ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠢᠯᠭ᠋ᠠᠯᠲᠠ᠎ᠪᠠᠷ ᠰᠤᠷᠤᠭᠴᠢ ᠡᠯᠰᠡᠬᠦ ᠠᠵᠢᠯ᠎ᠤᠨ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-02-19

             ᠥᠪᠥᠷ ᠰᠤᠷᠭ᠋ᠠᠨ ᠰᠤᠷᠤᠭᠴᠢ ᠪᠢᠴᠢᠭ  [2024] 3 ᠳ᠋ᠤᠭ᠋ᠠᠷ ᠲᠣᠭ᠋ᠠᠲᠤ

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠎ᠤᠨ ᠰᠤᠷᠭ᠋ᠠᠭᠤᠯᠢ ᠵᠢᠨ ᠲᠤᠰᠠᠭ᠋ᠠᠷ ᠰᠢᠯᠭ᠋ᠠᠯᠲᠠ᠎ᠪᠠᠷ ᠰᠤᠷᠤᠭᠴᠢ ᠡᠯᠰᠡᠬᠦ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠰᠤᠷᠭ᠋ᠠᠨ ᠰᠤᠷᠤᠭᠴᠢ ᠪᠢᠴᠢᠭ [2024] 3 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠵᠠᠷᠯᠠᠪᠠ᠄
      ᠨᠢᠭᠡ᠂ ᠠᠵᠢᠯ᠎ᠤᠨ ᠳᠡᠰ ᠳᠠᠷᠠᠭ᠋ᠠᠯᠠᠯ
      ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠳᠤᠰᠠᠭ᠋ᠠᠷ ᠰᠤᠷᠤᠭᠴᠢ ᠡᠯᠰᠡᠬᠦ ᠠᠵᠢᠯ᠎ᠤᠨ ᠳᠡᠰ ᠳᠠᠷᠠᠭ᠋ᠠᠯᠠᠯ ᠪᠣᠯ᠄ ᠰᠢᠯᠭ᠋ᠠᠭᠤᠯᠤᠭᠴᠢ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠨᠡᠷ᠎ᠡ ᠮᠡᠳᠡᠭᠦᠯᠵᠦ᠂ ᠳᠡᠭᠡᠳᠦ ᠰᠤᠷᠭ᠋ᠠᠭᠤᠯᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠳᠣᠰᠠᠭ᠋ᠠᠷ ᠰᠤᠷᠤᠭᠴᠢ ᠡᠯᠰᠡᠬᠦ ᠠᠵᠢᠯ᠎ᠤᠨ ᠲᠥᠰᠦᠯ᠎ᠢ ᠨᠡᠢ᠌ᠲᠡᠯᠡᠨ᠂ ᠳᠡᠭᠡᠳᠦ ᠰᠤᠷᠭ᠋ᠠᠭᠤᠯᠢ ᠲᠤᠰᠬᠠᠢ ᠮᠡᠷᠭᠡᠵᠢᠯ ᠬᠤᠪᠢᠶᠠᠨ ᠰᠤᠷᠤᠭᠴᠢ ᠡᠯᠰᠡᠬᠦ ᠲᠥᠯᠥᠪᠯᠡᠭᠡ ᠵᠢ ᠨᠡᠢ᠌ᠲᠡᠯᠡᠵᠦ᠂ ᠰᠢᠯᠭ᠋ᠠᠭᠤᠯᠤᠭᠴᠢ ᠰᠦᠯᠵᠢᠶᠡᠨ᠎ᠳᠤ ᠡᠷᠡᠮᠡᠯᠵᠡᠯ ᠲᠠᠭᠯᠠᠨ᠂ ᠳᠡᠭᠡᠳᠦ ᠰᠤᠷᠭ᠋ᠠᠭᠤᠯᠢ ᠰᠢᠯᠭ᠋ᠠᠭᠤᠯᠤᠭᠴᠢ ᠵᠢᠨ ᠮᠡᠳᠡᠭᠡ ᠵᠠᠩᠭᠢ ᠵᠢ ᠪᠠᠭᠤᠯᠭ᠋ᠠᠵᠤ᠂ ᠰᠢᠯᠭ᠋ᠠᠭᠤᠯᠤᠭᠴᠢ ᠳᠡᠭᠡᠳᠦ ᠰᠤᠷᠭ᠋ᠠᠭᠤᠯᠢ ᠵᠢᠨ ᠳᠠᠷᠬᠠᠭ᠋ᠠᠭᠰᠠᠨ 《ᠰᠢᠯᠭ᠋ᠠᠭᠤᠯᠬᠤ ᠳᠡᠮᠳᠡᠭ》᠎ᠢ  ᠠᠪᠤᠨ᠂ ᠳᠡᠭᠡᠳᠦ ᠰᠤᠷᠭ᠋ᠠᠭᠤᠯᠢ ᠰᠢᠯᠭ᠋ᠠᠯᠲᠠ ᠵᠢ ᠵᠣᠬᠢᠶᠠᠨ ᠪᠠᠶ᠋ᠢᠭᠤᠯᠵᠤ᠂ ᠳᠡᠭᠡᠳᠦ ᠰᠤᠷᠭ᠋ᠠᠭᠤᠯᠢ ᠰᠢᠯᠭ᠋ᠠᠭᠤᠯᠤᠭᠰᠠᠳ᠎ᠤᠨ ᠬᠢᠷᠢ ᠪᠦᠲᠦᠮᠵᠢ ᠵᠢ ᠢᠯᠡ ᠨᠡᠢ᠌ᠲᠡᠯᠡᠨ᠂ ᠳᠡᠭᠡᠳᠦ ᠰᠤᠷᠭ᠋ᠠᠭᠤᠯᠢ ᠡᠯᠰᠡᠬᠦ᠎ᠪᠠᠷ ᠪᠠᠶ᠋ᠢᠭ᠎ᠠ ᠰᠤᠷᠤᠭᠴᠢ ᠵᠢᠨ ᠨᠡᠷᠡᠰ᠎ᠢ ᠢᠯᠡ ᠨᠡᠢ᠌ᠲᠡᠯᠡᠵᠦ᠂ ᠳᠡᠭᠡᠳᠦ ᠰᠤᠷᠭ᠋ᠠᠭᠤᠯᠢ ᠡᠯᠰᠡᠬᠦ᠎ᠪᠠᠷ ᠪᠠᠶ᠋ᠢᠭ᠎ᠠ ᠨᠡᠷᠡᠰ᠎ᠢ ᠳᠠᠮᠵᠢᠭᠤᠯᠤᠨ᠂ ᠡᠯᠰᠡᠨ ᠠᠪᠬᠤ ᠭᠠᠷᠳᠠᠮ᠎ᠢ ᠭᠦᠢ᠍ᠴᠡᠳᠬᠡᠵᠦ᠂ ᠡᠯᠰᠡᠨ ᠠᠪᠬᠤ ᠮᠡᠳᠡᠭᠳᠡᠯ᠎ᠤᠨ ᠪᠢᠴᠢᠭ ᠣᠯᠭᠣᠨ᠎ᠠ᠃
      ᠬᠣᠶᠠᠷ᠂ ᠰᠤᠷᠤᠭᠴᠢ ᠡᠯᠰᠡᠬᠦ ᠲᠥᠰᠦᠯ᠎ᠢ ᠨᠡᠶ᠋ᠢᠲᠡᠯᠡᠬᠦ
      (ᠨᠢᠭᠡ) ᠣᠷᠣᠨ᠎ᠤ ᠳᠣᠲᠣᠷᠠᠬᠢ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠤᠰᠠᠭ᠋ᠠᠷ ᠰᠤᠷᠤᠭᠴᠢ ᠡᠯᠰᠡᠬᠦ ᠠᠵᠢᠯ᠎ᠤᠨ ᠬᠡᠷᠡᠭᠵᠢᠭᠦᠯᠬᠦ ᠲᠥᠰᠦᠯ᠎ᠢ 2024 ᠣᠨ᠎ᠤ 2 ᠰᠠᠷ᠎ᠠ ᠵᠢᠨ 23᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠳᠤ ᠮᠡᠳᠡᠭᠦᠯᠦᠨ ᠬᠢᠨᠠᠨ ᠪᠠᠢ᠌ᠴᠠᠭ᠋ᠠᠯᠭ᠋ᠠᠵᠤ᠂ ᠬᠢᠨᠠᠨ ᠪᠠᠢ᠌ᠴᠠᠭ᠋ᠠᠯᠲᠠ ᠵᠢ ᠥᠩᠭᠡᠷᠡᠭᠰᠡᠨ᠎ᠤ ᠳᠠᠷᠠᠭ᠎ᠠ᠂ ᠶᠡᠬᠡ ᠳᠡᠭᠡᠳᠦ ᠰᠤᠷᠭ᠋ᠠᠭᠤᠯᠢ᠎ᠠᠴᠠ ᠳᠡᠭᠡᠳᠦ ᠰᠤᠷᠭ᠋ᠠᠭᠤᠯᠢ ᠵᠢᠨ ᠠᠯᠪᠠᠨ ᠰᠦᠯᠵᠢᠶ᠎ᠡ᠎ᠪᠠᠷ ᠳᠠᠮᠵᠢᠭᠤᠯᠤᠨ ᠨᠡᠶ᠋ᠢᠭᠡᠮ᠎ᠳᠤ           ᠨᠡᠶ᠋ᠢᠲᠡᠯᠡᠨ᠎ᠡ᠃ ᠰᠢᠯᠭ᠋ᠠᠭᠤᠯᠤᠭᠴᠢ ᠵᠢ ᠡᠷᠡᠮᠡᠯᠵᠡᠯ ᠲᠠᠭᠯᠠᠬᠤ᠎ᠠᠴᠠ ᠡᠮᠦᠨ᠎ᠡ᠂ 《ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ》 ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ  ᠰᠤᠷᠭ᠋ᠠᠨ ᠬᠥᠮᠥᠵᠢᠯ᠎ᠤᠨ ᠳᠤᠰᠠᠭ᠋ᠠᠷ ᠰᠤᠷᠤᠭᠴᠢ ᠡᠯᠰᠡᠬᠦ ᠲᠥᠯᠥᠪᠯᠡᠭᠡ ᠪᠠ ᠬᠡᠷᠡᠭᠵᠢᠭᠦᠯᠬᠦ ᠲᠥᠰᠦᠯ᠎ᠤᠨ ᠰᠤᠷᠭ᠋ᠠᠭᠤᠯᠢ ᠵᠢᠨ ᠠᠯᠪᠠᠨ ᠰᠦᠯᠵᠢᠶᠡᠨ᠎ᠤ ᠬᠠᠶᠢᠭ᠎ᠢ  ᠨᠡᠢ᠌ᠲᠡᠯᠡᠨ᠎ᠡ᠃
      (ᠬᠣᠶᠠᠷ) ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ ᠵᠢᠨ ᠲᠤᠰᠠᠭ᠋ᠠᠷ ᠰᠤᠷᠤᠭᠴᠢ ᠡᠯᠰᠡᠬᠦ ᠠᠵᠢᠯ᠎ᠤᠨ ᠬᠡᠷᠡᠭᠵᠢᠭᠦᠯᠬᠦ ᠲᠥᠰᠦᠯ᠎ᠨᠢ ᠡᠷᠬᠡᠪᠰᠢ ᠬᠠᠮᠢᠶ᠎ᠠ ᠪᠦᠬᠦᠢ ᠱᠠᠭ᠋ᠠᠷᠳᠠᠯᠭ᠎ᠠ᠎ᠳᠤ ᠨᠡᠢ᠌ᠴᠡᠬᠦ᠎ᠠᠴᠠ ᠭᠠᠳᠠᠨ᠎ᠠ᠂ ᠪᠠᠰᠠ ᠰᠤᠷᠤᠭᠴᠢ ᠡᠯᠰᠡᠬᠦ ᠡᠲᠡᠭᠡᠳ᠂ ᠰᠤᠷᠤᠭᠴᠢ ᠡᠯᠰᠡᠬᠦ ᠨᠥᠬᠥᠴᠡᠯ᠂ ᠳᠠᠷᠤᠮᠠᠯᠯᠠᠬᠤ ᠪᠤᠶᠤ ᠰᠢᠯᠭ᠋ᠠᠭᠤᠯᠬᠤ ᠳᠡᠮᠳᠡᠭ᠎ᠢ ᠠᠪᠬᠤ ᠴᠠᠭ ᠪᠠ ᠭᠠᠵᠠᠷ᠂ ᠲᠤᠰ ᠰᠤᠷᠭ᠋ᠠᠭᠤᠯᠢ ᠵᠢᠨ ᠠᠵᠢᠯ ᠮᠡᠷᠭᠡᠵᠢᠯ᠎ᠳᠤ ᠵᠣᠬᠢᠴᠠᠬᠤ ᠰᠢᠯᠭ᠋ᠠᠯᠲᠠ᠂ ᠰᠣᠶᠣᠯ᠎ᠤᠨ ᠰᠠᠭᠤᠷᠢ ᠪᠠ ᠠᠵᠢᠯ ᠮᠡᠷᠭᠡᠵᠢᠯ᠎ᠤᠨ ᠴᠢᠳᠠᠪᠤᠷᠢ ᠵᠢᠨ ᠰᠣᠷᠢᠯᠲᠠ ᠵᠢᠨ ᠠᠭᠤᠯᠭ᠎ᠠ᠂ ᠠᠷᠭ᠎ᠠ ᠮᠠᠶᠢᠭ᠂ ᠴᠠᠭ ᠬᠤᠭᠤᠴᠠᠭ᠎ᠠ᠂ ᠭᠠᠵᠠᠷ᠂ ᠶᠡᠷᠦᠩᠬᠡᠶ᠋ᠢᠯᠡᠨ ᠦᠨᠡᠯᠡᠬᠦ ᠠᠷᠭ᠎ᠠ᠂ ᠡᠯᠰᠡᠬᠦ᠎ᠪᠠᠷ ᠪᠠᠶ᠋ᠢᠭ᠎ᠠ ᠨᠡᠷᠡᠰ᠎ᠢ ᠢᠯᠡ ᠨᠡᠶ᠋ᠢᠲᠡᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠵᠢ           ᠪᠠᠭᠲᠠᠭ᠋ᠠᠨ᠎ᠠ᠃ ᠲᠥᠰᠦᠯ᠎ᠤᠨ ᠦᠰᠦᠭ ᠪᠢᠴᠢᠭ ᠵᠶ᠋ᠡᠷ ᠢᠯᠡᠳᠭᠡᠭᠰᠡᠨ᠎ᠨᠢ ᠣᠨᠣᠪᠴᠢᠲᠠᠢ ᠪᠥᠭᠡᠳ ᠲᠣᠳᠤᠷᠬᠠᠢ᠂ ᠰᠠᠯᠪᠤᠷᠢ ᠤᠳᠬ᠎ᠠ ᠦᠭᠡᠢ ᠪᠠᠶ᠋ᠢᠬᠤ ᠬᠡᠷᠡᠭᠲᠡᠢ᠃
      ᠭᠤᠷᠪᠠ᠂ ᠰᠦᠯᠵᠢᠶᠡᠨ᠎ᠳᠤ ᠡᠷᠡᠮᠡᠯᠵᠡᠯ ᠲᠠᠭᠯᠠᠬᠤ
      (ᠨᠢᠭᠡ) ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ ᠵᠢᠨ ᠳᠤᠰᠠᠭ᠋ᠠᠷ ᠰᠤᠷᠤᠭᠴᠢ ᠡᠯᠰᠡᠬᠦ᠎ᠳᠤ ᠣᠷᠣᠯᠴᠠᠬᠤ ᠰᠢᠯᠭ᠋ᠠᠭᠤᠯᠤᠭᠴᠢ ᠴᠥᠮ 2024 ᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ᠎ᠳᠤ ᠨᠡᠷ᠎ᠡ ᠮᠡᠳᠡᠭᠦᠯᠬᠦ ᠵᠢᠨ ᠬᠠᠮᠲᠤ ᠨᠡᠷ᠎ᠡ ᠮᠡᠳᠡᠭᠦᠯᠬᠦ ᠲᠥᠷᠥᠯ ᠵᠶ᠋ᠠᠨ ᠵᠥᠪ ᠰᠣᠩᠭᠣᠵᠤ᠂ ᠡᠷᠡᠮᠡᠯᠵᠡᠯ᠎ᠢ ᠬᠠᠪᠰᠤᠷᠭ᠋ᠠᠨ ᠲᠠᠭᠯᠠᠬᠤ ᠲᠤᠬᠠᠢ ᠳᠣᠣᠷᠠᠬᠢ ᠮᠡᠲᠦ ᠳᠣᠭᠲᠠᠭ᠋ᠠᠪᠠ᠄
      1. ᠮᠣᠩᠭᠣᠯ ᠵᠶ᠋ᠠᠷ ᠬᠢᠴᠢᠶᠡᠯᠯᠡᠬᠦ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠢᠯᠭ᠋ᠠᠭᠤᠯᠤᠭᠴᠢ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ; ᠮᠣᠩᠭᠣᠯ ᠵᠶ᠋ᠠᠷ ᠬᠢᠴᠢᠶᠡᠯᠯᠡᠬᠦ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠢᠯᠭ᠋ᠠᠭᠤᠯᠤᠭᠴᠢ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ᠃
