ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-11-08

        ᠥᠪᠥᠷ ᠰᠤᠷᠭ᠋ᠠᠨ ᠲᠠᠷᠬᠠᠭ᠋ᠠᠭᠰᠠᠨ [2024] 15 ᠳ᠋ᠤᠭ᠋ᠠᠷ ᠲᠣᠭ᠋ᠠᠲᠤ


ᠡᠯ᠎ᠡ ᠰᠣᠳᠤᠯᠬᠤ ᠰᠤᠷᠤᠭᠴᠢ ᠬᠥᠮᠦᠵᠢᠭᠦᠯᠬᠦ ᠶᠡᠬᠡ ᠳᠡᠭᠡᠳᠦ ᠰᠤᠷᠭ᠋ᠠᠭᠤᠯᠢ᠎ᠳᠤ᠄
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠬᠡᠷᠡᠭᠵᠢᠭᠦᠯᠲᠦᠭᠡᠢ᠃


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
               2024 ᠣᠨ᠎ᠤ 10 ᠰᠠᠷ᠎ᠠ ᠵᠢᠨ 29᠎ᠤ ᠡᠳᠦᠷ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ

      ᠪᠥᠯᠦᠭᠵᠢᠯ ᠎ᠤᠨ  ᠪᠠᠶ᠋ᠢᠭᠤᠯᠤᠯᠲᠠ ᠵᠢ  ᠴᠢᠩᠭ᠋ᠠᠳᠬᠠᠬᠤ  ᠵᠢᠯᠣᠭᠣᠳᠬᠤ  ᠰᠠᠨᠠᠯ


      ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ ᠵᠢᠴᠢ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠰᠢᠨᠵᠢᠯᠡᠭᠡᠨ᠎ᠤ ᠰᠠᠯᠠᠭ᠎ᠠ ᠵᠢᠨ ᠰᠣᠯᠪᠢᠴᠠᠨ ᠠᠭᠤᠰᠬᠤ ᠵᠢ ᠠᠬᠢᠭᠤᠯᠵᠤ᠂ ᠣᠷᠣᠶ᠋ᠢᠯᠠᠭᠰᠠᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠂ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠰᠢᠨᠵᠢᠯᠡᠭᠡᠨ᠎ᠤ ᠰᠠᠯᠠᠭ᠎ᠠ ᠵᠢᠨ ᠲᠤᠰᠬᠠᠢ ᠮᠡᠷᠭᠡᠵᠢᠯ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠬᠤ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠥᠯᠥᠭᠡ᠂ ᠡᠳᠦᠭᠡ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠵᠢᠯᠣᠭᠣᠳᠬᠤ ᠰᠠᠨᠠᠯ᠎ᠢ ᠳᠤᠷᠠᠳᠪᠠ᠃
      ᠨᠢᠭᠡ᠂ ᠶᠡᠷᠦᠩᠬᠡᠢ ᠱᠠᠭ᠋ᠠᠷᠳᠠᠯᠭ᠎ᠠ
      ᠰᠢᠨᠵᠢᠯᠡᠭᠡᠨ᠎ᠤ ᠰᠠᠯᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠦᠨᠳᠦᠰᠦᠨ ᠡᠭᠦᠷᠭᠡ ᠪᠣᠯᠭ᠋ᠠᠵᠤ᠂ ᠴᠢᠬᠤᠯᠠ ᠡᠷᠳᠡᠮ ᠰᠢᠨᠵᠢᠯᠡᠭᠡᠨ᠎ᠤ  ᠲᠥᠷᠥᠯ ᠵᠦᠢ᠍ᠯ ᠵᠶ᠋ᠠᠷ ᠬᠥᠲᠥᠯᠦᠮᠵᠢ ᠪᠣᠯᠭ᠋ᠠᠨ᠂ ᠵᠣᠬᠢᠶᠠᠨ ᠪᠠᠢ᠌ᠭᠤᠯᠤᠯᠲᠠ᠎ᠲᠠᠢ ᠡᠷᠳᠡᠮ ᠰᠢᠨᠵᠢᠯᠡᠭᠡᠨ ᠪᠠ ᠰᠢᠨ᠎ᠡ ᠵᠢ ᠡᠭᠦᠳᠬᠦ ᠪᠥᠯᠬᠦᠮ᠎ᠤᠨ ᠪᠠᠢ᠌ᠭᠤᠯᠤᠯᠲᠠ᠎ᠠᠴᠠ ᠭᠠᠷᠳᠠᠵᠤ᠂ ᠰᠢᠨᠵᠢᠯᠡᠭᠡᠨ᠎ᠤ ᠰᠠᠯᠠᠭ᠎ᠠ ᠵᠢᠨ ᠡᠬᠢ ᠪᠠᠶᠠᠯᠢᠭ᠎ᠢ ᠨᠡᠶ᠋ᠢᠳᠬᠡᠵᠦ᠂ ᠰᠢᠨᠵᠢᠯᠡᠭᠡᠨ᠎ᠤ ᠰᠠᠯᠠᠭ᠎ᠠ ᠵᠢᠨ ᠰᠣᠯᠪᠢᠴᠠᠬᠤ ᠲᠦᠪᠰᠢᠨ᠎ᠢ ᠳᠡᠭᠡᠭᠰᠢᠯᠡᠭᠦᠯᠦᠨ᠂  ᠰᠢᠨᠵᠢᠯᠡᠭᠡᠨ᠎ᠤ ᠰᠠᠯᠠᠭ᠎ᠠ ᠰᠣᠯᠪᠢᠴᠠᠬᠤ ᠰᠠᠶ᠋ᠢᠨ ᠰᠠᠶ᠋ᠢᠬᠠᠨ ᠣᠷᠴᠢᠨ᠎ᠢ ᠪᠣᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠪᠠᠴᠢᠮ ᠱᠠᠭ᠋ᠠᠷᠳᠠᠭᠳᠠᠬᠤ ᠰᠢᠨᠵᠢᠯᠡᠭᠡᠨ᠎ᠤ ᠰᠠᠯᠠᠭ᠎ᠠ ᠵᠢᠨ ᠥᠰᠦᠯᠲᠡ ᠵᠢᠨ ᠴᠡᠭ᠎ᠢ ᠪᠣᠢ᠌ᠵᠢᠭᠤᠯᠤᠨ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠂ ᠰᠢᠨ᠎ᠡ ᠵᠠᠮ᠎ᠢ ᠨᠡᠭᠡᠭᠡᠵᠦ ᠳᠤᠮᠳᠠ ᠤᠷᠤᠰᠬᠠᠯ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃
      2027 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ 5 ᠪᠠ  ᠰᠤᠷᠭ᠋ᠠᠭᠤᠯᠢ ᠵᠢᠨ ᠳᠡᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ 15 ᠵᠢ ᠪᠣᠶ᠋ᠢᠵᠢᠭᠤᠯᠤᠨ ᠪᠠᠶ᠋ᠢᠭᠤᠯᠵᠤ᠂ ᠰᠣᠯᠪᠢᠴᠠᠬᠤ ᠣᠨᠴᠠᠯᠢᠭ ᠢᠯᠡ ᠲᠣᠳᠣ᠂ ᠰᠢᠨ᠎ᠡ ᠵᠢ ᠡᠭᠦᠳᠬᠦ ᠴᠢᠳᠠᠪᠤᠷᠢᠲᠠᠨ ᠴᠣᠯᠭᠤᠷᠠᠭᠰᠠᠨ᠂ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ ᠡᠯᠪᠡᠭ᠂ ᠰᠢᠨᠵᠢᠯᠡᠭᠡᠨ᠎ᠤ ᠰᠠᠯᠠᠭ᠎ᠠ ᠵᠢᠨ ᠠᠮᠢ ᠠᠬᠤᠢ ᠰᠠᠶ᠋ᠢᠨ ᠰᠠᠶ᠋ᠢᠬᠠᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠪᠠᠢ᠌ᠷᠢᠰᠢᠯᠠᠭᠤᠯᠤᠯᠲᠠ ᠵᠢ ᠪᠣᠢ ᠪᠣᠯᠭ᠋ᠠᠨ᠎ᠠ᠃
      ᠬᠣᠶᠠᠷ᠂ ᠰᠢᠨᠵᠢᠯᠡᠭᠡᠨ᠎ᠤ ᠰᠠᠯᠠᠭ᠎ᠠ ᠵᠢᠨ ᠰᠣᠯᠪᠢᠴᠠᠨ ᠠᠭᠤᠰᠬᠤ

       ᠬᠢᠷᠢ  ᠲᠦᠪᠰᠢᠨ᠎ᠢ  ᠪᠦᠬᠦ ᠲᠠᠯ᠎ᠠ᠎ᠪᠠᠷ  ᠳᠡᠭᠡᠭᠰᠢᠯᠡᠭᠦᠯᠦᠨ᠎ᠡ
