ᠥᠪᠥᠷ ᠰᠤᠷᠭ᠋ᠠᠨ ᠪᠡᠶ᠎ᠡ ᠵᠢᠨ ᠲᠠᠮᠢᠷ ᠤᠷᠠᠯᠢᠭ ᠪᠢᠴᠢᠭ [2024] 11 ᠳ᠋ᠦ᠍ᠭᠡᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ᠎ᠳᠤ᠄
ᠪᠦᠬᠦ ᠣᠷᠣᠨ᠎ᠤ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠪᠦᠬᠦ ᠲᠠᠯ᠎ᠠ᠎ᠪᠠᠷ ᠣᠶ᠋ᠢᠯᠠᠭ᠋ᠠᠨ ᠡᠵᠡᠮᠰᠢᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠰᠤᠷᠤᠭᠴᠢᠳ᠎ᠤᠨ ᠦᠨᠳᠦᠰᠦᠲᠡᠨ᠎ᠤ ᠣᠮᠣᠭᠰᠢᠯ ᠪᠠ ᠰᠣᠶᠣᠯ᠎ᠤᠨ ᠮᠡᠳᠡᠷᠡᠮᠵᠢ ᠵᠢ ᠦᠨᠡᠨ ᠬᠦ᠌ ᠳᠡᠭᠡᠭᠰᠢᠯᠡᠭᠦᠯᠦᠨ᠂ ᠵᠠᠯᠠᠭᠤᠴᠤᠳ ᠪᠠᠭ᠋ᠠᠴᠤᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠥᠮᠥᠵᠢᠭᠦᠯᠬᠦ᠂ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠶᠠᠪᠤᠴᠠ᠎ᠳᠠᠬᠢ ᠢᠳᠡᠪᠬᠢᠲᠡᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠦᠭᠡ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠤᠯᠠᠮᠵᠢᠯᠠᠯᠲᠤ ᠰᠣᠶᠣᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠭᠰᠠᠨ ᠪᠠᠶ᠋ᠢᠳᠠᠯ᠎ᠢ ᠣᠢ᠌ᠯᠠᠭ᠋ᠠᠵᠤ ᠪᠠᠶ᠋ᠢᠴᠠᠭ᠋ᠠᠨ ᠰᠣᠳᠤᠯᠬᠤ ᠵᠢ ᠥᠷᠨᠢᠭᠦᠯᠪᠡ᠂ ᠡᠳᠦᠭᠡ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠠᠵᠢᠯ ᠥᠷᠨᠢᠭᠦᠯᠦᠭᠰᠡᠨ ᠪᠠᠶ᠋ᠢᠳᠠᠯ ᠵᠶ᠋ᠠᠨ ᠪᠦᠬᠦ ᠲᠠᠯ᠎ᠠ᠎ᠪᠠᠷ ᠳ᠋ᠦᠩᠨᠡᠨ᠎ᠡ
ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ ᠣᠶ᠋ᠢᠷ᠎ᠠ ᠵᠢᠨ ᠵᠢᠯ᠎ᠤᠨ ᠲᠤᠷᠰᠢᠬᠢ ᠲᠤᠰ ᠭᠠᠵᠠᠷ ᠣᠷᠣᠨ᠂ ᠲᠤᠰ ᠰᠤᠷᠭ᠋ᠠᠭᠤᠯᠢ ᠵᠢᠨ ᠵᠶ᠋ᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠠᠭᠤᠰᠬᠠᠬᠤ ᠵᠡᠷᠭᠡ ᠬᠠᠮᠢᠶ᠎ᠠ ᠪᠦᠬᠦᠢ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠨᠠᠷᠢᠨ ᠬᠢᠨᠠᠮᠠᠭ᠋ᠠᠢ ᠡᠮᠬᠢᠯᠡᠨ ᠲᠢᠭᠯᠡᠵᠦ᠂ ᠪᠦᠬᠦ ᠲᠠᠯ᠎ᠠ᠎ᠪᠠᠷ ᠳ᠋ᠦᠩᠨᠡᠬᠦ ᠵᠢᠨ ᠬᠠᠮᠲᠤ ᠪᠠᠶ᠋ᠢᠴᠠᠭ᠋ᠠᠨ ᠰᠣᠳᠤᠯᠤᠭᠰᠠᠨ ᠮᠡᠳᠡᠭᠦᠯᠦᠯᠲᠡᠢ ᠪᠢᠴᠢᠨ᠎ᠡ᠃ ᠡᠯ᠎ᠡ ᠠᠶ᠋ᠢᠮᠠᠭ ᠬᠣᠲᠠ ᠵᠢᠨ᠎ᠬᠢᠨ ᠲᠤᠰ ᠭᠠᠵᠠᠷ ᠣᠷᠣᠨ᠎ᠤ᠎ᠪᠠᠨ ᠡᠯ᠎ᠡ ᠱᠠᠲᠤᠨ᠎ᠤ ᠡᠯ᠎ᠡ ᠲᠥᠷᠥᠯ᠎ᠤᠨ ᠳᠤᠮᠳᠠᠳᠤ ᠪᠠᠭ᠎ᠠ ᠰᠤᠷᠭ᠋ᠠᠭᠤᠯᠢ᠎ᠳᠤ ᠪᠠᠶ᠋ᠢᠴᠠᠭ᠋ᠠᠨ ᠰᠣᠳᠤᠯᠬᠤ ᠠᠵᠢᠯ᠎ᠢ ᠥᠷᠨᠢᠭᠦᠯᠵᠦ᠂ ᠲᠤᠰ ᠭᠠᠵᠠᠷ᠎ᠤᠨ ᠵᠶ᠋ᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠭᠰᠠᠨ ᠰᠤᠷᠭ᠋ᠠᠭᠤᠯᠢ ᠵᠢᠨ ᠲᠣᠭ᠎ᠠ᠂ ᠲᠥᠷᠥᠯ ᠵᠦᠢ᠍ᠯ᠎ᠤᠨ ᠨᠡᠷᠡᠶ᠋ᠢᠳᠦᠯ ᠪᠠ ᠥᠪᠡᠷᠮᠢᠴᠡ ᠣᠨᠴᠠᠯᠢᠭ ᠪᠦᠬᠦᠢ ᠠᠷᠭ᠎ᠠ ᠪᠠᠷᠢᠯ ᠵᠡᠷᠭᠡ ᠠᠭᠤᠯᠭ᠎ᠠ ᠵᠢ ᠪᠦᠷᠢᠳᠬᠡᠨ ᠡᠮᠬᠢᠯᠡᠨ᠎ᠡ; ᠡᠯ᠎ᠡ ᠳᠡᠭᠡᠳᠦ ᠰᠤᠷᠭ᠋ᠠᠭᠤᠯᠢ ᠲᠤᠰ ᠰᠤᠷᠭ᠋ᠠᠭᠤᠯᠢ ᠵᠢᠨ ᠵᠶ᠋ᠠᠨ ᠡᠨᠡ ᠬᠦ᠌ ᠠᠵᠢᠯ᠎ᠢ ᠥᠷᠨᠢᠭᠦᠯᠦᠭᠰᠡᠨ ᠲᠤᠷᠰᠢᠯᠭ᠎ᠠ ᠪᠠ ᠠᠷᠭ᠎ᠠ ᠪᠠᠷᠢᠯ᠂ ᠠᠵᠢᠯ᠎ᠤᠨ ᠲᠣᠭᠲᠠᠴᠠ ᠵᠡᠷᠭᠡ ᠠᠭᠤᠯᠭ᠎ᠠ ᠵᠢ ᠡᠮᠬᠢᠯᠡᠨ᠎ᠡ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠪᠠᠶ᠋ᠢᠴᠠᠭ᠋ᠠᠨ ᠰᠣᠳᠤᠯᠬᠤ ᠮᠡᠳᠡᠭᠦᠯᠦᠯᠲᠡ ᠵᠢᠨ ᠵᠠᠭᠪᠤᠷ (ᠳᠠᠭ᠋ᠠᠯᠳᠤᠭᠤᠯᠤᠯ)᠎ᠲᠤ ᠵᠢᠭᠰᠠᠭ᠋ᠠᠭᠰᠠᠨ ᠠᠭᠤᠯᠭ᠎ᠠ ᠪᠠ ᠵᠠᠭᠪᠤᠷ᠎ᠤᠨ ᠱᠠᠭ᠋ᠠᠷᠳᠠᠯᠭ᠎ᠠ ᠶᠣᠰᠣᠭ᠋ᠠᠷ᠂ ᠠᠵᠢᠯ ᠵᠶ᠋ᠠᠨ ᠥᠷᠨᠢᠭᠦᠯᠦᠭᠰᠡᠨ ᠪᠠᠶ᠋ᠢᠳᠠᠯ ᠵᠢᠴᠢ ᠣᠯᠤᠭᠰᠠᠨ ᠦᠷ᠎ᠡ ᠪᠦᠲᠦᠮᠵᠢ ᠵᠡᠷᠭᠡ ᠵᠢ ᠵᠣᠷᠪᠤᠰᠯᠠᠨ ᠲᠣᠪᠴᠢ ᠠᠪᠰᠠᠷᠬᠠᠨ ᠵᠢᠭᠰᠠᠭ᠋ᠠᠵᠤ᠂ ᠲᠣᠭ᠎ᠠ ᠪᠠᠷᠢᠮᠲᠠ ᠣᠨᠣᠪᠴᠢᠲᠠᠢ᠂ ᠠᠭᠤᠯᠭ᠎ᠠ ᠨᠠᠷᠢᠨ ᠪᠣᠳᠠᠲᠠᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠬᠡᠷᠪᠡ ᠠᠵᠢᠯᠯᠠᠭ᠋ᠠᠨ᠎ᠤ ᠨᠡᠷᠡᠲᠦ ᠲᠡᠮᠳᠡᠭᠲᠦ ᠵᠢ ᠪᠣᠢ ᠪᠣᠯᠭ᠋ᠠᠬᠤ᠂ ᠦᠢ᠍ᠯᠡᠳᠦᠯᠭᠡ ᠵᠢᠨ ᠰᠣᠯᠢᠯᠴᠠᠭ᠋ᠠᠨ᠎ᠤ ᠲᠠᠪᠴᠠᠩ᠎ᠢ ᠪᠠᠶ᠋ᠢᠭᠤᠯᠬᠤ᠂ ᠠᠵᠤ ᠦᠢ᠍ᠯᠡᠰ᠎ᠢ ᠨᠡᠪᠴᠢᠭᠦᠯᠬᠦ ᠦᠢ᠍ᠯᠡᠴᠢᠯᠡᠭᠡᠨ᠎ᠤ ᠣᠷᠣᠨ ᠪᠦᠰᠡ ᠵᠢᠨ ᠠᠵᠤ ᠠᠬᠤᠢ ᠵᠢ ᠬᠥᠭᠵᠢᠭᠦᠯᠬᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠭᠦᠨᠵᠡᠭᠡᠢ ᠠᠭᠤᠰᠤᠯᠴᠠᠭ᠎ᠠ ᠵᠢ ᠪᠡᠶᠡᠯᠡᠭᠦᠯᠬᠦ ᠵᠡᠷᠭᠡ ᠲᠠᠯ᠎ᠠ᠎ᠪᠠᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠪᠣᠯ᠂ ᠲᠤᠰᠠᠭ᠋ᠠᠷ᠎ᠨᠢ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠳᠠᠭ᠋ᠠᠯᠳᠤᠭᠤᠯᠤᠯ ᠪᠣᠯᠭ᠋ᠠᠨ ᠮᠡᠳᠡᠭᠦᠯᠵᠦ ᠪᠣᠯᠤᠨ᠎ᠠ᠃
ᠬᠣᠶᠠᠷ᠂ ᠮᠡᠳᠡᠭᠦᠯᠬᠦ ᠱᠠᠭ᠋ᠠᠷᠳᠠᠯᠭ᠎ᠠ
ᠡᠯ᠎ᠡ ᠨᠢᠭᠡᠴᠢ 2024 ᠣᠨ᠎ᠤ 2 ᠰᠠᠷ᠎ᠠ ᠵᠢᠨ 29᠎ᠤ ᠡᠳᠦᠷ᠎ᠠᠴᠠ ᠡᠮᠦᠨ᠎ᠡ ᠪᠢᠴᠢᠭ ᠮᠠᠲ᠋ᠧᠷᠢᠶᠠᠯ ᠪᠠ ᠬᠦᠰᠦᠨᠦᠭᠲᠦ ᠵᠢᠨ word ᠡᠯᠧᠺᠲᠷᠣᠨ ᠬᠡᠪᠯᠡᠯ ᠵᠢᠴᠢ ᠲᠤᠰ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠭᠰᠠᠨ PDF ᠰᠢᠷᠪᠢᠯᠲᠡ ᠵᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠪᠡᠶ᠎ᠡ ᠵᠢᠨ ᠲᠠᠮᠢᠷ ᠡᠷᠡᠭᠦᠯ ᠬᠠᠮᠠᠭ᠋ᠠᠯᠠᠯ ᠤᠷᠠᠯᠢᠭ ᠪᠠ ᠬᠥᠳᠡᠯᠮᠦᠷᠢ ᠵᠢᠨ ᠬᠥᠮᠥᠵᠢᠯ᠎ᠤᠨ ᠭᠠᠵᠠᠷ᠎ᠤᠨ ᠳᠣᠭᠲᠠᠭᠰᠠᠨ ᠢᠮᠧᠯ᠎ᠲᠤ ᠨᠢᠭᠡᠳᠦᠯᠲᠡᠢ ᠢᠯᠡᠭᠡᠭᠡᠨᠡ᠃
ᠬᠠᠷᠢᠯᠴᠠᠬᠤ ᠬᠥᠮᠦᠨ᠄ ᠾᠥᠩ ᠯᠢᠩ᠂ ᠬᠠᠷᠢᠯᠴᠠᠬᠤ ᠤᠲᠠᠰᠤ᠄ 0471 - 2857003
ᠢᠮᠧᠯ᠄ nmgmy1002@163.com
ᠳᠠᠭ᠋ᠠᠯᠳᠤᠭᠤᠯᠤᠯ᠄