      2. ᠮᠣᠩᠭᠣᠯ ᠵᠶ᠋ᠠᠷ ᠬᠢᠴᠢᠶᠡᠯᠯᠡᠬᠦ ᠤᠷᠠᠯᠢᠭ᠎ᠤᠨ ᠲᠥᠷᠥᠯ᠎ᠤᠨ ᠰᠢᠯᠭ᠋ᠠᠭᠤᠯᠤᠭᠴᠢ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ; ᠮᠣᠩᠭᠣᠯ ᠵᠶ᠋ᠠᠷ ᠬᠢᠴᠢᠶᠡᠯᠯᠡᠬᠦ ᠪᠡᠶ᠎ᠡ ᠵᠢᠨ ᠲᠠᠮᠢᠷ᠎ᠤᠨ ᠰᠢᠯᠭ᠋ᠠᠭᠤᠯᠤᠭᠴᠢ ᠪᠡᠶ᠎ᠡ ᠵᠢᠨ ᠲᠠᠮᠢᠷ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ᠃
      3. ᠮᠣᠩᠭᠣᠯ ᠵᠶ᠋ᠠᠷ ᠬᠢᠴᠢᠶᠡᠯᠯᠡᠬᠦ ᠤᠷᠠᠯᠢᠭ (ᠨᠡᠢ᠌ᠭᠡᠮ᠎ᠤᠨ ᠰᠢᠨᠵᠢᠯᠡᠬᠦ ᠤᠬᠠᠭ᠋ᠠᠨ)᠂ ᠮᠣᠩᠭᠣᠯ ᠵᠶ᠋ᠠᠷ ᠬᠢᠴᠢᠶᠡᠯᠯᠡᠬᠦ ᠪᠡᠶ᠎ᠡ ᠵᠢᠨ ᠲᠠᠮᠢᠷ (ᠨᠡᠢ᠌ᠭᠡᠮ᠎ᠤᠨ ᠰᠢᠨᠵᠢᠯᠡᠬᠦ ᠤᠬᠠᠭ᠋ᠠᠨ)᠎ᠤᠨ ᠰᠢᠯᠭ᠋ᠠᠭᠤᠯᠤᠭᠴᠢ ᠮᠣᠩᠭᠣᠯ ᠵᠶ᠋ᠠᠷ ᠬᠢᠴᠢᠶᠡᠯᠯᠡᠬᠦ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ; ᠮᠣᠩᠭᠣᠯ ᠵᠶ᠋ᠠᠷ ᠬᠢᠴᠢᠶᠡᠯᠯᠡᠬᠦ ᠤᠷᠠᠯᠢᠭ (ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ)᠂ ᠮᠣᠩᠭᠣᠯ ᠵᠶ᠋ᠠᠷ ᠬᠢᠴᠢᠶᠡᠯᠯᠡᠬᠦ ᠪᠡᠶ᠎ᠡ ᠵᠢᠨ ᠲᠠᠮᠢᠷ (ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ)᠎ᠤᠨ ᠰᠢᠯᠭ᠋ᠠᠭᠤᠯᠤᠭᠴᠢ ᠮᠣᠩᠭᠣᠯ ᠵᠶ᠋ᠠᠷ ᠬᠢᠴᠢᠶᠡᠯᠯᠡᠬᠦ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ᠃
      4. ᠤᠷᠠᠯᠢᠭ (ᠨᠡᠢ᠌ᠭᠡᠮ᠎ᠤᠨ ᠰᠢᠨᠵᠢᠯᠡᠬᠦ ᠤᠬᠠᠭ᠋ᠠᠨ)᠂ ᠪᠡᠶ᠎ᠡ ᠵᠢᠨ ᠲᠠᠮᠢᠷ (ᠨᠡᠢ᠌ᠭᠡᠮ᠎ᠤᠨ ᠰᠢᠨᠵᠢᠯᠡᠬᠦ ᠤᠬᠠᠭ᠋ᠠᠨ)᠎ᠤᠨ ᠰᠢᠯᠭ᠋ᠠᠭᠤᠯᠤᠭᠴᠢ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ; ᠤᠷᠠᠯᠢᠭ (ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ)᠂ ᠪᠡᠶ᠎ᠡ ᠵᠢᠨ ᠲᠠᠮᠢᠷ (ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ)᠎ᠤᠨ ᠰᠢᠯᠭ᠋ᠠᠭᠤᠯᠤᠭᠴᠢ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠡᠷᠡᠮᠡᠯᠵᠡᠯ᠎ᠢ ᠬᠠᠪᠰᠤᠷᠭ᠋ᠠᠨ ᠮᠡᠳᠡᠭᠦᠯᠵᠦ ᠪᠣᠯᠤᠨ᠎ᠠ᠃