      (ᠨᠢᠭᠡ) ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠣᠷᠣᠨ ᠪᠦᠰᠡ ᠵᠢᠨ ᠬᠥᠭᠵᠢᠯᠲᠡ  ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠬᠦ ᠵᠢ ᠨᠡᠩ ᠲᠣᠪᠤᠢ᠌ᠯᠭ᠋ᠠᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠶᠡᠬᠡ ᠬᠡᠷᠡᠭᠴᠡᠭᠡ ᠱᠠᠭ᠋ᠠᠷᠳᠠᠯᠭ᠎ᠠ ᠵᠢ ᠢᠳᠡᠪᠬᠢᠲᠡᠢ ᠴᠤᠤᠷᠢᠶᠠᠳᠤᠨ ᠳᠠᠭ᠋ᠠᠬᠤ           ᠬᠡᠷᠡᠭᠲᠡᠢ᠃ ᠨᠡᠭᠦᠷᠡᠰᠦᠲᠥ᠋ᠷᠥᠭᠴᠢᠲᠦ ᠰᠢᠨ᠎ᠡ ᠮᠠᠲ᠋ᠧᠷᠢᠶᠠᠯ᠂ ᠬᠢᠮᠢ ᠵᠢᠨ ᠠᠵᠤ ᠦᠢ᠍ᠯᠡᠳᠪᠦᠷᠢ ᠵᠢᠨ ᠰᠢᠨ᠎ᠡ ᠮᠠᠲ᠋ᠧᠷᠢᠶᠠᠯ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠤᠰᠤᠲᠥ᠋ᠷᠥᠭᠴᠢ ᠡᠨᠧᠷᠭᠢ᠂ ᠰᠢᠨ᠎ᠡ ᠨᠢᠭᠡ ᠦᠶ᠎ᠡ ᠵᠢᠨ ᠬᠠᠭ᠋ᠠᠰ ᠳᠠᠮᠵᠢᠭᠤᠯᠤᠭᠴᠢ ᠵᠢᠨ ᠮᠠᠲ᠋ᠧᠷᠢᠶᠠᠯ᠂ ᠰᠢᠨ᠎ᠡ ᠬᠡᠯᠪᠡᠷᠢ ᠵᠢᠨ ᠡᠨᠧᠷᠭᠢ ᠬᠠᠳᠠᠭ᠋ᠠᠯᠠᠬᠤ᠂ ᠪᠤᠳᠤᠬᠤ ᠬᠦᠴᠦᠨ᠎ᠤ ᠰᠦᠯᠵᠢᠶ᠎ᠡ᠂ ᠳᠣᠣᠷ᠎ᠠ ᠠᠭ᠋ᠠᠷ᠎ᠤᠨ ᠠᠵᠤ ᠠᠬᠤᠢ᠂ ᠨᠡᠶ᠋ᠢᠯᠡᠮᠡᠯ ᠠᠮᠢᠳᠤ ᠪᠣᠳᠠᠰ᠂ ᠬᠢᠮᠡᠯ ᠣᠶᠤᠨ ᠵᠡᠷᠭᠡ ᠢᠷᠡᠭᠡᠳᠦᠢ  ᠵᠢᠨ ᠠᠵᠤ ᠦᠢ᠍ᠯᠡᠰ ᠪᠠ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠭᠤᠷᠪᠠᠨ ᠶᠡᠬᠡ ᠪᠡᠯᠭᠡ ᠲᠡᠮᠳᠡᠭ ᠎ᠤᠨ ᠴᠢᠨᠠᠷᠲᠠᠢ ᠳᠠᠶ᠋ᠢᠯᠠᠯᠳᠤᠭ᠋ᠠᠨ᠂ ᠲᠠᠷᠢᠶᠠᠯᠠᠩ ᠮᠠᠯ ᠠᠵᠤ ᠠᠬᠤᠢ ᠵᠢᠨ ᠪᠦᠬᠦ ᠠᠵᠤ ᠦᠢ᠍ᠯᠡᠰ ᠎ᠤᠨ ᠬᠡᠯᠬᠢᠶ᠎ᠡ ᠵᠢᠨ ᠬᠥᠭᠵᠢᠯᠲᠡ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠡᠬᠢᠵᠢᠭᠦᠯᠬᠦ᠂ ᠤᠮᠠᠷᠠᠲᠤ ᠬᠢᠯᠢ ᠵᠢᠨ ᠰᠣᠶᠣᠯ ᠵᠡᠷᠭᠡ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠡᠭᠦᠷᠭᠡ᠎ᠳᠤ ᠴᠢᠭᠯᠡᠭᠦᠯᠦᠨ᠂ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠰᠤᠳᠤᠯᠭ᠋ᠠᠨ᠎ᠢ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠤᠬᠠᠭ᠋ᠠᠨ᠎ᠤ  ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠂ ᠲᠠᠯ᠎ᠠ ᠨᠤᠲᠤᠭ᠎ᠤᠨ ᠮᠠᠯ ᠠᠵᠤ ᠠᠬᠤᠢ ᠵᠢᠨ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ᠂ ᠡᠨᠧᠷᠭᠢ ᠵᠢᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠂ ᠤᠮᠠᠷᠠᠲᠤ ᠬᠢᠯᠢ ᠵᠢᠨ ᠰᠣᠶᠣᠯ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠵᠡᠷᠭᠡ ᠵᠢ ᠢᠳᠡᠪᠬᠢᠲᠡᠢ ᠪᠣᠶ᠋ᠢᠵᠢᠭᠤᠯᠤᠨ ᠪᠠᠢ᠌ᠭᠤᠯᠬᠤ ᠬᠡᠷᠡᠭᠲᠡᠢ᠃
      (ᠬᠣᠶᠠᠷ)  ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠬᠠᠮ ᠬᠡᠯᠪᠡᠷᠢᠲᠦ ᠴᠢᠳᠠᠪᠤᠷᠢᠲᠠᠨ ᠎ᠢ ᠬᠥᠮᠦᠵᠢᠭᠦᠯᠬᠦ ᠵᠢ ᠨᠠᠩ ᠲᠣᠪᠤᠢ᠌ᠯᠭ᠋ᠠᠨ᠎ᠠ᠃ ᠰᠢᠨᠵᠢᠯᠡᠭᠡᠨ᠎ᠤ ᠰᠠᠯᠭ᠎ᠠ ᠵᠢᠨ ᠪᠥᠯᠦᠭᠵᠢᠯ ᠎ᠤᠨ ᠪᠠᠶ᠋ᠢᠭᠤᠯᠤᠯᠲᠠ ᠵᠢᠨ ᠰᠣᠯᠪᠢᠴᠠᠨ ᠠᠭᠤᠰᠬᠤ ᠵᠢ ᠴᠢᠩᠭ᠋ᠠᠳᠬᠠᠵᠤ᠂ ᠴᠢᠳᠠᠪᠤᠷᠢᠲᠠᠨ ᠬᠥᠮᠦᠵᠢᠭᠦᠯᠬᠦ ᠰᠢᠨ᠎ᠡ ᠳᠣᠭᠲᠠᠯᠴᠠᠭ᠎ᠠ ᠵᠢ ᠳᠠᠬᠢᠨ ᠪᠠᠶ᠋ᠢᠭᠤᠯᠬᠤ ᠬᠡᠷᠡᠭᠲᠡᠢ᠃ ᠬᠡᠰᠡᠭ ᠪᠦᠯᠦᠭ ᠰᠢᠨ᠎ᠡ ᠮᠡᠷᠭᠡᠵᠢᠯ᠂ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠪᠠᠢ᠌ᠳᠠᠯ ᠲᠥᠯᠦᠪ᠂ ᠰᠢᠨ᠎ᠡ ᠵᠠᠭᠪᠤᠷ᠎ᠲᠤ ᠵᠣᠬᠢᠴᠠᠬᠤ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠢ ᠪᠠᠶ᠋ᠢᠷᠢᠰᠢᠭᠤᠯᠤᠨ ᠪᠠᠶ᠋ᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠣᠶ᠋ᠢᠯᠠᠭ᠋ᠠᠭᠳᠠᠬᠤᠨ᠎ᠢ ᠴᠠᠭ᠋ᠠᠰᠢᠲᠠ ᠰᠢᠨᠡᠴᠢᠯᠡᠵᠦ᠂ ᠴᠢᠳᠠᠪᠤᠷᠢᠲᠠᠨ ᠬᠥᠮᠦᠵᠢᠭᠦᠯᠬᠦ ᠲᠥᠰᠦᠯ᠎ᠢ ᠰᠢᠯᠢᠳᠡᠭᠵᠢᠭᠦᠯᠵᠦ᠂ ᠤᠯᠠᠮᠵᠢᠯᠠᠯᠲᠤ ᠬᠢᠴᠢᠶᠡᠯ᠎ᠤᠨ ᠳᠣᠭᠲᠠᠯᠴᠠᠭ᠎ᠠ ᠵᠢ ᠥᠭᠡᠷᠡᠴᠢᠯᠡᠨ ᠳᠡᠰ ᠳᠡᠪᠰᠢᠭᠦᠯᠵᠦ᠂ ᠰᠢᠨᠵᠢᠯᠡᠭᠡᠨ᠎ᠤ ᠰᠠᠯᠠᠭ᠎ᠠ᠂ ᠳᠡᠭᠡᠳᠦ ᠰᠤᠷᠭ᠋ᠠᠭᠤᠯᠢ ᠵᠢᠨ ᠪᠡᠬᠢᠯᠡᠯᠲᠡ ᠵᠢ ᠡᠪᠳᠡᠵᠦ᠂ ᠰᠢᠨᠵᠢᠯᠡᠭᠡᠨ᠎ᠤ ᠰᠠᠯᠠᠭ᠎ᠠ᠂ ᠳᠡᠭᠡᠳᠦ ᠰᠤᠷᠭ᠋ᠠᠭᠤᠯᠢ ᠰᠠᠯᠪᠤᠷᠢ ᠵᠢᠨ ᠲᠤᠰᠬᠠᠢ ᠮᠡᠷᠭᠡᠵᠢᠯ᠎ᠤᠨ ᠡᠬᠢ ᠪᠠᠶᠠᠯᠢᠭ᠎ᠢ ᠨᠡᠶ᠋ᠢᠳᠬᠡᠵᠦ᠂ ᠨᠡᠭᠡᠭᠡᠯᠲᠡᠲᠦ ᠴᠢᠨᠠᠷᠲᠠᠢ᠂ ᠰᠣᠩᠭᠣᠵᠤ ᠪᠣᠯᠬᠤᠢ᠌ᠴᠠ 《ᠬᠢᠴᠢᠶᠡᠯ᠎ᠤᠨ ᠬᠡᠲᠦ ᠳᠡᠯᠭᠡᠭᠦᠷ》 ᠭᠡᠬᠦ ᠲᠠᠪᠴᠠᠩ᠎ᠢ  ᠪᠠᠢ᠌ᠭᠤᠯᠤᠨ᠂ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠬᠠᠮ ᠬᠡᠯᠪᠡᠷᠢᠲᠦ ᠴᠢᠳᠠᠪᠤᠷᠢᠲᠠᠨ᠎ᠢ ᠬᠥᠮᠦᠵᠢᠭᠦᠯᠬᠦ ᠣᠨᠴᠠᠯᠢᠭ᠎ᠢ ᠪᠦᠷᠢᠯᠳᠦᠭᠦᠯᠵᠦ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠴᠢᠨᠠᠷ ᠴᠢᠨᠰᠠᠭ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃
      (ᠭᠤᠷᠪᠠ) ᠵᠣᠬᠢᠶᠠᠨ ᠪᠠᠶ᠋ᠢᠭᠤᠯᠤᠯᠲᠠ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠬᠦ ᠵᠢ ᠨᠡᠩ ᠲᠣᠪᠤᠢ᠌ᠯᠭ᠋ᠠᠨ᠎ᠠ᠃  ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠢᠬᠤᠯᠠ ᠶᠡᠬᠡ ᠡᠷᠳᠡᠮ ᠰᠢᠨᠵᠢᠯᠡᠭᠡᠨ᠎ᠤ ᠲᠥᠷᠥᠯ ᠵᠦᠢ᠍ᠯ ᠵᠶ᠋ᠠᠷ ᠰᠢᠨᠵᠢᠯᠡᠭᠡᠨ᠎ᠤ ᠰᠠᠯᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ᠃ ᠠᠵᠢᠯ ᠲᠥᠷᠥᠯ ᠪᠠ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠥᠪᠥᠷ ᠮᠣᠩᠭᠣᠯ᠎ᠤᠨ ᠳᠡᠭᠡᠳᠦ ᠵᠡᠷᠭᠡ ᠵᠢᠨ ᠰᠤᠳᠤᠯᠭ᠋ᠠᠨ᠎ᠤ ᠬᠦᠷᠢᠶᠡᠯᠡᠩ ᠵᠡᠷᠭᠡ ᠰᠢᠨ᠎ᠡ ᠬᠡᠯᠪᠡᠷᠢ ᠵᠢᠨ ᠡᠷᠳᠡᠮ ᠰᠢᠨᠵᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠎ᠪᠠᠷ ᠲᠣᠯᠢᠯᠠᠭᠤᠯᠵᠤ᠂ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ᠂ ᠳᠡᠭᠡᠳᠦ ᠰᠤᠷᠭ᠋ᠠᠭᠤᠯᠢ ᠰᠠᠯᠪᠤᠷᠢ ᠠᠯᠤᠰᠯᠠᠭᠰᠠᠨ᠂ ᠰᠤᠷᠭ᠋ᠠᠭᠤᠯᠢ ᠠᠯᠤᠰᠯᠠᠭᠰᠠᠨ ᠰᠢᠨ᠎ᠡ ᠵᠢ ᠡᠭᠦᠳᠬᠦ ᠪᠦᠯᠬᠦᠮ᠎ᠢ ᠵᠣᠬᠢᠶᠠᠨ ᠪᠠᠶ᠋ᠢᠭᠤᠯᠵᠤ᠂ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠂ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ᠎ᠲᠠᠢ ᠬᠠᠮᠲᠤᠷᠠᠨ᠂ ᠤᠯᠤᠰ᠎ᠤᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠡᠷᠭᠡ ᠴᠢᠬᠤᠯᠠ ᠶᠡᠬᠡ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠎ᠢ ᠢᠳᠡᠪᠬᠢᠲᠡᠢ ᠵᠣᠯᠭ᠋ᠠᠭᠤᠯᠵᠤ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠬᠠᠮᠲᠤᠷᠠᠨ ᠥᠷᠨᠢᠭᠦᠯᠵᠦ᠂ ᠠᠩᠬᠠᠨ᠎ᠤ ᠡᠭᠦᠳᠦᠯᠲᠡ ᠵᠢᠨ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ ᠬᠡᠰᠡᠭ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠢ ᠪᠣᠯᠭ᠋ᠠᠬᠤ ᠬᠡᠷᠡᠭᠲᠡᠢ᠃
      (ᠳᠥᠷᠪᠡ) ᠰᠢᠨ᠎ᠡ ᠵᠢ ᠡᠭᠦᠳᠬᠦ ᠪᠦᠯᠬᠦᠮ᠎ᠢ ᠪᠣᠢ᠌ᠵᠢᠭᠤᠯᠬᠤ ᠪᠠᠢ᠌ᠭᠤᠯᠤᠯᠲᠠ ᠵᠢ ᠨᠡᠩ           ᠲᠣᠪᠣᠶ᠋ᠢᠯᠭ᠋ᠠᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠰᠢᠨᠵᠢᠯᠡᠭᠡᠨ᠎ᠤ ᠰᠠᠯᠠᠭ᠎ᠠ ᠠᠯᠤᠰᠯᠠᠨ ᠳᠠᠭ᠋ᠠᠭᠤᠯᠤᠭᠴᠢ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠡᠭᠡᠭᠡᠯᠲᠡᠲᠦ ᠮᠠᠶᠢᠭ᠎ᠤᠨ᠂ ᠰᠢᠨ᠎ᠡ ᠵᠢ ᠡᠭᠦᠳᠬᠦ ᠬᠡᠯᠪᠡᠷᠢ ᠵᠢᠨ ᠥᠨᠳᠥᠷ ᠬᠢᠷᠢ ᠲᠦᠪᠰᠢᠨᠲᠦ ᠡᠷᠳᠡᠮ ᠰᠢᠨᠵᠢᠯᠡᠭᠡᠨ᠎ᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠰᠣᠯᠪᠢᠴᠠᠨ ᠰᠢᠨ᠎ᠡ ᠵᠢ ᠡᠭᠦᠳᠬᠦ ᠪᠦᠯᠬᠦᠮ᠎ᠤᠨ ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠪᠦᠯᠬᠦᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠳᠤ ᠲᠡᠷᠢᠭᠦᠨ ᠲᠤᠰᠬᠠᠢ ᠮᠡᠷᠭᠡᠵᠢᠯᠲᠡᠨ᠎ᠢ  ᠲᠣᠬᠢᠷᠠᠭᠤᠯᠵᠤ᠂ ᠲᠡᠭᠦᠨ᠎ᠤ ᠡᠷᠳᠡᠮ ᠰᠢᠨᠵᠢᠯᠡᠭᠡᠨ᠎ᠤ ᠪᠦᠯᠬᠦᠮ᠎ᠳᠠᠬᠢ ᠤᠷᠢᠶᠠᠯᠠᠬᠤ ᠬᠦᠴᠦᠨ ᠪᠠ ᠨᠥᠯᠥᠭᠡᠯᠡᠬᠦ ᠬᠦᠴᠦᠨ᠎ᠢ ᠪᠠᠳᠠᠷᠠᠭᠤᠯᠤᠨ᠂ ᠪᠦᠯᠬᠦᠮ᠎ᠤᠨ ᠪᠦᠷᠢᠯᠳᠦᠬᠦᠨ᠎ᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠮᠲᠤ᠎ᠳᠤ᠎ᠪᠠᠨ ᠪᠠᠶ᠋ᠢᠭᠤᠯᠵᠤ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ᠎ᠪᠠᠷ ᠳᠠᠢ᠌ᠴᠢᠯᠠᠨ ᠳᠠᠭ᠋ᠠᠭᠤᠯᠵᠤ᠂ ᠪᠦᠯᠬᠦᠮ᠎ᠤᠨ ᠲᠣᠭᠲᠠᠭᠰᠠᠨ ᠬᠠᠷᠠᠯᠲᠠ ᠵᠢ ᠪᠡᠶᠡᠯᠡᠭᠦᠯᠬᠦ           ᠬᠡᠷᠡᠭᠲᠡᠢ᠃ ᠳᠡᠭᠡᠳᠦ ᠳᠡᠰ᠎ᠤᠨ ᠴᠢᠳᠠᠪᠤᠷᠢᠲᠠᠨ᠎ᠢ ᠶᠡᠬᠡ᠎ᠪᠠᠷ ᠣᠷᠣᠭᠤᠯᠵᠤ᠂ ᠪᠦᠯᠬᠦᠮ ᠵᠶ᠋ᠠᠨ ᠲᠠᠰᠤᠷᠠᠯᠲᠠ ᠤᠢ᠍ᠭᠡᠢ  ᠰᠢᠨᠡᠳᠭᠡᠬᠦ ᠬᠡᠷᠡᠭᠲᠡᠢ᠃
      ᠭᠤᠷᠪᠠ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠠᠵᠢᠯᠯᠠᠭ᠋ᠠᠨ᠎ᠤ

      ᠬᠠᠮᠢᠶᠠᠷᠤᠯᠲᠠ ᠵᠢᠨ  ᠲᠣᠭᠲᠠᠴᠠ ᠵᠢ  ᠰᠢᠰᠲ᠋ᠧᠮ᠎ᠲᠠᠢ  ᠪᠠᠶ᠋ᠢᠭᠤᠯᠤᠨ᠎ᠠ
      (ᠲᠠᠪᠤ) ᠲᠡᠷᠢᠭᠦᠨ ᠳᠤᠰᠬᠠᠢ ᠮᠡᠷᠭᠡᠵᠢᠯᠲᠡᠨ᠎ᠤ ᠬᠠᠷᠢᠭᠤᠴᠠᠬᠤ ᠲᠣᠭᠲᠠᠴᠠ ᠵᠢ                  ᠪᠠᠶ᠋ᠢᠭᠤᠯᠤᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠺᠣᠮᠢᠰ᠎ᠤᠨ ᠤᠳᠤᠷᠢᠳᠤᠯᠭ᠎ᠠ ᠳᠣᠣᠷᠠᠬᠢ ᠲᠡᠷᠢᠭᠦᠨ ᠲᠤᠰᠬᠠᠢ ᠮᠡᠷᠭᠡᠵᠢᠯᠲᠡᠨ᠎ᠤ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠵᠦ᠂ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ ᠨᠢᠭᠡ ᠪᠦᠷᠢ᠎ᠳᠤ ᠲᠡᠷᠢᠭᠦᠨ ᠲᠤᠰᠬᠠᠢ ᠮᠡᠷᠭᠡᠵᠢᠯᠲᠡᠨ 1 ᠵᠢ ᠲᠣᠬᠢᠷᠠᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠵᠥᠪᠯᠡᠯ᠎ᠠᠴᠠ ᠵᠣᠬᠢᠶᠠᠨ ᠪᠠᠶ᠋ᠢᠭᠤᠯᠤᠨ ᠰᠣᠩᠭᠤᠵᠤ᠂ ᠰᠤᠷᠭ᠋ᠠᠭᠤᠯᠢ ᠤᠷᠢᠨ ᠲᠣᠮᠢᠯᠠᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠬᠥᠭᠵᠢᠯᠲᠡ ᠵᠢᠨ ᠪᠦᠬᠦ ᠲᠠᠯ᠎ᠠ ᠵᠢᠨ ᠠᠵᠢᠯ᠂ ᠲᠤᠬᠠᠢ᠌ᠯᠠᠪᠠᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠪᠦᠯᠬᠦᠮ᠎ᠤᠨ ᠪᠠᠶ᠋ᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ᠂ ᠵᠠᠷᠤᠳᠠᠯ᠎ᠢ ᠬᠡᠷᠡᠭᠯᠡᠬᠦ᠂ ᠠᠵᠢᠯ᠎ᠤᠨ ᠬᠢᠷᠢ ᠪᠦᠲᠦᠮᠵᠢ ᠵᠢ ᠬᠢᠨᠠᠨ ᠰᠢᠯᠭ᠋ᠠᠬᠤ ᠵᠡᠷᠭᠡ ᠵᠢ ᠬᠠᠷᠢᠭᠤᠴᠠᠨ᠎ᠠ᠃ ᠲᠡᠷᠢᠭᠦᠨ ᠲᠤᠰᠬᠠᠢ ᠮᠡᠷᠭᠡᠵᠢᠯᠲᠡᠨ ᠪᠣᠯ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠎ᠠ ᠪᠤᠶᠤ ᠲᠡᠷᠢᠭᠦᠨ᠎ᠤ ᠣᠷᠣᠶ᠋ᠢᠯᠠᠭᠰᠠᠨ ᠪᠣᠢ᠌ᠵᠢᠭᠤᠯᠬᠤ ᠰᠢᠨᠵᠢᠯᠡᠭᠡᠨ᠎ᠤ ᠰᠠᠯᠠᠭ᠎ᠠ ᠵᠢᠨ ᠳᠠᠭ᠋ᠠᠭᠤᠯᠤᠭᠴᠢ ᠪᠣᠯᠤᠨ᠎ᠠ᠂ ᠤᠷᠢᠨ ᠲᠣᠮᠢᠯᠠᠬᠤ ᠦᠶ᠎ᠡ ᠡᠩ᠎ᠤᠨ ᠪᠠᠢ᠌ᠳᠠᠯ᠎ᠳᠤ ᠪᠦᠬᠦᠯᠢ 57 ᠨᠠᠰᠤ ᠵᠢ ᠬᠡᠲᠦᠷᠡᠵᠦ ᠪᠣᠯᠬᠤ ᠦᠭᠡᠢ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠡᠷᠡᠲᠦ ᠲᠤᠰᠬᠠᠢ ᠮᠡᠷᠭᠡᠵᠢᠯᠲᠡᠨ ᠮᠥᠷᠲᠡᠭᠡᠨ ᠤᠷᠢᠬᠤ ᠵᠢ ᠤᠷᠲᠤᠳᠬᠠᠬᠤ ᠨᠥᠬᠥᠴᠡᠯ᠎ᠳᠤ ᠬᠦᠷᠦᠭᠰᠡᠨ ᠪᠣᠯ ᠪᠦᠬᠦᠯᠢ 60 ᠨᠠᠰᠤ ᠬᠦᠷᠲᠡᠯ᠎ᠡ ᠤᠷᠲᠤᠳᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠡᠭᠦᠷᠭᠡᠯᠡᠵᠦ ᠥᠩᠭᠡᠷᠡᠭᠰᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠢᠯ ᠨᠢᠭᠡᠲᠡᠨ᠎ᠤ ᠵᠥᠪᠰᠢᠶᠡᠷᠡᠯ᠎ᠢ ᠣᠯᠵᠤ ᠥᠩᠭᠡᠷᠡᠭᠰᠡᠨ ᠴᠢᠬᠤᠯᠠ ᠶᠡᠬᠡ ᠡᠷᠳᠡᠮ ᠰᠢᠨᠵᠢᠯᠡᠭᠡᠨ ᠎ᠤ ᠦᠷ᠎ᠡ ᠪᠦᠲᠦᠭᠡᠯ᠎ᠲᠠᠢ᠂ ᠨᠡᠯᠢᠶᠡᠳ ᠥᠨᠳᠥᠷ ᠡᠷᠳᠡᠮ ᠰᠢᠨᠵᠢᠯᠡᠭᠡᠨ᠎ᠤ ᠨᠥᠯᠥᠭᠡᠯᠡᠬᠦ ᠬᠦᠴᠦᠨ᠎ᠲᠠᠢ ᠪᠠᠶ᠋ᠢᠵᠤ᠂ ᠪᠦᠯᠬᠦᠮ ᠵᠶ᠋ᠠᠨ ᠳᠠᠭ᠋ᠠᠭᠤᠯᠤᠨ ᠬᠠᠮᠢᠶ᠎ᠠ ᠪᠦᠬᠦᠢ ᠰᠢᠨᠵᠢᠯᠡᠭᠡᠨ᠎ᠤ ᠰᠠᠯᠠᠭ᠎ᠠ ᠵᠢᠨ ᠴᠠᠷᠠᠭ᠋ᠠᠨ᠎ᠳᠤ ᠪᠦᠲᠦᠭᠡᠯᠴᠢ ᠴᠢᠨᠠᠷᠲᠠᠢ ᠡᠷᠳᠡᠮ ᠰᠢᠨᠵᠢᠯᠡᠭᠡᠨ᠎ᠤ ᠠᠵᠢᠯ᠎ᠢ ᠥᠷᠨᠢᠭᠦᠯᠬᠦ ᠴᠢᠳᠠᠪᠤᠷᠢ᠎ᠲᠠᠢ ᠪᠠᠶ᠋ᠢᠬᠤ ᠬᠡᠷᠡᠭᠲᠡᠢ᠃
      (ᠵᠢᠷᠭᠤᠭ᠎ᠠ)  ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠦᠷᠢᠯᠳᠦᠬᠦᠨ᠎ᠢ ᠬᠥᠳᠡᠯᠦᠩᠭᠦᠢ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠤᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠪᠦᠷᠢ 1 ᠭᠣᠣᠯ ᠰᠢᠨᠵᠢᠯᠡᠭᠡᠨ᠎ᠤ ᠰᠠᠯᠠᠭ᠎ᠠ ᠪᠠ ᠬᠡᠳᠦᠨ ᠲᠤᠯᠭ᠋ᠠᠭᠤᠷᠢᠯᠠᠬᠤ ᠰᠢᠨᠵᠢᠯᠡᠭᠡᠨ᠎ᠤ ᠰᠠᠯᠠᠭ᠎ᠠ᠎ᠪᠠᠷ ᠪᠦᠷᠢᠯᠳᠦᠨ᠎ᠡ᠃ ᠭᠣᠣᠯ ᠰᠢᠨᠵᠢᠯᠡᠭᠡᠨ᠎ᠤ ᠰᠠᠯᠠᠭ᠎ᠠ᠎ᠳᠤ ᠡᠩ᠎ᠤᠨ ᠪᠠᠶ᠋ᠢᠳᠠᠯ᠎ᠳᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠨ ᠳᠡᠰ᠎ᠤᠨ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠎ᠠ ᠪᠤᠶᠤ ᠲᠡᠷᠢᠭᠦᠨ ᠳᠡᠰ᠎ᠤᠨ ᠣᠷᠣᠶ᠋ᠢᠯᠠᠭᠰᠠᠨ ᠪᠣᠶ᠋ᠢᠵᠢᠭᠤᠯᠬᠤ           ᠰᠢᠨᠵᠢᠯᠡᠭᠡᠨ᠎ᠤ ᠰᠠᠯᠠᠭ᠎ᠠ ᠪᠠᠶ᠋ᠢᠵᠤ᠂ ᠲᠡᠷᠢᠭᠦᠨ ᠲᠤᠰᠬᠠᠢ ᠮᠡᠷᠭᠡᠵᠢᠯᠲᠡᠨ ᠡᠩ᠎ᠤᠨ ᠪᠠᠶ᠋ᠢᠳᠠᠯ᠎ᠳᠤ ᠭᠣᠣᠯ           ᠰᠢᠨᠵᠢᠯᠡᠭᠡᠨ᠎ᠤ ᠰᠠᠯᠠᠭ᠎ᠠ ᠵᠢᠨ ᠬᠠᠷᠢᠭᠤᠴᠠᠯᠭ᠋ᠠᠲᠠᠨ ᠪᠣᠯᠤᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠲᠡᠷᠢᠭᠦᠨ ᠳᠤᠰᠬᠠᠢ ᠮᠡᠷᠭᠡᠵᠢᠯᠲᠡᠨ᠎ᠳᠤ ᠳᠤᠰᠬᠠᠢ ᠪᠤᠶᠤ ᠲᠤᠰᠢᠶᠠᠯ ᠬᠠᠪᠰᠤᠷᠭ᠋ᠠᠭᠰᠠᠨ ᠲᠤᠰᠠᠯᠠᠭᠴᠢ 1 ᠵᠢ ᠲᠣᠬᠢᠷᠠᠭᠤᠯᠤᠨ᠎ᠠ᠃ ᠲᠤᠯᠭ᠋ᠠᠭᠤᠷᠢᠯᠠᠬᠤ ᠰᠢᠨᠵᠢᠯᠡᠭᠡᠨ᠎ᠤ ᠰᠠᠯᠠᠭ᠎ᠠ ᠳ᠋ᠣᠺᠲ᠋ᠣᠷ ᠪᠤᠶᠤ ᠮᠠᠰᠲ᠋ᠧᠷ ᠴᠣᠯᠠ ᠣᠯᠭᠣᠬᠤ ᠡᠷᠬᠡ ᠵᠢ ᠪᠦᠷᠢᠳᠦᠭᠦᠯᠵᠦ᠂ ᠲᠡᠭᠦᠨ᠎ᠤ ᠬᠠᠷᠢᠭᠤᠴᠠᠯᠭ᠋ᠠᠲᠠᠨ ᠪᠠ ᠪᠦᠷᠢᠯᠳᠦᠬᠦᠨ᠎ᠢ ᠲᠡᠷᠢᠭᠦᠨ ᠲᠤᠰᠬᠠᠢ ᠮᠡᠷᠭᠡᠵᠢᠯᠲᠡᠨ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠬᠡᠷᠡᠭᠴᠡᠭᠡ ᠵᠢ ᠦᠨᠳᠦᠰᠦᠯᠡᠨ ᠰᠣᠩᠭᠣᠵᠤ᠂ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠺᠣᠮᠢᠰ᠎ᠲᠤ ᠮᠡᠳᠡᠭᠦᠯᠦᠨ ᠬᠢᠨᠠᠨ ᠲᠣᠭᠲᠠᠭ᠋ᠠᠯᠭ᠋ᠠᠬᠤ ᠬᠡᠷᠡᠭᠲᠡᠢ᠃ ᠲᠡᠷᠢᠭᠦᠨ ᠲᠤᠰᠬᠠᠢ ᠮᠡᠷᠭᠡᠵᠢᠯᠲᠡᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠳᠣᠲᠣᠭ᠋ᠠᠳᠤ ᠵᠢᠨ ᠰᠢᠯᠭ᠋ᠠᠨ ᠬᠢᠨᠠᠵᠤ ᠦᠨᠡᠯᠡᠬᠦ ᠲᠣᠭᠲᠠᠴᠠ ᠵᠢ ᠪᠠᠶ᠋ᠢᠭᠤᠯᠵᠤ᠂ ᠦᠢ᠍ᠯᠡᠳᠦᠯ ᠵᠶ᠋ᠠᠨ ᠪᠠᠳᠠᠷᠠᠭᠤᠯᠤᠭᠰᠠᠨ ᠦᠭᠡᠢ᠂ ᠬᠤᠪᠢᠶᠠᠷᠢᠯᠠᠭᠰᠠᠨ ᠡᠭᠦᠷᠭᠡ ᠵᠢ ᠪᠡᠶᠡᠯᠡᠭᠦᠯᠦᠭᠰᠡᠨ ᠦᠭᠡᠢ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠦᠷᠢᠯᠳᠦᠬᠦᠨ᠎ᠢ ᠬᠥᠳᠡᠯᠦᠩᠭᠦᠢ ᠲᠣᠬᠢᠷᠠᠭᠤᠯᠤᠯᠲᠠ᠎ᠪᠠᠷ ᠪᠤᠴᠠᠭ᠋ᠠᠵᠤ ᠪᠣᠯᠤᠨ᠎ᠠ᠃
      (ᠳᠣᠯᠣᠭ᠎ᠠ) ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠳᠣᠲᠤᠭ᠋ᠠᠲᠤ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ᠎ᠠ᠃ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ ᠰᠢᠨᠵᠢᠯᠡᠬᠦ ᠤᠬᠠᠭ᠋ᠠᠨᠴᠢ ᠮᠥᠷᠲᠡᠭᠡᠨ ᠵᠢᠷᠤᠮᠵᠢᠯ᠎ᠲᠠᠢ᠂ ᠠᠮᠢᠳᠤᠯᠢᠭ ᠮᠥᠷᠲᠡᠭᠡᠨ ᠥᠨᠳᠥᠷ ᠪᠦᠲᠦᠮᠵᠢᠲᠡᠢ ᠬᠠᠮᠢᠶᠠᠷᠤᠯᠲᠠ ᠵᠢᠨ ᠲᠣᠭᠲᠠᠴᠠ ᠵᠢ ᠪᠡᠶ᠎ᠡ᠎ᠪᠠᠨ ᠳᠠᠭ᠋ᠠᠭ᠋ᠠᠵᠤ ᠪᠠᠢ᠌ᠭᠤᠯᠤᠨ᠂ ᠪᠦᠲᠦᠭᠡᠨ ᠪᠠᠶ᠋ᠢᠭᠤᠯᠤᠯᠲᠠ ᠵᠢᠴᠢ ᠬᠠᠮᠢᠶᠠᠷᠤᠯᠲᠠ ᠵᠢᠨ ᠦᠢ᠍ᠯᠡᠳᠦᠯ ᠴᠢᠳᠠᠪᠬᠢ ᠵᠢ ᠳᠡᠭᠡᠭᠰᠢᠯᠡᠭᠦᠯᠦᠨ᠎ᠡ᠃ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ᠎ᠤᠨ ᠡᠷᠳᠡᠮ ᠰᠢᠨᠵᠢᠯᠡᠭᠡᠨ᠎ᠤ ᠠᠵᠢᠯᠲᠠᠳ ᠭᠣᠣᠯ ᠰᠢᠨᠵᠢᠯᠡᠭᠡᠨ᠎ᠤ ᠰᠠᠯᠠᠭ᠎ᠠ᠎ᠳᠤ ᠬᠠᠷᠢᠶᠠᠯᠠᠭᠳᠠᠬᠤ ᠶᠡᠬᠡ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠬᠣᠣᠰᠯᠠᠨ ᠤᠷᠢᠬᠤ ᠵᠠᠭᠪᠤᠷ᠎ᠢ ᠬᠡᠷᠡᠭᠯᠡᠨ᠂ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ᠂ ᠵᠣᠬᠢᠶᠠᠨ ᠪᠠᠶ᠋ᠢᠭᠤᠯᠤᠯᠲᠠ ᠵᠢᠨ ᠬᠠᠷᠢᠴᠠᠭ᠎ᠠ᠂ ᠵᠢᠭ᠋ᠠᠨ ᠰᠤᠷᠭ᠋ᠠᠯᠲᠠ ᠵᠢᠨ ᠠᠵᠢᠯ᠂ ᠡᠳᠦᠷ ᠲᠤᠲᠤᠮ᠎ᠤᠨ ᠬᠠᠮᠢᠶᠠᠷᠤᠯᠲᠠ ᠵᠢ ᠪᠠᠶ᠋ᠢᠭ᠎ᠠ ᠶᠡᠬᠡ ᠳᠡᠭᠡᠳᠦ ᠰᠤᠷᠭ᠋ᠠᠭᠤᠯᠢ᠎ᠠᠴᠠ ᠬᠠᠷᠢᠭᠤᠴᠠᠨ᠂ ᠠᠵᠢᠯᠲᠠᠨ᠎ᠤ ᠬᠥᠯᠥᠰᠦ ᠣᠯᠭᠣᠮᠵᠢ᠂ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠂ ᠠᠵᠢᠯ᠎ᠤᠨ ᠬᠢᠷᠢ ᠪᠦᠲᠦᠮᠵᠢ ᠵᠢᠨ ᠬᠢᠨᠠᠨ ᠰᠢᠯᠭ᠋ᠠᠯᠲᠠ ᠵᠢ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠠᠴᠠ ᠰᠠᠨᠠᠯ ᠳᠤᠷᠠᠳᠴᠤ᠂ ᠰᠤᠷᠭ᠋ᠠᠭᠤᠯᠢ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠭᠤᠳ ᠮᠡᠳᠡᠭᠦᠯᠦᠨ ᠳᠣᠭᠲᠠᠭ᠋ᠠᠯᠭ᠋ᠠᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠦᠷᠢᠯᠳᠦᠬᠦᠨ᠎ᠤ ᠣᠯᠤᠭᠰᠠᠨ ᠰᠤᠳᠤᠯᠭ᠋ᠠᠨ᠎ᠤ ᠠᠬᠢᠴᠠ ᠪᠠ ᠦᠷ᠎ᠡ ᠪᠦᠲᠦᠭᠡᠯ᠎ᠢ ᠶᠡᠬᠡ ᠳᠡᠭᠡᠳᠦ ᠰᠤᠷᠭ᠋ᠠᠭᠤᠯᠢ ᠠᠯᠤᠰᠯᠠᠨ᠂ ᠰᠢᠨᠵᠢᠯᠡᠭᠡᠨ᠎ᠤ ᠰᠠᠯᠠᠭ᠎ᠠ ᠠᠯᠤᠰᠯᠠᠨ ᠬᠠᠮᠲᠤ᠎ᠳᠤ᠎ᠪᠠᠨ ᠬᠤᠪᠢᠶᠠᠯᠴᠠᠨ ᠡᠳ᠋ᠯᠡᠵᠦ᠂ ᠡᠷᠳᠡᠮ᠎ᠤᠨ ᠴᠣᠯᠠ ᠵᠢᠨ ᠡᠷᠬᠡ ᠣᠯᠭᠣᠭᠰᠠᠨ᠎ᠢ ᠬᠢᠨᠠᠨ ᠪᠠᠢ᠌ᠴᠠᠭ᠋ᠠᠬᠤ᠂ ᠰᠢᠨᠵᠢᠯᠡᠭᠡᠨ᠎ᠤ ᠰᠠᠯᠠᠭ᠎ᠠ ᠵᠢ  ᠦᠨᠡᠯᠡᠬᠦ ᠵᠡᠷᠭᠡ ᠴᠢᠬᠤᠯᠠ ᠠᠵᠢᠯ᠎ᠳᠤ᠂ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠭᠣᠣᠯ ᠰᠢᠨᠵᠢᠯᠡᠭᠡᠨ᠎ᠤ ᠰᠠᠯᠠᠭ᠎ᠠ ᠤᠷᠢᠳ ᠵᠶ᠋ᠠᠷ ᠬᠡᠷᠡᠭᠯᠡᠨ᠎ᠡ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠦᠷ᠎ᠡ ᠪᠦᠲᠦᠭᠡᠯ᠎ᠤᠨ ᠬᠤᠪᠢ ᠨᠡᠮᠡᠷᠢ ᠦᠵᠡᠭᠦᠯᠦᠭᠰᠡᠨ ᠬᠡᠮᠵᠢᠶ᠎ᠡ ᠵᠢᠴᠢ ᠲᠤᠯᠭ᠋ᠠᠭᠤᠷᠢᠯᠠᠭᠰᠠᠨ ᠪᠠᠶ᠋ᠢᠳᠠᠯ᠎ᠢ ᠦᠨᠳᠦᠰᠦᠯᠡᠨ᠂ ᠲᠤᠯᠭ᠋ᠠᠭᠤᠷᠢᠯᠠᠬᠤ ᠰᠢᠨᠵᠢᠯᠡᠭᠡᠨ᠎ᠤ ᠰᠠᠯᠠᠭ᠎ᠠ ᠵᠢᠴᠢ ᠪᠦᠷᠢᠯᠳᠦᠬᠦᠨ᠎ᠢ ᠱᠠᠩᠨᠠᠨ ᠬᠥᠬᠢᠭᠦᠯᠵᠦ᠂ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ᠎ᠤᠨ ᠳᠣᠲᠣᠭ᠋ᠠᠳᠤ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠨ᠎ᠡ᠃
