ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠲᠣᠭ᠎ᠠ ᠪᠦᠷᠢᠳᠬᠡᠯ᠎ᠤᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ᠎ᠤᠨ 2022 ᠣᠨ᠎ᠤ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠲᠣᠭ᠎ᠠ ᠪᠦᠷᠢᠳᠬᠡᠯ᠎ᠤᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-02-19

      ᠨᠢᠭᠡ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠶ᠋ᠢᠳᠠᠯ
      2022 ᠣᠨ᠎ᠳᠤ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠶᠡᠷᠦᠩᠬᠡᠢ ᠪᠡᠯᠡ ᠣᠷᠣᠭᠤᠯᠤᠯᠲᠠ 924.82 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 7.34% ᠨᠡᠮᠡᠭᠳᠡᠪᠡ᠃ ᠡᠭᠦᠨ᠎ᠳᠤ᠂ ᠤᠯᠤᠰ᠎ᠤᠨ ᠡᠳ᠋᠎ᠤᠨ ᠵᠠᠰᠠᠭ᠎ᠤᠨ ᠴᠢᠨᠠᠷᠲᠠᠢ ᠰᠤᠷᠭ᠋ᠠᠨ ᠬᠥᠮᠦᠵᠢᠯ᠎ᠤᠨ ᠵᠠᠷᠤᠳᠠᠯ (ᠭᠣᠣᠯᠳᠠᠭᠤ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠲᠤ ᠲᠣᠬᠢᠷᠠᠭᠤᠯᠤᠭᠰᠠᠨ ᠰᠤᠷᠭ᠋ᠠᠨ ᠬᠥᠮᠦᠵᠢᠯ᠎ᠤᠨ ᠵᠠᠷᠤᠳᠠᠯ᠂ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠦᠨ᠎ᠤ ᠲᠥᠰᠦᠪ᠎ᠲᠤ ᠲᠣᠬᠢᠷᠠᠭᠤᠯᠤᠭᠰᠠᠨ ᠰᠤᠷᠭ᠋ᠠᠨ ᠬᠥᠮᠦᠵᠢᠯ᠎ᠤᠨ ᠵᠠᠷᠤᠳᠠᠯ᠂ ᠤᠯᠤᠰ᠎ᠤᠨ ᠥᠮᠴᠢᠯᠡᠯ ᠵᠢᠴᠢ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠰᠤᠷᠭ᠋ᠠᠭᠤᠯᠢ ᠡᠷᠬᠢᠯᠡᠬᠦ ᠶᠠᠪᠤᠴᠠ᠎ᠳᠤ ᠠᠵᠤ ᠠᠬᠤᠶ᠋ᠢᠯᠠᠯ᠎ᠠᠴᠠ ᠰᠠᠯᠭ᠋ᠠᠨ ᠥᠭᠭᠦᠭᠰᠡᠨ ᠵᠣᠭᠣᠰ᠂ ᠰᠤᠷᠭ᠋ᠠᠭᠤᠯᠢ᠎ᠤᠨ ᠡᠷᠬᠢᠯᠡᠭᠰᠡᠨ ᠠᠵᠤ ᠦᠢ᠍ᠯᠡᠰ ᠪᠣᠯᠤᠨ ᠨᠡᠶ᠋ᠢᠭᠡᠮ᠎ᠤᠨ ᠦᠢ᠍ᠯᠡᠴᠢᠯᠡᠭᠡᠨ᠎ᠤ ᠣᠷᠣᠯᠭ᠎ᠠ ᠵᠢ ᠰᠤᠷᠭ᠋ᠠᠨ ᠬᠥᠮᠦᠵᠢᠯ᠎ᠳᠤ ᠬᠡᠷᠡᠭᠯᠡᠭᠰᠡᠨ ᠵᠠᠷᠤᠳᠠᠯ ᠵᠡᠷᠭᠡ ᠵᠢ ᠪᠠᠭᠲᠠᠭ᠋ᠠᠨ᠎ᠠ) 830.38 ᠳ᠋ᠦᠩᠰᠢᠭᠤᠷ ᠲᠥᠭᠥᠷᠢᠭ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 8.26% ᠨᠡᠮᠡᠭᠳᠡᠪᠡ᠃
      ᠬᠣᠶᠠᠷ᠂ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠶ᠋ᠢᠳᠠᠯ
      (ᠨᠢᠭᠡ) ᠪᠦᠬᠦ ᠣᠷᠣᠨ᠎ᠤ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠨᠡᠮᠡᠭᠳᠡᠭᠰᠡᠨ ᠪᠠᠶ᠋ᠢᠳᠠᠯ
