ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯ᠎ᠤᠨ ᠬᠥᠭᠵᠢᠯᠲᠡ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠬᠤ ᠵᠢᠨ ᠲᠥᠯᠥᠭᠡ᠂ 《ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠳᠦᠷᠢᠮ》 ᠪᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠢᠷᠤᠮᠵᠢᠭᠤᠯᠵᠤ ᠬᠥᠭᠵᠢᠭᠦᠯᠬᠦ ᠲᠤᠬᠠᠢ ᠰᠠᠨᠠᠯ᠎ᠤᠳ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠰᠤᠷᠭ᠋ᠠᠨ ᠬᠥᠮᠦᠵᠢᠯ᠎ᠤᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠰᠢᠶᠠᠨ᠎ᠤ ᠬᠡᠪᠴᠢᠶᠡᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠥᠭᠡᠮᠡᠯ ᠬᠠᠷᠠᠭ᠋ᠠᠯᠵᠠᠯ ᠬᠦᠷᠲᠡᠭᠡᠬᠦ ᠵᠢ ᠬᠢᠨᠠᠨ ᠵᠢᠯᠣᠭᠣᠳᠴᠤ ᠦᠨᠡᠯᠡᠨ ᠵᠢᠱ᠌ᠢᠬᠦ ᠠᠷᠭ᠎ᠠ》 (ᠥᠪᠥᠷ ᠰᠤᠷᠭ᠋ᠠᠨ ᠲᠠᠷᠬᠠᠭ᠋ᠠᠭᠰᠠᠨ [2020] 3 ᠳ᠋ᠤᠭ᠋ᠠᠷ ᠲᠣᠭ᠋ᠠᠲᠤ) ᠶᠣᠰᠣᠭ᠋ᠠᠷ᠂ ᠰᠢᠶᠠᠨ᠎ᠤ ᠱᠠᠲᠤᠨ᠎ᠳᠤ ᠥᠪᠡᠰᠦᠪᠡᠨ ᠦᠨᠡᠯᠡᠬᠦ᠂ ᠬᠣᠲᠠ ᠵᠢᠨ ᠱᠠᠲᠤᠨ᠎ᠳᠤ ᠠᠩᠬ᠎ᠠ ᠬᠢᠨᠠᠨ ᠳᠣᠭᠲᠠᠭ᠋ᠠᠬᠤ᠂ ᠥᠪᠡᠷᠲᠡᠭᠡᠨ ᠵᠠᠰᠠᠬᠤ ᠣᠷᠣᠨ ᠦᠨᠡᠯᠡᠬᠦ ᠪᠠ ᠭᠦᠢ᠍ᠴᠡᠳᠬᠡᠯ ᠲᠣᠭ᠎ᠠ ᠵᠢ ᠬᠢᠨᠠᠨ ᠪᠠᠢ᠌ᠴᠠᠭ᠋ᠠᠬᠤ᠂ ᠨᠡᠶ᠋ᠢᠭᠡᠮ᠎ᠤᠨ ᠮᠡᠳᠡᠷᠡᠮᠵᠢ ᠵᠢ ᠪᠠᠢ᠌ᠴᠠᠭ᠋ᠠᠬᠤ᠂ ᠲᠤᠬᠠᠢ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠬᠤ᠂ ᠦᠷ᠎ᠡ ᠳ᠋ᠦᠩ᠎ᠢ ᠮᠠᠭ᠋ᠠᠳᠯᠠᠨ ᠲᠣᠭᠲᠠᠭ᠋ᠠᠬᠤ ᠵᠡᠷᠭᠡ ᠬᠢᠨᠠᠨ ᠵᠢᠯᠣᠭᠣᠳᠴᠤ ᠦᠨᠡᠯᠡᠨ ᠵᠢᠱ᠌ᠢᠬᠦ ᠳᠡᠰ ᠳᠠᠷᠠᠭ᠋ᠠᠯᠠᠯ ᠵᠶ᠋ᠠᠷ ᠳᠠᠮᠵᠢᠨ᠂ ᠰᠢᠯᠢ ᠵᠢᠨ ᠭᠣᠣᠯ ᠠᠶ᠋ᠢᠮᠠᠭ᠎ᠤᠨ ᠠᠪᠠᠭ᠎ᠠ ᠬᠣᠰᠢᠭᠤ᠂ ᠰᠥᠨᠢᠳ ᠵᠡᠭᠦᠨ ᠬᠣᠰᠢᠭᠤ᠂ ᠰᠥᠨᠢᠳ ᠪᠠᠷᠠᠭᠤᠨ ᠬᠣᠰᠢᠭᠤ᠂ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤ᠂ ᠱᠠᠩᠳᠤ ᠰᠢᠶᠠᠨ᠂ ᠣᠷᠳᠣᠰ ᠬᠣᠲᠠ ᠵᠢᠨ ᠬᠠᠩᠭᠢᠨ ᠬᠣᠰᠢᠭᠤ᠂ ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠬᠢᠨᠠᠨ ᠵᠢᠯᠣᠭᠣᠳᠴᠤ ᠦᠨᠡᠯᠡᠨ ᠵᠢᠱ᠌ᠢᠬᠦ᠎ᠳᠤ ᠬᠢᠷᠢ ᠲᠡᠩᠴᠡᠵᠦ᠂ 《ᠪᠦᠬᠦ ᠤᠯᠤᠰ᠎ᠤᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯᠲᠤ ᠰᠢᠶᠠᠨ》 ᠵᠶ᠋ᠠᠷ ᠮᠠᠭ᠋ᠠᠳᠯᠠᠨ ᠳᠣᠭᠲᠠᠭ᠋ᠠᠯᠭ᠋ᠠᠬᠤ᠎ᠪᠠᠷ ᠮᠡᠳᠡᠭᠦᠯᠬᠦ᠎ᠪᠠᠷ ᠪᠣᠢ᠃ ᠢᠯᠡ ᠨᠡᠶ᠋ᠢᠲᠡᠯᠡᠬᠦ ᠴᠠᠭ 2024 ᠣᠨ᠎ᠤ 4 ᠰᠠᠷ᠎ᠠ ᠵᠢᠨ 22-28᠎ᠤ ᠡᠳᠦᠷ᠂ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠰᠠᠨᠠᠯ᠎ᠲᠠᠢ ᠪᠣᠯ᠂ ᠤᠲᠠᠰᠤ᠂ ᠢᠮᠧᠯ ᠵᠡᠷᠭᠡ ᠬᠡᠯᠪᠡᠷᠢ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠥᠵᠢᠯ᠎ᠢ ᠬᠢᠨᠠᠨ ᠵᠢᠯᠣᠭᠣᠳᠬᠤ ᠵᠦᠪᠯᠡᠯ᠎ᠤᠨ ᠠᠯᠪᠠᠨ ᠭᠡᠷ ᠪᠤᠶᠤ ᠰᠤᠷᠭ᠋ᠠᠨ ᠬᠥᠮᠦᠵᠢᠯ᠎ᠤᠨ ᠶᠠᠮᠤᠨ᠎ᠤ ᠬᠢᠨᠠᠨ ᠵᠢᠯᠣᠭᠣᠳᠬᠤ ᠲᠣᠪᠴᠢᠶ᠎ᠠ᠎ᠳᠤ ᠲᠤᠰᠬᠠᠵᠤ ᠪᠣᠯᠤᠨ᠎ᠠ᠃
ᠰᠤᠷᠭ᠋ᠠᠨ ᠬᠥᠮᠦᠵᠢᠯ᠎ᠤᠨ ᠶᠠᠮᠤᠨ᠎ᠤ ᠬᠢᠨᠠᠨ ᠵᠢᠯᠣᠭᠣᠳᠬᠤ ᠲᠣᠪᠴᠢᠶ᠎ᠠ᠄
ᠤᠲᠠᠰᠤ᠄ 010-66097846 ᠢᠮᠧᠯ᠄ ddbxxc@moe.edu.cn
ᠬᠠᠶᠢᠭ᠄ ᠪᠠᠭᠡᠵᠢᠩ ᠬᠣᠲᠠ ᠵᠢᠨ ᠰᠢ ᠴᠧᠩ ᠲᠣᠭᠣᠷᠢᠭ᠎ᠤᠨ ᠳ᠋ᠠ ᠮᠦ᠍ ᠼᠠᠩ ᠭᠤᠳᠤᠮᠵᠢ ᠵᠢᠨ 35 ᠳ᠋ᠤᠭ᠋ᠠᠷ ᠨᠣᠮᠧᠷ ᠰᠤᠷᠭ᠋ᠠᠨ ᠬᠥᠮᠥᠵᠢᠯ᠎ᠤᠨ ᠶᠠᠮᠤᠨ᠎ᠤ ᠬᠢᠨᠠᠨ ᠵᠢᠯᠣᠭᠣᠳᠬᠤ ᠳᠣᠪᠴᠢᠶ᠎ᠠ ᠵᠢᠨ ᠰᠤᠷᠭ᠋ᠠᠭᠤᠯᠢ ᠵᠢ ᠬᠢᠨᠠᠨ ᠵᠢᠯᠣᠭᠣᠳᠬᠤ ᠭᠠᠵᠠᠷ (100816)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ᠄
ᠤᠲᠠᠰᠤ᠄ 0471 - 2856903 ᠢᠮᠧᠯ᠄ nmgjytlpy@163.com
ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠢᠩ ᠰᠢᠶᠠᠩ ᠵᠠᠮ᠎ᠤᠨ 5 ᠳ᠋ᠤᠭ᠋ᠠᠷ ᠨᠣᠮᠧᠷ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠢᠨᠠᠨ ᠵᠢᠯᠣᠭᠣᠳᠬᠤ ᠲᠠᠰᠤᠭ (010011)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ
ᠣᠷᠳᠣᠨ᠎ᠤ ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠥᠪᠯᠡᠯ᠎ᠤᠨ ᠠᠯᠪᠠᠨ ᠭᠡᠷ
2024 ᠣᠨ᠎ᠤ 4 ᠰᠠᠷ᠎ᠠ ᠵᠢᠨ 21᠎ᠤ ᠡᠳᠦᠷ