ᠰᠤᠷᠭ᠋ᠠᠨ ᠬᠥᠮᠦᠵᠢᠯ᠎ᠤᠨ ᠠᠵᠢᠯ᠎ᠢ ᠬᠠᠷᠢᠭᠤᠴᠠᠵᠤ ᠪᠠᠶ᠋ᠢᠭ᠎ᠠ ᠬᠠᠮᠢᠶ᠎ᠠ ᠪᠦᠬᠦᠢ ᠭᠠᠵᠠᠷ ᠳᠠᠰᠤᠭ᠎ᠤᠨ ᠬᠠᠷᠢᠭᠤᠴᠠᠯᠭ᠋ᠠᠲᠠᠨ 1᠂ ᠵᠢᠯᠣᠭᠣᠳᠬᠤ ᠪᠠᠭᠰᠢ 1 ᠪᠠ 3 ᠰᠤᠷᠤᠭᠴᠢ (ᠡᠮᠦᠨᠡᠬᠢ ᠬᠤᠭᠤᠴᠠᠭ᠋ᠠᠨ᠎ᠤ ᠶᠣᠰᠤ᠎ᠪᠠᠷ ᠨᠡᠷ᠎ᠡ ᠮᠡᠳᠡᠭᠦᠯᠦᠭᠰᠡᠳ) ᠵᠢ ᠪᠠᠭᠲᠠᠭ᠋ᠠᠨ᠎ᠠ᠃ 2022 ᠣᠨ᠎ᠳᠤ ᠪᠠᠴᠢᠮ ᠠᠪᠤᠷᠠᠯᠳᠠ ᠵᠢᠨ ᠬᠥᠮᠦᠵᠢᠯ ᠪᠣᠯᠪᠠᠰᠤᠷᠠᠭᠤᠯᠤᠯ ᠭᠥᠷᠳᠡᠭᠰᠡᠨ ᠬᠠᠷᠢᠶᠠᠯᠠᠯ᠎ᠲᠠᠢ ᠰᠣᠷᠣᠭᠴᠢ᠃
ᠳᠥᠷᠪᠡ᠂ ᠠᠵᠢᠯᠯᠠᠭ᠋ᠠᠨ᠎ᠤ ᠠᠭᠤᠯᠭ᠎ᠠ
(ᠨᠢᠭᠡ) ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠮᠡᠳᠡᠯᠭᠡ ᠵᠢᠨ ᠤᠷᠤᠯᠳᠤᠭ᠋ᠠᠨ᠃ ᠤᠷᠤᠯᠳᠤᠭ᠋ᠠᠨ᠎ᠢ ᠠᠩᠬᠠᠨ᠎ᠤ ᠤᠷᠤᠯᠳᠤᠭ᠋ᠠᠨ᠎ᠤ ᠰᠣᠩᠭᠤᠯᠲᠠ᠂ ᠬᠣᠶᠠᠳᠠᠬᠢ ᠤᠷᠤᠯᠳᠤᠭ᠋ᠠᠨ ᠭᠡᠵᠦ ᠬᠤᠪᠢᠶᠠᠨ᠎ᠠ᠂ ᠠᠩᠬᠠᠨ᠎ᠤ ᠤᠷᠤᠯᠳᠤᠭ᠋ᠠᠨ᠎ᠤ ᠰᠡᠳᠦᠪ᠎ᠤᠨ ᠬᠡᠯᠪᠡᠷᠢ᠎ᠨᠢ ᠰᠦᠯᠵᠢᠶᠡᠨ᠎ᠳᠤ ᠰᠡᠳᠦᠪ ᠬᠠᠷᠢᠭᠤᠯᠬᠤ᠂ ᠬᠣᠶᠠᠳᠠᠬᠢ ᠤᠷᠤᠯᠳᠤᠭ᠋ᠠᠨ᠎ᠤ ᠰᠡᠳᠦᠪ᠎ᠤᠨ ᠬᠡᠯᠪᠡᠷᠢ᠎ᠨᠢ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠣᠯᠤᠨ᠎ᠠ᠃
(ᠳᠥᠷᠪᠡ) ᠤᠷᠤᠯᠳᠤᠭ᠋ᠠᠨ᠎ᠤ ᠶᠠᠪᠤᠴᠠ ᠪᠠ ᠳᠦᠷᠢᠮ᠎ᠢ ᠳᠠᠭ᠋ᠠᠯᠳᠤᠭᠤᠯᠤᠯ 2᠎ᠲᠤ ᠨᠠᠷᠢᠨ ᠦᠵᠡᠭᠡᠷᠡᠢ᠃
ᠲᠠᠪᠤ᠂ ᠠᠵᠢᠯᠯᠠᠭ᠋ᠠᠨ᠎ᠤ ᠡᠳᠦᠷ᠎ᠤᠨ ᠳᠡᠰ ᠳᠠᠷᠠᠭ᠋ᠠᠯᠠᠯ