      2022 ᠣᠨ᠎ᠳᠤ᠂ ᠪᠦᠬᠦ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠰᠤᠷᠭ᠋ᠠᠨ ᠬᠥᠮᠦᠵᠢᠯ᠎ᠤᠨ ᠵᠠᠷᠤᠳᠠᠯ (ᠰᠤᠷᠭ᠋ᠠᠨ ᠬᠥᠮᠦᠵᠢᠯ᠎ᠤᠨ ᠦᠢ᠍ᠯᠡᠰ᠎ᠤᠨ ᠵᠠᠷᠤᠳᠠᠯ᠂ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠵᠠᠷᠤᠳᠠᠯ ᠪᠠ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠨᠡᠮᠡᠯᠲᠡ ᠵᠢ ᠪᠠᠭᠲᠠᠭ᠋ᠠᠨ᠎ᠠ) 674.21 ᠳ᠋ᠦᠩᠰᠢᠭᠤᠷ ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 6.39% ᠨᠡᠮᠡᠭᠳᠡᠪᠡ᠃
      (ᠬᠣᠶᠠᠷ) ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠭᠴᠢ ᠨᠢᠭᠡ ᠪᠦᠷᠢ᠎ᠳᠤ ᠨᠣᠭᠳᠠᠬᠤ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠨᠡᠮᠡᠭᠳᠡᠭᠰᠡᠨ ᠪᠠᠶ᠋ᠢᠳᠠᠯ
      2022 ᠣᠨ᠎ᠳᠤ᠂ ᠪᠦᠬᠦ ᠣᠷᠣᠨ᠎ᠤ ᠬᠡᠦᠬᠡᠳ᠎ᠤᠨ ᠴᠡᠴᠡᠷᠯᠢᠭ᠂ ᠡᠩ᠎ᠤᠨ ᠪᠠᠭ᠎ᠠ ᠰᠤᠷᠭ᠋ᠠᠭᠤᠯᠢ᠂ ᠡᠩ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠵᠢᠨ ᠳᠤᠮᠳᠠᠴᠢ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠨᠡᠮᠡᠭᠳᠡᠭᠰᠡᠨ ᠪᠠᠶ᠋ᠢᠳᠠᠯ᠄
      1. ᠪᠦᠬᠦ ᠣᠷᠣᠨ᠎ᠤ ᠬᠡᠦᠬᠡᠳ᠎ᠤᠨ ᠴᠡᠴᠡᠷᠯᠢᠭ 16. 055.55 ᠲᠥᠭᠦᠷᠢᠭ᠂ ᠳᠡᠭᠡᠷ᠎ᠡ ᠵᠢᠯ᠎ᠤᠨ᠎ᠬᠢ᠎ᠠᠴᠠ 13.44 ᠨᠡᠮᠡᠭᠳᠡᠪᠡ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠬᠥᠯᠥᠨ ᠪᠤᠶ᠋ᠢᠷ ᠬᠣᠲᠠ (23.39%)᠃
      2. ᠪᠦᠬᠦ ᠣᠷᠣᠨ᠎ᠤ ᠡᠩ᠎ᠤᠨ ᠪᠠᠭ᠎ᠠ ᠰᠤᠷᠭ᠋ᠠᠭᠤᠯᠢ 15731.39 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 7.55% ᠨᠡᠮᠡᠭᠳᠡᠪᠡ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠦᠬᠠᠢ ᠬᠣᠲᠠ             (19.20%)᠃
      3. ᠪᠦᠬᠦ ᠣᠷᠣᠨ᠎ᠤ ᠡᠩ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 20600.46 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 8.27% ᠨᠡᠮᠡᠭᠳᠡᠪᠡ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠠᠯᠠᠱ᠌ᠠ ᠠᠶ᠋ᠢᠮᠠᠭ (32.34%)᠃
      4. ᠪᠦᠬᠦ ᠣᠷᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ 22570.85 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 8.34% ᠨᠡᠮᠡᠭᠳᠡᠪᠡ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠦᠬᠠᠢ ᠬᠣᠲᠠ (37.56%)᠃
      5. ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 22191.72 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 5.82% ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠪᠠᠶᠠᠨᠨᠠᠭᠤᠷ ᠬᠣᠲᠠ (26.53%)᠃
      6. ᠪᠦᠬᠦ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ 20733.21 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 5.46% ᠪᠠᠭᠤᠷᠠᠪᠠ᠃ ᠬᠠᠮᠤᠭ  ᠲᠦᠷᠭᠡᠨ ᠨᠡᠮᠡᠭᠳᠡᠭᠰᠡᠨ᠎ᠨᠢ ᠬᠥᠯᠥᠨ ᠪᠤᠶ᠋ᠢᠷ ᠬᠣᠲᠠ                 (30.30%)᠃
      (ᠭᠤᠷᠪᠠ) ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠭᠴᠢ ᠨᠢᠭᠡ ᠪᠦᠷᠢ᠎ᠳᠤ ᠨᠣᠭᠳᠠᠬᠤ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠵᠠᠷᠤᠳᠠᠯ᠎ᠤᠨ ᠵᠠᠷᠤᠯᠭ᠎ᠠ ᠵᠢᠨ ᠨᠡᠮᠡᠭᠳᠡᠭᠰᠡᠨ ᠪᠠᠶ᠋ᠢᠳᠠᠯ
      2022 ᠣᠨ᠎ᠳᠤ᠂ ᠪᠦᠬᠦ ᠣᠷᠣᠨ᠎ᠤ ᠬᠡᠦᠬᠡᠳ᠎ᠤᠨ ᠴᠡᠴᠡᠷᠯᠢᠭ᠂ ᠡᠩ᠎ᠤᠨ ᠪᠠᠭ᠎ᠠ ᠰᠤᠷᠭ᠋ᠠᠭᠤᠯᠢ᠂ ᠡᠩ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠵᠢᠨ ᠳᠤᠮᠳᠠᠴᠢ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠵᠠᠷᠤᠳᠠᠯ᠎ᠤᠨ ᠵᠠᠷᠤᠯᠭ᠎ᠠ ᠵᠢᠨ ᠪᠠᠶ᠋ᠢᠳᠠᠯ᠄
      1. ᠪᠦᠬᠦ ᠣᠷᠣᠨ᠎ᠤ ᠬᠡᠦᠬᠡᠳ᠎ᠤᠨ ᠴᠡᠴᠡᠷᠯᠢᠭ 14 946. 15 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 6.75% ᠨᠡᠮᠡᠭᠳᠡᠪᠡ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠲᠦᠩᠯᠢᠶᠤᠤ ᠬᠣᠲᠠ (33.26%)᠃
