ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠳᠡᠮ᠎ᠤᠨ ᠴᠣᠯᠠ ᠵᠢᠨ ᠵᠥᠪᠯᠡᠯ᠎ᠤᠨ 《ᠰᠢᠨ᠎ᠡ᠎ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠵᠢ ᠬᠢᠨᠠᠨ ᠪᠠᠢ᠌ᠴᠠᠭ᠋ᠠᠬᠤ ᠠᠵᠢᠯ᠎ᠤᠨ ᠲᠤᠬᠠᠢ ᠮᠡᠳᠡᠭᠳᠡᠯ》 (ᠡᠷᠳᠡᠮ᠎ᠤᠨ ᠴᠤᠯᠠ[2024]2 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠷᠳᠡᠮ᠎ᠤᠨ ᠴᠣᠯᠠ ᠵᠢᠨ ᠵᠥᠪᠯᠡᠯ᠎ᠠᠴᠠ ᠬᠢᠨᠠᠨ ᠲᠣᠭᠲᠠᠭ᠋ᠠᠬᠤ᠎ᠪᠠᠷ ᠳᠠᠮᠵᠢᠭ᠋ᠠᠳ᠂ ᠡᠳᠦᠭᠡ ᠮᠠᠨ᠎ᠤ ᠣᠷᠣᠨ᠎ᠤ ᠲᠠᠨᠢᠯᠴᠠᠭᠤᠯᠬᠤ᠎ᠪᠠᠷ ᠪᠠᠢ᠌ᠭ᠎ᠠ ᠰᠢᠨ᠎ᠡ᠎ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠨᠢᠭᠡᠴᠢ ᠵᠢᠴᠢ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠤᠨ ᠨᠡᠷᠡᠰ ᠪᠠ ᠵᠢᠭᠰᠠᠭ᠋ᠠᠯᠲᠠ ᠵᠢ ᠢᠯᠡ ᠨᠡᠶ᠋ᠢᠲᠡᠯᠡᠪᠡ᠃
ᠢᠯᠡ ᠨᠡᠶ᠋ᠢᠲᠡᠯᠡᠬᠦ ᠬᠤᠭᠤᠴᠠᠭ᠎ᠠ 2024 ᠣᠨ᠎ᠤ 3 ᠰᠠᠷ᠎ᠠ ᠵᠢᠨ 18 - 2024 ᠣᠨ᠎ᠤ 3 ᠰᠠᠷ᠎ᠠ ᠵᠢᠨ 22᠎ᠤᠨ ᠡᠳᠦᠷ᠃
ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠬᠡᠷᠪᠡ ᠰᠠᠨᠠᠯ᠎ᠲᠠᠢ ᠪᠣᠯ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠡᠷᠳᠡᠮ᠎ᠤᠨ ᠴᠣᠯᠠ ᠵᠢᠨ ᠵᠥᠪᠯᠡᠯ᠎ᠤᠨ ᠠᠯᠪᠠᠨ ᠭᠡᠷ᠎ᠲᠤ ᠲᠤᠰᠬᠠᠭ᠋ᠠᠷᠠᠢ᠃ ᠲᠤᠰᠬᠠᠭᠰᠠᠨ ᠠᠰᠠᠭᠤᠳᠠᠯ᠎ᠢ ᠬᠢᠨᠠᠨ ᠪᠠᠢ᠌ᠴᠠᠭ᠋ᠠᠬᠤ᠎ᠳᠤ ᠳᠥᠭᠥᠮ ᠦᠵᠡᠭᠦᠯᠬᠦ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠣᠯᠪᠣᠭᠳᠠᠯ ᠪᠦᠬᠦᠢ ᠰᠦᠪᠡᠭᠴᠢ ᠬᠠᠩᠭ᠋ᠠᠬᠤ ᠵᠢᠴᠢ ᠲᠤᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭ᠋ᠠᠵᠤ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠪᠠᠢ᠌ᠴᠠᠭ᠋ᠠᠭᠰᠠᠨ ᠪᠠᠶ᠋ᠢᠳᠠᠯ᠎ᠢ ᠴᠠᠭ ᠲᠤᠬᠠᠢᠳᠤᠨᠢ ᠬᠠᠷᠢᠭᠤ ᠪᠤᠴᠠᠭ᠋ᠠᠨ᠎ᠠ᠃
ᠬᠦᠯᠢᠶᠡᠨ ᠠᠪᠴᠤ ᠰᠢᠢ᠍ᠳᠪᠦᠷᠢᠯᠡᠬᠦ ᠢᠮᠧᠯ᠄ nmg_xwb@163.com
ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0417 - 2856601
ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00-12᠄ 00᠂ ᠦᠳᠡ ᠵᠢᠨ ᠬᠣᠶ᠋ᠢᠨ᠎ᠠ 14᠄ 30-17᠄ 30
ᠰᠢᠤᠳᠠᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ ᠥᠪᠡᠷᠲᠡᠭᠡᠨ ᠵᠠᠰᠠᠬᠤ ᠣᠷᠣᠨ᠎ᠤ ᠡᠷᠳᠡᠮ᠎ᠤᠨ ᠴᠣᠯᠠ ᠵᠢᠨ ᠵᠥᠪᠯᠡᠯ᠎ᠤᠨ ᠠᠯᠪᠠᠨ ᠭᠡᠷ
ᠳᠠᠭ᠋ᠠᠯᠳᠤᠭᠤᠯᠤᠯ᠄
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠨᠢᠯᠴᠠᠭᠤᠯᠬᠤ᠎ᠪᠠᠷ ᠪᠠᠶ᠋ᠢᠭ᠎ᠠ ᠰᠢᠨ᠎ᠡ᠎ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠨᠢᠭᠡᠴᠢ ᠵᠢᠨ ᠨᠡᠷᠡᠰ
2᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠨᠢᠯᠴᠠᠭᠤᠯᠬᠤ᠎ᠪᠠᠷ ᠪᠠᠶ᠋ᠢᠭ᠎ᠠ ᠰᠢᠨ᠎ᠡ᠎ᠪᠠᠷ ᠨᠡᠮᠡᠭᠳᠡᠭᠰᠡᠨ ᠳ᠋ᠣᠺᠲ᠋ᠣᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ ᠤᠨ ᠨᠡᠷᠡᠰ ᠪᠠ ᠵᠢᠭᠰᠠᠭ᠋ᠠᠯᠲᠠ
3᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠨᠢᠯᠴᠠᠭᠤᠯᠬᠤ᠎ᠪᠠᠷ ᠪᠠᠶ᠋ᠢᠭ᠎ᠠ ᠰᠢᠨ᠎ᠡ᠎ᠪᠠᠷ ᠨᠡᠮᠡᠭᠳᠡᠭᠰᠡᠨ ᠮᠠᠰᠲ᠋ᠧᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠤᠨ ᠨᠡᠷᠡᠰ ᠪᠠ ᠵᠢᠭᠰᠠᠭ᠋ᠠᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠡᠷᠳᠡᠮ᠎ᠤᠨ ᠴᠤᠯᠠ ᠵᠢᠨ ᠵᠦᠪᠯᠡᠯ
2024 ᠣᠨ᠎ᠤ 3 ᠰᠠᠷ᠎ᠠ ᠵᠢᠨ 15᠎ᠤ ᠡᠳᠦᠷ
ᠳᠠᠭ᠋ᠠᠯᠳᠤᠭᠤᠯᠤᠯ 1᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠨᠢᠯᠴᠠᠭᠤᠯᠬᠤ᠎ᠪᠠᠷ ᠪᠠᠶ᠋ᠢᠭ᠎ᠠ ᠰᠢᠨ᠎ᠡ᠎ᠪᠠᠷ ᠨᠡᠮᠡᠭᠳᠡᠭᠰᠡᠨ ᠳ᠋ᠣᠺᠲ᠋ᠣᠷ ᠪᠠ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠨᠢᠭᠡᠴᠢ ᠵᠢᠨ ᠨᠡᠷᠡᠰ .xls
ᠳᠠᠭ᠋ᠠᠯᠳᠤᠭᠤᠯᠤᠯ 2᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠨᠢᠯᠴᠠᠭᠤᠯᠬᠤ ᠪᠠᠷ ᠪᠠᠶ᠋ᠢᠭ᠎ᠠ ᠰᠢᠨ᠎ᠡ᠎ᠪᠠᠷ ᠨᠡᠮᠡᠭᠳᠡᠭᠰᠡᠨ ᠳ᠋ᠣᠺᠲ᠋ᠣᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠤᠨ ᠨᠡᠷᠡᠰ ᠪᠠ ᠵᠢᠭᠰᠠᠭ᠋ᠠᠯᠲᠠ .xls
ᠳᠠᠭ᠋ᠠᠯᠳᠤᠭᠤᠯᠤᠯ 3᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠨᠢᠯᠴᠠᠭᠤᠯᠬᠤ ᠪᠠᠷ ᠪᠠᠶ᠋ᠢᠭ᠎ᠠ ᠰᠢᠨ᠎ᠡ᠎ᠪᠠᠷ ᠨᠡᠮᠡᠭᠳᠡᠭᠰᠡᠨ ᠮᠠᠰᠲ᠋ᠧᠷ᠎ᠤᠨ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠤᠨ ᠨᠡᠷᠡᠰ ᠪᠠ ᠵᠢᠭᠰᠠᠭ᠋ᠠᠯᠲᠠ .xls