ᠥᠪᠥᠷ ᠵᠢᠭ᠋ᠠᠬᠤ ᠵᠢ ᠰᠤᠳᠤᠯᠬᠤ ᠪᠢᠴᠢᠭ [2024] 11 ᠳ᠋ᠦ᠍ᠭᠡᠷ ᠲᠣᠭ᠋ᠠᠲᠤ
ᠡᠯ᠎ᠡ ᠬᠣᠯᠪᠣᠭᠳᠠᠯ ᠪᠦᠬᠦᠢ ᠳᠡᠭᠡᠳᠦ ᠰᠤᠷᠭ᠋ᠠᠭᠤᠯᠢ᠎ᠳᠤ᠄
《ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠥᠪᠥᠷ ᠵᠢᠭ᠋ᠠᠬᠤ ᠵᠢ ᠰᠣᠳᠤᠯᠬᠤ [2022] 43 ᠳ᠋ᠤᠭ᠋ᠠᠷ ᠲᠣᠭ᠋ᠠᠲᠤ) ᠶᠣᠰᠤᠭ᠋ᠠᠷ᠂ ᠡᠳᠦᠭᠡ 2023 ᠣᠨ᠎ᠳᠤ ᠵᠥᠪᠰᠢᠶᠡᠷᠡᠯ ᠣᠯᠤᠭᠰᠠᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ (ᠳᠣᠷᠣᠭᠰᠢ 《ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ》 ᠭᠡᠵᠦ ᠳᠦᠭᠦᠮᠴᠢᠯᠡᠨ᠎ᠡ)᠎ᠤᠨ ᠵᠢᠯ᠎ᠤᠨ ᠥᠪᠡᠷ᠎ᠢ᠎ᠪᠠᠨ ᠦᠨᠡᠯᠡᠬᠦ ᠠᠵᠢᠯ ᠪᠠ 2024 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ》᠎ᠲᠠᠬᠢ ᠬᠣᠯᠪᠣᠭᠳᠠᠯ ᠪᠦᠬᠦᠢ ᠠᠵᠢᠯ᠎ᠢ ᠳᠣᠣᠷᠠᠬᠢ ᠮᠡᠲᠦ ᠪᠠᠢ᠌ᠷᠢᠯᠠᠭᠤᠯᠪᠠ᠃
ᠨᠢᠭᠡ᠂ 2023 ᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ
ᠲᠥᠷᠥᠯ ᠵᠦᠢ᠍ᠯ᠎ᠤᠨ ᠵᠢᠯ᠎ᠤᠨ ᠥᠪᠡᠷ᠎ᠢ᠎ᠪᠠᠨ ᠦᠨᠡᠯᠡᠬᠦ ᠠᠵᠢᠯ
ᠡᠨᠡ ᠤᠳᠠᠭ᠋ᠠᠨ᠎ᠤ ᠠᠵᠢᠯ᠎ᠤᠨ ᠲᠥᠷᠥᠯ ᠵᠦᠢ᠍ᠯ᠎ᠢ ᠲᠣᠭᠲᠠᠭ᠋ᠠᠬᠤ ᠦᠨᠳᠦᠰᠦᠯᠡᠯ ᠪᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠰᠤᠷᠭ᠋ᠠᠨ ᠬᠥᠮᠦᠵᠢᠯ᠎ᠤᠨ ᠲᠢᠩᠬᠢᠮ᠎ᠤᠨ ᠣᠷᠣᠨ ᠨᠤᠲᠤᠭ᠎ᠤᠨ ᠶᠡᠬᠡ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ ᠬᠥᠭᠵᠢᠭᠦᠯᠦᠯᠲᠡ ᠵᠢ ᠳᠡᠮᠵᠢᠬᠦ ᠪᠡᠯᠡ ᠮᠥᠩᠭᠦᠨ᠎ᠤ ᠲᠥᠰᠦᠪ᠎ᠢ ᠤᠷᠢᠳᠴᠢᠯᠠᠨ ᠪᠠᠭᠤᠯᠭ᠋ᠠᠬᠤ ᠲᠤᠬᠠᠢ ᠮᠡᠳᠡᠭᠳᠡᠯ》 (ᠥᠪᠥᠷ ᠡᠳ᠋ ᠰᠤᠷᠭ᠋ᠠᠨ [2022] 1581 ᠳ᠋ᠦ᠍ᠭᠡᠷ ᠲᠣᠭ᠋ᠠᠲᠤ) ᠪᠣᠯᠤᠨ᠎ᠠ᠂ ᠡᠭᠦᠨ᠎ᠳᠤ ᠳ᠋ᠣᠺᠲ᠋ᠣᠷᠠᠨᠲ ᠪᠠ ᠮᠠᠰᠲ᠋ᠧᠷ᠎ᠤᠨ ᠡᠷᠳᠡᠮ᠎ᠤᠨ ᠴᠣᠯᠠ ᠣᠯᠭᠣᠬᠤ ᠨᠢᠭᠡᠴᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠲᠡᠷᠢᠭᠦᠨ᠎ᠤ᠎ᠬᠢ ᠪᠣᠢ᠌ᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠂ ᠭᠣᠣᠯᠳᠠᠯᠭ᠎ᠠ᠎ᠲᠠᠢ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠪᠣᠶ᠋ᠢᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠪᠠᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠢᠯ ᠤᠨ ᠥᠪᠡᠷ᠎ᠢ᠎ᠪᠠᠨ ᠦᠨᠡᠯᠡᠭᠰᠡᠨ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ ᠵᠢᠨ ᠬᠠᠮᠲᠤ ᠳᠠᠩᠰᠠᠯᠠᠨ᠎ᠠ᠃ ᠬᠢᠨᠠᠨ ᠪᠠᠢ᠌ᠴᠠᠭ᠋ᠠᠭᠰᠠᠨ ᠦᠷ᠎ᠡ ᠳ᠋ᠦᠩ᠎ᠢ ᠲᠥᠷᠥᠯ ᠵᠦᠢ᠍ᠯ᠎ᠢ ᠪᠡᠶᠡᠯᠡᠭᠦᠯᠵᠦ ᠰᠢᠯᠭ᠋ᠠᠨ ᠠᠪᠬᠤ ᠪᠠ ᠬᠠᠨᠳᠤᠰᠢ ᠵᠢ ᠳᠣᠭᠢᠷᠠᠭᠤᠯᠬᠤ ᠦᠨᠳᠦᠰᠦᠯᠡᠯ ᠪᠣᠯᠭ᠋ᠠᠨ᠎ᠠ᠃
(ᠨᠢᠭᠡ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠷ᠎ᠡ ᠪᠦᠲᠦᠭᠡᠯ᠎ᠤᠨ ᠬᠤᠷᠢᠶᠠᠩᠭᠤᠢ ᠬᠦᠰᠦᠨᠦᠭᠲᠦ》 (ᠳᠠᠭ᠋ᠠᠯᠳᠤᠭᠤᠯᠤᠯ 1᠂ ᠳᠣᠷᠣᠭᠰᠢ 《ᠦᠷ᠎ᠡ ᠪᠦᠲᠦᠭᠡᠯ᠎ᠤᠨ ᠬᠤᠷᠢᠶᠠᠩᠭᠤᠢ ᠬᠦᠰᠦᠨᠦᠭᠲᠦ》 ᠭᠡᠵᠦ ᠳᠦᠭᠦᠮᠴᠢᠯᠡᠨ᠎ᠡ) ᠵᠢ ᠲᠠᠭᠯᠠᠨ᠎ᠠ᠂ ᠡᠯ᠎ᠡ ᠵᠦᠢ᠍ᠯ᠎ᠤᠨ ᠭᠦᠢ᠍ᠴᠡᠳᠬᠡᠯ ᠲᠣᠭ᠎ᠠ ᠵᠢ 2023 ᠣᠨ᠎ᠤ 12 ᠰᠠᠷ᠎ᠠ ᠵᠢᠨ 31᠎ᠤ ᠡᠳᠦᠷ ᠵᠶ᠋ᠡᠷ ᠬᠢᠵᠠᠭ᠋ᠠᠷᠯᠠᠨ᠎ᠠ᠃