      2. ᠪᠦᠬᠦ ᠣᠷᠣᠨ᠎ᠤ ᠡᠩ᠎ᠤᠨ ᠪᠠᠭ᠎ᠠ ᠰᠤᠷᠭ᠋ᠠᠭᠤᠯᠢ 14 989.72 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 8.32% ᠨᠡᠮᠡᠭᠳᠡᠪᠡ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠲᠦᠩᠯᠢᠶᠤᠤ ᠬᠣᠲᠠ         (18.69%)᠃
      3. ᠪᠦᠬᠦ ᠣᠷᠣᠨ᠎ᠤ ᠡᠩ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 19211. 92 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 6.98%  ᠨᠡᠮᠡᠭᠳᠡᠪᠡ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠪᠠᠶᠠᠨᠨᠠᠭᠤᠷ ᠬᠣᠲᠠ (27.30%)᠃
      4. ᠪᠦᠬᠦ ᠣᠷᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ 21243.62 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 5.64% ᠨᠡᠮᠡᠭᠳᠡᠪᠡ᠃ ᠬᠠᠮᠤᠭ ᠲᠦᠷᠭᠡᠨ ᠨᠡᠮᠡᠭᠳᠡᠭᠰᠡᠨ᠎ᠨᠢ ᠬᠥᠯᠥᠨ ᠪᠤᠶ᠋ᠢᠷ ᠬᠣᠲᠠ (30.80%)᠃
      5. ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 20956.13 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 5.59%  ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠪᠠᠶᠠᠨᠨᠠᠭᠤᠷ ᠬᠣᠲᠠ (14.78%)᠃
      6. ᠪᠦᠬᠦ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ 19523.59 ᠲᠥᠭᠦᠷᠢᠭ᠂  ᠳᠡᠭᠡᠷ᠎ᠡ ᠵᠢᠯ᠎ᠤᠨ᠎ᠬᠢ᠎ᠠᠴᠠ 8.11 ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠰᠢᠯᠢ ᠵᠢᠨ ᠭᠣᠣᠯ ᠠᠶ᠋ᠢᠮᠠᠭ (31.12%)᠃
      (ᠳᠥᠷᠪᠡ) ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠭᠴᠢ ᠨᠢᠭᠡ ᠪᠦᠷᠢ ᠵᠢᠨ ᠳᠤᠮᠳᠠᠴᠢ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠨᠡᠶ᠋ᠢᠲᠡ ᠵᠢᠨ ᠬᠡᠷᠡᠭᠯᠡᠭᠡᠨ ᠎ᠤ ᠵᠠᠷᠤᠳᠠᠯ᠎ᠤᠨ ᠨᠡᠮᠡᠭᠳᠡᠭᠰᠡᠨ ᠪᠠᠶ᠋ᠢᠳᠠᠯ᠄
      2022 ᠣᠨ᠎ᠳᠤ᠂ ᠪᠦᠬᠦ ᠣᠷᠣᠨ᠎ᠤ ᠬᠡᠦᠬᠡᠳ᠎ᠤᠨ ᠴᠡᠴᠡᠷᠯᠢᠭ᠂ ᠡᠩ᠎ᠤᠨ ᠪᠠᠭ᠎ᠠ ᠰᠤᠷᠭ᠋ᠠᠭᠤᠯᠢ᠂ ᠡᠩ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠡᠩ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠨᠢᠭᠡ ᠪᠦᠷᠢ ᠵᠢᠨ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠵᠠᠷᠤᠯᠭ᠎ᠠ ᠵᠢᠨ ᠪᠠᠶ᠋ᠢᠳᠠᠯ᠄