ᠵᠢᠷᠭᠤᠭ᠎ᠠ᠂ ᠠᠵᠢᠯᠯᠠᠭ᠋ᠠᠨ᠎ᠤ ᠵᠠᠷᠤᠳᠠᠯ
ᠡᠨᠡ ᠤᠳᠠᠭ᠋ᠠᠨ᠎ᠤ ᠠᠵᠢᠯᠯᠠᠭ᠎ᠠ᠎ᠳᠤ ᠬᠥᠬᠡᠬᠣᠲᠠ᠎ᠳᠤ ᠰᠠᠭᠤᠭ᠎ᠠ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠲᠤ ᠬᠣᠨᠣᠭ ᠲᠣᠬᠢᠷᠠᠭᠤᠯᠬᠤ ᠥᠬᠡᠶ᠂ ᠵᠥᠪᠬᠡᠨ ᠦᠳᠡ ᠵᠢᠨ ᠬᠣᠭᠣᠯᠠ᠂ ᠣᠷᠣᠶ ᠵᠢᠨ ᠬᠣᠭᠣᠯᠠ ᠬᠠᠩᠭ᠋ᠠᠨ᠎ᠠ; ᠪᠤᠰᠤᠳ ᠠᠶ᠋ᠢᠮᠠᠭ ᠬᠣᠲᠠ ᠵᠢᠨ ᠪᠠᠭᠰᠢ ᠰᠤᠷᠤᠭᠴᠢᠳ᠎ᠲᠤ ᠬᠣᠭᠣᠯᠠ ᠪᠠ ᠬᠣᠨᠣᠭ᠎ᠤᠨ ᠲᠣᠬᠢᠷᠠᠭᠤᠯᠤᠯᠲᠠ ᠬᠠᠩᠭ᠋ᠠᠵᠤ᠂ ᠶᠠᠪᠤᠵᠤ ᠰᠠᠭᠤᠬᠤ ᠵᠠᠮ ᠬᠠᠷᠢᠯᠴᠠᠭ᠋ᠠᠨ᠎ᠤ ᠵᠠᠷᠤᠳᠠᠯ᠎ᠢ ᠪᠠᠶ᠋ᠢᠭ᠎ᠠ ᠨᠢᠭᠡᠴᠢ ᠬᠠᠷᠢᠭᠤᠴᠠᠨ᠎ᠠ; ᠠᠵᠢᠯᠯᠠᠭ᠎ᠠ ᠵᠢᠨ ᠬᠤᠭᠤᠴᠠᠭ᠋ᠠᠨ᠎ᠳᠠᠬᠢ ᠪᠠᠭᠰᠢ ᠰᠤᠷᠤᠭᠴᠢᠳ᠎ᠤᠨ ᠬᠣᠭᠣᠯᠠ ᠵᠢᠴᠢ ᠪᠣᠯᠪᠠᠰᠤᠷᠠᠭᠤᠯᠤᠯ᠎ᠤᠨ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠲᠤᠰᠬᠠᠶ ᠵᠦᠢ᠍ᠯ᠎ᠤᠨ ᠵᠠᠷᠤᠳᠠᠯ᠎ᠠᠴᠠ ᠭᠠᠷᠭ᠋ᠠᠨ᠎ᠠ᠃
ᠳᠣᠯᠣᠭ᠎ᠠ᠂ ᠬᠠᠮᠢᠶ᠎ᠠ ᠪᠦᠬᠦᠢ ᠱᠠᠭ᠋ᠠᠷᠳᠠᠯᠭ᠎ᠠ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠵᠢ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠨ᠂ ᠲᠤᠰᠬᠠᠶ ᠬᠥᠮᠦᠨ ᠲᠣᠮᠢᠯᠠᠨ ᠬᠠᠷᠢᠭᠤᠴᠠᠭᠤᠯᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭ᠋ᠠᠨ᠂ ᠲᠤᠰᠬᠠᠶ ᠮᠡᠷᠭᠡᠵᠢᠯ᠎ᠤᠨ ᠪᠦᠯᠬᠦᠮ ᠨᠡᠶ᠋ᠢᠲᠡ ᠵᠢ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠤᠷᠤᠯᠳᠤᠭ᠋ᠠᠨ᠎ᠳᠤ ᠣᠷᠣᠯᠴᠠᠭᠤᠯᠵᠤ᠂ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ ᠵᠢᠴᠢ ᠬᠠᠷᠢᠯᠴᠠᠬᠤ ᠬᠥᠮᠦᠨ᠎ᠢ ᠲᠣᠳᠣᠷᠬᠠᠶ᠋ᠢᠯᠠᠨ᠂ ᠪᠠᠭ᠋ᠠᠵᠢ ᠬᠡᠷᠡᠭᠰᠡᠯ ᠬᠤᠳᠠᠯᠳᠤᠨ ᠠᠪᠬᠤ᠂ ᠪᠣᠯᠪᠠᠰᠤᠷᠠᠭᠤᠯᠵᠤ ᠪᠣᠯᠪᠠᠰᠤᠷᠠᠬᠤ ᠵᠡᠷᠭᠡ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠶ᠃
(ᠬᠣᠶᠠᠷ) ᠳᠠᠶ᠋ᠢᠴᠢᠯᠠᠯᠲᠠ᠎ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠡᠯ᠎ᠡ ᠳᠡᠭᠡᠳᠦ ᠰᠤᠷᠭ᠋ᠠᠭᠤᠯᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠤᠨ᠂ ᠣᠯᠠᠨ ᠵᠦᠢ᠍ᠯ᠎ᠤᠨ ᠬᠡᠯᠪᠡᠷᠢ ᠪᠣᠯᠤᠨ ᠠᠷᠭ᠎ᠠ ᠵᠠᠮ ᠵᠶ᠋ᠠᠷ ᠳᠠᠮᠵᠢᠭᠤᠯᠤᠨ ᠳᠠᠶ᠋ᠢᠴᠢᠯᠠᠬᠤ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠵᠦ᠂ ᠰᠤᠷᠤᠭᠴᠢᠳ᠎ᠤᠨ ᠢᠳᠡᠪᠬᠢᠵᠢᠯ ᠪᠣᠯᠤᠨ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠳᠠᠶ᠋ᠢᠴᠢᠯᠠᠨ᠂ ᠪᠠᠭᠰᠢ ᠰᠤᠷᠤᠭᠴᠢᠳ᠎ᠢ ᠵᠣᠷᠢᠭᠵᠢᠭᠤᠯᠤᠨ ᠬᠥᠲᠥᠯᠥᠨ ᠵᠢᠯᠣᠭᠣᠳᠴᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠠᠵᠢᠯ᠎ᠳᠤ ᠠᠩᠬᠠᠷᠤᠯ ᠬᠠᠨᠳᠤᠭᠤᠯᠬᠤ ᠵᠢᠨ ᠬᠠᠮᠲᠤ ᠣᠷᠣᠯᠴᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠬᠦ ᠵᠣᠷᠢᠯᠭ᠎ᠠ ᠵᠢ ᠪᠡᠶᠡᠯᠡᠭᠦᠯᠬᠦ ᠬᠡᠷᠡᠭᠲᠡᠶ᠃
(ᠭᠤᠷᠪᠠ) ᠲᠤᠰᠬᠠᠶ ᠮᠡᠷᠭᠡᠵᠢᠯ᠎ᠤᠨ ᠪᠣᠯᠪᠠᠰᠤᠷᠠᠭᠤᠯᠤᠯ᠎ᠢ ᠥᠷᠨᠢᠭᠦᠯᠬᠦ ᠬᠡᠷᠡᠭᠲᠡᠶ᠃ ᠡᠨᠡ ᠤᠳᠠᠭ᠋ᠠᠨ᠎ᠤ ᠠᠵᠢᠯᠯᠠᠭ᠎ᠠ᠎ᠳᠤ ᠪᠠᠴᠢᠮ ᠠᠪᠤᠷᠠᠯᠳᠠ ᠵᠢᠨ ᠮᠡᠳᠡᠯᠭᠡ ᠵᠢᠨ ᠤᠷᠤᠯᠳᠤᠭ᠋ᠠᠨ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠬᠠᠤ ᠰᠣᠯᠢᠯᠴᠠᠭ᠋ᠠᠨ᠎ᠤ ᠦᠵᠡᠭᠦᠯᠭᠡ ᠵᠢᠨ ᠲᠥᠷᠥᠯ ᠵᠦᠢ᠍ᠯ᠎ᠤᠨ ᠠᠬᠤᠢ ᠲᠠᠯᠠᠪᠠᠶ ᠵᠢᠨ ᠲᠠᠶ᠋ᠢᠯᠤᠮᠵᠢ ᠪᠠ ᠳᠡᠯᠭᠡᠨ ᠦᠵᠡᠭᠦᠯᠬᠦ ᠭᠣᠭᠴᠣᠭ᠎ᠠ ᠵᠢ ᠪᠠᠭᠲᠠᠭ᠋ᠠᠨ᠎ᠠ᠂ ᠡᠯ᠎ᠡ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢᠳ᠎ᠤᠨ ᠠᠩᠭᠢ ᠬᠠᠷᠢᠶ᠎ᠠ ᠭᠠᠵᠠᠷ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ᠂ ᠬᠠᠷᠢᠶ᠎ᠠ ᠭᠠᠵᠠᠷ᠎ᠤᠨ ᠡᠮᠴᠢᠯᠡᠭᠡᠨ᠎ᠤ ᠪᠠᠶ᠋ᠢᠭᠤᠯᠤᠮᠵᠢ᠎ᠲᠠᠢ ᠬᠠᠮᠲᠤᠷᠠᠨ ᠲᠤᠰᠬᠠᠶ ᠰᠡᠳᠦᠪᠲᠦ ᠣᠨᠣᠯ᠎ᠤᠨ ᠰᠤᠷᠤᠯᠴᠠᠯᠭ᠎ᠠ ᠵᠢᠴᠢ ᠴᠢᠳᠠᠪᠤᠷᠢ ᠵᠢᠨ ᠪᠣᠯᠪᠠᠰᠤᠷᠠᠭᠤᠯᠤᠯ᠎ᠢ ᠲᠥᠯᠥᠪᠯᠡᠭᠡ᠎ᠲᠠᠢ ᠥᠷᠨᠢᠭᠦᠯᠵᠦ᠂ ᠤᠷᠤᠯᠳᠤᠭ᠋ᠠᠨ᠎ᠳᠤ ᠣᠷᠣᠯᠴᠠᠬᠤ ᠡᠯ᠎ᠡ ᠵᠦᠢ᠍ᠯ᠎ᠤᠨ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ᠃
