ᠥᠪᠥᠷ ᠰᠤᠷᠭ᠋ᠠᠨ ᠪᠡᠶᠡ ᠵᠢᠨ ᠲᠠᠮᠢᠷ ᠤᠷᠠᠯᠢᠭ ᠪᠢᠴᠢᠭ [2024] 3 ᠳ᠋ᠤᠭ᠋ᠠᠷ ᠲᠣᠭ᠋ᠠᠲᠤ
ᠡᠯᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶᠡ ᠵᠢᠨ ᠲᠠᠮᠢᠷ)ᠤᠨ ᠲᠣᠪᠴᠢᠶᠠ᠂ ᠡᠯᠡ ᠳᠡᠭᠡᠳᠦ ᠰᠤᠷᠭ᠋ᠠᠭᠤᠯᠢᠳᠤ᠄
ᠮᠠᠨᠤ ᠣᠷᠣᠨᠤ ᠶᠡᠬᠡ ᠳᠡᠭᠡᠳᠦ ᠰᠤᠷᠭ᠋ᠠᠭᠤᠯᠢ ᠳᠤᠮᠳᠠᠳᠤ ᠪᠠᠭᠠ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠠᠵᠢᠯᠤᠨ ᠵᠢᠯᠣᠭᠣᠳᠣᠯᠭᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠤᠰᠬᠠᠢ ᠮᠡᠷᠭᠡᠵᠢᠯᠲᠡᠨ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠᠳᠤ ᠵᠥᠪᠯᠡᠯᠭᠡ ᠥᠭᠬᠦ᠂ ᠰᠤᠳᠤᠯᠬᠤ᠂ ᠦᠨᠡᠯᠡᠨ ᠵᠢᠱ᠌ᠢᠬᠦ᠂ ᠵᠢᠯᠣᠭᠣᠳᠬᠤ ᠵᠡᠷᠭᠡ ᠦᠢ᠍ᠯᠡᠳᠦᠯᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠰᠢᠨᠡ ᠴᠠᠭ ᠦᠶᠡ ᠵᠢᠨ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠠᠵᠢᠯᠢ ᠪᠦᠬᠦ ᠲᠠᠯᠠᠪᠠᠷ ᠴᠢᠩᠭ᠋ᠠᠳᠬᠠᠨ ᠰᠠᠶ᠋ᠢᠵᠢᠷᠠᠭᠤᠯᠬᠤ ᠬᠡᠷᠡᠭᠵᠢᠭᠦᠯᠬᠦ ᠲᠥᠰᠦᠯ》ᠤᠨ ᠱᠠᠭ᠋ᠠᠷᠳᠠᠯᠭᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨᠤ ᠰᠤᠷᠭ᠋ᠠᠨ ᠬᠥᠮᠦᠵᠢᠯᠤᠨ ᠲᠢᠩᠬᠢᠮᠠᠴᠠ ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠵᠢᠯᠣᠭᠣᠳᠬᠤ ᠵᠥᠪᠯᠡᠯᠢ ᠪᠠᠶ᠋ᠢᠭᠤᠯᠬᠤᠪᠠᠷ ᠲᠣᠭᠲᠠᠵᠤ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭᠠ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠠᠵᠢᠯᠤᠨ ᠬᠣᠷᠸᠠ ᠵᠢᠯᠣᠭᠣᠳᠣᠯᠭᠠ ᠪᠠ ᠬᠠᠮᠢᠶᠠᠷᠤᠯᠲᠠ ᠵᠢ ᠴᠢᠩᠭ᠋ᠠᠳᠬᠠᠬᠤᠳᠤ ᠬᠡᠷᠡᠭᠯᠡᠵᠦ᠂ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠠ ᠰᠢᠨᠵᠢᠯᠡᠭᠡᠨᠤ ᠰᠠᠯᠠᠭ᠋ᠠᠨᠤ ᠪᠠᠶ᠋ᠢᠭᠤᠯᠤᠯᠲᠠ ᠵᠢ ᠠᠬᠢᠭᠤᠯᠵᠤ᠂ ᠮᠠᠨᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠬᠢᠷᠢ ᠲᠦᠪᠰᠢᠨᠢ ᠳᠡᠭᠡᠭᠰᠢᠯᠡᠭᠦᠯᠦᠨᠡ᠃
ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯ ᠪᠣᠯ ᠥᠪᠡᠷᠲᠡᠭᠡᠨ ᠵᠠᠰᠠᠬᠤ ᠣᠷᠣᠨᠤ ᠰᠤᠷᠭ᠋ᠠᠨ ᠬᠥᠮᠦᠵᠢᠯᠤᠨ ᠲᠢᠩᠬᠢᠮᠤᠨ ᠤᠳᠤᠷᠢᠳᠤᠯᠭᠠ ᠳᠣᠣᠷᠠ᠂ ᠪᠦᠬᠦ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯᠳᠤ ᠵᠥᠪᠯᠡᠯᠭᠡ ᠥᠭᠬᠦ᠂ ᠰᠤᠳᠤᠯᠤᠨ ᠮᠠᠭ᠋ᠠᠳᠯᠠᠬᠤ᠂ ᠪᠣᠯᠪᠠᠰᠤᠷᠠᠭᠤᠯᠬᠤ᠂ ᠦᠨᠡᠯᠡᠨ ᠵᠢᠱ᠌ᠢᠬᠦ᠂ ᠵᠢᠱ᠌ᠢᠶᠡ ᠦᠵᠡᠭᠦᠯᠬᠦ᠂ ᠵᠢᠯᠣᠭᠣᠳᠬᠤ ᠪᠠ ᠦᠢ᠍ᠯᠡᠴᠢᠯᠡᠬᠦ ᠵᠡᠷᠭᠡ ᠦᠢ᠍ᠯᠡᠳᠦᠯᠢ ᠪᠠᠳᠠᠷᠠᠭᠤᠯᠬᠤ ᠲᠤᠰᠬᠠᠢ ᠮᠡᠷᠭᠡᠵᠢᠯᠲᠡᠨᠤ ᠵᠣᠬᠢᠶᠠᠨ ᠪᠠᠶ᠋ᠢᠭᠤᠯᠤᠯᠲᠠ᠂ ᠣᠨᠴᠠ ᠪᠠᠢ᠌ᠭᠤᠯᠤᠭᠰᠠᠨ ᠪᠠᠢ᠌ᠭᠤᠯᠤᠮᠵᠢ ᠵᠢᠨ ᠰᠢᠨᠵᠢ ᠴᠢᠨᠠᠷᠲᠠᠢ ᠶᠤᠮ᠃ ᠭᠣᠣᠯ ᠡᠭᠦᠷᠭᠡ ᠬᠠᠷᠢᠭᠤᠴᠠᠯᠭᠠᠳᠤ᠄ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠵᠢᠴᠢ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠬᠥᠭᠵᠢᠯᠲᠡᠳᠤ ᠲᠤᠯᠭ᠋ᠠᠷᠠᠵᠤ ᠪᠠᠶ᠋ᠢᠭᠠ ᠰᠢᠨᠡ ᠪᠠᠶ᠋ᠢᠳᠠᠯ ᠰᠢᠨᠡ ᠠᠰᠠᠭᠤᠳᠠᠯᠢ ᠣᠨᠣᠪᠴᠢᠲᠠᠢ ᠮᠠᠭ᠋ᠠᠳᠯᠠᠵᠤ᠂ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠂ ᠪᠠᠭᠰᠢ ᠵᠢᠨ ᠡᠩᠨᠡᠭᠡᠨᠤ ᠪᠠᠶ᠋ᠢᠭᠤᠯᠤᠯᠲᠠ᠂ ᠨᠥᠬᠥᠴᠡᠯᠢ ᠪᠠᠲᠤᠯᠠᠬᠤ᠂ ᠬᠢᠨᠠᠨ ᠪᠠᠢ᠌ᠴᠠᠭ᠋ᠠᠵᠤ ᠦᠨᠡᠯᠡᠬᠦ ᠵᠡᠷᠭᠡ ᠲᠠᠯᠠ ᠵᠢᠨ ᠰᠠᠨᠠᠭᠤᠯᠭᠠ ᠵᠢ ᠴᠠᠭ ᠲᠤᠬᠠᠢᠳᠤᠨᠢ ᠳᠤᠷᠠᠳᠤᠨᠠ; ᠤᠯᠤᠰ᠂ ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠵᠢᠴᠢ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭᠠ ᠵᠢ ᠨᠠᠶ᠋ᠢᠳᠠᠪᠤᠷᠢᠵᠢᠭᠤᠯᠬᠤᠳᠤ ᠴᠢᠭᠯᠡᠭᠦᠯᠦᠨ᠂ ᠪᠠᠶ᠋ᠢᠴᠠᠭ᠋ᠠᠨ ᠰᠣᠳᠤᠯᠬᠤ᠂ ᠦᠨᠡᠯᠡᠨ ᠵᠢᠱ᠌ᠢᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠷᠰᠢᠯᠭᠠ ᠵᠢ ᠳ᠋ᠦᠩᠨᠡᠨ ᠳᠡᠯᠭᠡᠷᠡᠭᠦᠯᠦᠨᠡ; ᠪᠠᠭᠰᠢ ᠵᠢᠨ ᠪᠣᠯᠪᠠᠰᠤᠷᠠᠯ᠂ ᠵᠢᠭ᠋ᠠᠨ ᠰᠤᠷᠭ᠋ᠠᠯᠲᠠ ᠵᠢ ᠰᠤᠳᠤᠯᠤᠨ ᠶᠠᠷᠢᠯᠴᠠᠬᠤ᠂ ᠤᠷᠤᠯᠳᠤᠭ᠋ᠠᠨ ᠪᠠ ᠰᠣᠯᠢᠯᠴᠠᠭ᠋ᠠᠨᠤ ᠦᠵᠡᠭᠦᠯᠭᠡ ᠵᠢᠨ ᠠᠵᠢᠯᠯᠠᠭᠠ ᠵᠢ ᠵᠣᠬᠢᠶᠠᠨ ᠪᠠᠶ᠋ᠢᠭᠤᠯᠵᠤ᠂ ᠬᠠᠮᠢᠶᠠ ᠪᠦᠬᠦᠢ ᠲᠥᠷᠥ ᠵᠢᠨ ᠪᠣᠳᠣᠯᠭᠠ ᠵᠢ ᠤᠬᠠᠭᠤᠯᠤᠨ ᠲᠠᠶ᠋ᠢᠯᠪᠤᠷᠢᠯᠠᠬᠤ ᠪᠠ ᠲᠠᠶ᠋ᠢᠯᠪᠤᠷᠢᠯᠠᠵᠤ᠂ ᠰᠤᠷᠭ᠋ᠠᠭᠤᠯᠢ ᠵᠢᠨ ᠰᠢᠯᠢᠳᠡᠭ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢᠨ ᠦᠷᠡ ᠪᠦᠲᠦᠭᠡᠯᠢ ᠤᠬᠠᠭᠤᠯᠤᠨ ᠳᠡᠯᠭᠡᠷᠡᠭᠦᠯᠵᠦ᠂ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠬᠠᠮᠢᠶᠠ ᠪᠦᠬᠦᠢ ᠪᠠᠭᠰᠢ ᠵᠢᠨ ᠲᠤᠬᠠᠶ᠋ᠢᠯᠠᠭᠰᠠᠨ ᠠᠵᠢᠯᠤᠨ ᠴᠢᠳᠠᠪᠤᠷᠢ ᠪᠠ ᠡᠷᠳᠡᠮ ᠰᠢᠨᠵᠢᠯᠡᠭᠡᠨᠤ ᠬᠢᠷᠢ ᠲᠦᠪᠰᠢᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢ ᠠᠬᠢᠭᠤᠯᠤᠨᠠ᠃
ᠠᠩᠬᠠᠳᠤᠭ᠋ᠠᠷ ᠬᠤᠭᠤᠴᠠᠭ᠋ᠠᠨᠤ ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯᠤᠨ ᠭᠡᠰᠢᠭᠦᠨ 81 ᠬᠥᠮᠦᠨ᠂ ᠤᠷᠢᠬᠤ ᠬᠤᠭᠤᠴᠠᠭᠠ 4 ᠵᠢᠯ᠂ 2024 ᠣᠨ ᠤ 1 ᠰᠠᠷᠠᠠᠴᠠ ᠡᠬᠢᠯᠡᠨ 2028 ᠣᠨᠤ 1 ᠰᠠᠷᠠ ᠪᠣᠯᠲᠠᠯᠠ ᠪᠣᠯᠤᠨᠠ᠃ ᠡᠷᠬᠢᠯᠡᠭᠴᠢ ᠭᠡᠰᠢᠭᠦᠨ 1᠂ ᠳᠡᠳ᠋ ᠡᠷᠬᠢᠯᠡᠭᠴᠢ ᠭᠡᠰᠢᠭᠦᠨ 12᠂ ᠨᠠᠷᠢᠨ ᠪᠢᠴᠢᠭᠤᠨ ᠳᠠᠷᠤᠭᠠ 1᠂ ᠳᠡᠳ᠋ ᠨᠠᠷᠢᠨ ᠪᠢᠴᠢᠭᠤᠨ ᠳᠠᠷᠤᠭᠠ 2 (ᠨᠡᠷᠡᠰ ᠵᠢᠴᠢ ᠳᠤᠭᠤᠶ᠋ᠢᠯᠠᠩ ᠬᠤᠪᠢᠶᠠᠭᠰᠠᠨᠢ ᠳᠠᠭ᠋ᠠᠯᠳᠤᠭᠤᠯᠤᠯ 1ᠳᠤ ᠦᠵᠡᠭᠡᠷᠡᠢ) ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠥᠪᠯᠡᠯᠤᠨ ᠠᠵᠢᠯᠢ ᠡᠷᠬᠢᠯᠡᠭᠴᠢ ᠭᠡᠰᠢᠭᠦᠨ ᠡᠷᠬᠢᠯᠡᠵᠦ᠂ ᠳᠡᠳ᠋ ᠡᠷᠬᠢᠯᠡᠭᠴᠢ ᠭᠡᠰᠢᠭᠦᠨ ᠬᠠᠪᠰᠤᠷᠴᠤ᠂ ᠨᠠᠷᠢᠨ ᠪᠢᠴᠢᠭᠤᠨ ᠳᠠᠷᠤᠭᠠ ᠵᠢᠴᠢ ᠳᠡᠳ᠋ ᠨᠠᠷᠢᠨ ᠪᠢᠴᠢᠭᠤᠨ ᠳᠠᠷᠤᠭᠠ ᠡᠷᠬᠢᠯᠡᠭᠴᠢ ᠪᠠ ᠳᠡᠳ᠋ ᠡᠷᠬᠢᠯᠡᠭᠴᠢ ᠭᠡᠰᠢᠭᠦᠨᠢ ᠬᠠᠮᠵᠢᠨ ᠡᠳᠦᠷ ᠲᠤᠲᠤᠮᠤᠨ ᠠᠵᠢᠯᠢ ᠰᠢᠢ᠍ᠳᠪᠦᠷᠢᠯᠡᠨᠡ᠃ ᠵᠦᠪᠯᠡᠯᠤᠨ ᠠᠯᠪᠠᠨ ᠭᠡᠷᠢ ᠥᠪᠥᠷ ᠮᠣᠩᠭᠣᠯᠤᠨ ᠠᠨᠠᠭ᠋ᠠᠬᠤ ᠤᠬᠠᠭ᠋ᠠᠨᠤ ᠶᠡᠬᠡ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯᠤᠨ ᠳᠡᠭᠡᠳᠦ ᠰᠤᠷᠭ᠋ᠠᠭᠤᠯᠢᠳᠤ ᠲᠣᠬᠢᠷᠠᠭᠤᠯᠵᠤ᠂ ᠡᠳᠦᠷ ᠲᠤᠲᠤᠮᠤᠨ ᠠᠵᠢᠯ ᠵᠢᠴᠢ ᠪᠣᠳᠠᠲᠠᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ᠂ ᠪᠠᠶ᠋ᠢᠴᠠᠭ᠋ᠠᠨ ᠰᠤᠳᠤᠯᠵᠤ ᠦᠨᠡᠯᠡᠨ ᠵᠢᠱ᠌ᠢᠬᠦ᠂ ᠭᠡᠰᠢᠭᠦᠳᠤᠨ ᠬᠤᠷᠠᠯ ᠬᠤᠷᠠᠯᠳᠤᠭᠤᠯᠬᠤ ᠵᠡᠷᠭᠡ ᠶᠡᠷᠦᠩᠬᠡᠶ᠋ᠢᠯᠡᠭᠰᠡᠨ ᠴᠢᠨᠠᠷᠲᠠᠢ ᠠᠵᠢᠯᠢ ᠬᠠᠷᠢᠭᠤᠴᠠᠨᠠ᠃
ᠳᠠᠭ᠋ᠠᠯᠳᠤᠭᠤᠯᠤᠯ᠄
1. ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠦᠪᠯᠡᠯᠤᠨ ᠬᠡᠰᠢᠭᠦᠨᠤ ᠨᠡᠷᠡᠰ
2. ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠦᠪᠯᠡᠯᠤᠨ ᠳᠦᠷᠢᠮ
ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠰᠤᠷᠭ᠋ᠠᠨ ᠬᠥᠮᠦᠵᠢᠯᠤᠨ ᠲᠢᠩᠬᠢᠮ
2024 ᠣᠨᠤ 1 ᠰᠠᠷᠠ ᠵᠢᠨ 5ᠤ ᠡᠳᠦᠷ
ᠳᠠᠭ᠋ᠠᠯᠳᠤᠭᠤᠯᠤᠯ 1᠄ 1. ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠦᠪᠯᠡᠯ ᠤᠨ ᠬᠡᠰᠢᠭᠦᠨᠤ ᠨᠡᠷᠡᠰ .docx
ᠳᠠᠭ᠋ᠠᠯᠳᠤᠭᠤᠯᠤᠯ 2᠄ 2. ᠥᠪᠡᠷᠲᠡᠭᠡᠨ ᠵᠠᠰᠠᠬᠤ ᠣᠷᠣᠨᠤ ᠰᠤᠷᠭ᠋ᠠᠭᠤᠯᠢ ᠵᠢᠨ ᠡᠷᠡᠭᠦᠯ ᠬᠠᠮᠠᠭ᠋ᠠᠯᠠᠯ ᠪᠣᠯᠤᠨ ᠡᠷᠡᠭᠦᠯ ᠮᠡᠨᠳᠦ ᠵᠢᠨ ᠬᠥᠮᠦᠵᠢᠯᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ ᠵᠦᠪᠯᠡᠯᠤᠨ ᠳᠦᠷᠢᠮ .docx