      5. ᠳᠠᠭᠤᠤ ᠬᠥᠭᠵᠢᠮ᠎ᠤᠨ ᠲᠥᠷᠥᠯ᠂ ᠪᠥᠵᠢᠭ᠎ᠤᠨ ᠲᠥᠷᠥᠯ᠂ ᠲᠣᠭᠯᠠᠯᠲᠠ (ᠤᠳᠤᠷᠢᠳᠤᠭ᠋ᠠᠴᠢ) ᠵᠢᠨ ᠲᠥᠷᠥᠯ᠂ ᠨᠡᠪᠲᠡᠷᠡᠭᠦᠯᠦᠭᠴᠢ ᠪᠠ ᠬᠥᠲᠦᠯᠦᠭᠴᠢ ᠵᠢᠨ ᠲᠥᠷᠥᠯ᠂ ᠤᠷᠠᠨ ᠵᠢᠷᠤᠭ ᠪᠠ ᠵᠢᠷᠤᠭ ᠲᠥᠯᠥᠪᠯᠡᠭᠡ ᠵᠢᠨ ᠲᠥᠷᠥᠯ᠂ ᠤᠷᠠᠨ ᠪᠢᠴᠢᠯᠭᠡ ᠵᠢᠨ ᠲᠥᠷᠥᠯ ᠵᠡᠷᠭᠡ ᠥᠪᠡᠷᠲᠡᠭᠡᠨ ᠵᠠᠰᠠᠬᠤ ᠣᠷᠣᠨ᠎ᠤ 6 ᠨᠢᠭᠡᠳᠦᠯᠲᠡᠢ ᠰᠢᠯᠭ᠋ᠠᠯᠲᠠ ᠵᠢᠨ ᠲᠥᠷᠥᠯ᠎ᠢ ᠬᠣᠭᠣᠷᠣᠨᠳᠣ᠎ᠨᠢ ᠬᠠᠷᠢᠯᠴᠠᠨ ᠬᠠᠪᠰᠤᠷᠭ᠋ᠠᠨ ᠮᠡᠳᠡᠭᠦᠯᠵᠦ ᠪᠣᠯᠬᠤ ᠦᠭᠡᠢ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠰᠢ  ᠳᠠᠭᠤᠷᠢᠯᠢᠭ᠎ᠤᠨ ᠲᠥᠷᠥᠯ᠎ᠤᠨ ᠰᠢᠯᠭ᠋ᠠᠯᠲᠠ ᠵᠢ ᠬᠠᠪᠰᠤᠷᠭ᠋ᠠᠨ ᠮᠡᠳᠡᠭᠦᠯᠵᠦ ᠪᠣᠯᠤᠨ᠎ᠠ᠃
      (ᠬᠣᠶᠠᠷ) ᠰᠦᠯᠵᠢᠶᠡᠨ᠎ᠳᠤ ᠡᠷᠡᠮᠡᠯᠵᠡᠯ ᠲᠠᠭᠯᠠᠬᠤ ᠵᠢ 3 ᠰᠠᠷ᠎ᠠ ᠵᠢᠨ 4 - 8᠎ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠰᠢᠯᠭ᠋ᠠᠭᠤᠯᠤᠭᠴᠢ ᠵᠥᠪᠬᠡᠨ 1 ᠳᠡᠭᠡᠳᠦ ᠰᠤᠷᠭ᠋ᠠᠭᠤᠯᠢ ᠵᠢᠨ ᠡᠷᠡᠮᠡᠯᠵᠡᠯ ᠪᠠ 3 ᠲᠤᠰᠬᠠᠢ ᠮᠡᠷᠭᠡᠵᠢᠯ᠎ᠤᠨ ᠡᠷᠡᠮᠡᠯᠵᠡᠯ᠎ᠢ ᠲᠠᠭᠯᠠᠨ ᠮᠡᠳᠡᠭᠦᠯᠵᠦ ᠪᠣᠯᠤᠨ᠎ᠠ᠂ ᠡᠭᠦᠨ᠎ᠤ ᠬᠠᠮᠲᠤ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠳᠠᠭ᠋ᠠᠬᠤ ᠪᠠ ᠰᠦᠢ᠍ᠳᠬᠡᠯ᠎ᠨᠢ ᠦᠨᠡᠲᠡᠢ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠳᠠᠭ᠋ᠠᠬᠤ ᠡᠰᠡᠬᠦ ᠵᠢ ᠰᠣᠩᠭᠣᠬᠤ ᠬᠡᠷᠡᠭᠲᠡᠢ᠃
      (ᠭᠤᠷᠪᠠ) ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ ᠵᠢᠨ ᠳᠤᠰᠠᠭ᠋ᠠᠷ ᠰᠤᠷᠤᠭᠴᠢ ᠡᠯᠰᠡᠬᠦ ᠲᠥᠯᠥᠪᠯᠡᠭᠡ ᠵᠢ ᠪᠡᠶᠡᠯᠡᠭᠦᠯᠦᠭᠡᠳᠦᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ 4 ᠳ᠋ᠦ᠍ᠭᠡᠷ ᠰᠠᠷ᠎ᠠ ᠵᠢᠨ 3᠎ᠤ ᠡᠳᠦᠷ ᠬᠣᠶᠠᠳᠤᠭ᠋ᠠᠷ ᠤᠳᠠᠭ᠋ᠠᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ ᠵᠢᠨ ᠳᠤᠰᠠᠭ᠋ᠠᠷ ᠰᠤᠷᠤᠭᠴᠢ ᠡᠯᠰᠡᠬᠦ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠵᠥᠪᠰᠢᠶᠡᠷᠡᠯ ᠦᠭᠡᠢ ᠪᠣᠯ ᠲᠥᠯᠥᠪᠯᠡᠭᠡ ᠨᠡᠮᠡᠵᠦ ᠪᠣᠯᠬᠤ ᠦᠭᠡᠢ᠂ 4 ᠳ᠋ᠦ᠍ᠭᠡᠷ ᠰᠠᠷ᠎ᠠ ᠵᠢᠨ 8᠎ᠤ ᠡᠳᠦᠷ᠎ᠠᠴᠠ ᠡᠮᠦᠨ᠎ᠡ ᠦᠯᠡᠳᠡᠭᠰᠡᠨ ᠰᠤᠷᠤᠭᠴᠢ ᠡᠯᠰᠡᠬᠦ ᠲᠥᠯᠥᠪᠯᠡᠭᠡ᠎ᠪᠠᠨ ᠨᠡᠶ᠋ᠢᠲᠡᠯᠡᠵᠦ᠂ ᠬᠣᠶᠠᠳᠤᠭ᠋ᠠᠷ ᠤᠳᠠᠭ᠋ᠠᠨ᠎ᠤ ᠰᠦᠯᠵᠢᠶᠡᠨ᠎ᠳᠤ ᠡᠯᠰᠡᠬᠦ ᠡᠷᠡᠮᠡᠯᠵᠡᠯ᠎ᠢ ᠲᠠᠭᠯᠠᠬᠤ ᠵᠢ 4 ᠳ᠋ᠦ᠍ᠭᠡᠷ ᠰᠠᠷ᠎ᠠ ᠵᠢᠨ 8 - 10᠎ᠤ ᠡᠳᠦᠷ ᠪᠣᠯᠲᠠᠯ᠎ᠠ ᠲᠣᠬᠢᠷᠠᠭᠤᠯᠪᠠ᠃ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ  ᠵᠢᠨ ᠰᠤᠷᠤᠭᠴᠢ ᠡᠯᠰᠡᠬᠦ ᠲᠥᠯᠥᠪᠯᠡᠭᠡ ᠵᠢ ᠨᠢᠭᠡᠨᠲᠡ ᠪᠡᠶᠡᠯᠡᠭᠦᠯᠦᠭᠰᠡᠨ ᠳᠡᠭᠡᠳᠦ ᠰᠤᠷᠭ᠋ᠠᠭᠤᠯᠢ ᠵᠠᠷᠴᠢᠮ ᠳᠡᠭᠡᠷ᠎ᠡ᠎ᠪᠠᠨ ᠡᠷᠡᠮᠡᠯᠵᠡᠯ  ᠲᠠᠭᠯᠠᠬᠤ᠎ᠳᠤ ᠣᠷᠣᠯᠴᠠᠬᠤ ᠦᠭᠡᠢ᠃
      (ᠲᠦᠷᠪᠡ) ᠰᠦᠯᠵᠢᠶᠡᠨ᠎ᠳᠤ ᠡᠷᠡᠮᠡᠯᠵᠡᠯ ᠲᠠᠭᠯᠠᠭᠰᠠᠨ᠎ᠤ ᠳᠠᠷᠠᠭ᠎ᠠ᠂ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠲᠤᠰ ᠰᠤᠷᠭ᠋ᠠᠭᠤᠯᠢ᠎ᠳᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠵᠢᠨ ᠮᠡᠳᠡᠭᠡ ᠵᠠᠩᠭᠢ ᠵᠢ ᠪᠠᠭᠤᠯᠭ᠋ᠠᠵᠤ ᠠᠪᠤᠨ᠎ᠠ᠃
      (ᠲᠠᠪᠤ) ᠰᠦᠯᠵᠢᠶᠡᠨ᠎ᠳᠤ ᠡᠷᠡᠮᠡᠯᠵᠡᠯ ᠲᠠᠭᠯᠠᠬᠤ ᠵᠢ ᠪᠡᠶᠡᠯᠡᠭᠦᠯᠦᠭᠰᠡᠨ ᠰᠢᠯᠭ᠋ᠠᠭᠤᠯᠤᠭᠴᠢ᠂ ᠳᠡᠭᠡᠳᠦ ᠰᠤᠷᠭ᠋ᠠᠭᠤᠯᠢ᠎ᠳᠤ ᠨᠡᠷ᠎ᠡ ᠮᠡᠳᠡᠭᠦᠯᠬᠦ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ 《ᠰᠢᠯᠭ᠋ᠠᠭᠤᠯᠬᠤ ᠲᠡᠮᠳᠡᠭ》 ᠵᠶ᠋ᠡᠨ ᠠᠪᠴᠤ ᠰᠢᠯᠭ᠋ᠠᠯᠲᠠ᠎ᠳᠤ ᠣᠷᠣᠯᠴᠠᠨ᠎ᠠ᠃
      ᠳᠥᠷᠪᠡ᠂ ᠰᠢᠯᠭ᠋ᠠᠭᠤᠯᠬᠤ ᠪᠠ ᠡᠯᠰᠡᠭᠳᠡᠬᠦ
      (ᠨᠢᠭᠡ) ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠵᠢᠨ ᠠᠩᠬᠠᠳᠤᠭ᠋ᠠᠷ ᠤᠳᠠᠭ᠋ᠠᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠴᠠᠭ᠎ᠢ 3 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ ᠡᠷᠲᠡ ᠪᠠᠢ᠌ᠯᠭ᠋ᠠᠵᠤ ᠪᠣᠯᠬᠤ ᠦᠭᠡᠢ᠂ 3 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ ᠣᠷᠣᠢ  ᠪᠠᠢ᠌ᠯᠭ᠋ᠠᠵᠤ ᠪᠣᠯᠬᠤ ᠦᠭᠡᠢ; ᠬᠣᠶᠠᠳᠠᠬᠢ ᠤᠳᠠᠭ᠎ᠠ ᠡᠷᠡᠮᠡᠯᠵᠡᠯ ᠲᠠᠭᠯᠠᠭᠰᠠᠨ ᠰᠢᠯᠭ᠋ᠠᠭᠤᠯᠤᠭᠴᠢ ᠵᠢ ᠡᠯᠰᠡᠬᠦ ᠴᠠᠭ᠎ᠢ 4 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠣᠷᠣᠢ ᠪᠠᠢ᠌ᠯᠭ᠋ᠠᠵᠤ ᠪᠣᠯᠬᠤ ᠦᠭᠡᠢ᠃
