ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠥᠬᠥ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠣᠶᠠᠳᠤᠭ᠋ᠠᠷ ᠤᠳᠠᠭ᠋ᠠᠨ᠎ᠤ ᠬᠠᠮᠲᠤ᠎ᠳᠤ᠎ᠪᠠᠨ ᠬᠢᠴᠢᠶᠡᠯ ᠪᠡᠯᠡᠳᠬᠡᠬᠦ ᠵᠢ ᠵᠣᠬᠢᠶᠠᠨ ᠪᠠᠶ᠋ᠢᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-09-15

          ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2023] 103 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠎ᠳᠤ᠄
      ᠶᠡᠷᠦᠩᠬᠡᠶ ᠱᠦᠵᠢ ᠰᠢ ᠵᠢᠨ ᠫᠢᠩ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠤᠬᠠᠶ ᠰᠢᠷᠢᠰ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠲᠤᠰᠬᠠᠶ ᠮᠡᠷᠭᠡᠵᠢᠯ ᠵᠶ᠋ᠠᠷ ᠬᠥᠲᠥᠯᠥᠨ ᠳᠠᠭ᠋ᠠᠭᠤᠯᠬᠤ᠂ ᠲᠥᠷᠥ ᠵᠢᠨ ᠪᠣᠳᠣᠯᠭ᠎ᠠ ᠵᠢ ᠳᠡᠯᠭᠡᠷᠡᠭᠦᠯᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠤᠨ ᠬᠥᠮᠦᠵᠢᠭᠦᠯᠬᠦ ᠦᠢ᠍ᠯᠡᠳᠦᠯ᠎ᠢ ᠦᠨᠡᠨ ᠬᠦ᠌ ᠪᠠᠳᠠᠷᠠᠭᠤᠯᠬᠤ ᠵᠢᠨ ᠲᠥᠯᠥᠭᠡ᠂ 7᠎ᠳᠠᠬᠢ 《ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠵᠢᠨ ᠰᠠᠷ᠎ᠠ》 ᠬᠦᠷᠴᠦ ᠢᠷᠡᠬᠦ ᠲᠠᠰᠢᠷᠠᠮ᠎ᠳᠤ᠂ ᠰᠤᠷᠭ᠋ᠠᠨ ᠬᠥᠮᠦᠵᠢᠯ᠎ᠤᠨ ᠲᠢᠩᠬᠢᠮ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠣᠶᠠᠳᠤᠭ᠋ᠠᠷ ᠤᠳᠠᠭ᠎ᠠ ᠵᠢᠨ ᠬᠠᠮᠲᠤ᠎ᠳᠤ᠎ᠪᠠᠨ ᠬᠢᠴᠢᠶᠡᠯ ᠪᠡᠯᠡᠳᠭᠡᠬᠦ ᠵᠢ ᠵᠣᠬᠢᠶᠠᠨ ᠪᠠᠢ᠌ᠭᠤᠯᠪᠠ᠃ ᠡᠳᠦᠭᠡ ᠪᠣᠳᠠᠲᠠᠶ ᠵᠦᠢ᠍ᠯ᠎ᠢ ᠳᠤᠤᠷᠠᠬᠢ ᠮᠡᠲᠦ ᠮᠡᠳᠡᠭᠳᠡᠪᠡ᠄
      ᠨᠢᠭᠡ᠂ ᠬᠢᠴᠢᠶᠡᠯ ᠪᠡᠯᠡᠳᠬᠡᠬᠦ ᠬᠠᠷᠠᠯᠲᠠ
      ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ ᠰᠦᠯᠵᠢᠶᠡᠨ ᠭᠠᠳᠠᠨ᠎ᠠ ᠬᠠᠮᠲᠤ᠎ᠳᠤ᠎ᠪᠠᠨ ᠰᠤᠳᠤᠯᠤᠨ ᠶᠠᠷᠢᠯᠴᠠᠵᠤ᠂ ᠤᠯᠠᠮ ᠨᠢᠭᠡ ᠠᠯᠬᠤᠮ ᠤᠬᠠᠭᠤᠯᠤᠨ ᠲᠠᠶ᠋ᠢᠯᠪᠤᠷᠢᠯᠠᠬᠤ ᠦᠵᠡᠯ ᠰᠠᠨᠠᠭ᠎ᠠ ᠵᠢ ᠨᠢᠭᠡᠳᠬᠡᠵᠦ᠂ ᠤᠬᠠᠭᠤᠯᠤᠨ ᠲᠠᠶ᠋ᠢᠯᠪᠤᠷᠢᠯᠠᠬᠤ ᠱᠠᠭ᠋ᠠᠷᠳᠠᠯᠭ᠎ᠠ ᠵᠢ ᠨᠢᠭᠡᠳᠭᠡᠨ᠂ ᠤᠬᠠᠭᠤᠯᠤᠨ ᠲᠠᠶ᠋ᠢᠯᠪᠤᠷᠢᠯᠠᠬᠤ ᠠᠭᠤᠯᠭ᠎ᠠ ᠵᠢ ᠨᠢᠭᠡᠳᠬᠡᠵᠦ᠂ ᠤᠬᠠᠭᠤᠯᠤᠨ ᠲᠠᠶ᠋ᠢᠯᠪᠤᠷᠢᠯᠠᠬᠤ ᠬᠢᠴᠢᠶᠡᠯ᠎ᠤᠨ ᠴᠠᠭ᠎ᠢ ᠨᠢᠭᠡᠳᠭᠡᠨ᠂ ᠤᠬᠠᠭᠤᠯᠤᠨ ᠲᠠᠶ᠋ᠢᠯᠪᠤᠷᠢᠯᠠᠬᠤ ᠠᠷᠭ᠎ᠠ ᠬᠡᠯᠪᠡᠷᠢ ᠵᠢ ᠰᠠᠶ᠋ᠢᠵᠢᠷᠠᠭᠤᠯᠵᠤ᠂ ᠤᠬᠠᠭᠤᠯᠤᠨ ᠲᠠᠶ᠋ᠢᠯᠪᠤᠷᠢᠯᠠᠬᠤ ᠦᠷ᠎ᠡ ᠪᠦᠲᠦᠮᠵᠢ ᠵᠢ ᠦᠨᠡᠨ ᠬᠦ᠌ ᠪᠠᠲᠤᠯᠠᠨ᠎ᠠ᠃ ᠰᠤᠷᠭ᠋ᠠᠭᠤᠯᠢ ᠵᠢᠨ ᠬᠦᠷᠢᠶᠡᠨ᠎ᠤ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠥᠷᠨᠢᠭᠦᠯᠬᠦ᠎ᠪᠠᠷ ᠳᠠᠮᠵᠢᠭᠤᠯᠤᠨ᠂ ᠮᠠᠨ᠎ᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ ᠵᠢᠴᠢ ᠬᠡᠷ᠎ᠤᠨ ᠠᠬᠠᠮᠠᠳ᠎ᠤᠨ ᠣᠶ᠋ᠢᠷ᠎ᠠ ᠬᠠᠷᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠡᠵᠡᠮᠳᠡᠬᠦ ᠦᠵᠡᠯᠲᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠳᠦ᠎ᠪᠠᠨ ᠬᠡᠷᠡᠭᠯᠡᠬᠦ ᠰᠠᠶ᠋ᠢᠨ ᠰᠠᠶ᠋ᠢᠬᠠᠨ ᠳᠠᠳᠬᠠᠯ᠎ᠲᠠᠢ ᠪᠣᠯᠭ᠋ᠠᠨ᠂ ᠬᠠᠷᠠᠭ᠎ᠠ ᠵᠢ ᠰᠢᠭᠰᠢᠨ ᠪᠠᠢ᠌ᠴᠠᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠡᠵᠡᠮᠳᠡᠬᠦ ᠦᠨᠳᠦᠰᠦᠨ ᠮᠡᠳᠡᠯᠭᠡ ᠵᠢ ᠤᠶ᠋ᠢᠯᠠᠭ᠋ᠠᠨ᠂ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠡᠭᠦᠰᠬᠦ ᠨᠣᠷᠮ᠎ᠠ ᠵᠢ ᠪᠥᠬᠥ ᠲᠠᠯ᠎ᠠ᠎ᠪᠠᠷ ᠬᠣᠷᠢᠭᠯᠠᠵᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠂ ᠮᠠᠨ᠎ᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠬᠠᠷᠠᠭ᠎ᠠ ᠵᠢ ᠬᠠᠮᠠᠭ᠋ᠠᠯᠠᠬᠤ ᠪᠠᠲᠤᠯᠠᠭ᠎ᠠ ᠬᠠᠩᠭ᠋ᠠᠨ᠎ᠠ᠃
      ᠬᠣᠶᠠᠷ᠂ ᠬᠢᠴᠢᠶᠡᠯ ᠪᠡᠯᠡᠳᠬᠡᠬᠦ ᠴᠠᠭ ᠪᠠ ᠭᠠᠵᠠᠷ
      ᠴᠠᠭ᠄ 2023 ᠣᠨ᠎ᠤ 9 ᠳ᠋ᠦ᠍ᠭᠡᠷ ᠰᠠᠷ᠎ᠠ ᠵᠢᠨ 14᠎ᠤ ᠡᠳᠦᠷ (ᠭᠠᠷᠠᠭ᠎ᠤᠨ ᠳᠥᠷᠪᠡᠨ)᠎ᠤᠨ          14᠄ 30-18᠄ 00 ᠴᠠᠭ ᠬᠦᠷᠲᠡᠯ᠎ᠡ ᠨᠡᠷ᠎ᠡ ᠮᠡᠳᠡᠭᠦᠯᠦᠨ᠎ᠡ; 9 ᠰᠠᠷ᠎ᠠ ᠵᠢᠨ 15᠎ᠤ ᠡᠳᠦᠷ (ᠭᠠᠷᠠᠭ᠎ᠤᠨ ᠲᠠᠪᠤᠨ) 9᠄ 00-12᠄ 00 ᠴᠠᠭ ᠬᠦᠷᠲᠡᠯ᠎ᠡ ᠬᠤᠷᠠᠯ᠎ᠳᠤ ᠣᠷᠣᠯᠴᠠᠨ᠎ᠠ; ᠬᠤᠷᠠᠯ᠎ᠤᠨ ᠲᠠᠯᠠᠪᠠᠢ᠎ᠠᠴᠠ  ᠰᠠᠯᠬᠤ ᠴᠠᠭ᠄ 9 ᠰᠠᠷ᠎ᠠ ᠵᠢᠨ 15᠎ᠤ ᠡᠳᠦᠷ (ᠭᠠᠷᠠᠭ᠎ᠤᠨ ᠲᠠᠪᠤᠨ) 14᠄ 30᠃
      ᠭᠠᠵᠠᠷ᠄ ᠬᠥᠬᠡᠬᠣᠲᠠ ᠵᠢᠨ ᠹᠠ ᠵᠠᠨ ᠲᠣᠮᠣ ᠪᠠᠭᠤᠳᠠᠯ (ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠷᠦ᠍ ᠢ ᠨᠡᠭᠡᠭᠡᠯᠲᠡᠲᠦ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ ᠹᠠ ᠵᠠᠨ ᠲᠣᠮᠣ ᠠᠰᠠᠷ᠎ᠤᠨ A ᠠᠰᠠᠷ)᠃
      ᠭᠤᠷᠪᠠ᠂ ᠣᠷᠣᠯᠴᠠᠭᠴᠢ
      (ᠨᠢᠭᠡ) ᠪᠥᠬᠥ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠃
      (ᠬᠣᠶᠠᠷ) ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠵᠢᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠤᠨ ᠬᠠᠷᠢᠭᠤᠴᠠᠯᠭ᠋ᠠᠲᠠᠨ᠃
      ᠳᠥᠷᠪᠡ᠂ ᠬᠤᠷᠠᠯ᠎ᠤᠨ ᠠᠭᠤᠯᠭ᠎ᠠ
      (ᠨᠢᠭᠡ) ᠣᠨᠴᠠ ᠤᠷᠢᠭᠰᠠᠨ ᠲᠤᠰᠬᠠᠶ ᠮᠡᠷᠭᠡᠵᠢᠯᠲᠡᠳ ᠬᠢᠴᠢᠶᠡᠯ ᠲᠠᠶ᠋ᠢᠯᠪᠤᠷᠢᠯᠠᠬᠤ
      ᠪᠥᠬᠥ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠲᠤᠰᠬᠠᠶ ᠮᠡᠷᠭᠡᠵᠢᠯᠲᠡᠨ ᠠᠬᠤᠢ ᠲᠠᠯᠠᠪᠠᠶ᠎ᠳᠤ ᠬᠢᠴᠢᠶᠡᠯ ᠣᠷᠣᠵᠤ ᠲᠤᠷᠰᠢᠯᠭ᠎ᠠ᠎ᠪᠠᠨ ᠬᠤᠪᠢᠶᠠᠯᠴᠠᠨ᠎ᠠ᠃
      (ᠬᠣᠶᠠᠷ) ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠳ᠎ᠤᠨ ᠰᠣᠯᠢᠯᠴᠠᠨ ᠶᠠᠷᠢᠯᠴᠠᠬᠤ ᠬᠤᠷᠠᠯ
      ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ 2022-2023 ᠰᠤᠷᠤᠯᠭ᠎ᠠ ᠵᠢᠨ ᠣᠨ᠎ᠳᠤ ᠤᠬᠠᠭᠤᠯᠤᠨ ᠲᠠᠶ᠋ᠢᠯᠪᠤᠷᠢᠯᠠᠬᠤ ᠠᠵᠢᠯ ᠥᠷᠨᠢᠭᠦᠯᠦᠭᠰᠡᠨ ᠪᠠᠶ᠋ᠢᠳᠠᠯ᠎ᠢ ᠦᠨᠳᠦᠰᠦᠯᠡᠨ᠂ ᠣᠷᠣᠰᠢᠵᠤ ᠪᠠᠶ᠋ᠢᠭ᠎ᠠ ᠠᠰᠠᠭᠤᠳᠠᠯ᠎ᠢ ᠳ᠋ᠦᠩᠨᠡᠵᠦ᠂ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠡᠮᠬᠢᠯᠡᠨ ᠳᠢᠭᠯᠡᠵᠦ᠂ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠲᠥᠯᠥᠭᠡᠯᠡᠭᠴᠢᠳ ᠲᠣᠰ ᠲᠣᠰ ᠠᠳᠠᠯᠢ ᠪᠤᠰᠤ ᠬᠠᠷᠠᠭ᠋ᠠᠰᠤ᠎ᠠᠴᠠ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠭᠰᠡᠨ ᠲᠤᠷᠰᠢᠯᠭ᠎ᠠ᠎ᠪᠠᠨ ᠬᠤᠪᠢᠶᠠᠯᠴᠠᠨ ᠰᠣᠯᠢᠯᠴᠠᠨ᠎ᠠ᠃
      ᠲᠠᠪᠤ᠂ ᠬᠠᠮᠢᠶ᠎ᠠ ᠪᠦᠬᠦᠢ ᠱᠠᠭ᠋ᠠᠷᠳᠠᠯᠭ᠎ᠠ
      (ᠨᠢᠭᠡ)  ᠡᠨᠡ ᠤᠳᠠᠭ᠋ᠠᠨ᠎ᠤ ᠰᠦᠯᠵᠢᠶᠡᠨ ᠭᠠᠳᠠᠨ᠎ᠠ ᠬᠠᠮᠲᠤ᠎ᠳᠤ᠎ᠪᠠᠨ ᠬᠢᠴᠢᠶᠡᠯ ᠪᠡᠯᠡᠳᠬᠡᠬᠦ ᠬᠤᠷᠠᠯ᠎ᠳᠤ ᠬᠥᠬᠡᠬᠣᠲᠠ᠎ᠠᠴᠠ ᠬᠤᠷᠠᠯ᠎ᠳᠤ ᠣᠷᠣᠯᠴᠠᠭᠰᠠᠳ᠎ᠲᠤ ᠬᠣᠨᠣᠭ᠎ᠤᠨ ᠲᠣᠬᠢᠷᠠᠭᠤᠯᠤᠯᠲᠠ ᠬᠠᠩᠭ᠋ᠠᠬᠤ ᠥᠬᠡᠶ᠂ ᠵᠥᠪᠬᠡᠨ ᠦᠳᠡ ᠵᠢᠨ ᠬᠣᠭᠣᠯᠠ ᠬᠠᠩᠭ᠋ᠠᠨ᠎ᠠ; ᠪᠤᠰᠤᠳ ᠠᠶ᠋ᠢᠮᠠᠭ ᠬᠣᠲᠠ ᠵᠢᠨ ᠣᠷᠣᠯᠴᠠᠭᠰᠠᠳ᠎ᠲᠤ ᠬᠤᠷᠠᠯ᠎ᠤᠨ ᠬᠤᠭᠤᠴᠠᠭ᠋ᠠᠨ᠎ᠳᠠᠬᠢ ᠬᠣᠭᠣᠯᠠ ᠬᠣᠨᠣᠭ᠎ᠢ ᠬᠠᠩᠭ᠋ᠠᠵᠤ᠂ ᠶᠠᠪᠤᠵᠤ ᠰᠠᠭᠤᠬᠤ ᠵᠠᠮ ᠬᠠᠷᠢᠯᠴᠠᠭ᠋ᠠᠨ᠎ᠤ ᠵᠠᠷᠤᠳᠠᠯ᠎ᠢ ᠪᠠᠶ᠋ᠢᠭ᠎ᠠ ᠨᠢᠭᠡᠴᠢ ᠬᠠᠷᠢᠭᠤᠴᠠᠨ᠎ᠠ᠃ ᠬᠤᠷᠠᠯ᠎ᠤᠨ ᠬᠤᠭᠤᠴᠠᠭ᠋ᠠᠨ᠎ᠳᠠᠬᠢ ᠬᠣᠭᠣᠯᠠ ᠤᠮᠳᠠ ᠪᠠ ᠬᠣᠨᠣᠭ᠎ᠤᠨ ᠪᠦᠬᠦ ᠵᠠᠷᠤᠳᠠᠯ᠎ᠢ ᠬᠤᠷᠠᠯ ᠡᠷᠬᠢᠯᠡᠵᠦ ᠪᠠᠢ᠌ᠭ᠎ᠠ ᠨᠢᠭᠡᠴᠢ ᠬᠠᠷᠢᠭᠤᠴᠠᠨ᠎ᠠ᠃
      (ᠬᠣᠶᠠᠷ) ᠬᠤᠷᠠᠯ᠎ᠳᠤ ᠣᠷᠣᠯᠴᠠᠭᠰᠠᠳ 20 ᠮᠢᠨᠦ᠋ᠲ᠎ᠤᠨ ᠡᠮᠦᠨ᠎ᠡ ᠬᠤᠷᠠᠯ᠎ᠤᠨ ᠲᠠᠯᠠᠪᠠᠢ᠎ᠳᠤ ᠣᠷᠣᠬᠤ ᠵᠢᠨ ᠬᠠᠮᠲᠤ ᠨᠡᠷ᠎ᠡ᠎ᠪᠠᠨ ᠲᠡᠮᠳᠡᠭᠯᠡᠭᠦᠯᠦᠨ᠎ᠡ᠃
      (ᠭᠤᠷᠪᠠ) ᠡᠯ᠎ᠡ ᠠᠶ᠋ᠢᠮᠠᠭ ᠬᠣᠲᠠ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠢᠳᠡᠪᠬᠢᠲᠡᠶ ᠬᠠᠮᠵᠢᠯᠴᠠᠨ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠢ ᠲᠣᠮᠢᠯᠠᠨ ᠬᠠᠮᠲᠤ᠎ᠳᠤ᠎ᠪᠠᠨ ᠬᠢᠴᠢᠶᠡᠯ ᠪᠡᠯᠡᠳᠬᠡᠬᠦ᠎ᠳᠤ ᠣᠷᠣᠯᠴᠠᠭᠤᠯᠵᠤ᠂ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠲᠠᠢ ᠬᠠᠮᠵᠢᠯᠴᠠᠨ ᠳᠣᠣᠷ᠎ᠠ ᠬᠠᠭ᠋ᠠᠰ ᠵᠢᠯ᠎ᠤᠨ ᠰᠤᠷᠭ᠋ᠠᠭᠤᠯᠢ᠎ᠳᠤ ᠣᠷᠣᠵᠤ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠬᠠᠮᠵᠢᠯᠴᠠᠨ᠎ᠠ᠃
      (ᠳᠥᠷᠪᠡ) ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ ᠬᠤᠷᠠᠯ᠎ᠳᠤ ᠣᠷᠣᠯᠴᠠᠬᠤ ᠬᠤᠭᠤᠴᠠᠭ᠋ᠠᠨ᠎ᠳᠤ ᠬᠢᠴᠢᠶᠡᠯ ᠵᠶ᠋ᠠᠨ ᠨᠠᠷᠢᠨ ᠬᠢᠨᠠᠮᠠᠭ᠋ᠠᠶ ᠪᠡᠯᠡᠳᠬᠡᠵᠦ᠂ ᠲᠤᠰᠬᠠᠶ ᠮᠡᠷᠭᠡᠵᠢᠯ᠎ᠤᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠵᠦ᠂ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠪᠠ ᠲᠤᠰᠬᠠᠶ ᠮᠡᠷᠭᠡᠵᠢᠯ᠎ᠤᠨ ᠳᠠᠭᠤᠷᠢᠶᠠᠯ ᠦᠵᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠬᠠᠭᠤᠯᠬᠤ ᠬᠡᠯᠪᠡᠷᠢ᠎ᠪᠠᠨ ᠲᠠᠰᠤᠷᠠᠯᠲᠠ ᠥᠬᠡᠶ ᠰᠢᠨᠡᠴᠢᠯᠡᠨ᠂ ᠤᠬᠠᠭᠤᠯᠤᠨ ᠲᠠᠶ᠋ᠢᠯᠪᠤᠷᠢᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
      (ᠲᠠᠪᠤ) ᠡᠯ᠎ᠡ ᠭᠠᠵᠠᠷ᠎ᠤᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠪᠣᠯᠤᠨ ᠡᠯ᠎ᠡ ᠬᠣᠯᠪᠣᠭᠳᠠᠯ ᠪᠥᠬᠥᠶ ᠨᠢᠭᠡᠴᠢ᠂ 9  ᠳ᠋ᠦ᠍ᠭᠡᠷ ᠰᠠᠷ᠎ᠠ ᠵᠢᠨ 12᠎ᠤᠨ ᠡᠳᠦᠷ᠎ᠠᠴᠠ ᠡᠮᠦᠨ᠎ᠡ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠣᠶᠠᠳᠤᠭ᠋ᠠᠷ ᠤᠳᠠᠭ᠋ᠠᠨ᠎ᠤ ᠬᠠᠮᠲᠤ᠎ᠳᠤ᠎ᠪᠠᠨ ᠬᠢᠴᠢᠶᠡᠯ ᠪᠡᠯᠡᠳᠬᠡᠬᠦ ᠬᠤᠷᠠᠯ᠎ᠳᠤ ᠣᠷᠣᠯᠴᠠᠭᠰᠠᠨ ᠬᠠᠷᠢᠭᠤ ᠪᠠᠷᠢᠮᠲᠠ ᠵᠢᠨ ᠡᠯᠧᠺᠲᠷᠣᠨ ᠬᠡᠪᠯᠡᠯ (ᠳᠠᠭ᠋ᠠᠯᠳᠤᠭᠤᠯᠤᠯ 2)᠎ᠢ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠣᠭᠲᠠᠭᠰᠠᠨ ᠢᠮᠧᠯ᠎ᠳᠤ ᠢᠯᠡᠭᠡᠨ᠎ᠡ᠃
      ᠵᠢᠷᠭᠤᠭ᠎ᠠ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ
      ᠬᠠᠷᠢᠯᠴᠠᠬᠤ ᠬᠥᠮᠦᠨ᠄ ᠸᠠᠩ ᠾᠦᠢ ᠲᠤᠤ  0471 - 2856032᠂ 18647430896
      ᠲᠠᠩ ᠮᠢᠨ 0471 - 2857003᠂ 18518092725
      ᠢᠮᠧᠯ᠄ twywht@163.com


      ᠳᠠᠭ᠋ᠠᠯᠳᠤᠭᠤᠯᠤᠯ᠄
      1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠤ ᠨᠡᠷᠡᠰ
      2 . ᠬᠤᠷᠠᠯ᠎ᠳᠤ ᠣᠷᠣᠯᠴᠠᠬᠤ ᠬᠠᠷᠢᠭᠤ ᠪᠠᠷᠢᠮᠲᠠ