(ᠳᠥᠷᠪᠡ) ᠤᠷᠤᠯᠳᠤᠭ᠋ᠠᠨ᠎ᠤ ᠰᠠᠬᠢᠯᠭ᠎ᠠ ᠪᠠᠲᠤ ᠵᠢ ᠴᠢᠩᠳᠠᠯᠠᠬᠤ ᠬᠡᠷᠡᠭᠲᠡᠶ᠃ ᠡᠯ᠎ᠡ ᠰᠤᠷᠭ᠋ᠠᠭᠤᠯᠢ ᠵᠢᠨ ᠤᠷᠤᠯᠳᠤᠭ᠋ᠠᠨ᠎ᠳᠤ ᠣᠷᠣᠯᠴᠠᠭᠰᠠᠳ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠠᠩᠬᠠᠷᠴᠤ᠂ ᠤᠷᠤᠯᠳᠤᠭ᠋ᠠᠨ᠎ᠤ ᠶᠠᠪᠤᠴᠠ᠎ᠳᠤ ᠤᠷᠤᠯᠳᠤᠭ᠋ᠠᠨ᠎ᠳᠤ ᠣᠷᠣᠯᠴᠠᠬᠤ ᠡᠩᠨᠡᠭᠡ ᠪᠤᠰᠤᠳ ᠠᠩᠭᠢ ᠵᠢᠨ ᠤᠷᠤᠯᠳᠤᠭ᠋ᠠᠨ᠎ᠢ ᠵᠣᠷᠢᠭᠤᠳᠠ ᠬᠠᠷᠰᠢᠯᠠᠬᠤ ᠪᠤᠶᠤ ᠪᠤᠰᠤᠳ᠎ᠤᠨ ᠠᠮᠤᠷ ᠲᠦᠪᠰᠢᠨ᠎ᠢ ᠬᠣᠬᠢᠷᠠᠭᠤᠯᠵᠤ ᠪᠣᠯᠬᠤ ᠥᠬᠡᠶ᠂ ᠰᠢᠨᠵᠢ ᠴᠢᠨᠠᠷ ᠵᠶ᠋ᠡᠷ ᠮᠠᠭᠤ ᠦᠢ᠍ᠯᠡ ᠠᠵᠢᠯᠯᠠᠭ᠎ᠠ᠎ᠲᠠᠢ ᠲᠥᠯᠥᠭᠡᠯᠡᠭᠴᠢᠳ᠎ᠤᠨ ᠠᠩᠭᠢ ᠵᠢᠨ ᠤᠷᠤᠯᠳᠤᠭ᠋ᠠᠨ᠎ᠳᠤ ᠣᠷᠣᠯᠴᠠᠬᠤ ᠬᠢᠷᠢ ᠬᠡᠮ᠎ᠢ ᠬᠠᠰᠤᠨ᠎ᠠ᠃
(ᠲᠠᠪᠤ) ᠲᠤᠷᠰᠢᠯᠭ᠎ᠠ᠎ᠪᠠᠨ ᠳ᠋ᠦᠩᠨᠡᠬᠦ ᠵᠢ ᠴᠢᠬᠤᠯᠠᠴᠢᠯᠠᠬᠤ ᠬᠡᠷᠡᠭᠲᠡᠶ᠃ ᠡᠨᠡ ᠤᠳᠠᠭ᠋ᠠᠨ᠎ᠤ ᠠᠵᠢᠯᠯᠠᠭ᠎ᠠ ᠪᠣᠯ ᠡᠯ᠎ᠡ ᠳᠡᠭᠡᠳᠦ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ ᠪᠠᠶ᠋ᠢᠳᠠᠯ ᠵᠢᠴᠢ ᠠᠪᠤᠷᠠᠨ ᠲᠤᠰᠠᠯᠠᠬᠤ ᠬᠢᠷᠢ ᠲᠦᠪᠰᠢᠨ᠎ᠢ ᠲᠥᠪᠯᠡᠷᠡᠭᠦᠯᠦᠨ ᠳᠡᠯᠭᠡᠨ ᠦᠵᠡᠭᠦᠯᠵᠦ ᠪᠠᠶ᠋ᠢᠭ᠎ᠠ ᠶᠠᠪᠤᠳᠠᠯ ᠪᠣᠯᠤᠨ᠎ᠠ᠂ ᠡᠯ᠎ᠡ ᠳᠡᠭᠡᠳᠦ ᠰᠤᠷᠭ᠋ᠠᠭᠤᠯᠢ ᠲᠣᠰ ᠠᠵᠢᠯ᠎ᠢ ᠠᠬᠢᠭᠤᠯᠬᠤ ᠶᠠᠪᠤᠴᠠ᠎ᠳᠤ ᠠᠵᠠ ᠲᠣᠬᠢᠶᠠᠯ᠎ᠢ ᠨᠠᠨᠳᠢᠩᠨᠠᠵᠤ᠂ ᠨᠡᠶ᠋ᠢᠲᠡᠯᠢᠭ ᠬᠢᠯᠠᠰ ᠴᠡᠭ᠎ᠢ ᠪᠣᠯᠪᠠᠰᠤᠷᠠᠭᠤᠯᠵᠤ᠂ ᠲᠤᠷᠰᠢᠯᠭ᠎ᠠ᠎ᠪᠠᠨ ᠳᠡᠯᠭᠡᠷᠡᠭᠦᠯᠵᠦ᠂ ᠬᠠᠷᠢᠯᠴᠠᠨ ᠲᠣᠯᠢᠯᠠᠨ ᠰᠤᠷᠤᠯᠴᠠᠵᠤ᠂ ᠰᠤᠷᠭ᠋ᠠᠭᠤᠯᠢ ᠵᠢᠨ ᠬᠦᠷᠢᠶᠡᠨ᠎ᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠴᠢᠳᠠᠪᠤᠷᠢ᠎ᠪᠠᠨ ᠬᠠᠮᠲᠤ᠎ᠳᠤ᠎ᠪᠠᠨ ᠪᠡᠶᠡᠯᠡᠭᠦᠯᠬᠦ ᠬᠡᠷᠡᠭᠲᠡᠶ᠃
ᠡᠯ᠎ᠡ ᠰᠤᠷᠭ᠋ᠠᠭᠤᠯᠢ ᠬᠤᠷᠠᠯ᠎ᠳᠤ ᠣᠷᠣᠯᠴᠠᠭᠰᠠᠳ᠎ᠤᠨ ᠬᠠᠷᠢᠭᠤ ᠪᠠᠷᠢᠮᠲᠠ (ᠳᠠᠭ᠋ᠠᠯᠳᠤᠭᠤᠯᠤᠯ 4) ᠵᠢ 2023 ᠣᠨ᠎ᠤ 9 ᠳ᠋ᠦ᠍ᠭᠡᠷ ᠰᠠᠷ᠎ᠠ ᠵᠢᠨ 22᠎ᠤᠨ ᠡᠳᠦᠷ᠎ᠠᠴᠠ ᠡᠮᠦᠨ᠎ᠡ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠬᠢᠭᠡᠳ ᠬᠥᠳᠡᠯᠮᠦᠷᠢ ᠵᠢᠨ ᠬᠥᠮᠦᠵᠢᠯ᠎ᠤᠨ ᠭᠠᠵᠠᠷ᠎ᠤᠨ ᠳᠣᠭᠲᠠᠭᠰᠠᠨ ᠢᠮᠧᠯ᠎ᠳᠤ ᠢᠯᠡᠭᠡᠭᠡᠷᠡᠢ᠃
ᠨᠠᠢ᠍ᠮᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ
(ᠨᠢᠭᠡ) ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠬᠠᠷᠢᠯᠴᠠᠬᠤ ᠬᠥᠮᠦᠨ᠄ ᠸᠠᠩ ᠾᠤᠶ᠋ᠢ ᠲᠤᠤ᠂ ᠬᠠᠷᠢᠯᠴᠠᠬᠤ ᠤᠲᠠᠰᠤ᠄ 0471 - 2856032᠂ 1864430896
ᠢᠮᠧᠯ᠄ twywht@163.com
(ᠬᠣᠶᠠᠷ) ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠬᠠᠷᠢᠯᠴᠠᠬᠤ ᠬᠥᠮᠦᠨ᠄ ᠵᠣᠣ ᠰᠢᠩ᠂ ᠬᠠᠷᠢᠯᠴᠠᠬᠤ ᠤᠲᠠᠰᠤ᠄ 15847140820
ᠳᠠᠭ᠋ᠠᠯᠳᠤᠭᠤᠯᠤᠯ᠄
1 . ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠰᠣᠯᠢᠯᠴᠠᠭ᠋ᠠᠨ᠎ᠤ ᠦᠵᠡᠭᠦᠯᠭᠡ ᠵᠢᠨ ᠲᠥᠷᠥᠯ ᠵᠦᠢ᠍ᠯ ᠵᠢᠴᠢ ᠬᠦᠴᠢᠷᠳᠡᠯ᠎ᠤᠨ ᠢᠯᠡᠳᠬᠡᠮᠵᠢ
2 . ᠤᠷᠤᠯᠳᠤᠭ᠋ᠠᠨ᠎ᠤ ᠳᠡᠰ ᠳᠠᠷᠠᠭ᠋ᠠᠯᠠᠯ ᠪᠠ ᠳᠦᠷᠢᠮ ᠲᠣᠭᠲᠠᠭ᠋ᠠᠯ
3 . ᠵᠠᠮ ᠬᠠᠷᠢᠯᠴᠠᠭ᠋ᠠᠨ᠎ᠤ ᠵᠦᠭᠯᠡᠭᠦᠷ
4 . ᠬᠤᠷᠠᠯ᠎ᠳᠤ ᠣᠷᠣᠯᠴᠠᠬᠤ ᠬᠠᠷᠢᠭᠤ ᠪᠠᠷᠢᠮᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2023 ᠣᠨ᠎ᠤ 9 ᠰᠠᠷ᠎ᠠ ᠵᠢᠨ 11᠎ᠤ ᠡᠳᠦᠷ
ᠳᠠᠭ᠋ᠠᠯᠳᠤᠭᠤᠯᠤᠯ 1᠄ 1 . ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠰᠣᠯᠢᠯᠴᠠᠭ᠋ᠠᠨ᠎ᠤ ᠦᠵᠡᠭᠦᠯᠭᠡ ᠵᠢᠨ ᠲᠥᠷᠥᠯ ᠵᠦᠢ᠍ᠯ ᠵᠢᠴᠢ ᠬᠦᠴᠢᠷᠳᠡᠯ᠎ᠤᠨ ᠢᠯᠡᠳᠬᠡᠮᠵᠢ . docx
ᠳᠠᠭ᠋ᠠᠯᠳᠤᠭᠤᠯᠤᠯ 2᠄ 2 . ᠤᠷᠤᠯᠳᠤᠭ᠋ᠠᠨ᠎ᠤ ᠳᠡᠰ ᠳᠠᠷᠠᠭ᠋ᠠᠯᠠᠯ ᠪᠠ ᠳᠦᠷᠢᠮ ᠲᠣᠭᠲᠠᠭ᠋ᠠᠯ . docx
ᠳᠠᠭ᠋ᠠᠯᠳᠤᠭᠤᠯᠤᠯ 3᠄ 3 ᠵᠠᠮ ᠬᠠᠷᠢᠯᠴᠠᠭ᠋ᠠᠨ᠎ᠤ ᠵᠦᠭᠯᠡᠭᠦᠷ . docx
ᠳᠠᠭ᠋ᠠᠯᠳᠤᠭᠤᠯᠤᠯ 4᠄ 4 ᠬᠤᠷᠠᠯ᠎ᠳᠤ ᠣᠷᠣᠯᠴᠠᠬᠤ ᠬᠠᠷᠢᠭᠤ ᠪᠠᠷᠢᠮᠲᠠ . docx