      (ᠨᠠᠢ᠍ᠮᠠ) ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠲᠣᠭᠲᠠᠮᠠᠯ ᠬᠤᠭᠤᠴᠠᠭ᠎ᠠ᠎ᠲᠠᠢ ᠰᠣᠯᠢᠯᠴᠠᠬᠤ ᠲᠣᠭᠲᠠᠴᠠ ᠵᠢ ᠪᠠᠢ᠌ᠭᠤᠯᠤᠨ᠎ᠠ ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠬᠠᠭ᠋ᠠᠰ ᠵᠢᠯ ᠪᠦᠷᠢ ᠬᠠᠮᠤᠭ᠎ᠤᠨ ᠪᠠᠭ᠎ᠠ᠎ᠳᠤ᠎ᠪᠠᠨ ᠨᠢᠭᠡ ᠤᠳᠠᠭ᠎ᠠ ᠪᠦᠬᠦ ᠬᠡᠰᠢᠭᠦᠨ ᠣᠷᠣᠯᠴᠠᠭᠰᠠᠨ ᠠᠵᠢᠯ᠎ᠤᠨ ᠬᠤᠷᠠᠯ ᠬᠤᠷᠠᠯᠳᠤᠭᠤᠯᠵᠤ᠂ ᠭᠣᠣᠯᠳᠠᠭᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠰᠤᠳᠤᠯᠤᠨ ᠶᠠᠷᠢᠯᠴᠠᠬᠤ᠂ ᠡᠷᠳᠡᠮ ᠰᠢᠨᠵᠢᠯᠡᠭᠡᠨ᠎ᠤ ᠠᠬᠢᠴᠠ ᠵᠢ ᠬᠠᠷᠢᠭᠤ ᠮᠡᠳᠡᠭᠦᠯᠬᠦ᠂ ᠲᠥᠷᠥᠯ ᠵᠦᠢ᠍ᠯ᠎ᠤᠨ ᠠᠬᠢᠴᠠ ᠵᠢ           ᠬᠠᠷᠢᠭᠤ ᠮᠡᠳᠡᠭᠦᠯᠬᠦ᠂ ᠵᠢᠯ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠳ᠋ᠦᠩᠨᠡᠬᠦ ᠵᠡᠷᠭᠡ ᠠᠵᠢᠯ᠎ᠢ           ᠥᠷᠨᠢᠭᠦᠯᠦᠨ᠎ᠡ᠃ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ ᠰᠠᠷ᠎ᠠ ᠪᠦᠷᠢ ᠬᠠᠮᠤᠭ᠎ᠤᠨ ᠪᠠᠭ᠎ᠠ ᠎ᠳᠤ᠎ᠪᠠᠨ ᠨᠢᠭᠡ ᠤᠳᠠᠭ᠎ᠠ ᠬᠠᠮᠢᠶ᠎ᠠ ᠪᠦᠬᠦᠢ ᠴᠠᠷᠠᠭ᠎ᠠ ᠵᠢᠨ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠠᠵᠢᠯᠯᠠᠭ᠎ᠠ ᠵᠢ ᠥᠷᠨᠢᠭᠦᠯᠵᠦ᠂ ᠡᠷᠳᠡᠮ ᠰᠢᠨᠵᠢᠯᠡᠭᠡᠨ᠎ᠤ ᠠᠬᠢᠴᠠ ᠵᠢ ᠰᠣᠯᠢᠯᠴᠠᠨ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠨ᠎ᠡ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠵᠢᠯ ᠪᠦᠷᠢ ᠬᠠᠮᠤᠭ᠎ᠤᠨ ᠪᠠᠭ᠎ᠠ᠎ᠳᠤ᠎ᠪᠠᠨ ᠨᠢᠭᠡ ᠤᠳᠠᠭ᠎ᠠ ᠥᠨᠳᠥᠷ ᠬᠢᠷᠢ ᠲᠦᠪᠰᠢᠨᠲᠦ ᠡᠷᠳᠡᠮ ᠰᠢᠨᠵᠢᠯᠡᠭᠡᠨ ᠎ᠤ ᠬᠤᠷᠠᠯ ᠪᠤᠶᠤ ᠶᠠᠷᠢᠯᠴᠠᠬᠤ ᠬᠤᠷᠠᠯ᠎ᠢ ᠡᠷᠬᠢᠯᠡᠵᠦ᠂ ᠬᠠᠮᠢᠶ᠎ᠠ ᠪᠦᠬᠦᠢ ᠴᠠᠷᠠᠭ᠋ᠠᠨ᠎ᠤ ᠲᠤᠰᠬᠠᠢ ᠮᠡᠷᠭᠡᠵᠢᠯᠲᠡᠨ᠎ᠢ ᠤᠷᠢᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠢ ᠡᠵᠡᠮᠰᠢᠭᠦᠯᠵᠦ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠬᠠᠪᠰᠤᠷᠤᠨ ᠰᠢᠨᠵᠢᠯᠡᠭᠡᠨ᠎ᠤ ᠰᠠᠯᠠᠭ᠎ᠠ ᠵᠢᠨ ᠬᠥᠭᠵᠢᠯᠲᠡ ᠵᠢᠨ ᠬᠠᠨᠳᠤᠰᠢ ᠪᠠ ᠴᠢᠭᠯᠡᠯ᠎ᠢ ᠡᠵᠡᠮᠰᠢᠭᠦᠯᠵᠦ᠂ ᠰᠠᠭᠤᠷᠢ ᠴᠢᠨᠠᠷᠲᠠᠢ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ᠂ ᠪᠠᠷᠠᠯᠠᠯᠲᠤ ᠴᠢᠨᠠᠷᠲᠠᠢ ᠰᠢᠨᠵᠢᠯᠡᠬᠦ ᠤᠬᠠᠭ᠋ᠠᠨ᠎ᠤ ᠠᠰᠠᠭᠤᠳᠠᠯ᠎ᠢ ᠳᠤᠷᠠᠳᠴᠤ᠂ ᠬᠠᠮᠢᠶ᠎ᠠ ᠪᠦᠬᠦᠢ ᠬᠦᠷᠢᠶᠡᠨ᠎ᠳᠤ ᠰᠢᠨ᠎ᠡ᠎ᠪᠠᠷ ᠬᠥᠭᠵᠢᠭᠰᠡᠨ ᠰᠣᠯᠪᠢᠴᠠᠭᠰᠠᠨ ᠰᠢᠨᠵᠢᠯᠡᠭᠡᠨ᠎ᠤ ᠰᠠᠯᠠᠭ᠎ᠠ ᠵᠢ ᠪᠣᠶ᠋ᠢᠵᠢᠭᠤᠯᠬᠤ ᠵᠢ ᠠᠬᠢᠭᠤᠯᠤᠨ᠎ᠠ᠃
      (ᠶᠢᠰᠦ) ᠬᠢᠷᠢ ᠪᠦᠲᠦᠮᠵᠢ᠎ᠪᠠᠷ ᠤᠳᠤᠷᠢᠳᠤᠮᠵᠢ ᠪᠣᠯᠭ᠋ᠠᠭᠰᠠᠨ ᠰᠢᠯᠭ᠋ᠠᠨ ᠬᠢᠨᠠᠵᠤ ᠦᠨᠡᠯᠡᠬᠦ ᠲᠣᠭᠲᠠᠴᠠ ᠵᠢ ᠪᠠᠶ᠋ᠢᠭᠤᠯᠤᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠢ᠌ᠭᠤᠯᠤᠯᠲᠠ ᠵᠢᠨ ᠦᠶᠡᠯᠡᠯ᠎ᠤᠨ ᠬᠤᠭᠤᠴᠠᠭ᠎ᠠ ᠡᠩ᠎ᠤᠨ ᠪᠠᠶ᠋ᠢᠳᠠᠯ᠎ᠳᠤ 3 ᠵᠢᠯ ᠪᠣᠯᠤᠨ᠎ᠠ᠃ ᠪᠦᠲᠦᠭᠡᠨ ᠪᠠᠢ᠌ᠭᠤᠯᠤᠯᠲᠠ ᠵᠢᠨ ᠬᠤᠭᠤᠴᠠᠭ᠋ᠠᠨ᠎ᠤ ᠡᠴᠦᠰ᠎ᠲᠤ᠂ ᠶᠡᠬᠡ ᠳᠡᠭᠡᠳᠦ ᠰᠤᠷᠭ᠋ᠠᠭᠤᠯᠢ ᠪᠥᠲᠦᠭᠡᠨ ᠪᠠᠢ᠌ᠭᠤᠯᠤᠯᠲᠠ ᠵᠢᠨ ᠲᠥᠰᠦᠯ᠎ᠲᠠᠢ ᠪᠠᠷᠢᠮᠵᠢᠶᠠᠯᠠᠨ ᠬᠠᠷᠢᠴᠠᠭᠤᠯᠵᠤ ᠬᠠᠮᠢᠶ᠎ᠠ ᠪᠦᠬᠦᠢ ᠬᠦᠷᠢᠶᠡᠨ᠎ᠤ ᠲᠤᠰᠬᠠᠢ ᠮᠡᠷᠭᠡᠵᠢᠯᠲᠡᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠢ ᠵᠣᠬᠢᠶᠠᠨ ᠪᠠᠶ᠋ᠢᠭᠤᠯᠵᠤ ᠪᠦᠲᠦᠭᠡᠨ ᠪᠠᠶ᠋ᠢᠭᠤᠯᠤᠯᠲᠠ ᠵᠢᠨ ᠬᠢᠷᠢ ᠪᠦᠲᠦᠮᠵᠢ ᠵᠢ ᠦᠨᠡᠯᠡᠬᠦ ᠠᠵᠢᠯ᠎ᠢ ᠥᠷᠨᠢᠭᠦᠯᠦᠨ᠎ᠡ᠃ ᠬᠢᠷᠢ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠢ ᠳᠠᠷᠠᠭ᠎ᠠ ᠨᠢᠭᠡ ᠵᠢᠯ᠎ᠤᠨ ᠪᠡᠯᠡ ᠮᠥᠩᠭᠥ ᠵᠢ ᠲᠣᠬᠢᠷᠠᠭᠤᠯᠬᠤ ᠴᠢᠬᠤᠯᠠ ᠦᠨᠳᠦᠰᠦᠯᠡᠯ᠎ᠤᠨ ᠨᠢᠭᠡ ᠪᠣᠯᠭ᠋ᠠᠵᠤ᠂ ᠬᠡᠷᠡᠭᠵᠢᠭᠦᠯᠦᠭᠰᠡᠨ᠎ᠨᠢ ᠬᠦᠴᠦᠲᠡᠢ᠂ ᠠᠬᠢᠴᠠ ᠰᠠᠶ᠋ᠢᠨ᠂ ᠪᠡᠯᠡ ᠮᠥᠩᠭᠥ ᠵᠢᠨ ᠦᠷ᠎ᠡ ᠠᠰᠢᠭ ᠨᠡᠯᠢᠶᠡᠳ ᠥᠨᠳᠥᠷ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ; ᠬᠡᠷᠡᠭᠵᠢᠭᠦᠯᠦᠭᠰᠡᠨ᠎ᠨᠢ ᠠᠨᠠᠢ᠂ ᠠᠬᠢᠴᠠ ᠤᠳᠠᠭ᠋ᠠᠨ᠂ ᠪᠡᠯᠡ ᠮᠥᠩᠭᠥ ᠵᠢ ᠬᠡᠷᠡᠭᠵᠢᠭᠦᠯᠦᠭᠰᠡᠨ ᠠᠬᠢᠴᠠ ᠬᠣᠴᠣᠷᠤᠭᠰᠠᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠳᠠᠷᠠᠭ᠎ᠠ ᠨᠢᠭᠡ ᠵᠢᠯ᠎ᠤᠨ ᠳᠡᠮᠵᠢᠬᠦ ᠵᠠᠷᠤᠳᠠᠯ᠎ᠢ ᠪᠠᠢ᠌ᠴᠠᠭ᠋ᠠᠵᠤ ᠵᠣᠬᠢᠬᠤ ᠬᠠᠷᠢᠴᠠᠯ ᠵᠶ᠋ᠠᠷ  ᠬᠠᠰᠤᠵᠤ᠂ ᠴᠠᠭ᠋ᠠᠰᠢᠯᠠᠪᠠᠯ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠦᠴᠦᠨ ᠦᠭᠡᠢ           ᠪᠣᠯᠭ᠋ᠠᠨ᠎ᠠ᠃ ᠰᠤᠷᠭ᠋ᠠᠨ ᠬᠥᠮᠦᠵᠢᠯ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 (ᠥᠪᠥᠷ ᠰᠤᠷᠭ᠋ᠠᠨ ᠰᠣᠳᠤᠯᠬᠤ [2024] 33 ᠳ᠋ᠤᠭ᠋ᠠᠷ ᠲᠣᠭ᠋ᠠᠲᠤ) ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠤᠭ᠋ᠠᠷ᠂ ᠲᠥᠷᠥᠯ ᠵᠦᠢ᠍ᠯ᠎ᠢ ᠳᠣᠭᠲᠠᠭ᠋ᠠᠨ ᠪᠠᠢ᠌ᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠠᠵᠢᠯ᠎ᠤᠨ ᠬᠢᠷᠢ ᠪᠦᠲᠦᠮᠵᠢ ᠵᠢ ᠦᠨᠡᠯᠡᠨ᠎ᠡ᠃
       ᠳᠥᠷᠪᠡ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ

       ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠴᠢᠩᠭ᠋ᠠᠳᠬᠠᠨ᠎ᠠ
      (ᠠᠷᠪᠠ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ ᠃ ᠡᠯ᠎ᠡ ᠶᠡᠬᠡ ᠳᠡᠭᠡᠳᠦ ᠰᠤᠷᠭ᠋ᠠᠭᠤᠯᠢ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠵᠢᠨ ᠶᠡᠷᠦᠩᠬᠡᠢ ᠲᠥᠯᠥᠪᠵᠢᠭᠦᠯᠭᠡ᠎ᠳᠤ ᠣᠷᠣᠭᠤᠯᠤᠨ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠳᠠᠭ᠋ᠠᠭᠤᠯᠬᠤ ᠰᠠᠯᠠᠭ᠎ᠠ ᠮᠥᠴᠢᠷ᠎ᠢ ᠲᠣᠭᠲᠠᠭ᠋ᠠᠨ᠂ ᠵᠣᠬᠢᠴᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠲᠥᠯᠦᠪᠵᠢᠭᠦᠯᠭᠡ᠂ ᠪᠦᠲᠦᠭᠡᠨ ᠪᠠᠢ᠌ᠭᠤᠯᠬᠤ ᠵᠠᠷᠤᠳᠠᠯ᠎ᠤᠨ ᠬᠡᠷᠡᠭᠯᠡᠯᠲᠡ᠎ᠳᠤ ᠬᠣᠯᠪᠣᠭᠳᠠᠬᠤ ᠵᠡᠷᠭᠡ ᠴᠢᠬᠤᠯᠠ ᠶᠡᠬᠡ ᠵᠦᠢ᠍ᠯ᠎ᠢ ᠰᠤᠷᠭ᠋ᠠᠭᠤᠯᠢ ᠵᠢᠨ ᠵᠠᠬᠢᠷᠤᠯ᠎ᠤᠨ ᠠᠵᠢᠯ᠎ᠤᠨ ᠬᠤᠷᠠᠯ ᠪᠤᠶᠤ ᠨᠠᠮ᠎ᠤᠨ ᠬᠣᠷᠢᠶ᠎ᠠ ᠵᠢᠨ ᠬᠤᠷᠠᠯ᠎ᠳᠤ ᠳᠡᠪᠰᠢᠭᠦᠯᠦᠨ ᠰᠣᠳᠤᠯᠤᠨ᠎ᠠ᠃ ᠶᠡᠬᠡ ᠳᠡᠭᠡᠳᠦ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠺᠣᠮᠢᠰ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠵᠣᠷᠢᠯᠲᠠ ᠵᠢᠨ ᠵᠦᠢ ᠶᠣᠰᠣᠴᠢ ᠴᠢᠨᠠᠷ᠂ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ ᠵᠢᠨ ᠴᠢᠬᠤᠯᠠ ᠴᠢᠨᠠᠷ᠂ ᠲᠥᠰᠦᠯ᠎ᠤᠨ ᠪᠣᠯᠤᠮᠵᠢᠲᠤ ᠴᠢᠨᠠᠷ᠂ ᠰᠢᠨ᠎ᠡ ᠵᠢ ᠡᠭᠦᠳᠬᠦ ᠪᠦᠯᠬᠦᠮ᠎ᠢ ᠪᠠᠶ᠋ᠢᠭᠤᠯᠬᠤ ᠰᠠᠭᠤᠷᠢ ᠪᠣᠳᠠᠲᠤ ᠬᠦᠴᠦᠨ᠂ ᠰᠢᠨᠵᠢᠯᠡᠭᠡᠨ᠎ᠤ ᠰᠠᠯᠠᠭ᠎ᠠ ᠰᠣᠯᠪᠢᠴᠠᠨ ᠠᠭᠤᠰᠬᠤ ᠬᠠᠷᠢᠴᠠᠭ᠎ᠠ᠂ ᠲᠥᠰᠦᠪ ᠨᠠᠶ᠋ᠢᠷᠠᠭᠤᠯᠤᠨ ᠵᠣᠬᠢᠶᠠᠬᠤ ᠰᠢᠨᠵᠢᠯᠡᠬᠦ ᠤᠬᠠᠭ᠋ᠠᠨᠴᠢ ᠴᠢᠨᠠᠷ᠎ᠢ ᠨᠣᠲᠠᠯᠠᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠨ᠎ᠠ᠃
      (ᠠᠷᠪᠠᠨ ᠨᠢᠭᠡ) ᠨᠥᠬᠥᠴᠡᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃  ᠶᠡᠬᠡ ᠳᠡᠭᠡᠳᠦ ᠰᠤᠷᠭ᠋ᠠᠭᠤᠯᠢ ᠲᠥᠪ ᠪᠠ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠤᠰᠬᠠᠢ ᠪᠡᠯᠡ ᠮᠥᠩᠭᠥ ᠪᠣᠯᠤᠨ ᠰᠤᠷᠭ᠋ᠠᠭᠤᠯᠢ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠵᠦ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢᠨ ᠲᠤᠰᠬᠠᠢ ᠵᠦᠢ᠍ᠯ᠎ᠢ ᠪᠠᠶ᠋ᠢᠭᠤᠯᠤᠨ᠂ ᠵᠠᠷᠴᠢᠮ ᠳᠡᠭᠡᠷ᠎ᠡ᠎ᠪᠠᠨ ᠵᠢᠯ ᠪᠦᠷᠢ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠬᠠᠮᠤᠭ᠎ᠤᠨ ᠪᠠᠭ᠎ᠠ᠎ᠳᠤ᠎ᠪᠠᠨ 200 ᠲᠦᠮᠡᠨ ᠲᠥᠭᠥᠷᠢᠭ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠪᠠ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ ᠰᠣᠯᠪᠢᠴᠠᠭᠰᠠᠨ ᠲᠥᠷᠥᠯ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠬᠠᠮᠤᠭ᠎ᠤᠨ ᠪᠠᠭ᠎ᠠ᠎ᠳᠤ᠎ᠪᠠᠨ 300 ᠲᠦᠮᠡᠨ           ᠲᠥᠭᠥᠷᠢᠭ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ ᠪᠠ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠢ ᠬᠠᠮᠤᠭ᠎ᠤᠨ ᠪᠠᠭ᠎ᠠ᠎ᠳᠤ᠎ᠪᠠᠨ 500 ᠲᠦᠮᠡᠨ ᠲᠥᠭᠥᠷᠢᠭ ᠵᠶ᠋ᠠᠷ ᠳᠡᠮᠵᠢᠨ᠎ᠡ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠪᠣᠯᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠵᠣᠬᠢᠬᠤ ᠲᠣᠭ᠋ᠠᠨ᠎ᠤ ᠳ᠋ᠣᠺᠲ᠋ᠣᠷᠠᠨᠲ᠂ ᠮᠠᠰᠲ᠋ᠧᠷ ᠡᠯᠰᠡᠬᠦ ᠲᠥᠯᠥᠪᠯᠡᠭᠡ ᠵᠢ ᠰᠢᠭᠤᠳ ᠬᠤᠪᠢᠶᠠᠷᠢᠯᠠᠵᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ ᠪᠣᠯᠤᠨ ᠪᠠᠶ᠋ᠢᠭ᠎ᠠ ᠶᠡᠬᠡ ᠳᠡᠭᠡᠳᠦ ᠰᠤᠷᠭ᠋ᠠᠭᠤᠯᠢ᠎ᠠᠴᠠ ᠬᠠᠮᠢᠶ᠎ᠠ ᠪᠦᠬᠦᠢ ᠬᠦᠷᠢᠶᠡᠨ᠎ᠤ ᠰᠣᠳᠤᠯᠬᠤ ᠰᠤᠷᠤᠭᠴᠢ ᠵᠢ ᠬᠣᠯᠪᠣᠭ᠋ᠠᠯᠠᠨ ᠬᠥᠮᠥᠵᠢᠭᠦᠯᠦᠨ᠎ᠡ᠃ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠠᠵᠢᠯ᠎ᠤᠨ ᠬᠢᠷᠢ ᠪᠦᠲᠦᠮᠵᠢ ᠵᠢᠨ ᠴᠠᠯᠢᠩ ᠥᠭᠬᠦ ᠵᠡᠷᠭᠡ ᠲᠠᠯ᠎ᠠ᠎ᠪᠠᠷ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠲᠡᠷᠢᠭᠦᠨ ᠲᠤᠰᠬᠠᠢ ᠮᠡᠷᠭᠡᠵᠢᠯᠲᠡᠨ᠎ᠤ ᠰᠠᠨᠠᠭᠤᠯᠭ᠎ᠠ ᠵᠢ ᠭᠦᠢ᠍ᠴᠡᠳ ᠰᠣᠨᠣᠰᠴᠤ᠂ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠪᠠᠭᠰᠢ᠎ᠳᠤ ᠵᠣᠬᠢᠬᠤ ᠬᠠᠷᠠᠭ᠋ᠠᠯᠵᠠᠯ ᠭᠦᠷᠲᠡᠭᠡᠨ᠎ᠡ᠃
      (ᠠᠷᠪᠠᠨ ᠬᠣᠶᠠᠷ) ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ ᠪᠣᠯᠭ᠋ᠠᠨ᠎ᠠ᠃ ᠶᠡᠬᠡ ᠳᠡᠭᠡᠳᠦ           ᠰᠤᠷᠭ᠋ᠠᠭᠤᠯᠢ ᠡᠯ᠎ᠡ ᠰᠢᠨᠵᠢᠯᠡᠭᠡᠨ᠎ᠤ ᠰᠠᠯᠠᠭ᠎ᠠ ᠵᠢ ᠵᠣᠷᠢᠭᠵᠢᠭᠤᠯᠤᠨ ᠰᠢᠨᠵᠢᠯᠡᠭᠡᠨ᠎ᠤ ᠰᠠᠯᠠᠭ᠎ᠠ ᠵᠢ ᠰᠣᠯᠪᠢᠴᠠᠭᠤᠯᠬᠤ ᠵᠢ ᠰᠠᠨᠠᠭ᠋ᠠᠴᠢᠯᠠᠭ᠎ᠠ᠎ᠠᠴᠠ᠎ᠪᠠᠨ ᠥᠷᠨᠢᠭᠦᠯᠵᠦ ᠂ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠨᠡᠷᠡᠲᠦ ᠲᠡᠮᠳᠡᠭᠲᠦ ᠵᠢ ᠪᠠᠶ᠋ᠢᠭᠤᠯᠤᠨ᠂ ᠭᠣᠣᠯᠳᠠᠯᠭ᠎ᠠ᠎ᠲᠠᠢ ᠰᠢᠨᠵᠢᠯᠡᠭᠡᠨ᠎ᠤ ᠰᠠᠯᠠᠭ᠎ᠠ ᠵᠢ ᠰᠣᠯᠪᠢᠴᠠᠭᠤᠯᠬᠤ ᠴᠠᠷᠠᠭ᠎ᠠ ᠵᠢᠨ ᠲᠣᠭᠣᠷᠢᠨ᠎ᠳᠤ 《ᠡᠷᠳᠡᠮ ᠰᠢᠨᠵᠢᠯᠡᠭᠡᠨ᠎ᠤ ᠨᠠᠢ᠌ᠷ》 ᠵᠡᠷᠭᠡ ᠨᠡᠷᠡᠲᠦ ᠲᠡᠮᠳᠡᠭᠲᠦ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠰᠢᠨᠵᠢᠯᠡᠭᠡᠨ᠎ᠤ  ᠰᠠᠯᠠᠭ᠎ᠠ ᠵᠢᠨ ᠪᠥᠯᠦᠭᠵᠢᠯ᠎ᠤᠨ ᠰᠣᠶᠣᠯ᠎ᠢ ᠶᠡᠬᠡ᠎ᠪᠠᠷ ᠪᠣᠢ ᠪᠣᠯᠭ᠋ᠠᠨ᠂ ᠰᠢᠨᠵᠢᠯᠡᠭᠡᠨ᠎ᠤ ᠰᠠᠯᠭ᠎ᠠ ᠵᠢᠨ ᠰᠣᠯᠪᠢᠴᠠᠬᠤ ᠬᠦᠴᠦᠨ᠎ᠢ ᠨᠢᠭᠲᠠᠷᠠᠭᠤᠯᠤᠨ᠎ᠠ᠃ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠲᠡᠷᠢᠭᠦᠨ ᠲᠤᠰᠬᠠᠢ ᠮᠡᠷᠭᠡᠵᠢᠯᠲᠡᠨ᠂ ᠡᠷᠳᠡᠮ ᠰᠢᠨᠵᠢᠯᠡᠭᠡᠨ ᠎ᠤ ᠭᠣᠣᠯᠯᠠᠭᠴᠢ ᠬᠦᠴᠦᠨ᠂ ᠪᠦᠯᠬᠦᠮ ᠨᠡᠶ᠋ᠢᠲᠡ ᠵᠢᠨ ᠪᠦᠷᠢᠯᠳᠦᠬᠦᠨ᠎ᠤ ᠬᠣᠭᠣᠷᠣᠨᠳᠣᠬᠢ ᠨᠡᠪᠲᠡᠷᠡᠯᠴᠡᠨ ᠰᠣᠯᠢᠯᠴᠠᠬᠤ ᠲᠣᠭᠲᠠᠴᠠ ᠵᠢ ᠪᠠᠶ᠋ᠢᠭᠤᠯᠵᠤ᠂ ᠰᠢᠨᠵᠢᠯᠡᠭᠡᠨ᠎ᠤ ᠰᠠᠯᠠᠭ᠎ᠠ ᠵᠢᠨ ᠱᠠᠲᠤᠯᠵᠢᠨ ᠡᠩᠨᠡᠭᠡ ᠵᠢ ᠬᠥᠮᠦᠵᠢᠭᠦᠯᠬᠦ ᠵᠢ ᠴᠢᠬᠤᠯᠠᠴᠢᠯᠠᠵᠤ᠂ ᠡᠶ᠎ᠡ ᠵᠣᠬᠢᠴᠠᠯ᠎ᠲᠠᠢ ᠠᠭᠤᠳᠠᠮᠴᠢ᠂ ᠨᠡᠭᠡᠭᠡᠯᠲᠡ᠎ᠲᠠᠢ ᠥᠭᠡᠳᠡᠷᠬᠡᠭ ᠡᠷᠳᠡᠮ ᠰᠢᠨᠵᠢᠯᠡᠭᠡᠨ᠎ᠤ ᠠᠭᠤᠷ ᠠᠮᠢᠰᠬᠤᠯ᠎ᠢ ᠪᠣᠢ ᠪᠣᠯᠭ᠋ᠠᠨ᠎ᠠ᠃


      ᠳᠠᠭ᠋ᠠᠯᠳᠤᠭᠤᠯᠤᠯ 1᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠎ᠠ ᠵᠢᠨ ᠪᠥᠯᠦᠭᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ》 . pdf


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号