(ᠬᠣᠶᠠᠷ) ᠵᠢᠯ᠎ᠤᠨ ᠥᠪᠡᠷ᠎ᠢ᠎ᠪᠠᠨ ᠦᠨᠡᠯᠡᠬᠦ ᠮᠡᠳᠡᠭᠦᠯᠦᠯᠲᠡ (1200 ᠦᠰᠦᠭ᠎ᠠᠴᠠ ᠬᠡᠲᠦᠷᠡᠭᠦᠯᠬᠦ ᠦᠭᠡᠢ) ᠵᠢ ᠪᠢᠴᠢᠨ᠎ᠡ᠂ ᠠᠭᠤᠯᠭ᠎ᠠ᠎ᠳᠤ᠄
1. ᠥᠪᠡᠷ᠎ᠢ᠎ᠪᠠᠨ ᠦᠨᠡᠯᠡᠬᠦ ᠮᠡᠳᠡᠭᠦᠯᠦᠯᠲᠡ᠎ᠨᠢ 2023 ᠣᠨ᠎ᠳᠤ ᠲᠤᠰ ᠲᠥᠷᠥᠯ ᠵᠦᠢ᠍ᠯ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠲᠤᠰᠢᠶᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ》᠎ᠤᠨ ᠬᠣᠯᠪᠣᠭᠳᠠᠯ ᠪᠦᠬᠦᠢ ᠪᠠᠶ᠋ᠢᠭᠤᠯᠤᠯᠲᠠ ᠵᠢᠨ ᠬᠠᠷᠠᠯᠲᠠ ᠶᠣᠰᠣᠭ᠋ᠠᠷ᠂ ᠨᠢᠭᠡ ᠵᠢᠯ᠎ᠤᠨ ᠲᠤᠷᠰᠢᠬᠢ ᠲᠥᠷᠥᠯ ᠵᠦᠢ᠍ᠯ᠎ᠢ ᠬᠡᠷᠡᠭᠵᠢᠭᠦᠯᠦᠭᠰᠡᠨ ᠪᠠᠶ᠋ᠢᠳᠠᠯ᠂ ᠡᠭᠦᠷᠭᠡ ᠵᠢ ᠠᠬᠢᠭᠤᠯᠤᠭᠰᠠᠨ ᠠᠬᠢᠴᠠ᠎ᠪᠠᠨ ᠳ᠋ᠦᠩᠨᠡᠵᠦ᠂ ᠲᠣᠪᠴᠢ ᠠᠪᠰᠠᠷᠬᠠᠨ ᠪᠠᠶ᠋ᠢᠵᠤ᠂ ᠨᠡᠮᠡᠭᠳᠡᠯ᠎ᠢ ᠢᠯᠡᠷᠡᠭᠦᠯᠵᠦ᠂ ᠰᠢᠭᠤᠳ ᠭᠣᠣᠯ ᠰᠡᠳᠦᠪ ᠵᠶ᠋ᠠᠨ ᠢᠯᠡᠳᠭᠡᠨ᠎ᠡ᠃
2. 《ᠦᠷ᠎ᠡ ᠪᠦᠲᠦᠭᠡᠯ᠎ᠤᠨ ᠬᠤᠷᠢᠶᠠᠩᠭᠤᠢ ᠬᠦᠰᠦᠨᠦᠭᠲᠦ》᠎ᠳᠤ ᠲᠤᠰᠬᠠᠵᠤ ᠳᠡᠶ᠋ᠢᠯᠬᠦ ᠦᠭᠡᠢ ᠬᠣᠯᠪᠣᠭᠳᠠᠯ ᠪᠦᠬᠦᠢ ᠠᠭᠤᠯᠭ᠎ᠠ ᠵᠢ ᠥᠪᠡᠷ᠎ᠢ ᠵᠶ᠋ᠠᠨ ᠦᠨᠡᠯᠡᠬᠦ ᠮᠠᠲ᠋ᠧᠷᠢᠶᠠᠯ᠎ᠳᠤ ᠵᠣᠬᠢᠰᠲᠠᠢ ᠲᠣᠳᠣᠷᠬᠠᠶ᠋ᠢᠯᠠᠵᠤ ᠪᠣᠯᠤᠨ᠎ᠠ᠃
3. 《ᠬᠢᠷᠢ ᠪᠦᠲᠦᠮᠵᠢ ᠵᠢᠨ ᠬᠠᠷᠠᠯᠲᠠᠲᠤ ᠬᠦᠰᠦᠨᠦᠭᠲᠦ》 ᠶᠣᠰᠣᠭ᠋ᠠᠷ᠂ 2023 ᠣᠨ᠎ᠤ ᠣᠷᠣᠨ ᠨᠤᠲᠤᠭ᠎ᠤᠨ ᠶᠡᠬᠡ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ ᠬᠥᠭᠵᠢᠭᠦᠯᠦᠯᠲᠡ ᠵᠢ ᠳᠡᠮᠵᠢᠬᠦ ᠪᠡᠯᠡ ᠮᠥᠩᠭᠦ ᠵᠢ ᠬᠡᠷᠡᠭᠯᠡᠭᠰᠡᠨ ᠪᠠᠶ᠋ᠢᠳᠠᠯ᠂ ᠶᠡᠬᠡ ᠳᠡᠭᠡᠳᠦ ᠰᠤᠷᠭ᠋ᠠᠭᠤᠯᠢ ᠵᠢᠨ ᠪᠡᠯᠡ ᠮᠥᠩᠭᠦᠨ᠎ᠤ ᠢᠵᠢ ᠪᠦᠷᠢᠳᠦᠭᠦᠯᠦᠭᠰᠡᠨ ᠪᠠᠶ᠋ᠢᠳᠠᠯ ᠵᠢᠴᠢ ᠬᠢᠷᠢ ᠪᠦᠲᠦᠮᠵᠢ ᠵᠢᠨ ᠬᠠᠷᠠᠯᠲᠠᠲᠤ ᠬᠦᠰᠦᠨᠦᠭᠲᠦ ᠵᠢᠨ ᠭᠦᠢ᠍ᠴᠡᠳᠬᠡᠯ ᠲᠣᠭ᠎ᠠ ᠵᠢ ᠵᠦᠢ᠍ᠯ ᠳᠠᠷᠠᠭ᠋ᠠᠯᠠᠨ ᠬᠠᠷᠢᠭᠤ ᠪᠤᠴᠠᠭ᠋ᠠᠨ᠎ᠠ᠃
ᠬᠣᠶᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ
ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ》᠎ᠢ ᠳᠠᠬᠢᠨ ᠮᠡᠳᠡᠭᠦᠯᠦᠨ᠎ᠡ
ᠡᠨᠡ ᠤᠳᠠᠭ᠋ᠠᠨ᠎ᠤ ᠠᠵᠢᠯ᠎ᠤᠨ ᠲᠥᠷᠥᠯ ᠵᠦᠢ᠍ᠯ᠎ᠢ ᠲᠣᠭᠲᠠᠭ᠋ᠠᠬᠤ ᠦᠨᠳᠦᠰᠦᠯᠡᠯ ᠪᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠎ᠤᠨ 2024 ᠣᠨ᠎ᠤ ᠣᠷᠣᠨ ᠨᠤᠲᠤᠭ᠎ᠤᠨ ᠶᠡᠬᠡ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ ᠬᠥᠭᠵᠢᠭᠦᠯᠦᠯᠲᠡ ᠵᠢ ᠳᠡᠮᠵᠢᠬᠦ ᠪᠡᠯᠡ ᠮᠥᠩᠭᠦᠨ᠎ᠤ ᠲᠥᠰᠦᠪ ᠢ ᠤᠷᠢᠳᠴᠢᠯᠠᠨ ᠪᠠᠭᠤᠯᠭ᠋ᠠᠬᠤ ᠲᠤᠬᠠᠢ ᠮᠡᠳᠡᠭᠳᠡᠯ》 (ᠥᠪᠥᠷ ᠡᠳ᠋ ᠰᠤᠷᠭ᠋ᠠᠨ [2023] 1788 ᠳ᠋ᠤᠭ᠋ᠠᠷ ᠲᠣᠭ᠋ᠠᠲᠤ) ᠪᠣᠯᠤᠨ᠎ᠠ᠃ 2024 ᠣᠨ᠎ᠤ ᠲᠡᠷᠢᠭᠦᠨ᠎ᠤ᠎ᠬᠢ ᠪᠣᠶ᠋ᠢᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠪᠣᠶ᠋ᠢᠵᠢᠭᠤᠯᠬᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠳᠠᠬᠢᠨ ᠮᠡᠳᠡᠭᠦᠯᠬᠦ᠎ᠳᠤ ᠰᠢᠨ᠎ᠡ ᠬᠡᠪᠯᠡᠯ᠎ᠤᠨ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ᠎ᠢ ᠲᠠᠭᠯᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠣᠯᠪᠣᠭᠳᠠᠯ ᠪᠦᠬᠦᠢ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ》 (ᠥᠪᠥᠷ ᠵᠢᠭ᠋ᠠᠬᠤ ᠵᠢ ᠰᠤᠳᠤᠯᠬᠤ ᠪᠢᠴᠢᠭ [2023] 57 ᠳ᠋ᠤᠭ᠋ᠠᠷ ᠲᠣᠭ᠋ᠠᠲᠤ)᠎ᠳᠤ ᠬᠣᠯᠪᠤᠭᠳᠠᠭᠰᠠᠨ 《ᠬᠢᠷᠢ ᠪᠦᠲᠦᠮᠵᠢ ᠵᠢᠨ ᠬᠠᠷᠠᠯᠲᠠᠲᠤ ᠬᠦᠰᠦᠨᠦᠭᠲᠦ》᠎ᠳᠤ ᠵᠠᠰᠠᠪᠤᠷᠢ ᠣᠷᠣᠭᠤᠯᠤᠭᠰᠠᠨ ᠦᠭᠡᠢ᠂ ᠳᠠᠬᠢᠵᠤ ᠶᠠᠪᠤᠭᠤᠯᠬᠤ ᠦᠭᠡᠢ᠂ ᠰᠢᠨ᠎ᠡ ᠬᠡᠪᠯᠡᠯ᠎ᠤᠨ ᠡᠭᠦᠷᠭᠡ ᠵᠢᠨ ᠪᠢᠴᠢᠭ᠎ᠲᠠᠢ ᠨᠡᠶ᠋ᠢᠯᠡᠭᠦᠯᠦᠨ ᠳᠡᠭᠡᠭᠰᠢ ᠮᠡᠳᠡᠭᠦᠯᠬᠦ ᠪᠣᠯᠪᠠᠤ᠃
ᠭᠤᠷᠪᠠ᠂ ᠮᠡᠳᠡᠭᠦᠯᠬᠦ ᠱᠠᠭ᠋ᠠᠷᠳᠠᠯᠭ᠎ᠠ
(ᠨᠢᠭᠡ) 2023 ᠣᠨ᠎ᠤ ᠥᠪᠡᠷ᠎ᠢ᠎ᠪᠠᠨ ᠦᠨᠡᠯᠡᠬᠦ ᠠᠵᠢᠯ᠂ 《ᠥᠪᠡᠷ᠎ᠢ᠎ᠪᠠᠨ ᠦᠨᠡᠯᠡᠭᠰᠡᠨ ᠮᠡᠳᠡᠭᠦᠯᠦᠯᠲᠡ》 ᠪᠣᠯᠤᠨ 《ᠦᠷ᠎ᠡ ᠪᠦᠲᠦᠭᠡᠯ᠎ᠤᠨ ᠬᠤᠷᠢᠶᠠᠩᠭᠤᠢ ᠬᠦᠰᠦᠨᠦᠭᠲᠦ》 ᠵᠢ ᠨᠡᠢ᠌ᠯᠡᠭᠦᠯᠦᠨ ᠳᠡᠪᠲᠡᠷᠯᠡᠵᠦ ᠳᠡᠭᠡᠭᠰᠢ ᠮᠡᠳᠡᠭᠦᠯᠦᠨ᠎ᠡ᠂ ᠴᠠᠭ ᠬᠤᠭᠤᠴᠠᠭ᠎ᠠ ᠵᠢ 2024 ᠣᠨ᠎ᠤ 4 ᠰᠠᠷ᠎ᠠ ᠵᠢᠨ 18᠎ᠤ ᠡᠳᠦᠷ ᠵᠶ᠋ᠠᠷ ᠬᠢᠵᠠᠭ᠋ᠠᠷᠯᠠᠨ᠎ᠠ᠃
(ᠬᠣᠶᠠᠷ) 2024 ᠣᠨ᠎ᠤ 《ᠡᠭᠦᠷᠭᠡ ᠵᠢᠨ ᠪᠢᠴᠢᠭ》᠎ᠤᠨ ᠠᠵᠢᠯ᠎ᠢ ᠳᠠᠬᠢᠨ ᠮᠡᠳᠡᠭᠦᠯᠵᠦ᠂ 《ᠡᠭᠦᠷᠭᠡ ᠵᠢᠨ ᠪᠢᠴᠢᠭ》 ᠪᠣᠯᠤᠨ 《ᠬᠢᠷᠢ ᠪᠦᠲᠦᠮᠵᠢ ᠵᠢᠨ ᠬᠠᠷᠠᠯᠲᠠᠲᠤ ᠬᠦᠰᠦᠨᠦᠭᠲᠦ》 ᠵᠢ ᠨᠡᠢ᠌ᠯᠡᠭᠦᠯᠦᠨ ᠳᠡᠪᠲᠡᠷᠯᠡᠵᠦ ᠳᠡᠭᠡᠭᠰᠢ ᠮᠡᠳᠡᠭᠦᠯᠦᠨ᠎ᠡ᠂ ᠴᠠᠭ ᠬᠤᠭᠤᠴᠠᠭ᠎ᠠ ᠵᠢ 2024 ᠣᠨ᠎ᠤ 4 ᠰᠠᠷ᠎ᠠ ᠵᠢᠨ 11᠎ᠤ ᠡᠳᠦᠷ ᠵᠶ᠋ᠠᠷ ᠬᠢᠵᠠᠭ᠋ᠠᠷᠯᠠᠨ᠎ᠠ᠃
