ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠪᠥᠬᠥ ᠤᠯᠤᠰ᠎ᠤᠨ 7᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ᠎ᠢ ᠤᠯᠠᠮᠵᠢᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2023-09-06

              ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ  [2023] 96 ᠳ᠋ᠤᠭ᠋ᠠᠷ ᠲᠣᠭ᠋ᠠᠲᠤ 


ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠄
      ᠶᠡᠷᠦᠩᠬᠡᠶ ᠱᠦᠵᠢ ᠰᠢ ᠵᠢᠨ ᠫᠢᠩ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ᠎ᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠠᠭᠤᠷ ᠠᠮᠢᠰᠬᠤᠯ᠎ᠢ ᠤᠯᠠᠮ ᠨᠢᠭᠡ ᠠᠯᠬᠤᠮ ᠪᠣᠶ ᠪᠣᠯᠭ᠋ᠠᠬᠤ ᠵᠢ ᠠᠬᠢᠭᠤᠯᠬᠤ ᠵᠢᠨ ᠲᠥᠯᠥᠭᠡ᠂ ᠡᠳᠦᠭᠡ 《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠪᠥᠬᠥ ᠤᠯᠤᠰ᠎ᠤᠨ 7᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ》᠎ᠢ ᠲᠠᠨᠠᠷ᠎ᠲᠤ ᠤᠯᠠᠮᠵᠢᠯᠠᠨ ᠲᠠᠷᠬᠠᠭ᠋ᠠᠬᠤ ᠵᠢᠨ ᠬᠠᠮᠲᠤ ᠳᠤᠤᠷᠠᠬᠢ ᠮᠡᠲᠦ ᠱᠠᠭ᠋ᠠᠷᠳᠠᠯᠭ᠎ᠠ ᠳᠤᠷᠠᠳᠪᠠ᠂ ᠬᠠᠮᠲᠤ᠎ᠳᠤ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭ᠋ᠠᠷᠠᠢ᠃
      ᠨᠢᠭᠡ᠂ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ  ᠵᠢᠨ ᠠᠵᠢᠯᠯᠠᠭ᠎ᠠ ᠵᠢ ᠣᠯᠠᠨ ᠠᠷᠭ᠎ᠠ ᠵᠠᠮ ᠵᠶ᠋ᠠᠷ ᠥᠷᠨᠢᠭᠦᠯᠦᠨ᠎ᠡ
      ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠬᠡᠦᠬᠡᠳ᠎ᠤᠨ ᠴᠡᠴᠡᠷᠯᠢᠭ᠎ᠤᠨ᠎ᠬᠢᠨ 《〈ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ᠂ ᠪᠠᠭ᠎ᠠ ᠰᠤᠷᠭ᠋ᠠᠭᠤᠯᠢ᠂ ᠳᠤᠮᠳᠠᠳᠤ ᠰᠤᠷᠭ᠋ᠠᠭᠤᠯᠢ ᠵᠡᠷᠭᠡ ᠠᠳᠠᠯᠢ ᠪᠤᠰᠤ ᠰᠤᠷᠤᠯᠭ᠎ᠠ ᠵᠢᠨ ᠱᠠᠲᠤᠨ᠎ᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠵᠢᠯᠣᠭᠣᠳᠤᠮᠵᠢ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠰᠤᠷᠭ᠋ᠠᠨ ᠪᠡᠶ᠎ᠡ ᠵᠢᠨ ᠲᠠᠮᠢᠷ ᠤᠷᠠᠯᠢᠭ ᠲᠢᠩᠬᠢᠮ ᠪᠢᠴᠢᠭ [2021] 24 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠡᠬᠢᠯᠡᠭᠰᠡᠨ ᠠᠩᠬᠠᠨ᠎ᠤ ᠬᠠᠷᠠᠭ᠋ᠠᠨ᠎ᠤ ᠡᠷᠡᠭᠦᠯ ᠮᠡᠨᠳᠦ ᠵᠢᠨ ᠬᠢᠴᠢᠶᠡᠯ᠂ ᠭᠤᠤᠯ ᠰᠡᠳᠦᠪᠲᠦ ᠠᠩᠭᠢ  ᠵᠢᠨ ᠬᠤᠷᠠᠯ᠂ ᠬᠡᠷ ᠪᠦᠯᠢ ᠵᠢᠨ ᠡᠳᠦᠷ ᠲᠤᠲᠤᠮ᠎ᠤᠨ ᠠᠵᠢᠯᠯᠠᠭ᠎ᠠ᠂ ᠮᠡᠳᠡᠯᠭᠡ ᠤᠷ᠎ᠠ ᠴᠢᠳᠠᠪᠤᠷᠢ ᠵᠢᠨ ᠤᠷᠤᠯᠳᠤᠭ᠋ᠠᠨ ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ 《ᠦᠢ᠍ᠯᠡ ᠠᠵᠢᠯᠯᠠᠭ᠎ᠠ᠎ᠪᠠᠷ ᠨᠥᠯᠦᠭᠡᠯᠡᠬᠦ ᠵᠢ ᠴᠢᠬᠤᠯᠠᠴᠢᠯᠠᠨ᠂ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠬᠤ》᠎ᠪᠠᠷ ᠭᠤᠤᠯ ᠰᠡᠳᠦᠪ ᠪᠣᠯᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠵᠦ ᠨᠢᠳᠦ᠎ᠪᠠᠨ ᠬᠠᠮᠠᠭ᠋ᠠᠯᠠᠬᠤ ᠡᠷᠡᠭᠦᠯ ᠮᠡᠨᠳᠦ ᠵᠢᠨ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠦᠨ᠂ ᠰᠤᠷᠤᠭᠴᠢᠳ᠎ᠤᠨ ᠰᠠᠨᠠᠭ᠋ᠠᠴᠢᠯᠠᠭ᠎ᠠ᠎ᠠᠴᠠ᠎ᠪᠠᠨ ᠨᠢᠳᠦ᠎ᠪᠠᠨ ᠬᠠᠢ᠌ᠷᠠᠯᠠᠵᠤ ᠨᠢᠳᠦ᠎ᠪᠠᠨ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠬᠦ    ᠬᠡᠷᠡᠭᠲᠡᠢ᠃ ᠡᠯ᠎ᠡ ᠭᠠᠵᠠᠷ᠎ᠤᠨ᠎ᠬᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠪᠦᠯᠬᠦᠮ᠎ᠤᠨ ᠦᠢ᠍ᠯᠡᠳᠦᠯ᠎ᠢ ᠪᠠᠳᠠᠷᠠᠭᠤᠯᠵᠤ᠂ 2023 ᠣᠨ᠎ᠤ ᠨᠠᠮᠤᠷ᠎ᠤᠨ ᠤᠯᠠᠷᠢᠯ᠎ᠤᠨ ᠪᠥᠬᠥ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠬᠠᠷᠠᠭ᠎ᠠ ᠵᠢ ᠨᠡᠶ᠋ᠢᠳᠡᠮ ᠪᠠᠶ᠋ᠢᠴᠠᠭ᠋ᠠᠬᠤ ᠴᠠᠭ᠎ᠲᠠᠢ ᠤᠶᠠᠯᠳᠤᠭᠤᠯᠤᠨ᠂ ᠲᠣᠰ ᠭᠠᠵᠠᠷ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠲᠤᠰᠬᠠᠶ ᠮᠡᠷᠭᠡᠵᠢᠯᠲᠡᠨ᠎ᠢ ᠲᠣᠬᠢᠷᠠᠭᠤᠯᠤᠨ ᠰᠤᠷᠭ᠋ᠠᠭᠤᠯᠢ᠎ᠳᠤ ᠬᠦᠷᠴᠦ ᠤᠬᠠᠭᠤᠯᠭ᠎ᠠ ᠬᠥᠮᠦᠵᠢᠯ᠎ᠤᠨ ᠠᠵᠢᠯ᠎ᠢ ᠥᠷᠨᠢᠭᠦᠯᠵᠦ᠂ 