      1. ᠪᠦᠬᠦ ᠣᠷᠣᠨ᠎ᠤ ᠬᠡᠦᠬᠡᠳ᠎ᠤᠨ ᠴᠡᠴᠡᠷᠯᠢᠭ 4619.29 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ           8.57% ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠦᠬᠠᠢ ᠬᠣᠲᠠ (44.77%)᠃
      2. ᠪᠦᠬᠦ ᠣᠷᠣᠨ᠎ᠤ ᠡᠩ᠎ᠤᠨ ᠪᠠᠭ᠎ᠠ ᠰᠤᠷᠭ᠋ᠠᠭᠤᠯᠢ 3146.49 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 6.3% ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠪᠤᠭᠤᠲᠤ ᠬᠣᠲᠠ (23.89%)᠃
      3. ᠪᠦᠬᠦ ᠣᠷᠣᠨ᠎ᠤ ᠡᠩ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 4202.12 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 6.87% ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠠᠯᠠᠱ᠌ᠠ ᠠᠶ᠋ᠢᠮᠠᠭ (35.50%)᠃
      4. ᠪᠦᠬᠦ ᠣᠷᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ 6452.84 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 2.15%  ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠬᠥᠯᠦᠨ ᠪᠤᠢ᠌ᠷ ᠬᠣᠲᠠ (68.65%)᠃
      5. ᠪᠦᠬᠦ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 7 676.79 ᠲᠥᠭᠥᠷᠢᠭ᠂ ᠳᠡᠭᠡᠷ᠎ᠡ ᠵᠢᠯ᠎ᠤᠨ᠎ᠬᠢ᠎ᠠᠴᠠ 14.26% ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠠᠯᠠᠱ᠌ᠠ ᠠᠶ᠋ᠢᠮᠠᠭ (53.42 %)᠃
      6. ᠪᠦᠬᠦ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ 6325.87 ᠲᠥᠭᠥᠷᠢᠭ᠂  ᠳᠡᠭᠡᠷ᠎ᠡ ᠵᠢᠯ᠎ᠤᠨ᠎ᠬᠢ᠎ᠠᠴᠠ 34.03% ᠪᠠᠭᠤᠷᠠᠪᠠ᠃ ᠬᠠᠮᠤᠭ᠎ᠤᠨ ᠲᠦᠷᠭᠡᠨ ᠨᠡᠮᠡᠭᠳᠡᠭᠰᠡᠨ᠎ᠨᠢ ᠰᠢᠯᠢ ᠵᠢᠨ ᠭᠣᠣᠯ ᠠᠶ᠋ᠢᠮᠠᠭ (105.45%)᠃
      (ᠲᠠᠪᠤ) ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠵᠠᠷᠤᠯᠭ᠎ᠠ᠎ᠳᠤ ᠡᠵᠡᠯᠡᠬᠦ ᠬᠠᠷᠢᠴᠠᠯ᠎ᠤᠨ ᠪᠠᠶ᠋ᠢᠳᠠᠯ᠄