      (ᠬᠣᠶᠠᠷ) ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠲᠤᠰ ᠰᠤᠷᠭ᠋ᠠᠭᠤᠯᠢ ᠵᠢᠨ ᠵᠶ᠋ᠠᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠰᠤᠷᠭ᠋ᠠᠭᠤᠯᠢ ᠵᠢᠨ ᠳᠤᠰᠠᠭ᠋ᠠᠷ ᠰᠤᠷᠤᠭᠴᠢ ᠡᠯᠰᠡᠬᠦ ᠪᠥᠬᠦ ᠰᠢᠯᠭ᠋ᠠᠯᠲᠠ ᠵᠢᠨ ᠬᠢᠴᠢᠶᠡᠯ ᠲᠥᠷᠥᠯ (ᠲᠥᠷᠥᠯ ᠵᠦᠢ᠍ᠯ)᠎ᠤᠨ ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ 7 ᠡᠳᠦᠷ᠎ᠤᠨ ᠳᠣᠲᠣᠷ᠎ᠠ᠂ ᠰᠦᠯᠵᠢᠶᠡᠨ᠎ᠤ ᠲᠠᠪᠴᠠᠩ ᠵᠶ᠋ᠠᠷ ᠳᠠᠮᠵᠢᠭᠤᠯᠤᠨ ᠰᠢᠯᠭ᠋ᠠᠭᠤᠯᠤᠭᠴᠢ ᠵᠢᠨ ᠬᠢᠷᠢ ᠪᠦᠲᠦᠮᠵᠢ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ᠎ᠲᠤ ᠳᠠᠮᠵᠢᠭᠤᠯᠤᠨ᠎ᠠ᠃
      (ᠭᠤᠷᠪᠠ) 《ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ》᠎ᠳᠤ ᠳᠡᠭᠡᠳᠦ ᠰᠤᠷᠭ᠋ᠠᠭᠤᠯᠢ ᠬᠤᠪᠢᠶᠠᠨ᠂ ᠬᠢᠴᠢᠶᠡᠯ ᠲᠥᠷᠥᠯ ᠬᠤᠪᠢᠶᠠᠨ᠂ ᠲᠤᠰᠬᠠᠢ ᠮᠡᠷᠭᠡᠵᠢᠯ ᠬᠤᠪᠢᠶᠠᠨ ᠰᠢᠯᠭ᠋ᠠᠭᠤᠯᠤᠭᠴᠢ ᠵᠢᠨ ᠬᠢᠷᠢ ᠪᠦᠲᠦᠮᠵᠢ ᠵᠢ ᠢᠯᠡ ᠨᠡᠢ᠌ᠲᠡᠯᠡᠨ᠎ᠡ᠃
      (ᠳᠥᠷᠪᠡ) ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠨᠢᠭᠡᠨᠲᠡ ᠨᠡᠶ᠋ᠢᠲᠡᠯᠡᠭᠰᠡᠨ ᠰᠤᠷᠤᠭᠴᠢ ᠡᠯᠰᠡᠬᠦ ᠳᠦᠷᠢᠮ ᠶᠣᠰᠣᠭ᠋ᠠᠷ ᠰᠤᠷᠤᠭᠴᠢ ᠡᠯᠰᠡᠬᠦ ᠵᠢ ᠬᠡᠷᠡᠭᠵᠢᠭᠦᠯᠵᠦ᠂ ᠡᠯᠰᠡᠬᠦ ᠨᠥᠬᠥᠴᠡᠯ᠎ᠳᠤ ᠨᠡᠶ᠋ᠢᠴᠡᠬᠦ ᠦᠭᠡᠢ ᠰᠢᠯᠭ᠋ᠠᠭᠤᠯᠤᠭᠴᠢ ᠵᠢ ᠡᠯᠰᠡᠵᠦ ᠪᠣᠯᠬᠤ ᠦᠭᠡᠢ᠂ ᠡᠯᠰᠡᠬᠦ᠎ᠪᠠᠷ ᠪᠠᠶ᠋ᠢᠭ᠎ᠠ ᠰᠢᠯᠭ᠋ᠠᠭᠤᠯᠤᠭᠴᠢ ᠴᠥᠮ ᠡᠷᠬᠡᠪᠰᠢ ᠵᠣᠬᠢᠬᠤ ᠰᠢᠯᠭ᠋ᠠᠭᠤᠯᠤᠭᠰᠠᠨ ᠬᠢᠴᠢᠶᠡᠯ ᠲᠥᠷᠦᠯ (ᠲᠥᠷᠥᠯ ᠵᠦᠢ᠍ᠯ)᠎ᠤᠨ ᠬᠢᠷᠢ ᠪᠥᠲᠦᠮᠵᠢ ᠪᠠᠶ᠋ᠢᠬᠤ ᠬᠡᠷᠡᠭᠲᠡᠢ᠃ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠲᠤᠰ ᠰᠤᠷᠭ᠋ᠠᠭᠤᠯᠢ ᠵᠢᠨ ᠠᠯᠪᠠᠨ ᠰᠦᠯᠵᠢᠶᠡᠨ᠎ᠳᠤ ᠡᠯᠰᠡᠬᠦ ᠰᠤᠷᠤᠭᠴᠢ ᠵᠢᠨ ᠨᠡᠷᠡᠰ᠎ᠢ ᠢᠯᠡ ᠨᠡᠢ᠌ᠲᠡᠯᠡᠵᠦ᠂ ᠢᠯᠡ ᠨᠡᠶ᠋ᠢᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ  ᠪᠠᠢ᠌ᠯᠭ᠋ᠠᠵᠤ ᠪᠣᠯᠬᠤ ᠦᠭᠡᠢ᠃
      (ᠲᠠᠪᠤ)  ᠢᠯᠡ ᠨᠡᠶ᠋ᠢᠲᠡᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠰᠤᠷᠤᠭᠴᠢ ᠡᠯᠰᠡᠬᠦ ᠳᠡᠭᠡᠳᠦ ᠰᠤᠷᠭ᠋ᠠᠭᠤᠯᠢ ᠠᠩᠬᠠᠳᠤᠭ᠋ᠠᠷ ᠤᠳᠠᠭ᠎ᠠ ᠰᠦᠯᠵᠢᠶᠡᠨ᠎ᠳᠤ ᠡᠷᠡᠮᠡᠯᠵᠡᠯ ᠲᠠᠭᠯᠠᠭᠰᠠᠨ ᠪᠠ ᠬᠣᠶᠠᠳᠤᠭ᠋ᠠᠷ ᠤᠳᠠᠭ᠎ᠠ ᠡᠷᠡᠮᠡᠯᠵᠡᠯ ᠲᠠᠭᠯᠠᠭᠰᠠᠨ ᠡᠯᠰᠡᠬᠦ᠎ᠪᠠᠷ ᠪᠠᠢ᠌ᠭ᠎ᠠ ᠰᠢᠯᠭ᠋ᠠᠭᠤᠯᠤᠭᠴᠢ ᠵᠢᠨ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ᠎ᠲᠤ ᠬᠦᠷᠭᠡᠵᠦ᠂ ᠳᠠᠮᠵᠢᠭᠤᠯᠬᠤ ᠴᠠᠭ᠎ᠨᠢ ᠲᠤᠰ ᠲᠤᠰ 4 ᠰᠠᠷ᠎ᠠ ᠵᠢᠨ 1᠎ᠤ ᠡᠳᠦᠷ᠎ᠠᠴᠠ ᠡᠮᠦᠨ᠎ᠡ ᠪᠠ 4 ᠰᠠᠷ᠎ᠠ ᠵᠢᠨ 26᠎ᠤ ᠡᠳᠦᠷ᠎ᠠᠴᠠ ᠡᠮᠦᠨ᠎ᠡ           ᠪᠣᠯᠤᠨ᠎ᠠ᠃
      (ᠵᠢᠷᠭᠤᠭ᠎ᠠ) 《ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ》 ᠳᠡᠭᠡᠳᠦ ᠰᠤᠷᠭ᠋ᠠᠭᠤᠯᠢ ᠬᠤᠪᠢᠶᠠᠨ᠂  ᠰᠢᠨᠵᠢᠯᠡᠭᠡᠨ᠎ᠤ ᠰᠠᠯᠠᠭ᠎ᠠ ᠬᠤᠪᠢᠶᠠᠨ᠂ ᠲᠤᠰᠬᠠᠢ ᠮᠡᠷᠭᠡᠵᠢᠯ ᠬᠤᠪᠢᠶᠠᠨ ᠡᠯᠰᠡᠬᠦ᠎ᠪᠠᠷ ᠪᠠᠶ᠋ᠢᠭ᠎ᠠ ᠰᠢᠯᠭ᠋ᠠᠭᠤᠯᠤᠭᠴᠢ ᠵᠢᠨ ᠨᠡᠷᠡᠰ᠎ᠢ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠭᠰᠡᠨ ᠮᠡᠳᠡᠭᠡ ᠵᠠᠩᠭᠢ᠎ᠨᠢ ᠰᠢᠯᠭ᠋ᠠᠭᠤᠯᠤᠭᠴᠢ ᠵᠢᠨ ᠣᠪᠣᠭ ᠨᠡᠷ᠎ᠡ᠂ ᠰᠢᠯᠭ᠋ᠠᠭᠤᠯᠤᠭᠴᠢ ᠵᠢᠨ ᠨᠣᠮᠧᠷ᠂ ᠰᠢᠯᠭ᠋ᠠᠯᠲᠠ ᠵᠢᠨ ᠬᠢᠷᠢ ᠪᠦᠲᠦᠮᠵᠢ ᠪᠠ ᠰᠤᠷᠤᠭᠴᠢ ᠡᠯᠰᠡᠬᠦ ᠲᠤᠰᠬᠠᠢ ᠮᠡᠷᠭᠡᠵᠢᠯ ᠵᠡᠷᠭᠡ ᠵᠢ ᠪᠠᠭᠲᠠᠭ᠋ᠠᠨ᠎ᠠ᠃


        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
                2024 ᠣᠨ᠎ᠤ 2 ᠰᠠᠷ᠎ᠠ ᠵᠢᠨ 2᠎ᠤᠨ ᠡᠳᠦᠷ


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号