9 ᠳ᠋ᠦ᠍ᠭᠡᠷ ᠰᠠᠷ᠎ᠠ᠎ᠳᠤ ᠰᠤᠷᠭ᠋ᠠᠭᠤᠯᠢ᠎ᠳᠤ ᠣᠷᠣᠵᠤ ᠤᠬᠠᠭᠤᠯᠤᠨ ᠲᠠᠶ᠋ᠢᠯᠪᠤᠷᠢᠯᠠᠬᠤ ᠡᠭᠦᠷᠭᠡ ᠵᠢ ᠬᠠᠮᠤᠭ᠎ᠤᠨ ᠪᠠᠭ᠎ᠠ᠎ᠳᠤ᠎ᠪᠠᠨ 15 ᠤᠳᠠᠭ᠎ᠠ ᠪᠡᠶᠡᠯᠡᠭᠦᠯᠬᠦ ᠬᠡᠷᠡᠭᠲᠡᠶ᠃ ᠤᠬᠠᠭᠤᠯᠤᠨ ᠲᠠᠶ᠋ᠢᠯᠪᠤᠷᠢᠯᠠᠬᠤ ᠵᠢ ᠡᠯ᠎ᠡ ᠰᠤᠷᠤᠯᠭ᠎ᠠ ᠵᠢᠨ ᠱᠠᠲᠤᠨ᠎ᠳᠤ ᠪᠦᠷᠬᠦᠬᠦᠯᠵᠤ᠂ ᠦᠨᠳᠦᠰᠦᠨ ᠱᠠᠳᠤ ᠣᠨᠴᠠᠭ᠋ᠠᠢ᠌ᠯᠠᠨ ᠬᠥᠳᠡᠭᠡ ᠲᠣᠰᠬᠣᠨ᠎ᠤ ᠰᠤᠷᠭ᠋ᠠᠭᠤᠯᠢ᠎ᠳᠤ ᠭᠦᠨᠵᠡᠭᠡᠶ᠋ᠢᠷᠡᠨ ᠬᠠᠨᠳᠤᠯᠭ᠋ᠠᠲᠠᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠥᠷᠨᠢᠭᠦᠯᠦᠨ᠂ ᠡᠷᠲᠡ ᠠᠳᠬᠤᠬᠤ᠂ ᠪᠠᠭ᠎ᠠ᠎ᠠᠴᠠ᠎ᠨᠢ ᠠᠳᠬᠤᠬᠤ᠂ ᠪᠦᠬᠦᠨ᠎ᠢ ᠠᠳᠬᠤᠬᠤ ᠵᠢ ᠪᠡᠶᠡᠯᠡᠭᠦᠯᠦᠨ᠎ᠡ᠃
      ᠬᠣᠶᠠᠷ᠂ ᠬᠡᠷ ᠪᠦᠯᠢ ᠰᠤᠷᠭ᠋ᠠᠭᠤᠯᠢ ᠨᠡᠢ᠌ᠭᠡᠮ ᠬᠠᠮᠵᠢᠯᠴᠠᠨ ᠬᠣᠯᠪᠤᠯᠳᠤᠨ ᠬᠥᠳᠡᠯᠦᠯᠴᠡᠵᠦ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠴᠢᠩᠭ᠋ᠠᠳᠬᠠᠨ᠎ᠠ
      ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠠᠶ᠋ᠢᠷᠢᠯᠠᠭᠤᠯᠤᠯᠲᠠ ᠵᠢ ᠰᠠᠶ᠋ᠢᠲᠤᠷ ᠬᠢᠵᠦ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠰᠤᠷᠭ᠋ᠠᠭᠤᠯᠢ ᠵᠢᠨ ᠤᠳᠤᠷᠢᠳᠤᠯᠭ᠎ᠠ᠂ ᠠᠩᠭᠢ ᠵᠢᠨ ᠡᠷᠬᠢᠯᠡᠭᠴᠢ᠂ ᠰᠤᠷᠭ᠋ᠠᠭᠤᠯᠢ ᠵᠢᠨ ᠡᠮᠴᠢ (ᠡᠷᠡᠭᠦᠯᠵᠢᠯ᠎ᠤᠨ ᠪᠠᠭᠰᠢ)᠂ ᠬᠡᠷ᠎ᠤᠨ ᠠᠬᠠᠮᠠᠳ᠎ᠤᠨ ᠲᠥᠯᠥᠭᠡᠯᠡᠭᠴᠢ ᠵᠡᠷᠭᠡ ᠣᠯᠠᠨ ᠲᠠᠯ᠎ᠠ ᠵᠢᠨ᠎ᠬᠢᠨ᠎ᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ ᠨᠠᠷᠢᠯᠢᠭᠵᠢᠭᠤᠯᠬᠤ ᠬᠡᠷᠡᠭᠲᠡᠢ᠃ ᠠᠩᠭᠢ ᠵᠢᠨ ᠰᠣᠷᠣᠭᠴᠢ ᠵᠢᠨ ᠬᠠᠷᠠᠭ᠋ᠠᠨ᠎ᠤ ᠡᠷᠡᠭᠦᠯ ᠮᠡᠨᠳᠦ ᠵᠢᠨ ᠭᠡᠰᠢᠭᠦᠨ ᠵᠡᠷᠭᠡ ᠠᠩᠭᠢ᠎ᠳᠤ᠎ᠪᠠᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠠᠵᠢᠯ᠎ᠤᠨ ᠪᠠᠶ᠋ᠢᠷᠢ ᠭᠠᠷᠭ᠋ᠠᠬᠤ ᠵᠢ ᠵᠣᠷᠢᠭᠵᠢᠭᠤᠯᠤᠨ᠎ᠠ᠃ ᠠᠩᠭᠢ ᠵᠢᠨ ᠡᠷᠬᠢᠯᠡᠭᠴᠢ᠂ ᠰᠤᠷᠭ᠋ᠠᠭᠤᠯᠢ ᠵᠢᠨ ᠡᠮᠴᠢ (ᠡᠷᠡᠭᠦᠯᠵᠢᠯ᠎ᠤᠨ ᠪᠠᠭᠰᠢ)᠂ ᠠᠩᠭᠢ ᠵᠢᠨ ᠰᠣᠷᠣᠭᠴᠢ ᠵᠢᠨ ᠬᠠᠷᠠᠭ᠋ᠠᠨ᠎ᠤ ᠡᠷᠡᠭᠦᠯ ᠮᠡᠨᠳᠦ ᠵᠢᠨ ᠭᠡᠰᠢᠭᠦᠨ᠎ᠳᠤ ᠬᠠᠨᠳᠤᠭᠤᠯᠤᠨ᠂ ᠠᠩᠭᠢ ᠵᠢᠨ ᠡᠳᠦᠷ ᠲᠤᠲᠤᠮ᠎ᠤᠨ ᠬᠠᠷᠠᠭ᠋ᠠᠨ᠎ᠤ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠠᠵᠢᠯ ᠪᠠ ᠰᠤᠷᠤᠭᠴᠢᠳ᠎ᠤᠨ ᠨᠢᠳᠦ ᠬᠡᠷᠡᠭᠯᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠪᠣᠯᠪᠠᠰᠤᠷᠠᠭᠤᠯᠤᠯ᠎ᠢ ᠥᠷᠨᠢᠭᠦᠯᠦᠨ᠎ᠡ᠃ ᠭᠠᠵᠠᠷ ᠣᠷᠣᠨ᠎ᠤ ᠬᠣᠭᠣᠷᠣᠨᠳᠣᠬᠢ᠂ ᠰᠤᠷᠭ᠋ᠠᠭᠤᠯᠢ ᠵᠢᠨ ᠬᠣᠭᠣᠷᠣᠨᠳᠣᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠷᠰᠢᠯᠭ᠎ᠠ᠎ᠪᠠᠨ ᠰᠣᠯᠢᠯᠴᠠᠬᠤ ᠵᠢ ᠵᠣᠬᠢᠶᠠᠨ ᠪᠠᠶ᠋ᠢᠭᠤᠯᠵᠤ᠂ ᠥᠭᠡᠷᠡᠴᠢᠯᠡᠯᠲᠡ ᠵᠢᠨ ᠲᠤᠷᠰᠢᠯᠲᠠ ᠵᠢᠨ ᠭᠠᠵᠠᠷ ᠣᠷᠣᠨ ᠪᠠ ᠲᠤᠷᠰᠢᠯᠲᠠ ᠵᠢᠨ ᠰᠤᠷᠭ᠋ᠠᠭᠤᠯᠢ ᠵᠢᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠵᠤ᠂ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠦᠷᠭᠦᠯᠵᠢᠯᠡᠨ ᠠᠬᠢᠭᠤᠯᠤᠨ᠎ᠠ᠃
      ᠭᠤᠷᠪᠠ᠂ ᠬᠡᠷ ᠪᠦᠯᠢ ᠵᠢᠨ ᠴᠢᠬᠤᠯᠠ ᠦᠢ᠍ᠯᠡᠳᠦᠯ᠎ᠢ ᠪᠠᠳᠠᠷᠠᠭᠤᠯᠵᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠪᠣᠭᠣᠮᠲᠠ ᠵᠢ ᠠᠬᠢᠭᠤᠯᠤᠨ᠎ᠠ
      ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭ᠋ᠠᠭᠤᠯᠢ ᠪᠠ ᠬᠡᠦᠬᠡᠳ᠎ᠤᠨ ᠴᠡᠴᠡᠷᠯᠢᠭ᠎ᠤᠨ᠎ᠬᠢᠨ ᠬᠡᠷ ᠪᠦᠯᠢ ᠰᠤᠷᠭ᠋ᠠᠭᠤᠯᠢ ᠨᠡᠶ᠋ᠢᠭᠡᠮ᠎ᠤᠨ ᠤᠬᠠᠭᠤᠯᠭ᠎ᠠ ᠬᠥᠮᠦᠵᠢᠯ᠎ᠤᠨ ᠬᠠᠮᠲᠤ᠎ᠳᠤ᠎ᠪᠠᠨ ᠬᠥᠮᠦᠵᠢᠭᠦᠯᠬᠦ ᠵᠠᠭᠪᠤᠷ᠎ᠢ ᠢᠳᠡᠪᠬᠢᠲᠡᠶ ᠰᠦᠪᠡᠭᠴᠢᠯᠡᠨ ᠪᠠᠶ᠋ᠢᠭᠤᠯᠵᠤ᠂ ᠬᠠᠮᠢᠶᠠᠷᠤᠯᠲᠠ ᠵᠢ ᠳᠠᠭ᠋ᠠᠬᠤ ᠪᠠ ᠦᠢ᠍ᠯᠡᠴᠢᠯᠡᠭᠡ ᠵᠢ ᠪᠠᠲᠤᠯᠠᠬᠤ ᠵᠢ ᠳᠣᠪᠣᠶ᠋ᠢᠯᠭ᠋ᠠᠨ᠂ ᠬᠡᠦᠬᠡᠳ᠎ᠤᠨ ᠴᠡᠴᠡᠷᠯᠢᠭ᠎ᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 《ᠨᠢᠭᠡᠳᠦᠭᠡᠷ ᠪᠣᠭᠣᠮᠲᠠ》 ᠪᠣᠯᠭ᠋ᠠᠵᠤ᠂ ᠤᠬᠠᠭᠤᠯᠭ᠎ᠠ ᠬᠥᠮᠦᠵᠢᠯ ᠵᠶ᠋ᠠᠷ ᠳᠠᠮᠵᠢᠭᠤᠯᠤᠨ ᠬᠡᠷ᠎ᠤᠨ ᠠᠬᠠᠮᠠᠳ᠎ᠲᠤ ᠬᠡᠦᠬᠡᠳ᠎ᠤᠨ ᠬᠣᠯᠠ ᠬᠠᠷᠠᠭ᠋ᠠᠨ᠎ᠤ ᠨᠥᠭᠡᠴᠡ ᠵᠢᠨ ᠪᠠᠶ᠋ᠢᠳᠠᠯ᠎ᠢ ᠣᠶ᠋ᠢᠯᠠᠭ᠋ᠠᠭᠤᠯᠵᠤ᠂ ᠬᠡᠦᠬᠡᠳ ᠪᠠᠭ᠎ᠠ ᠰᠤᠷᠭ᠋ᠠᠭᠤᠯᠢ ᠵᠢᠨ ᠳᠤᠤᠷ᠎ᠠ ᠣᠨ᠎ᠳᠤ ᠣᠶ᠋ᠢᠷ᠎ᠠ ᠬᠠᠷᠠᠭ᠎ᠠ᠎ᠲᠠᠢ ᠪᠣᠯᠬᠤ ᠨᠣᠷᠮ᠎ᠠ ᠵᠢ ᠬᠢᠵᠠᠭ᠋ᠠᠷᠯᠠᠬᠤ ᠬᠡᠷᠡᠭᠲᠡᠢ᠃ ᠰᠤᠷᠤᠭᠴᠢ᠂ ᠭᠡᠷ᠎ᠤᠨ ᠠᠬᠠᠮᠠᠳ ᠪᠣᠯᠤᠨ ᠪᠠᠭᠰᠢ ᠨᠠᠷ ᠳᠡᠭᠡᠳᠦ ᠬᠡᠮᠵᠢᠶᠡᠨ᠎ᠤ ᠣᠶ᠋ᠢᠷ᠎ᠠ ᠬᠠᠷᠠᠭ᠎ᠠ᠂ ᠡᠪᠡᠳᠴᠢᠨ᠎ᠤ ᠴᠢᠨᠠᠷᠲᠠᠶ ᠣᠶ᠋ᠢᠷ᠎ᠠ ᠬᠠᠷᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠠᠨᠢᠵᠤ ᠮᠡᠳᠡᠬᠦ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠋ᠠᠨ᠎ᠤ ᠠᠬᠢᠴᠠ ᠵᠢᠨ ᠬᠤᠷᠳᠤᠴᠠ ᠵᠢ ᠬᠠᠮᠲᠤ᠎ᠳᠤ᠎ᠪᠠᠨ ᠡᠵᠡᠮᠳᠡᠵᠦ᠂ ᠳᠡᠭᠡᠳᠦ ᠬᠡᠮᠵᠢᠶᠡᠨ᠎ᠤ ᠣᠶ᠋ᠢᠷ᠎ᠠ ᠬᠠᠷᠠᠭ᠎ᠠ᠎ᠲᠠᠢ ᠪᠣᠯᠬᠤ᠎ᠠᠴᠠ ᠵᠠᠢ᠌ᠯᠠᠰᠬᠢᠨ᠎ᠠ᠃ ᠬᠡᠷ᠎ᠤᠨ ᠠᠬᠠᠮᠠᠳ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠠᠬᠢᠭᠤᠯᠵᠤ᠂ ᠬᠡᠷ᠎ᠤᠨ ᠬᠥᠮᠦᠵᠢᠯ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠳᠠᠬᠢ ᠵᠠᠩᠭᠢᠯᠠᠭ᠎ᠠ ᠵᠢᠨ ᠦᠢ᠍ᠯᠡᠳᠦᠯ᠎ᠢ ᠪᠠᠳᠠᠷᠠᠭᠤᠯᠤᠨ᠎ᠠ᠃ ᠰᠤᠷᠤᠭᠴᠢ᠂ ᠭᠡᠷ᠎ᠤᠨ ᠠᠬᠠᠮᠠᠳ᠎ᠤᠨ ᠤᠬᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠡᠷ᠎ᠤᠨ ᠠᠬᠠᠮᠠᠳ᠎ᠢ ᠬᠥᠲᠥᠯᠥᠨ ᠵᠢᠯᠣᠭᠣᠳᠴᠤ ᠭᠡᠷ ᠪᠦᠯᠢ ᠵᠢᠨ ᠨᠢᠳᠦᠨ᠎ᠤ ᠡᠷᠡᠭᠦᠯ ᠮᠡᠨᠳᠦ ᠵᠢ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠪᠡᠶ᠎ᠡ᠎ᠪᠠᠷ ᠵᠶ᠋ᠠᠨ ᠬᠡᠪ ᠳᠦᠷᠢᠮ ᠪᠣᠯᠵᠤ᠂ 《ᠳᠡᠯᠭᠡᠴᠡ ᠵᠢᠨ ᠴᠠᠭ》᠎ᠢ ᠬᠠᠮᠲᠤ᠎ᠳᠤ᠎ᠪᠠᠨ ᠡᠵᠡᠮᠳᠡᠨ᠂ ᠭᠡᠷ᠎ᠤᠨ ᠠᠬᠠᠮᠠᠳ᠎ᠢ ᠵᠢᠯᠣᠭᠣᠳᠴᠤ ᠰᠤᠷᠤᠭᠴᠢᠳ᠎ᠲᠤ ᠡᠷᠡᠭᠦᠯ ᠴᠢᠭᠢᠷᠠᠭ ᠭᠡᠷ ᠪᠦᠯᠢ ᠵᠢᠨ ᠣᠷᠴᠢᠨ ᠲᠣᠭᠣᠷᠢᠨ᠎ᠢ ᠪᠤᠢ ᠪᠣᠯᠭ᠋ᠠᠵᠤ᠂ ᠡᠳᠦᠷ ᠪᠦᠷᠢ ᠬᠡᠦᠬᠡᠳ᠎ᠢ ᠱᠠᠭ᠋ᠠᠷᠳᠠᠵᠤ ᠭᠡᠷ ᠪᠦᠯᠢ ᠵᠢᠨ ᠨᠢᠳᠦ ᠬᠠᠮᠠᠭ᠋ᠠᠯᠠᠬᠤ ᠢᠯᠢᠯᠡᠭᠡ ᠬᠢᠯᠭᠡᠨ᠂ ᠨᠢᠳᠦ᠎ᠪᠠᠨ ᠬᠠᠶ᠋ᠢᠷᠠᠯᠠᠵᠤ ᠨᠢᠳᠦ ᠎ᠪᠠᠨ ᠬᠠᠮᠠᠭ᠋ᠠᠯᠠᠬᠤ ᠡᠷᠡᠭᠦᠯ ᠴᠢᠭᠢᠷᠠᠭ ᠭᠡᠷ ᠪᠦᠯᠢ ᠵᠢᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃
      ᠳᠥᠷᠪᠡ᠂ ᠬᠠᠷᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ ᠵᠢᠴᠢ ᠲᠣᠭ᠎ᠠ ᠪᠠᠷᠢᠮᠲᠠ ᠵᠢ ᠮᠡᠳᠡᠭᠦᠯᠬᠦ ᠠᠵᠢᠯ᠎ᠤᠨ ᠴᠢᠨᠠᠷ ᠪᠠ ᠲᠣᠭ᠎ᠠ ᠵᠢ ᠪᠠᠲᠤᠯᠠᠬᠤ ᠵᠢ ᠪᠡᠶᠡᠯᠡᠭᠦᠯᠦᠨ᠎ᠡ
      ᠡᠯ᠎ᠡ ᠭᠠᠵᠠᠷ᠎ᠤᠨ ᠡᠯ᠎ᠡ ᠰᠤᠷᠭ᠋ᠠᠭᠤᠯᠢ 《ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠲᠣᠭᠲᠠᠮᠠᠯ ᠬᠤᠭᠤᠴᠠᠭ᠎ᠠ᠎ᠲᠠᠢ ᠬᠠᠷᠠᠭ᠋ᠠᠨ᠎ᠤ ᠪᠠᠢ᠌ᠴᠠᠭ᠋ᠠᠯᠲᠠ ᠵᠢᠨ ᠭᠤᠤᠯ ᠪᠣᠯᠬᠤ ᠮᠡᠳᠡᠭᠡ ᠵᠠᠩᠭᠢ ᠵᠢ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠲᠣᠰ ᠰᠤᠷᠤᠯᠭ᠎ᠠ ᠵᠢᠨ ᠬᠤᠭᠤᠴᠠᠭ᠋ᠠᠨ᠎ᠤ ᠬᠠᠷᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ ᠵᠢᠴᠢ ᠲᠣᠭ᠎ᠠ ᠪᠠᠷᠢᠮᠲᠠ ᠵᠢ ᠮᠡᠳᠡᠭᠦᠯᠬᠦ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠵᠣᠯᠭ᠋ᠠᠭᠤᠯᠬᠤ ᠠᠵᠢᠯ᠎ᠢ ᠤᠷᠢᠳᠴᠢᠯᠠᠨ ᠰᠠᠶ᠋ᠢᠲᠤᠷ ᠬᠢᠵᠦ᠂ ᠬᠣᠰᠢᠭᠤ ᠰᠢᠶᠠᠨ ᠲᠣᠭᠣᠷᠢᠭ ᠬᠤᠪᠢᠶᠠᠨ᠂ ᠰᠤᠷᠭ᠋ᠠᠭᠤᠯᠢ ᠳᠠᠷᠠᠭ᠋ᠠᠯᠠᠨ ᠰᠤᠷᠭ᠋ᠠᠭᠤᠯᠢ᠎ᠳᠤ ᠬᠦᠷᠴᠦ ᠨᠡᠶ᠋ᠢᠳᠡᠮ ᠪᠠᠶ᠋ᠢᠴᠠᠭ᠋ᠠᠯᠲᠠ ᠬᠢᠬᠦ ᠴᠠᠭ᠎ᠢ ᠰᠠᠶ᠋ᠢᠲᠤᠷ ᠲᠣᠬᠢᠷᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠳᠤᠮᠳᠠᠳᠤ ᠪᠠᠭ᠎ᠠ ᠰᠤᠷᠭ᠋ᠠᠭᠤᠯᠢ ᠨᠢᠭᠡ ᠪᠦᠷᠢ ᠵᠢ ᠬᠠᠮᠤᠷᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠠᠷᠢᠶ᠎ᠠ ᠣᠷᠣᠨ᠎ᠤ ᠰᠤᠷᠭ᠋ᠠᠭᠤᠯᠢ ᠵᠢᠨ ᠣᠶ᠋ᠢᠷ᠎ᠠ ᠬᠠᠷᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ ᠵᠢ ᠵᠢᠯᠣᠭᠣᠳᠤᠨ ᠰᠢᠪᠠᠳᠠᠭᠤᠯᠬᠤ ᠵᠢ ᠦᠨᠡᠨ ᠬᠦ᠌ ᠴᠢᠩᠭ᠋ᠠᠳᠬᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠬᠢᠴᠠ ᠵᠢ ᠰᠠᠷ᠎ᠠ ᠪᠦᠷᠢ ᠲᠣᠬᠢᠷᠠᠭᠤᠯᠤᠨ᠂ ᠠᠵᠢᠯ᠎ᠤᠨ ᠠᠬᠢᠴᠠ ᠵᠢᠨ ᠡᠬᠡ ᠳᠠᠩᠰᠠ᠎ᠪᠠᠨ ᠮᠠᠨ᠎ᠤ ᠲᠢᠩᠬᠢᠮ᠎ᠳᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠢ᠃ ᠡᠭᠦᠨ᠎ᠤ ᠬᠠᠮᠲᠤ ᠰᠤᠷᠭ᠋ᠠᠭᠤᠯᠢ᠎ᠳᠤ ᠣᠷᠣᠵᠤ ᠰᠢᠭᠰᠢᠨ ᠪᠠᠶ᠋ᠢᠴᠠᠭ᠋ᠠᠬᠤ ᠪᠠᠶ᠋ᠢᠭᠤᠯᠤᠮᠵᠢ ᠵᠠᠷ ᠮᠡᠳᠡᠭᠡᠨ᠎ᠤ ᠤᠬᠠᠭᠤᠯᠭ᠎ᠠ ᠵᠡᠷᠭᠡ ᠪᠤᠰᠤᠳ ᠠᠵᠢᠯᠯᠠᠭ᠎ᠠ ᠥᠷᠨᠢᠭᠦᠯᠬᠦ ᠵᠢ ᠴᠢᠩᠭ᠎ᠠ ᠬᠣᠷᠢᠭᠯᠠᠨ᠂ ᠬᠠᠷᠠᠭ᠋ᠠᠨ ᠎ᠤ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠳᠠᠯᠠᠨ᠂ ᠣᠯᠠᠨ ᠪᠠᠶ᠋ᠢᠭᠤᠯᠤᠮᠵᠢ ᠰᠤᠷᠭ᠋ᠠᠭᠤᠯᠢ᠎ᠳᠤ ᠣᠷᠣᠬᠤ᠂ ᠳᠠᠪᠬᠤᠷᠳᠠᠭᠤᠯᠤᠨ ᠰᠤᠷᠭ᠋ᠠᠭᠤᠯᠢ᠎ᠳᠤ ᠣᠷᠣᠬᠤ ᠵᠡᠷᠭᠡ ᠪᠠᠶ᠋ᠢᠳᠠᠯ ᠭᠠᠷᠴᠤ ᠬᠡᠪ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠮᠬᠢ ᠳᠢᠭᠯᠢᠮ᠎ᠢ ᠨᠥᠯᠥᠭᠡᠯᠡᠬᠦ ᠵᠢ ᠡᠷᠡᠰ ᠬᠣᠷᠢᠭᠯᠠᠬᠤ ᠬᠡᠷᠡᠭᠲᠡᠢ᠃
      ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠱᠠᠭ᠋ᠠᠷᠳᠠᠯᠭ᠎ᠠ ᠶᠣᠰᠤ᠎ᠪᠠᠷ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ 2023 ᠣᠨ᠎ᠤ 10 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ ᠡᠮᠦᠨ᠎ᠡ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠋ᠠᠨ᠎ᠤ ᠪᠠᠶ᠋ᠢᠳᠠᠯ ᠵᠶ᠋ᠠᠨ ᠰᠠᠷ᠎ᠠ ᠪᠦᠷᠢ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠠᠬᠢᠭᠤᠯᠤᠭᠰᠠᠨ ᠪᠠᠶ᠋ᠢᠳᠠᠯ᠎ᠤᠨ ᠡᠬᠡ ᠲᠠᠩᠰᠠ ᠵᠢᠨ ᠬᠡᠯᠪᠡᠷᠢ᠎ᠪᠠᠷ ᠮᠠᠨ᠎ᠤ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠪᠣᠯᠤᠨ ᠬᠥᠳᠡᠯᠮᠦᠷᠢ ᠵᠢᠨ ᠬᠥᠮᠦᠵᠢᠯ᠎ᠤᠨ ᠭᠠᠵᠠᠷ ᠎ᠲᠤ ᠮᠡᠳᠡᠭᠦᠯᠵᠦ᠂ ᠡᠯᠧᠺᠲᠷᠣᠨ ᠬᠡᠪᠯᠡᠯ᠎ᠢ ᠲᠣᠭᠲᠠᠭᠰᠠᠨ ᠢᠮᠧᠯ᠎ᠳᠤ ᠢᠯᠡᠭᠡᠭᠡᠷᠡᠶ᠃
      ᠬᠠᠷᠢᠯᠴᠠᠬᠤ ᠬᠥᠮᠦᠨ᠄ ᠸᠠᠩ ᠾᠤᠶ᠋ᠢ ᠲᠤᠤ
      ᠬᠠᠷᠢᠯᠴᠠᠬᠤ ᠤᠲᠠᠰᠤ᠄ 0471 - 2856032
      ᠢᠮᠧᠯ᠄ twywht@163.com;


      ᠳᠠᠭ᠋ᠠᠯᠳᠤᠭᠤᠯᠤᠯ᠄ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠪᠥᠬᠥ ᠤᠯᠤᠰ᠎ᠤᠨ 7᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ



         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                 2023 ᠣᠨ᠎ᠤ 9 ᠰᠠᠷ᠎ᠠ ᠵᠢᠨ 1᠎ᠤ ᠡᠳᠦᠷ



ᠳᠠᠭ᠋ᠠᠯᠳᠤᠭᠤᠯᠤᠯ 1᠄ ᠰᠤᠷᠭ᠋ᠠᠨ ᠬᠥᠮᠦᠵᠢᠯ᠎ᠤᠨ ᠶᠠᠮᠤᠨ᠎ᠤ ᠠᠯᠪᠠᠨ ᠲᠢᠩᠬᠢᠮ᠎ᠤᠨ ᠪᠥᠬᠥ ᠤᠯᠤᠰ ᠎ᠤᠨ 7᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠤᠬᠠᠭᠤᠯᠭ᠎ᠠ ᠬᠥᠮᠦᠵᠢᠯ᠎ᠤᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ . pdf


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠡᠰᠢᠭᠦᠨ᠎ᠢ ᠲᠣᠬᠢᠷᠠᠭᠤᠯᠬᠤ ᠲᠤᠬᠠᠶ ᠮᠡᠳᠡᠭᠳᠡᠯ
ᠨᠠᠮᠤᠷ ᠡᠪᠦᠯ᠎ᠤᠨ ᠤᠯᠠᠷᠢᠯ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠵᠡᠷᠭᠡ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠥᠬᠥ ᠣᠷᠣᠨ᠎ᠤ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠲᠤᠰᠬᠠᠶ ᠮᠡᠷᠭᠡᠵᠢᠯᠲᠡᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠬᠣᠶᠠᠳᠤᠭ᠋ᠠᠷ ᠤᠳᠠᠭ᠋ᠠᠨ᠎ᠤ ᠬᠠᠮᠲᠤ᠎ᠳᠤ᠎ᠪᠠᠨ ᠬᠢᠴᠢᠶᠡᠯ ᠪᠡᠯᠡᠳᠬᠡᠬᠦ ᠵᠢ ᠵᠣᠬᠢᠶᠠᠨ ᠪᠠᠶ᠋ᠢᠭᠤᠯᠬᠤ ᠲᠤᠬᠠᠶ ᠮᠡᠳᠡᠭᠳᠡᠯ
ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠬᠤ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠡᠷᠬᠢᠯᠡᠬᠦ ᠲᠤᠬᠠᠶ ᠨᠥᠬᠥᠪᠥᠷᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ 《ᠴᠥᠭᠡᠨ ᠲᠣᠭ᠋ᠠᠲᠤ ᠦᠨᠳᠦᠰᠦᠲᠡᠨ᠎ᠤ ᠳᠡᠭᠡᠳᠦ ᠲᠠᠰ᠎ᠤᠨ ᠭᠤᠤᠯᠯᠠᠭᠴᠢ ᠴᠢᠳᠠᠪᠤᠷᠢᠲᠠᠨ᠎ᠤ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ》 ᠵᠢᠨ ᠨᠡᠷ᠎ᠡ ᠮᠡᠳᠡᠭᠦᠯᠦᠨ ᠰᠢᠯᠭ᠋ᠠᠭᠤᠯᠬᠤ ᠬᠢᠷᠢ ᠬᠡᠮ᠎ᠢ ᠨᠣᠲᠠᠯᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
 
             蒙ICP备05000248号