      2022 ᠣᠨ᠎ᠳᠤ᠂ ᠪᠦᠬᠦ ᠣᠷᠣᠨ᠎ᠤ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠰᠤᠷᠭ᠋ᠠᠨ ᠬᠥᠮᠦᠵᠢᠯ᠎ᠤᠨ ᠵᠠᠷᠤᠳᠠᠯ 674.21 ᠳ᠋ᠦᠩᠰᠢᠭᠤᠷ ᠲᠥᠭᠥᠷᠢᠭ᠂ ᠡᠩ᠎ᠤᠨ ᠣᠯᠠᠨ ᠨᠡᠶ᠋ᠢᠲᠡ ᠵᠢᠨ ᠦᠢ᠍ᠯᠡᠰ᠎ᠤᠨ ᠲᠥᠰᠦᠪ᠎ᠤᠨ ᠵᠠᠷᠤᠯᠭ᠎ᠠ ᠵᠢᠨ ᠬᠠᠷᠢᠴᠠᠯ 11.45%᠂ ᠳᠡᠭᠡᠷ᠎ᠡ ᠵᠢᠯ᠎ᠤᠨ᠎ᠬᠢ᠎ᠠᠴᠠ 0.64 ᠵᠠᠭᠤᠨ᠎ᠤ ᠨᠢᠭᠡᠴᠢ ᠪᠠᠭᠤᠷᠠᠪᠠ᠃
   
      ᠳᠠᠭ᠋ᠠᠯᠳᠤᠭᠤᠯᠤᠯ᠄ 2022 ᠣᠨ᠎ᠤ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ


         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 
         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
                 2024 ᠣᠨ᠎ᠤ 1 ᠰᠠᠷ᠎ᠠ ᠵᠢᠨ 10᠎ᠤ ᠡᠳᠦᠷ
          

1.jpg


2.jpg

3.jpg


4.jpg

   
ᠳᠠᠭ᠋ᠠᠯᠳᠤᠭᠤᠯᠤᠯ᠄ 2022 ᠣᠨ᠎ᠤ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠳᠡᠮ᠎ᠤᠨ ᠴᠣᠯᠠ ᠵᠢᠨ ᠵᠥᠪᠯᠡᠯ ᠲᠠᠨᠢᠯᠴᠠᠭᠤᠯᠬᠤ᠎ᠪᠠᠷ ᠪᠠᠢ᠌ᠭ᠎ᠠ ᠰᠢᠨ᠎ᠡ᠎ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠨᠢᠭᠡᠴᠢ ᠵᠢᠴᠢ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠤᠨ ᠨᠡᠷᠡᠰ ᠪᠣᠯᠤᠨ ᠵᠢᠭᠰᠠᠭ᠋ᠠᠯᠲᠠ ᠵᠢ ᠢᠯᠡ ᠨᠡᠢ᠌ᠲᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠣᠯᠪᠤᠭᠳᠠᠬᠤ ᠠᠵᠢᠯ᠎ᠢ ᠰᠠᠶ᠋ᠢᠲᠤᠷ ᠬᠢᠬᠦ ᠲᠤᠬᠠᠢ᠎ᠤᠨ ᠮᠡᠳᠡᠭᠳᠡᠯ
ᠠᠩᠬᠠᠳᠠᠭᠴᠢ ᠪᠥᠯᠦᠭ᠎ᠤᠨ ᠪᠦᠬᠦ ᠤᠯᠤᠰ᠎ᠤᠨ ᠬᠠᠤᠯᠢ᠎ᠪᠠᠷ ᠰᠤᠷᠭ᠋ᠠᠭᠤᠯᠢ ᠵᠢ ᠵᠠᠰᠠᠭᠰᠠᠨ ᠳᠠᠭᠤᠷᠢᠶᠠᠯ ᠦᠵᠡᠭᠦᠯᠬᠦ ᠰᠤᠷᠭ᠋ᠠᠭᠤᠯᠢ᠎ᠪᠠᠷ ᠲᠠᠨᠢᠯᠴᠠᠭᠤᠯᠬᠤ᠎ᠪᠠᠷ ᠰᠣᠩᠭᠤᠭᠳᠠᠭᠰᠠᠨ ᠳ᠋ᠦᠩ᠎ᠤᠨ ᠲᠤᠬᠠᠢ ᠢᠯᠡ ᠨᠡᠢ᠌ᠲᠡᠯᠡᠯ
2024 ᠣᠨ᠎ᠤ ᠪᠦᠬᠦ ᠣᠷᠣᠨ᠎ᠤ ᠤᠯᠤᠰ᠎ᠤᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯᠲᠤ ᠬᠣᠰᠢᠭᠤ ᠰᠢᠶᠠᠨ ᠵᠶ᠋ᠠᠷ ᠮᠠᠭ᠋ᠠᠳᠯᠠᠨ ᠳᠣᠭᠲᠠᠭ᠋ᠠᠭᠰᠠᠨ ᠨᠡᠷᠡᠰ᠎ᠢ ᠮᠡᠳᠡᠭᠦᠯᠬᠦ ᠲᠤᠬᠠᠢ ᠢᠯᠡ ᠨᠡᠢ᠌ᠲᠡᠯᠡᠯ
 
             蒙ICP备05000248号