ᠳᠡᠭᠡᠷᠡᠬᠢ ᠮᠠᠲ᠋ᠧᠷᠢᠶᠠᠯ᠎ᠤᠨ ᠳᠠᠷᠤᠮᠠᠯᠯᠠᠯ (ᠪᠠᠶ᠋ᠢᠭᠤᠯᠭ᠎ᠠ ᠵᠢᠨ ᠠᠯᠪᠠᠨ ᠲᠠᠮᠠᠭ᠎ᠠ ᠵᠢ ᠳᠠᠷᠤᠨ᠎ᠠ)᠎ᠤᠨ ᠨᠢᠭᠡ ᠬᠡᠯᠪᠡᠷᠢ ᠬᠣᠶᠠᠷ ᠬᠤᠪᠢ ᠵᠢ ᠮᠠᠨ᠎ᠤ ᠲᠢᠩᠬᠢᠮ᠎ᠳᠤ ᠬᠦᠷᠭᠡᠨ᠎ᠡ᠃ ᠡᠯᠧᠺᠲᠷᠣᠨ ᠬᠡᠪᠯᠡᠯ (ᠨᠢᠭᠡᠴᠢ ᠵᠢᠨ ᠠᠯᠪᠠᠨ ᠲᠠᠮᠠᠭ᠎ᠠ ᠳᠠᠷᠤᠭᠰᠠᠨ PDF ᠬᠡᠪᠯᠡᠯ᠂ Word ᠬᠡᠪᠯᠡᠯ ᠪᠤᠶᠤ excel ᠬᠡᠪᠯᠡᠯ)᠎ᠢ ᠢᠮᠧᠯ᠄ nmg_xwb@163.com᠎ᠲᠤ ᠬᠦᠷᠭᠡᠨ᠎ᠡ᠃
ᠬᠠᠷᠢᠯᠴᠠᠬᠤ ᠬᠥᠮᠦᠨ᠄ ᠰᠥᠩ ᠱᠤᠸᠠᠩ᠂ ᠬᠠᠷᠢᠯᠴᠠᠬᠤ ᠤᠲᠠᠰᠤ᠄ 0471-2856607
ᠳᠠᠭ᠋ᠠᠯᠳᠤᠭᠤᠯᠤᠯ᠄
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠷ᠎ᠡ ᠪᠦᠲᠦᠭᠡᠯ᠎ᠤᠨ ᠬᠤᠷᠢᠶᠠᠩᠭᠤᠢ ᠬᠦᠰᠦᠨᠦᠭᠲᠦ
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠢᠯ᠎ᠤᠨ ᠥᠪᠡᠷ᠎ᠢ᠎ᠪᠠᠨ ᠦᠨᠡᠯᠡᠭᠰᠡᠨ ᠮᠡᠳᠡᠭᠦᠯᠦᠯᠲᠡ (ᠬᠠᠪᠢᠰᠤ)
3᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2024 ᠣᠨ᠎ᠤ 3 ᠰᠠᠷ᠎ᠠ ᠵᠢᠨ 25᠎ᠤ ᠡᠳᠦᠷ
ᠳᠠᠭ᠋ᠠᠯᠳᠤᠭᠤᠯᠤᠯ 1᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠷ᠎ᠡ ᠪᠦᠲᠦᠭᠡᠯ᠎ᠤᠨ ᠬᠤᠷᠢᠶᠠᠩᠭᠤᠢ ᠬᠦᠰᠦᠨᠦᠭᠲᠦ.docx
ᠳᠠᠭ᠋ᠠᠯᠳᠤᠭᠤᠯᠤᠯ 2᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠵᠢᠯ᠎ᠤᠨ ᠥᠪᠡᠷ᠎ᠢ᠎ᠪᠠᠨ ᠦᠨᠡᠯᠡᠭᠰᠡᠨ ᠮᠡᠳᠡᠭᠦᠯᠦᠯᠲᠡ (ᠬᠠᠪᠢᠰᠤ).docx
ᠳᠠᠭ᠋ᠠᠯᠳᠤᠭᠤᠯᠤᠯ 3᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠡᠭᠦᠷᠭᠡ ᠵᠢᠨ ᠪᠢᠴᠢᠭ.docx