1.** ᠰᠤᠷᠭ᠋ᠠᠨ ᠬᠥᠮᠥᠵᠢᠯ᠎ᠤᠨ ᠳᠣᠪᠴᠢᠶ᠎ᠠ (** ᠰᠤᠷᠭ᠋ᠠᠭᠤᠯᠢ) ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠢ ᠪᠠᠶ᠋ᠢᠴᠠᠭ᠋ᠠᠨ ᠰᠣᠳᠤᠯᠤᠭᠰᠠᠨ ᠮᠡᠳᠡᠭᠦᠯᠦᠯᠲᠡ (ᠵᠠᠭᠪᠤᠷ)
2. ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠭᠰᠠᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠠᠶ᠋ᠢᠮᠠᠭ ᠬᠣᠲᠠ ᠲᠠᠭᠯᠠᠨ ᠮᠡᠳᠡᠭᠦᠯᠬᠦ)
3. ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠭᠰᠠᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠶᠡᠬᠡ ᠳᠡᠭᠡᠳᠦ ᠰᠤᠷᠭ᠋ᠠᠭᠤᠯᠢ ᠲᠠᠭᠯᠠᠨ ᠮᠡᠳᠡᠭᠦᠯᠬᠦ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
2024 ᠣᠨ᠎ᠤ 2 ᠰᠠᠷ᠎ᠠ ᠵᠢᠨ 23᠎ᠤ ᠡᠳᠦᠷ
ᠳᠠᠭ᠋ᠠᠯᠳᠤᠭᠤᠯᠤᠯ 1᠄ 1.** ᠰᠤᠷᠭ᠋ᠠᠨ ᠬᠥᠮᠥᠵᠢᠯ᠎ᠤᠨ ᠳᠣᠪᠴᠢᠶ᠎ᠠ (** ᠰᠤᠷᠭ᠋ᠠᠭᠤᠯᠢ) ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠢ ᠪᠠᠶ᠋ᠢᠴᠠᠭ᠋ᠠᠨ ᠰᠣᠳᠤᠯᠤᠭᠰᠠᠨ ᠮᠡᠳᠡᠭᠦᠯᠦᠯᠲᠡ (ᠵᠠᠭᠪᠤᠷ).docx
ᠳᠠᠭ᠋ᠠᠯᠳᠤᠭᠤᠯᠤᠯ 2᠄ 2. ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠭᠰᠠᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠠᠶ᠋ᠢᠮᠠᠭ ᠬᠣᠲᠠ ᠲᠠᠭᠯᠠᠨ ᠮᠡᠳᠡᠭᠦᠯᠬᠦ).docx
ᠳᠠᠭ᠋ᠠᠯᠳᠤᠭᠤᠯᠤᠯ 3᠄ 3. ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠤᠭᠰᠠᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠶᠡᠬᠡ ᠳᠡᠭᠡᠳᠦ ᠰᠤᠷᠭ᠋ᠠᠭᠤᠯᠢ ᠲᠠᠭᠯᠠᠨ ᠮᠡᠳᠡᠭᠦᠯᠬᠦ).docx