          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                  2023 ᠣᠨ᠎ᠤ 9 ᠰᠠᠷ᠎ᠠ ᠵᠢᠨ 11᠎ᠤ ᠡᠳᠦᠷ


 
ᠳᠠᠭ᠋ᠠᠯᠳᠤᠭᠤᠯᠤᠯ 1᠄ 1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠤ ᠨᠡᠷᠡᠰ . docx
ᠳᠠᠭ᠋ᠠᠯᠳᠤᠭᠤᠯᠤᠯ 2᠄ 2 . ᠬᠤᠷᠠᠯ᠎ᠳᠤ ᠣᠷᠣᠯᠴᠠᠬᠤ ᠬᠠᠷᠢᠭᠤ ᠪᠠᠷᠢᠮᠲᠠ . docx


 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠡᠷᠬᠢᠯᠡᠬᠦ ᠲᠤᠬᠠᠶ ᠨᠥᠬᠥᠪᠥᠷᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠨᠡᠷ᠎ᠡ ᠮᠡᠳᠡᠭᠦᠯᠦᠨ ᠰᠢᠯᠭ᠋ᠠᠭᠤᠯᠬᠤ ᠬᠢᠷᠢ ᠬᠡᠮ᠎ᠢ ᠨᠣᠲᠠᠯᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
2023 ᠣᠨ᠎ᠤ ᠪᠦᠬᠦ ᠤᠯᠤᠰ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠬᠥᠮᠦᠵᠢᠯ᠎ᠤᠨ ᠲᠤᠰᠬᠠᠢ ᠮᠡᠷᠭᠡᠵᠢᠯ᠂ ᠤᠷᠠᠨ ᠵᠢᠷᠤᠭ᠎ᠤᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠭᠴᠢ ᠪᠠ ᠪᠠᠭᠰᠢ ᠵᠢᠨ ᠦᠨᠳᠦᠰᠦᠨ ᠴᠢᠳᠠᠪᠤᠷᠢ ᠵᠢ ᠳᠡᠯᠭᠡᠨ ᠦᠵᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠢᠭ ᠬᠣᠨᠵᠢᠪᠣᠷᠢ ᠵᠢᠨ ᠴᠢᠨᠠᠷᠲᠠᠢ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (2023 ᠣᠨ᠎ᠳᠤ ᠵᠠᠰᠠᠪᠤᠷᠢ ᠣᠷᠣᠭᠤᠯᠤᠭᠰᠠᠨ)》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠲᠤᠷᠰᠢᠯᠲᠠ ᠵᠢᠨ ᠴᠡᠭ᠎ᠤᠨ ᠠᠵᠢᠯ᠎ᠤᠨ ᠠᠯᠪᠠᠨ ᠵᠠᠷᠯᠠᠯ
 
             蒙ICP备05000248号